ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶᠠᠲᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠦᠪᠡᠷ᠎ᠤᠨ ᠲᠦᠯᠦᠪᠯᠡᠭᠡᠲᠦ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠂ ᠰᠢᠨᠵᠢᠶᠠᠩ᠎ᠤᠨ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠳᠤ᠄
《ᠭᠣᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠵᠢᠷᠤᠮᠵᠢᠯ (ᠲᠤᠷᠰᠢᠨ ᠬᠡᠷᠡᠭᠵᠢᠭᠦᠯᠬᠦ)》᠎ᠢ ᠭᠣᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ ᠠᠵᠢᠯ ᠢ ᠪᠦᠬᠦ ᠲᠠᠯ᠎ᠠ᠎ᠪᠠᠷ ᠬᠡᠷᠡᠭᠵᠢᠬᠦᠯᠬᠦ ᠶᠠᠮᠤᠨ᠎ᠤ ᠬᠣᠭᠣᠷᠣᠨᠳᠣᠬᠢ ᠬᠠᠮᠲᠤᠷᠠᠭᠰᠠᠨ ᠬᠤᠷᠠᠯ ᠵᠶ᠋ᠠᠷ ᠬᠢᠨᠠᠨ ᠪᠠᠳᠤᠯᠠᠪᠠ᠃ ᠡᠳᠦᠭᠡ ᠲᠠ ᠨᠠᠷ᠎ᠲᠤ ᠳᠠᠷᠤᠮᠠᠯᠯᠠᠨ ᠲᠠᠷᠬᠠᠭ᠋ᠠᠯ᠎ᠠ᠂ ᠪᠣᠳᠠᠲᠠᠶ ᠪᠠᠢ᠌ᠢ᠍ᠳᠠᠯᠲᠠᠢᠪᠠᠨ ᠤᠶᠠᠯᠳᠤᠭᠤᠯᠤᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃
ᠭᠣᠤᠯ ᠮᠥᠷᠡᠨ᠎ᠤ ᠳᠠᠷᠤᠭ᠎ᠠ᠂ ᠨᠠᠭᠤᠷ ᠴᠥᠭᠥᠷᠥᠮ᠎ᠤᠨ ᠳᠠᠷᠤᠭ᠎ᠠ ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠵᠢᠷᠤᠮᠵᠢᠯ (ᠲᠤᠷᠰᠢᠨ ᠬᠡᠷᠡᠭᠵᠢᠭᠦᠯᠬᠦ)
ᠨᠢᠭᠡᠳᠦᠭᠡᠷ ᠪᠦᠯᠦᠭ ᠶᠡᠷᠦᠩᠬᠡᠶ ᠲᠦᠷᠢᠮ
ᠨᠢᠭᠡᠳᠦᠭᠡᠷ ᠵᠦᠢ᠍ᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠡᠨ ᠲᠢᠨᠭᠬᠢᠮ᠂ ᠲᠦᠷᠤ ᠵᠢᠨ ᠶᠠᠪᠤᠳᠠᠯ᠎ᠤᠨ ᠬᠤᠷᠢᠶᠡᠨ᠎ᠤ ᠠᠯᠪᠠᠨ ᠲᠢᠨᠭᠬᠢᠮ ᠤᠨ 《ᠭᠣᠣᠯ ᠮᠥᠷᠡᠨ᠎ᠤ ᠳᠠᠷᠤᠭ᠎ᠠ ᠵᠢᠨ ᠳᠦᠷᠢᠮ᠎ᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠶ ᠰᠠᠨᠠᠯ》᠂ 《ᠨᠠᠭᠤᠷ ᠴᠦᠬᠦᠷᠦᠮ᠎ᠳᠤ ᠨᠠᠭᠤᠷ᠎ᠤᠨ ᠳᠠᠷᠤᠭ᠎ᠠ ᠵᠢᠨ ᠳᠦᠷᠢᠮ᠎ᠢ ᠬᠡᠷᠡᠭᠵᠢᠭᠦᠯᠬᠦ ᠲᠤᠬᠠᠶ ᠵᠢᠯᠣᠭᠣᠳᠬᠤ ᠰᠠᠨᠠᠯ》 (ᠳᠣᠷᠣᠭᠰᠢ 《ᠰᠠᠨᠠᠯ》 《ᠵᠢᠯᠣᠭᠣᠳᠬᠤ ᠰᠠᠨᠠᠯ》 ᠭᠡᠵᠦ ᠲᠣᠪᠴᠢᠯᠠᠨ᠎ᠠ)᠎ᠤᠨ ᠵᠣᠷᠢᠭ ᠰᠠᠨᠠᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠡᠯ᠎ᠡ ᠱᠠᠲᠤᠨ᠎ᠤ ᠭᠣᠤᠯ ᠮᠥᠷᠡᠨ᠎ᠤ ᠳᠠᠷᠤᠭ᠎ᠠ ᠨᠠᠭᠤᠷ ᠴᠦᠬᠦᠷᠦᠮ᠎ᠤᠨ ᠳᠠᠷᠤᠭ᠎ᠠ ᠵᠢᠨ ᠡᠭᠦᠷᠭᠡ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠨᠠᠷᠢᠯᠢᠬ᠍ᠵᠢᠭᠤᠯᠵᠤ᠂ ᠡᠯ᠎ᠡ ᠱᠠᠲᠤᠨ᠎ᠤ ᠭᠣᠤᠯ ᠮᠥᠷᠡᠨ᠎ᠤ ᠳᠠᠷᠤᠭ᠎ᠠ ᠨᠠᠭᠤᠷ ᠴᠦᠬᠦᠷᠦᠮ᠎ᠤᠨ ᠳᠠᠷᠤᠭ᠎ᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠦᠢᠯᠡ ᠠᠵᠢᠯᠯᠠᠭ᠎ᠠ ᠵᠢ ᠳᠦᠷᠢᠮᠵᠢᠭᠦᠯᠦᠨ᠂ ᠡᠯ᠎ᠡ ᠱᠠᠲᠤᠨ᠎ᠤ ᠭᠣᠤᠯ ᠮᠥᠷᠡᠨ᠎ᠤ ᠳᠠᠷᠤᠭ᠎ᠠ ᠨᠠᠭᠤᠷ ᠴᠦᠬᠦᠷᠦᠮ᠎ᠤᠨ ᠳᠠᠷᠤᠭ᠎ᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠦᠢᠯᠡᠳᠦᠯ᠎ᠢ ᠪᠠᠳᠠᠷᠠᠭᠤᠯᠵᠤ᠂ ᠭᠣᠤᠯ ᠮᠥᠷᠡᠨ᠎ᠤ ᠳᠠᠷᠤᠭ᠎ᠠ ᠵᠢᠨ ᠲᠦᠷᠢᠮ᠎ᠢ ᠲᠡᠭᠦᠯᠳᠡᠷᠵᠢᠭᠦᠯᠦᠨ᠂ ᠪᠣᠳᠠᠲᠠᠶ᠎ᠪᠠᠷ ᠦᠢ᠍ᠯᠡᠳᠦᠯᠭᠡᠵᠢᠭᠦᠯᠬᠦ ᠵᠢ ᠳᠥᠯᠭᠢᠨ ᠠᠬᠢᠭᠤᠯᠬᠤ ᠵᠢᠨ ᠲᠦᠯᠦᠭᠡ᠂ ᠲᠣᠰ ᠵᠢᠷᠤᠮᠵᠢᠯ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠲᠤᠰ ᠵᠢᠷᠤᠮᠵᠢᠯ᠎ᠢ ᠮᠤᠵᠢ᠂ ᠬᠣᠲᠠ᠂ ᠰᠢᠶᠠᠨ᠎ᠤ ᠱᠠᠲᠤᠨ᠎ᠤ ᠶᠡᠷᠦᠩᠬᠡᠶ ᠭᠣᠣᠯ᠎ᠤᠨ ᠳᠠᠷᠤᠭ᠎ᠠ ᠵᠢᠴᠢ ᠮᠤᠵᠢ᠂ ᠬᠣᠲᠠ᠂ ᠰᠢᠶᠠᠨ᠂ ᠰᠢᠶᠠᠩ᠎ᠤᠨ ᠳᠡᠰ ᠤᠨ ᠭᠣᠣᠯ᠎ᠤᠨ ᠳᠠᠷᠤᠭ᠎ᠠ ᠨᠠᠭᠤᠷ᠎ᠤᠨ ᠳᠠᠷᠤᠭ᠎ᠠ᠂ ᠡᠯ᠎ᠡ ᠭᠠᠵᠠᠷ᠎ᠤᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠪᠠᠶ᠋ᠢᠭᠤᠯᠤᠭᠰᠠᠨ ᠭᠠᠴᠠᠭ᠋ᠠᠨ᠎ᠤ ᠱᠠᠲᠤᠨ᠎ᠤ ᠭᠣᠣᠯ᠎ᠤᠨ ᠳᠠᠷᠤᠭ᠎ᠠ ᠨᠠᠭᠤᠷ᠎ᠤᠨ ᠳᠠᠷᠤᠭ᠎ᠠ ᠯᠠᠪᠯᠠᠨ ᠬᠡᠷᠡᠭᠵᠢᠭᠦᠯᠦᠨ᠎ᠡ᠃
ᠭᠤᠷᠪᠠᠳᠤᠭ᠋ᠠᠷ ᠵᠦᠢ᠍ᠯ ᠲᠣᠰ ᠵᠢᠷᠤᠮᠵᠢᠯᠳᠤ 《ᠰᠠᠨᠠᠯ》 《ᠵᠢᠯᠣᠭᠣᠳᠬᠤ ᠰᠠᠨᠠᠯ》᠎ᠤᠨ ᠲᠣᠭᠲᠠᠭ᠋ᠠᠯ᠎ᠢ ᠴᠢᠩᠭ᠎ᠠ ᠵᠢᠷᠤᠮᠯᠠᠵᠤ᠂ ᠡᠯ᠎ᠡ ᠱᠠᠲᠤᠨ᠎ᠤ ᠭᠣᠤᠯ ᠮᠥᠷᠡᠨ᠎ᠤ ᠳᠠᠷᠤᠭ᠎ᠠ ᠨᠠᠭᠤᠷ ᠴᠦᠬᠦᠷᠦᠮ᠎ᠤᠨ ᠳᠠᠷᠤᠭ᠎ᠠ ᠵᠢᠨ ᠪᠣᠳᠠᠲᠠᠶ ᠡᠭᠦᠷᠭᠡ ᠬᠠᠷᠢᠭᠤᠴᠠᠯᠭ᠎ᠠ ᠪᠠ ᠡᠭᠦᠷᠭᠡ ᠵᠢ ᠲᠥᠷᠥᠯ ᠬᠤᠪᠢᠶᠠᠨ ᠨᠠᠷᠢᠯᠢᠬ᠍ᠵᠢᠭᠤᠯᠤᠨ᠎ᠠ; ᠡᠯ᠎ᠡ ᠭᠠᠵᠠᠷ᠎ᠤᠨ ᠤᠢ᠌ᠢ᠍ᠷᠠ ᠵᠢᠨ ᠵᠢᠯ᠎ᠤᠨ ᠲᠤᠷᠰᠢᠬᠢ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠢ ᠬᠡᠷᠡᠭᠵᠢᠭᠦᠯᠦᠭᠰᠡᠨ ᠦᠢ᠍ᠯᠡᠳᠦᠯᠭᠡ ᠵᠢᠨ ᠲᠤᠷᠰᠢᠯᠭ᠎ᠠ᠎ᠲᠠᠢ ᠤᠶᠠᠯᠳᠤᠭᠤᠯᠤᠨ᠂ ᠡᠯ᠎ᠡ ᠱᠠᠲᠤᠨ᠎ᠤ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠭᠣᠣᠯᠳᠠᠯᠭ᠎ᠠ ᠪᠠ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠷᠭ᠎ᠠ ᠮᠠᠶᠢᠭ᠎ᠢ ᠬᠠᠨᠳᠤᠯᠭ᠋ᠠᠲᠤ ᠴᠢᠨᠠᠷᠲᠠᠢ᠎ᠪᠠᠷ ᠲᠣᠭᠲᠠᠭ᠋ᠠᠪᠠ᠃
ᠳᠥᠷᠪᠡᠳᠦᠭᠡᠷ ᠵᠦᠢ᠍ᠯ ᠡᠯ᠎ᠡ ᠱᠠᠲᠤᠨ᠎ᠤ ᠭᠣᠣᠯ ᠮᠥᠷᠡᠨ᠎ᠤ ᠳᠠᠷᠤᠭ᠎ᠠ ᠨᠠᠭᠤᠷ ᠴᠦᠬᠦᠷᠦᠮ᠎ᠤᠨ ᠳᠠᠷᠤᠭ᠎ᠠ《ᠰᠠᠨᠠᠯ》 ᠳᠤ ᠲᠣᠳᠣᠷᠬᠠᠶ᠋ᠢᠯᠠᠭᠰᠠᠨ ᠦᠨᠳᠦᠰᠦᠨ ᠵᠠᠷᠴᠢᠮ ᠢ ᠦᠨᠳᠦᠰᠦᠯᠡᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠴᠢᠩᠭ᠎ᠠ ᠵᠢᠷᠤᠮᠯᠠᠵᠤ᠂ ᠲᠤᠰ ᠭᠠᠵᠠᠷ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠵᠤ᠂ ᠠᠵᠢᠯ᠎ᠤᠨ ᠠᠷᠭ᠎ᠠ ᠬᠡᠯᠪᠡᠷᠢ᠎ᠪᠠᠨ ᠰᠢᠨᠡᠴᠢᠯᠡᠵᠦ᠂ ᠠᠵᠢᠯ᠎ᠤᠨ ᠭᠣᠣᠯᠳᠠᠯᠭ᠎ᠠ ᠢ ᠲᠤᠪᠤᠢ᠌ᠢ᠍ᠯᠭ᠋ᠠᠵᠦ᠂ ᠭᠣᠣᠯ ᠵᠥᠷᠢᠴᠡᠯ ᠢ ᠠᠳᠬᠤᠵᠤ᠂ ᠬᠢᠨᠠᠯᠲᠠ ᠲᠠᠯᠪᠢᠵᠤ ᠬᠢᠨᠠᠨ ᠰᠢᠯᠭ᠋ᠠᠬᠤ 《ᠵᠢᠯᠣᠭᠣᠳᠬᠤ ᠳᠣᠬᠢᠭᠤᠷ》 ᠢ ᠰᠠᠶ᠋ᠢᠲᠤᠷ ᠬᠡᠷᠡᠭᠯᠡᠵᠦ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠵᠦ᠂ ᠦᠷ᠎ᠡ ᠪᠦᠲᠦᠮᠵᠢ᠎ᠪᠠᠨ ᠳᠡᠭᠡᠭᠰᠢᠯᠡᠭᠦᠯᠬᠦ ᠬᠡᠷᠡᠭᠲᠡᠢ᠃
ᠲᠠᠪᠤᠳᠤᠭ᠋ᠠᠷ ᠵᠦᠢ᠍ᠯ ᠲᠣᠰ ᠵᠢᠷᠤᠮᠵᠢᠯ ᠪᠣᠯ ᠵᠢᠯᠣᠭᠣᠳᠬᠤ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠂ ᠡᠯ᠎ᠡ ᠭᠠᠵᠠᠷ᠎ᠤᠨ᠎ᠬᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠤᠯᠠᠮ ᠨᠢᠭᠡ ᠠᠯᠬᠤᠮ ᠨᠠᠷᠢᠯᠢᠬ᠍ᠵᠢᠭᠤᠯᠤᠨ ᠪᠣᠳᠠᠲᠠᠶ᠋ᠢᠵᠢᠭᠤᠯᠵᠤ᠂ ᠦᠢ᠍ᠯᠡᠳᠦᠯᠭᠡᠴᠢ ᠴᠢᠨᠡᠷ ᠪᠠ ᠵᠢᠯᠣᠭᠣᠳᠬᠤ ᠴᠢᠨᠠᠷ ᠵᠶ᠋ᠠᠨ ᠴᠢᠩᠭ᠋ᠠᠷᠠᠭᠤᠯᠤᠨ᠂ ᠡᠯ᠎ᠡ ᠱᠠᠲᠤᠨ᠎ᠤ ᠭᠣᠤᠯ ᠮᠥᠷᠡᠨ᠎ᠤ ᠳᠠᠷᠤᠭ᠎ᠠ ᠨᠠᠭᠤᠷ ᠴᠥᠭᠥᠷᠥᠮ᠎ᠤᠨ ᠳᠠᠷᠤᠭ᠎ᠠ ᠬᠠᠤᠯᠢ ᠶᠣᠰᠣᠭ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠵᠢ ᠠᠬᠢᠭᠤᠯᠤᠨ᠎ᠠ᠃
ᠬᠣᠶᠠᠳᠤᠭ᠋ᠠᠷ ᠪᠦᠯᠦᠭ ᠭᠣᠣᠯ ᠡᠭᠦᠷᠭᠡ ᠲᠤᠰᠢᠶᠠᠯ
ᠵᠢᠷᠭᠤᠳᠤᠭ᠋ᠠᠷ ᠵᠦᠢ᠍ᠯ ᠵᠡᠷᠦᠩᠬᠡᠶ ᠭᠣᠣᠯ ᠮᠥᠷᠡᠨ᠎ᠤ ᠳᠠᠷᠤᠭ᠎ᠠ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠠᠵᠢᠯ ᠢ ᠬᠠᠷᠢᠭᠤᠴᠠᠨ ᠤᠳᠤᠷᠢᠳᠤᠨ᠎ᠠ᠂ ᠲᠡᠷᠡ ᠪᠣᠯ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠬᠦ ᠠᠵᠢᠯ᠎ᠤᠨ ᠨᠢᠭᠡᠳᠦᠭᠡᠷ ᠬᠠᠷᠢᠭᠤᠴᠠᠯᠭ᠋ᠠᠲᠠᠨ ᠮᠥᠨ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠪᠠ ᠬᠠᠮᠠᠭ᠋ᠠᠯᠠᠯᠲᠠ᠎ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠨ᠎ᠡ᠃
ᠳᠣᠯᠣᠳᠤᠭ᠋ᠠᠷ ᠵᠦᠢ᠍ᠯ ᠬᠠᠮᠤᠭ᠎ᠤᠨ ᠳᠡᠭᠡᠳᠦ ᠳᠠᠪᠬᠤᠷᠭ᠎ᠠ ᠵᠢᠨ ᠭᠣᠤᠯ᠎ᠤᠨ ᠳᠠᠷᠤᠭ᠎ᠠ ᠨᠠᠭᠤᠷ᠎ᠤᠨ ᠳᠠᠷᠤᠭ᠎ᠠ᠎ᠨᠢ ᠬᠠᠷᠠᠭ᠋ᠠᠯᠵᠠᠭᠰᠠᠨ ᠭᠣᠤᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠪᠠ ᠬᠠᠮᠠᠭ᠋ᠠᠯᠠᠯᠲᠠ᠎ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ ᠲᠠᠰ (ᠬᠡᠰᠡᠭ) ᠬᠤᠪᠢᠶᠠᠭᠰᠠᠨ ᠭᠣᠤᠯ᠎ᠤᠨ ᠳᠠᠷᠤᠭ᠎ᠠ ᠨᠠᠭᠤᠷ᠎ᠤᠨ ᠳᠠᠷᠤᠭ᠎ᠠ᠎ᠨᠢ ᠲᠣᠰ ᠬᠠᠷᠢᠶ᠎ᠠ ᠣᠷᠣᠨ᠎ᠤ᠎ᠪᠠᠨ ᠳᠣᠲᠣᠷᠠᠬᠢ ᠵᠣᠬᠢᠴᠠᠩᠭᠤᠶ ᠭᠣᠤᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠪᠠ ᠬᠠᠮᠠᠭ᠋ᠠᠯᠠᠯᠲᠠ᠎ᠳᠤ ᠰᠢᠭᠤᠳ ᠬᠠᠷᠢᠭᠤᠴᠠᠯᠭ᠎ᠠ ᠡᠭᠦᠷᠭᠡᠯᠡᠨ᠎ᠡ᠃
ᠡᠯ᠎ᠡ ᠱᠠᠲᠤᠨ᠎ᠤ ᠭᠣᠣᠯ ᠮᠥᠷᠡᠨ᠎ᠤ ᠳᠠᠷᠤᠭ᠎ᠠ ᠨᠠᠭᠤᠷ ᠴᠥᠭᠥᠷᠥᠮ᠎ᠤᠨ ᠳᠠᠷᠤᠭ᠎ᠠ ᠬᠠᠷᠠᠭ᠋ᠠᠯᠵᠠᠭᠰᠠᠨ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠠᠵᠢᠯ᠎ᠢ ᠬᠠᠷᠢᠭᠤᠴᠠᠨ ᠵᠣᠬᠢᠶᠠᠨ ᠪᠠᠶ᠋ᠢᠭᠤᠯᠵᠤ᠂ ᠡᠭᠦᠨ᠎ᠳᠤ ᠤᠰᠤᠨ᠎ᠤ ᠡᠬᠢ ᠪᠠᠶᠠᠯᠢᠭ᠎ᠤᠨ ᠬᠠᠮᠠᠭ᠋ᠠᠯᠠᠯᠲᠠ᠂ ᠤᠰᠤᠨ ᠣᠷᠣᠨ᠎ᠤ ᠡᠷᠭᠢ ᠵᠢᠨ ᠱᠤᠭᠤᠮ᠎ᠤᠨ ᠬᠠᠮᠢᠶᠠᠷᠤᠯᠲᠠ᠂ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠤᠰᠤᠨ᠎ᠤ ᠣᠷᠴᠢᠨ ᠲᠣᠭᠣᠷᠢᠨ᠎ᠤ ᠵᠠᠰᠠᠯᠲᠠ ᠵᠡᠷᠭᠡ ᠵᠢ ᠪᠠᠭᠲᠠᠭ᠋ᠠᠵᠤ᠂ ᠭᠣᠤᠯ᠎ᠤᠨ ᠵᠠᠮ᠎ᠢ ᠡᠵᠡᠯᠡᠬᠦ᠂ ᠨᠠᠭᠤᠷ ᠴᠦᠬᠦᠷᠦᠮ᠎ᠢ ᠬᠦᠷᠢᠶᠡᠯᠡᠨ ᠬᠠᠭ᠋ᠠᠯᠪᠤᠷᠢᠯᠠᠬᠤ᠂ ᠪᠠᠷᠢᠮᠵᠢᠶ᠎ᠠ ᠠᠴᠠ ᠬᠡᠲᠦᠷᠡᠭᠦᠯᠦᠨ ᠪᠣᠬᠢᠷᠲᠤᠯ ᠭᠠᠳᠠᠭᠰᠢᠯᠠᠭᠤᠯᠬᠤ᠂ ᠬᠠᠤᠯᠢ ᠵᠢ ᠵᠥᠷᠢᠴᠡᠨ ᠲᠡᠵᠢᠭᠡᠨ ᠦᠷᠡᠵᠢᠭᠦᠯᠬᠦ᠂ ᠬᠠᠤᠯᠢ ᠪᠤᠰᠤ᠎ᠪᠠᠷ ᠡᠯᠡᠰᠦ ᠮᠠᠯᠲᠠᠬᠤ᠂ ᠤᠰᠤᠨ ᠵᠠᠮ᠎ᠢ ᠡᠪᠳᠡᠬᠦ᠂ ᠴᠠᠬᠢᠯᠭ᠋ᠠᠨ ᠬᠤᠤᠷ ᠲᠡᠯᠪᠡᠴᠢᠬᠦ ᠵᠡᠷᠭᠡ ᠠᠷᠭ᠎ᠠ ᠬᠡᠯᠪᠡᠷᠢ᠎ᠪᠠᠷ ᠵᠢᠭ᠋ᠠᠰᠤ ᠠᠨᠭ᠌ᠨᠠᠬᠤ ᠵᠡᠷᠭᠡ ᠲᠣᠪᠣᠶ᠋ᠢᠮ᠎ᠠ ᠠᠰᠠᠭᠤᠳᠠᠯ᠎ᠢ ᠬᠠᠤᠯᠢ ᠶᠣᠰᠣᠭ᠋ᠠᠷ ᠴᠡᠭᠴᠡᠯᠡᠨ ᠵᠠᠰᠠᠬᠤ ᠠᠵᠢᠯ᠎ᠢ ᠲᠦᠷᠦᠭᠦᠯᠡᠨ ᠵᠣᠬᠢᠶᠠᠨ ᠪᠠᠶ᠋ᠢᠭᠤᠯᠵᠤ᠂ ᠴᠢᠬᠤᠯᠠ ᠶᠡᠬᠡ ᠠᠰᠠᠭᠤᠳᠠᠯ᠎ᠢ ᠵᠣᠬᠢᠴᠠᠭᠤᠯᠤᠨ ᠰᠢᠢᠳᠪᠦᠷᠢᠯᠡᠨ᠎ᠡ; ᠨᠠᠭᠤᠷ ᠴᠥᠭᠥᠷᠥᠮ ᠬᠢᠭᠡᠳ ᠨᠠᠭᠤᠷ᠎ᠲᠤ ᠴᠢᠳᠬᠤᠬᠤ ᠭᠣᠣᠯ ᠮᠥᠷᠡᠨ᠎ᠤ ᠬᠠᠮᠢᠶᠠᠷᠤᠯᠲᠠ ᠬᠠᠮᠠᠭ᠋ᠠᠯᠠᠯᠲᠠ ᠵᠢᠨ ᠠᠵᠢᠯ᠎ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠵᠠᠰᠠᠭ ᠵᠠᠬᠢᠷᠭ᠋ᠠᠨ᠎ᠤ ᠣᠷᠣᠨ ᠠᠯᠤᠰᠯᠠᠭᠰᠠᠨ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠲᠣᠳᠣᠷᠬᠠᠶ ᠪᠣᠯᠭ᠋ᠠᠵᠤ᠂ ᠳᠡᠭᠡᠳᠦ ᠳᠤᠤᠷᠠᠳᠤ ᠤᠷᠤᠰᠬᠠᠯ᠂ ᠵᠡᠭᠦᠨ ᠪᠠᠷᠠᠭᠤᠨ ᠡᠷᠭᠢ ᠵᠢ ᠵᠣᠬᠢᠴᠠᠭᠤᠯᠤᠨ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠵᠢ ᠬᠡᠷᠡᠭᠵᠢᠭᠦᠯᠦᠨ᠎ᠡ᠃ ᠬᠠᠮᠢᠶ᠎ᠠ ᠪᠥᠬᠥᠶ ᠰᠠᠯᠠᠭ᠎ᠠ ᠮᠥᠴᠢᠷ (ᠨᠢᠭᠡᠴᠢ) ᠪᠣᠯᠤᠨ ᠳᠣᠤᠷ᠎ᠠ ᠨᠢᠭᠡ ᠱᠠᠲᠤᠨ᠎ᠤ ᠭᠣᠤᠯ ᠮᠥᠷᠡᠨ᠎ᠤ ᠳᠠᠷᠤᠭ᠎ᠠ ᠨᠠᠭᠤᠷ ᠴᠦᠬᠦᠷᠦᠮ᠎ᠤᠨ ᠳᠠᠷᠤᠭ᠎ᠠ ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠪᠠᠶ᠋ᠢᠳᠠᠯ᠎ᠢ ᠬᠢᠨᠠᠨ ᠵᠢᠯᠣᠭᠣᠳᠴᠤ᠂ ᠡᠭᠦᠷᠭᠡ᠎ᠪᠠᠨ ᠪᠡᠶᠡᠯᠡᠭᠦᠯᠦᠭᠰᠡᠨ ᠪᠠᠶ᠋ᠢᠳᠠᠯ᠎ᠳᠤ ᠬᠢᠨᠠᠯᠲᠠ ᠬᠢᠵᠦ᠂ ᠤᠷᠮᠠᠰᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠷᠠᠭᠤᠯᠤᠨ᠎ᠠ᠃
ᠭᠤᠷᠪᠠᠳᠤᠭ᠋ᠠᠷ ᠪᠦᠯᠦᠭ ᠭᠣᠣᠯ ᠡᠭᠦᠷᠭᠡ ᠬᠠᠷᠢᠭᠤᠴᠠᠯᠭ᠎ᠠ
ᠨᠠᠢ᠌ᠮᠠᠳᠤᠭ᠋ᠠᠷ ᠵᠦᠢ᠍ᠯ ᠵᠡᠷᠦᠩᠬᠡᠢ ᠭᠣᠣᠯ ᠮᠥᠷᠡᠨ᠎ᠤ ᠳᠠᠷᠤᠭ᠎ᠠ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠳᠤᠮᠳᠠᠬᠢ ᠴᠢᠬᠤᠯᠠ ᠶᠡᠬᠡ ᠵᠦᠢ᠍ᠯᠡᠰ᠂ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠤᠨ ᠴᠢᠬᠤᠯᠠ ᠳᠦᠷᠢᠮ᠎ᠤᠨ ᠪᠢᠴᠢᠭ ᠮᠠᠲ᠋ᠧᠷᠢᠶᠠᠯ᠎ᠢ ᠬᠢᠨᠠᠨ ᠲᠣᠭᠲᠠᠭ᠋ᠠᠵᠤ᠂ ᠲᠤᠰ ᠱᠠᠲᠤᠨ᠎ᠤ ᠭᠣᠣᠯ ᠮᠥᠷᠡᠨ᠎ᠤ ᠳᠠᠷᠤᠭ᠎ᠠ ᠵᠢᠨ ᠳᠦᠷᠢᠮ᠎ᠤᠨ ᠠᠯᠪᠡᠠ ᠭᠡᠷ᠎ᠤᠨ ᠲᠤᠰᠢᠶᠠᠯ ᠬᠠᠷᠢᠭᠤᠴᠠᠯᠭ᠎ᠠ᠂ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠤᠨ ᠪᠦᠷᠢᠯᠳᠦᠬᠦᠨ᠎ᠤ ᠰᠠᠯᠠᠭ᠎ᠠ ᠮᠥᠴᠢᠷ (ᠨᠢᠭᠡᠴᠢ)᠎ᠤᠨ ᠬᠠᠷᠢᠭᠤᠴᠠᠯᠭ᠎ᠠ ᠵᠢᠨ ᠨᠠᠷᠢᠨ ᠳᠠᠩᠰᠠ ᠵᠢ ᠬᠢᠨᠠᠨ ᠲᠣᠭᠲᠠᠭ᠋ᠠᠵᠤ᠂ ᠰᠠᠯᠠᠭ᠎ᠠ ᠮᠥᠴᠢᠷ(ᠨᠢᠭᠡᠴᠢ)᠎ᠤᠨ ᠬᠣᠭᠣᠷᠣᠨᠳᠣᠬᠢ ᠬᠠᠮᠲᠤᠷᠠᠨ ᠬᠥᠳᠡᠯᠦᠯᠴᠡᠬᠦ ᠲᠣᠭᠲᠠᠴᠠ ᠪᠠᠶ᠋ᠢᠭᠤᠯᠬᠤ ᠵᠢ ᠲᠦᠯᠬᠢᠨ ᠠᠬᠢᠭᠤᠯᠤᠨ᠎ᠠ᠃ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠭᠣᠣᠯᠳᠠᠯᠭ᠎ᠠ᠎ᠲᠠᠢ ᠡᠭᠦᠷᠭᠡ᠂ ᠴᠢᠬᠤᠯᠠ ᠶᠡᠬᠡ ᠲᠤᠰᠬᠠᠢ ᠠᠵᠢᠯᠯᠠᠭ᠎ᠠ ᠵᠢ ᠡᠷᠬᠢᠯᠡᠨ ᠰᠤᠳᠤᠯᠤᠨ ᠪᠠᠶ᠋ᠢᠷᠢᠯᠠᠭᠤᠯᠵᠤ᠂ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠢ ᠠᠬᠢᠭᠤᠯᠬᠤ ᠶᠠᠪᠤᠴᠠ᠎ᠳᠠᠬᠢ ᠪᠦᠬᠦ ᠲᠡᠯ᠎ᠠ ᠵᠢᠠ ᠴᠢᠨᠡᠷ᠎ᠳᠤ ᠬᠣᠯᠪᠣᠭᠳᠠᠭᠰᠠᠨ ᠴᠢᠬᠤᠯᠠ ᠶᠡᠬᠡ ᠠᠰᠠᠭᠤᠳᠠᠯ᠎ᠢ ᠵᠣᠬᠢᠴᠠᠭᠤᠯᠤᠨ ᠰᠢᠢ᠍ᠳᠪᠤᠷᠢᠯᠡᠨ᠎ᠡ; ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠤᠨ ᠬᠢᠨᠠᠯᠲᠠ ᠲᠠᠯᠪᠢᠵᠤ ᠬᠢᠨᠠᠨ ᠰᠢᠯᠭ᠋ᠠᠬᠤ ᠪᠠ ᠤᠷᠮᠠᠰᠢᠭᠤᠯᠤᠨ ᠵᠣᠷᠢᠭᠵᠢᠭᠤᠯᠵᠤ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠵᠣᠬᠢᠶᠠᠨ ᠪᠠᠶ᠋ᠢᠭᠤᠯᠤᠨ ᠬᠢᠨᠠᠨ ᠵᠢᠯᠣᠭᠣᠳᠴᠤ ᠨᠠᠶ᠋ᠢᠳᠠᠪᠤᠷᠢᠵᠢᠭᠤᠯᠤᠨ᠎ᠠ; ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠰᠢᠰᠲ᠋ᠧᠮ᠎ᠤᠨ ᠬᠥᠳᠡᠯᠦᠩᠭᠦᠢ ᠬᠠᠮᠢᠶᠠᠷᠤᠯᠲᠠ ᠵᠢ ᠬᠢᠨᠠᠨ ᠵᠢᠯᠣᠭᠣᠳᠴᠤ᠂ ᠴᠠᠭ ᠲᠤᠬᠠᠢᠳᠤᠨᠢ ᠨᠡᠶ᠋ᠢᠭᠡᠮ᠎ᠳᠤ ᠵᠠᠷᠯᠠᠨ ᠨᠡᠶ᠋ᠢᠲᠡᠯᠡᠨ᠎ᠡ; ᠳᠡᠭᠡᠳᠦ ᠱᠠᠲᠤᠨ᠎ᠤ ᠭᠣᠣᠯ ᠮᠥᠷᠡᠨ᠎ᠤ ᠶᠡᠷᠦᠩᠬᠡᠶ ᠳᠠᠷᠤᠭ᠎ᠠ ᠵᠢᠨ ᠲᠤᠰᠢᠶᠠᠭᠰᠠᠨ ᠡᠭᠦᠷᠭᠡ ᠵᠢ ᠪᠡᠶᠡᠯᠡᠭᠦᠯᠦᠨ᠎ᠡ᠃
ᠶᠢᠰᠦᠳᠦᠭᠡᠷ ᠵᠦᠢ᠍ᠯ ᠮᠤᠵᠢ ᠵᠢᠨ ᠱᠠᠲᠤᠨ᠎ᠤ ᠭᠣᠣᠯ ᠮᠥᠷᠡᠨ᠎ᠤ ᠳᠠᠷᠤᠭ᠎ᠠ ᠨᠠᠭᠤᠷ ᠴᠦᠬᠦᠷᠦᠮ᠎ᠤᠨ ᠳᠠᠷᠤᠭ᠎ᠠ ᠬᠠᠷᠠᠭ᠋ᠠᠯᠵᠠᠭᠰᠠᠨ ᠭᠣᠣᠯ ᠮᠥᠷᠡᠨ ᠨᠠᠭᠤᠷ ᠴᠥᠭᠥᠷᠥᠮ᠎ᠤᠨ 《ᠨᠢᠭᠡ ᠭᠣᠣᠯ (ᠨᠠᠭᠤᠷ)᠎ᠳᠤ ᠨᠢᠭᠡ ᠪᠤᠳᠤᠯᠭ᠎ᠠ》 ᠶᠢᠨ ᠲᠥᠰᠦᠯ᠎ᠢ ᠬᠢᠨᠠᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠬᠠᠷᠠᠭ᠋ᠠᠯᠵᠠᠭᠰᠠᠨ ᠭᠣᠣᠯ ᠮᠥᠷᠡᠨ ᠨᠠᠭᠤᠷ ᠴᠥᠭᠥᠷᠥᠮ᠎ᠤᠨ ᠲᠤᠪᠤᠢ᠌ᠢ᠍ᠮᠠ ᠠᠰᠠᠭᠤᠳᠠᠯ᠎ᠢ ᠲᠤᠰᠬᠠᠶ ᠵᠦᠢ᠍ᠯ ᠵᠶ᠋ᠡᠷ ᠴᠡᠭᠴᠡᠯᠡᠨ ᠵᠠᠰᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠠᠷᠠᠭ᠋ᠠᠯᠵᠠᠭᠰᠠᠨ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠳᠤᠮᠳᠠᠬᠢ ᠴᠢᠬᠤᠯᠠ ᠶᠡᠬᠡ ᠠᠰᠠᠭᠤᠳᠠᠯ᠎ᠢ ᠵᠣᠬᠢᠴᠠᠭᠤᠯᠤᠨ ᠰᠢᠢᠳᠪᠦᠷᠢᠯᠡᠨ᠎ᠡ᠃ ᠬᠠᠷᠠᠭ᠋ᠠᠯᠵᠠᠭᠰᠠᠨ ᠭᠣᠣᠯ ᠮᠥᠷᠡᠨ ᠨᠠᠭᠤᠷ ᠴᠥᠭᠥᠷᠥᠮ᠎ᠤᠨ ᠳᠡᠭᠡᠳᠦ ᠳᠤᠤᠷᠠᠳᠤ ᠤᠷᠤᠰᠬᠠᠯ᠂ ᠵᠡᠭᠦᠨ ᠪᠠᠷᠠᠭᠤᠨ ᠬᠦᠪᠡᠭᠡ᠂ ᠭᠣᠣᠯ ᠤᠷᠤᠰᠬᠠᠯ᠂ ᠰᠠᠯᠪᠤᠷᠢ ᠤᠷᠤᠰᠬᠠᠯ᠎ᠤᠨ ᠭᠠᠵᠠᠷ ᠣᠷᠣᠨ᠎ᠤ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠡᠭᠦᠷᠭᠡ ᠵᠢ ᠲᠣᠳᠣᠷᠬᠠᠢ ᠪᠣᠯᠭ᠋ᠠᠵᠤ᠂ ᠰᠠᠪᠠ ᠭᠠᠵᠠᠷ᠎ᠢ ᠨᠢᠭᠡᠳᠦᠯᠲᠡᠢ ᠲᠥᠯᠥᠪᠵᠢᠭᠦᠯᠦᠭᠰᠡᠨ᠂ ᠣᠷᠣᠨ ᠪᠦᠰᠡ ᠬᠠᠮᠵᠢᠯᠴᠠᠭᠰᠠᠨ᠂ ᠰᠠᠯᠠᠭ᠎ᠠ ᠮᠥᠴᠢᠷ ᠬᠣᠯᠪᠣᠭ᠋ᠠᠯᠠᠨ ᠬᠥᠳᠡᠯᠦᠯᠴᠡᠭᠰᠡᠨ ᠭᠣᠣᠯ ᠮᠥᠷᠡᠨ ᠨᠠᠭᠤᠷ ᠴᠥᠭᠥᠷᠥᠮ᠎ᠤᠨ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠲᠣᠭᠲᠠᠴᠠ ᠵᠢ ᠪᠠᠶ᠋ᠢᠭᠤᠯᠬᠤ ᠵᠢ ᠠᠬᠢᠭᠤᠯᠤᠨ᠎ᠠ; ᠮᠤᠵᠢ ᠵᠢᠨ ᠱᠠᠲᠤᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ (ᠨᠢᠭᠡᠴᠢ) ᠪᠣᠯᠤᠨ ᠳᠣᠤᠷ᠎ᠠ ᠨᠢᠭᠡ ᠱᠠᠲᠤᠨ᠎ᠤ ᠭᠣᠤᠯ ᠮᠥᠷᠡᠨ᠎ᠤ ᠳᠠᠷᠤᠭ᠎ᠠ ᠨᠠᠭᠤᠷ ᠴᠦᠬᠦᠷᠦᠮ᠎ᠤᠨ ᠳᠠᠷᠤᠭ᠎ᠠ ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠪᠠᠶ᠋ᠢᠳᠠᠯ᠎ᠢ ᠬᠢᠨᠠᠨ ᠵᠢᠯᠣᠭᠣᠳᠬᠤ ᠵᠢ ᠵᠣᠬᠢᠶᠠᠨ ᠪᠠᠶ᠋ᠢᠭᠤᠯᠵᠤ᠂ ᠡᠭᠦᠷᠭᠡ᠎ᠪᠠᠨ ᠪᠡᠶᠡᠯᠡᠭᠦᠯᠦᠭᠰᠡᠨ ᠪᠠᠶ᠋ᠢᠳᠠᠯ᠎ᠢ ᠬᠢᠨᠠᠨ ᠰᠢᠯᠭ᠋ᠠᠨ᠎ᠠ; ᠮᠤᠵᠢ ᠵᠢᠨ ᠱᠠᠲᠤᠨ᠎ᠤ ᠶᠡᠷᠦᠩᠬᠡᠶ ᠭᠣᠣᠯ ᠮᠥᠷᠡᠨ᠎ᠤ ᠳᠠᠷᠤᠭ᠎ᠠ ᠵᠢᠨ ᠲᠤᠰᠢᠶᠠᠭᠰᠠᠨ ᠡᠭᠦᠷᠭᠡ ᠵᠢ ᠪᠡᠶᠡᠯᠡᠭᠦᠯᠦᠨ᠎ᠡ᠃
ᠠᠷᠪᠠᠳᠤᠭ᠋ᠠᠷ ᠵᠦᠢ᠍ᠯ ᠬᠣᠲᠠ᠂ ᠰᠢᠶᠠᠨ᠎ᠤ ᠱᠠᠲᠤᠨ᠎ᠤ ᠭᠣᠤᠯ ᠮᠥᠷᠡᠨ᠎ᠤ ᠳᠠᠷᠤᠭ᠎ᠠ ᠨᠠᠭᠤᠷ ᠴᠦᠬᠦᠷᠦᠮ᠎ᠤᠨ ᠳᠠᠷᠤᠭ᠎ᠠ ᠲᠣᠭᠲᠠᠮᠠᠯ ᠬᠤᠭᠤᠴᠠᠭ᠎ᠠ᠎ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠭᠣᠤᠯ ᠪᠣᠯᠤᠨ ᠨᠠᠭᠤᠷ᠎ᠢ ᠲᠣᠭᠣᠷᠢᠨ ᠪᠠᠶ᠋ᠢᠴᠠᠭ᠋ᠠᠵᠤ᠂ ᠬᠠᠷᠠᠭ᠋ᠠᠯᠵᠠᠭᠰᠠᠨ ᠭᠣᠤᠯ ᠪᠣᠯᠤᠨ ᠨᠠᠭᠤᠷ᠎ᠤᠨ 《ᠨᠢᠭᠡ ᠭᠣᠤᠯ (ᠨᠠᠭᠤᠷ)᠎ᠳᠤ ᠨᠢᠭᠡ ᠪᠣᠳᠣᠯᠭ᠎ᠠ》 ᠵᠢᠨ ᠲᠥᠰᠦᠯ᠎ᠢ ᠬᠡᠷᠡᠭᠵᠢᠭᠦᠯᠬᠦ ᠪᠤᠶᠤ ᠨᠠᠷᠢᠯᠢᠬ᠍ᠵᠢᠭᠤᠯᠤᠨ ᠬᠡᠷᠡᠭᠵᠢᠭᠦᠯᠬᠦ ᠲᠥᠰᠦᠯ᠎ᠢ ᠬᠢᠨᠠᠨ ᠲᠣᠭᠲᠠᠭ᠋ᠠᠬᠤ ᠵᠢᠨ ᠬᠠᠮᠲᠤ ᠬᠡᠷᠡᠭᠵᠢᠭᠦᠯᠵᠦ᠂ ᠬᠠᠷᠠᠭ᠋ᠠᠯᠵᠠᠭᠰᠠᠨ ᠭᠣᠤᠯ ᠪᠣᠯᠤᠨ ᠨᠠᠭᠤᠷ᠎ᠤᠨ ᠲᠣᠪᠣᠶ᠋ᠢᠮ᠎ᠠ ᠠᠰᠠᠭᠤᠳᠠᠯ᠎ᠢ ᠲᠤᠰᠬᠠᠶ ᠵᠠᠰᠠᠬᠤ ᠪᠠ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ; ᠬᠠᠮᠢᠶ᠎ᠠ ᠪᠥᠬᠥᠶ ᠰᠠᠯᠠᠭ᠎ᠠ ᠮᠥᠴᠢᠷ (ᠨᠢᠭᠡᠴᠢ)᠎ᠢ ᠵᠣᠬᠢᠴᠠᠭᠤᠯᠤᠨ ᠰᠢᠮᠳᠠᠭᠤᠯᠵᠤ ᠪᠠᠶ᠋ᠢᠭ᠋ᠠᠳ ᠬᠠᠷᠠᠭ᠋ᠠᠯᠵᠠᠭᠰᠠᠨ ᠭᠣᠤᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠬᠠᠮᠠᠭ᠋ᠠᠯᠠᠯᠲᠠ ᠪᠠ ᠵᠠᠰᠠᠯᠲᠠ ᠵᠢᠨ ᠲᠥᠯᠥᠪᠵᠢᠭᠦᠯᠭᠡ ᠵᠢ ᠲᠣᠭᠲᠠᠭ᠋ᠠᠨ ᠬᠡᠷᠡᠭᠵᠢᠭᠦᠯᠵᠦ᠂ ᠲᠥᠯᠥᠪᠵᠢᠭᠦᠯᠭᠡ ᠵᠢ ᠨᠠᠶ᠋ᠢᠳᠠᠪᠤᠷᠢᠵᠢᠭᠤᠯᠬᠤ ᠳᠤᠮᠳᠠᠬᠢ ᠴᠢᠬᠤᠯᠠ ᠶᠡᠬᠡ ᠠᠰᠠᠭᠤᠳᠠᠯ᠎ᠢ ᠵᠣᠬᠢᠴᠠᠭᠤᠯᠤᠨ ᠰᠢᠢᠳᠪᠦᠷᠢᠯᠡᠨ᠎ᠡ; ᠬᠠᠷᠠᠭ᠋ᠠᠯᠵᠠᠭᠰᠠᠨ ᠭᠣᠤᠯ ᠮᠥᠷᠡᠨ ᠨᠠᠭᠤᠷ ᠴᠥᠭᠥᠷᠥᠮ᠎ᠤᠨ ᠠᠰᠠᠭᠤᠳᠠᠯ᠎ᠢ ᠴᠡᠭᠴᠡᠯᠡᠨ ᠵᠠᠰᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠳᠣᠤᠷ᠎ᠠ ᠨᠢᠭᠡ ᠱᠠᠲᠤᠨ᠎ᠤ ᠭᠣᠤᠯ ᠮᠥᠷᠡᠨ᠎ᠤ ᠳᠠᠷᠤᠭ᠎ᠠ ᠨᠠᠭᠤᠷ ᠴᠥᠭᠥᠷᠥᠮ᠎ᠤᠨ ᠳᠠᠷᠤᠭ᠎ᠠ ᠵᠢᠴᠢ ᠲᠣᠰ ᠱᠠᠲᠤᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ (ᠨᠢᠭᠡᠴᠢ)᠎ᠤᠨ ᠭᠣᠤᠯ ᠮᠥᠷᠡᠨ ᠨᠠᠭᠤᠷ ᠴᠥᠭᠥᠷᠥᠮ᠎ᠳᠤ ᠢᠯᠡᠷᠡᠭᠰᠡᠨ ᠠᠰᠠᠭᠤᠳᠠᠯ᠎ᠢ ᠰᠢᠢᠳᠪᠦᠷᠢᠯᠡᠬᠦ ᠪᠠ ᠰᠢᠢᠳᠪᠦᠷᠢᠯᠡᠬᠦ ᠵᠢ ᠰᠢᠮᠳᠠᠭᠤᠯᠵᠤ᠂ ᠬᠠᠮᠢᠶ᠎ᠠ ᠪᠥᠬᠥᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠪᠠᠶ᠋ᠢᠴᠠᠭ᠋ᠠᠨ ᠰᠢᠢᠳᠪᠦᠷᠢᠯᠡᠨ᠎ᠡ; ᠲᠣᠰ ᠱᠠᠲᠤᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ (ᠨᠢᠭᠡᠴᠢ) ᠪᠠ ᠳᠣᠤᠷ᠎ᠠ ᠨᠢᠭᠡ ᠱᠠᠲᠤᠨ᠎ᠤ ᠭᠣᠤᠯ ᠮᠥᠷᠡᠨ᠎ᠤ ᠳᠠᠷᠤᠭ᠎ᠠ ᠨᠠᠭᠤᠷ ᠴᠦᠬᠦᠷᠦᠮ᠎ᠤᠨ ᠳᠠᠷᠤᠭ᠎ᠠ ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠪᠠᠶ᠋ᠢᠳᠠᠯ᠎ᠳᠤ ᠬᠢᠨᠠᠨ ᠵᠢᠯᠣᠭᠣᠳᠣᠯᠭ᠎ᠠ ᠬᠢᠬᠦ ᠂ ᠣᠨ᠎ᠤ ᠡᠭᠦᠷᠭᠡ᠎ᠪᠠᠨ ᠪᠡᠶᠡᠯᠡᠭᠦᠯᠦᠭᠰᠡᠨ ᠪᠠᠶ᠋ᠢᠳᠠᠯ᠎ᠳᠤ ᠬᠢᠨᠠᠯᠲᠠ ᠬᠢᠨ᠎ᠠ; ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠳᠤᠮᠳᠠᠬᠢ ᠬᠣᠯᠪᠣᠭᠳᠠᠯ ᠪᠦᠬᠦᠢ ᠠᠰᠠᠭᠤᠳᠠᠯ᠎ᠢ ᠵᠣᠬᠢᠶᠠᠨ ᠪᠠᠶ᠋ᠢᠭᠤᠯᠤᠨ ᠰᠤᠳᠤᠯᠵᠤ ᠰᠢᠢᠳᠪᠦᠷᠢᠯᠡᠨ᠎ᠡ᠃ ᠳᠡᠭᠡᠳᠦ ᠱᠠᠲᠤᠨ᠎ᠤ ᠭᠣᠣᠯ ᠮᠥᠷᠡᠨ᠎ᠤ ᠳᠠᠷᠤᠭ᠎ᠠ ᠨᠠᠭᠤᠷ ᠴᠦᠬᠦᠷᠦᠮ᠎ᠤᠨ ᠳᠠᠷᠤᠭ᠎ᠠ ᠵᠢᠴᠢ ᠲᠤᠰ ᠱᠠᠲᠤᠨ᠎ᠤ ᠭᠣᠣᠯ ᠮᠥᠷᠡᠨ᠎ᠤ ᠶᠡᠷᠦᠩᠬᠡᠶ ᠳᠠᠷᠤᠭ᠎ᠠ ᠵᠢᠨ ᠲᠤᠰᠢᠶᠠᠭᠰᠠᠨ ᠡᠭᠦᠷᠭᠡ ᠵᠢ ᠪᠡᠶᠡᠯᠡᠭᠦᠯᠦᠨ᠎ᠡ᠃
ᠠᠷᠪᠠᠨ ᠨᠢᠭᠡᠳᠦᠭᠡᠷ ᠵᠦᠢ᠍ᠯ ᠰᠢᠶᠠᠩ᠎ᠤᠨ ᠱᠠᠲᠤᠨ᠎ᠤ ᠭᠣᠣᠯ᠎ᠤᠨ ᠳᠠᠷᠤᠭ᠎ᠠ ᠨᠠᠭᠤᠷ᠎ᠤᠨ ᠳᠠᠷᠤᠭ᠎ᠠ ᠪᠠᠶ᠋ᠢᠩᠭᠤ ᠵᠢᠨ ᠴᠢᠨᠠᠷᠲᠠᠢ ᠲᠣᠭᠣᠷᠢᠨ ᠪᠠᠶ᠋ᠢᠴᠠᠭ᠋ᠠᠯᠲᠠ ᠬᠢᠵᠦ᠂ ᠲᠣᠭᠣᠷᠢᠨ ᠪᠠᠶ᠋ᠢᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ᠂ ᠰᠢᠢ᠍ᠳᠪᠦᠷᠢᠯᠡᠵᠦ ᠳᠡᠶ᠋ᠢᠯᠬᠦ ᠦᠭᠡᠢ ᠠᠰᠠᠭᠤᠳᠠᠯ᠎ᠢ ᠴᠠᠭ ᠲᠤᠬᠠᠢᠳᠤᠨᠢ ᠬᠣᠯᠪᠣᠭᠳᠠᠯ ᠪᠦᠬᠦᠢ ᠳᠡᠭᠡᠳᠦ ᠱᠠᠲᠤᠨ᠎ᠤ ᠭᠣᠣᠯ᠎ᠤᠨ ᠳᠠᠷᠤᠭ᠎ᠠ ᠨᠠᠭᠤᠷ᠎ᠤᠨ ᠳᠠᠷᠤᠭ᠎ᠠ ᠪᠤᠶᠤ ᠭᠣᠣᠯ᠎ᠤᠨ ᠳᠠᠷᠤᠭ᠎ᠠ ᠵᠢᠨ ᠳᠦᠷᠢᠮᠲᠦ ᠠᠯᠪᠡᠠ ᠭᠡᠷ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ (ᠨᠢᠭᠡᠴᠢ)᠎ᠳᠤ ᠮᠡᠳᠡᠭᠦᠯᠬᠦ ᠬᠡᠷᠡᠭᠲᠡᠢ᠃ ᠭᠣᠤᠯ ᠮᠥᠷᠡᠨ ᠨᠠᠭᠤᠷ ᠴᠥᠭᠥᠷᠥᠮ᠎ᠢ ᠡᠳᠦᠷ ᠲᠤᠲᠤᠮ ᠠᠷᠢᠭᠤᠨ ᠴᠡᠪᠡᠷ ᠪᠠᠶ᠋ᠢᠯᠭ᠋ᠠᠬᠤ ᠵᠡᠷᠭᠡ ᠵᠢ ᠥᠷᠨᠢᠭᠦᠯᠵᠦ᠂ ᠳᠡᠭᠡᠳᠦ ᠱᠠᠲᠤᠨ᠎ᠤ ᠭᠣᠤᠯ ᠮᠥᠷᠡᠨ᠎ᠤ ᠳᠠᠷᠤᠭ᠎ᠠ ᠨᠠᠭᠤᠷ ᠴᠥᠭᠥᠷᠥᠮ᠎ᠤᠨ ᠳᠠᠷᠤᠭ᠎ᠠ᠂ ᠬᠣᠯᠪᠣᠭᠳᠠᠯ ᠪᠥᠬᠥᠶ ᠰᠠᠯᠠᠭ᠎ᠠ ᠮᠥᠴᠢᠷ (ᠨᠢᠭᠡᠴᠢ)᠎ᠲᠠᠢ ᠬᠠᠮᠵᠢᠯᠴᠠᠨ ᠭᠣᠤᠯ ᠮᠥᠷᠡᠨ ᠨᠠᠭᠤᠷ ᠴᠥᠭᠥᠷᠥᠮ᠎ᠤᠨ ᠠᠰᠠᠭᠤᠳᠠᠯ᠎ᠢ ᠢᠯᠭ᠋ᠠᠷᠠᠭᠤᠯᠤᠨ ᠴᠡᠭᠴᠡᠯᠡᠬᠦ ᠪᠤᠶᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠥᠷᠨᠢᠭᠦᠯᠦᠨ᠎ᠡ; ᠳᠡᠭᠡᠳᠦ ᠱᠠᠲᠤᠨ᠎ᠤ ᠭᠣᠣᠯ᠎ᠤᠨ ᠳᠠᠷᠤᠭ᠎ᠠ᠂ ᠨᠠᠭᠤᠷ᠎ᠤᠨ ᠳᠠᠷᠤᠭ᠎ᠠ ᠵᠢᠨ ᠲᠤᠰᠢᠶᠠᠭᠰᠠᠨ ᠡᠭᠦᠷᠭᠡ ᠵᠢ ᠪᠡᠶᠡᠯᠡᠭᠦᠯᠦᠨ᠎ᠡ᠃
ᠠᠷᠪᠠᠨ ᠬᠣᠶᠠᠳᠤᠭ᠋ᠠᠷ ᠵᠦᠢ᠍ᠯ ᠲᠣᠰᠬᠣᠨ᠎ᠤ ᠱᠠᠲᠤᠨ᠎ᠤ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠭᠣᠣᠯ ᠮᠥᠷᠡᠨ ᠨᠠᠭᠤᠷ ᠴᠥᠭᠥᠷᠥᠮ᠎ᠤᠨ ᠬᠠᠮᠠᠭ᠋ᠠᠯᠠᠯᠲᠠ ᠵᠢᠨ ᠲᠣᠰᠬᠣᠨ᠎ᠤ ᠲᠣᠭᠲᠠᠭ᠋ᠠᠯ ᠠᠷᠠᠳ᠎ᠤᠨ ᠭᠡᠷ᠎ᠡ ᠵᠢ ᠵᠣᠬᠢᠶᠠᠨ ᠪᠠᠶ᠋ᠢᠭᠤᠯᠤᠨ ᠲᠣᠭᠲᠠᠭ᠋ᠠᠵᠤ᠂ ᠭᠣᠣᠯ ᠮᠥᠷᠡᠨ ᠨᠠᠭᠤᠷ ᠴᠥᠭᠥᠷᠥᠮ᠎ᠤᠨ ᠡᠳᠦᠷ ᠲᠤᠳᠤᠮ᠎ᠤᠨ ᠲᠣᠭᠣᠷᠢᠨ ᠪᠠᠶ᠋ᠢᠴᠠᠭ᠋ᠠᠯᠲᠠ ᠵᠢ ᠥᠷᠨᠢᠭᠦᠯᠵᠦ᠂ ᠢᠯᠡᠷᠡᠭᠦᠯᠦᠭᠰᠡᠨ ᠭᠣᠣᠯ ᠮᠥᠷᠡᠨ ᠨᠠᠭᠤᠷ ᠴᠥᠭᠥᠷᠥᠮ᠎ᠳᠤ ᠬᠣᠯᠪᠣᠭᠳᠠᠭᠰᠠᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠵᠢᠯᠯᠠᠭ᠎ᠠ ᠵᠢ ᠢᠳᠬᠠᠨ ᠬᠣᠷᠢᠭᠯᠠᠵᠤ᠂ ᠬᠣᠷᠢᠭᠯᠠᠨ ᠵᠣᠭᠰᠣᠭ᠋ᠠᠵᠤ᠂ ᠰᠢᠢ᠍ᠳᠪᠦᠷᠢᠯᠡᠵᠦ ᠳᠡᠶ᠋ᠢᠯᠬᠦ ᠦᠭᠡᠢ ᠠᠰᠠᠭᠤᠳᠠᠯ᠎ᠢ ᠴᠠᠭ ᠲᠤᠬᠠᠢᠳᠤᠨᠢ ᠬᠣᠯᠪᠣᠭᠳᠠᠯ ᠪᠦᠬᠦᠢ ᠳᠡᠭᠡᠳᠦ ᠱᠠᠲᠤᠨ᠎ᠤ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠪᠤᠶᠤ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮᠲᠦ ᠠᠯᠪᠡᠠ ᠭᠡᠷ᠂ ᠬᠣᠯᠪᠣᠭᠳᠠᠯ ᠪᠦᠬᠦᠢ ᠰᠠᠯᠠᠭ᠎ᠠ ᠮᠥᠴᠢᠷ (ᠨᠢᠭᠡᠴᠢ)᠎ᠲᠤ ᠮᠡᠳᠡᠭᠦᠯᠬᠦ ᠬᠡᠷᠡᠭᠲᠡᠢ; ᠳᠡᠭᠡᠳᠦ ᠱᠠᠲᠤᠨ᠎ᠤ ᠭᠣᠣᠯ᠎ᠤᠨ ᠳᠠᠷᠤᠭ᠎ᠠ᠂ ᠨᠠᠭᠤᠷ᠎ᠤᠨ ᠳᠠᠷᠤᠭ᠎ᠠ ᠵᠢᠨ ᠲᠤᠰᠢᠶᠠᠭᠰᠠᠨ ᠡᠭᠦᠷᠭᠡ ᠵᠢ ᠪᠡᠶᠡᠯᠡᠭᠦᠯᠦᠨ᠎ᠡ᠃
ᠳᠥᠷᠪᠡᠳᠦᠭᠡᠷ ᠪᠦᠯᠦᠭ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠷᠭ᠎ᠠ ᠮᠠᠶᠢᠭ
ᠨᠢᠭᠡᠳᠦᠭᠡᠷ ᠬᠡᠰᠡᠭ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠨ᠎ᠠ
ᠠᠷᠪᠠᠨ ᠭᠤᠷᠪᠠᠳᠤᠭ᠋ᠠᠷ ᠵᠦᠢ᠍ᠯ ᠵᠡᠷᠦᠩᠬᠡᠢ ᠭᠣᠣᠯ ᠮᠥᠷᠡᠨ᠎ᠤ ᠳᠠᠷᠤᠭ᠎ᠠ ᠲᠦᠷᠦᠭᠦᠯᠡᠨ ᠪᠦᠬᠦ ᠨᠠᠮ ᠵᠠᠰᠠᠭ᠎ᠤᠨ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢᠨ ᠲᠦᠷᠢᠮ ᠵᠶ᠋ᠡᠷ ᠭᠣᠣᠯ ᠪᠣᠯᠭ᠋ᠠᠭᠰᠠᠨ ᠬᠠᠷᠢᠭᠤᠴᠠᠯᠭ᠎ᠠ ᠵᠢᠨ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠬᠦ ᠠᠵᠢᠯ᠎ᠤᠨ ᠤᠳᠤᠷᠢᠳᠬᠤ ᠲᠣᠭᠲᠠᠴᠠ ᠵᠢ ᠪᠠᠶ᠋ᠢᠭᠤᠯᠤᠨ᠎ᠠ; ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠢ ᠬᠡᠷᠡᠭᠵᠢᠭᠦᠯᠬᠦ ᠶᠠᠪᠤᠴᠠ᠎ᠳᠠᠬᠢ ᠴᠢᠬᠤᠯᠠ ᠶᠡᠬᠡ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠡᠷᠬᠢᠯᠡᠨ ᠰᠤᠳᠤᠯᠵᠤ᠂ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠳᠤᠮᠳᠠᠬᠢ ᠴᠢᠬᠤᠯᠠ ᠶᠡᠬᠡ ᠵᠦᠢ᠍ᠯᠡᠰ᠂ ᠴᠢᠬᠤᠯᠠ ᠳᠦᠷᠢᠮ᠂ ᠭᠣᠣᠯᠳᠠᠯᠭ᠎ᠠ᠎ᠲᠠᠢ ᠡᠭᠦᠷᠭᠡ ᠵᠢ ᠡᠷᠬᠢᠯᠡᠨ ᠬᠢᠨᠠᠨ ᠶᠠᠷᠢᠯᠴᠠᠨ᠎ᠠ᠃ ᠲᠤᠬᠠᠶ ᠵᠢᠨ ᠭᠠᠵᠠᠷ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠶᠡᠷᠦᠩᠬᠡᠶ ᠭᠣᠣᠯ ᠮᠥᠷᠡᠨ᠎ᠤ ᠳᠠᠷᠤᠭ᠎ᠠ ᠨᠠᠷ᠎ᠤᠨ ᠬᠤᠷᠠᠯ᠂ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮᠲᠦ ᠠᠵᠢᠯ᠎ᠤᠨ ᠬᠤᠷᠠᠯᠳᠤᠭ᠋ᠠᠨ ᠪᠤᠶᠤ ᠭᠠᠷᠤᠨ ᠦᠰᠦᠭ ᠵᠢᠷᠤᠵᠤ ᠣᠯᠭᠣᠭᠰᠠᠨ ᠪᠢᠴᠢᠭ ᠮᠠᠲ᠋ᠧᠷᠢᠶᠠᠯ᠎ᠤᠨ ᠪᠠᠶ᠋ᠢᠷᠢᠯᠠᠭᠤᠯᠤᠯᠲᠠ᠎ᠪᠠᠷ ᠭᠣᠣᠯᠳᠠᠯᠭ᠎ᠠ᠎ᠲᠠᠢ ᠡᠭᠦᠷᠭᠡ ᠵᠢ ᠲᠣᠬᠢᠷᠠᠭᠤᠯᠵᠤ᠂ ᠶᠡᠷᠦᠩᠬᠡᠶ ᠭᠣᠣᠯ ᠮᠥᠷᠡᠨ᠎ᠤ ᠳᠠᠷᠤᠭ᠎ᠠ ᠵᠢᠨ ᠵᠠᠷᠯᠢᠭ ᠵᠶ᠋ᠠᠷ ᠭᠣᠣᠯ ᠮᠥᠷᠡᠨ ᠨᠠᠭᠤᠷ ᠴᠥᠭᠥᠷᠥᠮ᠎ᠤᠨ ᠲᠤᠪᠤᠢ᠌ᠢ᠍ᠮᠠ ᠠᠰᠠᠭᠤᠳᠠᠯ᠎ᠢ ᠲᠤᠰᠬᠠᠶ᠋ᠢᠯᠠᠨ ᠴᠡᠭᠴᠡᠯᠡᠨ ᠵᠠᠰᠠᠬᠤ ᠠᠵᠢᠯᠯᠠᠭ᠎ᠠ ᠵᠢ ᠪᠠᠶ᠋ᠢᠷᠢᠯᠠᠭᠤᠯᠤᠨ ᠦᠷᠨᠢᠭᠦᠯᠦᠨ᠎ᠡ᠃
ᠠᠷᠪᠠᠨ ᠳᠥᠷᠪᠡᠳᠦᠭᠡᠷ ᠵᠦᠢ᠍ᠯ ᠮᠤᠵᠢ ᠵᠢᠨ ᠱᠠᠲᠤᠨ᠎ᠤ ᠭᠣᠣᠯ ᠮᠥᠷᠡᠨ᠎ᠤ ᠳᠠᠷᠤᠭ᠎ᠠ ᠨᠠᠭᠤᠷ ᠴᠥᠭᠥᠷᠥᠮ᠎ᠤᠨ ᠳᠠᠷᠤᠭ᠎ᠠ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠬᠣᠯᠪᠣᠭᠳᠠᠯ ᠪᠦᠬᠦᠢ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠠᠵᠢᠯ᠎ᠤᠨ ᠬᠠᠮᠲᠤᠷᠠᠭᠰᠠᠨ ᠬᠤᠷᠠᠯᠳᠤᠭ᠋ᠠᠨ᠎ᠤ ᠳᠦᠷᠢᠮ᠎ᠢ ᠲᠣᠯᠤᠭ᠋ᠠᠢ᠌ᠢ᠍ᠯᠠᠨ ᠪᠠᠶ᠋ᠢᠭᠤᠯᠤᠨ᠎ᠠ᠃ ᠭᠣᠣᠯ ᠮᠥᠷᠡᠨ᠎ᠤ ᠳᠠᠷᠤᠭ᠎ᠠ ᠨᠠᠷ᠎ᠤᠨ ᠬᠤᠷᠠᠯ ᠪᠤᠶᠤ ᠲᠤᠰᠬᠠᠶ ᠰᠡᠳᠦᠪᠲᠦ ᠬᠤᠷᠠᠯ᠎ᠢ ᠡᠷᠬᠢᠯᠡᠨ ᠬᠤᠷᠠᠯᠳᠤᠭᠤᠯᠵᠤ᠂ ᠬᠠᠷᠠᠭ᠋ᠠᠯᠵᠠᠭᠰᠠᠨ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠬᠣᠯᠪᠣᠭᠳᠠᠯ ᠪᠦᠬᠦᠢ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠰᠤᠳᠤᠯᠤᠨ ᠨᠠᠶ᠋ᠢᠳᠠᠪᠤᠷᠢᠵᠢᠭᠤᠯᠵᠤ᠂ ᠬᠠᠷᠠᠭ᠋ᠠᠯᠵᠠᠭᠰᠠᠨ ᠭᠣᠣᠯ ᠮᠥᠷᠡᠨ ᠨᠠᠭᠤᠷ ᠴᠥᠭᠥᠷᠥᠮ᠎ᠤᠨ ᠵᠠᠰᠠᠯᠲᠠ ᠬᠠᠮᠠᠭ᠋ᠠᠯᠠᠯᠲᠠ ᠵᠢᠨ ᠲᠥᠰᠦᠯ᠎ᠢ ᠬᠢᠨᠠᠨ ᠶᠠᠷᠢᠯᠴᠠᠵᠤ᠂ ᠬᠠᠷᠠᠭ᠋ᠠᠯᠵᠠᠭᠰᠠᠨ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠡᠭᠦᠷᠭᠡ ᠵᠢ ᠵᠣᠬᠢᠴᠠᠭᠤᠯᠵᠤ᠂ ᠣᠨ᠎ᠤ ᠭᠣᠣᠯᠳᠠᠯᠭ᠎ᠠ᠎ᠲᠠᠢ ᠡᠭᠦᠷᠭᠡ ᠵᠢ ᠲᠣᠬᠢᠷᠠᠭᠤᠯᠤᠨ᠎ᠠ᠃ ᠲᠣᠰ ᠱᠠᠲᠤᠨ᠎ᠤ ᠭᠣᠤᠯ ᠮᠥᠷᠡᠨ᠎ᠤ ᠳᠠᠷᠤᠭ᠎ᠠ ᠵᠢᠨ ᠳᠦᠷᠢᠮᠲᠦ ᠠᠯᠪᠡᠠ ᠭᠡᠷ᠂ ᠬᠣᠯᠪᠣᠭᠳᠠᠯ ᠪᠥᠬᠥᠶ ᠰᠠᠯᠠᠭ᠎ᠠ ᠮᠥᠴᠢᠷ (ᠨᠢᠭᠡᠴᠢ)᠂ ᠳᠣᠤᠷᠠᠳᠤ ᠱᠠᠲᠤᠨ᠎ᠤ ᠭᠣᠤᠯ ᠮᠥᠷᠡᠨ᠎ᠤ ᠳᠠᠷᠤᠭ᠎ᠠ ᠨᠠᠭᠤᠷ ᠴᠦᠬᠦᠷᠦᠮ᠎ᠤᠨ ᠳᠠᠷᠤᠭ᠎ᠠ ᠵᠢᠨ ᠬᠠᠷᠠᠭ᠋ᠠᠯᠵᠠᠭᠰᠠᠨ ᠭᠣᠤᠯ ᠮᠥᠷᠡᠨ᠎ᠤ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠡᠭᠦᠷᠭᠡ ᠬᠠᠷᠢᠭᠤᠴᠠᠯᠭ᠎ᠠ ᠵᠢ ᠭᠦᠢᠴᠡᠳᠬᠡᠬᠦ ᠵᠢ ᠵᠢᠯᠣᠭᠣᠳᠤᠨ ᠰᠢᠮᠳᠠᠭᠤᠯᠤᠨ᠎ᠠ᠃ ᠬᠠᠷᠠᠭ᠋ᠠᠯᠵᠠᠭᠰᠠᠨ ᠭᠣᠣᠯ ᠮᠥᠷᠡᠨ ᠨᠠᠭᠤᠷ ᠴᠥᠭᠥᠷᠥᠮ᠎ᠢ ᠰᠠᠪᠠ ᠭᠠᠵᠠᠷ᠎ᠤᠨ ᠬᠠᠮᠢᠶᠠᠷᠬᠤ ᠪᠠᠢ᠌ᠢ᠍ᠭᠤᠯᠤᠮᠵᠢ ᠰᠢᠭᠤᠳ ᠬᠠᠮᠢᠶᠠᠷᠴᠤ ᠪᠠᠶ᠋ᠢᠪᠠᠯ᠂ ᠰᠠᠪᠠ ᠭᠠᠵᠠᠷ᠎ᠤᠨ ᠬᠠᠮᠢᠶᠠᠷᠬᠤ ᠪᠠᠢ᠌ᠢ᠍ᠭᠤᠯᠤᠮᠵᠢ ᠬᠠᠷᠢᠭᠤᠴᠠᠯᠭ᠋ᠠᠲᠠᠨ ᠨᠤᠭᠤᠳ ᠪᠤᠶᠤ ᠲᠡᠭᠦᠨ᠎ᠤ ᠬᠠᠷᠢᠶᠠᠲᠤ ᠮᠤᠵᠢ ᠵᠢᠨ ᠱᠠᠲᠤᠨ᠎ᠤ ᠬᠠᠮᠢᠶᠠᠷᠬᠤ ᠪᠠᠢ᠌ᠢ᠍ᠭᠤᠯᠤᠮᠵᠢ ᠬᠠᠷᠢᠭᠤᠴᠠᠯᠭ᠋ᠠᠲᠠᠨ ᠨᠤᠭᠤᠳ ᠪᠦᠷᠢᠯᠳᠦᠬᠦᠨ᠎ᠤ ᠬᠤᠪᠢ᠎ᠪᠠᠷ ᠵᠣᠬᠢᠴᠠᠭᠤᠯᠬᠤ ᠲᠣᠭᠲᠠᠴᠠ᠎ᠳᠤ ᠣᠷᠣᠯᠴᠠᠨ᠎ᠠ᠃
ᠠᠷᠪᠠᠨ ᠲᠠᠪᠤᠳᠤᠭ᠋ᠠᠷ ᠵᠦᠢ᠍ᠯ ᠬᠣᠲᠠ᠂ ᠰᠢᠶᠠᠨ᠎ᠤ ᠱᠠᠲᠤᠨ᠎ᠤ ᠭᠣᠣᠯ ᠮᠥᠷᠡᠨ᠎ᠤ ᠳᠠᠷᠤᠭ᠎ᠠ ᠨᠠᠭᠤᠷ ᠴᠦᠬᠦᠷᠦᠮ᠎ᠤᠨ ᠳᠠᠷᠤᠭ᠎ᠠ ᠲᠦᠷᠦᠭᠦᠯᠡᠨ ᠬᠠᠷᠠᠭ᠋ᠠᠯᠵᠠᠭᠰᠠᠨ ᠭᠣᠣᠯ ᠮᠥᠷᠡᠨ ᠨᠠᠭᠤᠷ ᠴᠦᠬᠦᠷᠦᠮ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠡᠭᠦᠷᠭᠡ ᠵᠢ ᠵᠣᠬᠢᠶᠠᠨ ᠪᠠᠶ᠋ᠢᠭᠤᠯᠤᠨ ᠨᠠᠷᠢᠯᠢᠬ᠍ᠵᠢᠭᠤᠯᠬᠤ ᠵᠢᠨ ᠬᠠᠮᠲᠤ ᠬᠣᠯᠪᠣᠭᠳᠠᠯ ᠪᠦᠬᠦᠢ ᠰᠠᠯᠠᠭ᠎ᠠ ᠮᠥᠴᠢᠷ (ᠨᠢᠭᠡᠴᠢ) ᠲᠤ ᠬᠤᠪᠢᠶᠠᠨ ᠨᠠᠶ᠋ᠢᠳᠠᠪᠤᠷᠢᠵᠢᠭᠤᠯᠤᠨ᠎ᠠ᠃ ᠲᠣᠰ ᠱᠠᠲᠤᠨ᠎ᠤ ᠭᠣᠤᠯ᠎ᠤᠨ ᠳᠠᠷᠤᠭ᠎ᠠ ᠵᠢᠨ ᠳᠦᠷᠢᠮᠲᠦ ᠠᠯᠪᠡᠠ ᠭᠡᠷ᠂ ᠬᠣᠯᠪᠣᠭᠳᠠᠯ ᠪᠥᠬᠥᠶ ᠰᠠᠯᠠᠭ᠎ᠠ ᠮᠥᠴᠢᠷ (ᠨᠢᠭᠡᠴᠢ)᠂ ᠳᠣᠤᠷᠠᠳᠤ ᠱᠠᠲᠤᠨ᠎ᠤ ᠭᠣᠤᠯ᠎ᠤᠨ ᠳᠠᠷᠤᠭ᠎ᠠ ᠨᠠᠭᠤᠷ᠎ᠤᠨ ᠳᠠᠷᠤᠭ᠎ᠠ ᠵᠢ ᠰᠢᠮᠳᠠᠭᠤᠯᠤᠨ ᠵᠢᠯᠣᠭᠣᠳᠴᠤ ᠪᠠᠶ᠋ᠢᠭ᠋ᠠᠳ ᠵᠣᠬᠢᠴᠠᠩᠭᠤᠶ ᠭᠣᠤᠯ ᠬᠢᠭᠡᠳ ᠨᠠᠭᠤᠷ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠠᠵᠢᠯ᠎ᠢ ᠥᠷᠨᠢᠭᠦᠯᠦᠨ᠎ᠡ᠃ ᠬᠠᠷᠠᠭ᠋ᠠᠯᠵᠠᠭᠰᠠᠨ ᠭᠣᠣᠯ ᠮᠥᠷᠡᠨ ᠨᠠᠭᠤᠷ ᠴᠥᠭᠥᠷᠥᠮ᠎ᠢ ᠰᠠᠪᠠ ᠭᠠᠵᠠᠷ᠎ᠤᠨ ᠬᠠᠮᠢᠶᠠᠷᠬᠤ ᠪᠠᠢ᠌ᠢ᠍ᠭᠤᠯᠤᠮᠵᠢ ᠰᠢᠭᠤᠳ ᠬᠠᠮᠢᠶᠠᠷᠴᠤ ᠪᠠᠶ᠋ᠢᠪᠠᠯ᠂ ᠰᠠᠪᠠ ᠭᠠᠵᠠᠷ᠎ᠤᠨ ᠬᠠᠮᠢᠶᠠᠷᠬᠤ ᠪᠠᠢ᠌ᠢ᠍ᠭᠤᠯᠤᠮᠵᠢ ᠵᠢᠨ ᠬᠠᠷᠢᠶᠠᠲᠤ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠵᠢᠨ ᠨᠢᠭᠡᠴᠢ᠎ᠯᠦᠭᠡ ᠵᠢᠨ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠬᠠᠮᠵᠢᠯᠴᠠᠬᠤ᠎ᠪᠠᠨ ᠴᠢᠩᠭ᠋ᠠᠳᠬᠠᠬᠤ ᠬᠡᠷᠡᠭᠲᠡᠶ᠃
ᠠᠷᠪᠠᠨ ᠵᠢᠷᠭᠤᠳᠤᠭ᠋ᠠᠷ ᠵᠦᠢ᠍ᠯ ᠰᠢᠶᠠᠩ ᠤᠨ ᠱᠠᠲᠤᠨ ᠤ ᠭᠣᠣᠯ ᠮᠥᠷᠡᠨ ᠤ ᠳᠠᠷᠤᠭ᠎ᠠ ᠨᠠᠭᠤᠷ ᠴᠦᠬᠦᠷᠦᠮ ᠤᠨ ᠳᠠᠷᠤᠭ᠎ᠠ ᠬᠠᠷᠠᠭ᠋ᠠᠯᠵᠠᠭᠰᠠᠨ ᠭᠣᠣᠯ ᠮᠥᠷᠡᠨ ᠨᠠᠭᠤᠷ ᠴᠦᠬᠦᠷᠦᠮ ᠤᠨ ᠡᠳᠦᠷ ᠲᠤᠳᠤᠮ ᠤᠨ ᠲᠣᠭᠣᠷᠢᠨ ᠪᠠᠶ᠋ᠢᠴᠠᠭ᠋ᠠᠬᠤ ᠪᠠ ᠬᠠᠮᠢᠶᠠᠷᠴᠤ ᠬᠠᠮᠠᠭ᠋ᠠᠯᠠᠬᠤ ᠠᠵᠢᠯ ᠢ ᠤᠳᠤᠷᠢᠳᠴᠤ᠂ ᠲᠣᠰᠬᠣᠨ ᠤ ᠱᠠᠲᠤᠨ ᠤ ᠭᠣᠣᠯ ᠮᠥᠷᠡᠨ ᠤ ᠳᠠᠷᠤᠭ᠎ᠠ ᠨᠠᠭᠤᠷ ᠴᠦᠬᠦᠷᠦᠮ ᠤᠨ ᠳᠠᠷᠤᠭ᠎ᠠ ᠵᠢᠨ ᠭᠣᠣᠯ ᠮᠥᠷᠡᠨ ᠨᠠᠭᠤᠷ ᠴᠦᠬᠦᠷᠦᠮ᠎ᠢ ᠲᠣᠭᠣᠷᠢᠨ ᠪᠠᠶ᠋ᠢᠴᠠᠭ᠋ᠠᠬᠤ ᠠᠵᠢᠯ᠎ᠢ ᠥᠷᠨᠢᠭᠦᠯᠬᠦ ᠵᠢ ᠵᠢᠯᠣᠭᠣᠳᠤᠨ ᠬᠢᠨᠠᠯᠲᠠ ᠲᠠᠯᠪᠢᠨ᠎ᠠ᠃
ᠬᠣᠶᠠᠳᠤᠭ᠋ᠠᠷ ᠬᠡᠰᠡᠭ ᠭᠣᠣᠯ ᠮᠥᠷᠡᠨ ᠨᠠᠭᠤᠷ ᠴᠥᠭᠥᠷᠥᠮ᠎ᠢ ᠪᠠᠶ᠋ᠢᠴᠠᠭ᠋ᠠᠵᠤ ᠰᠤᠳᠤᠯᠬᠤ ᠠᠵᠢᠯ᠎ᠢ ᠥᠷᠨᠢᠭᠦᠯᠦᠨ᠎ᠡ
ᠠᠷᠪᠠᠨ ᠳᠣᠯᠣᠳᠤᠭ᠋ᠠᠷ ᠵᠦᠢ᠍ᠯ ᠶᠡᠷᠦᠩᠬᠡᠶ ᠭᠣᠣᠯ ᠮᠥᠷᠡᠨ᠎ᠤ ᠳᠠᠷᠤᠭ᠎ᠠ᠂ ᠡᠯ᠎ᠡ ᠱᠠᠲᠤᠨ᠎ᠤ ᠭᠣᠣᠯ ᠮᠥᠷᠡᠨ᠎ᠤ ᠳᠠᠷᠤᠭ᠎ᠠ᠂ ᠨᠠᠭᠤᠷ ᠴᠦᠬᠦᠷᠦᠮ᠎ᠤᠨ ᠳᠠᠷᠤᠭ᠎ᠠ ᠲᠣᠭᠲᠠᠮᠠᠯ ᠬᠤᠭᠤᠴᠠᠭ᠎ᠠ᠎ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠭᠣᠣᠯ ᠮᠥᠷᠡᠨ ᠨᠠᠭᠤᠷ ᠴᠥᠭᠥᠷᠥᠮ᠎ᠢ ᠪᠠᠶ᠋ᠢᠴᠠᠭ᠋ᠠᠨ ᠰᠤᠳᠤᠯᠬᠤ ᠠᠵᠢᠯᠯᠠᠭ᠎ᠠ ᠵᠢ ᠥᠷᠨᠢᠭᠦᠯᠵᠦ᠂ ᠭᠣᠣᠯ ᠮᠥᠷᠡᠨ ᠨᠠᠭᠤᠷ ᠴᠥᠭᠥᠷᠥᠮ᠎ᠤᠨ ᠡᠷᠡᠭᠦᠯ ᠴᠢᠭᠢᠷᠠᠭ᠎ᠤᠨ ᠪᠠᠶ᠋ᠢᠳᠠᠯ᠎ᠢ ᠬᠥᠳᠡᠯᠦᠩᠭᠦᠶ᠎ᠪᠠᠷ ᠡᠵᠡᠮᠰᠢᠵᠦ᠂ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠳᠤᠮᠳᠠᠬᠢ ᠠᠰᠠᠭᠤᠳᠠᠯ᠎ᠢ ᠴᠠᠭ ᠲᠤᠬᠠᠶ᠎ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃
ᠵᠠᠷᠴᠢᠮ ᠳᠡᠭᠡᠷ᠎ᠡ᠎ᠪᠠᠨ᠂ ᠶᠡᠷᠦᠩᠬᠡᠶ ᠭᠣᠤᠯ᠎ᠤᠨ ᠲᠠᠷᠤᠭ᠎ᠠ ᠵᠢᠯ ᠪᠦᠷᠢ ᠠᠳᠠᠭ᠎ᠲᠠᠭᠠᠨ ᠨᠢᠭᠡ ᠤᠳᠠᠭ᠎ᠠ ᠪᠠᠢ᠌ᠢ᠍ᠴᠠᠭ᠋ᠠᠨ ᠰᠤᠳᠤᠯᠬᠤ ᠬᠡᠷᠡᠭᠲᠡᠢ᠃ ᠮᠤᠵᠢ ᠵᠢᠨ ᠱᠠᠲᠤᠨ᠎ᠤ ᠭᠣᠤᠯ᠎ᠤᠨ ᠲᠠᠷᠤᠭ᠎ᠠ ᠵᠢᠯ ᠪᠦᠷᠢ ᠠᠳᠠᠭ᠎ᠲᠠᠭᠠᠨ 2 ᠤᠳᠠᠭ᠎ᠠ ᠪᠠᠢ᠌ᠢ᠍ᠴᠠᠭ᠋ᠠᠨ᠂ ᠬᠣᠲᠠ ᠵᠢᠨ ᠱᠠᠲᠤᠨ᠎ᠤ ᠭᠣᠤᠯ᠎ᠤᠨ ᠲᠠᠷᠤᠭ᠎ᠠ ᠵᠢᠯ ᠪᠦᠷᠢ ᠠᠳᠠᠭ᠎ᠲᠠᠭᠠᠨ 3 ᠤᠳᠠᠭ᠎ᠠ ᠪᠠᠢ᠌ᠢ᠍ᠴᠠᠭ᠋ᠠᠵᠤ ( ᠠᠳᠠᠭ᠎ᠲᠠᠭᠠᠨ ᠬᠠᠭ᠋ᠠᠰ ᠵᠢᠯ ᠨᠢᠭᠡ ᠤᠳᠠᠭ᠎ᠠ ᠪᠠᠢ᠌ᠢ᠍ᠴᠠᠭ᠋ᠠᠵᠤ ᠬᠡᠷᠡᠭᠲᠡᠢ)᠂ ᠰᠢᠶᠠᠨ᠎ᠤ ᠱᠠᠲᠤᠨ᠎ᠤ ᠭᠣᠤᠯ᠎ᠤᠨ ᠲᠠᠷᠤᠭ᠎ᠠ ᠤᠯᠠᠷᠢᠯ ᠪᠦᠷᠢ ᠨᠢᠭᠡ ᠤᠳᠠᠭ᠎ᠠ ᠪᠠᠢ᠌ᠢ᠍ᠴᠠᠭ᠋ᠠᠵᠤ᠂ ᠰᠢᠶᠠᠩ᠎ᠤᠨ ᠱᠠᠲᠤᠨ᠎ᠤ ᠭᠣᠤᠯ᠎ᠤᠨ ᠲᠠᠷᠤᠭ᠎ᠠ ᠰᠠᠷ᠎ᠠ ᠪᠦᠷᠢ ᠨᠢᠭᠡ ᠤᠳᠠᠭ᠎ᠠ ᠪᠠᠢ᠌ᠢ᠍ᠴᠠᠭ᠋ᠠᠵᠤ᠂ ᠲᠣᠰᠬᠣᠨ᠎ᠤ ᠱᠠᠲᠤᠨ᠎ᠤ ᠭᠣᠤᠯ᠎ᠤᠨ ᠲᠠᠷᠤᠭ᠎ᠠ ᠭᠠᠷᠠᠭ ᠪᠦᠷᠢ ᠨᠢᠭᠡ ᠤᠳᠠᠭ᠎ᠠ ᠪᠠᠢ᠌ᠢ᠍ᠴᠠᠭ᠋ᠠᠬᠤ ᠬᠡᠷᠡᠭᠲᠡᠢ᠃ ᠪᠣᠳᠠᠲᠠᠶ ᠱᠠᠭ᠋ᠠᠷᠳᠠᠯᠭ᠎ᠠ ᠵᠢ ᠰᠢᠶᠠᠨ᠎ᠤ ᠱᠠᠲᠤᠨ᠎ᠠᠴᠠ ᠳᠡᠭᠡᠭᠰᠢᠬᠢ ᠶᠡᠷᠦᠩᠬᠡᠶ ᠭᠣᠣᠯ ᠮᠥᠷᠡᠨ᠎ᠤ ᠳᠠᠷᠤᠭ᠎ᠠ᠎ᠠᠴᠠ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠵᠦᠪᠳᠡᠯᠴᠡᠨ ᠲᠣᠭᠲᠠᠭ᠋ᠠᠨ᠎ᠠ᠃
ᠠᠷᠪᠠᠨ ᠨᠠᠢ᠍ᠮᠠᠳᠤᠭ᠋ᠠᠷ ᠵᠦᠢ᠍ᠯ ᠮᠤᠵᠢ᠂ ᠬᠤᠳᠠ᠂ ᠰᠢᠶᠠᠨ᠎ᠤ ᠱᠠᠲᠤᠨ᠎ᠤ ᠭᠣᠣᠯ ᠮᠥᠷᠡᠨ᠎ᠤ ᠳᠠᠷᠤᠭ᠎ᠠ᠂ ᠨᠠᠭᠤᠷ ᠴᠥᠭᠥᠷᠥᠮ᠎ᠤᠨ ᠳᠠᠷᠤᠭ᠎ᠠ ᠭᠣᠣᠯ ᠮᠥᠷᠡᠨ ᠨᠠᠭᠤᠷ ᠴᠥᠭᠥᠷᠥᠮ ᠳᠤ ᠪᠠᠢ᠌ᠢ᠍ᠴᠠᠭ᠋ᠠᠨ ᠰᠤᠳᠤᠯᠤᠯᠲᠠ ᠬᠢᠬᠦ᠎ᠳᠡᠭᠡᠨ ᠠᠰᠠᠭᠤᠳᠠᠯ᠎ᠢ ᠰᠢᠢ᠍ᠳᠪᠦᠷᠢᠯᠡᠬᠦ᠎ᠪᠠᠷ ᠤᠳᠤᠷᠢᠳᠤᠮᠵᠢ ᠪᠣᠯᠭ᠋ᠠᠵᠤ᠂ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠲᠤᠬᠠᠢ ᠵᠢᠨ ᠲᠠᠯᠠᠪᠤᠷ᠎ᠲᠤ ᠠᠵᠢᠯᠯᠠᠨ᠂ ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠵᠦᠪᠳᠡᠯᠴᠡᠨ ᠨᠢᠭᠡᠳᠬᠡᠵᠦ᠂ ᠠᠰᠠᠭᠤᠳᠠᠯ᠎ᠢ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠵᠢ ᠰᠤᠳᠤᠯᠵᠤ᠂ ᠠᠰᠠᠭᠤᠳᠠᠯ᠎ᠢ ᠴᠡᠭᠴᠡᠯᠡᠨ ᠵᠠᠰᠠᠬᠤ ᠱᠠᠭ᠋ᠠᠷᠳᠠᠯᠭ᠎ᠠ ᠵᠢ ᠲᠣᠳᠣᠷᠬᠠᠶ᠋ᠢᠯᠠᠵᠤ ᠪᠣᠯᠤᠨ᠎ᠠ᠃ ᠪᠠᠶ᠋ᠢᠴᠠᠭ᠋ᠠᠨ ᠰᠤᠳᠤᠯᠬᠤ᠎ᠠᠴᠠ ᠡᠮᠦᠨ᠎ᠡ᠂ ᠭᠣᠣᠯ ᠮᠥᠷᠡᠨ᠎ᠤ ᠳᠠᠷᠤᠭ᠎ᠠ ᠵᠢᠨ ᠳᠦᠷᠢᠮᠲᠦ ᠠᠯᠪᠡᠠ ᠭᠡᠷ ᠲᠤᠬᠢᠷᠠᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ (ᠨᠢᠭᠡᠴᠢ)ᠤᠷᠢᠳᠠᠪᠠᠷ ᠢᠯᠡ᠎ᠪᠠᠷ ᠪᠠᠶ᠋ᠢᠴᠠᠭ᠋ᠠᠵᠤ ᠨᠢᠭᠤᠴᠠ᠎ᠪᠠᠷ ᠰᠤᠷᠪᠤᠯᠵᠢᠯᠠᠵᠤ᠂ ᠭᠣᠣᠯ ᠮᠥᠷᠡᠨ ᠨᠠᠭᠤᠷ ᠴᠥᠭᠥᠷᠥᠮ᠎ᠳᠤ ᠣᠷᠣᠰᠢᠵᠤ ᠪᠠᠶ᠋ᠢᠭ᠎ᠠ ᠳᠤᠪᠤᠢ᠌ᠢ᠍ᠮᠠ ᠠᠰᠠᠭᠤᠳᠠᠯ᠎ᠢ ᠡᠵᠡᠮᠳᠡᠵᠦ᠂ ᠬᠣᠯᠪᠣᠭᠳᠠᠯ ᠪᠦᠬᠦᠢ ᠭᠠᠵᠠᠷ ᠣᠷᠣᠨ᠎ᠤ ᠵᠣᠬᠢᠴᠠᠭᠤᠯᠤᠨ ᠰᠢᠢ᠍ᠳᠪᠦᠷᠢᠯᠡᠬᠦ ᠴᠢᠬᠤᠯᠠᠲᠠᠢ ᠴᠢᠬᠤᠯᠠ ᠶᠡᠬᠡ ᠠᠰᠠᠭᠤᠳᠠᠯ᠎ᠢ ᠠᠰᠠᠭᠤᠵᠤ᠂ ᠦᠨᠳᠦᠰᠦᠨ ᠱᠠᠲᠤᠨ᠎ᠤ ᠺᠠᠳ᠋ᠷ᠂ ᠠᠵᠢᠯᠳᠠᠨ ᠪᠣᠯᠤᠨ ᠤᠯᠠᠨ ᠲᠦᠮᠡᠨ᠎ᠤ ᠰᠠᠨᠠᠯ᠎ᠢ ᠣᠶ᠋ᠢᠯᠠᠭ᠋ᠠᠵᠤ ᠪᠣᠯᠤᠨ᠎ᠠ᠃
ᠠᠷᠪᠠ ᠶᠢᠰᠦᠳᠦᠭᠡᠷ ᠵᠦᠢ᠍ᠯ ᠰᠢᠶᠠᠩ᠂ ᠲᠣᠰᠬᠣᠨ᠎ᠤ ᠳᠡᠰ᠎ᠤᠨ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠭᠣᠣᠯ ᠮᠥᠷᠡᠨ ᠨᠠᠭᠤᠷ ᠴᠥᠭᠥᠷᠥᠮ᠎ᠳᠤ ᠲᠣᠭᠣᠷᠢᠨ ᠪᠠᠶ᠋ᠢᠴᠠᠭ᠋ᠠᠯᠲᠠ ᠬᠢᠬᠦ᠎ᠳᠡᠭᠡᠨ ᠠᠰᠠᠭᠤᠳᠠᠯ᠎ᠢ ᠢᠯᠡᠷᠡᠭᠦᠯᠬᠦ᠎ᠪᠠᠷ ᠤᠳᠤᠷᠢᠳᠤᠮᠵᠢ ᠪᠣᠯᠭ᠋ᠠᠵᠤ᠂ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠣᠯᠠᠨ᠎ᠲᠠᠶ ᠪᠠᠶ᠋ᠢᠭ᠎ᠠ ᠭᠣᠤᠯ᠎ᠤᠨ ᠬᠡᠰᠡᠭ (ᠨᠠᠭᠤᠷ᠎ᠤᠨ ᠬᠡᠰᠡᠭ)᠎ᠢ ᠭᠣᠤᠯᠳᠠᠯᠭ᠎ᠠ᠎ᠲᠠᠢ ᠲᠣᠭᠣᠷᠢᠨ ᠪᠠᠶ᠋ᠢᠴᠠᠭ᠋ᠠᠵᠤ᠂ ᠭᠣᠤᠯ ᠮᠥᠷᠡᠨ ᠨᠠᠭᠤᠷ ᠴᠥᠭᠥᠷᠥᠮ᠎ᠤᠨ ᠡᠳᠦᠷ ᠲᠤᠲᠤᠮ᠎ᠤᠨ ᠬᠠᠮᠢᠶᠠᠷᠴᠤ ᠬᠠᠮᠠᠭ᠋ᠠᠯᠠᠵᠤ ᠪᠠᠶ᠋ᠢᠭ᠎ᠠ ᠪᠠᠶ᠋ᠢᠳᠠᠯ᠎ᠢ ᠭᠣᠤᠯᠳᠠᠯᠭ᠎ᠠ᠎ᠲᠠᠢ ᠪᠠᠶ᠋ᠢᠴᠠᠭ᠋ᠠᠵᠤ᠂ ᠭᠣᠤᠯ ᠮᠥᠷᠡᠨ ᠨᠠᠭᠤᠷ ᠴᠥᠭᠥᠷᠥᠮ᠎ᠲᠠᠢ ᠬᠣᠯᠪᠣᠭᠳᠠᠭᠰᠠᠨ ᠬᠠᠤᠯᠢ ᠲᠣᠭᠲᠠᠭ᠋ᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠴᠠᠭ ᠲᠤᠬᠠᠶ᠎ᠳᠤᠨᠢ ᠢᠳᠬᠠᠨ ᠬᠣᠷᠢᠭᠯᠠᠵᠤ᠂ ᠬᠣᠷᠢᠭᠯᠠᠨ ᠵᠣᠭᠰᠣᠭ᠋ᠠᠵᠤ᠂ ᠰᠢᠢᠳᠪᠦᠷᠢᠯᠡᠵᠦ ᠳᠡᠶ᠋ᠢᠯᠬᠦ ᠥᠬᠡᠶ ᠵᠢ᠎ᠨᠢ ᠳᠡᠭᠡᠳᠦ ᠱᠠᠲᠤᠨ᠎ᠤ ᠭᠣᠤᠯ ᠮᠥᠷᠡᠨ᠎ᠤ ᠳᠠᠷᠤᠭ᠎ᠠ ᠨᠠᠭᠤᠷ ᠴᠥᠭᠥᠷᠥᠮ᠎ᠤᠨ ᠳᠠᠷᠤᠭ᠎ᠠ ᠪᠤᠶᠤ ᠭᠣᠤᠯ ᠮᠥᠷᠡᠨ᠎ᠤ ᠳᠠᠷᠤᠭ᠎ᠠ ᠵᠢᠨ ᠳᠦᠷᠢᠮᠲᠦ ᠠᠯᠪᠡᠠ ᠭᠡᠷ᠂ ᠬᠣᠯᠪᠣᠭᠳᠠᠯ ᠪᠥᠬᠥᠶ ᠰᠠᠯᠠᠭ᠎ᠠ ᠮᠥᠴᠢᠷ (ᠨᠢᠭᠡᠴᠢ)᠎ᠳᠤ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃
ᠬᠣᠷᠢᠳᠤᠭ᠋ᠠᠷ ᠵᠦᠢ᠍ᠯ ᠠᠰᠠᠭᠤᠳᠠᠯ ᠨᠡᠯᠢᠶᠡᠳ ᠤᠯᠠᠨ ᠪᠠᠶ᠋ᠢᠭ᠎ᠠ ᠭᠣᠣᠯ᠎ᠤᠨ ᠬᠡᠰᠡᠭ (ᠨᠠᠭᠤᠷ᠎ᠤᠨ ᠬᠡᠰᠡᠭ)᠎ᠲᠤ ᠴᠢᠭᠯᠡᠭᠦᠯᠦᠨ᠂ ᠬᠣᠯᠪᠣᠭᠳᠠᠯ ᠪᠦᠬᠦᠢ ᠭᠣᠣᠯ᠎ᠤᠨ ᠳᠠᠷᠤᠭ᠎ᠠ ᠨᠠᠭᠤᠷ᠎ᠤᠨ ᠳᠠᠷᠤᠭ᠎ᠠ᠎ᠨᠢ ᠲᠣᠭᠣᠷᠢᠨ ᠪᠠᠶ᠋ᠢᠴᠠᠭ᠋ᠠᠬᠤ ᠤᠳᠠᠭ᠎ᠠ᠎ᠪᠠᠨ ᠨᠡᠮᠡᠭᠳᠡᠬᠦᠯᠵᠦ᠂ ᠪᠠᠶ᠋ᠢᠴᠠᠭ᠋ᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠠᠰᠠᠭᠤᠳᠠᠯ᠎ᠢ ᠴᠠᠭ ᠲᠤᠬᠠᠶ᠎ᠳᠤᠨᠢ ᠵᠣᠬᠢᠴᠠᠭᠤᠯᠤᠨ ᠰᠢᠪᠠᠳᠠᠵᠤ ᠪᠠᠶ᠋ᠢᠭ᠋ᠠᠳ ᠰᠢᠢᠳᠪᠦᠷᠢᠯᠡᠬᠦ ᠬᠡᠷᠡᠭᠲᠡᠶ᠃
ᠭᠤᠷᠪᠠᠳᠤᠭ᠋ᠠᠷ ᠬᠡᠰᠡᠭ ᠲᠤᠪᠤᠢ᠌ᠢ᠍ᠮᠠ ᠠᠰᠠᠭᠤᠳᠠᠯ᠎ᠢ ᠴᠡᠭᠴᠡᠯᠡᠨ ᠵᠠᠰᠠᠨ᠎ᠠ
ᠬᠣᠷᠢᠨ ᠨᠢᠭᠡᠳᠦᠭᠡᠷ ᠵᠦᠢ᠍ᠯ ᠰᠢᠶᠠᠨ᠎ᠤ ᠱᠠᠲᠤᠨ᠎ᠤ ᠭᠣᠣᠯ ᠮᠥᠷᠡᠨ᠎ᠤ ᠳᠠᠷᠤᠭ᠎ᠠ᠂ ᠨᠠᠭᠤᠷ ᠴᠦᠬᠦᠷᠦᠮ᠎ᠤᠨ ᠳᠠᠷᠤᠭ᠎ᠠ ᠬᠠᠮᠲᠤᠷᠠᠨ ᠭᠣᠣᠯ ᠮᠥᠷᠡᠨ᠎ᠤ ᠬᠠᠷᠠᠭ᠋ᠠᠯᠵᠠᠭᠰᠠᠨ ᠠᠰᠠᠭᠤᠳᠠᠯ᠎ᠢ ᠥᠪᠡᠰᠦᠪᠡᠨ ᠪᠠᠶ᠋ᠢᠴᠠᠭ᠋ᠠᠵᠤ᠂ ᠥᠪᠡᠰᠦᠪᠡᠨ ᠵᠠᠯᠠᠷᠠᠭᠤᠯᠬᠤ ᠠᠵᠢᠯ᠎ᠢ ᠥᠷᠨᠢᠭᠦᠯᠵᠦ᠂ ᠮᠤᠵᠢ᠂ ᠬᠤᠳᠠ ᠵᠢᠨ ᠱᠠᠲᠤᠨ᠎ᠤ ᠭᠣᠣᠯ ᠮᠥᠷᠡᠨ᠎ᠤ ᠳᠠᠷᠤᠭ᠎ᠠ᠂ ᠨᠠᠭᠤᠷ ᠴᠦᠬᠦᠷᠦᠮ᠎ᠤᠨ ᠳᠠᠷᠤᠭ᠎ᠠ ᠬᠠᠮᠲᠤᠷᠠᠨ ᠭᠣᠣᠯ ᠮᠥᠷᠡᠨ᠎ᠤ ᠳᠠᠷᠤᠭ᠎ᠠ ᠵᠢᠨ ᠳᠦᠷᠢᠮᠲᠦ ᠠᠯᠪᠡᠠ ᠭᠡᠷ ᠵᠣᠬᠢᠶᠠᠨ ᠪᠠᠶ᠋ᠢᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ (ᠨᠢᠭᠡᠴᠢ)᠎ᠨᠢ ᠰᠣᠩᠭᠣᠨ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠠᠰᠠᠭᠤᠳᠠᠯ᠎ᠤᠨ ᠰᠠᠭᠤᠷᠢ ᠲᠣᠭ᠎ᠠ ᠵᠢ ᠪᠠᠶ᠋ᠢᠴᠠᠭ᠋ᠠᠨ ᠲᠤᠳᠤᠯᠠᠵᠤ᠂ ᠠᠰᠠᠭᠤᠳᠠᠯ᠎ᠤᠨ ᠡᠭᠡ ᠲᠠᠨᠭ᠌ᠰᠠ ᠵᠢ ᠪᠠᠶ᠋ᠢᠭᠤᠯᠤᠨ᠎ᠠ᠃
ᠰᠢᠶᠠᠩ᠂ ᠲᠣᠰᠬᠣᠨ᠎ᠤ ᠲᠠᠰ᠎ᠤᠨ ᠭᠣᠤᠯ ᠮᠥᠷᠡᠨ᠎ᠤ ᠳᠠᠷᠤᠭ᠎ᠠ᠂ ᠨᠠᠭᠤᠷ ᠴᠦᠬᠦᠷᠦᠮ᠎ᠤᠨ ᠳᠠᠷᠤᠭ᠎ᠠ ᠡᠳᠦᠷ ᠲᠤᠲᠤᠮ᠎ᠤᠨ ᠲᠣᠭᠣᠷᠢᠨ ᠪᠠᠶ᠋ᠢᠴᠠᠭ᠋ᠠᠬᠤ ᠭᠣᠤᠯ ᠮᠥᠷᠡᠨ᠎ᠲᠠᠢ ᠤᠶᠠᠯᠳᠤᠭᠤᠯᠤᠨ᠂ ᠲᠣᠭᠣᠷᠢᠨ ᠪᠠᠶ᠋ᠢᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ ᠵᠶ᠋ᠠᠨ ᠴᠠᠭ ᠲᠤᠬᠠᠶ᠎ᠳᠤᠨᠢ ᠳᠡᠭᠡᠭᠰᠢ ᠮᠡᠳᠡᠭᠦᠯᠬᠦ ᠬᠡᠷᠡᠭᠲᠡᠶ᠃
ᠬᠣᠷᠢᠨ ᠬᠣᠶᠠᠳᠤᠭ᠋ᠠᠷ ᠵᠦᠢ᠍ᠯ ᠭᠣᠤᠯ ᠮᠥᠷᠡᠨ᠎ᠤ ᠳᠠᠷᠤᠭ᠎ᠠ ᠵᠢᠨ ᠳᠦᠷᠢᠮᠲᠦ ᠠᠯᠪᠡᠠ ᠭᠡᠷ᠂ ᠬᠣᠯᠪᠣᠭᠳᠠᠯ ᠪᠥᠬᠥᠶ ᠰᠠᠯᠠᠭ᠎ᠠ ᠮᠥᠴᠢᠷ (ᠨᠢᠭᠡᠴᠢ) ᠠᠴᠠ ᠵᠢᠭᠰᠠᠭ᠋ᠠᠨ ᠪᠠᠶ᠋ᠢᠴᠠᠭ᠋ᠠᠵᠤ ᠢᠯᠡᠷᠡᠭᠦᠯᠦᠭᠰᠡᠨ ᠪᠥᠭᠡᠳ ᠰᠢᠢᠳᠪᠦᠷᠢᠯᠡᠭᠦᠯᠬᠦ᠎ᠪᠠᠷ ᠳᠡᠪᠰᠢᠭᠦᠯᠦᠭᠰᠡᠨ ᠲᠡᠳᠡᠭᠡᠷ ᠭᠣᠤᠯ ᠮᠥᠷᠡᠨ ᠨᠠᠭᠤᠷ ᠴᠥᠭᠥᠷᠥᠮ᠎ᠤᠨ ᠲᠣᠪᠣᠶ᠋ᠢᠮ᠎ᠠ ᠠᠰᠠᠭᠤᠳᠠᠯ᠎ᠳᠤ᠂ ᠶᠡᠷᠦᠩᠬᠡᠶ ᠭᠣᠤᠯ ᠮᠥᠷᠡᠨ᠎ᠤ ᠳᠠᠷᠤᠭ᠎ᠠ ᠪᠤᠶᠤ ᠰᠢᠶᠠᠨ᠎ᠤ ᠱᠠᠲᠤ ᠵᠢᠴᠢ ᠰᠢᠶᠠᠨ ᠠᠴᠠ ᠳᠡᠭᠡᠭᠰᠢᠬᠢ ᠭᠣᠤᠯ ᠮᠥᠷᠡᠨ᠎ᠤ ᠳᠠᠷᠤᠭ᠎ᠠ ᠨᠠᠭᠤᠷ ᠴᠥᠭᠥᠷᠥᠮ᠎ᠤᠨ ᠳᠠᠷᠤᠭ᠎ᠠ ᠠᠴᠠ ᠵᠣᠬᠢᠶᠠᠨ ᠪᠠᠶ᠋ᠢᠭᠤᠯᠵᠤ ᠲᠥᠪᠯᠡᠷᠡᠭᠦᠯᠦᠨ ᠲᠤᠰᠢᠶᠠᠨ ᠥᠭᠴᠦ ᠰᠠᠯᠭ᠋ᠠᠨ ᠰᠢᠢᠳᠪᠦᠷᠢᠯᠡᠭᠦᠯᠬᠦ ᠠᠰᠠᠭᠤᠳᠠᠯ᠎ᠢ ᠴᠡᠭᠴᠡᠯᠡᠨ ᠵᠠᠰᠠᠬᠤ ᠡᠭᠦᠷᠭᠡ ᠵᠢ ᠲᠥᠪᠯᠡᠷᠡᠭᠦᠯᠦᠨ ᠲᠤᠰᠢᠶᠠᠵᠤ᠂ ᠲᠣᠯᠤᠭ᠋ᠠᠢ᠌ᠯᠠᠨ ᠭᠦᠢᠴᠡᠳᠬᠡᠬᠦ ᠰᠠᠯᠠᠭ᠎ᠠ ᠮᠥᠴᠢᠷ (ᠨᠢᠭᠡᠴᠢ) ᠪᠠ ᠬᠠᠷᠢᠭᠤᠴᠠᠯᠭ᠋ᠠᠲᠠᠨ᠎ᠢ ᠲᠣᠳᠣᠷᠬᠠᠶ᠋ᠢᠯᠠᠵᠤ᠂ ᠴᠡᠭᠴᠡᠯᠡᠨ ᠵᠠᠰᠠᠬᠤ ᠪᠠᠷᠢᠮᠵᠢᠶ᠎ᠠ᠂ ᠪᠡᠶᠡᠯᠡᠭᠦᠯᠬᠦ ᠴᠠᠭ᠎ᠤᠨ ᠬᠢᠵᠠᠭ᠋ᠠᠷ᠎ᠤᠨ ᠱᠠᠭ᠋ᠠᠷᠳᠠᠯᠭ᠎ᠠ ᠵᠡᠷᠭᠡ ᠵᠢ ᠳᠤᠷᠠᠳᠬᠤ ᠬᠡᠷᠡᠭᠲᠡᠶ᠃
ᠳᠡᠭᠡᠳᠦ ᠱᠠᠲᠤᠨ᠎ᠠᠴᠠ ᠲᠤᠰᠢᠶᠠᠨ ᠰᠢᠢᠳᠪᠦᠷᠢᠯᠡᠭᠦᠯᠦᠭᠰᠡᠨ᠂ ᠵᠠᠭᠤᠴᠢᠯᠠᠭᠤᠷ᠎ᠤᠨ᠎ᠬᠢᠨ᠎ᠤ ᠢᠯᠡᠴᠢᠯᠡᠭᠰᠡᠨ ᠪᠠ ᠤᠯᠠᠨ ᠲᠦᠮᠡᠨ᠎ᠤ ᠢᠯᠡᠴᠢᠯᠡᠭᠰᠡᠨ ᠵᠢᠴᠢ ᠠᠳᠠᠯᠢ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠤᠯᠤᠰ ᠲᠦᠷᠦ ᠵᠢᠨ ᠵᠥᠪᠯᠡᠯᠭᠡᠨ᠂ ᠰᠠᠬᠢᠯᠭ᠎ᠠ ᠪᠠᠲᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠠᠴᠠ ᠰᠢᠯᠵᠢᠭᠦᠯᠦᠨ ᠰᠢᠢᠳᠪᠦᠷᠢᠯᠡᠭᠦᠯᠦᠭᠰᠡᠨ ᠭᠣᠣᠯ ᠮᠥᠷᠡᠨ ᠨᠠᠭᠤᠷ ᠴᠥᠭᠥᠷᠥᠮ᠎ᠤᠨ ᠲᠤᠪᠤᠢ᠌ᠢ᠍ᠮᠠ ᠠᠰᠠᠭᠤᠳᠠᠯ᠎ᠢ ᠶᠡᠷᠦᠩᠬᠡᠶ ᠭᠣᠣᠯ ᠮᠥᠷᠡᠨ᠎ᠤ ᠳᠠᠷᠤᠭ᠎ᠠ᠂ ᠰᠢᠶᠠᠨ᠎ᠤ ᠱᠠᠳᠤ ᠵᠢᠴᠢ ᠲᠡᠭᠦᠨ᠎ᠠᠴᠠ ᠳᠡᠭᠡᠭᠰᠢᠬᠢ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠨᠠᠷ ᠠᠰᠠᠭᠤᠳᠠᠯ᠎ᠤᠨ ᠰᠢᠨᠵᠢ ᠴᠢᠨᠠᠷ᠂ ᠬᠦᠨᠳᠦ ᠨᠣᠴᠢᠲᠠᠶ ᠬᠡᠮᠵᠢᠶ᠎ᠡ ᠵᠢ ᠦᠵᠡᠵᠦ ᠪᠠᠶ᠋ᠢᠭ᠋ᠠᠳ ᠴᠣᠬᠣᠯᠠᠪᠤᠷᠢ ᠥᠭᠴᠦ᠂ ᠬᠣᠯᠪᠣᠭᠳᠠᠯ ᠪᠦᠬᠦᠢ ᠭᠠᠵᠠᠷ ᠣᠷᠣᠨ᠂ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ᠂ ᠰᠠᠯᠠᠭ᠎ᠠ ᠮᠥᠴᠢᠷ (ᠨᠢᠭᠡᠴᠢ)᠎ᠢ ᠬᠤᠭᠤᠴᠠᠭ᠎ᠠ ᠲᠣᠭᠲᠠᠭ᠋ᠠᠨ ᠴᠡᠭᠴᠡᠯᠡᠨ ᠥᠭᠡᠷᠡᠴᠢᠯᠡᠵᠦ᠂ ᠨᠠᠶ᠋ᠢᠳᠠᠪᠤᠷᠢᠵᠢᠭᠤᠯᠬᠤ᠎ᠪᠠᠷ ᠱᠠᠭ᠋ᠠᠷᠳᠠᠬᠤ ᠬᠡᠷᠡᠭᠲᠡᠢ᠃ ᠠᠰᠠᠭᠤᠳᠠᠯ᠎ᠤᠨ ᠰᠢᠨᠵᠢ ᠴᠢᠨᠠᠷ᠎ᠨᠢ ᠬᠦᠨᠳᠦ ᠨᠣᠴᠢᠲᠠᠶ᠂ ᠨᠥᠯᠥᠭᠡ᠎ᠨᠢ ᠮᠠᠭᠤ ᠪᠠᠶ᠋ᠢᠪᠠᠯ᠂ ᠬᠣᠯᠪᠣᠭᠳᠠᠯ ᠪᠥᠬᠥᠶ ᠰᠠᠯᠠᠭ᠎ᠠ ᠮᠥᠴᠢᠷ (ᠨᠢᠭᠡᠴᠢ)᠂ ᠣᠷᠣᠨ ᠨᠤᠲᠤᠭ᠎ᠲᠤ ᠬᠠᠤᠯᠢ ᠲᠣᠭᠲᠠᠭ᠋ᠠᠯ ᠠᠴᠠ ᠵᠥᠷᠢᠴᠡᠭᠰᠡᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠡᠬᠡᠮᠵᠢᠯᠡᠵᠦ᠂ ᠲᠣᠭᠲᠠᠭ᠋ᠠᠯ ᠶᠣᠰᠣᠭ᠋ᠠᠷ ᠬᠠᠮᠢᠶ᠎ᠠ ᠪᠥᠬᠥᠶ ᠬᠠᠷᠢᠭᠤᠴᠠᠯᠭ᠋ᠠᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠵᠢ ᠳᠠᠭ᠋ᠠᠭ᠋ᠠᠯᠭ᠋ᠠᠨᠠ᠃
ᠬᠣᠷᠢᠨ ᠭᠤᠷᠪᠠᠳᠤᠭ᠋ᠠᠷ ᠵᠦᠢ᠍ᠯ ᠠ᠋ᠰᠠᠭᠤᠳᠠᠯᠤᠨ ᠪᠠᠭᠲᠠᠭ᠋ᠠᠮᠵᠢ᠎ᠪᠠᠷ ᠶᠡᠬᠡ᠂ ᠲᠤᠨᠤᠭᠰᠠᠨ ᠴᠠᠭ᠎ᠨᠢ ᠤᠷᠳᠤ᠂ ᠠᠰᠢᠭ ᠲᠤᠰᠠ ᠵᠢᠨ ᠬᠠᠷᠢᠴᠠᠭ᠎ᠠ᠎ᠨᠢ ᠪᠤᠳᠤᠯᠢᠶᠠᠨᠲᠠᠢ᠂ ᠴᠡᠭᠴᠡᠯᠡᠨ ᠰᠠᠶ᠋ᠢᠵᠢᠷᠠᠭᠤᠯᠬᠤ ᠥᠪᠡᠷ᠎ᠤᠨ ᠦᠷᠳᠡᠭ᠎ᠨᠢ ᠥᠨᠳᠥᠷ ᠵᠡᠷᠭᠡ ᠭᠣᠣᠯ ᠮᠥᠷᠡᠨ ᠨᠠᠭᠤᠷ ᠴᠥᠭᠥᠷᠥᠮ᠎ᠤᠨ ᠴᠢᠬᠤᠯᠠ ᠶᠡᠬᠡ ᠠᠰᠠᠭᠤᠳᠠᠯ᠎ᠳᠤ ᠴᠢᠭᠯᠡᠭᠦᠯᠦᠨ᠂ ᠶᠡᠷᠦᠩᠬᠡᠢ ᠭᠣᠣᠯ ᠮᠥᠷᠡᠨ᠎ᠤ ᠳᠠᠷᠤᠭ᠎ᠠ ᠪᠤᠶᠤ ᠰᠢᠶᠠᠨ᠎ᠤ ᠱᠠᠲᠤᠨ᠎ᠠᠴᠠ ᠳᠡᠭᠡᠭᠰᠢᠬᠢ ᠭᠣᠣᠯ ᠮᠥᠷᠡᠨ᠎ᠤ ᠳᠠᠷᠤᠭ᠎ᠠ᠂ ᠨᠠᠭᠤᠷ ᠴᠥᠭᠥᠷᠥᠮ᠎ᠤᠨ ᠳᠠᠷᠤᠭ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠠᠷᠭ᠋ᠠᠴᠠᠬᠤ ᠪᠤᠳᠤᠯᠭ᠎ᠠ ᠠᠷᠭ᠎ᠠ ᠬᠡᠮᠵᠢᠶ᠎ᠡ ᠵᠢ ᠰᠤᠳᠤᠯᠵᠤ᠂ ᠰᠠᠨᠠᠯ᠎ᠢ ᠨᠢᠭᠡᠳᠬᠡᠵᠦ᠂ ᠦᠨᠡᠨ ᠬᠦ᠌ ᠬᠡᠷᠡᠭᠵᠢᠭᠦᠯᠵᠦ ᠪᠣᠯᠬᠤᠶ᠋ᠢᠴᠠ ᠴᠡᠭᠴᠡᠯᠡᠨ ᠵᠠᠰᠠᠬᠤ ᠲᠥᠰᠦᠯ᠎ᠢ ᠳᠤᠷᠠᠳᠤᠨ ᠭᠠᠷᠭ᠋ᠠᠨ᠎ᠠ᠃
ᠬᠣᠷᠢᠨ ᠳᠥᠷᠪᠡᠳᠦᠭᠡᠷ ᠵᠦᠢ᠍ᠯ ᠮᠤᠵᠢ ᠵᠢᠨ ᠱᠠᠲᠤᠨ᠎ᠤ ᠭᠣᠣᠯ ᠮᠥᠷᠡᠨ᠎ᠤ ᠳᠠᠷᠤᠭ᠎ᠠ᠂ ᠨᠠᠭᠤᠷ ᠴᠦᠬᠦᠷᠦᠮ᠎ᠤᠨ ᠳᠠᠷᠤᠭ᠎ᠠ ᠭᠣᠣᠯ ᠨᠠᠭᠤᠷ᠎ᠤᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠵᠢᠯᠣᠭᠣᠳᠤᠨ ᠰᠢᠪᠠᠳᠠᠬᠤ᠎ᠪᠠᠨ ᠴᠢᠩᠭ᠋ᠠᠳᠬᠠᠵᠤ᠂ ᠭᠣᠣᠯ ᠮᠥᠷᠡᠨ᠎ᠤ ᠳᠠᠷᠤᠭ᠎ᠠ ᠵᠢᠨ ᠳᠦᠷᠢᠮᠲᠦ ᠠᠯᠪᠡᠠ ᠭᠡᠷ᠎ᠤᠨ ᠠᠵᠢᠯ᠎ᠢ ᠴᠠᠭᠲᠤᠨᠢ ᠲᠣᠬᠢᠷᠠᠭᠤᠯᠤᠨ᠂ ᠬᠣᠯᠪᠣᠭᠳᠠᠯ ᠪᠦᠬᠦᠢ ᠰᠠᠯᠠᠭ᠎ᠠ ᠮᠥᠴᠢᠷ (ᠨᠢᠭᠡᠴᠢ)᠎ᠠᠴᠠ ᠲᠤᠬᠢᠶᠠᠯᠳᠤᠯ ᠵᠶ᠋ᠡᠷ ᠰᠤᠭᠤᠴᠢᠨ ᠪᠠᠶ᠋ᠢᠴᠠᠭ᠋ᠠᠬᠤ᠂ ᠴᠢᠬᠤᠯᠠ ᠶᠡᠬᠡ ᠠᠰᠠᠭᠤᠳᠠᠯ᠎ᠢ ᠴᠡᠭ᠎ᠲᠤ ᠰᠠᠭᠤᠨ ᠪᠠᠶ᠋ᠢᠴᠠᠭ᠋ᠠᠬᠤ ᠵᠢ ᠥᠷᠨᠢᠭᠦᠯᠵᠦ᠂ ᠠᠰᠠᠭᠤᠳᠠᠯ᠎ᠢ ᠴᠡᠭᠴᠡᠯᠡᠨ ᠵᠠᠰᠠᠬᠤ ᠲᠥᠰᠦᠯ᠎ᠢ ᠵᠢᠯᠣᠭᠣᠳᠤᠨ ᠲᠡᠭᠦᠯᠳᠡᠷᠵᠢᠭᠦᠯᠵᠦ᠂ ᠴᠠᠭ ᠬᠢᠵᠠᠭ᠋ᠠᠷᠯᠠᠨ ᠴᠡᠭᠴᠡᠯᠡᠨ ᠰᠠᠢ᠌ᠢ᠍ᠵᠢᠷᠠᠭᠤᠯᠬᠤ ᠵᠢ ᠰᠢᠪᠠᠳᠠᠨ᠎ᠠ᠃
ᠬᠣᠲᠠ᠂ ᠰᠢᠶᠠᠨ᠎ᠤ ᠱᠠᠲᠤᠨ᠎ᠤ ᠭᠣᠣᠯ᠎ᠤᠨ ᠳᠠᠷᠤᠭ᠎ᠠ᠂ ᠨᠠᠭᠤᠷ᠎ᠤᠨ ᠳᠠᠷᠤᠭ᠎ᠠ ᠬᠣᠯᠪᠣᠭᠳᠠᠯ ᠪᠥᠬᠥᠶ ᠰᠠᠯᠠᠭ᠎ᠠ ᠮᠥᠴᠢᠷ (ᠨᠢᠭᠡᠴᠢ)᠎ᠢ ᠵᠣᠬᠢᠶᠠᠨ ᠪᠠᠶ᠋ᠢᠭᠤᠯᠤᠨ ᠠᠰᠠᠭᠤᠳᠠᠯ᠎ᠢ ᠴᠡᠭᠴᠡᠯᠡᠨ ᠵᠠᠰᠠᠬᠤ ᠡᠭᠦᠷᠭᠡ ᠵᠢ ᠴᠠᠭ ᠬᠢᠵᠠᠭ᠋ᠠᠷᠯᠠᠨ ᠪᠡᠶᠡᠯᠡᠭᠦᠯᠵᠦ᠂ ᠮᠥᠷᠳᠡᠨ ᠪᠠᠶ᠋ᠢᠴᠠᠭ᠋ᠠᠬᠤ᠎ᠪᠠᠨ ᠴᠢᠩᠭ᠋ᠠᠳᠬᠠᠨ᠂ ᠳ᠋ᠤᠭ᠋ᠠᠷ ᠬᠠᠰᠤᠬᠤ ᠬᠠᠮᠢᠶᠠᠷᠤᠯᠲᠠ ᠵᠢ ᠴᠢᠩᠳᠠᠯᠠᠵᠤ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠰᠢᠨᠵᠢ ᠴᠢᠨᠠᠷ᠎ᠨᠢ ᠬᠦᠨᠳᠦ ᠨᠣᠴᠢᠲᠠᠶ᠂ ᠨᠥᠯᠥᠭᠡ᠎ᠨᠢ ᠮᠠᠭᠤ ᠲᠣᠪᠣᠶ᠋ᠢᠮ᠎ᠠ ᠠᠰᠠᠭᠤᠳᠠᠯ᠎ᠳᠤ᠂ ᠬᠠᠤᠯᠢ ᠲᠣᠭᠲᠠᠭ᠋ᠠᠯ ᠠᠴᠠ ᠵᠥᠷᠢᠴᠡᠭᠰᠡᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠡᠬᠡᠮᠵᠢᠯᠡᠵᠦ᠂ ᠰᠠᠬᠢᠯᠭ᠎ᠠ ᠪᠠᠲᠤ ᠲᠦᠷᠢᠮ ᠲᠣᠭᠲᠠᠭ᠋ᠠᠯ ᠶᠣᠰᠣᠭ᠋ᠠᠷ ᠬᠠᠮᠢᠶ᠎ᠠ ᠪᠥᠬᠥᠶ ᠬᠠᠷᠢᠭᠤᠴᠠᠯᠭ᠋ᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃
ᠰᠢᠶᠠᠩ᠂ ᠲᠣᠰᠬᠣᠨ᠎ᠤ ᠱᠠᠲᠤᠨ᠎ᠤ ᠭᠣᠤᠯ ᠮᠥᠷᠡᠨ᠎ᠤ ᠳᠠᠷᠤᠭ᠎ᠠ᠂ ᠨᠠᠭᠤᠷ ᠴᠦᠬᠦᠷᠦᠮ᠎ᠤᠨ ᠳᠠᠷᠤᠭ᠎ᠠ᠎ᠨᠢ ᠳᠡᠭᠡᠳᠦ ᠱᠠᠲᠤᠨ᠎ᠤ ᠭᠣᠤᠯ ᠮᠥᠷᠡᠨ᠎ᠤ ᠳᠠᠷᠤᠭ᠎ᠠ ᠨᠠᠭᠤᠷ ᠴᠦᠬᠦᠷᠦᠮ᠎ᠤᠨ ᠳᠠᠷᠤᠭ᠎ᠠ᠂ ᠬᠣᠯᠪᠣᠭᠳᠠᠯ ᠪᠥᠬᠥᠶ ᠰᠠᠯᠠᠭ᠎ᠠ ᠮᠥᠴᠢᠷ (ᠨᠢᠭᠡᠴᠢ)᠎ᠢ ᠢᠳᠡᠪᠬᠢᠲᠡᠶ᠎ᠪᠠᠷ ᠬᠠᠪᠰᠤᠷᠴᠤ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠠᠵᠢᠯ᠎ᠢ ᠥᠷᠨᠢᠭᠦᠯᠬᠦ ᠬᠡᠷᠡᠭᠲᠡᠶ᠃
ᠬᠣᠷᠢᠨ ᠲᠠᠪᠤᠳᠤᠭ᠋ᠠᠷ ᠵᠦᠢ᠍ᠯ ᠭᠣᠣᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠡᠬᠢ ᠪᠠᠶᠠᠯᠢᠭ᠂ ᠤᠰᠤᠨ ᠣᠷᠣᠨ᠎ᠤ ᠡᠷᠭᠢ ᠵᠢᠨ ᠱᠤᠭᠤᠮ᠂ ᠤᠰᠤᠨ᠎ᠤ ᠪᠣᠬᠢᠷᠲᠤᠯ᠂ ᠤᠰᠤᠨ᠎ᠤ ᠣᠷᠴᠢᠨ ᠲᠣᠭᠣᠷᠢᠨ᠂ ᠤᠰᠤᠨ᠎ᠤ ᠠᠮᠢ ᠠᠬᠤᠶ ᠵᠡᠷᠭᠡ ᠵᠢ ᠰᠢᠰᠲ᠋ᠧᠮ᠎ᠲᠠᠢ ᠬᠠᠮᠠᠭ᠋ᠠᠯᠠᠬᠤ ᠪᠠ ᠵᠠᠰᠠᠵᠤ ᠰᠡᠷᠭᠦᠭᠡᠬᠦ ᠴᠢᠬᠤᠯᠠᠲᠠᠶ ᠪᠠᠶ᠋ᠢᠪᠠᠯ᠂ ᠰᠢᠶᠠᠨ᠎ᠤ ᠱᠠᠳᠤ ᠵᠢᠴᠢ ᠲᠡᠭᠦᠨ᠎ᠠᠴᠠ ᠳᠡᠭᠡᠭᠰᠢᠬᠢ ᠭᠣᠣᠯ ᠮᠥᠷᠡᠨ᠎ᠤ ᠳᠠᠷᠤᠭ᠎ᠠ ᠨᠠᠭᠤᠷ ᠴᠦᠬᠦᠷᠦᠮ᠎ᠤᠨ ᠳᠠᠷᠤᠭ᠎ᠠ᠎ᠨᠢ ᠠᠳᠠᠯᠢ ᠱᠠᠲᠤᠨ᠎ᠤ ᠭᠣᠣᠯ ᠮᠥᠷᠡᠨ᠎ᠤ ᠳᠠᠷᠤᠭ᠎ᠠ ᠵᠢᠨ ᠳᠦᠷᠢᠮᠲᠦ ᠠᠯᠪᠡᠠ ᠭᠡᠷ ᠢ ᠵᠢᠯᠣᠭᠣᠳᠤᠨ ᠱᠠᠯᠠᠪᠳᠠᠭᠤᠯᠵᠤ ᠪᠠᠶ᠋ᠢᠭ᠋ᠠᠳ 《ᠨᠢᠭᠡ ᠭᠣᠣᠯ (ᠨᠠᠭᠤᠷ)᠎ᠳᠤ ᠨᠢᠭᠡ ᠪᠤᠳᠤᠯᠭ᠎ᠠ》 ᠵᠢᠨ ᠲᠥᠰᠦᠯ ᠪᠤᠶᠤ ᠪᠤᠳᠠᠳᠠᠢ ᠬᠡᠷᠡᠭᠵᠢᠬᠦᠯᠬᠦ ᠨᠠᠷᠢᠨ ᠲᠦᠰᠦᠯ᠎ᠢ ᠨᠠᠢ᠌ᠢ᠍ᠷᠠᠭᠤᠯᠤᠨ ᠵᠤᠬᠢᠶᠠᠵᠤ᠂ ᠠᠰᠠᠭᠤᠳᠠᠯ᠎ᠤᠨ ᠨᠠᠷᠢᠨ ᠳᠠᠨᠭ᠌ᠰᠠ᠂ ᠬᠠᠷᠠᠯᠲᠠ ᠵᠢᠨ ᠨᠠᠷᠢᠨ ᠳᠠᠨᠭ᠌ᠰᠠ᠂ ᠡᠭᠦᠷᠭᠡ ᠵᠢᠨ ᠨᠠᠷᠢᠨ ᠳᠠᠨᠭ᠌ᠰᠠ᠂ ᠠᠷᠭ᠎ᠠ ᠬᠡᠮᠵᠢ᠊ ᠢ᠎ᠡ ᠵᠢᠨ ᠨᠠᠷᠢᠨ ᠳᠠᠨᠭ᠌ᠰᠠ᠂ ᠬᠠᠷᠢᠭᠤᠴᠠᠯᠭ᠎ᠠ ᠵᠢᠨ ᠨᠠᠷᠢᠨ ᠳᠠᠨᠭ᠌ᠰᠠ ᠵᠢ ᠳᠤᠷᠠᠳᠴᠤ᠂ ᠰᠢᠰᠲ᠋ᠧᠮ᠎ᠲᠠᠢ᠎ᠪᠠᠷ ᠵᠠᠰᠠᠬᠤ ᠵᠢ ᠬᠡᠷᠡᠭᠵᠢᠭᠦᠯᠬᠦ ᠵᠢ ᠠᠯᠬᠤᠮ ᠬᠤᠪᠢᠶᠠᠨ ᠠᠬᠢᠭᠤᠯᠬᠤ ᠬᠡᠷᠡᠭᠲᠡᠢ᠃
ᠳᠥᠷᠪᠡᠳᠦᠭᠡᠷ ᠬᠡᠰᠡᠭ ᠵᠠᠰᠠᠭ ᠵᠠᠬᠢᠷᠭ᠋ᠠᠨ᠎ᠤ ᠣᠷᠣᠨ ᠠᠯᠤᠰᠯᠠᠨ ᠭᠣᠣᠯ ᠮᠥᠷᠡᠨ ᠨᠠᠭᠤᠷ ᠴᠥᠭᠥᠷᠥᠮ᠎ᠤᠨ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠵᠠᠰᠠᠬᠤ ᠵᠢ ᠲᠦᠯᠬᠢᠨ ᠠᠬᠢᠭᠤᠯᠤᠨ᠎ᠠ
ᠬᠣᠷᠢᠨ ᠵᠢᠷᠭᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠣᠷᠣᠨ ᠠ᠋ᠠᠯᠤᠰᠯᠠᠭᠰᠠᠨ ᠭᠣᠣᠯ ᠮᠥᠷᠡᠨ ᠨᠠᠭᠤᠷ ᠴᠦᠬᠦᠷᠦᠮ ᠳᠤ ᠬᠠᠮᠲᠤ ᠵᠢᠨ ᠳᠡᠭᠡᠳᠦ ᠱᠠᠲᠤᠨ᠎ᠤ ᠭᠣᠣᠯ ᠮᠥᠷᠡᠨ ᠨᠠᠭᠤᠷ ᠴᠦᠬᠦᠷᠦᠮ ᠤᠨ ᠲᠠᠷᠤᠭ᠎ᠠ ᠪᠠᠶ᠋ᠢᠭᠤᠯᠤᠭᠰᠠᠨ ᠪᠠᠶ᠋ᠢᠪᠠᠯ᠂ ᠬᠠᠮᠤᠭ᠎ᠤᠨ ᠳᠡᠭᠡᠳᠦ ᠲᠡᠰ᠎ᠤᠨ ᠳᠠᠪᠬᠤᠷᠭ᠎ᠠ ᠵᠢᠨ ᠭᠣᠣᠯ ᠮᠥᠷᠡᠨ ᠨᠠᠭᠤᠷ ᠴᠦᠬᠦᠷᠦᠮ᠎ᠤᠨ ᠳᠠᠷᠤᠭ᠎ᠠ 《ᠨᠢᠭᠡ ᠬᠥᠯᠭᠡ ᠰᠢᠳᠠᠷ᠎ᠠ》ᠵᠢᠨ ᠰᠡᠳᠬᠢᠴᠡ᠎ᠪᠠᠷ᠂ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠬᠠᠷᠠᠯᠲᠠ ᠵᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠭᠣᠣᠯ ᠮᠥᠷᠡᠨ ᠨᠠᠭᠤᠷ ᠴᠥᠭᠥᠷᠥᠮ᠎ᠤᠨ ᠳᠡᠭᠡᠳᠦ ᠳᠤᠤᠷᠠᠳᠤ ᠤᠷᠤᠰᠬᠠᠯ᠂ ᠵᠡᠭᠦᠨ ᠪᠠᠷᠠᠭᠤᠨ ᠡᠷᠬᠢ᠂ ᠭᠣᠣᠯ ᠤᠷᠤᠰᠬᠠᠯ᠂ ᠰᠠᠯᠪᠤᠷᠢ ᠤᠷᠤᠰᠬᠠᠯ᠎ᠤᠨ ᠭᠠᠵᠠᠷ ᠣᠷᠣᠨ᠎ᠤ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠭᠣᠣᠯ ᠮᠥᠷᠡᠨ ᠨᠠᠭᠤᠷ ᠴᠥᠭᠥᠷᠥᠮ᠎ᠤᠨ ᠬᠢᠯᠢ ᠠᠯᠤᠰᠯᠠᠭᠰᠠᠨ ᠭᠠᠵᠠᠷ ᠣᠷᠣᠨ᠎ᠤ ᠬᠣᠯᠪᠣᠭ᠋ᠠᠯᠠᠨ ᠵᠥᠪᠳᠡᠯᠴᠡᠬᠦ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ᠂ ᠬᠠᠮᠵᠢᠯᠴᠠᠨ ᠵᠠᠰᠠᠬᠤ᠂ ᠬᠣᠯᠪᠣᠭ᠋ᠠᠯᠠᠨ ᠬᠠᠤᠯᠢ ᠬᠡᠷᠡᠭᠵᠢᠭᠦᠯᠬᠦ ᠵᠡᠷᠭᠡ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠲᠣᠭᠲᠠᠴᠠ ᠵᠢ ᠪᠠᠶ᠋ᠢᠭᠤᠯᠬᠤ ᠵᠢ ᠠᠬᠢᠭᠤᠯᠵᠤ᠂ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠡᠭᠦᠷᠭᠡ ᠵᠢ ᠬᠠᠮᠵᠢᠯᠴᠠᠨ ᠨᠠᠶ᠋ᠢᠳᠠᠪᠤᠷᠢᠵᠢᠭᠤᠯᠤᠨ᠎ᠠ᠃
ᠬᠣᠷᠢᠨ ᠳᠣᠯᠣᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠣᠷᠣᠨ ᠠᠯᠤᠰᠯᠠᠭᠰᠠᠨ ᠭᠤᠤᠯ ᠮᠦᠷᠡᠨ ᠨᠠᠭᠤᠷ ᠴᠦᠬᠦᠷᠦᠮ᠎ᠳᠤ ᠬᠠᠮᠲᠤ ᠵᠢᠨ ᠳᠡᠭᠡᠳᠦ ᠱᠠᠲᠤᠨ᠎ᠤ ᠭᠣᠣᠯ ᠮᠥᠷᠡᠨ ᠨᠠᠭᠤᠷ ᠴᠦᠬᠦᠷᠦᠮ᠎ᠤᠨ ᠳᠠᠷᠤᠭ᠎ᠠ ᠭᠠᠷᠭ᠋ᠠᠭᠰᠠᠨ ᠦᠭᠡᠶ ᠪᠠᠶ᠋ᠢᠪᠠᠯ᠂ ᠡᠯ᠎ᠡ ᠵᠠᠰᠠᠭ ᠵᠠᠬᠢᠷᠭ᠋ᠠᠨ᠎ᠤ ᠣᠷᠣᠨ᠎ᠤ ᠭᠣᠣᠯ ᠮᠥᠷᠡᠨ᠎ᠤ ᠳᠠᠷᠤᠭ᠎ᠠ᠂ ᠨᠠᠭᠤᠷ ᠴᠦᠬᠦᠷᠦᠮ᠎ᠤᠨ ᠳᠠᠷᠤᠭ᠎ᠠ 《ᠭᠣᠣᠯ ᠮᠥᠷᠡᠨ᠎ᠤ ᠳᠣᠣᠷᠠᠳᠤ ᠤᠷᠤᠰᠬᠠᠯ᠎ᠨᠢ ᠰᠠᠨᠠᠭ᠋ᠠᠴᠢᠯᠠᠭ᠎ᠠ᠎ᠠᠴᠠ᠎ᠪᠠᠨ ᠳᠡᠭᠡᠳᠦ ᠤᠷᠤᠰᠬᠠᠯ᠎ᠲᠠᠢ ᠵᠤᠯᠭ᠋ᠠᠯᠴᠠᠬᠤ᠂ ᠵᠡᠭᠦᠨ ᠡᠷᠭᠢ᠎ᠨᠢ ᠰᠠᠨᠠᠭ᠋ᠠᠴᠢᠯᠠᠭ᠎ᠠ᠎ᠠᠴᠠ᠎ᠪᠠᠨ ᠪᠠᠷᠠᠭᠤᠨ ᠡᠷᠭᠢ᠎ᠲᠠᠢ ᠵᠤᠯᠭ᠋ᠠᠯᠴᠠᠬᠤ᠂ ᠨᠠᠭᠤᠷ ᠴᠥᠭᠥᠷᠥᠮ᠎ᠤᠨ ᠡᠵᠡᠯᠡᠬᠦ ᠤᠰᠤᠨ ᠣᠷᠣᠨ᠎ᠤ ᠲᠠᠯᠠᠪᠠᠶ᠎ᠨᠢ ᠶᠡᠬᠡ᠎ᠨᠢ ᠰᠠᠨᠠᠭ᠋ᠠᠴᠢᠯᠠᠭ᠎ᠠ᠎ᠠᠴᠠ᠎ᠪᠠᠨ ᠤᠰᠤᠨ ᠣᠷᠣᠨ᠎ᠤ ᠲᠠᠯᠠᠪᠠᠶ᠎ᠨᠢ ᠪᠠᠭᠠᠲᠠᠢ᠎ᠪᠠᠨ ᠵᠤᠯᠭ᠋ᠠᠯᠴᠠᠬᠤ》 ᠵᠠᠷᠴᠢᠮ ᠶᠣᠰᠣᠭ᠋ᠠᠷ᠂ ᠬᠠᠮᠢᠶ᠎ᠠ ᠪᠥᠬᠥᠶ ᠣᠷᠣᠨ ᠨᠤᠲᠤᠭ᠎ᠤᠨ ᠭᠣᠤᠯ ᠮᠥᠷᠡᠨ᠎ᠤ ᠳᠠᠷᠤᠭ᠎ᠠ᠂ ᠨᠠᠭᠤᠷ ᠴᠥᠭᠥᠷᠥᠮ᠎ᠤᠨ ᠳᠠᠷᠤᠭ᠎ᠠ ᠵᠢᠴᠢ ᠬᠣᠯᠪᠣᠭᠳᠠᠯ ᠪᠥᠬᠥᠶ ᠰᠠᠯᠠᠭ᠎ᠠ ᠮᠥᠴᠢᠷ (ᠨᠢᠭᠡᠴᠢ)᠎ᠯᠤᠭ᠎ᠠ ᠨᠡᠪᠲᠡᠷᠡᠯᠴᠡᠨ ᠵᠣᠬᠢᠴᠠᠭᠤᠯᠬᠤ ᠵᠢ ᠵᠣᠬᠢᠶᠠᠨ ᠪᠠᠶ᠋ᠢᠭᠤᠯᠵᠤ᠂ ᠭᠣᠤᠯ ᠮᠥᠷᠡᠨ᠎ᠤ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠡᠭᠦᠷᠭᠡ ᠵᠢ ᠵᠦᠪᠳᠡᠯᠴᠡᠨ ᠨᠢᠭᠡᠳᠬᠡᠵᠦ᠂ ᠬᠣᠯᠪᠣᠭ᠋ᠠᠯᠠᠨ ᠬᠠᠮᠲᠤ᠎ᠪᠠᠷ ᠵᠠᠰᠠᠬᠤ ᠵᠥᠪᠯᠡᠯᠴᠡᠭᠡᠷ ᠲᠣᠭᠲᠠᠵᠤ᠂ ᠣᠷᠣᠨ ᠪᠦᠰᠡ ᠵᠢᠨ ᠬᠣᠭᠣᠷᠣᠨᠳᠣᠬᠢ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠵᠠᠰᠠᠬᠤ ᠵᠢ ᠪᠡᠶᠡᠯᠡᠭᠦᠯᠦᠨ᠎ᠡ᠃
ᠲᠠᠪᠤᠳᠤᠭ᠋ᠠᠷ ᠬᠡᠰᠡᠭ ᠵᠣᠬᠢᠶᠠᠨ ᠪᠠᠶ᠋ᠢᠭᠤᠯᠤᠯᠲᠠ ᠵᠢᠨ ᠳ᠋ᠦᠩᠨᠡᠯᠲᠡ ᠬᠢᠵᠦ ᠬᠢᠨᠠᠨ ᠰᠢᠯᠭ᠋ᠠᠬᠤ
ᠬᠣᠷᠢᠨ ᠨᠠᠢ᠌ᠮᠠᠳᠤᠭ᠋ᠠᠷ ᠵᠦᠢ᠍ᠯ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ ᠠᠵᠢᠯ᠎ᠤᠨ ᠲᠤᠰᠢᠶᠠᠯ᠎ᠤᠨ ᠮᠡᠳᠡᠭᠦᠯᠦᠯᠲᠡ ᠬᠢᠬᠦ ᠲᠦᠷᠢᠮ᠎ᠢ ᠬᠡᠷᠡᠭᠵᠢᠭᠦᠯᠵᠦ᠂ ᠶᠡᠷᠦᠩᠬᠡᠶ ᠭᠣᠣᠯ ᠮᠥᠷᠡᠨ᠎ᠤ ᠳᠠᠷᠤᠭ᠎ᠠ᠎ᠨᠢ ᠲᠤᠰ ᠱᠠᠲᠤᠨ᠎ᠤ ᠭᠣᠣᠯ ᠮᠥᠷᠡᠨ᠎ᠤ ᠳᠠᠷᠤᠭ᠎ᠠ ᠨᠠᠭᠤᠷ ᠴᠥᠭᠥᠷᠥᠮ᠎ᠤᠨ ᠳᠠᠷᠤᠭ᠎ᠠ᠂ ᠭᠣᠣᠯ ᠮᠥᠷᠡᠨ᠎ᠤ ᠳᠠᠷᠤᠭ᠎ᠠ ᠵᠢᠨ ᠲᠦᠷᠢᠮ᠎ᠤᠨ ᠰᠠᠯᠠᠭ᠎ᠠ ᠮᠥᠴᠢᠷ (ᠨᠢᠭᠡᠴᠢ)᠎ᠤᠨ ᠭᠣᠣᠯ ᠬᠠᠷᠢᠭᠤᠴᠠᠯᠭ᠋ᠠᠲᠠᠨ ᠨᠥᠬᠥᠳ ᠪᠠ ᠳᠣᠣᠷ᠎ᠠ ᠨᠢᠭᠡ ᠱᠠᠲᠤᠨ᠎ᠤ ᠶᠡᠷᠦᠩᠬᠡᠶ ᠭᠣᠣᠯ ᠮᠥᠷᠡᠨ᠎ᠤ ᠳᠠᠷᠤᠭ᠎ᠠ ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠳᠠᠯ᠎ᠤᠨ ᠲᠤᠬᠠᠶ ᠮᠡᠳᠡᠭᠦᠯᠦᠯᠲᠡ ᠵᠢ ᠬᠢᠨᠠᠨ ᠦᠵᠡᠬᠦ ᠪᠤᠶᠤ ᠴᠠᠭᠲᠤᠨᠢ ᠲᠣᠬᠢᠷᠠᠭᠤᠯᠤᠨ ᠰᠣᠨᠣᠰᠤᠨ᠎ᠠ᠃ ᠰᠢᠶᠠᠩ᠎ᠤᠨ ᠱᠠᠲᠤ ᠵᠢᠴᠢ ᠲᠡᠭᠦᠨ᠎ᠠᠴᠠ ᠳᠡᠭᠡᠭᠰᠢᠬᠢ ᠭᠣᠤᠯ ᠮᠥᠷᠡᠨ᠎ᠤ ᠳᠠᠷᠤᠭ᠎ᠠ᠂ ᠨᠠᠭᠤᠷ ᠴᠦᠬᠦᠷᠦᠮ᠎ᠤᠨ ᠳᠠᠷᠤᠭ᠎ᠠ ᠵᠢᠯ ᠪᠦᠷᠢ ᠬᠠᠷᠠᠭ᠋ᠠᠯᠵᠠᠭᠰᠠᠨ ᠭᠣᠤᠯ ᠨᠠᠭᠤᠷ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠬᠣᠯᠪᠣᠭᠳᠠᠯ ᠪᠥᠬᠥᠶ ᠰᠠᠯᠠᠭ᠎ᠠ ᠮᠥᠴᠢᠷ (ᠨᠢᠭᠡᠴᠢ) ᠪᠣᠯᠤᠨ ᠬᠠᠷᠠᠭ᠋ᠠᠯᠵᠠᠭᠰᠠᠨ ᠭᠣᠤᠯ ᠨᠠᠭᠤᠷ᠎ᠤᠨ ᠳᠣᠤᠷ᠎ᠠ ᠨᠢᠭᠡ ᠱᠠᠲᠤᠨ᠎ᠤ ᠭᠣᠤᠯ ᠮᠥᠷᠡᠨ᠎ᠤ ᠳᠠᠷᠤᠭ᠎ᠠ ᠨᠠᠭᠤᠷ ᠴᠦᠬᠦᠷᠦᠮ᠎ᠤᠨ ᠳᠠᠷᠤᠭ᠎ᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠪᠠᠶ᠋ᠢᠳᠠᠯ᠎ᠤᠨ ᠮᠡᠳᠡᠭᠦᠯᠦᠯᠲᠡ ᠵᠢ ᠰᠣᠨᠣᠰᠬᠤ ᠪᠤᠶᠤ ᠬᠢᠨᠠᠨ ᠦᠵᠡᠨ᠎ᠡ᠃
ᠬᠣᠷᠢ ᠶᠢᠰᠦᠳᠦᠭᠡᠷ ᠵᠦᠢ᠍ᠯ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢ ᠬᠢᠨᠠᠨ ᠰᠢᠯᠭ᠋ᠠᠬᠤ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠶᠡᠷᠦᠩᠬᠡᠢ ᠭᠣᠣᠯ ᠮᠥᠷᠡᠨ᠎ᠤ ᠳᠠᠷᠤᠭ᠎ᠠ ᠵᠢᠨ ᠵᠣᠬᠢᠶᠠᠨ ᠪᠠᠶ᠋ᠢᠭᠤᠯᠤᠯᠲᠠ᠎ᠠᠴᠠ ᠲᠤᠰ ᠱᠠᠲᠤᠨ᠎ᠤ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ ᠪᠦᠷᠢᠯᠳᠦᠬᠦᠨ ᠰᠠᠯᠠᠭ᠎ᠠ ᠮᠥᠴᠢᠷ (ᠨᠢᠭᠡᠴᠢ) ᠪᠠ ᠳᠣᠣᠷ᠎ᠠ ᠨᠢᠭᠡ ᠱᠠᠲᠤᠨ᠎ᠤ ᠣᠷᠣᠨ ᠨᠤᠲᠤᠭ᠎ᠤᠨ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠬᠢᠨᠠᠨ ᠰᠢᠯᠭ᠋ᠠᠵᠤ᠂ ᠰᠢᠶᠠᠨ᠎ᠤ ᠱᠠᠳᠤ ᠵᠢᠴᠢ ᠲᠡᠭᠦᠨ᠎ᠠᠴᠠ ᠳᠡᠭᠡᠭᠰᠢᠬᠢ ᠭᠣᠣᠯ ᠮᠥᠷᠡᠨ᠎ᠤ ᠳᠠᠷᠤᠭ᠎ᠠ᠂ ᠨᠠᠭᠤᠷ ᠴᠥᠭᠥᠷᠥᠮ᠎ᠤᠨ ᠳᠠᠷᠤᠭ᠎ᠠ ᠵᠢᠨ ᠵᠣᠬᠢᠶᠠᠨ ᠪᠠᠶ᠋ᠢᠭᠤᠯᠤᠯᠲᠠ᠎ᠠᠴᠠ ᠵᠣᠬᠢᠴᠠᠩᠭᠤᠢ ᠭᠣᠣᠯ ᠮᠥᠷᠡᠨ ᠨᠠᠭᠤᠷ ᠴᠥᠭᠥᠷᠥᠮ᠎ᠤᠨ ᠳᠣᠣᠷ᠎ᠠ ᠨᠢᠭᠡ ᠱᠠᠲᠤᠨ᠎ᠤ ᠭᠣᠣᠯ ᠮᠥᠷᠡᠨ᠎ᠤ ᠳᠠᠷᠤᠭ᠎ᠠ ᠨᠠᠭᠤᠷ ᠴᠥᠭᠥᠷᠥᠮ᠎ᠤᠨ ᠳᠠᠷᠤᠭ᠎ᠠ ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠳᠠᠯ᠎ᠢ ᠬᠢᠨᠠᠨ ᠰᠢᠯᠭ᠋ᠠᠨ᠎ᠠ᠃ ᠰᠢᠯᠭ᠋ᠠᠨ ᠬᠢᠨᠠᠬᠤ ᠠᠵᠢᠯ᠎ᠢ ᠲᠣᠰ ᠱᠠᠲᠤᠨ᠎ᠤ ᠭᠣᠤᠯ᠎ᠤᠨ ᠳᠠᠷᠤᠭ᠎ᠠ ᠵᠢᠨ ᠳᠦᠷᠢᠮᠲᠦ ᠠᠯᠪᠡᠠ ᠭᠡᠷ ᠡᠭᠦᠷᠭᠡᠯᠡᠨ᠎ᠡ᠃
ᠭᠤᠴᠢᠳᠤᠭ᠋ᠠᠷ ᠵᠦᠢ᠍ᠯ ᠰᠢᠯᠭ᠋ᠠᠨ ᠬᠢᠨᠠᠭᠰᠠᠨ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠷᠠᠭᠤᠯᠵᠤ᠂ ᠰᠢᠯᠭ᠋ᠠᠨ ᠬᠢᠨᠠᠭᠰᠠᠨ ᠦᠷ᠎ᠡ ᠳ᠋ᠦᠩ᠎ᠢ ᠲᠣᠰ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠰᠢᠯᠭ᠋ᠠᠨ ᠬᠢᠨᠠᠬᠤ ᠠᠯᠪᠡᠠ ᠭᠡᠷ᠂ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠎ᠲᠤ ᠳᠡᠪᠰᠢᠭᠦᠯᠦᠨ ᠲᠤᠰᠢᠶᠠᠵᠤ᠂ ᠣᠷᠣᠨ ᠨᠤᠲᠤᠭ᠎ᠤᠨ ᠨᠠᠮ ᠵᠠᠰᠠᠭ᠎ᠤᠨ ᠤᠳᠤᠷᠢᠳᠬᠤ ᠺᠠᠳ᠋ᠷ᠎ᠢ ᠶᠡᠷᠦᠩᠬᠡᠶ᠋ᠢᠯᠡᠨ ᠰᠢᠯᠭ᠋ᠠᠨ ᠬᠢᠨᠠᠵᠤ ᠦᠨᠡᠯᠡᠬᠦ ᠵᠢᠨ ᠴᠢᠬᠤᠯᠠ ᠦᠨᠳᠦᠰᠦᠯᠡᠯ ᠪᠣᠯᠭ᠋ᠠᠨ᠎ᠠ᠃ ᠬᠠᠷᠠᠯᠲᠠ ᠵᠢᠨ ᠡᠭᠦᠷᠭᠡ᠎ᠪᠠᠨ ᠪᠡᠶᠡᠯᠡᠭᠦᠯᠦᠭᠰᠡᠨ ᠮᠥᠷᠲᠡᠭᠡᠨ ᠰᠢᠯᠭ᠋ᠠᠨ ᠬᠢᠨᠠᠭᠰᠠᠨ ᠦᠷ᠎ᠡ ᠳ᠋ᠦᠩ᠎ᠨᠢ ᠰᠢᠯᠢᠳᠡᠭ ᠪᠠᠶ᠋ᠢᠪᠠᠯ᠂ ᠵᠤᠷᠢᠭᠵᠢᠭᠤᠯᠤᠨ ᠤᠷᠮᠠᠰᠢᠭᠤᠯᠬᠤ ᠬᠡᠷᠡᠭᠲᠡᠶ; ᠬᠠᠷᠠᠯᠲᠠ ᠡᠭᠦᠷᠭᠡ ᠵᠢ ᠨᠠᠶ᠋ᠢᠳᠠᠪᠤᠷᠢᠵᠢᠭᠤᠯᠤᠭᠰᠠᠨ ᠥᠬᠡᠶ ᠪᠤᠶᠤ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠥᠬᠡᠶ ᠪᠠᠶ᠋ᠢᠪᠠᠯ᠂ ᠬᠢᠨᠠᠨ ᠰᠢᠯᠭ᠋ᠠᠯᠲᠠ ᠵᠢ ᠵᠣᠬᠢᠶᠠᠨ ᠪᠠᠶ᠋ᠢᠭᠤᠯᠤᠭᠰᠠᠨ ᠶᠡᠷᠦᠩᠬᠡᠶ ᠭᠣᠤᠯ ᠮᠥᠷᠡᠨ᠎ᠤ ᠳᠠᠷᠤᠭ᠎ᠠ᠂ ᠭᠣᠤᠯ ᠮᠥᠷᠡᠨ᠎ᠤ ᠳᠠᠷᠤᠭ᠎ᠠ᠂ ᠨᠠᠭᠤᠷ᠎ᠤᠨ ᠳᠠᠷᠤᠭ᠎ᠠ ᠴᠠᠭ ᠲᠤᠬᠠᠶ᠎ᠳᠤᠨᠢ ᠪᠣᠯᠵᠣᠨ ᠶᠠᠷᠢᠯᠴᠠᠵᠤ ᠰᠠᠨᠠᠭᠤᠯᠬᠤ ᠪᠤᠶᠤ ᠬᠢᠨᠠᠨ ᠰᠢᠯᠭ᠋ᠠᠭᠳᠠᠬᠤ ᠡᠲᠡᠭᠡᠳ᠎ᠠᠴᠠ ᠬᠠᠷᠢᠭᠤᠴᠠᠯᠭ᠎ᠠ ᠨᠡᠬᠡᠮᠵᠢᠯᠡᠬᠦ᠎ᠪᠠᠷ ᠳᠡᠪᠰᠢᠭᠦᠯᠬᠦ ᠬᠡᠷᠡᠭᠲᠡᠶ᠃
ᠭᠤᠴᠢᠨ ᠨᠢᠭᠡᠳᠦᠭᠡᠷ ᠵᠦᠢ᠍ᠯ ᠶᠡᠷᠦᠩᠬᠡᠶ ᠭᠣᠣᠯ ᠮᠥᠷᠡᠨ᠎ᠤ ᠳᠠᠷᠤᠭ᠎ᠠ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠬᠦ ᠠᠵᠢᠯ᠎ᠤᠨ ᠣᠨ᠎ᠤ ᠳ᠋ᠦᠩᠨᠡᠯᠲᠡ ᠵᠢᠨ ᠮᠡᠳᠡᠭᠦᠯᠦᠯᠲᠡ ᠵᠢ ᠬᠢᠨᠠᠨ ᠲᠣᠭᠲᠠᠭ᠋ᠠᠨ᠎ᠠ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ᠎ᠬᠢᠨ 《ᠰᠠᠨᠠᠯ》 《ᠵᠢᠯᠣᠭᠣᠳᠬᠤ ᠰᠠᠨᠠᠯ》᠎ᠤᠨ ᠱᠠᠭ᠋ᠠᠷᠳᠠᠯᠭ᠎ᠠ ᠶᠣᠰᠣᠭ᠋ᠠᠷ᠂ ᠵᠢᠯ ᠪᠦᠷᠢ ᠵᠢᠨ 1 ᠳ᠋ᠦ᠍ᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠲᠦᠷᠦᠭᠦᠤ ᠵᠢᠯ᠎ᠤᠨ ᠭᠣᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠵᠶ᠋ᠠᠨ ᠨᠠᠮ᠎ᠤᠨ ᠲᠥᠪ ᠬᠣᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶ᠎ᠠ᠎ᠳᠤ ᠮᠡᠳᠡᠭᠦᠯᠬᠦ ᠬᠡᠷᠡᠭᠲᠡᠶ᠃