ᠭᠤᠣᠯ ᠤᠳᠤᠷᠢᠳᠬᠤ ᠺᠠᠳ᠋ᠷ ᠪᠣᠯᠤᠨ ᠤᠳᠤᠷᠢᠳᠬᠤ ᠪᠠᠭ᠎ᠲᠤ ᠬᠢᠨᠠᠯᠲᠠ ᠲᠠᠯᠪᠢᠬᠤ ᠵᠢ ᠴᠢᠩᠭ᠋ᠠᠳᠬᠠᠬᠤ ᠪᠣᠯ ᠰᠢᠨ᠎ᠡ ᠴᠠᠭ ᠦᠶ᠎ᠡ᠎ᠳᠤ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠬᠤ᠂ ᠨᠠᠮ᠎ᠤᠨ ᠪᠠᠶ᠋ᠢᠭᠤᠯᠤᠯᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠭᠦᠨᠵᠡᠭᠡᠶ᠋ᠢᠷᠡᠨ ᠬᠥᠭᠵᠢᠬᠦ ᠵᠢ ᠠᠬᠢᠭᠤᠯᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠪᠥᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠤᠯ ᠴᠣᠭᠴᠠ ᠵᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠣᠲᠣ 《ᠨᠢᠭᠡᠳᠦᠭᠡᠷ ᠬᠠᠷᠢᠭᠤᠴᠠᠯᠭ᠋ᠠᠳᠠᠨ》 ᠪᠠ ᠤᠳᠤᠷᠢᠳᠬᠤ ᠪᠠᠭ᠎ᠲᠤ ᠬᠢᠨᠠᠯᠳᠠ ᠳᠠᠯᠪᠢᠬᠤ ᠵᠢ ᠴᠢᠩᠭ᠋ᠠᠳᠬᠠᠬᠤ ᠲᠤᠬᠠᠶ ᠳᠤᠤᠷᠠᠬᠢ ᠮᠡᠲᠦ ᠰᠠᠨᠠᠯ ᠳᠤᠷᠠᠳᠤᠶ᠎ᠠ᠃
ᠨᠢᠭᠡ᠂ 《ᠨᠢᠭᠡᠳᠦᠭᠡᠷ ᠬᠠᠷᠢᠭᠤᠴᠠᠯᠭ᠋ᠠᠳᠠᠨ》 ᠪᠠ ᠤᠳᠤᠷᠢᠳᠬᠤ ᠪᠠᠭ᠎ᠲᠤ ᠬᠢᠨᠠᠯᠳᠠ ᠳᠠᠯᠪᠢᠬᠤ ᠵᠢ ᠴᠢᠩᠭ᠋ᠠᠳᠬᠠᠬᠤ ᠵᠢᠨ ᠴᠢᠬᠤᠯᠠ ᠴᠢᠨᠠᠷ ᠲᠤᠯᠭ᠋ᠠᠮ ᠴᠢᠨᠠᠷ᠎ᠢ ᠭᠦᠢ᠍ᠴᠡᠳ ᠲᠠᠨᠢᠬᠤ ᠬᠡᠷᠡᠭᠲᠡᠢ
ᠶᠡᠷᠦᠩᠬᠡᠶ ᠱᠦᠵᠢ ᠰᠢ ᠵᠢᠨ ᠫᠢᠩ᠂ ᠨᠠᠮ᠎ᠤᠨ ᠬᠤᠷᠢᠶ᠎ᠠ ᠪᠣᠯ ᠨᠠᠮ᠎ᠤᠨ ᠲᠥᠷᠥ ᠪᠠᠷᠢᠵᠤ ᠤᠯᠤᠰ ᠵᠶ᠋ᠠᠨ ᠮᠠᠨᠳᠤᠭᠤᠯᠬᠤ ᠵᠢᠨ ᠵᠢᠯᠣᠭᠤᠳᠬᠤ ᠭᠠᠵᠠᠷ ᠮᠥᠨ᠂ 《ᠨᠢᠭᠡᠳᠦᠭᠡᠷ ᠬᠠᠷᠢᠭᠤᠴᠠᠯᠭ᠋ᠠᠳᠠᠨ》 ᠪᠣᠯ ᠨᠠᠮ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠳᠠᠭ᠋ᠠᠭᠤᠯᠤᠭᠴᠢ ᠮᠥᠨ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠬᠤ᠂ 《ᠳᠥᠷᠪᠡᠨ ᠢᠲᠡᠭᠡᠯ》 ᠵᠶ᠋ᠠᠨ ᠪᠠᠲᠤᠳᠬᠠᠬᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ᠎ᠳᠤ ᠡᠷᠬᠡᠪᠰᠢ ᠥᠯᠢᠭᠡᠷ ᠳᠠᠭᠤᠷᠢᠶᠠᠯ ᠪᠣᠯᠵᠣ᠂ ᠬᠤᠰᠢᠭᠤᠴᠢ ᠪᠣᠯᠬᠤ ᠬᠡᠷᠡᠭᠲᠡᠶ ᠬᠡᠵᠥ ᠵᠢᠭ᠋ᠠᠵᠥ ᠭᠠᠷᠭ᠋ᠠᠪᠠ; ᠡᠯ᠎ᠡ ᠱᠠᠲᠤᠨ᠎ᠤ 《ᠨᠢᠭᠡᠳᠦᠭᠡᠷ ᠬᠠᠷᠢᠭᠤᠴᠠᠯᠭ᠋ᠠᠳᠠᠨ》᠎ᠳᠤ ᠠᠪᠴᠤ ᠬᠡᠯᠡᠪᠡᠯ᠂ ᠳᠡᠭᠡᠳᠦ ᠱᠠᠳᠤᠨ᠎ᠠᠴᠠ ᠳᠣᠤᠷᠠᠳᠤ ᠱᠠᠳᠤᠨ᠎ᠳᠤ ᠲᠠᠯᠪᠢᠬᠤ ᠬᠢᠨᠠᠯᠲᠠ ᠪᠣᠯ ᠬᠠᠮᠤᠭ᠎ᠤᠨ ᠪᠦᠲᠦᠮᠵᠢᠲᠡᠢ ᠪᠠᠶ᠋ᠢᠭ᠎ᠠ ᠶᠤᠮ᠂ ᠨᠠᠮ᠎ᠤᠨ ᠲᠥᠪ ᠬᠤᠷᠢᠶ᠎ᠠ ᠳᠡᠭᠡᠳᠦ ᠵᠡᠷᠭᠡ ᠵᠢᠨ ᠺᠠᠳ᠋ᠷ᠎ᠲᠤ ᠲᠠᠯᠪᠢᠬᠤ ᠬᠢᠨᠠᠯᠲᠠ᠎ᠪᠠᠨ ᠴᠢᠩᠭ᠋ᠠᠳᠬᠠᠵᠤ᠂ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠬᠠᠮᠢᠶᠠᠷᠴᠤ ᠪᠠᠶ᠋ᠢᠭ᠎ᠠ ᠤᠳᠤᠷᠢᠳᠬᠤ ᠺᠠᠳ᠋ᠷ ᠢᠯᠠᠩᠭᠤᠶ᠎ᠠ ᠭᠤᠣᠯ ᠤᠳᠤᠷᠢᠳᠬᠤ ᠺᠠᠳ᠋ᠷ᠎ᠲᠤ ᠲᠠᠯᠪᠢᠬᠤ ᠬᠢᠨᠠᠯᠲᠠ᠎ᠪᠠᠨ ᠴᠢᠩᠭ᠋ᠠᠳᠬᠠᠵᠤ᠂ ᠳᠡᠭᠡᠳᠦ ᠱᠠᠲᠤᠨ᠎ᠤ 《ᠨᠢᠭᠡᠳᠦᠭᠡᠷ ᠬᠠᠷᠢᠭᠤᠴᠠᠯᠭ᠋ᠠᠳᠠᠨ》 ᠡᠷᠬᠡᠪᠰᠢ ᠲᠤᠤᠷᠡᠳᠦ ᠱᠠᠲᠤᠨ᠎ᠤ᠎ᠪᠠᠨ 《ᠨᠢᠭᠡᠳᠦᠭᠡᠷ ᠬᠠᠷᠢᠭᠤᠴᠠᠯᠭ᠋ᠠᠳᠠᠨ》᠎ᠢ ᠰᠠᠶ᠋ᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ; ᠠᠳᠠᠯᠢ ᠱᠠᠲᠤᠨ᠎ᠤ ᠬᠢᠨᠠᠯᠲᠠ ᠲᠠᠯᠪᠢᠬᠤ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠵᠢᠨ ᠵᠠᠩᠭᠢᠯᠠᠭ᠎ᠠ᠎ᠨᠢ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠤᠷᠢᠶ᠎ᠠ᠎ᠳᠤ ᠪᠠᠶ᠋ᠢᠨ᠎ᠠ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠤᠨ ᠵᠡᠪᠰᠡᠭ᠎ᠢ ᠰᠠᠶ᠋ᠢᠲᠤᠷ ᠬᠡᠷᠡᠭᠯᠡᠵᠦ᠂ ᠰᠠᠨᠠᠭ᠋ᠠᠴᠢᠯᠠᠭ᠎ᠠ᠎ᠠᠴᠠ᠎ᠪᠠᠨ ᠬᠢᠨᠠᠯᠲᠠ ᠲᠠᠯᠪᠢᠬᠤ᠂ ᠬᠠᠷᠢᠯᠴᠠᠨ ᠬᠢᠨᠠᠯᠲᠠ ᠲᠠᠯᠪᠢᠬᠤ ᠤᠬᠠᠮᠰᠠᠷ ᠵᠶ᠋ᠠᠨ ᠴᠢᠩᠭ᠋ᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠨ᠎ᠢ ᠡᠬᠢᠯᠡᠭᠦᠯᠵᠥ᠂ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠶ᠋ᠢᠰᠢ ᠤᠷᠤᠭᠰᠢᠯᠠᠬᠤ᠎ᠳᠤ ᠤᠷᠢᠲᠦ ᠡᠮᠦᠨ᠎ᠡ ᠪᠠᠶ᠋ᠢᠭ᠎ᠠ ᠦᠭᠡᠢ ᠨᠠᠷᠢᠨ ᠪᠤᠳᠤᠯᠢᠶᠠᠨᠲᠠᠶ ᠣᠷᠴᠢᠨ ᠪᠠ ᠠᠶᠤᠯ ᠲᠦᠭᠰᠢᠭᠦᠷᠢ ᠥᠷᠢᠰᠥᠯᠳᠦᠭᠡᠨ᠎ᠳᠤ ᠲᠤᠯᠭ᠋ᠠᠷᠠᠬᠤ ᠪᠤᠯᠤᠨ᠎ᠠ᠂ ᠭᠠᠭᠴᠠ ᠬᠦ᠌ ᠨᠠᠮ᠎ᠤᠨ ᠲᠥᠪ ᠬᠤᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠡᠷᠡᠰ ᠭᠤᠶ᠋ᠢᠪᠢᠰᠢ ᠦᠭᠡᠢ ᠪᠠᠷᠢᠮᠲᠠᠯᠠᠨ᠂ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠵᠢ ᠢᠮᠠᠭᠲᠠ ᠲᠤᠭᠤᠰᠢᠯᠠᠭᠤᠯᠵᠦ᠂ ᠪᠦᠲᠦᠮᠵᠢᠲᠡᠢ ᠬᠢᠨᠠᠯᠲᠠ᠎ᠪᠠᠷ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠢ ᠰᠠᠶ᠋ᠢᠲᠤᠷ ᠬᠠᠮᠢᠶᠠᠷᠴᠤ ᠰᠠᠶ᠋ᠢᠲᠤᠷ ᠬᠡᠷᠡᠭᠯᠡᠵᠥ᠂ ᠨᠠᠮ᠎ᠤᠨ ᠭᠡᠰᠢᠭᠦᠨ ᠤᠳᠤᠷᠢᠳᠬᠤ ᠺᠠᠳ᠋ᠷ᠎ᠤᠨ ᠬᠤᠰᠢᠭᠤᠴᠢ ᠵᠢᠱ᠌ᠢᠶᠡᠴᠢ ᠦᠢ᠍ᠯᠡᠳᠦᠯ ᠪᠠ ᠦᠯᠢᠭᠡᠷ ᠳᠠᠭᠤᠷᠢᠶᠠᠯ ᠪᠤᠯᠵᠥ ᠬᠦᠳᠦᠯᠦᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠᠯ ᠰᠠᠶᠢ ᠥᠷᠭᠡᠨ ᠤᠯᠠᠨ ᠺᠠᠳ᠋ᠷ ᠤᠯᠠᠨ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠪᠠᠶ᠋ᠢᠭ᠋ᠠᠳ ᠤᠷᠤᠭᠰᠢᠯᠠᠯᠲᠠ ᠵᠢᠨ ᠵᠠᠮ ᠳᠡᠭᠡᠷᠡᠬᠢ ᠡᠯ᠎ᠡ ᠵᠦᠢ᠍ᠯ᠎ᠤᠨ ᠬᠦᠴᠢᠷ ᠪᠡᠷᠬᠡᠰᠢᠶᠡᠯ ᠬᠠᠷᠰᠢ ᠰᠠᠭ᠋ᠠᠳ᠎ᠢ ᠢᠯᠠᠨ ᠳᠠᠪᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠢ᠍ᠯᠡᠰ᠎ᠤᠨ ᠰᠢᠨ᠎ᠡ ᠢᠯᠠᠯᠲᠠ ᠵᠢ ᠲᠠᠰᠤᠷᠠᠯᠲᠠ ᠦᠭᠡᠢ ᠤᠯᠵᠥ ᠴᠢᠳᠠᠨ᠎ᠠ᠃
ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠡᠷᠡᠰ ᠭᠤᠶ᠋ᠢᠪᠢᠰᠢ ᠦᠭᠡᠢ ᠠᠬᠢᠭᠤᠯᠵᠤ᠂ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠭᠤᠤᠯ ᠴᠣᠭᠴᠠ ᠵᠢᠨ ᠬᠠᠷᠢᠭᠤᠴᠠᠯᠭ᠎ᠠ᠂ ᠱᠦᠵᠢ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠂ ᠤᠳᠤᠷᠢᠳᠬᠤ ᠪᠠᠭ᠎ᠤᠨ ᠪᠤᠰᠤᠳ ᠪᠦᠷᠢᠯᠳᠦᠬᠦᠨ᠎ᠤ 《ᠨᠢᠭᠡ ᠠᠵᠢᠯ᠎ᠤᠨ ᠪᠠᠶ᠋ᠢᠷᠢ᠎ᠳᠤ ᠬᠤᠣᠰ ᠬᠠᠷᠢᠭᠤᠴᠠᠯᠭ᠎ᠠ ᠡᠭᠦᠷᠭᠡᠯᠡᠬᠦ》᠂ ᠰᠠᠬᠢᠯᠭ᠎ᠠ ᠪᠠᠲᠤ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠢᠨᠠᠯᠲᠠ ᠲᠠᠯᠪᠢᠬᠤ ᠲᠤᠰᠬᠠᠢ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠮᠠᠰᠢ ᠤᠯᠠᠨ ᠪᠦᠲᠦᠮᠵᠢᠲᠡᠢ ᠠᠷᠭ᠎ᠠ ᠪᠠ ᠲᠤᠷᠰᠢᠯᠭ᠎ᠠ ᠵᠢ ᠪᠦᠷᠢᠯᠳᠦᠭᠦᠯᠪᠡ᠃ ᠡᠭᠦᠨ᠎ᠤ ᠬᠠᠮᠲᠤ᠂ 《ᠨᠢᠭᠡᠳᠦᠭᠡᠷ ᠬᠠᠷᠢᠭᠤᠴᠠᠯᠭ᠋ᠠᠳᠠᠨ》᠎ᠳᠤ ᠬᠢᠨᠠᠯᠲᠠ ᠲᠠᠯᠪᠢᠬᠤ᠎ᠨᠢ ᠮᠥᠨ ᠯᠡ ᠪᠠᠭᠤᠷᠠᠢ ᠭᠤᠭᠴᠤᠭ᠎ᠠ ᠪᠤᠯᠵᠦ ᠪᠠᠶ᠋ᠢᠬᠤ᠂ ᠨᠠᠮ᠎ᠤᠨ ᠳᠣᠲᠣᠭ᠋ᠠᠳᠤ ᠵᠢᠨ ᠬᠢᠨᠠᠯᠲᠠ ᠲᠠᠯᠪᠢᠬᠤ ᠰᠢᠰᠲ᠋ᠧᠮ᠎ᠢ ᠲᠡᠭᠦᠯᠳᠡᠷᠵᠢᠭᠦᠯᠬᠦ᠂ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠡᠭᠦᠷᠭᠡ ᠮᠥᠨ ᠯᠡ ᠮᠠᠰᠢ ᠲᠤᠯᠭ᠋ᠠᠮ ᠪᠠᠶ᠋ᠢᠬᠤ ᠵᠢ ᠡᠷᠬᠡᠪᠰᠢ ᠰᠡᠷᠭᠡᠭ ᠵᠶ᠋ᠠᠷ ᠣᠯᠵᠤ ᠬᠠᠷᠠᠬᠤ ᠬᠡᠷᠡᠭᠲᠡᠢ᠃ ᠤᠳᠤᠷᠢᠳᠬᠤ ᠺᠠᠳ᠋ᠷ᠎ᠤᠨ ᠬᠠᠷᠢᠭᠤᠴᠠᠯᠭ᠎ᠠ ᠤᠯᠠᠮ ᠬᠦᠨᠳᠦ ᠪᠤᠯᠬᠤ ᠲᠤᠳᠤᠮ᠂ ᠠᠵᠢᠯ᠎ᠤᠨ ᠪᠠᠶ᠋ᠢᠷᠢ ᠤᠯᠠᠮ ᠴᠢᠬᠤᠯᠠ ᠪᠤᠯᠬᠤ ᠲᠤᠳᠤᠮ ᠬᠢᠨᠠᠯᠲᠠ ᠲᠠᠯᠪᠢᠬᠤ᠎ᠪᠠᠨ ᠤᠯᠠᠮ ᠴᠢᠩᠭ᠋ᠠᠳᠬᠠᠬᠤ ᠬᠡᠷᠡᠭᠲᠡᠢ᠃ 《ᠨᠢᠭᠡᠳᠦᠭᠡᠷ ᠬᠠᠷᠢᠭᠤᠴᠠᠯᠭ᠋ᠠᠲᠠᠨ》᠎ᠳᠤ ᠬᠢᠨᠠᠯᠲᠠ ᠲᠠᠯᠪᠢᠬᠤ ᠪᠠ ᠠᠳᠠᠯᠢ ᠱᠠᠲᠤᠨ᠎ᠤ ᠬᠢᠨᠠᠯᠲᠠ ᠲᠠᠯᠪᠢᠬᠤ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠳᠤ᠂ ᠡᠷᠬᠡᠪᠰᠢ ᠬᠢᠨᠠᠯᠲᠠ ᠲᠠᠯᠪᠢᠬᠤ ᠭᠤᠣᠯᠳᠠᠯᠭ᠎ᠠ ᠵᠢ ᠲᠣᠳᠣᠷᠬᠠᠶ᠋ᠢᠯᠠᠵᠤ᠂ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠬᠢᠨᠠᠯᠲᠠ ᠲᠠᠯᠪᠢᠬᠤ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠵᠤ᠂ ᠲᠦᠷᠢᠮ ᠲᠣᠭᠲᠠᠴᠠ ᠵᠢ ᠪᠦᠷᠢᠨᠰᠢᠬᠦᠯᠬᠦ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) 《ᠨᠢᠭᠡᠳᠦᠭᠡᠷ ᠬᠠᠷᠢᠭᠤᠴᠠᠯᠭ᠋ᠠᠳᠠᠨ》 ᠪᠠ ᠤᠳᠤᠷᠢᠳᠬᠤ ᠪᠠᠭ᠎ᠲᠤ ᠬᠢᠨᠠᠯᠲᠠ ᠳᠠᠯᠪᠢᠬᠤ ᠵᠢ ᠴᠢᠩᠭ᠋ᠠᠳᠬᠠᠬᠤ ᠵᠢᠨ ᠲᠦᠢ᠍ᠯ᠎ᠤᠨ ᠴᠢᠬᠤᠯᠠ ᠴᠢᠨᠠᠷ ᠪᠠ ᠠᠬᠤᠶ᠋ᠢᠴᠢ ᠲᠤᠯᠭ᠋ᠠᠮ ᠴᠢᠨᠠᠷ᠎ᠢ ᠭᠦᠢ᠍ᠴᠡᠳ ᠲᠠᠨᠢᠵᠤ᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠢᠨᠠᠯᠲᠠ ᠵᠢ ᠴᠢᠩᠭ᠋ᠠᠳᠬᠠᠨ᠂ ᠠᠳᠠᠯᠢ ᠱᠠᠲᠤᠨ᠎ᠤ ᠬᠢᠨᠠᠯᠲᠠ ᠵᠢ ᠪᠣᠳᠠᠲᠠᠶ᠋ᠢᠵᠢᠭᠤᠯᠤᠨ ᠨᠠᠷᠢᠯᠢᠬ᠍ᠵᠢᠭᠤᠯᠵᠥ᠂ ᠨᠠᠮ᠎ᠤᠨ ᠭᠡᠰᠢᠭᠦᠨ ᠤᠳᠤᠷᠢᠳᠬᠤ ᠺᠠᠳ᠋ᠷ᠎ᠤᠨ ᠤᠯᠤᠰ ᠲᠦᠷᠦ ᠵᠢᠨ ᠤᠬᠠᠮᠰᠠᠷ ᠵᠶ᠋ᠠᠨ ᠴᠢᠩᠭ᠋ᠠᠳᠬᠠᠬᠤ ᠵᠢ ᠠᠬᠢᠭᠤᠯᠤᠨ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠣᠢ᠍ᠢ᠍ᠯᠠᠭ᠋ᠠᠬᠤ ᠴᠢᠳᠠᠪᠤᠷᠢ᠂ ᠤᠯᠤᠰ ᠲᠦᠷᠦ ᠵᠢᠨ ᠬᠦᠢ᠍ᠴᠡᠳᠬᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠵᠢ ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠦᠨ᠂ ᠨᠠᠮ᠎ᠤᠨ ᠲᠥᠪ ᠬᠤᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠲᠦᠷᠦᠭᠦᠯᠡᠨ ᠬᠠᠮᠠᠭ᠋ᠠᠯᠠᠵᠤ᠂ ᠪᠦᠬᠦ ᠨᠠᠮ ᠵᠶ᠋ᠠᠷ ᠵᠶ᠋ᠠᠨ ᠠᠯᠬᠤᠭ᠎ᠠ ᠨᠢᠭᠡᠲᠡᠢ᠎ᠪᠠᠷ ᠤᠷᠤᠭᠰᠢᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
《ᠨᠢᠭᠡᠳᠦᠭᠡᠷ ᠬᠠᠷᠢᠭᠤᠴᠠᠯᠭ᠋ᠠᠳᠠᠨ》 ᠪᠠ ᠤᠳᠤᠷᠢᠳᠬᠤ ᠪᠠᠭ᠎ᠲᠤ ᠬᠢᠨᠠᠯᠲᠠ ᠲᠠᠯᠪᠢᠬᠤ ᠵᠢ ᠴᠢᠩᠭ᠋ᠠᠳᠬᠠᠬᠤ᠎ᠳᠤ᠂ ᠡᠷᠬᠡᠪᠰᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠨᠠᠮ ᠪᠣᠯᠤᠨ ᠤᠯᠤᠰ᠎ᠤᠨ ᠬᠢᠨᠠᠯᠲᠠ ᠲᠠᠯᠪᠢᠬᠤ ᠰᠢᠰᠲ᠋ᠧᠮ᠎ᠢ ᠲᠡᠭᠦᠯᠳᠡᠷᠵᠢᠭᠦᠯᠵᠦ᠂ ᠰᠠᠨᠠᠭ᠋ᠠᠴᠢᠯᠠᠭ᠎ᠠ᠎ᠠᠴᠠ᠎ᠪᠠᠨ ᠬᠢᠨᠠᠯᠲᠠ ᠲᠠᠯᠪᠢᠬᠤ᠂ ᠤᠬᠠᠮᠰᠠᠷ᠎ᠠᠴᠠ᠎ᠪᠠᠨ ᠬᠢᠨᠠᠯᠲᠠ ᠬᠦᠯᠢᠶᠡᠬᠦ ᠵᠢ ᠠᠬᠢᠭᠤᠯᠵᠤ᠂ ᠨᠢᠭᠡ ᠱᠠᠳᠤ᠎ᠨᠢ ᠨᠢᠭᠡ ᠱᠠᠳᠤ᠎ᠪᠠᠨ ᠠᠳᠬᠤᠬᠤ᠂ ᠱᠠᠳᠤ ᠱᠠᠳᠤ᠎ᠪᠠᠷ ᠨᠠᠶ᠋ᠢᠳᠠᠪᠤᠷᠢᠵᠢᠭᠤᠯᠤᠯᠳᠠ ᠵᠢ ᠠᠳᠬᠤᠬᠤ ᠬᠢᠨᠠᠯᠲᠠ ᠲᠠᠯᠪᠢᠬᠤ ᠠᠵᠢᠯ᠎ᠤᠨ ᠪᠠᠶ᠋ᠢᠷᠢᠰᠢᠯ᠎ᠢ ᠪᠦᠷᠢᠯᠳᠦᠭᠦᠯᠤᠨ᠂ ᠨᠠᠮ᠎ᠤᠨ ᠥᠪᠡᠷ᠎ᠢ᠎ᠪᠠᠨ ᠴᠡᠪᠡᠷᠰᠢᠭᠦᠯᠬᠦ᠂ ᠥᠪᠡᠷ᠎ᠢ᠎ᠪᠠᠨ ᠲᠡᠭᠦᠯᠳᠡᠷᠵᠢᠭᠦᠯᠬᠦ᠂ ᠥᠪᠡᠷ᠎ᠢ᠎ᠪᠠᠨ ᠰᠢᠨᠡᠴᠢᠯᠡᠬᠦ᠂ ᠥᠪᠡᠷ᠎ᠢ᠎ᠪᠠᠨ ᠳᠡᠭᠡᠭᠰᠢᠯᠡᠭᠦᠯᠬᠦ ᠴᠢᠳᠠᠪᠤᠷᠢ ᠵᠢ ᠲᠠᠰᠤᠷᠠᠯᠳᠠ ᠦᠭᠡᠢ ᠴᠢᠩᠭ᠋ᠠᠳᠬᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠬᠢᠨᠠᠯᠲᠠ ᠲᠠᠯᠪᠢᠬᠤ ᠲᠦᠷᠢᠮ᠎ᠤᠨ ᠳᠠᠪᠠᠭᠤᠯᠢᠭ᠎ᠢ ᠵᠠᠰᠠᠯᠲᠠ ᠵᠢᠨ ᠦᠷ᠎ᠡ ᠪᠦᠲᠦᠮᠵᠢ ᠪᠣᠯᠭ᠋ᠠᠨ ᠨᠡᠩ ᠰᠠᠶ᠋ᠢᠲᠤᠷ ᠬᠤᠪᠢᠷᠠᠭᠤᠯᠬᠤ ᠵᠢ ᠠᠬᠢᠭᠤᠯᠬᠤ ᠬᠡᠷᠡᠭᠲᠡᠢ᠃
《ᠨᠢᠭᠡᠳᠦᠭᠡᠷ ᠬᠠᠷᠢᠭᠤᠴᠠᠯᠭ᠋ᠠᠳᠠᠨ》 ᠪᠠ ᠤᠳᠤᠷᠢᠳᠬᠤ ᠪᠠᠭ᠎ᠲᠤ ᠬᠢᠨᠠᠯᠲᠠ ᠳᠠᠯᠪᠢᠬᠤ ᠵᠢ ᠴᠢᠩᠭ᠋ᠠᠳᠬᠠᠬᠤ᠎ᠳᠤ᠂ ᠨᠠᠮ᠎ᠤᠨ ᠳᠣᠲᠣᠭ᠋ᠠᠳᠤ ᠵᠢᠨ ᠬᠢᠨᠠᠯᠲᠠ ᠲᠠᠯᠪᠢᠬᠤ ᠲᠦᠷᠢᠮ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠤᠯᠤᠰ ᠲᠦᠷᠦ ᠵᠢᠨ ᠬᠢᠨᠠᠯᠲᠠ ᠳᠠᠯᠪᠢᠬᠤ ᠵᠢ ᠲᠤᠪᠤᠶ᠋ᠢᠯᠭ᠋ᠠᠨ᠂ 《ᠨᠢᠭᠡᠳᠦᠭᠡᠷ ᠬᠠᠷᠢᠭᠤᠴᠠᠯᠭ᠋ᠠᠳᠠᠨ》 ᠪᠠ ᠤᠳᠤᠷᠢᠳᠬᠤ ᠪᠠᠭ᠎ᠤᠨ ᠨᠠᠮ᠎ᠳᠠᠭᠠᠨ ᠦᠨᠡᠨᠴᠢ ᠪᠠᠶ᠋ᠢᠬᠤ᠂ ᠨᠠᠮ᠎ᠤᠨ ᠰᠢᠨᠵᠢ ᠴᠢᠨᠠᠷ ᠵᠣᠷᠢᠯᠲᠠ ᠵᠢ ᠦᠢ᠍ᠯᠡᠳᠦᠯᠭᠡᠵᠢᠭᠦᠯᠬᠦ ᠪᠠᠶ᠋ᠢᠳᠠᠯ᠎ᠤᠨ ᠲᠤᠬᠠᠢ ᠬᠢᠨᠠᠯᠲᠠ ᠵᠢ ᠭᠤᠣᠯᠳᠠᠯᠭ᠎ᠠ᠎ᠲᠠᠢ ᠴᠢᠩᠭ᠋ᠠᠳᠬᠠᠬᠤ ᠬᠡᠷᠡᠭᠲᠡᠢ; ᠨᠠᠮ᠎ᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠪᠣᠯᠤᠨ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠬᠤᠶᠠᠷ᠎ᠢ ᠬᠠᠮᠠᠭ᠋ᠠᠯᠠᠬᠤ》 ᠵᠢ ᠦᠢ᠍ᠯᠡᠳᠦᠯᠭᠡᠵᠢᠭᠦᠯᠦᠭᠰᠡᠨ ᠪᠠᠶ᠋ᠢᠳᠠᠯ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠬᠤ ᠬᠡᠷᠡᠭᠳᠡᠢ; ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠭᠰᠠᠨ ᠪᠠᠶ᠋ᠢᠳᠠᠯ᠎ᠳᠤ ᠬᠢᠨᠠᠯᠳᠠ ᠲᠠᠯᠪᠢᠬᠤ ᠵᠢ ᠴᠢᠩᠭ᠋ᠠᠳᠬᠠᠬᠤ ᠬᠡᠷᠡᠭᠳᠡᠢ; ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠤᠯ ᠴᠣᠭᠴᠠ ᠵᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠬᠤ ᠬᠡᠷᠡᠭᠳᠡᠢ; ᠠᠷᠠᠳᠴᠢᠯᠠᠯ ᠲᠥᠪᠯᠡᠷᠡᠯ᠎ᠤᠨ ᠶᠣᠰᠣ ᠵᠢ ᠲᠤᠭᠤᠰᠢᠯᠠᠭᠤᠯᠤᠨ ᠬᠡᠷᠡᠭᠵᠢᠭᠦᠯᠬᠦ᠂ ᠲᠣᠭᠲᠠᠭ᠋ᠠᠯ ᠶᠣᠰᠣᠭ᠋ᠠᠷ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠨ ᠡᠷᠬᠡ᠎ᠪᠠᠨ ᠬᠡᠷᠡᠭᠵᠢᠬᠦᠯᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ᠂ ᠠᠷᠢᠭᠤᠨ ᠴᠢᠬᠡᠴᠢ᠎ᠪᠠᠷ ᠪᠡᠶ᠎ᠡ᠎ᠪᠠᠨ ᠱᠠᠭ᠋ᠠᠷᠳᠠᠬᠤ ᠵᠡᠷᠭᠡ ᠪᠠᠶ᠋ᠢᠳᠠᠯ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠦᠨᠡᠨ ᠬᠦ᠌ ᠬᠠᠮᠢᠶᠠᠷᠴᠤ ᠦᠨᠡᠨ ᠬᠦ᠌ ᠴᠢᠩᠭ᠎ᠠ ᠪᠠᠶ᠋ᠢᠬᠤ᠂ ᠵᠣᠷᠢᠭᠲᠠᠢ ᠬᠠᠮᠢᠶᠠᠷᠴᠤ ᠵᠣᠷᠢᠭᠲᠠᠢ ᠴᠢᠩᠭ᠎ᠠ ᠪᠠᠶ᠋ᠢᠬᠤ᠂ ᠤᠷᠳᠤ ᠬᠤᠭᠤᠴᠠᠭ᠎ᠠ᠎ᠪᠠᠷ ᠬᠠᠮᠢᠶᠠᠷᠴᠤ ᠤᠷᠳᠤ ᠬᠤᠭᠤᠴᠠᠭ᠎ᠠ᠎ᠪᠠᠷ ᠴᠢᠩᠭ᠎ᠠ ᠪᠠᠶ᠋ᠢᠬᠤ ᠵᠢ ᠪᠡᠶᠡᠯᠡᠭᠦᠯᠬᠦ ᠬᠡᠷᠡᠭᠲᠡᠢ᠃
ᠡᠯ᠎ᠡ ᠱᠠᠲᠤᠨ᠎ᠤ ᠤᠳᠤᠷᠢᠳᠬᠤ ᠺᠠᠳ᠋ᠷ ᠤᠯᠤᠰ ᠲᠦᠷᠦ ᠵᠢᠨ ᠲᠠᠯ᠎ᠠ᠎ᠪᠠᠷ ᠤᠳᠤᠷᠢᠳᠬᠤ ᠲᠤᠰᠢᠶᠠᠯ ᠬᠠᠷᠢᠭᠤᠴᠠᠯᠭᠠᠳᠤ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠵᠢ ᠪᠠᠭᠲᠠᠭ᠋ᠠᠵᠦ ᠪᠠᠶ᠋ᠢᠬᠤ ᠵᠢ ᠳᠠᠨᠢᠨ ᠮᠡᠳᠡᠵᠦ᠂ ᠬᠢᠨᠠᠯᠲᠠ ᠲᠠᠯᠪᠢᠬᠤ ᠤᠬᠠᠮᠰᠠᠷ ᠵᠶ᠋ᠠᠨ ᠴᠢᠩᠭ᠋ᠠᠳᠬᠠᠵᠤ᠂ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠲᠡᠢ; ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠤᠯᠡᠠ ᠲᠦᠮᠡᠨ᠎ᠤ ᠬᠢᠨᠠᠯᠲᠠ ᠳᠠᠯᠪᠢᠬᠤ᠎ᠳᠤ ᠵᠥᠪ ᠵᠶ᠋ᠠᠷ ᠬᠠᠨᠳᠤᠵᠤ᠂ ᠠᠯᠳᠠᠭ᠎ᠠ ᠪᠤᠷᠤᠭᠤ᠎ᠪᠠᠨ ᠵᠣᠷᠢᠭᠲᠠᠢ᠎ᠪᠠᠷ ᠵᠠᠯᠠᠷᠠᠭᠤᠯᠵᠤ᠂ ᠠᠵᠢᠯ ᠵᠶ᠋ᠠᠨ ᠦᠨᠡᠨ ᠬᠦ᠌ ᠰᠠᠶ᠋ᠢᠵᠢᠷᠠᠭᠤᠯᠬᠤ ᠬᠡᠷᠡᠭᠲᠡᠢ; ᠬᠢᠨᠠᠯᠲᠠ ᠵᠢ ᠬᠦᠯᠢᠶᠡᠬᠦ ᠪᠠ ᠬᠢᠵᠠᠭ᠋ᠠᠷᠯᠠᠯ᠎ᠲᠠᠢ ᠪᠠᠶ᠋ᠢᠬᠤ ᠣᠷᠴᠢᠨ᠎ᠳᠤ ᠠᠵᠢᠯᠯᠠᠵᠤ ᠠᠮᠢᠳᠤᠷᠠᠬᠤ ᠳᠠᠳᠬᠠᠯ᠎ᠲᠠᠢ ᠪᠤᠯᠵᠥ᠂ ᠰᠠᠨᠠᠭ᠋ᠠᠴᠢᠯᠠᠭ᠎ᠠ᠎ᠠᠴᠠ᠎ᠪᠠᠨ ᠬᠢᠨᠠᠯᠲᠠ ᠵᠢ ᠬᠦᠯᠢᠶᠡᠬᠦ ᠬᠡᠷᠡᠭᠳᠡᠢ᠂ ᠬᠢᠨᠠᠯᠲᠠ ᠵᠢ ᠲᠡᠪᠴᠢᠵᠦ᠂ ᠬᠢᠨᠠᠯᠲᠠ᠎ᠠᠴᠠ ᠵᠠᠶ᠋ᠢᠯᠠᠵᠤ ᠶᠠᠭ᠋ᠠᠬᠢᠭᠰᠠᠨ ᠴᠤ᠌ ᠪᠣᠯᠬᠤ ᠦᠭᠡᠢ᠃ 《ᠨᠢᠭᠡᠳᠦᠭᠡᠷ ᠬᠠᠷᠢᠭᠤᠴᠠᠯᠭ᠋ᠠᠳᠠᠨ》 ᠤᠬᠠᠮᠰᠡᠷᠠᠴᠠᠪᠠᠨ ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠤᠯᠠᠨ ᠲᠦᠮᠡᠨ᠎ᠤ ᠬᠢᠨᠠᠯᠲᠠ ᠳᠣᠣᠷ᠎ᠠ ᠪᠠᠶ᠋ᠢᠵᠤ᠂ ᠬᠠᠷᠢᠭᠤᠴᠠᠯᠭ᠎ᠠ ᠡᠭᠦᠷᠭᠡᠯᠡᠯ ᠵᠶ᠋ᠠᠨ ᠴᠢᠩᠭ᠋ᠠᠳᠬᠠᠨ᠂ ᠤᠳᠤᠷᠢᠳᠬᠤ ᠪᠠᠭ᠎ᠤᠨ ᠪᠤᠰᠤᠳ ᠪᠦᠷᠢᠯᠳᠦᠬᠦᠨ ᠪᠠ ᠲᠤᠤᠷᠠᠳᠤ ᠱᠠᠲᠤᠨ᠎ᠤ ᠤᠳᠤᠷᠢᠳᠬᠤ ᠺᠠᠳ᠋ᠷ᠎ᠲᠤ ᠲᠠᠯᠪᠢᠬᠤ ᠬᠢᠨᠠᠯᠲᠠ᠎ᠪᠠᠨ ᠴᠢᠩᠭ᠋ᠠᠳᠬᠠᠬᠤ ᠬᠡᠷᠡᠭᠲᠡᠢ᠃
ᠬᠤᠶᠠᠷ᠂ 《ᠨᠢᠭᠡᠳᠦᠭᠡᠷ ᠬᠠᠷᠢᠭᠤᠴᠠᠯᠭ᠋ᠠᠲᠠᠨ》᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠬᠤ ᠬᠡᠷᠡᠭᠳᠡᠢ
(ᠨᠢᠭᠡ) 《ᠨᠢᠭᠡᠳᠦᠭᠡᠷ ᠬᠠᠷᠢᠭᠤᠴᠠᠯᠭ᠋ᠠᠲᠠᠨ》᠎ᠳᠤ ᠬᠢᠨᠠᠯᠲᠠ ᠲᠠᠯᠪᠢᠬᠤ ᠵᠢ ᠴᠢᠬᠤᠯᠠ᠎ᠠᠴᠠ ᠴᠢᠬᠤᠯᠠ ᠵᠦᠶᠯ ᠪᠣᠯᠭ᠋ᠠᠵᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠨ᠎ᠠ᠃ 《ᠨᠢᠭᠡᠳᠦᠭᠡᠷ ᠬᠠᠷᠢᠭᠤᠴᠠᠯᠭ᠋ᠠᠲᠠᠨ》 ᠴᠢᠬᠤᠯᠠ ᠡᠷᠬᠡ ᠠᠳᠬᠤᠵᠦ᠂ ᠨᠠᠮ᠎ᠢ ᠬᠠᠮᠢᠶᠠᠷᠴᠤ ᠨᠠᠮ᠎ᠢ ᠵᠠᠰᠠᠬᠤ ᠴᠢᠬᠤᠯᠠ ᠤᠯᠤᠰ ᠲᠦᠷᠦ ᠵᠢᠨ ᠬᠠᠷᠢᠭᠤᠴᠠᠯᠭ᠎ᠠ ᠵᠢ ᠡᠭᠦᠷᠭᠡᠯᠡᠵᠦ ᠪᠠᠶ᠋ᠢᠭ᠎ᠠ ᠪᠣᠯᠬᠤᠷ ᠡᠷᠬᠡᠪᠰᠢ ᠪᠠᠳᠤ ᠴᠢᠩᠭ᠎ᠠ ᠬᠢᠨᠠᠯᠲᠠ᠎ᠪᠠᠷ ᠲᠡᠭᠦᠨ᠎ᠢ ᠲᠤᠰᠢᠶᠠᠯ᠎ᠤᠨ ᠪᠠᠶ᠋ᠢᠷᠢ ᠥᠨᠳᠥᠷ ᠪᠣᠯᠪᠠᠴᠤ ᠡᠷᠬᠡ᠎ᠪᠠᠨ ᠳᠤᠷ᠎ᠠ᠎ᠪᠠᠷ ᠬᠡᠷᠡᠭᠯᠡᠬᠦ ᠦᠭᠡᠢ᠂ ᠡᠷᠬᠡ ᠶᠡᠭᠡ ᠪᠣᠯᠪᠠᠴᠤ ᠠᠮᠢ᠎ᠪᠠᠨ ᠪᠣᠷᠳᠣᠬᠤ ᠦᠭᠡᠢ ᠪᠤᠯᠭ᠋ᠠᠬᠤ ᠬᠡᠷᠡᠭᠲᠡᠢ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)᠂ ᠰᠠᠬᠢᠯᠭ᠎ᠠ ᠪᠠᠲᠤ ᠪᠠᠶ᠋ᠢᠴᠠᠭ᠋ᠠᠬᠤ ᠪᠠᠶ᠋ᠢᠭᠤᠯᠭ᠎ᠠ᠂ ᠨᠠᠮ᠎ᠤᠨ ᠠᠵᠢᠯ᠎ᠤᠨ ᠪᠠᠶ᠋ᠢᠭᠤᠯᠭ᠎ᠠ 《ᠨᠢᠭᠡᠳᠦᠭᠡᠷ ᠬᠠᠷᠢᠭᠤᠴᠠᠯᠭ᠋ᠠᠲᠠᠨ》᠎ᠳᠤ ᠬᠢᠨᠠᠯᠲᠠ ᠲᠠᠯᠪᠢᠬᠤ ᠵᠢ ᠳᠣᠪᠤᠶ᠋ᠢᠯᠭ᠋ᠠᠵᠤ᠂ 《ᠨᠢᠭᠡᠳᠦᠭᠡᠷ ᠬᠠᠷᠢᠭᠤᠴᠠᠯᠭ᠋ᠠᠲᠠᠨ》᠎ᠢ ᠡᠳᠦᠷ ᠲᠤᠲᠤᠮ᠎ᠤᠨ ᠬᠢᠨᠠᠯᠲᠠ ᠲᠠᠯᠪᠢᠬᠤ᠂ ᠲᠤᠰᠬᠠᠶ ᠱᠠᠯᠠᠪᠳᠠᠭᠤᠯᠤᠨ ᠪᠠᠶ᠋ᠢᠴᠠᠭ᠋ᠠᠬᠤ ᠵᠡᠷᠭᠡ ᠵᠢᠨ ᠭᠤᠤᠯᠳᠠᠯᠭ᠎ᠠ ᠪᠣᠯᠭ᠋ᠠᠵᠤ᠂ 《ᠨᠢᠭᠡᠳᠦᠭᠡᠷ ᠬᠠᠷᠢᠭᠤᠴᠠᠯᠭ᠋ᠠᠲᠠᠨ》᠎ᠳᠤ ᠴᠠᠭ ᠢᠮᠠᠬᠲᠠ ᠡᠷᠬᠡ᠎ᠪᠠᠨ ᠬᠡᠷᠡᠭᠵᠢᠭᠦᠯᠬᠦ᠎ᠳᠤ ᠬᠢᠨᠠᠯᠲᠠ ᠬᠦᠯᠢᠶᠡᠬᠦ ᠬᠡᠷᠡᠭᠲᠡᠶ ᠭᠡᠳᠡᠭ᠎ᠢ ᠮᠡᠳᠡᠷᠡᠭᠦᠯᠬᠦ ᠬᠡᠷᠡᠭᠲᠡᠢ᠃
(ᠬᠤᠶᠠᠷ) 《ᠨᠢᠭᠡᠳᠦᠭᠡᠷ ᠬᠠᠷᠢᠭᠤᠴᠠᠯᠭ᠋ᠠᠲᠠᠨ》 ᠪᠡᠶ᠎ᠡ᠎ᠪᠠᠷ ᠵᠶ᠋ᠠᠨ ᠬᠡᠪ ᠲᠦᠷᠢᠮ ᠪᠤᠯᠵᠤ᠂ ᠤᠬᠠᠮᠰᠠᠷ᠎ᠠᠴᠠ᠎ᠪᠠᠨ ᠬᠢᠨᠠᠯᠲᠠ ᠵᠢ ᠬᠦᠯᠢᠶᠡᠨ᠎ᠡ᠃ 《ᠨᠢᠭᠡᠳᠦᠭᠡᠷ ᠬᠠᠷᠢᠭᠤᠴᠠᠯᠭ᠋ᠠᠲᠠᠨ》 ᠡᠷᠬᠡᠪᠰᠢ ᠲᠤᠭ ᠲᠡᠮᠳᠡᠭ ᠲᠣᠳᠣᠷᠬᠠᠶ᠎ᠪᠠᠷ ᠤᠯᠤᠰ ᠲᠥᠷᠥ ᠵᠢ ᠡᠷᠬᠢᠮᠯᠡᠵᠦ᠂ 《ᠬᠤᠶᠠᠷ᠎ᠢ ᠬᠠᠮᠠᠭ᠋ᠠᠯᠠᠬᠤ》 ᠵᠢ ᠲᠦᠷᠦᠭᠦᠯᠡᠨ ᠪᠡᠶᠡᠯᠡᠭᠦᠯᠵᠦ᠂ ᠨᠠᠮ᠎ᠤᠨ ᠳᠣᠲᠣᠭ᠋ᠠᠳᠤ ᠵᠢᠨ ᠬᠢᠨᠠᠯᠲᠠ ᠲᠠᠯᠪᠢᠬᠤ ᠡᠯ᠎ᠡ ᠵᠦᠶᠯ᠎ᠤᠨ ᠲᠦᠷᠢᠮ᠎ᠢ ᠲᠦᠷᠦᠭᠦᠯᠡᠨ ᠨᠠᠶ᠋ᠢᠳᠠᠪᠤᠷᠢᠵᠢᠭᠤᠯᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠪᠠᠨ ᠭᠦᠢ᠍ᠴᠡᠳᠭᠡᠬᠦ᠂ ᠪᠡᠶ᠎ᠡ᠎ᠪᠠᠨ ᠴᠢᠩᠭ᠎ᠠ ᠱᠠᠭ᠋ᠠᠷᠳᠠᠬᠤ ᠲᠠᠯ᠎ᠠ᠎ᠪᠠᠷ ᠬᠡᠪ ᠳᠠᠭᠤᠷᠢᠶᠠᠯ ᠪᠣᠯᠵᠣ᠂ ᠥᠯᠢᠭᠡᠷ ᠳᠠᠭᠤᠷᠢᠶᠠᠯ ᠪᠣᠯᠵᠣ᠂ ᠤᠬᠠᠮᠰᠠᠷ᠎ᠠᠴᠠ᠎ᠪᠠᠨ ᠬᠢᠨᠠᠯᠲᠠ ᠵᠢ ᠬᠦᠯᠢᠶᠡᠬᠦ ᠮᠥᠷᠲᠡᠭᠡᠨ ᠪᠠᠰᠠ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠬᠡᠷᠡᠭᠲᠡᠶ᠃ ᠡᠯ᠎ᠡ ᠱᠠᠲᠤᠨ᠎ᠤ ᠤᠳᠤᠷᠢᠳᠬᠤ ᠺᠠᠳ᠋ᠷ ᠢᠯᠠᠩᠭᠤᠶ᠎ᠠ ᠳᠡᠭᠡᠳᠦ ᠵᠡᠷᠭᠡ ᠵᠢᠨ ᠺᠠᠳ᠋ᠷ ᠤᠯᠤᠰ ᠲᠦᠷᠦ ᠵᠢᠨ ᠰᠠᠬᠢᠯᠭ᠎ᠠ ᠪᠠᠲᠤ ᠪᠠ ᠤᠯᠤᠰ ᠲᠦᠷᠦ ᠵᠢᠨ ᠶᠣᠰᠣ ᠲᠦᠷᠢᠮ᠎ᠢ ᠲᠦᠷᠦᠭᠦᠯᠡᠨ ᠵᠢᠷᠤᠮᠯᠠᠵᠤ᠂ ᠰᠠᠨᠠᠭ᠋ᠠᠴᠢᠯᠠᠭ᠎ᠠ᠎ᠠᠴᠠ᠎ᠪᠠᠨ ᠨᠠᠮ᠎ᠤᠨ ᠵᠣᠬᠢᠶᠠᠨ ᠪᠠᠶ᠋ᠢᠭᠤᠯᠤᠯᠲᠠ᠎ᠠᠴᠠ ᠵᠢᠭ᠋ᠠᠪᠤᠷᠢ ᠠᠪᠴᠤ ᠠᠵᠢᠯ ᠵᠶ᠋ᠠᠨ ᠮᠡᠳᠡᠭᠦᠯᠦᠨ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠡᠭᠦᠨ᠎ᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠠᠷᠢᠭᠤᠨ ᠴᠢᠬᠡᠴᠢ᠎ᠪᠠᠷ ᠭᠡᠷ ᠪᠦ᠍ᠯᠢ᠎ᠪᠠᠨ ᠵᠠᠰᠠᠵᠤ᠂ ᠣᠨᠴᠠ ᠡᠷᠬᠡ ᠵᠢᠨ ᠦᠵᠡᠯ ᠰᠠᠨᠠᠭ᠎ᠠ᠂ ᠣᠨᠴᠠ ᠡᠷᠬᠡ ᠵᠢᠨ ᠦᠵᠡᠭᠳᠡᠯ᠎ᠢ ᠤᠬᠠᠮᠰᠠᠷ᠎ᠠᠴᠠ᠎ᠪᠠᠨ ᠡᠰᠡᠷᠭᠦᠴᠡᠵᠦ᠂ ᠡᠪ ᠬᠠᠮᠲᠤᠴᠤᠳ᠎ᠤᠨ ᠠᠷᠢᠭᠤᠨ ᠴᠢᠬᠡᠴᠢ ᠤᠯᠤᠰ ᠲᠦᠷᠦ ᠵᠢᠨ ᠤᠤᠷ ᠴᠢᠨᠠᠷ ᠵᠶ᠋ᠠᠨ ᠢᠮᠠᠭᠲᠠ ᠪᠠᠳᠤᠯᠠᠬᠤ ᠬᠡᠷᠡᠭᠲᠡᠢ᠃
(ᠭᠤᠷᠪᠠ) ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠳᠡᠭᠡᠳᠦ ᠱᠠᠳᠤᠨ᠎ᠠᠴᠠ ᠳᠣᠤᠷ᠎ᠠ᠎ᠳᠦ ᠱᠠᠳᠤᠨ᠎ᠳᠤ ᠲᠠᠯᠪᠢᠬᠤ ᠬᠢᠨᠠᠯᠲᠠ ᠵᠢ ᠴᠢᠩᠭ᠋ᠠᠳᠬᠠᠵᠤ᠂ ᠳᠡᠭᠡᠳᠦ ᠱᠠᠲᠤᠨ᠎ᠤ 《ᠨᠢᠭᠡᠳᠦᠭᠡᠷ ᠬᠠᠷᠢᠭᠤᠴᠠᠯᠭ᠋ᠠᠲᠠᠨ》 ᠡᠷᠬᠡᠪᠰᠢ ᠲᠤᠤᠷᠡᠳᠦ ᠱᠠᠲᠤᠨ᠎ᠤ 《ᠨᠢᠭᠡᠳᠦᠭᠡᠷ ᠬᠠᠷᠢᠭᠤᠴᠠᠯᠭ᠋ᠠᠲᠠᠨ》᠎ᠢ ᠰᠠᠶ᠋ᠢᠲᠤᠷ ᠠᠳᠬᠤᠨ᠎ᠠ᠃ ᠲᠥᠪ᠎ᠤᠨ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ ᠬᠤᠪᠢᠳᠠᠨ ᠬᠠᠮᠢᠶᠠᠷᠴᠤ ᠪᠠᠶ᠋ᠢᠭ᠎ᠠ ᠰᠠᠯᠠᠭ᠎ᠠ ᠮᠥᠴᠢᠷ᠂ ᠣᠷᠣᠨ ᠨᠤᠲᠤᠭ᠂ ᠬᠦᠷᠢᠶᠡᠨ᠎ᠳᠠᠬᠢ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠤᠨ ᠰᠤᠷᠲᠠᠯ ᠪᠠ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢᠨ ᠪᠠᠶ᠋ᠢᠳᠠᠯ᠎ᠢ ᠴᠢᠬᠤᠯᠠᠴᠢᠯᠠᠨ ᠣᠶ᠋ᠢᠯᠠᠭ᠋ᠠᠵᠤ᠂ ᠬᠤᠯᠪᠣᠭᠳᠠᠯ ᠪᠦᠬᠦᠢ ᠣᠷᠣᠨ ᠨᠤᠲᠤᠭ ᠪᠠ ᠰᠠᠯᠠᠭ᠎ᠠ ᠮᠥᠴᠢᠷ᠎ᠤᠨ 《ᠨᠢᠭᠡᠳᠦᠭᠡᠷ ᠬᠠᠷᠢᠭᠤᠴᠠᠯᠭ᠋ᠠᠲᠠᠨ》᠎ᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠵᠢ ᠭᠦᠢ᠍ᠴᠡᠳᠭᠡᠵᠦ᠂ ᠠᠷᠢᠭᠤᠨ ᠴᠢᠬᠡᠴᠢ᠎ᠪᠠᠷ ᠪᠡᠶ᠎ᠡ᠎ᠪᠠᠨ ᠱᠠᠭ᠋ᠠᠷᠳᠠᠬᠤ ᠵᠢ ᠱᠠᠯᠠᠪᠳᠠᠭᠤᠯᠵᠤ᠂ ᠠᠰᠠᠭᠤᠳᠠᠯ᠎ᠢ ᠢᠯᠡᠷᠡᠭᠦᠯᠵᠦ ᠮᠡᠳᠡᠪᠡᠯ ᠴᠠᠭ ᠲᠤᠬᠠᠢᠳᠤᠨᠢ ᠰᠤᠷᠭ᠋ᠠᠨ ᠬᠥᠮᠦᠵᠢᠭᠦᠯᠵᠦ ᠰᠠᠨᠠᠭᠤᠯᠬᠤ ᠬᠡᠷᠡᠭᠲᠡᠢ᠃ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ᠂ ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ ᠮᠤᠵᠢ ᠵᠢᠨ ᠱᠠᠲᠤᠨ᠎ᠤ ᠨᠠᠮ᠎ᠤᠨ ᠬᠤᠷᠢᠶ᠎ᠠ᠂ ᠲᠥᠪ᠎ᠤᠨ ᠨᠢᠭᠡᠴᠢ ᠵᠢᠨ 《ᠨᠢᠭᠡᠳᠦᠭᠡᠷ ᠬᠠᠷᠢᠭᠤᠴᠠᠯᠭ᠋ᠠᠲᠠᠨ》᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠮᠤᠵᠢ ᠵᠢᠨ ᠱᠠᠲᠤᠨ᠎ᠤ ᠨᠠᠮ᠎ᠤᠨ ᠬᠤᠷᠢᠶ᠎ᠠ ᠵᠢ ᠱᠠᠯᠠᠪᠳᠠᠭᠤᠯᠵᠤ ᠪᠠᠶ᠋ᠢᠭ᠋ᠠᠳ ᠲᠤᠤᠷᠠᠳᠤ ᠱᠠᠲᠤᠨ᠎ᠤ 《ᠨᠢᠭᠡᠳᠦᠭᠡᠷ ᠬᠠᠷᠢᠭᠤᠴᠠᠯᠭ᠋ᠠᠲᠠᠨ》᠎ᠤ ᠲᠤᠬᠠᠢ ᠬᠠᠮᠢᠶᠠᠷᠤᠯᠲᠠ ᠵᠢ᠎ᠨᠢ ᠴᠢᠩᠭ᠋ᠠᠳᠬᠠᠬᠤ ᠬᠡᠷᠡᠭᠲᠡᠢ᠃ ᠳᠡᠭᠡᠳᠦ ᠱᠠᠲᠤᠨ᠎ᠤ 《ᠨᠢᠭᠡᠳᠦᠭᠡᠷ ᠬᠠᠷᠢᠭᠤᠴᠠᠯᠭ᠋ᠠᠲᠠᠨ》᠎ᠨᠢ ᠳᠣᠤᠷᠠᠳᠤ ᠱᠠᠲᠤᠨ᠎ᠤ 《ᠨᠢᠭᠡᠳᠦᠭᠡᠷ ᠬᠠᠷᠢᠭᠤᠴᠠᠯᠭ᠋ᠠᠲᠠᠨ》᠎ᠳᠤ ᠬᠢᠨᠠᠯᠲᠠ ᠲᠠᠯᠪᠢᠭᠰᠠᠨ ᠪᠠᠶ᠋ᠢᠳᠠᠯ᠎ᠢ ᠵᠢᠯ ᠪᠦᠷᠢ ᠵᠢᠨ ᠲᠤᠰᠢᠶᠠᠯ᠎ᠤᠨ ᠮᠡᠳᠡᠭᠦᠯᠦᠯᠲᠡ ᠬᠢᠬᠦ ᠵᠢᠨ ᠭᠤᠤᠯᠳᠠᠯᠭ᠎ᠠ᠎ᠲᠠᠢ ᠠᠭᠤᠯᠭ᠎ᠠ ᠪᠣᠯᠭ᠋ᠠᠬᠤ ᠬᠡᠷᠡᠭᠲᠡᠶ; ᠳᠣᠣᠷᠠᠳᠤ ᠱᠠᠲᠤᠨ᠎ᠤ ᠰᠢᠨ᠎ᠡ᠎ᠪᠠᠷ ᠲᠤᠰᠢᠶᠠᠯ ᠡᠭᠦᠷᠭᠡᠯᠡᠭᠰᠡᠨ 《ᠨᠢᠭᠡᠳᠦᠭᠡᠷ ᠬᠠᠷᠢᠭᠤᠴᠠᠯᠭ᠋ᠠᠲᠠᠨ》᠎ᠲᠠᠢ ᠲᠤᠰᠢᠶᠠᠯ ᠡᠭᠦᠷᠭᠡᠯᠡᠬᠦ ᠲᠤᠬᠠᠢ ᠶᠠᠷᠢᠯᠴᠠᠭ᠎ᠠ ᠬᠢᠬᠦ ᠬᠡᠷᠡᠭᠲᠡᠶ; ᠳᠣᠤᠷᠠᠳᠤ ᠱᠠᠲᠤᠨ᠎ᠤ 《ᠨᠢᠭᠡᠳᠦᠭᠡᠷ ᠬᠠᠷᠢᠭᠤᠴᠠᠯᠭ᠋ᠠᠲᠠᠨ》᠎ᠯᠤᠭ᠎ᠠ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠯᠲᠠ ᠲᠠᠯᠪᠢᠵᠤ ᠶᠠᠷᠢᠯᠴᠠᠬᠤ ᠠᠵᠢᠯ᠎ᠢ ᠥᠷᠨᠢᠭᠦᠯᠦᠨ᠂ ᠢᠯᠡᠷᠡᠯ᠎ᠤᠨ ᠴᠢᠨᠠᠷᠲᠠᠶ᠂ ᠬᠡᠯᠪᠡᠷᠢᠯ᠎ᠤᠨ ᠴᠢᠨᠠᠷᠲᠠᠶ ᠠᠰᠠᠭᠤᠳᠠᠯ ᠣᠷᠣᠰᠢᠵᠤ ᠪᠠᠶ᠋ᠢᠪᠠᠯ ᠰᠢᠭᠦᠮᠵᠢᠯᠡᠨ ᠬᠥᠮᠦᠵᠢᠭᠦᠯᠵᠦ᠂ ᠰᠠᠬᠢᠯᠭ᠎ᠠ ᠪᠠᠲᠤ ᠵᠢ ᠵᠥᠷᠢᠴᠡᠭᠰᠡᠨ ᠬᠦᠡᠭᠭᠡᠪᠳᠦᠷ ᠠᠰᠠᠭᠤᠳᠠᠯ ᠣᠷᠣᠰᠢᠵᠤ ᠪᠠᠶ᠋ᠢᠪᠠᠯ ᠴᠠᠭ ᠲᠤᠬᠠᠶ᠎ᠳᠤᠨᠢ ᠰᠡᠷᠡᠮᠵᠢᠯᠡᠭᠦᠯᠦᠨ ᠴᠡᠭᠡᠷᠯᠡᠭᠦᠯᠬᠦ ᠬᠡᠷᠡᠭᠲᠡᠶ᠃
(ᠳᠥᠷᠪᠡ) ᠨᠠᠮ᠎ᠢ ᠪᠥᠬᠦ ᠲᠠᠯ᠎ᠠ᠎ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠵᠢᠨ ᠲᠦᠷᠢᠮ᠎ᠢ ᠴᠢᠩᠭ᠎ᠠ ᠬᠡᠷᠡᠭᠵᠢᠭᠦᠯᠵᠦ᠂ 《ᠨᠢᠭᠡᠳᠦᠭᠡᠷ ᠬᠠᠷᠢᠭᠤᠴᠠᠯᠭ᠋ᠠᠲᠠᠨ》᠎ᠤ ᠨᠢᠭᠡᠳᠦᠭᠡᠷ ᠬᠠᠷᠢᠭᠤᠴᠠᠯᠭ᠋ᠠᠲᠠᠨ ᠪᠤᠯᠬᠤ ᠡᠭᠦᠷᠭᠡ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠨᠠᠮ᠎ᠢ ᠪᠥᠬᠦ ᠲᠠᠯ᠎ᠠ᠎ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠵᠢᠨ ᠲᠦᠷᠢᠮ᠎ᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠳᠤᠤᠷᠠᠳᠤ ᠱᠠᠲᠤᠨ᠎ᠤ 《ᠨᠢᠭᠡᠳᠦᠭᠡᠷ ᠬᠠᠷᠢᠭᠤᠴᠠᠯᠭ᠋ᠠᠲᠠᠨ》᠎ᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠵᠶ᠋ᠠᠷ ᠬᠦᠷᠦᠯᠴᠡᠬᠦ ᠥᠬᠡᠶ᠂ ᠠᠰᠠᠭᠤᠳᠠᠯ ᠨᠡᠯᠢᠶᠡᠳ ᠲᠣᠪᠤᠶ᠋ᠢᠮ᠎ᠠ ᠪᠠᠶ᠋ᠢᠪᠠᠯ ᠴᠠᠭ ᠲᠤᠬᠠᠶ᠎ᠳᠤᠨᠢ ᠪᠣᠯᠵᠣᠨ ᠶᠠᠷᠢᠯᠴᠠᠬᠤ ᠬᠡᠷᠡᠭᠲᠡᠶ᠃ ᠰᠠᠬᠢᠯᠭ᠎ᠠ ᠪᠠᠲᠤ ᠪᠠᠶ᠋ᠢᠴᠠᠭ᠋ᠠᠬᠤ ᠪᠠᠶ᠋ᠢᠭᠤᠯᠭ᠎ᠠ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠪᠠ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠠᠳᠬᠤᠬᠤ᠂ ᠴᠡᠭᠴᠡᠯᠡᠨ ᠰᠠᠶ᠋ᠢᠵᠢᠷᠠᠭᠤᠯᠬᠤ ᠰᠠᠨᠠᠭᠤᠯᠭ᠎ᠠ ᠳᠤᠷᠠᠳᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠨᠢᠭᠡᠳᠦᠭᠡᠷ ᠬᠠᠷᠢᠭᠤᠴᠠᠯᠭ᠋ᠠᠲᠠᠨ ᠲᠤᠰᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠬᠦ ᠵᠢ ᠠᠬᠢᠭᠤᠯᠬᠤ ᠬᠡᠷᠡᠭᠲᠡᠢ᠃ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠬᠢᠨᠠᠨ ᠰᠢᠯᠭ᠋ᠠᠬᠤ ᠲᠦᠷᠢᠮ᠎ᠢ ᠪᠦᠷᠢᠨᠰᠢᠬᠦᠯᠤᠨ ᠨᠠᠶ᠋ᠢᠳᠠᠪᠤᠷᠢᠵᠢᠭᠤᠯᠵᠤ᠂ ᠬᠢᠨᠠᠨ ᠰᠢᠯᠭ᠋ᠠᠭᠰᠠᠨ ᠦᠷ᠎ᠡ ᠳ᠋ᠦᠩ᠎ᠢ 《ᠨᠢᠭᠡᠳᠦᠭᠡᠷ ᠬᠠᠷᠢᠭᠤᠴᠠᠯᠭ᠋ᠠᠲᠠᠨ》᠎ᠢ ᠰᠣᠩᠭᠤᠨ ᠳᠡᠪᠰᠢᠭᠦᠯᠵᠦ ᠲᠣᠮᠢᠯᠠᠨ ᠬᠡᠷᠡᠭᠯᠡᠬᠦ᠂ ᠪᠣᠳᠠᠲᠤ ᠠᠮᠵᠢᠯᠳᠠ ᠪᠦᠲᠦᠮᠵᠢ ᠵᠢ ᠦᠨᠡᠯᠡᠬᠦ᠂ ᠤᠷᠮᠠᠰᠢᠭᠤᠯᠤᠨ ᠬᠢᠵᠠᠭ᠋ᠠᠷᠯᠠᠬᠤ ᠵᠢᠨ ᠴᠢᠬᠤᠯᠠ ᠦᠨᠳᠦᠰᠦᠯᠡᠯ ᠪᠣᠯᠭ᠋ᠠᠬᠤ ᠬᠡᠷᠡᠭᠳᠠᠢ᠃ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ᠎ᠳᠤ ᠬᠠᠷᠢᠭᠤᠴᠠᠯᠭ᠎ᠠ ᠡᠭᠦᠷᠭᠡᠯᠡᠬᠦ ᠥᠬᠡᠶ᠂ ᠠᠵᠢᠯ ᠬᠢᠬᠦ ᠥᠬᠡᠶ ᠪᠠᠶ᠋ᠢᠪᠠᠯ ᠲᠣᠭᠲᠠᠭ᠋ᠠᠯ ᠰᠠᠬᠢᠯᠭ᠎ᠠ ᠶᠣᠰᠣᠭ᠋ᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃
(ᠲᠠᠪᠤ) ᠠᠷᠠᠳᠴᠢᠯᠠᠯ ᠲᠥᠪᠯᠡᠷᠡᠯ᠎ᠤᠨ ᠶᠣᠰᠣ ᠵᠢ ᠲᠤᠭᠤᠰᠢᠯᠠᠭᠤᠯᠤᠨ ᠬᠡᠷᠡᠭᠵᠢᠭᠦᠯᠵᠦ᠂ 《ᠭᠤᠷᠪᠠᠨ ᠴᠢᠬᠤᠯᠠ ᠨᠢᠭᠡ ᠶᠡᠭᠡ》 ᠪᠦᠬᠦᠢ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ᠎ᠳᠤ ᠬᠢᠨᠠᠯᠲᠠ ᠲᠠᠯᠪᠢᠬᠤ ᠲᠣᠭᠲᠠᠴᠠ ᠵᠢ ᠲᠡᠭᠦᠯᠳᠡᠷᠵᠢᠭᠦᠯᠤᠨ᠎ᠡ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)᠂ ᠰᠠᠬᠢᠯᠭ᠎ᠠ ᠪᠠᠲᠤ ᠪᠠᠶ᠋ᠢᠴᠠᠭ᠋ᠠᠬᠤ ᠪᠠᠶ᠋ᠢᠭᠤᠯᠭ᠎ᠠ᠂ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠎ᠤᠳ ᠳᠣᠣᠷᠠᠳᠤ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)᠎ᠤᠨ 《ᠨᠢᠭᠡᠳᠦᠭᠡᠷ ᠬᠠᠷᠢᠭᠤᠴᠠᠯᠭ᠋ᠠᠲᠠᠨ》᠎ᠤ ᠠᠷᠠᠳᠴᠢᠯᠠᠯ ᠲᠥᠪᠯᠡᠷᠡᠯ᠎ᠤᠨ ᠶᠣᠰᠣ ᠵᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠭᠠᠭᠴᠠᠭ᠋ᠠᠷ ᠡᠵᠡᠨ ᠮᠡᠳᠡᠬᠦ ᠴᠢᠨᠠᠭᠰᠢᠯᠠᠪᠠᠯ ᠭᠡᠷ᠎ᠤᠨ ᠠᠬᠠᠮᠠᠳ᠎ᠤᠨ ᠳᠦᠷᠢᠮᠲᠦ ᠠᠰᠠᠭᠤᠳᠠᠯ ᠭᠠᠷᠬᠤ᠎ᠠᠴᠠ ᠰᠡᠷᠭᠡᠶ᠋ᠢᠯᠡᠬᠦ ᠬᠡᠷᠡᠭᠲᠡᠶ᠃ ᠲᠦᠪ᠎ᠤᠨ ᠵᠣᠬᠢᠶᠠᠨ ᠪᠠᠶ᠋ᠢᠭᠤᠯᠬᠤ ᠬᠡᠯᠲᠡᠰ ᠮᠤᠵᠢ ᠵᠢᠨ ᠱᠠᠲᠤᠨ᠎ᠤ ᠨᠠᠮ᠎ᠤᠨ ᠬᠤᠷᠢᠶ᠎ᠠ᠂ ᠲᠥᠪ᠎ᠤᠨ ᠨᠢᠭᠡᠴᠢ ᠵᠢᠨ 《ᠨᠢᠭᠡᠳᠦᠭᠡᠷ ᠬᠠᠷᠢᠭᠤᠴᠠᠯᠭ᠋ᠠᠲᠠᠨ》᠎ᠤ ᠠᠷᠠᠳᠴᠢᠯᠠᠯ ᠲᠥᠪᠯᠡᠷᠡᠯ᠎ᠤᠨ ᠶᠣᠰᠣ ᠵᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶ᠋ᠢᠳᠠᠯ᠎ᠳᠤ ᠭᠤᠣᠯᠳᠠᠯᠭ᠎ᠠ᠎ᠲᠠᠢ ᠬᠢᠨᠠᠯᠲᠠ ᠲᠠᠯᠪᠢᠬᠤ ᠬᠡᠷᠡᠭᠲᠡᠢ᠃ 《ᠭᠤᠷᠪᠠᠨ ᠴᠢᠬᠤᠯᠠ ᠨᠢᠭᠡ ᠶᠡᠭᠡ》 ᠪᠦᠬᠦᠢ ᠰᠢᠶᠳᠪᠦᠷᠢᠲᠦ ᠪᠣᠳᠣᠯᠭ᠎ᠠ ᠵᠢ ᠬᠡᠷᠡᠭᠵᠢᠭᠦᠯᠦᠭᠰᠡᠨ ᠪᠠᠶ᠋ᠢᠳᠠᠯ᠎ᠢ ᠲᠣᠭᠤᠷᠢᠨ ᠪᠠᠶ᠋ᠢᠴᠠᠭ᠋ᠠᠬᠤ᠂ ᠬᠢᠨᠠᠨ ᠪᠣᠳᠣᠵᠤ ᠬᠢᠨᠠᠯᠲᠠ ᠲᠠᠯᠪᠢᠬᠤ᠂ ᠲᠤᠰᠬᠠᠶ ᠲᠦᠷᠦᠯ ᠵᠶ᠋ᠠᠷ ᠱᠠᠯᠠᠪᠳᠠᠭᠤᠯᠤᠨ ᠪᠠᠶ᠋ᠢᠴᠠᠭ᠋ᠠᠬᠤ ᠵᠢᠨ ᠴᠢᠬᠤᠯᠠ ᠠᠭᠤᠯᠭ᠎ᠠ ᠪᠣᠯᠭ᠋ᠠᠬᠤ ᠬᠡᠷᠡᠭᠳᠠᠢ᠃ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠱᠦᠵᠢ᠂ ᠲᠣᠮᠢᠯᠠᠨ ᠰᠠᠭᠤᠯᠭ᠋ᠠᠭᠰᠠᠨ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ᠎ᠨᠢ 《ᠨᠢᠭᠡᠳᠦᠭᠡᠷ ᠬᠠᠷᠢᠭᠤᠴᠠᠯᠭ᠋ᠠᠲᠠᠨ》᠎ᠤ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠵᠢᠷᠤᠮ᠎ᠠᠴᠠ ᠵᠥᠷᠢᠴᠡᠭᠰᠡᠨ ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠢᠳᠤᠨᠢ ᠰᠠᠨᠠᠯ ᠳᠤᠷᠠᠳᠬᠤ ᠬᠡᠷᠡᠭᠲᠡᠢ᠂ ᠰᠠᠶ᠋ᠢᠲᠤᠷ ᠵᠠᠯᠠᠷᠠᠭᠤᠯᠤᠭᠰᠠᠨ ᠦᠭᠡᠢ ᠪᠠᠶ᠋ᠢᠪᠠᠯ ᠳᠡᠭᠡᠳᠦ ᠱᠠᠲᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ᠂ ᠲᠣᠮᠢᠯᠠᠭᠰᠠᠨ ᠪᠠᠶ᠋ᠢᠭᠤᠯᠭ᠎ᠠ᠎ᠳᠤ ᠲᠤᠰᠬᠠᠬᠤ ᠬᠡᠷᠡᠭᠲᠡᠢ᠃
(ᠵᠢᠷᠭᠤᠭ᠎ᠠ) ᠲᠣᠭᠤᠷᠢᠨ ᠪᠠᠶ᠋ᠢᠴᠠᠭ᠋ᠠᠬᠤ ᠴᠠᠭᠳᠠᠨ ᠪᠠᠶ᠋ᠢᠴᠠᠭ᠋ᠠᠬᠤ ᠠᠵᠢᠯ᠎ᠨᠢ 《ᠨᠢᠭᠡᠳᠦᠭᠡᠷ ᠬᠠᠷᠢᠭᠤᠴᠠᠯᠭ᠋ᠠᠲᠠᠨ》᠎ᠢ ᠴᠢᠩᠭ᠎ᠠ ᠠᠩᠬᠠᠷᠴᠤ᠂ ᠠᠰᠠᠭᠤᠳᠠᠯ᠎ᠢ ᠴᠠᠭ ᠲᠤᠬᠠᠢᠳᠤᠨᠢ ᠢᠯᠡᠷᠡᠭᠦᠯᠤᠨ᠎ᠡ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) 《ᠠᠰᠠᠭᠤᠳᠠᠯ᠎ᠢ ᠢᠯᠡᠷᠡᠭᠦᠯᠵᠦ᠂ ᠠᠶᠤᠯᠭ᠋ᠠᠨ ᠰᠦᠷᠳᠡᠬᠦᠯᠵᠦ᠂ ᠥᠭᠡᠷᠡᠴᠢᠯᠡᠯᠲᠡ ᠵᠢ ᠠᠬᠢᠭᠤᠯᠵᠤ᠂ ᠬᠥᠭᠵᠢᠯᠲᠡ ᠵᠢ ᠠᠬᠢᠭᠤᠯᠬᠤ》 ᠲᠣᠭᠤᠷᠢᠨ ᠪᠠᠶ᠋ᠢᠴᠠᠭ᠋ᠠᠬᠤ ᠠᠵᠢᠯ᠎ᠤᠨ ᠴᠢᠭᠯᠡᠯᠲᠡ ᠵᠢ ᠪᠠᠷᠢᠮᠲᠠᠯᠠᠵᠤ᠂ ᠤᠯᠤᠰ ᠲᠦᠷᠦ ᠵᠢᠨ ᠲᠣᠭᠤᠷᠢᠨ ᠪᠠᠶ᠋ᠢᠴᠠᠭ᠋ᠠᠯᠲᠠ ᠵᠢᠨ ᠪᠠᠶ᠋ᠢᠷᠢ ᠲᠣᠭᠲᠠᠭ᠋ᠠᠯᠲᠠ ᠵᠢ ᠪᠠᠲᠤ ᠰᠠᠬᠢᠵᠤ᠂ ᠤᠯᠤᠰ ᠲᠦᠷᠦ ᠵᠢᠨ ᠠᠯᠳᠠᠭ᠎ᠠ ᠵᠢ ᠪᠠᠶ᠋ᠢᠴᠠᠭ᠋ᠠᠨ ᠵᠠᠯᠠᠷᠠᠭᠤᠯᠬᠤ ᠬᠡᠷᠡᠭᠲᠡᠢ᠃ ᠲᠣᠭᠤᠷᠢᠨ ᠪᠠᠶ᠋ᠢᠴᠠᠭ᠋ᠠᠬᠤ ᠴᠠᠭᠳᠠᠨ ᠪᠠᠶ᠋ᠢᠴᠠᠭ᠋ᠠᠬᠤ ᠳᠤᠭᠤᠶ᠋ᠢᠯᠠᠩ᠎ᠨᠢ ᠲᠣᠭᠤᠷᠢᠨ ᠪᠠᠶ᠋ᠢᠴᠠᠭ᠋ᠠᠭᠳᠠᠬᠤ ᠴᠠᠭᠳᠠᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ 《ᠨᠢᠭᠡᠳᠦᠭᠡᠷ ᠬᠠᠷᠢᠭᠤᠴᠠᠯᠭ᠋ᠠᠲᠠᠨ》᠎ᠢ ᠬᠢᠨᠠᠯᠲᠠ ᠲᠠᠯᠪᠢᠬᠤ ᠭᠤᠣᠯᠳᠠᠯᠭ᠎ᠠ᠎ᠪᠠᠨ ᠪᠣᠯᠭ᠋ᠠᠵᠤ᠂ ᠣᠷᠣᠵᠤ ᠰᠠᠭᠤᠬᠤ᠎ᠠᠴᠠ᠎ᠪᠠᠨ ᠡᠮᠦᠨ᠎ᠡ ᠰᠠᠬᠢᠯᠭ᠎ᠠ ᠪᠠᠲᠤ ᠪᠠᠶ᠋ᠢᠴᠠᠭ᠋ᠠᠬᠤ ᠪᠠᠶ᠋ᠢᠭᠤᠯᠭ᠎ᠠ᠂ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠎ᠠᠴᠠ ᠪᠠᠶ᠋ᠢᠳᠠᠯ᠎ᠢ ᠭᠦᠨᠵᠡᠭᠡᠢ ᠣᠶ᠋ᠢᠯᠠᠭ᠋ᠠᠬᠤ ᠬᠡᠷᠡᠭᠲᠡᠢ᠃ ᠲᠣᠭᠤᠷᠢᠨ ᠪᠠᠶ᠋ᠢᠴᠠᠭ᠋ᠠᠬᠤ ᠴᠠᠭᠳᠠᠨ ᠪᠠᠶ᠋ᠢᠴᠠᠭ᠋ᠠᠬᠤ ᠶᠠᠷᠢᠯᠴᠠᠭ᠎ᠠ᠎ᠳᠤ 《ᠨᠢᠭᠡᠳᠦᠭᠡᠷ ᠬᠠᠷᠢᠭᠤᠴᠠᠯᠭ᠋ᠠᠲᠠᠨ》᠎ᠤ ᠠᠵᠢᠯ᠂ ᠠᠮᠢᠳᠤᠷᠠᠯ᠎ᠤᠨ ᠪᠠᠶ᠋ᠢᠳᠠᠯ᠎ᠢ ᠵᠠᠪᠠᠯ ᠶᠠᠷᠢᠬᠤ ᠠᠭᠤᠯᠭ᠎ᠠ ᠪᠣᠯᠭ᠋ᠠᠵᠤ᠂ ᠲᠤᠰᠬᠠᠬᠰᠠᠨ ᠴᠢᠬᠤᠯᠠ ᠠᠰᠠᠭᠤᠳᠠᠯ᠎ᠢ ᠭᠦᠨᠵᠡᠭᠡᠢ ᠣᠶ᠋ᠢᠯᠠᠭ᠋ᠠᠬᠤ ᠬᠡᠷᠡᠭᠲᠡᠢ᠃ ᠲᠣᠭᠤᠷᠢᠨ ᠪᠠᠶ᠋ᠢᠴᠠᠭ᠋ᠠᠵᠤ ᠴᠠᠬᠳᠠᠨ ᠪᠠᠶ᠋ᠢᠴᠠᠭ᠋ᠠᠭᠰᠠᠨ ᠮᠡᠳᠡᠭᠦᠯᠦᠯᠲᠡ᠎ᠳᠤ 《ᠨᠢᠭᠡᠳᠦᠭᠡᠷ ᠬᠠᠷᠢᠭᠤᠴᠠᠯᠭ᠋ᠠᠲᠠᠨ》᠎ᠤ ᠨᠢᠭᠡᠳᠦᠭᠡᠷ ᠬᠠᠷᠢᠭᠤᠴᠠᠯᠭ᠋ᠠᠲᠠᠨ ᠪᠤᠯᠬᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠ ᠠᠷᠢᠭᠤᠨ ᠴᠢᠬᠡᠴᠢ᠎ᠪᠠᠷ ᠦᠪᠡᠷ᠎ᠢ᠎ᠪᠠᠨ ᠱᠠᠭ᠋ᠠᠷᠳᠠᠬᠰᠠᠨ ᠪᠠᠶ᠋ᠢᠳᠠᠯ᠎ᠢ ᠲᠤᠰᠠᠭ᠋ᠠᠷ ᠵᠢᠭᠰᠠᠭ᠋ᠠᠵᠤ᠂ ᠲᠣᠳᠣᠷᠬᠠᠢ ᠰᠠᠨᠠᠯ ᠪᠠ ᠴᠡᠭᠴᠡᠯᠡᠨ ᠰᠠᠶ᠋ᠢᠵᠢᠷᠠᠭᠤᠯᠬᠤ ᠱᠠᠭ᠋ᠠᠷᠳᠠᠯᠭ᠎ᠠ ᠳᠤᠷᠠᠳᠬᠤ ᠬᠡᠷᠡᠭᠲᠡᠢ᠃
(ᠳᠤᠯᠤᠭ᠎ᠠ) 《ᠨᠢᠭᠡᠳᠦᠭᠡᠷ ᠬᠠᠷᠢᠭᠤᠴᠠᠯᠭ᠋ᠠᠲᠠᠨ》᠎ᠤ ᠲᠤᠬᠠᠢ ᠲᠤᠰᠬᠠᠯ᠎ᠢ ᠴᠠᠭ ᠲᠤᠬᠠᠶ᠎ᠳᠤᠨᠢ ᠡᠵᠡᠮᠰᠢᠵᠦ᠂ ᠬᠠᠷᠢᠭᠤᠴᠠᠯᠭ᠎ᠠ ᠵᠢᠨ ᠮᠡᠳᠡᠭᠦᠯᠦᠯᠲᠡ ᠪᠠ ᠠᠷᠢᠭᠤᠨ ᠴᠢᠬᠡᠴᠢ ᠵᠢᠨ ᠮᠡᠳᠡᠭᠦᠯᠦᠯᠲᠡ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠤᠨ᠎ᠡ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)᠂ ᠰᠠᠬᠢᠯᠭ᠎ᠠ ᠪᠠᠲᠤ ᠪᠠᠶ᠋ᠢᠴᠠᠭ᠋ᠠᠬᠤ ᠪᠠᠶ᠋ᠢᠭᠤᠯᠭ᠎ᠠ᠂ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠎ᠨᠢ ᠳᠤᠤᠷᠠᠳᠤ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)᠎ᠤᠨ 《ᠨᠢᠭᠡᠳᠦᠭᠡᠷ ᠬᠠᠷᠢᠭᠤᠴᠠᠯᠭ᠋ᠠᠲᠠᠨ》᠎ᠤ ᠡᠳᠦᠷ ᠲᠤᠲᠤᠮ᠎ᠤᠨ ᠬᠢᠨᠠᠯᠲᠠ ᠲᠠᠯᠪᠢᠯᠲᠠ᠎ᠪᠠᠨ ᠴᠢᠩᠭ᠋ᠠᠳᠬᠠᠵᠤ᠂ ᠴᠡᠭ᠎ᠲᠤ ᠰᠠᠭᠤᠵᠤ ᠪᠠᠶ᠋ᠢᠴᠠᠭ᠋ᠠᠨ ᠰᠤᠳᠤᠯᠬᠤ᠂ ᠲᠤᠰᠬᠠᠶ ᠱᠠᠯᠠᠪᠳᠠᠭᠤᠯᠤᠨ ᠪᠠᠶ᠋ᠢᠴᠠᠭ᠋ᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠲᠡᠳᠡᠨ᠎ᠤ ᠦᠵᠡᠯ ᠰᠠᠨᠠᠭ᠎ᠠ᠂ ᠠᠵᠢᠯ᠂ ᠰᠤᠷᠲᠠᠯ᠂ ᠠᠮᠢᠳᠤᠷᠠᠯ᠎ᠤᠨ ᠪᠠᠶ᠋ᠢᠳᠠᠯ᠎ᠢ ᠪᠥᠬᠦ ᠲᠠᠯ᠎ᠠ᠎ᠪᠠᠷ ᠡᠵᠡᠮᠰᠢᠬᠦ ᠬᠡᠷᠡᠭᠲᠡᠶ᠃ ᠰᠠᠬᠢᠯᠭ᠎ᠠ ᠪᠠᠲᠤ ᠪᠠᠶ᠋ᠢᠴᠠᠭ᠋ᠠᠬᠤ ᠪᠠᠶ᠋ᠢᠭᠤᠯᠭ᠎ᠠ᠂ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠤ ᠲᠤᠤᠷᠠᠳᠤ ᠱᠠᠲᠤᠨ᠎ᠤ 《ᠨᠢᠭᠡᠳᠦᠭᠡᠷ ᠬᠠᠷᠢᠭᠤᠴᠠᠯᠭ᠋ᠠᠲᠠᠨ》᠎ᠲᠠᠢ ᠶᠠᠷᠢᠯᠴᠠᠬᠤ ᠲᠦᠷᠢᠮ᠎ᠢ ᠨᠠᠶ᠋ᠢᠳᠠᠪᠤᠷᠢᠵᠢᠭᠤᠯᠵᠤ᠂ ᠡᠩ᠎ᠤᠨ ᠴᠢᠨᠠᠷᠲᠠᠢ ᠠᠰᠠᠭᠤᠳᠠᠯ᠎ᠢ ᠢᠯᠡᠷᠡᠭᠦᠯᠵᠦ ᠮᠡᠳᠡᠪᠡᠯ ᠴᠠᠭ ᠲᠤᠬᠠᠢᠳᠤᠨᠢ ᠲᠤᠰ ᠬᠥᠮᠦᠨ᠎ᠳᠤ᠎ᠨᠢ ᠬᠡᠯᠡᠵᠦ ᠦᠭᠴᠦ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ᠎ᠢ ᠢᠯᠡᠷᠡᠭᠦᠯᠵᠦ ᠮᠡᠳᠡᠪᠡᠯ ᠠᠳᠠᠯᠢ ᠱᠠᠲᠤᠨ᠎ᠤ ᠨᠠᠮ᠎ᠤᠨ ᠬᠤᠷᠢᠶᠠᠨ᠎ᠤ ᠭᠤᠣᠯ ᠬᠠᠷᠢᠭᠤᠴᠠᠯᠭ᠋ᠠᠲᠠᠨ᠎ᠳᠤ ᠮᠡᠳᠡᠭᠦᠯᠬᠦ ᠬᠡᠷᠡᠭᠲᠡᠢ᠃ ᠳᠣᠣᠷᠠᠳᠤ ᠱᠠᠲᠤᠨ᠎ᠤ 《ᠨᠢᠭᠡᠳᠦᠭᠡᠷ ᠬᠠᠷᠢᠭᠤᠴᠠᠯᠭ᠋ᠠᠲᠠᠨ》᠎ᠤ ᠳᠡᠭᠡᠳᠦ ᠱᠠᠲᠤᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠥᠷᠭᠡᠳᠬᠡᠭᠰᠡᠨ ᠬᠤᠷᠠᠯ ᠳᠡᠭᠡᠷ᠎ᠡ ᠬᠠᠷᠢᠭᠤᠴᠠᠯᠭ᠎ᠠ ᠵᠢᠨ ᠮᠡᠳᠡᠭᠦᠯᠦᠯᠲᠡ ᠪᠠ ᠠᠷᠢᠭᠤᠨ ᠴᠢᠬᠡᠴᠢ ᠵᠢᠨ ᠮᠡᠳᠡᠭᠦᠯᠦᠯᠲᠡ ᠬᠢᠬᠦ᠂ ᠦᠨᠡᠯᠡᠨ ᠶᠠᠷᠢᠯᠴᠠᠬᠤ ᠵᠢ ᠬᠦᠯᠢᠶᠡᠬᠦ ᠠᠵᠢᠯ᠎ᠢ ᠦᠷᠨᠢᠭᠦᠯᠵᠦ᠂ ᠬᠠᠷᠢᠭᠤᠴᠠᠯᠭ᠎ᠠ ᠵᠢᠨ ᠮᠡᠳᠡᠭᠦᠯᠦᠯᠲᠡ ᠪᠠ ᠠᠷᠢᠭᠤᠨ ᠴᠢᠬᠡᠴᠢ ᠵᠢᠨ ᠮᠡᠳᠡᠭᠦᠯᠦᠯᠲᠡ ᠵᠢ ᠵᠣᠬᠢᠬᠤ ᠬᠡᠪᠴᠢᠶᠡᠨ᠎ᠳᠤ ᠢᠯᠡ᠎ᠪᠠᠷ ᠨᠡᠶ᠋ᠢᠲᠡᠯᠡᠬᠦ ᠬᠡᠷᠡᠭᠳᠠᠢ᠃
ᠭᠤᠷᠪᠠ᠂ ᠠᠳᠠᠯᠢ ᠱᠠᠲᠤᠨ᠎ᠤ ᠤᠳᠤᠷᠢᠳᠬᠤ ᠪᠠᠭ᠎ᠲᠤ ᠬᠢᠨᠠᠯᠲᠠ ᠳᠠᠯᠪᠢᠬᠤ ᠵᠢ ᠴᠢᠩᠭ᠋ᠠᠳᠬᠠᠬᠤ ᠬᠡᠷᠡᠭᠳᠡᠢ
(ᠨᠠᠢ᠍ᠮᠠ) ᠤᠳᠤᠷᠢᠳᠬᠤ ᠪᠠᠭ᠎ᠤᠨ ᠪᠦᠷᠢᠯᠳᠦᠬᠦᠨ᠎ᠤ ᠬᠠᠷᠢᠯᠴᠠᠨ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠢ ᠬᠢᠨᠠᠮᠠᠭ᠋ᠠᠢ ᠥᠷᠨᠢᠭᠦᠯᠤᠨ᠎ᠡ᠃ ᠲᠥᠪ ᠬᠤᠷᠢᠶᠠᠨ᠎ᠤ ᠪᠦᠷᠢᠯᠳᠦᠬᠦᠨ ᠡᠷᠬᠡᠪᠰᠢ ᠤᠯᠤᠰ ᠲᠦᠷᠦ ᠵᠢᠨ ᠰᠠᠬᠢᠯᠭ᠎ᠠ ᠪᠠᠲᠤ ᠪᠠ ᠤᠯᠤᠰ ᠲᠦᠷᠦ ᠵᠢᠨ ᠶᠣᠰᠣ ᠲᠦᠷᠢᠮ᠎ᠢ ᠴᠢᠩᠭ᠎ᠠ ᠰᠠᠬᠢᠵᠤ᠂ ᠪᠤᠰᠤᠳ ᠪᠦᠷᠢᠯᠳᠦᠬᠦᠨ᠎ᠳᠤ ᠨᠠᠮ᠎ᠤᠨ ᠲᠦᠷᠢᠮ᠎ᠢ ᠵᠥᠷᠢᠴᠡᠭᠰᠡᠨ᠂ ᠨᠠᠮ᠎ᠤᠨ ᠰᠠᠬᠢᠯᠭ᠎ᠠ ᠪᠠᠲᠤ ᠵᠢ ᠡᠪᠳᠡᠭᠰᠡᠨ᠂ ᠨᠠᠮ᠎ᠤᠨ ᠪᠦᠯᠬᠦᠮᠳᠡᠯ ᠨᠢᠭᠡᠳᠦᠯ᠎ᠢ ᠬᠤᠬᠢᠷᠠᠭᠤᠯᠤᠭᠰᠠᠨ ᠦᠢ᠍ᠯᠡ ᠠᠵᠢᠯᠯᠠᠭ᠎ᠠ ᠪᠠᠶ᠋ᠢᠬᠤ ᠵᠢ ᠢᠯᠡᠷᠡᠭᠦᠯᠵᠦ ᠮᠡᠳᠡᠪᠡᠯ᠂ ᠴᠠᠭ ᠲᠤᠬᠠᠢᠳᠤᠨᠢ ᠨᠠᠮ᠎ᠤᠨ ᠲᠥᠪ ᠬᠤᠷᠢᠶ᠎ᠠ᠎ᠳᠤ ᠮᠡᠳᠡᠭᠦᠯᠬᠦ ᠪᠤᠶᠤ ᠦᠨᠡᠨ ᠨᠡᠷ᠎ᠡ᠎ᠪᠠᠷ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠪᠠᠶ᠋ᠢᠩᠭᠤ ᠵᠢᠨ ᠬᠤᠷᠢᠶ᠎ᠠ᠎ᠳᠤ ᠲᠤᠰᠬᠠᠬᠤ ᠬᠡᠷᠡᠭᠲᠡᠢ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ 《ᠨᠢᠭᠡᠳᠦᠭᠡᠷ ᠬᠠᠷᠢᠭᠤᠴᠠᠯᠭ᠋ᠠᠲᠠᠨ》 ᠤᠳᠤᠷᠢᠳᠬᠤ ᠪᠠᠭ ᠵᠶ᠋ᠠᠨ ᠰᠠᠶ᠋ᠢᠲᠤᠷ ᠬᠠᠮᠢᠶᠠᠷᠴᠤ᠂ ᠡᠩᠨᠡᠭᠡ᠎ᠪᠠᠨ ᠰᠠᠶ᠋ᠢᠲᠤᠷ ᠳᠠᠭ᠋ᠠᠭᠤᠯᠤᠨ᠂ ᠦᠷᠭᠦᠯᠵᠢ ᠰᠡᠳᠬᠢᠯ᠎ᠤᠨ ᠦᠭᠡ᠎ᠪᠠᠨ ᠶᠠᠷᠢᠯᠴᠠᠵᠤ᠂ ᠬᠥᠮᠦᠵᠢᠭᠦᠯᠬᠦ᠂ ᠬᠠᠮᠢᠶᠠᠷᠬᠤ᠂ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠦᠨᠡᠨ ᠬᠦ᠌ ᠰᠠᠶ᠋ᠢᠲᠤᠷ ᠭᠦᠢ᠍ᠴᠡᠳᠬᠡᠬᠦ ᠬᠡᠷᠡᠭᠲᠡᠢ; ᠤᠳᠤᠷᠢᠳᠬᠤ ᠪᠠᠭ᠎ᠤᠨ ᠪᠤᠰᠤᠳ ᠪᠦᠷᠢᠯᠳᠦᠬᠦᠨ᠎ᠤ ᠭᠠᠷᠭ᠋ᠠᠭᠰᠠᠨ ᠵᠠᠬᠢᠳᠠᠯ ᠵᠶ᠋ᠠᠷ ᠠᠰᠠᠭᠤᠭᠰᠠᠨ ᠲᠣᠳᠣᠷᠬᠠᠶ᠋ᠢᠯᠠᠯᠲᠠ᠎ᠳᠤ ᠰᠠᠨᠠᠯ ᠵᠶ᠋ᠠᠨ ᠪᠢᠴᠢᠵᠦ ᠭᠠᠷᠤᠨ ᠦᠰᠦᠭ ᠵᠢᠷᠦᠬᠤᠳᠠᠭᠠᠨ᠂ ᠬᠦᠮᠦᠵᠢᠭᠦᠯᠦᠨ ᠰᠠᠨᠠᠭᠤᠯᠬᠤ ᠬᠡᠷᠡᠭᠲᠡᠢ᠂ 《ᠭᠠᠷᠤᠨ ᠦᠰᠦᠭ ᠵᠢᠷᠤᠭ᠋ᠠᠳ ᠪᠠᠷᠠᠭ᠋ᠠᠴᠢᠬᠠᠵᠦ》 ᠪᠣᠯᠬᠤ ᠦᠭᠡᠢ᠃ ᠤᠳᠤᠷᠢᠳᠬᠤ ᠪᠠᠭ᠎ᠤᠨ ᠪᠦᠷᠢᠯᠳᠦᠬᠦᠨ ᠬᠤᠭᠤᠷᠣᠨᠳᠣ᠎ᠪᠠᠨ ᠦᠷᠭᠦᠯᠵᠢ ᠰᠠᠨᠠᠯ ᠵᠶ᠋ᠠᠨ ᠰᠣᠯᠢᠯᠴᠠᠵᠤ᠂ ᠠᠰᠠᠭᠤᠳᠠᠯ᠎ᠢ ᠢᠯᠡᠷᠡᠭᠦᠯᠵᠦ ᠮᠡᠳᠡᠪᠡᠯ ᠦᠨᠡᠨᠴᠢ᠎ᠪᠠᠷ ᠨᠦᠭᠦᠭᠡ ᠡᠲᠡᠭᠡᠳ᠎ᠲᠡᠭᠡᠨ ᠬᠡᠯᠡᠵᠦ ᠦᠭᠬᠦ ᠬᠡᠷᠡᠭᠲᠡᠢ᠂ 《ᠨᠢᠭᠡᠳᠦᠭᠡᠷ ᠬᠠᠷᠢᠭᠤᠴᠠᠯᠭ᠋ᠠᠲᠠᠨ》᠎ᠳᠤ ᠴᠢᠬᠤᠯᠠ ᠠᠰᠠᠭᠤᠳᠠᠯ ᠣᠷᠣᠰᠢᠵᠤ ᠪᠠᠶ᠋ᠢᠬᠤ ᠵᠢ ᠢᠯᠡᠷᠡᠭᠦᠯᠵᠦ ᠮᠡᠳᠡᠪᠡᠯ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠰᠢᠭᠤᠳ ᠮᠡᠳᠡᠭᠦᠯᠵᠦ ᠪᠣᠯᠤᠨ᠎ᠠ᠃ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠠ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠤᠨ ᠬᠤᠷᠠᠯ᠎ᠤᠨ ᠲᠦᠷᠢᠮ᠎ᠢ ᠪᠠᠷᠢᠮᠲᠠᠯᠠᠵᠤ᠂ 《ᠨᠢᠭᠡᠳᠦᠭᠡᠷ ᠬᠠᠷᠢᠭᠤᠴᠠᠯᠭ᠋ᠠᠲᠠᠨ》 ᠲᠦᠷᠦᠭᠦᠯᠡᠨ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ ᠬᠢᠵᠦ᠂ ᠤᠳᠤᠷᠢᠳᠬᠤ ᠪᠠᠭ᠎ᠤᠨ ᠪᠦᠷᠢᠯᠳᠦᠬᠦᠨ ᠲᠣᠭᠲᠠᠭ᠋ᠠᠯ ᠶᠣᠰᠣᠭ᠋ᠠᠷ ᠬᠤᠪᠢ ᠬᠥᠮᠦᠨ᠎ᠤ ᠬᠤᠯᠪᠣᠭᠳᠠᠯ ᠪᠦᠬᠦᠢ ᠤᠴᠢᠷ ᠶᠠᠪᠤᠳᠠᠯ ᠵᠢᠴᠢ ᠤᠯᠠᠨ ᠲᠦᠮᠡᠨ᠎ᠤ ᠲᠤᠰᠬᠠᠭᠰᠠᠨ᠂ ᠲᠣᠭᠤᠷᠢᠨ ᠪᠠᠶ᠋ᠢᠴᠠᠭ᠋ᠠᠵᠤ ᠴᠠᠬᠳᠠᠨ ᠪᠠᠶ᠋ᠢᠴᠠᠭ᠋ᠠᠵᠤ ᠬᠠᠷᠢᠭᠤ ᠲᠤᠰᠬᠠᠭᠰᠠᠨ᠂ ᠵᠣᠬᠢᠶᠠᠨ ᠪᠠᠶ᠋ᠢᠭᠤᠯᠤᠯᠲᠠ᠎ᠠᠴᠠ ᠪᠣᠯᠵᠣᠨ ᠶᠠᠷᠢᠯᠴᠠᠵᠤ ᠵᠠᠬᠢᠳᠠᠯ ᠵᠶ᠋ᠠᠷ ᠠᠰᠠᠭᠤᠭᠰᠠᠨ ᠠᠰᠠᠭᠤᠳᠠᠯ᠎ᠳᠤ ᠦᠨᠡᠨ᠎ᠢ ᠪᠠᠷᠢᠮᠲᠠᠯᠠᠨ ᠲᠣᠳᠣᠷᠬᠠᠶ᠋ᠢᠯᠠᠯᠲᠠ ᠬᠢᠬᠦ ᠬᠡᠷᠡᠭᠲᠡᠢ᠃
(ᠶᠢᠰᠦ) ᠤᠳᠤᠷᠢᠳᠬᠤ ᠪᠠᠭ᠎ᠤᠨ ᠤᠢ᠍ᠢ᠍ᠷ᠎ᠠ ᠵᠠᠢ᠎ᠠᠴᠠ ᠪᠠᠶ᠋ᠢᠩᠭᠤᠵᠢᠭᠰᠠᠨ ᠬᠢᠨᠠᠯᠲᠠ ᠲᠠᠯᠪᠢᠬᠤ ᠳᠠᠪᠠᠭᠤᠯᠢᠭ᠎ᠢ ᠪᠠᠳᠠᠷᠠᠭᠤᠯᠵᠤ᠂ ᠲᠤᠰ ᠪᠡᠶ᠎ᠡ ᠵᠢᠨ ᠠᠰᠠᠭᠤᠳᠠᠯ ᠵᠶ᠋ᠠᠨ ᠢᠯᠡᠷᠡᠭᠦᠯᠬᠦ ᠪᠠ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠨᠠᠮ᠎ᠤᠨ ᠳᠣᠲᠣᠭ᠋ᠠᠳᠤ ᠵᠢᠨ ᠤᠯᠤᠰ ᠲᠦᠷᠦ ᠵᠢᠨ ᠠᠮᠢᠳᠤᠷᠠᠯ᠎ᠢ ᠴᠢᠩᠭ᠋ᠠᠳᠬᠠᠨ ᠵᠢᠷᠤᠮᠵᠢᠭᠤᠯᠬᠤ ᠤᠳᠤᠷᠢᠳᠬᠤ ᠬᠠᠷᠢᠭᠤᠴᠠᠯᠭ᠎ᠠ᠎ᠪᠠᠨ ᠪᠦᠬᠦ ᠲᠠᠯ᠎ᠠ᠎ᠪᠠᠷ ᠭᠦᠢ᠍ᠴᠡᠳᠬᠡᠵᠦ᠂ ᠬᠤᠯᠪᠣᠭᠳᠠᠯ ᠪᠦᠬᠦᠢ ᠲᠦᠷᠢᠮ᠎ᠢ ᠪᠠᠶ᠋ᠢᠭᠤᠯᠤᠨ ᠪᠦᠷᠢᠨᠰᠢᠬᠦᠯᠬᠦ ᠬᠡᠷᠡᠭᠲᠡᠢ᠃ ᠤᠳᠤᠷᠢᠳᠬᠤ ᠪᠠᠭ᠎ᠤᠨ ᠪᠦᠷᠢᠯᠳᠦᠬᠦᠨ ᠥᠪᠡᠷ᠎ᠤᠨ ᠪᠡᠶ᠎ᠡ᠎ᠳᠡᠭᠡᠨ᠂ ᠨᠥᠬᠦᠳ᠎ᠲᠡᠭᠡᠨ᠂ ᠤᠳᠤᠷᠢᠳᠬᠤ ᠪᠠᠭ᠎ᠲᠤ᠂ ᠨᠠᠮ᠎ᠳᠤ ᠳᠡᠭᠡᠳᠦ ᠬᠡᠮᠵᠢᠶ᠎ᠡ᠎ᠪᠠᠷ ᠬᠠᠷᠢᠭᠤᠴᠠᠬᠤ ᠣᠪᠣᠷ ᠵᠶ᠋ᠠᠷ ᠬᠠᠷᠢᠯᠴᠠᠨ ᠰᠠᠨᠠᠭᠤᠯᠵᠤ᠂ ᠬᠠᠷᠢᠯᠴᠠᠨ ᠱᠠᠯᠠᠪᠳᠠᠭᠤᠯᠤᠨ᠂ ᠨᠠᠮ᠎ᠤᠨ ᠳᠣᠲᠣᠭ᠋ᠠᠳᠤ ᠵᠢᠨ ᠤᠯᠤᠰ ᠲᠦᠷᠦ ᠵᠢᠨ ᠠᠮᠢᠳᠤᠷᠠᠯ᠎ᠢ ᠴᠢᠩᠭ᠋ᠠᠳᠬᠠᠨ ᠵᠢᠷᠤᠮᠵᠢᠭᠤᠯᠬᠤ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠵᠤ᠂ ᠤᠳᠤᠷᠢᠳᠬᠤ ᠪᠠᠭ᠎ᠤᠨ ᠲᠠᠶ᠋ᠢᠴᠢᠨ ᠬᠦᠴᠦᠨ᠎ᠢ ᠴᠢᠩᠭ᠋ᠠᠳᠬᠠᠬᠤ ᠬᠡᠷᠡᠭᠲᠡᠢ; ᠤᠳᠤᠷᠢᠳᠬᠤ ᠪᠠᠭ᠎ᠤᠨ ᠪᠤᠰᠤᠳ ᠪᠦᠷᠢᠯᠳᠦᠬᠦᠨ᠎ᠳᠤ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠠᠰᠠᠭᠤᠳᠠᠯ ᠪᠠᠶ᠋ᠢᠬᠤ ᠵᠢ ᠢᠯᠡᠷᠡᠭᠦᠯᠵᠦ ᠮᠡᠳᠡᠪᠡᠯ᠂ ᠴᠠᠭ ᠲᠤᠬᠠᠢᠳᠤᠨᠢ ᠵᠢᠷᠤᠮ ᠶᠣᠰᠣᠭ᠋ᠠᠷ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠦᠨᠡᠨ ᠮᠥᠨ ᠵᠶ᠋ᠠᠷ᠎ᠨᠢ ᠲᠤᠰᠬᠠᠵᠤ ᠮᠡᠳᠡᠭᠦᠯᠬᠦ ᠬᠡᠷᠡᠭᠲᠡᠢ᠂ ᠨᠢᠭᠤᠵᠤ ᠳᠠᠷᠤᠭ᠋ᠠᠳ ᠮᠡᠳᠡᠭᠦᠯᠬᠦ ᠦᠭᠡᠢ᠂ 《ᠪᠤᠷᠬᠠᠨ ᠰᠡᠳᠭᠢᠯ᠎ᠳᠦ ᠬᠦᠮᠦᠨ》 ᠪᠣᠯᠤᠭᠰᠠᠨ ᠪᠠᠶ᠋ᠢᠪᠠᠯ ᠬᠤᠯᠪᠣᠯᠳᠤᠭᠰᠠᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠠᠢ᠃
(ᠠᠷᠪᠠ) ᠬᠠᠮᠲᠤ ᠵᠢᠨ ᠤᠳᠤᠷᠢᠳᠤᠯᠭ᠎ᠠ ᠵᠢᠨ ᠳᠦᠷᠢᠮ᠎ᠢ ᠪᠠᠷᠢᠮᠲᠠᠯᠠᠨ᠂ ᠳᠦᠷᠢᠮ ᠪᠣᠯᠤᠨ ᠳᠡᠰ ᠳᠠᠷᠠᠭ᠋ᠠᠯᠠᠯ᠎ᠢ ᠴᠢᠩᠭ᠎ᠠ ᠵᠢᠷᠤᠮᠯᠠᠨ ᠠᠵᠢᠯᠯᠠᠨ᠎ᠠ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠤᠳᠤᠷᠢᠳᠬᠤ ᠪᠠᠭ᠎ᠤᠨ ᠡᠷᠬᠡ ᠵᠢᠨ ᠠᠵᠢᠯᠯᠠᠭ᠋ᠠᠨ᠎ᠢ ᠬᠢᠵᠠᠭ᠋ᠠᠷᠯᠠᠬᠤ ᠲᠣᠭᠲᠠᠴᠠ ᠵᠢ ᠪᠦᠷᠢᠨᠰᠢᠬᠦᠯᠵᠤ᠂ ᠡᠷᠬᠡ ᠵᠢ ᠵᠦᠢ ᠵᠣᠬᠢᠰᠲᠠᠢ᠎ᠪᠠᠷ ᠵᠠᠳᠠᠯᠤᠨ ᠰᠢᠨᠵᠢᠯᠡᠬᠦ ᠤᠬᠠᠭ᠋ᠠᠨᠴᠢ᠎ᠪᠠᠷ ᠲᠤᠬᠢᠷᠠᠭᠤᠯᠬᠤ ᠬᠡᠷᠡᠭᠳᠠᠢ᠃ ᠲᠤᠰᠬᠠᠢ ᠰᠡᠳᠦᠪᠲᠦ ᠬᠤᠷᠠᠯ ᠵᠶ᠋ᠠᠷ ᠪᠠᠶ᠋ᠢᠩᠭᠤ ᠵᠢᠨ ᠬᠤᠷᠢᠶᠠᠨ᠎ᠤ ᠬᠤᠷᠠᠯ᠎ᠢ ᠣᠷᠣᠯᠠᠭᠤᠯᠤᠨ ᠰᠢᠢ᠍ᠳᠪᠦᠷᠢᠲᠦ ᠪᠤᠳᠤᠯᠭ᠎ᠠ ᠲᠤᠬᠳᠠᠭ᠋ᠠᠬᠤ ᠵᠢ ᠡᠷᠡᠰ ᠰᠡᠷᠭᠡᠶ᠋ᠢᠯᠡᠨ ᠬᠤᠷᠢᠬᠯᠠᠵᠤ᠂ ᠨᠠᠮ᠎ᠤᠨ ᠬᠤᠷᠢᠶᠠᠨ᠎ᠤ ᠬᠠᠮᠲᠤ᠎ᠪᠠᠷ ᠰᠢᠢ᠍ᠳᠪᠦᠷᠢᠲᠦ ᠪᠤᠳᠤᠯᠭ᠎ᠠ ᠲᠤᠬᠳᠠᠭ᠋ᠠᠬᠤ ᠨᠡᠷ᠎ᠡ᠎ᠪᠠᠷ ᠬᠠᠮᠲᠤ ᠵᠢᠨ ᠲᠣᠭᠲᠠᠭ᠋ᠠᠯ᠎ᠢ ᠵᠥᠷᠢᠴᠡᠬᠦ ᠵᠢ ᠡᠷᠡᠰ ᠰᠡᠷᠭᠡᠶ᠋ᠢᠯᠡᠨ ᠬᠤᠷᠢᠬᠯᠠᠵᠤ᠂ ᠤᠳᠤᠷᠢᠳᠬᠤ ᠪᠠᠭ᠎ᠤᠨ ᠪᠦᠷᠢᠯᠳᠦᠬᠦᠨ᠎ᠤ ᠬᠤᠪᠢᠳᠠᠨ ᠬᠠᠮᠢᠶᠠᠷᠴᠤ ᠪᠠᠶ᠋ᠢᠭ᠎ᠠ ᠠᠵᠢᠯ᠂ ᠬᠤᠪᠢᠳᠠᠨ ᠬᠠᠮᠢᠶᠠᠷᠴᠤ ᠪᠠᠶ᠋ᠢᠭ᠎ᠠ ᠬᠦᠷᠢᠶ᠎ᠡ᠎ᠪᠠᠨ ᠬᠠᠮᠲᠤ ᠵᠢᠨ ᠤᠳᠤᠷᠢᠳᠤᠯᠭ᠎ᠠ ᠪᠠ ᠬᠢᠨᠠᠯᠲᠠ ᠵᠢ ᠬᠦᠯᠢᠶᠡᠬᠦ ᠦᠭᠡᠢ 《ᠬᠤᠪᠢ ᠵᠢᠨ ᠬᠠᠷᠢᠶ᠎ᠠ ᠭᠠᠵᠠᠷ》 ᠪᠣᠯᠭ᠋ᠠᠬᠤ ᠵᠢ ᠤᠬᠳᠤ ᠵᠥᠪᠰᠢᠶᠡᠷᠡᠵᠦ ᠪᠤᠯᠬᠤ ᠦᠭᠡᠢ᠃ ᠤᠳᠤᠷᠢᠳᠬᠤ ᠪᠠᠭ᠎ᠤᠨ ᠬᠡᠷᠡᠭ ᠵᠥᠪᠯᠡᠬᠦ ᠲᠦᠷᠢᠮ᠎ᠢ ᠲᠡᠭᠦᠯᠳᠡᠷᠵᠢᠭᠦᠯᠵᠦ᠂ ᠴᠢᠬᠤᠯᠠ ᠬᠡᠷᠡᠭ ᠶᠠᠪᠤᠳᠠᠯ᠎ᠢ ᠡᠷᠬᠡᠪᠰᠢ ᠤᠳᠤᠷᠢᠳᠬᠤ ᠪᠠᠭ᠎ᠤᠨ ᠬᠤᠷᠠᠯ᠎ᠳᠤ ᠳᠡᠪᠰᠢᠭᠦᠯᠦᠨ ᠶᠠᠷᠢᠯᠴᠠᠵᠤ᠂ ᠤᠳᠤᠷᠢᠳᠬᠤ ᠪᠠᠭ᠎ᠤᠨ ᠪᠦᠷᠢᠯᠳᠦᠬᠦᠨ ᠰᠠᠨᠠᠯ ᠵᠶ᠋ᠠᠨ ᠭᠦᠢ᠍ᠴᠡᠳ ᠢᠯᠡᠳᠬᠡᠵᠦ᠂ ᠰᠠᠨᠠᠯ ᠵᠥᠷᠢᠯᠳᠦᠭᠡᠨ ᠨᠡᠯᠢᠶᠡᠳ ᠶᠡᠭᠡ ᠪᠠᠶ᠋ᠢᠬᠤ ᠦᠶ᠎ᠡ᠎ᠳᠤ ᠲᠠᠰᠤᠯᠤᠯᠳᠠ ᠬᠢᠬᠦ ᠵᠢ ᠲᠦᠷ ᠬᠤᠶ᠋ᠢᠰᠢᠯᠠᠭᠤᠯᠵᠤ᠂ ᠬᠤᠷᠠᠯ᠎ᠳᠤ ᠲᠠᠰᠤᠯᠤᠯᠳᠠ ᠬᠢᠭᠰᠡᠨ ᠪᠠᠶ᠋ᠢᠳᠠᠯ ᠪᠠ ᠠᠳᠠᠯᠢ ᠪᠤᠰᠤ ᠰᠠᠨᠠᠯ᠎ᠢ ᠦᠨᠡᠨ ᠮᠥᠨ ᠵᠶ᠋ᠠᠷ᠎ᠨᠢ ᠲᠡᠮᠳᠡᠭᠯᠡᠵᠦ᠂ ᠲᠠᠩᠰᠠ ᠡᠪᠬᠡᠮᠡᠯ᠎ᠳᠤ ᠣᠷᠣᠭᠤᠯᠤᠨ ᠪᠠᠶ᠋ᠢᠴᠠᠭ᠋ᠠᠬᠤ᠎ᠳᠤ ᠪᠡᠯᠡᠳᠭᠡᠬᠦ ᠬᠡᠷᠡᠭᠳᠠᠢ᠃
(ᠠᠷᠪᠠᠨ ᠨᠢᠭᠡ) ᠤᠳᠤᠷᠢᠳᠬᠤ ᠪᠠᠭ᠎ᠤᠨ ᠪᠤᠰᠤᠳ ᠪᠦᠷᠢᠯᠳᠦᠬᠦᠨ᠎ᠤ 《ᠨᠢᠭᠡ ᠠᠵᠢᠯ᠎ᠤᠨ ᠪᠠᠶ᠋ᠢᠷᠢ᠎ᠳᠤ ᠬᠤᠣᠰ ᠬᠠᠷᠢᠭᠤᠴᠠᠯᠭ᠎ᠠ ᠡᠭᠦᠷᠭᠡᠯᠡᠬᠦ》 ᠵᠢ ᠱᠠᠯᠠᠪᠳᠠᠭᠤᠯᠤᠨ ᠱᠠᠭ᠋ᠠᠷᠳᠠᠵᠤ᠂ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ ᠳᠣᠲᠣᠷᠠᠬᠢ ᠨᠠᠮ᠎ᠢ ᠬᠠᠮᠢᠶᠠᠷᠴᠤ ᠨᠠᠮ᠎ᠢ ᠵᠠᠰᠠᠬᠤ ᠠᠵᠢᠯ᠎ᠢ ᠰᠠᠶ᠋ᠢᠲᠤᠷ ᠠᠳᠬᠤᠨ᠎ᠠ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠭᠤᠣᠯ ᠴᠣᠭᠴᠠ ᠵᠢᠨ ᠬᠠᠷᠢᠭᠤᠴᠠᠯᠭ᠎ᠠ ᠵᠢᠨ ᠣᠨ᠎ᠤ ᠲᠥᠯᠥᠪᠯᠡᠭᠡ ᠵᠢ ᠲᠣᠭᠲᠠᠭ᠋ᠠᠨ ᠨᠠᠶ᠋ᠢᠳᠠᠪᠤᠷᠢᠵᠢᠭᠤᠯᠵᠤ᠂ ᠠᠵᠢᠯ ᠡᠭᠦᠷᠭᠡ᠎ᠪᠠᠨ ᠵᠠᠳᠠᠯᠤᠨ ᠬᠤᠪᠢᠶᠠᠷᠢᠯᠠᠬᠤ ᠬᠡᠷᠡᠭᠲᠡᠢ᠃ 《ᠨᠢᠭᠡᠳᠦᠭᠡᠷ ᠬᠠᠷᠢᠭᠤᠴᠠᠯᠭ᠋ᠠᠳᠠᠨ》 ᠤᠳᠤᠷᠢᠳᠬᠤ ᠪᠠᠭ᠎ᠤᠨ ᠪᠤᠰᠤᠳ ᠪᠦᠷᠢᠯᠳᠦᠬᠦᠨ᠎ᠤ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠰᠣᠨᠣᠰᠴᠤ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠵᠶ᠋ᠠᠷ ᠬᠦᠷᠦᠯᠴᠡᠬᠦ ᠦᠭᠡᠢ ᠪᠠᠶ᠋ᠢᠬᠤ ᠵᠢ ᠢᠯᠡᠷᠡᠭᠦᠯᠵᠦ ᠮᠡᠳᠡᠪᠡᠯ ᠴᠠᠭ ᠲᠤᠬᠠᠢᠳᠤᠨᠢ ᠪᠣᠯᠵᠣᠨ ᠶᠠᠷᠢᠯᠴᠠᠬᠤ ᠬᠡᠷᠡᠭᠳᠠᠢ᠃ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠠᠳᠠᠯᠢ ᠱᠠᠲᠤᠨ᠎ᠤ ᠨᠠᠮ᠎ᠤᠨ ᠬᠤᠷᠢᠶᠠᠨ᠎ᠤ ᠤᠳᠤᠷᠢᠳᠬᠤ ᠪᠠᠭ᠎ᠤᠨ ᠪᠤᠰᠤᠳ ᠪᠦᠷᠢᠯᠳᠦᠬᠦᠨ᠎ᠳᠤ ᠲᠡᠭᠦᠨ᠎ᠤ ᠬᠤᠪᠢᠳᠠᠨ ᠬᠠᠮᠢᠶᠠᠷᠴᠤ ᠪᠠᠶ᠋ᠢᠭ᠎ᠠ ᠰᠠᠯᠠᠭ᠎ᠠ ᠮᠥᠴᠢᠷ ᠪᠠ ᠨᠢᠭᠡᠴᠢ ᠵᠢᠨ ᠤᠳᠤᠷᠢᠳᠬᠤ ᠺᠠᠳ᠋ᠷ᠎ᠤᠨ ᠨᠠᠮ᠎ᠤᠨ ᠲᠦᠷᠢᠮ ᠨᠠᠮ᠎ᠤᠨ ᠲᠣᠭᠲᠠᠭ᠋ᠠᠯ᠎ᠢ ᠵᠢᠷᠤᠮᠯᠠᠵᠤ ᠪᠠᠶ᠋ᠢᠬᠤ ᠡᠰᠡᠬᠦ᠂ ᠠᠷᠢᠭᠤᠨ ᠴᠢᠬᠡᠴᠢ᠎ᠪᠠᠷ ᠪᠡᠶ᠎ᠡ᠎ᠪᠠᠨ ᠱᠠᠭ᠋ᠠᠷᠳᠠᠵᠦ ᠪᠠᠶ᠋ᠢᠬᠤ ᠵᠡᠷᠭᠡ ᠪᠠᠶ᠋ᠢᠳᠠᠯ᠎ᠢ ᠮᠡᠳᠡᠭᠳᠡᠵᠦ᠂ ᠤᠳᠤᠷᠢᠳᠬᠤ ᠪᠠᠭ᠎ᠤᠨ ᠪᠤᠰᠤᠳ ᠪᠦᠷᠢᠯᠳᠦᠬᠦᠨ᠎ᠤ ᠬᠤᠪᠢᠳᠠᠨ ᠬᠠᠮᠢᠶᠠᠷᠴᠤ ᠪᠠᠶ᠋ᠢᠭ᠎ᠠ ᠰᠠᠯᠠᠭ᠎ᠠ ᠮᠥᠴᠢᠷ ᠪᠠ ᠨᠢᠭᠡᠴᠢ ᠵᠢᠨ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠶ᠋ᠢᠭᠤᠯᠤᠯᠲᠠ ᠵᠢᠨ ᠠᠵᠢᠯ᠎ᠢ ᠰᠠᠶ᠋ᠢᠲᠤᠷ ᠠᠳᠬᠤᠬᠤ ᠵᠢ ᠠᠬᠢᠭᠤᠯᠬᠤ ᠬᠡᠷᠡᠭᠲᠡᠢ᠃
(ᠠᠷᠪᠠᠨ ᠬᠤᠶᠠᠷ) ᠤᠳᠤᠷᠢᠳᠬᠤ ᠺᠠᠳ᠋ᠷ ᠴᠢᠬᠤᠯᠠ ᠶᠡᠭᠡ ᠤᠴᠢᠷ ᠶᠠᠪᠤᠳᠠᠯ᠎ᠳᠤ ᠭᠠᠷ ᠲᠦᠷᠦᠵᠤ ᠨᠥᠯᠥᠭᠡᠯᠡᠬᠦ ᠵᠢ ᠲᠡᠮᠳᠡᠭᠯᠡᠬᠦ ᠲᠦᠷᠢᠮ᠎ᠢ ᠴᠢᠩᠭ᠎ᠠ ᠬᠡᠷᠡᠭᠵᠢᠭᠦᠯᠵᠦ᠂ ᠠᠰᠠᠭᠤᠳᠠᠯ᠎ᠢ ᠢᠯᠡᠷᠡᠭᠦᠯᠵᠦ ᠮᠡᠳᠡᠪᠡᠯ ᠴᠠᠭ ᠲᠤᠬᠠᠢᠳᠤᠨᠢ ᠮᠡᠳᠡᠭᠦᠯᠤᠨ᠎ᠡ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠤᠳᠤᠷᠢᠳᠬᠤ ᠺᠠᠳ᠋ᠷ ᠴᠢᠬᠤᠯᠠ ᠶᠡᠭᠡ ᠤᠴᠢᠷ ᠶᠠᠪᠤᠳᠠᠯ᠎ᠳᠤ ᠭᠠᠷ ᠲᠦᠷᠦᠵᠤ ᠨᠥᠯᠥᠭᠡᠯᠡᠬᠦ ᠵᠢ ᠲᠡᠮᠳᠡᠭᠯᠡᠬᠦ ᠲᠦᠷᠢᠮ᠎ᠢ ᠨᠠᠶ᠋ᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ ᠨᠠᠶ᠋ᠢᠳᠠᠪᠤᠷᠢᠵᠢᠭᠤᠯᠬᠤ ᠬᠡᠷᠡᠭᠲᠡᠢ᠃ ᠤᠳᠤᠷᠢᠳᠬᠤ ᠪᠠᠭ᠎ᠤᠨ ᠪᠦᠷᠢᠯᠳᠦᠬᠦᠨ᠎ᠳᠤ ᠲᠣᠭᠲᠠᠭ᠋ᠠᠯ᠎ᠢ ᠵᠥᠷᠢᠴᠡᠨ ᠺᠠᠳ᠋ᠷ᠎ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ᠂ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ᠎ᠳᠤ ᠲᠤᠭᠳᠠᠭ᠋ᠠᠯ᠎ᠠᠴᠠ ᠵᠦᠷᠢᠴᠡᠨ ᠭᠠᠷ ᠳᠦᠷᠦᠭᠰᠡᠨ ᠵᠡᠷᠭᠡ ᠠᠰᠠᠭᠤᠳᠠᠯ ᠣᠷᠣᠰᠢᠵᠤ ᠪᠠᠶ᠋ᠢᠪᠠᠯ᠂ ᠨᠠᠶ᠋ᠢᠳᠠᠯᠭ᠎ᠠ ᠬᠦᠯᠢᠶᠡᠭᠴᠢ᠎ᠨᠢ ᠪᠠᠶ᠋ᠢᠭ᠎ᠠ ᠰᠠᠯᠠᠭ᠎ᠠ ᠮᠥᠴᠢᠷ ᠪᠠ ᠨᠢᠭᠡᠴᠢ ᠵᠢᠨ ᠵᠶ᠋ᠠᠨ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠴᠠᠭ ᠲᠤᠬᠠᠢᠳᠤᠨᠢ ᠮᠡᠳᠡᠭᠦᠯᠬᠦ ᠬᠡᠷᠡᠭᠲᠡᠢ᠃ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠪᠤᠰᠤᠳ ᠤᠳᠤᠷᠢᠳᠬᠤ ᠺᠠᠳ᠋ᠷ᠎ᠤᠨ ᠲᠦᠷᠦᠯ ᠰᠠᠳᠤᠨ ᠨᠠᠶ᠋ᠢᠵᠠ ᠵᠢᠨ ᠲᠣᠭᠲᠠᠭ᠋ᠠᠯ᠎ᠠᠴᠠ ᠵᠥᠷᠢᠴᠡᠨ ᠭᠠᠷ ᠲᠦᠷᠦᠭᠦ ᠠᠵᠢᠯᠯᠠᠭ᠎ᠠ ᠵᠢ ᠡᠷᠡᠰ ᠬᠤᠷᠢᠬᠯᠠᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠴᠠᠭ ᠲᠤᠬᠠᠢᠳᠤᠨᠢ ᠮᠡᠳᠡᠭᠦᠯᠬᠦ ᠬᠡᠷᠡᠭᠲᠡᠢ᠃ ᠱᠠᠭ᠋ᠠᠷᠳᠠᠯᠭ᠎ᠠ ᠶᠣᠰᠣᠭ᠋ᠠᠷ ᠮᠡᠳᠡᠭᠦᠯᠦᠭᠰᠡᠨ ᠦᠭᠡᠢ ᠪᠠᠶ᠋ᠢᠪᠠᠯ ᠲᠦᠷᠢᠮ ᠲᠣᠭᠲᠠᠭ᠋ᠠᠯ ᠰᠠᠬᠢᠯᠭ᠎ᠠ ᠪᠠᠲᠤ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠠᠢ᠃
(ᠠᠷᠪᠠᠨ ᠭᠤᠷᠪᠠ) ᠤᠯᠤᠰ ᠲᠦᠷᠦ ᠵᠢᠨ ᠠᠮᠢ ᠠᠬᠤᠢ ᠵᠢᠨ ᠵᠠᠳᠠᠯᠤᠯᠲᠠ ᠬᠢᠵᠦ ᠰᠤᠳᠤᠯᠤᠨ ᠮᠠᠭ᠋ᠠᠳᠯᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠶ᠋ᠢᠭᠤᠯᠤᠯᠲᠠ ᠵᠢᠨ ᠮᠡᠳᠡᠭᠦᠯᠦᠯᠳᠡ ᠵᠢ ᠬᠦᠷᠢᠶ᠎ᠡ ᠬᠤᠪᠢᠶᠠᠨ ᠪᠦᠷᠢᠯᠳᠦᠭᠦᠯᠤᠨ᠎ᠡ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠵᠢᠨ ᠵᠶ᠋ᠠᠨ ᠤᠯᠤᠰ ᠲᠦᠷᠦ ᠵᠢᠨ ᠠᠮᠢ ᠠᠬᠤᠢ ᠵᠢᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠠᠳᠠᠯᠤᠨ ᠰᠢᠨᠵᠢᠯᠡᠵᠦ᠂ ᠰᠠᠬᠢᠯᠭ᠎ᠠ ᠪᠠᠲᠤ ᠪᠠᠶ᠋ᠢᠴᠠᠭ᠋ᠠᠬᠤ ᠪᠠᠶ᠋ᠢᠭᠤᠯᠭ᠎ᠠ᠂ ᠨᠠᠮ᠎ᠤᠨ ᠠᠵᠢᠯ᠎ᠤᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠮᠡᠳᠡᠭᠦᠯᠦᠯᠲᠡ ᠵᠢ ᠦᠷᠭᠦᠯᠵᠢ ᠰᠣᠨᠣᠰᠴᠤ᠂ ᠤᠳᠤᠷᠢᠳᠬᠤ ᠪᠠᠭ᠎ᠤᠨ ᠲᠤᠰ ᠪᠡᠶ᠎ᠡ᠎ᠳᠤ ᠣᠷᠣᠰᠢᠵᠤ ᠪᠠᠶ᠋ᠢᠭ᠎ᠠ ᠲᠤᠪᠤᠶ᠋ᠢᠮ᠎ᠠ ᠠᠰᠠᠭᠤᠳᠠᠯ᠎ᠢ ᠨᠠᠷᠢᠨ ᠬᠢᠨᠠᠮᠠᠭ᠋ᠠᠢ ᠪᠠᠶ᠋ᠢᠴᠠᠭ᠋ᠠᠨ ᠡᠷᠢᠵᠦ᠂ ᠬᠦᠴᠦᠲᠡᠢ ᠠᠷᠭ᠎ᠠ ᠬᠡᠮᠵᠢᠶ᠎ᠡ ᠠᠪᠴᠤ ᠰᠢᠢ᠍ᠳᠪᠦᠷᠢᠯᠡᠬᠦ ᠬᠡᠷᠡᠭᠲᠡᠢ᠃ ᠰᠠᠬᠢᠯᠭ᠎ᠠ ᠪᠠᠲᠤ ᠪᠠᠶ᠋ᠢᠴᠠᠭ᠋ᠠᠬᠤ ᠪᠠᠶ᠋ᠢᠭᠤᠯᠭ᠎ᠠ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ᠂ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ᠂ ᠡᠬᠢ ᠪᠠᠶᠠᠯᠢᠭ᠎ᠢ ᠨᠡᠬᠡᠬᠡᠨ ᠠᠰᠢᠬᠯᠠᠬᠤ᠂ ᠮᠥᠩᠭᠦᠨ ᠭᠦᠢ᠍ᠯᠭᠡᠭᠡ ᠢᠲᠡᠭᠡᠮᠵᠢᠲᠦ ᠵᠢᠭᠡᠯᠡᠯᠭᠡ ᠵᠡᠷᠭᠡ ᠬᠦᠷᠢᠶᠡᠨ᠎ᠳᠠᠬᠢ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠶ᠋ᠢᠭᠤᠯᠤᠯᠳᠠ ᠵᠢᠨ ᠪᠠᠶ᠋ᠢᠳᠠᠯ᠎ᠤᠨ ᠲᠤᠬᠠᠢ ᠵᠠᠳᠠᠯᠤᠯᠲᠠ᠎ᠪᠠᠨ ᠴᠢᠩᠭ᠋ᠠᠳᠬᠠᠵᠤ᠂ ᠲᠦᠭᠡᠮᠡᠯ ᠴᠢᠨᠠᠷᠲᠠᠢ ᠠᠰᠠᠭᠤᠳᠠᠯ᠎ᠢ ᠢᠯᠡᠷᠡᠭᠦᠯᠬᠦ ᠵᠢ ᠴᠢᠬᠤᠯᠠᠴᠢᠯᠠᠵᠤ᠂ ᠲᠤᠰᠬᠠᠢ ᠰᠡᠳᠦᠪᠲᠦ ᠮᠡᠳᠡᠭᠦᠯᠦᠯᠲᠡ ᠵᠤᠬᠢᠶᠠᠨ᠂ ᠠᠳᠠᠯᠢ ᠱᠠᠲᠤᠨ᠎ᠤ ᠨᠠᠮ᠎ᠤᠨ ᠬᠤᠷᠢᠶᠠᠨ᠎ᠤ ᠤᠳᠤᠷᠢᠳᠬᠤ ᠪᠠᠭ᠎ᠤᠨ᠎ᠬᠢᠨ ᠵᠠᠩᠭᠢᠯᠠᠭ᠎ᠠ ᠵᠢᠨ ᠠᠵᠢᠯ᠎ᠤᠨ ᠪᠠᠶ᠋ᠢᠷᠢ ᠵᠢᠨ ᠬᠠᠮᠢᠶᠠᠷᠤᠯᠲᠠ ᠬᠢᠨᠠᠯᠲᠠ᠎ᠪᠠᠨ ᠴᠢᠩᠭ᠋ᠠᠳᠬᠠᠬᠤ ᠵᠢ ᠠᠬᠢᠭᠤᠯᠬᠤ ᠬᠡᠷᠡᠭᠲᠡᠢ᠃
(ᠠᠷᠪᠠᠨ ᠲᠦᠷᠪᠡ) ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠱᠦᠵᠢ ᠶᠠᠷᠢᠯᠴᠠᠵᠤ ᠰᠠᠨᠠᠭᠤᠯᠬᠤ ᠲᠦᠷᠢᠮ᠎ᠢ ᠲᠡᠭᠦᠯᠳᠡᠷᠵᠢᠭᠦᠯᠵᠦ᠂ ᠤᠳᠤᠷᠢᠳᠬᠤ ᠪᠠᠭ᠎ᠤᠨ ᠪᠦᠷᠢᠯᠳᠦᠬᠦᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠤ ᠪᠠᠶ᠋ᠢᠬᠤ ᠪᠠᠶ᠋ᠢᠳᠠᠯ ᠪᠠ ᠠᠷᠢᠭᠤᠨ ᠴᠢᠬᠡᠴᠢ᠎ᠪᠠᠷ ᠪᠡᠶ᠎ᠡ᠎ᠪᠠᠨ ᠱᠠᠭ᠋ᠠᠷᠳᠠᠵᠦ ᠪᠠᠶ᠋ᠢᠬᠤ ᠪᠠᠶ᠋ᠢᠳᠠᠯ᠎ᠢ ᠦᠨᠡᠨ ᠮᠥᠨ ᠵᠶ᠋ᠠᠷ᠎ᠨᠢ ᠮᠡᠳᠡᠭᠦᠯᠦᠨ᠎ᠡ᠃ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠱᠦᠵᠢ ᠮᠡᠳᠡᠭᠦᠯᠦᠯᠲᠡ ᠬᠢᠬᠦ ᠪᠣᠯ ᠲᠤᠬᠠᠶ᠋ᠢᠯᠠᠭᠰᠠᠨ ᠠᠵᠢᠯ ᠮᠥᠨ᠂ ᠮᠡᠳᠡᠭᠦᠯᠬᠦ ᠶᠤᠰᠤᠳᠠᠢ ᠵᠢ᠎ᠨᠢ ᠮᠡᠳᠡᠭᠦᠯᠬᠦ ᠦᠭᠡᠢ ᠪᠣᠯ ᠲᠤᠰᠢᠶᠠᠯ᠎ᠳᠠᠭᠠᠨ ᠣᠰᠣᠯᠳᠠᠭᠰᠠᠨ ᠶᠠᠪᠤᠳᠠᠯ ᠮᠥᠨ ᠭᠡᠬᠦ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠬᠡᠷᠡᠭᠲᠡᠢ᠃ ᠤᠳᠤᠷᠢᠳᠬᠤ ᠪᠠᠭ᠎ᠤᠨ ᠪᠦᠷᠢᠯᠳᠦᠬᠦᠨ᠎ᠤ ᠴᠤᠬᠤᠶ᠋ᠢᠮᠠᠯ ᠴᠢᠨᠠᠷᠲᠠᠢ᠂ ᠬᠡᠯᠪᠡᠷᠢᠯ᠎ᠤᠨ ᠴᠢᠨᠠᠷᠲᠠᠢ ᠠᠰᠠᠭᠤᠳᠠᠯ ᠪᠠᠶ᠋ᠢᠬᠤ ᠵᠢ ᠢᠯᠡᠷᠡᠭᠦᠯᠵᠦ ᠮᠡᠳᠡᠪᠡᠯ᠂ ᠴᠠᠭ ᠲᠤᠬᠠᠢᠳᠤᠨᠢ ᠰᠠᠨᠠᠭᠤᠯᠬᠤ ᠬᠡᠷᠡᠭᠳᠠᠢ᠃ ᠴᠢᠬᠤᠯᠠ ᠠᠰᠠᠭᠤᠳᠠᠯ ᠣᠷᠣᠰᠢᠵᠤ ᠪᠠᠶ᠋ᠢᠬᠤ ᠵᠢ ᠢᠯᠡᠷᠡᠭᠦᠯᠵᠦ ᠮᠡᠳᠡᠪᠡᠯ᠂ ᠳᠡᠭᠡᠳᠦ ᠱᠠᠲᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠪᠠ ᠠᠳᠠᠯᠢ ᠱᠠᠲᠤᠨ᠎ᠤ ᠨᠠᠮ᠎ᠤᠨ ᠬᠤᠷᠢᠶᠠᠨ᠎ᠤ ᠭᠤᠣᠯ ᠬᠠᠷᠢᠭᠤᠴᠠᠯᠭ᠋ᠠᠲᠠᠨ᠎ᠳᠤ ᠮᠡᠳᠡᠭᠦᠯᠵᠦ᠂ ᠪᠠᠶ᠋ᠢᠳᠠᠯ᠎ᠢ ᠪᠦᠬᠦ ᠲᠠᠯ᠎ᠠ᠎ᠪᠠᠷ ᠣᠨᠣᠪᠴᠢᠲᠠᠢ ᠲᠤᠰᠬᠠᠬᠤ ᠬᠡᠷᠡᠭᠲᠡᠢ᠃ ᠮᠡᠳᠡᠭᠦᠯᠬᠦ ᠥᠬᠡᠶ ᠪᠤᠶᠤ ᠦᠨᠡᠨ ᠮᠥᠨ ᠵᠶ᠋ᠠᠷ᠎ᠨᠢ ᠮᠡᠳᠡᠭᠦᠯᠬᠦ ᠥᠬᠡᠶ ᠪᠠᠶ᠋ᠢᠪᠠᠯ ᠲᠦᠷᠢᠮ ᠲᠣᠭᠲᠠᠭ᠋ᠠᠯ ᠰᠠᠬᠢᠯᠭ᠎ᠠ ᠪᠠᠲᠤ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠠᠢ᠃
ᠳᠥᠷᠪᠡ᠂ ᠳᠣᠤᠷᠠᠳᠤ ᠱᠠᠲᠤᠨ᠎ᠤ ᠤᠳᠤᠷᠢᠳᠬᠤ ᠪᠠᠭ᠎ᠲᠤ ᠬᠢᠨᠠᠯᠲᠠ ᠲᠠᠯᠪᠢᠬᠤ ᠵᠢ ᠴᠢᠩᠭ᠋ᠠᠳᠬᠠᠬᠤ ᠬᠡᠷᠡᠭᠳᠠᠢ
(ᠠᠷᠪᠠᠨ ᠲᠠᠪᠤ) ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠨᠢ ᠲᠤᠤᠷᠠᠳᠤ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠬᠠᠮᠢᠶᠠᠷᠤᠯᠲᠠ ᠪᠠ ᠬᠢᠨᠠᠯᠲᠠ ᠵᠢ ᠤᠳᠤᠷᠢᠳᠬᠤ ᠪᠦᠬᠦ ᠶᠠᠪᠤᠴᠠ᠎ᠳᠤ ᠲᠤᠭᠤᠰᠢᠯᠠᠭᠤᠯᠤᠨ᠎ᠠ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠥᠪᠡᠷ᠎ᠤᠨ 《ᠬᠠᠷᠢᠭᠤᠴᠠᠯᠭ᠋ᠠᠳᠤ ᠤᠷᠤᠨ》 ᠵᠶ᠋ᠠᠨ ᠦᠨᠡᠨ ᠬᠦ᠌ ᠰᠠᠶ᠋ᠢᠲᠤᠷ ᠬᠠᠮᠢᠶᠠᠷᠴᠤ᠂ ᠰᠤᠭᠤᠴᠢᠨ ᠪᠠᠶ᠋ᠢᠴᠠᠭ᠋ᠠᠬᠤ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠵᠢᠯᠣᠭᠤᠳᠬᠤ᠂ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ ᠰᠢᠢ᠍ᠳᠪᠦᠷᠢᠯᠡᠬᠦ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠱᠠᠯᠠᠪᠳᠠᠭᠤᠯᠬᠤ ᠵᠡᠷᠭᠡ ᠠᠷᠭ᠎ᠠ ᠬᠡᠯᠪᠡᠷᠢ ᠵᠢ ᠶᠡᠷᠦᠩᠬᠡᠶ᠋ᠢᠯᠡᠨ ᠬᠡᠷᠡᠭᠯᠡᠵᠦ᠂ ᠳᠤᠤᠷᠠᠳᠤ ᠱᠠᠲᠤᠨ᠎ᠤ ᠤᠳᠤᠷᠢᠳᠬᠤ ᠪᠠᠭ ᠵᠢᠴᠢ ᠲᠡᠭᠦᠨ᠎ᠤ ᠪᠦᠷᠢᠯᠳᠦᠬᠦᠨ ᠢᠯᠠᠩᠭᠤᠶ᠎ᠠ 《ᠨᠢᠭᠡᠳᠦᠭᠡᠷ ᠬᠠᠷᠢᠭᠤᠴᠠᠯᠭ᠋ᠠᠳᠠᠨ》᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠬᠠᠷᠢᠭᠤᠴᠠᠯᠭ᠎ᠠ ᠲᠣᠳᠣᠷᠬᠠᠢ᠂ ᠭᠤᠤᠯ ᠴᠣᠭᠴᠠ ᠲᠣᠳᠣᠷᠬᠠᠢ᠂ ᠠᠷᠭ᠎ᠠ ᠬᠡᠮᠵᠢᠶ᠎ᠡ᠎ᠨᠢ ᠲᠤᠰᠠᠲᠠᠢ᠂ ᠬᠡᠷᠡᠭᠵᠢᠭᠦᠯᠬᠦ᠎ᠳᠤ ᠪᠦᠲᠦᠮᠵᠢᠲᠡᠢ ᠪᠠᠶ᠋ᠢᠬᠤ ᠵᠢ ᠪᠡᠶᠡᠯᠡᠭᠦᠯᠬᠦ ᠬᠡᠷᠡᠭᠲᠡᠢ᠃
(ᠠᠷᠪᠠᠨ ᠵᠢᠷᠭᠤᠭ᠎ᠠ) ᠲᠦᠷᠢᠮ᠎ᠤᠨ ᠰᠢᠩᠭᠡᠯᠢᠭ᠎ᠢ ᠤᠯᠠᠮ ᠴᠢᠩᠭ᠎ᠠ ᠪᠠᠬᠢᠯᠡᠵᠦ᠂ ᠬᠢᠨᠠᠯᠲᠠ ᠲᠠᠯᠪᠢᠬᠤ ᠠᠵᠢᠯ᠎ᠢ ᠵᠢᠷᠤᠮᠵᠢᠭᠤᠯᠬᠤ ᠵᠢ ᠠᠬᠢᠭᠤᠯᠤᠨ᠎ᠠ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠲᠦᠷᠢᠮ ᠵᠶ᠋ᠠᠷ ᠡᠷᠬᠡ ᠵᠢ ᠬᠠᠮᠢᠶᠠᠷᠬᠤ ᠬᠡᠷᠡᠭ ᠶᠠᠪᠤᠳᠠᠯ᠎ᠢ ᠬᠠᠮᠢᠶᠠᠷᠬᠤ ᠬᠥᠮᠦᠨ᠎ᠢ ᠬᠠᠮᠢᠶᠠᠷᠬᠤ ᠵᠢ ᠪᠠᠷᠢᠮᠲᠠᠯᠠᠵᠤ᠂ ᠲᠤᠰᠢᠶᠠᠯ᠎ᠳᠤ ᠲᠤᠮᠢᠯᠠᠬᠤ᠎ᠳᠤ ᠤᠨᠴᠠᠭ᠋ᠠᠢ ᠬᠠᠷᠢᠴᠠᠭ᠎ᠠ᠎ᠠᠴᠠ ᠵᠠᠶ᠋ᠢᠯᠠᠭᠤᠯᠬᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠠᠵᠢᠯ᠎ᠤᠨ ᠪᠠᠶ᠋ᠢᠷᠢ ᠡᠭᠡᠯᠵᠢᠯᠡᠭᠦᠯᠬᠦ᠂ ᠺᠠᠳ᠋ᠷ᠎ᠢ ᠰᠣᠯᠢᠯᠴᠠᠭᠤᠯᠬᠤ ᠲᠦᠷᠢᠮ᠎ᠢ ᠪᠦᠷᠢᠨᠰᠢᠬᠦᠯᠵᠤ᠂ 《ᠨᠢᠭᠡᠳᠦᠭᠡᠷ ᠬᠠᠷᠢᠭᠤᠴᠠᠯᠭ᠋ᠠᠳᠠᠨ》᠎ᠳᠤ ᠨᠡᠩ ᠴᠢᠩᠭ᠎ᠠ ᠬᠠᠮᠢᠶᠠᠷᠤᠯᠲᠠ ᠵᠢᠨ ᠲᠦᠷᠢᠮ ᠲᠤᠭᠳᠠᠭ᠋ᠠᠬᠤ ᠬᠡᠷᠡᠭᠳᠠᠢ᠃ ᠤᠳᠤᠷᠢᠳᠬᠤ ᠺᠠᠳ᠋ᠷ ᠬᠤᠪᠢ ᠬᠥᠮᠦᠨ᠎ᠤ ᠬᠤᠯᠪᠣᠭᠳᠠᠯ ᠪᠦᠬᠦᠢ ᠤᠴᠢᠷ ᠶᠠᠪᠤᠳᠠᠯ ᠵᠶ᠋ᠠᠨ ᠮᠡᠳᠡᠭᠦᠯᠬᠦ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ 《ᠨᠢᠭᠡᠳᠦᠭᠡᠷ ᠬᠠᠷᠢᠭᠤᠴᠠᠯᠭ᠋ᠠᠳᠠᠨ》᠎ᠤ ᠬᠤᠪᠢ ᠬᠥᠮᠦᠨ᠎ᠤ ᠬᠤᠯᠪᠣᠭᠳᠠᠯ ᠪᠦᠬᠦᠢ ᠤᠴᠢᠷ ᠶᠠᠪᠤᠳᠠᠯ᠎ᠢ ᠤᠳᠤᠷᠢᠳᠬᠤ ᠪᠠᠭ᠎ᠲᠤ ᠢᠯᠡ ᠪᠣᠯᠭ᠋ᠠᠬᠤ ᠠᠵᠢᠯ᠎ᠢ ᠠᠬᠢᠭᠤᠯᠬᠤ ᠬᠡᠷᠡᠭᠳᠠᠢ᠃ ᠺᠠᠳ᠋ᠷ᠎ᠤᠨ ᠳᠠᠪᠬᠤᠷ ᠬᠠᠮᠢᠶᠠᠷᠤᠯᠲᠠ ᠵᠢᠨ ᠲᠦᠷᠢᠮ᠎ᠢ ᠲᠡᠭᠦᠯᠳᠡᠷᠵᠢᠭᠦᠯᠵᠦ᠂ ᠭᠤᠤᠯᠯᠠᠨ ᠬᠠᠮᠢᠶᠠᠷᠬᠤ ᠲᠠᠯ᠎ᠠ᠂ ᠬᠠᠮᠵᠢᠨ ᠬᠠᠮᠢᠶᠠᠷᠬᠤ ᠲᠠᠯ᠎ᠠ᠎ᠠᠴᠠ ᠺᠠᠳ᠋ᠷ᠎ᠲᠤ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠵᠢ ᠲᠣᠳᠣᠷᠬᠠᠢ ᠪᠣᠯᠭ᠋ᠠᠬᠤ ᠬᠡᠷᠡᠭᠳᠠᠢ᠃
(ᠠᠷᠪᠠᠨ ᠳᠣᠯᠤᠭ᠎ᠠ) ᠤᠳᠤᠷᠢᠳᠬᠤ ᠺᠠᠳ᠋ᠷ᠎ᠤᠨ ᠭᠡᠷ ᠪᠦᠯᠢ ᠵᠢᠨ᠎ᠬᠢᠨ᠎ᠤ ᠠᠵᠢᠯ ᠡᠷᠬᠢᠯᠡᠬᠦ ᠵᠢ ᠵᠢᠷᠤᠮᠵᠢᠭᠤᠯᠵᠤ᠂ ᠵᠠᠰᠠᠭ᠎ᠤᠨ ᠤᠷᠳᠤᠨ ᠪᠠ ᠬᠤᠳᠠᠯᠳᠤᠭ᠋ᠠᠴᠢᠨ᠎ᠤ ᠬᠤᠭᠤᠷᠤᠨᠳᠤᠬᠢ ᠳᠣᠲᠣᠨᠣ ᠴᠢᠭᠡᠴᠢ ᠬᠠᠷᠢᠴᠠᠭ᠎ᠠ ᠪᠠᠶ᠋ᠢᠭᠤᠯᠬᠤ ᠵᠢ ᠠᠬᠢᠭᠤᠯᠤᠨ᠎ᠠ᠃ ᠤᠳᠤᠷᠢᠳᠬᠤ ᠺᠠᠳ᠋ᠷ᠎ᠤᠨ ᠬᠠᠨᠢ ᠨᠦᠬᠦᠷ᠂ ᠦᠷ᠎ᠡ ᠬᠡᠦᠬᠡᠳ ᠵᠢᠴᠢ ᠲᠡᠳᠡᠨ᠎ᠤ ᠬᠠᠨᠢ ᠨᠦᠬᠦᠷ᠎ᠤᠨ ᠬᠤᠳᠠᠯᠳᠤᠭ᠎ᠠ ᠬᠢᠵᠦ ᠠᠵᠤ ᠠᠬᠤᠶ᠋ᠢᠯᠠᠯ ᠡᠷᠭᠢᠯᠡᠭᠦ ᠠᠵᠢᠯᠯᠠᠭ᠎ᠠ ᠵᠢ ᠵᠢᠷᠤᠮᠵᠢᠭᠤᠯᠬᠤ ᠲᠣᠭᠲᠠᠭ᠋ᠠᠯ᠎ᠢ ᠳᠡᠭᠡᠳᠦ ᠵᠡᠷᠭᠡ ᠵᠢᠨ ᠺᠠᠳ᠋ᠷ ᠲᠦᠷᠦᠭᠦᠯᠡᠨ ᠬᠡᠷᠡᠭᠵᠢᠭᠦᠯᠵᠦ᠂ ᠪᠦᠭᠦ ᠨᠠᠮ᠎ᠳᠤ ᠦᠯᠢᠭᠡᠷ ᠵᠢᠱ᠌ᠢᠶ᠎ᠡ ᠦᠵᠡᠭᠦᠯᠬᠦ ᠬᠡᠷᠡᠭᠲᠡᠢ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠬᠤᠯᠪᠣᠭᠳᠠᠯ ᠪᠦᠬᠦᠢ ᠲᠣᠭᠲᠠᠭ᠋ᠠᠯ᠎ᠢ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠵᠢᠨ ᠠᠮᠢ ᠠᠬᠤᠢ ᠵᠢ ᠪᠤᠢ ᠪᠤᠯᠭ᠋ᠠᠬᠤ ᠬᠡᠷᠡᠭᠳᠠᠢ᠃ ᠤᠳᠤᠷᠢᠳᠬᠤ ᠺᠠᠳ᠋ᠷ ᠠᠵᠤ ᠠᠬᠤᠶ᠋ᠢᠯᠠᠯᠲᠠᠨ᠎ᠲᠠᠢ ᠶᠠᠪᠤᠯᠴᠠᠬᠤ᠎ᠳᠠᠭᠠᠨ ᠡᠷᠬᠡᠪᠰᠢ ᠬᠤᠷᠢᠭ᠎ᠠ ᠱᠤᠭᠤᠮ᠎ᠢ ᠰᠠᠬᠢᠵᠤ᠂ ᠭᠡᠮ ᠬᠡᠮᠵᠢᠶ᠎ᠡ ᠵᠢ ᠰᠠᠶ᠋ᠢᠲᠤᠷ ᠡᠵᠡᠮᠳᠡᠵᠤ᠂ 《ᠨᠢᠭᠡᠳᠦᠭᠡᠷ ᠬᠠᠷᠢᠭᠤᠴᠠᠯᠭ᠋ᠠᠳᠠᠨ》᠎ᠨᠢ 《ᠳᠣᠲᠣᠨᠣ》᠂ 《ᠴᠢᠬᠡᠴᠢ》 ᠪᠠᠶ᠋ᠢᠬᠤ ᠱᠠᠭ᠋ᠠᠷᠳᠠᠯᠭ᠎ᠠ ᠵᠢ ᠲᠦᠷᠦᠭᠦᠯᠡᠨ ᠨᠠᠶ᠋ᠢᠳᠠᠪᠤᠷᠢᠵᠢᠭᠤᠯᠵᠤ᠂ ᠡᠷᠬᠡ᠎ᠪᠠᠨ ᠠᠰᠢᠬᠯᠠᠨ ᠠᠮᠢ᠎ᠪᠠᠨ ᠪᠣᠷᠳᠣᠵᠤ᠂ ᠳᠠᠯᠳᠠᠭᠤᠷ ᠦᠢ᠍ᠯᠡᠳᠬᠦ ᠪᠠ ᠠᠰᠢᠭ ᠬᠦᠷᠳᠡᠭᠡᠵᠦ ᠪᠣᠯᠬᠤ ᠦᠭᠡᠢ; ᠥᠪᠡᠷ᠎ᠤᠨ ᠲᠦᠷᠦᠯ ᠰᠠᠳᠤᠨ ᠨᠠᠶ᠋ᠢᠵᠠ᠎ᠪᠠᠨ ᠰᠠᠶ᠋ᠢᠲᠤᠷ ᠬᠠᠮᠢᠶᠠᠷᠴᠤ᠂ ᠤᠳᠤᠷᠢᠳᠬᠤ ᠺᠠᠳ᠋ᠷ᠎ᠤᠨ ᠲᠤᠰᠢᠶᠠᠯ᠎ᠢ ᠠᠰᠢᠬᠯᠠᠨ ᠡᠳ᠋ ᠠᠰᠢᠭ ᠤᠯᠬᠤ ᠵᠢ ᠤᠬᠳᠤ ᠵᠦᠪᠰᠢᠶᠡᠷᠡᠵᠤ ᠪᠤᠯᠬᠤ ᠦᠭᠡᠢ᠂ ᠮᠠᠭᠤ ᠰᠠᠨᠠᠭ᠎ᠠ᠎ᠲᠠᠢ ᠬᠦᠮᠦᠰ ᠤᠳᠤᠷᠢᠳᠬᠤ ᠺᠠᠳ᠋ᠷ᠎ᠤᠨ ᠭᠡᠷ ᠪᠦᠯᠢ ᠵᠢᠨ ᠪᠦᠷᠢᠯᠳᠦᠬᠦᠨ᠎ᠢ 《ᠬᠤᠮᠤᠷᠭ᠋ᠠᠯᠠᠬᠳᠠᠬᠤ》 ᠵᠢ ᠰᠡᠷᠭᠡᠶ᠋ᠢᠯᠡᠬᠦ ᠬᠡᠷᠡᠭᠲᠡᠢ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)᠂ ᠰᠠᠬᠢᠯᠭ᠎ᠠ ᠪᠠᠲᠤ ᠪᠠᠶ᠋ᠢᠴᠠᠭ᠋ᠠᠬᠤ ᠪᠠᠶ᠋ᠢᠭᠤᠯᠭ᠎ᠠ ᠵᠠᠰᠠᠭ᠎ᠤᠨ ᠣᠷᠳᠣᠨ ᠪᠠ ᠬᠤᠳᠠᠯᠳᠤᠭ᠋ᠠᠴᠢᠨ᠎ᠤ ᠬᠤᠭᠤᠷᠤᠨᠳᠤᠬᠢ ᠳᠣᠲᠣᠨᠣ ᠴᠢᠬᠡᠴᠢ ᠬᠠᠷᠢᠴᠠᠭ᠎ᠠ ᠵᠢ ᠪᠠᠶ᠋ᠢᠭᠤᠯᠬᠤ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠵᠠᠭ᠋ᠠᠯᠳᠤᠵᠤ ᠢᠯᠡᠴᠢᠯᠡᠨ ᠮᠡᠳᠡᠭᠦᠯᠬᠦ ᠵᠢ ᠴᠠᠭ ᠲᠤᠬᠠᠢᠳᠤᠨᠢ ᠰᠢᠢ᠍ᠳᠪᠦᠷᠢᠯᠡᠵᠦ᠂ ᠠᠰᠠᠭᠤᠳᠠᠯ᠎ᠢ ᠢᠯᠡᠷᠡᠭᠦᠯᠪᠡᠯ ᠲᠣᠭᠲᠠᠭ᠋ᠠᠯ ᠶᠣᠰᠣᠭ᠋ᠠᠷ ᠰᠠᠬᠢᠯᠭ᠎ᠠ ᠪᠠᠲᠤ ᠶᠣᠰᠣᠭ᠋ᠠᠷ ᠴᠢᠩᠭ᠎ᠠ ᠰᠢᠢ᠍ᠳᠪᠦᠷᠢᠯᠡᠬᠦ ᠬᠡᠷᠡᠭᠲᠡᠢ᠃
(ᠠᠷᠪᠠᠨ ᠨᠠᠢ᠍ᠮᠠ) ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠳᠣᠤᠷᠠᠳᠤ ᠱᠠᠲᠤᠨ᠎ᠤ ᠨᠢᠭᠡᠴᠢ ᠵᠢᠨ ᠤᠳᠤᠷᠢᠳᠬᠤ ᠪᠠᠭ᠎ᠤᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠳᠠᠬᠢ ᠵᠢᠯᠣᠭᠤᠳᠣᠯᠭ᠎ᠠ ᠵᠢ ᠴᠢᠩᠭ᠋ᠠᠳᠬᠠᠵᠤ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠎ᠡ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠶ᠋ᠢᠲᠤᠷ ᠵᠣᠬᠢᠶᠠᠨ ᠪᠠᠶ᠋ᠢᠭᠤᠯᠵᠤ ᠬᠤᠷᠠᠯᠳᠤᠭᠤᠯᠬᠤ ᠤᠳᠤᠷᠢᠳᠬᠤ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠲᠤᠤᠷᠠᠳᠤ ᠱᠠᠲᠤᠨ᠎ᠤ ᠨᠢᠭᠡᠴᠢ ᠵᠢᠨ ᠤᠳᠤᠷᠢᠳᠬᠤ ᠪᠠᠭ᠎ᠤᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠭᠤᠣᠯ ᠰᠡᠳᠦᠪ᠎ᠢ ᠨᠢᠭᠡᠳᠦᠯᠲᠡᠢ ᠲᠣᠭᠲᠠᠭ᠋ᠠᠬᠤ ᠪᠤᠶᠤ ᠵᠥᠪᠰᠢᠶᠡᠷᠡᠵᠦ᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠪᠠᠭ᠎ᠤᠨ ᠪᠦᠷᠢᠯᠳᠦᠬᠦᠨ ᠲᠤᠤᠷᠠᠳᠤ ᠱᠠᠲᠤᠨ᠎ᠤ ᠨᠢᠭᠡᠴᠢ ᠵᠢᠨ ᠤᠳᠤᠷᠢᠳᠬᠤ ᠪᠠᠭ᠎ᠤᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠳᠤ ᠲᠥᠯᠥᠪᠯᠡᠭᠡ᠎ᠲᠠᠢ᠎ᠪᠠᠷ ᠣᠷᠣᠯᠴᠠᠬᠤ ᠬᠡᠷᠡᠭᠲᠡᠢ᠃ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠎ᠨᠢ ᠰᠠᠬᠢᠯᠭ᠎ᠠ ᠪᠠᠲᠤ ᠪᠠᠶ᠋ᠢᠴᠠᠭ᠋ᠠᠬᠤ ᠪᠠᠶ᠋ᠢᠭᠤᠯᠭ᠎ᠠ᠎ᠲᠠᠢ ᠬᠠᠮᠲᠤᠷᠠᠨ ᠲᠤᠤᠷᠠᠳᠤ ᠱᠠᠲᠤᠨ᠎ᠤ ᠨᠢᠭᠡᠴᠢ ᠵᠢᠨ ᠤᠳᠤᠷᠢᠳᠬᠤ ᠪᠠᠭ᠎ᠤᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠱᠠᠯᠠᠪᠲᠠᠭᠤᠯᠤᠨ ᠪᠠᠶ᠋ᠢᠴᠠᠭ᠋ᠠᠬᠤ ᠪᠦᠭᠡᠳ ᠵᠢᠭ᠋ᠠᠨ ᠵᠢᠯᠣᠭᠤᠳᠴᠤ᠂ 《ᠨᠢᠭᠡᠳᠦᠭᠡᠷ ᠬᠠᠷᠢᠭᠤᠴᠠᠯᠭ᠋ᠠᠲᠠᠠ》᠎ᠤ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ ᠥᠷᠨᠢᠭᠦᠯᠦᠭᠰᠡᠨ ᠣᠪᠣᠷ᠎ᠨᠢ ᠢᠯᠡ ᠲᠣᠳᠣ ᠪᠠᠶ᠋ᠢᠬᠤ ᠡᠰᠡᠬᠦ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠨᠢ ᠦᠨᠡᠨ ᠬᠦ᠌ ᠨᠢᠭᠤᠷ ᠤᠯᠠᠶ᠋ᠢᠵᠤ ᠬᠥᠯᠥᠰᠥ ᠭᠠᠷᠴᠤ ᠪᠠᠶ᠋ᠢᠬᠤ ᠡᠰᠡᠬᠦ ᠵᠢ ᠭᠤᠣᠯᠳᠠᠯᠭ᠎ᠠ᠎ᠲᠠᠢ ᠪᠠᠶ᠋ᠢᠴᠠᠭ᠋ᠠᠬᠤ ᠬᠡᠷᠡᠭᠳᠠᠢ᠃ ᠲᠣᠭᠲᠠᠭ᠋ᠠᠯ ᠶᠣᠰᠣᠭ᠋ᠠᠷ ᠬᠤᠷᠠᠯᠳᠤᠭᠤᠯᠤᠭᠰᠠᠨ ᠦᠭᠡᠶ ᠪᠠᠶ᠋ᠢᠪᠠᠯ ᠴᠢᠩᠭ᠎ᠠ ᠵᠢᠭ᠋ᠠᠨ ᠭᠠᠷᠭ᠋ᠠᠬᠤ ᠵᠢᠨ ᠬᠠᠮᠲᠤ ᠵᠠᠯᠠᠷᠠᠭᠤᠯᠵᠤ᠂ ᠶᠣᠰᠣᠨ ᠲᠡᠳᠦᠶ ᠥᠩᠭᠡᠷᠡᠭᠦᠯᠬᠦ ᠵᠢ᠎ᠨᠢ ᠵᠠᠷᠯᠢᠭᠳᠠᠵᠤ ᠪᠠᠶ᠋ᠢᠭ᠋ᠠᠳ ᠳᠠᠬᠢᠵᠤ ᠬᠤᠷᠠᠯᠳᠤᠭᠤᠯᠬᠤ ᠬᠡᠷᠡᠭᠳᠠᠢ᠃ ᠲᠤᠤᠷᠠᠳᠤ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠷᠢᠶ᠎ᠠ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠢ᠎ᠳᠤ ᠴᠢᠬᠤᠯᠠ ᠶᠡᠭᠡ ᠠᠰᠠᠭᠤᠳᠠᠯ ᠭᠠᠷᠤᠭᠰᠠᠨ ᠪᠠᠶ᠋ᠢᠪᠠᠯ᠂ ᠲᠤᠤᠷᠠᠳᠤ ᠱᠠᠲᠤᠨ᠎ᠤ ᠤᠳᠤᠷᠢᠳᠬᠤ ᠪᠠᠭ᠎ᠤᠨ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠴᠠᠭ ᠲᠤᠬᠠᠢᠳᠤᠨᠢ ᠬᠤᠷᠠᠯᠳᠤᠭᠤᠯᠬᠤ ᠵᠢ ᠱᠠᠯᠠᠪᠲᠠᠭᠤᠯᠤᠨ ᠱᠠᠭ᠋ᠠᠷᠲᠠᠬᠤ ᠬᠡᠷᠡᠭᠳᠠᠢ᠃
(ᠠᠷᠪᠠ ᠶᠢᠰᠦ) ᠬᠥᠮᠦᠨ ᠰᠣᠩᠭᠤᠵᠤ ᠬᠥᠮᠦᠨ ᠬᠡᠷᠡᠭᠯᠡᠬᠦ ᠵᠣᠬᠢᠶᠠᠨ ᠪᠠᠶ᠋ᠢᠭᠤᠯᠤᠯᠲᠠ ᠵᠢᠨ ᠪᠣᠭᠤᠮᠲᠠ ᠵᠢ ᠴᠢᠩᠭ᠎ᠠ ᠰᠠᠬᠢᠵᠤ᠂ ᠺᠠᠳ᠋ᠷ᠎ᠢ ᠬᠢᠨᠠᠨ ᠪᠠᠶ᠋ᠢᠴᠠᠭ᠋ᠠᠵᠤ ᠬᠢᠨᠠᠨ ᠰᠢᠯᠭ᠋ᠠᠬᠤ ᠲᠦᠷᠢᠮ᠎ᠢ ᠨᠠᠶ᠋ᠢᠳᠠᠪᠤᠷᠢᠵᠢᠭᠤᠯᠤᠨ᠎ᠠ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠺᠠᠳ᠋ᠷ᠎ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ᠎ᠤᠨ ᠪᠦᠬᠦ ᠶᠠᠪᠤᠴᠠ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠳᠤᠤᠷᠠᠳᠤ ᠱᠠᠲᠤᠨ᠎ᠤ ᠤᠳᠤᠷᠢᠳᠬᠤ ᠪᠠᠭ᠎ᠤᠨ ᠪᠦᠷᠢᠯᠳᠦᠬᠦᠨ ᠢᠯᠠᠩᠭᠤᠶ᠎ᠠ 《ᠨᠢᠭᠡᠳᠦᠭᠡᠷ ᠬᠠᠷᠢᠭᠤᠴᠠᠯᠭ᠋ᠠᠲᠠᠨ》᠎ᠤ ᠲᠤᠰᠢᠶᠠᠯ᠎ᠳᠤ ᠲᠣᠮᠢᠯᠠᠬᠤ᠎ᠪᠠᠷ ᠪᠠᠶ᠋ᠢᠭ᠎ᠠ ᠵᠢᠱ᠌ᠢᠭᠳᠡᠭᠴᠢ ᠵᠢᠨ ᠪᠣᠭᠤᠮᠲᠠ ᠵᠢ ᠴᠢᠩᠭ᠎ᠠ ᠰᠠᠬᠢᠵᠤ᠂ ᠵᠠᠳᠠᠯᠤᠨ ᠰᠤᠳᠤᠯᠵᠤ ᠮᠠᠭ᠋ᠠᠳᠯᠠᠬᠤ ᠪᠠ ᠰᠠᠨᠠᠭ᠋ᠠᠴᠢᠯᠠᠭ᠎ᠠ ᠭᠠᠷᠭ᠋ᠠᠬᠤ᠂ ᠠᠷᠠᠳᠴᠢᠯᠠᠯ ᠵᠶ᠋ᠠᠷ ᠲᠠᠨᠢᠯᠴᠠᠭᠤᠯᠬᠤ᠂ ᠰᠢᠯᠭ᠋ᠠᠨ ᠪᠠᠶ᠋ᠢᠴᠠᠭ᠋ᠠᠬᠤ᠂ ᠶᠠᠷᠢᠯᠴᠠᠨ ᠲᠣᠭᠲᠠᠭ᠋ᠠᠬᠤ ᠵᠡᠷᠭᠡ ᠡᠯ᠎ᠡ ᠭᠤᠭᠴᠤᠭ᠎ᠠ ᠵᠢᠨ ᠤᠳᠤᠷᠢᠳᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ ᠭᠡᠷᠡᠭᠲᠡᠢ᠃ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ ᠰᠠᠶ᠋ᠢᠨ ᠺᠠᠳ᠋ᠷ᠎ᠤᠨ ᠪᠠᠷᠢᠮᠵᠢᠶ᠎ᠠ ᠶᠣᠰᠣᠭ᠋ᠠᠷ᠂ 《ᠰᠢᠯᠢᠨ ᠲᠡᠪᠰᠢᠭᠦᠯᠬᠦ᠎ᠳᠤ ᠳᠦᠷᠪᠡ ᠵᠢ ᠵᠠᠪᠠᠯ ᠭᠦᠢ᠍ᠴᠡᠳᠭᠡᠬᠦ》 ᠲᠡᠰ ᠲᠠᠷᠠᠭ᠋ᠠᠯᠠᠯ᠎ᠢ ᠴᠢᠩᠳᠠᠯᠠᠵᠤ᠂ ᠺᠠᠳ᠋ᠷ᠎ᠢ ᠪᠦᠬᠦ ᠲᠠᠯ᠎ᠠ᠎ᠪᠠᠷ ᠰᠢᠯᠭ᠋ᠠᠨ ᠪᠠᠶ᠋ᠢᠴᠠᠭ᠋ᠠᠬᠤ ᠬᠡᠷᠡᠭᠲᠡᠢ᠃ ᠰᠠᠬᠢᠯᠭ᠎ᠠ ᠪᠠᠲᠤ ᠪᠠᠶ᠋ᠢᠴᠠᠭ᠋ᠠᠬᠤ ᠪᠠᠶ᠋ᠢᠭᠤᠯᠭ᠎ᠠ ᠤᠳᠤᠷᠢᠳᠬᠤ ᠺᠠᠳ᠋ᠷ᠎ᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠤᠬᠠᠢ ᠲᠠᠩᠰᠠ ᠡᠪᠬᠡᠮᠡᠯ᠎ᠢ ᠬᠥᠳᠡᠯᠦᠩᠭᠦᠢ᠎ᠪᠠᠷ ᠰᠢᠨᠡᠳᠬᠡᠵᠦ᠂ ᠨᠠᠮ᠎ᠤᠨ ᠰᠤᠷᠲᠠᠯ ᠪᠠ ᠴᠢᠬᠡᠴᠢ ᠵᠠᠰᠠᠭ᠎ᠤᠨ ᠲᠤᠬᠠᠢ ᠰᠠᠨᠠᠯ᠎ᠳᠤ ᠬᠠᠷᠢᠭᠤ ᠥᠭᠬᠦ ᠪᠣᠭᠤᠮᠲᠠ ᠵᠢ ᠴᠢᠩᠭ᠎ᠠ ᠠᠳᠬᠤᠬᠤ ᠬᠡᠷᠡᠭᠲᠡᠢ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)᠎ᠠᠴᠠ ᠳᠤᠤᠷᠠᠳᠤ ᠱᠠᠲᠤᠨ᠎ᠤ ᠤᠳᠤᠷᠢᠳᠬᠤ ᠪᠠᠭ ᠵᠢᠴᠢ ᠲᠡᠭᠦᠨ᠎ᠤ ᠪᠦᠷᠢᠯᠳᠦᠬᠦᠨ᠎ᠢ ᠱᠠᠲᠤ ᠲᠥᠷᠥᠯ ᠬᠤᠪᠢᠶᠠᠨ ᠰᠢᠯᠭ᠋ᠠᠨ ᠬᠢᠨᠠᠵᠤ᠂ ᠲᠣᠭᠤᠷᠢᠨ ᠪᠠᠶ᠋ᠢᠴᠠᠭ᠋ᠠᠬᠤ᠂ ᠠᠵᠤ ᠠᠬᠤᠶ ᠵᠢᠨ ᠬᠠᠷᠢᠭᠤᠴᠠᠯᠭ᠎ᠠ ᠵᠢ ᠬᠢᠨᠠᠨ ᠪᠤᠳᠤᠬᠤ᠂ ᠠᠵᠢᠯ᠎ᠢ ᠱᠠᠯᠠᠪᠲᠠᠭᠤᠯᠤᠨ ᠪᠠᠶ᠋ᠢᠴᠠᠭ᠋ᠠᠬᠤ᠂ ᠬᠤᠯᠪᠤᠭᠲᠠᠯ ᠪᠥᠬᠦᠶ ᠲᠤᠬᠠᠶ᠋ᠢᠯᠠᠭᠰᠠᠨ ᠠᠵᠢᠯ᠎ᠤᠨ ᠰᠠᠯᠠᠭ᠎ᠠ ᠮᠥᠴᠢᠷ᠎ᠢ ᠰᠢᠯᠭ᠋ᠠᠨ ᠬᠢᠨᠠᠭ᠋ᠠᠳ ᠢᠯᠡᠷᠡᠭᠦᠯᠦᠭᠰᠡᠨ ᠠᠰᠠᠭᠤᠳᠠᠯ᠎ᠲᠠᠢ ᠤᠶᠠᠯᠳᠤᠭᠤᠯᠵᠤ᠂ ᠪᠥᠬᠦ ᠲᠠᠯ᠎ᠠ᠎ᠪᠠᠷ ᠪᠤᠰᠤᠳᠴᠢ᠎ᠪᠠᠷ ᠦᠨᠡᠯᠡᠬᠦ ᠬᠡᠷᠡᠭᠲᠡᠶ᠃ ᠵᠢᠯ ᠪᠦᠷᠢ ᠬᠡᠰᠡᠭ 《ᠨᠢᠭᠡᠳᠦᠭᠡᠷ ᠬᠠᠷᠢᠭᠤᠴᠠᠯᠭ᠋ᠠᠲᠠᠠ》 ᠪᠣᠯᠤᠨ ᠤᠳᠤᠷᠢᠳᠬᠤ ᠪᠠᠭ᠎ᠢ ᠰᠣᠩᠭᠤᠨ ᠲᠣᠭᠲᠠᠭ᠋ᠠᠵᠤ ᠭᠤᠣᠯᠳᠠᠯᠭ᠎ᠠ᠎ᠲᠠᠢ ᠬᠢᠨᠠᠨ ᠰᠢᠯᠭ᠋ᠠᠯᠲᠠ ᠬᠢᠵᠦ᠂ ᠲᠤᠰᠬᠠᠯ ᠨᠡᠯᠢᠶᠡᠳ ᠠᠷᠪᠢᠨ ᠪᠠᠶ᠋ᠢᠭ᠎ᠠ ᠠᠰᠠᠭᠤᠳᠠᠯ᠎ᠢ ᠲᠤᠰᠬᠠᠢ ᠬᠢᠨᠠᠨ ᠰᠢᠯᠭ᠋ᠠᠯᠳᠠ ᠬᠢᠬᠦ ᠬᠡᠷᠡᠭᠳᠠᠢ᠃
(ᠬᠤᠷᠢ) ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠠᠳᠠᠯᠵᠦ ᠰᠤᠳᠤᠯᠤᠨ ᠮᠠᠭ᠋ᠠᠳᠯᠠᠵᠦ᠂ ᠤᠯᠠᠨ ᠲᠦᠮᠡᠨ᠎ᠤ ᠲᠤᠰᠬᠠᠯ ᠶᠡᠬᠡᠲᠡᠢ ᠤᠳᠤᠷᠢᠳᠬᠤ ᠺᠠᠳ᠋ᠷ᠎ᠲᠤ ᠴᠠᠭ ᠲᠤᠬᠠᠢᠳᠤᠨᠢ ᠰᠡᠷᠡᠮᠵᠢ ᠵᠢᠨ ᠲᠤᠬᠢᠶ᠎ᠠ ᠥᠭᠭᠦᠨ᠎ᠡ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠬᠦ ᠠᠵᠢᠯ᠎ᠢ ᠴᠢᠬᠤᠯᠠᠴᠢᠯᠠᠵᠤ᠂ ᠤᠳᠤᠷᠢᠳᠬᠤ ᠺᠠᠳ᠋ᠷ ᠢᠯᠠᠩᠭᠤᠶ᠎ᠠ 《ᠨᠢᠭᠡᠳᠦᠭᠡᠷ ᠬᠠᠷᠢᠭᠤᠴᠠᠯᠭ᠋ᠠᠲᠠᠠ》᠎ᠤ ᠲᠤᠬᠠᠢ ᠤᠯᠠᠨ ᠲᠦᠮᠡᠨ᠎ᠤ ᠲᠤᠰᠬᠠᠯ᠎ᠢ ᠤᠢ᠍ᠢ᠍ᠯᠠᠭ᠋ᠠᠨ ᠡᠵᠡᠮᠰᠢᠬᠦ ᠬᠡᠷᠡᠭᠲᠡᠢ᠃ ᠤᠳᠤᠷᠢᠳᠬᠤ ᠺᠠᠳ᠋ᠷ ᠤᠯᠡᠠ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠠᠩᠬᠠᠷᠤᠨ ᠰᠣᠨᠣᠰᠴᠤ᠂ ᠤᠯᠡᠠ ᠲᠦᠮᠡᠨ᠎ᠤ ᠰᠠᠨᠠᠯ ᠰᠢᠭᠦᠮᠵᠢᠯᠡᠯ᠎ᠳᠤ ᠲᠥᠪ ᠴᠢᠩᠭ᠎ᠠ ᠨᠠᠷᠢᠨ ᠬᠢᠨᠠᠮᠠᠭ᠋ᠠᠢ ᠬᠠᠨᠳᠤᠬᠤ ᠬᠡᠷᠡᠭᠲᠡᠢ᠃ ᠰᠠᠬᠢᠯᠭ᠎ᠠ ᠪᠠᠲᠤ ᠪᠠᠶ᠋ᠢᠴᠠᠭ᠋ᠠᠬᠤ ᠪᠠᠶ᠋ᠢᠭᠤᠯᠭ᠎ᠠ᠂ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠠᠳᠠᠯᠤᠨ ᠰᠤᠳᠤᠯᠵᠤ᠂ ᠲᠤᠰᠬᠠᠭᠰᠠᠨ ᠠᠰᠠᠭᠤᠳᠠᠯ᠎ᠳᠤ ᠬᠠᠨᠳᠤᠯᠭ᠋ᠠᠲᠤ ᠴᠢᠨᠠᠷᠲᠠᠢ ᠰᠢᠢ᠍ᠳᠪᠦᠷᠢᠯᠡᠬᠦ ᠰᠠᠨᠠᠯ ᠳᠤᠷᠠᠳᠴᠤ᠂ ᠵᠠᠬᠢᠳᠠᠯ ᠰᠤᠷᠪᠤᠯᠵᠢᠯᠠᠯ᠎ᠤᠨ ᠢᠯᠡᠴᠢᠯᠡᠨ ᠮᠡᠳᠡᠭᠦᠯᠦᠯᠳᠡ ᠨᠡᠯᠢᠶᠡᠳ ᠲᠥᠪᠯᠡᠷᠡᠭᠰᠡᠨ ᠣᠷᠣᠨ ᠨᠤᠲᠤᠭ᠂ ᠰᠠᠯᠠᠭ᠎ᠠ ᠮᠥᠴᠢᠷ᠂ ᠨᠢᠭᠡᠴᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠱᠠᠯᠠᠪᠲᠠᠠ ᠱᠠᠭ᠋ᠠᠷᠲᠠᠵᠦ ᠪᠠᠶ᠋ᠢᠭ᠋ᠠᠳ ᠰᠢᠯᠲᠠᠭ᠋ᠠᠨ᠎ᠢ᠎ᠨᠢ ᠡᠷᠢᠭᠦᠯᠵᠦ ᠵᠠᠳᠠᠯᠤᠯᠲᠠ ᠬᠢᠯᠭᠡᠬᠦ ᠬᠡᠷᠡᠭᠲᠡᠢ᠃ ᠳᠣᠤᠷᠠᠳᠤ ᠱᠠᠲᠤᠨ᠎ᠤ 《ᠨᠢᠭᠡᠳᠦᠭᠡᠷ ᠬᠠᠷᠢᠭᠤᠴᠠᠯᠭ᠋ᠠᠲᠠᠠ》 ᠵᠢᠴᠢ ᠤᠳᠤᠷᠢᠳᠬᠤ ᠪᠠᠭ᠎ᠤᠨ ᠪᠤᠰᠤᠳ ᠪᠦᠷᠢᠯᠳᠦᠬᠦᠨ᠎ᠳᠤ ᠬᠤᠯᠪᠣᠭᠳᠠᠬᠰᠠᠠ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ᠎ᠳᠤ ᠲᠤᠰᠬᠠᠶ ᠰᠡᠳᠦᠪ ᠵᠶ᠋ᠠᠷ ᠵᠠᠳᠠᠯᠤᠯᠲᠠ ᠬᠢᠵᠦ᠂ ᠨᠡᠶ᠋ᠢᠭᠡᠮ᠎ᠤᠨ ᠲᠤᠰᠬᠠᠯ ᠵᠶ᠋ᠠᠷ ᠲᠣᠪᠤᠶ᠋ᠢᠮ᠎ᠠ᠂ ᠣᠯᠠᠨ ᠲᠦᠮᠡᠨ᠎ᠤ ᠦᠨᠡᠯᠡᠯᠲᠠ ᠨᠡᠯᠢᠶᠡᠳ ᠠᠨᠠᠶ ᠪᠠᠶ᠋ᠢᠬᠤ ᠤᠳᠤᠷᠢᠳᠬᠤ ᠺᠠᠳ᠋ᠷ᠎ᠤᠨ ᠪᠠᠶ᠋ᠢᠳᠠᠯ᠎ᠢ ᠴᠠᠭ ᠲᠤᠬᠠᠶ᠎ᠳᠤᠨᠢ ᠮᠡᠳᠡᠭᠦᠯᠵᠦ᠂ ᠡᠩ᠎ᠤᠨ ᠴᠢᠨᠠᠷᠲᠠᠶ ᠠᠰᠠᠭᠤᠳᠠᠯ᠎ᠳᠤ ᠰᠡᠳᠬᠢᠯ᠎ᠤᠨ ᠦᠭᠡ᠎ᠪᠠᠨ ᠬᠡᠯᠡᠯᠴᠡᠨ ᠶᠠᠷᠢᠯᠴᠠᠬᠤ ᠬᠡᠷᠡᠭᠲᠡᠶ᠃
(ᠬᠤᠷᠢᠨ ᠨᠢᠭᠡ) ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠪᠠᠶ᠋ᠢᠩᠭᠤᠵᠢᠭᠤᠯᠬᠤ ᠵᠢ ᠠᠬᠢᠭᠤᠯᠵᠤ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠰᠠᠨᠠᠭᠤᠯᠭ᠎ᠠ ᠵᠢᠨ ᠲᠦᠷᠢᠮ᠎ᠢ ᠲᠡᠭᠦᠯᠳᠡᠷᠵᠢᠭᠦᠯᠦᠨ᠎ᠡ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠂ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠎ᠤᠨ᠎ᠬᠢᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠴᠡᠭᠴᠡᠯᠡᠨ ᠰᠠᠶ᠋ᠢᠵᠢᠷᠠᠭᠤᠯᠤᠭᠰᠠᠨ ᠮᠡᠳᠡᠭᠦᠯᠦᠯᠲᠡ ᠵᠢ ᠬᠢᠨᠠᠨ ᠬᠠᠷᠭᠤᠭᠤᠯᠬᠤ᠂ ᠭᠤᠤᠯᠳᠠᠯᠭ᠎ᠠ᠎ᠲᠠᠢ ᠠᠰᠠᠭᠤᠳᠠᠯ᠎ᠢ ᠱᠠᠯᠠᠪᠳᠠᠭᠤᠯᠤᠨ ᠰᠢᠢ᠍ᠳᠪᠦᠷᠢᠯᠡᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠵᠢ ᠱᠠᠯᠠᠪᠳᠠᠭᠤᠯᠤᠨ ᠱᠠᠭ᠋ᠠᠷᠲᠠᠬᠤ ᠬᠡᠷᠡᠭᠲᠡᠶ᠃ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠬᠦᠨᠳᠦ ᠨᠣᠴᠢᠲᠠᠶ ᠵᠥᠷᠢᠴᠡᠭᠰᠡᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ᠎ᠳᠤ ᠢᠯᠡᠷᠡᠭᠰᠡᠨ ᠠᠰᠠᠭᠤᠳᠠᠯ᠎ᠳᠤ ᠴᠢᠭᠯᠡᠭᠦᠯᠦᠨ ᠰᠡᠷᠡᠮᠵᠢᠯᠡᠭᠦᠯᠬᠦ ᠬᠥᠮᠦᠵᠢᠯ ᠥᠷᠨᠢᠭᠦᠯᠬᠦ ᠬᠡᠷᠡᠭᠲᠡᠶ᠃ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠰᠠᠨᠠᠭᠤᠯᠭ᠎ᠠ ᠳᠤᠷᠠᠳᠬᠤ᠂ ᠱᠠᠯᠠᠪᠲᠠᠭᠤᠯᠤᠨ ᠰᠢᠢ᠍ᠳᠪᠦᠷᠢᠯᠡᠭᠦᠯᠬᠦ᠂ ᠬᠠᠷᠢᠭᠤ ᠲᠤᠰᠬᠠᠬᠤ ᠪᠠ ᠬᠠᠷᠢᠭᠤ ᠰᠤᠷᠪᠤᠯᠵᠢᠯᠠᠵᠤ ᠬᠢᠨᠠᠯᠲᠠ ᠲᠠᠯᠪᠢᠬᠤ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠳᠠᠢ᠃ ᠴᠡᠭᠴᠡᠯᠡᠨ ᠰᠠᠶ᠋ᠢᠵᠢᠷᠠᠭᠤᠯᠤᠭᠰᠠᠨ ᠠᠰᠠᠭᠤᠳᠠᠯ᠎ᠢ ᠴᠠᠭ ᠲᠤᠬᠠᠶ᠎ᠳᠤᠨᠢ ᠪᠣᠳᠠᠲᠠᠶ᠋ᠢᠵᠢᠭᠤᠯᠤᠭᠰᠠᠨ ᠥᠬᠡᠶ ᠴᠢᠨᠠᠭᠰᠢᠯᠠᠪᠠᠯ ᠴᠡᠭᠴᠡᠯᠡᠨ ᠰᠠᠶ᠋ᠢᠵᠢᠷᠠᠭᠤᠯᠬᠤ ᠵᠢ ᠲᠡᠪᠴᠢᠭᠰᠡᠨ ᠪᠠᠶ᠋ᠢᠪᠠᠯ᠂ ᠲᠦᠷᠢᠮ ᠲᠣᠭᠲᠠᠭ᠋ᠠᠯ ᠰᠠᠬᠢᠯᠭ᠎ᠠ ᠪᠠᠳᠤ ᠶᠣᠰᠣᠭ᠋ᠠᠷ ᠴᠢᠩᠭ᠎ᠠ ᠰᠢᠢ᠍ᠳᠪᠦᠷᠢᠯᠡᠵᠦ᠂ ᠨᠡᠶ᠋ᠢᠲᠡᠯᠢᠭ ᠠᠰᠠᠭᠤᠳᠠᠯ᠎ᠢ ᠵᠠᠷᠯᠠᠨ ᠨᠡᠶ᠋ᠢᠲᠡᠯᠡᠵᠦ ᠢᠯᠡᠴᠢᠯᠡᠬᠦ ᠬᠡᠷᠡᠭᠲᠡᠶ᠃
ᠲᠠᠪᠤ᠂ ᠬᠢᠨᠠᠯᠲᠠ ᠲᠠᠯᠪᠢᠬᠤ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠦᠨᠡᠨ ᠬᠦ᠌ ᠴᠢᠩᠭ᠋ᠠᠳᠬᠠᠬᠤ ᠬᠡᠷᠡᠭᠳᠠᠢ
(ᠬᠤᠷᠢᠨ ᠬᠤᠶᠠᠷ) ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠨᠠᠮ᠎ᠤᠨ ᠳᠣᠲᠣᠭ᠋ᠠᠳᠤ ᠵᠢᠨ ᠬᠢᠨᠠᠯᠲᠠ ᠲᠠᠯᠪᠢᠬᠤ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠡᠷᠬᠡᠪᠰᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠤᠬᠠᠢ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠡᠷᠡᠰ ᠨᠠᠶ᠋ᠢᠳᠠᠪᠤᠷᠢᠵᠢᠭᠤᠯᠵᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠵᠢᠨ ᠵᠶ᠋ᠠᠨ ᠨᠠᠮ᠎ᠤᠨ ᠳᠣᠲᠣᠭ᠋ᠠᠳᠤ ᠵᠢᠨ ᠬᠢᠨᠠᠯᠲᠠ ᠲᠠᠯᠪᠢᠬᠤ ᠠᠵᠢᠯ᠎ᠢ ᠰᠠᠶ᠋ᠢᠲᠤᠷ ᠤᠳᠤᠷᠢᠳᠴᠤ᠂ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠠᠳᠬᠤᠬᠤ ᠬᠡᠷᠡᠭᠲᠡᠢ᠃ 《ᠨᠢᠭᠡᠳᠦᠭᠡᠷ ᠬᠠᠷᠢᠭᠤᠴᠠᠯᠭ᠋ᠠᠲᠠᠠ》 ᠪᠠ ᠤᠳᠤᠷᠢᠳᠬᠤ ᠪᠠᠭ᠎ᠲᠤ ᠬᠢᠨᠠᠯᠲᠠ ᠲᠠᠯᠪᠢᠬᠤ ᠵᠢ ᠨᠠᠮ᠎ᠢ ᠬᠠᠮᠢᠶᠠᠷᠴᠤ ᠨᠠᠮ᠎ᠢ ᠵᠠᠰᠠᠬᠤ ᠵᠢᠨ ᠲᠤᠪᠤᠶ᠋ᠢᠮ᠎ᠠ ᠪᠠᠶ᠋ᠢᠷᠢᠨ᠎ᠳᠤ ᠲᠠᠯᠪᠢᠵᠤ᠂ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠢ ᠰᠠᠶ᠋ᠢᠲᠤᠷ ᠠᠳᠬᠤᠬᠤ᠎ᠪᠠᠷ ᠳᠠᠮᠵᠢᠭᠤᠯᠤᠨ 《ᠵᠣᠩᠬᠢᠯᠠᠬᠤ ᠤᠯᠠᠨ ᠲᠣᠭ᠋ᠠᠲᠠᠨ》᠎ᠢ ᠳᠠᠶ᠋ᠢᠴᠢᠯᠠᠬᠤ ᠬᠡᠷᠡᠭᠲᠡᠢ᠃ ᠨᠠᠮ᠎ᠤᠨ ᠳᠣᠲᠣᠭ᠋ᠠᠳᠤ ᠵᠢᠨ ᠡᠯ᠎ᠡ ᠵᠦᠢ᠍ᠯ᠎ᠤᠨ ᠬᠢᠨᠠᠯᠲᠠ ᠲᠠᠯᠪᠢᠯᠲᠠ ᠵᠢ ᠨᠢᠭᠡᠲᠦᠯᠲᠡᠢ ᠲᠥᠯᠥᠪᠵᠢᠭᠦᠯᠦᠨ᠂ ᠰᠠᠬᠢᠯᠭ᠎ᠠ ᠪᠠᠲᠤ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠲᠡᠮᠵᠢᠬᠦ ᠪᠦᠭᠡᠳ ᠬᠢᠨᠠᠯᠲᠠ ᠲᠠᠯᠪᠢᠵᠤ᠂ ᠨᠠᠮ᠎ᠤᠨ ᠠᠵᠢᠯ᠎ᠤᠨ ᠪᠠᠶ᠋ᠢᠭᠤᠯᠭ᠎ᠠ ᠵᠢ ᠱᠠᠯᠠᠪᠲᠠᠭᠤᠯᠵᠦ ᠪᠠᠶ᠋ᠢᠭ᠋ᠠᠳ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ᠎ᠳᠠᠬᠢ ᠡᠭᠦᠷᠭᠡ ᠴᠢᠳᠠᠪᠤᠷᠢ ᠵᠢᠨ ᠬᠢᠨᠠᠯᠲᠠ ᠲᠠᠯᠪᠢᠬᠤ ᠠᠵᠢᠯ᠎ᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠡᠳᠦᠷ ᠲᠤᠳᠤᠮ᠎ᠤᠨ ᠬᠢᠨᠠᠯᠲᠠ ᠲᠠᠯᠪᠢᠯᠲᠠ ᠪᠠ ᠨᠠᠮ᠎ᠤᠨ ᠭᠡᠰᠢᠭᠦᠨ᠎ᠤ ᠠᠷᠠᠳᠴᠢᠯᠠᠯ ᠵᠶ᠋ᠠᠷ ᠬᠢᠨᠠᠯᠲᠠ ᠲᠠᠯᠪᠢᠬᠤ ᠦᠢ᠍ᠯᠡᠳᠦᠯ᠎ᠢ ᠪᠠᠳᠠᠷᠠᠭᠤᠯᠬᠤ ᠵᠢ ᠴᠢᠬᠤᠯᠠᠴᠢᠯᠠᠬᠤ ᠬᠡᠷᠡᠭᠳᠠᠢ᠃
(ᠬᠤᠷᠢᠨ ᠭᠤᠷᠪᠠ) ᠨᠠᠮ᠎ᠤᠨ ᠳᠣᠲᠣᠭ᠋ᠠᠳᠤ ᠵᠢᠨ ᠬᠢᠨᠠᠯᠲᠠ ᠲᠠᠯᠪᠢᠯᠲᠠ᠎ᠪᠠᠷ ᠤᠳᠤᠷᠢᠳᠤᠮᠵᠢ ᠪᠣᠯᠭ᠋ᠠᠵᠤ᠂ ᠡᠯ᠎ᠡ ᠲᠦᠷᠦᠯ᠎ᠤᠨ ᠬᠢᠨᠠᠯᠲᠠ ᠲᠠᠯᠪᠢᠯᠲᠠ ᠵᠢ ᠬᠤᠯᠪᠤᠯᠳᠤᠭᠤᠯᠤᠨ ᠨᠡᠪᠲᠡᠷᠡᠭᠦᠯᠦᠨ᠎ᠡ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠨᠠᠮ᠎ᠤᠨ ᠳᠣᠲᠣᠭ᠋ᠠᠳᠤ ᠵᠢᠨ ᠬᠢᠨᠠᠯᠲᠠ ᠲᠠᠯᠪᠢᠯᠲᠠ ᠵᠢᠨ ᠳᠠᠶ᠋ᠢᠴᠢᠯᠠᠬᠤ ᠦᠢ᠍ᠯᠡᠳᠦᠯ᠎ᠢ ᠦᠨᠡᠨ ᠬᠦ᠌ ᠪᠠᠳᠠᠷᠠᠭᠤᠯᠵᠤ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠢᠨᠠᠯᠲᠠ ᠲᠠᠯᠪᠢᠯᠲᠠ᠂ ᠠᠷᠠᠳᠴᠢᠯᠠᠭᠰᠠᠨ ᠬᠢᠨᠠᠯᠲᠠ ᠲᠠᠯᠪᠢᠯᠲᠠ᠂ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠯᠲᠠ᠂ ᠬᠠᠤᠯᠢ ᠴᠠᠭ᠋ᠠᠵᠠ ᠵᠢᠨ ᠬᠢᠨᠠᠯᠲᠠ ᠲᠠᠯᠪᠢᠯᠲᠠ᠂ ᠬᠢᠨᠠᠨ ᠪᠤᠳᠤᠬᠤ ᠬᠢᠨᠠᠯᠲᠠ ᠲᠠᠯᠪᠢᠯᠲᠠ᠂ ᠡᠳ᠋᠎ᠤᠨ ᠶᠠᠪᠤᠳᠠᠯ ᠪᠠ ᠨᠢᠭᠲᠠᠯᠠᠨ ᠪᠤᠳᠤᠬᠤ ᠬᠢᠨᠠᠯᠲᠠ ᠲᠠᠯᠪᠢᠯᠲᠠ᠂ ᠲᠤᠭ᠎ᠠ ᠪᠦᠷᠢᠳᠬᠡᠯ᠎ᠤᠨ ᠬᠢᠨᠠᠯᠲᠠ ᠲᠠᠯᠪᠢᠯᠲᠠ᠂ ᠤᠯᠠᠨ ᠲᠦᠮᠡᠨ᠎ᠤ ᠬᠢᠨᠠᠯᠲᠠ ᠲᠠᠯᠪᠢᠯᠲᠠ᠂ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠯᠲᠠ ᠵᠢ ᠨᠡᠪᠲᠡᠷᠡᠭᠦᠯᠦᠨ ᠵᠣᠬᠢᠴᠠᠭᠤᠯᠬᠤ ᠵᠢ ᠠᠬᠢᠭᠤᠯᠵᠤ᠂ ᠬᠠᠮᠳᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠨᠢᠭᠡᠳᠦᠯᠲᠡᠶ ᠲᠥᠯᠥᠪᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠡᠯ᠎ᠡ ᠲᠥᠷᠥᠯ᠎ᠤᠨ ᠬᠢᠨᠠᠯᠲᠠ ᠲᠠᠯᠪᠢᠬᠤ ᠮᠡᠳᠡᠭᠡ ᠵᠠᠩᠭᠢ ᠵᠢᠨ ᠡᠬᠢ ᠪᠠᠶᠠᠯᠢᠭ᠎ᠢ ᠡᠮᠬᠢᠯᠡᠨ ᠨᠡᠶ᠋ᠢᠳᠭᠡᠵᠦ᠂ ᠲᠣᠮᠣ ᠳ᠋ᠠᠶ᠋ᠢᠲ᠋ᠠ ᠵᠢ ᠪᠦᠲᠦᠮᠵᠢᠲᠡᠶ ᠬᠡᠷᠡᠭᠯᠡᠨ᠂ ᠴᠢᠬᠤᠯᠠ ᠶᠡᠭᠡ ᠬᠢᠨᠠᠯᠲᠠ ᠲᠠᠯᠪᠢᠬᠤ ᠵᠦᠢ᠍ᠯᠡᠰ᠎ᠢ ᠵᠥᠪᠳᠡᠯᠴᠡᠵᠦ ᠰᠤᠳᠤᠯᠤᠨ ᠮᠠᠭ᠋ᠠᠳᠯᠠᠬᠤ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠠᠰᠠᠭᠤᠳᠠᠯ᠎ᠤᠨ ᠰᠦᠪᠡᠭᠴᠢ ᠵᠢ ᠰᠢᠯᠵᠢᠭᠦᠯᠦᠨ ᠬᠦᠷᠭᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠰᠣᠨᠣᠰᠴᠤ᠂ ᠡᠯ᠎ᠡ ᠲᠥᠷᠥᠯ᠎ᠤᠨ ᠬᠢᠨᠠᠯᠲᠠ ᠲᠠᠯᠪᠢᠯᠲᠠ ᠵᠢ ᠨᠠᠩ ᠬᠠᠮᠵᠢᠯᠴᠠᠨ ᠪᠦᠲᠦᠮᠵᠢᠲᠡᠶ ᠪᠣᠯᠭ᠋ᠠᠬᠤ ᠬᠡᠷᠡᠭᠲᠡᠶ᠃
(ᠬᠤᠷᠢᠨ ᠳᠥᠷᠪᠡ) ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠲᠤᠰᠬᠠᠶ ᠬᠠᠷᠢᠭᠤᠴᠠᠯᠭ᠋ᠠᠲᠦ ᠪᠠᠶ᠋ᠢᠭᠤᠯᠭ᠎ᠠ ᠵᠢᠨ ᠦᠶᠯᠡᠳᠦᠯ᠎ᠢ ᠪᠠᠳᠠᠷᠠᠭᠤᠯᠵᠤ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠵᠢ ᠴᠢᠩᠭ᠋ᠠᠳᠬᠠᠨ᠎ᠠ᠃ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ᠎ᠬᠢᠨ ᠤᠯᠤᠰ ᠲᠦᠷᠦ ᠵᠢᠨ ᠬᠢᠨᠠᠯᠲᠠ ᠲᠠᠯᠪᠢᠯᠲᠠ᠎ᠪᠠᠨ ᠴᠢᠩᠭ᠋ᠠᠳᠬᠠᠵᠤ᠂ ᠡᠳᠦᠷ ᠲᠤᠳᠤᠮ᠎ᠤᠨ ᠬᠢᠨᠠᠯᠲᠠ ᠲᠠᠯᠪᠢᠯᠲᠠ ᠵᠢ ᠪᠣᠳᠠᠲᠠᠶ᠋ᠢᠵᠢᠭᠤᠯᠵᠤ᠂ ᠡᠯ᠎ᠡ ᠱᠠᠲᠤᠨ᠎ᠤ 《ᠨᠢᠭᠡᠳᠦᠭᠡᠷ ᠬᠠᠷᠢᠭᠤᠴᠠᠯᠭ᠋ᠠᠲᠠᠠ》 ᠪᠠ ᠤᠳᠤᠷᠢᠳᠬᠤ ᠪᠠᠭᠤᠨᠬᠢᠨᠢ ᠱᠠᠯᠠᠪᠳᠠᠭᠤᠯᠤᠨ ᠱᠠᠭ᠋ᠠᠷᠳᠠᠵᠤ ᠪᠠᠶ᠋ᠢᠭ᠋ᠠᠳ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ ᠵᠢ ᠰᠠᠶ᠋ᠢᠲᠤᠷ ᠭᠦᠢ᠍ᠴᠡᠳᠬᠡᠭᠦᠯᠵᠦ᠂ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠢ᠃ 《ᠳᠥᠷᠪᠡᠨ ᠵᠦᠢ᠍ᠯ᠎ᠤᠨ ᠬᠡᠯᠪᠡᠷᠢ》᠎ᠢ ᠣᠨᠣᠪᠴᠢᠲᠠᠶ ᠪᠥᠭᠡᠳ ᠪᠦᠲᠦᠮᠵᠢᠲᠡᠶ ᠬᠡᠷᠡᠭᠯᠡᠵᠦ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠴᠢᠩᠭ᠎ᠠ ᠬᠡᠷᠡᠭᠵᠢᠭᠦᠯᠬᠦ᠎ᠪᠠᠷ ᠲᠦᠷᠢᠮ᠎ᠤᠨ ᠴᠢᠩᠭ᠎ᠠ ᠴᠢᠨᠠᠷ᠎ᠢ ᠴᠢᠩᠭ᠋ᠠᠳᠬᠠᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠡᠷᠬᠡ᠎ᠪᠠᠨ ᠠᠰᠢᠠᠠᠯᠠᠠ ᠠᠮᠢ᠎ᠪᠠᠨ ᠪᠣᠷᠳᠣᠭᠰᠠᠳᠢ ᠡᠷᠡᠰ ᠪᠠᠶ᠋ᠢᠴᠠᠭ᠋ᠠᠨ ᠰᠢᠢ᠍ᠳᠪᠦᠷᠢᠯᠡᠵᠦ᠂ ᠠᠳᠬᠤᠬᠤ ᠥᠬᠡᠶ ᠬᠠᠮᠢᠶᠠᠷᠬᠤ ᠥᠬᠡᠶ᠂ ᠲᠤᠰᠢᠶᠠᠯ᠎ᠳᠠᠭᠠᠨ ᠣᠰᠣᠯᠳᠠᠭᠰᠠᠳᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠳᠣᠣᠷᠠᠳᠤ ᠱᠠᠲᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠤᠳᠤᠷᠢᠳᠤᠯᠭ᠎ᠠ ᠵᠢ ᠴᠢᠩᠭ᠋ᠠᠳᠬᠠᠵᠤ᠂ ᠳᠣᠣᠷᠠᠳᠤ ᠱᠠᠲᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠬᠦ ᠵᠢ ᠶᠡᠭᠡ᠎ᠪᠠᠷ ᠳᠠᠮᠵᠢᠵᠤ᠂ ᠰᠠᠬᠢᠯᠭ᠎ᠠ ᠪᠠᠲᠤ᠎ᠪᠠᠷ ᠬᠢᠨᠠᠯᠲᠠ ᠲᠠᠯᠪᠢᠬᠤ᠂ ᠬᠢᠨᠠᠨ ᠪᠠᠶ᠋ᠢᠴᠠᠭ᠋ᠠᠵᠤ ᠬᠢᠨᠠᠯᠲᠠ ᠲᠠᠯᠪᠢᠬᠤ᠂ ᠲᠣᠮᠢᠯᠠᠨ ᠰᠠᠭᠤᠯᠭ᠋ᠠᠵᠤ ᠬᠢᠨᠠᠯᠲᠠ ᠲᠠᠯᠪᠢᠬᠤ᠂ ᠲᠣᠭᠤᠷᠢᠨ ᠪᠠᠶ᠋ᠢᠴᠠᠭ᠋ᠠᠵᠤ ᠬᠢᠨᠠᠯᠲᠠ ᠲᠠᠯᠪᠢᠬᠤ ᠵᠢ ᠨᠢᠭᠡᠳᠦᠯᠲᠡᠶ ᠲᠥᠯᠥᠪᠵᠢᠭᠦᠯᠦᠨ ᠵᠣᠯᠭ᠋ᠠᠭᠤᠯᠬᠤ ᠵᠢ ᠠᠬᠢᠭᠤᠯᠵᠤ᠂ ᠪᠦᠬᠦᠨ᠎ᠢ ᠬᠠᠮᠤᠷᠬᠤ ᠬᠢᠨᠠᠯᠲᠠ ᠲᠠᠯᠪᠢᠯᠲᠠ ᠵᠢᠨ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠳᠠᠢ᠃ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠲᠤᠰ ᠪᠡᠶ᠎ᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠳᠣᠲᠣᠭ᠋ᠠᠳᠤ ᠡᠵᠡᠮᠳᠡᠯ᠎ᠤᠨ ᠲᠣᠭᠲᠠᠴᠠ ᠵᠢ ᠲᠡᠭᠦᠯᠳᠡᠷᠵᠢᠭᠦᠯᠦᠨ᠂ ᠤᠬᠠᠮᠰᠠᠷ᠎ᠠᠴᠠ᠎ᠪᠠᠨ ᠬᠢᠨᠠᠯᠲᠠ ᠲᠠᠯᠪᠢᠯᠲᠠ ᠵᠢ ᠬᠦᠯᠢᠶᠡᠵᠦ᠂ ᠡᠷᠬᠡ ᠵᠢ ᠴᠢᠩᠭ᠎ᠠ ᠬᠢᠵᠠᠭ᠋ᠠᠷᠯᠠᠬᠤ ᠵᠢ ᠦᠨᠡᠨ ᠬᠦ᠌ ᠪᠠᠲᠤᠯᠠᠬᠤ ᠬᠡᠷᠡᠭᠳᠠᠢ᠃
(ᠬᠤᠷᠢᠨ ᠲᠠᠪᠤ) ᠰᠢᠨ᠎ᠡ ᠡᠭᠦᠳᠦᠯᠳᠡ ᠵᠢ ᠢᠳᠡᠪᠬᠢᠲᠡᠶ ᠰᠦᠪᠡᠭᠴᠢᠯᠡᠵᠦ᠂ ᠴᠢᠭᠯᠡᠭᠦᠯᠦᠯᠲᠦ ᠴᠢᠨᠠᠷ᠂ ᠪᠦᠲᠦᠮᠵᠢᠲᠦ ᠴᠢᠨᠠᠷ᠎ᠢ ᠴᠢᠩᠭ᠋ᠠᠷᠠᠭᠤᠯᠤᠨ᠎ᠠ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠤᠳᠤᠷᠢᠳᠬᠤ ᠺᠠᠳ᠋ᠷ ᠲᠤᠰ ᠰᠠᠨᠠᠯ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠰᠠᠶ᠋ᠢᠲᠤᠷ ᠠᠳᠬᠤᠵᠤ᠂ ᠡᠯ᠎ᠡ ᠵᠦᠢ᠍ᠯ᠎ᠤᠨ ᠬᠢᠨᠠᠯᠲᠠ ᠲᠠᠯᠪᠢᠯᠲᠠ ᠵᠢᠨ ᠲᠦᠷᠢᠮ᠎ᠢ ᠲᠡᠷᠡ ᠶᠣᠰᠣᠭ᠋ᠠᠷ᠎ᠨᠢ ᠲᠤᠭᠤᠰᠢᠲᠠᠢ ᠬᠡᠷᠡᠭᠵᠢᠭᠦᠯᠬᠦ ᠬᠡᠷᠡᠭᠲᠡᠢ᠃ ᠲᠥᠷᠥᠯ ᠬᠤᠪᠢᠶᠠᠨ ᠵᠢᠯᠣᠭᠤᠳᠬᠤ ᠵᠢ ᠴᠢᠩᠭ᠋ᠠᠳᠬᠠᠵᠤ᠂ ᠬᠢᠨᠠᠯᠲᠠ ᠲᠠᠯᠪᠢᠬᠤ ᠠᠷᠭ᠎ᠠ ᠬᠡᠮᠵᠢᠶ᠎ᠡ ᠵᠢ ᠨᠠᠷᠢᠯᠢᠭᠵᠢᠭᠤᠯᠬᠤ ᠭᠡᠷᠡᠭᠲᠡᠢ᠃ ᠦᠵᠦ ᠲᠥᠯᠥᠪᠯᠡᠭᠡ ᠪᠣᠯᠤᠨ ᠦᠨᠳᠦᠰᠦᠨ ᠱᠠᠲᠤᠨ᠎ᠤ ᠰᠢᠨ᠎ᠡ ᠡᠭᠦᠳᠦᠯᠳᠡ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠵᠤ᠂ ᠣᠷᠣᠨ ᠨᠤᠲᠤᠭ᠂ ᠰᠠᠯᠠᠭ᠎ᠠ ᠮᠥᠴᠢᠷ ᠪᠣᠯᠤᠨ ᠨᠢᠭᠡᠴᠢ ᠵᠢ ᠵᠣᠷᠢᠭᠵᠢᠭᠤᠯᠤᠨ ᠬᠢᠨᠠᠯᠲᠠ ᠲᠠᠯᠪᠢᠯᠲᠠ ᠵᠢ ᠴᠢᠩᠭ᠋ᠠᠷᠠᠭᠤᠯᠬᠤ ᠪᠦᠲᠦᠮᠵᠢᠲᠡᠶ ᠠᠷᠭ᠎ᠠ ᠵᠢ ᠰᠦᠪᠡᠭᠴᠢᠯᠡᠵᠦ᠂ ᠲᠤᠷᠰᠢᠯᠭ᠎ᠠ᠎ᠪᠠᠨ ᠴᠠᠭ ᠲᠤᠬᠠᠶ᠎ᠳᠤᠨᠢ ᠳ᠋ᠥᠩᠨᠡᠵᠦ᠂ ᠬᠢᠨᠠᠯᠲᠠ ᠲᠠᠯᠪᠢᠯᠲᠠ ᠵᠢᠨ ᠪᠣᠳᠠᠲᠤ ᠦᠷ᠎ᠡ ᠪᠦᠲᠦᠮᠵᠢ ᠵᠢ ᠲᠠᠰᠤᠷᠠᠯᠲᠠ ᠤᠢ᠍ᠭᠡᠢ ᠨᠡᠮᠡᠭᠳᠡᠭᠦᠯᠬᠦ ᠬᠡᠷᠡᠭᠳᠠᠢ᠃