ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠢᠷᠭᠡᠨ᠎ᠤ ᠬᠠᠤᠯᠢ ᠵᠢᠨ ᠪᠢᠴᠢᠭ᠎ᠤᠨ ᠤᠰᠤᠨ ᠠᠰᠢᠭᠯᠠᠯᠲᠠ ᠵᠢᠨ ᠠᠵᠢᠯ᠎ᠳᠤ ᠬᠣᠯᠪᠣᠭᠳᠠᠬᠤ ᠬᠣᠯᠪᠣᠭᠳᠠᠯ ᠪᠦᠬᠦᠢ ᠵᠤᠢ᠌ᠯ ᠵᠤᠷᠪᠤᠰ
ᠨᠡᠶ᠋ᠢᠲᠡᠯᠡᠭᠰᠡᠨ ᠴᠠᠭ᠄ 2021-08-24

ᠢᠷᠭᠡᠨ᠎ᠤ ᠬᠠᠤᠯᠢ ᠵᠢᠨ ᠦᠨᠳᠦᠰᠦᠨ ᠵᠠᠷᠴᠢᠮ᠎ᠤᠨ ᠲᠤᠬᠠᠶ ᠲᠣᠭᠲᠠᠭ᠋ᠠᠯ
        ᠶᠡᠷᠦᠩᠬᠡᠶ ᠲᠤᠢ᠍ᠷᠢᠮ᠎ᠤᠨ ᠠᠡᠭᠬᠢ
    ᠨᠢᠭᠡᠳᠦᠭᠡᠷ ᠪᠦᠯᠦᠭ   ᠦᠨᠳᠦᠰᠦᠨ ᠲᠣᠭᠲᠠᠭ᠋ᠠᠯ
    ᠳᠥᠷᠪᠡᠳᠦᠭᠡᠷ   ᠵᠤᠢ᠌ᠯ   ᠢᠷᠭᠡᠨ᠎ᠤ ᠬᠡᠷᠡᠭ᠎ᠤᠨ ᠪᠡᠶᠡᠴᠢ ᠴᠣᠭᠴᠠ ᠵᠢᠨ ᠢᠷᠭᠡᠨ᠎ᠤ ᠬᠡᠷᠡᠭ᠎ᠤᠨ ᠠᠵᠢᠯᠯᠠᠭ᠎ᠠ᠎ᠳᠠᠬᠢ ᠬᠠᠤᠯᠢ ᠴᠠᠭ᠋ᠠᠵᠠ ᠵᠢᠨ ᠪᠠᠶ᠋ᠢᠷᠢ ᠰᠠᠭᠤᠷᠢ᠎ᠨᠢ ᠴᠥᠮ ᠠᠳᠠᠯᠢ ᠲᠡᠭᠰᠢ ᠪᠠᠶ᠋ᠢᠳᠠᠭ᠃
    ᠲᠠᠪᠤᠳᠤᠭ᠋ᠠᠷ ᠵᠦᠢ᠍ᠯ ᠢᠷᠭᠡᠨ᠎ᠤ ᠬᠡᠷᠡᠭ᠎ᠤᠨ ᠪᠡᠶᠡᠴᠢ ᠴᠣᠭᠴᠠ ᠢᠷᠭᠡᠨ᠎ᠤ ᠬᠡᠷᠡᠭ᠎ᠤᠨ ᠠᠵᠢᠯᠯᠠᠭ᠎ᠠ ᠬᠢᠬᠦ᠎ᠳᠡᠭᠡᠨ ᠰᠠᠢ᠍ᠢ᠍ᠨ ᠳᠤᠷ᠎ᠠ ᠵᠢᠨ ᠪᠠᠶ᠋ᠢᠬᠤ ᠵᠠᠷᠴᠢᠮ᠎ᠢ ᠵᠢᠷᠤᠮᠯᠠᠨ᠂ ᠥᠪᠡᠷ᠎ᠤᠨ ᠰᠠᠨᠠᠭ᠎ᠠ᠎ᠪᠠᠷ ᠵᠶ᠋ᠠᠨ ᠢᠷᠭᠡᠨ᠎ᠤ ᠬᠡᠷᠡᠭ᠎ᠤᠨ ᠬᠠᠤᠯᠢ ᠴᠠᠭ᠋ᠠᠵᠠ ᠵᠢᠨ ᠬᠠᠷᠢᠴᠠᠭ᠎ᠠ ᠵᠢ ᠪᠠᠶ᠋ᠢᠭᠤᠯᠵᠤ᠂ ᠬᠤᠪᠢᠷᠠᠭᠤᠯᠵᠤ᠂ ᠳᠠᠭᠤᠰᠬᠠᠬᠤ ᠬᠡᠷᠡᠭᠲᠡᠶ᠃
    ᠵᠢᠷᠭᠤᠳᠤᠭ᠋ᠠᠷ   ᠵᠤᠢ᠌ᠯ   ᠢᠷᠭᠡᠨ᠎ᠤ ᠬᠡᠷᠡᠭ᠎ᠤᠨ ᠪᠡᠶᠡᠴᠢ ᠴᠣᠭᠴᠠ ᠢᠷᠭᠡᠨ᠎ᠤ ᠬᠡᠷᠡᠭ᠎ᠤᠨ ᠠᠵᠢᠯᠯᠠᠭ᠎ᠠ ᠬᠢᠬᠦ᠎ᠳᠡᠭᠡᠨ ᠲᠥᠪ ᠭᠣᠣᠯᠴᠢ ᠪᠠᠶ᠋ᠢᠬᠤ ᠵᠠᠷᠴᠢᠮ᠎ᠢ ᠵᠢᠷᠤᠮᠯᠠᠵᠤ᠂ ᠡᠯ᠎ᠡ ᠲᠠᠯ᠎ᠠ ᠵᠢᠨ᠎ᠬᠢᠨ᠎ᠤ ᠡᠷᠬᠡ ᠪᠠ ᠡᠭᠦᠷᠭᠡ ᠵᠢ ᠵᠦᠢ ᠵᠣᠬᠢᠰᠲᠠᠶ᠎ᠪᠠᠷ ᠲᠣᠭᠲᠠᠭ᠋ᠠᠬᠤ ᠬᠡᠷᠡᠭᠲᠡᠶ᠃
    ᠳᠣᠯᠣᠳᠤᠭ᠋ᠠᠷ ᠵᠦᠢ᠍ᠯ ᠢᠷᠭᠡᠨ᠎ᠤ ᠬᠡᠷᠡᠭ᠎ᠤᠨ ᠪᠡᠶᠡᠴᠢ ᠴᠣᠭᠴᠠ ᠢᠷᠭᠡᠨ᠎ᠤ ᠬᠡᠷᠡᠭ᠎ᠤᠨ ᠠᠵᠢᠯᠯᠠᠭ᠎ᠠ ᠬᠢᠬᠦ᠎ᠳᠡᠭᠡᠨ ᠦᠨᠡᠨᠴᠢ ᠢᠲᠡᠭᠡᠮᠵᠢᠲᠡᠶ ᠪᠠᠶ᠋ᠢᠬᠤ ᠵᠠᠷᠴᠢᠮ᠎ᠢ ᠵᠢᠷᠤᠮᠯᠠᠨ᠂ ᠦᠨᠡᠨᠴᠢ ᠰᠢᠳᠤᠷᠭᠤ ᠪᠠᠶ᠋ᠢᠵᠤ᠂ ᠠᠮᠠᠯᠠᠯᠲᠠ᠎ᠪᠠᠨ ᠬᠢᠴᠢᠶᠡᠩᠭᠦᠶ᠋ᠢᠯᠡᠨ ᠵᠢᠷᠤᠮᠯᠠᠬᠤ ᠬᠡᠷᠡᠭᠲᠡᠶ᠃
    ᠨᠠᠢ᠍ᠮᠠᠳᠤᠭ᠋ᠠᠷ   ᠵᠤᠢ᠌ᠯ   ᠢᠷᠭᠡᠨ᠎ᠤ ᠬᠡᠷᠡᠭ᠎ᠤᠨ ᠪᠡᠶᠡᠴᠢ ᠴᠣᠭᠴᠠ ᠢᠷᠭᠡᠨ᠎ᠤ ᠬᠡᠷᠡᠭ᠎ᠤᠨ ᠠᠵᠢᠯᠯᠠᠭ᠎ᠠ ᠬᠢᠬᠦ᠎ᠳᠡᠭᠡᠨ ᠬᠠᠤᠯᠢ ᠴᠠᠭ᠋ᠠᠵᠠ ᠵᠢ ᠵᠥᠷᠢᠴᠡᠵᠦ ᠪᠣᠯᠬᠤ ᠦᠭᠡᠢ᠂ ᠨᠡᠶ᠋ᠢᠲᠡ ᠵᠢᠨ ᠡᠮᠬᠢ ᠵᠢᠷᠤᠮ ᠪᠠ ᠰᠠᠢ᠍ᠢ᠍ᠨ ᠰᠠᠶ᠋ᠢᠬᠠᠨ ᠬᠡᠪ ᠵᠠᠩᠰᠢᠯ᠎ᠢ ᠵᠥᠷᠢᠴᠡᠵᠦ ᠪᠣᠯᠬᠤ ᠦᠭᠡᠢ᠃
    ᠶᠢᠰᠦᠳᠦᠭᠡᠷ ᠵᠦᠢ᠍ᠯ ᠢᠷᠭᠡᠨ᠎ᠤ ᠬᠡᠷᠡᠭ᠎ᠤᠨ ᠪᠡᠶᠡᠴᠢ ᠴᠣᠭᠴᠠ ᠢᠷᠭᠡᠨ᠎ᠤ ᠬᠡᠷᠡᠭ᠎ᠤᠨ ᠠᠵᠢᠯᠯᠠᠭ᠎ᠠ ᠬᠢᠬᠦ᠎ᠳᠡᠭᠡᠨ ᠡᠬᠢ ᠪᠠᠶᠠᠯᠢᠭ᠎ᠢ ᠠᠷᠪᠢᠯᠠᠬᠤ᠂ ᠠᠮᠢ ᠠᠬᠤᠶ ᠵᠢᠨ ᠣᠷᠴᠢᠨ   ᠲᠤᠭᠤᠷᠢᠨ᠎ᠢ ᠬᠠᠮᠠᠭ᠋ᠠᠯᠠᠬᠤ᠎ᠳᠤ ᠠᠰᠢᠭᠲᠠᠶ ᠪᠠᠶ᠋ᠢᠯᠭ᠋ᠠᠬᠤ ᠬᠡᠷᠡᠭᠲᠡᠶ᠃
   
  ᠤᠰᠤᠨ ᠤᠷᠤᠰᠬᠠᠯ᠂ ᠤᠰᠤᠨ ᠠᠰᠢᠭᠯᠠᠯᠲᠠ ᠵᠢᠨ ᠲᠥᠬᠥᠭᠡᠷᠦᠮᠵᠢ ᠵᠢᠨ ᠥᠮᠴᠢᠯᠡᠯ᠎ᠤᠨ ᠡᠷᠬᠡ᠂ ᠤᠰᠤ ᠲᠠᠲᠠᠬᠤ ᠡᠷᠬᠡ ᠵᠢᠨ ᠲᠤᠬᠠᠶ ᠲᠣᠭᠲᠠᠭ᠋ᠠᠯ
      ᠪᠣᠳᠠᠰ᠎ᠤᠨ ᠡᠷᠬᠡ ᠵᠢᠨ ᠠᠩᠬᠢ
    ᠲᠠᠪᠤᠳᠤᠭ᠋ᠠᠷ ᠪᠦᠯᠦᠭ ᠤᠯᠤᠰ᠎ᠤᠨ ᠥᠮᠴᠢᠯᠡᠯ᠎ᠤᠨ ᠡᠷᠬᠡ ᠪᠠ ᠬᠠᠮᠲᠤ ᠵᠢᠨ ᠥᠮᠴᠢᠯᠡᠯ᠎ᠤᠨ ᠡᠷᠬᠡ᠂ ᠬᠤᠪᠢ ᠵᠢᠨ ᠥᠮᠴᠢᠯᠡᠯ᠎ᠤᠨ ᠡᠷᠬᠡ
    ᠬᠣᠶᠠᠷ ᠵᠠᠭᠤ ᠳᠥᠴᠢᠨ ᠳᠣᠯᠣᠳᠤᠭ᠋ᠠᠷ ᠵᠦᠢ᠍ᠯ ᠠᠭᠤᠷᠬᠠᠶ ᠵᠢᠨ ᠪᠤᠯᠠᠭᠳᠠᠴᠠ᠂ ᠭᠣᠣᠯ ᠮᠥᠷᠡᠨ᠂ ᠲᠡᠯᠡᠢ ᠵᠢᠨ ᠣᠷᠣᠨ ᠪᠣᠯ ᠤᠯᠤᠰ᠎ᠤᠨ ᠥᠮᠴᠢᠯᠡᠯ᠎ᠳᠤ ᠬᠠᠷᠢᠶᠠᠯᠠᠭᠳᠠᠨ᠎ᠠ᠃
    ᠬᠣᠶᠠᠷ ᠵᠠᠭᠤ ᠲᠠᠪᠢᠨ ᠲᠠᠪᠤᠳᠤᠭ᠋ᠠᠷ ᠵᠦᠢ᠍ᠯ   ᠲᠦᠷᠦ ᠵᠢᠨ ᠪᠠᠶ᠋ᠢᠭᠤᠯᠭ᠎ᠠ᠎ᠨᠤᠭᠤᠳ ᠰᠢᠭᠤᠳ ᠵᠠᠬᠢᠷᠴᠤ ᠪᠠᠶ᠋ᠢᠭ᠎ᠠ ᠦᠯᠦ ᠬᠥᠳᠡᠯᠬᠦ ᠬᠦᠷᠦᠨᠭᠭᠡ ᠪᠠ ᠬᠥᠳᠡᠯᠬᠦ ᠬᠦᠷᠦᠨᠭᠭᠡ᠎ᠳᠡᠭᠡᠨ ᠡᠵᠡᠮᠰᠢᠬᠦ᠂ ᠬᠡᠷᠡᠭᠯᠡᠬᠦ ᠵᠢᠴᠢ ᠬᠠᠤᠯᠢ ᠴᠠᠭ᠋ᠠᠵᠠ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ   ᠰᠢᠢ᠍ᠳᠪᠤᠷᠢᠯᠡᠬᠦ ᠡᠷᠬᠡ ᠵᠢ ᠡᠳ᠋ᠯᠡᠨ᠎ᠡ᠃
    ᠬᠣᠶᠠᠷ ᠵᠠᠭᠤ ᠵᠢᠷᠠᠳᠤᠭ᠋ᠠᠷ ᠵᠦᠢ᠍ᠯ ᠬᠠᠮᠲᠤ ᠵᠢᠨ ᠥᠮᠴᠢᠯᠡᠯ᠎ᠤᠨ ᠦᠯᠦ ᠬᠥᠳᠡᠯᠬᠦ ᠬᠦᠷᠦᠨᠭᠭᠡ ᠪᠠ ᠬᠥᠳᠡᠯᠬᠦ ᠬᠦᠷᠦᠨᠭᠭᠡ᠎ᠳᠤ ᠳᠣᠣᠷᠠᠬᠢ ᠵᠦᠢ᠍ᠯᠡᠰ ᠪᠠᠭᠲᠠᠨ᠎ᠠ᠄
   (ᠨᠢᠭᠡ) ᠬᠠᠤᠯᠢ ᠴᠠᠭ᠋ᠠᠵᠠ᠎ᠳᠤ ᠬᠠᠮᠲᠤ ᠵᠢᠨ ᠥᠮᠴᠢᠯᠡᠯ᠎ᠳᠤ ᠬᠠᠷᠢᠶᠠᠯᠠᠭᠳᠠᠨ᠎ᠠ ᠭᠡᠵᠦ ᠲᠣᠭᠲᠠᠭ᠋ᠠᠭᠰᠠᠨ ᠭᠠᠵᠠᠷ ᠰᠢᠷᠣᠶ ᠪᠠ ᠤᠢ ᠰᠢᠭᠤᠶ᠂ ᠠᠭᠤᠯᠠ ᠳᠠᠪᠠᠭ᠎ᠠ᠂ ᠨᠤᠲᠤᠭ ᠪᠡᠯᠴᠢᠭᠡᠷ᠂ ᠠᠳᠡᠷ ᠭᠠᠵᠠᠷ᠂ ᠲᠡᠡᠭ ᠭᠠᠵᠠᠷ;
   (ᠬᠣᠶᠠᠷ) ᠬᠠᠮᠲᠤ ᠵᠢᠨ ᠥᠮᠴᠢᠯᠡᠯ᠎ᠤᠨ ᠪᠠᠷᠢᠯᠭ᠎ᠠ᠂ ᠦᠢ᠍ᠯᠡᠳᠪᠦᠷᠢᠯᠡᠯ᠎ᠤᠨ ᠲᠥᠬᠥᠭᠡᠷᠦᠮᠵᠢ᠂ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠲᠥᠬᠥᠭᠡᠷᠦᠮᠵᠢ;
   (ᠭᠤᠷᠪᠠ) ᠬᠠᠮᠲᠤ ᠵᠢᠨ ᠥᠮᠴᠢᠯᠡᠯ᠎ᠤᠨ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ᠂ ᠰᠣᠶᠣᠯ ᠪᠣᠯᠪᠠᠰᠤᠷᠠᠯ᠂ ᠡᠷᠡᠭᠦᠯ ᠬᠠᠮᠠᠭ᠋ᠠᠯᠠᠯ᠂ ᠪᠡᠶ᠎ᠡ ᠵᠢᠨ ᠲᠠᠮᠢᠷ ᠵᠡᠷᠭᠡ ᠵᠢᠨ ᠲᠥᠬᠥᠭᠡᠷᠦᠮᠵᠢ;
   (ᠲᠦᠷᠪᠡ) ᠬᠠᠮᠲᠤ ᠵᠢᠨ ᠥᠮᠴᠢᠯᠡᠯ᠎ᠤᠨ ᠪᠤᠰᠤᠳ ᠦᠯᠦ ᠬᠥᠳᠡᠯᠬᠦ ᠬᠦᠷᠦᠨᠭᠭᠡ ᠪᠠ ᠬᠥᠳᠡᠯᠬᠦ ᠬᠦᠷᠦᠨᠭᠭᠡ᠃
    ᠠᠷᠪᠠᠳᠤᠭ᠋ᠠᠷ ᠪᠦᠯᠦᠭ ᠡ᠊ᠩ᠎ᠤᠨ ᠲᠣᠭᠲᠠᠭ᠋ᠠᠯ
    ᠭᠤᠷᠪᠠᠨ ᠵᠠᠭᠤ ᠬᠣᠷᠢᠨ ᠲᠠᠪᠤᠳᠤᠭ᠋ᠠᠷ ᠵᠦᠢ᠍ᠯ ᠤᠯᠤᠰ᠎ᠠᠴᠠ ᠪᠠᠶ᠋ᠢᠭ᠋ᠠᠯᠢ ᠵᠢᠨ ᠡᠬᠢ ᠪᠠᠶᠠᠯᠢᠭ᠎ᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠲᠤᠢ᠍ᠷᠢᠮ᠎ᠢ ᠬᠡᠷᠡᠭᠵᠢᠭᠦᠯᠦᠨ᠎ᠡ᠂ ᠭᠡᠪᠡᠴᠦ ᠬᠠᠤᠯᠢ ᠴᠠᠭ᠋ᠠᠵᠠ᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠤᠢ᠍ᠭᠡᠢ᠃
    ᠭᠤᠷᠪᠠᠨ ᠵᠠᠭᠤ ᠬᠣᠷᠢ ᠶᠢᠰᠦᠳᠦᠭᠡᠷ ᠵᠦᠢ᠍ᠯ ᠬᠠᠤᠯᠢ ᠶᠣᠰᠣᠭ᠋ᠠᠷ ᠣᠯᠤᠭᠰᠠᠨ ᠠᠭᠤᠷᠬᠠᠶ ᠬᠠᠶ᠋ᠢᠬᠤ ᠡᠷᠬᠡ᠂ ᠠᠭᠤᠷᠬᠠᠶ ᠮᠠᠯᠲᠠᠬᠤ ᠡᠷᠬᠡ᠂ ᠤᠰᠤ ᠲᠠᠲᠠᠬᠤ ᠡᠷᠬᠡ ᠪᠠ ᠤᠰᠦᠠ ᠣᠷᠣᠨ᠂ ᠲᠡᠡᠭ ᠭᠠᠵᠠᠷ᠎ᠢ ᠬᠡᠷᠡᠭᠯᠡᠨ ᠲᠡᠵᠢᠭᠡᠨ ᠦᠷᠡᠵᠢᠭᠦᠯᠬᠦ᠂ ᠠᠩᠨᠠᠵᠤ ᠱᠦᠭᠦᠬᠦ ᠡᠷᠬᠡ ᠵᠢ ᠬᠠᠤᠯᠢ᠎ᠪᠠᠷ ᠬᠠᠮᠠᠭ᠋ᠠᠯᠠᠨ᠎ᠠ᠃
   
    ᠬᠥᠷᠰᠢ ᠵᠡᠷᠭᠡᠯᠡᠳᠡᠭᠡ ᠵᠢᠨ ᠬᠠᠷᠢᠴᠠᠭ᠎ᠠ᠂ ᠪᠦ᠍ᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ ᠵᠢᠨ ᠲᠤᠬᠠᠶ ᠲᠣᠭᠲᠠᠭ᠋ᠠᠯ
    ᠪᠣᠳᠠᠰ᠎ᠤᠨ ᠡᠷᠬᠡ ᠵᠢᠨ ᠠᠩᠬᠢ
    ᠳᠣᠯᠣᠳᠤᠭ᠋ᠠᠷ ᠪᠦᠯᠦᠭ ᠬᠥᠷᠰᠢ ᠵᠡᠷᠭᠡᠯᠡᠳᠡᠭᠡ ᠵᠢᠨ ᠬᠠᠷᠢᠴᠠᠭ᠎ᠠ
    ᠬᠣᠶᠠᠷ ᠵᠠᠭᠤ ᠶᠡᠷᠡᠳᠦᠭᠡᠷ   ᠵᠤᠢ᠌ᠯ   ᠦᠯᠦ ᠬᠥᠳᠡᠯᠬᠦ ᠬᠦᠷᠦᠨᠭᠭᠡ ᠵᠢᠨ ᠡᠷᠬᠡᠲᠦ ᠬᠥᠮᠦᠨ᠎ᠨᠢ ᠬᠥᠷᠰᠢ ᠵᠡᠷᠭᠡᠯᠡᠳᠡᠭᠡ ᠵᠢᠨ ᠡᠷᠬᠡᠲᠦ ᠬᠥᠮᠦᠨ᠎ᠤ ᠤᠰᠤ ᠬᠡᠷᠡᠭᠯᠡᠬᠦ᠂ ᠤᠰᠤ ᠵᠠᠯᠠᠬᠤ᠎ᠳᠤ ᠴᠢᠬᠤᠯᠠ ᠪᠦᠬᠦᠢ ᠲᠦᠬᠦᠮ ᠦᠵᠡᠭᠦᠯᠬᠦ ᠬᠡᠷᠡᠭᠲᠡᠶ᠃
    ᠪᠠᠶ᠋ᠢᠭ᠋ᠠᠯᠢ ᠵᠢᠨ ᠤᠷᠤᠰᠬᠠᠯ ᠤᠰᠤ ᠵᠢ ᠠᠰᠢᠭᠯᠠᠬᠤ᠎ᠳᠠᠭᠠᠨ ᠦᠯᠦ ᠬᠥᠳᠡᠯᠬᠦ ᠬᠦᠷᠦᠨᠭᠭᠡ ᠵᠢᠨ ᠬᠥᠷᠰᠢ ᠵᠡᠷᠭᠡᠯᠡᠳᠡᠭᠡ ᠵᠢᠨ ᠡᠷᠬᠡᠲᠦ ᠬᠥᠮᠦᠰ᠎ᠤᠨ ᠬᠣᠭᠣᠷᠣᠨᠳᠣ ᠵᠦᠢ ᠵᠣᠬᠢᠰᠲᠠᠶ᠎ᠪᠠᠷ ᠬᠤᠪᠢᠶᠠᠷᠢᠯᠠᠬᠤ ᠬᠡᠷᠡᠭᠲᠡᠶ᠃ ᠪᠠᠶ᠋ᠢᠭ᠋ᠠᠯᠢ ᠵᠢᠨ ᠤᠷᠤᠰᠬᠠᠯ ᠤᠰᠤ ᠵᠢ ᠭᠠᠳᠠᠭᠰᠢᠯᠠᠭᠤᠯᠬᠤ᠎ᠳᠠᠭᠠᠨ ᠪᠠᠶ᠋ᠢᠭ᠋ᠠᠯᠢ ᠵᠢᠨ ᠤᠷᠤᠰᠬᠠᠯ᠎ᠤᠨ ᠴᠢᠭᠯᠡᠯ᠎ᠢ ᠬᠦᠨᠳᠦᠳᠬᠡᠬᠦ ᠬᠡᠷᠡᠭᠲᠡᠶ᠃
  ᠬᠣᠶᠠᠷ ᠵᠠᠭᠤ ᠶᠡᠷᠡᠨ ᠬᠣᠶᠠᠳᠤᠭ᠋ᠠᠷ ᠵᠤᠢ᠌ᠯ ᠦᠯᠦ ᠬᠥᠳᠡᠯᠬᠦ ᠬᠦᠷᠦᠨᠭᠭᠡ ᠵᠢᠨ ᠡᠷᠬᠡᠲᠦ ᠬᠥᠮᠦᠨ᠎ᠨᠢ ᠪᠠᠷᠢᠯᠭ᠎ᠠ ᠪᠠᠷᠢᠬᠤ᠂ ᠪᠠᠷᠢᠯᠭ᠎ᠠ ᠰᠡᠯᠪᠢᠨ ᠵᠠᠰᠠᠬᠤ ᠵᠢᠴᠢ ᠴᠠᠬᠢᠯᠭ᠋ᠠᠨ ᠤᠲᠠᠰᠤ᠂ ᠴᠠᠬᠢᠯᠭ᠋ᠠᠨ ᠳᠡᠭᠡᠰᠦ᠂ ᠤᠰᠤᠨ ᠬᠣᠭᠣᠯᠠᠶ᠂ ᠳᠤᠯᠠᠭ᠋ᠠᠮᠵᠢ ᠪᠠ ᠰᠢᠲᠠᠮᠠᠬᠠᠶ ᠬᠡᠢ ᠵᠢᠨ ᠬᠣᠭᠣᠯᠠᠶ ᠤᠲᠠᠰᠤ ᠵᠡᠷᠭᠡ ᠵᠢ ᠲᠠᠲᠠᠬᠤ᠎ᠠᠴᠠ ᠪᠤᠯᠵᠤ ᠡᠷᠬᠡᠪᠰᠢ ᠬᠥᠷᠰᠢ ᠵᠡᠷᠭᠡᠯᠡᠳᠡᠭᠡ ᠵᠢᠨ ᠭᠠᠵᠠᠷ ᠰᠢᠷᠣᠶ᠂ ᠪᠠᠷᠢᠯᠭ᠎ᠠ ᠵᠢ ᠠᠰᠢᠭᠯᠠᠬᠤ ᠴᠢᠬᠤᠯᠠᠲᠠᠶ ᠪᠠᠶ᠋ᠢᠪᠠᠯ᠂ ᠲᠤᠰ ᠭᠠᠵᠠᠷ ᠰᠢᠷᠣᠶ᠂ ᠪᠠᠷᠢᠯᠭ᠎ᠠ ᠵᠢᠨ ᠡᠷᠬᠡᠲᠦ ᠬᠥᠮᠦᠨ᠎ᠨᠢ ᠴᠢᠬᠤᠯᠠ ᠪᠦᠬᠦᠢ ᠲᠦᠬᠦᠮ ᠦᠵᠡᠭᠦᠯᠬᠦ ᠬᠡᠷᠡᠭᠲᠡᠶ᠃
    ᠬᠣᠶᠠᠷ ᠵᠠᠭᠤ ᠶᠡᠷᠡᠨ ᠵᠢᠷᠭᠤᠳᠤᠭ᠋ᠠᠷ   ᠵᠤᠢ᠌ᠯ   ᠦᠯᠦ ᠬᠥᠳᠡᠯᠬᠦ ᠬᠦᠷᠦᠨᠭᠭᠡ ᠵᠢᠨ ᠡᠷᠬᠡᠲᠦ ᠬᠥᠮᠦᠨ ᠤᠰᠤ ᠬᠡᠷᠡᠭᠯᠡᠬᠦ᠂ ᠤᠰᠤ ᠵᠠᠯᠠᠬᠤ᠂ ᠵᠠᠮ ᠨᠡᠪᠲᠡᠷᠡᠬᠦ᠂ ᠬᠣᠭᠣᠯᠠᠶ ᠤᠲᠠᠰᠤ ᠲᠠᠲᠠᠬᠤ ᠵᠡᠷᠭᠡ᠎ᠠᠴᠠ ᠪᠤᠯᠵᠤ ᠬᠥᠷᠰᠢ ᠵᠡᠷᠭᠡᠯᠡᠳᠡᠭᠡ ᠵᠢᠨ ᠦᠯᠦ ᠬᠥᠳᠡᠯᠬᠦ ᠬᠦᠷᠦᠨᠭᠭᠡ ᠵᠢ ᠠᠰᠢᠭᠯᠠᠬᠤ᠎ᠳᠤ ᠬᠦᠷᠪᠡᠯ᠂ ᠬᠥᠷᠰᠢ ᠵᠡᠷᠭᠡᠯᠡᠳᠡᠭᠡ ᠵᠢᠨ ᠦᠯᠦ ᠬᠥᠳᠡᠯᠬᠦ ᠬᠦᠷᠦᠨᠭᠭᠡ ᠵᠢᠨ ᠡᠷᠬᠡᠲᠦ ᠬᠥᠮᠦᠨ᠎ᠳᠤ ᠬᠣᠬᠢᠷᠠᠯ ᠤᠴᠠᠷᠠᠭᠤᠯᠬᠤ᠎ᠠᠴᠠ ᠠᠯᠢ ᠴᠢᠳᠠᠬᠤ᠎ᠪᠠᠷ ᠵᠠᠶ᠋ᠢᠯᠠᠰᠬᠢᠬᠦ ᠬᠡᠷᠡᠭᠲᠡᠶ᠃
    ᠠᠷᠪᠠᠨ ᠬᠣᠶᠠᠳᠤᠭ᠋ᠠᠷ ᠪᠦᠯᠦᠭ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ
    ᠭᠤᠷᠪᠠᠨ ᠵᠠᠭᠤ ᠳᠥᠴᠢᠨ ᠳᠥᠷᠪᠡᠳᠦᠭᠡᠷ ᠵᠤᠢ᠌ᠯ   ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡᠲᠦ ᠬᠥᠮᠦᠨ᠎ᠨᠢ ᠬᠠᠤᠯᠢ ᠶᠣᠰᠣᠭ᠋ᠠᠷ ᠤᠯᠤᠰ᠎ᠤᠨ ᠥᠮᠴᠢᠯᠡᠯ᠎ᠤᠨ ᠭᠠᠵᠠᠷ ᠰᠢᠷᠣᠶ᠎ᠳᠤ ᠡᠵᠡᠮᠰᠢᠬᠦ᠂ ᠬᠡᠷᠡᠭᠯᠡᠬᠦ ᠪᠠ ᠲᠡᠭᠦᠨ᠎ᠠᠴᠠ ᠠᠰᠢᠭ ᠤᠯᠬᠤ ᠡᠷᠬᠡ ᠵᠢ ᠡᠳ᠋ᠯᠡᠨ᠎ᠡ᠂ ᠲᠤᠰ ᠭᠠᠵᠠᠷ ᠰᠢᠷᠣᠶ ᠵᠢ ᠠᠰᠢᠭᠯᠠᠨ ᠪᠠᠷᠢᠯᠭ᠎ᠠ᠂ ᠪᠠᠷᠢᠯᠭ᠎ᠠ ᠵᠢᠨ ᠵᠦᠢ᠍ᠯ ᠵᠢᠴᠢ ᠲᠡᠭᠦᠨ᠎ᠤ ᠲᠠᠭ᠋ᠠᠯᠳᠠ ᠲᠥᠬᠥᠭᠡᠷᠦᠮᠵᠢ ᠵᠢ ᠪᠠᠶ᠋ᠢᠭᠤᠯᠬᠤ ᠡᠷᠬᠡ᠎ᠲᠠᠢ᠃
    ᠭᠤᠷᠪᠠᠨ ᠵᠠᠭᠤ ᠳᠥᠴᠢᠨ ᠲᠠᠪᠤᠳᠤᠭ᠋ᠠᠷ ᠵᠦᠢ᠍ᠯ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ ᠵᠢ ᠭᠠᠵᠠᠷ ᠰᠢᠷᠣᠶ ᠵᠢᠨ ᠭᠠᠵᠠᠷ᠎ᠤᠨ ᠭᠠᠳᠠᠷᠭᠤ᠂ ᠭᠠᠵᠠᠷ᠎ᠤᠨ ᠳᠡᠭᠡᠷ᠎ᠡ ᠪᠤᠶᠤ ᠭᠠᠵᠠᠷ᠎ᠤᠨ ᠳᠣᠣᠷ᠎ᠠ ᠲᠤᠰ ᠲᠤᠰ᠎ᠲᠤᠨᠢ ᠲᠣᠭᠲᠠᠭ᠋ᠠᠵᠤ ᠪᠣᠯᠤᠨ᠎ᠠ᠃
    ᠭᠤᠷᠪᠠᠨ ᠵᠠᠭᠤ ᠳᠥᠴᠢᠨ ᠵᠢᠷᠭᠤᠳᠤᠭ᠋ᠠᠷ ᠵᠦᠢ᠍ᠯ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ ᠵᠢ ᠲᠣᠭᠲᠠᠭ᠋ᠠᠬᠤ᠎ᠳᠤ ᠡᠬᠢ ᠪᠠᠶᠠᠯᠢᠭ᠎ᠢ ᠠᠷᠪᠢᠯᠠᠬᠤ᠂ ᠠᠮᠢ ᠠᠬᠤᠶ ᠵᠢᠨ ᠣᠷᠴᠢᠨ ᠲᠤᠭᠤᠷᠢᠨ᠎ᠢ ᠬᠠᠮᠠᠭ᠋ᠠᠯᠠᠬᠤ ᠱᠠᠭ᠋ᠠᠷᠳᠠᠯᠭ᠎ᠠ᠎ᠳᠤ ᠨᠡᠶ᠋ᠢᠴᠡᠭᠦᠯᠵᠦ᠂ ᠭᠠᠵᠠᠷ ᠰᠢᠷᠣᠶ ᠵᠢᠨ ᠬᠡᠷᠡᠭᠯᠡᠯᠲᠡ ᠵᠢᠨ ᠲᠤᠬᠠᠶ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠂ ᠨᠢᠭᠡᠨᠲᠡ ᠲᠣᠭᠲᠠᠭ᠋ᠠᠭᠰᠠᠨ ᠠᠰᠢᠭ ᠤᠯᠬᠤ ᠪᠣᠳᠠᠰ᠎ᠤᠨ ᠡᠷᠬᠡ ᠵᠢ ᠬᠣᠬᠢᠷᠠᠭᠤᠯᠵᠤ ᠪᠣᠯᠬᠤ ᠤᠢ᠍ᠭᠡᠢ᠃
    ᠭᠤᠷᠪᠠᠨ ᠵᠠᠭᠤ ᠳᠥᠴᠢᠨ ᠳᠣᠯᠣᠳᠤᠭ᠋ᠠᠷ ᠵᠤᠢ᠌ᠯ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ ᠵᠢ ᠲᠣᠭᠲᠠᠭ᠋ᠠᠬᠤ᠎ᠳᠤ ᠰᠢᠯᠵᠢᠭᠦᠯᠦᠨ ᠬᠤᠳᠠᠯᠳᠤᠬᠤ ᠪᠤᠶᠤ ᠬᠤᠪᠢᠶᠠᠷᠢᠯᠠᠨ ᠣᠯᠭᠣᠬᠤ ᠵᠡᠷᠭᠡ ᠠᠷᠭ᠎ᠠ ᠮᠠᠶᠢᠭ᠎ᠢ ᠠᠪᠴᠤ ᠪᠣᠯᠤᠨ᠎ᠠ᠃
    ᠠᠵᠤ ᠦᠢ᠍ᠯᠡᠳᠪᠦᠷᠢ᠂ ᠬᠤᠳᠠᠯᠳᠤᠭ᠎ᠠ᠂ ᠵᠢᠭᠤᠯᠴᠢᠯᠠᠯ᠂ ᠵᠤᠭ᠎ᠠ ᠴᠡᠩᠭᠡᠯ ᠪᠠ ᠲᠠᠸᠠᠷ᠎ᠤᠨ ᠣᠷᠣᠨ ᠰᠠᠭᠤᠴᠠ ᠵᠡᠷᠭᠡ ᠡᠵᠡᠩᠨᠡᠯᠲᠡ ᠵᠢᠨ ᠴᠢᠨᠠᠷᠲᠠᠶ ᠬᠡᠷᠡᠭᠯᠡᠬᠦ ᠭᠠᠵᠠᠷ ᠵᠢᠴᠢ ᠠᠳᠠᠯᠢ ᠨᠢᠭᠡᠨ ᠭᠠᠵᠠᠷ ᠰᠢᠷᠣᠶ᠎ᠳᠤ ᠭᠠᠵᠠᠷ ᠬᠡᠷᠡᠭᠯᠡᠬᠦ ᠰᠠᠨᠠᠭ᠎ᠠ᠎ᠲᠠᠢ ᠬᠥᠮᠦᠨ ᠬᠣᠶᠠᠷ᠎ᠠᠴᠠ ᠳᠡᠭᠡᠭᠰᠢ ᠪᠠᠶ᠋ᠢᠪᠠᠯ᠂ ᠳᠠᠭ᠋ᠠᠭ᠋ᠠᠴᠢᠯᠠᠯᠲᠠ ᠵᠠᠷᠯᠠᠬᠤ᠂ ᠦᠨ᠎ᠡ ᠬᠠᠶᠠᠨ ᠬᠤᠳᠠᠯᠳᠤᠬᠤ ᠵᠡᠷᠭᠡ ᠢᠯᠡ᠎ᠪᠠᠷ ᠦᠨ᠎ᠡ ᠥᠷᠢᠰᠥᠯᠳᠦᠬᠦ ᠠᠷᠭ᠎ᠠ ᠮᠠᠶᠢᠭ ᠵᠶ᠋ᠠᠷ ᠰᠢᠯᠵᠢᠭᠦᠯᠦᠨ ᠬᠤᠳᠠᠯᠳᠤᠬᠤ ᠬᠡᠷᠡᠭᠲᠡᠶ᠃
    ᠬᠤᠪᠢᠶᠠᠷᠢᠯᠠᠨ ᠣᠯᠭᠣᠬᠤ ᠠᠷᠭ᠎ᠠ ᠮᠠᠶᠢᠭ ᠵᠶ᠋ᠠᠷ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ ᠵᠢ ᠲᠣᠭᠲᠠᠭ᠋ᠠᠬᠤ ᠵᠢ ᠴᠢᠩᠭ᠎ᠠ ᠬᠢᠵᠠᠭ᠋ᠠᠷᠯᠠᠨ᠎ᠠ᠃
    ᠭᠤᠷᠪᠠᠨ ᠵᠠᠭᠤ ᠳᠥᠴᠢᠨ ᠨᠠᠢ᠍ᠮᠠᠳᠤᠭ᠋ᠠᠷ ᠵᠦᠢ᠍ᠯ ᠳᠠᠭ᠋ᠠᠭ᠋ᠠᠴᠢᠯᠠᠯᠲᠠ ᠵᠠᠷᠯᠠᠬᠤ᠂ ᠦᠨ᠎ᠡ ᠬᠠᠶᠠᠨ ᠬᠤᠳᠠᠯᠳᠤᠬᠤ᠂ ᠬᠡᠯᠡᠯᠴᠡᠭᠡᠷ ᠲᠣᠭᠲᠠᠬᠤ ᠵᠡᠷᠭᠡ ᠰᠢᠯᠵᠢᠭᠦᠯᠦᠨ ᠬᠤᠳᠠᠯᠳᠤᠬᠤ ᠠᠷᠭ᠎ᠠ ᠮᠠᠶᠢᠭ ᠵᠶ᠋ᠠᠷ ᠳᠠᠮᠵᠢᠭᠤᠯᠤᠨ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ ᠵᠢ ᠲᠣᠭᠲᠠᠭ᠋ᠠᠭᠰᠠᠨ ᠪᠠᠶ᠋ᠢᠪᠠᠯ᠂ ᠲᠤᠬᠠᠶ ᠵᠢᠨ ᠬᠥᠮᠦᠨ᠎ᠨᠢ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ ᠵᠢ ᠰᠢᠯᠵᠢᠭᠦᠯᠦᠨ ᠬᠤᠳᠠᠯᠳᠤᠬᠤ ᠭᠡᠷ᠎ᠡ ᠵᠢ ᠪᠢᠴᠢᠭ᠎ᠤᠨ ᠬᠡᠯᠪᠡᠷᠢ᠎ᠪᠠᠷ ᠲᠣᠭᠲᠠᠭ᠋ᠠᠬᠤ ᠬᠡᠷᠡᠭᠲᠡᠶ᠃
    ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ ᠵᠢ ᠭᠠᠷᠭ᠋ᠠᠵᠤ ᠥᠭᠬᠦ ᠭᠡᠷ᠎ᠡ᠎ᠳᠤ ᠡ᠊ᠩ᠎ᠤᠨ ᠪᠠᠶ᠋ᠢᠳᠠᠯ᠎ᠳᠤ ᠳᠣᠣᠷ᠎ᠠ ᠵᠢᠭᠰᠠᠭ᠋ᠠᠭᠰᠠᠨ ᠵᠦᠢ᠍ᠯ ᠵᠤᠷᠪᠤᠰ᠎ᠢ ᠪᠠᠭᠳᠠᠭ᠋ᠠᠬᠤ ᠬᠡᠷᠡᠭᠳᠡᠢ᠄
      (ᠨᠢᠭᠡ) ᠲᠤᠬᠠᠶ ᠵᠢᠨ ᠬᠥᠮᠦᠨ᠎ᠤ ᠨᠡᠷᠡᠶ᠋ᠢᠳᠦᠯ ᠪᠠ ᠣᠷᠣᠨ ᠰᠠᠭᠤᠴᠠ;
      (ᠬᠣᠶᠠᠷ) ᠭᠠᠵᠠᠷ ᠰᠢᠷᠣᠶ ᠵᠢᠨ ᠵᠠᠭ᠋ᠠᠭ᠂ ᠲᠠᠯᠠᠪᠠᠢ ᠵᠡᠷᠭᠡ;
 (ᠭᠤᠷᠪᠠ) ᠪᠠᠷᠢᠯᠭ᠎ᠠ᠂ ᠪᠠᠷᠢᠯᠭ᠎ᠠ ᠵᠢᠨ ᠵᠦᠢ᠍ᠯ ᠵᠢᠴᠢ ᠲᠡᠭᠦᠨ᠎ᠤ ᠲᠠᠭ᠋ᠠᠯᠳᠠ ᠲᠥᠬᠥᠭᠡᠷᠦᠮᠵᠢ ᠵᠢᠨ ᠡᠵᠡᠯᠡᠵᠦ ᠪᠠᠶ᠋ᠢᠭ᠎ᠠ ᠣᠷᠣᠨ ᠵᠠᠢ;
      (ᠲᠤᠢ᠍ᠷᠪᠡ) ᠭᠠᠵᠠᠷ ᠰᠢᠷᠣᠶ ᠵᠢᠨ ᠬᠡᠷᠡᠭᠴᠡᠭᠡ᠂ ᠲᠥᠯᠥᠪᠵᠢᠭᠦᠯᠭᠡ ᠵᠢᠨ ᠨᠥᠬᠥᠴᠡᠯ;
   (ᠲᠠᠪᠤ) ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ ᠵᠢᠨ ᠬᠤᠭᠤᠴᠠᠭ᠎ᠠ;
     (ᠵᠢᠷᠭᠤᠭ᠎ᠠ) ᠰᠢᠯᠵᠢᠭᠦᠯᠦᠨ ᠥᠭᠬᠦ ᠮᠥᠩᠭᠥ ᠵᠡᠷᠭᠡ ᠵᠠᠷᠤᠳᠠᠯ ᠵᠢᠴᠢ ᠲᠡᠭᠦᠨ᠎ᠢ ᠥᠭᠬᠦ ᠠᠷᠭ᠎ᠠ ᠮᠠᠶᠢᠭ;
       (ᠲᠤᠯᠤᠭ᠎ᠠ) ᠮᠠᠷᠭᠤᠯᠳᠤᠭ᠋ᠠᠨ᠎ᠢ ᠰᠢᠢ᠍ᠳᠪᠤᠷᠢᠯᠡᠬᠦ ᠠᠷᠭ᠎ᠠ᠃
    ᠭᠤᠷᠪᠠᠨ ᠵᠠᠭᠤ ᠳᠥᠴᠢ ᠶᠢᠰᠦᠳᠦᠭᠡᠷ ᠵᠦᠢ᠍ᠯ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ ᠵᠢ ᠲᠣᠭᠲᠠᠭ᠋ᠠᠬᠤ᠎ᠳᠤ ᠳᠠᠩᠰᠠᠯᠠᠬᠤ ᠪᠠᠶ᠋ᠢᠭᠤᠯᠤᠮᠵᠢ᠎ᠳᠤ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ ᠵᠢ ᠳᠠᠩᠰᠠᠯᠠᠭᠤᠯᠬᠤ᠎ᠪᠠᠷ ᠭᠤᠶᠤᠴᠢᠯᠠᠬᠤ ᠬᠡᠷᠡᠭᠲᠡᠶ᠃ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ ᠵᠢ   ᠲᠠᠩᠰᠠᠯᠠᠭᠤᠯᠬᠤ ᠦᠶ᠎ᠡ᠎ᠳᠤ ᠲᠣᠭᠲᠠᠭ᠋ᠠᠨ᠎ᠠ᠃ ᠳᠠᠩᠰᠠᠯᠠᠬᠤ ᠪᠠᠶ᠋ᠢᠭᠤᠯᠤᠮᠵᠢ᠎ᠨᠢ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡᠲᠦ ᠬᠥᠮᠦᠨ᠎ᠳᠤ ᠡᠷᠬᠡ ᠵᠢᠨ ᠬᠠᠷᠢᠶᠠᠯᠠᠯ᠎ᠤᠨ ᠦᠨᠡᠮᠯᠡᠯ ᠣᠯᠭᠣᠬᠤ ᠬᠡᠷᠡᠭᠲᠡᠶ᠃
    ᠭᠤᠷᠪᠠᠨ ᠵᠠᠭᠤ ᠲᠠᠪᠢᠳᠤᠭ᠋ᠠᠷ ᠵᠦᠢ᠍ᠯ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡᠲᠦ ᠬᠥᠮᠦᠨ᠎ᠨᠢ ᠭᠠᠵᠠᠷ ᠰᠢᠷᠣᠶ ᠵᠢ ᠵᠦᠢ ᠵᠣᠬᠢᠰᠲᠠᠶ ᠠᠰᠢᠭᠯᠠᠬᠤ ᠬᠡᠷᠡᠭᠲᠡᠶ᠂ ᠭᠠᠵᠠᠷ ᠰᠢᠷᠣᠶ ᠵᠢᠨ ᠬᠡᠷᠡᠭᠯᠡᠯᠲᠡ ᠵᠢ ᠬᠤᠪᠢᠷᠠᠭᠤᠯᠵᠤ ᠪᠣᠯᠬᠤ ᠤᠢ᠍ᠭᠡᠢ; ᠭᠠᠵᠠᠷ ᠰᠢᠷᠣᠶ ᠵᠢᠨ ᠬᠡᠷᠡᠭᠯᠡᠯᠲᠡ ᠵᠢ ᠬᠤᠪᠢᠷᠠᠭᠤᠯᠬᠤ ᠴᠢᠬᠤᠯᠠᠲᠠᠶ ᠪᠠᠶ᠋ᠢᠪᠠᠯ᠂ ᠬᠠᠤᠯᠢ ᠶᠣᠰᠣᠭ᠋ᠠᠷ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠬᠡᠷᠡᠭᠲᠡᠶ᠃
    ᠭᠤᠷᠪᠠᠨ ᠵᠠᠭᠤ ᠲᠡᠪᠢᠠ ᠨᠢᠭᠡᠳᠦᠭᠡᠷ ᠵᠦᠢ᠍ᠯ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡᠲᠦ ᠬᠥᠮᠦᠨ᠎ᠨᠢ ᠬᠠᠤᠯᠢ ᠴᠠᠭ᠋ᠠᠵᠠ ᠵᠢᠨ ᠲᠣᠭᠲᠠᠭ᠋ᠠᠯ ᠵᠢᠴᠢ ᠭᠡᠷ᠎ᠡ ᠵᠢᠨ ᠪᠣᠯᠵᠣᠯ ᠶᠣᠰᠣᠭ᠋ᠠᠷ ᠰᠢᠯᠵᠢᠭᠦᠯᠦᠨ ᠬᠤᠳᠠᠯᠳᠤᠬᠤ ᠮᠥᠩᠭᠥ ᠵᠡᠷᠭᠡ ᠵᠠᠷᠤᠳᠠᠯ᠎ᠢ ᠲᠤᠢ᠍ᠯᠦᠬᠦ ᠬᠡᠷᠡᠭᠲᠡᠶ᠃
    ᠭᠤᠷᠪᠠᠨ ᠵᠠᠭᠤ ᠲᠠᠪᠢᠨ ᠬᠣᠶᠠᠳᠤᠭ᠋ᠠᠷ ᠵᠤᠢ᠌ᠯ   ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡᠲᠦ ᠬᠥᠮᠦᠨ᠎ᠤ ᠪᠠᠶ᠋ᠢᠭᠤᠯᠤᠭᠰᠠᠨ ᠪᠠᠷᠢᠯᠭ᠎ᠠ᠂ ᠪᠠᠷᠢᠯᠭ᠎ᠠ ᠵᠢᠨ ᠵᠦᠢ᠍ᠯ ᠵᠢᠴᠢ ᠲᠡᠭᠦᠨ᠎ᠤ ᠲᠠᠭ᠋ᠠᠯᠳᠠ ᠲᠥᠬᠥᠭᠡᠷᠦᠮᠵᠢ ᠵᠢᠨ ᠥᠮᠴᠢᠯᠡᠯ᠎ᠤᠨ ᠡᠷᠬᠡ᠎ᠨᠢ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡᠲᠦ ᠬᠥᠮᠦᠨ᠎ᠳᠤ ᠬᠠᠷᠢᠶᠠᠯᠠᠭᠳᠠᠨ᠎ᠠ᠂ ᠭᠡᠪᠡᠴᠦ ᠡᠰᠡᠷᠭᠦ ᠬᠡᠷᠡᠴᠢ ᠪᠠᠷᠢᠮᠲᠠ᠎ᠪᠠᠷ ᠭᠡᠷᠡᠴᠢᠯᠡᠭᠰᠡᠨ ᠪᠠᠶ᠋ᠢᠪᠠᠯ ᠡᠭᠦᠨ᠎ᠳᠤ ᠪᠠᠭᠲᠠᠬᠤ ᠦᠭᠡᠢ᠃
    ᠭᠤᠷᠪᠠᠨ ᠵᠠᠭᠤ ᠲᠡᠪᠢᠠ ᠭᠤᠷᠪᠠᠳᠤᠭ᠋ᠠᠷ ᠵᠦᠢ᠍ᠯ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡᠲᠦ ᠬᠥᠮᠦᠨ᠎ᠨᠢ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ᠎ᠪᠠᠨ ᠰᠢᠯᠵᠢᠭᠦᠯᠦᠨ ᠥᠭᠬᠦ᠂ ᠰᠣᠯᠢᠯᠴᠠᠬᠤ᠂ ᠪᠡᠯᠠ ᠪᠣᠯᠭ᠋ᠠᠨ ᠭᠠᠷᠭ᠋ᠠᠬᠤ᠂ ᠪᠡᠯᠡᠭᠯᠡᠬᠦ ᠪᠤᠶᠤ ᠪᠠᠷᠢᠴᠠᠭ᠋ᠠᠯᠠᠬᠤ ᠡᠷᠬᠡ᠎ᠲᠠᠢ᠂ ᠭᠡᠪᠡᠴᠦ ᠬᠠᠤᠯᠢ ᠴᠠᠭ᠋ᠠᠵᠠ᠎ᠳᠤ ᠠᠰᠲᠠᠭ᠋ᠠᠨ ᠲᠣᠭᠲᠠᠭ᠋ᠠᠯ᠎ᠲᠠᠢ ᠪᠠᠶ᠋ᠢᠪᠠᠯ ᠡᠭᠦᠨ᠎ᠳᠤ ᠪᠠᠭᠲᠠᠬᠤ ᠤᠢ᠍ᠭᠡᠢ᠃
    ᠭᠤᠷᠪᠠᠨ ᠵᠠᠭᠤ ᠲᠡᠪᠢᠠ ᠳᠥᠷᠪᠡᠳᠦᠭᠡᠷ ᠵᠦᠢ᠍ᠯ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ ᠵᠢ ᠰᠢᠯᠵᠢᠭᠦᠯᠦᠨ ᠥᠭᠬᠦ᠂ ᠰᠣᠯᠢᠯᠴᠠᠬᠤ᠂ ᠪᠡᠯᠠ ᠪᠣᠯᠭ᠋ᠠᠨ ᠭᠠᠷᠭ᠋ᠠᠬᠤ᠂ ᠪᠡᠯᠡᠭᠯᠡᠬᠦ ᠪᠤᠶᠤ ᠪᠠᠷᠢᠴᠠᠭ᠋ᠠᠯᠠᠬᠤ᠎ᠳᠤ ᠬᠦᠷᠪᠡᠯ᠂ ᠲᠤᠬᠠᠶ ᠵᠢᠨ ᠬᠥᠮᠦᠨ᠎ᠨᠢ ᠪᠢᠴᠢᠭ᠎ᠤᠨ ᠬᠡᠯᠪᠡᠷᠢ᠎ᠪᠠᠷ ᠵᠣᠬᠢᠴᠠᠩᠭᠤᠶ ᠭᠡᠷ᠎ᠡ ᠲᠣᠭᠲᠠᠭ᠋ᠠᠬᠤ ᠬᠡᠷᠡᠭᠲᠡᠶ᠃ ᠬᠡᠷᠡᠭᠯᠡᠬᠦ ᠬᠤᠭᠤᠴᠠᠭ᠎ᠠ ᠵᠢ ᠲᠤᠬᠠᠶ ᠵᠢᠨ ᠬᠥᠮᠦᠨ ᠪᠣᠯᠵᠣᠨ ᠲᠣᠭᠲᠠᠭ᠋ᠠᠨ᠎ᠠ᠂ ᠭᠡᠪᠡᠴᠦ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ ᠵᠢᠨ ᠦᠯᠡᠳᠡᠭᠰᠡᠨ ᠬᠤᠭᠤᠴᠠᠭ᠎ᠠ᠎ᠠᠴᠠ ᠬᠡᠲᠦᠷᠡᠭᠦᠯᠵᠦ ᠪᠣᠯᠬᠤ ᠦᠭᠡᠢ᠃
    ᠭᠤᠷᠪᠠᠨ ᠵᠠᠭᠤ ᠲᠠᠪᠢᠨ ᠲᠠᠪᠤᠳᠤᠭ᠋ᠠᠷ ᠵᠤᠢ᠌ᠯ   ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ ᠵᠢ ᠰᠢᠯᠵᠢᠭᠦᠯᠦᠨ ᠥᠭᠬᠦ᠂ ᠰᠣᠯᠢᠯᠴᠠᠬᠤ᠂ ᠪᠡᠯᠡ ᠪᠣᠯᠭ᠋ᠠᠨ ᠭᠠᠷᠭ᠋ᠠᠬᠤ ᠪᠤᠶᠤ ᠪᠡᠯᠡᠭᠯᠡᠬᠦ᠎ᠳᠤ ᠬᠦᠷᠪᠡᠯ᠂ ᠳᠠᠩᠰᠠᠯᠠᠬᠤ ᠪᠠᠶ᠋ᠢᠭᠤᠯᠤᠮᠵᠢ᠎ᠳᠤ ᠬᠤᠪᠢᠷᠠᠭᠤᠯᠬᠤ ᠲᠠᠨᠭ᠌ᠰᠠᠯᠠᠯᠳᠠ ᠬᠢᠯᠭᠡᠬᠦ᠎ᠪᠠᠷ ᠭᠤᠶᠤᠴᠢᠯᠠᠬᠤ ᠬᠡᠷᠡᠭᠲᠡᠶ᠃
    ᠭᠤᠷᠪᠠᠨ ᠵᠠᠭᠤ ᠲᠡᠪᠢᠠ ᠵᠢᠷᠭᠤᠳᠤᠭ᠋ᠠᠷ ᠵᠦᠢ᠍ᠯ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ ᠵᠢ ᠰᠢᠯᠵᠢᠭᠦᠯᠦᠨ ᠥᠭᠬᠦ᠂ ᠰᠣᠯᠢᠯᠴᠠᠬᠤ᠂ ᠪᠡᠯᠠ ᠪᠣᠯᠭ᠋ᠠᠨ ᠭᠠᠷᠭ᠋ᠠᠬᠤ ᠪᠤᠶᠤ ᠪᠡᠯᠡᠭᠯᠡᠬᠦ᠎ᠳᠤ ᠬᠦᠷᠪᠡᠯ᠂ ᠲᠤᠰ ᠭᠠᠵᠠᠷ ᠰᠢᠷᠣᠶ ᠳᠡᠭᠡᠷ᠎ᠡ ᠳᠠᠭ᠋ᠠᠯᠳᠤᠵᠤ ᠪᠠᠶ᠋ᠢᠭ᠎ᠠ ᠪᠠᠷᠢᠯᠭ᠎ᠠ᠂ ᠪᠠᠷᠢᠯᠭ᠎ᠠ ᠵᠢᠨ ᠵᠦᠢ᠍ᠯ ᠵᠢᠴᠢ ᠲᠡᠭᠦᠨ᠎ᠤ ᠲᠡᠭ᠋ᠠᠯᠳᠠ ᠲᠥᠬᠥᠭᠡᠷᠦᠮᠵᠢ ᠵᠢ ᠬᠠᠮᠲᠤ᠎ᠳᠤᠨᠢ   ᠰᠢᠢ᠍ᠳᠪᠤᠷᠢᠯᠡᠨ᠎ᠡ᠃
    ᠭᠤᠷᠪᠠᠨ ᠵᠠᠭᠤ ᠲᠡᠪᠢᠠ ᠳᠣᠯᠣᠳᠤᠭ᠋ᠠᠷ ᠵᠦᠢ᠍ᠯ ᠪᠠᠷᠢᠯᠭ᠎ᠠ᠂ ᠪᠠᠷᠢᠯᠭ᠎ᠠ ᠵᠢᠨ ᠵᠦᠢ᠍ᠯ ᠵᠢᠴᠢ ᠲᠡᠭᠦᠨ᠎ᠤ ᠲᠡᠭ᠋ᠠᠯᠳᠠ ᠲᠥᠬᠥᠭᠡᠷᠦᠮᠵᠢ ᠵᠢ ᠰᠢᠯᠵᠢᠭᠦᠯᠦᠨ ᠥᠭᠬᠦ᠂ ᠰᠣᠯᠢᠯᠴᠠᠬᠤ᠂ ᠪᠡᠯᠠ ᠪᠣᠯᠭ᠋ᠠᠨ ᠭᠠᠷᠭ᠋ᠠᠬᠤ ᠪᠤᠶᠤ ᠪᠡᠯᠡᠭᠯᠡᠬᠦ᠎ᠳᠤ ᠬᠦᠷᠪᠡᠯ᠂ ᠲᠤᠰ ᠪᠠᠷᠢᠯᠭ᠎ᠠ᠂ ᠪᠠᠷᠢᠯᠭ᠎ᠠ ᠵᠢᠨ ᠵᠦᠢ᠍ᠯ ᠵᠢᠴᠢ ᠲᠡᠭᠦᠨ᠎ᠤ ᠲᠡᠭ᠋ᠠᠯᠳᠠ ᠲᠥᠬᠥᠭᠡᠷᠦᠮᠵᠢ ᠵᠢᠨ ᠡᠵᠡᠯᠡᠨ ᠬᠡᠷᠡᠭᠯᠡᠬᠦ ᠬᠡᠪᠴᠢᠶᠡᠨ᠎ᠳᠠᠬᠢ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ ᠵᠢ ᠬᠠᠮᠲᠤ᠎ᠳᠤᠨᠢ ᠰᠢᠢ᠍ᠳᠪᠤᠷᠢᠯᠡᠨ᠎ᠡ᠃
    ᠭᠤᠷᠪᠠᠨ ᠵᠠᠭᠤ ᠲᠡᠪᠢᠠ ᠨᠠᠢ᠍ᠮᠠᠳᠤᠭ᠋ᠠᠷ ᠵᠦᠢ᠍ᠯ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ ᠵᠢᠨ ᠬᠤᠭᠤᠴᠠᠭ᠎ᠠ ᠳᠦᠭᠦᠷᠬᠦ᠎ᠠᠴᠠ ᠡᠮᠦᠨ᠎ᠡ᠂ ᠤᠯᠡᠠ ᠨᠡᠶ᠋ᠢᠲᠡ ᠵᠢᠨ ᠠᠰᠢᠭ ᠲᠤᠰᠠ ᠵᠢᠨ ᠬᠡᠷᠡᠭᠴᠡᠭᠡ᠎ᠠᠴᠠ ᠪᠤᠯᠵᠦ ᠲᠤᠰ ᠭᠠᠵᠠᠷ ᠰᠢᠷᠣᠶ ᠵᠢ ᠤᠷᠢᠳᠴᠢᠯᠠᠨ ᠬᠤᠷᠢᠶᠡᠠ ᠠᠪᠬᠤ᠎ᠳᠤ ᠬᠦᠷᠪᠡᠯ᠂ ᠲᠤᠰ ᠬᠠᠤᠯᠢ ᠵᠢᠨ ᠬᠣᠶᠠᠷ ᠵᠠᠭᠤ ᠳᠥᠴᠢᠨ ᠭᠤᠷᠪᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠨ ᠲᠤᠰ ᠭᠠᠵᠠᠷ ᠰᠢᠷᠣᠶ ᠳᠡᠭᠡᠷᠡᠬᠢ ᠭᠡᠷ ᠪᠠᠶ᠋ᠢᠰᠢᠩ ᠵᠢᠴᠢ ᠪᠤᠰᠤᠳ ᠤᠢ᠍ᠯᠦ ᠬᠥᠳᠡᠯᠬᠦ ᠬᠦᠷᠦᠩᠭᠡ᠎ᠳᠤ ᠨᠥᠬᠥᠪᠥᠷᠢ ᠥᠭᠬᠦ ᠵᠢᠨ ᠬᠠᠮᠲᠤ ᠵᠣᠬᠢᠴᠠᠩᠭᠤᠶ ᠰᠢᠯᠵᠢᠭᠦᠯᠦᠨ ᠬᠤᠳᠠᠯᠳᠤᠬᠤ ᠮᠥᠩᠭᠥ ᠵᠢ ᠪᠤᠴᠠᠭ᠋ᠠᠵᠤ ᠥᠭᠬᠦ ᠬᠡᠷᠡᠭᠲᠡᠶ᠃
  ᠭᠤᠷᠪᠠᠨ ᠵᠠᠭᠤ ᠲᠠᠪᠢ ᠶᠢᠰᠦᠳᠦᠭᠡᠷ ᠵᠦᠢ᠍ᠯ   ᠤᠷᠤᠨ ᠰᠠᠭᠤᠴᠠ ᠵᠢᠨ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ ᠵᠢᠨ ᠬᠤᠭᠤᠴᠠᠭ᠎ᠠ᠎ᠨᠢ ᠳᠦᠭᠦᠷᠦᠭᠰᠡᠨ ᠪᠠᠶ᠋ᠢᠪᠠᠯ᠂ ᠠᠶᠠᠨᠳᠠᠭ᠋ᠠᠨ ᠬᠤᠭᠤᠴᠠᠭ᠎ᠠ ᠵᠢ᠎ᠨᠢ ᠤᠷᠲᠤᠳᠬᠠᠨ᠎ᠠ᠃ ᠬᠤᠭᠤᠴᠠᠭ᠎ᠠ ᠵᠢ ᠤᠷᠲᠤᠳᠬᠠᠭᠰᠠᠨ ᠰᠦᠢ᠍ᠳᠬᠡᠯ᠎ᠢ ᠲᠤᠰᠢᠶᠠᠬᠤ ᠪᠤᠶᠤ ᠬᠠᠰᠤᠵᠤ ᠬᠡᠯᠲᠦᠷᠢᠭᠦᠯᠬᠦ᠎ᠳᠤ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ᠃
    ᠣᠷᠣᠨ ᠰᠠᠭᠤᠴᠠ ᠵᠢᠨ ᠪᠤᠰᠤ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ ᠵᠢᠨ ᠬᠤᠭᠤᠴᠠᠭ᠎ᠠ ᠳᠦᠭᠦᠷᠦᠭᠰᠡᠨ᠎ᠤ ᠳᠠᠷᠠᠭ᠋ᠠᠬᠢ ᠬᠤᠭᠤᠴᠠᠭ᠎ᠠ ᠵᠢ ᠤᠷᠲᠤᠳᠬᠠᠬᠤ᠎ᠳᠤ ᠬᠠᠤᠯᠢ ᠴᠠᠭ᠋ᠠᠵᠠ ᠵᠢᠨ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ᠃ ᠲᠤᠰ ᠭᠠᠵᠠᠷ ᠰᠢᠷᠣᠶ ᠳᠡᠭᠡᠷᠡᠬᠢ ᠭᠡᠷ ᠪᠠᠶ᠋ᠢᠰᠢᠩ ᠵᠢᠴᠢ ᠪᠤᠰᠤᠳ ᠦᠯᠦ ᠬᠥᠳᠡᠯᠬᠦ ᠬᠦᠷᠦᠨᠭᠭᠡ ᠵᠢᠨ ᠬᠠᠷᠢᠶᠠᠯᠠᠯ᠎ᠢ ᠪᠣᠯᠵᠣᠯ᠎ᠲᠠᠢ ᠪᠠᠶ᠋ᠢᠪᠠᠯ᠂ ᠪᠣᠯᠵᠣᠯ ᠶᠣᠰᠣᠭ᠋ᠠᠷ ᠭᠦᠢ᠍ᠴᠡᠳᠬᠡᠨ᠎ᠡ; ᠪᠣᠯᠵᠣᠯ ᠦᠭᠡᠢ ᠪᠤᠶᠤ ᠪᠣᠯᠵᠣᠯ᠎ᠨᠢ ᠲᠣᠳᠣᠷᠬᠠᠶ ᠦᠭᠡᠢ ᠪᠠᠶ᠋ᠢᠪᠠᠯ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ᠃
    ᠭᠤᠷᠪᠠᠨ ᠵᠠᠭᠤ ᠵᠢᠷᠠᠳᠤᠭ᠋ᠠᠷ ᠵᠦᠢ᠍ᠯ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠡᠷᠬᠡ ᠤᠰᠠᠳᠤᠭᠰᠠᠨ ᠪᠠᠶ᠋ᠢᠪᠠᠯ᠂ ᠰᠢᠯᠵᠢᠭᠦᠯᠦᠨ ᠥᠭᠭᠦᠭᠴᠢ᠎ᠨᠢ ᠴᠠᠭ ᠲᠤᠬᠠᠶ᠎ᠳᠤᠨᠢ ᠲᠡᠡᠭᠰᠡᠯᠡᠯᠳᠠ᠎ᠪᠠᠨ ᠬᠠᠰᠤᠭᠤᠯᠬᠤ ᠬᠡᠷᠡᠭᠲᠡᠶ᠃ ᠳᠠᠩᠰᠠᠯᠠᠬᠤ ᠪᠠᠶ᠋ᠢᠭᠤᠯᠤᠮᠵᠢ᠎ᠨᠢ ᠡᠷᠬᠡ ᠵᠢᠨ ᠬᠠᠷᠢᠶᠠᠯᠠᠯ᠎ᠤᠨ ᠦᠨᠡᠮᠯᠡᠯ ᠵᠶ᠋ᠠᠨ ᠬᠤᠷᠢᠶᠠᠵᠤ ᠠᠪᠬᠤ ᠬᠡᠷᠡᠭᠲᠡᠶ᠃
      ᠭᠤᠷᠪᠠᠨ ᠵᠠᠭᠤ ᠵᠢᠷᠠᠨ ᠨᠢᠭᠡᠳᠦᠭᠡᠷ ᠵᠦᠢ᠍ᠯ ᠬᠠᠮᠲᠤ ᠵᠢᠨ ᠥᠮᠴᠢᠯᠡᠯ᠎ᠤᠨ ᠭᠠᠵᠠᠷ ᠰᠢᠷᠣᠶ ᠵᠢ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠪᠣᠯᠭ᠋ᠠᠬᠤ᠎ᠳᠤ ᠬᠦᠷᠪᠡᠯ᠂ ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ ᠵᠢᠨ ᠲᠣᠭᠲᠠᠭ᠋ᠠᠯ ᠶᠣᠰᠣᠭ᠋ᠠᠷ ᠭᠦᠢ᠍ᠴᠡᠳᠬᠡᠬᠦ ᠬᠡᠷᠡᠭᠲᠡᠶ᠃

    ᠠᠮᠢ ᠠᠬᠤᠶ ᠣᠷᠴᠢᠨ ᠲᠣᠭᠣᠷᠢᠨ᠎ᠢ ᠬᠠᠮᠠᠭ᠋ᠠᠯᠠᠬᠤ ᠲᠤᠬᠠᠶ ᠲᠣᠭᠲᠠᠭ᠋ᠠᠯ
    ᠶᠡᠷᠦᠩᠬᠡᠶ ᠲᠤᠢ᠍ᠷᠢᠮ᠎ᠤᠨ ᠠᠡᠭᠬᠢ
    ᠨᠢᠭᠡᠳᠦᠭᠡᠷ ᠪᠦᠯᠦᠭ ᠦᠨᠳᠦᠰᠦᠨ ᠲᠣᠭᠲᠠᠭ᠋ᠠᠯ
    ᠶᠢᠰᠦᠳᠦᠭᠡᠷ ᠵᠦᠢ᠍ᠯ ᠢᠷᠭᠡᠨ᠎ᠤ ᠬᠡᠷᠡᠭ᠎ᠤᠨ ᠪᠡᠶᠡᠴᠢ ᠴᠣᠭᠴᠠ ᠢᠷᠭᠡᠨ᠎ᠤ ᠬᠡᠷᠡᠭ᠎ᠤᠨ ᠠᠵᠢᠯᠯᠠᠭ᠎ᠠ ᠬᠢᠬᠦ᠎ᠳᠡᠭᠡᠨ ᠡᠬᠢ ᠪᠠᠶᠠᠯᠢᠭ᠎ᠢ ᠠᠷᠪᠢᠯᠠᠬᠤ᠂ ᠠᠮᠢ ᠠᠬᠤᠶ ᠣᠷᠴᠢᠨ   ᠲᠤᠭᠤᠷᠢᠨ᠎ᠢ ᠬᠠᠮᠠᠭ᠋ᠠᠯᠠᠬᠤ᠎ᠳᠤ ᠠᠰᠢᠭᠲᠠᠶ ᠪᠠᠶ᠋ᠢᠯᠭ᠋ᠠᠬᠤ ᠬᠡᠷᠡᠭᠲᠡᠶ᠃
    ᠪᠣᠳᠠᠰ᠎ᠤᠨ ᠡᠷᠬᠡ ᠵᠢᠨ ᠠᠩᠬᠢ
    ᠵᠢᠷᠭᠤᠳᠤᠭ᠋ᠠᠷ ᠪᠦᠯᠦᠭ ᠥᠮᠴᠢᠲᠡᠨ᠎ᠤ ᠪᠠᠷᠢᠯᠭ᠎ᠠ ᠵᠢᠨ ᠬᠤᠪᠢᠶᠠᠷᠢᠲᠤ ᠥᠮᠴᠢᠯᠡᠯ᠎ᠤᠨ ᠡᠷᠬᠡ
    ᠬᠣᠶᠠᠷ ᠵᠠᠭᠤ ᠨᠠᠶᠠᠨ ᠵᠢᠷᠭᠤᠳᠤᠭ᠋ᠠᠷ ᠵᠦᠢ᠍ᠯ   ᠦᠮᠴᠢᠳᠡᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠬᠠᠮᠢᠶᠠᠷᠤᠯᠲᠠ ᠵᠢᠨ ᠨᠡᠶ᠋ᠢᠲᠡ ᠵᠢᠨ ᠭᠡᠷ᠎ᠡ ᠵᠢ ᠵᠢᠷᠤᠮᠯᠠᠬᠤ ᠬᠡᠷᠡᠭᠲᠡᠶ᠂ ᠬᠣᠯᠪᠣᠭᠳᠠᠯ ᠪᠦᠬᠦᠢ ᠦᠢ᠍ᠯᠡ ᠠᠵᠢᠯᠯᠠᠭ᠎ᠠ᠎ᠨᠢ ᠡᠬᠢ ᠪᠠᠶᠠᠯᠢᠭ᠎ᠢ ᠠᠷᠪᠢᠯᠠᠬᠤ᠂ ᠠᠮᠢ ᠠᠬᠤᠶ ᠣᠷᠴᠢᠨ ᠲᠤᠭᠤᠷᠢᠨ᠎ᠢ ᠬᠠᠮᠠᠭ᠋ᠠᠯᠠᠬᠤ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃ ᠠᠳᠠᠯ ᠠᠬᠤᠶ ᠵᠢᠨ ᠦᠢ᠍ᠯᠡᠴᠢᠯᠡᠭᠡᠨ᠎ᠤ ᠠᠵᠤ ᠠᠬᠤᠶ᠋ᠢᠯᠠᠯ ᠪᠤᠶᠤ ᠪᠤᠰᠤᠳ ᠬᠠᠮᠢᠶᠠᠷᠤᠭᠴᠢ ᠵᠢᠨ ᠵᠠᠰᠠᠭ᠎ᠤᠨ ᠣᠷᠳᠣᠨ᠎ᠤ ᠬᠠᠤᠯᠢ ᠶᠣᠰᠣᠭ᠋ᠠᠷ ᠬᠡᠷᠡᠭᠵᠢᠭᠦᠯᠵᠦ ᠪᠠᠶ᠋ᠢᠭ᠎ᠠ ᠪᠠᠴᠢᠮ ᠪᠠᠶ᠋ᠢᠳᠠᠯ᠎ᠢ ᠠᠷᠭ᠋ᠠᠴᠠᠨ   ᠰᠢᠢ᠍ᠳᠪᠤᠷᠢᠯᠡᠬᠦ ᠠᠷᠭ᠎ᠠ ᠬᠡᠮᠵᠢᠶ᠎ᠡ ᠪᠠ ᠪᠤᠰᠤᠳ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠬᠦ᠎ᠳᠤ᠂ ᠥᠮᠴᠢᠲᠡᠨ ᠬᠠᠤᠯᠢ ᠶᠣᠰᠣᠭ᠋ᠠᠷ ᠬᠠᠮᠵᠢᠯᠴᠠᠬᠤ ᠬᠡᠷᠡᠭᠲᠡᠶ᠃
    ᠠᠷᠪᠠᠳᠤᠭ᠋ᠠᠷ ᠪᠦᠯᠦᠭ ᠡ᠊ᠩ᠎ᠤᠨ ᠲᠣᠭᠲᠠᠭ᠋ᠠᠯ
    ᠭᠤᠷᠪᠠᠨ ᠵᠠᠭᠤ ᠬᠣᠷᠢᠨ ᠵᠢᠷᠭᠤᠳᠤᠭ᠋ᠠᠷ ᠵᠦᠢ᠍ᠯ ᠠ᠋ᠰᠢᠭ ᠤᠯᠬᠤ ᠪᠣᠳᠠᠰ᠎ᠤᠨ ᠡᠷᠬᠡᠲᠦ ᠬᠥᠮᠦᠨ ᠡᠷᠬᠡ᠎ᠪᠠᠨ ᠬᠡᠷᠡᠭᠵᠢᠭᠦᠯᠬᠦ᠎ᠳᠡᠭᠡᠨ ᠡᠬᠢ ᠪᠠᠶᠠᠯᠢᠭ᠎ᠢ ᠬᠠᠮᠠᠭ᠋ᠠᠯᠠᠬᠤ ᠪᠠ ᠵᠦᠢ ᠵᠣᠬᠢᠰᠲᠠᠶ᠎ᠪᠠᠷ ᠨᠡᠭᠡᠭᠡᠨ ᠠᠰᠢᠭᠯᠠᠬᠤ᠂ ᠠᠮᠢ ᠠᠬᠤᠶ ᠣᠷᠴᠢᠨ ᠲᠤᠭᠤᠷᠢᠨ᠎ᠢ ᠬᠠᠮᠠᠭ᠋ᠠᠯᠠᠬᠤ ᠲᠤᠬᠠᠶ ᠬᠠᠤᠯᠢ ᠴᠠᠭ᠋ᠠᠵᠠ ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠃ ᠥᠮᠴᠢᠯᠡᠯ᠎ᠤᠨ ᠡᠷᠬᠡᠲᠦ ᠬᠥᠮᠦᠨ᠎ᠨᠢ ᠠᠰᠢᠭ ᠤᠯᠬᠤ ᠪᠣᠳᠠᠰ᠎ᠤᠨ ᠡᠷᠬᠡᠲᠦ ᠬᠥᠮᠦᠨ᠎ᠤ ᠡᠷᠬᠡ᠎ᠪᠠᠨ ᠬᠡᠷᠡᠭᠵᠢᠭᠦᠯᠬᠦ᠎ᠳᠤ ᠭᠠᠷ ᠲᠦᠷᠦᠵᠦ ᠪᠣᠯᠬᠤ ᠦᠭᠡᠢ᠃
    ᠭᠡᠷ᠎ᠡ ᠵᠢᠨ ᠠᠡᠭᠬᠢ
    ᠳᠥᠷᠪᠡᠳᠦᠭᠡᠷ ᠪᠦᠯᠦᠭ ᠭᠡᠷ᠎ᠡ ᠵᠢ ᠭᠦᠢ᠍ᠴᠡᠳᠬᠡᠬᠦ
    ᠲᠠᠪᠤᠨ ᠵᠠᠭᠤ ᠶᠢᠰᠦᠳᠦᠭᠡᠷ ᠵᠦᠢ᠍ᠯ ᠲᠤᠬᠠᠶ ᠵᠢᠨ ᠬᠥᠮᠦᠨ᠎ᠨᠢ ᠪᠣᠯᠵᠣᠨ ᠲᠣᠭᠲᠠᠭᠰᠠᠨ ᠶᠣᠰᠣᠭ᠋ᠠᠷ ᠥᠪᠡᠷ᠎ᠤᠨ ᠡᠭᠦᠷᠭᠡ᠎ᠪᠠᠨ ᠪᠦᠬᠦ ᠲᠠᠯ᠎ᠠ᠎ᠪᠠᠷ ᠭᠦᠢ᠍ᠴᠡᠳᠬᠡᠬᠦ ᠬᠡᠷᠡᠭᠲᠡᠶ᠃
    ᠲᠤᠬᠠᠶ ᠵᠢᠨ ᠬᠥᠮᠦᠨ ᠦᠨᠡᠨᠴᠢ ᠢᠲᠡᠭᠡᠮᠵᠢᠲᠡᠶ ᠪᠠᠶ᠋ᠢᠬᠤ ᠵᠠᠷᠴᠢᠮ᠎ᠢ ᠵᠢᠷᠤᠮᠯᠠᠨ᠂ ᠭᠡᠷ᠎ᠡ ᠵᠢᠨ ᠰᠢᠨᠵᠢ ᠴᠢᠨᠠᠷ᠂ ᠵᠣᠷᠢᠯᠭ᠎ᠠ ᠪᠠ ᠠᠷᠠᠯᠵᠢᠶᠠᠨ᠎ᠤ ᠵᠤᠷᠰᠢᠯ᠎ᠢ ᠦᠨᠳᠦᠰᠦᠯᠡᠨ ᠮᠡᠳᠡᠭᠳᠡᠬᠦ᠂ ᠬᠠᠮᠵᠢᠯᠴᠠᠬᠤ᠂ ᠨᠢᠭᠤᠴᠠ ᠵᠢ ᠬᠠᠮᠠᠭ᠋ᠠᠯᠠᠬᠤ ᠵᠡᠷᠭᠡ ᠡᠭᠦᠷᠭᠡ ᠵᠢ ᠭᠦᠢ᠍ᠴᠡᠳᠬᠡᠬᠦ ᠬᠡᠷᠡᠭᠲᠡᠶ᠃
    ᠲᠤᠬᠠᠶ ᠵᠢᠨ ᠬᠥᠮᠦᠨ ᠭᠡᠷ᠎ᠡ ᠵᠢ ᠭᠦᠢ᠍ᠴᠡᠳᠬᠡᠬᠦ ᠶᠠᠪᠤᠴᠠ᠎ᠳᠠᠭᠠᠨ ᠡᠬᠢ ᠪᠠᠶᠠᠯᠢᠭ᠎ᠢ ᠪᠦᠷᠢᠯᠭᠡᠬᠦ᠂ ᠣᠷᠴᠢᠨ ᠲᠤᠭᠤᠷᠢᠨ᠎ᠢ ᠪᠣᠬᠢᠷᠲᠤᠭᠤᠯᠬᠤ ᠪᠠ ᠠᠮᠢ ᠠᠬᠤᠶ ᠵᠢ ᠡᠪᠳᠡᠬᠦ᠎ᠠᠴᠠ ᠵᠠᠶ᠋ᠢᠯᠠᠰᠬᠢᠬᠦ ᠬᠡᠷᠡᠭᠲᠡᠶ᠃
   
  ᠣᠷᠴᠢᠨ ᠠᠬᠤᠶ ᠵᠢᠨ ᠪᠣᠬᠢᠷᠲᠤᠯ ᠪᠠ ᠠᠮᠢ ᠠᠬᠤᠶ ᠵᠢᠨ ᠡᠪᠳᠡᠭᠳᠡᠯ᠎ᠤᠨ     ᠬᠠᠷᠢᠭᠤᠴᠠᠯᠭ᠎ᠠ᠂ ᠪᠠᠷᠢᠯᠭ᠎ᠠ ᠵᠢᠨ ᠪᠤᠳᠠᠰ ᠪᠠ ᠶᠠᠭᠤᠮ᠎ᠠ ᠬᠡᠦᠮ᠎ᠡ ᠵᠢᠨ ᠬᠣᠬᠢᠷᠠᠯ᠎ᠤᠨ ᠬᠠᠷᠢᠭᠤᠴᠠᠯᠭ᠎ᠠ ᠵᠢᠨ ᠲᠤᠬᠠᠶ ᠲᠣᠭᠲᠠᠭ᠋ᠠᠯ
    ᠡᠷᠬᠡᠨ᠎ᠳᠤ ᠬᠠᠯᠳᠠᠭᠰᠠᠨ ᠬᠠᠷᠢᠭᠤᠴᠠᠯᠭ᠎ᠠ ᠵᠢᠨ ᠠᠩᠬᠢ
    ᠳᠣᠯᠣᠳᠤᠭ᠋ᠠᠷ ᠪᠦᠯᠦᠭ   ᠤᠷᠴᠢᠨ ᠲᠤᠭᠤᠷᠢᠨ᠎ᠢ ᠪᠣᠬᠢᠷᠲᠤᠭᠤᠯᠤᠭᠰᠠᠨ ᠪᠠ ᠠᠮᠢ ᠠᠬᠤᠶ ᠵᠢ ᠡᠪᠳᠡᠭᠰᠡᠨ ᠬᠠᠷᠢᠭᠤᠴᠠᠯᠭ᠎ᠠ
  ᠮᠢᠩᠭ᠎ᠠ ᠬᠣᠶᠠᠷ ᠵᠠᠭᠤ ᠭᠤᠴᠢᠨ ᠳᠥᠷᠪᠡᠳᠦᠭᠡᠷ ᠵᠦᠢ᠍ᠯ   ᠤᠯᠤᠰ᠎ᠤᠨ ᠲᠣᠭᠲᠠᠭ᠋ᠠᠯ᠎ᠢ ᠵᠥᠷᠢᠴᠡᠨ ᠠᠮᠢ ᠠᠬᠤᠶ ᠣᠷᠴᠢᠨ ᠲᠣᠭᠣᠷᠢᠨ᠎ᠢ ᠬᠣᠬᠢᠷᠠᠭᠤᠯᠵᠤ᠂ ᠠᠮᠢ ᠠᠬᠤᠶ ᠣᠷᠴᠢᠨ ᠲᠣᠭᠣᠷᠢᠨ᠎ᠢ ᠵᠠᠰᠠᠨ ᠰᠡᠷᠭᠦᠭᠡᠵᠦ ᠲᠡᠢ᠌ᠯᠬᠦ ᠪᠠᠶ᠋ᠢᠪᠠᠯ᠂ ᠤᠯᠤᠰ᠎ᠠᠴᠠ ᠲᠣᠭᠲᠠᠭ᠋ᠠᠭᠰᠠᠨ ᠪᠠᠶ᠋ᠢᠭᠤᠯᠭ᠎ᠠ ᠪᠤᠶᠤ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠵᠣᠬᠢᠶᠠᠨ ᠪᠠᠶ᠋ᠢᠭᠤᠯᠤᠯᠲᠠ᠎ᠨᠢ ᠵᠦᠢ ᠵᠣᠬᠢᠰᠲᠠᠶ ᠬᠤᠭᠤᠴᠠᠭ᠋ᠠᠨ᠎ᠤ ᠳᠣᠲᠣᠷ᠎ᠠ ᠡᠷᠬᠡ᠎ᠳᠤ ᠬᠠᠯᠳᠠᠭᠴᠢ᠎ᠪᠠᠷ ᠵᠠᠰᠠᠨ ᠰᠡᠷᠭᠦᠭᠡᠬᠦ ᠬᠠᠷᠢᠭᠤᠴᠠᠯᠭ᠎ᠠ ᠡᠭᠦᠷᠭᠡᠯᠡᠭᠦᠯᠬᠦ᠎ᠪᠠᠷ ᠭᠤᠶᠤᠴᠢᠯᠠᠬᠤ ᠡᠷᠬᠡ᠎ᠲᠠᠢ᠃ ᠡᠷᠬᠡ᠎ᠳᠤ ᠬᠠᠯᠳᠠᠭᠰᠠᠨ ᠬᠥᠮᠦᠨ᠎ᠨᠢ ᠬᠤᠭᠤᠴᠠᠭ᠋ᠠᠨ᠎ᠤ ᠳᠣᠲᠣᠷ᠎ᠠ ᠵᠠᠰᠠᠵᠤ ᠰᠡᠷᠭᠦᠭᠡᠭᠰᠡᠨ ᠦᠭᠡᠢ ᠪᠠᠶ᠋ᠢᠪᠠᠯ᠂ ᠤᠯᠤᠰ᠎ᠠᠴᠠ ᠲᠣᠭᠲᠠᠭ᠋ᠠᠭᠰᠠᠨ ᠪᠠᠶ᠋ᠢᠭᠤᠯᠭ᠎ᠠ ᠪᠤᠶᠤ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠵᠣᠬᠢᠶᠠᠨ ᠪᠠᠶ᠋ᠢᠭᠤᠯᠤᠯᠲᠠ ᠥᠪᠡᠷ ᠵᠶ᠋ᠠᠨ ᠪᠤᠶᠤ ᠪᠤᠰᠤᠳ᠎ᠲᠤ ᠨᠠᠶ᠋ᠢᠳᠠᠵᠤ ᠵᠠᠰᠠᠵᠤ ᠰᠡᠷᠭᠦᠭᠡᠵᠦ ᠪᠣᠯᠤᠨ᠎ᠠ᠂ ᠬᠡᠷᠡᠭᠰᠡᠬᠦ ᠵᠠᠷᠤᠳᠠᠯ᠎ᠢ ᠡᠷᠬᠡ᠎ᠳᠤ ᠬᠠᠯᠳᠠᠭᠰᠠᠨ ᠬᠥᠮᠦᠨ ᠡᠭᠦᠷᠭᠡᠯᠡᠨ᠎ᠡ᠃
    ᠮᠢᠩᠭ᠎ᠠ ᠬᠣᠶᠠᠷ ᠵᠠᠭᠤ ᠭᠤᠴᠢᠨ ᠲᠠᠪᠤᠳᠤᠭ᠋ᠠᠷ ᠵᠦᠢ᠍ᠯ ᠤᠯᠤᠰ᠎ᠤᠨ ᠲᠣᠭᠲᠠᠭ᠋ᠠᠯ᠎ᠢ ᠵᠥᠷᠢᠴᠡᠵᠦ ᠠᠮᠢ ᠠᠬᠤᠶ ᠣᠷᠴᠢᠨ ᠲᠣᠭᠣᠷᠢᠨ᠎ᠢ ᠬᠣᠬᠢᠷᠠᠭᠤᠯᠤᠭᠰᠠᠨ ᠪᠠᠶ᠋ᠢᠪᠠᠯ᠂ ᠤᠯᠤᠰ᠎ᠠᠴᠠ ᠲᠣᠭᠲᠠᠭ᠋ᠠᠭᠰᠠᠨ ᠪᠠᠶ᠋ᠢᠭᠤᠯᠭ᠎ᠠ ᠪᠤᠶᠤ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠵᠣᠬᠢᠶᠠᠨ ᠪᠠᠶ᠋ᠢᠭᠤᠯᠤᠯᠲᠠ᠎ᠨᠢ ᠡᠷᠬᠡ᠎ᠳᠤ ᠬᠠᠯᠳᠠᠭᠴᠢ᠎ᠪᠠᠷ ᠳᠣᠣᠷ᠎ᠠ ᠵᠢᠭᠰᠠᠭ᠋ᠠᠭᠰᠠᠨ ᠬᠣᠬᠢᠷᠠᠯ ᠪᠠ ᠵᠠᠷᠤᠳᠠᠯ᠎ᠢ ᠲᠤᠢ᠍ᠯᠦᠬᠦᠯᠬᠦ᠎ᠪᠠᠷ ᠭᠤᠶᠤᠴᠢᠯᠠᠬᠤ ᠡᠷᠬᠡ᠎ᠲᠠᠢ᠄
   (ᠨᠢᠭᠡ) ᠠᠮᠢ ᠠᠬᠤᠶ ᠣᠷᠴᠢᠨ ᠲᠣᠭᠣᠷᠢᠨ᠎ᠨᠢ ᠬᠣᠬᠢᠷᠠᠯ᠎ᠳᠤ ᠤᠴᠠᠷᠠᠭᠰᠠᠨ᠎ᠠᠴᠠ ᠰᠡᠷᠭᠦᠭᠡᠯᠲᠡ ᠵᠢ ᠪᠡᠶᠡᠯᠡᠬᠦᠯᠬᠦ ᠪᠤᠯᠳᠠᠯᠠᠬᠢ ᠬᠤᠭᠤᠴᠠᠭ᠋ᠠᠨ᠎ᠳᠠᠬᠢ ᠦᠢ᠍ᠯᠡᠴᠢᠯᠡᠭᠡᠨ᠎ᠤ ᠴᠢᠳᠠᠮᠵᠢ᠎ᠪᠠᠨ ᠠᠯᠳᠠᠭᠰᠠᠨ᠎ᠠᠴᠠ ᠪᠣᠯᠤᠭᠰᠠᠨ ᠬᠣᠬᠢᠷᠠᠯ;
   (ᠬᠣᠶᠠᠷ) ᠠᠮᠢ ᠠᠬᠤᠶ ᠣᠷᠴᠢᠨ ᠲᠤᠭᠤᠷᠢᠨ᠎ᠤ ᠴᠢᠳᠠᠮᠵᠢ ᠵᠢᠨ ᠥᠨᠢᠳᠡ ᠵᠢᠨ ᠴᠢᠨᠠᠷᠲᠠᠶ ᠬᠣᠬᠢᠷᠠᠯ᠎ᠠᠴᠠ ᠪᠣᠯᠤᠭᠰᠠᠨ ᠬᠣᠬᠢᠷᠠᠯ;
   (ᠭᠤᠷᠪᠠ) ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠪᠠᠶ᠋ᠢᠳᠠᠯ᠎ᠢ ᠪᠠᠶ᠋ᠢᠴᠠᠭ᠋ᠠᠬᠤ᠂ ᠬᠢᠨᠠᠨ ᠲᠣᠭᠲᠠᠭ᠋ᠠᠵᠤ ᠦᠨᠡᠯᠡᠨ ᠵᠢᠱ᠌ᠢᠬᠦ ᠵᠡᠷᠭᠡ ᠵᠠᠷᠤᠳᠠᠯ;
   (ᠲᠦᠷᠪᠡ) ᠪᠣᠬᠢᠷᠲᠤᠯ᠎ᠢ ᠠᠷᠢᠯᠭ᠋ᠠᠬᠤ᠂ ᠠᠮᠢ ᠠᠬᠤᠢ ᠣᠷᠴᠢᠨ ᠲᠣᠭᠣᠷᠢᠨ᠎ᠢ ᠰᠡᠷᠭᠦᠭᠡᠬᠦ ᠵᠠᠷᠤᠳᠠᠯ;
  (ᠲᠠᠪᠤ) ᠬᠣᠬᠢᠷᠠᠯ ᠭᠠᠷᠬᠤ ᠪᠠ ᠬᠤᠬᠢᠷᠠᠯ᠎ᠤᠨ ᠥᠷᠭᠡᠳᠬᠡᠬᠦ᠎ᠠᠴᠠ ᠰᠡᠷᠭᠡᠢ᠌ᠯᠡᠬᠦ᠎ᠳᠤ ᠵᠠᠷᠤᠴᠠᠭᠤᠯᠤᠭᠰᠠᠨ ᠵᠦᠢ ᠵᠣᠬᠢᠰᠲᠠᠶ ᠵᠠᠷᠤᠳᠠᠯ᠃
  ᠠᠷᠪᠠᠳᠤᠭ᠋ᠠᠷ ᠪᠦᠯᠦᠭ ᠪᠠᠷᠢᠯᠭ᠎ᠠ ᠵᠢᠨ ᠪᠤᠳᠠᠰ ᠪᠠ ᠶᠠᠭᠤᠮ᠎ᠠ ᠬᠡᠦᠮ᠎ᠡ ᠵᠢᠨ ᠬᠣᠬᠢᠷᠠᠯ᠎ᠤᠨ ᠬᠠᠷᠢᠭᠤᠴᠠᠯᠭ᠎ᠠ
    ᠮᠢᠩᠭ᠎ᠠ ᠬᠣᠶᠠᠷ ᠵᠠᠭᠤ ᠲᠡᠪᠢᠠ ᠬᠣᠶᠠᠳᠤᠭ᠋ᠠᠷ ᠵᠦᠢ᠍ᠯ   ᠪᠠᠷᠢᠯᠭ᠎ᠠ ᠵᠢᠨ ᠪᠤᠳᠠᠰ᠂ ᠪᠠᠷᠢᠯᠭ᠎ᠠ ᠵᠢᠨ ᠵᠦᠢ᠍ᠯ ᠪᠤᠶᠤ ᠪᠤᠰᠤᠳ ᠲᠥᠬᠥᠭᠡᠷᠦᠮᠵᠢ ᠨᠤᠷᠠᠵᠤ᠂ ᠴᠥᠮᠥᠷᠡᠭᠡᠳ ᠪᠤᠰᠤᠳ᠎ᠲᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠪᠦᠳᠦᠭᠡᠠ ᠪᠠᠶ᠋ᠢᠭᠤᠯᠬᠤ ᠨᠢᠭᠡᠴᠢ ᠬᠢᠭᠡᠳ ᠪᠠᠷᠢᠯᠭ᠎ᠠ ᠪᠠᠷᠢᠬᠤ ᠨᠢᠭᠡᠴᠢ ᠬᠣᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠂ ᠭᠡᠪᠡᠴᠦ ᠪᠦᠳᠦᠭᠡᠠ ᠪᠠᠶ᠋ᠢᠭᠤᠯᠬᠤ ᠨᠢᠭᠡᠴᠢ ᠬᠢᠭᠡᠳ ᠪᠠᠷᠢᠯᠭ᠎ᠠ ᠪᠠᠷᠢᠬᠤ ᠨᠢᠭᠡᠴᠢ᠎ᠨᠢ ᠶᠠᠰᠤ ᠴᠢᠨᠠᠷ᠎ᠤᠨ ᠭᠡᠮ ᠰᠣᠭᠣᠭ ᠪᠠᠶ᠋ᠢᠬᠤ ᠤᠢ᠍ᠭᠡᠢ ᠭᠡᠳᠡᠭ᠎ᠢ ᠭᠡᠷᠡᠴᠢᠯᠡᠵᠦ ᠴᠢᠳᠠᠪᠠᠯ ᠡᠭᠦᠨ᠎ᠳᠤ ᠪᠠᠭᠲᠠᠬᠤ ᠤᠢ᠍ᠭᠡᠢ᠃ ᠪᠦᠳᠦᠭᠡᠠ ᠪᠠᠶ᠋ᠢᠭᠤᠯᠬᠤ ᠨᠢᠭᠡᠴᠢ᠂ ᠪᠠᠷᠢᠯᠭ᠎ᠠ ᠪᠠᠷᠢᠬᠤ ᠨᠢᠭᠡᠴᠢ ᠲᠦᠯᠦᠪᠤᠷᠢ ᠲᠤᠢ᠍ᠯᠦᠭᠰᠡᠠ᠎ᠤ ᠲᠡᠷᠡᠭ᠎ᠠ᠂ ᠪᠤᠰᠤᠳ ᠬᠠᠷᠢᠭᠤᠴᠠᠯᠭ᠎ᠠ᠎ᠲᠠᠢ ᠬᠥᠮᠦᠨ᠎ᠲᠠᠢ ᠪᠠᠶ᠋ᠢᠪᠠᠯ᠂ ᠪᠤᠰᠤᠳ ᠬᠠᠷᠢᠭᠤᠴᠠᠯᠭ᠎ᠠ᠎ᠲᠠᠢ ᠬᠥᠮᠦᠨ᠎ᠠᠴᠠ ᠨᠡᠬᠡᠨ ᠲᠤᠢ᠍ᠯᠦᠬᠦᠯᠬᠦ ᠡᠷᠬᠡ᠎ᠲᠠᠢ᠃
    ᠥᠮᠴᠢᠯᠡᠭᠴᠢ᠂ ᠬᠠᠮᠢᠶᠠᠷᠤᠭᠴᠢ᠂ ᠬᠡᠷᠡᠭᠯᠡᠭᠴᠢ ᠪᠤᠶᠤ ᠭᠤᠷᠪᠠᠳᠠᠬᠢ ᠬᠥᠮᠦᠨ᠎ᠤ ᠰᠢᠯᠲᠠᠭ᠋ᠠᠨ᠎ᠠᠴᠠ ᠪᠤᠯᠵᠤ᠂ ᠪᠠᠷᠢᠯᠭ᠎ᠠ ᠵᠢᠨ ᠪᠤᠳᠠᠰ᠂ ᠪᠠᠷᠢᠯᠭ᠎ᠠ ᠵᠢᠨ ᠵᠦᠢ᠍ᠯ ᠪᠤᠶᠤ ᠪᠤᠰᠤᠳ ᠲᠥᠬᠥᠭᠡᠷᠦᠮᠵᠢ ᠨᠤᠷᠠᠵᠤ᠂ ᠴᠥᠮᠥᠷᠡᠭᠡᠳ ᠪᠤᠰᠤᠳ ᠬᠥᠮᠦᠨ᠎ᠳᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠥᠮᠴᠢᠯᠡᠭᠴᠢ᠂ ᠬᠠᠮᠢᠶᠠᠷᠤᠭᠴᠢ᠂ ᠬᠡᠷᠡᠭᠯᠡᠭᠴᠢ ᠪᠤᠶᠤ ᠭᠤᠷᠪᠠᠳᠠᠬᠢ ᠬᠥᠮᠦᠨ ᠡᠷᠬᠡ᠎ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠨ᠎ᠡ᠃
    ᠮᠢᠩᠭ᠎ᠠ ᠬᠣᠶᠠᠷ ᠵᠠᠭᠤ ᠲᠡᠪᠢᠠ ᠭᠤᠷᠪᠠᠳᠤᠭ᠋ᠠᠷ ᠵᠦᠢ᠍ᠯ ᠪᠠᠷᠢᠯᠭ᠎ᠠ ᠵᠢᠨ ᠪᠤᠳᠠᠰ᠂ ᠪᠠᠷᠢᠯᠭ᠎ᠠ ᠵᠢᠨ ᠵᠦᠢ᠍ᠯ ᠪᠤᠶᠤ ᠪᠤᠰᠤᠳ ᠲᠥᠬᠥᠭᠡᠷᠦᠮᠵᠢ ᠵᠢᠴᠢ ᠲᠡᠭᠦᠨ᠎ᠤ ᠲᠠᠯᠪᠢᠭᠰᠠᠨ ᠶᠠᠭᠤᠮ᠎ᠠ᠂ ᠡᠯᠭᠦᠭᠰᠡᠨ ᠶᠠᠭᠤᠮ᠎ᠠ᠎ᠨᠢ ᠮᠤᠯᠲᠤᠷᠠᠨ ᠤᠨᠠᠵᠤ᠂ ᠤᠨᠠᠭ᠋ᠠᠳ ᠪᠤᠰᠤᠳ᠎ᠲᠤ ᠬᠣᠬᠢᠷᠠᠯ   ᠤᠴᠠᠷᠠᠭᠤᠯᠤᠭᠰᠠᠨ ᠪᠠᠢ᠌ᠵᠤ᠂ ᠥᠮᠴᠢᠯᠡᠭᠴᠢ᠂ ᠬᠠᠮᠢᠶᠠᠷᠤᠭᠴᠢ ᠪᠤᠶᠤ ᠬᠡᠷᠡᠭᠯᠡᠭᠴᠢ᠎ᠨᠢ ᠥᠪᠡᠷ᠎ᠤᠨ ᠠᠯᠳᠠᠭ᠎ᠠ ᠤᠢ᠍ᠭᠡᠢ ᠭᠡᠳᠡᠭ ᠵᠶ᠋ᠠᠨ ᠭᠡᠷᠡᠴᠢᠯᠡᠵᠦ ᠴᠢᠳᠠᠬᠤ ᠤᠢ᠍ᠭᠡᠢ ᠪᠠᠶ᠋ᠢᠪᠠᠯ᠂ ᠡᠷᠬᠡ᠎ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ ᠥᠮᠴᠢᠯᠡᠭᠴᠢ᠂ ᠬᠠᠮᠢᠶᠠᠷᠤᠭᠴᠢ ᠪᠤᠶᠤ ᠬᠡᠷᠡᠭᠯᠡᠭᠴᠢ ᠲᠦᠯᠦᠪᠦᠷᠢ ᠲᠦᠯᠦᠭᠰᠡᠨ᠎ᠤ ᠲᠠᠷᠠᠭ᠎ᠠ᠂ ᠪᠤᠰᠤᠳ ᠬᠠᠷᠢᠭᠤᠴᠠᠯᠭ᠎ᠠ᠎ᠲᠠᠢ ᠬᠥᠮᠦᠨ᠎ᠲᠠᠢ ᠪᠠᠶ᠋ᠢᠪᠠᠯ᠂ ᠪᠤᠰᠤᠳ ᠬᠠᠷᠢᠭᠤᠴᠠᠯᠭ᠎ᠠ᠎ᠲᠠᠢ ᠬᠥᠮᠦᠨ᠎ᠠᠴᠠ ᠲᠥᠯᠥᠪᠦᠷᠢ ᠨᠡᠬᠡᠮᠵᠢᠯᠡᠬᠦ ᠡᠷᠬᠡ᠎ᠲᠠᠢ᠃
   
    ᠦᠯᠦ ᠬᠥᠳᠡᠯᠬᠦ ᠬᠦᠷᠦᠩᠭᠡ ᠪᠤᠶᠤ ᠬᠥᠳᠡᠯᠬᠦ ᠬᠦᠷᠦᠩᠭᠡ ᠵᠢ ᠲᠠᠲᠠᠪᠤᠷᠢᠯᠠᠨ ᠠᠪᠬᠤ᠂ ᠲᠠᠲᠠᠪᠤᠷᠢᠯᠠᠨ ᠬᠡᠷᠡᠭᠯᠡᠬᠦ ᠲᠤᠬᠠᠶ ᠬᠣᠯᠪᠣᠭᠳᠠᠯ ᠪᠦ᠍ᠬᠦᠢ ᠲᠣᠭᠲᠠᠭ᠋ᠠᠯ
    ᠶᠡᠷᠦᠩᠬᠡᠶ ᠲᠤᠢ᠍ᠷᠢᠮ᠎ᠤᠨ ᠠᠡᠭᠬᠢ
    ᠲᠠᠪᠤᠳᠤᠭ᠋ᠠᠷ ᠪᠦᠯᠦᠭ ᠢᠷᠭᠡᠨ᠎ᠤ ᠬᠡᠷᠡᠭ᠎ᠤᠨ ᠡᠷᠬᠡ
  ᠵᠠᠭᠤ ᠠᠷᠪᠠᠨ ᠳᠣᠯᠣᠳᠤᠭ᠋ᠠᠷ ᠵᠦᠢ᠍ᠯ ᠤᠯᠠᠨ ᠨᠡᠶ᠋ᠢᠲᠡ ᠵᠢᠨ ᠠᠰᠢᠭ ᠲᠤᠰᠠ ᠵᠢᠨ ᠬᠡᠷᠡᠭᠴᠡᠭᠡ ᠵᠢᠨ ᠲᠥᠯᠥᠭᠡ᠂ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠪᠠ ᠵᠢᠷᠤᠮ᠎ᠤᠨ ᠶᠣᠰᠣᠭ᠋ᠠᠷ ᠦᠯᠦ ᠬᠥᠳᠡᠯᠬᠦ ᠬᠦᠷᠦᠨᠭᠭᠡ ᠪᠤᠶᠤ ᠬᠥᠳᠡᠯᠬᠦ ᠬᠦᠷᠦᠨᠭᠭᠡ ᠵᠢ ᠲᠠᠲᠠᠪᠤᠷᠢᠯᠠᠨ ᠠᠪᠬᠤ᠂ ᠲᠠᠲᠠᠪᠤᠷᠢᠯᠠᠨ ᠬᠡᠷᠡᠭᠯᠡᠬᠦ᠎ᠳᠤ ᠬᠦᠷᠪᠡᠯ᠂ ᠲᠥᠪ ᠭᠣᠣᠯᠴᠢ᠂ ᠵᠦᠢ ᠵᠣᠬᠢᠰᠲᠠᠶ ᠨᠥᠬᠥᠪᠥᠷᠢ ᠥᠭᠬᠦ ᠬᠡᠷᠡᠭᠲᠡᠶ᠃
    ᠪᠣᠳᠠᠰ᠎ᠤᠨ ᠡᠷᠬᠡ ᠵᠢᠨ ᠠᠩᠬᠢ
    ᠳᠥᠷᠪᠡᠳᠦᠭᠡᠷ ᠪᠦᠯᠦᠭ ᠡ᠊ᠩ᠎ᠤᠨ ᠲᠣᠭᠲᠠᠭ᠋ᠠᠯ
    ᠬᠣᠶᠠᠷ ᠵᠠᠭᠤ ᠳᠥᠴᠢᠨ ᠭᠤᠷᠪᠠᠳᠤᠭ᠋ᠠᠷ ᠵᠦᠢ᠍ᠯ   ᠤᠯᠠᠨ ᠨᠡᠶ᠋ᠢᠲᠡ ᠵᠢᠨ ᠠᠰᠢᠭ ᠲᠤᠰᠠ ᠵᠢᠨ ᠬᠡᠷᠡᠭᠴᠡᠭᠡ ᠵᠢᠨ ᠲᠥᠯᠥᠭᠡ᠂ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠪᠠ ᠵᠢᠷᠤᠮ᠎ᠤᠨ ᠶᠣᠰᠣᠭ᠋ᠠᠷ ᠬᠠᠮᠲᠤ ᠵᠢᠨ ᠥᠮᠴᠢᠯᠡᠯ᠎ᠤᠨ ᠭᠠᠵᠠᠷ ᠰᠢᠷᠣᠶ ᠪᠠ ᠵᠣᠬᠢᠶᠠᠨ ᠪᠠᠶ᠋ᠢᠭᠤᠯᠤᠯᠲᠠ᠂ ᠬᠤᠪᠢ ᠬᠥᠮᠦᠨ᠎ᠤ ᠭᠡᠷ ᠪᠠᠶ᠋ᠢᠰᠢᠩ ᠵᠢᠴᠢ ᠪᠤᠰᠤᠳ ᠦᠯᠦ ᠬᠥᠳᠡᠯᠬᠦ ᠬᠦᠷᠦᠨᠭᠭᠡ ᠵᠢ ᠲᠠᠲᠠᠪᠤᠷᠢᠯᠠᠨ ᠠᠪᠴᠤ ᠪᠣᠯᠤᠨ᠎ᠠ᠃
  ᠬᠠᠮᠲᠤ ᠵᠢᠨ ᠥᠮᠴᠢᠯᠡᠯ᠎ᠤᠨ ᠭᠠᠵᠠᠷ ᠰᠢᠷᠣᠶ ᠵᠢ ᠲᠠᠲᠠᠪᠤᠷᠢᠯᠠᠬᠤ᠎ᠳᠤ ᠬᠦᠷᠪᠡᠯ᠂ ᠭᠠᠵᠠᠷ ᠰᠢᠷᠣᠶ ᠵᠢᠨ ᠲᠥᠯᠥᠪᠦᠷᠢ ᠵᠢᠨ ᠰᠦᠢ᠍ᠳᠬᠡᠯ᠂ ᠲᠥᠪᠬᠢᠨᠡᠭᠦᠯᠬᠦ ᠨᠥᠬᠥᠪᠥᠷᠢ ᠵᠢᠨ ᠰᠦᠢ᠍ᠳᠬᠡᠯ ᠵᠢᠴᠢ ᠬᠥᠳᠡᠭᠡ ᠲᠣᠰᠬᠣᠨ᠎ᠤ ᠭᠠᠴᠠᠭ᠋ᠠᠨ᠎ᠤ ᠠᠷᠠᠳ᠎ᠤᠨ ᠣᠷᠣᠨ ᠰᠠᠭᠤᠴᠠ᠂ ᠭᠠᠵᠠᠷ ᠳᠡᠭᠡᠷᠡᠬᠢ ᠪᠤᠰᠤᠳ ᠲᠠᠭ᠋ᠠᠯᠳᠠ ᠪᠣᠳᠠᠰ ᠪᠠ ᠲᠠᠷᠢᠶᠠᠨ ᠴᠢᠬᠢ ᠵᠡᠷᠭᠡ ᠵᠢᠨ ᠲᠥᠯᠥᠪᠦᠷᠢ ᠵᠢᠨ ᠰᠦᠢ᠍ᠳᠬᠡᠯ᠎ᠢ ᠬᠠᠤᠯᠢ ᠶᠣᠰᠣᠭ᠋ᠠᠷ ᠴᠠᠭ ᠲᠤᠬᠠᠶ᠎ᠳᠤᠨᠢ ᠭᠦᠢ᠍ᠴᠡᠳ ᠲᠣᠭ᠎ᠠ᠎ᠪᠠᠷ ᠥᠭᠬᠦ ᠬᠡᠷᠡᠭᠲᠡᠶ ᠪᠥᠭᠡᠳ ᠭᠠᠵᠠᠷ ᠰᠢᠷᠣᠶ᠎ᠪᠠᠨ ᠲᠠᠲᠠᠪᠤᠷᠢᠯᠠᠭᠳᠠᠭᠰᠠᠨ ᠲᠠᠷᠢᠶᠠᠴᠢᠳ᠎ᠤᠨ ᠨᠡᠶ᠋ᠢᠭᠡᠮ᠎ᠤᠨ ᠪᠠᠲᠤᠯᠠᠭ᠎ᠠ ᠵᠢᠨ ᠰᠦᠢ᠍ᠳᠬᠡᠯ᠎ᠢ ᠲᠣᠬᠢᠷᠠᠭᠤᠯᠵᠤ᠂ ᠭᠠᠵᠠᠷ ᠰᠢᠷᠣᠶ᠎ᠪᠠᠨ ᠲᠠᠲᠠᠪᠤᠷᠢᠯᠠᠭᠳᠠᠭᠰᠠᠨ ᠲᠠᠷᠢᠶᠠᠴᠢᠳ᠎ᠤᠨ ᠠᠮᠢᠳᠤᠷᠠᠯ᠎ᠢ ᠪᠠᠲᠤᠯᠠᠵᠤ᠂ ᠭᠠᠵᠠᠷ ᠰᠢᠷᠣᠶ᠎ᠪᠠᠨ ᠲᠠᠲᠠᠪᠤᠷᠢᠯᠠᠭᠳᠠᠭᠰᠠᠨ ᠲᠠᠷᠢᠶᠠᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠬᠡᠷᠡᠭᠲᠡᠶ᠃
    ᠵᠣᠬᠢᠶᠠᠨ ᠪᠠᠶ᠋ᠢᠭᠤᠯᠤᠯᠲᠠ᠂ ᠬᠤᠪᠢ ᠬᠥᠮᠦᠨ᠎ᠤ ᠭᠡᠷ ᠪᠠᠶ᠋ᠢᠰᠢᠩ ᠵᠢᠴᠢ ᠪᠤᠰᠤᠳ ᠦᠯᠦ ᠬᠥᠳᠡᠯᠬᠦ ᠬᠦᠷᠦᠨᠭᠭᠡ ᠵᠢ ᠲᠠᠲᠠᠪᠤᠷᠢᠯᠠᠬᠤ᠎ᠳᠤ ᠬᠦᠷᠪᠡᠯ᠂ ᠬᠠᠤᠯᠢ ᠶᠣᠰᠣᠭ᠋ᠠᠷ ᠲᠠᠲᠠᠪᠤᠷᠢᠯᠠᠭᠰᠠᠨ ᠨᠥᠬᠥᠪᠥᠷᠢ ᠥᠭᠴᠦ᠂ ᠲᠠᠲᠠᠪᠤᠷᠢᠯᠠᠭᠳᠠᠭᠰᠠᠨ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠬᠡᠷᠡᠭᠲᠡᠶ; ᠬᠤᠪᠢ ᠬᠥᠮᠦᠨ᠎ᠤ ᠣᠷᠣᠨ ᠰᠠᠭᠤᠴᠠ ᠵᠢ ᠲᠠᠲᠠᠪᠤᠷᠢᠯᠠᠭᠰᠠᠨ ᠪᠠᠶ᠋ᠢᠪᠠᠯ᠂ ᠲᠠᠲᠠᠪᠤᠷᠢᠯᠠᠭᠳᠠᠭᠰᠠᠨ ᠬᠥᠮᠦᠨ᠎ᠤ ᠣᠷᠣᠰᠢᠨ ᠰᠠᠭᠤᠬᠤ ᠨᠥᠬᠥᠴᠡᠯ᠎ᠢ ᠪᠠᠰᠠ ᠪᠠᠲᠤᠯᠠᠬᠤ ᠬᠡᠷᠡᠭᠲᠡᠶ᠃
    ᠲᠠᠲᠠᠪᠤᠷᠢᠯᠠᠭᠰᠠᠨ ᠲᠥᠯᠥᠪᠦᠷᠢ ᠵᠢᠨ ᠰᠦᠢ᠍ᠳᠬᠡᠯ ᠵᠡᠷᠭᠡ ᠰᠦᠢ᠍ᠳᠬᠡᠯ᠎ᠢ ᠶᠠᠮᠠᠷᠪᠠ ᠵᠣᠬᠢᠶᠠᠨ ᠪᠠᠶ᠋ᠢᠭᠤᠯᠤᠯᠲᠠ ᠪᠤᠶᠤ ᠬᠤᠪᠢ ᠬᠥᠮᠦᠨ ᠱᠠᠮᠰᠢᠵᠤ᠂ ᠨᠡᠭᠦᠯᠭᠡᠨ ᠬᠡᠷᠡᠭᠯᠡᠵᠦ᠂ ᠳᠣᠲᠣᠷ᠎ᠠ ᠵᠠᠭᠤᠷ᠎ᠠ᠎ᠪᠠᠨ ᠬᠤᠪᠢᠶᠠᠯᠴᠠᠵᠤ᠂ ᠦᠯᠡᠳᠡᠭᠡᠨ ᠠᠪᠴᠤ᠂ ᠥᠷᠢᠲᠦᠵᠦ ᠪᠣᠯᠬᠤ ᠤᠢ᠍ᠭᠡᠢ᠃
    ᠬᠣᠶᠠᠷ ᠵᠠᠭᠤ ᠳᠥᠴᠢᠨ ᠳᠥᠷᠪᠡᠳᠦᠭᠡᠷ ᠵᠦᠢ᠍ᠯ ᠤᠯᠤᠰ᠎ᠠᠴᠠ ᠲᠠᠷᠢᠶᠠᠨ ᠭᠠᠵᠠᠷ᠎ᠲᠤ ᠣᠨᠴᠠᠭ᠋ᠠᠶ ᠬᠠᠮᠠᠭ᠋ᠠᠯᠠᠯᠲᠠ ᠶᠠᠪᠤᠭᠤᠯᠵᠤ᠂ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠬᠤ ᠵᠢ ᠴᠢᠩᠭ᠎ᠠ ᠬᠢᠵᠠᠭ᠋ᠠᠷᠯᠠᠵᠤ᠂ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠨ᠎ᠠ᠃ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠪᠠ ᠵᠢᠷᠤᠮ᠎ᠢ ᠵᠥᠷᠢᠴᠡᠨ ᠬᠠᠮᠲᠤ ᠵᠢᠨ ᠥᠮᠴᠢᠯᠡᠯ᠎ᠤᠨ ᠭᠠᠵᠠᠷ ᠰᠢᠷᠣᠶ ᠵᠢ ᠲᠠᠲᠠᠪᠤᠷᠢᠯᠠᠨ ᠠᠪᠴᠤ ᠪᠣᠯᠬᠤ ᠦᠭᠡᠢ᠃
    ᠬᠣᠶᠠᠷ ᠵᠠᠭᠤ ᠳᠥᠴᠢᠨ ᠲᠠᠪᠤᠳᠤᠭ᠋ᠠᠷ ᠵᠦᠢ᠍ᠯ ᠠ᠋ᠶᠤᠯ ᠭᠠᠮᠰᠢᠭ᠎ᠠᠴᠠ ᠠᠪᠤᠷᠠᠬᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠵᠡᠷᠭᠡ ᠪᠠᠴᠢᠮ ᠬᠡᠷᠡᠭᠴᠡᠭᠡ᠎ᠠᠴᠠ ᠪᠤᠯᠵᠤ᠂ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠪᠠ ᠵᠢᠷᠤᠮ᠎ᠤᠨ ᠶᠣᠰᠣᠭ᠋ᠠᠷ ᠵᠣᠬᠢᠶᠠᠨ ᠪᠠᠶ᠋ᠢᠭᠤᠯᠤᠯᠲᠠ᠂ ᠬᠤᠪᠢ ᠬᠥᠮᠦᠨ᠎ᠤ ᠦᠯᠦ ᠬᠥᠳᠡᠯᠬᠦ ᠬᠦᠷᠦᠨᠭᠭᠡ ᠪᠤᠶᠤ ᠬᠥᠳᠡᠯᠬᠦ ᠬᠦᠷᠦᠨᠭᠭᠡ ᠵᠢ ᠲᠠᠲᠠᠪᠤᠷᠢᠯᠠᠨ ᠬᠡᠷᠡᠭᠯᠡᠵᠦ ᠪᠣᠯᠤᠨ᠎ᠠ᠃ ᠲᠠᠲᠠᠪᠤᠷᠢᠯᠠᠨ ᠬᠡᠷᠡᠭᠯᠡᠭᠳᠡᠭᠰᠡᠨ ᠦᠯᠦ ᠬᠥᠳᠡᠯᠬᠦ ᠬᠦᠷᠦᠨᠭᠭᠡ ᠪᠤᠶᠤ ᠬᠥᠳᠡᠯᠬᠦ ᠬᠦᠷᠦᠨᠭᠭᠡ ᠵᠢ ᠬᠡᠷᠡᠭᠯᠡᠭᠰᠡᠨ᠎ᠤ ᠳᠠᠷᠠᠭ᠎ᠠ ᠲᠠᠲᠠᠪᠤᠷᠢᠯᠠᠨ ᠬᠡᠷᠡᠭᠯᠡᠭᠳᠡᠭᠰᠡᠨ ᠬᠥᠮᠦᠨ᠎ᠳᠤ ᠪᠤᠴᠠᠭ᠋ᠠᠵᠤ ᠥᠭᠬᠦ ᠬᠡᠷᠡᠭᠲᠡᠶ᠃ ᠵᠣᠬᠢᠶᠠᠨ ᠪᠠᠶ᠋ᠢᠭᠤᠯᠤᠯᠲᠠ᠂ ᠬᠤᠪᠢ ᠬᠥᠮᠦᠨ᠎ᠤ ᠦᠯᠦ ᠬᠥᠳᠡᠯᠬᠦ ᠬᠦᠷᠦᠨᠭᠭᠡ ᠪᠤᠶᠤ ᠬᠥᠳᠡᠯᠬᠦ ᠬᠦᠷᠦᠨᠭᠭᠡ᠎ᠨᠢ ᠲᠠᠲᠠᠪᠤᠷᠢᠯᠠᠨ ᠬᠡᠷᠡᠭᠯᠡᠭᠳᠡᠭᠰᠡᠨ ᠪᠤᠶᠤ ᠲᠠᠲᠠᠪᠤᠷᠢᠯᠠᠨ ᠬᠡᠷᠡᠭᠯᠡᠭᠳᠡᠭᠰᠡᠨ᠎ᠤ ᠲᠠᠷᠠᠭ᠎ᠠ ᠡᠪᠳᠡᠷᠡᠵᠦ᠂ ᠤᠰᠠᠳᠤᠭᠰᠠᠨ ᠪᠠᠶ᠋ᠢᠪᠠᠯ᠂ ᠲᠥᠯᠥᠪᠦᠷᠢ ᠥᠭᠬᠦ ᠬᠡᠷᠡᠭᠲᠡᠶ᠃
   
    ᠤᠰᠤ ᠬᠠᠩᠭ᠋ᠠᠬᠤ ᠤᠰᠤ ᠬᠡᠷᠡᠭᠯᠡᠬᠦ ᠭᠡᠷ᠎ᠡ᠂ ᠪᠦ᠍ᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠡᠷ᠎ᠡ ᠵᠢᠨ ᠲᠤᠬᠠᠶ ᠬᠣᠯᠪᠣᠭᠳᠠᠯ ᠪᠦ᠍ᠬᠦᠢ ᠲᠣᠭᠲᠠᠭ᠋ᠠᠯ
    ᠭᠡᠷ᠎ᠡ ᠵᠢᠨ ᠠᠡᠭᠬᠢ
    ᠠᠷᠪᠠᠳᠤᠭ᠋ᠠᠷ ᠪᠦᠯᠦᠭ ᠴᠠᠬᠢᠯᠭ᠋ᠠᠨ᠂ ᠤᠰᠤ᠂ ᠬᠡᠢ᠂ ᠢᠯᠴᠢ ᠵᠢᠨ ᠬᠦᠴᠦᠨ᠎ᠢ ᠬᠠᠩᠭ᠋ᠠᠬᠤ ᠪᠠ ᠬᠡᠷᠡᠭᠯᠡᠬᠦ ᠭᠡᠷ᠎ᠡ
    ᠵᠢᠷᠭᠤᠭ᠋ᠠᠨ ᠵᠠᠭᠤ ᠳᠥᠴᠢᠨ ᠨᠠᠢ᠍ᠮᠠᠳᠤᠭ᠋ᠠᠷ ᠵᠦᠢ᠍ᠯ ᠴᠠᠬᠢᠯᠭ᠋ᠠᠨ ᠬᠠᠩᠭ᠋ᠠᠬᠤ ᠪᠠ ᠬᠡᠷᠡᠭᠯᠡᠬᠦ ᠭᠡᠷ᠎ᠡ ᠭᠡᠳᠡᠭ ᠪᠣᠯ ᠴᠠᠬᠢᠯᠭ᠋ᠠᠨ ᠬᠠᠩᠭ᠋ᠠᠭᠴᠢ᠎ᠠᠴᠠ ᠴᠠᠬᠢᠯᠭ᠋ᠠᠨ ᠬᠡᠷᠡᠭᠯᠡᠭᠴᠢ᠎ᠳᠤ ᠴᠠᠬᠢᠯᠭ᠋ᠠᠨ ᠬᠠᠩᠭ᠋ᠠᠵᠤ᠂ ᠴᠠᠬᠢᠯᠭ᠋ᠠᠨ ᠬᠡᠷᠡᠭᠯᠡᠭᠴᠢ᠎ᠨᠢ ᠴᠠᠬᠢᠯᠭ᠋ᠠᠨ᠎ᠤ ᠰᠦᠢ᠍ᠳᠬᠡᠯ ᠲᠤᠰᠢᠶᠠᠬᠤ ᠭᠡᠷ᠎ᠡ ᠮᠥᠨ᠃
  ᠨᠡᠶ᠋ᠢᠭᠡᠮ ᠨᠡᠶ᠋ᠢᠲᠡ᠎ᠳᠤ ᠴᠠᠬᠢᠯᠭ᠋ᠠᠨ ᠬᠠᠩᠭ᠋ᠠᠭᠴᠢ᠎ᠨᠢ ᠴᠠᠬᠢᠯᠭ᠋ᠠᠨ ᠬᠡᠷᠡᠭᠯᠡᠭᠴᠢ ᠵᠢᠨ ᠵᠦᠢ ᠵᠣᠬᠢᠰᠲᠠᠶ ᠭᠡᠷ᠎ᠡ ᠲᠣᠭᠲᠠᠭ᠋ᠠᠬᠤ ᠱᠠᠭ᠋ᠠᠷᠳᠠᠯᠭ᠎ᠠ ᠵᠢ ᠲᠡᠪᠴᠢᠵᠦ ᠪᠣᠯᠬᠤ ᠤᠢ᠍ᠭᠡᠢ᠃
  ᠵᠢᠷᠭᠤᠭ᠋ᠠᠨ ᠵᠠᠭᠤ ᠳᠥᠴᠢ ᠶᠢᠰᠦᠳᠦᠭᠡᠷ ᠵᠦᠢ᠍ᠯ ᠴᠠᠬᠢᠯᠭ᠋ᠠᠨ ᠬᠠᠩᠭ᠋ᠠᠬᠤ ᠪᠠ ᠬᠡᠷᠡᠭᠯᠡᠬᠦ ᠭᠡᠷ᠎ᠡ ᠵᠢᠨ ᠠᠭᠤᠯᠭ᠎ᠠ᠎ᠳᠤ ᠶᠡᠷᠦᠩᠬᠡᠶ᠎ᠳᠡᠭᠡᠨ ᠴᠠᠬᠢᠯᠭ᠋ᠠᠨ ᠬᠠᠩᠭ᠋ᠠᠬᠤ ᠠᠷᠭ᠎ᠠ ᠮᠠᠶᠢᠭ᠂ ᠶᠠᠰᠤ ᠴᠢᠨᠠᠷ᠂ ᠴᠠᠭ ᠬᠤᠭᠤᠴᠠᠭ᠎ᠠ᠂ ᠴᠠᠬᠢᠯᠭ᠋ᠠᠨ ᠬᠡᠷᠡᠭᠯᠡᠬᠦ ᠪᠠᠭᠲᠠᠭ᠋ᠠᠮᠵᠢ᠂ ᠬᠠᠶᠢᠭ᠂ ᠰᠢᠨᠵᠢ ᠴᠢᠨᠠᠷ᠂ ᠬᠡᠮᠵᠢᠬᠦ ᠠᠷᠭ᠎ᠠ ᠮᠠᠶᠢᠭ᠂ ᠴᠠᠬᠢᠯᠭ᠋ᠠᠨ᠎ᠤ ᠦᠨ᠎ᠡ᠂ ᠴᠠᠬᠢᠯᠭ᠋ᠠᠨ᠎ᠤ ᠰᠦᠢ᠍ᠳᠬᠡᠯ᠎ᠢ ᠲᠡᠰᠦᠯᠦᠠ ᠪᠤᠳᠦᠬᠤ ᠠᠷᠭ᠎ᠠ ᠮᠠᠶᠢᠭ᠂ ᠴᠠᠬᠢᠯᠭ᠋ᠠᠨ ᠬᠠᠩᠭ᠋ᠠᠬᠤ ᠪᠠ ᠬᠡᠷᠡᠭᠯᠡᠬᠦ ᠲᠥᠬᠥᠭᠡᠷᠦᠮᠵᠢ ᠵᠢ ᠬᠠᠮᠠᠭ᠋ᠠᠯᠠᠬᠤ ᠬᠠᠷᠢᠭᠤᠴᠠᠯᠭ᠎ᠠ ᠵᠡᠷᠭᠡ ᠵᠦᠢ᠍ᠯ ᠵᠤᠷᠪᠤᠰ ᠪᠠᠭᠲᠠᠨ᠎ᠠ᠃
  ᠵᠢᠷᠭᠤᠭ᠋ᠠᠨ ᠵᠠᠭᠤ ᠲᠠᠪᠢᠳᠤᠭ᠋ᠠᠷ ᠵᠦᠢ᠍ᠯ ᠴᠠᠬᠢᠯᠭ᠋ᠠᠨ ᠬᠠᠩᠭ᠋ᠠᠬᠤ ᠪᠠ ᠬᠡᠷᠡᠭᠯᠡᠬᠦ ᠭᠡᠷ᠎ᠡ ᠵᠢ ᠭᠦᠢ᠍ᠴᠡᠳᠬᠡᠬᠦ ᠭᠠᠵᠠᠷ᠎ᠢ ᠲᠤᠬᠠᠶ ᠵᠢᠨ ᠬᠥᠮᠦᠨ᠎ᠤ ᠪᠣᠯᠵᠣᠨ ᠲᠣᠭᠲᠠᠭᠰᠠᠨ ᠶᠣᠰᠣᠭ᠋ᠠᠷ ᠭᠦᠢ᠍ᠴᠡᠳᠬᠡᠨ᠎ᠡ; ᠲᠤᠬᠠᠶ ᠵᠢᠨ ᠬᠥᠮᠦᠨ᠎ᠨᠢ ᠪᠣᠯᠵᠣᠨ ᠲᠣᠭᠲᠠᠭᠰᠠᠨ ᠤᠢ᠍ᠭᠡᠢ ᠪᠤᠶᠤ ᠪᠣᠯᠵᠣᠨ ᠲᠣᠭᠲᠠᠭᠰᠠᠨ᠎ᠨᠢ ᠲᠣᠳᠣᠷᠬᠠᠶ ᠤᠢ᠍ᠭᠡᠢ ᠪᠠᠶ᠋ᠢᠪᠠᠯ᠂ ᠴᠠᠬᠢᠯᠭ᠋ᠠᠨ ᠬᠠᠩᠭ᠋ᠠᠬᠤ ᠲᠥᠬᠥᠭᠡᠷᠦᠮᠵᠢ ᠵᠢᠨ ᠥᠮᠴᠢᠯᠡᠬᠦ ᠡᠷᠬᠡ ᠵᠢᠨ ᠵᠠᠭ᠋ᠠᠭ᠎ᠢ ᠭᠦᠢ᠍ᠴᠡᠳᠬᠡᠬᠦ ᠭᠠᠵᠠᠷ ᠪᠣᠯᠭ᠋ᠠᠨ᠎ᠠ᠃
  ᠵᠢᠷᠭᠤᠭ᠋ᠠᠨ ᠵᠠᠭᠤ ᠲᠡᠪᠢᠠ ᠨᠢᠭᠡᠳᠦᠭᠡᠷ ᠵᠦᠢ᠍ᠯ ᠴᠠᠬᠢᠯᠭ᠋ᠠᠨ ᠬᠠᠩᠭ᠋ᠠᠭᠴᠢ ᠤᠯᠤᠰ᠎ᠠᠴᠠ ᠲᠣᠭᠲᠠᠭ᠋ᠠᠭᠰᠠᠨ ᠴᠠᠬᠢᠯᠭ᠋ᠠᠨ ᠬᠠᠩᠭ᠋ᠠᠯᠭ᠎ᠠ ᠵᠢᠨ ᠶᠠᠰᠤ ᠴᠢᠨᠠᠷ᠎ᠤᠨ ᠪᠠᠷᠢᠮᠵᠢᠶ᠎ᠠ ᠪᠠ ᠪᠣᠯᠵᠣᠯ ᠶᠣᠰᠣᠭ᠋ᠠᠷ ᠴᠠᠬᠢᠯᠭ᠋ᠠᠨ᠎ᠢ ᠠᠶᠤᠯᠭᠦᠶ᠎ᠪᠠᠷ ᠬᠠᠩᠭ᠋ᠠᠬᠤ ᠬᠡᠷᠡᠭᠲᠡᠶ᠃ ᠴᠠᠬᠢᠯᠭ᠋ᠠᠨ ᠬᠠᠩᠭ᠋ᠠᠭᠴᠢ᠎ᠨᠢ ᠤᠯᠤᠰ᠎ᠠᠴᠠ ᠲᠣᠭᠲᠠᠭ᠋ᠠᠭᠰᠠᠨ ᠴᠠᠬᠢᠯᠭ᠋ᠠᠨ ᠬᠠᠩᠭ᠋ᠠᠬᠤ ᠶᠠᠰᠤ ᠴᠢᠨᠠᠷ᠎ᠤᠨ ᠪᠠᠷᠢᠮᠵᠢᠶ᠎ᠠ ᠪᠠ ᠪᠣᠯᠵᠣᠭ᠎ᠠ ᠶᠣᠰᠣᠭ᠋ᠠᠷ ᠴᠠᠬᠢᠯᠭ᠋ᠠᠨ᠎ᠢ ᠠᠶᠤᠯᠭᠦᠶ᠎ᠪᠠᠷ ᠬᠠᠩᠭ᠋ᠠᠭᠰᠠᠨ ᠤᠢ᠍ᠭᠡᠢ᠎ᠠᠴᠠ ᠪᠤᠯᠵᠦ ᠴᠠᠬᠢᠯᠭ᠋ᠠᠨ ᠬᠡᠷᠡᠭᠯᠡᠭᠴᠢ᠎ᠳᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠲᠦᠯᠦᠪᠦᠷᠢ ᠲᠤᠢ᠍ᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃
    ᠵᠢᠷᠭᠤᠭ᠋ᠠᠨ ᠵᠠᠭᠤ ᠲᠡᠪᠢᠠ ᠬᠣᠶᠠᠳᠤᠭ᠋ᠠᠷ ᠵᠦᠢ᠍ᠯ ᠴᠠᠬᠢᠯᠭ᠋ᠠᠨ ᠬᠠᠩᠭ᠋ᠠᠭᠴᠢ᠎ᠨᠢ ᠴᠠᠬᠢᠯᠭ᠋ᠠᠨ ᠬᠠᠩᠭ᠋ᠠᠬᠤ ᠲᠥᠬᠥᠭᠡᠷᠦᠮᠵᠢ ᠵᠢ ᠲᠥᠯᠥᠪᠯᠡᠭᠡ᠎ᠲᠠᠢ᠎ᠪᠠᠷ ᠪᠠᠶ᠋ᠢᠴᠠᠭ᠋ᠠᠨ ᠵᠠᠰᠠᠬᠤ᠂ ᠲᠤᠢ᠍ᠷ ᠴᠠᠭ ᠪᠠᠶ᠋ᠢᠴᠠᠭ᠋ᠠᠨ ᠵᠠᠰᠠᠬᠤ᠂ ᠬᠠᠤᠯᠢ ᠶᠣᠰᠣᠭ᠋ᠠᠷ ᠴᠠᠬᠢᠯᠭ᠋ᠠᠨ᠎ᠢ ᠬᠢᠵᠠᠭ᠋ᠠᠷᠯᠠᠬᠤ ᠪᠤᠶᠤ ᠴᠠᠬᠢᠯᠭ᠋ᠠᠨ ᠬᠡᠷᠡᠭᠯᠡᠭᠴᠢ ᠬᠠᠤᠯᠢ ᠵᠢ ᠵᠥᠷᠢᠴᠡᠨ ᠴᠠᠬᠢᠯᠭ᠋ᠠᠨ ᠬᠡᠷᠡᠭᠯᠡᠭᠰᠡᠨ ᠵᠡᠷᠭᠡ ᠰᠢᠯᠲᠠᠭ᠋ᠠᠨ᠎ᠠᠴᠠ ᠪᠤᠯᠵᠦ ᠴᠠᠬᠢᠯᠭ᠋ᠠᠨ ᠬᠠᠩᠭ᠋ᠠᠬᠤ᠎ᠪᠠᠨ ᠵᠣᠭᠰᠣᠭ᠋ᠠᠬᠤ ᠴᠢᠬᠤᠯᠠ᠎ᠲᠠᠢ ᠪᠣᠯᠤᠭᠰᠠᠨ ᠦᠶ᠎ᠡ᠎ᠳᠤ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠴᠠᠬᠢᠯᠭ᠋ᠠᠨ ᠬᠡᠷᠡᠭᠯᠡᠭᠴᠢ᠎ᠳᠤ ᠤᠷᠢᠳᠠᠪᠠᠷ ᠮᠡᠳᠡᠭᠳᠡᠬᠦ ᠬᠡᠷᠡᠭᠲᠡᠶ; ᠴᠠᠬᠢᠯᠭ᠋ᠠᠨ ᠬᠡᠷᠡᠭᠯᠡᠭᠴᠢ᠎ᠳᠤ ᠤᠷᠢᠳᠴᠢᠯᠠᠨ ᠮᠡᠳᠡᠭᠳᠡᠭᠰᠡᠨ ᠤᠢ᠍ᠭᠡᠢ᠎ᠪᠠᠷ ᠴᠠᠬᠢᠯᠭ᠋ᠠᠨ ᠬᠠᠩᠭ᠋ᠠᠬᠤ᠎ᠪᠠᠨ ᠵᠣᠭᠰᠣᠭ᠋ᠠᠭ᠋ᠠᠳ ᠴᠠᠬᠢᠯᠭ᠋ᠠᠨ ᠬᠡᠷᠡᠭᠯᠡᠭᠴᠢ᠎ᠳᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ ᠲᠦᠯᠦᠪᠦᠷᠢ ᠲᠤᠢ᠍ᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃
  ᠵᠢᠷᠭᠤᠭ᠋ᠠᠨ ᠵᠠᠭᠤ ᠲᠡᠪᠢᠠ ᠭᠤᠷᠪᠠᠳᠤᠭ᠋ᠠᠷ ᠵᠦᠢ᠍ᠯ ᠪᠠᠶ᠋ᠢᠭ᠋ᠠᠯᠢ ᠵᠢᠨ ᠭᠠᠮᠰᠢᠭ ᠵᠡᠷᠭᠡ ᠰᠢᠯᠲᠠᠭ᠋ᠠᠨ᠎ᠠᠴᠠ ᠪᠤᠯᠵᠦ ᠴᠠᠬᠢᠯᠭ᠋ᠠᠨ ᠲᠠᠰᠤᠷᠠᠭᠰᠠᠨ ᠪᠠᠶ᠋ᠢᠪᠠᠯ᠂ ᠴᠠᠬᠢᠯᠭ᠋ᠠᠨ ᠬᠠᠩᠭ᠋ᠠᠭᠴᠢ᠎ᠨᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠴᠠᠭ ᠲᠤᠬᠠᠶ᠎ᠳᠤᠨᠢ ᠱᠠᠯᠠᠪᠳᠠᠨ ᠵᠠᠰᠠᠬᠤ ᠬᠡᠷᠡᠭᠲᠡᠶ; ᠴᠠᠭ ᠲᠤᠬᠠᠶ᠎ᠳᠤᠨᠢ ᠱᠠᠯᠠᠪᠳᠠᠨ ᠵᠠᠰᠠᠭᠰᠠᠨ ᠤᠢ᠍ᠭᠡᠢ᠎ᠠᠴᠠ ᠪᠤᠯᠵᠦ ᠴᠠᠬᠢᠯᠭ᠋ᠠᠨ ᠬᠡᠷᠡᠭᠯᠡᠭᠴᠢ᠎ᠳᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ ᠲᠦᠯᠦᠪᠦᠷᠢ ᠲᠤᠢ᠍ᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃
    ᠵᠢᠷᠭᠤᠭ᠋ᠠᠨ ᠵᠠᠭᠤ ᠲᠡᠪᠢᠠ ᠳᠥᠷᠪᠡᠳᠦᠭᠡᠷ ᠵᠦᠢ᠍ᠯ ᠴᠠᠬᠢᠯᠭ᠋ᠠᠨ ᠬᠡᠷᠡᠭᠯᠡᠭᠴᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠪᠠ ᠲᠤᠬᠠᠶ ᠵᠢᠨ ᠬᠥᠮᠦᠨ᠎ᠤ ᠪᠣᠯᠵᠣᠨ ᠲᠣᠭᠲᠠᠭᠰᠠᠨ ᠶᠣᠰᠣᠭ᠋ᠠᠷ ᠴᠠᠬᠢᠯᠭ᠋ᠠᠨ᠎ᠤ ᠰᠦᠢ᠍ᠳᠬᠡᠯ᠎ᠢ ᠴᠠᠭ ᠲᠤᠬᠠᠶ᠎ᠳᠤᠨᠢ ᠲᠤᠰᠢᠶᠠᠬᠤ ᠬᠡᠷᠡᠭᠲᠡᠶ᠃ ᠴᠠᠬᠢᠯᠭ᠋ᠠᠨ ᠬᠡᠷᠡᠭᠯᠡᠭᠴᠢ ᠬᠤᠭᠤᠴᠠᠭ᠎ᠠ ᠬᠡᠲᠦᠷᠡᠲᠡᠯ᠎ᠡ ᠴᠠᠬᠢᠯᠭ᠋ᠠᠨ᠎ᠤ ᠰᠦᠢ᠍ᠳᠬᠡᠯ ᠲᠤᠰᠢᠶᠠᠬᠤ ᠤᠢ᠍ᠭᠡᠢ ᠪᠣᠯ ᠪᠣᠯᠵᠣᠨ ᠲᠣᠭᠲᠠᠭᠰᠠᠨ ᠶᠣᠰᠣᠭ᠋ᠠᠷ ᠪᠣᠯᠵᠣᠭ᠎ᠠ ᠵᠥᠷᠢᠴᠡᠭᠰᠡᠨ ᠮᠥᠩᠭᠥ ᠲᠤᠰᠢᠶᠠᠬᠤ ᠬᠡᠷᠡᠭᠲᠡᠶ᠃ ᠴᠠᠬᠢᠯᠭ᠋ᠠᠨ ᠬᠡᠷᠡᠭᠯᠡᠭᠴᠢ᠎ᠳᠤ ᠰᠢᠪᠠᠳᠠᠨ ᠮᠡᠳᠡᠭᠳᠡᠭᠰᠡᠨ ᠪᠠᠶ᠋ᠢᠲᠠᠯ᠎ᠠ ᠵᠦᠢ ᠵᠣᠬᠢᠰᠲᠠᠶ ᠬᠤᠭᠤᠴᠠᠭ᠋ᠠᠨ᠎ᠤ ᠳᠣᠲᠣᠷ᠎ᠠ ᠴᠠᠬᠢᠯᠭ᠋ᠠᠨ᠎ᠤ ᠰᠦᠢ᠍ᠳᠬᠡᠯ ᠪᠠ ᠪᠣᠯᠵᠣᠭ᠎ᠠ ᠵᠥᠷᠢᠴᠡᠭᠰᠡᠨ ᠮᠥᠩᠭᠥ ᠵᠢ ᠮᠥᠨ ᠲᠤᠢ᠍ᠯᠦᠬᠦ ᠤᠢ᠍ᠭᠡᠢ ᠪᠠᠶ᠋ᠢᠪᠠᠯ᠂ ᠴᠠᠬᠢᠯᠭ᠋ᠠᠨ ᠬᠠᠩᠭ᠋ᠠᠭᠴᠢ᠎ᠨᠢ ᠤᠯᠤᠰ᠎ᠠᠴᠠ ᠲᠣᠭᠲᠠᠭ᠋ᠠᠭᠰᠠᠨ ᠵᠢᠷᠤᠮ ᠶᠣᠰᠣᠭ᠋ᠠᠷ ᠴᠠᠬᠢᠯᠭ᠋ᠠᠨ ᠬᠠᠩᠭ᠋ᠠᠬᠤ᠎ᠪᠠᠨ ᠵᠣᠭᠰᠣᠭ᠋ᠠᠵᠤ ᠪᠣᠯᠤᠨ᠎ᠠ᠃
      ᠴᠠᠬᠢᠯᠭ᠋ᠠᠨ ᠬᠠᠩᠭ᠋ᠠᠭᠴᠢ ᠡᠮᠦᠨᠡᠬᠢ ᠪᠠᠳᠠᠭ᠎ᠤᠨ ᠲᠣᠭᠲᠠᠭ᠋ᠠᠯ ᠶᠣᠰᠣᠭ᠋ᠠᠷ ᠴᠠᠬᠢᠯᠭ᠋ᠠᠨ ᠬᠠᠩᠭ᠋ᠠᠬᠤ᠎ᠪᠠᠨ ᠵᠣᠭᠰᠣᠬᠤ᠎ᠳᠤ ᠬᠦᠷᠪᠡᠯ᠂ ᠴᠠᠬᠢᠯᠭ᠋ᠠᠨ ᠬᠡᠷᠡᠭᠯᠡᠭᠴᠢ᠎ᠳᠤ ᠤᠷᠢᠳᠠᠪᠠᠷ ᠮᠡᠳᠡᠭᠳᠡᠬᠦ ᠬᠡᠷᠡᠭᠲᠡᠶ᠃
    ᠵᠢᠷᠭᠤᠭ᠋ᠠᠨ ᠵᠠᠭᠤ ᠲᠡᠪᠢᠠ ᠲᠠᠪᠤᠳᠤᠭ᠋ᠠᠷ ᠵᠦᠢ᠍ᠯ   ᠴᠠᠬᠢᠯᠭ᠋ᠠᠨ ᠬᠡᠷᠡᠭᠯᠡᠭᠴᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠪᠠ ᠲᠤᠬᠠᠶ ᠵᠢᠨ ᠬᠥᠮᠦᠨ᠎ᠤ ᠪᠣᠯᠵᠣᠨ ᠲᠣᠭᠲᠠᠭᠰᠠᠨ ᠶᠣᠰᠣᠭ᠋ᠠᠷ ᠴᠠᠬᠢᠯᠭ᠋ᠠᠨ᠎ᠢ ᠠᠶᠤᠯᠭᠦᠶ᠂ ᠭᠠᠮᠲᠠᠶ ᠪᠥᠭᠡᠳ ᠲᠥᠯᠥᠪᠯᠡᠭᠡ᠎ᠲᠠᠢ᠎ᠪᠠᠷ ᠬᠡᠷᠡᠭᠯᠡᠬᠦ ᠬᠡᠷᠡᠭᠲᠡᠶ᠃ ᠴᠠᠬᠢᠯᠭ᠋ᠠᠨ ᠬᠡᠷᠡᠭᠯᠡᠭᠴᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠪᠠ ᠲᠤᠬᠠᠶ ᠵᠢᠨ ᠬᠥᠮᠦᠨ᠎ᠤ ᠪᠣᠯᠵᠣᠨ ᠲᠣᠭᠲᠠᠭᠰᠠᠨ ᠶᠣᠰᠣᠭ᠋ᠠᠷ ᠴᠠᠬᠢᠯᠭ᠋ᠠᠨ ᠬᠡᠷᠡᠭᠯᠡᠭᠰᠡᠨ ᠤᠢ᠍ᠭᠡᠢ᠎ᠠᠴᠠ ᠪᠤᠯᠵᠦ ᠴᠠᠬᠢᠯᠭ᠋ᠠᠨ ᠬᠠᠩᠭ᠋ᠠᠭᠴᠢ᠎ᠳᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠲᠦᠯᠦᠪᠦᠷᠢ ᠲᠤᠢ᠍ᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃
    ᠵᠢᠷᠭᠤᠭ᠋ᠠᠨ ᠵᠠᠭᠤ ᠲᠡᠪᠢᠠ ᠵᠢᠷᠭᠤᠳᠤᠭ᠋ᠠᠷ ᠵᠦᠢ᠍ᠯ ᠤᠰᠤ ᠬᠠᠩᠭ᠋ᠠᠬᠤ᠂ ᠭᠡᠢ ᠬᠠᠩᠭ᠋ᠠᠬᠤ᠂ ᠢᠯᠴᠢ ᠬᠠᠩᠭ᠋ᠠᠬᠤ ᠪᠠ ᠬᠡᠷᠡᠭᠯᠡᠬᠦ ᠭᠡᠷ᠎ᠡ᠎ᠳᠤ ᠴᠠᠬᠢᠯᠭ᠋ᠠᠨ ᠬᠠᠩᠭ᠋ᠠᠬᠤ ᠪᠠ ᠬᠡᠷᠡᠭᠯᠡᠬᠦ ᠭᠡᠷ᠎ᠡ ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠯᠠᠪᠯᠠᠯᠲᠠ ᠪᠣᠯᠭ᠋ᠠᠨ ᠬᠡᠷᠡᠭᠯᠡᠨ᠎ᠡ᠃
    ᠠᠷᠪᠠᠨ ᠨᠠᠢ᠍ᠮᠠᠳᠤᠭ᠋ᠠᠷ ᠪᠦᠯᠦᠭ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠡᠷ᠎ᠡ
  ᠲᠤᠯᠤᠭ᠋ᠠᠨ ᠵᠠᠭᠤ ᠨᠠᠶᠠᠨ ᠨᠠᠢ᠍ᠮᠠᠳᠤᠭ᠋ᠠᠷ ᠵᠦᠢ᠍ᠯ   ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠡᠷ᠎ᠡ ᠪᠣᠯ ᠳᠠᠭ᠋ᠠᠭ᠋ᠠᠴᠢᠯᠠᠭᠴᠢ᠎ᠨᠢ ᠪᠠᠷᠢᠯᠭ᠎ᠠ ᠵᠢᠨ ᠪᠦᠳᠦᠭᠡᠠ ᠪᠠᠶ᠋ᠢᠭᠤᠯᠤᠯᠲᠠ ᠬᠢᠵᠦ᠂ ᠳᠠᠭ᠋ᠠᠭ᠋ᠠᠴᠢᠯᠠᠭᠤᠯᠤᠭᠴᠢ᠎ᠨᠢ ᠦᠨ᠎ᠡ ᠵᠢᠨ ᠵᠣᠭᠣᠰ᠎ᠢ ᠲᠤᠢ᠍ᠯᠦᠬᠦ ᠭᠡᠷ᠎ᠡ ᠮᠥᠨ᠃
    ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠡᠷ᠎ᠡ᠎ᠳᠤ ᠪᠠᠷᠢᠯᠭ᠎ᠠ ᠵᠢ ᠬᠠᠶ᠋ᠢᠨ ᠪᠠᠶ᠋ᠢᠴᠠᠭ᠋ᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ ᠭᠡᠷ᠎ᠡ ᠪᠠᠭᠲᠠᠨ᠎ᠠ᠃
  ᠲᠤᠯᠦᠭ᠋ᠠᠠ ᠵᠠᠭᠤ ᠨᠠᠶᠠ ᠶᠢᠰᠦᠳᠦᠭᠡᠷ ᠵᠦᠢ᠍ᠯ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠡᠷ᠎ᠡ ᠵᠢ ᠲᠣᠭᠲᠠᠭ᠋ᠠᠬᠤ᠎ᠳᠠᠭᠠᠨ ᠪᠢᠴᠢᠭ᠎ᠤᠨ ᠬᠡᠯᠪᠡᠷᠢ ᠵᠢ ᠠᠪᠬᠤ ᠬᠡᠷᠡᠭᠲᠡᠶ᠃
    ᠲᠤᠯᠤᠭ᠋ᠠᠨ ᠵᠠᠭᠤ ᠶᠡᠷᠡᠳᠦᠭᠡᠷ ᠵᠦᠢ᠍ᠯ   ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ᠎ᠳᠤ ᠣᠷᠣᠬᠤ ᠠᠵᠢᠯᠯᠠᠭ᠎ᠠ ᠵᠢ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ ᠶᠣᠰᠣᠭ᠋ᠠᠷ ᠢᠯᠠ᠂ ᠭᠣᠣᠯᠴᠢ᠂ ᠲᠥᠪ ᠭᠣᠣᠯᠴᠢ᠎ᠪᠠᠷ ᠶᠠᠪᠤᠭᠳᠠᠭᠤᠯᠬᠤ ᠬᠡᠷᠡᠭᠲᠡᠶ᠃
    ᠲᠤᠯᠤᠭ᠋ᠠᠨ ᠵᠠᠭᠤ ᠶᠡᠷᠡᠨ ᠨᠢᠭᠡᠳᠦᠭᠡᠷ ᠵᠦᠢ᠍ᠯ ᠳᠠᠭ᠋ᠠᠭ᠋ᠠᠴᠢᠯᠠᠭᠤᠯᠤᠭᠴᠢ᠎ᠨᠢ ᠶᠡᠷᠦᠩᠬᠡᠶ ᠳᠠᠭ᠋ᠠᠭ᠋ᠠᠴᠢᠯᠠᠭᠴᠢ᠎ᠲᠠᠢ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠡᠷ᠎ᠡ ᠲᠣᠭᠲᠠᠭ᠋ᠠᠵᠤ ᠪᠣᠯᠤᠨ᠎ᠠ᠂ ᠬᠠᠶ᠋ᠢᠨ ᠪᠠᠶ᠋ᠢᠴᠠᠭ᠋ᠠᠭᠴᠢ᠂ ᠵᠢᠷᠤᠵᠤ ᠲᠥᠯᠥᠪᠯᠡᠭᠴᠢ᠂ ᠪᠠᠷᠢᠯᠭ᠎ᠠ ᠪᠠᠷᠢᠭᠴᠢ᠎ᠲᠠᠢ ᠬᠠᠶ᠋ᠢᠨ ᠪᠠᠶ᠋ᠢᠴᠠᠭ᠋ᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ ᠵᠢ ᠳᠠᠭ᠋ᠠᠭ᠋ᠠᠴᠢᠯᠠᠬᠤ ᠭᠡᠷ᠎ᠡ ᠵᠢ ᠲᠤᠰ ᠲᠤᠰ ᠲᠣᠭᠲᠠᠭ᠋ᠠᠵᠤ ᠴᠤ᠌ ᠪᠣᠯᠤᠨ᠎ᠠ᠃ ᠳᠠᠭ᠋ᠠᠭ᠋ᠠᠴᠢᠯᠠᠭᠤᠯᠤᠭᠴᠢ᠎ᠨᠢ ᠨᠢᠭᠡ ᠳᠠᠭ᠋ᠠᠭ᠋ᠠᠴᠢᠯᠠᠭᠴᠢ ᠵᠢᠨ ᠪᠡᠶᠡᠯᠡᠭᠦᠯᠬᠦ ᠶᠣᠰᠣᠲᠠᠶ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠢᠯ ᠵᠶ᠋ᠠᠨ ᠬᠡᠳᠦᠨ ᠬᠡᠰᠡᠭ ᠪᠣᠯᠭ᠋ᠠᠨ ᠬᠡᠳᠦᠨ ᠳᠠᠭ᠋ᠠᠭ᠋ᠠᠴᠢᠯᠠᠭᠴᠢ᠎ᠳᠤ ᠳᠠᠭ᠋ᠠᠭ᠋ᠠᠴᠢᠯᠠᠭᠤᠯᠤᠨ ᠥᠭᠴᠦ ᠪᠣᠯᠬᠤ ᠤᠢ᠍ᠭᠡᠢ᠃
    ᠶᠡᠷᠦᠩᠬᠡᠶ ᠳᠠᠭ᠋ᠠᠭ᠋ᠠᠴᠢᠯᠠᠭᠴᠢ ᠪᠤᠶᠤ ᠬᠠᠶ᠋ᠢᠨ ᠪᠠᠶ᠋ᠢᠴᠠᠭ᠋ᠠᠭᠴᠢ᠂ ᠵᠢᠷᠤᠵᠤ ᠲᠥᠯᠥᠪᠯᠡᠭᠴᠢ᠂ ᠪᠠᠷᠢᠯᠭ᠎ᠠ ᠪᠠᠷᠢᠬᠤ ᠵᠢ ᠳᠠᠭ᠋ᠠᠭ᠋ᠠᠴᠢᠯᠠᠭᠴᠢ᠎ᠨᠢ ᠳᠠᠭ᠋ᠠᠭ᠋ᠠᠴᠢᠯᠠᠭᠤᠯᠤᠭᠴᠢ᠎ᠪᠠᠷ ᠵᠥᠪᠰᠢᠶᠡᠷᠡᠭᠦᠯᠦᠭᠡᠳ ᠥᠪᠡᠷ᠎ᠤᠨ ᠳᠠᠭ᠋ᠠᠭ᠋ᠠᠴᠢᠯᠠᠭᠰᠠᠨ ᠬᠡᠰᠡᠭ ᠠᠵᠢᠯ ᠵᠶ᠋ᠠᠨ ᠭᠤᠷᠪᠠᠳᠠᠬᠢ ᠬᠥᠮᠦᠨ᠎ᠳᠤ ᠲᠤᠰᠢᠶᠠᠨ ᠥᠭᠴᠦ ᠪᠡᠶᠡᠯᠡᠭᠦᠯᠵᠦ ᠪᠣᠯᠤᠨ᠎ᠠ᠃ ᠭᠤᠷᠪᠠᠳᠠᠬᠢ ᠬᠥᠮᠦᠨ᠎ᠨᠢ ᠲᠡᠭᠦᠨ᠎ᠤ ᠪᠡᠶᠡᠯᠡᠭᠦᠯᠦᠭᠰᠡᠨ ᠠᠵᠢᠯ᠎ᠤᠨ ᠦᠷ᠎ᠡ ᠪᠦᠲᠦᠭᠡᠯ᠎ᠤᠨ ᠲᠠᠯ᠎ᠠ᠎ᠪᠠᠷ ᠶᠡᠷᠦᠩᠬᠡᠶ ᠳᠠᠭ᠋ᠠᠭ᠋ᠠᠴᠢᠯᠠᠭᠴᠢ ᠪᠤᠶᠤ ᠬᠠᠶ᠋ᠢᠨ ᠪᠠᠶ᠋ᠢᠴᠠᠭ᠋ᠠᠭᠴᠢ᠂ ᠵᠢᠷᠤᠵᠤ ᠲᠥᠯᠥᠪᠯᠡᠭᠴᠢ᠂ ᠪᠠᠷᠢᠯᠭ᠎ᠠ ᠪᠠᠷᠢᠬᠤ ᠵᠢ ᠳᠠᠭ᠋ᠠᠭ᠋ᠠᠴᠢᠯᠠᠭᠴᠢ᠎ᠲᠠᠢ ᠬᠠᠮᠲᠤ᠎ᠪᠠᠷ ᠳᠠᠭ᠋ᠠᠭ᠋ᠠᠴᠢᠯᠠᠭᠤᠯᠤᠭᠴᠢ᠎ᠳᠤ ᠬᠣᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠃ ᠳᠠᠭ᠋ᠠᠭ᠋ᠠᠴᠢᠯᠠᠭᠴᠢ᠎ᠨᠢ ᠳᠠᠭ᠋ᠠᠭ᠋ᠠᠴᠢᠯᠠᠭᠰᠠᠨ ᠪᠦᠬᠦ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠢᠯ ᠵᠶ᠋ᠠᠨ ᠭᠤᠷᠪᠠᠳᠠᠬᠢ ᠬᠥᠮᠦᠨ᠎ᠳᠤ ᠰᠢᠯᠵᠢᠭᠦᠯᠦᠨ ᠳᠠᠭ᠋ᠠᠭ᠋ᠠᠴᠢᠯᠠᠭᠤᠯᠬᠤ ᠪᠤᠶᠤ ᠳᠠᠭ᠋ᠠᠭ᠋ᠠᠴᠢᠯᠠᠭᠰᠠᠨ ᠪᠦᠬᠦ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠢᠯ ᠵᠶ᠋ᠠᠨ ᠭᠠᠷᠭ᠋ᠠᠵᠤ ᠥᠭᠭᠦᠭᠰᠡᠨ᠎ᠤ ᠲᠡᠷᠡᠭ᠎ᠠ ᠬᠤᠪᠢᠶᠠᠨ ᠳᠠᠭ᠋ᠠᠭ᠋ᠠᠴᠢᠯᠠᠬᠤ ᠨᠡᠷ᠎ᠡ᠎ᠪᠠᠷ ᠭᠤᠷᠪᠠᠳᠠᠬᠢ ᠬᠥᠮᠦᠨ᠎ᠳᠤ ᠲᠤᠰ ᠲᠤᠰ ᠰᠢᠯᠵᠢᠭᠦᠯᠦᠨ ᠳᠠᠭ᠋ᠠᠭ᠋ᠠᠴᠢᠯᠠᠭᠤᠯᠵᠤ ᠪᠣᠯᠬᠤ ᠤᠢ᠍ᠭᠡᠢ᠃
    ᠳᠠᠭ᠋ᠠᠭ᠋ᠠᠴᠢᠯᠠᠭᠴᠢ᠎ᠠᠴᠠ ᠪᠠᠷᠢᠯᠭ᠎ᠠ ᠵᠢᠨ ᠠᠵᠢᠯ ᠵᠶ᠋ᠠᠨ ᠵᠣᠬᠢᠴᠠᠩᠭᠤᠶ ᠬᠢᠷᠢ ᠴᠢᠳᠠᠯ᠎ᠤᠨ ᠨᠥᠬᠥᠴᠡᠯ ᠪᠦᠷᠢᠯᠳᠦᠭᠦᠯᠦᠭᠰᠡᠨ ᠤᠢ᠍ᠭᠡᠢ ᠨᠢᠭᠡᠴᠢ᠎ᠳᠤ ᠬᠤᠪᠢᠶᠠᠨ ᠳᠠᠭ᠋ᠠᠭ᠋ᠠᠴᠢᠯᠠᠭᠤᠯᠬᠤ ᠵᠢ ᠴᠠᠭ᠋ᠠᠵᠠᠯᠠᠨ᠎ᠠ᠃ ᠬᠤᠪᠢᠶᠠᠨ ᠳᠠᠭ᠋ᠠᠭ᠋ᠠᠴᠢᠯᠠᠭᠰᠠᠨ ᠨᠢᠭᠡᠴᠢ ᠵᠢᠨ ᠳᠠᠭ᠋ᠠᠭ᠋ᠠᠴᠢᠯᠠᠭᠰᠠᠨ ᠪᠠᠷᠢᠯᠭ᠎ᠠ᠎ᠪᠠᠨ ᠲᠡᠬᠢᠠ ᠬᠤᠪᠢᠶᠠᠨ ᠳᠠᠭ᠋ᠠᠭ᠋ᠠᠴᠢᠯᠠᠭᠤᠯᠬᠤ ᠵᠢ ᠴᠠᠭ᠋ᠠᠵᠠᠯᠠᠨ᠎ᠠ᠃ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠣᠣᠯ ᠴᠣᠭᠴᠠ ᠵᠢᠨ ᠪᠦᠲᠦᠴᠡ ᠵᠢᠨ ᠪᠠᠷᠢᠯᠭ᠎ᠠ ᠵᠢᠨ ᠠᠵᠢᠯ᠎ᠢ ᠳᠠᠭ᠋ᠠᠭ᠋ᠠᠴᠢᠯᠠᠭᠴᠢ ᠡᠷᠬᠡᠪᠰᠢ ᠥᠪᠡᠷ ᠵᠶ᠋ᠠᠨ ᠪᠡᠶᠡᠯᠡᠭᠦᠯᠬᠦ ᠬᠡᠷᠡᠭᠲᠡᠶ᠃
    ᠲᠤᠯᠤᠭ᠋ᠠᠨ ᠵᠠᠭᠤ ᠶᠡᠷᠡᠨ ᠬᠣᠶᠠᠳᠤᠭ᠋ᠠᠷ ᠵᠦᠢ᠍ᠯ ᠤᠯᠤᠰ᠎ᠤᠨ ᠴᠢᠬᠤᠯᠠ ᠶᠡᠬᠡ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠡᠷ᠎ᠡ ᠵᠢ ᠤᠯᠤᠰ᠎ᠠᠴᠠ ᠲᠣᠭᠲᠠᠭ᠋ᠠᠭᠰᠠᠨ ᠵᠢᠷᠤᠮ ᠪᠠ ᠤᠯᠤᠰ᠎ᠠᠴᠠ ᠵᠥᠪᠰᠢᠶᠡᠷᠡᠭᠰᠡᠨ ᠪᠡᠯᠠ ᠣᠷᠣᠭᠤᠯᠤᠯᠲᠠ ᠵᠢᠨ ᠲᠥᠯᠥᠪᠯᠡᠭᠡ᠂ ᠪᠣᠯᠤᠮᠵᠢ ᠵᠢᠨ ᠲᠤᠬᠠᠶ ᠰᠤᠳᠤᠯᠭ᠋ᠠᠨ᠎ᠤ ᠮᠡᠳᠡᠭᠦᠯᠦᠯᠲᠡ ᠵᠡᠷᠭᠡ ᠪᠢᠴᠢᠭ ᠮᠠᠲ᠋ᠧᠷᠢᠶᠠᠯ᠎ᠤᠨ ᠶᠣᠰᠣᠭ᠋ᠠᠷ ᠲᠣᠭᠲᠠᠭ᠋ᠠᠬᠤ ᠬᠡᠷᠡᠭᠲᠡᠶ᠃
    ᠲᠤᠯᠦᠭ᠋ᠠᠠ ᠵᠠᠭᠤ ᠶᠡᠷᠡᠨ ᠭᠤᠷᠪᠠᠳᠤᠭ᠋ᠠᠷ ᠵᠦᠢ᠍ᠯ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠪᠠᠷᠢᠯᠭ᠎ᠠ ᠪᠠᠷᠢᠬᠤ ᠭᠡᠷ᠎ᠡ ᠬᠦᠴᠦᠨ ᠤᠢ᠍ᠭᠡᠢ᠂ ᠭᠡᠪᠡᠴᠦ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠪᠠᠶ᠋ᠢᠪᠠᠯ᠂ ᠭᠡᠷ᠎ᠡ᠎ᠳᠠᠬᠢ ᠪᠠᠷᠢᠯᠭ᠎ᠠ ᠵᠢᠨ ᠦᠨ᠎ᠡ ᠵᠢᠨ ᠵᠣᠭᠣᠰ᠎ᠤᠨ ᠲᠤᠬᠠᠶ ᠪᠣᠯᠵᠣᠯ ᠵᠶ᠋ᠠᠷ ᠯᠠᠪᠯᠠᠯᠲᠠ ᠪᠣᠯᠭ᠋ᠠᠵᠤ ᠳᠠᠭ᠋ᠠᠭ᠋ᠠᠴᠢᠯᠠᠭᠴᠢ᠎ᠳᠤ ᠨᠤᠭᠤᠯᠤᠨ ᠪᠤᠳᠦᠵᠦ ᠲᠥᠯᠥᠪᠦᠷᠢ ᠥᠭᠴᠦ ᠪᠣᠯᠤᠨ᠎ᠠ᠃
    ᠪᠦᠳᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠪᠠᠷᠢᠯᠭ᠎ᠠ ᠪᠠᠷᠢᠬᠤ ᠭᠡᠷ᠎ᠡ᠎ᠨᠢ ᠬᠦᠴᠦᠨ ᠦᠭᠡᠢ ᠮᠥᠷᠲᠡᠭᠡᠨ ᠪᠦᠳᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠢ ᠪᠠᠶ᠋ᠢᠪᠠᠯ᠂ ᠳᠣᠣᠷᠠᠬᠢ ᠪᠠᠶ᠋ᠢᠳᠠᠯ ᠵᠶ᠋ᠠᠷ ᠰᠢᠢ᠍ᠳᠪᠤᠷᠢᠯᠡᠨ᠎ᠡ᠄
    (ᠨᠢᠭᠡ) ᠵᠠᠰᠠᠵᠤ ᠰᠡᠷᠭᠦᠭᠡᠭᠰᠡᠨ᠎ᠤ ᠳᠠᠷᠠᠭ᠋ᠠᠬᠢ ᠪᠦᠳᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠪᠠᠶ᠋ᠢᠪᠠᠯ᠂ ᠳᠠᠭ᠋ᠠᠭ᠋ᠠᠴᠢᠯᠠᠭᠤᠯᠤᠭᠴᠢ᠎ᠨᠢ ᠵᠠᠰᠠᠵᠤ ᠰᠡᠷᠭᠦᠭᠡᠬᠦ ᠵᠠᠷᠤᠳᠠᠯ᠎ᠢ ᠳᠠᠭ᠋ᠠᠭ᠋ᠠᠴᠢᠯᠠᠭᠴᠢ᠎ᠪᠠᠷ ᠡᠭᠦᠷᠭᠡᠯᠡᠭᠦᠯᠬᠦ᠎ᠪᠠᠷ ᠭᠤᠶᠤᠴᠢᠯᠠᠵᠤ ᠪᠣᠯᠤᠨ᠎ᠠ;
     (ᠬᠣᠶᠠᠷ) ᠵᠠᠰᠠᠵᠤ ᠰᠡᠷᠭᠦᠭᠡᠭᠰᠡᠨ᠎ᠤ ᠳᠠᠷᠠᠭ᠋ᠠᠬᠢ ᠪᠦᠳᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠢ ᠪᠠᠶ᠋ᠢᠪᠠᠯ᠂ ᠳᠠᠭ᠋ᠠᠭ᠋ᠠᠴᠢᠯᠠᠭᠴᠢ᠎ᠨᠢ ᠭᠡᠷ᠎ᠡ᠎ᠳᠠᠬᠢ ᠪᠠᠷᠢᠯᠭ᠎ᠠ ᠵᠢᠨ ᠦᠨ᠎ᠡ ᠵᠢᠨ ᠵᠣᠭᠣᠰ᠎ᠤᠨ ᠲᠤᠬᠠᠶ ᠪᠣᠯᠵᠣᠯ ᠵᠶ᠋ᠠᠷ ᠯᠠᠪᠯᠠᠯᠲᠠ ᠪᠣᠯᠭ᠋ᠠᠵᠤ ᠦᠨᠡᠯᠡᠨ ᠪᠤᠳᠤᠵᠤ ᠨᠥᠬᠥᠪᠥᠷᠢᠯᠡᠭᠦᠯᠬᠦ᠎ᠪᠠᠷ ᠭᠤᠶᠤᠴᠢᠯᠠᠬᠤ ᠡᠷᠬᠡ ᠦᠭᠡᠢ᠃
    ᠳᠠᠭ᠋ᠠᠭ᠋ᠠᠴᠢᠯᠠᠭᠤᠯᠤᠭᠴᠢ᠎ᠨᠢ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠢᠯ᠎ᠤᠨ ᠬᠢᠷᠢ ᠲᠡᠩᠴᠡᠭᠰᠡᠨ ᠤᠢ᠍ᠭᠡᠢ᠎ᠠᠴᠠ ᠪᠣᠯᠤᠭᠰᠠᠨ ᠬᠣᠬᠢᠷᠠᠯ᠎ᠳᠤ ᠪᠤᠷᠤᠭᠤ᠎ᠲᠠᠢ ᠪᠠᠶ᠋ᠢᠪᠠᠯ᠂ ᠵᠣᠬᠢᠴᠠᠩᠭᠤᠶ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃
    ᠲᠤᠯᠤᠭ᠋ᠠᠨ ᠵᠠᠭᠤ ᠶᠡᠷᠡᠨ ᠳᠥᠷᠪᠡᠳᠦᠭᠡᠷ ᠵᠦᠢ᠍ᠯ ᠬᠠᠶ᠋ᠢᠨ ᠪᠠᠶ᠋ᠢᠴᠠᠭ᠋ᠠᠬᠤ᠂ ᠵᠢᠷᠤᠵᠤ ᠲᠥᠯᠥᠪᠯᠡᠬᠦ ᠭᠡᠷ᠎ᠡ ᠵᠢᠨ ᠠᠭᠤᠯᠭ᠎ᠠ᠎ᠳᠤ ᠶᠡᠷᠦᠩᠬᠡᠶ᠎ᠳᠡᠭᠡᠨ ᠬᠣᠯᠪᠣᠭᠳᠠᠯ ᠪᠦᠬᠦᠢ ᠰᠠᠭᠤᠷᠢ ᠮᠠᠲ᠋ᠧᠷᠢᠶᠠᠯ ᠪᠠ ᠲᠣᠶ᠋ᠢᠮᠣ ᠲᠥᠰᠦᠪ ᠵᠡᠷᠭᠡ ᠪᠢᠴᠢᠭ ᠮᠠᠲ᠋ᠧᠷᠢᠶᠠᠯ᠎ᠢ ᠳᠡᠪᠰᠢᠭᠦᠯᠦᠨ ᠲᠤᠰᠢᠶᠠᠬᠤ ᠬᠤᠭᠤᠴᠠᠭ᠎ᠠ᠂ ᠶᠠᠰᠤ ᠴᠢᠨᠠᠷ᠎ᠤᠨ ᠱᠠᠭ᠋ᠠᠷᠳᠠᠯᠭ᠎ᠠ᠂ ᠵᠠᠷᠤᠳᠠᠯ ᠰᠦᠢ᠍ᠳᠬᠡᠯ ᠵᠢᠴᠢ ᠬᠠᠮᠵᠢᠯᠴᠠᠬᠤ ᠪᠤᠰᠤᠳ ᠨᠥᠬᠥᠴᠡᠯ ᠵᠡᠷᠭᠡ ᠵᠦᠢ᠍ᠯ ᠵᠤᠷᠪᠤᠰ᠎ᠤᠳ᠎ᠢ ᠪᠠᠭᠲᠠᠭ᠋ᠠᠨ᠎ᠠ᠃
    ᠲᠤᠯᠤᠭ᠋ᠠᠨ ᠵᠠᠭᠤ ᠶᠡᠷᠡᠨ ᠲᠠᠪᠤᠳᠤᠭ᠋ᠠᠷ ᠵᠦᠢ᠍ᠯ ᠪᠠᠷᠢᠯᠭ᠎ᠠ ᠵᠢᠨ ᠠᠵᠢᠯ᠎ᠤᠨ ᠭᠡᠷ᠎ᠡ ᠵᠢᠨ ᠠᠭᠤᠯᠭ᠎ᠠ᠎ᠳᠤ ᠶᠡᠷᠦᠩᠬᠡᠶ᠎ᠳᠡᠭᠡᠨ ᠪᠠᠷᠢᠯᠭ᠎ᠠ ᠵᠢᠨ ᠬᠡᠪᠴᠢᠶ᠎ᠡ᠂ ᠪᠦᠳᠦᠭᠡᠠ ᠪᠠᠶ᠋ᠢᠭᠤᠯᠬᠤ ᠠᠵᠢᠯ᠎ᠤᠨ ᠬᠤᠭᠤᠴᠠᠭ᠎ᠠ᠂ ᠳᠤᠮᠳᠠ᠎ᠨᠢ ᠲᠤᠰᠢᠶᠠᠭᠰᠠᠨ ᠪᠠᠷᠢᠯᠭ᠎ᠠ ᠵᠢᠨ ᠠᠵᠢᠯ ᠡᠬᠢᠯᠡᠬᠦ ᠪᠠ ᠠᠵᠢᠯ ᠳᠠᠭᠤᠰᠬᠠᠬᠤ ᠴᠠᠭ᠂ ᠪᠠᠷᠢᠯᠭ᠎ᠠ ᠵᠢᠨ ᠶᠠᠰᠤ ᠴᠢᠨᠠᠷ᠂ ᠪᠠᠷᠢᠯᠭ᠎ᠠ ᠵᠢᠨ ᠦᠨ᠎ᠡ ᠤᠢ᠍ᠷᠳᠡᠭ᠂ ᠲᠧᠭᠨᠢᠭ ᠮᠡᠷᠭᠡᠵᠢᠯ᠎ᠤᠨ ᠮᠠᠲ᠋ᠧᠷᠢᠶᠠᠯ᠎ᠢ ᠲᠤᠰᠢᠶᠠᠨ ᠥᠭᠬᠦ ᠴᠠᠭ᠂ ᠮᠠᠲ᠋ᠧᠷᠢᠶᠠᠯ ᠪᠠ ᠲᠤᠨᠦᠬ ᠲᠥᠬᠥᠭᠡᠷᠦᠮᠵᠢ ᠵᠢ ᠬᠠᠩᠭ᠋ᠠᠬᠤ ᠬᠠᠷᠢᠭᠤᠴᠠᠯᠭ᠎ᠠ᠂ ᠵᠣᠭᠣᠰ ᠰᠠᠯᠭ᠋ᠠᠨ ᠥᠭᠬᠦ ᠪᠠ ᠳ᠋ᠦᠩᠨᠡᠨ ᠪᠤᠳᠦᠬᠤ᠂ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ᠂ ᠶᠠᠰᠤ ᠴᠢᠨᠠᠷ᠎ᠢ ᠪᠠᠲᠤᠯᠠᠬᠤ ᠬᠡᠪᠴᠢᠶ᠎ᠡ ᠪᠠ ᠶᠠᠰᠤ ᠴᠢᠨᠠᠷ᠎ᠢ ᠪᠠᠲᠤᠯᠠᠬᠤ ᠬᠤᠭᠤᠴᠠᠭ᠎ᠠ᠂ ᠬᠠᠷᠢᠯᠴᠠᠨ ᠬᠠᠮᠵᠢᠯᠴᠠᠬᠤ ᠵᠡᠷᠭᠡ ᠵᠦᠢ᠍ᠯ ᠵᠤᠷᠪᠤᠰ ᠪᠠᠭᠲᠠᠨ᠎ᠠ᠃
    ᠲᠤᠯᠤᠭ᠋ᠠᠨ ᠵᠠᠭᠤ ᠶᠡᠷᠡᠨ ᠵᠢᠷᠭᠤᠳᠤᠭ᠋ᠠᠷ ᠵᠦᠢ᠍ᠯ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢ ᠬᠢᠨᠠᠵᠤ ᠬᠠᠮᠢᠶᠠᠷᠬᠤ᠎ᠳᠤ ᠬᠦᠷᠪᠡᠯ᠂ ᠳᠠᠭ᠋ᠠᠭ᠋ᠠᠴᠢᠯᠠᠭᠤᠯᠤᠭᠴᠢ᠎ᠨᠢ ᠬᠢᠨᠠᠨ ᠬᠠᠮᠢᠶᠠᠷᠤᠭᠴᠢ᠎ᠯᠤᠭ᠎ᠠ ᠨᠠᠶ᠋ᠢᠳᠠᠨ ᠬᠢᠨᠠᠵᠤ ᠬᠠᠮᠢᠶᠠᠷᠤᠭᠤᠯᠬᠤ ᠭᠡᠷ᠎ᠡ ᠵᠢ ᠪᠢᠴᠢᠭ᠎ᠤᠨ ᠬᠡᠯᠪᠡᠷᠢ᠎ᠪᠠᠷ ᠲᠣᠭᠲᠠᠭ᠋ᠠᠬᠤ ᠬᠡᠷᠡᠭᠲᠡᠶ᠃ ᠳᠠᠭ᠋ᠠᠭ᠋ᠠᠴᠢᠯᠠᠭᠤᠯᠤᠭᠴᠢ ᠬᠢᠭᠡᠳ ᠬᠢᠨᠠᠨ ᠬᠠᠮᠢᠶᠠᠷᠤᠭᠴᠢ ᠵᠢᠨ ᠡᠷᠬᠡ ᠪᠠ ᠡᠭᠦᠷᠭᠡ ᠵᠢᠴᠢ ᠬᠠᠤᠯᠢ ᠵᠢᠨ ᠬᠠᠷᠢᠭᠤᠴᠠᠯᠭ᠎ᠠ ᠵᠢ ᠲᠤᠰ ᠠᠡᠭᠬᠢ ᠵᠢᠨ ᠨᠠᠶ᠋ᠢᠳᠠᠯᠭ᠎ᠠ ᠵᠢᠨ ᠭᠡᠷ᠎ᠡ ᠵᠢᠴᠢ ᠪᠤᠰᠤᠳ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠃
    ᠲᠤᠯᠤᠭ᠋ᠠᠨ ᠵᠠᠭᠤ ᠶᠡᠷᠡᠨ ᠳᠣᠯᠣᠳᠤᠭ᠋ᠠᠷ ᠵᠦᠢ᠍ᠯ ᠳᠠᠭ᠋ᠠᠭ᠋ᠠᠴᠢᠯᠠᠭᠤᠯᠤᠭᠴᠢ᠎ᠨᠢ ᠳᠠᠭ᠋ᠠᠭ᠋ᠠᠴᠢᠯᠠᠭᠴᠢ ᠵᠢᠨ ᠬᠡᠪ᠎ᠤᠨ ᠠᠵᠢᠯ᠎ᠢ ᠬᠠᠷᠰᠢᠯᠠᠬᠤ ᠤᠢ᠍ᠭᠡᠢ ᠪᠠᠶ᠋ᠢᠳᠠᠯ᠎ᠤᠨ ᠳᠣᠣᠷ᠎ᠠ᠂ ᠠᠵᠢᠯ᠎ᠤᠨ ᠠᠬᠢᠴᠠ᠂ ᠶᠠᠰᠤ ᠴᠢᠨᠠᠷ᠎ᠤᠨ ᠲᠤᠬᠠᠶ ᠬᠡᠵᠢᠶ᠎ᠡ ᠴᠦ᠍ ᠭᠡᠰᠡᠨ ᠪᠠᠶ᠋ᠢᠴᠠᠭ᠋ᠠᠯᠲᠠ ᠬᠢᠵᠦ ᠪᠣᠯᠤᠨ᠎ᠠ᠃
  ᠲᠤᠯᠤᠭ᠋ᠠᠨ ᠵᠠᠭᠤ ᠶᠡᠷᠡᠨ ᠨᠠᠢ᠍ᠮᠠᠳᠤᠭ᠋ᠠᠷ ᠵᠦᠢ᠍ᠯ   ᠲᠡᠯᠳᠠ ᠪᠠᠷᠢᠯᠭ᠎ᠠ ᠵᠢ ᠲᠡᠯᠳᠠ ᠪᠠᠶ᠋ᠢᠯᠭ᠋ᠠᠬᠤ᠎ᠠᠴᠠ ᠡᠮᠦᠨ᠎ᠡ᠂ ᠳᠠᠭ᠋ᠠᠭ᠋ᠠᠴᠢᠯᠠᠭᠴᠢ᠎ᠨᠢ ᠳᠠᠭ᠋ᠠᠭ᠋ᠠᠴᠢᠯᠠᠭᠤᠯᠤᠭᠴᠢ᠎ᠳᠤ ᠮᠡᠳᠡᠭᠳᠡᠵᠦ ᠪᠠᠶ᠋ᠢᠴᠠᠭ᠋ᠠᠯᠭ᠋ᠠᠬᠤ ᠬᠡᠷᠡᠭᠲᠡᠶ᠃ ᠳᠠᠭ᠋ᠠᠭ᠋ᠠᠴᠢᠯᠠᠭᠤᠯᠤᠭᠴᠢ᠎ᠨᠢ ᠴᠠᠭ ᠲᠤᠬᠠᠶ᠎ᠳᠤᠨᠢ ᠪᠠᠶ᠋ᠢᠴᠠᠭ᠋ᠠᠭᠰᠠᠨ ᠤᠢ᠍ᠭᠡᠢ ᠪᠠᠶ᠋ᠢᠪᠠᠯ᠂ ᠳᠠᠭ᠋ᠠᠭ᠋ᠠᠴᠢᠯᠠᠭᠴᠢ᠎ᠨᠢ ᠪᠠᠷᠢᠯᠭ᠎ᠠ ᠵᠢᠨ ᠡᠳᠦᠷ ᠬᠤᠭᠤᠴᠠᠭ᠎ᠠ ᠵᠢ ᠬᠣᠶ᠋ᠢᠰᠢᠯᠠᠭᠤᠯᠵᠤ ᠪᠣᠯᠬᠤ ᠪᠥᠭᠡᠳ ᠠᠵᠢᠯ ᠵᠣᠭᠰᠣᠭᠰᠠᠨ᠂ ᠠᠵᠢᠯ ᠰᠠᠭ᠋ᠠᠲᠠᠭᠰᠠᠨ ᠵᠡᠷᠭᠡ ᠬᠣᠬᠢᠷᠠᠯ᠎ᠢ ᠲᠤᠢ᠍ᠯᠦᠬᠦᠯᠬᠦ᠎ᠪᠠᠷ ᠭᠤᠶᠤᠴᠢᠯᠠᠬᠤ ᠡᠷᠬᠡ᠎ᠲᠠᠢ᠃
  ᠲᠤᠯᠦᠭ᠋ᠠᠠ ᠵᠠᠭᠤ ᠶᠡᠷᠡ ᠶᠢᠰᠦᠳᠦᠭᠡᠷ ᠵᠦᠢ᠍ᠯ   ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠢᠯ ᠳᠠᠭᠤᠰᠤᠭᠰᠠᠨ᠎ᠤ ᠲᠡᠷᠡᠭ᠎ᠠ᠂ ᠳᠠᠭ᠋ᠠᠭ᠋ᠠᠴᠢᠯᠠᠭᠤᠯᠤᠭᠴᠢ᠎ᠨᠢ ᠪᠠᠷᠢᠯᠭ᠎ᠠ ᠵᠢᠨ ᠵᠢᠷᠤᠭ ᠲᠥᠰᠦᠪ ᠪᠣᠯᠤᠨ ᠲᠣᠳᠣᠷᠬᠠᠶ᠋ᠢᠯᠠᠯᠲᠠ ᠵᠢᠨ ᠪᠢᠴᠢᠭ᠂ ᠤᠯᠤᠰ᠎ᠠᠴᠠ ᠨᠡᠶ᠋ᠢᠲᠡᠯᠡᠭᠰᠡᠨ ᠪᠠᠷᠢᠯᠭ᠎ᠠ ᠵᠢᠨ ᠠᠵᠢᠯ᠎ᠢ ᠰᠢᠯᠭ᠋ᠠᠨ ᠠᠪᠬᠤ ᠵᠢᠷᠤᠮᠵᠢᠯ ᠪᠣᠯᠤᠨ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠪᠠᠷᠢᠮᠵᠢᠶ᠎ᠠ ᠵᠢ ᠦᠨᠳᠦᠰᠦᠯᠡᠨ ᠴᠠᠭ ᠲᠤᠬᠠᠶ᠎ᠳᠤᠨᠢ ᠰᠢᠯᠭ᠋ᠠᠨ ᠠᠪᠬᠤ ᠬᠡᠷᠡᠭᠲᠡᠶ᠃ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠪᠠᠶ᠋ᠢᠪᠠᠯ᠂ ᠳᠠᠭ᠋ᠠᠭ᠋ᠠᠴᠢᠯᠠᠭᠤᠯᠤᠭᠴᠢ᠎ᠨᠢ ᠪᠣᠯᠵᠣᠨ ᠲᠣᠭᠲᠠᠭᠰᠠᠨ ᠶᠣᠰᠣᠭ᠋ᠠᠷ ᠦᠨ᠎ᠡ ᠵᠢᠨ ᠮᠥᠩᠭᠥ ᠵᠢ ᠲᠤᠢ᠍ᠯᠦᠬᠦ ᠬᠡᠷᠡᠭᠲᠡᠶ ᠪᠥᠭᠡᠳ ᠲᠤᠰ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢ ᠬᠦᠯᠢᠶᠡᠠ ᠠᠪᠬᠤ ᠬᠡᠷᠡᠭᠲᠡᠶ᠃
    ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠢᠯ ᠳᠠᠭᠤᠰᠤᠭ᠋ᠠᠳ ᠰᠢᠯᠭ᠋ᠠᠭ᠋ᠠᠳ ᠬᠢᠷᠢ ᠲᠡᠩᠴᠡᠭᠰᠡᠨ᠎ᠤ ᠲᠡᠷᠡᠭ᠎ᠠ ᠰᠠᠶᠢ ᠬᠡᠷᠡᠭᠯᠡᠭᠦᠯᠬᠦ᠎ᠪᠠᠷ ᠲᠤᠰᠢᠶᠠᠵᠤ ᠪᠣᠯᠤᠨ᠎ᠠ; ᠰᠢᠯᠭ᠋ᠠᠨ ᠠᠪᠤᠭᠤᠯᠤᠭᠰᠠᠨ ᠤᠢ᠍ᠭᠡᠢ ᠪᠤᠶᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠤᠢ᠍ᠭᠡᠢ ᠪᠠᠶ᠋ᠢᠪᠠᠯ᠂ ᠬᠡᠷᠡᠭᠯᠡᠭᠦᠯᠬᠦ᠎ᠪᠠᠷ ᠲᠤᠰᠢᠶᠠᠵᠤ ᠪᠣᠯᠬᠤ ᠤᠢ᠍ᠭᠡᠢ᠃
    ᠨᠠᠢ᠍ᠮᠠᠳᠤᠭ᠋ᠠᠷ ᠵᠦᠢ᠍ᠯ ᠬᠠᠶ᠋ᠢᠨ ᠰᠢᠨᠵᠢᠯᠡᠭᠰᠡᠨ᠂ ᠵᠢᠷᠤᠵᠤ ᠲᠥᠯᠥᠪᠯᠡᠭᠰᠡᠨ ᠶᠠᠰᠤ ᠴᠢᠨᠠᠷ᠎ᠨᠢ ᠱᠠᠭ᠋ᠠᠷᠳᠠᠯᠭ᠎ᠠ᠎ᠳᠤ ᠨᠡᠶ᠋ᠢᠴᠡᠬᠦ ᠤᠢ᠍ᠭᠡᠢ ᠪᠤᠶᠤ ᠬᠠᠶ᠋ᠢᠨ ᠰᠢᠨᠵᠢᠯᠡᠭᠰᠡᠨ᠂ ᠵᠢᠷᠤᠵᠤ ᠲᠥᠯᠥᠪᠯᠡᠭᠰᠡᠨ ᠪᠢᠴᠢᠭ ᠮᠠᠲ᠋ᠧᠷᠢᠶᠠᠯ ᠵᠶ᠋ᠠᠨ ᠬᠤᠭᠤᠴᠠᠭ᠎ᠠ ᠶᠣᠰᠣᠭ᠋ᠠᠷ ᠲᠤᠰᠢᠶᠠᠭᠰᠠᠨ ᠤᠢ᠍ᠭᠡᠢ᠎ᠪᠠᠷ ᠪᠠᠷᠢᠯᠭ᠎ᠠ ᠵᠢᠨ ᠬᠤᠭᠤᠴᠠᠭ᠎ᠠ ᠵᠢ ᠤᠳᠠᠭ᠋ᠠᠰᠢᠷᠠᠭᠤᠯᠤᠭ᠋ᠠᠳ ᠳᠠᠭ᠋ᠠᠭ᠋ᠠᠴᠢᠯᠠᠭᠤᠯᠤᠭᠴᠢ᠎ᠳᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠬᠠᠶ᠋ᠢᠨ ᠪᠠᠶ᠋ᠢᠴᠠᠭ᠋ᠠᠭᠴᠢ᠂ ᠵᠢᠷᠤᠵᠤ ᠲᠥᠯᠥᠪᠯᠡᠭᠴᠢ᠎ᠨᠢ ᠬᠠᠶ᠋ᠢᠨ ᠰᠢᠨᠵᠢᠯᠡᠬᠦ᠂ ᠵᠢᠷᠤᠵᠤ ᠲᠥᠯᠥᠪᠯᠡᠬᠦ ᠠᠵᠢᠯ ᠵᠶ᠋ᠠᠨ ᠦᠷᠭᠦᠯᠵᠢᠯᠡᠨ ᠲᠡᠭᠦᠯᠳᠡᠷᠵᠢᠭᠦᠯᠵᠦ᠂ ᠬᠠᠶ᠋ᠢᠨ ᠰᠢᠨᠵᠢᠯᠡᠭᠰᠡᠨ᠂ ᠵᠢᠷᠤᠵᠤ ᠲᠥᠯᠥᠪᠯᠡᠭᠰᠡᠨ ᠰᠦᠢ᠍ᠳᠬᠡᠯ᠎ᠢ ᠬᠠᠰᠤᠵᠤ ᠬᠤᠷᠢᠶᠠᠬᠤ ᠪᠤᠶᠤ ᠬᠤᠷᠢᠶᠠᠬᠤ᠎ᠠᠴᠠ ᠬᠡᠯᠲᠦᠷᠢᠭᠦᠯᠬᠦ ᠵᠢᠨ ᠬᠠᠮᠲᠤ ᠬᠣᠬᠢᠷᠠᠯ᠎ᠢ ᠲᠤᠢ᠍ᠯᠦᠬᠦ ᠬᠡᠷᠡᠭᠲᠡᠶ᠃
    ᠨᠠᠢ᠍ᠮᠠᠨ ᠵᠠᠭᠤ ᠨᠢᠭᠡᠳᠦᠭᠡᠷ ᠵᠦᠢ᠍ᠯ   ᠪᠠᠷᠢᠯᠭ᠎ᠠ ᠵᠢᠨ ᠠᠵᠢᠯᠳᠠᠨ᠎ᠤ ᠰᠢᠯᠲᠠᠭ᠋ᠠᠨ᠎ᠠᠴᠠ ᠪᠤᠯᠵᠦ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠨᠢ ᠪᠣᠯᠵᠣᠨ ᠲᠣᠭᠲᠠᠭᠰᠠᠨ᠎ᠲᠠᠢ ᠨᠡᠶ᠋ᠢᠴᠡᠬᠦ ᠤᠢ᠍ᠭᠡᠢ ᠪᠣᠯᠤᠭᠰᠠᠨ ᠪᠠᠶ᠋ᠢᠪᠠᠯ᠂ ᠳᠠᠭ᠋ᠠᠭ᠋ᠠᠴᠢᠯᠠᠭᠤᠯᠤᠭᠴᠢ᠎ᠨᠢ ᠵᠦᠢ ᠵᠣᠬᠢᠰᠲᠠᠶ ᠬᠤᠭᠤᠴᠠᠭ᠋ᠠᠨ᠎ᠤ ᠳᠣᠲᠣᠷ᠎ᠠ ᠦᠨ᠎ᠡ ᠲᠥᠯᠥᠪᠦᠷᠢ ᠤᠢ᠍ᠭᠡᠢ᠎ᠪᠠᠷ ᠵᠠᠰᠠᠭᠤᠯᠬᠤ ᠪᠤᠶᠤ ᠲᠡᠬᠢᠵᠦ ᠪᠠᠷᠢᠭᠤᠯᠬᠤ᠂ ᠥᠭᠡᠷᠡᠴᠢᠯᠡᠨ ᠪᠠᠶ᠋ᠢᠭᠤᠯᠤᠭᠤᠯᠬᠤ᠎ᠪᠠᠷ ᠪᠠᠷᠢᠯᠭ᠎ᠠ ᠵᠢᠨ ᠠᠵᠢᠯᠳᠠᠨ᠎ᠳᠤ ᠭᠤᠶᠤᠴᠢᠯᠠᠬᠤ ᠡᠷᠬᠡ᠎ᠲᠠᠢ᠃ ᠵᠠᠰᠠᠵᠤ ᠰᠡᠯᠪᠢᠬᠦ ᠪᠤᠶᠤ ᠲᠡᠬᠢᠵᠦ ᠪᠠᠷᠢᠵᠤ᠂ ᠥᠭᠡᠷᠡᠴᠢᠯᠡᠨ ᠪᠠᠶ᠋ᠢᠭᠤᠯᠤᠭᠰᠠᠨ᠎ᠤ ᠲᠡᠷᠡᠭ᠎ᠠ᠂ ᠬᠤᠭᠤᠴᠠᠭ᠎ᠠ ᠬᠡᠲᠦᠷᠡᠭᠦᠯᠦᠨ ᠲᠤᠰᠢᠶᠠᠵᠤ ᠥᠭᠬᠦ᠎ᠳᠤ ᠬᠦᠷᠦᠭᠦᠯᠦᠭᠰᠡᠨ ᠪᠠᠶ᠋ᠢᠪᠠᠯ᠂ ᠪᠠᠷᠢᠯᠭ᠎ᠠ ᠵᠢᠨ ᠠᠵᠢᠯ ᠬᠢᠭᠰᠡᠳ ᠭᠡᠷ᠎ᠡ ᠵᠢ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃
    ᠨᠠᠢ᠍ᠮᠠᠨ ᠵᠠᠭᠤ ᠬᠣᠶᠠᠳᠤᠭ᠋ᠠᠷ ᠵᠦᠢ᠍ᠯ   ᠳᠠᠭ᠋ᠠᠭ᠋ᠠᠴᠢᠯᠠᠭᠴᠢ ᠵᠢᠨ ᠰᠢᠯᠲᠠᠭ᠋ᠠᠨ᠎ᠠᠴᠠ ᠪᠤᠯᠵᠦ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ᠎ᠨᠢ ᠵᠦᠢ ᠵᠣᠬᠢᠰᠲᠠᠶ ᠬᠡᠷᠡᠭᠯᠡᠬᠦ ᠬᠤᠭᠤᠴᠠᠭ᠋ᠠᠨ᠎ᠤ ᠳᠣᠲᠣᠷ᠎ᠠ ᠬᠥᠮᠦᠨ᠎ᠤ ᠪᠡᠶ᠎ᠡ᠎ᠳᠤ ᠬᠣᠬᠢᠷᠠᠯ ᠤᠴᠠᠷᠠᠭᠤᠯᠤᠭᠰᠠᠨ ᠪᠠ ᠡᠳ᠋ ᠬᠦᠷᠦᠩᠭᠡ᠎ᠳᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠳᠠᠭ᠋ᠠᠭ᠋ᠠᠴᠢᠯᠠᠭᠴᠢ᠎ᠨᠢ ᠲᠦᠯᠦᠪᠦᠷᠢ ᠲᠤᠢ᠍ᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃
    ᠨᠠᠢ᠍ᠮᠠᠨ ᠵᠠᠭᠤ ᠭᠤᠷᠪᠠᠳᠤᠭ᠋ᠠᠷ ᠵᠦᠢ᠍ᠯ   ᠳᠠᠭ᠋ᠠᠭ᠋ᠠᠴᠢᠯᠠᠭᠤᠯᠤᠭᠴᠢ ᠪᠣᠯᠵᠣᠨ ᠲᠣᠭᠲᠠᠭᠰᠠᠨ ᠴᠠᠭ ᠪᠠ ᠱᠠᠭ᠋ᠠᠷᠳᠠᠯᠭ᠎ᠠ ᠶᠣᠰᠣᠭ᠋ᠠᠷ ᠲᠦᠭᠦᠬᠡᠶ ᠡᠳ᠋ ᠮᠠᠲ᠋ᠧᠷᠢᠶᠠᠯ᠂ ᠲᠤᠨᠦᠬ ᠲᠥᠬᠥᠭᠡᠷᠦᠮᠵᠢ᠂ ᠲᠠᠯᠠᠪᠤᠷ ᠭᠠᠵᠠᠷ᠂ ᠪᠡᠯᠠ ᠮᠥᠩᠭᠥ᠂ ᠲᠧᠭᠨᠢᠭ ᠮᠡᠷᠭᠡᠵᠢᠯ᠎ᠤᠨ ᠮᠠᠲ᠋ᠧᠷᠢᠶᠠᠯ ᠵᠶ᠋ᠠᠨ ᠬᠠᠩᠭ᠋ᠠᠭᠰᠠᠨ ᠤᠢ᠍ᠭᠡᠢ ᠪᠠᠶ᠋ᠢᠪᠠᠯ᠂ ᠳᠠᠭ᠋ᠠᠭ᠋ᠠᠴᠢᠯᠠᠭᠴᠢ᠎ᠨᠢ ᠪᠠᠷᠢᠯᠭ᠎ᠠ ᠵᠢᠨ ᠠᠵᠢᠯ᠎ᠤᠨ ᠡᠳᠦᠷ ᠬᠤᠭᠤᠴᠠᠭ᠎ᠠ ᠵᠢ ᠬᠣᠶ᠋ᠢᠰᠢᠯᠠᠭᠤᠯᠵᠤ ᠪᠣᠯᠬᠤ ᠪᠥᠭᠡᠳ ᠠᠵᠢᠯ ᠵᠣᠭᠰᠣᠭᠰᠠᠨ᠂ ᠠᠵᠢᠯ ᠰᠠᠭ᠋ᠠᠲᠠᠭᠰᠠᠨ ᠵᠡᠷᠭᠡ ᠬᠣᠬᠢᠷᠠᠯ᠎ᠢ ᠲᠤᠢ᠍ᠯᠦᠬᠦᠯᠬᠦ᠎ᠪᠠᠷ ᠭᠤᠶᠤᠴᠢᠯᠠᠬᠤ ᠡᠷᠬᠡ᠎ᠲᠠᠢ᠃
    ᠨᠠᠢ᠍ᠮᠠᠨ ᠵᠠᠭᠤ ᠳᠥᠷᠪᠡᠳᠦᠭᠡᠷ ᠵᠦᠢ᠍ᠯ ᠳᠠᠭ᠋ᠠᠭ᠋ᠠᠴᠢᠯᠠᠭᠤᠯᠤᠭᠴᠢ ᠵᠢᠨ ᠰᠢᠯᠲᠠᠭ᠋ᠠᠨ᠎ᠠᠴᠠ ᠪᠤᠯᠵᠦ ᠪᠠᠷᠢᠯᠭ᠎ᠠ ᠵᠢᠨ ᠠᠵᠢᠯ᠎ᠢ ᠳᠤᠮᠳᠠ᠎ᠠᠴᠠ᠎ᠨᠢ ᠵᠣᠭᠰᠣᠭ᠋ᠠᠬᠤ᠂ ᠬᠣᠶ᠋ᠢᠰᠢᠯᠠᠭᠤᠯᠬᠤ᠎ᠳᠤ ᠬᠦᠷᠦᠭᠦᠯᠦᠭᠰᠡᠨ ᠪᠠᠶ᠋ᠢᠪᠠᠯ᠂ ᠳᠠᠭ᠋ᠠᠭ᠋ᠠᠴᠢᠯᠠᠭᠤᠯᠤᠭᠴᠢ᠎ᠨᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠬᠣᠬᠢᠷᠠᠯ᠎ᠢ ᠨᠥᠬᠥᠪᠥᠷᠢᠯᠡᠬᠦ ᠪᠤᠶᠤ ᠪᠠᠭ᠋ᠠᠰᠬᠠᠵᠤ᠂ ᠳᠠᠭ᠋ᠠᠭ᠋ᠠᠴᠢᠯᠠᠭᠴᠢ ᠵᠢᠨ ᠡᠭᠦᠨ᠎ᠠᠴᠠ ᠪᠣᠯᠤᠭᠰᠠᠨ ᠠᠵᠢᠯ ᠵᠣᠭᠰᠣᠭᠰᠠᠨ᠂ ᠠᠵᠢᠯ ᠰᠠᠭ᠋ᠠᠲᠠᠭᠰᠠᠨ᠂ ᠭᠡᠳᠡᠷᠬᠦ ᠵᠥᠭᠡᠭᠡᠪᠦᠷᠢᠯᠡᠭᠰᠡᠨ᠂ ᠮᠠᠰᠢᠨ ᠲᠥᠬᠥᠭᠡᠷᠦᠮᠵᠢ ᠵᠢ ᠰᠢᠯᠵᠢᠭᠦᠯᠦᠭᠰᠡᠨ᠂ ᠮᠠᠲ᠋ᠧᠷᠢᠶᠠᠯ ᠪᠠ ᠲᠣᠨᠣᠭᠯᠠᠭ᠋ᠠᠰᠤ ᠵᠢ ᠳᠠᠷᠤᠭᠳᠠᠭᠤᠯᠤᠭᠰᠠᠨ ᠵᠡᠷᠭᠡ ᠬᠣᠬᠢᠷᠠᠯ ᠪᠠ ᠪᠣᠳᠠᠲᠠᠶ ᠵᠠᠷᠤᠳᠠᠯ᠎ᠢ ᠲᠤᠢ᠍ᠯᠦᠬᠦ ᠬᠡᠷᠡᠭᠲᠡᠶ᠃
  ᠨᠠᠢ᠍ᠮᠠᠨ ᠵᠠᠭᠤ ᠲᠠᠪᠤᠳᠤᠭ᠋ᠠᠷ ᠵᠦᠢ᠍ᠯ ᠳᠠᠭ᠋ᠠᠭ᠋ᠠᠴᠢᠯᠠᠭᠤᠯᠤᠭᠴᠢ ᠵᠢᠨ ᠲᠥᠯᠥᠪᠯᠡᠭᠡ᠎ᠪᠠᠨ ᠬᠤᠪᠢᠷᠠᠭᠤᠯᠤᠭᠰᠠᠨ᠂ ᠬᠠᠩᠭ᠋ᠠᠭᠰᠠᠨ ᠮᠠᠲ᠋ᠧᠷᠢᠶᠠᠯ᠎ᠨᠢ ᠣᠨᠣᠪᠴᠢ ᠤᠢ᠍ᠭᠡᠢ ᠪᠤᠶᠤ ᠬᠠᠶ᠋ᠢᠨ ᠪᠠᠶ᠋ᠢᠴᠠᠭ᠋ᠠᠬᠤ᠂ ᠵᠢᠷᠤᠵᠤ ᠲᠥᠯᠥᠪᠯᠡᠬᠦ ᠠᠵᠢᠯ᠎ᠤᠨ ᠴᠢᠬᠤᠯᠠ ᠪᠦᠬᠦᠢ ᠨᠥᠬᠥᠴᠡᠯ᠎ᠢ ᠬᠤᠭᠤᠴᠠᠭ᠎ᠠ ᠶᠣᠰᠣᠭ᠋ᠠᠷ ᠬᠠᠩᠭ᠋ᠠᠵᠤ ᠥᠭᠭᠦᠭᠰᠡᠨ ᠤᠢ᠍ᠭᠡᠢ᠎ᠠᠴᠠ ᠪᠤᠯᠵᠦ ᠬᠠᠶ᠋ᠢᠨ ᠪᠠᠶ᠋ᠢᠴᠠᠭ᠋ᠠᠬᠤ᠂ ᠵᠢᠷᠤᠵᠤ ᠲᠥᠯᠥᠪᠯᠡᠬᠦ ᠵᠢ ᠲᠡᠬᠢᠵᠦ ᠬᠢᠬᠦ᠂ ᠠᠵᠢᠯ ᠵᠣᠭᠰᠣᠬᠤ ᠪᠤᠶᠤ ᠵᠢᠷᠤᠭ ᠲᠥᠯᠥᠪᠯᠡᠭᠡ᠎ᠳᠤ ᠵᠠᠰᠠᠪᠤᠷᠢ ᠣᠷᠣᠭᠤᠯᠬᠤ᠎ᠳᠤ ᠬᠦᠷᠦᠭᠦᠯᠦᠭᠰᠡᠨ ᠪᠠᠶ᠋ᠢᠪᠠᠯ᠂ ᠳᠠᠭ᠋ᠠᠭ᠋ᠠᠴᠢᠯᠠᠭᠤᠯᠤᠭᠴᠢ᠎ᠨᠢ ᠬᠠᠶ᠋ᠢᠨ ᠪᠠᠶ᠋ᠢᠴᠠᠭ᠋ᠠᠭᠴᠢ᠂ ᠵᠢᠷᠤᠵᠤ ᠲᠥᠯᠥᠪᠯᠡᠭᠴᠢ ᠵᠢᠨ ᠪᠣᠳᠠᠲᠠᠶ ᠵᠠᠷᠤᠴᠠᠭᠤᠯᠤᠭᠰᠠᠨ ᠠᠵᠢᠯ᠎ᠤᠨ ᠬᠡᠮᠵᠢᠶ᠎ᠡ᠎ᠪᠠᠷ ᠵᠠᠷᠤᠳᠠᠯ᠎ᠢ᠎ᠨᠢ ᠨᠡᠮᠡᠵᠦ ᠥᠭᠬᠦ ᠬᠡᠷᠡᠭᠲᠡᠶ᠃
    ᠨᠠᠢ᠍ᠮᠠᠨ ᠵᠠᠭᠤ ᠵᠢᠷᠭᠤᠳᠤᠭ᠋ᠠᠷ ᠵᠦᠢ᠍ᠯ ᠳᠠᠭ᠋ᠠᠭ᠋ᠠᠴᠢᠯᠠᠭᠴᠢ᠎ᠨᠢ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠢᠯ ᠵᠶ᠋ᠠᠨ ᠰᠢᠯᠵᠢᠭᠦᠯᠦᠨ ᠳᠠᠭ᠋ᠠᠭ᠋ᠠᠴᠢᠯᠠᠭᠤᠯᠵᠤ᠂ ᠬᠠᠤᠯᠢ ᠵᠢ ᠵᠥᠷᠢᠴᠡᠨ ᠬᠤᠪᠢᠶᠠᠨ ᠳᠠᠭ᠋ᠠᠭ᠋ᠠᠴᠢᠯᠠᠭᠤᠯᠤᠭᠰᠠᠨ ᠪᠠᠶ᠋ᠢᠪᠠᠯ᠂ ᠳᠠᠭ᠋ᠠᠭ᠋ᠠᠴᠢᠯᠠᠭᠤᠯᠤᠭᠴᠢ᠎ᠨᠢ ᠭᠡᠷ᠎ᠡ ᠵᠢ ᠴᠤᠴᠠᠯᠠᠵᠤ ᠪᠣᠯᠤᠨ᠎ᠠ᠃
  ᠳᠠᠭ᠋ᠠᠭ᠋ᠠᠴᠢᠯᠠᠭᠤᠯᠤᠭᠴᠢ ᠵᠢᠨ ᠬᠠᠩᠭ᠋ᠠᠭᠰᠠᠨ ᠭᠣᠣᠯ ᠪᠣᠯᠬᠤ ᠪᠠᠷᠢᠯᠭ᠎ᠠ ᠵᠢᠨ ᠮᠠᠲ᠋ᠧᠷᠢᠶᠠᠯ᠂ ᠪᠠᠷᠢᠯᠭ᠎ᠠ ᠵᠢᠨ ᠪᠦᠲᠦᠴᠡ ᠲᠤᠨᠦᠬ ᠰᠡᠯᠪᠢᠭᠡᠰᠦ ᠪᠠ ᠲᠤᠨᠦᠬ ᠲᠥᠬᠥᠭᠡᠷᠦᠮᠵᠢ᠎ᠨᠢ ᠠᠯᠪᠠᠳᠠᠯᠭ᠎ᠠ ᠵᠢᠨ ᠴᠢᠨᠠᠷᠲᠠᠶ ᠪᠠᠷᠢᠮᠵᠢᠶ᠎ᠠ᠎ᠳᠤ ᠨᠡᠶ᠋ᠢᠴᠡᠬᠦ ᠤᠢ᠍ᠭᠡᠢ ᠪᠤᠶᠤ ᠬᠠᠮᠵᠢᠯᠴᠠᠬᠤ ᠡᠭᠦᠷᠭᠡ᠎ᠪᠠᠨ ᠭᠦᠢ᠍ᠴᠡᠳᠬᠡᠬᠦ ᠤᠢ᠍ᠭᠡᠢ᠎ᠠᠴᠠ ᠪᠤᠯᠵᠦ ᠳᠠᠭ᠋ᠠᠭ᠋ᠠᠴᠢᠯᠠᠭᠴᠢ ᠵᠢ ᠪᠠᠷᠢᠯᠭ᠎ᠠ ᠪᠠᠷᠢᠬᠤ ᠵᠢᠨ ᠠᠷᠭ᠎ᠠ ᠤᠢ᠍ᠭᠡᠢ ᠪᠣᠯᠭ᠋ᠠᠵᠤ᠂ ᠰᠢᠪᠠᠳᠠᠨ ᠮᠡᠳᠡᠭᠳᠡᠭᠰᠡᠨ ᠪᠠᠶ᠋ᠢᠲᠠᠯ᠎ᠠ ᠵᠦᠢ ᠵᠣᠬᠢᠰᠲᠠᠶ ᠬᠤᠭᠤᠴᠠᠭ᠋ᠠᠨ᠎ᠤ ᠳᠣᠲᠣᠷ᠎ᠠ ᠵᠣᠬᠢᠴᠠᠩᠭᠤᠶ ᠡᠭᠦᠷᠭᠡ᠎ᠪᠠᠨ ᠮᠥᠨ ᠯᠡ ᠭᠦᠢ᠍ᠴᠡᠳᠬᠡᠭᠰᠡᠨ ᠤᠢ᠍ᠭᠡᠢ ᠪᠠᠶ᠋ᠢᠪᠠᠯ᠂ ᠳᠠᠭ᠋ᠠᠭ᠋ᠠᠴᠢᠯᠠᠭᠴᠢ ᠭᠡᠷ᠎ᠡ ᠵᠢ ᠴᠤᠴᠠᠯᠠᠵᠤ ᠪᠣᠯᠤᠨ᠎ᠠ᠃
  ᠭᠡᠷ᠎ᠡ ᠵᠢ ᠴᠤᠴᠠᠯᠠᠭᠰᠠᠨ᠎ᠤ ᠲᠡᠷᠡᠭ᠎ᠠ᠂ ᠨᠢᠭᠡᠨᠲᠡ ᠪᠡᠶᠡᠯᠡᠭᠦᠯᠦᠭᠰᠡᠨ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠨᠢ ᠬᠢᠷᠢ ᠲᠡᠩᠴᠡᠭᠰᠡᠨ ᠪᠠᠶ᠋ᠢᠪᠠᠯ᠂ ᠳᠠᠭ᠋ᠠᠭ᠋ᠠᠴᠢᠯᠠᠭᠤᠯᠤᠭᠴᠢ᠎ᠨᠢ ᠪᠣᠯᠵᠣᠨ ᠲᠣᠭᠲᠠᠭᠰᠠᠨ ᠶᠣᠰᠣᠭ᠋ᠠᠷ ᠵᠣᠬᠢᠴᠠᠩᠭᠤᠶ ᠪᠠᠷᠢᠯᠭ᠎ᠠ ᠵᠢᠨ ᠦᠨ᠎ᠡ ᠵᠢᠨ ᠮᠥᠩᠭᠥ ᠵᠢ ᠲᠤᠢ᠍ᠯᠦᠬᠦ ᠬᠡᠷᠡᠭᠲᠡᠶ; ᠨᠢᠭᠡᠨᠲᠡ ᠪᠡᠶᠡᠯᠡᠭᠦᠯᠦᠭᠰᠡᠨ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠨᠢ ᠬᠢᠷᠢ ᠲᠡᠩᠴᠡᠬᠦ ᠤᠢ᠍ᠭᠡᠢ ᠪᠠᠶ᠋ᠢᠪᠠᠯ᠂ ᠲᠤᠰ ᠬᠠᠤᠯᠢ ᠵᠢᠨ ᠲᠤᠯᠦᠭ᠋ᠠᠠ ᠵᠠᠭᠤ ᠶᠡᠷᠡᠨ ᠭᠤᠷᠪᠠᠳᠤᠭ᠋ᠠᠷ ᠵᠦᠢ᠍ᠯ᠎ᠤᠨ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠵᠤ ᠰᠢᠢ᠍ᠳᠪᠤᠷᠢᠯᠡᠨ᠎ᠡ᠃
    ᠨᠠᠢ᠍ᠮᠠᠨ ᠵᠠᠭᠤ ᠳᠣᠯᠣᠳᠤᠭ᠋ᠠᠷ ᠵᠦᠢ᠍ᠯ ᠳᠠᠭ᠋ᠠᠭ᠋ᠠᠴᠢᠯᠠᠭᠤᠯᠤᠭᠴᠢ᠎ᠨᠢ ᠪᠣᠯᠵᠣᠨ ᠲᠣᠭᠲᠠᠭᠰᠠᠨ ᠶᠣᠰᠣᠭ᠋ᠠᠷ ᠦᠨ᠎ᠡ ᠵᠢᠨ ᠵᠣᠭᠣᠰ᠎ᠢ ᠲᠤᠢ᠍ᠯᠦᠭᠰᠡᠠ ᠤᠢ᠍ᠭᠡᠢ ᠪᠠᠶ᠋ᠢᠪᠠᠯ᠂ ᠳᠠᠭ᠋ᠠᠭ᠋ᠠᠴᠢᠯᠠᠭᠴᠢ᠎ᠨᠢ ᠵᠦᠢ ᠵᠣᠬᠢᠰᠲᠠᠶ ᠬᠤᠭᠤᠴᠠᠭ᠋ᠠᠨ᠎ᠤ ᠳᠣᠲᠣᠷ᠎ᠠ ᠦᠨ᠎ᠡ ᠵᠢᠨ ᠵᠣᠭᠣᠰ᠎ᠢ ᠲᠤᠢ᠍ᠯᠦᠬᠦᠯᠬᠦ᠎ᠪᠠᠷ ᠳᠠᠭ᠋ᠠᠭ᠋ᠠᠴᠢᠯᠠᠭᠤᠯᠤᠭᠴᠢ᠎ᠳᠤ ᠰᠢᠪᠠᠳᠠᠨ ᠮᠡᠳᠡᠭᠳᠡᠵᠦ ᠪᠣᠯᠤᠨ᠎ᠠ᠃ ᠳᠠᠭ᠋ᠠᠭ᠋ᠠᠴᠢᠯᠠᠭᠤᠯᠤᠭᠴᠢ᠎ᠨᠢ ᠬᠤᠭᠤᠴᠠᠭ᠎ᠠ ᠬᠡᠲᠦᠷᠡᠲᠡᠯ᠎ᠡ ᠲᠤᠰᠢᠶᠠᠬᠤ ᠤᠢ᠍ᠭᠡᠢ ᠪᠠᠶ᠋ᠢᠪᠠᠯ᠂ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠰᠢᠨᠵᠢ ᠴᠢᠨᠠᠷ᠎ᠢ ᠦᠨᠳᠦᠰᠦᠯᠡᠨ ᠦᠨ᠎ᠡ ᠨᠤᠭᠤᠯᠤᠨ ᠪᠤᠳᠦᠬᠤ᠂ ᠦᠨ᠎ᠡ ᠬᠠᠶᠠᠨ ᠬᠤᠳᠠᠯᠳᠤᠬᠤ᠎ᠳᠤ ᠤᠢ᠍ᠯᠦ ᠵᠣᠬᠢᠬᠤ ᠵᠢ ᠭᠠᠷᠭ᠋ᠠᠪᠠᠯ᠂ ᠳᠠᠭ᠋ᠠᠭ᠋ᠠᠴᠢᠯᠠᠭᠴᠢ᠎ᠨᠢ ᠳᠠᠭ᠋ᠠᠭ᠋ᠠᠴᠢᠯᠠᠭᠤᠯᠤᠭᠴᠢ᠎ᠲᠠᠢ ᠵᠥᠪᠳᠡᠯᠴᠡᠵᠦ ᠪᠠᠶ᠋ᠢᠭ᠋ᠠᠳ ᠲᠤᠰ ᠪᠠᠷᠢᠯᠭ᠎ᠠ ᠵᠢ ᠦᠨ᠎ᠡ ᠨᠤᠭᠤᠯᠤᠨ ᠪᠤᠳᠦᠵᠦ ᠪᠣᠯᠤᠨ᠎ᠠ᠂ ᠠᠷᠠᠳ᠎ᠤᠨ ᠰᠢᠭᠦᠬᠦ ᠬᠣᠷᠢᠶ᠎ᠠ᠎ᠳᠤ ᠲᠤᠰ ᠪᠠᠷᠢᠯᠭ᠎ᠠ ᠵᠢ ᠬᠠᠤᠯᠢ ᠶᠣᠰᠣᠭ᠋ᠠᠷ ᠦᠨ᠎ᠡ ᠬᠠᠶᠠᠨ ᠬᠤᠳᠠᠯᠳᠤᠭᠤᠯᠬᠤ᠎ᠪᠠᠷ ᠭᠤᠶᠤᠴᠢᠯᠠᠭᠰᠠᠨ ᠴᠤ᠌ ᠪᠣᠯᠤᠨ᠎ᠠ᠃ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠦᠨ᠎ᠡ ᠵᠢᠨ ᠵᠣᠭᠣᠰ᠎ᠢ ᠲᠤᠰ ᠪᠠᠷᠢᠯᠭ᠎ᠠ ᠵᠢᠨ ᠨᠤᠭᠤᠯᠤᠨ ᠪᠤᠳᠦᠭ᠍ᠰᠡᠠ ᠦᠨ᠎ᠡ ᠪᠤᠶᠤ ᠦᠨ᠎ᠡ ᠬᠠᠶᠠᠵᠤ ᠬᠤᠳᠠᠯᠳᠤᠭᠰᠠᠨ ᠦᠨ᠎ᠡ ᠵᠢᠨ ᠵᠣᠭᠣᠰ ᠵᠶ᠋ᠠᠷ ᠤᠷᠢᠳᠠᠪᠠᠷ ᠲᠤᠢ᠍ᠯᠦᠨ᠎ᠡ᠃
    ᠨᠠᠢ᠍ᠮᠠᠨ ᠵᠠᠭᠤ ᠨᠠᠢ᠍ᠮᠠᠳᠤᠭ᠋ᠠᠷ ᠵᠦᠢ᠍ᠯ ᠲᠤᠰ ᠪᠦᠯᠦᠭ᠎ᠲᠤ ᠲᠣᠭᠲᠠᠭ᠋ᠠᠭᠰᠠᠨ ᠤᠢ᠍ᠭᠡᠢ ᠵᠦᠢ᠍ᠯ᠎ᠳᠤ ᠳᠠᠭ᠋ᠠᠭ᠋ᠠᠨ ᠠᠪᠬᠤ ᠭᠡᠷ᠎ᠡ ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠬᠡᠷᠡᠭᠯᠡᠨ᠎ᠡ᠃
   
    ᠬᠤᠪᠢ ᠬᠥᠮᠦᠨ᠎ᠤ ᠬᠤᠪᠢ ᠵᠢᠨ ᠨᠢᠭᠤᠴᠠ ᠵᠢᠨ ᠡᠷᠬᠡ ᠪᠠ ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠲᠤᠬᠠᠶ
    ᠶᠡᠷᠦᠩᠬᠡᠶ ᠲᠤᠢ᠍ᠷᠢᠮ᠎ᠤᠨ ᠠᠡᠭᠬᠢ
    ᠲᠠᠪᠤᠳᠤᠭ᠋ᠠᠷ ᠪᠦᠯᠦᠭ ᠢᠷᠭᠡᠨ᠎ᠤ ᠬᠡᠷᠡᠭ᠎ᠤᠨ ᠡᠷᠬᠡ
  ᠵᠠᠭᠤ ᠠᠷᠪᠠᠳᠤᠭ᠋ᠠᠷ ᠵᠦᠢ᠍ᠯ   ᠬᠤᠪᠢ ᠬᠥᠮᠦᠨ ᠠᠮᠢ ᠨᠠᠰᠤᠨ᠎ᠤ ᠡᠷᠬᠡ᠂ ᠪᠡᠶ᠎ᠡ ᠮᠠᠬᠠᠪᠣᠳ᠎ᠤᠨ ᠡᠷᠬᠡ᠂ ᠡᠷᠡᠭᠦᠯ ᠮᠡᠡᠳᠦ ᠵᠢᠨ ᠡᠷᠬᠡ᠂ ᠤᠪᠦᠬ ᠨᠡᠷ᠎ᠡ ᠵᠢᠨ ᠡᠷᠬᠡ᠂ ᠬᠦᠷᠦᠭ ᠵᠢᠷᠤᠭ᠎ᠤᠨ ᠡᠷᠬᠡ᠂ ᠨᠡᠷ᠎ᠡ ᠲᠤᠢ᠍ᠷᠦ ᠵᠢᠨ ᠡᠷᠬᠡ᠂ ᠢᠷᠠᠭᠤ ᠠᠯᠳᠠᠷ᠎ᠤᠨ ᠡᠷᠬᠡ᠂ ᠬᠤᠪᠢ ᠵᠢᠨ ᠨᠢᠭᠤᠴᠠ ᠵᠢᠨ ᠡᠷᠬᠡ᠂ ᠤᠷᠦᠬ᠎ᠤᠨ ᠡᠵᠡᠨ ᠮᠡᠳᠡᠬᠦ ᠡᠷᠬᠡ ᠵᠡᠷᠭᠡ ᠡᠷᠬᠡ ᠵᠢ ᠡᠳ᠋ᠯᠡᠨ᠎ᠡ᠃
    ᠬᠥᠮᠦᠨ᠎ᠤ ᠨᠡᠷ᠎ᠡ ᠬᠦᠨᠳᠦ ᠵᠢᠨ ᠡᠷᠬᠡ ᠵᠢᠨ ᠠᠩᠬᠢ
    ᠵᠢᠷᠭᠤᠳᠤᠭ᠋ᠠᠷ ᠪᠦᠯᠦᠭ ᠬᠤᠪᠢ ᠵᠢᠨ ᠨᠢᠭᠤᠴᠠ ᠵᠢᠨ ᠡᠷᠬᠡ ᠪᠠ ᠬᠤᠪᠢ ᠬᠥᠮᠦᠨ᠎ᠤ ᠮᠡᠳᠡᠭᠡ ᠵᠠᠩᠬᠢ ᠵᠢ ᠬᠠᠮᠠᠭ᠋ᠠᠯᠠᠬᠤ
    ᠵᠠᠭᠤ ᠭᠤᠴᠢ ᠶᠢᠰᠦᠳᠦᠭᠡᠷ ᠵᠦᠢ᠍ᠯ ᠲᠤᠢ᠍ᠷᠦ ᠵᠢᠨ ᠪᠠᠶ᠋ᠢᠭᠤᠯᠭ᠎ᠠ᠂ ᠵᠠᠰᠠᠭ ᠵᠠᠬᠢᠷᠭ᠋ᠠᠨ᠎ᠤ ᠡᠭᠦᠷᠭᠡ ᠴᠢᠳᠠᠪᠤᠷᠢ ᠵᠢ ᠡᠭᠦᠷᠭᠡᠯᠡᠵᠦ ᠪᠠᠶ᠋ᠢᠭ᠎ᠠ ᠬᠠᠤᠯᠢ᠎ᠪᠠᠷ ᠲᠣᠭᠲᠠᠭ᠋ᠠᠭᠰᠠᠨ ᠪᠠᠶ᠋ᠢᠭᠤᠯᠤᠮᠵᠢ ᠵᠢᠴᠢ ᠲᠡᠭᠦᠨ᠎ᠤ ᠠᠵᠢᠯᠳᠡᠠ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠶᠠᠪᠤᠴᠠ᠎ᠳᠤ ᠣᠯᠵᠤ ᠮᠡᠳᠡᠭᠰᠡᠨ   ᠬᠤᠪᠢ ᠬᠥᠮᠦᠨ᠎ᠤ ᠬᠤᠪᠢ ᠵᠢᠨ ᠨᠢᠭᠤᠴᠠ ᠪᠠ ᠬᠤᠪᠢ ᠬᠥᠮᠦᠨ᠎ᠤ ᠮᠡᠳᠡᠭᠡ ᠵᠠᠩᠭᠢ ᠵᠢᠨ ᠨᠢᠭᠤᠴᠠ ᠵᠢ ᠬᠠᠮᠠᠭ᠋ᠠᠯᠠᠬᠤ ᠬᠡᠷᠡᠭᠲᠡᠶ᠂ ᠵᠠᠳᠠᠷᠠᠭᠤᠯᠬᠤ ᠪᠤᠶᠤ ᠪᠤᠰᠤᠳ ᠬᠥᠮᠦᠨ᠎ᠳᠤ ᠬᠠᠤᠯᠢ ᠪᠤᠰᠤ᠎ᠪᠠᠷ ᠬᠠᠩᠭ᠋ᠠᠵᠤ ᠪᠣᠯᠬᠤ ᠤᠢ᠍ᠭᠡᠢ᠃
   
    ᠠᠶᠤᠯᠭᠦᠶ ᠵᠢ ᠪᠠᠲᠤᠯᠠᠬᠤ ᠡᠭᠦᠷᠭᠡ ᠵᠢᠨ ᠲᠤᠬᠠᠶ ᠲᠣᠭᠲᠠᠭ᠋ᠠᠯ
    ᠡᠷᠬᠡᠨ᠎ᠳᠤ ᠬᠠᠯᠳᠠᠭᠰᠠᠨ ᠬᠠᠷᠢᠭᠤᠴᠠᠯᠭ᠎ᠠ ᠵᠢᠨ ᠠᠩᠬᠢ
    ᠭᠤᠷᠪᠠᠳᠤᠭ᠋ᠠᠷ ᠪᠦᠯᠦᠭ ᠬᠠᠷᠢᠭᠤᠴᠠᠯᠭ᠎ᠠ ᠵᠢᠨ ᠪᠡᠶᠡᠴᠢ ᠴᠣᠭᠴᠠ ᠵᠢᠨ ᠲᠤᠬᠠᠶ ᠣᠨᠴᠠᠭ᠋ᠠᠶ ᠲᠣᠭᠲᠠᠭ᠋ᠠᠯ
    ᠮᠢᠩᠭ᠎ᠠ ᠵᠠᠭᠤ ᠶᠡᠷᠡᠨ ᠨᠠᠢ᠍ᠮᠠᠳᠤᠭ᠋ᠠᠷ ᠵᠦᠢ᠍ᠯ ᠵᠣᠴᠢᠳ᠎ᠤᠨ ᠪᠠᠭᠤᠳᠠᠯ᠂ ᠬᠤᠳᠠᠯᠳᠤᠭ᠋ᠠᠨ᠎ᠤ ᠲᠠᠯᠠᠪᠤᠷ᠂ ᠪᠠᠩᠬᠢ᠂ ᠲᠡᠷᠭᠡᠨ ᠤᠢ᠍ᠷᠳᠡᠭᠡ᠂ ᠨᠢᠰᠬᠡᠯ᠎ᠤᠨ ᠪᠠᠭᠤᠳᠠᠯ᠂ ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠂ ᠵᠤᠭ᠎ᠠ ᠴᠡᠩᠭᠡᠯ᠎ᠤᠨ ᠲᠠᠯᠠᠪᠤᠷ ᠵᠡᠷᠭᠡ ᠡᠵᠡᠩᠨᠡᠯᠲᠡ ᠵᠢᠨ ᠭᠠᠵᠠᠷ᠂ ᠤᠯᠡᠠ ᠨᠡᠶ᠋ᠢᠲᠡ ᠵᠢᠨ ᠲᠠᠯᠠᠪᠤᠷ᠎ᠤᠨ ᠡᠵᠡᠩᠨᠡᠭᠴᠢ᠂ ᠬᠠᠮᠢᠶᠠᠷᠤᠭᠴᠢ ᠪᠤᠶᠤ ᠤᠯᠡᠠ ᠲᠦᠮᠡᠨᠴᠢ ᠴᠢᠨᠠᠷᠲᠠᠶ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠭᠴᠢ ᠠᠮᠤᠷ ᠲᠦᠪᠰᠢᠨ᠎ᠢ ᠪᠠᠲᠤᠯᠠᠬᠤ ᠡᠭᠦᠷᠭᠡ᠎ᠪᠠᠨ ᠭᠦᠢ᠍ᠴᠡᠳᠬᠡᠭᠰᠡᠨ ᠤᠢ᠍ᠭᠡᠢ᠎ᠠᠴᠠ ᠪᠤᠯᠵᠦ ᠪᠤᠰᠤᠳ᠎ᠲᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠡᠷᠬᠡ᠎ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃
    ᠭᠤᠷᠪᠠᠳᠠᠬᠢ ᠬᠥᠮᠦᠨ᠎ᠤ ᠦᠢ᠍ᠯᠡ ᠠᠵᠢᠯᠯᠠᠭ᠎ᠠ᠎ᠠᠴᠠ ᠪᠤᠯᠵᠤ ᠪᠤᠰᠤᠳ᠎ᠲᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠭᠤᠷᠪᠠᠳᠠᠬᠢ ᠬᠥᠮᠦᠨ ᠡᠷᠬᠡ᠎ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠨ᠎ᠡ; ᠡᠵᠡᠩᠨᠡᠭᠴᠢ᠂ ᠬᠠᠮᠢᠶᠠᠷᠤᠭᠴᠢ ᠪᠤᠶᠤ ᠵᠣᠬᠢᠶᠠᠨ ᠪᠠᠶ᠋ᠢᠭᠤᠯᠤᠭᠴᠢ ᠠᠮᠤᠷ ᠲᠦᠪᠰᠢᠨ᠎ᠢ ᠪᠠᠲᠤᠯᠠᠬᠤ ᠡᠭᠦᠷᠭᠡ᠎ᠪᠠᠨ ᠭᠦᠢ᠍ᠴᠡᠳᠬᠡᠭᠰᠡᠨ ᠦᠭᠡᠢ ᠪᠠᠶ᠋ᠢᠪᠠᠯ᠂ ᠵᠣᠬᠢᠴᠠᠩᠭᠤᠶ ᠨᠥᠬᠥᠪᠥᠷᠢ ᠬᠠᠷᠢᠭᠤᠴᠠᠯᠭ᠎ᠠ ᠡᠭᠦᠷᠭᠡᠯᠡᠨ᠎ᠡ᠃ ᠡᠵᠡᠩᠨᠡᠭᠴᠢ᠂ ᠬᠠᠮᠢᠶᠠᠷᠤᠭᠴᠢ ᠪᠤᠶᠤ ᠵᠣᠬᠢᠶᠠᠨ ᠪᠠᠶ᠋ᠢᠭᠤᠯᠤᠭᠴᠢ ᠨᠥᠬᠥᠪᠥᠷᠢᠯᠡᠬᠦ ᠬᠠᠷᠢᠭᠤᠴᠠᠯᠭ᠎ᠠ ᠵᠢ ᠡᠭᠦᠷᠭᠡᠯᠡᠭᠰᠡᠨ᠎ᠤ ᠲᠡᠷᠡᠭ᠎ᠠ᠂ ᠭᠤᠷᠪᠠᠳᠠᠬᠢ ᠬᠥᠮᠦᠨ᠎ᠠᠴᠠ ᠨᠡᠬᠡᠨ ᠲᠤᠢ᠍ᠯᠦᠬᠦᠯᠵᠦ ᠪᠣᠯᠤᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
 
            