ᠦᠪᠦᠷ ᠮᠤᠨᠭ᠌ᠭᠤᠯ ᠤᠨ ᠳᠡᠭᠡᠳᠦ ᠲᠡᠰ ᠤᠨ ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ ᠵᠢᠨ ᠨᠡᠭᠡᠭᠡᠨ ᠬᠥᠭᠵᠢᠭᠦᠯᠬᠦ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠨᠢᠭᠡᠳᠦᠭᠡᠷ ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠬᠤᠪᠢᠶᠠᠷᠢ ᠺᠣᠮᠫᠠᠨᠢ ᠳᠤ᠄
ᠮᠠᠨ᠎ᠤ ᠲᠢᠩᠬᠢᠮ 2021 ᠣᠨ᠎ᠤ 6 ᠰᠠᠷ᠎ᠠ ᠵᠢᠨ 21᠎ᠤ ᠡᠳᠦᠷ ᠲᠠᠨ᠎ᠤ ᠨᠢᠭᠡᠴᠢ ᠵᠢᠨ ᠳᠤᠷᠠᠳᠤᠭᠰᠠᠨ ᠪᠤᠭᠤᠲᠤ — ᠮᠣᠣ ᠮᠢᠩ ᠬᠦᠷᠬᠦ ᠲᠦᠷᠭᠡᠨ᠎ᠤ ᠵᠠᠮ᠎ᠤᠨ ᠪᠤᠭᠤᠲᠤ — ᠳ᠋ᠦᠩᠱ᠌ᠧᠩ ᠬᠥᠷᠬᠥ ᠬᠡᠰᠡᠭ᠎ᠢ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠢᠨᠵᠧᠨᠧᠷᠢᠩ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠵᠢᠨ ᠪᠢᠴᠢᠭ᠎ᠢ ᠬᠢᠨᠠᠨ ᠵᠥᠪᠰᠢᠶᠡᠷᠡᠭᠦᠯᠬᠦ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠪᠡ (ᠥᠪᠥᠷ ᠲᠦᠷᠭᠡᠨ᠎ᠤ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠵᠠᠬᠢᠳᠠᠯ [2021] 22 ᠳ᠋ᠤᠭ᠋ᠠᠷ ᠲᠣᠭ᠋ᠠᠲᠤ)᠃ ᠬᠢᠨᠠᠨ ᠪᠠᠢ᠌ᠴᠠᠭ᠋ᠠᠬᠤ᠎ᠪᠠᠷ ᠳᠠᠮᠵᠢᠨ᠂ ᠲᠤᠰ ᠭᠤᠶᠤᠴᠢᠯᠠᠯ᠎ᠨᠢ ᠬᠠᠣᠯᠢ᠎ᠪᠠᠷ ᠳᠣᠭᠲᠠᠭ᠋ᠠᠭᠰᠠᠨ ᠨᠦᠬᠦᠴᠡᠯ ᠲᠠᠢ ᠨᠡᠶ᠋ᠢᠴᠡᠵᠦ᠂ 《ᠪᠦᠭᠦᠳᠡ ᠨᠠᠢ᠌ᠢ᠍ᠷᠠᠮᠳᠠᠬᠤ ᠲᠤᠮᠳᠠᠳᠤ ᠠᠷᠠᠳ ᠤᠯᠤᠰ ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠨ ᠭᠤᠴᠢᠨ ᠨᠠᠢ᠌ᠮᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠂ 《ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠬᠡᠷᠡᠭᠵᠢᠭᠦᠯᠬᠦ ᠠᠷᠭ᠎ᠠ》 ᠵᠢᠨ ᠭᠤᠴᠢᠨ ᠬᠣᠶᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠢ ᠦᠨᠳᠦᠰᠦᠯᠡᠨ᠂ ᠵᠠᠰᠠᠭ ᠵᠠᠬᠢᠷᠭ᠋ᠠᠨ᠎ᠤ ᠵᠥᠪᠰᠢᠶᠡᠷᠡᠯ ᠥᠭᠬᠦ᠎ᠪᠠᠷ ᠲᠣᠭᠲᠠᠪᠠ᠃
ᠪᠤᠭᠤᠲᠤ — ᠮᠤᠤ ᠮᠢᠩ ᠬᠦᠷᠬᠦ ᠲᠦᠷᠭᠡᠨ᠎ᠤ ᠵᠠᠮ᠎ᠤᠨ ᠪᠤᠭᠤᠲᠤ᠎ᠠᠴᠠ ᠳ᠋ᠦᠩᠱ᠌ᠧᠩ ᠬᠦᠷᠬᠦ ᠬᠡᠰᠡᠭ᠎ᠢ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠢᠨᠵᠧᠨᠧᠷᠢᠩ᠎ᠨᠢ ᠪᠤᠭᠤᠲᠤ ᠬᠤᠳᠠ ᠵᠢᠨ ᠵᠢᠤᠶᠤᠸᠠᠨ ᠲᠣᠭᠣᠷᠢᠭ᠂ ᠤᠷᠳᠤᠰ ᠬᠤᠳᠠ ᠵᠢᠨ ᠳᠠᠯᠠᠳ ᠬᠣᠰᠢᠭᠤ᠂ ᠳ᠋ᠦᠩᠱ᠌ᠧᠩ ᠲᠣᠭᠣᠷᠢᠭ᠂ ᠬᠢᠶ᠎ᠠ ᠪᠠᠭᠰᠢ ᠲᠣᠭᠣᠷᠢᠭ᠎ᠤᠨ ᠬᠢᠯᠢ᠎ᠳᠤ ᠪᠠᠶ᠋ᠢᠷᠢᠯᠠᠵᠤ᠂ 2015 ᠣᠨ᠎ᠤ 9 ᠰᠠᠷ᠎ᠠ᠎ᠳᠤ᠂ ᠤᠰᠤᠨ ᠠᠰᠢᠭᠯᠠᠯᠳᠠ ᠵᠢᠨ ᠶᠠᠮᠤᠨ ᠤᠰᠤᠨ ᠠᠰᠢᠭᠯᠠᠯᠲᠠ ᠵᠢᠨ ᠪᠠᠲᠤᠯᠠᠬᠤ ᠪᠢᠴᠢᠭ [2015]᠎ᠤᠨ 409 ᠳ᠋ᠦ᠍ᠭᠡᠷ ᠲᠣᠭ᠋ᠠᠲᠤ ᠪᠢᠴᠢᠭ ᠵᠶ᠋ᠡᠷ ᠲᠤᠰ ᠢᠨᠵᠧᠨᠧᠷᠢᠩ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠲᠥᠰᠦᠯ᠎ᠢ ᠴᠤᠬᠤᠯᠠᠪᠤᠷᠢᠯᠠᠨ ᠬᠠᠷᠢᠭᠤᠯᠤᠭᠰᠠᠨ ᠪᠠᠶ᠋ᠢᠨ᠎ᠠ᠃ ᠢᠨᠵᠧᠨᠧᠷᠢᠩ᠎ᠤᠨ ᠭᠣᠤᠯ ᠱᠤᠭᠤᠮ᠎ᠢ 2018 ᠣᠨ᠎ᠤ 7 ᠰᠠᠷ᠎ᠠ᠎ᠳᠤ ᠡᠬᠢᠯᠡᠨ ᠬᠡᠷᠡᠭᠵᠢᠭᠦᠯᠵᠦ᠂ 2021 ᠣᠨ᠎ᠤ 11 ᠰᠠᠷ᠎ᠠ᠎ᠳᠤ ᠳᠠᠭᠤᠰᠬᠠᠬᠤ᠎ᠪᠠᠷ ᠲᠥᠯᠥᠪᠯᠡᠵᠦ ᠪᠣᠶ; ᠬᠣᠯᠪᠣᠬᠤ ᠱᠤᠭᠤᠮ᠎ᠢ 2021 ᠣᠨ᠎ᠤ 4 ᠰᠠᠷ᠎ᠠ᠎ᠳᠤ ᠡᠬᠢᠯᠡᠨ ᠬᠡᠷᠡᠭᠵᠢᠭᠦᠯᠵᠦ᠂ 2024 ᠣᠨ᠎ᠤ 12 ᠰᠠᠷ᠎ᠠ᠎ᠳᠤ ᠳᠠᠭᠤᠰᠬᠠᠬᠤ᠎ᠪᠠᠷ ᠲᠥᠯᠥᠪᠯᠡᠵᠦ ᠪᠣᠶ᠃ ᠰᠢᠷᠣᠶ ᠭᠠᠷᠭ᠋ᠠᠬᠤ᠂ ᠬᠠᠶᠠᠬᠤ ᠲᠠᠯᠠᠪᠤᠷ᠎ᠤᠨ ᠣᠷᠣᠨ ᠪᠠᠶ᠋ᠢᠷᠢ ᠵᠢᠴᠢ ᠲᠣᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠤᠭᠰᠠᠨ ᠠᠴᠠ ᠪᠣᠯᠵᠣ᠂ ᠪᠥᠲᠥᠭᠡᠨ ᠪᠠᠶ᠋ᠢᠭᠤᠯᠬᠤ ᠨᠢᠭᠡᠴᠢ᠎ᠠᠴᠠ ᠲᠣᠰ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠵᠢᠨ ᠪᠢᠴᠢᠭ᠎ᠢ ᠵᠣᠬᠢᠶᠠᠨ ᠪᠠᠶ᠋ᠢᠭᠤᠯᠵᠤ ᠨᠠᠶ᠋ᠢᠷᠠᠭᠤᠯᠤᠨ ᠵᠣᠬᠢᠶᠠᠪᠠ᠃ ᠢᠨᠵᠧᠨᠧᠷᠢᠩ᠎ᠨᠢ ᠵᠠᠮ ᠤᠨ ᠰᠠᠭᠤᠷᠢ ᠢᠨᠵᠧᠨᠧᠷᠢᠩ ᠤᠨ ᠣᠷᠣᠨ᠂ ᠬᠥᠭᠥᠷᠭᠡ ᠵᠢᠨ ᠢᠨᠵᠧᠨᠧᠷᠢᠩ ᠤᠨ ᠣᠷᠣᠨ᠂ ᠬᠠᠷᠢᠯᠴᠠᠨ ᠨᠡᠪᠲᠡᠷᠡᠯᠴᠡᠬᠦ ᠢᠨᠵᠧᠨᠧᠷᠢᠩ ᠤᠨ ᠣᠷᠣᠨ᠂ ᠲᠠᠭ᠋ᠠᠯᠳᠠ ᠲᠥᠬᠥᠭᠡᠷᠦᠮᠵᠢ ᠵᠢᠨ ᠲᠣᠭᠣᠷᠢᠭ᠂ ᠰᠢᠷᠣᠶ ᠠᠪᠬᠤ ᠲᠠᠯᠠᠪᠤᠷ᠎ᠤᠨ ᠲᠣᠭᠣᠷᠢᠭ᠂ ᠬᠠᠶᠠᠭᠳᠠᠮᠠᠯ ᠰᠢᠷᠣᠶ (ᠰᠢᠭ᠋ᠠᠷᠤ) ᠵᠢᠨ ᠲᠠᠯᠠᠪᠤᠷ᠎ᠤᠨ ᠲᠣᠭᠣᠷᠢᠭ᠂ ᠴᠠᠬᠢᠯᠭ᠋ᠠᠨ ᠬᠠᠩᠭ᠋ᠠᠬᠤ ᠱᠤᠭᠤᠮ᠎ᠤᠨ ᠲᠣᠭᠣᠷᠢᠭ᠂ ᠪᠠᠷᠢᠯᠭ᠎ᠠ ᠪᠠᠷᠢᠬᠤ ᠦᠢ᠍ᠯᠡᠳᠪᠦᠷᠢᠯᠡᠯ ᠠᠮᠢᠳᠤᠷᠠᠯ ᠤᠨ ᠲᠣᠭᠣᠷᠢᠭ᠂ ᠪᠠᠷᠢᠯᠭ᠎ᠠ ᠪᠠᠷᠢᠬᠤ ᠳᠥᠭᠥᠮ ᠵᠠᠮ ᠤ ᠲᠣᠭᠣᠷᠢᠭ ᠵᠶ᠋ᠠᠷ ᠪᠦᠷᠢᠯᠳᠦᠵᠦ᠂ ᠡᠵᠡᠯᠡᠬᠦ ᠶᠡᠷᠦᠩᠬᠡᠶ ᠲᠠᠯᠠᠪᠠᠢ᠎ᠨᠢ 1408.36 ᠡᡁᠤᠺᠲ᠋ᠡᠷ ᠪᠠᠶ᠋ᠢᠵᠤ᠂ ᠬᠥᠳᠡᠯᠭᠡᠭᠰᠡᠨ ᠰᠢᠷᠣᠶ ᠴᠢᠯᠠᠭᠤ ᠵᠢᠨ ᠶᠡᠷᠦᠩᠬᠡᠶ ᠬᠡᠮᠵᠢᠶ᠎ᠡ᠎ᠨᠢ 1471.45 ᠲᠦᠮᠡᠨ ᠪᠣᠰᠣᠭ᠎ᠠ ᠳᠥᠷᠪᠡᠯᠵᠢᠨ ᠮᠧᠲᠷ᠂ ᠢᠨᠵᠧᠨᠧᠷᠢᠩ᠎ᠤᠨ ᠶᠡᠷᠦᠩᠬᠡᠢ ᠪᠡᠯᠡ ᠣᠷᠤᠭᠤᠯᠤᠯᠲᠠ᠎ᠨᠢ 81.28 ᠳ᠋ᠦᠩᠰᠢᠭᠤᠷ ᠲᠥᠭᠥᠷᠢᠭ ᠪᠣᠯᠤᠨ᠎ᠠ᠃
ᠨᠢᠭᠡ᠂ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠤᠨ ᠶᠡᠷᠦᠩᠬᠡᠶ ᠰᠠᠨᠠᠯ
(ᠨᠢᠭᠡ) ᠬᠥᠷᠥᠰᠥ ᠰᠢᠷᠣᠶ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢᠨ ᠬᠡᠪᠴᠢᠶ᠎ᠡ ᠵᠢ 1408.36 ᠡᠾᠤᠺᠲ᠋ᠡᠷ ᠪᠠᠶ᠋ᠢᠯᠭ᠋ᠠᠬᠤ ᠵᠢ ᠦᠨᠳᠦᠰᠦᠨ᠎ᠳᠡᠭᠡᠨ ᠵᠥᠪᠰᠢᠶᠡᠷᠡᠪᠡ᠃
(ᠬᠣᠶᠠᠷ) ᠬᠥᠷᠥᠰᠥ ᠰᠢᠷᠣᠶ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ᠎ᠳᠤ ᠪᠠᠷᠠᠭᠤᠨ ᠬᠣᠶ᠋ᠢᠲᠤ ᠵᠢᠨ ᠰᠢᠷ᠎ᠠ ᠬᠥᠷᠥᠰᠥᠲᠦ ᠥᠨᠳᠥᠷᠯᠢᠭ᠎ᠤᠨ ᠣᠷᠣᠨ᠎ᠤ ᠨᠢᠭᠡᠳᠦᠭᠡᠷ ᠳᠡᠰ᠎ᠤᠨ ᠪᠠᠷᠢᠮᠵᠢᠶ᠎ᠠ ᠵᠢ ᠬᠡᠷᠡᠭᠵᠢᠭᠦᠯᠬᠦ ᠵᠢ ᠵᠥᠪᠰᠢᠶᠡᠷᠡᠨ᠎ᠡ᠃
(ᠭᠤᠷᠪᠠ) ᠬᠥᠷᠥᠰᠥ ᠰᠢᠷᠣᠶ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠶᠡᠷᠦᠩᠬᠡᠶ ᠬᠠᠷᠠᠯᠲᠠ ᠵᠢ ᠦᠨᠳᠦᠰᠦᠨ᠎ᠳᠡᠭᠡᠨ ᠵᠥᠪᠰᠢᠶᠡᠷᠡᠨ᠎ᠡ᠄ ᠤᠰᠤ ᠬᠥᠷᠥᠰᠥ ᠵᠢᠨ ᠢᠳᠡᠭᠳᠡᠯ᠎ᠢ ᠵᠠᠰᠠᠬᠤ ᠬᠡᠮᠵᠢᠶ᠎ᠡ 93%᠂ ᠬᠥᠷᠥᠰᠥ ᠰᠢᠷᠣᠶ ᠵᠢᠨ ᠤᠷᠤᠰᠤᠭᠳᠠᠯᠢ ᠬᠢᠵᠠᠭ᠋ᠠᠷᠯᠠᠬᠤ ᠬᠠᠷᠢᠴᠠᠯ 0.8᠂ ᠬᠣᠭ ᠰᠢᠷᠣᠶ ᠵᠢᠨ ᠬᠠᠮᠠᠭ᠋ᠠᠯᠠᠯᠲᠠ ᠵᠢᠨ ᠨᠣᠷᠮ᠎ᠠ 93%᠂ ᠭᠠᠳᠠᠷᠭᠤ ᠬᠥᠷᠥᠰᠥ ᠰᠢᠷᠣᠶ ᠵᠢᠨ ᠬᠠᠮᠠᠭ᠋ᠠᠯᠠᠯᠲᠠ ᠵᠢᠨ ᠨᠣᠷᠮ᠎ᠠ 90%᠂ ᠣᠶ ᠰᠢᠭᠤᠶ ᠡᠪᠡᠰᠦ ᠤᠷᠭᠤᠮᠠᠯ᠎ᠤᠨ ᠬᠤᠴᠢᠯᠭ᠎ᠠ ᠵᠢᠨ ᠰᠡᠷᠭᠦᠭᠡᠯᠲᠡ ᠵᠢᠨ ᠨᠣᠷᠮ᠎ᠠ 95%᠂ ᠣᠶ ᠰᠢᠭᠤᠶ ᠡᠪᠡᠰᠦ ᠪᠡᠯᠴᠢᠭᠡᠷ᠎ᠤᠨ ᠪᠦᠷᠬᠦᠴᠡ ᠵᠢᠨ ᠨᠣᠷᠮ᠎ᠠ 24% ᠪᠣᠯᠤᠨ᠎ᠠ᠃
(ᠳᠥᠷᠪᠡ) ᠤᠰᠤ ᠬᠥᠷᠥᠰᠥᠨ᠎ᠤ ᠢᠳᠡᠭᠳᠡᠯ᠎ᠢ ᠰᠡᠷᠭᠡᠶ᠋ᠢᠯᠡᠨ ᠵᠠᠰᠠᠬᠤ ᠬᠤᠪᠢᠶᠠᠷᠢ ᠣᠷᠣᠨ ᠵᠢᠴᠢ ᠬᠤᠪᠢᠶᠠᠷᠢ ᠲᠣᠭᠣᠷᠢᠭ᠎ᠤᠨ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢᠨ ᠲᠣᠬᠢᠷᠠᠭᠤᠯᠤᠯᠲᠠ ᠵᠢ ᠦᠨᠳᠦᠰᠦᠨ᠎ᠳᠡᠭᠡᠨ ᠵᠥᠪᠰᠢᠶᠡᠷᠡᠨ᠎ᠡ
(ᠲᠠᠪᠤ) ᠬᠠᠶᠠᠭᠳᠠᠯ ᠰᠢᠷᠣᠶ (ᠰᠢᠭ᠋ᠠᠷᠤ) ᠵᠢᠨ ᠲᠠᠯᠠᠪᠠᠢ ᠪᠠᠶ᠋ᠢᠭᠤᠯᠬᠤ ᠲᠥᠰᠦᠯ ᠢ ᠦᠨᠳᠦᠰᠦᠨ ᠳᠤᠨᠢ ᠵᠥᠪᠰᠢᠶᠡᠷᠡᠵᠦ᠂ ᠵᠠᠯᠭ᠋ᠠᠮᠵᠢ ᠲᠥᠯᠥᠪᠯᠡᠭᠡ ᠳᠤ ᠮᠡᠷᠭᠡᠵᠢᠯ ᠤᠨ ᠳᠦᠷᠢᠮᠵᠢᠯ ᠢ ᠴᠢᠩᠭ᠎ᠠ ᠵᠢᠷᠤᠮᠯᠠᠨ᠂ ᠬᠠᠶᠠᠭᠳᠠᠯ ᠰᠢᠷᠣᠶ (ᠰᠢᠭ᠋ᠠᠷᠤ) ᠵᠢᠨ ᠪᠠᠭᠲᠠᠭ᠋ᠠᠮᠵᠢ ᠵᠢ ᠳᠠᠬᠢᠨ ᠬᠢᠨᠠᠵᠤ᠂ ᠤᠰᠤᠨ ᠵᠦᠢ ᠵᠢᠨ ᠨᠥᠬᠥᠴᠡᠯ ᠢ ᠪᠠᠶ᠋ᠢᠴᠠᠭ᠋ᠠᠨ ᠲᠣᠳᠣᠷᠬᠠᠶ᠋ᠢᠯᠠᠵᠤ᠂ ᠬᠠᠶᠠᠭᠳᠠᠯ ᠰᠢᠷᠣᠶ (ᠰᠢᠭ᠋ᠠᠷᠤ) ᠵᠢᠨ ᠲᠠᠯᠠᠪᠠᠢ ᠵᠢᠨ ᠰᠡᠷᠭᠡᠶ᠋ᠢᠯᠡᠨ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠲᠣᠭᠲᠠᠭ᠋ᠠᠨ᠂ ᠬᠠᠶᠠᠭᠳᠠᠯ ᠰᠢᠷᠣᠶ (ᠰᠢᠭ᠋ᠠᠷᠤ) ᠵᠢᠨ ᠲᠠᠯᠠᠪᠠᠢ ᠵᠢᠨ ᠬᠥᠷᠥᠰᠥ ᠰᠢᠷᠣᠶ ᠵᠢ ᠬᠠᠮᠠᠭ᠋ᠠᠯᠠᠬᠤ ᠢᠨᠵᠧᠨᠧᠷᠢᠩ ᠤᠨ ᠵᠢᠷᠤᠭᠯᠠᠨ ᠲᠥᠯᠥᠪᠯᠡᠬᠦ ᠵᠢ ᠥᠷᠨᠢᠭᠦᠯᠵᠦ᠂ ᠬᠠᠶᠠᠭᠳᠠᠯ ᠰᠢᠷᠣᠶ (ᠰᠢᠭ᠋ᠠᠷᠤ) ᠵᠢᠨ ᠲᠠᠯᠠᠪᠠᠢ ᠵᠢᠨ ᠪᠠᠷᠢᠯᠭ᠎ᠠ ᠵᠢᠨ ᠠᠶᠤᠯᠭᠦᠢ ᠵᠢ ᠦᠨᠡᠨᠬᠦ ᠪᠠᠲᠤᠯᠠᠬᠤ ᠬᠡᠷᠡᠭᠲᠡᠶ᠃
(ᠵᠢᠷᠭᠤᠭ᠎ᠠ) ᠪᠥᠳᠥᠭᠡᠨ ᠪᠠᠶ᠋ᠢᠭᠤᠯᠤᠯᠲᠠ ᠵᠢᠨ ᠬᠤᠭᠤᠴᠠᠭ᠋ᠠᠨ ᠳᠤ ᠬᠥᠷᠥᠰᠥ ᠰᠢᠷᠣᠶ ᠵᠢ ᠬᠠᠮᠠᠭ᠋ᠠᠯᠠᠬᠤ ᠲᠥᠯᠥᠪᠦᠷᠢ ᠵᠢ ᠨᠢᠭᠡᠨᠲᠡ ᠲᠤᠰᠢᠶᠠᠪᠠ᠃
ᠬᠣᠶᠠᠷ᠂ ᠦᠢ᠍ᠯᠡᠳᠪᠦᠷᠢᠯᠡᠯ ᠪᠥᠳᠥᠭᠡᠨ ᠪᠠᠶ᠋ᠢᠭᠤᠯᠤᠯᠲᠠ ᠵᠢᠨ ᠨᠢᠭᠡᠴᠢ ᠲᠥᠷᠥᠯ ᠵᠦᠢ᠍ᠯ ᠤᠨ ᠪᠥᠳᠥᠭᠡᠨ ᠪᠠᠶ᠋ᠢᠭᠤᠯᠤᠯᠲᠠ ᠵᠢᠨ ᠳᠤᠮᠳᠠ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠬᠠᠤᠯᠢ》 ᠵᠢᠨ ᠡᠯ᠎ᠡ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢᠨ ᠬᠠᠮᠲᠤ ᠳᠣᠣᠷᠠᠬᠢ ᠠᠵᠢᠯ ᠢ ᠭᠣᠣᠯᠳᠠᠯᠭ᠎ᠠ᠎ᠲᠠᠢ ᠰᠠᠶ᠋ᠢᠲᠤᠷ ᠬᠢᠬᠦ ᠬᠡᠷᠡᠭᠲᠡᠶ
(ᠨᠢᠭᠡ) ᠵᠥᠪᠰᠢᠶᠡᠷᠡᠭᠰᠡᠨ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠤᠨ ᠶᠣᠰᠣᠭ᠋ᠠᠷ᠂ ᠬᠥᠷᠥᠰᠥ ᠰᠢᠷᠣᠶ ᠵᠢ ᠬᠠᠮᠠᠭ᠋ᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭ᠋ᠠᠮᠵᠢ ᠵᠢᠷᠤᠭ ᠲᠥᠯᠥᠪᠯᠡᠭᠡ ᠵᠢ ᠰᠠᠶ᠋ᠢᠲᠤᠷ ᠬᠢᠵᠦ᠂ ᠪᠠᠷᠢᠯᠭ᠎ᠠ ᠵᠢᠨ ᠠᠵᠢᠯ ᠢ ᠵᠣᠬᠢᠶᠠᠨ ᠪᠠᠶ᠋ᠢᠭᠤᠯᠬᠤ ᠵᠡᠷᠭᠡ ᠬᠠᠮᠢᠶᠠᠷᠤᠯᠲᠠ ᠵᠢᠨ ᠠᠵᠢᠯ ᠢ ᠴᠢᠩᠭ᠋ᠠᠳᠬᠠᠨ᠂ 《ᠭᠤᠷᠪᠠ ᠵᠢ ᠵᠡᠷᠭᠡ ᠳᠤᠨᠢ ᠬᠢᠬᠦ》 ᠲᠥᠷᠢᠮ ᠢ ᠦᠨᠡᠨᠬᠦ ᠨᠠᠶ᠋ᠢᠳᠠᠪᠤᠷᠢᠵᠢᠭᠤᠯᠬᠤ ᠬᠡᠷᠡᠭᠲᠡᠶ᠃
(ᠬᠣᠶᠠᠷ) ᠲᠥᠰᠦᠯ ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠬᠥᠷᠥᠰᠥ ᠰᠢᠷᠣᠶ ᠵᠢ ᠬᠠᠮᠠᠭ᠋ᠠᠯᠠᠬᠤ ᠡᠯ᠎ᠡ ᠵᠦᠢ᠍ᠯ ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ᠎ᠤᠨ ᠪᠠᠷᠢᠯᠭ᠎ᠠ ᠵᠢᠨ ᠠᠵᠢᠯᠯᠠᠭ᠎ᠠ ᠵᠢ ᠬᠡᠷᠡᠭᠯᠡᠬᠦ ᠭᠠᠵᠠᠷ᠎ᠤᠨ ᠬᠡᠪᠴᠢᠶᠡᠨ᠎ᠳᠤ ᠴᠢᠩᠭ᠎ᠠ ᠬᠢᠵᠠᠭ᠋ᠠᠷᠯᠠᠵᠤ᠂ ᠭᠠᠵᠠᠷ᠎ᠤᠨ ᠭᠠᠳᠠᠷᠭᠤ ᠵᠢᠨ ᠤᠷᠭᠤᠮᠠᠯ᠎ᠤᠨ ᠬᠤᠴᠢᠯᠭ᠎ᠠ ᠵᠢ ᠳᠤᠷ᠎ᠠ᠎ᠪᠠᠷ ᠵᠶ᠋ᠠᠨ ᠡᠵᠡᠯᠡᠬᠦ᠂ ᠰᠠᠮᠠᠭᠤᠷᠠᠭᠤᠯᠬᠤ ᠪᠠ ᠡᠪᠳᠡᠬᠦ ᠵᠢ ᠴᠢᠩᠭ᠎ᠠ ᠴᠠᠭ᠋ᠠᠵᠠᠯᠠᠨ᠎ᠠ᠃ ᠥᠩᠭᠡᠨ ᠬᠥᠷᠥᠰᠥ ᠵᠢ ᠰᠠᠯᠭ᠋ᠠᠬᠤ ᠪᠠ ᠰᠢᠭ᠋ᠠᠷᠤ ᠵᠢ ᠬᠠᠶᠠᠬᠤ ᠵᠢ ᠶᠡᠷᠦᠩᠬᠡᠶ᠋ᠢᠯᠡᠨ ᠠᠰᠢᠭᠯᠠᠬᠤ ᠠᠵᠢᠯ᠎ᠢ ᠰᠠᠶ᠋ᠢᠲᠤᠷ ᠬᠢᠵᠦ᠂ ᠦᠢᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠶᠠᠪᠤᠴᠠ᠎ᠳᠤ ᠡᠭᠦᠰᠦᠭᠰᠡᠨ ᠰᠢᠭ᠋ᠠᠷᠤ ᠵᠢ ᠴᠠᠭ ᠲᠤᠬᠠᠶ᠎ᠳᠤᠨᠢ ᠲᠥᠰᠦᠯ᠎ᠳᠤ ᠲᠣᠭᠲᠠᠭ᠋ᠠᠭᠰᠠᠨ ᠲᠤᠰᠬᠠᠶ ᠲᠠᠯᠠᠪᠤᠷ᠎ᠲᠤ ᠲᠡᠭᠡᠭᠡᠪᠦᠷᠢᠯᠡᠨ ᠬᠦᠷᠭᠡᠬᠦ ᠬᠡᠷᠡᠭᠲᠡᠶ᠃ ᠲᠥᠰᠦᠯ᠎ᠤᠨ ᠱᠠᠭ᠋ᠠᠷᠳᠠᠯᠭ᠎ᠠ ᠵᠢ ᠦᠨᠳᠦᠰᠦᠯᠡᠨ ᠪᠠᠷᠢᠯᠭ᠎ᠠ ᠵᠢᠨ ᠠᠵᠢᠯ᠎ᠤᠨ ᠴᠠᠭ᠎ᠤᠨ ᠳᠠᠷᠠᠭ᠋ᠠᠯᠠᠯ ᠪᠠ ᠬᠥᠷᠥᠰᠥ ᠰᠢᠷᠣᠶ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠠᠬᠢᠴᠠ ᠵᠢ ᠵᠦᠢ ᠵᠣᠬᠢᠰᠲᠠᠶ ᠲᠣᠬᠢᠷᠠᠭᠤᠯᠵᠤ᠂ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠬᠤᠭᠤᠴᠠᠭ᠋ᠠᠨ᠎ᠳᠤ ᠪᠤᠢ ᠪᠣᠯᠤᠭᠰᠠᠨ ᠬᠥᠷᠥᠰᠥ ᠰᠢᠷᠣᠶ ᠵᠢᠨ ᠢᠳᠡᠭᠳᠡᠯ᠎ᠢ ᠴᠢᠩᠭ᠎ᠠ ᠡᠵᠡᠮᠳᠡᠬᠦ ᠬᠡᠷᠡᠭᠲᠡᠢ
(ᠭᠤᠷᠪᠠ) ᠬᠥᠷᠥᠰᠥ ᠰᠢᠷᠣᠶ ᠵᠢᠨ ᠬᠠᠮᠠᠭ᠋ᠠᠯᠠᠯᠲᠠ ᠵᠢᠨ ᠬᠢᠨᠠᠨ ᠬᠡᠮᠵᠢᠬᠦ ᠠᠵᠢᠯ ᠢ ᠦᠨᠡᠨᠬᠦ ᠰᠠᠶ᠋ᠢᠲᠤᠷ ᠬᠢᠵᠦ᠂ ᠬᠥᠷᠥᠰᠥ ᠰᠢᠷᠣᠶ ᠵᠢᠨ ᠢᠳᠡᠭᠳᠡᠯ ᠊ᠤᠨᠨ ᠬᠥᠳᠡᠯᠦᠩᠭᠦᠶ ᠬᠢᠨᠠᠨ ᠡᠵᠡᠮᠳᠡᠬᠦ ᠵᠢ ᠴᠢᠩᠭ᠋ᠠᠳᠬᠠᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠮᠠᠨ᠎ᠤ ᠲᠢᠩᠬᠢᠮ ᠬᠢᠭᠡᠳ ᠤᠷᠳᠤᠰ ᠬᠤᠳᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠂ ᠪᠤᠭᠤᠲᠤ ᠬᠤᠳᠠ ᠵᠢᠨ ᠤᠰᠤᠨ ᠤ ᠶᠠᠪᠤᠳᠠᠯ ᠤᠨ ᠲᠣᠪᠴᠢᠶ᠎ᠠ᠎ᠳᠤ ᠬᠢᠨᠠᠨ ᠬᠡᠮᠵᠢᠭᠰᠡᠨ ᠤᠯᠠᠷᠢᠯ ᠤᠨ ᠮᠡᠳᠡᠭᠦᠯᠦᠯᠲᠡ ᠬᠢᠭᠡᠳ ᠣᠨ ᠤ ᠳ᠋ᠦᠩᠨᠡᠯᠲᠡ ᠵᠢᠨ ᠮᠡᠳᠡᠭᠦᠯᠦᠯᠲᠡ᠎ᠪᠠᠨ ᠲᠤᠰᠢᠶᠠᠨ᠎ᠠ᠃
(ᠲᠥᠷᠪᠡ) ᠬᠥᠷᠥᠰᠥ ᠰᠢᠷᠣᠶ ᠵᠢ ᠬᠠᠮᠠᠭ᠋ᠠᠯᠠᠬᠤ ᠬᠢᠨᠠᠨ ᠬᠠᠮᠢᠶᠠᠷᠬᠤ ᠠᠵᠢᠯ ᠢ ᠨᠠᠶ᠋ᠢᠳᠠᠪᠤᠷᠢᠵᠢᠭᠤᠯᠬᠤ ᠵᠢᠨ ᠬᠠᠮᠲᠤ ᠰᠠᠶ᠋ᠢᠲᠤᠷ ᠬᠢᠵᠦ᠂ ᠬᠥᠷᠥᠰᠥ ᠰᠢᠷᠣᠶ ᠵᠢ ᠬᠠᠮᠠᠭ᠋ᠠᠯᠠᠬᠤ ᠪᠠᠷᠢᠯᠭ᠎ᠠ ᠵᠢᠨ ᠪᠥᠳᠥᠭᠡᠨ ᠪᠠᠶ᠋ᠢᠭᠤᠯᠤᠯᠲᠠ ᠵᠢᠨ ᠶᠠᠰᠤ ᠴᠢᠨᠠᠷ ᠪᠣᠯᠤᠨ ᠠᠬᠢᠴᠠ ᠵᠢ ᠦᠨᠡᠨᠬᠦ ᠪᠠᠲᠤᠯᠠᠬᠤ ᠬᠡᠷᠡᠭᠲᠡᠶ᠃
ᠭᠤᠷᠪᠠ᠂ ᠲᠤᠰ ᠲᠥᠷᠥᠯ ᠵᠦᠢ᠍ᠯ᠎ᠤᠨ ᠭᠠᠵᠠᠷ᠂ ᠬᠡᠪᠴᠢᠶ᠎ᠡ᠎ᠳᠤ ᠬᠡᠷᠪᠡ ᠴᠢᠬᠤᠯᠠ ᠶᠡᠬᠡ ᠬᠤᠪᠢᠷᠠᠯᠲᠠ ᠭᠠᠷᠬᠤ᠂ ᠡᠰᠡᠬᠦᠯ᠎ᠡ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠢ ᠬᠡᠷᠡᠭᠵᠢᠭᠦᠯᠬᠦ ᠶᠠᠪᠤᠴᠠ᠎ᠳᠤ ᠬᠥᠷᠥᠰᠥ ᠰᠢᠷᠣᠶ ᠵᠢ ᠬᠠᠮᠠᠭ᠋ᠠᠯᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠪᠠᠯ᠂ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠢ ᠨᠥᠬᠥᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ᠎ᠤ ᠲᠢᠩᠬᠢᠮ᠎ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ; ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ ᠳᠤ ᠲᠣᠭᠲᠠᠭ᠋ᠠᠭᠰᠠᠨ ᠬᠠᠶᠠᠭᠳᠠᠯ ᠰᠢᠷᠣᠶ (ᠰᠢᠭ᠋ᠠᠷᠤ) ᠵᠢᠨ ᠲᠠᠯᠠᠪᠠᠢ ᠵᠢᠨ ᠭᠠᠳᠠᠨ᠎ᠠ ᠬᠠᠶᠠᠭᠳᠠᠯ ᠰᠢᠷᠣᠶ (ᠰᠢᠭ᠋ᠠᠷᠤ) ᠵᠢᠨ ᠲᠠᠯᠠᠪᠠᠢ ᠵᠢ ᠰᠢᠨ᠎ᠡ᠎ᠪᠠᠷ ᠪᠠᠶ᠋ᠢᠭᠤᠯᠤᠭᠰᠠᠨ ᠪᠤᠶᠤ ᠬᠠᠶᠠᠭᠳᠠᠯ ᠰᠢᠷᠣᠶ (ᠰᠢᠭ᠋ᠠᠷᠤ) ᠵᠢᠨ ᠲᠠᠯᠠᠪᠠᠢ ᠵᠢᠨ ᠣᠪᠣᠭ᠋ᠠᠯᠠᠭᠰᠠᠨ ᠰᠢᠷᠣᠶ (ᠰᠢᠭ᠋ᠠᠷᠤ) ᠵᠢᠨ ᠬᠡᠮᠵᠢᠶ᠎ᠡ ᠵᠢ 20%᠎ᠠᠴᠠ ᠳᠡᠭᠡᠭᠰᠢ ᠬᠦᠷᠲᠡᠯ᠎ᠡ ᠳᠡᠭᠡᠭᠰᠢᠯᠡᠭᠦᠯᠬᠦ ᠴᠢᠬᠤᠯᠠᠲᠠᠢ ᠪᠣᠯ ᠬᠠᠶᠠᠭᠳᠠᠯ ᠰᠢᠷᠣᠶ (ᠰᠢᠭ᠋ᠠᠷᠤ)᠎ᠠᠴᠠ ᠡᠮᠦᠨ᠎ᠡ ᠬᠠᠶᠠᠭᠳᠠᠯ ᠰᠢᠷᠣᠶ (ᠰᠢᠭ᠋ᠠᠷᠤ) ᠵᠢᠨ ᠲᠠᠯᠠᠪᠠᠢ ᠵᠢᠨ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ ᠤᠨ ᠨᠥᠬᠥᠪᠥᠷᠢ ᠮᠡᠳᠡᠭᠦᠯᠦᠯᠲᠡ ᠵᠢᠨ ᠪᠢᠴᠢᠭ ᠨᠠᠶ᠋ᠢᠷᠠᠭᠤᠯᠤᠨ ᠵᠣᠬᠢᠶᠠᠵᠤ᠂ ᠮᠠᠨ ᠵᠢᠨ ᠲᠢᠩᠬᠢᠮ᠎ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ᠃
ᠳᠥᠷᠪᠡ᠂ ᠲᠠᠨ᠎ᠤ ᠨᠢᠭᠡᠴᠢ ᠪᠣᠯ ᠲᠣᠰ ᠲᠥᠷᠥᠯ ᠵᠦᠢᠯ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠲᠥᠬᠥᠭᠡᠷᠦᠮᠵᠢ ᠵᠢ ᠰᠢᠯᠭ᠋ᠠᠨ ᠠᠪᠬᠤ ᠬᠠᠷᠢᠭᠤᠴᠠᠯᠭ᠎ᠠ ᠵᠢᠨ ᠭᠣᠤᠯ ᠴᠣᠭᠴᠠ ᠮᠥᠨ᠂ ᠲᠣᠰ ᠲᠥᠷᠥᠯ ᠵᠦᠢᠯ᠎ᠢ ᠠᠰᠢᠭᠯᠠᠯᠲᠠ᠎ᠳᠤ ᠣᠷᠣᠭᠤᠯᠬᠤ ᠠᠴᠠ ᠡᠮᠦᠨ᠎ᠡ᠂ ᠬᠥᠷᠥᠰᠥ ᠰᠢᠷᠣᠶ ᠵᠢ ᠬᠠᠮᠠᠭ᠋ᠠᠯᠠᠬᠤ ᠲᠥᠬᠥᠭᠡᠷᠦᠮᠵᠢ ᠵᠢ ᠪᠡᠶ᠎ᠡ᠎ᠪᠠᠨ ᠳᠠᠭ᠋ᠠᠭ᠋ᠠᠵᠤ ᠰᠢᠯᠭ᠋ᠠᠨ ᠠᠪᠬᠤ ᠵᠢ ᠥᠩᠭᠡᠷᠡᠭᠡᠬᠦ ᠬᠡᠷᠡᠭᠲᠡᠶ᠃ ᠪᠡᠶ᠎ᠡ᠎ᠪᠠᠨ ᠳᠠᠭ᠋ᠠᠭ᠋ᠠᠵᠤ ᠰᠢᠯᠭ᠋ᠠᠨ ᠠᠪᠬᠤ᠎ᠳᠤ ᠬᠥᠷᠥᠰᠥ ᠰᠢᠷᠣᠶ ᠵᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠪᠠᠷᠢᠮᠵᠢᠶ᠎ᠠ ᠵᠢᠷᠤᠮᠵᠢᠯ᠂ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ ᠵᠢᠴᠢ ᠲᠤᠰ ᠬᠢᠨᠠᠨ ᠵᠥᠪᠰᠢᠶᠡᠷᠡᠭᠰᠡᠨ ᠲᠣᠭᠲᠠᠭ᠋ᠠᠯ᠂ ᠬᠥᠷᠥᠰᠥ ᠰᠢᠷᠣᠶ ᠵᠢ ᠬᠠᠮᠠᠭ᠋ᠠᠯᠠᠬᠤ ᠵᠠᠯᠭ᠋ᠠᠮᠵᠢ ᠵᠢᠷᠤᠭ ᠲᠥᠯᠥᠪᠯᠡᠭᠡ ᠵᠡᠷᠭᠡ ᠵᠢ ᠦᠨᠳᠦᠰᠦᠯᠡᠨ ᠶᠠᠪᠤᠭᠳᠠᠭᠤᠯᠵᠤ᠂ ᠬᠥᠷᠥᠰᠥ ᠰᠢᠷᠣᠶ ᠵᠢ ᠬᠠᠮᠠᠭ᠋ᠠᠯᠠᠬᠤ ᠲᠥᠬᠥᠭᠡᠷᠦᠮᠵᠢ ᠵᠢ ᠰᠢᠯᠭ᠋ᠠᠨ ᠠᠪᠬᠤ ᠪᠠᠷᠢᠮᠵᠢᠶ᠎ᠠ ᠪᠠ ᠨᠥᠬᠥᠴᠡᠯ᠎ᠢ ᠡᠷᠡᠰᠴᠢᠩᠭᠠ ᠬᠡᠷᠡᠭᠵᠢᠭᠦᠯᠬᠦ ᠬᠡᠷᠡᠭᠲᠡᠶ᠃ ᠬᠥᠷᠥᠰᠥ ᠰᠢᠷᠣᠶ ᠵᠢ ᠬᠠᠮᠠᠭ᠋ᠠᠯᠠᠬᠤ ᠲᠥᠬᠥᠭᠡᠷᠦᠮᠵᠢ ᠵᠢ ᠪᠡᠶ᠎ᠡ᠎ᠪᠠᠨ ᠳᠠᠭ᠋ᠠᠭ᠋ᠠᠵᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ᠂ ᠴᠠᠭ ᠲᠤᠬᠠᠶ᠎ᠳᠤᠨᠢ ᠢᠯᠡ ᠨᠡᠶ᠋ᠢᠲᠡᠯᠡᠵᠦ᠂ ᠢᠯᠡ ᠨᠡᠶ᠋ᠢᠲᠡᠯᠡᠬᠦ ᠴᠠᠭ᠎ᠢ 20 ᠠᠵᠢᠯᠯᠠᠬᠤ ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠥᠬᠡᠶ; ᠬᠥᠷᠥᠰᠥ ᠰᠢᠷᠣᠶ ᠵᠢ ᠬᠠᠮᠠᠭ᠋ᠠᠯᠠᠬᠤ ᠲᠥᠬᠥᠭᠡᠷᠦᠮᠵᠢ ᠵᠢ ᠪᠡᠶ᠎ᠡ᠎ᠪᠠᠨ ᠳᠠᠭ᠋ᠠᠭ᠋ᠠᠵᠤ ᠰᠢᠯᠭ᠋ᠠᠨ ᠠᠪᠤᠭᠰᠠᠨ᠎ᠤ ᠳᠠᠷᠠᠭ᠎ᠠ 3 ᠰᠠᠷ᠎ᠠ ᠵᠢᠨ ᠳᠣᠲᠣᠷ᠎ᠠ ᠮᠠᠨ᠎ᠤ ᠲᠢᠩᠬᠢᠮ᠎ᠳᠤ ᠮᠡᠳᠡᠭᠦᠯᠵᠦ ᠳᠠᠩᠰᠠᠯᠠᠭᠤᠯᠤᠨ᠎ᠠ; ᠬᠥᠷᠥᠰᠥ ᠰᠢᠷᠣᠶ ᠵᠢ ᠬᠠᠮᠠᠭ᠋ᠠᠯᠠᠬᠤ ᠲᠥᠬᠥᠭᠡᠷᠦᠮᠵᠢ ᠵᠢ ᠰᠢᠯᠭ᠋ᠠᠨ ᠠᠪᠤᠭᠰᠠᠨ ᠦᠭᠡᠢ ᠪᠤᠶᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠢ ᠪᠠᠶ᠋ᠢᠪᠠᠯ᠂ ᠠᠰᠢᠭᠯᠠᠯᠲᠠ᠎ᠳᠤ ᠣᠷᠣᠭᠤᠯᠤᠨ ᠬᠡᠷᠡᠭᠯᠡᠵᠦ ᠪᠣᠯᠬᠤ ᠦᠭᠡᠢ᠃
ᠲᠠᠪᠤ᠂ ᠲᠣᠰ ᠲᠥᠷᠥᠯ ᠵᠦᠢᠯ᠎ᠳᠤ 《ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠢ ᠵᠥᠪᠰᠢᠶᠡᠷᠡᠭᠰᠡᠨ ᠥᠬᠡᠶ᠎ᠪᠠᠷ ᠤᠷᠢᠳᠠᠪᠠᠷ ᠬᠤᠪᠢᠷᠠᠭᠤᠯᠬᠤ》 ᠠᠰᠠᠭᠤᠳᠠᠯ ᠣᠷᠣᠰᠢᠵᠤ ᠪᠠᠢ᠌ᠪᠠᠯ᠂ ᠦᠢᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠨᠢᠭᠡᠴᠢ ᠬᠥᠷᠥᠰᠥ ᠰᠢᠷᠣᠶ ᠵᠢ ᠬᠠᠮᠠᠭ᠋ᠠᠯᠠᠬᠤ ᠬᠠᠤᠯᠢ ᠵᠢ ᠴᠢᠩᠭ᠎ᠠ ᠬᠡᠷᠡᠭᠵᠢᠭᠦᠯᠵᠦ᠂ ᠬᠥᠷᠥᠰᠥ ᠰᠢᠷᠣᠶ ᠵᠢ ᠬᠠᠮᠠᠭ᠋ᠠᠯᠠᠬᠤ ᠵᠠᠯᠭ᠋ᠠᠮᠵᠢ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠣᠷᠳᠣᠰ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠂ ᠪᠤᠭᠤᠲᠤ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠪᠣᠯᠤᠨ ᠵᠠᠮ ᠳᠠᠭ᠋ᠠᠤ ᠵᠢᠨ ᠡᠯ᠎ᠡ ᠬᠣᠰᠢᠭᠤ ᠰᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠣᠰ ᠲᠥᠷᠥᠯ ᠵᠦᠢᠯ᠎ᠤᠨ ᠬᠥᠷᠥᠰᠥ ᠰᠢᠷᠣᠶ ᠵᠢᠨ ᠬᠠᠮᠠᠭ᠋ᠠᠯᠠᠯᠲᠠ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ ᠵᠶ᠋ᠠᠨ ᠴᠢᠩᠭ᠋ᠠᠳᠬᠠᠵᠤ᠂ ᠬᠥᠷᠥᠰᠥ ᠰᠢᠷᠣᠶ ᠵᠢᠨ ᠢᠳᠡᠭᠳᠡᠯ᠎ᠤᠨ ᠠᠰᠠᠭᠤᠳᠠᠯ ᠣᠷᠣᠰᠢᠵᠤ ᠪᠠᠶ᠋ᠢᠬᠤ ᠡᠰᠡᠬᠦ ᠵᠢ ᠪᠠᠶ᠋ᠢᠴᠠᠭ᠋ᠠᠵᠤ᠂ ᠬᠠᠤᠯᠢ ᠲᠣᠭᠲᠠᠭ᠋ᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠪᠠᠶ᠋ᠢᠴᠠᠭ᠋ᠠᠨ ᠰᠢᠢᠳᠪᠦᠷᠢᠯᠡᠬᠦ ᠬᠡᠷᠡᠭᠲᠡᠶ᠃