ᠵᠡᠭᠦᠨᠭ᠋ᠠᠷ ᠬᠣᠰᠢᠭᠤᠨ᠎ᠤ ᠯᠦᠩ᠎ᠲᠠᠢ ᠨᠡᠭᠦᠷᠡᠰᠦᠨ᠎ᠤ ᠠᠵᠤ ᠦᠢ᠍ᠯᠡᠳᠪᠦᠷᠢ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠄
ᠮᠠᠨ᠎ᠤ ᠲᠢᠩᠬᠢᠮ 2021 ᠣᠨ᠎ᠤ 6 ᠰᠠᠷ᠎ᠠ ᠵᠢᠨ 15᠎ᠤ ᠡᠳᠦᠷ ᠲᠠᠨ᠎ᠤ ᠺᠣᠮᠫᠠᠨᠢ ᠵᠢᠨ ᠳᠤᠷᠠᠳᠤᠭᠰᠠᠨ ᠵᠡᠭᠦᠨᠭ᠋ᠠᠷ ᠬᠣᠰᠢᠭᠤᠨ᠎ᠤ ᠯᠦᠩ᠎ᠲᠠᠢ ᠨᠡᠭᠦᠷᠡᠰᠦᠨ᠎ᠤ ᠠᠵᠤ ᠦᠢ᠍ᠯᠡᠳᠪᠦᠷᠢ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠨᠡᠭᠦᠷᠡᠰᠦᠨ ᠠᠭᠤᠷᠬᠠᠶ ᠵᠢ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠲᠥᠷᠥᠯ ᠵᠦᠢᠯ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ᠎ᠢ ᠬᠢᠨᠠᠨ ᠵᠥᠪᠰᠢᠶᠡᠷᠡᠭᠦᠯᠬᠦ ᠭᠤᠶᠤᠴᠢᠯᠠᠯ (ᠵᠡᠭᠦᠨᠭ᠋ᠠᠷ ᠨᠡᠭᠦᠷᠡᠰᠦ ᠥᠰᠥᠭ [2021] 22 ᠳ᠋ᠤᠭ᠋ᠠᠷ ᠲᠣᠭ᠋ᠠᠲᠤ)᠎ᠢ ᠭᠥᠯᠢᠶᠡᠨ ᠠᠪᠴᠤ ᠰᠢᠢᠳᠪᠦᠷᠢᠯᠡᠵᠡᠶ᠃ ᠬᠢᠨᠠᠨ ᠪᠠᠢ᠌ᠴᠠᠭ᠋ᠠᠬᠤ᠎ᠪᠠᠷ ᠳᠠᠮᠵᠢᠨ᠂ ᠲᠤᠰ ᠭᠤᠶᠤᠴᠢᠯᠠᠯ᠎ᠨᠢ ᠬᠠᠣᠯᠢ᠎ᠪᠠᠷ ᠳᠣᠭᠲᠠᠭ᠋ᠠᠭᠰᠠᠨ ᠨᠦᠬᠦᠴᠡᠯ ᠲᠠᠢ ᠨᠡᠶ᠋ᠢᠴᠡᠵᠦ᠂ 《ᠪᠦᠭᠦᠳᠡ ᠨᠠᠢ᠌ᠢ᠍ᠷᠠᠮᠳᠠᠬᠤ ᠲᠤᠮᠳᠠᠳᠤ ᠠᠷᠠᠳ ᠤᠯᠤᠰ ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠨ ᠭᠤᠴᠢᠨ ᠨᠠᠢ᠌ᠮᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠂ 《ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠬᠡᠷᠡᠭᠵᠢᠭᠦᠯᠬᠦ ᠠᠷᠭ᠎ᠠ》 ᠵᠢᠨ ᠭᠤᠴᠢᠨ ᠬᠣᠶᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠢ ᠦᠨᠳᠦᠰᠦᠯᠡᠨ᠂ ᠵᠠᠰᠠᠭ ᠵᠠᠬᠢᠷᠭ᠋ᠠᠨ᠎ᠤ ᠵᠥᠪᠰᠢᠶᠡᠷᠡᠯ ᠥᠭᠬᠦ᠎ᠪᠠᠷ ᠲᠣᠭᠲᠠᠪᠠ᠃
ᠵᠡᠭᠦᠨᠭ᠋ᠠᠷ ᠬᠣᠰᠢᠭᠤᠨ᠎ᠤ ᠯᠦᠩ᠎ᠲᠠᠢ ᠨᠡᠭᠦᠷᠡᠰᠦᠨ ᠤ ᠠᠵᠤ ᠦᠢ᠍ᠯᠡᠳᠪᠦᠷᠢ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠤᠷᠳᠤᠰ ᠬᠤᠳᠠ ᠵᠢᠨ ᠵᠡᠭᠦᠨᠭ᠋ᠠᠷ ᠬᠣᠰᠢᠭᠤᠨ᠎ᠤ ᠵᠡᠭᠦᠨᠭ᠋ᠠᠷ ᠵᠤᠤ ᠪᠠᠯᠭ᠋ᠠᠰᠤ ᠵᠢᠨ ᠬᠢᠯᠢ᠎ᠳᠤ ᠪᠠᠢ᠌ᠷᠢᠯᠠᠵᠤ ᠪᠤᠢ᠃ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠲᠥᠷᠥᠯ ᠵᠦᠢᠯ᠎ᠨᠢ ᠤᠤᠯ᠎ᠤᠨ ᠭᠠᠯ ᠤᠨᠲᠠᠷᠠᠭ᠋ᠠᠬᠤ ᠢᠨᠵᠧᠨᠧᠷᠢᠩ (ᠠᠰᠢᠭᠯᠠᠭ᠋ᠠᠳᠤᠶ ᠲᠠᠪᠴᠠᠩ)᠂ ᠠᠵᠤ ᠦᠢᠯᠡᠳᠪᠦᠷᠢ ᠵᠢᠨ ᠲᠠᠯᠠᠪᠤᠷ ᠭᠠᠵᠠᠷ᠂ ᠮᠠᠯᠲᠠᠬᠤ ᠲᠠᠯᠠᠪᠤᠷ᠂ ᠰᠢᠷᠣᠶ ᠭᠠᠳᠠᠭᠰᠢᠯᠠᠭᠤᠯᠬᠤ ᠲᠠᠯᠠᠪᠤᠷ᠂ ᠵᠠᠮ᠎ᠤᠨ ᠢᠨᠵᠧᠨᠧᠷᠢᠩ᠂ ᠴᠠᠬᠢᠯᠭ᠋ᠠᠨ ᠬᠠᠩᠭ᠋ᠠᠬᠤ ᠱᠤᠭᠤᠮ ᠵᠶ᠋ᠠᠷ ᠪᠦᠷᠢᠯᠳᠦᠵᠦ᠂ ᠪᠥᠲᠥᠭᠡᠨ ᠪᠠᠶ᠋ᠢᠭᠤᠯᠬᠤ ᠬᠤᠭᠤᠴᠠᠭ᠋ᠠᠨ᠎ᠤ ᠪᠠᠷᠢᠯᠭ᠎ᠠ ᠵᠢᠨ ᠶᠡᠷᠦᠩᠬᠡᠶ ᠡᠵᠡᠯᠡᠬᠦ ᠭᠠᠵᠠᠷ 180.79 ᠾᠧᠺᠲ᠋ᠠᠷ ᠪᠠᠶ᠋ᠢᠵᠤ᠂ ᠬᠡᠷᠡᠭᠯᠡᠭᠰᠡᠨ ᠰᠢᠷᠣᠶ ᠴᠢᠯᠠᠭᠤᠨ᠎ᠤ ᠶᠡᠷᠦᠩᠬᠡᠶ ᠬᠡᠮᠵᠢᠶ᠎ᠡ 1032.10 ᠲᠦᠮᠡᠨ ᠪᠣᠰᠣᠭ᠎ᠠ ᠳᠥᠷᠪᠡᠯᠵᠢᠨ ᠮᠧᠲᠷ ᠪᠠᠶ᠋ᠢᠵᠤ᠂ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠶᠡᠷᠦᠩᠬᠡᠢ ᠪᠡᠯᠡ ᠣᠷᠤᠭᠤᠯᠤᠯᠲᠠ 15011.80 ᠲᠦᠮᠡᠨ ᠲᠥᠭᠥᠷᠢᠭ ᠪᠣᠯᠤᠨ᠎ᠠ᠃ 2021 ᠣᠨ᠎ᠤ 10 ᠰᠠᠷ᠎ᠠ᠎ᠳᠤ ᠠᠵᠢᠯ ᠵᠶ᠋ᠠᠨ ᠡᠬᠢᠯᠡᠭᠦᠯᠵᠦ᠂ 2022 ᠣᠨ᠎ᠤ 12 ᠰᠠᠷ᠎ᠠ᠎ᠳᠤ ᠠᠵᠢᠯ ᠵᠶ᠋ᠠᠨ ᠳᠠᠭᠤᠰᠬᠠᠬᠤ᠎ᠪᠠᠷ ᠲᠥᠯᠥᠪᠯᠡᠵᠦ ᠪᠣᠶ᠂ ᠠᠵᠢᠯ᠎ᠤᠨ ᠬᠤᠭᠤᠴᠠᠭ᠎ᠠ᠎ᠨᠢ 15 ᠰᠠᠷ᠎ᠠ ᠪᠣᠯᠤᠨ᠎ᠠ᠃
ᠨᠢᠭᠡ᠂ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠤᠨ ᠶᠡᠷᠦᠩᠬᠡᠶ ᠰᠠᠨᠠᠯ
(ᠨᠢᠭᠡ) ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠬᠤᠭᠤᠴᠠᠭ᠋ᠠᠨ᠎ᠳᠠᠬᠢ ᠬᠥᠷᠥᠰᠥ ᠰᠢᠷᠣᠶ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢᠨ ᠬᠦᠷᠢᠶ᠎ᠡ ᠬᠡᠪᠴᠢᠶ᠎ᠡ ᠵᠢ 180.79 ᠾᠧᠺᠲ᠋ᠠᠷ ᠪᠠᠶ᠋ᠢᠯᠭ᠋ᠠᠬᠤ ᠵᠢ ᠦᠨᠳᠦᠰᠦᠨ᠎ᠳᠡᠭᠡᠨ ᠵᠥᠪᠰᠢᠶᠡᠷᠡᠪᠡ
(ᠬᠣᠶᠠᠷ) ᠬᠥᠷᠥᠰᠥ ᠰᠢᠷᠣᠶ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ᠎ᠳᠤ ᠪᠠᠷᠠᠭᠤᠨ ᠬᠣᠶ᠋ᠢᠲᠤ ᠵᠢᠨ ᠰᠢᠷ᠎ᠠ ᠬᠥᠷᠥᠰᠥᠲᠦ ᠥᠨᠳᠥᠷᠯᠢᠭ᠎ᠤᠨ ᠣᠷᠣᠨ᠎ᠤ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠤᠨ ᠨᠢᠭᠡᠳᠦᠭᠡᠷ ᠳᠡᠰ᠎ᠤᠨ ᠪᠠᠷᠢᠮᠵᠢᠶ᠎ᠠ ᠬᠡᠷᠡᠭᠵᠢᠭᠦᠯᠬᠦ ᠵᠢ ᠵᠥᠪᠰᠢᠶᠡᠷᠡᠪᠡ᠃
(ᠭᠤᠷᠪᠠ) ᠵᠢᠷᠤᠵᠤ ᠲᠥᠯᠥᠪᠯᠡᠭᠰᠡᠨ ᠬᠢᠷᠢ ᠬᠡᠮᠵᠢᠶ᠎ᠡ ᠵᠢᠨ ᠣᠨ᠎ᠤ ᠬᠥᠷᠥᠰᠥ ᠰᠢᠷᠣᠶ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠠᠯᠲᠠ ᠵᠢ ᠦᠨᠳᠦᠰᠦᠨ᠎ᠳᠡᠭᠡᠨ ᠵᠥᠪᠰᠢᠶᠡᠷᠡᠨ᠎ᠡ᠄ ᠬᠥᠷᠥᠰᠥ ᠰᠢᠷᠣᠶ ᠵᠢᠨ ᠢᠳᠡᠭᠳᠡᠯ᠎ᠢ ᠵᠠᠰᠠᠭᠰᠠᠨ ᠬᠡᠮᠵᠢᠶ᠎ᠡ 93%᠂ ᠬᠥᠷᠥᠰᠥ ᠰᠢᠷᠣᠶ ᠵᠢᠨ ᠤᠷᠤᠰᠤᠭᠳᠠᠯᠢ ᠡᠵᠡᠮᠳᠡᠭᠰᠡᠨ ᠬᠠᠷᠢᠴᠠᠯ 0.8᠂ ᠬᠣᠭ ᠰᠢᠷᠣᠶ ᠵᠢᠨ ᠬᠠᠮᠠᠭ᠋ᠠᠯᠠᠯᠲᠠ ᠵᠢᠨ ᠨᠣᠷᠮ᠎ᠠ 92%᠂ ᠭᠠᠳᠠᠷᠭᠤ ᠬᠥᠷᠥᠰᠥ ᠵᠢᠨ ᠬᠠᠮᠠᠭ᠋ᠠᠯᠠᠯᠲᠠ ᠵᠢᠨ ᠨᠣᠷᠮ᠎ᠠ 90%᠂ ᠣᠶ ᠰᠢᠭᠤᠶ ᠡᠪᠡᠰᠦ ᠤᠷᠭᠤᠮᠠᠯ᠎ᠤᠨ ᠬᠤᠴᠢᠯᠭ᠎ᠠ ᠵᠢᠨ ᠰᠡᠷᠭᠦᠭᠡᠯᠲᠡ ᠵᠢᠨ ᠨᠣᠷᠮ᠎ᠠ 95%᠂ ᠣᠶ ᠰᠢᠭᠤᠶ ᠡᠪᠡᠰᠦ ᠪᠡᠯᠴᠢᠭᠡᠷ᠎ᠤᠨ ᠪᠦᠷᠬᠦᠴᠡ ᠵᠢᠨ ᠨᠣᠷᠮ᠎ᠠ 24% ᠪᠣᠯᠣᠨ᠎ᠠ᠃
(ᠳᠥᠷᠪᠡ) ᠬᠥᠷᠥᠰᠥ ᠰᠢᠷᠣᠶ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠤᠪᠢᠶᠠᠷᠢ ᠲᠣᠭᠣᠷᠢᠭ ᠵᠢᠴᠢ ᠬᠤᠪᠢᠶᠠᠷᠢ ᠲᠣᠭᠣᠷᠢᠭ᠎ᠤᠨ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢᠨ ᠲᠣᠬᠢᠷᠠᠭᠤᠯᠤᠯᠲᠠ ᠵᠢ ᠦᠨᠳᠦᠰᠦᠨ᠎ᠳᠡᠭᠡᠨ ᠵᠥᠪᠰᠢᠶᠡᠷᠡᠨ᠎ᠡ
(ᠲᠠᠪᠤ) ᠰᠢᠷᠣᠶ ᠭᠠᠳᠠᠭᠰᠢᠯᠠᠭᠤᠯᠬᠤ ᠲᠠᠯᠠᠪᠠᠢ ᠪᠠᠶ᠋ᠢᠭᠤᠯᠬᠤ ᠲᠥᠰᠦᠯ ᠢ ᠦᠨᠳᠦᠰᠦᠨ ᠳᠤᠨᠢ ᠵᠥᠪᠰᠢᠶᠡᠷᠡᠵᠦ᠂ ᠵᠠᠯᠭ᠋ᠠᠮᠵᠢ ᠵᠢᠷᠤᠭ ᠲᠥᠯᠥᠪᠯᠡᠭᠡ ᠳᠤ ᠮᠡᠷᠭᠡᠵᠢᠯ ᠤᠨ ᠳᠦᠷᠢᠮᠵᠢᠯ ᠢ ᠴᠢᠩᠭ᠎ᠠ ᠵᠢᠷᠤᠮᠯᠠᠨ᠂ ᠰᠢᠷᠣᠶ ᠭᠠᠳᠠᠭᠰᠢᠯᠠᠭᠤᠯᠬᠤ ᠪᠠᠭᠲᠠᠭ᠋ᠠᠮᠵᠢ ᠵᠢ ᠳᠠᠬᠢᠨ ᠬᠢᠨᠠᠵᠤ᠂ ᠤᠰᠤᠨ ᠵᠦᠢ ᠵᠢᠨ ᠨᠥᠬᠥᠴᠡᠯ ᠢ ᠪᠠᠶ᠋ᠢᠴᠠᠭ᠋ᠠᠨ ᠲᠣᠳᠣᠷᠬᠠᠶ᠋ᠢᠯᠠᠵᠤ᠂ ᠰᠢᠷᠣᠶ ᠭᠠᠳᠠᠭᠰᠢᠯᠠᠭᠤᠯᠬᠤ ᠲᠠᠯᠠᠪᠠᠢ ᠵᠢᠨ ᠰᠡᠷᠭᠡᠶ᠋ᠢᠯᠡᠨ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠲᠣᠭᠲᠠᠭ᠋ᠠᠨ᠂ ᠰᠢᠷᠣᠶ ᠭᠠᠳᠠᠭᠰᠢᠯᠠᠭᠤᠯᠬᠤ ᠲᠠᠯᠠᠪᠠᠢ ᠵᠢᠨ ᠬᠥᠷᠥᠰᠥ ᠰᠢᠷᠣᠶ ᠵᠢ ᠬᠠᠮᠠᠭ᠋ᠠᠯᠠᠬᠤ ᠪᠠᠷᠢᠯᠭ᠎ᠠ ᠵᠢᠨ ᠵᠢᠷᠤᠭᠯᠠᠨ ᠲᠥᠯᠥᠪᠯᠡᠬᠦ ᠵᠢ ᠥᠷᠨᠢᠭᠦᠯᠵᠦ᠂ ᠰᠢᠷᠣᠶ ᠭᠠᠳᠠᠭᠰᠢᠯᠠᠭᠤᠯᠬᠤ ᠲᠠᠯᠠᠪᠠᠢ ᠵᠢᠨ ᠪᠠᠷᠢᠯᠭ᠎ᠠ ᠵᠢᠨ ᠠᠶᠤᠯᠭᠦᠢ ᠵᠢ ᠦᠨᠡᠨᠬᠦ ᠪᠠᠲᠤᠯᠠᠬᠤ ᠬᠡᠷᠡᠭᠲᠡᠶ᠃
(ᠵᠢᠷᠭᠤᠭ᠎ᠠ) ᠪᠥᠲᠥᠭᠡᠨ ᠪᠠᠶ᠋ᠢᠭᠤᠯᠤᠯᠲᠠ ᠵᠢᠨ ᠬᠤᠭᠤᠴᠠᠭ᠋ᠠᠨ᠎ᠤ ᠬᠥᠷᠥᠰᠥ ᠰᠢᠷᠣᠶ ᠵᠢᠨ ᠬᠠᠮᠠᠭ᠋ᠠᠯᠠᠯᠲᠠ ᠵᠢᠨ ᠨᠥᠬᠥᠪᠥᠷᠢ ᠰᠦᠢᠳᠬᠡᠯ 219.70 ᠲᠦᠮᠡᠨ ᠲᠥᠭᠥᠷᠢᠭ᠎ᠢ ᠦᠨᠳᠦᠰᠦᠨ᠎ᠳᠡᠭᠡᠨ ᠵᠥᠪᠰᠢᠶᠡᠷᠡᠨ᠎ᠡ᠃
ᠬᠣᠶᠠᠷ᠂ ᠦᠢ᠍ᠯᠡᠳᠪᠦᠷᠢᠯᠡᠯ ᠪᠥᠳᠥᠭᠡᠨ ᠪᠠᠶ᠋ᠢᠭᠤᠯᠤᠯᠲᠠ ᠵᠢᠨ ᠨᠢᠭᠡᠴᠢ ᠲᠥᠷᠥᠯ ᠵᠦᠢ᠍ᠯ ᠤᠨ ᠪᠥᠳᠥᠭᠡᠨ ᠪᠠᠶ᠋ᠢᠭᠤᠯᠤᠯᠲᠠ ᠵᠢᠨ ᠳᠤᠮᠳᠠ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠬᠠᠤᠯᠢ》 ᠵᠢᠨ ᠡᠯ᠎ᠡ ᠵᠦᠢ᠍ᠯ ᠤᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢᠨ ᠬᠠᠮᠲᠤ ᠳᠣᠣᠷᠠᠬᠢ ᠮᠡᠲᠦ ᠠᠵᠢᠯ ᠢ ᠭᠣᠣᠯᠳᠠᠯᠭ᠎ᠠ᠎ᠲᠠᠢ ᠰᠠᠶ᠋ᠢᠲᠤᠷ ᠬᠢᠬᠦ ᠬᠡᠷᠡᠭᠲᠡᠶ
(ᠨᠢᠭᠡ) ᠵᠥᠪᠰᠢᠶᠡᠷᠡᠭᠰᠡᠨ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ ᠤᠨ ᠶᠣᠰᠣᠭ᠋ᠠᠷ᠂ ᠬᠥᠷᠥᠰᠥ ᠰᠢᠷᠣᠶ ᠵᠢ ᠬᠠᠮᠠᠭ᠋ᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭ᠋ᠠᠮᠵᠢ ᠵᠢᠷᠤᠭ ᠲᠥᠯᠥᠪᠯᠡᠭᠡ ᠵᠢ ᠰᠠᠶ᠋ᠢᠲᠤᠷ ᠬᠢᠵᠦ᠂ ᠪᠠᠷᠢᠯᠭ᠎ᠠ ᠵᠢᠨ ᠠᠵᠢᠯ ᠢ ᠵᠣᠬᠢᠶᠠᠨ ᠪᠠᠶ᠋ᠢᠭᠤᠯᠬᠤ ᠵᠡᠷᠭᠡ ᠬᠠᠮᠢᠶᠠᠷᠤᠯᠲᠠ ᠵᠢᠨ ᠠᠵᠢᠯ ᠢ ᠴᠢᠩᠭ᠋ᠠᠳᠬᠠᠨ᠂ 《ᠭᠤᠷᠪᠠ ᠵᠢ ᠵᠡᠷᠭᠡ ᠳᠤᠨᠢ ᠬᠢᠬᠦ》 ᠲᠥᠷᠢᠮ ᠢ ᠦᠨᠡᠨᠬᠦ ᠨᠠᠶ᠋ᠢᠳᠠᠪᠤᠷᠢᠵᠢᠭᠤᠯᠬᠤ ᠬᠡᠷᠡᠭᠲᠡᠶ᠃
(ᠬᠣᠶᠠᠷ) ᠲᠥᠰᠦᠯ ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠬᠥᠷᠥᠰᠥ ᠰᠢᠷᠣᠶ ᠵᠢ ᠬᠠᠮᠠᠭ᠋ᠠᠯᠠᠬᠤ ᠡᠯ᠎ᠡ ᠵᠦᠢ᠍ᠯ ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ᠎ᠤᠨ ᠪᠠᠷᠢᠯᠭ᠎ᠠ ᠵᠢᠨ ᠠᠵᠢᠯᠯᠠᠭ᠎ᠠ ᠵᠢ ᠬᠡᠷᠡᠭᠯᠡᠬᠦ ᠭᠠᠵᠠᠷ᠎ᠤᠨ ᠬᠡᠪᠴᠢᠶᠡᠨ᠎ᠳᠤ ᠴᠢᠩᠭ᠎ᠠ ᠬᠢᠵᠠᠭ᠋ᠠᠷᠯᠠᠵᠤ᠂ ᠭᠠᠵᠠᠷ᠎ᠤᠨ ᠭᠠᠳᠠᠷᠭᠤ ᠵᠢᠨ ᠤᠷᠭᠤᠮᠠᠯ᠎ᠤᠨ ᠬᠤᠴᠢᠯᠭ᠎ᠠ ᠵᠢ ᠳᠤᠷ᠎ᠠ᠎ᠪᠠᠷ ᠵᠶ᠋ᠠᠨ ᠡᠵᠡᠯᠡᠬᠦ᠂ ᠰᠠᠮᠠᠭᠤᠷᠠᠭᠤᠯᠬᠤ ᠪᠠ ᠡᠪᠳᠡᠬᠦ ᠵᠢ ᠴᠢᠩᠭ᠎ᠠ ᠴᠠᠭ᠋ᠠᠵᠠᠯᠠᠨ᠎ᠠ᠃ ᠥᠩᠭᠡᠨ ᠬᠥᠷᠥᠰᠥ ᠵᠢ ᠰᠠᠯᠭ᠋ᠠᠬᠤ ᠪᠠ ᠰᠢᠭ᠋ᠠᠷᠤ ᠵᠢ ᠬᠠᠶᠠᠬᠤ ᠵᠢ ᠶᠡᠷᠦᠩᠬᠡᠶ᠋ᠢᠯᠡᠨ ᠠᠰᠢᠭᠯᠠᠬᠤ ᠠᠵᠢᠯ᠎ᠢ ᠰᠠᠶ᠋ᠢᠲᠤᠷ ᠬᠢᠵᠦ᠂ ᠦᠢᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠶᠠᠪᠤᠴᠠ᠎ᠳᠤ ᠡᠭᠦᠰᠦᠭᠰᠡᠨ ᠰᠢᠭ᠋ᠠᠷᠤ ᠵᠢ ᠴᠠᠭ ᠲᠤᠬᠠᠶ᠎ᠳᠤᠨᠢ ᠲᠥᠰᠦᠯ᠎ᠳᠤ ᠲᠣᠭᠲᠠᠭ᠋ᠠᠭᠰᠠᠨ ᠲᠤᠰᠬᠠᠶ ᠲᠠᠯᠠᠪᠤᠷ᠎ᠲᠤ ᠲᠡᠭᠡᠭᠡᠪᠦᠷᠢᠯᠡᠨ ᠬᠦᠷᠭᠡᠬᠦ ᠬᠡᠷᠡᠭᠲᠡᠶ᠃ ᠲᠥᠰᠦᠯ᠎ᠤᠨ ᠱᠠᠭ᠋ᠠᠷᠳᠠᠯᠭ᠎ᠠ ᠵᠢ ᠦᠨᠳᠦᠰᠦᠯᠡᠨ ᠪᠠᠷᠢᠯᠭ᠎ᠠ ᠵᠢᠨ ᠠᠵᠢᠯ᠎ᠤᠨ ᠴᠠᠭ᠎ᠤᠨ ᠳᠠᠷᠠᠭ᠋ᠠᠯᠠᠯ ᠪᠠ ᠬᠥᠷᠥᠰᠥ ᠰᠢᠷᠣᠶ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠠᠬᠢᠴᠠ ᠵᠢ ᠵᠦᠢ ᠵᠣᠬᠢᠰᠲᠠᠶ ᠲᠣᠬᠢᠷᠠᠭᠤᠯᠵᠤ᠂ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠬᠤᠭᠤᠴᠠᠭ᠋ᠠᠨ᠎ᠳᠤ ᠪᠤᠢ ᠪᠣᠯᠤᠭᠰᠠᠨ ᠬᠥᠷᠥᠰᠥ ᠰᠢᠷᠣᠶ ᠵᠢᠨ ᠢᠳᠡᠭᠳᠡᠯ᠎ᠢ ᠴᠢᠩᠭ᠎ᠠ ᠡᠵᠡᠮᠳᠡᠨ᠎ᠡ
(ᠭᠤᠷᠪᠠ) ᠬᠥᠷᠥᠰᠥ ᠰᠢᠷᠣᠶ ᠵᠢ ᠬᠠᠮᠠᠭ᠋ᠠᠯᠠᠬᠤ ᠬᠢᠨᠠᠨ ᠬᠡᠮᠵᠢᠬᠦ ᠠᠵᠢᠯ᠎ᠢ ᠦᠨᠡᠨᠬᠦ ᠰᠠᠶ᠋ᠢᠲᠤᠷ ᠬᠢᠵᠦ᠂ ᠬᠥᠷᠥᠰᠥ ᠰᠢᠷᠣᠶ ᠵᠢᠨ ᠢᠳᠡᠭᠳᠡᠯ᠎ᠢ ᠬᠥᠳᠡᠯᠦᠩᠭᠦᠶ᠎ᠪᠠᠷ ᠬᠢᠨᠠᠨ ᠡᠵᠡᠮᠳᠡᠬᠦ ᠵᠢ ᠴᠢᠩᠭ᠋ᠠᠳᠬᠠᠬᠤ ᠵᠢᠨ ᠬᠠᠮᠲᠤ᠂ ᠲᠣᠭᠲᠠᠭ᠋ᠠᠯ ᠶᠣᠰᠣᠭ᠋ᠠᠷ ᠮᠠᠨ᠎ᠤ ᠲᠢᠩᠬᠢᠮ ᠵᠢᠴᠢ ᠣᠷᠳᠣᠰ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠎ᠳᠤ ᠬᠢᠨᠠᠨ ᠬᠡᠮᠵᠢᠭᠰᠡᠨ ᠤᠯᠠᠷᠢᠯ᠎ᠤᠨ ᠮᠡᠳᠡᠭᠦᠯᠦᠯᠲᠡ ᠵᠢᠴᠢ ᠣᠨ᠎ᠤ ᠳ᠋ᠦᠩᠨᠡᠯᠲᠡ ᠵᠢᠨ ᠮᠡᠳᠡᠭᠦᠯᠦᠯᠲᠡ᠎ᠪᠠᠨ ᠲᠤᠰᠢᠶᠠᠬᠤ ᠬᠡᠷᠡᠭᠲᠡᠶ᠃
(ᠲᠥᠷᠪᠡ) ᠬᠥᠷᠥᠰᠥ ᠰᠢᠷᠣᠶ ᠵᠢ ᠬᠠᠮᠠᠭ᠋ᠠᠯᠠᠬᠤ ᠬᠢᠨᠠᠨ ᠬᠠᠮᠢᠶᠠᠷᠬᠤ ᠠᠵᠢᠯ ᠢ ᠨᠠᠶ᠋ᠢᠳᠠᠪᠤᠷᠢᠵᠢᠭᠤᠯᠬᠤ ᠵᠢᠨ ᠬᠠᠮᠲᠤ ᠰᠠᠶ᠋ᠢᠲᠤᠷ ᠬᠢᠵᠦ᠂ ᠬᠥᠷᠥᠰᠥ ᠰᠢᠷᠣᠶ ᠵᠢ ᠬᠠᠮᠠᠭ᠋ᠠᠯᠠᠬᠤ ᠢᠨᠵᠧᠨᠧᠷᠢᠩ᠎ᠤᠨ ᠪᠥᠳᠥᠭᠡᠨ ᠪᠠᠶ᠋ᠢᠭᠤᠯᠤᠯᠲᠠ ᠵᠢᠨ ᠶᠠᠰᠤ ᠴᠢᠨᠠᠷ ᠪᠣᠯᠤᠨ ᠠᠬᠢᠴᠠ ᠵᠢ ᠦᠨᠡᠨᠬᠦ ᠪᠠᠲᠤᠯᠠᠬᠤ ᠬᠡᠷᠡᠭᠲᠡᠶ᠃
(ᠲᠠᠪᠤ) ᠠᠵᠢᠯ ᠡᠬᠢᠯᠡᠬᠦ᠎ᠠᠴᠠ ᠡᠮᠦᠨ᠎ᠡ ᠬᠥᠷᠥᠰᠥ ᠰᠢᠷᠣᠶ ᠵᠢ ᠬᠠᠮᠠᠭ᠋ᠠᠯᠠᠬᠤ ᠲᠥᠯᠥᠪᠦᠷᠢ ᠵᠢᠨ ᠰᠦᠢ᠍ᠳᠬᠡᠯ᠎ᠢ ᠭᠦᠢ᠍ᠴᠡᠳ ᠲᠣᠭ᠎ᠠ᠎ᠪᠠᠷ ᠲᠤᠰᠢᠶᠠᠨ᠎ᠠ᠃
ᠭᠤᠷᠪᠠ᠂ ᠲᠤᠰ ᠲᠥᠷᠥᠯ ᠵᠦᠢ᠍ᠯ᠎ᠤᠨ ᠭᠠᠵᠠᠷ᠂ ᠬᠦᠷᠢᠶ᠎ᠡ ᠬᠡᠪᠴᠢᠶ᠎ᠡ᠎ᠳᠤ ᠬᠡᠷᠪᠡ ᠴᠢᠬᠤᠯᠠ ᠶᠡᠬᠡ ᠬᠤᠪᠢᠷᠠᠯᠲᠠ ᠭᠠᠷᠬᠤ᠂ ᠡᠰᠡᠬᠦᠯ᠎ᠡ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠢ ᠬᠡᠷᠡᠭᠵᠢᠭᠦᠯᠬᠦ ᠶᠠᠪᠤᠴᠠ᠎ᠳᠤ ᠬᠥᠷᠥᠰᠥ ᠰᠢᠷᠣᠶ ᠵᠢ ᠬᠠᠮᠠᠭ᠋ᠠᠯᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠪᠠᠯ᠂ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠢ ᠨᠥᠬᠥᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ᠎ᠤ ᠲᠢᠩᠬᠢᠮ᠎ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ; ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ ᠳᠤ ᠲᠣᠭᠲᠠᠭ᠋ᠠᠭᠰᠠᠨ ᠰᠢᠷᠣᠶ (ᠰᠢᠭ᠋ᠠᠷᠤ) ᠭᠠᠳᠠᠭᠰᠢᠯᠠᠭᠤᠯᠬᠤ ᠲᠠᠯᠠᠪᠠᠢ ᠵᠢᠨ ᠭᠠᠳᠠᠨ᠎ᠠ ᠬᠠᠶᠠᠭᠳᠠᠯ ᠰᠢᠷᠣᠶ (ᠰᠢᠭ᠋ᠠᠷᠤ) ᠵᠢᠨ ᠲᠠᠯᠠᠪᠠᠢ ᠰᠢᠨ᠎ᠡ᠎ᠪᠠᠷ ᠪᠠᠶ᠋ᠢᠭᠤᠯᠤᠭᠰᠠᠨ ᠪᠤᠶᠤ ᠰᠢᠷᠣᠶ (ᠰᠢᠭ᠋ᠠᠷᠤ) ᠭᠠᠳᠠᠭᠰᠢᠯᠠᠭᠤᠯᠬᠤ ᠲᠠᠯᠠᠪᠠᠢ ᠵᠢᠨ ᠣᠪᠣᠭ᠋ᠠᠯᠠᠭᠰᠠᠨ ᠰᠢᠷᠣᠶ (ᠰᠢᠭ᠋ᠠᠷᠤ) ᠵᠢᠨ ᠬᠡᠮᠵᠢᠶ᠎ᠡ ᠵᠢ 20%᠎ᠠᠴᠠ ᠳᠡᠭᠡᠭᠰᠢ ᠳᠤ ᠬᠦᠷᠦᠭᠦᠯᠬᠦ ᠴᠢᠬᠤᠯᠠᠲᠠᠢ ᠪᠣᠯ ᠰᠢᠷᠣᠶ (ᠰᠢᠭ᠋ᠠᠷᠤ) ᠬᠠᠶᠠᠬᠤ᠎ᠠᠴᠠ ᠡᠮᠦᠨ᠎ᠡ ᠬᠠᠶᠠᠭᠳᠠᠯ ᠰᠢᠷᠣᠶ (ᠰᠢᠭ᠋ᠠᠷᠤ) ᠭᠠᠳᠠᠭᠰᠢᠯᠠᠭᠤᠯᠬᠤ ᠲᠠᠯᠠᠪᠠᠢ ᠵᠢᠨ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ ᠤᠨ ᠨᠥᠬᠥᠪᠥᠷᠢ ᠮᠡᠳᠡᠭᠦᠯᠦᠯᠲᠡ ᠵᠢᠨ ᠪᠢᠴᠢᠭ ᠨᠠᠶ᠋ᠢᠷᠠᠭᠤᠯᠤᠨ ᠵᠣᠬᠢᠶᠠᠵᠤ᠂ ᠮᠠᠨ᠎ᠤ ᠲᠢᠩᠬᠢᠮ᠎ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ᠃
ᠳᠥᠷᠪᠡ᠂ ᠲᠠᠨ᠎ᠤ ᠨᠢᠭᠡᠴᠢ ᠪᠣᠯ ᠲᠣᠰ ᠲᠥᠷᠥᠯ ᠵᠦᠢᠯ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠲᠥᠬᠥᠭᠡᠷᠦᠮᠵᠢ ᠵᠢ ᠰᠢᠯᠭ᠋ᠠᠨ ᠠᠪᠬᠤ ᠬᠠᠷᠢᠭᠤᠴᠠᠯᠭ᠎ᠠ ᠵᠢᠨ ᠭᠣᠤᠯ ᠴᠣᠭᠴᠠ ᠮᠥᠨ᠂ ᠲᠣᠰ ᠲᠥᠷᠥᠯ ᠵᠦᠢᠯ᠎ᠢ ᠠᠰᠢᠭᠯᠠᠯᠲᠠ᠎ᠳᠤ ᠣᠷᠣᠭᠤᠯᠬᠤ ᠠᠴᠠ ᠡᠮᠦᠨ᠎ᠡ᠂ ᠬᠥᠷᠥᠰᠥ ᠰᠢᠷᠣᠶ ᠵᠢ ᠬᠠᠮᠠᠭ᠋ᠠᠯᠠᠬᠤ ᠲᠥᠬᠥᠭᠡᠷᠦᠮᠵᠢ ᠵᠢ ᠪᠡᠶ᠎ᠡ᠎ᠪᠠᠨ ᠳᠠᠭ᠋ᠠᠭ᠋ᠠᠵᠤ ᠰᠢᠯᠭ᠋ᠠᠨ ᠠᠪᠬᠤ ᠵᠢ ᠥᠩᠭᠡᠷᠡᠭᠡᠬᠦ ᠬᠡᠷᠡᠭᠲᠡᠶ᠃ ᠪᠡᠶ᠎ᠡ᠎ᠪᠠᠨ ᠳᠠᠭ᠋ᠠᠭ᠋ᠠᠵᠤ ᠰᠢᠯᠭ᠋ᠠᠨ ᠠᠪᠬᠤ᠎ᠳᠤ ᠬᠥᠷᠥᠰᠥ ᠰᠢᠷᠣᠶ ᠵᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠪᠠᠷᠢᠮᠵᠢᠶ᠎ᠠ ᠵᠢᠷᠤᠮᠵᠢᠯ᠂ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ ᠵᠢᠴᠢ ᠲᠤᠰ ᠬᠢᠨᠠᠨ ᠵᠥᠪᠰᠢᠶᠡᠷᠡᠭᠰᠡᠨ ᠲᠣᠭᠲᠠᠭ᠋ᠠᠯ᠂ ᠬᠥᠷᠥᠰᠥ ᠰᠢᠷᠣᠶ ᠵᠢ ᠬᠠᠮᠠᠭ᠋ᠠᠯᠠᠬᠤ ᠵᠠᠯᠭ᠋ᠠᠮᠵᠢ ᠵᠢᠷᠤᠭ ᠲᠥᠯᠥᠪᠯᠡᠭᠡ ᠵᠡᠷᠭᠡ ᠵᠢ ᠦᠨᠳᠦᠰᠦᠯᠡᠨ ᠶᠠᠪᠤᠭᠳᠠᠭᠤᠯᠵᠤ᠂ ᠬᠥᠷᠥᠰᠥ ᠰᠢᠷᠣᠶ ᠵᠢ ᠬᠠᠮᠠᠭ᠋ᠠᠯᠠᠬᠤ ᠲᠥᠬᠥᠭᠡᠷᠦᠮᠵᠢ ᠵᠢ ᠰᠢᠯᠭ᠋ᠠᠨ ᠠᠪᠬᠤ ᠪᠠᠷᠢᠮᠵᠢᠶ᠎ᠠ ᠪᠠ ᠨᠥᠬᠥᠴᠡᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠬᠥᠷᠥᠰᠥ ᠰᠢᠷᠣᠶ ᠵᠢ ᠬᠠᠮᠠᠭ᠋ᠠᠯᠠᠬᠤ ᠲᠥᠬᠥᠭᠡᠷᠦᠮᠵᠢ ᠵᠢ ᠪᠡᠶ᠎ᠡ᠎ᠪᠠᠨ ᠳᠠᠭ᠋ᠠᠭ᠋ᠠᠵᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ᠂ ᠴᠠᠭ ᠲᠤᠬᠠᠶ᠎ᠳᠤᠨᠢ ᠢᠯᠡ ᠨᠡᠶ᠋ᠢᠲᠡᠯᠡᠵᠦ᠂ ᠢᠯᠡ ᠨᠡᠶ᠋ᠢᠲᠡᠯᠡᠬᠦ ᠴᠠᠭ᠎ᠢ 20 ᠠᠵᠢᠯᠯᠠᠬᠤ ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠥᠬᠡᠶ; ᠬᠥᠷᠥᠰᠥ ᠰᠢᠷᠣᠶ ᠵᠢ ᠬᠠᠮᠠᠭ᠋ᠠᠯᠠᠬᠤ ᠲᠥᠬᠥᠭᠡᠷᠦᠮᠵᠢ ᠵᠢ ᠪᠡᠶ᠎ᠡ᠎ᠪᠠᠨ ᠳᠠᠭ᠋ᠠᠭ᠋ᠠᠵᠤ ᠰᠢᠯᠭ᠋ᠠᠨ ᠠᠪᠤᠭᠰᠠᠨ᠎ᠤ ᠳᠠᠷᠠᠭ᠎ᠠ 3 ᠰᠠᠷ᠎ᠠ ᠵᠢᠨ ᠳᠣᠲᠣᠷ᠎ᠠ ᠮᠠᠨ᠎ᠤ ᠲᠢᠩᠬᠢᠮ᠎ᠳᠤ ᠮᠡᠳᠡᠭᠦᠯᠵᠦ ᠳᠠᠩᠰᠠᠯᠠᠭᠤᠯᠤᠨ᠎ᠠ; ᠬᠥᠷᠥᠰᠥ ᠰᠢᠷᠣᠶ ᠵᠢ ᠬᠠᠮᠠᠭ᠋ᠠᠯᠠᠬᠤ ᠲᠥᠬᠥᠭᠡᠷᠦᠮᠵᠢ ᠵᠢ ᠰᠢᠯᠭ᠋ᠠᠨ ᠠᠪᠤᠭᠰᠠᠨ ᠦᠭᠡᠢ ᠪᠤᠶᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠢ ᠪᠠᠶ᠋ᠢᠪᠠᠯ᠂ ᠠᠰᠢᠭᠯᠠᠯᠲᠠ᠎ᠳᠤ ᠣᠷᠣᠭᠤᠯᠤᠨ ᠬᠡᠷᠡᠭᠯᠡᠵᠦ ᠪᠣᠯᠬᠤ ᠦᠭᠡᠢ᠃
ᠲᠠᠪᠤ᠂ ᠲᠣᠰ ᠲᠥᠷᠥᠯ ᠵᠦᠢᠯ ᠪᠣᠯ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠲᠥᠷᠥᠯ ᠵᠦᠢᠯ᠎ᠳᠤ ᠬᠠᠷᠢᠶᠠᠯᠠᠭᠳᠠᠨ᠎ᠠ᠂ ᠣᠷᠳᠣᠰ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠪᠣᠯᠤᠨ ᠵᠡᠭᠦᠨᠭ᠋ᠠᠷ ᠬᠣᠰᠢᠭᠤᠨ᠎ᠤ ᠤᠰᠤᠨ ᠠᠰᠢᠭᠯᠠᠯᠲᠠ ᠵᠢᠨ ᠲᠣᠪᠴᠢᠶ᠎ᠠ᠎ᠨᠢ ᠲᠣᠰ ᠲᠥᠷᠥᠯ ᠵᠦᠢᠯ᠎ᠤᠨ ᠬᠥᠷᠥᠰᠥ ᠰᠢᠷᠣᠶ ᠵᠢᠨ ᠬᠠᠮᠠᠭ᠋ᠠᠯᠠᠯᠲᠠ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ ᠵᠶ᠋ᠠᠨ ᠴᠢᠩᠭ᠋ᠠᠳᠬᠠᠵᠤ᠂ ᠬᠥᠷᠥᠰᠥ ᠰᠢᠷᠣᠶ ᠵᠢᠨ ᠢᠳᠡᠭᠳᠡᠯ᠎ᠤᠨ ᠠᠰᠠᠭᠤᠳᠠᠯ ᠣᠷᠣᠰᠢᠵᠤ ᠪᠠᠶ᠋ᠢᠬᠤ ᠡᠰᠡᠬᠦ ᠵᠢ ᠪᠠᠶ᠋ᠢᠴᠠᠭ᠋ᠠᠬᠤ ᠵᠢᠨ ᠬᠠᠮᠲᠤ ᠬᠠᠤᠯᠢ ᠲᠣᠭᠲᠠᠭ᠋ᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠪᠠᠶ᠋ᠢᠴᠠᠭ᠋ᠠᠨ ᠰᠢᠢᠳᠪᠦᠷᠢᠯᠡᠬᠦ ᠬᠡᠷᠡᠭᠲᠡᠶ᠃