ᠤᠯᠤᠰᠠᠴᠠ ᠣᠶᠤᠨᠴᠢ᠂ ᠵᠣᠬᠢᠴᠠᠩᠭᠤᠶ᠂ ᠵᠡᠷᠭᠡᠪᠠᠷ ᠤᠷᠤᠭᠰᠢᠯᠠᠬᠤ ᠴᠥᠮ᠎ᠡ ᠵᠢᠨ ᠠᠶᠤᠯᠭᠦᠶ ᠵᠢᠨ ᠦᠵᠡᠯᠲᠡ ᠵᠢ ᠪᠠᠷᠢᠮᠲᠠᠯᠠᠵᠤ᠂ ᠴᠥᠮ᠎ᠡ ᠵᠢᠨ ᠠᠶᠤᠯᠭᠦᠶ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠴᠥᠮ᠎ᠡ ᠵᠢᠨ ᠦᠢ᠍ᠯᠡᠰᠤᠨ ᠡᠷᠡᠭᠦᠯ ᠵᠶ᠋ᠠᠷ ᠬᠥᠭᠵᠢᠬᠦ ᠵᠢ ᠪᠠᠲᠤᠯᠠᠨ᠎ᠠ᠃
ᠶᠠᠮᠠᠷᠪᠠ ᠨᠢᠭᠡᠴᠢ ᠪᠠ ᠬᠤᠪᠢ ᠬᠥᠮᠦᠨ ᠴᠥᠮ᠎ᠡ ᠵᠢᠨ ᠲᠥᠬᠥᠭᠡᠷᠦᠮᠵᠢ᠂ ᠴᠥᠮ᠎ᠡ ᠵᠢᠨ ᠮᠠᠲ᠋ᠧᠷᠢᠶᠠᠯᠤᠨ ᠠᠮᠤᠷ ᠲᠦᠪᠰᠢᠨᠳᠤ ᠬᠣᠣᠷ ᠬᠥᠨᠥᠭᠡᠯ ᠤᠴᠠᠷᠠᠭᠤᠯᠵᠤ ᠪᠣᠯᠬᠤ ᠦᠭᠡᠢ᠃
ᠠᠷᠠᠳ ᠢᠷᠭᠡᠨ᠂ ᠬᠠᠤᠯᠢ ᠵᠢᠨ ᠬᠥᠮᠦᠨ ᠪᠠ ᠪᠤᠰᠤᠳ ᠵᠣᠬᠢᠶᠠᠨ ᠪᠠᠶ᠋ᠢᠭᠤᠯᠤᠯᠲᠠ ᠬᠠᠤᠯᠢ ᠶᠣᠰᠣᠭ᠋ᠠᠷ ᠴᠥᠮ᠎ᠡ ᠵᠢᠨ ᠠᠶᠤᠯᠭᠦᠶ ᠵᠢᠨ ᠮᠡᠳᠡᠭᠡ ᠵᠠᠩᠭᠢ ᠵᠢ ᠤᠯᠬᠤ ᠡᠷᠬᠡ᠎ᠲᠠᠢ᠂ ᠴᠥᠮ᠎ᠡ ᠵᠢᠨ ᠬᠣᠬᠢᠷᠠᠯᠳᠤ ᠤᠴᠠᠷᠠᠭᠰᠠᠨ ᠪᠠᠶ᠋ᠢᠪᠠᠯ᠂ ᠬᠠᠤᠯᠢ ᠶᠣᠰᠣᠭ᠋ᠠᠷ ᠲᠥᠯᠥᠪᠦᠷᠢ ᠤᠯᠬᠤ ᠡᠷᠬᠡ᠎ᠲᠠᠢ᠃
ᠠᠷᠠᠳ ᠢᠷᠭᠡᠨ᠂ ᠬᠠᠤᠯᠢ ᠵᠢᠨ ᠬᠥᠮᠦᠨ ᠪᠠ ᠪᠤᠰᠤᠳ ᠵᠣᠬᠢᠶᠠᠨ ᠪᠠᠶ᠋ᠢᠭᠤᠯᠤᠯᠲᠠ ᠴᠥᠮ᠎ᠡ ᠵᠢᠨ ᠠᠮᠤᠷ ᠲᠦᠪᠰᠢᠨᠤ ᠳᠠᠯᠳᠠ ᠭᠡᠮ ᠣᠷᠣᠰᠢᠵᠤ ᠪᠠᠶ᠋ᠢᠬᠤ ᠪᠤᠶᠤ ᠴᠥᠮ᠎ᠡ ᠵᠢᠨ ᠠᠮᠤᠷ ᠲᠦᠪᠰᠢᠨᠤ ᠬᠠᠤᠯᠢ ᠴᠠᠭ᠋ᠠᠵᠠ᠂ ᠵᠠᠰᠠᠭ ᠵᠠᠬᠢᠷᠭ᠋ᠠᠨᠤ ᠬᠠᠤᠯᠢ ᠲᠣᠭᠲᠠᠭ᠋ᠠᠯᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠦᠷᠦ ᠵᠢᠨ ᠶᠠᠪᠤᠳᠠᠯᠤᠨ ᠬᠣᠷᠢᠶᠠᠨᠤ ᠴᠥᠮ᠎ᠡ ᠵᠢᠨ ᠠᠮᠤᠷ ᠲᠦᠪᠰᠢᠨᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠪᠤᠶᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷᠲᠤ ᠢᠯᠡᠴᠢᠯᠡᠨ ᠮᠡᠳᠡᠭᠦᠯᠬᠦ ᠡᠷᠬᠡ᠎ᠲᠠᠢ᠃
ᠠᠷᠠᠳ ᠢᠷᠭᠡᠨ᠂ ᠬᠠᠤᠯᠢ ᠵᠢᠨ ᠬᠥᠮᠦᠨ ᠪᠠ ᠪᠤᠰᠤᠳ ᠵᠣᠬᠢᠶᠠᠨ ᠪᠠᠶ᠋ᠢᠭᠤᠯᠤᠯᠲᠠ ᠴᠥᠮ᠎ᠡ ᠵᠢᠨ ᠠᠶᠤᠯᠭᠦᠶ ᠵᠢᠨ ᠬᠤᠳᠠᠯ ᠬᠠᠭᠤᠷᠮᠠᠭ ᠮᠡᠳᠡᠭᠡ ᠵᠠᠩᠭᠢ ᠵᠢ ᠵᠣᠬᠢᠶᠠᠨ ᠲᠠᠷᠬᠠᠭ᠋ᠠᠵᠤ ᠪᠣᠯᠬᠤ ᠦᠭᠡᠢ᠃