1982 ᠣᠨ᠎ᠤ 12 ᠰᠠᠷ᠎ᠠ ᠵᠢᠨ 4᠎ᠤ ᠡᠳᠦᠷ᠂ ᠲᠠᠪᠤᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠲᠠᠪᠤᠳᠤᠭ᠋ᠠᠷ ᠬᠤᠷᠠᠯᠳᠤᠭ᠋ᠠᠨ᠎ᠠᠴᠠ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》 ᠵᠢ ᠪᠠᠲᠤᠯᠠᠪᠠ᠂ ᠦᠨᠳᠦᠰᠦᠨ ᠬᠠᠤᠯᠢ᠎ᠨᠢ ᠮᠠᠨ᠎ᠤ ᠤᠯᠤᠰ᠎ᠤᠨ ᠦᠨᠳᠦᠰᠦ ᠪᠣᠯᠬᠤ ᠬᠠᠤᠯᠢ ᠪᠣᠯᠤᠭᠰᠠᠨ᠎ᠤ ᠬᠤᠪᠢ᠎ᠳᠤ᠂ ᠤᠯᠤᠰ᠎ᠢ ᠵᠠᠰᠠᠵᠤ ᠲᠦᠷᠦ ᠵᠢ ᠲᠦᠪᠰᠢᠳᠬᠡᠬᠦ ᠶᠡᠷᠦᠩᠬᠡᠶ ᠲᠦᠷᠢᠮ ᠮᠥᠨ᠃ ᠤᠯᠤᠰ᠎ᠤᠨ ᠠᠮᠤᠷ ᠲᠦᠪᠰᠢᠨ᠎ᠤ ᠲᠤᠬᠠᠶ ᠦᠨᠳᠦᠰᠦᠨ ᠬᠠᠤᠯᠢ᠎ᠳᠤ ᠶᠠᠮᠠᠷ ᠶᠠᠮᠠᠷ ᠲᠣᠭᠲᠠᠭ᠋ᠠᠯ᠎ᠲᠠᠢ ᠪᠣᠶ? ᠠᠷᠠᠳ ᠢᠷᠭᠡᠨ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠲᠠᠯ᠎ᠠ᠎ᠪᠠᠷ ᠶᠠᠮᠠᠷ ᠶᠠᠮᠠᠷ ᠡᠭᠦᠷᠭᠡ ᠵᠢ ᠭᠦᠢ᠍ᠴᠡᠳᠬᠡᠬᠦ ᠪᠤᠢ? ᠬᠠᠮᠲᠤ᠎ᠪᠠᠷ ᠦᠵᠡᠶ᠎ᠡ᠃
ᠤᠯᠤᠰ᠎ᠠᠴᠠ ᠨᠡᠶ᠋ᠢᠭᠡᠮ᠎ᠤᠨ ᠡᠮᠬᠢ ᠵᠢᠷᠤᠮ᠎ᠢ ᠬᠠᠮᠠᠭ᠋ᠠᠯᠠᠨ᠂ ᠤᠯᠤᠰ᠎ᠠᠴᠠ ᠤᠷᠪᠠᠭᠰᠠᠨ ᠪᠠ ᠤᠯᠤᠰ ᠣᠷᠣᠨ᠎ᠤ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠤᠭᠰᠠᠨ ᠪᠤᠰᠤᠳ ᠶᠠᠯᠠᠲᠤ ᠠᠵᠢᠯᠯᠠᠭ᠎ᠠ ᠵᠢ ᠳᠠᠷᠤᠩᠭᠤᠶ᠋ᠢᠯᠠᠵᠤ᠂ ᠨᠡᠶ᠋ᠢᠭᠡᠮ᠎ᠤᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠤᠭᠰᠠᠨ᠂ ᠨᠡᠶ᠋ᠢᠭᠡᠮ ᠵᠢᠷᠤᠮᠲᠤ ᠠᠵᠤ ᠠᠬᠤᠶ ᠵᠢ ᠡᠪᠳᠡᠭᠰᠡᠨ ᠪᠠ ᠪᠤᠰᠤᠳ ᠶᠠᠯ᠎ᠠ ᠬᠢᠭᠰᠡᠨ ᠠᠵᠢᠯᠯᠠᠭ᠎ᠠ ᠵᠢ ᠵᠠᠯᠬᠠᠭ᠋ᠠᠨ ᠰᠢᠢ᠍ᠳᠭᠡᠵᠦ᠂ ᠶᠠᠯᠠᠲᠤ ᠡᠲᠡᠭᠡᠳ᠎ᠢ ᠶᠠᠯᠠᠯᠠᠨ ᠰᠢᠢ᠍ᠳᠭᠡᠵᠦ ᠵᠠᠰᠠᠨ ᠥᠭᠡᠷᠡᠴᠢᠯᠡᠨ᠎ᠡ᠃
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠡᠪᠰᠡᠭᠲᠦ ᠬᠦᠴᠦᠨ ᠪᠣᠯ ᠠᠷᠠᠳ ᠲᠦᠮᠡᠨ᠎ᠳᠤ ᠬᠠᠷᠢᠶᠠᠯᠠᠭᠳᠠᠨ᠎ᠠ᠃ ᠲᠡᠭᠦᠨ᠎ᠤ ᠡᠭᠦᠷᠭᠡ ᠪᠣᠯ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢ ᠪᠡᠬᠢᠵᠢᠭᠦᠯᠵᠦ᠂ ᠲᠦᠷᠢᠮᠡᠬᠡᠶ᠋ᠢᠯᠡᠯ᠎ᠢ ᠡᠰᠡᠷᠭᠦᠴᠡᠨ᠂ ᠡᠭᠡ ᠣᠷᠣᠨ ᠵᠶ᠋ᠠᠨ ᠬᠠᠮᠠᠭ᠋ᠠᠯᠠᠵᠤ᠂ ᠠᠷᠠᠳ ᠲᠦᠮᠡᠨ᠎ᠤ ᠡᠩᠭᠡ ᠲᠠᠶ᠋ᠢᠪᠤᠩ ᠬᠥᠳᠡᠯᠮᠦᠷᠢ ᠵᠢ ᠬᠠᠮᠠᠭ᠋ᠠᠯᠠᠨ᠂ ᠤᠯᠤᠰ ᠣᠷᠣᠨ᠎ᠤ ᠪᠦᠳᠦᠭᠡᠠ ᠪᠠᠶ᠋ᠢᠭᠤᠯᠤᠯᠲᠠ ᠵᠢᠨ ᠦᠢ᠍ᠯᠡᠰ᠎ᠲᠤ ᠣᠷᠣᠯᠴᠠᠵᠤ᠂ ᠠᠷᠠᠳ ᠲᠦᠮᠡᠨ᠎ᠳᠤ ᠴᠢᠷᠮᠠᠶ᠋ᠢᠨ ᠦᠢ᠍ᠯᠡᠴᠢᠯᠡᠬᠦ ᠶᠠᠪᠤᠳᠠᠯ ᠪᠣᠯᠤᠨ᠎ᠠ᠃
ᠠᠷᠠᠳ ᠢᠷᠭᠡᠨ ᠳᠣᠣᠷ᠎ᠠ ᠵᠢᠭᠰᠠᠭ᠋ᠠᠭᠰᠠᠨ ᠡᠭᠦᠷᠭᠡ᠎ᠨᠦᠭᠦᠳ᠎ᠢ ᠭᠦᠢ᠍ᠴᠡᠳᠬᠡᠨ᠎ᠡ᠄
ᠡᠷᠬᠡ ᠴᠢᠯᠥᠭᠡ ᠪᠠ ᠡᠷᠬᠡ᠎ᠪᠠᠨ ᠬᠡᠷᠡᠭᠯᠡᠬᠦ᠎ᠳᠡᠭᠡᠨ ᠤᠯᠤᠰ᠎ᠤᠨ᠂ ᠨᠡᠶ᠋ᠢᠭᠡᠮ᠎ᠤᠨ᠂ ᠬᠠᠮᠲᠤ ᠵᠢᠨ ᠠᠰᠢᠭ ᠲᠤᠰᠠ ᠪᠠ ᠪᠤᠰᠤᠳ ᠠᠷᠠᠳ ᠢᠷᠭᠡᠨ᠎ᠤ ᠬᠠᠤᠯᠢ ᠶᠣᠰᠣᠨ᠎ᠤ ᠡᠷᠬᠡ ᠴᠢᠯᠥᠭᠡ ᠪᠠ ᠡᠷᠬᠡ ᠵᠢ ᠬᠣᠬᠢᠷᠠᠭᠤᠯᠵᠤ ᠪᠣᠯᠬᠤ ᠤᠢ᠍ᠭᠡᠢ᠃
ᠤᠯᠤᠰ ᠣᠷᠣᠨ᠎ᠤ ᠨᠢᠭᠡᠳᠦᠯ ᠪᠠ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠪᠦᠯᠬᠦᠮᠳᠡᠯ᠎ᠢ ᠬᠠᠮᠠᠭ᠋ᠠᠯᠠᠬᠤ ᠡᠭᠦᠷᠭᠡ᠎ᠲᠠᠢ᠃
ᠡᠷᠬᠡᠪᠰᠢ ᠦᠨᠳᠦᠰᠦᠨ ᠬᠠᠤᠯᠢ ᠪᠠ ᠬᠠᠤᠯᠢ ᠴᠠᠭ᠋ᠠᠵᠠ ᠵᠢ ᠵᠢᠷᠤᠮᠯᠠᠨ ᠰᠠᠬᠢᠵᠤ᠂ ᠤᠯᠤᠰ᠎ᠤᠨ ᠨᠢᠭᠤᠴᠠ ᠵᠢ ᠬᠠᠮᠠᠭ᠋ᠠᠯᠠᠨ᠂ ᠨᠡᠶ᠋ᠢᠲᠡ ᠵᠢᠨ ᠡᠳ᠋ ᠬᠦᠷᠦᠨᠭᠭᠡ ᠵᠢ ᠬᠠᠶ᠋ᠢᠷᠠᠯᠠᠨ ᠬᠠᠮᠠᠭ᠋ᠠᠯᠠᠵᠤ᠂ ᠬᠥᠳᠡᠯᠮᠦᠷᠢ ᠵᠢᠨ ᠰᠠᠬᠢᠯᠭ᠎ᠠ ᠪᠠᠲᠤ ᠵᠢ ᠵᠢᠷᠤᠮᠯᠠᠨ ᠰᠠᠬᠢᠵᠤ᠂ ᠨᠡᠶ᠋ᠢᠲᠡ ᠵᠢᠨ ᠡᠮᠬᠢ ᠵᠢᠷᠤᠮ᠎ᠢ ᠵᠢᠷᠤᠮᠯᠠᠨ ᠰᠠᠬᠢᠵᠤ᠂ ᠨᠡᠶ᠋ᠢᠭᠡᠮ ᠨᠡᠶ᠋ᠢᠲᠡ ᠵᠢᠨ ᠶᠣᠰᠣ ᠮᠣᠷᠠᠯ᠎ᠢ ᠬᠦᠨᠳᠦᠳᠬᠡᠬᠦ ᠬᠡᠷᠡᠭᠲᠡᠶ᠃
ᠡᠬᠡ ᠣᠷᠣᠨ᠎ᠤ᠎ᠪᠠᠨ ᠠᠮᠤᠷ ᠲᠦᠪᠰᠢᠨ᠂ ᠠᠯᠳᠠᠷ ᠬᠦᠨᠳᠦ ᠪᠠ ᠠᠰᠢᠭ ᠲᠤᠰᠠ ᠵᠢ ᠬᠠᠮᠠᠭ᠋ᠠᠯᠠᠬᠤ ᠡᠭᠦᠷᠭᠡ᠎ᠲᠠᠢ᠂ ᠡᠬᠡ ᠣᠷᠣᠨ᠎ᠤ᠎ᠪᠠᠨ ᠠᠮᠤᠷ ᠲᠦᠪᠰᠢᠨ᠂ ᠠᠯᠳᠠᠷ ᠬᠦᠨᠳᠦ ᠪᠠ ᠠᠰᠢᠭ ᠲᠤᠰᠠ᠎ᠳᠤ ᠬᠣᠣᠷ ᠬᠥᠨᠥᠭᠡᠯ᠎ᠲᠠᠢ ᠠᠵᠢᠯᠯᠠᠭ᠎ᠠ ᠬᠢᠵᠦ ᠪᠣᠯᠬᠤ ᠦᠭᠡᠢ᠃
ᠡᠬᠡ ᠣᠷᠣᠨ ᠵᠶ᠋ᠠᠨ ᠬᠠᠮᠠᠭ᠋ᠠᠯᠠᠵᠤ᠂ ᠲᠦᠷᠢᠮᠡᠬᠡᠶ᠋ᠢᠯᠡᠯ᠎ᠢ ᠡᠰᠡᠷᠭᠦᠴᠡᠬᠦ ᠪᠣᠯ ᠪᠥᠬᠥᠳᠡ ᠨᠠᠢ᠍ᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ ᠢᠷᠭᠡᠨ ᠨᠢᠭᠡᠪᠦᠷᠢ ᠵᠢᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠮᠥᠨ᠃
ᠬᠠᠤᠯᠢ ᠶᠣᠰᠣᠭ᠋ᠠᠷ ᠴᠡᠷᠢᠭ᠎ᠤᠨ ᠠᠯᠪᠠ ᠬᠠᠭ᠋ᠠᠬᠤ ᠪᠠ ᠡᠷᠦᠭᠡ ᠵᠢᠨ ᠴᠡᠷᠢᠭ᠎ᠤᠨ ᠵᠣᠬᠢᠶᠠᠨ ᠪᠠᠶ᠋ᠢᠭᠤᠯᠤᠯᠲᠠ᠎ᠳᠤ ᠣᠷᠣᠯᠴᠠᠬᠤ ᠶᠠᠪᠤᠳᠠᠯ ᠪᠣᠯ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ ᠢᠷᠭᠡᠨ᠎ᠤ ᠢᠷᠠᠭᠤ ᠠᠯᠳᠠᠷᠲᠤ ᠡᠭᠦᠷᠭᠡ ᠮᠥᠨ᠃