ᠤᠯᠤᠰ᠎ᠠᠴᠠ ᠶᠠᠮᠠᠷᠪᠠ ᠬᠡᠯᠪᠡᠷᠢ ᠵᠢᠨ ᠰᠦᠷᠳᠡᠭᠦᠯᠬᠦ ᠦᠵᠡᠯ᠎ᠢ ᠡᠰᠡᠷᠭᠦᠴᠡᠵᠦ᠂ ᠰᠦᠷᠳᠡᠭᠦᠯᠬᠦ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠯᠲᠠ ᠵᠢ ᠬᠠᠤᠯᠢ ᠶᠣᠰᠣᠭ᠋ᠠᠷ ᠴᠠᠭ᠋ᠠᠵᠠᠯᠠᠵᠤ᠂ ᠰᠦᠷᠳᠡᠭᠦᠯᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠭᠰᠠᠨ᠂ ᠤᠬᠠᠭ᠋ᠠᠯᠠᠨ ᠰᠡᠳᠦᠭᠰᠡᠨ᠂ ᠬᠡᠷᠡᠭᠵᠢᠭᠦᠯᠬᠦ᠎ᠪᠠᠷ ᠪᠡᠯᠡᠳᠬᠡᠭᠰᠡᠨ᠂ ᠰᠦᠷᠳᠡᠭᠦᠯᠬᠦ ᠦᠵᠡᠯ᠎ᠢ ᠤᠬᠠᠭᠤᠯᠤᠭᠰᠠᠨ᠂ ᠰᠦᠷᠳᠡᠭᠦᠯᠬᠦ ᠠᠵᠢᠯᠯᠠᠭ᠎ᠠ ᠬᠢᠯᠭᠡᠬᠦ᠎ᠪᠠᠷ ᠥᠳᠥᠭᠡᠭᠰᠡᠨ᠂ ᠰᠦᠷᠳᠡᠭᠦᠯᠬᠦ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠯᠲᠠ ᠵᠢ ᠵᠣᠬᠢᠶᠠᠨ ᠪᠠᠶ᠋ᠢᠭᠤᠯᠤᠭᠰᠠᠨ᠂ ᠤᠳᠤᠷᠢᠳᠤᠭᠰᠠᠨ ᠪᠠ ᠲᠡᠭᠦᠨ᠎ᠳᠤ ᠣᠷᠣᠯᠴᠠᠭᠰᠠᠨ᠂ ᠰᠦᠷᠳᠡᠭᠦᠯᠬᠦ ᠠᠵᠢᠯᠯᠠᠭ᠎ᠠ᠎ᠳᠤ ᠬᠠᠪᠰᠤᠷᠤᠯᠭ᠎ᠠ ᠦᠵᠡᠭᠦᠯᠦᠭᠰᠡᠨ ᠶᠠᠮᠠᠷᠪᠠ ᠬᠥᠮᠦᠨ᠎ᠠᠴᠠ ᠬᠠᠤᠯᠢ ᠶᠣᠰᠣᠭ᠋ᠠᠷ ᠬᠠᠤᠯᠢ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠤᠯᠤᠰ᠎ᠠᠴᠠ ᠶᠠᠮᠠᠷᠪᠠ ᠰᠦᠷᠳᠡᠭᠦᠯᠬᠦ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠯᠲᠠ ᠪᠠ ᠬᠥᠮᠦᠨ᠎ᠲᠠᠢ ᠡᠪᠰᠡᠬᠦ ᠦᠭᠡᠢ᠂ ᠶᠠᠮᠠᠷᠪᠠ ᠰᠦᠷᠳᠡᠭᠦᠯᠬᠦ ᠠᠵᠢᠯᠯᠠᠭ᠋᠎ᠠ᠎ᠳᠤ ᠬᠦᠮᠦᠨ᠎ᠳᠤ ᠥᠮᠥᠭᠯᠡᠯ ᠬᠠᠩᠭ᠋ᠠᠬᠤ ᠦᠭᠡᠢ ᠪᠤᠶᠤ ᠡᠰᠡᠬᠦᠯ᠎ᠡ ᠭᠠᠴᠢᠭᠳᠠᠯ᠎ᠳᠤ ᠠᠷᠠᠳ᠎ᠤᠨ ᠪᠠᠶ᠋ᠢᠷᠢ ᠰᠠᠭᠤᠷᠢ ᠣᠯᠭᠣᠬᠤ ᠦᠭᠡᠢ᠃
ᠰᠦᠷᠳᠡᠭᠦᠯᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠬᠤ᠂ ᠤᠬᠠᠭ᠋ᠠᠯᠠᠨ ᠰᠡᠳᠦᠬᠦ᠂ ᠬᠡᠷᠡᠭᠵᠢᠭᠦᠯᠬᠦ᠎ᠪᠠᠷ ᠪᠡᠯᠡᠳᠬᠡᠬᠦ᠂ ᠬᠡᠷᠡᠭᠵᠢᠭᠦᠯᠬᠦ᠂ ᠰᠦᠷᠳᠡᠭᠦᠯᠬᠦ ᠦᠵᠡᠯ᠎ᠢ ᠤᠬᠠᠭᠤᠯᠵᠤ᠂ ᠰᠦᠷᠳᠡᠭᠦᠯᠬᠦ ᠠᠵᠢᠯᠯᠠᠭ᠎ᠠ ᠵᠢ ᠥᠳᠥᠭᠡᠨ ᠬᠢᠯᠭᠡᠭᠰᠡᠨ᠂ ᠰᠦᠷᠳᠡᠭᠦᠯᠬᠦ ᠦᠵᠡᠯ᠎ᠢ ᠤᠬᠠᠭᠤᠯᠬᠤ ᠡᠳ᠋ ᠪᠣᠳᠠᠰ᠎ᠢ ᠬᠠᠤᠯᠢ ᠪᠤᠰᠤ᠎ᠪᠠᠷ ᠡᠵᠡᠮᠰᠢᠭᠰᠡᠨ᠂ ᠪᠤᠰᠤᠳ᠎ᠢ ᠠᠯᠪᠠᠳᠠᠨ ᠤᠯᠠᠨ ᠨᠡᠶ᠋ᠢᠲᠡ ᠵᠢᠨ ᠲᠠᠯᠠᠪᠤᠷ᠎ᠲᠤ ᠰᠦᠷᠳᠡᠭᠦᠯᠬᠦ ᠦᠵᠡᠯ᠎ᠢ ᠤᠬᠠᠭᠤᠯᠬᠤ ᠬᠤᠪᠴᠠᠰᠤ ᠵᠠᠰᠠᠯ᠂ ᠢᠯᠡᠳᠬᠡᠮᠵᠢ ᠲᠡᠮᠳᠡᠭ᠎ᠢ ᠡᠮᠦᠰᠬᠡᠵᠦ᠂ ᠰᠦᠷᠳᠡᠭᠦᠯᠬᠦ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠯᠲᠠ ᠵᠢ ᠵᠣᠬᠢᠶᠠᠨ ᠪᠠᠶ᠋ᠢᠭᠤᠯᠤᠭᠰᠠᠨ᠂ ᠤᠳᠤᠷᠢᠳᠤᠭᠰᠠᠨ ᠪᠠ ᠲᠡᠭᠦᠨ᠎ᠳᠤ ᠣᠷᠣᠯᠴᠠᠭᠰᠠᠨ᠂ ᠰᠦᠷᠳᠡᠭᠦᠯᠬᠦ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠯᠲᠠ᠂ ᠰᠦᠷᠳᠡᠭᠦᠯᠬᠦ ᠠᠵᠢᠯᠯᠠᠭ᠎ᠠ ᠵᠢᠨ ᠠᠵᠢᠯᠳᠠᠨ᠂ ᠰᠦᠷᠳᠡᠭᠦᠯᠬᠦ ᠠᠵᠢᠯᠯᠠᠭ᠎ᠠ ᠪᠤᠶᠤ ᠰᠦᠷᠳᠡᠭᠦᠯᠬᠦ ᠠᠵᠢᠯᠯᠠᠭ᠎ᠠ ᠵᠢᠨ ᠪᠣᠯᠪᠠᠰᠤᠷᠠᠭᠤᠯᠤᠯ ᠬᠢᠬᠦ᠎ᠳᠤ ᠬᠠᠪᠰᠤᠷᠤᠯᠭ᠎ᠠ ᠦᠵᠡᠭᠦᠯᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠷᠳᠡᠭᠦᠯᠬᠦ ᠦᠵᠡᠯ᠎ᠢ ᠡᠰᠡᠷᠭᠦᠴᠡᠬᠦ ᠬᠠᠤᠯᠢ》 ᠵᠢ 2015 ᠣᠨ᠎ᠤ 12 ᠰᠠᠷ᠎ᠠ ᠵᠢᠨ 27᠎ᠤ ᠡᠳᠦᠷ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠨ ᠨᠠᠢ᠍ᠮᠠᠳᠤᠭ᠋ᠠᠷ ᠬᠤᠷᠠᠯᠳᠤᠭ᠋ᠠᠨ᠎ᠠᠴᠠ ᠪᠠᠲᠤᠯᠠᠵᠤ 2018 ᠣᠨ᠎ᠤ 4 ᠰᠠᠷ᠎ᠠ ᠵᠢᠨ 27᠎ᠤ ᠡᠳᠦᠷ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠶᠠᠳᠤᠭ᠋ᠠᠷ ᠬᠤᠷᠠᠯᠳᠤᠭ᠋ᠠᠨ᠎ᠤ 《〈ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠡᠷᠡᠭᠦᠯ ᠬᠠᠮᠠᠭ᠋ᠠᠯᠠᠯ ᠬᠢᠵᠢᠭ ᠪᠠᠶ᠋ᠢᠴᠠᠭ᠋ᠠᠯᠲᠠ ᠵᠢᠨ ᠬᠠᠤᠯᠢ〉 ᠵᠡᠷᠭᠡ ᠵᠢᠷᠭᠤᠭ᠋ᠠᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ ᠵᠠᠰᠠᠪᠤᠷᠢ ᠣᠷᠣᠭᠤᠯᠪᠠ
ᠰᠦᠷᠳᠡᠭᠦᠯᠬᠦ ᠦᠵᠡᠯ ᠭᠡᠵᠦ ᠶᠠᠭᠤ ᠪᠤᠢ?
ᠰᠦᠷᠳᠡᠭᠦᠯᠬᠦ ᠠᠵᠢᠯᠯᠠᠭ᠎ᠠ᠎ᠳᠤ ᠶᠠᠭᠤ ᠶᠠᠭᠤ ᠪᠠᠭᠲᠠᠬᠤ ᠪᠤᠢ?
ᠰᠦᠷᠳᠡᠭᠦᠯᠬᠦ ᠦᠵᠡᠯ᠎ᠢ ᠡᠰᠡᠷᠭᠦᠴᠡᠬᠦ ᠤᠳᠤᠷᠢᠳᠬᠤ ᠪᠠᠶ᠋ᠢᠭᠤᠯᠤᠮᠵᠢ᠎ᠳᠤ ᠶᠠᠭᠤ ᠶᠠᠭᠤ ᠪᠠᠶ᠋ᠢᠬᠤ ᠪᠤᠢ?
ᠬᠠᠮᠲᠤ᠎ᠪᠠᠷ ᠦᠵᠡᠶ᠎ᠡ᠃
ᠰᠦᠷᠳᠡᠭᠦᠯᠬᠦ ᠦᠵᠡᠯ᠄
ᠰᠦᠷᠳᠡᠭᠦᠯᠬᠦ ᠦᠵᠡᠯ ᠭᠡᠳᠡᠭ᠎ᠨᠢ ᠬᠦᠴᠦᠷᠬᠡᠭᠯᠡᠬᠦ᠂ ᠡᠪᠳᠡᠬᠦ᠂ ᠰᠦᠷᠳᠡᠭᠦᠯᠬᠦ ᠵᠡᠷᠭᠡ ᠠᠷᠭ᠎ᠠ ᠪᠠᠷᠢᠯ ᠵᠶ᠋ᠠᠷ ᠨᠡᠶ᠋ᠢᠭᠡᠮ᠎ᠤᠨ ᠭᠡᠯᠮᠡᠭᠳᠡᠯᠢ ᠪᠤᠢ ᠪᠣᠯᠭ᠋ᠠᠬᠤ᠂ ᠤᠯᠠᠨ ᠨᠡᠶ᠋ᠢᠲᠡ ᠵᠢᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠬᠤ᠂ ᠬᠥᠮᠦᠨ᠎ᠤ ᠪᠡᠶ᠎ᠡ ᠪᠠ ᠡᠳ᠋ ᠬᠦᠷᠦᠨᠭᠭᠡ᠎ᠳᠤ ᠬᠠᠯᠳᠠᠬᠤ᠂ ᠡᠰᠡᠬᠦᠯ᠎ᠡ ᠲᠦᠷᠦ ᠵᠢᠨ ᠪᠠᠶ᠋ᠢᠭᠤᠯᠭ᠎ᠠ᠂ ᠤᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ ᠵᠢ ᠠᠶᠤᠯᠭ᠋ᠠᠨ ᠰᠦᠷᠳᠡᠭᠦᠯᠵᠦ᠂ ᠤᠯᠤᠰ ᠲᠦᠷᠦ᠂ ᠦᠵᠡᠯ ᠤᠬᠠᠮᠰᠠᠷ᠎ᠤᠨ ᠬᠡᠯᠪᠡᠷᠢ ᠵᠡᠷᠭᠡ ᠵᠣᠷᠢᠯᠭ᠎ᠠ᠎ᠪᠠᠨ ᠪᠡᠶᠡᠯᠡᠭᠦᠯᠬᠦ ᠵᠣᠷᠢᠯᠲᠠ ᠪᠠ ᠦᠢ᠍ᠯᠡ ᠠᠵᠢᠯᠯᠠᠭ᠎ᠠ ᠵᠢ ᠵᠢᠭ᠋ᠠᠵᠤ ᠪᠠᠶ᠋ᠢᠨ᠎ᠠ᠃
ᠰᠦᠷᠳᠡᠭᠦᠯᠬᠦ ᠠᠵᠢᠯᠯᠠᠭ᠎ᠠ᠄
ᠰᠦᠷᠳᠡᠭᠦᠯᠬᠦ ᠠᠵᠢᠯᠯᠠᠭ᠎ᠠ ᠭᠡᠳᠡᠭ᠎ᠨᠢ ᠰᠦᠷᠳᠡᠭᠦᠯᠬᠦ ᠦᠵᠡᠯ᠎ᠤᠨ ᠰᠢᠨᠵᠢ ᠴᠢᠨᠠᠷᠲᠠᠢ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢ ᠵᠢᠭ᠋ᠠᠵᠤ ᠪᠠᠶ᠋ᠢᠨ᠎ᠠ᠄
(ᠨᠢᠭᠡ) ᠬᠥᠮᠦᠨ᠎ᠢ ᠦᠬᠦᠭᠦᠯᠵᠦ ᠰᠢᠷᠬᠠᠲᠤᠭᠤᠯᠬᠤ᠂ ᠡᠳ᠋ ᠬᠦᠷᠦᠨᠭᠭᠡ ᠵᠢ ᠬᠦᠨᠳᠦ ᠶᠡᠬᠡ ᠬᠣᠬᠢᠷᠠᠭᠤᠯᠬᠤ᠂ ᠤᠯᠠᠨ ᠨᠡᠶ᠋ᠢᠲᠡ ᠵᠢᠨ ᠲᠥᠬᠥᠭᠡᠷᠦᠮᠵᠢ ᠵᠢ ᠡᠪᠳᠡᠨ ᠰᠦᠢ᠍ᠳᠬᠡᠬᠦ᠂ ᠨᠡᠶ᠋ᠢᠭᠡᠮ᠎ᠤᠨ ᠡᠮᠬᠢ ᠵᠢᠷᠤᠮ᠎ᠢ ᠰᠠᠮᠠᠭᠤᠷᠠᠭᠤᠯᠬᠤ ᠵᠡᠷᠭᠡ ᠬᠦᠨᠳᠦ ᠨᠣᠴᠢᠲᠠᠶ ᠨᠡᠶ᠋ᠢᠭᠡᠮ᠎ᠤᠨ ᠬᠣᠣᠷ ᠬᠥᠨᠥᠭᠡᠯ᠎ᠢ ᠪᠤᠢ ᠪᠣᠯᠭ᠋ᠠᠭᠰᠠᠨ ᠪᠤᠶᠤ ᠪᠤᠢ ᠪᠣᠯᠭ᠋ᠠᠬᠤ᠎ᠪᠠᠷ ᠵᠣᠷᠢᠭᠰᠠᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠭᠰᠠᠨ᠂ ᠤᠬᠠᠭ᠋ᠠᠯᠠᠨ ᠰᠡᠳᠦᠭᠰᠡᠨ᠂ ᠬᠡᠷᠡᠭᠵᠢᠭᠦᠯᠬᠦ᠎ᠪᠠᠷ ᠪᠡᠯᠡᠳᠬᠡᠭᠰᠡᠨ᠂ ᠬᠢᠭᠰᠡᠨ;
(ᠬᠣᠶᠠᠷ) ᠰᠦᠷᠳᠡᠭᠦᠯᠬᠦ ᠦᠵᠡᠯ᠎ᠢ ᠤᠬᠠᠭᠤᠯᠵᠤ᠂ ᠰᠦᠷᠳᠡᠭᠦᠯᠬᠦ ᠠᠵᠢᠯᠯᠠᠭ᠎ᠠ ᠬᠢᠯᠭᠡᠬᠦ᠎ᠪᠠᠷ ᠥᠳᠥᠭᠡᠭᠰᠡᠨ᠂ ᠡᠰᠡᠬᠦᠯ᠎ᠡ ᠰᠦᠷᠳᠡᠭᠦᠯᠬᠦ ᠦᠵᠡᠯ᠎ᠢ ᠤᠬᠠᠭᠤᠯᠬᠤ ᠡᠳ᠋ ᠪᠣᠳᠠᠰ᠎ᠢ ᠬᠠᠤᠯᠢ ᠪᠤᠰᠤ᠎ᠪᠠᠷ ᠪᠡᠶ᠎ᠡ᠎ᠳᠡᠭᠡᠨ ᠠᠪᠴᠤ᠂ ᠪᠤᠰᠤᠳ᠎ᠢ ᠠᠯᠪᠠᠳᠠᠵᠤ ᠪᠠᠶ᠋ᠢᠭ᠋ᠠᠳ ᠤᠯᠠᠨ ᠨᠡᠶ᠋ᠢᠲᠡ ᠵᠢᠨ ᠲᠠᠯᠠᠪᠤᠷ᠎ᠲᠤ ᠰᠦᠷᠳᠡᠭᠦᠯᠬᠦ ᠦᠵᠡᠯ᠎ᠢ ᠤᠬᠠᠭᠤᠯᠬᠤ ᠬᠤᠪᠴᠠᠰᠤ ᠵᠠᠰᠠᠯ᠂ ᠲᠡᠮᠳᠡᠭ ᠵᠡᠭᠦᠯᠭᠡᠭᠰᠡᠨ;
(ᠭᠤᠷᠪᠠ) ᠰᠦᠷᠳᠡᠭᠦᠯᠬᠦ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠯᠲᠠ ᠵᠢ ᠵᠣᠬᠢᠶᠠᠨ ᠪᠠᠶ᠋ᠢᠭᠤᠯᠤᠭᠰᠠᠨ᠂ ᠤᠳᠤᠷᠢᠳᠤᠭᠰᠠᠨ᠂ ᠲᠡᠭᠦᠨ᠎ᠳᠤ ᠣᠷᠣᠯᠴᠠᠭᠰᠠᠨ;
(ᠲᠦᠷᠪᠡ) ᠰᠦᠷᠳᠡᠭᠦᠯᠬᠦ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠯᠲᠠ᠂ ᠰᠦᠷᠳᠡᠭᠦᠯᠬᠦ ᠠᠵᠢᠯᠯᠠᠭ᠎ᠠ ᠵᠢᠨ ᠠᠵᠢᠯᠳᠠᠨ᠂ ᠰᠦᠷᠳᠡᠭᠦᠯᠬᠦ ᠠᠵᠢᠯᠯᠠᠭ᠎ᠠ ᠪᠤᠶᠤ ᠰᠦᠷᠳᠡᠭᠦᠯᠬᠦ ᠠᠵᠢᠯᠯᠠᠭ᠎ᠠ ᠵᠢᠨ ᠪᠣᠯᠪᠠᠰᠤᠷᠠᠭᠤᠯᠤᠯ ᠬᠢᠬᠦ᠎ᠳᠤ ᠮᠡᠳᠡᠭᠡ ᠵᠠᠩᠭᠢ᠂ ᠪᠡᠯᠡ ᠮᠥᠩᠭᠥ᠂ ᠡᠳ᠋ ᠪᠣᠳᠠᠰ᠂ ᠬᠥᠳᠡᠯᠮᠦᠷᠢ ᠦᠢ᠍ᠯᠡᠴᠢᠯᠡᠭᠡ᠂ ᠮᠡᠷᠭᠡᠵᠢᠯ᠂ ᠲᠠᠯᠠᠪᠤᠷ ᠭᠠᠵᠠᠷ ᠵᠡᠷᠭᠡ ᠵᠢᠨ ᠳᠡᠮᠵᠢᠯᠭᠡ᠂ ᠬᠠᠪᠰᠤᠷᠤᠯᠭ᠎ᠠ᠂ ᠲᠦᠬᠦᠮ ᠦᠵᠡᠭᠦᠯᠦᠭᠰᠡᠨ;
(ᠲᠠᠪᠤ) ᠪᠤᠰᠤᠳ ᠰᠦᠷᠳᠡᠭᠦᠯᠬᠦ ᠠᠵᠢᠯᠯᠠᠭ᠎ᠠ᠃
ᠰᠦᠷᠳᠡᠭᠦᠯᠬᠦ ᠦᠵᠡᠯ᠎ᠢ ᠡᠰᠡᠷᠭᠦᠴᠡᠬᠦ ᠤᠳᠤᠷᠢᠳᠬᠤ ᠪᠠᠶ᠋ᠢᠭᠤᠯᠤᠮᠵᠢ᠄
ᠤᠯᠤᠰ᠎ᠠᠴᠠ ᠰᠦᠷᠳᠡᠭᠦᠯᠬᠦ ᠦᠵᠡᠯ᠎ᠢ ᠡᠰᠡᠷᠭᠦᠴᠡᠬᠦ ᠠᠵᠢᠯ᠎ᠤᠨ ᠤᠳᠤᠷᠢᠳᠬᠤ ᠪᠠᠶ᠋ᠢᠭᠤᠯᠤᠮᠵᠢ ᠵᠢ ᠪᠠᠶ᠋ᠢᠭᠤᠯᠵᠤ᠂ ᠪᠦᠬᠦ ᠤᠯᠤᠰ᠎ᠤᠨ ᠰᠦᠷᠳᠡᠭᠦᠯᠬᠦ ᠦᠵᠡᠯ᠎ᠢ ᠡᠰᠡᠷᠭᠦᠴᠡᠬᠦ ᠠᠵᠢᠯ᠎ᠢ ᠨᠢᠭᠡᠳᠦᠯᠲᠡᠢ ᠤᠳᠤᠷᠢᠳᠤᠨ ᠵᠢᠯᠣᠭᠣᠳᠤᠨ᠎ᠠ᠃
ᠲᠣᠭᠣᠷᠢᠭ ᠪᠠᠶ᠋ᠢᠭᠤᠯᠤᠭᠰᠠᠨ ᠬᠤᠳᠠ ᠵᠢᠨ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠰᠦᠷᠳᠡᠭᠦᠯᠬᠦ ᠦᠵᠡᠯ᠎ᠢ ᠡᠰᠡᠷᠭᠦᠴᠡᠬᠦ ᠠᠵᠢᠯ᠎ᠤᠨ ᠤᠳᠤᠷᠢᠳᠬᠤ ᠪᠠᠶ᠋ᠢᠭᠤᠯᠤᠮᠵᠢ ᠪᠠᠶ᠋ᠢᠭᠤᠯᠵᠤ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠡᠷᠡᠭᠴᠡᠭᠡ᠎ᠪᠠᠨ ᠦᠨᠳᠦᠰᠦᠯᠡᠨ ᠰᠦᠷᠳᠡᠭᠦᠯᠬᠦ ᠦᠵᠡᠯ᠎ᠢ ᠡᠰᠡᠷᠭᠦᠴᠡᠬᠦ ᠠᠵᠢᠯ᠎ᠤᠨ ᠤᠳᠤᠷᠢᠳᠬᠤ ᠪᠠᠶ᠋ᠢᠭᠤᠯᠤᠮᠵᠢ ᠪᠠᠶ᠋ᠢᠭᠤᠯᠵᠤ᠂ ᠳᠡᠭᠡᠳᠦ ᠱᠠᠲᠤᠨ᠎ᠤ ᠰᠦᠷᠳᠡᠭᠦᠯᠬᠦ ᠦᠵᠡᠯ᠎ᠢ ᠡᠰᠡᠷᠭᠦᠴᠡᠬᠦ ᠠᠵᠢᠯ᠎ᠤᠨ ᠤᠳᠤᠷᠢᠳᠬᠤ ᠪᠠᠶ᠋ᠢᠭᠤᠯᠤᠮᠵᠢ ᠵᠢᠨ ᠤᠳᠤᠷᠢᠳᠤᠯᠭ᠎ᠠ ᠪᠠ ᠵᠢᠯᠤᠭᠤᠳᠤᠯᠭ᠎ᠠ ᠵᠢᠨ ᠳᠣᠣᠷ᠎ᠠ᠂ ᠲᠤᠰ ᠭᠠᠵᠠᠷ ᠣᠷᠣᠨ᠎ᠤ᠎ᠪᠠᠨ ᠰᠦᠷᠳᠡᠭᠦᠯᠬᠦ ᠦᠵᠡᠯ᠎ᠢ ᠡᠰᠡᠷᠭᠦᠴᠡᠬᠦ ᠠᠵᠢᠯ᠎ᠢ ᠬᠠᠷᠢᠭᠤᠴᠠᠨ᠎ᠠ᠃
ᠠᠵᠢᠯ᠎ᠤᠨ ᠬᠤᠪᠢᠶᠠᠷᠢᠯᠠᠯ᠎ᠢ ᠦᠨᠳᠦᠰᠦᠯᠡᠨ᠂ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠬᠡᠷᠡᠭᠵᠢᠭᠦᠯᠵᠦ᠂ ᠰᠦᠷᠳᠡᠭᠦᠯᠬᠦ ᠦᠵᠡᠯ᠎ᠢ ᠡᠰᠡᠷᠭᠦᠴᠡᠬᠦ ᠠᠵᠢᠯ᠎ᠢ ᠬᠠᠤᠯᠢ ᠶᠣᠰᠣᠭ᠋ᠠᠷ ᠰᠠᠶ᠋ᠢᠲᠤᠷ ᠬᠢᠨ᠎ᠠ᠃ ᠭᠤᠤᠯᠳᠠᠭᠤ ᠲᠤᠤᠷᠠᠬᠢ ᠪᠠᠢ᠌ᠭᠤᠯᠤᠮᠵᠢ᠎ᠤᠳ ᠪᠤᠢ᠄ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠂ ᠤᠯᠤᠰ᠎ᠤᠨ ᠠᠮᠤᠷ ᠲᠦᠪᠰᠢᠨ᠎ᠤ ᠪᠠᠶ᠋ᠢᠭᠤᠯᠭ᠎ᠠ ᠪᠠ ᠠᠷᠠᠳ᠎ᠤᠨ ᠪᠠᠶ᠋ᠢᠴᠠᠭ᠋ᠠᠬᠤ ᠬᠣᠷᠢᠶ᠎ᠠ᠂ ᠠᠷᠠᠳ᠎ᠤᠨ ᠰᠢᠭᠦᠬᠦ ᠬᠣᠷᠢᠶ᠎ᠠ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠴᠢ ᠪᠤᠰᠤᠳ ᠬᠣᠯᠪᠣᠭᠳᠠᠯ ᠪᠥᠬᠥᠶ ᠲᠥᠷᠥ ᠵᠢᠨ ᠪᠠᠶ᠋ᠢᠭᠤᠯᠭ᠎ᠠ
ᠰᠦᠷᠳᠡᠭᠦᠯᠬᠦ ᠠᠵᠢᠯᠯᠠᠭ᠎ᠠ ᠵᠢ ᠰᠡᠷᠭᠡᠶ᠋ᠢᠯᠡᠬᠦ ᠪᠠ ᠰᠢᠢ᠍ᠳᠪᠤᠷᠢᠯᠡᠬᠦ
ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ ᠴᠡᠷᠢᠭ᠂ ᠳᠤᠮᠳᠠᠳᠤ ᠤᠯᠤᠰ᠎ᠤᠨ ᠠᠷᠠᠳ᠎ᠤᠨ ᠵᠡᠪᠰᠡᠭᠲᠦ ᠴᠠᠭᠳᠠᠭ᠎ᠠ᠂ ᠡᠷᠦᠬᠡ ᠵᠢᠨ ᠴᠡᠷᠢᠭ᠎ᠤᠨ ᠵᠤᠬᠢᠶᠠᠨ ᠪᠠᠢ᠌ᠭᠤᠯᠤᠯᠳᠠ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠲᠣᠭᠲᠠᠴᠠ ᠵᠢ ᠪᠠᠶ᠋ᠢᠭᠤᠯᠵᠤ᠂ ᠭᠠᠴᠠᠭ᠋ᠠᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠳᠤ ᠲᠦᠰᠢᠭᠯᠡᠨ ᠲᠡᠳᠡᠨ᠎ᠢ ᠲᠠᠢ᠍ᠢ᠍ᠴᠢᠯᠠᠵᠤ᠂ ᠰᠦᠷᠳᠡᠭᠦᠯᠬᠦ ᠦᠵᠡᠯ᠎ᠢ ᠡᠰᠡᠷᠭᠦᠴᠡᠬᠦ ᠠᠵᠢᠯ᠎ᠢ ᠬᠠᠮᠲᠤ᠎ᠪᠠᠷ ᠥᠷᠨᠢᠭᠦᠯᠬᠦ ᠬᠡᠷᠡᠭᠲᠡᠶ᠃
ᠠᠷᠠᠳ ᠢᠷᠭᠡᠨ᠂ ᠵᠣᠬᠢᠶᠠᠨ ᠪᠠᠶ᠋ᠢᠭᠤᠯᠤᠯᠲᠠ ᠵᠢᠨ ᠡᠷᠬᠡ ᠪᠠ ᠡᠭᠦᠷᠭᠡ᠄
ᠠᠷᠠᠳ ᠢᠷᠭᠡᠨ ᠪᠠ ᠵᠣᠬᠢᠶᠠᠨ ᠪᠠᠶ᠋ᠢᠭᠤᠯᠤᠯᠲᠠ ᠳᠣᠣᠷ᠎ᠠ ᠵᠢᠭᠰᠠᠭ᠋ᠠᠭᠰᠠᠨ ᠡᠷᠬᠡ᠎ᠨᠦᠭᠦᠳ᠎ᠢ ᠡᠳ᠋ᠯᠡᠨ᠎ᠡ᠄
ᠰᠦᠷᠳᠡᠭᠦᠯᠬᠦ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ ᠪᠤᠶᠤ ᠰᠦᠷᠳᠡᠭᠦᠯᠬᠦ ᠠᠵᠢᠯᠯᠠᠭ᠎ᠠ ᠵᠢ ᠰᠡᠷᠭᠡᠶ᠋ᠢᠯᠡᠬᠦ᠂ ᠬᠣᠷᠢᠭᠯᠠᠨ ᠵᠣᠭᠰᠣᠭ᠋ᠠᠬᠤ᠎ᠳᠤ ᠬᠠᠮᠵᠢᠨ ᠳᠤᠪᠤᠢ᠍ᠢ᠍ᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠥᠮᠦᠨ ᠵᠢᠴᠢ ᠰᠦᠷᠳᠡᠭᠦᠯᠬᠦ ᠦᠵᠡᠯ᠎ᠢ ᠡᠰᠡᠷᠭᠦᠴᠡᠬᠦ ᠠᠵᠢᠯ᠎ᠤᠨ ᠳᠤᠮᠳᠠ ᠪᠤᠰᠤᠳ ᠳᠤᠪᠤᠢ᠍ᠢ᠍ᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠥᠮᠦᠨ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠠᠶ᠋ᠢᠰᠢᠶᠠᠨ ᠬᠥᠬᠢᠭᠦᠯᠦᠨ᠎ᠡ᠃
ᠰᠦᠷᠳᠡᠭᠦᠯᠬᠦ ᠦᠵᠡᠯ᠎ᠢ ᠡᠰᠡᠷᠭᠦᠴᠡᠬᠦ ᠠᠵᠢᠯ᠎ᠢ ᠥᠷᠨᠢᠭᠦᠯᠦᠭᠰᠡᠨ᠎ᠠᠴᠠ ᠪᠤᠯᠵᠤ ᠬᠣᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ᠎ᠲᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠬᠠᠤᠯᠢ ᠶᠣᠰᠣᠭ᠋ᠠᠷ ᠲᠥᠯᠥᠪᠦᠷᠢ᠂ ᠨᠥᠬᠥᠪᠥᠷᠢ ᠥᠭᠬᠦ ᠬᠡᠷᠡᠭᠲᠡᠢ᠃ ᠬᠣᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠬᠠᠤᠯᠢ ᠶᠣᠰᠣᠭ᠋ᠠᠷ ᠲᠥᠯᠥᠪᠦᠷᠢ᠂ ᠨᠥᠬᠥᠪᠥᠷᠢ ᠠᠪᠬᠤ᠎ᠪᠠᠷ ᠭᠤᠶᠤᠴᠢᠯᠠᠬᠤ ᠡᠷᠬᠡ᠎ᠲᠠᠢ᠃
ᠠᠷᠠᠳ ᠢᠷᠭᠡᠨ ᠪᠠ ᠵᠣᠬᠢᠶᠠᠨ ᠪᠠᠶ᠋ᠢᠭᠤᠯᠤᠯᠲᠠ ᠳᠣᠣᠷ᠎ᠠ ᠵᠢᠭᠰᠠᠭ᠋ᠠᠭᠰᠠᠨ ᠡᠭᠦᠷᠭᠡ᠎ᠨᠦᠭᠦᠳ᠎ᠢ ᠭᠦᠢ᠍ᠴᠡᠳᠬᠡᠬᠦ ᠬᠡᠷᠡᠭᠲᠡᠶ᠄
ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠬᠠᠮᠵᠢᠨ ᠬᠠᠮᠵᠢᠯᠴᠠᠵᠤ ᠪᠠᠶ᠋ᠢᠭ᠋ᠠᠳ ᠰᠦᠷᠳᠡᠭᠦᠯᠬᠦ ᠦᠵᠡᠯ᠎ᠢ ᠡᠰᠡᠷᠭᠦᠴᠡᠬᠦ ᠠᠵᠢᠯ᠎ᠢ ᠥᠷᠨᠢᠭᠦᠯᠦᠨ᠎ᠡ᠃
ᠰᠦᠷᠳᠡᠭᠦᠯᠬᠦ ᠠᠵᠢᠯᠯᠠᠭ᠎ᠠ ᠵᠢᠨ ᠰᠡᠵᠢᠭᠯᠡᠯᠲᠡᠶ ᠬᠥᠮᠦᠨ ᠪᠤᠶᠤ ᠰᠦᠷᠳᠡᠭᠦᠯᠬᠦ ᠠᠵᠢᠯᠯᠠᠭ᠎ᠠ ᠵᠢᠨ ᠰᠡᠵᠢᠭᠯᠡᠯᠲᠡᠶ ᠬᠥᠮᠦᠨ᠎ᠢ ᠣᠯᠵᠤ ᠮᠡᠳᠡᠪᠡᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠪᠤᠶᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃
ᠬᠡᠲᠦᠷᠡᠮᠡᠬᠡᠢ ᠦᠵᠡᠯ᠎ᠢ ᠤᠬᠠᠭᠤᠯᠤᠭᠰᠠᠨ ᠡᠳ᠋ ᠪᠣᠳᠠᠰ᠂ ᠮᠠᠲ᠋ᠧᠷᠢᠶᠠᠯ᠂ ᠮᠡᠳᠡᠭᠡ ᠵᠠᠩᠭᠢ ᠵᠢ ᠣᠯᠵᠤ ᠮᠡᠳᠡᠪᠡᠯ᠂ ᠲᠡᠷᠡ ᠳᠠᠷᠤᠢ᠎ᠳᠤ᠎ᠨᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠮᠡᠳᠡᠭᠦᠯᠬᠦ ᠬᠡᠷᠡᠭᠲᠡᠢ᠃
ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠰᠦᠷᠳᠡᠭᠦᠯᠬᠦ ᠠᠵᠢᠯᠯᠠᠭ᠎ᠠ ᠵᠢᠨ ᠰᠡᠵᠢᠭᠯᠡᠯᠲᠡᠢ ᠵᠦᠢ᠍ᠯ᠎ᠢ ᠪᠠᠶ᠋ᠢᠴᠠᠭ᠋ᠠᠬᠤ᠎ᠳᠠᠭᠠᠨ ᠬᠣᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ᠎ᠠᠴᠠ ᠬᠣᠯᠪᠣᠭᠳᠠᠯ ᠪᠦᠬᠦᠢ ᠮᠡᠳᠡᠭᠡ ᠵᠠᠩᠭᠢ ᠪᠠ ᠮᠠᠲ᠋ᠧᠷᠢᠶᠠᠯ᠎ᠢ ᠴᠤᠭᠯᠠᠭᠤᠯᠬᠤ᠂ ᠰᠢᠯᠵᠢᠭᠦᠯᠦᠨ ᠠᠪᠬᠤ ᠡᠷᠬᠡ᠎ᠲᠠᠢ᠃ ᠬᠣᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠦᠨᠡᠨ ᠮᠥᠨ ᠵᠶ᠋ᠠᠷ᠎ᠨᠢ ᠬᠠᠩᠭ᠋ᠠᠵᠤ ᠥᠭᠬᠦ ᠬᠡᠷᠡᠭᠲᠡᠶ᠃
ᠬᠤᠳᠠᠯ ᠬᠠᠭᠤᠷᠮᠠᠭ ᠰᠦᠷᠳᠡᠭᠦᠯᠦᠯ᠎ᠤᠨ ᠬᠡᠷᠡᠭ᠎ᠤᠨ ᠮᠡᠳᠡᠭᠡ ᠵᠠᠩᠭᠢ ᠵᠢ ᠵᠣᠬᠢᠶᠠᠨ ᠲᠠᠷᠬᠠᠭ᠋ᠠᠵᠤ ᠪᠣᠯᠬᠤ ᠦᠭᠡᠶ᠃
ᠰᠦᠷᠳᠡᠭᠦᠯᠦᠯ᠎ᠤᠨ ᠠᠵᠢᠯᠯᠠᠭ᠎ᠠ ᠵᠢ ᠲᠠᠭᠤᠷᠢᠶᠠᠵᠤ ᠮᠡᠳᠡᠬᠦ ᠬᠡᠷᠡᠭᠵᠢᠭᠦᠯᠬᠦ ᠨᠠᠷᠢᠨ ᠵᠦᠢ᠍ᠯᠡᠰ᠎ᠢ ᠮᠡᠳᠡᠭᠡᠯᠡᠵᠦ᠂ ᠤᠯᠠᠮᠵᠢᠯᠠᠨ ᠲᠠᠷᠬᠠᠭ᠋ᠠᠵᠤ ᠪᠣᠯᠬᠤ ᠦᠭᠡᠢ᠃
ᠰᠦᠷᠳᠡᠭᠦᠯᠦᠯ᠎ᠤᠨ ᠬᠡᠷᠡᠭ᠎ᠤᠨ ᠳᠤᠮᠳᠠᠬᠢ ᠬᠠᠷᠭᠢᠰ ᠬᠡᠷᠴᠡᠭᠡᠶ᠂ ᠬᠥᠮᠥᠨᠯᠢᠭ ᠪᠤᠰᠤ ᠪᠠᠶ᠋ᠢᠳᠠᠯ᠎ᠢ ᠨᠡᠶ᠋ᠢᠲᠡᠯᠡᠵᠦ ᠪᠣᠯᠬᠤ ᠦᠭᠡᠢ᠃
ᠰᠦᠷᠳᠡᠭᠦᠯᠦᠯ᠎ᠤᠨ ᠬᠡᠷᠡᠭ᠎ᠢ ᠠᠷᠭ᠋ᠠᠴᠠᠨ ᠰᠢᠢ᠍ᠳᠪᠦᠷᠢᠯᠡᠬᠦ ᠶᠠᠪᠤᠴᠠ᠎ᠳᠤ᠂ ᠰᠣᠨᠢᠨ ᠮᠡᠳᠡᠭᠡᠨ᠎ᠤ ᠵᠠᠭᠤᠴᠢᠯᠠᠭᠤᠷ ᠮᠡᠳᠡᠭᠡ ᠵᠠᠩᠭᠢ ᠨᠡᠶ᠋ᠢᠲᠡᠯᠡᠬᠦ ᠵᠢ ᠬᠠᠷᠢᠭᠤᠴᠠᠵᠤ ᠪᠠᠶ᠋ᠢᠭ᠎ᠠ ᠰᠦᠷᠳᠡᠭᠦᠯᠬᠦ ᠦᠵᠡᠯ᠎ᠢ ᠡᠰᠡᠷᠭᠦᠴᠡᠬᠦ ᠠᠵᠢᠯ᠎ᠤᠨ ᠤᠳᠤᠷᠢᠳᠬᠤ ᠪᠠᠶ᠋ᠢᠭᠤᠯᠤᠮᠵᠢ᠎ᠪᠠᠷ ᠵᠥᠪᠰᠢᠶᠡᠷᠡᠭᠦᠯᠦᠭᠰᠡᠨᠢ ᠭᠠᠷᠭ᠋ᠠᠪᠠᠯ᠂ ᠲᠤᠬᠠᠢ ᠵᠢᠨ ᠲᠠᠯᠠᠪᠤᠷ᠎ᠤᠨ ᠠᠷᠭ᠋ᠠᠴᠠᠨ ᠰᠢᠢ᠍ᠳᠪᠦᠷᠢᠯᠡᠬᠦ ᠠᠵᠢᠯᠳᠠᠨ᠂ ᠪᠠᠷᠢᠴᠠᠭ᠋ᠠᠨ᠎ᠤ ᠬᠥᠮᠦᠨ᠎ᠤ ᠪᠡᠶ᠎ᠡ ᠬᠡᠮ᠎ᠤᠨ ᠮᠡᠳᠡᠭᠡ ᠵᠠᠩᠭᠢ ᠪᠠ ᠠᠷᠭ᠋ᠠᠴᠠᠨ ᠰᠢᠢ᠍ᠳᠪᠦᠷᠢᠯᠡᠬᠦ ᠠᠵᠢᠯᠯᠠᠭ᠎ᠠ ᠵᠢᠨ ᠪᠠᠶ᠋ᠢᠳᠠᠯ᠎ᠢ ᠮᠡᠳᠡᠭᠡᠯᠡᠵᠦ᠂ ᠤᠯᠠᠮᠵᠢᠯᠠᠨ ᠲᠠᠷᠬᠠᠭ᠋ᠠᠵᠤ ᠪᠣᠯᠬᠤ ᠦᠭᠡᠢ᠃