ᠤᠯᠤᠰ᠎ᠤᠨ ᠠᠮᠤᠷ ᠲᠦᠪᠰᠢᠨ ᠭᠡᠳᠡᠭ ᠪᠣᠯ ᠲᠦᠷᠦ ᠵᠢᠨ ᠵᠠᠰᠠᠭ᠎ᠤᠨ ᠡᠷᠬᠡ᠂ ᠡᠷᠬᠡ ᠮᠡᠳᠡᠯ᠂ ᠨᠢᠭᠡᠳᠦᠯ ᠪᠠ ᠨᠤᠲᠤᠭ ᠳᠡᠪᠢᠰᠬᠡᠷ᠎ᠤᠨ ᠪᠦᠷᠢᠨ ᠪᠦᠲᠦᠨ᠂ ᠠᠷᠠᠳ ᠲᠦᠮᠡᠨ᠎ᠤ ᠠᠵᠠ ᠵᠢᠷᠭ᠋ᠠᠯ᠂ ᠠᠵᠤ ᠠᠬᠤᠶ ᠨᠡᠶ᠋ᠢᠭᠡᠮ᠎ᠤᠨ ᠦᠷᠭᠦᠯᠵᠢᠯᠡᠬᠦ ᠬᠥᠭᠵᠢᠯᠲᠡ ᠪᠠ ᠤᠯᠤᠰ᠎ᠤᠨ ᠪᠤᠰᠤᠳ ᠴᠢᠬᠤᠯᠠ ᠶᠡᠬᠡ ᠠᠰᠢᠭ ᠲᠤᠰᠠ ᠬᠠᠷᠢᠴᠠᠩᠭᠤᠶ᠎ᠪᠠᠷ ᠠᠶᠤᠯ ᠲᠦᠭᠰᠢᠭᠦᠷᠢ ᠦᠭᠡᠢ ᠪᠠ ᠳᠣᠲᠣᠭ᠋ᠠᠳᠤ ᠭᠠᠳᠠᠭ᠋ᠠᠳᠤ ᠵᠢᠨ ᠰᠦᠷᠳᠡᠭᠦᠯᠦᠯ᠎ᠳᠤ ᠤᠴᠠᠷᠠᠬᠤ ᠦᠭᠡᠢ ᠪᠠᠶ᠋ᠢᠳᠠᠯ᠎ᠳᠤ ᠣᠷᠣᠰᠢᠵᠤ ᠪᠠᠶ᠋ᠢᠬᠤ ᠵᠢᠴᠢ ᠦᠷᠭᠦᠯᠵᠢᠯᠡᠭᠰᠡᠨ ᠠᠮᠤᠷ ᠲᠦᠪᠰᠢᠨ᠎ᠤ ᠪᠠᠶ᠋ᠢᠳᠠᠯ᠎ᠢ ᠪᠠᠲᠤᠯᠠᠬᠤ ᠴᠢᠳᠠᠪᠤᠷᠢ ᠵᠢ ᠵᠢᠭ᠋ᠠᠵᠤ ᠪᠠᠶ᠋ᠢᠨ᠎ᠠ᠃
ᠤᠯᠤᠰ᠎ᠤᠨ ᠠᠮᠤᠷ ᠲᠦᠪᠰᠢᠨ᠎ᠤ ᠠᠵᠢᠯ᠎ᠳᠤ ᠤᠯᠤᠰ᠎ᠤᠨ ᠠᠮᠤᠷ ᠲᠦᠪᠰᠢᠨ᠎ᠤ ᠶᠡᠷᠦᠩᠬᠡᠶ ᠴᠣᠭᠴᠠ ᠵᠢᠨ ᠦᠵᠡᠯᠲᠡ ᠵᠢ ᠪᠠᠷᠢᠮᠲᠠᠯᠠᠵᠤ᠂ ᠠᠷᠠᠳ ᠲᠦᠮᠡᠨ᠎ᠤ ᠠᠮᠤᠷ ᠲᠦᠪᠰᠢᠨ ᠵᠶ᠋ᠠᠷ ᠵᠣᠷᠢᠯᠲᠠ ᠪᠣᠯᠭ᠋ᠠᠨ᠂ ᠤᠯᠤᠰ ᠲᠦᠷᠦ ᠵᠢᠨ ᠠᠮᠤᠷ ᠲᠦᠪᠰᠢᠨ ᠵᠶ᠋ᠠᠷ ᠦᠨᠳᠦᠰᠦ ᠪᠣᠯᠭ᠋ᠠᠵᠤ᠂ ᠠᠵᠤ ᠠᠬᠤᠶ ᠵᠢᠨ ᠠᠮᠤᠷ ᠲᠦᠪᠰᠢᠨ ᠵᠶ᠋ᠠᠷ ᠰᠠᠭᠤᠷᠢ ᠪᠣᠯᠭ᠋ᠠᠵᠤ᠂ ᠴᠡᠷᠢᠭ᠎ᠤᠨ ᠶᠠᠪᠤᠳᠠᠯ᠂ ᠰᠣᠶᠣᠯ᠂ ᠨᠡᠶ᠋ᠢᠭᠡᠮ᠎ᠤᠨ ᠠᠮᠤᠷ ᠲᠦᠪᠰᠢᠨ ᠵᠶ᠋ᠠᠷ ᠪᠠᠲᠤᠯᠠᠭ᠎ᠠ ᠪᠣᠯᠭ᠋ᠠᠵᠤ᠂ ᠤᠯᠠᠨ ᠤᠯᠤᠰ᠎ᠤᠨ ᠠᠮᠤᠷ ᠲᠦᠪᠰᠢᠨ᠎ᠢ ᠠᠬᠢᠭᠤᠯᠬᠤ᠎ᠪᠠᠷ ᠲᠦᠰᠢᠭ ᠪᠣᠯᠭ᠋ᠠᠵᠤ᠂ ᠡᠯ᠎ᠡ ᠬᠦᠷᠢᠶᠡᠨ᠎ᠳᠠᠬᠢ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠨ᠂ ᠤᠯᠤᠰ᠎ᠤᠨ ᠠᠮᠤᠷ ᠲᠦᠪᠰᠢᠨ᠎ᠤ ᠰᠢᠰᠲ᠋ᠧᠮ᠎ᠢ ᠪᠠᠶ᠋ᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠤᠯᠤᠰ᠎ᠤᠨ ᠠᠮᠤᠷ ᠲᠦᠪᠰᠢᠨ᠎ᠤ ᠵᠠᠮ ᠵᠶ᠋ᠠᠷ ᠵᠠᠮᠨᠠᠬᠤ ᠬᠡᠷᠡᠭᠲᠡᠶ᠃
ᠵᠢᠯ ᠪᠦᠷᠢ ᠵᠢᠨ 4 ᠰᠠᠷ᠎ᠠ ᠵᠢᠨ 15᠎ᠤ ᠡᠳᠦᠷ᠎ᠢ ᠪᠦᠬᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠦᠮᠦᠵᠢᠯ᠎ᠤᠨ ᠡᠳᠦᠷ ᠭᠡᠵᠦ ᠲᠤᠭᠳᠠᠭ᠋ᠠᠪᠠ᠃
2015 ᠣᠨ᠎ᠤ 7 ᠰᠠᠷ᠎ᠠ ᠵᠢᠨ 1᠎ᠤ ᠡᠳᠦᠷ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠨ ᠲᠠᠪᠤᠳᠤᠭ᠋ᠠᠷ ᠬᠤᠷᠠᠯᠳᠤᠭ᠋ᠠᠨ᠎ᠠᠴᠠ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠠᠮᠤᠷ ᠲᠦᠪᠰᠢᠨ᠎ᠤ ᠬᠠᠤᠯᠢ》 ᠵᠢ ᠪᠠᠳᠤᠯᠠᠪᠠ᠃ ᠡᠭᠦᠨ᠎ᠳᠤ᠂ ᠵᠢᠯ ᠪᠦᠷᠢ ᠵᠢᠨ 4 ᠰᠠᠷ᠎ᠠ ᠵᠢᠨ 15᠎ᠤ ᠡᠳᠦᠷ᠎ᠢ ᠪᠥᠬᠥ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ ᠭᠡᠵᠦ ᠲᠤᠭᠳᠠᠭ᠋ᠠᠪᠠ᠃ ᠤᠯᠤᠰ᠎ᠤᠨ ᠠᠮᠤᠷ ᠲᠦᠪᠰᠢᠨ᠎ᠤ ᠠᠭᠤᠯᠤᠭᠳᠠᠬᠤᠨ᠎ᠨᠢ ᠶᠠᠭᠤ ᠪᠤᠢ? ᠠᠷᠠᠳ ᠨᠡᠶ᠋ᠢᠲᠡ ᠵᠢᠨ ᠪᠠ ᠵᠣᠬᠢᠶᠠᠨ ᠪᠠᠶ᠋ᠢᠭᠤᠯᠤᠯᠲᠠ᠎ᠳᠤ ᠶᠠᠮᠠᠷ ᠶᠠᠮᠠᠷ ᠡᠷᠬᠡ ᠪᠠ ᠡᠭᠦᠷᠭᠡ᠎ᠲᠠᠢ ᠪᠤᠢ? ᠬᠠᠮᠲᠤ᠎ᠪᠠᠷ ᠦᠵᠡᠶ᠎ᠡ᠃
ᠤᠯᠤᠰ᠎ᠤᠨ ᠠᠮᠤᠷ ᠲᠦᠪᠰᠢᠨ᠎ᠤ ᠠᠭᠤᠯᠤᠭᠳᠠᠬᠤᠨ᠄
ᠤᠯᠤᠰ᠎ᠤᠨ ᠠᠮᠤᠷ ᠲᠦᠪᠰᠢᠨ ᠭᠡᠳᠡᠭ ᠪᠣᠯ ᠲᠦᠷᠦ ᠵᠢᠨ ᠵᠠᠰᠠᠭ᠎ᠤᠨ ᠡᠷᠬᠡ᠂ ᠡᠷᠬᠡ ᠮᠡᠳᠡᠯ᠂ ᠨᠢᠭᠡᠳᠦᠯ ᠪᠠ ᠨᠤᠲᠤᠭ ᠳᠡᠪᠢᠰᠬᠡᠷ᠎ᠤᠨ ᠪᠦᠷᠢᠨ ᠪᠦᠲᠦᠨ᠂ ᠠᠷᠠᠳ ᠲᠦᠮᠡᠨ᠎ᠤ ᠠᠵᠠ ᠵᠢᠷᠭ᠋ᠠᠯ᠂ ᠠᠵᠤ ᠠᠬᠤᠶ ᠨᠡᠶ᠋ᠢᠭᠡᠮ᠎ᠤᠨ ᠦᠷᠭᠦᠯᠵᠢᠯᠡᠬᠦ ᠬᠥᠭᠵᠢᠯᠲᠡ ᠪᠠ ᠤᠯᠤᠰ᠎ᠤᠨ ᠪᠤᠰᠤᠳ ᠴᠢᠬᠤᠯᠠ ᠶᠡᠬᠡ ᠠᠰᠢᠭ ᠲᠤᠰᠠ ᠬᠠᠷᠢᠴᠠᠩᠭᠤᠶ᠎ᠪᠠᠷ ᠠᠶᠤᠯ ᠲᠦᠭᠰᠢᠭᠦᠷᠢ ᠦᠭᠡᠢ ᠪᠠ ᠳᠣᠲᠣᠭ᠋ᠠᠳᠤ ᠭᠠᠳᠠᠭ᠋ᠠᠳᠤ ᠵᠢᠨ ᠰᠦᠷᠳᠡᠭᠦᠯᠦᠯ᠎ᠳᠤ ᠤᠴᠠᠷᠠᠬᠤ ᠦᠭᠡᠢ ᠪᠠᠶ᠋ᠢᠳᠠᠯ᠎ᠳᠤ ᠣᠷᠣᠰᠢᠵᠤ ᠪᠠᠶ᠋ᠢᠬᠤ ᠵᠢᠴᠢ ᠦᠷᠭᠦᠯᠵᠢᠯᠡᠭᠰᠡᠨ ᠠᠮᠤᠷ ᠲᠦᠪᠰᠢᠨ᠎ᠤ ᠪᠠᠶ᠋ᠢᠳᠠᠯ᠎ᠢ ᠪᠠᠲᠤᠯᠠᠬᠤ ᠴᠢᠳᠠᠪᠤᠷᠢ ᠵᠢ ᠵᠢᠭ᠋ᠠᠵᠤ ᠪᠠᠶ᠋ᠢᠨ᠎ᠠ᠃
ᠤᠯᠤᠰ᠎ᠤᠨ ᠠᠮᠤᠷ ᠲᠦᠪᠰᠢᠨ᠎ᠤ 11 ᠦᠨᠳᠦᠰᠦᠨ ᠠᠭᠤᠯᠭ᠎ᠠ᠎ᠨᠢ᠄ ᠤᠯᠤᠰ ᠲᠥᠷᠥ ᠵᠢᠨ ᠠᠮᠤᠷ ᠲᠦᠪᠰᠢᠨ᠂ ᠤᠯᠤᠰ᠎ᠤᠨ ᠨᠤᠲᠤᠭ ᠳᠡᠪᠢᠰᠬᠡᠷ᠎ᠤᠨ ᠠᠮᠤᠷ ᠲᠦᠪᠰᠢᠨ᠂ ᠴᠡᠷᠢᠭ᠎ᠤᠨ ᠶᠠᠪᠤᠳᠠᠯ᠎ᠤᠨ ᠠᠮᠤᠷ ᠲᠦᠪᠰᠢᠨ᠂ ᠠᠵᠤ ᠠᠬᠤᠶ ᠵᠢᠨ ᠠᠮᠤᠷ ᠲᠦᠪᠰᠢᠨ᠂ ᠰᠣᠶᠣᠯ᠎ᠤᠨ ᠠᠮᠤᠷ ᠲᠦᠪᠰᠢᠨ᠂ ᠨᠡᠶ᠋ᠢᠭᠡᠮ᠎ᠤᠨ ᠠᠮᠤᠷ ᠲᠦᠪᠰᠢᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠮᠤᠷ ᠲᠦᠪᠰᠢᠨ᠂ ᠮᠡᠳᠡᠭᠡ ᠵᠠᠩᠭᠢ ᠵᠢᠨ ᠠᠮᠤᠷ ᠲᠦᠪᠰᠢᠨ᠂ ᠠᠮᠢ ᠠᠬᠤᠶ ᠵᠢᠨ ᠠᠮᠤᠷ ᠲᠦᠪᠰᠢᠨ᠂ ᠡᠬᠢ ᠪᠠᠶᠠᠯᠢᠭ᠎ᠤᠨ ᠠᠮᠤᠷ ᠲᠦᠪᠰᠢᠨ᠂ ᠴᠥᠮ᠎ᠡ ᠵᠢᠨ ᠠᠮᠤᠷ ᠲᠦᠪᠰᠢᠨ ᠪᠣᠯᠤᠨ᠎ᠠ᠃
ᠤᠯᠤᠰ᠎ᠤᠨ ᠠᠮᠤᠷ ᠲᠦᠪᠰᠢᠨ᠎ᠤ ᠠᠵᠢᠯ᠎ᠳᠤ ᠤᠯᠤᠰ᠎ᠤᠨ ᠠᠮᠤᠷ ᠲᠦᠪᠰᠢᠨ᠎ᠤ ᠶᠡᠷᠦᠩᠬᠡᠶ ᠴᠣᠭᠴᠠ ᠵᠢᠨ ᠦᠵᠡᠯᠲᠡ ᠵᠢ ᠪᠠᠷᠢᠮᠲᠠᠯᠠᠬᠤ ᠬᠡᠷᠡᠭᠲᠡᠶ᠄
ᠠᠷᠠᠳ ᠲᠦᠮᠡᠨ᠎ᠤ ᠠᠮᠤᠷ ᠲᠦᠪᠰᠢᠨ ᠵᠶ᠋ᠠᠷ ᠵᠣᠷᠢᠯᠲᠠ ᠪᠣᠯᠭ᠋ᠠᠵᠤ᠂
ᠤᠯᠤᠰ ᠲᠥᠷᠥ ᠵᠢᠨ ᠠᠮᠤᠷ ᠲᠦᠪᠰᠢᠨ ᠵᠶ᠋ᠠᠷ ᠦᠨᠳᠦᠰᠦ ᠪᠣᠯᠭ᠋ᠠᠵᠤ᠂
ᠠᠵᠤ ᠠᠬᠤᠶ ᠵᠢᠨ ᠠᠮᠤᠷ ᠲᠦᠪᠰᠢᠨ ᠵᠶ᠋ᠠᠷ ᠰᠠᠭᠤᠷᠢ ᠪᠣᠯᠭ᠋ᠠᠵᠤ᠂
ᠴᠡᠷᠢᠭ᠎ᠤᠨ ᠶᠠᠪᠤᠳᠠᠯ᠂ ᠰᠣᠶᠣᠯ᠂ ᠨᠡᠶ᠋ᠢᠭᠡᠮ᠎ᠤᠨ ᠠᠮᠤᠷ ᠲᠦᠪᠰᠢᠨ ᠵᠶ᠋ᠠᠷ ᠪᠠᠲᠤᠯᠠᠭ᠎ᠠ ᠪᠣᠯᠭ᠋ᠠᠵᠤ᠂
ᠣᠯᠠᠨ ᠤᠯᠤᠰ᠎ᠤᠨ ᠠᠮᠤᠷ ᠲᠦᠪᠰᠢᠨ᠎ᠢ ᠠᠬᠢᠭᠤᠯᠬᠤ᠎ᠪᠠᠷ ᠲᠦᠰᠢᠭ ᠪᠣᠯᠭ᠋ᠠᠵᠤ᠂
ᠡᠯ᠎ᠡ ᠬᠦᠷᠢᠶᠡᠨ᠎ᠳᠠᠬᠢ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠵᠤ᠂
ᠤᠯᠤᠰ᠎ᠤᠨ ᠠᠮᠤᠷ ᠲᠦᠪᠰᠢᠨ᠎ᠤ ᠰᠢᠰᠲ᠋ᠧᠮ᠎ᠢ ᠪᠠᠶ᠋ᠢᠭᠤᠯᠵᠤ᠂
ᠳᠤᠮᠳᠠᠳᠤ ᠤᠯᠤᠰ᠎ᠤᠨ ᠣᠨᠴᠠᠯᠢᠭ ᠪᠦᠬᠦᠢ ᠤᠯᠤᠰ᠎ᠤᠨ ᠠᠮᠤᠷ ᠲᠦᠪᠰᠢᠨ᠎ᠤ ᠵᠠᠮ ᠵᠶ᠋ᠠᠷ ᠵᠠᠮᠨᠠᠨ᠎ᠠ᠃
ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ᠄
ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠄ ᠳᠠᠶ᠋ᠢᠨ ᠪᠠ ᠡᠩᠬᠡ ᠲᠠᠶ᠋ᠢᠪᠤᠩ᠎ᠤᠨ ᠠᠰᠠᠭᠤᠳᠠᠯ᠎ᠢ ᠲᠣᠭᠲᠠᠭ᠋ᠠᠵᠤ᠂ ᠦᠨᠳᠦᠰᠦᠨ ᠬᠠᠤᠯᠢ᠎ᠳᠤ ᠲᠣᠭᠲᠠᠭ᠋ᠠᠭᠰᠠᠨ ᠤᠯᠤᠰ᠎ᠤᠨ ᠠᠮᠤᠷ ᠲᠦᠪᠰᠢᠨ᠎ᠳᠤ ᠬᠣᠯᠪᠣᠭᠳᠠᠬᠤ ᠪᠤᠰᠤᠳ ᠡᠷᠬᠡ ᠲᠤᠰᠢᠶᠠᠯ᠎ᠢ ᠬᠡᠷᠡᠭᠵᠢᠭᠦᠯᠦᠨ᠎ᠡ᠃
ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠭᠡᠰᠢᠭᠦᠨ᠄ ᠲᠡᠢ᠍ᠢ᠍ᠠ᠎ᠤ ᠪᠠᠶ᠋ᠢᠳᠠᠯ᠎ᠳᠤ ᠣᠷᠣᠬᠤ ᠵᠢ ᠵᠠᠷᠯᠠᠬᠤ ᠵᠢ ᠲᠣᠭᠲᠠᠭ᠋ᠠᠵᠤ᠂ ᠪᠦᠬᠦ ᠤᠯᠤᠰ᠎ᠤᠨ ᠶᠡᠷᠦᠩᠬᠡᠶ ᠲᠡᠢ᠍ᠢ᠍ᠴᠢᠯᠡᠯᠳᠠ ᠪᠤᠶᠤ ᠬᠡᠰᠡᠭ ᠲᠠᠯ᠎ᠠ ᠵᠢᠨ ᠲᠡᠢ᠍ᠢ᠍ᠴᠢᠯᠡᠯᠳᠠ ᠵᠢ ᠲᠣᠭᠲᠠᠭ᠋ᠠᠵᠤ᠂ ᠪᠦᠬᠦ ᠤᠯᠤᠰ᠎ᠤᠨ ᠪᠤᠶᠤ ᠣᠨᠴᠠ ᠵᠠᠷᠢᠮ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠪᠠᠴᠢᠮ ᠪᠠᠶ᠋ᠢᠳᠠᠯ᠎ᠳᠤ ᠣᠷᠣᠬᠤ ᠵᠢ ᠲᠣᠭᠲᠠᠭ᠋ᠠᠵᠤ᠂ ᠦᠨᠳᠦᠰᠦᠨ ᠬᠠᠤᠯᠢ᠎ᠳᠤ ᠲᠣᠭᠲᠠᠭ᠋ᠠᠭᠰᠠᠨ ᠪᠠ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ ᠣᠯᠭᠣᠭᠰᠠᠨ ᠤᠯᠤᠰ ᠣᠷᠣᠨ᠎ᠤ ᠠᠮᠤᠷ ᠲᠦᠪᠰᠢᠨ᠎ᠳᠤ ᠬᠣᠯᠪᠣᠭᠳᠠᠬᠤ ᠪᠤᠰᠤᠳ ᠡᠷᠬᠡ ᠲᠤᠰᠢᠶᠠᠯ᠎ᠢ ᠭᠦᠢ᠍ᠴᠡᠳᠬᠡᠨ᠎ᠡ᠃
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ᠄ ᠪᠠᠴᠢᠮ ᠪᠠᠶ᠋ᠢᠳᠠᠯ᠎ᠳᠤ ᠤᠷᠤᠭᠰᠠᠨ᠎ᠢ ᠵᠠᠷᠯᠠᠵᠤ᠂ ᠲᠠᠢ᠍ᠢ᠍ᠨ᠎ᠤ ᠪᠠᠶ᠋ᠢᠳᠠᠯ᠎ᠳᠤ ᠤᠷᠤᠭᠰᠠᠨ᠎ᠢ ᠵᠠᠷᠯᠠᠵᠤ᠂ ᠲᠠᠢ᠍ᠢ᠍ᠴᠢᠯᠠᠯᠳᠠ ᠵᠢᠨ ᠵᠠᠷᠯᠢᠭ ᠨᠡᠶ᠋ᠢᠲᠡᠯᠡᠵᠦ᠂ ᠦᠨᠳᠦᠰᠦᠨ ᠬᠠᠤᠯᠢ᠎ᠳᠤ ᠲᠣᠭᠲᠠᠭ᠋ᠠᠭᠰᠠᠨ ᠤᠯᠤᠰ᠎ᠤᠨ ᠠᠮᠤᠷ ᠲᠦᠪᠰᠢᠨ᠎ᠳᠤ ᠬᠣᠯᠪᠣᠭᠳᠠᠬᠤ ᠪᠤᠰᠤᠳ ᠡᠷᠬᠡ ᠲᠤᠰᠢᠶᠠᠯ᠎ᠢ ᠭᠦᠢ᠍ᠴᠡᠳᠬᠡᠨ᠎ᠡ᠃
ᠲᠦᠷᠦ ᠵᠢᠨ ᠶᠠᠪᠤᠳᠠᠯ᠎ᠤᠨ ᠬᠣᠷᠢᠶ᠎ᠠ᠄ ᠤᠯᠤᠰ᠎ᠤᠨ ᠠᠮᠤᠷ ᠲᠦᠪᠰᠢᠨ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠢ ᠲᠣᠭᠲᠠᠭ᠋ᠠᠵᠤ᠂ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠬᠣᠯᠪᠣᠭᠳᠠᠯ ᠪᠦᠬᠦᠢ ᠲᠣᠭᠲᠠᠭ᠋ᠠᠯ ᠪᠠ ᠵᠠᠷᠯᠢᠭ᠎ᠢ ᠨᠡᠶ᠋ᠢᠲᠡᠯᠡᠨ᠎ᠡ; ᠤᠯᠤᠰ᠎ᠤᠨ ᠠᠮᠤᠷ ᠲᠦᠪᠰᠢᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢ ᠬᠡᠷᠡᠭᠵᠢᠬᠦᠯᠦᠨ᠎ᠡ; ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠬᠡᠪᠴᠢᠶᠡᠨ᠎ᠳᠠᠬᠢ ᠬᠡᠰᠡᠭ ᠭᠠᠵᠠᠷ ᠣᠷᠣᠨ᠎ᠤ ᠪᠠᠴᠢᠮ ᠪᠠᠶ᠋ᠢᠳᠠᠯ᠎ᠳᠤ ᠣᠷᠣᠬᠤ ᠵᠢ ᠬᠠᠤᠯᠢ ᠵᠢᠨ ᠲᠣᠭᠲᠠᠭ᠋ᠠᠯ ᠶᠣᠰᠣᠭ᠋ᠠᠷ ᠲᠣᠭᠲᠠᠭ᠋ᠠᠨ᠎ᠠ; ᠦᠨᠳᠦᠰᠦᠨ ᠬᠠᠤᠯᠢ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠪᠠ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠢᠴᠢ ᠲᠡᠭᠦᠨ᠎ᠤ ᠪᠠᠶ᠋ᠢᠩᠭᠤ ᠵᠢᠨ ᠬᠣᠷᠢᠶ᠎ᠠ᠎ᠠᠴᠠ ᠣᠯᠭᠣᠭᠰᠠᠨ ᠤᠯᠤᠰ᠎ᠤᠨ ᠠᠮᠤᠷ ᠲᠦᠪᠰᠢᠨ᠎ᠳᠤ ᠬᠣᠯᠪᠣᠭᠳᠠᠬᠤ ᠪᠤᠰᠤᠳ ᠡᠷᠬᠡ ᠲᠤᠰᠢᠶᠠᠯ᠎ᠢ ᠬᠡᠷᠡᠭᠵᠢᠭᠦᠯᠦᠨ᠎ᠡ᠃
ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ᠄ ᠪᠦᠬᠦ ᠤᠯᠤᠰ᠎ᠤᠨ ᠵᠡᠪᠰᠡᠭᠲᠦ ᠬᠦᠴᠦᠨ᠎ᠢ ᠤᠳᠤᠷᠢᠳᠴᠤ᠂ ᠴᠡᠷᠢᠭ᠎ᠤᠨ ᠶᠠᠪᠤᠳᠠᠯ᠎ᠤᠨ ᠪᠠᠶ᠋ᠢᠯᠳᠤᠬᠤ ᠪᠤᠳᠦᠯᠭ᠎ᠠ ᠪᠠ ᠵᠡᠪᠰᠡᠭᠲᠦ ᠬᠦᠴᠦᠨ᠎ᠤ ᠪᠠᠶ᠋ᠢᠯᠳᠤᠬᠤ ᠴᠢᠭᠯᠡᠯᠲᠡ ᠵᠢ ᠲᠣᠭᠲᠠᠭ᠋ᠠᠵᠤ᠂ ᠤᠯᠤᠰ ᠣᠷᠣᠨ᠎ᠤ ᠠᠮᠤᠷ ᠲᠦᠪᠰᠢᠨ᠎ᠢ ᠬᠠᠮᠠᠭ᠋ᠠᠯᠠᠬᠤ ᠴᠡᠷᠢᠭ᠎ᠤᠨ ᠶᠠᠪᠤᠳᠠᠯ᠎ᠤᠨ ᠠᠵᠢᠯᠯᠠᠭ᠎ᠠ ᠵᠢ ᠨᠢᠭᠡᠳᠦᠯᠲᠡᠶ ᠵᠢᠯᠣᠭᠣᠳᠴᠤ᠂ ᠤᠯᠤᠰ ᠣᠷᠣᠨ᠎ᠤ ᠠᠮᠤᠷ ᠲᠦᠪᠰᠢᠨ᠎ᠳᠤ ᠬᠣᠯᠪᠣᠭᠳᠠᠬᠤ ᠴᠡᠷᠢᠭ᠎ᠤᠨ ᠶᠠᠪᠤᠳᠠᠯ᠎ᠤᠨ ᠬᠠᠤᠯᠢ ᠲᠣᠭᠲᠠᠭ᠋ᠠᠯ᠎ᠢ ᠲᠣᠭᠲᠠᠭ᠋ᠠᠵᠤ᠂ ᠬᠣᠯᠪᠣᠭᠳᠠᠯ ᠪᠦᠬᠦᠢ ᠲᠣᠭᠲᠠᠭ᠋ᠠᠯ ᠪᠠ ᠵᠠᠷᠯᠢᠭ᠎ᠢ ᠨᠡᠶ᠋ᠢᠲᠡᠯᠡᠨ᠎ᠡ᠃
ᠲᠥᠪ᠎ᠤᠨ ᠲᠦᠷᠦ ᠵᠢᠨ ᠪᠠᠶ᠋ᠢᠭᠤᠯᠭ᠎ᠠ᠄ ᠡᠯ᠎ᠡ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠤᠯᠤᠰ᠎ᠤᠨ ᠠᠮᠤᠷ ᠲᠦᠪᠰᠢᠨ᠎ᠤ ᠴᠢᠭᠯᠡᠯᠲᠡ ᠲᠦᠷᠦ ᠵᠢᠨ ᠪᠤᠳᠤᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠤᠭᠤᠰᠢᠯᠠᠭᠤᠯᠤᠨ ᠬᠡᠷᠡᠭᠵᠢᠭᠦᠯᠵᠦ᠂ ᠲᠤᠰ ᠰᠢᠰᠲ᠋ᠧᠮ᠂ ᠲᠤᠰ ᠬᠦᠷᠢᠶᠡᠨ᠎ᠳᠠᠬᠢ ᠤᠯᠤᠰ᠎ᠤᠨ ᠠᠮᠤᠷ ᠲᠦᠪᠰᠢᠨ᠎ᠤ ᠠᠵᠢᠯ᠎ᠢ ᠬᠠᠮᠢᠶᠠᠷᠤᠨ ᠵᠢᠯᠣᠭᠣᠳᠤᠨ᠎ᠠ᠃
ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠠ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠄ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ᠎ᠪᠠᠨ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠤᠭᠳᠠᠭ᠋ᠠᠯ ᠵᠢ ᠵᠢᠷᠤᠮᠯᠠᠬᠤ ᠪᠠ ᠬᠦᠢ᠍ᠴᠡᠳᠭᠡᠬᠦ ᠵᠢ ᠪᠠᠳᠤᠯᠠᠨ᠎ᠠ᠃
ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠄ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠠᠵᠢᠯ᠎ᠢ ᠬᠠᠮᠢᠶᠠᠷᠤᠨ᠎ᠠ᠃
ᠰᠢᠶᠠᠩᠭ᠋ᠠᠩ᠎ᠤᠨ ᠵᠠᠰᠠᠭ ᠵᠠᠬᠢᠷᠭ᠋ᠠᠨ᠎ᠤ ᠣᠨᠴᠠᠭ᠋ᠠᠶ ᠣᠷᠣᠨ᠂ ᠣᠣᠮᠧᠨ᠎ᠤ ᠵᠠᠰᠠᠭ ᠵᠠᠬᠢᠷᠭ᠋ᠠᠨ᠎ᠤ ᠣᠨᠴᠠᠭ᠋ᠠᠶ ᠣᠷᠣᠨ᠄ ᠤᠯᠤᠰ ᠣᠷᠣᠨ᠎ᠤ ᠠᠮᠤᠷ ᠲᠦᠪᠰᠢᠨ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠬᠦᠢ᠍ᠴᠡᠳᠭᠡᠬᠦ ᠬᠡᠷᠡᠭᠲᠡᠢ᠃
ᠠᠷᠠᠳ᠎ᠤᠨ ᠰᠢᠭᠦᠬᠦ ᠬᠣᠷᠢᠶ᠎ᠠ᠂ ᠠᠷᠠᠳ᠎ᠤᠨ ᠪᠠᠶ᠋ᠢᠴᠠᠭ᠋ᠠᠬᠤ ᠬᠣᠷᠢᠶ᠎ᠠ᠄ ᠰᠢᠭᠦᠨ ᠲᠠᠰᠤᠯᠬᠤ ᠡᠷᠬᠡ᠂ ᠪᠠᠶ᠋ᠢᠴᠠᠭ᠋ᠠᠬᠤ ᠡᠷᠬᠡ ᠵᠢ ᠬᠡᠷᠡᠭᠵᠢᠭᠦᠯᠵᠦ᠂ ᠤᠯᠤᠰ ᠣᠷᠣᠨ᠎ᠤ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠵᠢ ᠵᠠᠯᠬᠠᠭ᠋ᠠᠨ ᠰᠢᠢ᠍ᠳᠭᠡᠨ᠎ᠡ᠃
ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠪᠠᠶ᠋ᠢᠭᠤᠯᠭ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠄ ᠤᠯᠤᠰ᠎ᠤᠨ ᠠᠮᠤᠷ ᠲᠦᠪᠰᠢᠨ᠎ᠳᠤ ᠬᠣᠯᠪᠣᠭᠳᠠᠬᠤ ᠨᠢᠭᠤᠴᠠ ᠴᠢᠮᠡᠭᠡ ᠮᠡᠳᠡᠭᠡ᠂ ᠮᠡᠳᠡᠭᠡ ᠵᠠᠩᠭᠢ ᠵᠢ ᠬᠠᠤᠯᠢ ᠶᠣᠰᠣᠭ᠋ᠠᠷ ᠴᠤᠭᠯᠠᠭᠤᠯᠵᠤ᠂ ᠲᠤᠷᠰᠢᠨ ᠪᠠᠶ᠋ᠢᠴᠠᠭ᠋ᠠᠬᠤ᠂ ᠲᠦᠷ ᠬᠣᠷᠢᠬᠤ᠂ ᠤᠷᠢᠳᠴᠢᠯᠠᠨ ᠰᠢᠭᠦᠬᠦ ᠪᠠ ᠪᠠᠷᠢᠪᠴᠢᠯᠠᠬᠤ ᠵᠢ ᠭᠦᠢ᠍ᠴᠡᠳᠬᠡᠬᠦ ᠵᠢᠴᠢ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠪᠤᠰᠤᠳ ᠡᠷᠬᠡ ᠲᠤᠰᠢᠶᠠᠯ᠎ᠢ ᠬᠠᠤᠯᠢ ᠶᠣᠰᠣᠭ᠋ᠠᠷ ᠭᠦᠢ᠍ᠴᠡᠳᠬᠡᠨ᠎ᠡ᠃
ᠬᠣᠯᠪᠣᠭᠳᠠᠯ ᠪᠦᠬᠦᠢ ᠴᠡᠷᠢᠭ᠎ᠤᠨ ᠶᠠᠪᠤᠳᠠᠯ᠎ᠤᠨ ᠪᠠᠶ᠋ᠢᠭᠤᠯᠭ᠎ᠠ᠄ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠠᠵᠢᠯ᠎ᠤᠨ ᠳᠤᠮᠳᠠ ᠬᠣᠯᠪᠣᠭᠳᠠᠯ ᠪᠦᠬᠦᠢ ᠡᠷᠬᠡ ᠲᠤᠰᠢᠶᠠᠯ ᠵᠶ᠋ᠠᠨ ᠬᠠᠤᠯᠢ ᠶᠣᠰᠣᠭ᠋ᠠᠷ ᠭᠦᠢ᠍ᠴᠡᠳᠬᠡᠨ᠎ᠡ᠃
ᠲᠤᠢ᠍ᠷᠦ ᠵᠢᠨ ᠪᠠᠶ᠋ᠢᠭᠤᠯᠭ᠎ᠠ ᠵᠢᠴᠢ ᠲᠡᠭᠦᠨ᠎ᠤ ᠠᠵᠢᠯᠳᠡᠠ᠄ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠡᠭᠡᠨ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠵᠠᠷᠴᠢᠮ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠶ᠃