ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
2020 ᠤᠨ᠎ᠤ《4·15》 ᠪᠦᠬᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠦᠮᠦᠵᠢᠯ᠎ᠤᠨ ᠡᠳᠦᠷ— ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠵᠢᠶᠡᠨ᠎ᠤ ᠠᠮᠤᠷ ᠲᠦᠪᠰᠢᠨ᠎ᠤ ᠬᠠᠤᠯᠢ ᠵᠢ ᠤᠢ᠌ᠯᠠᠭ᠋ᠠᠶ᠎ᠠ
ᠨᠡᠶ᠋ᠢᠲᠡᠯᠡᠭᠰᠡᠨ ᠴᠠᠭ᠄ 2021-08-26

    ᠤᠯᠤᠰ᠎ᠠᠴᠠ ᠦᠨᠡᠨᠴᠢ ᠢᠲᠡᠭᠡᠮᠵᠢᠲᠡᠶ᠂ ᠡᠷᠡᠭᠦᠯ ᠪᠣᠯᠪᠠᠰᠤᠨ ᠰᠦᠯᠵᠢᠶᠡᠨ᠎ᠤ ᠠᠵᠢᠯᠯᠠᠭ᠎ᠠ ᠵᠢ ᠰᠠᠨᠠᠭ᠋ᠠᠴᠢᠯᠠᠵᠤ᠂ ᠨᠡᠶ᠋ᠢᠭᠡᠮ ᠵᠢᠷᠤᠮ᠎ᠤᠨ ᠭᠣᠣᠯᠯᠠᠬᠤ ᠦᠷᠳᠡᠭ᠎ᠤᠨ ᠦᠵᠡᠯᠲᠡ ᠵᠢ ᠤᠯᠠᠮᠵᠢᠯᠠᠨ ᠳᠡᠯᠭᠡᠷᠡᠭᠦᠯᠬᠦ ᠵᠢ ᠲᠦᠯᠬᠢᠨ       ᠠᠬᠢᠭᠤᠯᠵᠤ᠂ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠪᠦᠬᠦ ᠨᠡᠶ᠋ᠢᠭᠡᠮ᠎ᠤᠨ ᠰᠦᠯᠵᠢᠶᠡᠨ᠎ᠤ ᠠᠮᠤᠷ ᠲᠦᠪᠰᠢᠨ᠎ᠤ ᠤᠬᠠᠮᠰᠠᠷ ᠪᠠ ᠬᠢᠷᠢ ᠲᠦᠪᠰᠢᠨ᠎ᠢ ᠳᠡᠭᠡᠭᠰᠢᠯᠡᠭᠦᠯᠵᠦ᠂ ᠪᠦᠬᠦ ᠨᠡᠶ᠋ᠢᠭᠡᠮ ᠵᠶ᠋ᠠᠷ ᠵᠶ᠋ᠠᠨ ᠬᠠᠮᠲᠤ᠎ᠪᠠᠷ ᠣᠷᠣᠯᠴᠠᠵᠤ ᠰᠦᠯᠵᠢᠶᠡᠨ᠎ᠤ ᠠᠮᠤᠷ ᠲᠦᠪᠰᠢᠨ᠎ᠢ ᠠᠬᠢᠭᠤᠯᠬᠤ ᠰᠠᠢ᠍ᠢ᠍ᠨ ᠰᠠᠶ᠋ᠢᠬᠠᠨ ᠣᠷᠴᠢᠨ ᠨᠥᠬᠥᠴᠡᠯ᠎ᠢ ᠪᠤᠢ ᠪᠣᠯᠭ᠋ᠠᠨ᠎ᠠ᠃
      ᠤᠯᠤᠰ᠎ᠠᠴᠠ ᠠᠷᠠᠳ ᠢᠷᠭᠡᠨ᠂ ᠬᠠᠤᠯᠢ ᠵᠢᠨ ᠬᠥᠮᠦᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠲᠣᠣᠷ ᠰᠦᠯᠵᠢᠶ᠎ᠡ ᠵᠢ ᠬᠠᠤᠯᠢ ᠶᠣᠰᠣᠭ᠋ᠠᠷ ᠬᠡᠷᠡᠭᠯᠡᠬᠦ ᠡᠷᠬᠡ ᠵᠢ ᠬᠠᠮᠠᠭ᠋ᠠᠯᠠᠵᠤ᠂ ᠲᠣᠣᠷ ᠰᠦᠯᠵᠢᠶ᠎ᠡ ᠵᠢ ᠵᠠᠯᠭ᠋ᠠᠨ ᠣᠷᠣᠭᠤᠯᠵᠤ ᠲᠦᠭᠡᠮᠡᠯᠵᠢᠭᠦᠯᠬᠦ ᠵᠢ ᠠᠬᠢᠭᠤᠯᠵᠤ᠂ ᠲᠣᠣᠷ ᠰᠦᠯᠵᠢᠶᠡᠨ᠎ᠤ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠂ ᠨᠡᠶ᠋ᠢᠭᠡᠮ᠎ᠳᠤ ᠠᠮᠤᠷ ᠲᠦᠪᠰᠢᠨ᠂ ᠳᠥᠭᠥᠮ ᠳᠥᠲᠡ ᠲᠣᠣᠷ ᠰᠦᠯᠵᠢᠶᠡᠨ᠎ᠤ ᠦᠢ᠍ᠯᠡᠴᠢᠯᠡᠭᠡ ᠬᠠᠩᠭ᠋ᠠᠵᠤ᠂ ᠲᠣᠣᠷ ᠰᠦᠯᠵᠢᠶᠡᠨ᠎ᠤ ᠮᠡᠳᠡᠭᠡ ᠵᠠᠩᠭᠢ ᠵᠢᠨ ᠬᠠᠤᠯᠢ ᠶᠣᠰᠣᠭ᠋ᠠᠷ ᠡᠮᠬᠢ ᠵᠢᠷᠤᠮ᠎ᠲᠠᠢ ᠴᠢᠯᠥᠭᠡᠲᠡᠢ ᠰᠢᠯᠵᠢᠬᠦ ᠵᠢ ᠪᠠᠲᠤᠯᠠᠨ᠎ᠠ᠃
      ᠶᠠᠮᠠᠷᠪᠠ ᠬᠤᠪᠢ ᠬᠥᠮᠦᠨ ᠪᠠ ᠵᠣᠬᠢᠶᠠᠨ ᠪᠠᠶ᠋ᠢᠭᠤᠯᠤᠯᠲᠠ ᠰᠦᠯᠵᠢᠶ᠎ᠡ ᠵᠢ ᠬᠡᠷᠡᠭᠯᠡᠬᠦ᠎ᠳᠡᠭᠡᠨ ᠦᠨᠳᠦᠰᠦᠨ ᠬᠠᠤᠯᠢ ᠪᠠ ᠬᠠᠤᠯᠢ ᠴᠠᠭ᠋ᠠᠵᠠ ᠵᠢ ᠵᠢᠷᠤᠮᠯᠠᠨ ᠰᠠᠬᠢᠬᠤ ᠬᠡᠷᠡᠭᠲᠡᠶ᠃ ᠣᠯᠠᠨ ᠨᠡᠶ᠋ᠢᠲᠡ ᠵᠢᠨ ᠡᠮᠬᠢ ᠳᠢᠭᠯᠢᠮ᠎ᠢ ᠵᠢᠷᠤᠮᠯᠠᠵᠤ᠂ ᠨᠡᠶ᠋ᠢᠭᠡᠮ ᠨᠡᠶ᠋ᠢᠲᠡ ᠵᠢᠨ ᠶᠣᠰᠣ ᠮᠣᠷᠠᠯ᠎ᠢ ᠬᠦᠨᠳᠦᠳᠬᠡᠵᠦ᠂ ᠰᠦᠯᠵᠢᠶᠡᠨ᠎ᠤ ᠠᠮᠤᠷ ᠲᠦᠪᠰᠢᠨ᠎ᠢ ᠬᠣᠬᠢᠷᠠᠭᠤᠯᠵᠤ ᠪᠣᠯᠬᠤ ᠦᠭᠡᠶ᠃ ᠰᠦᠯᠵᠢᠶ᠎ᠡ ᠵᠢ ᠠᠰᠢᠭᠯᠠᠨ ᠤᠯᠤᠰ᠎ᠤᠨ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ᠎ᠳᠤ ᠬᠣᠣᠷ ᠬᠥᠨᠥᠭᠡᠯ ᠤᠴᠠᠷᠠᠭᠤᠯᠬᠤ᠂ ᠲᠥᠷᠥ ᠵᠢᠨ ᠡᠷᠬᠡ ᠵᠢ ᠨᠤᠷᠠᠭ᠋ᠠᠵᠤ᠂ ᠨᠡᠶ᠋ᠢᠭᠡᠮ ᠵᠢᠷᠤᠮᠲᠤ ᠪᠠᠶ᠋ᠢᠭᠤᠯᠤᠯ᠎ᠢ ᠳᠥᠯᠭᠢᠨ ᠤᠨᠠᠭ᠋ᠠᠬᠤ᠎ᠪᠠᠷ ᠦᠳᠦᠭᠡᠬᠦ᠂ ᠤᠯᠤᠰ ᠣᠷᠣᠨ᠎ᠢ ᠬᠠᠭ᠋ᠠᠴᠠᠭᠤᠯᠬᠤ᠂ ᠤᠯᠤᠰ ᠣᠷᠣᠨ᠎ᠤ ᠨᠢᠭᠡᠳᠦᠯ᠎ᠢ ᠡᠪᠳᠡᠬᠦ᠂ ᠰᠦᠷᠳᠡᠭᠦᠯᠬᠦ ᠦᠵᠡᠯ᠂ ᠬᠡᠲᠦᠷᠡᠮᠡᠬᠡᠶ ᠦᠵᠡᠯ᠎ᠢ ᠤᠬᠠᠭᠤᠯᠬᠤ᠂ ᠦᠨᠳᠦᠰᠦᠲᠡᠨ᠎ᠤ       ᠬᠣᠷᠣᠰᠤᠯ᠂ ᠦᠨᠳᠦᠰᠦᠲᠡᠨ᠎ᠤ ᠭᠠᠳᠠᠭᠤᠷᠴᠢᠯᠠᠯ᠎ᠢ ᠤᠬᠠᠭᠤᠯᠬᠤ᠂ ᠬᠦᠴᠦᠷᠬᠡᠭᠯᠡᠯ᠂ ᠱᠠᠯᠢᠭ ᠵᠠᠪᠬᠠᠶ ᠮᠡᠳᠡᠭᠡ ᠵᠠᠩᠭᠢ ᠵᠢ ᠤᠯᠠᠮᠵᠢᠯᠠᠨ ᠲᠠᠷᠬᠠᠭ᠋ᠠᠬᠤ᠂ ᠬᠤᠳᠠᠯ ᠬᠠᠭᠤᠷᠮᠠᠭ ᠮᠡᠳᠡᠭᠡ ᠵᠠᠩᠭᠢ ᠵᠢ ᠵᠣᠬᠢᠶᠠᠨ ᠲᠠᠷᠬᠠᠭ᠋ᠠᠵᠤ ᠪᠠᠶ᠋ᠢᠭ᠋ᠠᠳ ᠠᠵᠤ ᠠᠬᠤᠶ ᠵᠢᠨ ᠡᠮᠬᠢ ᠵᠢᠷᠤᠮ ᠪᠠ ᠨᠡᠶ᠋ᠢᠭᠡᠮ᠎ᠤᠨ ᠡᠮᠬᠢ ᠵᠢᠷᠤᠮ᠎ᠢ ᠰᠠᠮᠠᠭᠤᠷᠠᠭᠤᠯᠬᠤ ᠵᠢᠴᠢ ᠪᠤᠰᠤᠳ᠎ᠤᠨ ᠨᠡᠷ᠎ᠡ ᠬᠦᠨᠳᠦ᠂ ᠬᠤᠪᠢ ᠵᠢᠨ ᠨᠢᠭᠤᠴᠠ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠪᠠ ᠪᠤᠰᠤᠳ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠬᠤ ᠵᠡᠷᠭᠡ ᠠᠵᠢᠯᠯᠠᠭ᠎ᠠ ᠵᠢ   ᠬᠢᠵᠦ ᠪᠤᠯᠬᠤ ᠦᠭᠡᠢ᠃
     《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠵᠢᠶᠡᠨ᠎ᠤ ᠠᠮᠤᠷ ᠲᠦᠪᠰᠢᠨ᠎ᠤ ᠬᠠᠤᠯᠢ》 ᠵᠢ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠷᠢᠨ ᠳᠥᠷᠪᠡᠳᠦᠭᠡᠷ ᠬᠤᠷᠠᠯᠳᠤᠭ᠋ᠠᠨ᠎ᠠᠴᠠ 2016 ᠣᠨ᠎ᠤ 11 ᠰᠠᠷ᠎ᠠ ᠵᠢᠨ 7᠎ᠤ ᠡᠳᠦᠷ ᠪᠠᠳᠤᠯᠠᠨ ᠨᠠᠢ᠌ᠳᠡᠯᠡᠵᠦ᠂ 2017 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠬᠦᠯᠪᠡ᠃ ᠬᠡᠷᠡᠭᠯᠡᠭᠴᠢᠳ᠎ᠤᠨ ᠮᠡᠳᠡᠭᠡ ᠵᠠᠩᠭᠢ ᠵᠢᠨ ᠠᠮᠤᠷ ᠲᠦᠪᠰᠢᠨ᠎ᠢ ᠬᠡᠷᠬᠢᠨ ᠪᠠᠳᠤᠯᠬᠠᠤ ᠪᠤᠢ? ᠠᠷᠠᠳ ᠢᠷᠭᠡᠨ ᠪᠠ ᠵᠣᠬᠢᠶᠠᠨ ᠪᠠᠶ᠋ᠢᠭᠤᠯᠤᠯᠲᠠ᠎ᠳᠤ ᠶᠠᠮᠠᠷ ᠶᠠᠮᠠᠷ ᠡᠷᠬᠡ ᠪᠠ ᠡᠭᠦᠷᠭᠡ᠎ᠲᠠᠢ ᠪᠤᠢ? ᠬᠠᠮᠲᠤ᠎ᠪᠠᠷ ᠦᠵᠡᠶ᠎ᠡ᠃
      ᠰᠦᠯᠵᠢᠶᠡᠨ᠎ᠤ ᠠᠮᠤᠷ ᠲᠦᠪᠰᠢᠨ ᠪᠣᠯᠤᠨ ᠮᠡᠳᠡᠭᠡ ᠵᠠᠩᠭᠢᠵᠢᠯᠲᠠ ᠵᠢᠨ ᠬᠥᠭᠵᠢᠯᠲᠡ ᠵᠢ ᠵᠡᠷᠭᠡᠪᠡᠷ ᠴᠢᠬᠤᠯᠠᠴᠢᠯᠠᠬᠤ ᠵᠢ ᠪᠠᠷᠢᠮᠳᠠᠯᠠᠨ᠎ᠠ᠃
      ᠢᠳᠡᠪᠬᠢᠲᠡᠶ᠎ᠪᠠᠷ ᠠᠰᠢᠭᠯᠠᠬᠤ᠂ ᠰᠢᠨᠵᠢᠯᠡᠬᠦ ᠤᠬᠠᠭ᠋ᠠᠨᠴᠢ᠎ᠪᠠᠷ ᠬᠥᠭᠵᠢᠭᠦᠯᠬᠦ᠂ ᠬᠠᠤᠯᠢ ᠶᠣᠰᠣᠭ᠋ᠠᠷ ᠬᠠᠮᠢᠶᠠᠷᠬᠤ᠂ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠴᠢᠭᠯᠡᠯᠲᠡ ᠵᠢ ᠵᠢᠷᠤᠮᠯᠠᠨ᠎ᠠ᠃
      ᠰᠦᠯᠵᠢᠶᠡᠨ᠎ᠤ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠪᠠ ᠬᠣᠯᠪᠣᠯᠳᠤᠨ ᠨᠡᠪᠲᠡᠷᠡᠯᠴᠡᠬᠦ ᠵᠢ ᠠᠬᠢᠭᠤᠯᠤᠨ᠎ᠠ᠃
      ᠰᠦᠯᠵᠢᠶᠡᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠬᠡᠷᠡᠭᠯᠡᠬᠦ ᠵᠢ ᠵᠤᠷᠢᠭᠵᠢᠭᠤᠯᠤᠨ᠎ᠠ᠃
      ᠰᠦᠯᠵᠢᠶᠡᠨ᠎ᠤ ᠠᠮᠤᠷ ᠲᠦᠪᠰᠢᠨ᠎ᠤ ᠴᠢᠳᠠᠪᠤᠷᠢᠲᠠᠨ᠎ᠢ ᠬᠦᠮᠦᠵᠢᠬᠦᠯᠬᠦ ᠵᠢ ᠲᠡᠮᠵᠢᠨ᠎ᠡ᠃
      ᠰᠦᠯᠵᠢᠶᠡᠨ᠎ᠤ ᠠᠮᠤᠷ ᠲᠦᠪᠰᠢᠨ᠎ᠢ ᠪᠠᠲᠤᠯᠠᠬᠤ ᠰᠢᠰᠲ᠋ᠧᠮ᠎ᠢ ᠪᠠᠶ᠋ᠢᠭᠤᠯᠤᠨ ᠲᠡᠬᠦᠯᠳᠡᠷᠵᠢᠬᠦᠯᠦᠨ᠎ᠡ᠃
      ᠰᠦᠯᠵᠢᠶᠡᠨ᠎ᠤ ᠠᠮᠤᠷ ᠲᠦᠪᠰᠢᠨ᠎ᠢ ᠬᠠᠮᠠᠭ᠋ᠠᠯᠠᠬᠤ ᠴᠢᠳᠠᠪᠤᠷᠢ ᠵᠢ ᠲᠡᠭᠡᠭᠰᠢᠯᠡᠬᠦᠯᠦᠨ᠎ᠡ᠃
      ᠰᠦᠯᠵᠢᠶᠡᠨ᠎ᠤ ᠡᠵᠡᠩᠨᠡᠭᠴᠢ᠎ᠠᠴᠠ ᠬᠡᠷᠡᠭᠯᠡᠭᠴᠢᠳ᠎ᠤᠨ ᠮᠡᠳᠡᠭᠡ ᠵᠠᠩᠭᠢ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ᠃
      ᠰᠦᠯᠵᠢᠶᠡᠨ᠎ᠤ ᠡᠵᠡᠩᠨᠡᠭᠴᠢ ᠥᠪᠡᠷ᠎ᠤᠨ ᠴᠤᠭᠯᠠᠭᠤᠯᠤᠭᠰᠠᠨ ᠬᠡᠷᠡᠭᠯᠡᠭᠴᠢ ᠵᠢᠨ ᠮᠡᠳᠡᠭᠡ ᠵᠠᠩᠭᠢ ᠵᠢᠨ ᠨᠢᠭᠤᠴᠠ ᠵᠢ ᠴᠢᠩᠭ᠎ᠠ ᠬᠠᠮᠠᠭ᠋ᠠᠯᠠᠬᠤ ᠵᠢᠨ ᠬᠠᠮᠲᠤ ᠬᠡᠷᠡᠭᠯᠡᠭᠴᠢ ᠵᠢᠨ ᠮᠡᠳᠡᠭᠡ ᠵᠠᠩᠭᠢ ᠵᠢ ᠬᠠᠮᠠᠭ᠋ᠠᠯᠠᠬᠤ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠶ᠃
      ᠬᠤᠪᠢ ᠬᠥᠮᠦᠨ᠎ᠤ ᠮᠡᠳᠡᠭᠡ ᠵᠠᠩᠭᠢ ᠵᠢ ᠴᠤᠭᠯᠠᠭᠤᠯᠬᠤ ᠪᠠ ᠬᠡᠷᠡᠭᠯᠡᠬᠦ᠎ᠳᠡᠭᠡᠨ ᠬᠠᠤᠯᠢ ᠶᠣᠰᠣᠨ᠎ᠤ᠂ ᠵᠦᠢ ᠶᠣᠰᠣᠨ᠎ᠤ᠂ ᠴᠢᠬᠤᠯᠠ ᠪᠦᠬᠦᠢ ᠵᠠᠷᠴᠢᠮ᠎ᠢ ᠵᠢᠷᠤᠮᠯᠠᠵᠤ᠂ ᠴᠤᠭᠯᠠᠭᠤᠯᠬᠤ ᠪᠠ ᠬᠡᠷᠡᠭᠯᠡᠬᠦ ᠳᠦᠷᠢᠮ ᠵᠶ᠋ᠠᠨ ᠢᠯᠡ᠎ᠪᠠᠷ ᠨᠡᠶ᠋ᠢᠲᠡᠯᠡᠵᠦ᠂ ᠮᠡᠳᠡᠭᠡ ᠵᠠᠩᠭᠢ ᠵᠢ ᠴᠤᠭᠯᠠᠭᠤᠯᠬᠤ᠂ ᠬᠡᠷᠡᠭᠯᠡᠬᠦ ᠵᠣᠷᠢᠯᠭ᠎ᠠ᠂ ᠠᠷᠭ᠎ᠠ ᠮᠠᠶᠢᠭ ᠪᠠ ᠬᠦᠷᠢᠶ᠎ᠡ ᠬᠡᠪᠴᠢᠶ᠎ᠡ᠎ᠪᠠᠨ ᠲᠣᠳᠣᠷᠬᠠᠶ ᠢᠯᠡᠳᠬᠡᠬᠦ ᠵᠢᠨ ᠬᠠᠮᠲᠤ ᠲᠤᠬᠠᠢ ᠵᠢᠨ ᠬᠦᠮᠦᠨ᠎ᠤ ᠵᠦᠪᠰᠢᠶᠡᠷᠡᠯ᠎ᠢ ᠤᠯᠤᠭᠰᠠᠨ ᠪᠠᠢ᠌ᠬᠤ ᠬᠡᠷᠡᠭᠲᠡᠶ᠃
      ᠲᠡᠭᠦᠨ᠎ᠤ ᠬᠠᠩᠭ᠋ᠠᠭᠰᠠᠨ ᠦᠢ᠍ᠯᠡᠴᠢᠯᠡᠭᠡ᠎ᠲᠠᠢ ᠬᠣᠯᠪᠣᠭᠳᠠᠯ ᠦᠭᠡᠢ ᠬᠤᠪᠢ ᠬᠥᠮᠦᠨ᠎ᠤ ᠮᠡᠳᠡᠭᠡ ᠵᠠᠩᠭᠢ ᠵᠢ ᠴᠤᠭᠯᠠᠭᠤᠯᠵᠤ ᠪᠣᠯᠬᠤ ᠦᠭᠡᠢ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠪᠠ ᠬᠣᠶᠠᠷ ᠲᠠᠯ᠎ᠠ ᠵᠢᠨ ᠪᠣᠯᠵᠣᠯ᠎ᠢ ᠵᠥᠷᠢᠴᠡᠨ ᠬᠤᠪᠢ ᠬᠥᠮᠦᠨ᠎ᠤ ᠮᠡᠳᠡᠭᠡ ᠵᠠᠩᠭᠢ ᠵᠢ ᠴᠤᠭᠯᠠᠭᠤᠯᠵᠤ᠂ ᠬᠡᠷᠡᠭᠯᠡᠵᠦ ᠪᠣᠯᠬᠤ ᠦᠭᠡᠢ ᠪᠥᠭᠡᠳ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠪᠠ ᠬᠡᠷᠡᠭᠯᠡᠭᠴᠢᠳ᠎ᠯᠦᠭᠡ ᠵᠢᠨ ᠪᠣᠯᠵᠣᠯ᠎ᠤᠨ ᠶᠣᠰᠣᠭ᠋ᠠᠷ ᠬᠠᠳᠠᠭ᠋ᠠᠯᠠᠵᠤ ᠪᠠᠶ᠋ᠢᠭ᠎ᠠ ᠬᠤᠪᠢ ᠬᠥᠮᠦᠨ᠎ᠤ ᠮᠡᠳᠡᠭᠡ ᠵᠠᠩᠭᠢ᠎ᠪᠠᠨ ᠰᠢᠢ᠍ᠳᠪᠦᠷᠢᠯᠡᠬᠦ ᠬᠡᠷᠡᠭᠲᠡᠢ᠃
      ᠴᠤᠭᠯᠠᠭᠤᠯᠤᠭᠰᠠᠨ ᠬᠤᠪᠢ ᠬᠥᠮᠦᠨ᠎ᠤ ᠮᠡᠳᠡᠭᠡ ᠵᠠᠩᠭᠢ ᠵᠢ ᠵᠠᠳᠠᠷᠠᠭᠤᠯᠵᠤ᠂ ᠥᠭᠡᠷᠡᠲᠦᠭᠦᠯᠵᠦ᠂ ᠰᠦᠢ᠍ᠳᠬᠡᠵᠦ ᠪᠣᠯᠬᠤ ᠦᠭᠡᠢ; ᠲᠤᠬᠠᠢ ᠵᠢᠨ ᠬᠦᠮᠦᠨ᠎ᠤ ᠵᠥᠪᠰᠢᠶᠡᠷᠡᠯ ᠦᠭᠡᠢ᠎ᠪᠠᠷ ᠬᠤᠪᠢ ᠬᠥᠮᠦᠨ᠎ᠤ ᠮᠡᠳᠡᠭᠡ ᠵᠠᠩᠭᠢ ᠵᠢ ᠪᠤᠰᠤᠳ᠎ᠲᠤ ᠬᠠᠩᠭ᠋ᠠᠵᠤ ᠪᠣᠯᠬᠤ ᠦᠭᠡᠢ᠃ ᠭᠡᠪᠡᠴᠦ   ᠰᠢᠢ᠍ᠳᠪᠤᠷᠢᠯᠡᠬᠦ᠎ᠪᠠᠷ ᠳᠠᠮᠵᠢᠭ᠋ᠠᠳ ᠣᠨᠴᠠ ᠲᠣᠭᠲᠠᠭᠰᠠᠨ ᠬᠤᠪᠢ ᠬᠥᠮᠦᠨ᠎ᠢ ᠢᠯᠭ᠋ᠠᠨ ᠲᠠᠨᠢᠬᠤ ᠵᠢᠨ ᠠᠷᠭ᠎ᠠ ᠦᠭᠡᠢ ᠮᠥᠷᠲᠡᠭᠡᠨ ᠤᠤᠯ ᠬᠡᠪ᠎ᠲᠤᠨᠢ ᠣᠷᠣᠭᠤᠯᠵᠤ ᠳᠡᠶ᠋ᠢᠯᠬᠦ ᠦᠭᠡᠢ᠎ᠨᠢ ᠡᠭᠦᠨ᠎ᠳᠤ ᠪᠠᠭᠲᠠᠬᠤ ᠦᠭᠡᠢ᠃
      ᠮᠡᠷᠭᠡᠵᠢᠯ᠎ᠤᠨ ᠠᠷᠭ᠎ᠠ ᠬᠡᠮᠵᠢᠶ᠎ᠡ ᠪᠠ ᠪᠤᠰᠤᠳ ᠴᠢᠬᠤᠯᠠ ᠪᠦᠬᠦᠢ ᠠᠷᠭ᠎ᠠ ᠬᠡᠮᠵᠢᠶ᠎ᠡ ᠵᠢ ᠠᠪᠴᠤ᠂ ᠴᠤᠭᠯᠠᠭᠤᠯᠤᠭᠰᠠᠨ ᠬᠤᠪᠢ ᠬᠥᠮᠦᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠮᠡᠳᠡᠭᠡ ᠵᠠᠩᠭᠢ ᠵᠠᠳᠠᠷᠠᠬᠤ᠂ ᠡᠪᠳᠡᠷᠡᠬᠦ᠂ ᠭᠡᠭᠡᠭᠳᠡᠬᠦ᠎ᠠᠴᠠ ᠰᠡᠷᠭᠡᠶ᠋ᠢᠯᠡᠬᠦ ᠬᠡᠷᠡᠭᠲᠡᠶ᠃ ᠬᠤᠪᠢ ᠬᠥᠮᠦᠨ᠎ᠤ ᠮᠡᠳᠡᠭᠡ ᠵᠠᠩᠭᠢ ᠵᠢ ᠵᠠᠳᠠᠷᠠᠭᠤᠯᠬᠤ᠂ ᠰᠦᠢ᠍ᠳᠬᠡᠬᠦ᠂ ᠭᠡᠭᠡᠬᠦ ᠪᠠᠶ᠋ᠢᠳᠠᠯ ᠭᠠᠷᠤᠭᠰᠠᠨ ᠪᠤᠶᠤ ᠭᠠᠷᠴᠤ ᠮᠡᠳᠡᠬᠦ ᠦᠶ᠎ᠡ᠎ᠳᠤ᠂ ᠲᠡᠷᠡ ᠳᠠᠷᠤᠶ᠎ᠳᠤᠨᠢ ᠨᠥᠬᠥᠪᠥᠷᠢᠯᠡᠬᠦ ᠠᠷᠭ᠎ᠠ ᠬᠡᠮᠵᠢᠶ᠎ᠡ ᠠᠪᠴᠤ᠂ ᠲᠣᠭᠲᠠᠭ᠋ᠠᠯ ᠶᠣᠰᠣᠭ᠋ᠠᠷ ᠴᠠᠭ ᠲᠤᠬᠠᠶ᠎ᠳᠤᠨᠢ ᠬᠡᠷᠡᠭᠯᠡᠭᠴᠢᠳ᠎ᠲᠤ ᠮᠡᠳᠡᠭᠳᠡᠬᠦ ᠵᠢᠨ ᠬᠠᠮᠲᠤ ᠬᠣᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃
      ᠬᠡᠷᠡᠭᠯᠡᠭᠴᠢᠳ᠎ᠤᠨ ᠨᠡᠶ᠋ᠢᠲᠡᠯᠡᠭᠰᠡᠨ ᠮᠡᠳᠡᠭᠡ ᠵᠠᠩᠭᠢ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠨᠡᠶ᠋ᠢᠲᠡᠯᠡᠬᠦ ᠪᠤᠶᠤ ᠳᠠᠮᠵᠢᠭᠤᠯᠬᠤ ᠵᠢ ᠴᠠᠭ᠋ᠠᠵᠠᠯᠠᠭᠰᠠᠨ ᠮᠡᠳᠡᠭᠡ ᠵᠠᠩᠭᠢ ᠵᠢ ᠣᠯᠵᠤ ᠮᠡᠳᠡᠭᠰᠡᠨ ᠪᠠᠶ᠋ᠢᠪᠠᠯ᠂ ᠲᠤᠰ ᠮᠡᠳᠡᠭᠡ ᠵᠠᠩᠭᠢ ᠵᠢ ᠳᠠᠮᠵᠢᠭᠤᠯᠬᠤ᠎ᠪᠠᠨ ᠲᠡᠷᠡ ᠳᠠᠷᠤᠶ᠎ᠳᠤᠨᠢ ᠵᠣᠭᠰᠣᠭ᠋ᠠᠵᠤ᠂ ᠠᠷᠢᠯᠭ᠋ᠠᠬᠤ ᠵᠡᠷᠭᠡ ᠰᠢᠢ᠍ᠳᠪᠤᠷᠢᠯᠡᠬᠦ ᠠᠷᠭ᠎ᠠ ᠬᠡᠮᠵᠢᠶ᠎ᠡ ᠠᠪᠴᠤ᠂ ᠮᠡᠳᠡᠭᠡ ᠵᠠᠩᠭᠢ ᠵᠢᠨ ᠲᠠᠷᠬᠠᠨ ᠲᠡᠯᠭᠡᠷᠡᠬᠦ᠎ᠠᠴᠠ ᠰᠡᠷᠭᠡᠶ᠋ᠢᠯᠡᠵᠦ᠂ ᠬᠣᠯᠪᠣᠭᠳᠠᠯ ᠪᠦᠬᠦᠢ ᠲᠡᠮᠳᠡᠭᠯᠡᠯ᠎ᠢ ᠬᠠᠳᠠᠭ᠋ᠠᠯᠠᠬᠤ ᠵᠢᠨ ᠬᠠᠮᠲᠤ ᠬᠣᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃
      ᠰᠦᠯᠵᠢᠶᠡᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠤ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠬᠦ ᠲᠦᠷᠢᠮ᠎ᠢ ᠪᠠᠶ᠋ᠢᠭᠤᠯᠵᠤ᠂ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠬᠦ ᠠᠷᠭ᠎ᠠ ᠮᠠᠶᠢᠭ ᠵᠡᠷᠭᠡ ᠮᠡᠳᠡᠭᠡ ᠵᠠᠩᠭᠢ ᠵᠢ ᠨᠡᠶ᠋ᠢᠲᠡᠯᠡᠵᠦ᠂ ᠰᠦᠯᠵᠢᠶᠡᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠤ ᠬᠣᠯᠪᠣᠭᠳᠠᠯ ᠪᠥᠬᠥᠶ ᠵᠠᠭ᠋ᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠵᠢ ᠴᠠᠭ ᠲᠤᠬᠠᠶ᠎ᠳᠤᠨᠢ ᠭᠥᠯᠢᠶᠡᠨ ᠠᠪᠬᠤ ᠵᠢᠨ ᠬᠠᠮᠲᠤ ᠰᠢᠢ᠍ᠳᠪᠤᠷᠢᠯᠡᠬᠦ ᠬᠡᠷᠡᠭᠲᠡᠶ᠃
      ᠰᠦᠯᠵᠢᠶᠡᠨ᠎ᠤ ᠡᠵᠡᠩᠨᠡᠭᠴᠢ᠎ᠨᠢ ᠰᠦᠯᠵᠢᠶᠡᠨ᠎ᠤ ᠮᠡᠳᠡᠭᠡ ᠵᠠᠩᠭᠢ ᠵᠢᠨ ᠰᠠᠯᠠᠭ᠎ᠠ ᠮᠥᠴᠢᠷ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠬᠡᠷᠡᠭᠵᠢᠭᠦᠯᠵᠦ ᠪᠠᠶ᠋ᠢᠭ᠎ᠠ ᠬᠢᠨᠠᠯᠲᠠ ᠪᠠᠶ᠋ᠢᠴᠠᠭ᠋ᠠᠯᠲᠠ᠎ᠳᠤ ᠬᠠᠮᠵᠢᠯᠴᠠᠬᠤ ᠬᠡᠷᠡᠭᠲᠡᠶ᠃
      ᠠᠷᠠᠳ ᠢᠷᠭᠡᠨ᠂ ᠵᠣᠬᠢᠶᠠᠨ ᠪᠠᠶ᠋ᠢᠭᠤᠯᠤᠯᠲᠠ ᠵᠢᠨ ᠡᠷᠬᠡ ᠪᠠ ᠡᠭᠦᠷᠭᠡ᠄
      ᠬᠤᠪᠢ ᠬᠥᠮᠦᠨ ᠰᠦᠯᠵᠢᠶᠡᠨ᠎ᠤ ᠡᠵᠡᠩᠨᠡᠭᠴᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠪᠤᠶᠤ ᠬᠣᠶᠠᠷ ᠲᠠᠯ᠎ᠠ ᠵᠢᠨ ᠪᠣᠯᠵᠣᠯ᠎ᠠᠴᠠ ᠵᠥᠷᠢᠴᠡᠨ ᠬᠤᠪᠢ ᠬᠥᠮᠦᠨ᠎ᠤ ᠮᠡᠳᠡᠭᠡ ᠵᠠᠩᠭᠢ ᠵᠢ ᠴᠤᠭᠯᠠᠭᠤᠯᠵᠤ᠂ ᠬᠡᠷᠡᠭᠯᠡᠵᠦ ᠪᠠᠶ᠋ᠢᠬᠤ ᠵᠢ ᠣᠯᠵᠤ ᠮᠡᠳᠡᠪᠡᠯ᠂ ᠰᠦᠯᠵᠢᠶᠡᠨ᠎ᠤ ᠡᠵᠡᠩᠨᠡᠭᠴᠢ ᠵᠢ ᠬᠤᠪᠢ ᠬᠥᠮᠦᠨ᠎ᠤ ᠮᠡᠳᠡᠭᠡ ᠵᠠᠩᠭᠢ᠎ᠪᠠᠨ ᠬᠠᠰᠤᠭᠤᠯᠬᠤ᠎ᠪᠠᠷ ᠱᠠᠭ᠋ᠠᠷᠳᠠᠬᠤ ᠡᠷᠬᠡ᠎ᠲᠠᠢ; ᠰᠦᠯᠵᠢᠶᠡᠨ᠎ᠤ ᠡᠵᠡᠩᠨᠡᠭᠴᠢ ᠵᠢᠨ ᠴᠤᠭᠯᠠᠭᠤᠯᠵᠤ ᠬᠠᠳᠠᠭ᠋ᠠᠯᠠᠭᠰᠠᠨ ᠬᠤᠪᠢ ᠬᠥᠮᠦᠨ᠎ᠤ ᠮᠡᠳᠡᠭᠡ ᠵᠠᠩᠭᠢ᠎ᠳᠤᠨᠢ ᠪᠤᠷᠤᠭᠤ᠎ᠲᠠᠢ ᠪᠠᠶ᠋ᠢᠬᠤ ᠵᠢ ᠣᠯᠵᠤ ᠮᠡᠳᠡᠪᠡᠯ᠂ ᠰᠦᠯᠵᠢᠶᠡᠨ᠎ᠤ ᠡᠵᠡᠩᠨᠡᠭᠴᠢ ᠵᠢ ᠵᠠᠯᠠᠷᠠᠭᠤᠯᠤᠭᠤᠯᠬᠤ᠎ᠪᠠᠷ ᠱᠠᠭ᠋ᠠᠷᠳᠠᠬᠤ ᠡᠷᠬᠡ᠎ᠲᠠᠢ᠃ ᠰᠦᠯᠵᠢᠶᠡᠨ᠎ᠤ ᠡᠵᠡᠩᠨᠡᠭᠴᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠬᠠᠰᠤᠬᠤ ᠪᠤᠶᠤ ᠵᠠᠯᠠᠷᠠᠭᠤᠯᠬᠤ ᠬᠡᠷᠡᠭᠲᠡᠶ᠃
      ᠶᠠᠮᠠᠷᠪᠠ ᠬᠤᠪᠢ ᠬᠥᠮᠦᠨ ᠪᠠ ᠵᠣᠬᠢᠶᠠᠨ ᠪᠠᠶ᠋ᠢᠭᠤᠯᠤᠯᠲᠠ ᠪᠤᠰᠤᠳ᠎ᠤᠨ ᠰᠦᠯᠵᠢᠶᠡᠨ᠎ᠳᠤ ᠬᠠᠤᠯᠢ ᠪᠤᠰᠤ᠎ᠪᠠᠷ ᠬᠠᠯᠳᠠᠨ ᠣᠷᠣᠬᠤ᠂ ᠪᠤᠰᠤᠳ᠎ᠤᠨ ᠰᠦᠯᠵᠢᠶᠡᠨ᠎ᠤ ᠬᠡᠪ᠎ᠤᠨ ᠴᠢᠳᠠᠮᠵᠢ ᠵᠢ ᠬᠠᠷᠰᠢᠯᠠᠬᠤ᠂ ᠰᠦᠯᠵᠢᠶᠡᠨ᠎ᠤ ᠲᠣᠭ᠎ᠠ ᠪᠠᠷᠢᠮᠲᠠ ᠵᠢ ᠬᠤᠯᠠᠭ᠋ᠠᠶ᠋ᠢᠯᠠᠨ ᠠᠪᠬᠤ ᠵᠡᠷᠭᠡ ᠰᠦᠯᠵᠢᠶᠡᠨ᠎ᠤ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠵᠢ ᠬᠢᠵᠦ ᠪᠣᠯᠬᠤ ᠦᠭᠡᠢ; ᠰᠦᠯᠵᠢᠶ᠎ᠡ᠎ᠳᠤ ᠬᠠᠯᠳᠠᠨ ᠣᠷᠣᠬᠤ᠂ ᠰᠦᠯᠵᠢᠶᠡᠨ᠎ᠤ ᠬᠡᠪ᠎ᠤᠨ ᠴᠢᠳᠠᠮᠵᠢ ᠵᠢ ᠬᠠᠷᠰᠢᠯᠠᠬᠤ ᠵᠢᠴᠢ ᠰᠡᠷᠭᠡᠶ᠋ᠢᠯᠡᠨ ᠬᠠᠮᠠᠭ᠋ᠠᠯᠠᠬᠤ ᠠᠷᠭ᠎ᠠ ᠬᠡᠮᠵᠢᠶ᠎ᠡ᠂ ᠰᠦᠯᠵᠢᠶᠡᠨ᠎ᠤ ᠲᠣᠭ᠎ᠠ ᠪᠠᠷᠢᠮᠲᠠ ᠵᠢ ᠬᠤᠯᠠᠭ᠋ᠠᠶ᠋ᠢᠯᠠᠨ ᠠᠪᠬᠤ ᠵᠡᠷᠭᠡ ᠰᠦᠯᠵᠢᠶᠡᠨ᠎ᠤ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠬᠤ ᠠᠵᠢᠯᠯᠠᠭ᠎ᠠ᠎ᠳᠤ ᠲᠤᠰᠬᠠᠶ᠋ᠢᠯᠠᠨ ᠬᠡᠷᠡᠭᠯᠡᠬᠦ ᠵᠢᠷᠤᠮ᠂ ᠪᠠᠭ᠋ᠠᠵᠢ ᠵᠢ ᠬᠠᠩᠭ᠋ᠠᠵᠤ ᠪᠣᠯᠬᠤ ᠦᠭᠡᠢ; ᠪᠤᠰᠤᠳ ᠬᠥᠮᠦᠨ᠎ᠤ ᠰᠦᠯᠵᠢᠶᠡᠨ᠎ᠤ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠬᠢᠵᠦ ᠪᠠᠶ᠋ᠢᠬᠤ ᠵᠢ ᠲᠣᠳᠣᠷᠬᠠᠶ ᠮᠡᠳᠡᠵᠦ ᠪᠠᠶ᠋ᠢᠪᠠᠯ᠂ ᠲᠡᠭᠦᠨ᠎ᠳᠤ ᠮᠡᠷᠭᠡᠵᠢᠯ᠎ᠤᠨ ᠳᠡᠮᠵᠢᠯᠭᠡ᠂ ᠵᠠᠷ ᠳᠡᠯᠭᠡᠷᠡᠭᠦᠯᠬᠦ᠂ ᠵᠣᠭᠣᠰ ᠥᠭᠴᠦ ᠲᠠᠰᠤᠯᠤᠨ ᠪᠤᠳᠤᠬᠤ ᠵᠡᠷᠭᠡ ᠬᠠᠪᠰᠤᠷᠤᠯᠭ᠎ᠠ ᠬᠠᠩᠭ᠋ᠠᠵᠤ ᠪᠣᠯᠬᠤ ᠦᠭᠡᠢ᠃
      ᠶᠠᠮᠠᠷᠪᠠ ᠬᠤᠪᠢ ᠬᠥᠮᠦᠨ ᠪᠠ ᠵᠣᠬᠢᠶᠠᠨ ᠪᠠᠶ᠋ᠢᠭᠤᠯᠤᠯᠲᠠ ᠬᠤᠪᠢ ᠬᠥᠮᠦᠨ᠎ᠤ ᠮᠡᠳᠡᠭᠡ ᠵᠠᠩᠭᠢ ᠵᠢ ᠬᠤᠯᠠᠭ᠋ᠠᠶ᠋ᠢᠯᠠᠬᠤ ᠪᠤᠶᠤ ᠪᠤᠰᠤᠳ ᠬᠠᠤᠯᠢ ᠪᠤᠰᠤ ᠠᠷᠭ᠎ᠠ ᠮᠠᠶᠢᠭ ᠵᠶ᠋ᠠᠷ ᠣᠯᠵᠤ ᠪᠣᠯᠬᠤ ᠦᠭᠡᠢ᠂ ᠬᠤᠪᠢ ᠬᠥᠮᠦᠨ᠎ᠤ ᠮᠡᠳᠡᠭᠡ ᠵᠠᠩᠭᠢ ᠵᠢ ᠬᠠᠤᠯᠢ ᠪᠤᠰᠤ᠎ᠪᠠᠷ ᠬᠤᠳᠠᠯᠳᠤᠬᠤ ᠪᠤᠶᠤ ᠪᠤᠰᠤᠳ ᠬᠥᠮᠦᠨ᠎ᠳᠤ ᠬᠠᠤᠯᠢ ᠪᠤᠰᠤ᠎ᠪᠠᠷ ᠬᠠᠩᠭ᠋ᠠᠵᠤ ᠪᠣᠯᠬᠤ ᠦᠭᠡᠢ᠃
    ᠶᠠᠮᠠᠷᠪᠠ ᠬᠤᠪᠢ ᠬᠥᠮᠦᠨ ᠪᠠ ᠵᠣᠬᠢᠶᠠᠨ ᠪᠠᠶ᠋ᠢᠭᠤᠯᠤᠯᠲᠠ᠎ᠨᠢ ᠲᠡᠭᠦᠨ᠎ᠤ ᠲᠣᠣᠷ ᠰᠦᠯᠵᠢᠶ᠎ᠡ ᠬᠡᠷᠡᠭᠯᠡᠭᠰᠡᠨ ᠠᠵᠢᠯᠯᠠᠭ᠎ᠠ᠎ᠳᠠᠭᠠᠨ ᠬᠠᠷᠢᠭᠤᠴᠠᠬᠤ ᠬᠡᠷᠡᠭᠲᠡᠶ᠂ ᠮᠡᠬᠡᠯᠡᠬᠦ᠂ ᠶᠠᠯ᠎ᠠ ᠬᠢᠬᠦ ᠠᠷᠭ᠎ᠠ ᠵᠢ ᠵᠢᠭ᠋ᠠᠨ ᠰᠤᠷᠭ᠋ᠠᠬᠤ᠂ ᠴᠠᠭ᠋ᠠᠵᠠ᠎ᠲᠠᠢ ᠡᠳ᠋ ᠪᠣᠳᠠᠰ᠂ ᠵᠠᠬᠢᠷᠤᠨ ᠬᠠᠮᠢᠶᠠᠷᠤᠯᠲᠠ᠎ᠲᠠᠢ ᠡᠳ᠋ ᠪᠣᠳᠠᠰ᠎ᠢ ᠦᠢ᠍ᠯᠡᠳᠬᠦ ᠪᠤᠶᠤ ᠪᠣᠷᠣᠯᠠᠭᠤᠯᠬᠤ ᠵᠡᠷᠭᠡ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠡᠷᠡᠭᠯᠡᠬᠦ ᠰᠦᠯᠵᠢᠶᠡᠨ ᠦᠷᠳᠡᠭᠡ᠂ ᠮᠡᠳᠡᠭᠡ ᠬᠣᠯᠪᠣᠭ᠋ᠠᠨ᠎ᠤ ᠪᠦᠯᠦᠭᠯᠡᠯ᠎ᠢ ᠪᠠᠶ᠋ᠢᠭᠤᠯᠵᠤ ᠪᠣᠯᠬᠤ ᠦᠭᠡᠢ᠂ ᠲᠣᠣᠷ ᠰᠦᠯᠵᠢᠶ᠎ᠡ ᠵᠢ ᠠᠰᠢᠭᠯᠠᠨ ᠮᠡᠬᠡᠯᠡᠬᠦ᠂ ᠴᠠᠭ᠋ᠠᠵᠠ᠎ᠲᠠᠢ ᠡᠳ᠋ ᠪᠣᠳᠠᠰ᠂ ᠵᠠᠬᠢᠷᠤᠨ ᠬᠠᠮᠢᠶᠠᠷᠤᠯᠲᠠ᠎ᠲᠠᠢ ᠡᠳ᠋ ᠪᠣᠳᠠᠰ᠎ᠢ ᠦᠢ᠍ᠯᠡᠳᠬᠦ ᠪᠤᠶᠤ ᠪᠣᠷᠣᠯᠠᠭᠤᠯᠬᠤ ᠵᠢᠴᠢ ᠬᠠᠤᠯᠢ ᠵᠢ ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ᠎ᠳᠤ ᠬᠣᠯᠪᠣᠭᠳᠠᠭᠰᠠᠨ ᠮᠡᠳᠡᠭᠡ ᠵᠠᠩᠭᠢ ᠵᠢ ᠨᠡᠶ᠋ᠢᠲᠡᠯᠡᠵᠦ ᠪᠣᠯᠬᠤ ᠦᠭᠡᠢ᠃
    ᠶᠠᠮᠠᠷᠪᠠ ᠬᠤᠪᠢ ᠬᠥᠮᠦᠨ ᠪᠠ ᠵᠣᠬᠢᠶᠠᠨ ᠪᠠᠶ᠋ᠢᠭᠤᠯᠤᠯᠲᠠ ᠵᠢᠨ ᠶᠠᠪᠤᠭᠤᠯᠤᠭᠰᠠᠨ ᠡᠯᠧᠺᠲᠷᠣᠨ ᠮᠡᠳᠡᠭᠡ ᠵᠠᠩᠭᠢ᠂ ᠬᠠᠩᠭ᠋ᠠᠭᠰᠠᠨ ᠬᠡᠷᠡᠭᠯᠡᠭᠡᠨ᠎ᠤ ᠵᠥᠭᠡᠯᠡᠨ ᠬᠡᠷᠡᠭᠰᠡᠯ᠎ᠳᠤ ᠮᠠᠭᠤ ᠰᠠᠨᠠᠭ᠎ᠠ᠎ᠲᠠᠢ ᠫᠷᠤᠭ᠌ᠷᠠᠮ ᠲᠣᠬᠢᠷᠠᠭᠤᠯᠵᠤ ᠪᠣᠯᠬᠤ ᠦᠭᠡᠢ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠨᠡᠶ᠋ᠢᠲᠡᠯᠡᠬᠦ ᠪᠤᠶᠤ ᠳᠠᠮᠵᠢᠭᠤᠯᠬᠤ ᠵᠢ ᠴᠠᠭ᠋ᠠᠵᠠᠯᠠᠭᠰᠠᠨ ᠮᠡᠳᠡᠭᠡ ᠵᠠᠩᠭᠢ ᠵᠢ ᠠᠭᠤᠯᠵᠤ ᠪᠣᠯᠬᠤ ᠦᠭᠡᠢ᠃

ᠢᠷᠡᠯᠲᠡ᠄
          
ᠬᠠᠮᠢᠶ᠎ᠡ ᠪᠦᠬᠦᠢ ᠰᠣᠨᠢᠨ
 
            