ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
2020 ᠤᠨ᠎ᠤ《4·15》 ᠪᠦᠬᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠦᠮᠦᠵᠢᠯ᠎ᠤᠨ ᠡᠳᠦᠷ— ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠠᠩᠨᠠᠭᠤᠯ᠎ᠢ ᠡᠰᠡᠷᠭᠦᠴᠡᠬᠦ ᠬᠠᠤᠯᠢ ᠵᠢ ᠤᠢ᠌ᠯᠠᠭ᠋ᠠᠶ᠎ᠠ
ᠨᠡᠶ᠋ᠢᠲᠡᠯᠡᠭᠰᠡᠨ ᠴᠠᠭ᠄ 2021-08-31

      ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ ᠢᠷᠭᠡᠨ ᠤᠯᠤᠰ ᠣᠷᠣᠨ᠎ᠤ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ ᠵᠢ ᠬᠠᠮᠠᠭ᠋ᠠᠯᠠᠬᠤ ᠡᠭᠦᠷᠭᠡ᠎ᠲᠠᠢ᠂ ᠤᠯᠤᠰ ᠣᠷᠣᠨ᠎ᠤ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ᠎ᠳᠤ ᠬᠣᠣᠷ ᠬᠥᠨᠥᠭᠡᠯ᠎ᠲᠠᠢ ᠠᠵᠢᠯᠯᠠᠭ᠎ᠠ ᠬᠢᠵᠦ ᠪᠣᠯᠬᠤ ᠤᠢ᠍ᠭᠡᠢ᠃
      ᠠᠯᠢᠪᠠ ᠲᠤᠢ᠍ᠷᠦ ᠵᠢᠨ ᠪᠠᠶ᠋ᠢᠭᠤᠯᠭ᠎ᠠ ᠪᠠ ᠵᠡᠪᠰᠡᠭᠲᠦ ᠬᠦᠴᠦᠨ᠂ ᠡᠯ᠎ᠡ ᠲᠤᠢ᠍ᠷᠦ ᠵᠢᠨ ᠨᠠᠮ ᠪᠠ ᠡᠯ᠎ᠡ ᠨᠡᠶ᠋ᠢᠭᠡᠮ᠎ᠤᠨ ᠪᠦᠯᠬᠦᠮ ᠵᠢᠴᠢ ᠡᠯ᠎ᠡ ᠠᠵᠤ ᠠᠬᠤᠶ᠋ᠢᠯᠠᠯ ᠠᠵᠢᠯ ᠦᠢ᠍ᠯᠡᠰ᠎ᠤᠨ ᠵᠣᠬᠢᠶᠠᠨ ᠪᠠᠶ᠋ᠢᠭᠤᠯᠤᠯᠲᠠ ᠴᠥᠮ ᠲᠡᠩᠨᠡᠭᠤᠯ᠎ᠤᠨ ᠠᠵᠢᠯᠯᠠᠭ᠎ᠠ ᠵᠢ ᠰᠡᠷᠭᠡᠶ᠋ᠢᠯᠡᠬᠦ᠂ ᠬᠣᠷᠢᠭᠯᠠᠨ ᠵᠣᠭᠰᠣᠭ᠋ᠠᠬᠤ᠂ ᠤᠯᠤᠰ ᠣᠷᠣᠨ᠎ᠤ ᠠᠮᠤᠷ ᠲᠦᠪᠰᠢᠨ᠎ᠢ ᠬᠠᠮᠠᠭ᠋ᠠᠯᠠᠬᠤ ᠡᠭᠦᠷᠭᠡ᠎ᠲᠠᠢ᠃
      ᠤᠯᠤᠰ᠎ᠤᠨ ᠠᠮᠤᠷ᠎ᠢ ᠬᠠᠮᠠᠭ᠋ᠠᠯᠠᠬᠤ ᠪᠠᠶ᠋ᠢᠭᠤᠯᠭ᠎ᠠ ᠲᠠᠩᠨᠠᠭᠤᠯ᠎ᠢ ᠡᠰᠡᠷᠭᠦᠴᠡᠬᠦ ᠠᠵᠢᠯ᠎ᠤᠨ ᠳᠤᠮᠳᠠ᠎ᠪᠠᠨ ᠡᠷᠬᠡᠪᠰᠢ ᠠᠷᠠᠳ ᠲᠦᠮᠡᠨ᠎ᠤ ᠳᠡᠮᠵᠢᠯᠭᠡ᠎ᠳᠤ ᠲᠦᠰᠢᠭᠯᠡᠵᠦ᠂ ᠠᠷᠠᠳ ᠲᠦᠮᠡᠨ᠎ᠢ ᠳᠠᠢ᠍ᠢ᠍ᠴᠢᠯᠠᠨ ᠵᠣᠬᠢᠶᠠᠨ ᠪᠠᠶ᠋ᠢᠭᠤᠯᠵᠤ ᠪᠠᠶ᠋ᠢᠭ᠋ᠠᠳ ᠤᠯᠤᠰ᠎ᠤᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠬᠤ ᠲᠠᠩᠨᠠᠭᠤᠯ᠎ᠤᠨ ᠦᠢ᠍ᠯᠡ ᠠᠵᠢᠯᠯᠠᠭ᠎ᠠ ᠵᠢ ᠰᠡᠷᠭᠡᠶ᠋ᠢᠯᠡᠵᠦ᠂ ᠬᠣᠷᠢᠭᠯᠠᠨ ᠵᠣᠭᠰᠣᠭ᠋ᠠᠬᠤ ᠬᠡᠷᠡᠭᠲᠡᠢ᠃
      ᠠᠷᠠᠳ ᠢᠷᠭᠡᠨ ᠪᠠ ᠵᠣᠬᠢᠶᠠᠨ ᠪᠠᠶ᠋ᠢᠭᠤᠯᠤᠯᠲᠠ ᠲᠠᠩᠨᠠᠭᠤᠯ᠎ᠤᠨ ᠦᠢ᠍ᠯᠡ ᠠᠵᠢᠯᠯᠠᠭ᠎ᠠ ᠵᠢ ᠣᠯᠵᠤ ᠮᠡᠳᠡᠪᠡᠯ᠂ ᠴᠠᠭ ᠲᠤᠬᠠᠢ᠎ᠳᠤᠨᠢ ᠤᠯᠤᠰ᠎ᠤᠨ ᠠᠮᠤᠷ᠎ᠢ ᠬᠠᠮᠠᠭ᠋ᠠᠯᠠᠬᠤ ᠪᠠᠶ᠋ᠢᠭᠤᠯᠭ᠎ᠠ᠎ᠳᠤ ᠮᠡᠳᠡᠭᠦᠯᠬᠦ ᠬᠡᠷᠡᠭᠲᠡᠢ; ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠡᠷᠭᠡ ᠪᠤᠰᠤᠳ ᠲᠦᠷᠦ ᠵᠢᠨ ᠪᠠᠶ᠋ᠢᠭᠤᠯᠭ᠎ᠠ᠂ ᠵᠣᠬᠢᠶᠠᠨ ᠪᠠᠶ᠋ᠢᠭᠤᠯᠤᠯᠲᠠ᠎ᠳᠤ ᠮᠡᠳᠡᠭᠦᠯᠦᠭᠰᠡᠨ ᠪᠠᠶ᠋ᠢᠪᠠᠯ᠂ ᠬᠣᠯᠪᠣᠭᠳᠠᠯ ᠪᠦᠬᠦᠢ ᠲᠦᠷᠦ ᠵᠢᠨ ᠪᠠᠶ᠋ᠢᠭᠤᠯᠭ᠎ᠠ᠂ ᠵᠣᠬᠢᠶᠠᠨ ᠪᠠᠶ᠋ᠢᠭᠤᠯᠤᠯᠲᠠ᠎ᠠᠴᠠ ᠲᠡᠷᠡ ᠳᠠᠷᠤᠢ᠎ᠳᠤᠨᠢ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠵᠦ ᠰᠢᠢ᠍ᠳᠪᠦᠷᠢᠯᠡᠭᠦᠯᠬᠦ ᠬᠡᠷᠡᠭᠲᠡᠢ᠃
      ᠤᠯᠤᠰ᠎ᠤᠨ ᠠᠮᠤᠷ᠎ᠢ ᠬᠠᠮᠠᠭ᠋ᠠᠯᠠᠬᠤ ᠪᠠᠶ᠋ᠢᠭᠤᠯᠭ᠎ᠠ ᠲᠠᠩᠨᠠᠭᠤᠯ᠎ᠤᠨ ᠦᠢ᠍ᠯᠡ ᠠᠵᠢᠯᠯᠠᠭ᠎ᠠ ᠵᠢᠨ ᠬᠣᠯᠪᠣᠭᠳᠠᠯ ᠪᠦᠬᠦᠢ ᠪᠠᠶ᠋ᠢᠳᠠᠯ᠎ᠢ ᠪᠠᠶ᠋ᠢᠴᠠᠭ᠋ᠠᠨ ᠣᠶ᠋ᠢᠯᠠᠭ᠋ᠠᠬᠤ᠂ ᠬᠣᠯᠪᠣᠭᠳᠠᠯ ᠪᠦᠬᠦᠢ ᠭᠡᠷᠡᠴᠢ ᠪᠠᠷᠢᠮᠲᠠ ᠵᠢ ᠴᠤᠭᠯᠠᠭᠤᠯᠬᠤ       ᠦᠶ᠎ᠡ᠎ᠳᠤ᠂ ᠬᠣᠯᠪᠣᠭᠳᠠᠯ ᠪᠦᠬᠦᠢ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ ᠦᠨᠡᠨ ᠮᠥᠨ ᠵᠶ᠋ᠠᠷ᠎ᠨᠢ ᠬᠠᠩᠭ᠋ᠠᠬᠤ ᠬᠡᠷᠡᠭᠲᠡᠢ᠂ ᠲᠡᠪᠴᠢᠵᠦ ᠪᠣᠯᠬᠤ ᠦᠭᠡᠢ᠃
     2014 ᠣᠨ᠎ᠤ 11 ᠰᠠᠷ᠎ᠠ ᠵᠢᠨ 1᠎ᠤ ᠡᠳᠦᠷ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠨ ᠨᠢᠭᠡᠳᠦᠭᠡᠷ ᠬᠤᠷᠠᠯᠳᠤᠭ᠋ᠠᠨ᠎ᠠᠴᠠ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠠᠩᠨᠠᠭᠤᠯ᠎ᠢ ᠡᠰᠡᠷᠬᠦᠴᠡᠬᠦ ᠬᠠᠤᠯᠢ》 ᠵᠢ ᠪᠠᠳᠤᠯᠠᠪᠠ᠃ ᠲᠡᠭᠡᠪᠡᠯ ᠶᠠᠮᠠᠷ ᠶᠠᠮᠠᠷ ᠦᠢ᠍ᠯᠡ ᠠᠵᠢᠯᠯᠠᠭ᠎ᠠ᠎ᠨᠢ ᠲᠠᠩᠨᠠᠭᠤᠯ᠎ᠤᠨ ᠦᠢ᠍ᠯᠡ ᠠᠵᠢᠯᠯᠠᠭ᠎ᠠ᠎ᠳᠤ ᠲᠣᠭ᠋ᠠᠴᠠᠭᠳᠠᠬᠤ ᠪᠣᠢ? ᠶᠠᠮᠠᠷ ᠶᠠᠮᠠᠷ ᠠᠵᠢᠯᠯᠠᠭ᠎ᠠ᠎ᠠᠴᠠ ᠬᠠᠤᠯᠢ ᠶᠣᠰᠣᠭ᠋ᠠᠷ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠪᠣᠶ? ᠬᠠᠮᠲᠤ᠎ᠪᠠᠷ ᠦᠵᠡᠶ᠎ᠡ᠃
      ᠭᠤᠤᠯᠯᠠᠨ ᠬᠠᠮᠢᠶᠠᠷᠬᠤ ᠪᠠᠶ᠋ᠢᠭᠤᠯᠭ᠎ᠠ᠄ ᠤᠯᠤᠰ᠎ᠤᠨ ᠠᠮᠤᠷ᠎ᠢ ᠬᠠᠮᠠᠭ᠋ᠠᠯᠠᠬᠤ ᠪᠠᠶ᠋ᠢᠭᠤᠯᠭ᠎ᠠ ᠪᠣᠯ ᠲᠠᠩᠨᠠᠭᠤᠯ᠎ᠢ ᠡᠰᠡᠷᠭᠦᠴᠡᠬᠦ ᠠᠵᠢᠯ᠎ᠤᠨ ᠭᠤᠤᠯᠯᠠᠨ ᠬᠠᠮᠢᠶᠠᠷᠬᠤ ᠪᠠᠶ᠋ᠢᠭᠤᠯᠭ᠎ᠠ ᠮᠥᠨ᠃
      ᠳᠣᠲᠣᠭ᠋ᠠᠳᠤ ᠵᠢ ᠬᠠᠮᠠᠭ᠋ᠠᠯᠠᠬᠤ᠂ ᠨᠢᠭᠤᠴᠠ ᠵᠢ ᠬᠠᠮᠠᠭ᠋ᠠᠯᠠᠬᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠡᠷᠭᠡ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠴᠡᠷᠢᠭ ᠠᠨᠭ᠌ᠬᠢ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠵᠶ᠋ᠠᠨ ᠦᠨᠳᠦᠰᠦᠯᠡᠨ ᠨᠢᠭᠲᠠ ᠬᠠᠮᠵᠢᠯᠴᠠᠵᠤ᠂ ᠵᠣᠬᠢᠴᠠᠭᠤᠯᠭ᠎ᠠ᠎ᠪᠠᠨ ᠴᠢᠩᠭ᠋ᠠᠳᠬᠠᠨ᠂ ᠬᠣᠯᠪᠣᠭᠳᠠᠯ ᠪᠦᠬᠦᠢ ᠠᠵᠢᠯ᠎ᠢ ᠬᠠᠤᠯᠢ ᠶᠣᠰᠣᠭ᠋ᠠᠷ ᠰᠠᠶ᠋ᠢᠲᠤᠷ ᠬᠢᠬᠦ ᠬᠡᠷᠡᠭᠲᠡᠶ᠃
      ᠲᠠᠩᠨᠠᠭᠤᠯ᠎ᠤᠨ ᠦᠢ᠍ᠯᠡ ᠠᠵᠢᠯᠯᠠᠭ᠎ᠠ᠄
     (ᠨᠢᠭᠡ) ᠲᠠᠨᠭ᠌ᠨᠠᠭᠤᠯ᠎ᠤᠨ ᠵᠣᠬᠢᠶᠠᠨ ᠪᠠᠶ᠋ᠢᠭᠤᠯᠤᠯᠲᠠ ᠵᠢᠴᠢ ᠲᠡᠭᠦᠨ᠎ᠤ ᠣᠷᠣᠯᠠᠭᠴᠢ ᠵᠢᠨ ᠬᠢᠭᠰᠡᠨ ᠪᠤᠶᠤ ᠪᠤᠰᠤᠳ᠎ᠢ ᠵᠢᠭ᠋ᠠᠨ ᠲᠤᠬᠢᠵᠤ᠂ ᠵᠣᠭᠣᠰ ᠮᠥᠩᠭᠥ᠎ᠪᠠᠷ ᠲᠤᠰᠠᠯᠠᠵᠤ ᠪᠠᠶ᠋ᠢᠭ᠋ᠠᠳ ᠬᠢᠯᠭᠡᠭᠰᠡᠨ᠂ ᠡᠰᠡᠬᠦᠯ᠎ᠡ ᠬᠢᠯᠢ ᠵᠢᠨ ᠳᠣᠲᠣᠷ᠎ᠠ ᠭᠠᠳᠠᠨᠠᠬᠢ ᠪᠠᠶ᠋ᠢᠭᠤᠯᠤᠮᠵᠢ᠂ ᠵᠣᠬᠢᠶᠠᠨ ᠪᠠᠶ᠋ᠢᠭᠤᠯᠤᠯᠲᠠ᠂ ᠬᠤᠪᠢ ᠬᠥᠮᠦᠨ᠎ᠤ ᠲᠡᠭᠦᠨ᠎ᠲᠠᠢ ᠰᠥᠯᠪᠡᠭᠡᠯᠳᠦᠨ ᠬᠢᠭᠰᠡᠨ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠬᠤ ᠠᠵᠢᠯᠯᠠᠭ᠎ᠠ;
     (ᠬᠣᠶᠠᠷ) ᠲᠡᠩᠨᠡᠭᠤᠯ᠎ᠤᠨ ᠵᠣᠬᠢᠶᠠᠨ ᠪᠠᠶ᠋ᠢᠭᠤᠯᠤᠯᠲᠠ᠎ᠳᠤ ᠣᠷᠣᠯᠴᠠᠭᠰᠠᠨ ᠪᠤᠶᠤ ᠲᠡᠩᠨᠡᠭᠤᠯ᠎ᠤᠨ ᠵᠣᠬᠢᠶᠠᠨ ᠪᠠᠶ᠋ᠢᠭᠤᠯᠤᠯᠲᠠ ᠬᠢᠭᠡᠳ ᠲᠡᠭᠦᠨ᠎ᠤ ᠤᠷᠤᠯᠠᠭᠴᠢ ᠵᠢᠨ ᠡᠭᠦᠷᠭᠡ ᠵᠢ ᠬᠦᠯᠢᠶᠡᠠ ᠠᠪᠤᠭᠰᠠᠨ;
     (ᠭᠤᠷᠪᠠ) ᠲᠠᠨᠭ᠌ᠨᠠᠭᠤᠯ᠎ᠤᠨ ᠵᠣᠬᠢᠶᠠᠨ ᠪᠠᠶ᠋ᠢᠭᠤᠯᠤᠯᠲᠠ ᠬᠢᠭᠡᠳ ᠲᠡᠭᠦᠨ᠎ᠤ ᠣᠷᠣᠯᠠᠭᠴᠢ᠎ᠠᠴᠠ ᠭᠠᠳᠠᠨᠠᠬᠢ ᠬᠢᠯᠢ ᠵᠢᠨ ᠭᠠᠳᠠᠨᠠᠬᠢ ᠪᠤᠰᠤᠳ ᠪᠠᠶ᠋ᠢᠭᠤᠯᠤᠮᠵᠢ᠂ ᠵᠣᠬᠢᠶᠠᠨ ᠪᠠᠶ᠋ᠢᠭᠤᠯᠤᠯᠲᠠ᠂ ᠬᠤᠪᠢ ᠬᠥᠮᠦᠨ᠎ᠤ ᠬᠢᠭᠰᠡᠨ ᠪᠤᠶᠤ ᠪᠤᠰᠤᠳ᠎ᠢ ᠵᠢᠭ᠋ᠠᠨ ᠲᠤᠬᠢᠵᠤ᠂ ᠵᠣᠭᠣᠰ ᠮᠥᠩᠭᠥ᠎ᠪᠠᠷ ᠲᠤᠰᠠᠯᠠᠵᠤ ᠪᠠᠶ᠋ᠢᠭ᠋ᠠᠳ ᠬᠢᠯᠭᠡᠭᠰᠡᠨ᠂ ᠡᠰᠡᠬᠦᠯ᠎ᠡ ᠬᠢᠯᠢ ᠵᠢᠨ ᠳᠣᠲᠣᠷᠠᠬᠢ ᠪᠠᠶ᠋ᠢᠭᠤᠯᠤᠮᠵᠢ᠂ ᠵᠣᠬᠢᠶᠠᠨ ᠪᠠᠶ᠋ᠢᠭᠤᠯᠤᠯᠲᠠ᠂ ᠬᠤᠪᠢ ᠬᠥᠮᠦᠨ᠎ᠤ ᠲᠡᠭᠦᠨ᠎ᠲᠠᠢ ᠰᠥᠯᠪᠡᠭᠡᠯᠳᠦᠨ ᠬᠢᠭᠰᠡᠨ ᠤᠯᠤᠰ᠎ᠤᠨ ᠨᠢᠭᠤᠴᠠ ᠪᠤᠶᠤ ᠨᠢᠭᠤᠴᠠ ᠮᠡᠳᠡᠭᠡ ᠵᠢ ᠬᠤᠯᠠᠭ᠋ᠠᠶ᠋ᠢᠯᠠᠬᠤ᠂ ᠲᠠᠨᠭ᠌ᠨᠠᠬᠤ᠂ ᠬᠤᠳᠠᠯᠳᠤᠨ ᠠᠪᠬᠤ ᠪᠤᠶᠤ ᠬᠠᠤᠯᠢ ᠪᠤᠰᠤ᠎ᠪᠠᠷ ᠬᠠᠩᠭ᠋ᠠᠭᠰᠠᠨ᠂ ᠡᠰᠡᠬᠦᠯ᠎ᠡ ᠲᠦᠷᠦ ᠵᠢᠨ ᠠᠵᠢᠯᠳᠠᠨ᠎ᠢ ᠥᠳᠥᠭᠡᠵᠦ᠂   ᠤᠷᠤᠭᠤ ᠳᠠᠲᠠᠵᠤ  ᠂ ᠬᠤᠳᠠᠯᠳᠤᠨ ᠠᠪᠴᠤ ᠤᠷᠪᠠᠭᠤᠯᠬᠤ ᠠᠵᠢᠯᠯᠠᠭ᠎ᠠ;
     (ᠲᠤᠢ᠍ᠷᠪᠡ) ᠳᠠᠶ᠋ᠢᠰᠤᠨ᠎ᠳᠤ ᠲᠡᠭ᠋ᠠᠷᠢᠬᠤ ᠬᠠᠷᠠᠯᠲᠠ ᠵᠢ ᠵᠢᠭ᠋ᠠᠵᠤ ᠥᠭᠭᠦᠭᠰᠡᠨ;
     (ᠲᠠᠪᠤ) ᠪᠤᠰᠤᠳ ᠲᠠᠩᠨᠠᠭᠤᠯ᠎ᠤᠨ ᠠᠵᠢᠯᠯᠠᠭ᠎ᠠ ᠬᠢᠭᠰᠡᠨ᠃
      ᠠᠷᠠᠳ ᠢᠷᠭᠡᠨ ᠪᠠ ᠵᠣᠬᠢᠶᠠᠨ ᠪᠠᠶ᠋ᠢᠭᠤᠯᠤᠯᠲᠠ ᠵᠢᠨ ᠡᠭᠦᠷᠭᠡ ᠪᠠ ᠡᠷᠬᠡ᠄
      ᠪᠠᠶ᠋ᠢᠭᠤᠯᠭ᠎ᠠ᠂ ᠪᠦᠯᠬᠦᠮ ᠪᠠ ᠪᠤᠰᠤᠳ ᠵᠣᠬᠢᠶᠠᠨ ᠪᠠᠶ᠋ᠢᠭᠤᠯᠤᠯᠲᠠ ᠲᠤᠰ ᠨᠢᠭᠡᠴᠢ ᠵᠢᠨ ᠵᠶ᠋ᠠᠨ ᠠᠵᠢᠯᠳᠡᠠ᠎ᠳᠤ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠬᠥᠮᠦᠵᠢᠯ ᠬᠢᠵᠦ᠂ ᠲᠤᠰ ᠨᠢᠭᠡᠴᠢ ᠵᠢᠨ ᠵᠶ᠋ᠠᠨ ᠠᠵᠢᠯᠳᠡᠠ᠎ᠢ ᠲᠡᠢ᠍ᠢ᠍ᠴᠢᠯᠡᠠ ᠵᠣᠬᠢᠶᠠᠨ ᠪᠠᠶ᠋ᠢᠭᠤᠯᠵᠤ ᠪᠠᠶ᠋ᠢᠭ᠋ᠠᠳ ᠲᠡᠩᠨᠡᠭᠤᠯ᠎ᠤᠨ ᠤᠢ᠍ᠢ᠍ᠯᠠ ᠠᠵᠢᠯᠯᠠᠭ᠎ᠠ ᠵᠢ ᠰᠡᠷᠭᠡᠶ᠋ᠢᠯᠡᠵᠦ ᠬᠣᠷᠢᠭᠯᠠᠨ ᠵᠣᠭᠰᠣᠭ᠋ᠠᠬᠤ ᠬᠡᠷᠡᠭᠲᠡᠶ᠃
      ᠠᠷᠠᠳ ᠢᠷᠭᠡᠨ ᠪᠠ ᠵᠣᠬᠢᠶᠠᠨ ᠪᠠᠶ᠋ᠢᠭᠤᠯᠤᠯᠲᠠ ᠲᠠᠩᠨᠠᠭᠤᠯ᠎ᠢ ᠡᠰᠡᠷᠭᠦᠴᠡᠬᠦ ᠠᠵᠢᠯ᠎ᠳᠤ ᠳᠥᠭᠥᠮ ᠦᠵᠡᠭᠦᠯᠬᠦ ᠪᠤᠶᠤ ᠪᠤᠰᠤᠳ ᠲᠤᠰᠠᠯᠠᠮᠵᠢ ᠦᠵᠡᠭᠦᠯᠬᠦ ᠬᠡᠷᠡᠭᠲᠡᠢ᠃
      ᠲᠠᠩᠨᠠᠭᠤᠯ᠎ᠤᠨ ᠦᠢ᠍ᠯᠡ ᠠᠵᠢᠯᠯᠠᠭ᠎ᠠ ᠵᠢ ᠣᠯᠵᠤ ᠮᠡᠳᠡᠪᠡᠯ ᠴᠠᠭ ᠲᠤᠬᠠᠢ᠎ᠳᠤᠨᠢ ᠤᠯᠤᠰ᠎ᠤᠨ ᠠᠮᠤᠷ᠎ᠢ ᠬᠠᠮᠠᠭ᠋ᠠᠯᠠᠬᠤ ᠪᠠᠶ᠋ᠢᠭᠤᠯᠭ᠎ᠠ᠎ᠳᠤ ᠮᠡᠳᠡᠭᠦᠯᠬᠦ ᠬᠡᠷᠡᠭᠲᠡᠢ᠃
      ᠤᠯᠤᠰ᠎ᠤᠨ ᠠᠮᠤᠷ᠎ᠢ ᠬᠠᠮᠠᠭ᠋ᠠᠯᠠᠬᠤ ᠪᠠᠶ᠋ᠢᠭᠤᠯᠭ᠎ᠠ ᠲᠠᠩᠨᠠᠭᠤᠯ᠎ᠤᠨ ᠦᠢ᠍ᠯᠡ ᠠᠵᠢᠯᠯᠠᠭ᠎ᠠ ᠵᠢᠨ ᠬᠣᠯᠪᠣᠭᠳᠠᠯ ᠪᠦᠬᠦᠢ ᠪᠠᠶ᠋ᠢᠳᠠᠯ᠎ᠢ ᠪᠠᠶ᠋ᠢᠴᠠᠭ᠋ᠠᠨ ᠣᠶ᠋ᠢᠯᠠᠭ᠋ᠠᠬᠤ᠂ ᠬᠣᠯᠪᠣᠭᠳᠠᠯ ᠪᠦᠬᠦᠢ ᠭᠡᠷᠡᠴᠢ ᠪᠠᠷᠢᠮᠲᠠ ᠵᠢ ᠴᠤᠭᠯᠠᠭᠤᠯᠬᠤ       ᠦᠶ᠎ᠡ᠎ᠳᠤ᠂ ᠬᠣᠯᠪᠣᠭᠳᠠᠯ ᠪᠦᠬᠦᠢ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ ᠦᠨᠡᠨ ᠮᠥᠨ ᠵᠶ᠋ᠠᠷ᠎ᠨᠢ ᠬᠠᠩᠭ᠋ᠠᠬᠤ ᠬᠡᠷᠡᠭᠲᠡᠢ᠂ ᠲᠡᠪᠴᠢᠵᠦ ᠪᠣᠯᠬᠤ ᠦᠭᠡᠢ᠃
      ᠳᠠᠨᠭ᠌ᠨᠠᠭᠤᠯ᠎ᠢ ᠡᠰᠡᠷᠭᠦᠴᠡᠬᠦ ᠠᠵᠢᠯ᠎ᠤᠨ ᠲᠤᠬᠠᠶ ᠣᠯᠵᠤ ᠮᠡᠳᠡᠭᠰᠡᠨ ᠤᠯᠤᠰ᠎ᠤᠨ ᠨᠢᠭᠤᠴᠠ ᠵᠢ ᠬᠠᠮᠠᠭ᠋ᠠᠯᠠᠨ᠎ᠠ᠃
      ᠤᠯᠤᠰ᠎ᠤᠨ ᠨᠢᠭᠤᠴᠠ᠎ᠳᠤ ᠲᠣᠭ᠋ᠠᠴᠠᠭᠳᠠᠬᠤ ᠪᠢᠴᠢᠭ ᠮᠠᠲ᠋ᠧᠷᠢᠶᠠᠯ᠂ ᠮᠠᠲ᠋ᠧᠷᠢᠶᠠᠯ ᠪᠠ ᠪᠤᠰᠤᠳ ᠡᠳ᠋ ᠪᠣᠳᠠᠰ᠎ᠢ ᠬᠠᠤᠯᠢ ᠪᠤᠰᠤ᠎ᠪᠠᠷ ᠪᠡᠶ᠎ᠡ᠎ᠳᠡᠭᠡᠨ ᠠᠪᠴᠤ ᠶᠠᠪᠤᠵᠤ ᠪᠣᠯᠬᠤ ᠦᠭᠡᠢ᠃
      ᠲᠠᠩᠨᠠᠭᠤᠯ᠎ᠤᠨ ᠠᠵᠢᠯᠯᠠᠭ᠎ᠠ᠎ᠳᠤ ᠣᠨᠴᠠ ᠬᠡᠷᠡᠭᠴᠡᠭᠡ᠎ᠲᠠᠢ ᠲᠠᠩᠨᠠᠭᠤᠯ᠎ᠤᠨ ᠲᠤᠰᠬᠠᠢ ᠬᠡᠷᠡᠭᠯᠡᠭᠡᠨ᠎ᠤ ᠪᠠᠭ᠋ᠠᠵᠢ ᠬᠡᠷᠡᠭᠰᠡᠯ᠎ᠢ ᠬᠠᠤᠯᠢ ᠪᠤᠰᠤ᠎ᠪᠠᠷ ᠡᠵᠡᠮᠰᠢᠵᠦ᠂ ᠬᠡᠷᠡᠭᠯᠡᠵᠦ ᠪᠣᠯᠬᠤ ᠦᠭᠡᠢ᠃
      ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠪᠠᠶ᠋ᠢᠭᠤᠯᠭ᠎ᠠ ᠵᠢᠴᠢ ᠲᠡᠭᠦᠨ᠎ᠤ ᠠᠵᠢᠯᠲᠠᠨ ᠡᠷᠬᠡ ᠲᠤᠰᠢᠶᠠᠯ᠎ᠠᠴᠠ᠎ᠪᠠᠨ ᠳᠠᠪᠠᠭᠰᠠᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠭᠰᠡᠨ ᠪᠠ ᠬᠠᠤᠯᠢ ᠵᠢ ᠵᠥᠷᠢᠴᠡᠭᠰᠡᠨ ᠪᠤᠰᠤᠳ ᠠᠵᠢᠯᠯᠠᠭ᠎ᠠ ᠵᠢ ᠴᠥᠮ ᠳᠡᠭᠡᠳᠦ ᠱᠠᠲᠤᠨ᠎ᠤ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠪᠠᠶ᠋ᠢᠭᠤᠯᠭ᠎ᠠ ᠪᠤᠶᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠢᠯᠡᠴᠢᠯᠡᠬᠦ᠂ ᠵᠠᠭ᠋ᠠᠯᠳᠤᠬᠤ ᠡᠷᠬᠡ᠎ᠲᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
 
            