ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠬᠠᠤᠯᠢ
ᠨᠡᠶ᠋ᠢᠲᠡᠯᠡᠭᠰᠡᠨ ᠴᠠᠭ᠄ 2021-09-10

    ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠬᠠᠤᠯᠢ (1991 ᠣᠨ᠎ᠳᠤ ᠨᠡᠶ᠋ᠢᠲᠡᠯᠡᠵᠦ᠂ 2009 ᠣᠨ᠎ᠳᠤ ᠵᠠᠰᠠᠪᠤᠷᠢ ᠣᠷᠣᠭᠤᠯᠵᠤ᠂ 2010 ᠣᠨ᠎ᠳᠤ ᠵᠠᠰᠠᠪᠤᠷᠢ ᠣᠷᠣᠭᠤᠯᠪᠠ)
   
   
   
     (1991 ᠣᠨ᠎ᠤ 6 ᠰᠠᠷ᠎ᠠ ᠵᠠ 29᠎ᠤ ᠡᠳᠦᠷ ᠳᠣᠯᠣᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠷᠢᠳᠤᠭ᠋ᠠᠷ ᠬᠤᠷᠠᠯᠳᠤᠭ᠋ᠠᠨ᠎ᠠᠴᠠ ᠪᠠᠲᠤᠯᠠᠪᠠ᠃ 2009 ᠣᠨ᠎ᠤ 8 ᠰᠠᠷ᠎ᠠ ᠵᠠ 27᠎ᠤ ᠡᠳᠦᠷ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠳᠤᠭ᠋ᠠᠷ ᠬᠤᠷᠠᠯᠳᠤᠭ᠋ᠠᠨ᠎ᠤ 《ᠬᠡᠰᠡᠭ ᠬᠠᠤᠯᠢ ᠴᠠᠭ᠋ᠠᠵᠠ᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ ᠵᠠᠰᠠᠪᠠ᠃ 2010 ᠣᠨ᠎ᠤ 12 ᠰᠠᠷ᠎ᠠ ᠵᠠ 25᠎ᠤ ᠡᠳᠦᠷ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠤᠷᠢᠶᠠᠨ᠎ᠤ ᠠᠷᠪᠠᠨ ᠨᠠᠢ᠍ᠮᠠᠳᠤᠭ᠋ᠠᠷ ᠬᠤᠷᠠᠯᠳᠤᠭ᠋ᠠᠨ ᠵᠶ᠋ᠡᠷ ᠵᠠᠰᠠᠪᠤᠷᠢ ᠤᠷᠤᠭᠤᠯᠪᠠ)
   
      ᠨᠢᠭᠡᠳᠦᠭᠡᠷ ᠪᠦᠯᠦᠭ   ᠶᠡᠷᠦᠩᠬᠡᠢ ᠲᠦᠷᠢᠮ
   
      ᠨᠢᠭᠡᠳᠦᠭᠡᠷ ᠵᠦᠢ᠍ᠯ   ᠬᠦᠷᠦᠰᠦ ᠰᠢᠷᠣᠶ ᠵᠢᠨ ᠢᠳᠡᠭᠳᠡᠯ᠎ᠢ ᠰᠡᠷᠭᠡᠶ᠋ᠢᠯᠡᠨ ᠵᠠᠰᠠᠵᠤ᠂ ᠬᠥᠷᠥᠰᠥ ᠰᠢᠷᠣᠶ ᠵᠢᠨ ᠡᠬᠢ ᠪᠠᠶᠠᠯᠢᠭ᠎ᠢ ᠬᠠᠮᠠᠭ᠋ᠠᠯᠠᠨ ᠵᠦᠢ ᠵᠣᠬᠢᠰᠲᠠᠶ ᠠᠰᠢᠭᠯᠠᠵᠤ᠂ ᠤᠰᠤ᠂ ᠭᠠᠩ᠂ ᠰᠠᠯᠬᠢ ᠡᠯᠡᠰᠦᠨ᠎ᠤ ᠭᠠᠮᠰᠢᠭ᠎ᠢ ᠬᠥᠩᠭᠡᠷᠡᠭᠦᠯᠵᠦ᠂ ᠠᠮᠢ ᠠᠬᠤᠶ ᠤᠷᠴᠢᠨ ᠲᠤᠭᠤᠷᠢᠨ᠎ᠢ ᠰᠠᠶ᠋ᠢᠵᠢᠷᠠᠭᠤᠯᠤᠨ᠂ ᠠᠵᠤ ᠠᠬᠤᠶ ᠨᠡᠶ᠋ᠢᠭᠡᠮ᠎ᠤᠨ ᠦᠷᠭᠦᠯᠵᠢᠯᠡᠬᠦ ᠬᠥᠭᠵᠢᠯᠲᠡ ᠵᠢ ᠪᠠᠲᠤᠯᠠᠬᠤ ᠵᠢᠨ ᠲᠥᠯᠥᠭᠡ ᠲᠤᠰ ᠬᠠᠤᠯᠢ ᠵᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ   ᠪᠥᠬᠥᠳᠡ ᠨᠠᠢ᠍ᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠳᠣᠲᠣᠷ᠎ᠠ ᠬᠥᠷᠥᠰᠥ ᠰᠢᠷᠣᠶ ᠵᠢ ᠬᠠᠮᠠᠭ᠋ᠠᠯᠠᠬᠤ ᠠᠵᠢᠯᠯᠠᠭ᠎ᠠ ᠬᠢᠬᠦ᠎ᠳᠤ ᠲᠤᠰ ᠬᠠᠤᠯᠢ ᠵᠢ ᠵᠢᠷᠤᠮᠯᠠᠬᠤ ᠬᠡᠷᠡᠭᠲᠡᠶ᠃
      ᠲᠤᠰ ᠬᠠᠤᠯᠢ᠎ᠳᠤ ᠬᠡᠯᠡᠵᠦ ᠪᠠᠶ᠋ᠢᠭ᠎ᠠ ᠬᠥᠷᠥᠰᠥ ᠰᠢᠷᠣᠶ ᠵᠢ ᠬᠠᠮᠠᠭ᠋ᠠᠯᠠᠬᠤ ᠭᠡᠳᠡᠭ ᠪᠣᠯ ᠪᠠᠶ᠋ᠢᠭ᠋ᠠᠯᠢ ᠵᠢᠨ ᠬᠦᠴᠦᠨ ᠵᠦᠢ᠍ᠯ ᠪᠠ ᠵᠣᠷᠢᠭᠤᠳᠠ ᠵᠢᠨ ᠠᠵᠢᠯᠯᠠᠭ᠎ᠠ᠎ᠠᠴᠠ ᠪᠣᠯᠤᠭᠰᠠᠨ ᠬᠥᠷᠥᠰᠥ ᠰᠢᠷᠣᠶ ᠵᠢᠨ ᠢᠳᠡᠭᠳᠡᠯ᠎ᠢ ᠤᠷᠢᠳᠴᠢᠯᠠᠨ ᠰᠡᠷᠭᠡᠶ᠋ᠢᠯᠡᠬᠦ ᠪᠠ ᠵᠠᠰᠠᠬᠤ ᠠᠷᠭ᠎ᠠ ᠬᠡᠮᠵᠢᠶ᠎ᠡ ᠵᠢ ᠵᠢᠭ᠋ᠠᠵᠤ ᠪᠠᠶ᠋ᠢᠨ᠎ᠠ᠃
      ᠭᠤᠷᠪᠠᠳᠤᠭ᠋ᠠᠷ ᠵᠤᠢ᠌ᠯ   ᠬᠦᠷᠦᠰᠦ ᠰᠢᠷᠣᠶ ᠵᠢ ᠬᠠᠮᠠᠭ᠋ᠠᠯᠠᠬᠤ ᠠᠵᠢᠯ᠎ᠳᠤ ᠤᠷᠢᠳᠴᠢᠯᠠᠨ ᠰᠡᠷᠭᠡᠶ᠋ᠢᠯᠡᠬᠦ᠎ᠪᠠᠷ ᠭᠣᠣᠯ ᠪᠣᠯᠭ᠋ᠠᠬᠤ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ᠂ ᠪᠦᠬᠦ ᠲᠠᠯ᠎ᠠ᠎ᠪᠠᠷ ᠲᠥᠯᠥᠪᠵᠢᠭᠦᠯᠬᠦ᠂ ᠶᠡᠷᠦᠩᠬᠡᠶ᠋ᠢᠯᠡᠨ ᠵᠠᠰᠠᠬᠤ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠬᠤ᠂ ᠭᠣᠣᠯᠳᠠᠯᠭ᠎ᠠ ᠵᠢ ᠲᠤᠪᠤᠢ᠍ᠢ᠍ᠯᠭ᠋ᠠᠬᠤ᠂ ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠬᠤ᠂ ᠦᠷ᠎ᠡ ᠠᠰᠢᠭ᠎ᠢ ᠴᠢᠬᠤᠯᠠᠴᠢᠯᠠᠬᠤ ᠴᠢᠭᠯᠡᠯᠲᠡ ᠵᠢ ᠬᠡᠷᠡᠭᠵᠢᠭᠦᠯᠦᠨ᠎ᠡ᠃
      ᠳᠥᠷᠪᠡᠳᠦᠭᠡᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠥᠷᠥᠰᠥ ᠰᠢᠷᠣᠶ ᠵᠢ ᠬᠠᠮᠠᠭ᠋ᠠᠯᠠᠬᠤ ᠠᠵᠢᠯ᠎ᠤᠨ ᠲᠤᠬᠠᠶ ᠨᠢᠭᠡᠳᠦᠯᠲᠡᠶ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠥᠷᠥᠰᠥ ᠰᠢᠷᠣᠶ ᠵᠢ ᠬᠠᠮᠠᠭ᠋ᠠᠯᠠᠬᠤ ᠠᠵᠢᠯ᠎ᠢ ᠲᠤᠰ ᠱᠠᠲᠤᠨ᠎ᠤ᠎ᠪᠠᠨ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠤ ᠣᠷᠣᠭᠤᠯᠵᠤ᠂ ᠬᠥᠷᠥᠰᠥ ᠰᠢᠷᠣᠶ ᠵᠢ ᠬᠠᠮᠠᠭ᠋ᠠᠯᠠᠬᠤ ᠲᠥᠯᠥᠪᠵᠢᠭᠦᠯᠭᠡ᠎ᠳᠤ ᠲᠣᠭᠲᠠᠭ᠋ᠠᠭᠰᠠᠨ ᠡᠭᠦᠷᠭᠡ᠎ᠳᠤ ᠲᠤᠰᠬᠠᠶ ᠵᠦᠢ᠍ᠯ᠎ᠤᠨ ᠪᠡᠯᠡ ᠮᠥᠩᠭᠥ ᠲᠣᠬᠢᠷᠠᠭᠤᠯᠬᠤ ᠪᠥᠭᠡᠳ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠬᠡᠷᠡᠭᠲᠡᠶ᠃
      ᠤᠯᠤᠰ᠎ᠠᠴᠠ ᠬᠥᠷᠥᠰᠥ ᠰᠢᠷᠣᠶ ᠵᠢᠨ ᠢᠳᠡᠭᠳᠡᠯ᠎ᠢ ᠭᠣᠣᠯᠳᠠᠯᠭ᠎ᠠ᠎ᠲᠠᠢ᠎ᠪᠠᠷ ᠤᠷᠢᠳᠴᠢᠯᠠᠨ ᠰᠡᠷᠭᠡᠶ᠋ᠢᠯᠡᠬᠦ ᠣᠷᠣᠨ ᠪᠠ ᠭᠣᠣᠯᠳᠠᠯᠭ᠎ᠠ᠎ᠲᠠᠢ᠎ᠪᠠᠷ ᠵᠠᠰᠠᠬᠤ ᠣᠷᠣᠨ᠎ᠳᠤ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠷᠥᠰᠥ ᠰᠢᠷᠣᠶ ᠵᠢ ᠬᠠᠮᠠᠭ᠋ᠠᠯᠠᠬᠤ ᠬᠠᠷᠠᠯᠲᠠᠲᠤ ᠬᠠᠷᠢᠭᠤᠴᠠᠯᠭ᠎ᠠ ᠵᠢᠨ ᠲᠤᠢ᠍ᠷᠢᠮ ᠪᠠ ᠬᠢᠨᠠᠨ ᠰᠢᠯᠭ᠋ᠠᠵᠤ ᠱᠠᠩᠨᠠᠨ ᠲᠤᠷᠭ᠋ᠠᠬᠤ ᠲᠦᠷᠢᠮ᠎ᠢ ᠬᠡᠷᠡᠭᠵᠢᠬᠦᠯᠦᠨ᠎ᠡ᠃
      ᠲᠠᠪᠤᠳᠤᠭ᠋ᠠᠷ ᠵᠦᠢ᠍ᠯ   ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ᠎ᠤᠨ ᠬᠦᠷᠦᠰᠦ ᠰᠢᠷᠤᠢ ᠵᠢ ᠬᠠᠮᠠᠭ᠋ᠠᠯᠠᠬᠤ ᠠᠵᠢᠯ᠎ᠢ ᠭᠤᠤᠯᠯᠠᠨ ᠬᠠᠮᠢᠶᠠᠷᠤᠨ᠎ᠠ᠃
      ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠤᠯᠤᠰ᠎ᠠᠴᠠ ᠲᠣᠭᠲᠠᠭ᠋ᠠᠭᠰᠠᠨ ᠴᠢᠬᠤᠯᠠ ᠭᠣᠣᠯ ᠮᠥᠷᠡᠨ᠂ ᠨᠠᠭᠤᠷ ᠴᠦᠬᠦᠷᠦᠮ᠎ᠳᠤ ᠪᠠᠶ᠋ᠢᠭᠤᠯᠤᠭᠰᠠᠨ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ (ᠳᠣᠷᠣᠭᠰᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠭᠡᠵᠦ ᠲᠣᠪᠴᠢᠯᠠᠨ᠎ᠠ)᠎ᠨᠢ ᠬᠠᠷᠢᠶᠠᠯᠠᠬᠤ ᠬᠡᠪᠴᠢᠶᠡᠨ ᠳᠣᠲᠣᠷ᠎ᠠ᠎ᠪᠠᠨ ᠬᠥᠷᠥᠰᠥ ᠰᠢᠷᠣᠶ ᠵᠢᠨ ᠬᠠᠮᠠᠭ᠋ᠠᠯᠠᠯᠲᠠ ᠵᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠡᠭᠦᠷᠭᠡᠯᠡᠨ᠎ᠡ᠃
      ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭ᠋ᠠᠨ᠎ᠤ ᠤᠷᠤᠨ᠎ᠤ᠎ᠪᠠᠨ ᠬᠦᠷᠦᠰᠦ ᠰᠢᠷᠦᠢ ᠵᠢ ᠬᠠᠮᠠᠭ᠋ᠠᠯᠠᠬᠤ ᠠᠵᠢᠯ᠎ᠢ ᠭᠤᠤᠯᠯᠠᠨ ᠬᠠᠮᠢᠶᠠᠷᠤᠨ᠎ᠠ᠃
      ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ᠂ ᠲᠠᠷᠢᠶᠠᠯᠠᠩ᠂ ᠤᠯᠤᠰ᠎ᠤᠨ ᠨᠤᠲᠤᠭ ᠳᠡᠪᠢᠰᠬᠡᠷ ᠡᠬᠢ ᠪᠠᠶᠠᠯᠢᠭ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰ ᠲᠤᠰ᠎ᠤᠨ ᠵᠶ᠋ᠠᠨ ᠲᠤᠰᠢᠶᠠᠯ ᠬᠠᠷᠢᠭᠤᠴᠠᠯᠭ᠎ᠠ ᠵᠢᠨ ᠶᠣᠰᠣᠭ᠋ᠠᠷ ᠬᠥᠷᠥᠰᠥ ᠰᠢᠷᠣᠶ ᠵᠢᠨ ᠢᠳᠡᠭᠳᠡᠯ᠎ᠢ ᠤᠷᠢᠳᠴᠢᠯᠠᠨ ᠰᠡᠷᠭᠡᠶ᠋ᠢᠯᠡᠬᠦ ᠪᠠ ᠵᠠᠰᠠᠬᠤ ᠬᠣᠯᠪᠣᠭᠳᠠᠯ ᠪᠦᠬᠦᠢ ᠠᠵᠢᠯ᠎ᠢ ᠰᠠᠶ᠋ᠢᠲᠤᠷ ᠬᠢᠬᠦ ᠬᠡᠷᠡᠭᠲᠡᠢ᠃
      ᠵᠢᠷᠭᠤᠳᠤᠭ᠋ᠠᠷ ᠵᠦᠢ᠍ᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠥᠷᠥᠰᠥ ᠰᠢᠷᠣᠶ ᠵᠢ ᠬᠠᠮᠠᠭ᠋ᠠᠯᠠᠬᠤ ᠤᠬᠠᠭᠤᠯᠭ᠎ᠠ ᠪᠠ ᠬᠥᠮᠦᠵᠢᠯ᠎ᠤᠨ ᠠᠵᠢᠯ ᠵᠶ᠋ᠠᠨ ᠴᠢᠩᠭ᠋ᠠᠳᠬᠠᠵᠤ᠂ ᠬᠥᠷᠥᠰᠥ ᠰᠢᠷᠣᠶ ᠵᠢ ᠬᠠᠮᠠᠭ᠋ᠠᠯᠠᠬᠤ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠲᠦᠭᠡᠮᠡᠯᠵᠢᠭᠦᠯᠵᠦ᠂ ᠤᠯᠠᠨ ᠨᠡᠶ᠋ᠢᠲᠡ ᠵᠢᠨ ᠬᠥᠷᠥᠰᠥ ᠰᠢᠷᠣᠶ ᠵᠢ ᠬᠠᠮᠠᠭ᠋ᠠᠯᠠᠬᠤ ᠤᠬᠠᠮᠰᠠᠷ᠎ᠢ ᠴᠢᠩᠭ᠋ᠠᠳᠬᠠᠨ᠎ᠠ᠃
      ᠳᠣᠯᠣᠳᠤᠭ᠋ᠠᠷ ᠵᠦᠢ᠍ᠯ   ᠤᠯᠤᠰ᠎ᠠᠴᠠ ᠬᠥᠷᠥᠰᠥ ᠰᠢᠷᠣᠶ ᠵᠢ ᠬᠠᠮᠠᠭ᠋ᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ ᠬᠢᠬᠦ ᠵᠢ ᠵᠣᠷᠢᠭᠵᠢᠭᠤᠯᠤᠨ ᠲᠡᠮᠵᠢᠵᠤ᠂ ᠬᠥᠷᠥᠰᠥ ᠰᠢᠷᠣᠶ ᠵᠢ ᠬᠠᠮᠠᠭ᠋ᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠬᠥᠷᠥᠰᠥ ᠰᠢᠷᠣᠶ ᠵᠢ ᠬᠠᠮᠠᠭ᠋ᠠᠯᠠᠬᠤ ᠲᠡᠷᠢᠭᠦᠨ᠎ᠤ ᠮᠡᠷᠭᠡᠵᠢᠯ᠎ᠢ ᠳᠡᠯᠭᠡᠷᠡᠭᠦᠯᠵᠦ᠂ ᠬᠥᠷᠥᠰᠥ ᠰᠢᠷᠣᠶ ᠵᠢ ᠬᠠᠮᠠᠭ᠋ᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠬᠦᠮᠦᠵᠢᠬᠦᠯᠦᠨ᠎ᠡ᠃
      ᠨᠠᠢ᠍ᠮᠠᠳᠤᠭ᠋ᠠᠷ ᠵᠦᠢ᠍ᠯ   ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠬᠥᠷᠥᠰᠥ ᠰᠢᠷᠣᠶ ᠵᠢᠨ ᠡᠬᠢ ᠪᠠᠶᠠᠯᠢᠭ᠎ᠢ ᠬᠠᠮᠠᠭ᠋ᠠᠯᠠᠬᠤ᠂ ᠬᠥᠷᠥᠰᠥ ᠰᠢᠷᠣᠶ ᠵᠢᠨ ᠢᠳᠡᠭᠳᠡᠯ᠎ᠢ ᠤᠷᠢᠳᠴᠢᠯᠠᠨ ᠰᠡᠷᠭᠡᠶ᠋ᠢᠯᠡᠬᠦ ᠪᠠ ᠵᠠᠰᠠᠬᠤ ᠡᠭᠦᠷᠭᠡ᠎ᠲᠠᠢ ᠪᠥᠭᠡᠳ ᠬᠥᠷᠥᠰᠥ ᠰᠢᠷᠣᠶ ᠵᠢᠨ ᠡᠬᠢ ᠪᠠᠶᠠᠯᠢᠭ᠎ᠢ ᠡᠪᠳᠡᠵᠦ᠂ ᠬᠥᠷᠥᠰᠥ ᠰᠢᠷᠣᠶ ᠵᠢᠨ ᠢᠳᠡᠭᠳᠡᠯ᠎ᠢ ᠪᠤᠢ ᠪᠣᠯᠭ᠋ᠠᠭᠰᠠᠨ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠡᠷᠬᠡ᠎ᠲᠠᠢ᠃
      ᠶᠢᠰᠦᠳᠦᠭᠡᠷ ᠵᠦᠢ᠍ᠯ   ᠤᠯᠤᠰ᠎ᠠᠴᠠ ᠨᠡᠶ᠋ᠢᠭᠡᠮ᠎ᠤᠨ ᠬᠦᠴᠦᠨ᠎ᠤ ᠬᠥᠷᠥᠰᠥ ᠰᠢᠷᠣᠶ ᠵᠢ ᠬᠠᠮᠠᠭ᠋ᠠᠯᠠᠬᠤ ᠠᠵᠢᠯ᠎ᠳᠤ ᠣᠷᠣᠯᠴᠠᠬᠤ ᠵᠢ ᠵᠣᠷᠢᠭᠵᠢᠭᠤᠯᠤᠨ ᠲᠡᠮᠵᠢᠨ᠎ᠡ᠃
      ᠬᠥᠷᠥᠰᠥ ᠰᠢᠷᠣᠶ ᠵᠢ ᠬᠠᠮᠠᠭ᠋ᠠᠯᠠᠬᠤ ᠠᠵᠢᠯ᠎ᠤᠨ ᠳᠤᠮᠳᠠ ᠢᠯᠡᠳᠲᠡ ᠠᠮᠵᠢᠯᠲᠠ ᠣᠯᠤᠭᠰᠠᠨ ᠨᠢᠭᠡᠴᠢ ᠪᠠ ᠬᠤᠪᠢ ᠬᠥᠮᠦᠨ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠰᠠᠶ᠋ᠢᠰᠢᠶᠠᠨ ᠬᠥᠬᠢᠭᠦᠯᠦᠨ᠎ᠡ᠃
   
      ᠬᠣᠶᠠᠳᠤᠭ᠋ᠠᠷ ᠪᠦᠯᠦᠭ   ᠲᠦᠯᠦᠪᠵᠢᠬᠦᠯᠬᠦ
   
      ᠠᠷᠪᠠᠳᠤᠭ᠋ᠠᠷ ᠵᠤᠢ᠌ᠯ   ᠬᠦᠷᠦᠰᠦ ᠰᠢᠷᠣᠶ ᠵᠢ ᠬᠠᠮᠠᠭ᠋ᠠᠯᠠᠬᠤ ᠲᠥᠯᠥᠪᠵᠢᠭᠦᠯᠭᠡ ᠵᠢ ᠬᠥᠷᠥᠰᠥ ᠰᠢᠷᠣᠶ ᠵᠢᠨ ᠢᠳᠡᠭᠳᠡᠯ᠎ᠢ ᠪᠠᠶ᠋ᠢᠴᠠᠭ᠋ᠠᠭᠰᠠᠨ ᠦᠷ᠎ᠡ ᠳ᠋ᠦᠩ ᠵᠢᠴᠢ ᠬᠥᠷᠥᠰᠥ ᠰᠢᠷᠣᠶ ᠵᠢᠨ ᠢᠳᠡᠭᠳᠡᠯ᠎ᠢ ᠭᠣᠣᠯᠳᠠᠯᠭ᠎ᠠ᠎ᠲᠠᠢ ᠤᠷᠢᠳᠴᠢᠯᠠᠨ ᠰᠡᠷᠭᠡᠶ᠋ᠢᠯᠡᠬᠦ ᠣᠷᠣᠨ ᠪᠠ ᠭᠣᠣᠯᠳᠠᠯᠭ᠎ᠠ᠎ᠲᠠᠢ ᠵᠠᠰᠠᠬᠤ ᠣᠷᠣᠨ᠎ᠢ ᠵᠠᠭ᠋ᠠᠭᠯᠠᠨ ᠲᠣᠭᠲᠠᠭ᠋ᠠᠭᠰᠠᠨ ᠰᠠᠭᠤᠷᠢᠨ ᠳᠡᠭᠡᠷ᠎ᠡ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠲᠦᠷᠦᠯ ᠬᠤᠪᠢᠶᠠᠨ ᠵᠢᠯᠣᠭᠣᠳᠬᠤ ᠵᠠᠷᠴᠢᠮ᠎ᠢ ᠵᠢᠷᠤᠮᠯᠠᠨ ᠨᠠᠶ᠋ᠢᠷᠠᠭᠤᠯᠤᠨ ᠵᠣᠬᠢᠶᠠᠬᠤ ᠬᠡᠷᠡᠭᠲᠡᠶ᠃
      ᠠᠷᠪᠠᠨ ᠨᠢᠭᠡᠳᠦᠭᠡᠷ ᠵᠦᠢ᠍ᠯ   ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ᠎ᠤᠨ ᠬᠥᠷᠥᠰᠥ ᠰᠢᠷᠣᠶ ᠵᠢᠨ ᠢᠳᠡᠭᠳᠡᠯ᠎ᠢ ᠪᠠᠶ᠋ᠢᠴᠠᠭ᠋ᠠᠬᠤ ᠠᠵᠢᠯ᠎ᠢ ᠲᠣᠭᠲᠠᠮᠠᠯ ᠬᠤᠭᠤᠴᠠᠭ᠎ᠠ᠎ᠲᠠᠢ ᠪᠠᠢ᠌ᠴᠠᠭ᠋ᠠᠬᠤ ᠵᠢᠨ ᠬᠠᠮᠳᠤ ᠪᠠᠢ᠌ᠴᠠᠭ᠋ᠠᠭᠰᠠᠨ ᠦᠷ᠎ᠡ ᠳ᠋ᠦᠩ ᠵᠶ᠋ᠡᠨ ᠵᠠᠷᠯᠠᠨ ᠨᠡᠢ᠌ᠳᠡᠯᠡᠨ᠎ᠡ᠃
      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠬᠥᠷᠥᠰᠥ ᠰᠢᠷᠣᠶ ᠵᠢᠨ ᠢᠳᠡᠭᠳᠡᠯ᠎ᠢ ᠪᠠᠶ᠋ᠢᠴᠠᠭ᠋ᠠᠬᠤ ᠠᠵᠢᠯ᠎ᠢ ᠬᠠᠷᠢᠭᠤᠴᠠᠬᠤ ᠪᠥᠭᠡᠳ ᠪᠠᠶ᠋ᠢᠴᠠᠭ᠋ᠠᠭᠰᠠᠨ ᠦᠷ᠎ᠡ ᠳ᠋ᠦᠩ ᠵᠶ᠋ᠠᠨ ᠵᠠᠷᠯᠠᠨ ᠨᠡᠶ᠋ᠢᠲᠡᠯᠡᠨ᠎ᠡ᠂ ᠵᠠᠷᠯᠠᠨ ᠨᠡᠶ᠋ᠢᠲᠡᠯᠡᠬᠦ᠎ᠠᠴᠠ ᠡᠮᠦᠨ᠎ᠡ ᠪᠠᠶ᠋ᠢᠴᠠᠭ᠋ᠠᠭᠰᠠᠨ ᠦᠷ᠎ᠡ ᠳ᠋ᠦᠩ ᠵᠶ᠋ᠠᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠬᠦᠯᠵᠦ ᠲᠠᠩᠰᠠᠯᠠᠭᠤᠯᠤᠨ᠎ᠠ᠃
      ᠠᠷᠪᠠᠨ ᠬᠣᠶᠠᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠥᠷᠥᠰᠥ ᠰᠢᠷᠣᠶ ᠵᠢᠨ ᠢᠳᠡᠭᠳᠡᠯ᠎ᠢ ᠪᠠᠶ᠋ᠢᠴᠠᠭ᠋ᠠᠭᠰᠠᠨ ᠦᠷ᠎ᠡ ᠳ᠋ᠦᠩ᠎ᠢ ᠦᠨᠳᠦᠰᠦᠯᠡᠨ ᠬᠥᠷᠥᠰᠥ ᠰᠢᠷᠣᠶ ᠵᠢᠨ ᠢᠳᠡᠭᠳᠡᠯ᠎ᠢ ᠭᠣᠣᠯᠳᠠᠯᠭ᠎ᠠ᠎ᠲᠠᠢ ᠤᠷᠢᠳᠴᠢᠯᠠᠨ ᠰᠡᠷᠭᠡᠶ᠋ᠢᠯᠡᠬᠦ ᠣᠷᠣᠨ ᠪᠠ ᠭᠣᠣᠯᠳᠠᠯᠭ᠎ᠠ᠎ᠲᠠᠢ ᠵᠠᠰᠠᠬᠤ ᠣᠷᠣᠨ᠎ᠢ ᠵᠠᠭ᠋ᠠᠭᠯᠠᠨ ᠲᠤᠭᠳᠠᠭ᠋ᠠᠬᠤ ᠵᠢᠨ ᠬᠠᠮᠳᠤ ᠵᠠᠷᠯᠠᠨ ᠨᠡᠢ᠌ᠳᠡᠯᠡᠨ᠎ᠡ᠃
      ᠬᠥᠷᠥᠰᠥ ᠰᠢᠷᠣᠶ ᠵᠢᠨ ᠢᠳᠡᠭᠳᠡᠯ᠎ᠤᠨ ᠳᠠᠯᠳᠠ ᠠᠶᠤᠯ ᠨᠡᠯᠢᠶᠡᠳ ᠶᠡᠬᠡ ᠪᠠᠶ᠋ᠢᠭ᠎ᠠ ᠣᠷᠣᠨ ᠪᠦᠰᠡ ᠵᠢ ᠬᠥᠷᠥᠰᠥ ᠰᠢᠷᠣᠶ ᠵᠢᠨ ᠢᠳᠡᠭᠳᠡᠯ᠎ᠢ ᠭᠣᠣᠯᠳᠠᠯᠭ᠎ᠠ᠎ᠲᠠᠢ ᠤᠷᠢᠳᠴᠢᠯᠠᠨ ᠰᠡᠷᠭᠡᠶ᠋ᠢᠯᠡᠬᠦ ᠣᠷᠣᠨ ᠪᠣᠯᠭ᠋ᠠᠨ ᠵᠠᠭ᠋ᠠᠭᠯᠠᠨ ᠲᠣᠭᠲᠠᠭ᠋ᠠᠬᠤ ᠬᠡᠷᠡᠭᠲᠡᠶ; ᠬᠥᠷᠥᠰᠥ ᠰᠢᠷᠣᠶ ᠵᠢᠨ ᠢᠳᠡᠭᠳᠡᠯ ᠵᠶ᠋ᠠᠷ ᠬᠦᠨᠳᠦ ᠨᠣᠴᠢᠲᠠᠶ ᠣᠷᠣᠨ ᠪᠦᠰᠡ ᠵᠢ ᠬᠥᠷᠥᠰᠥ ᠰᠢᠷᠣᠶ ᠵᠢᠨ ᠢᠳᠡᠭᠳᠡᠯ᠎ᠢ ᠭᠣᠣᠯᠳᠠᠯᠭ᠎ᠠ᠎ᠲᠠᠢ᠎ᠪᠠᠷ ᠵᠠᠰᠠᠬᠤ ᠣᠷᠣᠨ ᠪᠣᠯᠭ᠋ᠠᠨ ᠵᠠᠭ᠋ᠠᠭᠯᠠᠨ ᠲᠣᠭᠲᠠᠭ᠋ᠠᠬᠤ ᠬᠡᠷᠡᠭᠲᠡᠶ᠃
      ᠠᠷᠪᠠᠨ ᠭᠤᠷᠪᠠᠳᠤᠭ᠋ᠠᠷ ᠵᠤᠢ᠌ᠯ   ᠬᠦᠷᠦᠰᠦ ᠰᠢᠷᠣᠶ ᠵᠢ ᠬᠠᠮᠠᠭ᠋ᠠᠯᠠᠬᠤ ᠲᠥᠯᠥᠪᠵᠢᠭᠦᠯᠭᠡ ᠵᠢᠨ ᠠᠭᠤᠯᠭ᠎ᠠ᠎ᠳᠤ ᠬᠥᠷᠥᠰᠥ ᠰᠢᠷᠣᠶ ᠵᠢᠨ ᠢᠳᠡᠭᠳᠡᠯ᠎ᠤᠨ ᠪᠠᠶ᠋ᠢᠳᠠᠯ᠂ ᠬᠥᠷᠥᠰᠥ ᠰᠢᠷᠣᠶ ᠵᠢᠨ ᠢᠳᠡᠭᠳᠡᠯ᠎ᠤᠨ ᠲᠦᠷᠦᠯ᠎ᠤᠨ ᠣᠷᠣᠨ᠎ᠤ ᠬᠤᠪᠢᠶᠠᠷᠢᠯᠠᠯ᠂ ᠬᠥᠷᠥᠰᠥ ᠰᠢᠷᠣᠶ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠠᠯᠲᠠ᠂ ᠡᠭᠦᠷᠭᠡ ᠪᠠ ᠠᠷᠭ᠎ᠠ ᠬᠡᠮᠵᠢᠶ᠎ᠡ ᠵᠡᠷᠭᠡ ᠵᠢ ᠪᠠᠭᠲᠠᠭ᠋ᠠᠭᠰᠠᠨ ᠪᠠᠶ᠋ᠢᠬᠤ ᠬᠡᠷᠡᠭᠲᠡᠶ᠃
      ᠬᠥᠷᠥᠰᠥ ᠰᠢᠷᠣᠶ ᠵᠢ ᠬᠠᠮᠠᠭ᠋ᠠᠯᠠᠬᠤ ᠲᠥᠯᠥᠪᠵᠢᠭᠦᠯᠭᠡ᠎ᠳᠤ ᠰᠠᠪᠠ ᠭᠠᠵᠠᠷ ᠪᠤᠶᠤ ᠣᠷᠣᠨ ᠪᠦᠰᠡ ᠵᠢᠨ ᠬᠥᠷᠥᠰᠥ ᠰᠢᠷᠣᠶ ᠵᠢᠨ ᠢᠳᠡᠭᠳᠡᠯ᠎ᠢ ᠤᠷᠢᠳᠴᠢᠯᠠᠨ ᠰᠡᠷᠭᠡᠶ᠋ᠢᠯᠡᠬᠦ ᠪᠠ ᠵᠠᠰᠠᠬᠤ᠂ ᠬᠥᠷᠥᠰᠥ ᠰᠢᠷᠣᠶ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠵᠦᠢ ᠵᠣᠬᠢᠰᠲᠠᠶ ᠠᠰᠢᠭᠯᠠᠬᠤ ᠲᠤᠬᠠᠶ ᠬᠢᠭᠰᠡᠨ ᠪᠦᠬᠦᠯᠢ ᠴᠣᠭᠴᠠ ᠵᠢᠨ ᠪᠠᠶ᠋ᠢᠷᠢᠯᠠᠭᠤᠯᠤᠯᠲᠠ ᠵᠢᠴᠢ ᠪᠦᠬᠦᠯᠢ ᠴᠣᠭᠴᠠ ᠵᠢᠨ ᠪᠠᠶ᠋ᠢᠷᠢᠯᠠᠭᠤᠯᠤᠯᠲᠠ ᠵᠢ ᠦᠨᠳᠦᠰᠦᠯᠡᠨ ᠬᠥᠷᠥᠰᠥ ᠰᠢᠷᠣᠶ ᠵᠢ ᠬᠠᠮᠠᠭ᠋ᠠᠯᠠᠬᠤ ᠲᠤᠰᠬᠠᠶ ᠠᠵᠢᠯ ᠪᠤᠶᠤ ᠣᠨᠴᠠᠭ᠋ᠠᠶ ᠣᠷᠣᠨ ᠪᠦᠰᠡ ᠵᠢᠨ ᠬᠥᠷᠥᠰᠥ ᠰᠢᠷᠣᠶ ᠵᠢᠨ ᠢᠳᠡᠭᠳᠡᠯ᠎ᠢ ᠤᠷᠢᠳᠴᠢᠯᠠᠨ ᠰᠡᠷᠭᠡᠶ᠋ᠢᠯᠡᠬᠦ ᠪᠠ ᠵᠠᠰᠠᠬᠤ ᠲᠤᠬᠠᠶ ᠬᠢᠭᠰᠡᠨ ᠲᠤᠰᠬᠠᠶ ᠪᠠᠶ᠋ᠢᠷᠢᠯᠠᠭᠤᠯᠤᠯᠲᠠ ᠪᠠᠭᠲᠠᠨ᠎ᠠ᠃
      ᠬᠥᠷᠥᠰᠥ ᠰᠢᠷᠣᠶ ᠵᠢ ᠬᠠᠮᠠᠭ᠋ᠠᠯᠠᠬᠤ ᠲᠥᠯᠥᠪᠵᠢᠭᠦᠯᠭᠡ᠎ᠨᠢ ᠭᠠᠵᠠᠷ ᠰᠢᠷᠣᠶ ᠵᠢ ᠠᠰᠢᠭᠯᠠᠬᠤ ᠶᠡᠷᠦᠩᠬᠡᠶ ᠲᠥᠯᠥᠪᠵᠢᠭᠦᠯᠭᠡ᠂ ᠤᠰᠦᠠ᠎ᠤ ᠡᠬᠢ ᠪᠠᠶᠠᠯᠢᠭ᠎ᠤᠨ ᠲᠥᠯᠥᠪᠵᠢᠭᠦᠯᠭᠡ᠂ ᠬᠤᠳᠠ ᠬᠥᠳᠡᠭᠡ ᠵᠢᠨ ᠲᠥᠯᠥᠪᠵᠢᠭᠦᠯᠭᠡ ᠪᠠ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠲᠥᠯᠥᠪᠵᠢᠭᠦᠯᠭᠡ ᠵᠡᠷᠭᠡ᠎ᠲᠠᠢ ᠵᠣᠬᠢᠴᠠᠯᠳᠤᠭᠰᠠᠨ ᠪᠠᠶ᠋ᠢᠬᠤ ᠬᠡᠷᠡᠭᠲᠡᠶ᠃
      ᠬᠥᠷᠥᠰᠥ ᠰᠢᠷᠣᠶ ᠵᠢ ᠬᠠᠮᠠᠭ᠋ᠠᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠠᠭᠠᠨ ᠲᠤᠰᠬᠠᠶ ᠮᠡᠷᠭᠡᠵᠢᠯᠲᠡᠨ ᠪᠣᠯᠤᠨ ᠤᠯᠡᠠ ᠨᠡᠶ᠋ᠢᠲᠡ ᠵᠢᠨ ᠰᠠᠨᠠᠯ᠎ᠢ ᠬᠤᠷᠢᠶᠠᠬᠤ ᠬᠡᠷᠡᠭᠲᠡᠶ᠃
      ᠠᠷᠪᠠᠨ ᠳᠥᠷᠪᠡᠳᠦᠭᠡᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠬᠥᠷᠥᠰᠥ ᠰᠢᠷᠣᠶ ᠵᠢ ᠬᠠᠮᠠᠭ᠋ᠠᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠡᠷᠬᠡ ᠣᠯᠭᠣᠭᠰᠠᠨ ᠰᠠᠯᠠᠭ᠎ᠠ ᠮᠥᠴᠢᠷ᠎ᠲᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠳᠠᠷᠠᠭ᠎ᠠ᠂ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠵᠤᠬᠢᠶᠠᠨ ᠪᠠᠢ᠌ᠭᠤᠯᠤᠨ ᠬᠡᠷᠡᠭᠵᠢᠬᠦᠯᠦᠨ᠎ᠡ᠃
      ᠬᠥᠷᠥᠰᠥ ᠰᠢᠷᠣᠶ ᠵᠢ ᠬᠠᠮᠠᠭ᠋ᠠᠯᠠᠬᠤ ᠲᠥᠯᠥᠪᠵᠢᠭᠦᠯᠭᠡ ᠵᠢ ᠵᠥᠪᠰᠢᠶᠡᠷᠡᠭᠦᠯᠦᠭᠰᠡᠨ᠎ᠤ ᠳᠠᠷᠠᠭ᠎ᠠ ᠴᠢᠩᠭ᠎ᠠ ᠬᠡᠷᠡᠭᠵᠢᠭᠦᠯᠬᠦ ᠬᠡᠷᠡᠭᠲᠡᠶ; ᠵᠥᠪᠰᠢᠶᠡᠷᠡᠭᠦᠯᠦᠭᠰᠡᠨ ᠲᠥᠯᠥᠪᠵᠢᠭᠦᠯᠭᠡ᠎ᠳᠤ ᠪᠣᠳᠠᠲᠤ ᠪᠠᠶ᠋ᠢᠳᠠᠯ᠎ᠢ ᠦᠨᠳᠦᠰᠦᠯᠡᠨ ᠵᠠᠰᠠᠪᠤᠷᠢ ᠣᠷᠣᠭᠤᠯᠬᠤ ᠴᠢᠬᠤᠯᠠᠲᠠᠶ ᠪᠠᠶ᠋ᠢᠪᠠᠯ᠂ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠵᠢᠷᠤᠮ᠎ᠤᠨ ᠶᠣᠰᠣᠭ᠋ᠠᠷ ᠤᠤᠯ᠎ᠤᠨ ᠵᠥᠪᠰᠢᠶᠡᠷᠡᠭᠰᠡᠨ ᠪᠠᠶ᠋ᠢᠭᠤᠯᠭ᠎ᠠ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃
      ᠠᠷᠪᠠᠨ ᠲᠠᠪᠤᠳᠤᠭ᠋ᠠᠷ ᠵᠦᠢ᠍ᠯ   ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ᠂ ᠬᠣᠲᠠ ᠪᠠᠯᠭ᠋ᠠᠰᠤᠨ᠎ᠤ ᠪᠦᠲᠦᠭᠡᠨ ᠪᠠᠶ᠋ᠢᠭᠤᠯᠤᠯᠲᠠ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠡᠷᠭᠡ ᠲᠠᠯ᠎ᠠ᠎ᠪᠠᠷ᠎ᠬᠢ ᠲᠥᠯᠥᠪᠵᠢᠭᠦᠯᠭᠡ ᠵᠢ ᠬᠡᠷᠡᠭᠵᠢᠭᠦᠯᠬᠦ ᠶᠠᠪᠤᠴᠠ᠎ᠳᠤ ᠬᠥᠷᠥᠰᠥ ᠰᠢᠷᠣᠶ ᠵᠢᠨ ᠢᠳᠡᠭᠳᠡᠯ᠎ᠢ ᠪᠤᠢ ᠪᠣᠯᠭ᠋ᠠᠵᠤ ᠮᠡᠳᠡᠬᠦ᠎ᠳᠤ ᠬᠦᠷᠪᠡᠯ᠂ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠵᠤ ᠨᠠᠶ᠋ᠢᠷᠠᠭᠤᠯᠤᠨ ᠵᠣᠬᠢᠶᠠᠬᠤ ᠪᠠᠶ᠋ᠢᠭᠤᠯᠭ᠎ᠠ᠎ᠨᠢ ᠲᠥᠯᠥᠪᠵᠢᠭᠦᠯᠭᠡ᠎ᠳᠡᠭᠡᠨ ᠬᠥᠷᠥᠰᠥ ᠰᠢᠷᠣᠶ ᠵᠢᠨ ᠢᠳᠡᠭᠳᠡᠯ᠎ᠢ ᠤᠷᠢᠳᠴᠢᠯᠠᠨ ᠰᠡᠷᠭᠡᠶ᠋ᠢᠯᠡᠬᠦ ᠪᠠ ᠵᠠᠰᠠᠬᠤ ᠠᠷᠭ᠋ᠠᠴᠠᠬᠤ ᠪᠤᠳᠤᠯᠭ᠎ᠠ ᠪᠠ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠬᠤ ᠵᠢᠨ ᠬᠠᠮᠲᠤ ᠲᠥᠯᠥᠪᠵᠢᠭᠦᠯᠭᠡ ᠵᠢ ᠮᠡᠳᠡᠭᠦᠯᠵᠦ ᠬᠢᠨᠠᠨ ᠵᠥᠪᠰᠢᠶᠡᠷᠡᠭᠦᠯᠬᠦ᠎ᠠᠴᠠ ᠡᠮᠦᠨ᠎ᠡ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠬᠡᠷᠡᠭᠲᠡᠶ᠃
   
      ᠭᠤᠷᠪᠠᠳᠤᠭ᠋ᠠᠷ ᠪᠦᠯᠦᠭ   ᠤᠷᠢᠳᠴᠢᠯᠠᠨ ᠰᠡᠷᠭᠡᠶ᠋ᠢᠯᠡᠬᠦ
   
      ᠠᠷᠪᠠᠨ ᠵᠢᠷᠭᠤᠳᠤᠭ᠋ᠠᠷ ᠵᠦᠢ᠍ᠯ   ᠤᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠥᠷᠥᠰᠥ ᠰᠢᠷᠣᠶ ᠵᠢ ᠬᠠᠮᠠᠭ᠋ᠠᠯᠠᠬᠤ ᠲᠥᠯᠥᠪᠵᠢᠭᠦᠯᠭᠡ ᠵᠢᠨ ᠶᠣᠰᠣᠭ᠋ᠠᠷ᠂ ᠪᠢᠲᠡᠭᠦᠮᠵᠢᠯᠡᠨ ᠪᠣᠶ᠋ᠢᠵᠢᠭᠤᠯᠵᠤ ᠬᠠᠮᠠᠭ᠋ᠠᠯᠠᠬᠤ᠂ ᠠᠶᠠᠨᠳᠠᠭ᠋ᠠᠨ ᠰᠡᠷᠭᠦᠭᠡᠬᠦ ᠵᠡᠷᠭᠡ ᠠᠷᠭ᠎ᠠ ᠬᠡᠮᠵᠢᠶ᠎ᠡ ᠠᠪᠴᠤ᠂ ᠨᠢᠭᠡᠴᠢ ᠪᠠ ᠬᠤᠪᠢ ᠬᠥᠮᠦᠨ᠎ᠢ ᠵᠣᠬᠢᠶᠠᠨ ᠪᠠᠶ᠋ᠢᠭᠤᠯᠤᠨ ᠡᠪᠡᠰᠦ ᠮᠣᠳᠣ ᠳᠠᠷᠢᠭᠤᠯᠵᠤ᠂ ᠤᠢ ᠮᠣᠳᠣ ᠡᠪᠡᠰᠦ ᠪᠡᠯᠴᠢᠭᠡᠷ᠎ᠤᠨ ᠪᠦᠷᠬᠦᠴᠡ ᠵᠢᠨ ᠲᠠᠯᠠᠪᠠᠢ ᠵᠢ ᠥᠷᠭᠡᠳᠬᠡᠨ᠂ ᠤᠰᠤᠨ᠎ᠤ ᠰᠤᠷᠪᠤᠯᠵᠢ ᠵᠢ ᠬᠠᠳᠠᠭ᠋ᠠᠯᠠᠵᠤ᠂ ᠬᠥᠷᠥᠰᠥ ᠰᠢᠷᠣᠶ ᠵᠢᠨ ᠢᠳᠡᠭᠳᠡᠯ᠎ᠢ ᠤᠷᠢᠳᠴᠢᠯᠠᠨ ᠰᠡᠷᠭᠡᠶ᠋ᠢᠯᠡᠬᠦ ᠪᠠ ᠪᠠᠭ᠋ᠠᠰᠬᠠᠬᠤ ᠬᠡᠷᠡᠭᠲᠡᠶ᠃
      ᠠᠷᠪᠠᠨ ᠳᠣᠯᠣᠳᠤᠭ᠋ᠠᠷ ᠵᠦᠢ᠍ᠯ   ᠣᠷᠣᠨ ᠨᠤᠲᠤᠭ᠎ᠤᠨ ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠰᠢᠷᠣᠶ ᠠᠪᠬᠤ᠂ ᠡᠯᠡᠰᠦ ᠮᠠᠯᠲᠠᠬᠤ᠂ ᠴᠢᠯᠠᠭᠤ ᠭᠠᠷᠭ᠋ᠠᠬᠤ ᠵᠡᠷᠭᠡ ᠠᠵᠢᠯᠯᠠᠭ᠎ᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠥᠷᠥᠰᠥ ᠰᠢᠷᠣᠶ ᠵᠢᠨ ᠢᠳᠡᠭᠳᠡᠯ᠎ᠢ   ᠰᠡᠷᠭᠡᠢ᠌ᠯᠡᠬᠦ ᠪᠠ ᠪᠠᠭ᠋ᠠᠰᠬᠠᠬᠤ ᠬᠡᠷᠡᠭᠲᠡᠶ᠃
      ᠨᠤᠷᠠᠵᠤ ᠶᠡᠭᠦᠷᠡᠬᠦ᠂ ᠶᠡᠭᠦᠷᠡᠬᠦ ᠠᠶᠤᠯᠲᠠᠶ ᠣᠷᠣᠨ ᠪᠠ ᠰᠢᠪᠠᠷ ᠴᠢᠯᠠᠭᠤᠨ᠎ᠤ ᠤᠷᠤᠰᠬᠠᠯ ᠠᠮᠠᠷᠬᠠᠨ ᠡᠭᠦᠰᠳᠡᠭ ᠣᠷᠣᠨ᠎ᠳᠤ ᠰᠢᠷᠣᠶ ᠠᠪᠬᠤ᠂ ᠡᠯᠡᠰᠦ ᠮᠠᠯᠲᠠᠬᠤ᠂ ᠴᠢᠯᠠᠭᠤ ᠭᠠᠷᠭ᠋ᠠᠬᠤ ᠵᠡᠷᠭᠡ ᠬᠥᠷᠥᠰᠥ ᠰᠢᠷᠣᠶ ᠵᠢᠨ ᠢᠳᠡᠭᠳᠡᠯ᠎ᠢ ᠪᠤᠢ ᠪᠣᠯᠭ᠋ᠠᠵᠤ ᠮᠡᠳᠡᠬᠦ ᠠᠵᠢᠯᠯᠠᠭ᠎ᠠ ᠬᠢᠬᠦ ᠵᠢ ᠴᠠᠭ᠋ᠠᠵᠠᠯᠠᠨ᠎ᠠ᠃ ᠨᠤᠷᠠᠵᠤ ᠶᠡᠭᠦᠷᠡᠬᠦ᠂ ᠶᠡᠭᠦᠷᠡᠬᠦ ᠠᠶᠤᠯᠲᠠᠶ ᠣᠷᠣᠨ ᠪᠠ ᠰᠢᠪᠠᠷ ᠴᠢᠯᠠᠭᠤᠨ᠎ᠤ ᠤᠷᠤᠰᠬᠠᠯ ᠠᠮᠠᠷᠬᠠᠨ ᠭᠠᠷᠬᠤ ᠣᠷᠣᠨ᠎ᠤ ᠬᠦᠷᠢᠶ᠎ᠡ ᠬᠡᠪᠴᠢᠶ᠎ᠡ ᠵᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠵᠠᠭ᠋ᠠᠭᠯᠠᠨ ᠲᠣᠭᠲᠠᠭ᠋ᠠᠵᠤ ᠵᠠᠷᠯᠠᠨ ᠨᠡᠶ᠋ᠢᠲᠡᠯᠡᠨ᠎ᠡ᠃ ᠨᠤᠷᠠᠵᠤ ᠶᠡᠭᠦᠷᠡᠬᠦ᠂ ᠶᠡᠭᠦᠷᠡᠬᠦ ᠠᠶᠤᠯ᠎ᠲᠠᠢ ᠣᠷᠣᠨ ᠪᠠ ᠰᠢᠪᠠᠷ ᠴᠢᠯᠠᠭᠤᠨ᠎ᠤ ᠤᠷᠤᠰᠬᠠᠯ ᠠᠮᠠᠷᠬᠠᠨ ᠡᠭᠦᠰᠳᠡᠭ ᠣᠷᠣᠨ᠎ᠢ ᠵᠠᠭ᠋ᠠᠭᠯᠠᠨ ᠲᠣᠭᠲᠠᠭ᠋ᠠᠬᠤ᠎ᠳᠠᠭᠠᠨ ᠭ᠋ᠸᠤᠯᠤᠬᠢ ᠵᠢᠨ ᠭᠠᠶ ᠭᠠᠮᠰᠢᠭ᠎ᠢ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ᠎ᠳᠤ ᠲᠣᠭᠲᠠᠭ᠋ᠠᠭᠰᠠᠨ   ᠭ᠋ᠸᠤᠯᠤᠬᠢ ᠵᠢᠨ ᠭᠠᠶ ᠭᠠᠮᠰᠢᠭ ᠠᠮᠠᠷᠬᠠᠨ ᠡᠭᠦᠰᠳᠡᠭ ᠣᠷᠣᠨ᠂ ᠭᠣᠣᠯᠳᠠᠯᠭ᠎ᠠ᠎ᠲᠠᠢ ᠰᠡᠷᠭᠡᠶ᠋ᠢᠯᠡᠨ ᠵᠠᠰᠠᠬᠤ ᠣᠷᠣᠨ᠎ᠲᠠᠢ ᠵᠣᠯᠭ᠋ᠠᠭᠤᠯᠬᠤ ᠬᠡᠷᠡᠭᠲᠡᠶ᠃
      ᠠᠷᠪᠠᠨ ᠨᠠᠢ᠍ᠮᠠᠳᠤᠭ᠋ᠠᠷ ᠵᠦᠢ᠍ᠯ   ᠬᠦᠷᠦᠰᠦ ᠰᠢᠷᠣᠶ ᠵᠢᠨ ᠢᠳᠡᠭᠳᠡᠯ ᠵᠶ᠋ᠠᠷ ᠬᠦᠨᠳᠦ ᠨᠣᠴᠢᠲᠠᠶ᠂ ᠠᠮᠢ ᠠᠬᠤᠶ ᠵᠢᠨ ᠬᠡᠪᠡᠷᠡᠭ ᠭᠠᠵᠠᠷ ᠣᠷᠣᠨ᠎ᠳᠤ ᠬᠥᠷᠥᠰᠥ ᠰᠢᠷᠣᠶ ᠵᠢᠨ ᠢᠳᠡᠭᠳᠡᠯ᠎ᠢ ᠪᠤᠢ ᠪᠣᠯᠭ᠋ᠠᠵᠤ ᠮᠡᠳᠡᠬᠦ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠬᠢᠵᠠᠭ᠋ᠠᠷᠯᠠᠬᠤ ᠪᠤᠶᠤ ᠴᠠᠭ᠋ᠠᠵᠠᠯᠠᠵᠤ᠂ ᠤᠷᠭᠤᠮᠠᠯ᠂ ᠡᠯᠡᠰᠦᠨ ᠬᠠᠯᠢᠰᠤ᠂ ᠬᠠᠭ ᠵᠡᠷᠭᠡ ᠵᠢ ᠴᠢᠩᠭ᠎ᠠ ᠬᠠᠮᠠᠭ᠋ᠠᠯᠠᠬᠤ ᠬᠡᠷᠡᠭᠲᠡᠶ᠃
      ᠢᠳᠡᠭᠳᠡᠭᠰᠡᠨ ᠭᠤᠤ ᠵᠢᠨ ᠨᠠᠯᠠᠤ ᠪᠠ ᠭᠤᠤ ᠵᠢᠨ ᠡᠷᠭᠢ᠂ ᠭᠣᠣᠯ ᠮᠥᠷᠡᠨ᠎ᠤ ᠬᠣᠶᠠᠷ ᠡᠷᠭᠢ ᠵᠢᠴᠢ ᠨᠠᠭᠤᠷ ᠴᠦᠬᠦᠷᠦᠮ ᠪᠠ ᠤᠰᠤᠨ ᠴᠥᠭᠥᠷᠥᠮ᠎ᠤᠨ ᠡᠷᠬᠢᠨ ᠲᠣᠭᠣᠷᠢᠨ᠎ᠳᠤ ᠭᠠᠵᠠᠷ ᠰᠢᠷᠣᠶ ᠵᠢᠨ ᠥᠮᠴᠢᠯᠡᠯ᠎ᠤᠨ ᠡᠷᠬᠡᠲᠦ ᠬᠥᠮᠦᠨ᠂ ᠬᠡᠷᠡᠭᠯᠡᠬᠦ ᠡᠷᠬᠡᠲᠦ ᠬᠥᠮᠦᠨ ᠪᠤᠶᠤ ᠬᠣᠯᠪᠣᠭᠳᠠᠯ ᠪᠦᠬᠦᠢ ᠬᠠᠮᠢᠶᠠᠷᠤᠯᠲᠠ ᠵᠢᠨ ᠨᠢᠭᠡᠴᠢ ᠤᠷᠭᠤᠮᠠᠯ᠎ᠤᠨ ᠬᠠᠮᠠᠭ᠋ᠠᠯᠠᠯᠲᠠ ᠵᠢᠨ ᠪᠦᠰᠡ ᠪᠠᠶ᠋ᠢᠭᠤᠯᠬᠤ ᠬᠡᠷᠡᠭᠲᠡᠶ᠃ ᠤᠷᠭᠤᠮᠠᠯ᠎ᠤᠨ ᠬᠠᠮᠠᠭ᠋ᠠᠯᠠᠯᠲᠠ ᠵᠢᠨ ᠪᠦᠰᠡ ᠵᠢ ᠬᠠᠭ᠋ᠠᠯᠪᠤᠷᠢᠯᠠᠬᠤ ᠪᠠ ᠨᠡᠭᠡᠭᠡᠨ ᠠᠰᠢᠭᠯᠠᠬᠤ ᠵᠢ ᠴᠠᠭ᠋ᠠᠵᠠᠯᠠᠨ᠎ᠠ᠃
      ᠠᠷᠪᠠ ᠶᠢᠰᠦᠳᠦᠭᠡᠷ ᠵᠤᠢ᠌ᠯ   ᠬᠦᠷᠦᠰᠦ ᠰᠢᠷᠣᠶ ᠵᠢ ᠬᠠᠮᠠᠭ᠋ᠠᠯᠠᠬᠤ ᠲᠥᠬᠥᠭᠡᠷᠦᠮᠵᠢ ᠵᠢᠨ ᠥᠮᠴᠢᠯᠡᠯ᠎ᠤᠨ ᠡᠷᠬᠡᠲᠦ ᠬᠥᠮᠦᠨ ᠪᠤᠶᠤ ᠬᠡᠷᠡᠭᠯᠡᠬᠦ ᠡᠷᠬᠡᠲᠦ ᠬᠥᠮᠦᠨ᠎ᠨᠢ ᠬᠥᠷᠥᠰᠥ ᠰᠢᠷᠣᠶ ᠵᠢ ᠬᠠᠮᠠᠭ᠋ᠠᠯᠠᠬᠤ ᠲᠥᠬᠥᠭᠡᠷᠦᠮᠵᠢ ᠵᠢᠨ ᠬᠠᠮᠢᠶᠠᠷᠤᠯᠲᠠ ᠪᠠ ᠬᠠᠮᠠᠭ᠋ᠠᠯᠠᠯᠲᠠ᠎ᠪᠠᠨ ᠴᠢᠩᠭ᠋ᠠᠳᠬᠠᠵᠤ᠂ ᠬᠠᠮᠢᠶᠠᠷᠤᠨ ᠬᠠᠮᠠᠭ᠋ᠠᠯᠠᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠲᠡᠭᠦᠨ᠎ᠤ ᠴᠢᠳᠠᠮᠵᠢ ᠵᠢ ᠬᠡᠪ ᠵᠶ᠋ᠠᠷ ᠪᠠᠳᠠᠷᠠᠭᠤᠯᠬᠤ ᠵᠢ ᠪᠠᠲᠤᠯᠠᠬᠤ ᠬᠡᠷᠡᠭᠲᠡᠶ᠃
      ᠬᠣᠷᠢᠳᠤᠭ᠋ᠠᠷ ᠵᠦᠢ᠍ᠯ   ᠬᠣᠷᠢᠨ ᠲᠠᠪᠤᠨ ᠭ᠋ᠷᠠᠳᠦ᠋ᠰ᠎ᠠᠴᠠ ᠳᠡᠭᠡᠭᠰᠢᠬᠢ ᠡᠭᠴᠡ ᠨᠠᠯᠠᠤ ᠭᠠᠵᠠᠷ᠎ᠲᠤ ᠠᠳᠡᠷ ᠬᠠᠭ᠋ᠠᠯᠪᠤᠷᠢᠯᠠᠵᠤ ᠲᠠᠷᠢᠮᠠᠯ ᠲᠡᠷᠢᠬᠤ ᠵᠢ ᠴᠠᠭ᠋ᠠᠵᠠᠯᠠᠨ᠎ᠠ᠃ ᠬᠣᠷᠢᠨ ᠲᠠᠪᠤᠨ ᠭ᠋ᠷᠠᠳᠦ᠋ᠰ᠎ᠠᠴᠠ ᠳᠡᠭᠡᠭᠰᠢᠬᠢ ᠡᠭᠴᠡ ᠨᠠᠯᠠᠤ ᠭᠠᠵᠠᠷ᠎ᠲᠤ ᠠᠵᠤ ᠠᠬᠤᠶ ᠵᠢᠨ ᠤᠢ ᠲᠡᠷᠢᠬᠤ᠎ᠳᠤ ᠬᠦᠷᠪᠡᠯ᠂ ᠮᠣᠳᠣᠨ᠎ᠤ ᠳᠦᠷᠦᠯ᠎ᠢ ᠰᠢᠨᠵᠢᠯᠡᠬᠦ ᠤᠬᠠᠭ᠋ᠠᠨᠴᠢ᠎ᠪᠠᠷ ᠰᠣᠩᠭᠣᠵᠤ᠂ ᠬᠡᠪᠴᠢᠶ᠎ᠡ ᠵᠢ᠎ᠨᠢ ᠵᠦᠢ ᠵᠣᠬᠢᠰᠲᠠᠶ ᠲᠣᠭᠲᠠᠭ᠋ᠠᠨ᠂ ᠬᠥᠷᠥᠰᠥ ᠰᠢᠷᠣᠶ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠠᠪᠴᠤ᠂ ᠬᠥᠷᠥᠰᠥ ᠰᠢᠷᠣᠶ ᠵᠢᠨ ᠢᠳᠡᠭᠳᠡᠯ᠎ᠢ ᠪᠤᠢ ᠪᠣᠯᠭ᠋ᠠᠬᠤ᠎ᠠᠴᠠ ᠰᠡᠷᠭᠡᠶ᠋ᠢᠯᠡᠬᠦ ᠬᠡᠷᠡᠭᠲᠡᠶ᠃
      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠪᠣᠳᠠᠲᠤ ᠪᠠᠶ᠋ᠢᠳᠠᠯ᠎ᠢ ᠦᠨᠳᠦᠰᠦᠯᠡᠨ᠂ ᠬᠣᠷᠢᠨ ᠲᠠᠪᠤᠨ ᠭ᠋ᠷᠠᠳᠦ᠋ᠰ᠎ᠠᠴᠠ ᠪᠠᠭ᠎ᠠ ᠪᠠᠶ᠋ᠢᠬᠤ ᠠᠳᠠᠷ ᠬᠠᠭ᠋ᠠᠯᠪᠤᠷᠢᠯᠠᠬᠤ ᠵᠢ ᠴᠠᠭ᠋ᠠᠵᠠᠯᠠᠬᠤ ᠨᠠᠯᠠᠤᠴᠠ ᠵᠢ ᠲᠣᠭᠲᠠᠭ᠋ᠠᠵᠤ ᠪᠣᠯᠤᠨ᠎ᠠ᠃ ᠠᠳᠡᠷ ᠬᠠᠭ᠋ᠠᠯᠪᠤᠷᠢᠯᠠᠬᠤ ᠵᠢ ᠴᠠᠭ᠋ᠠᠵᠠᠯᠠᠬᠤ ᠡᠭᠴᠡ ᠨᠠᠯᠠᠤ ᠭᠠᠵᠠᠷ᠎ᠤᠨ ᠬᠦᠷᠢᠶ᠎ᠡ ᠬᠡᠪᠴᠢᠶ᠎ᠡ ᠵᠢ ᠲᠤᠬᠠᠶ ᠵᠢᠨ ᠭᠠᠵᠠᠷ᠎ᠤᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠠᠭ᠋ᠠᠭᠯᠠᠨ ᠲᠣᠭᠲᠠᠭ᠋ᠠᠭ᠋ᠠᠳ ᠵᠠᠷᠯᠠᠨ ᠨᠡᠶ᠋ᠢᠲᠡᠯᠡᠨ᠎ᠡ᠃
      ᠬᠣᠷᠢᠨ ᠨᠢᠭᠡᠳᠦᠭᠡᠷ ᠵᠦᠢ᠍ᠯ   ᠤᠢ ᠰᠢᠭᠤᠶ ᠵᠢ ᠰᠦᠢ᠍ᠳᠬᠡᠬᠦ᠂ ᠡᠪᠡᠰᠦ ᠪᠡᠯᠴᠢᠭᠡᠷ᠎ᠢ ᠰᠦᠢ᠍ᠳᠬᠡᠵᠦ ᠠᠳᠡᠷ ᠬᠠᠭ᠋ᠠᠯᠪᠤᠷᠢᠯᠠᠬᠤ ᠪᠠ ᠭᠡᠵᠢᠭᠡ ᠡᠪᠡᠰᠦ ᠲᠡᠭᠦᠵᠦ ᠴᠤᠭᠯᠠᠭᠤᠯᠬᠤ ᠵᠢ ᠴᠠᠭ᠋ᠠᠵᠠᠯᠠᠨ᠎ᠠ᠃ ᠬᠥᠷᠥᠰᠥ ᠰᠢᠷᠣᠶ ᠵᠢᠨ ᠢᠳᠡᠭᠳᠡᠯ᠎ᠢ ᠭᠣᠣᠯᠳᠠᠯᠭ᠎ᠠ᠎ᠲᠠᠢ ᠤᠷᠢᠳᠴᠢᠯᠠᠨ ᠰᠡᠷᠭᠡᠶ᠋ᠢᠯᠡᠬᠦ ᠣᠷᠣᠨ ᠪᠠ ᠭᠣᠣᠯᠳᠠᠯᠭ᠎ᠠ᠎ᠲᠠᠢ ᠵᠠᠰᠠᠬᠤ ᠣᠷᠣᠨ᠎ᠳᠤ ᠵᠦᠯᠭᠡ ᠵᠢ ᠬᠤᠰᠤᠬᠤ᠂ ᠮᠣᠳᠣᠨ᠎ᠤ ᠦᠨᠳᠦᠰᠦ ᠮᠠᠯᠲᠠᠬᠤ ᠪᠤᠶᠤ ᠬᠣᠷᠣᠬᠠᠶ ᠡᠪᠡᠰᠦ᠂ ᠰᠢᠬᠢᠷ ᠡᠪᠡᠰᠦ᠂ ᠵᠡᠭᠡᠷᠭᠡᠨ᠎ᠡ ᠵᠡᠷᠭᠡ ᠵᠢ ᠳᠤᠷ᠎ᠠ᠎ᠪᠠᠷ ᠵᠶ᠋ᠠᠨ ᠮᠠᠯᠲᠠᠬᠤ ᠵᠢ ᠴᠠᠭ᠋ᠠᠵᠠᠯᠠᠨ᠎ᠠ᠃
      ᠬᠣᠷᠢᠨ ᠬᠣᠶᠠᠳᠤᠭ᠋ᠠᠷ ᠵᠦᠢ᠍ᠯ   ᠤᠢ ᠮᠣᠳᠣ ᠵᠢ ᠣᠭᠲᠣᠯᠬᠤ᠎ᠳᠠᠭᠠᠨ ᠵᠦᠢ ᠵᠣᠬᠢᠰᠲᠠᠶ ᠠᠷᠭ᠎ᠠ ᠬᠡᠯᠪᠡᠷᠢ ᠵᠢ ᠠᠪᠴᠤ᠂ ᠪᠥᠬᠥᠳᠡ ᠵᠢ ᠣᠭᠲᠣᠯᠬᠤ ᠵᠢ ᠴᠢᠩᠭ᠎ᠠ ᠬᠢᠵᠠᠭ᠋ᠠᠷᠯᠠᠬᠤ ᠬᠡᠷᠡᠭᠲᠡᠶ; ᠤᠰᠦᠠ᠎ᠤ ᠡᠬᠢ ᠰᠤᠷᠪᠤᠯᠵᠢ ᠵᠢ ᠬᠠᠳᠠᠭ᠋ᠠᠯᠠᠬᠤ ᠤᠢ᠂ ᠬᠥᠷᠥᠰᠥ ᠰᠢᠷᠣᠶ ᠵᠢ ᠬᠠᠮᠠᠭ᠋ᠠᠯᠠᠬᠤ ᠤᠢ᠂ ᠰᠠᠯᠬᠢᠨ᠎ᠢ ᠬᠠᠯᠬᠠᠯᠡᠵᠦ ᠡᠯᠡᠰᠦ ᠵᠢ ᠲᠣᠭᠲᠠᠪᠤᠷᠢᠵᠢᠭᠤᠯᠬᠤ ᠤᠢ ᠵᠡᠷᠭᠡ ᠬᠠᠯᠬᠠᠪᠴᠢ ᠤᠢ ᠵᠢ ᠵᠥᠪᠬᠡᠨ ᠠᠷᠠᠴᠢᠯᠠᠨ ᠪᠣᠶ᠋ᠢᠵᠢᠭᠤᠯᠬᠤ ᠪᠠ ᠰᠢᠨᠡᠳᠬᠡᠬᠦ ᠴᠢᠨᠠᠷᠲᠠᠶ᠎ᠪᠠᠷ ᠣᠭᠲᠣᠯᠵᠤ ᠪᠣᠯᠤᠨ᠎ᠠ; ᠮᠣᠳᠣ ᠣᠭᠲᠣᠯᠬᠤ ᠣᠷᠣᠨ ᠪᠠ ᠮᠣᠳᠣ ᠴᠤᠭᠯᠠᠭᠤᠯᠬᠤ ᠵᠡᠮ᠎ᠳᠤ ᠬᠥᠷᠥᠰᠥ ᠰᠢᠷᠣᠶ ᠵᠢᠨ ᠢᠳᠡᠭᠳᠡᠯ᠎ᠢ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ ᠪᠥᠭᠡᠳ ᠮᠣᠳᠣ ᠣᠭᠲᠣᠯᠤᠭᠰᠠᠨ᠎ᠤ ᠲᠡᠷᠡᠭ᠎ᠠ ᠴᠠᠭ ᠲᠤᠬᠠᠶ᠎ᠳᠤᠨᠢ ᠰᠢᠨᠡᠳᠬᠡᠨ ᠣᠶ᠋ᠢᠵᠢᠭᠤᠯᠬᠤ ᠬᠡᠷᠡᠭᠲᠡᠶ᠃
      ᠤᠢ᠌ᠳᠤ ᠣᠷᠣᠨ᠎ᠳᠤ ᠤᠢ ᠮᠣᠳᠣ ᠣᠭᠲᠣᠯᠬᠤ᠎ᠳᠤ ᠬᠦᠷᠪᠡᠯ᠂ ᠣᠭᠲᠣᠯᠬᠤ ᠲᠥᠰᠦᠯ᠎ᠳᠡᠭᠡᠨ ᠬᠥᠷᠥᠰᠥ ᠰᠢᠷᠣᠶ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠠᠪᠤᠭᠰᠠᠨ ᠪᠠᠶ᠋ᠢᠬᠤ ᠬᠡᠷᠡᠭᠲᠡᠶ᠃ ᠮᠣᠳᠣ ᠣᠭᠲᠣᠯᠬᠤ ᠲᠥᠰᠦᠯ᠎ᠢ ᠤᠢ ᠰᠢᠭᠤᠶ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠰᠡᠨ᠎ᠤ ᠲᠡᠷᠡᠭ᠎ᠠ᠂ ᠤᠢ ᠰᠢᠭᠤᠶ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠦᠠ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃
      ᠬᠣᠷᠢᠨ ᠭᠤᠷᠪᠠᠳᠤᠭ᠋ᠠᠷ ᠵᠦᠢ᠍ᠯ   ᠲᠠᠪᠤᠨ ᠭ᠋ᠷᠠᠳᠦ᠋ᠰ᠎ᠠᠴᠠ ᠳᠡᠭᠡᠭᠰᠢᠬᠢ ᠨᠠᠯᠠᠤ ᠭᠠᠵᠠᠷ᠎ᠲᠤ ᠮᠣᠳᠣ ᠲᠡᠷᠢᠵᠦ ᠣᠶ᠋ᠢᠵᠢᠭᠤᠯᠬᠤ᠂ ᠵᠤᠯᠵᠠᠭ᠎ᠠ ᠮᠣᠳᠣ ᠵᠢ ᠠᠷᠠᠴᠢᠯᠠᠨ ᠪᠣᠶ᠋ᠢᠵᠢᠭᠤᠯᠬᠤ᠂ ᠬᠢᠲᠠᠳ ᠡᠮ᠎ᠤᠨ ᠮᠠᠲ᠋ᠧᠷᠢᠶᠠᠯ ᠲᠡᠷᠢᠬᠤ ᠵᠡᠷᠭᠡ᠎ᠳᠤ ᠬᠥᠷᠥᠰᠥ ᠰᠢᠷᠣᠶ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃
      ᠠᠳᠡᠷ ᠬᠠᠭ᠋ᠠᠯᠪᠤᠷᠢᠯᠠᠬᠤ ᠵᠢ ᠴᠠᠭ᠋ᠠᠵᠠᠯᠠᠬᠤ ᠨᠠᠯᠠᠤᠴᠠ᠎ᠠᠴᠠ ᠳᠣᠭᠣᠭᠰᠢ᠂ ᠲᠠᠪᠤᠨ ᠭ᠋ᠷᠠᠳᠦ᠋ᠰ᠎ᠠᠴᠠ ᠳᠡᠭᠡᠭᠰᠢᠬᠢ ᠠᠳᠡᠷ ᠨᠠᠯᠠᠤ ᠭᠠᠵᠠᠷ᠎ᠢ ᠬᠠᠭ᠋ᠠᠯᠪᠤᠷᠢᠯᠠᠵᠤ ᠲᠠᠷᠢᠮᠠᠯ ᠲᠡᠷᠢᠬᠤ᠎ᠳᠤ ᠬᠥᠷᠥᠰᠥ ᠰᠢᠷᠣᠶ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠪᠣᠳᠠᠲᠠᠶ ᠠᠷᠭ᠎ᠠ ᠵᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠎ᠠᠴᠠ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠪᠣᠳᠠᠲᠤ ᠪᠠᠶ᠋ᠢᠳᠠᠯ᠎ᠢ ᠦᠨᠳᠦᠰᠦᠯᠡᠵᠦ ᠲᠣᠭᠲᠠᠭ᠋ᠠᠨ᠎ᠠ᠃
      ᠬᠣᠷᠢᠨ ᠳᠥᠷᠪᠡᠳᠦᠭᠡᠷ ᠵᠦᠢ᠍ᠯ   ᠦᠢ᠍ᠯᠡᠳᠪᠤᠷᠢᠯᠡᠯ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠤᠨ ᠭᠠᠵᠠᠷ ᠰᠣᠩᠭᠣᠬᠤ᠂ ᠱᠤᠭᠤᠮ ᠰᠣᠩᠭᠣᠬᠤ᠎ᠳᠠᠭᠠᠨ ᠬᠥᠷᠥᠰᠥ ᠰᠢᠷᠣᠢ ᠵᠢᠨ ᠢᠳᠡᠭᠳᠡᠯ᠎ᠢ ᠭᠣᠣᠯᠳᠠᠯᠭ᠎ᠠ᠎ᠲᠠᠢ ᠤᠷᠢᠳᠴᠢᠯᠠᠨ ᠰᠡᠷᠭᠡᠶ᠋ᠢᠯᠡᠬᠦ ᠣᠷᠣᠨ ᠪᠠ ᠭᠣᠣᠯᠳᠠᠯᠭ᠎ᠠ᠎ᠲᠠᠢ ᠵᠠᠰᠠᠬᠤ ᠣᠷᠣᠨ᠎ᠠᠴᠠ ᠵᠠᠶ᠋ᠢᠯᠠᠬᠤ ᠬᠡᠷᠡᠭᠲᠡᠢ; ᠵᠠᠶ᠋ᠢᠯᠠᠬᠤ ᠵᠢᠨ ᠠᠷᠭ᠎ᠠ ᠦᠭᠡᠢ ᠪᠠᠶ᠋ᠢᠪᠠᠯ᠂ ᠰᠡᠷᠭᠡᠶ᠋ᠢᠯᠡᠨ ᠵᠠᠰᠠᠬᠤ ᠪᠠᠷᠢᠮᠵᠢᠶ᠎ᠠ ᠵᠢ ᠳᠡᠭᠡᠭᠰᠢᠯᠡᠭᠦᠯᠵᠦ᠂ ᠪᠠᠷᠢᠯᠭ᠎ᠠ ᠵᠢᠨ ᠠᠵᠢᠯ᠎ᠤᠨ ᠤᠷᠠᠯᠠᠯ᠎ᠢ ᠰᠢᠯᠢᠳᠡᠭᠵᠢᠭᠦᠯᠵᠦ᠂ ᠭᠠᠵᠠᠷ᠎ᠤᠨ ᠭᠠᠳᠠᠷᠭᠤ ᠵᠢ ᠰᠠᠮᠠᠭᠤᠷᠠᠭᠤᠯᠬᠤ ᠪᠠ ᠤᠷᠭᠤᠮᠠᠯ᠎ᠤᠨ ᠬᠤᠴᠢᠯᠭ᠎ᠠ ᠵᠢ ᠡᠪᠳᠡᠬᠦ ᠬᠡᠪᠴᠢᠶ᠎ᠡ ᠵᠢ ᠪᠠᠭ᠋ᠠᠰᠬᠠᠵᠤ᠂ ᠬᠥᠷᠥᠰᠥ ᠰᠢᠷᠣᠶ ᠵᠢᠨ ᠢᠳᠡᠭᠳᠡᠯ᠎ᠢ ᠪᠤᠢ ᠪᠣᠯᠭ᠋ᠠᠵᠤ ᠮᠡᠳᠡᠬᠦ ᠶᠠᠪᠤᠳᠠᠯ᠎ᠢ ᠪᠦᠲᠦᠮᠵᠢᠲᠡᠶ᠎ᠪᠠᠷ ᠬᠢᠵᠠᠭ᠋ᠠᠷᠯᠠᠬᠤ ᠬᠡᠷᠡᠭᠲᠡᠶ᠃
      ᠬᠣᠷᠢᠨ ᠲᠠᠪᠤᠳᠤᠭ᠋ᠠᠷ ᠵᠦᠢ᠍ᠯ   ᠠ᠋ᠭᠤᠯᠠᠷᠬᠠᠭ ᠣᠷᠣᠨ᠂ ᠳᠣᠪᠣᠷᠬᠠᠭ ᠣᠷᠣᠨ᠂ ᠰᠠᠯᠬᠢ ᠰᠢᠭᠤᠷᠭ᠋ᠠᠨ᠎ᠤ ᠣᠷᠣᠨ ᠵᠢᠴᠢ ᠬᠥᠷᠥᠰᠥ ᠰᠢᠷᠣᠶ ᠵᠢ ᠬᠠᠮᠠᠭ᠋ᠠᠯᠠᠬᠤ ᠲᠥᠯᠥᠪᠵᠢᠭᠦᠯᠭᠡ᠎ᠳᠤ ᠲᠣᠭᠲᠠᠭ᠋ᠠᠭᠰᠠᠨ ᠬᠥᠷᠥᠰᠥ ᠰᠢᠷᠣᠶ ᠵᠢᠨ ᠢᠳᠡᠭᠳᠡᠯ ᠠᠮᠠᠷᠬᠠᠨ ᠡᠭᠦᠰᠳᠡᠭ ᠪᠤᠰᠤᠳ ᠣᠷᠣᠨ᠎ᠳᠤ ᠬᠥᠷᠥᠰᠥ ᠰᠢᠷᠣᠶ ᠵᠢᠨ ᠢᠳᠡᠭᠳᠡᠯ ᠡᠭᠦᠰᠭᠡᠵᠦ ᠮᠡᠳᠡᠬᠦ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠨᠡᠭᠡᠭᠡᠨ ᠡᠷᠬᠢᠯᠡᠨ᠎ᠠ᠃ ᠦᠢ᠍ᠯᠡᠳᠪᠦᠷᠢᠯᠡᠯ ᠪᠦᠳᠦᠭᠡᠠ ᠪᠠᠶ᠋ᠢᠭᠤᠯᠤᠯᠲᠠ ᠵᠢᠨ ᠨᠢᠭᠡᠴᠢ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ ᠵᠶ᠋ᠠᠨ ᠨᠠᠶ᠋ᠢᠷᠠᠭᠤᠯᠤᠨ ᠵᠣᠬᠢᠶᠠᠵᠤ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠦᠠ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠵᠢᠨ ᠬᠠᠮᠲᠤ ᠵᠥᠪᠰᠢᠶᠡᠷᠡᠭᠦᠯᠦᠭᠰᠡᠨ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠤᠨ ᠶᠣᠰᠣᠭ᠋ᠠᠷ ᠬᠥᠷᠥᠰᠥ ᠰᠢᠷᠣᠶ ᠵᠢᠨ ᠢᠳᠡᠭᠳᠡᠯ᠎ᠢ ᠤᠷᠢᠳᠴᠢᠯᠠᠨ ᠰᠡᠷᠭᠡᠶ᠋ᠢᠯᠡᠬᠦ ᠪᠠ ᠵᠠᠰᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠢ ᠨᠠᠶ᠋ᠢᠷᠠᠭᠤᠯᠤᠨ ᠵᠣᠬᠢᠶᠠᠬᠤ ᠴᠢᠳᠠᠪᠤᠷᠢ ᠦᠭᠡᠢ ᠪᠠᠶ᠋ᠢᠪᠠᠯ᠂ ᠵᠣᠬᠢᠴᠠᠩᠭᠤᠶ ᠮᠡᠷᠭᠡᠵᠢᠯ᠎ᠤᠨ ᠨᠥᠬᠥᠴᠡᠯ᠎ᠢ ᠪᠦᠷᠢᠯᠳᠦᠭᠦᠯᠦᠭᠰᠡᠨ ᠪᠠᠶ᠋ᠢᠭᠤᠯᠤᠮᠵᠢ᠎ᠳᠤ ᠨᠠᠶ᠋ᠢᠳᠠᠵᠤ ᠨᠠᠶ᠋ᠢᠷᠠᠭᠤᠯᠤᠨ ᠵᠣᠬᠢᠶᠠᠯᠭ᠋ᠠᠬᠤ ᠬᠡᠷᠡᠭᠲᠡᠶ᠃
      ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠳᠤ ᠬᠥᠷᠥᠰᠥ ᠰᠢᠷᠣᠶ ᠵᠢᠨ ᠢᠳᠡᠭᠳᠡᠯ᠎ᠢ ᠤᠷᠢᠳᠴᠢᠯᠠᠨ ᠰᠡᠷᠭᠡᠶ᠋ᠢᠯᠡᠬᠦ ᠪᠠ ᠵᠠᠰᠠᠬᠤ ᠬᠦᠷᠢᠶ᠎ᠡ ᠬᠡᠪᠴᠢᠶ᠎ᠡ᠂ ᠬᠠᠷᠠᠯᠲᠠ᠂ ᠠᠷᠭ᠎ᠠ ᠬᠡᠮᠵᠢᠶ᠎ᠡ ᠪᠠ ᠪᠡᠯᠡ ᠣᠷᠣᠭᠤᠯᠤᠯᠲᠠ ᠵᠡᠷᠭᠡ ᠠᠭᠤᠯᠭ᠎ᠠ ᠵᠢ ᠪᠠᠭᠲᠠᠭ᠋ᠠᠭᠰᠠᠨ ᠪᠠᠶ᠋ᠢᠬᠤ ᠬᠡᠷᠡᠭᠲᠡᠶ᠃
      ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠢ ᠵᠥᠪᠰᠢᠶᠡᠷᠡᠭᠦᠯᠦᠭᠰᠡᠨ᠎ᠤ ᠲᠡᠷᠡᠭ᠎ᠠ᠂ ᠦᠢ᠍ᠯᠡᠳᠪᠦᠷᠢᠯᠡᠯ ᠪᠦᠳᠦᠭᠡᠠ ᠪᠠᠶ᠋ᠢᠭᠤᠯᠤᠯᠲᠠ ᠵᠢᠨ ᠵᠦᠢ᠍ᠯᠡᠰ᠎ᠤᠨ ᠭᠠᠵᠠᠷ᠂ ᠬᠡᠪᠴᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠬᠤ᠎ᠳᠤ ᠬᠦᠷᠪᠡᠯ᠂ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠢ ᠨᠥᠬᠥᠪᠥᠷᠢᠯᠡᠬᠦ ᠪᠤᠶᠤ ᠲᠡᠭᠦᠨ᠎ᠳᠤ ᠵᠠᠰᠠᠪᠤᠷᠢ ᠣᠷᠣᠭᠤᠯᠬᠤ ᠵᠢᠨ ᠬᠠᠮᠲᠤ ᠤᠤᠯ᠎ᠤᠨ ᠬᠢᠨᠠᠨ ᠵᠥᠪᠰᠢᠶᠡᠷᠡᠭᠰᠡᠨ ᠪᠠᠶ᠋ᠢᠭᠤᠯᠭ᠎ᠠ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠢ ᠬᠡᠷᠡᠭᠵᠢᠭᠦᠯᠬᠦ ᠶᠠᠪᠤᠴᠠ᠎ᠳᠤ ᠬᠥᠷᠥᠰᠥ ᠰᠢᠷᠣᠶ ᠵᠢ ᠬᠠᠮᠠᠭ᠋ᠠᠯᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠭ᠋ᠠᠬᠤ ᠴᠢᠬᠤᠯᠠᠲᠠᠶ ᠪᠠᠶ᠋ᠢᠪᠠᠯ᠂ ᠤᠤᠯ᠎ᠤᠨ ᠬᠢᠨᠠᠨ ᠵᠥᠪᠰᠢᠶᠡᠷᠡᠭᠰᠡᠨ ᠪᠠᠶ᠋ᠢᠭᠤᠯᠭ᠎ᠠ᠎ᠪᠠᠷ ᠵᠥᠪᠰᠢᠶᠡᠷᠡᠭᠦᠯᠬᠦ ᠬᠡᠷᠡᠭᠲᠡᠶ᠃
      ᠦᠢ᠍ᠯᠡᠳᠪᠦᠷᠢᠯᠡᠯ ᠪᠦᠳᠦᠭᠡᠠ ᠪᠠᠶ᠋ᠢᠭᠤᠯᠤᠯᠲᠠ ᠵᠢᠨ ᠵᠦᠢ᠍ᠯᠡᠰ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠢ ᠨᠠᠶ᠋ᠢᠷᠠᠭᠤᠯᠤᠨ ᠵᠣᠬᠢᠶᠠᠬᠤ ᠪᠠ ᠬᠢᠨᠠᠨ ᠵᠥᠪᠰᠢᠶᠡᠷᠡᠬᠦ ᠠᠷᠭ᠎ᠠ ᠵᠢ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠤᠰᠦᠠ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠭᠳᠠᠭ᠋ᠠᠨ᠎ᠠ᠃
      ᠬᠣᠷᠢᠨ ᠵᠢᠷᠭᠤᠳᠤᠭ᠋ᠠᠷ ᠵᠦᠢ᠍ᠯ   ᠬᠦᠷᠦᠰᠦ ᠰᠢᠷᠣᠶ ᠵᠢ ᠬᠠᠮᠠᠭ᠋ᠠᠯᠠᠬᠤ ᠲᠥᠰᠦᠯ᠎ᠢ ᠬᠠᠤᠯᠢ ᠶᠣᠰᠣᠭ᠋ᠠᠷ ᠨᠠᠶ᠋ᠢᠷᠠᠭᠤᠯᠤᠨ ᠵᠣᠬᠢᠶᠠᠬᠤ ᠶᠣᠰᠣᠲᠠᠶ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠲᠤ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠨᠢᠭᠡᠴᠢ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠢ ᠨᠠᠶ᠋ᠢᠷᠠᠭᠤᠯᠤᠨ ᠵᠣᠬᠢᠶᠠᠭᠰᠠᠨ ᠦᠭᠡᠢ ᠪᠤᠶᠤ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ ᠵᠶ᠋ᠠᠨ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠰᠡᠨ ᠦᠭᠡᠢ ᠪᠠᠶ᠋ᠢᠪᠠᠯ᠂ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠡᠬᠢᠯᠡᠨ ᠪᠦᠳᠦᠭᠡᠨ ᠪᠠᠶ᠋ᠢᠭᠤᠯᠵᠤ ᠪᠣᠯᠬᠤ ᠦᠭᠡᠢ᠃
      ᠬᠣᠷᠢᠨ ᠳᠣᠯᠣᠳᠤᠭ᠋ᠠᠷ ᠵᠦᠢ᠍ᠯ   ᠬᠦᠷᠦᠰᠦ ᠰᠢᠷᠣᠶ ᠵᠢ ᠬᠠᠮᠠᠭ᠋ᠠᠯᠠᠬᠤ ᠲᠥᠰᠦᠯ᠎ᠢ ᠬᠠᠤᠯᠢ ᠶᠣᠰᠣᠭ᠋ᠠᠷ ᠨᠠᠶ᠋ᠢᠷᠠᠭᠤᠯᠤᠨ ᠵᠣᠬᠢᠶᠠᠬᠤ ᠶᠣᠰᠣᠲᠠᠶ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠤᠨ ᠳᠣᠲᠣᠷᠠᠬᠢ ᠬᠥᠷᠥᠰᠥ ᠰᠢᠷᠣᠶ ᠵᠢ ᠬᠠᠮᠠᠭ᠋ᠠᠯᠠᠬᠤ ᠲᠥᠬᠥᠭᠡᠷᠦᠮᠵᠢ ᠵᠢ ᠭᠣᠣᠯ ᠪᠠᠷᠢᠯᠭ᠎ᠠ᠎ᠲᠠᠢ᠎ᠪᠠᠨ ᠬᠠᠮᠲᠤ᠎ᠳᠤᠨᠢ ᠵᠢᠷᠤᠵᠤ ᠲᠥᠯᠥᠪᠯᠡᠨ᠂ ᠬᠠᠮᠲᠤ᠎ᠳᠤᠨᠢ ᠪᠠᠷᠢᠵᠤ᠂ ᠬᠠᠮᠲᠤ᠎ᠳᠤᠨᠢ ᠠᠰᠢᠭᠯᠠᠯᠲᠠ᠎ᠳᠤ ᠣᠷᠣᠭᠤᠯᠤᠨ ᠬᠡᠷᠡᠭᠯᠡᠬᠦ ᠬᠡᠷᠡᠭᠲᠡᠶ; ᠦᠢ᠍ᠯᠡᠳᠪᠦᠷᠢᠯᠡᠯ ᠪᠦᠳᠦᠭᠡᠠ ᠪᠠᠶ᠋ᠢᠭᠤᠯᠤᠯᠲᠠ ᠵᠢᠨ ᠵᠦᠢ᠍ᠯᠡᠰ᠎ᠤᠨ ᠪᠠᠷᠢᠯᠭ᠎ᠠ ᠳᠠᠭᠤᠰᠴᠤ ᠰᠢᠯᠭ᠋ᠠᠨ ᠠᠪᠬᠤ᠎ᠳᠠᠭᠠᠨ ᠬᠥᠷᠥᠰᠥ ᠰᠢᠷᠣᠶ ᠵᠢ ᠬᠠᠮᠠᠭ᠋ᠠᠯᠠᠬᠤ ᠲᠥᠬᠥᠭᠡᠷᠦᠮᠵᠢ ᠵᠢ ᠰᠢᠯᠭ᠋ᠠᠨ ᠠᠪᠬᠤ ᠬᠡᠷᠡᠭᠲᠡᠶ; ᠬᠥᠷᠥᠰᠥ ᠰᠢᠷᠣᠶ ᠵᠢ ᠬᠠᠮᠠᠭ᠋ᠠᠯᠠᠬᠤ ᠲᠥᠬᠥᠭᠡᠷᠦᠮᠵᠢ ᠵᠢ ᠰᠢᠯᠭ᠋ᠠᠨ ᠠᠪᠤᠭᠰᠠᠨ ᠤᠢ᠍ᠭᠡᠢ ᠪᠤᠶᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠤᠢ᠍ᠭᠡᠢ ᠪᠠᠶ᠋ᠢᠪᠠᠯ᠂ ᠦᠢ᠍ᠯᠡᠳᠪᠦᠷᠢᠯᠡᠯ ᠪᠦᠳᠦᠭᠡᠠ ᠪᠠᠶ᠋ᠢᠭᠤᠯᠤᠯᠲᠠ ᠵᠢᠨ ᠵᠦᠢ᠍ᠯᠡᠰ᠎ᠢ ᠠᠰᠢᠭᠯᠠᠯᠲᠠ᠎ᠳᠤ ᠣᠷᠣᠭᠤᠯᠤᠨ ᠬᠡᠷᠡᠭᠯᠡᠵᠦ ᠪᠣᠯᠬᠤ ᠤᠢ᠍ᠭᠡᠢ᠃
      ᠬᠣᠷᠢᠨ ᠨᠠᠢ᠍ᠮᠠᠳᠤᠭ᠋ᠠᠷ ᠵᠦᠢ᠍ᠯ   ᠬᠦᠷᠦᠰᠦ ᠰᠢᠷᠣᠶ ᠵᠢ ᠬᠠᠮᠠᠭ᠋ᠠᠯᠠᠬᠤ ᠲᠥᠰᠦᠯ᠎ᠢ ᠬᠠᠤᠯᠢ ᠶᠣᠰᠣᠭ᠋ᠠᠷ ᠨᠠᠶ᠋ᠢᠷᠠᠭᠤᠯᠤᠨ ᠵᠣᠬᠢᠶᠠᠬᠤ ᠶᠣᠰᠣᠲᠠᠶ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠤᠨ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢᠨ ᠳᠤᠮᠳᠠ ᠬᠠᠶᠠᠭᠰᠠᠨ ᠡᠯᠡᠰᠦ᠂ ᠴᠢᠯᠠᠭᠤ᠂ ᠰᠢᠷᠣᠶ᠂ ᠨᠡᠭᠦᠷᠡᠰᠦᠨ ᠴᠢᠯᠠᠭᠤ᠂ ᠦᠯᠡᠳᠡᠭᠳᠡᠯ ᠬᠦᠳᠡᠷ᠂ ᠬᠠᠶᠠᠭᠳᠠᠮᠠᠯ ᠰᠢᠭ᠋ᠠᠷᠤ ᠵᠡᠷᠭᠡ ᠵᠢ᠎ᠨᠢ ᠶᠡᠷᠦᠩᠬᠡᠶ᠋ᠢᠯᠡᠨ ᠠᠰᠢᠭᠯᠠᠬᠤ ᠬᠡᠷᠡᠭᠲᠡᠶ; ᠶᠡᠷᠦᠩᠬᠡᠶ᠋ᠢᠯᠡᠨ ᠠᠰᠢᠭᠯᠠᠵᠤ ᠳᠡᠶ᠋ᠢᠯᠬᠦ ᠦᠭᠡᠢ᠂ ᠦᠨᠡᠨ ᠬᠦ᠌ ᠬᠠᠶᠠᠬᠤ ᠴᠢᠬᠤᠯᠠᠲᠠᠶ ᠪᠠᠶ᠋ᠢᠪᠠᠯ᠂ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠳᠤ ᠲᠣᠭᠲᠠᠭ᠋ᠠᠭᠰᠠᠨ ᠲᠤᠰᠬᠠᠶ ᠬᠠᠳᠠᠭ᠋ᠠᠯᠠᠬᠤ ᠭᠠᠵᠠᠷ᠎ᠲᠤ ᠣᠪᠣᠭ᠋ᠠᠯᠠᠨ ᠲᠠᠯᠪᠢᠬᠤ ᠵᠢᠨ ᠬᠠᠮᠲᠤ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠰᠢᠨ᠎ᠡ ᠬᠣᠣᠷ ᠬᠥᠨᠥᠭᠡᠯ ᠭᠠᠷᠭ᠋ᠠᠬᠤ ᠦᠭᠡᠢ ᠪᠠᠶ᠋ᠢᠬᠤ ᠵᠢ ᠪᠠᠲᠤᠯᠠᠬᠤ ᠬᠡᠷᠡᠭᠲᠡᠶ᠃
      ᠬᠣᠷᠢ ᠶᠢᠰᠦᠳᠦᠭᠡᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠤᠭᠤᠳ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠢ ᠬᠡᠷᠡᠭᠵᠢᠭᠦᠯᠦᠭᠰᠡᠨ ᠪᠠᠶ᠋ᠢᠳᠠᠯ᠎ᠢ ᠮᠥᠷᠳᠡᠨ ᠪᠠᠶ᠋ᠢᠴᠠᠭ᠋ᠠᠵᠤ᠂ ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠶ᠎ᠳᠤᠨᠢ ᠰᠢᠢ᠍ᠳᠪᠦᠷᠢᠯᠡᠬᠦ ᠬᠡᠷᠡᠭᠲᠡᠶ᠃
   
      ᠳᠥᠷᠪᠡᠳᠦᠭᠡᠷ ᠪᠦᠯᠦᠭ   ᠵᠠᠰᠠᠬᠤ
   
      ᠭᠤᠴᠢᠳᠤᠭ᠋ᠠᠷ ᠵᠦᠢ᠍ᠯ ᠤᠯᠤᠰ᠎ᠠᠴᠠ ᠬᠥᠷᠥᠰᠥ ᠰᠢᠷᠣᠶ ᠵᠢᠨ ᠢᠳᠡᠭᠳᠡᠯ᠎ᠢ ᠭᠣᠣᠯᠳᠠᠯᠭ᠎ᠠ᠎ᠲᠠᠢ᠎ᠪᠠᠷ ᠤᠷᠢᠳᠴᠢᠯᠠᠨ ᠰᠡᠷᠭᠡᠶ᠋ᠢᠯᠡᠬᠦ ᠣᠷᠣᠨ ᠪᠠ ᠭᠣᠣᠯᠳᠠᠯᠭ᠎ᠠ᠎ᠲᠠᠢ᠎ᠪᠠᠷ ᠵᠠᠰᠠᠬᠤ ᠣᠷᠣᠨ᠎ᠤ ᠨᠠᠯᠠᠤ ᠲᠠᠷᠢᠶᠠᠨ ᠭᠠᠵᠠᠷ᠎ᠢ ᠱᠠᠲᠤᠨ ᠲᠠᠷᠢᠶ᠎ᠠ ᠪᠣᠯᠭ᠋ᠠᠨ ᠥᠭᠡᠷᠡᠴᠢᠯᠡᠬᠦ᠂ ᠨᠦᠯᠦᠮᠡᠯ ᠭᠠᠵᠠᠷ᠎ᠤᠨ ᠬᠠᠰᠢᠯᠭ᠎ᠠ ᠪᠣᠯᠭ᠋ᠠᠬᠤ ᠵᠡᠷᠭᠡ ᠬᠥᠷᠥᠰᠥ ᠰᠢᠷᠣᠶ ᠵᠢ ᠬᠠᠮᠠᠭ᠋ᠠᠯᠠᠬᠤ ᠭᠣᠣᠯᠳᠠᠯᠭ᠎ᠠ᠎ᠲᠠᠢ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠮᠢ ᠠᠬᠤᠶ ᠵᠢ ᠰᠡᠷᠭᠦᠭᠡᠬᠦ ᠡᠷᠴᠢᠮ᠎ᠢ ᠴᠢᠩᠭ᠋ᠠᠷᠠᠭᠤᠯᠤᠨ᠎ᠠ᠃
      ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠥᠷᠥᠰᠥ ᠰᠢᠷᠣᠶ ᠵᠢ ᠬᠠᠮᠠᠭ᠋ᠠᠯᠠᠬᠤ ᠭᠣᠣᠯᠳᠠᠯᠭ᠎ᠠ᠎ᠲᠠᠢ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠠᠵᠢᠯᠯᠠᠭ᠋ᠠᠨ᠎ᠢ ᠬᠠᠮᠢᠶᠠᠷᠴᠤ ᠬᠠᠮᠠᠭ᠋ᠠᠯᠠᠬᠤ ᠲᠦᠷᠢᠮ᠎ᠢ ᠪᠠᠢ᠌ᠭᠤᠯᠤᠨ ᠪᠦᠷᠢᠨᠰᠢᠬᠦᠯᠬᠦ ᠬᠡᠷᠡᠭᠲᠡᠢ᠃
      ᠭᠤᠴᠢᠨ ᠨᠢᠭᠡᠳᠦᠭᠡᠷ ᠵᠦᠢ᠍ᠯ   ᠤᠯᠤᠰ᠎ᠠᠴᠠ ᠭᠣᠣᠯ ᠮᠥᠷᠡᠨ᠎ᠤ ᠡᠬᠢ ᠰᠤᠷᠪᠤᠯᠵᠢ ᠵᠢᠨ ᠣᠷᠣᠨ᠂ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ ᠪᠠ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ ᠣᠷᠣᠨ᠎ᠤ ᠬᠥᠷᠥᠰᠥ ᠰᠢᠷᠣᠶ ᠵᠢᠨ ᠢᠳᠡᠭᠳᠡᠯ᠎ᠢ ᠤᠷᠢᠳᠴᠢᠯᠠᠨ ᠰᠡᠷᠭᠡᠶ᠋ᠢᠯᠡᠬᠦ ᠪᠠ ᠵᠠᠰᠠᠬᠤ ᠠᠵᠢᠯ᠎ᠢ ᠴᠢᠩᠭ᠋ᠠᠳᠬᠠᠵᠤ᠂ ᠤᠯᠠᠨ ᠠᠷᠭ᠎ᠠ ᠵᠠᠮ ᠵᠶ᠋ᠠᠷ ᠪᠡᠯᠡ ᠮᠥᠩᠭᠥ ᠴᠤᠭᠯᠠᠭᠤᠯᠵᠤ᠂ ᠬᠥᠷᠥᠰᠥ ᠰᠢᠷᠣᠶ ᠵᠢ ᠬᠠᠮᠠᠭ᠋ᠠᠯᠠᠬᠤ ᠠᠮᠢ ᠠᠬᠤᠶ ᠵᠢᠨ ᠦᠷ᠎ᠡ ᠠᠰᠢᠭ᠎ᠤᠨ ᠨᠥᠬᠥᠪᠥᠷᠢ ᠵᠢ ᠤᠯᠤᠰ᠎ᠠᠴᠠ ᠪᠠᠶ᠋ᠢᠭᠤᠯᠤᠭᠰᠠᠨ ᠠᠮᠢ ᠠᠬᠤᠶ ᠵᠢᠨ ᠦᠷ᠎ᠡ ᠠᠰᠢᠭ᠎ᠤᠨ ᠨᠥᠬᠥᠪᠥᠷᠢ ᠵᠢᠨ ᠲᠦᠷᠢᠮ᠎ᠳᠤ ᠣᠷᠣᠭᠤᠯᠤᠨ᠎ᠠ᠃
      ᠭᠤᠴᠢᠨ ᠬᠣᠶᠠᠳᠤᠭ᠋ᠠᠷ ᠵᠦᠢ᠍ᠯ   ᠦᠢ᠍ᠯᠡᠳᠪᠦᠷᠢᠯᠡᠯ ᠪᠦᠲᠦᠭᠡᠨ ᠪᠠᠢ᠍ᠭᠤᠯᠤᠯᠲᠠ ᠵᠢᠨ ᠵᠦᠢ᠍ᠯᠡᠰ᠎ᠢ ᠡᠷᠬᠢᠯᠡᠬᠦ ᠪᠤᠶᠤ ᠪᠤᠰᠤᠳ ᠦᠢ᠍ᠯᠡᠳᠪᠦᠷᠢᠯᠡᠯ ᠪᠦᠲᠦᠭᠡᠨ ᠪᠠᠢ᠍ᠭᠤᠯᠤᠯᠲᠠ ᠵᠢᠨ ᠠᠵᠢᠯᠯᠠᠭ᠎ᠠ ᠬᠢᠭᠡᠳ ᠬᠥᠷᠥᠰᠥ ᠰᠢᠷᠣᠶ ᠵᠢᠨ ᠢᠳᠡᠭᠳᠡᠯ᠎ᠢ ᠪᠤᠢ ᠪᠣᠯᠭ᠋ᠠᠭᠰᠠᠨ ᠪᠠᠢ᠌ᠪᠠᠯ ᠵᠠᠰᠠᠬᠤ ᠬᠡᠷᠡᠭᠲᠡᠶ᠃
      ᠠᠭᠤᠯᠠᠷᠬᠠᠭ ᠣᠷᠣᠨ᠂ ᠳᠣᠪᠣᠷᠬᠠᠭ ᠣᠷᠣᠨ᠂ ᠰᠠᠯᠬᠢ ᠰᠢᠭᠤᠷᠭ᠋ᠠᠨ᠎ᠤ ᠣᠷᠣᠨ ᠵᠢᠴᠢ ᠬᠥᠷᠥᠰᠥ ᠰᠢᠷᠣᠶ ᠵᠢ ᠬᠠᠮᠠᠭ᠋ᠠᠯᠠᠬᠤ ᠲᠥᠯᠥᠪᠵᠢᠭᠦᠯᠭᠡ᠎ᠳᠤ ᠲᠣᠭᠲᠠᠭ᠋ᠠᠭᠰᠠᠨ ᠬᠥᠷᠥᠰᠥ ᠰᠢᠷᠣᠶ ᠵᠢᠨ ᠢᠳᠡᠭᠳᠡᠯ ᠠᠮᠠᠷᠬᠠᠨ ᠡᠭᠦᠰᠳᠡᠭ ᠪᠤᠰᠤᠳ ᠣᠷᠣᠨ ᠪᠦᠰᠡ᠎ᠳᠤ ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠤᠢ᠌ᠯ᠎ᠢ ᠨᠡᠭᠡᠭᠡᠨ ᠡᠷᠭᠢᠯᠡᠬᠦ ᠪᠤᠶᠤ ᠪᠤᠰᠤᠳ ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠠᠵᠢᠯᠯᠠᠭ᠎ᠠ ᠬᠢᠬᠦ᠎ᠳᠡᠭᠡᠨ ᠬᠥᠷᠥᠰᠥ ᠰᠢᠷᠣᠶ ᠵᠢ ᠬᠠᠮᠠᠭ᠋ᠠᠯᠠᠬᠤ ᠲᠥᠬᠥᠭᠡᠷᠦᠮᠵᠢ᠂ ᠭᠠᠵᠠᠷ᠎ᠤᠨ ᠭᠠᠳᠠᠷᠭᠤ ᠵᠢᠨ ᠤᠷᠭᠤᠮᠠᠯ᠎ᠤᠨ ᠬᠤᠴᠢᠯᠭ᠎ᠠ ᠵᠢ ᠡᠪᠳᠡᠭᠡᠳ ᠤᠤᠯ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠴᠢᠳᠠᠮᠵᠢ ᠵᠢ᠎ᠨᠢ ᠰᠡᠷᠭᠦᠭᠡᠵᠦ ᠳᠡᠶ᠋ᠢᠯᠬᠦ ᠦᠭᠡᠢ ᠪᠠᠶ᠋ᠢᠪᠠᠯ᠂ ᠬᠥᠷᠥᠰᠥ ᠰᠢᠷᠣᠶ ᠵᠢ ᠬᠠᠮᠠᠭ᠋ᠠᠯᠠᠬᠤ ᠨᠥᠬᠥᠪᠥᠷᠢ ᠰᠦᠢ᠍ᠳᠬᠡᠯ ᠲᠤᠰᠢᠶᠠᠵᠤ᠂ ᠬᠥᠷᠥᠰᠥ ᠰᠢᠷᠣᠶ ᠵᠢᠨ ᠢᠳᠡᠭᠳᠡᠯ᠎ᠢ ᠤᠷᠢᠳᠴᠢᠯᠠᠨ ᠰᠡᠷᠭᠡᠶ᠋ᠢᠯᠡᠬᠦ ᠪᠠ ᠵᠠᠰᠠᠬᠤ᠎ᠳᠤ ᠲᠤᠰᠬᠠᠶ ᠬᠡᠷᠡᠭᠯᠡᠬᠦ ᠬᠡᠷᠡᠭᠲᠡᠶ᠃ ᠬᠥᠷᠥᠰᠥ ᠰᠢᠷᠣᠶ ᠵᠢᠨ ᠢᠳᠡᠭᠳᠡᠯ᠎ᠢ ᠤᠷᠢᠳᠴᠢᠯᠠᠨ ᠰᠡᠷᠭᠡᠶ᠋ᠢᠯᠡᠬᠦ ᠪᠠ ᠵᠠᠰᠠᠬᠤ ᠲᠤᠰᠬᠠᠶ ᠵᠦᠢ᠍ᠯ᠎ᠢ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠷᠢᠭᠤᠴᠠᠨ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠬᠥᠷᠥᠰᠥ ᠰᠢᠷᠣᠶ ᠵᠢ ᠬᠠᠮᠠᠭ᠋ᠠᠯᠠᠬᠤ ᠲᠥᠯᠥᠪᠦᠷᠢ ᠵᠢᠨ ᠰᠦᠢ᠍ᠳᠬᠡᠯ᠎ᠢ ᠬᠤᠷᠢᠶᠠᠵᠤ ᠬᠡᠷᠡᠭᠯᠡᠬᠦ ᠬᠠᠮᠢᠶᠠᠷᠤᠯᠲᠠ ᠵᠢᠨ ᠠᠷᠭ᠎ᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠦᠨ᠎ᠡ ᠬᠠᠩᠰᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠠᠢ ᠬᠠᠮᠳᠤᠷᠠᠨ ᠲᠤᠭᠳᠠᠭ᠋ᠠᠨ᠎ᠠ᠃
ᠦᠢ᠍ᠯᠡᠳᠪᠦᠷᠢᠯᠡᠯ ᠪᠦᠳᠦᠭᠡᠠ ᠪᠠᠶ᠋ᠢᠭᠤᠯᠤᠯᠲᠠ ᠵᠢᠨ ᠵᠦᠢ᠍ᠯᠡᠰ᠎ᠤᠨ ᠪᠦᠳᠦᠭᠡᠠ ᠪᠠᠶ᠋ᠢᠭᠤᠯᠤᠯᠲᠠ ᠵᠢᠨ ᠶᠠᠪᠤᠴᠠ᠎ᠳᠤ ᠪᠠ ᠦᠢ᠍ᠯᠡᠳᠪᠦᠷᠢᠯᠡᠯ᠎ᠤᠨ ᠶᠠᠪᠤᠴᠠ᠎ᠳᠤ ᠭᠠᠷᠤᠭᠰᠠᠨ ᠬᠥᠷᠥᠰᠥ ᠰᠢᠷᠣᠶ ᠵᠢ ᠬᠠᠮᠠᠭ᠋ᠠᠯᠠᠬᠤ ᠵᠠᠷᠤᠳᠠᠯ᠎ᠢ ᠤᠯᠤᠰ᠎ᠤᠨ ᠨᠢᠭᠡᠳᠦᠯᠲᠡᠶ ᠡᠳ᠋᠎ᠤᠨ ᠶᠠᠪᠤᠳᠠᠯ᠎ᠤᠨ ᠨᠢᠭᠲᠠᠯᠠᠨ ᠪᠤᠳᠦᠬᠤ ᠲᠤᠢ᠍ᠷᠢᠮ ᠶᠣᠰᠣᠭ᠋ᠠᠷ ᠰᠢᠢ᠍ᠳᠪᠦᠷᠢᠯᠡᠨ᠎ᠡ᠃
      ᠭᠤᠴᠢᠨ ᠭᠤᠷᠪᠠᠳᠤᠭ᠋ᠠᠷ ᠵᠦᠢ᠍ᠯ   ᠤᠯᠤᠰ᠎ᠠᠴᠠ ᠨᠢᠭᠡᠴᠢ ᠪᠠ ᠬᠤᠪᠢ ᠬᠥᠮᠦᠨ᠎ᠤ ᠬᠥᠷᠥᠰᠥ ᠰᠢᠷᠣᠶ ᠵᠢ ᠬᠠᠮᠠᠭ᠋ᠠᠯᠠᠬᠤ ᠲᠥᠯᠥᠪᠵᠢᠭᠦᠯᠭᠡ ᠵᠢᠨ ᠶᠣᠰᠣᠭ᠋ᠠᠷ ᠬᠥᠷᠥᠰᠥ ᠰᠢᠷᠣᠶ ᠵᠢᠨ ᠢᠳᠡᠭᠳᠡᠯ᠎ᠢ ᠵᠠᠰᠠᠬᠤ ᠠᠵᠢᠯ᠎ᠳᠤ ᠣᠷᠣᠯᠴᠠᠬᠤ ᠵᠢ ᠵᠣᠷᠢᠭᠵᠢᠭᠤᠯᠬᠤ ᠪᠥᠭᠡᠳ ᠪᠡᠯᠡ ᠮᠥᠩᠭᠥ᠂ ᠲᠧᠭᠨᠢᠭ ᠮᠡᠷᠭᠡᠵᠢᠯ᠂ ᠭᠠᠶ᠋ᠢᠯᠢ ᠲᠠᠲᠠᠪᠤᠷᠢ ᠵᠡᠷᠭᠡ ᠲᠠᠯ᠎ᠠ᠎ᠪᠠᠷ ᠲᠡᠳᠬᠦᠨ ᠳᠡᠮᠵᠢᠨ᠎ᠡ᠃
      ᠭᠤᠴᠢᠨ ᠳᠥᠷᠪᠡᠳᠦᠭᠡᠷ ᠵᠦᠢ᠍ᠯ   ᠤᠯᠤᠰ᠎ᠠᠴᠠ ᠠᠭᠯᠠᠭ ᠠᠭᠤᠯᠠ᠂ ᠲᠠᠴᠢᠷ ᠭᠤᠦ᠂ ᠬᠠᠯᠴᠠᠭ᠋ᠠᠶ ᠲᠤᠪᠦ᠂ ᠡᠵᠡᠭᠦᠶ ᠲᠡᠡᠭ᠎ᠢ ᠳᠠᠭ᠋ᠠᠭ᠋ᠠᠴᠢᠯᠠᠨ ᠵᠠᠰᠠᠬᠤ ᠵᠢ ᠵᠣᠷᠢᠭᠵᠢᠭᠤᠯᠤᠨ ᠲᠡᠮᠵᠢᠵᠦ᠂ ᠬᠥᠷᠥᠰᠥ ᠰᠢᠷᠣᠶ ᠵᠢᠨ ᠢᠳᠡᠭᠳᠡᠯ᠎ᠢ ᠰᠡᠷᠭᠡᠶ᠋ᠢᠯᠡᠨ ᠵᠠᠰᠠᠵᠤ᠂ ᠠᠮᠢ ᠠᠬᠤᠶ ᠤᠷᠴᠢᠨ ᠲᠤᠭᠤᠷᠢᠨ᠎ᠢ ᠬᠠᠮᠠᠭ᠋ᠠᠯᠠᠨ ᠰᠠᠶ᠋ᠢᠵᠢᠷᠠᠭᠤᠯᠵᠤ᠂ ᠭᠠᠵᠠᠷ ᠰᠢᠷᠣᠶ ᠵᠢᠨ ᠡᠬᠢ ᠪᠠᠶᠠᠯᠢᠭ᠎ᠢ ᠵᠦᠢ ᠵᠣᠬᠢᠰᠲᠠᠶ ᠨᠡᠭᠡᠭᠡᠨ ᠠᠰᠢᠭᠯᠠᠬᠤ ᠪᠠ ᠦᠷᠭᠦᠯᠵᠢᠯᠡᠨ ᠠᠰᠢᠭᠯᠠᠬᠤ ᠵᠢ ᠠᠬᠢᠭᠤᠯᠬᠤ ᠪᠥᠭᠡᠳ ᠭᠠᠵᠠᠷ ᠰᠢᠷᠣᠶ ᠵᠢᠨ ᠳᠠᠭ᠋ᠠᠭ᠋ᠠᠴᠢᠯᠠᠯᠲᠠ ᠵᠢᠨ ᠭᠡᠷ᠎ᠡ ᠵᠢᠨ ᠲᠤᠬᠠᠶ ᠵᠢᠨ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠨ᠎ᠠ᠃
      ᠠᠭᠯᠠᠭ ᠠᠭᠤᠯᠠ᠂ ᠲᠠᠴᠢᠷ ᠭᠤᠦ᠂ ᠬᠠᠯᠴᠠᠭ᠋ᠠᠶ ᠲᠤᠪᠦ᠂ ᠡᠵᠡᠭᠦᠶ ᠲᠠᠩ᠎ᠢ ᠳᠠᠭ᠋ᠠᠭ᠋ᠠᠴᠢᠯᠠᠨ ᠵᠠᠰᠠᠬᠤ ᠪᠠ ᠬᠥᠷᠥᠰᠥ ᠰᠢᠷᠣᠶ ᠵᠢᠨ ᠢᠳᠡᠭᠳᠡᠯ ᠵᠶ᠋ᠠᠷ ᠬᠦᠨᠳᠦ ᠨᠣᠴᠢᠲᠠᠶ ᠭᠠᠵᠠᠷ ᠣᠷᠣᠨ᠎ᠤ ᠬᠥᠳᠡᠭᠡ ᠲᠣᠰᠬᠣᠨ᠎ᠤ ᠭᠠᠵᠠᠷ ᠰᠢᠷᠣᠶ ᠵᠢ ᠳᠠᠭ᠋ᠠᠭ᠋ᠠᠴᠢᠯᠠᠬᠤ᠎ᠳᠤ ᠬᠦᠷᠪᠡᠯ᠂ ᠬᠠᠤᠯᠢ ᠶᠣᠰᠣᠭ᠋ᠠᠷ ᠲᠣᠭᠲᠠᠭ᠋ᠠᠭᠰᠠᠨ ᠭᠠᠵᠠᠷ ᠰᠢᠷᠣᠶ ᠵᠢᠨ ᠳᠠᠭ᠋ᠠᠭ᠋ᠠᠴᠢᠯᠠᠯᠲᠠ ᠵᠢᠨ ᠭᠡᠷ᠎ᠡ᠎ᠳᠤ ᠬᠥᠷᠥᠰᠥ ᠰᠢᠷᠣᠶ ᠵᠢᠨ ᠢᠳᠡᠭᠳᠡᠯ᠎ᠢ ᠤᠷᠢᠳᠴᠢᠯᠠᠨ ᠰᠡᠷᠭᠡᠶ᠋ᠢᠯᠡᠬᠦ ᠪᠠ ᠵᠠᠰᠠᠬᠤ ᠬᠠᠷᠢᠭᠤᠴᠠᠯᠭ᠎ᠠ ᠵᠢᠨ ᠠᠭᠤᠯᠭ᠎ᠠ ᠵᠢ ᠪᠠᠭᠲᠠᠭ᠋ᠠᠬᠤ ᠬᠡᠷᠡᠭᠲᠡᠶ᠃
      ᠭᠤᠴᠢᠨ ᠲᠠᠪᠤᠳᠤᠭ᠋ᠠᠷ ᠵᠦᠢ᠍ᠯ   ᠤᠰᠤᠨ᠎ᠤ ᠬᠦᠴᠦᠨ᠎ᠳᠤ ᠢᠳᠡᠭᠳᠡᠭᠰᠡᠨ ᠭᠠᠵᠠᠷ ᠣᠷᠣᠨ᠎ᠳᠤ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠨᠢᠭᠡᠴᠢ ᠪᠠ ᠬᠤᠪᠢ ᠬᠥᠮᠦᠨ᠎ᠢ ᠵᠣᠬᠢᠶᠠᠨ ᠪᠠᠶ᠋ᠢᠭᠤᠯᠵᠤ᠂ ᠪᠠᠶ᠋ᠢᠭ᠋ᠠᠯᠢ ᠵᠢᠨ ᠭᠤᠤ ᠭᠠᠩᠭ᠎ᠠ ᠵᠢᠴᠢ ᠲᠡᠭᠦᠨ᠎ᠤ ᠬᠣᠶᠠᠷ ᠬᠠᠵᠠᠭᠤ ᠵᠢᠨ ᠠᠭᠤᠯᠠᠨ ᠬᠥᠲᠥᠯ ᠵᠶ᠋ᠠᠷ ᠪᠦᠷᠢᠯᠳᠦᠭᠰᠡᠨ ᠵᠢᠵᠢᠭ ᠰᠠᠪᠠ ᠭᠠᠵᠠᠷ ᠵᠶ᠋ᠠᠷ ᠨᠢᠭᠡᠴᠢ ᠪᠣᠯᠭ᠋ᠠᠵᠤ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠪᠠᠷᠢᠯᠭ᠎ᠠ ᠵᠢᠨ ᠠᠷᠭ᠎ᠠ ᠬᠡᠮᠵᠢᠶ᠎ᠡ᠂ ᠤᠷᠭᠤᠮᠠᠯ᠎ᠤᠨ ᠠᠷᠭ᠎ᠠ ᠬᠡᠮᠵᠢᠶ᠎ᠡ ᠪᠠ ᠬᠠᠮᠠᠭ᠋ᠠᠯᠠᠯᠲᠠ ᠵᠢᠨ ᠴᠢᠨᠠᠷᠲᠠᠶ ᠲᠠᠷᠢᠶᠠᠯᠠᠬᠤ ᠵᠡᠷᠭᠡ ᠠᠷᠭ᠎ᠠ ᠬᠡᠮᠵᠢᠶ᠎ᠡ ᠵᠢ ᠠᠪᠴᠤ᠂ ᠨᠠᠯᠠᠤ ᠲᠠᠷᠢᠶᠠᠨ ᠭᠠᠵᠠᠷ ᠪᠠ ᠭᠤᠤ ᠰᠤᠪᠠᠭ᠎ᠤᠨ ᠬᠥᠷᠥᠰᠥ ᠰᠢᠷᠣᠶ ᠵᠢᠨ ᠢᠳᠡᠭᠳᠡᠯ᠎ᠢ ᠶᠡᠷᠦᠩᠬᠡᠶ᠋ᠢᠯᠡᠨ ᠵᠠᠰᠠᠬᠤ ᠬᠡᠷᠡᠭᠲᠡᠶ᠃
      ᠰᠠᠯᠬᠢᠨ᠎ᠤ ᠬᠦᠴᠦᠨ᠎ᠳᠤ ᠢᠳᠡᠭᠳᠡᠭᠰᠡᠨ ᠭᠠᠵᠠᠷ ᠣᠷᠣᠨ᠎ᠳᠤ᠂ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠨᠢᠭᠡᠴᠢ ᠪᠠ ᠬᠤᠪᠢ ᠬᠥᠮᠦᠨ᠎ᠢ ᠵᠣᠬᠢᠶᠠᠨ ᠪᠠᠶ᠋ᠢᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠡᠭᠡᠯᠵᠢᠯᠡᠨ ᠪᠢᠲᠡᠭᠦᠮᠵᠢᠯᠡᠵᠦ ᠡᠭᠡᠯᠵᠢᠯᠡᠨ ᠮᠠᠯᠵᠢᠬᠤ᠂ ᠡᠪᠡᠰᠦ ᠮᠣᠳᠣ ᠲᠠᠷᠢᠬᠤ᠂ ᠵᠣᠬᠢᠶᠠᠮᠠᠯ ᠡᠯᠡᠰᠦᠨ ᠬᠠᠯᠬᠠᠪᠴᠢ ᠪᠠ ᠲᠣᠣᠷᠯᠢᠭ ᠤᠢ ᠵᠢᠨ ᠪᠦᠰᠡ ᠭᠠᠷᠭ᠋ᠠᠬᠤ ᠵᠡᠷᠭᠡ ᠠᠷᠭ᠎ᠠ ᠬᠡᠮᠵᠢᠶ᠎ᠡ ᠵᠢ ᠠᠪᠴᠤ᠂ ᠰᠠᠯᠬᠢ ᠵᠢ ᠬᠠᠯᠬᠠᠯᠠᠵᠤ ᠡᠯᠡᠰᠦ ᠵᠢ ᠲᠣᠭᠲᠠᠪᠤᠷᠢᠵᠢᠭᠤᠯᠬᠤ ᠬᠠᠮᠠᠭ᠋ᠠᠯᠠᠯᠲᠠ ᠵᠢᠨ ᠰᠢᠰᠲ᠋ᠧᠮ᠎ᠢ ᠪᠠᠶ᠋ᠢᠭᠤᠯᠬᠤ ᠬᠡᠷᠡᠭᠲᠡᠶ᠃
      ᠬᠦᠨᠳᠦ ᠵᠢᠨ ᠬᠦᠴᠦᠨ᠎ᠤ ᠢᠳᠡᠭᠳᠡᠯ᠎ᠤᠨ ᠭᠠᠵᠠᠷ ᠣᠷᠣᠨ᠎ᠳᠤ᠂ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠨᠢᠭᠡᠴᠢ ᠪᠠ ᠬᠤᠪᠢ ᠬᠥᠮᠦᠨ᠎ᠢ ᠵᠣᠬᠢᠶᠠᠨ ᠪᠠᠶ᠋ᠢᠭᠤᠯᠵᠤ᠂ ᠬᠢᠨᠠᠨ ᠬᠡᠮᠵᠢᠬᠦ᠂ ᠤᠷᠤᠰᠬᠠᠯ᠎ᠢ ᠵᠠᠯᠠᠬᠤ᠂ ᠨᠠᠯᠠᠤ ᠵᠢ ᠲᠡᠭᠰᠢᠯᠡᠵᠦ ᠠᠴᠢᠶ᠎ᠠ ᠵᠢ ᠪᠠᠭ᠋ᠠᠰᠬᠠᠬᠤ᠂ ᠲᠤᠯᠵᠤ ᠬᠠᠰᠢᠵᠤ ᠨᠠᠯᠠᠤ ᠵᠢ ᠪᠡᠬᠢᠯᠡᠬᠦ᠂ ᠬᠠᠰᠢᠵᠤ ᠬᠣᠷᠢᠭᠯᠠᠬᠤ ᠪᠠᠷᠢᠯᠭ᠎ᠠ ᠪᠠᠶ᠋ᠢᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠎ᠢ ᠪᠠᠶ᠋ᠢᠭᠤᠯᠬᠤ ᠬᠡᠷᠡᠭᠲᠡᠶ᠃
      ᠭᠤᠴᠢᠨ ᠵᠢᠷᠭᠤᠳᠤᠭ᠋ᠠᠷ ᠵᠦᠢ᠍ᠯ   ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠳᠤ᠂ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠨᠢᠭᠡᠴᠢ ᠪᠣᠯᠤᠨ ᠬᠤᠪᠢ ᠬᠥᠮᠦᠨ᠎ᠢ ᠵᠣᠬᠢᠶᠠᠨ ᠪᠠᠶ᠋ᠢᠭᠤᠯᠵᠤ᠂ ᠤᠷᠢᠳᠴᠢᠯᠠᠨ ᠰᠡᠷᠭᠡᠶ᠋ᠢᠯᠡᠵᠦ ᠬᠠᠮᠠᠭ᠋ᠠᠯᠠᠬᠤ᠂ ᠠᠶᠠᠨᠳᠠᠭ᠋ᠠᠨ ᠰᠡᠷᠭᠦᠭᠡᠬᠦ ᠪᠠ ᠶᠡᠷᠦᠩᠬᠡᠶ᠋ᠢᠯᠡᠨ ᠵᠠᠰᠠᠬᠤ ᠠᠷᠭ᠎ᠠ ᠬᠡᠮᠵᠢᠶ᠎ᠡ ᠠᠪᠴᠤ᠂ ᠤᠷᠭᠤᠮᠠᠯ᠎ᠤᠨ ᠱᠦᠭᠦᠬᠦ ᠪᠦᠰᠡ ᠵᠢ ᠢᠵᠢ ᠪᠦᠷᠢᠳᠦᠭᠦᠯᠦᠨ ᠪᠠᠶ᠋ᠢᠭᠤᠯᠵᠤ᠂ ᠨᠠᠮᠤᠭ᠎ᠤᠨ ᠬᠡᠢ ᠵᠢ ᠢᠳᠡᠪᠬᠢᠲᠡᠶ᠎ᠪᠠᠷ ᠳᠡᠯᠭᠡᠷᠡᠭᠦᠯᠦᠨ᠂ ᠵᠢᠵᠢᠭ ᠰᠠᠪᠠ ᠭᠠᠵᠠᠷ᠎ᠢ ᠴᠡᠪᠡᠷᠰᠢᠭᠦᠯᠬᠦ ᠪᠦᠳᠦᠭᠡᠨ ᠪᠠᠶ᠋ᠢᠭᠤᠯᠤᠯᠲᠠ ᠵᠢ ᠥᠷᠨᠢᠭᠦᠯᠵᠦ᠂ ᠬᠢᠮᠢ ᠵᠢᠨ ᠪᠤᠷᠳᠤᠭᠤᠷ ᠪᠣᠯᠤᠨ ᠲᠠᠷᠢᠶᠠᠨ ᠡᠮ ᠬᠡᠷᠡᠭᠯᠡᠬᠦ ᠵᠢ ᠴᠢᠩᠭ᠎ᠠ ᠬᠢᠵᠠᠭ᠋ᠠᠷᠯᠠᠵᠤ᠂ ᠬᠥᠷᠥᠰᠥ ᠰᠢᠷᠣᠶ ᠵᠢᠨ ᠢᠳᠡᠭᠳᠡᠯ᠎ᠠᠴᠠ ᠪᠣᠯᠤᠭᠰᠠᠨ ᠤᠯᠠᠨ ᠡᠬᠢᠳᠤ ᠪᠣᠬᠢᠷᠲᠤᠯ᠎ᠢ ᠪᠠᠭ᠋ᠠᠰᠬᠠᠵᠤ᠂ ᠤᠤᠭᠤᠬᠤ ᠤᠰᠤᠨ᠎ᠤ ᠡᠬᠢ ᠰᠤᠷᠪᠤᠯᠵᠢ ᠵᠢ ᠬᠠᠮᠠᠭ᠋ᠠᠯᠠᠬᠤ ᠬᠡᠷᠡᠭᠲᠡᠶ᠃
      ᠭᠤᠴᠢᠨ ᠳᠣᠯᠣᠳᠤᠭ᠋ᠠᠷ ᠵᠦᠢ᠍ᠯ   ᠠᠳᠠᠷ ᠬᠠᠭ᠋ᠠᠯᠪᠤᠷᠢᠯᠠᠬᠤ ᠵᠢ ᠴᠠᠭ᠋ᠠᠵᠠᠯᠠᠭᠰᠠᠨ ᠡᠭᠴᠡ ᠬᠥᠲᠥᠯ ᠳᠡᠭᠡᠷ᠎ᠡ ᠨᠢᠭᠡᠨᠲᠡ ᠠᠳᠡᠷ ᠬᠠᠭ᠋ᠠᠯᠪᠤᠷᠢᠯᠠᠵᠤ ᠲᠠᠷᠢᠮᠠᠯ ᠲᠡᠷᠢᠭ᠍ᠰᠡᠠ ᠪᠠᠶ᠋ᠢᠪᠠᠯ᠂ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠠᠷᠢᠶᠠᠯᠠᠬᠤ ᠵᠢ ᠵᠣᠭᠰᠣᠭ᠋ᠠᠵᠤ᠂ ᠡᠪᠡᠰᠦ ᠮᠣᠳᠣ ᠲᠡᠷᠢᠬᠤ ᠬᠡᠷᠡᠭᠲᠡᠶ; ᠲᠠᠷᠢᠶᠠᠨ ᠭᠠᠵᠠᠷ ᠳᠤᠲᠠᠭᠳᠠᠵᠤ᠂ ᠲᠠᠷᠢᠶᠠᠯᠠᠬᠤ ᠵᠢ ᠵᠣᠭᠰᠣᠭ᠋ᠠᠬᠤ᠎ᠳᠤ ᠦᠨᠡᠨ ᠬᠦ᠌ ᠬᠦᠴᠢᠷᠳᠡᠯ᠎ᠲᠠᠢ ᠪᠠᠶ᠋ᠢᠪᠠᠯ᠂ ᠱᠠᠲᠤᠨ ᠲᠠᠷᠢᠶ᠎ᠠ ᠲᠠᠷᠢᠬᠤ ᠪᠤᠶᠤ ᠬᠥᠷᠥᠰᠥ ᠰᠢᠷᠣᠶ ᠵᠢ ᠬᠠᠮᠠᠭ᠋ᠠᠯᠠᠬᠤ ᠪᠤᠰᠤᠳ ᠠᠷᠭ᠎ᠠ ᠬᠡᠮᠵᠢᠶ᠎ᠡ ᠠᠪᠬᠤ ᠬᠡᠷᠡᠭᠲᠡᠶ᠃
      ᠠᠳᠡᠷ ᠬᠠᠭ᠋ᠠᠯᠪᠤᠷᠢᠯᠠᠬᠤ ᠵᠢ ᠴᠠᠭ᠋ᠠᠵᠠᠯᠠᠭᠰᠠᠨ ᠨᠠᠯᠠᠤᠴᠠ᠎ᠠᠴᠠ ᠳᠣᠷᠣᠭᠰᠢᠬᠢ ᠨᠠᠯᠠᠤ ᠲᠠᠷᠢᠶᠠᠨ ᠭᠠᠵᠠᠷ ᠳᠡᠭᠡᠷ᠎ᠡ ᠠᠳᠡᠷ ᠬᠠᠭ᠋ᠠᠯᠪᠤᠷᠢᠯᠠᠵᠤ ᠲᠡᠷᠢᠶ᠎ᠠ ᠲᠡᠷᠢᠬᠤ᠎ᠳᠤ ᠬᠦᠷᠪᠡᠯ᠂ ᠠᠳᠠᠯᠢ ᠪᠤᠰᠤ ᠪᠠᠶ᠋ᠢᠳᠠᠯ᠎ᠢ ᠦᠨᠳᠦᠰᠦᠯᠡᠨ ᠱᠠᠲᠤᠨ ᠲᠡᠷᠢᠶ᠎ᠠ ᠵᠠᠰᠠᠬᠤ᠂ ᠨᠠᠯᠠᠤ ᠵᠢᠨ ᠭᠠᠳᠠᠷᠭᠤ ᠵᠢᠨ ᠤᠰᠦᠠ ᠰᠢᠰᠲ᠋ᠧᠮ᠎ᠢ ᠵᠠᠰᠠᠬᠤ᠂ ᠤᠰᠤ ᠬᠠᠳᠠᠭ᠋ᠠᠯᠠᠵᠤ ᠬᠥᠷᠥᠰᠥ ᠰᠢᠷᠣᠶ ᠵᠢ ᠬᠠᠮᠠᠭ᠋ᠠᠯᠠᠨ ᠲᠡᠷᠢᠬᠤ ᠪᠤᠶᠤ ᠲᠠᠷᠢᠶᠠᠯᠠᠬᠤ ᠵᠢ ᠵᠣᠭᠰᠣᠭ᠋ᠠᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠶ᠃
      ᠭᠤᠴᠢᠨ ᠨᠠᠢ᠍ᠮᠠᠳᠤᠭ᠋ᠠᠷ ᠵᠦᠢ᠍ᠯ   ᠦᠢ᠍ᠯᠡᠳᠪᠦᠷᠢᠯᠡᠯ ᠪᠦᠳᠦᠭᠡᠠ ᠪᠠᠶ᠋ᠢᠭᠤᠯᠤᠯᠲᠠ ᠵᠢᠨ ᠠᠵᠢᠯᠯᠠᠭ᠎ᠠ᠎ᠳᠤ ᠡᠵᠡᠯᠡᠨ ᠬᠡᠷᠡᠭᠯᠡᠭᠰᠡᠨ ᠭᠠᠵᠠᠷ ᠰᠢᠷᠣᠶ ᠵᠢᠨ ᠬᠥᠷᠥᠰᠥ ᠰᠢᠷᠣᠶ ᠵᠢ ᠲᠠᠪᠬᠤᠷᠭ᠎ᠠ ᠬᠤᠪᠢᠶᠠᠨ ᠰᠠᠯᠭ᠋ᠠᠵᠤ᠂ ᠬᠠᠳᠠᠭ᠋ᠠᠯᠠᠬᠤ ᠪᠠ ᠠᠰᠢᠭᠯᠠᠵᠤ᠂ ᠰᠢᠷᠣᠶ ᠴᠢᠯᠠᠭᠤ ᠵᠢ ᠮᠠᠯᠲᠠᠵᠤ ᠪᠥᠭᠯᠡᠬᠦ ᠵᠢ ᠲᠡᠩᠴᠡᠭᠦᠷᠢᠲᠡᠶ ᠪᠠᠶ᠋ᠢᠯᠭ᠋ᠠᠵᠤ᠂ ᠭᠠᠵᠠᠷ᠎ᠤᠨ ᠭᠠᠳᠠᠷᠭᠤ ᠵᠢᠨ ᠰᠠᠮᠠᠭᠤᠷᠠᠭᠤᠯᠬᠤ ᠬᠡᠪᠴᠢᠶ᠎ᠡ ᠵᠢ ᠪᠠᠭ᠋ᠠᠰᠬᠠᠬᠤ ᠬᠡᠷᠡᠭᠲᠡᠶ; ᠬᠠᠶᠠᠭᠳᠠᠮᠠᠯ ᠡᠯᠡᠰᠦ᠂ ᠴᠢᠯᠠᠭᠤ᠂ ᠰᠢᠷᠣᠢ᠂ ᠨᠡᠭᠦᠷᠡᠰᠦᠨ ᠴᠢᠯᠠᠭᠤ᠂ ᠦᠯᠡᠳᠡᠭᠳᠡᠯ ᠬᠦᠳᠡᠷ᠂ ᠬᠠᠶᠠᠭᠳᠠᠮᠠᠯ ᠰᠢᠭ᠋ᠠᠷᠤ ᠵᠡᠷᠭᠡ ᠵᠢ ᠬᠠᠳᠠᠭ᠋ᠠᠯᠠᠵᠤ ᠪᠠᠶ᠋ᠢᠭ᠎ᠠ ᠭᠠᠵᠠᠷ᠎ᠲᠤ ᠬᠠᠰᠢᠬᠤ᠂ ᠨᠠᠯᠠᠤ ᠵᠢᠨ ᠭᠠᠳᠠᠷᠭᠤ ᠵᠢ ᠰᠡᠷᠭᠡᠶ᠋ᠢᠯᠡᠨ ᠬᠠᠮᠠᠭ᠋ᠠᠯᠠᠬᠤ᠂ ᠦᠶᠡᠷ᠎ᠢ ᠰᠡᠷᠭᠡᠶ᠋ᠢᠯᠡᠨ ᠵᠠᠯᠠᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠢ᠃ ᠦᠢ᠍ᠯᠡᠳᠪᠦᠷᠢᠯᠡᠯ ᠪᠦᠳᠦᠭᠡᠠ ᠪᠠᠶ᠋ᠢᠭᠤᠯᠤᠯᠲᠠ ᠵᠢᠨ ᠠᠵᠢᠯᠯᠠᠭ᠎ᠠ ᠳᠠᠭᠤᠰᠤᠭᠰᠠᠨ᠎ᠤ ᠲᠡᠷᠡᠭ᠎ᠠ᠂ ᠰᠢᠷᠣᠶ ᠠᠪᠬᠤ ᠲᠡᠯᠡᠪᠡᠢ᠂ ᠮᠠᠯᠲᠠᠬᠤ ᠭᠠᠵᠠᠷ ᠪᠠ ᠬᠠᠳᠠᠭ᠋ᠠᠯᠠᠵᠤ ᠲᠠᠯᠪᠢᠭᠰᠠᠨ ᠭᠠᠵᠠᠷ᠎ᠤᠨ ᠨᠢᠴᠦᠭᠦᠨ ᠭᠠᠵᠠᠷ ᠳᠡᠭᠡᠷ᠎ᠡ ᠴᠠᠭ ᠲᠤᠬᠠᠶ᠎ᠳᠤᠨᠢ ᠡᠪᠡᠰᠦ ᠮᠣᠳᠣ ᠲᠡᠷᠢᠵᠦ᠂ ᠤᠷᠭᠤᠮᠠᠯ᠎ᠤᠨ ᠬᠤᠴᠢᠯᠭ᠎ᠠ ᠵᠢ ᠰᠡᠷᠭᠦᠭᠡᠵᠦ᠂ ᠬᠥᠮᠥᠷᠭᠡ᠎ᠪᠠᠨ ᠬᠠᠭ᠋ᠠᠭᠰᠠᠨ ᠦᠯᠡᠳᠡᠭᠳᠡᠯ ᠬᠦᠳᠡᠷ᠎ᠤᠨ ᠬᠥᠮᠥᠷᠭᠡ ᠵᠢ ᠲᠡᠬᠢᠠ ᠬᠠᠭ᠋ᠠᠯᠪᠤᠷᠢᠯᠠᠬᠤ ᠬᠡᠷᠡᠭᠲᠡᠶ᠃
      ᠭᠠᠩ ᠬᠠᠭᠤᠷᠠᠶ ᠤᠰᠤ ᠳᠤᠲᠠᠭᠳᠠᠵᠤ ᠪᠠᠶ᠋ᠢᠭ᠎ᠠ ᠭᠠᠵᠠᠷ ᠣᠷᠣᠨ᠎ᠳᠤ ᠦᠢ᠍ᠯᠡᠳᠪᠦᠷᠢᠯᠡᠯ ᠪᠦᠳᠦᠭᠡᠠ ᠪᠠᠶ᠋ᠢᠭᠤᠯᠤᠯᠲᠠ ᠵᠢᠨ ᠠᠵᠢᠯᠯᠠᠭ᠎ᠠ ᠬᠢᠬᠦ᠎ᠳᠡᠭᠡᠨ ᠰᠠᠯᠬᠢᠨ᠎ᠤ ᠬᠦᠴᠦᠨ᠎ᠤ ᠢᠳᠡᠭᠳᠡᠯ᠎ᠢ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠴᠤ᠂ ᠬᠤᠷ᠎ᠠ ᠲᠤᠨᠳᠠᠰᠤᠨ᠎ᠤ ᠨᠡᠪᠴᠢᠯᠲᠡ ᠵᠢᠨ ᠲᠥᠬᠥᠭᠡᠷᠦᠮᠵᠢ ᠲᠣᠬᠢᠷᠠᠭᠤᠯᠵᠤ᠂ ᠬᠤᠷ᠎ᠠ ᠲᠤᠨᠳᠠᠰᠤᠨ᠎ᠤ ᠡᠬᠢ ᠪᠠᠶᠠᠯᠢᠭ᠎ᠢ ᠭᠦᠢ᠍ᠴᠡᠳ ᠠᠰᠢᠭᠯᠠᠬᠤ ᠬᠡᠷᠡᠭᠲᠡᠶ᠃
      ᠭᠤᠴᠢ ᠶᠢᠰᠦᠳᠦᠭᠡᠷ ᠵᠦᠢ᠍ᠯ   ᠤᠯᠤᠰ᠎ᠠᠴᠠ ᠠᠭᠤᠯᠠᠷᠬᠠᠭ ᠣᠷᠣᠨ᠂ ᠳᠣᠪᠣᠷᠬᠠᠭ ᠣᠷᠣᠨ᠂ ᠰᠠᠯᠬᠢ ᠰᠢᠭᠤᠷᠭ᠋ᠠᠲᠤ ᠣᠷᠣᠨ ᠵᠢᠴᠢ ᠬᠥᠷᠥᠰᠥ ᠰᠢᠷᠣᠶ ᠵᠢᠨ ᠢᠳᠡᠭᠳᠡᠯ ᠠᠮᠠᠷᠬᠠᠨ ᠡᠭᠦᠰᠳᠡᠭ ᠪᠤᠰᠤᠳ ᠣᠷᠣᠨ᠎ᠳᠤ ᠬᠥᠷᠥᠰᠥ ᠰᠢᠷᠣᠶ ᠵᠢ ᠬᠠᠮᠠᠭ᠋ᠠᠯᠠᠬᠤ᠎ᠳᠤ ᠠᠰᠢᠭᠲᠠᠶ ᠳᠣᠣᠷ᠎ᠠ ᠵᠢᠭᠰᠠᠭ᠋ᠠᠭᠰᠠᠨ ᠠᠷᠭ᠎ᠠ ᠬᠡᠮᠵᠢᠶ᠎ᠡ᠎ᠨᠦᠭᠦᠳ᠎ᠢ ᠠᠪᠬᠤ ᠵᠢ ᠵᠣᠷᠢᠭᠵᠢᠭᠤᠯᠤᠨ ᠲᠡᠮᠵᠢᠨ᠎ᠠ᠄
     (ᠨᠢᠭᠡ) ᠬᠠᠭ᠋ᠠᠯᠪᠤᠷᠢᠯᠠᠬᠤ ᠤᠢ᠍ᠭᠡᠢ᠎ᠪᠠᠷ ᠲᠡᠷᠢᠬᠤ᠂ ᠲᠡᠩᠴᠡᠭᠦᠦ ᠬᠡᠮᠵᠢᠶ᠎ᠡ᠎ᠪᠠᠷ ᠲᠡᠷᠢᠬᠤ᠂ ᠡᠭᠡᠯᠵᠢᠯᠡᠨ ᠲᠡᠷᠢᠬᠤ᠂ ᠡᠪᠡᠰᠦ ᠲᠡᠷᠢᠶ᠎ᠠ ᠵᠢ ᠡᠭᠡᠯᠵᠢᠯᠡᠨ ᠲᠡᠷᠢᠬᠤ᠂ ᠠᠯᠠᠭᠯᠠᠨ ᠲᠤᠬᠤᠵᠦ ᠲᠡᠷᠢᠬᠤ ᠵᠡᠷᠭᠡ;
     (ᠬᠣᠶᠠᠷ) ᠪᠢᠲᠡᠭᠦᠮᠵᠢᠯᠡᠨ ᠴᠠᠭ᠋ᠠᠵᠠᠯᠠᠵᠤ ᠠᠷᠠᠴᠢᠯᠠᠨ ᠪᠣᠶ᠋ᠢᠵᠢᠭᠤᠯᠬᠤ᠂ ᠡᠭᠡᠯᠵᠢᠯᠡᠨ ᠪᠢᠲᠡᠭᠦᠮᠵᠢᠯᠡᠵᠦ ᠡᠭᠡᠯᠵᠢᠯᠡᠨ ᠮᠠᠯᠵᠢᠬᠤ᠂ ᠬᠠᠰᠢᠶᠠᠯᠠᠨ ᠲᠡᠵᠢᠭᠡᠬᠦ;
     (ᠭᠤᠷᠪᠠ) ᠨᠠᠮᠤᠭ᠎ᠤᠨ ᠬᠡᠢ᠂ ᠲᠦᠯᠡᠭᠡ ᠠᠷᠪᠢᠯᠠᠬᠤ ᠵᠤᠤᠬ᠎ᠠ ᠵᠢ ᠬᠥᠭᠵᠢᠭᠦᠯᠵᠦ᠂ ᠨᠡᠷᠡᠨ᠎ᠤ ᠡᠨᠧᠷᠭᠢ᠂ ᠰᠠᠯᠬᠢᠨ᠎ᠤ ᠡᠨᠧᠷᠭᠢ ᠪᠠ ᠤᠰᠤᠨ᠎ᠤ ᠡᠨᠧᠷᠭᠢ ᠵᠢ ᠠᠰᠢᠭᠯᠠᠨ᠂ ᠨᠡᠭᠦᠷᠡᠰᠦ᠂ ᠴᠠᠬᠢᠯᠭ᠋ᠠᠨ᠂ ᠬᠡᠢ᠎ᠪᠠᠷ ᠲᠦᠯᠡᠭᠡ ᠲᠦᠯᠡᠰᠢ ᠵᠢ ᠣᠷᠣᠯᠠᠭᠤᠯᠬᠤ ᠵᠡᠷᠭᠡ;
     (ᠲᠤᠢ᠍ᠷᠪᠡ) ᠠᠮᠢ ᠠᠬᠤᠶ ᠬᠡᠪᠡᠷᠡᠭ ᠭᠠᠵᠠᠷ ᠣᠷᠣᠨ᠎ᠤ ᠠᠷᠠᠳ᠎ᠢ ᠭᠠᠳᠠᠭᠰᠢ ᠨᠡᠭᠦᠯᠭᠡᠬᠦ;
     (ᠲᠠᠪᠤ) ᠬᠥᠷᠥᠰᠥ ᠰᠢᠷᠣᠶ ᠵᠢ ᠬᠠᠮᠠᠭ᠋ᠠᠯᠠᠬᠤ᠎ᠳᠤ ᠠᠰᠢᠭᠲᠠᠶ ᠪᠤᠰᠤᠳ ᠠᠷᠭ᠎ᠠ ᠬᠡᠮᠵᠢᠶ᠎ᠡ᠎ᠨᠦᠭᠦᠳ᠃
   
      ᠲᠠᠪᠤᠳᠤᠭ᠋ᠠᠷ ᠪᠦᠯᠦᠭ   ᠬᠢᠨᠠᠨ ᠰᠢᠯᠭ᠋ᠠᠬᠤ ᠪᠠ ᠬᠢᠨᠠᠯᠲᠠ ᠲᠠᠯᠪᠢᠬᠤ
   
      ᠳᠥᠴᠢᠳᠦᠭᠡᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠥᠷᠥᠰᠥ ᠰᠢᠷᠣᠶ ᠵᠢ ᠬᠠᠮᠠᠭ᠋ᠠᠯᠠᠬᠤ ᠬᠢᠨᠠᠨ ᠬᠡᠮᠵᠢᠯᠲᠡ ᠵᠢᠨ ᠠᠵᠢᠯ ᠵᠶ᠋ᠠᠨ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠰᠢᠢ᠍ᠳᠪᠦᠷᠢᠳᠦ ᠪᠤᠳᠤᠯᠭ᠎ᠠ ᠲᠣᠭᠲᠠᠭ᠋ᠠᠬᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠠ ᠨᠡᠶ᠋ᠢᠭᠡᠮ ᠨᠡᠶ᠋ᠢᠲᠡ ᠵᠢᠨ ᠦᠢ᠍ᠯᠡᠴᠢᠯᠡᠭᠡᠨ᠎ᠤ ᠳᠤᠮᠳᠠᠬᠢ ᠬᠥᠷᠥᠰᠥ ᠰᠢᠷᠣᠶ ᠵᠢ ᠬᠠᠮᠠᠭ᠋ᠠᠯᠠᠬᠤ ᠬᠢᠨᠠᠨ ᠬᠡᠮᠵᠢᠯᠲᠡ ᠵᠢᠨ ᠠᠵᠢᠯ᠎ᠤᠨ ᠦᠢ᠍ᠯᠡᠳᠦᠯ ᠵᠶ᠋ᠡᠨ ᠪᠠᠳᠠᠷᠠᠭᠤᠯᠬᠤ ᠬᠡᠷᠡᠭᠲᠡᠢ᠃ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠬᠥᠷᠥᠰᠥ ᠰᠢᠷᠣᠶ ᠵᠢ ᠬᠠᠮᠠᠭ᠋ᠠᠯᠠᠬᠤ ᠬᠢᠨᠠᠨ ᠬᠡᠮᠵᠢᠯᠲᠡ ᠵᠢᠨ ᠠᠵᠢᠯ᠎ᠤᠨ ᠵᠠᠷᠤᠳᠠᠯ ᠰᠦᠢ᠍ᠳᠭᠡᠯ᠎ᠢ ᠪᠠᠳᠤᠯᠠᠬᠤ ᠬᠡᠷᠡᠭᠲᠡᠢ᠃
      ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠬᠢᠨᠠᠨ ᠬᠡᠮᠵᠢᠯᠲᠡ ᠵᠢᠨ ᠲᠣᠣᠷ᠎ᠢ ᠲᠡᠭᠦᠯᠳᠡᠷᠵᠢᠭᠦᠯᠵᠦ᠂ ᠪᠦᠬᠦ ᠤᠯᠤᠰ᠎ᠤᠨ ᠬᠥᠷᠥᠰᠥ ᠰᠢᠷᠦᠢ ᠵᠢᠨ ᠢᠳᠡᠭᠳᠡᠯ᠎ᠳᠤ ᠬᠦᠳᠡᠯᠦᠩᠬᠦᠢ ᠬᠢᠨᠠᠨ ᠬᠡᠮᠵᠢᠯᠳᠡ ᠬᠢᠬᠦ ᠬᠡᠷᠡᠭᠲᠡᠢ᠃
      ᠳᠥᠴᠢᠨ ᠨᠢᠭᠡᠳᠦᠭᠡᠷ ᠵᠦᠢ᠍ᠯ   ᠬᠦᠷᠦᠰᠦ ᠰᠢᠷᠣᠶ ᠵᠢᠨ ᠬᠦᠨᠳᠦ ᠨᠣᠴᠢᠲᠠᠶ ᠢᠳᠡᠭᠳᠡᠯ᠎ᠢ ᠪᠤᠢ ᠪᠣᠯᠭ᠋ᠠᠵᠤ ᠮᠡᠳᠡᠬᠦ ᠲᠤᠮᠦ ᠳᠤᠮᠳᠠ ᠬᠡᠯᠪᠡᠷᠢ ᠵᠢᠨ ᠦᠢ᠍ᠯᠡᠳᠪᠦᠷᠢᠯᠡᠯ ᠪᠦᠳᠦᠭᠡᠠ ᠪᠠᠶ᠋ᠢᠭᠤᠯᠤᠯᠲᠠ ᠵᠢᠨ ᠵᠦᠢ᠍ᠯᠡᠰ᠎ᠢ ᠦᠢ᠍ᠯᠡᠳᠪᠦᠷᠢᠯᠡᠯ ᠪᠦᠳᠦᠭᠡᠠ ᠪᠠᠶ᠋ᠢᠭᠤᠯᠤᠯᠲᠠ ᠵᠢᠨ ᠨᠢᠭᠡᠴᠢ ᠥᠪᠡᠰᠦᠪᠡᠨ ᠪᠤᠶᠤ ᠬᠥᠷᠥᠰᠥ ᠰᠢᠷᠣᠶ ᠵᠢ ᠬᠠᠮᠠᠭ᠋ᠠᠯᠠᠬᠤ ᠬᠢᠨᠠᠨ ᠬᠡᠮᠵᠢᠬᠦ ᠬᠢᠷᠢ ᠴᠢᠳᠠᠯ᠎ᠲᠠᠢ ᠪᠠᠶ᠋ᠢᠭᠤᠯᠤᠮᠵᠢ᠎ᠳᠤ ᠨᠠᠶ᠋ᠢᠳᠠᠵᠤ᠂ ᠦᠢ᠍ᠯᠡᠳᠪᠦᠷᠢᠯᠡᠯ ᠪᠦᠳᠦᠭᠡᠠ ᠪᠠᠶ᠋ᠢᠭᠤᠯᠤᠯᠲᠠ ᠵᠢᠨ ᠠᠵᠢᠯᠯᠠᠭ᠎ᠠ᠎ᠠᠴᠠ ᠪᠣᠯᠤᠭᠰᠠᠨ ᠬᠥᠷᠥᠰᠥ ᠰᠢᠷᠣᠶ ᠵᠢᠨ ᠢᠳᠡᠭᠳᠡᠯ᠎ᠢ ᠬᠢᠨᠠᠨ ᠬᠡᠮᠵᠢᠬᠦ ᠵᠢᠨ ᠬᠠᠮᠲᠤ ᠬᠢᠨᠠᠨ ᠬᠡᠮᠵᠢᠭᠰᠡᠨ ᠪᠠᠶ᠋ᠢᠳᠠᠯ ᠵᠶ᠋ᠠᠨ ᠲᠣᠭᠲᠠᠮᠠᠯ ᠬᠤᠭᠤᠴᠠᠭ᠎ᠠ᠎ᠲᠠᠢ᠎ᠪᠠᠷ ᠲᠤᠬᠠᠶ ᠵᠢᠨ ᠭᠠᠵᠠᠷ᠎ᠤᠨ ᠤᠰᠦᠠ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃
      ᠬᠥᠷᠥᠰᠥ ᠰᠢᠷᠣᠶ ᠵᠢ ᠬᠠᠮᠠᠭ᠋ᠠᠯᠠᠬᠤ ᠬᠢᠨᠠᠨ ᠬᠡᠮᠵᠢᠯᠲᠡ ᠵᠢᠨ ᠠᠵᠢᠯᠯᠠᠭ᠎ᠠ ᠬᠢᠬᠦ᠎ᠳᠡᠭᠡᠨ ᠤᠯᠤᠰ᠎ᠤᠨ ᠬᠣᠯᠪᠣᠭᠳᠠᠯ ᠪᠦᠬᠦᠢ ᠮᠡᠷᠭᠡᠵᠢᠯ᠎ᠤᠨ ᠪᠠᠷᠢᠮᠵᠢᠶ᠎ᠠ᠂ ᠵᠢᠷᠤᠮᠵᠢᠯ ᠪᠠ ᠳᠦᠷᠢᠮᠵᠢᠯ᠎ᠢ ᠵᠢᠷᠤᠮᠯᠠᠵᠤ᠂ ᠬᠢᠨᠠᠨ ᠬᠡᠮᠵᠢᠯᠲᠡ ᠵᠢᠨ ᠶᠠᠰᠤ ᠴᠢᠨᠠᠷ᠎ᠢ ᠪᠠᠲᠤᠯᠠᠬᠤ ᠬᠡᠷᠡᠭᠲᠡᠶ᠃
      ᠳᠥᠴᠢᠨ ᠬᠣᠶᠠᠳᠤᠭ᠋ᠠᠷ ᠵᠦᠢ᠍ᠯ   ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠥᠷᠥᠰᠥ ᠰᠢᠷᠣᠶ ᠵᠢ ᠬᠠᠮᠠᠭ᠋ᠠᠯᠠᠬᠤ ᠬᠢᠨᠠᠨ ᠬᠡᠮᠵᠢᠯᠲᠡ ᠵᠢᠨ ᠪᠠᠶ᠋ᠢᠳᠠᠯ᠎ᠢ ᠦᠨᠳᠦᠰᠦᠯᠡᠨ᠂ ᠳᠣᠣᠷ᠎ᠠ ᠵᠢᠭᠰᠠᠭ᠋ᠠᠭᠰᠠᠨ ᠵᠦᠢ᠍ᠯᠡᠰ᠎ᠢ ᠢᠯᠡ ᠵᠠᠷᠯᠠᠬᠤ ᠬᠡᠷᠡᠭᠲᠡᠢ᠄
     (ᠨᠢᠭᠡ) ᠬᠥᠷᠥᠰᠥ ᠰᠢᠷᠣᠶ ᠵᠢᠨ ᠢᠳᠡᠭᠳᠡᠯ᠎ᠤᠨ ᠲᠦᠷᠦᠯ ᠬᠡᠯᠪᠡᠷᠢ᠂ ᠲᠠᠯᠠᠪᠠᠢ᠂ ᠬᠦᠴᠦᠯᠡᠴᠡ᠂ ᠲᠠᠷᠬᠠᠯᠲᠠ ᠵᠢᠨ ᠪᠠᠶ᠋ᠢᠳᠠᠯ ᠪᠠ ᠬᠤᠪᠢᠷᠠᠯᠲᠠ ᠵᠢᠨ ᠬᠠᠨᠳᠤᠰᠢ;
     (ᠬᠣᠶᠠᠷ) ᠬᠥᠷᠥᠰᠥ ᠰᠢᠷᠣᠶ ᠵᠢᠨ ᠢᠳᠡᠭᠳᠡᠯ᠎ᠠᠴᠠ ᠪᠣᠯᠤᠭᠰᠠᠨ ᠬᠣᠣᠷ ᠬᠥᠨᠥᠭᠡᠯ;
     (ᠭᠤᠷᠪᠠ) ᠬᠥᠷᠥᠰᠥ ᠰᠢᠷᠣᠶ ᠵᠢᠨ ᠢᠳᠡᠭᠳᠡᠯ᠎ᠢ ᠤᠷᠢᠳᠴᠢᠯᠠᠨ ᠰᠡᠷᠭᠡᠶ᠋ᠢᠯᠡᠵᠦ ᠵᠠᠰᠠᠭᠰᠠᠨ ᠪᠠᠶ᠋ᠢᠳᠠᠯ᠃
      ᠳᠥᠴᠢᠨ ᠭᠤᠷᠪᠠᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠥᠷᠥᠰᠥ ᠰᠢᠷᠣᠶ ᠵᠢ ᠬᠠᠮᠠᠭ᠋ᠠᠯᠠᠵᠤ ᠪᠠᠶ᠋ᠢᠭ᠎ᠠ ᠪᠠᠶ᠋ᠢᠳᠠᠯ᠎ᠢ ᠬᠢᠨᠠᠵᠤ ᠪᠠᠢ᠌ᠴᠠᠭ᠋ᠠᠯᠳᠠ ᠬᠢᠬᠦ ᠵᠢ ᠬᠠᠷᠢᠭᠤᠴᠠᠨ᠎ᠠ᠃ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠬᠠᠷᠢᠶᠠᠯᠠᠯ᠎ᠤᠨ ᠵᠶ᠋ᠠᠨ ᠬᠡᠪᠴᠢᠶᠡᠨ ᠳᠣᠲᠣᠷ᠎ᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠯᠲᠠ ᠲᠠᠯᠪᠢᠵᠤ ᠪᠠᠶ᠋ᠢᠴᠠᠭ᠋ᠠᠬᠤ ᠡᠷᠬᠡ ᠲᠤᠰᠢᠶᠠᠯ᠎ᠢ ᠭᠦᠢ᠍ᠴᠡᠳᠬᠡᠵᠦ ᠪᠣᠯᠤᠨ᠎ᠠ᠃
      ᠳᠥᠴᠢᠨ ᠳᠥᠷᠪᠡᠳᠦᠭᠡᠷ ᠵᠦᠢ᠍ᠯ   ᠤᠰᠤᠨ᠎ᠤ ᠶᠠᠪᠤᠳᠠᠯ᠎ᠤᠨ ᠬᠢᠨᠠᠨ ᠪᠠᠶ᠋ᠢᠴᠠᠭ᠋ᠠᠬᠤ ᠠᠵᠢᠯᠳᠠᠨ ᠬᠢᠨᠠᠨ ᠪᠠᠶ᠋ᠢᠴᠠᠭ᠋ᠠᠬᠤ ᠲᠤᠰᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠬᠦ ᠦᠶ᠎ᠡ᠎ᠳᠤ᠂ ᠳᠣᠣᠷ᠎ᠠ ᠵᠢᠭᠰᠠᠭ᠋ᠠᠭᠰᠠᠨ ᠠᠷᠭ᠎ᠠ ᠬᠡᠮᠵᠢᠶ᠎ᠡ᠎ᠨᠦᠭᠦᠳ᠎ᠢ ᠠᠪᠬᠤ ᠡᠷᠬᠡ᠎ᠲᠠᠢ᠄
     (ᠨᠢᠭᠡ) ᠪᠠᠶ᠋ᠢᠴᠠᠭ᠋ᠠᠭᠳᠠᠬᠤ ᠨᠢᠭᠡᠴᠢ ᠪᠤᠶᠤ ᠬᠤᠪᠢ ᠬᠥᠮᠦᠨ᠎ᠢ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠭᠡᠷᠡᠴᠢ ᠦᠨᠡᠮᠯᠡᠯ᠂ ᠮᠠᠲ᠋ᠧᠷᠢᠶᠠᠯ ᠬᠠᠩᠭ᠋ᠠᠯᠭ᠋ᠠᠬᠤ᠎ᠪᠠᠷ ᠱᠠᠭ᠋ᠠᠷᠳᠠᠬᠤ;
     (ᠬᠣᠶᠠᠷ) ᠪᠠᠶ᠋ᠢᠴᠠᠭ᠋ᠠᠭᠳᠠᠬᠤ ᠨᠢᠭᠡᠴᠢ ᠪᠤᠶᠤ ᠬᠤᠪᠢ ᠬᠥᠮᠦᠨ᠎ᠢ ᠬᠥᠷᠥᠰᠥ ᠰᠢᠷᠣᠶ ᠵᠢᠨ ᠢᠳᠡᠭᠳᠡᠯ᠎ᠢ ᠤᠷᠢᠳᠴᠢᠯᠠᠨ ᠰᠡᠷᠭᠡᠶ᠋ᠢᠯᠡᠵᠦ ᠵᠠᠰᠠᠭᠰᠠᠨ ᠬᠣᠯᠪᠣᠭᠳᠠᠯ ᠪᠦᠬᠦᠢ ᠪᠠᠶ᠋ᠢᠳᠠᠯ᠎ᠤᠨ ᠲᠤᠬᠠᠶ ᠲᠣᠳᠣᠷᠬᠠᠶ᠋ᠢᠯᠠᠯᠲᠠ ᠬᠢᠯᠭᠡᠬᠦ᠎ᠪᠠᠷ ᠱᠠᠭ᠋ᠠᠷᠳᠠᠬᠤ;
     (ᠭᠤᠷᠪᠠ) ᠲᠤᠬᠠᠶ ᠵᠢᠨ ᠲᠠᠯᠠᠪᠤᠷ᠎ᠲᠤ ᠣᠴᠢᠵᠤ ᠪᠠᠶ᠋ᠢᠴᠠᠭ᠋ᠠᠯᠲᠠ ᠬᠢᠵᠦ᠂ ᠭᠡᠷᠡᠴᠢ ᠠᠪᠬᠤ᠃
      ᠪᠠᠶ᠋ᠢᠴᠠᠭ᠋ᠠᠭᠳᠠᠬᠤ ᠨᠢᠭᠡᠴᠢ ᠪᠤᠶᠤ ᠬᠤᠪᠢ ᠬᠥᠮᠦᠨ ᠬᠠᠤᠯᠢ ᠵᠢ ᠵᠥᠷᠢᠴᠡᠭᠰᠡᠨ ᠠᠵᠢᠯᠯᠠᠭ᠎ᠠ᠎ᠪᠠᠨ ᠵᠣᠭᠰᠣᠭ᠋ᠠᠬᠤ ᠵᠢ ᠲᠡᠪᠴᠢᠵᠦ᠂ ᠬᠥᠷᠥᠰᠥ ᠰᠢᠷᠣᠶ ᠵᠢᠨ ᠬᠦᠨᠳᠦ ᠨᠣᠴᠢᠲᠠᠶ ᠢᠳᠡᠭᠳᠡᠯ᠎ᠢ ᠪᠤᠢ ᠪᠣᠯᠭ᠋ᠠᠭᠰᠠᠨ ᠪᠠᠶ᠋ᠢᠪᠠᠯ᠂ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠵᠥᠪᠰᠢᠶᠡᠷᠡᠭᠦᠯᠦᠭᠡᠳ᠂ ᠬᠠᠤᠯᠢ ᠵᠢ ᠵᠥᠷᠢᠴᠡᠭᠰᠡᠨ ᠠᠵᠢᠯᠯᠠᠭ᠎ᠠ ᠬᠢᠭᠰᠡᠨ ᠪᠠᠭ᠋ᠠᠵᠢ ᠬᠡᠷᠡᠭᠰᠡᠯ ᠵᠢᠴᠢ ᠪᠠᠷᠢᠯᠭ᠎ᠠ ᠵᠢᠨ ᠮᠠᠰᠢᠨ ᠮᠧᠬᠠᠨᠢᠭ᠂ ᠲᠤᠨᠤᠭ ᠲᠥᠬᠥᠭᠡᠷᠦᠮᠵᠢ ᠵᠡᠷᠭᠡ ᠵᠢ ᠪᠠᠶ᠋ᠢᠴᠠᠭ᠋ᠠᠨ ᠪᠢᠲᠡᠭᠦᠮᠵᠢᠯᠡᠵᠦ᠂ ᠳᠠᠷᠤᠵᠤ ᠠᠪᠴᠤ ᠪᠣᠯᠤᠨ᠎ᠠ᠃
      ᠳᠥᠴᠢᠨ ᠲᠠᠪᠤᠳᠤᠭ᠋ᠠᠷ ᠵᠦᠢ᠍ᠯ ᠤᠰᠤᠨ᠎ᠤ ᠶᠠᠪᠤᠳᠠᠯ᠎ᠤᠨ ᠬᠢᠨᠠᠨ ᠪᠠᠶ᠋ᠢᠴᠠᠭ᠋ᠠᠬᠤ ᠠᠵᠢᠯᠳᠠᠨ ᠬᠢᠨᠠᠨ ᠪᠠᠶ᠋ᠢᠴᠠᠭ᠋ᠠᠬᠤ ᠲᠤᠰᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠬᠦ᠎ᠳᠡᠭᠡᠨ ᠬᠠᠤᠯᠢ ᠬᠡᠷᠡᠭᠵᠢᠭᠦᠯᠬᠦ ᠦᠨᠡᠮᠯᠡᠯ ᠵᠶ᠋ᠠᠨ ᠭᠠᠷᠭ᠋ᠠᠵᠤ ᠦᠵᠡᠭᠦᠯᠬᠦ ᠬᠡᠷᠡᠭᠲᠡᠶ᠃ ᠪᠠᠶ᠋ᠢᠴᠠᠭ᠋ᠠᠭᠳᠠᠬᠤ ᠨᠢᠭᠡᠴᠢ ᠪᠤᠶᠤ ᠬᠤᠪᠢ ᠬᠥᠮᠦᠨ ᠬᠥᠷᠥᠰᠥ ᠰᠢᠷᠣᠶ ᠵᠢᠨ ᠬᠠᠮᠠᠭ᠋ᠠᠯᠠᠯᠲᠠ ᠵᠢᠨ ᠬᠢᠨᠠᠯᠲᠠ ᠪᠠᠶ᠋ᠢᠴᠠᠭ᠋ᠠᠯᠲᠠ ᠵᠢᠨ ᠠᠵᠢᠯ᠎ᠳᠤ ᠬᠠᠮᠵᠢᠯᠴᠠᠵᠤ᠂ ᠪᠠᠶ᠋ᠢᠳᠠᠯ ᠵᠶ᠋ᠠᠨ ᠦᠨᠡᠨ ᠮᠥᠨ ᠵᠶ᠋ᠠᠷ᠎ᠨᠢ ᠮᠡᠳᠡᠭᠦᠯᠵᠦ᠂ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠭᠡᠷᠡᠴᠢ ᠦᠨᠡᠮᠯᠡᠯ᠂ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ; ᠤᠰᠤᠨ᠎ᠤ ᠶᠠᠪᠤᠳᠠᠯ᠎ᠤᠨ ᠬᠢᠨᠠᠨ ᠪᠠᠶ᠋ᠢᠴᠠᠭ᠋ᠠᠬᠤ ᠠᠵᠢᠯᠲᠠᠳ᠎ᠤᠨ ᠬᠠᠤᠯᠢ ᠶᠣᠰᠣᠭ᠋ᠠᠷ ᠠᠯᠪᠠᠨ ᠠᠵᠢᠯ ᠵᠶ᠋ᠠᠨ ᠭᠦᠢ᠍ᠴᠡᠳᠬᠡᠬᠦ ᠵᠢ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃
      ᠳᠥᠴᠢᠨ ᠵᠢᠷᠭᠤᠳᠤᠭ᠋ᠠᠷ ᠵᠦᠢ᠍ᠯ   ᠠᠳᠠᠯᠢ ᠪᠤᠰᠤ ᠵᠠᠰᠠᠭ ᠵᠠᠬᠢᠷᠭ᠋ᠠᠨ᠎ᠤ ᠣᠷᠣᠨ᠎ᠤ ᠬᠣᠭᠣᠷᠣᠨᠳᠣ ᠬᠥᠷᠥᠰᠥ ᠰᠢᠷᠣᠶ ᠵᠢᠨ ᠢᠳᠡᠭᠳᠡᠯ᠎ᠤᠨ ᠵᠢᠭᠤᠷᠠᠯᠳᠤᠭ᠋ᠠᠨ ᠭᠠᠷᠪᠠᠯ ᠵᠥᠪᠳᠡᠯᠴᠡᠵᠦ ᠪᠠᠶ᠋ᠢᠭ᠋ᠠᠳ   ᠰᠢᠢ᠍ᠳᠪᠦᠷᠢᠯᠡᠬᠦ ᠬᠡᠷᠡᠭᠲᠡᠶ; ᠵᠥᠪᠳᠡᠯᠴᠡᠭᠡᠳ ᠪᠦᠲᠦᠬᠦ ᠤᠢ᠍ᠭᠡᠢ ᠪᠣᠯ ᠬᠠᠮᠲᠤ ᠵᠢᠨ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠡᠰᠦᠯᠦᠠ ᠲᠣᠭᠲᠠᠭ᠋ᠠᠨ᠎ᠠ᠃
   
      ᠵᠢᠷᠭᠤᠳᠤᠭ᠋ᠠᠷ ᠪᠦᠯᠦᠭ   ᠬᠠᠤᠯᠢ ᠵᠢᠨ ᠬᠠᠷᠢᠭᠤᠴᠠᠯᠭ᠎ᠠ
   
      ᠳᠥᠴᠢᠨ ᠳᠣᠯᠣᠳᠤᠭ᠋ᠠᠷ ᠵᠦᠢ᠍ᠯ   ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠤᠰ ᠬᠠᠤᠯᠢ ᠵᠢᠨ ᠲᠣᠭᠲᠠᠭ᠋ᠠᠯ ᠶᠣᠰᠣᠭ᠋ᠠᠷ ᠬᠢᠨᠠᠨ ᠬᠠᠮᠢᠶᠠᠷᠬᠤ ᠡᠷᠬᠡ᠎ᠲᠠᠢ ᠪᠤᠰᠤᠳ ᠰᠠᠯᠠᠭ᠎ᠠ ᠮᠥᠴᠢᠷ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠣᠭᠲᠠᠭ᠋ᠠᠯ ᠭᠠᠷᠭ᠋ᠠᠭᠰᠠᠨ ᠦᠭᠡᠢ ᠪᠤᠶᠤ ᠵᠥᠪᠰᠢᠶᠡᠷᠡᠯ᠎ᠤᠨ ᠪᠢᠴᠢᠭ ᠮᠠᠲ᠋ᠧᠷᠢᠶᠠᠯ᠎ᠢ ᠭᠦᠢ᠍ᠴᠡᠳᠬᠡᠭᠰᠡᠨ ᠦᠭᠡᠢ᠂ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠣᠯᠵᠤ ᠮᠡᠳᠡᠭᠰᠡᠨ ᠪᠤᠶᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠲᠤᠬᠠᠶ ᠢᠯᠡᠴᠢᠯᠡᠨ ᠮᠡᠳᠡᠭᠦᠯᠦᠯᠲᠡ ᠵᠢ ᠣᠯᠤᠭᠰᠠᠨ᠎ᠤ ᠳᠠᠷᠠᠭ᠎ᠠ ᠪᠠᠶ᠋ᠢᠴᠠᠭ᠋ᠠᠨ ᠰᠢᠢ᠍ᠳᠪᠦᠷᠢᠯᠡᠭᠰᠡᠨ ᠦᠭᠡᠢ᠂ ᠡᠰᠡᠬᠦᠯ᠎ᠡ ᠲᠤᠰ ᠬᠠᠤᠯᠢ ᠵᠢᠨ ᠲᠣᠭᠲᠠᠭ᠋ᠠᠯ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠦᠭᠡᠢ ᠪᠤᠰᠤᠳ ᠦᠢ᠍ᠯᠡ ᠠᠵᠢᠯᠯᠠᠭ᠎ᠠ᠎ᠲᠠᠢ ᠪᠠᠶ᠋ᠢᠪᠠᠯ᠂ ᠰᠢᠭᠤᠳ ᠬᠠᠷᠢᠭᠤᠴᠠᠵᠤ ᠪᠠᠶ᠋ᠢᠭ᠎ᠠ ᠭᠤᠤᠯᠯᠠᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠰᠢᠢ᠍ᠳᠭᠡᠯ ᠥᠭᠭᠦᠨ᠎ᠡ᠃
      ᠳᠥᠴᠢᠨ ᠨᠠᠢ᠍ᠮᠠᠳᠤᠭ᠋ᠠᠷ ᠵᠦᠢ᠍ᠯ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠨᠤᠷᠠᠵᠤ ᠶᠡᠭᠦᠷᠡᠬᠦ᠂ ᠶᠡᠭᠦᠷᠡᠬᠦ ᠠᠶᠤᠯᠲᠠᠶ ᠣᠷᠣᠨ ᠪᠤᠶᠤ ᠰᠢᠪᠠᠷ ᠴᠢᠯᠠᠭᠤᠨ᠎ᠤ ᠤᠷᠤᠰᠬᠠᠯ ᠠᠮᠠᠷᠬᠠᠨ ᠡᠭᠦᠰᠳᠡᠭ ᠣᠷᠣᠨ᠎ᠳᠤ ᠰᠢᠷᠣᠶ ᠠᠪᠬᠤ᠂ ᠡᠯᠡᠰᠦ ᠮᠠᠯᠲᠠᠬᠤ᠂ ᠴᠢᠯᠠᠭᠤ ᠭᠠᠷᠭ᠋ᠠᠬᠤ ᠵᠡᠷᠭᠡ ᠬᠥᠷᠥᠰᠥ ᠰᠢᠷᠣᠶ ᠵᠢᠨ ᠢᠳᠡᠭᠳᠡᠯ᠎ᠢ ᠪᠤᠢ ᠪᠣᠯᠭ᠋ᠠᠵᠤ ᠮᠡᠳᠡᠬᠦ ᠠᠵᠢᠯᠯᠠᠭ᠎ᠠ ᠬᠢᠭᠰᠡᠨ ᠪᠠᠢ᠌ᠪᠠᠯ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠨ ᠠᠪᠴᠤ᠂ ᠬᠤᠪᠢ ᠬᠥᠮᠦᠨ᠎ᠢ ᠮᠢᠩᠭ᠋ᠠᠨ ᠲᠥᠭᠥᠷᠢᠭ᠎ᠠᠴᠠ ᠳᠡᠭᠡᠭᠰᠢ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠵᠦ᠂ ᠨᠢᠭᠡᠴᠢ ᠵᠢ ᠬᠣᠶᠠᠷ ᠲᠦᠮᠡᠨ ᠲᠥᠭᠥᠷᠢᠭ᠎ᠠᠴᠠ ᠳᠡᠭᠡᠭᠰᠢ ᠬᠣᠷᠢᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ᠃
      ᠳᠥᠴᠢ ᠶᠢᠰᠦᠳᠦᠭᠡᠷ ᠵᠦᠢ᠍ᠯ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠠᠳᠠᠷ ᠬᠠᠭ᠋ᠠᠯᠪᠤᠷᠢᠯᠠᠬᠤ ᠵᠢ ᠴᠠᠭ᠋ᠠᠵᠠᠯᠠᠭᠰᠠᠨ ᠨᠠᠯᠠᠤᠴᠠ᠎ᠠᠴᠠ ᠳᠡᠭᠡᠭᠰᠢᠬᠢ ᠡᠭᠴᠡ ᠨᠠᠯᠠᠤ ᠭᠠᠵᠠᠷ᠎ᠢ ᠬᠠᠭ᠋ᠠᠯᠪᠤᠷᠢᠯᠠᠵᠤ ᠲᠠᠷᠢᠮᠠᠯ ᠲᠠᠷᠢᠭᠰᠠᠨ᠂ ᠡᠰᠡᠬᠦᠯ᠎ᠡ ᠠᠳᠠᠷ ᠬᠠᠭ᠋ᠠᠯᠪᠤᠷᠢᠯᠠᠬᠤ᠂ ᠨᠡᠭᠡᠭᠡᠨ ᠠᠰᠢᠭᠯᠠᠬᠤ ᠵᠢ ᠴᠠᠭ᠋ᠠᠵᠠᠯᠠᠭᠰᠠᠨ ᠤᠷᠭᠤᠮᠠᠯ᠎ᠤᠨ ᠬᠠᠮᠠᠭ᠋ᠠᠯᠠᠯᠲᠠ ᠵᠢᠨ ᠪᠦᠰᠡ ᠵᠢᠨ ᠳᠣᠲᠣᠷ᠎ᠠ ᠠᠳᠠᠷ ᠬᠠᠭ᠋ᠠᠯᠪᠤᠷᠢᠯᠠᠵᠤ᠂ ᠨᠡᠭᠡᠭᠡᠨ ᠠᠰᠢᠭᠯᠠᠭᠰᠠᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠲᠠᠷᠢᠶᠠᠯᠠᠬᠤ ᠵᠢ ᠵᠣᠭᠰᠣᠭ᠋ᠠᠬᠤ᠂ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠡᠷᠭᠡ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠤᠯᠤᠨ᠎ᠠ; ᠬᠠᠭ᠋ᠠᠯᠪᠤᠷᠢᠯᠠᠭᠰᠠᠨ ᠪᠤᠶᠤ ᠨᠡᠭᠡᠭᠡᠨ ᠠᠰᠢᠭᠯᠠᠭᠰᠠᠨ ᠲᠠᠯᠠᠪᠠᠢ᠎ᠪᠠᠷ᠎ᠨᠢ ᠬᠤᠪᠢ ᠬᠥᠮᠦᠨ᠎ᠢ ᠲᠡᠭᠰᠢ ᠳᠥᠷᠪᠡᠯᠵᠢᠨ ᠮᠧᠲᠷ ᠪᠦᠷᠢ᠎ᠳᠤ ᠬᠣᠶᠠᠷ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠵᠦ᠂ ᠨᠢᠭᠡᠴᠢ ᠵᠢ ᠲᠡᠭᠰᠢ ᠳᠥᠷᠪᠡᠯᠵᠢᠨ ᠮᠧᠲᠷ ᠪᠦᠷᠢ᠎ᠳᠤ ᠠᠷᠪᠠᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠵᠦ ᠪᠣᠯᠤᠨ᠎ᠠ᠃
      ᠲᠠᠪᠢᠳᠤᠭ᠋ᠠᠷ ᠵᠦᠢ᠍ᠯ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠤᠢ ᠰᠢᠭᠤᠶ᠂ ᠨᠤᠲᠤᠭ ᠪᠡᠯᠴᠢᠭᠡᠷ᠎ᠢ ᠡᠪᠳᠡᠵᠦ ᠠᠳᠡᠷ ᠬᠠᠭ᠋ᠠᠯᠪᠤᠷᠢᠯᠠᠭᠰᠠᠨ ᠪᠠᠶ᠋ᠢᠪᠠᠯ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠢ ᠰᠢᠭᠤᠶ ᠵᠢᠨ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠭᠡᠨ᠎ᠡ᠃
      ᠲᠠᠪᠢᠨ ᠨᠢᠭᠡᠳᠦᠭᠡᠷ ᠵᠦᠢ᠍ᠯ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠭᠡᠵᠢᠭᠡ ᠡᠪᠡᠰᠦ ᠲᠡᠭᠦᠵᠦ ᠴᠤᠭᠯᠠᠭᠤᠯᠤᠭᠰᠠᠨ᠂ ᠡᠰᠡᠬᠦᠯ᠎ᠡ ᠬᠥᠷᠥᠰᠥ ᠰᠢᠷᠣᠶ ᠵᠢᠨ ᠢᠳᠡᠭᠳᠡᠯ᠎ᠢ ᠭᠣᠣᠯᠳᠠᠯᠭ᠎ᠠ᠎ᠲᠠᠢ᠎ᠪᠠᠷ ᠤᠷᠢᠳᠴᠢᠯᠠᠨ ᠰᠡᠷᠭᠡᠶ᠋ᠢᠯᠡᠬᠦ ᠣᠷᠣᠨ ᠪᠠ ᠭᠣᠣᠯᠳᠠᠯᠭ᠎ᠠ᠎ᠲᠠᠢ᠎ᠪᠠᠷ ᠵᠠᠰᠠᠬᠤ ᠣᠷᠣᠨ᠎ᠳᠤ ᠵᠦᠯᠭᠡ ᠬᠤᠰᠤᠬᠤ᠂ ᠮᠣᠳᠣᠨ ᠦᠨᠳᠦᠰᠦ ᠮᠠᠯᠲᠠᠭᠰᠠᠨ᠂ ᠬᠣᠷᠣᠬᠠᠶ ᠡᠪᠡᠰᠦ᠂ ᠰᠢᠬᠢᠷ ᠡᠪᠡᠰᠦ᠂ ᠵᠡᠭᠡᠷᠭᠡᠨ᠎ᠡ ᠵᠡᠷᠭᠡ ᠵᠢ ᠳᠤᠷ᠎ᠠ᠎ᠪᠠᠷ ᠵᠶ᠋ᠠᠨ ᠮᠠᠯᠲᠠᠭᠰᠠᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠨ ᠠᠪᠬᠤ ᠵᠢᠨ ᠬᠠᠮᠲᠤ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠤᠨ ᠬᠢᠨᠢ ᠨᠢᠭᠡ ᠳᠠᠬᠢᠨ᠎ᠠᠴᠠ ᠳᠡᠭᠡᠭᠰᠢ ᠲᠠᠪᠤᠨ ᠳᠠᠬᠢᠨ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ; ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ ᠪᠠᠶ᠋ᠢᠬᠤ ᠤᠢ᠍ᠭᠡᠢ ᠪᠣᠯ ᠲᠠᠪᠤᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠵᠦ ᠪᠣᠯᠤᠨ᠎ᠠ᠃
      ᠨᠤᠲᠤᠭ ᠪᠡᠯᠴᠢᠭᠡᠷ᠎ᠤᠨ ᠭᠠᠵᠠᠷ ᠣᠷᠣᠨ᠎ᠳᠤ ᠡᠮᠦᠨᠡᠬᠢ ᠪᠠᠳᠠᠭ᠎ᠲᠤ ᠲᠣᠭᠲᠠᠭ᠋ᠠᠭᠰᠠᠨ ᠬᠠᠤᠯᠢ ᠵᠢ ᠵᠥᠷᠢᠴᠡᠭᠰᠡᠨ ᠤᠢ᠍ᠢ᠍ᠯᠠ ᠠᠵᠢᠯᠯᠠᠭ᠎ᠠ ᠵᠢ ᠬᠢᠭᠰᠡᠨ ᠪᠠᠶ᠋ᠢᠪᠠᠯ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠭᠡᠨ᠎ᠡ᠃
      ᠲᠡᠪᠢᠠ ᠬᠣᠶᠠᠳᠤᠭ᠋ᠠᠷ ᠵᠦᠢ᠍ᠯ   ᠤᠢ᠌ᠳᠤ ᠣᠷᠣᠨ᠎ᠳᠤ ᠤᠢ ᠮᠣᠳᠣ ᠣᠭᠲᠣᠯᠬᠤ᠎ᠳᠠᠭᠠᠨ ᠬᠥᠷᠥᠰᠥ ᠰᠢᠷᠣᠶ ᠵᠢᠨ ᠢᠳᠡᠭᠳᠡᠯ᠎ᠢ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠬᠠᠤᠯᠢ ᠶᠣᠰᠣᠭ᠋ᠠᠷ ᠠᠪᠤᠭᠰᠠᠨ ᠤᠢ᠍ᠭᠡᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠤᠰᠦᠠ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠵᠤ᠂ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠤᠯᠤᠨ᠎ᠠ; ᠬᠥᠷᠥᠰᠥ ᠰᠢᠷᠣᠶ ᠵᠢᠨ ᠢᠳᠡᠭᠳᠡᠯ᠎ᠢ ᠪᠤᠢ ᠪᠣᠯᠭ᠋ᠠᠭᠰᠠᠨ ᠪᠠᠶ᠋ᠢᠪᠠᠯ᠂ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠥᠷᠥᠰᠥ ᠰᠢᠷᠣᠶ ᠵᠢᠨ ᠢᠳᠡᠭᠳᠡᠯ᠎ᠢ ᠪᠤᠢ ᠪᠣᠯᠭ᠋ᠠᠭᠰᠠᠨ ᠲᠠᠯᠠᠪᠠᠢ ᠵᠢ᠎ᠨᠢ ᠦᠨᠳᠦᠰᠦᠯᠡᠵᠦ ᠲᠡᠭᠰᠢ ᠳᠥᠷᠪᠡᠯᠵᠢᠨ ᠮᠧᠲᠷ ᠪᠦᠷᠢ᠎ᠳᠤ ᠬᠣᠶᠠᠷ ᠲᠥᠭᠥᠷᠢᠭ᠎ᠠᠴᠠ ᠳᠡᠭᠡᠭᠰᠢ ᠠᠷᠪᠠᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠤᠷᠭ᠋ᠠᠨ᠎ᠠ᠃
      ᠲᠠᠪᠢᠨ ᠭᠤᠷᠪᠠᠳᠤᠭ᠋ᠠᠷ ᠵᠦᠢ᠍ᠯ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠬᠤᠭᠤᠴᠠᠭ᠎ᠠ ᠲᠣᠭᠲᠠᠭ᠋ᠠᠨ ᠭᠠᠷ ᠭᠦᠢ᠍ᠴᠡᠳᠬᠡᠯ᠎ᠢ ᠨᠥᠬᠥᠵᠦ ᠬᠢᠯᠭᠡᠨ᠎ᠡ; ᠬᠤᠭᠤᠴᠠᠭ᠎ᠠ ᠬᠡᠲᠦᠷᠡᠲᠡᠯ᠎ᠡ ᠭᠠᠷ ᠭᠦᠢ᠍ᠴᠡᠳᠬᠡᠯ᠎ᠢ ᠨᠥᠬᠥᠪᠥᠷᠢᠯᠡᠨ ᠬᠢᠭᠰᠡᠨ ᠦᠭᠡᠢ ᠪᠠᠶ᠋ᠢᠪᠠᠯ᠂ ᠲᠠᠪᠤᠨ ᠲᠦᠮᠡᠨ ᠲᠥᠭᠥᠷᠢᠭ᠎ᠠᠴᠠ ᠳᠡᠭᠡᠭᠰᠢ ᠲᠠᠪᠢᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠨᠢᠭᠡᠴᠢ ᠵᠢᠨ ᠰᠢᠭᠤᠳ ᠬᠠᠷᠢᠭᠤᠴᠠᠵᠤ ᠪᠠᠶ᠋ᠢᠭ᠎ᠠ ᠭᠤᠤᠯᠯᠠᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠰᠢᠢ᠍ᠳᠭᠡᠯ ᠥᠭᠭᠦᠨ᠎ᠡ᠄
     (ᠨᠢᠭᠡ) ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠢ ᠬᠠᠤᠯᠢ ᠶᠣᠰᠣᠭ᠋ᠠᠷ ᠨᠠᠶ᠋ᠢᠷᠠᠭᠤᠯᠤᠨ ᠵᠣᠬᠢᠶᠠᠬᠤ ᠶᠣᠰᠣᠲᠠᠶ ᠦᠢ᠍ᠯᠡᠳᠪᠦᠷᠢᠯᠡᠯ ᠪᠦᠳᠦᠭᠡᠠ ᠪᠠᠶ᠋ᠢᠭᠤᠯᠤᠯᠲᠠ ᠵᠢᠨ ᠵᠦᠢ᠍ᠯᠡᠰ᠎ᠲᠤ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠢ ᠨᠠᠶ᠋ᠢᠷᠠᠭᠤᠯᠤᠨ ᠵᠣᠬᠢᠶᠠᠭᠰᠠᠨ ᠤᠢ᠍ᠭᠡᠢ ᠪᠤᠶᠤ ᠨᠠᠶ᠋ᠢᠷᠠᠭᠤᠯᠤᠨ ᠵᠣᠬᠢᠶᠠᠭᠰᠠᠨ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ ᠵᠶ᠋ᠠᠨ ᠵᠥᠪᠰᠢᠶᠡᠷᠡᠭᠦᠯᠦᠭᠰᠡᠨ ᠤᠢ᠍ᠭᠡᠢ᠎ᠪᠠᠷ ᠠᠵᠢᠯ ᠡᠬᠢᠯᠡᠭᠦᠯᠵᠦ ᠪᠦᠳᠦᠭᠡᠠ ᠪᠠᠶ᠋ᠢᠭᠤᠯᠤᠭᠰᠠᠨ;
     (ᠬᠣᠶᠠᠷ) ᠦᠢ᠍ᠯᠡᠳᠪᠦᠷᠢᠯᠡᠯ ᠪᠦᠳᠦᠭᠡᠠ ᠪᠠᠶ᠋ᠢᠭᠤᠯᠤᠯᠲᠠ ᠵᠢᠨ ᠵᠦᠢ᠍ᠯᠡᠰ᠎ᠤᠨ ᠭᠠᠵᠠᠷ ᠣᠷᠣᠨ᠂ ᠬᠡᠪᠴᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠤᠭᠰᠠᠨ ᠪᠠᠶ᠋ᠢᠲᠠᠯ᠎ᠠ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ ᠵᠶ᠋ᠠᠨ ᠨᠥᠬᠥᠪᠥᠷᠢᠯᠡᠭᠰᠡᠨ ᠤᠢ᠍ᠭᠡᠢ᠂ ᠵᠠᠰᠠᠪᠤᠷᠢ ᠣᠷᠣᠭᠤᠯᠤᠭᠰᠠᠨ ᠤᠢ᠍ᠭᠡᠢ ᠪᠤᠶᠤ ᠨᠥᠬᠥᠪᠥᠷᠢᠯᠡᠭᠰᠡᠨ᠂ ᠵᠠᠰᠠᠪᠤᠷᠢ ᠣᠷᠣᠭᠤᠯᠤᠭᠰᠠᠨ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ ᠵᠶ᠋ᠠᠨ ᠤᠤᠯ᠎ᠤᠨ ᠬᠢᠨᠠᠨ ᠵᠥᠪᠰᠢᠶᠡᠷᠡᠭᠰᠡᠨ ᠪᠠᠶ᠋ᠢᠭᠤᠯᠭ᠎ᠠ᠎ᠪᠠᠷ ᠵᠥᠪᠰᠢᠶᠡᠷᠡᠭᠦᠯᠦᠭᠰᠡᠨ ᠤᠢ᠍ᠭᠡᠢ ᠪᠠᠶ᠋ᠢᠬᠤ;
     (ᠭᠤᠷᠪᠠ) ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠢ ᠬᠡᠷᠡᠭᠵᠢᠭᠦᠯᠬᠦ ᠶᠠᠪᠤᠴᠠ᠎ᠳᠤ ᠤᠤᠯ᠎ᠤᠨ ᠬᠢᠨᠠᠨ ᠵᠥᠪᠰᠢᠶᠡᠷᠡᠭᠰᠡᠨ ᠪᠠᠶ᠋ᠢᠭᠤᠯᠭ᠎ᠠ᠎ᠪᠠᠷ ᠵᠥᠪᠰᠢᠶᠡᠷᠡᠭᠦᠯᠦᠭᠰᠡᠨ ᠦᠭᠡᠢ᠎ᠪᠠᠷ ᠬᠥᠷᠥᠰᠥ ᠰᠢᠷᠣᠶ ᠵᠢ ᠬᠠᠮᠠᠭ᠋ᠠᠯᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠭ᠋ᠠᠭᠰᠠᠨ᠃
      ᠲᠡᠪᠢᠠ ᠳᠥᠷᠪᠡᠳᠦᠭᠡᠷ ᠵᠦᠢ᠍ᠯ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠬᠥᠷᠥᠰᠥ ᠰᠢᠷᠣᠶ ᠵᠢ ᠬᠠᠮᠠᠭ᠋ᠠᠯᠠᠬᠤ ᠲᠥᠬᠥᠭᠡᠷᠦᠮᠵᠢ ᠵᠢ ᠰᠢᠯᠭ᠋ᠠᠨ ᠠᠪᠤᠭᠰᠠᠨ ᠤᠢ᠍ᠭᠡᠢ ᠪᠤᠶᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠤᠢ᠍ᠭᠡᠢ ᠪᠠᠶ᠋ᠢᠲᠠᠯ᠎ᠠ ᠦᠢ᠍ᠯᠡᠳᠪᠦᠷᠢᠯᠡᠯ ᠪᠦᠳᠦᠭᠡᠠ ᠪᠠᠶ᠋ᠢᠭᠤᠯᠤᠯᠲᠠ ᠵᠢᠨ ᠵᠦᠢ᠍ᠯᠡᠰ᠎ᠢ ᠠᠰᠢᠭᠯᠠᠯᠲᠠ᠎ᠳᠤ ᠣᠷᠣᠭᠤᠯᠵᠤ ᠬᠡᠷᠡᠭᠯᠡᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠦᠠ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠦᠢ᠍ᠯᠡᠳᠪᠦᠷᠢᠯᠡᠬᠦ ᠪᠤᠶᠤ ᠬᠡᠷᠡᠭᠯᠡᠬᠦ ᠵᠢ᠎ᠨᠢ ᠵᠣᠭᠰᠣᠭ᠋ᠠᠵᠤ᠂ ᠰᠢᠯᠭ᠋ᠠᠨ ᠠᠪᠬᠤ᠎ᠳᠤ ᠬᠢᠷᠢ ᠲᠡᠩᠴᠡᠬᠦ ᠪᠣᠯᠲᠠᠯ᠎ᠠ ᠲᠠᠪᠤᠨ ᠲᠦᠮᠡᠨ ᠲᠥᠭᠥᠷᠢᠭ᠎ᠠᠴᠠ ᠳᠡᠭᠡᠭᠰᠢ ᠲᠡᠪᠢᠠ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ᠃
      ᠲᠠᠪᠢᠨ ᠲᠠᠪᠤᠳᠤᠭ᠋ᠠᠷ ᠵᠦᠢ᠍ᠯ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠳᠤ ᠲᠣᠭᠲᠠᠭ᠋ᠠᠭᠰᠠᠨ ᠲᠤᠰᠬᠠᠶ᠋ᠢᠯᠠᠨ ᠬᠠᠳᠠᠭ᠋ᠠᠯᠠᠬᠤ ᠭᠠᠵᠠᠷ᠎ᠠᠴᠠ ᠭᠠᠳᠠᠨᠠᠬᠢ ᠣᠷᠣᠨ ᠪᠦᠰᠡ᠎ᠳᠤ ᠬᠠᠶ᠋ᠢᠷ ᠴᠢᠯᠠᠭᠤ᠂ ᠰᠢᠷᠣᠶ᠂ ᠠᠭᠤᠷᠬᠠᠶ ᠵᠢᠨ ᠴᠢᠯᠠᠭᠤ᠂ ᠦᠯᠡᠳᠡᠭᠳᠡᠯ ᠬᠦᠳᠡᠷ᠂ ᠬᠠᠶᠠᠭᠳᠠᠮᠠᠯ ᠰᠢᠭ᠋ᠠᠷᠤ ᠵᠡᠷᠭᠡ ᠵᠢ ᠴᠢᠳᠬᠤᠭᠰᠠᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠬᠤᠭᠤᠴᠠᠭ᠎ᠠ ᠲᠣᠭᠲᠠᠭ᠋ᠠᠨ ᠴᠡᠪᠡᠷᠯᠡᠭᠦᠯᠵᠦ᠂ ᠴᠢᠳᠬᠤᠭᠰᠠᠨ ᠲᠣᠭ᠎ᠠ ᠬᠡᠮᠵᠢᠶ᠎ᠡ᠎ᠪᠠᠷ᠎ᠨᠢ ᠪᠣᠰᠣᠭ᠎ᠠ ᠳᠥᠷᠪᠡᠯᠵᠢᠨ ᠮᠧᠲᠷ ᠪᠦᠷᠢ᠎ᠳᠤ ᠠᠷᠪᠠᠨ ᠲᠥᠭᠥᠷᠢᠭ᠎ᠠᠴᠠ ᠳᠡᠭᠡᠭᠰᠢ ᠬᠣᠷᠢᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠬᠤᠭᠤᠴᠠᠭ᠎ᠠ ᠬᠡᠲᠦᠷᠡᠲᠡᠯ᠎ᠡ ᠮᠥᠨ ᠢᠯᠭ᠋ᠠᠷᠠᠭᠤᠯᠤᠨ ᠲᠢᠭᠯᠡᠬᠦ ᠦᠭᠡᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠢᠯᠭ᠋ᠠᠷᠠᠭᠤᠯᠤᠨ ᠲᠢᠭᠯᠡᠬᠦ ᠴᠢᠳᠠᠪᠤᠷᠢ᠎ᠲᠠᠢ ᠨᠢᠭᠡᠴᠢ ᠵᠢ ᠵᠢᠭ᠋ᠠᠨ ᠲᠣᠭᠲᠠᠭ᠋ᠠᠵᠤ ᠣᠷᠣᠯᠠᠨ ᠢᠯᠭ᠋ᠠᠷᠠᠭᠤᠯᠤᠨ ᠲᠢᠭᠯᠡᠵᠦ ᠪᠣᠯᠤᠨ᠎ᠠ᠂ ᠬᠡᠷᠡᠭᠰᠡᠬᠦ ᠵᠠᠷᠤᠳᠠᠯ᠎ᠢ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠋ᠠᠲᠤ ᠬᠥᠮᠦᠨ ᠡᠭᠦᠷᠭᠡᠯᠡᠨ᠎ᠡ᠃
      ᠲᠠᠪᠢᠨ ᠵᠢᠷᠭᠤᠳᠤᠭ᠋ᠠᠷ ᠵᠦᠢ᠍ᠯ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠡᠷᠬᠢᠯᠡᠭᠰᠡᠨ ᠪᠤᠶᠤ ᠪᠤᠰᠤᠳ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠬᠢᠭᠡᠳ ᠬᠥᠷᠥᠰᠥ ᠰᠢᠷᠣᠶ ᠵᠢᠨ ᠢᠳᠡᠭᠳᠡᠯ᠎ᠢ ᠪᠤᠢ ᠪᠣᠯᠭ᠋ᠠᠭᠰᠠᠨ ᠪᠠᠶ᠋ᠢᠲᠠᠯ᠎ᠠ ᠵᠠᠰᠠᠭᠰᠠᠨ ᠦᠭᠡᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠵᠠᠰᠠᠭᠤᠯᠤᠨ᠎ᠠ; ᠬᠤᠭᠤᠴᠠᠭ᠎ᠠ ᠬᠡᠲᠦᠷᠡᠲᠡᠯ᠎ᠡ ᠮᠥᠨ ᠵᠠᠰᠠᠭᠰᠠᠨ ᠦᠭᠡᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠰᠠᠬᠤ ᠴᠢᠳᠠᠪᠤᠷᠢ᠎ᠲᠠᠢ ᠨᠢᠭᠡᠴᠢ ᠵᠢ ᠵᠢᠭ᠋ᠠᠨ ᠲᠣᠭᠲᠠᠭ᠋ᠠᠵᠤ ᠣᠷᠣᠯᠠᠨ ᠵᠠᠰᠠᠭᠤᠯᠵᠤ ᠪᠣᠯᠤᠨ᠎ᠠ᠂ ᠬᠡᠷᠡᠭᠰᠡᠬᠦ ᠵᠠᠷᠤᠳᠠᠯ᠎ᠢ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠋ᠠᠲᠤ ᠬᠥᠮᠦᠨ ᠡᠭᠦᠷᠭᠡᠯᠡᠨ᠎ᠡ᠃
      ᠲᠠᠪᠢᠨ ᠳᠣᠯᠣᠳᠤᠭ᠋ᠠᠷ ᠵᠦᠢ᠍ᠯ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠬᠥᠷᠥᠰᠥ ᠰᠢᠷᠣᠶ ᠵᠢ ᠬᠠᠮᠠᠭ᠋ᠠᠯᠠᠬᠤ ᠲᠥᠯᠥᠪᠦᠷᠢ ᠵᠢᠨ ᠰᠦᠢ᠍ᠳᠬᠡᠯ ᠲᠤᠰᠢᠶᠠᠬᠤ ᠵᠢ ᠲᠡᠪᠴᠢᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠲᠤᠰᠢᠶᠠᠯᠭ᠋ᠠᠨ᠎ᠠ; ᠬᠤᠭᠤᠴᠠᠭ᠎ᠠ ᠬᠡᠲᠦᠷᠡᠲᠡᠯ᠎ᠡ ᠲᠤᠰᠢᠶᠠᠭᠰᠠᠨ ᠦᠭᠡᠢ ᠪᠠᠶ᠋ᠢᠪᠠᠯ᠂ ᠬᠤᠭᠤᠴᠠᠭ᠎ᠠ ᠰᠠᠭ᠋ᠠᠲᠠᠭᠤᠯᠤᠭᠰᠠᠨ ᠡᠳᠦᠷ᠎ᠠᠴᠠ ᠡᠬᠢᠯᠡᠨ ᠬᠤᠭᠤᠴᠠᠭ᠎ᠠ ᠰᠠᠭ᠋ᠠᠲᠠᠭᠤᠯᠤᠭᠰᠠᠨ ᠬᠡᠰᠡᠭ᠎ᠤᠨ ᠲᠦᠮᠡᠨ᠎ᠤ ᠲᠠᠪᠤ ᠵᠢᠨ ᠬᠤᠭᠤᠴᠠᠭ᠎ᠠ ᠰᠠᠭ᠋ᠠᠲᠠᠭᠤᠯᠤᠭᠰᠠᠨ ᠲᠣᠷᠭ᠋ᠠᠭᠤᠯᠢ ᠵᠢᠨ ᠮᠥᠩᠭᠥ ᠵᠢ ᠡᠳᠦᠷ ᠪᠦᠷᠢ ᠨᠡᠮᠡᠵᠦ ᠬᠤᠷᠢᠶᠠᠵᠤ᠂ ᠲᠤᠰᠢᠶᠠᠬᠤ ᠶᠣᠰᠣᠲᠠᠶ ᠬᠥᠷᠥᠰᠥ ᠰᠢᠷᠣᠶ ᠵᠢ ᠬᠠᠮᠠᠭ᠋ᠠᠯᠠᠬᠤ ᠲᠥᠯᠥᠪᠦᠷᠢ ᠵᠢᠨ ᠰᠦᠢ᠍ᠳᠬᠡᠯ᠎ᠤᠨ ᠭᠤᠷᠪᠠᠨ ᠲᠠᠬᠢᠨ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠵᠦ ᠪᠣᠯᠤᠨ᠎ᠠ᠃
      ᠲᠠᠪᠢᠨ ᠨᠠᠢ᠍ᠮᠠᠳᠤᠭ᠋ᠠᠷ ᠵᠦᠢ᠍ᠯ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠬᠥᠷᠥᠰᠥ ᠰᠢᠷᠣᠶ ᠵᠢᠨ ᠢᠳᠡᠭᠳᠡᠯ᠎ᠤᠨ ᠬᠣᠣᠷ ᠬᠥᠨᠥᠭᠡᠯ ᠤᠴᠠᠷᠠᠭᠤᠯᠤᠭᠰᠠᠨ ᠪᠠᠶ᠋ᠢᠪᠠᠯ᠂ ᠬᠠᠤᠯᠢ ᠶᠣᠰᠣᠭ᠋ᠠᠷ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠡᠭᠦᠷᠭᠡᠯᠡᠨ᠎ᠡ; ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢ ᠵᠥᠷᠢᠴᠡᠭᠰᠡᠨ ᠠᠵᠢᠯᠯᠠᠭ᠎ᠠ ᠪᠤᠯᠵᠤ ᠪᠦᠷᠢᠯᠳᠦᠭᠰᠡᠨ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠬᠠᠤᠯᠢ ᠶᠣᠰᠣᠭ᠋ᠠᠷ ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠢ᠍ᠳᠭᠡᠯ ᠥᠭᠭᠦᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
   
      ᠳᠣᠯᠣᠳᠤᠭ᠋ᠠᠷ ᠪᠦᠯᠦᠭ   ᠲᠠᠭ᠋ᠠᠯᠳᠤᠭᠤᠯᠤᠯ ᠲᠦᠷᠢᠮ
   
      ᠲᠠᠪᠢ ᠶᠢᠰᠦᠳᠦᠭᠡᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠤᠬᠠᠶ ᠵᠢᠨ ᠭᠠᠵᠠᠷ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠲᠣᠭᠲᠠᠭ᠋ᠠᠭᠰᠠᠨ ᠬᠥᠷᠥᠰᠥ ᠰᠢᠷᠣᠶ ᠵᠢ ᠬᠠᠮᠠᠭ᠋ᠠᠯᠠᠬᠤ ᠠᠵᠢᠯ᠎ᠢ ᠬᠠᠷᠢᠭᠤᠴᠠᠬᠤ ᠪᠠᠶ᠋ᠢᠭᠤᠯᠤᠮᠵᠢ᠎ᠨᠢ ᠲᠤᠰ ᠬᠠᠤᠯᠢ᠎ᠳᠤ ᠲᠣᠭᠲᠠᠭ᠋ᠠᠭᠰᠠᠨ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠠᠵᠢᠯ᠎ᠤᠨ ᠲᠤᠰᠢᠶᠠᠯ ᠬᠠᠷᠢᠭᠤᠴᠠᠯᠭ᠎ᠠ ᠵᠢ ᠭᠦᠢ᠍ᠴᠡᠳᠬᠡᠨ᠎ᠡ᠃
      ᠵᠢᠷᠠᠳᠤᠭ᠋ᠠᠷ ᠵᠦᠢ᠍ᠯ   ᠲᠤᠰ ᠬᠠᠤᠯᠢ ᠵᠢ 2011 ᠣᠨ᠎ᠤ 3 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄
          
ᠬᠠᠮᠢᠶ᠎ᠡ ᠪᠦᠬᠦᠢ ᠰᠣᠨᠢᠨ
 
            