ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ
ᠨᠡᠶ᠋ᠢᠲᠡᠯᠡᠭᠰᠡᠨ ᠴᠠᠭ᠄ 2021-09-10

    ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ (1988 ᠣᠨ᠎ᠳᠤ ᠨᠡᠶ᠋ᠢᠲᠡᠯᠡᠵᠦ᠂ 2002 ᠣᠨ᠎ᠳᠤ ᠵᠠᠰᠠᠪᠤᠷᠢ ᠣᠷᠣᠭᠤᠯᠵᠤ᠂ 2009 ᠣᠨ᠎ᠳᠤ ᠵᠠᠰᠠᠪᠤᠷᠢ ᠣᠷᠣᠭᠤᠯᠵᠤ᠂ 2016 ᠣᠨ᠎ᠳᠤ ᠵᠠᠰᠠᠪᠤᠷᠢ ᠣᠷᠣᠭᠤᠯᠪᠠ)
   
     
     (1988 ᠣᠨ᠎ᠤ 1 ᠰᠠᠷ᠎ᠠ ᠵᠢᠨ 21᠎ᠤ ᠡᠳᠦᠷ ᠵᠢᠷᠭᠤᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠷᠢᠨ ᠳᠥᠷᠪᠡᠳᠦᠭᠡᠷ ᠬᠤᠷᠠᠯᠳᠤᠭ᠋ᠠᠨ᠎ᠠᠴᠠ ᠪᠠᠲᠤᠯᠠᠪᠠ᠃ 2002 ᠣᠨ᠎ᠤ 8 ᠰᠠᠷ᠎ᠠ ᠵᠢᠨ 29᠎ᠤ ᠡᠳᠦᠷ ᠶᠢᠰᠦᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠷᠢ ᠶᠢᠰᠦᠳᠦᠭᠡᠷ ᠬᠤᠷᠠᠯᠳᠤᠭ᠋ᠠᠨ᠎ᠠᠴᠠ ᠵᠠᠰᠠᠪᠤᠷᠢ ᠣᠷᠣᠭᠤᠯᠪᠠ᠃ 2009 ᠣᠨ᠎ᠤ 8 ᠰᠠᠷ᠎ᠠ ᠵᠢᠨ 27᠎ᠤ ᠡᠳᠦᠷ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠤᠷᠢᠶᠠᠨ᠎ᠤ ᠠᠷᠪᠠᠳᠤᠭ᠋ᠠᠷ ᠬᠤᠷᠠᠯᠳᠤᠭ᠋ᠠᠨ᠎ᠤ 《ᠬᠡᠰᠡᠭ ᠬᠠᠤᠯᠢ ᠴᠠᠭ᠋ᠠᠵᠠ᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ ᠠᠩᠬ᠎ᠠ ᠤᠳᠠᠭ᠎ᠠ ᠵᠠᠰᠠᠪᠠ᠃ 2016 ᠣᠨ᠎ᠤ 7 ᠰᠠᠷ᠎ᠠ ᠵᠢᠨ 2᠎ᠤᠨ ᠡᠳᠦᠷ᠎ᠤᠨ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠷᠢᠨ ᠨᠢᠭᠡᠳᠦᠭᠡᠷ ᠬᠤᠷᠠᠯᠳᠤᠭ᠋ᠠᠨ᠎ᠤ 《〈ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠨᠧᠷᠭᠢ ᠵᠢᠨ ᠰᠤᠷᠪᠤᠯᠵᠢ ᠵᠢ ᠠᠷᠪᠢᠯᠠᠬᠤ ᠬᠠᠤᠯᠢ〉 ᠵᠡᠷᠭᠡ ᠵᠢᠷᠭᠤᠭ᠋ᠠᠨ ᠬᠠᠤᠯᠢ ᠴᠠᠭ᠋ᠠᠵᠠ᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ ᠬᠣᠶᠠᠳᠠᠬᠢ ᠤᠳᠠᠭ᠎ᠠ ᠵᠠᠰᠠᠪᠠ)
   
      ᠨᠢᠭᠡᠳᠦᠭᠡᠷ ᠪᠦᠯᠦᠭ   ᠶᠡᠷᠦᠩᠬᠡᠢ ᠲᠦᠷᠢᠮ
   
      ᠨᠢᠭᠡᠳᠦᠭᠡᠷ ᠵᠦᠢ᠍ᠯ   ᠤᠰᠤᠨ᠎ᠤ ᠡᠬᠢ ᠪᠠᠶᠠᠯᠢᠭ᠎ᠢ ᠵᠦᠢ ᠵᠣᠬᠢᠰᠲᠠᠶ᠎ᠪᠠᠷ ᠨᠡᠭᠡᠭᠡᠨ ᠠᠰᠢᠭᠯᠠᠵᠤ᠂ ᠠᠷᠪᠢᠯᠠᠵᠤ᠂ ᠬᠠᠮᠠᠭ᠋ᠠᠯᠠᠵᠤ᠂ ᠤᠰᠤᠨ᠎ᠤ ᠬᠥᠨᠥᠭᠡᠯ᠎ᠢ ᠰᠡᠷᠭᠡᠶ᠋ᠢᠯᠡᠨ ᠵᠠᠰᠠᠵᠤ᠂ ᠤᠰᠤᠨ᠎ᠤ ᠡᠬᠢ ᠪᠠᠶᠠᠯᠢᠭ᠎ᠢ ᠦᠷᠭᠦᠯᠵᠢᠯᠡᠨ ᠠᠰᠢᠭᠯᠠᠬᠤ ᠵᠢ ᠪᠡᠶᠡᠯᠡᠭᠦᠯᠵᠦ᠂ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠭᠤᠯᠬᠤ ᠵᠢᠨ ᠲᠥᠯᠥᠭᠡ ᠲᠤᠰ ᠬᠠᠤᠯᠢ ᠵᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ   ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠳᠡᠪᠢᠰᠬᠡᠷ ᠳᠡᠭᠡᠷ᠎ᠡ ᠤᠰᠤᠨ᠎ᠤ ᠡᠬᠢ ᠪᠠᠶᠠᠯᠢᠭ᠎ᠢ ᠨᠡᠭᠡᠭᠡᠬᠦ᠂ ᠠᠰᠢᠭᠯᠠᠬᠤ᠂ ᠠᠷᠪᠢᠯᠠᠬᠤ᠂ ᠬᠠᠮᠠᠭ᠋ᠠᠯᠠᠬᠤ᠂ ᠬᠠᠮᠢᠶᠠᠷᠬᠤ᠂ ᠤᠰᠤᠨ᠎ᠤ ᠬᠥᠨᠥᠭᠡᠯ᠎ᠢ ᠰᠡᠷᠭᠡᠶ᠋ᠢᠯᠡᠨ ᠵᠠᠰᠠᠬᠤ᠎ᠳᠤ ᠲᠤᠰ ᠬᠠᠤᠯᠢ ᠵᠢ ᠬᠡᠷᠡᠭᠯᠡᠨ᠎ᠡ᠃
      ᠲᠤᠰ ᠬᠠᠤᠯᠢ᠎ᠳᠤ ᠬᠡᠯᠡᠵᠦ ᠪᠠᠶ᠋ᠢᠭ᠎ᠠ ᠤᠰᠤᠨ᠎ᠤ ᠡᠬᠢ ᠪᠠᠶᠠᠯᠢᠭ᠎ᠲᠤ ᠭᠠᠵᠠᠷ ᠳᠡᠭᠡᠷᠡᠬᠢ ᠤᠰᠤ ᠪᠠ ᠭᠠᠵᠠᠷ ᠳᠣᠣᠷᠠᠬᠢ ᠤᠰᠤ ᠪᠠᠭᠲᠠᠨ᠎ᠠ᠃
      ᠭᠤᠷᠪᠠᠳᠤᠭ᠋ᠠᠷ ᠵᠦᠢ᠍ᠯ   ᠤᠰᠤᠨ᠎ᠤ ᠡᠬᠢ ᠪᠠᠶᠠᠯᠢᠭ ᠤᠯᠤᠰ᠎ᠲᠤ ᠥᠮᠴᠢᠯᠡᠭᠳᠡᠨ᠎ᠡ᠃ ᠤᠰᠦᠠ᠎ᠤ ᠡᠬᠢ ᠪᠠᠶᠠᠯᠢᠭ᠎ᠤᠨ ᠥᠮᠴᠢᠯᠡᠬᠦ ᠡᠷᠬᠡ ᠵᠢ ᠲᠤᠢ᠍ᠷᠦ ᠵᠢᠨ ᠶᠠᠪᠤᠳᠠᠯ᠎ᠤᠨ ᠬᠣᠷᠢᠶ᠎ᠠ᠎ᠠᠴᠠ ᠤᠯᠤᠰ᠎ᠢ ᠲᠦᠯᠦᠭᠡᠯᠡᠨ ᠬᠡᠷᠡᠭᠵᠢᠬᠦᠯᠦᠨ᠎ᠡ᠃ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠢᠨ ᠨᠠᠭᠤᠷ ᠴᠥᠭᠥᠷᠥᠮ ᠪᠠ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠵᠤ ᠬᠠᠮᠢᠶᠠᠷᠴᠤ ᠪᠠᠶ᠋ᠢᠭ᠎ᠠ ᠴᠥᠭᠥᠷᠥᠮ᠎ᠤᠨ ᠳᠣᠲᠣᠷᠠᠬᠢ ᠤᠰᠤ ᠵᠢ ᠲᠡᠷᠡ ᠬᠦ᠌ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ᠎ᠨᠤᠭᠤᠳ᠎ᠲᠤ ᠬᠡᠷᠡᠭᠯᠡᠭᠦᠯᠦᠨ᠎ᠡ᠃
      ᠳᠥᠷᠪᠡᠳᠦᠭᠡᠷ ᠵᠦᠢ᠍ᠯ   ᠤᠰᠤᠨ᠎ᠤ ᠡᠬᠢ ᠪᠠᠶᠠᠯᠢᠭ᠎ᠢ ᠨᠡᠭᠡᠭᠡᠬᠦ᠂ ᠠᠰᠢᠭᠯᠠᠬᠤ᠂ ᠠᠷᠪᠢᠯᠠᠬᠤ᠂ ᠬᠠᠮᠠᠭ᠋ᠠᠯᠠᠬᠤ ᠪᠠ ᠤᠰᠤᠨ᠎ᠤ ᠬᠥᠨᠥᠭᠡᠯ᠎ᠢ ᠰᠡᠷᠭᠡᠶ᠋ᠢᠯᠡᠨ ᠵᠠᠰᠠᠬᠤ᠎ᠳᠤ ᠪᠦᠬᠦ ᠲᠠᠯ᠎ᠠ᠎ᠪᠠᠷ ᠲᠥᠯᠥᠪᠵᠢᠭᠦᠯᠵᠦ᠂ ᠨᠢᠭᠡᠳᠦᠯᠲᠡᠶ ᠲᠥᠯᠥᠪᠯᠡᠨ ᠨᠡᠢ᠍ᠢ᠍ᠳᠡ᠎ᠳᠤᠨᠢ ᠬᠠᠷᠠᠭ᠋ᠠᠯᠵᠠᠵᠤ᠂ ᠦᠨᠭᠭᠡᠨ ᠲᠠᠯ᠎ᠠ ᠪᠠ ᠦᠨᠳᠦᠰᠦ ᠰᠤᠷᠪᠤᠯᠵᠢ ᠵᠢ᠎ᠨᠢ ᠵᠡᠷᠭᠡᠪᠡᠷ ᠵᠠᠰᠠᠵᠤ᠂ ᠶᠡᠷᠦᠩᠬᠡᠶ᠋ᠢᠯᠡᠨ ᠠᠰᠢᠭᠯᠠᠵᠤ᠂ ᠦᠷ᠎ᠡ ᠠᠰᠢᠭ᠎ᠢ ᠡᠷᠬᠢᠮᠯᠡᠨ᠂ ᠤᠰᠤᠨ᠎ᠤ ᠡᠬᠢ ᠪᠠᠶᠠᠯᠢᠭ᠎ᠤᠨ ᠤᠯᠠᠨ ᠵᠦᠢ᠍ᠯ᠎ᠤᠨ ᠴᠢᠳᠠᠮᠵᠢ ᠵᠢ ᠪᠠᠳᠠᠷᠠᠭᠤᠯᠵᠤ᠂ ᠠᠮᠢᠳᠤᠷᠠᠯ᠂ ᠦᠢ᠍ᠯᠡᠳᠪᠦᠷᠢᠯᠡᠯ ᠡᠵᠡᠩᠨᠡᠯᠲᠡ ᠪᠠ ᠠᠮᠢ ᠠᠬᠤᠶ ᠣᠷᠴᠢᠨ ᠲᠣᠭᠣᠷᠢᠨ᠎ᠤ ᠬᠡᠷᠡᠭᠯᠡᠬᠦ ᠤᠰᠤ ᠵᠢ ᠰᠠᠶ᠋ᠢᠲᠤᠷ ᠵᠣᠬᠢᠴᠠᠭᠤᠯᠬᠤ ᠬᠡᠷᠡᠭᠲᠡᠶ᠃
    ᠲᠠᠪᠤᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠨ ᠬᠠᠮᠲᠤ ᠲᠡᠭᠦᠨ᠎ᠢ ᠲᠤᠰ ᠱᠠᠲᠤᠨ᠎ᠤ᠎ᠪᠠᠨ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠦᠯᠦᠪᠯᠡᠬᠡ᠎ᠳᠤ ᠤᠷᠤᠭᠤᠯᠬᠤ ᠬᠡᠷᠡᠭᠲᠡᠢ᠃
    ᠵᠢᠷᠭᠤᠳᠤᠭ᠋ᠠᠷ ᠵᠦᠢ᠍ᠯ   ᠤᠯᠤᠰ᠎ᠠᠴᠠ ᠨᠢᠭᠡᠴᠢ ᠪᠠ ᠬᠤᠪᠢ ᠬᠥᠮᠦᠨ᠎ᠤ ᠤᠰᠤᠨ᠎ᠤ ᠡᠬᠢ ᠪᠠᠶᠠᠯᠢᠭ᠎ᠢ ᠬᠠᠤᠯᠢ ᠶᠣᠰᠣᠭ᠋ᠠᠷ ᠨᠡᠭᠡᠭᠡᠨ ᠠᠰᠢᠭᠯᠠᠬᠤ ᠵᠢ ᠵᠣᠷᠢᠭᠵᠢᠭᠤᠯᠬᠤ ᠵᠢᠨ ᠬᠠᠮᠲᠤ ᠬᠠᠤᠯᠢ ᠶᠣᠰᠣᠨ᠎ᠤ ᠡᠷᠬᠡ ᠠᠰᠢᠭ᠎ᠢ᠎ᠨᠢ ᠬᠠᠮᠠᠭ᠋ᠠᠯᠠᠨ᠎ᠠ᠃ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠨᠢᠭᠡᠴᠢ ᠪᠠ ᠬᠤᠪᠢ ᠬᠥᠮᠦᠨ ᠤᠰᠤᠨ᠎ᠤ ᠡᠬᠢ ᠪᠠᠶᠠᠯᠢᠭ᠎ᠢ ᠬᠠᠤᠯᠢ ᠶᠣᠰᠣᠭ᠋ᠠᠷ ᠬᠠᠮᠠᠭ᠋ᠠᠯᠠᠬᠤ ᠡᠭᠦᠷᠭᠡ᠎ᠲᠠᠢ᠃
    ᠳᠣᠯᠣᠳᠤᠭ᠋ᠠᠷ ᠵᠦᠢ᠍ᠯ   ᠤᠯᠤᠰ᠎ᠠᠴᠠ ᠤᠰᠤᠨ᠎ᠤ ᠡᠬᠢ ᠪᠠᠶᠠᠯᠢᠭ᠎ᠲᠤ ᠤᠰᠤ ᠠᠪᠬᠤ ᠵᠢ ᠵᠥᠪᠰᠢᠶᠡᠷᠡᠬᠦ ᠲᠦᠷᠢᠮ ᠪᠠ ᠲᠥᠯᠥᠪᠦᠷᠢ᠎ᠲᠠᠢ᠎ᠪᠠᠷ ᠬᠡᠷᠡᠭᠯᠡᠬᠦ ᠲᠦᠷᠢᠮ᠎ᠢ ᠬᠠᠤᠯᠢ ᠶᠣᠰᠣᠭ᠋ᠠᠷ ᠬᠡᠷᠡᠭᠵᠢᠭᠦᠯᠦᠨ᠎ᠡ᠃ ᠭᠡᠪᠡᠴᠦ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠬᠢᠭᠡᠳ ᠲᠡᠭᠦᠨ᠎ᠤ ᠪᠦᠷᠢᠯᠳᠦᠬᠦᠨ᠎ᠨᠢ ᠲᠤᠰ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠢᠨ ᠤᠰᠦᠠ ᠴᠥᠭᠥᠷᠥᠮ᠎ᠳᠠᠬᠢ ᠤᠰᠤ ᠵᠢ   ᠬᠡᠷᠡᠭᠯᠡᠬᠦ᠎ᠨᠢ ᠡᠭᠦᠨ᠎ᠳᠤ ᠪᠠᠭᠲᠠᠬᠤ ᠤᠢ᠍ᠭᠡᠢ᠃ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ᠎ᠤᠨ ᠤᠰᠤ ᠲᠠᠲᠠᠬᠤ ᠵᠥᠪᠰᠢᠶᠡᠷᠡᠯ᠎ᠤᠨ ᠳᠦᠷᠢᠮ ᠪᠠ ᠤᠰᠤᠨ᠎ᠤ ᠡᠬᠢ ᠪᠠᠶᠠᠯᠢᠭ᠎ᠢ ᠲᠥᠯᠥᠪᠦᠷᠢ᠎ᠲᠠᠢ᠎ᠪᠠᠷ ᠬᠡᠷᠡᠭᠯᠡᠬᠦ ᠳᠦᠷᠢᠮ᠎ᠢ ᠵᠣᠬᠢᠶᠠᠨ ᠪᠠᠢ᠌ᠭᠤᠯᠤᠨ ᠬᠡᠷᠡᠭᠵᠢᠬᠦᠯᠬᠦ ᠵᠢ ᠬᠠᠷᠢᠭᠤᠴᠠᠨ᠎ᠠ᠃
      ᠨᠠᠢ᠍ᠮᠠᠳᠤᠭ᠋ᠠᠷ ᠵᠦᠢ᠍ᠯ   ᠤᠯᠤᠰ᠎ᠠᠴᠠ ᠤᠰᠤ ᠵᠢ ᠠᠷᠪᠢᠯᠠᠨ ᠭᠠᠮᠨᠠᠵᠤ᠂ ᠤᠰᠤ ᠵᠢ ᠠᠷᠪᠢᠯᠠᠨ ᠬᠡᠷᠡᠭᠯᠡᠬᠦ ᠠᠷᠭ᠎ᠠ ᠬᠡᠮᠵᠢᠶ᠎ᠡ ᠵᠢ ᠶᠡᠬᠡᠪᠡᠷ ᠳᠡᠯᠭᠡᠷᠡᠭᠦᠯᠦᠨ᠂ ᠤᠰᠤ ᠵᠢ ᠠᠷᠪᠢᠯᠠᠨ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠤᠷᠠᠯᠠᠯ᠎ᠢ ᠳᠡᠯᠭᠡᠷᠡᠭᠦᠯᠵᠦ᠂ ᠤᠰᠤ ᠠᠷᠪᠢᠯᠠᠬᠤ ᠬᠡᠯᠪᠡᠷᠢ ᠵᠢᠨ ᠠᠵᠤ ᠦᠢ᠍ᠯᠡᠳᠪᠦᠷᠢ᠂ ᠲᠠᠷᠢᠶᠠᠯᠠᠩ ᠪᠠ ᠦᠢ᠍ᠯᠡᠴᠢᠯᠡᠭᠡᠨ᠎ᠤ ᠦᠢ᠍ᠯᠡᠰ᠎ᠢ ᠬᠥᠭᠵᠢᠭᠦᠯᠵᠦ᠂ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠢ ᠪᠠᠶ᠋ᠢᠭᠤᠯᠤᠨ᠎ᠠ᠃
      ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠤᠰᠤ ᠵᠢ ᠠᠷᠪᠢᠯᠠᠵᠤ ᠬᠡᠷᠡᠭᠯᠡᠬᠦ ᠬᠠᠮᠢᠶᠠᠷᠤᠯᠲᠠ᠎ᠪᠠᠨ ᠴᠢᠩᠭ᠋ᠠᠳᠬᠠᠵᠤ᠂ ᠤᠰᠤ ᠵᠢ ᠠᠷᠪᠢᠯᠠᠵᠤ ᠬᠡᠷᠡᠭᠯᠡᠬᠦ ᠮᠡᠷᠭᠡᠵᠢᠯ᠎ᠢ ᠨᠡᠭᠡᠭᠡᠨ ᠬᠥᠭᠵᠢᠭᠦᠯᠵᠦ ᠳᠡᠯᠭᠡᠷᠡᠭᠦᠯᠬᠦ ᠰᠢᠰᠲ᠋ᠧᠮ᠎ᠢ ᠪᠠᠶ᠋ᠢᠭᠤᠯᠵᠤ᠂ ᠤᠰᠤ ᠵᠢ ᠠᠷᠪᠢᠯᠠᠵᠤ ᠬᠡᠷᠡᠭᠯᠡᠬᠦ ᠠᠵᠤ ᠦᠢ᠍ᠯᠡᠰ᠎ᠢ ᠪᠣᠶ᠋ᠢᠵᠢᠭᠤᠯᠤᠨ ᠬᠥᠭᠵᠢᠭᠦᠯᠬᠦ ᠬᠡᠷᠡᠭᠲᠡᠶ᠃
      ᠨᠢᠭᠡᠴᠢ ᠪᠠ ᠬᠤᠪᠢ ᠬᠥᠮᠦᠨ ᠤᠰᠤ ᠵᠢ ᠠᠷᠪᠢᠯᠠᠵᠤ ᠬᠡᠷᠡᠭᠯᠡᠬᠦ ᠡᠭᠦᠷᠭᠡ᠎ᠲᠠᠢ᠃
      ᠶᠢᠰᠦᠳᠦᠭᠡᠷ ᠵᠦᠢ᠍ᠯ   ᠤᠯᠤᠰ᠎ᠠᠴᠠ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠤᠷᠭᠤᠮᠠᠯ᠎ᠤᠨ ᠪᠦᠷᠬᠦᠴᠡ ᠵᠢ ᠬᠠᠮᠠᠭ᠋ᠠᠯᠠᠵᠤ᠂ ᠡᠪᠡᠰᠦ ᠮᠣᠳᠣ ᠲᠠᠷᠢᠵᠤ᠂ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠵᠤ᠂ ᠬᠥᠷᠥᠰᠥ ᠰᠢᠷᠣᠶ ᠵᠢᠨ ᠢᠳᠡᠭᠳᠡᠯ ᠪᠠ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠵᠤ᠂ ᠠᠮᠢ ᠠᠬᠤᠶ ᠣᠷᠴᠢᠨ ᠲᠤᠭᠤᠷᠢᠨ᠎ᠢ ᠰᠠᠶ᠋ᠢᠵᠢᠷᠠᠭᠤᠯᠤᠨ᠎ᠠ᠃
      ᠠᠷᠪᠠᠳᠤᠭ᠋ᠠᠷ ᠵᠦᠢ᠍ᠯ   ᠤᠯᠤᠰ᠎ᠠᠴᠠ ᠤᠰᠤᠨ᠎ᠤ ᠡᠬᠢ ᠪᠠᠶᠠᠯᠢᠭ᠎ᠢ ᠨᠡᠭᠡᠭᠡᠬᠦ᠂ ᠠᠰᠢᠭᠯᠠᠬᠤ᠂ ᠠᠷᠪᠢᠯᠠᠬᠤ᠂ ᠬᠠᠮᠠᠭ᠋ᠠᠯᠠᠬᠤ᠂ ᠬᠠᠮᠢᠶᠠᠷᠬᠤ ᠪᠠ ᠤᠰᠤᠨ᠎ᠤ ᠬᠥᠨᠥᠭᠡᠯ᠎ᠢ ᠰᠡᠷᠭᠡᠶ᠋ᠢᠯᠡᠨ ᠵᠠᠰᠠᠬᠤ ᠲᠡᠷᠢᠭᠦᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠰᠤᠳᠤᠯᠬᠤ᠂ ᠳᠡᠯᠭᠡᠷᠡᠭᠦᠯᠬᠦ ᠪᠠ ᠬᠡᠷᠡᠭᠯᠡᠬᠦ ᠵᠢ ᠵᠣᠷᠢᠭᠵᠢᠭᠤᠯᠤᠨ ᠲᠡᠮᠵᠢᠨ᠎ᠠ᠃
      ᠠᠷᠪᠠᠨ ᠨᠢᠭᠡᠳᠦᠭᠡᠷ ᠵᠦᠢ᠍ᠯ   ᠤᠰᠤᠨ᠎ᠤ ᠡᠬᠢ ᠪᠠᠶᠠᠯᠢᠭ᠎ᠢ ᠨᠡᠭᠡᠭᠡᠬᠦ᠂ ᠠᠰᠢᠭᠯᠠᠬᠤ᠂ ᠠᠷᠪᠢᠯᠠᠬᠤ᠂ ᠬᠠᠮᠠᠭ᠋ᠠᠯᠠᠬᠤ᠂ ᠬᠠᠮᠢᠶᠠᠷᠬᠤ ᠪᠠ ᠤᠰᠤᠨ᠎ᠤ ᠬᠥᠨᠥᠭᠡᠯ᠎ᠢ ᠰᠡᠷᠭᠡᠶ᠋ᠢᠯᠡᠨ ᠵᠠᠰᠠᠬᠤ ᠵᠡᠷᠭᠡ ᠲᠠᠯ᠎ᠠ᠎ᠪᠠᠷ ᠢᠯᠡᠳᠲᠡ ᠠᠮᠵᠢᠯᠲᠠ ᠣᠯᠤᠭᠰᠠᠨ ᠨᠢᠭᠡᠴᠢ ᠪᠠ ᠬᠤᠪᠢ ᠬᠥᠮᠦᠨ᠎ᠢ ᠠᠷᠠᠳ᠎ᠤᠨ ᠵᠠᠰᠠᠭ᠎ᠤᠨ ᠣᠷᠳᠣᠨ᠎ᠠᠴᠠ ᠬᠥᠬᠢᠭᠦᠯᠦᠨ ᠱᠠᠩᠨᠠᠨ᠎ᠠ᠃
      ᠠᠷᠪᠠᠨ ᠬᠣᠶᠠᠳᠤᠭ᠋ᠠᠷ ᠵᠦᠢ᠍ᠯ   ᠤᠯᠤᠰ᠎ᠠᠴᠠ ᠤᠰᠤᠨ᠎ᠤ ᠡᠬᠢ ᠪᠠᠶᠠᠯᠢᠭ᠎ᠲᠤ ᠰᠠᠪᠠ ᠭᠠᠵᠠᠷ᠎ᠤᠨ ᠬᠠᠮᠢᠶᠠᠷᠤᠯᠲᠠ ᠪᠣᠯᠤᠨ ᠵᠠᠰᠠᠭ ᠵᠠᠬᠢᠷᠭ᠋ᠠᠨ᠎ᠤ ᠣᠷᠣᠨ᠎ᠤ ᠬᠠᠮᠢᠶᠠᠷᠤᠯᠲᠠ ᠵᠢ ᠤᠶᠠᠯᠳᠤᠭᠤᠯᠤᠭᠰᠠᠨ ᠬᠠᠮᠢᠶᠠᠷᠤᠯᠲᠠ ᠵᠢᠨ ᠪᠠᠶ᠋ᠢᠭᠤᠯᠤᠯ᠎ᠢ ᠬᠡᠷᠡᠭᠵᠢᠭᠦᠯᠦᠨ᠎ᠡ᠃
      ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠦᠬᠦ ᠤᠯᠤᠰ᠎ᠤᠨ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠬᠠᠮᠢᠶᠠᠷᠬᠤ ᠪᠠ ᠬᠢᠨᠠᠯᠳᠠ ᠲᠠᠯᠪᠢᠬᠤ ᠠᠵᠢᠯ᠎ᠢ ᠬᠠᠷᠢᠭᠤᠴᠠᠨ᠎ᠠ᠃
      ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠤᠯᠤᠰ᠎ᠠᠴᠠ ᠲᠣᠭᠲᠠᠭ᠋ᠠᠭᠰᠠᠨ ᠴᠢᠬᠤᠯᠠ ᠭᠣᠣᠯ ᠮᠥᠷᠡᠨ᠂ ᠨᠠᠭᠤᠷ ᠴᠦᠬᠦᠷᠦᠮ᠎ᠳᠤ ᠪᠠᠶ᠋ᠢᠭᠤᠯᠤᠭᠰᠠᠨ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ (ᠳᠣᠷᠣᠭᠰᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠭᠡᠵᠦ ᠲᠣᠪᠴᠢᠯᠠᠨ᠎ᠠ)᠎ᠨᠢ ᠬᠠᠷᠢᠶᠠᠯᠠᠬᠤ ᠬᠡᠪᠴᠢᠶᠡᠨ ᠳᠣᠲᠣᠷ᠎ᠠ᠎ᠪᠠᠨ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠣᠯᠭᠣᠭᠰᠠᠨ ᠤᠰᠤᠨ᠎ᠤ ᠡᠬᠢ ᠪᠠᠶᠠᠯᠢᠭ᠎ᠢ ᠬᠠᠮᠢᠶᠠᠷᠬᠤ ᠪᠠ ᠲᠡᠭᠦᠨ᠎ᠳᠤ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠵᠢ ᠭᠦᠢ᠍ᠴᠡᠳᠬᠡᠨ᠎ᠡ᠃
      ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠣᠭᠲᠠᠭ᠋ᠠᠭᠰᠠᠨ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠬᠠᠮᠢᠶᠠᠷᠬᠤ ᠪᠠ ᠬᠢᠨᠠᠯᠳᠠ ᠲᠠᠯᠪᠢᠬᠤ ᠠᠵᠢᠯ᠎ᠢ ᠬᠠᠷᠢᠭᠤᠴᠠᠨ᠎ᠠ᠃
      ᠠᠷᠪᠠᠨ ᠭᠤᠷᠪᠠᠳᠤᠭ᠋ᠠᠷ ᠵᠦᠢ᠍ᠯ   ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠠᠵᠢᠯ᠎ᠤᠨ ᠬᠤᠪᠢᠶᠠᠷᠢᠯᠠᠯ ᠶᠣᠰᠣᠭ᠋ᠠᠷ ᠤᠰᠤᠨ᠎ᠤ ᠡᠬᠢ ᠪᠠᠶᠠᠯᠢᠭ᠎ᠢ ᠨᠡᠭᠡᠭᠡᠬᠦ᠂ ᠠᠰᠢᠭᠯᠠᠬᠤ᠂ ᠠᠷᠪᠢᠯᠠᠬᠤ ᠪᠠ ᠬᠠᠮᠠᠭ᠋ᠠᠯᠠᠬᠤ ᠬᠣᠯᠪᠣᠭᠳᠠᠯ ᠪᠦᠬᠦᠢ ᠠᠵᠢᠯ᠎ᠢ ᠬᠠᠷᠢᠭᠤᠴᠠᠨ᠎ᠠ᠃
      ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠤᠰᠤᠨ᠎ᠤ ᠡᠬᠢ ᠪᠠᠶᠠᠯᠢᠭ᠎ᠢ ᠨᠡᠭᠡᠭᠡᠬᠦ᠂ ᠠᠰᠢᠭᠯᠠᠬᠤ᠂ ᠠᠷᠪᠢᠯᠠᠬᠤ ᠪᠠ ᠬᠠᠮᠠᠭ᠋ᠠᠯᠠᠬᠤ ᠬᠣᠯᠪᠣᠭᠳᠠᠯ ᠪᠦᠬᠦᠢ ᠠᠵᠢᠯ᠎ᠢ ᠬᠠᠷᠢᠭᠤᠴᠠᠨ᠎ᠠ᠃
   
      ᠬᠣᠶᠠᠳᠤᠭ᠋ᠠᠷ ᠪᠦᠯᠦᠭ   ᠤᠰᠤᠨ᠎ᠤ ᠡᠬᠢ ᠪᠠᠶᠠᠯᠢᠭ᠎ᠤᠨ ᠲᠥᠯᠥᠪᠵᠢᠭᠦᠯᠭᠡ
   
      ᠠᠷᠪᠠᠨ ᠳᠥᠷᠪᠡᠳᠦᠭᠡᠷ ᠵᠤᠢ᠌ᠯ   ᠤᠯᠤᠰ᠎ᠠᠴᠠ ᠪᠦᠬᠦ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠪᠠᠶ᠋ᠢᠯᠳᠤᠬᠤ ᠪᠤᠳᠤᠯᠭ᠎ᠠ ᠵᠢᠨ ᠲᠥᠯᠥᠪᠵᠢᠭᠦᠯᠭᠡ ᠵᠢ ᠲᠣᠭᠲᠠᠭ᠋ᠠᠨ᠎ᠠ᠃
      ᠤᠰᠤᠨ᠎ᠤ ᠡᠬᠢ ᠪᠠᠶᠠᠯᠢᠭ᠎ᠢ ᠨᠡᠭᠡᠭᠡᠬᠦ᠂ ᠠᠰᠢᠭᠯᠠᠬᠤ᠂ ᠠᠷᠪᠢᠯᠠᠬᠤ᠂ ᠬᠠᠮᠠᠭ᠋ᠠᠯᠠᠬᠤ ᠪᠠ ᠤᠰᠤᠨ᠎ᠤ ᠬᠥᠨᠥᠭᠡᠯ᠎ᠢ ᠰᠡᠷᠭᠡᠶ᠋ᠢᠯᠡᠨ ᠵᠠᠰᠠᠬᠤ᠎ᠳᠤ ᠰᠠᠪᠠ ᠭᠠᠵᠠᠷ᠂ ᠣᠷᠣᠨ ᠪᠦᠰᠡ ᠵᠢᠨ ᠶᠣᠰᠣᠭ᠋ᠠᠷ ᠨᠢᠭᠡᠳᠦᠯᠲᠡᠶ ᠲᠥᠯᠥᠪᠵᠢᠭᠦᠯᠭᠡ ᠲᠣᠭᠲᠠᠭ᠋ᠠᠬᠤ ᠬᠡᠷᠡᠭᠲᠡᠶ᠃ ᠲᠥᠯᠥᠪᠵᠢᠭᠦᠯᠭᠡ ᠵᠢ ᠰᠠᠪᠠ ᠭᠠᠵᠠᠷ᠎ᠤᠨ ᠲᠥᠯᠥᠪᠵᠢᠭᠦᠯᠭᠡ ᠪᠠ ᠣᠷᠣᠨ ᠪᠦᠰᠡ ᠵᠢᠨ ᠲᠥᠯᠥᠪᠵᠢᠭᠦᠯᠭᠡ ᠭᠡᠵᠦ ᠬᠤᠪᠢᠶᠠᠨ᠎ᠠ᠃ ᠰᠠᠪᠠ ᠭᠠᠵᠠᠷ᠎ᠤᠨ ᠲᠥᠯᠥᠪᠵᠢᠭᠦᠯᠭᠡ᠎ᠳᠤ ᠰᠠᠪᠠ ᠭᠠᠵᠠᠷ᠎ᠤᠨ ᠶᠡᠷᠦᠩᠬᠡᠶ ᠲᠥᠯᠥᠪᠵᠢᠭᠦᠯᠭᠡ ᠪᠠ ᠰᠠᠪᠠ ᠭᠠᠵᠠᠷ᠎ᠤᠨ ᠲᠤᠰᠬᠠᠶ ᠮᠡᠷᠭᠡᠵᠢᠯ᠎ᠤᠨ ᠲᠥᠯᠥᠪᠵᠢᠭᠦᠯᠭᠡ ᠪᠠᠭᠲᠠᠨ᠎ᠠ; ᠣᠷᠣᠨ ᠪᠦᠰᠡ ᠵᠢᠨ ᠲᠥᠯᠥᠪᠵᠢᠭᠦᠯᠭᠡ᠎ᠳᠤ ᠣᠷᠣᠨ ᠪᠦᠰᠡ ᠵᠢᠨ ᠶᠡᠷᠦᠩᠬᠡᠶ ᠲᠥᠯᠥᠪᠵᠢᠭᠦᠯᠭᠡ ᠪᠠ ᠣᠷᠣᠨ ᠪᠦᠰᠡ ᠵᠢᠨ ᠲᠤᠰᠬᠠᠶ ᠮᠡᠷᠭᠡᠵᠢᠯ᠎ᠤᠨ ᠲᠥᠯᠥᠪᠵᠢᠭᠦᠯᠭᠡ ᠪᠠᠭᠲᠠᠨ᠎ᠠ᠃
      ᠡᠮᠦᠨᠡᠬᠢ ᠪᠠᠳᠠᠭ᠎ᠲᠤ ᠬᠡᠯᠡᠵᠦ ᠪᠠᠶ᠋ᠢᠭ᠎ᠠ ᠶᠡᠷᠦᠩᠬᠡᠶ᠋ᠢᠯᠡᠭᠰᠡᠨ ᠲᠥᠯᠥᠪᠵᠢᠭᠦᠯᠭᠡ ᠭᠡᠳᠡᠭ ᠪᠣᠯ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ ᠪᠠ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠵᠤ ᠪᠠᠶ᠋ᠢᠭ᠎ᠠ ᠣᠳᠣᠬᠢ ᠪᠠᠶ᠋ᠢᠳᠠᠯ᠎ᠢ ᠦᠨᠳᠦᠰᠦᠯᠡᠨ ᠨᠠᠶ᠋ᠢᠷᠠᠭᠤᠯᠤᠨ ᠵᠣᠬᠢᠶᠠᠭᠰᠠᠨ ᠤᠰᠤᠨ᠎ᠤ ᠡᠬᠢ ᠪᠠᠶᠠᠯᠢᠭ᠎ᠢ ᠨᠡᠭᠡᠭᠡᠬᠦ᠂ ᠠᠰᠢᠭᠯᠠᠬᠤ᠂ ᠠᠷᠪᠢᠯᠠᠬᠤ᠂ ᠬᠠᠮᠠᠭ᠋ᠠᠯᠠᠬᠤ ᠪᠠ ᠤᠰᠤᠨ᠎ᠤ ᠬᠥᠨᠥᠭᠡᠯ᠎ᠢ ᠰᠡᠷᠭᠡᠶ᠋ᠢᠯᠡᠨ ᠵᠠᠰᠠᠬᠤ ᠶᠡᠷᠦᠩᠬᠡᠶ ᠪᠠᠶ᠋ᠢᠷᠢᠯᠠᠭᠤᠯᠤᠯᠲᠠ ᠵᠢ ᠵᠢᠭ᠋ᠠᠵᠤ ᠪᠠᠶ᠋ᠢᠨ᠎ᠠ᠃ ᠡᠮᠦᠨᠡᠬᠢ ᠪᠠᠳᠠᠭ᠎ᠲᠤ ᠬᠡᠯᠡᠵᠦ ᠪᠠᠶ᠋ᠢᠭ᠎ᠠ ᠲᠤᠰᠬᠠᠶ ᠲᠥᠯᠥᠪᠵᠢᠭᠦᠯᠭᠡ ᠭᠡᠳᠡᠭ ᠪᠣᠯ ᠦᠶᠡᠷ᠎ᠢ ᠰᠡᠷᠭᠡᠶ᠋ᠢᠯᠡᠬᠦ᠂ ᠤᠰᠤᠲᠤᠯ᠎ᠢ ᠵᠠᠰᠠᠬᠤ᠂ ᠤᠰᠤᠯᠠᠬᠤ᠂ ᠤᠰᠤᠨ ᠵᠠᠮ᠎ᠤᠨ ᠲᠡᠭᠡᠭᠡᠪᠦᠷᠢ᠂ ᠤᠰᠤ ᠬᠠᠩᠭ᠋ᠠᠬᠤ᠂ ᠤᠰᠤᠨ ᠬᠦᠴᠦ᠎ᠪᠠᠷ ᠴᠠᠬᠢᠯᠭ᠋ᠠᠨ ᠭᠠᠷᠭ᠋ᠠᠬᠤ᠂ ᠬᠤᠯᠤᠰᠤ ᠮᠣᠳᠣ ᠤᠷᠤᠰᠬᠠᠨ ᠵᠥᠭᠡᠭᠡᠪᠦᠷᠢᠯᠡᠬᠦ᠂ ᠵᠢᠭ᠋ᠠᠰᠤᠨ ᠠᠵᠤ ᠠᠬᠤᠶ᠂ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ᠂ ᠬᠥᠷᠥᠰᠥ ᠰᠢᠷᠣᠶ ᠵᠢ ᠬᠠᠮᠠᠭ᠋ᠠᠯᠠᠬᠤ᠂ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ᠂ ᠤᠰᠤ ᠵᠢ ᠠᠷᠪᠢᠯᠠᠵᠤ ᠬᠡᠷᠡᠭᠯᠡᠬᠦ ᠵᠡᠷᠭᠡ ᠲᠥᠯᠥᠪᠵᠢᠭᠦᠯᠭᠡ ᠵᠢ ᠵᠢᠭ᠋ᠠᠵᠤ ᠪᠠᠶ᠋ᠢᠨ᠎ᠠ᠃
      ᠠᠷᠪᠠᠨ ᠲᠠᠪᠤᠳᠤᠭ᠋ᠠᠷ ᠵᠦᠢ᠍ᠯ   ᠰᠠᠪᠠ ᠭᠠᠵᠠᠷ᠎ᠤᠨ ᠬᠡᠪᠴᠢᠶᠡᠨ᠎ᠳᠠᠬᠢ ᠣᠷᠣᠨ ᠪᠦᠰᠡ ᠵᠢᠨ ᠲᠥᠯᠥᠪᠵᠢᠭᠦᠯᠭᠡ᠎ᠨᠢ ᠰᠠᠪᠠ ᠭᠠᠵᠠᠷ᠎ᠤᠨ ᠲᠥᠯᠥᠪᠵᠢᠭᠦᠯᠭᠡ ᠵᠢ ᠳᠠᠭ᠋ᠠᠬᠤ ᠬᠡᠷᠡᠭᠲᠡᠶ᠂ ᠲᠤᠰᠬᠠᠶ ᠠᠵᠢᠯ᠎ᠤᠨ ᠲᠥᠯᠥᠪᠵᠢᠭᠦᠯᠭᠡ᠎ᠨᠢ ᠶᠡᠷᠦᠩᠬᠡᠶ ᠲᠥᠯᠥᠪᠵᠢᠭᠦᠯᠭᠡ ᠵᠢ ᠳᠠᠭ᠋ᠠᠬᠤ ᠬᠡᠷᠡᠭᠲᠡᠶ᠃
      ᠰᠠᠪᠠ ᠭᠠᠵᠠᠷ᠎ᠤᠨ ᠶᠡᠷᠦᠩᠬᠡᠶ ᠲᠥᠯᠥᠪᠵᠢᠭᠦᠯᠭᠡ ᠪᠠ ᠣᠷᠣᠨ ᠪᠦᠰᠡ ᠵᠢᠨ ᠶᠡᠷᠦᠩᠬᠡᠶ ᠲᠥᠯᠥᠪᠵᠢᠭᠦᠯᠭᠡ ᠵᠢᠴᠢ ᠭᠠᠵᠠᠷ ᠰᠢᠷᠣᠶ ᠵᠢᠨ ᠠᠰᠢᠭᠯᠠᠯᠲᠠ᠎ᠲᠠᠢ ᠨᠢᠭᠲᠠ ᠬᠠᠷᠢᠴᠠᠭ᠎ᠠ᠎ᠲᠠᠢ ᠲᠤᠰᠬᠠᠶ ᠮᠡᠷᠭᠡᠵᠢᠯ᠎ᠤᠨ ᠲᠥᠯᠥᠪᠵᠢᠭᠦᠯᠭᠡ᠎ᠨᠢ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠴᠢ ᠭᠠᠵᠠᠷ ᠰᠢᠷᠣᠶ ᠵᠢᠨ ᠠᠰᠢᠭᠯᠠᠯᠲᠠ ᠵᠢᠨ ᠶᠡᠷᠦᠩᠬᠡᠶ ᠲᠥᠯᠥᠪᠵᠢᠭᠦᠯᠭᠡ᠂ ᠬᠤᠳᠠ ᠵᠢᠨ ᠶᠡᠷᠦᠩᠬᠡᠶ ᠲᠥᠯᠥᠪᠵᠢᠭᠦᠯᠭᠡ ᠪᠠ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠲᠥᠯᠥᠪᠵᠢᠭᠦᠯᠭᠡ᠎ᠲᠠᠢ ᠵᠣᠬᠢᠴᠠᠯᠳᠤᠵᠤ᠂ ᠡᠯ᠎ᠡ ᠭᠠᠵᠠᠷ ᠣᠷᠣᠨ᠂ ᠡᠯ᠎ᠡ ᠠᠵᠢᠯ ᠲᠤᠢ᠍ᠷᠦᠯ᠎ᠤᠨ ᠬᠡᠷᠡᠭᠴᠡᠭᠡ ᠵᠢ ᠬᠠᠮᠲᠤ᠎ᠳᠤᠨᠢ ᠬᠠᠷᠠᠭ᠋ᠠᠯᠵᠠᠬᠤ ᠬᠡᠷᠡᠭᠲᠡᠶ᠃
      ᠠᠷᠪᠠᠨ ᠵᠢᠷᠭᠤᠳᠤᠭ᠋ᠠᠷ ᠵᠦᠢ᠍ᠯ   ᠲᠦᠯᠦᠪᠵᠢᠬᠦᠯᠭᠡ ᠲᠣᠭᠲᠠᠭ᠋ᠠᠬᠤ᠎ᠳᠠᠭᠠᠨ ᠡᠷᠬᠡᠪᠰᠢ ᠤᠰᠤᠨ᠎ᠤ ᠡᠬᠢ ᠪᠠᠶᠠᠯᠢᠭ᠎ᠤᠨ ᠶᠡᠷᠦᠩᠬᠡᠶ᠋ᠢᠯᠡᠭᠰᠡᠨ ᠰᠢᠨᠵᠢᠯᠡᠬᠦ ᠤᠬᠠᠭ᠋ᠠᠨ᠎ᠤ ᠪᠠᠶ᠋ᠢᠴᠠᠭ᠋ᠠᠯᠲᠠ ᠪᠠ ᠪᠠᠶ᠋ᠢᠴᠠᠭ᠋ᠠᠯᠲᠠ ᠦᠨᠡᠯᠡᠯᠲᠡ ᠬᠢᠬᠦ ᠬᠡᠷᠡᠭᠲᠡᠶ᠃ ᠤᠰᠤᠨ᠎ᠤ ᠡᠬᠢ ᠪᠠᠶᠠᠯᠢᠭ᠎ᠤᠨ ᠶᠡᠷᠦᠩᠬᠡᠶ᠋ᠢᠯᠡᠭᠰᠡᠨ ᠰᠢᠨᠵᠢᠯᠡᠬᠦ ᠤᠬᠠᠭ᠋ᠠᠨ᠎ᠤ ᠪᠠᠶ᠋ᠢᠴᠠᠭ᠋ᠠᠯᠲᠠ ᠪᠠ ᠪᠠᠶ᠋ᠢᠴᠠᠭ᠋ᠠᠯᠲᠠ ᠦᠨᠡᠯᠡᠯᠲᠡ ᠵᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠳᠠᠯᠢ ᠱᠠᠲᠤᠨ᠎ᠤ ᠬᠣᠯᠪᠣᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠳᠤᠷᠠᠨ ᠵᠤᠬᠢᠶᠠᠨ ᠪᠠᠢ᠌ᠭᠤᠯᠵᠤ ᠶᠠᠪᠤᠭᠳᠠᠭᠤᠯᠤᠨ᠎ᠠ᠃
      ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠤᠰᠤᠨ ᠵᠦᠢ᠂ ᠤᠰᠤᠨ᠎ᠤ ᠡᠬᠢ ᠪᠠᠶᠠᠯᠢᠭ᠎ᠤᠨ ᠮᠡᠳᠡᠭᠡ ᠵᠠᠩᠭᠢ ᠵᠢᠨ ᠰᠢᠰᠲᠸᠮ᠎ᠤᠨ ᠪᠦᠳᠦᠭᠡᠨ ᠪᠠᠢ᠌ᠭᠤᠯᠤᠯᠳᠠ ᠵᠢ ᠴᠢᠩᠭ᠋ᠠᠳᠬᠠᠬᠤ ᠬᠡᠷᠡᠭᠲᠡᠢ᠃ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠤᠭᠤᠳ ᠤᠰᠤᠨ᠎ᠤ ᠡᠬᠢ ᠪᠠᠶᠠᠯᠢᠭ᠎ᠤᠨ ᠬᠦᠳᠡᠯᠦᠩᠬᠦᠢ ᠬᠢᠨᠠᠨ ᠬᠡᠮᠵᠢᠯᠳᠡ ᠵᠢ ᠴᠢᠩᠭ᠋ᠠᠳᠬᠠᠬᠤ ᠬᠡᠷᠡᠭᠲᠡᠢ᠃
      ᠦᠨᠳᠦᠰᠦᠨ ᠤᠰᠤᠨ ᠵᠦᠢ ᠵᠢᠨ ᠮᠠᠲ᠋ᠧᠷᠢᠶᠠᠯ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠢᠯᠡ ᠪᠣᠯᠭ᠋ᠠᠬᠤ ᠬᠡᠷᠡᠭᠲᠡᠶ᠃
      ᠠᠷᠪᠠᠨ ᠳᠣᠯᠣᠳᠤᠭ᠋ᠠᠷ ᠵᠦᠢ᠍ᠯ   ᠤᠯᠤᠰ᠎ᠠᠴᠠ ᠲᠣᠭᠲᠠᠭ᠋ᠠᠭᠰᠠᠨ ᠴᠢᠬᠤᠯᠠ ᠭᠣᠣᠯ ᠮᠥᠷᠡᠨ᠂ ᠨᠠᠭᠤᠷ ᠴᠦᠬᠦᠷᠦᠮ᠎ᠤᠨ ᠰᠠᠪᠠ ᠭᠠᠵᠠᠷ᠎ᠤᠨ ᠶᠡᠷᠦᠩᠬᠡᠶ ᠲᠥᠯᠥᠪᠵᠢᠭᠦᠯᠭᠡ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠣᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠲᠤᠷᠠᠨ ᠨᠠᠶ᠋ᠢᠷᠠᠭᠤᠯᠤᠨ ᠵᠣᠬᠢᠶᠠᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠵᠦ ᠵᠥᠪᠰᠢᠶᠡᠷᠡᠭᠦᠯᠦᠨ᠎ᠡ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠠᠯᠤᠰᠯᠠᠭᠰᠠᠨ ᠪᠤᠰᠤᠳ ᠭᠣᠣᠯ ᠮᠥᠷᠡᠨ᠂ ᠨᠠᠭᠤᠷ ᠴᠦᠬᠦᠷᠦᠮ᠎ᠤᠨ ᠰᠠᠪᠠ ᠭᠠᠵᠠᠷ᠎ᠤᠨ ᠶᠡᠷᠦᠩᠬᠡᠶ ᠲᠥᠯᠥᠪᠵᠢᠭᠦᠯᠭᠡ ᠪᠠ ᠣᠷᠣᠨ ᠪᠦᠰᠡ ᠵᠢᠨ ᠶᠡᠷᠦᠩᠬᠡᠶ ᠲᠥᠯᠥᠪᠵᠢᠭᠦᠯᠭᠡ ᠵᠢ ᠬᠣᠯᠪᠣᠭᠳᠠᠯ ᠪᠦᠬᠦᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠭᠣᠣᠯ ᠮᠥᠷᠡᠨ᠂ ᠨᠠᠭᠤᠷ ᠴᠦᠬᠦᠷᠦᠮ᠎ᠤᠨ ᠪᠠᠶ᠋ᠢᠭ᠎ᠠ ᠭᠠᠵᠠᠷ᠎ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠨᠠᠶ᠋ᠢᠷᠠᠭᠤᠯᠤᠨ ᠵᠣᠬᠢᠶᠠᠵᠤ᠂ ᠬᠣᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠬᠢᠨᠠᠨ ᠪᠠᠶ᠋ᠢᠴᠠᠭ᠋ᠠᠯᠭ᠋ᠠᠵᠤ ᠰᠠᠨᠠᠯ ᠳᠤᠷᠠᠳᠤᠭᠤᠯᠤᠭᠰᠠᠨ᠎ᠤ ᠳᠠᠷᠠᠭ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠬᠢᠨᠠᠨ ᠬᠠᠷᠭᠤᠭᠤᠯᠤᠭᠤᠯᠤᠨ᠎ᠠ; ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠭᠰᠠᠨ᠎ᠤ ᠳᠠᠷᠠᠭ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠪᠤᠶᠤ ᠲᠡᠬᠦᠨ᠎ᠤ ᠡᠷᠬᠡ ᠤᠯᠭᠤᠭᠰᠠᠨ ᠰᠠᠯᠠᠭ᠎ᠠ ᠮᠦᠴᠢᠷ᠎ᠲᠤ ᠮᠡᠳᠡᠬᠦᠯᠵᠦ ᠵᠦᠪᠰᠢᠶᠡᠷᠡᠬᠦᠯᠦᠨ᠎ᠡ᠃
      ᠡᠮᠦᠨᠡᠬᠢ ᠪᠠᠳᠠᠭ᠎ᠲᠤ ᠲᠣᠭᠲᠠᠭ᠋ᠠᠭᠰᠠᠨ᠎ᠠᠴᠠ ᠭᠠᠳᠠᠨᠠᠬᠢ ᠪᠤᠰᠤᠳ ᠭᠣᠣᠯ ᠮᠥᠷᠡᠨ᠂ ᠨᠠᠭᠤᠷ ᠴᠦᠬᠦᠷᠦᠮ᠎ᠤᠨ ᠰᠠᠪᠠ ᠭᠠᠵᠠᠷ᠎ᠤᠨ ᠶᠡᠷᠦᠩᠬᠡᠶ ᠲᠥᠯᠥᠪᠵᠢᠭᠦᠯᠭᠡ ᠪᠠ ᠣᠷᠣᠨ ᠪᠦᠰᠡ ᠵᠢᠨ ᠶᠡᠷᠦᠩᠬᠡᠶ ᠲᠥᠯᠥᠪᠵᠢᠭᠦᠯᠭᠡ ᠵᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠳᠠᠯᠢ ᠱᠠᠲᠤᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠬᠣᠯᠪᠣᠭᠳᠠᠯ ᠪᠦᠬᠦᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠲᠤᠷᠠᠨ ᠨᠠᠶ᠋ᠢᠷᠠᠭᠤᠯᠤᠨ ᠵᠣᠬᠢᠶᠠᠵᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠡᠷᠬᠡ ᠣᠯᠭᠣᠭᠰᠠᠨ ᠰᠠᠯᠠᠭ᠎ᠠ ᠮᠥᠴᠢᠷ᠎ᠲᠤ ᠮᠡᠳᠡᠭᠦᠯᠵᠦ ᠵᠥᠪᠰᠢᠶᠡᠷᠡᠭᠦᠯᠬᠦ ᠵᠢᠨ ᠬᠠᠮᠲᠤ ᠳᠡᠭᠡᠷ᠎ᠡ ᠨᠢᠭᠡ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠤᠨ᠎ᠠ᠃
      ᠲᠤᠰᠬᠠᠶ ᠮᠡᠷᠭᠡᠵᠢᠯ᠎ᠤᠨ ᠲᠥᠯᠥᠪᠵᠢᠭᠦᠯᠭᠡ ᠵᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠨᠠᠶ᠋ᠢᠷᠠᠭᠤᠯᠤᠨ ᠵᠣᠬᠢᠶᠠᠵᠤ᠂ ᠠᠳᠠᠯᠢ ᠱᠠᠲᠤᠨ᠎ᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠭᠰᠠᠨ᠎ᠤ ᠲᠡᠷᠡᠭ᠎ᠠ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠬᠦᠯᠵᠦ ᠵᠦᠪᠰᠢᠶᠡᠷᠡᠬᠦᠯᠦᠨ᠎ᠡ᠃ ᠡᠭᠦᠨ᠎ᠳᠤ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ᠂ ᠬᠥᠷᠥᠰᠥ ᠰᠢᠷᠣᠶ ᠵᠢ ᠬᠠᠮᠠᠭ᠋ᠠᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠪᠠ ᠵᠥᠪᠰᠢᠶᠡᠷᠡᠬᠦ᠎ᠳᠡᠭᠡᠨ ᠦᠶᠡᠷ᠎ᠢ ᠰᠡᠷᠭᠡᠶ᠋ᠢᠯᠡᠬᠦ ᠬᠠᠤᠯᠢ᠂ ᠬᠥᠷᠥᠰᠥ ᠰᠢᠷᠣᠶ ᠵᠢ ᠬᠠᠮᠠᠭ᠋ᠠᠯᠠᠬᠤ ᠬᠠᠤᠯᠢ ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
      ᠠᠷᠪᠠᠨ ᠨᠠᠢ᠍ᠮᠠᠳᠤᠭ᠋ᠠᠷ ᠵᠦᠢ᠍ᠯ   ᠲᠦᠯᠦᠪᠵᠢᠬᠦᠯᠭᠡ ᠵᠢ ᠵᠥᠪᠰᠢᠶᠡᠷᠡᠭᠦᠯᠦᠭᠰᠡᠨ᠎ᠤ ᠳᠠᠷᠠᠭ᠎ᠠ ᠡᠷᠬᠡᠪᠰᠢ ᠴᠢᠩᠭ᠎ᠠ ᠬᠡᠷᠡᠭᠵᠢᠭᠦᠯᠬᠦ ᠬᠡᠷᠡᠭᠲᠡᠶ᠃
      ᠵᠥᠪᠰᠢᠶᠡᠷᠡᠭᠦᠯᠦᠭᠰᠡᠨ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠬᠤ ᠴᠢᠬᠤᠯᠠᠲᠠᠶ ᠦᠶ᠎ᠡ᠎ᠳᠤ ᠡᠷᠬᠡᠪᠰᠢ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠵᠢᠷᠤᠮ᠎ᠤᠨ ᠶᠣᠰᠣᠭ᠋ᠠᠷ ᠤᠤᠯ᠎ᠤᠨ ᠵᠥᠪᠰᠢᠶᠡᠷᠡᠭᠰᠡᠨ ᠪᠠᠶ᠋ᠢᠭᠤᠯᠭ᠎ᠠ᠎ᠪᠠᠷ ᠵᠥᠪᠰᠢᠶᠡᠷᠡᠭᠦᠯᠬᠦ ᠬᠡᠷᠡᠭᠲᠡᠶ᠃
      ᠠᠷᠪᠠ ᠶᠢᠰᠦᠳᠦᠭᠡᠷ ᠵᠦᠢ᠍ᠯ   ᠤᠰᠤᠨ᠎ᠤ ᠪᠠᠷᠢᠯᠭ᠎ᠠ ᠵᠢ ᠪᠦᠳᠦᠭᠡᠨ ᠪᠠᠶ᠋ᠢᠭᠤᠯᠬᠤ᠎ᠳᠤ ᠡᠷᠬᠡᠪᠰᠢ ᠰᠠᠪᠠ ᠭᠠᠵᠠᠷ᠎ᠤᠨ ᠶᠡᠷᠦᠩᠬᠡᠶ ᠲᠥᠯᠥᠪᠵᠢᠭᠦᠯᠭᠡ᠎ᠳᠤ ᠨᠡᠶ᠋ᠢᠴᠡᠭᠦᠯᠬᠦ ᠬᠡᠷᠡᠭᠲᠡᠶ᠃ ᠤᠯᠤᠰ᠎ᠠᠴᠠ ᠲᠣᠭᠲᠠᠭ᠋ᠠᠭᠰᠠᠨ ᠴᠢᠬᠤᠯᠠ ᠭᠣᠣᠯ ᠮᠥᠷᠡᠨ᠂ ᠨᠠᠭᠤᠷ ᠴᠦᠬᠦᠷᠦᠮ ᠪᠣᠯᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠠᠯᠤᠰᠯᠠᠭᠰᠠᠨ ᠭᠣᠣᠯ ᠮᠥᠷᠡᠨ᠂ ᠨᠠᠭᠤᠷ ᠴᠦᠬᠦᠷᠦᠮ᠎ᠳᠤ ᠤᠰᠤᠨ᠎ᠤ ᠪᠠᠷᠢᠯᠭ᠎ᠠ ᠪᠠᠶ᠋ᠢᠭᠤᠯᠬᠤ᠎ᠳᠠᠭᠠᠨ ᠬᠣᠯᠪᠣᠭᠳᠠᠯ ᠪᠦᠬᠦᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠭᠠᠷ᠎ᠤᠨ ᠦᠰᠦᠭ ᠵᠢᠷᠤᠭᠰᠠᠨ ᠰᠠᠪᠠ ᠭᠠᠵᠠᠷ᠎ᠤᠨ ᠶᠡᠷᠦᠩᠬᠡᠶ ᠲᠥᠯᠥᠪᠵᠢᠭᠦᠯᠭᠡ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠲᠥᠯᠥᠪᠵᠢᠭᠦᠯᠭᠡ ᠵᠢᠨ ᠵᠥᠪᠰᠢᠶᠡᠷᠡᠯ᠎ᠤᠨ ᠪᠢᠴᠢᠭ᠎ᠢ ᠣᠯᠤᠭᠰᠠᠨ ᠦᠭᠡᠢ ᠪᠠᠶ᠋ᠢᠪᠠᠯ᠂ ᠪᠦᠳᠦᠭᠡᠨ ᠪᠠᠶ᠋ᠢᠭᠤᠯᠬᠤ ᠨᠢᠭᠡᠴᠢ᠎ᠨᠢ ᠪᠠᠷᠢᠯᠭ᠎ᠠ ᠡᠬᠢᠯᠡᠭᠦᠯᠵᠦ ᠪᠦᠳᠦᠭᠡᠨ ᠪᠠᠶ᠋ᠢᠭᠤᠯᠵᠤ ᠪᠣᠯᠬᠤ ᠦᠭᠡᠢ; ᠪᠤᠰᠤᠳ ᠭᠣᠣᠯ ᠮᠥᠷᠡᠨ᠂ ᠨᠠᠭᠤᠷ ᠴᠦᠬᠦᠷᠦᠮ ᠳᠡᠭᠡᠷ᠎ᠡ ᠤᠰᠤᠨ᠎ᠤ ᠪᠠᠷᠢᠯᠭ᠎ᠠ ᠪᠠᠶ᠋ᠢᠭᠤᠯᠬᠤ᠎ᠳᠠᠭᠠᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠮᠢᠶᠠᠷᠤᠯᠲᠠ ᠵᠢᠨ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ ᠭᠠᠷ᠎ᠤᠨ ᠦᠰᠦᠭ ᠵᠢᠷᠤᠭᠰᠠᠨ ᠰᠠᠪᠠ ᠭᠠᠵᠠᠷ᠎ᠤᠨ ᠶᠡᠷᠦᠩᠬᠡᠶ ᠲᠥᠯᠥᠪᠵᠢᠭᠦᠯᠭᠡ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠲᠥᠯᠥᠪᠵᠢᠭᠦᠯᠭᠡ ᠵᠢᠨ ᠵᠥᠪᠰᠢᠶᠡᠷᠡᠯ᠎ᠤᠨ ᠪᠢᠴᠢᠭ᠎ᠢ ᠣᠯᠤᠭᠰᠠᠨ ᠦᠭᠡᠢ ᠪᠠᠶ᠋ᠢᠪᠠᠯ᠂ ᠪᠦᠳᠦᠭᠡᠨ ᠪᠠᠶ᠋ᠢᠭᠤᠯᠬᠤ ᠨᠢᠭᠡᠴᠢ᠎ᠨᠢ ᠪᠠᠷᠢᠯᠭ᠎ᠠ ᠡᠬᠢᠯᠡᠭᠦᠯᠵᠦ ᠪᠦᠳᠦᠭᠡᠨ ᠪᠠᠶ᠋ᠢᠭᠤᠯᠵᠤ ᠪᠣᠯᠬᠤ ᠦᠭᠡᠢ᠃ ᠤᠰᠤᠨ᠎ᠤ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ᠎ᠨᠢ ᠦᠶᠡᠷ᠎ᠢ ᠰᠡᠷᠭᠡᠶ᠋ᠢᠯᠡᠬᠦ᠎ᠳᠤ ᠬᠣᠯᠪᠣᠭᠳᠠᠪᠠᠯ᠂ ᠦᠶᠡᠷ᠎ᠢ ᠰᠡᠷᠭᠡᠶ᠋ᠢᠯᠡᠬᠦ ᠬᠠᠤᠯᠢ ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ       ᠬᠡᠷᠡᠭᠵᠢᠭᠦᠯᠦᠨ᠎ᠡ; ᠪᠤᠰᠤᠳ ᠭᠠᠵᠠᠷ ᠣᠷᠣᠨ ᠪᠠ ᠠᠵᠢᠯ ᠲᠤᠢ᠍ᠷᠦᠯ᠎ᠳᠤ ᠬᠣᠯᠪᠣᠭᠳᠠᠪᠠᠯ᠂ ᠪᠦᠳᠦᠭᠡᠠ ᠪᠠᠶ᠋ᠢᠭᠤᠯᠬᠤ ᠨᠢᠭᠡᠴᠢ᠎ᠨᠢ ᠤᠷᠢᠳᠠᠪᠠᠷ ᠬᠣᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠬᠡᠷᠡᠭᠲᠡᠶ᠃
   
      ᠭᠤᠷᠪᠠᠳᠤᠭ᠋ᠠᠷ ᠪᠦᠯᠦᠭ   ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ
   
      ᠬᠣᠷᠢᠳᠤᠭ᠋ᠠᠷ ᠵᠦᠢ᠍ᠯ   ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ᠎ᠳᠠᠭᠠᠨ ᠠᠰᠢᠭ᠎ᠢ᠎ᠨᠢ ᠬᠥᠭᠵᠢᠭᠦᠯᠬᠦ ᠪᠠ ᠬᠣᠣᠷ᠎ᠢ᠎ᠨᠢ ᠠᠷᠢᠯᠭ᠋ᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠳᠡᠭᠡᠳᠦ ᠳᠤᠤᠷᠠᠳᠤ ᠤᠷᠤᠰᠬᠠᠯ᠂ ᠵᠡᠭᠦᠨ ᠪᠠᠷᠠᠭᠤᠨ ᠡᠷᠭᠢ ᠪᠣᠯᠤᠨ ᠬᠣᠯᠪᠣᠭᠳᠠᠯ ᠪᠦᠬᠦᠢ ᠭᠠᠵᠠᠷ ᠣᠷᠣᠨ᠎ᠤ ᠬᠣᠭᠣᠷᠣᠨᠳᠣᠬᠢ ᠠᠰᠢᠭ ᠲᠤᠰᠠ ᠵᠢ ᠬᠠᠮᠲᠤ᠎ᠳᠤᠨᠢ ᠬᠠᠷᠠᠭ᠋ᠠᠯᠵᠠᠵᠤ᠂ ᠤᠰᠤᠨ᠎ᠤ ᠡᠬᠢ ᠪᠠᠶᠠᠯᠢᠭ᠎ᠤᠨ ᠶᠡᠷᠦᠩᠬᠡᠶ ᠦᠷ᠎ᠡ ᠠᠰᠢᠭ᠎ᠢ ᠭᠦᠢ᠍ᠴᠡᠳ ᠪᠠᠳᠠᠷᠠᠭᠤᠯᠬᠤ ᠵᠢᠨ ᠬᠠᠮᠲᠤ ᠦᠶᠡᠷ᠎ᠢ ᠰᠡᠷᠭᠡᠶ᠋ᠢᠯᠡᠬᠦ ᠶᠡᠷᠦᠩᠬᠡᠶ ᠳᠤᠬᠢᠷᠠᠭᠤᠯᠤᠯᠳᠠ ᠵᠢ ᠳᠠᠭ᠋ᠠᠬᠤ ᠬᠡᠷᠡᠭᠲᠡᠶ᠃
      ᠬᠣᠷᠢᠨ ᠨᠢᠭᠡᠳᠦᠭᠡᠷ ᠵᠦᠢ᠍ᠯ   ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ᠎ᠳᠠᠭᠠᠨ ᠡ᠊ᠩ ᠲᠡᠷᠢᠭᠦᠨ᠎ᠳᠤ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠤᠰᠤ ᠵᠢ ᠬᠠᠩᠭ᠋ᠠᠬᠤ ᠵᠢᠨ ᠬᠠᠮᠲᠤ ᠲᠠᠷᠢᠶᠠᠯᠠᠩ᠂ ᠠᠵᠤ ᠦᠢ᠍ᠯᠡᠳᠪᠦᠷᠢ᠂ ᠠᠮᠢ ᠠᠬᠤᠶ ᠤᠷᠴᠢᠨ ᠲᠤᠭᠤᠷᠢᠨ᠎ᠤ ᠬᠡᠷᠡᠭᠯᠡᠬᠦ ᠤᠰᠤ ᠵᠢᠴᠢ ᠤᠰᠤᠨ ᠵᠠᠮ᠎ᠤᠨ ᠲᠡᠭᠡᠭᠡᠪᠦᠷᠢ ᠵᠡᠷᠭᠡ ᠵᠢᠨ ᠬᠡᠷᠡᠭᠴᠡᠭᠡ ᠵᠢ ᠬᠠᠮᠲᠤ᠎ᠳᠤᠨᠢ ᠬᠠᠷᠠᠭ᠋ᠠᠯᠵᠠᠬᠤ ᠬᠡᠷᠡᠭᠲᠡᠶ᠃
      ᠭᠠᠩ ᠬᠠᠭᠤᠷᠠᠶ ᠪᠠ ᠬᠠᠭ᠋ᠠᠰ ᠭᠠᠩ ᠬᠠᠭᠤᠷᠠᠶ ᠭᠠᠵᠠᠷ ᠣᠷᠣᠨ᠎ᠳᠤ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ᠎ᠳᠠᠭᠠᠨ ᠠᠮᠢ ᠠᠬᠤᠶ ᠤᠷᠴᠢᠨ ᠲᠤᠭᠤᠷᠢᠨ᠎ᠤ ᠤᠰᠤ ᠬᠡᠷᠡᠭᠯᠡᠬᠦ ᠬᠡᠷᠡᠭᠴᠡᠭᠡ ᠵᠢ ᠭᠦᠢ᠍ᠴᠡᠳ ᠪᠣᠳᠣᠯᠬᠢᠯᠠᠬᠤ ᠬᠡᠷᠡᠭᠲᠡᠶ᠃
      ᠬᠣᠷᠢᠨ ᠬᠣᠶᠠᠳᠤᠭ᠋ᠠᠷ ᠵᠦᠢ᠍ᠯ   ᠰᠠᠪᠠ ᠭᠠᠵᠠᠷ ᠠᠯᠤᠰᠯᠠᠨ ᠤᠰᠤ ᠲᠠᠲᠠᠬᠤ᠎ᠳᠠᠭᠠᠨ ᠪᠦᠬᠦ ᠲᠠᠯ᠎ᠠ᠎ᠪᠠᠷ ᠲᠥᠯᠥᠪᠵᠢᠭᠦᠯᠬᠦ ᠪᠠ ᠰᠢᠨᠵᠢᠯᠡᠬᠦ ᠤᠬᠠᠭ᠋ᠠᠨᠴᠢ ᠨᠤᠲᠠᠯᠠᠯᠲᠠ ᠬᠢᠵᠦ᠂ ᠲᠠᠲᠠᠵᠤ ᠭᠠᠷᠭ᠋ᠠᠬᠤ ᠪᠠ ᠲᠠᠲᠠᠵᠤ ᠣᠷᠣᠭᠤᠯᠬᠤ ᠰᠠᠪᠠ ᠭᠠᠵᠠᠷ᠎ᠤᠨ ᠤᠰᠤ ᠬᠡᠷᠡᠭᠯᠡᠬᠦ ᠬᠡᠷᠡᠭᠴᠡᠭᠡ ᠵᠢ ᠨᠢᠭᠡᠳᠦᠯᠲᠡᠶ ᠲᠥᠯᠥᠪᠯᠡᠨ ᠨᠡᠢ᠍ᠢ᠍ᠳᠡ᠎ᠳᠤᠨᠢ ᠬᠠᠷᠠᠭ᠋ᠠᠯᠵᠠᠵᠤ᠂ ᠠᠮᠢ ᠠᠬᠤᠶ ᠤᠷᠴᠢᠨ ᠲᠤᠭᠤᠷᠢᠨ᠎ᠢ ᠡᠪᠳᠡᠬᠦ᠎ᠠᠴᠠ ᠰᠡᠷᠭᠡᠶ᠋ᠢᠯᠡᠬᠦ ᠬᠡᠷᠡᠭᠲᠡᠶ᠃
      ᠬᠣᠷᠢᠨ ᠭᠤᠷᠪᠠᠳᠤᠭ᠋ᠠᠷ ᠵᠦᠢ᠍ᠯ   ᠤᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠰ ᠭᠠᠵᠠᠷ ᠣᠷᠣᠨ᠎ᠤ᠎ᠪᠠᠨ ᠤᠰᠤᠨ᠎ᠤ ᠡᠬᠢ ᠪᠠᠶᠠᠯᠢᠭ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠭᠠᠵᠠᠷ ᠳᠡᠭᠡᠷᠡᠬᠢ ᠤᠰᠤ ᠪᠣᠯᠤᠨ ᠭᠠᠵᠠᠷ ᠳᠣᠣᠷᠠᠬᠢ ᠤᠰᠤ ᠵᠢ ᠨᠢᠭᠡᠳᠦᠯᠲᠡᠶ ᠲᠣᠬᠢᠷᠠᠭᠤᠯᠤᠨ ᠨᠡᠭᠡᠭᠡᠨ ᠠᠰᠢᠭᠯᠠᠬᠤ᠂ ᠡᠬᠢ ᠰᠤᠷᠪᠤᠯᠵᠢ ᠵᠢ ᠨᠡᠭᠡᠭᠡᠬᠦ ᠪᠠ ᠠᠷᠪᠢᠯᠠᠨ ᠭᠠᠮᠨᠠᠬᠤ ᠵᠢ ᠤᠶᠠᠯᠳᠤᠭᠤᠯᠬᠤ᠂ ᠠᠷᠪᠢᠯᠠᠨ ᠭᠠᠮᠨᠠᠬᠤ ᠵᠢ ᠲᠡᠷᠢᠭᠦᠨ᠎ᠳᠤ ᠲᠠᠯᠪᠢᠬᠤ ᠪᠠ ᠪᠣᠬᠢᠷ ᠤᠰᠤ ᠵᠢ ᠰᠢᠢ᠍ᠳᠪᠤᠷᠢᠯᠡᠵᠦ ᠲᠠᠬᠢᠨ ᠠᠰᠢᠭᠯᠠᠬᠤ ᠵᠠᠷᠴᠢᠮ ᠶᠣᠰᠣᠭ᠋ᠠᠷ ᠤᠰᠤᠨ᠎ᠤ ᠡᠬᠢ ᠪᠠᠶᠠᠯᠢᠭ᠎ᠢ ᠵᠦᠢ ᠵᠣᠬᠢᠰᠲᠠᠶ᠎ᠪᠠᠷ ᠵᠣᠬᠢᠶᠠᠨ ᠪᠠᠶ᠋ᠢᠭᠤᠯᠤᠨ ᠨᠡᠭᠡᠭᠡᠨ ᠠᠰᠢᠭᠯᠠᠵᠤ᠂ ᠶᠡᠷᠦᠩᠬᠡᠶ᠋ᠢᠯᠡᠨ ᠠᠰᠢᠭᠯᠠᠬᠤ ᠬᠡᠷᠡᠭᠲᠡᠶ᠃
    ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠴᠢ ᠬᠤᠳᠠ ᠵᠢᠨ ᠶᠡᠷᠦᠩᠬᠡᠶ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠂ ᠴᠢᠬᠤᠯᠠ ᠶᠡᠬᠡ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠪᠠᠶ᠋ᠢᠷᠢᠯᠠᠭᠤᠯᠬᠤ᠎ᠳᠠᠭᠠᠨ ᠲᠤᠬᠠᠶ ᠵᠢᠨ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠨᠥᠬᠥᠴᠡᠯ ᠪᠠ ᠦᠶᠡᠷ᠎ᠢ ᠰᠡᠷᠭᠡᠶ᠋ᠢᠯᠡᠬᠦ ᠱᠠᠭ᠋ᠠᠷᠳᠠᠯᠭ᠎ᠠ᠎ᠲᠠᠢ ᠵᠣᠬᠢᠴᠠᠭᠤᠯᠬᠤ ᠬᠡᠷᠡᠭᠲᠡᠶ ᠪᠥᠭᠡᠳ ᠰᠢᠨᠵᠢᠯᠡᠬᠦ ᠤᠬᠠᠭ᠋ᠠᠨᠴᠢ ᠨᠤᠲᠠᠯᠠᠯᠲᠠ ᠬᠢᠬᠦ ᠬᠡᠷᠡᠭᠲᠡᠶ; ᠤᠰᠦᠠ᠎ᠤ ᠡᠬᠢ ᠪᠠᠶᠠᠯᠢᠭ ᠬᠦᠷᠦᠯᠴᠡᠬᠦ ᠤᠢ᠍ᠭᠡᠢ ᠭᠠᠵᠠᠷ ᠣᠷᠣᠨ᠎ᠳᠤ ᠬᠤᠳᠠ ᠵᠢᠨ ᠬᠡᠪᠴᠢᠶ᠎ᠡ ᠪᠠ ᠤᠰᠦᠠ᠎ᠤ ᠬᠣᠷᠣᠭᠳᠠᠯ ᠵᠶ᠋ᠠᠷ ᠶᠡᠬᠡ ᠠᠵᠤ ᠦᠢ᠍ᠯᠡᠳᠪᠦᠷᠢ᠂ ᠲᠠᠷᠢᠶᠠᠯᠠᠩ ᠪᠠ ᠦᠢ᠍ᠯᠡᠴᠢᠯᠡᠭᠡᠨ᠎ᠤ ᠦᠢ᠍ᠯᠡᠰ᠎ᠤᠨ ᠪᠦᠳᠦᠭᠡᠠ ᠪᠠᠶ᠋ᠢᠭᠤᠯᠤᠯᠲᠠ ᠵᠢᠨ ᠵᠦᠢ᠍ᠯᠡᠰ᠎ᠢ ᠬᠢᠵᠠᠭ᠋ᠠᠷᠯᠠᠬᠤ ᠬᠡᠷᠡᠭᠲᠡᠶ᠃
      ᠬᠣᠷᠢᠨ ᠳᠥᠷᠪᠡᠳᠦᠭᠡᠷ ᠵᠦᠢ᠍ᠯ   ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ ᠭᠠᠵᠠᠷ ᠣᠷᠣᠨ᠎ᠳᠤ ᠤᠯᠤᠰ᠎ᠠᠴᠠ ᠪᠣᠷᠣᠭ᠋ᠠᠨ᠎ᠤ ᠤᠰᠤ ᠪᠠ ᠱᠣᠷᠪᠣᠭ ᠤᠰᠤ ᠵᠢ ᠴᠤᠭᠯᠠᠭᠤᠯᠬᠤ᠂ ᠨᠡᠭᠡᠭᠡᠨ ᠠᠰᠢᠭᠯᠠᠬᠤ᠂ ᠠᠰᠢᠭᠯᠠᠬᠤ ᠪᠠ ᠳᠠᠯᠠᠢ ᠵᠢᠨ ᠤᠰᠤ ᠵᠢ ᠠᠰᠢᠭᠯᠠᠬᠤ᠂ ᠴᠡᠩᠭᠡᠭᠵᠢᠭᠦᠯᠬᠦ ᠵᠢ ᠵᠣᠷᠢᠭᠵᠢᠭᠤᠯᠤᠨ᠎ᠠ᠃
      ᠬᠣᠷᠢᠨ ᠲᠠᠪᠤᠳᠤᠭ᠋ᠠᠷ ᠵᠦᠢ᠍ᠯ   ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠰᠤᠯᠠᠬᠤ᠂ ᠤᠰᠤᠲᠤᠯ᠎ᠢ ᠵᠠᠯᠠᠬᠤ᠂ ᠬᠥᠷᠥᠰᠥ ᠰᠢᠷᠣᠶ ᠵᠢ ᠬᠠᠮᠠᠭ᠋ᠠᠯᠠᠬᠤ ᠠᠵᠢᠯ᠎ᠤᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠥᠭᠵᠢᠯᠲᠡ ᠵᠢ ᠠᠬᠢᠭᠤᠯᠬᠤ       ᠬᠡᠷᠡᠭᠲᠡᠶ; ᠬᠤᠵᠢᠷᠰᠢᠬᠤ ᠪᠠ ᠤᠰᠤᠲᠤᠬᠤ ᠭᠠᠮᠰᠢᠭ ᠠᠮᠠᠷᠬᠠᠨ ᠡᠭᠦᠰᠳᠡᠭ ᠭᠠᠵᠠᠷ ᠣᠷᠣᠨ᠎ᠳᠤ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠭᠠᠵᠠᠷ ᠳᠣᠣᠷᠠᠬᠢ ᠤᠰᠤᠨ᠎ᠤ ᠲᠦᠪᠰᠢᠨ᠎ᠢ ᠬᠢᠵᠠᠭ᠋ᠠᠷᠯᠠᠬᠤ ᠪᠠ ᠳᠣᠷᠣᠭᠰᠢᠯᠠᠭᠤᠯᠬᠤ ᠬᠡᠷᠡᠭᠲᠡᠶ᠃
      ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠪᠤᠶᠤ ᠲᠡᠭᠦᠨ᠎ᠤ ᠪᠦᠷᠢᠯᠳᠦᠬᠦᠨ᠎ᠨᠢ ᠲᠤᠰ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠢᠨ ᠥᠮᠴᠢᠯᠡᠵᠦ ᠪᠠᠶ᠋ᠢᠭ᠎ᠠ ᠬᠠᠮᠲᠤ ᠵᠢᠨ ᠭᠠᠵᠠᠷ ᠰᠢᠷᠣᠶ ᠪᠤᠶᠤ ᠳᠠᠭ᠋ᠠᠭ᠋ᠠᠴᠢᠯᠠᠭᠰᠠᠨ ᠭᠠᠵᠠᠷ ᠰᠢᠷᠣᠶ ᠳᠡᠭᠡᠷ᠎ᠡ ᠬᠠᠤᠯᠢ ᠶᠣᠰᠣᠭ᠋ᠠᠷ ᠪᠡᠯᠠ ᠣᠷᠣᠭᠤᠯᠵᠤ ᠤᠰᠦᠠ᠎ᠤ ᠪᠠᠷᠢᠯᠭ᠎ᠠ ᠵᠢᠨ ᠲᠥᠬᠥᠭᠡᠷᠦᠮᠵᠢ ᠪᠠᠶ᠋ᠢᠭᠤᠯᠤᠭᠰᠠᠨ ᠪᠠᠶ᠋ᠢᠪᠠᠯ᠂ ᠬᠡᠨ ᠪᠡᠯᠠ ᠣᠷᠣᠭᠤᠯᠵᠤ ᠪᠦᠳᠦᠭᠡᠠ ᠪᠠᠶ᠋ᠢᠭᠤᠯᠪᠠᠯ ᠬᠡᠨ ᠬᠠᠮᠢᠶᠠᠷᠬᠤ ᠪᠠ ᠲᠡᠭᠦᠨ᠎ᠠᠴᠠ ᠠᠰᠢᠭ ᠬᠦᠷᠳᠡᠬᠦ ᠵᠠᠷᠴᠢᠮ ᠶᠣᠰᠣᠭ᠋ᠠᠷ ᠤᠰᠦᠠ᠎ᠤ ᠪᠠᠷᠢᠯᠭ᠎ᠠ ᠵᠢᠨ ᠲᠥᠬᠥᠭᠡᠷᠦᠮᠵᠢ ᠵᠢᠴᠢ ᠲᠡᠭᠦᠨ᠎ᠤ ᠤᠰᠤ ᠬᠠᠳᠠᠭ᠋ᠠᠯᠠᠬᠤ ᠶᠠᠪᠤᠳᠠᠯ᠎ᠢ ᠬᠠᠮᠢᠶᠠᠷᠴᠤ ᠵᠦᠢ ᠵᠣᠬᠢᠰᠲᠠᠶ᠎ᠪᠠᠷ ᠬᠡᠷᠡᠭᠯᠡᠨ᠎ᠡ᠃
      ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠤᠰᠦᠠ ᠴᠥᠭᠥᠷᠥᠮ ᠪᠠᠶ᠋ᠢᠭᠤᠯᠬᠤ᠎ᠳᠠᠭᠠᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠦᠠ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠵᠶ᠋ᠡᠷ ᠵᠦᠪᠰᠢᠶᠡᠷᠡᠬᠦᠯᠬᠦ ᠬᠡᠷᠡᠭᠲᠡᠢ᠃
      ᠬᠣᠷᠢᠨ ᠵᠢᠷᠭᠤᠳᠤᠭ᠋ᠠᠷ ᠵᠦᠢ᠍ᠯ   ᠤᠯᠤᠰ᠎ᠠᠴᠠ ᠤᠰᠤᠨ᠎ᠤ ᠡᠨᠧᠷᠭᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠵᠣᠷᠢᠭᠵᠢᠭᠤᠯᠤᠨ᠎ᠠ᠃ ᠤᠰᠤᠨ᠎ᠤ ᠡᠨᠧᠷᠭᠢ᠎ᠪᠠᠷ ᠡᠯᠪᠡᠭ ᠪᠠᠶ᠋ᠢᠳᠠᠭ ᠭᠣᠣᠯ ᠮᠥᠷᠡᠨ᠎ᠳᠤ ᠤᠯᠠᠨ ᠬᠠᠷᠠᠯᠲᠠᠲᠤ ᠱᠠᠲᠤᠯᠢᠭ ᠨᠡᠭᠡᠭᠡᠨ ᠠᠰᠢᠭᠯᠠᠯᠲᠠ ᠵᠢ ᠲᠥᠯᠥᠪᠯᠡᠭᠡ᠎ᠲᠠᠢ᠎ᠪᠠᠷ ᠬᠢᠬᠦ ᠬᠡᠷᠡᠭᠲᠡᠶ᠃
      ᠤᠰᠦᠠ ᠬᠦᠴᠦᠨ᠎ᠤ ᠴᠠᠬᠢᠯᠭ᠋ᠠᠨ ᠤᠢ᠍ᠷᠳᠡᠭᠡ ᠪᠠᠶ᠋ᠢᠭᠤᠯᠬᠤ᠎ᠳᠠᠭᠠᠨ ᠠᠮᠢ ᠠᠬᠤᠶ ᠣᠷᠴᠢᠨ ᠲᠣᠭᠣᠷᠢᠨ᠎ᠢ ᠬᠠᠮᠠᠭ᠋ᠠᠯᠠᠵᠤ᠂ ᠦᠶᠡᠷ᠎ᠢ ᠰᠡᠷᠭᠡᠶ᠋ᠢᠯᠡᠬᠦ᠂ ᠤᠰᠤ ᠬᠠᠩᠭ᠋ᠠᠬᠤ᠂ ᠤᠰᠤᠯᠠᠬᠤ᠂ ᠤᠰᠦᠠ ᠵᠡᠮ᠎ᠤᠨ ᠲᠡᠭᠡᠭᠡᠪᠦᠷᠢ᠂ ᠬᠤᠯᠤᠰᠤ ᠮᠣᠳᠣ ᠤᠷᠤᠰᠬᠠᠨ ᠵᠦᠭᠡᠭᠡᠪᠦᠷᠢᠯᠡᠬᠦ ᠪᠠ ᠵᠢᠭ᠋ᠠᠰᠤᠨ ᠠᠵᠤ ᠠᠬᠤᠶ ᠵᠡᠷᠭᠡ ᠲᠠᠯ᠎ᠠ ᠵᠢᠨ ᠬᠡᠷᠡᠭᠴᠡᠭᠡ ᠵᠢ ᠬᠠᠮᠲᠤ᠎ᠳᠤᠨᠢ ᠬᠠᠷᠠᠭ᠋ᠠᠯᠵᠠᠬᠤ ᠬᠡᠷᠡᠭᠲᠡᠶ᠃
      ᠬᠣᠷᠢᠨ ᠳᠣᠯᠣᠳᠤᠭ᠋ᠠᠷ ᠵᠦᠢ᠍ᠯ   ᠤᠯᠤᠰ᠎ᠠᠴᠠ ᠤᠰᠦᠠ ᠲᠡᠭᠡᠭᠡᠪᠦᠷᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠵᠣᠷᠢᠭᠵᠢᠭᠤᠯᠤᠨ᠎ᠠ᠃ ᠤᠰᠤᠨ᠎ᠤ ᠠᠮᠢᠳᠤ ᠪᠣᠳᠠᠰ᠎ᠤᠨ ᠨᠡᠭᠦᠳᠡᠯᠯᠡᠬᠦ ᠵᠠᠮ᠂ ᠠᠶᠠᠯᠠᠯ ᠨᠡᠪᠲᠡᠷᠡᠬᠦ ᠪᠤᠶᠤ ᠬᠤᠯᠤᠰᠤ ᠮᠣᠳᠣ ᠤᠷᠤᠰᠬᠠᠨ ᠵᠦᠭᠡᠭᠡᠪᠦᠷᠢᠯᠡᠵᠦ ᠪᠠᠶ᠋ᠢᠭ᠎ᠠ ᠭᠣᠣᠯ ᠮᠥᠷᠡᠨ ᠳᠡᠭᠡᠷ᠎ᠡ ᠥᠨᠢᠳᠡ ᠵᠢᠨ ᠴᠢᠨᠠᠷᠲᠠᠶ ᠬᠠᠰᠢᠯᠭ᠎ᠠ ᠳᠠᠯᠠᠩ ᠪᠠᠶ᠋ᠢᠭᠤᠯᠵᠤ᠂ ᠪᠦᠳᠦᠭᠡᠠ ᠪᠠᠶ᠋ᠢᠭᠤᠯᠬᠤ ᠨᠢᠭᠡᠴᠢ᠎ᠨᠢ ᠵᠢᠭ᠋ᠠᠰᠤ ᠦᠩᠭᠡᠷᠡᠬᠦᠯᠬᠦ᠂ ᠣᠩᠭᠣᠴᠠ ᠦᠩᠭᠡᠷᠡᠬᠦᠯᠬᠦ᠂ ᠮᠣᠳᠣ ᠦᠩᠭᠡᠷᠡᠬᠦᠯᠬᠦ ᠲᠥᠬᠥᠭᠡᠷᠦᠮᠵᠢ ᠵᠢ ᠬᠠᠮᠲᠤ᠎ᠳᠤᠨᠢ ᠪᠠᠶ᠋ᠢᠭᠤᠯᠬᠤ ᠪᠤᠶᠤ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠠᠴᠠ ᠡᠷᠬᠡ ᠣᠯᠭᠣᠭᠰᠠᠨ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠡᠳ ᠪᠤᠰᠤᠳ ᠨᠥᠬᠥᠪᠥᠷᠢᠯᠡᠬᠦ ᠠᠷᠭ᠎ᠠ ᠬᠡᠮᠵᠢᠶ᠎ᠡ ᠠᠪᠬᠤ ᠵᠢᠨ ᠬᠠᠮᠲᠤ ᠪᠠᠷᠢᠯᠭ᠎ᠠ ᠪᠠᠷᠢᠬᠤ ᠪᠠ ᠤᠰᠤ ᠬᠠᠳᠠᠭ᠋ᠠᠯᠠᠬᠤ ᠬᠤᠭᠤᠴᠠᠭ᠋ᠠᠨ᠎ᠳᠠᠬᠢ ᠤᠰᠦᠠ᠎ᠤ ᠠᠮᠢᠳᠤ ᠪᠣᠳᠠᠰ᠎ᠤᠨ ᠬᠠᠮᠠᠭ᠋ᠠᠯᠠᠯᠲᠠ᠂ ᠤᠰᠦᠠ ᠵᠡᠮ᠎ᠤᠨ ᠲᠡᠭᠡᠭᠡᠪᠦᠷᠢ ᠪᠠ ᠬᠤᠯᠤᠰᠤ ᠮᠣᠳᠣ ᠵᠢ ᠤᠷᠤᠰᠬᠠᠨ ᠵᠦᠭᠡᠭᠡᠪᠦᠷᠢᠯᠡᠬᠦ ᠵᠢ ᠰᠠᠶ᠋ᠢᠲᠤᠷ ᠲᠣᠬᠢᠷᠠᠭᠤᠯᠬᠤ ᠬᠡᠷᠡᠭᠲᠡᠶ᠂ ᠬᠡᠷᠡᠭᠰᠡᠬᠦ ᠵᠠᠷᠤᠳᠠᠯ᠎ᠢ ᠪᠦᠳᠦᠭᠡᠠ ᠪᠠᠶ᠋ᠢᠭᠤᠯᠬᠤ ᠨᠢᠭᠡᠴᠢ ᠡᠭᠦᠷᠭᠡᠯᠡᠨ᠎ᠡ᠃
      ᠠᠶᠠᠯᠠᠯ ᠨᠡᠪᠲᠡᠷᠡᠬᠦ ᠦᠭᠡᠢ ᠭᠣᠣᠯ ᠮᠥᠷᠡᠨ ᠪᠤᠶᠤ ᠵᠤᠬᠢᠶᠠᠮᠠᠯ ᠤᠰᠤᠨ ᠵᠠᠮ ᠳᠡᠭᠡᠷ᠎ᠡ ᠬᠠᠰᠢᠯᠭ᠎ᠠ ᠳᠠᠯᠠᠩ ᠪᠠᠶ᠋ᠢᠭᠤᠯᠤᠭᠰᠠᠨ᠎ᠤ ᠳᠠᠷᠠᠭ᠎ᠠ ᠠᠶᠠᠯᠠᠯ ᠨᠡᠪᠲᠡᠷᠡᠵᠦ ᠪᠣᠯᠬᠤ᠎ᠳᠤ ᠬᠦᠷᠪᠡᠯ᠂ ᠬᠠᠰᠢᠯᠭ᠎ᠠ ᠳᠠᠯᠠᠩ ᠪᠠᠶ᠋ᠢᠭᠤᠯᠬᠤ ᠨᠢᠭᠡᠴᠢ᠎ᠨᠢ ᠣᠩᠭᠣᠴᠠ ᠥᠩᠭᠡᠷᠡᠬᠦ ᠲᠥᠬᠥᠭᠡᠷᠦᠮᠵᠢ ᠵᠢ ᠬᠠᠮᠲᠤ᠎ᠳᠤᠨᠢ ᠪᠠᠶ᠋ᠢᠭᠤᠯᠬᠤ ᠪᠤᠶᠤ ᠣᠩᠭᠣᠴᠠ ᠥᠩᠭᠡᠷᠡᠬᠦ ᠲᠥᠬᠥᠭᠡᠷᠦᠮᠵᠢ ᠵᠢᠨ ᠣᠷᠣᠨ ᠪᠠᠶ᠋ᠢᠷᠢ ᠵᠢ ᠤᠷᠢᠳᠴᠢᠯᠠᠨ ᠦᠯᠡᠳᠡᠭᠡᠬᠦ ᠬᠡᠷᠡᠭᠲᠡᠢ᠃
      ᠬᠣᠷᠢᠨ ᠨᠠᠢ᠍ᠮᠠᠳᠤᠭ᠋ᠠᠷ ᠵᠦᠢ᠍ᠯ   ᠶᠠᠮᠠᠷᠪᠠ ᠨᠢᠭᠡᠴᠢ ᠪᠠ ᠬᠤᠪᠢ ᠬᠥᠮᠦᠨ ᠤᠰᠤ ᠲᠠᠲᠠᠬᠤ᠂ ᠤᠰᠤ ᠬᠠᠰᠢᠬᠤ᠂ ᠤᠰᠤ ᠵᠠᠯᠠᠬᠤ᠎ᠳᠠᠭᠠᠨ ᠤᠯᠠᠨ ᠨᠡᠶ᠋ᠢᠲᠡ ᠵᠢᠨ ᠠᠰᠢᠭ ᠲᠤᠰᠠ ᠪᠠ ᠪᠤᠰᠤᠳ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠣᠬᠢᠷᠠᠭᠤᠯᠵᠤ ᠪᠣᠯᠬᠤ ᠦᠭᠡᠢ᠃
    ᠬᠣᠷᠢ ᠶᠢᠰᠦᠳᠦᠭᠡᠷ ᠵᠦᠢ᠍ᠯ   ᠤᠯᠤᠰ᠎ᠠᠴᠠ ᠤᠰᠤᠨ᠎ᠤ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠠᠷᠠᠳ᠎ᠢ ᠨᠡᠭᠦᠯᠭᠡᠬᠦ᠎ᠳᠤ ᠨᠡᠭᠡᠭᠡᠨ ᠬᠥᠭᠵᠢᠭᠦᠯᠬᠦ ᠴᠢᠨᠠᠷᠲᠠᠶ᠎ᠪᠠᠷ ᠠᠷᠠᠳ᠎ᠢ ᠨᠡᠭᠦᠯᠭᠡᠬᠦ ᠴᠢᠭᠯᠡᠯᠲᠡ ᠵᠢ ᠬᠡᠷᠡᠭᠵᠢᠭᠦᠯᠵᠦ᠂ ᠡᠮᠦᠨᠡᠬᠢ ᠬᠤᠭᠤᠴᠠᠭ᠋ᠠᠨ᠎ᠤ ᠨᠥᠬᠥᠪᠥᠷᠢ᠂   ᠲᠡᠳᠬᠦᠮᠵᠢ ᠪᠣᠯᠤᠨ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠵᠢ ᠤᠶᠠᠯᠳᠤᠭᠤᠯᠬᠤ ᠵᠠᠷᠴᠢᠮ ᠶᠣᠰᠣᠭ᠋ᠠᠷ᠂ ᠨᠡᠭᠦᠳᠡᠯ ᠠᠷᠠᠳ᠎ᠤᠨ ᠦᠢ᠍ᠯᠡᠳᠪᠦᠷᠢᠯᠡᠯ ᠪᠠ ᠠᠮᠢᠳᠤᠷᠠᠯ᠎ᠢ ᠲᠣᠬᠢᠲᠠᠶ ᠲᠣᠬᠢᠷᠠᠭᠤᠯᠵᠤ᠂ ᠨᠡᠭᠦᠳᠡᠯ ᠠᠷᠠᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ᠃
      ᠨᠡᠭᠦᠳᠡᠯᠴᠢᠨ ᠠᠷᠠᠳ᠎ᠢ ᠲᠥᠪᠬᠢᠨᠡᠭᠦᠯᠬᠦ᠎ᠳᠡᠭᠡᠨ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ᠎ᠲᠠᠢ ᠵᠡᠷᠭᠡ᠎ᠪᠠᠷ ᠶᠠᠪᠤᠭᠳᠠᠭᠤᠯᠬᠤ ᠬᠡᠷᠡᠭᠲᠡᠶ᠃ ᠪᠥᠳᠥᠭᠡᠨ ᠪᠠᠶ᠋ᠢᠭᠤᠯᠬᠤ ᠨᠢᠭᠡᠴᠢ᠎ᠨᠢ ᠲᠥᠪᠬᠢᠨᠡᠭᠦᠯᠬᠦ ᠭᠠᠵᠠᠷ ᠣᠷᠣᠨ᠎ᠤ ᠣᠷᠴᠢᠨ ᠠᠬᠤᠶ ᠵᠢᠨ ᠪᠠᠭᠲᠠᠭ᠋ᠠᠮᠵᠢ ᠪᠠ ᠦᠷᠭᠦᠯᠵᠢᠯᠡᠬᠦ ᠬᠥᠭᠵᠢᠯᠲᠡ ᠵᠢᠨ ᠵᠠᠷᠴᠢᠮ᠎ᠢ ᠦᠨᠳᠦᠰᠦᠯᠡᠨ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ᠂ ᠨᠡᠭᠦᠳᠡᠯᠴᠢᠨ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠬᠠᠤᠯᠢ ᠶᠣᠰᠣᠭ᠋ᠠᠷ ᠵᠥᠪᠰᠢᠶᠡᠷᠡᠭᠦᠯᠦᠭᠰᠡᠨ᠎ᠤ ᠲᠠᠷᠠᠭ᠎ᠠ᠂ ᠬᠣᠯᠪᠣᠭᠳᠠᠯ ᠪᠥᠬᠥᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠬᠡᠷᠡᠭᠲᠡᠶ᠃ ᠠᠷᠠᠳ᠎ᠢ ᠨᠡᠭᠦᠯᠭᠡᠬᠦ ᠬᠡᠷᠡᠭᠴᠡᠭᠡ ᠪᠥᠬᠥᠢ ᠵᠠᠷᠤᠳᠠᠯ᠎ᠢ ᠪᠠᠷᠢᠯᠭ᠎ᠠ ᠵᠢᠨ ᠪᠥᠳᠥᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢᠨ ᠲᠥᠯᠥᠪᠯᠡᠭᠡ᠎ᠳᠤ ᠣᠷᠣᠭᠤᠯᠬᠤ ᠬᠡᠷᠡᠭᠲᠡᠶ᠃
   
      ᠳᠥᠷᠪᠡᠳᠦᠭᠡᠷ ᠪᠦᠯᠦᠭ   ᠤᠰᠤᠨ᠎ᠤ ᠡᠬᠢ ᠪᠠᠶᠠᠯᠢᠭ᠂ ᠤᠰᠤᠨ ᠪᠦᠰᠡ ᠪᠠ ᠤᠰᠤᠨ᠎ᠤ ᠪᠠᠷᠢᠯᠭ᠎ᠠ ᠵᠢ ᠬᠠᠮᠠᠭ᠋ᠠᠯᠠᠬᠤ
   
      ᠭᠤᠴᠢᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠴᠢ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠥᠯᠥᠪᠵᠢᠭᠦᠯᠭᠡ ᠲᠣᠭᠲᠠᠭ᠋ᠠᠬᠤ ᠪᠠ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ᠎ᠳᠠᠭᠠᠨ ᠭᠣᠣᠯ ᠮᠥᠷᠡᠨ᠎ᠤ ᠵᠦᠢ ᠵᠣᠬᠢᠰᠲᠠᠶ ᠤᠷᠤᠰᠬᠠᠯ᠎ᠤᠨ ᠬᠡᠮᠵᠢᠶ᠎ᠡ ᠪᠠ ᠨᠠᠭᠤᠷ ᠴᠦᠬᠦᠷᠦᠮ ᠵᠢᠴᠢ ᠭᠠᠵᠠᠷ ᠳᠣᠣᠷᠠᠬᠢ ᠤᠰᠤᠨ᠎ᠤ ᠵᠦᠢ ᠵᠣᠬᠢᠰᠲᠠᠶ ᠤᠰᠤᠨ ᠲᠦᠪᠰᠢᠨ᠎ᠢ ᠪᠠᠲᠤᠯᠠᠬᠤ ᠵᠢ ᠠᠩᠬᠠᠷᠴᠤ᠂ ᠤᠰᠤᠨ ᠴᠣᠭᠴᠠ ᠵᠢᠨ ᠠᠶᠠᠨᠳᠠᠭ᠋ᠠᠨ ᠴᠡᠪᠡᠷᠰᠢᠬᠦ ᠴᠢᠳᠠᠪᠤᠷᠢ ᠵᠢ ᠬᠠᠮᠠᠭ᠋ᠠᠯᠠᠬᠤ ᠬᠡᠷᠡᠭᠲᠡᠶ᠃
      ᠭᠤᠴᠢᠨ ᠨᠢᠭᠡᠳᠦᠭᠡᠷ ᠵᠦᠢ᠍ᠯ   ᠤᠰᠤᠨ᠎ᠤ ᠡᠬᠢ ᠪᠠᠶᠠᠯᠢᠭ᠎ᠢ ᠨᠡᠭᠡᠭᠡᠬᠦ᠂ ᠠᠰᠢᠭᠯᠠᠬᠤ᠂ ᠠᠷᠪᠢᠯᠠᠬᠤ᠂ ᠬᠠᠮᠠᠭ᠋ᠠᠯᠠᠬᠤ ᠪᠠ ᠤᠰᠤᠨ᠎ᠤ ᠬᠥᠨᠥᠭᠡᠯ᠎ᠢ ᠰᠡᠷᠭᠡᠶ᠋ᠢᠯᠡᠨ ᠵᠠᠰᠠᠬᠤ ᠵᠡᠷᠭᠡ ᠤᠰᠤᠨ᠎ᠤ ᠶᠠᠪᠤᠳᠠᠯ᠎ᠤᠨ ᠠᠵᠢᠯᠯᠠᠭ᠎ᠠ ᠵᠢ ᠬᠢᠬᠦ᠎ᠳᠤ ᠵᠥᠪᠰᠢᠶᠡᠷᠡᠭᠦᠯᠦᠭᠰᠡᠨ ᠲᠥᠯᠥᠪᠵᠢᠭᠦᠯᠭᠡ ᠵᠢ ᠵᠢᠷᠤᠮᠯᠠᠬᠤ ᠬᠡᠷᠡᠭᠲᠡᠢ; ᠲᠥᠯᠥᠪᠵᠢᠭᠦᠯᠭᠡ ᠵᠢ ᠵᠥᠷᠢᠴᠡᠭᠰᠡᠨ᠎ᠠᠴᠠ ᠪᠤᠯᠵᠤ ᠭᠣᠣᠯ ᠮᠥᠷᠡᠨ ᠪᠠ ᠨᠠᠭᠤᠷ ᠴᠦᠬᠦᠷᠦᠮ᠎ᠤᠨ ᠤᠰᠤᠨ ᠣᠷᠣᠨ᠎ᠤ ᠬᠡᠷᠡᠭᠯᠡᠯᠲᠡ ᠵᠢᠨ ᠴᠢᠳᠠᠮᠵᠢ ᠵᠢ ᠪᠠᠭᠤᠷᠠᠭᠤᠯᠤᠭᠰᠠᠨ᠂ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ᠂ ᠭᠠᠵᠠᠷ᠎ᠤᠨ ᠭᠠᠳᠠᠷᠭᠤ ᠵᠢ ᠰᠠᠭᠤᠭᠳᠠᠭᠤᠯᠤᠭᠰᠠᠨ᠂ ᠤᠰᠤᠨ ᠴᠣᠭᠴᠠ ᠵᠢ ᠪᠣᠬᠢᠷᠲᠤᠭᠤᠯᠤᠭᠰᠠᠨ ᠪᠠᠶ᠋ᠢᠪᠠᠯ᠂ ᠵᠠᠰᠠᠬᠤ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠶ᠃
      ᠠᠭᠤᠷᠬᠠᠶ ᠵᠢᠨ ᠪᠤᠯᠠᠭᠳᠠᠴᠠ ᠵᠢ ᠨᠡᠭᠡᠭᠡᠨ ᠮᠠᠯᠲᠠᠬᠤ ᠪᠤᠶᠤ ᠭᠠᠵᠠᠷ ᠳᠣᠣᠷᠠᠬᠢ ᠪᠠᠷᠢᠯᠭ᠎ᠠ ᠵᠢ ᠪᠦᠳᠦᠭᠡᠠ ᠪᠠᠶ᠋ᠢᠭᠤᠯᠬᠤ᠎ᠳᠤ ᠰᠡᠶ᠋ᠢᠷᠡᠭᠦᠯᠦᠨ ᠬᠠᠳᠠᠭ᠋ᠠᠬᠤ ᠪᠠ ᠤᠰᠤ ᠵᠠᠯᠠᠬᠤ᠎ᠠᠴᠠ ᠪᠤᠯᠵᠦ ᠭᠠᠵᠠᠷ ᠳᠣᠣᠷᠠᠬᠢ ᠤᠰᠦᠠ᠎ᠤ ᠲᠦᠪᠰᠢᠨ᠎ᠢ ᠳᠣᠷᠣᠭᠰᠢᠯᠠᠭᠤᠯᠬᠤ᠂ ᠤᠰᠦᠠ᠎ᠤ ᠰᠤᠷᠪᠤᠯᠵᠢ ᠵᠢ ᠰᠢᠷᠭᠢᠭᠡᠬᠦ ᠪᠤᠶᠤ ᠭᠠᠵᠠᠷ᠎ᠤᠨ ᠭᠠᠳᠠᠷᠭᠤ ᠵᠢ ᠴᠥᠮᠥᠷᠡᠭᠦᠯᠬᠦ᠎ᠳᠤ ᠬᠦᠷᠦᠭᠦᠯᠦᠭᠰᠡᠨ ᠪᠠᠶ᠋ᠢᠪᠠᠯ᠂ ᠠᠭᠤᠷᠬᠠᠶ ᠮᠠᠯᠲᠠᠬᠤ ᠨᠢᠭᠡᠴᠢ ᠪᠤᠶᠤ ᠪᠦᠳᠦᠭᠡᠠ ᠪᠠᠶ᠋ᠢᠭᠤᠯᠬᠤ ᠨᠢᠭᠡᠴᠢ᠎ᠨᠢ ᠨᠥᠬᠥᠪᠥᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ; ᠪᠤᠰᠤᠳ᠎ᠤᠨ ᠠᠮᠢᠳᠤᠷᠠᠯ ᠪᠠ ᠦᠢ᠍ᠯᠡᠳᠪᠦᠷᠢᠯᠡᠯ᠎ᠳᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠬᠠᠤᠯᠢ ᠶᠣᠰᠣᠭ᠋ᠠᠷ ᠲᠥᠯᠥᠪᠦᠷᠢ ᠥᠭᠭᠦᠨ᠎ᠡ᠃
      ᠭᠤᠴᠢᠨ ᠬᠣᠶᠠᠳᠤᠭ᠋ᠠᠷ ᠵᠦᠢ᠍ᠯ   ᠲᠥᠷᠥ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠣᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ ᠰᠠᠪᠠ ᠭᠠᠵᠠᠷ᠎ᠤᠨ ᠶᠡᠷᠦᠩᠬᠡᠶ ᠲᠥᠯᠥᠪᠵᠢᠭᠦᠯᠭᠡ᠂ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠲᠥᠯᠥᠪᠵᠢᠭᠦᠯᠭᠡ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠱᠠᠭ᠋ᠠᠷᠳᠠᠯᠭ᠎ᠠ ᠶᠣᠰᠣᠭ᠋ᠠᠷ᠂ ᠤᠯᠤᠰ᠎ᠠᠴᠠ ᠲᠣᠭᠲᠠᠭ᠋ᠠᠭᠰᠠᠨ ᠴᠢᠬᠤᠯᠠ ᠭᠣᠣᠯ ᠮᠥᠷᠡᠨ᠂ ᠨᠠᠭᠤᠷ ᠴᠦᠬᠦᠷᠦᠮ᠎ᠤᠨ ᠤᠰᠤᠨ᠎ᠤ ᠦᠢ᠍ᠯᠡᠳᠦᠯᠳᠦ ᠣᠷᠣᠨ᠎ᠤ ᠬᠤᠪᠢᠶᠠᠷᠢᠯᠠᠯ᠎ᠢ ᠲᠤᠭᠤᠷᠪᠢᠨ ᠲᠣᠭᠲᠠᠭ᠋ᠠᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠵᠦ ᠵᠥᠪᠰᠢᠶᠡᠷᠡᠭᠦᠯᠦᠨ᠎ᠡ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠠᠯᠤᠰᠯᠠᠭᠰᠠᠨ ᠪᠤᠰᠤᠳ ᠭᠣᠣᠯ ᠮᠥᠷᠡᠨ᠂ ᠨᠠᠭᠤᠷ ᠴᠦᠬᠦᠷᠦᠮ᠎ᠤᠨ ᠤᠰᠤᠨ᠎ᠤ ᠴᠢᠳᠠᠮᠵᠢ ᠵᠢᠨ ᠣᠷᠣᠨ᠎ᠤ ᠬᠤᠪᠢᠶᠠᠷᠢᠯᠠᠯ᠎ᠢ ᠬᠣᠯᠪᠣᠭᠳᠠᠯ ᠪᠦᠬᠦᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠭᠣᠣᠯ       ᠮᠥᠷᠡᠨ᠂ ᠨᠠᠭᠤᠷ ᠴᠦᠬᠦᠷᠦᠮ᠎ᠤᠨ ᠪᠠᠶ᠋ᠢᠭ᠎ᠠ ᠭᠠᠵᠠᠷ᠎ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠤᠭᠤᠷᠪᠢᠨ ᠲᠣᠭᠲᠠᠭ᠋ᠠᠨ᠎ᠠ᠃ ᠬᠣᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠲᠤᠰ ᠲᠤᠰ ᠬᠢᠨᠠᠨ ᠪᠠᠶ᠋ᠢᠴᠠᠭ᠋ᠠᠭ᠋ᠠᠳ ᠰᠠᠨᠠᠯ ᠳᠤᠷᠠᠳᠤᠭᠰᠠᠨ᠎ᠤ ᠳᠠᠷᠠᠭ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠬᠢᠨᠠᠨ ᠬᠠᠷᠭᠤᠭᠤᠯᠵᠤ᠂ ᠲᠦᠷᠦ ᠵᠢᠨ ᠶᠠᠪᠤᠳᠠᠯ᠎ᠤᠨ ᠬᠣᠷᠢᠶ᠎ᠠ ᠪᠤᠶᠤ ᠲᠡᠭᠦᠨ᠎ᠤ ᠡᠷᠬᠡ ᠣᠯᠭᠣᠭᠰᠠᠨ ᠰᠠᠯᠠᠭ᠎ᠠ ᠮᠦᠴᠢᠷ᠎ᠲᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠡᠢ᠃
      ᠡᠮᠦᠨᠡᠬᠢ ᠪᠠᠳᠠᠭ᠎ᠲᠤ ᠲᠣᠭᠲᠠᠭ᠋ᠠᠭᠰᠠᠨ᠎ᠠᠴᠠ ᠭᠠᠳᠠᠨᠠᠬᠢ ᠪᠤᠰᠤᠳ ᠭᠣᠣᠯ ᠮᠥᠷᠡᠨ᠂ ᠨᠠᠭᠤᠷ ᠴᠦᠬᠦᠷᠦᠮ᠎ᠤᠨ ᠤᠰᠤᠨ᠎ᠤ ᠴᠢᠳᠠᠮᠵᠢ ᠵᠢᠨ ᠣᠷᠣᠨ᠎ᠤ ᠬᠤᠪᠢᠶᠠᠷᠢᠯᠠᠯ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠤᠭᠤᠷᠪᠢᠨ ᠲᠣᠭᠲᠠᠭ᠋ᠠᠵᠤ᠂ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠡᠷᠬᠡ ᠣᠯᠭᠣᠭᠰᠠᠨ ᠰᠠᠯᠠᠭ᠎ᠠ ᠮᠥᠴᠢᠷ᠎ᠲᠤ ᠮᠡᠳᠡᠭᠦᠯᠵᠦ ᠵᠥᠪᠰᠢᠶᠡᠷᠡᠭᠦᠯᠬᠦ ᠵᠢᠨ ᠬᠠᠮᠲᠤ ᠳᠡᠭᠡᠷ᠎ᠡ ᠨᠢᠭᠡ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠣᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠬᠦᠯᠵᠦ ᠲᠠᠩᠰᠠᠯᠠᠭᠤᠯᠤᠨ᠎ᠠ᠃
      ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠤᠰᠤᠨ᠎ᠤ ᠴᠢᠳᠠᠮᠵᠢᠳᠤ ᠣᠷᠣᠨ᠎ᠤ ᠤᠰᠤᠨ᠎ᠤ ᠴᠢᠨᠠᠷ᠎ᠤᠨ ᠲᠤᠬᠠᠶ ᠱᠠᠭ᠋ᠠᠷᠳᠠᠯᠭ᠎ᠠ ᠪᠠ ᠤᠰᠤᠨ ᠴᠣᠭᠴᠠ ᠵᠢᠨ ᠠᠶᠠᠨᠳᠠᠭ᠋ᠠᠨ ᠴᠡᠪᠡᠷᠰᠢᠬᠦ ᠴᠢᠳᠠᠪᠤᠷᠢ ᠵᠢ ᠦᠨᠳᠦᠰᠦᠯᠡᠨ᠂ ᠲᠤᠰ ᠤᠰᠤᠨ ᠣᠷᠣᠨ᠎ᠤ ᠪᠣᠬᠢᠷᠲᠤᠯ ᠪᠣᠳᠠᠰ ᠣᠷᠣᠭᠤᠯᠬᠤ ᠴᠢᠳᠠᠪᠤᠷᠢ ᠵᠢ ᠬᠢᠨᠠᠨ ᠲᠣᠭᠲᠠᠭ᠋ᠠᠵᠤ᠂ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠲᠤᠰ ᠤᠰᠤᠨ ᠣᠷᠣᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠲᠤᠬᠠᠶ ᠰᠠᠨᠠᠯ ᠵᠶ᠋ᠠᠨ ᠳᠤᠷᠠᠳᠬᠤ ᠬᠡᠷᠡᠭᠲᠡᠶ᠃
      ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠤᠰᠤᠨ᠎ᠤ ᠴᠢᠳᠠᠮᠵᠢᠲᠤ ᠣᠷᠣᠨ᠎ᠤ ᠤᠰᠤᠨ᠎ᠤ ᠴᠢᠨᠠᠷ᠎ᠤᠨ ᠭᠣᠣᠯᠳᠠᠯᠭ᠎ᠠ᠎ᠲᠠᠢ ᠪᠣᠬᠢᠷ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ᠎ᠨᠢ ᠬᠢᠵᠠᠭ᠋ᠠᠷᠯᠠᠬᠤ ᠭᠦᠢ᠍ᠴᠡᠳᠬᠡᠬᠦ ᠲᠣᠭ᠎ᠠ᠎ᠠᠴᠠ ᠬᠡᠲᠦᠷᠡᠭᠰᠡᠨ᠂ ᠡᠰᠡᠬᠦᠯ᠎ᠡ ᠤᠰᠤᠨ᠎ᠤ ᠴᠢᠳᠠᠮᠵᠢᠳᠣ ᠣᠷᠣᠨ᠎ᠤ ᠤᠰᠤᠨ᠎ᠤ ᠴᠢᠨᠠᠷ᠎ᠨᠢ ᠤᠰᠤᠨ   ᠪᠦᠰᠡ ᠵᠢᠨ ᠬᠡᠷᠡᠭᠯᠡᠬᠦ ᠴᠢᠳᠠᠮᠵᠢ ᠵᠢᠨ ᠤᠰᠤᠨ᠎ᠤ ᠴᠢᠨᠠᠷ᠎ᠤᠨ ᠱᠠᠭ᠋ᠠᠷᠳᠠᠯᠭ᠎ᠠ᠎ᠳᠤ ᠬᠥᠷᠥᠭᠰᠡᠨ ᠥᠭᠡᠢ ᠪᠠᠶ᠋ᠢᠬᠤ ᠵᠢ ᠣᠯᠵᠤ ᠮᠡᠳᠡᠪᠡᠯ᠂ ᠴᠠᠭ ᠲᠤᠬᠠᠶ᠎ᠳᠤᠨᠢ ᠬᠣᠯᠪᠣᠭᠳᠠᠯ ᠪᠥᠬᠥᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠠᠰᠠᠬᠤ ᠠᠷᠭ᠎ᠠ ᠬᠡᠮᠵᠢᠶ᠎ᠡ ᠠᠪᠤᠭᠤᠯᠬᠤ ᠵᠢᠨ ᠬᠠᠮᠲᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠠᠰᠠᠭ ᠵᠠᠬᠢᠷᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠳᠡᠬᠦ ᠬᠡᠷᠡᠭᠲᠡᠶ᠃
      ᠭᠤᠴᠢᠨ ᠭᠤᠷᠪᠠᠳᠤᠭ᠋ᠠᠷ ᠵᠦᠢ᠍ᠯ   ᠤᠯᠤᠰ᠎ᠠᠴᠠ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠤ ᠲᠦᠷᠢᠮ᠎ᠢ ᠪᠠᠶ᠋ᠢᠭᠤᠯᠤᠨ᠎ᠠ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠢ ᠵᠠᠭ᠋ᠠᠭᠯᠠᠨ ᠲᠣᠭᠲᠠᠭ᠋ᠠᠬᠤ ᠵᠢᠨ ᠬᠠᠮᠲᠤ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠤᠰᠤᠨ᠎ᠤ ᠡᠬᠢ ᠰᠤᠷᠪᠤᠯᠵᠢ ᠰᠢᠪᠬᠠᠷᠬᠤ ᠪᠠ ᠤᠰᠤᠨ ᠴᠣᠭᠴᠠ ᠵᠢᠨ ᠪᠣᠬᠢᠷᠲᠤᠬᠤ ᠵᠢ ᠰᠡᠷᠭᠡᠶ᠋ᠢᠯᠡᠵᠦ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠤᠤᠭᠤᠬᠤ ᠤᠰᠤᠨ᠎ᠤ ᠠᠶᠤᠯᠭᠦᠶ ᠪᠠᠶ᠋ᠢᠬᠤ ᠵᠢ ᠪᠠᠲᠤᠯᠠᠬᠤ ᠬᠡᠷᠡᠭᠲᠡᠶ᠃
    ᠭᠤᠴᠢᠨ ᠳᠥᠷᠪᠡᠳᠦᠭᠡᠷ ᠵᠦᠢ᠍ᠯ   ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠳᠤ ᠪᠣᠬᠢᠷᠲᠤᠯ ᠭᠠᠳᠠᠭᠰᠢᠯᠠᠭᠤᠯᠬᠤ ᠠᠮᠠ ᠭᠠᠷᠭ᠋ᠠᠬᠤ ᠵᠢ ᠴᠠᠭ᠋ᠠᠵᠠᠯᠠᠨ᠎ᠠ᠃
      ᠭᠣᠣᠯ ᠮᠥᠷᠡᠨ᠂ ᠨᠠᠭᠤᠷ ᠴᠦᠬᠦᠷᠦᠮ᠎ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠠᠮᠠ ᠵᠢ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ ᠪᠤᠶᠤ ᠥᠷᠭᠡᠳᠬᠡᠬᠦ᠎ᠳᠤ ᠬᠠᠷᠢᠶᠠᠯᠠᠯ᠎ᠤᠨ ᠡᠷᠬᠡ ᠪᠦᠬᠦᠢ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠪᠠᠷ ᠵᠥᠪᠰᠢᠶᠡᠷᠡᠭᠦᠯᠦᠭᠡᠳ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠤᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ᠎ᠢ ᠬᠢᠨᠠᠨ ᠵᠥᠪᠰᠢᠶᠡᠷᠡᠬᠦ ᠠᠵᠢᠯ᠎ᠢ ᠬᠠᠷᠢᠭᠤᠴᠠᠬᠤ ᠬᠡᠷᠡᠭᠲᠡᠶ᠃
      ᠭᠤᠴᠢᠨ ᠲᠠᠪᠤᠳᠤᠭ᠋ᠠᠷ ᠵᠦᠢ᠍ᠯ   ᠪᠠᠷᠢᠯᠭ᠎ᠠ ᠵᠢᠨ ᠪᠦᠳᠦᠭᠡᠠ ᠪᠠᠶ᠋ᠢᠭᠤᠯᠤᠯᠲᠠ ᠬᠢᠬᠦ᠎ᠳᠡᠭᠡᠨ ᠲᠠᠷᠢᠶᠠᠯᠠᠩ᠎ᠤᠨ ᠤᠰᠤᠯᠠᠯᠲᠠ ᠵᠢᠨ ᠤᠰᠦᠠ᠎ᠤ ᠡᠬᠢ ᠰᠤᠷᠪᠤᠯᠵᠢ᠂ ᠤᠰᠤᠯᠠᠬᠤ ᠪᠠ ᠤᠰᠤ ᠵᠠᠯᠠᠬᠤ ᠪᠠᠷᠢᠯᠭ᠎ᠠ ᠵᠢᠨ ᠲᠥᠬᠥᠭᠡᠷᠦᠮᠵᠢ ᠵᠢ ᠡᠵᠡᠯᠡᠨ ᠬᠡᠷᠡᠭᠯᠡᠭᠰᠡᠨ ᠪᠤᠶᠤ ᠤᠤᠯ᠎ᠤᠨ ᠤᠰᠤᠯᠠᠯᠲᠠ᠎ᠳᠤ ᠬᠡᠷᠡᠭᠯᠡᠬᠦ ᠤᠰᠤ᠂ ᠬᠠᠩᠭ᠋ᠠᠬᠤ ᠤᠰᠦᠠ᠎ᠤ ᠡᠬᠢ ᠰᠤᠷᠪᠤᠯᠵᠢ᠎ᠳᠤ ᠠᠰᠢᠭ ᠤᠢ᠍ᠭᠡᠢ ᠨᠥᠯᠥᠭᠡ ᠦᠵᠡᠭᠦᠯᠦᠭᠰᠡᠨ ᠪᠠᠶ᠋ᠢᠪᠠᠯ᠂ ᠪᠦᠳᠦᠭᠡᠠ ᠪᠠᠶ᠋ᠢᠭᠤᠯᠬᠤ ᠨᠢᠭᠡᠴᠢ᠎ᠨᠢ ᠵᠣᠬᠢᠴᠠᠩᠭᠤᠶ ᠨᠥᠬᠥᠪᠥᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ; ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠬᠠᠤᠯᠢ ᠶᠣᠰᠣᠭ᠋ᠠᠷ ᠲᠥᠯᠥᠪᠦᠷᠢ ᠥᠭᠭᠦᠨ᠎ᠡ᠃
      ᠭᠤᠴᠢᠨ ᠵᠢᠷᠭᠤᠳᠤᠭ᠋ᠠᠷ ᠵᠦᠢ᠍ᠯ   ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠭᠠᠵᠠᠷ ᠣᠷᠣᠨ᠎ᠳᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠭᠠᠵᠠᠷ ᠳᠣᠣᠷᠠᠬᠢ ᠤᠰᠤ ᠵᠢ ᠨᠡᠭᠡᠭᠡᠨ ᠠᠰᠢᠭᠯᠠᠬᠤ ᠵᠢ ᠴᠢᠩᠭ᠎ᠠ ᠬᠢᠵᠠᠭ᠋ᠠᠷᠯᠠᠬᠤ       ᠬᠡᠷᠡᠭᠲᠡᠶ᠃ ᠭᠠᠵᠠᠷ ᠳᠣᠣᠷᠠᠬᠢ ᠤᠰᠤ ᠵᠢ ᠬᠦᠨᠳᠦ ᠨᠣᠴᠢᠲᠠᠶ ᠬᠡᠲᠦᠷᠡᠲᠡᠯ᠎ᠡ ᠮᠠᠯᠲᠠᠭᠰᠠᠨ ᠭᠠᠵᠠᠷ ᠣᠷᠣᠨ᠎ᠳᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠭᠠᠵᠠᠷ ᠳᠣᠣᠷᠠᠬᠢ ᠤᠰᠤ ᠵᠢ ᠨᠡᠭᠡᠭᠡᠨ ᠮᠠᠯᠲᠠᠬᠤ ᠵᠢ ᠴᠠᠭ᠋ᠠᠵᠠᠯᠠᠬᠤ ᠪᠤᠶᠤ ᠨᠡᠭᠡᠭᠡᠨ ᠮᠠᠯᠲᠠᠬᠤ ᠵᠢ ᠬᠢᠵᠠᠭ᠋ᠠᠷᠯᠠᠬᠤ ᠣᠷᠣᠨ᠎ᠢ ᠵᠠᠭ᠋ᠠᠭᠯᠠᠨ ᠲᠣᠭᠲᠠᠭ᠋ᠠᠵᠤ ᠪᠣᠯᠤᠨ᠎ᠠ᠃ ᠲᠡᠯᠡᠢ ᠳᠠᠭ᠋ᠠᠤ ᠣᠷᠣᠨ᠎ᠳᠤ ᠭᠠᠵᠠᠷ ᠳᠣᠣᠷᠠᠬᠢ ᠤᠰᠤ ᠵᠢ ᠨᠡᠭᠡᠭᠡᠨ ᠠᠰᠢᠭᠯᠠᠬᠤ᠎ᠳᠠᠭᠠᠨ ᠰᠢᠨᠵᠢᠯᠡᠬᠦ ᠤᠬᠠᠭ᠋ᠠᠨᠴᠢ ᠨᠤᠲᠠᠯᠠᠯᠲᠠ ᠬᠢᠬᠦ ᠵᠢᠨ ᠬᠠᠮᠲᠤ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠭᠠᠵᠠᠷ᠎ᠤᠨ ᠭᠠᠳᠠᠷᠭᠤ ᠳᠣᠷᠣᠭᠰᠢ ᠰᠠᠭᠤᠬᠤ ᠪᠠ ᠲᠡᠯᠡᠢ ᠵᠢᠨ ᠤᠰᠤ ᠲᠦᠷᠢᠨ ᠣᠷᠣᠬᠤ ᠵᠢ ᠰᠡᠷᠭᠡᠶ᠋ᠢᠯᠡᠬᠦ ᠬᠡᠷᠡᠭᠲᠡᠶ᠃
      ᠭᠤᠴᠢᠨ ᠳᠣᠯᠣᠳᠤᠭ᠋ᠠᠷ ᠵᠦᠢ᠍ᠯ   ᠭᠣᠣᠯ ᠮᠥᠷᠡᠨ᠂ ᠨᠠᠭᠤᠷ ᠴᠦᠬᠦᠷᠦᠮ᠂ ᠤᠰᠤᠨ ᠴᠥᠭᠥᠷᠥᠮ᠂ ᠲᠠᠲᠠᠮᠠᠯ ᠭᠣᠣᠯ᠂ ᠤᠰᠤᠨ ᠰᠤᠪᠠᠭ᠎ᠲᠤ ᠦᠶᠡᠷ ᠵᠠᠯᠠᠬᠤ ᠵᠢ ᠬᠠᠷᠰᠢᠯᠠᠬᠤ ᠪᠣᠳᠠᠰ ᠬᠠᠶᠠᠬᠤ᠂ ᠣᠪᠣᠭ᠋ᠠᠯᠠᠬᠤ ᠪᠠ ᠦᠶᠡᠷ ᠵᠠᠯᠠᠬᠤ ᠵᠢ ᠬᠠᠷᠰᠢᠯᠠᠬᠤ ᠤᠢ ᠮᠣᠳᠣ ᠵᠢᠴᠢ ᠥᠨᠳᠥᠷ ᠡᠰᠢᠲᠦ ᠲᠠᠷᠢᠮᠠᠯ ᠲᠠᠷᠢᠬᠤ ᠵᠢ ᠴᠠᠭ᠋ᠠᠵᠠᠯᠠᠨ᠎ᠠ᠃
      ᠭᠣᠣᠯ᠎ᠤᠨ ᠵᠠᠮ᠎ᠤᠨ ᠬᠠᠮᠢᠶᠠᠷᠤᠯᠲᠠ ᠵᠢᠨ ᠬᠡᠪᠴᠢᠶᠡᠨ ᠳᠣᠲᠣᠷ᠎ᠠ ᠦᠶᠡᠷ ᠵᠠᠯᠠᠬᠤ ᠵᠢ ᠬᠠᠷᠰᠢᠯᠠᠬᠤ ᠪᠠᠷᠢᠯᠭ᠎ᠠ᠂ ᠪᠠᠷᠢᠯᠭ᠎ᠠ ᠵᠢᠨ ᠵᠦᠢ᠍ᠯ ᠪᠠᠶ᠋ᠢᠭᠤᠯᠬᠤ ᠵᠢᠴᠢ ᠭᠣᠣᠯ᠎ᠤᠨ ᠤᠷᠤᠰᠬᠠᠯ᠎ᠤᠨ ᠲᠣᠭᠲᠠᠭᠤᠨ ᠪᠠᠶ᠋ᠢᠳᠠᠯ᠎ᠢ ᠨᠥᠯᠥᠭᠡᠯᠡᠬᠦ᠂ ᠭᠣᠣᠯ᠎ᠤᠨ ᠡᠷᠭᠢ ᠵᠢᠨ ᠬᠠᠰᠢᠯᠭ᠎ᠠ ᠳᠠᠯᠠᠩ᠎ᠤᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠬᠤ ᠪᠠ ᠭᠣᠣᠯ᠎ᠤᠨ ᠵᠠᠮ᠎ᠤᠨ ᠦᠶᠡᠷ ᠵᠠᠯᠠᠬᠤ ᠵᠢ ᠬᠠᠷᠰᠢᠯᠠᠬᠤ ᠪᠤᠰᠤᠳ ᠠᠵᠢᠯᠯᠠᠭ᠎ᠠ ᠬᠢᠬᠦ ᠵᠢ ᠴᠠᠭ᠋ᠠᠵᠠᠯᠠᠨ᠎ᠠ᠃
      ᠭᠤᠴᠢᠨ ᠨᠠᠢ᠍ᠮᠠᠳᠤᠭ᠋ᠠᠷ ᠵᠦᠢ᠍ᠯ   ᠭᠣᠣᠯ᠎ᠤᠨ ᠵᠠᠮ᠎ᠤᠨ ᠬᠠᠮᠢᠶᠠᠷᠤᠯᠲᠠ ᠵᠢᠨ ᠬᠡᠪᠴᠢᠶᠡᠨ᠎ᠳᠤ ᠬᠥᠭᠥᠷᠭᠡ᠂ ᠭᠠᠷᠠᠮ ᠪᠠ ᠪᠤᠰᠤᠳ ᠭᠣᠣᠯ ᠬᠠᠰᠢᠬᠤ᠂ ᠭᠣᠣᠯ ᠭᠠᠲᠤᠯᠬᠤ᠂ ᠭᠣᠣᠯ ᠳᠠᠭ᠋ᠠᠤ ᠪᠠᠷᠢᠯᠭ᠎ᠠ᠂ ᠪᠠᠷᠢᠯᠭ᠎ᠠ ᠵᠢᠨ ᠵᠦᠢ᠍ᠯ ᠪᠠᠢ᠌ᠭᠤᠯᠬᠤ᠂ ᠭᠣᠣᠯ ᠰᠤᠨᠳᠠᠯᠠᠭᠰᠠᠨ ᠳᠠᠮᠵᠢᠭᠤᠯᠬᠤ ᠬᠣᠭᠣᠯᠠᠶ᠂ ᠴᠠᠬᠢᠯᠭ᠋ᠠᠨ ᠳᠡᠭᠡᠰᠦ ᠲᠠᠲᠠᠬᠤ᠎ᠳᠠᠭᠠᠨ ᠤᠯᠤᠰ᠎ᠠᠴᠠ ᠲᠣᠭᠲᠠᠭ᠋ᠠᠭᠰᠠᠨ ᠦᠶᠡᠷ᠎ᠢ ᠰᠡᠷᠭᠡᠶ᠋ᠢᠯᠡᠬᠦ ᠪᠠᠷᠢᠮᠵᠢᠶ᠎ᠠ ᠪᠣᠯᠤᠨ ᠪᠤᠰᠤᠳ ᠬᠣᠯᠪᠣᠭᠳᠠᠯ ᠪᠦᠬᠦᠢ ᠮᠡᠷᠭᠡᠵᠢᠯ᠎ᠤᠨ ᠱᠠᠭ᠋ᠠᠷᠳᠠᠯᠭ᠎ᠠ᠎ᠳᠤ ᠨᠡᠶ᠋ᠢᠴᠡᠭᠦᠯᠦᠭᠰᠡᠨ ᠪᠠᠶ᠋ᠢᠬᠤ ᠬᠡᠷᠡᠭᠲᠡᠶ᠂ ᠪᠠᠷᠢᠯᠭ᠎ᠠ ᠵᠢᠨ ᠪᠦᠳᠦᠭᠡᠠ ᠪᠠᠶ᠋ᠢᠭᠤᠯᠤᠯᠲᠠ ᠵᠢᠨ ᠲᠥᠰᠦᠯ ᠵᠶ᠋ᠠᠨ ᠦᠶᠡᠷ᠎ᠢ ᠰᠡᠷᠭᠡᠶ᠋ᠢᠯᠡᠬᠦ ᠬᠠᠤᠯᠢ ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠤᠰᠦᠠ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠬᠦ ᠬᠡᠷᠡᠭᠲᠡᠶ᠃
      ᠡᠮᠦᠨᠡᠬᠢ ᠪᠠᠳᠠᠭ᠎ᠲᠤ ᠳᠤᠷᠠᠳᠤᠭᠰᠠᠨ ᠪᠠᠷᠢᠯᠭ᠎ᠠ ᠵᠢᠨ ᠲᠥᠬᠥᠭᠡᠷᠦᠮᠵᠢ ᠵᠢ ᠪᠦᠳᠦᠭᠡᠠ ᠪᠠᠶ᠋ᠢᠭᠤᠯᠬᠤ ᠵᠢᠨ ᠲᠦᠯᠦᠭᠡ ᠤᠤᠯ᠎ᠤᠨ ᠪᠠᠶ᠋ᠢᠭᠰᠠᠨ ᠤᠰᠦᠠ᠎ᠤ ᠪᠠᠷᠢᠯᠭ᠎ᠠ ᠵᠢᠨ ᠲᠥᠬᠥᠭᠡᠷᠦᠮᠵᠢ ᠵᠢ ᠥᠷᠭᠡᠳᠬᠡᠨ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠵᠠᠳᠠᠯᠵᠤ ᠬᠠᠶᠠᠬᠤ ᠪᠤᠶᠤ ᠡᠪᠳᠡᠬᠦ ᠴᠢᠬᠤᠯᠠᠲᠠᠶ ᠪᠠᠶ᠋ᠢᠪᠠᠯ᠂ ᠪᠦᠳᠦᠭᠡᠠ ᠪᠠᠶ᠋ᠢᠭᠤᠯᠬᠤ ᠨᠢᠭᠡᠴᠢ᠎ᠨᠢ ᠥᠷᠭᠡᠳᠬᠡᠨ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ ᠵᠠᠷᠤᠳᠠᠯ ᠪᠠ ᠬᠣᠬᠢᠷᠠᠯ᠎ᠤᠨ ᠲᠥᠯᠥᠪᠦᠷᠢ ᠵᠢ ᠡᠭᠦᠷᠭᠡᠯᠡᠬᠦ ᠬᠡᠷᠡᠭᠲᠡᠶ᠃ ᠭᠡᠪᠡᠴᠦ ᠤᠤᠯ᠎ᠤᠨ ᠪᠠᠷᠢᠯᠭ᠎ᠠ ᠵᠢᠨ ᠲᠥᠬᠥᠭᠡᠷᠦᠮᠵᠢ᠎ᠨᠢ ᠬᠠᠤᠯᠢ ᠵᠢ ᠵᠥᠷᠢᠴᠡᠭᠰᠡᠨ ᠪᠠᠷᠢᠯᠭ᠎ᠠ᠎ᠳᠤ ᠲᠣᠭ᠋ᠠᠴᠠᠭᠳᠠᠬᠤ᠎ᠳᠤ ᠬᠦᠷᠪᠡᠯ ᠡᠭᠦᠨ᠎ᠳᠤ ᠪᠠᠭᠲᠠᠬᠤ ᠤᠢ᠍ᠭᠡᠢ᠃
      ᠭᠤᠴᠢ ᠶᠢᠰᠦᠳᠦᠭᠡᠷ ᠵᠦᠢ᠍ᠯ   ᠤᠯᠤᠰ᠎ᠠᠴᠠ ᠭᠣᠣᠯ᠎ᠤᠨ ᠵᠠᠮ᠎ᠠᠴᠠ ᠡᠯᠡᠰᠦ ᠮᠠᠯᠲᠠᠬᠤ ᠵᠥᠪᠰᠢᠶᠡᠷᠡᠯ᠎ᠤᠨ ᠲᠦᠷᠢᠮ᠎ᠢ ᠬᠡᠷᠡᠭᠵᠢᠭᠦᠯᠦᠨ᠎ᠡ᠃ ᠭᠣᠣᠯ᠎ᠤᠨ ᠵᠠᠮ᠎ᠠᠴᠠ ᠡᠯᠡᠰᠦ ᠮᠠᠯᠲᠠᠬᠤ ᠵᠥᠪᠰᠢᠶᠡᠷᠡᠯ᠎ᠤᠨ ᠲᠦᠷᠢᠮ᠎ᠢ ᠬᠡᠷᠡᠭᠵᠢᠭᠦᠯᠬᠦ ᠠᠷᠭ᠎ᠠ ᠵᠢ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭ᠋ᠠᠨ᠎ᠠ᠃
      ᠭᠣᠣᠯ᠎ᠤᠨ ᠵᠡᠮ᠎ᠤᠨ ᠬᠠᠮᠢᠶᠠᠷᠤᠯᠲᠠ ᠵᠢᠨ ᠬᠡᠪᠴᠢᠶᠡᠨ ᠳᠣᠲᠣᠷ᠎ᠠ ᠡᠯᠡᠰᠦ ᠮᠠᠯᠲᠠᠭ᠋ᠠᠳ ᠭᠣᠣᠯ᠎ᠤᠨ ᠤᠷᠤᠰᠬᠠᠯ᠎ᠤᠨ ᠲᠣᠭᠲᠠᠭᠤᠨ ᠪᠠᠶ᠋ᠢᠳᠠᠯ᠎ᠢ ᠨᠥᠯᠥᠭᠡᠯᠡᠭᠰᠡᠨ ᠪᠤᠶᠤ ᠬᠠᠰᠢᠯᠭ᠎ᠠ ᠲᠡᠯᠡᠡᠭ᠎ᠤᠨ ᠠᠮᠤᠷ ᠲᠦᠪᠰᠢᠨ᠎ᠳᠤ ᠠᠶᠤᠯ ᠤᠴᠠᠷᠠᠭᠤᠯᠤᠭᠰᠠᠨ ᠪᠠᠶ᠋ᠢᠪᠠᠯ᠂ ᠬᠣᠯᠪᠣᠭᠳᠠᠯ ᠪᠦᠬᠦᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠦᠠ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠮᠠᠯᠲᠠᠬᠤ ᠵᠢ ᠴᠠᠭ᠋ᠠᠵᠠᠯᠠᠬᠤ ᠣᠷᠣᠨ᠎ᠢ ᠵᠠᠭ᠋ᠠᠭᠯᠠᠨ ᠲᠣᠭᠲᠠᠭ᠋ᠠᠬᠤ ᠪᠠ ᠮᠠᠯᠲᠠᠬᠤ ᠵᠢ ᠴᠠᠭ᠋ᠠᠵᠠᠯᠠᠬᠤ ᠬᠤᠭᠤᠴᠠᠭ᠎ᠠ ᠵᠢ ᠲᠣᠭᠲᠠᠭ᠋ᠠᠬᠤ ᠵᠢᠨ ᠬᠠᠮᠲᠤ ᠵᠠᠷᠯᠠᠨ ᠨᠡᠶ᠋ᠢᠲᠡᠯᠡᠬᠦ ᠬᠡᠷᠡᠭᠲᠡᠶ᠃
      ᠳᠥᠴᠢᠳᠦᠭᠡᠷ ᠵᠦᠢ᠍ᠯ   ᠨᠠᠭᠤᠷ᠎ᠢ ᠬᠦᠷᠢᠶᠡᠯᠡᠨ ᠭᠠᠵᠠᠷ ᠬᠠᠭ᠋ᠠᠯᠪᠤᠷᠢᠯᠠᠬᠤ ᠵᠢ ᠴᠠᠭ᠋ᠠᠵᠠᠯᠠᠨ᠎ᠠ᠃ ᠨᠢᠭᠡᠨᠲᠡ ᠬᠦᠷᠢᠶᠡᠯᠡᠨ ᠬᠠᠭ᠋ᠠᠯᠪᠤᠷᠢᠯᠠᠭᠰᠠᠨ ᠪᠠᠶ᠋ᠢᠪᠠᠯ᠂ ᠤᠯᠤᠰ᠎ᠠᠴᠠ ᠲᠣᠭᠲᠠᠭ᠋ᠠᠭᠰᠠᠨ ᠦᠶᠡᠷ᠎ᠢ ᠰᠡᠷᠭᠡᠶ᠋ᠢᠯᠡᠬᠦ ᠪᠠᠷᠢᠮᠵᠢᠶ᠎ᠠ ᠶᠣᠰᠣᠭ᠋ᠠᠷ ᠲᠥᠯᠥᠪᠯᠡᠭᠡ᠎ᠲᠠᠢ᠎ᠪᠠᠷ ᠭᠠᠵᠠᠷ᠎ᠢ ᠪᠤᠴᠠᠭ᠋ᠠᠵᠤ ᠨᠠᠭᠤᠷ᠎ᠢ ᠰᠡᠷᠭᠦᠭᠡᠬᠦ ᠬᠡᠷᠡᠭᠲᠡᠶ᠃
      ᠭᠣᠣᠯ᠎ᠤᠨ ᠵᠡᠮ᠎ᠢ ᠬᠦᠷᠢᠶᠡᠯᠡᠨ ᠬᠠᠭ᠋ᠠᠯᠪᠤᠷᠢᠯᠠᠬᠤ ᠵᠢ ᠴᠠᠭ᠋ᠠᠵᠠᠯᠠᠨ᠎ᠠ᠃ ᠦᠨᠡᠨ ᠬᠦ᠌ ᠬᠦᠷᠢᠶᠡᠯᠡᠨ ᠬᠠᠭ᠋ᠠᠯᠪᠤᠷᠢᠯᠠᠬᠤ ᠴᠢᠬᠤᠯᠠᠲᠠᠶ ᠪᠠᠶ᠋ᠢᠪᠠᠯ᠂ ᠰᠢᠨᠵᠢᠯᠡᠬᠦ ᠤᠬᠠᠭ᠋ᠠᠨᠴᠢ ᠨᠤᠲᠠᠯᠠᠯᠲᠠ ᠬᠢᠵᠦ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃
      ᠳᠥᠴᠢᠨ ᠨᠢᠭᠡᠳᠦᠭᠡᠷ ᠵᠦᠢ᠍ᠯ   ᠨᠢᠭᠡᠴᠢ ᠪᠠ ᠬᠤᠪᠢ ᠬᠥᠮᠦᠨ ᠤᠰᠤᠨ᠎ᠤ ᠪᠠᠷᠢᠯᠭ᠎ᠠ ᠵᠢ ᠬᠠᠮᠠᠭ᠋ᠠᠯᠠᠬᠤ ᠡᠭᠦᠷᠭᠡ᠎ᠲᠠᠢ᠂ ᠬᠠᠰᠢᠯᠭ᠎ᠠ ᠳᠠᠯᠠᠩ᠂ ᠡᠷᠭᠢ ᠵᠢᠨ ᠬᠠᠮᠠᠭ᠋ᠠᠯᠠᠯᠲᠠ᠂ ᠦᠶᠡᠷ᠎ᠢ ᠰᠡᠷᠭᠡᠶ᠋ᠢᠯᠡᠬᠦ᠂ ᠤᠰᠤᠨ ᠵᠦᠢ ᠵᠢᠨ ᠬᠢᠨᠠᠨ ᠬᠡᠮᠵᠢᠯᠲᠡ᠂ ᠤᠰᠤᠨ᠎ᠤ ᠭᠠᠵᠠᠷ ᠰᠢᠨᠵᠢᠯᠡᠭᠡᠨ᠎ᠤ ᠬᠢᠨᠠᠨ ᠬᠡᠮᠵᠢᠯᠲᠡ ᠵᠡᠷᠭᠡ ᠪᠠᠷᠢᠯᠭ᠎ᠠ ᠵᠢᠨ ᠲᠥᠬᠥᠭᠡᠷᠦᠮᠵᠢ ᠵᠢ ᠡᠵᠡᠯᠡᠵᠦ᠂ ᠡᠪᠳᠡᠨ ᠰᠦᠢ᠍ᠳᠬᠡᠵᠦ ᠪᠣᠯᠬᠤ ᠦᠭᠡᠢ᠃
      ᠳᠥᠴᠢᠨ ᠬᠣᠶᠠᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠤᠰᠦᠠ᠎ᠤ ᠪᠠᠷᠢᠯᠭ᠎ᠠ᠂ ᠢᠯᠠᠩᠭᠤᠶ᠎ᠠ ᠤᠰᠦᠠ ᠬᠠᠰᠢᠯᠭ᠎ᠠ ᠪᠠ ᠲᠡᠯᠡᠡᠭ᠎ᠤᠨ ᠠᠶᠤᠯᠭᠦᠶ ᠪᠠᠶ᠋ᠢᠬᠤ ᠵᠢ ᠪᠠᠲᠤᠯᠠᠵᠤ᠂ ᠲᠣᠭᠲᠠᠭᠰᠠᠨ ᠬᠤᠭᠤᠴᠠᠭ᠋ᠠᠨ᠎ᠳᠤ ᠠᠶᠤᠯ ᠲᠦᠭᠰᠢᠭᠦᠷᠢ ᠵᠢ ᠠᠷᠢᠯᠭ᠋ᠠᠬᠤ ᠬᠡᠷᠡᠭᠲᠡᠶ᠃ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠤᠰᠤᠨ᠎ᠤ ᠪᠠᠷᠢᠯᠭ᠎ᠠ ᠵᠢᠨ ᠠᠶᠤᠯᠭᠦᠶ ᠵᠢᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠶ᠃
      ᠳᠥᠴᠢᠨ ᠭᠤᠷᠪᠠᠳᠤᠭ᠋ᠠᠷ ᠵᠦᠢ᠍ᠯ   ᠤᠯᠤᠰ᠎ᠠᠴᠠ ᠤᠰᠤᠨ᠎ᠤ ᠪᠠᠷᠢᠯᠭ᠎ᠠ ᠵᠢ ᠬᠠᠮᠠᠭ᠋ᠠᠯᠠᠨ᠎ᠠ᠃ ᠤᠯᠤᠰ᠎ᠤᠨ ᠥᠮᠴᠢᠯᠡᠯ᠎ᠤᠨ ᠤᠰᠦᠠ᠎ᠤ ᠪᠠᠷᠢᠯᠭ᠎ᠠ᠎ᠳᠤ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ ᠶᠣᠰᠣᠭ᠋ᠠᠷ ᠪᠠᠷᠢᠯᠭ᠎ᠠ ᠵᠢ ᠬᠠᠮᠢᠶᠠᠷᠬᠤ ᠪᠠ ᠬᠠᠮᠠᠭ᠋ᠠᠯᠠᠬᠤ ᠬᠦᠷᠢᠶ᠎ᠡ ᠬᠡᠪᠴᠢᠶ᠎ᠡ ᠵᠢ ᠵᠠᠭ᠋ᠠᠭᠯᠠᠨ ᠲᠣᠭᠲᠠᠭ᠋ᠠᠬᠤ ᠬᠡᠷᠡᠭᠲᠡᠶ᠃
      ᠲᠦᠷᠦ ᠵᠢᠨ ᠶᠠᠪᠤᠳᠠᠯ᠎ᠤᠨ ᠬᠤᠷᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠳᠠ ᠵᠢᠨ ᠪᠠᠢ᠌ᠭᠤᠯᠤᠮᠵᠢ᠎ᠠᠴᠠ ᠬᠠᠮᠢᠶᠠᠷᠴᠤ ᠪᠦᠬᠦᠢ ᠤᠰᠤᠨ᠎ᠤ ᠪᠠᠷᠢᠯᠭ᠎ᠠ ᠵᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠳᠠ ᠵᠢᠨ ᠪᠠᠢ᠌ᠭᠤᠯᠤᠮᠵᠢ᠎ᠠᠴᠠ ᠬᠤᠯᠪᠤᠭᠳᠠᠯ ᠪᠦᠬᠦᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠲᠠᠢ ᠵᠦᠪᠳᠡᠯᠴᠡᠨ ᠪᠠᠷᠢᠯᠭ᠎ᠠ ᠵᠢᠨ ᠬᠠᠮᠢᠶᠠᠷᠤᠯᠳᠠ ᠪᠠ ᠬᠠᠮᠠᠭ᠋ᠠᠯᠠᠯᠳᠠ ᠵᠢᠨ ᠬᠦᠷᠢᠶ᠎ᠡ ᠬᠡᠪᠴᠢᠶ᠎ᠡ ᠵᠢ ᠲᠤᠭᠳᠠᠭ᠋ᠠᠨ᠎ᠠ᠃
      ᠡᠮᠦᠨᠡᠬᠢ ᠪᠠᠳᠠᠭ᠎ᠲᠤ ᠲᠤᠭᠳᠠᠭ᠋ᠠᠭᠰᠠᠨ᠎ᠠᠴᠠ ᠭᠠᠳᠠᠨᠠᠬᠢ ᠪᠤᠰᠤᠳ ᠤᠰᠤᠨ᠎ᠤ ᠪᠠᠷᠢᠯᠭ᠎ᠠ ᠵᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠲᠤᠭᠳᠠᠭ᠋ᠠᠯ ᠶᠤᠰᠤᠭ᠋ᠠᠷ ᠬᠠᠮᠠᠭ᠋ᠠᠯᠠᠬᠤ ᠬᠦᠷᠢᠶ᠎ᠡ ᠬᠡᠪᠴᠢᠶ᠎ᠡ ᠪᠠ ᠬᠠᠮᠠᠭ᠋ᠠᠯᠠᠬᠤ ᠡᠬᠦᠷᠭᠡ ᠬᠠᠷᠢᠭᠤᠴᠠᠯᠭ᠎ᠠ ᠵᠢ᠎ᠨᠢ ᠬᠤᠪᠢᠶᠠᠨ ᠲᠤᠭᠳᠠᠭ᠋ᠠᠬᠤ ᠬᠡᠷᠡᠭᠲᠡᠢ᠃
      ᠤᠰᠤᠨ᠎ᠤ ᠪᠠᠷᠢᠯᠭ᠎ᠠ ᠵᠢᠨ ᠬᠠᠮᠠᠭ᠋ᠠᠯᠠᠯᠳᠠ ᠵᠢᠨ ᠬᠦᠷᠢᠶ᠎ᠡ ᠬᠡᠪᠴᠢᠶᠡᠨ ᠲᠤᠲᠤᠷ᠎ᠠ ᠤᠰᠤᠨ᠎ᠤ ᠪᠠᠷᠢᠯᠭ᠎ᠠ ᠵᠢᠨ ᠠᠵᠢᠯᠯᠠᠭ᠋ᠠᠨ ᠪᠠ ᠤᠰᠤᠨ᠎ᠤ ᠪᠠᠷᠢᠯᠭ᠎ᠠ ᠵᠢᠨ ᠠᠮᠤᠷ ᠲᠦᠪᠰᠢᠨ᠎ᠢ ᠬᠦᠨᠦᠭᠡᠬᠦ ᠲᠡᠯᠪᠡᠴᠢᠬᠦ᠂ ᠬᠤᠳᠳᠤᠭ ᠮᠠᠯᠳᠠᠬᠤ᠂ ᠡᠯᠡᠰᠦ ᠴᠢᠯᠠᠭᠤ ᠮᠠᠯᠳᠠᠬᠤ᠂ ᠬᠦᠷᠦᠰᠦ ᠰᠢᠷᠦᠢ ᠠᠪᠬᠤ ᠵᠡᠷᠭᠡ ᠠᠵᠢᠯᠯᠠᠭ᠎ᠠ ᠬᠢᠬᠦ ᠵᠢ ᠴᠠᠭ᠋ᠠᠵᠠᠯᠠᠨ᠎ᠠ᠃

    ᠲᠠᠪᠤᠳᠤᠭ᠋ᠠᠷ ᠪᠦᠯᠦᠭ   ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠪᠠ ᠠᠷᠪᠢᠯᠠᠨ ᠬᠡᠷᠡᠭᠯᠡᠬᠦ
   
      ᠳᠥᠴᠢᠨ ᠳᠥᠷᠪᠡᠳᠦᠭᠡᠷ ᠵᠦᠢ᠍ᠯ   ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠥᠭᠵᠢᠯᠲᠡ ᠵᠢᠨ ᠲᠥᠯᠥᠪᠯᠡᠭᠡᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ᠎ᠤᠨ ᠤᠰᠤᠨ᠎ᠤ ᠡᠬᠢ ᠪᠠᠶᠠᠯᠢᠭ᠎ᠲᠤ ᠬᠤᠷᠸ᠎ᠠ ᠲᠤᠬᠢᠷᠠᠭᠤᠯᠭ᠎ᠠ ᠬᠢᠨ᠎ᠡ᠃ ᠪᠦᠬᠦ ᠤᠯᠤᠰ᠎ᠤᠨ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠠᠯᠤᠰᠯᠠᠭᠰᠠᠨ ᠤᠰᠦᠠ᠎ᠤ ᠶᠠᠪᠤᠳᠠᠯ᠎ᠤᠨ ᠲᠤᠮᠳᠠ ᠤᠷᠳᠦ ᠬᠤᠭᠤᠴᠠᠭ᠋ᠠᠨ᠎ᠤ ᠬᠠᠩᠭ᠋ᠠᠯᠭ᠎ᠠ ᠬᠡᠷᠡᠭᠴᠡᠭᠡ ᠵᠢᠨ ᠲᠥᠯᠥᠪᠵᠢᠭᠦᠯᠭᠡ ᠵᠢ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠤᠰᠦᠠ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠵᠤ᠂ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠬᠥᠭᠵᠢᠯᠲᠡ ᠵᠢᠨ ᠲᠥᠯᠥᠪᠯᠡᠭᠡᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠬᠢᠨᠠᠨ ᠪᠠᠢ᠌ᠴᠠᠭ᠋ᠠᠵᠤ ᠵᠦᠪᠰᠢᠶᠡᠷᠡᠭᠰᠡᠨ᠎ᠤ ᠲᠠᠷᠠᠭ᠎ᠠ ᠬᠡᠷᠡᠭᠵᠢᠬᠦᠯᠦᠨ᠎ᠡ᠃ ᠣᠷᠣᠨ ᠨᠤᠲᠤᠭ᠎ᠤᠨ ᠤᠰᠤᠨ᠎ᠤ ᠲᠤᠮᠳᠠ ᠤᠷᠲᠤ ᠬᠤᠭᠤᠴᠠᠭ᠋ᠠᠨ᠎ᠤ ᠬᠠᠩᠭ᠋ᠠᠯᠭ᠎ᠠ ᠬᠡᠷᠡᠭᠴᠡᠭᠡ ᠵᠢᠨ ᠲᠥᠯᠥᠪᠵᠢᠭᠦᠯᠭᠡ ᠵᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠳᠠᠯᠢ ᠱᠠᠲᠤᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠳᠡᠭᠡᠷ᠎ᠡ ᠨᠢᠭᠡ ᠱᠠᠲᠤᠨ᠎ᠤ ᠤᠰᠤᠨ᠎ᠤ ᠲᠤᠮᠳᠠ ᠤᠷᠲᠤ ᠬᠤᠭᠤᠴᠠᠭ᠋ᠠᠨ᠎ᠤ ᠬᠠᠩᠭ᠋ᠠᠯᠭ᠎ᠠ ᠬᠡᠷᠡᠭᠴᠡᠭᠡ ᠵᠢᠨ ᠲᠥᠯᠥᠪᠵᠢᠭᠦᠯᠭᠡ ᠪᠣᠯᠤᠨ ᠲᠤᠰ ᠭᠠᠵᠠᠷ ᠣᠷᠣᠨ᠎ᠤ᠎ᠪᠠᠨ ᠪᠣᠳᠠᠲᠤ ᠪᠠᠶ᠋ᠢᠳᠠᠯ᠎ᠢ ᠦᠨᠳᠦᠰᠦᠯᠡᠨ ᠲᠣᠭᠲᠠᠭ᠋ᠠᠵᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠯᠲᠡ ᠵᠢᠨ ᠲᠦᠯᠦᠪᠯᠡᠭᠡᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠬᠢᠨᠠᠨ ᠪᠠᠢ᠌ᠴᠠᠭ᠋ᠠᠵᠤ ᠵᠦᠪᠰᠢᠶᠡᠷᠡᠭᠰᠡᠨ᠎ᠤ ᠲᠠᠷᠠᠭ᠎ᠠ ᠬᠡᠷᠡᠭᠵᠢᠬᠦᠯᠦᠨ᠎ᠡ᠃
      ᠤᠰᠤᠨ᠎ᠤ ᠲᠤᠮᠳᠠ ᠤᠷᠲᠤ ᠬᠤᠭᠤᠴᠠᠭ᠋ᠠᠨ᠎ᠤ ᠬᠠᠩᠭ᠋ᠠᠯᠭ᠎ᠠ ᠬᠡᠷᠡᠭᠴᠡᠭᠡ ᠵᠢᠨ ᠲᠥᠯᠥᠪᠵᠢᠭᠦᠯᠭᠡ ᠵᠢ ᠤᠰᠤᠨ᠎ᠤ ᠬᠠᠩᠭ᠋ᠠᠯᠭ᠎ᠠ ᠬᠡᠷᠡᠭᠴᠡᠭᠡ ᠵᠢᠨ ᠣᠳᠣᠬᠢ ᠪᠠᠶ᠋ᠢᠳᠠᠯ᠂ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠂ ᠰᠠᠪᠠ ᠭᠠᠵᠠᠷ᠎ᠤᠨ ᠲᠥᠯᠥᠪᠵᠢᠭᠦᠯᠭᠡ᠂ ᠣᠷᠣᠨ ᠪᠦᠰᠡ ᠵᠢᠨ ᠲᠥᠯᠥᠪᠵᠢᠭᠦᠯᠭᠡ ᠵᠢ ᠦᠨᠳᠦᠰᠦᠯᠡᠨ᠂ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ ᠵᠢ ᠵᠣᠬᠢᠴᠠᠭᠤᠯᠬᠤ᠂ ᠶᠡᠷᠦᠩᠬᠡᠶ᠋ᠢᠯᠡᠨ ᠲᠡᠩᠴᠡᠭᠦᠯᠬᠦ᠂ ᠠᠮᠢ ᠠᠬᠤᠶ ᠵᠢ ᠬᠠᠮᠠᠭ᠋ᠠᠯᠠᠬᠤ᠂ ᠰᠠᠶ᠋ᠢᠲᠤᠷ ᠠᠷᠪᠢᠯᠠᠨ ᠭᠠᠮᠨᠠᠬᠤ᠂ ᠡᠬᠢ ᠰᠤᠷᠪᠤᠯᠵᠢ ᠵᠢ ᠵᠦᠢ ᠵᠣᠬᠢᠰᠲᠠᠶ᠎ᠪᠠᠷ ᠨᠡᠭᠡᠭᠡᠬᠦ ᠵᠠᠷᠴᠢᠮ ᠶᠣᠰᠣᠭ᠋ᠠᠷ ᠲᠣᠭᠲᠠᠭ᠋ᠠᠬᠤ ᠬᠡᠷᠡᠭᠲᠡᠶ᠃
      ᠳᠥᠴᠢᠨ ᠲᠠᠪᠤᠳᠤᠭ᠋ᠠᠷ ᠵᠦᠢ᠍ᠯ   ᠤᠷᠤᠰᠬᠠᠯ᠎ᠢ ᠲᠣᠬᠢᠷᠠᠭᠤᠯᠤᠨ ᠬᠠᠳᠠᠭ᠋ᠠᠯᠠᠬᠤ ᠪᠠ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ᠎ᠳᠠᠭᠠᠨ ᠰᠠᠪᠠ ᠭᠠᠵᠠᠷ᠎ᠤᠨ ᠲᠥᠯᠥᠪᠵᠢᠭᠦᠯᠭᠡ ᠪᠠ ᠤᠰᠤᠨ᠎ᠤ   ᠲᠤᠮᠳᠠ ᠤᠷᠳᠤ ᠬᠤᠭᠤᠴᠠᠭ᠋ᠠᠨ᠎ᠤ ᠬᠠᠩᠭ᠋ᠠᠯᠭ᠎ᠠ ᠬᠡᠷᠡᠭᠴᠡᠭᠡ ᠵᠢᠨ ᠲᠥᠯᠥᠪᠵᠢᠭᠦᠯᠭᠡ ᠵᠢ ᠦᠨᠳᠦᠰᠦᠯᠡᠨ᠂ ᠰᠠᠪᠠ ᠭᠠᠵᠠᠷ ᠵᠶ᠋ᠠᠷ ᠨᠢᠭᠡᠴᠢ ᠪᠣᠯᠭ᠋ᠠᠨ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ᠎ᠢ ᠲᠣᠭᠲᠠᠭ᠋ᠠᠬᠤ ᠬᠡᠷᠡᠭᠲᠡᠶ᠃
      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠠᠯᠤᠰᠯᠠᠭᠰᠠᠨ ᠤᠰᠦᠠ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ ᠪᠠ ᠭᠠᠩ ᠬᠠᠭᠰᠠᠷᠠᠭ᠋ᠠᠨ᠎ᠤ ᠪᠠᠴᠢᠮ ᠪᠠᠶ᠋ᠢᠳᠠᠯ ᠳᠣᠣᠷᠠᠬᠢ ᠤᠰᠦᠠ᠎ᠤ ᠬᠡᠮᠵᠢᠶ᠎ᠡ ᠵᠢ ᠲᠣᠬᠢᠷᠠᠭᠤᠯᠬᠤ ᠪᠡᠯᠡᠳᠬᠡᠯ ᠲᠥᠰᠦᠯ᠎ᠢ ᠰᠡᠪᠡ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠬᠣᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠲᠠᠢ ᠵᠥᠪᠳᠡᠯᠴᠡᠨ ᠲᠣᠭᠲᠠᠭ᠋ᠠᠵᠤ᠂ ᠲᠤᠢ᠍ᠷᠦ ᠵᠢᠨ ᠶᠠᠪᠤᠳᠠᠯ᠎ᠤᠨ ᠬᠣᠷᠢᠶ᠎ᠠ ᠪᠤᠶᠤ ᠲᠡᠭᠦᠨ᠎ᠤ ᠡᠷᠬᠡ ᠣᠯᠭᠣᠭᠰᠠᠨ ᠰᠠᠯᠠᠭ᠎ᠠ ᠮᠥᠴᠢᠷ᠎ᠲᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠲᠡᠷᠡᠭ᠎ᠠ ᠬᠡᠷᠡᠭᠵᠢᠭᠦᠯᠦᠨ᠎ᠡ᠃ ᠪᠤᠰᠤᠳ ᠵᠠᠰᠠᠭ ᠵᠠᠬᠢᠷᠭ᠋ᠠᠨ᠎ᠤ ᠣᠷᠣᠨ ᠠᠯᠤᠰᠯᠠᠭᠰᠠᠨ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ ᠪᠠ ᠭᠠᠩᠳᠠᠭᠰᠠᠨ ᠪᠠᠴᠢᠮ ᠪᠠᠶ᠋ᠢᠳᠠᠯ ᠳᠣᠣᠷᠠᠬᠢ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠪᠡᠯᠡᠳᠬᠡᠯ ᠲᠥᠰᠦᠯ᠎ᠢ ᠬᠠᠮᠲᠤ ᠵᠢᠨ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠲᠠᠢ ᠵᠥᠪᠳᠡᠯᠴᠡᠨ ᠲᠣᠭᠲᠠᠭ᠋ᠠᠵᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠦᠨ᠎ᠡ᠃
      ᠤᠰᠦᠠ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ ᠪᠠ ᠭᠠᠩ ᠬᠠᠭᠰᠠᠷᠠᠭ᠋ᠠᠨ᠎ᠤ ᠪᠠᠴᠢᠮ ᠪᠠᠶ᠋ᠢᠳᠠᠯ ᠳᠣᠣᠷᠠᠬᠢ ᠤᠰᠦᠠ᠎ᠤ ᠬᠡᠮᠵᠢᠶ᠎ᠡ ᠵᠢ ᠲᠣᠬᠢᠷᠠᠭᠤᠯᠬᠤ ᠪᠡᠯᠡᠳᠬᠡᠯ ᠲᠥᠰᠦᠯ᠎ᠢ ᠵᠥᠪᠰᠢᠶᠡᠷᠡᠭᠦᠯᠦᠭᠰᠡᠨ᠎ᠤ ᠲᠡᠷᠡᠭ᠎ᠠ᠂ ᠬᠣᠯᠪᠣᠭᠳᠠᠯ ᠪᠦᠬᠦᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠡᠷᠬᠡᠪᠰᠢ ᠬᠡᠷᠡᠭᠵᠢᠭᠦᠯᠬᠦ ᠬᠡᠷᠡᠭᠲᠡᠶ᠃
      ᠠᠳᠠᠯᠢ ᠪᠤᠰᠤ ᠵᠠᠰᠠᠭ ᠵᠠᠬᠢᠷᠭ᠋ᠠᠨ᠎ᠤ ᠣᠷᠣᠨ᠎ᠤ ᠬᠣᠭᠣᠷᠣᠨᠳᠣᠬᠢ ᠬᠢᠯᠢ ᠵᠢᠨ ᠵᠠᠭ᠋ᠠᠭ᠎ᠤᠨ ᠭᠣᠣᠯ ᠮᠥᠷᠡᠨ ᠳᠡᠭᠡᠷ᠎ᠡ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠦᠢ᠍ᠯᠡᠰ᠎ᠢ ᠪᠠᠶ᠋ᠢᠭᠤᠯᠬᠤ᠎ᠳᠤ ᠲᠤᠰ ᠰᠠᠪᠠ ᠭᠠᠵᠠᠷ᠎ᠤᠨ ᠵᠥᠪᠰᠢᠶᠡᠷᠡᠭᠦᠯᠦᠭᠰᠡᠨ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ᠎ᠳᠤ ᠨᠡᠶ᠋ᠢᠴᠡᠭᠦᠯᠦᠭᠰᠡᠨ ᠪᠠᠶ᠋ᠢᠬᠤ ᠬᠡᠷᠡᠭᠲᠡᠶ᠂ ᠬᠣᠯᠪᠣᠭᠳᠠᠯ ᠪᠦᠬᠦᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠲᠤ ᠵᠢᠨ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠣᠯᠪᠣᠭᠳᠠᠯ ᠪᠦᠬᠦᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃
      ᠳᠥᠴᠢᠨ ᠵᠢᠷᠭᠤᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠵᠥᠪᠰᠢᠶᠡᠷᠡᠭᠰᠡᠨ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ ᠪᠠ ᠣᠨ᠎ᠤ ᠢᠷᠡᠬᠦ ᠤᠰᠤᠨ᠎ᠤ ᠬᠡᠮᠵᠢᠶ᠎ᠡ ᠵᠢ ᠤᠷᠢᠳᠴᠢᠯᠠᠨ ᠵᠢᠱ᠌ᠢᠭᠰᠡᠨ ᠪᠠᠶ᠋ᠢᠳᠠᠯ᠎ᠢ ᠦᠨᠳᠦᠰᠦᠯᠡᠨ᠂ ᠣᠨ᠎ᠤ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ ᠪᠠ ᠲᠣᠬᠢᠷᠠᠭᠤᠯᠬᠤ ᠲᠥᠯᠥᠪᠯᠡᠭᠡ ᠵᠢ ᠲᠣᠭᠲᠠᠭ᠋ᠠᠵᠤ᠂ ᠤᠰᠤᠨ᠎ᠤ ᠬᠡᠮᠵᠢᠶ᠎ᠡ ᠵᠢ ᠨᠢᠭᠡᠳᠦᠯᠲᠡᠶ ᠲᠣᠬᠢᠷᠠᠭᠤᠯᠬᠤ ᠬᠡᠷᠡᠭᠲᠡᠶ; ᠬᠣᠯᠪᠣᠭᠳᠠᠯ ᠪᠦᠬᠦᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠡᠷᠬᠡᠪᠰᠢ ᠲᠡᠭ᠋ᠠᠬᠤ ᠬᠡᠷᠡᠭᠲᠡᠶ᠃
      ᠤᠯᠤᠰ᠎ᠠᠴᠠ ᠲᠣᠭᠲᠠᠭ᠋ᠠᠭᠰᠠᠨ ᠴᠢᠬᠤᠯᠠ ᠭᠣᠣᠯ ᠮᠥᠷᠡᠨ᠂ ᠨᠠᠭᠤᠷ ᠴᠦᠬᠦᠷᠦᠮ᠎ᠤᠨ ᠣᠨ᠎ᠤ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ᠎ᠢ ᠤᠯᠤᠰ᠎ᠤᠨ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠣᠨ᠎ᠤ ᠲᠥᠯᠥᠪᠯᠡᠭᠡ᠎ᠳᠤ ᠣᠷᠣᠭᠤᠯᠬᠤ ᠬᠡᠷᠡᠭᠲᠡᠶ᠃
      ᠳᠥᠴᠢᠨ ᠳᠣᠯᠣᠳᠤᠭ᠋ᠠᠷ ᠵᠦᠢ᠍ᠯ   ᠤᠯᠤᠰ᠎ᠠᠴᠠ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠪᠠ ᠨᠤᠷᠮ᠎ᠠ ᠲᠣᠭᠲᠠᠭ᠋ᠠᠨ ᠬᠠᠮᠢᠶᠠᠷᠬᠤ ᠵᠢ ᠤᠶᠠᠯᠳᠤᠭᠤᠯᠤᠭᠰᠠᠨ ᠲᠦᠷᠢᠮ᠎ᠢ ᠬᠡᠷᠡᠭᠵᠢᠭᠦᠯᠦᠨ᠎ᠡ᠃
      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠠᠵᠢᠯ ᠲᠥᠷᠥᠯ᠎ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠠᠵᠢᠯ ᠲᠥᠷᠥᠯ᠎ᠤᠨ ᠤᠰᠤ ᠬᠡᠷᠡᠭᠯᠡᠬᠦ ᠨᠣᠷᠮ᠎ᠠ ᠵᠢ ᠲᠣᠭᠲᠠᠭ᠋ᠠᠵᠤ᠂ ᠠᠳᠠᠯᠢ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠶᠠᠰᠤ ᠴᠢᠨᠠᠷ᠎ᠤᠨ ᠬᠢᠨᠠᠯᠲᠠ ᠲᠠᠯᠪᠢᠵᠤ ᠰᠢᠯᠭ᠋ᠠᠨ ᠪᠠᠶ᠋ᠢᠴᠠᠭ᠋ᠠᠬᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ᠎ᠤ ᠳᠠᠷᠠᠭ᠎ᠠ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠨᠡᠶ᠋ᠢᠲᠡᠯᠡᠬᠦ ᠵᠢᠨ ᠬᠠᠮᠲᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠠᠰᠤ ᠴᠢᠨᠠᠷ᠎ᠤᠨ ᠬᠢᠨᠠᠯᠲᠠ ᠲᠠᠯᠪᠢᠵᠤ ᠰᠢᠯᠭ᠋ᠠᠨ ᠪᠠᠶ᠋ᠢᠴᠠᠭ᠋ᠠᠬᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠬᠦᠯᠵᠦ ᠲᠠᠩᠰᠠᠯᠠᠭᠤᠯᠤᠨ᠎ᠠ᠃
      ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠯᠲᠡ ᠵᠢᠨ ᠲᠥᠯᠥᠪᠯᠡᠭᠡ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠳᠠᠯᠢ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠵᠤ᠂ ᠤᠰᠤ ᠬᠡᠷᠡᠭᠯᠡᠬᠦ ᠲᠣᠭᠲᠠᠭᠰᠠᠨ ᠨᠤᠷᠮ᠎ᠠ᠂ ᠠᠵᠤ ᠠᠬᠤᠶ ᠲᠧᠭᠨᠢᠭ ᠮᠡᠷᠭᠡᠵᠢᠯ᠎ᠤᠨ ᠨᠥᠬᠥᠴᠡᠯ ᠵᠢᠴᠢ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ᠎ᠳᠤ ᠲᠣᠭᠲᠠᠭ᠋ᠠᠭᠰᠠᠨ ᠲᠤᠰ ᠵᠠᠰᠠᠭ ᠵᠠᠬᠢᠷᠭ᠋ᠠᠨ᠎ᠤ ᠣᠷᠣᠨ᠎ᠳᠤ ᠬᠡᠷᠡᠭᠯᠡᠭᠦᠯᠵᠦ ᠪᠣᠯᠬᠤ ᠤᠰᠤᠨ᠎ᠤ ᠬᠡᠮᠵᠢᠶ᠎ᠡ ᠵᠢ ᠦᠨᠳᠦᠰᠦᠯᠡᠨ᠂ ᠣᠨ᠎ᠤ ᠤᠰᠤ ᠬᠡᠷᠡᠭᠯᠡᠬᠦ ᠲᠥᠯᠥᠪᠯᠡᠭᠡ ᠵᠢ ᠲᠣᠭᠲᠠᠭ᠋ᠠᠵᠤ᠂ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠣᠨ᠎ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠨ᠎ᠠ᠃
      ᠳᠥᠴᠢᠨ ᠨᠠᠢ᠍ᠮᠠᠳᠤᠭ᠋ᠠᠷ ᠵᠦᠢ᠍ᠯ   ᠭᠣᠣᠯ ᠮᠥᠷᠡᠨ᠂ ᠨᠠᠭᠤᠷ ᠴᠥᠭᠥᠷᠥᠮ ᠪᠤᠶᠤ ᠭᠠᠵᠠᠷ ᠳᠣᠣᠷ᠎ᠠ᠎ᠠᠴᠠ ᠰᠢᠭᠤᠳ ᠤᠰᠤᠨ᠎ᠤ ᠡᠬᠢ ᠪᠠᠶᠠᠯᠢᠭ᠎ᠢ ᠲᠠᠲᠠᠵᠤ ᠬᠡᠷᠡᠭᠯᠡᠬᠦ ᠨᠢᠭᠡᠴᠢ ᠪᠠ ᠬᠤᠪᠢ ᠬᠥᠮᠦᠨ ᠤᠯᠤᠰ᠎ᠤᠨ ᠤᠰᠤ ᠲᠠᠲᠠᠬᠤ ᠵᠥᠪᠰᠢᠶᠡᠷᠡᠯ᠎ᠤᠨ ᠲᠦᠷᠢᠮ ᠪᠠ ᠤᠰᠤᠨ᠎ᠤ ᠡᠬᠢ ᠪᠠᠶᠠᠯᠢᠭ᠎ᠢ ᠲᠥᠯᠥᠪᠦᠷᠢ᠎ᠲᠠᠢ᠎ᠪᠠᠷ ᠬᠡᠷᠡᠭᠯᠡᠬᠦ ᠲᠦᠷᠢᠮ᠎ᠤᠨ ᠲᠣᠭᠲᠠᠭ᠋ᠠᠯ ᠶᠣᠰᠣᠭ᠋ᠠᠷ᠂ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ ᠭᠤᠶᠤᠴᠢᠯᠠᠨ ᠠᠪᠬᠤ ᠵᠢᠨ ᠬᠠᠮᠲᠤ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ ᠲᠤᠰᠢᠶᠠᠵᠤ᠂ ᠤᠰᠤ ᠲᠠᠲᠠᠬᠤ ᠡᠷᠬᠡ ᠵᠢ ᠤᠯᠬᠤ ᠬᠡᠷᠡᠭᠲᠡᠶ᠃ ᠭᠡᠪᠡᠴᠦ ᠭᠡᠷ ᠪᠦᠯᠢ ᠵᠢᠨ ᠠᠮᠢᠳᠤᠷᠠᠯ ᠪᠠ ᠲᠠᠷᠠᠬᠠᠶ ᠪᠤᠲᠠᠷᠬᠠᠶ ᠲᠡᠵᠢᠭᠡᠬᠦ᠂ ᠬᠠᠰᠢᠶᠠᠯᠠᠨ ᠲᠡᠵᠢᠭᠡᠬᠦ᠎ᠳᠤ ᠬᠡᠷᠡᠭᠯᠡᠬᠦ ᠮᠠᠯ ᠵᠢᠭᠦᠷᠲᠡᠨ᠎ᠤ ᠤᠤᠭᠤᠬᠤ ᠤᠰᠤ ᠵᠡᠷᠭᠡ ᠪᠠᠭ᠎ᠠ ᠬᠡᠮᠵᠢᠶᠡᠨ᠎ᠤ ᠤᠰᠤ ᠠᠪᠬᠤ ᠶᠠᠪᠤᠳᠠᠯ ᠡᠭᠦᠨ᠎ᠳᠤ ᠪᠠᠭᠲᠠᠬᠤ ᠦᠭᠡᠢ᠃
      ᠤᠰᠤ ᠲᠠᠲᠠᠬᠤ ᠵᠥᠪᠰᠢᠶᠡᠷᠡᠯ᠎ᠤᠨ ᠳᠦᠷᠢᠮ᠎ᠢ ᠬᠡᠷᠡᠭᠵᠢᠭᠦᠯᠬᠦ ᠪᠠ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠰᠦᠢ᠍ᠳᠬᠡᠯ᠎ᠢ ᠲᠠᠲᠠᠪᠤᠷᠢᠯᠠᠬᠤ ᠪᠣᠳᠠᠲᠠᠶ ᠠᠷᠭ᠎ᠠ ᠵᠢ ᠳᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭ᠋ᠠᠨ᠎ᠠ᠃
      ᠳᠥᠴᠢ ᠶᠢᠰᠦᠳᠦᠭᠡᠷ ᠵᠦᠢ᠍ᠯ   ᠤᠰᠤ ᠬᠡᠷᠡᠭᠯᠡᠬᠦ᠎ᠳᠡᠭᠡᠨ ᠬᠡᠮᠵᠢᠬᠦ ᠵᠢᠨ ᠬᠠᠮᠲᠤ ᠵᠥᠪᠰᠢᠶᠡᠷᠡᠭᠰᠡᠨ ᠤᠰᠤ ᠬᠡᠷᠡᠭᠯᠡᠬᠦ ᠲᠥᠯᠥᠪᠯᠡᠭᠡ ᠵᠢᠨ ᠶᠣᠰᠣᠭ᠋ᠠᠷ ᠤᠰᠤ ᠬᠡᠷᠡᠭᠯᠡᠬᠦ ᠬᠡᠷᠡᠭᠲᠡᠶ᠃
      ᠤᠰᠤ ᠬᠡᠷᠡᠭᠯᠡᠬᠦ᠎ᠳᠤ ᠬᠡᠮᠵᠢᠯᠲᠡ᠎ᠪᠠᠷ ᠰᠦᠢ᠍ᠳᠬᠡᠯ ᠬᠤᠷᠢᠶᠠᠬᠤ ᠪᠠ ᠲᠣᠭᠲᠠᠭᠰᠠᠨ ᠨᠤᠷᠮ᠎ᠠ᠎ᠠᠴᠠ ᠬᠡᠲᠦᠷᠡᠭᠰᠡᠨ᠎ᠢ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ᠎ᠢ ᠬᠡᠷᠡᠭᠵᠢᠭᠦᠯᠦᠨ᠎ᠡ᠃
      ᠲᠠᠪᠢᠳᠤᠭ᠋ᠠᠷ ᠵᠦᠢ᠍ᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠰᠤ ᠠᠷᠪᠢᠯᠠᠬᠤ ᠤᠰᠤᠯᠠᠯᠲᠠ ᠵᠢᠨ ᠠᠷᠭ᠎ᠠ ᠮᠠᠶᠢᠭ ᠪᠠ ᠤᠰᠤ ᠠᠷᠪᠢᠯᠠᠬᠤ ᠮᠡᠷᠭᠡᠵᠢᠯ᠎ᠢ ᠳᠡᠯᠭᠡᠷᠡᠭᠦᠯᠵᠦ᠂ ᠲᠠᠷᠢᠶᠠᠯᠠᠩ᠎ᠤᠨ ᠤᠰᠤ ᠬᠠᠳᠠᠭ᠋ᠠᠯᠠᠬᠤ᠂ ᠤᠰᠤ ᠳᠠᠮᠵᠢᠭᠤᠯᠬᠤ ᠪᠠᠷᠢᠯᠭ᠎ᠠ᠎ᠳᠤ ᠤᠰᠤ ᠨᠡᠪᠴᠢᠵᠦ ᠭᠣᠭᠣᠵᠢᠬᠤ ᠵᠢ ᠰᠡᠷᠭᠡᠶ᠋ᠢᠯᠡᠬᠦ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ᠂ ᠲᠠᠷᠢᠶᠠᠯᠠᠩ᠎ᠤᠨ ᠤᠰᠤ ᠬᠡᠷᠡᠭᠯᠡᠬᠦ ᠠᠰᠢᠭᠯᠠᠮᠵᠢ ᠵᠢ ᠳᠡᠭᠡᠭᠰᠢᠯᠡᠭᠦᠯᠬᠦ ᠬᠡᠷᠡᠭᠲᠡᠶ᠃
      ᠲᠠᠪᠢᠨ ᠨᠢᠭᠡᠳᠦᠭᠡᠷ ᠵᠦᠢ᠍ᠯ   ᠠᠵᠤ ᠦᠢ᠍ᠯᠡᠳᠪᠦᠷᠢ᠎ᠳᠤ ᠤᠰᠤ ᠬᠡᠷᠡᠭᠯᠡᠬᠦ᠎ᠳᠡᠭᠡᠨ ᠲᠡᠷᠢᠭᠦᠨ᠎ᠤ ᠲᠧᠭᠨᠢᠭ ᠮᠡᠷᠭᠡᠵᠢᠯ᠂ ᠤᠷᠠᠯᠠᠯ ᠪᠠ ᠲᠤᠨᠤᠭ ᠲᠥᠬᠥᠭᠡᠷᠦᠮᠵᠢ ᠵᠢ ᠬᠡᠷᠡᠭᠯᠡᠵᠦ᠂ ᠤᠰᠤ ᠵᠢ   ᠤᠷᠴᠢᠯᠳᠤᠭᠤᠯᠤᠨ ᠬᠡᠷᠡᠭᠯᠡᠬᠦ ᠲᠣᠭ᠎ᠠ ᠵᠢ ᠨᠡᠮᠡᠭᠳᠡᠭᠦᠯᠵᠦ᠂ ᠤᠰᠤ ᠵᠢ ᠳᠠᠪᠲᠠᠨ ᠠᠰᠢᠭᠯᠠᠬᠤ ᠨᠤᠷᠮ᠎ᠠ ᠵᠢ ᠳᠡᠭᠡᠭᠰᠢᠯᠡᠭᠦᠯᠬᠦ ᠬᠡᠷᠡᠭᠲᠡᠶ᠃
      ᠤᠯᠤᠰ᠎ᠠᠴᠠ ᠬᠣᠴᠣᠷᠤᠩᠭᠤᠶ᠂ ᠤᠰᠤᠨ᠎ᠤ ᠬᠣᠷᠣᠭᠳᠠᠯ ᠵᠶ᠋ᠠᠷ ᠶᠡᠬᠡ ᠤᠷᠠᠯᠠᠯ᠂ ᠲᠤᠨᠤᠭ ᠲᠥᠬᠥᠭᠡᠷᠦᠮᠵᠢ ᠪᠠ ᠦᠢ᠍ᠯᠡᠳᠬᠦᠨ᠎ᠢ ᠠᠯᠬᠤᠮ ᠠᠯᠬᠤᠮ ᠵᠶ᠋ᠠᠷ ᠰᠢᠭᠰᠢᠨ᠎ᠡ᠂ ᠪᠣᠳᠠᠲᠠᠶ ᠨᠡᠷᠡᠰ᠎ᠤᠨ ᠵᠢᠭᠰᠠᠭ᠋ᠠᠯᠲᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠵᠤ ᠠᠬᠤᠶ ᠵᠢᠨ ᠶᠡᠷᠦᠩᠬᠡᠶ᠋ᠢᠯᠡᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠵᠤ ᠨᠡᠶ᠋ᠢᠲᠡᠯᠡᠨ᠎ᠡ᠃ ᠦᠢ᠍ᠯᠡᠳᠪᠦᠷᠢᠯᠡᠭᠴᠢ᠂ ᠪᠣᠷᠣᠯᠠᠭᠤᠯᠤᠭᠴᠢ ᠪᠤᠶᠤ ᠦᠢ᠍ᠯᠡᠳᠪᠦᠷᠢᠯᠡᠯ ᠡᠵᠡᠩᠨᠡᠯᠲᠡ ᠵᠢᠨ ᠳᠤᠮᠳᠠᠬᠢ ᠬᠡᠷᠡᠭᠯᠡᠭᠴᠢ ᠲᠣᠭᠲᠠᠭᠰᠠᠨ ᠴᠠᠭ᠎ᠤᠨ ᠳᠣᠲᠣᠷ᠎ᠠ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠤᠭᠰᠠᠨ ᠤᠷᠠᠯᠠᠯ᠂ ᠲᠤᠨᠤᠭ ᠲᠥᠬᠥᠭᠡᠷᠦᠮᠵᠢ ᠪᠠ ᠦᠢ᠍ᠯᠡᠳᠬᠦᠨ᠎ᠢ ᠦᠢ᠍ᠯᠡᠳᠪᠦᠷᠢᠯᠡᠬᠦ᠂ ᠪᠣᠷᠣᠯᠠᠭᠤᠯᠬᠤ ᠪᠤᠶᠤ ᠬᠡᠷᠡᠭᠯᠡᠬᠦ᠎ᠪᠠᠨ ᠵᠣᠭᠰᠣᠬᠤ ᠬᠡᠷᠡᠭᠲᠡᠢ᠃
      ᠲᠠᠪᠢᠨ ᠬᠣᠶᠠᠳᠤᠭ᠋ᠠᠷ ᠵᠦᠢ᠍ᠯ   ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠠᠵᠠᠷ ᠣᠷᠣᠨ᠎ᠤ᠎ᠪᠠᠨ ᠪᠠᠶ᠋ᠢᠳᠠᠯ᠎ᠳᠤ ᠲᠣᠬᠢᠷᠠᠭᠤᠯᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠤᠰᠤ ᠠᠷᠪᠢᠯᠠᠬᠤ ᠬᠡᠯᠪᠡᠷᠢ ᠵᠢᠨ ᠠᠮᠢᠳᠤᠷᠠᠯ᠎ᠤᠨ ᠤᠰᠤ ᠬᠡᠷᠡᠭᠯᠡᠬᠦ ᠪᠠᠭ᠋ᠠᠵᠢ ᠬᠡᠷᠡᠭᠰᠡᠯ᠎ᠢ ᠳᠡᠯᠭᠡᠷᠡᠭᠦᠯᠵᠦ᠂ ᠬᠤᠳᠠ ᠵᠢᠨ ᠤᠰᠤ ᠬᠠᠩᠭ᠋ᠠᠬᠤ ᠬᠣᠭᠣᠯᠠᠶ ᠲᠣᠣᠷ᠎ᠤᠨ ᠭᠣᠭᠣᠵᠢᠬᠤ ᠨᠤᠷᠮ᠎ᠠ ᠵᠢ ᠪᠠᠭᠤᠷᠠᠭᠤᠯᠵᠤ᠂ ᠠᠮᠢᠳᠤᠷᠠᠯ᠎ᠤᠨ ᠤᠰᠤ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ; ᠬᠤᠳᠠ ᠵᠢᠨ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠤᠷᠢᠯᠡᠬᠦ ᠠᠵᠢᠯ᠎ᠢ ᠴᠢᠩᠭ᠋ᠠᠳᠬᠠᠵᠤ᠂ ᠳᠠᠬᠢᠯᠲᠠ ᠤᠰᠤ ᠬᠡᠷᠡᠭᠯᠡᠬᠦ ᠵᠢ ᠵᠣᠷᠢᠭᠵᠢᠭᠤᠯᠵᠤ᠂ ᠪᠣᠬᠢᠷ ᠤᠰᠤ ᠵᠢ ᠳᠠᠬᠢᠵᠦ ᠠᠰᠢᠭᠯᠠᠬᠤ ᠨᠤᠷᠮ᠎ᠠ ᠵᠢ ᠳᠡᠭᠡᠭᠰᠢᠯᠡᠭᠦᠯᠦᠨ᠎ᠡ᠃
      ᠲᠠᠪᠢᠨ ᠭᠤᠷᠪᠠᠳᠤᠭ᠋ᠠᠷ ᠵᠦᠢ᠍ᠯ   ᠪᠥᠳᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠰᠢᠨ᠎ᠡ᠎ᠪᠠᠷ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠎ᠳᠤ ᠤᠰᠤ ᠠᠷᠪᠢᠯᠠᠬᠤ ᠠᠷᠭ᠎ᠠ ᠬᠡᠮᠵᠢᠶ᠎ᠡ ᠵᠢᠨ ᠲᠥᠰᠦᠯ ᠲᠣᠭᠲᠠᠭ᠋ᠠᠵᠤ᠂ ᠤᠰᠤ ᠠᠷᠪᠢᠯᠠᠬᠤ ᠪᠡᠯᠡᠳᠬᠡᠮᠵᠢ ᠵᠢ ᠢᠵᠢ ᠪᠦᠷᠢᠳᠦᠭᠦᠯᠦᠨ ᠪᠥᠳᠥᠭᠡᠨ ᠪᠠᠶ᠋ᠢᠭᠤᠯᠬᠤ ᠬᠡᠷᠡᠭᠲᠡᠶ᠃ ᠤᠰᠤ ᠠᠷᠪᠢᠯᠠᠬᠤ ᠪᠡᠯᠡᠳᠬᠡᠮᠵᠢ ᠵᠢ ᠭᠣᠣᠯ ᠴᠣᠭᠴᠠ ᠪᠠᠷᠢᠯᠭ᠎ᠠ᠎ᠯᠤᠭ᠎ᠠ ᠬᠠᠮᠲᠤ᠎ᠳᠤᠨᠢ ᠵᠢᠷᠤᠭᠯᠠᠨ ᠲᠥᠯᠥᠪᠯᠡᠵᠦ᠂ ᠬᠠᠮᠲᠤ᠎ᠳᠤᠨᠢ ᠪᠠᠷᠢᠯᠭ᠎ᠠ ᠪᠠᠷᠢᠵᠤ᠂ ᠬᠠᠮᠲᠤ᠎ᠳᠤᠨᠢ ᠠᠰᠢᠭᠯᠠᠯᠲᠠ᠎ᠳᠤ ᠣᠷᠣᠭᠤᠯᠬᠤ ᠬᠡᠷᠡᠭᠲᠡᠶ᠃
      ᠤᠰᠤ ᠬᠠᠩᠭ᠋ᠠᠬᠤ ᠠᠵᠤ ᠠᠬᠤᠶ᠋ᠢᠯᠠᠯ ᠪᠣᠯᠤᠨ ᠥᠪᠡᠷ ᠵᠶ᠋ᠠᠨ ᠤᠰᠤ ᠬᠠᠩᠭ᠋ᠠᠬᠤ ᠲᠥᠬᠥᠭᠡᠷᠦᠮᠵᠢ ᠪᠠᠶ᠋ᠢᠭᠤᠯᠤᠭᠰᠠᠨ ᠨᠢᠭᠡᠴᠢ᠎ᠨᠦᠭᠦᠳ ᠤᠰᠤ ᠬᠠᠩᠭ᠋ᠠᠬᠤ ᠲᠥᠬᠥᠭᠡᠷᠦᠮᠵᠢ ᠵᠢᠨ ᠬᠠᠮᠠᠭ᠋ᠠᠯᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠤᠰᠤ ᠭᠣᠭᠣᠵᠢᠬᠤ ᠵᠢ ᠪᠠᠭ᠋ᠠᠰᠬᠠᠬᠤ ᠬᠡᠷᠡᠭᠲᠡᠶ᠃
      ᠲᠠᠪᠢᠨ ᠳᠥᠷᠪᠡᠳᠦᠭᠡᠷ ᠵᠦᠢ᠍ᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠢᠳᠡᠪᠬᠢᠲᠡᠶ᠎ᠪᠠᠷ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠤᠤᠭᠤᠬᠤ ᠤᠰᠤᠨ᠎ᠤ ᠨᠥᠬᠥᠴᠡᠯ᠎ᠢ ᠰᠠᠶ᠋ᠢᠵᠢᠷᠠᠭᠤᠯᠬᠤ ᠬᠡᠷᠡᠭᠲᠡᠶ᠃
      ᠲᠠᠪᠢᠨ ᠲᠠᠪᠤᠳᠤᠭ᠋ᠠᠷ ᠵᠦᠢ᠍ᠯ   ᠤᠰᠤᠨ᠎ᠤ ᠪᠠᠷᠢᠯᠭ᠎ᠠ ᠵᠢᠨ ᠬᠠᠩᠭ᠋ᠠᠭᠰᠠᠨ ᠤᠰᠤ ᠵᠢ ᠬᠡᠷᠡᠭᠯᠡᠬᠦ᠎ᠳᠡᠭᠡᠨ ᠤᠯᠤᠰ᠎ᠤᠨ ᠲᠣᠭᠲᠠᠭ᠋ᠠᠯ ᠶᠣᠰᠣᠭ᠋ᠠᠷ ᠤᠰᠤ ᠬᠠᠩᠭ᠋ᠠᠬᠤ ᠨᠢᠭᠡᠴᠢ᠎ᠳᠤ ᠤᠰᠤᠨ᠎ᠤ ᠰᠦᠢ᠍ᠳᠬᠡᠯ ᠲᠤᠰᠢᠶᠠᠬᠤ ᠬᠡᠷᠡᠭᠲᠡᠶ᠃ ᠤᠰᠤ ᠬᠠᠩᠭ᠋ᠠᠬᠤ ᠦᠨ᠎ᠡ ᠵᠢ ᠥᠪᠡᠷ᠎ᠤᠨ ᠥᠷᠲᠡᠭ᠎ᠢ ᠨᠥᠬᠥᠪᠥᠷᠢᠯᠡᠬᠦ᠂ ᠵᠦᠶ ᠵᠣᠬᠢᠰᠲᠠᠶ ᠠᠰᠢᠭ ᠣᠷᠣᠯᠭ᠎ᠠ ᠤᠯᠬᠤ᠂ ᠴᠢᠨᠠᠷ ᠰᠠᠶ᠋ᠢᠲᠠᠶ᠎ᠳᠤᠨᠢ ᠥᠨᠳᠥᠷ ᠦᠨ᠎ᠡ ᠥᠭᠬᠦ᠂ ᠡᠷᠬᠡ ᠲᠡᠭᠰᠢ᠎ᠪᠠᠷ ᠡᠭᠦᠷᠭᠡᠯᠡᠬᠦ ᠵᠠᠷᠴᠢᠮ ᠵᠶ᠋ᠠᠷ ᠲᠣᠭᠲᠠᠭ᠋ᠠᠨ᠎ᠠ᠃ ᠪᠣᠳᠠᠲᠠᠶ ᠠᠷᠭ᠎ᠠ ᠵᠢ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠦᠨ᠎ᠡ ᠬᠠᠩᠰᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠳᠠᠯᠢ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠤᠰᠤ ᠬᠠᠩᠭ᠋ᠠᠬᠤ ᠵᠠᠰᠠᠭ ᠵᠠᠬᠢᠷᠭ᠋ᠠᠨ᠎ᠤ ᠪᠤᠰᠤᠳ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠡᠷᠬᠡ ᠲᠤᠰᠢᠶᠠᠯ ᠵᠶ᠋ᠡᠨ ᠦᠨᠳᠦᠰᠦᠯᠡᠨ ᠲᠤᠭᠳᠠᠭ᠋ᠠᠨ᠎ᠠ᠃
   
      ᠵᠢᠷᠭᠤᠳᠤᠭ᠋ᠠᠷ ᠪᠦᠯᠦᠭ   ᠤᠰᠤᠨ᠎ᠤ ᠬᠡᠷᠡᠭ᠎ᠤᠨ ᠵᠢᠭᠤᠷᠠᠯᠳᠤᠭ᠋ᠠᠨ᠎ᠢ ᠰᠢᠢ᠍ᠳᠪᠦᠷᠢᠯᠡᠬᠦ ᠪᠠ ᠬᠠᠤᠯᠢ ᠬᠡᠷᠡᠭᠵᠢᠭᠦᠯᠦᠯᠲᠡ ᠵᠢ ᠬᠢᠨᠠᠵᠤ ᠪᠠᠶ᠋ᠢᠴᠠᠭ᠋ᠠᠬᠤ
   
      ᠲᠠᠪᠢᠨ ᠵᠢᠷᠭᠤᠳᠤᠭ᠋ᠠᠷ ᠵᠦᠢ᠍ᠯ   ᠠᠳᠠᠯᠢ ᠪᠤᠰᠤ ᠵᠠᠰᠠᠭ ᠵᠠᠬᠢᠷᠭ᠋ᠠᠨ᠎ᠤ ᠣᠷᠣᠨ᠎ᠤ ᠬᠣᠭᠣᠷᠣᠨᠳᠣ ᠤᠰᠤᠨ᠎ᠤ ᠬᠡᠷᠡᠭ᠎ᠤᠨ ᠵᠢᠭᠤᠷᠠᠯᠳᠤᠭ᠋ᠠᠨ ᠭᠠᠷᠪᠠᠯ᠂ ᠵᠥᠪᠳᠡᠯᠴᠡᠵᠦ ᠪᠠᠶ᠋ᠢᠭ᠋ᠠᠳ ᠰᠢᠢ᠍ᠳᠪᠦᠷᠢᠯᠡᠬᠦ ᠬᠡᠷᠡᠭᠲᠡᠶ; ᠵᠥᠪᠳᠡᠯᠴᠡᠭᠡᠳ ᠪᠦᠲᠦᠬᠦ ᠤᠢ᠍ᠭᠡᠢ ᠪᠣᠯ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠯᠲᠠ ᠭᠠᠷᠭ᠋ᠠᠨ᠎ᠠ᠂ ᠬᠣᠯᠪᠣᠭᠳᠠᠯ ᠪᠦᠬᠦᠢ ᠡᠯ᠎ᠡ ᠲᠠᠯ᠎ᠠ ᠵᠢᠨ᠎ᠬᠢᠨ ᠡᠷᠬᠡᠪᠰᠢ ᠵᠢᠷᠤᠮᠯᠠᠨ ᠭᠦᠢ᠍ᠴᠡᠳᠬᠡᠬᠦ ᠬᠡᠷᠡᠭᠲᠡᠶ᠃ ᠤᠰᠤᠨ᠎ᠤ ᠬᠡᠷᠡᠭ᠎ᠤᠨ ᠵᠢᠭᠤᠷᠠᠯᠳᠤᠭ᠋ᠠᠨ᠎ᠢ ᠰᠢᠢ᠍ᠳᠪᠦᠷᠢᠯᠡᠬᠦ᠎ᠠᠴᠠ ᠡᠮᠦᠨ᠎ᠡ᠂ ᠡᠯ᠎ᠡ ᠲᠠᠯ᠎ᠠ ᠵᠢᠨ᠎ᠬᠢᠨ ᠬᠡᠯᠡᠯᠴᠡᠭᠡᠷ ᠲᠣᠭᠲᠠᠭᠰᠠᠨ ᠦᠭᠡᠢ ᠪᠤᠶᠤ ᠬᠠᠮᠲᠤ ᠵᠢᠨ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠯ ᠦᠭᠡᠢ᠎ᠪᠠᠷ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ᠎ᠤᠨ ᠬᠣᠶᠠᠷ ᠲᠠᠯ᠎ᠠ ᠵᠢᠨ ᠵᠣᠬᠢᠬᠤ ᠬᠡᠪᠴᠢᠶᠡᠨ ᠳᠣᠲᠣᠷ᠎ᠠ᠂ ᠠᠯᠢ ᠨᠢᠭᠡ ᠲᠠᠯ᠎ᠠ᠎ᠨᠢ ᠴᠦ᠍ ᠭᠡᠳ ᠤᠰᠤ ᠵᠠᠯᠠᠬᠤ᠂ ᠤᠰᠤ ᠬᠣᠷᠢᠭᠯᠠᠬᠤ᠂ ᠤᠰᠤ ᠲᠠᠲᠠᠬᠤ ᠪᠠ ᠤᠰᠤ ᠬᠠᠰᠢᠬᠤ (ᠬᠠᠳᠠᠭ᠋ᠠᠯᠠᠬᠤ) ᠪᠠᠷᠢᠯᠭ᠎ᠠ ᠪᠠᠶ᠋ᠢᠭᠤᠯᠵᠤ ᠪᠣᠯᠬᠤ ᠦᠭᠡᠢ᠂ ᠤᠰᠤᠨ᠎ᠤ ᠣᠳᠣᠬᠢ ᠪᠠᠶ᠋ᠢᠳᠠᠯ᠎ᠢ ᠭᠠᠭᠴᠠ ᠲᠠᠯ᠎ᠠ᠎ᠠᠴᠠ ᠬᠤᠪᠢᠷᠠᠭᠤᠯᠵᠤ ᠪᠣᠯᠬᠤ ᠦᠭᠡᠢ᠃
      ᠲᠠᠪᠢᠨ ᠳᠣᠯᠣᠳᠤᠭ᠋ᠠᠷ ᠵᠦᠢ᠍ᠯ   ᠨᠢᠭᠡᠴᠢ ᠵᠢᠨ ᠬᠣᠭᠣᠷᠣᠨᠳᠣ᠂ ᠬᠤᠪᠢ ᠬᠥᠮᠦᠨ᠎ᠤ ᠬᠣᠭᠣᠷᠣᠨᠳᠣ᠂ ᠨᠢᠭᠡᠴᠢ ᠪᠣᠯᠤᠨ ᠬᠤᠪᠢ ᠬᠥᠮᠦᠨ᠎ᠤ ᠬᠣᠭᠣᠷᠣᠨᠳᠣ ᠭᠠᠷᠤᠭᠰᠠᠨ ᠤᠰᠤᠨ᠎ᠤ ᠬᠡᠷᠡᠭ᠎ᠤᠨ ᠵᠢᠭᠤᠷᠠᠯᠳᠤᠭ᠋ᠠᠨ᠎ᠢ ᠵᠥᠪᠳᠡᠯᠴᠡᠵᠦ ᠪᠠᠶ᠋ᠢᠭ᠋ᠠᠳ ᠰᠢᠢ᠍ᠳᠪᠦᠷᠢᠯᠡᠬᠦ ᠬᠡᠷᠡᠭᠲᠡᠶ; ᠲᠤᠬᠠᠶ ᠵᠢᠨ ᠬᠥᠮᠦᠨ ᠵᠥᠪᠳᠡᠯᠴᠡᠬᠦ ᠳᠤᠷ᠎ᠠ ᠤᠢ᠍ᠭᠡᠢ ᠪᠤᠶᠤ ᠵᠥᠪᠳᠡᠯᠴᠡᠭᠡᠳ ᠪᠦᠲᠦᠭᠰᠡᠨ ᠤᠢ᠍ᠭᠡᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠡᠷᠬᠡ ᠣᠯᠭᠣᠭᠰᠠᠨ ᠰᠠᠯᠠᠭ᠎ᠠ ᠮᠥᠴᠢᠷ᠎ᠲᠤ ᠡᠶᠡᠳᠡᠭᠦᠯᠬᠦ᠎ᠪᠠᠷ ᠭᠤᠶᠤᠴᠢᠯᠠᠵᠤ ᠪᠣᠯᠤᠨ᠎ᠠ᠂ ᠠᠷᠠᠳ᠎ᠤᠨ ᠰᠢᠭᠦᠬᠦ ᠬᠣᠷᠢᠶᠠᠨ᠎ᠳᠤ ᠰᠢᠭᠤᠳ ᠢᠷᠭᠡᠨ᠎ᠤ ᠬᠡᠷᠡᠭ᠎ᠤᠨ ᠵᠠᠭ᠋ᠠᠯᠳᠤᠯᠭ᠎ᠠ ᠭᠠᠷᠭ᠋ᠠᠭᠰᠠᠨ ᠴᠤ᠌ ᠪᠣᠯᠤᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠡᠷᠬᠡ ᠣᠯᠭᠣᠭᠰᠠᠨ ᠰᠠᠯᠠᠭ᠎ᠠ ᠮᠥᠴᠢᠷ ᠡᠶᠡᠳᠡᠭᠦᠯᠦᠭᠡᠳ ᠪᠦᠲᠦᠭᠰᠡᠨ ᠤᠢ᠍ᠭᠡᠢ ᠪᠠᠶ᠋ᠢᠪᠠᠯ᠂ ᠲᠤᠬᠠᠶ ᠵᠢᠨ ᠬᠥᠮᠦᠨ᠎ᠨᠢ ᠠᠷᠠᠳ᠎ᠤᠨ ᠰᠢᠭᠦᠬᠦ ᠬᠣᠷᠢᠶᠠᠨ᠎ᠳᠤ ᠢᠷᠭᠡᠨ᠎ᠤ ᠬᠡᠷᠡᠭ᠎ᠤᠨ ᠵᠠᠭ᠋ᠠᠯᠳᠤᠯᠭ᠎ᠠ ᠭᠠᠷᠭ᠋ᠠᠵᠤ ᠪᠣᠯᠤᠨ᠎ᠠ᠃
      ᠤᠰᠤᠨ᠎ᠤ ᠬᠡᠷᠡᠭ᠎ᠤᠨ ᠵᠢᠭᠤᠷᠠᠯᠳᠤᠭ᠋ᠠᠨ᠎ᠢ ᠰᠢᠢ᠍ᠳᠪᠦᠷᠢᠯᠡᠬᠦ᠎ᠠᠴᠠ ᠡᠮᠦᠨ᠎ᠡ᠂ ᠲᠤᠬᠠᠶ ᠵᠢᠨ ᠬᠥᠮᠦᠨ᠎ᠨᠢ ᠣᠳᠣᠬᠢ ᠪᠠᠶ᠋ᠢᠳᠠᠯ᠎ᠢ ᠭᠠᠭᠴᠠ ᠲᠠᠯ᠎ᠠ᠎ᠠᠴᠠ ᠬᠤᠪᠢᠷᠠᠭᠤᠯᠵᠤ ᠪᠣᠯᠬᠤ ᠦᠭᠡᠢ᠃
      ᠲᠠᠪᠢᠨ ᠨᠠᠢ᠍ᠮᠠᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠡᠷᠬᠡ ᠣᠯᠭᠣᠭᠰᠠᠨ ᠰᠠᠯᠠᠭ᠎ᠠ ᠮᠥᠴᠢᠷ᠎ᠤᠳ ᠤᠰᠤᠨ᠎ᠤ ᠬᠡᠷᠡᠭ᠎ᠤᠨ ᠵᠢᠭᠤᠷᠠᠯᠳᠤᠭ᠋ᠠᠨ᠎ᠢ ᠰᠢᠢ᠍ᠳᠪᠦᠷᠢᠯᠡᠬᠦ᠎ᠳᠡᠭᠡᠨ ᠲᠦᠷ ᠴᠠᠭ᠎ᠤᠨ ᠰᠢᠢ᠍ᠳᠪᠦᠷᠢᠯᠡᠬᠦ ᠠᠷᠭ᠎ᠠ ᠬᠡᠮᠵᠢᠶ᠎ᠡ ᠠᠪᠬᠤ ᠡᠷᠬᠡ᠎ᠲᠠᠢ᠂ ᠬᠣᠯᠪᠣᠭᠳᠠᠯ ᠪᠦᠬᠦᠢ ᠡᠯ᠎ᠡ ᠲᠠᠯ᠎ᠠ ᠵᠢᠨ᠎ᠬᠢᠨ ᠪᠤᠶᠤ ᠲᠤᠬᠠᠶ ᠵᠢᠨ ᠬᠥᠮᠦᠨ᠎ᠨᠢ ᠡᠷᠬᠡᠪᠰᠢ ᠲᠠᠭ᠋ᠠᠬᠤ ᠬᠡᠷᠡᠭᠲᠡᠶ᠃
      ᠲᠠᠪᠢ ᠶᠢᠰᠦᠳᠦᠭᠡᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠤᠭᠤᠳ ᠲᠤᠰ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ ᠬᠢᠨᠠᠵᠤ ᠪᠠᠶ᠋ᠢᠴᠠᠭ᠋ᠠᠬᠤ᠎ᠪᠠᠨ ᠴᠢᠩᠭ᠋ᠠᠳᠬᠠᠬᠤ ᠵᠢᠨ ᠬᠠᠮᠲᠤ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠶ᠃
      ᠤᠰᠤᠨ᠎ᠤ ᠶᠠᠪᠤᠳᠠᠯ᠎ᠢ ᠬᠢᠨᠠᠨ ᠪᠠᠶ᠋ᠢᠴᠠᠭ᠋ᠠᠬᠤ ᠠᠵᠢᠯᠲᠠᠳ ᠡᠭᠦᠷᠭᠡ ᠲᠤᠰᠢᠶᠠᠯ᠎ᠳᠠᠭᠠᠨ ᠦᠨᠡᠨᠴᠢ ᠰᠢᠳᠤᠷᠭᠤ ᠪᠠᠶ᠋ᠢᠵᠤ᠂ ᠬᠠᠤᠯᠢ ᠵᠢ ᠭᠣᠣᠯᠴᠢ᠎ᠪᠠᠷ ᠬᠡᠷᠡᠭᠵᠢᠭᠦᠯᠬᠦ ᠬᠡᠷᠡᠭᠲᠡᠶ᠃
      ᠵᠢᠷᠠᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠴᠢ ᠲᠡᠭᠦᠨ᠎ᠤ ᠤᠰᠤᠨ᠎ᠤ ᠶᠠᠪᠤᠳᠠᠯ᠎ᠤᠨ ᠬᠢᠨᠠᠨ ᠪᠠᠶ᠋ᠢᠴᠠᠭ᠋ᠠᠬᠤ ᠠᠵᠢᠯᠳᠠᠨ ᠲᠤᠰ ᠬᠠᠤᠯᠢ᠎ᠳᠤ ᠲᠣᠭᠲᠠᠭ᠋ᠠᠭᠰᠠᠨ ᠬᠢᠨᠠᠨ ᠪᠠᠶ᠋ᠢᠴᠠᠭ᠋ᠠᠬᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠡᠭᠡᠨ ᠳᠣᠣᠷ᠎ᠠ ᠵᠢᠭᠰᠠᠭ᠋ᠠᠭᠰᠠᠨ ᠠᠷᠭ᠎ᠠ ᠬᠡᠮᠵᠢᠶ᠎ᠡ ᠵᠢ ᠠᠪᠬᠤ ᠡᠷᠬᠡ᠎ᠲᠠᠢ᠄
     (ᠨᠢᠭᠡ) ᠪᠠᠶ᠋ᠢᠴᠠᠭ᠋ᠠᠭᠳᠠᠬᠤ ᠨᠢᠭᠡᠴᠢ ᠵᠢ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠭᠡᠷᠡᠴᠢ ᠦᠨᠡᠮᠯᠡᠯ᠂ ᠮᠠᠲ᠋ᠧᠷᠢᠶᠠᠯ ᠬᠠᠩᠭ᠋ᠠᠯᠭ᠋ᠠᠬᠤ᠎ᠪᠠᠷ ᠱᠠᠭ᠋ᠠᠷᠳᠠᠬᠤ;
     (ᠬᠣᠶᠠᠷ) ᠪᠠᠶ᠋ᠢᠴᠠᠭ᠋ᠠᠭᠳᠠᠬᠤ ᠨᠢᠭᠡᠴᠢ ᠵᠢ ᠲᠤᠰ ᠬᠠᠤᠯᠢ ᠵᠢ ᠬᠡᠷᠡᠭᠵᠢᠭᠦᠯᠬᠦ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠲᠣᠳᠣᠷᠬᠠᠶ᠋ᠢᠯᠠᠯᠲᠠ ᠬᠢᠯᠭᠡᠬᠦ᠎ᠪᠠᠷ ᠱᠠᠭ᠋ᠠᠷᠳᠠᠬᠤ;
     (ᠭᠤᠷᠪᠠ) ᠪᠠᠶ᠋ᠢᠴᠠᠭ᠋ᠠᠭᠳᠠᠬᠤ ᠨᠢᠭᠡᠴᠢ ᠵᠢᠨ ᠦᠢ᠍ᠯᠡᠳᠪᠦᠷᠢᠯᠡᠯ᠎ᠤᠨ ᠲᠠᠯᠠᠪᠤᠷ᠎ᠲᠤ ᠣᠴᠢᠵᠤ ᠪᠠᠶ᠋ᠢᠴᠠᠭ᠋ᠠᠯᠲᠠ ᠬᠢᠬᠦ;
     (ᠲᠤᠢ᠍ᠷᠪᠡ) ᠪᠠᠶ᠋ᠢᠴᠠᠭ᠋ᠠᠭᠳᠠᠬᠤ ᠨᠢᠭᠡᠴᠢ ᠵᠢ ᠵᠠᠷᠯᠢᠭᠳᠠᠵᠤ ᠪᠠᠶ᠋ᠢᠭ᠋ᠠᠳ ᠲᠤᠰ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠣᠭᠰᠣᠭ᠋ᠠᠯᠭ᠋ᠠᠵᠤ᠂ ᠬᠠᠤᠯᠢ᠎ᠳᠤ ᠲᠣᠭᠲᠠᠭ᠋ᠠᠭᠰᠠᠨ ᠡᠭᠦᠷᠭᠡ ᠵᠢ ᠭᠦᠢ᠍ᠴᠡᠳᠬᠡᠭᠦᠯᠬᠦ᠃
      ᠵᠢᠷᠠᠨ ᠨᠢᠭᠡᠳᠦᠭᠡᠷ ᠵᠦᠢ᠍ᠯ   ᠬᠣᠯᠪᠣᠭᠳᠠᠯ ᠪᠦᠬᠦᠢ ᠨᠢᠭᠡᠴᠢ ᠪᠤᠶᠤ ᠬᠤᠪᠢ ᠬᠥᠮᠦᠨ ᠤᠰᠤᠨ᠎ᠤ ᠶᠠᠪᠤᠳᠠᠯ᠎ᠤᠨ ᠬᠢᠨᠠᠨ ᠪᠠᠶ᠋ᠢᠴᠠᠭ᠋ᠠᠬᠤ ᠠᠵᠢᠯᠲᠠᠨ᠎ᠤ ᠬᠢᠨᠠᠨ ᠪᠠᠶ᠋ᠢᠴᠠᠭ᠋ᠠᠬᠤ ᠠᠵᠢᠯ᠎ᠳᠤ ᠬᠠᠮᠵᠢᠯᠴᠠᠬᠤ ᠬᠡᠷᠡᠭᠲᠡᠶ᠂ ᠤᠰᠤᠨ᠎ᠤ ᠶᠠᠪᠤᠳᠠᠯ᠎ᠤᠨ ᠬᠢᠨᠠᠨ ᠪᠠᠶ᠋ᠢᠴᠠᠭ᠋ᠠᠬᠤ ᠠᠵᠢᠯᠲᠠᠨ᠎ᠤ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠵᠢ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃
      ᠵᠢᠷᠠᠨ ᠬᠣᠶᠠᠳᠤᠭ᠋ᠠᠷ ᠵᠦᠢ᠍ᠯ   ᠤᠰᠤᠨ᠎ᠤ ᠶᠠᠪᠤᠳᠠᠯ᠎ᠤᠨ ᠬᠢᠨᠠᠨ ᠪᠠᠶ᠋ᠢᠴᠠᠭ᠋ᠠᠬᠤ ᠠᠵᠢᠯᠳᠠᠨ ᠬᠢᠨᠠᠨ ᠪᠠᠶ᠋ᠢᠴᠠᠭ᠋ᠠᠬᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠡᠭᠡᠨ ᠪᠠᠶ᠋ᠢᠴᠠᠭ᠋ᠠᠭᠳᠠᠬᠤ ᠨᠢᠭᠡᠴᠢ ᠪᠤᠶᠤ ᠬᠤᠪᠢ ᠬᠥᠮᠦᠨ᠎ᠳᠤ ᠬᠠᠤᠯᠢ ᠬᠡᠷᠡᠭᠵᠢᠭᠦᠯᠬᠦ ᠦᠨᠡᠮᠯᠡᠯ ᠵᠶ᠋ᠠᠨ ᠭᠠᠷᠭ᠋ᠠᠵᠤ ᠦᠵᠡᠭᠦᠯᠬᠦ ᠬᠡᠷᠡᠭᠲᠡᠶ᠃
      ᠵᠢᠷᠠᠨ ᠭᠤᠷᠪᠠᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠤᠶᠤ ᠳᠡᠭᠡᠳᠦ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰ ᠱᠠᠲᠤᠨ᠎ᠤ ᠪᠤᠶᠤ ᠳᠤᠤᠷᠠᠳᠤ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠤᠨ ᠳᠤᠮᠳᠠ ᠬᠠᠤᠯᠢ ᠵᠢ ᠵᠥᠷᠢᠴᠡᠭᠰᠡᠨ ᠪᠤᠶᠤ ᠬᠠᠷᠢᠭᠤᠴᠠᠯᠭ᠎ᠠ᠎ᠪᠠᠨ ᠠᠯᠳᠠᠭᠰᠠᠨ ᠦᠢ᠍ᠯᠡ ᠠᠵᠢᠯᠯᠠᠭ᠎ᠠ᠎ᠲᠠᠢ ᠪᠠᠶ᠋ᠢᠬᠤ ᠵᠢ ᠣᠯᠵᠤ ᠮᠡᠳᠡᠪᠡᠯ᠂ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠬᠤ ᠬᠡᠷᠡᠭᠲᠡᠶ᠃
   
      ᠳᠣᠯᠣᠳᠤᠭ᠋ᠠᠷ ᠪᠦᠯᠦᠭ   ᠬᠠᠤᠯᠢ ᠵᠢᠨ ᠬᠠᠷᠢᠭᠤᠴᠠᠯᠭ᠎ᠠ
   
      ᠵᠢᠷᠠᠨ ᠳᠥᠷᠪᠡᠳᠦᠭᠡᠷ ᠵᠦᠢ᠍ᠯ   ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠤᠰᠤᠨ᠎ᠤ ᠪᠠᠷᠢᠯᠭ᠎ᠠ ᠵᠢᠨ ᠬᠠᠮᠢᠶᠠᠷᠤᠯᠲᠠ ᠵᠢᠨ ᠨᠢᠭᠡᠴᠢ ᠵᠢᠴᠢ ᠲᠡᠭᠦᠨ᠎ᠤ ᠠᠵᠢᠯᠲᠠᠨ᠂ ᠡᠭᠦᠷᠭᠡ ᠲᠤᠰᠢᠶᠠᠯ᠎ᠤᠨ ᠵᠶ᠋ᠠᠨ ᠳᠥᠭᠥᠮ᠎ᠢ ᠠᠰᠢᠭᠯᠠᠨ ᠪᠤᠰᠤᠳ᠎ᠤᠨ ᠵᠣᠭᠣᠰ ᠮᠥᠩᠭᠥ ᠡᠳ᠋ ᠪᠣᠳᠠᠰ᠂ ᠪᠤᠰᠤᠳ ᠠᠰᠢᠭ᠎ᠢ ᠬᠤᠷᠢᠶᠠᠨ ᠠᠪᠬᠤ ᠪᠤᠶᠤ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠵᠤ᠂ ᠬᠠᠤᠯᠢ᠎ᠳᠤ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠬᠦ ᠦᠭᠡᠶ ᠨᠢᠭᠡᠴᠢ ᠪᠤᠶᠤ ᠬᠤᠪᠢ ᠬᠥᠮᠦᠨ᠎ᠳᠤ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠵᠤ᠂ ᠬᠢᠨᠠᠨ ᠪᠠᠶ᠋ᠢᠴᠠᠭ᠋ᠠᠵᠤ ᠵᠥᠪᠰᠢᠶᠡᠷᠡᠭᠰᠡᠨ ᠰᠠᠨᠠᠯ᠎ᠳᠤ ᠭᠠᠷ᠎ᠤᠨ ᠦᠰᠦᠭ ᠵᠢᠷᠤᠵᠤ᠂ ᠤᠰᠦᠠ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ᠎ᠤᠨ ᠶᠣᠰᠣᠭ᠋ᠠᠷ ᠤᠰᠦᠠ᠎ᠤ ᠬᠡᠮᠵᠢᠶ᠎ᠡ ᠵᠢ ᠬᠤᠪᠢᠶᠠᠷᠢᠯᠠᠬᠤ ᠤᠢ᠍ᠭᠡᠢ᠂ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠤᠰᠦᠠ᠎ᠤ ᠡᠬᠢ ᠪᠠᠶᠠᠯᠢᠭ᠎ᠤᠨ ᠰᠦᠢ᠍ᠳᠬᠡᠯ ᠬᠤᠷᠢᠶᠠᠬᠤ ᠤᠢ᠍ᠭᠡᠢ᠂ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠤᠢ᠍ᠭᠡᠢ᠂ ᠡᠰᠡᠬᠦᠯ᠎ᠡ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ ᠣᠯᠵᠤ ᠮᠡᠳᠡᠭᠡᠳ ᠪᠠᠶ᠋ᠢᠴᠠᠭ᠋ᠠᠨ   ᠰᠢᠢ᠍ᠳᠪᠦᠷᠢᠯᠡᠭᠰᠡᠨ ᠤᠢ᠍ᠭᠡᠢ᠂ ᠬᠦᠨᠳᠦ ᠨᠣᠴᠢᠲᠠᠶ ᠤᠷᠰᠢᠭ ᠲᠠᠲᠠᠵᠤ᠂ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠷᠢᠭᠤᠴᠠᠯᠭ᠎ᠠ᠎ᠲᠠᠢ ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠠᠴᠠ ᠡᠷᠡᠭᠦᠦ ᠵᠢᠨ ᠬᠠᠤᠯᠢ ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ; ᠡᠷᠡᠭᠦᠦ ᠵᠢᠨ ᠰᠢᠢ᠍ᠳᠭᠡᠯ ᠥᠭᠬᠦ ᠬᠡᠮᠵᠢᠶᠡᠨ᠎ᠳᠤ ᠬᠠᠷᠠᠬᠠᠨ ᠬᠦᠷᠦᠭᠰᠡᠨ ᠦᠭᠡᠢ ᠪᠠᠶ᠋ᠢᠪᠠᠯ᠂ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠭᠡᠯ ᠥᠭᠭᠦᠨ᠎ᠡ᠃
    ᠵᠢᠷᠠᠨ ᠲᠠᠪᠤᠳᠤᠭ᠋ᠠᠷ ᠵᠦᠢ᠍ᠯ   ᠭᠣᠣᠯ᠎ᠤᠨ ᠵᠠᠮ᠎ᠤᠨ ᠬᠠᠮᠢᠶᠠᠷᠤᠯᠲᠠ ᠵᠢᠨ ᠬᠡᠪᠴᠢᠶᠡᠨ ᠳᠣᠲᠣᠷ᠎ᠠ ᠦᠶᠡᠷ ᠵᠠᠯᠠᠬᠤ ᠵᠢ ᠬᠠᠷᠰᠢᠯᠠᠬᠤ ᠪᠠᠷᠢᠯᠭ᠎ᠠ᠂ ᠪᠠᠷᠢᠯᠭ᠎ᠠ ᠵᠢᠨ ᠵᠦᠢ᠍ᠯ᠎ᠢ ᠪᠦᠳᠦᠭᠡᠨ   ᠪᠠᠢ᠌ᠭᠤᠯᠬᠤ᠂ ᠡᠰᠡᠬᠦᠯ᠎ᠡ ᠭᠣᠣᠯ᠎ᠤᠨ ᠤᠷᠤᠰᠬᠠᠯ᠎ᠤᠨ ᠲᠣᠭᠲᠠᠭᠤᠨ ᠪᠠᠶ᠋ᠢᠳᠠᠯ᠎ᠢ ᠨᠥᠯᠥᠭᠡᠯᠡᠬᠦ᠂ ᠭᠣᠣᠯ᠎ᠤᠨ ᠡᠷᠭᠢ ᠵᠢᠨ ᠬᠠᠰᠢᠯᠭ᠎ᠠ ᠲᠡᠯᠡᠡᠭ᠎ᠤᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠬᠤ ᠪᠠ ᠭᠣᠣᠯ᠎ᠤᠨ ᠵᠡᠮ ᠵᠶ᠋ᠠᠷ ᠦᠶᠡᠷ ᠵᠠᠯᠠᠬᠤ ᠵᠢ ᠬᠠᠷᠰᠢᠯᠠᠬᠤ ᠪᠤᠰᠤᠳ ᠠᠵᠢᠯᠯᠠᠭ᠎ᠠ ᠵᠢ ᠬᠢᠭᠰᠡᠨ       ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠦᠠ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠡᠪᠡ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠡᠷᠬᠡ ᠲᠤᠰᠢᠶᠠᠯ ᠵᠶ᠋ᠠᠨ ᠦᠨᠳᠦᠰᠦᠯᠡᠨ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠬᠠᠤᠯᠢ ᠵᠢ ᠵᠥᠷᠢᠴᠡᠭᠰᠡᠨ ᠪᠠᠷᠢᠯᠭ᠎ᠠ᠂ ᠪᠠᠷᠢᠯᠭ᠎ᠠ ᠵᠢᠨ ᠵᠦᠢ᠍ᠯ᠎ᠢ ᠬᠤᠭᠤᠴᠠᠭ᠎ᠠ ᠲᠣᠭᠲᠠᠭ᠋ᠠᠨ ᠨᠤᠷᠠᠭ᠋ᠠᠯᠭ᠋ᠠᠵᠤ᠂ ᠤᠤᠯ᠎ᠤᠨ ᠪᠠᠶ᠋ᠢᠳᠠᠯ᠎ᠢ᠎ᠨᠢ ᠰᠡᠷᠭᠦᠭᠡᠯᠭᠡᠨ᠎ᠡ; ᠬᠤᠭᠤᠴᠠᠭ᠎ᠠ ᠬᠡᠲᠦᠷᠡᠲᠡᠯ᠎ᠡ ᠨᠤᠷᠠᠭ᠋ᠠᠨ ᠠᠷᠢᠯᠭ᠋ᠠᠭᠰᠠᠨ ᠦᠭᠡᠢ᠂ ᠤᠤᠯ᠎ᠤᠨ ᠪᠠᠶ᠋ᠢᠳᠠᠯ᠎ᠢ᠎ᠨᠢ ᠰᠡᠷᠭᠦᠭᠡᠭᠰᠡᠨ ᠦᠭᠡᠢ ᠪᠠᠶ᠋ᠢᠪᠠᠯ᠂ ᠠᠯᠪᠠᠳᠠᠯᠭ᠎ᠠ᠎ᠪᠠᠷ ᠨᠤᠷᠠᠭ᠋ᠠᠨ ᠠᠷᠢᠯᠭ᠋ᠠᠭ᠋ᠠᠳ᠂ ᠬᠡᠷᠡᠭᠰᠡᠬᠦ ᠵᠠᠷᠤᠳᠠᠯ᠎ᠢ᠎ᠨᠢ ᠬᠠᠤᠯᠢ ᠵᠢ ᠵᠥᠷᠢᠴᠡᠭᠰᠡᠨ ᠨᠢᠭᠡᠴᠢ ᠪᠤᠶᠤ ᠬᠤᠪᠢ ᠬᠥᠮᠦᠨ ᠡᠭᠦᠷᠭᠡᠯᠡᠵᠦ᠂ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ᠃
      ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠵᠥᠪᠰᠢᠶᠡᠷᠡᠯ ᠦᠭᠡᠶ᠎ᠪᠠᠷ ᠤᠰᠤᠨ ᠠᠰᠢᠭᠯᠠᠯᠲᠠ ᠵᠢᠨ ᠪᠠᠷᠢᠯᠭ᠎ᠠ ᠵᠢ ᠳᠤᠷ᠎ᠠ᠎ᠪᠠᠷ ᠵᠶ᠋ᠠᠨ ᠪᠠᠶ᠋ᠢᠭᠤᠯᠤᠭᠰᠠᠨ᠂ ᠡᠰᠡᠬᠦᠯ᠎ᠡ ᠬᠥᠭᠥᠷᠭᠡ᠂ ᠭᠠᠷᠠᠮ ᠪᠠ ᠪᠤᠰᠤᠳ ᠭᠣᠣᠯ ᠬᠠᠰᠢᠬᠤ᠂ ᠭᠣᠣᠯ ᠰᠤᠨᠳᠠᠯᠠᠬᠤ᠂ ᠭᠣᠣᠯ ᠳᠠᠭ᠋ᠠᠤ ᠪᠠᠷᠢᠯᠭ᠎ᠠ᠂ ᠪᠠᠷᠢᠯᠭ᠎ᠠ ᠵᠢᠨ ᠵᠦᠢ᠍ᠯ᠎ᠢ ᠪᠠᠶ᠋ᠢᠭᠤᠯᠤᠭᠰᠠᠨ᠂ ᠭᠣᠣᠯ ᠰᠤᠨᠳᠠᠯᠠᠭᠰᠠᠨ ᠬᠣᠭᠣᠯᠠᠶ᠂ ᠴᠠᠬᠢᠯᠭ᠋ᠠᠨ ᠳᠡᠭᠡᠰᠦ ᠲᠠᠲᠠᠭᠰᠠᠨ ᠮᠥᠷᠲᠡᠭᠡᠨ ᠦᠶᠡᠷ᠎ᠢ ᠰᠡᠷᠭᠡᠶ᠋ᠢᠯᠡᠬᠦ ᠬᠠᠤᠯᠢ᠎ᠳᠤ ᠲᠣᠭᠲᠠᠭ᠋ᠠᠯ ᠭᠠᠷᠭ᠋ᠠᠭᠰᠠᠨ ᠦᠭᠡᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ ᠠᠰᠢᠭᠯᠠᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠡᠷᠬᠡ ᠲᠤᠰᠢᠶᠠᠯ ᠵᠶ᠋ᠠᠨ ᠦᠨᠳᠦᠰᠦᠯᠡᠨ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠬᠤᠭᠤᠴᠠᠭ᠎ᠠ ᠲᠣᠭᠲᠠᠭ᠋ᠠᠨ ᠬᠣᠯᠪᠣᠭᠳᠠᠯ ᠪᠦᠬᠦᠢ ᠭᠠᠷ ᠭᠦᠢ᠍ᠴᠡᠳᠬᠡᠯ᠎ᠢ ᠨᠥᠬᠥᠵᠦ ᠬᠢᠯᠭᠡᠨ᠎ᠡ; ᠬᠤᠭᠤᠴᠠᠭ᠎ᠠ ᠬᠡᠲᠦᠷᠡᠲᠡᠯ᠎ᠡ ᠨᠥᠬᠥᠵᠦ ᠭᠦᠢ᠍ᠴᠡᠳᠬᠡᠭᠰᠡᠨ ᠤᠢ᠍ᠭᠡᠢ ᠪᠤᠶᠤ ᠨᠥᠬᠥᠵᠦ ᠭᠦᠢ᠍ᠴᠡᠳᠬᠡᠭᠡᠳ ᠵᠥᠪᠰᠢᠶᠡᠷᠡᠭᠳᠡᠭᠰᠡᠨ ᠤᠢ᠍ᠭᠡᠢ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠬᠠᠤᠯᠢ ᠵᠢ ᠵᠥᠷᠢᠴᠡᠭᠰᠡᠨ ᠪᠠᠷᠢᠯᠭ᠎ᠠ᠂ ᠪᠠᠷᠢᠯᠭ᠎ᠠ ᠵᠢᠨ ᠵᠦᠢ᠍ᠯ᠎ᠢ᠎ᠨᠢ ᠬᠤᠭᠤᠴᠠᠭ᠎ᠠ ᠲᠣᠭᠲᠠᠭ᠋ᠠᠨ ᠨᠤᠷᠠᠭ᠋ᠠᠯᠭ᠋ᠠᠨ᠎ᠠ; ᠬᠤᠭᠤᠴᠠᠭ᠎ᠠ ᠬᠡᠲᠦᠷᠡᠲᠡᠯ᠎ᠡ ᠨᠤᠷᠠᠭ᠋ᠠᠨ ᠠᠷᠢᠯᠭ᠋ᠠᠭᠰᠠᠨ ᠦᠭᠡᠢ ᠪᠠᠶ᠋ᠢᠪᠠᠯ᠂ ᠠᠯᠪᠠᠳᠠᠨ ᠨᠤᠷᠠᠭ᠋ᠠᠵᠤ᠂ ᠬᠡᠷᠡᠭᠰᠡᠬᠦ ᠵᠠᠷᠤᠳᠠᠯ᠎ᠢ ᠬᠠᠤᠯᠢ ᠵᠢ ᠵᠥᠷᠢᠴᠡᠭᠰᠡᠨ ᠨᠢᠭᠡᠴᠢ ᠪᠤᠶᠤ ᠬᠤᠪᠢ ᠬᠥᠮᠦᠨ ᠡᠭᠦᠷᠭᠡᠯᠡᠵᠦ᠂ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ᠃
      ᠬᠡᠳᠦᠶ᠋ᠢᠪᠡᠷ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠵᠥᠪᠰᠢᠶᠡᠷᠡᠯ᠎ᠢ ᠣᠯᠤᠭᠰᠠᠨ ᠪᠣᠯᠪᠠᠴᠤ ᠱᠠᠭ᠋ᠠᠷᠳᠠᠯᠭ᠎ᠠ ᠶᠣᠰᠣᠭ᠋ᠠᠷ ᠡᠮᠦᠨᠡᠬᠢ ᠪᠠᠳᠠᠭ᠎ᠲᠤ ᠵᠢᠭᠰᠠᠭ᠋ᠠᠭᠰᠠᠨ ᠪᠠᠷᠢᠯᠭ᠎ᠠ ᠵᠢᠨ ᠲᠥᠬᠥᠭᠡᠷᠦᠮᠵᠢ ᠵᠢ ᠪᠠᠶ᠋ᠢᠭᠤᠯᠤᠭᠰᠠᠨ ᠦᠭᠡᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠡᠷᠬᠡ ᠲᠤᠰᠢᠶᠠᠯ ᠵᠶ᠋ᠠᠨ ᠦᠨᠳᠦᠰᠦᠯᠡᠨ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠵᠤ᠂ ᠦᠢ᠍ᠯᠡ ᠪᠠᠶ᠋ᠢᠳᠠᠯ᠎ᠤᠨ ᠬᠢᠨᠢ ᠬᠦᠨᠳᠦ ᠬᠦᠨᠭᠭᠡᠨ᠎ᠢ ᠦᠨᠳᠦᠰᠦᠯᠡᠵᠦ ᠪᠠᠶ᠋ᠢᠭ᠋ᠠᠳ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ᠃
      ᠵᠢᠷᠠᠨ ᠵᠢᠷᠭᠤᠳᠤᠭ᠋ᠠᠷ ᠵᠦᠢ᠍ᠯ   ᠲᠤᠤᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠮᠥᠷᠲᠡᠭᠡᠨ ᠦᠶᠡᠷ᠎ᠢ ᠰᠡᠷᠭᠡᠶ᠋ᠢᠯᠡᠬᠦ ᠬᠠᠤᠯᠢ᠎ᠳᠤ ᠲᠣᠭᠲᠠᠭ᠋ᠠᠯ ᠭᠠᠷᠭ᠋ᠠᠭᠰᠠᠨ ᠦᠭᠡᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠡᠷᠬᠡ ᠲᠤᠰᠢᠶᠠᠯ ᠵᠶ᠋ᠠᠨ ᠦᠨᠳᠦᠰᠦᠯᠡᠨ᠂ ᠵᠠᠷᠯᠢᠭᠳᠠᠵᠤ ᠪᠠᠶ᠋ᠢᠭ᠋ᠠᠳ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠣᠭᠰᠣᠭ᠋ᠠᠵᠤ᠂ ᠬᠤᠭᠤᠴᠠᠭ᠎ᠠ ᠲᠣᠭᠲᠠᠭ᠋ᠠᠨ ᠬᠠᠷᠰᠢ ᠰᠠᠭ᠋ᠠᠳ᠎ᠢ ᠠᠷᠢᠯᠭ᠋ᠠᠭᠤᠯᠬᠤ ᠪᠤᠶᠤ ᠪᠤᠰᠤᠳ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠲᠦᠮᠡᠨ ᠲᠥᠭᠥᠷᠢᠭ᠎ᠠᠴᠠ ᠳᠡᠭᠡᠭᠰᠢ ᠲᠠᠪᠤᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ᠄
     (ᠨᠢᠭᠡ) ᠭᠣᠣᠯ ᠮᠥᠷᠡᠨ᠂ ᠨᠠᠭᠤᠷ ᠴᠦᠬᠦᠷᠦᠮ᠂ ᠤᠰᠤᠨ ᠴᠥᠭᠥᠷᠥᠮ᠂ ᠲᠠᠲᠠᠮᠠᠯ ᠭᠣᠣᠯ᠂ ᠤᠰᠤᠨ ᠰᠤᠪᠠᠭ᠎ᠲᠤ ᠦᠶᠡᠷ ᠵᠠᠯᠠᠬᠤ ᠵᠢ ᠬᠠᠷᠰᠢᠯᠠᠬᠤ ᠪᠣᠳᠠᠰ᠎ᠢ ᠬᠠᠶᠠᠵᠤ᠂ ᠣᠪᠣᠭ᠋ᠠᠯᠠᠭᠰᠠᠨ ᠪᠠ ᠦᠶᠡᠷ ᠵᠠᠯᠠᠬᠤ ᠵᠢ ᠬᠠᠷᠰᠢᠯᠠᠬᠤ ᠤᠢ ᠮᠣᠳᠣ ᠵᠢᠴᠢ ᠥᠨᠳᠥᠷ ᠡᠰᠢᠲᠦ ᠲᠠᠷᠢᠮᠠᠯ ᠲᠠᠷᠢᠭᠰᠠᠨ;
     (ᠬᠣᠶᠠᠷ) ᠨᠠᠭᠤᠷ᠎ᠢ ᠬᠦᠷᠢᠶᠡᠯᠡᠨ ᠲᠠᠷᠢᠶᠠᠨ ᠭᠠᠵᠠᠷ ᠭᠠᠷᠭ᠋ᠠᠭᠰᠠᠨ ᠪᠤᠶᠤ ᠵᠥᠪᠰᠢᠶᠡᠷᠡᠯ ᠣᠯᠤᠭᠰᠠᠨ ᠤᠢ᠍ᠭᠡᠢ᠎ᠪᠠᠷ ᠭᠣᠣᠯ᠎ᠤᠨ ᠵᠡᠮ᠎ᠢ ᠬᠦᠷᠢᠶᠡᠯᠡᠨ ᠬᠠᠭ᠋ᠠᠯᠪᠤᠷᠢᠯᠠᠭᠰᠠᠨ᠃
      ᠵᠢᠷᠠᠨ ᠳᠣᠯᠣᠳᠤᠭ᠋ᠠᠷ ᠵᠦᠢ᠍ᠯ   ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠳᠤ ᠪᠣᠬᠢᠷᠲᠤᠯ ᠭᠠᠳᠠᠭᠰᠢᠯᠠᠭᠤᠯᠬᠤ ᠠᠮᠠ ᠭᠠᠷᠭ᠋ᠠᠭᠰᠠᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠨᠤᠷᠠᠭ᠋ᠠᠯᠭ᠋ᠠᠵᠤ᠂ ᠤᠤᠯ᠎ᠤᠨ ᠪᠠᠶ᠋ᠢᠳᠠᠯ᠎ᠢ᠎ᠨᠢ ᠰᠡᠷᠭᠦᠭᠡᠯᠭᠡᠨ᠎ᠡ; ᠬᠤᠭᠤᠴᠠᠭ᠎ᠠ ᠬᠡᠲᠦᠷᠡᠲᠡᠯ᠎ᠡ ᠨᠤᠷᠠᠭ᠋ᠠᠨ ᠠᠷᠢᠯᠭ᠋ᠠᠭᠰᠠᠨ ᠦᠭᠡᠢ᠂ ᠤᠤᠯ᠎ᠤᠨ ᠪᠠᠶ᠋ᠢᠳᠠᠯ᠎ᠢ᠎ᠨᠢ ᠰᠡᠷᠭᠦᠭᠡᠭᠰᠡᠨ ᠦᠭᠡᠢ ᠪᠠᠶ᠋ᠢᠪᠠᠯ᠂ ᠠᠯᠪᠠᠳᠠᠯᠭ᠎ᠠ᠎ᠪᠠᠷ ᠨᠤᠷᠠᠭ᠋ᠠᠨ ᠨᠤᠷᠠᠭ᠋ᠠᠵᠤ᠂ ᠤᠤᠯ᠎ᠤᠨ ᠪᠠᠶ᠋ᠢᠳᠠᠯ᠎ᠢ᠎ᠨᠢ ᠰᠡᠷᠭᠦᠭᠡᠵᠦ᠂ ᠲᠠᠪᠤᠨ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ᠃
      ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠪᠠᠷ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠦᠭᠰᠡᠨ ᠦᠭᠡᠢ᠎ᠪᠠᠷ ᠭᠣᠣᠯ ᠮᠥᠷᠡᠨ᠂ ᠨᠠᠭᠤᠷ ᠴᠦᠬᠦᠷᠦᠮ᠎ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠠᠮᠠ ᠵᠢ ᠳᠤᠷ᠎ᠠ᠎ᠪᠠᠷ ᠵᠶ᠋ᠠᠨ ᠰᠢᠨ᠎ᠡ᠎ᠪᠠᠷ ᠪᠠᠶ᠋ᠢᠭᠤᠯᠤᠭᠰᠠᠨ᠂ ᠥᠭᠡᠷᠡᠴᠢᠯᠡᠨ ᠪᠠᠶ᠋ᠢᠭᠤᠯᠤᠭᠰᠠᠨ ᠪᠤᠶᠤ ᠥᠷᠭᠡᠳᠬᠡᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠡᠷᠬᠡ ᠲᠤᠰᠢᠶᠠᠯ ᠵᠶ᠋ᠠᠨ ᠦᠨᠳᠦᠰᠦᠯᠡᠨ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠬᠤᠭᠤᠴᠠᠭ᠎ᠠ ᠲᠣᠭᠲᠠᠭ᠋ᠠᠨ ᠤᠤᠯ᠎ᠤᠨ ᠪᠠᠶ᠋ᠢᠳᠠᠯ᠎ᠢ᠎ᠨᠢ ᠰᠡᠷᠭᠦᠭᠡᠯᠭᠡᠵᠦ᠂ ᠲᠠᠪᠤᠨ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ᠃
      ᠵᠢᠷᠠᠨ ᠨᠠᠢ᠍ᠮᠠᠳᠤᠭ᠋ᠠᠷ ᠵᠦᠢ᠍ᠯ   ᠤᠯᠤᠰ᠎ᠠᠴᠠ ᠲᠣᠳᠣᠷᠬᠠᠶ ᠵᠠᠷᠯᠢᠭ ᠵᠶ᠋ᠠᠷ ᠰᠢᠭᠰᠢᠭᠳᠡᠭᠰᠡᠨ ᠬᠣᠴᠣᠷᠤᠩᠭᠤᠶ᠂ ᠤᠰᠤ ᠶᠡᠬᠡ ᠬᠣᠷᠣᠭᠳᠠᠭᠤᠯᠬᠤ ᠤᠷᠠᠯᠠᠯ᠂ ᠲᠤᠨᠦᠬ ᠲᠥᠬᠥᠭᠡᠷᠦᠮᠵᠢ ᠪᠠ ᠤᠢ᠍ᠢ᠍ᠯᠡᠦᠡᠭᠡᠬᠦᠠ᠎ᠢ ᠦᠢ᠍ᠯᠡᠳᠪᠦᠷᠢᠯᠡᠭᠰᠡᠨ᠂ ᠪᠣᠷᠣᠯᠠᠭᠤᠯᠤᠭᠰᠠᠨ ᠪᠤᠶᠤ ᠦᠢ᠍ᠯᠡᠳᠪᠦᠷᠢᠯᠡᠵᠦ ᠡᠵᠡᠩᠨᠡᠬᠦ ᠶᠠᠪᠤᠴᠠ᠎ᠳᠠᠭᠠᠨ ᠬᠡᠷᠡᠭᠯᠡᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠠᠵᠤ ᠠᠬᠤᠶ ᠵᠢᠨ ᠶᠡᠷᠦᠩᠬᠡᠶ᠋ᠢᠯᠡᠨ   ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠦᠢ᠍ᠯᠡᠳᠪᠦᠷᠢᠯᠡᠬᠦ᠂ ᠪᠣᠷᠣᠯᠠᠭᠤᠯᠬᠤ ᠪᠤᠶᠤ ᠬᠡᠷᠡᠭᠯᠡᠬᠦ ᠵᠢ᠎ᠨᠢ ᠵᠠᠷᠯᠢᠭᠳᠠᠨ ᠵᠣᠭᠰᠣᠭ᠋ᠠᠵᠤ᠂ ᠬᠣᠶᠠᠷ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ᠃
      ᠵᠢᠷᠠ ᠶᠢᠰᠦᠳᠦᠭᠡᠷ ᠵᠦᠢ᠍ᠯ   ᠲᠤᠤᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠡᠷᠬᠡ ᠲᠤᠰᠢᠶᠠᠯ ᠵᠶ᠋ᠠᠨ ᠦᠨᠳᠦᠰᠦᠯᠡᠨ᠂ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠬᠤᠭᠤᠴᠠᠭ᠎ᠠ ᠲᠣᠭᠲᠠᠭ᠋ᠠᠨ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠬᠣᠶᠠᠷ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠪᠠᠯ᠂ ᠤᠰᠤ ᠠᠪᠬᠤ ᠵᠥᠪᠰᠢᠶᠡᠷᠡᠯ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠨ᠎ᠠ᠄
     (ᠨᠢᠭᠡ) ᠵᠥᠪᠰᠢᠶᠡᠷᠡᠭᠦᠯᠦᠭᠰᠡᠨ ᠥᠭᠡᠢ᠎ᠪᠠᠷ ᠳᠤᠷ᠎ᠠ᠎ᠪᠠᠷ ᠵᠶ᠋ᠠᠨ ᠤᠰᠤ ᠲᠠᠲᠠᠭᠰᠠᠨ᠃ ᡾
     (ᠬᠣᠶᠠᠷ) ᠵᠥᠪᠰᠢᠶᠡᠷᠡᠭᠦᠯᠦᠭᠰᠡᠨ ᠤᠰᠤ ᠲᠠᠲᠠᠬᠤ ᠵᠥᠪᠰᠢᠶᠡᠷᠡᠯ᠎ᠳᠤ ᠲᠣᠭᠲᠠᠭ᠋ᠠᠭᠰᠠᠨ ᠨᠥᠬᠥᠴᠡᠯ᠎ᠢ ᠦᠯᠦ ᠵᠢᠷᠤᠮᠯᠠᠨ ᠤᠰᠤ ᠲᠠᠲᠠᠭᠰᠠᠨ᠃
      ᠳᠠᠯᠠᠳᠤᠭ᠋ᠠᠷ ᠵᠦᠢ᠍ᠯ   ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠲᠤᠰᠢᠶᠠᠬᠤ ᠵᠢ ᠲᠡᠪᠴᠢᠭᠰᠡᠨ᠂ ᠤᠳᠠᠭ᠋ᠠᠰᠢᠷᠠᠭᠤᠯᠤᠨ ᠲᠤᠰᠢᠶᠠᠭᠰᠠᠨ ᠪᠤᠶᠤ ᠤᠳᠠᠭ᠋ᠠᠰᠢᠷᠠᠭᠤᠯᠤᠨ ᠥᠷᠢᠲᠦᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠡᠷᠬᠡ ᠲᠤᠰᠢᠶᠠᠯ ᠵᠶ᠋ᠠᠨ ᠦᠨᠳᠦᠰᠦᠯᠡᠨ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠲᠤᠰᠢᠶᠠᠯᠭ᠋ᠠᠨ᠎ᠠ; ᠬᠤᠭᠤᠴᠠᠭ᠎ᠠ ᠬᠡᠲᠦᠷᠡᠲᠡᠯ᠎ᠡ ᠲᠤᠰᠢᠶᠠᠭᠰᠠᠨ ᠦᠭᠡᠢ ᠪᠠᠶ᠋ᠢᠪᠠᠯ᠂ ᠬᠤᠭᠤᠴᠠᠭ᠎ᠠ ᠰᠠᠭ᠋ᠠᠲᠠᠭᠤᠯᠤᠭᠰᠠᠨ ᠡᠳᠦᠷ᠎ᠠᠴᠠ ᠡᠬᠢᠯᠡᠨ ᠬᠤᠭᠤᠴᠠᠭ᠎ᠠ ᠰᠠᠭ᠋ᠠᠲᠠᠭᠤᠯᠤᠭᠰᠠᠨ ᠬᠡᠰᠡᠭ᠎ᠤᠨ 2‰ ᠵᠢᠨ ᠬᠤᠭᠤᠴᠠᠭ᠎ᠠ ᠰᠠᠭ᠋ᠠᠲᠠᠭᠤᠯᠤᠭᠰᠠᠨ ᠲᠣᠷᠭ᠋ᠠᠭᠤᠯᠢ ᠵᠢᠨ ᠮᠥᠩᠭᠥ ᠵᠢ ᠡᠳᠦᠷ ᠪᠦᠷᠢ ᠨᠡᠮᠡᠵᠦ ᠬᠤᠷᠢᠶᠠᠬᠤ ᠵᠢᠨ ᠬᠠᠮᠲᠤ ᠲᠤᠰᠢᠶᠠᠪᠠᠰᠤ ᠵᠣᠬᠢᠬᠤ ᠪᠤᠶᠤ ᠨᠥᠬᠥᠵᠦ ᠲᠤᠰᠢᠶᠠᠪᠠᠰᠤ ᠵᠣᠬᠢᠬᠤ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠤᠨ ᠨᠢᠭᠡ ᠲᠠᠬᠢᠨ᠎ᠠᠴᠠ ᠳᠡᠭᠡᠭᠰᠢ ᠲᠠᠪᠤᠨ ᠲᠠᠬᠢᠨ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ᠃
      ᠲᠠᠯᠠᠨ ᠨᠢᠭᠡᠳᠦᠭᠡᠷ ᠵᠦᠢ᠍ᠯ   ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠤᠨ ᠤᠰᠤ ᠠᠷᠪᠢᠯᠠᠬᠤ ᠲᠥᠬᠥᠭᠡᠷᠦᠮᠵᠢ ᠵᠢ ᠪᠠᠶ᠋ᠢᠭᠤᠯᠤᠭᠰᠠᠨ ᠦᠭᠡᠢ ᠪᠤᠶᠤ ᠤᠯᠤᠰ᠎ᠤᠨ ᠲᠣᠭᠲᠠᠭ᠋ᠠᠭᠰᠠᠨ ᠱᠠᠭ᠋ᠠᠷᠳᠠᠯᠭ᠎ᠠ᠎ᠳᠤ ᠬᠦᠷᠦᠭᠰᠡᠨ ᠦᠭᠡᠢ᠎ᠪᠠᠷ ᠳᠤᠷ᠎ᠠ᠎ᠪᠠᠷ ᠵᠶ᠋ᠠᠨ ᠠᠰᠢᠭᠯᠠᠯᠲᠠ᠎ᠳᠤ ᠣᠷᠣᠭᠤᠯᠤᠭᠰᠠᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠡᠷᠬᠡ ᠲᠤᠰᠢᠶᠠᠯ ᠵᠶ᠋ᠠᠨ ᠦᠨᠳᠦᠰᠦᠯᠡᠨ ᠬᠡᠷᠡᠭᠯᠡᠬᠦ ᠵᠢ᠎ᠨᠢ ᠵᠠᠷᠯᠢᠭᠳᠠᠨ ᠵᠣᠭᠰᠣᠭ᠋ᠠᠵᠤ᠂ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠵᠤ᠂ ᠲᠠᠪᠤᠨ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ᠃
      ᠲᠠᠯᠠᠨ ᠬᠣᠶᠠᠳᠤᠭ᠋ᠠᠷ ᠵᠦᠢ᠍ᠯ   ᠲᠤᠤᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠵᠦ᠂ ᠶᠠᠯ᠎ᠠ ᠪᠤᠯᠵᠤ ᠪᠦᠷᠢᠯᠳᠦᠭᠰᠡᠨ ᠪᠠᠶ᠋ᠢᠪᠠᠯ᠂ ᠡᠷᠡᠭᠦᠦ ᠵᠢᠨ ᠬᠠᠤᠯᠢ ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ; ᠡᠷᠡᠭᠦᠦ ᠵᠢᠨ ᠰᠢᠢ᠍ᠳᠭᠡᠯ ᠥᠭᠬᠦ ᠬᠡᠮᠵᠢᠶᠡᠨ᠎ᠳᠤ ᠬᠠᠷᠠᠬᠠᠨ ᠬᠦᠷᠦᠭᠰᠡᠨ ᠦᠭᠡᠢ ᠮᠥᠷᠲᠡᠭᠡᠨ ᠦᠶᠡᠷ᠎ᠢ ᠰᠡᠷᠭᠡᠶ᠋ᠢᠯᠡᠬᠦ ᠬᠠᠤᠯᠢ᠎ᠳᠤ ᠲᠣᠭᠲᠠᠭ᠋ᠠᠯ ᠭᠠᠷᠭ᠋ᠠᠭᠰᠠᠨ ᠦᠭᠡᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠡᠷᠬᠡ ᠲᠤᠰᠢᠶᠠᠯ ᠵᠶ᠋ᠠᠨ ᠦᠨᠳᠦᠰᠦᠯᠡᠨ᠂ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠲᠦᠮᠡᠨ ᠲᠥᠭᠥᠷᠢᠭ᠎ᠠᠴᠠ ᠳᠡᠭᠡᠭᠰᠢ ᠲᠠᠪᠤᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠭᠡᠯ᠎ᠤᠨ ᠬᠠᠤᠯᠢ ᠵᠢ ᠵᠥᠷᠢᠴᠡᠭᠰᠡᠨ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠬᠠᠤᠯᠢ ᠶᠣᠰᠣᠭ᠋ᠠᠷ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠭᠡᠯ ᠥᠭᠭᠦᠨ᠎ᠡ; ᠪᠤᠰᠤᠳ ᠬᠥᠮᠦᠨ᠎ᠳᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠬᠠᠤᠯᠢ ᠶᠣᠰᠣᠭ᠋ᠠᠷ ᠲᠥᠯᠥᠪᠦᠷᠢ ᠵᠢᠨ ᠬᠠᠷᠢᠭᠤᠴᠠᠯᠭ᠎ᠠ ᠡᠭᠦᠷᠭᠡᠯᠡᠨ᠎ᠡ᠄
     (ᠨᠢᠭᠡ) ᠤᠰᠤᠨ᠎ᠤ ᠪᠠᠷᠢᠯᠭ᠎ᠠ ᠵᠢᠴᠢ ᠬᠠᠰᠢᠯᠭ᠎ᠠ ᠳᠠᠯᠠᠩ᠂ ᠡᠷᠭᠢ ᠬᠠᠮᠠᠭ᠋ᠠᠯᠠᠬᠤ ᠵᠡᠷᠭᠡ ᠬᠣᠯᠪᠣᠭᠳᠠᠯ ᠪᠦᠬᠦᠢ ᠲᠥᠬᠥᠭᠡᠷᠦᠮᠵᠢ ᠵᠢ ᠡᠵᠡᠯᠡᠨ ᠠᠪᠤᠭᠰᠠᠨ᠂ ᠡᠪᠳᠡᠨ ᠰᠦᠢ᠍ᠳᠬᠡᠭᠰᠡᠨ᠂ ᠦᠶᠡᠷ᠎ᠢ ᠰᠡᠷᠭᠡᠶ᠋ᠢᠯᠡᠬᠦ᠂ ᠤᠰᠤᠨ ᠵᠦᠢ ᠵᠢᠨ ᠬᠢᠨᠠᠨ ᠬᠡᠮᠵᠢᠯᠲᠡ᠂ ᠤᠰᠤᠨ ᠵᠦᠢ ᠵᠢᠨ ᠭᠠᠵᠠᠷ ᠰᠢᠨᠵᠢᠯᠡᠭᠡᠨ᠎ᠤ ᠬᠢᠨᠠᠨ ᠬᠡᠮᠵᠢᠯᠲᠡ ᠵᠢᠨ ᠲᠥᠬᠥᠭᠡᠷᠦᠮᠵᠢ ᠵᠢ ᠡᠪᠳᠡᠨ ᠰᠦᠢ᠍ᠳᠬᠡᠭᠰᠡᠨ;
     (ᠬᠣᠶᠠᠷ) ᠤᠰᠤᠨ᠎ᠤ ᠪᠠᠷᠢᠯᠭ᠎ᠠ ᠵᠢᠨ ᠬᠠᠮᠠᠭ᠋ᠠᠯᠠᠯᠲᠠ ᠵᠢᠨ ᠬᠡᠪᠴᠢᠶᠡᠨ ᠳᠣᠲᠣᠷ᠎ᠠ ᠤᠰᠤᠨ᠎ᠤ ᠪᠠᠷᠢᠯᠭ᠎ᠠ ᠵᠢᠨ ᠠᠵᠢᠯᠯᠠᠭ᠋ᠠᠨ᠎ᠢ ᠨᠥᠯᠥᠭᠡᠯᠡᠬᠦ ᠪᠠ ᠤᠰᠤᠨ᠎ᠤ ᠪᠠᠷᠢᠯᠭ᠎ᠠ ᠵᠢᠨ ᠠᠶᠤᠯᠭᠦᠶ ᠵᠢ ᠬᠣᠬᠢᠷᠠᠭᠤᠯᠬᠤ ᠳᠡᠯᠪᠡᠴᠢᠬᠦ᠂ ᠬᠤᠳᠳᠤᠭ ᠮᠠᠯᠲᠠᠬᠤ᠂ ᠴᠢᠯᠠᠭᠤ ᠭᠠᠷᠭ᠋ᠠᠬᠤ᠂ ᠰᠢᠷᠣᠶ ᠠᠪᠬᠤ ᠵᠡᠷᠭᠡ ᠠᠵᠢᠯᠯᠠᠭ᠎ᠠ ᠵᠢ ᠬᠢᠭᠰᠡᠨ᠃
      ᠲᠠᠯᠠᠨ ᠭᠤᠷᠪᠠᠳᠤᠭ᠋ᠠᠷ ᠵᠦᠢ᠍ᠯ   ᠦᠶᠡᠷ᠎ᠢ ᠰᠡᠷᠭᠡᠶ᠋ᠢᠯᠡᠬᠦ ᠡᠳ᠋ ᠪᠣᠳᠠᠰ᠂ ᠦᠶᠡᠷ᠎ᠢ ᠰᠡᠷᠭᠡᠶ᠋ᠢᠯᠡᠵᠦ ᠤᠰᠤᠲᠤᠯ᠎ᠢ ᠵᠠᠯᠠᠬᠤ᠂ ᠲᠠᠷᠢᠶᠠᠯᠠᠩ᠎ᠤᠨ ᠤᠰᠤᠨ ᠠᠰᠢᠭᠯᠠᠯᠲᠠ᠂ ᠤᠰᠤᠨ ᠵᠦᠢ ᠵᠢᠨ ᠬᠢᠨᠠᠨ ᠬᠡᠮᠵᠢᠯᠲᠡ ᠵᠢᠴᠢ ᠪᠤᠰᠤᠳ ᠤᠰᠤᠨ᠎ᠤ ᠪᠠᠷᠢᠯᠭ᠎ᠠ ᠵᠢᠨ ᠲᠥᠬᠥᠭᠡᠷᠦᠮᠵᠢ ᠪᠠ ᠪᠠᠭ᠋ᠠᠵᠢ ᠬᠡᠷᠡᠭᠰᠡᠯ᠎ᠢ ᠡᠵᠡᠯᠡᠨ ᠠᠪᠤᠭᠰᠠᠨ᠂ ᠬᠤᠯᠠᠭ᠋ᠠᠶ᠋ᠢᠯᠠᠭᠰᠠᠨ ᠪᠤᠶᠤ ᠪᠤᠯᠢᠶᠠᠭᠰᠠᠨ᠂ ᠤᠯᠤᠰ᠎ᠤᠨ ᠭᠠᠮᠰᠢᠭ᠎ᠠᠴᠠ ᠠᠪᠤᠷᠠᠬᠤ᠂ ᠠᠶᠤᠯ᠎ᠠᠴᠠ ᠠᠪᠤᠷᠠᠬᠤ᠂ ᠦᠶᠡᠷ᠎ᠢ ᠰᠡᠷᠭᠡᠶ᠋ᠢᠯᠡᠬᠦ᠂ ᠨᠡᠭᠦᠳᠡᠯᠴᠢᠨ ᠠᠷᠠᠳ᠎ᠢ ᠲᠥᠪᠬᠢᠨᠡᠭᠦᠯᠬᠦ ᠪᠠ ᠨᠥᠬᠥᠪᠥᠷᠢ ᠥᠭᠬᠦ ᠵᠢᠴᠢ ᠪᠤᠰᠤᠳ ᠤᠰᠤᠨ ᠠᠰᠢᠭᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢᠨ ᠵᠣᠭᠣᠰ ᠮᠥᠩᠭᠥ ᠡᠳ᠋ ᠪᠣᠳᠠᠰ᠎ᠢ ᠱᠠᠮᠰᠢᠭᠰᠠᠨ ᠪᠤᠶᠤ ᠨᠡᠭᠦᠯᠭᠡᠨ ᠬᠡᠷᠡᠭᠯᠡᠭᠡᠳ ᠶᠠᠯ᠎ᠠ ᠪᠤᠯᠵᠤ ᠪᠦᠷᠢᠯᠳᠦᠭᠰᠡᠨ ᠪᠠᠶ᠋ᠢᠪᠠᠯ᠂ ᠡᠷᠡᠭᠦᠦ ᠵᠢᠨ ᠬᠠᠤᠯᠢ ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
      ᠲᠠᠯᠠᠨ ᠳᠥᠷᠪᠡᠳᠦᠭᠡᠷ ᠵᠦᠢ᠍ᠯ   ᠤᠰᠤᠨ᠎ᠤ ᠬᠡᠷᠡᠭ᠎ᠤᠨ ᠵᠢᠭᠤᠷᠠᠯᠳᠤᠭ᠋ᠠᠨ ᠡᠭᠦᠰᠬᠦ ᠵᠢᠴᠢ ᠲᠡᠭᠦᠨ᠎ᠢ ᠰᠢᠢ᠍ᠳᠪᠦᠷᠢᠯᠡᠬᠦ ᠶᠠᠪᠤᠴᠠ᠎ᠳᠤ ᠬᠡᠷᠡᠭ ᠥᠳᠥᠭᠡᠨ ᠦᠢ᠍ᠮᠡᠭᠦᠯᠦᠭᠰᠡᠨ᠂ ᠪᠦᠯᠦᠭᠯᠡᠨ ᠵᠣᠳᠣᠭ᠋ᠠᠨ ᠬᠢᠭᠰᠡᠨ᠂ ᠠᠯᠪᠠᠨ᠎ᠤ ᠪᠠ ᠬᠤᠪᠢ ᠵᠢᠨ ᠵᠣᠭᠣᠰ ᠮᠥᠩᠭᠥ ᠡᠳ᠋ ᠪᠣᠳᠠᠰ᠎ᠢ ᠪᠤᠯᠢᠶᠠᠬᠤ ᠪᠤᠶᠤ ᠡᠪᠳᠡᠨ ᠰᠦᠢ᠍ᠳᠬᠡᠭᠰᠡᠨ᠂ ᠪᠤᠰᠤᠳ ᠬᠥᠮᠦᠨ᠎ᠤ ᠪᠡᠶ᠎ᠡ ᠵᠢᠨ ᠡᠷᠬᠡ ᠴᠢᠯᠥᠭᠡ ᠵᠢ ᠬᠠᠤᠯᠢ ᠪᠤᠰᠤ᠎ᠪᠠᠷ ᠬᠢᠵᠠᠭ᠋ᠠᠷᠯᠠᠭ᠋ᠠᠳ ᠶᠠᠯ᠎ᠠ ᠪᠤᠯᠵᠤ ᠪᠦᠷᠢᠯᠳᠦᠭᠰᠡᠨ ᠪᠠᠶ᠋ᠢᠪᠠᠯ᠂ ᠡᠷᠡᠭᠦᠦ ᠵᠢᠨ ᠬᠠᠤᠯᠢ ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ; ᠬᠠᠷᠠᠬᠠᠨ ᠡᠷᠡᠭᠦᠦ ᠵᠢᠨ ᠰᠢᠢ᠍ᠳᠭᠡᠯ ᠥᠭᠬᠦ ᠬᠡᠮᠵᠢᠶᠡᠨ᠎ᠳᠤ ᠬᠦᠷᠦᠭᠰᠡᠨ ᠦᠭᠡᠢ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠬᠠᠤᠯᠢ ᠶᠣᠰᠣᠭ᠋ᠠᠷ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠭᠡᠯ ᠥᠭᠭᠦᠨ᠎ᠡ᠃
      ᠳᠠᠯᠠᠨ ᠲᠠᠪᠤᠳᠤᠭ᠋ᠠᠷ ᠵᠦᠢ᠍ᠯ   ᠠᠳᠠᠯᠢ ᠪᠤᠰᠤ ᠵᠠᠰᠠᠭ ᠵᠠᠬᠢᠷᠭ᠋ᠠᠨ᠎ᠤ ᠣᠷᠣᠨ᠎ᠤ ᠬᠣᠭᠣᠷᠣᠨᠳᠣ ᠤᠰᠤᠨ᠎ᠤ ᠬᠡᠷᠡᠭ᠎ᠤᠨ ᠵᠢᠭᠤᠷᠠᠯᠳᠤᠭ᠋ᠠᠨ ᠭᠠᠷᠴᠤ᠂ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠬᠠᠷᠢᠭᠤᠴᠠᠯᠭ᠎ᠠ᠎ᠲᠠᠢ ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠭᠡᠯ ᠥᠭᠭᠦᠨ᠎ᠡ᠄
     (ᠨᠢᠭᠡ) ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ ᠪᠠ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠪᠡᠯᠡᠳᠬᠡᠯ ᠲᠥᠰᠦᠯ᠎ᠢ ᠬᠡᠷᠡᠭᠵᠢᠭᠦᠯᠬᠦ ᠵᠢ ᠲᠡᠪᠴᠢᠭᠰᠡᠨ;
     (ᠬᠣᠶᠠᠷ) ᠤᠰᠦᠠ᠎ᠤ ᠬᠡᠮᠵᠢᠶ᠎ᠡ ᠵᠢ ᠨᠢᠭᠡᠳᠦᠯᠲᠡᠶ ᠲᠣᠬᠢᠷᠠᠭᠤᠯᠬᠤ ᠵᠢ ᠤᠢ᠍ᠯᠦ ᠲᠡᠭ᠋ᠠᠬᠰᠡᠠ;
     (ᠭᠤᠷᠪᠠ) ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠯᠲᠠ ᠵᠢ ᠭᠦᠢ᠍ᠴᠡᠳᠬᠡᠬᠦ ᠵᠢ ᠲᠡᠪᠴᠢᠭᠰᠡᠨ;
     (ᠲᠤᠢ᠍ᠷᠪᠡ) ᠤᠰᠦᠠ᠎ᠤ ᠬᠡᠷᠡᠭ᠎ᠤᠨ ᠵᠢᠭᠤᠷᠠᠯᠳᠤᠭ᠋ᠠᠨ᠎ᠢ ᠰᠢᠢ᠍ᠳᠪᠦᠷᠢᠯᠡᠬᠦ᠎ᠠᠴᠠ ᠡᠮᠦᠨ᠎ᠡ᠂ ᠡᠯ᠎ᠡ ᠲᠠᠯ᠎ᠠ ᠵᠢᠨ᠎ᠬᠢᠨ ᠬᠡᠯᠡᠯᠴᠡᠭᠡᠷ ᠲᠣᠭᠲᠠᠭᠰᠠᠨ ᠤᠢ᠍ᠭᠡᠢ ᠪᠤᠶᠤ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ ᠤᠢ᠍ᠭᠡᠢ᠎ᠪᠠᠷ ᠭᠠᠭᠴᠠ ᠲᠠᠯ᠎ᠠ᠎ᠠᠴᠠ᠎ᠪᠠᠨ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ ᠤᠰᠦᠠ᠎ᠤ ᠣᠳᠣᠬᠢ ᠪᠠᠶ᠋ᠢᠳᠠᠯ᠎ᠢ ᠬᠤᠪᠢᠷᠠᠭᠤᠯᠤᠭᠰᠠᠨ᠃
      ᠲᠡᠯᠡᠠ ᠵᠢᠷᠭᠤᠳᠤᠭ᠋ᠠᠷ ᠵᠦᠢ᠍ᠯ   ᠤᠰᠤ ᠲᠠᠲᠠᠬᠤ᠂ ᠤᠰᠤ ᠬᠠᠰᠢᠬᠤ᠂ ᠤᠰᠤ ᠵᠠᠯᠠᠬᠤ᠂ ᠤᠯᠡᠠ ᠨᠡᠶ᠋ᠢᠲᠡ ᠵᠢᠨ ᠠᠰᠢᠭ ᠲᠤᠰᠠ ᠪᠤᠶᠤ ᠪᠤᠰᠤᠳ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠣᠬᠢᠷᠠᠭᠤᠯᠤᠭᠰᠠᠨ ᠪᠠᠶ᠋ᠢᠪᠠᠯ᠂ ᠬᠠᠤᠯᠢ ᠶᠣᠰᠣᠭ᠋ᠠᠷ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠡᠭᠦᠷᠭᠡᠯᠡᠨ᠎ᠡ᠃
      ᠲᠡᠯᠡᠠ ᠳᠣᠯᠣᠳᠤᠭ᠋ᠠᠷ ᠵᠦᠢ᠍ᠯ   ᠲᠤᠰ ᠬᠠᠤᠯᠢ ᠵᠢᠨ ᠭᠤᠴᠢ ᠶᠢᠰᠦᠳᠦᠭᠡᠷ ᠵᠦᠢ᠍ᠯ᠎ᠳᠠᠬᠢ ᠭᠣᠣᠯ᠎ᠤᠨ ᠵᠡᠮ᠎ᠠᠴᠠ ᠡᠯᠡᠰᠦ ᠮᠠᠯᠲᠠᠬᠤ ᠵᠥᠪᠰᠢᠶᠡᠷᠡᠯ᠎ᠤᠨ ᠲᠤᠢ᠍ᠷᠢᠮ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠵᠥᠷᠢᠴᠡᠭᠰᠡᠨ ᠶᠠᠪᠤᠳᠠᠯ᠎ᠳᠤ ᠥᠭᠬᠦ ᠵᠠᠰᠠᠭ ᠵᠠᠬᠢᠷᠭ᠋ᠠᠨ᠎ᠤ ᠰᠢᠢ᠍ᠳᠭᠡᠯ᠎ᠢ ᠲᠤᠢ᠍ᠷᠦ ᠵᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭ᠋ᠠᠨ᠎ᠠ᠃
   
      ᠨᠠᠢ᠍ᠮᠠᠳᠤᠭ᠋ᠠᠷ ᠪᠦᠯᠦᠭ   ᠲᠠᠭ᠋ᠠᠯᠳᠤᠭᠤᠯᠤᠯ ᠲᠦᠷᠢᠮ
   
      ᠲᠡᠯᠡᠠ ᠨᠠᠢ᠍ᠮᠠᠳᠤᠭ᠋ᠠᠷ ᠵᠦᠢ᠍ᠯ   ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠶ᠋ᠢᠭᠤᠯᠤᠭᠰᠠᠨ ᠪᠤᠶᠤ ᠣᠷᠣᠯᠴᠠᠭᠰᠠᠨ ᠤᠯᠡᠠ ᠤᠯᠤᠰ᠎ᠤᠨ ᠪᠤᠶᠤ ᠤᠯᠤᠰ᠎ᠤᠨ ᠬᠢᠯᠢ ᠵᠢᠨ ᠵᠠᠭ᠋ᠠᠭ᠎ᠤᠨ ᠭᠣᠣᠯ ᠮᠥᠷᠡᠨ᠂ ᠨᠠᠭᠤᠷ ᠴᠦᠬᠦᠷᠦᠮ᠎ᠲᠠᠢ ᠬᠣᠯᠪᠣᠭᠳᠠᠬᠤ ᠤᠯᠡᠠ ᠤᠯᠤᠰ᠎ᠤᠨ ᠭᠡᠷ᠎ᠡ᠂ ᠬᠡᠯᠡᠯᠴᠡᠭᠡᠷ᠎ᠲᠤ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠤᠯᠢ ᠴᠠᠭ᠋ᠠᠵᠠ᠎ᠲᠠᠢ ᠠᠳᠠᠯᠢ ᠪᠤᠰᠤ ᠲᠣᠭᠲᠠᠭ᠋ᠠᠯ᠎ᠲᠠᠢ ᠪᠠᠶ᠋ᠢᠪᠠᠯ᠂ ᠤᠯᠡᠠ ᠤᠯᠤᠰ᠎ᠤᠨ ᠭᠡᠷ᠎ᠡ᠂ ᠬᠡᠯᠡᠯᠴᠡᠭᠡᠷ᠎ᠤᠨ ᠲᠣᠭᠲᠠᠭ᠋ᠠᠯ᠎ᠢ ᠬᠡᠷᠡᠭᠯᠡᠨ᠎ᠡ᠃ ᠭᠡᠪᠡᠴᠦ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠠᠨᠠᠯ ᠵᠶ᠋ᠠᠨ ᠦᠯᠡᠳᠡᠭᠡᠬᠦ᠎ᠪᠠᠷ ᠢᠯᠡᠷᠬᠡᠶ᠋ᠢᠯᠡᠭᠰᠡᠨ ᠵᠦᠢ᠍ᠯ ᠪᠠᠳᠠᠭ ᠡᠭᠦᠨ᠎ᠳᠤ ᠪᠠᠭᠲᠠᠬᠤ ᠤᠢ᠍ᠭᠡᠢ᠃
      ᠲᠡᠯᠠ ᠶᠢᠰᠦᠳᠦᠭᠡᠷ ᠵᠦᠢ᠍ᠯ   ᠲᠤᠰ ᠬᠠᠤᠯᠢ᠎ᠳᠤ ᠬᠡᠯᠡᠵᠦ ᠪᠠᠶ᠋ᠢᠭ᠎ᠠ ᠤᠰᠦᠠ᠎ᠤ ᠪᠠᠷᠢᠯᠭ᠎ᠠ ᠭᠡᠳᠡᠭ ᠪᠣᠯ ᠭᠣᠣᠯ ᠮᠥᠷᠡᠨ᠂ ᠨᠠᠭᠤᠷ ᠴᠦᠬᠦᠷᠦᠮ ᠪᠣᠯᠤᠨ ᠭᠠᠵᠠᠷ ᠳᠣᠣᠷᠠᠬᠢ ᠤᠰᠦᠠ᠎ᠤ ᠡᠬᠢ ᠰᠤᠷᠪᠤᠯᠵᠢ ᠳᠡᠭᠡᠷ᠎ᠡ ᠤᠰᠦᠠ᠎ᠤ ᠡᠬᠢ ᠪᠠᠶᠠᠯᠢᠭ᠎ᠢ ᠨᠡᠭᠡᠭᠡᠬᠦ᠂ ᠠᠰᠢᠭᠯᠠᠬᠤ᠂ ᠬᠢᠵᠠᠭ᠋ᠠᠷᠯᠠᠬᠤ᠂ ᠲᠣᠬᠢᠷᠠᠭᠤᠯᠬᠤ ᠪᠠ ᠬᠠᠮᠠᠭ᠋ᠠᠯᠠᠬᠤ ᠡᠯ᠎ᠡ ᠲᠤᠢ᠍ᠷᠦᠯ᠎ᠤᠨ ᠪᠠᠷᠢᠯᠭ᠎ᠠ ᠵᠢ ᠬᠡᠯᠡᠵᠦ ᠪᠠᠶ᠋ᠢᠨ᠎ᠠ᠃
      ᠨᠠᠶᠠᠳᠤᠭ᠋ᠠᠷ ᠵᠤᠢ᠌ᠯ   ᠲᠠᠯᠠᠢ ᠵᠢᠨ ᠤᠰᠤ ᠵᠢ ᠨᠡᠭᠡᠭᠡᠬᠦ᠂ ᠠᠰᠢᠭᠯᠠᠬᠤ᠂ ᠬᠠᠮᠠᠭ᠋ᠠᠯᠠᠬᠤ ᠪᠠ ᠬᠠᠮᠢᠶᠠᠷᠬᠤ᠎ᠳᠤ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ᠃
      ᠨᠠᠶᠠᠨ ᠨᠢᠭᠡᠳᠦᠭᠡᠷ ᠵᠦᠢ᠍ᠯ   ᠦᠶᠡᠷ᠎ᠢ ᠰᠡᠷᠭᠡᠶ᠋ᠢᠯᠡᠬᠦ ᠠᠵᠢᠯᠯᠠᠭ᠎ᠠ ᠬᠢᠬᠦ᠎ᠳᠤ ᠦᠶᠡᠷ᠎ᠢ ᠰᠡᠷᠭᠡᠶ᠋ᠢᠯᠡᠬᠦ ᠬᠠᠤᠯᠢ ᠵᠢᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
      ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ᠎ᠳᠤ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ ᠵᠢᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
      ᠨᠠᠶᠠᠨ ᠬᠣᠶᠠᠳᠤᠭ᠋ᠠᠷ ᠵᠦᠢ᠍ᠯ   ᠲᠤᠰ ᠬᠠᠤᠯᠢ ᠵᠢ 2002 ᠣᠨ᠎ᠤ 10 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄
          
ᠬᠠᠮᠢᠶ᠎ᠡ ᠪᠦᠬᠦᠢ ᠰᠣᠨᠢᠨ
 
            