— ᠰᠢ ᠵᠢᠨ ᠫᠢᠩ ᠨᠥᠬᠦᠷ ᠵᠶ᠋ᠠᠷ ᠭᠤᠤᠯ ᠪᠤᠯᠭ᠋ᠠᠭᠰᠠᠨ ᠨᠠᠮ᠎ᠤᠨ ᠲᠥᠪ ᠬᠤᠷᠢᠶ᠎ᠠ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠢ ᠬᠥᠲᠥᠯᠥᠨ ᠵᠢᠯᠣᠭᠤᠳᠴᠤ ᠰᠢᠨ᠎ᠡ ᠵᠢ ᠡᠭᠦᠳᠦᠨ ᠬᠥᠭᠵᠢᠭᠦᠯᠦᠭᠰᠡᠨ ᠪᠣᠳᠠᠲᠤ ᠲᠡᠮᠳᠡᠭᠯᠡᠯ
ᠭᠡᠷᠡᠯᠳᠤ ᠤᠳᠤᠳ ᠨᠡᠯᠦᠭᠡᠷ ᠶᠡᠭᠡ ᠣᠭᠲᠠᠷᠭᠤᠶ ᠵᠢ ᠭᠡᠶ᠋ᠢᠭᠦᠯᠦᠨᠠ; ᠤᠯᠠᠨ ᠡᠰᠢᠲᠦ ᠨᠢᠭᠡ ᠴᠤᠬ᠍ᠴᠠᠵᠢᠯᠳᠠ᠂ ᠳᠤᠮᠳᠠᠳᠤ ᠵᠢᠨ ᠦᠨᠳᠦᠰᠦᠲᠡᠨ᠎ᠢ ᠪᠤᠢ ᠪᠤᠯᠭ᠋ᠠᠪᠠ᠃
ᠨᠢᠭᠡᠳᠦᠭᠰᠡᠨ ᠤᠯᠠᠨ ᠦᠨᠳᠦᠰᠦᠲᠡᠨ᠎ᠲᠠᠢ ᠤᠯᠤᠰ ᠪᠣᠯᠤᠭᠰᠠᠨ᠎ᠤ ᠬᠤᠪᠢ᠎ᠳᠤ᠂ ᠦᠨᠳᠦᠰᠦᠲᠡᠨ᠎ᠤ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠵᠦ᠂ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ᠎ᠨᠢ ᠤᠯᠤᠰ ᠣᠷᠣᠨ᠎ᠤ ᠥᠨᠢ ᠤᠳᠠᠭ᠋ᠠᠨ ᠠᠮᠤᠷ ᠳᠤᠭᠳᠠᠭᠤᠨ ᠪᠠᠶ᠋ᠢᠬᠤ ᠪᠠ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠳᠤ ᠬᠤᠯᠪᠣᠭᠳᠠᠨ᠎ᠠ᠃
ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠤᠯ ᠪᠤᠯᠭ᠋ᠠᠭᠰᠠᠨ ᠨᠠᠮ᠎ᠤᠨ ᠲᠥᠪ ᠬᠤᠷᠢᠶ᠎ᠠ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠣᠨᠴᠠᠯᠢᠭ᠎ᠢ ᠪᠤᠳᠤᠯᠬᠢᠯᠠᠨ᠂ ᠨᠠᠮ ᠪᠠ ᠤᠯᠤᠰ᠎ᠤᠨ ᠠᠵᠢᠯ ᠦᠢᠯᠡᠰ᠎ᠤᠨ ᠬᠥᠭᠵᠢᠯᠲᠡ ᠵᠢᠨ ᠦᠨᠳᠦᠰᠦᠲᠡᠨ᠎ᠤ ᠠᠵᠢᠯ᠎ᠳᠤ ᠳᠤᠷᠠᠳᠤᠭᠰᠠᠨ ᠰᠢᠨ᠎ᠡ ᠡᠭᠦᠷᠭᠡ ᠰᠢᠨ᠎ᠡ ᠱᠠᠭ᠋ᠠᠷᠳᠠᠯᠭ᠎ᠠ ᠵᠢ ᠭᠦᠨᠵᠡᠭᠡᠶ ᠡᠵᠡᠮᠳᠡᠵᠦ᠂ ᠠᠯᠤᠰ ᠬᠡᠲᠦ ᠵᠢᠨ ᠠᠷᠭ᠎ᠠ ᠪᠣᠳᠣᠯᠭ᠎ᠠ ᠵᠢ ᠰᠦᠪᠡᠭᠴᠢᠯᠡᠨ᠂ ᠦᠨᠳᠦᠰᠦ ᠵᠢ ᠪᠠᠬᠢᠵᠢᠭᠦᠯᠬᠦ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ》 ᠭᠡᠬᠦ ᠡᠨᠡ ᠬᠦ᠌ ᠴᠢᠬᠤᠯᠠ ᠶᠡᠭᠡ ᠨᠤᠲᠠᠯᠠᠯᠲᠠ ᠵᠢ ᠪᠦᠲᠦᠭᠡᠯᠴᠢ᠎ᠪᠠᠷ ᠳᠤᠷᠠᠳᠤᠨ ᠭᠠᠷᠭ᠋ᠠᠵᠤ᠂ ᠦᠨᠳᠦᠰᠦᠲᠡᠨ᠎ᠤ ᠠᠵᠢᠯ᠎ᠢ ᠬᠥᠲᠥᠯᠥᠨ ᠵᠢᠯᠣᠭᠤᠳᠴᠤ ᠰᠢᠨ᠎ᠡ ᠵᠢ ᠡᠭᠦᠳᠬᠦ ᠬᠥᠭᠵᠢᠯᠲᠡ ᠵᠢᠨ ᠳᠤᠮᠳᠠ ᠰᠢᠨ᠎ᠡ ᠳᠡᠭᠲᠡᠷ᠎ᠲᠤ ᠭᠠᠷᠭ᠋ᠠᠨ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠤᠨ ᠳᠤᠮᠳᠠᠳᠤ ᠤᠯᠤᠰᠴᠢᠯᠠᠬᠰᠠᠨ ᠰᠢᠨ᠎ᠡ ᠪᠠᠶ᠋ᠢᠳᠠᠯ᠎ᠢ ᠨᠡᠭᠡᠭᠡᠪᠡ᠃
ᠦᠵᠡᠯ ᠰᠠᠨᠠᠭ᠋ᠠᠨ᠎ᠤ ᠭᠡᠷᠡᠯ ᠭᠢᠯᠪᠠᠭ᠎ᠠ
ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠣᠯ ᠰᠢᠵᠢᠮ ᠪᠣᠯᠭ᠋ᠠᠵᠤ᠂ ᠰᠢᠨ᠎ᠡ ᠴᠠᠭ ᠦᠶ᠎ᠡ ᠵᠢᠨ ᠮᠠᠨ᠎ᠤ ᠤᠯᠤᠰ᠎ᠤᠨ ᠦᠨᠳᠦᠰᠦᠲᠡᠨ᠎ᠤ ᠠᠵᠢᠯ᠎ᠤᠨ ᠴᠢᠬᠤᠯᠠ ᠶᠡᠭᠡ ᠤᠨᠤᠯ ᠦᠢ᠍ᠯᠡᠳᠦᠯᠭᠡ ᠵᠢᠨ ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭᠴᠦ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠤᠨ ᠠᠤᠭ᠎ᠠ ᠲᠥᠰᠦᠪ᠎ᠢ ᠵᠢᠷᠤᠭᠯᠠᠨ᠎ᠠ
ᠵᠣᠭᠰᠣᠰᠢ ᠦᠭᠡᠢ ᠤᠷᠤᠭᠰᠢᠯᠠᠬᠤ ᠲᠡᠦᠬᠡ ᠵᠢᠨ ᠠᠶᠠᠨ᠎ᠳᠤ᠂ ᠡᠨᠡ ᠬᠦ᠌ ᠴᠠᠭ ᠮᠥᠴᠡ ᠡᠭᠦᠷᠢᠳᠡ ᠲᠡᠮᠳᠡᠭᠯᠡᠭᠳᠡᠬᠦ ᠪᠣᠯᠤᠨ᠎ᠠ —
2021 ᠣᠨ᠎ᠤ 7 ᠰᠠᠷ᠎ᠠ ᠵᠢᠨ 1᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠶᠡᠭᠡ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠵᠢᠨ ᠫᠢᠩ᠄ 《ᠪᠥᠬᠦ ᠨᠠᠮ ᠪᠥᠬᠦ ᠤᠯᠤᠰ᠎ᠤᠨ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠲᠠᠰᠤᠷᠠᠯᠳᠠ ᠦᠭᠡᠢ ᠴᠢᠷᠮᠠᠶ᠋ᠢᠨ ᠲᠡᠮᠡᠴᠡᠬᠦ᠎ᠪᠠᠷ ᠳᠡᠮᠵᠢᠨ᠂ ᠪᠢᠳᠡ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠪᠡ》 ᠭᠡᠵᠦ ᠳᠡᠯᠡᠬᠡᠶ ᠳ᠋ᠠᠬᠢᠨ᠎ᠳᠤ ᠲᠥᠪ ᠴᠢᠩᠭ᠎ᠠ᠎ᠪᠠᠷ ᠲᠤᠩᠬᠠᠭᠯᠠᠪᠠ!
ᠲᠢᠶᠠᠨ ᠠᠨ ᠮᠧᠨ ᠠᠭᠤᠳᠠᠮ ᠲᠠᠯᠠᠪᠠᠢ᠎ᠳᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠵᠢ ᠪᠡᠶᠡᠳᠡᠨ ᠰᠣᠨᠣᠰᠴᠤ᠂ ᠬᠦᠷ ᠬᠦᠭᠵᠢᠶᠡᠨᠳᠤ ᠪᠢᠯᠬᠠᠬᠰᠡᠨ ᠪᠡᠯᠭᠡᠯᠡᠬᠦ ᠠᠵᠢᠯᠯᠠᠭ᠎ᠠ᠎ᠳᠤ ᠤᠷᠤᠯᠴᠠᠬᠰᠡᠨ ᠬᠦᠮᠦᠨ᠎ᠤ ᠨᠢᠭᠡ ᠪᠤᠯ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠲᠣᠭᠤᠷᠢᠨ ᠦᠵᠡᠬᠦ ᠪᠦᠯᠬᠦᠮ᠎ᠤᠨ ᠲᠥᠯᠥᠭᠡᠯᠡᠭᠴᠢ᠂ ᠶᠦᠨᠨᠠᠨ ᠮᠤᠵᠢ ᠵᠢᠨ ᠵᠧᠨ ᠶᠤᠸᠠᠨ ᠰᠢᠶᠠᠨ᠎ᠤ ᠯᠠᠬᠤ ᠦᠨᠳᠦᠰᠦᠲᠡᠨ᠎ᠤ ᠺᠠᠳ᠋ᠷ ᠸᠠᠩ ᠶᠢᠩ ᠪᠢᠨ᠎ᠤ ᠰᠡᠳᠬᠢᠯ ᠲᠦᠢ᠍ᠯ᠎ᠤᠨ ᠶᠡᠭᠡ᠎ᠪᠠᠷ ᠲᠤᠭᠳᠤᠯᠤᠨ᠎ᠠ᠃
《ᠭᠠᠭᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠳᠤᠮᠳᠠᠳᠤ ᠵᠢᠨ ᠦᠨᠳᠦᠰᠦᠲᠡᠨ ᠰᠠᠶᠢ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠦ ᠴᠢᠳᠠᠨ᠎ᠠ᠃ ᠳᠤᠮᠳᠠᠳᠤ ᠵᠢᠨ ᠦᠨᠳᠦᠰᠦᠲᠡᠨ᠎ᠤ ᠨᠢᠭᠡ ᠭᠡᠰᠢᠭᠦᠨ ᠪᠣᠯᠤᠭᠰᠠᠨ᠎ᠳᠠᠭᠠᠨ ᠪᠢ ᠣᠮᠣᠭᠰᠢᠵᠤ ᠪᠠᠶ᠋ᠢᠨ᠎ᠠ》 ᠬᠡᠵᠦ ᠸᠠᠩ ᠶᠢᠩ ᠪᠢᠨ ᠲᠤᠭᠳᠤᠯᠤᠭᠰᠠᠨ ᠰᠡᠳᠬᠢᠯ ᠵᠶ᠋ᠠᠨ ᠲᠠᠷᠤᠵᠤ ᠶᠠᠳᠠᠨ ᠭᠡᠯᠡᠭᠰᠡᠨ ᠶᠤᠮ᠃
ᠪᠦᠬᠦ ᠲᠠᠯ᠎ᠠ ᠵᠢᠨ ᠴᠢᠨᠡᠭᠡᠯᠢᠭᠵᠢᠯ ᠪᠣᠯ ᠦᠨᠳᠦᠰᠦᠲᠡᠨ᠎ᠨᠦᠭᠦᠳ᠎ᠤᠨ ᠠᠬ᠎ᠠ ᠳᠡᠭᠦᠦ ᠨᠡᠷ᠎ᠤᠨ ᠪᠦᠯᠬᠦᠮᠳᠡᠨ ᠲᠡᠮᠡᠴᠡᠭᠰᠡᠨ᠎ᠤ ᠦᠷ᠎ᠡ ᠪᠦᠲᠦᠭᠡᠯ ᠮᠥᠨ᠂ ᠦᠨᠳᠦᠰᠦᠲᠡᠨ᠎ᠤ ᠰᠡᠷᠭᠦᠨ ᠮᠠᠨᠳᠤᠯᠲᠠ ᠪᠣᠯ ᠳᠤᠮᠳᠠᠳᠤ ᠵᠢᠨ ᠪᠦᠬᠦ ᠬᠥᠪᠡᠭᠦᠳ ᠥᠬᠢᠳ᠎ᠤᠨ ᠬᠠᠮᠲᠤ ᠵᠢᠨ ᠢᠷᠠᠭᠤ ᠠᠯᠳᠠᠷ ᠮᠥᠨ᠃
ᠳᠤᠮᠳᠠᠳᠤ ᠵᠢᠨ ᠦᠨᠳᠦᠰᠦᠲᠡᠨ᠎ᠤ ᠣᠷᠣᠰᠢᠨ ᠲᠣᠭᠲᠠᠨᠢᠵᠤ ᠦᠷᠡᠵᠢᠨ ᠲᠦᠯᠵᠢᠭᠰᠡᠨ ᠲᠡᠦᠬᠡ ᠵᠢᠨ ᠤᠷᠳᠤ ᠠᠶᠠᠨ᠎ᠳᠤ᠂ ᠳᠤᠮᠳᠠᠳᠤ ᠵᠢᠨ ᠡᠭᠡ ᠭᠠᠵᠠᠷ᠎ᠲᠠᠬᠢ ᠦᠨᠳᠦᠰᠦᠲᠡᠨ᠎ᠨᠦᠭᠦᠳ ᠶᠠᠪᠤᠯᠴᠠᠭ᠎ᠠ᠂ ᠰᠤᠯᠢᠯᠴᠠᠭ᠎ᠠ᠂ ᠠᠭᠤᠰᠤᠯᠴᠠᠭ᠎ᠠ᠂ ᠢᠮᠠᠭᠲᠠ ᠵᠢᠷᠭ᠋ᠠᠯ ᠵᠣᠪᠠᠯᠠᠩ ᠵᠶ᠋ᠠᠨ ᠬᠠᠮᠲᠤᠳᠬᠠᠭᠰᠠᠨ ᠬᠤᠪᠢ ᠵᠠᠶᠠᠭ᠋ᠠᠨ᠎ᠤ ᠬᠠᠮᠲᠤ ᠴᠣᠭᠴᠠ ᠪᠣᠯᠤᠭᠰᠠᠭ᠋ᠠᠷ ᠢᠷᠡᠵᠠᠢ᠃
ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠠᠩᠭᠢᠯᠠᠭ᠎ᠠ ᠵᠢᠨ ᠱᠠᠲᠤᠨ᠎ᠳᠤ ᠬᠦᠷᠬᠦ᠎ᠳᠤ᠂ ᠮᠠᠨ᠎ᠤ ᠤᠯᠤᠰ᠎ᠤᠨ ᠦᠨᠳᠦᠰᠦᠲᠡᠨ᠎ᠤ ᠠᠵᠢᠯ ᠰᠢᠨ᠎ᠡ ᠪᠠᠶ᠋ᠢᠳᠠᠯ ᠪᠠ ᠥᠷᠢᠰᠥᠯᠳᠦᠭᠡᠨ᠎ᠳᠤ ᠲᠤᠯᠭ᠋ᠠᠷᠠᠵᠤ ᠪᠠᠶ᠋ᠢᠨ᠎ᠠ᠃
ᠤᠯᠤᠰ᠎ᠤᠨ ᠳᠣᠲᠣᠭ᠋ᠠᠳᠤ ᠵᠢ ᠠᠵᠢᠬᠯᠠᠬᠤᠶ᠎ᠠ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠥᠷᠭᠡᠴᠡ ᠭᠦᠨᠴᠡ ᠤᠷᠢᠳ ᠡᠮᠦᠨ᠎ᠡ ᠪᠠᠶ᠋ᠢᠭ᠎ᠠ ᠦᠭᠡᠢ ᠬᠡᠮᠵᠢᠶᠡᠨ᠎ᠳᠤ ᠬᠦᠷᠴᠦ᠂ ᠦᠨᠳᠦᠰᠦᠲᠡᠨ᠎ᠤ ᠲᠠᠷᠬᠠᠯᠲᠠ ᠵᠢᠨ ᠪᠠᠶ᠋ᠢᠷᠢᠰᠢᠯ᠎ᠳᠤ ᠴᠢᠬᠤᠯᠠ ᠶᠡᠭᠡ ᠬᠤᠪᠢᠷᠠᠯᠲᠠ ᠭᠠᠷᠴᠤ᠂ ᠦᠨᠳᠦᠰᠦᠲᠡᠨ᠎ᠤ ᠬᠠᠷᠢᠴᠠᠭ᠎ᠠ ᠵᠢ ᠨᠥᠯᠥᠭᠡᠯᠡᠬᠦ ᠡᠯᠧᠮᠧᠨ᠋ᠲ ᠨᠡᠩ ᠪᠤᠳᠤᠯᠢᠶᠠᠨᠲᠠᠢ ᠪᠣᠯᠪᠠ᠃
ᠳᠡᠯᠡᠬᠡᠢ ᠳ᠋ᠠᠬᠢᠨ᠎ᠢ ᠪᠠᠷᠠᠯᠠᠬᠤᠶ᠎ᠠ᠂ ᠳᠡᠯᠡᠬᠡᠢ ᠳ᠋ᠠᠬᠢᠨ᠎ᠳᠤ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠵᠢᠨ ᠪᠠᠶ᠋ᠢᠳᠠᠯ ᠳᠣᠣᠷ᠎ᠠ᠂ ᠰᠦᠷᠳᠡᠭᠦᠯᠬᠦ ᠦᠵᠡᠯ᠂ ᠬᠠᠭ᠋ᠠᠴᠠᠭᠤᠯᠬᠤ ᠦᠵᠡᠯ᠂ ᠬᠡᠲᠦᠷᠡᠮᠡᠬᠡᠢ ᠦᠵᠡᠯ ᠠᠷᠢᠯᠬᠤ ᠦᠭᠡᠢ᠂ ᠡᠭᠡᠯ ᠳᠦᠮᠡᠨᠴᠢ ᠦᠵᠡᠯ ᠲᠣᠯᠣᠭ᠋ᠠᠢ ᠥᠨᠳᠡᠶ᠋ᠢᠵᠦ᠂ ᠦᠨᠳᠦᠰᠦᠲᠡᠨ᠎ᠤ ᠠᠰᠠᠭᠤᠳᠠᠯ ᠪᠦᠬᠦ ᠪᠥᠮᠪᠥᠷᠴᠡᠭ᠎ᠤᠨ ᠡᠩᠬᠡ ᠲᠠᠶ᠋ᠢᠪᠤᠩ ᠬᠢᠭᠡᠳ ᠬᠥᠭᠵᠢᠯᠲᠡ ᠵᠢ ᠲᠠᠰᠤᠷᠠᠯᠲᠠ ᠦᠭᠡᠢ ᠨᠥᠯᠥᠭᠡᠯᠡᠵᠦ ᠪᠠᠶ᠋ᠢᠨ᠎ᠠ᠃
ᠮᠠᠨ᠎ᠤ ᠤᠯᠤᠰ᠎ᠤᠨ ᠦᠨᠳᠦᠰᠦᠲᠡᠨ᠎ᠤ ᠠᠵᠢᠯ ᠬᠡᠷᠬᠢᠨ ᠰᠢᠨ᠎ᠡ ᠴᠠᠭ ᠦᠶ᠎ᠡ᠎ᠳᠤ ᠵᠣᠬᠢᠴᠠᠵᠤ᠂ ᠰᠢᠨ᠎ᠡ ᠪᠠᠶ᠋ᠢᠳᠠᠯ᠎ᠢ ᠡᠭᠦᠳᠬᠦ ᠪᠤᠢ? ᠶᠡᠷᠦᠩᠬᠡᠢ ᠱᠦᠵᠢ ᠰᠢ ᠵᠢᠨ ᠫᠢᠩ ᠡᠨᠡ ᠬᠦ᠌ ᠴᠢᠬᠤᠯᠠ ᠶᠡᠭᠡ ᠤᠨᠤᠯ᠎ᠤᠨ ᠪᠠ ᠪᠣᠳᠠᠲᠤ ᠠᠰᠠᠭᠤᠳᠠᠯ᠎ᠤᠨ ᠲᠤᠬᠠᠢ ᠭᠦᠨᠵᠡᠭᠡᠢ ᠪᠣᠳᠣᠯᠬᠢᠯᠠᠪᠠ᠃
ᠨᠠᠮ᠎ᠤᠨ ᠠᠷᠪᠠᠨ ᠨᠠᠢ᠌ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠤᠯ ᠪᠤᠯᠭ᠋ᠠᠭᠰᠠᠨ ᠨᠠᠮ᠎ᠤᠨ ᠲᠥᠪ ᠬᠤᠷᠢᠶ᠎ᠠ ᠦᠨᠳᠦᠰᠦᠲᠡᠨ᠎ᠤ ᠠᠵᠢᠯ ᠪᠤᠯᠤᠨ ᠦᠨᠳᠦᠰᠦᠲᠡᠨ᠎ᠤ ᠣᠷᠣᠨ᠎ᠤ ᠬᠥᠭᠵᠢᠯᠲᠡ ᠵᠢ ᠢᠮᠠᠭᠲᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠥᠷᠥ ᠵᠢ ᠵᠠᠰᠠᠵᠤ ᠵᠠᠰᠠᠭ᠎ᠢ ᠪᠠᠷᠢᠬᠤ ᠵᠢᠨ ᠲᠣᠪᠤᠶ᠋ᠢᠮ᠎ᠠ ᠪᠠᠶ᠋ᠢᠷᠢᠨ᠎ᠳᠤ ᠲᠠᠯᠪᠢᠵᠤ ᠲᠥᠯᠥᠪᠯᠡᠨ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠦᠨᠢᠳᠡ ᠵᠢᠨ ᠠᠤᠭ᠎ᠠ ᠦᠢᠯᠡᠰ᠎ᠤᠨ ᠳᠤᠮᠳᠠ ᠲᠦᠷᠭᠡᠳᠭᠡᠨ ᠠᠬᠢᠭᠤᠯᠪᠠ᠃
2014 ᠣᠨ᠎ᠤ 5 ᠰᠠᠷ᠎ᠠ᠎ᠳᠤ᠂ ᠬᠤᠶᠠᠳᠤᠭ᠋ᠠᠷ ᠤᠳᠠᠭ᠋ᠠᠨ᠎ᠤ ᠲᠥᠪ᠎ᠤᠨ ᠰᠢᠨᠵᠢᠶᠠᠩ᠎ᠤᠨ ᠠᠵᠢᠯ᠎ᠤᠨ ᠲᠤᠬᠠᠶ ᠶᠠᠷᠢᠯᠴᠠᠬᠤ ᠬᠤᠷᠠᠯ ᠪᠡᠭᠡᠵᠢᠩ᠎ᠳᠤ ᠬᠤᠷᠠᠯᠳᠤᠪᠠ᠃ ᠲᠤᠰ ᠤᠳᠠᠭ᠋ᠠᠨ᠎ᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ 《ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ》᠎ᠤᠨ ᠴᠢᠬᠤᠯᠠ ᠶᠡᠭᠡ ᠨᠤᠲᠠᠯᠠᠯᠲᠠ ᠵᠢ ᠲᠣᠳᠣᠷᠬᠠᠢ ᠳᠤᠷᠠᠳᠴᠠᠢ᠃ ᠲᠤᠰ ᠵᠢᠯ᠎ᠤᠨ 9 ᠰᠠᠷ᠎ᠠ᠎ᠳᠤ ᠬᠤᠷᠠᠯᠳᠤᠭᠰᠠᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ 《ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠦᠵᠡᠯ ᠰᠠᠨᠠᠭ᠋ᠠᠨ᠎ᠤ ᠰᠠᠭᠤᠷᠢ ᠵᠢ ᠪᠠᠲᠤ ᠴᠣᠭᠴᠠᠯᠠᠬᠤ ᠵᠢ ᠪᠠᠷᠢᠮᠲᠠᠯᠠᠬᠤ ᠬᠡᠷᠡᠭᠲᠡᠢ》 ᠭᠡᠵᠦ ᠲᠣᠳᠣᠷᠬᠠᠢ ᠴᠢᠬᠤᠯᠠᠴᠢᠯᠠᠪᠠ᠃
ᠡᠭᠦᠨ᠎ᠠᠴᠠ ᠰᠡᠭᠦᠯᠡᠷ᠂ ᠶᠡᠷᠦᠩᠬᠡᠢ ᠱᠦᠵᠢ ᠰᠢ ᠵᠢᠨ ᠫᠢᠩ ᠪᠠᠰᠠ ᠤᠯᠠᠨ ᠲᠠᠯᠠᠪᠤᠷ᠎ᠲᠤ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠨ ᠭᠦᠨᠵᠡᠭᠡᠢ ᠠᠭᠤᠯᠤᠭᠳᠠᠬᠤᠨ ᠪᠠ ᠴᠢᠬᠤᠯᠠ ᠶᠡᠭᠡ ᠠᠴᠢ ᠬᠤᠯᠪᠣᠭᠳᠠᠯ᠎ᠢ ᠭᠦᠨᠵᠡᠭᠡᠢ ᠲᠣᠳᠣᠷᠬᠠᠶ᠋ᠢᠯᠠᠨ ᠥᠭᠦᠯᠡᠵᠠᠢ᠃ ᠡᠭᠦᠨ ᠵᠶ᠋ᠠᠷ ᠵᠢᠯᠤᠭᠤᠳᠤᠯᠭ᠎ᠠ ᠪᠣᠯᠭ᠋ᠠᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ ᠭᠦᠨᠵᠡᠭᠡᠶ᠋ᠢᠷᠡᠨ ᠠᠬᠢᠪᠠ᠃
2015 ᠣᠨ᠎ᠤ ᠤᠯᠤᠰ᠎ᠤᠨ ᠪᠠᠶᠠᠷ᠎ᠠᠴᠠ ᠡᠮᠤᠨ᠎ᠠ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠤᠯ᠂ ᠭᠤᠸᠠᠩᠰᠢ᠂ ᠲᠥᠪᠡᠳ᠂ ᠨᠢᠩᠰᠢᠶᠠ᠂ ᠰᠢᠨᠵᠢᠶᠠᠩ ᠵᠡᠷᠭᠡ 5 ᠥᠪᠡᠷᠲᠡᠭᠡᠨ ᠵᠠᠰᠠᠬᠤ ᠣᠷᠣᠨ᠎ᠤ 13 ᠦᠨᠳᠦᠰᠦᠨ ᠱᠠᠲᠤᠨ᠎ᠤ ᠦᠨᠳᠦᠰᠦᠲᠡᠨ᠎ᠤ ᠪᠦᠯᠬᠦᠮᠳᠡᠯ᠎ᠤᠨ ᠰᠢᠯᠢᠳᠡᠭ ᠲᠥᠯᠥᠭᠡᠯᠡᠭᠴᠢ ᠵᠢ ᠪᠡᠭᠡᠵᠢᠩ᠎ᠳᠤ ᠤᠷᠢᠵᠤ ᠤᠯᠤᠰ᠎ᠤᠨ ᠪᠠᠶᠠᠷ᠎ᠢ ᠪᠡᠯᠬᠡᠯᠡᠬᠦ ᠠᠵᠢᠯᠯᠠᠭ᠎ᠠ᠎ᠳᠤ ᠣᠷᠣᠯᠴᠠᠭᠤᠯᠪᠠ᠃
9 ᠰᠠᠷ᠎ᠠ ᠵᠢᠨ 30᠎ᠤ ᠡᠳᠦᠷ᠂ ᠲᠦᠯᠦᠬᠡᠯᠡᠭᠴᠢᠳ᠎ᠲᠠᠢ ᠠᠭᠤᠯᠵᠠᠬᠤ᠎ᠳᠠᠭᠠᠨ᠂ ᠶᠡᠷᠦᠩᠬᠡᠶ ᠱᠦᠵᠢ ᠰᠢ ᠵᠢᠨ ᠫᠢᠩ᠄ 《ᠳᠤᠮᠳᠠᠳᠤ ᠵᠢᠨ ᠦᠨᠳᠦᠰᠦᠲᠡᠨ ᠨᠢᠭᠡ ᠭᠡᠷ᠎ᠤᠨ ᠬᠦᠮᠤᠨ ᠰᠢᠭ ᠪᠦᠯᠬᠦᠮᠳᠠᠵᠤ᠂ ᠰᠡᠳᠬᠢᠯ ᠵᠢᠷᠤᠭᠡ᠎ᠪᠠᠨ ᠬᠤᠯᠪᠤᠨ ᠳᠤᠮᠳᠠᠳᠤ ᠵᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ ᠪᠣᠯ ᠪᠦᠬᠦ ᠳᠤᠮᠳᠠᠳᠤ ᠵᠢᠨ ᠬᠥᠪᠡᠭᠦᠳ ᠥᠬᠢᠳ᠎ᠤᠨ ᠬᠠᠮᠲᠤ ᠵᠢᠨ ᠬᠦᠰᠡᠯ ᠪᠤᠯᠬᠤ ᠪᠦᠭᠡᠳ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠳᠤ ᠵᠢᠨ ᠬᠠᠷᠠᠯᠳᠡ ᠪᠤᠯᠤᠨ᠎ᠠ》 ᠬᠡᠪᠡ᠃
《ᠮᠠᠨ᠎ᠤ ᠤᠯᠤᠰ᠎ᠤᠨ 56 ᠦᠨᠳᠦᠰᠦᠲᠡᠨ ᠪᠣᠯ ᠴᠥᠮ ᠳᠤᠮᠳᠠᠳᠤ ᠵᠢᠨ ᠦᠨᠳᠦᠰᠦᠲᠡᠨ᠎ᠤ ᠶᠡᠭᠡ ᠭᠡᠷ ᠪᠦᠯᠢ ᠵᠢᠨ ᠡᠷᠬᠡ ᠲᠡᠭᠰᠢ ᠪᠦᠷᠢᠯᠳᠦᠬᠦᠨ ᠪᠤᠯᠤᠨ᠎ᠠ᠂ ᠬᠡᠨ᠎ᠨᠢ ᠭᠡᠨᠠᠴᠠᠪᠠᠨ ᠰᠠᠯᠵᠤ ᠴᠢᠳᠠᠬᠤ ᠦᠭᠡᠶ ᠪᠠᠶ᠋ᠢᠬᠤ ᠳᠤᠮᠳᠠᠳᠤ ᠵᠢᠨ ᠦᠨᠳᠦᠰᠦᠲᠡᠨ᠎ᠤ ᠬᠤᠪᠢ ᠵᠠᠶᠠᠭ᠋ᠠᠨ᠎ᠤ ᠬᠠᠮᠲᠤ ᠴᠣᠭᠴᠠ ᠵᠢ ᠬᠠᠮᠳᠤ᠎ᠪᠠᠷ ᠪᠦᠷᠢᠯᠳᠦᠭᠦᠯᠦᠭᠰᠡᠨ ᠶᠤᠮ》 ᠬᠡᠵᠤ ᠲᠤᠳᠤᠷᠬᠠᠢ ᠵᠢᠭ᠋ᠠᠵᠤ ᠭᠠᠷᠭ᠋ᠠᠵᠡᠢ᠃
ᠲᠡᠦᠬᠡ ᠵᠢᠨ ᠲᠣᠬᠢᠶᠠᠯᠳᠤᠯ᠎ᠳᠤ ᠲᠡᠦᠬᠡ ᠵᠢᠨ ᠵᠠᠶ᠋ᠢᠯᠠᠰᠢ ᠦᠭᠡᠢ ᠴᠢᠨᠠᠷ ᠠᠭᠤᠯᠤᠭᠳᠠᠵᠤ ᠪᠠᠶ᠋ᠢᠳᠠᠭ᠃ 66 ᠵᠢᠯ᠎ᠤᠨ ᠡᠮᠦᠨᠡᠬᠢ ᠡᠨᠡ ᠬᠦ᠌ ᠡᠳᠦᠷ — 1949 ᠣᠨ᠎ᠤ 9 ᠰᠠᠷ᠎ᠠ ᠵᠢᠨ 30᠎ᠤ ᠡᠳᠦᠷ᠂ ᠲᠤᠮᠳᠡᠳᠦ ᠤᠯᠦᠰ᠎ᠤᠨ ᠠᠷᠡᠦᠠ᠎ᠤᠨ ᠤᠯᠦᠰ ᠲᠦᠷᠦ ᠵᠢᠨ ᠵᠦᠪᠯᠡᠯᠭᠡᠨ ᠳᠡᠭᠡᠷ᠎ᠡ᠂ 36 ᠴᠥᠭᠡᠨ ᠲᠣᠭ᠋ᠠᠲᠤ ᠦᠨᠳᠦᠰᠦᠲᠡᠨ᠎ᠤ ᠲᠦᠯᠦᠬᠡᠯᠡᠭᠴᠢ ᠰᠢᠨ᠎ᠡ ᠳᠤᠮᠳᠠᠳᠤ ᠤᠯᠤᠰ᠎ᠢ ᠴᠢᠩ ᠰᠡᠳᠬᠢᠯ᠎ᠠᠴᠠ᠎ᠪᠠᠨ ᠮᠡᠳᠡᠷᠡᠵᠦ ᠪᠠᠶ᠋ᠢᠬᠤ ᠪᠠ ᠬᠦᠰᠡᠨ ᠪᠠᠷᠠᠯᠠᠵᠤ ᠪᠠᠶ᠋ᠢᠬᠤ ᠤᠷᠬᠢᠯᠤᠮ᠎ᠠ ᠬᠠᠯᠠᠭᠤᠨ ᠰᠡᠳᠬᠢᠯᠭᠡ᠎ᠪᠠᠨ ᠢᠯᠡᠳᠬᠡᠵᠡᠶ᠄
《ᠮᠠᠨ᠎ᠤ ᠴᠥᠭᠡᠨ ᠲᠣᠭ᠋ᠠᠲᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠡᠳᠦᠨ ᠵᠠᠭᠤᠨ ᠵᠢᠯ᠎ᠤᠨ ᠲᠤᠷᠰᠢ ᠴᠢᠰᠤ ᠤᠷᠤᠰᠬᠠᠨ ᠲᠡᠮᠡᠴᠡᠵᠤ ᠣᠯᠤᠭᠰᠠᠨ ᠬᠠᠷᠠᠯᠲᠠ ᠥᠨᠥᠳᠦᠷ ᠡᠴᠦᠰ᠎ᠲᠡᠭᠡᠨ ᠪᠡᠶᠡᠯᠡᠭᠳᠡᠯ᠎ᠡ᠁ ᠮᠠᠨ᠎ᠤ ᠴᠥᠭᠡᠨ ᠲᠣᠭ᠋ᠠᠲᠤ ᠦᠨᠳᠦᠰᠦᠲᠡᠨ᠎ᠨᠦᠭᠦᠳ ᠪᠠ ᠪᠦᠬᠦ᠋ᠢ᠍ᠯᠡ ᠳᠤᠮᠳᠠᠳᠤ ᠤᠯᠤᠰ᠎ᠤᠨ ᠠᠷᠠᠳ ᠲᠦᠮᠡᠨ᠎ᠤ ᠭᠡᠭᠡᠨ ᠰᠠᠷᠠᠭᠤᠯ ᠵᠤᠯ ᠵᠢᠷᠭ᠋ᠠᠯᠲᠤ ᠢᠷᠡᠭᠡᠳᠦᠶ ᠵᠢ ᠬᠠᠷᠠᠭ᠋ᠠᠳ᠂ ᠪᠢᠳᠠ ᠮᠠᠰᠢ ᠤᠮᠤᠭᠰᠢᠨ ᠵᠤᠷᠢᠬ᠍ᠵᠢᠵᠤ ᠪᠠᠭ᠍ᠠᠳᠤᠵᠤ ᠪᠠᠶ᠋ᠢᠨ᠎ᠠ!》
ᠠᠷᠠᠳ᠎ᠤᠨ ᠰᠡᠳᠬᠢᠯ᠎ᠤᠨ ᠬᠠᠨᠳᠤᠰᠢ ᠠᠨ᠎ᠤ ᠭᠠᠭᠴᠡ ᠬᠦ᠌ ᠶᠤᠰᠤ ᠵᠢᠷᠤᠮᠳᠤᠷ ᠠᠮᠤᠢ᠃ ᠦᠨᠳᠦᠰᠦᠲᠡᠨ᠎ᠤ ᠲᠤᠰᠠᠭ᠋ᠠᠷ ᠲᠣᠭᠲᠠᠨᠢᠯ᠂ ᠤᠯᠤᠰ ᠣᠷᠣᠨ᠎ᠤ ᠪᠠᠶᠠᠵᠢᠯ ᠬᠦᠴᠦᠷᠬᠡᠭᠵᠢᠯ᠂ ᠠᠷᠠᠳ ᠲᠦᠮᠡᠨ᠎ᠤ ᠵᠣᠯ ᠵᠢᠷᠭ᠋ᠠᠯ᠎ᠢ ᠪᠡᠶᠡᠯᠡᠭᠦᠯᠬᠦ ᠵᠢᠨ ᠠᠭᠤᠤ ᠶᠡᠭᠡ ᠲᠡᠮᠡᠴᠡᠯ ᠳᠤᠮᠳᠠ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠡᠳᠬᠢᠯ ᠨᠢᠭᠡᠳᠴᠤ᠂ ᠬᠠᠮᠲᠤ ᠴᠣᠭᠴᠠ ᠵᠢᠨ ᠤᠬᠠᠮᠰᠠᠷ ᠤᠷᠢᠳ ᠡᠮᠦᠨ᠎ᠡ ᠪᠠᠶ᠋ᠢᠭ᠎ᠠ ᠦᠭᠡᠢ ᠴᠢᠩᠭ᠋ᠠᠷᠠᠵᠤ᠂ ᠳᠤᠮᠳᠠᠳᠤ ᠵᠢᠨ ᠦᠨᠳᠦᠰᠦᠲᠡᠨ ᠤᠬᠠᠮᠰᠠᠷᠠᠭ᠋ᠠᠳᠤᠢ ᠪᠠᠶ᠋ᠢᠭᠰᠠᠨ᠎ᠠᠴᠠ ᠤᠬᠠᠮᠰᠠᠷ᠎ᠲᠠᠢ ᠪᠤᠯᠤᠭᠰᠠᠨ ᠠᠭᠤᠤ ᠶᠡᠭᠡ ᠬᠤᠪᠢᠷᠠᠯᠳᠡ ᠵᠢ ᠪᠡᠶᠡᠯᠡᠭᠦᠯᠪᠡ᠃
ᠦᠵᠡᠯ ᠰᠠᠨᠠᠭ᠋ᠠᠨ᠎ᠤ ᠭᠠᠯ ᠪᠠᠮᠪᠠᠷ ᠴᠣ᠌ ᠰᠢᠨ᠎ᠡ ᠴᠠᠭ ᠦᠶ᠎ᠡ ᠵᠢ ᠬᠡᠶ᠋ᠢᠬᠦᠯᠦᠨᠠ᠃
2017 ᠣᠨ᠎ᠤ 10 ᠰᠠᠷ᠎ᠠ᠎ᠳᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠠᠴᠠ 《ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ》 ᠵᠢ ᠨᠠᠮ᠎ᠤᠨ ᠲᠦᠷᠢᠮ᠎ᠳᠤ ᠵᠢᠩᠬᠢᠨᠢ᠎ᠪᠠᠷ ᠪᠢᠴᠢᠵᠦ ᠣᠷᠣᠭᠤᠯᠪᠠ᠃
2018 ᠣᠨ᠎ᠤ 3 ᠰᠠᠷ᠎ᠠ᠎ᠳᠤ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠩᠬᠠᠳᠤᠭ᠋ᠠᠷ ᠬᠤᠷᠠᠯ᠎ᠠᠴᠠ ᠦᠨᠳᠦᠰᠦᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠪᠠᠲᠤᠯᠠᠵᠤ᠂ 《ᠳᠤᠮᠳᠠᠳᠤ ᠵᠢᠨ ᠦᠨᠳᠦᠰᠦᠲᠡᠨ》 ᠭᠡᠬᠦ ᠦᠭᠡ ᠵᠢ ᠠᠩᠬ᠎ᠠ ᠤᠳᠠᠭ᠎ᠠ ᠤᠯᠤᠰ᠎ᠤᠨ ᠦᠨᠳᠦᠰᠦᠪᠣᠯᠬᠤ ᠬᠠᠤᠯᠢ᠎ᠳᠤ ᠪᠢᠴᠢᠵᠦ ᠣᠷᠣᠭᠤᠯᠪᠠ᠃
2019 ᠣᠨ᠎ᠤ 9 ᠰᠠᠷ᠎ᠠ᠎ᠳᠤ᠂ ᠪᠥᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠵᠢᠨ ᠫᠢᠩ ᠪᠠᠰᠠ 《ᠳᠥᠷᠪᠡᠨ ᠬᠠᠮᠲᠤ》 ᠵᠢᠨ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠦᠵᠡᠯᠲᠡ ᠵᠢ ᠪᠦᠲᠦᠭᠡᠯᠴᠢ ᠴᠢᠨᠠᠷᠲᠠᠶ᠎ᠪᠠᠷ ᠳᠤᠷᠠᠳᠤᠨ ᠭᠠᠷᠭ᠋ᠠᠪᠠ —
ᠮᠠᠨ᠎ᠤ ᠥᠷᠭᠡᠨ ᠠᠭᠤᠳᠠᠮ ᠨᠤᠲᠤᠭ ᠳᠡᠪᠢᠰᠬᠡᠷ᠎ᠢ ᠦᠨᠳᠦᠰᠦᠲᠡᠨ᠎ᠨᠦᠭᠦᠳ ᠬᠠᠮᠲᠤ᠎ᠪᠠᠷ ᠨᠡᠭᠡᠭᠡᠭᠰᠡᠨ ᠶᠤᠮ᠂ ᠮᠠᠨ᠎ᠤ ᠥᠨᠢ ᠤᠳᠠᠭ᠋ᠠᠨ ᠲᠡᠦᠬᠡ ᠵᠢ ᠦᠨᠳᠦᠰᠦᠲᠡᠨ᠎ᠨᠦᠭᠦᠳ ᠬᠠᠮᠲᠤ᠎ᠪᠠᠷ ᠪᠢᠴᠢᠭᠯᠡᠭᠰᠡᠨ ᠶᠤᠮ᠂ ᠮᠠᠨ᠎ᠤ ᠭᠡᠷᠡᠯ ᠰᠠᠴᠤᠷᠠᠩᠭᠤᠢ ᠰᠣᠶᠣᠯ᠎ᠢ ᠦᠨᠳᠦᠰᠦᠲᠡᠨ᠎ᠨᠦᠭᠦᠳ ᠬᠠᠮᠲᠤ᠎ᠪᠠᠷ ᠡᠭᠦᠳᠦᠭᠰᠡᠨ ᠶᠤᠮ᠂ ᠮᠠᠨ᠎ᠤ ᠠᠭᠤᠤ ᠶᠡᠭᠡ ᠵᠣᠷᠢᠭ ᠰᠠᠨᠠᠭ᠎ᠠ ᠵᠢ ᠦᠨᠳᠦᠰᠦᠲᠡᠨ᠎ᠨᠦᠭᠦᠳ ᠬᠠᠮᠲᠤ᠎ᠪᠠᠷ ᠪᠤᠶ᠋ᠢᠵᠢᠭᠤᠯᠤᠭᠰᠠᠨ ᠶᠤᠮ᠃
2020 ᠣᠨ᠎ᠤ 8 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠳᠣᠯᠣᠳᠤᠭ᠋ᠠᠷ ᠤᠳᠠᠭ᠎ᠠ ᠵᠢᠨ ᠲᠥᠪᠡᠳ᠎ᠤᠨ ᠠᠵᠢᠯ᠎ᠤᠨ ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠨ ᠴᠢᠬᠤᠯᠠ ᠶᠡᠭᠡ ᠠᠴᠢ ᠬᠤᠯᠪᠣᠭᠳᠠᠯ᠎ᠢ ᠣᠨᠴᠠᠭ᠋ᠠᠶ᠋ᠢᠯᠠᠨ ᠴᠢᠬᠤᠯᠠᠴᠢᠯᠠᠪᠠ᠃ ᠨᠢᠭᠡ ᠰᠠᠷ᠎ᠠ ᠵᠢᠨ ᠲᠠᠷᠠᠭ᠎ᠠ᠂ ᠭᠤᠷᠪᠠᠳᠤᠭ᠋ᠠᠷ ᠤᠳᠠᠭ᠎ᠠ ᠵᠢᠨ ᠲᠥᠪ᠎ᠤᠨ ᠰᠢᠨᠵᠢᠶᠠᠩ᠎ᠤᠨ ᠠᠵᠢᠯ᠎ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠣᠯ ᠰᠢᠵᠢᠮ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠶᠡᠭᠡ ᠪᠦᠯᠬᠦᠮᠳᠡᠯ᠎ᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ ᠭᠡᠵᠦ ᠳᠠᠬᠢᠨᠲᠠ ᠴᠢᠬᠤᠯᠠᠴᠢᠯᠠᠵᠡᠢ᠃
ᠤᠯᠠᠨ ᠡᠰᠢᠳᠤ ᠨᠢᠭᠡ ᠴᠣᠭᠴᠠᠵᠢᠯᠳᠠ ᠲᠡᠶ᠋ᠢᠰᠢ ᠤᠷᠤᠭᠰᠢᠯᠠᠵᠤ᠂ ᠵᠥᠷᠢᠶᠡᠲᠦ ᠴᠢᠨᠠᠷ᠎ᠢ ᠬᠦᠨᠳᠦᠳᠬᠡᠬᠦ᠎ᠠᠴᠠ ᠨᠡᠶ᠋ᠢᠲᠡᠯᠢᠭ ᠴᠢᠨᠠᠷ᠎ᠢ ᠨᠡᠮᠡᠭᠳᠡᠭᠦᠯᠬᠦ ᠬᠦᠷᠲᠡᠯ᠎ᠡ ᠁ 56 ᠦᠨᠳᠦᠰᠦᠲᠡᠨ ᠤᠯᠠᠨ ᠡᠰᠢᠳᠤ ᠵᠢᠨ ᠳᠤᠮᠳᠠ ᠪᠦᠬᠦᠯᠢ ᠴᠣᠭᠴᠠ ᠵᠢ ᠴᠣᠭᠴᠠᠯᠠᠵᠤ᠂ ᠪᠦᠬᠦᠯᠢ ᠴᠣᠭᠴᠠ ᠵᠢᠨ ᠳᠤᠮᠳᠠ ᠦᠩᠭᠡ ᠪᠦᠷᠢ ᠵᠢᠨ ᠴᠡᠴᠡᠭ᠎ᠢ ᠵᠡᠷᠭᠡ᠎ᠪᠠᠷ ᠳᠡᠯᠭᠡᠷᠡᠭᠦᠯᠵᠦ᠂ ᠬᠠᠮᠳᠤ᠎ᠪᠠᠷ ᠳᠤᠮᠳᠠᠳᠤ ᠵᠢᠨ ᠦᠨᠳᠦᠰᠦᠲᠡᠨ᠎ᠤ ᠲᠤᠭ᠎ᠤᠨ ᠳᠣᠣᠷ᠎ᠠ ᠨᠢᠭᠳᠠᠷᠠᠨ᠂ ᠳᠤᠮᠳᠠᠳᠤ ᠵᠢᠨ ᠦᠨᠳᠦᠰᠦᠲᠡᠨ᠎ᠤ ᠪᠠᠭᠲᠠᠭ᠋ᠠᠮᠵᠢᠲᠤ ᠴᠢᠨᠠᠷ ᠵᠶ᠋ᠠᠷ ᠨᠡᠩ ᠴᠢᠩᠭ᠎ᠠ᠂ ᠨᠢᠭᠲᠠᠷᠠᠯ᠎ᠤᠨ ᠬᠦᠴᠦᠨ ᠵᠶ᠋ᠠᠷ ᠨᠡᠩ ᠶᠡᠭᠡ ᠬᠤᠪᠢ ᠵᠠᠶᠠᠭ᠋ᠠᠨ᠎ᠤ ᠬᠠᠮᠲᠤ ᠴᠣᠭᠴᠠ ᠲᠡᠶ᠋ᠢᠰᠢ ᠤᠷᠤᠭᠰᠢᠯᠠᠬᠤ ᠵᠢ ᠠᠬᠢᠭᠤᠯᠪᠠ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ ᠪᠣᠯ ᠤᠯᠤᠰ ᠤᠷᠤᠨ᠎ᠤ ᠨᠢᠭᠡᠳᠦᠯ᠎ᠤᠨ ᠰᠠᠭᠤᠷᠢ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠤᠶᠤᠨ ᠰᠠᠨᠠᠭ᠋ᠠᠨ᠎ᠤ ᠬᠦᠴᠦᠨ᠎ᠤ ᠰᠦᠭ ᠰᠦᠨᠡᠰᠦ ᠮᠥᠨ᠃
ᠨᠠᠮ ᠪᠠᠶ᠋ᠢᠭᠤᠯᠤᠬᠳᠠᠬᠰᠠᠨ ᠵᠠᠭᠤᠨ ᠵᠢᠯ᠎ᠤᠨ ᠣᠶ᠎ᠳᠤ ᠲᠣᠬᠢᠶᠠᠯᠳᠤᠭᠤᠯᠤᠨ᠂ ᠡᠨᠡ ᠵᠢᠯ᠎ᠠᠴᠠ ᠨᠠᠭ᠋ᠠᠰᠢ᠂ ᠶᠡᠷᠦᠩᠬᠡᠶ ᠱᠦᠵᠢ ᠰᠢ ᠵᠢᠨ ᠫᠢᠩ ᠨᠢᠭᠡᠨᠲᠡ ᠦᠨᠳᠦᠰᠦᠲᠡᠨ᠎ᠤ ᠣᠷᠣᠨ᠎ᠳᠤ ᠳᠥᠷᠪᠠᠨᠲᠡ ᠬᠦᠷᠴᠦ ᠰᠢᠨᠵᠢᠯᠡᠨ ᠪᠠᠶ᠋ᠢᠴᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠣᠨᠣᠯ ᠪᠠ ᠦᠢᠯᠡᠳᠦᠯᠭᠡ ᠵᠢᠨ ᠪᠠᠶᠠᠯᠢᠭ ᠠᠭᠤᠯᠤᠭᠳᠠᠬᠤᠨ᠎ᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠦᠨ ᠥᠷᠭᠡᠳᠬᠡᠨ᠎ᠠ —
ᠭᠦᠢ᠍ᠵᠧᠦ᠎ᠳᠤ᠂ 《ᠳᠤᠮᠳᠠᠳᠤ ᠵᠢᠨ ᠦᠨᠳᠦᠰᠦᠲᠡᠨ ᠪᠣᠯ ᠲᠤᠮᠤ ᠭᠡᠷ ᠪᠦᠯᠢ ᠮᠥᠨ᠂ ᠲᠠᠪᠢᠨ ᠵᠢᠷᠭᠤᠭ᠋ᠠᠨ ᠦᠨᠳᠦᠰᠦᠲᠡᠨ ᠲᠠᠪᠢᠨ ᠵᠢᠷᠭᠤᠭ᠋ᠠᠨ ᠪᠠᠭᠴᠠ ᠴᠡᠴᠡᠭ ᠮᠡᠳᠦ》 ᠭᠡᠵᠦ ᠴᠢᠬᠤᠯᠠᠴᠢᠯᠠᠪᠠ; ᠭᠤᠸᠠᠩᠰᠢ᠎ᠳᠤ ᠤᠴᠢᠭ᠋ᠠᠳ᠂ 《ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠠᠪᠰᠢᠵᠤ᠂ ᠬᠠᠮᠲᠤ᠎ᠪᠠᠷ ᠴᠡᠴᠡᠭᠯᠡᠨ ᠬᠥᠭᠵᠢᠬᠦ ᠪᠣᠯ ᠳᠤᠮᠳᠠᠳᠤ ᠵᠢᠨ ᠦᠨᠳᠦᠰᠦᠲᠡᠨ᠎ᠤ ᠠᠮᠢ ᠨᠠᠰᠤ᠂ ᠬᠦᠴᠦᠨ ᠴᠢᠳᠠᠯ᠂ ᠬᠦᠰᠡᠯ ᠡᠷᠡᠮᠡᠯᠵᠡᠯ ᠮᠥᠨ》 ᠭᠡᠵᠦ ᠵᠢᠭ᠋ᠠᠵᠤ ᠭᠠᠷᠭ᠋ᠠᠪᠠ; ᠬᠥᠬᠡᠨᠠᠭᠤᠷ᠎ᠲᠤ ᠬᠦᠷᠦᠭᠡᠳ 《ᠨᠠᠮ᠎ᠤᠨ ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠡᠷᠡᠭᠲᠡᠢ》 ᠭᠡᠵᠤ ᠱᠠᠭ᠋ᠠᠷᠳᠠᠪᠠ; ᠲᠥᠪᠡᠳ᠎ᠲᠤ ᠤᠴᠢᠭ᠋ᠠᠳ 《ᠪᠢᠳᠡ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠮᠥᠨ᠂ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠵᠤ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠶ᠋ᠢᠰᠢ ᠤᠷᠤᠭᠰᠢᠯᠠᠬᠤ ᠬᠡᠷᠡᠭᠲᠡᠢ》 ᠭᠡᠵᠤ ᠵᠢᠭ᠋ᠠᠵᠤ ᠭᠠᠷᠭ᠋ᠠᠪᠠ ᠁
ᠴᠠᠩ ᠠᠨ ᠵᠡᠭᠡᠯᠢ ᠵᠢᠨ ᠬᠤᠶ᠋ᠢᠲᠤ ᠲᠠᠯ᠎ᠠ᠎ᠳᠠᠬᠢ ᠦᠨᠳᠦᠰᠦᠲᠡᠨ᠎ᠤ ᠰᠣᠶᠣᠯ᠎ᠤᠨ ᠣᠷᠳᠣᠨ᠎ᠳᠤ ᠨᠢᠭᠡᠨ ᠬᠤᠪᠣᠷ ᠨᠠᠨᠳᠢᠨ ᠦᠵᠡᠮᠦᠷᠢ ᠵᠢᠨ ᠡᠳ᠋ ᠬᠠᠳᠠᠭ᠋ᠠᠯᠠᠵᠤ ᠪᠠᠶ᠋ᠢᠳᠠᠭ᠃ ᠲᠡᠷᠡ᠎ᠨᠢ ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 70 ᠵᠢᠯ᠎ᠤᠨ ᠣᠶ ᠵᠢ ᠪᠡᠯᠭᠡᠯᠡᠬᠦ ᠲᠣᠮᠣ ᠬᠡᠯᠪᠡᠷᠢ ᠵᠢᠨ ᠠᠮᠵᠢᠯᠲᠠ ᠪᠦᠲᠦᠮᠵᠢ ᠵᠢᠨ ᠦᠵᠡᠰᠬᠦᠯᠡᠩ᠎ᠳᠤ ᠳᠡᠯᠭᠡᠭᠳᠡᠬᠦ ᠦᠶᠡᠰ᠎ᠲᠤ ᠶᠡᠷᠦᠩᠬᠡᠶ ᠱᠦᠵᠢ ᠰᠢ ᠵᠢᠨ ᠫᠢᠩ᠎ᠤᠨ ᠠᠩᠬᠠᠷᠤᠯ᠎ᠢ ᠲᠠᠲᠠᠬᠰᠠᠨ ᠶᠤᠮ᠃
ᠡᠨᠡ ᠪᠣᠯ ᠨᠢᠭᠡ ᠲᠣᠮᠣ ᠬᠡᠯᠪᠡᠷᠢ ᠵᠢᠨ ᠮᠥᠩᠭᠦᠨ ᠰᠡᠶ᠋ᠢᠯᠦᠮᠠᠯ ᠬᠠᠯᠬᠠᠪᠴᠢ ᠪᠤᠯᠤᠨ᠎ᠠ᠃ ᠬᠠᠯᠬᠠᠪᠴᠢ᠎ᠨᠢ ᠮᠢᠩᠭ᠋ᠠᠨ ᠣᠨ᠎ᠤ ᠤᠯᠠᠮᠵᠢᠯᠠᠯᠳᠤ ᠰᠡᠶ᠋ᠢᠯᠪᠦᠷᠢ ᠵᠢᠨ ᠠᠷᠭ᠎ᠠ᠎ᠪᠠᠷ 56 ᠦᠨᠳᠦᠰᠦᠲᠡᠨ᠎ᠤ 112 ᠬᠥᠮᠦᠨ᠎ᠤ ᠳᠦᠷᠢ ᠵᠢ ᠠᠮᠢᠳᠤ ᠳᠦᠷᠰᠦᠯᠢᠭ ᠵᠢᠷᠤᠭᠯᠠᠭᠰᠠᠨ ᠶᠤᠮ᠃ ᠲᠡᠳᠡ ᠲᠢᠶᠠᠨ ᠠᠨ ᠮᠧᠨᠤ ᠡᠮᠦᠨ᠎ᠡ ᠭᠠᠷ ᠭᠠᠷ ᠵᠶ᠋ᠠᠨ ᠬᠤᠯᠪᠣᠨ᠂ ᠮᠥᠷᠥ ᠵᠡᠷᠭᠡᠴᠡᠨ ᠵᠤᠬᠰᠤᠵᠤ᠂ ᠲᠦᠷᠪᠡᠨ ᠲᠠᠯ᠎ᠠ᠎ᠪᠠᠷ᠎ᠨᠢ ᠵᠦᠮᠤᠯᠠᠩᠮᠠ ᠤᠷᠬᠢᠯ᠂ ᠺᠦᠨᠯᠦ᠋ᠨ ᠠᠭᠤᠯᠠ ᠰᠡᠭᠦ᠋ᠢ᠍ᠨ ᠰᠦᠨᠳᠡᠷᠯᠡᠵᠤ᠂ ᠡᠭᠦᠯᠡ ᠵᠡᠷᠭᠡᠯᠡᠭᠡᠨᠳᠤ ᠰᠦᠮᠡᠯᠵᠡᠬᠦ ᠭᠤᠷᠪᠠᠨ ᠠᠭᠤᠯᠠ ᠲᠠᠪᠤᠨ ᠬᠠᠶ᠋ᠢᠷᠬᠠᠨ᠂ ᠠᠯᠤᠰ᠎ᠲᠤ ᠦᠷᠭᠦᠯᠵᠢᠯᠡᠭᠰᠡᠨ ᠲᠦᠮᠡᠨ ᠭᠠᠵᠠᠷ᠎ᠤᠨ ᠤᠷᠳᠤ ᠴᠠᠭ᠋ᠠᠨ ᠬᠡᠷᠡᠮ᠂ ᠲᠤᠯᠬᠢᠶᠠᠯᠠᠨ ᠤᠷᠤᠰᠬᠤ ᠬᠥᠬᠡᠮᠥ᠋ᠷᠡᠨ ᠬᠠᠳᠤᠨ ᠭᠤᠣᠯ ᠪᠠᠶ᠋ᠢᠵᠤ᠂ ᠳᠤᠮᠳᠠᠳᠤ ᠵᠢᠨ ᠦᠨᠳᠦᠰᠦᠲᠡᠨ᠎ᠤ ᠶᠡᠭᠡ ᠪᠦᠯᠬᠦᠮᠳᠡᠯ᠎ᠤᠨ ᠰᠦᠷᠯᠢᠭ ᠰᠠᠶ᠋ᠢᠬᠠᠨ ᠦᠩᠭᠡ ᠦᠵᠡᠮᠵᠢ ᠵᠢ ᠢᠯᠡᠷᠡᠭᠦᠯᠪᠡ᠃
ᠳᠤᠮᠳᠠᠳᠤ ᠵᠢᠨ ᠦᠨᠳᠦᠰᠦᠲᠡᠨ ᠨᠢᠭᠡ ᠬᠡᠷ᠎ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠵᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠦᠨ᠎ᠡ — ᠮᠥᠩᠭᠦᠨ ᠰᠡᠶ᠋ᠢᠯᠦᠮᠠᠯ ᠬᠠᠯᠬᠠᠪᠴᠢ ᠵᠢᠨ ᠭᠤᠤᠯ ᠰᠡᠳᠦᠪ ᠪᠣᠯ ᠶᠡᠷᠦᠩᠬᠡᠶ ᠱᠦᠵᠢ ᠰᠢ ᠵᠢᠨ ᠫᠢᠩ᠎ᠤᠨ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠲᠤ ᠲᠠᠯᠪᠢᠭᠰᠠᠨ ᠴᠢᠩ ᠰᠡᠳᠬᠢᠯ᠎ᠤᠨ ᠬᠦᠰᠡᠯ ᠡᠷᠡᠮᠡᠯᠵᠡᠯ ᠪᠣᠯᠤᠨ᠎ᠠ᠃
ᠲᠦᠪ ᠶᠤᠰᠤᠨ᠎ᠤ ᠠᠶᠠᠯᠠᠯ
ᠠᠭᠤᠤ ᠶᠡᠭᠡ ᠲᠤᠭ᠎ᠢ ᠥᠨᠳᠥᠷ ᠮᠠᠨᠳᠤᠭᠤᠯᠵᠤ᠂ ᠵᠥᠪ ᠴᠢᠭᠯᠡᠯ᠎ᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠢ ᠶᠠᠪᠤᠬᠤ ᠲᠤᠳᠤᠮ ᠰᠠᠷᠠᠭᠤᠯ ᠳᠠᠷᠳᠠᠩ ᠪᠣᠯᠭ᠋ᠠᠨ᠎ᠠ
ᠲᠦᠷᠦ ᠵᠢ ᠵᠠᠰᠠᠵᠤ ᠵᠠᠰᠠᠭ ᠪᠡᠷᠢᠬᠤ ᠶᠡᠭᠡ ᠲᠠᠯ᠎ᠠ᠎ᠳᠤ᠂ ᠦᠨᠳᠦᠰᠦᠲᠡᠨ᠎ᠤ ᠠᠵᠢᠯ ᠴᠢᠬᠤᠯᠠ ᠪᠠᠶ᠋ᠢᠷᠢ ᠵᠢ ᠡᠵᠡᠯᠡᠵᠦ ᠪᠠᠶ᠋ᠢᠨ᠎ᠠ᠃ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠠᠴᠠ ᠨᠠᠭ᠋ᠠᠰᠢᠬᠢ ᠳᠥᠷᠪᠡᠳᠦᠭᠡᠷ ᠤᠳᠠᠭ᠎ᠠ ᠵᠢᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠢ ᠰᠠᠶ᠋ᠢᠲᠤᠷ ᠬᠤᠷᠠᠯᠳᠤᠭᠤᠯᠬᠤ ᠵᠢᠨ ᠲᠥᠯᠥᠭᠡ᠂ 2014 ᠣᠨ᠎ᠳᠤ᠂ ᠶᠡᠷᠦᠩᠬᠡᠢ ᠱᠦᠵᠢ ᠰᠢ ᠵᠢᠨ ᠫᠢᠩ ᠲᠥᠪᠯᠡᠷᠡᠩᠭᠦᠢ ᠪᠠᠶ᠋ᠢᠴᠠᠭ᠋ᠠᠨ ᠰᠤᠳᠤᠯᠤᠯᠲᠠ ᠬᠢᠵᠦ᠂ ᠲᠠᠬᠢᠨ ᠳᠠᠪᠲᠠᠨ ᠰᠣᠨᠣᠰᠴᠤ᠂ ᠦᠨᠳᠦᠰᠦᠨ ᠱᠠᠲᠤᠨ᠎ᠤ ᠡᠮᠦᠨ᠎ᠡ ᠹᠷᠣᠨᠲ᠎ᠤᠨ ᠪᠤᠳᠤᠯ ᠰᠠᠨᠠᠯ᠎ᠢ ᠨᠠᠷᠢᠨ ᠬᠢᠨᠠᠮᠠᠭ᠋ᠠᠢ ᠪᠣᠳᠣᠯᠬᠢᠯᠠᠪᠠ —
ᠥᠪᠥᠷ ᠮᠣᠩᠭᠤᠯ᠂ ᠰᠢᠨᠵᠢᠶᠠᠩ ᠵᠡᠷᠭᠡ ᠭᠠᠵᠠᠷ᠎ᠲᠤ ᠬᠦᠷᠴᠦ ᠴᠥᠭᠡᠨ ᠲᠣᠭ᠋ᠠᠲᠤ ᠦᠨᠳᠦᠰᠦᠲᠡᠨ᠎ᠤ ᠣᠯᠠᠨ ᠲᠦᠮᠡᠨ᠎ᠲᠠᠢ ᠨᠢᠭᠤᠷᠳᠠᠨ ᠶᠠᠷᠢᠯᠴᠠᠵᠤ᠂ ᠪᠡᠭᠡᠵᠢᠩ ᠬᠤᠲᠠ ᠵᠢᠨ ᠬᠠᠶ ᠳ᠋ᠢᠶᠠᠨ ᠲᠣᠭᠤᠷᠢᠭ᠎ᠤᠨ ᠦᠨᠳᠦᠰᠦᠲᠡᠨ᠎ᠤ ᠪᠠᠭ᠎ᠠ ᠰᠤᠷᠭ᠋ᠠᠭᠤᠯᠢ᠎ᠳᠤ ᠬᠦᠷᠴᠦ ᠰᠢᠨᠵᠢᠯᠡᠨ ᠪᠠᠶ᠋ᠢᠴᠠᠭ᠋ᠠᠵᠤ᠂ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠭᠦᠢᠵᠧᠤ ᠵᠢᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠡᠲᠡᠭᠡᠳ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ᠎ᠢ ᠡᠷᠬᠢᠨ ᠦᠵᠡᠭᠰᠡᠨ ᠪᠥᠭᠡᠳ ᠳᠤᠭᠤᠶ᠋ᠢᠯᠠᠩ ᠬᠠᠮᠲᠤᠷᠠᠭᠰᠠᠨ ᠶᠠᠷᠢᠯᠴᠠᠬᠤ ᠬᠤᠷᠠᠯ᠎ᠳᠤ ᠣᠷᠣᠯᠴᠠᠪᠠ ᠁
ᠭᠦᠨᠵᠡᠭᠡᠢ ᠪᠠᠶ᠋ᠢᠴᠠᠭ᠋ᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠡᠨᠡ ᠤᠳᠠᠭ᠎ᠠ ᠵᠢᠨ ᠴᠢᠬᠤᠯᠠ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠤᠨ ᠰᠢᠨᠵᠢᠯᠡᠬᠦ ᠤᠬᠠᠭ᠋ᠠᠨᠴᠢ ᠠᠭᠤᠯᠤᠭᠳᠠᠬᠤᠨ᠎ᠢ ᠠᠩᠬ᠎ᠠ ᠤᠳᠠᠭ᠎ᠠ ᠰᠢᠰᠲ᠋ᠧᠮ᠎ᠲᠠᠢ ᠲᠣᠳᠣᠷᠬᠠᠶ᠋ᠢᠯᠠᠨ ᠥᠭᠦᠯᠡᠪᠡ᠃
ᠡᠨᠡ ᠬᠦ᠌ ᠵᠥᠪ ᠵᠠᠮ᠎ᠨᠢ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠵᠢᠨ ᠵᠠᠩᠭᠢᠯᠠᠭ᠎ᠠ ᠵᠢ ᠭᠦᠨᠵᠡᠭᠡᠢ ᠢᠯᠡᠷᠡᠭᠦᠯᠦᠭᠰᠡᠨ ᠶᠤᠮ —
ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠵᠦ ᠴᠢᠳᠠᠬᠤ ᠡᠰᠡᠬᠦ ᠵᠢᠨ ᠬᠠᠮᠤᠭ᠎ᠤᠨ ᠦᠨᠳᠦᠰᠦᠨ ᠨᠢᠭᠡ ᠵᠦᠢ᠍ᠯ ᠪᠣᠯ ᠨᠠᠮ᠎ᠤᠨ ᠤᠳᠤᠷᠢᠳᠤᠯᠭ᠎ᠠ ᠪᠠᠲᠤ ᠴᠢᠩᠭ᠎ᠠ ᠬᠦᠴᠦᠨ᠎ᠲᠠᠢ ᠪᠠᠶ᠋ᠢᠬᠤ ᠡᠰᠡᠬᠦ ᠶᠠᠪᠤᠳᠠᠯ ᠪᠣᠯᠤᠨ᠎ᠠ᠃
ᠶᠡᠷᠦᠩᠬᠡᠢ ᠱᠦᠵᠢ ᠰᠢ ᠵᠢᠨ ᠫᠢᠩ᠄ 《ᠭᠠᠭᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ ᠰᠠᠶᠢ ᠳᠤᠮᠳᠠᠳᠤ ᠵᠢᠨ ᠦᠨᠳᠦᠰᠦᠲᠡᠨ᠎ᠤ ᠶᠡᠭᠡ ᠪᠦᠯᠬᠦᠮᠳᠡᠯ᠎ᠢ ᠪᠡᠶᠡᠯᠡᠭᠦᠯᠵᠦ ᠴᠢᠳᠠᠨ᠎ᠠ᠂ ᠭᠠᠭᠴᠠ ᠬᠦ᠌ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ ᠰᠠᠶᠢ ᠦᠨᠳᠦᠰᠦᠲᠡᠨ᠎ᠨᠦᠭᠦᠳ᠎ᠢ ᠨᠢᠭᠲᠠᠷᠠᠭᠤᠯᠵᠤ᠂ ᠦᠨᠳᠦᠰᠦᠲᠡᠨ᠎ᠨᠦᠭᠦᠳ᠎ᠢ ᠬᠥᠭᠵᠢᠭᠦᠯᠵᠦ᠂ ᠦᠨᠳᠦᠰᠦᠲᠡᠨ᠎ᠨᠦᠭᠦᠳ᠎ᠢ ᠴᠡᠴᠡᠭᠯᠡᠭᠦᠯᠵᠦ ᠴᠢᠳᠠᠨ᠎ᠠ》᠂ 《ᠰᠢᠨ᠎ᠡ ᠪᠠᠶ᠋ᠢᠳᠠᠯ ᠳᠣᠣᠷᠠᠬᠢ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ᠎ᠳᠤ ᠡᠷᠬᠡᠪᠰᠢ ᠦᠨᠳᠦᠰᠦᠲᠡᠨ᠎ᠤ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠬᠤ ᠬᠡᠷᠡᠭᠲᠡᠢ》 ᠭᠡᠵᠦ ᠭᠦᠨᠵᠡᠭᠡᠢ ᠵᠢᠭ᠋ᠠᠵᠤ ᠭᠠᠷᠭ᠋ᠠᠪᠠ᠃
《ᠪᠢᠳᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠲᠤ ᠪᠠᠷᠢᠮᠲᠠᠯᠠᠳᠠᠭ ᠯᠠ ᠶᠤᠮ ᠪᠣᠯ ᠶᠠᠮᠠᠷᠪᠠ ᠤᠯᠤᠰ ᠲᠦᠷᠦ ᠵᠢᠨ ᠬᠦᠴᠦᠨ ᠴᠦ᠍ ᠭᠡᠳ ᠮᠠᠨ᠎ᠤ ᠦᠨᠳᠦᠰᠦᠲᠡᠨ᠎ᠤ ᠬᠠᠷᠢᠴᠠᠭ᠎ᠠ ᠵᠢ ᠵᠠᠪᠰᠠᠷᠳᠠᠭᠤᠯᠵᠤ ᠴᠢᠳᠠᠬᠤ ᠦᠭᠡᠢ᠂ ᠮᠠᠨ᠎ᠤ ᠦᠨᠳᠦᠰᠦᠲᠡᠨ᠎ᠤ ᠪᠦᠯᠬᠦᠮᠳᠡᠯ ᠨᠢᠭᠡᠳᠦᠯ ᠤᠯᠤᠰ ᠲᠦᠷᠦ ᠵᠢᠨ ᠲᠠᠯ᠎ᠠ᠎ᠪᠠᠷ ᠭᠦᠢ᠍ᠴᠡᠳ ᠪᠠᠲᠤᠯᠠᠭ᠎ᠠ᠎ᠲᠠᠢ ᠪᠤᠯᠵᠤ ᠴᠢᠳᠠᠨ᠎ᠠ》 ᠭᠡᠰᠡᠨ ᠢᠳᠡ ᠬᠦᠴᠦᠲᠡᠶ ᠦᠭᠡ ᠶᠠᠷᠢᠶ᠎ᠠ᠎ᠨᠢ ᠦᠨᠳᠦᠰᠦᠲᠡᠨ᠎ᠤ ᠠᠵᠢᠯ᠎ᠢ ᠵᠥᠪ ᠵᠠᠮ ᠵᠶ᠋ᠠᠷ ᠲᠠᠰᠤᠷᠠᠯᠲᠠ ᠥᠬᠡᠶ ᠤᠷᠤᠭᠰᠢᠯᠠᠭᠤᠯᠬᠤ ᠪᠣᠯᠤᠨ᠎ᠠ᠃
ᠡᠨᠡ ᠬᠦ᠌ ᠵᠥᠪ ᠵᠠᠮ᠎ᠨᠢ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠤᠨ ᠬᠥᠭᠵᠢᠯᠲᠡ ᠵᠢᠨ ᠴᠢᠭᠯᠡᠯ᠎ᠢ ᠲᠣᠭᠲᠠᠭ᠋ᠠᠭᠰᠠᠨ ᠶᠤᠮ —
《ᠤᠤᠯ᠎ᠳᠠᠭᠠᠨ ᠬᠤᠲᠠ ᠵᠢᠨ ᠲᠣᠭᠤᠷᠢᠭ ᠮᠠᠰᠢ ᠪᠠᠭ᠎ᠠ ᠪᠠᠶ᠋ᠢᠬᠰᠠᠨ᠂ ᠳᠡᠮᠡᠢ ᠬᠤᠯᠠ ᠶᠠᠪᠤᠬᠤ ᠦᠭᠡᠢ᠎ᠪᠠᠷ ᠨᠣᠭᠤᠭ᠎ᠠ ᠵᠢᠨ ᠲᠠᠷᠢᠶᠠᠨ᠎ᠳᠠᠭᠠᠨ ᠬᠦᠷᠴᠢᠭᠡᠳᠡᠭ᠃ ᠣᠳᠣ ᠵᠠᠮ ᠵᠶ᠋ᠠᠷ ᠮᠠᠰᠢ ᠣᠯᠠᠨ ᠣᠳᠣᠬᠢᠴᠢᠯᠠᠭᠰᠠᠨ ᠥᠨᠳᠥᠷ ᠠᠰᠠᠷ ᠰᠦᠨᠳᠡᠷᠯᠡᠵᠤ᠂ ᠤᠯᠠᠮ᠎ᠠᠴᠠ ᠤᠯᠠᠮ ᠶᠡᠭᠡ ᠬᠤᠲᠠ ᠵᠢᠨ ᠬᠡᠪ ᠨᠠᠮᠪᠠ᠎ᠲᠠᠢ ᠪᠣᠯᠵᠠᠶ》 ᠭᠡᠵᠤ ᠡᠨᠡ ᠵᠢᠯ ᠲᠦᠷᠦᠯ ᠰᠠᠳᠤᠨ ᠵᠶ᠋ᠠᠨ ᠡᠷᠬᠢᠨ ᠦᠵᠡᠬᠦ᠎ᠪᠠᠷ ᠤᠯᠤᠰ᠎ᠲᠠᠭᠠᠨ ᠪᠤᠴᠠᠭᠰᠠᠨ ᠳᠤᠮᠳᠠᠳᠤ ᠵᠢᠨ ᠬᠠᠷᠢᠶᠠᠲᠤ᠎ᠠᠴᠠ ᠲᠦᠷᠦᠭᠰᠡᠨ ᠨᠤᠳᠤᠭ ᠥᠪᠥᠷ ᠮᠣᠩᠭᠤᠯ᠎ᠤᠨ ᠬᠥᠬᠡᠬᠤᠲᠠ ᠵᠢᠨ ᠵᠶ᠋ᠠᠨ ᠬᠤᠪᠢᠷᠠᠯᠲᠠ ᠵᠢ ᠬᠠᠷᠠᠭ᠋ᠠᠳ ᠦᠪᠡᠷ᠎ᠤᠨ ᠡᠷᠭᠡ ᠦᠭᠡᠢ ᠰᠡᠳᠬᠢᠯ ᠲᠤᠭᠳᠤᠯᠤᠨ ᠭᠡᠯᠡᠭᠰᠡᠨ ᠪᠢᠯᠡ᠃
ᠡᠨᠡ ᠪᠣᠯ ᠳᠤᠮᠳᠠᠳᠤ ᠤᠯᠤᠰ᠎ᠤᠨ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠨᠤᠲᠤᠭ᠎ᠤᠨ ᠬᠤᠪᠢᠷᠠᠯᠳᠠ ᠬᠦᠭᠵᠢᠯᠳᠡ ᠵᠢᠨ ᠬᠤᠷᠢᠶᠠᠩᠭᠤᠢ ᠳᠦᠷᠰᠦ ᠪᠣᠯᠬᠤ ᠪᠥᠭᠡᠳ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠤᠨ ᠠᠮᠢᠵᠢᠷᠠᠯ᠎ᠤᠨ ᠬᠦᠴᠦᠨ᠎ᠢ ᠴᠦ᠍ ᠪᠠᠰᠠ ᠨᠢᠭᠡ ᠲᠠᠯ᠎ᠠ᠎ᠠᠴᠠ ᠲᠤᠰᠬᠠᠵᠤ ᠪᠠᠶ᠋ᠢᠭ᠎ᠠ ᠶᠤᠮ᠃
ᠥᠩᠭᠡᠷᠡᠭᠰᠡᠨ ᠬᠡᠰᠡᠭ ᠬᠤᠭᠤᠴᠠᠭ᠋ᠠᠨ᠎ᠳᠤ᠂ ᠨᠡᠶ᠋ᠢᠭᠡᠮ ᠳᠡᠭᠡᠷ᠎ᠡ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠤᠨ ᠲᠤᠬᠠᠢ ᠠᠳᠠᠯᠢ ᠪᠤᠰᠤ ᠦᠵᠡᠯᠳᠡ ᠢᠯᠡᠷᠡᠵᠠᠢ᠃
ᠡᠭᠦᠨ᠎ᠳᠤ ᠶᠡᠷᠦᠩᠬᠡᠢ ᠱᠦᠵᠢ ᠰᠢ ᠵᠢᠨ ᠫᠢᠩ᠄ 《ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠨᠢ ᠮᠠᠨ᠎ᠤ ᠤᠯᠤᠰ᠎ᠤᠨ ᠤᠯᠤᠰ᠎ᠤᠨ ᠪᠠᠶ᠋ᠢᠳᠠᠯ᠎ᠲᠠᠢ ᠨᠡᠶ᠋ᠢᠴᠡᠵᠦ᠂ ᠤᠯᠤᠰ ᠣᠷᠣᠨ᠎ᠤ ᠨᠢᠭᠡᠳᠦᠯ ᠪᠠ ᠨᠤᠲᠤᠭ ᠳᠡᠪᠢᠰᠬᠡᠷ᠎ᠤᠨ ᠪᠦᠷᠢᠨ ᠪᠦᠲᠦᠨ ᠪᠠᠶ᠋ᠢᠬᠤ ᠵᠢ ᠬᠠᠮᠠᠭ᠋ᠠᠯᠠᠬᠤ᠂ ᠦᠨᠳᠦᠰᠦᠲᠡᠨ᠎ᠤ ᠡᠷᠬᠡ ᠲᠡᠭᠰᠢ ᠪᠦᠯᠬᠦᠮᠳᠡᠯ᠎ᠢ ᠴᠢᠩᠭ᠋ᠠᠳᠬᠠᠬᠤ᠂ ᠦᠨᠳᠦᠰᠦᠲᠡᠨ᠎ᠤ ᠭᠠᠵᠠᠷ ᠣᠷᠣᠨ᠎ᠤ ᠬᠥᠭᠵᠢᠯᠲᠡ ᠵᠢ ᠠᠬᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠨᠢᠭᠲᠠᠷᠠᠯ᠎ᠤᠨ ᠬᠦᠴᠦᠨ᠎ᠢ ᠴᠢᠩᠭ᠋ᠠᠷᠠᠭᠤᠯᠬᠤ ᠵᠡᠷᠭᠡ ᠲᠠᠯ᠎ᠠ᠎ᠪᠠᠷ ᠴᠥᠮ ᠴᠢᠬᠤᠯᠠ ᠦᠢ᠍ᠯᠡᠳᠦᠯ ᠦᠵᠡᠭᠦᠯᠪᠡ》 ᠭᠡᠵᠦ ᠳᠤᠳᠤᠷᠬᠠᠢ ᠵᠢᠭ᠋ᠠᠵᠦ ᠭᠠᠷᠭ᠋ᠠᠪᠠ᠃
ᠪᠠᠷᠢᠮᠲᠠᠯᠠᠬᠤ ᠵᠢᠨ ᠳᠤᠮᠳᠠ ᠬᠥᠭᠵᠢᠭᠦᠯᠵᠦ᠂ ᠬᠥᠭᠵᠢᠭᠦᠯᠬᠦ ᠵᠢᠨ ᠳᠤᠮᠳᠠ ᠲᠡᠭᠦᠯᠳᠡᠷᠵᠢᠭᠦᠯᠦᠨ᠎ᠡ᠃ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠤᠳᠤᠷᠢᠳᠤᠨ ᠤᠯᠤᠭᠰᠠᠨ ᠪᠠᠶ᠋ᠢᠭᠤᠯᠤᠯ᠎ᠤᠨ ᠰᠢᠨ᠎ᠡ ᠵᠢ ᠡᠭᠦᠳᠦᠭᠰᠡᠨ ᠠᠭᠤᠤ ᠶᠡᠭᠡ ᠦᠷ᠎ᠡ ᠪᠦᠲᠦᠭᠡᠯ ᠪᠣᠯᠤᠭᠰᠠᠨ᠎ᠤ ᠬᠤᠪᠢ᠎ᠳᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠨᠢ ᠲᠠᠰᠤᠷᠠᠯᠲᠠ ᠥᠬᠡᠶ ᠬᠥᠭᠵᠢᠨ ᠲᠡᠭᠦᠯᠳᠡᠷᠵᠢᠬᠦ ᠶᠠᠪᠤᠴᠠ ᠳᠤᠮᠳᠠ᠎ᠪᠠᠨ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠲᠤ ᠨᠠᠩ ᠴᠤᠭ ᠪᠠᠳᠠᠷᠠᠩᠭᠤᠶ ᠬᠥᠳᠡᠯᠭᠡᠬᠦ ᠬᠦᠴᠦᠨ ᠨᠡᠮᠡᠷᠢᠯᠡᠪᠡ᠃
ᠡᠨᠡ ᠬᠦ᠌ ᠵᠥᠪ ᠤᠨᠤᠪᠴᠢᠳᠠᠢ ᠵᠠᠮ᠎ᠨᠢ ᠡᠬᠡ ᠤᠯᠤᠰ᠎ᠤᠨ ᠨᠢᠭᠡᠳᠦᠯ᠂ ᠬᠢᠯᠢ ᠬᠢᠵᠠᠭ᠋ᠠᠷ᠎ᠤᠨ ᠠᠮᠤᠷ ᠲᠣᠭᠲᠠᠭᠤᠨ᠎ᠢ ᠬᠦᠴᠦᠲᠡᠢ ᠬᠠᠮᠠᠭ᠋ᠠᠯᠠᠪᠠ —
2021 ᠣᠨ᠎ᠤ 6 ᠰᠠᠷ᠎ᠠ ᠵᠢᠨ 29᠎ᠤ ᠡᠳᠦᠷ᠂ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ᠃
ᠲᠥᠪᠡᠳ᠎ᠤᠨ ᠯᠦᠩᠽᠢ ᠰᠢᠶᠠᠨ᠎ᠤ ᠢᠦᠢ ᠮᠠᠢ ᠰᠢᠶᠠᠩ᠎ᠤᠨ ᠵᠦᠸᠧ ᠭᠠ ᠳᠣᠭᠳᠣᠯᠤᠭᠰᠠᠨ ᠰᠡᠳᠬᠢᠯᠭᠡ᠎ᠪᠠᠨ ᠳᠠᠷᠤᠵᠦ ᠶᠠᠳᠠᠨ ᠭᠠᠪᠢᠶᠠᠨ ᠳᠡᠮᠳᠡᠭ ᠣᠯᠭᠤᠬᠤ ᠲᠠᠶ᠋ᠢᠰᠠᠨ᠎ᠳᠤ ᠭᠠᠷᠴᠤ᠂ ᠶᠡᠷᠦᠩᠬᠡᠢ ᠱᠦᠵᠢ ᠰᠢ ᠵᠢᠨ ᠫᠢᠩ᠎ᠤᠨ ᠪᠡᠶ᠎ᠡ᠎ᠪᠠᠷ ᠵᠶ᠋ᠠᠨ ᠲᠡᠭᠦᠨ᠎ᠳᠤ ᠣᠯᠭᠤᠭᠰᠠ 《ᠳᠤᠯᠤᠭ᠋ᠠᠨ ᠰᠠᠷ᠎ᠠ ᠵᠢᠨ ᠨᠢᠭᠡᠨ᠎ᠤ ᠭᠠᠪᠢᠶᠠᠨ ᠳᠡᠮᠳᠡᠭ》᠎ᠢ ᠲᠤᠰᠴᠦ ᠠᠪᠤᠪᠠ᠃
33 ᠵᠢᠯ᠎ᠤᠨ ᠡᠮᠦᠨ᠎ᠡ᠂ ᠵᠦᠸᠧ ᠭᠠ ᠢᠦᠢ ᠮᠠᠢ ᠰᠢᠶᠠᠩ᠎ᠤᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠵᠦ᠂ ᠡᠬᠡ ᠤᠯᠤᠰ᠎ᠤᠨ ᠵᠶ᠋ᠠᠨ ᠬᠢᠯᠢ ᠬᠢᠵᠠᠭ᠋ᠠᠷ᠎ᠤᠨ ᠠᠮᠤᠷ ᠲᠣᠭᠲᠠᠭᠤᠨ᠎ᠢ ᠬᠠᠮᠠᠭ᠋ᠠᠯᠠᠬᠤ ᠵᠢᠨ ᠲᠥᠯᠥᠭᠡ ᠬᠢᠯᠢ ᠴᠠᠭᠳᠠᠬᠤ ᠠᠶᠠᠨ ᠵᠶ᠋ᠠᠨ ᠬᠦᠬᠡᠬᠡᠵᠦ ᠪᠠᠶ᠋ᠢᠯ᠎ᠠ᠃ ᠵᠠᠷᠢᠮ᠎ᠳᠠᠭᠠᠨ ᠵᠠᠮᠨᠠᠭ᠋ᠠᠳ ᠶᠠᠳᠠᠷᠠᠬᠤ ᠦᠶᠡᠰ᠂ ᠵᠦᠸᠧ ᠭᠠ ᠴᠠᠰᠤᠲᠤ ᠠᠭᠤᠯᠠ ᠵᠢ ᠪᠠᠷᠠᠯᠠᠵᠤ᠂ ᠠᠪᠤ ᠵᠢᠨ ᠵᠶ᠋ᠠᠨ ᠥᠪᠡᠷ᠎ᠤᠨ ᠭᠠᠷ ᠵᠶ᠋ᠠᠷ ᠵᠶ᠋ᠠᠨ ᠤᠶᠤᠭᠰᠠᠨ ᠲᠡᠷᠡ᠎ᠬᠦ ᠲᠠᠪᠤᠨ ᠣᠳᠣᠲᠤ ᠤᠯᠠᠭ᠋ᠠᠨ ᠲᠤᠭ ᠵᠶ᠋ᠠᠨ ᠨᠠᠨᠳᠢᠩᠨᠠᠨ ᠡᠷᠭᠦᠵᠦ ᠲᠡᠭᠦᠨ᠎ᠳᠤ᠄ 《ᠢᠦᠢ ᠮᠠᠢ ᠪᠤᠯ ᠮᠠᠨ᠎ᠤ ᠲᠦᠷᠦᠭᠰᠡᠨ ᠨᠤᠳᠤᠭ᠂ ᠳᠤᠮᠳᠠᠳᠤ ᠤᠯᠤᠰ ᠪᠤᠯ ᠮᠠᠨ᠎ᠤ ᠡᠭᠡ ᠤᠯᠤᠰ》 ᠭᠡᠵᠦ ᠬᠡᠯᠡᠵᠦ ᠪᠠᠶ᠋ᠢᠭᠰᠠᠨ᠎ᠢ᠎ᠨᠢ ᠡᠷᠬᠢᠴᠡᠬᠦᠯᠦᠨ᠎ᠡ᠃
ᠵᠦᠸᠧ ᠭᠠ ᠭᠡᠷ᠎ᠤᠨ ᠬᠥᠮᠦᠰ᠎ᠲᠠᠢ᠎ᠪᠠᠨ ᠬᠠᠮᠳᠦ ᠬᠢᠯᠢ ᠰᠠᠬᠢᠭᠰᠠᠨ ᠦᠢ᠍ᠯᠡ ᠠᠵᠢᠯᠯᠠᠭ᠎ᠠ᠎ᠨᠢ ᠤᠯᠤᠰ ᠳᠠᠶᠠᠭ᠋ᠠᠷ᠎ᠢ ᠳᠣᠭᠳᠣᠯᠤᠭᠤᠯᠪᠠ᠃ ᠣᠳᠣᠬᠠᠨ᠎ᠳᠤ᠂ ᠢᠦᠢ ᠮᠠᠢ ᠰᠢᠶᠠᠩ ᠤᠯᠤᠰ᠎ᠤᠨ ᠬᠦᠴᠦᠲᠡᠢ ᠳᠡᠮᠵᠢᠯᠭᠡ ᠳᠣᠣᠷ᠎ᠠ ᠨᠢᠭᠡᠨᠲᠡ ᠨᠢᠭᠡ ᠰᠢᠶᠠᠩ ᠬᠤᠶᠠᠷ ᠲᠣᠰᠬᠤᠨ᠎ᠤ ᠴᠢᠨᠡᠭᠡᠯᠢᠭ ᠰᠢᠶᠠᠩ ᠪᠠᠯᠭ᠋ᠠᠰᠤ ᠪᠤᠯᠵᠦ᠂ ᠰᠠᠭᠤᠭ᠋ᠠᠯᠢ ᠠᠷᠠᠳ᠎ᠨᠢ 3 ᠬᠥᠮᠦᠨ ᠪᠠᠶ᠋ᠢᠭᠰᠠᠨ᠎ᠠᠴᠠ᠎ᠪᠠᠨ 200 ᠭᠠᠷᠤᠢ ᠬᠥᠮᠦᠨ ᠪᠣᠯᠤᠨ ᠨᠡᠮᠡᠭᠳᠡᠵᠡᠢ᠂ ᠲᠠᠳᠠ ᠬᠢᠯᠢ ᠬᠢᠵᠠᠭ᠋ᠠᠷ ᠤᠷᠤᠨ᠎ᠳᠤ ᠠᠵᠢᠯᠯᠠᠵᠤ ᠠᠮᠢᠳᠤᠷᠠᠨ᠂ ᠨᠤᠲᠤᠭ ᠳᠡᠪᠢᠰᠬᠡᠷ ᠵᠶ᠋ᠠᠨ ᠰᠠᠬᠢᠨ ᠬᠠᠮᠠᠭ᠋ᠠᠯᠠᠵᠤ᠂ ᠦᠷᠭᠦᠯᠵᠢᠯᠡᠨ ᠰᠡᠳᠬᠢᠯ ᠬᠥᠳᠡᠯᠭᠡᠮ᠎ᠡ ᠥᠯᠢᠭᠡᠷ᠎ᠢ ᠪᠢᠴᠢᠭᠯᠡᠵᠦ ᠪᠠᠶ᠋ᠢᠨ᠎ᠠ᠃
ᠮᠠᠨ᠎ᠤ ᠤᠯᠤᠰ᠎ᠤᠨ ᠬᠢᠯᠢ ᠬᠢᠵᠠᠭ᠋ᠠᠷ ᠣᠷᠣᠨ᠎ᠤ ᠣᠯᠠᠩᠬᠢ᠎ᠨᠢ ᠦᠨᠳᠦᠰᠦᠲᠡᠨ᠎ᠤ ᠭᠠᠵᠠᠷ ᠣᠷᠣᠨ ᠪᠠᠶ᠋ᠢᠵᠤ᠂ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ᠎ᠨᠢ ᠬᠢᠯᠢ ᠬᠢᠵᠠᠭ᠋ᠠᠷ᠎ᠤᠨ ᠠᠮᠤᠷ ᠲᠣᠭᠲᠠᠭᠤᠨ᠎ᠳᠤ ᠴᠢᠬᠤᠯᠠ ᠶᠡᠭᠡ ᠠᠴᠢ ᠬᠤᠯᠪᠣᠭᠳᠠᠯ᠎ᠲᠠᠢ ᠶᠤᠮ᠃ ᠶᠡᠷᠦᠩᠬᠡᠢ ᠱᠦᠵᠢ ᠰᠢ ᠵᠢᠨ ᠫᠢᠩ᠄ 《ᠬᠢᠯᠢ ᠵᠢᠨ ᠰᠠᠭᠤᠷᠢ ᠲᠥᠬᠦᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠢᠯᠢ ᠬᠢᠵᠠᠭ᠋ᠠᠷᠲᠤ ᠦᠨᠳᠦᠰᠦᠯᠡᠵᠦ᠂ ᠤᠯᠤᠰ᠎ᠤᠨ ᠨᠤᠲᠤᠭ ᠳᠡᠪᠢᠰᠬᠡᠷ ᠵᠶ᠋ᠠᠨ ᠰᠠᠬᠢᠨ ᠬᠠᠮᠠᠭ᠋ᠠᠯᠠᠵᠤ᠂ ᠨᠤᠲᠤᠭ ᠤᠷᠤᠨ ᠵᠶ᠋ᠠᠨ ᠪᠦᠳᠦᠭᠡᠨ ᠪᠠᠶ᠋ᠢᠭᠤᠯᠬᠤ ᠵᠢ ᠵᠣᠷᠢᠭᠵᠢᠭᠤᠯᠬᠤ ᠬᠡᠷᠡᠭᠲᠡᠢ》 ᠭᠡᠵᠦ ᠤᠯᠠᠨᠳᠠ ᠴᠢᠬᠤᠯᠠᠴᠢᠯᠠᠪᠠ᠃
ᠨᠠᠮ᠎ᠤᠨ ᠲᠥᠪ ᠬᠤᠷᠢᠶᠠᠨ᠎ᠤ ᠰᠢᠢᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠳᠤᠤᠷ᠎ᠠ᠂ ᠣᠶ᠋ᠢᠷ᠎ᠠ ᠵᠢᠨ ᠵᠢᠯ᠎ᠳᠤ ᠬᠢᠯᠢ ᠬᠢᠵᠠᠭ᠋ᠠᠷ ᠣᠷᠣᠨ᠎ᠢ ᠬᠥᠭᠵᠢᠭᠦᠯᠤᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠦᠨᠳᠦᠰᠦᠲᠡᠨ᠎ᠤ ᠭᠠᠵᠠᠷ ᠣᠷᠣᠨ᠎ᠳᠤ ᠥᠷᠭᠡᠨ ᠵᠶ᠋ᠠᠷ ᠬᠡᠷᠡᠭᠵᠢᠭᠦᠯᠵᠦ᠂ ᠬᠢᠯᠢ ᠵᠢᠨ ᠠᠷᠠᠳ᠎ᠤᠨ ᠦᠢᠯᠡᠳᠪᠦᠷᠢᠯᠡᠯ ᠠᠮᠢᠳᠤᠷᠠᠯ᠎ᠤᠨ ᠨᠥᠬᠦᠴᠡᠯ ᠶᠡᠭᠡ᠎ᠪᠠᠷ ᠰᠠᠶ᠋ᠢᠵᠢᠷᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠨᠢᠭᠲᠠᠷᠠᠯ᠎ᠤᠨ ᠬᠦᠴᠦᠨ ᠪᠠ ᠲᠥᠪᠯᠡᠩᠭᠦᠢ ᠬᠦᠴᠦᠨ ᠢᠯᠡᠳᠲᠡ ᠴᠢᠩᠭ᠋ᠠᠷᠠᠪᠠ᠃ ᠭᠤᠶᠣ ᠰᠠᠶ᠋ᠢᠬᠠᠨ ᠣᠷᠴᠢᠨ ᠲᠣᠭᠤᠷᠢᠨ ᠪᠥᠬᠦᠶ ᠴᠢᠨᠡᠭᠡᠯᠢᠭ ᠲᠣᠰᠬᠤᠨᠨᠤᠭᠤᠳ ᠡᠬᠡ ᠣᠷᠣᠨ᠎ᠤ ᠬᠢᠯᠢ ᠵᠢᠨ ᠱᠤᠭᠤᠮ᠎ᠢ ᠴᠢᠮᠡᠨ ᠭᠡᠷᠡᠯᠲᠦᠭᠦᠯᠵᠦ᠂ ᠠᠷᠢᠭᠤᠨ ᠳᠠᠷᠬᠠᠨ ᠤᠯᠤᠰ᠎ᠤᠨ ᠨᠤᠲᠤᠭ ᠳᠡᠪᠢᠰᠬᠡᠷ ᠵᠶ᠋ᠠᠨ ᠰᠠᠬᠢᠨ ᠬᠠᠮᠠᠭ᠋ᠠᠯᠠᠵᠤ ᠪᠠᠶ᠋ᠢᠨ᠎ᠠ᠃
ᠡᠨᠡ ᠬᠦ᠌ ᠵᠥᠪ ᠤᠨᠤᠪᠴᠢᠳᠠᠢ ᠵᠠᠮ᠎ᠨᠢ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠤᠨ ᠳᠤᠮᠳᠠᠳᠤ ᠵᠢᠨ ᠰᠣᠶᠣᠯ᠎ᠤᠨ ᠲᠤᠬᠠᠢ ᠴᠢᠩᠭ᠎ᠠ ᠬᠠᠮᠲᠤ ᠵᠢᠨ ᠲᠠᠨᠢᠯᠲᠠ ᠵᠢ ᠨᠢᠭᠲᠠᠷᠠᠭᠤᠯᠪᠠ —
《ᠦᠭᠡ ᠬᠡᠯᠡ ᠨᠡᠪᠳᠡᠷᠡᠪᠡᠯ ᠰᠠᠶᠢ ᠰᠣᠶᠣᠯ ᠨᠡᠪᠳᠡᠷᠡᠵᠤ ᠴᠢᠳᠠᠨ᠎ᠠ᠂ ᠰᠣᠶᠣᠯ ᠨᠡᠪᠲᠡᠷᠡᠪᠡᠯ ᠰᠠᠶᠢ ᠰᠡᠳᠬᠢᠯ ᠨᠡᠪᠲᠡᠷᠡᠯᠴᠡᠨ᠎ᠡ》 ᠡᠨᠡ ᠪᠣᠯ ᠰᠢᠨᠵᠢᠶᠠᠩ᠎ᠤᠨ ᠦᠱ᠌ᠢ ᠰᠢᠶᠠᠨ᠎ᠤ ᠢᠮᠠᠮᠦ᠋ ᠪᠠᠯᠭ᠋ᠠᠰᠤᠨ᠎ᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠶ᠋ᠠᠷ ᠬᠢᠴᠢᠶᠡᠯᠯᠡᠬᠦ ᠪᠠᠭ᠎ᠠ ᠰᠤᠷᠭ᠋ᠠᠭᠤᠯᠢ ᠵᠢᠨ ᠵᠠᠬᠢᠷᠤᠯ ᠺᠦᠷᠪᠠᠨ·ᠨᠢᠶᠠᠽᠢ ᠵᠢᠨ ᠪᠠᠭᠰᠢ ᠰᠤᠷᠤᠭᠴᠢᠳ᠎ᠲᠤ᠎ᠪᠠᠨ ᠦᠷᠭᠦᠯᠵᠢ ᠬᠡᠯᠡᠳᠡᠭ ᠦᠭᠡ ᠪᠣᠯᠤᠨ᠎ᠠ᠃
ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠲᠣᠭᠤᠷᠢᠨ ᠦᠵᠡᠬᠦ ᠪᠦᠯᠬᠦᠮ᠎ᠤᠨ ᠨᠢᠭᠡ ᠭᠡᠰᠢᠭᠦᠨ ᠪᠣᠯᠤᠭᠰᠠᠨ᠎ᠤ ᠬᠤᠪᠢ᠎ᠳᠤ᠂ ᠡᠨᠡ ᠵᠢᠯ ᠺᠦᠷᠪᠠᠨ · ᠨᠢᠶᠠᠽᠢ ᠪᠦᠬᠦ ᠤᠯᠤᠰ᠎ᠤᠨ ᠡᠯ᠎ᠡ ᠭᠠᠵᠠᠷ᠎ᠠᠴᠠ ᠢᠷᠡᠭᠰᠡᠨ 500 ᠭᠠᠷᠤᠢ ᠦᠨᠳᠦᠰᠦᠲᠡᠨ᠎ᠨᠦᠭᠦᠳ᠎ᠤᠨ ᠠᠬ᠎ᠠ ᠳᠡᠭᠦᠦ ᠨᠡᠷ᠎ᠲᠠᠢ ᠬᠠᠮᠲᠤ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠭᠡ ᠬᠤᠷᠠᠯ ᠵᠡᠷᠭᠡ ᠠᠵᠢᠯᠯᠠᠭ᠎ᠠ᠎ᠳᠤ ᠣᠷᠣᠯᠴᠠᠪᠠ᠃
ᠤᠯᠠᠨ ᠵᠢᠯ᠎ᠤᠨ ᠡᠮᠦᠨ᠎ᠡ᠂ ᠺᠦᠷᠪᠠᠨ·ᠨᠢᠶᠠᠽᠢ ᠪᠦᠬᠦ ᠬᠠᠳᠠᠭ᠋ᠠᠯᠠᠮᠵᠢ᠎ᠪᠠᠨ ᠭᠠᠷᠭ᠋ᠠᠵᠤ᠂ ᠰᠢᠨᠵᠢᠶᠠᠩ᠎ᠤᠨ ᠡᠮᠦᠨᠡᠲᠦ ᠬᠡᠰᠡᠭ᠎ᠤᠨ ᠬᠥᠳᠡᠭᠡ ᠲᠣᠰᠬᠤᠨ᠎ᠳᠤ ᠤᠯᠤᠰ᠎ᠤᠨ ᠨᠡᠶ᠋ᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠵᠶ᠋ᠠᠷ ᠬᠢᠴᠢᠶᠡᠯᠯᠡᠬᠦ ᠪᠠᠭ᠎ᠠ ᠰᠤᠷᠭ᠋ᠠᠭᠤᠯᠢ ᠵᠢ ᠪᠠᠶ᠋ᠢᠭᠤᠯᠵᠤ᠂ ᠤᠯᠤᠰ᠎ᠤᠨ ᠤᠤᠷ ᠰᠤᠶᠤᠯ᠎ᠤᠨ ᠬᠢᠴᠢᠶᠡᠯ᠎ᠤᠨ ᠲᠠᠩᠬᠢᠮ᠎ᠢ ᠨᠡᠭᠡᠭᠡᠵᠦ᠂ ᠳᠤᠮᠳᠠᠳᠤ ᠵᠢᠨ ᠰᠣᠶᠣᠯ᠎ᠢ ᠤᠯᠠᠮᠵᠢᠯᠠᠪᠠ᠃
《ᠳᠤᠰᠤᠯ ᠤᠰᠤ ᠳᠠᠯᠠᠢ᠎ᠳᠤ ᠴᠢᠳᠬᠤᠪᠠᠯ ᠰᠠᠶᠢ ᠥᠨᠢᠳᠡ ᠵᠢᠨ ᠠᠮᠢ ᠨᠠᠰᠤ ᠵᠢ ᠣᠯᠵᠤ ᠴᠢᠳᠠᠨ᠎ᠠ᠂ ᠨᠢᠭᠡ ᠦᠨᠳᠦᠰᠦᠲᠡᠨ ᠭᠠᠭᠴᠠ ᠬᠦ᠌ ᠡᠬᠡ ᠤᠯᠤᠰ᠎ᠤᠨ ᠶᠡᠭᠡ ᠭᠡᠷ ᠪᠦᠯᠢ᠎ᠳᠤ ᠠᠭᠤᠰᠤᠯᠴᠠᠪᠠᠯ ᠰᠠᠶᠢ ᠥᠨᠢᠳᠡ ᠵᠢᠨ ᠬᠥᠭᠵᠢᠯᠲᠡ ᠵᠢ ᠣᠯᠵᠤ ᠴᠢᠳᠠᠨ᠎ᠠ᠃ ᠪᠢ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠤᠯᠠᠮᠵᠢᠯᠠᠭᠴᠢ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠳᠦᠯᠭᠡᠵᠢᠭᠦᠯᠦᠭᠴᠢ ᠵᠢᠨ ᠬᠤᠪᠢ᠎ᠪᠠᠷ ᠦᠷᠬᠦᠯᠵᠢᠯᠡᠨ ᠰᠢᠮᠳᠡᠨ ᠠᠵᠢᠯᠯᠠᠨ᠎ᠠ》 ᠭᠡᠵᠦ ᠺᠦᠷᠪᠠᠨ· ᠨᠢᠶᠠᠽᠢ ᠡᠷᠡᠰ ᠪᠠᠲᠤ ᠬᠡᠯᠡᠪᠡ᠃
ᠶᠡᠷᠦᠩᠬᠡᠢ ᠱᠦᠵᠢ ᠰᠢ ᠵᠢᠨ ᠫᠢᠩ ᠢᠮᠠᠭᠲᠠ ᠦᠨᠳᠦᠰᠦᠲᠡᠨ᠎ᠨᠦᠭᠦᠳ᠎ᠤᠨ ᠳᠤᠮᠳᠠᠳᠤ ᠵᠢᠨ ᠰᠣᠶᠣᠯ᠎ᠤᠨ ᠲᠤᠬᠠᠢ ᠬᠠᠮᠲᠤ ᠵᠢᠨ ᠲᠠᠨᠢᠯᠲᠠ ᠵᠢ ᠪᠤᠢ ᠪᠣᠯᠭ᠋ᠠᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《ᠳᠤᠮᠳᠠᠳᠤ ᠵᠢᠨ ᠦᠨᠳᠦᠰᠦᠲᠡᠨ᠎ᠤ ᠶᠡᠭᠡ ᠪᠦᠯᠬᠦᠮᠳᠡᠯ᠎ᠢ ᠴᠢᠩᠭ᠋ᠠᠳᠬᠠᠬᠤ ᠵᠢᠨ ᠠᠯᠤᠰ ᠬᠡᠳᠦ ᠵᠢᠨ ᠪᠠ ᠦᠨᠳᠦᠰᠦᠨ ᠵᠦᠢ᠍ᠯ ᠪᠣᠯ ᠰᠣᠶᠣᠯ᠎ᠤᠨ ᠬᠠᠮᠲᠤ ᠵᠢᠨ ᠲᠠᠨᠢᠯᠲᠠ ᠵᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠴᠤᠬ᠍ᠴᠠᠯᠠᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠢᠳᠡᠪᠬᠢᠲᠡᠢ ᠬᠥᠮᠦᠵᠢᠭᠦᠯᠬᠦ ᠶᠠᠪᠤᠳᠠᠯ ᠪᠣᠯᠤᠨ᠎ᠠ》 ᠭᠡᠵᠦ ᠵᠢᠭ᠋ᠠᠵᠤ ᠭᠠᠷᠭ᠋ᠠᠪᠠ᠃
ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠪᠠᠷ ᠪᠤᠶ᠋ᠢᠵᠢᠭᠤᠯᠵᠤ᠂ ᠵᠠᠯᠭ᠋ᠠᠮᠵᠢᠯᠠᠵᠤ᠂ ᠬᠥᠭᠵᠢᠭᠦᠯᠦᠭᠰᠡᠨ ᠠᠭᠤᠤ ᠶᠡᠭᠡ ᠦᠨᠳᠦᠰᠦᠲᠡᠨ᠎ᠤ ᠵᠣᠷᠢᠭ ᠰᠠᠨᠠᠭ᠎ᠠ ᠨᠢᠭᠡᠨᠲᠡ ᠳᠤᠮᠳᠠᠳᠤ ᠵᠢᠨ ᠬᠥᠪᠡᠭᠦᠳ ᠥᠬᠢᠳ᠎ᠤᠨ ᠴᠢᠰᠤ ᠪᠠ ᠰᠦᠭ ᠰᠦᠨᠡᠰᠦ᠎ᠳᠤ ᠭᠦᠨ ᠠᠭᠤᠰᠤᠨ ᠣᠷᠣᠵᠤ᠂ ᠮᠠᠨ᠎ᠤ ᠤᠯᠤᠰ᠎ᠤᠨ ᠬᠥᠭᠵᠢᠯᠲᠡ ᠳᠠᠪᠰᠢᠯᠲᠠ ᠵᠢ ᠠᠬᠢᠭᠤᠯᠬᠤ ᠬᠦᠴᠦᠷᠬᠡᠭ ᠶᠡᠭᠡ ᠤᠶᠤᠨ ᠰᠠᠨᠠᠭ᠋ᠠᠨ᠎ᠤ ᠬᠥᠳᠡᠯᠭᠡᠭᠴᠢ ᠬᠦᠴᠦᠨ ᠪᠣᠯᠤᠭᠰᠠᠨ ᠪᠠᠶ᠋ᠢᠨ᠎ᠠ᠃
ᠵᠠᠮ ᠴᠢᠭᠯᠡᠯ᠎ᠢ ᠲᠣᠭᠲᠠᠭ᠋ᠠᠵᠤ᠂ ᠴᠢᠭᠯᠡᠯ ᠬᠤᠪᠢ ᠵᠠᠶᠠᠭ᠎ᠠ ᠵᠢ ᠲᠣᠭᠲᠠᠭ᠋ᠠᠨ᠎ᠠ᠃
ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠵᠠᠮ᠎ᠢ ᠪᠠᠷᠢᠮᠲᠠᠯᠠᠨ᠂ ᠡᠬᠡ ᠤᠯᠤᠰ᠎ᠤᠨ ᠨᠢᠭᠡᠳᠦᠯ᠎ᠢ ᠬᠠᠮᠠᠭ᠋ᠠᠯᠠᠬᠤ ᠵᠢ ᠪᠠᠷᠢᠮᠲᠠᠯᠠᠵᠤ᠂ ᠦᠨᠳᠦᠰᠦᠲᠡᠨ᠎ᠨᠦᠭᠦᠳ ᠡᠷᠬᠡ ᠲᠡᠭᠰᠢ ᠪᠠᠶ᠋ᠢᠬᠤ ᠵᠢ ᠪᠠᠷᠢᠮᠲᠠᠯᠠᠨ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠡᠮᠡᠴᠡᠬᠦ᠂ ᠬᠠᠮᠲᠤ᠎ᠪᠠᠷ ᠴᠡᠴᠡᠭᠯᠡᠨ ᠬᠥᠭᠵᠢᠬᠦ ᠵᠢ ᠪᠠᠷᠢᠮᠲᠠᠯᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠦᠵᠡᠯ ᠰᠠᠨᠠᠭ᠋ᠠᠨ᠎ᠤ ᠰᠠᠭᠤᠷᠢ ᠵᠢ ᠪᠠᠲᠤ ᠴᠣᠭᠴᠠᠯᠠᠬᠤ ᠵᠢ ᠪᠠᠷᠢᠮᠲᠠᠯᠠᠵᠤ᠂ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠪᠠᠷᠢᠮᠲᠠᠯᠠᠨ᠎ᠠ᠁
ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ ᠵᠶ᠋ᠠᠷ ᠢᠳᠡᠷᠡᠬᠦᠨ ᠠᠯᠬᠤᠵᠦ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠲᠠᠰᠤᠷᠠᠯᠳᠡ ᠦᠭᠡᠢ ᠭᠦᠨᠵᠡᠭᠡᠶ᠋ᠢᠷᠡᠨ᠂ ᠡᠶ᠎ᠡ ᠨᠠᠶ᠋ᠢᠷᠲᠠᠢ᠎ᠪᠠᠷ ᠬᠠᠮᠲᠤ ᠣᠷᠣᠰᠢᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠨ᠂ ᠡᠶ᠎ᠡ ᠵᠣᠬᠢᠴᠠᠩᠭᠤᠢ᠎ᠪᠠᠷ ᠬᠥᠭᠵᠢᠵᠦ᠂ ᠨᠢᠭᠲᠠᠷᠠᠯ᠎ᠤᠨ ᠬᠦᠴᠦᠨ᠂ ᠲᠥᠪᠯᠡᠷᠡᠯ᠎ᠤᠨ ᠬᠦᠴᠦᠨ ᠤᠷᠢᠳ ᠡᠮᠦᠨ᠎ᠡ ᠪᠠᠶ᠋ᠢᠭ᠎ᠠ ᠦᠭᠡᠢ ᠴᠢᠩᠭ᠋ᠠᠷᠠᠵᠤ᠂ 56 ᠦᠨᠳᠦᠰᠦᠲᠡᠨ᠎ᠢ ᠠᠴᠢᠶᠠᠯᠠᠭᠰᠠᠨ ᠳᠤᠮᠳᠠᠳᠤ ᠵᠢᠨ ᠲᠤᠮᠤ ᠬᠥᠯᠭᠡ ᠣᠩᠭᠤᠴᠠ ᠳᠠᠪᠠᠯᠭ᠋ᠠᠨ᠎ᠢ ᠵᠦᠰᠦᠨ ᠤᠷᠤᠭᠰᠢᠯᠠᠵᠤ᠂ ᠳᠠᠷᠪᠠᠭᠤᠯ ᠬᠡᠶ᠋ᠢᠰᠬᠡᠨ ᠠᠯᠤᠰ᠎ᠢ ᠵᠤᠷᠢᠨ᠎ᠠ᠃
ᠦᠢ᠍ᠯᠡᠳᠦᠯᠭᠡ ᠵᠢᠨ ᠬᠦᠴᠦᠨ
ᠦᠨᠳᠦᠰᠦᠲᠡᠨ᠎ᠨᠦᠭᠦᠳ ᠠᠨᠠᠷ᠎ᠤᠨ ᠦᠷ᠎ᠡ ᠮᠡᠳᠦ ᠨᠢᠭᠲᠠᠷᠠᠨ ᠪᠦᠯᠬᠦᠮᠳᠡᠵᠦ᠂ ᠳᠤᠮᠳᠠᠳᠤ ᠵᠢᠨ ᠦᠨᠳᠦᠰᠦᠲᠡᠨ᠎ᠤ ᠶᠡᠭᠡ ᠭᠡᠷ ᠪᠦᠯᠢ᠎ᠳᠤ ᠠᠬ᠎ᠠ ᠳᠡᠭᠦᠦ ᠮᠡᠲᠦ ᠳᠣᠲᠣᠨᠣ ᠶᠠᠪᠤᠯᠴᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠪᠡ
2021 ᠣᠨ᠎ᠤ 2 ᠰᠠᠷ᠎ᠠ ᠵᠢᠨ 25᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠪᠦᠬᠦ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ᠎ᠢ ᠳ᠋ᠦᠩᠨᠡᠵᠦ ᠬᠦᠬᠢᠬᠦᠯᠦᠨ ᠰᠠᠶ᠋ᠢᠰᠢᠶᠠᠬᠤ ᠶᠡᠭᠡ ᠬᠤᠷᠠᠯ ᠳᠡᠭᠡᠷ᠎ᠡ᠄ ᠮᠠᠨ᠎ᠤ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ ᠪᠦᠬᠦ ᠲᠠᠯ᠎ᠠ ᠵᠢᠨ ᠢᠯᠠᠯᠲᠠ ᠣᠯᠵᠠᠢ ᠭᠡᠵᠦ ᠲᠥᠪ ᠴᠢᠩᠭ᠎ᠠ᠎ᠪᠠᠷ ᠲᠤᠩᠬᠠᠭᠯᠠᠪᠠ᠃
ᠮᠢᠩᠭ᠋ᠠᠨ ᠣᠨ᠎ᠤ ᠬᠦᠰᠡᠯ ᠪᠠᠷᠠᠯᠠᠯ ᠨᠢᠭᠡᠨ ᠡᠳᠦᠷ ᠪᠡᠶᠡᠯᠡᠪᠡ᠃ ᠶᠠᠳᠠᠭᠤ᠎ᠠᠴᠠ ᠠᠩᠭᠢᠵᠢᠷᠠᠭᠤᠯᠬᠤ ᠡᠭᠦᠷᠭᠡ ᠲᠦᠢ᠍ᠯ᠎ᠤᠨ ᠬᠦᠨᠳᠦ ᠪᠠᠶ᠋ᠢᠭᠰᠠᠨ ᠦᠨᠳᠦᠰᠦᠲᠡᠨ᠎ᠤ ᠭᠠᠵᠠᠷ ᠣᠷᠣᠨ᠎ᠳᠤ ᠠᠪᠴᠤ ᠬᠡᠯᠡᠪᠡᠯ᠂ ᠢᠯᠠᠯᠲᠠ ᠵᠢᠨ ᠪᠠᠶᠠᠷ ᠪᠠᠭ᠍ᠠᠳᠤᠯ ᠨᠡᠩ ᠣᠷᠭᠢᠯᠤᠮ᠎ᠠ᠃
ᠱᠠᠩᠨᠠᠯ ᠣᠯᠭᠤᠬᠤ ᠲᠠᠶ᠋ᠢᠰᠠᠨ᠎ᠳᠤ ᠭᠠᠷᠬᠤ᠎ᠳᠤ᠂ ᠰᠧᠴᠤᠸᠠᠨ᠎ᠤ ᠵᠤᠤ ᠵᠢᠤᠸᠠᠢ ᠰᠢᠶᠠᠨ᠎ᠤ ᠰᠠᠨ ᠾᠧ ᠲᠣᠰᠬᠤᠨ᠎ᠤ ᠨᠢᠭᠡᠳᠦᠭᠡᠷ ᠱᠦᠵᠢ ᠯᠢ ᠺᠠᠢ ᠶᠡᠷᠦᠩᠬᠡᠢ ᠱᠦᠵᠢ᠎ᠳᠤ᠄ 《ᠨᠤᠲᠤᠭ᠎ᠤᠨ ᠠᠬ᠎ᠠ ᠳᠡᠭᠦᠦ ᠨᠡᠷ ᠲᠠᠨ᠎ᠢ ᠮᠠᠰᠢ ᠳᠤᠷᠠᠰᠤᠨ ᠰᠠᠨᠠᠭ᠋ᠠᠯᠵᠠᠵᠤ ᠪᠠᠶ᠋ᠢᠨ᠎ᠠ᠂ ᠨᠠᠳᠠ᠎ᠪᠠᠷ ᠲᠠᠨ᠎ᠳᠤ 〈ᠺᠠᠱ᠌ᠠᠱ᠌ᠠ (ᠪᠠᠶᠠᠷᠯᠠᠯ᠎ᠠ ᠭᠡᠰᠡᠨ ᠦᠬᠡ)〉 ᠵᠢ ᠳᠠᠬᠢᠨᠲᠠ ᠳᠠᠮᠵᠢᠭᠤᠯᠬᠤ ᠵᠢ ᠨᠠᠶ᠋ᠢᠳᠠᠭᠰᠠᠨ》 ᠬᠡᠵᠦ ᠰᠡᠳᠬᠢᠯ ᠳᠣᠭᠳᠣᠯᠤᠨ ᠶᠠᠷᠢᠪᠠ᠃
《ᠺᠠᠱ᠌ᠠᠱ᠌ᠠ!》 ᠭᠡᠵᠦ ᠶᠡᠷᠦᠩᠬᠡᠢ ᠱᠦᠵᠢ ᠰᠢ ᠵᠢᠨ ᠫᠢᠩ ᠪᠠᠶᠠᠰᠤᠨ ᠬᠠᠷᠢᠭᠤᠯᠬᠤ ᠵᠢᠨ ᠬᠠᠮᠲᠤ᠂ 《ᠭᠤᠷᠪᠠᠨ ᠭᠤᠣᠯ ᠲᠣᠰᠬᠤᠨ ᠪᠣᠯ ᠮᠠᠰᠢ ᠨᠡᠶ᠋ᠢᠲᠡᠯᠢᠭ ᠵᠢᠱ᠌ᠢᠶ᠎ᠡ ᠮᠥᠨ᠂ ᠶᠠᠳᠠᠭᠤ᠎ᠠᠴᠠ ᠠᠩᠭᠢᠵᠢᠷᠠᠬᠤ᠎ᠨᠢ ᠲᠡᠶ᠋ᠢᠮᠦ ᠬᠢᠯᠪᠠᠷ ᠪᠢᠰᠢ ᠶᠤᠮ》 ᠭᠡᠵᠦ ᠵᠤᠷᠢᠭᠵᠢᠭᠤᠯᠤᠨ ᠶᠠᠷᠢᠵᠠᠢ᠃
2018 ᠣᠨ᠎ᠤ ᠴᠠᠭ᠋ᠠᠨ ᠰᠠᠷ᠎ᠠ᠎ᠠᠴᠠ ᠡᠮᠦᠨᠡᠬᠡᠨ᠂ ᠶᠡᠷᠦᠩᠬᠡᠢ ᠱᠦᠵᠢ ᠰᠢ ᠵᠢᠨ ᠫᠢᠩ ᠲᠤᠰᠬᠠᠶ᠋ᠢᠯᠠᠨ ᠢ ᠦᠨᠳᠦᠰᠦᠲᠡᠨ᠎ᠤ ᠶᠠᠳᠠᠭᠤ ᠬᠦᠴᠢᠷᠳᠡᠯᠲᠡᠢ ᠲᠣᠰᠬᠤᠨ᠎ᠳᠤ ᠬᠦᠷᠴᠦ ᠶᠠᠳᠠᠭᠤ ᠬᠦᠴᠢᠷᠳᠡᠯᠲᠡᠢ ᠤᠯᠠᠨ ᠲᠦᠮᠡᠨ᠎ᠢ ᠪᠣᠯᠭᠤᠭ᠋ᠠᠨ ᠦᠵᠡᠪᠡ᠃ ᠥᠨᠥᠳᠦᠷ᠎ᠤᠨ ᠰᠠᠨ ᠾᠧ ᠲᠣᠰᠬᠤᠨ᠎ᠳᠤ᠂ ᠢ ᠦᠨᠳᠦᠰᠦᠲᠡᠨ᠎ᠤ ᠣᠨᠴᠠᠯᠢᠭ᠎ᠲᠠᠢ ᠰᠢᠨ᠎ᠡ ᠪᠠᠶ᠋ᠢᠰᠢᠩ᠎ᠨᠢ ᠤᠤᠯ᠎ᠤᠨ ᠪᠦᠳᠦᠭᠦᠯᠢᠭ ᠪᠣᠭᠤᠨᠢ ᠰᠢᠪᠠᠷ ᠪᠠᠶ᠋ᠢᠰᠢᠩ᠎ᠢ ᠣᠷᠣᠯᠠᠵᠤ᠂ ᠠᠷᠠᠳ᠎ᠤᠨ ᠠᠮᠢᠳᠤᠷᠠᠯ ᠶᠡᠬᠡᠪᠡᠷ ᠬᠤᠪᠢᠷᠠᠵᠠᠢ᠃
ᠦᠨᠳᠦᠰᠦᠲᠡᠨ᠎ᠤ ᠭᠠᠵᠠᠷ ᠣᠷᠣᠨ᠎ᠤ ᠴᠢᠨᠡᠭᠡᠯᠢᠭᠵᠢᠯ ᠪᠠᠶ᠋ᠢᠬᠤ ᠦᠭᠡᠢ ᠪᠣᠯ ᠪᠦᠬᠦ ᠤᠯᠤᠰ᠎ᠤᠨ ᠪᠦᠬᠦ ᠲᠠᠯ᠎ᠠ ᠵᠢᠨ ᠴᠢᠨᠡᠭᠡᠯᠢᠭᠵᠢᠯ ᠪᠠᠶ᠋ᠢᠵᠤ ᠴᠢᠳᠠᠬᠤ ᠦᠭᠡᠢ᠃ ᠶᠡᠷᠦᠩᠬᠡᠢ ᠱᠦᠵᠢ ᠰᠢ ᠵᠢᠨ ᠫᠢᠩ 《ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠎ᠳᠤ ᠴᠥᠭᠡᠨ ᠲᠣᠭ᠋ᠠᠲᠤ ᠦᠨᠳᠦᠰᠦᠲᠡᠨ᠎ᠢ ᠨᠢᠭᠡ ᠵᠢ ᠴᠦ᠍ ᠣᠷᠬᠢᠭᠳᠠᠭᠤᠯᠵᠤ ᠪᠣᠯᠬᠤ ᠦᠭᠡᠢ᠂ ᠨᠢᠭᠡ ᠵᠢ ᠴᠦ᠍ ᠬᠤᠴᠣᠷᠭ᠋ᠠᠵᠤ ᠪᠣᠯᠬᠤ ᠦᠭᠡᠢ》 ᠭᠡᠵᠦ ᠣᠯᠠᠨᠲᠠ ᠴᠢᠬᠤᠯᠠᠴᠢᠯᠠᠪᠠ᠃
ᠡᠨᠡ ᠬᠦ᠌ ᠬᠠᠷᠠᠯᠲᠠ ᠵᠢ ᠪᠡᠶᠡᠯᠡᠭᠦᠯᠬᠦ ᠵᠢᠨ ᠲᠥᠯᠥᠭᠡ᠂ ᠨᠠᠮ᠎ᠤᠨ ᠠᠷᠪᠠᠨ ᠨᠠᠢ᠌ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠶᠡᠷᠦᠩᠬᠡᠢ ᠱᠦᠵᠢ ᠰᠢ ᠵᠢᠨ ᠫᠢᠩ ᠠᠷᠪᠠᠨ ᠬᠡᠳᠦᠨ ᠤᠳᠠᠭ᠎ᠠ ᠦᠨᠳᠦᠰᠦᠲᠡᠨ᠎ᠤ ᠭᠠᠵᠠᠷ ᠣᠷᠣᠨ᠎ᠳᠤ ᠭᠦᠨᠵᠡᠭᠡᠶ᠋ᠢᠷᠡᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠵᠤ᠂ ᠪᠡᠶ᠎ᠡ᠎ᠪᠠᠷ ᠵᠶ᠋ᠠᠨ ᠲᠥᠯᠥᠪᠯᠡᠨ ᠪᠠᠶ᠋ᠢᠷᠢᠯᠠᠭᠤᠯᠵᠤ᠂ ᠪᠡᠶ᠎ᠡ᠎ᠪᠠᠷ ᠵᠶ᠋ᠠᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢ ᠵᠢᠯᠣᠭᠤᠳᠪᠠ᠃
ᠥᠨᠥᠳᠦᠷ᠂ ᠥᠪᠥᠷ ᠮᠣᠩᠭᠤᠯ᠂ ᠭᠤᠸᠠᠩᠰᠢ᠂ ᠲᠥᠪᠡᠳ᠂ ᠨᠢᠩᠰᠢᠶᠠ᠂ ᠰᠢᠨᠵᠢᠶᠠᠩ ᠲᠠᠪᠤᠨ ᠥᠪᠡᠷᠲᠡᠭᠡᠨ ᠵᠠᠰᠠᠬᠤ ᠣᠷᠣᠨ ᠪᠣᠯᠤᠨ ᠭᠦᠢ᠍ᠵᠧᠦ᠂ ᠶᠦᠨᠨᠠᠨ᠂ ᠬᠥᠬᠡᠨᠠᠭᠤᠷ ᠭᠤᠷᠪᠠᠨ ᠴᠥᠭᠡᠨ ᠲᠣᠭ᠋ᠠᠲᠤ ᠦᠨᠳᠦᠰᠦᠲᠡᠨ᠎ᠤ ᠬᠥᠮᠦᠨ ᠠᠮᠠ ᠲᠥᠪᠯᠡᠷᠡᠭᠰᠡᠨ ᠮᠤᠵᠢ ᠵᠢᠨ ᠬᠥᠳᠡᠭᠡ ᠲᠣᠰᠬᠤᠨ᠎ᠤ ᠶᠠᠳᠠᠭᠤ ᠬᠦᠴᠢᠷᠳᠡᠯᠲᠡᠢ ᠬᠥᠮᠦᠨ ᠠᠮᠠ ᠪᠦᠬᠦᠨ ᠵᠶ᠋ᠠᠷ ᠵᠶ᠋ᠠᠨ ᠤᠳᠤ ᠵᠢᠨ ᠬᠡᠷᠡᠭᠵᠢᠭᠦᠯᠵᠦ ᠪᠠᠶ᠋ᠢᠭ᠎ᠠ ᠪᠠᠷᠢᠮᠵᠢᠶ᠎ᠠ᠎ᠪᠠᠷ ᠶᠠᠳᠠᠭᠤ᠎ᠠᠴᠠ ᠠᠩᠭᠢᠵᠢᠷᠠᠵᠤ᠂ ᠬᠥᠮᠦᠨ ᠠᠮᠠ᠎ᠪᠠᠷ ᠴᠥᠭᠡᠪᠲᠦᠷ 28 ᠦᠨᠳᠦᠰᠦᠲᠡᠨ ᠪᠦᠬᠦᠨ ᠵᠶ᠋ᠠᠷ ᠵᠶ᠋ᠠᠨ᠂ ᠪᠦᠬᠦ ᠦᠨᠳᠦᠰᠦᠲᠡᠨ ᠵᠶ᠋ᠠᠷ ᠵᠶ᠋ᠠᠨ ᠶᠠᠳᠠᠭᠤ᠎ᠠᠴᠠ ᠠᠩᠭᠢᠵᠢᠷᠠᠵᠤ᠂ ᠳᠤᠮᠳᠠᠳᠤ ᠵᠢᠨ ᠦᠨᠳᠦᠰᠦᠲᠡᠨ᠎ᠤ ᠲᠡᠦᠬᠡᠨ ᠬᠠᠭᠤᠳᠠᠰᠤᠨ᠎ᠳᠤ ᠲᠡᠮᠳᠡᠭᠯᠡᠭᠳᠡᠬᠦ ᠬᠥᠮᠦᠨ᠎ᠤ ᠶᠢᠷᠲᠢᠨᠴᠦ ᠵᠢᠨ ᠭᠠᠶ᠋ᠢᠬᠠᠮᠰᠢᠭ᠎ᠢ ᠪᠢᠴᠢᠭᠯᠡᠵᠡᠢ᠃
ᠦᠨᠳᠦᠰᠦᠲᠡᠨ᠎ᠤ ᠠᠵᠢᠯ ᠪᠦᠬᠦ ᠲᠠᠯ᠎ᠠ᠎ᠳᠤ ᠬᠤᠯᠪᠣᠭᠳᠠᠵᠤ᠂ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠶᠡᠷᠦᠩᠬᠡᠢ ᠱᠦᠵᠢ ᠰᠢ ᠵᠢᠨ ᠫᠢᠩ᠎ᠢ ᠰᠠᠨᠠᠭ᠋ᠠᠰᠢᠷᠠᠭᠤᠯᠤᠭᠰᠠᠭ᠋ᠠᠷ ᠢᠷᠡᠪᠡ᠃ ᠲᠡᠷᠡ ᠦᠨᠳᠦᠰᠦᠲᠡᠨ᠎ᠤ ᠠᠵᠢᠯ᠎ᠤᠨ ᠲᠤᠬᠠᠢ ᠤᠯᠠᠨ ᠤᠳᠠᠭ᠎ᠠ ᠴᠢᠬᠤᠯᠠ ᠵᠢᠭ᠋ᠠᠪᠤᠷᠢ ᠥᠭᠴᠦ᠂ ᠦᠨᠳᠦᠰᠦᠲᠡᠨ᠎ᠤ ᠭᠠᠵᠠᠷ ᠣᠷᠣᠨ᠎ᠳᠤ ᠤᠯᠠᠨ ᠤᠳᠠᠭ᠎ᠠ ᠪᠠᠶ᠋ᠢᠴᠠᠭ᠋ᠠᠨ ᠰᠤᠳᠤᠯᠤᠯᠲᠠ ᠬᠢᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠲᠠᠢ ᠥᠷᠭᠡᠨ ᠵᠶ᠋ᠠᠷ ᠰᠠᠨᠠᠯ ᠵᠶ᠋ᠠᠨ ᠰᠣᠯᠢᠯᠴᠠᠵᠤ᠂ ᠤᠯᠠᠨ ᠲᠦᠮᠡᠨ᠎ᠤ ᠰᠡᠳᠬᠢᠯ᠎ᠤᠨ ᠦᠭᠡ ᠵᠢ ᠰᠣᠨᠣᠰᠴᠤ᠂ ᠦᠨᠳᠦᠰᠦᠲᠡᠨ᠎ᠤ ᠭᠠᠵᠠᠷ ᠣᠷᠣᠨ᠎ᠤ ᠬᠥᠭᠵᠢᠯᠲᠡ ᠵᠢᠨ ᠲᠤᠬᠠᠢ ᠶᠠᠷᠢᠯᠴᠠᠪᠠ᠃
ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠨᠳᠦᠰᠦᠲᠡᠨ᠎ᠤ ᠭᠠᠵᠠᠷ ᠣᠷᠣᠨ ᠡᠭᠦᠷᠭᠡ ᠬᠠᠷᠢᠭᠤᠴᠠᠯᠭ᠎ᠠ᠎ᠪᠠᠨ ᠬᠦᠢ᠍ᠴᠡᠳᠬᠡᠵᠦ᠂ ᠪᠣᠭᠤᠮᠲᠠ ᠰᠢᠪᠲᠤᠯᠬᠤ᠎ᠪᠠᠷ ᠬᠦᠴᠦᠯᠡᠨ ᠴᠢᠷᠮᠠᠶ᠋ᠢᠵᠦ᠂ ᠠᠵᠤ ᠠᠬᠤᠢ᠂ ᠤᠯᠤᠰ ᠲᠦᠷᠦ᠂ ᠰᠣᠶᠣᠯ᠂ ᠨᠡᠶ᠋ᠢᠭᠡᠮ᠂ ᠠᠮᠢ ᠠᠬᠤᠢ ᠵᠡᠷᠭᠡ ᠡᠯ᠎ᠡ ᠲᠠᠯ᠎ᠠ ᠵᠢᠨ ᠠᠵᠢᠯ ᠦᠢ᠍ᠯᠡᠰ᠎ᠤᠨ ᠪᠦᠲᠦᠭᠡᠨ ᠪᠠᠶ᠋ᠢᠭᠤᠯᠤᠯᠲᠠ ᠲᠡᠦᠬᠡᠲᠦ ᠴᠢᠨᠠᠷᠲᠠᠢ ᠠᠮᠵᠢᠯᠲᠠ ᠣᠯᠵᠤ᠂ ᠬᠤᠲᠠ ᠬᠥᠳᠡᠭᠡ ᠵᠢᠨ ᠳᠦᠷᠰᠦ ᠪᠠᠶ᠋ᠢᠳᠠᠯ ᠡᠳᠦᠷ᠎ᠠᠴᠠ ᠡᠳᠦᠷ ᠰᠢᠨᠡᠳᠴᠦ᠂ ᠤᠯᠠᠨ ᠲᠦᠮᠡᠨ᠎ᠤ ᠠᠮᠢᠳᠤᠷᠠᠯ ᠡᠳᠦᠷ᠎ᠠᠴᠠ ᠡᠳᠦᠷ ᠰᠠᠶ᠋ᠢᠵᠢᠷᠠᠵᠠᠢ᠃
ᠰᠡᠳᠬᠢᠴᠡ᠎ᠪᠠᠨ ᠲᠤᠩᠭ᠋ᠠᠨ ᠲᠤᠭᠳᠠᠭ᠋ᠠᠵᠦ᠂ ᠰᠢᠭᠤᠷᠬᠠ᠊ ᠵᠢᠯᠠᠨ ᠤᠷᠤᠭᠰᠢᠯᠠᠵᠤ᠂ ᠠᠵᠤ ᠠᠬᠤᠶ ᠵᠢᠨ ᠬᠥᠭᠵᠢᠯᠲᠡ ᠵᠢᠨ ᠰᠢᠨ᠎ᠡ ᠳᠠᠪᠠᠯᠲᠠ ᠵᠢ ᠪᠡᠶᠡᠯᠡᠭᠦᠯᠦᠨ᠎ᠠ —
ᠪᠦᠬᠦ ᠤᠯᠤᠰ᠎ᠤᠨ ᠠᠩᠬᠠᠳᠠᠭᠴᠢ ᠲᠤᠮᠤ ᠳ᠋ᠠᠶ᠋ᠢᠲ᠋ᠠ ᠵᠢᠨ ᠶᠡᠷᠦᠩᠬᠡᠶ᠋ᠢᠯᠡᠭᠰᠡᠨ ᠲᠤᠷᠰᠢᠯᠲᠠ ᠵᠢᠨ ᠣᠷᠣᠨ ᠪᠣᠯᠤᠭᠰᠠᠨ᠎ᠤ ᠬᠤᠪᠢ᠎ᠳᠤ᠂ ᠭᠦᠢ᠍ᠵᠧᠦ ᠤ᠊ ᠵᠢᠷᠠ ᠵᠢᠨ ᠵᠢᠯ᠎ᠳᠤ ᠲᠤᠮᠤ ᠳ᠋ᠠᠶ᠋ᠢᠲ᠋ᠠ ᠪᠣᠯᠤᠨ ᠪᠣᠳᠠᠲᠤ ᠴᠣᠭᠴᠠ ᠵᠢᠨ ᠠᠵᠤ ᠠᠬᠤᠢ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ 《ᠡᠭᠦᠯᠡᠨ᠎ᠳᠤ ᠭᠠᠷᠤᠭᠰᠠᠨ》 ᠠᠵᠤ ᠠᠬᠤ᠊ ᠵᠢᠯᠠᠯ 2 ᠲᠦᠮᠡ ᠵᠢ ᠳᠠᠪᠠᠵᠤ᠂ ᠲᠣᠭ᠋ᠠᠴᠢᠯᠠᠭᠰᠠᠨ ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ 5 ᠵᠢᠯ ᠳᠠᠷᠠᠭ᠋ᠠᠯᠠᠨ ᠪᠦᠬᠦ ᠤᠯᠤᠰ᠎ᠤᠨ ᠨᠢᠭᠡᠳᠦᠭᠡᠷ᠎ᠲᠤ ᠤᠷᠤᠵᠠᠢ᠃
ᠬᠥᠭᠵᠢᠭᠦᠯᠬᠦ ᠪᠣᠯ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠰᠠᠭᠤᠳᠠᠯ᠎ᠢ ᠰᠢᠢ᠍ᠳᠪᠦᠷᠢᠯᠡᠬᠦ ᠵᠢᠨ ᠶᠡᠷᠦᠩᠬᠡᠶ ᠲᠦᠯᠬᠢᠭᠦᠷ ᠪᠤᠯᠤᠨ᠎ᠠ᠃ ᠤ᠊ ᠵᠢᠷᠠ ᠵᠢᠨ ᠵᠢᠯ᠎ᠳᠤ᠂ ᠦᠨᠳᠦᠰᠦᠲᠡᠨ᠎ᠤ ᠭᠠᠵᠠᠷ ᠣᠷᠣᠨ ᠴᠢᠨᠠᠷ ᠰᠠᠶ᠋ᠢᠲᠠᠢ ᠬᠥᠭᠵᠢᠯᠲᠡ ᠵᠢ ᠲᠦᠷᠭᠡᠨ ᠠᠬᠢᠭᠤᠯᠵᠤ᠂ ᠨᠢᠭᠡᠨ ᠬᠤᠪᠢ ᠠᠮᠵᠢᠯᠳᠠ ᠵᠢᠨ ᠬᠠᠭᠤᠳᠠᠰᠤ ᠲᠤᠰᠢᠶᠠᠪᠠ᠄
— 2020 ᠣᠨ᠎ᠳᠤ᠂ ᠦᠨᠳᠦᠰᠦᠲᠡᠨ᠎ᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ ᠪᠦᠬᠦ ᠤᠯᠤᠰ᠎ᠤᠨ 10.2%᠎ᠢ ᠡᠵᠡᠯᠡᠵᠦ᠂ ᠬᠠᠷᠢᠴᠠᠯ᠎ᠨᠢ ᠲᠣᠭᠲᠠᠭᠤᠨ᠎ᠤ ᠳᠤᠮᠳᠠ ᠳᠡᠭᠡᠭᠰᠢᠯᠡᠯᠲᠡ᠎ᠲᠠᠢ ᠪᠣᠯᠪᠠ᠂ ᠡᠭᠦᠨ᠎ᠳᠤ ᠶᠦᠨᠨᠠᠨ᠂ ᠭᠦᠢ᠍ᠵᠧᠦ ᠵᠢᠨ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ ᠪᠦᠬᠦ ᠤᠯᠤᠰ᠎ᠤᠨ ᠬᠡᠪᠴᠢᠶᠡᠨ᠎ᠡ ᠢᠯᠡᠳᠲᠡ ᠳᠡᠭᠡᠭᠰᠢᠯᠡᠬᠦ ᠬᠠᠨᠳᠤᠰᠢ᠎ᠲᠠᠢ ᠪᠣᠯᠪᠠ;
— 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠦᠨᠳᠦᠰᠦᠲᠡᠨ᠎ᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ ᠵᠢᠯ ᠳᠤᠮᠳᠠᠴᠢ᠎ᠪᠠᠷ 6.6%᠎ᠪᠠᠷ ᠨᠡᠮᠡᠭᠳᠡᠵᠦ᠂ ᠪᠦᠬᠦ ᠤᠯᠤᠰ᠎ᠤᠨ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠵᠠᠭᠤᠨ᠎ᠤ ᠬᠠᠷᠢᠴᠠᠯ ᠵᠶ᠋ᠠᠷ 0.9 ᠬᠤᠪᠢ ᠥᠨᠳᠥᠷ ᠪᠣᠯᠪᠠ;
— 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠦᠨᠳᠦᠰᠦᠲᠡᠨ᠎ᠤ ᠭᠠᠵᠠᠷ ᠣᠷᠣᠨ᠎ᠳᠤ ᠬᠤᠲᠠ ᠪᠠᠯᠭ᠋ᠠᠰᠤᠨ᠎ᠤ 1283 ᠲᠦᠮᠡᠨ ᠬᠥᠮᠦᠨ᠎ᠳᠤ ᠰᠢᠨ᠎ᠡ᠎ᠪᠠᠷ ᠠᠵᠢᠯ ᠣᠯᠭᠤᠵᠤ᠂ ᠪᠦᠬᠦ ᠤᠯᠤᠰ᠎ᠤᠨ ᠲᠠᠪᠤᠨ᠎ᠤ ᠨᠢᠭᠡ ᠬᠤᠪᠢ ᠵᠢ ᠡᠵᠡᠯᠡᠪᠡ;
ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠰᠠᠭᠤᠷᠢ ᠵᠢ ᠲᠠᠯᠪᠢᠵᠦ᠂ ᠮᠠᠨ᠎ᠤ ᠤᠯᠤᠰ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠎ᠳᠤ ᠨᠡᠩ ᠰᠠᠶ᠋ᠢᠨ ᠦᠷ᠎ᠡ ᠪᠦᠲᠦᠮᠵᠢ ᠤᠯᠤᠯ᠎ᠠ᠃
ᠤᠰᠤ ᠰᠦ ᠠᠭᠤᠰᠤᠯᠴᠠᠨ᠂ ᠴᠢᠰᠤ ᠮᠢᠬᠠᠨ᠎ᠤ ᠪᠠᠷᠢᠯᠳᠤᠯᠭ᠎ᠠ᠎ᠲᠠᠢ ᠪᠤᠯᠵᠦ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ᠎ᠳᠤ ᠰᠢᠨ᠎ᠡ ᠳᠦᠷᠰᠦ ᠪᠠᠶ᠋ᠢᠳᠠᠯ ᠢᠯᠡᠷᠡᠵᠡᠢ —
ᠭᠤᠸᠠᠩᠰᠢ ᠵᠢᠨ ᠨᠠᠨᠨᠢᠩ ᠬᠤᠳᠠ ᠵᠢᠨ ᠴᠢᠩ ᠰᠢᠦ ᠲᠣᠭᠤᠷᠢᠭ᠎ᠤᠨ ᠹᠧᠩ ᠯᠢᠩ ᠪᠧᠢ ᠨᠡᠶ᠋ᠢᠭᠡᠮ ᠲᠣᠭᠤᠷᠢᠭ᠎ᠤᠨ ᠦᠨᠳᠦᠰᠦᠲᠡᠨ᠎ᠤ ᠭᠡᠷ᠎ᠲᠤ ᠬᠦᠷᠪᠡᠯ᠂ 10 ᠭᠠᠷᠤᠢ ᠰᠠᠭᠤᠭ᠋ᠠᠯᠢ ᠠᠷᠠᠳ ᠨᠡᠬᠡᠮᠡᠯ᠎ᠤᠨ ᠮᠠᠰᠢᠨ ᠵᠶ᠋ᠠᠷ ᠵᠤᠸᠠᠩ ᠦᠨᠳᠦᠰᠦᠳᠡᠨ᠎ᠤ ᠬᠡᠮᠡᠷᠯᠢᠭ ᠦᠢ᠍ᠯᠡᠳᠴᠦ ᠪᠠᠶ᠋ᠢᠪᠠ᠃ 《ᠨᠡᠶ᠋ᠢᠭᠡᠮ ᠲᠣᠭᠤᠷᠢᠭ᠎ᠤᠨ᠎ᠬᠢᠨ ᠰᠠᠷ᠎ᠠ ᠪᠦᠷᠢ ᠬᠠᠳᠬᠤᠮᠠᠯ ᠪᠥᠮᠪᠦᠭᠡ ᠦᠢ᠍ᠯᠡᠳᠬᠦ᠂ ᠲᠣᠨᠣᠯᠵᠢᠨ ᠬᠠᠳᠬᠤᠮᠠᠯ᠂ ᠴᠠᠭ᠋ᠠᠰᠤᠨ ᠬᠠᠶ᠋ᠢᠴᠢᠯᠠᠮᠠᠯ ᠵᠡᠷᠭᠡ ᠠᠵᠢᠯᠯᠠᠭ᠎ᠠ ᠥᠷᠨᠢᠭᠦᠯᠳᠡᠭ᠂ ᠪᠢ ᠠᠳᠡ 8 ᠵᠢᠯ ᠠᠮᠢᠳᠤᠷᠠᠵᠤ᠂ ᠠᠯᠢ ᠡᠷᠲᠡ ᠨᠡᠶ᠋ᠢᠭᠡᠮ ᠲᠣᠭᠤᠷᠢᠭ᠎ᠤᠨ ᠡᠯ᠎ᠡ ᠦᠨᠳᠦᠰᠦᠲᠡᠨ᠎ᠤ ᠠᠬ᠎ᠠ ᠳᠡᠭᠦᠦ ᠨᠡᠷ᠎ᠢ ᠭᠡᠷ᠎ᠤᠨ ᠵᠶ᠋ᠠᠨ ᠬᠥᠮᠦᠰ ᠰᠢᠭ ᠦᠵᠡᠬᠦ ᠪᠤᠯᠵᠠᠢ》 ᠭᠡᠵᠦ ᠵᠤᠸᠠᠩ ᠦᠨᠳᠦᠰᠦᠲᠡᠨ᠎ᠤ ᠰᠠᠭᠤᠭ᠋ᠠᠯᠢ ᠠᠷᠠᠳ ᠲᠠᠨ ᠶᠠᠨ ᠴᠦᠨ ᠬᠡᠯᠡᠨ᠎ᠡ᠃
ᠵᠤᠸᠠᠩ᠂ ᠶᠣᠣ᠂ ᠢ᠂ ᠮᠢᠶᠣᠣ᠂ ᠳ᠋ᠦᠩ ᠵᠡᠷᠭᠡ 20 ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶ᠋ᠢᠭ᠎ᠠ ᠡᠨᠡ ᠬᠦ᠌ ᠨᠡᠶ᠋ᠢᠭᠡᠮ ᠲᠣᠭᠤᠷᠢᠭ᠎ᠲᠤ ᠬᠥᠮᠦᠰ ᠡᠶ᠎ᠡ ᠵᠣᠬᠢᠴᠠᠩᠭᠤᠢ᠎ᠪᠠᠷ ᠬᠠᠷᠢᠯᠴᠠᠨ ᠬᠠᠪᠰᠤᠷᠤᠯᠴᠠᠵᠤ᠂ ᠨᠢᠭᠡ ᠭᠡᠷ᠎ᠤᠨ ᠬᠥᠮᠦᠨ ᠮᠡᠲᠦ ᠳᠣᠲᠣᠨᠣ ᠪᠠᠶ᠋ᠢᠳᠠᠭ᠃ 《ᠵᠤᠸᠠᠩ ᠦᠨᠳᠦᠰᠦᠲᠡᠨ᠎ᠤ ᠭᠤᠷᠪᠠᠨ ᠰᠠᠷ᠎ᠠ ᠵᠢᠨ ᠭᠤᠷᠪᠠᠨ》᠎ᠢ ᠪᠠᠶᠠᠷᠯᠠᠨ ᠪᠡᠯᠭᠡᠯᠡᠬᠦ᠂ 《ᠵᠠᠭᠤᠨ ᠠᠶ᠋ᠢᠯ᠎ᠤᠨ ᠳᠠᠶ᠋ᠢᠯᠠᠯᠭ᠎ᠠ》 ᠵᠡᠷᠭᠡ ᠪᠠᠶᠠᠯᠢᠭ ᠰᠠᠶ᠋ᠢᠬᠠᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠶ᠋ᠢᠷ᠎ᠠ ᠰᠡᠳᠬᠢᠯᠭᠡ ᠵᠢ ᠤᠯᠠᠮ ᠣ᠊ ᠵᠢᠷᠠᠲᠤᠭᠤᠯᠤᠨ᠂ ᠤᠯᠠᠨ ᠦᠨᠳᠦᠰᠦᠲᠡᠨ ᠬᠠᠮᠲᠤ᠎ᠪᠠᠷ ᠰᠠᠭᠤᠷᠢᠰᠢᠨ ᠬᠠᠮᠲᠤ᠎ᠪᠠᠷ ᠴᠡᠩᠭᠡᠯᠳᠦᠬᠦ ᠦᠵᠡᠭᠳᠡᠯ᠎ᠢ ᠢᠯᠡᠷᠡᠭᠦᠯᠦᠯ᠎ᠡ᠃
ᠹᠧᠩ ᠯᠢᠩ ᠪᠧᠢ ᠨᠡᠶ᠋ᠢᠭᠡᠮ ᠲᠣᠭᠤᠷᠢᠭ ᠪᠣᠯ ᠪᠥᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠨᠢᠭᠡᠴᠢ ᠪᠤᠯᠤᠨ᠎ᠠ᠃ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠬᠤᠭᠤᠴᠠᠭ᠋ᠠᠨ᠎ᠳᠤ᠂ ᠪᠦᠬᠦ ᠤᠯᠤᠰ᠎ᠤᠨ ᠬᠡᠪᠴᠢᠶᠡᠨ᠎ᠡ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠳᠠ ᠵᠢᠨ ᠵᠢᠱ᠌ᠢᠶ᠎ᠡ ᠦᠵᠡᠭᠦᠯᠬᠦ ᠣᠷᠣᠨ᠎ᠤ ᠵᠢᠱ᠌ᠢᠶ᠎ᠡ ᠦᠵᠡᠭᠦᠯᠬᠦ ᠨᠢᠭᠡᠴᠢ 960 ᠴᠤᠯᠭᠤᠷᠠᠵᠠᠢ᠃
ᠨᠠᠮ᠎ᠤᠨ ᠠᠷᠪᠠᠨ ᠨᠠᠢ᠌ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠡᠯ᠎ᠡ ᠭᠠᠵᠠᠷ᠎ᠤᠨ᠎ᠬᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ᠎ᠪᠠᠷ ᠭᠠᠷᠳᠠᠴᠠ ᠪᠣᠯᠭ᠋ᠠᠵᠤ᠂ ᠦᠨᠳᠦᠰᠦᠲᠡᠨ᠎ᠨᠦᠭᠦᠳ ᠪᠦᠯᠬᠦᠮᠳᠡᠨ ᠨᠢᠭᠡ ᠬᠡᠷ᠎ᠤᠨ ᠬᠥᠮᠦᠨ ᠮᠡᠲᠦ ᠳᠤᠳᠤᠨᠤ ᠪᠠᠶ᠋ᠢᠬᠤ ᠭᠤᠶᠣ ᠰᠠᠶ᠋ᠢᠬᠠᠨ ᠨᠡᠷ᠎ᠡ ᠵᠢᠨ ᠬᠠᠭᠤᠳᠠᠰᠤ᠎ᠪᠠᠨ ᠲᠠᠰᠤᠷᠠᠯᠲᠠ ᠥᠬᠡᠶ ᠭᠡᠷᠡᠯᠲᠦᠭᠦᠯᠪᠡ᠃ ᠦᠨᠳᠦᠰᠦᠲᠡᠨ᠎ᠨᠦᠭᠦᠳ ᠥᠷᠭᠡᠨ ᠵᠶ᠋ᠠᠷ ᠶᠠᠪᠤᠯᠴᠠᠨ᠂ ᠪᠦᠬᠦ ᠲᠠᠯ᠎ᠠ᠎ᠪᠠᠷ ᠰᠣᠯᠢᠯᠴᠠᠨ᠂ ᠭᠦᠨᠵᠡᠭᠡᠶ ᠠᠭᠤᠰᠤᠯᠴᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ ᠲᠤᠮᠤ ᠠᠯᠬᠤᠮ ᠵᠶ᠋ᠠᠷ ᠤᠷᠤᠭᠰᠢᠯᠠᠨ᠎ᠠ᠃
ᠠᠳᠠᠯᠢ ᠪᠤᠰᠤ ᠵᠢ ᠪᠠᠭᠲᠠᠭ᠋ᠠᠨ᠂ ᠤᠯᠠᠨ ᠡᠰᠢᠲᠦ ᠨᠢᠭᠡ ᠴᠤᠭᠴᠠᠵᠢᠯᠳᠠ ᠵᠢ ᠪᠡᠶᠡᠯᠡᠭᠦᠯᠵᠦ᠂ ᠦᠨᠳᠦᠰᠦᠲᠡᠨ᠎ᠤ ᠰᠣᠶᠣᠯ ᠰᠢᠨ᠎ᠡ ᠠᠮᠢᠵᠢᠷᠠᠯ᠎ᠤᠨ ᠬᠦᠴᠦᠨ᠎ᠢ ᠢᠯᠡᠷᠡᠭᠦᠯᠪᠡ —
ᠦᠨᠳᠦᠰᠦᠲᠡᠨ᠎ᠤ ᠬᠡᠪ ᠨᠠᠮᠪᠠ ᠪᠠ ᠭᠠᠵᠠᠷ ᠣᠷᠣᠨ᠎ᠤ ᠢᠯᠡ ᠲᠣᠳᠣ ᠣᠨᠴᠠᠯᠢᠭ᠎ᠲᠠᠢ ᠳᠠᠭᠤᠤ ᠪᠥᠵᠢᠭᠲᠦ ᠵᠦᠴᠦᠭᠡ᠂ ᠴᠥᠭᠡᠨ ᠲᠣᠭ᠋ᠠᠲᠤ ᠦᠨᠳᠦᠰᠦᠲᠡᠨ᠎ᠤ ᠵᠦᠴᠦᠭᠡ ᠵᠢᠨ ᠲᠦᠷᠦᠯ᠂ ᠬᠢᠲᠠᠳ ᠦᠨᠳᠦᠰᠦᠲᠡᠨ᠎ᠤ ᠣᠷᠣᠨ ᠨᠤᠲᠤᠭ᠎ᠤᠨ ᠵᠦᠴᠦᠭᠡ ᠵᠢᠨ ᠲᠦᠷᠦᠯ᠂ ᠶᠠᠷᠢᠶᠠᠲᠤ ᠵᠦᠴᠦᠭᠡ᠂ ᠳᠠᠭᠤᠯᠠᠯᠳᠤ ᠵᠦᠴᠦᠭᠡ ᠁ ᠨᠢᠭᠡᠨᠲᠡ ᠲᠠᠪᠤᠨ ᠬᠤᠭᠤᠴᠠᠭ᠎ᠠ ᠠᠮᠵᠢᠯᠲᠠ᠎ᠲᠠᠢ ᠡᠷᠬᠢᠯᠡᠭᠰᠡᠨ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠷᠠᠨ ᠰᠠᠶ᠋ᠢᠬᠠᠨ᠎ᠤ ᠬᠠᠮᠲᠤᠷᠠᠭᠰᠠᠨ ᠲᠣᠭᠯᠠᠯᠲᠠ᠎ᠳᠤ ᠰᠢᠯᠢᠳᠡᠭ ᠪᠦᠲᠦᠭᠡᠯ ᠴᠤᠯᠭᠤᠷᠠᠨ᠂ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠤᠳᠬ᠎ᠠ ᠤᠷᠠᠯᠢᠭ᠎ᠤᠨ ᠤᠯᠠᠮᠵᠢᠯᠠᠯ ᠬᠥᠭᠵᠢᠯᠲᠡ ᠬᠢᠭᠡᠳ ᠴᠠᠭ ᠦᠶ᠎ᠡ ᠵᠢᠨ ᠳᠦᠷᠰᠦ ᠪᠠᠶ᠋ᠢᠳᠠᠯ᠎ᠢ ᠠᠮᠢᠳᠤᠯᠢᠭ ᠵᠶ᠋ᠠᠷ ᠢᠯᠡᠷᠡᠭᠦᠯᠦᠭᠰᠡᠨ ᠪᠥᠭᠡᠳ ᠳᠤᠮᠳᠠᠳᠤ ᠵᠢᠨ ᠰᠣᠶᠣᠯ᠎ᠳᠤ ᠴᠤ᠌ ᠦᠶ᠎ᠡ ᠵᠢᠨ ᠦᠶ᠎ᠡ ᠵᠢᠨ ᠠᠮᠢᠵᠢᠷᠠᠯ᠎ᠤᠨ ᠬᠦᠴᠦᠨ᠎ᠢ ᠨᠡᠮᠡᠷᠢᠯᠡᠭᠰᠡᠨ ᠪᠠᠶ᠋ᠢᠯ᠎ᠠ᠃
ᠳᠤᠮᠳᠠᠳᠤ ᠵᠢᠨ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ᠎ᠤ ᠬᠤᠪᠢ᠎ᠳᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠰᠣᠶᠣᠯ ᠪᠣᠯ ᠳᠤᠮᠳᠠᠳᠤ ᠵᠢᠨ ᠦᠨᠳᠦᠰᠦᠲᠡᠨ᠎ᠤ ᠤᠶᠤᠨ ᠰᠠᠨᠠᠭ᠋ᠠᠨ᠎ᠤ ᠬᠠᠮᠲᠤ ᠵᠢᠨ ᠡᠳ᠋ ᠪᠠᠶᠠᠯᠢᠭ ᠪᠤᠯᠤᠨ᠎ᠠ᠃ ᠣᠳᠣᠬᠠᠨ᠎ᠳᠤ᠂ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠨᠡᠷᠡᠰ᠎ᠤᠨ ᠵᠢᠭᠰᠠᠭ᠋ᠠᠯᠲᠠ (ᠨᠡᠷᠡᠰ᠎ᠤᠨ ᠲᠠᠩᠰᠠ)᠎ᠳᠤ ᠵᠢᠭᠰᠠᠭ᠋ᠠᠭᠳᠠᠭᠰᠠᠨ ᠮᠠᠨ᠎ᠤ ᠤᠯᠤᠰ᠎ᠤᠨ ᠲᠦᠷᠦᠯ ᠵᠦᠢ᠍ᠯ᠎ᠤᠨ ᠳᠣᠲᠣᠷᠠᠬᠢ ᠭᠤᠷᠪᠠᠨ᠎ᠤ ᠨᠢᠭᠡ᠎ᠨᠢ ᠴᠦᠭᠡᠨ ᠳᠤᠭ᠋ᠠᠳᠤ ᠦᠨᠳᠦᠰᠦᠳᠡᠨ᠎ᠲᠠᠢ ᠬᠤᠯᠪᠤᠭ᠎ᠠ᠎ᠲᠠᠢ ᠶᠤᠮ᠃
ᠴᠥᠭᠡᠨ ᠲᠣᠭ᠋ᠠᠲᠤ ᠦᠨᠳᠦᠰᠦᠲᠡᠨ᠎ᠤ ᠲᠤᠯᠭᠤᠷ ᠪᠢᠴᠢᠭ᠎ᠢ ᠠᠪᠤᠷᠠᠬᠤ᠂ ᠨᠡᠶ᠋ᠢᠳᠡᠮ ᠪᠠᠶ᠋ᠢᠴᠠᠭ᠋ᠠᠬᠤ᠂ ᠡᠮᠬᠢᠳᠬᠡᠬᠦ᠂ ᠣᠷᠴᠢᠭᠤᠯᠬᠤ ᠪᠠ ᠰᠤᠳᠤᠯᠬᠤ ᠠᠵᠢᠯ᠎ᠢ ᠴᠢᠩᠭ᠋ᠠᠳᠬᠠᠵᠤ᠂ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠨᠤᠲᠤᠭ᠎ᠤᠨ ᠠᠯᠢ ᠤᠯᠠᠨ ᠭᠤᠣᠯ ᠰᠡᠳᠦᠪᠲᠦ ᠦᠵᠡᠬᠦᠯᠭᠡ ᠵᠢ ᠭᠤᠣᠯᠯᠠᠨ ᠡᠷᠬᠢᠯᠡᠪᠡ; ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠡᠷᠬᠢᠯᠡᠵᠦ᠂ ᠦᠨᠳᠦᠰᠦᠲᠡᠨ᠎ᠨᠦᠭᠦᠳ᠎ᠤᠨ ᠳᠦᠷᠢ ᠲᠥᠷᠬᠦ᠎ᠪᠠᠨ ᠳᠡᠯᠭᠡᠨ ᠦᠵᠡᠭᠦᠯᠬᠦ᠂ ᠰᠣᠯᠢᠯᠴᠠᠨ ᠲᠣᠯᠢᠯᠠᠬᠤ᠂ ᠬᠠᠶ᠋ᠢᠷ᠎ᠠ ᠰᠡᠳᠬᠢᠯᠭᠡ᠎ᠪᠠᠨ ᠠᠭᠤᠰᠤᠯᠴᠠᠭᠤᠯᠬᠤ ᠲᠠᠪᠴᠠᠩ ᠵᠬᠠᠩᠭ᠋ᠠᠪᠠ ᠁
ᠰᠣᠶᠣᠯ ᠵᠶ᠋ᠠᠷ ᠨᠠᠶ᠋ᠢᠵᠠ ᠬᠤᠷᠠᠨ᠂ ᠦᠷᠢᠰᠦᠯᠳᠦᠭᠡᠨ ᠵᠶ᠋ᠠᠷ ᠬᠤᠪᠢ ᠪᠠᠷᠢᠯᠳᠤᠯᠭ᠎ᠠ᠎ᠲᠠᠢ ᠪᠤᠯᠤᠨ᠎ᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠴᠣᠭᠴᠠᠯᠠᠨ ᠪᠠᠶ᠋ᠢᠭᠤᠯᠬᠤ ᠵᠢᠨ ᠬᠠᠮᠲᠤ ᠪᠠᠰᠠ ᠳᠤᠮᠳᠠᠳᠤ ᠵᠢᠨ ᠰᠣᠶᠣᠯ᠎ᠤᠨ ᠨᠡᠩ ᠦᠵᠡᠰᠬᠦᠯᠡᠩᠲᠦ ᠰᠠᠶ᠋ᠢᠬᠠᠨ ᠴᠡᠴᠡᠭ᠎ᠢ ᠤᠮᠳᠠᠯᠠᠨ᠎ᠠ᠃
ᠬᠥᠮᠦᠨ ᠵᠶ᠋ᠠᠷ ᠦᠨᠳᠦᠰᠦ ᠪᠣᠯᠭ᠋ᠠᠨ᠂ ᠠᠷᠠᠳ ᠲᠦᠮᠡᠨ᠎ᠢ ᠳᠡᠭᠡᠳᠦᠯᠡᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠤᠨ ᠰᠢᠨ᠎ᠡ ᠦᠰᠦᠷᠦᠯᠲᠡ ᠵᠢ ᠤᠭᠲᠤᠪᠠ—
ᠠᠮᠤᠭᠤᠯᠠᠩ ᠣᠷᠣᠨ ᠰᠠᠭᠤᠴᠠ᠂ ᠤᠰᠤ ᠤᠮᠳᠠ ᠵᠢᠨ ᠠᠮᠤᠷ ᠲᠦᠪᠰᠢᠨ᠂ ᠡᠪᠡᠳᠴᠢᠨ ᠵᠶ᠋ᠠᠨ ᠦᠵᠡᠭᠦᠯᠤᠨ ᠡᠮᠨᠡᠯᠭᠡ᠎ᠳᠤ ᠰᠠᠭᠤᠬᠤ᠂ ᠦᠷ᠎ᠡ ᠬᠡᠦᠬᠡᠳ᠎ᠤᠨ ᠰᠤᠷᠭ᠋ᠠᠭᠤᠯᠢ᠎ᠳᠤ ᠣᠷᠣᠬᠤ ᠵᠢ ᠴᠥᠮ ᠪᠠᠲᠤᠯᠠᠭ᠎ᠠ᠎ᠲᠠᠢ ᠪᠣᠯᠭ᠋ᠠᠵᠤ᠂ ᠤᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠨᠥᠬᠦᠴᠡᠯ ᠢᠯᠡᠳᠲᠡ ᠰᠠᠶ᠋ᠢᠵᠢᠷᠠᠯᠠ ᠁
ᠤ᠊ ᠵᠢᠷᠠ ᠵᠢᠨ ᠡᠳᠦᠷ᠂ ᠶᠦᠨᠨᠠᠨ ᠮᠤᠵᠢ ᠵᠢᠨ ᠼᠠᠩ ᠶᠤᠸᠠᠨ᠎ᠤ ᠸᠠ ᠦᠨᠳᠦᠰᠦᠲᠡᠨ᠎ᠤ ᠥᠪᠡᠷᠲᠡᠭᠡᠨ ᠵᠠᠰᠠᠬᠤ ᠰᠢᠶᠠᠨ᠎ᠤ᠎ᠪᠠᠨ ᠬᠤᠩ ᠰᠢᠶᠠᠩ᠂ᠪᠠᠨ ᠯᠤᠤ ᠰᠢᠶᠠᠩ ᠵᠡᠷᠭᠡ ᠬᠢᠯᠢ ᠬᠢᠵᠠᠭ᠋ᠠᠷ᠎ᠤᠨ 9 ᠲᠣᠰᠬᠤᠨ᠎ᠤ 10 ᠠᠬᠠᠮᠠᠳ ᠨᠠᠮ᠎ᠤᠨ ᠡᠭᠦᠷ᠎ᠤᠨ ᠱᠦᠵᠢ ᠶᠡᠷᠦᠩᠬᠡᠢ ᠱᠦᠵᠢ ᠰᠢ ᠵᠢᠨ ᠫᠢᠩ᠎ᠳᠤ ᠵᠠᠬᠢᠳᠠᠯ ᠪᠢᠴᠢᠵᠦ᠂ ᠸᠠ ᠦᠨᠳᠦᠰᠦᠲᠡᠨ᠎ᠤ ᠠᠷᠠᠳ ᠲᠦᠮᠡᠨ᠎ᠤ ᠶᠠᠳᠠᠭᠤ᠎ᠠᠴᠠ ᠠᠩᠭᠢᠵᠢᠷᠠᠵᠤ᠂ ᠰᠠᠶ᠋ᠢᠨ ᠰᠠᠶ᠋ᠢᠬᠠᠨ ᠠᠮᠢᠳᠤᠷᠠᠯ᠎ᠲᠠᠢ ᠪᠣᠯᠤᠭᠰᠠᠨ ᠪᠠᠶ᠋ᠢᠳᠠᠯ᠎ᠢ ᠬᠠᠷᠢᠭᠤ ᠮᠡᠳᠡᠭᠦᠯᠵᠦ᠂ ᠦᠶ᠎ᠡ ᠵᠢᠨ ᠦᠶ᠎ᠡ᠎ᠳᠡᠭᠡᠨ ᠡᠪ ᠬᠠᠮᠲᠤ ᠨᠠᠮ᠎ᠢ ᠲᠠᠭ᠋ᠠᠵᠤ᠂ ᠨᠤᠲᠤᠭ ᠤᠰᠤ᠎ᠪᠠᠨ ᠨᠡᠩ ᠦᠵᠡᠰᠬᠦᠯᠡᠩᠲᠦ ᠰᠠᠶ᠋ᠢᠬᠠᠨ ᠪᠠᠶᠠᠨ ᠲᠠᠩᠰᠤᠭ ᠪᠣᠯᠭ᠋ᠠᠨ ᠪᠦᠳᠦᠭᠡᠨ ᠪᠠᠶ᠋ᠢᠭᠤᠯᠬᠤ ᠡᠷᠡᠰ ᠪᠠᠲᠤ ᠵᠣᠷᠢᠭ ᠵᠶ᠋ᠠᠨ ᠢᠯᠡᠳᠬᠡᠵᠡᠢ᠃
《ᠶᠠᠳᠠᠭᠤ᠎ᠠᠴᠠ ᠠᠩᠭᠢᠵᠢᠷᠠᠭᠤᠯᠬᠤ ᠪᠣᠯ ᠵᠣᠯ ᠵᠢᠷᠭ᠋ᠠᠯᠲᠤ ᠠᠮᠢᠳᠤᠷᠠᠯ ᠲᠡᠶ᠋ᠢᠰᠢ ᠤᠷᠤᠭᠰᠢᠯᠠᠬᠤ ᠴᠢᠬᠤᠯᠠ ᠨᠢᠭᠡ ᠠᠯᠬᠤᠮ ᠪᠣᠯᠤᠨ᠎ᠠ᠂ ᠪᠢᠳᠡ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠂ ᠬᠢᠯᠢ ᠬᠢᠵᠠᠭ᠋ᠠᠷ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠵᠢ ᠦᠷᠭᠦᠯᠵᠢᠯᠡᠨ ᠰᠠᠶ᠋ᠢᠲᠤᠷ ᠠᠳᠬᠤᠬᠤ ᠬᠡᠷᠡᠭᠲᠡᠢ》᠃ 2021 ᠣᠨ᠎ᠤ 8 ᠰᠠᠷ᠎ᠠ ᠵᠢᠨ 19᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠠᠬᠠᠮᠠᠳ ᠨᠠᠮ᠎ᠤᠨ ᠡᠭᠦᠷ᠎ᠤᠨ ᠱᠦᠵᠢ ᠨᠠᠷ᠎ᠲᠤ ᠬᠠᠷᠢᠭᠤ ᠵᠠᠬᠢᠳᠠᠯ ᠢᠯᠡᠭᠡᠵᠦ᠂ ᠲᠡᠳᠡᠨ᠎ᠢ ᠨᠤᠲᠤᠭ᠎ᠤᠨ ᠠᠬ᠎ᠠ ᠳᠡᠭᠦᠦ ᠨᠡᠷ ᠵᠶ᠋ᠠᠨ ᠳᠠᠭ᠋ᠠᠭᠤᠯᠤᠨ ᠰᠢᠨ᠎ᠡ ᠴᠠᠭ ᠦᠶ᠎ᠡ ᠵᠢᠨ ᠠᠸᠠ ᠵᠢᠨ ᠠᠷᠠᠳᠲᠦᠮᠡᠨᠤ ᠵᠣᠯ ᠵᠢᠷᠭ᠋ᠠᠯ᠎ᠤᠨ ᠳᠠᠭᠤᠤ ᠵᠢ ᠬᠠᠩᠬᠢᠨᠠᠭᠤᠯᠤᠭ᠋ᠠᠷᠠᠢ ᠭᠡᠵᠦ ᠵᠣᠷᠢᠭᠵᠢᠭᠤᠯᠪᠠ᠃
ᠳ᠋ᠠ ᠯᠢᠶᠠᠩ ᠱᠠᠨ ᠠᠭᠤᠯᠠᠨ ᠳᠤᠮᠳᠠ᠂ ᠪᠠᠲᠤ ᠪᠠᠬᠢ ᠪᠤᠯᠤᠳ ᠱᠠᠳᠤ᠎ᠨᠢ ᠰᠢᠤᠸᠠᠨ ᠶᠠ ᠲ᠋ᠣᠰᠬᠤᠨᠤ《 ᠭᠠᠶ᠋ᠢᠬᠠᠮᠰᠢᠭᠲᠤ ᠲᠩᠷᠢ ᠵᠢᠨ ᠵᠠᠮ》᠎ᠢ ᠳᠡᠪᠢᠰᠴᠡᠢ; ᠶᠦᠨᠨᠠᠨ᠎ᠤ ᠦᠨᠳᠦᠰᠦᠲᠡᠨ᠎ᠤ ᠭᠠᠵᠠᠷ ᠣᠷᠣᠨ᠎ᠤ ᠵᠢᠶᠠᠨ ᡁᠢ ᠲᠣᠰᠬᠤᠨ᠎ᠳᠤ ᠴᠥᠮ ᠬᠠᠲᠠᠭᠤᠷᠠᠭᠤᠯᠤᠭᠰᠠᠨ ᠵᠠᠮ ᠨᠡᠪᠲᠡᠷᠡᠵᠦ᠂ ᠨᠥᠬᠦᠴᠡᠯ ᠪᠥᠷᠢᠳᠦᠭᠰᠡᠨ ᠵᠢᠶᠠᠨ ᡁᠢ ᠲᠣᠰᠬᠤᠨ᠎ᠳᠤ ᠠᠶᠠᠨᠴᠢᠨ᠎ᠤ ᠲᠡᠷᠭᠡ ᠨᠡᠪᠲᠡᠷᠡᠪᠡ; ᠾᠧ ᠯᠠᠨ ᠱᠠᠨ ᠠᠭᠤᠯᠠᠨ᠎ᠤ ᠬᠤᠷᠮᠣᠢ᠎ᠳᠤ᠂ ᠵᠠᠭᠤᠨ ᠲᠦᠮᠡᠨ ᠨᠡᠭᠦᠳᠡᠯ ᠠᠷᠠᠳ ᠶᠠᠳᠠᠭᠤ ᠬᠦᠴᠢᠷᠲᠡᠯᠲᠡᠢ ᠤᠷᠴᠢᠨ ᠲᠤᠭᠤᠷᠢᠨᠠᠴᠠᠪᠠᠨ ᠰᠢᠯᠵᠢᠵᠦ ᠦᠢ᠍ᠯᠡᠳᠪᠦᠷᠢᠯᠡᠯ ᠠᠮᠢᠳᠤᠷᠠᠯ᠎ᠤᠨ ᠰᠢᠨ᠎ᠡ ᠦᠢ᠍ᠯᠡᠰ ᠵᠶ᠋ᠠᠨ ᠪᠤᠰᠬᠠᠯ᠎ᠠ ᠁
ᠠᠷᠠᠳ᠎ᠤᠨ ᠠᠮᠢᠳᠤᠷᠠᠯ᠎ᠳᠤ ᠪᠠᠭ᠎ᠠ ᠶᠠᠪᠤᠳᠠᠯ ᠠᠯᠠᠭ᠎ᠠ᠂ ᠰᠠᠯᠠᠭ᠎ᠠ ᠨᠠᠮᠠᠭ᠎ᠠ᠎ᠨᠢ ᠴᠤ᠌ ᠬᠠᠶ᠋ᠢᠷ᠎ᠠ ᠬᠠᠯᠠᠮᠵᠢ ᠵᠢ ᠢᠯᠡᠳᠬᠡᠨ᠎ᠡ᠃ ᠨᠠᠮ᠎ᠤᠨ ᠠᠷᠪᠠᠨ ᠨᠠᠢ᠌ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠤᠯ ᠪᠤᠯᠭ᠋ᠠᠬᠰᠠᠨ ᠨᠠᠮ᠎ᠤᠨ ᠲᠥᠪ ᠬᠤᠷᠢᠶᠠᠨ᠎ᠤ ᠳᠣᠲᠣᠨᠣ ᠬᠠᠯᠠᠮᠵᠢᠯᠠᠯ ᠳᠤᠤᠷ᠎ᠠ᠂ ᠦᠨᠳᠦᠰᠦᠲᠡᠨ᠎ᠤ ᠭᠠᠵᠠᠷ ᠣᠷᠣᠨ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯᠳᠤ ᠠᠩᠬᠠᠷᠤᠯ ᠵᠶ᠋ᠠᠨ ᠬᠠᠨᠳᠤᠭᠤᠯᠵᠤ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠎ᠪᠠᠷ ᠬᠦᠴᠦᠯᠡᠨ ᠴᠢᠷᠮᠠᠶ᠋ᠢᠵᠤ᠂ ᠪᠠᠯᠠ ᠣᠷᠣᠭᠤᠯᠤᠯᠲᠠ ᠵᠢᠨ ᠡᠷᠴᠢᠮ ᠵᠶ᠋ᠠᠨ ᠲᠠᠰᠤᠷᠠᠯᠲᠠ ᠥᠬᠡᠶ ᠴᠢᠩᠭ᠋ᠠᠷᠠᠭᠤᠯᠵᠤ᠂ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠨᠥᠬᠦᠪᠥᠷᠢᠯᠡᠵᠦ᠂ ᠨᠡᠶ᠋ᠢᠭᠡᠮ᠎ᠤᠨ ᠡᠯ᠎ᠡ ᠵᠦᠢᠯ᠎ᠤᠨ ᠠᠵᠢᠯ ᠦᠢᠯᠡᠰ᠎ᠤᠨ ᠬᠥᠭᠵᠢᠯᠲᠡ ᠲᠦᠷᠭᠡᠨ ᠳᠠᠪᠰᠢᠯᠲᠠ᠎ᠲᠠᠢ ᠪᠣᠯᠪᠠ᠃
ᠥᠨᠢᠳᠡ ᠦᠷᠭᠦᠯᠵᠢᠯᠡᠨ ᠬᠥᠭᠵᠢᠵᠦ᠂ ᠡᠶ᠎ᠡ ᠵᠣᠬᠢᠴᠠᠩᠭᠤᠢ ᠬᠠᠮᠲᠤ᠎ᠪᠠᠷ ᠣᠷᠣᠰᠢᠵᠤ᠂ ᠠᠮᠢ ᠠᠬᠤᠢ ᠵᠢᠨ ᠪᠣᠯᠪᠠᠰᠤᠨ᠎ᠤ ᠰᠢᠨ᠎ᠡ ᠬᠠᠭᠤᠳᠠᠰᠤ ᠵᠢ ᠪᠢᠴᠢᠭᠯᠡᠨ᠎ᠡ —
《ᠶᠡᠷᠦᠩᠬᠡᠢ ᠱᠦᠵᠢ᠂ ᠲᠠ ᠦᠵᠡ᠂ ᠡᠨᠡ ᠪᠣᠯ ᠤ᠊ ᠵᠢᠷ᠎ᠠ᠎ᠳᠤ ᠮᠠᠨ᠎ᠤ ᠨᠤᠲᠤᠭ᠎ᠲᠤ ᠰᠡᠭᠦᠳᠡᠷᠯᠡᠭᠰᠡᠨ ᠬᠡᠷᠡᠯ ᠵᠢᠷᠤᠭ ᠪᠣᠯᠤᠨ᠎ᠠ᠃》 ᠡᠨᠡ ᠵᠢᠯ᠎ᠤᠨ 3 ᠰᠠᠷ᠎ᠠ ᠵᠢᠨ 7᠎ᠤ ᠦᠳᠡ ᠵᠢᠨ ᠬᠤᠶ᠋ᠢᠨ᠎ᠠ᠂ ᠠᠷᠠᠳ᠎ᠤᠨ ᠶᠡᠭᠡ ᠬᠤᠷᠠᠯ᠎ᠤᠨ ᠲᠠᠩᠬᠢᠮ᠎ᠤᠨ ᠵᠡᠭᠦᠨ ᠶᠡᠭᠡ ᠲᠢᠩᠬᠢᠮ᠎ᠳᠤ᠂ ᠪᠠᠭ᠎ᠠ᠎ᠠᠴᠠ᠎ᠪᠠᠨ ᠴᠢ ᠯᠢᠶᠠᠨ ᠱᠠᠨ ᠠᠭᠤᠯᠠᠨ᠎ᠤ ᠬᠤᠷᠮᠣᠢ᠎ᠳᠠᠬᠢ ᠬᠥᠬᠡᠨᠠᠭᠤᠷ ᠮᠤᠵᠢ ᠵᠢᠨ ᠮᠧᠨ ᠶᠤᠸᠠᠨ ᠰᠢᠶᠠᠨ᠎ᠳᠤ ᠲᠦᠷᠦᠵᠦ ᠦᠰᠦᠭᠰᠡᠨ ᠺᠦᠩ ᠴᠢᠩ ᠵᠢᠤᠢ ᠲᠥᠯᠥᠭᠡᠯᠡᠭᠴᠢ ᠰᠡᠭᠦᠲᠡᠷᠯᠡᠭᠰᠡᠨ ᠬᠡᠷᠡᠯ ᠵᠢᠷᠤᠭ ᠵᠶ᠋ᠠᠨ ᠭᠠᠷᠭ᠋ᠠᠵᠤ᠂ ᠬᠥᠬᠡᠨᠠᠭᠤᠷ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠰᠠᠨ ᠶᠡᠷᠦᠩᠬᠡᠢ ᠱᠦᠵᠢ ᠰᠢ ᠵᠢᠨ ᠫᠢᠩ᠎ᠢ ᠤᠷᠢᠵᠤ ᠰᠣᠨᠢᠷᠬᠠᠭᠤᠯᠪᠠ᠃
ᠨᠢᠭᠡ ᠬᠤᠪᠢ ᠬᠡᠷᠡᠯ ᠵᠢᠷᠤᠭ᠎ᠨᠢ ᠡᠪᠡᠰᠦᠨ ᠳᠤᠮᠳᠠᠭᠤᠷ ᠠᠯᠭᠤᠷᠬᠠᠨ ᠠᠯᠬᠤᠯᠠᠵᠦ ᠪᠠᠶ᠋ᠢᠭ᠎ᠠ ᠡᠯᠡᠰᠦᠨ ᠮᠤᠤᠷ᠎ᠤᠨ ᠵᠢᠷᠤᠭ; ᠨᠥᠭᠦᠭᠡ ᠨᠢᠭᠡ ᠬᠤᠪᠢ᠎ᠨᠢ ᠮᠣᠳᠣᠨ ᠳᠤᠮᠳᠠᠭᠤᠷ ᠶᠠᠪᠤᠵᠤ ᠪᠠᠶ᠋ᠢᠭ᠎ᠠ ᠴᠠᠭ᠋ᠠᠨ ᠢᠷᠪᠢᠰ᠎ᠤᠨ ᠵᠢᠷᠤᠭ ᠪᠤᠯᠤᠨ᠎ᠠ᠃ ᠤᠤᠯ᠎ᠳᠠᠭᠠᠨ ᠴᠥᠭᠡᠨ ᠬᠠᠷᠠᠭᠳᠠᠳᠠᠭ ᠬᠤᠪᠣᠷ ᠴᠤᠬᠠᠭ ᠠᠮᠢᠲᠠᠨ᠎ᠤ ᠲᠦᠷᠦᠯ ᠤᠳᠤ ᠳᠠᠬᠢᠨ ᠳᠠᠪᠲᠠᠨ ᠢᠯᠡᠷᠡᠵᠦ ᠪᠠᠶ᠋ᠢᠨ᠎ᠠ᠃
《ᠡᠨᠡ᠎ᠨᠢ ᠠᠮᠢ ᠠᠬᠤᠢ ᠵᠢᠨ ᠬᠠᠮᠠᠭ᠋ᠠᠯᠠᠯᠲᠠ ᠦᠷ᠎ᠡ ᠪᠦᠲᠦᠮᠵᠢ ᠣᠯᠤᠭᠰᠠᠨ᠎ᠢ ᠬᠠᠷᠠᠭᠤᠯᠵᠤ ᠪᠠᠶ᠋ᠢᠨ᠎ᠠ᠃》 ᠶᠡᠷᠦᠩᠬᠡᠶ ᠱᠦᠵᠢ ᠰᠢ ᠵᠢᠨ ᠫᠢᠩ ᠬᠡᠷᠡᠯ ᠵᠢᠷᠤᠭ᠎ᠢ ᠬᠠᠷᠠᠭ᠋ᠠᠳ ᠪᠠᠶ᠋ᠢᠨ ᠳᠠᠬᠢᠨ ᠲᠣᠯᠣᠭ᠋ᠠᠶ ᠳᠣᠬᠢᠵᠤ᠂ 《ᠤᠨᠴᠠᠭ᠋ᠠ᠊ ᠵᠢᠯᠠᠨ ᠣᠯᠠᠨ᠎ᠤ ᠠᠮᠢ ᠠᠬᠤᠶ ᠵᠢ ᠬᠠᠮᠠᠭ᠋ᠠᠯᠠᠬᠤ ᠤᠬᠠᠮᠰᠠᠷ ᠴᠤ᠌ ᠴᠢᠩᠭ᠋ᠠᠷᠠᠵᠤ᠂ ᠠᠮᠢ ᠠᠬᠤᠶ ᠵᠢᠨ ᠲᠣᠰ ᠪᠡᠶ᠎ᠡ ᠵᠢᠨ ᠠᠵᠤ ᠠᠬᠤᠶ ᠵᠢᠨ ᠦᠨ᠎ᠡ ᠥᠷᠲᠡᠭ᠎ᠢ ᠣᠯᠵᠤ ᠬᠠᠷᠠᠪᠠ》 ᠬᠡᠵᠦ ᠬᠡᠯᠡᠪᠡ᠃
ᠲᠦᠮᠡᠨ ᠪᠣᠳᠠᠰ ᠥᠪᠡᠷ ᠥᠪᠡᠷ᠎ᠤᠨ ᠡᠪ ᠵᠦᠢ᠎ᠪᠠᠨ ᠣᠯᠵᠤ ᠪᠠᠶ᠋ᠢᠮᠠᠨᠵᠢᠨ ᠠᠮᠢᠯᠠᠨ ᠲᠤᠬᠳᠠᠨᠢᠳᠠᠭ᠃
《ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ》 ᠭᠡᠬᠦ 《ᠬᠤᠶᠠᠷ ᠠᠭᠤᠯᠠ ᠵᠢᠨ ᠤᠨᠤᠯ》᠎ᠢ ᠪᠠᠷᠢᠮᠲᠠᠯᠠᠵᠤ᠂ 《ᠠᠮᠢ ᠠᠬᠤᠢ ᠪᠣᠯ ᠡᠬᠢ ᠪᠠᠶᠠᠯᠢᠭ ᠪᠠ ᠡᠳ᠋ ᠪᠠᠶᠠᠯᠢᠭ ᠮᠥᠨ᠂ ᠮᠠᠨ᠎ᠤ ᠡᠷᠳᠡᠨᠢᠰ᠎ᠤᠨ ᠰᠠᠩ ᠮᠥᠨ》 ᠭᠡᠬᠦ 《ᠡᠳ᠋ ᠪᠠᠶᠠᠯᠢᠭ᠎ᠤᠨ ᠦᠵᠡᠯᠲᠡ》 ᠵᠢ ᠪᠠᠲᠤ ᠰᠠᠬᠢᠵᠤ᠂ ᠤ᠊ ᠵᠢᠷᠠ ᠵᠢᠨ ᠵᠢᠯ᠎ᠠᠴᠠ ᠨᠠᠭ᠋ᠠᠰᠢ᠂ ᠦᠨᠳᠦᠰᠦᠲᠡᠨ᠎ᠤ ᠭᠠᠵᠠᠷ ᠣᠷᠣᠨ᠎ᠤ᠎ᠬᠢᠨ 《ᠠᠮᠢ ᠠᠬᠤᠢ ᠵᠢᠨ ᠡᠪᠬᠡᠮᠡᠯ ᠵᠢᠷᠤᠭ》᠎ᠢ ᠳᠠᠰᠤᠷᠠᠯᠳᠠ ᠦᠭᠡᠢ ᠵᠢᠷᠤᠭᠯᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ ᠠᠭᠤᠯᠠ ᠤᠰᠤ᠎ᠪᠠᠨ ᠬᠠᠷᠠᠨ ᠨᠤᠲᠤᠭ ᠤᠰᠤ᠎ᠪᠠᠨ ᠰᠠᠨᠠᠭ᠋ᠠᠯᠵᠠᠵᠤ᠂ ᠠᠭ᠋ᠠᠷ᠎ᠨᠢ ᠴᠡᠯᠮᠡᠭ᠂ ᠠᠭᠤᠯᠠ᠎ᠨᠢ ᠬᠥᠬᠡᠮᠳᠦᠭ᠂ ᠤᠰᠤ᠎ᠨᠢ ᠲᠤᠩᠭ᠋ᠠᠯᠠᠭ᠂ ᠬᠥᠷᠥᠰᠥ᠎ᠨᠢ ᠠᠷᠢᠭᠤᠨ ᠪᠠᠶ᠋ᠢᠬᠤ ᠣᠷᠴᠢᠨ ᠲᠤᠭᠤᠷᠢᠨ᠎ᠳᠤ ᠠᠮᠤᠷ ᠲᠠᠶ᠋ᠢᠪᠤᠩ ᠠᠵᠤ ᠲᠦᠷᠦᠭᠦ ᠵᠢ ᠪᠡᠶᠡᠯᠡᠭᠦᠯᠪᠡ᠃
ᠠᠭᠯᠠᠭ ᠠᠭᠤᠯᠠ ᠡᠯ ᠬᠠᠢ ᠨᠠᠭᠤᠷ᠎ᠠᠴᠠ ᠥᠷᠭᠡᠨ ᠠᠭᠤᠳᠠᠮ ᠲᠠᠯ᠎ᠠ ᠨᠤᠲᠤᠭ ᠬᠦᠷᠲᠡᠯ᠎ᠡ᠂ ᠲᠩᠷᠢ ᠠᠭᠤᠯᠠ ᠵᠢᠨ ᠡᠮᠦᠨ᠎ᠡ ᠤᠮᠠᠷ᠎ᠠ᠎ᠠᠴᠠ ᠲᠡᠯᠡᠶ ᠳᠠᠭ᠋ᠠᠤ ᠵᠢᠭ᠋ᠠᠰᠤ ᠠᠩᠨᠠᠬᠤ ᠲᠣᠰᠬᠤᠨ ᠬᠦᠷᠲᠡᠯ᠎ᠡ᠂ 56 ᠦᠨᠳᠦᠰᠦᠲᠡᠨ ᠶᠠᠭ ᠬᠠᠮᠲᠤ᠎ᠪᠠᠷ ᠵᠢᠷᠭ᠋ᠠᠯ᠎ᠤᠨ ᠳᠠᠭᠤᠤ᠎ᠪᠠᠨ ᠳᠠᠭᠤᠯᠠᠵᠤ᠂ ᠡᠨᠡᠬᠦ ᠳᠠᠭᠤᠤ᠎ᠨᠢ ᠳᠥᠷᠪᠡᠨ ᠵᠦᠭ᠎ᠲᠤ ᠴᠤᠤᠷᠢᠶᠠᠲᠤᠨ᠎ᠠ᠃
ᠠᠯᠤᠰ ᠬᠡᠲᠦ ᠵᠢᠨ ᠵᠠᠰᠠᠯᠲᠠ
ᠨᠠᠮ᠎ᠤᠨ ᠦᠨᠳᠦᠰᠦᠲᠡᠨ᠎ᠤ ᠣᠨᠣᠯ ᠪᠠ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠪᠠᠭᠲᠠᠭ᠋ᠠᠮᠵᠢᠲᠤ ᠴᠢᠨᠠᠷ ᠵᠶ᠋ᠠᠷ ᠨᠠᠩ ᠴᠢᠩᠭ᠎ᠠ᠂ ᠨᠢᠭᠲᠠᠷᠠᠯ᠎ᠤᠨ ᠬᠦᠴᠦᠨ ᠵᠶ᠋ᠠᠷ ᠨᠠᠩ ᠶᠡᠭᠡ ᠬᠤᠪᠢ ᠵᠠᠶᠠᠭ᠋ᠠᠨ᠎ᠤ ᠬᠠᠮᠲᠤ ᠴᠣᠭᠴᠠ ᠲᠡᠶ᠋ᠢᠰᠢ ᠤᠷᠤᠭᠰᠢᠯᠠᠬᠤ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠰᠦᠷᠯᠢᠭ ᠰᠠᠶ᠋ᠢᠬᠠᠨ ᠡᠪᠬᠡᠮᠡᠯ ᠵᠢᠷᠤᠭ᠎ᠢ ᠬᠠᠮᠲᠤ᠎ᠪᠠᠷ ᠵᠢᠷᠤᠭᠯᠠᠨ᠎ᠠ
《ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠰᠢᠨ᠎ᠡ ᠰᠢᠯᠭ᠋ᠠᠯᠲᠠ᠎ᠳᠤ ᠣᠷᠣᠯᠴᠠᠬᠤ ᠵᠠᠮ ᠵᠶ᠋ᠠᠷ ᠵᠠᠮᠨᠠᠪᠠ》!
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ᠎ᠤᠨ ᠢᠳᠡ ᠬᠦᠴᠦᠲᠡᠢ ᠲᠥᠪ ᠴᠢᠩᠭ᠎ᠠ ᠲᠤᠩᠬᠠᠭᠯᠠᠯ᠎ᠨᠢ ᠳᠤᠮᠳᠠᠳᠤ ᠵᠢᠨ ᠬᠥᠪᠡᠭᠦᠳ ᠥᠬᠢᠳ᠎ᠤᠨ ᠤᠷᠮ᠎ᠠ ᠵᠣᠷᠢᠭ᠎ᠢ ᠬᠥᠭᠵᠢᠭᠡᠪᠡ᠃
ᠲᠡᠦᠬᠡ ᠵᠢᠨ ᠴᠠᠭ᠎ᠤᠨ ᠵᠡᠭᠦᠦ ᠰᠢᠨ᠎ᠡ ᠴᠠᠭ ᠦᠶ᠎ᠡ ᠵᠢ ᠵᠢᠭ᠋ᠠᠨ᠎ᠠ; ᠠᠭᠤᠤ ᠶᠡᠭᠡ ᠬᠦᠰᠡᠯ ᠵᠡᠭᠦᠳᠦ ᠰᠢᠨ᠎ᠡ ᠠᠶᠠᠨ ᠵᠶ᠋ᠠᠨ ᠡᠬᠢᠯᠡᠭᠦᠯᠦᠨ᠎ᠡ᠃
ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠎ᠠᠴᠠ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ᠂ ᠠᠯᠬᠤᠮ ᠠᠯᠬᠤᠮ ᠵᠶ᠋ᠠᠷ ᠠᠬᠢᠭᠤᠯᠬᠤ ᠬᠠᠷᠠᠯᠲᠠ ᠪᠠ ᠵᠠᠩᠭᠢᠯᠠᠭ᠎ᠠ ᠵᠢᠨ ᠴᠡᠭ᠎ᠨᠢ ᠬᠤᠪᠢᠷᠠᠬᠤ᠎ᠠᠴᠠ ᠪᠢᠰᠢ᠂ ᠬᠤᠪᠢᠷᠠᠰᠢ ᠦᠭᠡᠢ᠎ᠨᠢ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠪᠠ ᠡᠷᠴᠢ ᠵᠣᠷᠢᠭ ᠶᠤᠮ᠃
ᠰᠢᠨ᠎ᠡ ᠲᠡᠦᠬᠡ ᠵᠢᠨ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠭᠤᠣᠯ ᠰᠢᠵᠢᠮ᠎ᠢ ᠴᠢᠩᠭ᠎ᠠ ᠡᠵᠡᠮᠳᠡᠵᠦ᠂ 《ᠪᠦᠳᠦᠭᠦᠪᠴᠢ ᠵᠢᠷᠤᠭ》᠎ᠢ 《ᠨᠠᠷᠢᠯᠢᠭ ᠵᠢᠷᠤᠭ》 ᠪᠣᠯᠭ᠋ᠠᠨ ᠬᠤᠪᠢᠷᠠᠭᠤᠯᠬᠤ᠎ᠪᠠᠷ ᠬᠦᠴᠦᠯᠡᠨ ᠴᠢᠷᠮᠠᠶ᠋ᠢᠪᠠᠯ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ ᠯᠠᠪᠲᠠᠢ ᠲᠠᠰᠤᠷᠠᠯᠳᠠ ᠦᠭᠡᠢ ᠰᠢᠨ᠎ᠡ ᠪᠠᠶ᠋ᠢᠳᠠᠯ᠎ᠢ ᠡᠭᠦᠳᠴᠦ ᠴᠢᠳᠠᠨ᠎ᠠ᠃
ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ᠎ᠳᠤ ᠡᠷᠬᠡᠪᠰᠢ ᠠᠵᠠ ᠲᠣᠬᠢᠶᠠᠯ᠎ᠢ ᠠᠮᠵᠢᠵᠤ᠂ ᠥᠷᠢᠰᠥᠯᠳᠦᠭᠡᠨ᠎ᠳᠤ ᠰᠢᠭᠤᠳ ᠬᠠᠨᠳᠤᠵᠤ᠂ ᠦᠨᠳᠦᠰᠦᠲᠡᠨ᠎ᠤ ᠭᠠᠵᠠᠷ ᠣᠷᠣᠨ᠎ᠤ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ ᠬᠡᠷᠡᠭᠲᠡᠢ —
ᠬᠦᠬᠡᠮᠳᠦᠭ ᠠᠭᠤᠯᠨ ᠰᠦᠨᠳᠡᠷᠯᠡᠵᠦ ᠴᠡᠩᠬᠡᠭ ᠤᠰᠤ ᠮᠢᠷᠠᠯᠵᠠᠨ᠎ᠠ᠃ ᠭᠤᠸᠠᠩᠰᠢ ᠵᠢᠨ ᠰᠢᠩ ᠠᠨ ᠰᠢᠶᠠᠨ᠎ᠤ ᠬᠤᠸᠠᠵᠢᠶᠠᠩᠤᠨ ᠶᠣᠣ ᠦᠨᠳᠦᠰᠦᠲᠡᠨ᠎ᠤ ᠰᠢᠶᠠᠩ᠎ᠤᠨ ᠲᠦᠩ ᠷᠧᠨ ᠲᠣᠰᠬᠤᠨ᠎ᠳᠤ᠂ ᠰᠠᠯᠬᠢ ᠪᠣᠷᠣᠭ᠋ᠠᠨ᠎ᠢ ᠥᠩᠭᠡᠷᠡᠭᠡᠭᠰᠡᠨ ᠴᠦ᠍ ᠪᠠᠲᠤ ᠪᠠᠬᠢ ᠰᠡᠬᠦ᠋ᠢ᠍ᠨ ᠰᠦᠨᠳᠡᠷᠯᠡᠭᠰᠡᠨ ᠬᠥᠭᠦᠷᠭᠡ ᠪᠠᠶ᠋ᠢᠳᠠᠭ᠃
ᠥᠩᠭᠡᠷᠡᠭᠰᠡᠨ᠎ᠳᠤ ᠤᠯᠠᠭ᠋ᠠᠨ ᠴᠡᠷᠢᠭ᠎ᠤᠨ ᠪᠠᠶ᠋ᠢᠯᠳᠤᠭᠴᠢᠳ ᠪᠣᠯᠤᠨ ᠬᠤᠸᠠ ᠵᠢᠶᠠᠩ ᠶᠣᠣ ᠵᠢᠨ ᠠᠬ᠎ᠠ ᠳᠡᠭᠦᠦ ᠨᠡᠷ᠎ᠤᠨ ᠬᠠᠮᠲᠤ᠎ᠪᠠᠷ ᠪᠠᠶ᠋ᠢᠭᠤᠯᠤᠭᠰᠠᠨ ᠡᠨᠡ ᠬᠦ᠌ 《ᠤᠯᠠᠭ᠋ᠠᠨ ᠴᠡᠷᠢᠭ᠎ᠤᠨ ᠬᠥᠭᠦᠷᠭᠡ》᠎ᠨᠢ ᠡᠳᠦᠭᠡ ᠠᠷᠠᠳ ᠢᠷᠭᠡᠳ᠎ᠤᠨ ᠪᠠᠶᠠᠵᠢᠯ᠎ᠤᠨ ᠬᠥᠭᠦᠷᠭᠡ ᠪᠣᠯᠤᠭᠰᠠᠨ ᠪᠠᠶ᠋ᠢᠨ᠎ᠠ᠃ ᠵᠢᠯ ᠪᠦᠷᠢ ᠲᠤᠬᠠᠢ ᠵᠢᠨ ᠭᠠᠵᠠᠷ᠎ᠤᠨ 100 ᠭᠠᠷᠤᠢ ᠲᠦᠮᠡᠨ ᠬᠤᠯᠤᠰᠤ ᠡᠨᠡ ᠬᠥᠭᠦᠷᠭᠡ᠎ᠪᠠᠷ ᠳᠠᠮᠵᠢᠨ ᠪᠦᠬᠦ ᠤᠯᠤᠰ᠎ᠤᠨ ᠡᠯ᠎ᠡ ᠭᠠᠵᠠᠷ᠎ᠲᠤ ᠪᠣᠷᠣᠯᠠᠭᠤᠯᠤᠭᠳᠠᠵᠤ᠂ ᠶᠣᠣ ᠦᠨᠳᠦᠰᠦᠲᠡᠨ᠎ᠤ ᠠᠬ᠎ᠠ ᠳᠡᠭᠦᠦ ᠨᠡᠷ᠎ᠲᠤ ᠬᠡᠳᠦᠨ ᠮᠢᠩᠭ᠋ᠠᠨ ᠲᠦᠮᠡᠨ ᠲᠥᠭᠦᠷᠢᠭ᠎ᠤᠨ ᠣᠷᠣᠯᠭ᠎ᠠ ᠠᠪᠴᠢᠷᠠᠳᠠᠭ᠃
ᠭᠠᠭᠴᠠ ᠬᠦ᠌ 《ᠬᠤᠷᠳᠤᠳᠬᠠᠯ》᠎ᠢ ᠳᠠᠪᠠᠨ ᠭᠠᠷᠪᠠᠯ ᠰᠠᠶᠢ ᠬᠥᠭᠵᠢᠯᠲᠡ ᠵᠢᠨ 《ᠲᠦᠷᠭᠡᠨ ᠵᠠᠮ》᠎ᠳᠤ ᠣᠷᠣᠵᠤ ᠴᠢᠳᠠᠨ᠎ᠠ᠃
ᠣᠳᠣᠬᠠᠨ᠎ᠳᠤ ᠦᠨᠳᠦᠰᠦᠲᠡᠨ᠎ᠤ ᠭᠠᠵᠠᠷ ᠣᠷᠣᠨ᠎ᠳᠤ ᠪᠠᠰᠠ ᠠᠵᠤ ᠠᠬᠤᠢ ᠵᠢᠨ ᠰᠠᠭᠤᠷᠢ ᠪᠠᠭᠤᠷᠠᠢ᠂ ᠠᠵᠤ ᠦᠢ᠍ᠯᠡᠰ᠎ᠤᠨ ᠲᠡᠰ ᠳᠠᠪᠬᠤᠷᠭ᠎ᠠ ᠨᠡᠯᠢᠶᠡᠳ ᠳᠣᠣᠷ᠎ᠠ᠂ ᠴᠢᠳᠠᠪᠤᠷᠢᠲᠠᠨ᠎ᠤ ᠲᠤᠯᠭ᠋ᠠᠭᠤᠷᠢᠯᠠᠯ ᠳᠤᠲᠠᠮᠠᠭ᠂ ᠠᠮᠢ ᠠᠬᠤᠢ ᠵᠢᠨ ᠬᠠᠮᠠᠭ᠋ᠠᠯᠠᠯᠲᠠ ᠵᠢᠨ ᠡᠭᠦᠷᠭᠡ ᠬᠦᠨᠳᠦ ᠵᠡᠷᠭᠡ ᠠᠰᠠᠭᠤᠳᠠᠯ ᠣᠷᠣᠰᠢᠵᠤ᠂ ᠵᠡᠭᠦᠨ ᠬᠡᠰᠡᠭ᠎ᠤᠨ ᠬᠥᠭᠵᠢᠭᠰᠡᠨ ᠭᠠᠵᠠᠷ ᠣᠷᠣᠨ᠎ᠲᠠᠢ ᠬᠠᠷᠢᠴᠠᠭᠤᠯᠪᠠᠯ᠂ 《ᠪᠠᠶ᠋ᠢᠬᠤ ᠡᠰᠡᠬᠦ》᠂ 《ᠰᠠᠶ᠋ᠢᠨ ᠡᠰᠡᠬᠦ》 ᠵᠢ ᠰᠢᠢ᠍ᠳᠪᠦᠷᠢᠯᠡᠬᠦ ᠳᠠᠪᠬᠤᠷ ᠡᠭᠦᠷᠭᠡ ᠲᠤᠯᠭ᠋ᠠᠷᠠᠵᠤ ᠪᠠᠶ᠋ᠢᠬᠤ ᠵᠢ ᠡᠷᠬᠡᠪᠰᠢ ᠣᠯᠵᠤ ᠬᠠᠷᠠᠬᠤ ᠬᠡᠷᠡᠭᠲᠡᠢ᠃
ᠳᠤᠮᠳᠠᠳᠤ ᠵᠢᠨ ᠦᠨᠳᠦᠰᠦᠲᠡᠨ ᠪᠣᠯ ᠨᠢᠭᠡᠨ ᠶᠡᠭᠡ ᠭᠡᠷ ᠪᠦᠯᠢ ᠪᠠᠶ᠋ᠢᠵᠤ᠂ ᠨᠢᠭᠡ ᠭᠡᠷ᠎ᠤᠨ ᠬᠥᠮᠦᠰ ᠴᠥᠮ ᠰᠠᠶ᠋ᠢᠨ ᠰᠠᠶ᠋ᠢᠬᠠᠨ ᠠᠮᠢᠳᠤᠷᠠᠯ᠎ᠢ ᠡᠳ᠋ᠯᠡᠬᠦ ᠬᠡᠷᠡᠭᠲᠡᠢ᠃ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ ᠵᠠᠮ᠎ᠳᠤ ᠨᠢᠭᠡ ᠦᠨᠳᠦᠰᠦᠲᠡᠨ᠎ᠢ ᠴᠦ᠍ ᠣᠷᠬᠢᠭᠳᠠᠭᠤᠯᠵᠤ ᠪᠣᠯᠬᠤ ᠦᠭᠡᠢ᠃
ᠥᠷᠢᠰᠥᠯᠳᠦᠭᠡᠨ ᠮᠦᠷᠳᠡᠭᠡᠨ ᠪᠠᠰᠠ ᠠᠵᠠ ᠲᠣᠬᠢᠶᠠᠯ ᠮᠥᠨ᠃
ᠭᠦᠢ᠍ᠵᠧᠦ᠎ᠳᠤ ᠬᠦᠷᠴᠦ ᠰᠢᠨᠵᠢᠯᠡᠨ ᠪᠠᠶ᠋ᠢᠴᠠᠭ᠋ᠠᠬᠤ᠎ᠳᠠᠭᠠᠨ᠂ 《ᠲᠤᠮᠤ ᠳ᠋ᠠᠶ᠋ᠢᠲ᠋ᠠ ᠪᠣᠯᠤᠨ ᠪᠣᠳᠠᠲᠤ ᠴᠣᠭᠴᠠ ᠵᠢᠨ ᠠᠵᠤ ᠠᠬᠤᠢ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠤᠳᠤ ᠦᠶ᠎ᠡ ᠵᠢᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠳᠬᠡᠨ ᠬᠥᠭᠵᠢᠭᠦᠯᠬᠦ ᠬᠡᠷᠡᠭᠳᠡᠢ》 ᠭᠡᠵᠦ ᠳᠤᠷᠠᠳᠴᠠᠢ;
ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠠᠭᠠᠨ᠂ 《ᠰᠠᠶ᠋ᠢᠨᠲᠠᠢ ᠲᠠᠯ᠎ᠠ᠎ᠪᠠᠨ ᠪᠠᠳᠠᠷᠠᠭᠤᠯᠤᠨ ᠳᠤᠳᠠᠭᠤᠳᠠᠯ᠎ᠲᠠᠢ ᠲᠠᠯ᠎ᠠ᠎ᠪᠠᠨ ᠲᠡᠪᠴᠢᠨ᠂ ᠰᠢᠯᠢᠳᠡᠭ᠎ᠢ ᠬᠥᠮᠦᠵᠢᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠩᠬᠠᠷᠴᠤ᠂ ᠪᠦᠬᠦ ᠬᠦᠴᠦᠨ ᠵᠶ᠋ᠠᠷ ᠵᠶ᠋ᠠᠨ ᠪᠦᠲᠦᠴᠡ ᠵᠢ ᠲᠤᠬᠢᠷᠠᠭᠤᠯᠵᠤ᠂ ᠴᠢᠳᠠᠮᠵᠢ ᠵᠢ ᠬᠤᠪᠢᠷᠠᠭᠤᠯᠵᠤ᠂ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ》 ᠭᠡᠵᠦ ᠱᠠᠭ᠋ᠠᠷᠳᠠᠪᠠ;
ᠬᠥᠬᠡᠨᠠᠭᠤᠷ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠠᠭᠠᠨ᠂ 《ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠤᠷᠴᠢᠯ ᠬᠥᠭᠵᠢᠯᠲᠡ ᠵᠢᠨ ᠠᠵᠤ ᠠᠬᠤᠢ ᠵᠢᠨ ᠰᠢᠰᠲ᠋ᠧᠮ᠎ᠢ ᠪᠠᠶ᠋ᠢᠭᠤᠯᠵᠤ᠂ ᠲᠤᠰ ᠭᠠᠵᠠᠷ᠎ᠤᠨ ᠣᠨᠴᠠᠯᠢᠭ᠎ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠠᠬᠤᠢ ᠵᠢᠨ ᠰᠢᠰᠲ᠋ᠧᠮ᠎ᠢ ᠪᠠᠶ᠋ᠢᠭᠤᠯᠬᠤ ᠬᠡᠷᠡᠭᠲᠡᠢ》 ᠭᠡᠵᠦ ᠴᠢᠬᠤᠯᠠᠴᠢᠯᠠᠵᠠᠢ;
2021 ᠣᠨ᠎ᠠᠴᠠ ᠨᠠᠭ᠋ᠠᠰᠢ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠬᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠴᠣᠭᠴᠠᠯᠠᠬᠤ ᠵᠢᠨ ᠲᠣᠭᠤᠷᠢᠨ᠎ᠳᠤ᠂ ᠶᠡᠷᠦᠩᠬᠡᠢ ᠱᠦᠵᠢ ᠰᠢ ᠵᠢᠨ ᠫᠢᠩ ᠪᠡᠶ᠎ᠡ᠎ᠪᠠᠷ ᠵᠶ᠋ᠠᠨ ᠦᠨᠳᠦᠰᠦᠲᠡᠨ᠎ᠤ ᠭᠠᠵᠠᠷ ᠣᠷᠣᠨ᠎ᠤ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢᠨ ᠪᠣᠷᠣ ᠲᠥᠰᠦᠪ᠎ᠢ ᠵᠢᠷᠤᠭᠯᠠᠵᠤ᠂ ᠠᠷᠭ᠎ᠠ ᠵᠠᠮ᠎ᠢ ᠲᠣᠳᠣᠷᠬᠠᠶ᠋ᠢᠯᠠᠨ᠂ ᠦᠨᠳᠦᠰᠦᠲᠡᠨ᠎ᠤ ᠭᠠᠵᠠᠷ ᠣᠷᠣᠨ ᠪᠣᠯᠤᠨ ᠪᠦᠬᠦ ᠤᠯᠤᠰ᠎ᠤᠨ ᠪᠤᠰᠤᠳ ᠭᠠᠵᠠᠷ ᠣᠷᠣᠨ ᠬᠠᠮᠲᠤ᠎ᠪᠠᠷ ᠣᠳᠣᠬᠢᠴᠢᠯᠠᠯᠲᠠ ᠲᠡᠶ᠋ᠢᠰᠢ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠃
ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ᠎ᠳᠤ ᠡᠷᠬᠡᠪᠰᠢ ᠨᠡᠶ᠋ᠢᠭᠡᠮ ᠵᠢᠷᠤᠮ᠎ᠤᠨ ᠭᠤᠤᠯᠯᠠᠭᠴᠢ ᠥᠷᠲᠡᠭ᠎ᠤᠨ ᠦᠵᠡᠯᠲᠡ᠎ᠪᠠᠷ ᠤᠳᠤᠷᠢᠳᠤᠮᠵᠢ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠢ ᠪᠠᠶ᠋ᠢᠭᠤᠯᠬᠤ ᠬᠡᠷᠡᠭᠲᠡᠶ —
《ᠬᠢᠯᠢ ᠵᠢᠨ ᠬᠥᠰᠢᠶ᠎ᠡ ᠵᠢ ᠥᠴᠦᠬᠡᠨ ᠴᠦ᠍ ᠬᠥᠳᠡᠯᠭᠡᠵᠦ ᠪᠣᠯᠬᠤ ᠥᠬᠡᠶ᠂ ᠬᠢᠯᠢ ᠬᠢᠵᠠᠭ᠋ᠠᠷ᠎ᠤᠨ ᠭᠠᠵᠠᠷ ᠰᠢᠷᠣᠶ ᠵᠢ ᠥᠴᠦᠬᠡᠨ ᠴᠦ᠍ ᠬᠠᠶᠠᠵᠤ ᠪᠣᠯᠬᠤ ᠥᠬᠡᠶ》᠃
ᠮᠠᠨ᠎ᠤ ᠤᠯᠤᠰ᠎ᠤᠨ ᠪᠠᠷᠠᠭᠤᠨ ᠬᠡᠰᠡᠭ᠎ᠤᠨ ᠬᠢᠯᠢ ᠬᠢᠵᠠᠭ᠋ᠠᠷᠲᠤ ᠪᠠᠶ᠋ᠢᠷᠢᠯᠠᠵᠤ ᠪᠠᠶ᠋ᠢᠭ᠎ᠠ ᠰᠢᠨᠵᠢᠶᠠᠩ᠎ᠤᠨ ᠦ᠋ ᠴᠢᠶᠠ ᠰᠢᠶᠠᠨ᠎ᠤ ᠵᠢᠢ ᠭᠧᠨ ᠰᠢᠶᠠᠩ᠎ᠳᠤ᠂ ᠬᠢᠯᠢ ᠬᠠᠮᠠᠭ᠋ᠠᠯᠠᠭᠴᠢ ᠪᠤᠷᠮᠠᠬᠠᠨ· ᠮᠤᠯᠳᠤᠸᠧ ᠬᠤᠶᠠᠷ ᠬᠥᠯ ᠵᠶ᠋ᠠᠷ ᠵᠶ᠋ᠠᠨ ᠡᠬᠡ ᠤᠯᠤᠰ᠎ᠤᠨ ᠬᠢᠯᠢ ᠵᠢᠨ ᠱᠤᠭᠤᠮ᠎ᠢ ᠬᠡᠮᠵᠢᠨ᠎ᠡ᠃ ᠬᠡᠳᠦᠨ ᠠᠷᠪᠠᠨ ᠵᠢᠯ᠎ᠤᠨ ᠲᠤᠷᠰᠢ᠂ ᠲᠡᠷᠡ ᠥᠪᠡᠷ᠎ᠤᠨ ᠭᠠᠷ ᠵᠶ᠋ᠠᠷ ᠵᠶ᠋ᠠᠨ ᠫᠠᠮᠢᠷ᠎ᠤᠨ ᠥᠨᠳᠦᠷᠯᠢᠭ᠎ᠲᠤ 10 ᠭᠠᠷᠤᠶ ᠲᠦᠮᠡᠨ ᠬᠡᠰᠡᠭ 《ᠳᠤᠮᠳᠠᠳᠤ ᠤᠯᠤᠰ᠎ᠤᠨ ᠴᠢᠯᠠᠭᠤ》 ᠵᠢ ᠰᠡᠶ᠋ᠢᠯᠦᠨ ᠭᠠᠷᠭ᠋ᠠᠪᠠ᠃
ᠥᠨᠥᠳᠦᠷ᠂ ᠪᠤᠷᠮᠠᠬᠠᠨᠤ ᠭᠤᠷᠪᠠᠨ ᠬᠥᠤ᠂ ᠬᠤᠶᠠᠷ ᠥᠬᠢᠨ᠎ᠨᠢ ᠪᠦᠷ ᠬᠢᠯᠢ ᠬᠠᠮᠠᠭ᠋ᠠᠯᠠᠭᠴᠢ᠃ ᠨᠢᠭᠡ ᠭᠡᠷ ᠵᠶ᠋ᠠᠷ ᠵᠶ᠋ᠠᠨ ᠬᠠᠷᠠᠮᠰᠠᠯ ᠦᠭᠡᠢ᠂ ᠨᠢᠭᠡ ᠨᠠᠰᠤ᠎ᠪᠠᠷ ᠵᠶ᠋ᠠᠨ ᠡᠬᠡ ᠤᠯᠤᠰ᠎ᠤᠨ ᠠᠭᠤᠯᠠ ᠤᠰᠤ ᠵᠢ ᠰᠠᠬᠢᠨ ᠬᠠᠮᠠᠭ᠋ᠠᠯᠠᠨ᠎ᠠ᠃
《ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠ ᠨᠡᠶ᠋ᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ ᠵᠢᠨ ᠬᠥᠮᠦᠵᠢᠯ᠎ᠢ ᠴᠢᠩᠭ᠋ᠠᠳᠬᠠᠵᠤ᠂ ᠵᠥᠪ ᠡᠬᠡ ᠤᠷᠤᠨᠴᠢ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠲᠡᠦᠬᠡ ᠵᠢᠨ ᠦᠵᠡᠯᠲᠡ ᠵᠢ ᠪᠠᠲᠤ ᠪᠤᠢ ᠪᠣᠯᠭ᠋ᠠᠬᠤ᠎ᠨᠢ ᠦᠨᠳᠦᠰᠦᠲᠡᠨ᠎ᠨᠦᠭᠦᠳ᠎ᠤᠨ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠳᠤ ᠲᠦᠢ᠍ᠯ᠎ᠤᠨ ᠴᠢᠬᠤᠯᠠ ᠶᠤᠮ》 ᠭᠡᠵᠦ ᠶᠡᠷᠦᠩᠬᠡᠢ ᠱᠦᠵᠢ ᠰᠢ ᠵᠢᠨ ᠫᠢᠩ ᠭᠦᠨᠵᠡᠭᠡᠢ ᠵᠢᠭ᠋ᠠᠵᠤ ᠭᠠᠷᠭ᠋ᠠᠪᠠ᠃
ᠦᠨᠳᠦᠰᠦᠲᠡᠨ᠎ᠤ ᠠᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠠᠬᠢᠭᠤᠯᠬᠤ᠎ᠳᠤ ᠬᠠᠮᠤᠭ᠎ᠤᠨ ᠵᠠᠩᠭᠢᠯᠠᠭ᠎ᠠ᠎ᠨᠢ ᠦᠨᠳᠦᠰᠦᠲᠡᠨ᠎ᠤ ᠪᠦᠯᠬᠦᠮᠳᠡᠯ᠎ᠢ ᠰᠠᠶ᠋ᠢᠲᠤᠷ ᠬᠠᠮᠠᠭ᠋ᠠᠯᠠᠵᠤ᠂ ᠬᠠᠮᠤᠭ᠎ᠠᠴᠠ ᠲᠤᠰᠠᠲᠠᠢ᠎ᠨᠢ ᠬᠥᠮᠦᠰ᠎ᠤᠨ ᠰᠡᠳᠬᠢᠯ᠎ᠢ ᠨᠢᠭᠲᠠᠷᠠᠭᠤᠯᠬᠤ᠎ᠳᠤ ᠪᠤᠢ᠃
ᠡᠨᠡ ᠵᠢᠯ᠎ᠤᠨ 7 ᠰᠠᠷ᠎ᠠ ᠵᠢᠨ ᠰᠡᠭᠦᠯᠴᠢ᠎ᠪᠠᠷ᠂ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢᠨ ᠪᠠᠶᠠᠷ᠎ᠢ ᠪᠡᠯᠭᠡᠯᠡᠬᠦ ᠶᠣᠰᠣᠯᠠᠯ᠎ᠤᠨ ᠳᠠᠷᠠᠭ᠎ᠠ ᠶᠡᠷᠦᠩᠬᠡᠶ ᠱᠦᠵᠢ ᠰᠢ ᠵᠢᠨ ᠫᠢᠩ ᠠᠩᠬ᠎ᠠ ᠤᠳᠠᠭ᠎ᠠ ᠣᠷᠣᠨ ᠨᠤᠲᠤᠭ᠎ᠲᠤ ᠬᠦᠷᠴᠦ ᠠᠵᠢᠯ ᠪᠠᠶ᠋ᠢᠴᠠᠭ᠋ᠠᠬᠤ᠎ᠳᠠᠭᠠᠨ ᠴᠠᠰᠤᠲᠤ ᠥᠨᠳᠦᠷᠯᠢᠭ᠎ᠲᠤ ᠢᠷᠡᠵᠦ᠂ ᠲᠥᠪᠡᠳ᠎ᠤᠨ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠳᠣᠲᠣᠨᠣ᠎ᠪᠠᠷ ᠡᠷᠬᠢᠨ ᠦᠵᠡᠵᠦ ᠲᠣᠬᠤᠨᠢᠭᠤᠯᠪᠠ᠃
ᠲᠥᠪᠡᠳ᠎ᠢ ᠨᠠᠶ᠋ᠢᠷᠠᠮᠳᠠᠯ ᠵᠶ᠋ᠠᠷ ᠴᠢᠯᠥᠭᠡᠯᠡᠭᠰᠡᠨ 70 ᠵᠢᠯ᠎ᠤᠨ ᠲᠤᠷᠰᠢ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠵᠢᠨ ᠡᠮᠦᠨ᠎ᠡ᠂ ᠶᠡᠷᠦᠩᠬᠡᠢ ᠱᠦᠵᠢ ᠰᠢ ᠵᠢᠨ ᠫᠢᠩ᠄ 《ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠠᠭᠤᠤ ᠶᠡᠭᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠤᠬᠠᠢ ᠬᠠᠮᠲᠤ ᠵᠢᠨ ᠲᠠᠨᠢᠯᠲᠠ ᠵᠢ ᠲᠠᠰᠤᠷᠠᠯᠳᠠ ᠦᠭᠡᠢ ᠴᠢᠩᠭ᠋ᠠᠳᠬᠠᠵᠤ᠂ ᠦᠨᠳᠦᠰᠦᠲᠡᠨ᠎ᠤ ᠪᠦᠯᠬᠦᠮᠳᠡᠯ᠎ᠤᠨ ᠦᠵᠡᠯ ᠰᠠᠨᠠᠭ᠋ᠠᠨ᠎ᠤ ᠰᠠᠭᠤᠷᠢ ᠵᠢ ᠪᠠᠬᠢᠵᠢᠭᠦᠯᠬᠦ ᠬᠡᠷᠡᠭᠲᠡᠢ》 ᠭᠡᠵᠦ ᠤᠳᠬ᠎ᠠ ᠭᠦᠨ ᠶᠠᠷᠢᠪᠠ᠃
ᠰᠣᠶᠣᠯ ᠪᠣᠯ ᠨᠢᠭᠡ ᠦᠨᠳᠦᠰᠦᠲᠡᠨ᠎ᠤ ᠰᠦᠭ ᠰᠦᠨᠡᠰᠦ ᠮᠥᠨ᠂ ᠰᠣᠶᠣᠯ᠎ᠤᠨ ᠬᠠᠮᠲᠤ ᠵᠢᠨ ᠲᠠᠨᠢᠯᠲᠠ ᠪᠣᠯ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ ᠰᠤᠷᠪᠤᠯᠵᠢ ᠮᠥᠨ᠃ 《ᠨᠠᠷᠢᠯᠢᠭ ᠳᠤᠰᠤᠯᠭ᠋ᠠᠨ ᠤᠰᠤᠯᠠᠬᠤ ᠮᠠᠶᠢᠭ》᠎ᠤᠨ ᠤᠬᠠᠭᠤᠯᠭ᠎ᠠ ᠬᠥᠮᠦᠵᠢᠯ ᠵᠶ᠋ᠠᠷ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠵᠢᠭ᠋ᠠᠬᠤ ᠮᠠᠲ᠋ᠧᠷᠢᠶᠠᠯ᠎ᠳᠤ ᠣᠷᠣᠭᠤᠯᠬᠤ᠂ ᠬᠢᠴᠢᠶᠡᠯ᠎ᠤᠨ ᠲᠠᠩᠬᠢᠮ᠎ᠳᠤ ᠣᠷᠣᠭᠤᠯᠬᠤ᠂ ᠲᠠᠷᠢᠬᠢ ᠲᠣᠯᠣᠭ᠋ᠠᠶ᠎ᠳᠤ ᠰᠠᠭᠤᠭᠳᠠᠭᠤᠯᠬᠤ ᠵᠢ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠶ᠋ᠢᠭᠤᠯᠤᠯᠲᠠ ᠵᠢᠨ ᠠᠵᠢᠯ᠎ᠢ ᠭᠦᠨᠵᠡᠭᠡᠶ ᠤᠳᠠᠭ᠋ᠠᠨ ᠳᠠᠭ᠋ᠠᠭ᠋ᠠᠮᠠᠭ᠋ᠠᠶ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ ᠵᠶ᠋ᠠᠨ ᠬᠠᠶ᠋ᠢᠷᠠᠯᠠᠬᠤ ᠦᠷ᠎ᠡ ᠯᠠᠪᠲᠠᠶ ᠳᠤᠮᠳᠠᠳᠤ ᠵᠢᠨ ᠦᠨᠳᠦᠰᠦᠲᠡᠨ᠎ᠤ ᠪᠦᠷᠢᠯᠳᠦᠭᠦᠨ ᠨᠢᠭᠡᠪᠦᠷᠢ ᠵᠢᠨ ᠰᠡᠳᠬᠢᠯ᠎ᠤᠨ ᠭᠦᠨᠳᠤ ᠦᠨᠳᠦᠰᠦᠯᠡᠵᠦ᠂ ᠳᠤᠮᠳᠠᠳᠤ ᠵᠢᠨ ᠦᠨᠳᠦᠰᠦᠲᠡᠨ᠎ᠤ ᠪᠠᠭᠲᠠᠭ᠋ᠠᠮᠵᠢᠲᠤ ᠴᠢᠨᠠᠷ ᠵᠶ᠋ᠠᠷ ᠨᠠᠩ ᠴᠢᠩᠭ᠎ᠠ᠂ ᠨᠢᠭᠲᠠᠷᠠᠯ᠎ᠤᠨ ᠬᠦᠴᠦᠨ ᠵᠶ᠋ᠠᠷ ᠨᠠᠩ ᠶᠡᠭᠡ ᠬᠤᠪᠢ ᠵᠠᠶᠠᠭ᠋ᠠᠨ᠎ᠤ ᠬᠠᠮᠲᠤ ᠴᠣᠭᠴᠠ ᠲᠡᠶ᠋ᠢᠰᠢ ᠤᠷᠤᠭᠰᠢᠯᠠᠬᠤ ᠵᠢ ᠲᠦᠯᠬᠢᠨ ᠠᠬᠢᠭᠤᠯᠬᠤ ᠶᠤᠮ᠃
ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ᠎ᠳᠤ ᠡᠷᠬᠡᠪᠰᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠨ ᠨᠢᠭᠡᠳᠴᠦ᠂ ᠮᠥᠷᠥ ᠵᠡᠷᠭᠡᠴᠡᠨ ᠲᠡᠮᠡᠴᠡᠬᠦ ᠬᠦᠴᠦᠷᠬᠡᠭ ᠶᠡᠭᠡ ᠨᠡᠶ᠋ᠢᠯᠡᠮᠡᠯ ᠬᠦᠴᠦᠨ᠎ᠢ ᠨᠢᠭᠲᠠᠷᠠᠭᠤᠯᠬᠤ ᠬᠡᠷᠡᠭᠲᠡᠢ —
ᠨᠢᠭᠡᠨ ᠪᠤᠳᠢ ᠳᠤᠮᠳᠠᠳᠤ ᠤᠯᠤᠰ᠎ᠤᠨ ᠲᠡᠦᠬᠡ ᠪᠣᠯ ᠳᠠᠷᠤᠢ ᠨᠢᠭᠡᠨ ᠪᠤᠳᠢ ᠦᠨᠳᠦᠰᠦᠲᠡᠨ᠎ᠨᠦᠭᠦᠳ᠎ᠤᠨ ᠠᠭᠤᠰᠤᠯᠴᠠᠵᠤ ᠤᠯᠠᠨ ᠡᠰᠢᠵᠢᠨ ᠨᠢᠭᠡ ᠴᠤᠬ᠍ᠴᠠᠵᠢᠬᠰᠠᠨ ᠳᠤᠮᠳᠠᠳᠤ ᠵᠢᠨ ᠦᠨᠳᠦᠰᠦᠲᠡᠨ᠎ᠤ ᠲᠡᠦᠬᠡ ᠮᠥᠨ᠂ ᠳᠠᠷᠤᠢ ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠣᠭᠴᠠᠯᠠᠨ ᠪᠠᠶ᠋ᠢᠭᠤᠯᠵᠤ᠂ ᠬᠥᠭᠵᠢᠭᠦᠯᠵᠦ᠂ ᠪᠠᠬᠢᠵᠢᠭᠦᠯᠵᠦ ᠨᠢᠭᠡᠳᠭᠡᠭᠰᠡᠨ ᠠᠭᠤᠤ ᠶᠡᠭᠡ ᠡᠭᠡ ᠤᠯᠤᠰ᠎ᠤᠨ ᠲᠡᠦᠬᠡ ᠮᠥᠨ᠃
ᠤᠩᠭᠤᠴᠠᠨ᠎ᠤ ᠬᠦᠴᠤᠨ ᠳᠠᠷᠪᠠᠭᠤᠯ᠎ᠳᠤ ᠪᠤᠢ᠂ ᠬᠦᠮᠦᠨ᠎ᠤ ᠬᠦᠴᠦᠨ ᠰᠡᠳᠭᠢᠯ᠎ᠳᠤ ᠪᠤᠢ᠃ ᠦᠨᠳᠦᠰᠦᠲᠡᠨ᠎ᠤ ᠪᠦᠯᠬᠦᠮᠳᠡᠯ ᠪᠣᠯ ᠡᠴᠦᠰ᠎ᠤᠨ ᠡᠴᠦᠰ᠎ᠲᠡᠭᠡᠨ ᠬᠥᠮᠦᠨ ᠬᠢᠭᠡᠳ ᠬᠥᠮᠦᠨ᠎ᠤ ᠬᠤᠭᠤᠷᠣᠨᠳᠣᠬᠢ ᠪᠦᠯᠬᠦᠮᠳᠡᠯ ᠮᠥᠨ ᠪᠣᠯᠬᠤᠷ ᠪᠦᠬᠦ ᠨᠡᠶ᠋ᠢᠭᠡᠮ᠎ᠤᠨ ᠬᠦᠴᠦᠨ᠎ᠢ ᠨᠢᠭᠲᠠᠷᠠᠭᠤᠯᠬᠤ ᠴᠢᠬᠤᠯᠠᠲᠠᠶ ᠶᠤᠮ᠃
《ᠦᠨᠳᠦᠰᠦᠨ ᠱᠠᠲᠤᠨ᠎ᠤ ᠰᠠᠭᠤᠷᠢ ᠵᠢ ᠪᠠᠬᠢᠵᠢᠭᠦᠯᠵᠦ᠂ ᠨᠠᠮ ᠵᠠᠰᠠᠭ᠎ᠤᠨ ᠪᠠᠶ᠋ᠢᠭᠤᠯᠭ᠎ᠠ᠂ ᠠᠵᠤ ᠠᠬᠤᠶ᠋ᠢᠯᠠᠯ ᠠᠵᠢᠯ ᠦᠢᠯᠡᠰ᠎ᠤᠨ ᠨᠢᠭᠡᠴᠢ᠂ ᠠᠷᠠᠳᠴᠢᠯᠠᠭᠰᠠᠨ ᠨᠠᠮ ᠪᠦᠯᠦᠭ᠂ ᠠᠷᠠᠳ᠎ᠤᠨ ᠪᠦᠯᠬᠦᠮ᠎ᠤᠳ ᠬᠠᠮᠲᠤ᠎ᠪᠠᠷ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠵᠢ ᠠᠬᠢᠭᠤᠯᠬᠤ ᠬᠡᠷᠡᠭᠲᠡᠶ》 ᠭᠡᠵᠦ ᠶᠡᠷᠦᠩᠬᠡᠶ ᠱᠦᠵᠢ ᠰᠢ ᠵᠢᠨ ᠫᠢᠩ ᠲᠣᠳᠣᠷᠬᠠᠶ ᠴᠢᠬᠤᠯᠠᠴᠢᠯᠠᠭᠰᠠᠨ ᠪᠠᠶ᠋ᠢᠨ᠎ᠠ᠃
ᠦᠨᠳᠦᠰᠦᠲᠡᠨ᠎ᠤ ᠠᠵᠢᠯ ᠪᠣᠯ ᠲᠠᠯ᠎ᠠ ᠪᠦᠬᠦᠨ᠎ᠳᠤ ᠬᠤᠯᠪᠣᠭᠳᠠᠵᠤ᠂ ᠲᠠᠯ᠎ᠠ ᠪᠦᠬᠦᠨ᠎ᠳᠤ ᠴᠥᠮ ᠦᠨᠳᠦᠰᠦᠲᠡᠨ᠎ᠤ ᠠᠵᠢᠯ ᠪᠠᠶ᠋ᠢᠳᠠᠭ᠃
ᠨᠠᠮ᠎ᠤᠨ ᠦᠨᠳᠦᠰᠦᠲᠡᠨ᠎ᠤ ᠠᠵᠢᠯ᠎ᠳᠠᠬᠢ ᠤᠳᠤᠷᠢᠳᠤᠯᠭ᠎ᠠ ᠵᠢ ᠴᠢᠩᠭ᠋ᠠᠳᠬᠠᠵᠤ᠂ ᠶᠡᠭᠡ ᠨᠢᠭᠡᠳᠦᠮᠡᠯ ᠹᠷᠣᠨᠲ᠎ᠤᠨ ᠪᠠᠶ᠋ᠢᠷᠢᠰᠢᠯ᠎ᠤᠨ ᠳᠠᠪᠠᠭᠤᠯᠢᠭ᠎ᠢ ᠪᠠᠳᠠᠷᠠᠭᠤᠯᠵᠤ᠂ ᠡᠯ᠎ᠡ ᠲᠠᠯ᠎ᠠ ᠵᠢᠨ ᠬᠦᠴᠦᠨ᠎ᠢ ᠨᠢᠭᠲᠠᠷᠠᠭᠤᠯᠵᠤ᠂ ᠡᠯ᠎ᠡ ᠲᠠᠯ᠎ᠠ ᠵᠢᠨ ᠤᠶᠤᠨ ᠤᠬᠠᠭ᠋ᠠᠨ᠎ᠢ ᠬᠤᠷᠠᠮᠳᠤᠭᠤᠯᠵᠤ᠂ ᠰᠢᠨ᠎ᠡ ᠴᠠᠭ ᠦᠶ᠎ᠡ ᠵᠢᠨ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠲᠤ ᠪᠠᠲᠤ ᠴᠢᠩᠭ᠎ᠠ ᠤᠯᠤᠰ ᠲᠦᠷᠦ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ᠃
1949 ᠣᠨ᠎ᠤ 9 ᠰᠠᠷ᠎ᠠ ᠵᠢᠨ 21᠎ᠤ ᠡᠳᠦᠷ᠂ ᠵᠦᠩ ᠨᠠᠨ ᠬᠠᠢ ᠵᠢᠨ ᠬᠤᠸᠠᠢ ᠷᠧᠨ ᠲᠠᠩ᠎ᠳᠤ ᠲᠤᠮᠳᠡᠳᠦ ᠤᠯᠦᠰ᠎ᠤᠨ ᠠᠷᠡᠦᠠ᠎ᠤᠨ ᠤᠯᠦᠰ ᠲᠦᠷᠦ ᠵᠢᠨ ᠵᠦᠪᠯᠡᠯᠭᠡᠨ᠎ᠤ ᠠᠩᠬᠠᠳᠤᠭ᠋ᠠᠷ ᠬᠤᠭᠤᠴᠠᠭ᠋ᠠᠨ᠎ᠤ ᠪᠥᠬᠦᠳᠡ ᠬᠤᠷᠠᠯ ᠡᠬᠢᠯᠡᠪᠡ᠃
《ᠮᠠᠨ᠎ᠤ ᠢ ᠦᠨᠳᠦᠰᠦᠲᠡᠨ ᠶᠡᠷᠦ᠎ᠠᠴᠠ ᠳᠠᠷᠤᠯᠠᠭᠳᠠᠨ ᠳᠣᠷᠣᠮᠵᠢᠯᠠᠭᠳᠠᠭᠰᠠᠭ᠋ᠠᠷ ᠢᠷᠡᠵᠡᠢ ᠁ ᠭᠡᠪᠡᠴᠦ ᠥᠨᠥᠳᠦᠷ ᠪᠢᠳᠡ ᠬᠦᠮᠦᠨ ᠪᠣᠯᠤᠭᠰᠠᠨ ᠪᠥᠭᠡᠳ ᠤᠯᠤᠰ᠎ᠤᠨ ᠡᠵᠡᠨ᠎ᠨᠢ ᠪᠣᠯᠵᠤ᠂ ᠳᠤᠮᠳᠠᠳᠤ ᠤᠯᠤᠰ᠎ᠤᠨ ᠲᠡᠦᠬᠡᠨ᠎ᠳᠤ ᠤᠷᠢᠳᠤ ᠭᠠᠷᠤᠭ᠎ᠠ ᠦᠭᠡᠢ ᠡᠨᠡ ᠶᠡᠭᠡ ᠬᠤᠷᠠᠯ᠎ᠳᠤ ᠣᠷᠣᠯᠴᠠᠵᠠᠶ》 ᠬᠡᠵᠦ ᠴᠥᠭᠡᠨ ᠲᠣᠭ᠋ᠠᠲᠤ ᠦᠨᠳᠦᠰᠦᠲᠡᠨ᠎ᠤ ᠲᠥᠯᠦᠭᠡᠯᠡᠭᠴᠢ ᠵᠠᠩ ᠴᠥᠩ ᠶᠡᠭᠡ᠎ᠪᠠᠷ ᠰᠡᠳᠬᠢᠯ ᠬᠥᠳᠡᠯᠦᠨ ᠶᠠᠷᠢᠵᠤ ᠪᠠᠶ᠋ᠢᠯ᠎ᠠ᠃
70 ᠭᠠᠷᠤᠢ ᠵᠢᠯ᠎ᠤᠨ ᠳᠠᠷᠠᠭ᠋ᠠᠬᠢ 2021 ᠣᠨ᠎ᠤ 3 ᠰᠠᠷ᠎ᠠ᠎ᠳᠤ᠂ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ᠂ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠳᠥᠷᠪᠡᠳᠦᠭᠡᠷ ᠬᠤᠷᠠᠯ᠎ᠤᠨ ᠬᠤᠶᠠᠳᠤᠭ᠋ᠠᠷ ᠪᠦᠬᠦᠳᠡ ᠬᠤᠷᠠᠯ ᠠᠳᠡ ᠬᠤᠷᠠᠯᠳᠤᠪᠠ᠃
ᠪᠦᠬᠦ ᠤᠯᠤᠰ᠎ᠤᠨ ᠬᠥᠮᠦᠨ ᠠᠮᠠ᠎ᠪᠠᠷ ᠴᠥᠭᠡᠪᠲᠦᠷ 28 ᠦᠨᠳᠦᠰᠦᠲᠡᠨ᠎ᠤ ᠨᠢᠭᠡ ᠪᠣᠯᠬᠤ ᠮᠤᠤᠨᠠᠨ ᠦᠨᠳᠦᠰᠦᠲᠡᠨ᠎ᠤ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠂ ᠭᠤᠸᠠᠩᠰᠢ᠎ᠠᠴᠠ ᠢᠷᠡᠭᠰᠡᠨ ᠸᠧᠢ ᠵᠧᠨ ᠯᠢᠩ ᠵᠦᠪᠯᠡᠬᠦ ᠠᠷᠠᠳᠴᠢᠯᠠᠯ᠎ᠤᠨ ᠳᠠᠶ᠋ᠢᠰᠠᠨᠳᠤ ᠨᠤᠲᠤᠭ ᠤᠰᠤᠨ᠎ᠤ᠎ᠪᠠᠨ ᠶᠠᠳᠠᠭᠤ᠎ᠠᠴᠠ ᠠᠩᠭᠢᠵᠢᠷᠠᠨ ᠴᠢᠨᠡᠭᠡᠯᠢᠭᠵᠢᠭᠰᠡᠨ ᠦᠯᠢᠭᠡᠷ᠎ᠢ ᠭᠦᠨ ᠰᠡᠳᠬᠢᠯᠭᠡ᠎ᠲᠠᠢ᠎ᠪᠠᠷ ᠶᠠᠷᠢᠵᠤ ᠪᠠᠶ᠋ᠢᠯ᠎ᠠ᠃
《ᠪᠢ ᠥᠩᠭᠡᠷᠡᠭᠰᠡᠨ᠎ᠳᠤ᠂ ᠭᠠᠶ᠋ᠢᠬᠠᠮᠰᠢᠬ ᠡᠭᠦᠰᠬᠦ᠎ᠠᠴᠠ ᠭᠠᠳᠠᠨ᠎ᠠ ᠬᠡᠷ ᠨᠤᠲᠤᠭ ᠮᠠᠨᠢ ᠬᠡᠵᠢᠶᠡᠲᠡ ᠭᠠᠳᠠᠭ᠋ᠠᠳᠤ ᠶᠢᠷᠲᠢᠨᠴᠦ᠎ᠲᠠᠢ ᠬᠠᠷᠢᠯᠴᠠᠨ ᠬᠤᠯᠪᠣᠯᠳᠤᠵᠦ ᠳᠡᠶ᠋ᠢᠯᠬᠦ ᠥᠬᠡᠶ ᠬᠡᠵᠦ ᠪᠤᠳᠤᠵᠤ ᠪᠠᠶ᠋ᠢᠵᠠᠢ᠂ ᠬᠡᠪᠡᠴᠤ ᠦᠨᠡᠭᠡᠷ ᠭᠠᠶ᠋ᠢᠬᠠᠮᠰᠢᠬ ᠡᠭᠦᠰᠴᠡᠢ ᠁ ᠬᠡᠷ ᠭᠠᠳᠠᠨ᠎ᠠ ᠦᠭᠡᠢ ᠳ᠋ᠧᠩ ᠬᠡᠷᠡᠯᠳᠦᠵᠦ᠂ ᠵᠢᠮᠢᠰ᠎ᠤᠨ ᠬᠦᠷᠢᠶᠡᠯᠡᠩ᠎ᠤᠨ ᠠᠩᠬᠢᠯᠤᠮ᠎ᠠ ᠦᠨᠦᠷ ᠬᠠᠩᠬᠤᠯᠵᠤ᠂ ᠢᠯᠠᠮ᠎ᠠ ᠵᠢᠨ ᠮᠣᠳᠣ ᠢᠬ᠍ᠴᠤ ᠰᠠᠬᠤᠯᠢᠬ ᠤᠷᠭᠤᠵᠤ᠂ ᠲᠤᠲᠤᠷᠭ᠎ᠠ ᠵᠢᠨ ᠦᠨᠦᠷ ᠰᠡᠩᠬᠢᠨᠡᠨ᠂ ᠳᠠᠷᠳᠠᠩ ᠵᠠᠮ ᠠᠶ᠋ᠢᠯ ᠲᠣᠰᠬᠤᠨ ᠪᠣᠯᠭ᠋ᠠᠨ᠎ᠳᠤ ᠨᠡᠪᠳᠡᠷᠡᠵᠦ᠂ ᠴᠡᠪᠡᠷ ᠲᠤᠩᠭ᠋ᠠᠯᠠᠭ ᠲᠦᠭᠡᠭᠡᠯ ᠤᠰᠤ ᠵᠢ ᠡᠷᠦᠬᠡ ᠪᠣᠯᠭ᠋ᠠᠨ᠎ᠳᠤ ᠣᠷᠣᠭᠤᠯᠪᠠ ᠁》
ᠸᠧᠢ ᠵᠧᠨ ᠯᠢᠩ ᠭᠡᠰᠢᠭᠦᠨ᠄ 《ᠢᠷᠡᠬᠦ ᠮᠠᠷᠭ᠋ᠠᠰᠢ ᠵᠢᠨ ᠲᠦᠯᠦᠭᠡ᠂ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠶ᠋ᠢᠰᠢ ᠡᠷᠡᠮᠡᠬᠡᠶ᠋ᠢᠯᠡᠨ ᠤᠷᠤᠭᠰᠢᠯᠠᠬᠤ᠎ᠳᠤ ᠪᠢᠳᠡ ᠢᠲᠡᠭᠡᠯ ᠳᠦᠭᠦᠷᠡᠩ ᠪᠠᠶ᠋ᠢᠨ᠎ᠠ!》 ᠭᠡᠵᠦ ᠰᠡᠳᠬᠢᠯ ᠳᠣᠭᠳᠣᠯᠤᠨ ᠬᠡᠯᠡᠪᠡ᠃
ᠳᠡᠭᠡᠷ᠎ᠡ ᠳᠣᠣᠷᠠᠬᠢ᠎ᠪᠠᠷ ᠵᠶ᠋ᠠᠨ ᠬᠦᠰᠡᠯ ᠰᠡᠳᠭᠢᠯ ᠨᠢᠭᠡᠳᠬᠦ ᠶᠤᠮ ᠪᠣᠯ ᠳᠠᠷᠤᠢ ᠢᠯᠠᠯᠳᠠ ᠤᠯᠵᠦ᠂ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠪᠠᠯ ᠳᠠᠷᠤᠢ ᠬᠥᠭᠵᠢᠨ ᠮᠠᠨᠳᠤᠨ᠎ᠠ᠃
ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠪᠡᠶᠡᠯᠡᠭᠦᠯᠬᠦ ᠪᠣᠯ 56 ᠦᠨᠳᠦᠰᠦᠲᠡᠨ᠎ᠤ ᠬᠠᠮᠲᠤ ᠵᠢᠨ ᠵᠡᠭᠦᠳᠦ ᠮᠥᠨ᠂ ᠡᠴᠦᠰ᠎ᠤᠨ ᠡᠴᠦᠰ᠎ᠲᠡᠭᠡᠨ 56 ᠦᠨᠳᠦᠰᠦᠲᠡᠨ᠎ᠤ ᠬᠠᠮᠲᠤ ᠵᠢᠨ ᠪᠦᠯᠬᠦᠮᠳᠡᠯ ᠲᠡᠮᠡᠴᠡᠯ᠎ᠳᠤ ᠲᠦᠰᠢᠭᠯᠡᠨ᠎ᠡ᠃
ᠪᠢᠳᠡ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠡᠨ᠎ᠤ ᠲᠣᠭᠤᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ ᠵᠶ᠋ᠠᠨ ᠲᠠᠰᠤᠷᠠᠯᠳᠠ ᠦᠭᠡᠢ ᠪᠠᠲᠤ ᠴᠤᠬ᠍ᠴᠠᠯᠠᠵᠤ᠂ ᠢᠯᠠᠯᠲᠠ ᠵᠢᠨ ᠡᠷᠴᠢᠨ ᠳᠡᠭᠡᠷ᠎ᠡ᠎ᠪᠠᠨ ᠤᠷᠤᠭᠰᠢᠯᠠᠵᠤ᠂ ᠦᠷᠭᠦᠯᠵᠢᠯᠡᠨ ᠲᠡᠮᠡᠴᠡᠵᠦ᠂ ᠨᠡᠶ᠋ᠢᠭᠡᠮ ᠵᠢᠷᠤᠮᠲᠦ ᠣᠳᠣᠬᠢᠴᠢᠯᠠᠭᠰᠠᠨ ᠤᠯᠤᠰ᠎ᠢ ᠪᠦᠳᠦᠭᠡᠨ ᠪᠠᠶ᠋ᠢᠭᠤᠯᠬᠤ ᠰᠢᠨ᠎ᠡ ᠠᠶᠠᠨ ᠵᠦᠭ ᠡᠷᠡᠮᠡᠬᠡᠶ᠋ᠢᠯᠡᠨ ᠤᠷᠤᠬᠰᠢᠯᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠦᠶ᠎ᠡ!
(ᠰᠤᠷᠪᠤᠯᠵᠢᠯᠠᠭᠴᠢ ᠾᠦᠸᠧ ᠰᠢᠶᠤᠤ ᠭᠤᠸᠠᠩ ᠯᠢᠨ ᠾᠦᠢ ᠸᠠᠩ ᠴᠢ ᠱ᠌ᠢ ᠵᠢᠩ ᠨᠠᠨ ᠳ᠋ᠢᠩ ᠰᠢᠶᠤᠤ ᠰᠢ ᠹᠠᠨ ᠰᠧ ᠰᠢᠶᠠᠩ)