ᠰᠢᠨᠬᠤᠸᠠ ᠬᠣᠷᠢᠶᠠᠨ᠎ᠤ ᠪᠡᠭᠡᠵᠢᠩ᠎ᠤᠨ 9 ᠰᠠᠷ᠎ᠠ ᠵᠢᠨ ᠴᠠᠬᠢᠯᠭ᠋ᠠᠨ 12 ᠤᠢ᠌ᠢ᠍ᠷ᠎ᠠ᠎ᠳᠤ᠂ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠮᠡᠳᠡᠭᠳᠡᠯ ᠪᠠᠭᠤᠯᠭ᠋ᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃
《ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠰᠠᠨᠠᠯ》᠎ᠤᠨ ᠪᠥᠬᠦ ᠠᠭᠤᠯᠭ᠎ᠠ᠎ᠨᠢ ᠳᠤᠤᠷᠠᠬᠢ ᠮᠡᠲᠦ᠃
ᠠᠮᠢ ᠠᠬᠤᠢ ᠤᠷᠴᠢᠨ ᠲᠤᠭᠤᠷᠢᠨ ᠪᠣᠯ ᠨᠠᠮ᠎ᠤᠨ ᠡᠭᠦᠷᠭᠡ ᠬᠠᠷᠢᠭᠤᠴᠠᠯᠭ᠎ᠠ ᠵᠣᠷᠢᠯᠲᠠ᠎ᠲᠠᠢ ᠬᠤᠯᠪᠣᠭᠳᠠᠬᠤ ᠴᠢᠬᠤᠯᠠ ᠶᠡᠭᠡᠤᠯᠤᠰ ᠲᠦᠷᠦ ᠵᠢᠨ ᠠᠰᠠᠭᠤᠳᠠᠯ ᠮᠥᠨ᠂ ᠪᠠᠰᠠ ᠴᠤ᠌ ᠠᠷᠠᠳ᠎ᠤᠨ ᠠᠮᠢᠳᠤᠷᠠᠯ᠎ᠲᠠᠢ ᠬᠤᠯᠪᠣᠭᠳᠠᠬᠤ ᠴᠢᠬᠤᠯᠠ ᠶᠡᠭᠡ ᠨᠡᠶ᠋ᠢᠭᠡᠮ᠎ᠤᠨ ᠠᠰᠠᠭᠤᠳᠠᠯ ᠮᠥᠨ᠃ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠲᠦᠷᠢᠮ᠎ᠨᠢ ᠠᠮᠢ ᠠᠬᠤᠶ ᠵᠢᠨ ᠪᠣᠯᠪᠠᠰᠤᠨ᠎ᠤ ᠲᠦᠷᠢᠮ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ᠎ᠤ ᠬᠤᠪᠢ᠎ᠳᠤ᠂ ᠠᠮᠢ ᠠᠬᠤᠶ ᠵᠢᠨ ᠬᠠᠮᠠᠭ᠋ᠠᠯᠠᠯᠲᠠ ᠵᠢᠨ ᠡᠷᠬᠡ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠂ ᠡᠯ᠎ᠡ ᠲᠠᠯ᠎ᠠ ᠵᠢᠨ᠎ᠬᠢᠨ᠎ᠤ ᠠᠮᠢ ᠠᠬᠤᠶ ᠵᠢᠨ ᠬᠠᠮᠠᠭ᠋ᠠᠯᠠᠯᠲᠠ᠎ᠳᠤ ᠣᠷᠣᠯᠴᠠᠬᠤ ᠢᠳᠡᠪᠬᠢᠵᠢᠯ᠎ᠢ ᠳᠠᠶ᠋ᠢᠴᠢᠯᠠᠬᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠤᠨ᠎ᠠ᠃ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠲᠦᠷᠢᠮ᠎ᠤᠨ ᠥᠭᠡᠷᠡᠴᠢᠯᠡᠯᠲᠡ ᠵᠢ ᠤᠯᠠᠮ ᠴᠢᠨᠠᠭᠰᠢᠳᠠ ᠭᠦᠨᠵᠡᠭᠡᠶ᠋ᠢᠷᠡᠭᠦᠯᠦᠨ᠂ ᠠᠮᠢ ᠠᠬᠤᠶ ᠵᠢᠨ ᠪᠣᠯᠪᠠᠰᠤᠨ᠎ᠤ ᠲᠦᠷᠢᠮ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠲᠦᠷᠭᠡᠳᠬᠡᠬᠦ ᠵᠢᠨ ᠲᠤᠰᠠᠳᠠ᠂ ᠤᠳᠤ ᠳᠤᠤᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠶᠡᠷᠦᠩᠬᠡᠶ ᠱᠠᠭ᠋ᠠᠷᠳᠠᠯᠭ᠎ᠠ
(ᠨᠢᠭᠡ) ᠵᠢᠯᠣᠭᠤᠳᠬᠤ ᠦᠵᠡᠯ ᠰᠠᠨᠠᠭ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠵᠤ᠂ ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠢ ᠦᠢ᠍ᠯᠡᠳᠦᠯᠭᠡᠵᠢᠭᠦᠯᠵᠦ᠂ ᠠᠮᠢ ᠠᠬᠤᠶ ᠵᠢᠨ ᠪᠣᠯᠪᠠᠰᠤᠨ᠎ᠤ ᠬᠦᠷᠢᠶᠡᠨ᠎ᠳᠠᠬᠢ ᠨᠢᠭᠡᠳᠦᠯᠲᠡᠶ ᠲᠦᠯᠦᠪᠵᠢᠭᠦᠯᠦᠨ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠵᠤ᠂ ᠪᠦᠲᠦᠮᠵᠢᠲᠡᠢ ᠵᠠᠬ᠎ᠠ ᠳᠡᠯᠭᠡᠭᠦᠷ ᠪᠠ ᠨᠠᠶ᠋ᠢᠳᠠᠪᠤᠷᠢᠳᠠᠢ ᠵᠠᠰᠠᠭ᠎ᠤᠨ ᠣᠷᠳᠣᠨ᠎ᠢ ᠨᠡᠩ ᠰᠠᠶ᠋ᠢᠨ ᠤᠶᠠᠯᠳᠤᠭᠤᠯᠬᠤ᠂ ᠲᠥᠷᠥᠯ ᠬᠤᠪᠢᠶᠠᠨ ᠨᠥᠬᠦᠪᠥᠷᠢᠯᠡᠬᠦ ᠪᠠ ᠶᠡᠷᠦᠩᠬᠡᠶ᠋ᠢᠯᠡᠨ ᠨᠥᠬᠦᠪᠥᠷᠢᠯᠡᠬᠦ᠋ᠢ ᠨᠢᠭᠡᠳᠦᠯᠲᠡᠶ ᠲᠦᠯᠦᠪᠵᠢᠭᠦᠯᠬᠦ᠂ ᠭᠤᠯᠳᠤ ᠴᠢᠭᠯᠡᠯ ᠵᠶ᠋ᠠᠷ ᠨᠥᠬᠦᠪᠥᠷᠢᠯᠡᠬᠦ ᠪᠠ ᠬᠥᠨᠳᠡᠯᠡᠨ ᠴᠢᠭᠯᠡᠯ ᠵᠶ᠋ᠠᠷ ᠨᠥᠬᠦᠪᠥᠷᠢᠯᠡᠬᠦ ᠵᠢ ᠵᠣᠬᠢᠴᠠᠭᠤᠯᠤᠨ ᠠᠬᠢᠭᠤᠯᠬᠤ᠂ ᠵᠤᠷᠢᠭᠵᠢᠭᠤᠯᠬᠤ ᠵᠢ ᠴᠢᠩᠭ᠋ᠠᠳᠬᠠᠬᠤ ᠪᠠ ᠬᠢᠵᠠᠭ᠋ᠠᠷᠯᠠᠬᠤ ᠵᠢ ᠴᠢᠩᠭ᠋ᠠᠷᠠᠭᠤᠯᠬᠤ ᠵᠢ ᠬᠠᠮᠵᠢᠯᠴᠠᠭᠤᠯᠤᠨ ᠬᠦᠴᠦᠯᠡᠬᠦ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠳᠦᠷᠢᠮ᠎ᠢ ᠲᠦᠷᠭᠡᠪᠴᠢᠯᠡᠨ ᠪᠦᠷᠢᠨᠰᠢᠭᠦᠯᠵᠤ᠂ ᠪᠦᠬᠦ ᠨᠡᠶ᠋ᠢᠭᠡᠮ ᠵᠶ᠋ᠠᠷ ᠵᠶ᠋ᠠᠨ ᠪᠠᠶ᠋ᠢᠭ᠋ᠠᠯᠢ ᠵᠢ ᠬᠦᠨᠳᠦᠳᠬᠡᠬᠦ᠂ ᠪᠠᠶ᠋ᠢᠭ᠋ᠠᠯᠢ᠎ᠲᠠᠢ ᠵᠣᠬᠢᠴᠠᠬᠤ᠂ ᠪᠠᠶ᠋ᠢᠭ᠋ᠠᠯᠢ ᠵᠢ ᠬᠠᠮᠠᠭ᠋ᠠᠯᠠᠬᠤ ᠦᠵᠡᠯ ᠰᠠᠨᠠᠭ᠋ᠠᠨ᠎ᠤ ᠬᠠᠮᠲᠤ ᠵᠢᠨ ᠲᠠᠨᠢᠯᠲᠠ ᠪᠠ ᠦᠢ᠍ᠯᠡ ᠠᠵᠢᠯᠯᠠᠭ᠎ᠠ ᠵᠢᠨ ᠤᠬᠠᠮᠰᠠᠷ᠎ᠲᠠᠢ ᠪᠤᠯᠬᠤ ᠵᠢ ᠠᠬᠢᠭᠤᠯᠵᠤ᠂ ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠵᠢ ᠣᠷᠭᠢᠯ ᠬᠡᠮᠵᠢᠭᠳᠡᠯ᠎ᠳᠤ ᠬᠦᠷᠭᠡᠬᠦ ᠪᠠ ᠨᠡᠭᠦᠷᠡᠰᠦᠲᠥ᠋ᠷᠥᠭᠴᠢ ᠰᠠᠭ᠋ᠠᠷᠮᠠᠭᠵᠢᠭᠤᠯᠬᠤ ᠠᠵᠢᠯ᠎ᠢ ᠰᠠᠶ᠋ᠢᠳᠤᠷ ᠬᠢᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠵᠢ ᠲᠦᠷᠭᠡᠳᠬᠡᠨ ᠠᠬᠢᠭᠤᠯᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠥᠬᠦ ᠲᠠᠯ᠎ᠠ᠎ᠪᠠᠷ ᠪᠣᠬᠢᠷᠲᠤᠯ ᠥᠬᠡᠶ ᠲᠡᠶ᠋ᠢᠰᠢ᠎ᠪᠠᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ ᠬᠠᠮᠲᠤ ᠣᠷᠣᠰᠢᠬᠤ ᠣᠳᠣᠬᠢᠴᠢᠯᠠᠯᠲᠠ ᠵᠢ ᠪᠦᠲᠦᠭᠡᠨ ᠪᠠᠶ᠋ᠢᠭᠤᠯᠵᠤ᠂ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠎ᠢ ᠬᠠᠮᠠᠭ᠋ᠠᠯᠠᠬᠤ᠂ ᠳᠤᠮᠳᠠᠳᠤ ᠵᠢᠨ ᠦᠨᠳᠦᠰᠦᠲᠡᠨ᠎ᠤ ᠥᠨᠢᠳᠡ ᠬᠥᠭᠵᠢᠬᠦ ᠠᠮᠢ ᠠᠬᠤᠢ ᠣᠷᠴᠢᠨ ᠲᠤᠭᠤᠷᠢᠨ᠎ᠤ ᠰᠠᠭᠤᠷᠢ ᠵᠢ ᠲᠠᠯᠪᠢᠬᠤ᠎ᠳᠤ ᠪᠠᠲᠤ ᠴᠢᠩᠭ᠎ᠠ ᠬᠦᠴᠦᠲᠡᠢ ᠳᠦᠷᠢᠮ᠎ᠤᠨ ᠪᠠᠲᠤᠯᠠᠭ᠎ᠠ ᠬᠠᠩᠭ᠋ᠠᠨ᠎ᠠ᠃
(ᠬᠤᠶᠠᠷ) ᠠᠵᠢᠯ᠎ᠤᠨ ᠵᠠᠷᠴᠢᠮ
— ᠰᠢᠰᠲ᠋ᠧᠮ᠎ᠲᠠᠢ ᠠᠬᠢᠭᠤᠯᠵᠤ᠂ ᠲᠥᠷᠥ ᠵᠢᠨ ᠪᠣᠳᠣᠯᠭ᠎ᠠ ᠵᠢᠨ ᠬᠠᠮᠵᠢᠯᠴᠠᠭ᠎ᠠ ᠵᠢ ᠴᠢᠩᠭ᠋ᠠᠳᠬᠠᠨ᠎ᠠ᠃ ᠨᠠᠮ᠎ᠤᠨ ᠪᠥᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠲᠦᠷᠢᠮ ᠵᠢᠴᠢ ᠬᠠᠮᠢᠶ᠎ᠠ ᠪᠥᠬᠦᠶ ᠬᠦᠷᠢᠶᠡᠨ᠎ᠤ ᠥᠭᠡᠷᠡᠴᠢᠯᠡᠯᠲᠡ ᠵᠢ ᠨᠢᠭᠡᠳᠦᠯᠳᠠᠢ ᠲᠦᠯᠦᠪᠵᠢᠭᠦᠯᠵᠤ᠂ ᠪᠥᠬᠦ ᠲᠠᠯ᠎ᠠ᠎ᠪᠠᠷ ᠠᠬᠢᠭᠤᠯᠤᠨ᠂ ᠡᠯ᠎ᠡ ᠵᠦᠢ᠍ᠯ᠎ᠤᠨ ᠲᠦᠷᠢᠮ᠎ᠢ ᠵᠣᠯᠭ᠋ᠠᠭᠤᠯᠤᠨ ᠲᠥᠬᠦᠷᠵᠢᠭᠦᠯᠬᠦ ᠵᠢ ᠴᠢᠩᠭ᠋ᠠᠳᠬᠠᠨ᠎ᠠ᠃ ᠠᠮᠢ ᠠᠬᠤᠶ ᠵᠢᠨ ᠰᠢᠰᠲ᠋ᠧᠮ᠎ᠤᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ ᠵᠢᠴᠢ ᠳᠣᠲᠣᠭ᠋ᠠᠳᠤ ᠵᠢᠮ᠎ᠡ ᠶᠣᠰᠣ᠎ᠪᠠᠷ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠠᠮᠢ ᠠᠬᠤᠶ ᠣᠷᠴᠢᠨ ᠲᠣᠭᠤᠷᠢᠨ᠎ᠤ ᠪᠦᠬᠦᠯᠢ ᠴᠣᠭᠴᠠ ᠵᠢᠨ ᠬᠠᠮᠠᠭ᠋ᠠᠯᠠᠯᠲᠠ ᠵᠢ ᠠᠬᠢᠭᠤᠯᠤᠨ᠎ᠠ᠃
— ᠵᠠᠰᠠᠭ᠎ᠤᠨ ᠣᠷᠳᠣᠨ ᠵᠶ᠋ᠠᠷ ᠭᠤᠤᠯᠯᠠᠭᠤᠯᠵᠤ᠂ ᠡᠯ᠎ᠡ ᠲᠠᠯ᠎ᠠ ᠵᠢᠨ᠎ᠬᠢᠨ ᠣᠷᠣᠯᠴᠠᠨ᠎ᠠ᠃ ᠵᠠᠰᠠᠭ᠎ᠤᠨ ᠣᠷᠳᠣᠨ᠎ᠤ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢ ᠥᠷᠨᠢᠭᠦᠯᠬᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠭᠤᠣᠯᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠡᠶ᠋ᠢᠭᠡᠮ᠎ᠤᠨ ᠡᠯ᠎ᠡ ᠲᠠᠯ᠎ᠠ ᠵᠢᠨ᠎ᠬᠢᠨ᠎ᠤ ᠣᠷᠣᠯᠴᠠᠬᠤ ᠵᠢ ᠢᠳᠡᠪᠬᠢᠲᠡᠢ ᠬᠦᠳᠦᠯᠦᠨ ᠵᠢᠯᠣᠭᠤᠳᠴᠤ᠂ ᠵᠠᠬ᠎ᠠ ᠳᠡᠯᠭᠡᠭᠦᠷᠴᠢᠯᠡᠭᠰᠡᠨ᠂ ᠤᠯᠠᠨ ᠡᠰᠢᠵᠢᠭᠰᠡᠨ ᠨᠥᠬᠦᠪᠥᠷᠢ ᠵᠢᠨ ᠦᠢ᠍ᠯᠡᠳᠦᠯᠭᠡ ᠵᠢ ᠠᠬᠢᠭᠤᠯᠤᠨ᠎ᠠ᠃ ᠵᠠᠰᠠᠭ᠎ᠤᠨ ᠣᠷᠳᠣᠨ᠎ᠠᠴᠠ ᠬᠦᠴᠦᠲᠡᠢ ᠭᠤᠣᠯᠯᠠᠨ ᠤᠳᠤᠷᠢᠳᠤᠭᠰᠠᠨ᠂ ᠨᠡᠶ᠋ᠢᠭᠡᠮ᠎ᠤᠨ᠎ᠬᠢᠨ ᠡᠮᠬᠢ ᠵᠢᠷᠤᠮ᠎ᠲᠠᠢ ᠣᠷᠣᠯᠴᠠᠭᠰᠠᠨ᠂ ᠵᠠᠬ᠎ᠠ ᠳᠡᠯᠭᠡᠭᠦᠷ ᠵᠶ᠋ᠠᠷ ᠪᠦᠲᠦᠮᠵᠢᠲᠡᠢ ᠵᠣᠬᠢᠴᠠᠭᠤᠯᠤᠭᠰᠠᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠪᠠᠶ᠋ᠢᠭᠤᠯᠤᠮᠵᠢ ᠲᠣᠭᠲᠠᠴᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠦᠨ᠎ᠡ᠃
— ᠵᠤᠷᠢᠭᠵᠢᠭᠤᠯᠬᠤ ᠵᠢ ᠴᠢᠩᠭ᠋ᠠᠳᠬᠠᠵᠤ᠂ ᠬᠢᠵᠠᠭ᠋ᠠᠷᠯᠠᠬᠤ ᠵᠢ ᠴᠢᠩᠭ᠋ᠠᠷᠠᠭᠤᠯᠤᠨ᠎ᠠ᠃ ᠬᠠᠤᠯᠢᠵᠢᠯ᠎ᠤᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠬᠠᠤᠯᠢ ᠴᠠᠭ᠋ᠠᠵᠠ ᠵᠢᠨ ᠠᠷᠭ᠎ᠠ ᠪᠠᠷᠢᠯ ᠵᠶ᠋ᠠᠷ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠠᠵᠢᠯᠯᠠᠭ᠎ᠠ ᠵᠢ ᠵᠢᠷᠤᠮᠵᠢᠭᠤᠯᠤᠨ᠎ᠠ᠃ ᠡᠯ᠎ᠡ ᠲᠠᠯ᠎ᠠ ᠵᠢᠨ ᠡᠷᠬᠡ ᠡᠭᠦᠷᠭᠡ ᠵᠢ ᠲᠣᠳᠣᠷᠬᠠᠶ ᠢᠯᠭ᠋ᠠᠨ ᠲᠣᠭᠲᠠᠭ᠋ᠠᠵᠤ᠂ ᠠᠰᠢᠭ ᠬᠦᠷᠲᠡᠬᠦ ᠪᠠ ᠨᠥᠬᠦᠪᠥᠷᠢᠯᠡᠬᠦ ᠵᠢ ᠬᠠᠷᠢᠯᠴᠠᠨ ᠵᠣᠬᠢᠴᠠᠯᠳᠤᠭᠤᠯᠬᠤ᠂ ᠨᠥᠬᠦᠪᠥᠷᠢ ᠬᠦᠷᠲᠡᠬᠦ ᠡᠷᠬᠡ ᠵᠢ ᠡᠳ᠋ᠯᠡᠬᠦ ᠪᠠ ᠬᠠᠮᠠᠭ᠋ᠠᠯᠠᠬᠤ ᠡᠭᠦᠷᠭᠡ᠎ᠪᠠᠨ ᠭᠦᠢ᠍ᠴᠡᠳᠭᠡᠬᠦ ᠵᠢ ᠬᠠᠷᠢᠯᠴᠠᠨ ᠲᠣᠬᠢᠷᠠᠯᠴᠠᠭᠤᠯᠤᠨ᠎ᠠ᠃ ᠰᠢᠯᠭ᠋ᠠᠨ ᠦᠨᠡᠯᠡᠬᠦ ᠲᠣᠭᠲᠠᠴᠠ ᠵᠢ ᠪᠦᠷᠢᠨᠰᠢᠭᠦᠯᠵᠦ᠂ ᠬᠠᠤᠯᠢ ᠲᠣᠭᠲᠠᠭ᠋ᠠᠯ ᠶᠣᠰᠣᠭ᠋ᠠᠷ ᠱᠠᠩᠨᠠᠵᠤ ᠲᠣᠷᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠎ᠠ ᠨᠢᠮᠪᠠᠢ ᠪᠤᠯᠭ᠋ᠠᠨ᠎ᠠ᠃
(ᠭᠤᠷᠪᠠ) ᠥᠭᠡᠷᠡᠴᠢᠯᠡᠯᠲᠡ ᠵᠢᠨ ᠬᠠᠷᠠᠯᠲᠠ᠃ 2025 ᠤᠨ ᠪᠣᠯᠬᠤ᠎ᠳᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠠᠶ᠋ᠢᠳᠠᠯ᠎ᠲᠠᠢ ᠵᠤᠬᠢᠴᠠᠭᠰᠠᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠲᠦᠷᠢᠮ᠎ᠢ ᠦᠨᠳᠦᠰᠦᠨ᠎ᠳᠡᠭᠡᠨ ᠲᠡᠭᠦᠯᠳᠡᠷᠵᠢᠭᠦᠯᠦᠨ᠎ᠠ᠃ ᠠᠮᠢ ᠠᠬᠤᠢ ᠵᠢᠨ ᠬᠠᠮᠠᠭ᠋ᠠᠯᠠᠯᠲᠠ ᠵᠢᠨ ᠥᠪᠡᠷ᠎ᠤᠨ ᠦᠷᠳᠡᠭ ᠵᠶ᠋ᠠᠷ ᠭᠤᠣᠯ ᠦᠨᠳᠦᠰᠦᠯᠡᠯ ᠪᠣᠯᠭ᠋ᠠᠭᠰᠠᠨ ᠲᠦᠷᠦᠯ ᠬᠤᠪᠢᠶᠠᠨ ᠨᠥᠬᠦᠪᠥᠷᠢ ᠥᠭᠬᠦ ᠲᠦᠷᠢᠮ᠎ᠢ ᠡᠳᠦᠷ ᠢᠷᠡᠬᠦᠶ᠎ᠡ ᠪᠦᠷᠢᠨᠰᠢᠭᠦᠯᠵᠤ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠲᠤᠯᠠᠭ᠎ᠠ᠎ᠶᠢᠨ ᠴᠢᠳᠠᠪᠤᠷᠢ ᠵᠢ ᠳᠡᠭᠡᠭᠰᠢᠯᠡᠭᠦᠯᠬᠦ᠎ᠪᠠᠷ ᠦᠨᠳᠦᠰᠦᠨ ᠬᠠᠨᠳᠤᠰᠢ ᠪᠣᠯᠭ᠋ᠠᠭᠰᠠᠨ ᠶᠡᠷᠦᠩᠬᠡᠶ᠋ᠢᠯᠡᠭᠰᠡᠨ ᠨᠥᠬᠦᠪᠥᠷᠢ ᠥᠭᠬᠦ ᠲᠦᠷᠢᠮ᠎ᠢ ᠲᠠᠰᠤᠷᠠᠯᠳᠠ ᠦᠭᠡᠢ ᠲᠡᠭᠦᠯᠳᠡᠷᠵᠢᠭᠦᠯᠵᠤ᠂ ᠠᠰᠢᠭ ᠬᠦᠷᠳᠡᠭᠴᠢ ᠰᠦᠢ᠍ᠳᠬᠡᠯ ᠲᠤᠰᠢᠶᠠᠬᠤ ᠵᠠᠷᠴᠢᠮ ᠵᠶ᠋ᠠᠷ ᠰᠠᠭᠤᠷᠢ ᠪᠣᠯᠭ᠋ᠠᠭᠰᠠᠨ ᠵᠠᠬ᠎ᠠ ᠳᠡᠯᠭᠡᠭᠦᠷᠴᠢᠯᠡᠭᠰᠡᠨ᠂ ᠤᠯᠠᠨ ᠡᠰᠢᠵᠢᠭᠰᠡᠨ ᠨᠥᠬᠦᠪᠥᠷᠢ ᠥᠭᠬᠦ ᠪᠠᠶ᠋ᠢᠷᠢᠰᠢᠯ᠎ᠢ ᠠᠩᠬ᠎ᠠ ᠠᠯᠬᠤᠮ ᠪᠦᠷᠢᠯᠳᠦᠭᠦᠯᠵᠤ᠂ ᠪᠦᠬᠦ ᠨᠡᠶ᠋ᠢᠭᠡᠮ᠎ᠤᠨ ᠠᠮᠢ ᠠᠬᠤᠢ ᠵᠢᠨ ᠬᠠᠮᠠᠭ᠋ᠠᠯᠠᠯᠲᠠ᠎ᠳᠤ ᠣᠷᠣᠯᠴᠠᠬᠤ ᠢᠳᠡᠪᠬᠢᠵᠢᠯ᠎ᠢ ᠢᠯᠡᠳᠲᠡ ᠴᠢᠩᠭ᠋ᠠᠷᠠᠭᠤᠯᠵᠤ᠂ ᠠᠮᠢ ᠠᠬᠤᠢ ᠵᠢᠨ ᠬᠠᠮᠠᠭ᠋ᠠᠯᠠᠭᠴᠢ ᠪᠠ ᠠᠰᠢᠭ ᠬᠦᠷᠳᠡᠭᠴᠢ ᠰᠠᠶ᠋ᠢᠳᠤᠷ ᠬᠤᠷᠰᠢᠯᠴᠠᠭᠰᠠᠨ ᠪᠠᠶ᠋ᠢᠳᠠᠯ᠎ᠢ ᠦᠨᠳᠦᠰᠦᠨ᠎ᠳᠡᠭᠡᠨ ᠪᠦᠷᠢᠯᠳᠦᠭᠦᠯᠦᠨ᠋ᠠ᠃ 2035 ᠤᠨ ᠪᠣᠯᠬᠤ᠎ᠳᠤ᠂ ᠰᠢᠨ᠎ᠡ ᠴᠠᠭ ᠦᠶ᠎ᠡ ᠵᠢᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠱᠠᠭ᠋ᠠᠷᠳᠠᠯᠭ᠎ᠠ᠎ᠲᠠᠢ ᠵᠣᠬᠢᠴᠠᠭᠰᠠᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠲᠦᠷᠢᠮ᠎ᠢ ᠦᠨᠳᠦᠰᠦᠨ᠎ᠳᠡᠭᠡᠨ ᠪᠦᠷᠢᠯᠳᠦᠭᠦᠯᠦᠨ᠎ᠡ᠃
ᠬᠤᠶᠠᠷ᠂ ᠴᠢᠬᠤᠯᠠ ᠠᠮᠢ ᠠᠬᠤᠶ ᠣᠷᠴᠢᠨ ᠲᠣᠭᠤᠷᠢᠨ᠎ᠤ ᠡᠯᠧᠮᠧᠨ᠋ᠲ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠲᠥᠷᠥᠯ ᠬᠤᠪᠢᠶᠠᠨ ᠨᠥᠬᠦᠪᠥᠷᠢᠯᠡᠬᠦ ᠲᠦᠷᠢᠮ᠎ᠢ ᠲᠡᠭᠦᠯᠳᠡᠷᠵᠢᠭᠦᠯᠦᠨ᠎ᠡ
ᠠᠮᠢ ᠠᠬᠤᠶ ᠣᠷᠴᠢᠨ ᠲᠣᠭᠤᠷᠢᠨ᠎ᠤ ᠡᠯᠧᠮᠧᠨ᠋ᠲ ᠵᠶ᠋ᠠᠷ ᠬᠡᠷᠡᠭᠵᠢᠭᠦᠯᠬᠦ ᠡᠲᠡᠭᠡᠳ ᠪᠣᠯᠭ᠋ᠠᠭᠰᠠᠨ ᠲᠥᠷᠥᠯ ᠬᠤᠪᠢᠶᠠᠨ ᠨᠥᠬᠦᠪᠥᠷᠢᠯᠡᠬᠦ ᠲᠦᠷᠢᠮ᠎ᠢ ᠪᠦᠷᠢᠨᠰᠢᠬᠦᠯᠵᠦ᠂ ᠠᠮᠢ ᠠᠬᠤᠶ ᠵᠢᠨ ᠬᠠᠮᠠᠭ᠋ᠠᠯᠠᠯᠲᠠ ᠵᠢᠨ ᠭᠠᠵᠠᠷ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠠᠶ᠋ᠢᠳᠠᠯ᠂ ᠠᠮᠢ ᠠᠬᠤᠶ ᠵᠢᠨ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠡᠷᠭᠡ ᠡᠯᠧᠮᠧᠨ᠋ᠲ᠎ᠢ ᠶᠡᠷᠦᠩᠬᠡᠶ᠋ᠢᠯᠡᠨ ᠪᠣᠳᠣᠯᠬᠢᠯᠠᠵᠤ ᠪᠠᠶ᠋ᠢᠭ᠋ᠠᠳ ᠨᠥᠬᠦᠪᠥᠷᠢᠯᠡᠬᠦ ᠬᠢᠷᠢ ᠲᠦᠪᠰᠢᠨ᠎ᠢ ᠲᠣᠭᠲᠠᠭ᠋ᠠᠵᠤ᠂ ᠠᠳᠠᠯᠢ ᠪᠤᠰᠤ ᠡᠯᠧᠮᠧᠨ᠋ᠲ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠥᠪᠡᠷ᠎ᠤᠨ ᠥᠷᠲᠡᠭ᠎ᠢ ᠵᠣᠬᠢᠬᠤ ᠬᠡᠮᠵᠢᠶ᠎ᠡ᠎ᠪᠠᠷ ᠨᠥᠬᠦᠪᠥᠷᠢᠯᠡᠨ᠎ᠠ᠃
(ᠨᠢᠭᠡ) ᠲᠥᠷᠥᠯ ᠬᠤᠪᠢᠶᠠᠨ ᠨᠥᠬᠦᠪᠥᠷᠢᠯᠡᠬᠦ ᠳᠦᠷᠢᠮ᠎ᠢ ᠪᠠᠶ᠋ᠢᠭᠤᠯᠤᠨ ᠪᠦᠷᠢᠨᠰᠢᠭᠦᠯᠦᠨ᠎ᠡ᠃ ᠤᠰᠤᠨ᠎ᠤ ᠠᠮᠢᠳᠤ ᠪᠣᠳᠠᠰ᠎ᠤᠨ ᠡᠬᠢ ᠪᠠᠶᠠᠯᠢᠭ᠎ᠢ ᠠᠷᠠᠴᠢᠯᠠᠨ ᠬᠠᠮᠠᠭ᠋ᠠᠯᠠᠬᠤ ᠵᠢ ᠴᠢᠩᠭ᠋ᠠᠳᠬᠠᠵᠤ᠂ ᠬᠥᠬᠡᠮᠥ᠋ᠷᠡᠨ᠎ᠤ ᠰᠠᠪᠠ ᠭᠠᠵᠠᠷ᠎ᠤᠨ ᠭᠤᠣᠯᠳᠠᠯᠭ᠎ᠠ᠎ᠲᠠᠢ ᠤᠰᠤᠨ᠎ᠤ ᠣᠷᠣᠨ᠎ᠳᠤ ᠠᠷᠪᠠᠨ ᠵᠢᠯ ᠵᠢᠭ᠋ᠠᠰᠤ ᠠᠩᠨᠠᠬᠤ ᠵᠢ ᠴᠠᠭ᠋ᠠᠵᠠᠯᠠᠬᠤ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠤᠨ᠎ᠠ᠃ ᠭᠤᠤᠯ ᠮᠥᠷᠡᠨ᠎ᠤ ᠡᠬᠢ᠂ ᠴᠢᠬᠤᠯᠠ ᠤᠰᠤᠨ ᠰᠤᠷᠪᠤᠯᠵᠢ ᠵᠢᠨ ᠭᠠᠵᠠᠷ᠂ ᠬᠥᠷᠥᠰᠥ ᠰᠢᠷᠣᠶ ᠵᠢᠨ ᠢᠳᠡᠭᠳᠡᠯ᠎ᠢ ᠭᠤᠤᠯᠳᠠᠯᠭ᠎ᠠ᠎ᠲᠠᠢ ᠰᠡᠷᠭᠡᠶ᠋ᠢᠯᠡᠨ ᠵᠠᠰᠠᠬᠤ ᠣᠷᠣᠨ᠂ ᠦᠶᠡᠷ᠎ᠢ ᠬᠠᠳᠠᠭ᠋ᠠᠯᠠᠨ ᠲᠤᠭᠳᠠᠭ᠋ᠠᠬᠤ ᠣᠷᠣᠨ᠂ ᠡᠪᠳᠡᠭᠳᠡᠭᠰᠡᠨ ᠭᠤᠤᠯ ᠮᠥᠷᠡᠨ ᠨᠠᠭᠤᠷ ᠴᠥᠭᠦᠷᠥᠮ ᠵᠡᠷᠭᠡ ᠭᠤᠤᠯᠳᠠᠯᠭ᠎ᠠ᠎ᠲᠠᠢ ᠣᠷᠣᠨ ᠪᠦᠰᠡ᠎ᠳᠤ ᠴᠢᠭᠯᠡᠭᠦᠯᠦᠨ ᠤᠰᠤᠨ ᠤᠷᠤᠰᠬᠠᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠥᠭᠬᠦ ᠵᠢ ᠥᠷᠨᠢᠭᠦᠯᠦᠨ᠎ᠡ᠃ ᠨᠡᠶ᠋ᠢᠲᠡ ᠵᠢᠨ ᠠᠰᠠᠷᠠᠮᠵᠢ ᠵᠢᠨ ᠣᠶ ᠵᠢᠨ ᠨᠥᠬᠦᠪᠥᠷᠢ ᠵᠢᠨ ᠪᠠᠷᠢᠮᠵᠢᠶ᠎ᠠ ᠵᠢ ᠬᠥᠳᠡᠯᠦᠩᠭᠦᠶ᠎ᠪᠠᠷ ᠳᠣᠭᠢᠷᠠᠭᠤᠯᠬᠤ ᠲᠣᠭᠲᠠᠴᠠ ᠵᠢ ᠪᠦᠷᠢᠨᠰᠢᠬᠦᠯᠵᠦ᠂ ᠣᠷᠣᠨ ᠨᠤᠲᠤᠭ᠎ᠤᠨ᠎ᠬᠢᠨ ᠪᠣᠳᠠᠲᠠᠶ᠎ᠲᠠᠢ᠎ᠪᠠᠨ ᠤᠶᠠᠯᠳᠤᠭᠤᠯᠤᠨ ᠨᠡᠶ᠋ᠢᠲᠡ ᠵᠢᠨ ᠠᠰᠠᠷᠠᠮᠵᠢ ᠵᠢᠨ ᠣᠶ᠎ᠳᠤ ᠢᠯᠭ᠋ᠠᠭ᠎ᠠ᠎ᠲᠠᠢ ᠨᠥᠬᠦᠪᠥᠷᠢ ᠥᠭᠬᠦ ᠵᠢ ᠰᠦᠪᠡᠭᠴᠢᠯᠡᠬᠦ ᠵᠢ ᠵᠣᠷᠢᠭᠵᠢᠭᠤᠯᠤᠨ᠎ᠠ᠃ ᠪᠠᠶ᠋ᠢᠭ᠋ᠠᠯᠢ ᠵᠢᠨ ᠤᠢ ᠵᠢᠨ ᠬᠠᠮᠠᠭ᠋ᠠᠯᠠᠯᠲᠠ ᠵᠢᠨ ᠲᠦᠷᠢᠮ᠎ᠢ ᠲᠡᠭᠦᠯᠳᠡᠷᠵᠢᠭᠦᠯᠵᠦ᠂ ᠪᠠᠶ᠋ᠢᠭ᠋ᠠᠯᠢ ᠵᠢᠨ ᠤᠢ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠨᠤᠭᠤ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠤᠯᠤᠰ᠎ᠤᠨ ᠴᠢᠬᠤᠯᠠ ᠨᠤᠭᠤ ᠭᠠᠵᠠᠷ (ᠣᠯᠠᠨ ᠤᠯᠤᠰ᠎ᠤᠨ ᠴᠢᠬᠤᠯᠠ ᠨᠤᠭᠤ ᠭᠠᠵᠠᠷ᠎ᠢ ᠪᠠᠭᠳᠠᠭ᠋ᠠᠨ᠎ᠠ)᠎ᠲᠤ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠥᠷᠢ ᠦᠭᠬᠦ ᠵᠢ ᠠᠯᠬᠤᠮ ᠠᠯᠬᠤᠮ ᠵᠶ᠋ᠠᠷ ᠪᠦᠬᠦᠨ᠎ᠢ ᠪᠦᠷᠬᠦᠭᠦᠯᠦᠨ᠎ᠡ᠃ ᠪᠣᠬᠢᠷᠲᠤᠯ ᠦᠭᠡᠢ ᠠᠮᠢ ᠠᠬᠤᠢ᠎ᠪᠠᠷ ᠤᠳᠤᠷᠢᠳᠤᠮᠵᠢ ᠪᠣᠯᠭ᠋ᠠᠭᠰᠠᠨ ᠲᠠᠷᠢᠶᠠᠯᠠᠩ᠎ᠤᠨ ᠠᠮᠢ ᠠᠬᠤᠢ ᠵᠢᠨ ᠵᠠᠰᠠᠯᠲᠠ ᠵᠢᠨ ᠨᠥᠬᠦᠪᠥᠷᠢ ᠵᠢᠨ ᠲᠦᠷᠢᠮ᠎ᠢ ᠲᠡᠭᠦᠯᠳᠡᠷᠵᠢᠭᠦᠯᠦᠨ᠎ᠡ᠃ ᠲᠠᠷᠢᠶᠠᠨ ᠭᠠᠵᠠᠷ᠎ᠤᠨ ᠬᠠᠮᠠᠭ᠋ᠠᠯᠠᠯᠳᠠ ᠵᠢᠨ ᠨᠥᠬᠦᠪᠥᠷᠢ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠲᠤᠬᠠᠢ ᠵᠢᠨ ᠭᠠᠵᠠᠷ᠎ᠤᠨ ᠪᠠᠶ᠋ᠢᠳᠠᠯ᠎ᠲᠠᠢ᠎ᠨᠢ ᠲᠤᠬᠢᠷᠠᠭᠤᠯᠤᠨ ᠳᠡᠯᠭᠡᠷᠡᠭᠦᠯᠵᠦ᠂ ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠪᠠ ᠰᠡᠯᠭᠦᠵᠤ ᠲᠠᠷᠢᠬᠤ ᠲᠦᠷᠢᠮ᠎ᠢ ᠲᠡᠭᠦᠯᠳᠡᠷᠵᠢᠭᠦᠯᠦᠨ᠎ᠡ᠃ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠥᠷᠢ ᠱᠠᠩᠨᠠᠯ᠎ᠤᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠤᠨ᠎ᠠ᠃ ᠮᠠᠭᠤᠳᠠᠭᠰᠠᠨ ᠪᠠ ᠡᠯᠡᠰᠦᠷᠬᠡᠭᠵᠢᠭᠰᠡᠨ ᠨᠤᠲᠤᠭ ᠪᠡᠯᠴᠢᠭᠡᠷ᠎ᠢ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠬᠡᠪᠴᠢᠶᠡᠨ᠎ᠳᠤ ᠣᠷᠣᠭᠤᠯᠬᠤ ᠵᠢ ᠰᠤᠳᠤᠯᠤᠨ᠎ᠠ᠃ ᠵᠠᠰᠠᠬᠤ ᠨᠥᠬᠦᠴᠡᠯ᠎ᠢ ᠲᠦᠷ ᠪᠦᠷᠢᠯᠳᠦᠭᠦᠯᠦᠭᠡᠳᠦᠶ ᠪᠠ ᠠᠮᠢ ᠠᠬᠤᠶ ᠵᠢᠨ ᠬᠠᠮᠠᠭ᠋ᠠᠯᠠᠯᠳᠠ᠎ᠠᠴᠠ ᠪᠣᠯᠣᠭ᠋ᠠᠳ ᠨᠡᠭᠡᠭᠡᠨ ᠠᠰᠢᠬᠯᠠᠬᠤ᠎ᠳᠤ ᠲᠣᠬᠢᠷᠠᠬᠤ ᠦᠭᠡᠶ ᠵᠠᠯᠭ᠋ᠠᠯᠳᠤᠬᠰᠠᠨ ᠡᠯᠡᠰᠦᠷᠬᠡᠭ ᠭᠠᠵᠠᠷ ᠰᠢᠷᠣᠶ ᠵᠢ ᠬᠠᠤᠯᠢ ᠶᠣᠰᠣᠭ᠋ᠠᠷ ᠪᠢᠲᠡᠭᠦᠮᠵᠢᠯᠡᠨ ᠬᠠᠮᠠᠭ᠋ᠠᠯᠠᠬᠤ ᠵᠢ ᠬᠡᠷᠡᠭᠵᠢᠭᠦᠯᠵᠦ᠂ ᠡᠯᠡᠰᠦᠷᠬᠡᠭᠵᠢᠭᠰᠡᠨ ᠭᠠᠵᠠᠷ ᠰᠢᠷᠣᠶ ᠵᠢᠨ ᠠᠮᠢ ᠠᠬᠤᠶ ᠵᠢᠨ ᠬᠠᠮᠠᠭ᠋ᠠᠯᠠᠯᠳᠠ ᠵᠢᠨ ᠨᠥᠬᠦᠪᠥᠷᠢ ᠵᠢᠨ ᠳᠦᠷᠢᠮ᠎ᠢ ᠪᠦᠷᠢᠨᠰᠢᠭᠦᠯᠦᠨ᠎ᠠ᠃ ᠳᠠᠯᠠᠢ ᠲᠠᠩᠭᠢᠰ᠎ᠤᠨ ᠤᠢ᠌ᠢ᠍ᠷᠠ ᠬᠠᠪᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠳᠦᠷᠢᠮ᠎ᠢ ᠰᠤᠳᠤᠯᠤᠨ ᠪᠠᠶ᠋ᠢᠭᠤᠯᠤᠨ᠎ᠠ᠃
(ᠬᠤᠶᠠᠷ) ᠨᠢᠭᠡᠳᠦᠯᠲᠡᠶ ᠲᠦᠯᠦᠪᠵᠢᠭᠦᠯᠦᠨ ᠬᠠᠮᠠᠭ᠋ᠠᠯᠠᠬᠤ ᠵᠠᠭᠪᠤᠷ᠎ᠢ ᠠᠯᠬᠤᠮ ᠠᠯᠬᠤᠮ ᠵᠶ᠋ᠠᠷ ᠰᠦᠪᠡᠭᠴᠢᠯᠡᠨ᠎ᠡ᠃ ᠠᠮᠢ ᠠᠬᠤᠶ ᠵᠢᠨ ᠬᠠᠮᠠᠭ᠋ᠠᠯᠠᠯᠲᠠ ᠵᠢᠨ ᠭᠠᠵᠠᠷ ᠣᠷᠣᠨ᠎ᠤ ᠵᠠᠰᠠᠭ᠎ᠤᠨ ᠣᠷᠳᠣᠨ᠎ᠨᠢ ᠠᠮᠢ ᠠᠬᠤᠶ ᠣᠷᠴᠢᠨ ᠲᠣᠭᠤᠷᠢᠨ᠎ᠤ ᠡᠯᠧᠮᠧᠨ᠋ᠲ᠎ᠲᠠᠢ ᠬᠤᠯᠪᠣᠭᠳᠠᠬᠤ ᠡᠷᠬᠡᠲᠦ ᠬᠥᠮᠦᠨ᠎ᠳᠤ ᠲᠥᠷᠥᠯ ᠬᠤᠪᠢᠶᠠᠨ ᠨᠥᠬᠦᠪᠥᠷᠢ ᠥᠭᠬᠦ ᠲᠥᠷᠥ ᠵᠢᠨ ᠪᠣᠳᠣᠯᠭ᠎ᠠ ᠵᠢ ᠪᠣᠳᠠᠲᠠᠶ ᠨᠠᠶ᠋ᠢᠳᠠᠪᠤᠷᠢᠵᠢᠭᠤᠯᠬᠤ ᠵᠢ ᠪᠠᠲᠤᠯᠠᠭᠰᠠᠨ ᠤᠷᠢᠲᠠᠯ ᠳᠤᠤᠷ᠎ᠠ᠂ ᠠᠮᠢ ᠠᠬᠤᠶ ᠵᠢᠨ ᠣᠷᠣᠨ ᠵᠠᠶ᠎ᠳᠤ ᠵᠡᠷᠭᠡᠴᠡᠨ ᠣᠷᠣᠰᠢᠵᠤ ᠪᠠᠶ᠋ᠢᠭ᠎ᠠ ᠣᠯᠠᠨ ᠡᠰᠢᠲᠦ ᠠᠮᠢ ᠠᠬᠤᠶ ᠣᠷᠴᠢᠨ ᠲᠣᠭᠤᠷᠢᠨ᠎ᠤ ᠡᠯᠧᠮᠧᠨ᠋ᠲ᠎ᠲᠠᠢ ᠤᠶᠠᠯᠳᠤᠭᠤᠯᠤᠨ ᠰᠢᠰᠲ᠋ᠧᠮ᠎ᠲᠠᠢ ᠲᠥᠯᠥᠪᠵᠢᠭᠦᠯᠵᠦ᠂ ᠠᠳᠠᠯᠢ ᠪᠤᠰᠤ ᠠᠷᠭ᠎ᠠ ᠵᠠᠮ ᠵᠶ᠋ᠠᠷ ᠢᠷᠡᠭᠰᠡᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠮᠥᠩᠭᠦ ᠵᠢ ᠨᠢᠭᠡᠳᠦᠯᠲᠡᠶ ᠲᠥᠯᠥᠪᠵᠢᠭᠦᠯᠦᠨ ᠬᠡᠷᠡᠭᠯᠡᠬᠦ ᠵᠢ ᠬᠠᠤᠯᠢ ᠶᠣᠰᠣᠭ᠋ᠠᠷ ᠯᠠᠪᠳᠠᠭᠤᠨ ᠠᠬᠢᠭᠤᠯᠵᠤ᠂ ᠠᠮᠢᠳᠤᠯᠢᠭ ᠪᠦᠲᠦᠮᠵᠢᠲᠡᠶ ᠠᠷᠭ᠎ᠠ ᠬᠡᠯᠪᠡᠷᠢ᠎ᠪᠠᠷ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠠᠵᠢᠯ᠎ᠢ ᠨᠢᠭᠡ ᠴᠤᠭᠴᠠᠵᠢᠭᠤᠯᠤᠨ ᠠᠬᠢᠭᠤᠯᠵᠤ᠂ ᠠᠮᠢ ᠠᠬᠤᠶ ᠵᠢᠨ ᠬᠠᠮᠠᠭ᠋ᠠᠯᠠᠯᠲᠠ ᠵᠢᠨ ᠪᠦᠬᠦᠯᠢ ᠴᠣᠭᠴᠠ ᠵᠢᠨ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠳᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠤᠯᠤᠯᠴᠠᠭ᠎ᠠ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠳᠠᠪᠬᠤᠷ ᠨᠦᠬᠦᠪᠦᠷᠢ ᠦᠭᠬᠦ᠎ᠠᠴᠠ ᠵᠠᠶ᠋ᠢᠯᠠᠰᠬᠢᠬᠦ ᠬᠡᠷᠡᠭᠲᠡᠶ᠃
ᠭᠤᠷᠪᠠ᠂ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠎ᠤ ᠭᠤᠤᠯᠳᠠᠯᠭ᠎ᠠ ᠵᠢᠨ ᠲᠣᠭᠤᠷᠢᠨ᠎ᠳᠤ᠂ ᠶᠡᠷᠦᠩᠬᠡᠶ᠋ᠢᠯᠡᠨ ᠨᠥᠬᠦᠪᠥᠷᠢᠯᠡᠬᠦ ᠲᠦᠷᠢᠮ᠎ᠢ ᠪᠦᠷᠢᠨᠰᠢᠭᠦᠯᠦᠨ᠎ᠡ
ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠡᠷᠴᠢᠮ᠎ᠢ ᠡᠳ᠋᠎ᠤᠨ ᠵᠠᠰᠠᠭ᠎ᠤᠨ ᠴᠢᠳᠠᠪᠤᠷᠢ᠎ᠲᠠᠢ ᠵᠣᠬᠢᠴᠠᠭᠤᠯᠬᠤ᠂ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠲᠡᠩᠴᠡᠬᠦᠷᠢᠰᠢᠭᠦᠯᠬᠦ ᠵᠢ ᠠᠬᠢᠭᠤᠯᠬᠤ᠎ᠲᠠᠢ ᠵᠣᠯᠭ᠋ᠠᠭᠤᠯᠬᠤ ᠵᠢ ᠪᠠᠷᠢᠮᠳᠠᠯᠠᠵᠤ᠂ ᠠᠮᠢ ᠠᠬᠤᠢ ᠵᠢᠨ ᠣᠷᠣᠨ ᠵᠠᠢ ᠵᠢᠨ ᠴᠢᠳᠠᠮᠵᠢ ᠵᠢ ᠦᠨᠳᠦᠰᠦᠯᠡᠨ᠂ ᠬᠥᠨᠳᠡᠯᠡᠨ ᠭᠤᠯᠳᠤ ᠵᠢ ᠤᠶᠠᠯᠳᠤᠭᠤᠯᠤᠭᠰᠠᠨ ᠶᠡᠷᠦᠩᠬᠡᠶ᠋ᠢᠯᠡᠭᠰᠡᠨ ᠨᠥᠬᠦᠪᠥᠷᠢ ᠵᠢᠨ ᠲᠦᠷᠢᠮ᠎ᠢ ᠬᠡᠷᠡᠭᠵᠢᠭᠦᠯᠵᠦ᠂ ᠠᠮᠢ ᠠᠬᠤᠢ ᠵᠢᠨ ᠠᠰᠢᠭ ᠲᠤᠰᠠ ᠬᠦᠷᠳᠡᠬᠦ ᠭᠠᠵᠠᠷ ᠣᠷᠣᠨ ᠬᠢᠭᠡᠳ ᠬᠠᠮᠠᠭ᠋ᠠᠯᠠᠯᠲᠠ ᠵᠢᠨ ᠭᠠᠵᠠᠷ ᠣᠷᠣᠨ᠎ᠤ᠎ᠬᠢᠨ ᠠᠰᠢᠭ ᠲᠤᠰᠠ ᠵᠢ ᠬᠠᠮᠲᠤ᠎ᠪᠠᠷ ᠡᠳ᠋ᠯᠡᠬᠦ ᠵᠢ ᠠᠬᠢᠭᠤᠯᠤᠨ᠎ᠠ᠃
(ᠨᠢᠭᠡ) ᠭᠤᠯᠳᠤ ᠴᠢᠭᠯᠡᠯ ᠵᠶ᠋ᠠᠷ ᠨᠥᠬᠦᠪᠥᠷᠢᠯᠡᠬᠦ ᠡᠷᠴᠢᠮ᠎ᠢ ᠴᠢᠩᠭ᠋ᠠᠷᠠᠭᠤᠯᠤᠨ᠎ᠠ᠃ ᠲᠥᠪ᠎ᠤᠨ ᠡᠳ᠋᠎ᠤᠨ ᠬᠦᠴᠦᠨ᠎ᠤ ᠪᠠᠶ᠋ᠢᠳᠠᠯ᠎ᠲᠠᠢ ᠤᠶᠠᠯᠳᠤᠭᠤᠯᠤᠨ ᠭᠤᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢᠳᠤ ᠣᠷᠣᠨ᠎ᠳᠤ ᠰᠢᠯᠵᠢᠭᠦᠯᠦᠨ ᠥᠭᠬᠦ ᠬᠡᠪᠴᠢᠶ᠎ᠡ ᠵᠢ ᠠᠯᠬᠤᠮ ᠠᠯᠬᠤᠮ ᠵᠶ᠋ᠠᠷ ᠨᠡᠮᠡᠭᠳᠡᠭᠦᠯᠦᠨ᠎ᠡ᠃ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠢ ᠭᠤᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢᠲᠤ ᠣᠷᠣᠨ᠎ᠤ ᠰᠠᠭᠤᠷᠢ ᠲᠦᠬᠦᠭᠡᠷᠦᠮᠵᠢ ᠪᠠ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠲᠦᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ᠎ᠳᠤ ᠬᠡᠯᠪᠠᠶ᠋ᠢᠯᠭᠡᠨ᠎ᠡ᠃ ᠠᠮᠢ ᠠᠬᠤᠢ ᠬᠡᠪᠡᠷᠡᠭ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠳᠤ ᠦᠷᠭᠦᠯᠵᠢᠯᠡᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠥᠷᠢ ᠥᠭᠴᠦ᠂ ᠤᠤᠯ᠎ᠤᠨ ᠣᠨᠴᠠ ᠶᠠᠳᠠᠭᠤ ᠬᠦᠴᠢᠷᠳᠡᠯᠲᠡᠢ ᠭᠠᠵᠠᠷ ᠣᠷᠣᠨ᠎ᠢ ᠳᠡᠮᠵᠢᠬᠦ ᠡᠷᠴᠢᠮ ᠵᠶ᠋ᠠᠨ ᠰᠤᠯᠠᠷᠠᠭᠤᠯᠬᠤ ᠦᠭᠡᠢ ᠪᠠᠶ᠋ᠢᠬᠤ ᠵᠢ ᠪᠠᠲᠤᠯᠠᠨ᠎ᠠ᠃ ᠡᠯ᠎ᠡ ᠮᠤᠵᠢ ᠵᠢᠨ ᠱᠠᠲᠤᠨ᠎ᠤ ᠵᠠᠰᠠᠭ᠎ᠤᠨ ᠣᠷᠳᠣᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠪᠠᠯᠠ ᠮᠥᠩᠭᠦ ᠵᠢᠨ ᠣᠷᠣᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠬᠥᠲᠥᠯᠥᠨ ᠵᠢᠯᠣᠭᠤᠳᠬᠤ ᠴᠢᠨᠠᠷᠲᠠᠶ ᠲᠥᠷᠥ ᠵᠢᠨ ᠪᠣᠳᠣᠯᠭ᠎ᠠ ᠪᠠ ᠤᠷᠮᠠᠰᠢᠭᠤᠯᠬᠤ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠨᠡᠶ᠋ᠢᠲᠡᠯᠡᠵᠦ᠂ ᠮᠤᠵᠢ ᠵᠢᠨ ᠱᠠᠲᠤᠨ᠎ᠠᠴᠠ ᠳᠣᠷᠣᠭᠰᠢᠬᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠢᠳᠡᠪᠬᠢᠵᠢᠯ᠎ᠢ ᠳᠠᠶ᠋ᠢᠴᠢᠯᠠᠨ᠂ ᠠᠮᠢ ᠠᠬᠤᠶ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠪᠣᠬᠢᠷᠲᠤᠯ ᠥᠬᠡᠶ ᠬᠥᠭᠵᠢᠯᠲᠡ ᠵᠢ ᠠᠬᠢᠭᠤᠯᠤᠨ᠎ᠠ᠃
(ᠬᠤᠶᠠᠷ) ᠭᠤᠯᠳᠤ ᠴᠢᠭᠯᠡᠯ ᠵᠶ᠋ᠠᠷ ᠨᠥᠬᠦᠪᠥᠷᠢᠯᠡᠬᠦ ᠭᠤᠤᠯᠳᠠᠯᠭ᠎ᠠ ᠵᠢ ᠳᠣᠪᠤᠶ᠋ᠢᠯᠭ᠋ᠠᠨ᠎ᠠ᠃ ᠬᠥᠬᠡᠨᠠᠭᠤᠷ ᠲᠥᠪᠡᠳ᠎ᠤᠨ ᠥᠨᠳᠦᠷᠯᠢᠭ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠤᠰᠤᠨ ᠰᠤᠷᠪᠤᠯᠵᠢ ᠵᠢᠨ ᠭᠠᠵᠠᠷ ᠵᠡᠷᠭᠡ ᠠᠮᠢ ᠠᠬᠤᠢ ᠵᠢᠨ ᠴᠢᠳᠠᠮᠵᠢ ᠵᠢᠨ ᠴᠢᠬᠤᠯᠠ ᠴᠢᠨᠠᠷ᠎ᠨᠢ ᠲᠤᠪᠤᠶ᠋ᠢᠮ᠎ᠠ ᠭᠠᠵᠠᠷ ᠣᠷᠣᠨ᠎ᠳᠤ᠂ ᠭᠤᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢᠳᠤ ᠣᠷᠣᠨ᠎ᠳᠤ ᠰᠢᠯᠵᠢᠭᠦᠯᠦᠨ ᠥᠭᠬᠦ ᠵᠢ ᠲᠥᠰᠦᠭᠡᠯᠡᠨ ᠪᠤᠳᠤᠬᠤ᠎ᠳᠠᠭᠠᠨ ᠰᠢᠯᠵᠢᠭᠦᠯᠦᠨ ᠥᠭᠬᠦ ᠢᠯᠡᠳᠬᠡᠮᠵᠢ ᠵᠢ ᠳᠡᠭᠡᠭᠰᠢᠯᠡᠭᠦᠯᠬᠦ᠂ ᠠᠮᠢ ᠠᠬᠤᠢ ᠵᠢᠨ ᠣᠷᠴᠢᠨ ᠨᠥᠬᠦᠴᠡᠯ᠎ᠢ ᠬᠠᠮᠠᠭ᠋ᠠᠯᠠᠬᠤ ᠵᠠᠷᠤᠯᠭ᠎ᠠ ᠵᠢ ᠨᠡᠮᠡᠨ ᠪᠤᠳᠤᠬᠤ ᠵᠡᠷᠭᠡ ᠠᠷᠭ᠎ᠠ ᠮᠠᠶᠢᠭ ᠵᠶ᠋ᠠᠷ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠪᠠᠲᠤᠯᠠᠬᠤ ᠴᠢᠳᠠᠪᠤᠷᠢ ᠵᠢ᠎ᠨᠢ ᠠᠳᠠᠯᠢ ᠲᠡᠰ᠎ᠤᠨ ᠡᠳ᠋᠎ᠤᠨ ᠬᠦᠴᠦᠨ᠎ᠤ ᠬᠢᠷᠢ ᠬᠡᠮᠵᠢᠶ᠎ᠡ᠎ᠲᠠᠢ ᠭᠠᠵᠠᠷ ᠣᠷᠣᠨ᠎ᠤ ᠡᠮᠦᠨ᠎ᠡ ᠡᠩᠨᠡᠭᠡᠨ᠎ᠳᠤ ᠣᠷᠣᠭᠤᠯᠬᠤ᠎ᠶᠢ ᠠᠬᠢᠭᠤᠯᠤᠨ᠎ᠠ᠃ ᠤᠯᠤᠰ᠎ᠤᠨ ᠴᠡᠴᠡᠷᠯᠢᠭ ᠵᠶ᠋ᠠᠷ ᠭᠤᠤᠯ ᠴᠣᠭᠴᠠ ᠪᠣᠯᠭ᠋ᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠥᠭᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠡᠪᠴᠢᠶ᠎ᠡ ᠪᠠ ᠬᠠᠮᠢᠶᠠᠷᠴᠤ ᠬᠠᠮᠠᠭ᠋ᠠᠯᠠᠭᠰᠠᠨ ᠦᠷ᠎ᠡ ᠪᠦᠲᠦᠮᠵᠢ ᠵᠢ ᠦᠨᠳᠦᠰᠦᠯᠡᠨ ᠬᠠᠮᠠᠭ᠋ᠠᠯᠠᠯᠲᠠ ᠵᠢᠨ ᠨᠥᠬᠦᠪᠥᠷᠢ ᠥᠭᠬᠦ ᠡᠷᠴᠢᠮ᠎ᠢ ᠴᠢᠩᠭ᠋ᠠᠷᠠᠭᠤᠯᠤᠨ ᠠ᠃ ᠡᠯ᠎ᠡ ᠮᠤᠵᠢ ᠵᠢᠨ ᠱᠠᠲᠤᠨ᠎ᠤ ᠵᠠᠰᠠᠭ᠎ᠤᠨ ᠣᠷᠳᠣᠨ ᠠᠮᠢ ᠠᠬᠤᠶ ᠵᠢᠨ ᠴᠢᠳᠠᠮᠵᠢ ᠵᠢᠨ ᠴᠢᠬᠤᠯᠠ ᠭᠠᠵᠠᠷ ᠣᠷᠣᠨ᠎ᠢ ᠮᠤᠵᠢ ᠵᠢᠨ ᠱᠠᠲᠤᠨ᠎ᠠᠴᠠ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠰᠢᠯᠵᠢᠭᠦᠯᠦᠨ ᠥᠭᠬᠦ ᠬᠡᠪᠴᠢᠶᠡᠨ᠎ᠳᠤ ᠪᠥᠬᠦ ᠲᠠᠯ᠎ᠠ᠎ᠪᠠᠷ ᠤᠷᠤᠭᠤᠯᠤᠨ᠎ᠠ᠃
(ᠭᠤᠷᠪᠠ) ᠭᠤᠯᠳᠤ ᠴᠢᠭᠯᠡᠯ ᠵᠶ᠋ᠠᠷ ᠨᠥᠬᠦᠪᠥᠷᠢ ᠥᠭᠬᠦ ᠠᠷᠭ᠎ᠠ ᠵᠢ ᠰᠠᠶ᠋ᠢᠵᠢᠷᠠᠭᠤᠯᠤᠨ᠎ᠠ᠃ ᠠᠮᠢ ᠠᠬᠤᠶ ᠵᠢᠨ ᠦᠷ᠎ᠡ ᠠᠰᠢᠭ᠎ᠤᠨ ᠭᠠᠳᠠᠭᠰᠢ ᠤᠷᠤᠰᠬᠤ ᠴᠢᠨᠠᠷ᠂ ᠠᠮᠢ ᠠᠬᠤᠶ ᠵᠢᠨ ᠴᠢᠳᠠᠮᠵᠢ ᠵᠢᠨ ᠴᠢᠬᠤᠯᠠ ᠴᠢᠨᠠᠷ᠂ ᠠᠮᠢ ᠠᠬᠤᠶ ᠵᠢᠨ ᠣᠷᠴᠢᠨ ᠲᠣᠭᠤᠷᠢᠨ᠎ᠤ ᠰᠡᠷᠭᠡᠭ ᠴᠢᠨᠠᠷ ᠪᠠ ᠬᠡᠪᠡᠷᠡᠭ ᠴᠢᠨᠠᠷ ᠵᠡᠷᠭᠡ ᠣᠨᠴᠠᠯᠢᠭ᠎ᠢ ᠦᠨᠳᠦᠰᠦᠯᠡᠨ᠂ ᠭᠤᠤᠯᠳᠠᠯᠭ᠎ᠠ᠎ᠲᠠᠢ ᠠᠮᠢ ᠠᠬᠤᠶ ᠵᠢᠨ ᠴᠢᠳᠠᠮᠵᠢᠲᠤ ᠣᠷᠣᠨ᠎ᠳᠤ ᠰᠢᠯᠵᠢᠭᠦᠯᠦᠨ ᠥᠭᠬᠦ᠎ᠳᠡᠭᠡᠨ ᠵᠦᠷᠢᠶᠡᠴᠢᠯᠡᠭᠰᠡᠨ ᠨᠥᠬᠦᠪᠥᠷᠢ ᠥᠭᠬᠦ ᠵᠢ ᠬᠡᠷᠡᠭᠵᠢᠭᠦᠯᠦᠨ᠎ᠡ᠃ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠣᠷᠣᠭᠤᠯᠤᠨ ᠠᠪᠴᠢᠷᠠᠬᠤ ᠵᠢ ᠬᠤᠯᠪᠣᠭᠳᠠᠯ ᠪᠦᠬᠦᠢ ᠰᠢᠯᠵᠢᠭᠦᠯᠦᠨ ᠥᠭᠬᠦ ᠬᠤᠪᠢᠶᠠᠷᠢᠯᠠᠯᠲᠠ ᠵᠢᠨ ᠬᠦᠴᠦᠨ ᠵᠦᠢ᠍ᠯ ᠪᠣᠯᠭ᠋ᠠᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠪᠦᠷᠬᠦᠴᠡ ᠵᠢᠨ ᠬᠠᠷᠢᠴᠠᠯ ᠨᠡᠯᠢᠶᠡᠳ ᠥᠨᠳᠥᠷ ᠭᠠᠵᠠᠷ ᠣᠷᠣᠨ᠎ᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ ᠨᠥᠬᠦᠪᠥᠷᠢ ᠵᠢᠨ ᠪᠠᠯᠠ ᠮᠥᠩᠭᠦ ᠬᠢᠭᠡᠳ ᠠᠮᠢ ᠠᠬᠤᠶ ᠣᠷᠴᠢᠨ ᠲᠣᠭᠤᠷᠢᠨ᠎ᠢ ᠡᠪᠳᠡᠬᠦ᠎ᠲᠠᠢ ᠬᠤᠯᠪᠣᠭᠳᠠᠬᠤ ᠠᠵᠤ ᠦᠢ᠍ᠯᠡᠰ᠎ᠤᠨ ᠰᠥᠷᠭᠡᠤ ᠴᠢᠭᠯᠡᠯ ᠵᠶ᠋ᠠᠷ ᠬᠤᠯᠪᠣᠯᠳᠤᠬᠤ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠠᠮᠢ ᠠᠬᠤᠶ ᠵᠢᠨ ᠴᠢᠳᠠᠮᠵᠢᠲᠦ ᠴᠢᠬᠤᠯᠠ ᠭᠠᠵᠠᠷ ᠣᠷᠣᠨ ᠠᠮᠢ ᠠᠬᠤᠶ ᠣᠷᠴᠢᠨ ᠲᠣᠭᠤᠷᠢᠨ᠎ᠢ ᠡᠪᠳᠡᠬᠦ᠎ᠲᠠᠢ ᠬᠤᠯᠪᠣᠭᠳᠠᠬᠤ ᠠᠵᠤ ᠦᠢ᠍ᠯᠡᠰ᠎ᠢ ᠬᠥᠭᠵᠢᠭᠦᠯᠦᠭᠰᠡᠨ ᠪᠠᠶ᠋ᠢᠪᠠᠯ᠂ ᠨᠥᠬᠦᠪᠥᠷᠢ ᠵᠢᠨ ᠪᠠᠯᠠ ᠮᠥᠩᠭᠦ ᠵᠢᠨ ᠬᠡᠪᠴᠢᠶ᠎ᠡ ᠵᠢ ᠵᠣᠬᠢᠰᠲᠠᠶ ᠪᠠᠭ᠋ᠠᠰᠬᠠᠨ᠎ᠠ᠃ ᠲᠠᠷᠢᠶᠠᠯᠠᠩ᠎ᠠᠴᠠ ᠰᠢᠯᠵᠢᠭᠰᠡᠨ ᠬᠥᠮᠦᠨ ᠠᠮᠠ ᠵᠢ ᠬᠤᠳᠠ ᠵᠢᠨ ᠠᠷᠠᠳ ᠪᠣᠯᠭ᠋ᠠᠬᠤ ᠱᠠᠩᠨᠠᠯ᠎ᠤᠨ ᠪᠡᠯᠡ ᠮᠥᠩᠭᠦ᠎ᠪᠠᠷ ᠳᠠᠮᠵᠢᠭᠤᠯᠤᠨ ᠠᠮᠢ ᠠᠬᠤᠢ ᠵᠢᠨ ᠨᠡᠭᠦᠳᠡᠯ ᠠᠷᠠᠳ᠎ᠢ ᠨᠡᠯᠢᠶᠡᠳ ᠤᠯᠠᠨ ᠰᠢᠩᠭᠡᠭᠡᠭᠰᠡᠨ ᠭᠠᠵᠠᠷ ᠣᠷᠣᠨ᠎ᠳᠤ ᠨᠥᠬᠦᠪᠥᠷᠢ ᠥᠭᠬᠦ ᠵᠢ ᠰᠤᠳᠤᠯᠤᠨ ᠲᠤᠬᠳᠠᠭ᠋ᠠᠵᠤ᠂ ᠡᠬᠢ ᠪᠠᠶᠠᠯᠢᠭ ᠣᠷᠴᠢᠨ ᠲᠤᠭᠤᠷᠢᠨ᠎ᠤ ᠳᠠᠭ᠋ᠠᠭ᠋ᠠᠴᠠ᠎ᠪᠠᠷ ᠨᠡᠯᠢᠶᠡᠳ ᠶᠡᠭᠡ ᠠᠮᠢ ᠠᠬᠤᠢ ᠵᠢᠨ ᠴᠢᠳᠠᠮᠵᠢ᠎ᠲᠠᠢ ᠴᠢᠬᠤᠯᠠ ᠭᠠᠵᠠᠷ ᠣᠷᠣᠨ᠎ᠤ ᠬᠥᠮᠦᠨ ᠠᠮᠠ ᠵᠢᠨ ᠠᠯᠬᠤᠮ ᠠᠯᠬᠤᠮ ᠵᠶ᠋ᠠᠷ ᠡᠮᠬᠢ ᠵᠢᠷᠤᠮ᠎ᠲᠠᠢ᠎ᠪᠠᠷ ᠭᠠᠳᠠᠭᠰᠢ ᠰᠢᠯᠵᠢᠬᠦ ᠵᠢ ᠬᠦᠳᠦᠯᠦᠨ ᠵᠢᠯᠣᠭᠤᠳᠤᠨ᠎ᠠ᠃ ᠠᠮᠢ ᠠᠬᠤᠢ ᠵᠢᠨ ᠶᠡᠷᠦᠩᠬᠡᠶ᠋ᠢᠯᠡᠭᠰᠡᠨ ᠨᠥᠬᠦᠪᠥᠷᠢ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠦᠷᠭᠦᠯᠵᠢᠯᠡᠨ ᠠᠬᠢᠭᠤᠯᠤᠨ᠎ᠠ᠃
(ᠳᠥᠷᠪᠡ) ᠬᠥᠨᠳᠡᠯᠡᠨ ᠴᠢᠭᠯᠡᠯ ᠵᠶ᠋ᠠᠷ ᠨᠥᠬᠦᠪᠥᠷᠢᠯᠡᠬᠦ ᠲᠣᠭᠲᠠᠴᠠ ᠵᠢ ᠪᠦᠷᠢᠨᠰᠢᠭᠦᠯᠦᠨ᠎ᠡ᠃ ᠮᠤᠵᠢ ᠠᠯᠤᠰᠯᠠᠭᠰᠠᠨ ᠰᠠᠪᠠ ᠭᠠᠵᠠᠷ᠎ᠤᠨ ᠬᠥᠨᠳᠡᠯᠡᠨ ᠴᠢᠭᠯᠡᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠥᠷᠢ ᠥᠭᠬᠦ ᠲᠣᠭᠲᠠᠴᠠ ᠵᠢᠨ ᠲᠤᠷᠰᠢᠯᠲᠠ ᠵᠢᠨ ᠴᠡᠭ᠎ᠤᠨ ᠦᠷ᠎ᠡ ᠪᠦᠲᠦᠭᠡᠯ᠎ᠢ ᠪᠠᠬᠢᠵᠢᠭᠦᠯᠵᠦ᠂ ᠪᠣᠯᠪᠠᠰᠤᠷᠠᠩᠭᠤᠢ ᠲᠤᠷᠰᠢᠯᠭ᠎ᠠ ᠵᠢ ᠳ᠋ᠦᠩᠨᠡᠨ ᠳᠡᠯᠭᠡᠷᠡᠭᠦᠯᠦᠨ᠎ᠡ᠃ ᠣᠷᠣᠨ ᠨᠤᠲᠤᠭ᠎ᠢ ᠵᠣᠷᠢᠭᠵᠢᠭᠤᠯᠵᠤ ᠪᠠᠶ᠋ᠢᠭ᠋ᠠᠳ ᠭᠤᠤᠯᠳᠠᠯᠭ᠎ᠠ᠎ᠲᠠᠢ ᠰᠠᠪᠠ ᠭᠠᠵᠠᠷ᠎ᠤᠨ ᠮᠤᠵᠢ ᠠᠯᠤᠰᠯᠠᠭᠰᠠᠨ ᠳᠡᠭᠡᠳᠦ ᠲᠤᠤᠷᠠᠳᠤ ᠤᠷᠤᠰᠬᠠᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠬᠥᠨᠳᠡᠯᠡᠨ ᠨᠥᠬᠦᠪᠥᠷᠢ ᠵᠢᠨ ᠲᠣᠭᠲᠠᠴᠠ ᠵᠢᠨ ᠪᠠᠶ᠋ᠢᠭᠤᠯᠤᠯᠲᠠ ᠵᠢ ᠲᠦᠷᠭᠡᠳᠬᠡᠵᠦ᠂ ᠣᠷᠣᠨ ᠪᠦᠰᠡ ᠠᠯᠤᠰᠯᠠᠭᠰᠠᠨ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠵᠠᠰᠠᠬᠤ ᠠᠵᠢᠯ᠎ᠢ ᠥᠷᠨᠢᠭᠦᠯᠦᠨ᠎ᠡ᠃ ᠬᠥᠬᠡᠮᠥ᠋ᠷᠡᠨ᠂ ᠬᠠᠲᠤᠨ ᠭᠤᠣᠯ᠎ᠤᠨ ᠪᠦᠬᠦ ᠰᠠᠪᠠ ᠭᠠᠵᠠᠷ᠎ᠤᠨ ᠬᠥᠨᠳᠡᠯᠡᠨ ᠴᠢᠭᠯᠡᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠥᠷᠢ ᠥᠭᠬᠦ ᠲᠣᠭᠲᠠᠴᠠ ᠵᠢ ᠪᠠᠶ᠋ᠢᠭᠤᠯᠬᠤ ᠵᠢ ᠠᠬᠢᠭᠤᠯᠵᠤ᠂ ᠤᠷᠤᠰᠬᠠᠯ ᠤᠷᠤᠨ ᠲᠠᠭ᠋ᠠᠤ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ) ᠵᠢᠨ ᠭᠤᠣᠯ ᠤᠷᠤᠰᠬᠠᠯ ᠵᠢᠴᠢ ᠴᠢᠬᠤᠯᠠ ᠰᠠᠯᠪᠤᠷᠢ ᠤᠷᠤᠰᠬᠠᠯ᠎ᠳᠤ ᠮᠤᠵᠢ ᠵᠢᠨ ᠬᠤᠭᠤᠷᠣᠨᠳᠣᠬᠢ ᠪᠠ ᠮᠤᠵᠢ ᠵᠢᠨ ᠳᠣᠲᠣᠷᠠᠬᠢ ᠬᠥᠨᠳᠡᠯᠡᠨ ᠴᠢᠭᠯᠡᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠥᠷᠢ ᠥᠭᠬᠦ ᠲᠣᠭᠲᠠᠴᠠ ᠵᠢ ᠪᠡᠶ᠎ᠡ᠎ᠪᠠᠨ ᠳᠠᠭ᠋ᠠᠭ᠋ᠠᠵᠤ ᠪᠠᠶ᠋ᠢᠭᠤᠯᠬᠤ ᠵᠢ ᠳᠡᠮᠵᠢᠨ᠎ᠡ᠃ ᠠᠮᠢ ᠠᠬᠤᠶ ᠵᠢᠨ ᠴᠢᠳᠠᠮᠵᠢ᠎ᠨᠢ ᠣᠨᠴᠠ ᠴᠢᠬᠤᠯᠠ ᠮᠤᠵᠢ ᠠᠯᠤᠰᠯᠠᠭᠰᠠᠨ ᠪᠠ ᠲᠤᠰᠬᠠᠶ ᠣᠷᠣᠨ ᠬᠤᠲᠠ ᠠᠯᠤᠰᠯᠠᠭᠰᠠᠨ ᠭᠤᠤᠯᠳᠠᠯᠭ᠎ᠠ᠎ᠲᠠᠢ ᠰᠠᠪᠠ ᠭᠠᠵᠠᠷ᠎ᠤᠨ ᠬᠥᠨᠳᠡᠯᠡᠨ ᠴᠢᠭᠯᠡᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ᠎ᠳᠤ ᠲᠥᠪ᠎ᠤᠨ ᠡᠳ᠋᠎ᠤᠨ ᠵᠠᠰᠠᠭ ᠪᠠ ᠮᠤᠵᠢ ᠵᠢᠨ ᠱᠠᠲᠤᠨ᠎ᠤ ᠡᠳ᠋᠎ᠤᠨ ᠵᠠᠰᠠᠭ᠎ᠠᠴᠠ ᠲᠣᠰ ᠲᠣᠰ ᠬᠥᠲᠥᠯᠦᠨ ᠵᠢᠯᠣᠭᠤᠳᠴᠤ ᠳᠡᠮᠵᠢᠨ᠎ᠡ᠃ ᠣᠷᠣᠨ ᠨᠤᠲᠤᠭ᠎ᠢ ᠵᠣᠷᠢᠭᠵᠢᠭᠤᠯᠵᠤ ᠪᠠᠶ᠋ᠢᠭ᠋ᠠᠳ ᠠᠭ᠋ᠠᠷ ᠮᠠᠨᠳᠠᠯ ᠵᠡᠷᠭᠡ ᠠᠮᠢ ᠠᠬᠤᠶ ᠣᠷᠴᠢᠨ ᠲᠣᠭᠤᠷᠢᠨ᠎ᠤ ᠪᠤᠰᠤᠳ ᠴᠢᠬᠤᠯᠠ ᠡᠯᠧᠮᠧᠨ᠋ᠲ᠎ᠢ ᠬᠥᠨᠳᠡᠯᠡᠨ ᠴᠢᠭᠯᠡᠯ ᠵᠶ᠋ᠠᠷ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠥᠭᠬᠦ ᠠᠷᠭ᠎ᠠ ᠬᠡᠯᠪᠡᠷᠢ ᠵᠢ ᠰᠦᠪᠡᠭᠴᠢᠯᠡᠵᠦ᠂ ᠠᠵᠢᠯ ᠲᠥᠷᠥᠯ ᠵᠶ᠋ᠠᠷ ᠵᠶ᠋ᠠᠨ ᠬᠠᠮᠵᠢᠯᠴᠠᠬᠤ᠂ ᠠᠵᠤ ᠦᠢ᠍ᠯᠡᠰ᠎ᠢ ᠰᠢᠯᠵᠢᠭᠦᠯᠬᠦ᠂ ᠴᠢᠳᠠᠪᠤᠷᠢᠲᠠᠨ᠎ᠢ ᠪᠣᠯᠪᠠᠰᠤᠷᠠᠭᠤᠯᠬᠤ᠂ ᠬᠦᠷᠢᠶᠡᠯᠡᠩ ᠲᠣᠭᠤᠷᠢᠭ᠎ᠢ ᠬᠠᠮᠲᠤ᠎ᠪᠠᠷ ᠪᠠᠶ᠋ᠢᠭᠤᠯᠬᠤ᠂ ᠠᠮᠢ ᠠᠬᠤᠶ ᠵᠢᠨ ᠪᠦᠲᠦᠭᠡᠭᠳᠡᠬᠦᠨ ᠪᠠ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠠᠰᠢᠭ ᠭᠥᠷᠳᠡᠭᠰᠡᠨ ᠭᠠᠵᠠᠷ ᠣᠷᠣᠨ ᠬᠢᠭᠡᠳ ᠠᠮᠢ ᠠᠬᠤᠶ ᠵᠢᠨ ᠬᠠᠮᠠᠭ᠋ᠠᠯᠠᠯᠲᠠ ᠵᠢᠨ ᠭᠠᠵᠠᠷ ᠣᠷᠣᠨ᠎ᠤ ᠰᠠᠶ᠋ᠢᠨ ᠰᠠᠶ᠋ᠢᠬᠠᠨ ᠵᠶ᠋ᠠᠷ ᠬᠠᠷᠢᠯᠴᠠᠨ ᠬᠤᠷᠰᠢᠯᠴᠠᠬᠤ ᠵᠢ ᠠᠬᠢᠭᠤᠯᠤᠨ᠎ᠠ᠃
ᠳᠥᠷᠪᠡ᠂ ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠪᠠᠳᠠᠷᠠᠭᠤᠯᠵᠤ᠂ ᠤᠯᠠᠠ ᠡᠰᠢᠵᠢᠭᠰᠡᠡ ᠨᠦᠬᠦᠪᠦᠷᠢ ᠵᠢ ᠲᠦᠷᠭᠡᠡ ᠠᠬᠢᠭᠤᠯᠤᠨ᠎ᠠ
ᠠᠮᠢ ᠠᠬᠤᠶ᠎ᠣᠷᠴᠢᠨ ᠲᠣᠭᠤᠷᠢᠨ᠎ᠤ ᠡᠷᠭᠡ ᠵᠢ ᠵᠦᠶ ᠵᠣᠬᠢᠰᠲᠠᠶ ᠵᠠᠭ᠋ᠠᠭᠯᠠᠨ ᠲᠣᠭᠲᠠᠭ᠋ᠠᠵᠦ᠂ ᠠᠰᠢᠭ ᠬᠦᠷᠲᠡᠭᠴᠢ ᠰᠦᠢ᠍ᠳᠭᠡᠯ ᠲᠤᠰᠢᠶᠠᠬᠤ ᠵᠠᠷᠴᠢᠮ ᠶᠣᠰᠣᠭ᠋ᠠᠷ᠂ ᠵᠠᠬ᠎ᠠ ᠳᠡᠯᠭᠡᠭᠦᠷᠴᠢᠯᠡᠬᠦ᠂ ᠣᠯᠠᠨ ᠡᠰᠢᠵᠢᠭᠦᠯᠬᠦ ᠠᠷᠭ᠎ᠠ ᠮᠠᠶᠢᠭ ᠵᠶ᠋ᠠᠷ ᠳᠠᠮᠵᠢᠭᠤᠯᠤᠨ᠂ ᠠᠮᠢ ᠠᠬᠤᠶ ᠵᠢᠨ ᠬᠠᠮᠠᠭ᠋ᠠᠯᠠᠭᠴᠢ ᠵᠢᠨ ᠠᠰᠢᠭ ᠲᠤᠰᠠ ᠵᠢ ᠪᠦᠲᠦᠮᠵᠢᠲᠡᠶ ᠨᠥᠬᠦᠪᠥᠷᠢᠯᠡᠬᠦ ᠵᠢ ᠠᠬᠢᠭᠤᠯᠵᠤ᠂ ᠪᠥᠬᠦ ᠨᠡᠶ᠋ᠢᠭᠡᠮ᠎ᠤᠨ ᠠᠮᠢ ᠠᠬᠤᠶ ᠵᠢᠨ ᠬᠠᠮᠠᠭ᠋ᠠᠯᠠᠯᠲᠠ᠎ᠳᠤ ᠣᠷᠣᠯᠴᠠᠬᠤ ᠢᠳᠡᠪᠬᠢᠵᠢᠯ᠎ᠢ ᠬᠥᠭᠵᠢᠭᠡᠨ᠎ᠡ᠃
(ᠨᠢᠭᠡ) ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠷᠬᠡ ᠵᠢ ᠨᠢᠭᠡᠳᠦᠯᠲᠡᠶ ᠨᠤᠲᠠᠯᠠᠨ ᠲᠣᠭᠲᠠᠭ᠋ᠠᠵᠤ ᠳᠠᠩᠰᠠᠯᠠᠬᠤ ᠵᠢ ᠲᠦᠷᠭᠡᠳᠬᠡᠵᠦ᠂ ᠬᠠᠷᠢᠶᠠᠯᠠᠯ ᠲᠣᠳᠣᠷᠬᠠᠶ᠂ ᠡᠷᠬᠡ ᠬᠠᠷᠢᠭᠤᠴᠠᠯᠭ᠎ᠠ ᠲᠣᠳᠣᠷᠬᠠᠶ᠂ ᠬᠠᠮᠠᠭ᠋ᠠᠯᠠᠯᠲᠠ ᠴᠢᠩᠭ᠎ᠠ᠂ ᠡᠷᠭᠢᠯᠲᠡ ᠰᠢᠯᠤᠭᠤᠨ᠂ ᠬᠢᠨᠠᠯᠲᠠ ᠬᠠᠮᠢᠶᠠᠷᠤᠯᠲᠠ ᠪᠦᠲᠦᠮᠵᠢᠲᠡᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢᠨ ᠥᠮᠴᠢᠯᠡᠬᠦ ᠡᠷᠬᠡ ᠵᠢᠨ ᠲᠦᠷᠢᠮ᠎ᠢ ᠪᠠᠶ᠋ᠢᠭᠤᠯᠵᠤ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠪᠠ ᠡᠬᠢ ᠪᠠᠶᠠᠯᠢᠭ᠎ᠤᠨ ᠬᠤᠮᠰᠠᠳᠠᠯ᠎ᠤᠨ ᠬᠡᠮᠵᠢᠶ᠎ᠡ ᠵᠢ ᠲᠤᠰᠬᠠᠭᠰᠠᠨ᠂ ᠠᠮᠢ ᠠᠬᠤᠶ ᠵᠢᠨ ᠦᠨ᠎ᠡ ᠥᠷᠲᠡᠭ ᠪᠠ ᠦᠶ᠎ᠡ ᠠᠯᠤᠰᠯᠠᠬᠤ ᠨᠥᠬᠦᠪᠥᠷᠢ ᠵᠢ ᠢᠯᠡᠷᠡᠭᠦᠯᠦᠭᠰᠡᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠲᠦᠷᠢᠮ᠎ᠢ ᠲᠡᠭᠦᠯᠳᠡᠷᠵᠢᠭᠦᠯᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢ ᠬᠠᠮᠠᠭ᠋ᠠᠯᠠᠬᠤ ᠡᠭᠦᠷᠭᠡ ᠵᠢ ᠭᠦᠢ᠍ᠴᠡᠳᠭᠡᠭᠰᠡᠨ ᠡᠷᠬᠡ ᠵᠢᠨ ᠭᠤᠤᠯ ᠴᠣᠭᠴᠠ᠎ᠳᠤ ᠵᠦᠶ ᠵᠣᠬᠢᠰᠲᠠᠶ ᠨᠥᠬᠦᠪᠥᠷᠢ ᠥᠭᠭᠦᠨ᠎ᠡ᠃ ᠶᠡᠷᠦᠩᠬᠡᠶ ᠬᠡᠮᠵᠢᠶ᠎ᠡ ᠵᠢ ᠵᠦᠢ ᠵᠣᠬᠢᠰᠲᠠᠶ ᠰᠢᠨᠵᠢᠯᠡᠬᠦ ᠤᠬᠠᠭ᠋ᠠᠨᠴᠢ᠎ᠪᠠᠷ ᠡᠵᠡᠮᠳᠡᠭᠰᠡᠨ ᠤᠷᠢᠲᠠᠯ ᠳᠣᠣᠷ᠎ᠠ᠂ ᠤᠰᠤ ᠬᠡᠷᠡᠭᠯᠡᠬᠦ ᠡᠷᠬᠡ᠂ ᠪᠣᠬᠢᠷᠲᠤᠯ᠎ᠢ ᠭᠠᠳᠠᠭᠰᠢᠯᠠᠭᠤᠯᠬᠤ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢᠨ ᠠᠩᠬᠠᠨ᠎ᠤ ᠬᠤᠪᠢᠶᠠᠷᠢᠯᠠᠯᠲᠠ ᠵᠢᠨ ᠳᠦᠷᠢᠮ᠎ᠢ ᠪᠠᠶ᠋ᠢᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ ᠣᠷᠴᠢᠨ ᠲᠣᠭᠤᠷᠢᠨ᠎ᠤ ᠡᠷᠬᠡ ᠵᠢᠨ ᠠᠷᠠᠯᠵᠢᠶ᠎ᠠ ᠵᠢ ᠠᠯᠬᠤᠮ ᠠᠯᠬᠤᠮ ᠵᠶ᠋ᠠᠷ ᠥᠷᠨᠢᠭᠦᠯᠦᠨ᠎ᠡ᠃ ᠭᠠᠵᠠᠷ ᠣᠷᠣᠨ᠎ᠤ ᠬᠤᠭᠤᠷᠣᠨᠳᠣ᠎ᠪᠠᠨ ᠣᠷᠣᠨ ᠪᠦᠰᠡ ᠵᠢᠨ ᠤᠰᠤ ᠲᠠᠲᠠᠵᠤ ᠬᠡᠷᠡᠭᠯᠡᠬᠦ ᠶᠡᠷᠦᠩᠬᠡᠶ ᠬᠡᠮᠵᠢᠶ᠎ᠡ ᠪᠠ ᠡᠷᠬᠡ ᠠᠰᠢᠭ ᠵᠶ᠋ᠠᠨ ᠦᠨᠳᠦᠰᠦᠯᠡᠨ᠂ ᠤᠰᠤᠨ᠎ᠤ ᠡᠷᠬᠡ ᠵᠢᠨ ᠠᠷᠠᠯᠵᠢᠶ᠎ᠠ᠎ᠪᠠᠷ ᠳᠠᠮᠵᠢᠨ ᠰᠢᠨ᠎ᠡ᠎ᠪᠠᠷ ᠨᠡᠮᠡᠭᠳᠡᠭᠰᠡᠨ ᠤᠰᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠰᠢᠢ᠍ᠳᠪᠦᠷᠢᠯᠡᠬᠦ ᠵᠢ ᠵᠣᠷᠢᠭᠵᠢᠭᠤᠯᠤᠨ᠎ᠠ᠃ ᠤᠰᠤ ᠬᠡᠷᠡᠭᠯᠡᠬᠦ ᠡᠷᠦᠬᠡ ᠵᠢᠨ ᠤᠰᠤᠨ᠎ᠤ ᠡᠬᠢ ᠪᠠᠶᠠᠯᠢᠭ᠎ᠢ ᠬᠡᠷᠡᠭᠯᠡᠬᠦ ᠡᠷᠬᠡ ᠵᠢ ᠲᠣᠳᠣᠷᠬᠠᠶ᠋ᠢᠯᠠᠵᠤ᠂ ᠤᠰᠤ ᠭᠡᠷᠡᠭᠯᠡᠬᠦ ᠡᠷᠬᠡᠲᠦ ᠬᠥᠮᠦᠨ᠎ᠤ ᠤᠰᠤᠨ᠎ᠤ ᠡᠬᠢ ᠪᠠᠶᠠᠯᠢᠭ᠎ᠢ ᠠᠷᠪᠢᠯᠠᠵᠤ ᠬᠡᠷᠡᠭᠯᠡᠭᠰᠡᠨ ᠰᠠᠭᠤᠷᠢᠨ ᠳᠡᠭᠡᠷ᠎ᠡ ᠤᠰᠤ ᠭᠡᠷᠡᠭᠯᠡᠬᠦ ᠡᠷᠬᠡ᠎ᠪᠠᠨ ᠲᠥᠯᠥᠪᠦᠷᠢ᠎ᠲᠠᠢ ᠰᠢᠯᠵᠢᠭᠦᠯᠦᠨ ᠥᠭᠬᠦ ᠵᠢ ᠵᠣᠷᠢᠭᠵᠢᠭᠤᠯᠤᠨ᠎ᠠ᠃ ᠪᠣᠬᠢᠷᠲᠤᠯ᠎ᠢ ᠭᠠᠳᠠᠭᠰᠢᠯᠠᠭᠤᠯᠬᠤ ᠵᠥᠪᠰᠢᠶᠡᠷᠡᠯ᠎ᠤᠨ ᠲᠦᠷᠢᠮ᠎ᠢ ᠪᠥᠬᠦ ᠲᠠᠯ᠎ᠠ᠎ᠪᠠᠷ ᠬᠡᠷᠡᠭᠵᠢᠭᠦᠯᠵᠦ᠂ ᠠᠮᠢ ᠠᠬᠤᠶ ᠵᠢᠨ ᠣᠷᠴᠢᠨ ᠲᠣᠭᠤᠷᠢᠨ᠎ᠤ ᠶᠠᠰᠤ ᠴᠢᠨᠠᠷ᠎ᠢ ᠪᠠᠷᠢᠮᠵᠢᠶ᠎ᠠ᠎ᠳᠤ ᠬᠦᠷᠦᠭᠦᠯᠦᠭᠰᠡᠨ ᠤᠷᠢᠲᠠᠯ ᠳᠤᠤᠷ᠎ᠠ᠂ ᠠᠮᠢ ᠠᠬᠤᠶ ᠵᠢᠨ ᠬᠠᠮᠠᠭ᠋ᠠᠯᠠᠯᠲᠠ ᠵᠢᠨ ᠭᠠᠵᠠᠷ ᠣᠷᠣᠨ᠎ᠤ ᠪᠣᠬᠢᠷᠲᠤᠯ᠎ᠢ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ ᠬᠡᠷᠡᠭᠯᠡᠬᠦ ᠪᠠ ᠠᠷᠠᠯᠵᠢᠶᠠᠯᠠᠬᠤ ᠵᠢ ᠨᠠᠶ᠋ᠢᠳᠠᠪᠤᠷᠢᠵᠢᠭᠤᠯᠤᠨ᠎ᠠ᠃ ᠪᠦᠬᠦ ᠤᠯᠤᠰ᠎ᠤᠨ ᠡᠨᠧᠷᠭᠢ ᠬᠡᠷᠡᠭᠯᠡᠬᠦ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠲᠦᠷᠭᠡᠳᠭᠡᠨ ᠪᠠᠶ᠋ᠢᠭᠤᠯᠤᠨ᠎ᠠ᠃ ᠤᠯᠤᠰ᠎ᠤᠨ ᠬᠦᠯᠡᠮᠵᠢ ᠵᠢᠨ ᠬᠡᠢ ᠪᠡᠶᠡᠲᠦ ᠭᠠᠳᠠᠭᠰᠢᠯᠠᠭᠤᠯᠬᠤ ᠵᠢ ᠰᠠᠶ᠋ᠢᠨ ᠳᠤᠷ᠎ᠠ᠎ᠠᠴᠠ᠎ᠪᠠᠨ ᠪᠠᠭ᠋ᠠᠰᠬᠠᠬᠤ ᠠᠷᠠᠯᠵᠢᠶᠠᠨ᠎ᠤ ᠲᠣᠭᠲᠠᠴᠠ᠎ᠪᠠᠷ ᠰᠠᠭᠤᠷᠢ ᠪᠣᠯᠭ᠋ᠠᠭᠰᠠᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢ ᠲᠤᠯᠭ᠋ᠠᠨ ᠬᠠᠰᠤᠬᠤ ᠲᠣᠭᠲᠠᠴᠠ ᠵᠢ ᠲᠡᠭᠦᠯᠳᠡᠷᠵᠢᠭᠦᠯᠵᠦ᠂ ᠠᠮᠢ ᠠᠬᠤᠢ᠂ ᠨᠡᠶ᠋ᠢᠭᠡᠮ ᠵᠡᠷᠭᠡ ᠤᠯᠠᠨ ᠵᠦᠢ᠍ᠯ᠎ᠤᠨ ᠦᠷ᠎ᠡ ᠠᠰᠢᠭᠲᠠᠢ ᠤᠢ ᠰᠢᠭᠤᠢ ᠵᠢᠨ ᠦᠢ᠍ᠯᠡᠰ᠂ ᠳᠠᠬᠢᠨ ᠡᠭᠦᠰᠴᠦ ᠪᠣᠯᠬᠤ ᠡᠨᠧᠷᠭᠢ ᠵᠢᠨ ᠰᠤᠷᠪᠤᠯᠵᠢ᠂ ᠮᠧᠲ᠋ᠠᠨ᠎ᠢ ᠠᠰᠢᠠᠠᠯᠠᠬᠤ ᠵᠡᠷᠭᠡ ᠬᠦᠷᠢᠶᠡᠨ᠎ᠳᠠᠬᠢ ᠬᠦᠯᠡᠮᠵᠢ ᠵᠢᠨ ᠬᠡᠢ ᠪᠡᠶᠡᠲᠦ ᠭᠠᠳᠠᠭᠰᠢᠯᠠᠭᠤᠯᠬᠤ ᠵᠢ ᠰᠠᠶ᠋ᠢᠨ ᠳᠤᠷ᠎ᠠ᠎ᠠᠴᠠ᠎ᠪᠠᠨ ᠪᠠᠭ᠋ᠠᠰᠬᠠᠬᠤ ᠲᠦᠷᠦᠯ ᠵᠦᠢ᠍ᠯ᠎ᠢ ᠪᠦᠬᠦ ᠤᠯᠤᠰ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢ ᠠᠷᠠᠯᠵᠢᠶᠠᠯᠠᠬᠤ ᠵᠠᠬ᠎ᠠ ᠳᠡᠯᠭᠡᠭᠦᠷ᠎ᠲᠤ ᠣᠷᠣᠭᠤᠯᠤᠨ᠎ᠠ᠃
(ᠬᠤᠶᠠᠷ) ᠵᠠᠬ᠎ᠠ ᠳᠡᠯᠭᠡᠭᠦᠷᠴᠢᠯᠡᠭᠰᠡᠨ ᠪᠠᠯᠠ ᠬᠤᠷᠠᠮᠳᠤᠭᠤᠯᠬᠤ ᠠᠷᠭ᠎ᠠ ᠵᠠᠮ᠎ᠢ ᠥᠷᠭᠡᠳᠬᠡᠨ᠎ᠡ᠃ ᠤᠰᠤᠨ᠎ᠤ ᠡᠷᠬᠡ᠂ ᠪᠣᠬᠢᠷᠲᠤᠯ᠎ᠢ ᠭᠠᠳᠠᠭᠰᠢᠯᠠᠭᠤᠯᠬᠤ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠡᠷᠭᠡ ᠡᠯ᠎ᠡ ᠲᠥᠷᠥᠯ᠎ᠤᠨ ᠡᠬᠢ ᠪᠠᠶᠠᠯᠢᠭ ᠣᠷᠴᠢᠨ ᠲᠣᠭᠤᠷᠢᠨ᠎ᠤ ᠡᠷᠬᠡ ᠠᠰᠢᠭ᠎ᠲᠤ ᠰᠠᠭᠤᠷᠢᠯᠠᠭᠰᠠᠨ ᠪᠠᠯᠠ ᠮᠦᠩᠭᠦ ᠴᠤᠭᠯᠠᠭᠤᠯᠬᠤ ᠪᠠᠭ᠋ᠠᠵᠢ ᠵᠢ ᠰᠤᠳᠤᠯᠤᠨ ᠬᠥᠭᠵᠢᠭᠦᠯᠵᠦ᠂ ᠪᠣᠬᠢᠷᠲᠤᠯ ᠥᠬᠡᠶ ᠰᠲ᠋ᠣᠺ᠎ᠤᠨ ᠭᠦᠢ᠍ᠴᠡᠳᠭᠡᠯ ᠲᠤᠭ᠎ᠠ ᠵᠢ ᠪᠠᠶ᠋ᠢᠭᠤᠯᠤᠨ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢᠨ ᠬᠤᠭᠤᠴᠠᠭ᠋ᠠᠲᠤ ᠪᠠᠷᠠᠭ᠎ᠠ ᠵᠢᠨ ᠠᠷᠠᠯᠵᠢᠶ᠎ᠠ ᠵᠢ ᠬᠥᠭᠵᠢᠭᠦᠯᠦᠨ᠎ᠡ᠃ ᠪᠤᠬᠢᠷᠳᠤᠯ ᠦᠭᠡᠢ ᠮᠥᠩᠭᠦᠨ ᠭᠦᠢ᠍ᠯᠭᠡᠭᠡᠨ᠎ᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠲᠤᠷᠰᠢᠯᠲᠠ ᠵᠢᠨ ᠲᠣᠭᠤᠷᠢᠭ᠎ᠤᠨ ᠲᠤᠷᠰᠢᠯᠲᠠ ᠵᠢᠨ ᠴᠡᠭ᠎ᠤᠨ ᠬᠦᠷᠢᠶ᠎ᠡ ᠬᠡᠪᠴᠢᠶ᠎ᠡ ᠵᠢ ᠥᠷᠭᠡᠳᠬᠡᠵᠦ᠂ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠪᠠᠯᠠ ᠬᠤᠷᠠᠮᠳᠤᠭᠤᠯᠬᠤ ᠲᠣᠭᠲᠠᠴᠠ ᠬᠢᠭᠡᠳ ᠵᠠᠭᠪᠤᠷ᠎ᠤᠨ ᠰᠢᠨ᠎ᠡ ᠵᠢ ᠡᠭᠦᠳᠬᠦ᠎ᠪᠠᠷ ᠴᠢᠬᠤᠯᠠ ᠲᠤᠷᠰᠢᠯᠲᠠ ᠵᠢᠨ ᠴᠡᠭ᠎ᠤᠨ ᠠᠭᠤᠯᠭ᠎ᠠ ᠪᠣᠯᠭ᠋ᠠᠨ᠎ᠠ᠃ ᠠᠮᠢ ᠠᠬᠤᠢ ᠵᠢᠨ ᠠᠵᠤ ᠦᠢ᠍ᠯᠡᠰ᠎ᠤᠨ ᠬᠡᠯᠬᠢᠶ᠎ᠡ ᠵᠢᠨ ᠮᠥᠩᠭᠦᠨ ᠭᠦᠢ᠍ᠯᠭᠡᠭᠡᠨ᠎ᠤ ᠵᠠᠭᠪᠤᠷ᠎ᠢ ᠳᠡᠯᠭᠡᠷᠡᠭᠦᠯᠦᠨ᠎ᠡ᠃ ᠪᠠᠩᠬᠢ ᠵᠢᠨ ᠦᠢ᠍ᠯᠡᠰ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠪᠤᠬᠢᠷᠳᠤᠯ ᠦᠭᠡᠢ ᠲᠥᠷᠥᠯ ᠵᠦᠢ᠍ᠯ᠎ᠤᠨ ᠪᠠᠯᠠ ᠬᠤᠷᠠᠮᠳᠤᠭᠤᠯᠬᠤ ᠣᠨᠴᠠᠯᠢᠭᠲᠤ ᠨᠡᠶ᠋ᠢᠴᠡᠭᠰᠡᠳᠲᠤ ᠪᠤᠬᠢᠷᠲᠤᠯ ᠦᠭᠡᠢ ᠢᠲᠡᠭᠡᠮᠵᠢᠲᠦ ᠵᠢᠭᠡᠯᠡᠯᠭᠡ ᠵᠢᠨ ᠦᠢ᠍ᠯᠡᠴᠢᠯᠡᠭᠡ ᠬᠠᠩᠭ᠋ᠠᠬᠤ ᠵᠢ ᠵᠣᠷᠢᠭᠵᠢᠭᠤᠯᠤᠨ᠎ᠠ᠃ ᠨᠥᠬᠦᠴᠡᠯ᠎ᠳᠤ ᠨᠡᠶ᠋ᠢᠴᠡᠬᠦ ᠮᠥᠩᠭᠦᠨ ᠭᠦᠢ᠍ᠯᠭᠡᠭᠡᠨ᠎ᠤ ᠪᠤᠰᠤ ᠠᠵᠤ ᠠᠬᠤᠶ᠋ᠢᠯᠠᠯ ᠪᠣᠯᠤᠨ ᠪᠠᠶ᠋ᠢᠭᠤᠯᠤᠮᠵᠢ ᠵᠢᠨ ᠪᠤᠬᠢᠷᠲᠤᠯ ᠦᠭᠡᠢ ᠵᠢᠭᠡᠯᠡᠯᠭᠡ ᠵᠢᠨ ᠲᠡᠮᠳᠡᠭᠲᠦ ᠲᠠᠷᠬᠠᠭ᠋ᠠᠬᠤ ᠵᠢ ᠵᠣᠷᠢᠭᠵᠢᠭᠤᠯᠤᠨ᠎ᠠ᠃ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠪᠣᠬᠢᠷᠲᠤᠯ ᠥᠬᠡᠶ ᠳᠠᠭ᠋ᠠᠳᠬᠠᠯ᠎ᠤᠨ ᠦᠢ᠍ᠯᠡᠳᠭᠦᠨ᠎ᠢ ᠨᠡᠭᠡᠭᠡᠨ ᠬᠥᠭᠵᠢᠭᠦᠯᠵᠦ ᠰᠢᠨ᠎ᠡ ᠵᠢ ᠡᠭᠦᠳᠦᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ᠎ᠳᠤ ᠣᠷᠣᠯᠴᠠᠬᠤ ᠵᠢ ᠵᠣᠷᠢᠭᠵᠢᠭᠤᠯᠤᠨ᠎ᠠ᠃
(ᠭᠤᠷᠪᠠ) ᠣᠯᠠᠨ ᠶᠠᠩᠵᠤ ᠵᠢᠨ ᠨᠥᠬᠦᠪᠥᠷᠢᠯᠡᠬᠦ ᠠᠷᠭ᠎ᠠ ᠮᠠᠶᠢᠭ᠎ᠢ ᠰᠦᠪᠡᠭᠴᠢᠯᠡᠨ᠎ᠡ᠃ ᠠᠮᠢ ᠠᠬᠤᠶ ᠵᠢᠨ ᠴᠢᠳᠠᠮᠵᠢᠳᠤ ᠴᠢᠬᠤᠯᠠ ᠭᠠᠵᠠᠷ ᠣᠷᠣᠨ᠎ᠤ ᠠᠮᠢ ᠠᠬᠤᠶ ᠤᠷᠴᠢᠨ ᠲᠣᠭᠤᠷᠢᠨ᠎ᠤ ᠬᠥᠮᠦᠵᠢᠯ ᠪᠣᠯᠪᠠᠰᠤᠷᠠᠭᠤᠯᠤᠯ ᠥᠷᠨᠢᠭᠦᠯᠬᠦ ᠵᠢ ᠳᠡᠮᠵᠢᠵᠦ᠂ ᠣᠨᠴᠠᠯᠢᠭᠲᠤ ᠳᠠᠪᠠᠭᠤᠯᠢᠭ ᠠᠵᠤ ᠦᠢ᠍ᠯᠡᠰ᠎ᠢ ᠬᠥᠲᠥᠯᠦᠨ ᠵᠢᠯᠣᠭᠤᠳᠴᠤ ᠬᠥᠭᠵᠢᠭᠦᠯᠦᠨ᠂ ᠪᠣᠬᠢᠷᠲᠤᠯ ᠥᠬᠡᠶ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠢ ᠥᠷᠭᠡᠳᠬᠡᠨ᠎ᠡ᠃ ᠠᠮᠢ ᠠᠬᠤᠢ ᠵᠢᠨ ᠲᠠᠷᠢᠶᠠᠯᠠᠩ ᠪᠠ ᠣᠷᠴᠢᠯ᠎ᠳᠤ ᠲᠠᠷᠢᠶᠠᠯᠠᠩ᠎ᠢ ᠲᠦᠷᠭᠡᠨ ᠬᠥᠭᠵᠢᠭᠦᠯᠦᠨ᠎ᠡ᠃ ᠠᠮᠢ ᠠᠬᠤᠢ ᠤᠷᠴᠢᠨ ᠲᠣᠭᠤᠷᠢᠨ ᠵᠶ᠋ᠠᠷ ᠤᠳᠤᠷᠢᠳᠤᠮᠵᠢ ᠪᠣᠯᠭ᠋ᠠᠭᠰᠠᠨ ᠨᠡᠭᠡᠭᠡᠨ ᠬᠥᠭᠵᠢᠭᠦᠯᠬᠦ ᠵᠠᠭᠪᠤᠷ᠎ᠤᠨ ᠲᠥᠷᠥᠯ ᠵᠦᠢ᠍ᠯ᠎ᠤᠨ ᠲᠤᠷᠰᠢᠯᠲᠠ ᠵᠢᠨ ᠴᠡᠭ᠎ᠢ ᠠᠬᠢᠭᠤᠯᠤᠨ᠎ᠠ᠃ ᠣᠷᠣᠨ ᠨᠤᠲᠤᠭ᠎ᠤᠨ᠎ᠬᠢᠨ᠎ᠤ ᠣᠷᠴᠢᠨ ᠲᠣᠭᠤᠷᠢᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠠᠮᠢ ᠠᠬᠤᠶ ᠵᠢᠨ ᠰᠢᠰᠲ᠋ᠧᠮ᠎ᠢ ᠬᠠᠮᠠᠭ᠋ᠠᠯᠠᠨ ᠰᠡᠷᠭᠦᠭᠡᠬᠦ ᠵᠡᠷᠭᠡ ᠢᠨᠵᠧᠨᠧᠷᠢᠩ ᠬᠢᠭᠡᠳ ᠠᠮᠢ ᠠᠬᠤᠶ ᠵᠢᠨ ᠠᠵᠤ ᠦᠢ᠍ᠯᠡᠰ᠎ᠤᠨ ᠬᠥᠭᠵᠢᠯᠲᠡ ᠵᠢ ᠣᠷᠭ᠋ᠠᠨᠢᠭ ᠵᠶ᠋ᠠᠷ ᠠᠭᠤᠰᠤᠯᠴᠠᠭᠤᠯᠬᠤ ᠵᠢ ᠵᠣᠷᠢᠭᠵᠢᠭᠤᠯᠵᠤ᠂ ᠰᠠᠭᠤᠭ᠋ᠠᠯᠢ ᠠᠷᠠᠳ᠎ᠤᠨ ᠣᠷᠣᠯᠴᠠᠬᠤ ᠠᠷᠭ᠎ᠠ ᠮᠠᠶᠢᠭ᠎ᠢ ᠲᠡᠭᠦᠯᠳᠡᠷᠵᠢᠭᠦᠯᠦᠨ᠂ ᠦᠷᠭᠦᠯᠵᠢᠯᠡᠭᠰᠡᠨ ᠴᠢᠨᠠᠷᠲᠠᠶ ᠠᠰᠢᠭ ᠲᠤᠰᠠ ᠵᠢ ᠬᠠᠮᠲᠤ᠎ᠪᠠᠷ ᠭᠥᠷᠳᠡᠬᠦ ᠲᠣᠭᠲᠠᠴᠠ ᠵᠢ ᠪᠠᠶ᠋ᠢᠭᠤᠯᠤᠨ᠎ᠠ᠃ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠡᠵᠡᠮᠰᠢᠯ᠎ᠤᠨ ᠣᠷᠣᠨ᠎ᠤ ᠡᠵᠡᠩᠨᠡᠯᠲᠡ ᠵᠢᠨ ᠴᠢᠨᠠᠷᠲᠠᠶ ᠲᠥᠷᠥᠯ ᠵᠦᠢ᠍ᠯ᠎ᠢ ᠣᠨᠴᠠ ᠵᠥᠪᠰᠢᠶᠡᠷᠡᠬᠦ ᠡᠵᠡᠩᠨᠡᠯᠲᠡ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠦᠨ᠎ᠠ᠃ ᠠᠶᠤᠯᠲᠠᠶ ᠬᠠᠶᠠᠭᠳᠠᠮᠠᠯ ᠪᠣᠳᠠᠰ᠎ᠢ ᠣᠷᠣᠨ ᠪᠦᠰᠡ ᠠᠯᠤᠰᠯᠠᠨ ᠰᠢᠯᠵᠢᠭᠦᠯᠦᠨ ᠰᠢᠢ᠍ᠳᠪᠦᠷᠢᠯᠡᠬᠦ᠎ᠳᠤ ᠨᠥᠬᠦᠪᠥᠷᠢ ᠦᠭᠬᠦ ᠲᠣᠭᠲᠠᠴᠠ ᠵᠢ ᠰᠦᠪᠡᠭᠴᠢᠯᠡᠨ᠎ᠡ᠃
ᠲᠠᠪᠤ᠂ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠵᠢᠨ ᠢᠵᠢ ᠪᠦᠷᠢᠳᠦᠬᠦᠯᠬᠦ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂ ᠥᠭᠡᠷᠡᠴᠢᠯᠡᠯᠲᠡ ᠵᠢᠨ ᠬᠠᠮᠵᠢᠯᠴᠠᠭ᠎ᠠ ᠵᠢ ᠴᠢᠩᠭ᠋ᠠᠳᠬᠠᠨ᠎ᠠ
ᠬᠠᠮᠢᠶ᠎ᠠ ᠪᠥᠬᠦᠶ ᠬᠦᠷᠢᠶ᠎ᠡ ᠴᠠᠷᠠᠭ᠎ᠠ ᠵᠢᠨ ᠲᠦᠷᠢᠮ᠎ᠤᠨ ᠪᠠᠶ᠋ᠢᠭᠤᠯᠤᠯᠲᠠ ᠪᠣᠯᠤᠨ ᠪᠠᠶ᠋ᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠲᠦᠷᠭᠡᠳᠬᠡᠵᠦ᠂ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠳᠤ ᠨᠠᠩ ᠨᠠᠶ᠋ᠢᠳᠠᠪᠤᠷᠢᠲᠠᠶ ᠬᠠᠤᠯᠢᠵᠢᠯ᠎ᠤᠨ ᠪᠠᠲᠤᠯᠠᠭ᠎ᠠ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠪᠣᠯᠤᠨ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃
(ᠨᠢᠭᠡ) ᠬᠠᠤᠯᠢᠵᠢᠯ᠎ᠤᠨ ᠪᠠᠶ᠋ᠢᠭᠤᠯᠤᠯᠲᠠ ᠵᠢ ᠲᠦᠷᠭᠡᠳᠭᠡᠨ ᠠᠬᠢᠭᠤᠯᠤᠨ᠎ᠠ᠃ ᠣᠷᠴᠢᠨ ᠲᠤᠭᠤᠷᠢᠨ᠎ᠢ ᠬᠠᠮᠠᠭ᠋ᠠᠯᠠᠬᠤ ᠬᠠᠤᠯᠢ᠂ ᠬᠥᠬᠡᠮᠥ᠋ᠷᠡᠨ᠎ᠤ ᠬᠠᠮᠠᠭ᠋ᠠᠯᠠᠯᠲᠠ ᠵᠢᠨ ᠬᠠᠤᠯᠢ ᠵᠢᠴᠢ ᠤᠰᠤ᠂ ᠤᠢ ᠰᠢᠭᠤᠢ᠂ ᠨᠤᠲᠤᠭ ᠪᠡᠯᠴᠢᠭᠡᠷ᠂ ᠳᠠᠯᠠᠢ ᠲᠠᠩᠭᠢᠰ᠂ ᠵᠢᠭ᠋ᠠᠰᠤᠨ᠎ᠤ ᠦᠢ᠍ᠯᠡᠰ ᠵᠡᠷᠭᠡ ᠲᠠᠯ᠎ᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠨᠠᠶ᠋ᠢᠳᠠᠪᠤᠷᠢᠵᠢᠭᠤᠯᠤᠨ᠎ᠠ᠃ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠲᠦᠷᠢᠮ᠎ᠢ ᠲᠦᠷᠭᠡᠪᠴᠢᠯᠡᠨ ᠰᠤᠳᠤᠯᠤᠨ ᠲᠣᠭᠲᠠᠭ᠋ᠠᠵᠤ᠂ ᠠᠮᠢ ᠠᠬᠤᠢ ᠵᠢᠨ ᠠᠰᠢᠭ ᠬᠦᠷᠳᠡᠭᠴᠢ ᠪᠠ ᠠᠮᠢ ᠠᠬᠤᠢ ᠵᠢᠨ ᠬᠠᠮᠠᠭ᠋ᠠᠯᠠᠭᠴᠢ ᠵᠢᠨ ᠡᠷᠬᠡ ᠡᠭᠦᠷᠭᠡ ᠵᠢᠨ ᠬᠠᠷᠢᠴᠠᠭ᠎ᠠ ᠵᠢ ᠲᠣᠳᠣᠷᠬᠠᠢ ᠪᠣᠯᠭ᠋ᠠᠨ᠎ᠠ᠃ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠥᠷᠢ᠂ ᠴᠢᠬᠤᠯᠠ ᠰᠠᠪᠠ ᠭᠠᠵᠠᠷ ᠵᠢᠴᠢ ᠪᠤᠰᠤᠳ ᠠᠮᠢ ᠠᠬᠤᠢ ᠵᠢᠨ ᠴᠢᠳᠠᠮᠵᠢᠳᠤ ᠣᠷᠣᠨ᠎ᠤ ᠬᠤᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠤᠭᠳᠠᠭ᠋ᠠᠬᠤ ᠰᠤᠳᠤᠯᠭ᠋ᠠᠨ ᠥᠷᠨᠢᠭᠦᠯᠵᠦ᠂ ᠬᠠᠳᠤᠨ ᠭᠤᠣᠯ᠎ᠤᠨ ᠬᠠᠮᠠᠭ᠋ᠠᠯᠠᠯᠲᠠ ᠵᠢᠨ ᠬᠠᠤᠯᠢ ᠲᠣᠭᠲᠠᠭ᠋ᠠᠬᠤ ᠠᠬᠢᠴᠠ ᠵᠢ ᠲᠦᠷᠭᠡᠳᠬᠡᠨ᠎ᠡ᠃ ᠣᠷᠣᠨ ᠨᠤᠲᠤᠭ᠎ᠢ ᠵᠣᠷᠢᠭᠵᠢᠭᠤᠯᠤᠨ ᠵᠢᠯᠣᠭᠤᠳᠴᠤ ᠪᠠᠶ᠋ᠢᠭ᠋ᠠᠳ ᠲᠣᠰ ᠭᠠᠵᠠᠷ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠬᠠᠮᠢᠶ᠎ᠠ ᠪᠥᠬᠦᠶ ᠬᠠᠤᠯᠢ ᠲᠣᠭᠲᠠᠭ᠋ᠠᠯ ᠲᠦᠷᠢᠮ ᠲᠣᠭᠲᠠᠭ᠋ᠠᠯ ᠪᠤᠶᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠨᠡᠶ᠋ᠢᠲᠡᠯᠡᠨ᠎ᠡ᠃ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢ ᠴᠢᠩᠭ᠋ᠠᠳᠬᠠᠵᠤ᠂ ᠬᠠᠤᠯᠢ ᠶᠣᠰᠣᠭ᠋ᠠᠷ ᠠᠮᠢ ᠠᠬᠤᠢ ᠵᠢᠨ ᠬᠠᠮᠠᠭ᠋ᠠᠯᠠᠯᠲᠠ ᠵᠢᠨ ᠡᠭᠦᠷᠭᠡ᠎ᠪᠠᠨ ᠭᠦᠢ᠍ᠴᠡᠳᠬᠡᠬᠦ ᠬᠠᠤᠯᠢᠵᠢᠯ᠎ᠤᠨ ᠤᠷᠴᠢᠨ᠎ᠢ ᠪᠣᠢ ᠪᠣᠯᠭ᠋ᠠᠨ᠎ᠠ᠃
(ᠬᠤᠶᠠᠷ) ᠠᠮᠢ ᠠᠬᠤᠶ ᠣᠷᠴᠢᠨ ᠲᠣᠭᠤᠷᠢᠨ᠎ᠢ ᠬᠢᠨᠠᠨ ᠬᠡᠮᠵᠢᠬᠦ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠨᠢᠭᠡᠳᠦᠯᠲᠡᠶ ᠪᠠᠶ᠋ᠢᠭ᠋ᠠᠯᠢ ᠵᠢᠨ ᠡᠬᠢ ᠪᠠᠶᠠᠯᠢᠭ᠎ᠢ ᠪᠠᠶ᠋ᠢᠴᠠᠭ᠋ᠠᠵᠤ ᠬᠢᠨᠠᠨ ᠬᠡᠮᠵᠢᠬᠦ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠢ ᠲᠠᠰ ᠬᠤᠪᠢᠶᠠᠵᠤ ᠲᠤᠬᠳᠠᠭ᠋ᠠᠬᠤ ᠪᠠ ᠪᠥᠬᠦ ᠠᠷᠠᠳ᠎ᠤᠨ ᠥᠮᠴᠢᠯᠡᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢ ᠰᠢᠯᠭ᠋ᠠᠨ ᠪᠠᠶ᠋ᠢᠴᠠᠭ᠋ᠠᠬᠤ ᠠᠵᠢᠯ᠎ᠢ ᠥᠷᠨᠢᠭᠦᠯᠦᠨ᠎ᠡ᠃ ᠠᠮᠢ ᠠᠬᠤᠶ ᠵᠢᠨ ᠣᠷᠴᠢᠨ ᠲᠣᠭᠤᠷᠢᠨ᠎ᠢ ᠬᠢᠨᠠᠨ ᠬᠡᠮᠵᠢᠬᠦ ᠨᠢᠭᠡᠳᠦᠯᠲᠡᠶ ᠲᠤᠤᠷ ᠰᠦᠯᠵᠢᠶ᠎ᠡ ᠵᠢ ᠪᠦᠷᠢᠨᠰᠢᠬᠦᠯᠵᠦ᠂ ᠪᠥᠬᠦ ᠤᠯᠤᠰ᠎ᠤᠨ ᠴᠢᠬᠤᠯᠠ ᠤᠰᠤᠨ ᠴᠣᠭᠴᠠ᠂ ᠭᠤᠤᠯᠳᠠᠯᠭ᠎ᠠ᠎ᠲᠠᠢ ᠣᠷᠣᠨ ᠪᠦᠰᠡ᠂ ᠭᠤᠤᠯᠳᠠᠯᠭ᠎ᠠ᠎ᠲᠠᠢ ᠠᠮᠢ ᠠᠬᠤᠶ ᠵᠢᠨ ᠴᠢᠳᠠᠮᠵᠢᠳᠣ ᠣᠷᠣᠨ ᠪᠠ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠵᠡᠷᠭᠡ ᠤᠯᠤᠰ᠎ᠤᠨ ᠠᠮᠢ ᠠᠬᠤᠶ ᠵᠢᠨ ᠣᠷᠴᠢᠨ ᠲᠣᠭᠤᠷᠢᠨ᠎ᠢ ᠬᠢᠨᠠᠨ ᠬᠡᠮᠵᠢᠬᠦ ᠪᠠᠶ᠋ᠢᠷᠢ ᠴᠡᠭ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠦᠨ᠂ ᠠᠦ᠋ᠲ᠋ᠣᠴᠢᠯᠠᠭᠰᠠᠨ ᠬᠢᠨᠠᠨ ᠬᠡᠮᠵᠢᠵᠤ ᠰᠡᠷᠡᠮᠵᠢᠯᠡᠭᠦᠯᠬᠦ ᠴᠢᠳᠠᠪᠤᠷᠢ ᠵᠢ ᠳᠡᠭᠡᠭᠰᠢᠯᠡᠭᠦᠯᠵᠦ᠂ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠬᠢᠨᠠᠨ ᠬᠡᠮᠵᠢᠬᠦ ᠲᠤᠯᠭ᠋ᠠᠭᠤᠷᠢᠯᠠᠬᠤ ᠰᠢᠰᠲ᠋ᠧᠮ᠎ᠢ ᠲᠦᠷᠭᠡᠳᠬᠡᠨ ᠲᠡᠭᠦᠯᠳᠡᠷᠵᠢᠭᠦᠯᠵᠦ᠂ ᠪᠥᠬᠦ ᠤᠯᠤᠰ᠎ᠤᠨ ᠠᠮᠢ ᠠᠬᠤᠶ ᠵᠢᠨ ᠶᠠᠰᠤ ᠴᠢᠨᠠᠷ᠎ᠢ ᠬᠢᠨᠠᠨ ᠬᠡᠮᠵᠢᠵᠤ ᠦᠨᠡᠯᠡᠬᠦ ᠵᠢ ᠥᠷᠨᠢᠭᠦᠯᠬᠦ ᠵᠢ ᠠᠬᠢᠭᠤᠯᠤᠨ᠎ᠠ᠃ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠲᠤᠭ᠎ᠠ ᠪᠦᠷᠢᠳᠬᠡᠯ᠎ᠤᠨ ᠭᠦᠢ᠍ᠴᠡᠳᠬᠡᠯ ᠲᠤᠭ᠎ᠠ ᠵᠢᠨ ᠰᠢᠰᠲ᠋ᠧᠮ ᠪᠠ ᠮᠡᠳᠡᠭᠡ ᠵᠠᠩᠭᠢ ᠨᠡᠶ᠋ᠢᠲᠡᠯᠡᠬᠦ ᠳᠦᠷᠢᠮ᠎ᠢ ᠪᠠᠶ᠋ᠢᠭᠤᠯᠤᠨ᠎ᠠ᠃
(ᠭᠤᠷᠪᠠ) ᠡᠳ᠋᠎ᠤᠨ ᠵᠠᠰᠠᠭ ᠭᠠᠶ᠋ᠢᠯᠢ ᠵᠢᠨ ᠲᠥᠷᠥ ᠵᠢᠨ ᠪᠣᠳᠣᠯᠭ᠎ᠠ ᠵᠢᠨ ᠲᠣᠬᠢᠷᠠᠭᠤᠯᠬᠤ ᠴᠢᠳᠠᠮᠵᠢ ᠵᠢ ᠪᠠᠳᠠᠷᠠᠭᠤᠯᠤᠨ᠎ᠠ᠃ ᠡᠬᠢ ᠪᠠᠶᠠᠯᠢᠭ᠎ᠤᠨ ᠭᠠᠶ᠋ᠢᠯᠢ᠂ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠭᠠᠶ᠋ᠢᠯᠢ ᠵᠡᠷᠭᠡ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠠᠮᠢᠶ᠎ᠠ ᠪᠥᠬᠦᠶ ᠭᠠᠶ᠋ᠢᠯᠢ ᠰᠦᠢ᠍ᠳᠭᠡᠯ ᠵᠢᠴᠢ ᠭᠠᠵᠠᠷ ᠰᠢᠷᠣᠶ᠂ ᠠᠭᠤᠷᠬᠠᠶ ᠵᠢᠨ ᠭᠠᠷᠤᠯᠲᠠ᠂ ᠲᠡᠯᠡᠶ ᠲᠠᠩᠭᠢᠰ ᠵᠡᠷᠭᠡ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢᠨ ᠠᠰᠢᠭ ᠣᠯᠵᠠᠪᠤᠷᠢ ᠵᠢᠨ ᠬᠠᠮᠢᠶᠠᠷᠤᠯᠲᠠ ᠵᠢᠨ ᠲᠦᠷᠢᠮ᠎ᠤᠨ ᠲᠣᠬᠢᠷᠠᠭᠤᠯᠬᠤ ᠦᠢ᠍ᠯᠡᠳᠦᠯ᠎ᠢ ᠪᠠᠳᠠᠷᠠᠭᠤᠯᠤᠨ᠎ᠠ᠃ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠤᠨ᠎ᠠ᠃ ᠡᠨᠧᠷᠭᠢ ᠠᠷᠪᠢᠯᠠᠵᠤ ᠣᠷᠴᠢᠨ ᠲᠣᠭᠤᠷᠢᠨ᠎ᠢ ᠬᠠᠮᠠᠭ᠋ᠠᠯᠠᠬᠤ᠂ ᠰᠢᠨ᠎ᠡ ᠡᠨᠧᠷᠭᠢ᠂ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ ᠵᠡᠷᠭᠡ ᠬᠠᠮᠢᠶ᠎ᠠ ᠪᠦᠬᠦᠢ ᠬᠦᠷᠢᠶᠡᠨ᠎ᠤ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠲᠥᠰᠦᠪ᠎ᠤᠨ ᠵᠠᠷᠤᠯᠭ᠎ᠠ᠎ᠳᠠᠬᠢ ᠠᠮᠢ ᠠᠬᠤᠢ ᠤᠷᠴᠢᠨ ᠳᠤᠭᠤᠷᠢᠨ᠎ᠤ ᠬᠠᠮᠠᠭ᠋ᠠᠯᠠᠯᠲᠠ ᠵᠢᠨ ᠲᠠᠯ᠎ᠠ ᠵᠢᠨ ᠦᠨᠡᠯᠡᠨ ᠵᠢᠱ᠌ᠢᠬᠦ ᠠᠵᠢᠯ᠎ᠢ ᠠᠯᠬᠤᠮ ᠠᠯᠬᠤᠮ ᠵᠶ᠋ᠠᠷ ᠬᠠᠶ᠋ᠢᠨ ᠰᠦᠪᠡᠭᠴᠢᠯᠡᠨ᠎ᠡ᠃ ᠵᠠᠰᠠᠭ᠎ᠤᠨ ᠣᠷᠳᠣᠨ᠎ᠤ ᠪᠣᠬᠢᠷᠲᠤᠯ ᠥᠬᠡᠶ ᠬᠤᠳᠠᠯᠳᠤᠨ ᠠᠪᠠᠨ᠋ᠥ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠪᠣᠬᠢᠷᠲᠤᠯ ᠥᠬᠡᠶ ᠬᠤᠳᠠᠯᠳᠤᠨ ᠠᠪᠠᠨ᠋ᠥ ᠵᠢᠨ ᠬᠥᠲᠥᠯᠦᠨ ᠵᠢᠯᠣᠭᠤᠳᠬᠤ ᠲᠣᠭᠲᠠᠴᠠ ᠵᠢ ᠪᠠᠶ᠋ᠢᠭᠤᠯᠤᠨ᠂ ᠪᠣᠬᠢᠷᠲᠤᠯ ᠥᠬᠡᠶ ᠦᠢ᠍ᠯᠡᠳᠭᠦᠨ᠎ᠢ ᠬᠤᠳᠠᠯᠳᠤᠨ ᠠᠪᠠᠨ᠋ᠥ ᠡᠷᠴᠢᠮ᠎ᠢ ᠴᠢᠩᠭ᠋ᠠᠷᠠᠭᠤᠯᠵᠤ᠂ ᠪᠣᠬᠢᠷᠲᠤᠯ ᠥᠬᠡᠶ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠪᠣᠬᠢᠷᠲᠤᠯ ᠥᠬᠡᠶ ᠪᠠᠷᠢᠯᠭ᠎ᠠ ᠵᠢᠨ ᠮᠠᠲ᠋ᠧᠷᠢᠶᠠᠯ᠂ ᠪᠣᠬᠢᠷᠲᠤᠯ ᠥᠬᠡᠶ ᠪᠠᠷᠢᠯᠭ᠎ᠠ ᠵᠢᠨ ᠬᠥᠭᠵᠢᠯᠲᠡ ᠵᠢ ᠳᠡᠮᠵᠢᠨ᠎ᠡ᠃
(ᠳᠥᠷᠪᠡ) ᠬᠠᠮᠢᠶ᠎ᠠ ᠪᠦᠬᠦᠢ ᠢᠵᠢ ᠪᠦᠷᠢᠳᠦᠬᠦᠯᠬᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠎ᠡ᠃ ᠡᠵᠡᠯᠡᠨ ᠬᠡᠷᠡᠭᠯᠡᠭᠰᠡᠨ ᠨᠥᠬᠦᠪᠥᠷᠢ᠂ ᠬᠤᠬᠢᠷᠠᠯ᠎ᠤᠨ ᠲᠥᠯᠥᠪᠦᠷᠢ ᠬᠢᠭᠡᠳ ᠬᠠᠮᠠᠭ᠋ᠠᠯᠠᠯᠲᠠ ᠵᠢᠨ ᠨᠥᠬᠦᠪᠥᠷᠢ ᠵᠢ ᠬᠠᠮᠵᠢᠯᠴᠠᠭᠤᠯᠤᠨ ᠠᠬᠢᠭᠤᠯᠬᠤ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠲᠣᠭᠲᠠᠴᠠ ᠵᠢ ᠪᠠᠶ᠋ᠢᠭᠤᠯᠤᠨ᠎ᠠ᠃ ᠡᠯ᠎ᠡ ᠲᠦᠷᠦᠯ᠎ᠤᠨ ᠪᠠᠶ᠋ᠢᠭ᠋ᠠᠯᠢ ᠵᠢᠨ ᠠᠮᠢ ᠠᠬᠤᠢ ᠵᠢᠨ ᠣᠷᠣᠨ ᠵᠠᠢ ᠵᠢ ᠬᠠᠤᠯᠢ ᠶᠤᠰᠤᠭ᠋ᠠᠷ ᠡᠵᠡᠯᠡᠨ ᠬᠡᠷᠡᠭᠯᠡᠬᠦ ᠨᠥᠬᠦᠪᠥᠷᠢ ᠵᠢᠨ ᠲᠦᠷᠢᠮ᠎ᠢ ᠪᠠᠶ᠋ᠢᠭᠤᠯᠤᠨ ᠪᠦᠷᠢᠨᠰᠢᠭᠦᠯᠦᠨ᠎ᠡ᠃ ᠪᠣᠬᠢᠷᠲᠤᠯ ᠥᠬᠡᠶ ᠪᠦᠲᠦᠭᠡᠭᠳᠡᠬᠦᠨ᠎ᠢ ᠨᠢᠭᠡᠳᠦᠯᠲᠡᠶ ᠦᠨᠡᠯᠡᠬᠦ ᠪᠠᠷᠢᠮᠵᠢᠶ᠎ᠠ᠂ ᠪᠣᠬᠢᠷᠲᠤᠯ ᠥᠬᠡᠶ ᠪᠦᠲᠦᠭᠡᠭᠳᠡᠬᠦᠨ᠎ᠤ ᠭᠡᠷᠡᠴᠢᠯᠡᠯ ᠵᠢᠴᠢ ᠢᠯᠭ᠋ᠠᠬᠤ ᠲᠡᠮᠳᠡᠭ᠎ᠤᠨ ᠰᠢᠰᠲ᠋ᠧᠮ᠎ᠢ ᠠᠯᠬᠤᠮ ᠠᠯᠬᠤᠮ ᠵᠶ᠋ᠠᠷ ᠪᠠᠶ᠋ᠢᠭᠤᠯᠵᠤ᠂ ᠭᠠᠵᠠᠷ ᠵᠦᠶ ᠵᠢᠨ ᠲᠡᠮᠳᠡᠭ᠎ᠢ ᠬᠠᠮᠠᠭ᠋ᠠᠯᠠᠬᠤ ᠲᠦᠷᠢᠮ᠎ᠢ ᠪᠦᠷᠢᠨᠰᠢᠭᠦᠯᠦᠨ᠎ᠡ᠃ ᠪᠣᠬᠢᠷᠲᠤᠯ ᠦᠭᠡᠢ ᠴᠠᠬᠢᠯᠭ᠋ᠠᠨ ᠬᠦᠴᠦᠨ᠎ᠤ ᠦᠢ᠍ᠯᠡᠳᠪᠦᠷᠢᠯᠡᠯ᠂ ᠬᠡᠷᠡᠭᠯᠡᠭᠡᠨ᠎ᠤ ᠦᠨᠡᠮᠯᠡᠯ᠎ᠤᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠴᠢᠬᠤᠯᠠ ᠶᠡᠭᠡ ᠢᠨᠵᠧᠨᠧᠷᠢᠩ᠎ᠢ ᠶᠡᠭᠡ᠎ᠪᠠᠷ ᠬᠡᠷᠡᠭᠵᠢᠭᠦᠯᠦᠨ᠎ᠡ᠃ ᠬᠡᠭᠡᠷ᠎ᠡ ᠵᠢᠨ ᠠᠮᠢᠲᠠᠨ᠎ᠤ ᠤᠴᠠᠷᠠᠭᠤᠯᠤᠭᠰᠠᠨ ᠬᠤᠤᠷ ᠬᠥᠨᠥᠭᠡᠯ᠎ᠢ ᠪᠦᠲᠦᠮᠵᠢᠲᠡᠶ ᠰᠡᠷᠭᠡᠶ᠋ᠢᠯᠡᠨ ᠡᠵᠡᠮᠳᠡᠵᠦ᠂ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠬᠠᠮᠠᠭ᠋ᠠᠯᠠᠯᠳᠠ ᠵᠢᠨ ᠬᠡᠭᠡᠷ᠎ᠡ ᠵᠢᠨ ᠠᠮᠢᠲᠠᠨ᠎ᠤ ᠤᠴᠠᠷᠠᠭᠤᠯᠤᠭᠰᠠᠨ ᠦᠬᠦᠯ ᠰᠢᠷᠬᠠᠲᠤᠯ᠂ ᠲᠠᠷᠢᠮᠠᠯ ᠪᠤᠶᠤ ᠪᠤᠰᠤᠳ ᠡᠳ᠋ ᠬᠥᠷᠥᠩᠭᠡ ᠵᠢᠨ ᠬᠤᠬᠢᠷᠠᠯ᠎ᠳᠤ ᠬᠡᠭᠡᠷ᠎ᠡ ᠵᠢᠨ ᠠᠮᠢᠲᠠᠨ᠎ᠤ ᠤᠴᠠᠷᠠᠭᠤᠯᠤᠭᠰᠠᠨ ᠬᠤᠤᠷ ᠬᠥᠨᠥᠭᠡᠯ᠎ᠤᠨ ᠨᠥᠬᠦᠪᠥᠷᠢ ᠵᠢ ᠬᠠᠤᠯᠢ ᠶᠣᠰᠣᠭ᠋ᠠᠷ ᠥᠷᠨᠢᠭᠦᠯᠦᠨ᠎ᠡ᠃ ᠠᠮᠢ ᠠᠬᠤᠶ ᠵᠢᠨ ᠬᠠᠮᠠᠭ᠋ᠠᠯᠠᠯᠲᠠ᠂ ᠣᠷᠴᠢᠨ ᠲᠣᠭᠤᠷᠢᠨ᠎ᠤ ᠵᠠᠰᠠᠯᠲᠠ ᠪᠣᠯᠤᠨ ᠠᠭᠤᠷ ᠠᠮᠢᠰᠬᠤᠯ᠎ᠤᠨ ᠬᠤᠪᠢᠷᠠᠯᠲᠠ ᠵᠡᠷᠭᠡ ᠬᠦᠷᠢᠶᠡᠨ᠎ᠳᠠᠬᠢ ᠣᠯᠠᠨ ᠤᠯᠤᠰ᠎ᠤᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠵᠢ ᠢᠳᠡᠪᠬᠢᠲᠡᠶ ᠠᠬᠢᠭᠤᠯᠵᠤ᠂ ᠠᠮᠢ ᠠᠬᠤᠶ ᠵᠢᠨ ᠬᠠᠮᠠᠭ᠋ᠠᠯᠠᠯᠲᠠ᠎ᠳᠤ ᠨᠥᠬᠦᠪᠥᠷᠢ ᠵᠢᠨ ᠬᠤᠯᠪᠣᠭᠳᠠᠯ ᠪᠥᠬᠦᠶ ᠮᠡᠷᠭᠡᠵᠢᠯ᠎ᠤᠨ ᠠᠷᠭ᠎ᠠ ᠵᠡᠷᠭᠡ ᠬᠠᠮᠲᠤᠷᠠᠭᠰᠠᠨ ᠰᠤᠳᠤᠯᠭ᠋ᠠᠨ᠎ᠢ ᠥᠷᠨᠢᠭᠦᠯᠦᠨ᠎ᠡ᠃
ᠵᠢᠷᠭᠤᠭ᠎ᠠ᠂ ᠠᠮᠢ ᠠᠬᠤᠶ ᠵᠢᠨ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢᠨ ᠤᠬᠠᠮᠰᠠᠷ᠎ᠢ ᠪᠠᠲᠤ ᠪᠣᠶ ᠪᠣᠯᠭ᠋ᠠᠵᠤ᠂ ᠤᠷᠮᠠᠰᠢᠭᠤᠯᠬᠤ ᠪᠠ ᠬᠢᠵᠠᠭ᠋ᠠᠷᠯᠠᠬᠤ ᠵᠢ ᠴᠢᠩᠭ᠋ᠠᠳᠬᠠᠨ᠎ᠠ
ᠠᠮᠢ ᠠᠬᠤᠢ ᠵᠢᠨ ᠬᠠᠮᠠᠭ᠋ᠠᠯᠠᠯᠲᠠ ᠵᠢᠨ ᠰᠢᠯᠭ᠋ᠠᠨ ᠦᠨᠡᠯᠡᠬᠦ ᠰᠢᠰᠲ᠋ᠧᠮ᠎ᠢ ᠪᠦᠷᠢᠨᠰᠢᠬᠦᠯᠵᠤ᠂ ᠰᠢᠯᠭ᠋ᠠᠨ ᠦᠨᠡᠯᠡᠭᠰᠡᠨ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠤᠷᠢᠨ᠎ᠢ ᠬᠤᠬᠢᠷᠠᠭᠤᠯᠤᠭᠰᠠᠨ ᠬᠠᠷᠢᠭᠤᠴᠠᠯᠭ᠎ᠠ ᠵᠢ ᠴᠢᠩᠭ᠎ᠠ ᠨᠡᠬᠡᠮᠵᠢᠯᠡᠵᠦ᠂ ᠡᠯ᠎ᠡ ᠲᠠᠯ᠎ᠠ ᠵᠢᠨ᠎ᠬᠢᠨ᠎ᠤ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠵᠤ᠂ ᠲᠤᠰ ᠲᠤᠰ᠎ᠤᠨ ᠡᠭᠦᠷᠭᠡ᠎ᠪᠠᠨ ᠦᠨᠡᠨ ᠬᠦ᠌ ᠭᠦᠢ᠍ᠴᠡᠳᠬᠡᠬᠦ ᠵᠢ ᠠᠬᠢᠭᠤᠯᠤᠨ᠎ᠠ᠃
(ᠨᠢᠭᠡ) ᠭᠤᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ ᠭᠤᠣᠯ ᠴᠣᠭᠴᠠ ᠵᠢᠨ ᠬᠠᠷᠢᠭᠤᠴᠠᠯᠭ᠎ᠠ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠵᠥᠪ ᠠᠵᠢᠯ᠎ᠤᠨ ᠠᠮᠵᠢᠯᠲᠠ ᠵᠢᠨ ᠦᠵᠡᠯᠲᠡ ᠵᠢ ᠪᠤᠢ ᠪᠣᠯᠭ᠋ᠠᠵᠤ᠂ ᠤᠳᠤᠷᠢᠳᠬᠤ ᠺᠠᠳ᠋ᠷ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠬᠠᠷᠢᠭᠤᠴᠠᠯᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ᠎ᠤᠨ ᠪᠠᠶ᠋ᠢᠷᠢ᠎ᠳᠤ ᠬᠤᠣᠰ ᠬᠠᠷᠢᠭᠤᠴᠠᠯᠭ᠎ᠠ ᠡᠭᠦᠷᠭᠡᠯᠡᠬᠦ ᠵᠢ ᠴᠢᠩᠭ᠎ᠠ ᠬᠡᠷᠡᠭᠵᠢᠭᠦᠯᠵᠦ᠂ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢ ᠴᠢᠩᠭ᠋ᠠᠳᠬᠠᠵᠤ᠂ ᠢᠳᠡᠪᠬᠢᠲᠡᠢ ᠰᠦᠪᠡᠭᠴᠢᠯᠡᠨ ᠦᠢ᠍ᠯᠡᠳᠦᠯᠭᠡᠵᠢᠭᠦᠯᠵᠦ᠂ ᠥᠭᠡᠷᠡᠴᠢᠯᠡᠯᠲᠡ ᠵᠢᠨ ᠡᠭᠦᠷᠭᠡ ᠵᠢ ᠨᠠᠷᠢᠯᠢᠭ ᠪᠣᠳᠠᠲᠠᠢ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠳᠦᠷᠢᠮ᠎ᠤᠨ ᠪᠠᠶ᠋ᠢᠭᠤᠯᠤᠯᠲᠠ᠎ᠪᠠᠨ ᠴᠢᠩᠭ᠋ᠠᠳᠬᠠᠵᠤ᠂ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠠᠵᠢᠯ᠎ᠤᠨ ᠶᠠᠮᠤᠨ᠎ᠤ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠳᠦᠷᠢᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠥᠭᠡᠷᠡᠴᠢᠯᠡᠯᠲᠡ ᠵᠢᠨ ᠶᠠᠪᠤᠴᠠ᠎ᠳᠠᠬᠢ ᠴᠢᠬᠤᠯᠠ ᠠᠰᠠᠭᠤᠳᠠᠯ᠎ᠢ ᠴᠠᠭ ᠲᠤᠬᠠᠶ᠎ᠳᠤᠨᠢ ᠰᠤᠳᠤᠯᠤᠨ ᠰᠢᠢ᠍ᠳᠪᠦᠷᠢᠯᠡᠬᠦ ᠬᠡᠷᠡᠭᠲᠡᠶ᠃ ᠡᠳ᠋᠎ᠤᠨ ᠵᠠᠰᠠᠭ᠎ᠤᠨ ᠶᠠᠮᠤᠨ᠂ ᠠᠮᠢ ᠠᠬᠤᠶ ᠣᠷᠴᠢᠨ ᠲᠣᠭᠤᠷᠢᠨ ᠤ ᠶᠠᠮᠤᠨ ᠥᠭᠡᠷᠡᠴᠢᠯᠡᠯᠲᠡ ᠵᠢᠨ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠵᠣᠬᠢᠴᠠᠭᠤᠯᠤᠨ ᠠᠬᠢᠭᠤᠯᠬᠤ ᠬᠡᠷᠡᠭᠲᠡᠶ᠃ ᠠᠮᠢ ᠠᠬᠤᠶ ᠵᠢᠨ ᠬᠠᠮᠠᠭ᠋ᠠᠯᠠᠯᠲᠠ ᠵᠢᠨ ᠭᠠᠵᠠᠷ ᠣᠷᠣᠨ᠎ᠤ ᠪᠠᠶ᠋ᠢᠭ᠎ᠠ ᠭᠠᠵᠠᠷ᠎ᠤᠨ ᠵᠠᠰᠠᠭ᠎ᠤᠨ ᠣᠷᠳᠣᠨ᠎ᠨᠢ ᠡᠯ᠎ᠡ ᠠᠷᠭ᠎ᠠ ᠵᠠᠮ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠵᠦ᠂ ᠠᠮᠢ ᠠᠬᠤᠶ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠡᠷᠴᠢᠮ ᠵᠶ᠋ᠠᠨ ᠴᠢᠩᠭ᠋ᠠᠷᠠᠭᠤᠯᠤᠨ᠂ ᠨᠥᠬᠦᠪᠥᠷᠢ ᠵᠢᠨ ᠲᠥᠷᠥ ᠵᠢᠨ ᠪᠣᠳᠣᠯᠭ᠎ᠠ ᠵᠢ ᠭᠥᠷᠳᠡᠬᠦ ᠵᠢᠨ ᠳᠠᠭ᠋ᠠᠤ ᠠᠮᠢ ᠠᠬᠤᠶ ᠵᠢᠨ ᠣᠷᠴᠢᠨ ᠲᠣᠭᠤᠷᠢᠨ᠎ᠢ ᠡᠪᠳᠡᠬᠦ ᠵᠢ ᠡᠷᠡᠰ ᠬᠤᠷᠢᠬᠯᠠᠬᠤ ᠬᠡᠷᠡᠭᠳᠠᠢ᠃ ᠠᠮᠢ ᠠᠬᠤᠶ ᠵᠢᠨ ᠠᠰᠢᠭ ᠬᠦᠷᠲᠡᠬᠦ ᠭᠠᠵᠠᠷ ᠣᠷᠣᠨ᠎ᠨᠤᠭᠤᠳ ᠨᠥᠬᠦᠪᠥᠷᠢᠯᠡᠬᠦ ᠦᠵᠡᠯ ᠤᠬᠠᠮᠰᠠᠷ ᠵᠶ᠋ᠠᠨ ᠤᠬᠠᠮᠰᠠᠷ᠎ᠠᠴᠠ᠎ᠪᠠᠨ ᠴᠢᠩᠭ᠋ᠠᠷᠠᠭᠤᠯᠵᠤ᠂ ᠨᠥᠬᠦᠪᠥᠷᠢ ᠦᠭᠬᠦ ᠬᠠᠷᠢᠭᠤᠴᠠᠯᠭ᠎ᠠ᠎ᠪᠠᠨ ᠢᠳᠡᠪᠬᠢᠲᠡᠶ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠭᠦᠢ᠍ᠴᠡᠳᠬᠡᠬᠦ ᠬᠡᠷᠡᠭᠲᠡᠶ᠃
(ᠬᠤᠶᠠᠷ) ᠰᠢᠯᠭ᠋ᠠᠨ ᠦᠨᠡᠯᠡᠬᠦ ᠲᠣᠭᠲᠠᠴᠠ ᠵᠢ ᠪᠦᠷᠢᠨᠰᠢᠭᠦᠯᠦᠨ᠎ᠡ᠃ ᠠᠮᠢ ᠠᠬᠤᠶ ᠵᠢᠨ ᠣᠷᠴᠢᠨ ᠲᠣᠭᠤᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠬᠢᠭᠡᠳ ᠰᠢᠯᠭ᠋ᠠᠨ ᠦᠨᠡᠯᠡᠬᠦ ᠰᠢᠰᠲ᠋ᠧᠮ᠎ᠢ ᠪᠦᠷᠢᠨᠰᠢᠬᠦᠯᠥᠭᠰᠡᠨ ᠰᠠᠭᠤᠷᠢᠨ ᠳᠡᠭᠡᠷ᠎ᠡ᠂ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠥᠭᠬᠦ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠪᠠ ᠠᠮᠢ ᠠᠬᠤᠶ ᠵᠢᠨ ᠬᠠᠮᠠᠭ᠋ᠠᠯᠠᠯᠲᠠ ᠵᠢᠨ ᠠᠵᠢᠯ᠎ᠤᠨ ᠦᠷ᠎ᠡ ᠪᠦᠲᠦᠮᠵᠢ ᠵᠢ ᠶᠡᠷᠦᠩᠬᠡᠶ᠋ᠢᠯᠡᠨ ᠦᠨᠡᠯᠡᠵᠦ᠂ ᠦᠨᠡᠯᠡᠭᠰᠡᠨ ᠦᠷ᠎ᠡ ᠳ᠋ᠦᠩ ᠬᠢᠭᠡᠳ ᠰᠢᠯᠵᠢᠭᠦᠯᠦᠨ ᠥᠭᠬᠦ ᠪᠠᠯᠠ ᠮᠥᠩᠭᠦ ᠵᠢᠨ ᠬᠤᠪᠢᠶᠠᠷᠢᠯᠠᠯᠲᠠ ᠵᠢ ᠬᠤᠯᠪᠣᠭᠰᠠᠨ ᠤᠷᠮᠠᠰᠢᠭᠤᠯᠵᠤ ᠬᠢᠵᠠᠭ᠋ᠠᠷᠯᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠲᠣᠭᠲᠠᠭ᠋ᠠᠯ ᠶᠣᠰᠣᠭ᠋ᠠᠷ ᠬᠤᠯᠪᠣᠭᠳᠠᠯ ᠪᠥᠬᠦᠶ ᠡᠭᠦᠳᠦᠨ ᠪᠠᠶ᠋ᠢᠭᠤᠯᠵᠤ ᠠᠳᠠᠯᠢᠳᠬᠠᠨ ᠰᠢᠯᠭ᠋ᠠᠷᠠᠭᠤᠯᠬᠤ ᠵᠢ ᠥᠷᠨᠢᠭᠦᠯᠵᠦ᠂ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ ᠠᠮᠢ ᠠᠬᠤᠶ ᠵᠢᠨ ᠬᠠᠮᠠᠭ᠋ᠠᠯᠠᠯᠲᠠ ᠵᠢᠨ ᠠᠵᠢᠯ᠎ᠤᠨ ᠦᠷ᠎ᠡ ᠪᠦᠲᠦᠮᠵᠢ ᠵᠢ ᠴᠢᠬᠤᠯᠠ ᠠᠭᠤᠯᠭ᠎ᠠ ᠪᠣᠯᠭ᠋ᠠᠬᠤ ᠬᠡᠷᠡᠭᠲᠡᠶ᠃ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠪᠠᠯᠠ ᠮᠥᠩᠭᠦ ᠵᠢᠨ ᠪᠥᠬᠦ ᠲᠠᠯ᠎ᠠ ᠵᠢᠨ ᠲᠥᠰᠦᠪ᠎ᠲᠤ ᠠᠵᠢᠯ᠎ᠤᠨ ᠪᠦᠲᠦᠮᠵᠢ ᠵᠢᠨ ᠬᠠᠮᠢᠶᠠᠷᠤᠯᠲᠠ ᠬᠢᠬᠦ ᠵᠢ ᠠᠬᠢᠭᠤᠯᠤᠨ᠎ᠠ᠃ ᠠᠮᠢ ᠠᠬᠤᠶ ᠵᠢᠨ ᠣᠷᠴᠢᠨ ᠲᠣᠭᠤᠷᠢᠨ᠎ᠤ ᠶᠠᠰᠤ ᠴᠢᠨᠠᠷ᠎ᠢ ᠬᠢᠨᠠᠨ ᠬᠡᠮᠵᠢᠭᠰᠡᠨ ᠬᠢᠭᠡᠳ ᠰᠢᠯᠭ᠋ᠠᠨ ᠦᠨᠡᠯᠡᠭᠰᠡᠨ ᠦᠷ᠎ᠡ ᠳ᠋ᠦᠩ᠎ᠢ ᠢᠯᠡ ᠪᠣᠯᠭ᠋ᠠᠬᠤ ᠡᠷᠴᠢᠮ᠎ᠢ ᠴᠢᠩᠭ᠋ᠠᠷᠠᠭᠤᠯᠤᠨ᠎ᠠ᠃ ᠠᠮᠢ ᠠᠬᠤᠢ ᠣᠷᠴᠢᠨ ᠲᠤᠭᠤᠷᠢᠨ ᠪᠠ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠰᠠᠶ᠋ᠢᠵᠢᠷᠠᠭᠤᠯᠤᠭᠰᠠᠨ ᠪᠠᠶ᠋ᠢᠳᠠᠯ ᠵᠡᠷᠭᠡ ᠵᠢ ᠵᠠᠰᠠᠭ᠎ᠤᠨ ᠠᠵᠢᠯ᠎ᠤᠨ ᠪᠦᠲᠦᠮᠵᠢ ᠵᠢ ᠬᠢᠨᠠᠨ ᠰᠢᠯᠭ᠋ᠠᠬᠤ ᠰᠢᠰᠲ᠋ᠧᠮ᠎ᠳᠤ ᠣᠷᠣᠭᠤᠯᠤᠨ᠎ᠠ᠃ ᠣᠷᠣᠨ ᠨᠤᠲᠤᠭ᠎ᠤᠨ᠎ᠬᠢᠨ᠎ᠤ ᠪᠣᠬᠢᠷᠲᠤᠯ ᠥᠬᠡᠶ ᠠᠵᠢᠯ᠎ᠤᠨ ᠪᠦᠲᠦᠮᠵᠢ ᠵᠢ ᠰᠢᠯᠭ᠋ᠠᠨ ᠦᠨᠡᠯᠡᠬᠦ ᠲᠣᠭᠲᠠᠴᠠ ᠵᠢ ᠰᠦᠪᠡᠭᠴᠢᠯᠡᠨ ᠪᠠᠶ᠋ᠢᠭᠤᠯᠬᠤ ᠵᠢ ᠵᠣᠷᠢᠭᠵᠢᠭᠤᠯᠤᠨ᠎ᠠ᠃
(ᠭᠤᠷᠪᠠ) ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠷᠠᠭᠤᠯᠤᠨ᠎ᠠ᠃ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠠᠵᠢᠯ᠎ᠤᠨ ᠠᠬᠢᠴᠠ ᠵᠢ ᠮᠥᠷᠳᠡᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠠᠵᠢᠯ᠎ᠢ ᠥᠷᠨᠢᠭᠦᠯᠦᠨ᠂ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠠᠵᠢᠯ᠎ᠢ ᠰᠠᠶ᠋ᠢᠲᠤᠷ ᠥᠷᠨᠢᠭᠦᠯᠦᠭᠰᠡᠨ ᠦᠭᠡᠢ᠂ ᠲᠣᠪᠤᠶ᠋ᠢᠮ᠎ᠠ ᠠᠰᠠᠭᠤᠳᠠᠯ ᠣᠷᠣᠰᠢᠵᠤ ᠪᠠᠶ᠋ᠢᠭ᠎ᠠ ᠭᠠᠵᠠᠷ ᠣᠷᠣᠨ ᠪᠠ ᠰᠠᠯᠠᠭ᠎ᠠ ᠮᠥᠴᠢᠷ᠎ᠢ ᠱᠠᠯᠠᠪᠳᠠᠭᠤᠯᠤᠨ ᠪᠠᠶ᠋ᠢᠴᠠᠭ᠋ᠠᠬᠤ ᠬᠡᠪᠴᠢᠶᠡᠨ᠎ᠳᠤ ᠣᠷᠣᠭᠤᠯᠤᠨ᠎ᠠ᠃ ᠲᠤᠰᠢᠶᠠᠯ᠎ᠠᠴᠠ᠎ᠪᠠᠨ ᠰᠠᠯᠬᠤ ᠦᠶ᠎ᠡ᠎ᠳᠠᠬᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢᠨ ᠬᠢᠨᠠᠨ ᠪᠤᠳᠤᠯᠲᠠ ᠵᠢ ᠴᠢᠩᠭ᠋ᠠᠳᠬᠠᠵᠤ᠂ ᠠᠮᠢ ᠠᠬᠤᠶ ᠤᠷᠴᠢᠨ ᠲᠣᠭᠤᠷᠢᠨ᠎ᠢ ᠬᠠᠶ᠋ᠢᠬᠤᠷᠬᠤ ᠥᠬᠡᠶ᠎ᠪᠠᠷ ᠰᠣᠬᠤᠷ ᠪᠠᠯᠠᠶ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠵᠤ᠂ ᠬᠦᠨᠳᠦ ᠨᠣᠴᠢᠲᠠᠶ ᠤᠷᠰᠢᠭ ᠲᠠᠲᠠᠭᠰᠠᠨ ᠪᠠᠶ᠋ᠢᠪᠠᠯ᠂ ᠲᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠨ᠎ᠡ᠃
ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠨ᠎ᠬᠢᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢᠨ ᠴᠢᠬᠤᠯᠠ ᠠᠴᠢ ᠬᠤᠯᠪᠣᠭᠳᠠᠯ᠎ᠢ ᠭᠦᠢ᠍ᠴᠡᠳ ᠲᠠᠨᠢᠵᠤ᠂ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠳᠡᠭᠡᠷ᠎ᠡ ᠨᠢᠭᠡᠳᠬᠡᠵᠦ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠨ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠰᠠᠨᠠᠭ᠋ᠠᠴᠢᠯᠠᠭ᠎ᠠ᠎ᠠᠴᠠ᠎ᠪᠠᠨ ᠲᠥᠯᠥᠪᠵᠢᠭᠦᠯᠦᠨ᠂ ᠨᠠᠷᠢᠨ ᠨᠢᠮᠪᠠᠶ ᠵᠣᠬᠢᠶᠠᠨ ᠪᠠᠶ᠋ᠢᠭᠤᠯᠵᠤ᠂ ᠠᠮᠢ ᠠᠬᠤᠶ ᠵᠢᠨ ᠪᠣᠯᠪᠠᠰᠤᠨ᠎ᠤ ᠡᠯ᠎ᠡ ᠵᠦᠢ᠍ᠯ᠎ᠤᠨ ᠲᠦᠷᠢᠮ᠎ᠤᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠵᠤ᠂ ᠲᠦᠷᠢᠮ᠎ᠤᠨ ᠳᠠᠪᠠᠭᠤᠯᠢᠭ᠎ᠢ ᠦᠨᠡᠨ ᠬᠦ᠌ ᠵᠠᠰᠠᠯᠲᠠ ᠵᠢᠨ ᠦᠷ᠎ᠡ ᠪᠦᠲᠦᠮᠵᠢ ᠪᠣᠯᠭ᠋ᠠᠨ ᠬᠤᠪᠢᠷᠠᠭᠤᠯᠵᠤ᠂ ᠲᠩᠷᠢ᠎ᠨᠢ ᠨᠠᠩ ᠴᠡᠯᠮᠡᠭ᠂ ᠠᠭᠤᠯᠠ᠎ᠨᠢ ᠨᠠᠩ ᠬᠥᠬᠡᠮᠳᠦᠭ᠂ ᠤᠰᠤ᠎ᠨᠢ ᠨᠠᠩ ᠲᠤᠩᠭ᠋ᠠᠯᠠᠭ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢᠨ ᠰᠢᠨ᠎ᠡ ᠪᠠᠶ᠋ᠢᠳᠠᠯ᠎ᠢ ᠴᠢᠷᠮᠠᠶ᠋ᠢᠨ ᠡᠭᠦᠳᠬᠦ ᠬᠡᠷᠡᠭᠳᠡᠢ᠃