ᠰᠢᠨᠬᠤᠸᠠ ᠬᠣᠷᠢᠶᠠᠨ᠎ᠤ ᠪᠡᠭᠡᠵᠢᠩ᠎ᠤᠨ 8 ᠰᠠᠷ᠎ᠠ ᠵᠢᠨ 12᠎ᠤ ᠴᠠᠬᠢᠯᠭ᠋ᠠᠨ ᠮᠡᠳᠡᠭᠡ ᠣᠶ᠋ᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠠᠵᠢᠯ᠎ᠢ ᠴᠢᠨᠠᠭᠰᠢᠳᠠ ᠴᠢᠩᠭ᠋ᠠᠳᠬᠠᠬᠤ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠮᠡᠳᠡᠭᠳᠡᠯ ᠪᠠᠭᠤᠯᠭ᠋ᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃
《ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠠᠵᠢᠯ᠎ᠢ ᠴᠢᠨᠠᠭᠰᠢᠳᠠ ᠴᠢᠩᠭ᠋ᠠᠳᠬᠠᠬᠤ ᠲᠤᠬᠠᠢ ᠰᠠᠨᠠᠯ》᠎ᠤᠨ ᠪᠥᠬᠦ ᠠᠭᠤᠯᠭ᠎ᠠ᠎ᠨᠢ ᠳᠤᠤᠷᠠᠬᠢ ᠮᠡᠲᠦ᠃
ᠪᠣᠳᠠᠰ᠎ᠤᠨ ᠪᠤᠰᠤ ᠰᠣᠶᠣᠯ᠎ᠤᠨ ᠥᠪ ᠪᠣᠯ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠳᠤᠮᠳᠠᠳᠤ ᠵᠢᠨ ᠪᠣᠯᠪᠠᠰᠤᠨ᠎ᠤ ᠦᠶ᠎ᠠ ᠳᠠᠮᠵᠢᠨ ᠤᠯᠠᠮᠵᠢᠯᠠᠭᠳᠠᠬᠰᠠᠨ ᠠᠮᠢᠳᠤᠯᠢᠭ ᠭᠡᠷᠡᠴᠢ ᠮᠥᠨ᠂ ᠦᠨᠳᠦᠰᠦᠲᠡᠨ᠎ᠤ ᠬᠠᠶ᠋ᠢᠷ᠎ᠠ ᠰᠡᠳᠬᠢᠯᠭᠡ ᠵᠢ ᠬᠤᠯᠪᠣᠬᠤ᠂ ᠤᠯᠤᠰ ᠣᠷᠣᠨ᠎ᠤ ᠨᠢᠭᠡᠳᠦᠯ᠎ᠢ ᠬᠠᠮᠠᠭ᠋ᠠᠯᠠᠬᠤ ᠵᠢᠨ ᠴᠢᠬᠤᠯᠠ ᠰᠠᠭᠤᠷᠢ ᠮᠥᠨ᠃ ᠪᠣᠳᠠᠰ᠎ᠤᠨ ᠪᠤᠰᠤ ᠰᠣᠶᠣᠯ᠎ᠤᠨ ᠥᠪ᠎ᠢ ᠰᠠᠶ᠋ᠢᠲᠤᠷ ᠬᠠᠮᠠᠭ᠋ᠠᠯᠠᠵᠤ᠂ ᠰᠠᠶ᠋ᠢᠲᠤᠷ ᠤᠯᠠᠮᠵᠢᠯᠠᠵᠤ᠂ ᠰᠠᠶ᠋ᠢᠲᠤᠷ ᠠᠰᠢᠬᠯᠠᠬᠤ᠎ᠨᠢ ᠲᠡᠦᠬᠡ ᠰᠣᠶᠣᠯ᠎ᠤᠨ ᠰᠤᠳᠠᠰᠤ ᠵᠢ ᠦᠷᠭᠦᠯᠵᠢᠯᠡᠭᠦᠯᠬᠦ᠂ ᠰᠣᠶᠣᠯ᠎ᠤᠨ ᠢᠲᠡᠭᠡᠯ᠎ᠢ ᠪᠠᠲᠤᠳᠬᠠᠬᠤ᠂ ᠪᠣᠯᠪᠠᠰᠤᠨ᠎ᠤ ᠰᠣᠯᠢᠯᠴᠠᠭ᠎ᠠ ᠲᠣᠯᠢᠳᠠᠯ᠎ᠢ ᠠᠬᠢᠭᠤᠯᠬᠤ᠂ ᠨᠡᠶ᠋ᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠢ ᠪᠠᠶ᠋ᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃ ᠨᠠᠮ ᠪᠠ ᠵᠠᠰᠠᠭ᠎ᠤᠨ ᠣᠷᠳᠣᠨ᠎ᠠᠴᠠ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠣᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠤᠯ ᠪᠤᠯᠭ᠋ᠠᠭᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠮᠠᠨ᠎ᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠠᠵᠢᠯ ᠢᠯᠡᠳᠲᠡ ᠠᠮᠵᠢᠯᠲᠠ ᠪᠦᠲᠦᠮᠵᠢ ᠤᠯᠪᠠ᠃ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠠᠵᠢᠯ᠎ᠢ ᠴᠢᠨᠠᠭᠰᠢᠲᠠ ᠴᠢᠩᠭ᠋ᠠᠳᠬᠠᠬᠤ ᠵᠢᠨ ᠲᠤᠰᠠᠳᠠ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠶᠡᠷᠦᠩᠬᠡᠶ ᠱᠠᠭ᠋ᠠᠷᠳᠠᠯᠭ᠎ᠠ
(ᠨᠢᠭᠡ) ᠵᠢᠯᠣᠭᠤᠳᠬᠤ ᠦᠵᠡᠯ ᠰᠠᠨᠠᠭ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠨᠡᠶ᠋ᠢᠭᠡᠮ ᠵᠢᠷᠤᠮ᠎ᠤᠨ ᠭᠤᠤᠯᠯᠠᠭᠴᠢ ᠥᠷᠲᠡᠭ᠎ᠤᠨ ᠦᠵᠡᠯᠲᠡ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠦ᠂ ᠪᠦᠲᠦᠭᠡᠯᠴᠢ ᠴᠢᠨᠠᠷᠲᠠᠢ᠎ᠪᠠᠷ ᠬᠤᠪᠢᠷᠠᠭᠤᠯᠬᠤ᠂ ᠰᠢᠨ᠎ᠡ ᠵᠢ ᠡᠭᠦᠳᠬᠦ ᠴᠢᠨᠠᠷᠲᠠᠶ᠎ᠪᠠᠷ ᠬᠦᠭᠵᠢᠬᠦᠯᠬᠦ ᠵᠢ ᠪᠠᠷᠢᠮᠲᠠᠯᠠᠵᠦ᠂ ᠳᠤᠮᠳᠠᠳᠤ ᠵᠢᠨ ᠰᠣᠶᠣᠯ᠎ᠤᠨ ᠵᠣᠭᠰᠣᠯᠲᠠ ᠵᠢ ᠪᠠᠲᠤ ᠰᠠᠬᠢᠵᠤ᠂ ᠳᠤᠮᠳᠠᠳᠤ ᠵᠢᠨ ᠰᠣᠶᠣᠯ᠎ᠤᠨ ᠤᠳᠤᠮᠰᠢᠯ᠎ᠢ ᠤᠯᠠᠮᠵᠢᠯᠠᠨ ᠵᠠᠯᠭ᠋ᠠᠮᠵᠢᠯᠠᠵᠤ᠂ 《ᠬᠠᠮᠠᠭ᠋ᠠᠯᠠᠬᠤ᠎ᠪᠠᠷ ᠭᠤᠤᠯ ᠪᠣᠯᠭ᠋ᠠᠬᠤ᠂ ᠲᠦᠷᠭᠡᠨ ᠠᠪᠤᠷᠠᠬᠤ ᠵᠢ ᠲᠦᠷᠦᠬᠦᠨ᠎ᠳᠤ ᠲᠠᠯᠪᠢᠬᠤ᠂ ᠵᠣᠬᠢᠰᠲᠠᠶ ᠠᠰᠢᠬᠯᠠᠬᠤ᠂ ᠵᠠᠯᠭ᠋ᠠᠮᠵᠢᠯᠠᠨ ᠬᠥᠭᠵᠢᠭᠦᠯᠬᠦ》 ᠠᠵᠢᠯ᠎ᠤᠨ ᠴᠢᠭᠯᠡᠯᠲᠡ ᠵᠢ ᠲᠤᠭᠤᠰᠢᠯᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠵᠠᠯᠭ᠋ᠠᠮᠵᠢᠯᠠᠨ ᠬᠥᠭᠵᠢᠭᠦᠯᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠢ ᠰᠢᠰᠲ᠋ᠧᠮ᠎ᠲᠠᠢ ᠬᠠᠮᠠᠭ᠋ᠠᠯᠠᠬᠤ ᠲᠦᠪᠰᠢᠨ᠎ᠢ ᠦᠨᠡᠨ ᠬᠦ᠌ ᠳᠡᠭᠡᠭᠰᠢᠯᠡᠭᠦᠯᠵᠦ᠂ ᠨᠡᠶ᠋ᠢᠭᠡᠮ ᠵᠢᠷᠤᠮᠳᠦ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠣᠶᠤᠨ ᠰᠠᠨᠠᠭ᠋ᠠᠨ᠎ᠤ ᠬᠦᠴᠦᠨ ᠨᠡᠮᠡᠷᠢᠯᠡᠨ᠎ᠡ᠃
(ᠬᠤᠶᠠᠷ) ᠠᠵᠢᠯ᠎ᠤᠨ ᠵᠠᠷᠴᠢᠮ᠃ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠨᠠᠮ᠎ᠤᠨ ᠬᠤᠷᠢᠶ᠎ᠠ ᠤᠳᠤᠷᠢᠳᠤᠭᠰᠠᠨ᠂ ᠵᠠᠰᠠᠭ᠎ᠤᠨ ᠣᠷᠳᠣᠨ ᠬᠠᠷᠢᠭᠤᠴᠠᠭᠰᠠᠨ᠂ ᠰᠠᠯᠠᠭ᠎ᠠ ᠮᠥᠴᠢᠷ᠎ᠤᠳ ᠬᠠᠮᠵᠢᠯᠴᠠᠭᠰᠠᠨ᠂ ᠨᠡᠶ᠋ᠢᠭᠡᠮ᠎ᠤᠨ᠎ᠬᠢᠨ ᠣᠷᠣᠯᠴᠠᠭᠰᠠᠨ ᠠᠵᠢᠯ᠎ᠤᠨ ᠪᠠᠶ᠋ᠢᠷᠢᠰᠢᠯ᠎ᠢ ᠪᠠᠬᠢᠵᠢᠭᠦᠯᠦᠨ᠎ᠡ; ᠮᠠᠷᠺᠰ᠎ᠤᠨ ᠦᠵᠡᠯ᠎ᠤᠨ ᠡᠬᠡ ᠤᠯᠤᠰ᠎ᠤᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠲᠡᠦᠬᠡ ᠵᠢᠨ ᠦᠵᠡᠯᠲᠡ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠨ᠎ᠠ; ᠠᠷᠠᠳ ᠲᠦᠮᠡᠨ ᠵᠶ᠋ᠠᠷ ᠭᠤᠤᠯ ᠪᠣᠯᠭ᠋ᠠᠬᠤ ᠵᠢ ᠪᠠᠷᠢᠮᠲᠠᠯᠠᠵᠤ᠂ ᠠᠷᠠᠳ ᠣᠯᠠᠨ᠎ᠤ ᠨᠡᠶ᠋ᠢᠳᠡᠮ ᠠᠩᠬᠠᠷᠴᠤ ᠪᠠᠶ᠋ᠢᠭ᠎ᠠ ᠲᠣᠪᠤᠶ᠋ᠢᠮ᠎ᠠ ᠠᠰᠠᠭᠤᠳᠠᠯ᠎ᠢ ᠬᠦᠴᠦᠯᠡᠨ ᠰᠢᠢ᠍ᠳᠪᠤᠷᠢᠯᠡᠵᠦ᠂ ᠠᠷᠠᠳ ᠣᠯᠠᠨ᠎ᠤ ᠣᠷᠣᠯᠴᠠᠬᠤ ᠲᠥᠷᠥᠭᠳᠡᠯ᠂ ᠬᠦᠷᠲᠡᠮᠵᠢ ᠵᠢᠨ ᠲᠥᠷᠥᠭᠳᠡᠯ᠂ ᠬᠠᠮᠳᠦ ᠵᠢᠨ ᠲᠠᠨᠢᠯᠳᠠ ᠵᠢ ᠲᠠᠰᠤᠷᠠᠯᠲᠠ ᠥᠬᠡᠶ ᠨᠡᠮᠡᠭᠳᠡᠭᠦᠯᠦᠨ᠎ᠡ; ᠬᠠᠤᠯᠢ ᠶᠣᠰᠣᠭ᠋ᠠᠷ ᠬᠠᠮᠠᠭ᠋ᠠᠯᠠᠬᠤ ᠵᠢ ᠪᠠᠷᠢᠮᠲᠠᠯᠠᠵᠤ᠂ ᠬᠠᠤᠯᠢ᠎ᠪᠠᠷ ᠲᠣᠭᠲᠠᠭ᠋ᠠᠭᠰᠠᠨ ᠲᠤᠰᠢᠶᠠᠯ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠎ᠠ; ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠨᠳᠦᠰᠦᠨ ᠠᠭᠤᠯᠤᠭᠳᠠᠬᠤᠨ᠎ᠢ ᠬᠦᠨᠳᠦᠳᠬᠡᠵᠦ᠂ ᠣᠳᠣ ᠦᠶ᠎ᠡ ᠵᠢᠨ ᠥᠷᠲᠡᠭ᠎ᠢ᠎ᠨᠢ ᠪᠠᠳᠠᠷᠠᠭᠤᠯᠤᠨ᠎ᠠ᠃
(ᠭᠤᠷᠪᠠ) ᠭᠤᠣᠯ ᠬᠠᠷᠠᠯᠲᠠ
2025 ᠤᠨ ᠪᠣᠯᠬᠤ᠎ᠳᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠢ ᠪᠦᠲᠦᠮᠵᠢᠲᠡᠶ ᠬᠠᠮᠠᠭ᠋ᠠᠯᠠᠵᠤ᠂ ᠠᠵᠢᠯ᠎ᠤᠨ ᠲᠦᠷᠢᠮ᠎ᠢ ᠰᠢᠨᠵᠢᠯᠡᠬᠦ ᠤᠬᠠᠭ᠋ᠠᠨᠴᠢ ᠵᠢᠷᠤᠮᠵᠢᠯ᠎ᠲᠠᠢ᠂ ᠠᠵᠢᠯᠯᠠᠭ᠋ᠠᠨ᠎ᠢ ᠪᠦᠲᠦᠮᠵᠢᠲᠡᠶ ᠪᠣᠯᠭ᠋ᠠᠵᠤ᠂ ᠠᠷᠠᠳ ᠣᠯᠠᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠲᠤ ᠣᠷᠣᠯᠴᠠᠬᠤ ᠲᠥᠷᠥᠭᠳᠡᠯ᠂ ᠬᠦᠷᠲᠡᠮᠵᠢ ᠵᠢᠨ ᠲᠥᠷᠥᠭᠳᠡᠯ᠂ ᠬᠠᠮᠳᠦ ᠵᠢᠨ ᠲᠠᠨᠢᠯᠳᠠ ᠵᠢ ᠢᠯᠡᠳᠲᠡ ᠨᠡᠮᠡᠭᠳᠡᠬᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠲᠣ ᠦᠶ᠎ᠡ᠎ᠳᠤ ᠦᠢ᠍ᠯᠡᠴᠢᠯᠡᠬᠦ᠂ ᠠᠷᠠᠳ ᠲᠦᠮᠡᠨ᠎ᠳᠤ ᠪᠤᠶᠠᠨ ᠦᠢ᠍ᠯᠡᠳᠬᠦ ᠦᠢ᠍ᠯᠡᠳᠣᠯ᠎ᠢ ᠴᠢᠨᠠᠭᠰᠢᠲᠠ ᠪᠠᠳᠠᠷᠠᠭᠤᠯᠤᠨ᠎ᠠ᠃
2035 ᠤᠨ ᠪᠣᠯᠬᠤ᠎ᠳᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠥᠬᠦ ᠲᠠᠯ᠎ᠠ᠎ᠪᠠᠷ ᠪᠦᠲᠦᠮᠵᠢᠲᠡᠶ ᠬᠠᠮᠠᠭ᠋ᠠᠯᠠᠵᠤ᠂ ᠤᠯᠠᠮᠵᠢᠯᠠᠨ ᠵᠠᠯᠭ᠋ᠠᠮᠵᠢᠯᠠᠬᠤ ᠠᠮᠢᠵᠢᠷᠠᠯ᠎ᠤᠨ ᠬᠦᠴᠦᠨ᠎ᠢ ᠢᠯᠡᠳᠲᠡ ᠴᠢᠩᠭ᠋ᠠᠷᠠᠭᠤᠯᠵᠤ᠂ ᠠᠵᠢᠯ᠎ᠤᠨ ᠲᠦᠷᠢᠮ᠎ᠢ ᠨᠠᠩ ᠲᠡᠭᠦᠯᠳᠡᠷᠵᠢᠭᠦᠯᠵᠦ᠂ ᠤᠯᠠᠮᠵᠢᠯᠠᠨ ᠵᠠᠯᠭ᠋ᠠᠮᠵᠢᠯᠠᠬᠤ ᠰᠢᠰᠲ᠋ᠧᠮ᠎ᠢ ᠨᠠᠩ ᠪᠦᠷᠢᠨᠰᠢᠭᠦᠯᠵᠦ᠂ ᠬᠠᠮᠠᠭ᠋ᠠᠯᠠᠬᠤ ᠣᠶ᠋ᠢᠯᠠᠭ᠋ᠠᠭᠳᠠᠬᠤᠨ᠎ᠢ ᠬᠥᠮᠦᠰ᠎ᠤᠨ ᠰᠡᠳᠬᠢᠯ᠎ᠳᠤ ᠤᠯᠠᠮ ᠨᠢᠭᠡ ᠠᠯᠬᠤᠮ ᠬᠠᠳᠠᠩᠰᠢᠭᠤᠯᠵᠦ᠂ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ᠎ᠢ ᠢᠯᠡᠳᠲᠡ ᠳᠡᠭᠡᠭᠰᠢᠯᠡᠭᠦᠯᠵᠦ᠂ ᠠᠵᠤ ᠠᠬᠤᠶ ᠨᠡᠶ᠋ᠢᠭᠡᠮ᠎ᠤᠨ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ ᠪᠠ ᠤᠯᠤᠰ᠎ᠤᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ᠎ᠳᠤ ᠦᠢ᠍ᠯᠡᠴᠢᠯᠡᠬᠦ ᠦᠢ᠍ᠯᠡᠳᠣᠯ᠎ᠢ ᠨᠠᠩ ᠢᠯᠡᠷᠬᠡᠶ ᠪᠣᠯᠭ᠋ᠠᠨ᠎ᠠ᠃
ᠬᠤᠶᠠᠷ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠰᠢᠰᠲ᠋ᠧᠮ᠎ᠢ ᠪᠦᠷᠢᠨᠰᠢᠭᠦᠯᠦᠨ᠎ᠡ
(ᠳᠥᠷᠪᠡ) ᠪᠠᠶ᠋ᠢᠴᠠᠭ᠋ᠠᠨ ᠲᠡᠮᠳᠡᠭᠯᠡᠬᠦ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠪᠦᠬᠦ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠤᠨ ᠪᠠᠶ᠋ᠢᠴᠠᠭ᠋ᠠᠯᠲᠠ ᠥᠷᠨᠢᠭᠦᠯᠵᠦ᠂ ᠲᠠᠩᠰᠠ ᠡᠪᠬᠡᠮᠡᠯ᠎ᠢ ᠲᠦᠷᠢᠮ᠎ᠢ ᠲᠡᠭᠦᠯᠳᠡᠷᠵᠢᠭᠦᠯᠦᠨ᠂ ᠲᠠᠩᠰᠠ ᠡᠪᠬᠡᠮᠡᠯ᠎ᠢ ᠲᠤᠭ᠋ᠠᠴᠢᠯᠠᠬᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠤᠯᠪᠣᠭᠳᠠᠯ ᠪᠦᠬᠦᠢ ᠪᠣᠳᠠᠲᠤ ᠪᠣᠳᠠᠰ᠂ ᠮᠠᠲ᠋ᠧᠷᠢᠶᠠᠯ᠎ᠢ ᠲᠣᠬᠢᠲᠠᠢ ᠬᠠᠳᠠᠭ᠋ᠠᠯᠠᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠢ ᠲᠡᠮᠳᠡᠭᠯᠡᠬᠦ ᠢᠨᠵᠧᠨᠧᠷᠢᠩ᠎ᠢ ᠬᠡᠷᠡᠭᠵᠢᠭᠦᠯᠵᠦ᠂ ᠣᠳᠣ ᠦᠶ᠎ᠡ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠷᠭ᠎ᠠ ᠪᠠᠷᠢᠯ᠎ᠢ ᠬᠡᠷᠡᠭᠯᠡᠨ᠂ ᠲᠤᠰᠬᠠᠶ ᠮᠡᠷᠭᠡᠵᠢᠯ᠎ᠤᠨ ᠲᠡᠮᠳᠡᠭᠯᠡᠬᠦ ᠲᠦᠪᠰᠢᠨ᠎ᠢ ᠳᠡᠭᠡᠭᠰᠢᠯᠡᠭᠦᠯᠵᠦ᠂ ᠨᠡᠶ᠋ᠢᠭᠡᠮ ᠨᠡᠶ᠋ᠢᠲᠡ᠎ᠪᠠᠷ ᠵᠶ᠋ᠠᠨ ᠲᠡᠮᠳᠡᠭᠯᠡᠬᠦ ᠵᠢ ᠥᠷᠭᠡᠨ ᠵᠶ᠋ᠠᠷ ᠳᠠᠶ᠋ᠢᠴᠢᠯᠠᠨ᠂ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ ᠪᠣᠯᠤᠨ ᠲᠥᠯᠥᠭᠡᠯᠡᠬᠦ ᠴᠢᠨᠠᠷᠲᠠᠶ ᠵᠠᠯᠭ᠋ᠠᠮᠵᠢᠯᠠᠭᠴᠢ ᠵᠢ ᠪᠦᠬᠦ ᠲᠠᠯ᠎ᠠ᠎ᠪᠠᠷ ᠰᠢᠰᠲ᠋ᠧᠮ᠎ᠲᠠᠢ ᠲᠡᠮᠳᠡᠭᠯᠡᠨ᠎ᠡ᠃ ᠪᠦᠬᠦ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠢ ᠨᠡᠶ᠋ᠢᠳᠭᠡᠨ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠤᠭ᠎ᠠ ᠪᠠᠷᠢᠮᠲᠠ ᠵᠢ ᠬᠠᠤᠯᠢ ᠶᠤᠰᠤᠭ᠋ᠠᠷ ᠨᠡᠶ᠋ᠢᠭᠡᠮ᠎ᠳᠤ ᠴᠢᠯᠥᠭᠡᠲᠡᠶ ᠨᠡᠭᠡᠭᠡᠬᠦ ᠵᠢ ᠴᠢᠨᠠᠭᠰᠢᠲᠠ ᠠᠬᠢᠭᠤᠯᠵᠤ᠂ ᠳᠠᠩᠰᠠ ᠡᠪᠬᠡᠮᠡᠯ ᠪᠣᠯᠤᠨ ᠲᠡᠮᠳᠡᠭᠯᠡᠭᠰᠡᠨ ᠦᠷ᠎ᠡ ᠪᠦᠲᠦᠭᠡᠯ᠎ᠤᠨ ᠨᠡᠶ᠋ᠢᠭᠡᠮ᠎ᠤᠨ ᠠᠰᠢᠬᠯᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ᠃
(ᠲᠠᠪᠤ) ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠳᠦᠷᠢᠮ᠎ᠢ ᠲᠡᠭᠦᠯᠳᠡᠷᠵᠢᠭᠦᠯᠦᠨ᠎ᠡ᠃ ᠨᠡᠩ ᠰᠢᠨᠵᠢᠯᠡᠬᠦ ᠤᠬᠠᠭ᠋ᠠᠨᠴᠢ᠂ ᠵᠦᠢ ᠵᠣᠬᠢᠰᠲᠠᠶ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠲᠥᠷᠥᠯ ᠬᠤᠪᠢᠶᠠᠬᠤ ᠰᠢᠰᠲ᠋ᠧᠮ᠎ᠢ ᠪᠠᠶ᠋ᠢᠭᠤᠯᠤᠨ᠎ᠠ᠃ ᠤᠯᠤᠰ᠂ ᠮᠤᠵᠢ᠂ ᠬᠤᠲᠠ᠂ ᠰᠢᠶᠠᠨ᠎ᠤ ᠲᠥᠯᠥᠭᠡᠯᠡᠬᠦ ᠴᠢᠨᠠᠷᠲᠠᠢ ᠲᠦᠷᠦᠯ ᠵᠦᠢ᠍ᠯ᠎ᠤᠨ ᠨᠡᠷᠡᠰ᠎ᠤᠨ ᠵᠢᠭᠰᠠᠭ᠋ᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠬᠠᠳᠠᠭ᠋ᠠᠯᠠᠬᠳᠠᠵᠦ ᠦᠷᠭᠦᠯᠵᠢᠯᠡᠵᠦ ᠪᠠᠶ᠋ᠢᠭ᠎ᠠ ᠪᠠᠶ᠋ᠢᠳᠠᠯ᠎ᠤᠨ ᠦᠨᠡᠯᠡᠯᠳᠠ ᠵᠢ ᠴᠢᠩᠭ᠋ᠠᠳᠬᠠᠵᠤ᠂ ᠬᠥᠳᠡᠯᠦᠩᠭᠦᠶ᠎ᠪᠠᠷ ᠲᠣᠬᠢᠷᠠᠭᠤᠯᠤᠯᠳᠠ ᠬᠢᠬᠦ ᠲᠣᠭᠲᠠᠴᠠ ᠵᠢ ᠪᠠᠶ᠋ᠢᠭᠤᠯᠤᠨ᠎ᠠ᠃ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠢ ᠬᠠᠮᠠᠭ᠋ᠠᠯᠠᠬᠤ ᠨᠢᠭᠡᠴᠢ ᠵᠢᠨ ᠬᠠᠷᠢᠭᠤᠴᠠᠯᠭ᠎ᠠ ᠵᠢ ᠪᠠᠲᠤᠳᠬᠠᠵᠤ᠂ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠳᠡ ᠪᠠ ᠬᠥᠳᠡᠯᠦᠩᠭᠦᠶ ᠬᠠᠮᠢᠶᠠᠷᠤᠯᠲᠠ ᠵᠢ ᠴᠢᠩᠭ᠋ᠠᠳᠬᠠᠨ᠎ᠠ᠃ ᠲᠥᠯᠥᠭᠡᠯᠡᠬᠦ ᠴᠢᠨᠠᠷᠲᠠᠢ ᠲᠦᠷᠦᠯ ᠵᠦᠢ᠍ᠯ᠎ᠲᠠᠢ ᠬᠤᠯᠪᠣᠭᠳᠠᠬᠤ ᠰᠣᠶᠣᠯ᠎ᠤᠨ ᠣᠷᠣᠨ ᠵᠠᠢ ᠵᠢᠨ ᠬᠠᠮᠠᠭ᠋ᠠᠯᠠᠯᠲᠠ ᠵᠢ ᠴᠢᠩᠭ᠋ᠠᠳᠬᠠᠨ᠎ᠠ᠃ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠨᠡᠷᠡᠰ᠎ᠤᠨ ᠵᠢᠬᠰᠠᠭ᠋ᠠᠯᠳᠠ ᠵᠢᠨ ᠲᠥᠷᠥᠯ ᠵᠦᠢ᠍ᠯ᠎ᠳᠤ ᠮᠡᠳᠡᠭᠦᠯᠬᠦ ᠪᠠ ᠭᠡᠷ᠎ᠡ᠎ᠪᠠᠨ ᠭᠦᠢ᠍ᠴᠡᠳᠭᠡᠬᠦ ᠠᠵᠢᠯ᠎ᠢ ᠢᠳᠡᠪᠬᠢᠲᠡᠶ ᠰᠠᠶ᠋ᠢᠲᠤᠷ ᠬᠢᠨ᠎ᠠ᠃
(ᠵᠢᠷᠭᠤᠭ᠎ᠠ) ᠲᠥᠯᠥᠭᠡᠯᠡᠬᠦ ᠴᠢᠨᠠᠷᠲᠠᠶ ᠵᠠᠯᠭ᠋ᠠᠮᠵᠢᠯᠠᠭᠴᠢ ᠵᠢᠨ ᠲᠦᠷᠢᠮ᠎ᠢ ᠲᠡᠭᠦᠯᠳᠡᠷᠵᠢᠭᠦᠯᠦᠨ᠎ᠡ᠃ ᠤᠯᠤᠰ᠂ ᠮᠤᠵᠢ᠂ ᠬᠤᠲᠠ᠂ ᠰᠢᠶᠠᠨ᠎ᠤ ᠲᠥᠯᠥᠭᠡᠯᠡᠬᠦ ᠴᠢᠨᠠᠷᠲᠠᠶ ᠵᠠᠯᠭ᠋ᠠᠮᠵᠢᠯᠠᠭᠴᠢ ᠵᠢ ᠨᠤᠳᠠᠯᠠᠨ ᠲᠣᠭᠲᠠᠭ᠋ᠠᠬᠤ ᠪᠠ ᠬᠠᠮᠢᠶᠠᠷᠬᠤ ᠲᠦᠷᠢᠮ᠎ᠢ ᠪᠦᠷᠢᠨᠰᠢᠬᠦᠯᠵᠤ᠂ ᠤᠯᠠᠮᠵᠢᠯᠠᠨ ᠵᠠᠯᠭ᠋ᠠᠮᠵᠢᠯᠠᠬᠤ᠎ᠪᠠᠷ ᠭᠤᠤᠯ ᠪᠣᠯᠭ᠋ᠠᠨ ᠲᠠᠨᠢᠯᠴᠠᠭᠤᠯᠬᠤ ᠪᠠ ᠨᠤᠳᠠᠯᠠᠨ ᠲᠣᠭᠲᠠᠭ᠋ᠠᠬᠤ ᠠᠵᠢᠯ᠎ᠢ ᠪᠣᠯᠭᠤᠮᠵᠢᠲᠠᠶ ᠥᠷᠨᠢᠭᠦᠯᠦᠨ᠎ᠡ᠃ ᠬᠠᠮᠲᠤ᠎ᠪᠠᠷ ᠤᠯᠠᠮᠵᠢᠯᠠᠨ ᠵᠠᠯᠭ᠋ᠠᠮᠵᠢᠯᠠᠵᠤ᠂ ᠣᠯᠠᠨ ᠵᠶ᠋ᠠᠷ ᠵᠶ᠋ᠠᠨ ᠦᠢ᠍ᠯᠡᠳᠣᠯᠭᠡᠵᠢᠭᠦᠯᠦᠭᠰᠡᠨ ᠲᠥᠷᠥᠯ ᠵᠦᠢ᠍ᠯ᠎ᠳᠤ᠂ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭ᠋ᠠᠮᠵᠢᠯᠠᠬᠤ ᠪᠦᠯᠬᠦᠮ (ᠪᠦᠯᠬᠦᠮ ᠨᠡᠶ᠋ᠢᠲᠡ)᠎ᠢ ᠬᠠᠶ᠋ᠢᠨ ᠰᠦᠪᠡᠭᠴᠢᠯᠡᠵᠤ ᠨᠤᠳᠠᠯᠠᠨ ᠲᠤᠭᠳᠠᠭ᠋ᠠᠨ᠎ᠠ᠃ ᠲᠥᠯᠥᠭᠡᠯᠡᠬᠦ ᠴᠢᠨᠠᠷᠲᠠᠶ ᠵᠠᠯᠭ᠋ᠠᠮᠵᠢᠯᠠᠭᠴᠢ ᠵᠢ ᠦᠨᠡᠯᠡᠬᠦ ᠪᠠ ᠬᠥᠳᠡᠯᠦᠩᠭᠦᠶ ᠬᠠᠮᠢᠶᠠᠷᠬᠤ ᠵᠢ ᠴᠢᠩᠭ᠋ᠠᠳᠬᠠᠵᠤ᠂ ᠵᠢᠬᠰᠠᠭ᠋ᠠᠯᠳᠠᠠᠴᠠ ᠭᠠᠷᠭ᠋ᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠠᠯᠭ᠋ᠠᠮᠵᠢᠯᠠᠭᠴᠢ ᠵᠢᠨ ᠰᠤᠳᠤᠯᠤᠨ ᠰᠤᠷᠤᠯᠴᠠᠵᠤ ᠪᠣᠯᠪᠠᠰᠤᠷᠠᠭᠤᠯᠬᠤ ᠲᠥᠯᠥᠪᠯᠡᠭᠡ ᠵᠢ ᠬᠡᠷᠡᠭᠵᠢᠭᠦᠯᠵᠦ᠂ ᠵᠠᠯᠭ᠋ᠠᠮᠵᠢᠯᠠᠭᠴᠢ ᠵᠢᠨ ᠤᠷ᠎ᠠ ᠮᠡᠷᠭᠡᠰᠢᠯ᠎ᠤᠨ ᠴᠢᠳᠠᠪᠤᠷᠢ ᠵᠢ ᠤᠯᠠᠮ ᠴᠢᠨᠠᠭᠰᠢᠳᠠ ᠳᠡᠭᠡᠭᠰᠢᠯᠡᠭᠦᠯᠦᠨ᠎ᠡ᠃ ᠤᠯᠠᠮᠵᠢᠯᠠᠨ ᠵᠠᠯᠭ᠋ᠠᠮᠵᠢᠯᠠᠬᠤ ᠱᠠᠲᠤᠯᠵᠢᠨ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠯᠠᠮᠵᠢᠯᠠᠯᠲᠤ ᠵᠠᠯᠭ᠋ᠠᠮᠵᠢᠯᠠᠬᠤ ᠠᠷᠭ᠎ᠠ ᠮᠠᠶᠢᠭ ᠪᠠ ᠤᠳᠤ ᠦᠶ᠎ᠡ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠤᠶᠠᠯᠳᠤᠯ᠎ᠢ ᠠᠬᠢᠭᠤᠯᠤᠨ᠂ ᠴᠢᠳᠠᠪᠤᠷᠢᠲᠠᠨ᠎ᠢ ᠬᠥᠮᠦᠵᠢᠭᠦᠯᠬᠦ ᠠᠷᠭ᠎ᠠ ᠵᠠᠮ᠎ᠢ ᠥᠷᠭᠡᠳᠬᠡᠵᠦ᠂ ᠤᠯᠠᠮᠵᠢᠯᠠᠨ ᠵᠠᠯᠭ᠋ᠠᠮᠵᠢᠯᠠᠬᠤ ᠡᠩᠨᠡᠭᠡ ᠵᠢ ᠲᠠᠰᠤᠷᠠᠯᠳᠠ ᠦᠭᠡᠢ ᠪᠤᠵᠠᠭ᠋ᠠᠶ᠋ᠢᠷᠠᠭᠤᠯᠤᠨ᠎ᠠ᠃
(ᠳᠣᠯᠤᠭ᠎ᠠ) ᠣᠷᠣᠨ ᠪᠦᠰᠡ ᠵᠢᠨ ᠴᠢᠨᠠᠷᠲᠠᠶ ᠪᠦᠬᠦᠯᠢ ᠴᠣᠭᠴᠠ ᠵᠢᠨ ᠬᠠᠮᠠᠭ᠋ᠠᠯᠠᠯᠲᠠ ᠵᠢᠨ ᠲᠦᠷᠢᠮ᠎ᠢ ᠲᠡᠭᠦᠯᠳᠡᠷᠵᠢᠭᠦᠯᠦᠨ᠎ᠡ᠃ ᠪᠣᠳᠠᠰ᠎ᠤᠨ ᠪᠤᠰᠤ ᠰᠣᠶᠣᠯ᠎ᠤᠨ ᠥᠪ ᠵᠢᠴᠢ ᠲᠡᠭᠦᠨ᠎ᠢ ᠪᠤᠶ᠋ᠢᠵᠢᠭᠤᠯᠵᠤ ᠬᠥᠭᠵᠢᠭᠦᠯᠦᠭᠰᠡᠨ ᠰᠣᠶᠣᠯ ᠪᠣᠯᠤᠨ ᠪᠠᠶ᠋ᠢᠭ᠋ᠠᠯᠢ ᠵᠢᠨ ᠠᠮᠢ ᠠᠬᠤᠶ ᠣᠷᠴᠢᠨ ᠲᠣᠭᠤᠷᠢᠨ᠎ᠢ ᠪᠦᠬᠦᠯᠢ ᠴᠣᠭᠴᠠ᠎ᠪᠠᠷ᠎ᠨᠢ ᠬᠠᠮᠠᠭ᠋ᠠᠯᠠᠵᠤ᠂ ᠣᠷᠣᠨ ᠪᠦᠰᠡ ᠪᠣᠯᠤᠨ ᠦᠨᠳᠦᠰᠦᠲᠡᠨ᠎ᠤ ᠣᠨᠴᠠᠯᠢᠭ᠎ᠢ ᠲᠣᠪᠤᠶ᠋ᠢᠯᠭ᠋ᠠᠨ᠂ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠬᠤᠯᠪᠣᠭᠳᠠᠯ ᠪᠦᠬᠦᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠭᠤᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠬᠢᠭᠡᠳ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢ ᠪᠦᠲᠦᠮᠵᠢᠲᠡᠶ ᠵᠣᠯᠭ᠋ᠠᠭᠤᠯᠵᠤ᠂ ᠣᠷᠣᠨ ᠪᠦᠰᠡ ᠵᠢᠨ ᠴᠢᠨᠠᠷᠲᠠᠶ ᠪᠦᠬᠦᠯᠢ ᠴᠣᠭᠴᠠ ᠵᠢᠨ ᠬᠠᠮᠠᠭ᠋ᠠᠯᠠᠯᠲᠠ ᠵᠢᠨ ᠲᠦᠪᠰᠢᠨ᠎ᠢ ᠳᠡᠭᠡᠭᠰᠢᠯᠡᠭᠦᠯᠦᠨ᠎ᠡ᠃ ᠳᠤᠮᠳᠠᠳᠤ ᠤᠯᠤᠰ᠎ᠤᠨ ᠠᠷᠠᠳ᠎ᠤᠨ ᠰᠣᠶᠣᠯ ᠤᠷᠠᠯᠢᠭ᠎ᠤᠨ ᠨᠤᠲᠤᠭ᠂ ᠳᠤᠮᠳᠠᠳᠤ ᠤᠯᠤᠰ᠎ᠤᠨ ᠤᠯᠠᠮᠵᠢᠯᠠᠯᠲᠤ ᠠᠶ᠋ᠢᠯ ᠲᠣᠰᠬᠤᠨ᠂ ᠳᠤᠮᠳᠠᠳᠤ ᠤᠯᠤᠰ᠎ᠤᠨ ᠦᠵᠡᠰᠬᠦᠯᠡᠩᠲᠦ ᠰᠠᠶ᠋ᠢᠬᠠᠨ ᠰᠡᠯᠡᠭᠦᠴᠡᠯ᠎ᠤᠨ ᠬᠥᠳᠡᠭᠡ ᠲᠣᠰᠬᠤᠨ᠂ ᠪᠦᠬᠦ ᠤᠯᠤᠰ᠎ᠤᠨ ᠬᠥᠳᠡᠭᠡ ᠲᠤᠰᠬᠤᠨ᠎ᠤ ᠵᠢᠭᠤᠯᠴᠢᠯᠠᠯ᠎ᠤᠨ ᠭᠤᠣᠯᠳᠠᠯᠭ᠎ᠠ᠎ᠲᠠᠢ ᠲᠣᠰᠬᠤᠨ᠂ ᠲᠡᠦᠬᠡ ᠰᠣᠶᠣᠯ᠎ᠤᠨ ᠨᠡᠷᠡᠲᠦ ᠬᠤᠲᠠ ᠨᠡᠷᠡᠲᠦ ᠪᠠᠯᠭ᠋ᠠᠰᠤ ᠨᠡᠷᠡᠲᠦ ᠲᠣᠰᠬᠤᠨ᠂ ᠪᠦᠬᠦ ᠤᠯᠤᠰ᠎ᠤᠨ 《ᠨᠢᠭᠡ ᠲᠣᠰᠬᠤᠨ ᠨᠢᠭᠡ ᠦᠢ᠍ᠯᠡᠳᠬᠦᠨ》᠎ᠤ ᠵᠢᠱ᠌ᠢᠶ᠎ᠡ ᠦᠵᠡᠭᠦᠯᠬᠦ ᠲᠣᠰᠬᠤᠨ ᠪᠠᠯᠭ᠋ᠠᠰᠤ᠎ᠳᠠᠬᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠢ ᠠᠭᠤᠳᠠᠯᠵᠤ᠂ ᠨᠤᠲᠤᠭ᠎ᠤᠨ ᠰᠣᠶᠣᠯ᠎ᠤᠨ ᠠᠭᠤᠯᠤᠭᠳᠠᠬᠤᠨ᠎ᠢ ᠳᠡᠭᠡᠭᠰᠢᠯᠡᠭᠦᠯᠦᠨ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭᠲᠤ ᠲᠣᠰᠬᠤᠨ ᠪᠠᠯᠭ᠋ᠠᠰᠤ᠂ ᠵᠡᠭᠡᠯᠢ ᠲᠣᠭᠤᠷᠢᠭ᠎ᠢ ᠪᠥᠲᠥᠭᠡᠨ ᠪᠠᠶ᠋ᠢᠭᠤᠯᠤᠨ᠎ᠠ᠃ ᠰᠢᠨ᠎ᠡ ᠮᠠᠶᠢᠭ᠎ᠤᠨ ᠬᠤᠲᠠ ᠪᠠᠯᠭ᠋ᠠᠰᠤᠵᠢᠯᠲᠠ ᠵᠢᠨ ᠪᠦᠲᠦᠭᠡᠨ ᠪᠠᠶ᠋ᠢᠭᠤᠯᠤᠯᠲᠠ᠎ᠳᠠᠬᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ 《ᠪᠣᠳᠠᠰ᠎ᠤᠨ ᠪᠤᠰᠤ ᠰᠣᠶᠣᠯ᠎ᠤᠨ ᠥᠪ᠎ᠢ ᠨᠡᠶ᠋ᠢᠭᠡᠮ ᠲᠣᠭᠤᠷᠢᠭ᠎ᠲᠤ ᠪᠠᠶ᠋ᠢᠯᠭ᠋ᠠᠬᠤ》 ᠠᠵᠢᠯ᠎ᠢ ᠪᠦᠬᠦ ᠲᠠᠯ᠎ᠠ᠎ᠪᠠᠷ ᠠᠬᠢᠭᠤᠯᠤᠨ᠎ᠠ᠃
(ᠨᠠᠢ᠍ᠮᠠ) ᠤᠯᠠᠮᠵᠢᠯᠠᠨ ᠵᠠᠯᠭ᠋ᠠᠮᠵᠢᠯᠠᠵᠤ ᠪᠡᠶᠡᠴᠢᠯᠡᠨ ᠣᠶ᠋ᠢᠯᠠᠭ᠋ᠠᠬᠤ ᠲᠦᠬᠦᠭᠡᠷᠤᠮᠵᠢ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠣᠳᠣ ᠵᠢᠨ ᠪᠠᠶ᠋ᠢᠭ᠎ᠠ ᠰᠠᠭᠤᠷᠢᠨ ᠳᠡᠭᠡᠷ᠎ᠡ᠂ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠷᠳᠣᠨ᠎ᠢ ᠨᠢᠭᠡᠳᠦᠯᠲᠡᠶ ᠲᠥᠯᠥᠪᠵᠢᠭᠦᠯᠦᠨ ᠰᠠᠶ᠋ᠢᠲᠤᠷ ᠪᠦᠲᠦᠭᠡᠨ ᠪᠠᠶ᠋ᠢᠭᠤᠯᠵᠤ ᠠᠰᠢᠬᠯᠠᠨ᠂ ᠨᠥᠬᠦᠴᠡᠯ᠎ᠲᠠᠢ ᠭᠠᠵᠠᠷ ᠣᠷᠣᠨ᠎ᠤ᠎ᠬᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠷᠳᠣᠨ ᠪᠦᠲᠦᠭᠡᠨ ᠪᠠᠶ᠋ᠢᠭᠤᠯᠬᠤ ᠵᠢ ᠵᠤᠷᠢᠭᠵᠢᠭᠤᠯᠵᠤ᠂ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠢ ᠤᠯᠠᠮᠵᠢᠯᠠᠨ ᠵᠠᠯᠭ᠋ᠠᠮᠵᠢᠯᠠᠵᠤ ᠪᠡᠶᠡᠴᠢᠯᠡᠨ ᠣᠶ᠋ᠢᠯᠠᠭ᠋ᠠᠬᠤ ᠲᠥᠪ᠎ᠢ ᠢᠵᠢ ᠪᠦᠷᠢᠳᠦᠭᠦᠯᠦᠨ ᠦᠭᠡᠷᠡᠴᠢᠯᠡᠨ ᠪᠠᠶ᠋ᠢᠭᠤᠯᠵᠤ ᠰᠢᠨ᠎ᠡ᠎ᠪᠠᠷ ᠪᠠᠶ᠋ᠢᠭᠤᠯᠬᠤ ᠵᠢ ᠠᠬᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠷᠳᠣᠨ᠂ ᠤᠯᠠᠮᠵᠢᠯᠠᠨ ᠵᠠᠯᠭ᠋ᠠᠮᠵᠢᠯᠠᠵᠤ ᠪᠡᠶᠡᠴᠢᠯᠡᠨ ᠣᠶ᠋ᠢᠯᠠᠭ᠋ᠠᠬᠤ ᠲᠥᠪ (ᠭᠠᠵᠠᠷ᠂ ᠴᠡᠭ) ᠵᠡᠷᠭᠡ ᠵᠢ ᠪᠠᠭᠲᠠᠭ᠋ᠠᠭᠰᠠᠨ ᠤᠯᠠᠮᠵᠢᠯᠠᠨ ᠵᠠᠯᠭ᠋ᠠᠮᠵᠢᠯᠠᠬᠤ᠂ ᠪᠡᠶᠡᠴᠢᠯᠡᠨ ᠣᠶ᠋ᠢᠯᠠᠭ᠋ᠠᠬᠤ᠂ ᠰᠤᠷᠭ᠋ᠠᠨ ᠬᠥᠮᠦᠵᠢᠯ᠂ ᠪᠣᠯᠪᠠᠰᠤᠷᠠᠯ᠂ ᠵᠢᠭᠤᠯᠴᠢᠯᠠᠯ ᠵᠡᠷᠭᠡ ᠴᠢᠳᠠᠮᠵᠢ ᠵᠢ ᠨᠢᠭᠡ ᠴᠣᠭᠴᠠᠵᠢᠭᠤᠯᠤᠭᠰᠠᠨ ᠤᠯᠠᠮᠵᠢᠯᠠᠨ ᠵᠠᠯᠭ᠋ᠠᠮᠵᠢᠯᠠᠵᠤ ᠪᠡᠶᠡᠴᠢᠯᠡᠨ ᠣᠶ᠋ᠢᠯᠠᠭ᠋ᠠᠬᠤ ᠲᠦᠬᠦᠷᠦᠮᠵᠢ ᠵᠢᠨ ᠰᠢᠰᠲ᠋ᠧᠮ᠎ᠢ ᠪᠦᠷᠢᠯᠳᠦᠬᠦᠯᠦᠨ᠎ᠠ᠃ ᠨᠡᠶ᠋ᠢᠭᠡᠮ᠎ᠤᠨ ᠬᠦᠴᠦᠨ ᠤᠯᠠᠮᠵᠢᠯᠠᠨ ᠵᠠᠯᠭ᠋ᠠᠮᠵᠢᠯᠠᠵᠤ ᠪᠡᠶᠡᠴᠢᠯᠡᠨ ᠣᠶ᠋ᠢᠯᠠᠭ᠋ᠠᠬᠤ ᠲᠥᠬᠦᠭᠡᠷᠦᠮᠵᠢ ᠡᠷᠬᠢᠯᠡᠬᠦ ᠵᠢ ᠵᠣᠷᠢᠭᠵᠢᠭᠤᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠷᠳᠣᠨ᠎ᠤ ᠬᠠᠮᠢᠶᠠᠷᠤᠯᠲᠠ ᠵᠢᠨ ᠳᠦᠷᠢᠮ᠎ᠢ ᠰᠤᠳᠤᠯᠤᠨ ᠲᠡᠭᠦᠯᠳᠡᠷᠵᠢᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠷᠳᠣᠨ᠎ᠢ ᠳᠠᠩᠰᠠᠯᠠᠬᠤ ᠪᠠ ᠦᠨᠡᠯᠡᠨ ᠵᠢᠱ᠌ᠢᠵᠦ ᠳᠡᠰ ᠲᠣᠭᠲᠠᠭ᠋ᠠᠬᠤ ᠳᠦᠷᠢᠮ᠎ᠢ ᠪᠠᠶ᠋ᠢᠭᠤᠯᠤᠨ᠎ᠠ᠃
(ᠶᠢᠰᠦ) ᠤᠨᠤᠯ᠎ᠤᠨ ᠰᠤᠳᠤᠯᠭ᠋ᠠᠨ᠎ᠤ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠦᠨ ᠡᠮᠬᠢᠳᠭᠡᠨ ᠨᠡᠶ᠋ᠢᠳᠭᠡᠵᠦ᠂ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠤᠰᠬᠠᠶ ᠰᠤᠳᠤᠯᠭ᠋ᠠᠨ᠎ᠤ ᠬᠦᠴᠦᠨ᠎ᠢ ᠴᠢᠩᠭ᠋ᠠᠳᠬᠠᠨ᠂ ᠨᠢᠭᠡ ᠪᠦᠯᠦᠭ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠤᠳᠤᠯᠭ᠋ᠠᠨ᠎ᠤ ᠰᠠᠭᠤᠷᠢᠨ᠎ᠢ ᠪᠠᠶ᠋ᠢᠭᠤᠯᠤᠨ᠎ᠠ᠃ ᠤᠯᠤᠰ᠎ᠤᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ᠂ ᠴᠢᠬᠤᠯᠠ ᠶᠡᠭᠡ ᠰᠣᠶᠣᠯ᠎ᠤᠨ ᠢᠨᠵᠧᠨᠧᠷᠢᠩ᠎ᠳᠠᠬᠢ ᠪᠣᠳᠠᠰ᠎ᠤᠨ ᠪᠤᠰᠤ ᠰᠣᠶᠣᠯ᠎ᠤᠨ ᠥᠪ᠎ᠲᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠵᠡᠷᠭᠡ᠎ᠪᠠᠷ ᠭᠤᠤᠯᠳᠠᠭᠤᠯᠤᠨ᠂ ᠣᠯᠠᠨ ᠰᠢᠨᠵᠢᠯᠡᠭᠡᠨ᠎ᠤ ᠰᠠᠯᠠᠭ᠋ᠠᠨ᠎ᠤ ᠰᠤᠳᠤᠯᠭ᠋ᠠᠨ᠎ᠤ ᠲᠠᠪᠴᠠᠩ᠎ᠢ ᠪᠠᠶ᠋ᠢᠭᠤᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠭᠤᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠷᠳᠡᠮ ᠰᠢᠨᠵᠢᠯᠡᠭᠡᠨ᠎ᠤ ᠬᠤᠭᠤᠴᠠᠭ᠋ᠠᠲᠤ ᠰᠡᠳᠬᠦᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠢᠶ᠎ᠠ ᠪᠦᠬᠦᠢ ᠬᠡᠪᠯᠡᠯ᠎ᠤᠨ ᠠᠵᠢᠯ᠎ᠢ ᠴᠢᠩᠭ᠋ᠠᠳᠬᠠᠨ᠎ᠠ᠃ ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠤᠨ᠎ᠤ ᠬᠤᠷᠠᠯ᠂ ᠡᠷᠳᠡᠮ ᠰᠢᠨᠵᠢᠯᠡᠭᠡᠨ᠎ᠤ ᠬᠤᠷᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠡᠷᠬᠢᠯᠡᠨ᠎ᠠ᠃
ᠭᠤᠷᠪᠠ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠲᠦᠪᠰᠢᠨ᠎ᠢ ᠳᠡᠭᠡᠭᠰᠢᠯᠡᠭᠦᠯᠦᠨ᠎ᠠ
(ᠠᠷᠪᠠ) ᠲᠥᠷᠥᠯ ᠬᠤᠪᠢᠶᠠᠨ ᠬᠠᠮᠠᠭ᠋ᠠᠯᠠᠬᠤ ᠵᠢ ᠴᠢᠩᠭ᠋ᠠᠳᠬᠠᠨ᠎ᠠ᠃ ᠠᠷᠠᠳ᠎ᠤᠨ ᠤᠷᠠᠨ ᠵᠣᠬᠢᠶᠠᠯ᠎ᠤᠨ ᠴᠠᠭ ᠦᠶ᠎ᠡ ᠵᠢᠨ ᠦᠨ᠎ᠡ ᠥᠷᠲᠡᠭ᠂ ᠨᠡᠶ᠋ᠢᠭᠡᠮ᠎ᠤᠨ ᠦᠢ᠍ᠯᠡᠳᠣᠯ᠎ᠢ ᠲᠠᠶ᠋ᠢᠯᠪᠤᠷᠢᠯᠠᠨ ᠠᠭᠤᠳᠠᠯᠵᠤ᠂ ᠢᠯᠡᠷᠡᠭᠦᠯᠬᠦ ᠠᠷᠭ᠎ᠠ ᠮᠠᠶᠢᠭ᠎ᠤᠨ ᠲᠠᠯ᠎ᠠ᠎ᠪᠠᠷ ᠰᠢᠨ᠎ᠡ ᠵᠢ ᠡᠭᠦᠳᠦᠨ᠎ᠡ᠃ ᠤᠯᠠᠮᠵᠢᠯᠠᠯᠲᠤ ᠳᠠᠭᠤᠤ ᠬᠥᠭᠵᠢᠮ᠂ ᠤᠯᠠᠮᠵᠢᠯᠠᠯᠲᠤ ᠪᠥᠵᠢᠭ᠂ ᠤᠯᠠᠮᠵᠢᠯᠠᠯᠲᠤ ᠰᠢ ᠵᠦᠴᠦᠭᠡ᠂ ᠲᠠᠭᠤᠤᠷᠢᠯᠢᠭ᠂ ᠼᠢᠷᠺ᠎ᠤᠨ ᠦᠢ᠍ᠯᠡᠳᠤᠯᠭᠡ ᠵᠢᠨ ᠳᠠᠪᠲᠠᠮᠵᠢ ᠪᠠ ᠲᠣᠭᠯᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠰᠢ ᠵᠦᠴᠦᠭᠡ ᠵᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ᠂ ᠲᠠᠭᠤᠷᠢᠯᠢᠬ᠎ᠢ ᠤᠯᠠᠮᠵᠢᠯᠠᠨ ᠵᠠᠯᠭ᠋ᠠᠮᠵᠢᠯᠠᠵᠤ ᠬᠥᠭᠵᠢᠭᠦᠯᠬᠦ ᠲᠥᠯᠥᠪᠯᠡᠭᠡ ᠵᠢ ᠭᠦᠨᠵᠡᠭᠡᠶ ᠬᠡᠷᠡᠭᠵᠢᠭᠦᠯᠦᠨ᠂ ᠰᠢᠯᠢᠳᠡᠭ ᠵᠦᠴᠦᠭᠡ ᠵᠢᠨ ᠵᠣᠬᠢᠶᠠᠯ᠂ ᠲᠠᠭᠤᠷᠢᠯᠢᠬ᠎ᠤᠨ ᠵᠣᠬᠢᠶᠠᠯ᠎ᠢ ᠵᠣᠬᠢᠶᠠᠨ ᠪᠦᠲᠦᠭᠡᠬᠦ ᠵᠢ ᠲᠡᠳᠬᠦᠬᠦ ᠡᠷᠴᠢᠮ ᠵᠶ᠋ᠠᠨ ᠴᠢᠩᠭ᠋ᠠᠷᠠᠭᠤᠯᠵᠤ᠂ ᠲᠣᠭᠯᠠᠯᠲᠠ ᠵᠢᠨ ᠤᠷᠠᠯᠢᠭ᠎ᠤᠨ ᠲᠥᠷᠥᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠮᠢᠵᠢᠷᠠᠯ᠎ᠤᠨ ᠬᠦᠴᠦᠨ᠎ᠢ ᠴᠢᠩᠭ᠋ᠠᠷᠠᠭᠤᠯᠤᠨ᠎ᠠ᠃ ᠤᠯᠠᠮᠵᠢᠯᠠᠯᠲᠤ ᠪᠡᠶ᠎ᠡ ᠵᠢᠨ ᠲᠠᠮᠢᠷ᠂ ᠨᠠᠶ᠋ᠢᠷ ᠨᠠᠭ᠋ᠠᠳᠤᠮ᠎ᠢ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠎ᠳᠤ ᠣᠷᠣᠭᠤᠯᠬᠤ ᠵᠢ ᠠᠬᠢᠭᠤᠯᠤᠨ᠎ᠠ᠃ ᠳᠤᠮᠳᠠᠳᠤ ᠤᠯᠤᠰ᠎ᠤᠨ ᠤᠯᠠᠮᠵᠢᠯᠠᠯᠲᠤ ᠭᠠᠷ ᠤᠷᠠᠯᠠᠯ᠎ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠵᠢ ᠦᠷᠭᠦᠯᠵᠢᠯᠡᠨ ᠬᠡᠷᠡᠭᠵᠢᠭᠦᠯᠵᠦ᠂ ᠦᠨᠳᠦᠰᠦᠲᠡᠨ᠎ᠨᠦᠭᠦᠳ᠎ᠤᠨ ᠤᠯᠠᠮᠵᠢᠯᠠᠯᠲᠤ ᠰᠢᠯᠢᠳᠡᠭ ᠭᠠᠷ ᠤᠷᠠᠯᠠᠯ᠎ᠢ ᠬᠠᠮᠠᠭ᠋ᠠᠯᠠᠬᠤ ᠪᠠ ᠤᠯᠠᠮᠵᠢᠯᠠᠨ ᠵᠠᠯᠭ᠋ᠠᠮᠵᠢᠯᠠᠬᠤ ᠵᠢ ᠴᠢᠩᠭ᠋ᠠᠳᠬᠠᠨ᠂ ᠤᠯᠠᠮᠵᠢᠯᠠᠯᠲᠤ ᠤᠷᠠᠨ ᠵᠢᠷᠤᠭ᠂ ᠤᠯᠠᠮᠵᠢᠯᠠᠯᠲᠤ ᠭᠠᠷ ᠤᠷᠠᠯᠠᠯ᠂ ᠬᠢᠲᠠᠳ ᠡᠮ ᠨᠠᠶ᠋ᠢᠷᠠᠭᠤᠯᠬᠤ ᠵᠢᠴᠢ ᠪᠤᠰᠤᠳ ᠤᠯᠠᠮᠵᠢᠯᠠᠯᠲᠤ ᠭᠠᠷ ᠤᠷᠠᠯᠠᠯ᠎ᠢ ᠤᠳᠤ ᠦᠶ᠎ᠡ ᠵᠢᠨ ᠠᠮᠢᠳᠤᠷᠠᠯ ᠳᠤᠮᠳᠠ ᠥᠷᠭᠡᠨ ᠵᠶ᠋ᠠᠷ ᠬᠡᠷᠡᠭᠯᠡᠬᠦ ᠵᠢ ᠠᠬᠢᠭᠤᠯᠤᠨ᠎ᠠ᠃ ᠨᠥᠬᠦᠴᠡᠯ᠎ᠳᠤ ᠨᠡᠶ᠋ᠢᠴᠡᠬᠦ ᠤᠯᠠᠮᠵᠢᠯᠠᠯᠲᠤ ᠭᠠᠷ ᠤᠷᠠᠯᠠᠯ᠎ᠤᠨ ᠠᠵᠤ ᠠᠬᠤᠶ᠋ᠢᠯᠠᠯ᠎ᠢ ᠳᠤᠮᠳᠠᠳᠤ ᠵᠢᠨ ᠤᠯᠠᠮᠵᠢᠯᠠᠯᠳᠤ ᠨᠠᠷᠠᠲᠤ ᠲᠡᠮᠳᠡᠭᠲᠦ ᠵᠢᠨ ᠨᠡᠷᠡᠰ᠎ᠤᠨ ᠵᠢᠬᠰᠠᠭ᠋ᠠᠯᠳᠠᠳᠤ ᠣᠷᠣᠭᠤᠯᠵᠤ᠂ ᠨᠥᠬᠦᠴᠡᠯ᠎ᠳᠤ ᠨᠡᠶ᠋ᠢᠴᠡᠬᠦ ᠤᠯᠠᠮᠵᠢᠯᠠᠯᠲᠤ ᠡᠮ ᠡᠮᠨᠡᠯᠭᠡ ᠵᠢᠨ ᠲᠥᠷᠥᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭ᠋ᠠᠮᠵᠢᠯᠠᠭᠴᠢ ᠵᠢᠨ ᠬᠠᠤᠯᠢ ᠶᠣᠰᠣᠭ᠋ᠠᠷ ᠡᠮᠴᠢ ᠵᠢᠨ ᠬᠢᠷᠢ ᠬᠡᠮ ᠤᠯᠬᠤ ᠵᠢ ᠳᠡᠮᠵᠢᠨ᠎ᠠ᠃ ᠤᠯᠠᠮᠵᠢᠯᠠᠯᠲᠤ ᠪᠠᠶᠠᠷ᠎ᠤᠨ ᠡᠳᠦᠷ᠂ ᠠᠷᠠᠳ᠎ᠤᠨ ᠵᠠᠩ ᠦᠢ᠍ᠯᠡ ᠵᠢᠨ ᠠᠵᠢᠯᠯᠠᠭ᠎ᠠ ᠵᠢᠨ ᠠᠭᠤᠯᠭ᠎ᠠ ᠪᠠ ᠬᠡᠯᠪᠡᠷᠢ ᠵᠢ ᠪᠠᠶᠠᠯᠢᠭᠵᠢᠭᠤᠯᠵᠤ᠂ ᠳᠤᠮᠳᠠᠳᠤ ᠤᠯᠤᠰ᠎ᠤᠨ ᠤᠯᠠᠮᠵᠢᠯᠠᠯᠲᠤ ᠪᠠᠶᠠᠷ᠎ᠤᠨ ᠡᠳᠦᠷ᠎ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠦᠨ᠎ᠡ᠃
(ᠠᠷᠪᠠᠨ ᠨᠢᠭᠡ) ᠤᠯᠤᠰ᠎ᠤᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ᠎ᠳᠤ ᠠᠭᠤᠰᠤᠯᠴᠠᠨ᠎ᠠ᠃ ᠪᠡᠭᠡᠵᠢᠩ ᠲᠢᠶᠠᠨᠵᠢᠨ ᠾᠧᠪᠧᠶ ᠵᠢᠨ ᠬᠠᠮᠵᠢᠯᠴᠠᠨ ᠬᠥᠭᠵᠢᠬᠦ᠂ ᠬᠥᠬᠡᠮᠥ᠋ᠷᠡᠨ᠎ᠤ ᠠᠵᠤ ᠠᠬᠤᠶ ᠵᠢᠨ ᠪᠦᠰᠡ ᠵᠢᠨ ᠬᠥᠭᠵᠢᠯᠲᠡ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠪᠥᠲᠥᠭᠡᠨ ᠪᠠᠶ᠋ᠢᠭᠤᠯᠤᠯᠲᠠ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠣᠭᠴᠠᠵᠢᠭᠰᠠᠨ ᠬᠥᠭᠵᠢᠯᠲᠡ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ᠂ ᠬᠠᠶ᠋ᠢᠨᠠᠨ᠎ᠤ ᠥᠭᠡᠷᠡᠴᠢᠯᠡᠯᠲᠡ ᠨᠡᠭᠡᠭᠡᠯᠲᠡ ᠵᠢ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠡᠷᠭᠡ ᠤᠯᠤᠰ᠎ᠤᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ᠎ᠳᠠᠬᠢ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠵᠢ ᠴᠢᠩᠭ᠋ᠠᠳᠬᠠᠵᠦ᠂ ᠣᠷᠣᠨ ᠪᠦᠰᠡ ᠵᠢᠨ ᠬᠠᠮᠠᠭ᠋ᠠᠯᠠᠯᠲᠠ ᠵᠢᠨ ᠬᠠᠮᠵᠢᠯᠴᠠᠬᠤ ᠲᠣᠭᠲᠠᠴᠠ ᠵᠢ ᠪᠠᠶ᠋ᠢᠭᠤᠯᠵᠤ᠂ ᠲᠤᠰᠬᠠᠶ ᠰᠡᠳᠦᠪᠲᠦ ᠰᠤᠳᠤᠯᠭ᠋ᠠᠨ᠎ᠢ ᠴᠢᠩᠭ᠋ᠠᠳᠬᠠᠵᠤ᠂ ᠲᠥᠷᠥᠯ ᠲᠡᠮᠳᠡᠭ᠎ᠤᠨ ᠠᠵᠢᠯᠯᠠᠭ᠎ᠠ ᠡᠷᠭᠢᠯᠡᠨ᠎ᠡ᠃ ᠬᠠᠳᠤᠨ ᠭᠤᠤᠯ᠎ᠤᠨ ᠰᠠᠪᠠ ᠭᠠᠵᠠᠷ᠎ᠤᠨ ᠡᠯᠪᠡᠭ ᠪᠠᠶᠠᠯᠢᠭ ᠣᠯᠠᠨ ᠶᠠᠩᠵᠤ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠢ ᠤᠯᠠᠮᠵᠢᠯᠠᠨ ᠵᠠᠯᠭ᠋ᠠᠮᠵᠢᠯᠠᠵᠤ ᠠᠰᠢᠬᠯᠠᠬᠤ ᠵᠢ ᠴᠢᠩᠭ᠋ᠠᠳᠬᠠᠨ᠎ᠠ᠃ ᠰᠢᠶᠦ᠋ᠩ ᠠᠨ ᠰᠢᠨ᠎ᠡ ᠲᠣᠭᠤᠷᠢᠭ᠂ ᠪᠡᠭᠡᠵᠢᠩ ᠬᠤᠳᠠ ᠵᠢᠨ ᠳᠡᠳ᠋ ᠲᠥᠪ ᠵᠢᠴᠢ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠳᠦᠭᠡᠨ ᠪᠠᠶ᠋ᠢᠭᠤᠯᠤᠯᠲᠠ᠎ᠳᠠᠬᠢ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠵᠢ ᠴᠢᠩᠭ᠋ᠠᠳᠬᠠᠵᠤ᠂ ᠳᠤᠮᠳᠠᠳᠤ ᠵᠢᠨ ᠰᠣᠶᠣᠯ᠎ᠤᠨ ᠥᠪᠡᠷᠮᠢᠴᠡ ᠡᠭᠦᠳᠦᠯᠲᠡ᠂ ᠦᠷᠳᠡᠭ᠎ᠤᠨ ᠣᠶ᠋ᠢᠯᠠᠭ᠋ᠠᠭᠳᠠᠬᠤᠨ ᠪᠣᠯᠤᠨ ᠢᠯᠡ ᠲᠣᠳᠣ ᠣᠨᠴᠠᠯᠢᠭ᠎ᠢ ᠠᠮᠢᠳᠤᠯᠢᠭ ᠵᠶ᠋ᠠᠷ ᠢᠯᠡᠷᠡᠭᠦᠯᠵᠦ᠂ ᠦᠷᠭᠦᠯᠵᠢᠯᠡᠬᠦ ᠬᠥᠭᠵᠢᠯᠲᠡ ᠵᠢ ᠪᠡᠶᠡᠯᠡᠭᠦᠯᠦᠨ᠎ᠡ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ ᠪᠠ ᠰᠢᠨ᠎ᠡ ᠬᠡᠯᠪᠡᠷᠢ ᠵᠢᠨ ᠬᠤᠲᠠ ᠪᠠᠯᠭ᠋ᠠᠰᠤᠵᠢᠯᠲᠠ ᠵᠢᠨ ᠪᠦᠲᠦᠭᠡᠨ ᠪᠠᠶ᠋ᠢᠭᠤᠯᠤᠯᠲᠠ ᠳᠤᠮᠳᠠ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ᠎ᠳᠤ ᠦᠢ᠍ᠯᠡᠴᠢᠯᠡᠬᠦ ᠦᠢ᠍ᠯᠡᠳᠣᠯ᠎ᠢ ᠪᠠᠳᠠᠷᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ᠂ ᠲᠠᠷᠢᠶᠠᠯᠠᠬᠤ ᠰᠣᠶᠣᠯ᠎ᠤᠨ ᠬᠠᠮᠠᠭ᠋ᠠᠯᠠᠯᠲᠠ᠂ ᠬᠤᠲᠠ ᠵᠢᠨ ᠪᠦᠲᠦᠭᠡᠨ ᠪᠠᠶ᠋ᠢᠭᠤᠯᠤᠯᠲᠠ᠎ᠲᠠᠢ ᠤᠶᠠᠯᠳᠤᠭᠤᠯᠵᠤ᠂ ᠰᠣᠶᠣᠯ᠎ᠤᠨ ᠤᠯᠠᠮᠵᠢᠯᠠᠯ᠎ᠢ ᠬᠠᠮᠠᠭ᠋ᠠᠯᠠᠵᠤ᠂ ᠰᠣᠶᠣᠯ᠎ᠤᠨ ᠦᠨᠳᠦᠰᠦ ᠰᠤᠷᠪᠤᠯᠵᠢ ᠵᠢ ᠰᠠᠬᠢᠨ᠎ᠠ᠃
(ᠠᠷᠪᠠᠨ ᠬᠤᠶᠠᠷ) ᠵᠦᠶ ᠵᠣᠬᠢᠰᠲᠠᠶ ᠠᠰᠢᠬᠯᠠᠬᠤ ᠵᠢ ᠠᠬᠢᠭᠤᠯᠤᠨ᠎ᠠ᠃ ᠪᠦᠲᠦᠮᠵᠢᠲᠡᠶ ᠬᠠᠮᠠᠭ᠋ᠠᠯᠠᠬᠤ ᠤᠷᠢᠲᠠᠯ ᠳᠤᠤᠷ᠎ᠠ᠂ ᠪᠣᠳᠠᠰ᠎ᠤᠨ ᠪᠤᠰᠤ ᠰᠣᠶᠣᠯ᠎ᠤᠨ ᠥᠪ ᠬᠢᠭᠡᠳ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ᠂ ᠴᠢᠨᠠᠷ ᠰᠠᠶ᠋ᠢᠲᠠᠶ ᠬᠥᠭᠵᠢᠬᠦ ᠵᠢ ᠠᠬᠢᠭᠤᠯᠤᠨ᠎ᠠ᠃ ᠬᠥᠳᠡᠭᠡ ᠲᠣᠰᠬᠤᠨ᠎ᠤ ᠵᠢᠭᠤᠯᠴᠢᠯᠠᠯ᠎ᠤᠨ ᠬᠡᠷᠡᠭᠯᠡᠭᠡ ᠵᠢᠨ ᠳᠠᠯᠳᠠ ᠬᠦᠴᠦᠨ᠎ᠢ ᠭᠦᠨᠵᠡᠭᠡᠶ ᠠᠭᠤᠳᠠᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠢ ᠠᠰᠢᠬᠯᠠᠨ ᠬᠥᠳᠡᠭᠡ ᠲᠣᠰᠬᠤᠨ᠎ᠤ ᠵᠢᠭᠤᠯᠴᠢᠯᠠᠯ ᠵᠡᠷᠭᠡ ᠡᠵᠡᠩᠨᠡᠯᠲᠡ ᠵᠢᠨ ᠪᠠᠶ᠋ᠢᠳᠠᠯ᠎ᠢ ᠬᠥᠭᠵᠢᠭᠦᠯᠬᠦ ᠵᠢ ᠳᠡᠮᠵᠢᠵᠦ᠂ ᠰᠣᠶᠣᠯ ᠵᠶ᠋ᠠᠷ ᠵᠢᠭᠤᠯᠴᠢᠯᠠᠯ᠎ᠢ ᠱᠤᠭᠤᠵᠤ᠂ ᠵᠢᠭᠤᠯᠴᠢᠯᠠᠯ ᠵᠶ᠋ᠠᠷ ᠰᠣᠶᠣᠯ᠎ᠢ ᠢᠯᠡᠷᠡᠭᠦᠯᠵᠦ᠂ ᠨᠢᠭᠡ ᠪᠦᠯᠦᠭ ᠪᠣᠳᠠᠰ᠎ᠤᠨ ᠪᠤᠰᠤ ᠰᠣᠶᠣᠯ᠎ᠤᠨ ᠥᠪ᠎ᠤᠨ ᠢᠯᠠ ᠳᠤᠳᠤ ᠣᠨᠴᠠᠯᠢᠭ ᠪᠥᠬᠦᠶ ᠭᠤᠤᠯ ᠰᠡᠳᠦᠪᠲᠦ ᠵᠢᠭᠤᠯᠴᠢᠯᠠᠯ᠎ᠤᠨ ᠵᠠᠮ ᠱᠤᠭᠤᠮ᠎ᠢ ᠭᠠᠷᠭ᠋ᠠᠵᠤ᠂ ᠵᠢᠭᠤᠯᠴᠢᠯᠠᠯ᠎ᠤᠨ ᠦᠢ᠍ᠯᠡᠳᠬᠦᠨ ᠪᠠ ᠲᠣᠭᠯᠠᠯᠲᠠ ᠵᠢᠨ ᠪᠦᠲᠦᠭᠡᠯ᠎ᠢ ᠰᠤᠳᠤᠯᠤᠨ ᠰᠤᠷᠤᠯᠴᠠᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠢ ᠦᠵᠡᠮᠵᠢ ᠵᠢᠨ ᠣᠷᠣᠨ᠂ ᠠᠮᠠᠷᠠᠯᠲᠠ ᠵᠢᠨ ᠣᠷᠣᠨ᠎ᠲᠠᠢ ᠣᠷᠭ᠋ᠠᠨᠢᠭ ᠵᠶ᠋ᠠᠷ ᠠᠭᠤᠰᠤᠯᠴᠠᠭᠤᠯᠬᠤ ᠵᠢ ᠳᠡᠮᠵᠢᠵᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭᠲᠤ ᠦᠵᠡᠮᠵᠢ ᠵᠢᠨ ᠣᠷᠣᠨ᠎ᠢ ᠪᠥᠲᠥᠭᠡᠨ ᠪᠠᠶ᠋ᠢᠭᠤᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠢ ᠵᠦᠢ ᠵᠣᠬᠢᠰᠲᠠᠶ ᠠᠰᠢᠬᠯᠠᠨ ᠤᠳᠬ᠎ᠠ ᠤᠷᠠᠯᠢᠭ᠎ᠤᠨ ᠵᠣᠬᠢᠶᠠᠨ ᠪᠦᠲᠦᠭᠡᠬᠦ ᠪᠠ ᠰᠣᠶᠣᠯ᠎ᠤᠨ ᠡᠭᠦᠳᠦᠨ ᠪᠦᠲᠦᠭᠡᠬᠦ ᠵᠢᠷᠤᠭ ᠲᠥᠯᠥᠪᠯᠡᠭᠡ ᠬᠢᠵᠦ᠂ ᠶᠠᠰᠤ ᠴᠢᠨᠠᠷ ᠪᠣᠯᠤᠨ ᠰᠣᠶᠣᠯ᠎ᠤᠨ ᠠᠭᠤᠯᠤᠭᠳᠠᠬᠤᠨ᠎ᠢ ᠳᠡᠭᠡᠭᠰᠢᠯᠡᠭᠦᠯᠬᠦ ᠵᠢ ᠵᠣᠷᠢᠭᠵᠢᠭᠤᠯᠤᠨ᠎ᠠ᠃ ᠢᠨᠲ᠋ᠧᠷ ᠰᠦᠯᠵᠢᠶᠡᠨ᠎ᠤ ᠲᠠᠪᠴᠠᠩ᠎ᠢ ᠠᠰᠢᠬᠯᠠᠨ᠂ ᠬᠤᠯᠪᠣᠭᠳᠠᠯ ᠪᠦᠬᠦᠢ ᠦᠢ᠍ᠯᠡᠳᠬᠦᠨ᠎ᠢ ᠳᠡᠯᠭᠡᠷᠡᠭᠦᠯᠬᠦ ᠪᠠ ᠪᠣᠷᠣᠯᠠᠭᠤᠯᠬᠤ ᠠᠷᠭ᠎ᠠ ᠵᠠᠮ᠎ᠢ ᠥᠷᠭᠡᠳᠬᠡᠨ᠎ᠡ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠢᠶ᠎ᠠ ᠪᠦᠬᠦᠢ ᠠᠵᠤ ᠠᠬᠤᠶ᠋ᠢᠯᠠᠯ᠎ᠤᠨ ᠣᠯᠠᠨ ᠤᠯᠤᠰ᠎ᠤᠨ ᠵᠠᠬ᠎ᠠ ᠳᠡᠯᠭᠡᠭᠦᠷ ᠵᠶ᠋ᠠᠨ ᠥᠷᠭᠡᠳᠬᠡᠬᠦ ᠵᠢ ᠵᠣᠷᠢᠭᠵᠢᠭᠤᠯᠵᠤ᠂ ᠦᠢ᠍ᠯᠡᠳᠬᠦᠨ ᠪᠠ ᠦᠢ᠍ᠯᠡᠴᠢᠯᠡᠭᠡ᠎ᠪᠠᠨ ᠭᠠᠳᠠᠭ᠋ᠠᠳᠤ᠎ᠳᠤ ᠭᠠᠷᠭ᠋ᠠᠬᠤ ᠵᠢ ᠳᠡᠮᠵᠢᠨ᠎ᠡ᠃
(ᠠᠷᠪᠠᠨ ᠭᠤᠷᠪᠠ) ᠬᠤᠪᠢᠰᠬᠠᠯ᠎ᠤᠨ ᠡᠷᠳᠡ ᠴᠢᠯᠦᠭᠡᠯᠡᠭᠳᠡᠭᠰᠡᠨ ᠤᠷᠤᠨ᠂ ᠦᠨᠳᠦᠰᠦᠲᠡᠨ᠎ᠤ ᠭᠠᠵᠠᠷ ᠣᠷᠣᠨ᠂ ᠬᠢᠯᠢ ᠬᠢᠵᠠᠭ᠋ᠠᠷ ᠣᠷᠣᠨ᠂ ᠶᠠᠳᠠᠭᠤ᠎ᠠᠴᠠ ᠠᠩᠭᠢᠵᠢᠷᠠᠬᠰᠠᠨ ᠭᠠᠵᠠᠷ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠵᠢ ᠴᠢᠩᠭ᠋ᠠᠳᠬᠠᠨ᠎ᠠ᠃ ᠵᠡᠭᠦᠨ ᠳᠤᠮᠳᠠ ᠪᠠᠷᠠᠭᠤᠨ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠬᠠᠮᠵᠢᠯᠴᠠᠬᠤ ᠲᠣᠭᠲᠠᠴᠠ ᠵᠢ ᠪᠠᠶ᠋ᠢᠭᠤᠯᠵᠤ᠂ ᠵᠡᠭᠦᠨ ᠣᠷᠣᠨ᠎ᠤ᠎ᠬᠢᠨ ᠳᠤᠮᠳᠠ ᠪᠠᠷᠠᠭᠤᠨ ᠬᠡᠰᠡᠭ᠎ᠤᠨ ᠭᠠᠵᠠᠷ ᠣᠷᠣᠨ᠎ᠢ ᠬᠠᠮᠵᠢᠯᠴᠠᠨ ᠬᠠᠪᠰᠤᠷᠤᠨ ᠲᠡᠳᠬᠦᠬᠦ ᠠᠵᠢᠯᠯᠠᠭ᠎ᠠ᠎ᠪᠠᠨ ᠴᠢᠩᠭ᠋ᠠᠳᠬᠠᠬᠤ ᠵᠢ ᠵᠣᠷᠢᠭᠵᠢᠭᠤᠯᠤᠨ᠎ᠠ᠃ ᠬᠤᠪᠢᠰᠬᠠᠯ᠎ᠤᠨ ᠡᠷᠳᠡ ᠴᠢᠯᠦᠭᠡᠯᠡᠭᠳᠡᠭᠰᠡᠨ ᠤᠷᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠤᠯᠠᠮᠵᠢᠯᠠᠨ ᠵᠠᠯᠭ᠋ᠠᠮᠵᠢᠯᠠᠭᠴᠢ ᠵᠢᠨ ᠬᠤᠪᠢᠰᠬᠠᠯ᠎ᠤᠨ ᠰᠣᠶᠣᠯ ᠵᠶ᠋ᠠᠷ ᠭᠤᠣᠯ ᠰᠡᠳᠦᠪ ᠪᠣᠯᠭ᠋ᠠᠭᠰᠠᠨ ᠪᠦᠲᠦᠭᠡᠯ᠎ᠢ ᠵᠣᠬᠢᠶᠠᠨ ᠪᠦᠲᠦᠭᠡᠬᠦ ᠵᠢ ᠵᠣᠷᠢᠭᠵᠢᠭᠤᠯᠤᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠦᠨᠳᠦᠰᠦᠲᠡᠨ᠎ᠨᠦᠭᠦᠳ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠨ ᠤᠯᠠᠮᠵᠢᠯᠠᠬᠤ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠲᠦᠷᠢ ᠲᠥᠷᠬᠦ ᠵᠢ ᠪᠤᠢ ᠪᠣᠯᠭ᠋ᠠᠨ ᠲᠤᠪᠤᠶ᠋ᠢᠯᠭ᠋ᠠᠨᠠ᠃ ᠬᠢᠯᠢ ᠬᠢᠵᠠᠭ᠋ᠠᠷ ᠣᠷᠣᠨ᠎ᠤ ᠪᠣᠳᠠᠰ ᠊ᠤᠨᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠤᠨ ᠪᠠᠶ᠋ᠢᠴᠠᠭ᠋ᠠᠯᠲᠠ ᠵᠢ ᠥᠷᠨᠢᠭᠦᠯᠦᠨ᠎ᠡ᠃ ᠡᠷᠬᠢᠨ ᠲᠣᠭᠤᠷᠢᠨ᠎ᠤ ᠤᠯᠤᠰ᠎ᠯᠤᠭ᠎ᠠ ᠬᠠᠮᠲᠤᠷᠠᠨ ᠬᠠᠮᠠᠭ᠋ᠠᠯᠠᠬᠤ ᠠᠵᠢᠯᠯᠠᠭ᠎ᠠ ᠥᠷᠨᠢᠭᠦᠯᠬᠦ ᠵᠢ ᠠᠬᠢᠭᠤᠯᠤᠨ᠎ᠠ᠃ ᠶᠠᠳᠠᠭᠤ᠎ᠠᠴᠠ ᠠᠩᠭᠢᠵᠢᠷᠠᠬᠰᠠᠨ ᠭᠠᠵᠠᠷ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ᠎ᠳᠤ ᠦᠵᠡᠭᠦᠯᠬᠦ ᠲᠤᠰᠬᠠᠢ ᠳᠡᠮᠵᠢᠯᠭᠡ᠎ᠪᠠᠨ ᠴᠢᠩᠭ᠋ᠠᠳᠬᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠵᠢ ᠤᠯᠠᠮ ᠴᠢᠨᠠᠭᠰᠢᠳᠠ ᠠᠬᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠵᠢᠯ ᠣᠯᠭᠤᠬᠤ ᠦᠢ᠍ᠯᠡᠳᠬᠡᠯ᠎ᠤᠨ ᠭᠠᠵᠠᠷ ᠪᠠᠶ᠋ᠢᠭᠤᠯᠬᠤ ᠵᠢ ᠵᠣᠷᠢᠭᠵᠢᠭᠤᠯᠵᠤ᠂ ᠲᠤᠬᠠᠢ ᠵᠢᠨ ᠭᠠᠵᠠᠷ᠎ᠤᠨ ᠶᠠᠳᠠᠭᠤ᠎ᠠᠴᠠ ᠠᠩᠭᠢᠵᠢᠷᠠᠭᠰᠠᠨ ᠬᠥᠮᠦᠨ ᠠᠮᠠ ᠵᠢᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠤᠨ᠎ᠠ᠃
ᠳᠥᠷᠪᠡ᠂ ᠪᠣᠳᠠᠰ᠎ᠤᠨ ᠪᠤᠰᠤ ᠰᠣᠶᠣᠯ᠎ᠤᠨ ᠥᠪ᠎ᠢ ᠳᠠᠮᠵᠢᠭᠤᠯᠭ᠎ᠠ ᠳᠡᠯᠭᠡᠷᠡᠭᠦᠯᠬᠦ ᠡᠷᠴᠢᠮ᠎ᠢ ᠴᠢᠩᠭ᠋ᠠᠷᠠᠭᠤᠯᠤᠨ᠎ᠠ
(ᠠᠷᠪᠠᠨ ᠳᠥᠷᠪᠡ) ᠥᠷᠭᠡᠨ ᠵᠶ᠋ᠠᠷ ᠳᠡᠯᠭᠡᠷᠡᠬᠦᠯᠬᠦ ᠵᠢ ᠠᠬᠢᠭᠤᠯᠤᠨ᠎ᠠ᠃ ᠵᠠᠭᠤᠴᠢᠯᠠᠭᠤᠷ᠎ᠤᠨ ᠭᠦᠨᠵᠡᠭᠡᠢ ᠠᠭᠤᠰᠤᠯᠴᠠᠬᠤ ᠬᠠᠨᠳᠤᠰᠢ᠎ᠳᠤ ᠵᠣᠬᠢᠴᠠᠭᠤᠯᠤᠨ᠂ ᠳᠠᠮᠵᠢᠭᠤᠯᠭ᠎ᠠ ᠵᠢᠨ ᠠᠷᠭ᠎ᠠ ᠪᠠᠷᠢᠯ᠎ᠢ ᠪᠠᠶᠠᠯᠢᠭᠵᠢᠭᠤᠯᠵᠤ᠂ ᠳᠠᠮᠵᠢᠭᠤᠯᠭ᠎ᠠ ᠵᠢᠨ ᠠᠷᠭ᠎ᠠ ᠵᠠᠮ᠎ᠢ ᠥᠷᠭᠡᠳᠬᠡᠨ᠂ ᠰᠣᠨᠢᠨ ᠮᠡᠳᠡᠭᠡᠨ᠎ᠤ ᠵᠠᠭᠤᠴᠢᠯᠠᠭᠤᠷ᠎ᠤᠨ᠎ᠬᠢᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠤᠰᠬᠠᠢ ᠰᠡᠳᠦᠪ᠂ ᠲᠤᠰᠬᠠᠢ ᠪᠤᠯᠤᠩ ᠵᠡᠷᠭᠡ ᠵᠢ ᠤᠬᠠᠭ᠋ᠠᠯᠨᠨ ᠭᠠᠷᠭ᠋ᠠᠬᠤ ᠵᠢ ᠵᠣᠷᠢᠭᠵᠢᠭᠤᠯᠵᠤ᠂ ᠬᠤᠯᠪᠣᠭᠳᠠᠯ ᠪᠦᠬᠦᠢ ᠰᠡᠳᠦᠪᠲᠦ ᠪᠠᠷᠢᠮᠲᠠᠲᠤ ᠹᠢᠯᠢᠮ ᠵᠣᠬᠢᠶᠠᠨ ᠪᠦᠲᠦᠭᠡᠬᠦ ᠵᠢ ᠴᠢᠩᠭ᠋ᠠᠳᠬᠠᠬᠤ ᠵᠢ ᠳᠡᠮᠵᠢᠵᠦ᠂ ᠬᠤᠯᠪᠣᠭᠳᠠᠯ ᠪᠦᠬᠦᠢ ᠰᠢᠯᠢᠳᠡᠭ ᠫᠷᠤᠭ᠌ᠷᠠᠮ᠎ᠢ ᠰᠠᠶ᠋ᠢᠲᠤᠷ ᠡᠷᠬᠢᠯᠡᠵᠦ᠂ ᠡᠯ᠎ᠡ ᠲᠦᠷᠦᠯ᠎ᠤᠨ ᠰᠢᠨ᠎ᠡ ᠵᠠᠭᠤᠴᠢᠯᠠᠭᠤᠷ᠎ᠤᠨ ᠲᠠᠪᠴᠠᠩ᠎ᠤᠨ ᠬᠤᠯᠪᠣᠭᠳᠠᠯ ᠪᠦᠬᠦᠢ ᠳᠠᠮᠵᠢᠭᠤᠯᠬᠤ ᠠᠵᠢᠯ᠎ᠢ ᠰᠠᠶ᠋ᠢᠲᠤᠷ ᠬᠢᠬᠦ ᠵᠢ ᠵᠣᠷᠢᠭᠵᠢᠭᠤᠯᠤᠨ᠎ᠠ᠃ ᠰᠣᠶᠣᠯ᠎ᠤᠨ ᠣᠷᠳᠣᠨ (ᠥᠷᠲᠡᠭᠡ)᠂ ᠨᠣᠮ᠎ᠤᠨ ᠰᠠᠩ᠂ ᠮᠦᠽᠧᠶ᠂ ᠤᠷᠠᠨ ᠵᠢᠷᠤᠭ᠎ᠤᠨ ᠣᠷᠳᠣᠨ ᠵᠡᠷᠭᠡ ᠣᠯᠠᠨ ᠨᠡᠶ᠋ᠢᠲᠡ ᠵᠢᠨ ᠰᠣᠶᠣᠯ᠎ᠤᠨ ᠲᠦᠬᠦᠭᠡᠷᠦᠮᠵᠢ ᠵᠢ ᠠᠰᠢᠬᠯᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠢᠶ᠎ᠠ ᠪᠦᠬᠦᠢ ᠪᠣᠯᠪᠠᠰᠤᠷᠠᠯ᠂ ᠦᠵᠡᠭᠦᠯᠭᠡ᠂ ᠲᠠᠶ᠋ᠢᠯᠤᠮᠵᠢ᠂ ᠡᠷᠳᠡᠮ ᠰᠢᠨᠵᠢᠯᠡᠭᠡᠨ᠎ᠤ ᠰᠣᠯᠢᠯᠴᠠᠭ᠎ᠠ ᠵᠡᠷᠭᠡ ᠠᠵᠢᠯᠯᠠᠭ᠎ᠠ ᠵᠢ ᠥᠷᠨᠢᠭᠦᠯᠦᠨ᠎ᠡ᠃ ᠤᠯᠠᠮᠵᠢᠯᠠᠯᠲᠤ ᠪᠠᠶᠠᠷ᠎ᠤᠨ ᠡᠳᠦᠷ᠂ ᠰᠣᠶᠣᠯ ᠪᠠ ᠪᠠᠶ᠋ᠢᠭ᠋ᠠᠯᠢ ᠵᠢᠨ ᠥᠪ᠎ᠤᠨ ᠡᠳᠦᠷ᠎ᠤᠨ ᠬᠤᠭᠤᠴᠠᠭ᠋ᠠᠨ᠎ᠳᠤ ᠡᠯᠪᠡᠭ ᠪᠠᠶᠠᠯᠢᠭ ᠤᠬᠠᠭᠤᠯᠭ᠎ᠠ ᠦᠵᠡᠭᠦᠯᠭᠡ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ᠎ᠠ᠃ ᠲᠤᠰᠬᠠᠶ᠋ᠢᠵᠢᠭᠰᠠᠨ᠂ ᠣᠷᠣᠨ ᠪᠦᠰᠡ ᠵᠢᠨ ᠴᠢᠨᠠᠷᠲᠠᠶ ᠪᠣᠳᠠᠰ᠎ᠤᠨ ᠪᠤᠰᠤ ᠰᠣᠶᠣᠯ᠎ᠤᠨ ᠥᠪ᠎ᠢ ᠳᠡᠯᠭᠡᠨ ᠦᠵᠡᠭᠦᠯᠬᠦ ᠲᠣᠭᠯᠠᠯᠲᠠ ᠵᠢ ᠴᠢᠩᠭ᠋ᠠᠳᠬᠠᠵᠤ᠂ ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠰᠬᠦᠯᠡᠩ᠎ᠤᠨ ᠴᠤᠬᠯᠠᠭ᠋ᠠᠨ᠂ ᠳᠤᠮᠳᠠᠳᠤ ᠤᠯᠤᠰ᠎ᠤᠨ ᠴᠧᠩᠳᠦ᠋ ᠵᠢᠨ ᠣᠯᠠᠨ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠨᠠᠶ᠋ᠢᠷ ᠵᠡᠷᠭᠡ ᠠᠵᠢᠯᠯᠠᠭ᠎ᠠ ᠵᠢ ᠰᠠᠶ᠋ᠢᠲᠤᠷ ᠡᠷᠬᠢᠯᠡᠨ᠎ᠡ᠃
(ᠠᠷᠪᠠᠨ ᠲᠠᠪᠤ) ᠤᠯᠤᠰ ᠠᠷᠠᠳ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠳᠤ ᠠᠭᠤᠰᠤᠯᠴᠠᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠭᠤᠯᠭ᠎ᠠ ᠵᠢ ᠤᠯᠤᠰ ᠠᠷᠠᠳ᠎ᠤᠨ ᠰᠤᠷᠭ᠋ᠠᠨ ᠬᠥᠮᠦᠵᠢᠯ᠎ᠤᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠢᠴᠢᠶᠡᠯ᠎ᠤᠨ ᠰᠢᠰᠲ᠋ᠧᠮ ᠪᠠ ᠵᠢᠭ᠋ᠠᠬᠤ ᠮᠠᠲ᠋ᠧᠷᠢᠶᠠᠯ᠎ᠤᠨ ᠰᠢᠰᠲ᠋ᠧᠮ᠎ᠢ ᠪᠠᠶ᠋ᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠶᠡᠷᠦᠩᠬᠡᠶ᠋ᠢᠯᠡᠭᠰᠡᠨ ᠮᠡᠳᠡᠯᠭᠡ ᠵᠢᠨ ᠰᠤᠷᠭ᠋ᠠᠨ ᠬᠥᠮᠦᠵᠢᠯ᠎ᠤᠨ ᠤᠩᠰᠢᠬᠤ ᠪᠢᠴᠢᠭ᠎ᠢ ᠬᠡᠪᠯᠡᠭᠦᠯᠦᠨ᠎ᠡ᠃ ᠳᠤᠮᠳᠠᠳᠤ ᠪᠠᠭ᠎ᠠ ᠰᠤᠷᠭ᠋ᠠᠭᠤᠯᠢ᠎ᠳᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭᠲᠤ ᠬᠢᠴᠢᠶᠡᠯ ᠨᠡᠭᠡᠭᠡᠵᠦ᠂ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠣᠨᠴᠠᠯᠢᠭᠲᠤ ᠳᠤᠮᠳᠠᠳᠤ ᠪᠠᠭ᠎ᠠ ᠰᠤᠷᠭ᠋ᠠᠭᠤᠯᠢ ᠵᠢᠨ ᠤᠯᠠᠮᠵᠢᠯᠠᠨ ᠵᠠᠯᠭ᠋ᠠᠮᠵᠢᠯᠠᠬᠤ ᠰᠠᠭᠤᠷᠢᠨ ᠪᠠᠶ᠋ᠢᠭᠤᠯᠬᠤ ᠵᠢ ᠵᠣᠷᠢᠭᠵᠢᠭᠤᠯᠤᠨ᠎ᠠ᠃ ᠶᠡᠭᠡ ᠳᠡᠭᠡᠳᠦ ᠰᠤᠷᠭ᠋ᠠᠭᠤᠯᠢ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠢᠨᠵᠢᠯᠡᠭᠡᠨ᠎ᠤ ᠰᠢᠰᠲ᠋ᠧᠮ ᠪᠣᠯᠤᠨ ᠲᠤᠰᠬᠠᠶ ᠮᠡᠷᠭᠡᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠥᠬᠦᠴᠡᠯ᠎ᠲᠠᠢ ᠶᠡᠭᠡ ᠳᠡᠭᠡᠳᠦ ᠰᠤᠷᠭ᠋ᠠᠭᠤᠯᠢ᠎ᠨᠤᠭᠤᠳ᠎ᠤᠨ ᠪᠡᠶ᠎ᠡ᠎ᠪᠠᠨ ᠳᠠᠭ᠋ᠠᠭ᠋ᠠᠵᠤ ᠠᠰᠫᠢᠷᠠᠨᠲ᠎ᠤᠨ ᠴᠡᠭ ᠪᠣᠯᠤᠨ ᠳ᠋ᠣᠺᠲ᠋ᠤᠷ᠎ᠤᠨ ᠴᠡᠭ ᠨᠡᠮᠡᠵᠦ ᠪᠠᠶ᠋ᠢᠭᠤᠯᠬᠤ ᠵᠢ ᠳᠡᠮᠵᠢᠨ᠎ᠡ᠃ ᠠᠵᠢᠯ ᠮᠡᠷᠭᠡᠵᠢᠯ᠎ᠤᠨ ᠰᠤᠷᠭ᠋ᠠᠭᠤᠯᠢ᠎ᠳᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠬᠠᠮᠢᠶ᠎ᠠ ᠪᠦᠬᠦᠢ ᠲᠤᠰᠬᠠᠶ ᠮᠡᠷᠭᠡᠵᠢᠯ ᠪᠠ ᠬᠢᠴᠢᠶᠡᠯ ᠨᠡᠭᠡᠭᠡᠨ᠎ᠡ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠠᠭᠰᠢ ᠵᠢᠨ ᠡᠩᠨᠡᠭᠡ ᠵᠢ ᠬᠥᠮᠦᠵᠢᠭᠦᠯᠬᠦ ᠡᠷᠴᠢᠮ᠎ᠢ ᠴᠢᠩᠭ᠋ᠠᠷᠠᠭᠤᠯᠵᠤ᠂ ᠲᠥᠯᠥᠭᠡᠯᠡᠬᠦ ᠴᠢᠨᠠᠷᠲᠠᠢ ᠵᠠᠯᠭ᠋ᠠᠮᠵᠢᠯᠠᠭᠴᠢ ᠵᠢᠨ ᠰᠤᠷᠭ᠋ᠠᠭᠤᠯᠢ᠎ᠳᠤ ᠬᠢᠴᠢᠶᠡᠯ ᠣᠷᠣᠬᠤ ᠪᠠ ᠵᠢᠭ᠋ᠠᠨ ᠰᠤᠷᠭ᠋ᠠᠯᠲᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠳᠤ ᠣᠷᠣᠯᠴᠠᠬᠤ ᠵᠢ ᠲᠡᠮᠵᠢᠨ᠎ᠡ᠃ ᠨᠡᠶ᠋ᠢᠭᠡᠮ᠎ᠤᠨ ᠬᠦᠴᠦᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠥᠮᠦᠵᠢᠯ ᠪᠣᠯᠪᠠᠰᠤᠷᠠᠯ᠎ᠳᠤ ᠣᠷᠣᠯᠴᠠᠭᠤᠯᠵᠤ᠂ ᠨᠡᠶ᠋ᠢᠭᠡᠮ᠎ᠤᠨ ᠦᠢ᠍ᠯᠡᠳᠤᠯᠭᠡ ᠪᠣᠯᠤᠨ ᠰᠤᠳᠤᠯᠤᠨ ᠰᠤᠷᠤᠯᠴᠠᠬᠤ ᠠᠵᠢᠯᠯᠠᠭ᠎ᠠ ᠵᠢ ᠥᠷᠭᠡᠨ ᠳᠡᠯᠭᠡᠷ ᠥᠷᠨᠢᠭᠦᠯᠦᠨ᠎ᠡ᠃ ᠨᠢᠭᠡ ᠪᠦᠯᠦᠭ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭ᠋ᠠᠮᠵᠢᠯᠠᠬᠤ ᠬᠥᠮᠦᠵᠢᠯ᠎ᠤᠨ ᠦᠢ᠍ᠯᠡᠳᠦᠯᠭᠡ ᠵᠢᠨ ᠰᠠᠭᠤᠷᠢᠨ᠎ᠢ ᠪᠠᠶ᠋ᠢᠭᠤᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠵᠢ ᠵᠣᠷᠢᠭᠵᠢᠭᠤᠯᠤᠨ᠎ᠠ᠃
(ᠠᠷᠪᠠᠨ ᠵᠢᠷᠭᠤᠭ᠎ᠠ) ᠭᠠᠳᠠᠭ᠋ᠠᠳᠤ ᠪᠤᠯᠤᠨ ᠰᠢᠶᠠᠩᠭ᠋ᠠᠩ ᠣᠣᠮᠧᠨ ᠲᠠᠶ᠋ᠢᠸᠠᠨᠯᠤᠭᠠ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠨ᠎ᠠ᠃ ᠴᠢᠬᠤᠯᠠ ᠠᠵᠢᠯᠯᠠᠭ᠎ᠠ᠂ ᠪᠠᠶᠠᠷ ᠳᠤᠷᠠᠰᠬᠠᠯ᠂ ᠬᠤᠷᠠᠯ ᠵᠡᠷᠭᠡ᠎ᠲᠠᠢ ᠵᠤᠬᠢᠴᠠᠯᠳᠠᠭᠤᠯᠤᠨ᠂ ᠭᠠᠳᠠᠭ᠋ᠠᠳᠤ ᠪᠤᠯᠤᠨ ᠰᠢᠶᠠᠩᠭ᠋ᠠᠩ ᠣᠣᠮᠧᠨ ᠲᠠᠶ᠋ᠢᠸᠠᠨᠯᠤᠭᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠣᠯᠢᠯᠴᠠᠭ᠎ᠠ ᠳᠠᠮᠵᠢᠭᠤᠯᠭ᠎ᠠ ᠵᠢᠨ ᠠᠵᠢᠯᠯᠠᠭ᠎ᠠ ᠵᠢ ᠡᠷᠬᠢᠯᠡᠨ᠎ᠡ᠃ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ ᠵᠡᠷᠭᠡ ᠤᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ᠎ᠯᠤᠭ᠎ᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠬᠤᠭᠤᠷᠣᠨᠳᠣᠬᠢ ᠤᠯᠠᠨ ᠲᠠᠯᠠᠲᠤ᠂ ᠬᠤᠶᠠᠷ ᠲᠠᠯᠠᠲᠤ ᠬᠠᠮᠲᠤᠷᠠᠯᠴᠠᠭ᠋ᠠᠨ᠎ᠤ ᠠᠷᠭ᠎ᠠ ᠵᠠᠮ᠎ᠢ ᠥᠷᠭᠡᠳᠬᠡᠨ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠳᠦᠭᠡᠨ ᠪᠠᠶ᠋ᠢᠭᠤᠯᠬᠤ ᠤᠯᠤᠰ ᠪᠠ ᠭᠠᠵᠠᠷ ᠣᠷᠣᠨᠯᠦᠭᠡ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠣᠯᠢᠯᠴᠠᠭ᠎ᠠ᠎ᠪᠠᠨ ᠴᠢᠩᠭ᠋ᠠᠳᠬᠠᠵᠤ᠂ ᠤᠯᠠᠨ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠦᠷᠢᠶᠡᠨ᠎ᠳᠠᠬᠢ ᠮᠠᠨ᠎ᠤ ᠤᠯᠤᠰ᠎ᠤᠨ ᠦᠭᠡ ᠬᠡᠯᠡᠬᠦ ᠡᠷᠬᠡ ᠵᠢ ᠳᠡᠭᠡᠭᠰᠢᠯᠡᠭᠦᠯᠦᠨ᠂ ᠤᠯᠤᠰ᠎ᠤᠨ ᠡᠷᠬᠡ ᠮᠡᠳᠡᠯ ᠪᠠ ᠰᠣᠶᠣᠯ᠎ᠤᠨ ᠠᠮᠤᠷ ᠲᠦᠪᠰᠢᠨ᠎ᠢ ᠬᠠᠮᠠᠭ᠋ᠠᠯᠠᠨ᠎ᠠ᠃ ᠤᠯᠠᠨ ᠤᠯᠤᠰ᠎ᠤᠨ ᠰᠣᠶᠣᠯ᠎ᠤᠨ ᠲᠤᠰᠬᠠᠢ ᠮᠡᠷᠭᠡᠵᠢᠯᠲᠡᠨ᠎ᠤ ᠡᠩᠨᠡᠭᠡᠨ᠎ᠤ ᠪᠠᠶ᠋ᠢᠭᠤᠯᠤᠯᠲᠠ ᠪᠠ ᠳᠤᠮᠳᠠᠳᠤ ᠭᠠᠳᠠᠭ᠋ᠠᠳᠤ ᠵᠢᠨ ᠤᠶᠤᠨ᠎ᠤ ᠬᠥᠮᠥᠷᠭᠡ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠤᠯᠠᠨ ᠤᠯᠤᠰ᠎ᠤᠨ ᠡᠷᠳᠡᠮ ᠰᠢᠨᠵᠢᠯᠡᠭᠡᠨ᠎ᠤ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ᠃ ᠭᠠᠳᠠᠭ᠋ᠠᠳᠤ᠎ᠳᠤ ᠰᠠᠭᠤᠭ᠎ᠠ ᠡᠯ᠎ᠡ ᠡᠯᠴᠢᠨ ᠰᠠᠶ᠋ᠢᠳ᠎ᠤᠨ ᠶᠠᠮᠤᠨ᠂ ᠺᠤᠨᠰᠦ᠋ᠯ᠎ᠤᠨ ᠭᠠᠵᠠᠷ᠂ ᠭᠠᠳᠠᠭ᠋ᠠᠳᠤ᠎ᠳᠤ ᠰᠠᠭᠤᠭ᠎ᠠ ᠳᠤᠮᠳᠠᠳᠤ ᠤᠯᠤᠰ᠎ᠤᠨ ᠰᠣᠶᠣᠯ᠎ᠤᠨ ᠲᠥᠪ᠂ ᠭᠠᠳᠠᠭ᠋ᠠᠳᠤ᠎ᠳᠤ ᠰᠠᠭᠤᠭ᠎ᠠ ᠵᠢᠭᠤᠯᠴᠢᠯᠠᠯ᠎ᠤᠨ ᠬᠡᠷᠡᠭ ᠡᠷᠬᠢᠯᠡᠬᠦ ᠭᠠᠵᠠᠷ᠂ ᠳᠤᠮᠳᠠᠳᠤ ᠵᠢᠨ ᠪᠡᠯᠡᠳᠤ ᠠᠵᠤ ᠠᠬᠤᠶ᠋ᠢᠯᠠᠯ ᠵᠢᠴᠢ ᠭᠠᠳᠠᠭ᠋ᠠᠳᠤ᠎ᠳᠤ ᠰᠠᠭᠤᠭ᠎ᠠ ᠬᠠᠷᠢᠶᠠᠲᠤ ᠨᠡᠷ ᠪᠠ ᠭᠠᠳᠠᠭ᠋ᠠᠳᠤ᠎ᠳᠤ ᠰᠤᠷᠤᠯᠴᠠᠵᠤ ᠪᠠᠶ᠋ᠢᠭ᠎ᠠ ᠰᠤᠷᠤᠬ᠍ᠴᠢ ᠵᠡᠷᠭᠡ ᠵᠢᠨ ᠮᠠᠨ᠎ᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠤᠬᠠᠭᠤᠯᠤᠨ ᠳᠡᠯᠭᠡᠷᠡᠭᠦᠯᠬᠦ ᠠᠵᠢᠯ᠎ᠢ ᠢᠳᠡᠪᠬᠢᠲᠡᠢ ᠥᠷᠨᠢᠭᠦᠯᠬᠦ ᠵᠢ ᠵᠣᠷᠢᠭᠵᠢᠭᠤᠯᠤᠨ᠎ᠠ᠃ ᠮᠠᠨ᠎ᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠭᠠᠳᠠᠭᠰᠢ ᠤᠬᠠᠭᠤᠯᠤᠨ ᠳᠠᠮᠵᠢᠭᠤᠯᠬᠤ᠎ᠪᠠᠷ ᠭᠤᠣᠯ ᠠᠭᠤᠯᠭ᠎ᠠ ᠪᠣᠯᠭ᠋ᠠᠭᠰᠠᠨ ᠺᠢᠨᠣ᠋ ᠲᠧᠯᠸᠢᠰ ᠵᠦᠴᠦᠭᠡ᠂ ᠪᠠᠷᠢᠮᠲᠠᠲᠤ ᠺᠢᠨᠣ᠋᠂ ᠤᠬᠠᠭᠤᠯᠭ᠎ᠠ ᠵᠢᠨ ᠹᠢᠯᠢᠮ᠂ ᠲᠠᠶ᠋ᠢᠰᠠᠨ᠎ᠤ ᠵᠦᠴᠦᠭᠡ᠂ ᠣᠬᠤᠷ ᠸᠢᠳᠢᠣ᠋ ᠵᠡᠷᠭᠡ ᠰᠢᠯᠢᠳᠡᠭ ᠪᠦᠲᠦᠭᠡᠯ᠎ᠢ ᠪᠦᠳᠤᠬᠡᠨᠠ᠃ ᠳᠤᠮᠳᠠᠳᠤ ᠭᠠᠳᠠᠭ᠋ᠠᠳᠤ ᠵᠢᠨ ᠰᠤᠶᠤᠯ ᠢᠷᠬᠡᠨᠰᠢᠯ᠎ᠤᠨ ᠰᠣᠯᠢᠯᠴᠠᠭ᠋ᠠᠨ᠎ᠤ ᠠᠵᠢᠯᠯᠠᠭ᠎ᠠ ᠵᠡᠷᠭᠡ ᠬᠡᠯᠪᠡᠷᠢ᠎ᠪᠠᠷ ᠳᠠᠮᠵᠢᠭᠤᠯᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠲᠡᠷᠢᠭᠦᠨ᠎ᠤ ᠲᠤᠷᠰᠢᠯᠭ᠎ᠠ ᠵᠢ ᠰᠣᠯᠢᠯᠴᠠᠵᠤ᠂ ᠳᠡᠯᠡᠬᠡᠢ ᠨᠡᠶ᠋ᠢᠭᠡᠮ᠎ᠳᠤ ᠮᠠᠨ᠎ᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠪᠠ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠬᠠᠭᠤᠯᠤᠨ ᠲᠠᠨᠢᠯᠴᠠᠭᠤᠯᠤᠨ᠎ᠠ᠃ ᠳᠣᠲᠣᠷ᠎ᠠ ᠭᠠᠵᠠᠷ ᠪᠣᠯᠤᠨ ᠰᠢᠶᠠᠩᠭ᠋ᠠᠩ ᠣᠣᠮᠧᠨ᠂ ᠡᠬᠡ ᠬᠠᠭᠤᠷᠠᠢ ᠪᠣᠯᠤᠨ ᠲᠠᠶ᠋ᠢᠸᠠᠨ ᠣᠷᠣᠨ᠎ᠤ ᠰᠣᠯᠢᠯᠴᠠᠭ᠎ᠠ ᠬᠠᠮᠲᠤᠷᠠᠯᠴᠠᠭ᠎ᠠ ᠵᠢ ᠢᠳᠡᠪᠬᠢᠲᠡᠢ ᠠᠬᠢᠭᠤᠯᠵᠤ᠂ ᠪᠤᠳᠠᠰ᠎ᠤᠨ ᠪᠤᠰᠤ ᠰᠤᠶᠤᠯ᠎ᠤᠨ ᠦᠪ᠎ᠤᠨ ᠰᠣᠶᠣᠯ᠎ᠤᠨ ᠬᠠᠮᠳᠦ ᠵᠢᠨ ᠲᠠᠨᠢᠯᠳᠠ ᠵᠢ ᠨᠡᠮᠡᠭᠳᠡᠭᠦᠯᠬᠦ᠂ ᠤᠯᠤᠰ᠎ᠤᠨ ᠨᠢᠭᠡᠳᠦᠯ᠎ᠢ ᠬᠠᠮᠠᠭ᠋ᠠᠯᠠᠬᠤ ᠳᠤᠮᠳᠠᠬᠢ ᠥᠪᠡᠷᠮᠢᠴᠡ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃
ᠲᠠᠪᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ
(ᠠᠷᠪᠠᠨ ᠳᠣᠯᠤᠭ᠎ᠠ) ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠨ᠎ᠠ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠎ᠤ᠎ᠬᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠠᠵᠢᠯ᠎ᠤᠨ ᠴᠢᠬᠤᠯᠠ ᠴᠢᠨᠠᠷ᠎ᠤᠨ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠠᠵᠢᠯ᠎ᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠠᠮᠢᠶ᠎ᠠ ᠪᠦᠬᠦᠢ ᠲᠥᠯᠥᠪᠵᠢᠭᠦᠯᠭᠡ᠎ᠳᠡᠭᠡᠨ ᠣᠷᠣᠭᠤᠯᠵᠤ᠂ ᠬᠢᠨᠠᠨ ᠰᠢᠯᠭ᠋ᠠᠵᠤ ᠦᠨᠡᠯᠡᠬᠦ ᠰᠢᠰᠲ᠋ᠧᠮ᠎ᠳᠤ ᠣᠷᠣᠭᠤᠯᠬᠤ ᠬᠡᠷᠡᠭᠲᠡᠶ᠃ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠠᠵᠢᠯ᠎ᠤᠨ ᠬᠠᠮᠲᠤᠷᠠᠭᠰᠠᠨ ᠬᠤᠷᠠᠯ᠎ᠤᠨ ᠳᠦᠷᠢᠮ᠎ᠢ ᠪᠦᠷᠢᠨᠰᠢᠭᠦᠯᠦᠨ᠎ᠠ᠃ ᠨᠡᠶ᠋ᠢᠭᠡᠮ᠎ᠤᠨ ᠬᠦᠴᠦᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠠᠵᠢᠯ᠎ᠳᠤ ᠣᠷᠣᠯᠴᠠᠭᠤᠯᠵᠤ᠂ ᠠᠵᠢᠯ ᠲᠥᠷᠥᠯ ᠵᠶ᠋ᠠᠷ ᠵᠣᠬᠢᠶᠠᠨ ᠪᠠᠶ᠋ᠢᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ᠎ᠬᠢᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠢ ᠬᠠᠤᠯᠢ ᠶᠣᠰᠣᠭ᠋ᠠᠷ ᠵᠦᠢ ᠵᠣᠬᠢᠰᠲᠠᠶ ᠠᠰᠢᠬᠯᠠᠬᠤ ᠵᠢ ᠵᠣᠷᠢᠭᠵᠢᠭᠤᠯᠵᠤ᠂ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ᠎ᠳᠤ ᠠᠰᠢᠭᠲᠠᠶ ᠪᠠᠶ᠋ᠢᠭᠤᠯᠤᠮᠵᠢ ᠲᠣᠭᠲᠠᠴᠠ ᠪᠣᠯᠤᠨ ᠨᠡᠶ᠋ᠢᠭᠡᠮ᠎ᠤᠨ ᠣᠷᠴᠢᠨ ᠲᠣᠭᠤᠷᠢᠨ᠎ᠢ ᠪᠣᠶ ᠪᠣᠯᠭ᠋ᠠᠨ᠎ᠠ᠃
(ᠠᠷᠪᠠᠨ ᠨᠠᠢ᠍ᠮᠠ) ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠲᠡᠭᠦᠯᠳᠡᠷᠵᠢᠭᠦᠯᠦᠨ᠎ᠡ᠃ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠤᠯᠢ》 ᠵᠢ ᠰᠤᠳᠤᠯᠤᠨ ᠵᠠᠰᠠᠪᠤᠷᠢ ᠣᠷᠣᠭᠤᠯᠵᠤ᠂ ᠬᠠᠮᠢᠶ᠎ᠠ ᠪᠦᠬᠦᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ ᠪᠣᠯᠤᠨ ᠳᠦᠷᠢᠮ ᠲᠣᠭᠲᠠᠭ᠋ᠠᠯ᠎ᠢ ᠲᠡᠭᠦᠯᠳᠡᠷᠵᠢᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠳᠦᠷᠢᠮ᠎ᠢ ᠤᠯᠠᠮ ᠨᠢᠭᠡ ᠠᠯᠬᠤᠮ ᠪᠦᠷᠢᠨᠰᠢᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠢ ᠣᠯᠬᠤ ᠪᠠ ᠠᠰᠢᠭ ᠲᠤᠰᠠ ᠵᠢ ᠬᠤᠪᠢᠶᠠᠯᠴᠠᠨ ᠡᠳ᠋ᠯᠡᠬᠦ ᠳᠦᠷᠢᠮ᠎ᠢ ᠪᠠᠶ᠋ᠢᠭᠤᠯᠤᠨ᠎ᠠ᠃ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠤᠯᠢ ᠬᠡᠷᠡᠭᠵᠢᠭᠦᠯᠦᠯᠲᠡ᠎ᠳᠤ ᠪᠠᠶ᠋ᠢᠴᠠᠭ᠋ᠠᠯᠲᠠ ᠬᠢᠬᠦ ᠲᠣᠭᠲᠠᠴᠠ ᠵᠢ ᠪᠠᠶ᠋ᠢᠭᠤᠯᠤᠨ᠎ᠠ᠃ ᠵᠣᠬᠢᠶᠠᠯ ᠪᠦᠲᠦᠭᠡᠯ᠎ᠤᠨ ᠡᠷᠬᠡ᠂ ᠲᠠᠸᠠᠷ᠎ᠤᠨ ᠲᠡᠮᠳᠡᠭ᠎ᠤᠨ ᠡᠷᠬᠡ᠂ ᠲᠤᠰᠬᠠᠶ ᠠᠰᠢᠭ᠎ᠤᠨ ᠡᠷᠬᠡ᠂ ᠭᠠᠵᠠᠷ ᠵᠦᠶ ᠵᠢᠨ ᠢᠯᠡᠷᠭᠡᠶ᠋ᠢᠯᠡᠯ᠎ᠳᠦ ᠲᠡᠮᠳᠡᠭ ᠵᠡᠷᠭᠡ ᠣᠯᠠᠨ ᠵᠦᠢ᠍ᠯ᠎ᠤᠨ ᠠᠷᠭ᠎ᠠ ᠪᠠᠷᠢᠯ᠎ᠢ ᠶᠡᠷᠦᠩᠬᠡᠶ᠋ᠢᠯᠡᠨ ᠬᠡᠷᠡᠭᠯᠡᠵᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠤᠯᠢ ᠲᠦᠭᠡᠮᠡᠯᠵᠢᠭᠦᠯᠬᠦ ᠬᠥᠮᠦᠵᠢᠯ᠎ᠢ ᠴᠢᠩᠭ᠋ᠠᠳᠬᠠᠨ᠎ᠠ᠃
(ᠠᠷᠪᠠ ᠶᠢᠰᠦ) ᠡᠳ᠋᠎ᠤᠨ ᠵᠠᠰᠠᠭ ᠭᠠᠶ᠋ᠢᠯᠢ ᠮᠥᠩᠭᠦᠨ ᠭᠦᠢ᠍ᠯᠭᠡᠭᠡᠨ᠎ᠤ ᠳᠡᠮᠵᠢᠯᠭᠡ ᠵᠢ ᠴᠢᠩᠭ᠋ᠠᠳᠬᠠᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠵᠠᠰᠠᠭ᠎ᠤᠨ ᠣᠷᠳᠣᠨ᠎ᠤ᠎ᠬᠢᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠵᠠᠷᠤᠳᠠᠯ᠎ᠢ ᠲᠤᠰ ᠱᠠᠲᠤᠨ᠎ᠤ ᠲᠥᠰᠦᠪ᠎ᠲᠡᠭᠡᠨ ᠬᠠᠤᠯᠢ ᠶᠣᠰᠣᠭ᠋ᠠᠷ ᠣᠷᠣᠭᠤᠯᠵᠤ᠂ ᠪᠡᠯᠡ ᠮᠥᠩᠭᠦ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠤᠨ᠎ᠠ᠃ ᠲᠥᠰᠦᠪ᠎ᠤᠨ ᠨᠢᠭᠡᠴᠢ ᠵᠢᠨ᠎ᠬᠢᠨ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠢᠶ᠎ᠠ ᠪᠦᠬᠦᠢ ᠦᠢ᠍ᠯᠡᠳᠬᠦᠨ ᠪᠠ ᠦᠢ᠍ᠯᠡᠴᠢᠯᠡᠭᠡ ᠬᠤᠳᠠᠯᠳᠤᠨ ᠠᠪᠬᠤ ᠵᠢ ᠵᠣᠷᠢᠭᠵᠢᠭᠤᠯᠤᠨ᠎ᠠ᠃ ᠬᠠᠨᠳᠤᠯᠭ᠎ᠠ᠎ᠲᠠᠢ᠎ᠪᠠᠷ ᠲᠤᠰᠠᠯᠠᠬᠤ᠂ ᠳᠠᠮ ᠬᠦᠦ᠎ᠲᠠᠢ ᠵᠢᠭᠡᠯᠡᠯᠭᠡ ᠥᠭᠬᠦ ᠵᠡᠷᠭᠡ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠠᠪᠴᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠠᠭᠤᠷᠢ ᠲᠦᠬᠦᠬᠡᠷᠤᠮᠵᠢ ᠵᠢᠨ ᠪᠦᠲᠦᠭᠡᠨ ᠪᠠᠶ᠋ᠢᠭᠤᠯᠤᠯᠲᠠ ᠵᠢ ᠳᠡᠮᠵᠢᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠢᠶ᠎ᠠ ᠪᠦᠬᠦᠢ ᠠᠵᠤ ᠠᠬᠤᠶ᠋ᠢᠯᠠᠯ᠎ᠤᠨ ᠲᠣᠭᠲᠠᠭ᠋ᠠᠯ ᠶᠣᠰᠣᠭ᠋ᠠᠷ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠬᠦᠷᠲᠡᠬᠦ ᠵᠢ ᠳᠡᠮᠵᠢᠨ᠎ᠠ᠃ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠬᠢᠨ ᠪᠣᠳᠠᠰ᠎ᠤᠨ ᠪᠤᠰᠤ ᠰᠣᠶᠣᠯ᠎ᠤᠨ ᠥᠪᠳᠠᠬᠢ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ᠎ᠪᠠᠨ ᠦᠷᠭᠦᠯᠵᠢᠯᠡᠨ ᠴᠢᠩᠭ᠋ᠠᠳᠬᠠᠬᠤ ᠵᠢ ᠵᠤᠷᠢᠬ᠍ᠵᠢᠭᠤᠯᠬᠤ ᠪᠠ ᠬᠦᠳᠤᠯᠤᠨ ᠵᠢᠯᠤᠭᠤᠳᠤᠨ᠎ᠠ᠃ ᠠᠷᠠᠳ ᠢᠷᠭᠡᠨ᠂ ᠬᠠᠤᠯᠢ ᠵᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠶ᠋ᠢᠭᠤᠯᠤᠯᠲᠠ ᠵᠢᠨ ᠬᠠᠨᠳᠢᠪᠯᠠᠬᠤ᠂ ᠡᠳ᠋ ᠮᠥᠩᠭᠦ᠎ᠪᠠᠷ ᠲᠤᠰᠠᠯᠠᠬᠤ᠂ ᠬᠠᠤᠯᠢ ᠶᠣᠰᠣᠭ᠋ᠠᠷ ᠰᠠᠭᠤᠷᠢ ᠮᠥᠩᠭᠦᠨ᠎ᠤ ᠨᠡᠶ᠋ᠢᠭᠡᠮᠯᠢᠭ ᠪᠠᠶ᠋ᠢᠭᠤᠯᠬᠤ ᠵᠡᠷᠭᠡ ᠬᠡᠯᠪᠡᠷᠢ᠎ᠪᠠᠷ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠬᠤ᠎ᠳᠤ ᠣᠷᠣᠯᠴᠠᠬᠤ ᠵᠢ ᠳᠡᠮᠵᠢᠬᠦ ᠪᠠ ᠬᠥᠲᠥᠯᠥᠨ ᠵᠢᠯᠣᠭᠤᠳᠤᠨ᠎ᠠ᠃
(ᠬᠤᠷᠢ) ᠪᠠᠶ᠋ᠢᠭᠤᠯᠤᠮᠵᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠎ᠤ᠎ᠬᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠢᠶᠠᠷᠤᠯᠲᠠ ᠵᠢᠨ ᠡᠭᠦᠷᠭᠡ ᠴᠢᠳᠠᠪᠬᠢᠳᠤ ᠰᠠᠯᠠᠭ᠎ᠠ ᠮᠥᠴᠢᠷ᠎ᠢ ᠬᠠᠤᠯᠢ ᠶᠣᠰᠣᠭ᠋ᠠᠷ ᠲᠣᠳᠣᠷᠬᠠᠶ᠋ᠢᠯᠠᠵᠤ᠂ ᠣᠷᠣᠨ ᠲᠣᠭ᠋ᠠᠨ᠎ᠤ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠬᠦᠯᠤᠨ ᠬᠡᠷᠡᠭᠯᠡᠵᠦ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠠᠵᠢᠯ᠎ᠤᠨ ᠬᠦᠴᠦᠨ᠎ᠢ ᠡᠭᠦᠷᠭᠡᠯᠡᠵᠦ ᠪᠦᠬᠦᠢ ᠡᠭᠦᠷᠭᠡ ᠬᠠᠷᠢᠭᠤᠴᠠᠯᠭᠠᠯᠦᠭᠡ ᠵᠤᠬᠢᠴᠠᠯᠳᠤᠭᠤᠯᠤᠨᠠ᠃ ᠪᠦᠬᠦ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠴᠢᠳᠠᠪᠤᠷᠢᠲᠠᠨ᠎ᠤ ᠡᠩᠨᠡᠭᠡ ᠵᠢᠨ ᠴᠢᠳᠠᠪᠤᠷᠢ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠎ᠡ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠳᠠ ᠵᠢ ᠬᠤᠯᠪᠣᠭᠳᠠᠯ ᠪᠦᠬᠦᠢ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠭᠤᠯᠭ᠎ᠠ᠎ᠳᠤ ᠣᠷᠣᠭᠤᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠯᠲᠠ ᠵᠢᠨ ᠲᠤᠰᠬᠠᠶ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠳᠦᠷᠢᠮ᠎ᠢ ᠲᠡᠭᠦᠯᠳᠡᠷᠵᠢᠭᠦᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠶᠤᠨ᠎ᠤ ᠬᠥᠮᠥᠷᠭᠡ ᠵᠢᠨ ᠪᠠᠶ᠋ᠢᠭᠤᠯᠤᠯᠲᠠ ᠵᠢ ᠠᠬᠢᠭᠤᠯᠵᠤ᠂ ᠲᠤᠰᠬᠠᠢ ᠮᠡᠷᠭᠡᠵᠢᠯᠲᠡᠨ᠎ᠤ ᠯᠠᠪᠯᠠᠭ᠎ᠠ ᠥᠭᠬᠦ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠨ ᠤᠯᠠᠮᠵᠢᠯᠠᠬᠤ ᠳᠤᠮᠳᠠ ᠢᠯᠡᠳᠲᠡ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ᠎ᠢ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠥᠬᠢᠭᠦᠯᠦᠨ ᠱᠠᠩᠨᠠᠨ᠎ᠠ᠃