ᠰᠢᠨᠬᠤᠸᠠ ᠬᠣᠷᠢᠶᠠᠨ᠎ᠤ ᠪᠡᠭᠡᠵᠢᠩ᠎ᠤᠨ9 ᠰᠠᠷ᠎ᠠ ᠵᠢᠨ21᠎ᠤ ᠡᠳᠦᠷ᠎ᠤᠨ ᠴᠠᠬᠢᠯᠭ᠋ᠠᠨ ᠮᠡᠳᠡᠭᠡ ᠣᠶ᠋ᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ 《ᠰᠢᠨ᠎ᠡ ᠴᠠᠭ ᠦᠶ᠎ᠡ ᠵᠢᠨ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠮᠡᠳᠡᠭᠳᠡᠯ ᠪᠠᠭᠤᠯᠭ᠋ᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃
《ᠰᠠᠨᠠᠯ》᠎ᠳᠤ᠂ ᠮᠠᠷᠺᠰ᠎ᠤᠨ ᠦᠵᠡᠯ ᠪᠣᠯ ᠮᠠᠨ᠎ᠤ ᠨᠠᠮ ᠪᠠᠶ᠋ᠢᠭᠤᠯᠬᠤ ᠤᠯᠤᠰ ᠪᠠᠶ᠋ᠢᠭᠤᠯᠬᠤ ᠦᠨᠳᠦᠰᠦᠨ ᠵᠢᠯᠣᠭᠤᠳᠬᠤ ᠦᠵᠡᠯ ᠰᠠᠨᠠᠭ᠎ᠠ ᠮᠥᠨ᠂ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠪᠣᠯ ᠮᠠᠷᠺᠰ᠎ᠤᠨ ᠦᠵᠡᠯ᠎ᠢ ᠰᠤᠷᠤᠯᠴᠠᠨ ᠰᠤᠳᠤᠯᠵᠤ ᠤᠬᠠᠭᠤᠯᠬᠤ ᠭᠤᠣᠯ ᠵᠢᠭᠰᠠᠭ᠋ᠠᠯ᠎ᠤᠨ ᠭᠠᠵᠠᠷ ᠮᠥᠨ᠂ ᠦᠵᠡᠯ ᠰᠠᠨᠠᠭ᠎ᠠ ᠤᠯᠤᠰ ᠲᠦᠷᠦ ᠵᠢᠨ ᠤᠨᠤᠯ᠎ᠤᠨ ᠬᠢᠴᠢᠶᠡᠯ ᠪᠣᠯ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ ᠰᠦᠨᠡᠰᠦ ᠵᠢ ᠱᠤᠭᠤᠵᠤ ᠬᠥᠮᠦᠨ᠎ᠢ ᠬᠥᠮᠦᠵᠢᠭᠦᠯᠬᠦ ᠭᠤᠣᠯ ᠠᠷᠭ᠎ᠠ ᠵᠠᠮ ᠮᠥᠨ᠃ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ᠎ᠨᠢ ᠮᠠᠷᠺᠰ᠎ᠤᠨ ᠦᠵᠡᠯ᠎ᠤᠨ ᠣᠨᠣᠯ᠎ᠤᠨ ᠰᠤᠳᠤᠯᠭ᠋ᠠᠨ ᠪᠠ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠶᠡᠭᠡ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ ᠳᠣᠲᠣᠭ᠋ᠠᠳᠤ ᠱᠠᠭ᠋ᠠᠷᠳᠠᠯᠭ᠎ᠠ ᠮᠥᠨ᠂ ᠮᠠᠷᠺᠰ᠎ᠤᠨ ᠦᠵᠡᠯ ᠵᠶ᠋ᠠᠷ ᠵᠢᠯᠣᠭᠤᠳᠤᠯᠭ᠎ᠠ ᠪᠣᠯᠭ᠋ᠠᠭᠰᠠᠨ ᠳᠤᠮᠳᠠᠳᠤ ᠤᠯᠤᠰ᠎ᠤᠨ ᠣᠨᠴᠠᠯᠢᠭ᠎ᠲᠠᠢ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠢ ᠪᠠᠶ᠋ᠢᠭᠤᠯᠬᠤ᠂ ᠬᠦᠴᠦᠷᠬᠡᠭ ᠶᠡᠭᠡ ᠨᠢᠭᠲᠠᠷᠠᠯ᠎ᠤᠨ ᠬᠦᠴᠦᠨ ᠪᠠ ᠬᠥᠲᠥᠯᠥᠨ ᠳᠠᠭ᠋ᠠᠭᠤᠯᠬᠤ ᠬᠦᠴᠦᠨ᠎ᠲᠠᠢ ᠨᠡᠶ᠋ᠢᠭᠡᠮ ᠵᠢᠷᠤᠮ᠎ᠤᠨ ᠦᠵᠡᠯ ᠤᠬᠠᠮᠰᠠᠷ᠎ᠤᠨ ᠬᠡᠯᠪᠡᠷᠢ ᠵᠢ ᠪᠠᠶ᠋ᠢᠭᠤᠯᠬᠤ᠂ ᠣᠳᠣ ᠦᠶ᠎ᠡ ᠵᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠂ 21 ᠳ᠋ᠤᠭᠡᠷ ᠵᠠᠭᠤᠨ᠎ᠤ ᠮᠠᠷᠺᠰ᠎ᠤᠨ ᠦᠵᠡᠯ᠎ᠢ ᠤᠯᠠᠮ ᠴᠢᠨᠠᠭᠰᠢᠳᠠ ᠪᠠᠶᠠᠯᠢᠭᠵᠢᠭᠤᠯᠤᠨ ᠬᠥᠭᠵᠢᠭᠦᠯᠬᠦ᠂ ᠳᠤᠮᠳᠠᠳᠤ ᠤᠯᠤᠰ᠎ᠤᠨ ᠶᠡᠭᠡ ᠰᠤᠷᠭ᠋ᠠᠭᠤᠯᠢ ᠵᠢᠨ ᠨᠡᠶ᠋ᠢᠭᠡᠮ ᠵᠢᠷᠤᠮ᠎ᠤᠨ ᠲᠡᠪᠢᠰᠭᠡᠷ ᠦᠩᠭᠡ ᠵᠢ ᠢᠯᠡᠷᠡᠭᠦᠯᠬᠦ᠂ ᠵᠠᠯᠠᠭᠤ ᠰᠤᠷᠤᠭᠴᠢᠳ᠎ᠢ ᠬᠥᠲᠥᠯᠥᠨ ᠵᠢᠯᠣᠭᠤᠳᠴᠤ ᠡᠪ ᠬᠠᠮᠲᠤ ᠶᠣᠰᠣᠨ᠎ᠤ ᠠᠯᠤᠰ ᠬᠡᠲᠦ ᠵᠢᠨ ᠬᠦᠰᠡᠯᠡᠩ ᠪᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠮᠲᠤ ᠵᠢᠨ ᠬᠦᠰᠡᠯᠡᠩ᠎ᠢ ᠪᠠᠲᠤ ᠪᠠᠬᠢ ᠪᠤᠢ ᠪᠣᠯᠭ᠋ᠠᠬᠤ᠂ ᠦᠶ᠎ᠡ ᠦᠶ᠎ᠡ ᠵᠢᠨ ᠨᠡᠶ᠋ᠢᠭᠡᠮ ᠵᠢᠷᠤᠮ᠎ᠤᠨ ᠪᠦᠲᠦᠭᠡᠨ ᠪᠠᠶ᠋ᠢᠭᠤᠯᠤᠭᠴᠢ ᠪᠠ ᠵᠠᠯᠭ᠋ᠠᠮᠵᠢᠯᠠᠭᠴᠢ ᠵᠢ ᠬᠥᠮᠦᠵᠢᠭᠦᠯᠬᠦ᠎ᠳᠤ ᠴᠢᠬᠤᠯᠠ ᠠᠴᠢ ᠬᠤᠯᠪᠣᠭᠳᠠᠯ᠎ᠲᠠᠢ ᠭᠡᠵᠦ ᠵᠢᠭ᠋ᠠᠵᠤ ᠭᠠᠷᠭ᠋ᠠᠪᠠ᠃
《ᠰᠠᠨᠠᠯ》᠎ᠳᠤ᠂ ᠨᠠᠮ᠎ᠤᠨ ᠠᠷᠪᠠᠨ ᠨᠠᠢ᠌ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ ᠵᠢᠨ᠎ᠬᠢᠨ ᠨᠠᠮ᠎ᠤᠨ ᠲᠥᠪ ᠬᠤᠷᠢᠶᠠᠨ᠎ᠤ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠪᠦᠳᠦᠭᠡᠨ ᠪᠠᠶ᠋ᠢᠭᠤᠯᠤᠯᠲᠠ ᠲᠦᠷᠭᠡᠨ ᠬᠦᠭᠵᠢᠯᠳᠡ᠎ᠲᠠᠢ ᠪᠤᠯᠬᠤ ᠵᠢ ᠠᠭᠢᠭᠤᠯᠵᠤ᠂ ᠡᠯ᠎ᠡ ᠲᠠᠯ᠎ᠠ ᠵᠢᠨ ᠠᠵᠢᠯ ᠰᠢᠨ᠎ᠡ ᠳᠡᠭᠲᠡᠷ᠎ᠲᠤ ᠭᠠᠷᠪᠠ᠃ ᠡᠭᠦᠨ᠎ᠤ ᠬᠠᠮᠲᠤ᠂ ᠰᠢᠨ᠎ᠡ ᠴᠠᠭ ᠦᠶ᠎ᠡ ᠰᠢᠨ᠎ᠡ ᠱᠠᠭ᠋ᠠᠷᠳᠠᠯᠭ᠎ᠠ᠎ᠲᠠᠢ ᠬᠠᠷᠢᠴᠠᠭᠤᠯᠪᠠᠯ᠂ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ᠎ᠨᠢ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ᠂ ᠰᠤᠳᠤᠯᠭ᠋ᠠᠨ ᠤᠬᠠᠭᠤᠯᠭ᠎ᠠ᠂ ᠡᠩᠨᠡᠭᠡᠨ᠎ᠤ ᠪᠠᠶ᠋ᠢᠭᠤᠯᠤᠯᠲᠠ᠂ ᠴᠢᠳᠠᠪᠤᠷᠢᠲᠠᠨ᠎ᠢ ᠬᠥᠮᠦᠵᠢᠭᠦᠯᠬᠦ ᠵᠡᠷᠭᠡ ᠲᠠᠯ᠎ᠠ᠎ᠪᠠᠷ ᠪᠠᠰᠠ ᠵᠦᠷᠢᠶ᠎ᠡ᠎ᠲᠠᠢ ᠪᠠᠶ᠋ᠢᠵᠤ᠂ ᠮᠠᠷᠺᠰ᠎ᠤᠨ ᠦᠵᠡᠯ᠎ᠤᠨ ᠤᠨᠤᠯ᠎ᠤᠨ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢ ᠪᠠᠴᠢᠮ ᠲᠤᠯᠭ᠋ᠠᠮ ᠴᠢᠩᠭ᠋ᠠᠳᠬᠠᠬᠤ ᠴᠢᠬᠤᠯᠠᠲᠠᠢ ᠪᠠᠶ᠋ᠢᠨ᠎ᠠ᠃ ᠡᠷᠬᠡᠪᠰᠢ ᠰᠢᠨ᠎ᠡ ᠪᠠᠶ᠋ᠢᠳᠠᠯ ᠰᠢᠨ᠎ᠡ ᠡᠭᠦᠷᠭᠡ ᠵᠢᠨ ᠲᠤᠯᠭ᠋ᠠᠮ ᠬᠡᠷᠡᠭᠴᠡᠭᠡ᠎ᠳᠤ ᠵᠣᠬᠢᠴᠠᠵᠤ᠂ ᠨᠠᠮ ᠪᠣᠯᠤᠨ ᠤᠯᠤᠰ᠎ᠤᠨ ᠠᠵᠢᠯ ᠦᠢ᠍ᠯᠡᠰ᠎ᠤᠨ ᠪᠦᠬᠦ ᠲᠠᠯ᠎ᠠ᠎ᠳᠤ ᠰᠠᠭᠤᠷᠢᠯᠠᠨ᠂ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢ ᠰᠠᠭᠤᠷᠢ ᠴᠢᠨᠠᠷᠲᠠᠢ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠢᠨᠵᠧᠨᠧᠷᠢᠩ ᠪᠣᠯᠭ᠋ᠠᠵᠤ᠂ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
《ᠰᠠᠨᠠᠯ》᠎ᠳᠤ᠂ ᠰᠢᠨ᠎ᠡ ᠴᠠᠭ ᠦᠶ᠎ᠡ ᠵᠢᠨ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ᠎ᠳᠤ᠂ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠣᠤ ᠫᠢᠩ᠎ᠤᠨ ᠣᠨᠣᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠵᠤ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠡᠶ᠋ᠢᠭᠡᠮ ᠵᠢᠷᠤᠮ᠎ᠤᠨ ᠰᠤᠷᠭ᠋ᠠᠭᠤᠯᠢ ᠡᠷᠬᠢᠯᠡᠬᠦ ᠴᠢᠭᠯᠡᠯ᠎ᠢ ᠪᠠᠷᠢᠮᠲᠠᠯᠠᠵᠤ᠂ ᠶᠣᠰᠣ ᠰᠤᠷᠲᠠᠬᠤᠨ ᠵᠶ᠋ᠠᠷ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭᠰᠠᠨ ᠬᠠᠮᠤᠭ᠎ᠤᠨ ᠰᠢᠨ᠎ᠡ ᠦᠷ᠎ᠡ ᠪᠦᠲᠦᠭᠡᠯ᠎ᠤᠨ ᠵᠢᠭ᠋ᠠᠨ ᠰᠤᠷᠭ᠋ᠠᠯᠲᠠ ᠪᠠ ᠰᠤᠳᠤᠯᠭ᠋ᠠᠨ᠎ᠢ ᠴᠢᠬᠤᠯᠠ᠎ᠠᠴᠠ ᠴᠢᠬᠤᠯᠠ ᠵᠦᠢ᠍ᠯ ᠪᠣᠯᠭ᠋ᠠᠵᠤ᠂ ᠡᠭᠦᠷᠭᠡ ᠬᠠᠷᠢᠭᠤᠴᠠᠯᠭ᠎ᠠ᠎ᠪᠠᠨ ᠤᠯᠠᠮ ᠴᠢᠨᠠᠭᠰᠢᠳᠠ ᠲᠣᠳᠣᠷᠬᠠᠶ᠋ᠢᠯᠠᠵᠤ᠂ ᠠᠭᠤᠯᠤᠭᠳᠠᠬᠤᠨ᠎ᠤ ᠮᠠᠶᠢᠭ᠎ᠤᠨ ᠬᠥᠭᠵᠢᠯᠲᠡ ᠵᠢ ᠲᠦᠯᠬᠢᠨ ᠠᠬᠢᠭᠤᠯᠵᠤ᠂ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢ ᠴᠢᠩᠭ᠋ᠠᠳᠬᠠᠵᠤ᠂ ᠮᠠᠷᠺᠰ᠎ᠤᠨ ᠦᠵᠡᠯ᠎ᠤᠨ ᠣᠨᠣᠯ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ᠂ ᠰᠤᠳᠤᠯᠭ᠋ᠠᠨ ᠤᠬᠠᠭᠤᠯᠭ᠎ᠠ ᠪᠠ ᠴᠢᠳᠠᠪᠤᠷᠢᠲᠠᠨ᠎ᠢ ᠬᠥᠮᠦᠵᠢᠭᠦᠯᠬᠦ ᠪᠠᠲᠤ ᠴᠢᠩᠭ᠎ᠠ ᠵᠢᠭᠰᠠᠭ᠋ᠠᠯ᠎ᠤᠨ ᠭᠠᠵᠠᠷ᠎ᠢ ᠬᠦᠴᠦᠯᠡᠨ ᠪᠠᠶ᠋ᠢᠭᠤᠯᠵᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ᠎ᠳᠤ ᠪᠠᠲᠤ ᠴᠢᠩᠭ᠎ᠠ ᠶᠣᠰᠣ ᠵᠦᠢ ᠵᠢᠨ ᠲᠤᠯᠭ᠋ᠠᠭᠤᠷᠢᠯᠠᠯ ᠪᠠ ᠴᠢᠳᠠᠪᠤᠷᠢᠲᠠᠨ᠎ᠤ ᠳᠡᠮᠵᠢᠯᠭᠡ ᠬᠠᠩᠭ᠋ᠠᠬᠤ ᠬᠡᠷᠡᠭᠲᠡᠢ᠃ ᠵᠥᠪ ᠴᠢᠭᠯᠡᠯ᠎ᠢ ᠪᠠᠷᠢᠮᠲᠠᠯᠠᠵᠤ᠂ ᠰᠦᠭ ᠰᠦᠨᠡᠰᠦ ᠵᠢ ᠱᠤᠭᠤᠵᠤ ᠬᠥᠮᠦᠨ᠎ᠢ ᠬᠥᠮᠦᠵᠢᠭᠦᠯᠬᠦ ᠵᠢ ᠪᠠᠷᠢᠮᠲᠠᠯᠠᠵᠤ᠂ ᠲᠥᠪ ᠶᠣᠰᠣ ᠵᠢ ᠡᠷᠬᠢᠮᠯᠡᠨ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠰᠢᠰᠲ᠋ᠧᠮ᠎ᠲᠠᠢ ᠲᠥᠯᠥᠪᠵᠢᠭᠦᠯᠬᠦ ᠵᠢ ᠪᠠᠷᠢᠮᠲᠠᠯᠠᠵᠤ᠂ ᠮᠠᠷᠺᠰ᠎ᠤᠨ ᠦᠵᠡᠯ᠎ᠤᠨ ᠤᠨᠤᠯ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠵᠢᠮ᠎ᠡ ᠶᠣᠰᠣ᠂ ᠰᠢᠨᠵᠢᠯᠡᠭᠡᠨ᠎ᠤ ᠰᠠᠯᠠᠭ᠎ᠠ ᠵᠢᠨ ᠬᠥᠭᠵᠢᠯᠲᠡ ᠵᠢᠨ ᠵᠢᠮ᠎ᠡ ᠶᠣᠰᠣ ᠪᠣᠯᠤᠨ ᠴᠢᠳᠠᠪᠤᠷᠢᠲᠠᠨ᠎ᠢ ᠬᠥᠮᠦᠵᠢᠭᠦᠯᠬᠦ ᠵᠢᠮ᠎ᠡ ᠶᠣᠰᠣ ᠵᠢ ᠢᠳᠡᠪᠬᠢᠲᠡᠢ ᠰᠦᠪᠡᠭᠴᠢᠯᠡᠵᠦ᠂ ᠨᠠᠮ ᠪᠣᠯᠤᠨ ᠤᠯᠤᠰ᠎ᠤᠨ ᠠᠵᠢᠯ᠎ᠤᠨ ᠶᠡᠭᠡ ᠲᠠᠯ᠎ᠠ ᠳ᠋ᠤᠨᠡᠩ ᠰᠠᠶ᠋ᠢᠲᠤᠷ ᠦᠢ᠍ᠯᠡᠴᠢᠯᠡᠬᠦ ᠬᠡᠷᠡᠭᠲᠡᠢ ᠭᠡᠵᠦ ᠲᠤᠳᠤᠷᠬᠠᠢ᠌ᠢ᠍ᠯᠠᠪᠠ᠃
《ᠰᠠᠨᠠᠯ》᠎ᠳᠤ᠂ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠠᠭᠤᠯᠤᠭᠳᠠᠬᠤᠨ᠎ᠤ ᠮᠠᠶᠢᠭ᠎ᠤᠨ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠮᠠᠷᠺᠰ᠎ᠤᠨ ᠦᠵᠡᠯ᠎ᠤᠨ ᠣᠨᠣᠯ᠎ᠤᠨ ᠰᠢᠨᠵᠢᠯᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠢᠨᠵᠢᠯᠡᠭᠡᠨ᠎ᠤ ᠪᠠᠶ᠋ᠢᠷᠢ ᠲᠣᠭᠲᠠᠭ᠋ᠠᠯᠲᠠ ᠵᠢᠨ ᠴᠢᠭᠯᠡᠯ᠎ᠢ ᠣᠨᠣᠪᠴᠢᠲᠠᠶ ᠡᠵᠡᠮᠳᠡᠵᠦ᠂ ᠮᠠᠷᠺᠰ᠎ᠤᠨ ᠦᠵᠡᠯ᠎ᠤᠨ ᠣᠨᠣᠯ᠎ᠤᠨ ᠰᠢᠨᠵᠢᠯᠡᠭᠡᠨ᠎ᠤ ᠬᠥᠲᠥᠯᠥᠨ ᠳᠠᠭ᠋ᠠᠭᠤᠯᠬᠤ ᠦᠢ᠍ᠯᠡᠳᠣᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠵᠢᠨ ᠣᠨᠣᠯ᠎ᠤᠨ ᠬᠢᠴᠢᠶᠡᠯ᠎ᠤᠨ ᠥᠭᠡᠷᠡᠴᠢᠯᠡᠯᠲᠡ ᠰᠢᠨᠡᠴᠢᠯᠡᠯᠲᠡ ᠵᠢ ᠶᠡᠭᠡ᠎ᠪᠠᠷ ᠠᠬᠢᠭᠤᠯᠵᠤ᠂ ᠤᠯᠤᠰ ᠲᠥᠷᠥ ᠵᠢᠨ ᠬᠦᠲᠦᠯᠦᠨ ᠲᠠᠭ᠋ᠠᠭᠤᠯᠬᠤ᠂ ᠶᠣᠰᠣ ᠵᠦᠶ ᠵᠢᠨ ᠲᠠᠶ᠋ᠢᠯᠪᠤᠷᠢᠯᠠᠯᠲᠠ ᠪᠠ ᠥᠷᠲᠡᠭ᠎ᠤᠨ ᠪᠦᠲᠦᠭᠡᠯᠲᠡ ᠳᠡᠭᠡᠷ᠎ᠡ ᠬᠦᠴᠦ ᠲᠠᠯᠪᠢᠵᠤ᠂ ᠵᠢᠭ᠋ᠠᠨ ᠰᠤᠷᠭ᠋ᠠᠯᠲᠠ ᠵᠢᠨ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃ ᠬᠢᠴᠢᠶᠡᠯ᠎ᠤᠨ ᠰᠢᠰᠲ᠋ᠧᠮ ᠪᠣᠯᠤᠨ ᠵᠢᠭ᠋ᠠᠬᠤ ᠮᠠᠲ᠋ᠧᠷᠢᠶᠠᠯ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠠᠮ᠎ᠤᠨ ᠤᠨᠤᠯ᠎ᠤᠨ ᠰᠢᠨ᠎ᠡ ᠡᠭᠦᠳᠦᠯᠲᠡ ᠵᠢᠨ ᠦᠷ᠎ᠡ ᠪᠦᠲᠦᠭᠡᠯ᠎ᠢ ᠡᠯ᠎ᠡ ᠲᠦᠷᠦᠯ᠎ᠤᠨ ᠬᠢᠴᠢᠶᠡᠯ᠎ᠳᠤ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠣᠷᠭ᠋ᠠᠨᠢᠭ ᠵᠶ᠋ᠠᠷ ᠠᠭᠤᠰᠤᠯᠴᠠᠭᠤᠯᠵᠤ᠂ ᠵᠢᠭ᠋ᠠᠬᠤ ᠮᠠᠲ᠋ᠧᠷᠢᠶᠠᠯ᠎ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠰᠢᠨᠵᠢᠯᠡᠬᠦ ᠤᠬᠠᠭ᠋ᠠᠨᠴᠢ ᠴᠢᠨᠠᠷ᠂ ᠤᠩᠰᠢᠵᠤ ᠪᠣᠯᠬᠤᠶ᠋ᠢᠴᠠ ᠴᠢᠨᠠᠷ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠠᠮᠢᠲᠤᠯᠢᠭ ᠦᠢ᠍ᠯᠡᠳᠦᠯᠭᠡ᠎ᠳᠤ ᠰᠠᠭᠤᠷᠢᠯᠠᠵᠤ᠂ ᠭᠠᠷᠳᠠᠬᠤ ᠴᠡᠭ᠂ ᠲᠥᠪᠯᠡᠷᠡᠯ᠎ᠤᠨ ᠴᠡᠭ᠂ ᠤᠶᠠᠯᠳᠤᠯ᠎ᠤᠨ ᠴᠡᠭ᠎ᠢ ᠣᠨᠣᠪᠴᠢᠲᠠᠢ ᠡᠷᠢᠵᠦ᠂ ᠮᠠᠷᠺᠰ᠎ᠤᠨ ᠦᠵᠡᠯ᠎ᠤᠨ ᠤᠨᠤᠯ᠎ᠤᠨ ᠰᠤᠳᠤᠯᠭ᠋ᠠᠨ ᠤᠬᠠᠭᠤᠯᠭ᠎ᠠ ᠵᠢ ᠴᠢᠩᠭ᠋ᠠᠳᠬᠠᠬᠤ ᠬᠡᠷᠡᠭᠲᠡᠢ᠃ ᠢᠲᠡᠭᠡᠯ ᠪᠢᠰᠢᠷᠡᠯ ᠪᠠᠲᠤ ᠴᠢᠩᠭ᠎ᠠ᠂ ᠣᠨᠣᠯ᠎ᠤᠨ ᠦᠨᠳᠦᠰᠦᠨ ᠪᠣᠯᠪᠠᠰᠤᠷᠠᠯ ᠯᠠᠪᠳᠠᠭᠤᠨ ᠪᠠᠲᠤᠲᠠᠶ᠂ ᠲᠤᠭ᠎ᠠ ᠬᠡᠮᠵᠢᠶ᠎ᠡ ᠭᠦᠢ᠍ᠴᠡᠳ᠂ ᠪᠦᠲᠦᠴᠡ᠎ᠨᠢ ᠰᠢᠯᠢᠳᠡᠭᠵᠢᠭᠰᠡᠨ ᠥᠨᠳᠥᠷ ᠬᠡᠪ ᠪᠣᠯᠪᠠᠰᠤᠷᠠᠯ᠎ᠲᠠᠢ ᠪᠠᠭᠰᠢ ᠵᠢᠨ ᠡᠩᠨᠡᠭᠡ ᠵᠢ ᠴᠢᠷᠮᠠᠶ᠋ᠢᠨ ᠪᠠᠶ᠋ᠢᠭᠤᠯᠵᠤ᠂ ᠡᠭᠦᠷᠭᠡᠲᠦ ᠰᠡᠳᠬᠢᠯᠭᠡ᠂ ᠮᠡᠳᠡᠷᠡᠬᠦᠢ ᠰᠡᠳᠬᠢᠯᠭᠡ᠂ ᠬᠦᠷᠲᠡᠮᠵᠢ ᠵᠢᠨ ᠲᠥᠷᠥᠭᠳᠡᠯ᠎ᠢ ᠦᠨᠡᠨ ᠬᠦ᠌ ᠨᠡᠮᠡᠭᠳᠡᠭᠦᠯᠬᠦ ᠬᠡᠷᠡᠭᠲᠡᠢ᠃ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠵᠦ᠂ ᠮᠠᠷᠺᠰ᠎ᠤᠨ ᠦᠵᠡᠯ᠎ᠤᠨ ᠤᠨᠤᠯ᠎ᠤᠨ ᠪᠡᠯᠡᠳᠬᠡᠯ ᠴᠢᠳᠠᠪᠤᠷᠢᠲᠠᠨ᠎ᠢ ᠲᠠᠰᠤᠷᠠᠯᠳᠠ ᠦᠭᠡᠢ ᠬᠥᠮᠦᠵᠢᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
《ᠰᠠᠨᠠᠯ》᠎ᠳᠤ᠂ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥ ᠵᠢᠨ ᠪᠣᠳᠣᠯᠭ᠎ᠠ ᠵᠢᠨ ᠲᠤᠯᠭ᠋ᠠᠭᠤᠷᠢᠯᠠᠬᠤ ᠲᠣᠭᠲᠠᠴᠠ ᠵᠢ ᠴᠢᠩᠭ᠋ᠠᠳᠬᠠᠬᠤ ᠬᠡᠷᠡᠭᠲᠡᠶ᠃ ᠬᠥᠮᠦᠨ᠎ᠢ ᠬᠥᠮᠦᠵᠢᠭᠦᠯᠬᠦ ᠦᠷ᠎ᠡ ᠪᠦᠲᠦᠮᠵᠢ᠎ᠪᠠᠷ ᠪᠠᠷᠢᠮᠵᠢᠶ᠎ᠠ ᠪᠣᠯᠭ᠋ᠠᠵᠤ᠂ ᠮᠠᠷᠺᠰ᠎ᠤᠨ ᠦᠵᠡᠯ᠎ᠤᠨ ᠣᠨᠣᠯ᠎ᠤᠨ ᠰᠢᠨᠵᠢᠯᠡᠭᠡᠨ᠎ᠤ ᠣᠨᠴᠠᠯᠢᠭ᠎ᠢ ᠢᠯᠡᠷᠡᠭᠦᠯᠦᠭᠰᠡᠨ᠂ ᠦᠵᠡᠯ ᠰᠠᠨᠠᠭ᠎ᠠ ᠤᠯᠤᠰ ᠲᠥᠷᠥ ᠵᠢᠨ ᠣᠨᠣᠯ᠎ᠤᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠳᠣᠲᠣᠭ᠋ᠠᠳᠤ ᠱᠠᠭ᠋ᠠᠷᠳᠠᠯᠭ᠎ᠠ᠎ᠳᠤ ᠨᠡᠶ᠋ᠢᠴᠡᠭᠰᠡᠨ᠂ ᠪᠠᠭᠰᠢ ᠵᠢᠨ ᠠᠵᠢᠯ ᠮᠡᠷᠭᠡᠵᠢᠯ᠎ᠤᠨ ᠬᠥᠭᠵᠢᠯᠲᠡ᠎ᠳᠤ ᠠᠰᠢᠭᠲᠠᠶ ᠬᠢᠨᠠᠨ ᠰᠢᠯᠭ᠋ᠠᠵᠤ ᠦᠨᠡᠯᠡᠬᠦ ᠰᠢᠰᠲ᠋ᠧᠮ᠎ᠢ ᠲᠡᠭᠦᠯᠳᠡᠷᠵᠢᠭᠦᠯᠬᠦ ᠬᠡᠷᠡᠭᠲᠡᠢ᠃ ᠮᠠᠷᠺᠰ᠎ᠤᠨ ᠦᠵᠡᠯ᠎ᠢ ᠦᠨᠡᠨ ᠬᠦ᠌ ᠰᠤᠷᠤᠯᠴᠠᠵᠤ ᠦᠨᠡᠨ ᠬᠦ᠌ ᠣᠶ᠋ᠢᠯᠠᠭ᠋ᠠᠵᠤ ᠦᠨᠡᠨ ᠬᠦ᠌ ᠢᠲᠡᠭᠡᠵᠦ ᠦᠨᠡᠨ ᠬᠦ᠌ ᠬᠡᠷᠡᠭᠯᠡᠳᠡᠭ ᠪᠠᠭᠰᠢ ᠵᠢ ᠬᠥᠮᠦᠵᠢᠭᠦᠯᠬᠦ᠎ᠪᠠᠷ ᠬᠠᠷᠠᠯᠲᠠ ᠪᠣᠯᠭ᠋ᠠᠵᠤ᠂ ᠲᠠᠪᠳᠠᠨ ᠪᠣᠯᠪᠠᠰᠤᠷᠠᠭᠤᠯᠬᠤ ᠰᠢᠰᠲ᠋ᠧᠮ᠎ᠢ ᠲᠡᠭᠦᠯᠳᠡᠷᠵᠢᠭᠦᠯᠦᠨ᠂ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠪᠠᠭᠰᠢ ᠵᠢᠨ ᠦᠰᠦᠨ ᠪᠤᠶ᠋ᠢᠵᠢᠬᠤ ᠵᠢ ᠤᠷᠮᠠᠰᠢᠭᠤᠯᠬᠤ ᠲᠣᠭᠲᠠᠴᠠ ᠵᠢ ᠪᠦᠷᠢᠨᠰᠢᠭᠦᠯᠬᠦ ᠬᠡᠷᠡᠭᠲᠡᠢ᠃ ᠪᠥᠬᠦ ᠠᠵᠢᠯᠲᠠᠨ᠂ ᠪᠥᠬᠦ ᠶᠠᠪᠤᠴᠠ᠂ ᠪᠥᠬᠦ ᠲᠠᠯ᠎ᠠ᠎ᠪᠠᠷ ᠬᠥᠮᠦᠨ ᠬᠥᠮᠦᠵᠢᠭᠦᠯᠬᠦ ᠤᠢ᠌ᠢ᠍ᠯᠠᠭ᠋ᠠᠭᠲᠠᠬᠤᠨᠢ ᠪᠠᠲᠤ ᠪᠠᠬᠢ ᠪᠣᠶ ᠪᠣᠯᠭ᠋ᠠᠵᠤ᠂ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠵᠢ ᠪᠠᠶ᠋ᠢᠭᠤᠯᠤᠨ᠂ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠬᠢᠭᠡᠳ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠢᠵᠢᠯ ᠴᠢᠭᠯᠡᠯ ᠵᠶ᠋ᠠᠷ ᠵᠡᠷᠭᠡ᠎ᠪᠠᠷ ᠶᠠᠪᠤᠭᠳᠠᠭᠤᠯᠬᠤ᠂ ᠡᠳᠦᠷ ᠲᠤᠲᠤᠮ᠎ᠤᠨ ᠦᠵᠡᠯ ᠰᠠᠨᠠᠭ᠎ᠠ ᠤᠯᠤᠰ ᠲᠥᠷᠥ ᠵᠢᠨ ᠠᠵᠢᠯ ᠬᠢᠭᠡᠳ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠵᠡᠷᠭᠡ᠎ᠪᠡᠷ ᠶᠠᠪᠤᠬᠳᠠᠭᠤᠯᠬᠤ ᠵᠢ ᠪᠡᠶᠡᠯᠡᠭᠦᠯᠬᠦ ᠬᠡᠷᠡᠭᠲᠡᠶ᠃ ᠮᠠᠷᠺᠰ᠎ᠤᠨ ᠦᠵᠡᠯ᠎ᠤᠨ ᠤᠨᠤᠯ᠎ᠤᠨ ᠡᠷᠳᠡᠮ ᠰᠢᠨᠵᠢᠯᠡᠭᠡᠨ᠎ᠤ ᠵᠢᠭᠰᠠᠭ᠋ᠠᠯ᠎ᠤᠨ ᠭᠠᠵᠠᠷ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠥᠭᠵᠢᠯᠲᠡ ᠵᠢᠨ ᠲᠠᠪᠴᠠᠩ᠎ᠢ ᠪᠤᠶ᠋ᠢᠵᠢᠭᠤᠯᠤᠨ ᠪᠠᠬᠢᠵᠢᠭᠦᠯᠵᠦ᠂ ᠲᠠᠪᠴᠠᠩ᠎ᠤᠨ ᠳᠡᠮᠵᠢᠯᠭᠡ ᠵᠢᠨ ᠰᠢᠰᠲ᠋ᠧᠮ᠎ᠢ ᠪᠠᠶ᠋ᠢᠭᠤᠯᠬᠤ ᠬᠡᠷᠡᠭᠲᠡᠢ᠃ ᠪᠦᠬᠦ ᠤᠯᠤᠰ᠎ᠤᠨ ᠭᠤᠣᠯᠳᠠᠯᠭ᠎ᠠ᠎ᠲᠠᠢ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢ ᠪᠠᠶ᠋ᠢᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠦᠨ᠂ ᠬᠥᠭᠵᠢᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠵᠢᠱ᠌ᠢᠶ᠎ᠡ ᠦᠵᠡᠭᠦᠯᠦᠨ ᠨᠦᠯᠦᠭᠡᠯᠡᠡ ᠳᠠᠶ᠋ᠢᠴᠢᠯᠠᠬᠤ ᠵᠢ ᠴᠢᠩᠭ᠋ᠠᠳᠬᠠᠵᠤ᠂ ᠪᠠᠶ᠋ᠢᠭᠤᠯᠤᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠪᠦᠬᠦ ᠤᠯᠤᠰ᠎ᠤᠨ ᠭᠤᠣᠯᠳᠠᠯᠭ᠎ᠠ᠎ᠲᠠᠢ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ᠎ᠪᠠᠷ ᠬᠦᠳᠦᠯᠦᠨ ᠲᠠᠭ᠋ᠠᠭᠤᠯᠵᠤ᠂ ᠡᠯ᠎ᠡ ᠲᠦᠷᠦᠯ᠎ᠤᠨ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠬᠠᠷᠢᠯᠴᠠᠨ ᠠᠬᠢᠭᠤᠯᠬᠤ᠂ ᠬᠠᠮᠲᠤ᠎ᠪᠠᠷ ᠬᠥᠭᠵᠢᠬᠦ᠂ ᠨᠢᠭᠡ ᠴᠤᠬ᠍ᠴᠠᠵᠢᠭᠤᠯᠤᠨ ᠠᠬᠢᠭᠤᠯᠬᠤ ᠪᠠᠶ᠋ᠢᠳᠠᠯ᠎ᠢ ᠪᠤᠢ ᠪᠣᠯᠭ᠋ᠠᠬᠤ ᠵᠢ ᠲᠦᠯᠬᠢᠨ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
《ᠰᠠᠨᠠᠯ》᠎ᠳᠤ᠂ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠪᠥᠲᠥᠭᠡᠨ ᠪᠠᠶ᠋ᠢᠭᠤᠯᠤᠯᠲᠠ᠎ᠳᠠᠬᠢ ᠨᠠᠮ᠎ᠤᠨ ᠤᠳᠤᠷᠢᠳᠤᠯᠭ᠎ᠠ ᠵᠢ ᠦᠨᠡᠨ ᠬᠦ᠌ ᠴᠢᠩᠭ᠋ᠠᠳᠬᠠᠬᠤ ᠬᠡᠷᠡᠭᠲᠡᠶ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠪᠦᠳᠦᠭᠡᠨ ᠪᠠᠶ᠋ᠢᠭᠤᠯᠤᠯᠲᠠ ᠵᠢᠨ ᠠᠵᠢᠯ᠎ᠢ ᠴᠢᠬᠤᠯᠠ ᠪᠠᠶ᠋ᠢᠷᠢᠨ᠎ᠳᠤ ᠲᠠᠯᠪᠢᠵᠤ᠂ ᠤᠳᠤᠷᠢᠳᠤᠯᠭ᠎ᠠ᠎ᠪᠠᠨ ᠴᠢᠩᠭ᠋ᠠᠳᠬᠠᠨ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠤᠬᠠᠭᠤᠯᠭ᠎ᠠ᠂ ᠰᠤᠷᠭ᠋ᠠᠨ ᠬᠥᠮᠦᠵᠢᠯ ᠵᠡᠷᠭᠡ ᠰᠠᠯᠠᠭ᠎ᠠ ᠮᠥᠴᠢᠷ᠎ᠤᠳ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ᠎ᠳᠤ ᠬᠦᠴᠦᠲᠡᠶ ᠲᠥᠷᠥ ᠵᠢᠨ ᠪᠣᠳᠣᠯᠭ᠎ᠠ ᠵᠢᠨ ᠵᠢᠯᠣᠭᠤᠳᠣᠯᠭ᠎ᠠ᠂ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠪᠣᠯᠤᠨ ᠵᠠᠷᠤᠳᠠᠯ ᠮᠦᠩᠬᠦ ᠵᠢᠨ ᠳᠡᠮᠵᠢᠯᠭᠡ ᠬᠠᠩᠭ᠋ᠠᠬᠤ ᠬᠡᠷᠡᠭᠲᠡᠶ᠃ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠪᠠᠶ᠋ᠢᠭ᠎ᠠ ᠨᠢᠭᠡᠴᠢ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢ ᠭᠤᠣᠯᠳᠠᠯᠭ᠎ᠠ᠎ᠲᠠᠢ ᠳᠡᠭᠡᠳᠦ ᠰᠤᠷᠭ᠋ᠠᠭᠤᠯᠢ ᠪᠣᠯᠭ᠋ᠠᠵᠤ᠂ ᠮᠠᠷᠺᠰ᠎ᠤᠨ ᠦᠵᠡᠯ᠎ᠤᠨ ᠤᠨᠤᠯ᠎ᠤᠨ ᠰᠢᠨᠵᠢᠯᠡᠭᠡᠨ᠎ᠤ ᠰᠠᠯᠠᠭ᠎ᠠ ᠵᠢ ᠭᠤᠣᠯᠳᠠᠯᠭ᠎ᠠ᠎ᠲᠠᠢ ᠰᠢᠨᠵᠢᠯᠡᠭᠡᠨ᠎ᠤ ᠰᠠᠯᠠᠭ᠎ᠠ ᠪᠣᠯᠭ᠋ᠠᠵᠤ᠂ ᠦᠵᠡᠯ ᠰᠠᠨᠠᠭ᠎ᠠ ᠤᠯᠤᠰ ᠲᠦᠷᠦ ᠵᠢᠨ ᠤᠨᠤᠯ᠎ᠤᠨ ᠬᠢᠴᠢᠶᠡᠯ᠎ᠢ ᠭᠤᠣᠯᠳᠠᠯᠭ᠎ᠠ᠎ᠲᠠᠢ ᠬᠢᠴᠢᠶᠡᠯ ᠪᠤᠯᠭ᠋ᠠᠵᠦ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠷᠢᠳ ᠵᠶ᠋ᠠᠷ ᠪᠠᠲᠤᠯᠠᠬᠤ ᠬᠡᠷᠡᠭᠲᠡᠢ᠃ ᠱᠠᠯᠠᠪᠳᠠᠭᠤᠯᠤᠨ ᠵᠢᠯᠣᠭᠤᠳᠴᠤ ᠰᠢᠯᠭ᠋ᠠᠨ ᠦᠨᠡᠯᠡᠬᠦ ᠵᠢ ᠴᠢᠩᠳᠠᠯᠠᠵᠤ᠂ ᠲᠣᠭᠤᠷᠢᠨ ᠪᠠᠶ᠋ᠢᠴᠠᠭ᠋ᠠᠬᠤ ᠴᠠᠭᠳᠠᠨ ᠪᠠᠶ᠋ᠢᠴᠠᠭ᠋ᠠᠬᠤ᠎ᠲᠠᠢ ᠤᠶᠠᠯᠳᠤᠭᠤᠯᠤᠨ ᠥᠷᠨᠢᠭᠦᠯᠦᠭᠰᠡᠨ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠤᠨ ᠲᠤᠰᠬᠠᠢ ᠪᠠᠶ᠋ᠢᠴᠠᠭ᠋ᠠᠯᠲᠠ᠎ᠳᠤ᠂ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠪᠦᠳᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠢ᠃ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠪᠦᠳᠦᠭᠡᠨ ᠪᠠᠶ᠋ᠢᠭᠤᠯᠤᠯᠲᠠ ᠵᠢ ᠪᠠᠶ᠋ᠢᠭ᠎ᠠ ᠨᠢᠭᠡᠴᠢ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠰᠢᠯᠭ᠋ᠠᠨ ᠬᠢᠨᠠᠬᠤ᠂ ᠰᠤᠷᠭ᠋ᠠᠭᠤᠯᠢ ᠡᠷᠬᠢᠯᠡᠬᠦ ᠶᠠᠰᠤ ᠴᠢᠨᠠᠷ᠎ᠢ ᠦᠨᠡᠯᠡᠨ ᠵᠢᠱ᠌ᠢᠬᠦ ᠴᠢᠬᠤᠯᠠ ᠠᠭᠤᠯᠭ᠎ᠠ ᠪᠣᠯᠭ᠋ᠠᠵᠤ᠂ ᠪᠠᠶ᠋ᠢᠭ᠎ᠠ ᠨᠢᠭᠡᠴᠢ ᠵᠢᠨ ᠤᠳᠤᠷᠢᠳᠬᠤ ᠪᠠᠭ᠂ ᠭᠤᠣᠯ ᠤᠳᠤᠷᠢᠳᠤᠯᠭ᠎ᠠ ᠪᠤᠯᠤᠨ ᠬᠤᠪᠢᠳᠠᠨ ᠬᠠᠮᠢᠶᠠᠷᠴᠤ ᠪᠠᠶ᠋ᠢᠭ᠎ᠠ ᠤᠳᠤᠷᠢᠳᠤᠯᠭ᠎ᠠ ᠵᠢ ᠶᠡᠷᠦᠩᠬᠡᠶ᠋ᠢᠯᠡᠠ ᠰᠢᠯᠭ᠋ᠠᠨ ᠦᠨᠡᠯᠡᠬᠦ ᠴᠢᠬᠤᠯᠠ ᠯᠠᠪᠯᠠᠯᠲᠠ ᠪᠣᠯᠭ᠋ᠠᠵᠤ᠂ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢ ᠰᠠᠶ᠋ᠢᠲᠤᠷ ᠪᠠᠶ᠋ᠢᠭᠤᠯᠵᠤ ᠬᠦᠴᠦᠷᠬᠡᠭᠵᠢᠭᠦᠯᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃