ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠪᠤᠬᠢᠷᠳᠤᠯ᠎ᠢ ᠰᠡᠷᠭᠡᠢ᠌ᠯᠡᠨ ᠵᠠᠰᠠᠬᠤ ᠬᠠᠤᠯᠢ
ᠨᠡᠶ᠋ᠢᠲᠡᠯᠡᠭᠰᠡᠨ ᠴᠠᠭ᠄ 2021-09-03


     (1984 ᠣᠨ᠎ᠤ 5 ᠰᠠᠷ᠎ᠠ ᠵᠢᠨ 11᠎ᠤ ᠡᠳᠦᠷ ᠵᠢᠷᠭᠤᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠲᠠᠪᠤᠳᠤᠭ᠋ᠠᠷ ᠬᠤᠷᠠᠯᠳᠤᠭ᠋ᠠᠨ᠎ᠠᠴᠠ ᠪᠠᠲᠤᠯᠠᠪᠠ᠃ 1996 ᠣᠨ᠎ᠤ 5 ᠰᠠᠷ᠎ᠠ ᠵᠢᠨ 15᠎ᠤ ᠡᠳᠦᠷ ᠨᠠᠢ᠍ᠮᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠤᠷᠢᠶᠠᠨ᠎ᠤ ᠠᠷᠪᠠ ᠶᠢᠰᠦᠳᠦᠭᠡᠷ ᠬᠤᠷᠠᠯᠳᠤᠭ᠋ᠠᠨ᠎ᠤ《〈ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠶ ᠰᠢᠢ᠍ᠳᠪᠤᠷᠢ》 ᠵᠢ ᠦᠨᠳᠦᠰᠦᠯᠡᠨ ᠠᠩᠬᠠᠳᠤᠭ᠋ᠠᠷ ᠤᠳᠠᠭ᠎ᠠ ᠵᠠᠰᠠᠪᠤᠷᠢ ᠣᠷᠣᠭᠤᠯᠪᠠ᠃ 2008 ᠣᠨ᠎ᠤ 2 ᠰᠠᠷ᠎ᠠ ᠵᠢᠨ 28᠎ᠤ ᠡᠳᠦᠷ ᠠᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠭᠤᠴᠢᠨ ᠬᠣᠶᠠᠳᠤᠭ᠋ᠠᠷ ᠬᠤᠷᠠᠯᠳᠤᠭ᠋ᠠᠨ᠎ᠠᠴᠠ ᠵᠠᠰᠠᠪᠤᠷᠢ ᠣᠷᠣᠭᠤᠯᠪᠠ᠃ 2017 ᠣᠨ᠎ᠤ 6 ᠰᠠᠷ᠎ᠠ ᠵᠢᠨ 27᠎ᠤ ᠡᠳᠦᠷ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠷᠢᠨ ᠨᠠᠢ᠍ᠮᠠᠳᠤᠭ᠋ᠠᠷ ᠬᠤᠷᠠᠯᠳᠤᠭ᠋ᠠᠨ᠎ᠤ 《〈ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ〉᠎ᠳᠤ ᠵᠠᠰᠠᠪᠤᠷᠢ ᠤᠷᠤᠭᠤᠯᠬᠤ ᠲᠤᠬᠠᠢ ᠰᠢᠢ᠍ᠳᠪᠤᠷᠢ》 ᠵᠢ ᠦᠨᠳᠦᠰᠦᠯᠡᠨ ᠬᠤᠶᠠᠳᠤᠭ᠋ᠠᠷ ᠤᠳᠠᠭ᠎ᠠ ᠵᠠᠰᠠᠪᠤᠷᠢ ᠤᠷᠤᠭᠤᠯᠪᠠ)
      ᠨᠢᠭᠡᠳᠦᠭᠡᠷ ᠪᠦᠯᠦᠭ   ᠶᠡᠷᠦᠩᠬᠡᠢ ᠲᠦᠷᠢᠮ
      ᠨᠢᠭᠡᠳᠦᠭᠡᠷ ᠵᠦᠢ᠍ᠯ   ᠤᠷᠴᠢᠨ ᠲᠤᠭᠤᠷᠢᠨ᠎ᠢ ᠬᠠᠮᠠᠭ᠋ᠠᠯᠠᠨ ᠰᠠᠶ᠋ᠢᠵᠢᠷᠠᠭᠤᠯᠵᠤ᠂ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠵᠤ᠂ ᠤᠰᠤᠨ᠎ᠤ ᠠᠮᠢ ᠠᠬᠤᠶ ᠵᠢ ᠬᠠᠮᠠᠭ᠋ᠠᠯᠠᠨ᠂ ᠤᠤᠭᠤᠬᠤ ᠤᠰᠤᠨ᠎ᠤ ᠠᠮᠤᠷ ᠲᠦᠪᠰᠢᠨ᠎ᠢ ᠪᠠᠲᠤᠯᠠᠵᠤ᠂ ᠤᠯᠠᠨ ᠨᠡᠶ᠋ᠢᠲᠡ ᠵᠢᠨ ᠡᠷᠡᠭᠦᠯ ᠮᠡᠨᠳᠦ ᠵᠢ ᠬᠠᠮᠠᠭ᠋ᠠᠯᠠᠵᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠠᠵᠤ ᠠᠬᠤᠶ ᠨᠡᠶ᠋ᠢᠭᠡᠮ᠎ᠤᠨ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ ᠵᠢᠨ ᠲᠥᠯᠥᠭᠡ ᠲᠤᠰ ᠬᠠᠤᠯᠢ ᠵᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ ᠲᠤᠰ ᠬᠠᠤᠯᠢ ᠵᠢ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠳᠡᠪᠢᠰᠬᠡᠷ᠎ᠲᠠᠬᠢ ᠭᠣᠣᠯ ᠮᠥᠷᠡᠨ᠂ ᠨᠠᠭᠤᠷ ᠴᠦᠬᠦᠷᠦᠮ᠂ ᠲᠠᠲᠠᠮᠠᠯ ᠭᠣᠣᠯ᠂ ᠤᠰᠤᠨ ᠰᠤᠪᠠᠭ᠂ ᠴᠥᠭᠥᠷᠥᠮ ᠵᠡᠷᠭᠡ ᠭᠠᠵᠠᠷ ᠳᠡᠭᠡᠷᠡᠬᠢ ᠤᠰᠤᠨ ᠴᠣᠭᠴᠠ ᠵᠢᠴᠢ ᠭᠠᠵᠠᠷ ᠳᠣᠣᠷᠠᠬᠢ ᠤᠰᠤᠨ ᠴᠣᠭᠴᠠ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ᠎ᠳᠤ ᠬᠡᠷᠡᠭᠯᠡᠨ᠎ᠡ᠃
      ᠲᠡᠯᠡᠢ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ᠎ᠳᠤ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠯᠡᠢ ᠵᠢᠨ ᠣᠷᠴᠢᠨ ᠲᠤᠭᠤᠷᠢᠨ᠎ᠢ ᠬᠠᠮᠠᠭ᠋ᠠᠯᠠᠬᠤ ᠬᠠᠤᠯᠢ》ᠵᠢ ᠲᠤᠬᠢᠷᠠᠭᠤᠯᠤᠨ ᠬᠡᠷᠡᠭᠯᠡᠨ᠎ᠡ᠃
      ᠭᠤᠷᠪᠠᠳᠤᠭ᠋ᠠᠷ ᠵᠦᠢ᠍ᠯ   ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ᠎ᠳᠤ ᠤᠷᠢᠳᠴᠢᠯᠠᠨ ᠰᠡᠷᠭᠡᠶ᠋ᠢᠯᠡᠬᠦ᠎ᠪᠠᠷ ᠭᠣᠣᠯ ᠪᠣᠯᠭ᠋ᠠᠬᠤ᠂ ᠰᠡᠷᠭᠡᠶ᠋ᠢᠯᠡᠨ ᠵᠠᠰᠠᠬᠤ ᠵᠢ ᠤᠶᠠᠯᠳᠤᠭᠤᠯᠬᠤ᠂ ᠶᠡᠷᠦᠩᠬᠡᠶ᠋ᠢᠯᠡᠨ ᠵᠠᠰᠠᠬᠤ ᠵᠠᠷᠴᠢᠮ᠎ᠢ ᠪᠠᠷᠢᠮᠲᠠᠯᠠᠵᠤ᠂ ᠤᠤᠭᠤᠬᠤ ᠤᠰᠤᠨ᠎ᠤ ᠡᠬᠢ ᠰᠤᠷᠪᠤᠯᠵᠢ ᠵᠢ ᠡᠩ ᠲᠡᠷᠢᠭᠦᠨ᠎ᠳᠤ ᠬᠠᠮᠠᠭ᠋ᠠᠯᠠᠵᠤ᠂ ᠠᠵᠤ ᠦᠢ᠍ᠯᠡᠳᠪᠦᠷᠢ ᠵᠢᠨ       ᠪᠣᠬᠢᠷᠲᠤᠯ᠂ ᠬᠤᠳᠠ ᠪᠠᠯᠭ᠋ᠠᠰᠤᠨ᠎ᠤ ᠠᠮᠢᠳᠤᠷᠠᠯ᠎ᠤᠨ ᠪᠣᠬᠢᠷᠲᠤᠯ᠎ᠢ ᠴᠢᠩᠭ᠎ᠠ ᠬᠢᠵᠠᠭ᠋ᠠᠷᠯᠠᠵᠤ᠂ ᠲᠠᠷᠢᠶᠠᠯᠠᠩ᠎ᠤᠨ ᠤᠯᠠᠨ ᠡᠬᠢᠳᠤ ᠪᠣᠬᠢᠷᠲᠤᠯ᠎ᠢ ᠰᠡᠷᠭᠡᠶ᠋ᠢᠯᠡᠨ ᠵᠠᠰᠠᠵᠤ᠂ ᠠᠮᠢ ᠠᠬᠤᠶ ᠵᠢ ᠵᠠᠰᠠᠬᠤ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢ ᠢᠳᠡᠪᠬᠢᠲᠡᠶ ᠲᠦᠯᠬᠢᠨ ᠠᠬᠢᠭᠤᠯᠵᠤ᠂ ᠤᠰᠤᠨ᠎ᠤ ᠣᠷᠴᠢᠨ ᠲᠤᠭᠤᠷᠢᠨ᠎ᠤ ᠪᠣᠬᠢᠷᠲᠤᠯ ᠪᠠ ᠠᠮᠢ ᠠᠬᠤᠶ ᠵᠢᠨ ᠡᠪᠳᠡᠭᠳᠡᠯ᠎ᠢ ᠤᠷᠢᠳᠴᠢᠯᠠᠨ ᠰᠡᠷᠭᠡᠶ᠋ᠢᠯᠡᠵᠦ᠂ ᠬᠢᠵᠠᠭ᠋ᠠᠷᠯᠠᠬᠤ ᠪᠠ ᠪᠠᠭ᠋ᠠᠰᠬᠠᠬᠤ ᠬᠡᠷᠡᠭᠲᠡᠶ᠃
      ᠳᠥᠷᠪᠡᠳᠦᠭᠡᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠰᠤᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠠᠵᠢᠯ᠎ᠢ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠦᠭᠵᠢᠯᠳᠡ ᠵᠢᠨ ᠲᠦᠯᠦᠪᠵᠢᠬᠦᠯᠭᠡ᠎ᠳᠤ ᠤᠷᠤᠭᠤᠯᠬᠤ ᠬᠡᠷᠡᠭᠲᠡᠢ᠃
      ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠤᠰᠦᠠ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠠᠷᠢᠭᠤᠴᠠᠵᠤ᠂ ᠴᠠᠭ ᠲᠤᠬᠠᠶ᠎ᠳᠤᠨᠢ ᠠᠷᠭ᠎ᠠ ᠬᠡᠮᠵᠢᠶ᠎ᠡ ᠠᠪᠴᠤ ᠤᠰᠤᠨ᠎ᠤ ᠪᠤᠬᠢᠷᠳᠤᠯ᠎ᠢ ᠰᠡᠷᠭᠡᠢ᠌ᠯᠡᠨ ᠵᠠᠰᠠᠬᠤ ᠬᠡᠷᠡᠭᠲᠡᠢ᠃
      ᠲᠠᠪᠤᠳᠤᠭ᠋ᠠᠷ ᠵᠦᠢ᠍ᠯ   ᠮᠤᠵᠢ᠂ ᠬᠣᠲᠠ᠂ ᠰᠢᠶᠠᠨ᠂ ᠰᠢᠶᠠᠩ᠎ᠳᠤ ᠭᠣᠣᠯ᠎ᠤᠨ ᠳᠠᠷᠤᠭ᠎ᠠ ᠵᠢᠨ ᠲᠦᠷᠢᠮ᠎ᠢ ᠪᠠᠶ᠋ᠢᠭᠤᠯᠵᠤ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠭᠣᠣᠯ ᠮᠥᠷᠡᠨ᠂ ᠨᠠᠭᠤᠷ ᠴᠦᠬᠦᠷᠦᠮ᠎ᠤᠨ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ᠂ ᠤᠰᠤᠨ ᠣᠷᠣᠨ᠎ᠤ ᠡᠷᠭᠢ ᠵᠢᠨ ᠱᠤᠭᠤᠮ᠎ᠢ ᠬᠠᠮᠢᠶᠠᠷᠬᠤ᠂ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠤᠰᠤᠨ᠎ᠤ ᠣᠷᠴᠢᠨ ᠲᠣᠭᠣᠷᠢᠨ᠎ᠢ ᠵᠠᠰᠠᠬᠤ ᠵᠡᠷᠭᠡ ᠠᠵᠢᠯ᠎ᠢ ᠱᠠᠳᠤ ᠬᠤᠪᠢᠶᠠᠨ ᠬᠡᠰᠡᠭ ᠬᠤᠪᠢᠶᠠᠨ ᠵᠣᠬᠢᠶᠠᠨ ᠪᠠᠶ᠋ᠢᠭᠤᠯᠵᠤ ᠤᠳᠤᠷᠢᠳᠤᠨ᠎ᠠ᠃
      ᠵᠢᠷᠭᠤᠳᠤᠭ᠋ᠠᠷ ᠵᠦᠢ᠍ᠯ   ᠤᠯᠤᠰ᠎ᠠᠴᠠ ᠤᠰᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠠᠯᠲᠠᠲᠤ ᠬᠠᠷᠢᠭᠤᠴᠠᠯᠭ᠎ᠠ ᠵᠢᠨ ᠲᠦᠷᠢᠮ ᠪᠠ ᠬᠢᠨᠠᠨ ᠰᠢᠯᠭ᠋ᠠᠵᠤ ᠦᠨᠡᠯᠡᠬᠦ ᠲᠦᠷᠢᠮ᠎ᠢ ᠬᠡᠷᠡᠭᠵᠢᠭᠦᠯᠵᠦ᠂ ᠤᠰᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠠᠯᠲᠠ ᠵᠢ ᠪᠡᠶᠡᠯᠡᠭᠦᠯᠦᠭᠰᠡᠨ ᠪᠠᠶ᠋ᠢᠳᠠᠯ᠎ᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠠᠷᠢᠭᠤᠴᠠᠯᠭ᠋ᠠᠲᠠᠨ᠎ᠢ ᠬᠢᠨᠠᠨ ᠰᠢᠯᠭ᠋ᠠᠵᠤ ᠦᠨᠡᠯᠡᠬᠦ ᠠᠭᠤᠯᠭ᠎ᠠ ᠪᠣᠯᠭ᠋ᠠᠨ᠎ᠠ᠃
      ᠳᠣᠯᠣᠳᠤᠭ᠋ᠠᠷ ᠵᠦᠢ᠍ᠯ   ᠤᠯᠤᠰ᠎ᠠᠴᠠ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ ᠪᠠ ᠲᠡᠷᠢᠭᠦᠨ᠎ᠤ ᠬᠡᠷᠡᠭᠯᠡᠭᠡᠨ᠎ᠤ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ ᠵᠢ ᠵᠣᠷᠢᠭᠵᠢᠭᠤᠯᠤᠨ ᠲᠡᠮᠵᠢᠵᠤ᠂ ᠤᠰᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠨ᠎ᠠ᠃
      ᠨᠠᠢ᠍ᠮᠠᠳᠤᠭ᠋ᠠᠷ ᠵᠦᠢ᠍ᠯ   ᠤᠯᠤᠰ᠎ᠠᠴᠠ ᠡᠳ᠋᠎ᠤᠨ ᠵᠠᠰᠠᠭ᠎ᠠᠴᠠ ᠰᠢᠯᠵᠢᠭᠦᠯᠦᠨ ᠥᠭᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠤ ᠣᠷᠣᠨ ᠪᠦᠰᠡ ᠪᠠ ᠭᠣᠣᠯ ᠮᠥᠷᠡᠨ᠂ ᠨᠠᠭᠤᠷ ᠴᠥᠭᠥᠷᠥᠮ᠎ᠤᠨ ᠳᠡᠭᠡᠳᠦ ᠤᠷᠤᠰᠬᠠᠯ᠎ᠤᠨ ᠭᠠᠵᠠᠷ ᠣᠷᠣᠨ᠎ᠤ ᠤᠰᠤᠨ᠎ᠤ ᠣᠷᠴᠢᠨ ᠲᠤᠭᠤᠷᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠥᠷᠢ ᠥᠭᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃
      ᠶᠢᠰᠦᠳᠦᠭᠡᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠤᠰᠤᠨ᠎ᠤ ᠪᠣᠬᠢᠷᠲᠤᠯ᠎ᠤᠨ ᠰᠡᠷᠭᠡᠢ᠌ᠯᠡᠨ ᠵᠠᠰᠠᠯᠳᠠ᠎ᠳᠤ ᠨᠢᠭᠡᠳᠦᠯᠳᠡᠢ ᠬᠢᠨᠠᠯᠳᠠ ᠬᠠᠮᠢᠶᠠᠷᠤᠯᠳᠠ ᠬᠢᠨ᠎ᠡ᠃
      ᠵᠠᠮ ᠬᠠᠷᠢᠯᠴᠠᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠳᠠᠯᠠᠢ ᠵᠢᠨ ᠶᠠᠪᠤᠳᠠᠯ᠎ᠢ ᠬᠠᠮᠢᠶᠠᠷᠬᠤ ᠪᠠᠶ᠋ᠢᠭᠤᠯᠤᠮᠵᠢ᠎ᠠᠴᠠ ᠣᠩᠭᠣᠴᠠ ᠰᠠᠯ᠎ᠤᠨ ᠪᠤᠬᠢᠷᠳᠤᠭᠤᠯᠤᠭᠰᠠᠨ ᠤᠰᠤᠨ ᠣᠷᠣᠨ᠎ᠤ ᠰᠡᠷᠭᠡᠢ᠌ᠯᠡᠨ ᠵᠠᠰᠠᠯᠳᠠ᠎ᠳᠤ ᠬᠢᠨᠠᠯᠳᠠ ᠬᠠᠮᠢᠶᠠᠷᠤᠯᠳᠠ ᠬᠢᠨ᠎ᠡ᠃
      ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠎ᠠ᠂ ᠤᠯᠤᠰ᠎ᠤᠨ ᠨᠤᠲᠤᠭ ᠳᠡᠪᠢᠰᠬᠡᠷ ᠡᠬᠢ ᠪᠠᠶᠠᠯᠢᠭ᠂ ᠡᠷᠡᠭᠦᠯ ᠬᠠᠮᠠᠭ᠋ᠠᠯᠠᠯ᠂ ᠪᠦᠲᠦᠭᠡᠨ ᠪᠠᠶ᠋ᠢᠭᠤᠯᠤᠯᠲᠠ᠂ ᠲᠠᠷᠢᠶᠠᠯᠠᠩ᠂ ᠵᠢᠭ᠋ᠠᠰᠤᠨ ᠠᠵᠤ ᠠᠬᠤᠶ ᠵᠡᠷᠭᠡ ᠰᠠᠯᠠᠭ᠎ᠠ ᠮᠥᠴᠢᠷ ᠵᠢᠴᠢ ᠴᠢᠬᠤᠯᠠ ᠭᠣᠣᠯ ᠮᠥᠷᠡᠨ᠂ ᠨᠠᠭᠤᠷ ᠴᠦᠬᠦᠷᠦᠮ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠪᠠᠶ᠋ᠢᠭᠤᠯᠤᠮᠵᠢ᠎ᠨᠤᠭᠤᠳ ᠲᠤᠰ ᠲᠤᠰ᠎ᠤᠨ ᠵᠶ᠋ᠠᠨ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ᠎ᠪᠠᠨ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠣᠯᠪᠣᠭᠳᠠᠯ ᠪᠦᠬᠦᠢ ᠠᠵᠢᠯ᠎ᠢ ᠬᠢᠨᠠᠵᠤ ᠬᠠᠮᠢᠶᠠᠷᠤᠨ᠎ᠠ᠃
      ᠠᠷᠪᠠᠳᠤᠭ᠋ᠠᠷ ᠵᠦᠢ᠍ᠯ   ᠤᠰᠤᠨ᠎ᠤ ᠪᠤᠬᠢᠷᠳᠤᠯ ᠪᠣᠳᠠᠰ ᠭᠠᠳᠠᠭᠰᠢᠯᠠᠭᠤᠯᠬᠤ᠎ᠳᠠᠭᠠᠨ ᠤᠯᠤᠰ ᠪᠤᠶᠤ ᠣᠷᠣᠨ ᠨᠤᠲᠤᠭ᠎ᠤᠨ ᠲᠣᠭᠲᠠᠭ᠋ᠠᠭᠰᠠᠨ ᠤᠰᠤᠨ᠎ᠤ ᠪᠤᠬᠢᠷᠳᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠪᠣᠯᠤᠨ ᠭᠣᠣᠯᠳᠠᠯᠭ᠎ᠠ᠎ᠲᠠᠢ ᠤᠰᠤᠨ᠎ᠤ ᠪᠤᠬᠢᠷᠳᠤᠯ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠭᠦᠢ᠍ᠴᠡᠳᠬᠡᠯ ᠲᠣᠭ᠎ᠠ᠎ᠠᠴᠠ ᠬᠡᠲᠦᠷᠡᠭᠦᠯᠵᠦ ᠪᠣᠯᠬᠤ ᠦᠭᠡᠢ᠃
      ᠠᠷᠪᠠᠨ ᠨᠢᠭᠡᠳᠦᠭᠡᠷ ᠵᠦᠢ᠍ᠯ   ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠤᠰᠤᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠡᠭᠦᠷᠭᠡ᠎ᠲᠠᠢ ᠪᠥᠭᠡᠳ ᠤᠰᠤᠨ᠎ᠤ ᠣᠷᠴᠢᠨ ᠲᠣᠭᠣᠷᠢᠨ᠎ᠢ ᠪᠣᠬᠢᠷᠲᠤᠭᠤᠯᠤᠨ ᠬᠣᠬᠢᠷᠠᠭᠤᠯᠤᠭᠰᠠᠨ ᠠᠵᠢᠯᠯᠠᠭ᠎ᠠ ᠵᠢ ᠢᠯᠡᠴᠢᠯᠡᠬᠦ ᠡᠷᠬᠡ᠎ᠲᠠᠢ᠃
      ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠳᠤᠮᠳᠠ ᠢᠯᠡᠳᠲᠡ ᠠᠮᠵᠢᠯᠲᠠ ᠪᠦᠲᠦᠮᠵᠢ ᠭᠠᠷᠭ᠋ᠠᠭᠰᠠᠨ ᠨᠢᠭᠡᠴᠢ ᠪᠠ ᠬᠤᠪᠢ ᠬᠥᠮᠦᠨ᠎ᠢ ᠰᠠᠶ᠋ᠢᠰᠢᠶᠠᠨ ᠬᠥᠬᠢᠭᠦᠯᠦᠨ᠎ᠡ᠃
      ᠬᠣᠶᠠᠳᠤᠭ᠋ᠠᠷ ᠪᠦᠯᠦᠭ   ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠠᠷᠢᠮᠵᠢᠶ᠎ᠠ ᠪᠠ ᠲᠥᠯᠥᠪᠵᠢᠭᠦᠯᠭᠡ
      ᠠᠷᠪᠠᠨ ᠬᠣᠶᠠᠳᠤᠭ᠋ᠠᠷ ᠵᠦᠢ᠍ᠯ   ᠲᠦᠷᠦ ᠵᠢᠨ ᠶᠠᠪᠤᠳᠠᠯ᠎ᠤᠨ ᠬᠣᠷᠢᠶᠠᠨ᠎ᠤ ᠣᠷᠴᠢᠨ   ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠤᠯᠤᠰ᠎ᠤᠨ ᠤᠰᠤᠨ᠎ᠤ ᠣᠷᠴᠢᠨ ᠲᠤᠭᠤᠷᠢᠨ᠎ᠤ ᠶᠠᠰᠤ ᠴᠢᠨᠠᠷ᠎ᠤᠨ ᠪᠠᠷᠢᠮᠵᠢᠶ᠎ᠠ ᠵᠢ ᠲᠤᠭᠳᠠᠭ᠋ᠠᠨ᠎ᠠ᠃
      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠯᠤᠰ᠎ᠤᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠷᠢᠮᠵᠢᠶ᠎ᠠ᠎ᠳᠤ ᠲᠣᠭᠲᠠᠭ᠋ᠠᠭᠰᠠᠨ ᠦᠭᠡᠢ ᠵᠦᠢ᠍ᠯᠡᠰ᠎ᠲᠤ ᠣᠷᠣᠨ ᠨᠤᠲᠤᠭ᠎ᠤᠨ ᠪᠠᠷᠢᠮᠵᠢᠶ᠎ᠠ ᠲᠣᠭᠲᠠᠭ᠋ᠠᠵᠤ ᠪᠣᠯᠬᠤ ᠪᠥᠭᠡᠳ ᠲᠦᠷᠦ ᠵᠢᠨ ᠶᠠᠪᠤᠳᠠᠯ᠎ᠤᠨ ᠬᠣᠷᠢᠶᠠᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠤᠨ᠎ᠠ᠃
      ᠠᠷᠪᠠᠨ ᠭᠤᠷᠪᠠᠳᠤᠭ᠋ᠠᠷ ᠵᠦᠢ᠍ᠯ   ᠲᠥᠷᠥ ᠵᠢᠨ ᠶᠠᠪᠤᠳᠠᠯ᠎ᠤᠨ ᠬᠣᠷᠢᠶᠠᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠣᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂   ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠲᠠᠢ ᠬᠠᠮᠳᠤᠷᠠᠨ᠂ ᠤᠯᠤᠰ᠎ᠠᠴᠠ ᠲᠣᠭᠲᠠᠭ᠋ᠠᠭᠰᠠᠨ ᠴᠢᠬᠤᠯᠠ ᠭᠣᠣᠯ ᠮᠥᠷᠡᠨ᠂ ᠨᠠᠭᠤᠷ ᠴᠦᠬᠦᠷᠦᠮ᠎ᠤᠨ ᠰᠠᠪᠠ ᠭᠠᠵᠠᠷ᠎ᠤᠨ ᠤᠰᠤᠨ ᠴᠣᠭᠴᠠ ᠵᠢᠨ ᠬᠡᠷᠡᠭᠯᠡᠯᠲᠡ ᠵᠢᠨ ᠴᠢᠳᠠᠮᠵᠢ ᠵᠢᠴᠢ ᠬᠣᠯᠪᠣᠭᠳᠠᠯ ᠪᠦᠬᠦᠢ ᠭᠠᠵᠠᠷ ᠣᠷᠣᠨ᠎ᠤ ᠠᠵᠤ ᠠᠬᠤᠶ᠂ ᠲᠧᠭᠨᠢᠭ ᠮᠡᠷᠭᠡᠵᠢᠯ᠎ᠤᠨ ᠨᠥᠬᠥᠴᠡᠯ᠎ᠢ ᠦᠨᠳᠦᠰᠦᠯᠡᠨ᠂ ᠲᠤᠰ ᠴᠢᠬᠤᠯᠠ ᠭᠣᠣᠯ ᠮᠥᠷᠡᠨ᠂ ᠨᠠᠭᠤᠷ ᠴᠦᠬᠦᠷᠦᠮ᠎ᠤᠨ ᠰᠠᠪᠠ ᠭᠠᠵᠠᠷ᠎ᠤᠨ ᠮᠤᠵᠢ ᠵᠢᠨ ᠵᠠᠭ᠋ᠠᠭ᠎ᠲᠠᠬᠢ ᠤᠰᠤᠨ ᠴᠣᠭᠴᠠ᠎ᠳᠤ ᠬᠡᠷᠡᠭᠯᠡᠬᠦ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠷᠢᠮᠵᠢᠶ᠎ᠠ ᠵᠢ ᠲᠣᠭᠲᠠᠭ᠋ᠠᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠵᠦ ᠪᠣᠯᠤᠨ᠎ᠠ᠃
      ᠠᠷᠪᠠᠨ ᠳᠥᠷᠪᠡᠳᠦᠭᠡᠷ ᠵᠦᠢ᠍ᠯ   ᠲᠦᠷᠦ ᠵᠢᠨ ᠶᠠᠪᠤᠳᠠᠯ᠎ᠤᠨ ᠬᠣᠷᠢᠶᠠᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠤᠯᠤᠰ᠎ᠤᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠷᠢᠮᠵᠢᠶ᠎ᠠ ᠪᠣᠯᠤᠨ ᠤᠯᠤᠰ᠎ᠤᠨ ᠠᠵᠤ ᠠᠬᠤᠢ᠂ ᠲᠸᠭᠨᠢᠭ ᠮᠡᠷᠭᠡᠵᠢᠯ᠎ᠤᠨ ᠨᠥᠬᠥᠴᠡᠯ᠎ᠢ ᠦᠨᠳᠦᠰᠦᠯᠡᠵᠦ᠂ ᠤᠯᠤᠰ᠎ᠤᠨ ᠤᠰᠤᠨ᠎ᠤ ᠪᠤᠬᠢᠷᠳᠤᠯ ᠪᠣᠳᠠᠰ᠎ᠢ ᠭᠠᠳᠠᠭᠰᠢᠯᠠᠭᠤᠯᠬᠤ ᠪᠠᠷᠢᠮᠵᠢᠶ᠎ᠠ ᠵᠢ ᠲᠣᠭᠲᠠᠭ᠋ᠠᠨ᠎ᠠ᠃
      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠰᠤᠨ᠎ᠤ ᠪᠤᠬᠢᠷᠳᠤᠯ ᠪᠣᠳᠠᠰ ᠭᠠᠳᠠᠭᠰᠢᠯᠠᠭᠤᠯᠬᠤ ᠲᠤᠬᠠᠶ ᠤᠯᠤᠰ᠎ᠤᠨ ᠪᠠᠷᠢᠮᠵᠢᠶ᠎ᠠ᠎ᠳᠤ ᠲᠣᠭᠲᠠᠭ᠋ᠠᠭᠰᠠᠨ ᠦᠭᠡᠢ ᠵᠦᠢ᠍ᠯᠡᠰ᠎ᠲᠤ ᠤᠰᠤᠨ᠎ᠤ ᠪᠤᠬᠢᠷᠳᠤᠯ ᠪᠣᠳᠠᠰ ᠭᠠᠳᠠᠭᠰᠢᠯᠠᠭᠤᠯᠬᠤ ᠲᠤᠬᠠᠶ ᠣᠷᠣᠨ ᠨᠤᠲᠤᠭ᠎ᠤᠨ ᠪᠠᠷᠢᠮᠵᠢᠶ᠎ᠠ ᠲᠣᠭᠲᠠᠭ᠋ᠠᠵᠤ ᠪᠣᠯᠤᠨ᠎ᠠ;   ᠤᠰᠤᠨ᠎ᠤ ᠪᠤᠬᠢᠷᠳᠤᠯ ᠪᠣᠳᠠᠰ ᠭᠠᠳᠠᠭᠰᠢᠯᠠᠭᠤᠯᠬᠤ ᠲᠤᠬᠠᠶ ᠤᠯᠤᠰ᠎ᠤᠨ ᠪᠠᠷᠢᠮᠵᠢᠶ᠎ᠠ᠎ᠳᠤ ᠨᠢᠭᠡᠨᠲᠡ ᠲᠣᠭᠲᠠᠭ᠋ᠠᠭᠰᠠᠨ ᠵᠦᠢ᠍ᠯᠡᠰ᠎ᠲᠤ ᠤᠰᠤᠨ᠎ᠤ ᠪᠤᠬᠢᠷᠳᠤᠯ ᠪᠣᠳᠠᠰ ᠭᠠᠳᠠᠭᠰᠢᠯᠠᠭᠤᠯᠬᠤ ᠲᠤᠬᠠᠶ ᠤᠯᠤᠰ᠎ᠤᠨ ᠪᠠᠷᠢᠮᠵᠢᠶ᠎ᠠ᠎ᠠᠴᠠ ᠴᠢᠩᠭ᠎ᠠ ᠣᠷᠣᠨ ᠨᠤᠲᠤᠭ᠎ᠤᠨ ᠤᠰᠤᠨ᠎ᠤ ᠪᠤᠬᠢᠷᠳᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠵᠢ ᠲᠣᠭᠲᠠᠭ᠋ᠠᠵᠤ ᠪᠣᠯᠤᠨ᠎ᠠ᠃ ᠤᠰᠤᠨ᠎ᠤ ᠪᠤᠬᠢᠷᠳᠤᠯ ᠪᠤᠳᠠᠰ ᠭᠠᠳᠠᠭᠰᠢᠯᠠᠭᠤᠯᠬᠤ ᠣᠷᠣᠨ ᠨᠤᠲᠤᠭ᠎ᠤᠨ ᠪᠠᠷᠢᠮᠵᠢᠶ᠎ᠠ ᠵᠢ ᠡᠷᠬᠡᠪᠰᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠬᠦᠯᠵᠦ ᠲᠠᠩᠰᠠᠯᠠᠭᠤᠯᠬᠤ ᠬᠡᠷᠡᠭᠲᠡᠢ᠃
      ᠤᠰᠤᠨ᠎ᠤ ᠪᠤᠬᠢᠷᠳᠤᠯ ᠪᠤᠳᠠᠰ ᠭᠠᠳᠠᠭᠰᠢᠯᠠᠭᠤᠯᠬᠤ ᠣᠷᠣᠨ ᠨᠤᠲᠤᠭ᠎ᠤᠨ ᠪᠠᠷᠢᠮᠵᠢᠶ᠎ᠠ᠎ᠲᠠᠢ ᠪᠣᠯᠤᠭᠰᠠᠨ ᠤᠰᠤᠨ ᠴᠣᠭᠴᠠ᠎ᠳᠤ ᠪᠤᠬᠢᠷᠳᠤᠯ ᠪᠣᠳᠠᠰ ᠭᠠᠳᠠᠭᠰᠢᠯᠠᠭᠤᠯᠬᠤ᠎ᠳᠤ ᠬᠦᠷᠪᠡᠯ᠂ ᠤᠰᠤᠨ᠎ᠤ ᠪᠤᠬᠢᠷᠳᠤᠯ ᠪᠤᠳᠠᠰ ᠭᠠᠳᠠᠭᠰᠢᠯᠠᠭᠤᠯᠬᠤ ᠣᠷᠣᠨ ᠨᠤᠲᠤᠭ᠎ᠤᠨ ᠪᠠᠷᠢᠮᠵᠢᠶ᠎ᠠ ᠵᠢ ᠬᠡᠷᠡᠭᠵᠢᠭᠦᠯᠬᠦ ᠬᠡᠷᠡᠭᠲᠡᠶ᠃
      ᠠᠷᠪᠠᠨ ᠲᠠᠪᠤᠳᠤᠭ᠋ᠠᠷ ᠵᠦᠢ᠍ᠯ   ᠲᠦᠷᠦ ᠵᠢᠨ ᠶᠠᠪᠤᠳᠠᠯ᠎ᠤᠨ ᠬᠣᠷᠢᠶᠠᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠱᠠᠭ᠋ᠠᠷᠳᠠᠯᠭ᠎ᠠ ᠪᠠ ᠤᠯᠤᠰ ᠪᠤᠶᠤ ᠣᠷᠣᠨ ᠨᠤᠲᠤᠭ᠎ᠤᠨ ᠠᠵᠤ ᠠᠬᠤᠢ᠂ ᠲᠸᠭᠨᠢᠭ ᠮᠡᠷᠭᠡᠵᠢᠯ᠎ᠤᠨ ᠨᠥᠬᠥᠴᠡᠯ᠎ᠢ ᠦᠨᠳᠦᠰᠦᠯᠡᠨ᠂ ᠤᠰᠤᠨ᠎ᠤ ᠣᠷᠴᠢᠨ ᠲᠤᠭᠤᠷᠢᠨ᠎ᠤ ᠶᠠᠰᠤ ᠴᠢᠨᠠᠷ᠎ᠤᠨ ᠪᠠᠷᠢᠮᠵᠢᠶ᠎ᠠ ᠪᠠ ᠤᠰᠤᠨ᠎ᠤ ᠪᠤᠬᠢᠷᠳᠤᠯ ᠪᠤᠳᠠᠰ᠎ᠢ ᠭᠠᠳᠠᠭᠰᠢᠯᠠᠭᠤᠯᠬᠤ ᠪᠠᠷᠢᠮᠵᠢᠶ᠎ᠠ᠎ᠳᠤ ᠴᠠᠭ᠎ᠲᠤᠨᠢ ᠲᠣᠬᠢᠷᠠᠭᠤᠯᠤᠨ ᠵᠠᠰᠠᠪᠤᠷᠢ ᠣᠷᠣᠭᠤᠯᠬᠤ ᠬᠡᠷᠡᠭᠲᠡᠢ᠃
      ᠠᠷᠪᠠᠨ ᠵᠢᠷᠭᠤᠳᠤᠭ᠋ᠠᠷ ᠵᠦᠢ᠍ᠯ   ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ᠎ᠳᠤ ᠰᠠᠪᠠ ᠭᠠᠵᠠᠷ ᠵᠶ᠋ᠠᠷ ᠪᠤᠶᠤ ᠣᠷᠣᠨ ᠪᠦᠰᠡ᠎ᠪᠠᠷ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ᠃ ᠤᠯᠤᠰ᠎ᠠᠴᠠ ᠲᠣᠭᠲᠠᠭ᠋ᠠᠭᠰᠠᠨ ᠴᠢᠬᠤᠯᠠ ᠭᠣᠣᠯ ᠮᠥᠷᠡᠨ᠂ ᠨᠠᠭᠤᠷ ᠴᠦᠬᠦᠷᠦᠮ᠎ᠤᠨ ᠰᠠᠪᠠ ᠭᠠᠵᠠᠷ᠎ᠤᠨ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠵᠤ ᠠᠬᠤᠢ ᠵᠢᠨ ᠶᠡᠷᠦᠩᠬᠡᠶ᠋ᠢᠯᠡᠭᠰᠡᠨ ᠬᠣᠷᠸ᠎ᠠ ᠲᠤᠬᠢᠷᠠᠭᠤᠯᠤᠯ ᠡᠵᠡᠮᠳᠡᠯ᠂ ᠤᠰᠤᠨ᠎ᠤ ᠵᠠᠰᠠᠭ ᠵᠠᠬᠢᠷᠭ᠋ᠠᠨ ᠵᠡᠷᠭᠡ ᠰᠠᠯᠠᠭ᠎ᠠ ᠮᠥᠴᠢᠷ ᠪᠣᠯᠤᠨ ᠬᠣᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠲᠤᠷᠠᠨ ᠨᠠᠶ᠋ᠢᠷᠠᠭᠤᠯᠤᠨ ᠵᠣᠬᠢᠶᠠᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠳᠤ ᠮᠡᠳᠡᠬᠦᠯᠵᠦ ᠵᠦᠪᠰᠢᠶᠡᠷᠡᠯ ᠠᠪᠬᠤ ᠬᠡᠷᠡᠭᠲᠡᠢ᠃
      ᠡᠮᠦᠨᠡᠬᠢ ᠪᠠᠳᠠᠭ᠎ᠤᠨ ᠲᠣᠭᠲᠠᠭ᠋ᠠᠯ᠎ᠠᠴᠠ ᠭᠠᠳᠠᠨᠠᠬᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠠᠯᠤᠰᠯᠠᠭᠰᠠᠨ ᠪᠤᠰᠤᠳ ᠭᠣᠣᠯ ᠮᠥᠷᠡᠨ᠂ ᠨᠠᠭᠤᠷ ᠴᠦᠬᠦᠷᠦᠮ᠎ᠤᠨ ᠰᠠᠪᠠ ᠭᠠᠵᠠᠷ᠎ᠤᠨ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ ᠵᠢ ᠤᠯᠤᠰ᠎ᠠᠴᠠ ᠲᠣᠭᠲᠠᠭ᠋ᠠᠭᠰᠠᠨ ᠴᠢᠬᠤᠯᠠ ᠭᠣᠣᠯ ᠮᠥᠷᠡᠨ᠂ ᠨᠠᠭᠤᠷ   ᠴᠦᠬᠦᠷᠦᠮ᠎ᠤᠨ ᠰᠠᠪᠠ ᠭᠠᠵᠠᠷ᠎ᠤᠨ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ ᠪᠠ ᠲᠤᠰ ᠭᠠᠵᠠᠷ᠎ᠤᠨ ᠪᠣᠳᠠᠲᠤ ᠪᠠᠶ᠋ᠢᠳᠠᠯ᠎ᠢ ᠦᠨᠳᠦᠰᠦᠯᠡᠨ᠂ ᠬᠣᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠳᠠᠯᠢ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠪᠠ ᠬᠣᠯᠪᠣᠭᠳᠠᠯ ᠪᠦᠬᠦᠢ ᠬᠣᠲᠠ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠲᠤᠷᠠᠨ ᠨᠠᠶ᠋ᠢᠷᠠᠭᠤᠯᠤᠨ ᠵᠣᠬᠢᠶᠠᠵᠤ᠂ ᠬᠣᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ       ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠬᠢᠨᠠᠨ ᠬᠠᠷᠭᠤᠭᠤᠯᠤᠭ᠋ᠠᠳ ᠲᠦᠷᠦ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠵᠦ ᠵᠥᠪᠰᠢᠶᠡᠷᠡᠭᠦᠯᠦᠨ᠎ᠡ᠃
      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠳᠣᠲᠣᠷᠠᠬᠢ ᠰᠢᠶᠠᠨ ᠠᠯᠤᠰᠯᠠᠭᠰᠠᠨ ᠭᠣᠣᠯ ᠮᠥᠷᠡᠨ᠂ ᠨᠠᠭᠤᠷ ᠴᠦᠬᠦᠷᠦᠮ᠎ᠤᠨ ᠰᠠᠪᠠ ᠭᠠᠵᠠᠷ᠎ᠤᠨ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ ᠵᠢ ᠤᠯᠤᠰ᠎ᠠᠴᠠ ᠲᠣᠭᠲᠠᠭ᠋ᠠᠭᠰᠠᠨ ᠴᠢᠬᠤᠯᠠ ᠭᠣᠣᠯ ᠮᠥᠷᠡᠨ᠂ ᠨᠠᠭᠤᠷ ᠴᠦᠬᠦᠷᠦᠮ᠎ᠤᠨ ᠰᠠᠪᠠ ᠭᠠᠵᠠᠷ᠎ᠤᠨ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ ᠪᠠ ᠲᠤᠰ ᠭᠠᠵᠠᠷ᠎ᠤᠨ ᠪᠣᠳᠠᠲᠤ ᠪᠠᠶ᠋ᠢᠳᠠᠯ᠎ᠢ ᠦᠨᠳᠦᠰᠦᠯᠡᠨ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠳᠠᠯᠢ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠨᠠᠶ᠋ᠢᠷᠠᠭᠤᠯᠤᠨ ᠵᠣᠬᠢᠶᠠᠵᠤ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠬᠦ ᠵᠢᠨ ᠬᠠᠮᠲᠤ ᠲᠦᠷᠦ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠵᠦ ᠳᠠᠩᠰᠠᠯᠠᠭᠤᠯᠤᠨ᠎ᠠ᠃
      ᠵᠥᠪᠰᠢᠶᠡᠷᠡᠭᠦᠯᠦᠭᠰᠡᠨ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ ᠪᠣᠯ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠦᠨᠳᠦᠰᠦᠨ ᠦᠨᠳᠦᠰᠦᠯᠡᠯ ᠮᠥᠨ᠂ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠬᠤ᠎ᠳᠤ ᠡᠷᠬᠡᠪᠰᠢ ᠤᠤᠯ᠎ᠤᠨ ᠵᠥᠪᠰᠢᠶᠡᠷᠡᠭᠰᠡᠨ ᠪᠠᠶ᠋ᠢᠭᠤᠯᠭ᠎ᠠ᠎ᠪᠠᠷ ᠵᠥᠪᠰᠢᠶᠡᠷᠡᠭᠦᠯᠬᠦ ᠬᠡᠷᠡᠭᠲᠡᠶ᠃
      ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠠᠤᠯᠢ ᠶᠣᠰᠣᠭ᠋ᠠᠷ ᠵᠥᠪᠰᠢᠶᠡᠷᠡᠭᠰᠡᠨ ᠭᠣᠣᠯ ᠮᠥᠷᠡᠨ᠂ ᠨᠠᠭᠤᠷ   ᠴᠦᠬᠦᠷᠦᠮ᠎ᠤᠨ ᠰᠠᠪᠠ ᠭᠠᠵᠠᠷ᠎ᠤᠨ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ ᠵᠢ ᠦᠨᠳᠦᠰᠦᠯᠡᠨ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠵᠤ ᠲᠣᠭᠲᠠᠭ᠋ᠠᠬᠤ ᠬᠡᠷᠡᠭᠲᠡᠶ᠃
      ᠠᠷᠪᠠᠨ ᠳᠣᠯᠣᠳᠤᠭ᠋ᠠᠷ ᠵᠦᠢ᠍ᠯ   ᠬᠣᠯᠪᠣᠭᠳᠠᠯ ᠪᠦᠬᠦᠢ ᠬᠣᠲᠠ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ᠎ᠳᠤ ᠲᠣᠭᠲᠠᠭ᠋ᠠᠭᠰᠠᠨ ᠤᠰᠤᠨ᠎ᠤ ᠣᠷᠴᠢᠨ ᠲᠤᠭᠤᠷᠢᠨ᠎ᠤ ᠶᠠᠰᠤ ᠴᠢᠨᠠᠷ᠎ᠢ ᠰᠠᠶ᠋ᠢᠵᠢᠷᠠᠭᠤᠯᠬᠤ ᠬᠠᠷᠠᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠬᠤᠭᠤᠴᠠᠭ᠎ᠠ ᠲᠣᠭᠲᠠᠭ᠋ᠠᠨ ᠪᠠᠷᠢᠮᠵᠢᠶ᠎ᠠ᠎ᠳᠤ ᠬᠦᠷᠭᠡᠬᠦ ᠲᠥᠯᠥᠪᠵᠢᠭᠦᠯᠭᠡ ᠲᠣᠭᠲᠠᠭ᠋ᠠᠵᠤ᠂ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠬᠤᠭᠤᠴᠠᠭ᠎ᠠ ᠶᠣᠰᠣᠭ᠋ᠠᠷ ᠪᠠᠷᠢᠮᠵᠢᠶ᠎ᠠ᠎ᠳᠤ ᠬᠦᠷᠭᠡᠬᠦ ᠬᠡᠷᠡᠭᠲᠡᠶ᠃
      ᠬᠣᠯᠪᠣᠭᠳᠠᠯ ᠪᠦᠬᠦᠢ ᠬᠣᠲᠠ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠤᠭᠤᠴᠠᠭ᠎ᠠ ᠲᠣᠭᠲᠠᠭ᠋ᠠᠨ ᠪᠠᠷᠢᠮᠵᠢᠶ᠎ᠠ᠎ᠳᠤ ᠬᠦᠷᠭᠡᠬᠦ ᠲᠥᠯᠥᠪᠵᠢᠭᠦᠯᠭᠡ᠎ᠪᠠᠨ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠳᠠᠩᠰᠠᠯᠠᠭᠤᠯᠬᠤ ᠵᠢᠨ ᠬᠠᠮᠲᠤ ᠨᠡᠶ᠋ᠢᠭᠡᠮ ᠨᠡᠶ᠋ᠢᠲᠡ᠎ᠳᠤ ᠢᠯᠡ ᠪᠣᠯᠭ᠋ᠠᠬᠤ ᠬᠡᠷᠡᠭᠲᠡᠶ᠃
      ᠠᠷᠪᠠᠨ ᠨᠠᠢ᠍ᠮᠠᠳᠤᠭ᠋ᠠᠷ ᠵᠦᠢ᠍ᠯ   ᠬᠣᠲᠠ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠯ ᠪᠦᠷᠢ ᠲᠤᠰ ᠱᠠᠲᠤᠨ᠎ᠤ᠎ᠪᠠᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠤᠶᠤ ᠲᠡᠭᠦᠨ᠎ᠤ ᠪᠠᠶ᠋ᠢᠩᠭᠤ ᠵᠢᠨ ᠬᠤᠷᠢᠶ᠎ᠠ᠎ᠳᠤ ᠣᠷᠴᠢᠨ ᠲᠤᠭᠤᠷᠢᠨ᠎ᠤ ᠪᠠᠶ᠋ᠢᠳᠠᠯ ᠪᠠ ᠣᠷᠴᠢᠨ ᠲᠤᠭᠤᠷᠢᠨ᠎ᠢ ᠬᠠᠮᠠᠭ᠋ᠠᠯᠠᠬᠤ ᠬᠠᠷᠠᠯᠲᠠ᠎ᠪᠠᠨ ᠪᠡᠶᠡᠯᠡᠭᠦᠯᠦᠭᠰᠡᠨ ᠪᠠᠶ᠋ᠢᠳᠠᠯ᠎ᠢ ᠮᠡᠳᠡᠭᠦᠯᠬᠦ᠎ᠳᠡᠭᠡᠨ ᠤᠰᠤᠨ᠎ᠤ ᠣᠷᠴᠢᠨ ᠲᠤᠭᠤᠷᠢᠨ᠎ᠤ ᠶᠠᠰᠤ ᠴᠢᠨᠠᠷ᠎ᠢ ᠬᠤᠭᠤᠴᠠᠭ᠎ᠠ ᠲᠣᠭᠲᠠᠭ᠋ᠠᠨ ᠪᠠᠷᠢᠮᠵᠢᠶ᠎ᠠ᠎ᠳᠤ ᠬᠦᠷᠭᠡᠬᠦ ᠲᠥᠯᠥᠪᠵᠢᠭᠦᠯᠭᠡ ᠵᠢ ᠬᠡᠷᠡᠭᠵᠢᠭᠦᠯᠦᠭᠰᠡᠨ ᠪᠠᠶ᠋ᠢᠳᠠᠯ᠎ᠢ ᠮᠡᠳᠡᠭᠦᠯᠬᠦ ᠵᠢᠨ ᠬᠠᠮᠲᠤ ᠨᠡᠶ᠋ᠢᠭᠡᠮ ᠨᠡᠶ᠋ᠢᠲᠡ᠎ᠳᠤ ᠢᠯᠡ ᠪᠣᠯᠭ᠋ᠠᠬᠤ ᠬᠡᠷᠡᠭᠲᠡᠢ᠃
      ᠭᠤᠷᠪᠠᠳᠤᠭ᠋ᠠᠷ ᠪᠦᠯᠦᠭ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠬᠢᠨᠠᠵᠤ ᠬᠠᠮᠢᠶᠠᠷᠬᠤ
      ᠠᠷᠪᠠ ᠶᠢᠰᠦᠳᠦᠭᠡᠷ ᠵᠦᠢ᠍ᠯ   ᠤᠰᠤᠨ ᠴᠣᠭᠴᠠ᠎ᠳᠤ ᠪᠣᠬᠢᠷᠲᠤᠯ ᠪᠣᠳᠠᠰ᠎ᠢ ᠰᠢᠭᠤᠳ ᠪᠤᠶᠤ ᠳᠠᠮ ᠵᠶ᠋ᠠᠷ ᠭᠠᠳᠠᠭᠰᠢᠯᠠᠭᠤᠯᠬᠤ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ ᠪᠠ ᠤᠰᠤᠨ ᠳᠡᠭᠡᠷᠡᠬᠢ ᠪᠤᠰᠤᠳ ᠲᠥᠬᠥᠭᠡᠷᠦᠮᠵᠢ ᠵᠢ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ᠎ᠳᠤ ᠣᠷᠴᠢᠨ ᠲᠣᠭᠣᠷᠢᠨ᠎ᠤ ᠨᠥᠯᠥᠭᠡᠯᠡᠯ᠎ᠤᠨ ᠲᠤᠬᠠᠢ ᠦᠨᠡᠯᠡᠯᠲᠡ ᠵᠢ ᠬᠠᠤᠯᠢ ᠶᠣᠰᠣᠭ᠋ᠠᠷ ᠬᠢᠬᠦ ᠬᠡᠷᠡᠭᠲᠡᠢ᠃
      ᠪᠦᠳᠦᠭᠡᠠ ᠪᠠᠶ᠋ᠢᠭᠤᠯᠬᠤ ᠨᠢᠭᠡᠴᠢ ᠭᠣᠣᠯ ᠮᠥᠷᠡᠨ᠂ ᠨᠠᠭᠤᠷ ᠴᠦᠬᠦᠷᠦᠮ᠎ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠠᠮᠠ ᠵᠢ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ᠎ᠳᠤ ᠬᠦᠷᠪᠡᠯ᠂ ᠤᠰᠦᠠ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠡᠪᠡ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠵᠥᠪᠰᠢᠶᠡᠷᠡᠯ᠎ᠢ ᠤᠯᠬᠤ ᠬᠡᠷᠡᠭᠲᠡᠶ; ᠠᠶᠠᠯᠠᠯ ᠨᠡᠪᠲᠡᠷᠡᠬᠦ᠂ ᠵᠢᠭ᠋ᠠᠰᠤᠨ ᠠᠵᠤ ᠠᠬᠤᠶ ᠵᠢᠨ ᠤᠰᠤᠨ ᠣᠷᠣᠨ᠎ᠳᠤ ᠬᠣᠯᠪᠣᠭᠳᠠᠭᠰᠠᠨ ᠪᠠᠶ᠋ᠢᠪᠠᠯ᠂ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ   ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠣᠷᠴᠢᠨ ᠲᠤᠭᠤᠷᠢᠨ᠎ᠤ ᠨᠥᠯᠥᠭᠡᠯᠡᠯ᠎ᠢ ᠦᠨᠡᠯᠡᠭᠰᠡᠨ ᠪᠢᠴᠢᠭ ᠮᠠᠲ᠋ᠧᠷᠢᠶᠠᠯ᠎ᠢ ᠬᠢᠨᠠᠨ ᠵᠥᠪᠰᠢᠶᠡᠷᠡᠬᠦ᠎ᠳᠡᠭᠡᠨ ᠵᠠᠮ ᠬᠠᠷᠢᠯᠴᠠᠭ᠎ᠠ᠂ ᠵᠢᠭ᠋ᠠᠰᠤᠨ ᠠᠵᠤ ᠠᠬᠤᠶ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠬᠡᠷᠡᠭᠲᠡᠶ᠃
      ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠤᠨ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠥᠬᠥᠭᠡᠷᠦᠮᠵᠢ ᠵᠢ ᠭᠣᠣᠯ ᠪᠠᠷᠢᠯᠭ᠎ᠠ᠎ᠲᠠᠢ ᠬᠠᠮᠲᠤ᠎ᠳᠤᠨᠢ ᠵᠢᠷᠤᠵᠤ ᠲᠥᠯᠥᠪᠯᠡᠨ᠂ ᠬᠠᠮᠲᠤ᠎ᠳᠤᠨᠢ ᠪᠠᠷᠢᠵᠤ᠂ ᠬᠠᠮᠲᠤ᠎ᠳᠤᠨᠢ ᠠᠰᠢᠭᠯᠠᠯᠲᠠ᠎ᠳᠤ ᠣᠷᠣᠭᠤᠯᠬᠤ ᠬᠡᠷᠡᠭᠲᠡᠶ᠃ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠥᠬᠥᠭᠡᠷᠦᠮᠵᠢ᠎ᠨᠢ ᠵᠥᠪᠰᠢᠶᠡᠷᠡᠭᠦᠯᠦᠭᠰᠡᠨ ᠪᠤᠶᠤ ᠳᠠᠩᠰᠠᠯᠠᠭᠤᠯᠤᠭᠰᠠᠨ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠭᠰᠡᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
      ᠬᠣᠷᠢᠳᠤᠭ᠋ᠠᠷ ᠵᠦᠢ᠍ᠯ   ᠤᠯᠤᠰ᠎ᠠᠴᠠ ᠭᠣᠣᠯᠳᠠᠯᠭ᠎ᠠ᠎ᠲᠠᠢ ᠤᠰᠤᠨ᠎ᠤ ᠪᠤᠬᠢᠷᠳᠤᠯ ᠪᠤᠳᠠᠰ᠎ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ ᠲᠦᠷᠢᠮ᠎ᠢ ᠬᠡᠷᠡᠭᠵᠢᠭᠦᠯᠦᠨ᠎ᠡ᠃
      ᠭᠣᠣᠯᠳᠠᠯᠭ᠎ᠠ᠎ᠲᠠᠢ ᠤᠰᠤᠨ᠎ᠤ ᠪᠤᠬᠢᠷᠳᠤᠯ ᠪᠤᠳᠠᠰ᠎ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠭᠦᠢ᠍ᠴᠡᠳᠬᠡᠯ ᠲᠣᠭ᠎ᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ᠎ᠢ ᠬᠤᠷᠢᠶᠠᠭᠰᠠᠨ᠎ᠤ ᠳᠠᠷᠠᠭ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠵᠤ ᠠᠬᠤᠶ ᠵᠢᠨ ᠶᠡᠷᠦᠩᠬᠡᠶ᠋ᠢᠯᠡᠭᠰᠡᠨ ᠬᠣᠷᠸ᠎ᠠ ᠲᠤᠬᠢᠷᠠᠭᠤᠯᠤᠯ᠎ᠤᠨ ᠰᠠᠯᠠᠭ᠎ᠠ ᠮᠦᠴᠢᠷ᠎ᠲᠠᠢ ᠬᠠᠮᠳᠤᠷᠠᠨ ᠲᠦᠷᠦ ᠵᠢᠨ ᠶᠠᠪᠤᠳᠠᠯ᠎ᠤᠨ ᠬᠤᠷᠢᠶ᠎ᠠ᠎ᠳᠤ ᠮᠡᠳᠡᠬᠦᠯᠦᠨ ᠵᠦᠪᠰᠢᠶᠡᠷᠡᠬᠦᠯᠬᠦ ᠵᠢᠨ ᠬᠠᠮᠳᠤ ᠲᠤᠷᠤᠭᠰᠢ ᠪᠠᠭᠤᠯᠭ᠋ᠠᠵᠤ ᠬᠡᠷᠡᠭᠵᠢᠬᠦᠯᠦᠨ᠎ᠡ᠃
      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ ᠶᠣᠰᠣᠭ᠋ᠠᠷ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠭᠣᠣᠯᠳᠠᠯᠭ᠎ᠠ᠎ᠲᠠᠢ ᠤᠰᠤᠨ᠎ᠤ ᠪᠤᠬᠢᠷᠳᠤᠯ ᠪᠤᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠵᠢ ᠪᠠᠭ᠋ᠠᠰᠬᠠᠬᠤ ᠪᠠ ᠬᠢᠵᠠᠭ᠋ᠠᠷᠯᠠᠬᠤ ᠬᠡᠷᠡᠭᠲᠡᠶ᠃ ᠪᠣᠳᠠᠲᠠᠶ ᠠᠷᠭ᠎ᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ   ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠠᠮᠢᠶ᠎ᠠ ᠪᠦᠬᠦᠢ ᠰᠠᠯᠠᠭ᠎ᠠ ᠮᠦᠴᠢᠷ᠎ᠲᠠᠢ ᠬᠠᠮᠳᠤᠷᠠᠨ ᠲᠤᠭᠳᠠᠭ᠋ᠠᠨ᠎ᠠ᠃
      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠶ᠋ᠢᠳᠠᠯ ᠪᠠ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠬᠡᠷᠡᠭᠴᠡᠭᠡ ᠵᠢ ᠦᠨᠳᠦᠰᠦᠯᠡᠨ᠂ ᠤᠯᠤᠰ᠎ᠤᠨ ᠭᠣᠣᠯᠳᠠᠯᠭ᠎ᠠ᠎ᠲᠠᠢ ᠤᠰᠤᠨ᠎ᠤ ᠪᠤᠬᠢᠷᠳᠤᠯ ᠪᠤᠳᠠᠰ᠎ᠠᠴᠠ ᠭᠠᠳᠠᠨᠠᠬᠢ ᠪᠤᠰᠤᠳ ᠤᠰᠤᠨ᠎ᠤ ᠪᠤᠬᠢᠷᠳᠤᠯ ᠪᠤᠳᠠᠰ᠎ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠵᠤ ᠪᠣᠯᠤᠨ᠎ᠠ᠃
      ᠭᠣᠣᠯᠳᠠᠯᠭ᠎ᠠ᠎ᠲᠠᠢ ᠤᠰᠤᠨ᠎ᠤ ᠪᠤᠬᠢᠷᠳᠤᠯ ᠪᠤᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠭᠦᠢ᠍ᠴᠡᠳᠬᠡᠯ ᠲᠣᠭ᠎ᠠ᠎ᠠᠴᠠ ᠳᠠᠪᠠᠭᠰᠠᠨ ᠪᠤᠶᠤ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠶ᠋ᠢᠵᠢᠷᠠᠭᠤᠯᠬᠤ ᠬᠠᠷᠠᠯᠲᠠ᠎ᠪᠠᠨ ᠪᠡᠶᠡᠯᠡᠭᠦᠯᠦᠭᠰᠡᠨ ᠦᠭᠡᠶ ᠭᠠᠵᠠᠷ ᠣᠷᠣᠨ᠎ᠳᠤ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ   ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠤᠰ ᠭᠠᠵᠠᠷ ᠣᠷᠣᠨ᠎ᠤ᠎ᠪᠠᠨ ᠠᠷᠠᠳ᠎ᠤᠨ ᠵᠠᠰᠠᠭ᠎ᠤᠨ ᠣᠷᠳᠣᠨ᠎ᠤ ᠭᠣᠣᠯ ᠬᠠᠷᠢᠭᠤᠴᠠᠯᠭ᠋ᠠᠲᠠᠨ᠎ᠲᠠᠢ ᠪᠣᠯᠵᠣᠨ ᠶᠠᠷᠢᠯᠴᠠᠬᠤ ᠵᠢᠨ ᠬᠠᠮᠲᠤ ᠭᠣᠣᠯᠳᠠᠯᠭ᠎ᠠ᠎ᠲᠠᠢ ᠤᠰᠤᠨ᠎ᠤ ᠪᠤᠬᠢᠷᠳᠤᠯ ᠪᠤᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠵᠢ ᠰᠢᠨ᠎ᠡ᠎ᠪᠠᠷ ᠨᠡᠮᠡᠭᠳᠡᠭᠦᠯᠬᠦ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠤᠨ ᠣᠷᠴᠢᠨ ᠲᠤᠭᠤᠷᠢᠨ᠎ᠳᠤ ᠦᠵᠡᠭᠦᠯᠬᠦ ᠨᠥᠯᠥᠭᠡᠯᠡᠯ᠎ᠤᠨ ᠪᠣᠯᠵᠣᠨ ᠶᠠᠷᠢᠯᠴᠠᠭᠰᠠᠨ ᠪᠠᠶ᠋ᠢᠳᠠᠯ ᠵᠶ᠋ᠠᠨ ᠨᠡᠶ᠋ᠢᠭᠡᠮ᠎ᠳᠤ ᠢᠯᠡ ᠪᠣᠯᠭ᠋ᠠᠬᠤ ᠬᠡᠷᠡᠭᠲᠡᠶ᠃
      ᠬᠣᠷᠢᠨ ᠨᠢᠭᠡᠳᠦᠭᠡᠷ ᠵᠦᠢ᠍ᠯ   ᠤᠰᠤᠨ ᠴᠣᠭᠴᠠ᠎ᠳᠤ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠪᠣᠯᠤᠨ ᠡᠮ ᠡᠮᠨᠡᠯᠭᠡ ᠵᠢᠨ ᠪᠣᠬᠢᠷ ᠤᠰᠤ ᠵᠢ ᠰᠢᠭᠤᠳ ᠪᠤᠶᠤ ᠳᠠᠮ ᠵᠶ᠋ᠠᠷ ᠭᠠᠳᠠᠭᠰᠢᠯᠠᠭᠤᠯᠬᠤ ᠵᠢᠴᠢ ᠲᠣᠭᠲᠠᠭ᠋ᠠᠯ ᠶᠣᠰᠣᠭ᠋ᠠᠷ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠣᠯᠪᠠᠯ ᠰᠠᠶᠢ ᠭᠠᠳᠠᠭᠰᠢᠯᠠᠭᠤᠯᠵᠤ ᠪᠣᠯᠬᠤ ᠪᠤᠰᠤᠳ ᠬᠠᠶᠠᠭᠳᠠᠮᠠᠯ ᠤᠰᠤ᠂ ᠪᠣᠬᠢᠷ ᠤᠰᠤ ᠵᠢ ᠭᠠᠳᠠᠭᠰᠢᠯᠠᠭᠤᠯᠬᠤ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠣᠯᠤᠨ ᠪᠤᠰᠤᠳ ᠦᠢ᠍ᠯᠡᠳᠪᠦᠷᠢᠯᠡᠯ ᠡᠵᠡᠩᠨᠡᠭᠴᠢᠳ ᠵᠠᠪᠠᠯ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠣᠯᠤᠭᠰᠠᠨ ᠪᠠᠶ᠋ᠢᠬᠤ ᠬᠡᠷᠡᠭᠲᠡᠢ; ᠬᠤᠳᠠ ᠪᠠᠯᠭ᠋ᠠᠰᠤᠨ᠎ᠤ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠤᠷᠢᠯᠡᠬᠦ ᠲᠥᠬᠥᠭᠡᠷᠦᠮᠵᠢ ᠵᠢ ᠡᠵᠡᠩᠨᠡᠬᠦ ᠨᠢᠭᠡᠴᠢ ᠪᠠᠰᠠ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠣᠯᠤᠭᠰᠠᠨ ᠪᠠᠶ᠋ᠢᠬᠤ ᠬᠡᠷᠡᠭᠲᠡᠶ᠃ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠳᠤ ᠭᠠᠳᠠᠭᠰᠢᠯᠠᠭᠤᠯᠬᠤ ᠤᠰᠤᠨ᠎ᠤ ᠪᠤᠬᠢᠷᠳᠤᠯ ᠪᠤᠳᠠᠰ᠎ᠤᠨ ᠲᠦᠷᠦᠯ ᠵᠦᠢ᠍ᠯ᠂ ᠥᠳᠬᠡᠴᠡ ᠵᠢᠨ ᠬᠡᠮᠵᠢᠶ᠎ᠡ᠂ ᠶᠡᠷᠦᠩᠬᠡᠶ ᠬᠡᠮᠵᠢᠶ᠎ᠡ ᠪᠠ ᠭᠠᠳᠠᠭᠰᠢᠯᠠᠭᠤᠯᠬᠤ ᠴᠢᠭᠯᠡᠯ ᠵᠡᠷᠭᠡ ᠱᠠᠭ᠋ᠠᠷᠳᠠᠯᠭ᠎ᠠ ᠵᠢ ᠲᠣᠳᠣᠷᠬᠠᠶ ᠲᠣᠭᠲᠠᠭ᠋ᠠᠬᠤ ᠬᠡᠷᠡᠭᠲᠡᠶ᠃ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠪᠣᠳᠠᠲᠠᠶ ᠠᠷᠭ᠎ᠠ ᠵᠢ ᠲᠤᠢ᠍ᠷᠦ ᠵᠢᠨ ᠶᠠᠪᠤᠳᠠᠯ᠎ᠤᠨ ᠬᠣᠷᠢᠶ᠎ᠠ᠎ᠠᠴᠠ ᠲᠤᠭᠳᠠᠭ᠋ᠠᠨ᠎ᠠ᠃
      ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠣᠯᠤᠨ ᠪᠤᠰᠤᠳ ᠦᠢ᠍ᠯᠡᠳᠪᠤᠷᠢᠯᠡᠯ ᠡᠵᠡᠩᠨᠡᠭᠴᠢ ᠵᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠦᠭᠡᠢ᠎ᠪᠠᠷ ᠪᠤᠶᠤ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠲᠣᠭᠲᠠᠭ᠋ᠠᠯ᠎ᠢ ᠵᠥᠷᠢᠴᠡᠨ ᠤᠰᠤᠨ ᠴᠣᠭᠴᠠ᠎ᠳᠤ ᠡᠮᠦᠨᠡᠬᠢ ᠪᠠᠳᠠᠭ᠎ᠲᠤ ᠲᠣᠭᠲᠠᠭ᠋ᠠᠭᠰᠠᠨ ᠬᠠᠶᠠᠭᠳᠠᠮᠠᠯ ᠤᠰᠤ᠂ ᠪᠣᠬᠢᠷ ᠤᠰᠤ ᠭᠠᠳᠠᠭᠰᠢᠯᠠᠭᠤᠯᠬᠤ ᠵᠢ ᠴᠠᠭ᠋ᠠᠵᠠᠯᠠᠨ᠎ᠠ᠃
      ᠬᠣᠷᠢᠨ ᠬᠣᠶᠠᠳᠤᠭ᠋ᠠᠷ ᠵᠦᠢ᠍ᠯ   ᠤᠰᠤᠨ ᠴᠣᠭᠴᠠ᠎ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠣᠯᠤᠨ ᠪᠤᠰᠤᠳ ᠦᠢ᠍ᠯᠡᠳᠪᠤᠷᠢᠯᠡᠯ ᠡᠵᠡᠩᠨᠡᠭᠴᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠣᠯᠤᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠯ ᠶᠣᠰᠣᠭ᠋ᠠᠷ ᠪᠣᠬᠢᠷᠲᠤᠯ ᠪᠣᠳᠠᠰ ᠭᠠᠳᠠᠭᠰᠢᠯᠠᠭᠤᠯᠬᠤ ᠠᠮᠠ ᠭᠠᠷᠭ᠋ᠠᠬᠤ ᠬᠡᠷᠡᠭᠲᠡᠢ; ᠭᠣᠣᠯ ᠮᠥᠷᠡᠨ᠂ ᠨᠠᠭᠤᠷ ᠴᠦᠬᠦᠷᠦᠮ᠎ᠳᠤ ᠪᠣᠬᠢᠷᠲᠤᠯ ᠭᠠᠳᠠᠭᠰᠢᠯᠠᠭᠤᠯᠬᠤ ᠠᠮᠠ ᠭᠠᠷᠭ᠋ᠠᠬᠤ᠎ᠳᠤ ᠪᠠᠰᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠃
      ᠬᠣᠷᠢᠨ ᠭᠤᠷᠪᠠᠳᠤᠭ᠋ᠠᠷ ᠵᠦᠢ᠍ᠯ   ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢ ᠬᠡᠷᠡᠭᠵᠢᠭᠦᠯᠵᠦ ᠪᠠᠶ᠋ᠢᠭ᠎ᠠ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠣᠯᠤᠨ ᠪᠤᠰᠤᠳ ᠦᠢ᠍ᠯᠡᠳᠪᠤᠷᠢᠯᠡᠯ ᠡᠵᠡᠩᠨᠡᠭᠴᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠪᠠ ᠬᠢᠨᠠᠨ ᠬᠡᠮᠵᠢᠬᠦ ᠵᠢᠷᠤᠮᠵᠢᠯ ᠶᠣᠰᠣᠭ᠋ᠠᠷ᠂ ᠭᠠᠳᠠᠭᠰᠢᠯᠠᠭᠤᠯᠤᠭᠰᠠᠨ ᠤᠰᠤᠨ᠎ᠤ ᠪᠤᠬᠢᠷᠳᠤᠯ ᠪᠤᠳᠠᠰ ᠵᠶ᠋ᠠᠨ ᠥᠪᠡᠰᠦᠪᠡᠨ ᠬᠢᠨᠠᠨ ᠬᠡᠮᠵᠢᠬᠦ ᠵᠢᠨ ᠬᠠᠮᠲᠤ ᠬᠢᠨᠠᠨ ᠬᠡᠮᠵᠢᠭᠰᠡᠨ ᠠᠩᠬᠠᠨ᠎ᠤ ᠲᠡᠮᠳᠡᠭᠯᠡᠯ ᠵᠶ᠋ᠠᠨ ᠬᠠᠳᠠᠭ᠋ᠠᠯᠠᠬᠤ ᠬᠡᠷᠡᠭᠲᠡᠢ᠃ ᠪᠣᠬᠢᠷᠲᠤᠯ ᠪᠣᠳᠠᠰ ᠭᠠᠳᠠᠭᠰᠢᠯᠠᠭᠤᠯᠬᠤ ᠭᠣᠣᠯᠳᠠᠯᠭ᠎ᠠ᠎ᠲᠠᠢ ᠨᠢᠭᠡᠴᠢ ᠪᠠᠰᠠ ᠤᠰᠤᠨ᠎ᠤ ᠪᠤᠬᠢᠷᠳᠤᠯ ᠪᠤᠳᠠᠰ ᠭᠠᠳᠠᠭᠰᠢᠯᠠᠭᠤᠯᠬᠤ ᠵᠢ ᠬᠢᠨᠠᠨ ᠬᠡᠮᠵᠢᠬᠦ ᠠᠦ᠋ᠲ᠋ᠣ᠋ ᠲᠥᠬᠥᠭᠡᠷᠦᠮᠵᠢ ᠤᠭᠰᠠᠷᠠᠵᠤ᠂ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠡᠵᠡᠮᠳᠡᠬᠦ ᠲᠥᠬᠥᠭᠡᠷᠦᠮᠵᠢ᠎ᠲᠠᠢ ᠰᠦᠯᠵᠢᠶᠡᠨ᠎ᠳᠤ ᠬᠣᠯᠪᠣᠬᠤ ᠵᠢᠨ ᠬᠠᠮᠲᠤ ᠬᠢᠨᠠᠨ ᠬᠡᠮᠵᠢᠬᠦ ᠲᠥᠬᠥᠭᠡᠷᠦᠮᠵᠢ ᠵᠢᠨ ᠬᠡᠪ᠎ᠤᠨ ᠠᠵᠢᠯᠯᠠᠭ᠎ᠠ ᠵᠢ ᠪᠠᠲᠤᠯᠠᠬᠤ ᠬᠡᠷᠡᠭᠲᠡᠢ᠃ ᠪᠣᠳᠠᠲᠠᠶ ᠠᠷᠭ᠎ᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠭᠳᠠᠭ᠋ᠠᠨ᠎ᠠ᠃
      ᠤᠰᠤᠨ᠎ᠤ ᠪᠤᠬᠢᠷᠳᠤᠯ ᠪᠤᠳᠠᠰ ᠭᠠᠳᠠᠭᠰᠢᠯᠠᠭᠤᠯᠬᠤ ᠠᠦ᠋ᠲ᠋ᠣ᠋ ᠬᠢᠨᠠᠨ ᠬᠡᠮᠵᠢᠬᠦ ᠲᠥᠬᠥᠭᠡᠷᠦᠮᠵᠢ ᠤᠭᠰᠠᠷᠬᠤ ᠴᠢᠬᠤᠯᠠ᠎ᠲᠠᠢ ᠭᠣᠣᠯᠳᠠᠯᠭ᠎ᠠ᠎ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠨᠡᠷᠡᠰ᠎ᠤᠨ ᠵᠢᠭᠰᠠᠭ᠋ᠠᠯᠲᠠ ᠵᠢ ᠲᠣᠭᠣᠷᠢᠭ ᠪᠠᠶ᠋ᠢᠭᠤᠯᠤᠭᠰᠠᠨ ᠬᠤᠳᠠ ᠵᠢᠨ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ   ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠣᠷᠴᠢᠨ ᠲᠤᠭᠤᠷᠢᠨ᠎ᠤ ᠪᠠᠭᠲᠠᠭ᠋ᠠᠮᠵᠢ᠂ ᠭᠣᠣᠯᠳᠠᠯᠭ᠎ᠠ᠎ᠲᠠᠢ ᠤᠰᠤᠨ᠎ᠤ ᠪᠤᠬᠢᠷᠳᠤᠯ ᠪᠤᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠭᠦᠢ᠍ᠴᠡᠳᠬᠡᠯ ᠲᠣᠭ᠎ᠠ ᠵᠢᠨ ᠱᠠᠭ᠋ᠠᠷᠳᠠᠯᠭ᠎ᠠ ᠵᠢᠴᠢ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠭᠠᠳᠠᠭᠰᠢᠯᠠᠭᠤᠯᠬᠤ ᠤᠰᠤᠨ᠎ᠤ ᠪᠤᠬᠢᠷᠳᠤᠯ ᠪᠤᠳᠠᠰ᠎ᠤᠨ ᠲᠦᠷᠦᠯ ᠵᠦᠢ᠍ᠯ᠂ ᠲᠣᠭ᠎ᠠ ᠬᠡᠮᠵᠢᠶ᠎ᠡ ᠪᠠ ᠥᠳᠬᠡᠴᠡ ᠵᠡᠷᠭᠡ ᠬᠦᠴᠦᠨ ᠵᠦᠢ᠍ᠯ᠎ᠢ ᠦᠨᠳᠦᠰᠦᠯᠡᠨ᠂ ᠠᠳᠠᠯᠢ ᠱᠠᠲᠤᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠵᠥᠪᠳᠡᠯᠴᠡᠵᠦ ᠲᠣᠭᠲᠠᠭ᠋ᠠᠨ᠎ᠠ᠃
      ᠬᠣᠷᠢᠨ ᠳᠥᠷᠪᠡᠳᠦᠭᠡᠷ ᠵᠦᠢ᠍ᠯ   ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢ ᠬᠡᠷᠡᠭᠵᠢᠭᠦᠯᠵᠦ ᠪᠠᠶ᠋ᠢᠭ᠎ᠠ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠣᠯᠤᠨ ᠪᠤᠰᠤᠳ ᠦᠢ᠍ᠯᠡᠳᠪᠦᠷᠢᠯᠡᠯ ᠡᠵᠡᠩᠨᠡᠭᠴᠢ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠦᠨᠡᠨ ᠪᠣᠳᠠᠲᠤ ᠴᠢᠨᠠᠷ ᠪᠣᠯᠤᠨ ᠣᠨᠣᠪᠴᠢᠲᠤ ᠴᠢᠨᠠᠷ᠎ᠲᠤ ᠬᠠᠷᠢᠭᠤᠴᠠᠬᠤ ᠬᠡᠷᠡᠭᠲᠡᠢ᠃
      ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠭᠣᠣᠯᠳᠠᠯᠭ᠎ᠠ᠎ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠤᠰᠤᠨ᠎ᠤ ᠪᠤᠬᠢᠷᠳᠤᠯ ᠪᠤᠳᠠᠰ ᠭᠠᠳᠠᠭᠰᠢᠯᠠᠭᠤᠯᠬᠤ ᠠᠦ᠋ᠲ᠋ᠣ᠋ ᠬᠢᠨᠠᠨ ᠬᠡᠮᠵᠢᠯᠲᠡ ᠵᠢᠨ ᠲᠥᠬᠥᠭᠡᠷᠦᠮᠵᠢ ᠵᠢᠨ ᠳᠠᠮᠵᠢᠭᠤᠯᠤᠭᠰᠠᠨ ᠲᠣᠭ᠎ᠠ ᠪᠠᠷᠢᠮᠲᠠ᠎ᠨᠢ ᠬᠡᠪ᠎ᠤᠨ ᠪᠤᠰᠤ ᠪᠠᠶ᠋ᠢᠬᠤ ᠵᠢ ᠣᠯᠵᠤ ᠮᠡᠳᠡᠪᠡᠯ᠂ ᠴᠠᠭ ᠲᠤᠬᠠᠶ᠎ᠳᠤᠨᠢ ᠪᠠᠶ᠋ᠢᠴᠠᠭ᠋ᠠᠯᠲᠠ ᠬᠢᠬᠦ ᠬᠡᠷᠡᠭᠲᠡᠶ᠃
      ᠬᠣᠷᠢᠨ ᠲᠠᠪᠤᠳᠤᠭ᠋ᠠᠷ ᠵᠦᠢ᠍ᠯ   ᠤᠯᠤᠰ᠎ᠠᠴᠠ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠪᠠ ᠤᠰᠤᠨ᠎ᠤ ᠪᠤᠬᠢᠷᠳᠤᠯ ᠪᠤᠳᠠᠰ᠎ᠤᠨ ᠭᠠᠳᠠᠭᠰᠢᠯᠠᠭᠤᠯᠤᠯᠲᠠ ᠵᠢ ᠬᠢᠨᠠᠨ ᠬᠡᠮᠵᠢᠬᠦ ᠲᠦᠷᠢᠮ᠎ᠢ       ᠪᠠᠶ᠋ᠢᠭᠤᠯᠤᠨ᠎ᠠ᠃ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠤᠰᠤᠨ᠎ᠤ ᠣᠷᠴᠢᠨ ᠲᠣᠭᠣᠷᠢᠨ᠎ᠢ ᠬᠢᠨᠠᠨ ᠬᠡᠮᠵᠢᠬᠦ ᠵᠢᠷᠤᠮᠵᠢᠯ᠎ᠢ ᠬᠠᠷᠢᠭᠤᠴᠠᠨ ᠲᠣᠭᠲᠠᠭ᠋ᠠᠵᠤ᠂ ᠤᠯᠤᠰ᠎ᠤᠨ ᠤᠰᠤᠨ᠎ᠤ ᠣᠷᠴᠢᠨ ᠲᠣᠭᠣᠷᠢᠨ᠎ᠤ ᠪᠠᠶ᠋ᠢᠳᠠᠯ᠎ᠤᠨ ᠮᠡᠳᠡᠭᠡ ᠵᠠᠩᠭᠢ ᠵᠢ ᠨᠢᠭᠡᠳᠦᠯᠲᠡᠶ ᠨᠡᠶ᠋ᠢᠲᠡᠯᠡᠵᠦ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠤᠰᠤᠨ᠎ᠤ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠬᠢᠨᠠᠨ ᠬᠡᠮᠵᠢᠬᠦ ᠲᠣᠤᠷ ᠰᠦᠯᠵᠢᠶ᠎ᠡ ᠵᠢ ᠵᠣᠬᠢᠶᠠᠨ ᠪᠠᠶ᠋ᠢᠭᠤᠯᠵᠤ᠂ ᠤᠯᠤᠰ᠎ᠤᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠥᠷᠲᠡᠭᠡ (  ᠴᠢᠭ) ᠵᠢᠨ ᠪᠠᠶ᠋ᠢᠷᠢᠯᠠᠭᠤᠯᠤᠯᠲᠠ ᠵᠢ ᠨᠢᠭᠡᠳᠦᠯᠲᠡᠶ ᠲᠥᠯᠥᠪᠵᠢᠭᠦᠯᠵᠦ᠂ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠬᠠᠮᠲᠤᠪᠠᠷ ᠡᠳ᠋ᠯᠡᠬᠦ ᠲᠣᠭᠲᠠᠴᠠ ᠵᠢ ᠪᠠᠶ᠋ᠢᠭᠤᠯᠤᠨ᠂ ᠤᠰᠤᠨ᠎ᠤ ᠣᠷᠴᠢᠨ ᠲᠣᠭᠣᠷᠢᠨ᠎ᠢ ᠬᠢᠨᠠᠨ ᠬᠡᠮᠵᠢᠬᠦ ᠬᠠᠮᠢᠶᠠᠷᠤᠯᠲᠠ ᠵᠢ ᠴᠢᠩᠭ᠋ᠠᠳᠬᠠᠨ᠎ᠠ᠃
      ᠬᠣᠷᠢᠨ ᠵᠢᠷᠭᠤᠳᠤᠭ᠋ᠠᠷ ᠵᠦᠢ᠍ᠯ   ᠤᠯᠤᠰ᠎ᠠᠴᠠ ᠲᠣᠭᠲᠠᠭ᠋ᠠᠭᠰᠠᠨ ᠴᠢᠬᠤᠯᠠ ᠭᠣᠣᠯ ᠮᠥᠷᠡᠨ᠂ ᠨᠠᠭᠤᠷ ᠴᠦᠬᠦᠷᠦᠮ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠠᠵᠢᠯ᠎ᠤᠨ ᠪᠠᠶ᠋ᠢᠭᠤᠯᠤᠮᠵᠢ᠎ᠨᠢ ᠲᠡᠭᠦᠨ᠎ᠤ ᠪᠠᠶ᠋ᠢᠭ᠎ᠠ ᠰᠠᠪᠠ ᠭᠠᠵᠠᠷ᠎ᠤᠨ ᠮᠤᠵᠢ ᠵᠢᠨ ᠵᠠᠭ᠋ᠠᠭ᠎ᠲᠠᠬᠢ ᠤᠰᠤᠨ ᠴᠣᠭᠴᠠ ᠵᠢᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠶ᠋ᠢᠳᠠᠯ᠎ᠢ ᠬᠢᠨᠠᠨ ᠬᠡᠮᠵᠢᠬᠦ ᠠᠵᠢᠯ᠎ᠢ ᠬᠠᠷᠢᠭᠤᠴᠠᠬᠤ ᠪᠥᠭᠡᠳ ᠬᠢᠨᠠᠨ ᠬᠡᠮᠵᠢᠭᠰᠡᠨ ᠦᠷ᠎ᠡ ᠳ᠋ᠦᠩ ᠵᠶ᠋ᠠᠨ ᠴᠠᠭ ᠲᠤᠬᠠᠶ᠎ᠳᠤᠨᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠬᠦᠯᠬᠦ ᠬᠡᠷᠡᠭᠲᠡᠢ; ᠲᠦᠷᠦ ᠵᠢᠨ ᠶᠠᠪᠤᠳᠠᠯ᠎ᠤᠨ ᠬᠣᠷᠢᠶᠠᠨ᠎ᠤ ᠵᠥᠪᠰᠢᠶᠡᠷᠡᠯ ᠵᠶ᠋ᠠᠷ ᠪᠠᠶ᠋ᠢᠭᠤᠯᠤᠭᠰᠠᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠤᠳᠤᠷᠢᠳᠬᠤ ᠪᠠᠶ᠋ᠢᠭᠤᠯᠤᠮᠵᠢ᠎ᠲᠠᠢ ᠪᠠᠶ᠋ᠢᠪᠠᠯ᠂ ᠬᠢᠨᠠᠨ ᠬᠡᠮᠵᠢᠭᠰᠡᠨ ᠦᠷ᠎ᠡ ᠳ᠋ᠦᠩ ᠵᠶ᠋ᠠᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠤᠳᠤᠷᠢᠳᠬᠤ ᠪᠠᠶ᠋ᠢᠭᠤᠯᠤᠮᠵᠢ᠎ᠳᠤ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃
      ᠬᠣᠷᠢᠨ ᠳᠣᠯᠣᠳᠤᠭ᠋ᠠᠷ ᠵᠦᠢ᠍ᠯ   ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠤᠰᠤᠨ᠎ᠤ ᠡᠬᠢ ᠪᠠᠶᠠᠯᠢᠭ᠎ᠢ ᠨᠡᠭᠡᠭᠡᠬᠦ᠂ ᠠᠰᠢᠭᠯᠠᠬᠤ ᠪᠠ ᠲᠣᠬᠢᠷᠠᠭᠤᠯᠬᠤ᠂ ᠵᠤᠬᠢᠴᠠᠭᠤᠯᠬᠤ᠎ᠳᠠᠭᠠᠨ ᠨᠢᠭᠡᠳᠦᠯᠲᠡᠶ ᠲᠥᠯᠥᠪᠯᠡᠨ ᠨᠡᠢ᠍ᠢ᠍ᠳᠡ᠎ᠳᠤᠨᠢ ᠬᠠᠷᠠᠭ᠋ᠠᠯᠵᠠᠵᠤ᠂ ᠭᠣᠣᠯ ᠮᠥᠷᠡᠨ᠎ᠤ ᠵᠦᠢ ᠵᠣᠬᠢᠰᠲᠠᠶ ᠤᠷᠤᠰᠬᠠᠯ᠎ᠤᠨ ᠬᠡᠮᠵᠢᠶ᠎ᠡ ᠪᠣᠯᠤᠨ ᠨᠠᠭᠤᠷ ᠲᠣᠭᠣᠷᠢᠮ᠂ ᠴᠥᠭᠥᠷᠥᠮ ᠵᠢᠴᠢ ᠭᠠᠵᠠᠷ ᠳᠣᠣᠷᠠᠬᠢ ᠤᠰᠤᠨ ᠴᠣᠭᠴᠠ ᠵᠢᠨ ᠵᠦᠢ ᠵᠣᠬᠢᠰᠲᠠᠶ ᠤᠰᠤᠨ ᠲᠦᠪᠰᠢᠨ᠎ᠢ ᠪᠠᠲᠤᠯᠠᠵᠤ᠂ ᠦᠨᠳᠦᠰᠦᠨ ᠠᠮᠢ ᠠᠬᠤᠶ ᠵᠢᠨ ᠬᠡᠷᠡᠭᠯᠡᠬᠦ ᠤᠰᠤ ᠵᠢ ᠪᠠᠲᠤᠯᠠᠵᠤ᠂ ᠤᠰᠤᠨ ᠴᠣᠭᠴᠠ ᠵᠢᠨ ᠠᠮᠢ ᠠᠬᠤᠶ ᠵᠢᠨ ᠴᠢᠳᠠᠮᠵᠢ ᠵᠢ ᠬᠠᠮᠠᠭ᠋ᠠᠯᠠᠬᠤ ᠬᠡᠷᠡᠭᠲᠡᠶ᠃
      ᠬᠣᠷᠢᠨ ᠨᠠᠢ᠍ᠮᠠᠳᠤᠭ᠋ᠠᠷ ᠵᠦᠢ᠍ᠯ   ᠲᠦᠷᠦ ᠵᠢᠨ ᠶᠠᠪᠤᠳᠠᠯ᠎ᠤᠨ ᠬᠣᠷᠢᠶᠠᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠪᠣᠯᠤᠨ ᠬᠣᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠲᠤᠷᠠᠵᠤ ᠪᠠᠶ᠋ᠢᠭ᠋ᠠᠳ ᠴᠢᠬᠤᠯᠠ ᠭᠣᠣᠯ ᠮᠥᠷᠡᠨ᠂ ᠨᠠᠭᠤᠷ ᠴᠦᠬᠦᠷᠦᠮ᠎ᠤᠨ ᠰᠠᠪᠠ ᠭᠠᠵᠠᠷ᠎ᠤᠨ ᠤᠰᠤᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠠᠮᠲᠤᠷᠠᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠵᠤ᠂ ᠨᠢᠭᠡᠳᠦᠯᠲᠡᠢ ᠲᠥᠯᠥᠪᠵᠢᠭᠦᠯᠬᠦ᠂ ᠨᠢᠭᠡᠳᠦᠯᠲᠡᠢ ᠪᠠᠷᠢᠮᠵᠢᠶᠠᠯᠠᠬᠤ᠂ ᠨᠢᠭᠡᠳᠦᠯᠲᠡᠢ ᠬᠢᠨᠠᠨ ᠬᠡᠮᠵᠢᠬᠦ᠂ ᠨᠢᠭᠡᠳᠦᠯᠲᠡᠢ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠬᠡᠷᠡᠭᠲᠡᠢ᠃
      ᠬᠣᠷᠢ ᠶᠢᠰᠦᠳᠦᠭᠡᠷ ᠵᠦᠢ᠍ᠯ   ᠲᠦᠷᠦ ᠵᠢᠨ ᠶᠠᠪᠤᠳᠠᠯ᠎ᠤᠨ ᠬᠣᠷᠢᠶᠠᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠳᠠᠯᠢ ᠱᠠᠲᠤᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠰᠠᠪᠠ ᠭᠠᠵᠠᠷ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠱᠠᠭ᠋ᠠᠷᠳᠠᠯᠭ᠎ᠠ ᠵᠢ ᠲᠣᠳᠣᠷᠬᠠᠶ ᠪᠣᠯᠭ᠋ᠠᠵᠤ᠂ ᠰᠠᠪᠠ ᠭᠠᠵᠠᠷ᠎ᠤᠨ ᠣᠷᠴᠢᠨ ᠲᠤᠭᠤᠷᠢᠨ᠎ᠤ ᠡᠬᠢ ᠪᠠᠶᠠᠯᠢᠭ᠎ᠤᠨ ᠳᠠᠭ᠋ᠠᠭ᠋ᠠᠴᠠ ᠵᠢᠨ ᠴᠢᠳᠠᠪᠤᠷᠢ ᠵᠢ ᠬᠢᠨᠠᠨ ᠬᠡᠮᠵᠢᠬᠦ᠂ ᠦᠨᠡᠯᠡᠬᠦ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠰᠠᠪᠠ ᠭᠠᠵᠠᠷ᠎ᠤᠨ ᠣᠷᠴᠢᠨ ᠲᠤᠭᠤᠷᠢᠨ᠎ᠤ ᠡᠬᠢ ᠪᠠᠶᠠᠯᠢᠭ᠎ᠤᠨ ᠳᠠᠭ᠋ᠠᠭ᠋ᠠᠴᠠ ᠵᠢᠨ ᠴᠢᠳᠠᠪᠤᠷᠢ ᠵᠢ ᠤᠷᠢᠳᠴᠢᠯᠠᠨ ᠰᠡᠷᠡᠮᠵᠢᠯᠡᠬᠦᠯᠬᠦ ᠵᠢ ᠬᠡᠷᠡᠭᠵᠢᠬᠦᠯᠦᠨ᠎ᠡ᠃
      ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠰᠠᠪᠠ ᠭᠠᠵᠠᠷ᠎ᠤᠨ ᠠᠮᠢ ᠠᠬᠤᠶ ᠣᠷᠴᠢᠨ ᠲᠤᠭᠤᠷᠢᠨ᠎ᠤ ᠴᠢᠳᠠᠮᠵᠢ ᠵᠢᠨ ᠬᠡᠷᠡᠭᠴᠡᠭᠡ ᠵᠢ ᠦᠨᠳᠦᠰᠦᠯᠡᠨ᠂ ᠭᠣᠣᠯ ᠮᠥᠷᠡᠨ᠂ ᠨᠠᠭᠤᠷ ᠴᠦᠬᠦᠷᠦᠮ᠂ ᠨᠠᠮᠤᠭ ᠭᠠᠵᠠᠷ᠎ᠢ ᠬᠠᠮᠠᠭ᠋ᠠᠯᠠᠬᠤ ᠪᠠ ᠰᠡᠷᠭᠦᠭᠡᠬᠦ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠵᠣᠬᠢᠶᠠᠮᠠᠯ ᠨᠠᠮᠤᠭ ᠭᠠᠵᠠᠷ᠂ ᠤᠰᠤᠨ᠎ᠤ ᠰᠤᠷᠪᠤᠯᠵᠢ ᠵᠢ ᠬᠠᠳᠠᠭ᠋ᠠᠯᠠᠬᠤ ᠤᠢ᠂ ᠭᠣᠣᠯ ᠳᠠᠭ᠋ᠠᠤ ᠨᠠᠭᠤᠷ ᠳᠠᠭ᠋ᠠᠤ ᠵᠢᠨ ᠤᠷᠭᠤᠮᠠᠯ᠎ᠤᠨ ᠬᠤᠴᠢᠯᠭ᠎ᠠ ᠵᠢ ᠨᠠᠮᠳᠠᠭᠤᠯᠬᠤ ᠪᠦᠰᠡ ᠪᠠ ᠲᠤᠰᠠᠭ᠋ᠠᠷᠯᠠᠬᠤ ᠪᠦᠰᠡ ᠵᠡᠷᠭᠡ ᠠᠮᠢ ᠠᠬᠤᠶ ᠤᠷᠴᠢᠨ ᠲᠤᠭᠤᠷᠢᠨ᠎ᠢ ᠵᠠᠰᠠᠬᠤ ᠪᠠ ᠬᠠᠮᠠᠭ᠋ᠠᠯᠠᠬᠤ ᠢᠨᠵᠧᠨᠧᠷᠢᠩ᠎ᠢ ᠪᠠᠶ᠋ᠢᠭᠤᠯᠵᠤ᠂ ᠬᠠᠷ᠎ᠠ ᠦᠮᠡᠬᠡᠶ ᠤᠰᠤᠨ ᠴᠣᠭᠴᠠ ᠵᠢ ᠴᠡᠭᠴᠡᠯᠡᠨ ᠵᠠᠰᠠᠵᠤ᠂ ᠰᠠᠪᠠ ᠭᠠᠵᠠᠷ᠎ᠤᠨ ᠣᠷᠴᠢᠨ ᠲᠤᠭᠤᠷᠢᠨ᠎ᠤ ᠡᠬᠢ ᠪᠠᠶᠠᠯᠢᠭ᠎ᠤᠨ ᠳᠠᠭ᠋ᠠᠭ᠋ᠠᠴᠠ ᠵᠢ ᠳᠡᠭᠡᠭᠰᠢᠯᠡᠭᠦᠯᠬᠦ ᠬᠡᠷᠡᠭᠲᠡᠶ᠃
      ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ ᠠᠵᠢᠯᠯᠠᠭ᠎ᠠ ᠬᠢᠬᠦ᠎ᠳᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠰᠠᠪᠠ ᠭᠠᠵᠠᠷ᠎ᠤᠨ ᠠᠮᠢ ᠠᠬᠤᠶ ᠣᠷᠴᠢᠨ ᠲᠤᠭᠤᠷᠢᠨ᠎ᠤ ᠴᠢᠳᠠᠮᠵᠢ ᠵᠢ ᠬᠠᠮᠠᠭ᠋ᠠᠯᠠᠵᠤ᠂ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠴᠢᠩᠭ᠎ᠠ ᠰᠠᠬᠢᠬᠤ ᠬᠡᠷᠡᠭᠲᠡᠶ᠃
      ᠭᠤᠴᠢᠳᠤᠭ᠋ᠠᠷ ᠵᠦᠢ᠍ᠯ   ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠤᠰ ᠬᠠᠤᠯᠢ ᠵᠢᠨ ᠲᠣᠭᠲᠠᠭ᠋ᠠᠯ ᠶᠣᠰᠣᠭ᠋ᠠᠷ ᠬᠢᠨᠠᠵᠤ ᠬᠠᠮᠢᠶᠠᠷᠬᠤ ᠡᠷᠬᠡ ᠵᠢ ᠬᠡᠷᠡᠭᠵᠢᠭᠦᠯᠬᠦ ᠪᠤᠰᠤᠳ ᠰᠠᠯᠠᠭ᠎ᠠ ᠮᠥᠴᠢᠷ᠎ᠤᠳ ᠬᠠᠷᠢᠶᠠᠯᠠᠬᠤ ᠬᠡᠪᠴᠢᠶᠡᠨ᠎ᠤ᠎ᠪᠠᠨ ᠳᠣᠲᠣᠷᠠᠬᠢ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠬᠤ ᠡᠷᠬᠡ᠎ᠲᠠᠢ᠃ ᠪᠠᠶ᠋ᠢᠴᠠᠭ᠋ᠠᠭᠳᠠᠬᠤ ᠨᠢᠭᠡᠴᠢ ᠪᠠᠶ᠋ᠢᠳᠠᠯ ᠵᠶ᠋ᠠᠨ ᠦᠨᠡᠨ ᠮᠥᠨ ᠵᠶ᠋ᠠᠷ᠎ᠨᠢ ᠲᠤᠰᠬᠠᠵᠤ᠂ ᠴᠢᠬᠤᠯᠠ ᠪᠦᠬᠦᠢ ᠮᠠᠲ᠋ᠧᠷᠢᠶᠠᠯ᠎ᠢ ᠬᠠᠩᠭ᠋ᠠᠵᠤ ᠥᠭᠬᠦ ᠬᠡᠷᠡᠭᠲᠡᠢ᠃ ᠪᠠᠶ᠋ᠢᠴᠠᠭ᠋ᠠᠬᠤ ᠪᠠᠶ᠋ᠢᠭᠤᠯᠭ᠎ᠠ᠎ᠨᠢ ᠪᠠᠶ᠋ᠢᠴᠠᠭ᠋ᠠᠭᠳᠠᠵᠤ ᠪᠠᠶ᠋ᠢᠭ᠎ᠠ ᠨᠢᠭᠡᠴᠢ ᠵᠢᠨ ᠪᠠᠶ᠋ᠢᠴᠠᠭ᠋ᠠᠯᠲᠠ ᠵᠢᠨ ᠳᠤᠮᠳᠠ   ᠤᠯᠵᠤ ᠮᠡᠳᠡᠭᠰᠡᠨ ᠬᠤᠳᠠᠯᠳᠤᠭ᠋ᠠᠨ᠎ᠤ ᠨᠢᠭᠤᠴᠠ ᠵᠢ ᠬᠠᠮᠠᠭ᠋ᠠᠯᠠᠬᠤ ᠡᠭᠦᠷᠭᠡ᠎ᠲᠠᠢ᠃
      ᠭᠤᠴᠢᠨ ᠨᠢᠭᠡᠳᠦᠭᠡᠷ ᠵᠦᠢ᠍ᠯ   ᠵᠠᠰᠠᠭ ᠵᠠᠬᠢᠷᠭ᠋ᠠᠨ᠎ᠤ ᠣᠷᠣᠨ ᠠᠯᠤᠰᠯᠠᠭᠰᠠᠨ ᠤᠰᠤᠨ᠎ᠤ ᠪᠣᠬᠢᠷᠲᠤᠯ᠎ᠤᠨ ᠵᠢᠭᠤᠷᠠᠯᠳᠤᠭ᠋ᠠᠨ᠎ᠢ ᠬᠣᠯᠪᠣᠭᠳᠠᠯ ᠪᠦᠬᠦᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠵᠥᠪᠳᠡᠯᠴᠡᠨ ᠰᠢᠢ᠍ᠳᠪᠤᠷᠢᠯᠡᠬᠦ ᠪᠤᠶᠤ ᠲᠡᠳᠡᠨ᠎ᠤ ᠬᠠᠮᠲᠤ ᠵᠢᠨ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠣᠬᠢᠴᠠᠭᠤᠯᠤᠨ   ᠰᠢᠢ᠍ᠳᠪᠤᠷᠢᠯᠡᠨ᠎ᠡ᠃
      ᠳᠥᠷᠪᠡᠳᠦᠭᠡᠷ ᠪᠦᠯᠦᠭ   ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ
      ᠨᠢᠭᠡᠳᠦᠭᠡᠷ ᠬᠡᠰᠡᠭ ᠡ᠊ᠩ᠎ᠤᠨ ᠲᠣᠭᠲᠠᠭ᠋ᠠᠯ
      ᠭᠤᠴᠢᠨ ᠬᠣᠶᠠᠳᠤᠭ᠋ᠠᠷ ᠵᠦᠢ᠍ᠯ   ᠲᠦᠷᠦ ᠵᠢᠨ ᠶᠠᠪᠤᠳᠠᠯ᠎ᠤᠨ ᠬᠣᠷᠢᠶᠠᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠡᠷᠡᠭᠦᠯ ᠬᠠᠮᠠᠭ᠋ᠠᠯᠠᠯ᠎ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠵᠤ᠂ ᠤᠯᠠᠨ ᠨᠡᠶ᠋ᠢᠲᠡ ᠵᠢᠨ ᠡᠷᠡᠭᠦᠯ ᠮᠡᠨᠳᠦ ᠪᠠ ᠠᠮᠢ ᠠᠬᠤᠢ ᠣᠷᠴᠢᠨ ᠲᠤᠭᠤᠷᠢᠨ᠎ᠢ ᠬᠣᠬᠢᠷᠠᠭᠤᠯᠤᠭᠰᠠᠨ ᠪᠠ ᠨᠥᠯᠥᠭᠡᠯᠡᠭᠰᠡᠨ ᠬᠡᠮᠵᠢᠶ᠎ᠡ ᠵᠢ᠎ᠨᠢ ᠦᠨᠳᠦᠰᠦᠯᠡᠨ᠂ ᠬᠤᠤᠷ ᠬᠥᠨᠥᠭᠡᠯ᠎ᠲᠠᠢ ᠤᠰᠤᠨ᠎ᠤ ᠪᠤᠬᠢᠷᠳᠤᠯ ᠪᠤᠳᠠᠰ᠎ᠤᠨ ᠨᠡᠷᠡᠰ᠎ᠤᠨ ᠵᠢᠭᠰᠠᠭ᠋ᠠᠯᠲᠠ ᠵᠢ ᠨᠡᠶ᠋ᠢᠲᠡᠯᠡᠵᠦ᠂ ᠠᠶᠤᠯ ᠲᠦᠭᠰᠢᠭᠦᠷᠢ ᠵᠢᠨ ᠬᠠᠮᠢᠶᠠᠷᠤᠯᠲᠠ ᠵᠢ ᠬᠡᠷᠡᠭᠵᠢᠭᠦᠯᠬᠦ ᠬᠡᠷᠡᠭᠲᠡᠢ᠃
      ᠡᠮᠦᠨᠡᠬᠢ ᠪᠠᠳᠠᠭ᠎ᠲᠤ ᠲᠣᠭᠲᠠᠭ᠋ᠠᠭᠰᠠᠨ ᠨᠡᠷᠡᠰ᠎ᠤᠨ ᠵᠢᠭᠰᠠᠭ᠋ᠠᠯᠲᠠ᠎ᠳᠤ ᠵᠢᠭᠰᠠᠭ᠋ᠠᠭᠰᠠᠨ ᠬᠣᠣᠷ ᠬᠥᠨᠥᠭᠡᠯ᠎ᠲᠠᠢ ᠤᠰᠤᠨ᠎ᠤ ᠪᠤᠬᠢᠷᠳᠤᠯ ᠪᠤᠳᠠᠰ᠎ᠢ ᠭᠠᠳᠠᠭᠰᠢᠯᠠᠭᠤᠯᠬᠤ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠠ ᠪᠤᠰᠤᠳ ᠦᠢ᠍ᠯᠡᠳᠪᠤᠷᠢᠯᠡᠯ ᠡᠵᠡᠩᠨᠡᠭᠴᠢ ᠪᠣᠬᠢᠷᠲᠤᠯ ᠭᠠᠳᠠᠭᠰᠢᠯᠠᠭᠤᠯᠬᠤ   ᠠᠮᠠ ᠪᠠ ᠡᠷᠬᠢᠨ ᠲᠣᠭᠣᠷᠢᠨ᠎ᠤ ᠣᠷᠴᠢᠨ ᠲᠤᠭᠤᠷᠢᠨ᠎ᠢ ᠬᠢᠨᠠᠨ ᠬᠡᠮᠵᠢᠵᠦ᠂ ᠣᠷᠴᠢᠨ   ᠲᠤᠭᠤᠷᠢᠨ᠎ᠤ ᠠᠶᠤᠯ ᠲᠦᠭᠰᠢᠭᠦᠷᠢ ᠵᠢ ᠦᠨᠡᠯᠡᠨ ᠵᠢᠱ᠌ᠢᠵᠦ᠂ ᠣᠷᠴᠢᠨ ᠲᠤᠭᠤᠷᠢᠨ᠎ᠤ ᠠᠮᠤᠷ ᠲᠦᠪᠰᠢᠨ᠎ᠤ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠬᠤ ᠵᠢᠨ ᠬᠠᠮᠲᠤ ᠬᠣᠣᠷ ᠬᠥᠨᠥᠭᠡᠯ᠎ᠲᠠᠢ ᠤᠰᠤᠨ᠎ᠤ ᠪᠤᠬᠢᠷᠳᠤᠯ ᠪᠤᠳᠠᠰ᠎ᠤᠨ ᠮᠡᠳᠡᠭᠡ ᠵᠠᠩᠭᠢ ᠵᠢ ᠢᠯᠡ ᠪᠣᠯᠭ᠋ᠠᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠣᠷᠴᠢᠨ ᠲᠤᠭᠤᠷᠢᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠬᠦ ᠬᠡᠷᠡᠭᠲᠡᠢ᠃
      ᠭᠤᠴᠢᠨ ᠭᠤᠷᠪᠠᠳᠤᠭ᠋ᠠᠷ ᠵᠦᠢ᠍ᠯ   ᠤᠰᠤᠨ ᠴᠣᠭᠴᠠ᠎ᠳᠤ ᠲᠣᠰᠣᠯᠢᠭ ᠵᠦᠢ᠍ᠯ᠂ ᠬᠦᠴᠢᠯᠯᠢᠭ ᠰᠢᠩᠭᠡᠨ᠂ ᠱᠦᠯᠲᠦ ᠵᠢᠨ ᠰᠢᠩᠭᠡᠨ ᠪᠤᠶᠤ ᠲᠤᠬᠰᠢᠨ ᠬᠣᠣᠷᠲᠠᠢ ᠬᠠᠶᠠᠭᠳᠠᠮᠠᠯ ᠰᠢᠩᠭᠡᠨ᠎ᠢ ᠭᠠᠳᠠᠭᠰᠢᠯᠠᠭᠤᠯᠬᠤ ᠵᠢ ᠴᠠᠭ᠋ᠠᠵᠠᠯᠠᠨ᠎ᠠ᠃
      ᠤᠰᠦᠠ ᠴᠣᠭᠴᠠ᠎ᠳᠤ ᠲᠤᠰᠦᠠ᠎ᠤ ᠵᠦᠢ᠍ᠯ ᠪᠤᠶᠤ ᠬᠣᠣᠷ᠎ᠲᠠᠢ ᠪᠣᠬᠢᠷᠲᠤᠯ ᠪᠣᠳᠠᠰ᠎ᠢ ᠰᠠᠪᠠᠯᠠᠵᠤ ᠬᠠᠳᠠᠭ᠋ᠠᠯᠠᠭᠰᠠᠨ ᠲᠡᠷᠭᠡ ᠤᠨᠦᠭ᠎ᠠ ᠪᠣᠯᠤᠨ ᠰᠡᠪᠡ ᠬᠡᠷᠡᠭᠰᠡᠯ᠎ᠢ ᠤᠬᠢᠶᠠᠵᠤ ᠴᠡᠪᠡᠷᠯᠡᠬᠦ ᠵᠢ ᠴᠠᠭ᠋ᠠᠵᠠᠯᠠᠨ᠎ᠠ᠃
      ᠭᠤᠴᠢᠨ ᠳᠥᠷᠪᠡᠳᠦᠭᠡᠷ ᠵᠦᠢ᠍ᠯ   ᠤᠰᠤᠨ ᠴᠣᠭᠴᠠ᠎ᠳᠤ ᠰᠠᠴᠤᠷᠠᠭ ᠴᠢᠨᠠᠷᠲᠠᠶ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠤᠶᠤ ᠦᠨᠳᠦᠷ ᠰᠠᠴᠤᠷᠠᠭ ᠴᠢᠨᠠᠷᠲᠠᠶ ᠪᠠ ᠳᠤᠮᠳᠠ ᠰᠠᠴᠤᠷᠠᠭ ᠴᠢᠨᠠᠷᠲᠠᠶ ᠪᠣᠳᠠᠰ ᠠᠭᠤᠯᠤᠭᠰᠠᠨ ᠬᠠᠶᠠᠭᠳᠠᠮᠠᠯ ᠤᠰᠤ ᠵᠢ ᠭᠠᠳᠠᠭᠰᠢᠯᠠᠭᠤᠯᠬᠤ᠂ ᠴᠢᠳᠬᠤᠬᠤ ᠵᠢ ᠴᠠᠭ᠋ᠠᠵᠠᠯᠠᠨ᠎ᠠ᠃
      ᠤᠰᠤᠨ ᠴᠣᠭᠴᠠ᠎ᠳᠤ ᠳᠣᠣᠷ᠎ᠠ ᠰᠠᠴᠤᠷᠠᠭ ᠴᠢᠨᠠᠷᠲᠠᠶ ᠪᠣᠳᠠᠰ ᠠᠭᠤᠯᠤᠭᠰᠠᠨ ᠬᠠᠶᠠᠭᠳᠠᠮᠠᠯ ᠤᠰᠤ ᠵᠢ ᠭᠠᠳᠠᠭᠰᠢᠯᠠᠭᠤᠯᠬᠤ᠎ᠳᠠᠭᠠᠨ ᠰᠠᠴᠤᠷᠠᠭ ᠴᠢᠨᠠᠷᠲᠠᠶ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠤᠬᠠᠶ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠪᠠ ᠪᠠᠷᠢᠮᠵᠢᠶ᠎ᠠ᠎ᠳᠤ ᠨᠡᠶ᠋ᠢᠴᠡᠭᠦᠯᠬᠦ ᠬᠡᠷᠡᠭᠲᠡᠶ᠃
      ᠭᠤᠴᠢᠨ ᠲᠠᠪᠤᠳᠤᠭ᠋ᠠᠷ ᠵᠦᠢ᠍ᠯ   ᠤᠰᠤᠨ ᠴᠣᠭᠴᠠ᠎ᠳᠤ ᠬᠠᠯᠠᠭᠤᠨ ᠬᠠᠶᠠᠭᠳᠠᠮᠠᠯ ᠤᠰᠤ ᠵᠢ ᠭᠠᠳᠠᠭᠰᠢᠯᠠᠭᠤᠯᠬᠤ᠎ᠳᠠᠭᠠᠨ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠤᠰᠤᠨ ᠴᠣᠭᠴᠠ ᠵᠢᠨ ᠤᠰᠤᠨ᠎ᠤ ᠳᠤᠯᠠᠭ᠋ᠠᠨ᠎ᠤ ᠬᠡᠮᠵᠢᠶ᠎ᠡ ᠵᠢ ᠤᠰᠤᠨ᠎ᠤ ᠣᠷᠴᠢᠨ ᠲᠣᠭᠣᠷᠢᠨ᠎ᠤ ᠴᠢᠨᠠᠷ᠎ᠤᠨ ᠪᠠᠷᠢᠮᠵᠢᠶ᠎ᠠ᠎ᠳᠤ ᠨᠡᠶ᠋ᠢᠴᠡᠭᠦᠯᠬᠦ ᠵᠢ ᠪᠠᠲᠤᠯᠠᠬᠤ ᠬᠡᠷᠡᠭᠲᠡᠶ᠃
      ᠭᠤᠴᠢᠨ ᠵᠢᠷᠭᠤᠳᠤᠭ᠋ᠠᠷ ᠵᠦᠢ᠍ᠯ   ᠡᠪᠡᠳᠴᠢᠨ ᠡᠭᠦᠰᠭᠡᠭᠴᠢ ᠠᠭᠤᠯᠤᠭᠰᠠᠨ ᠪᠣᠬᠢᠷ ᠤᠰᠤ ᠵᠢ ᠠᠷᠢᠭᠤᠳᠬᠠᠨ ᠰᠢᠢ᠍ᠳᠪᠤᠷᠢᠯᠡᠬᠦ ᠬᠡᠷᠡᠭᠲᠡᠶ; ᠤᠯᠤᠰ᠎ᠤᠨ ᠬᠣᠯᠪᠣᠭᠳᠠᠯ ᠪᠦᠬᠦᠢ ᠪᠠᠷᠢᠮᠵᠢᠶ᠎ᠠ᠎ᠳᠤ ᠨᠡᠶ᠋ᠢᠴᠡᠭᠰᠡᠨ᠎ᠤ ᠲᠡᠷᠡᠭ᠎ᠠ ᠰᠠᠶᠢ ᠭᠠᠳᠠᠭᠰᠢᠯᠠᠭᠤᠯᠵᠤ ᠪᠣᠯᠤᠨ᠎ᠠ᠃
      ᠭᠤᠴᠢᠨ ᠳᠣᠯᠣᠳᠤᠭ᠋ᠠᠷ ᠵᠦᠢ᠍ᠯ   ᠤᠰᠤᠨ ᠴᠣᠭᠴᠠ᠎ᠳᠤ ᠠᠵᠤ ᠦᠢ᠍ᠯᠡᠳᠪᠦᠷᠢ ᠵᠢᠨ ᠬᠠᠶᠠᠭᠳᠠᠮᠠᠯ ᠰᠢᠭ᠋ᠠᠷᠤ᠂ ᠬᠤᠳᠠ ᠪᠠᠯᠭ᠋ᠠᠰᠤᠨ᠎ᠤ ᠬᠣᠭ ᠨᠣᠪᠰᠢ ᠪᠠ ᠪᠤᠰᠤᠳ ᠬᠠᠶᠠᠭᠳᠠᠮᠠᠯ ᠪᠣᠳᠠᠰ᠎ᠢ ᠭᠠᠳᠠᠭᠰᠢᠯᠠᠭᠤᠯᠬᠤ᠂ ᠴᠢᠳᠬᠤᠬᠤ ᠵᠢ ᠴᠠᠭ᠋ᠠᠵᠠᠯᠠᠨ᠎ᠠ᠃
      ᠮᠥᠩᠭᠥᠨ ᠤᠰᠤ᠂ ᠺᠠᠳ᠋ᠮᠢ᠂ ᠠᠷᠰᠧᠨ᠂ ᠾᠷᠣᠮ᠂ ᠬᠠᠷ᠎ᠠ ᠲᠤᠭᠤᠯᠭ᠎ᠠ᠂ ᠼᠢᠶᠠᠨᠲᠤ ᠨᠢᠭᠡᠳᠪᠦᠷᠢ᠂ ᠰᠢᠷ᠎ᠠ ᠹᠣᠰᠹᠣᠷ ᠵᠡᠷᠭᠡ ᠵᠢ ᠠᠭᠤᠯᠤᠭᠰᠠᠨ ᠠᠭᠤᠰᠤᠮᠠᠬᠠᠢ ᠴᠢᠨᠠᠷᠲᠠᠶ ᠲᠤᠬᠰᠢᠨ ᠬᠣᠣᠷᠲᠠᠢ ᠬᠠᠶᠠᠭᠳᠠᠮᠠᠯ ᠰᠢᠭ᠋ᠠᠷᠤ ᠵᠢ ᠤᠰᠤᠨ ᠴᠣᠭᠴᠠ᠎ᠳᠤ ᠭᠠᠳᠠᠭᠰᠢᠯᠠᠭᠤᠯᠬᠤ᠂ ᠴᠢᠳᠬᠤᠬᠤ ᠪᠤᠶᠤ ᠰᠢᠭᠤᠳ ᠭᠠᠵᠠᠷ ᠳᠣᠣᠷ᠎ᠠ ᠪᠤᠯᠠᠬᠤ ᠵᠢ ᠴᠠᠭ᠋ᠠᠵᠠᠯᠠᠨ᠎ᠠ᠃
      ᠠᠭᠤᠰᠬᠤ ᠴᠢᠨᠠᠷᠲᠠᠶ ᠲᠤᠬᠰᠢᠨ ᠬᠣᠣᠷᠲᠠᠢ ᠬᠠᠶᠠᠭᠳᠠᠮᠠᠯ ᠰᠢᠭ᠋ᠠᠷᠤ ᠵᠢ ᠬᠠᠳᠠᠭ᠋ᠠᠯᠠᠬᠤ ᠲᠠᠯᠠᠪᠤᠷ᠎ᠲᠤ ᠤᠰᠤ ᠵᠢ ᠰᠡᠷᠭᠡᠶ᠋ᠢᠯᠡᠬᠦ᠂ ᠨᠡᠪᠴᠢᠵᠦ ᠭᠣᠭᠣᠵᠢᠬᠤ ᠵᠢ ᠰᠡᠷᠭᠡᠶ᠋ᠢᠯᠡᠬᠦ᠂ ᠭᠡᠭᠡᠭᠳᠡᠬᠦ ᠵᠢ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃
      ᠭᠤᠴᠢᠨ ᠨᠠᠢ᠍ᠮᠠᠳᠤᠭ᠋ᠠᠷ ᠵᠦᠢ᠍ᠯ   ᠭᠣᠣᠯ ᠮᠥᠷᠡᠨ᠂ ᠨᠠᠭᠤᠷ ᠲᠣᠭᠣᠷᠢᠮ᠂ ᠲᠠᠲᠠᠮᠠᠯ ᠭᠣᠣᠯ᠂ ᠤᠰᠤᠨ ᠰᠤᠪᠠᠭ᠂ ᠴᠥᠭᠥᠷᠥᠮ᠎ᠤᠨ ᠬᠠᠮᠤᠭ᠎ᠤᠨ ᠳᠡᠭᠡᠳᠦ ᠤᠰᠤᠨ ᠲᠦᠪᠰᠢᠨ᠎ᠤ ᠱᠤᠭᠤᠮ᠎ᠠᠴᠠ ᠳᠣᠷᠣᠭᠰᠢᠬᠢ ᠲᠠᠩ ᠰᠠᠢ᠌ᠷ ᠭᠠᠵᠠᠷ ᠪᠠ ᠡᠷᠭᠢ ᠵᠢᠨ ᠬᠠᠵᠠᠭᠤ᠎ᠳᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠪᠤᠰᠤᠳ ᠪᠣᠬᠢᠷᠲᠤᠯ ᠪᠣᠳᠠᠰ᠎ᠢ ᠣᠪᠣᠭ᠋ᠠᠯᠠᠨ ᠲᠠᠯᠪᠢᠬᠤ᠂ ᠬᠠᠳᠠᠭ᠋ᠠᠯᠠᠬᠤ ᠵᠢ ᠴᠠᠭ᠋ᠠᠵᠠᠯᠠᠨ᠎ᠠ᠃
      ᠭᠤᠴᠢ ᠶᠢᠰᠦᠳᠦᠭᠡᠷ ᠵᠦᠢ᠍ᠯ   ᠨᠡᠪᠴᠢᠯᠲᠡ ᠵᠢᠨ ᠬᠤᠳᠳᠤᠭ᠂ ᠨᠡᠪᠴᠢᠯᠲᠡ ᠵᠢᠨ ᠨᠦᠬᠡ᠂ ᠠᠩ ᠵᠠᠪᠰᠠᠷ᠂ ᠠᠭᠤᠰᠤᠭᠳᠠᠮᠠᠯ ᠠᠭᠤᠢ ᠵᠢ ᠠᠰᠢᠭᠯᠠᠬᠤ᠂ ᠳᠤᠷ᠎ᠠ᠎ᠪᠠᠷ ᠵᠶ᠋ᠠᠨ ᠳᠠᠯᠳᠠ ᠬᠣᠭᠣᠯᠠᠢ ᠲᠠᠯᠪᠢᠬᠤ᠂ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠥᠭᠡᠷᠡᠲᠦᠭᠦᠯᠬᠦ᠂ ᠬᠠᠭᠤᠷᠮᠠᠭᠯᠠᠨ ᠵᠣᠬᠢᠶᠠᠬᠤ᠂ ᠡᠰᠡᠬᠦᠯ᠎ᠡ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠥᠬᠥᠭᠡᠷᠦᠮᠵᠢ ᠵᠢ ᠬᠡᠪ᠎ᠤᠨ ᠪᠤᠰᠤ᠎ᠪᠠᠷ ᠠᠵᠢᠯᠯᠠᠭᠤᠯᠬᠤ ᠵᠡᠷᠭᠡ ᠬᠢᠨᠠᠯᠲᠠ ᠬᠠᠮᠢᠶᠠᠷᠤᠯᠲᠠ᠎ᠠᠴᠠ ᠵᠠᠶ᠋ᠢᠯᠠᠬᠤ ᠠᠷᠭ᠎ᠠ ᠮᠠᠶᠢᠭ ᠵᠶ᠋ᠠᠷ ᠤᠰᠤᠨ᠎ᠤ ᠪᠤᠬᠢᠷᠳᠤᠯ ᠪᠤᠳᠠᠰ ᠭᠠᠳᠠᠭᠰᠢᠯᠠᠭᠤᠯᠬᠤ ᠵᠢ ᠴᠠᠭ᠋ᠠᠵᠠᠯᠠᠨ᠎ᠠ᠃
      ᠳᠥᠴᠢᠳᠦᠭᠡᠷ ᠵᠦᠢ᠍ᠯ   ᠬᠢᠮᠢ ᠵᠢᠨ ᠵᠦᠢ᠍ᠯ᠎ᠢ ᠦᠢ᠍ᠯᠡᠳᠪᠦᠷᠢᠯᠡᠬᠦ ᠠᠵᠤ ᠠᠬᠤᠶ᠋ᠢᠯᠠᠯ ᠵᠢᠴᠢ ᠠᠵᠤ ᠦᠢ᠍ᠯᠡᠳᠪᠦᠷᠢ ᠵᠢᠨ ᠪᠥᠭᠡᠮᠨᠡᠷᠡᠭᠰᠡᠨ ᠣᠷᠣᠨ᠂ ᠠᠭᠤᠷᠬᠠᠶ ᠵᠢᠨ ᠨᠡᠭᠡᠭᠡᠨ ᠮᠠᠯᠲᠠᠬᠤ ᠣᠷᠣᠨ᠂ ᠦᠯᠡᠳᠡᠭᠳᠡᠯ ᠬᠦᠳᠡᠷ᠎ᠤᠨ ᠬᠥᠮᠥᠷᠭᠡ᠂ ᠠᠶᠤᠯᠲᠠᠶ ᠬᠠᠶᠠᠭᠳᠠᠮᠠᠯ ᠪᠣᠳᠠᠰ᠎ᠢ ᠰᠢᠢ᠍ᠳᠪᠤᠷᠢᠯᠡᠬᠦ ᠲᠠᠯᠠᠪᠤᠷ᠂ ᠬᠣᠭ ᠨᠣᠪᠰᠢ ᠪᠤᠯᠠᠬᠤ ᠲᠠᠯᠠᠪᠤᠷ ᠵᠡᠷᠭᠡ ᠵᠢ ᠡᠵᠡᠩᠨᠡᠬᠦ᠂ ᠬᠠᠮᠢᠶᠠᠷᠬᠤ ᠨᠢᠭᠡᠴᠢ᠎ᠨᠦᠭᠦᠳ ᠨᠡᠪᠴᠢᠵᠦ ᠭᠣᠭᠣᠵᠢᠬᠤ ᠵᠢ ᠰᠡᠷᠭᠡᠶ᠋ᠢᠯᠡᠬᠦ ᠵᠡᠷᠭᠡ ᠠᠷᠭ᠎ᠠ ᠬᠡᠮᠵᠢᠶ᠎ᠡ ᠠᠪᠬᠤ ᠵᠢᠨ ᠬᠠᠮᠲᠤ ᠭᠠᠵᠠᠷ ᠳᠣᠣᠷᠠᠬᠢ ᠤᠰᠤᠨ᠎ᠤ ᠴᠢᠨᠠᠷ᠎ᠢ ᠬᠢᠨᠠᠨ ᠬᠡᠮᠵᠢᠬᠦ ᠬᠤᠳᠳᠤᠭ ᠪᠠᠶ᠋ᠢᠭᠤᠯᠤᠨ ᠬᠢᠨᠠᠨ ᠬᠡᠮᠵᠢᠵᠦ᠂ ᠭᠠᠵᠠᠷ ᠳᠣᠣᠷᠠᠬᠢ ᠤᠰᠤᠨ᠎ᠤ ᠪᠣᠬᠢᠷᠲᠤᠯ᠎ᠠᠴᠠ ᠰᠡᠷᠭᠡᠶ᠋ᠢᠯᠡᠬᠦ ᠬᠡᠷᠡᠭᠲᠡᠶ᠃
      ᠲᠣᠰᠣ ᠨᠡᠮᠡᠬᠦ ᠥᠷᠲᠡᠭᠡ ᠵᠡᠷᠭᠡ ᠵᠢᠨ ᠭᠠᠵᠠᠷ ᠳᠣᠤᠷᠠᠬᠢ ᠲᠣᠰᠣᠨ ᠰᠠᠪᠠ᠎ᠳᠤ ᠳᠠᠪᠬᠤᠷ ᠰᠠᠪᠠ ᠬᠡᠷᠡᠭᠯᠡᠬᠦ ᠪᠤᠶᠤ ᠨᠡᠪᠴᠢᠬᠦ ᠵᠢ ᠰᠡᠷᠭᠡᠶ᠋ᠢᠯᠡᠬᠦ ᠲᠠᠲᠠᠭ᠋ᠠᠯ ᠪᠠᠶ᠋ᠢᠭᠤᠯᠬᠤ ᠵᠡᠷᠭᠡ ᠪᠤᠰᠤᠳ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠵᠢᠨ ᠬᠠᠮᠲᠤ ᠨᠡᠪᠴᠢᠬᠦ ᠵᠢ ᠰᠡᠷᠭᠡᠶ᠋ᠢᠯᠡᠬᠦ ᠬᠢᠨᠠᠨ ᠬᠡᠮᠵᠢᠯᠲᠡ ᠬᠢᠵᠦ᠂ ᠭᠠᠵᠠᠷ ᠳᠣᠤᠷᠠᠬᠢ ᠤᠰᠤᠨ᠎ᠤ ᠪᠣᠬᠢᠷᠲᠤᠬᠤ᠎ᠠᠴᠠ ᠰᠡᠷᠭᠡᠶ᠋ᠢᠯᠡᠬᠦ ᠬᠡᠷᠡᠭᠲᠡᠶ᠃
      ᠨᠡᠪᠴᠢᠵᠦ ᠭᠣᠭᠣᠵᠢᠬᠤ ᠵᠢ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠭᠤᠤ ᠰᠤᠪᠠᠭ᠂ ᠨᠦᠭᠡ ᠵᠡᠷᠭᠡ ᠵᠢ ᠠᠰᠢᠭᠯᠠᠨ ᠬᠣᠣᠷᠲᠤ ᠪᠣᠬᠢᠷᠲᠤᠯ ᠪᠣᠳᠠᠰ ᠠᠭᠤᠯᠤᠭᠰᠠᠨ ᠬᠠᠶᠠᠭᠳᠠᠮᠠᠯ ᠤᠰᠤ᠂ ᠡᠪᠡᠳᠴᠢᠨ ᠡᠭᠦᠰᠭᠡᠭᠴᠢ ᠠᠭᠤᠯᠤᠭᠰᠠᠨ ᠪᠣᠬᠢᠷ ᠤᠰᠤ ᠪᠠ ᠪᠤᠰᠤᠳ ᠬᠠᠶᠠᠭᠳᠠᠮᠠᠯ ᠪᠣᠳᠠᠰ᠎ᠢ ᠬᠦᠷᠭᠡᠬᠦ ᠪᠤᠶᠤ ᠬᠠᠳᠠᠭ᠋ᠠᠯᠠᠬᠤ ᠵᠢ ᠴᠠᠭ᠋ᠠᠵᠠᠯᠠᠨ᠎ᠠ᠃
      ᠳᠥᠴᠢᠨ ᠨᠢᠭᠡᠳᠦᠭᠡᠷ ᠵᠦᠢ᠍ᠯ   ᠤᠯᠠᠨ ᠳᠠᠪᠬᠤᠷᠭ᠋ᠠᠲᠤ ᠭᠠᠵᠠᠷ ᠳᠣᠣᠷᠠᠬᠢ ᠤᠰᠤᠨ᠎ᠤ ᠤᠰᠤ ᠠᠭᠤᠯᠤᠭᠰᠠᠨ ᠳᠠᠪᠬᠤᠷᠭ᠎ᠠ ᠵᠢᠨ ᠤᠰᠤᠨ᠎ᠤ ᠴᠢᠨᠠᠷ᠎ᠤᠨ ᠵᠥᠷᠢᠶ᠎ᠡ᠎ᠨᠢ ᠶᠡᠬᠡ ᠪᠠᠶ᠋ᠢᠪᠠᠯ᠂ ᠳᠠᠪᠬᠤᠷᠭ᠎ᠠ ᠬᠤᠪᠢᠶᠠᠨ ᠨᠡᠭᠡᠭᠡᠨ ᠮᠠᠯᠲᠠᠬᠤ ᠬᠡᠷᠡᠭᠲᠡᠶ; ᠨᠢᠭᠡᠨᠲᠡ ᠪᠣᠬᠢᠷᠲᠤᠭᠳᠠᠭᠰᠠᠨ ᠳᠠᠯᠳᠠ ᠤᠰᠤ ᠪᠠ ᠳᠠᠷᠤᠯᠲᠠᠲᠤ ᠤᠰᠤ ᠵᠢ ᠬᠣᠯᠢᠯᠳᠤᠭᠤᠯᠤᠨ ᠮᠠᠯᠲᠠᠵᠤ ᠪᠣᠯᠬᠤ ᠦᠭᠡᠢ᠃
      ᠳᠥᠴᠢᠨ ᠬᠣᠶᠠᠳᠤᠭ᠋ᠠᠷ ᠵᠦᠢ᠍ᠯ   ᠭᠠᠵᠠᠷ ᠳᠣᠣᠷᠠᠬᠢ ᠪᠠᠷᠢᠯᠭ᠎ᠠ ᠵᠢᠨ ᠲᠥᠬᠥᠭᠡᠷᠦᠮᠵᠢ ᠵᠢ ᠪᠠᠶ᠋ᠢᠭᠤᠯᠬᠤ ᠪᠤᠶᠤ ᠭᠠᠵᠠᠷ ᠳᠣᠣᠷ᠎ᠠ ᠬᠠᠶ᠋ᠢᠨ ᠰᠢᠨᠵᠢᠬᠦ᠂ ᠠᠭᠤᠷᠬᠠᠶ ᠮᠠᠯᠲᠠᠬᠤ ᠵᠡᠷᠭᠡ ᠠᠵᠢᠯᠯᠠᠭ᠎ᠠ ᠬᠢᠬᠦ᠎ᠳᠡᠭᠡᠨ ᠰᠡᠷᠭᠡᠶ᠋ᠢᠯᠡᠨ ᠬᠠᠮᠠᠭ᠋ᠠᠯᠠᠬᠤ ᠴᠢᠨᠠᠷᠲᠠᠶ ᠠᠷᠭ᠎ᠠ ᠬᠡᠮᠵᠢᠶ᠎ᠡ ᠠᠪᠴᠤ᠂ ᠭᠠᠵᠠᠷ ᠳᠣᠣᠷᠠᠬᠢ ᠤᠰᠤᠨ᠎ᠤ ᠪᠣᠬᠢᠷᠲᠤᠬᠤ᠎ᠠᠴᠠ ᠰᠡᠷᠭᠡᠶ᠋ᠢᠯᠡᠬᠦ ᠬᠡᠷᠡᠭᠲᠡᠶ᠃
      ᠬᠡᠷᠡᠭᠯᠡᠭᠡᠨ᠎ᠠᠴᠠ ᠭᠠᠷᠤᠭᠰᠠᠨ ᠠᠭᠤᠷᠬᠠᠶ ᠵᠢᠨ ᠬᠤᠳᠳᠤᠭ ᠂ ᠦᠷᠦᠮᠳᠡᠭᠰᠡᠨ ᠬᠤᠳᠳᠤᠭ ᠪᠤᠶᠤ   ᠤᠰᠤᠨ ᠬᠤᠳᠳᠤᠭ ᠵᠡᠷᠭᠡ ᠵᠢ ᠪᠢᠲᠡᠭᠦᠮᠵᠢᠯᠡᠬᠦ ᠪᠤᠶᠤ ᠡᠭᠡᠭᠦᠯᠦᠨ ᠪᠥᠭᠯᠡᠬᠦ ᠬᠡᠷᠡᠭᠲᠡᠶ᠃
      ᠳᠥᠴᠢᠨ ᠭᠤᠷᠪᠠᠳᠤᠭ᠋ᠠᠷ ᠵᠦᠢ᠍ᠯ   ᠬᠦᠮᠦᠨ᠎ᠤ ᠬᠦᠴᠦ᠎ᠪᠠᠷ ᠡᠭᠡᠭᠦᠯᠦᠨ ᠴᠢᠳᠬᠤᠵᠤ ᠭᠠᠵᠠᠷ ᠳᠣᠣᠷᠠᠬᠢ ᠤᠰᠤ ᠵᠢ ᠨᠥᠬᠥᠪᠥᠷᠢᠯᠡᠬᠦ᠎ᠳᠡᠭᠡᠨ ᠭᠠᠵᠠᠷ ᠳᠣᠣᠷᠠᠬᠢ ᠤᠰᠤᠨ᠎ᠤ ᠴᠢᠨᠠᠷ᠎ᠢ ᠮᠠᠭᠤᠳᠠᠭᠤᠯᠵᠤ ᠪᠣᠯᠬᠤ ᠦᠭᠡᠢ᠃
      ᠬᠣᠶᠠᠳᠤᠭ᠋ᠠᠷ ᠬᠡᠰᠡᠭ ᠠᠵᠤ ᠦᠢ᠍ᠯᠡᠳᠪᠦᠷᠢ ᠵᠢᠨ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ
      ᠳᠥᠴᠢᠨ ᠳᠥᠷᠪᠡᠳᠦᠭᠡᠷ ᠵᠦᠢ᠍ᠯ   ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠠᠵᠤ ᠦᠢ᠍ᠯᠡᠳᠪᠦᠷᠢ ᠵᠢᠨ ᠪᠠᠶ᠋ᠢᠷᠢᠰᠢᠯ᠎ᠢ ᠵᠦᠢ ᠵᠣᠬᠢᠰᠲᠠᠶ᠎ᠪᠠᠷ ᠲᠥᠯᠥᠪᠵᠢᠭᠦᠯᠵᠦ᠂ ᠤᠰᠤ ᠵᠢ ᠪᠣᠬᠢᠷᠲᠤᠭᠤᠯᠤᠭᠰᠠᠨ ᠠᠵᠤ ᠠᠬᠤᠶ᠋ᠢᠯᠠᠯ᠎ᠳᠤ ᠲᠧᠭᠨᠢᠭ ᠮᠡᠷᠭᠡᠵᠢᠯ᠎ᠤᠨ ᠥᠭᠡᠷᠡᠴᠢᠯᠡᠯᠲᠡ ᠬᠢᠯᠭᠡᠬᠦ᠎ᠪᠠᠷ ᠱᠠᠭ᠋ᠠᠷᠳᠠᠵᠤ᠂ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠠᠪᠴᠤ᠂ ᠤᠰᠤ ᠵᠢ ᠳᠠᠪᠲᠠᠨ ᠠᠰᠢᠭᠯᠠᠬᠤ ᠨᠤᠷᠮ᠎ᠠ ᠵᠢ ᠳᠡᠭᠡᠭᠰᠢᠯᠡᠭᠦᠯᠵᠦ᠂ ᠬᠠᠶᠠᠭᠳᠠᠮᠠᠯ ᠤᠰᠤ ᠪᠣᠯᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠡᠷᠡᠭᠲᠡᠶ᠃
      ᠳᠥᠴᠢᠨ ᠲᠠᠪᠤᠳᠤᠭ᠋ᠠᠷ ᠵᠦᠢ᠍ᠯ   ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠭᠠᠳᠠᠭᠰᠢᠯᠠᠭᠤᠯᠬᠤ ᠠᠵᠤ ᠠᠬᠤᠶ᠋ᠢᠯᠠᠯ᠎ᠤᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠭᠠᠷᠭ᠋ᠠᠭᠰᠠᠨ ᠪᠦᠬᠦ ᠬᠠᠶᠠᠭᠳᠠᠮᠠᠯ ᠤᠰᠤ ᠵᠢ ᠴᠤᠭᠯᠠᠭᠤᠯᠤᠨ ᠰᠢᠢ᠍ᠳᠪᠤᠷᠢᠯᠡᠵᠦ᠂ ᠣᠷᠴᠢᠨ ᠲᠤᠭᠤᠷᠢᠨ᠎ᠢ ᠪᠣᠬᠢᠷᠲᠤᠭᠤᠯᠬᠤ᠎ᠠᠴᠠ ᠰᠡᠷᠭᠡᠶ᠋ᠢᠯᠡᠬᠦ ᠬᠡᠷᠡᠭᠲᠡᠶ᠃ ᠬᠣᠣᠷ ᠬᠥᠨᠥᠭᠡᠯ᠎ᠲᠠᠢ ᠤᠰᠤᠨ᠎ᠤ ᠪᠤᠬᠢᠷᠳᠤᠯ ᠪᠤᠳᠠᠰ ᠠᠭᠤᠯᠤᠭᠰᠠᠨ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠲᠦᠷᠦᠯ ᠬᠤᠪᠢᠶᠠᠨ ᠴᠤᠭᠯᠠᠭᠤᠯᠬᠤ ᠪᠠ ᠰᠢᠢ᠍ᠳᠪᠤᠷᠢᠯᠡᠬᠦ ᠬᠡᠷᠡᠭᠲᠡᠶ᠂ ᠰᠢᠩᠭᠡᠷᠡᠭᠦᠯᠦᠨ ᠭᠠᠳᠠᠭᠰᠢᠯᠠᠭᠤᠯᠵᠤ ᠪᠣᠯᠬᠤ ᠦᠭᠡᠢ᠃
      ᠠᠵᠤ ᠦᠢ᠍ᠯᠡᠳᠪᠦᠷᠢ ᠵᠢᠨ ᠪᠥᠭᠡᠮᠨᠡᠷᠡᠯ᠎ᠤᠨ ᠣᠷᠣᠨ᠎ᠳᠤ ᠪᠣᠬᠢᠷ ᠤᠰᠤ ᠵᠢ ᠲᠥᠪᠯᠡᠷᠡᠭᠦᠯᠦᠨ   ᠰᠢᠢ᠍ᠳᠪᠤᠷᠢᠯᠡᠬᠦ ᠵᠣᠬᠢᠴᠠᠩᠭᠤᠶ ᠲᠥᠬᠥᠭᠡᠷᠦᠮᠵᠢ ᠵᠢ ᠢᠵᠢ ᠪᠦᠷᠢᠳᠦᠭᠦᠯᠦᠨ ᠪᠠᠶ᠋ᠢᠭᠤᠯᠵᠤ᠂ ᠬᠢᠨᠠᠨ ᠬᠡᠮᠵᠢᠬᠦ ᠠᠦ᠋ᠲ᠋ᠣ᠋ ᠲᠥᠬᠥᠭᠡᠷᠦᠮᠵᠢ ᠤᠭᠰᠠᠷᠠᠵᠤ᠂ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ   ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠡᠵᠡᠮᠳᠡᠬᠦ ᠲᠥᠬᠥᠭᠡᠷᠦᠮᠵᠢ᠎ᠲᠠᠢ ᠰᠦᠯᠵᠢᠶᠡᠨ᠎ᠳᠤ ᠬᠣᠯᠪᠣᠬᠤ ᠵᠢᠨ ᠬᠠᠮᠲᠤ ᠬᠢᠨᠠᠨ ᠬᠡᠮᠵᠢᠬᠦ ᠲᠥᠬᠥᠭᠡᠷᠦᠮᠵᠢ ᠵᠢᠨ ᠬᠡᠪ᠎ᠤᠨ ᠠᠵᠢᠯᠯᠠᠭ᠋ᠠᠨ᠎ᠢ ᠪᠠᠲᠤᠯᠠᠬᠤ ᠬᠡᠷᠡᠭᠲᠡᠶ᠃
      ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠤᠷᠢᠯᠡᠬᠦ ᠪᠡᠯᠡᠳᠬᠡᠮᠵᠢ᠎ᠳᠤ ᠠᠵᠤ ᠦᠢ᠍ᠯᠡᠳᠪᠤᠷᠢ ᠵᠢᠨ ᠬᠠᠶᠠᠭᠳᠠᠮᠠᠯ ᠤᠰᠤ ᠵᠢ ᠭᠠᠳᠠᠭᠰᠢᠯᠠᠭᠤᠯᠬᠤ᠎ᠳᠤ᠂ ᠤᠯᠤᠰ᠎ᠤᠨ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠤᠷᠢᠳᠴᠢᠯᠠᠨ ᠰᠢᠢ᠍ᠳᠪᠤᠷᠢᠯᠡᠵᠦ᠂ ᠲᠥᠪᠯᠡᠷᠡᠭᠦᠯᠦᠨ ᠰᠢᠢ᠍ᠳᠪᠤᠷᠢᠯᠡᠬᠦ ᠪᠡᠯᠡᠳᠬᠡᠮᠵᠢ ᠵᠢ   ᠰᠢᠢ᠍ᠳᠪᠤᠷᠢᠯᠡᠬᠦ ᠤᠷᠠᠯᠠᠯ᠎ᠤᠨ ᠱᠠᠭ᠋ᠠᠷᠳᠠᠯᠭ᠎ᠠ᠎ᠳᠤ ᠭᠦᠷᠦᠭᠰᠡᠨ᠎ᠤ ᠳᠠᠷᠠᠭ᠎ᠠ ᠰᠠᠶᠢ ᠭᠠᠳᠠᠭᠰᠢᠯᠠᠭᠤᠯᠵᠤ ᠪᠣᠯᠤᠨ᠎ᠠ᠃
      ᠳᠥᠴᠢᠨ ᠵᠢᠷᠭᠤᠳᠤᠭ᠋ᠠᠷ ᠵᠦᠢ᠍ᠯ   ᠤᠯᠤᠰ᠎ᠠᠴᠠ ᠤᠰᠤᠨ᠎ᠤ ᠣᠷᠴᠢᠨ ᠲᠣᠭᠣᠷᠢᠨ᠎ᠢ ᠬᠦᠨᠳᠦ ᠨᠣᠴᠢᠲᠠᠢ ᠪᠣᠬᠢᠷᠲᠤᠭᠤᠯᠬᠤ ᠬᠣᠴᠣᠷᠤᠩᠭᠤᠢ ᠤᠷᠠᠯᠠᠯ ᠪᠠ ᠲᠤᠨᠤᠭ ᠲᠥᠬᠥᠭᠡᠷᠦᠮᠵᠢ ᠵᠢ   ᠰᠢᠭᠰᠢᠬᠦ ᠲᠦᠷᠢᠮ᠎ᠢ ᠬᠡᠷᠡᠭᠵᠢᠭᠦᠯᠦᠨ᠎ᠡ᠃
      ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠵᠤ ᠠᠬᠤᠶ ᠵᠢᠨ ᠶᠡᠷᠦᠩᠬᠡᠶ᠋ᠢᠯᠡᠭᠰᠡᠨ ᠬᠣᠷᠸ᠎ᠠ ᠲᠤᠬᠢᠷᠠᠭᠤᠯᠤᠯ ᠡᠵᠡᠮᠳᠡᠯ᠎ᠤᠨ ᠰᠠᠯᠠᠭ᠎ᠠ ᠮᠥᠴᠢᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠵᠤ ᠪᠠᠶ᠋ᠢᠭ᠋ᠠᠳ ᠬᠡᠷᠡᠭᠯᠡᠬᠦ ᠵᠢ᠎ᠨᠢ ᠬᠤᠭᠤᠴᠠᠭ᠎ᠠ ᠲᠣᠭᠲᠠᠭ᠋ᠠᠨ ᠴᠠᠭ᠋ᠠᠵᠠᠯᠠᠭᠰᠠᠨ ᠤᠰᠤᠨ᠎ᠤ ᠣᠷᠴᠢᠨ ᠲᠤᠭᠤᠷᠢᠨ᠎ᠢ ᠬᠦᠨᠳᠦ ᠨᠣᠴᠢᠲᠠᠶ ᠪᠣᠬᠢᠷᠲᠤᠭᠤᠯᠬᠤ ᠤᠷᠠᠯᠠᠯ᠎ᠤᠨ ᠨᠡᠷᠡᠰ᠎ᠤᠨ ᠵᠢᠭᠰᠠᠭ᠋ᠠᠯᠲᠠ ᠪᠠ ᠦᠢ᠍ᠯᠡᠳᠪᠦᠷᠢᠯᠡᠬᠦ᠂ ᠪᠣᠷᠣᠯᠠᠭᠤᠯᠬᠤ᠂ ᠭᠠᠳᠠᠭ᠋ᠠᠳᠤ᠎ᠠᠴᠠ ᠣᠷᠣᠭᠤᠯᠬᠤ᠂ ᠬᠡᠷᠡᠭᠯᠡᠬᠦ ᠵᠢ᠎ᠨᠢ ᠬᠤᠭᠤᠴᠠᠭ᠎ᠠ ᠲᠣᠭᠲᠠᠭ᠋ᠠᠨ ᠴᠠᠭ᠋ᠠᠵᠠᠯᠠᠭᠰᠠᠨ ᠤᠰᠤᠨ᠎ᠤ ᠣᠷᠴᠢᠨ ᠲᠤᠭᠤᠷᠢᠨ᠎ᠢ ᠬᠦᠨᠳᠦ ᠨᠣᠴᠢᠲᠠᠶ ᠪᠣᠬᠢᠷᠲᠤᠭᠤᠯᠬᠤ ᠲᠥᠬᠥᠭᠡᠷᠦᠮᠵᠢ ᠵᠢᠨ ᠨᠡᠷᠡᠰ᠎ᠤᠨ ᠵᠢᠭᠰᠠᠭ᠋ᠠᠯᠲᠠ ᠵᠢ ᠨᠡᠶ᠋ᠢᠲᠡᠯᠡᠨ᠎ᠡ᠃
      ᠦᠢ᠍ᠯᠡᠳᠪᠦᠷᠢᠯᠡᠭᠴᠢ᠂ ᠪᠣᠷᠣᠯᠠᠭᠤᠯᠤᠭᠴᠢ᠂ ᠭᠠᠳᠠᠭ᠋ᠠᠳᠤ᠎ᠠᠴᠠ ᠣᠷᠣᠭᠤᠯᠤᠭᠴᠢ ᠪᠤᠶᠤ ᠬᠡᠷᠡᠭᠯᠡᠭᠴᠢ ᠡᠮᠦᠨᠡᠬᠢ ᠪᠠᠳᠠᠭ᠎ᠲᠤ ᠲᠣᠭᠲᠠᠭ᠋ᠠᠭᠰᠠᠨ ᠲᠤᠨᠤᠭ ᠲᠥᠬᠥᠭᠡᠷᠦᠮᠵᠢ ᠵᠢᠨ ᠨᠡᠷᠡᠰ᠎ᠤᠨ ᠵᠢᠭᠰᠠᠭ᠋ᠠᠯᠲᠠ᠎ᠳᠤ ᠤᠷᠤᠭᠰᠠᠨ ᠲᠤᠨᠤᠭ ᠲᠥᠬᠥᠭᠡᠷᠦᠮᠵᠢ ᠵᠢ ᠦᠢ᠍ᠯᠡᠳᠪᠦᠷᠢᠯᠡᠬᠦ᠂ ᠪᠣᠷᠣᠯᠠᠭᠤᠯᠬᠤ᠂ ᠭᠠᠳᠠᠭ᠋ᠠᠳᠤ᠎ᠠᠴᠠ ᠣᠷᠣᠭᠤᠯᠬᠤ ᠪᠤᠶᠤ ᠬᠡᠷᠡᠭᠯᠡᠬᠦ᠎ᠪᠠᠨ ᠲᠣᠭᠲᠠᠭᠰᠠᠨ ᠬᠤᠭᠤᠴᠠᠭ᠋ᠠᠨ᠎ᠤ ᠳᠣᠲᠣᠷ᠎ᠠ ᠵᠣᠭᠰᠣᠭ᠋ᠠᠬᠤ ᠬᠡᠷᠡᠭᠲᠡᠢ᠃ ᠤᠷᠠᠯᠠᠯ᠎ᠢ ᠬᠡᠷᠡᠭᠯᠡᠭᠴᠢᠳ ᠡᠮᠦᠨᠡᠬᠢ ᠪᠠᠳᠠᠭ᠎ᠲᠤ ᠲᠣᠭᠲᠠᠭ᠋ᠠᠭᠰᠠᠨ ᠤᠷᠠᠯᠠᠯ᠎ᠤᠨ ᠨᠡᠷᠡᠰ᠎ᠤᠨ ᠵᠢᠭᠰᠠᠭ᠋ᠠᠯᠲᠠ᠎ᠳᠤ ᠤᠷᠤᠭᠰᠠᠨ ᠤᠷᠠᠯᠠᠯ᠎ᠢ ᠲᠣᠭᠲᠠᠭᠰᠠᠨ ᠬᠤᠭᠤᠴᠠᠭ᠋ᠠᠨ᠎ᠤ ᠳᠣᠲᠣᠷ᠎ᠠ ᠬᠡᠷᠡᠭᠯᠡᠬᠦ᠎ᠪᠠᠨ ᠵᠣᠭᠰᠣᠬᠤ ᠬᠡᠷᠡᠭᠲᠡᠶ᠃
      ᠲᠤᠰ ᠵᠦᠢ᠍ᠯ᠎ᠤᠨ ᠬᠣᠶᠠᠳᠤᠭ᠋ᠠᠷ ᠪᠠᠳᠠᠭ᠂ ᠭᠤᠷᠪᠠᠳᠤᠭ᠋ᠠᠷ ᠪᠠᠳᠠᠭ᠎ᠤᠨ ᠲᠣᠭᠲᠠᠭ᠋ᠠᠯ ᠶᠣᠰᠣᠭ᠋ᠠᠷ   ᠰᠢᠭᠰᠢᠭᠳᠡᠭᠰᠡᠨ ᠲᠤᠨᠤᠭ ᠲᠥᠬᠥᠭᠡᠷᠦᠮᠵᠢ ᠵᠢ ᠪᠤᠰᠤᠳ᠎ᠲᠤ ᠰᠢᠯᠵᠢᠭᠦᠯᠦᠨ ᠥᠭᠴᠦ ᠬᠡᠷᠡᠭᠯᠡᠭᠦᠯᠵᠦ ᠪᠣᠯᠬᠤ ᠦᠭᠡᠢ᠃
      ᠳᠥᠴᠢᠨ ᠳᠣᠯᠣᠳᠤᠭ᠋ᠠᠷ ᠵᠦᠢ᠍ᠯ   ᠤᠯᠤᠰ᠎ᠠᠴᠠ ᠤᠯᠤᠰ᠎ᠤᠨ ᠠᠵᠤ ᠦᠢ᠍ᠯᠡᠰ᠎ᠤᠨ ᠲᠤᠢ᠍ᠷᠦ ᠵᠢᠨ ᠪᠤᠳᠦᠯᠭ᠎ᠠ᠎ᠳᠤ ᠤᠢ᠍ᠯᠦ ᠨᠡᠶ᠋ᠢᠴᠡᠬᠦ ᠵᠢᠵᠢᠭ ᠬᠡᠯᠪᠡᠷᠢ ᠵᠢᠨ ᠴᠠᠭ᠋ᠠᠰᠤ ᠬᠢᠬᠦ᠂ ᠠᠷᠠᠰᠤ ᠰᠢᠷᠢ ᠦᠢ᠍ᠯᠡᠳᠬᠦ᠂ ᠳᠠᠷᠤᠮᠠᠯᠯᠠᠨ ᠪᠤᠳᠦᠬᠤ᠂ ᠪᠤᠳᠦᠬ᠂ ᠬᠡᠦᠷᠡᠰᠦ ᠪᠣᠯᠪᠠᠰᠤᠷᠠᠭᠤᠯᠬᠤ᠂ ᠬᠦᠬᠦᠷ ᠪᠣᠯᠪᠠᠰᠤᠷᠠᠭᠤᠯᠬᠤ᠂ ᠠᠷᠰᠧᠨ ᠪᠣᠯᠪᠠᠰᠤᠷᠠᠭᠤᠯᠬᠤ᠂ ᠮᠥᠩᠭᠥᠨ ᠤᠰᠤ ᠪᠣᠯᠪᠠᠰᠤᠷᠠᠭᠤᠯᠬᠤ᠂ ᠲᠤᠰᠦ ᠪᠣᠯᠪᠠᠰᠤᠷᠠᠭᠤᠯᠬᠤ᠂ ᠴᠠᠬᠢᠯᠭ᠋ᠠᠨ ᠵᠶ᠋ᠠᠷ ᠥᠩᠭᠡᠯᠡᠬᠦ᠂ ᠲᠠᠷᠢᠶᠠᠨ ᠡᠮ᠂ ᠰᠢᠷᠪᠥᠰᠥᠨ ᠴᠢᠯᠠᠭᠤ᠂ ᠱᠦᠢ᠍ᠨᠢ᠂ ᠰᠢᠯ᠂ ᠪᠤᠯᠤᠤᠠ ᠲᠡᠮᠦᠷ᠂ ᠢᠯᠴᠢ ᠵᠢᠨ ᠴᠠᠬᠢᠯᠭ᠋ᠠᠨ ᠵᠢᠴᠢ ᠤᠰᠦᠠ᠎ᠤ ᠣᠷᠴᠢᠨ ᠲᠣᠭᠣᠷᠢᠨ᠎ᠢ ᠬᠦᠨᠳᠦ ᠨᠣᠴᠢᠲᠠᠶ ᠪᠣᠬᠢᠷᠲᠤᠭᠤᠯᠬᠤ ᠪᠤᠰᠤᠳ ᠦᠢ᠍ᠯᠡᠳᠪᠦᠷᠢᠯᠡᠯ᠎ᠤᠨ ᠵᠦᠢ᠍ᠯᠡᠰ᠎ᠢ ᠰᠢᠨ᠎ᠡ᠎ᠪᠠᠷ ᠪᠠᠶ᠋ᠢᠭᠤᠯᠬᠤ ᠵᠢ ᠴᠠᠭ᠋ᠠᠵᠠᠯᠠᠨ᠎ᠠ᠃
      ᠳᠥᠴᠢᠨ ᠨᠠᠢ᠍ᠮᠠᠳᠤᠭ᠋ᠠᠷ ᠵᠦᠢ᠍ᠯ   ᠠᠵᠤ ᠠᠬᠤᠶ᠋ᠢᠯᠠᠯ᠎ᠤᠳ ᠲᠦᠭᠦᠬᠡᠶ ᠡᠳ᠋ ᠮᠠᠲ᠋ᠧᠷᠢᠶᠠᠯ᠎ᠤᠨ ᠠᠰᠢᠭᠯᠠᠯᠲᠠ ᠵᠢᠨ ᠨᠤᠷᠮ᠎ᠠ᠎ᠪᠠᠷ ᠥᠨᠳᠥᠷ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠪᠠᠷ ᠪᠠᠭ᠎ᠠ ᠪᠠᠶ᠋ᠢᠳᠠᠭ ᠠᠷᠢᠭᠤᠨ ᠴᠡᠪᠡᠷ᠎ᠤᠨ ᠤᠷᠠᠯᠠᠯ᠎ᠢ ᠬᠡᠷᠡᠭᠯᠡᠬᠦ ᠵᠢᠨ ᠬᠠᠮᠲᠤ ᠬᠠᠮᠢᠶᠠᠷᠤᠯᠲᠠ᠎ᠪᠠᠨ ᠴᠢᠩᠭ᠋ᠠᠳᠬᠠᠵᠤ᠂ ᠤᠰᠤᠨ᠎ᠤ ᠪᠤᠬᠢᠷᠳᠤᠯ ᠪᠤᠳᠠᠰ ᠡᠭᠦᠰᠬᠦ ᠵᠢ ᠪᠠᠭ᠋ᠠᠰᠬᠠᠬᠤ ᠬᠡᠷᠡᠭᠲᠡᠶ᠃
      ᠭᠤᠷᠪᠠᠳᠤᠭ᠋ᠠᠷ ᠬᠡᠰᠡᠭ   ᠬᠤᠳᠠ ᠪᠠᠯᠭ᠋ᠠᠰᠤᠨ᠎ᠤ ᠤᠰᠤᠨ᠎ᠤ ᠪᠤᠬᠢᠷᠳᠤᠯ᠎ᠢ ᠰᠡᠷᠭᠡᠢ᠌ᠯᠡᠨ ᠵᠠᠰᠠᠬᠤ
      ᠳᠥᠴᠢ ᠶᠢᠰᠦᠳᠦᠭᠡᠷ ᠵᠦᠢ᠍ᠯ   ᠬᠤᠳᠠ ᠪᠠᠯᠭ᠋ᠠᠰᠤᠨ᠎ᠤ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠦᠷᠢᠯᠡᠬᠦ ᠬᠡᠷᠡᠭᠲᠡᠢ᠃
    ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠡᠳ᠋᠎ᠤᠨ ᠵᠠᠰᠠᠭ᠎ᠤᠨ ᠲᠥᠰᠦᠪ ᠪᠠ ᠪᠤᠰᠤᠳ ᠠᠷᠭ᠎ᠠ ᠵᠠᠮ ᠵᠶ᠋ᠠᠷ ᠳᠠᠮᠵᠢᠭᠤᠯᠤᠨ ᠪᠡᠯᠡ ᠮᠥᠩᠭᠥ ᠴᠤᠭᠯᠠᠭᠤᠯᠵᠤ᠂ ᠬᠤᠳᠠ ᠪᠠᠯᠭ᠋ᠠᠰᠤᠨ᠎ᠤ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠤᠷᠢᠯᠡᠬᠦ ᠲᠥᠬᠥᠭᠡᠷᠦᠮᠵᠢ ᠵᠢᠴᠢ ᠢᠵᠢ ᠪᠦᠷᠢᠳᠦᠭᠦᠯᠬᠦ ᠬᠣᠭᠣᠯᠠᠶ ᠵᠢᠨ ᠲᠣᠣᠷ᠎ᠢ ᠪᠠᠶ᠋ᠢᠭᠤᠯᠬᠤ ᠵᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠬᠤᠳᠠ ᠪᠠᠯᠭ᠋ᠠᠰᠤᠨ᠎ᠤ ᠪᠣᠬᠢᠷ ᠤᠰᠤ ᠵᠢ ᠬᠤᠷᠢᠶᠠᠨ ᠴᠤᠭᠯᠠᠭᠤᠯᠬᠤ ᠨᠤᠷᠮ᠎ᠠ ᠪᠠ   ᠰᠢᠢ᠍ᠳᠪᠤᠷᠢᠯᠡᠬᠦ ᠨᠤᠷᠮ᠎ᠠ ᠵᠢ ᠳᠡᠭᠡᠭᠰᠢᠯᠡᠭᠦᠯᠬᠦ ᠬᠡᠷᠡᠭᠲᠡᠶ᠃
      ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠪᠦᠳᠦᠭᠡᠠ ᠪᠠᠶ᠋ᠢᠭᠤᠯᠤᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠠᠵᠤ ᠠᠬᠤᠶ ᠵᠢᠨ ᠶᠡᠷᠦᠩᠬᠡᠶ᠋ᠢᠯᠡᠭᠰᠡᠨ ᠬᠣᠷᠸ᠎ᠠ ᠲᠤᠬᠢᠷᠡᠭᠤᠯᠦᠯ ᠡᠵᠡᠮᠳᠡᠯ᠂ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ   ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠵᠤ ᠪᠠᠶ᠋ᠢᠭ᠋ᠠᠳ ᠬᠤᠳᠠ ᠬᠥᠳᠡᠭᠡ ᠵᠢᠨ ᠲᠥᠯᠥᠪᠵᠢᠭᠦᠯᠭᠡ ᠪᠠ ᠤᠰᠦᠠ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ ᠵᠢ ᠦᠨᠳᠦᠰᠦᠯᠡᠨ᠂ ᠪᠦᠬᠦ ᠤᠯᠤᠰ᠎ᠤᠨ ᠬᠤᠳᠠ ᠪᠠᠯᠭ᠋ᠠᠰᠤᠨ᠎ᠤ ᠪᠤᠬᠢᠷ ᠤᠰᠤ ᠰᠢᠢ᠍ᠳᠪᠤᠷᠢᠯᠡᠬᠦ ᠲᠦᠬᠦᠭᠡᠷᠦᠮᠵᠢ ᠵᠢᠨ ᠪᠠᠢ᠌ᠭᠤᠯᠤᠯᠳᠠ ᠵᠢᠨ ᠲᠦᠯᠦᠪᠵᠢᠬᠦᠯᠭᠡ ᠵᠢ ᠨᠠᠢ᠌ᠷᠠᠭᠤᠯᠬᠤ ᠵᠢ ᠵᠤᠬᠢᠶᠠᠨ ᠪᠠᠢ᠌ᠭᠤᠯᠤᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠪᠦᠳᠦᠭᠡᠨ ᠪᠠᠶ᠋ᠢᠭᠤᠯᠤᠯᠲᠠ᠂ ᠠᠵᠤ ᠠᠬᠤᠶ ᠵᠢᠨ ᠶᠡᠷᠦᠩᠬᠡᠶ᠋ᠢᠯᠡᠭᠰᠡᠨ ᠬᠣᠷᠸ᠎ᠠ ᠲᠤᠬᠢᠷᠠᠭᠤᠯᠤᠯ ᠡᠵᠡᠮᠳᠡᠯ᠂ ᠣᠷᠴᠢᠨ ᠲᠤᠭᠤᠷᠢᠨ᠎ᠤ ᠬᠠᠮᠠᠭ᠋ᠠᠯᠠᠯᠲᠠ᠂ ᠤᠰᠤᠨ᠎ᠤ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠬᠤᠳᠠ ᠪᠠᠯᠭ᠋ᠠᠰᠤᠨ᠎ᠤ ᠪᠣᠬᠢᠷ ᠤᠰᠤ ᠵᠢ ᠰᠢᠢ᠍ᠳᠪᠤᠷᠢᠯᠡᠬᠦ ᠲᠥᠬᠥᠭᠡᠷᠦᠮᠵᠢ ᠵᠢᠨ   ᠪᠠᠶ᠋ᠢᠭᠤᠯᠤᠯᠲᠠ ᠵᠢᠨ ᠲᠦᠯᠦᠪᠵᠢᠬᠦᠯᠭᠡ ᠵᠢ ᠨᠠᠢ᠌ᠷᠠᠭᠤᠯᠤᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠪᠦᠳᠦᠭᠡᠨ ᠪᠠᠶ᠋ᠢᠭᠤᠯᠤᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠤᠳᠠ ᠪᠠᠯᠭ᠋ᠠᠰᠤᠨ᠎ᠤ ᠪᠣᠬᠢᠷ ᠤᠰᠤ ᠵᠢ ᠰᠢᠢ᠍ᠳᠪᠤᠷᠢᠯᠡᠬᠦ ᠲᠥᠬᠥᠭᠡᠷᠦᠮᠵᠢ ᠵᠢᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠶᠣᠰᠣᠭ᠋ᠠᠷ᠂ ᠬᠤᠳᠠ ᠪᠠᠯᠭ᠋ᠠᠰᠤᠨ᠎ᠤ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠤᠷᠢᠯᠡᠬᠦ ᠲᠥᠬᠥᠭᠡᠷᠦᠮᠵᠢ ᠵᠢᠴᠢ ᠢᠵᠢ ᠪᠦᠷᠢᠳᠦᠭᠦᠯᠬᠦ ᠬᠣᠭᠣᠯᠠᠶ ᠵᠢᠨ ᠲᠣᠣᠷ᠎ᠢ ᠵᠣᠬᠢᠶᠠᠨ ᠪᠠᠶ᠋ᠢᠭᠤᠯᠵᠤ ᠪᠦᠳᠦᠭᠡᠨ ᠪᠠᠶ᠋ᠢᠭᠤᠯᠬᠤ ᠬᠡᠷᠡᠭᠲᠡᠶ ᠪᠥᠭᠡᠳ ᠬᠤᠳᠠ ᠪᠠᠯᠭ᠋ᠠᠰᠤᠨ᠎ᠤ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠤᠷᠢᠯᠡᠬᠦ ᠲᠥᠬᠥᠭᠡᠷᠦᠮᠵᠢ ᠵᠢᠨ ᠡᠵᠡᠩᠨᠡᠯᠳᠡ᠎ᠳᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠶ᠃
      ᠬᠤᠳᠠ ᠪᠠᠯᠭ᠋ᠠᠰᠤᠨ᠎ᠤ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠤᠷᠢᠯᠡᠬᠦ ᠲᠥᠬᠥᠭᠡᠷᠦᠮᠵᠢ ᠵᠢ   ᠡᠵᠡᠩᠨᠡᠬᠦ ᠨᠢᠭᠡᠴᠢ᠎ᠨᠢ ᠤᠯᠤᠰ᠎ᠤᠨ ᠲᠣᠭᠲᠠᠭ᠋ᠠᠯ ᠶᠣᠰᠣᠭ᠋ᠠᠷ ᠪᠣᠬᠢᠷ ᠤᠰᠤ ᠵᠢ ᠭᠠᠳᠠᠭᠰᠢᠯᠠᠭᠤᠯᠤᠭᠴᠢ᠎ᠳᠤ ᠪᠣᠬᠢᠷ ᠤᠰᠤ ᠵᠢ ᠰᠢᠢ᠍ᠳᠪᠤᠷᠢᠯᠡᠬᠦ ᠲᠥᠯᠥᠪᠦᠷᠢᠲᠦ ᠦᠢ᠍ᠯᠡᠴᠢᠯᠡᠭᠡ ᠬᠠᠩᠭ᠋ᠠᠵᠤ᠂ ᠪᠣᠬᠢᠷ ᠤᠰᠤ ᠵᠢ ᠰᠢᠢ᠍ᠳᠪᠤᠷᠢᠯᠡᠬᠦ ᠰᠦᠢ᠍ᠳᠬᠡᠯ       ᠬᠤᠷᠢᠶᠠᠵᠤ᠂ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠤᠷᠢᠯᠡᠬᠦ ᠲᠥᠬᠥᠭᠡᠷᠦᠮᠵᠢ ᠵᠢᠨ ᠬᠡᠪ᠎ᠤᠨ ᠠᠵᠢᠯᠯᠠᠭ᠎ᠠ ᠵᠢ ᠪᠠᠲᠤᠯᠠᠨ᠎ᠠ᠃ ᠬᠤᠷᠢᠶᠠᠵᠤ ᠠᠪᠤᠭᠰᠠᠨ ᠪᠣᠬᠢᠷ ᠤᠰᠤ ᠵᠢ ᠰᠢᠢ᠍ᠳᠪᠤᠷᠢᠯᠡᠬᠦ ᠰᠦᠢ᠍ᠳᠬᠡᠯ᠎ᠢ ᠬᠤᠳᠠ ᠪᠠᠯᠭ᠋ᠠᠰᠤᠨ᠎ᠤ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠤᠷᠢᠯᠡᠬᠦ ᠲᠥᠬᠥᠭᠡᠷᠦᠮᠵᠢ ᠵᠢᠨ ᠪᠠᠶ᠋ᠢᠭᠤᠯᠤᠯᠲᠠ ᠵᠢᠨ ᠠᠵᠢᠯᠯᠠᠭ᠋ᠠᠨ ᠪᠠ ᠪᠣᠬᠢᠷ ᠰᠢᠪᠠᠷ᠎ᠢ ᠰᠢᠢ᠍ᠳᠪᠤᠷᠢᠯᠡᠬᠦ᠎ᠳᠤ ᠬᠡᠷᠡᠭᠯᠡᠬᠦ ᠬᠡᠷᠡᠭᠲᠡᠶ᠂ ᠪᠤᠰᠤᠳ ᠵᠦᠢ᠍ᠯ᠎ᠳᠤ ᠨᠡᠭᠦᠯᠭᠡᠨ ᠬᠡᠷᠡᠭᠯᠡᠵᠦ ᠪᠣᠯᠬᠤ ᠤᠢ᠍ᠭᠡᠢ᠃
      ᠬᠤᠳᠠ ᠪᠠᠯᠭ᠋ᠠᠰᠤᠨ᠎ᠤ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠤᠷᠢᠯᠡᠬᠦ ᠲᠥᠬᠥᠭᠡᠷᠦᠮᠵᠢ ᠵᠢᠨ ᠪᠣᠬᠢᠷ ᠤᠰᠤ ᠵᠢ ᠰᠢᠢ᠍ᠳᠪᠤᠷᠢᠯᠡᠬᠦ᠎ᠳᠤ ᠰᠦᠢ᠍ᠳᠬᠡᠯ ᠬᠤᠷᠢᠶᠠᠬᠤ᠂ ᠬᠠᠮᠢᠶᠠᠷᠬᠤ ᠵᠢᠴᠢ ᠬᠡᠷᠡᠭᠯᠡᠬᠦ ᠪᠣᠳᠠᠲᠠᠶ ᠠᠷᠭ᠎ᠠ ᠵᠢ ᠲᠤᠢ᠍ᠷᠦ ᠵᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭ᠋ᠠᠨ᠎ᠠ᠃
      ᠲᠠᠪᠢᠳᠤᠭ᠋ᠠᠷ ᠵᠦᠢ᠍ᠯ   ᠬᠤᠳᠠ ᠪᠠᠯᠭ᠋ᠠᠰᠤᠨ᠎ᠤ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠦᠷᠢᠯᠡᠬᠦ ᠲᠥᠬᠥᠭᠡᠷᠦᠮᠵᠢ᠎ᠳᠤ ᠤᠰᠤᠨ᠎ᠤ ᠪᠤᠬᠢᠷᠳᠤᠯ ᠪᠤᠳᠠᠰ ᠭᠠᠳᠠᠭᠰᠢᠯᠠᠭᠤᠯᠬᠤ᠎ᠳᠠᠭᠠᠨ ᠤᠯᠤᠰ ᠪᠤᠶᠤ ᠣᠷᠣᠨ ᠨᠤᠲᠤᠭ᠎ᠤᠨ ᠲᠣᠭᠲᠠᠭ᠋ᠠᠭᠰᠠᠨ ᠤᠰᠤᠨ᠎ᠤ ᠪᠤᠬᠢᠷᠳᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ᠎ᠳᠤ ᠨᠡᠶ᠋ᠢᠴᠡᠭᠦᠯᠬᠦ ᠬᠡᠷᠡᠭᠲᠡᠢ᠃
      ᠬᠣᠲᠠ ᠪᠠᠯᠭ᠋ᠠᠰᠤ ᠵᠢᠨ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠤᠷᠢᠯᠡᠬᠦ ᠲᠦᠬᠦᠭᠡᠷᠦᠮᠵᠢ ᠵᠢᠨ ᠡᠵᠡᠩᠨᠡᠯᠲᠡ ᠵᠢᠨ ᠨᠢᠭᠡᠴᠢ᠎ᠨᠢ ᠬᠣᠲᠠ ᠪᠠᠯᠭ᠋ᠠᠰᠤ ᠵᠢᠨ ᠪᠣᠬᠢᠷ ᠤᠰᠤ ᠵᠢ ᠲᠥᠪᠯᠡᠷᠡᠭᠦᠯᠦᠨ   ᠰᠢᠢ᠍ᠳᠪᠤᠷᠢᠯᠡᠬᠦ ᠲᠦᠬᠦᠭᠡᠷᠦᠮᠵᠢ᠎ᠠᠴᠠ ᠭᠠᠷᠬᠤ ᠤᠰᠤᠨ᠎ᠤ ᠴᠢᠨᠠᠷ᠎ᠲᠤ ᠬᠠᠷᠢᠭᠤᠴᠠᠬᠤ ᠬᠡᠷᠡᠭᠲᠡᠶ᠃
      ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠤᠳᠠ ᠪᠠᠯᠭ᠋ᠠᠰᠤᠨ᠎ᠤ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠤᠷᠢᠯᠡᠬᠦ ᠲᠥᠬᠥᠭᠡᠷᠦᠮᠵᠢ ᠵᠢᠨ ᠭᠠᠷᠭ᠋ᠠᠭᠰᠠᠨ ᠤᠰᠤᠨ᠎ᠤ ᠴᠢᠨᠠᠷ ᠪᠠ ᠤᠰᠤᠨ᠎ᠤ ᠬᠡᠮᠵᠢᠶ᠎ᠡ ᠵᠢ ᠬᠢᠨᠠᠵᠤ ᠪᠠᠶ᠋ᠢᠴᠠᠭ᠋ᠠᠬᠤ ᠬᠡᠷᠡᠭᠲᠡᠶ᠃
      ᠲᠠᠪᠢᠨ ᠨᠢᠭᠡᠳᠦᠭᠡᠷ ᠵᠦᠢ᠍ᠯ   ᠬᠣᠲᠠ ᠪᠠᠯᠭ᠋ᠠᠰᠤᠨ᠎ᠤ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠦᠷᠢᠯᠡᠬᠦ ᠲᠥᠬᠥᠭᠡᠷᠦᠮᠵᠢ ᠵᠢᠨ ᠡᠵᠡᠩᠨᠡᠯᠲᠡ ᠵᠢᠨ ᠨᠢᠭᠡᠴᠢ ᠪᠤᠶᠤ ᠪᠤᠬᠢᠷ ᠰᠢᠪᠠᠷ᠎ᠢ ᠰᠢᠢ᠍ᠳᠪᠦᠷᠢᠯᠡᠬᠦ ᠨᠢᠭᠡᠴᠢ᠎ᠨᠢ ᠪᠤᠬᠢᠷ ᠰᠢᠪᠠᠷ᠎ᠢ ᠠᠶᠤᠯᠬᠦᠢ᠎ᠪᠠᠷ ᠰᠢᠢ᠍ᠳᠪᠦᠷᠢᠯᠡᠵᠦ᠂ ᠰᠢᠢ᠍ᠳᠪᠦᠷᠢᠯᠡᠭᠰᠡᠨ᠎ᠤ ᠳᠠᠷᠠᠭ᠋ᠠᠬᠢ ᠪᠤᠬᠢᠷ ᠰᠢᠪᠠᠷ᠎ᠤᠨ ᠤᠯᠤᠰ᠎ᠤᠨ ᠪᠠᠷᠢᠮᠵᠢᠶ᠎ᠠ᠎ᠳᠤ ᠨᠡᠶ᠋ᠢᠴᠡᠬᠦ ᠵᠢ ᠪᠠᠲᠤᠯᠠᠬᠤ ᠵᠢᠨ ᠬᠠᠮᠲᠤ ᠪᠤᠬᠢᠷ ᠰᠢᠪᠠᠷ᠎ᠤᠨ ᠤᠳᠤᠭᠰᠠᠨ ᠴᠢᠭᠯᠡᠯ ᠵᠡᠷᠭᠡ ᠵᠢ ᠲᠡᠮᠳᠡᠭᠯᠡᠬᠦ ᠬᠡᠷᠡᠭᠲᠡᠢ᠃
      ᠳᠥᠷᠪᠡᠳᠦᠭᠡᠷ ᠬᠡᠰᠡᠭ   ᠲᠠᠷᠢᠶᠠᠯᠠᠩ ᠪᠠ ᠬᠥᠳᠡᠭᠡ ᠲᠣᠰᠬᠣᠨ᠎ᠤ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ
      ᠲᠡᠪᠢᠠ ᠬᠣᠶᠠᠳᠤᠭ᠋ᠠᠷ ᠵᠦᠢ᠍ᠯ   ᠤᠯᠤᠰ᠎ᠠᠴᠠ ᠬᠥᠳᠡᠭᠡ ᠲᠣᠰᠬᠣᠨ᠎ᠤ ᠪᠣᠬᠢᠷ ᠤᠰᠤ᠂ ᠬᠣᠭ ᠨᠣᠪᠰᠢ ᠵᠢ ᠰᠢᠢ᠍ᠳᠪᠤᠷᠢᠯᠡᠬᠦ ᠲᠥᠬᠥᠭᠡᠷᠦᠮᠵᠢ ᠵᠢᠨ ᠪᠦᠳᠦᠭᠡᠠ ᠪᠠᠶ᠋ᠢᠭᠤᠯᠤᠯᠲᠠ ᠵᠢ ᠲᠡᠮᠵᠢᠵᠦ᠂ ᠬᠥᠳᠡᠭᠡ ᠲᠣᠰᠬᠣᠨ᠎ᠤ ᠪᠣᠬᠢᠷ ᠤᠰᠤ᠂ ᠬᠣᠭ ᠨᠣᠪᠰᠢ ᠵᠢ ᠲᠥᠪᠯᠡᠷᠡᠭᠦᠯᠦᠨ ᠰᠢᠢ᠍ᠳᠪᠤᠷᠢᠯᠡᠬᠦ ᠵᠢ ᠲᠤᠢ᠍ᠯᠬᠢᠠ ᠠᠬᠢᠭᠤᠯᠤᠨ᠎ᠠ᠃
      ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠥᠳᠡᠭᠡ ᠲᠣᠰᠬᠣᠨ᠎ᠤ ᠪᠣᠬᠢᠷ ᠤᠰᠤ᠂ ᠬᠣᠭ ᠨᠣᠪᠰᠢ ᠵᠢ ᠰᠢᠢ᠍ᠳᠪᠤᠷᠢᠯᠡᠬᠦ ᠲᠥᠬᠥᠭᠡᠷᠦᠮᠵᠢ ᠵᠢ ᠨᠢᠭᠡᠳᠦᠯᠲᠡᠶ ᠲᠥᠯᠥᠪᠵᠢᠭᠦᠯᠦᠨ ᠪᠦᠳᠦᠭᠡᠠ ᠪᠠᠶ᠋ᠢᠭᠤᠯᠬᠤ ᠵᠢᠨ ᠬᠠᠮᠲᠤ ᠲᠡᠭᠦᠨ᠎ᠤ ᠬᠡᠪ᠎ᠤᠨ ᠠᠵᠢᠯᠯᠠᠭ᠎ᠠ ᠵᠢ ᠪᠠᠲᠤᠯᠠᠬᠤ ᠬᠡᠷᠡᠭᠲᠡᠶ᠃
      ᠲᠡᠪᠢᠠ ᠭᠤᠷᠪᠠᠳᠤᠭ᠋ᠠᠷ ᠵᠤᠢ᠌ᠯ   ᠬᠢᠮᠢ ᠵᠢᠨ ᠪᠤᠷᠳᠦᠭᠤᠷ᠂ ᠲᠠᠷᠢᠶᠠᠨ ᠡᠮ ᠵᠡᠷᠭᠡ ᠤᠢ᠍ᠢ᠍ᠯᠡᠦᠡᠬᠦᠠ᠎ᠤ ᠶᠠᠰᠤ ᠴᠢᠨᠠᠷ᠎ᠤᠨ ᠪᠠᠷᠢᠮᠵᠢᠶ᠎ᠠ ᠪᠠ ᠬᠡᠷᠡᠭᠯᠡᠬᠦ ᠪᠠᠷᠢᠮᠵᠢᠶ᠎ᠠ ᠵᠢ ᠲᠣᠭᠲᠠᠭ᠋ᠠᠬᠤ᠎ᠳᠠᠭᠠᠨ ᠤᠰᠦᠠ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠱᠠᠭ᠋ᠠᠷᠳᠠᠯᠭ᠎ᠠ᠎ᠳᠤ ᠨᠡᠶ᠋ᠢᠴᠡᠭᠦᠯᠬᠦ ᠬᠡᠷᠡᠭᠲᠡᠶ᠃
      ᠲᠠᠪᠢᠨ ᠳᠥᠷᠪᠡᠳᠦᠭᠡᠷ ᠵᠤᠢ᠌ᠯ   ᠲᠠᠷᠢᠶᠠᠨ ᠡᠮ᠎ᠢ ᠬᠡᠷᠡᠭᠯᠡᠬᠦ᠎ᠳᠡᠭᠡᠨ ᠲᠠᠷᠢᠶᠠᠨ ᠡᠮ᠎ᠢ ᠠᠶᠤᠯᠭᠦᠶ ᠬᠡᠷᠡᠭᠯᠡᠬᠦ ᠲᠤᠬᠠᠶ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠪᠠ ᠪᠠᠷᠢᠮᠵᠢᠶ᠎ᠠ᠎ᠳᠤ ᠨᠡᠶ᠋ᠢᠴᠡᠭᠦᠯᠦᠭᠰᠡᠨ ᠪᠠᠶ᠋ᠢᠬᠤ ᠬᠡᠷᠡᠭᠲᠡᠶ᠃
      ᠲᠠᠷᠢᠶᠠᠨ ᠡᠮ᠎ᠢ ᠵᠥᠭᠡᠭᠡᠪᠦᠷᠢᠯᠡᠬᠦ᠂ ᠬᠠᠳᠠᠭ᠋ᠠᠯᠠᠬᠤ ᠪᠠ ᠬᠤᠭᠤᠴᠠᠭ᠎ᠠ᠎ᠨᠢ ᠥᠩᠭᠡᠷᠡᠭᠡᠳ ᠦᠢ᠍ᠯᠡᠳᠦᠯ ᠵᠶ᠋ᠠᠨ ᠠᠯᠳᠠᠭᠰᠠᠨ ᠲᠠᠷᠢᠶᠠᠨ ᠡᠮ᠎ᠢ ᠰᠢᠢ᠍ᠳᠪᠤᠷᠢᠯᠡᠬᠦ᠎ᠳᠡᠭᠡᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠤᠰᠤᠨ᠎ᠤ ᠪᠣᠬᠢᠷᠲᠤᠯ ᠡᠭᠦᠰᠭᠡᠬᠦ᠎ᠠᠴᠠ ᠰᠡᠷᠭᠡᠶ᠋ᠢᠯᠡᠬᠦ ᠬᠡᠷᠡᠭᠲᠡᠶ᠃
      ᠲᠠᠪᠢᠨ ᠲᠠᠪᠤᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ᠎ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠲᠠᠷᠢᠶᠠᠯᠠᠩ᠎ᠤᠨ ᠦᠢ᠍ᠯᠡᠳᠪᠦᠷᠢᠯᠡᠭᠴᠢᠳ᠎ᠢ ᠵᠢᠯᠣᠭᠣᠳᠤᠨ ᠬᠢᠮᠢ ᠵᠢᠨ ᠪᠤᠷᠳᠤᠭᠤᠷ ᠪᠣᠯᠤᠨ ᠲᠠᠷᠢᠶᠠᠨ ᠡᠮ᠎ᠢ ᠰᠢᠨᠵᠢᠯᠡᠬᠦ ᠤᠬᠠᠭ᠋ᠠᠨᠴᠢ᠎ᠪᠠᠷ᠂ ᠵᠦᠢ ᠵᠣᠬᠢᠰᠲᠠᠶ᠎ᠪᠠᠷ ᠬᠡᠷᠡᠭᠯᠡᠭᠦᠯᠵᠦ᠂ ᠬᠥᠷᠥᠰᠥ ᠰᠢᠷᠣᠶ ᠵᠢ᠎ᠨᠢ ᠦᠵᠡᠵᠦ ᠨᠠᠶ᠋ᠢᠷᠠᠯᠭ᠎ᠠ᠎ᠲᠠᠢ᠎ᠪᠠᠷ ᠪᠤᠷᠳᠤᠭᠤᠷ ᠣᠷᠣᠭᠤᠯᠬᠤ ᠮᠡᠷᠭᠡᠵᠢᠯ ᠪᠣᠯᠤᠨ ᠦᠷ᠎ᠡ ᠠᠰᠢᠭ᠎ᠲᠠᠢ᠂ ᠬᠣᠣᠷ ᠪᠠᠭ᠎ᠠ᠎ᠲᠠᠢ᠂ ᠦᠯᠡᠳᠡᠭᠳᠡᠯ ᠪᠠᠭ᠎ᠠ᠎ᠲᠠᠢ ᠲᠠᠷᠢᠶᠠᠨ ᠡᠮ᠎ᠢ ᠳᠡᠯᠭᠡᠷᠡᠭᠦᠯᠵᠦ᠂ ᠬᠢᠮᠢ ᠵᠢᠨ ᠪᠤᠷᠳᠤᠭᠤᠷ ᠪᠣᠯᠤᠨ ᠲᠠᠷᠢᠶᠠᠨ ᠡᠮ᠎ᠢ ᠬᠡᠲᠦᠷᠡᠲᠡᠯ᠎ᠡ ᠬᠡᠷᠡᠭᠯᠡᠬᠦ ᠵᠢ ᠬᠢᠵᠠᠭ᠋ᠠᠷᠯᠠᠵᠤ᠂ ᠤᠰᠤᠨ᠎ᠤ ᠪᠣᠬᠢᠷᠲᠤᠯ ᠡᠭᠦᠰᠭᠡᠬᠦ᠎ᠠᠴᠠ ᠰᠡᠷᠭᠡᠶ᠋ᠢᠯᠡᠬᠦ ᠬᠡᠷᠡᠭᠲᠡᠶ᠃
      ᠲᠠᠪᠢᠨ ᠵᠢᠷᠭᠤᠳᠤᠭ᠋ᠠᠷ ᠵᠦᠢ᠍ᠯ   ᠤᠯᠤᠰ᠎ᠠᠴᠠ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠲᠠᠯᠠᠪᠠᠢ᠂ ᠲᠡᠵᠢᠭᠡᠨ ᠦᠷᠡᠵᠢᠭᠦᠯᠬᠦ ᠪᠠᠭ᠎ᠠ ᠲᠣᠭᠣᠷᠢᠭ᠎ᠤᠨ ᠮᠠᠯ ᠵᠢᠭᠦᠷᠲᠡᠨ᠎ᠤ ᠢᠯᠭ᠋ᠠᠳᠠᠰᠤ᠂ ᠬᠠᠶᠠᠭᠳᠠᠮᠠᠯ ᠤᠰᠤ ᠵᠢ ᠶᠡᠷᠦᠩᠬᠡᠶ᠋ᠢᠯᠡᠨ ᠠᠰᠢᠭᠯᠠᠬᠤ ᠪᠤᠶᠤ ᠬᠣᠣᠷ ᠦᠭᠡᠢ᠍ᠢ᠍ᠵᠢᠭᠦᠯᠦᠨ ᠰᠢᠢ᠍ᠳᠪᠦᠷᠢᠯᠡᠬᠦ ᠲᠥᠬᠥᠭᠡᠷᠦᠮᠵᠢ ᠪᠠᠶ᠋ᠢᠭᠤᠯᠬᠤ ᠵᠢ ᠳᠡᠮᠵᠢᠨ᠎ᠡ᠃
      ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠲᠠᠯᠠᠪᠠᠢ᠂ ᠲᠡᠵᠢᠭᠡᠨ ᠦᠷᠡᠵᠢᠭᠦᠯᠬᠦ ᠪᠠᠭ᠎ᠠ ᠲᠣᠭᠣᠷᠢᠭ᠎ᠨᠢ ᠮᠠᠯ ᠵᠢᠭᠦᠷᠲᠡᠨ᠎ᠤ ᠢᠯᠭ᠋ᠠᠳᠠᠰᠤ᠂ ᠬᠠᠶᠠᠭᠳᠠᠮᠠᠯ ᠤᠰᠤ ᠵᠢ ᠶᠡᠷᠦᠩᠬᠡᠶ᠋ᠢᠯᠡᠨ ᠠᠰᠢᠭᠯᠠᠬᠤ ᠪᠤᠶᠤ ᠬᠣᠣᠷ ᠦᠭᠡᠢ᠍ᠢ᠍ᠵᠢᠬᠦᠯᠦᠨ ᠰᠢᠢ᠍ᠳᠪᠦᠷᠢᠯᠡᠬᠦ ᠲᠥᠬᠥᠭᠡᠷᠦᠮᠵᠢ ᠵᠢᠨ ᠵᠶ᠋ᠠᠨ ᠬᠡᠪ᠎ᠤᠨ ᠠᠵᠢᠯᠯᠠᠭ᠎ᠠ ᠵᠢ ᠪᠠᠲᠤᠯᠠᠵᠤ᠂ ᠪᠣᠬᠢᠷ ᠤᠰᠤ ᠵᠢ ᠪᠠᠷᠢᠮᠵᠢᠶ᠎ᠠ᠎ᠳᠤ ᠬᠦᠷᠭᠡᠵᠦ ᠭᠠᠳᠠᠭᠰᠢᠯᠠᠭᠤᠯᠬᠤ ᠵᠢ ᠪᠠᠲᠤᠯᠠᠵᠤ᠂ ᠤᠰᠤᠨ᠎ᠤ ᠣᠷᠴᠢᠨ ᠲᠣᠭᠣᠷᠢᠨ᠎ᠢ ᠪᠣᠬᠢᠷᠲᠤᠭᠤᠯᠬᠤ᠎ᠠᠴᠠ ᠰᠡᠷᠭᠡᠶ᠋ᠢᠯᠡᠬᠦ ᠬᠡᠷᠡᠭᠲᠡᠢ᠃
      ᠮᠠᠯ ᠵᠢᠭᠦᠷᠲᠡᠨ᠎ᠢ ᠲᠠᠷᠠᠬᠠᠢ ᠲᠡᠵᠢᠭᠡᠵᠦ ᠪᠠᠶ᠋ᠢᠭ᠎ᠠ ᠨᠢᠭᠲᠠ ᠲᠥᠪᠯᠡᠷᠡᠭᠰᠡᠨ ᠣᠷᠣᠨ᠎ᠤ ᠪᠠᠶ᠋ᠢᠭ᠎ᠠ ᠭᠠᠵᠠᠷ᠎ᠤᠨ ᠰᠢᠶᠠᠨ᠂ ᠰᠢᠶᠠᠩ᠎ᠤᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠣᠬᠢᠶᠠᠨ ᠪᠠᠶ᠋ᠢᠭᠤᠯᠵᠤ ᠪᠠᠶ᠋ᠢᠭ᠋ᠠᠳ ᠮᠠᠯ ᠵᠢᠭᠦᠷᠲᠡᠨ᠎ᠤ ᠢᠯᠭ᠋ᠠᠳᠠᠰᠤ ᠵᠢᠨ ᠪᠣᠬᠢᠷ ᠤᠰᠤ ᠵᠢ ᠡᠷᠤᠬᠡ ᠬᠤᠪᠢᠶᠠᠨ ᠴᠤᠭᠯᠠᠭᠤᠯᠵᠤ᠂ ᠲᠥᠪᠯᠡᠷᠡᠭᠦᠯᠦᠨ ᠰᠢᠢ᠍ᠳᠪᠦᠷᠢᠯᠡᠵᠦ ᠠᠰᠢᠭᠯᠠᠬᠤ ᠬᠡᠷᠡᠭᠲᠡᠢ᠃
      ᠲᠠᠪᠢᠨ ᠳᠣᠯᠣᠳᠤᠭ᠋ᠠᠷ ᠵᠦᠢ᠍ᠯ   ᠤᠰᠤᠨ ᠭᠠᠷᠤᠯᠲᠠ ᠵᠢ ᠲᠡᠵᠢᠭᠡᠨ ᠦᠷᠡᠵᠢᠭᠦᠯᠬᠦ ᠠᠵᠢᠯ᠎ᠢ ᠡᠷᠬᠢᠯᠡᠬᠦ᠎ᠳᠡᠭᠡᠨ ᠤᠰᠤᠨ ᠣᠷᠣᠨ᠎ᠤ ᠠᠮᠢ ᠠᠬᠤᠶ ᠣᠷᠴᠢᠨ ᠲᠤᠭᠤᠷᠢᠨ᠎ᠢ ᠬᠠᠮᠠᠭ᠋ᠠᠯᠠᠵᠤ᠂ ᠲᠡᠵᠢᠭᠡᠨ ᠦᠷᠡᠵᠢᠭᠦᠯᠬᠦ ᠨᠢᠭᠲᠠᠴᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠵᠦᠢ ᠵᠣᠬᠢᠰᠲᠠᠶ᠎ᠪᠠᠷ ᠥᠭᠶᠥᠭᠡ ᠲᠠᠯᠪᠢᠬᠤ ᠪᠠ ᠡᠮ᠎ᠤᠨ ᠵᠦᠢ᠍ᠯ᠎ᠢ ᠬᠡᠷᠡᠭᠯᠡᠵᠦ᠂ ᠤᠰᠤᠨ᠎ᠤ ᠣᠷᠴᠢᠨ ᠲᠤᠭᠤᠷᠢᠨ᠎ᠢ ᠪᠣᠬᠢᠷᠲᠤᠭᠤᠯᠬᠤ᠎ᠠᠴᠠ ᠰᠡᠷᠭᠡᠶ᠋ᠢᠯᠡᠬᠦ ᠬᠡᠷᠡᠭᠲᠡᠶ᠃
      ᠲᠠᠪᠢᠨ ᠨᠠᠢ᠍ᠮᠠᠳᠤᠭ᠋ᠠᠷ ᠵᠦᠢ᠍ᠯ   ᠲᠠᠷᠢᠶᠠᠨ ᠭᠠᠵᠠᠷ᠎ᠤᠨ ᠤᠰᠤᠯᠠᠯᠲᠠ᠎ᠳᠤ ᠬᠡᠷᠡᠭᠯᠡᠬᠦ ᠤᠰᠤ᠎ᠨᠢ ᠵᠣᠬᠢᠴᠠᠩᠭᠤᠶ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠨᠡᠶ᠋ᠢᠴᠡᠭᠰᠡᠨ ᠪᠠᠶ᠋ᠢᠵᠤ᠂ ᠬᠥᠷᠥᠰᠥ ᠰᠢᠷᠣᠶ᠂ ᠭᠠᠵᠠᠷ ᠳᠣᠣᠷᠠᠬᠢ ᠤᠰᠤ ᠪᠠ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠬᠢᠷᠲᠤᠭᠤᠯᠬᠤ᠎ᠠᠴᠠ ᠰᠡᠷᠭᠡᠶ᠋ᠢᠯᠡᠬᠦ ᠬᠡᠷᠡᠭᠲᠡᠶ᠃
      ᠲᠠᠷᠢᠶᠠᠨ ᠭᠠᠵᠠᠷ᠎ᠤᠨ ᠤᠰᠤᠯᠠᠯᠲᠠ ᠵᠢᠨ ᠰᠤᠪᠠᠭ᠎ᠲᠤ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠪᠤᠶᠤ ᠡᠮ ᠡᠮᠨᠡᠯᠭᠡ ᠵᠢᠨ ᠪᠣᠬᠢᠷ ᠤᠰᠤ ᠭᠠᠳᠠᠭᠰᠢᠯᠠᠭᠤᠯᠬᠤ ᠵᠢ ᠴᠠᠭ᠋ᠠᠵᠠᠯᠠᠨ᠎ᠠ᠃ ᠲᠠᠷᠢᠶᠠᠨ ᠭᠠᠵᠠᠷ᠎ᠤᠨ ᠤᠰᠤᠯᠠᠯᠲᠠ ᠵᠢᠨ ᠰᠤᠪᠠᠭ᠎ᠲᠤ ᠬᠤᠳᠠ ᠪᠠᠯᠭ᠋ᠠᠰᠤᠨ᠎ᠤ ᠪᠣᠬᠢᠷ ᠤᠰᠤ ᠵᠢᠴᠢ ᠶᠡᠷᠦᠩᠬᠡᠶ᠋ᠢᠯᠡᠨ ᠠᠰᠢᠭᠯᠠᠭ᠋ᠠᠳᠤᠶ ᠮᠠᠯ ᠵᠢᠭᠦᠷᠲᠡᠨ᠎ᠢ ᠲᠡᠵᠢᠭᠡᠨ ᠦᠷᠡᠵᠢᠬᠦᠯᠦᠭᠰᠡᠨ ᠬᠠᠶᠠᠭᠳᠠᠮᠠᠯ ᠤᠰᠤ᠂ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠬᠠᠶᠠᠭᠳᠠᠮᠠᠯ ᠤᠰᠤ ᠵᠢ ᠭᠠᠳᠠᠭᠰᠢᠯᠠᠭᠤᠯᠬᠤ᠎ᠳᠠᠭᠠᠨ᠂ ᠲᠡᠭᠦᠨ᠎ᠤ ᠳᠤᠤᠷᠠᠳᠤ ᠤᠷᠤᠰᠬᠠᠯ᠎ᠤᠨ ᠬᠠᠮᠤᠭ᠎ᠤᠨ ᠤᠢ᠍ᠢ᠍ᠷ᠎ᠠ ᠤᠰᠤᠯᠠᠯᠲᠠ ᠵᠢᠨ ᠤᠰᠤ ᠲᠠᠲᠠᠬᠤ ᠴᠡᠭ᠎ᠤᠨ ᠤᠰᠤᠨ᠎ᠤ ᠴᠢᠨᠠᠷ᠎ᠢ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠨᠡᠶ᠋ᠢᠴᠡᠭᠦᠯᠬᠦ ᠵᠢ ᠪᠠᠲᠤᠯᠠᠬᠤ ᠬᠡᠷᠡᠭᠲᠡᠶ᠃
      ᠲᠠᠪᠤᠳᠤᠭ᠋ᠠᠷ ᠬᠡᠰᠡᠭ   ᠣᠩᠭᠣᠴᠠ ᠰᠠᠯ᠎ᠤᠨ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ
      ᠲᠠᠪᠢ ᠶᠢᠰᠦᠳᠦᠭᠡᠷ ᠵᠦᠢ᠍ᠯ   ᠤᠩᠭᠤᠴᠠ ᠰᠠᠯ ᠲᠣᠰᠣ᠎ᠲᠠᠢ ᠪᠣᠬᠢᠷ ᠤᠰᠤ᠂ ᠠᠮᠢᠳᠤᠷᠠᠯ᠎ᠤᠨ ᠪᠣᠬᠢᠷ ᠤᠰᠤ ᠵᠢ ᠭᠠᠳᠠᠭᠰᠢᠯᠠᠭᠤᠯᠬᠤ᠎ᠳᠠᠭᠠᠨ ᠤᠩᠭᠤᠴᠠ ᠰᠠᠯ᠎ᠤᠨ ᠪᠣᠬᠢᠷ ᠪᠣᠳᠠᠰ᠎ᠢ ᠭᠠᠳᠠᠭᠰᠢᠯᠠᠭᠤᠯᠬᠤ ᠪᠠᠷᠢᠮᠵᠢᠶ᠎ᠠ᠎ᠳᠤ ᠨᠡᠢ᠍ᠴᠡᠭᠰᠡᠨ ᠪᠠᠢ᠌ᠬᠤ ᠬᠡᠷᠡᠭᠲᠡᠶ᠃ ᠳᠠᠯᠠᠢ ᠲᠠᠩᠭᠢᠰ᠎ᠤᠨ ᠲᠡᠭᠡᠭᠡᠪᠦᠷᠢ ᠵᠢ ᠡᠷᠬᠢᠯᠡᠵᠦ ᠪᠠᠶ᠋ᠢᠭ᠎ᠠ ᠣᠩᠭᠣᠴᠠ ᠰᠠᠯ ᠳᠣᠲᠣᠭ᠋ᠠᠳᠤ ᠭᠣᠣᠯ ᠮᠥᠷᠡᠨ ᠪᠠ ᠭᠠᠷᠠᠮ᠎ᠳᠤ ᠣᠷᠣᠵᠤ ᠢᠷᠡᠬᠦ᠎ᠳᠡᠭᠡᠨ ᠳᠣᠲᠣᠭ᠋ᠠᠳᠤ ᠭᠣᠣᠯ ᠮᠥᠷᠡᠨ᠎ᠤ ᠣᠩᠭᠣᠴᠠ ᠰᠠᠯ᠎ᠤᠨ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠵᠢ ᠵᠢᠷᠤᠮᠯᠠᠬᠤ ᠬᠡᠷᠡᠭᠲᠡᠶ᠃
      ᠣᠩᠭᠣᠴᠠ ᠰᠠᠯ᠎ᠤᠨ ᠦᠯᠡᠳᠡᠭᠳᠡᠯ ᠲᠤᠰᠤ᠂ ᠬᠠᠶᠠᠭᠳᠠᠮᠠᠯ ᠲᠤᠰᠤ ᠵᠢ ᠬᠤᠷᠢᠶᠡᠠ ᠠᠪᠬᠤ ᠬᠡᠷᠡᠭᠲᠡᠶ᠂ ᠤᠰᠦᠠ ᠴᠣᠭᠴᠠ᠎ᠳᠤ ᠣᠷᠣᠭᠤᠯᠬᠤ ᠵᠢ ᠴᠠᠭ᠋ᠠᠵᠠᠯᠠᠨ᠎ᠠ᠃
      ᠣᠩᠭᠣᠴᠠ ᠰᠠᠯ᠎ᠤᠨ ᠬᠣᠭ ᠨᠣᠪᠰᠢ ᠵᠢ ᠤᠰᠤᠨ ᠴᠣᠭᠴᠠ᠎ᠳᠤ ᠴᠢᠳᠬᠤᠬᠤ ᠵᠢ ᠴᠠᠭ᠋ᠠᠵᠠᠯᠠᠨ᠎ᠠ᠃
      ᠣᠩᠭᠣᠴᠠ ᠰᠠᠯ ᠲᠤᠰᠦᠠ᠎ᠤ ᠵᠦᠢ᠍ᠯ ᠪᠤᠶᠤ ᠬᠣᠣᠷᠲᠠᠢ ᠪᠠᠷᠠᠭ᠎ᠠ ᠵᠢ ᠠᠴᠢᠶᠠᠯᠠᠵᠤ ᠲᠡᠭᠡᠭᠡᠪᠦᠷᠢᠯᠡᠬᠦ᠎ᠳᠡᠭᠡᠨ ᠪᠢᠯᠬᠠᠨ ᠤᠷᠤᠰᠬᠤ ᠪᠠ ᠨᠡᠪᠴᠢᠵᠦ ᠭᠣᠭᠣᠵᠢᠬᠤ᠎ᠠᠴᠠ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠴᠤ᠂ ᠪᠠᠷᠠᠭ᠎ᠠ ᠵᠢᠨ ᠤᠰᠦᠠ᠎ᠳᠤ ᠤᠨᠠᠵᠤ ᠤᠰᠦᠠ᠎ᠤ ᠪᠣᠬᠢᠷᠲᠤᠯ ᠡᠭᠦᠰᠬᠦ᠎ᠠᠴᠠ ᠰᠡᠷᠭᠡᠶ᠋ᠢᠯᠡᠬᠦ ᠬᠡᠷᠡᠭᠲᠡᠶ᠃
      ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠳᠣᠲᠣᠭ᠋ᠠᠳᠤ ᠭᠣᠣᠯ ᠮᠥᠷᠡᠨ᠎ᠳᠤ ᠣᠷᠣᠵᠤ ᠢᠷᠡᠭᠰᠡᠨ ᠤᠯᠠᠨ ᠤᠯᠤᠰ᠎ᠤᠨ ᠠᠶᠠᠯᠠᠯ᠎ᠤᠨ ᠱᠤᠭᠤᠮ᠎ᠤᠨ ᠣᠩᠭᠣᠴᠠ ᠰᠠᠯ ᠳᠠᠷᠤᠯᠲᠠᠲᠤ ᠤᠰᠤ ᠭᠠᠳᠠᠭᠰᠢᠯᠠᠭᠤᠯᠬᠤ᠎ᠳᠠᠭᠠᠨ ᠳᠠᠷᠤᠯᠲᠠᠲᠤ ᠤᠰᠤ ᠵᠢ ᠰᠢᠢ᠍ᠳᠪᠤᠷᠢᠯᠡᠬᠦ ᠲᠣᠨᠣᠭᠯᠠᠯ᠎ᠢ ᠬᠡᠷᠡᠭᠯᠡᠬᠦ ᠪᠤᠶᠤ ᠠᠳᠠᠯᠢ ᠦᠢ᠍ᠯᠡᠳᠦᠯ᠎ᠲᠠᠢ ᠪᠤᠰᠤᠳ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠳᠠᠷᠤᠯᠲᠠᠲᠤ ᠤᠰᠤ ᠵᠢ ᠰᠦᠢ᠍ᠷᠡᠬᠦᠯᠬᠦ ᠵᠡᠷᠭᠡ ᠠᠷᠭ᠎ᠠ᠎ᠪᠠᠷ ᠰᠢᠢ᠍ᠳᠪᠤᠷᠢᠯᠡᠬᠦ ᠬᠡᠷᠡᠭᠲᠡᠶ᠃ ᠲᠣᠭᠲᠠᠭ᠋ᠠᠯ᠎ᠳᠤ ᠦᠯᠦ ᠨᠡᠶ᠋ᠢᠴᠡᠬᠦ ᠣᠩᠭᠣᠴᠠ ᠰᠠᠯ᠎ᠤᠨ ᠳᠠᠷᠤᠯᠲᠠᠲᠤ ᠤᠰᠤ ᠵᠢ ᠭᠠᠳᠠᠭᠰᠢᠯᠠᠭᠤᠯᠬᠤ ᠵᠢ ᠴᠠᠭ᠋ᠠᠵᠠᠯᠠᠨ᠎ᠠ᠃
      ᠵᠢᠷᠠᠳᠤᠭ᠋ᠠᠷ ᠵᠦᠢ᠍ᠯ   ᠤᠩᠭᠤᠴᠠ ᠰᠠᠯ᠎ᠳᠤ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠪᠣᠬᠢᠷᠲᠤᠯ᠎ᠢ ᠰᠡᠷᠭᠡᠶ᠋ᠢᠯᠡᠬᠦ ᠵᠣᠬᠢᠴᠠᠩᠭᠤᠶ ᠲᠤᠨᠤᠭ ᠲᠥᠬᠥᠭᠡᠷᠦᠮᠵᠢ ᠪᠠ ᠪᠠᠭ᠋ᠠᠵᠢ ᠬᠡᠷᠡᠭᠰᠡᠯ᠎ᠢ ᠲᠣᠬᠢᠷᠠᠭᠤᠯᠬᠤ ᠬᠡᠷᠡᠭᠲᠡᠶ ᠪᠥᠭᠡᠳ ᠤᠰᠤᠨ ᠣᠷᠣᠨ᠎ᠤ ᠣᠷᠴᠢᠨ ᠲᠤᠭᠤᠷᠢᠨ᠎ᠤ ᠪᠣᠬᠢᠷᠲᠤᠯ᠎ᠢ ᠰᠡᠷᠭᠡᠶ᠋ᠢᠯᠡᠬᠦ ᠬᠠᠤᠯᠢ ᠶᠣᠰᠣᠨ᠎ᠤ ᠬᠦᠴᠦᠨ ᠪᠦᠬᠦᠢ ᠦᠨᠡᠮᠯᠡᠯ ᠪᠠ ᠪᠢᠴᠢᠭ ᠬᠠᠷ᠎ᠠ᠎ᠲᠠᠢ ᠪᠠᠶ᠋ᠢᠬᠤ ᠬᠡᠷᠡᠭᠲᠡᠶ᠃
      ᠣᠩᠭᠣᠴᠠ ᠰᠠᠯ ᠪᠣᠬᠢᠷᠲᠤᠭᠤᠯᠤᠭᠴᠢ ᠪᠣᠳᠠᠰ ᠭᠠᠳᠠᠭᠰᠢᠯᠠᠭᠤᠯᠬᠤ᠎ᠳᠤ ᠬᠣᠯᠪᠣᠭᠳᠠᠬᠤ ᠠᠵᠢᠯ᠎ᠢ ᠬᠢᠬᠦ᠎ᠳᠡᠭᠡᠨ ᠠᠵᠢᠯᠯᠠᠬᠤ ᠲᠤᠢ᠍ᠷᠢᠮ᠎ᠢ ᠴᠢᠩᠭ᠎ᠠ ᠵᠢᠷᠤᠮᠯᠠᠬᠤ ᠬᠡᠷᠡᠭᠲᠡᠶ ᠪᠥᠭᠡᠳ ᠵᠣᠬᠢᠴᠠᠩᠭᠤᠶ ᠲᠡᠮᠳᠡᠭᠯᠡᠯ᠎ᠤᠨ ᠳᠡᠪᠲᠡᠷ ᠳᠡᠭᠡᠷ᠎ᠡ ᠦᠨᠡᠨ ᠮᠥᠨ ᠵᠶ᠋ᠠᠷ᠎ᠨᠢ ᠲᠡᠮᠳᠡᠭᠯᠡᠬᠦ ᠬᠡᠷᠡᠭᠲᠡᠶ᠃
      ᠵᠢᠷᠠᠨ ᠨᠢᠭᠡᠳᠦᠭᠡᠷ ᠵᠦᠢ᠍ᠯ   ᠭᠠᠷᠠᠮ᠂ ᠣᠩᠭᠣᠴᠠᠨ᠎ᠤ ᠵᠣᠭᠰᠣᠭ᠋ᠠᠯ᠂ ᠠᠴᠢᠶᠠᠯᠠᠵᠤ ᠪᠠᠭᠤᠯᠭ᠋ᠠᠬᠤ ᠦᠷᠳᠡᠭᠡ ᠪᠣᠯᠤᠨ ᠣᠩᠭᠣᠴᠠ ᠰᠠᠯ ᠵᠠᠰᠠᠵᠤ ᠦᠢ᠍ᠯᠡᠳᠬᠦ ᠦᠢ᠍ᠯᠡᠳᠪᠦᠷᠢ ᠵᠢᠨ ᠪᠠᠶ᠋ᠢᠭ᠎ᠠ ᠭᠠᠵᠠᠷ᠎ᠤᠨ ᠬᠤᠳᠠ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠣᠩᠭᠣᠴᠠ ᠰᠠᠯ᠎ᠤᠨ ᠪᠣᠬᠢᠷᠲᠤᠭᠤᠯᠬᠤ ᠪᠣᠳᠠᠰ᠂ ᠬᠠᠶᠠᠭᠳᠠᠮᠠᠯ ᠪᠣᠳᠠᠰ᠎ᠢ ᠬᠦᠯᠢᠶᠡᠨ ᠠᠪᠬᠤ᠂ ᠳᠠᠮᠵᠢᠭᠤᠯᠤᠨ ᠲᠡᠭᠡᠭᠡᠪᠦᠷᠢᠯᠡᠬᠦ ᠵᠢᠴᠢ ᠰᠢᠢ᠍ᠳᠪᠤᠷᠢᠯᠡᠬᠦ ᠲᠥᠬᠥᠭᠡᠷᠦᠮᠵᠢ ᠵᠢ ᠨᠢᠭᠡᠳᠦᠯᠲᠡᠶ ᠲᠥᠯᠥᠪᠵᠢᠭᠦᠯᠵᠦ ᠪᠠᠶ᠋ᠢᠭᠤᠯᠬᠤ ᠬᠡᠷᠡᠭᠲᠡᠶ᠃
      ᠭᠠᠷᠠᠮ᠂ ᠣᠩᠭᠣᠴᠠᠨ᠎ᠤ ᠵᠣᠭᠰᠣᠭ᠋ᠠᠯ᠂ ᠠᠴᠢᠶᠠᠯᠠᠵᠤ ᠪᠠᠭᠤᠯᠭ᠋ᠠᠬᠤ ᠤᠢ᠍ᠷᠳᠡᠭᠡ ᠪᠣᠯᠤᠨ ᠣᠩᠭᠣᠴᠠ ᠰᠠᠯ ᠵᠠᠰᠠᠵᠤ ᠦᠢ᠍ᠯᠡᠳᠬᠦ ᠦᠢ᠍ᠯᠡᠳᠪᠦᠷᠢ᠎ᠨᠦᠭᠦᠳ ᠣᠩᠭᠣᠴᠠ ᠰᠠᠯ᠎ᠤᠨ ᠪᠣᠬᠢᠷᠲᠤᠭᠤᠯᠬᠤ ᠪᠣᠳᠠᠰ᠂ ᠬᠠᠶᠠᠭᠳᠠᠮᠠᠯ ᠪᠣᠳᠠᠰ᠎ᠢ ᠬᠦᠯᠢᠶᠡᠠ ᠠᠪᠬᠤ ᠬᠦᠷᠦᠯᠴᠡᠬᠦᠶ᠋ᠢᠴᠡ ᠲᠥᠬᠥᠭᠡᠷᠦᠮᠵᠢ᠎ᠲᠠᠢ ᠪᠠᠶ᠋ᠢᠬᠤ ᠬᠡᠷᠡᠭᠲᠡᠶ᠃ ᠣᠩᠭᠣᠴᠠ ᠰᠠᠯ᠎ᠤᠨ ᠪᠣᠬᠢᠷᠲᠤᠭᠤᠯᠤᠭᠴᠢ ᠪᠣᠳᠠᠰ᠂ ᠬᠠᠶᠠᠭᠳᠠᠮᠠᠯ ᠪᠣᠳᠠᠰ᠎ᠢ ᠬᠤᠷᠢᠶᠠᠨ ᠠᠪᠬᠤ ᠠᠵᠢᠯ ᠪᠤᠶᠤ ᠲᠣᠰᠤᠨ᠎ᠤ ᠵᠦᠢ᠍ᠯ᠂ ᠪᠣᠬᠢᠷᠲᠤᠭᠤᠯᠬᠤ ᠬᠣᠣᠷ ᠬᠥᠨᠥᠭᠡᠯ᠎ᠲᠠᠢ ᠪᠠᠷᠠᠭ᠎ᠠ ᠵᠢ ᠠᠴᠢᠶᠠᠯᠠᠵᠤ ᠲᠡᠭᠡᠭᠡᠪᠦᠷᠢᠯᠡᠬᠦ ᠣᠩᠭᠣᠴᠠᠨ᠎ᠤ ᠦᠷᠦᠭᠡ ᠵᠢ ᠤᠬᠢᠶᠠᠨ ᠴᠡᠪᠡᠷᠯᠡᠬᠦ ᠠᠵᠢᠯ᠎ᠢ ᠬᠢᠬᠦ ᠨᠢᠭᠡᠴᠢ᠎ᠨᠢ ᠲᠡᠭᠦᠨ᠎ᠤ ᠡᠵᠡᠩᠨᠡᠯᠲᠡ ᠵᠢᠨ ᠬᠡᠪᠴᠢᠶ᠎ᠡ᠎ᠲᠠᠢ᠎ᠪᠠᠨ ᠵᠣᠬᠢᠴᠠᠭᠰᠠᠨ ᠬᠤᠷᠢᠶᠠᠨ ᠠᠪᠴᠤ ᠰᠢᠢ᠍ᠳᠪᠤᠷᠢᠯᠡᠬᠦ ᠴᠢᠳᠠᠪᠤᠷᠢ ᠵᠢ ᠪᠦᠷᠢᠳᠦᠭᠦᠯᠦᠭᠰᠡᠨ ᠪᠠᠶ᠋ᠢᠬᠤ ᠬᠡᠷᠡᠭᠲᠡᠶ᠃
      ᠵᠢᠷᠠᠨ ᠬᠣᠶᠠᠳᠤᠭ᠋ᠠᠷ ᠵᠦᠢ᠍ᠯ   ᠤᠩᠭᠤᠴᠠ ᠰᠠᠯ ᠵᠢᠴᠢ ᠬᠣᠯᠪᠣᠭᠳᠠᠯ ᠪᠦᠬᠦᠢ ᠠᠵᠢᠯ᠎ᠤᠨ ᠨᠢᠭᠡᠴᠢ ᠪᠣᠬᠢᠷᠲᠤᠯ᠎ᠤᠨ ᠠᠶᠤᠯ ᠲᠦᠭᠰᠢᠭᠦᠷᠢ᠎ᠲᠠᠢ ᠠᠵᠢᠯ ᠠᠵᠢᠯᠯᠠᠭ᠎ᠠ ᠬᠢᠬᠦ᠎ᠳᠡᠭᠡᠨ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠪᠠᠷᠢᠮᠵᠢᠶ᠎ᠠ ᠶᠣᠰᠣᠭ᠋ᠠᠷ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠤᠰᠤᠨ᠎ᠤ ᠪᠣᠬᠢᠷᠲᠤᠯ ᠡᠭᠦᠰᠭᠡᠬᠦ᠎ᠠᠴᠠ ᠰᠡᠷᠭᠡᠶ᠋ᠢᠯᠡᠬᠦ ᠬᠡᠷᠡᠭᠲᠡᠢ᠃ ᠲᠡᠯᠡᠢ ᠵᠢᠨ ᠶᠠᠪᠤᠳᠠᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠂ ᠵᠢᠭ᠋ᠠᠰᠤᠨ ᠠᠵᠤ ᠠᠬᠤᠶ ᠵᠢᠨ   ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠣᠩᠭᠣᠴᠠ ᠰᠠᠯ ᠵᠢᠴᠢ ᠬᠣᠯᠪᠣᠭᠳᠠᠯ ᠪᠦᠬᠦᠢ ᠠᠵᠢᠯ ᠠᠵᠢᠯᠯᠠᠭ᠎ᠠ ᠵᠢ ᠬᠢᠨᠠᠵᠤ ᠬᠠᠮᠢᠶᠠᠷᠬᠤ᠎ᠪᠠᠨ ᠴᠢᠩᠭ᠋ᠠᠳᠬᠠᠬᠤ ᠬᠡᠷᠡᠭᠲᠡᠶ᠃
      ᠣᠩᠭᠣᠴᠠ ᠰᠠᠯ ᠰᠤᠯᠠ ᠰᠠᠪᠠᠯᠠᠭᠰᠠᠨ ᠰᠢᠩᠭᠡᠨ ᠪᠡᠶᠡᠲᠦ ᠵᠢᠨ ᠪᠣᠬᠢᠷᠲᠤᠭᠤᠯᠤᠨ ᠬᠣᠬᠢᠷᠠᠭᠤᠯᠬᠤ ᠴᠢᠨᠠᠷᠲᠠᠶ ᠪᠠᠷᠠᠭ᠎ᠠ ᠵᠢ ᠴᠢᠷᠭᠡᠦᠯ ᠣᠩᠭᠣᠴᠠ᠎ᠪᠠᠷ ᠳᠠᠮᠵᠢᠭᠤᠯᠬᠤ ᠠᠵᠢᠯ ᠬᠢᠬᠦ᠎ᠳᠡᠭᠡᠨ ᠠᠵᠢᠯᠯᠠᠬᠤ ᠲᠥᠰᠦᠯ ᠨᠠᠶ᠋ᠢᠷᠠᠭᠤᠯᠤᠨ ᠵᠣᠬᠢᠶᠠᠵᠤ᠂ ᠠᠶᠤᠯᠭᠦᠶ ᠪᠠ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠵᠢᠨ ᠬᠠᠮᠲᠤ ᠠᠵᠢᠯᠯᠠᠬᠤ ᠭᠠᠵᠠᠷ᠎ᠤᠨ ᠲᠡᠯᠡᠢ ᠵᠢᠨ ᠶᠠᠪᠤᠳᠠᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃
      ᠲᠡᠯᠡᠢ ᠵᠢᠨ ᠲᠡᠡᠭ᠎ᠳᠤ ᠲᠦᠷᠢᠬᠦ ᠠᠷᠭ᠎ᠠ᠎ᠪᠠᠷ ᠣᠩᠭᠣᠴᠠ ᠰᠠᠯ᠎ᠢ ᠵᠠᠳᠠᠯᠬᠤ ᠠᠵᠢᠯ ᠬᠢᠬᠦ ᠵᠢ ᠴᠠᠭ᠋ᠠᠵᠠᠯᠠᠨ᠎ᠠ᠃
      ᠲᠠᠪᠤᠳᠤᠭ᠋ᠠᠷ ᠪᠦᠯᠦᠭ   ᠤᠤᠭᠤᠬᠤ ᠤᠰᠤᠨ᠎ᠤ ᠡᠬᠢ ᠰᠤᠷᠪᠤᠯᠵᠢ ᠪᠠ ᠪᠤᠰᠤᠳ ᠣᠨᠴᠠᠭ᠋ᠠᠶ ᠤᠰᠤᠨ ᠴᠣᠭᠴᠠ ᠵᠢ ᠬᠠᠮᠠᠭ᠋ᠠᠯᠠᠬᠤ
      ᠵᠢᠷᠠᠨ ᠭᠤᠷᠪᠠᠳᠤᠭ᠋ᠠᠷ ᠵᠦᠢ᠍ᠯ   ᠤᠯᠤᠰ᠎ᠠᠴᠠ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠤ ᠲᠦᠷᠢᠮ᠎ᠢ ᠪᠠᠶ᠋ᠢᠭᠤᠯᠤᠨ᠎ᠠ᠃ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠢ ᠨᠢᠭᠡᠳᠦᠭᠡᠷ ᠳᠡᠰ᠎ᠤᠨ ᠬᠠᠮᠠᠭ᠋ᠠᠯᠠᠯᠲᠠ ᠵᠢᠨ ᠣᠷᠣᠨ ᠪᠠ ᠬᠣᠶᠠᠳᠤᠭ᠋ᠠᠷ ᠲᠡᠰ᠎ᠤᠨ ᠬᠠᠮᠠᠭ᠋ᠠᠯᠠᠯᠳᠠ ᠵᠢᠨ ᠤᠷᠤᠨ ᠭᠡᠵᠦ ᠬᠤᠪᠢᠶᠠᠨ᠎ᠠ; ᠴᠢᠬᠤᠯᠠᠲᠠᠶ ᠦᠶ᠎ᠡ᠎ᠳᠤ᠂ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠤ ᠭᠠᠳᠠᠭᠤᠷ ᠵᠣᠬᠢᠬᠤ ᠣᠷᠣᠨ ᠪᠦᠰᠡ ᠵᠢ ᠵᠠᠭ᠋ᠠᠭᠯᠠᠨ ᠲᠣᠭᠲᠠᠭ᠋ᠠᠵᠤ ᠳᠡᠰᠯᠡᠬᠦ ᠬᠠᠮᠠᠭ᠋ᠠᠯᠠᠯᠲᠠ ᠵᠢᠨ ᠣᠷᠣᠨ ᠪᠣᠯᠭ᠋ᠠᠵᠤ ᠪᠣᠯᠤᠨ᠎ᠠ᠃
      ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠢ ᠵᠠᠭ᠋ᠠᠭᠯᠠᠨ ᠲᠣᠭᠲᠠᠭ᠋ᠠᠬᠤ᠎ᠳᠤ ᠬᠣᠯᠪᠣᠭᠳᠠᠯ ᠪᠦᠬᠦᠢ ᠬᠣᠲᠠ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠠᠭ᠋ᠠᠭᠯᠠᠨ ᠲᠣᠭᠲᠠᠭ᠋ᠠᠬᠤ ᠲᠥᠰᠦᠯ ᠳᠤᠷᠠᠳᠴᠤ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠨ᠎ᠡ; ᠬᠣᠲᠠ᠂ ᠰᠢᠶᠠᠨ ᠠᠯᠤᠰᠯᠠᠭᠰᠠᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠢ ᠵᠠᠭ᠋ᠠᠭᠯᠠᠨ ᠲᠣᠭᠲᠠᠭ᠋ᠠᠬᠤ᠎ᠳᠤ ᠬᠣᠯᠪᠣᠭᠳᠠᠯ ᠪᠦᠬᠦᠢ ᠬᠣᠲᠠ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠠᠭ᠋ᠠᠭᠯᠠᠨ ᠲᠣᠭᠲᠠᠭ᠋ᠠᠬᠤ ᠲᠥᠰᠦᠯ᠎ᠢ ᠵᠥᠪᠳᠡᠯᠴᠡᠨ ᠳᠤᠷᠠᠳᠴᠤ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠨ᠎ᠡ; ᠵᠥᠪᠳᠡᠯᠴᠡᠭᠡᠳ ᠪᠦᠲᠦᠬᠦ ᠦᠭᠡᠢ ᠪᠣᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠳᠠᠯᠢ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠎ᠠ᠂ ᠤᠯᠤᠰ᠎ᠤᠨ ᠨᠤᠲᠤᠭ ᠳᠡᠪᠢᠰᠬᠡᠷ ᠡᠬᠢ ᠪᠠᠶᠠᠯᠢᠭ᠂ ᠡᠷᠡᠭᠦᠯ ᠬᠠᠮᠠᠭ᠋ᠠᠯᠠᠯ᠂ ᠪᠦᠲᠦᠭᠡᠨ ᠪᠠᠶ᠋ᠢᠭᠤᠯᠤᠯᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠵᠠᠭ᠋ᠠᠭᠯᠠᠨ ᠲᠣᠭᠲᠠᠭ᠋ᠠᠬᠤ ᠲᠥᠰᠦᠯ ᠳᠤᠷᠠᠳᠴᠤ᠂ ᠠᠳᠠᠯᠢ ᠱᠠᠲᠤᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠭᠰᠠᠨ᠎ᠤ ᠳᠠᠷᠠᠭ᠎ᠠ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠨ᠎ᠡ᠃
      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠠᠯᠤᠰᠯᠠᠭᠰᠠᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠢ ᠬᠣᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠣᠯᠪᠣᠭᠳᠠᠯ ᠪᠦᠬᠦᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠲᠠᠢ ᠵᠥᠪᠳᠡᠯᠴᠡᠵᠦ ᠪᠠᠶ᠋ᠢᠭ᠋ᠠᠳ ᠵᠠᠭ᠋ᠠᠭᠯᠠᠨ ᠲᠣᠭᠲᠠᠭ᠋ᠠᠨ᠎ᠠ; ᠵᠥᠪᠳᠡᠯᠴᠡᠭᠡᠳ ᠪᠦᠲᠦᠬᠦ ᠦᠭᠡᠢ ᠪᠣᠯ ᠲᠦᠷᠦ ᠵᠢᠨ ᠶᠠᠪᠤᠳᠠᠯ᠎ᠤᠨ ᠬᠣᠷᠢᠶᠠᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠳᠠᠯᠢ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠎ᠠ᠂ ᠤᠯᠤᠰ᠎ᠤᠨ ᠨᠤᠲᠤᠭ ᠳᠡᠪᠢᠰᠬᠡᠷ ᠡᠬᠢ ᠪᠠᠶᠠᠯᠢᠭ᠂ ᠡᠷᠡᠭᠦᠯ ᠬᠠᠮᠠᠭ᠋ᠠᠯᠠᠯ᠂ ᠪᠦᠲᠦᠭᠡᠨ ᠪᠠᠶ᠋ᠢᠭᠤᠯᠤᠯᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠵᠠᠭ᠋ᠠᠭᠯᠠᠨ ᠲᠣᠭᠲᠠᠭ᠋ᠠᠬᠤ ᠲᠥᠰᠦᠯ ᠳᠤᠷᠠᠳᠴᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠭᠰᠠᠨ᠎ᠤ ᠳᠠᠷᠠᠭ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠵᠦ ᠵᠥᠪᠰᠢᠶᠡᠷᠡᠭᠦᠯᠦᠨ᠎ᠡ᠃
      ᠲᠦᠷᠦ ᠵᠢᠨ ᠶᠠᠪᠤᠳᠠᠯ᠎ᠤᠨ ᠬᠣᠷᠢᠶ᠎ᠠ ᠪᠣᠯᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠤᠤᠭᠤᠬᠤ ᠤᠰᠤᠨ᠎ᠤ ᠡᠬᠢ ᠰᠤᠷᠪᠤᠯᠵᠢ ᠵᠢ ᠬᠠᠮᠠᠭ᠋ᠠᠯᠠᠬᠤ ᠪᠣᠳᠠᠲᠤ ᠬᠡᠷᠡᠭᠴᠡᠭᠡ ᠵᠢ ᠦᠨᠳᠦᠰᠦᠯᠡᠨ᠂ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠤ ᠬᠦᠷᠢᠶ᠎ᠡ ᠬᠡᠪᠴᠢᠶ᠎ᠡ ᠵᠢ ᠲᠣᠬᠢᠷᠠᠭᠤᠯᠵᠤ᠂ ᠤᠤᠭᠤᠬᠤ ᠤᠰᠤᠨ᠎ᠤ ᠠᠶᠤᠯᠭᠦᠶ ᠪᠠᠶ᠋ᠢᠬᠤ ᠵᠢ ᠦᠨᠡᠨ ᠬᠦ᠌ ᠪᠠᠲᠤᠯᠠᠵᠤ ᠪᠣᠯᠤᠨ᠎ᠠ᠃ ᠬᠣᠯᠪᠣᠭᠳᠠᠯ ᠪᠦᠬᠦᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠤ ᠵᠠᠭ᠋ᠠᠭ᠎ᠲᠤ ᠲᠣᠳᠣᠷᠬᠠᠢ ᠭᠠᠵᠠᠷ ᠵᠦᠢ ᠵᠢᠨ ᠵᠠᠭ᠋ᠠᠭ ᠲᠡᠮᠳᠡᠭ ᠪᠠ ᠢᠯᠡᠷᠬᠡᠢ ᠰᠡᠷᠡᠮᠵᠢ ᠵᠢᠨ ᠲᠡᠮᠳᠡᠭ ᠪᠤᠰᠬᠠᠬᠤ ᠬᠡᠷᠡᠭᠲᠡᠢ᠃
      ᠵᠢᠷᠠᠨ ᠲᠦᠷᠪᠡᠳᠦᠭᠡᠷ ᠵᠤᠢ᠌ᠯ   ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠳᠤ ᠪᠣᠬᠢᠷᠲᠤᠯ ᠭᠠᠳᠠᠭᠰᠢᠯᠠᠭᠤᠯᠬᠤ ᠠᠮᠠ ᠭᠠᠷᠭ᠋ᠠᠬᠤ ᠵᠢ ᠴᠠᠭ᠋ᠠᠵᠠᠯᠠᠨ᠎ᠠ᠃
      ᠵᠢᠷᠠᠨ ᠲᠠᠪᠤᠳᠤᠭ᠋ᠠᠷ ᠵᠦᠢ᠍ᠯ   ᠤᠤᠭᠤᠬᠤ ᠤᠰᠤᠨ᠎ᠤ ᠡᠬᠢ ᠰᠤᠷᠪᠤᠯᠵᠢ ᠵᠢᠨ ᠨᠢᠭᠡᠳᠦᠭᠡᠷ ᠳᠡᠰ᠎ᠤᠨ ᠬᠠᠮᠠᠭ᠋ᠠᠯᠠᠯᠲᠠ ᠵᠢᠨ ᠣᠷᠣᠨ᠎ᠤ ᠳᠣᠲᠣᠷ᠎ᠠ ᠤᠰᠤ ᠬᠠᠩᠭ᠋ᠠᠬᠤ ᠲᠥᠬᠥᠭᠡᠷᠦᠮᠵᠢ ᠪᠠ ᠤᠰᠤᠨ᠎ᠤ ᠡᠬᠢ ᠰᠤᠷᠪᠤᠯᠵᠢ ᠵᠢ ᠬᠠᠮᠠᠭ᠋ᠠᠯᠠᠬᠤ᠎ᠲᠠᠢ ᠬᠣᠯᠪᠣᠭᠳᠠᠯ ᠦᠭᠡᠢ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠵᠢ ᠴᠠᠭ᠋ᠠᠵᠠᠯᠠᠨ᠎ᠠ; ᠨᠢᠭᠡᠨᠲᠡ ᠪᠠᠶ᠋ᠢᠭᠤᠯᠤᠭᠰᠠᠨ ᠤᠰᠤ ᠬᠠᠩᠭ᠋ᠠᠬᠤ ᠲᠥᠬᠥᠭᠡᠷᠦᠮᠵᠢ ᠪᠠ ᠤᠰᠤᠨ᠎ᠤ ᠰᠤᠷᠪᠤᠯᠵᠢ ᠵᠢ ᠬᠠᠮᠠᠭ᠋ᠠᠯᠠᠬᠤ᠎ᠲᠠᠢ ᠬᠣᠯᠪᠣᠭᠳᠠᠯ ᠦᠭᠡᠢ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠵᠠᠷᠯᠢᠭᠳᠠᠵᠤ ᠪᠠᠶ᠋ᠢᠭ᠋ᠠᠳ ᠨᠤᠷᠠᠭ᠋ᠠᠯᠭ᠋ᠠᠬᠤ ᠪᠤᠶᠤ ᠡᠭᠦᠳᠡ ᠵᠢ᠎ᠨᠢ ᠬᠠᠭ᠋ᠠᠯᠭ᠋ᠠᠨ᠎ᠠ᠃
      ᠤᠤᠭᠤᠬᠤ ᠤᠰᠤᠨ᠎ᠤ ᠡᠬᠢ ᠰᠤᠷᠪᠤᠯᠵᠢ ᠵᠢᠨ ᠨᠢᠭᠡᠳᠦᠭᠡᠷ ᠳᠡᠰ᠎ᠤᠨ ᠬᠠᠮᠠᠭ᠋ᠠᠯᠠᠯᠲᠠ ᠵᠢᠨ ᠣᠷᠣᠨ᠎ᠤ ᠳᠣᠲᠣᠷ᠎ᠠ ᠲᠣᠣᠷᠯᠢᠭ ᠬᠠᠶ᠋ᠢᠷᠴᠠᠭ ᠵᠶ᠋ᠠᠷ ᠲᠡᠵᠢᠭᠡᠨ ᠦᠷᠡᠵᠢᠭᠦᠯᠬᠦ᠂ ᠵᠢᠭᠤᠯᠴᠢᠯᠠᠬᠤ᠂ ᠤᠰᠤᠨ᠎ᠳᠤ ᠤᠮᠪᠠᠬᠤ᠂ ᠵᠢᠭ᠋ᠠᠰᠤ ᠭᠥᠬᠢᠳᠡᠬᠦ ᠪᠤᠶᠤ ᠤᠤᠭᠤᠬᠤ ᠤᠰᠤᠨ᠎ᠤ ᠤᠰᠤᠨ ᠴᠣᠭᠴᠠ ᠵᠢ ᠪᠣᠬᠢᠷᠲᠤᠭᠤᠯᠵᠤ ᠮᠡᠳᠡᠬᠦ ᠪᠤᠰᠤᠳ ᠠᠵᠢᠯᠯᠠᠭ᠎ᠠ ᠬᠢᠬᠦ ᠵᠢ ᠴᠠᠭ᠋ᠠᠵᠠᠯᠠᠨ᠎ᠠ᠃
      ᠵᠢᠷᠠᠨ ᠵᠢᠷᠭᠤᠳᠤᠭ᠋ᠠᠷ ᠵᠦᠢ᠍ᠯ   ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠣᠶᠠᠳᠤᠭ᠋ᠠᠷ ᠳᠡᠰ᠎ᠤᠨ ᠬᠠᠮᠠᠭ᠋ᠠᠯᠠᠯᠲᠠ ᠵᠢᠨ ᠣᠷᠣᠨ᠎ᠤ ᠳᠣᠲᠣᠷ᠎ᠠ ᠪᠣᠬᠢᠷᠲᠤᠯ ᠪᠣᠳᠠᠰ ᠭᠠᠳᠠᠭᠰᠢᠯᠠᠭᠤᠯᠬᠤ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠵᠢ ᠴᠠᠭ᠋ᠠᠵᠠᠯᠠᠨ᠎ᠠ; ᠨᠢᠭᠡᠨᠲᠡ ᠪᠠᠶ᠋ᠢᠭᠤᠯᠤᠭᠰᠠᠨ   ᠪᠤᠬᠢᠷᠳᠤᠯ ᠪᠣᠳᠠᠰ ᠭᠠᠳᠠᠭᠰᠢᠯᠠᠭᠤᠯᠬᠤ ᠪᠦᠳᠦᠭᠡᠠ ᠪᠠᠶ᠋ᠢᠭᠤᠯᠤᠯᠲᠠ ᠵᠢᠨ ᠵᠦᠢ᠍ᠯᠡᠰ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠵᠠᠷᠯᠢᠭᠳᠠᠵᠤ ᠪᠠᠶ᠋ᠢᠭ᠋ᠠᠳ ᠨᠤᠷᠠᠭ᠋ᠠᠯᠭ᠋ᠠᠬᠤ ᠪᠤᠶᠤ ᠡᠭᠦᠳᠡ ᠵᠢ᠎ᠨᠢ ᠬᠠᠭ᠋ᠠᠯᠭ᠋ᠠᠨ᠎ᠠ᠃
      ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠣᠶᠠᠳᠤᠭ᠋ᠠᠷ ᠳᠡᠰ᠎ᠤᠨ ᠬᠠᠮᠠᠭ᠋ᠠᠯᠠᠯᠲᠠ ᠵᠢᠨ ᠣᠷᠣᠨ᠎ᠤ ᠳᠣᠲᠣᠷ᠎ᠠ ᠲᠣᠣᠷᠯᠢᠭ ᠬᠠᠶ᠋ᠢᠷᠴᠠᠭ ᠵᠶ᠋ᠠᠷ ᠲᠡᠵᠢᠭᠡᠨ ᠦᠷᠡᠵᠢᠭᠦᠯᠬᠦ᠂ ᠵᠢᠭᠤᠯᠴᠢᠯᠠᠬᠤ ᠵᠡᠷᠭᠡ ᠠᠵᠢᠯᠯᠠᠭ᠎ᠠ ᠬᠢᠬᠦ᠎ᠳᠤ ᠬᠦᠷᠪᠡᠯ᠂ ᠲᠣᠭᠲᠠᠭ᠋ᠠᠯ ᠶᠣᠰᠣᠭ᠋ᠠᠷ ᠠᠷᠭ᠎ᠠ ᠬᠡᠮᠵᠢᠶ᠎ᠡ ᠠᠪᠴᠤ᠂ ᠤᠤᠭᠤᠬᠤ ᠤᠰᠤᠨ᠎ᠤ ᠤᠰᠤᠨ ᠴᠣᠭᠴᠠ ᠵᠢ ᠪᠣᠬᠢᠷᠲᠤᠭᠤᠯᠬᠤ᠎ᠠᠴᠠ ᠰᠡᠷᠭᠡᠶ᠋ᠢᠯᠡᠬᠦ ᠬᠡᠷᠡᠭᠲᠡᠶ᠃
      ᠵᠢᠷᠠᠨ ᠳᠣᠯᠣᠳᠤᠭ᠋ᠠᠷ ᠵᠦᠢ᠍ᠯ   ᠤᠤᠭᠤᠬᠤ ᠤᠰᠤᠨ᠎ᠤ ᠡᠬᠢ ᠰᠤᠷᠪᠤᠯᠵᠢ ᠵᠢᠨ ᠳᠡᠰᠯᠡᠬᠦ ᠬᠠᠮᠠᠭ᠋ᠠᠯᠠᠯᠲᠠ ᠵᠢᠨ ᠣᠷᠣᠨ᠎ᠤ ᠳᠣᠲᠣᠷ᠎ᠠ ᠤᠰᠤᠨ ᠴᠣᠭᠴᠠ ᠵᠢ ᠬᠦᠨᠳᠦ ᠨᠣᠴᠢᠲᠠᠢ ᠪᠣᠬᠢᠷᠲᠤᠭᠤᠯᠬᠤ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠰᠢᠨ᠎ᠡ᠎ᠪᠠᠷ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠵᠢ ᠴᠠᠭ᠋ᠠᠵᠠᠯᠠᠨ᠎ᠠ; ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠥᠭᠡᠷᠡᠴᠢᠯᠡᠨ ᠪᠠᠶ᠋ᠢᠭᠤᠯᠬᠤ᠎ᠳᠠᠭᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠨᠡᠮᠡᠭᠳᠡᠭᠦᠯᠵᠦ ᠪᠣᠯᠬᠤ ᠦᠭᠡᠢ᠃
      ᠵᠢᠷᠠᠨ ᠨᠠᠢ᠍ᠮᠠᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠤᠭᠤᠬᠤ ᠤᠰᠤᠨ᠎ᠤ ᠡᠬᠢ ᠰᠤᠷᠪᠤᠯᠵᠢ ᠵᠢ ᠬᠠᠮᠠᠭ᠋ᠠᠯᠠᠬᠤ ᠪᠣᠳᠠᠲᠤ ᠬᠡᠷᠡᠭᠴᠡᠭᠡ ᠵᠢ ᠦᠨᠳᠦᠰᠦᠯᠡᠨ᠂ ᠳᠡᠰᠯᠡᠬᠦ ᠬᠠᠮᠠᠭ᠋ᠠᠯᠠᠯᠲᠠ ᠵᠢᠨ ᠣᠷᠣᠨ᠎ᠤ ᠳᠣᠲᠣᠷ᠎ᠠ ᠪᠠᠷᠢᠯᠭ᠎ᠠ ᠵᠢᠨ ᠠᠷᠭ᠎ᠠ ᠬᠡᠮᠵᠢᠶ᠎ᠡ ᠠᠪᠬᠤ ᠪᠤᠶᠤ ᠨᠠᠮᠤᠭ ᠭᠠᠵᠠᠷ᠂ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ ᠤᠢ ᠪᠠᠶ᠋ᠢᠭᠤᠯᠬᠤ ᠵᠡᠷᠭᠡ ᠠᠮᠢ ᠠᠬᠤᠶ ᠵᠢᠨ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠠᠪᠴᠤ᠂ ᠤᠰᠤᠨ᠎ᠤ ᠪᠤᠬᠢᠷᠳᠤᠯ ᠪᠤᠳᠠᠰ᠎ᠢ ᠤᠤᠭᠤᠬᠤ ᠤᠰᠤᠨ᠎ᠤ ᠤᠰᠤᠨ ᠴᠣᠭᠴᠠ᠎ᠳᠤ ᠰᠢᠭᠤᠳ ᠣᠷᠣᠭᠤᠯᠬᠤ ᠵᠢ ᠰᠡᠷᠭᠡᠶ᠋ᠢᠯᠡᠵᠦ᠂ ᠤᠤᠭᠤᠬᠤ ᠤᠰᠤᠨ᠎ᠤ ᠠᠶᠤᠯᠭᠦᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
      ᠵᠢᠷᠠ ᠶᠢᠰᠦᠳᠦᠭᠡᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠣᠷᠴᠢᠨ ᠲᠤᠭᠤᠷᠢᠨ᠎ᠤ ᠬᠠᠮᠠᠭ᠋ᠠᠯᠠᠯᠲᠠ ᠵᠡᠷᠭᠡ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ᠂ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠂ ᠭᠠᠵᠠᠷ ᠳᠣᠣᠷᠠᠬᠢ ᠤᠰᠤᠨ᠎ᠤ ᠬᠡᠯᠪᠡᠷᠢ ᠵᠢᠨ ᠤᠤᠭᠤᠬᠤ ᠤᠰᠤᠨ᠎ᠤ ᠡᠬᠢ ᠰᠤᠷᠪᠤᠯᠵᠢ ᠵᠢ ᠨᠥᠬᠥᠪᠥᠷᠢᠯᠡᠨ ᠬᠠᠩᠭ᠋ᠠᠬᠤ ᠣᠷᠣᠨ ᠵᠢᠴᠢ ᠤᠰᠤ ᠬᠠᠩᠭ᠋ᠠᠬᠤ ᠨᠢᠭᠡᠴᠢ ᠵᠢᠨ ᠡᠷᠬᠢᠨ ᠲᠣᠭᠣᠷᠢᠨ᠎ᠤ ᠣᠷᠣᠨ ᠪᠦᠰᠡ ᠵᠢᠨ ᠣᠷᠴᠢᠨ ᠲᠤᠭᠤᠷᠢᠨ᠎ᠤ ᠪᠠᠶ᠋ᠢᠳᠠᠯ ᠪᠠ ᠪᠣᠬᠢᠷᠲᠤᠯ᠎ᠤᠨ ᠠᠶᠤᠯ ᠲᠦᠭᠰᠢᠭᠦᠷᠢ ᠵᠢ ᠪᠠᠶ᠋ᠢᠴᠠᠭ᠋ᠠᠨ ᠦᠨᠡᠯᠡᠵᠦ᠂ ᠣᠷᠣᠰᠢᠵᠤ ᠮᠡᠳᠡᠬᠦ ᠪᠣᠬᠢᠷᠲᠤᠯ᠎ᠤᠨ ᠠᠶᠤᠯ ᠲᠦᠭᠰᠢᠭᠦᠷᠢ ᠵᠢᠨ ᠬᠦᠴᠦᠨ ᠵᠦᠢ᠍ᠯ᠎ᠢ ᠰᠢᠭᠰᠢᠨ ᠪᠠᠶ᠋ᠢᠴᠠᠭ᠋ᠠᠬᠤ ᠵᠢᠨ ᠬᠠᠮᠲᠤ ᠠᠶᠤᠯ ᠲᠦᠭᠰᠢᠭᠦᠷᠢ᠎ᠠᠴᠠ ᠰᠡᠷᠭᠡᠶ᠋ᠢᠯᠡᠬᠦ ᠵᠣᠬᠢᠴᠠᠩᠭᠤᠢ ᠠᠷᠭ᠎ᠠ ᠬᠡᠮᠵᠢᠶ᠎ᠡ ᠠᠪᠬᠤ ᠬᠡᠷᠡᠭᠲᠡᠢ᠃
      ᠤᠤᠭᠤᠬᠤ ᠤᠰᠤᠨ᠎ᠤ ᠡᠬᠢ ᠰᠤᠷᠪᠤᠯᠵᠢ ᠪᠣᠬᠢᠷᠲᠤᠭᠳᠠᠭ᠋ᠠᠳ ᠤᠰᠤ ᠬᠠᠩᠭ᠋ᠠᠬᠤ ᠠᠮᠤᠷ ᠲᠦᠪᠰᠢᠨ᠎ᠢ ᠰᠦᠷᠳᠡᠭᠦᠯᠵᠦ ᠮᠡᠳᠡᠬᠦ᠎ᠳᠤ ᠬᠦᠷᠪᠡᠯ᠂ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ   ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠠ ᠪᠤᠰᠤᠳ ᠦᠢ᠍ᠯᠡᠳᠪᠤᠷᠢᠯᠡᠯ ᠡᠵᠡᠩᠨᠡᠭᠴᠢ ᠵᠢ ᠵᠠᠷᠯᠢᠭᠳᠠᠵᠤ ᠪᠠᠶ᠋ᠢᠭ᠋ᠠᠳ ᠤᠰᠤᠨ᠎ᠤ ᠪᠤᠬᠢᠷᠳᠤᠯ ᠪᠤᠳᠠᠰ ᠭᠠᠳᠠᠭᠰᠢᠯᠠᠭᠤᠯᠬᠤ ᠵᠢ ᠵᠣᠭᠰᠣᠭ᠋ᠠᠬᠤ ᠵᠡᠷᠭᠡ ᠠᠷᠭ᠎ᠠ ᠬᠡᠮᠵᠢᠶ᠎ᠡ ᠠᠪᠤᠭᠤᠯᠬᠤ ᠵᠢᠨ ᠬᠠᠮᠲᠤ ᠤᠤᠭᠤᠬᠤ ᠤᠰᠤ ᠬᠠᠩᠭ᠋ᠠᠬᠤ ᠨᠢᠭᠡᠴᠢ ᠪᠠ ᠤᠰᠤ ᠬᠠᠩᠭ᠋ᠠᠬᠤ᠂ ᠡᠷᠡᠭᠦᠯ ᠬᠠᠮᠠᠭ᠋ᠠᠯᠠᠯ᠂ ᠤᠰᠤᠨ᠎ᠤ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ᠎ᠲᠤ ᠮᠡᠳᠡᠭᠳᠡᠬᠦ ᠬᠡᠷᠡᠭᠲᠡᠶ; ᠵᠠᠰᠠᠭ ᠵᠠᠬᠢᠷᠭ᠋ᠠᠨ᠎ᠤ ᠣᠷᠣᠨ᠎ᠢ ᠠᠯᠤᠰᠯᠠᠭᠰᠠᠨ ᠪᠠᠶ᠋ᠢᠪᠠᠯ᠂ ᠪᠠᠰᠠ ᠬᠣᠯᠪᠣᠭᠳᠠᠯ ᠪᠦᠬᠦᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠳᠡᠬᠦ ᠬᠡᠷᠡᠭᠲᠡᠶ᠃
      ᠳᠠᠯᠠᠳᠤᠭ᠋ᠠᠷ ᠵᠦᠢ᠍ᠯ   ᠲᠠᠩ ᠭᠠᠭᠴᠠ ᠤᠰᠤᠨ ᠰᠤᠷᠪᠤᠯᠵᠢ᠎ᠪᠠᠷ ᠤᠰᠤ ᠬᠠᠩᠭ᠋ᠠᠬᠤ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ ᠪᠠᠴᠢᠮ ᠪᠠᠶ᠋ᠢᠳᠠᠯ᠎ᠢ ᠠᠷᠭ᠋ᠠᠴᠠᠬᠤ ᠤᠰᠤᠨ ᠰᠤᠷᠪᠤᠯᠵᠢ ᠪᠤᠶᠤ ᠪᠡᠯᠡᠳᠬᠡᠯ ᠤᠰᠤᠨ ᠰᠤᠷᠪᠤᠯᠵᠢ ᠵᠢ ᠪᠠᠶ᠋ᠢᠭᠤᠯᠬᠤ ᠬᠡᠷᠡᠭᠲᠡᠶ᠂ ᠨᠥᠬᠥᠴᠡᠯ᠎ᠲᠠᠢ ᠭᠠᠵᠠᠷ ᠣᠷᠣᠨ᠎ᠳᠤ ᠣᠷᠣᠨ ᠪᠦᠰᠡ ᠵᠢᠨ ᠲᠣᠣᠷ ᠬᠣᠯᠪᠣᠨ ᠤᠰᠤ ᠬᠠᠩᠭ᠋ᠠᠬᠤ ᠵᠢ ᠥᠷᠨᠢᠭᠦᠯᠵᠦ ᠪᠣᠯᠤᠨ᠎ᠠ᠃
      ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠥᠳᠡᠭᠡ ᠲᠣᠰᠬᠣᠨ᠎ᠤ ᠤᠤᠭᠤᠬᠤ ᠤᠰᠤᠨ᠎ᠤ ᠡᠬᠢ ᠰᠤᠷᠪᠤᠯᠵᠢ ᠵᠢ ᠵᠦᠢ ᠵᠣᠬᠢᠰᠲᠠᠶ᠎ᠪᠠᠷ ᠲᠣᠬᠢᠷᠠᠭᠤᠯᠤᠨ ᠪᠠᠶ᠋ᠢᠷᠢᠯᠠᠭᠤᠯᠬᠤ ᠬᠡᠷᠡᠭᠲᠡᠶ᠂ ᠨᠥᠬᠥᠴᠡᠯ᠎ᠲᠠᠢ ᠭᠠᠵᠠᠷ ᠣᠷᠣᠨ᠎ᠨᠤᠭᠤᠳ ᠬᠣᠲᠠ ᠪᠠᠯᠭ᠋ᠠᠰᠤᠨ᠎ᠤ ᠤᠰᠤ ᠬᠠᠩᠭ᠋ᠠᠬᠤ ᠬᠣᠭᠣᠯᠠᠶ ᠵᠢᠨ ᠲᠣᠣᠷ᠎ᠢ ᠤᠷᠲᠤᠳᠬᠠᠬᠤ ᠪᠤᠶᠤ ᠭᠠᠴᠠᠭ᠎ᠠ ᠠᠯᠤᠰᠯᠠᠭᠰᠠᠨ᠂ ᠰᠢᠶᠠᠩ ᠪᠠᠯᠭ᠋ᠠᠰᠤ ᠠᠯᠤᠰᠯᠠᠨ ᠬᠡᠰᠡᠭ ᠬᠡᠰᠡᠭ ᠵᠶ᠋ᠠᠷ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠢ ᠪᠠᠶ᠋ᠢᠭᠤᠯᠬᠤ ᠵᠡᠷᠭᠡ ᠠᠷᠭ᠎ᠠ ᠮᠠᠶᠢᠭ᠎ᠢ ᠠᠪᠴᠤ᠂ ᠬᠡᠪᠴᠢᠶᠡᠵᠢᠭᠦᠯᠦᠨ ᠲᠥᠪᠯᠡᠷᠡᠭᠦᠯᠦᠨ ᠤᠰᠤ ᠬᠠᠩᠭ᠋ᠠᠬᠤ ᠵᠢ ᠬᠥᠭᠵᠢᠭᠦᠯᠵᠦ ᠪᠣᠯᠤᠨ᠎ᠠ᠃
      ᠳᠠᠯᠠᠨ ᠨᠢᠭᠡᠳᠦᠭᠡᠷ ᠵᠦᠢ᠍ᠯ   ᠤᠤᠭᠤᠬᠤ ᠤᠰᠤ ᠬᠠᠩᠭ᠋ᠠᠬᠤ ᠨᠢᠭᠡᠴᠢ ᠤᠰᠤ ᠠᠪᠬᠤ ᠠᠮᠠ ᠪᠠ ᠤᠰᠤ ᠭᠠᠷᠭ᠋ᠠᠬᠤ ᠠᠮᠠ ᠵᠢᠨ ᠤᠰᠤᠨ᠎ᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠤᠰᠤ ᠠᠪᠬᠤ ᠠᠮᠠ ᠵᠢᠨ ᠤᠰᠤᠨ᠎ᠤ ᠴᠢᠨᠠᠷ᠎ᠨᠢ ᠤᠤᠭᠤᠬᠤ ᠤᠰᠤᠨ᠎ᠤ ᠡᠬᠢ ᠰᠤᠷᠪᠤᠯᠵᠢ ᠵᠢᠨ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠨᠡᠶ᠋ᠢᠴᠡᠬᠦ ᠦᠭᠡᠢ ᠪᠤᠶᠤ ᠤᠰᠤ ᠭᠠᠷᠭ᠋ᠠᠬᠤ ᠠᠮᠠ ᠵᠢᠨ ᠤᠰᠤᠨ᠎ᠤ ᠴᠢᠨᠠᠷ᠎ᠨᠢ ᠤᠤᠭᠤᠬᠤ ᠤᠰᠤᠨ᠎ᠤ ᠠᠷᠢᠭᠤᠨ ᠴᠡᠪᠡᠷ᠎ᠤᠨ ᠪᠠᠷᠢᠮᠵᠢᠶ᠎ᠠ᠎ᠳᠤ ᠨᠡᠶ᠋ᠢᠴᠡᠬᠦ ᠦᠭᠡᠢ ᠪᠠᠶ᠋ᠢᠬᠤ ᠵᠢ ᠣᠯᠵᠤ ᠮᠡᠳᠡᠪᠡᠯ᠂ ᠴᠠᠭ ᠲᠤᠬᠠᠶ᠎ᠳᠤᠨᠢ   ᠵᠤᠬᠢᠰᠳᠠᠢ ᠠᠷᠭ᠎ᠠ ᠬᠡᠮᠵᠢᠶ᠎ᠡ ᠠᠪᠬᠤ ᠵᠢᠨ ᠬᠠᠮᠲᠤ ᠪᠠᠶ᠋ᠢᠭ᠎ᠠ ᠭᠠᠵᠠᠷ᠎ᠤᠨ ᠵᠶ᠋ᠠᠨ ᠬᠣᠲᠠ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤ ᠬᠠᠩᠭ᠋ᠠᠬᠤ ᠵᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃ ᠤᠰᠤ ᠬᠠᠩᠭ᠋ᠠᠬᠤ ᠠᠵᠢᠯ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠮᠡᠳᠡᠭᠦᠯᠦᠯᠲᠡ ᠵᠢ ᠣᠯᠤᠭᠰᠠᠨ᠎ᠤ ᠳᠠᠷᠠᠭ᠎ᠠ ᠣᠷᠴᠢᠨ   ᠲᠤᠭᠤᠷᠢᠨ᠎ᠤ ᠬᠠᠮᠠᠭ᠋ᠠᠯᠠᠯᠲᠠ᠂ ᠡᠷᠡᠭᠦᠯ ᠬᠠᠮᠠᠭ᠋ᠠᠯᠠᠯ᠂ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ᠎ᠲᠤ ᠮᠡᠳᠡᠭᠳᠡᠬᠦ ᠬᠡᠷᠡᠭᠲᠡᠶ᠃
      ᠤᠤᠭᠤᠬᠤ ᠤᠰᠤ ᠬᠠᠩᠭ᠋ᠠᠬᠤ ᠨᠢᠭᠡᠴᠢ᠎ᠨᠢ ᠬᠠᠩᠭ᠋ᠠᠬᠤ ᠤᠰᠤᠨ᠎ᠤ ᠴᠢᠨᠠᠷ᠎ᠲᠤ ᠬᠠᠷᠢᠭᠤᠴᠠᠵᠤ᠂ ᠤᠰᠤ ᠬᠠᠩᠭ᠋ᠠᠬᠤ ᠲᠥᠬᠥᠭᠡᠷᠦᠮᠵᠢ ᠵᠢᠨ ᠠᠶᠤᠯᠭᠦᠶ ᠪᠥᠭᠡᠳ ᠨᠠᠶ᠋ᠢᠳᠠᠪᠤᠷᠢᠲᠠᠶ ᠠᠵᠢᠯᠯᠠᠬᠤ ᠵᠢ ᠦᠨᠡᠨ ᠬᠦ᠌ ᠪᠠᠲᠤᠯᠠᠵᠤ᠂ ᠬᠠᠩᠭ᠋ᠠᠬᠤ ᠤᠰᠤᠨ᠎ᠤ ᠴᠢᠨᠠᠷ᠎ᠢ ᠤᠯᠤᠰ᠎ᠤᠨ ᠬᠣᠯᠪᠣᠭᠳᠠᠯ ᠪᠦᠬᠦᠢ ᠪᠠᠷᠢᠮᠵᠢᠶ᠎ᠠ᠎ᠳᠤ ᠨᠡᠶ᠋ᠢᠴᠡᠭᠦᠯᠬᠦ ᠵᠢ ᠪᠠᠲᠤᠯᠠᠬᠤ ᠬᠡᠷᠡᠭᠲᠡᠶ᠃
      ᠲᠠᠯᠠᠨ ᠬᠣᠶᠠᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠤᠤᠭᠤᠬᠤ ᠤᠰᠤᠨ᠎ᠤ ᠡᠬᠢ ᠰᠤᠷᠪᠤᠯᠵᠢ᠂ ᠤᠰᠤ ᠬᠠᠩᠭ᠋ᠠᠬᠤ ᠨᠢᠭᠡᠴᠢ ᠵᠢᠨ ᠤᠰᠤ ᠬᠠᠩᠭ᠋ᠠᠬᠤ ᠪᠠ ᠬᠡᠷᠡᠭᠯᠡᠭᠴᠢ ᠵᠢᠨ ᠤᠰᠤᠨ ᠭᠣᠭᠣᠵᠢᠭᠤᠷ᠎ᠠᠴᠠ ᠭᠠᠷᠬᠤ ᠤᠰᠤᠨ᠎ᠤ ᠴᠢᠨᠠᠷ ᠵᠡᠷᠭᠡ ᠤᠤᠭᠤᠬᠤ ᠤᠰᠤᠨ᠎ᠤ ᠠᠶᠤᠯᠭᠦᠶ ᠵᠢᠨ ᠪᠠᠶ᠋ᠢᠳᠠᠯ᠎ᠢ ᠬᠢᠨᠠᠨ ᠬᠡᠮᠵᠢᠵᠦ᠂ ᠦᠨᠡᠯᠡᠨ ᠵᠢᠱ᠌ᠢᠬᠦ ᠬᠡᠷᠡᠭᠲᠡᠶ᠃
      ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠤᠤᠭᠤᠬᠤ ᠤᠰᠤᠨ᠎ᠤ ᠠᠶᠤᠯᠭᠦᠶ ᠵᠢᠨ ᠪᠠᠶ᠋ᠢᠳᠠᠯ᠎ᠤᠨ ᠮᠡᠳᠡᠭᠡ ᠵᠠᠩᠭᠢ ᠵᠢ ᠨᠠᠭ᠋ᠠᠳᠤ ᠵᠠᠬ᠎ᠠ᠎ᠳᠠᠭᠠᠨ ᠤᠯᠠᠷᠢᠯ ᠪᠦᠷᠢ᠎ᠳᠤ ᠨᠢᠭᠡ ᠤᠳᠠᠭ᠎ᠠ ᠨᠡᠢ᠌ᠭᠡᠮ᠎ᠳᠤ ᠢᠯᠡ ᠨᠡᠢ᠌ᠳᠡᠯᠡᠬᠦ ᠬᠡᠷᠡᠭᠲᠡᠢ᠃
      ᠲᠡᠯᠡᠠ ᠭᠤᠷᠪᠠᠳᠤᠭ᠋ᠠᠷ ᠵᠦᠢ᠍ᠯ   ᠲᠤᠢ᠍ᠷᠦ ᠵᠢᠨ ᠶᠠᠪᠤᠳᠠᠯ᠎ᠤᠨ ᠬᠤᠷᠢᠶ᠎ᠠ ᠪᠣᠯᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠤᠰᠦᠠ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠬᠡᠷᠡᠭᠴᠡᠭᠡ᠎ᠪᠠᠨ ᠦᠨᠳᠦᠰᠦᠯᠡᠨ᠂ ᠤᠤᠭᠤᠬᠤ ᠤᠰᠦᠠ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠳᠤ ᠹᠣᠰᠹᠣᠷ ᠠᠭᠤᠯᠤᠭᠰᠠᠨ ᠤᠬᠢᠶᠠᠭᠴᠢ ᠡᠳ᠋᠂ ᠬᠢᠮᠢ ᠵᠢᠨ ᠪᠤᠷᠳᠦᠭᠤᠷ᠂ ᠲᠠᠷᠢᠶᠠᠨ ᠡᠮ ᠬᠡᠷᠡᠭᠯᠡᠬᠦ ᠵᠢ ᠴᠠᠭ᠋ᠠᠵᠠᠯᠠᠬᠤ ᠪᠤᠶᠤ ᠬᠢᠵᠠᠭ᠋ᠠᠷᠯᠠᠬᠤ ᠵᠢᠴᠢ ᠲᠡᠷᠢᠵᠦ ᠲᠡᠵᠢᠭᠡᠨ ᠦᠷᠡᠵᠢᠭᠦᠯᠬᠦ ᠵᠢ ᠬᠢᠵᠠᠭ᠋ᠠᠷᠯᠠᠬᠤ ᠵᠡᠷᠭᠡ ᠠᠷᠭ᠎ᠠ ᠬᠡᠮᠵᠢᠶ᠎ᠡ ᠠᠪᠬᠤ᠎ᠪᠠᠷ ᠲᠣᠭᠲᠠᠭ᠋ᠠᠵᠤ ᠪᠣᠯᠤᠨ᠎ᠠ᠃
      ᠲᠡᠯᠡᠠ ᠳᠥᠷᠪᠡᠳᠦᠭᠡᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠠᠯᠳᠠᠷᠲᠤ ᠦᠵᠡᠮᠵᠢ ᠵᠢᠨ ᠣᠷᠣᠨ᠎ᠤ ᠤᠰᠦᠠ ᠴᠣᠭᠴᠠ᠂ ᠴᠢᠬᠤᠯᠠ ᠵᠢᠭ᠋ᠠᠰᠤᠨ ᠠᠵᠤ ᠠᠬᠤᠶ ᠵᠢᠨ ᠤᠰᠦᠠ ᠴᠣᠭᠴᠠ ᠪᠣᠯᠤᠨ ᠠᠵᠤ ᠠᠬᠤᠶ ᠰᠣᠶᠣᠯ᠎ᠤᠨ ᠣᠨᠴᠠᠭ᠋ᠠᠶ ᠦᠨ᠎ᠡ ᠤᠢ᠍ᠷᠳᠡᠭ᠎ᠲᠠᠢ ᠪᠤᠰᠤᠳ ᠤᠰᠦᠠ ᠴᠣᠭᠴᠠ᠎ᠳᠤ ᠬᠠᠮᠠᠭ᠋ᠠᠯᠠᠯᠲᠠ ᠵᠢᠨ ᠣᠷᠣᠨ᠎ᠢ ᠵᠠᠭ᠋ᠠᠭᠯᠠᠨ ᠲᠣᠭᠲᠠᠭ᠋ᠠᠵᠤ ᠪᠣᠯᠬᠤ ᠪᠥᠭᠡᠳ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠬᠠᠮᠠᠭ᠋ᠠᠯᠠᠯᠲᠠ ᠵᠢᠨ ᠣᠷᠣᠨ᠎ᠤ ᠤᠰᠦᠠ᠎ᠤ ᠴᠢᠨᠠᠷ᠎ᠢ ᠲᠣᠭᠲᠠᠭᠰᠠᠨ ᠬᠡᠷᠡᠭᠴᠡᠭᠡᠨ᠎ᠤ ᠤᠰᠦᠠ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠷᠢᠮᠵᠢᠶ᠎ᠠ᠎ᠳᠤ ᠨᠡᠶ᠋ᠢᠴᠡᠭᠦᠯᠬᠦ ᠵᠢ ᠪᠠᠲᠤᠯᠠᠬᠤ ᠬᠡᠷᠡᠭᠲᠡᠶ᠃
      ᠲᠠᠯᠠᠨ ᠲᠠᠪᠤᠳᠤᠭ᠋ᠠᠷ ᠵᠦᠢ᠍ᠯ   ᠠᠯᠳᠠᠷᠳᠤ ᠦᠵᠡᠮᠵᠢ ᠵᠢᠨ ᠣᠷᠣᠨ᠎ᠤ ᠤᠰᠤᠨ ᠴᠣᠭᠴᠠ᠂ ᠴᠢᠬᠤᠯᠠ ᠵᠢᠭ᠋ᠠᠰᠤᠨ ᠠᠵᠤ ᠠᠬᠤᠢ ᠵᠢᠨ ᠤᠰᠤᠨ ᠴᠣᠭᠴᠠ ᠪᠣᠯᠤᠨ ᠪᠤᠰᠤᠳ ᠣᠨᠴᠠᠭ᠋ᠠᠢ ᠠᠵᠤ ᠠᠬᠤᠢ ᠰᠣᠶᠣᠯ᠎ᠤᠨ ᠦᠨ᠎ᠡ ᠦᠷᠳᠡᠭ᠎ᠲᠠᠢ ᠤᠰᠤᠨ ᠴᠣᠭᠴᠠ ᠵᠢᠨ ᠬᠠᠮᠠᠭ᠋ᠠᠯᠠᠯᠲᠠ ᠵᠢᠨ ᠣᠷᠣᠨ᠎ᠳᠤ ᠪᠣᠬᠢᠷᠲᠤᠯ ᠭᠠᠳᠠᠭᠰᠢᠯᠠᠭᠤᠯᠬᠤ ᠠᠮᠠ ᠵᠢ ᠰᠢᠨ᠎ᠡ᠎ᠪᠠᠷ ᠪᠠᠶ᠋ᠢᠭᠤᠯᠵᠤ ᠪᠣᠯᠬᠤ ᠦᠭᠡᠢ᠃ ᠬᠠᠮᠠᠭ᠋ᠠᠯᠠᠯᠲᠠ ᠵᠢᠨ ᠣᠷᠣᠨ᠎ᠤ ᠣᠶ᠋ᠢᠷᠠᠯᠴᠠᠭ᠎ᠠ ᠪᠣᠬᠢᠷᠲᠤᠯ ᠭᠠᠳᠠᠭᠰᠢᠯᠠᠭᠤᠯᠬᠤ ᠠᠮᠠ ᠵᠢ ᠰᠢᠨ᠎ᠡ᠎ᠪᠠᠷ ᠪᠠᠶ᠋ᠢᠭᠤᠯᠬᠤ᠎ᠳᠠᠭᠠᠨ ᠬᠠᠮᠠᠭ᠋ᠠᠯᠠᠯᠲᠠ ᠵᠢᠨ ᠣᠷᠣᠨ᠎ᠤ ᠤᠰᠤᠨ ᠴᠣᠭᠴᠠ ᠵᠢᠨ ᠪᠣᠬᠢᠷᠲᠤᠬᠤ ᠦᠭᠡᠢ ᠪᠠᠶ᠋ᠢᠬᠤ ᠵᠢ ᠪᠠᠲᠤᠯᠠᠬᠤ ᠬᠡᠷᠡᠭᠲᠡᠶ᠃
      ᠵᠢᠷᠭᠤᠳᠤᠭ᠋ᠠᠷ ᠪᠦᠯᠦᠭ   ᠤᠰᠤᠨ᠎ᠤ ᠪᠣᠬᠢᠷᠲᠤᠯ᠎ᠤᠨ ᠡ᠊ᠨᠳᠡᠯ᠎ᠢ ᠰᠢᠢ᠍ᠳᠪᠤᠷᠢᠯᠡᠬᠦ
      ᠲᠠᠯᠠᠨ ᠵᠢᠷᠭᠤᠳᠤᠭ᠋ᠠᠷ ᠵᠦᠢ᠍ᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠤᠰᠤᠨ᠎ᠤ ᠪᠣᠬᠢᠷᠲᠤᠯ᠎ᠤᠨ ᠡ᠊ᠨᠳᠡᠯ ᠭᠠᠷᠴᠤ ᠮᠡᠳᠡᠬᠦ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠎ᠨᠦᠭᠦᠳ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠡᠨᠡᠳᠲᠡ ᠵᠢᠨ ᠬᠡᠷᠡᠭ᠎ᠢ ᠠᠷᠭ᠋ᠠᠴᠠᠬᠤ ᠬᠠᠤᠯᠢ》 ᠵᠢᠨ ᠲᠣᠭᠲᠠᠭ᠋ᠠᠯ ᠶᠣᠰᠣᠭ᠋ᠠᠷ᠂ ᠤᠰᠤᠨ᠎ᠤ ᠪᠣᠬᠢᠷᠲᠤᠯ᠎ᠤᠨ ᠭᠡᠨᠡᠳᠲᠡ ᠵᠢᠨ ᠡ᠊ᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠤᠷᠢᠯᠡᠬᠦ ᠪᠠ ᠬᠡᠷᠡᠭ᠎ᠤᠨ ᠲᠠᠷᠠᠭ᠎ᠠ ᠰᠡᠷᠭᠦᠭᠡᠬᠦ ᠵᠡᠷᠭᠡ ᠠᠵᠢᠯ᠎ᠢ ᠰᠠᠶ᠋ᠢᠲᠤᠷ ᠬᠢᠬᠦ ᠬᠡᠷᠡᠭᠲᠡᠶ᠃
      ᠲᠠᠯᠠᠨ ᠳᠣᠯᠣᠳᠤᠭ᠋ᠠᠷ ᠵᠦᠢ᠍ᠯ   ᠤᠰᠤᠨ᠎ᠤ ᠪᠣᠬᠢᠷᠲᠤᠯ᠎ᠤᠨ ᠡ᠊ᠨᠳᠡᠯ ᠭᠠᠷᠴᠤ ᠮᠡᠳᠡᠬᠦ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠎ᠨᠦᠭᠦᠳ ᠤᠰᠤᠨ᠎ᠤ ᠪᠣᠬᠢᠷᠲᠤᠯ᠎ᠤᠨ ᠡ᠊ᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠎ᠢ ᠲᠣᠭᠲᠠᠭ᠋ᠠᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ᠎ᠢ ᠰᠠᠶ᠋ᠢᠲᠤᠷ ᠬᠢᠬᠦ ᠵᠢᠨ ᠬᠠᠮᠲᠤ ᠲᠣᠭᠲᠠᠮᠠᠯ ᠬᠤᠭᠤᠴᠠᠭ᠎ᠠ᠎ᠲᠠᠢ᠎ᠪᠠᠷ ᠰᠣᠷᠢᠯᠲᠠ ᠬᠢᠬᠦ ᠬᠡᠷᠡᠭᠲᠡᠶ᠃
      ᠠᠶᠤᠯᠲᠠᠶ ᠬᠢᠮᠢ ᠵᠢᠨ ᠪᠤᠳᠠᠰ᠎ᠢ ᠦᠢ᠍ᠯᠡᠳᠪᠦᠷᠢᠯᠡᠬᠦ᠂ ᠬᠠᠳᠠᠭ᠋ᠠᠯᠠᠬᠤ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠠᠶᠤᠯᠭᠦᠶ ᠦᠢ᠍ᠯᠡᠳᠪᠦᠷᠢᠯᠡᠯ᠎ᠤᠨ ᠡ᠊ᠨᠳᠡᠯ᠎ᠢ ᠰᠢᠢ᠍ᠳᠪᠤᠷᠢᠯᠡᠬᠦ ᠶᠠᠪᠤᠴᠠ᠎ᠳᠤ ᠡᠭᠦᠰᠦᠭᠰᠡᠨ ᠤᠰᠤᠨ ᠴᠣᠭᠴᠠ ᠵᠢ ᠬᠦᠨᠳᠦ ᠨᠣᠴᠢᠲᠠᠶ ᠪᠣᠬᠢᠷᠲᠤᠭᠤᠯᠵᠤ ᠮᠡᠳᠡᠬᠦ ᠭᠠᠯ ᠰᠡᠷᠭᠡᠶ᠋ᠢᠯᠡᠨ ᠤᠨᠲᠠᠷᠠᠭ᠋ᠠᠬᠤ ᠬᠠᠶᠠᠭᠳᠠᠮᠠᠯ ᠤᠰᠤ᠂ ᠬᠠᠶᠠᠭᠳᠠᠮᠠᠯ ᠰᠢᠩᠭᠡᠨ᠎ᠢ ᠤᠰᠤᠨ ᠴᠣᠭᠴᠠ᠎ᠳᠤ ᠰᠢᠭᠤᠳ ᠭᠠᠳᠠᠭᠰᠢᠯᠠᠭᠤᠯᠬᠤ ᠵᠢ ᠰᠡᠷᠭᠡᠶ᠋ᠢᠯᠡᠬᠦ ᠬᠡᠷᠡᠭᠲᠡᠶ᠃
      ᠳᠠᠯᠠᠨ ᠨᠠᠢ᠍ᠮᠠᠳᠤᠭ᠋ᠠᠷ ᠵᠦᠢ᠍ᠯ   ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠎ᠳᠤ ᠡᠨᠳᠡᠯ ᠪᠤᠶᠤ ᠪᠤᠰᠤᠳ ᠭᠡᠨᠡᠳᠲᠡ ᠵᠢᠨ ᠴᠢᠨᠠᠷᠲᠠᠶ ᠬᠡᠷᠡᠭ ᠭᠠᠷᠴᠤ ᠤᠰᠤᠨ᠎ᠤ ᠪᠣᠬᠢᠷᠲᠤᠯ᠎ᠤᠨ ᠡ᠊ᠨᠳᠡᠯ ᠭᠠᠷᠭ᠋ᠠᠭᠰᠠᠨ ᠪᠤᠶᠤ ᠭᠠᠷᠭ᠋ᠠᠵᠤ ᠮᠡᠳᠡᠬᠦ᠎ᠳᠤ ᠬᠦᠷᠪᠡᠯ᠂ ᠲᠤᠰ ᠨᠢᠭᠡᠴᠢ ᠵᠢᠨ ᠵᠶ᠋ᠠᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠎ᠢ ᠲᠡᠷᠡ ᠳᠠᠷᠤᠶ᠎ᠳᠤᠨᠢ ᠡᠬᠢᠯᠡᠭᠦᠯᠵᠦ᠂ ᠲᠤᠰᠠᠭ᠋ᠠᠷᠯᠠᠬᠤ ᠵᠡᠷᠭᠡ ᠪᠠᠴᠢᠮ ᠪᠠᠶ᠋ᠢᠳᠠᠯ᠎ᠢ ᠠᠷᠭ᠋ᠠᠴᠠᠬᠤ ᠠᠷᠭ᠎ᠠ ᠬᠡᠮᠵᠢᠶ᠎ᠡ ᠠᠪᠴᠤ᠂ ᠤᠰᠤᠨ᠎ᠤ ᠪᠤᠬᠢᠷᠳᠤᠯ ᠪᠤᠳᠠᠰ᠎ᠤᠨ ᠤᠰᠤᠨ ᠴᠣᠭᠴᠠ᠎ᠳᠤ ᠣᠷᠣᠬᠤ᠎ᠠᠴᠠ ᠰᠡᠷᠭᠡᠶ᠋ᠢᠯᠡᠬᠦ ᠵᠢᠨ ᠬᠠᠮᠲᠤ ᠡ᠊ᠨᠳᠡᠯ ᠭᠠᠷᠤᠭᠰᠠᠨ ᠭᠠᠵᠠᠷ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠤᠶᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠮᠡᠳᠡᠭᠦᠯᠦᠯᠲᠡ ᠵᠢ ᠣᠯᠤᠭᠰᠠᠨ᠎ᠤ ᠳᠠᠷᠠᠭ᠎ᠠ᠂ ᠲᠤᠰ ᠱᠠᠲᠤᠨ᠎ᠤ᠎ᠪᠠᠨ ᠠᠷᠠᠳ᠎ᠤᠨ ᠵᠠᠰᠠᠭ᠎ᠤᠨ ᠣᠷᠳᠣᠨ᠎ᠳᠤ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ ᠪᠥᠭᠡᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠬᠠᠭᠤᠯᠤᠨ ᠬᠦᠷᠭᠡᠬᠦ ᠬᠡᠷᠡᠭᠲᠡᠶ᠃
      ᠵᠢᠭ᠋ᠠᠰᠤᠨ ᠠᠵᠤ ᠠᠬᠤᠢ ᠵᠢᠨ ᠪᠣᠬᠢᠷᠲᠤᠯ᠎ᠤᠨ ᠡ᠊ᠨᠳᠡᠯ ᠭᠠᠷᠭ᠋ᠠᠭᠰᠠᠨ ᠪᠤᠶᠤ ᠵᠢᠭ᠋ᠠᠰᠤᠨ ᠠᠵᠤ   ᠠᠬᠤᠢ ᠵᠢᠨ ᠣᠩᠭᠣᠴᠠ ᠰᠠᠯ ᠤᠰᠤᠨ᠎ᠤ ᠪᠣᠬᠢᠷᠲᠤᠯ᠎ᠤᠨ ᠡ᠊ᠨᠳᠡᠯ ᠭᠠᠷᠭ᠋ᠠᠭᠰᠠᠨ ᠪᠠᠶ᠋ᠢᠪᠠᠯ᠂ ᠡ᠊ᠨᠳᠡᠯ ᠭᠠᠷᠤᠭᠰᠠᠨ ᠭᠠᠵᠠᠷ᠎ᠤᠨ ᠵᠢᠭ᠋ᠠᠰᠤᠨ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ᠂ ᠪᠠᠶ᠋ᠢᠴᠠᠭ᠋ᠠᠨ ᠰᠢᠢ᠍ᠳᠪᠤᠷᠢᠯᠡᠬᠦ ᠵᠢ ᠬᠦᠯᠢᠶᠡᠬᠦ ᠬᠡᠷᠡᠭᠲᠡᠶ᠃ ᠪᠤᠰᠤᠳ ᠣᠩᠭᠣᠴᠠ ᠰᠠᠯ ᠤᠰᠤᠨ᠎ᠤ ᠪᠣᠬᠢᠷᠲᠤᠯ᠎ᠤᠨ ᠡ᠊ᠨᠳᠡᠯ ᠭᠠᠷᠭ᠋ᠠᠭᠰᠠᠨ ᠪᠠᠶ᠋ᠢᠪᠠᠯ᠂ ᠡ᠊ᠨᠳᠡᠯ ᠭᠠᠷᠤᠭᠰᠠᠨ ᠭᠠᠵᠠᠷ᠎ᠤᠨ ᠲᠠᠯᠠᠢ ᠵᠢᠨ ᠶᠠᠪᠤᠳᠠᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠮᠡᠳᠡᠭᠦᠯᠵᠦ᠂ ᠪᠠᠶ᠋ᠢᠴᠠᠭ᠋ᠠᠨ ᠰᠢᠢ᠍ᠳᠪᠤᠷᠢᠯᠡᠬᠦ ᠵᠢ ᠬᠦᠯᠢᠶᠡᠬᠦ ᠬᠡᠷᠡᠭᠲᠡᠶ; ᠵᠢᠭ᠋ᠠᠰᠤᠨ ᠠᠵᠤ ᠠᠬᠤᠶ᠎ᠳᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠲᠡᠯᠡᠢ ᠵᠢᠨ ᠶᠠᠪᠤᠳᠠᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠵᠢᠭ᠋ᠠᠰᠤᠨ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠳᠡᠵᠦ ᠪᠠᠶ᠋ᠢᠴᠠᠭ᠋ᠠᠨ ᠰᠢᠢ᠍ᠳᠪᠤᠷᠢᠯᠡᠬᠦ᠎ᠳᠤ ᠣᠷᠣᠯᠴᠠᠭᠤᠯᠬᠤ ᠬᠡᠷᠡᠭᠲᠡᠶ᠃
      ᠳᠠᠯᠠ ᠶᠢᠰᠦᠳᠦᠭᠡᠷ ᠵᠦᠢ᠍ᠯ   ᠬᠣᠲᠠ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠤᠭᠤᠬᠤ ᠤᠰᠤᠨ᠎ᠤ ᠠᠶᠤᠯᠭᠦᠶ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠵᠣᠬᠢᠶᠠᠨ ᠪᠠᠶ᠋ᠢᠭᠤᠯᠵᠤ ᠨᠠᠶ᠋ᠢᠷᠠᠭᠤᠯᠤᠨ ᠵᠣᠬᠢᠶᠠᠬᠤ ᠬᠡᠷᠡᠭᠲᠡᠶ᠃
      ᠤᠤᠭᠤᠬᠤ ᠤᠰᠤ ᠬᠠᠩᠭ᠋ᠠᠬᠤ ᠨᠢᠭᠡᠴᠢ ᠪᠠᠶ᠋ᠢᠭ᠎ᠠ ᠭᠠᠵᠠᠷ᠎ᠤᠨ ᠵᠶ᠋ᠠᠨ ᠤᠤᠭᠤᠬᠤ ᠤᠰᠤᠨ᠎ᠤ ᠠᠶᠤᠯᠭᠦᠶ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠦᠨᠳᠦᠰᠦᠯᠡᠨ᠂ ᠵᠣᠬᠢᠴᠠᠩᠭᠤᠶ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠎ᠢ ᠲᠣᠭᠲᠠᠭ᠋ᠠᠵᠤ᠂ ᠪᠠᠶ᠋ᠢᠭ᠎ᠠ ᠭᠠᠵᠠᠷ᠎ᠤᠨ ᠵᠶ᠋ᠠᠨ ᠬᠣᠲᠠ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠳᠠᠩᠰᠠᠯᠠᠭᠤᠯᠬᠤ ᠵᠢᠨ ᠬᠠᠮᠲᠤ ᠲᠣᠭᠲᠠᠮᠠᠯ ᠬᠤᠭᠤᠴᠠᠭ᠎ᠠ᠎ᠲᠠᠢ᠎ᠪᠠᠷ ᠰᠣᠷᠢᠯᠲᠠ ᠬᠢᠬᠦ ᠬᠡᠷᠡᠭᠲᠡᠶ᠃
      ᠤᠤᠭᠤᠬᠤ ᠤᠰᠤᠨ᠎ᠤ ᠡᠬᠢ ᠰᠤᠷᠪᠤᠯᠵᠢ᠎ᠳᠤ ᠤᠰᠤᠨ᠎ᠤ ᠪᠣᠬᠢᠷᠲᠤᠯ᠎ᠤᠨ ᠡ᠊ᠨᠳᠡᠯ ᠭᠠᠷᠤᠭᠰᠠᠨ ᠪᠤᠶᠤ ᠤᠤᠭᠤᠬᠤ ᠤᠰᠤᠨ᠎ᠤ ᠠᠶᠤᠯᠭᠦᠶ ᠵᠢ ᠨᠥᠯᠥᠭᠡᠯᠡᠵᠦ ᠮᠡᠳᠡᠬᠦ ᠭᠡᠨᠡᠳᠲᠡ ᠵᠢᠨ ᠴᠢᠨᠠᠷᠲᠠᠶ ᠪᠤᠰᠤᠳ ᠬᠡᠷᠡᠭ ᠭᠠᠷᠤᠭᠰᠠᠨ ᠪᠠᠶ᠋ᠢᠪᠠᠯ᠂ ᠤᠤᠭᠤᠬᠤ ᠤᠰᠤ ᠬᠠᠩᠭ᠋ᠠᠬᠤ ᠨᠢᠭᠡᠴᠢ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠤᠷᠢᠯᠡᠬᠦ ᠠᠷᠭ᠎ᠠ ᠬᠡᠮᠵᠢᠶ᠎ᠡ ᠠᠪᠴᠤ᠂ ᠪᠠᠶ᠋ᠢᠭ᠎ᠠ ᠭᠠᠵᠠᠷ᠎ᠤᠨ ᠵᠶ᠋ᠠᠨ ᠬᠣᠲᠠ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠬᠦ ᠵᠢᠨ ᠬᠠᠮᠲᠤ ᠨᠡᠶ᠋ᠢᠭᠡᠮ ᠨᠡᠶ᠋ᠢᠲᠡ᠎ᠳᠤ ᠢᠯᠡ ᠪᠣᠯᠭ᠋ᠠᠬᠤ ᠬᠡᠷᠡᠭᠲᠡᠶ᠃ ᠬᠣᠯᠪᠣᠭᠳᠠᠯ ᠪᠦᠬᠦᠢ ᠠᠷᠠᠳ᠎ᠤᠨ ᠵᠠᠰᠠᠭ᠎ᠤᠨ ᠣᠷᠳᠣᠨ ᠪᠠᠶ᠋ᠢᠳᠠᠯ᠎ᠢ ᠦᠨᠳᠦᠰᠦᠯᠡᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠴᠠᠭ ᠲᠤᠬᠠᠶ᠎ᠳᠤᠨᠢ ᠡᠬᠢᠯᠡᠭᠦᠯᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠤᠰᠤ ᠬᠠᠩᠭ᠋ᠠᠬᠤ ᠠᠮᠤᠷ ᠲᠦᠪᠰᠢᠨ᠎ᠢ ᠪᠠᠲᠤᠯᠠᠬᠤ ᠬᠡᠷᠡᠭᠲᠡᠶ᠃
      ᠳᠣᠯᠣᠳᠤᠭ᠋ᠠᠷ ᠪᠦᠯᠦᠭ   ᠬᠠᠤᠯᠢ ᠵᠢᠨ ᠬᠠᠷᠢᠭᠤᠴᠠᠯᠭ᠎ᠠ
      ᠨᠠᠶᠠᠳᠤᠭ᠋ᠠᠷ ᠵᠦᠢ᠍ᠯ   ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠤᠰ ᠬᠠᠤᠯᠢ ᠵᠢᠨ ᠲᠣᠭᠲᠠᠭ᠋ᠠᠯ ᠶᠣᠰᠣᠭ᠋ᠠᠷ ᠬᠢᠨᠠᠨ ᠬᠠᠮᠢᠶᠠᠷᠬᠤ ᠡᠷᠬᠡ᠎ᠲᠠᠢ ᠪᠤᠰᠤᠳ ᠰᠠᠯᠠᠭ᠎ᠠ ᠮᠥᠴᠢᠷ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠵᠥᠪᠰᠢᠶᠡᠷᠡᠯ ᠭᠠᠷᠭ᠋ᠠᠭᠰᠠᠨ ᠦᠭᠡᠢ ᠪᠤᠶᠤ ᠵᠥᠪᠰᠢᠶᠡᠷᠡᠯ᠎ᠤᠨ ᠪᠢᠴᠢᠭ ᠮᠠᠲ᠋ᠧᠷᠢᠶᠠᠯ᠎ᠢ ᠭᠦᠢ᠍ᠴᠡᠳᠬᠡᠭᠰᠡᠨ ᠦᠭᠡᠢ᠂ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠣᠯᠵᠤ ᠮᠡᠳᠡᠭᠰᠡᠨ ᠪᠤᠶᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠲᠤᠬᠠᠶ ᠢᠯᠡᠴᠢᠯᠡᠨ ᠮᠡᠳᠡᠭᠦᠯᠦᠯᠲᠡ ᠵᠢ ᠣᠯᠤᠭᠰᠠᠨ᠎ᠤ ᠳᠠᠷᠠᠭ᠎ᠠ ᠪᠠᠶ᠋ᠢᠴᠠᠭ᠋ᠠᠨ ᠰᠢᠢ᠍ᠳᠪᠤᠷᠢᠯᠡᠭᠰᠡᠨ ᠦᠭᠡᠢ᠂ ᠡᠰᠡᠬᠦᠯ᠎ᠡ ᠲᠤᠰ ᠬᠠᠤᠯᠢ ᠵᠢᠨ ᠲᠣᠭᠲᠠᠭ᠋ᠠᠯ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠦᠭᠡᠢ ᠪᠤᠰᠤᠳ ᠦᠢ᠍ᠯᠡ ᠠᠵᠢᠯᠯᠠᠭ᠎ᠠ᠎ᠲᠠᠢ ᠪᠠᠶ᠋ᠢᠪᠠᠯ᠂ ᠰᠢᠭᠤᠳ ᠬᠠᠷᠢᠭᠤᠴᠠᠵᠤ ᠪᠠᠶ᠋ᠢᠭ᠎ᠠ ᠭᠤᠤᠯᠯᠠᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠰᠢᠢ᠍ᠳᠭᠡᠯ ᠥᠭᠭᠦᠨ᠎ᠡ᠃
      ᠨᠠᠶᠠᠨ ᠨᠢᠭᠡᠳᠦᠭᠡᠷ ᠵᠦᠢ᠍ᠯ   ᠬᠠᠤᠯᠢ ᠬᠡᠷᠡᠭᠵᠢᠭᠦᠯᠬᠦ ᠠᠵᠢᠯᠲᠠᠨ᠎ᠢ ᠤᠳᠠᠭ᠋ᠠᠰᠢᠷᠠᠭᠤᠯᠬᠤ᠂ ᠪᠦᠰᠡᠯᠡᠨ ᠬᠠᠰᠢᠬᠤ᠂ ᠰᠠᠭ᠋ᠠᠳᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠤᠰ ᠬᠠᠤᠯᠢ ᠵᠢᠨ ᠲᠣᠭᠲᠠᠭ᠋ᠠᠯ ᠶᠣᠰᠣᠭ᠋ᠠᠷ ᠬᠢᠨᠠᠯᠲᠠ ᠬᠠᠮᠢᠶᠠᠷᠤᠯᠲᠠ ᠵᠢᠨ ᠡᠷᠬᠡ ᠵᠢ ᠬᠡᠷᠡᠭᠵᠢᠭᠦᠯᠬᠦ ᠪᠤᠰᠤᠳ ᠰᠠᠯᠠᠭ᠎ᠠ ᠮᠥᠴᠢᠷ᠎ᠤᠨ ᠬᠢᠨᠠᠯᠲᠠ ᠪᠠᠶ᠋ᠢᠴᠠᠭ᠋ᠠᠯᠲᠠ ᠵᠢ ᠲᠡᠪᠴᠢᠬᠦ ᠪᠤᠶᠤ ᠬᠠᠷᠰᠢᠯᠠᠭᠰᠠᠨ᠂ ᠡᠰᠡᠬᠦᠯ᠎ᠡ ᠬᠢᠨᠠᠯᠲᠠ ᠪᠠᠶ᠋ᠢᠴᠠᠭ᠋ᠠᠯᠲᠠ ᠵᠢ ᠬᠦᠯᠢᠶᠡᠬᠦ᠎ᠳᠡᠭᠡᠨ ᠬᠤᠳᠠᠯ ᠬᠡᠯᠡᠵᠦ ᠬᠠᠭᠤᠷᠮᠠᠭᠯᠠᠭᠰᠠᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠤᠰ ᠬᠠᠤᠯᠢ ᠵᠢᠨ ᠲᠣᠭᠲᠠᠭ᠋ᠠᠯ ᠶᠣᠰᠣᠭ᠋ᠠᠷ ᠬᠢᠨᠠᠯᠲᠠ ᠬᠠᠮᠢᠶᠠᠷᠤᠯᠲᠠ ᠵᠢᠨ ᠡᠷᠬᠡ ᠵᠢ ᠬᠡᠷᠡᠭᠵᠢᠭᠦᠯᠬᠦ ᠪᠤᠰᠤᠳ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠵᠤ᠂ ᠬᠣᠶᠠᠷ ᠲᠦᠮᠡᠨ ᠲᠥᠭᠥᠷᠢᠭ᠎ᠠᠴᠠ ᠳᠡᠭᠡᠭᠰᠢ ᠬᠣᠷᠢᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ᠃
      ᠨᠠᠶᠠᠨ ᠬᠣᠶᠠᠳᠤᠭ᠋ᠠᠷ ᠵᠦᠢ᠍ᠯ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠵᠤ᠂ ᠬᠣᠶᠠᠷ ᠲᠦᠮᠡᠨ ᠲᠥᠭᠥᠷᠢᠭ᠎ᠠᠴᠠ ᠳᠡᠭᠡᠭᠰᠢ ᠬᠣᠷᠢᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠦᠢ᠍ᠯᠡᠳᠪᠦᠷᠢᠯᠡᠯ᠎ᠢ᠎ᠨᠢ ᠵᠣᠭᠰᠣᠭ᠋ᠠᠨ ᠴᠡᠭᠴᠡᠯᠡᠭᠦᠯᠦᠨ ᠵᠠᠰᠠᠭᠤᠯᠤᠨ᠎ᠠ᠄
     (ᠨᠢᠭᠡ) ᠭᠠᠳᠠᠭᠰᠢᠯᠠᠭᠤᠯᠤᠭᠰᠠᠨ ᠤᠰᠤᠨ᠎ᠤ ᠪᠤᠬᠢᠷᠳᠤᠯ ᠪᠤᠳᠠᠰ ᠵᠶ᠋ᠠᠨ ᠲᠣᠭᠲᠠᠭ᠋ᠠᠯ ᠶᠣᠰᠣᠭ᠋ᠠᠷ ᠥᠪᠡᠰᠦᠪᠡᠨ ᠬᠢᠨᠠᠨ ᠬᠡᠮᠵᠢᠭᠰᠡᠨ ᠦᠭᠡᠢ᠂ ᠡᠰᠡᠬᠦᠯ᠎ᠡ ᠬᠢᠨᠠᠨ ᠬᠡᠮᠵᠢᠭᠰᠡᠨ ᠠᠩᠬᠠᠨ᠎ᠤ ᠲᠡᠮᠳᠡᠭᠯᠡᠯ ᠵᠶ᠋ᠠᠨ ᠬᠠᠳᠠᠭ᠋ᠠᠯᠠᠭᠰᠠᠨ ᠦᠭᠡᠢ;
     (ᠬᠣᠶᠠᠷ)   ᠲᠣᠭᠲᠠᠭ᠋ᠠᠯ ᠶᠣᠰᠣᠭ᠋ᠠᠷ ᠤᠰᠤᠨ᠎ᠤ ᠪᠤᠬᠢᠷᠳᠤᠯ ᠪᠤᠳᠠᠰ᠎ᠤᠨ ᠭᠠᠳᠠᠭᠰᠢᠯᠠᠭᠤᠯᠤᠯᠲᠠ ᠵᠢ ᠬᠢᠨᠠᠨ ᠬᠡᠮᠵᠢᠬᠦ ᠠᠦ᠋ᠲ᠋ᠣ᠋ ᠲᠥᠬᠥᠭᠡᠷᠦᠮᠵᠢ ᠵᠢ ᠤᠭᠰᠠᠷᠠᠭᠰᠠᠨ ᠦᠭᠡᠢ᠂ ᠲᠣᠭᠲᠠᠭ᠋ᠠᠯ ᠶᠣᠰᠣᠭ᠋ᠠᠷ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠡᠵᠡᠮᠳᠡᠬᠦ ᠲᠥᠬᠥᠭᠡᠷᠦᠮᠵᠢ᠎ᠲᠠᠢ ᠰᠦᠯᠵᠢᠶᠡᠵᠢᠭᠦᠯᠦᠭᠰᠡᠨ ᠦᠭᠡᠢ᠂ ᠡᠰᠡᠬᠦᠯ᠎ᠡ ᠬᠢᠨᠠᠨ ᠬᠡᠮᠵᠢᠬᠦ ᠲᠥᠬᠥᠭᠡᠷᠦᠮᠵᠢ ᠵᠢᠨ ᠬᠡᠪ᠎ᠤᠨ ᠠᠵᠢᠯᠯᠠᠭ᠎ᠠ ᠵᠢ ᠪᠠᠲᠤᠯᠠᠭᠰᠠᠨ ᠦᠭᠡᠢ;
     (ᠭᠤᠷᠪᠠ) ᠲᠣᠭᠲᠠᠭ᠋ᠠᠯ ᠶᠣᠰᠣᠭ᠋ᠠᠷ ᠬᠣᠣᠷ ᠬᠥᠨᠥᠭᠡᠯ᠎ᠲᠠᠢ ᠤᠰᠤᠨ᠎ᠤ ᠪᠤᠬᠢᠷᠳᠤᠯ ᠪᠤᠳᠠᠰ᠎ᠤᠨ ᠪᠣᠬᠢᠷᠲᠤᠯ ᠭᠠᠳᠠᠭᠰᠢᠯᠠᠭᠤᠯᠬᠤ ᠠᠮᠠ ᠪᠠ ᠡᠷᠬᠢᠨ ᠲᠣᠭᠣᠷᠢᠨ᠎ᠤ ᠣᠷᠴᠢᠨ ᠲᠣᠭᠣᠷᠢᠨ᠎ᠢ ᠬᠢᠨᠠᠨ ᠬᠡᠮᠵᠢᠭᠰᠡᠨ ᠦᠭᠡᠢ᠂ ᠡᠰᠡᠬᠦᠯ᠎ᠡ ᠬᠣᠣᠷ ᠬᠥᠨᠥᠭᠡᠯ᠎ᠲᠠᠢ ᠤᠰᠤᠨ᠎ᠤ ᠪᠤᠬᠢᠷᠳᠤᠯ ᠪᠤᠳᠠᠰ᠎ᠤᠨ ᠮᠡᠳᠡᠭᠡ ᠵᠠᠩᠭᠢ ᠵᠢ ᠢᠯᠡ ᠨᠡᠶ᠋ᠢᠲᠡᠯᠡᠭᠰᠡᠨ ᠦᠭᠡᠢ᠃
      ᠨᠠᠶᠠᠨ ᠭᠤᠷᠪᠠᠳᠤᠭ᠋ᠠᠷ ᠵᠦᠢ᠍ᠯ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠬᠤ ᠪᠤᠶᠤ ᠵᠠᠷᠯᠢᠭᠳᠠᠵᠤ ᠪᠠᠶ᠋ᠢᠭ᠋ᠠᠳ ᠦᠢ᠍ᠯᠡᠳᠪᠦᠷᠢᠯᠡᠯ᠎ᠢ᠎ᠨᠢ ᠬᠢᠵᠠᠭ᠋ᠠᠷᠯᠠᠵᠤ᠂ ᠦᠢ᠍ᠯᠡᠳᠪᠦᠷᠢᠯᠡᠯ᠎ᠢ᠎ᠨᠢ ᠵᠣᠭᠰᠣᠭ᠋ᠠᠨ ᠴᠡᠭᠴᠡᠯᠡᠭᠦᠯᠵᠦ᠂ ᠠᠷᠪᠠᠨ ᠲᠦᠮᠡᠨ ᠲᠥᠭᠥᠷᠢᠭ᠎ᠠᠴᠠ ᠳᠡᠭᠡᠭᠰᠢ ᠵᠠᠭᠤᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ; ᠤᠢ᠍ᠢ᠍ᠯᠠ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠪᠠᠯ᠂ ᠵᠥᠪᠰᠢᠶᠡᠷᠡᠬᠦ ᠡᠷᠬᠡ ᠪᠦᠬᠦᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠡᠳ ᠵᠠᠷᠯᠢᠭᠳᠠᠵᠤ ᠪᠠᠶ᠋ᠢᠭ᠋ᠠᠳ ᠠᠵᠢᠯ᠎ᠢ᠎ᠨᠢ ᠵᠣᠭᠰᠣᠭ᠋ᠠᠵᠤ᠂ ᠡᠭᠦᠳᠡ ᠵᠢ᠎ᠨᠢ ᠬᠠᠭ᠋ᠠᠯᠭ᠋ᠠᠨ᠎ᠠ᠄
     (ᠨᠢᠭᠡ) ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠬᠠᠤᠯᠢ ᠶᠣᠰᠣᠭ᠋ᠠᠷ ᠣᠯᠤᠭᠰᠠᠨ ᠦᠭᠡᠢ᠎ᠪᠠᠷ ᠤᠰᠤᠨ᠎ᠤ ᠪᠤᠬᠢᠷᠳᠤᠯ ᠪᠤᠳᠠᠰ ᠭᠠᠳᠠᠭᠰᠢᠯᠠᠭᠤᠯᠤᠭᠰᠠᠨ;
     (ᠬᠣᠶᠠᠷ) ᠤᠰᠤᠨ᠎ᠤ ᠪᠤᠬᠢᠷᠳᠤᠯ ᠪᠤᠳᠠᠰ᠎ᠢ ᠭᠠᠳᠠᠭᠰᠢᠯᠠᠭᠤᠯᠬᠤ ᠪᠠᠷᠢᠮᠵᠢᠶ᠎ᠠ᠎ᠠᠴᠠ ᠬᠡᠲᠦᠷᠡᠭᠦᠯᠦᠭᠰᠡᠨ ᠪᠤᠶᠤ ᠭᠣᠣᠯᠳᠠᠯᠭ᠎ᠠ᠎ᠲᠠᠢ ᠤᠰᠤᠨ᠎ᠤ ᠪᠤᠬᠢᠷᠳᠤᠯ ᠪᠤᠳᠠᠰ᠎ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠭᠦᠢ᠍ᠴᠡᠳᠬᠡᠯ ᠲᠣᠭ᠎ᠠ᠎ᠠᠴᠠ ᠬᠡᠲᠦᠷᠡᠭᠦᠯᠦᠨ ᠤᠰᠤᠨ᠎ᠤ ᠪᠤᠬᠢᠷᠳᠤᠯ ᠪᠤᠳᠠᠰ᠎ᠢ ᠭᠠᠳᠠᠭᠰᠢᠯᠠᠭᠤᠯᠤᠭᠰᠠᠨ;
     (ᠭᠤᠷᠪᠠ) ᠨᠡᠪᠴᠢᠯᠲᠡ ᠵᠢᠨ ᠬᠤᠳᠳᠤᠭ᠂ ᠨᠡᠪᠴᠢᠯᠲᠡ ᠵᠢᠨ ᠨᠦᠬᠡ᠂ ᠠᠩ ᠵᠠᠪᠰᠠᠷ᠂ ᠠᠭᠤᠰᠤᠭᠳᠠᠮᠠᠯ ᠠᠭᠤᠢ ᠵᠢ ᠠᠰᠢᠭᠯᠠᠨ ᠳᠤᠷ᠎ᠠ᠎ᠪᠠᠷ ᠵᠶ᠋ᠠᠨ ᠳᠠᠯᠳᠠ ᠬᠣᠭᠣᠯᠠᠢ ᠲᠠᠯᠪᠢᠬᠤ᠂ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠥᠭᠡᠷᠡᠲᠦᠭᠦᠯᠬᠦ᠂ ᠬᠠᠭᠤᠷᠮᠠᠭᠯᠠᠨ ᠵᠣᠬᠢᠶᠠᠬᠤ᠂ ᠡᠰᠡᠬᠦᠯ᠎ᠡ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠥᠬᠥᠭᠡᠷᠦᠮᠵᠢ ᠵᠢ ᠬᠡᠪ᠎ᠤᠨ ᠪᠤᠰᠤ᠎ᠪᠠᠷ ᠠᠵᠢᠯᠯᠠᠭᠤᠯᠬᠤ ᠵᠡᠷᠭᠡ ᠬᠢᠨᠠᠯᠲᠠ ᠬᠠᠮᠢᠶᠠᠷᠤᠯᠲᠠ᠎ᠠᠴᠠ ᠵᠠᠶ᠋ᠢᠯᠠᠬᠤ ᠠᠷᠭ᠎ᠠ ᠮᠠᠶᠢᠭ ᠵᠶ᠋ᠠᠷ ᠤᠰᠤᠨ᠎ᠤ ᠪᠤᠬᠢᠷᠳᠤᠯ ᠪᠤᠳᠠᠰ᠎ᠢ ᠭᠠᠳᠠᠭᠰᠢᠯᠠᠭᠤᠯᠤᠭᠰᠠᠨ;
     (ᠲᠦᠷᠪᠡ) ᠲᠣᠭᠲᠠᠭ᠋ᠠᠯ ᠶᠣᠰᠣᠭ᠋ᠠᠷ ᠤᠷᠢᠳᠴᠢᠯᠠᠨ ᠰᠢᠢ᠍ᠳᠪᠤᠷᠢᠯᠡᠭᠰᠡᠨ ᠦᠭᠡᠢ᠎ᠪᠠᠷ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠤᠷᠢᠯᠡᠬᠦ ᠲᠥᠬᠥᠭᠡᠷᠦᠮᠵᠢ᠎ᠳᠤ ᠰᠢᠢ᠍ᠳᠪᠤᠷᠢᠯᠡᠬᠦ ᠤᠷᠠᠯᠠᠯ᠎ᠤᠨ ᠱᠠᠭ᠋ᠠᠷᠳᠠᠯᠭ᠎ᠠ᠎ᠳᠤ ᠦᠯᠦ ᠨᠡᠶ᠋ᠢᠴᠡᠬᠦ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠭᠠᠳᠠᠭᠰᠢᠯᠠᠭᠤᠯᠤᠭᠰᠠᠨ᠃
      ᠨᠠᠶᠠᠨ ᠳᠥᠷᠪᠡᠳᠦᠭᠡᠷ ᠵᠦᠢ᠍ᠯ   ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠳᠤ ᠪᠣᠬᠢᠷᠲᠤᠯ ᠭᠠᠳᠠᠭᠰᠢᠯᠠᠭᠤᠯᠬᠤ ᠠᠮᠠ ᠭᠠᠷᠭ᠋ᠠᠭᠰᠠᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠨᠤᠷᠠᠭ᠋ᠠᠯᠭ᠋ᠠᠵᠤ᠂ ᠠᠷᠪᠠᠨ ᠲᠦᠮᠡᠨ ᠲᠥᠭᠥᠷᠢᠭ᠎ᠠᠴᠠ ᠳᠡᠭᠡᠭᠰᠢ ᠲᠠᠪᠢᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠬᠤᠭᠤᠴᠠᠭ᠎ᠠ ᠬᠡᠲᠦᠷᠡᠲᠡᠯ᠎ᠡ ᠨᠤᠷᠠᠭ᠋ᠠᠨ ᠠᠷᠢᠯᠭ᠋ᠠᠭᠰᠠᠨ ᠤᠢ᠍ᠭᠡᠢ ᠪᠠᠶ᠋ᠢᠪᠠᠯ᠂ ᠠᠯᠪᠡᠳᠡᠠ ᠨᠤᠷᠠᠭ᠋ᠠᠨ ᠠᠷᠢᠯᠭ᠋ᠠᠭᠤᠯᠵᠤ᠂ ᠬᠡᠷᠡᠭᠰᠡᠬᠦ ᠵᠠᠷᠤᠳᠠᠯ᠎ᠢ᠎ᠨᠢ ᠬᠠᠤᠯᠢ ᠵᠢ ᠵᠥᠷᠢᠴᠡᠭᠰᠡᠳ ᠵᠶ᠋ᠠᠷ ᠡᠭᠦᠷᠭᠡᠯᠡᠭᠦᠯᠵᠦ᠂ ᠲᠡᠪᠢᠠ ᠲᠦᠮᠡᠨ ᠲᠥᠭᠥᠷᠢᠭ᠎ᠠᠴᠠ ᠳᠡᠭᠡᠭᠰᠢ ᠵᠠᠭᠤᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠬᠦ ᠪᠥᠭᠡᠳ ᠵᠠᠷᠯᠢᠭᠳᠠᠵᠤ ᠪᠠᠶ᠋ᠢᠭ᠋ᠠᠳ ᠦᠢ᠍ᠯᠡᠳᠪᠦᠷᠢᠯᠡᠯ᠎ᠢ᠎ᠨᠢ ᠵᠣᠭᠰᠣᠭ᠋ᠠᠨ ᠴᠡᠭᠴᠡᠯᠡᠭᠦᠯᠵᠦ ᠪᠣᠯᠤᠨ᠎ᠠ᠃
      ᠡᠮᠦᠨᠡᠬᠢ ᠪᠠᠳᠠᠭ᠎ᠤᠨ ᠲᠣᠭᠲᠠᠭ᠋ᠠᠯ᠎ᠠᠴᠠ ᠭᠠᠳᠠᠨ᠎ᠠ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠯ᠎ᠢ ᠵᠥᠷᠢᠴᠡᠵᠦ ᠪᠣᠬᠢᠷᠲᠤᠯ ᠪᠣᠳᠠᠰ ᠭᠠᠳᠠᠭᠰᠢᠯᠠᠭᠤᠯᠬᠤ ᠠᠮᠠ ᠭᠠᠷᠭ᠋ᠠᠭᠰᠠᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠨᠤᠷᠠᠭ᠋ᠠᠯᠭ᠋ᠠᠵᠤ᠂ ᠬᠣᠶᠠᠷ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠬᠤᠭᠤᠴᠠᠭ᠎ᠠ ᠬᠡᠲᠦᠷᠡᠲᠡᠯ᠎ᠡ ᠨᠤᠷᠠᠭ᠋ᠠᠨ ᠠᠷᠢᠯᠭ᠋ᠠᠭᠰᠠᠨ ᠤᠢ᠍ᠭᠡᠢ ᠪᠠᠶ᠋ᠢᠪᠠᠯ᠂ ᠠᠯᠪᠡᠳᠡᠠ ᠨᠤᠷᠠᠭ᠋ᠠᠨ ᠠᠷᠢᠯᠭ᠋ᠠᠭᠤᠯᠵᠤ᠂ ᠬᠡᠷᠡᠭᠰᠡᠬᠦ ᠵᠠᠷᠤᠳᠠᠯ᠎ᠢ᠎ᠨᠢ ᠬᠠᠤᠯᠢ ᠵᠢ ᠵᠥᠷᠢᠴᠡᠭᠰᠡᠳ ᠵᠶ᠋ᠠᠷ ᠡᠭᠦᠷᠭᠡᠯᠡᠭᠦᠯᠵᠦ᠂ ᠠᠷᠪᠠᠨ ᠲᠦᠮᠡᠨ ᠲᠥᠭᠥᠷᠢᠭ᠎ᠠᠴᠠ ᠳᠡᠭᠡᠭᠰᠢ ᠲᠡᠪᠢᠠ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠤᠢ᠍ᠢ᠍ᠯᠠ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠦᠢ᠍ᠯᠡᠳᠪᠦᠷᠢᠯᠡᠯ᠎ᠢ᠎ᠨᠢ ᠵᠣᠭᠰᠣᠭ᠋ᠠᠨ ᠴᠡᠭᠴᠡᠯᠡᠭᠦᠯᠵᠦ       ᠪᠣᠯᠤᠨ᠎ᠠ᠃
      ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠵᠥᠪᠰᠢᠶᠡᠷᠡᠯ ᠦᠭᠡᠢ᠎ᠪᠠᠷ ᠭᠣᠣᠯ ᠮᠥᠷᠡᠨ᠂ ᠨᠠᠭᠤᠷ ᠴᠦᠬᠦᠷᠦᠮ᠎ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠠᠮᠠ ᠵᠢ ᠰᠢᠨ᠎ᠡ᠎ᠪᠠᠷ ᠪᠠᠶ᠋ᠢᠭᠤᠯᠤᠭᠰᠠᠨ᠂ ᠥᠭᠡᠷᠡᠴᠢᠯᠡᠨ ᠪᠠᠶ᠋ᠢᠭᠤᠯᠤᠭᠰᠠᠨ᠂ ᠥᠷᠭᠡᠳᠬᠡᠨ ᠪᠠᠶ᠋ᠢᠭᠤᠯᠤᠭᠰᠠᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠡᠷᠬᠡ ᠲᠤᠰᠢᠶᠠᠯ ᠵᠶ᠋ᠠᠨ ᠦᠨᠳᠦᠰᠦᠯᠡᠨ᠂ ᠡᠮᠦᠨᠡᠬᠢ ᠪᠠᠳᠠᠭ᠎ᠤᠨ ᠲᠣᠭᠲᠠᠭ᠋ᠠᠯ ᠶᠣᠰᠣᠭ᠋ᠠᠷ ᠠᠷᠭ᠎ᠠ ᠬᠡᠮᠵᠢᠶ᠎ᠡ ᠠᠪᠴᠤ ᠰᠢᠢ᠍ᠳᠭᠡᠯ ᠥᠭᠭᠦᠨ᠎ᠡ᠃
      ᠨᠠᠶᠠᠨ ᠲᠠᠪᠤᠳᠤᠭ᠋ᠠᠷ ᠵᠦᠢ᠍ᠯ   ᠲᠤᠤᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠬᠤᠭᠤᠴᠠᠭ᠎ᠠ ᠲᠣᠭᠲᠠᠭ᠋ᠠᠨ ᠵᠠᠰᠠᠬᠤ ᠠᠷᠭ᠎ᠠ ᠬᠡᠮᠵᠢᠶ᠎ᠡ ᠠᠪᠤᠭᠤᠯᠵᠤ᠂ ᠪᠣᠬᠢᠷᠲᠤᠯ᠎ᠢ ᠠᠷᠢᠯᠭ᠋ᠠᠭᠤᠯᠵᠤ᠂ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠬᠤᠭᠤᠴᠠᠭ᠎ᠠ ᠬᠡᠲᠦᠷᠡᠲᠡᠯ᠎ᠡ ᠵᠠᠰᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠠᠶ᠋ᠢᠪᠠᠯ᠂ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠰᠠᠬᠤ ᠴᠢᠳᠠᠪᠤᠷᠢ᠎ᠲᠠᠢ ᠨᠢᠭᠡᠴᠢ ᠵᠢ ᠵᠢᠭ᠋ᠠᠨ ᠲᠣᠭᠲᠠᠭ᠋ᠠᠵᠤ ᠣᠷᠣᠯᠠᠨ ᠵᠠᠰᠠᠭᠤᠯᠵᠤ ᠪᠣᠯᠤᠨ᠎ᠠ᠂ ᠬᠡᠷᠡᠭᠰᠡᠬᠦ ᠵᠠᠷᠤᠳᠠᠯ᠎ᠢ ᠬᠠᠤᠯᠢ ᠵᠢ ᠵᠥᠷᠢᠴᠡᠭᠰᠡᠳ ᠡᠭᠦᠷᠭᠡᠯᠡᠨ᠎ᠡ᠄
     (ᠨᠢᠭᠡ) ᠤᠰᠤᠨ ᠴᠣᠭᠴᠠ᠎ᠳᠤ ᠲᠣᠰᠣᠯᠢᠭ ᠵᠦᠢ᠍ᠯ᠂ ᠬᠦᠴᠢᠯᠯᠢᠭ ᠰᠢᠩᠭᠡᠨ᠂ ᠱᠦᠯᠲᠦᠯᠢᠭ ᠰᠢᠩᠭᠡᠨ᠎ᠢ ᠭᠠᠳᠠᠭᠰᠢᠯᠠᠭᠤᠯᠤᠭᠰᠠᠨ;
    (ᠬᠣᠶᠠᠷ) ᠤᠰᠤᠨ ᠴᠣᠭᠴᠠ᠎ᠳᠤ ᠲᠤᠬᠰᠢᠨ ᠬᠣᠣᠷᠲᠠᠢ ᠬᠠᠶᠠᠭᠳᠠᠮᠠᠯ ᠰᠢᠩᠭᠡᠨ᠎ᠢ ᠭᠠᠳᠠᠭᠰᠢᠯᠠᠭᠤᠯᠤᠭᠰᠠᠨ᠂ ᠡᠰᠡᠬᠦᠯ᠎ᠡ ᠮᠥᠩᠭᠥᠨ ᠤᠰᠤ᠂ ᠺᠠᠳ᠋ᠮᠢ᠂ ᠠᠷᠰᠧᠨ᠂ ᠾᠷᠣᠮ᠂ ᠬᠠᠷ᠎ᠠ ᠲᠤᠭᠤᠯᠭ᠎ᠠ᠂ ᠼᠢᠶᠠᠨᠲᠤ ᠨᠢᠭᠡᠳᠪᠦᠷᠢ᠂ ᠰᠢᠷ᠎ᠠ ᠹᠣᠰᠹᠣᠷ ᠵᠡᠷᠭᠡ ᠵᠢ ᠠᠭᠤᠯᠤᠭᠰᠠᠨ ᠠᠭᠤᠰᠤᠮᠠᠬᠠᠢ ᠴᠢᠨᠠᠷᠲᠠᠶ ᠲᠤᠬᠰᠢᠨ ᠬᠣᠣᠷᠲᠠᠢ ᠬᠠᠶᠠᠭᠳᠠᠮᠠᠯ ᠰᠢᠭ᠋ᠠᠷᠤ ᠵᠢ ᠤᠰᠤᠨ ᠴᠣᠭᠴᠠ᠎ᠳᠤ ᠭᠠᠳᠠᠭᠰᠢᠯᠠᠭᠤᠯᠤᠭᠰᠠᠨ᠂ ᠴᠢᠳᠬᠤᠭᠰᠠᠨ ᠪᠤᠶᠤ ᠰᠢᠭᠤᠳ ᠭᠠᠵᠠᠷ ᠳᠣᠣᠷ᠎ᠠ ᠪᠤᠯᠠᠭᠰᠠᠨ;
    (ᠭᠤᠷᠪᠠ) ᠤᠰᠦᠠ ᠴᠣᠭᠴᠠ᠎ᠳᠤ ᠲᠤᠰᠦᠠ᠎ᠤ ᠵᠦᠢ᠍ᠯ᠂ ᠬᠣᠣᠷ᠎ᠲᠠᠢ ᠪᠣᠬᠢᠷᠲᠤᠯ ᠪᠣᠳᠠᠰ᠎ᠢ ᠰᠠᠪᠠᠯᠠᠵᠤ ᠬᠠᠳᠠᠭ᠋ᠠᠯᠠᠵᠤ ᠥᠩᠭᠡᠷᠡᠭᠰᠡᠨ ᠲᠡᠷᠭᠡ ᠪᠤᠶᠤ ᠰᠡᠪᠡ ᠬᠡᠷᠡᠭᠰᠡᠯ᠎ᠢ ᠤᠬᠢᠶᠠᠵᠤ ᠴᠡᠪᠡᠷᠯᠡᠭᠰᠡᠨ;
    (ᠲᠤᠢ᠍ᠷᠪᠡ) ᠤᠰᠦᠠ ᠴᠣᠭᠴᠠ᠎ᠳᠤ ᠠᠵᠤ ᠦᠢ᠍ᠯᠡᠳᠪᠦᠷᠢ ᠵᠢᠨ ᠬᠠᠶᠠᠭᠳᠠᠮᠠᠯ ᠰᠢᠭ᠋ᠠᠷᠤ᠂ ᠬᠤᠳᠠ ᠪᠠᠯᠭ᠋ᠠᠰᠤᠨ᠎ᠤ ᠬᠣᠭ ᠨᠣᠪᠰᠢ ᠪᠤᠶᠤ ᠪᠤᠰᠤᠳ ᠬᠠᠶᠠᠭᠳᠠᠮᠠᠯ ᠪᠣᠳᠠᠰ᠎ᠢ ᠭᠠᠳᠠᠭᠰᠢᠯᠠᠭᠤᠯᠤᠭᠰᠠᠨ᠂ ᠴᠢᠳᠬᠤᠭᠰᠠᠨ᠂ ᠡᠰᠡᠬᠦᠯ᠎ᠡ ᠭᠣᠣᠯ ᠮᠥᠷᠡᠨ᠂ ᠨᠠᠭᠤᠷ ᠲᠣᠭᠣᠷᠢᠮ᠂ ᠲᠠᠲᠠᠮᠠᠯ ᠭᠣᠣᠯ᠂ ᠤᠰᠦᠠ ᠰᠤᠪᠠᠭ᠂ ᠤᠰᠦᠠ ᠴᠥᠭᠥᠷᠥᠮ᠎ᠤᠨ ᠬᠠᠮᠤᠭ᠎ᠤᠨ ᠥᠨᠳᠥᠷ ᠤᠰᠦᠠ ᠲᠦᠪᠰᠢᠨ᠎ᠤ ᠱᠤᠭᠤᠮ᠎ᠠᠴᠠ ᠳᠣᠷᠣᠭᠰᠢᠬᠢ ᠲᠡᠡᠭ ᠰᠠᠢ᠌ᠷ ᠭᠠᠵᠠᠷ᠂ ᠡᠷᠭᠢ ᠵᠢᠨ ᠪᠡᠯ᠎ᠳᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠤᠶᠤ ᠪᠤᠰᠤᠳ ᠪᠣᠬᠢᠷᠲᠤᠯ ᠪᠣᠳᠠᠰ᠎ᠢ ᠣᠪᠣᠭ᠋ᠠᠯᠠᠨ ᠲᠠᠯᠪᠢᠭᠰᠠᠨ᠂ ᠬᠠᠳᠠᠭ᠋ᠠᠯᠠᠭᠰᠠᠨ;
    (ᠲᠠᠪᠤ) ᠤᠰᠤᠨ ᠴᠣᠭᠴᠠ᠎ᠳᠤ ᠰᠠᠴᠤᠷᠠᠭ ᠴᠢᠨᠠᠷᠲᠠᠶ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠤᠶᠤ ᠦᠨᠳᠦᠷ ᠰᠠᠴᠤᠷᠠᠭ ᠴᠢᠨᠠᠷᠲᠠᠶ ᠪᠠ ᠳᠤᠮᠳᠠ ᠰᠠᠴᠤᠷᠠᠭ ᠴᠢᠨᠠᠷᠲᠠᠶ ᠪᠣᠳᠠᠰ ᠠᠭᠤᠯᠤᠭᠰᠠᠨ ᠬᠠᠶᠠᠭᠳᠠᠮᠠᠯ ᠤᠰᠤ ᠵᠢ ᠭᠠᠳᠠᠭᠰᠢᠯᠠᠭᠤᠯᠤᠭᠰᠠᠨ᠂ ᠴᠢᠳᠬᠤᠭᠰᠠᠨ;
    (ᠵᠢᠷᠭᠤᠭ᠎ᠠ) ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠪᠤᠶᠤ ᠪᠠᠷᠢᠮᠵᠢᠶ᠎ᠠ᠎ᠠᠴᠠ ᠵᠥᠷᠢᠴᠡᠵᠦ᠂ ᠤᠰᠤᠨ ᠴᠣᠭᠴᠠ᠎ᠳᠤ ᠳᠣᠣᠷ᠎ᠠ ᠰᠠᠴᠤᠷᠠᠭ ᠢᠳᠡᠪᠬᠢ ᠪᠣᠳᠠᠰ ᠠᠭᠤᠯᠤᠭᠰᠠᠨ ᠬᠠᠶᠠᠭᠳᠠᠮᠠᠯ ᠤᠰᠤ᠂ ᠬᠠᠯᠠᠭᠤᠨ ᠬᠠᠶᠠᠭᠳᠠᠮᠠᠯ ᠤᠰᠤ ᠪᠤᠶᠤ ᠡᠪᠡᠳᠴᠢᠨ ᠡᠭᠦᠰᠭᠡᠭᠴᠢ ᠠᠭᠤᠯᠤᠭᠰᠠᠨ ᠪᠣᠬᠢᠷ ᠤᠰᠤ ᠵᠢ ᠭᠠᠳᠠᠭᠰᠢᠯᠠᠭᠤᠯᠤᠭᠰᠠᠨ;
    (ᠲᠤᠯᠤᠭ᠎ᠠ) ᠨᠡᠪᠴᠢᠵᠦ ᠭᠣᠭᠣᠵᠢᠬᠤ ᠵᠢ ᠰᠡᠷᠭᠡᠶ᠋ᠢᠯᠡᠬᠦ ᠵᠡᠷᠭᠡ ᠠᠷᠭ᠎ᠠ ᠬᠡᠮᠵᠢᠶ᠎ᠡ ᠠᠪᠤᠭᠰᠠᠨ ᠥᠭᠡᠢ᠂ ᠡᠰᠡᠬᠦᠯ᠎ᠡ ᠭᠠᠵᠠᠷ ᠳᠣᠣᠷᠠᠬᠢ ᠤᠰᠤᠨ᠎ᠤ ᠴᠢᠨᠠᠷ᠎ᠢ ᠬᠢᠨᠠᠨ ᠬᠡᠮᠵᠢᠬᠦ ᠬᠤᠳᠳᠤᠭ ᠪᠠᠶ᠋ᠢᠭᠤᠯᠵᠤ ᠬᠢᠨᠠᠨ ᠬᠡᠮᠵᠢᠭᠰᠡᠨ ᠥᠭᠡᠢ  ;
    (ᠨᠠᠢ᠍ᠮᠠ)   ᠲᠤᠰᠤ ᠨᠡᠮᠡᠬᠦ ᠦᠷᠳᠡᠭᠡ ᠵᠡᠷᠭᠡ ᠵᠢᠨ ᠭᠠᠵᠠᠷ ᠳᠣᠣᠷᠠᠬᠢ ᠲᠤᠰᠤᠨ ᠰᠠᠪᠠ᠎ᠳᠤ ᠳᠠᠪᠬᠤᠷ ᠪᠤᠳᠤᠩ ᠬᠡᠷᠡᠭᠯᠡᠭᠰᠡᠨ ᠦᠭᠡᠢ ᠪᠤᠶᠤ ᠨᠡᠪᠴᠢᠯᠲᠡ ᠵᠢ ᠰᠡᠷᠭᠡᠶ᠋ᠢᠯᠡᠬᠦ ᠲᠠᠲᠠᠭ᠋ᠠᠯ ᠪᠠᠶ᠋ᠢᠭᠤᠯᠬᠤ ᠵᠡᠷᠭᠡ ᠪᠤᠰᠤᠳ ᠪᠦᠲᠦᠮᠵᠢᠲᠡᠶ ᠠᠷᠭ᠎ᠠ ᠬᠡᠮᠵᠢᠶ᠎ᠡ ᠠᠪᠤᠭᠰᠠᠨ ᠦᠭᠡᠢ᠂ ᠡᠰᠡᠬᠦᠯ᠎ᠡ ᠨᠡᠪᠴᠢᠯᠲᠡ ᠵᠢ ᠰᠡᠷᠭᠡᠶ᠋ᠢᠯᠡᠬᠦ ᠬᠢᠨᠠᠨ ᠬᠡᠮᠵᠢᠯᠲᠡ ᠬᠢᠭᠰᠡᠨ ᠦᠭᠡᠢ;
    (ᠶᠢᠰᠦ) ᠲᠣᠭᠲᠠᠭ᠋ᠠᠯ ᠶᠣᠰᠣᠭ᠋ᠠᠷ ᠰᠡᠷᠭᠡᠶ᠋ᠢᠯᠡᠨ ᠬᠠᠮᠠᠭ᠋ᠠᠯᠠᠬᠤ ᠴᠢᠨᠠᠷᠲᠠᠶ ᠠᠷᠭ᠎ᠠ ᠬᠡᠮᠵᠢᠶ᠎ᠡ ᠠᠪᠤᠭᠰᠠᠨ ᠦᠭᠡᠢ᠂ ᠡᠰᠡᠬᠦᠯ᠎ᠡ ᠨᠡᠪᠴᠢᠵᠦ ᠭᠣᠭᠣᠵᠢᠬᠤ ᠵᠢ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠭᠤᠤ ᠰᠤᠪᠠᠭ᠂ ᠨᠦᠬᠡᠨ ᠲᠠᠩ ᠵᠡᠷᠭᠡ᠎ᠳᠤ ᠬᠣᠣᠷᠲᠤ ᠪᠣᠬᠢᠷᠲᠤᠯ ᠪᠣᠳᠠᠰ ᠠᠭᠤᠯᠤᠭᠰᠠᠨ ᠬᠠᠶᠠᠭᠳᠠᠮᠠᠯ ᠤᠰᠤ᠂ ᠡᠪᠡᠳᠴᠢᠨ ᠡᠭᠦᠰᠭᠡᠭᠴᠢ ᠠᠭᠤᠯᠤᠭᠰᠠᠨ ᠪᠣᠬᠢᠷ ᠤᠰᠤ ᠪᠤᠶᠤ ᠪᠤᠰᠤᠳ ᠬᠠᠶᠠᠭᠳᠠᠮᠠᠯ ᠪᠣᠳᠠᠰ᠎ᠢ ᠵᠥᠭᠡᠭᠡᠪᠦᠷᠢᠯᠡᠭᠰᠡᠨ ᠪᠤᠶᠤ ᠬᠠᠳᠠᠭ᠋ᠠᠯᠠᠭᠰᠠᠨ᠃
      ᠡᠮᠦᠨᠡᠬᠢ ᠪᠠᠳᠠᠭ᠎ᠤᠨ ᠭᠤᠷᠪᠠᠳᠤᠭ᠋ᠠᠷ ᠵᠤᠷᠪᠤᠰ᠂ ᠳᠥᠷᠪᠡᠳᠦᠭᠡᠷ ᠵᠤᠷᠪᠤᠰ᠂ ᠵᠢᠷᠭᠤᠳᠤᠭ᠋ᠠᠷ ᠵᠤᠷᠪᠤᠰ᠂ ᠳᠣᠯᠣᠳᠤᠭ᠋ᠠᠷ ᠵᠤᠷᠪᠤᠰ᠂ ᠨᠠᠢ᠍ᠮᠠᠳᠤᠭ᠋ᠠᠷ ᠵᠤᠷᠪᠤᠰ᠎ᠤᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠬᠣᠶᠠᠷ ᠲᠦᠮᠡᠨ ᠲᠥᠭᠥᠷᠢᠭ᠎ᠠᠴᠠ ᠳᠡᠭᠡᠭᠰᠢ ᠬᠣᠷᠢᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ᠃ ᠡᠮᠦᠨᠡᠬᠢ ᠪᠠᠳᠠᠭ᠎ᠤᠨ ᠨᠢᠭᠡᠳᠦᠭᠡᠷ ᠵᠤᠷᠪᠤᠰ᠂ ᠬᠣᠶᠠᠳᠤᠭ᠋ᠠᠷ ᠵᠤᠷᠪᠤᠰ᠂ ᠲᠠᠪᠤᠳᠤᠭ᠋ᠠᠷ ᠵᠤᠷᠪᠤᠰ᠂ ᠶᠢᠰᠦᠳᠦᠭᠡᠷ ᠵᠤᠷᠪᠤᠰ᠎ᠤᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠠᠷᠪᠠᠨ ᠲᠦᠮᠡᠨ ᠲᠥᠭᠥᠷᠢᠭ᠎ᠠᠴᠠ ᠳᠡᠭᠡᠭᠰᠢ ᠵᠠᠭᠤᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠤᠢ᠍ᠢ᠍ᠯᠠ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠪᠠᠯ᠂ ᠵᠥᠪᠰᠢᠶᠡᠷᠡᠬᠦ ᠡᠷᠬᠡ ᠪᠦᠬᠦᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠭᠡᠳ᠂ ᠵᠠᠷᠯᠢᠭᠳᠠᠵᠤ ᠪᠠᠶ᠋ᠢᠭ᠋ᠠᠳ ᠠᠵᠢᠯ᠎ᠢ᠎ᠨᠢ ᠵᠣᠭᠰᠣᠭ᠋ᠠᠵᠤ᠂ ᠡᠭᠦᠳᠡ ᠵᠢ᠎ᠨᠢ ᠬᠠᠭ᠋ᠠᠯᠭ᠋ᠠᠨ᠎ᠠ᠃
      ᠨᠠᠶᠠᠨ ᠵᠢᠷᠭᠤᠳᠤᠭ᠋ᠠᠷ ᠵᠦᠢ᠍ᠯ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠦᠢ᠍ᠯᠡᠳᠪᠦᠷᠢᠯᠡᠬᠦ᠂ ᠪᠣᠷᠣᠯᠠᠭᠤᠯᠬᠤ᠂ ᠭᠠᠳᠠᠭ᠋ᠠᠳᠤ᠎ᠠᠴᠠ ᠣᠷᠣᠭᠤᠯᠬᠤ᠂ ᠬᠡᠷᠡᠭᠯᠡᠬᠦ ᠵᠢ ᠴᠠᠭ᠋ᠠᠵᠠᠯᠠᠭᠰᠠᠨ ᠤᠰᠤᠨ᠎ᠤ ᠣᠷᠴᠢᠨ ᠲᠣᠭᠣᠷᠢᠨ᠎ᠢ ᠬᠦᠨᠳᠦ ᠨᠣᠴᠢᠲᠠᠶ ᠪᠣᠬᠢᠷᠲᠤᠭᠤᠯᠬᠤ ᠲᠣᠨᠣᠭ ᠲᠥᠬᠥᠭᠡᠷᠦᠮᠵᠢ ᠵᠢᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠤᠭᠰᠠᠨ ᠲᠣᠨᠣᠭ ᠲᠥᠬᠥᠭᠡᠷᠦᠮᠵᠢ ᠵᠢ ᠦᠢ᠍ᠯᠡᠳᠪᠦᠷᠢᠯᠡᠬᠦ᠂ ᠪᠣᠷᠣᠯᠠᠭᠤᠯᠬᠤ᠂ ᠭᠠᠳᠠᠭ᠋ᠠᠳᠤ᠎ᠠᠴᠠ ᠣᠷᠣᠭᠤᠯᠬᠤ ᠪᠤᠶᠤ ᠬᠡᠷᠡᠭᠯᠡᠬᠦ᠂ ᠡᠰᠡᠬᠦᠯ᠎ᠡ ᠬᠡᠷᠡᠭᠯᠡᠬᠦ ᠵᠢ ᠴᠠᠭ᠋ᠠᠵᠠᠯᠠᠭᠰᠠᠨ ᠤᠰᠤᠨ᠎ᠤ ᠣᠷᠴᠢᠨ ᠲᠤᠭᠤᠷᠢᠨ᠎ᠢ ᠬᠦᠨᠳᠦ ᠨᠣᠴᠢᠲᠠᠶ ᠪᠣᠬᠢᠷᠲᠤᠭᠤᠯᠬᠤ ᠤᠷᠠᠯᠠᠯ᠎ᠤᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠤᠭᠰᠠᠨ ᠤᠷᠠᠯᠠᠯ᠎ᠢ ᠬᠡᠷᠡᠭᠯᠡᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠵᠤ ᠠᠬᠤᠢ ᠵᠢᠨ ᠶᠡᠷᠦᠩᠬᠡᠶ᠋ᠢᠯᠡᠭᠰᠡᠨ ᠬᠣᠷᠸ᠎ᠠ ᠲᠤᠬᠢᠷᠠᠭᠤᠯᠤᠯ ᠡᠵᠡᠮᠳᠡᠯ᠎ᠤᠨ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠵᠤ᠂ ᠲᠠᠪᠤᠨ ᠲᠦᠮᠡᠨ ᠲᠥᠭᠥᠷᠢᠭ᠎ᠠᠴᠠ ᠳᠡᠭᠡᠭᠰᠢ ᠬᠣᠷᠢᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠤᠢ᠍ᠢ᠍ᠯᠠ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠵᠤ ᠠᠬᠤᠢ ᠵᠢᠨ ᠶᠡᠷᠦᠩᠬᠡᠶ᠋ᠢᠯᠡᠭᠰᠡᠨ ᠬᠣᠷᠸ᠎ᠠ ᠲᠤᠬᠢᠷᠡᠭᠤᠯᠦᠯ ᠡᠵᠡᠮᠳᠡᠯ᠎ᠤᠨ ᠰᠠᠯᠠᠭ᠎ᠠ ᠮᠥᠴᠢᠷ᠎ᠠᠴᠠ ᠰᠠᠨᠠᠯ ᠳᠤᠷᠠᠳᠴᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠠᠷᠯᠢᠭᠳᠠᠵᠤ ᠪᠠᠶ᠋ᠢᠭ᠋ᠠᠳ ᠠᠵᠢᠯ᠎ᠢ᠎ᠨᠢ ᠵᠣᠭᠰᠣᠭ᠋ᠠᠵᠤ᠂ ᠡᠭᠦᠳᠡ ᠵᠢ᠎ᠨᠢ ᠬᠠᠭ᠋ᠠᠯᠭ᠋ᠠᠨ᠎ᠠ᠃
      ᠨᠠᠶᠠᠨ ᠳᠣᠯᠣᠳᠤᠭ᠋ᠠᠷ ᠵᠦᠢ᠍ᠯ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠤᠯᠤᠰ᠎ᠤᠨ ᠠᠵᠤ ᠦᠢ᠍ᠯᠡᠰ᠎ᠤᠨ ᠲᠦᠷᠦ ᠵᠢᠨ ᠪᠤᠳᠤᠯᠭ᠎ᠠ᠎ᠳᠤ ᠦᠯᠦ ᠨᠡᠶ᠋ᠢᠴᠡᠬᠦ ᠵᠢᠵᠢᠭ ᠬᠡᠯᠪᠡᠷᠢ ᠵᠢᠨ ᠴᠠᠭ᠋ᠠᠰᠤ ᠬᠢᠬᠦ᠂ ᠠᠷᠠᠰᠤ ᠰᠢᠷᠢ ᠦᠢ᠍ᠯᠡᠳᠬᠦ᠂ ᠳᠠᠷᠤᠮᠠᠯᠯᠠᠨ ᠪᠤᠳᠤᠬᠤ᠂ ᠪᠤᠳᠤᠭᠯᠠᠬᠤ᠂ ᠬᠡᠦᠷᠡᠰᠦ ᠪᠣᠯᠪᠠᠰᠤᠷᠠᠭᠤᠯᠬᠤ᠂ ᠬᠦᠬᠦᠷ ᠪᠣᠯᠪᠠᠰᠤᠷᠠᠭᠤᠯᠬᠤ᠂ ᠠᠷᠰᠧᠨ ᠪᠣᠯᠪᠠᠰᠤᠷᠠᠭᠤᠯᠬᠤ᠂ ᠮᠥᠩᠭᠥᠨ ᠤᠰᠤ ᠪᠣᠯᠪᠠᠰᠤᠷᠠᠭᠤᠯᠬᠤ᠂ ᠲᠤᠰᠤ ᠪᠣᠯᠪᠠᠰᠤᠷᠠᠭᠤᠯᠬᠤ᠂ ᠴᠠᠬᠢᠯᠭ᠋ᠠᠨ ᠵᠶ᠋ᠠᠷ ᠥᠩᠭᠡᠯᠡᠬᠦ᠂ ᠲᠠᠷᠢᠶᠠᠨ ᠡᠮ᠂ ᠰᠢᠷᠪᠥᠰᠥᠨ ᠴᠢᠯᠠᠭᠤ᠂ ᠱᠦᠢ᠍ᠨᠢ᠂ ᠰᠢᠯ᠂ ᠪᠤᠯᠤᠳ ᠲᠡᠮᠤᠷ᠂ ᠢᠯᠴᠢ ᠵᠢᠨ ᠴᠠᠬᠢᠯᠭ᠋ᠠᠨ ᠵᠢᠴᠢ ᠤᠰᠤᠨ᠎ᠤ ᠣᠷᠴᠢᠨ ᠲᠣᠭᠣᠷᠢᠨ᠎ᠢ ᠬᠦᠨᠳᠦ ᠨᠣᠴᠢᠲᠠᠢ ᠪᠣᠬᠢᠷᠲᠤᠭᠤᠯᠬᠤ ᠪᠤᠰᠤᠳ ᠦᠢ᠍ᠯᠡᠳᠪᠦᠷᠢᠯᠡᠯ᠎ᠤᠨ ᠵᠦᠢ᠍ᠯᠡᠰ᠎ᠢ ᠪᠠᠶ᠋ᠢᠭᠤᠯᠤᠭᠰᠠᠨ ᠪᠠᠶ᠋ᠢᠪᠠᠯ᠂ ᠪᠠᠶ᠋ᠢᠭ᠎ᠠ ᠭᠠᠵᠠᠷ᠎ᠤᠨ ᠬᠢᠨᠢ ᠬᠣᠲᠠ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠠᠷᠯᠢᠭᠳᠠᠨ ᠡᠭᠦᠳᠡ ᠵᠢ᠎ᠨᠢ ᠬᠠᠭ᠋ᠠᠯᠭ᠋ᠠᠨ᠎ᠠ᠃
      ᠨᠠᠶᠠᠨ ᠨᠠᠢ᠍ᠮᠠᠳᠤᠭ᠋ᠠᠷ ᠵᠦᠢ᠍ᠯ   ᠬᠤᠳᠠ ᠪᠠᠯᠭ᠋ᠠᠰᠤᠨ᠎ᠤ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠦᠷᠢᠯᠡᠬᠦ ᠲᠥᠬᠥᠭᠡᠷᠦᠮᠵᠢ ᠵᠢᠨ ᠡᠵᠡᠩᠨᠡᠯᠲᠡ ᠵᠢᠨ ᠨᠢᠭᠡᠴᠢ ᠪᠤᠶᠤ ᠪᠤᠵᠠᠷ ᠰᠢᠪᠠᠷ᠎ᠢ   ᠰᠢᠢ᠍ᠳᠪᠦᠷᠢᠯᠡᠬᠦ ᠨᠢᠭᠡᠴᠢ ᠰᠢᠢ᠍ᠳᠪᠦᠷᠢᠯᠡᠭᠰᠡᠨ᠎ᠤ ᠳᠠᠷᠠᠭ᠋ᠠᠬᠢ ᠪᠤᠬᠢᠷ ᠰᠢᠪᠠᠷ᠎ᠨᠢ ᠤᠯᠤᠰ᠎ᠤᠨ ᠪᠠᠷᠢᠮᠵᠢᠶ᠎ᠠ᠎ᠳᠤ ᠨᠡᠶ᠋ᠢᠴᠡᠬᠦ ᠦᠭᠡᠢ᠂ ᠡᠰᠡᠬᠦᠯ᠎ᠡ ᠪᠤᠬᠢᠷ ᠰᠢᠪᠠᠷ᠎ᠤᠨ ᠬᠠᠮᠢᠭ᠋ᠠᠰᠢ ᠶᠠᠪᠤᠭᠰᠠᠨ ᠵᠡᠷᠭᠡ ᠵᠢ ᠲᠡᠮᠳᠡᠭᠯᠡᠭᠰᠡᠨ ᠦᠭᠡᠢ ᠪᠠᠶ᠋ᠢᠪᠠᠯ᠂ ᠬᠤᠳᠠ ᠪᠠᠯᠭ᠋ᠠᠰᠤᠨ᠎ᠤ ᠤᠰᠤ ᠵᠠᠯᠠᠬᠤ ᠠᠵᠢᠯ᠎ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠵᠠᠰᠠᠬᠤ ᠠᠷᠭ᠎ᠠ ᠬᠡᠮᠵᠢᠶ᠎ᠡ ᠠᠪᠤᠭᠤᠯᠵᠤ᠂ ᠰᠡᠷᠡᠮᠵᠢ ᠥᠭᠭᠦᠨ᠎ᠡ; ᠬᠦᠨᠳᠦ ᠨᠣᠴᠢᠲᠠᠶ ᠤᠷᠰᠢᠭ ᠲᠠᠲᠠᠭᠰᠠᠨ ᠪᠠᠶ᠋ᠢᠪᠠᠯ᠂ ᠠᠷᠪᠠᠨ ᠲᠦᠮᠡᠨ ᠲᠥᠭᠥᠷᠢᠭ᠎ᠠᠴᠠ ᠳᠡᠭᠡᠭᠰᠢ ᠬᠣᠷᠢᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠬᠤᠭᠤᠴᠠᠭ᠎ᠠ ᠬᠡᠲᠦᠷᠡᠲᠡᠯ᠎ᠡ ᠵᠠᠰᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠠᠶ᠋ᠢᠪᠠᠯ᠂ ᠬᠣᠲᠠ ᠪᠠᠯᠭ᠋ᠠᠰᠤ ᠵᠢᠨ ᠤᠰᠤ ᠵᠠᠯᠠᠬᠤ ᠠᠵᠢᠯ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠰᠠᠬᠤ ᠴᠢᠳᠠᠪᠤᠷᠢ᠎ᠲᠠᠢ ᠨᠢᠭᠡᠴᠢ ᠵᠢ ᠵᠢᠭ᠋ᠠᠨ ᠲᠣᠭᠲᠠᠭ᠋ᠠᠵᠤ ᠣᠷᠣᠯᠠᠨ ᠵᠠᠰᠠᠭᠤᠯᠵᠤ ᠪᠣᠯᠤᠨ᠎ᠠ᠂ ᠬᠡᠷᠡᠭᠰᠡᠬᠦ ᠵᠠᠷᠤᠳᠠᠯ᠎ᠢ ᠬᠠᠤᠯᠢ ᠵᠢ ᠵᠥᠷᠢᠴᠡᠭᠰᠡᠳ ᠡᠭᠦᠷᠭᠡᠯᠡᠨ᠎ᠡ᠃
      ᠨᠠᠶᠠ ᠶᠢᠰᠦᠳᠦᠭᠡᠷ ᠵᠦᠢ᠍ᠯ   ᠤᠩᠭᠤᠴᠠ ᠰᠠᠯ᠎ᠳᠤ ᠪᠣᠬᠢᠷᠲᠤᠯ᠎ᠢ ᠰᠡᠷᠭᠡᠶ᠋ᠢᠯᠡᠬᠦ ᠵᠣᠬᠢᠴᠠᠩᠭᠤᠶ ᠲᠤᠨᠤᠭ ᠲᠥᠬᠥᠭᠡᠷᠦᠮᠵᠢ ᠪᠠ ᠪᠠᠭ᠋ᠠᠵᠢ ᠬᠡᠷᠡᠭᠰᠡᠯ ᠲᠣᠬᠢᠷᠠᠭᠤᠯᠤᠭᠰᠠᠨ ᠦᠭᠡᠢ᠂ ᠡᠰᠡᠬᠦᠯ᠎ᠡ ᠤᠰᠤᠨ ᠣᠷᠣᠨ᠎ᠤ ᠣᠷᠴᠢᠨ ᠲᠤᠭᠤᠷᠢᠨ᠎ᠤ ᠪᠣᠬᠢᠷᠲᠤᠯ᠎ᠢ ᠰᠡᠷᠭᠡᠶ᠋ᠢᠯᠡᠬᠦ ᠬᠠᠤᠯᠢ ᠶᠣᠰᠣᠨ᠎ᠤ ᠬᠦᠴᠦᠨ ᠪᠦᠬᠦᠢ ᠦᠨᠡᠮᠯᠡᠯ ᠪᠠ ᠪᠢᠴᠢᠭ ᠬᠠᠷ᠎ᠠ ᠪᠠᠶ᠋ᠢᠬᠤ ᠦᠭᠡᠢ ᠪᠠᠶ᠋ᠢᠪᠠᠯ᠂ ᠳᠠᠯᠠᠢ ᠵᠢᠨ ᠶᠠᠪᠤᠳᠠᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠂ ᠵᠢᠭ᠋ᠠᠰᠤᠨ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠵᠤ᠂ ᠬᠣᠶᠠᠷ ᠮᠢᠩᠭ᠋ᠠᠨ ᠲᠥᠭᠥᠷᠢᠭ᠎ᠠᠴᠠ ᠳᠡᠭᠡᠭᠰᠢ ᠬᠣᠶᠠᠷ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠤᠢ᠍ᠭᠡᠢ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠣᠩᠭᠣᠴᠠ ᠰᠠᠯ᠎ᠤᠨ ᠠᠶᠠᠯᠠᠯ᠎ᠢ᠎ᠨᠢ ᠲᠤᠢ᠍ᠷ ᠵᠣᠭᠰᠣᠭ᠋ᠠᠨ᠎ᠠ᠃
      ᠣᠩᠭᠣᠴᠠ ᠰᠠᠯ ᠪᠤᠬᠢᠷᠳᠤᠯ ᠪᠣᠳᠠᠰ ᠭᠠᠳᠠᠭᠰᠢᠯᠠᠭᠤᠯᠬᠤ᠎ᠳᠤ ᠬᠣᠯᠪᠣᠭᠳᠠᠬᠤ ᠠᠵᠢᠯ᠎ᠢ ᠬᠢᠬᠦ᠎ᠳᠡᠭᠡᠨ ᠠᠵᠢᠯᠯᠠᠬᠤ ᠲᠤᠢ᠍ᠷᠢᠮ᠎ᠢ ᠵᠢᠷᠤᠮᠯᠠᠭᠰᠠᠨ ᠤᠢ᠍ᠭᠡᠢ ᠪᠤᠶᠤ ᠵᠣᠬᠢᠴᠠᠩᠭᠤᠶ ᠲᠡᠮᠳᠡᠭᠯᠡᠯ᠎ᠤᠨ ᠳᠡᠪᠲᠡᠷ ᠳᠡᠭᠡᠷ᠎ᠡ ᠦᠨᠡᠨ ᠮᠥᠨ ᠵᠶ᠋ᠠᠷ᠎ᠨᠢ ᠲᠡᠮᠳᠡᠭᠯᠡᠭᠰᠡᠨ ᠤᠢ᠍ᠭᠡᠢ ᠪᠠᠶ᠋ᠢᠪᠠᠯ᠂ ᠲᠡᠯᠡᠢ ᠵᠢᠨ ᠶᠠᠪᠤᠳᠠᠯ᠎ᠢ ᠬᠠᠮᠢᠶᠠᠷᠬᠤ ᠪᠠᠶ᠋ᠢᠭᠤᠯᠤᠮᠵᠢ᠂ ᠵᠢᠭ᠋ᠠᠰᠤᠨ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠠᠵᠢᠯ᠎ᠤᠨ ᠬᠤᠪᠢᠶᠠᠷᠢᠯᠠᠯ ᠶᠣᠰᠣᠭ᠋ᠠᠷ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠵᠤ᠂ ᠬᠣᠶᠠᠷ ᠮᠢᠩᠭ᠋ᠠᠨ ᠲᠥᠭᠥᠷᠢᠭ᠎ᠠᠴᠠ ᠳᠡᠭᠡᠭᠰᠢ ᠬᠣᠶᠠᠷ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ᠃
      ᠶᠡᠷᠡᠳᠦᠭᠡᠷ ᠵᠦᠢ᠍ᠯ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠳᠠᠯᠠᠢ ᠵᠢᠨ ᠶᠠᠪᠤᠳᠠᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠂ ᠵᠢᠭ᠋ᠠᠰᠤᠨ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠵᠠᠷᠯᠢᠭᠳᠠᠵᠤ ᠪᠠᠶ᠋ᠢᠭ᠋ᠠᠳ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠣᠭᠰᠣᠭ᠋ᠠᠵᠤ᠂ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠤᠰᠤᠨ᠎ᠤ ᠪᠣᠬᠢᠷᠲᠤᠯ᠎ᠢ ᠪᠤᠢ ᠪᠣᠯᠭ᠋ᠠᠭᠰᠠᠨ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠵᠠᠰᠠᠬᠤ ᠠᠷᠭ᠎ᠠ ᠬᠡᠮᠵᠢᠶ᠎ᠡ ᠠᠪᠤᠭᠤᠯᠵᠤ᠂ ᠪᠣᠬᠢᠷᠲᠤᠯ᠎ᠢ ᠠᠷᠢᠯᠭ᠋ᠠᠭᠤᠯᠵᠤ᠂ ᠬᠣᠶᠠᠷ ᠲᠦᠮᠡᠨ ᠲᠥᠭᠥᠷᠢᠭ᠎ᠠᠴᠠ ᠳᠡᠭᠡᠭᠰᠢ ᠬᠣᠷᠢᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠬᠤᠭᠤᠴᠠᠭ᠎ᠠ ᠬᠡᠲᠦᠷᠡᠲᠡᠯ᠎ᠡ ᠵᠠᠰᠠᠬᠤ ᠠᠷᠭ᠎ᠠ ᠬᠡᠮᠵᠢᠶ᠎ᠡ ᠠᠪᠤᠭᠰᠠᠨ ᠤᠢ᠍ᠭᠡᠢ ᠪᠠᠶ᠋ᠢᠪᠠᠯ᠂ ᠲᠡᠯᠡᠢ ᠵᠢᠨ ᠶᠠᠪᠤᠳᠠᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠂ ᠵᠢᠭ᠋ᠠᠰᠤᠨ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠠᠵᠢᠯ᠎ᠤᠨ ᠬᠤᠪᠢᠶᠠᠷᠢᠯᠠᠯ ᠶᠣᠰᠣᠭ᠋ᠠᠷ ᠵᠠᠰᠠᠬᠤ ᠴᠢᠳᠠᠪᠤᠷᠢ᠎ᠲᠠᠢ ᠨᠢᠭᠡᠴᠢ ᠵᠢ ᠵᠢᠭ᠋ᠠᠨ ᠲᠣᠭᠲᠠᠭ᠋ᠠᠵᠤ ᠣᠷᠣᠯᠠᠨ ᠵᠠᠰᠠᠭᠤᠯᠵᠤ ᠪᠣᠯᠤᠨ᠎ᠠ᠂ ᠬᠡᠷᠡᠭᠰᠡᠬᠦ ᠵᠠᠷᠤᠳᠠᠯ᠎ᠢ ᠣᠩᠭᠣᠴᠠ ᠰᠠᠯ᠎ᠤᠨ ᠡᠵᠡᠨ ᠡᠭᠦᠷᠭᠡᠯᠡᠨ᠎ᠡ᠄
     (ᠨᠢᠭᠡ) ᠤᠰᠦᠠ ᠴᠣᠭᠴᠠ᠎ᠳᠤ ᠣᠩᠭᠣᠴᠠ ᠰᠠᠯ᠎ᠤᠨ ᠬᠣᠭ ᠨᠣᠪᠰᠢ ᠵᠢ ᠴᠢᠳᠬᠤᠭᠰᠠᠨ ᠪᠤᠶᠤ ᠣᠩᠭᠣᠴᠠ ᠰᠠᠯ᠎ᠤᠨ ᠦᠯᠡᠳᠡᠭᠳᠡᠯ ᠲᠤᠰᠦ᠂ ᠬᠠᠶᠠᠭᠳᠠᠮᠠᠯ ᠲᠤᠰᠦ ᠵᠢ ᠭᠠᠳᠠᠭᠰᠢᠯᠠᠭᠤᠯᠤᠭᠰᠠᠨ;
     (ᠬᠣᠶᠠᠷ) ᠠᠵᠢᠯᠯᠠᠬᠤ ᠭᠠᠵᠠᠷ᠎ᠤᠨ ᠲᠡᠯᠡᠢ ᠵᠢᠨ ᠶᠠᠪᠤᠳᠠᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠪᠠᠷ ᠵᠥᠪᠰᠢᠶᠡᠷᠡᠭᠦᠯᠦᠭᠰᠡᠨ ᠤᠢ᠍ᠭᠡᠢ᠎ᠪᠠᠷ ᠣᠩᠭᠣᠴᠠ ᠰᠠᠯ᠎ᠳᠤ ᠰᠤᠯᠠ ᠰᠠᠪᠠᠯᠠᠭᠰᠠᠨ ᠰᠢᠩᠭᠡᠨ ᠪᠡᠶᠡᠲᠦ ᠵᠢᠨ ᠪᠣᠬᠢᠷᠲᠤᠭᠤᠯᠤᠨ ᠬᠣᠬᠢᠷᠠᠭᠤᠯᠬᠤ ᠴᠢᠨᠠᠷᠲᠠᠶ ᠪᠠᠷᠠᠭ᠎ᠠ ᠵᠢ ᠴᠢᠷᠭᠡᠦᠯ ᠣᠩᠭᠣᠴᠠ᠎ᠪᠠᠷ ᠰᠢᠯᠵᠢᠭᠦᠯᠬᠦ ᠠᠵᠢᠯ ᠬᠢᠭᠰᠡᠨ;
     (ᠭᠤᠷᠪᠠ) ᠣᠩᠭᠣᠴᠠ ᠰᠠᠯ ᠵᠢᠴᠢ ᠬᠣᠯᠪᠣᠭᠳᠠᠯ ᠪᠦᠬᠦᠢ ᠠᠵᠢᠯ᠎ᠤᠨ ᠨᠢᠭᠡᠴᠢ ᠪᠣᠬᠢᠷᠲᠤᠯ᠎ᠤᠨ ᠠᠶᠤᠯ ᠲᠦᠭᠰᠢᠭᠦᠷᠢ᠎ᠲᠠᠢ ᠠᠵᠢᠯ ᠠᠵᠢᠯᠯᠠᠭ᠎ᠠ ᠬᠢᠬᠦ᠎ᠳᠡᠭᠡᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢ ᠲᠣᠭᠲᠠᠭ᠋ᠠᠯ ᠶᠣᠰᠣᠭ᠋ᠠᠷ ᠡᠰᠡ ᠠᠪᠤᠭᠰᠠᠨ;
     (ᠲᠤᠢ᠍ᠷᠪᠡ) ᠲᠡᠯᠡᠢ ᠵᠢᠨ ᠲᠡᠡᠭ᠎ᠢ ᠲᠦᠷᠢᠬᠦ ᠠᠷᠭ᠎ᠠ᠎ᠪᠠᠷ ᠣᠩᠭᠣᠴᠠ ᠰᠠᠯ᠎ᠢ ᠵᠠᠳᠠᠯᠤᠭᠰᠠᠨ;
     (ᠲᠠᠪᠤ) ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠳᠣᠲᠣᠭ᠋ᠠᠳᠤ ᠭᠣᠣᠯ ᠮᠥᠷᠡᠨ᠎ᠳᠤ ᠣᠷᠣᠵᠤ ᠢᠷᠡᠭᠰᠡᠨ ᠤᠯᠠᠨ ᠤᠯᠤᠰ᠎ᠤᠨ ᠠᠶᠠᠯᠠᠯ᠎ᠤᠨ ᠱᠤᠭᠤᠮ᠎ᠤᠨ ᠤᠩᠭᠤᠴᠠ ᠰᠠᠯ᠎ᠨᠢ ᠲᠣᠭᠲᠠᠭ᠋ᠠᠯ᠎ᠳᠤ ᠨᠡᠢ᠌ᠴᠡᠬᠦ ᠦᠭᠡᠢ ᠤᠩᠭᠤᠴᠠ ᠰᠠᠯ᠎ᠤᠨ ᠲᠠᠷᠤᠯᠳᠠᠳᠤ ᠤᠰᠤ ᠵᠢ ᠭᠠᠳᠠᠭᠰᠢᠯᠠᠭᠤᠯᠤᠭᠰᠠᠨ᠃
      ᠶᠡᠷᠡᠨ ᠨᠢᠭᠡᠳᠦᠭᠡᠷ ᠵᠦᠢ᠍ᠯ   ᠲᠤᠤᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠠᠷᠪᠠᠨ ᠲᠦᠮᠡᠨ ᠲᠥᠭᠥᠷᠢᠭ᠎ᠠᠴᠠ ᠳᠡᠭᠡᠭᠰᠢ ᠲᠠᠪᠢᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠡᠭᠦᠨ᠎ᠤ ᠬᠠᠮᠲᠤ ᠵᠥᠪᠰᠢᠶᠡᠷᠡᠬᠦ ᠡᠷᠬᠡ ᠪᠦᠬᠦᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠭᠡᠳ ᠵᠠᠷᠯᠢᠭᠳᠠᠵᠤ ᠪᠠᠶ᠋ᠢᠭ᠋ᠠᠳ ᠨᠤᠷᠠᠭ᠋ᠠᠯᠭ᠋ᠠᠬᠤ ᠪᠤᠶᠤ ᠡᠭᠦᠳᠡ ᠵᠢ᠎ᠨᠢ ᠬᠠᠭ᠋ᠠᠯᠭ᠋ᠠᠨ᠎ᠠ᠄
     (ᠨᠢᠭᠡ) ᠤᠤᠭᠤᠬᠤ ᠤᠰᠤᠨ᠎ᠤ ᠡᠬᠢ ᠰᠤᠷᠪᠤᠯᠵᠢ ᠵᠢᠨ ᠨᠢᠭᠡᠳᠦᠭᠡᠷ ᠳᠡᠰ᠎ᠤᠨ ᠬᠠᠮᠠᠭ᠋ᠠᠯᠠᠯᠲᠠ ᠵᠢᠨ ᠣᠷᠣᠨ᠎ᠤ ᠳᠣᠲᠣᠷ᠎ᠠ ᠤᠰᠤ ᠬᠠᠩᠭ᠋ᠠᠬᠤ ᠲᠥᠬᠥᠭᠡᠷᠦᠮᠵᠢ ᠪᠠ ᠤᠰᠤᠨ᠎ᠤ ᠡᠬᠢ ᠰᠤᠷᠪᠤᠯᠵᠢ ᠵᠢ ᠬᠠᠮᠠᠭ᠋ᠠᠯᠠᠬᠤ᠎ᠲᠠᠢ ᠬᠣᠯᠪᠣᠭᠳᠠᠯ ᠦᠭᠡᠢ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠰᠢᠨ᠎ᠡ᠎ᠪᠠᠷ ᠪᠠᠶ᠋ᠢᠭᠤᠯᠤᠭᠰᠠᠨ᠂ ᠥᠭᠡᠷᠡᠴᠢᠯᠡᠨ ᠪᠠᠶ᠋ᠢᠭᠤᠯᠤᠭᠰᠠᠨ᠂ ᠥᠷᠭᠡᠳᠬᠡᠨ ᠪᠠᠶ᠋ᠢᠭᠤᠯᠤᠭᠰᠠᠨ;
    (ᠬᠣᠶᠠᠷ) ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠣᠶᠠᠳᠤᠭ᠋ᠠᠷ ᠳᠡᠰ᠎ᠤᠨ ᠬᠠᠮᠠᠭ᠋ᠠᠯᠠᠯᠲᠠ ᠵᠢᠨ ᠣᠷᠣᠨ᠎ᠤ ᠳᠣᠲᠣᠷ᠎ᠠ ᠪᠣᠬᠢᠷᠲᠤᠯ ᠪᠣᠳᠠᠰ ᠭᠠᠳᠠᠭᠰᠢᠯᠠᠭᠤᠯᠬᠤ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠰᠢᠨ᠎ᠡ᠎ᠪᠠᠷ ᠪᠠᠶ᠋ᠢᠭᠤᠯᠤᠭᠰᠠᠨ᠂ ᠥᠭᠡᠷᠡᠴᠢᠯᠡᠨ ᠪᠠᠶ᠋ᠢᠭᠤᠯᠤᠭᠰᠠᠨ᠂ ᠥᠷᠭᠡᠳᠬᠡᠨ ᠪᠠᠶ᠋ᠢᠭᠤᠯᠤᠭᠰᠠᠨ;
     (ᠭᠤᠷᠪᠠ) ᠤᠤᠭᠤᠬᠤ ᠤᠰᠤᠨ᠎ᠤ ᠡᠬᠢ ᠰᠤᠷᠪᠤᠯᠵᠢ ᠵᠢᠨ ᠳᠡᠰᠯᠡᠬᠦ ᠬᠠᠮᠠᠭ᠋ᠠᠯᠠᠯᠲᠠ ᠵᠢᠨ ᠣᠷᠣᠨ᠎ᠤ ᠳᠣᠲᠣᠷ᠎ᠠ ᠤᠰᠤᠨ ᠴᠣᠭᠴᠠ ᠵᠢ ᠬᠦᠨᠳᠦ ᠨᠣᠴᠢᠲᠠᠶ ᠪᠣᠬᠢᠷᠲᠤᠭᠤᠯᠬᠤ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠰᠢᠨ᠎ᠡ᠎ᠪᠠᠷ ᠪᠠᠶ᠋ᠢᠭᠤᠯᠤᠭᠰᠠᠨ᠂ ᠥᠷᠭᠡᠳᠬᠡᠨ ᠪᠠᠶ᠋ᠢᠭᠤᠯᠤᠭᠰᠠᠨ᠂ ᠡᠰᠡᠬᠦᠯ᠎ᠡ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠥᠭᠡᠷᠡᠴᠢᠯᠡᠨ ᠪᠠᠶ᠋ᠢᠭᠤᠯᠤᠭ᠋ᠠᠳ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠨᠡᠮᠡᠭᠳᠡᠭᠦᠯᠦᠭᠰᠡᠨ᠃
      ᠤᠤᠭᠤᠬᠤ ᠤᠰᠤᠨ᠎ᠤ ᠡᠬᠢ ᠰᠤᠷᠪᠤᠯᠵᠢ ᠵᠢᠨ ᠨᠢᠭᠡᠳᠦᠭᠡᠷ ᠳᠡᠰ᠎ᠤᠨ ᠬᠠᠮᠠᠭ᠋ᠠᠯᠠᠯᠲᠠ ᠵᠢᠨ ᠣᠷᠣᠨ᠎ᠳᠤ ᠲᠣᠣᠷᠯᠢᠭ ᠬᠠᠶ᠋ᠢᠷᠴᠠᠭ ᠵᠶ᠋ᠠᠷ ᠲᠡᠵᠢᠭᠡᠨ ᠦᠷᠡᠵᠢᠭᠦᠯᠬᠦ ᠪᠤᠶᠤ ᠵᠢᠭᠤᠯᠴᠢᠯᠠᠬᠤ᠂ ᠵᠢᠭ᠋ᠠᠰᠤ ᠭᠥᠬᠢᠳᠡᠬᠦ ᠪᠤᠶᠤ ᠤᠤᠭᠤᠬᠤ ᠤᠰᠤᠨ᠎ᠤ ᠤᠰᠤᠨ ᠴᠣᠭᠴᠠ ᠵᠢ ᠪᠣᠬᠢᠷᠲᠤᠭᠤᠯᠵᠤ ᠮᠡᠳᠡᠬᠦ ᠪᠤᠰᠤᠳ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠬᠢᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠬᠣᠶᠠᠷ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ᠃ ᠬᠤᠪᠢ ᠬᠥᠮᠦᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠨᠢᠭᠡᠳᠦᠭᠡᠷ ᠳᠡᠰ᠎ᠤᠨ ᠬᠠᠮᠠᠭ᠋ᠠᠯᠠᠯᠲᠠ ᠵᠢᠨ ᠣᠷᠣᠨ᠎ᠳᠤ ᠤᠮᠪᠠᠬᠤ᠂ ᠵᠢᠭ᠋ᠠᠰᠤ ᠭᠥᠬᠢᠳᠡᠬᠦ ᠪᠤᠶᠤ ᠤᠤᠭᠤᠬᠤ ᠤᠰᠤᠨ᠎ᠤ ᠤᠰᠤᠨ ᠴᠣᠭᠴᠠ ᠵᠢ ᠪᠣᠬᠢᠷᠲᠤᠭᠤᠯᠵᠤ ᠮᠡᠳᠡᠬᠦ ᠪᠤᠰᠤᠳ ᠠᠵᠢᠯᠯᠠᠭ᠎ᠠ ᠵᠢ ᠬᠢᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠲᠠᠪᠤᠨ ᠵᠠᠭᠤᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠵᠦ ᠪᠣᠯᠤᠨ᠎ᠠ᠃
      ᠶᠡᠷᠡᠨ ᠬᠣᠶᠠᠳᠤᠭ᠋ᠠᠷ ᠵᠦᠢ᠍ᠯ   ᠤᠤᠭᠤᠬᠤ ᠤᠰᠤ ᠬᠠᠩᠭ᠋ᠠᠬᠤ ᠨᠢᠭᠡᠴᠢ ᠵᠢᠨ ᠬᠠᠩᠭ᠋ᠠᠬᠤ ᠤᠰᠤᠨ᠎ᠤ ᠴᠢᠨᠠᠷ᠎ᠨᠢ ᠤᠯᠤᠰ᠎ᠤᠨ ᠲᠣᠭᠲᠠᠭ᠋ᠠᠭᠰᠠᠨ ᠪᠠᠷᠢᠮᠵᠢᠶ᠎ᠠ᠎ᠳᠤ ᠨᠡᠶ᠋ᠢᠴᠡᠬᠦ ᠦᠭᠡᠢ ᠪᠠᠶ᠋ᠢᠪᠠᠯ᠂ ᠪᠠᠶ᠋ᠢᠭ᠎ᠠ ᠭᠠᠵᠠᠷ᠎ᠤᠨ ᠬᠢᠨᠢ ᠬᠣᠲᠠ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤ ᠬᠠᠩᠭ᠋ᠠᠬᠤ ᠠᠵᠢᠯ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠵᠤ᠂ ᠬᠣᠶᠠᠷ ᠲᠦᠮᠡᠨ ᠲᠥᠭᠥᠷᠢᠭ᠎ᠠᠴᠠ ᠳᠡᠭᠡᠭᠰᠢ ᠬᠣᠷᠢᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠤᠢ᠍ᠢ᠍ᠯᠠ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠪᠠᠯ᠂ ᠵᠥᠪᠰᠢᠶᠡᠷᠡᠬᠦ ᠡᠷᠬᠡ ᠪᠦᠬᠦᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠭᠡᠳ ᠵᠠᠷᠯᠢᠭᠳᠠᠵᠤ ᠪᠠᠶ᠋ᠢᠭ᠋ᠠᠳ ᠠᠵᠢᠯ᠎ᠢ᠎ᠨᠢ ᠵᠣᠭᠰᠣᠭ᠋ᠠᠨ ᠴᠡᠭᠴᠡᠯᠡᠭᠦᠯᠵᠦ ᠪᠣᠯᠤᠨ᠎ᠠ; ᠰᠢᠭᠤᠳ ᠬᠠᠷᠢᠭᠤᠴᠠᠵᠤ ᠪᠠᠶ᠋ᠢᠭ᠎ᠠ ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠰᠢᠢ᠍ᠳᠭᠡᠯ ᠥᠭᠭᠦᠨ᠎ᠡ᠃
      ᠶᠡᠷᠡᠨ ᠭᠤᠷᠪᠠᠳᠤᠭ᠋ᠠᠷ ᠵᠦᠢ᠍ᠯ   ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠨ᠎ᠠ; ᠤᠢ᠍ᠢ᠍ᠯᠠ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠪᠠᠯ᠂ ᠬᠣᠶᠠᠷ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ᠄
     (ᠨᠢᠭᠡ) ᠤᠰᠤᠨ᠎ᠤ ᠪᠣᠬᠢᠷᠲᠤᠯ᠎ᠤᠨ ᠡ᠊ᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠎ᠢ ᠲᠣᠭᠲᠠᠭ᠋ᠠᠯ ᠶᠣᠰᠣᠭ᠋ᠠᠷ ᠲᠣᠭᠲᠠᠭ᠋ᠠᠭᠰᠠᠨ ᠦᠭᠡᠢ;
     (ᠬᠣᠶᠠᠷ) ᠤᠰᠤᠨ᠎ᠤ ᠪᠣᠬᠢᠷᠲᠤᠯ᠎ᠤᠨ ᠡ᠊ᠨᠳᠡᠯ ᠭᠠᠷᠤᠭᠰᠠᠨ᠎ᠤ ᠲᠠᠷᠠᠭ᠎ᠠ᠂ ᠤᠰᠤᠨ᠎ᠤ ᠪᠣᠬᠢᠷᠲᠤᠯ᠎ᠤᠨ ᠡ᠊ᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠎ᠢ ᠴᠠᠭ ᠲᠤᠬᠠᠶ᠎ᠳᠤᠨᠢ ᠡᠬᠢᠯᠡᠭᠦᠯᠦᠭᠰᠡᠨ ᠦᠭᠡᠢ᠂ ᠬᠣᠯᠪᠣᠭᠳᠠᠯ ᠪᠦᠬᠦᠢ ᠪᠠᠴᠢᠮ ᠪᠠᠶ᠋ᠢᠳᠠᠯ᠎ᠢ ᠠᠷᠭ᠋ᠠᠴᠠᠬᠤ ᠠᠷᠭ᠎ᠠ ᠬᠡᠮᠵᠢᠶ᠎ᠡ ᠠᠪᠤᠭᠰᠠᠨ ᠦᠭᠡᠢ᠃
      ᠶᠡᠷᠡᠨ ᠳᠥᠷᠪᠡᠳᠦᠭᠡᠷ ᠵᠦᠢ᠍ᠯ   ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠤᠰᠤᠨ᠎ᠤ ᠪᠣᠬᠢᠷᠲᠤᠯ᠎ᠤᠨ ᠡ᠊ᠨᠳᠡᠯ ᠭᠠᠷᠭ᠋ᠠᠭᠰᠠᠨ ᠪᠠᠶ᠋ᠢᠪᠠᠯ᠂ ᠬᠠᠤᠯᠢ ᠶᠣᠰᠣᠭ᠋ᠠᠷ ᠲᠦᠯᠦᠬᠦ ᠬᠠᠷᠢᠭᠤᠴᠠᠯᠭ᠎ᠠ ᠡᠭᠦᠷᠭᠡᠯᠡᠬᠦ᠎ᠠᠴᠠ ᠭᠠᠳᠠᠨ᠎ᠠ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰ ᠵᠦᠢ᠍ᠯ᠎ᠤᠨ ᠬᠣᠶᠠᠳᠤᠭ᠋ᠠᠷ ᠪᠠᠳᠠᠭ᠎ᠤᠨ ᠲᠣᠭᠲᠠᠭ᠋ᠠᠯ ᠶᠣᠰᠣᠭ᠋ᠠᠷ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠵᠦ᠂ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠵᠠᠰᠠᠬᠤ ᠠᠷᠭ᠎ᠠ ᠬᠡᠮᠵᠢᠶ᠎ᠡ ᠠᠪᠤᠭᠤᠯᠵᠤ᠂ ᠪᠣᠬᠢᠷᠲᠤᠯ᠎ᠢ ᠠᠷᠢᠯᠭ᠋ᠠᠭᠤᠯᠤᠨ᠎ᠠ; ᠱᠠᠭ᠋ᠠᠷᠳᠠᠯᠭ᠎ᠠ ᠶᠣᠰᠣᠭ᠋ᠠᠷ ᠵᠠᠰᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠤᠶᠤ ᠵᠠᠰᠠᠬᠤ ᠴᠢᠳᠠᠪᠤᠷᠢ ᠵᠢ ᠪᠦᠷᠢᠯᠳᠦᠭᠦᠯᠦᠭᠰᠡᠨ ᠦᠭᠡᠢ ᠪᠠᠶ᠋ᠢᠪᠠᠯ᠂ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠰᠠᠬᠤ ᠴᠢᠳᠠᠪᠤᠷᠢ᠎ᠲᠠᠢ ᠨᠢᠭᠡᠴᠢ ᠵᠢ ᠵᠢᠭ᠋ᠠᠨ ᠲᠣᠭᠲᠠᠭ᠋ᠠᠵᠤ ᠣᠷᠣᠯᠠᠨ ᠵᠠᠰᠠᠭᠤᠯᠤᠨ᠎ᠠ᠂ ᠬᠡᠷᠡᠭᠰᠡᠬᠦ ᠵᠠᠷᠤᠳᠠᠯ᠎ᠢ ᠬᠠᠤᠯᠢ ᠵᠢ ᠵᠥᠷᠢᠴᠡᠭᠰᠡᠳ ᠡᠭᠦᠷᠭᠡᠯᠡᠨ᠎ᠡ; ᠬᠦᠨᠳᠦ ᠶᠡᠬᠡ ᠪᠤᠶᠤ ᠣᠨᠴᠠ ᠶᠡᠬᠡ ᠤᠰᠤᠨ᠎ᠤ ᠪᠣᠬᠢᠷᠲᠤᠯ᠎ᠤᠨ ᠡ᠊ᠨᠳᠡᠯ ᠭᠠᠷᠭ᠋ᠠᠭᠰᠠᠨ ᠪᠠᠶ᠋ᠢᠪᠠᠯ᠂ ᠵᠥᠪᠰᠢᠶᠡᠷᠡᠬᠦ ᠡᠷᠬᠡ ᠪᠦᠬᠦᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠡᠳ ᠵᠠᠷᠯᠢᠭᠳᠠᠵᠤ ᠪᠠᠶ᠋ᠢᠭ᠋ᠠᠳ ᠡᠭᠦᠳᠡ ᠵᠢ᠎ᠨᠢ ᠬᠠᠭ᠋ᠠᠯᠭ᠋ᠠᠵᠤ ᠪᠣᠯᠤᠨ᠎ᠠ; ᠰᠢᠭᠤᠳ ᠬᠠᠷᠢᠭᠤᠴᠠᠵᠤ ᠪᠠᠶ᠋ᠢᠭ᠎ᠠ ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠢ ᠳᠡᠭᠡᠷ᠎ᠡ ᠨᠢᠭᠡ ᠵᠢᠯ᠎ᠤᠨ ᠲᠤᠰ ᠨᠢᠭᠡᠴᠢ᠎ᠠᠴᠠ ᠣᠯᠤᠭᠰᠠᠨ ᠣᠷᠣᠯᠭ᠎ᠠ ᠵᠢᠨ 50%᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠵᠦ ᠪᠣᠯᠤᠨ᠎ᠠ; 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠷᠴᠢᠨ ᠲᠤᠭᠤᠷᠢᠨ᠎ᠢ ᠬᠠᠮᠠᠭ᠋ᠠᠯᠠᠬᠤ ᠬᠠᠤᠯᠢ》 ᠵᠢᠨ ᠵᠢᠷᠠᠨ ᠭᠤᠷᠪᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠬᠠᠤᠯᠢ ᠵᠢ ᠵᠥᠷᠢᠴᠡᠵᠦ ᠤᠰᠤᠨ᠎ᠤ ᠪᠤᠬᠢᠷᠳᠤᠯ ᠪᠤᠳᠠᠰ ᠭᠠᠳᠠᠭᠰᠢᠯᠠᠭᠤᠯᠤᠭᠰᠠᠨ ᠵᠡᠷᠭᠡ ᠠᠵᠢᠯᠯᠠᠭ᠎ᠠ ᠵᠢᠨ ᠨᠢᠭᠡ ᠵᠢ ᠬᠢᠵᠦ᠂ ᠬᠠᠷᠠᠬᠠᠨ ᠶᠠᠯ᠎ᠠ ᠪᠤᠯᠵᠤ ᠪᠦᠷᠢᠯᠳᠦᠭᠰᠡᠨ ᠦᠭᠡᠢ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠰᠢᠭᠤᠳ ᠬᠠᠷᠢᠭᠤᠴᠠᠵᠤ ᠪᠠᠶ᠋ᠢᠭ᠎ᠠ ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠢ ᠠᠷᠪᠠᠨ ᠡᠳᠦᠷ᠎ᠠᠴᠠ ᠳᠡᠭᠡᠭᠰᠢ ᠠᠷᠪᠠᠨ ᠲᠠᠪᠤᠨ ᠡᠳᠦᠷ᠎ᠠᠴᠠ ᠳᠣᠭᠣᠭᠰᠢ ᠲᠦᠷ ᠬᠣᠷᠢᠬᠤ᠎ᠪᠠᠷ ᠰᠢᠢ᠍ᠳᠭᠡᠨ᠎ᠡ; ᠥᠢ᠍ᠯᠡ ᠪᠠᠶ᠋ᠢᠳᠠᠯ᠎ᠨᠢ ᠬᠥᠨᠭᠭᠡᠨ ᠪᠠᠶ᠋ᠢᠪᠠᠯ᠂ ᠲᠠᠪᠤᠨ ᠡᠳᠦᠷ᠎ᠠᠴᠠ ᠳᠡᠭᠡᠭᠰᠢ ᠠᠷᠪᠠᠨ ᠡᠳᠦᠷ᠎ᠠᠴᠠ ᠳᠣᠭᠣᠭᠰᠢ ᠲᠥᠷ ᠬᠣᠷᠢᠬᠤ᠎ᠪᠠᠷ   ᠰᠢᠢ᠍ᠳᠭᠡᠨ᠎ᠡ᠃
      ᠡᠩ᠎ᠤᠨ ᠪᠤᠶᠤ ᠨᠡᠯᠢᠶᠡᠳ ᠶᠡᠬᠡ ᠤᠰᠤᠨ᠎ᠤ ᠪᠣᠬᠢᠷᠲᠤᠯ᠎ᠤᠨ ᠡ᠊ᠨᠳᠡᠯ ᠭᠠᠷᠭ᠋ᠠᠭᠰᠠᠨ ᠪᠠᠶ᠋ᠢᠪᠠᠯ᠂ ᠤᠰᠤᠨ᠎ᠤ ᠪᠣᠬᠢᠷᠲᠤᠯ᠎ᠤᠨ ᠡ᠊ᠨᠳᠡᠯ᠎ᠠᠴᠠ ᠪᠣᠯᠤᠭᠰᠠᠨ ᠰᠢᠭᠤᠳ ᠬᠣᠬᠢᠷᠠᠯ᠎ᠤᠨ 20%᠎ᠪᠠᠷ ᠪᠤᠳᠤᠵᠤ ᠵᠣᠭᠣᠰ ᠵᠶ᠋ᠠᠷ       ᠲᠣᠷᠭ᠋ᠠᠨ᠎ᠠ; ᠬᠦᠨᠳᠦ ᠶᠡᠬᠡ ᠪᠤᠶᠤ ᠣᠨᠴᠠ ᠶᠡᠬᠡ ᠤᠰᠤᠨ᠎ᠤ ᠪᠣᠬᠢᠷᠲᠤᠯ᠎ᠤᠨ ᠡ᠊ᠨᠳᠡᠯ ᠭᠠᠷᠭ᠋ᠠᠭᠰᠠᠨ ᠪᠠᠶ᠋ᠢᠪᠠᠯ᠂ ᠤᠰᠤᠨ᠎ᠤ ᠪᠣᠬᠢᠷᠲᠤᠯ᠎ᠤᠨ ᠡ᠊ᠨᠳᠡᠯ᠎ᠠᠴᠠ ᠪᠣᠯᠤᠭᠰᠠᠨ ᠰᠢᠭᠤᠳ ᠬᠣᠬᠢᠷᠠᠯ᠎ᠤᠨ 30%᠎ᠪᠠᠷ ᠪᠤᠳᠤᠵᠤ ᠵᠣᠭᠣᠰ ᠵᠶ᠋ᠠᠷ ᠲᠣᠷᠭ᠋ᠠᠨ᠎ᠠ᠃
      ᠵᠢᠭ᠋ᠠᠰᠤᠨ ᠠᠵᠤ ᠠᠬᠤᠢ ᠵᠢᠨ ᠪᠣᠬᠢᠷᠲᠤᠯ᠎ᠤᠨ ᠡ᠊ᠨᠳᠡᠯ ᠭᠠᠷᠭ᠋ᠠᠭᠰᠠᠨ ᠪᠤᠶᠤ ᠵᠢᠭ᠋ᠠᠰᠤᠨ ᠠᠵᠤ   ᠠᠬᠤᠢ ᠵᠢᠨ ᠣᠩᠭᠣᠴᠠ ᠰᠠᠯ ᠤᠰᠤᠨ᠎ᠤ ᠪᠣᠬᠢᠷᠲᠤᠯ᠎ᠤᠨ ᠡ᠊ᠨᠳᠡᠯ ᠭᠠᠷᠭ᠋ᠠᠭᠰᠠᠨ ᠪᠠᠶ᠋ᠢᠪᠠᠯ᠂ ᠵᠢᠭ᠋ᠠᠰᠤᠨ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠰᠢᠢ᠍ᠳᠭᠡᠨ᠎ᠡ; ᠪᠤᠰᠤᠳ ᠣᠩᠭᠣᠴᠠ ᠰᠠᠯ ᠤᠰᠤᠨ᠎ᠤ ᠪᠣᠬᠢᠷᠲᠤᠯ᠎ᠤᠨ ᠡ᠊ᠨᠳᠡᠯ ᠭᠠᠷᠭ᠋ᠠᠭᠰᠠᠨ ᠪᠠᠶ᠋ᠢᠪᠠᠯ᠂ ᠳᠠᠯᠠᠢ ᠵᠢᠨ ᠶᠠᠪᠤᠳᠠᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠰᠢᠢ᠍ᠳᠭᠡᠨ᠎ᠡ᠃
      ᠶᠡᠷᠡᠨ ᠲᠠᠪᠤᠳᠤᠭ᠋ᠠᠷ ᠵᠦᠢ᠍ᠯ   ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠣᠯᠤᠨ ᠪᠤᠰᠤᠳ ᠦᠢ᠍ᠯᠡᠳᠪᠤᠷᠢᠯᠡᠯ ᠡᠵᠡᠩᠨᠡᠭᠴᠢ ᠬᠠᠤᠯᠢ ᠪᠤᠰᠤ᠎ᠪᠠᠷ ᠤᠰᠤᠨ᠎ᠤ ᠪᠤᠬᠢᠷᠳᠤᠯ ᠪᠤᠳᠠᠰ ᠭᠠᠳᠠᠭᠰᠢᠯᠠᠭᠤᠯᠵᠤ᠂ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠭᠳᠡᠭᠡᠳ ᠵᠠᠷᠯᠢᠭᠳᠠᠨ ᠵᠠᠯᠠᠷᠠᠭᠤᠯᠤᠭᠳᠠᠭᠰᠠᠨ ᠪᠠᠶ᠋ᠢᠪᠠᠯ᠂ ᠬᠠᠤᠯᠢ ᠶᠣᠰᠣᠭ᠋ᠠᠷ ᠰᠢᠢ᠍ᠳᠭᠡᠬᠦ ᠲᠣᠭᠲᠠᠭ᠋ᠠᠯ ᠭᠠᠷᠭ᠋ᠠᠭᠰᠠᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠠᠴᠠ ᠲᠠᠬᠢᠨ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠬᠤ ᠬᠡᠷᠡᠭᠲᠡᠶ᠂ ᠲᠡᠭᠦᠨ᠎ᠤ ᠦᠷᠭᠦᠯᠵᠢᠯᠡᠨ ᠬᠠᠤᠯᠢ ᠵᠢ ᠵᠥᠷᠢᠴᠡᠨ ᠤᠰᠤᠨ᠎ᠤ ᠪᠤᠬᠢᠷᠳᠤᠯ ᠪᠤᠳᠠᠰ ᠭᠠᠳᠠᠭᠰᠢᠯᠠᠭᠤᠯᠤᠭᠰᠠᠨ᠎ᠢ ᠣᠯᠵᠤ ᠮᠡᠳᠡᠭᠰᠡᠨ ᠪᠤᠶᠤ ᠲᠠᠬᠢᠨ ᠪᠠᠶ᠋ᠢᠴᠠᠭ᠋ᠠᠬᠤ ᠵᠢ ᠲᠡᠪᠴᠢᠵᠦ᠂ ᠬᠠᠷᠰᠢᠯᠠᠭᠰᠠᠨ᠎ᠢ ᠣᠯᠵᠤ ᠮᠡᠳᠡᠪᠡᠯ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠷᠴᠢᠨ ᠲᠤᠭᠤᠷᠢᠨ᠎ᠢ ᠬᠠᠮᠠᠭ᠋ᠠᠯᠠᠬᠤ ᠬᠠᠤᠯᠢ》 ᠵᠢᠨ ᠲᠣᠭᠲᠠᠭ᠋ᠠᠯ ᠶᠣᠰᠣᠭ᠋ᠠᠷ ᠡᠳᠦᠷ᠎ᠤᠨ ᠲᠤᠭ᠎ᠠ᠎ᠪᠠᠷ ᠪᠤᠳᠤᠵᠤ ᠦᠷᠭᠦᠯᠵᠢᠯᠡᠨ ᠰᠢᠢ᠍ᠳᠭᠡᠨ᠎ᠡ᠃
      ᠶᠡᠷᠡᠨ ᠵᠢᠷᠭᠤᠳᠤᠭ᠋ᠠᠷ ᠵᠦᠢ᠍ᠯ   ᠤᠰᠤᠨ᠎ᠤ ᠪᠣᠬᠢᠷᠲᠤᠯ᠎ᠠᠴᠠ ᠪᠤᠯᠵᠤ ᠬᠣᠬᠢᠷᠠᠯ᠎ᠳᠤ ᠤᠴᠠᠷᠠᠭᠰᠠᠨ ᠲᠤᠬᠠᠶ ᠵᠢᠨ ᠬᠥᠮᠦᠨ᠎ᠨᠢ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠡᠳᠡᠭᠡᠳ᠎ᠳᠤ ᠬᠣᠣᠷ ᠬᠥᠨᠥᠭᠡᠯ᠎ᠢ ᠠᠷᠢᠯᠭ᠋ᠠᠭᠤᠯᠬᠤ ᠪᠠ ᠬᠣᠬᠢᠷᠠᠯ᠎ᠢ ᠲᠦᠯᠦᠬᠦᠯᠬᠦ᠎ᠪᠠᠷ ᠱᠠᠭ᠋ᠠᠷᠳᠠᠬᠤ ᠡᠷᠬᠡ᠎ᠲᠠᠢ᠃
      ᠡᠰᠡᠷᠭᠦᠴᠡᠰᠢ ᠤᠢ᠍ᠭᠡᠢ ᠬᠦᠴᠦᠨ᠎ᠠᠴᠠ ᠪᠤᠯᠵᠦ ᠤᠰᠦᠠ᠎ᠤ ᠪᠣᠬᠢᠷᠲᠤᠯ᠎ᠤᠨ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠡᠳᠡᠭᠡᠳ᠎ᠨᠢ ᠲᠤᠢ᠍ᠯᠦᠬᠦ ᠬᠠᠷᠢᠭᠤᠴᠠᠯᠭ᠎ᠠ ᠡᠭᠦᠷᠭᠡᠯᠡᠬᠦ ᠤᠢ᠍ᠭᠡᠢ; ᠬᠠᠤᠯᠢ ᠴᠠᠭ᠋ᠠᠵᠠ᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠤᠢ᠍ᠭᠡᠢ᠃
      ᠤᠰᠤᠨ᠎ᠤ ᠪᠣᠬᠢᠷᠲᠤᠯ᠎ᠤᠨ ᠬᠣᠬᠢᠷᠠᠯ᠎ᠢ ᠬᠣᠬᠢᠷᠠᠯ ᠠᠮᠰᠠᠭᠴᠢ ᠵᠣᠷᠢᠭᠤᠳᠠ ᠪᠤᠢ ᠪᠣᠯᠭ᠋ᠠᠭᠰᠠᠨ ᠪᠠᠶ᠋ᠢᠪᠠᠯ᠂ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠡᠳᠡᠭᠡᠳ᠎ᠨᠢ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠦᠭᠡᠢ᠃ ᠤᠰᠤᠨ᠎ᠤ ᠪᠣᠬᠢᠷᠲᠤᠯ᠎ᠤᠨ ᠬᠣᠬᠢᠷᠠᠯ᠎ᠨᠢ ᠬᠣᠬᠢᠷᠠᠯ ᠠᠮᠰᠠᠭᠴᠢ ᠵᠢᠨ ᠬᠦᠨᠳᠦ ᠶᠡᠬᠡ ᠡ᠊ᠨᠳᠡᠯ᠎ᠠᠴᠠ ᠪᠣᠯᠤᠭᠰᠠᠨ ᠪᠠᠶ᠋ᠢᠪᠠᠯ᠂ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ   ᠡᠳᠡᠭᠡᠳ᠎ᠤᠨ ᠲᠥᠯᠥᠪᠦᠷᠢ ᠵᠢᠨ ᠬᠠᠷᠢᠭᠤᠴᠠᠯᠭ᠎ᠠ ᠵᠢ ᠬᠥᠩᠭᠡᠷᠡᠭᠦᠯᠵᠦ ᠪᠣᠯᠤᠨ᠎ᠠ᠃
      ᠤᠰᠤᠨ᠎ᠤ ᠪᠣᠬᠢᠷᠲᠤᠯ᠎ᠤᠨ ᠬᠣᠬᠢᠷᠠᠯ᠎ᠢ ᠭᠤᠷᠪᠠᠳᠠᠬᠢ ᠬᠥᠮᠦᠨ ᠪᠤᠢ ᠪᠣᠯᠭ᠋ᠠᠭᠰᠠᠨ ᠪᠠᠶ᠋ᠢᠪᠠᠯ᠂ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠡᠳᠡᠭᠡᠳ᠎ᠨᠢ ᠲᠥᠯᠥᠪᠦᠷᠢ ᠵᠢᠨ ᠬᠠᠷᠢᠭᠤᠴᠠᠯᠭ᠎ᠠ ᠵᠢ ᠡᠭᠦᠷᠭᠡᠯᠡᠭᠰᠡᠨ᠎ᠤ ᠲᠠᠷᠠᠭ᠎ᠠ᠂ ᠭᠤᠷᠪᠠᠳᠠᠬᠢ ᠬᠥᠮᠦᠨ᠎ᠠᠴᠠ ᠲᠥᠯᠥᠪᠦᠷᠢ ᠨᠡᠬᠡᠮᠵᠢᠯᠡᠬᠦ ᠡᠷᠬᠡ᠎ᠲᠠᠢ᠃
      ᠶᠡᠷᠡᠨ ᠳᠣᠯᠣᠳᠤᠭ᠋ᠠᠷ ᠵᠦᠢ᠍ᠯ   ᠤᠰᠤᠨ᠎ᠤ ᠪᠣᠬᠢᠷᠲᠤᠯ᠎ᠠᠴᠠ ᠪᠣᠯᠤᠭᠰᠠᠨ ᠬᠣᠬᠢᠷᠠᠯ᠎ᠢ ᠲᠦᠯᠦᠬᠦ ᠬᠠᠷᠢᠭᠤᠴᠠᠯᠭ᠎ᠠ ᠪᠠ ᠲᠦᠯᠦᠬᠦ ᠵᠣᠭᠣᠰ᠎ᠤᠨ ᠲᠣᠭ᠋ᠠᠨ᠎ᠤ ᠲᠤᠬᠠᠶ ᠵᠢᠭᠤᠷᠠᠯᠳᠤᠭ᠋ᠠᠨ᠎ᠢ ᠲᠤᠬᠠᠶ ᠵᠢᠨ ᠬᠥᠮᠦᠨ᠎ᠤ ᠭᠤᠶᠤᠴᠢᠯᠠᠯ᠎ᠢ ᠦᠨᠳᠦᠰᠦᠯᠡᠨ᠂ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠠᠯᠠᠢ ᠵᠢᠨ ᠶᠠᠪᠤᠳᠠᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠂ ᠵᠢᠭ᠋ᠠᠰᠤᠨ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠡᠶᠡᠳᠡᠭᠦᠯᠦᠨ ᠰᠢᠢ᠍ᠳᠪᠤᠷᠢᠯᠡᠵᠦ ᠪᠣᠯᠤᠨ᠎ᠠ; ᠡᠶᠡᠳᠡᠭᠦᠯᠦᠭᠡᠳ ᠪᠦᠲᠦᠭᠰᠡᠨ ᠤᠢ᠍ᠭᠡᠢ ᠪᠠᠶ᠋ᠢᠪᠠᠯ᠂ ᠲᠤᠬᠠᠶ ᠵᠢᠨ ᠬᠥᠮᠦᠨ᠎ᠨᠢ ᠠᠷᠠᠳ᠎ᠤᠨ ᠰᠢᠭᠦᠬᠦ ᠬᠣᠷᠢᠶᠠᠨ᠎ᠳᠤ ᠵᠡᠭ᠋ᠠᠯᠳᠦᠵᠦ ᠪᠣᠯᠤᠨ᠎ᠠ᠃ ᠲᠤᠬᠠᠶ ᠵᠢᠨ ᠬᠥᠮᠦᠨ᠎ᠨᠢ ᠠᠷᠠᠳ᠎ᠤᠨ ᠰᠢᠭᠦᠬᠦ ᠬᠣᠷᠢᠶᠠᠨ᠎ᠳᠤ ᠰᠢᠭᠤᠳ ᠵᠠᠭ᠋ᠠᠯᠳᠤᠯᠭ᠎ᠠ ᠭᠠᠷᠭ᠋ᠠᠭᠰᠠᠨ ᠴᠤ᠌ ᠪᠣᠯᠤᠨ᠎ᠠ᠃
      ᠶᠡᠷᠡᠨ ᠨᠠᠢ᠍ᠮᠠᠳᠤᠭ᠋ᠠᠷ ᠵᠦᠢ᠍ᠯ   ᠤᠰᠤᠨ᠎ᠤ ᠪᠣᠬᠢᠷᠲᠤᠯ᠎ᠠᠴᠠ ᠪᠣᠯᠤᠭᠰᠠᠨ ᠬᠣᠬᠢᠷᠠᠯ᠎ᠤᠨ ᠲᠥᠯᠥᠪᠦᠷᠢ ᠵᠢᠨ ᠵᠠᠷᠭᠤ᠎ᠳᠤ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠡᠳᠡᠭᠡᠳ᠎ᠨᠢ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠤᠴᠢᠷ ᠰᠢᠯᠲᠠᠭ᠋ᠠᠨ ᠵᠢᠴᠢ ᠲᠡᠭᠦᠨ᠎ᠤ ᠦᠢ᠍ᠯᠡ ᠠᠵᠢᠯᠯᠠᠭ᠎ᠠ ᠬᠢᠭᠡᠳ ᠬᠣᠬᠢᠷᠠᠯ᠎ᠤᠨ ᠦᠷ᠎ᠡ ᠳ᠋ᠦᠩ᠎ᠤᠨ ᠬᠣᠭᠣᠷᠣᠨᠳᠣ ᠰᠢᠯᠲᠠᠭ᠋ᠠᠨ ᠦᠷ᠎ᠡ ᠵᠢᠨ ᠬᠠᠷᠢᠴᠠᠭ᠎ᠠ ᠣᠷᠣᠰᠢᠬᠤ ᠦᠭᠡᠢ ᠪᠠᠶ᠋ᠢᠬᠤ᠎ᠳᠤ ᠬᠡᠷᠡᠴᠢ ᠳᠤᠷᠠᠳᠬᠤ ᠬᠠᠷᠢᠭᠤᠴᠠᠯᠭ᠎ᠠ ᠵᠢ ᠡᠭᠦᠷᠭᠡᠯᠡᠨ᠎ᠡ᠃
      ᠶᠡᠷᠡ ᠶᠢᠰᠦᠳᠦᠭᠡᠷ ᠵᠦᠢ᠍ᠯ   ᠤᠰᠤᠨ᠎ᠤ ᠪᠣᠬᠢᠷᠲᠤᠯ᠎ᠠᠴᠠ ᠪᠤᠯᠵᠤ ᠬᠣᠬᠢᠷᠠᠯ ᠠᠮᠰᠠᠭᠰᠠᠨ ᠲᠤᠬᠠᠶ ᠵᠢᠨ ᠬᠥᠮᠦᠨ᠎ᠤ ᠬᠥᠮᠦᠨ᠎ᠤ ᠲᠣᠭ᠎ᠠ᠎ᠨᠢ ᠤᠯᠠᠨ ᠪᠠᠶ᠋ᠢᠪᠠᠯ᠂ ᠲᠤᠬᠠᠶ ᠵᠢᠨ ᠬᠥᠮᠦᠨ᠎ᠨᠢ ᠬᠠᠤᠯᠢ ᠶᠣᠰᠣᠭ᠋ᠠᠷ ᠲᠥᠯᠥᠭᠡᠯᠡᠭᠴᠢ ᠰᠣᠩᠭᠣᠨ ᠭᠠᠷᠭ᠋ᠠᠵᠤ ᠬᠠᠮᠲᠤ᠎ᠪᠠᠷ ᠵᠠᠷᠭᠤᠯᠳᠤᠭᠤᠯᠵᠤ ᠪᠣᠯᠤᠨ᠎ᠠ᠃
      ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠣᠯᠪᠣᠭᠳᠠᠯ ᠪᠦᠬᠦᠢ ᠨᠡᠶ᠋ᠢᠭᠡᠮ᠎ᠤᠨ ᠪᠦᠯᠬᠦᠮ᠎ᠤᠳ ᠤᠰᠤᠨ᠎ᠤ ᠪᠣᠬᠢᠷᠲᠤᠯ᠎ᠠᠴᠠ ᠪᠤᠯᠵᠤ ᠬᠣᠬᠢᠷᠠᠯ᠎ᠳᠤ ᠤᠴᠠᠷᠠᠭᠰᠠᠨ ᠲᠤᠬᠠᠶ ᠵᠢᠨ ᠬᠥᠮᠦᠨ᠎ᠤ ᠠᠷᠠᠳ᠎ᠤᠨ ᠰᠢᠭᠦᠬᠦ ᠬᠣᠷᠢᠶᠠᠨ᠎ᠳᠤ ᠵᠠᠭ᠋ᠠᠯᠳᠤᠯᠭ᠎ᠠ ᠭᠠᠷᠭ᠋ᠠᠬᠤ ᠵᠢ ᠬᠠᠤᠯᠢ ᠶᠣᠰᠣᠭ᠋ᠠᠷ ᠲᠡᠮᠵᠢᠵᠤ ᠪᠣᠯᠤᠨ᠎ᠠ᠃
      ᠤᠯᠤᠰ᠎ᠠᠴᠠ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠪᠠ ᠬᠠᠤᠯᠢᠴᠢ ᠵᠢᠨ ᠤᠰᠤᠨ᠎ᠤ ᠪᠣᠬᠢᠷᠲᠤᠯ᠎ᠤᠨ ᠬᠣᠬᠢᠷᠠᠯ᠎ᠤᠨ ᠵᠠᠷᠭᠤ᠎ᠳᠠᠬᠢ ᠬᠣᠬᠢᠷᠠᠯ ᠠᠮᠰᠠᠭᠴᠢ᠎ᠳᠤ ᠬᠠᠤᠯᠢ ᠴᠠᠭ᠋ᠠᠵᠠ ᠵᠢᠨ ᠲᠤᠰᠠᠯᠠᠮᠵᠢ ᠬᠠᠩᠭ᠋ᠠᠬᠤ ᠵᠢ ᠵᠤᠷᠢᠭᠵᠢᠭᠤᠯᠤᠨ᠎ᠠ᠃
      ᠵᠠᠭᠤᠳᠤᠭ᠋ᠠᠷ ᠵᠦᠢ᠍ᠯ   ᠤᠰᠤᠨ᠎ᠤ ᠪᠣᠬᠢᠷᠲᠤᠯ᠎ᠠᠴᠠ ᠪᠣᠯᠤᠭᠰᠠᠨ ᠬᠣᠬᠢᠷᠠᠯ᠎ᠤᠨ ᠲᠥᠯᠥᠪᠦᠷᠢ ᠵᠢᠨ ᠬᠠᠷᠢᠭᠤᠴᠠᠯᠭ᠎ᠠ ᠪᠠ ᠲᠥᠯᠥᠪᠦᠷᠢ ᠵᠢᠨ ᠵᠣᠭᠣᠰ᠎ᠤᠨ ᠲᠣᠭ᠋ᠠᠨ᠎ᠤ ᠵᠢᠭᠤᠷᠠᠯᠳᠤᠭ᠋ᠠᠨ᠎ᠳᠤ ᠲᠤᠬᠠᠶ ᠵᠢᠨ ᠬᠥᠮᠦᠨ᠎ᠨᠢ ᠣᠷᠴᠢᠨ ᠲᠤᠭᠤᠷᠢᠨ᠎ᠢ ᠬᠢᠨᠠᠨ ᠬᠡᠮᠵᠢᠬᠦ ᠪᠠᠶ᠋ᠢᠭᠤᠯᠤᠮᠵᠢ᠎ᠳᠤ ᠨᠠᠶ᠋ᠢᠳᠠᠵᠤ ᠬᠢᠨᠠᠨ ᠬᠡᠮᠵᠢᠭᠰᠡᠨ ᠲᠣᠭ᠎ᠠ ᠪᠠᠷᠢᠮᠲᠠ ᠬᠠᠩᠭ᠋ᠠᠯᠭ᠋ᠠᠵᠤ ᠪᠣᠯᠤᠨ᠎ᠠ᠃ ᠣᠷᠴᠢᠨ ᠲᠤᠭᠤᠷᠢᠨ᠎ᠢ ᠬᠢᠨᠠᠨ ᠬᠡᠮᠵᠢᠬᠦ ᠪᠠᠶ᠋ᠢᠭᠤᠯᠤᠮᠵᠢ ᠨᠠᠶ᠋ᠢᠳᠠᠯᠭ᠎ᠠ ᠵᠢ ᠬᠦᠯᠢᠶᠡᠵᠦ᠂ ᠬᠣᠯᠪᠣᠭᠳᠠᠯ ᠪᠦᠬᠦᠢ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠦᠨᠡᠨ ᠮᠥᠨ ᠵᠶ᠋ᠠᠷ᠎ᠨᠢ ᠬᠠᠩᠭ᠋ᠠᠬᠤ ᠬᠡᠷᠡᠭᠲᠡᠶ᠃
      ᠵᠠᠭᠤ ᠨᠢᠭᠡᠳᠦᠭᠡᠷ ᠵᠦᠢ᠍ᠯ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠶᠠᠯ᠎ᠠ ᠪᠤᠯᠵᠤ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
      ᠨᠠᠢ᠍ᠮᠠᠳᠤᠭ᠋ᠠᠷ ᠪᠦᠯᠦᠭ   ᠲᠠᠭ᠋ᠠᠯᠳᠤᠭᠤᠯᠤᠯ ᠲᠦᠷᠢᠮ
      ᠵᠠᠭᠤ ᠬᠣᠶᠠᠳᠤᠭ᠋ᠠᠷ ᠵᠦᠢ᠍ᠯ   ᠲᠤᠰ ᠬᠠᠤᠯᠢ᠎ᠳᠠᠬᠢ ᠳᠣᠣᠷ᠎ᠠ ᠵᠢᠭᠰᠠᠭ᠋ᠠᠭᠰᠠᠨ ᠦᠭᠡᠰ᠎ᠤᠨ ᠤᠳᠬ᠎ᠠ᠄
     (ᠨᠢᠭᠡ) ᠤᠰᠦᠠ᠎ᠤ ᠪᠣᠬᠢᠷᠲᠤᠯ ᠭᠡᠳᠡᠭ ᠪᠣᠯ ᠤᠰᠦᠠ ᠴᠣᠭᠴᠠ ᠵᠢᠨ ᠶᠠᠮᠠᠷ ᠨᠢᠭᠡᠨ ᠵᠦᠢ᠍ᠯ᠎ᠤᠨ ᠪᠣᠳᠠᠰ ᠣᠷᠣᠵᠤ ᠢᠷᠡᠭᠰᠡᠨ᠎ᠠᠴᠠ ᠪᠤᠯᠵᠦ ᠲᠡᠭᠦᠨ᠎ᠤ ᠬᠢᠮᠢ᠂ ᠹᠢᠽᠢᠺ᠂ ᠠᠮᠢᠳᠤ ᠪᠣᠳᠠᠰ ᠪᠤᠶᠤ ᠰᠠᠴᠤᠷᠠᠭ ᠢᠳᠡᠪᠬᠢ ᠴᠢᠨᠠᠷ ᠵᠡᠷᠭᠡ ᠲᠠᠯ᠎ᠠ ᠵᠢᠨ ᠥᠪᠡᠷᠮᠢᠴᠡ ᠴᠢᠨᠠᠷ᠎ᠢ ᠬᠤᠪᠢᠷᠠᠭᠤᠯᠬᠤ ᠵᠢᠨ ᠤᠯᠠᠮ᠎ᠠᠴᠠ ᠤᠰᠦᠠ᠎ᠤ ᠪᠦᠲᠦᠮᠵᠢᠲᠡᠶ ᠠᠰᠢᠭᠯᠠᠯᠲᠠ ᠵᠢ ᠨᠥᠯᠥᠭᠡᠯᠡᠵᠦ᠂ ᠬᠥᠮᠦᠨ᠎ᠤ ᠪᠡᠶ᠎ᠡ ᠵᠢᠨ ᠡᠷᠡᠭᠦᠯ ᠮᠡᠡᠳᠦ ᠵᠢ ᠬᠣᠬᠢᠷᠠᠭᠤᠯᠬᠤ ᠪᠤᠶᠤ ᠠᠮᠢ ᠠᠬᠤᠢ ᠣᠷᠴᠢᠨ ᠲᠣᠭᠣᠷᠢᠨ᠎ᠢ ᠡᠪᠳᠡᠵᠦ᠂ ᠤᠰᠦᠠ᠎ᠤ ᠴᠢᠨᠠᠷ᠎ᠢ ᠮᠠᠭᠤᠳᠠᠭᠤᠯᠬᠤ ᠦᠵᠡᠭᠳᠡᠯ᠎ᠢ ᠬᠡᠯᠡᠵᠦ ᠪᠠᠶ᠋ᠢᠨ᠎ᠠ᠃
     (ᠬᠣᠶᠠᠷ) ᠤᠰᠤᠨ᠎ᠤ ᠪᠤᠬᠢᠷᠳᠤᠯ ᠪᠤᠳᠠᠰ ᠭᠡᠵᠦ ᠤᠰᠤᠨ ᠴᠣᠭᠴᠠ᠎ᠳᠤ ᠰᠢᠭᠤᠳ ᠪᠤᠶᠤ ᠳᠠᠮ ᠵᠶ᠋ᠠᠷ ᠭᠠᠳᠠᠭᠰᠢᠯᠠᠭᠤᠯᠤᠭᠰᠠᠨ᠂ ᠤᠰᠤᠨ ᠴᠣᠭᠴᠠ ᠵᠢ ᠪᠣᠬᠢᠷᠲᠤᠭᠤᠯᠬᠤ ᠪᠣᠳᠠᠰ᠎ᠢ ᠬᠡᠯᠡᠵᠦ ᠪᠠᠶ᠋ᠢᠨ᠎ᠠ᠃
     (ᠭᠤᠷᠪᠠ)   ᠬᠤᠤᠷᠳᠠᠢ ᠪᠣᠬᠢᠷᠲᠤᠯ ᠪᠣᠳᠠᠰ ᠭᠡᠳᠡᠭ᠎ᠨᠢ ᠰᠢᠭᠤᠳ ᠪᠤᠶᠤ ᠳᠠᠮ ᠵᠶ᠋ᠠᠷ ᠠᠮᠢᠳᠤ ᠪᠣᠳᠠᠰ᠎ᠤᠨ ᠪᠡᠶ᠎ᠡ᠎ᠳᠤ ᠰᠢᠩᠭᠡᠭᠡᠭᠳᠡᠭᠰᠡᠨ᠎ᠤ ᠲᠠᠷᠠᠭ᠎ᠠ᠂ ᠲᠤᠰ ᠠᠮᠢᠳᠤ ᠪᠣᠳᠠᠰ ᠪᠤᠶᠤ ᠲᠡᠭᠦᠨ᠎ᠤ ᠬᠣᠶ᠋ᠢᠴᠢ ᠦᠶ᠎ᠡ ᠵᠢ ᠡᠪᠡᠳᠴᠢᠯᠡᠭᠦᠯᠬᠦ᠂ ᠦᠢ᠍ᠯᠡ ᠠᠵᠢᠯᠯᠠᠭ᠎ᠠ ᠵᠢ ᠬᠡᠪ᠎ᠤᠨ ᠪᠤᠰᠤ ᠪᠣᠯᠭ᠋ᠠᠬᠤ᠂ ᠤᠳᠤᠮᠰᠢᠯ᠎ᠢ ᠣᠨᠳᠣᠣᠰᠢᠭᠤᠯᠬᠤ᠂ ᠹᠢᠽᠢᠣᠯᠣᠭᠢ ᠵᠢᠨ ᠠᠵᠢᠯᠯᠠᠭ᠎ᠠ ᠵᠢᠨ ᠬᠡᠪ᠎ᠤᠨ ᠪᠠᠶ᠋ᠢᠳᠠᠯ᠎ᠢ ᠠᠯᠳᠠᠭᠤᠯᠬᠤ᠂ ᠪᠡᠶ᠎ᠡ ᠮᠠᠬᠠᠪᠣᠳ᠎ᠤᠨ ᠬᠡᠯᠪᠡᠷᠢ ᠵᠢ ᠬᠤᠪᠢᠷᠠᠭᠤᠯᠬᠤ ᠪᠤᠶᠤ ᠦᠬᠦᠭᠦᠯᠬᠦ᠎ᠳᠤ ᠬᠦᠷᠦᠭᠦᠯᠵᠦ ᠮᠡᠳᠡᠬᠦ ᠲᠡᠳᠡᠭᠡᠷ ᠪᠣᠬᠢᠷᠲᠤᠯ ᠪᠣᠳᠠᠰ᠎ᠢ ᠵᠢᠭ᠋ᠠᠵᠤ ᠪᠠᠶ᠋ᠢᠨ᠎ᠠ᠃
     (ᠲᠦᠷᠪᠡ)   ᠪᠤᠬᠢᠷ ᠰᠢᠪᠠᠷ ᠭᠡᠵᠦ ᠪᠤᠵᠠᠷ ᠤᠰᠤ ᠵᠢ ᠰᠢᠢ᠍ᠳᠪᠤᠷᠢᠯᠡᠬᠦ ᠶᠠᠪᠤᠴᠠ᠎ᠳᠤ ᠡᠭᠦᠰᠦᠭᠰᠡᠨ ᠬᠠᠭ᠋ᠠᠰ ᠬᠠᠲᠠᠭᠤ ᠲᠦᠯᠦᠪᠳᠦ ᠪᠤᠶᠤ ᠬᠠᠲᠠᠭᠤ ᠲᠦᠯᠦᠪᠳᠦ ᠪᠣᠳᠠᠰ᠎ᠢ ᠵᠢᠭ᠋ᠠᠵᠤ ᠪᠠᠶ᠋ᠢᠨ᠎ᠠ᠃
     (ᠲᠠᠪᠤ) ᠵᠢᠭ᠋ᠠᠰᠤᠨ ᠠᠵᠤ ᠠᠬᠤᠢ ᠵᠢᠨ ᠤᠰᠦᠠ ᠴᠣᠭᠴᠠ ᠭᠡᠳᠡᠭ ᠪᠣᠯ ᠵᠢᠭ᠋ᠠᠰᠤ ᠰᠡᠮ ᠬᠣᠷᠣᠬᠠᠶ ᠵᠢᠨ ᠲᠤᠢ᠍ᠷᠦᠯ᠎ᠤᠨ ᠥᠨᠳᠡᠭᠡᠯᠡᠬᠦ ᠲᠡᠯᠡᠪᠡᠢ᠂ ᠥᠭᠶᠥᠭᠡ ᠠᠪᠬᠤ ᠲᠡᠯᠡᠪᠡᠢ᠂ ᠡᠪᠦᠯᠵᠢᠬᠦ ᠲᠡᠯᠡᠪᠡᠢ᠂ ᠨᠡᠭᠦᠳᠡᠯᠯᠡᠬᠦ ᠵᠡᠮ ᠪᠠ ᠵᠢᠭ᠋ᠠᠰᠤ ᠰᠡᠮ ᠬᠣᠷᠣᠬᠠᠶ ᠬᠢᠰᠤᠭ᠎ᠠ ᠵᠠᠮᠠᠭ᠎ᠤᠨ ᠲᠤᠢ᠍ᠷᠦᠯ᠎ᠢ ᠲᠡᠵᠢᠭᠡᠨ ᠦᠷᠡᠵᠢᠭᠦᠯᠬᠦ ᠲᠡᠯᠡᠪᠡᠢ ᠵᠢᠨ ᠤᠰᠦᠠ ᠴᠣᠭᠴᠠ ᠵᠢ ᠬᠡᠯᠡᠵᠦ ᠪᠠᠶ᠋ᠢᠨ᠎ᠠ᠃
      ᠵᠠᠭᠤ ᠭᠤᠷᠪᠠᠳᠤᠭ᠋ᠠᠷ ᠵᠦᠢ᠍ᠯ   ᠲᠤᠰ ᠬᠠᠤᠯᠢ ᠵᠢ 2008 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄
          
ᠬᠠᠮᠢᠶ᠎ᠡ ᠪᠦᠬᠦᠢ ᠰᠣᠨᠢᠨ
 
            