ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠣᠤᠯ᠎ᠤᠨ ᠵᠠᠮ᠎ᠤᠨ ᠬᠠᠮᠢᠶᠠᠷᠤᠯᠲᠠ ᠵᠢᠨ ᠲᠦᠷᠢᠮ
ᠨᠡᠶ᠋ᠢᠲᠡᠯᠡᠭᠰᠡᠨ ᠴᠠᠭ᠄ 2021-09-08

     (1988 ᠣᠨ᠎ᠤ 6 ᠰᠠᠷ᠎ᠠ ᠵᠢᠨ 10᠎ᠤ ᠡᠳᠦᠷ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠦᠷᠦ ᠵᠢᠨ ᠶᠠᠪᠤᠳᠠᠯ᠎ᠤᠨ ᠬᠣᠷᠢᠶᠠᠨ᠎ᠤ 3 ᠳ᠋ᠤᠭ᠋ᠠᠷ ᠵᠠᠷᠯᠢᠭ ᠵᠶ᠋ᠠᠷ ᠨᠡᠶ᠋ᠢᠲᠡᠯᠡᠪᠡ᠃ 2011 ᠣᠨ᠎ᠤ 1 ᠰᠠᠷ᠎ᠠ ᠵᠢᠨ 8᠎ᠤ ᠡᠳᠦᠷ᠎ᠤᠨ《ᠬᠡᠰᠡᠭ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ᠎ᠢ ᠬᠦᠴᠦᠨ ᠦᠭᠡᠢ ᠪᠤᠯᠭ᠋ᠠᠬᠤ ᠪᠠ ᠵᠠᠰᠠᠪᠤᠷᠢ ᠤᠷᠤᠭᠤᠯᠬᠤ ᠲᠤᠬᠠᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠲᠤᠭᠳᠠᠭ᠋ᠠᠯ》᠎ᠢ ᠦᠨᠳᠦᠰᠦᠯᠡᠨ ᠨᠢᠭᠡᠳᠦᠭᠡᠷ ᠤᠳᠠᠭ᠎ᠠ ᠵᠠᠰᠠᠪᠤᠷᠢ ᠤᠷᠤᠭᠤᠯᠪᠠ᠃ 2017 ᠣᠨ᠎ᠤ 3 ᠰᠠᠷ᠎ᠠ ᠵᠢᠨ 1᠎ᠤ ᠡᠳᠦᠷ᠎ᠤᠨ《ᠬᠡᠰᠡᠭ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ᠎ᠢ ᠬᠦᠴᠦᠨ ᠦᠭᠡᠢ ᠪᠤᠯᠭ᠋ᠠᠬᠤ ᠪᠠ ᠵᠠᠰᠠᠪᠤᠷᠢ ᠤᠷᠤᠭᠤᠯᠬᠤ ᠲᠤᠬᠠᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠲᠤᠭᠳᠠᠭ᠋ᠠᠯ》᠎ᠢ ᠦᠨᠳᠦᠰᠦᠯᠡᠨ ᠬᠤᠶᠠᠳᠤᠭ᠋ᠠᠷ ᠤᠳᠠᠭ᠎ᠠ ᠵᠠᠰᠠᠪᠤᠷᠢ ᠤᠷᠤᠭᠤᠯᠪᠠ᠃ 2017 ᠣᠨ᠎ᠤ 10 ᠰᠠᠷ᠎ᠠ ᠵᠢᠨ 7᠎ᠤ ᠡᠳᠦᠷ᠎ᠤᠨ 《ᠬᠡᠰᠡᠭ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ》᠎ᠢ ᠦᠨᠳᠦᠰᠦᠯᠡᠨ ᠭᠤᠷᠪᠠᠳᠤᠭ᠋ᠠᠷ ᠤᠳᠠᠭ᠎ᠠ ᠵᠠᠰᠠᠪᠤᠷᠢ   ᠤᠷᠤᠭᠤᠯᠪᠠ᠃ 2018 ᠣᠨ᠎ᠤ 3 ᠰᠠᠷ᠎ᠠ ᠵᠢᠨ 19᠎ᠤ ᠡᠳᠦᠷ᠎ᠤᠨ《ᠬᠡᠰᠡᠭ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ᠎ᠢ ᠬᠦᠴᠦᠨ ᠦᠭᠡᠢ ᠪᠤᠯᠭ᠋ᠠᠬᠤ ᠪᠠ ᠵᠠᠰᠠᠪᠤᠷᠢ ᠤᠷᠤᠭᠤᠯᠬᠤ ᠲᠤᠬᠠᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠲᠤᠭᠳᠠᠭ᠋ᠠᠯ》᠎ᠢ ᠦᠨᠳᠦᠰᠦᠯᠡᠨ ᠲᠦᠷᠪᠡᠳᠦᠭᠡᠷ ᠤᠳᠠᠭ᠎ᠠ ᠵᠠᠰᠠᠪᠤᠷᠢ ᠤᠷᠤᠭᠤᠯᠪᠠ)
   
      ᠨᠢᠭᠡᠳᠦᠭᠡᠷ ᠪᠦᠯᠦᠭ   ᠶᠡᠷᠦᠩᠬᠡᠢ ᠲᠦᠷᠢᠮ
   
      ᠨᠢᠭᠡᠳᠦᠭᠡᠷ ᠵᠦᠢ᠍ᠯ   ᠭᠣᠣᠯ᠎ᠤᠨ ᠵᠠᠮ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠎ᠢ ᠪᠠᠲᠤᠯᠠᠵᠤ᠂ ᠭᠣᠣᠯ ᠮᠥᠷᠡᠨ ᠨᠠᠭᠤᠷ ᠴᠦᠬᠦᠷᠦᠮ᠎ᠤᠨ ᠶᠡᠷᠦᠩᠬᠡᠶ᠋ᠢᠯᠡᠭᠰᠡᠨ ᠦᠷ᠎ᠡ ᠠᠰᠢᠭ᠎ᠢ ᠪᠠᠳᠠᠷᠠᠭᠤᠯᠬᠤ ᠵᠢᠨ ᠲᠥᠯᠥᠭᠡ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》 ᠵᠢ ᠦᠨᠳᠦᠰᠦᠯᠡᠨ ᠲᠤᠰ ᠲᠦᠷᠢᠮ᠎ᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ   ᠲᠤᠰ ᠲᠦᠷᠢᠮ᠎ᠢ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠳᠡᠪᠢᠰᠬᠡᠷ᠎ᠲᠠᠬᠢ ᠭᠣᠣᠯ᠎ᠤᠨ ᠵᠠᠮ (ᠨᠠᠭᠤᠷ᠂ ᠵᠤᠬᠢᠶᠠᠮᠠᠯ ᠤᠰᠤᠨ ᠵᠠᠮ᠂ ᠦᠶᠡᠷ ᠶᠠᠪᠤᠭᠤᠯᠬᠤ ᠣᠷᠣᠨ᠂ ᠦᠶᠡᠷ ᠲᠤᠭᠳᠠᠭ᠋ᠠᠨ ᠬᠤᠷᠠᠭᠤᠯᠬᠤ ᠣᠷᠣᠨ᠂ ᠦᠶᠡᠷ᠎ᠢ ᠲᠣᠭᠲᠠᠭ᠋ᠠᠬᠤ ᠣᠷᠣᠨ ᠪᠠᠭᠲᠠᠨ᠎ᠠ)᠎ᠳᠤ ᠲᠤᠬᠢᠷᠠᠭᠤᠯᠤᠨ ᠬᠡᠷᠡᠭᠯᠡᠨ᠎ᠡ᠃
      ᠭᠣᠣᠯ᠎ᠤᠨ ᠵᠠᠮ᠎ᠤᠨ ᠳᠣᠲᠣᠷᠠᠬᠢ ᠤᠰᠤᠨ ᠠᠶᠠᠯᠠᠯ᠎ᠤᠨ ᠵᠠᠮ᠎ᠳᠤ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ ᠠᠶᠠᠯᠠᠯ᠎ᠤᠨ ᠵᠠᠮ᠎ᠤᠨ ᠬᠠᠮᠢᠶᠠᠷᠤᠯᠲᠠ ᠵᠢᠨ ᠲᠦᠷᠢᠮ》᠎ᠢ ᠬᠠᠮᠳᠤ᠎ᠳᠤ᠎ᠨᠢ ᠲᠤᠬᠢᠷᠠᠭᠤᠯᠤᠨ ᠬᠡᠷᠡᠭᠯᠡᠨ᠎ᠡ᠃
      ᠭᠤᠷᠪᠠᠳᠤᠭ᠋ᠠᠷ ᠵᠦᠢ᠍ᠯ   ᠭᠣᠣᠯ ᠮᠥᠷᠡᠨ ᠨᠠᠭᠤᠷ ᠴᠦᠬᠦᠷᠦᠮ᠎ᠤᠨ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠠ ᠤᠰᠤᠨ᠎ᠤ ᠭᠠᠮᠰᠢᠭ᠎ᠢ ᠰᠡᠷᠭᠡᠶ᠋ᠢᠯᠡᠨ ᠵᠠᠰᠠᠬᠤ᠎ᠳᠤ ᠪᠦᠬᠦ ᠲᠠᠯ᠎ᠠ᠎ᠪᠠᠷ ᠲᠥᠯᠥᠪᠵᠢᠭᠦᠯᠵᠦ᠂ ᠨᠢᠭᠡᠳᠦᠯᠲᠡᠶ ᠲᠥᠯᠥᠪᠯᠡᠨ ᠨᠡᠢ᠍ᠢ᠍ᠳᠡ᠎ᠳᠤᠨᠢ ᠬᠠᠷᠠᠭ᠋ᠠᠯᠵᠠᠵᠤ᠂ ᠶᠡᠷᠦᠩᠬᠡᠶ᠋ᠢᠯᠡᠨ ᠠᠰᠢᠭᠯᠠᠵᠤ᠂ ᠦᠷ᠎ᠡ ᠠᠰᠢᠭ᠎ᠢ ᠡᠷᠬᠢᠮᠯᠡᠨ᠂ ᠦᠶᠡᠷ᠎ᠢ ᠰᠡᠷᠭᠡᠶ᠋ᠢᠯᠡᠬᠦ ᠶᠡᠷᠦᠩᠬᠡᠶ ᠲᠤᠬᠢᠷᠠᠭᠤᠯᠤᠯᠳᠡ ᠵᠢ ᠲᠠᠭ᠋ᠠᠵᠤ᠂ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠬᠡᠷᠡᠭᠲᠡᠶ᠃
      ᠳᠥᠷᠪᠡᠳᠦᠭᠡᠷ ᠵᠦᠢ᠍ᠯ   ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ ᠠᠰᠢᠭᠯᠠᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯ ᠪᠦᠬᠦ ᠤᠯᠤᠰ᠎ᠤᠨ ᠭᠣᠣᠯ᠎ᠤᠨ ᠵᠠᠮ᠎ᠤᠨ ᠭᠤᠤᠯᠯᠠᠨ ᠬᠠᠮᠢᠶᠠᠷᠬᠤ ᠪᠠᠢ᠌ᠭᠤᠯᠭ᠎ᠠ ᠪᠤᠯᠤᠨ᠎ᠠ᠃
      ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠤᠰᠤᠨ ᠠᠰᠢᠭᠯᠠᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯ ᠲᠤᠰ ᠵᠠᠰᠠᠭ ᠵᠠᠬᠢᠷᠭ᠋ᠠᠨ᠎ᠤ ᠣᠷᠣᠨ᠎ᠤ ᠭᠣᠣᠯ᠎ᠤᠨ ᠵᠠᠮ᠎ᠢ ᠭᠤᠤᠯᠯᠠᠨ ᠬᠠᠮᠢᠶᠠᠷᠬᠤ ᠪᠠᠶ᠋ᠢᠭᠤᠯᠭ᠎ᠠ ᠪᠣᠯᠤᠨ᠎ᠠ᠃
      ᠲᠠᠪᠤᠳᠤᠭ᠋ᠠᠷ ᠵᠦᠢ᠍ᠯ   ᠤᠯᠤᠰ᠎ᠠᠴᠠ ᠭᠣᠣᠯ᠎ᠤᠨ ᠵᠡᠮ᠎ᠳᠤ ᠤᠰᠦᠠ᠎ᠤ ᠰᠢᠰᠲ᠋ᠧᠮ ᠵᠶ᠋ᠠᠷ   ᠨᠢᠭᠡᠳᠦᠯᠳᠡᠢ ᠬᠠᠮᠢᠶᠠᠷᠬᠤ ᠪᠠ ᠱᠡᠳᠦ ᠬᠤᠪᠢᠶᠠᠨ ᠬᠠᠮᠢᠶᠠᠷᠬᠤ ᠵᠢ ᠤᠶᠠᠯᠳᠤᠭᠤᠯᠬᠤ ᠵᠠᠷᠴᠢᠮ᠎ᠢ ᠬᠡᠷᠡᠭᠵᠢᠭᠦᠯᠦᠨ᠎ᠡ᠃
      ᠬᠦᠬᠡᠮᠦ᠋ᠷᠡᠨ᠂ ᠬᠠᠲᠤᠨ ᠭᠣᠣᠯ᠂ ᠬᠤᠸᠠᠢ᠌ᠾᠸ ᠭᠣᠣᠯ᠂ ᠬᠠᠢ᠌ᠾᠸ ᠭᠣᠣᠯ᠂ ᠵᠦᠵᠢᠶᠠᠩ ᠮᠥᠷᠡᠨ᠂ ᠰᠤᠩᠭ᠋ᠠᠷᠢ ᠮᠥᠷᠡᠨ᠂ ᠯᠢᠶᠣᠤᠾᠧ ᠭᠣᠣᠯ ᠵᠡᠷᠭᠡ ᠶᠡᠬᠡ ᠭᠣᠣᠯ ᠮᠥᠷᠡᠨ᠎ᠤ ᠭᠣᠣᠯ᠎ᠤᠨ ᠬᠡᠰᠡᠭ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠠᠯᠤᠰᠯᠠᠭᠰᠠᠨ ᠴᠢᠬᠤᠯᠠ ᠭᠣᠣᠯ᠎ᠤᠨ ᠬᠡᠰᠡᠭ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠬᠣᠭᠣᠷᠣᠨᠳᠣᠬᠢ ᠬᠢᠯᠢ ᠵᠢᠨ ᠵᠠᠭ᠋ᠠᠭ᠎ᠤᠨ ᠭᠣᠣᠯ᠎ᠤᠨ ᠵᠠᠮ ᠵᠢᠴᠢ ᠤᠯᠤᠰ᠎ᠤᠨ ᠬᠢᠯᠢ ᠵᠢᠨ ᠵᠠᠭ᠋ᠠᠭ᠎ᠤᠨ ᠭᠣᠣᠯ᠎ᠤᠨ ᠵᠠᠮ᠎ᠢ ᠤᠯᠤᠰ᠎ᠠᠴᠠ ᠡᠷᠬᠡ ᠣᠯᠭᠣᠭᠰᠠᠨ ᠭᠣᠣᠯ ᠮᠥᠷᠡᠨ᠎ᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠬᠠᠮᠢᠶᠠᠷᠤᠨ᠎ᠠ᠂ ᠡᠰᠡᠬᠦᠯ᠎ᠡ ᠳᠡᠭᠡᠷ᠎ᠡ ᠳᠤᠷᠠᠳᠤᠭᠰᠠᠨ ᠭᠣᠣᠯ ᠮᠥᠷᠡᠨ᠎ᠤ ᠪᠠᠶ᠋ᠢᠭ᠎ᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠭᠣᠣᠯ᠎ᠤᠨ ᠵᠠᠮ᠎ᠢ   ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠠᠴᠠ ᠰᠠᠪᠠ ᠭᠠᠵᠠᠷ᠎ᠤᠨ ᠨᠢᠭᠡᠳᠦᠯᠲᠡᠶ ᠲᠥᠯᠥᠪᠵᠢᠭᠦᠯᠭᠡ ᠵᠢ ᠦᠨᠳᠦᠰᠦᠯᠡᠨ ᠬᠠᠮᠢᠶᠠᠷᠤᠨ᠎ᠠ᠃ ᠪᠤᠰᠤᠳ ᠭᠣᠣᠯ᠎ᠤᠨ ᠵᠡᠮ᠎ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠪᠤᠶᠤ ᠬᠣᠲᠠ᠂ ᠰᠢᠶᠠᠨ᠎ᠤ ᠭᠣᠣᠯ᠎ᠤᠨ ᠵᠡᠮ᠎ᠢ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠠᠴᠠ ᠬᠠᠮᠢᠶᠠᠷᠤᠨ᠎ᠠ᠃
      ᠵᠢᠷᠭᠤᠳᠤᠭ᠋ᠠᠷ ᠵᠦᠢ᠍ᠯ   ᠭᠣᠣᠯ᠎ᠤᠨ ᠵᠡᠮ᠎ᠢ ᠵᠡᠷᠭᠡ ᠳᠡᠰ ᠬᠤᠪᠢᠶᠠᠨ᠎ᠠ᠃ ᠭᠣᠣᠯ᠎ᠤᠨ ᠵᠡᠮ᠎ᠤᠨ ᠵᠡᠷᠭᠡ ᠳᠡᠰ᠎ᠤᠨ ᠪᠠᠷᠢᠮᠵᠢᠶ᠎ᠠ ᠵᠢ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠤᠰᠦᠠ ᠠᠰᠢᠭᠯᠠᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠭᠳᠠᠭ᠋ᠠᠨ᠎ᠠ᠃
      ᠳᠣᠯᠣᠳᠤᠭ᠋ᠠᠷ ᠵᠦᠢ᠍ᠯ   ᠭᠣᠣᠯ᠎ᠤᠨ ᠵᠠᠮ᠎ᠤᠨ ᠦᠶᠡᠷ᠎ᠢ ᠰᠡᠷᠭᠡᠶ᠋ᠢᠯᠡᠬᠦ ᠪᠠ ᠰᠠᠭ᠋ᠠᠳ᠎ᠢ ᠠᠷᠢᠯᠭ᠋ᠠᠬᠤ ᠠᠵᠢᠯ᠎ᠨᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠳᠠᠷᠤᠭ᠎ᠠ ᠬᠠᠷᠢᠭᠤᠴᠠᠬᠤ ᠲᠥᠷᠢᠮ᠎ᠢ ᠬᠡᠷᠡᠭᠵᠢᠭᠦᠯᠦᠨ᠎ᠡ᠃
      ᠨᠠᠢ᠍ᠮᠠᠳᠤᠭ᠋ᠠᠷ ᠵᠦᠢ᠍ᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠣᠣᠯ᠎ᠤᠨ ᠵᠠᠮ᠎ᠢ ᠭᠤᠤᠯᠯᠠᠨ ᠬᠠᠮᠢᠶᠠᠷᠬᠤ ᠪᠠᠶ᠋ᠢᠭᠤᠯᠭ᠎ᠠ ᠵᠢᠴᠢ ᠭᠣᠣᠯ᠎ᠤᠨ ᠵᠠᠮ᠎ᠢ ᠬᠢᠨᠠᠨ ᠬᠠᠮᠢᠶᠠᠷᠬᠤ ᠠᠵᠢᠯᠳᠠᠨ ᠡᠷᠬᠡᠪᠰᠢ ᠤᠯᠤᠰ᠎ᠤᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠶᠣᠰᠣᠭ᠋ᠠᠷ ᠭᠣᠣᠯ᠎ᠤᠨ ᠵᠠᠮ᠎ᠤᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠤᠰᠤ ᠬᠠᠩᠭ᠋ᠠᠬᠤ ᠲᠥᠯᠥᠪᠯᠡᠭᠡ ᠪᠠ ᠦᠶᠡᠷ᠎ᠢ ᠰᠡᠷᠭᠡᠶ᠋ᠢᠯᠡᠬᠦ ᠲᠤᠬᠢᠷᠠᠭᠤᠯᠭ᠎ᠠ ᠵᠢᠨ ᠵᠠᠷᠯᠢᠭ᠎ᠢ ᠬᠡᠷᠡᠭᠵᠢᠭᠦᠯᠵᠦ᠂ ᠤᠰᠤᠨ᠎ᠤ ᠪᠠᠷᠢᠯᠭ᠎ᠠ ᠪᠠ ᠠᠷᠠᠳ ᠲᠦᠮᠡᠨ᠎ᠤ ᠠᠮᠢ ᠨᠠᠰᠤ ᠡᠳ᠋ ᠬᠦᠷᠦᠨᠭᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ ᠬᠡᠷᠡᠭᠲᠡᠢ᠃
      ᠶᠢᠰᠦᠳᠦᠭᠡᠷ ᠵᠦᠢ᠍ᠯ   ᠠᠯᠢᠪᠠ ᠨᠢᠭᠡᠴᠢ ᠪᠠ ᠬᠤᠪᠢ ᠬᠥᠮᠦᠨ ᠴᠥᠮ ᠭᠣᠣᠯ᠎ᠤᠨ ᠵᠠᠮ ᠬᠠᠰᠢᠯᠭ᠎ᠠ ᠳᠠᠯᠠᠩ᠎ᠤᠨ ᠠᠮᠤᠷ ᠲᠦᠪᠰᠢᠨ᠎ᠢ ᠬᠠᠮᠠᠭ᠋ᠠᠯᠠᠬᠤ ᠪᠠ ᠦᠶᠡᠷ᠎ᠢ ᠰᠡᠷᠭᠡᠶ᠋ᠢᠯᠡᠵᠦ ᠠᠶᠤᠯ᠎ᠠᠴᠠ ᠠᠪᠤᠷᠠᠬᠤ᠎ᠳᠤ ᠣᠷᠣᠯᠴᠠᠬᠤ ᠡᠭᠦᠷᠭᠡ᠎ᠲᠠᠢ᠃
   
      ᠬᠣᠶᠠᠳᠤᠭ᠋ᠠᠷ ᠪᠦᠯᠦᠭ   ᠭᠣᠣᠯ᠎ᠤᠨ ᠵᠡᠮ᠎ᠢ ᠵᠠᠰᠠᠬᠤ ᠪᠠ ᠪᠦᠳᠦᠭᠡᠠ ᠪᠠᠶ᠋ᠢᠭᠤᠯᠬᠤ
   
      ᠠᠷᠪᠠᠳᠤᠭ᠋ᠠᠷ ᠵᠦᠢ᠍ᠯ   ᠭᠣᠣᠯ᠎ᠤᠨ ᠵᠠᠮ᠎ᠢ ᠵᠠᠰᠠᠬᠤ ᠪᠠ ᠪᠦᠳᠦᠭᠡᠨ ᠪᠠᠶ᠋ᠢᠭᠤᠯᠬᠤ᠎ᠳᠠᠭᠠᠨ ᠰᠠᠪᠠ ᠭᠠᠵᠠᠷ᠎ᠤᠨ ᠶᠡᠷᠦᠩᠬᠡᠢ ᠲᠥᠯᠥᠪᠵᠢᠭᠦᠯᠭᠡ ᠵᠢ ᠳᠠᠭ᠋ᠠᠵᠤ᠂ ᠤᠯᠤᠰ᠎ᠠᠴᠠ ᠲᠣᠭᠲᠠᠭ᠋ᠠᠭᠰᠠᠨ ᠦᠶᠡᠷ᠎ᠢ ᠰᠡᠷᠭᠡᠶ᠋ᠢᠯᠡᠬᠦ ᠪᠠᠷᠢᠮᠵᠢᠶ᠎ᠠ᠂ ᠠᠶᠠᠯᠠᠯ ᠨᠡᠪᠲᠡᠷᠡᠬᠦ ᠪᠠᠷᠢᠮᠵᠢᠶ᠎ᠠ ᠪᠣᠯᠤᠨ ᠪᠤᠰᠤᠳ ᠬᠣᠯᠪᠣᠭᠳᠠᠯ ᠪᠦᠬᠦᠢ ᠮᠡᠷᠭᠡᠵᠢᠯ᠎ᠤᠨ ᠱᠠᠭ᠋ᠠᠷᠳᠠᠯᠭ᠎ᠠ᠎ᠳᠤ ᠨᠡᠶ᠋ᠢᠴᠡᠭᠦᠯᠵᠦ᠂ ᠬᠠᠰᠢᠯᠭ᠎ᠠ ᠳᠠᠯᠠᠩ᠎ᠤᠨ ᠠᠮᠤᠷ ᠲᠦᠪᠰᠢᠨ᠎ᠢ ᠬᠠᠮᠠᠭ᠋ᠠᠯᠠᠵᠤ᠂ ᠭᠣᠣᠯ᠎ᠤᠨ ᠤᠷᠤᠰᠬᠠᠯ᠎ᠤᠨ ᠲᠣᠭᠲᠠᠭᠤᠨ ᠪᠠᠶ᠋ᠢᠬᠤ ᠪᠠ ᠦᠶᠡᠷ ᠵᠠᠯᠠᠬᠤ᠂ ᠤᠰᠤᠨ ᠵᠠᠮ᠎ᠤᠨ ᠲᠡᠭᠡᠭᠡᠪᠦᠷᠢ ᠵᠢᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠬᠡᠷᠡᠭᠲᠡᠢ᠃
      ᠠᠷᠪᠠᠨ ᠨᠢᠭᠡᠳᠦᠭᠡᠷ ᠵᠦᠢ᠍ᠯ   ᠤᠰᠤᠨ ᠠᠰᠢᠭᠯᠠᠯᠲᠠ ᠵᠢ ᠨᠡᠭᠡᠭᠡᠨ ᠠᠰᠢᠭᠯᠠᠬᠤ᠂ ᠤᠰᠤᠨ᠎ᠤ ᠭᠠᠮᠰᠢᠭ᠎ᠢ ᠰᠡᠷᠭᠡᠶ᠋ᠢᠯᠡᠨ ᠵᠠᠰᠠᠬᠤ᠂ ᠭᠣᠣᠯ᠎ᠤᠨ ᠵᠠᠮ᠎ᠢ ᠵᠠᠰᠠᠬᠤ ᠡᠯ᠎ᠡ ᠲᠦᠷᠦᠯ᠎ᠤᠨ ᠪᠠᠷᠢᠯᠭ᠎ᠠ ᠪᠠ ᠭᠣᠣᠯ ᠰᠤᠨᠳᠠᠯᠠᠬᠤ᠂ ᠭᠣᠣᠯ ᠭᠠᠲᠤᠯᠬᠤ᠂ ᠭᠣᠣᠯ ᠳᠠᠭ᠋ᠠᠭᠰᠠᠨ ᠬᠥᠭᠥᠷᠭᠡ᠂ ᠭᠠᠷᠠᠮ᠂ ᠵᠠᠮ᠂ ᠣᠯᠣᠮ᠂ ᠬᠣᠭᠣᠯᠠᠶ᠂ ᠤᠳᠠᠰᠤ ᠲᠠᠲᠠᠯᠭ᠎ᠠ ᠵᠡᠷᠭᠡ ᠪᠠᠷᠢᠯᠭ᠎ᠠ ᠵᠢᠴᠢ ᠲᠥᠬᠥᠭᠡᠷᠦᠮᠵᠢ ᠵᠢ ᠪᠠᠶ᠋ᠢᠭᠤᠯᠬᠤ᠎ᠳᠤ ᠪᠦᠳᠦᠭᠡᠨ ᠪᠠᠶ᠋ᠢᠭᠤᠯᠬᠤ ᠨᠢᠭᠡᠴᠢ᠎ᠨᠢ ᠡᠷᠬᠡᠪᠰᠢ ᠭᠣᠣᠯ᠎ᠤᠨ ᠵᠠᠮ᠎ᠤᠨ ᠬᠠᠮᠢᠶᠠᠷᠤᠯᠲᠠ ᠵᠢᠨ ᠡᠷᠬᠡ ᠮᠡᠳᠡᠯ᠎ᠤᠨ ᠬᠡᠪᠴᠢᠶ᠎ᠡ ᠵᠢᠨ ᠶᠣᠰᠣᠭ᠋ᠠᠷ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠲᠥᠰᠦᠯ ᠵᠶ᠋ᠠᠨ ᠭᠣᠣᠯ᠎ᠤᠨ ᠵᠠᠮ᠎ᠤᠨ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠳᠤ ᠮᠡᠳᠡᠭᠦᠯᠦᠨ ᠬᠦᠷᠭᠡᠵᠦ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠬᠦ ᠬᠡᠷᠡᠭᠲᠡᠶ᠃ ᠭᠣᠣᠯ᠎ᠤᠨ ᠵᠡᠮ᠎ᠢ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠪᠠᠷ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠦᠭᠰᠡᠨ ᠤᠢ᠍ᠭᠡᠢ ᠪᠠᠶ᠋ᠢᠪᠠᠯ᠂ ᠪᠦᠳᠦᠭᠡᠠ ᠪᠠᠶ᠋ᠢᠭᠤᠯᠬᠤ ᠨᠢᠭᠡᠴᠢ᠎ᠨᠢ ᠪᠠᠷᠢᠯᠭ᠎ᠠ ᠵᠢᠨ ᠠᠵᠢᠯ ᠵᠶ᠋ᠠᠨ ᠡᠬᠢᠯᠡᠭᠦᠯᠵᠦ ᠪᠣᠯᠬᠤ ᠤᠢ᠍ᠭᠡᠢ᠃
      ᠪᠦᠳᠦᠭᠡᠠ ᠪᠠᠶ᠋ᠢᠭᠤᠯᠤᠯᠲᠠ ᠵᠢᠨ ᠵᠦᠢ᠍ᠯᠡᠰ᠎ᠢ ᠵᠥᠪᠰᠢᠶᠡᠷᠡᠭᠦᠯᠦᠭᠰᠡᠨ᠎ᠤ ᠲᠡᠷᠡᠭ᠎ᠠ᠂ ᠪᠦᠳᠦᠭᠡᠠ ᠪᠠᠶ᠋ᠢᠭᠤᠯᠬᠤ ᠨᠢᠭᠡᠴᠢ᠎ᠨᠢ ᠪᠠᠷᠢᠯᠭ᠎ᠠ ᠵᠢᠨ ᠠᠵᠢᠯ᠎ᠤᠨ ᠲᠤᠬᠢᠷᠡᠭᠤᠯᠦᠯᠳᠠ᠎ᠪᠠᠨ ᠭᠣᠣᠯ᠎ᠤᠨ ᠵᠡᠮ᠎ᠤᠨ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠳᠤ ᠮᠡᠳᠡᠭᠳᠡᠬᠦ ᠬᠡᠷᠡᠭᠲᠡᠶ᠃
      ᠠᠷᠪᠠᠨ ᠬᠣᠶᠠᠳᠤᠭ᠋ᠠᠷ ᠵᠦᠢ᠍ᠯ   ᠬᠦᠬᠦᠷᠭᠡ᠂ ᠭᠠᠷᠠᠮ ᠪᠠ ᠪᠤᠰᠤᠳ ᠲᠥᠬᠥᠭᠡᠷᠦᠮᠵᠢ ᠵᠢ ᠪᠠᠶ᠋ᠢᠭᠤᠯᠬᠤ᠎ᠳᠤ ᠡᠷᠬᠡᠪᠰᠢ ᠤᠯᠤᠰ᠎ᠠᠴᠠ ᠲᠣᠭᠲᠠᠭ᠋ᠠᠭᠰᠠᠨ ᠦᠶᠡᠷ᠎ᠢ ᠰᠡᠷᠭᠡᠶ᠋ᠢᠯᠡᠬᠦ ᠪᠠᠷᠢᠮᠵᠢᠶ᠎ᠠ᠎ᠳᠤ ᠲᠣᠭᠲᠠᠭ᠋ᠠᠭᠰᠠᠨ ᠭᠣᠣᠯ᠎ᠤᠨ ᠥᠷᠭᠡᠨ᠎ᠤ ᠬᠡᠮᠵᠢᠶ᠎ᠡ᠎ᠪᠠᠷ ᠬᠢᠬᠦ ᠬᠡᠷᠡᠭᠲᠡᠢ᠂ ᠦᠶᠡᠷ ᠵᠠᠯᠠᠬᠤ ᠵᠠᠮ᠎ᠢ ᠪᠠᠭ᠋ᠠᠰᠬᠠᠵᠤ ᠪᠣᠯᠬᠤ ᠦᠭᠡᠢ᠃
      ᠬᠥᠭᠥᠷᠭᠡ ᠪᠠ ᠬᠥᠭᠥᠷᠭᠡ ᠵᠢᠨ ᠨᠢᠷᠤᠭᠤ ᠵᠢᠨ ᠢᠷᠣᠭ᠋ᠠᠷ᠎ᠢ ᠡᠷᠬᠡᠪᠰᠢ ᠵᠢᠷᠤᠵᠤ ᠲᠥᠯᠥᠪᠯᠡᠭᠰᠡᠨ ᠦᠶᠡᠷ᠎ᠤᠨ ᠤᠰᠤᠨ᠎ᠤ ᠲᠦᠪᠰᠢᠨ᠎ᠠᠴᠠ ᠥᠨᠳᠥᠷ ᠪᠠᠶ᠋ᠢᠯᠭ᠋ᠠᠬᠤ ᠬᠡᠷᠡᠭᠲᠡᠶ ᠪᠥᠭᠡᠳ ᠦᠶᠡᠷ᠎ᠢ ᠰᠡᠷᠭᠡᠶ᠋ᠢᠯᠡᠬᠦ ᠪᠠ ᠤᠰᠤᠨ ᠵᠠᠮ᠎ᠤᠨ ᠲᠡᠭᠡᠭᠡᠪᠦᠷᠢ ᠵᠢᠨ ᠱᠠᠭ᠋ᠠᠷᠳᠠᠯᠭ᠎ᠠ ᠶᠣᠰᠣᠭ᠋ᠠᠷ ᠵᠣᠬᠢᠬᠤ ᠬᠡᠮᠵᠢᠶᠡᠨ᠎ᠤ ᠭᠡᠳᠤ ᠥᠨᠳᠥᠷ ᠪᠠᠶ᠋ᠢᠯᠭ᠋ᠠᠬᠤ ᠬᠡᠷᠡᠭᠲᠡᠶ᠃ ᠵᠢᠷᠤᠵᠤ ᠲᠥᠯᠥᠪᠯᠡᠭᠰᠡᠨ ᠦᠶᠡᠷ᠎ᠤᠨ ᠤᠰᠤᠨ ᠲᠦᠪᠰᠢᠨ᠎ᠢ ᠭᠣᠣᠯ᠎ᠤᠨ ᠵᠠᠮ᠎ᠤᠨ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠠᠴᠠ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠵᠢ ᠦᠨᠳᠦᠰᠦᠯᠡᠨ ᠲᠣᠭᠲᠠᠭ᠋ᠠᠨ᠎ᠠ᠃
      ᠭᠣᠣᠯ᠎ᠤᠨ ᠵᠠᠮ᠎ᠢ ᠰᠤᠨᠳᠠᠯᠠᠭᠰᠠᠨ ᠳᠠᠮᠵᠢᠭᠤᠯᠬᠤ ᠬᠣᠭᠣᠯᠠᠶ᠂ ᠱᠤᠭᠤᠮ᠎ᠤᠨ ᠠᠭ᠋ᠠᠷ᠎ᠤᠨ ᠴᠡᠪᠡᠷ ᠬᠥᠨᠳᠡᠶ ᠵᠢᠨ ᠥᠨᠳᠥᠷ᠎ᠤᠨ ᠬᠡᠮᠵᠢᠶ᠎ᠡ᠎ᠨᠢ ᠡᠷᠬᠡᠪᠰᠢ ᠦᠶᠡᠷ᠎ᠢ ᠰᠡᠷᠭᠡᠶ᠋ᠢᠯᠡᠬᠦ ᠪᠠ ᠤᠰᠤᠨ ᠵᠠᠮ᠎ᠤᠨ ᠲᠡᠭᠡᠭᠡᠪᠦᠷᠢ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
      ᠠᠷᠪᠠᠨ ᠭᠤᠷᠪᠠᠳᠤᠭ᠋ᠠᠷ ᠵᠦᠢ᠍ᠯ   ᠵᠠᠮ ᠬᠠᠷᠢᠯᠴᠠᠭ᠋ᠠᠨ᠎ᠤ ᠰᠠᠯᠠᠭ᠎ᠠ ᠮᠥᠴᠢᠷ ᠤᠰᠤᠨ ᠠᠶᠠᠯᠠᠯ᠎ᠤᠨ ᠵᠠᠮ᠎ᠢ ᠴᠡᠭᠴᠡᠯᠡᠨ ᠵᠠᠰᠠᠬᠤ᠎ᠳᠤ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠎ᠤ ᠱᠠᠭ᠋ᠠᠷᠳᠠᠯᠭ᠎ᠠ᠎ᠳᠤ ᠨᠡᠶ᠋ᠢᠴᠡᠭᠦᠯᠬᠦ ᠬᠡᠷᠡᠭᠲᠡᠢ ᠪᠥᠭᠡᠳ ᠬᠣᠯᠪᠣᠭᠳᠠᠯ ᠪᠦᠬᠦᠢ ᠵᠢᠷᠤᠭ ᠲᠥᠯᠥᠪᠯᠡᠭᠡ ᠪᠠ ᠲᠥᠯᠥᠪᠯᠡᠭᠡ ᠵᠢᠨ ᠲᠤᠬᠠᠢ ᠭᠣᠣᠯ᠎ᠤᠨ ᠵᠠᠮ᠎ᠤᠨ ᠭᠤᠤᠯᠯᠠᠨ ᠬᠠᠮᠢᠶᠠᠷᠬᠤ ᠪᠠᠶ᠋ᠢᠭᠤᠯᠭ᠎ᠠ ᠵᠢᠨ ᠰᠠᠨᠠᠯ᠎ᠢ ᠤᠷᠢᠳᠠᠪᠠᠷ ᠬᠤᠷᠢᠶᠠᠬᠤ ᠬᠡᠷᠡᠭᠲᠡᠢ᠃
      ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠭᠣᠣᠯ᠎ᠤᠨ ᠵᠠᠮ᠎ᠢ ᠵᠠᠰᠠᠬᠤ᠎ᠳᠠᠭᠠᠨ ᠤᠰᠤᠨ ᠠᠶᠠᠯᠠᠯ᠎ᠤᠨ ᠵᠠᠮ᠎ᠳᠤ ᠬᠣᠯᠪᠣᠭᠳᠠᠭᠰᠠᠨ ᠪᠠᠶ᠋ᠢᠪᠠᠯ᠂ ᠤᠰᠤᠨ ᠵᠠᠮ᠎ᠤᠨ ᠲᠡᠭᠡᠭᠡᠪᠦᠷᠢ ᠵᠢᠨ ᠬᠡᠷᠡᠭᠴᠡᠭᠡ ᠵᠢ ᠬᠠᠮᠲᠤ᠎ᠳᠤᠨᠢ ᠬᠠᠷᠠᠭ᠋ᠠᠯᠵᠠᠬᠤ ᠬᠡᠷᠡᠭᠲᠡᠢ ᠪᠥᠭᠡᠳ ᠬᠣᠯᠪᠣᠭᠳᠠᠯ ᠪᠦᠬᠦᠢ ᠵᠢᠷᠤᠭ ᠲᠥᠯᠥᠪᠯᠡᠭᠡ ᠪᠠ ᠲᠥᠯᠥᠪᠯᠡᠭᠡ ᠵᠢᠨ ᠲᠤᠬᠠᠢ ᠵᠠᠮ ᠬᠠᠷᠢᠯᠴᠠᠭ᠋ᠠᠨ᠎ᠤ ᠰᠠᠯᠠᠭ᠎ᠠ ᠮᠥᠴᠢᠷ᠎ᠤᠨ ᠰᠠᠨᠠᠯ᠎ᠢ ᠤᠷᠢᠳᠠᠪᠠᠷ ᠬᠤᠷᠢᠶᠠᠬᠤ ᠬᠡᠷᠡᠭᠲᠡᠢ᠃
      ᠤᠯᠤᠰ᠎ᠠᠴᠠ ᠬᠤᠯᠤᠰᠤ ᠮᠣᠳᠣ ᠤᠷᠤᠰᠬᠠᠨ ᠲᠡᠭᠡᠭᠡᠪᠦᠷᠢᠯᠡᠵᠦ ᠪᠣᠯᠤᠨ᠎ᠠ ᠭᠡᠵᠦ ᠲᠣᠭᠲᠠᠭ᠋ᠠᠭᠰᠠᠨ ᠭᠣᠣᠯ ᠮᠥᠷᠡᠨ ᠪᠠ ᠵᠢᠭ᠋ᠠᠰᠤᠨ ᠠᠵᠤ ᠠᠬᠤᠶ ᠵᠢᠨ ᠴᠢᠬᠤᠯᠠ ᠤᠰᠦᠠ ᠣᠷᠣᠨ᠎ᠳᠤ ᠭᠣᠣᠯ᠎ᠤᠨ ᠵᠡᠮ᠂ ᠤᠰᠦᠠ ᠵᠡᠮ᠎ᠢ ᠵᠠᠰᠠᠬᠤ᠎ᠳᠤ ᠪᠦᠳᠦᠭᠡᠠ ᠪᠠᠶ᠋ᠢᠭᠤᠯᠬᠤ ᠨᠢᠭᠡᠴᠢ᠎ᠨᠢ ᠬᠤᠯᠤᠰᠤ ᠮᠣᠳᠣᠨ᠎ᠤ ᠤᠰᠦᠠ ᠲᠡᠭᠡᠭᠡᠪᠦᠷᠢ ᠪᠠ ᠵᠢᠭ᠋ᠠᠰᠤᠨ ᠠᠵᠤ ᠠᠬᠤᠶ ᠵᠢᠨ ᠬᠥᠭᠵᠢᠯᠲᠡ ᠵᠢᠨ ᠬᠡᠷᠡᠭᠴᠡᠭᠡ ᠵᠢ ᠬᠠᠮᠲᠤ᠎ᠳᠤᠨᠢ ᠬᠠᠷᠠᠭ᠋ᠠᠯᠵᠠᠬᠤ ᠬᠡᠷᠡᠭᠲᠡᠶ ᠪᠥᠭᠡᠳ ᠬᠣᠯᠪᠣᠭᠳᠠᠯ ᠪᠦᠬᠦᠢ ᠵᠢᠷᠤᠭ ᠲᠥᠯᠥᠪᠯᠡᠭᠡ ᠪᠠ ᠲᠥᠯᠥᠪᠯᠡᠭᠡ ᠵᠢ ᠤᠷᠢᠳᠠᠪᠠᠷ ᠠᠳᠠᠯᠢ ᠱᠠᠲᠤᠨ᠎ᠤ ᠤᠢ ᠰᠢᠭᠤᠶ᠂ ᠵᠢᠭ᠋ᠠᠰᠤᠨ ᠠᠵᠤ ᠠᠬᠤᠶ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠦᠷᠭᠡᠵᠦ ᠰᠠᠨᠠᠯ ᠬᠤᠷᠢᠶᠠᠬᠤ ᠬᠡᠷᠡᠭᠲᠡᠶ᠃
      ᠠᠷᠪᠠᠨ ᠳᠥᠷᠪᠡᠳᠦᠭᠡᠷ ᠵᠦᠢ᠍ᠯ   ᠬᠠᠰᠢᠯᠭ᠎ᠠ ᠲᠡᠯᠡᠡᠭ ᠳᠡᠭᠡᠷ᠎ᠡ ᠨᠢᠭᠡᠨᠲᠡ ᠪᠠᠶ᠋ᠢᠭᠤᠯᠤᠭᠰᠠᠨ ᠭᠤᠯᠳᠤᠩ       ᠬᠠᠭ᠋ᠠᠯᠲᠠ᠂ ᠬᠥᠭᠡᠷᠭᠡ ᠵᠢᠨ ᠤᠢ᠍ᠷᠳᠡᠭᠡ ᠪᠠ ᠪᠤᠯᠠᠵᠤ ᠲᠠᠯᠪᠢᠭᠰᠠᠨ ᠬᠠᠰᠢᠯᠭ᠎ᠠ ᠨᠡᠪᠲᠡᠯᠬᠦ ᠬᠣᠭᠣᠯᠠᠶ᠂ ᠳᠡᠭᠡᠰᠦ ᠤᠲᠠᠰᠤ ᠵᠡᠷᠭᠡ ᠪᠠᠷᠢᠯᠭ᠎ᠠ ᠵᠢᠴᠢ ᠲᠥᠬᠥᠭᠡᠷᠦᠮᠵᠢ ᠵᠢ ᠭᠣᠣᠯ᠎ᠤᠨ ᠵᠡᠮ᠎ᠢ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠠᠴᠠ ᠲᠣᠭᠲᠠᠮᠠᠯ ᠬᠤᠭᠤᠴᠠᠭ᠎ᠠ᠎ᠲᠠᠢ᠎ᠪᠠᠷ ᠪᠠᠶ᠋ᠢᠴᠠᠭ᠋ᠠᠬᠤ ᠬᠡᠷᠡᠭᠲᠡᠶ᠂ ᠪᠠᠷᠢᠯᠭ᠎ᠠ ᠵᠢᠨ ᠠᠶᠤᠯᠭᠦᠶ ᠵᠢᠨ ᠱᠠᠭ᠋ᠠᠷᠳᠠᠯᠭ᠎ᠠ᠎ᠳᠤ ᠨᠡᠶ᠋ᠢᠴᠡᠬᠦ ᠤᠢ᠍ᠭᠡᠢ ᠵᠢ᠎ᠨᠢ ᠬᠤᠭᠤᠴᠠᠭ᠎ᠠ ᠲᠣᠭᠲᠠᠭ᠋ᠠᠨ ᠥᠭᠡᠷᠡᠴᠢᠯᠡᠨ ᠪᠠᠶ᠋ᠢᠭᠤᠯᠬᠤ ᠬᠡᠷᠡᠭᠲᠡᠶ᠃
      ᠬᠠᠰᠢᠯᠭ᠎ᠠ ᠳᠠᠯᠠᠩ ᠳᠡᠭᠡᠷ᠎ᠡ ᠡᠮᠦᠨᠡᠬᠢ ᠪᠠᠳᠠᠭ᠎ᠲᠤ ᠵᠢᠭ᠋ᠠᠭᠰᠠᠨ ᠪᠠᠷᠢᠯᠭ᠎ᠠ ᠵᠢᠴᠢ ᠲᠥᠬᠥᠭᠡᠷᠦᠮᠵᠢ ᠵᠢ ᠰᠢᠨ᠎ᠡ᠎ᠪᠠᠷ ᠪᠠᠶ᠋ᠢᠭᠤᠯᠬᠤ᠎ᠳᠠᠭᠠᠨ ᠭᠣᠣᠯ᠎ᠤᠨ ᠵᠡᠮ᠎ᠢ ᠭᠤᠤᠯᠯᠠᠨ ᠬᠠᠮᠢᠶᠠᠷᠬᠤ ᠪᠠᠶ᠋ᠢᠭᠤᠯᠭ᠎ᠠ ᠵᠢᠨ ᠠᠶᠤᠯᠭᠦᠶ ᠵᠢᠨ ᠬᠠᠮᠢᠶᠠᠷᠤᠯᠲᠠ ᠵᠢ ᠲᠡᠭ᠋ᠠᠬᠤ ᠬᠡᠷᠡᠭᠲᠡᠶ᠃
      ᠠᠷᠪᠠᠨ ᠲᠠᠪᠤᠳᠤᠭ᠋ᠠᠷ ᠵᠦᠢ᠍ᠯ   ᠬᠠᠰᠢᠯᠭ᠎ᠠ ᠵᠢᠨ ᠤᠷᠦᠢ ᠪᠤᠶᠤ ᠲᠡᠪᠰᠢ ᠵᠢ ᠠᠰᠢᠭᠯᠠᠨ ᠵᠠᠰᠠᠮᠠᠯ ᠵᠡᠮ᠎ᠢ ᠬᠠᠪᠰᠤᠷᠭ᠋ᠠᠨ ᠬᠡᠷᠡᠭᠯᠡᠬᠦ ᠦᠨᠡᠨ ᠬᠦ᠌ ᠴᠢᠬᠤᠯᠠ᠎ᠲᠠᠢ ᠪᠣᠯ ᠡᠷᠬᠡᠪᠰᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠣᠣᠯ᠎ᠤᠨ ᠵᠡᠮ᠎ᠢ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠪᠠᠷ ᠵᠥᠪᠰᠢᠶᠡᠷᠡᠭᠦᠯᠬᠦ ᠬᠡᠷᠡᠭᠲᠡᠶ᠃ ᠲᠡᠯᠡᠡᠭ᠎ᠤᠨ ᠪᠡᠶ᠎ᠡ ᠪᠠ ᠲᠡᠯᠡᠡᠭ᠎ᠤᠨ ᠤᠷᠦᠢ ᠳᠡᠭᠡᠷᠡᠬᠢ ᠵᠠᠰᠠᠮᠠᠯ ᠵᠡᠮ᠎ᠢ ᠬᠠᠮᠢᠶᠠᠷᠬᠤ ᠪᠠ ᠬᠠᠮᠠᠭ᠋ᠠᠯᠠᠬᠤ ᠠᠷᠭ᠎ᠠ ᠵᠢ ᠭᠣᠣᠯ᠎ᠤᠨ ᠵᠡᠮ᠎ᠢ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠠᠴᠠ ᠵᠡᠮ ᠬᠠᠷᠢᠯᠴᠠᠭ᠋ᠠᠨ᠎ᠤ ᠰᠠᠯᠠᠭ᠎ᠠ ᠮᠥᠴᠢᠷ᠎ᠲᠠᠢ ᠵᠥᠪᠳᠡᠯᠴᠡᠵᠦ ᠲᠣᠭᠲᠠᠭ᠋ᠠᠨ᠎ᠠ᠃
      ᠠᠷᠪᠠᠨ ᠵᠢᠷᠭᠤᠳᠤᠭ᠋ᠠᠷ ᠵᠦᠢ᠍ᠯ   ᠬᠤᠳᠠ ᠪᠠᠯᠭ᠋ᠠᠰᠤᠨ᠎ᠤ ᠪᠦᠳᠦᠭᠡᠠ ᠪᠠᠶ᠋ᠢᠭᠤᠯᠤᠯᠲᠠ ᠪᠠ ᠬᠥᠭᠵᠢᠯᠲᠡ᠎ᠳᠤ ᠭᠣᠣᠯ᠎ᠤᠨ ᠵᠡᠮ᠎ᠤᠨ ᠲᠡᠡᠭ ᠭᠠᠵᠠᠷ᠎ᠢ ᠡᠵᠡᠯᠡᠨ ᠬᠡᠷᠡᠭᠯᠡᠵᠦ ᠪᠣᠯᠬᠤ ᠤᠢ᠍ᠭᠡᠢ᠃ ᠬᠤᠳᠠ ᠪᠠᠯᠭ᠋ᠠᠰᠤᠨ᠎ᠤ ᠲᠥᠯᠥᠪᠵᠢᠭᠦᠯᠭᠡ ᠵᠢᠨ ᠭᠣᠣᠯ ᠳᠠᠭ᠋ᠠᠤ ᠵᠢᠨ ᠵᠠᠭ᠋ᠠᠭ᠎ᠢ ᠭᠣᠣᠯ ᠮᠥᠷᠡᠨ᠎ᠤ ᠵᠠᠮ᠎ᠢ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠠᠴᠠ ᠬᠤᠳᠠ ᠪᠠᠯᠭ᠋ᠠᠰᠤᠨ᠎ᠤ ᠲᠥᠯᠥᠪᠵᠢᠭᠦᠯᠭᠡ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠨ᠎ᠠ᠃ ᠭᠣᠣᠯ ᠳᠠᠭ᠋ᠠᠤ ᠵᠢᠨ ᠬᠣᠲᠠ ᠪᠠᠯᠭ᠋ᠠᠰᠤ᠎ᠨᠢ ᠬᠣᠲᠠ ᠪᠠᠯᠭ᠋ᠠᠰᠤᠨ᠎ᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠪᠠ ᠬᠢᠨᠠᠨ ᠪᠠᠶ᠋ᠢᠴᠠᠭ᠋ᠠᠬᠤ᠎ᠳᠠᠭᠠᠨ ᠤᠷᠢᠳ ᠵᠶ᠋ᠠᠷ ᠭᠣᠣᠯ᠎ᠤᠨ ᠵᠠᠮ᠎ᠢ ᠭᠤᠤᠯᠯᠠᠨ ᠬᠠᠮᠢᠶᠠᠷᠬᠤ ᠪᠠᠶ᠋ᠢᠭᠤᠯᠭ᠎ᠠ ᠵᠢᠨ ᠰᠠᠨᠠᠯ᠎ᠢ ᠬᠤᠷᠢᠶᠠᠬᠤ ᠬᠡᠷᠡᠭᠲᠡᠶ᠃
      ᠠᠷᠪᠠᠨ ᠳᠣᠯᠣᠳᠤᠭ᠋ᠠᠷ ᠵᠦᠢ᠍ᠯ   ᠭᠣᠣᠯ᠎ᠤᠨ ᠵᠠᠮ᠎ᠤᠨ ᠡᠷᠭᠢ ᠵᠢᠨ ᠱᠤᠭᠤᠮ᠎ᠢ ᠠᠰᠢᠭᠯᠠᠬᠤ ᠪᠠ ᠪᠦᠳᠦᠭᠡᠨ ᠪᠠᠶ᠋ᠢᠭᠤᠯᠬᠤ᠎ᠳᠠᠭᠠᠨ ᠭᠣᠣᠯ᠎ᠤᠨ ᠵᠠᠮ᠎ᠢ ᠴᠡᠭᠴᠡᠯᠡᠨ ᠵᠠᠰᠠᠬᠤ ᠲᠥᠯᠥᠪᠵᠢᠭᠦᠯᠭᠡ ᠪᠠ ᠤᠰᠤᠨ ᠠᠶᠠᠯᠠᠯ᠎ᠤᠨ ᠵᠠᠮ᠎ᠢ ᠴᠡᠭᠴᠡᠯᠡᠨ ᠵᠠᠰᠠᠬᠤ ᠲᠥᠯᠥᠪᠵᠢᠭᠦᠯᠭᠡ ᠵᠢ ᠲᠠᠭ᠋ᠠᠬᠤ ᠬᠡᠷᠡᠭᠲᠡᠢ᠃ ᠲᠥᠯᠥᠪᠯᠡᠭᠡᠨ᠎ᠤ ᠰᠠᠯᠠᠭ᠎ᠠ ᠮᠥᠴᠢᠷ ᠭᠣᠣᠯ᠎ᠤᠨ ᠵᠠᠮ᠎ᠤᠨ ᠡᠷᠭᠢ ᠵᠢᠨ ᠱᠤᠭᠤᠮ᠎ᠢ ᠠᠰᠢᠭᠯᠠᠬᠤ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠬᠢᠨᠠᠨ ᠵᠥᠪᠰᠢᠶᠡᠷᠡᠬᠦ᠎ᠳᠡᠭᠡᠨ ᠤᠷᠢᠳ ᠵᠶ᠋ᠠᠷ ᠭᠣᠣᠯ᠎ᠤᠨ ᠵᠠᠮ᠎ᠤᠨ ᠭᠤᠤᠯᠯᠠᠨ ᠬᠠᠮᠢᠶᠠᠷᠬᠤ ᠪᠠᠶ᠋ᠢᠭᠤᠯᠭ᠎ᠠ ᠵᠢᠨ ᠰᠠᠨᠠᠯ᠎ᠢ ᠬᠤᠷᠢᠶᠠᠬᠤ ᠬᠡᠷᠡᠭᠲᠡᠶ᠃
      ᠭᠣᠣᠯ᠎ᠤᠨ ᠵᠡᠮ᠎ᠤᠨ ᠡᠷᠭᠢ ᠵᠢᠨ ᠱᠤᠭᠤᠮ᠎ᠤᠨ ᠵᠠᠭ᠋ᠠᠭ᠎ᠢ ᠭᠣᠣᠯ᠎ᠤᠨ ᠵᠡᠮ᠎ᠤᠨ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠠᠴᠠ ᠵᠡᠮ ᠬᠠᠷᠢᠯᠴᠠᠭ᠎ᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠬᠦᠯᠵᠦ ᠵᠠᠭ᠋ᠠᠭᠯᠠᠨ ᠲᠤᠭᠳᠠᠭ᠋ᠠᠬᠤ ᠬᠡᠷᠡᠭᠲᠡᠢ᠃
      ᠠᠷᠪᠠᠨ ᠨᠠᠢ᠍ᠮᠠᠳᠤᠭ᠋ᠠᠷ ᠵᠦᠢ᠍ᠯ   ᠭᠣᠣᠯ᠎ᠤᠨ ᠵᠠᠮ᠎ᠤᠨ ᠰᠢᠪᠠᠷ ᠱᠠᠯᠪᠠᠭ᠎ᠢ ᠠᠷᠢᠯᠭ᠋ᠠᠬᠤ ᠪᠠ ᠬᠠᠰᠢᠯᠭ᠎ᠠ ᠳᠠᠯᠠᠩ᠎ᠢ ᠪᠡᠬᠢᠯᠡᠵᠦ ᠰᠢᠷᠣᠶ ᠠᠪᠬᠤ ᠵᠢᠴᠢ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠵᠢᠨ ᠶᠣᠰᠣᠭ᠋ᠠᠷ ᠭᠣᠣᠯ᠎ᠤᠨ ᠵᠠᠮ᠎ᠢ ᠴᠡᠭᠴᠡᠯᠡᠨ ᠵᠠᠰᠠᠬᠤ᠎ᠳᠤ ᠡᠵᠡᠯᠡᠨ ᠬᠡᠷᠡᠭᠯᠡᠬᠦ ᠴᠢᠬᠤᠯᠠᠲᠠᠶ ᠭᠠᠵᠠᠷ ᠰᠢᠷᠣᠶ ᠵᠢ ᠲᠤᠬᠠᠶ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠲᠣᠬᠢᠷᠠᠭᠤᠯᠤᠨ ᠰᠢᠢ᠍ᠳᠪᠤᠷᠢᠯᠡᠨ᠎ᠡ᠃
      ᠴᠥᠭᠥᠷᠥᠮ ᠪᠠᠶ᠋ᠢᠭᠤᠯᠬᠤ᠂ ᠭᠣᠣᠯ᠎ᠤᠨ ᠵᠡᠮ᠎ᠢ ᠵᠠᠰᠠᠬᠤ᠎ᠠᠴᠠ ᠪᠤᠯᠵᠦ ᠨᠡᠮᠡᠵᠦ ᠣᠷᠣᠭᠤᠯᠤᠭᠰᠠᠨ ᠠᠰᠢᠭᠯᠠᠵᠤ ᠪᠣᠯᠬᠤ ᠭᠠᠵᠠᠷ ᠰᠢᠷᠣᠶ᠎ᠨᠢ ᠤᠯᠤᠰ᠎ᠤᠨ ᠥᠮᠴᠢᠯᠡᠯ᠎ᠳᠤ ᠬᠠᠷᠢᠶᠠᠯᠠᠭᠳᠠᠨ᠎ᠠ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠨᠡᠭᠦᠳᠡᠯᠴᠢᠨ ᠠᠷᠠᠳ᠎ᠢ ᠲᠥᠪᠬᠢᠨᠡᠭᠦᠯᠬᠦ ᠪᠠ ᠭᠣᠣᠯ᠎ᠤᠨ ᠵᠡᠮ᠎ᠢ ᠵᠠᠰᠠᠬᠤ ᠪᠠᠷᠢᠯᠭ᠎ᠠ᠎ᠳᠤ ᠬᠡᠷᠡᠭᠯᠡᠵᠦ ᠪᠣᠯᠤᠨ᠎ᠠ᠃
      ᠠᠷᠪᠠ ᠶᠢᠰᠦᠳᠦᠭᠡᠷ ᠵᠦᠢ᠍ᠯ   ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠎ᠨᠢ ᠭᠣᠣᠯ᠎ᠤᠨ ᠵᠠᠮ ᠵᠶ᠋ᠠᠷ ᠵᠠᠭ᠋ᠠᠭ ᠪᠣᠯᠭ᠋ᠠᠭᠰᠠᠨ ᠪᠠᠶ᠋ᠢᠪᠠᠯ᠂ ᠭᠣᠣᠯ᠎ᠤᠨ ᠵᠠᠮ᠎ᠤᠨ ᠬᠣᠶᠠᠷ ᠡᠷᠭᠢ ᠵᠢᠨ ᠭᠠᠳᠠᠷ ᠲᠠᠯ᠎ᠠ ᠵᠢᠨ ᠲᠤᠰ ᠪᠦᠷᠢ 10 ᠺᠢᠯᠣᠮᠧᠲᠷ᠎ᠤᠨ ᠳᠣᠲᠣᠷ᠎ᠠ᠂ ᠵᠢᠴᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠠᠯᠤᠰᠯᠠᠭᠰᠠᠨ ᠭᠣᠣᠯ᠎ᠤᠨ ᠵᠠᠮ᠎ᠳᠤ ᠬᠣᠯᠪᠣᠭᠳᠠᠯ ᠪᠦᠬᠦᠢ ᠡᠯ᠎ᠡ ᠲᠠᠯ᠎ᠠ ᠵᠢᠨ᠎ᠬᠢᠨ ᠬᠡᠯᠡᠯᠴᠡᠭᠡᠷ ᠲᠣᠭᠲᠠᠭᠰᠠᠨ ᠦᠭᠡᠢ ᠪᠤᠶᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ ᠠᠰᠢᠭᠯᠠᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠥᠪᠰᠢᠶᠡᠷᠡᠯ ᠦᠭᠡᠢ᠎ᠪᠠᠷ ᠭᠠᠭᠴᠠ ᠲᠠᠯ᠎ᠠ᠎ᠠᠴᠠ ᠤᠰᠤ ᠵᠠᠯᠠᠬᠤ᠂ ᠤᠰᠤ ᠬᠣᠷᠢᠭᠯᠠᠬᠤ᠂ ᠤᠰᠤ ᠲᠠᠲᠠᠬᠤ᠂ ᠤᠰᠤ ᠬᠠᠳᠠᠭ᠋ᠠᠯᠠᠬᠤ ᠪᠠᠷᠢᠯᠭ᠎ᠠ ᠵᠢᠴᠢ ᠭᠣᠣᠯ᠎ᠤᠨ ᠵᠠᠮ᠎ᠢ ᠵᠠᠰᠠᠬᠤ ᠪᠠᠷᠢᠯᠭ᠎ᠠ ᠪᠠᠶ᠋ᠢᠭᠤᠯᠬᠤ ᠵᠢ ᠴᠠᠭ᠋ᠠᠵᠠᠯᠠᠨ᠎ᠠ᠃
   
      ᠭᠤᠷᠪᠠᠳᠤᠭ᠋ᠠᠷ ᠪᠦᠯᠦᠭ   ᠭᠣᠣᠯ᠎ᠤᠨ ᠵᠡᠮ᠎ᠢ ᠬᠠᠮᠠᠭ᠋ᠠᠯᠠᠬᠤ
   
      ᠬᠣᠷᠢᠳᠤᠭ᠋ᠠᠷ ᠵᠦᠢ᠍ᠯ   ᠬᠠᠰᠢᠯᠭ᠎ᠠ ᠲᠡᠯᠡᠡᠭ᠎ᠲᠠᠢ ᠭᠣᠣᠯ᠎ᠤᠨ ᠵᠡᠮ᠎ᠤᠨ ᠬᠠᠮᠢᠶᠠᠷᠤᠯᠲᠠ ᠵᠢᠨ ᠬᠦᠷᠢᠶ᠎ᠡ ᠬᠡᠪᠴᠢᠶ᠎ᠡ᠎ᠨᠢ ᠬᠣᠶᠠᠷ ᠡᠷᠭᠢ ᠵᠢᠨ ᠬᠠᠰᠢᠯᠭ᠎ᠠ ᠲᠡᠯᠡᠡᠭ᠎ᠤᠨ ᠬᠣᠭᠣᠷᠣᠨᠳᠣᠬᠢ ᠤᠰᠦᠠ ᠣᠷᠣᠨ᠂ ᠡᠯᠡᠰᠦᠨ ᠬᠣᠶ᠋ᠢᠭ᠂ ᠲᠡᠡᠭ ᠭᠠᠵᠠᠷ (ᠲᠠᠷᠢᠶᠠᠨ ᠭᠠᠵᠠᠷ ᠪᠠᠭᠲᠠᠨ᠎ᠠ)᠂ ᠦᠶᠡᠷ ᠵᠠᠯᠠᠬᠤ ᠣᠷᠣᠨ᠂ ᠬᠣᠶᠠᠷ ᠡᠷᠭᠢ ᠵᠢᠨ ᠬᠠᠰᠢᠯᠭ᠎ᠠ ᠲᠡᠯᠡᠡᠭ ᠵᠢᠴᠢ ᠲᠡᠯᠡᠡᠭ ᠬᠠᠮᠠᠭ᠋ᠠᠯᠠᠬᠤ ᠭᠠᠵᠠᠷ ᠪᠣᠯᠤᠨ᠎ᠠ᠃
      ᠬᠠᠰᠢᠯᠭ᠎ᠠ ᠲᠡᠯᠡᠡᠭ ᠤᠢ᠍ᠭᠡᠢ ᠭᠣᠣᠯ᠎ᠤᠨ ᠵᠡᠮ᠎ᠤᠨ ᠬᠠᠮᠢᠶᠠᠷᠤᠯᠲᠠ ᠵᠢᠨ ᠬᠡᠪᠴᠢᠶ᠎ᠡ ᠵᠢ ᠲᠡᠦᠬᠡᠨ ᠳᠡᠭᠡᠷᠡᠬᠢ ᠬᠠᠮᠤᠭ᠎ᠤᠨ ᠥᠨᠳᠥᠷ ᠦᠶᠡᠷ᠎ᠤᠨ ᠲᠦᠪᠰᠢᠨ ᠪᠤᠶᠤ ᠵᠢᠷᠤᠵᠤ ᠲᠥᠯᠥᠪᠯᠡᠭᠰᠡᠨ ᠦᠶᠡᠷ᠎ᠤᠨ ᠲᠦᠪᠰᠢᠨ᠎ᠢ ᠦᠨᠳᠦᠰᠦᠯᠡᠵᠦ ᠲᠣᠭᠲᠠᠭ᠋ᠠᠨ᠎ᠠ᠃
      ᠭᠣᠣᠯ᠎ᠤᠨ ᠵᠡᠮ᠎ᠤᠨ ᠪᠣᠳᠠᠲᠠᠶ ᠬᠠᠮᠢᠶᠠᠷᠬᠤ ᠬᠡᠪᠴᠢᠶ᠎ᠡ ᠵᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠷᠢᠭᠤᠴᠠᠵᠤ ᠵᠠᠭ᠋ᠠᠭᠯᠠᠨ ᠲᠣᠭᠲᠠᠭ᠋ᠠᠨ᠎ᠠ᠃
      ᠬᠣᠷᠢᠨ ᠨᠢᠭᠡᠳᠦᠭᠡᠷ ᠵᠦᠢ᠍ᠯ   ᠭᠣᠣᠯ᠎ᠤᠨ ᠵᠠᠮ᠎ᠤᠨ ᠬᠠᠮᠢᠶᠠᠷᠤᠯᠲᠠ ᠵᠢᠨ ᠬᠡᠪᠴᠢᠶᠡᠨ ᠳᠣᠲᠣᠷ᠎ᠠ᠂ ᠤᠰᠤᠨ ᠣᠷᠣᠨ ᠪᠠ ᠭᠠᠵᠠᠷ ᠰᠢᠷᠣᠢ ᠵᠢᠨ ᠠᠰᠢᠭᠯᠠᠯᠲᠠ᠎ᠨᠢ ᠭᠣᠣᠯ ᠮᠥᠷᠡᠨ᠎ᠤ ᠦᠶᠡᠷ ᠵᠠᠯᠠᠬᠤ᠂ ᠤᠰᠤ ᠳᠠᠮᠵᠢᠭᠤᠯᠬᠤ ᠪᠠ ᠤᠰᠤᠨ ᠵᠠᠮ᠎ᠤᠨ ᠲᠡᠭᠡᠭᠡᠪᠦᠷᠢ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ; ᠲᠡᠡᠭ ᠭᠠᠵᠠᠷ᠎ᠢ ᠠᠰᠢᠭᠯᠠᠬᠤ᠎ᠳᠤ ᠭᠣᠣᠯ᠎ᠤᠨ ᠵᠡᠮ᠎ᠤᠨ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠠᠴᠠ ᠭᠠᠵᠠᠷ ᠰᠢᠷᠣᠶ ᠵᠢᠨ ᠬᠠᠮᠢᠶᠠᠷᠤᠯᠲᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠥᠯᠥᠪᠵᠢᠭᠦᠯᠭᠡ ᠲᠣᠭᠲᠠᠭ᠋ᠠᠵᠤ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠲᠡᠷᠡᠭ᠎ᠠ ᠬᠡᠷᠡᠭᠵᠢᠭᠦᠯᠬᠦ ᠬᠡᠷᠡᠭᠲᠡᠶ᠃
      ᠬᠣᠷᠢᠨ ᠬᠣᠶᠠᠳᠤᠭ᠋ᠠᠷ ᠵᠦᠢ᠍ᠯ   ᠬᠠᠰᠢᠯᠭ᠎ᠠ ᠲᠡᠯᠡᠡᠭ᠂ ᠡᠷᠭᠢ ᠵᠢᠨ ᠬᠠᠮᠠᠭ᠋ᠠᠯᠠᠯᠲᠠ᠂ ᠬᠠᠭ᠋ᠠᠯᠳᠠ ᠬᠠᠰᠢᠯᠭ᠎ᠠ ᠵᠡᠷᠭᠡ ᠤᠰᠦᠠ᠎ᠤ ᠪᠠᠷᠢᠯᠭ᠎ᠠ ᠵᠢᠨ ᠪᠠᠷᠢᠯᠭ᠎ᠠ ᠪᠠ ᠦᠶᠡᠷ᠎ᠢ ᠰᠡᠷᠭᠡᠶ᠋ᠢᠯᠡᠬᠦ ᠲᠥᠬᠥᠭᠡᠷᠦᠮᠵᠢ᠂ ᠤᠰᠦᠠ ᠵᠦᠢ ᠵᠢᠨ ᠬᠢᠨᠠᠨ ᠬᠡᠮᠵᠢᠬᠦ ᠲᠥᠬᠥᠭᠡᠷᠦᠮᠵᠢ᠂ ᠭᠣᠣᠯ᠎ᠤᠨ ᠡᠷᠭᠢ ᠵᠢᠨ ᠭᠠᠵᠠᠷ ᠰᠢᠨᠵᠢᠯᠡᠭᠡᠨ᠎ᠤ ᠬᠢᠨᠠᠨ ᠬᠡᠮᠵᠢᠬᠦ ᠲᠥᠬᠥᠭᠡᠷᠦᠮᠵᠢ ᠵᠢᠴᠢ ᠮᠡᠳᠡᠭᠡ ᠬᠣᠯᠪᠣᠭ᠋ᠠᠨ᠎ᠤ ᠭᠡᠷᠡᠯᠲᠦᠭᠦᠯᠭᠡ ᠵᠡᠷᠭᠡ ᠲᠥᠬᠥᠭᠡᠷᠦᠮᠵᠢ ᠵᠢ ᠡᠪᠳᠡᠨ ᠰᠦᠢ᠍ᠳᠬᠡᠬᠦ ᠵᠢ ᠴᠠᠭ᠋ᠠᠵᠠᠯᠠᠨ᠎ᠠ᠃
      ᠦᠶᠡᠷ᠎ᠢ ᠰᠡᠷᠭᠡᠶ᠋ᠢᠯᠡᠵᠦ ᠠᠶᠤᠯ᠎ᠠᠴᠠ ᠠᠪᠤᠷᠠᠬᠤ ᠬᠤᠭᠤᠴᠠᠭ᠋ᠠᠨ᠎ᠳᠤ ᠬᠣᠯᠪᠣᠭᠳᠠᠯ ᠦᠭᠡᠢ ᠬᠥᠮᠦᠨ ᠪᠠ ᠲᠡᠷᠭᠡ ᠬᠥᠰᠬᠡ ᠵᠢ ᠬᠠᠰᠢᠯᠭ᠎ᠠ ᠳᠡᠭᠡᠷ᠎ᠡ ᠭᠠᠷᠭ᠋ᠠᠵᠤ ᠪᠣᠯᠬᠤ ᠦᠭᠡᠢ᠃
      ᠴᠠᠰᠤ ᠪᠣᠷᠣᠭ᠋ᠠᠨ ᠵᠡᠷᠭᠡ᠎ᠠᠴᠠ ᠪᠤᠯᠵᠤ ᠬᠠᠰᠢᠯᠭ᠎ᠠ ᠵᠢᠨ ᠤᠷᠤᠢ᠎ᠨᠢ ᠰᠢᠪᠠᠷ ᠱᠠᠯᠴᠢᠭ᠎ᠲᠠᠢ ᠪᠣᠯᠤᠭᠰᠠᠨ ᠬᠤᠭᠤᠴᠠᠭ᠋ᠠᠨ᠎ᠳᠤ ᠲᠡᠷᠭᠡ ᠬᠥᠰᠬᠡ ᠨᠡᠪᠲᠡᠷᠡᠬᠦ ᠵᠢ ᠴᠠᠭ᠋ᠠᠵᠠᠯᠠᠨ᠎ᠠ᠂ ᠭᠡᠪᠡᠴᠦ ᠦᠶᠡᠷ᠎ᠢ ᠰᠡᠷᠭᠡᠶ᠋ᠢᠯᠡᠵᠦ ᠠᠶᠤᠯ᠎ᠠᠴᠠ ᠠᠪᠤᠷᠠᠬᠤ ᠲᠡᠷᠭᠡ ᠬᠥᠰᠬᠡ ᠡᠭᠦᠨ᠎ᠳᠤ ᠪᠠᠭᠲᠠᠬᠤ ᠦᠭᠡᠢ᠃
      ᠬᠣᠷᠢᠨ ᠭᠤᠷᠪᠠᠳᠤᠭ᠋ᠠᠷ ᠵᠦᠢ᠍ᠯ   ᠬᠠᠮᠢᠶᠠᠷᠤᠯᠲᠠ ᠵᠢᠨ ᠪᠤᠰᠤ ᠬᠥᠮᠦᠨ᠎ᠤ ᠭᠣᠣᠯ᠎ᠤᠨ ᠵᠠᠮ ᠳᠡᠭᠡᠷᠡᠬᠢ ᠭᠤᠯᠳᠤᠩ ᠬᠠᠭ᠋ᠠᠯᠲᠠ ᠵᠢ ᠬᠡᠷᠡᠭᠯᠡᠬᠦ ᠵᠢ ᠴᠠᠭ᠋ᠠᠵᠠᠯᠠᠵᠤ᠂ ᠶᠠᠮᠠᠷᠪᠠ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ᠎ᠤ ᠭᠣᠣᠯ᠎ᠤᠨ ᠵᠠᠮ᠎ᠤᠨ ᠬᠠᠮᠢᠶᠠᠷᠤᠯᠲᠠ ᠵᠢᠨ ᠨᠢᠭᠡᠴᠢ ᠵᠢᠨ ᠬᠡᠪ᠎ᠤᠨ ᠠᠵᠢᠯ᠎ᠢ ᠬᠠᠷᠰᠢᠯᠠᠬᠤ ᠵᠢ ᠴᠠᠭ᠋ᠠᠵᠠᠯᠠᠨ᠎ᠠ᠃
      ᠬᠣᠷᠢᠨ ᠳᠥᠷᠪᠡᠳᠦᠭᠡᠷ ᠵᠦᠢ᠍ᠯ   ᠭᠣᠣᠯ᠎ᠤᠨ ᠵᠠᠮ᠎ᠤᠨ ᠬᠠᠮᠢᠶᠠᠷᠤᠯᠲᠠ ᠵᠢᠨ ᠬᠡᠪᠴᠢᠶᠡᠨ᠎ᠳᠤ   ᠬᠠᠭ᠋ᠠᠯᠳᠠ ᠬᠠᠰᠢᠯᠭ᠎ᠠ᠂ ᠤᠰᠤ ᠬᠣᠷᠢᠭᠯᠠᠬᠤ ᠰᠤᠪᠠᠭ᠂ ᠤᠰᠤ ᠬᠣᠷᠢᠭᠯᠠᠬᠤ ᠵᠠᠮ ᠵᠠᠰᠠᠬᠤ ᠵᠢ ᠴᠠᠭ᠋ᠠᠵᠠᠯᠠᠨ᠎ᠠ; ᠥᠨᠳᠥᠷ ᠡᠰᠢᠲᠦ ᠲᠠᠷᠢᠮᠠᠯ᠂ ᠬᠤᠯᠤᠰᠤ᠂ ᠴᠠᠭ᠋ᠠᠨ ᠪᠤᠷᠭ᠋ᠠᠰᠤ᠂ ᠲᠦᠯᠡᠭᠡ ᠡᠪᠡᠰᠦ ᠪᠠ ᠮᠣᠳᠣ (  ᠬᠠᠭ᠋ᠠᠯᠳᠠ ᠬᠠᠰᠢᠯᠭ᠎ᠠ ᠵᠢᠨ ᠤᠢ ᠡᠭᠦᠨ᠎ᠳᠤ ᠪᠠᠭᠲᠠᠬᠤ ᠦᠭᠡᠢ) ᠵᠢ ᠲᠠᠷᠢᠬᠤ ᠵᠢ ᠴᠠᠭ᠋ᠠᠵᠠᠯᠠᠨ᠎ᠠ; ᠭᠣᠣᠯ ᠬᠠᠰᠢᠵᠤ ᠵᠢᠭ᠋ᠠᠰᠤ ᠠᠩᠨᠠᠬᠤ ᠪᠠᠭ᠋ᠠᠵᠢ ᠬᠡᠷᠡᠭᠰᠡᠯ᠎ᠢ ᠪᠠᠶ᠋ᠢᠷᠢᠯᠠᠭᠤᠯᠬᠤ ᠵᠢ ᠴᠠᠭ᠋ᠠᠵᠠᠯᠠᠨ᠎ᠠ; ᠬᠦᠳᠡᠷ᠎ᠤᠨ ᠰᠢᠭ᠋ᠠᠷᠤ᠂ ᠴᠢᠯᠠᠭᠤᠨ ᠰᠢᠭ᠋ᠠᠷᠤ᠂ ᠨᠡᠭᠦᠷᠡᠰᠦᠨ᠎ᠤ ᠦᠨᠡᠰᠦ᠂ ᠰᠢᠪᠠᠷ ᠰᠢᠷᠣᠶ᠂ ᠬᠣᠭ ᠨᠣᠪᠰᠢ ᠵᠡᠷᠭᠡ ᠵᠢ ᠬᠠᠶᠠᠬᠤ ᠵᠢ ᠴᠠᠭ᠋ᠠᠵᠠᠯᠠᠨ᠎ᠠ᠃
      ᠬᠠᠰᠢᠯᠭ᠎ᠠ ᠳᠠᠯᠠᠩ ᠪᠠ ᠬᠠᠰᠢᠯᠭ᠎ᠠ ᠬᠠᠮᠠᠭ᠋ᠠᠯᠠᠬᠤ ᠭᠠᠵᠠᠷ᠎ᠲᠤ ᠭᠡᠷ ᠪᠠᠷᠢᠬᠤ᠂ ᠮᠠᠯ ᠬᠠᠷᠢᠭᠤᠯᠬᠤ᠂ ᠰᠤᠪᠠᠭ ᠮᠠᠯᠲᠠᠬᠤ᠂ ᠬᠤᠳᠳᠤᠭ ᠮᠠᠯᠲᠠᠬᠤ᠂ ᠵᠣᠭᠣᠷᠢ ᠮᠠᠯᠲᠠᠬᠤ᠂ ᠪᠤᠯᠠᠰᠢ ᠪᠤᠯᠠᠰᠢᠯᠠᠬᠤ᠂ ᠠᠮᠤ ᠪᠤᠳᠠᠭ᠎ᠠ ᠡᠭᠡᠭᠡᠬᠦ᠂ ᠡᠳ᠋ ᠮᠠᠲ᠋ᠧᠷᠢᠶᠠᠯ ᠬᠠᠳᠠᠭ᠋ᠠᠯᠠᠬᠤ᠂ ᠭᠠᠵᠠᠷ ᠳᠣᠣᠷᠠᠬᠢ ᠡᠬᠢ ᠪᠠᠶᠠᠯᠢᠭ᠎ᠢ ᠨᠡᠭᠡᠭᠡᠨ ᠮᠠᠯᠲᠠᠬᠤ᠂ ᠬᠠᠭᠤᠴᠢ ᠰᠤᠳᠤᠯᠤᠯ᠎ᠤᠨ ᠨᠡᠭᠡᠭᠡᠨ ᠮᠠᠯᠳᠠᠯᠳᠠ ᠵᠢᠴᠢ ᠴᠤᠭᠯᠠᠭ᠎ᠠ ᠮᠠᠶ᠋ᠢᠮᠠᠶ ᠵᠢᠨ ᠠᠵᠢᠯᠯᠠᠭ᠎ᠠ ᠥᠷᠨᠢᠭᠦᠯᠬᠦ ᠵᠢ ᠴᠠᠭ᠋ᠠᠵᠠᠯᠠᠨ᠎ᠠ᠃
      ᠬᠣᠷᠢᠨ ᠲᠠᠪᠤᠳᠤᠭ᠋ᠠᠷ ᠵᠦᠢ᠍ᠯ   ᠭᠣᠣᠯ᠎ᠤᠨ ᠵᠠᠮ᠎ᠤᠨ ᠬᠠᠮᠢᠶᠠᠷᠤᠯᠲᠠ ᠵᠢᠨ ᠬᠡᠪᠴᠢᠶᠡᠨ ᠳᠣᠲᠣᠷ᠎ᠠ ᠳᠣᠣᠷ᠎ᠠ ᠵᠢᠭᠰᠠᠭ᠋ᠠᠭᠰᠠᠨ ᠠᠵᠢᠯᠯᠠᠭ᠎ᠠ᠎ᠨᠤᠭᠤᠳ᠎ᠢ ᠬᠢᠬᠦ᠎ᠳᠤ ᠡᠷᠬᠡᠪᠰᠢ ᠭᠣᠣᠯ᠎ᠤᠨ ᠵᠠᠮ᠎ᠤᠨ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ; ᠪᠤᠰᠤᠳ ᠰᠠᠯᠠᠭ᠎ᠠ ᠮᠥᠴᠢᠷ᠎ᠲᠤ ᠬᠣᠯᠪᠣᠭᠳᠠᠪᠠᠯ᠂ ᠭᠣᠣᠯ᠎ᠤᠨ ᠵᠠᠮ᠎ᠤᠨ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠵᠥᠪᠰᠢᠶᠡᠷᠡᠨ᠎ᠡ᠄
     (ᠨᠢᠭᠡ) ᠡᠯᠡᠰᠦ ᠮᠠᠯᠲᠠᠬᠤ᠂ ᠰᠢᠷᠣᠶ ᠠᠪᠬᠤ᠂ ᠠᠯᠲᠠ ᠮᠠᠯᠲᠠᠬᠤ᠂ ᠬᠠᠶ᠋ᠢᠷ ᠴᠢᠯᠠᠭᠤ ᠪᠤᠶᠤ ᠯᠠᠭ ᠰᠢᠪᠠᠷ᠎ᠢ ᠬᠠᠶᠠᠬᠤ;
     (ᠬᠣᠶᠠᠷ) ᠳᠡᠯᠪᠡᠴᠢᠬᠦ᠂ ᠥᠷᠥᠮᠳᠡᠨ ᠬᠠᠶ᠋ᠢᠬᠤ᠂ ᠵᠢᠭ᠋ᠠᠰᠤᠨ ᠴᠥᠭᠥᠷᠥᠮ ᠮᠠᠯᠲᠠᠬᠤ;
    (ᠭᠤᠷᠪᠠ) ᠭᠣᠣᠯ᠎ᠤᠨ ᠵᠡᠮ᠎ᠤᠨ ᠲᠡᠡᠭ ᠭᠠᠵᠠᠷ᠎ᠲᠤ ᠡᠳ᠋ ᠮᠠᠲ᠋ᠧᠷᠢᠶᠠᠯ ᠬᠠᠳᠠᠭ᠋ᠠᠯᠠᠬᠤ᠂ ᠦᠢ᠍ᠯᠡᠳᠪᠦᠷᠢ ᠵᠢᠨ ᠭᠡᠷ ᠪᠠᠶ᠋ᠢᠰᠢᠩ ᠪᠠᠷᠢᠬᠤ ᠪᠤᠶᠤ ᠪᠤᠰᠤᠳ ᠪᠠᠷᠢᠯᠭ᠎ᠠ ᠵᠢᠨ ᠲᠥᠬᠥᠭᠡᠷᠦᠮᠵᠢ ᠪᠠᠷᠢᠬᠤ;
    (ᠲᠤᠢ᠍ᠷᠪᠡ) ᠭᠣᠣᠯ᠎ᠤᠨ ᠵᠡᠮ ᠲᠡᠡᠭ ᠭᠠᠵᠠᠷ᠎ᠲᠤ ᠭᠠᠵᠠᠷ ᠳᠣᠣᠷᠠᠬᠢ ᠡᠬᠢ ᠪᠠᠶᠠᠯᠢᠭ᠎ᠢ ᠨᠡᠭᠡᠭᠡᠨ ᠮᠠᠯᠲᠠᠬᠤ ᠪᠠ ᠬᠠᠭᠤᠴᠢ ᠰᠤᠳᠤᠯᠤᠯ᠎ᠤᠨ ᠨᠡᠭᠡᠭᠡᠨ ᠮᠠᠯᠳᠠᠯᠳᠠ ᠬᠢᠬᠦ᠃
      ᠬᠣᠷᠢᠨ ᠵᠢᠷᠭᠤᠳᠤᠭ᠋ᠠᠷ ᠵᠦᠢ᠍ᠯ   ᠲᠡᠯᠡᠡᠭ ᠬᠠᠰᠢᠯᠭ᠎ᠠ ᠵᠢᠨ ᠴᠢᠬᠤᠯᠠ ᠬᠡᠮᠵᠢᠶ᠎ᠡ᠂ ᠲᠡᠯᠡᠡᠭ᠎ᠤᠨ ᠰᠠᠭᠤᠷᠢ ᠵᠢᠨ ᠰᠢᠷᠣᠶ ᠵᠢᠨ ᠨᠥᠬᠥᠴᠡᠯ ᠵᠡᠷᠭᠡ ᠵᠢ ᠦᠨᠳᠦᠰᠦᠯᠡᠵᠦ᠂ ᠭᠣᠣᠯ᠎ᠤᠨ ᠵᠡᠮ᠎ᠢ   ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠠᠴᠠ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠭᠡᠳ᠂ ᠭᠣᠣᠯ᠎ᠤᠨ ᠵᠡᠮ᠎ᠤᠨ ᠬᠠᠮᠢᠶᠠᠷᠤᠯᠲᠠ ᠵᠢᠨ ᠬᠡᠪᠴᠢᠶᠡᠨ᠎ᠤ ᠵᠠᠯᠭ᠋ᠠᠯᠳᠤᠭᠰᠠᠨ ᠭᠠᠵᠠᠷ ᠣᠷᠣᠨ᠎ᠳᠤ ᠲᠡᠯᠡᠡᠭ ᠬᠠᠰᠢᠯᠭ᠎ᠠ ᠵᠢᠨ ᠠᠶᠤᠯᠭᠦᠶ ᠵᠢᠨ ᠬᠠᠮᠠᠭ᠋ᠠᠯᠠᠯᠲᠠ ᠵᠢᠨ ᠣᠷᠣᠨ᠎ᠢ ᠵᠠᠭ᠋ᠠᠭᠯᠠᠨ ᠲᠣᠭᠲᠠᠭ᠋ᠠᠵᠤ ᠪᠣᠯᠤᠨ᠎ᠠ᠃ ᠬᠠᠰᠢᠯᠭ᠎ᠠ ᠲᠡᠯᠡᠡᠭ᠎ᠤᠨ ᠠᠶᠤᠯᠭᠦᠶ ᠵᠢᠨ ᠬᠠᠮᠠᠭ᠋ᠠᠯᠠᠯᠲᠠ ᠵᠢᠨ ᠣᠷᠣᠨ᠎ᠳᠤ ᠬᠤᠳᠳᠤᠭ ᠮᠠᠯᠲᠠᠬᠤ᠂ ᠥᠷᠥᠮᠳᠡᠨ ᠬᠠᠶ᠋ᠢᠬᠤ᠂ ᠳᠡᠯᠪᠡᠴᠢᠬᠦ᠂ ᠵᠢᠭ᠋ᠠᠰᠤᠨ ᠴᠥᠭᠥᠷᠥᠮ ᠮᠠᠯᠲᠠᠬᠤ᠂ ᠴᠢᠯᠠᠭᠤ ᠭᠠᠷᠭ᠋ᠠᠬᠤ᠂ ᠰᠢᠷᠣᠶ ᠠᠪᠬᠤ ᠵᠡᠷᠭᠡ ᠬᠠᠰᠢᠯᠭ᠎ᠠ ᠲᠡᠯᠡᠡᠭ᠎ᠤᠨ ᠠᠶᠤᠯᠭᠦᠶ ᠵᠢ ᠬᠣᠬᠢᠷᠠᠭᠤᠯᠬᠤ ᠠᠵᠢᠯᠯᠠᠭ᠎ᠠ ᠬᠢᠬᠦ ᠵᠢ ᠴᠠᠭ᠋ᠠᠵᠠᠯᠠᠨ᠎ᠠ᠃
      ᠬᠣᠷᠢᠨ ᠳᠣᠯᠣᠳᠤᠭ᠋ᠠᠷ ᠵᠦᠢ᠍ᠯ   ᠨᠠᠭᠤᠷ᠎ᠢ ᠬᠦᠷᠢᠶᠡᠯᠡᠨ ᠲᠠᠷᠢᠶᠠᠨ ᠭᠠᠵᠠᠷ ᠭᠠᠷᠭ᠋ᠠᠬᠤ ᠵᠢ ᠴᠠᠭ᠋ᠠᠵᠠᠯᠠᠨ᠎ᠠ᠃ ᠨᠢᠭᠡᠨᠲᠡ ᠬᠦᠷᠢᠶᠡᠯᠡᠨ ᠬᠠᠭ᠋ᠠᠯᠪᠤᠷᠢᠯᠠᠭᠰᠠᠨ ᠪᠠᠶ᠋ᠢᠪᠠᠯ᠂ ᠤᠯᠤᠰ᠎ᠠᠴᠠ ᠲᠣᠭᠲᠠᠭ᠋ᠠᠭᠰᠠᠨ ᠦᠶᠡᠷ᠎ᠢ ᠰᠡᠷᠭᠡᠶ᠋ᠢᠯᠡᠬᠦ ᠪᠠᠷᠢᠮᠵᠢᠶ᠎ᠠ᠎ᠪᠠᠷ ᠵᠠᠰᠠᠵᠤ᠂ ᠠᠯᠬᠤᠮ ᠠᠯᠬᠤᠮ ᠵᠶ᠋ᠠᠷ ᠲᠠᠷᠢᠶᠠᠨ ᠭᠠᠵᠠᠷ᠎ᠢ ᠪᠤᠴᠠᠭ᠋ᠠᠨ ᠨᠠᠭᠤᠷ ᠲᠠᠩᠭᠢᠰ᠎ᠢ ᠰᠡᠷᠭᠦᠭᠡᠬᠦ ᠬᠡᠷᠡᠭᠲᠡᠶ᠃ ᠨᠠᠭᠤᠷ ᠴᠦᠬᠦᠷᠦᠮ᠎ᠢ ᠨᠡᠭᠡᠭᠡᠨ ᠠᠰᠢᠭᠯᠠᠬᠤ ᠲᠥᠯᠥᠪᠵᠢᠭᠦᠯᠭᠡ ᠵᠢ ᠡᠷᠬᠡᠪᠰᠢ ᠭᠣᠣᠯ᠎ᠤᠨ ᠵᠡᠮ᠎ᠢ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠪᠠᠷ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠬᠦ ᠬᠡᠷᠡᠭᠲᠡᠶ᠃
      ᠭᠣᠣᠯ ᠮᠥᠷᠡᠨ᠎ᠢ ᠬᠦᠷᠢᠶᠡᠯᠡᠨ ᠬᠠᠭ᠋ᠠᠯᠪᠤᠷᠢᠯᠠᠬᠤ ᠵᠢ ᠴᠠᠭ᠋ᠠᠵᠠᠯᠠᠨ᠎ᠠ᠂ ᠦᠨᠡᠨ ᠬᠦ᠌ ᠬᠦᠷᠢᠶᠡᠯᠡᠨ ᠬᠠᠭ᠋ᠠᠯᠪᠤᠷᠢᠯᠠᠬᠤ ᠴᠢᠬᠤᠯᠠ᠎ᠲᠠᠢ ᠪᠣᠯ ᠡᠷᠬᠡᠪᠰᠢ ᠰᠢᠨᠵᠢᠯᠡᠬᠦ ᠤᠬᠠᠭ᠋ᠠᠨᠴᠢ ᠨᠤᠲᠠᠯᠠᠯᠲᠠ ᠬᠢᠬᠦ ᠵᠢᠨ ᠬᠠᠮᠲᠤ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠬᠦ ᠬᠡᠷᠡᠭᠲᠡᠶ᠃
      ᠬᠣᠷᠢᠨ ᠨᠠᠢ᠍ᠮᠠᠳᠤᠭ᠋ᠠᠷ ᠵᠦᠢ᠍ᠯ   ᠭᠣᠣᠯ᠎ᠤᠨ ᠵᠠᠮ᠎ᠤᠨ ᠲᠠᠩ ᠭᠠᠵᠠᠷ᠂ ᠬᠠᠰᠢᠯᠭ᠎ᠠ ᠳᠠᠯᠠᠩ ᠪᠠ ᠭᠣᠣᠯ᠎ᠤᠨ ᠡᠷᠭᠢ ᠵᠢᠨ ᠬᠥᠷᠥᠰᠥ ᠰᠢᠷᠣᠶ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠵᠤ᠂ ᠬᠥᠷᠥᠰᠥ ᠰᠢᠷᠣᠶ ᠵᠢᠨ ᠢᠳᠡᠭᠳᠡᠯ ᠪᠠ ᠭᠣᠣᠯ᠎ᠤᠨ ᠵᠠᠮ᠎ᠳᠤ ᠱᠠᠯᠪᠠᠭ ᠬᠤᠷᠠᠬᠤ ᠵᠢ ᠰᠡᠷᠭᠡᠶ᠋ᠢᠯᠡᠨ ᠬᠣᠷᠢᠭᠯᠠᠨ᠎ᠠ᠃
      ᠬᠣᠷᠢ ᠶᠢᠰᠦᠳᠦᠭᠡᠷ ᠵᠦᠢ᠍ᠯ   ᠭᠣᠣᠯ ᠮᠥᠷᠡᠨ᠎ᠤ ᠬᠠᠭᠤᠴᠢᠨ ᠵᠡᠮ᠂ ᠬᠠᠭᠤᠴᠢᠨ ᠲᠡᠯᠡᠡᠭ᠂ ᠤᠤᠯ᠎ᠤᠨ ᠪᠠᠷᠢᠯᠭ᠎ᠠ ᠵᠢᠨ ᠲᠥᠬᠥᠭᠡᠷᠦᠮᠵᠢ ᠵᠡᠷᠭᠡ ᠵᠢ ᠳᠤᠷ᠎ᠠ᠎ᠪᠠᠷ ᠵᠶ᠋ᠠᠨ ᠪᠥᠭᠯᠡᠵᠦ᠂ ᠡᠵᠡᠯᠡᠨ ᠬᠡᠷᠡᠭᠯᠡᠬᠦ ᠪᠤᠶᠤ ᠨᠤᠷᠠᠭ᠋ᠠᠵᠤ ᠪᠣᠯᠬᠤ ᠤᠢ᠍ᠭᠡᠢ᠃
      ᠭᠤᠴᠢᠳᠤᠭ᠋ᠠᠷ ᠵᠦᠢ᠍ᠯ   ᠲᠡᠯᠡᠡᠭ ᠬᠠᠮᠠᠭ᠋ᠠᠯᠠᠬᠤ ᠡᠷᠭᠢ ᠬᠠᠮᠠᠭ᠋ᠠᠯᠠᠬᠤ ᠤᠢ ᠮᠣᠳᠣ ᠵᠢ ᠭᠣᠣᠯ᠎ᠤᠨ ᠵᠡᠮ᠎ᠤᠨ ᠬᠠᠮᠢᠶᠠᠷᠤᠯᠲᠠ ᠵᠢᠨ ᠨᠢᠭᠡᠴᠢ᠎ᠠᠴᠠ ᠵᠣᠬᠢᠶᠠᠨ ᠪᠠᠶ᠋ᠢᠭᠤᠯᠵᠤ ᠪᠠᠶ᠋ᠢᠭ᠋ᠠᠳ ᠲᠡᠷᠢᠵᠦ ᠬᠠᠮᠢᠶᠠᠷᠤᠨ᠎ᠠ᠂ ᠪᠤᠰᠤᠳ ᠶᠠᠮᠠᠷᠪᠠ ᠨᠢᠭᠡᠴᠢ ᠪᠠ ᠬᠤᠪᠢ ᠬᠥᠮᠦᠨ ᠡᠵᠡᠯᠡᠨ ᠠᠪᠬᠤ᠂ ᠣᠭᠲᠣᠯᠬᠤ ᠪᠤᠶᠤ ᠡᠪᠳᠡᠵᠦ ᠪᠣᠯᠬᠤ ᠤᠢ᠍ᠭᠡᠢ᠃
      ᠭᠣᠣᠯ᠎ᠤᠨ ᠵᠡᠮ᠎ᠤᠨ ᠬᠠᠮᠢᠶᠠᠷᠤᠯᠲᠠ ᠵᠢᠨ ᠨᠢᠭᠡᠴᠢ ᠲᠡᠯᠡᠡᠭ ᠬᠠᠮᠠᠭ᠋ᠠᠯᠠᠬᠤ ᠡᠷᠭᠢ ᠬᠠᠮᠠᠭ᠋ᠠᠯᠠᠬᠤ ᠤᠢ ᠮᠣᠳᠣ ᠵᠢ ᠠᠷᠠᠴᠢᠯᠠᠨ ᠪᠣᠶ᠋ᠢᠵᠢᠭᠤᠯᠬᠤ ᠪᠠ ᠰᠢᠨᠡᠳᠬᠡᠬᠦ ᠴᠢᠨᠠᠷ᠎ᠲᠠᠢ᠎ᠪᠠᠷ ᠣᠭᠲᠣᠯᠬᠤ ᠵᠢᠴᠢ ᠦᠶᠡᠷ᠎ᠢ ᠰᠡᠷᠭᠡᠶ᠋ᠢᠯᠡᠵᠦ ᠠᠶᠤᠯ᠎ᠠᠴᠠ ᠠᠪᠤᠷᠠᠬᠤ ᠵᠢᠨ ᠲᠦᠯᠦᠭᠡ ᠮᠣᠳᠣ ᠤᠭᠳᠤᠯᠤᠭᠰᠠᠨ ᠪᠠᠢ᠌ᠪᠠᠯ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠤᠢ ᠮᠣᠳᠣ ᠪᠣᠶ᠋ᠢᠵᠢᠭᠤᠯᠬᠤ ᠰᠠᠭᠤᠷᠢ ᠮᠥᠩᠭᠥ ᠲᠤᠰᠢᠶᠠᠬᠤ ᠤᠢ᠍ᠭᠡᠢ᠃
      ᠭᠤᠴᠢᠨ ᠨᠢᠭᠡᠳᠦᠭᠡᠷ ᠵᠦᠢ᠍ᠯ   ᠲᠡᠯᠡᠡᠭ ᠡᠷᠭᠢ ᠵᠢᠨ ᠠᠮᠤᠷ ᠲᠦᠪᠰᠢᠨ᠎ᠢ ᠪᠠᠲᠤᠯᠠᠬᠤ ᠵᠢᠨ ᠲᠥᠯᠥᠭᠡ ᠠᠶᠠᠯᠠᠯ᠎ᠤᠨ ᠬᠤᠷᠳᠤᠴᠠ ᠵᠢ ᠬᠢᠵᠠᠭ᠋ᠠᠷᠯᠠᠬᠤ ᠴᠢᠬᠤᠯᠠᠲᠠᠢ ᠭᠣᠣᠯ᠎ᠤᠨ ᠬᠡᠰᠡᠭ᠎ᠲᠤ ᠭᠣᠣᠯ᠎ᠤᠨ ᠵᠡᠮ᠎ᠢ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠨᠢ ᠵᠡᠮ ᠬᠠᠷᠢᠯᠴᠠᠭ᠋ᠠᠨ᠎ᠤ ᠰᠠᠯᠠᠭ᠎ᠠ ᠮᠥᠴᠢᠷ᠎ᠲᠠᠢ ᠬᠠᠮᠲᠤᠷᠠᠨ ᠠᠶᠠᠯᠠᠯ᠎ᠤᠨ ᠬᠤᠷᠳᠤᠴᠠ ᠵᠢ ᠬᠢᠵᠠᠭ᠋ᠠᠷᠯᠠᠬᠤ ᠲᠡᠮᠳᠡᠭ ᠲᠠᠯᠪᠢᠬᠤ ᠬᠡᠷᠡᠭᠲᠡᠢ᠂ ᠨᠡᠪᠲᠡᠷᠡᠬᠦ ᠣᠩᠭᠣᠴᠠ ᠰᠠᠯ᠎ᠨᠢ ᠬᠤᠷᠳᠤᠴᠠ᠎ᠠᠴᠠ ᠬᠡᠲᠦᠷᠡᠭᠦᠯᠦᠨ ᠶᠠᠪᠤᠵᠤ ᠪᠣᠯᠬᠤ ᠤᠢ᠍ᠭᠡᠢ᠃
      ᠦᠶᠡᠷᠯᠡᠬᠦ ᠬᠤᠭᠤᠴᠠᠭ᠋ᠠᠨ᠎ᠳᠤ ᠣᠩᠭᠣᠴᠠ ᠰᠠᠯ ᠶᠠᠪᠤᠬᠤ ᠪᠠ ᠵᠣᠭᠰᠣᠬᠤ᠎ᠳᠤ ᠡᠷᠬᠡᠪᠰᠢ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠭᠠᠵᠠᠷ᠎ᠤᠨ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠃
      ᠭᠤᠴᠢᠨ ᠬᠣᠶᠠᠳᠤᠭ᠋ᠠᠷ ᠵᠦᠢ᠍ᠯ   ᠠ᠋ᠭᠤᠯᠠᠷᠬᠠᠭ ᠣᠷᠣᠨ᠎ᠤ ᠭᠣᠣᠯ᠎ᠤᠨ ᠵᠠᠮ᠎ᠳᠤ ᠠᠭᠤᠯᠠ ᠶᠡᠭᠦᠷᠡᠬᠦ᠂ ᠡᠷᠭᠢ ᠨᠤᠷᠠᠬᠤ᠂ ᠰᠢᠪᠠᠷ ᠴᠢᠯᠠᠭᠤᠨ᠎ᠤ ᠤᠷᠤᠰᠬᠠᠯ ᠵᠡᠷᠭᠡ ᠪᠠᠶ᠋ᠢᠭ᠋ᠠᠯᠢ ᠵᠢᠨ ᠭᠠᠮᠰᠢᠭ᠎ᠲᠤ ᠳᠠᠭ᠋ᠠᠷᠢᠭᠳᠠᠭᠰᠠᠨ ᠭᠣᠣᠯ᠎ᠤᠨ ᠬᠡᠰᠡᠭ ᠪᠠᠶ᠋ᠢᠪᠠᠯ᠂ ᠭᠣᠣᠯ᠎ᠤᠨ ᠵᠠᠮ᠎ᠢ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠨᠢ ᠭᠠᠵᠠᠷ ᠰᠢᠨᠵᠢᠯᠡᠭᠡ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠬᠢᠨᠠᠨ ᠬᠡᠮᠵᠢᠬᠦ ᠠᠵᠢᠯ ᠵᠶ᠋ᠠᠨ ᠴᠢᠩᠭ᠋ᠠᠳᠬᠠᠬᠤ ᠬᠡᠷᠡᠭᠲᠡᠢ᠃ ᠳᠡᠭᠡᠷ᠎ᠡ ᠳᠤᠷᠠᠳᠤᠭᠰᠠᠨ ᠭᠣᠣᠯ᠎ᠤᠨ ᠬᠡᠰᠡᠭ᠎ᠲᠤ ᠠᠭᠤᠯᠠ ᠵᠢ ᠨᠡᠭᠡᠭᠡᠵᠦ ᠴᠢᠯᠠᠭᠤ ᠭᠠᠷᠭ᠋ᠠᠬᠤ᠂ ᠠᠭᠤᠷᠬᠠᠶ ᠮᠠᠯᠲᠠᠬᠤ᠂ ᠠᠳᠠᠷ ᠬᠠᠭ᠋ᠠᠯᠪᠤᠷᠢᠯᠠᠬᠤ ᠵᠡᠷᠭᠡ ᠠᠭᠤᠯᠠ ᠵᠢᠨ ᠲᠣᠭᠲᠠᠭᠤᠨ ᠪᠠᠶ᠋ᠢᠳᠠᠯ᠎ᠢ ᠰᠦᠷᠳᠡᠭᠦᠯᠬᠦ ᠠᠵᠢᠯᠯᠠᠭ᠎ᠠ ᠬᠢᠬᠦ ᠵᠢ ᠴᠠᠭ᠋ᠠᠵᠠᠯᠠᠨ᠎ᠠ᠃
      ᠭᠤᠴᠢᠨ ᠭᠤᠷᠪᠠᠳᠤᠭ᠋ᠠᠷ ᠵᠦᠢ᠍ᠯ   ᠭᠣᠣᠯ᠎ᠤᠨ ᠵᠠᠮ᠎ᠳᠤ ᠬᠤᠯᠤᠰᠤ ᠮᠣᠳᠣ ᠤᠷᠤᠰᠬᠠᠨ   ᠲᠡᠭᠡᠭᠡᠪᠦᠷᠢᠯᠡᠬᠦ᠎ᠳᠠᠭᠠᠨ ᠦᠶᠡᠷ ᠵᠠᠯᠠᠬᠤ᠂ ᠤᠰᠤᠨ ᠵᠠᠮ᠎ᠤᠨ ᠲᠡᠭᠡᠭᠡᠪᠦᠷᠢ ᠪᠠ ᠤᠰᠤᠨ᠎ᠤ ᠪᠠᠷᠢᠯᠭ᠎ᠠ ᠵᠢᠨ ᠠᠮᠤᠷ ᠲᠦᠪᠰᠢᠨ᠎ᠢ ᠨᠥᠯᠥᠭᠡᠯᠡᠵᠦ ᠪᠣᠯᠬᠤ ᠦᠭᠡᠢ ᠪᠥᠭᠡᠳ ᠲᠤᠬᠠᠢ ᠵᠢᠨ ᠭᠠᠵᠠᠷ᠎ᠤᠨ ᠭᠣᠣᠯ᠎ᠤᠨ ᠵᠠᠮ᠎ᠤᠨ ᠭᠤᠤᠯᠯᠠᠨ ᠬᠠᠮᠢᠶᠠᠷᠬᠤ ᠪᠠᠶ᠋ᠢᠭᠤᠯᠭ᠎ᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠳᠠᠭ᠋ᠠᠬᠤ ᠬᠡᠷᠡᠭᠲᠡᠢ᠃
      ᠦᠶᠡᠷᠯᠡᠬᠦ ᠬᠤᠭᠤᠴᠠᠭ᠋ᠠᠨ᠎ᠳᠤ ᠭᠣᠣᠯ᠎ᠤᠨ ᠵᠡᠮ᠎ᠢ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠠᠴᠠ ᠭᠣᠣᠯ᠎ᠤᠨ ᠵᠡᠮ ᠳᠡᠭᠡᠷᠡᠬᠢ ᠬᠤᠯᠤᠰᠤ ᠮᠣᠳᠣ ᠪᠣᠯᠤᠨ ᠪᠤᠰᠤᠳ ᠬᠥᠪᠦᠮᠡᠯ ᠪᠣᠳᠠᠰ᠎ᠢ ᠪᠠᠴᠢᠮ   ᠰᠢᠢ᠍ᠳᠪᠤᠷᠢᠯᠡᠬᠦ ᠡᠷᠬᠡ᠎ᠲᠠᠢ᠃
      ᠭᠤᠴᠢᠨ ᠳᠥᠷᠪᠡᠳᠦᠭᠡᠷ ᠵᠦᠢ᠍ᠯ   ᠭᠣᠣᠯ᠎ᠤᠨ ᠵᠠᠮ᠂ ᠨᠠᠭᠤᠷ ᠴᠦᠬᠦᠷᠦᠮ᠎ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠠᠮᠠ ᠭᠠᠷᠭ᠋ᠠᠬᠤ ᠪᠠ ᠥᠷᠭᠡᠳᠬᠡᠬᠦ᠎ᠳᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠣᠷᠴᠢᠨ ᠲᠣᠭᠣᠷᠢᠨ᠎ᠢ ᠬᠠᠮᠠᠭ᠋ᠠᠯᠠᠬᠤ ᠰᠠᠯᠠᠭ᠎ᠠ ᠮᠥᠴᠢᠷ᠎ᠲᠤ ᠮᠡᠳᠡᠭᠦᠯᠬᠦ᠎ᠠᠴᠠ᠎ᠪᠠᠨ ᠡᠮᠦᠨ᠎ᠡ ᠭᠣᠣᠯ᠎ᠤᠨ ᠵᠠᠮ᠎ᠢ ᠭᠤᠤᠯᠯᠠᠨ ᠬᠠᠮᠢᠶᠠᠷᠬᠤ ᠪᠠᠶ᠋ᠢᠭᠤᠯᠭ᠎ᠠ ᠵᠢᠨ ᠵᠥᠪᠰᠢᠶᠡᠷᠡᠯ᠎ᠢ ᠤᠯᠬᠤ ᠬᠡᠷᠡᠭᠲᠡᠢ᠃
      ᠭᠤᠴᠢᠨ ᠲᠠᠪᠤᠳᠤᠭ᠋ᠠᠷ ᠵᠦᠢ᠍ᠯ   ᠭᠣᠣᠯ᠎ᠤᠨ ᠵᠡᠮ᠎ᠤᠨ ᠬᠠᠮᠢᠶᠠᠷᠤᠯᠲᠠ ᠵᠢᠨ ᠬᠡᠪᠴᠢᠶᠡᠨ᠎ᠳᠤ ᠤᠰᠦᠠ ᠴᠣᠭᠴᠠ ᠵᠢ ᠪᠣᠬᠢᠷᠲᠤᠭᠤᠯᠤᠭᠰᠠᠨ ᠪᠣᠳᠠᠰ᠎ᠢ ᠣᠪᠣᠭ᠋ᠠᠯᠠᠬᠤ᠂ ᠴᠢᠳᠬᠤᠬᠤ᠂ ᠪᠤᠯᠠᠬᠤ᠂ ᠭᠠᠳᠠᠭᠰᠢᠯᠠᠭᠤᠯᠬᠤ ᠵᠢ ᠴᠠᠭ᠋ᠠᠵᠠᠯᠠᠨ᠎ᠠ᠃ ᠲᠤᠰᠦᠠ᠎ᠤ ᠵᠦᠢ᠍ᠯ ᠪᠤᠶᠤ ᠬᠣᠣᠷᠲᠠᠢ ᠪᠣᠬᠢᠷᠲᠤᠭᠤᠯᠬᠤ ᠪᠣᠳᠠᠰ᠎ᠢ ᠰᠠᠪᠠᠯᠠᠵᠤ ᠬᠠᠳᠠᠭ᠋ᠠᠯᠠᠵᠤ ᠥᠩᠭᠡᠷᠡᠭᠰᠡᠨ ᠲᠡᠷᠭᠡ ᠬᠥᠰᠬᠡ᠂ ᠰᠡᠪᠡ ᠬᠡᠷᠡᠭᠰᠡᠯ᠎ᠢ ᠭᠣᠣᠯ᠎ᠤᠨ ᠵᠡᠮ᠎ᠳᠤ ᠤᠬᠢᠶᠠᠵᠤ ᠴᠡᠪᠡᠷᠯᠡᠬᠦ ᠵᠢ ᠴᠠᠭ᠋ᠠᠵᠠᠯᠠᠨ᠎ᠠ᠃
      ᠭᠣᠣᠯ᠎ᠤᠨ ᠵᠠᠮ᠎ᠤᠨ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠨᠤᠭᠤᠳ ᠭᠣᠣᠯ᠎ᠤᠨ ᠵᠠᠮ᠎ᠤᠨ ᠤᠰᠤᠨ᠎ᠤ ᠴᠢᠨᠠᠷ᠎ᠢ ᠬᠢᠨᠠᠨ ᠬᠡᠮᠵᠢᠬᠦ ᠠᠵᠢᠯ᠎ᠢ ᠥᠷᠨᠢᠭᠦᠯᠵᠦ᠂ ᠣᠷᠴᠢᠨ ᠲᠤᠭᠤᠷᠢᠨ᠎ᠢ ᠬᠠᠮᠠᠭ᠋ᠠᠯᠠᠬᠤ ᠰᠠᠯᠠᠭ᠎ᠠ ᠮᠥᠴᠢᠷ᠎ᠲᠠᠢ ᠬᠠᠮᠵᠢᠯᠴᠠᠨ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠬᠢᠨᠠᠵᠤ ᠬᠠᠮᠢᠶᠠᠷᠬᠤ ᠬᠡᠷᠡᠭᠲᠡᠶ᠃
       
      ᠳᠥᠷᠪᠡᠳᠦᠭᠡᠷ ᠪᠦᠯᠦᠭ   ᠭᠣᠣᠯ᠎ᠤᠨ ᠵᠡᠮ᠎ᠤᠨ ᠰᠠᠭ᠋ᠠᠳ ᠲᠣᠳᠬᠠᠷ᠎ᠢ ᠠᠷᠢᠯᠭ᠋ᠠᠬᠤ
   
      ᠭᠤᠴᠢᠨ ᠵᠢᠷᠭᠤᠳᠤᠭ᠋ᠠᠷ ᠵᠦᠢ᠍ᠯ   ᠭᠣᠣᠯ᠎ᠤᠨ ᠵᠠᠮ᠎ᠤᠨ ᠬᠠᠮᠢᠶᠠᠷᠤᠯᠲᠠ ᠵᠢᠨ ᠬᠡᠪᠴᠢᠶᠡᠨ᠎ᠳᠠᠬᠢ ᠤᠰᠤ ᠵᠢ ᠬᠣᠷᠢᠭᠯᠠᠬᠤ ᠰᠠᠭ᠋ᠠᠳ ᠪᠣᠳᠠᠰ᠎ᠢ 《ᠬᠡᠨ ᠰᠠᠭ᠋ᠠᠳ ᠲᠠᠯᠪᠢᠭᠰᠠᠨ ᠪᠣᠯ ᠲᠡᠷᠡ ᠠᠷᠢᠯᠭ᠋ᠠᠬᠤ》 ᠵᠠᠷᠴᠢᠮ ᠶᠣᠰᠣᠭ᠋ᠠᠷ᠂ ᠭᠣᠣᠯ᠎ᠤᠨ ᠵᠠᠮ᠎ᠤᠨ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠠᠴᠠ ᠬᠠᠷᠰᠢ ᠰᠠᠭ᠋ᠠᠳ᠎ᠢ ᠠᠷᠢᠯᠭ᠋ᠠᠬᠤ ᠲᠥᠯᠥᠪᠯᠡᠭᠡ ᠪᠠ ᠬᠡᠷᠡᠭᠵᠢᠭᠦᠯᠬᠦ ᠲᠥᠰᠦᠯ ᠳᠤᠷᠠᠳᠴᠤ᠂ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠭᠠᠵᠠᠷ᠎ᠠᠴᠠ ᠰᠠᠭ᠋ᠠᠳ ᠲᠠᠯᠪᠢᠭᠰᠠᠨ ᠬᠥᠮᠦᠨ᠎ᠢ ᠵᠠᠷᠯᠢᠭᠳᠠᠵᠤ ᠪᠠᠶ᠋ᠢᠭ᠋ᠠᠳ ᠲᠣᠭᠲᠠᠭᠰᠠᠨ ᠬᠤᠭᠤᠴᠠᠭ᠋ᠠᠨ᠎ᠤ ᠳᠣᠲᠣᠷ᠎ᠠ ᠠᠷᠢᠯᠭ᠋ᠠᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠠᠷᠢᠯᠭ᠋ᠠᠭᠰᠠᠨ ᠦᠭᠡᠢ ᠪᠠᠶ᠋ᠢᠪᠠᠯ᠂ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠭᠠᠵᠠᠷ᠎ᠠᠴᠠ ᠵᠣᠬᠢᠶᠠᠨ ᠪᠠᠶ᠋ᠢᠭᠤᠯᠵᠤ ᠪᠠᠶ᠋ᠢᠭ᠋ᠠᠳ ᠠᠯᠪᠠᠳᠠᠯᠭ᠎ᠠ᠎ᠪᠠᠷ ᠠᠷᠢᠯᠭ᠋ᠠᠬᠤ ᠵᠢᠨ ᠬᠠᠮᠲᠤ ᠬᠠᠷᠰᠢ ᠰᠠᠭ᠋ᠠᠳ᠎ᠢ ᠠᠷᠢᠯᠭ᠋ᠠᠭᠰᠠᠨ ᠪᠦᠬᠦ ᠵᠠᠷᠤᠳᠠᠯ᠎ᠢ ᠬᠠᠷᠰᠢ ᠰᠠᠭ᠋ᠠᠳ ᠲᠠᠯᠪᠢᠭᠰᠠᠨ ᠬᠥᠮᠦᠨ ᠵᠶ᠋ᠠᠷ ᠡᠭᠦᠷᠭᠡᠯᠡᠭᠦᠯᠦᠨ᠎ᠡ᠃
      ᠭᠤᠴᠢᠨ ᠳᠣᠯᠣᠳᠤᠭ᠋ᠠᠷ ᠵᠦᠢ᠍ᠯ   ᠤᠰᠤᠨ᠎ᠤ ᠲᠦᠭᠵᠢᠷᠡᠯ ᠪᠠ ᠬᠠᠷᠰᠢᠯᠠᠯ᠎ᠪᠠᠷ ᠬᠦᠨᠳᠦ ᠨᠣᠴᠢᠲᠠᠢ ᠪᠠᠶ᠋ᠢᠳᠠᠭ ᠬᠥᠭᠥᠷᠭᠡ᠂ ᠵᠠᠯᠠᠬᠤ ᠵᠠᠮ᠂ ᠭᠠᠷᠠᠮ ᠪᠣᠯᠤᠨ ᠭᠣᠣᠯ ᠠᠯᠤᠰᠯᠠᠭᠰᠠᠨ ᠪᠤᠰᠤᠳ ᠪᠠᠷᠢᠯᠭ᠎ᠠ ᠵᠢᠨ ᠲᠥᠬᠥᠭᠡᠷᠦᠮᠵᠢ ᠵᠢ ᠪᠣᠯ ᠤᠯᠤᠰ᠎ᠠᠴᠠ ᠲᠣᠭᠲᠠᠭ᠋ᠠᠭᠰᠠᠨ ᠦᠶᠡᠷ᠎ᠢ ᠰᠡᠷᠭᠡᠶ᠋ᠢᠯᠡᠬᠦ ᠪᠠᠷᠢᠮᠵᠢᠶ᠎ᠠ ᠵᠢ ᠦᠨᠳᠦᠰᠦᠯᠡᠨ᠂ ᠭᠣᠣᠯ᠎ᠤᠨ ᠵᠠᠮ᠎ᠤᠨ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠠᠴᠠ ᠰᠠᠨᠠᠯ ᠳᠤᠷᠠᠳᠬᠤ ᠵᠢᠨ ᠬᠠᠮᠲᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠡᠳ᠂ ᠤᠤᠯ᠎ᠤᠨ ᠪᠦᠳᠦᠭᠡᠨ ᠪᠠᠶ᠋ᠢᠭᠤᠯᠤᠭᠰᠠᠨ ᠨᠢᠭᠡᠴᠢ ᠵᠢ ᠵᠠᠷᠯᠢᠭᠳᠠᠵᠤ ᠪᠠᠶ᠋ᠢᠭ᠋ᠠᠳ ᠲᠣᠭᠲᠠᠭᠰᠠᠨ ᠬᠤᠭᠤᠴᠠᠭ᠋ᠠᠨ᠎ᠤ ᠳᠣᠲᠣᠷ᠎ᠠ ᠥᠭᠡᠷᠡᠴᠢᠯᠡᠨ ᠪᠠᠶ᠋ᠢᠭᠤᠯᠬᠤ ᠪᠤᠶᠤ ᠨᠤᠷᠠᠭ᠋ᠠᠯᠭ᠋ᠠᠨ᠎ᠠ᠃ ᠦᠶᠡᠷ᠎ᠤᠨ ᠬᠤᠭᠤᠴᠠᠭ᠋ᠠᠨ᠎ᠳᠤ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠎ᠢ ᠨᠥᠯᠥᠭᠡᠯᠡᠬᠦ᠎ᠳᠤ ᠬᠦᠷᠪᠡᠯ᠂ ᠡᠷᠬᠡᠪᠰᠢ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠭᠠᠵᠠᠷ᠎ᠤᠨ ᠪᠠᠴᠢᠮ ᠰᠢᠢ᠍ᠳᠪᠤᠷᠢᠯᠡᠬᠦ ᠲᠣᠭᠲᠠᠭ᠋ᠠᠯ᠎ᠢ ᠲᠠᠭ᠋ᠠᠬᠤ ᠬᠡᠷᠡᠭᠲᠡᠶ᠃
   
      ᠲᠠᠪᠤᠳᠤᠭ᠋ᠠᠷ ᠪᠦᠯᠦᠭ   ᠵᠠᠷᠤᠳᠠᠯ
   
      ᠭᠤᠴᠢᠨ ᠨᠠᠢ᠍ᠮᠠᠳᠤᠭ᠋ᠠᠷ ᠵᠦᠢ᠍ᠯ   ᠭᠣᠣᠯ ᠮᠥᠷᠡᠨ᠎ᠤ ᠬᠠᠰᠢᠯᠭ᠎ᠠ ᠲᠡᠯᠡᠡᠭ᠎ᠤᠨ ᠦᠶᠡᠷ᠎ᠢ ᠰᠡᠷᠭᠡᠶ᠋ᠢᠯᠡᠬᠦ ᠤᠨ᠎ᠤ ᠰᠡᠯᠪᠢᠨ ᠵᠠᠰᠠᠬᠤ ᠵᠠᠷᠤᠳᠠᠯ᠎ᠢ ᠱᠡᠳᠦ ᠬᠤᠪᠢᠶᠠᠨ ᠬᠠᠮᠢᠶᠠᠷᠬᠤ ᠵᠠᠷᠴᠢᠮ ᠶᠣᠰᠣᠭ᠋ᠠᠷ ᠲᠥᠪ᠎ᠤᠨ ᠡᠳ᠋᠎ᠤᠨ ᠵᠠᠰᠠᠭ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠠᠴᠠ ᠲᠤᠰ ᠲᠤᠰ ᠡᠭᠦᠷᠭᠡᠯᠡᠵᠦ᠂ ᠲᠥᠪ᠎ᠤᠨ ᠪᠠ ᠣᠷᠣᠨ ᠨᠤᠲᠤᠭ᠎ᠤᠨ ᠣᠨ᠎ᠤ ᠡᠳ᠋᠎ᠤᠨ ᠵᠠᠰᠠᠭ᠎ᠤᠨ ᠲᠥᠰᠦᠪ᠎ᠲᠤ ᠣᠷᠣᠭᠤᠯᠤᠨ᠎ᠠ᠃
      ᠭᠤᠴᠢ ᠶᠢᠰᠦᠳᠦᠭᠡᠷ ᠵᠦᠢ᠍ᠯ   ᠠᠰᠢᠭ ᠬᠦᠷᠳᠡᠬᠦ ᠬᠡᠪᠴᠢᠶ᠎ᠡ᠎ᠨᠢ ᠲᠣᠳᠣᠷᠬᠠᠶ ᠪᠠᠶ᠋ᠢᠭ᠎ᠠ ᠬᠠᠰᠢᠯᠭ᠎ᠠ ᠲᠡᠯᠡᠡᠭ᠂ ᠡᠷᠭᠢ ᠵᠢᠨ ᠬᠠᠮᠠᠭ᠋ᠠᠯᠠᠯᠲᠠ᠂ ᠤᠰᠦᠠ ᠬᠠᠭ᠋ᠠᠯᠲᠠ᠂ ᠬᠠᠰᠢᠯᠭ᠎ᠠ᠂ ᠲᠡᠯᠡᠡᠭ ᠴᠥᠭᠥᠷᠥᠮ ᠪᠠ ᠦᠶᠡᠷ ᠵᠠᠯᠠᠬᠤ ᠪᠠᠷᠢᠯᠭ᠎ᠠ ᠵᠢᠨ ᠲᠥᠬᠥᠭᠡᠷᠦᠮᠵᠢ᠎ᠠᠴᠠ ᠭᠣᠣᠯ᠎ᠤᠨ ᠵᠡᠮ᠎ᠢ   ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠨᠢ ᠠᠰᠢᠭ ᠬᠦᠷᠳᠡᠬᠦ ᠦᠢ᠍ᠯᠡᠳᠪᠦᠷᠢ ᠬᠤᠳᠠᠯᠳᠤᠭ᠋ᠠᠨ᠎ᠤ ᠠᠵᠤ ᠠᠬᠤᠶ᠋ᠢᠯᠠᠯ ᠵᠡᠷᠭᠡ ᠨᠢᠭᠡᠴᠢ ᠪᠠ ᠲᠠᠷᠢᠶᠠᠴᠢᠨ ᠡᠷᠦᠭᠡ᠎ᠠᠴᠠ ᠭᠣᠣᠯ᠎ᠤᠨ ᠵᠡᠮ᠎ᠤᠨ ᠪᠠᠷᠢᠯᠭ᠎ᠠ ᠵᠢ ᠵᠠᠰᠠᠵᠤ ᠪᠠᠶ᠋ᠢᠭᠤᠯᠬᠤ ᠪᠠ ᠬᠠᠮᠠᠭ᠋ᠠᠯᠠᠵᠤ ᠬᠠᠮᠢᠶᠠᠷᠬᠤ ᠰᠦᠢ᠍ᠳᠭᠡᠯ ᠬᠤᠷᠢᠶᠠᠵᠤ ᠪᠣᠯᠤᠨ᠎ᠠ᠂ ᠲᠡᠭᠦᠨ᠎ᠤ ᠪᠠᠷᠢᠮᠵᠢᠶ᠎ᠠ ᠵᠢ ᠪᠠᠷᠢᠯᠭ᠎ᠠ ᠵᠢ ᠵᠠᠰᠠᠵᠤ ᠪᠠᠶ᠋ᠢᠭᠤᠯᠬᠤ ᠪᠠ ᠬᠠᠮᠠᠭ᠋ᠠᠯᠠᠵᠤ ᠬᠠᠮᠢᠶᠠᠷᠬᠤ   ᠰᠦᠢ᠍ᠳᠭᠡᠯ᠎ᠢ ᠦᠨᠳᠦᠰᠦᠯᠡᠵᠦ ᠲᠣᠭᠲᠠᠭ᠋ᠠᠬᠤ ᠬᠡᠷᠡᠭᠲᠡᠶ᠃ ᠰᠦᠢ᠍ᠳᠭᠡᠯ ᠬᠤᠷᠢᠶᠠᠬᠤ ᠪᠤᠳᠠᠳᠠᠢ ᠪᠠᠷᠢᠮᠵᠢᠶ᠎ᠠ ᠪᠤᠯᠤᠨ ᠬᠤᠷᠢᠶᠠᠬᠤ ᠠᠷᠭ᠎ᠠ ᠵᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠠᠴᠠ ᠲᠤᠭᠳᠠᠭ᠋ᠠᠨ᠎ᠠ᠃
      ᠳᠥᠴᠢᠳᠦᠭᠡᠷ ᠵᠦᠢ᠍ᠯ   ᠭᠣᠣᠯ᠎ᠤᠨ ᠵᠠᠮ᠎ᠤᠨ ᠬᠠᠮᠢᠶᠠᠷᠤᠯᠲᠠ ᠵᠢᠨ ᠬᠡᠪᠴᠢᠶᠡᠨ ᠳᠣᠲᠣᠷ᠎ᠠ ᠡᠯᠡᠰᠦ ᠮᠠᠯᠲᠠᠬᠤ᠂ ᠰᠢᠷᠣᠢ ᠠᠪᠬᠤ᠂ ᠠᠯᠲᠠ ᠮᠠᠯᠲᠠᠬᠤ᠎ᠳᠤ ᠡᠷᠬᠡᠪᠰᠢ ᠵᠥᠪᠰᠢᠶᠡᠷᠡᠭᠦᠯᠦᠭᠰᠡᠨ ᠬᠡᠪᠴᠢᠶ᠎ᠡ ᠪᠠ ᠠᠵᠢᠯᠯᠠᠬᠤ ᠠᠷᠭ᠎ᠠ ᠮᠠᠶᠢᠭ ᠵᠶ᠋ᠠᠷ ᠬᠢᠬᠦ ᠬᠡᠷᠡᠭᠲᠡᠢ ᠪᠥᠭᠡᠳ ᠭᠣᠣᠯ᠎ᠤᠨ ᠵᠠᠮ᠎ᠤᠨ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠳᠤ ᠬᠠᠮᠢᠶᠠᠷᠤᠯᠲᠠ ᠵᠢᠨ ᠰᠦᠢ᠍ᠳᠬᠡᠯ ᠲᠤᠰᠢᠶᠠᠬᠤ ᠬᠡᠷᠡᠭᠲᠡᠢ᠃ ᠰᠦᠢ᠍ᠳᠬᠡᠯ ᠬᠤᠷᠢᠶᠠᠬᠤ ᠪᠠᠷᠢᠮᠵᠢᠶ᠎ᠠ ᠪᠠ ᠬᠤᠷᠢᠶᠠᠬᠤ ᠠᠷᠭ᠎ᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ ᠠᠰᠢᠭᠯᠠᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠡᠳ᠋᠎ᠤᠨ ᠵᠠᠰᠠᠭ᠎ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠠᠢ ᠬᠠᠮᠳᠤᠷᠠᠨ ᠲᠤᠭᠳᠠᠭ᠋ᠠᠨ᠎ᠠ᠃
      ᠳᠥᠴᠢᠨ ᠨᠢᠭᠡᠳᠦᠭᠡᠷ ᠵᠦᠢ᠍ᠯ   ᠶᠠᠮᠠᠷᠪᠠ ᠨᠢᠭᠡᠴᠢ ᠪᠠ ᠬᠤᠪᠢ ᠬᠥᠮᠦᠨ ᠬᠠᠰᠢᠯᠭ᠎ᠠ ᠲᠡᠯᠡᠡᠭ᠂ ᠡᠷᠭᠢ ᠬᠠᠮᠠᠭ᠋ᠠᠯᠠᠬᠤ ᠪᠠ ᠪᠤᠰᠤᠳ ᠤᠰᠦᠠ ᠠᠰᠢᠭᠯᠠᠯᠲᠠ ᠵᠢᠨ ᠪᠠᠷᠢᠯᠭ᠎ᠠ ᠵᠢᠨ ᠲᠥᠬᠥᠭᠡᠷᠦᠮᠵᠢ ᠵᠢ ᠡᠪᠳᠡᠨ ᠰᠦᠢ᠍ᠳᠬᠡᠭᠰᠡᠨ ᠪᠤᠶᠤ ᠭᠣᠣᠯ᠎ᠤᠨ ᠵᠡᠮ᠎ᠳᠤ ᠱᠠᠯᠪᠠᠭ ᠬᠤᠷᠠᠭᠤᠯᠤᠭᠰᠠᠨ ᠪᠠᠶ᠋ᠢᠪᠠᠯ᠂ ᠬᠠᠷᠢᠭᠤᠴᠠᠯᠭ᠎ᠠ᠎ᠲᠠᠢ ᠬᠥᠮᠦᠨ ᠬᠠᠷᠢᠭᠤᠴᠠᠵᠤ ᠪᠠᠶ᠋ᠢᠭ᠋ᠠᠳ ᠰᠡᠯᠪᠢᠨ ᠵᠠᠰᠠᠬᠤ᠂ ᠬᠤᠷᠠᠭᠰᠠᠨ ᠱᠠᠯᠪᠠᠭ᠎ᠢ ᠴᠡᠪᠡᠷᠯᠡᠬᠦ ᠪᠤᠶᠤ ᠰᠡᠯᠪᠢᠨ ᠵᠠᠰᠠᠬᠤ ᠰᠦᠢ᠍ᠳᠭᠡᠯ᠎ᠢ       ᠡᠭᠦᠷᠭᠡᠯᠡᠨ᠎ᠡ᠃
      ᠳᠥᠴᠢᠨ ᠬᠣᠶᠠᠳᠤᠭ᠋ᠠᠷ ᠵᠦᠢ᠍ᠯ   ᠭᠣᠣᠯ᠎ᠤᠨ ᠵᠡᠮ᠎ᠢ ᠭᠤᠤᠯᠯᠠᠨ ᠬᠠᠮᠢᠶᠠᠷᠬᠤ ᠪᠠᠶ᠋ᠢᠭᠤᠯᠭ᠎ᠠ ᠵᠢᠨ ᠬᠤᠷᠢᠶᠠᠭᠰᠠᠨ ᠡᠯ᠎ᠡ ᠵᠦᠢ᠍ᠯ᠎ᠤᠨ ᠰᠦᠢ᠍ᠳᠭᠡᠯ᠎ᠢ ᠭᠣᠣᠯ᠎ᠤᠨ ᠵᠡᠮ᠎ᠤᠨ ᠲᠡᠯᠡᠡᠭ ᠬᠠᠰᠢᠯᠭ᠎ᠠ ᠵᠢᠨ ᠪᠠᠷᠢᠯᠭ᠎ᠠ ᠵᠢᠨ ᠪᠦᠳᠦᠭᠡᠠ ᠪᠠᠶ᠋ᠢᠭᠤᠯᠤᠯᠲᠠ᠂ ᠬᠠᠮᠢᠶᠠᠷᠤᠯᠲᠠ᠂ ᠰᠡᠯᠪᠢᠨ ᠵᠠᠰᠠᠯᠲᠠ ᠪᠠ ᠲᠥᠬᠥᠭᠡᠷᠦᠮᠵᠢ ᠵᠢ ᠰᠢᠨᠡᠳᠬᠡᠨ ᠥᠭᠡᠷᠡᠴᠢᠯᠡᠬᠦ᠎ᠳᠤ ᠬᠡᠷᠡᠭᠯᠡᠨ᠎ᠡ᠃ ᠦᠯᠡᠳᠡᠪᠦᠷᠢ ᠪᠡᠯᠡ ᠮᠥᠩᠭᠥ ᠵᠢ ᠵᠢᠯ ᠳᠠᠷᠠᠭ᠋ᠠᠯᠠᠨ ᠳ᠋ᠦᠩᠨᠡᠨ ᠰᠢᠯᠵᠢᠭᠦᠯᠵᠦ ᠬᠡᠷᠡᠭᠯᠡᠵᠦ ᠪᠣᠯᠤᠨ᠎ᠠ᠂ ᠶᠠᠮᠠᠷᠪᠠ ᠰᠠᠯᠠᠭ᠎ᠠ ᠮᠥᠴᠢᠷ ᠭᠡᠳ ᠲᠠᠰᠤᠯᠤᠨ ᠠᠪᠬᠤ ᠪᠤᠶᠤ ᠨᠡᠭᠦᠯᠭᠡᠨ ᠬᠡᠷᠡᠭᠯᠡᠵᠦ ᠪᠣᠯᠬᠤ ᠦᠭᠡᠢ᠃
      ᠳᠥᠴᠢᠨ ᠭᠤᠷᠪᠠᠳᠤᠭ᠋ᠠᠷ ᠵᠦᠢ᠍ᠯ   ᠭᠣᠣᠯ᠎ᠤᠨ ᠵᠡᠮ᠎ᠤᠨ ᠬᠣᠶᠠᠷ ᠬᠥᠪᠡᠭᠡᠨ᠎ᠤ ᠬᠣᠲᠠ ᠪᠠᠯᠭ᠋ᠠᠰᠤ ᠪᠠ ᠬᠥᠳᠡᠭᠡ ᠲᠣᠰᠬᠣᠨ᠎ᠳᠤ᠂ ᠲᠤᠬᠠᠢ ᠵᠢᠨ ᠭᠠᠵᠠᠷ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠦᠶᠡᠷᠯᠡᠬᠦ ᠬᠤᠭᠤᠴᠠᠭ᠋ᠠᠨ᠎ᠳᠤ ᠲᠡᠯᠡᠡᠭ   ᠬᠠᠰᠢᠯᠭ᠎ᠠ ᠵᠢᠨ ᠬᠠᠮᠠᠭ᠋ᠠᠯᠠᠯᠲᠠ ᠵᠢᠨ ᠣᠷᠣᠨ᠎ᠤ ᠳᠣᠲᠣᠷᠠᠬᠢ ᠨᠢᠭᠡᠴᠢ ᠪᠠ ᠬᠤᠪᠢ ᠬᠥᠮᠦᠨ᠎ᠢ ᠵᠣᠬᠢᠶᠠᠨ ᠪᠠᠶ᠋ᠢᠭᠤᠯᠵᠤ ᠠᠯᠪᠠᠨ ᠵᠢᠷᠤᠮ᠎ᠤᠨ ᠠᠵᠢᠯ᠎ᠳᠤ ᠣᠷᠣᠭᠤᠯᠵᠤ᠂ ᠭᠣᠣᠯ᠎ᠤᠨ ᠵᠡᠮ᠎ᠤᠨ ᠲᠡᠯᠡᠡᠭ ᠬᠠᠰᠢᠯᠭ᠎ᠠ ᠵᠢᠨ ᠪᠠᠷᠢᠯᠭ᠎ᠠ ᠵᠢ ᠰᠡᠯᠪᠢᠨ ᠵᠠᠰᠠᠬᠤ ᠪᠠ ᠪᠡᠬᠢᠵᠢᠭᠦᠯᠵᠦ ᠪᠣᠯᠤᠨ᠎ᠠ᠃
   
      ᠵᠢᠷᠭᠤᠳᠤᠭ᠋ᠠᠷ ᠪᠦᠯᠦᠭ   ᠲᠣᠷᠭ᠋ᠠᠬᠤ ᠳᠦᠷᠢᠮ
   
      ᠳᠥᠴᠢᠨ ᠳᠥᠷᠪᠡᠳᠦᠭᠡᠷ ᠵᠦᠢ᠍ᠯ   ᠲᠤᠰ ᠲᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠣᠣᠯ᠎ᠤᠨ ᠵᠠᠮ᠎ᠤᠨ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠠᠴᠠ ᠲᠡᠭᠦᠨ᠎ᠢ ᠵᠠᠷᠯᠢᠭᠳᠠᠵᠤ ᠪᠠᠶ᠋ᠢᠭ᠋ᠠᠳ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠠᠯᠠᠷᠠᠭᠤᠯᠤᠭᠤᠯᠵᠤ᠂ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠤᠯᠬᠤ᠎ᠠᠴᠠ ᠭᠠᠳᠠᠨ᠎ᠠ᠂ ᠰᠡᠷᠡᠮᠵᠢ ᠥᠭᠬᠦ᠂ ᠵᠣᠭᠣᠰ ᠵᠶ᠋ᠠᠷ ᠲᠣᠷᠭ᠋ᠠᠬᠤ᠂ ᠬᠠᠤᠯᠢ ᠪᠤᠰᠤ ᠣᠯᠵᠠ ᠠᠰᠢᠭ᠎ᠢ᠎ᠨᠢ ᠬᠤᠷᠢᠶᠠᠨ ᠠᠪᠬᠤ᠎ᠪᠠᠷ ᠨᠡᠶ᠋ᠢᠯᠡᠭᠦᠯᠦᠨ ᠰᠢᠢ᠍ᠳᠭᠡᠵᠦ ᠪᠣᠯᠤᠨ᠎ᠠ; ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠦᠨ᠎ᠳᠤ ᠲᠡᠭᠦᠨ᠎ᠤ ᠪᠠᠶ᠋ᠢᠭ᠎ᠠ ᠨᠢᠭᠡᠴᠢ ᠪᠤᠶᠤ ᠳᠡᠭᠡᠳᠦ ᠱᠠᠲᠤᠨ᠎ᠤ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠠᠴᠠ᠎ᠨᠢ ᠵᠠᠰᠠᠭ ᠵᠠᠬᠢᠷᠭ᠋ᠠᠨ᠎ᠤ ᠰᠢᠢ᠍ᠳᠭᠡᠯ ᠥᠭᠭᠦᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠄
     (ᠨᠢᠭᠡ) ᠭᠣᠣᠯ᠎ᠤᠨ ᠵᠠᠮ᠎ᠤᠨ ᠬᠠᠮᠢᠶᠠᠷᠤᠯᠲᠠ ᠵᠢᠨ ᠬᠡᠪᠴᠢᠶᠡᠨ ᠳᠣᠲᠣᠷ᠎ᠠ ᠦᠶᠡᠷ ᠵᠠᠯᠠᠬᠤ ᠵᠢ ᠬᠠᠷᠰᠢᠯᠠᠬᠤ ᠪᠣᠳᠠᠰ᠎ᠢ ᠬᠠᠶᠠᠭᠰᠠᠨ᠂ ᠣᠪᠣᠭ᠋ᠠᠯᠠᠭᠰᠠᠨ; ᠦᠶᠡᠷ ᠵᠠᠯᠠᠬᠤ ᠵᠢ ᠬᠠᠷᠰᠢᠯᠠᠬᠤ ᠤᠢ ᠮᠣᠳᠣ ᠪᠤᠶᠤ ᠥᠨᠳᠥᠷ ᠡᠰᠢᠲᠦ ᠤᠷᠭᠤᠮᠠᠯ ᠲᠠᠷᠢᠭᠰᠠᠨ; ᠬᠠᠰᠢᠯᠭ᠎ᠠ ᠲᠡᠯᠡᠡᠭ᠂ ᠤᠰᠤ ᠬᠣᠷᠢᠭᠯᠠᠬᠤ ᠰᠤᠪᠠᠭ᠂ ᠤᠰᠤ ᠬᠣᠷᠢᠭᠯᠠᠬᠤ ᠵᠡᠮ ᠪᠠᠶ᠋ᠢᠭᠤᠯᠤᠭᠰᠠᠨ;
     (ᠬᠣᠶᠠᠷ) ᠬᠠᠰᠢᠯᠭ᠎ᠠ ᠲᠡᠯᠡᠡᠭ᠂ ᠬᠠᠰᠢᠯᠭ᠎ᠠ ᠬᠠᠮᠠᠭ᠋ᠠᠯᠠᠬᠤ ᠭᠠᠵᠠᠷ᠎ᠲᠤ ᠭᠡᠷ ᠪᠠᠷᠢᠬᠤ᠂ ᠮᠡᠯ ᠬᠠᠷᠢᠭᠤᠯᠬᠤ᠂ ᠰᠤᠪᠠᠭ ᠨᠡᠭᠡᠭᠡᠬᠦ᠂ ᠬᠤᠳᠳᠤᠭ ᠮᠠᠯᠲᠠᠬᠤ᠂ ᠵᠣᠭᠣᠷᠢ ᠮᠠᠯᠲᠠᠬᠤ᠂ ᠪᠤᠯᠠᠰᠢ ᠪᠤᠯᠠᠰᠢᠯᠠᠬᠤ᠂ ᠠᠮᠤ ᠪᠤᠳᠠᠭ᠎ᠠ ᠡᠭᠡᠭᠡᠬᠦ᠂ ᠡᠳ᠋ ᠮᠠᠲ᠋ᠧᠷᠢᠶᠠᠯ ᠬᠠᠳᠠᠭ᠋ᠠᠯᠠᠬᠤ᠂ ᠭᠠᠵᠠᠷ ᠳᠣᠣᠷᠠᠬᠢ ᠡᠬᠢ ᠪᠠᠶᠠᠯᠢᠭ᠎ᠢ ᠨᠡᠭᠡᠭᠡᠨ ᠮᠠᠯᠲᠠᠬᠤ᠂ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠠᠵᠢᠯ ᠬᠢᠬᠦ ᠵᠢᠴᠢ ᠴᠤᠭᠯᠠᠭ᠎ᠠ ᠮᠠᠶ᠋ᠢᠮᠠᠶ ᠵᠢᠨ ᠠᠵᠢᠯᠯᠠᠭ᠎ᠠ ᠥᠷᠨᠢᠭᠦᠯᠦᠭᠰᠡᠨ;
     (ᠭᠤᠷᠪᠠ) ᠵᠥᠪᠰᠢᠶᠡᠷᠡᠭᠦᠯᠦᠭᠰᠡᠨ ᠤᠢ᠍ᠭᠡᠢ ᠪᠤᠶᠤ ᠤᠯᠤᠰ᠎ᠠᠴᠠ ᠲᠣᠭᠲᠠᠭ᠋ᠠᠭᠰᠠᠨ ᠦᠶᠡᠷ᠎ᠢ ᠰᠡᠷᠭᠡᠶ᠋ᠢᠯᠡᠬᠦ ᠪᠠᠷᠢᠮᠵᠢᠶ᠎ᠠ᠂ ᠪᠠᠷᠢᠯᠭ᠎ᠠ ᠵᠢᠨ ᠠᠶᠤᠯᠭᠦᠶ ᠵᠢᠨ ᠪᠠᠷᠢᠮᠵᠢᠶ᠎ᠠ ᠵᠢ ᠵᠢᠷᠤᠮᠯᠠᠬᠤ ᠤᠢ᠍ᠭᠡᠢ᠎ᠪᠠᠷ ᠭᠣᠣᠯ᠎ᠤᠨ ᠵᠡᠮ᠎ᠢ ᠵᠠᠰᠠᠭᠰᠠᠨ ᠪᠤᠶᠤ ᠤᠰᠦᠠ᠎ᠤ ᠪᠠᠷᠢᠯᠭ᠎ᠠ ᠪᠠ ᠪᠤᠰᠤᠳ ᠲᠥᠬᠥᠭᠡᠷᠦᠮᠵᠢ ᠵᠢ ᠪᠠᠶ᠋ᠢᠭᠤᠯᠤᠭᠰᠠᠨ;
     (ᠲᠦᠷᠪᠡ) ᠵᠥᠪᠰᠢᠶᠡᠷᠡᠭᠦᠯᠦᠭᠰᠡᠨ ᠦᠭᠡᠢ ᠪᠤᠶᠤ ᠭᠣᠣᠯ᠎ᠤᠨ ᠵᠠᠮ᠎ᠤᠨ ᠭᠤᠤᠯᠯᠠᠨ ᠬᠠᠮᠢᠶᠠᠷᠬᠤ ᠪᠠᠶ᠋ᠢᠭᠤᠯᠭ᠎ᠠ ᠵᠢᠨ ᠲᠣᠭᠲᠠᠭ᠋ᠠᠯ ᠶᠣᠰᠣᠭ᠋ᠠᠷ ᠭᠣᠣᠯ᠎ᠤᠨ ᠵᠠᠮ᠎ᠤᠨ ᠬᠠᠮᠢᠶᠠᠷᠤᠯᠲᠠ ᠵᠢᠨ ᠬᠡᠪᠴᠢᠶᠡᠨ᠎ᠤ ᠳᠣᠲᠣᠷ᠎ᠠ ᠡᠯᠡᠰᠦ ᠮᠠᠯᠲᠠᠭᠰᠠᠨ᠂ ᠰᠢᠷᠣᠢ ᠠᠪᠤᠭᠰᠠᠨ᠂ ᠠᠯᠲᠠ ᠲᠤᠩᠭ᠋ᠠᠭᠰᠠᠨ᠂ ᠬᠠᠶ᠋ᠢᠷ ᠴᠢᠯᠠᠭᠤ ᠪᠤᠶᠤ ᠯᠠᠭ ᠰᠢᠪᠠᠷ᠎ᠢ ᠬᠠᠶᠠᠭᠰᠠᠨ᠂ ᠳᠡᠯᠪᠡᠴᠢᠭᠰᠡᠨ᠂ ᠥᠷᠥᠮᠳᠡᠵᠦ ᠬᠠᠶ᠋ᠢᠭᠰᠠᠨ᠂   ᠵᠢᠭ᠋ᠠᠰᠤᠨ ᠴᠥᠭᠥᠷᠥᠮ ᠮᠠᠯᠲᠠᠵᠤ ᠪᠠᠶ᠋ᠢᠭᠤᠯᠤᠭᠰᠠᠨ;
     (ᠲᠠᠪᠤ) ᠵᠥᠪᠰᠢᠶᠡᠷᠡᠭᠦᠯᠦᠭᠰᠡᠨ ᠦᠭᠡᠢ᠎ᠪᠠᠷ ᠭᠣᠣᠯ᠎ᠤᠨ ᠵᠠᠮ᠎ᠤᠨ ᠲᠠᠩ ᠭᠠᠵᠠᠷ᠎ᠲᠤ   ᠡᠳ᠋ ᠮᠠᠲ᠋ᠧᠷᠢᠶᠠᠯ᠎ᠢ ᠬᠠᠳᠠᠭ᠋ᠠᠯᠠᠭᠰᠠᠨ᠂ ᠦᠢ᠍ᠯᠡᠳᠪᠦᠷᠢ ᠵᠢᠨ ᠭᠡᠷ ᠪᠠᠶ᠋ᠢᠰᠢᠩ ᠪᠤᠶᠤ ᠪᠤᠰᠤᠳ ᠪᠠᠷᠢᠯᠭ᠎ᠠ ᠵᠢᠨ ᠲᠥᠬᠥᠭᠡᠷᠦᠮᠵᠢ ᠪᠠᠶ᠋ᠢᠭᠤᠯᠤᠭᠰᠠᠨ᠂ ᠵᠢᠴᠢ ᠭᠠᠵᠠᠷ ᠳᠣᠣᠷᠠᠬᠢ ᠡᠬᠢ ᠪᠠᠶᠠᠯᠢᠭ᠎ᠢ ᠨᠡᠭᠡᠭᠡᠨ ᠮᠠᠯᠲᠠᠭᠰᠠᠨ ᠪᠤᠶᠤ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠯᠲᠠ ᠬᠢᠭᠰᠡᠨ;
    (ᠵᠢᠷᠭᠤᠭ᠎ᠠ) ᠲᠤᠰ ᠲᠤᠢ᠍ᠷᠢᠮ᠎ᠤᠨ ᠬᠣᠷᠢᠨ ᠳᠣᠯᠣᠳᠤᠭ᠋ᠠᠷ ᠵᠦᠢ᠍ᠯ᠎ᠤᠨ ᠲᠣᠭᠲᠠᠭ᠋ᠠᠯ᠎ᠢ ᠵᠥᠷᠢᠴᠡᠵᠦ᠂ ᠨᠠᠭᠤᠷ ᠴᠦᠬᠦᠷᠦᠮ᠂ ᠭᠣᠣᠯ ᠮᠥᠷᠡᠨ᠎ᠢ ᠬᠦᠷᠢᠶᠡᠯᠡᠨ ᠬᠠᠭ᠋ᠠᠯᠪᠤᠷᠢᠯᠠᠭᠰᠠᠨ;
     (ᠲᠤᠯᠦᠭ᠎ᠠ) ᠲᠡᠯᠡᠡᠭ ᠬᠠᠮᠠᠭ᠋ᠠᠯᠠᠬᠤ ᠡᠷᠭᠢ ᠬᠠᠮᠠᠭ᠋ᠠᠯᠠᠬᠤ ᠤᠢ ᠮᠣᠳᠣ ᠵᠢ ᠳᠤᠷ᠎ᠠ᠎ᠪᠠᠷ ᠵᠶ᠋ᠠᠨ       ᠣᠭᠲᠣᠯᠤᠭᠰᠠᠨ;
     (ᠨᠠᠢ᠍ᠮᠠ) ᠦᠶᠡᠷᠯᠡᠬᠦ ᠬᠤᠭᠤᠴᠠᠭ᠋ᠠᠨ᠎ᠳᠤ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠭᠠᠵᠠᠷ᠎ᠤᠨ ᠲᠣᠭᠲᠠᠭ᠋ᠠᠯ ᠪᠤᠶᠤ ᠵᠠᠷᠯᠢᠭ᠎ᠢ ᠵᠥᠷᠢᠴᠡᠭᠰᠡᠨ᠃
      ᠳᠥᠴᠢᠨ ᠲᠠᠪᠤᠳᠤᠭ᠋ᠠᠷ ᠵᠦᠢ᠍ᠯ   ᠲᠤᠰ ᠲᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠣᠣᠯ᠎ᠤᠨ ᠵᠠᠮ᠎ᠤᠨ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠠᠴᠠ ᠲᠡᠭᠦᠨ᠎ᠢ ᠵᠠᠷᠯᠢᠭᠳᠠᠵᠤ ᠪᠠᠶ᠋ᠢᠭ᠋ᠠᠳ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠠᠯᠠᠷᠠᠭᠤᠯᠤᠭᠤᠯᠵᠤ᠂ ᠬᠣᠬᠢᠷᠠᠯ᠎ᠢ ᠲᠦᠯᠦᠭᠦᠯᠵᠦ᠂ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠤᠯᠬᠤ᠎ᠠᠴᠠ ᠭᠠᠳᠠᠨ᠎ᠠ᠂ ᠰᠡᠷᠡᠮᠵᠢ ᠥᠭᠬᠦ᠂ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠵᠦ ᠪᠣᠯᠤᠨ᠎ᠠ; ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠢ᠍ᠳᠭᠡᠯ ᠥᠭᠬᠦ ᠶᠣᠰᠣᠲᠠᠶ ᠪᠠᠶ᠋ᠢᠪᠠᠯ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠢ᠍ᠳᠭᠡᠯ᠎ᠤᠨ ᠬᠠᠤᠯᠢ》 ᠵᠢᠨ ᠲᠣᠭᠲᠠᠭ᠋ᠠᠯ ᠶᠣᠰᠣᠭ᠋ᠠᠷ ᠰᠢᠢ᠍ᠳᠭᠡᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠄
     (ᠨᠢᠭᠡ) ᠬᠠᠰᠢᠯᠭ᠎ᠠ᠂ ᠡᠷᠭᠢ ᠵᠢᠨ ᠬᠠᠮᠠᠭ᠋ᠠᠯᠠᠯᠲᠠ᠂ ᠬᠠᠭ᠋ᠠᠯᠳᠠ ᠬᠠᠰᠢᠯᠭ᠎ᠠ᠂ ᠤᠰᠤᠨ ᠠᠰᠢᠭᠯᠠᠯᠲᠠ ᠵᠢᠨ ᠪᠠᠷᠢᠯᠭ᠎ᠠ ᠵᠢ ᠡᠪᠳᠡᠨ ᠰᠦᠢ᠍ᠳᠬᠡᠵᠦ᠂ ᠦᠶᠡᠷ᠎ᠢ ᠰᠡᠷᠭᠡᠶ᠋ᠢᠯᠡᠬᠦ ᠲᠥᠬᠥᠭᠡᠷᠦᠮᠵᠢ᠂ ᠤᠰᠤᠨ ᠵᠦᠢ ᠵᠢᠨ ᠬᠢᠨᠠᠨ ᠬᠡᠮᠵᠢᠯᠲᠡ ᠵᠢᠨ ᠲᠥᠬᠥᠭᠡᠷᠦᠮᠵᠢ᠂ ᠭᠣᠣᠯ᠎ᠤᠨ ᠡᠷᠭᠢ ᠵᠢᠨ ᠭᠠᠵᠠᠷ ᠰᠢᠨᠵᠢᠯᠡᠭᠡᠨ᠎ᠤ ᠬᠢᠨᠠᠨ ᠬᠡᠮᠵᠢᠯᠲᠡ ᠵᠢᠨ ᠲᠥᠬᠥᠭᠡᠷᠦᠮᠵᠢ ᠵᠢᠴᠢ ᠮᠡᠳᠡᠭᠡ ᠬᠣᠯᠪᠣᠭ᠋ᠠᠨ᠎ᠤ ᠭᠡᠷᠡᠯᠲᠦᠭᠦᠯᠭᠡ ᠵᠡᠷᠭᠡ ᠲᠥᠬᠥᠭᠡᠷᠦᠮᠵᠢ ᠵᠢ ᠡᠪᠳᠡᠨ ᠰᠦᠢ᠍ᠳᠬᠡᠬᠦ;
     (ᠬᠣᠶᠠᠷ) ᠬᠠᠰᠢᠯᠭ᠎ᠠ ᠲᠡᠯᠡᠡᠭ᠎ᠤᠨ ᠠᠶᠤᠯᠭᠦᠶ ᠵᠢᠨ ᠬᠠᠮᠠᠭ᠋ᠠᠯᠠᠯᠲᠠ ᠵᠢᠨ ᠣᠷᠣᠨ᠎ᠳᠤ ᠬᠤᠳᠳᠤᠭ ᠮᠠᠯᠲᠠᠬᠤ᠂ ᠥᠷᠥᠮᠳᠡᠨ ᠬᠠᠶ᠋ᠢᠬᠤ᠂ ᠳᠡᠯᠪᠡᠴᠢᠬᠦ᠂ ᠵᠢᠭ᠋ᠠᠰᠤᠨ ᠴᠥᠭᠥᠷᠥᠮ ᠮᠠᠯᠲᠠᠬᠤ᠂ ᠴᠢᠯᠠᠭᠤ ᠭᠠᠷᠭ᠋ᠠᠬᠤ᠂ ᠰᠢᠷᠣᠶ ᠠᠪᠬᠤ ᠵᠡᠷᠭᠡ ᠬᠠᠰᠢᠯᠭ᠎ᠠ ᠲᠡᠯᠡᠡᠭ᠎ᠤᠨ ᠠᠶᠤᠯᠭᠦᠶ ᠵᠢ ᠬᠣᠬᠢᠷᠠᠭᠤᠯᠬᠤ ᠠᠵᠢᠯᠯᠠᠭ᠎ᠠ ᠬᠢᠭᠰᠡᠨ;
     (ᠭᠤᠷᠪᠠ) ᠬᠠᠮᠢᠶᠠᠷᠤᠯᠲᠠ ᠵᠢᠨ ᠪᠤᠰᠤ ᠬᠥᠮᠦᠨ ᠭᠣᠣᠯ᠎ᠤᠨ ᠵᠠᠮ ᠳᠡᠭᠡᠷᠡᠬᠢ ᠭᠤᠯᠳᠤᠩ   ᠬᠠᠭ᠋ᠠᠯᠲᠠ ᠵᠢ ᠬᠡᠷᠡᠭᠯᠡᠭᠰᠡᠨ ᠪᠤᠶᠤ ᠭᠣᠣᠯ᠎ᠤᠨ ᠵᠠᠮ᠎ᠤᠨ ᠬᠠᠮᠢᠶᠠᠷᠤᠯᠲᠠ ᠵᠢᠨ ᠨᠢᠭᠡᠴᠢ ᠵᠢᠨ ᠬᠡᠪ᠎ᠤᠨ ᠠᠵᠢᠯ᠎ᠢ ᠬᠠᠷᠰᠢᠯᠠᠭᠰᠠᠨ᠃
      ᠳᠥᠴᠢᠨ ᠵᠢᠷᠭᠤᠳᠤᠭ᠋ᠠᠷ ᠵᠦᠢ᠍ᠯ   ᠲᠤᠬᠠᠶ ᠵᠢᠨ ᠬᠥᠮᠦᠨ᠎ᠨᠢ ᠵᠠᠰᠠᠭ ᠵᠠᠬᠢᠷᠭ᠋ᠠᠨ᠎ᠤ ᠰᠢᠢ᠍ᠳᠭᠡᠯ᠎ᠤᠨ ᠲᠣᠭᠲᠠᠭ᠋ᠠᠯ᠎ᠢ ᠬᠦᠯᠢᠶᠡᠬᠦ ᠦᠭᠡᠶ ᠪᠣᠯ ᠰᠢᠢ᠍ᠳᠭᠡᠯ᠎ᠤᠨ ᠮᠡᠳᠡᠭᠳᠡᠯ᠎ᠢ ᠣᠯᠤᠭᠰᠠᠨ ᠡᠳᠦᠷ᠎ᠠᠴᠠ ᠡᠬᠢᠯᠡᠨ 15 ᠡᠳᠦᠷ᠎ᠤᠨ ᠳᠣᠲᠣᠷ᠎ᠠ ᠰᠢᠢ᠍ᠳᠭᠡᠯ᠎ᠤᠨ ᠲᠣᠭᠲᠠᠭ᠋ᠠᠯ ᠭᠠᠷᠭ᠋ᠠᠭᠰᠠᠨ ᠪᠠᠶ᠋ᠢᠭᠤᠯᠭ᠎ᠠ ᠵᠢᠨ ᠳᠡᠭᠡᠷ᠎ᠡ ᠨᠢᠭᠡ ᠱᠠᠲᠤᠨ᠎ᠤ ᠪᠠᠶ᠋ᠢᠭᠤᠯᠭ᠎ᠠ᠎ᠳᠤ ᠳᠠᠬᠢᠨ ᠵᠥᠪᠯᠡᠭᠦᠯᠬᠦ᠎ᠪᠠᠷ ᠭᠤᠶᠤᠴᠢᠯᠠᠵᠤ ᠪᠣᠯᠤᠨ᠎ᠠ᠂ ᠳᠠᠬᠢᠨ ᠵᠥᠪᠯᠡᠭᠰᠡᠨ ᠲᠣᠭᠲᠠᠭ᠋ᠠᠯ᠎ᠢ ᠬᠦᠯᠢᠶᠡᠬᠦ ᠦᠭᠡᠶ ᠪᠣᠯ ᠳᠠᠬᠢᠨ ᠵᠥᠪᠯᠡᠭᠰᠡᠨ ᠲᠣᠭᠲᠠᠭ᠋ᠠᠯ᠎ᠢ ᠣᠯᠤᠭᠰᠠᠨ ᠡᠳᠦᠷ᠎ᠠᠴᠠ ᠡᠬᠢᠯᠡᠨ 15 ᠡᠳᠦᠷ᠎ᠤᠨ ᠳᠣᠲᠣᠷ᠎ᠠ ᠠᠷᠠᠳ᠎ᠤᠨ ᠰᠢᠭᠦᠬᠦ ᠬᠣᠷᠢᠶᠠᠨ᠎ᠳᠤ ᠵᠠᠭ᠋ᠠᠯᠳᠤᠵᠤ ᠪᠣᠯᠤᠨ᠎ᠠ᠃ ᠲᠤᠬᠠᠶ ᠵᠢᠨ ᠬᠥᠮᠦᠨ᠎ᠨᠢ ᠰᠢᠢ᠍ᠳᠭᠡᠬᠦ ᠮᠡᠳᠡᠭᠳᠡᠯ᠎ᠢ ᠣᠯᠤᠭᠰᠠᠨ ᠡᠳᠦᠷ᠎ᠠᠴᠠ ᠡᠬᠢᠯᠡᠨ 15 ᠡᠳᠦᠷ᠎ᠤᠨ ᠳᠣᠲᠣᠷ᠎ᠠ ᠠᠷᠠᠳ᠎ᠤᠨ ᠰᠢᠭᠦᠬᠦ ᠬᠣᠷᠢᠶᠠᠨ᠎ᠳᠤ ᠰᠢᠭᠤᠳ ᠵᠡᠭ᠋ᠠᠯᠳᠦᠵᠦ ᠴᠤ᠌ ᠪᠣᠯᠤᠨ᠎ᠠ᠃ ᠲᠤᠬᠠᠶ ᠵᠢᠨ ᠬᠥᠮᠦᠨ᠎ᠨᠢ ᠬᠤᠭᠤᠴᠠᠭ᠎ᠠ ᠬᠡᠲᠦᠷᠡᠲᠡᠯ᠎ᠡ ᠲᠡᠬᠢᠠ ᠵᠥᠪᠯᠡᠭᠦᠯᠬᠦ᠎ᠪᠠᠷ ᠭᠤᠶᠤᠴᠢᠯᠠᠭᠰᠠᠨ ᠤᠢ᠍ᠭᠡᠢ ᠪᠤᠶᠤ ᠠᠷᠠᠳ᠎ᠤᠨ ᠰᠢᠭᠦᠬᠦ ᠬᠣᠷᠢᠶᠠᠨ᠎ᠳᠤ ᠵᠡᠭ᠋ᠠᠯᠳᠦᠭ᠍ᠰᠡᠠ ᠤᠢ᠍ᠭᠡᠢ ᠪᠥᠭᠡᠳ ᠰᠢᠢ᠍ᠳᠭᠡᠬᠦ ᠲᠣᠭᠲᠠᠭ᠋ᠠᠯ᠎ᠢ ᠭᠦᠢ᠍ᠴᠡᠳᠬᠡᠬᠦ ᠤᠢ᠍ᠭᠡᠢ ᠪᠠᠶ᠋ᠢᠪᠠᠯ᠂ ᠰᠢᠢ᠍ᠳᠭᠡᠬᠦ ᠲᠣᠭᠲᠠᠭ᠋ᠠᠯ ᠭᠠᠷᠭ᠋ᠠᠭᠰᠠᠨ ᠪᠠᠶ᠋ᠢᠭᠤᠯᠭ᠎ᠠ᠎ᠠᠴᠠ ᠠᠷᠠᠳ᠎ᠤᠨ ᠰᠢᠭᠦᠬᠦ ᠬᠣᠷᠢᠶᠠᠨ᠎ᠳᠤ ᠡᠷᠭᠦᠳᠡᠯ ᠭᠠᠷᠭ᠋ᠠᠵᠤ ᠠᠯᠪᠡᠳᠡᠠ ᠭᠦᠢ᠍ᠴᠡᠳᠬᠡᠭᠦᠯᠦᠨ᠎ᠡ᠃ ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠢ᠍ᠳᠭᠡᠯ᠎ᠢ ᠵᠥᠪᠰᠢᠶᠡᠷᠡᠬᠦ ᠦᠭᠡᠢ ᠪᠠᠶ᠋ᠢᠪᠠᠯ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠢ᠍ᠳᠭᠡᠯ᠎ᠤᠨ ᠬᠠᠤᠯᠢ》 ᠵᠢᠨ ᠲᠣᠭᠲᠠᠭ᠋ᠠᠯ ᠶᠣᠰᠣᠭ᠋ᠠᠷ   ᠰᠢᠢ᠍ᠳᠪᠤᠷᠢᠯᠡᠨ᠎ᠡ᠃
      ᠳᠥᠴᠢᠨ ᠳᠣᠯᠣᠳᠤᠭ᠋ᠠᠷ ᠵᠦᠢ᠍ᠯ   ᠲᠤᠰ ᠲᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠤᠯᠤᠰ ᠣᠷᠣᠨ᠂ ᠬᠠᠮᠲᠤ ᠨᠡᠢ᠍ᠢ᠍ᠳᠡ᠂ ᠬᠤᠪᠢ ᠬᠥᠮᠦᠨ᠎ᠳᠤ ᠠᠵᠤ ᠠᠬᠤᠶ ᠵᠢᠨ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠬᠣᠬᠢᠷᠠᠯ ᠠᠮᠰᠠᠭᠰᠠᠨ ᠲᠠᠯ᠎ᠠ᠎ᠨᠢ ᠰᠢᠶᠠᠨ᠎ᠤ ᠱᠠᠲᠤᠨ᠎ᠠᠴᠠ ᠳᠡᠭᠡᠭᠰᠢᠬᠢ ᠭᠣᠣᠯ᠎ᠤᠨ ᠵᠠᠮ᠎ᠢ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠳᠤ ᠰᠢᠢ᠍ᠳᠪᠤᠷᠢᠯᠡᠬᠦᠯᠬᠦ᠎ᠪᠠᠷ ᠭᠤᠶᠤᠴᠢᠯᠠᠵᠤ ᠪᠣᠯᠤᠨ᠎ᠠ᠃ ᠬᠣᠬᠢᠷᠠᠯ ᠠᠮᠰᠠᠭᠰᠠᠨ ᠲᠠᠯ᠎ᠠ᠎ᠨᠢ ᠠᠷᠠᠳ᠎ᠤᠨ ᠰᠢᠭᠦᠬᠦ ᠬᠣᠷᠢᠶᠠᠨ᠎ᠳᠤ ᠰᠢᠭᠤᠳ ᠵᠡᠭ᠋ᠠᠯᠳᠦᠵᠦ ᠴᠤ᠌ ᠪᠣᠯᠤᠨ᠎ᠠ᠃
      ᠲᠤᠬᠠᠶ ᠵᠢᠨ ᠬᠥᠮᠦᠨ᠎ᠨᠢ ᠭᠣᠣᠯ᠎ᠤᠨ ᠵᠠᠮ᠎ᠢ ᠭᠤᠤᠯᠯᠠᠨ ᠬᠠᠮᠢᠶᠠᠷᠬᠤ ᠪᠠᠶ᠋ᠢᠭᠤᠯᠭ᠎ᠠ ᠵᠢᠨ   ᠰᠢᠢ᠍ᠳᠪᠤᠷᠢᠯᠡᠭᠰᠡᠨ ᠲᠣᠭᠲᠠᠭ᠋ᠠᠯ᠎ᠢ ᠵᠥᠪᠰᠢᠶᠡᠷᠡᠬᠦ ᠦᠭᠡᠢ ᠪᠠᠶ᠋ᠢᠪᠠᠯ᠂ ᠮᠡᠳᠡᠭᠳᠡᠯ᠎ᠢ ᠣᠯᠤᠭᠰᠠᠨ ᠡᠳᠦᠷ᠎ᠠᠴᠠ ᠡᠬᠢᠯᠡᠨ 15 ᠡᠳᠦᠷ᠎ᠤᠨ ᠳᠣᠲᠣᠷ᠎ᠠ ᠠᠷᠠᠳ᠎ᠤᠨ ᠰᠢᠭᠦᠬᠦ ᠬᠣᠷᠢᠶᠠᠨ᠎ᠳᠤ ᠵᠠᠭ᠋ᠠᠯᠳᠤᠵᠤ ᠪᠣᠯᠤᠨ᠎ᠠ᠃
      ᠳᠥᠴᠢᠨ ᠨᠠᠢ᠍ᠮᠠᠳᠤᠭ᠋ᠠᠷ ᠵᠦᠢ᠍ᠯ   ᠭᠣᠣᠯ᠎ᠤᠨ ᠵᠠᠮ᠎ᠢ ᠭᠤᠤᠯᠯᠠᠨ ᠬᠠᠮᠢᠶᠠᠷᠬᠤ ᠪᠠᠶ᠋ᠢᠭᠤᠯᠭ᠎ᠠ ᠵᠢᠨ ᠠᠵᠢᠯᠳᠠᠨ ᠵᠢᠴᠢ ᠭᠣᠣᠯ᠎ᠤᠨ ᠵᠠᠮ᠎ᠢ ᠬᠢᠨᠠᠨ ᠬᠠᠮᠢᠶᠠᠷᠬᠤ ᠠᠵᠢᠯᠳᠠᠨ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠵᠤ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠬᠤᠪᠢ ᠵᠢᠨ ᠨᠠᠶ᠋ᠢᠷ ᠬᠠᠷᠠᠵᠤ ᠬᠠᠤᠯᠢ ᠶᠣᠰᠣ ᠵᠢ ᠵᠥᠷᠢᠴᠡᠭᠰᠡᠨ ᠪᠠᠶ᠋ᠢᠪᠠᠯ᠂ ᠲᠡᠭᠦᠨ᠎ᠤ ᠪᠠᠶ᠋ᠢᠭ᠎ᠠ ᠨᠢᠭᠡᠴᠢ ᠪᠤᠶᠤ ᠳᠡᠭᠡᠳᠦ ᠱᠠᠲᠤᠨ᠎ᠤ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠠᠴᠠ ᠵᠠᠰᠠᠭ ᠵᠠᠬᠢᠷᠭ᠋ᠠᠨ᠎ᠤ ᠰᠢᠢ᠍ᠳᠭᠡᠯ ᠥᠭᠭᠦᠨ᠎ᠡ; ᠤᠯᠡᠠ ᠨᠡᠶ᠋ᠢᠲᠡ ᠵᠢᠨ ᠡᠳ᠋ ᠬᠦᠷᠦᠩᠭᠡ᠂ ᠤᠯᠤᠰ ᠣᠷᠣᠨ ᠪᠠ ᠠᠷᠠᠳ ᠲᠦᠮᠡᠨ᠎ᠤ ᠠᠰᠢᠭ ᠲᠤᠰᠠ᠎ᠳᠤ ᠬᠦᠨᠳᠦ ᠶᠡᠬᠡ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
   
      ᠳᠣᠯᠣᠳᠤᠭ᠋ᠠᠷ ᠪᠦᠯᠦᠭ   ᠲᠠᠭ᠋ᠠᠯᠳᠤᠭᠤᠯᠤᠯ ᠲᠦᠷᠢᠮ
   
      ᠳᠥᠴᠢ ᠶᠢᠰᠦᠳᠦᠭᠡᠷ ᠵᠦᠢ᠍ᠯ   ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠲᠤᠰ ᠲᠦᠷᠢᠮ᠎ᠤᠨ ᠲᠣᠭᠲᠠᠭ᠋ᠠᠯ᠎ᠢ ᠦᠨᠳᠦᠰᠦᠯᠡᠨ᠂ ᠲᠤᠰ ᠭᠠᠵᠠᠷ ᠣᠷᠣᠨ᠎ᠤ᠎ᠪᠠᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ ᠬᠡᠷᠡᠭᠵᠢᠭᠦᠯᠬᠦ ᠠᠷᠭ᠎ᠠ ᠲᠣᠭᠲᠠᠭ᠋ᠠᠵᠤ ᠪᠣᠯᠤᠨ᠎ᠠ᠃
      ᠲᠠᠪᠢᠳᠤᠭ᠋ᠠᠷ ᠵᠦᠢ᠍ᠯ   ᠲᠤᠰ ᠳᠦᠷᠢᠮ᠎ᠢ ᠳᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ ᠠᠰᠢᠭᠯᠠᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃
      ᠲᠠᠪᠢᠨ ᠨᠢᠭᠡᠳᠦᠭᠡᠷ ᠵᠦᠢ᠍ᠯ   ᠲᠤᠰ ᠲᠦᠷᠢᠮ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄
          
ᠬᠠᠮᠢᠶ᠎ᠡ ᠪᠦᠬᠦᠢ ᠰᠣᠨᠢᠨ
 
            