ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠶᠡᠷ᠎ᠢ ᠰᠡᠷᠭᠡᠶ᠋ᠢᠯᠡᠬᠦ ᠬᠠᠤᠯᠢ
ᠨᠡᠶ᠋ᠢᠲᠡᠯᠡᠭᠰᠡᠨ ᠴᠠᠭ᠄ 2021-09-08

     (1997 ᠣᠨ᠎ᠤ 8 ᠰᠠᠷ᠎ᠠ ᠵᠢᠨ 29᠎ᠤ ᠡᠳᠦᠷ ᠨᠠᠢ᠍ᠮᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠷᠢᠨ ᠳᠣᠯᠣᠳᠤᠭ᠋ᠠᠷ ᠬᠤᠷᠠᠯᠳᠤᠭ᠋ᠠᠨ᠎ᠠᠴᠠ ᠪᠠᠲᠤᠯᠠᠪᠠ᠃ 2009 ᠣᠨ᠎ᠤ 8 ᠰᠠᠷ᠎ᠠ ᠵᠢᠨ 27᠎ᠤ ᠡᠳᠦᠷ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠤᠷᠢᠶᠠᠨ᠎ᠤ ᠠᠷᠪᠠᠳᠤᠭ᠋ᠠᠷ ᠬᠤᠷᠠᠯᠳᠤᠭ᠋ᠠᠨ᠎ᠤ《ᠬᠡᠰᠡᠭ ᠬᠠᠤᠯᠢ ᠴᠠᠭ᠋ᠠᠵᠠ᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ ᠨᠢᠭᠡᠳᠦᠭᠡᠷ ᠤᠳᠠᠭ᠎ᠠ ᠵᠠᠰᠠᠪᠤᠷᠢ ᠤᠷᠤᠭᠤᠯᠪᠠ᠃ 2015 ᠣᠨ᠎ᠤ 4 ᠰᠠᠷ᠎ᠠ ᠵᠢᠨ 24᠎ᠤ ᠡᠳᠦᠷ᠎ᠤᠨ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠨ ᠳᠥᠷᠪᠡᠳᠦᠭᠡᠷ ᠬᠤᠷᠠᠯᠳᠤᠭ᠋ᠠᠨ᠎ᠤ《 〈ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠷᠠᠮ᠎ᠤᠨ ᠬᠠᠤᠯᠢ〉 ᠵᠡᠷᠭᠡ ᠲᠤᠯᠤᠭ᠋ᠠᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ ᠬᠣᠶᠠᠳᠠᠬᠢ ᠤᠳᠠᠭ᠎ᠠ ᠵᠠᠰᠠᠪᠠ᠃ 2016 ᠣᠨ᠎ᠤ 7 ᠰᠠᠷ᠎ᠠ ᠵᠢᠨ 2᠎ᠤᠨ ᠡᠳᠦᠷ᠎ᠤᠨ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠷᠢᠨ ᠨᠢᠭᠡᠳᠦᠭᠡᠷ ᠬᠤᠷᠠᠯᠳᠤᠭ᠋ᠠᠨ᠎ᠤ 《〈ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠨᠧᠷᠭᠢ ᠵᠢᠨ ᠰᠤᠷᠪᠤᠯᠵᠢ ᠵᠢ ᠠᠷᠪᠢᠯᠠᠬᠤ ᠬᠠᠤᠯᠢ〉 ᠵᠡᠷᠭᠡ ᠵᠢᠷᠭᠤᠭ᠋ᠠᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ ᠭᠤᠷᠪᠠᠳᠠᠬᠢ ᠤᠳᠠᠭ᠎ᠠ ᠵᠠᠰᠠᠪᠠ)
   
      ᠨᠢᠭᠡᠳᠦᠭᠡᠷ ᠪᠦᠯᠦᠭ   ᠶᠡᠷᠦᠩᠬᠡᠢ ᠲᠦᠷᠢᠮ
  
      ᠨᠢᠭᠡᠳᠦᠭᠡᠷ ᠵᠦᠢ᠍ᠯ   ᠦᠶᠡᠷ᠎ᠢ ᠰᠡᠷᠭᠡᠶ᠋ᠢᠯᠡᠨ ᠵᠠᠰᠠᠵᠤ᠂ ᠦᠶᠡᠷ ᠤᠰᠤᠲᠤᠯ᠎ᠤᠨ ᠭᠠᠮᠰᠢᠭ᠎ᠢ ᠰᠡᠷᠭᠡᠶ᠋ᠢᠯᠡᠨ ᠪᠠᠭ᠋ᠠᠰᠬᠠᠵᠤ᠂ ᠠᠷᠠᠳ ᠲᠦᠮᠡᠨ᠎ᠤ ᠠᠮᠢ ᠨᠠᠰᠤ ᠪᠠ ᠡᠳ᠋ ᠬᠦᠷᠦᠩᠭᠡ ᠵᠢᠨ ᠠᠮᠤᠷ ᠲᠦᠪᠰᠢᠨ᠎ᠢ ᠬᠠᠮᠠᠭ᠋ᠠᠯᠠᠵᠤ᠂ ᠨᠡᠶ᠋ᠢᠭᠡᠮ ᠵᠢᠷᠤᠮ᠎ᠤᠨ ᠣᠳᠣᠬᠢᠴᠢᠯᠠᠬᠤ ᠪᠦᠳᠦᠭᠡᠠ ᠪᠠᠶ᠋ᠢᠭᠤᠯᠤᠯᠲᠠ ᠵᠢᠨ ᠤᠷᠤᠭᠰᠢᠲᠠᠢ ᠶᠠᠪᠤᠭᠳᠠᠬᠤ ᠵᠢ ᠪᠠᠲᠤᠯᠠᠬᠤ ᠵᠢᠨ ᠲᠥᠯᠥᠭᠡ ᠲᠤᠰ ᠬᠠᠤᠯᠢ ᠵᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ   ᠦᠶᠡᠷ᠎ᠢ ᠰᠡᠷᠭᠡᠶ᠋ᠢᠯᠡᠬᠦ ᠠᠵᠢᠯ᠎ᠳᠤ ᠪᠦᠬᠦ ᠲᠠᠯ᠎ᠠ᠎ᠪᠠᠷ ᠲᠥᠯᠥᠪᠵᠢᠭᠦᠯᠬᠦ᠂ ᠨᠢᠭᠡᠳᠦᠯᠲᠡᠢ ᠲᠥᠯᠥᠪᠯᠡᠨ ᠨᠡᠢ᠍ᠢ᠍ᠳᠡ᠎ᠳᠤᠨᠢ ᠬᠠᠷᠠᠭ᠋ᠠᠯᠵᠠᠬᠤ᠂ ᠤᠷᠢᠳᠴᠢᠯᠠᠨ ᠰᠡᠷᠭᠡᠶ᠋ᠢᠯᠡᠬᠦ᠎ᠪᠠᠷ ᠭᠣᠣᠯ ᠪᠣᠯᠭ᠋ᠠᠬᠤ᠂ ᠶᠡᠷᠦᠩᠬᠡᠶ᠋ᠢᠯᠡᠨ ᠵᠠᠰᠠᠬᠤ᠂ ᠬᠡᠰᠡᠭ ᠲᠠᠯ᠎ᠠ ᠵᠢᠨ ᠠᠰᠢᠭ ᠲᠤᠰᠠ ᠵᠢ ᠪᠦᠬᠦ ᠲᠠᠯ᠎ᠠ ᠵᠢᠨ ᠠᠰᠢᠭ ᠲᠤᠰᠠ᠎ᠳᠤ ᠳᠠᠭ᠋ᠠᠭᠤᠯᠬᠤ ᠵᠠᠷᠴᠢᠮ᠎ᠢ ᠬᠡᠷᠡᠭᠵᠢᠭᠦᠯᠦᠨ᠎ᠡ᠃
      ᠭᠤᠷᠪᠠᠳᠤᠭ᠋ᠠᠷ ᠵᠦᠢ᠍ᠯ   ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ᠎ᠳᠤ ᠣᠷᠣᠭᠤᠯᠬᠤ ᠬᠡᠷᠡᠭᠲᠡᠢ᠃
      ᠦᠶᠡᠷ᠎ᠢ ᠰᠡᠷᠭᠡᠶ᠋ᠢᠯᠡᠬᠦ ᠵᠠᠷᠤᠳᠠᠯ᠎ᠢ ᠵᠠᠰᠠᠭ᠎ᠤᠨ ᠣᠷᠳᠣᠨ᠎ᠤ ᠣᠷᠣᠭᠤᠯᠤᠯᠲᠠ ᠬᠢᠭᠡᠳ ᠠᠰᠢᠭ ᠬᠦᠷᠲᠡᠭᠴᠢ ᠵᠦᠢ ᠵᠣᠬᠢᠰᠲᠠᠶ ᠡᠭᠦᠷᠭᠡᠯᠡᠬᠦ ᠵᠢ ᠬᠠᠷᠢᠯᠴᠠᠨ ᠤᠶᠠᠯᠳᠤᠭᠤᠯᠬᠤ ᠵᠠᠷᠴᠢᠮ᠎ᠤᠨ   ᠶᠣᠰᠣᠭ᠋ᠠᠷ ᠴᠤᠭᠯᠠᠭᠤᠯᠤᠨ᠎ᠠ᠃
      ᠳᠥᠷᠪᠡᠳᠦᠭᠡᠷ ᠵᠦᠢ᠍ᠯ   ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠠ ᠬᠠᠮᠠᠭ᠋ᠠᠯᠠᠬᠤ᠎ᠳᠤ ᠦᠶᠡᠷ᠎ᠢ ᠰᠡᠷᠭᠡᠶ᠋ᠢᠯᠡᠬᠦ ᠶᠡᠷᠦᠩᠬᠡᠶ ᠲᠤᠬᠢᠷᠠᠭᠤᠯᠤᠯᠳᠡ ᠵᠢ ᠲᠠᠭ᠋ᠠᠵᠤ᠂ ᠠᠰᠢᠭ᠎ᠲᠠᠢ ᠲᠠᠯ᠎ᠠ ᠵᠢ ᠬᠥᠭᠵᠢᠭᠦᠯᠬᠦ ᠪᠠ ᠬᠣᠣᠷ ᠬᠥᠨᠥᠭᠡᠯ᠎ᠢ ᠠᠷᠢᠯᠭ᠋ᠠᠬᠤ ᠵᠢ ᠤᠶᠠᠯᠳᠤᠭᠤᠯᠬᠤ ᠵᠠᠷᠴᠢᠮ᠎ᠢ ᠬᠡᠷᠡᠭᠵᠢᠭᠦᠯᠬᠦ ᠬᠡᠷᠡᠭᠲᠡᠶ᠃
      ᠭᠣᠣᠯ ᠮᠥᠷᠡᠨ᠂ ᠨᠠᠭᠤᠷ ᠴᠦᠬᠦᠷᠦᠮ᠎ᠢ ᠵᠠᠰᠠᠬᠤ ᠵᠢᠴᠢ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠰᠠᠪᠠ ᠭᠠᠵᠠᠷ᠎ᠤᠨ ᠶᠡᠷᠦᠩᠬᠡᠢ ᠲᠥᠯᠥᠪᠵᠢᠭᠦᠯᠭᠡ᠎ᠳᠤ ᠨᠡᠶ᠋ᠢᠴᠡᠭᠦᠯᠵᠦ᠂ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠶᠡᠷᠦᠩᠬᠡᠶ᠋ᠢᠯᠡᠨ ᠨᠡᠭᠡᠭᠡᠨ ᠠᠰᠢᠭᠯᠠᠬᠤ᠎ᠲᠠᠢ ᠤᠶᠠᠯᠳᠤᠭᠤᠯᠬᠤ ᠬᠡᠷᠡᠭᠲᠡᠢ᠃
      ᠲᠤᠰ ᠬᠠᠤᠯᠢ᠎ᠳᠤ ᠬᠡᠯᠡᠵᠦ ᠪᠠᠶ᠋ᠢᠭ᠎ᠠ ᠶᠡᠷᠦᠩᠬᠡᠶ ᠲᠥᠯᠥᠪᠵᠢᠭᠦᠯᠭᠡ ᠭᠡᠳᠡᠭ ᠪᠣᠯ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠠ ᠤᠰᠤᠨ᠎ᠤ ᠬᠥᠨᠥᠭᠡᠯ᠎ᠢ ᠰᠡᠷᠭᠡᠶ᠋ᠢᠯᠡᠨ ᠵᠠᠰᠠᠬᠤ ᠶᠡᠷᠦᠩᠬᠡᠶ ᠲᠥᠯᠥᠪᠵᠢᠭᠦᠯᠭᠡ ᠵᠢ ᠵᠢᠭ᠋ᠠᠵᠤ ᠪᠠᠶ᠋ᠢᠨ᠎ᠠ᠃
      ᠲᠠᠪᠤᠳᠤᠭ᠋ᠠᠷ ᠵᠦᠢ᠍ᠯ   ᠦᠶᠡᠷ᠎ᠢ ᠰᠡᠷᠭᠡᠶ᠋ᠢᠯᠡᠬᠦ ᠠᠵᠢᠯ᠎ᠳᠤ ᠰᠠᠪᠠ ᠭᠠᠵᠠᠷ ᠪᠤᠶᠤ ᠣᠷᠣᠨ ᠪᠦᠰᠡ ᠵᠢᠨ ᠶᠣᠰᠣᠭ᠋ᠠᠷ ᠨᠢᠭᠡᠳᠦᠯᠲᠡᠢ ᠲᠥᠯᠥᠪᠵᠢᠭᠦᠯᠬᠦ᠂ ᠱᠠᠳᠤ ᠬᠤᠪᠢᠶᠠᠨ ᠬᠡᠷᠡᠭᠵᠢᠭᠦᠯᠬᠦ ᠪᠠ ᠰᠠᠪᠠ ᠭᠠᠵᠠᠷ᠎ᠤᠨ ᠬᠠᠮᠢᠶᠠᠷᠤᠯᠲᠠ ᠵᠢ ᠵᠠᠰᠠᠭ ᠵᠠᠬᠢᠷᠭ᠋ᠠᠨ᠎ᠤ ᠣᠷᠣᠨ᠎ᠤ ᠬᠠᠮᠢᠶᠠᠷᠤᠯᠲᠠ᠎ᠲᠠᠢ ᠤᠶᠠᠯᠳᠤᠭᠤᠯᠬᠤ ᠲᠦᠷᠢᠮ᠎ᠢ ᠬᠡᠷᠡᠭᠵᠢᠭᠦᠯᠦᠨ᠎ᠡ᠃
      ᠵᠢᠷᠭᠤᠳᠤᠭ᠋ᠠᠷ ᠵᠦᠢ᠍ᠯ   ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠲᠥᠬᠥᠭᠡᠷᠦᠮᠵᠢ ᠵᠢ ᠬᠠᠮᠠᠭ᠋ᠠᠯᠠᠬᠤ ᠪᠠ ᠬᠠᠤᠯᠢ ᠶᠣᠰᠣᠭ᠋ᠠᠷ ᠦᠶᠡᠷ᠎ᠢ ᠰᠡᠷᠭᠡᠶ᠋ᠢᠯᠡᠵᠦ ᠦᠶᠡᠷ᠎ᠲᠠᠢ ᠲᠡᠮᠡᠴᠡᠬᠦ᠎ᠳᠤ ᠣᠷᠣᠯᠴᠠᠬᠤ ᠡᠭᠦᠷᠭᠡ᠎ᠲᠠᠢ᠃
      ᠳᠣᠯᠣᠳᠤᠭ᠋ᠠᠷ ᠵᠦᠢ᠍ᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠦᠶᠡᠷ᠎ᠢ ᠰᠡᠷᠭᠡᠶ᠋ᠢᠯᠡᠬᠦ ᠠᠵᠢᠯ᠎ᠤᠨ ᠨᠢᠭᠡᠳᠦᠯᠲᠡᠢ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠵᠢ ᠵᠣᠬᠢᠶᠠᠨ ᠪᠠᠶ᠋ᠢᠭᠤᠯᠵᠤ᠂ ᠨᠡᠶ᠋ᠢᠭᠡᠮ᠎ᠤᠨ ᠬᠦᠴᠦᠨ᠎ᠢ ᠲᠠᠢ᠍ᠢ᠍ᠴᠢᠯᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠪᠰᠢᠯᠳᠠ᠎ᠳᠤ ᠲᠦᠰᠢᠭᠯᠡᠨ᠂ ᠲᠥᠯᠥᠪᠯᠡᠭᠡ᠎ᠲᠠᠢ᠎ᠪᠠᠷ ᠭᠣᠣᠯ ᠮᠥᠷᠡᠨ᠂ ᠨᠠᠭᠤᠷ ᠴᠦᠬᠦᠷᠦᠮ᠎ᠢ ᠵᠠᠰᠠᠵᠤ᠂ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠶᠡᠷ᠎ᠢ ᠰᠡᠷᠭᠡᠶ᠋ᠢᠯᠡᠬᠦ ᠴᠢᠳᠠᠪᠤᠷᠢ᠎ᠪᠠᠨ ᠪᠡᠬᠢᠵᠢᠭᠦᠯᠦᠨ ᠳᠡᠭᠡᠭᠰᠢᠯᠡᠭᠦᠯᠬᠦ       ᠬᠡᠷᠡᠭᠲᠡᠢ᠃
      ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠵᠢ ᠵᠣᠬᠢᠶᠠᠨ ᠪᠠᠶ᠋ᠢᠭᠤᠯᠵᠤ᠂ ᠨᠡᠶ᠋ᠢᠭᠡᠮ᠎ᠤᠨ ᠬᠦᠴᠦᠨ᠎ᠢ ᠲᠡᠢ᠍ᠢ᠍ᠴᠢᠯᠡᠠ᠂ ᠦᠶᠡᠷ᠎ᠢ ᠰᠡᠷᠭᠡᠶ᠋ᠢᠯᠡᠵᠦ ᠦᠶᠡᠷ᠎ᠲᠠᠢ ᠲᠡᠮᠡᠴᠡᠬᠦ ᠪᠠ ᠦᠶᠡᠷ ᠤᠰᠤᠲᠤᠯ᠎ᠤᠨ ᠭᠠᠮᠰᠢᠭ᠎ᠤᠨ ᠳᠠᠷᠠᠭ᠋ᠠᠬᠢ ᠰᠡᠷᠭᠦᠭᠡᠬᠦ ᠪᠠ ᠠᠪᠤᠷᠠᠨ ᠲᠤᠰᠠᠯᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃
      ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠢ ᠲᠡᠳᠬᠦᠨ ᠳᠡᠮᠵᠢᠬᠦ ᠬᠡᠷᠡᠭᠲᠡᠶ; ᠦᠶᠡᠷ᠎ᠢ ᠲᠣᠭᠲᠠᠭ᠋ᠠᠨ ᠬᠤᠷᠠᠭᠤᠯᠤᠭᠰᠠᠨ᠎ᠤ ᠲᠡᠷᠡᠭ᠎ᠠ᠂ ᠤᠯᠤᠰ᠎ᠤᠨ ᠲᠣᠭᠲᠠᠭ᠋ᠠᠯ ᠶᠣᠰᠣᠭ᠋ᠠᠷ ᠨᠥᠬᠥᠪᠥᠷᠢ ᠥᠭᠬᠦ ᠪᠤᠶᠤ ᠠᠪᠤᠷᠠᠨ ᠲᠤᠰᠠᠯᠠᠬᠤ ᠬᠡᠷᠡᠭᠲᠡᠶ᠃
      ᠨᠠᠢ᠍ᠮᠠᠳᠤᠭ᠋ᠠᠷ ᠵᠦᠢ᠍ᠯ   ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠳᠤᠷᠢᠳᠤᠯᠭ᠎ᠠ ᠵᠢᠨ ᠳᠣᠣᠷ᠎ᠠ᠂ ᠪᠦᠬᠦ ᠤᠯᠤᠰ᠎ᠤᠨ ᠦᠶᠡᠷ᠎ᠢ ᠰᠡᠷᠭᠡᠶ᠋ᠢᠯᠡᠬᠦ ᠠᠵᠢᠯ᠎ᠢ ᠵᠣᠬᠢᠶᠠᠨ ᠪᠠᠶ᠋ᠢᠭᠤᠯᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ᠂ ᠵᠢᠯᠣᠭᠣᠳᠬᠤ ᠵᠡᠷᠭᠡ ᠡᠳᠦᠷ ᠲᠤᠳᠤᠮ᠎ᠤᠨ ᠠᠵᠢᠯ᠎ᠢ ᠬᠠᠷᠢᠭᠤᠴᠠᠨ᠎ᠠ᠃ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠤᠯᠤᠰ᠎ᠠᠴᠠ ᠲᠣᠭᠲᠠᠭ᠋ᠠᠭᠰᠠᠨ ᠴᠢᠬᠤᠯᠠ ᠭᠣᠣᠯ ᠮᠥᠷᠡᠨ᠂ ᠨᠠᠭᠤᠷ ᠴᠦᠬᠦᠷᠦᠮ᠎ᠳᠤ ᠪᠠᠶ᠋ᠢᠭᠤᠯᠤᠭᠰᠠᠨ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠬᠠᠷᠢᠶᠠᠯᠠᠬᠤ ᠬᠡᠪᠴᠢᠶᠡᠨ ᠳᠣᠲᠣᠷ᠎ᠠ᠎ᠪᠠᠨ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠡᠷᠬᠡ ᠣᠯᠭᠣᠭᠰᠠᠨ ᠦᠶᠡᠷ᠎ᠢ ᠰᠡᠷᠭᠡᠶ᠋ᠢᠯᠡᠬᠦ ᠵᠢ ᠵᠣᠬᠢᠴᠠᠭᠤᠯᠬᠤ ᠪᠠ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠵᠢ ᠭᠦᠢ᠍ᠴᠡᠳᠬᠡᠨ᠎ᠡ᠃
      ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠪᠦᠳᠦᠭᠡᠠ ᠪᠠᠶ᠋ᠢᠭᠤᠯᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠣᠯᠪᠣᠭᠳᠠᠯ ᠪᠦᠬᠦᠢ ᠪᠤᠰᠤᠳ ᠰᠠᠯᠠᠭ᠎ᠠ ᠮᠥᠴᠢᠷ᠎ᠤᠳ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠤᠳᠤᠷᠢᠳᠤᠯᠭ᠎ᠠ ᠵᠢᠨ ᠳᠣᠣᠷ᠎ᠠ᠂ ᠲᠤᠰ ᠲᠤᠰ᠎ᠤᠨ ᠵᠶ᠋ᠠᠨ ᠲᠤᠰᠢᠶᠠᠯ ᠬᠠᠷᠢᠭᠤᠴᠠᠯᠭ᠎ᠠ ᠵᠢᠨ ᠶᠣᠰᠣᠭ᠋ᠠᠷ ᠦᠶᠡᠷ᠎ᠢ ᠰᠡᠷᠭᠡᠶ᠋ᠢᠯᠡᠬᠦ ᠬᠣᠯᠪᠣᠭᠳᠠᠯ ᠪᠦᠬᠦᠢ ᠠᠵᠢᠯ᠎ᠢ ᠬᠠᠷᠢᠭᠤᠴᠠᠨ᠎ᠠ᠃
      ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠤᠯᠭ᠎ᠠ ᠵᠢᠨ ᠳᠣᠣᠷ᠎ᠠ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠦᠶᠡᠷ᠎ᠢ ᠰᠡᠷᠭᠡᠶ᠋ᠢᠯᠡᠬᠦ ᠠᠵᠢᠯ᠎ᠢ ᠵᠣᠬᠢᠶᠠᠨ ᠪᠠᠶ᠋ᠢᠭᠤᠯᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ᠂ ᠵᠢᠯᠣᠭᠣᠳᠬᠤ ᠵᠡᠷᠭᠡ ᠡᠳᠦᠷ ᠲᠤᠳᠤᠮ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠪᠦᠳᠦᠭᠡᠠ ᠪᠠᠶ᠋ᠢᠭᠤᠯᠤᠯᠲᠠ ᠵᠢᠨ ᠵᠠᠰᠠᠭ ᠵᠠᠬᠢᠷᠭ᠋ᠠᠨ᠎ᠤ   ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰ ᠱᠠᠲᠤᠨ᠎ᠤ᠎ᠪᠠᠨ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠤᠯᠭ᠎ᠠ ᠵᠢᠨ ᠳᠣᠣᠷ᠎ᠠ᠂ ᠲᠤᠰ ᠲᠤᠰ᠎ᠤᠨ ᠵᠶ᠋ᠠᠨ ᠲᠤᠰᠢᠶᠠᠯ ᠬᠠᠷᠢᠭᠤᠴᠠᠯᠭ᠎ᠠ ᠵᠢᠨ ᠶᠣᠰᠣᠭ᠋ᠠᠷ ᠦᠶᠡᠷ᠎ᠢ ᠰᠡᠷᠭᠡᠶ᠋ᠢᠯᠡᠬᠦ ᠬᠣᠯᠪᠣᠭᠳᠠᠯ ᠪᠦᠬᠦᠢ ᠠᠵᠢᠯ᠎ᠢ ᠬᠠᠷᠢᠭᠤᠴᠠᠨ᠎ᠠ᠃
   
      ᠬᠣᠶᠠᠳᠤᠭ᠋ᠠᠷ ᠪᠦᠯᠦᠭ   ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ
  
      ᠶᠢᠰᠦᠳᠦᠭᠡᠷ ᠵᠦᠢ᠍ᠯ   ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠭᠡᠳᠡᠭ ᠪᠣᠯ ᠶᠠᠮᠠᠷ ᠨᠢᠭᠡᠨ ᠰᠠᠪᠠ ᠭᠠᠵᠠᠷ᠂ ᠭᠣᠣᠯ᠎ᠤᠨ ᠬᠡᠰᠡᠭ ᠪᠤᠶᠤ ᠣᠷᠣᠨ ᠪᠦᠰᠡ ᠵᠢᠨ ᠦᠶᠡᠷ ᠤᠰᠤᠲᠤᠯ᠎ᠤᠨ ᠭᠠᠮᠰᠢᠭ᠎ᠢ ᠰᠡᠷᠭᠡᠶ᠋ᠢᠯᠡᠨ ᠵᠠᠰᠠᠬᠤ ᠵᠢᠨ ᠲᠥᠯᠥᠭᠡ ᠲᠣᠭᠲᠠᠭ᠋ᠠᠭᠰᠠᠨ ᠶᠡᠷᠦᠩᠬᠡᠢ ᠪᠠᠶ᠋ᠢᠷᠢᠯᠠᠭᠤᠯᠤᠯᠲᠠ ᠵᠢ ᠵᠢᠭ᠋ᠠᠵᠤ ᠪᠠᠶ᠋ᠢᠨ᠎ᠠ᠂ ᠡᠭᠦᠨ᠎ᠳᠤ ᠤᠯᠤᠰ᠎ᠠᠴᠠ ᠲᠣᠭᠲᠠᠭ᠋ᠠᠭᠰᠠᠨ ᠴᠢᠬᠤᠯᠠ ᠭᠣᠣᠯ ᠮᠥᠷᠡᠨ᠂ ᠨᠠᠭᠤᠷ ᠴᠦᠬᠦᠷᠦᠮ᠎ᠤᠨ ᠰᠠᠪᠠ ᠭᠠᠵᠠᠷ᠎ᠤᠨ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ᠂ ᠪᠤᠰᠤᠳ ᠭᠣᠣᠯ ᠮᠥᠷᠡᠨ᠂ ᠭᠣᠣᠯ᠎ᠤᠨ ᠬᠡᠰᠡᠭ᠂ ᠨᠠᠭᠤᠷ ᠴᠦᠬᠦᠷᠦᠮ᠎ᠤᠨ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠵᠢᠴᠢ ᠣᠷᠣᠨ ᠪᠦᠰᠡ ᠵᠢᠨ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠪᠠᠭᠲᠠᠨ᠎ᠠ᠃
      ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ᠎ᠨᠢ ᠪᠠᠶ᠋ᠢᠭ᠎ᠠ ᠰᠠᠪᠠ ᠭᠠᠵᠠᠷ᠂ ᠣᠷᠣᠨ ᠪᠦᠰᠡ ᠵᠢᠨ ᠶᠡᠷᠦᠩᠬᠡᠢ ᠲᠥᠯᠥᠪᠵᠢᠭᠦᠯᠭᠡ ᠵᠢ ᠲᠠᠭ᠋ᠠᠬᠤ ᠬᠡᠷᠡᠭᠲᠡᠢ; ᠣᠷᠣᠨ ᠪᠦᠰᠡ ᠵᠢᠨ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ᠎ᠨᠢ ᠪᠠᠶ᠋ᠢᠭ᠎ᠠ ᠰᠠᠪᠠ ᠭᠠᠵᠠᠷ᠎ᠤᠨ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠵᠢ ᠲᠠᠭ᠋ᠠᠬᠤ ᠬᠡᠷᠡᠭᠲᠡᠢ᠃
      ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠪᠣᠯ ᠭᠣᠣᠯ ᠮᠥᠷᠡᠨ᠂ ᠨᠠᠭᠤᠷ ᠴᠦᠬᠦᠷᠦᠮ᠎ᠢ ᠵᠠᠰᠠᠬᠤ ᠪᠠ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢᠨ ᠦᠨᠳᠦᠰᠦᠨ ᠦᠨᠳᠦᠰᠦᠯᠡᠯ ᠮᠥᠨ᠃
      ᠠᠷᠪᠠᠳᠤᠭ᠋ᠠᠷ ᠵᠦᠢ᠍ᠯ   ᠤᠯᠤᠰ᠎ᠠᠴᠠ ᠲᠣᠭᠲᠠᠭ᠋ᠠᠭᠰᠠᠨ ᠴᠢᠬᠤᠯᠠ ᠭᠣᠣᠯ ᠮᠥᠷᠡᠨ᠂ ᠨᠠᠭᠤᠷ ᠴᠦᠬᠦᠷᠦᠮ᠎ᠤᠨ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰ ᠭᠣᠣᠯ ᠮᠥᠷᠡᠨ᠂ ᠨᠠᠭᠤᠷ ᠴᠦᠬᠦᠷᠦᠮ᠎ᠤᠨ ᠰᠠᠪᠠ ᠭᠠᠵᠠᠷ᠎ᠤᠨ ᠶᠡᠷᠦᠩᠬᠡᠢ ᠲᠥᠯᠥᠪᠵᠢᠭᠦᠯᠭᠡ ᠵᠢ ᠦᠨᠳᠦᠰᠦᠯᠡᠨ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠣᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠲᠤᠷᠠᠨ ᠨᠠᠶ᠋ᠢᠷᠠᠭᠤᠯᠤᠨ ᠵᠣᠬᠢᠶᠠᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠵᠦ ᠵᠥᠪᠰᠢᠶᠡᠷᠡᠭᠦᠯᠦᠨ᠎ᠡ᠃
      ᠪᠤᠰᠤᠳ ᠭᠣᠣᠯ ᠮᠥᠷᠡᠨ᠂ ᠭᠣᠣᠯ᠎ᠤᠨ ᠬᠡᠰᠡᠭ᠂ ᠨᠠᠭᠤᠷ ᠴᠦᠬᠦᠷᠦᠮ᠎ᠤᠨ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠪᠤᠶᠤ ᠣᠷᠣᠨ ᠪᠦᠰᠡ ᠵᠢᠨ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠵᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰ ᠲᠤᠰ ᠰᠠᠪᠠ ᠭᠠᠵᠠᠷ᠎ᠤᠨ ᠶᠡᠷᠦᠩᠬᠡᠶ ᠲᠥᠯᠥᠪᠵᠢᠭᠦᠯᠭᠡ᠂ ᠣᠷᠣᠨ ᠪᠦᠰᠡ ᠵᠢᠨ ᠶᠡᠷᠦᠩᠬᠡᠶ ᠲᠥᠯᠥᠪᠵᠢᠭᠦᠯᠭᠡ ᠵᠢ ᠦᠨᠳᠦᠰᠦᠯᠡᠨ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠣᠯᠪᠣᠭᠳᠠᠯ ᠪᠦᠬᠦᠢ ᠭᠠᠵᠠᠷ ᠣᠷᠣᠨ᠎ᠲᠠᠢ ᠬᠠᠮᠲᠤᠷᠠᠨ ᠨᠠᠶ᠋ᠢᠷᠠᠭᠤᠯᠤᠨ ᠵᠣᠬᠢᠶᠠᠵᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠬᠦ ᠵᠢᠨ ᠬᠠᠮᠲᠤ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠤᠨ᠎ᠠ; ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠠᠯᠤᠰᠯᠠᠭᠰᠠᠨ ᠭᠣᠣᠯ ᠮᠥᠷᠡᠨ᠂ ᠭᠣᠣᠯ᠎ᠤᠨ ᠬᠡᠰᠡᠭ᠂ ᠨᠠᠭᠤᠷ ᠴᠦᠬᠦᠷᠦᠮ᠎ᠤᠨ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠵᠢ ᠬᠣᠯᠪᠣᠭᠳᠠᠯ ᠪᠦᠬᠦᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠭᠣᠣᠯ ᠮᠥᠷᠡᠨ᠂ ᠭᠣᠣᠯ᠎ᠤᠨ ᠬᠡᠰᠡᠭ᠂ ᠨᠠᠭᠤᠷ ᠴᠦᠬᠦᠷᠦᠮ᠎ᠤᠨ ᠪᠠᠶ᠋ᠢᠭ᠎ᠠ ᠭᠠᠵᠠᠷ᠎ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠨ᠎ᠠ᠃ ᠬᠣᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠲᠤᠰ ᠲᠤᠰ ᠬᠢᠨᠠᠨ ᠪᠠᠶ᠋ᠢᠴᠠᠭ᠋ᠠᠭ᠋ᠠᠳ ᠰᠠᠨᠠᠯ ᠳᠤᠷᠠᠳᠤᠭᠰᠠᠨ᠎ᠤ ᠳᠠᠷᠠᠭ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠵᠥᠪᠰᠢᠶᠡᠷᠡᠭᠦᠯᠦᠨ᠎ᠡ᠃
      ᠬᠤᠳᠠ ᠵᠢᠨ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠵᠢ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠪᠦᠳᠦᠭᠡᠨ ᠪᠠᠶ᠋ᠢᠭᠤᠯᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠰᠠᠪᠠ ᠭᠠᠵᠠᠷ᠎ᠤᠨ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ᠂ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠪᠦᠰᠡ ᠵᠢᠨ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠵᠢ ᠦᠨᠳᠦᠰᠦᠯᠡᠨ ᠨᠠᠶ᠋ᠢᠷᠠᠭᠤᠯᠤᠨ ᠵᠣᠬᠢᠶᠠᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠭᠰᠠᠨ ᠬᠢᠨᠠᠨ ᠵᠥᠪᠰᠢᠶᠡᠷᠡᠬᠦ ᠵᠢᠷᠤᠮ ᠶᠣᠰᠣᠭ᠋ᠠᠷ ᠵᠥᠪᠰᠢᠶᠡᠷᠡᠭᠦᠯᠦᠭᠰᠡᠨ᠎ᠤ ᠲᠠᠷᠠᠭ᠎ᠠ ᠬᠤᠳᠠ ᠵᠢᠨ ᠶᠡᠷᠦᠩᠬᠡᠢ ᠲᠦᠯᠦᠪᠵᠢᠬᠦᠯᠭᠡ᠎ᠳᠤ ᠤᠷᠤᠭᠤᠯᠤᠨ᠎ᠠ᠃
      ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠬᠤ᠎ᠳᠤ ᠤᠤᠯ᠎ᠤᠨ ᠵᠥᠪᠰᠢᠶᠡᠷᠡᠭᠰᠡᠨ ᠪᠠᠶ᠋ᠢᠭᠤᠯᠭ᠎ᠠ᠎ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃
      ᠠᠷᠪᠠᠨ ᠨᠢᠭᠡᠳᠦᠭᠡᠷ ᠵᠦᠢ᠍ᠯ   ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠠᠭᠠᠨ ᠭᠣᠣᠯᠳᠠᠯᠭ᠎ᠠ ᠵᠢ ᠦᠨᠡᠨ ᠬᠦ᠌ ᠪᠠᠲᠤᠯᠠᠬᠤ᠂ ᠡᠩ᠎ᠤᠨ ᠪᠠᠶ᠋ᠢᠳᠠᠯ᠎ᠢ ᠬᠠᠮᠲᠤ᠎ᠳᠤᠨᠢ ᠬᠠᠷᠠᠭ᠋ᠠᠯᠵᠠᠬᠤ᠂ ᠵᠢᠴᠢ ᠦᠶᠡᠷ᠎ᠢ ᠰᠡᠷᠭᠡᠶ᠋ᠢᠯᠡᠬᠦ ᠪᠠ ᠭᠠᠩ ᠬᠠᠭᠰᠠᠷᠠᠭ᠋ᠠᠨ᠎ᠲᠠᠢ ᠲᠡᠮᠡᠴᠡᠬᠦ ᠵᠢ ᠤᠶᠠᠯᠳᠤᠭᠤᠯᠬᠤ᠂ ᠪᠠᠷᠢᠯᠭ᠎ᠠ ᠵᠢᠨ ᠠᠷᠭ᠎ᠠ ᠬᠡᠮᠵᠢᠶ᠎ᠡ ᠪᠠ ᠪᠠᠷᠢᠯᠭ᠎ᠠ ᠵᠢᠨ ᠪᠤᠰᠤ ᠠᠷᠭ᠎ᠠ ᠬᠡᠮᠵᠢᠶ᠎ᠡ ᠵᠢ ᠤᠶᠠᠯᠳᠤᠭᠤᠯᠬᠤ ᠵᠠᠷᠴᠢᠮ᠎ᠢ ᠵᠢᠷᠤᠮᠯᠠᠵᠤ᠂ ᠦᠶᠡᠷ ᠤᠰᠤᠲᠤᠯ᠎ᠤᠨ ᠵᠢᠮ᠎ᠡ ᠶᠣᠰᠣ ᠪᠣᠯᠤᠨ ᠳᠡᠭᠡᠳᠦ ᠳᠤᠤᠷᠠᠳᠤ ᠤᠷᠤᠰᠬᠠᠯ᠂ ᠵᠡᠭᠦᠨ ᠪᠠᠷᠠᠭᠤᠨ ᠡᠷᠭᠢ ᠵᠢᠨ ᠬᠠᠷᠢᠴᠠᠭ᠎ᠠ ᠵᠢᠴᠢ ᠤᠯᠤᠰ ᠠᠷᠠᠳ᠎ᠤᠨ ᠠᠵᠤ ᠠᠬᠤᠢ ᠵᠢᠨ ᠦᠶᠡᠷ᠎ᠢ ᠰᠡᠷᠭᠡᠶ᠋ᠢᠯᠡᠬᠦ ᠱᠠᠭ᠋ᠠᠷᠳᠠᠯᠭ᠎ᠠ ᠵᠢ ᠭᠦᠢ᠍ᠴᠡᠳ ᠪᠣᠳᠣᠯᠬᠢᠯᠠᠬᠤ ᠬᠡᠷᠡᠭᠲᠡᠢ ᠪᠥᠭᠡᠳ ᠤᠯᠤᠰ᠎ᠤᠨ ᠨᠤᠲᠤᠭ ᠳᠡᠪᠢᠰᠬᠡᠷ᠎ᠤᠨ ᠲᠥᠯᠥᠪᠵᠢᠭᠦᠯᠭᠡ ᠪᠠ ᠭᠠᠵᠠᠷ ᠰᠢᠷᠣᠢ ᠵᠢ ᠠᠰᠢᠭᠯᠠᠬᠤ ᠶᠡᠷᠦᠩᠬᠡᠢ ᠲᠥᠯᠥᠪᠵᠢᠭᠦᠯᠭᠡ᠎ᠲᠠᠢ ᠵᠣᠬᠢᠴᠠᠭᠤᠯᠬᠤ ᠬᠡᠷᠡᠭᠲᠡᠢ᠃
      ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ᠎ᠳᠤ ᠰᠡᠷᠭᠡᠶ᠋ᠢᠯᠡᠨ ᠬᠠᠮᠠᠭ᠋ᠠᠯᠠᠬᠤ ᠡᠲᠡᠭᠡᠳ᠂ ᠵᠠᠰᠠᠬᠤ ᠬᠠᠷᠠᠯᠲᠠ ᠪᠠ ᠡᠭᠦᠷᠭᠡ᠂ ᠦᠶᠡᠷ᠎ᠢ ᠰᠡᠷᠭᠡᠶ᠋ᠢᠯᠡᠬᠦ ᠠᠷᠭ᠎ᠠ ᠬᠡᠮᠵᠢᠶ᠎ᠡ ᠪᠠ ᠬᠡᠷᠡᠭᠵᠢᠭᠦᠯᠬᠦ ᠲᠥᠰᠦᠯ᠎ᠢ ᠲᠣᠭᠲᠠᠭ᠋ᠠᠵᠤ᠂ ᠦᠶᠡᠷᠯᠡᠭᠰᠡᠨ ᠣᠷᠣᠨ᠂ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ ᠪᠠ ᠦᠶᠡᠷ᠎ᠢ ᠰᠡᠷᠭᠡᠶ᠋ᠢᠯᠡᠬᠦ ᠬᠠᠮᠠᠭ᠋ᠠᠯᠠᠯᠲᠠ ᠵᠢᠨ ᠣᠷᠣᠨ᠎ᠤ ᠬᠦᠷᠢᠶ᠎ᠡ ᠬᠡᠪᠴᠢᠶ᠎ᠡ ᠵᠢ ᠵᠠᠭ᠋ᠠᠭᠯᠠᠨ ᠲᠣᠭᠲᠠᠭ᠋ᠠᠵᠤ᠂ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠢ ᠬᠡᠷᠡᠭᠯᠡᠬᠦ ᠵᠠᠷᠴᠢᠮ᠎ᠢ ᠲᠣᠭᠲᠠᠭ᠋ᠠᠬᠤ ᠬᠡᠷᠡᠭᠲᠡᠶ᠃
      ᠠᠷᠪᠠᠨ ᠬᠣᠶᠠᠳᠤᠭ᠋ᠠᠷ ᠵᠦᠢ᠍ᠯ   ᠲᠤᠬᠰᠢᠨ ᠰᠠᠯᠬᠢᠨ᠎ᠤ ᠲᠦᠯᠬᠢᠭᠡᠨ᠎ᠤ ᠰᠦᠷᠳᠡᠭᠦᠯᠦᠯ᠎ᠳᠤ ᠤᠴᠠᠷᠠᠭᠰᠠᠨ ᠲᠠᠯᠠᠢ ᠳᠠᠭ᠋ᠠᠤ ᠣᠷᠣᠨ᠎ᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠲᠤᠬᠰᠢᠨ ᠰᠠᠯᠬᠢᠨ᠎ᠤ ᠲᠦᠯᠬᠢᠭᠡᠨ᠎ᠢ ᠰᠡᠷᠭᠡᠶ᠋ᠢᠯᠡᠬᠦ ᠠᠵᠢᠯ᠎ᠢ ᠲᠤᠰ ᠭᠠᠵᠠᠷ ᠣᠷᠣᠨ᠎ᠤ᠎ᠪᠠᠨ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ᠎ᠳᠡᠭᠡᠨ ᠣᠷᠣᠭᠤᠯᠵᠤ᠂ ᠲᠠᠯᠠᠢ ᠵᠢᠨ ᠳᠠᠯᠠᠩ (ᠲᠠᠯᠠᠢ ᠵᠢᠨ ᠴᠥᠭᠥᠷᠥᠮ)᠂ ᠲᠦᠯᠬᠢᠭᠡᠨ᠎ᠢ ᠬᠣᠷᠢᠭᠯᠠᠬᠤ ᠬᠠᠭ᠋ᠠᠯᠲᠠ ᠪᠠ ᠲᠠᠯᠠᠢ ᠳᠠᠭ᠋ᠠᠤ ᠬᠠᠮᠠᠭ᠋ᠠᠯᠠᠯᠲᠠ ᠵᠢᠨ ᠤᠢ ᠵᠡᠷᠭᠡ ᠲᠤᠬᠰᠢᠨ ᠰᠠᠯᠬᠢᠨ᠎ᠤ ᠲᠦᠯᠬᠢᠭᠡᠨ᠎ᠢ ᠰᠡᠷᠭᠡᠶ᠋ᠢᠯᠡᠬᠦ ᠪᠠᠷᠢᠯᠭ᠎ᠠ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠠᠷᠢᠯᠭ᠎ᠠ ᠵᠢᠨ ᠲᠦᠰᠦᠯ ᠪᠠ ᠠᠵᠢᠯ᠎ᠨᠢ ᠲᠤᠭᠰᠢᠨ ᠰᠠᠯᠬᠢᠨ᠎ᠤ ᠲᠦᠯᠬᠢᠭᠡᠨ᠎ᠠᠴᠠ ᠰᠡᠷᠭᠡᠢ᠌ᠯᠡᠬᠦ ᠱᠠᠭ᠋ᠠᠷᠳᠠᠯᠭ᠎ᠠ᠎ᠳᠤ ᠨᠡᠢ᠌ᠴᠡᠬᠦ ᠡᠰᠡᠬᠦ᠎ᠳᠤ ᠬᠢᠨᠠᠯᠲᠠ ᠲᠠᠯᠪᠢᠬᠤ ᠬᠡᠷᠡᠭᠲᠡᠶ᠃
      ᠠᠷᠪᠠᠨ ᠭᠤᠷᠪᠠᠳᠤᠭ᠋ᠠᠷ ᠵᠦᠢ᠍ᠯ   ᠠᠭᠤᠯᠠᠨ ᠦᠶᠡᠷ᠎ᠨᠢ ᠠᠭᠤᠯᠠ ᠶᠡᠭᠦᠷᠡᠬᠦ᠂ ᠨᠤᠷᠠᠬᠤ ᠪᠠ ᠰᠢᠪᠠᠷ ᠴᠢᠯᠠᠭᠤᠨ᠎ᠤ ᠤᠷᠤᠰᠬᠠᠯ ᠡᠭᠦᠰᠬᠦ ᠭᠠᠵᠠᠷ ᠣᠷᠣᠨ ᠵᠢᠴᠢ ᠪᠤᠰᠤᠳ ᠠᠭᠤᠯᠠᠨ ᠦᠶᠡᠷ ᠣᠯᠠᠨ ᠭᠠᠷᠳᠠᠭ ᠭᠠᠵᠠᠷ ᠣᠷᠣᠨ᠎ᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠢ ᠭᠠᠵᠠᠷ ᠰᠢᠨᠵᠢᠯᠡᠭᠡ ᠠᠭᠤᠷᠬᠠᠶ ᠵᠢᠨ ᠭᠠᠷᠤᠯᠲᠠ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠬᠤ ᠰᠠᠯᠠᠭ᠎ᠠ ᠮᠥᠴᠢᠷ᠂ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠤᠨ ᠠᠭᠤᠯᠠ ᠶᠡᠭᠦᠷᠡᠬᠦ᠂ ᠨᠤᠷᠠᠬᠤ ᠪᠠ ᠰᠢᠪᠠᠷ ᠴᠢᠯᠠᠭᠤᠨ᠎ᠤ ᠤᠷᠤᠰᠬᠠᠯ᠎ᠤᠨ ᠳᠠᠯᠳᠠ ᠭᠡᠮ᠎ᠢ ᠪᠦᠬᠦ ᠲᠠᠯ᠎ᠠ᠎ᠪᠠᠷ ᠪᠠᠶ᠋ᠢᠴᠠᠭ᠋ᠠᠵᠤ᠂ ᠭᠣᠣᠯᠳᠠᠯᠭ᠎ᠠ᠎ᠲᠠᠢ ᠰᠡᠷᠭᠡᠶ᠋ᠢᠯᠡᠨ ᠵᠠᠰᠠᠬᠤ ᠣᠷᠣᠨ᠎ᠢ ᠵᠠᠭ᠋ᠠᠭᠯᠠᠨ ᠲᠣᠭᠲᠠᠭ᠋ᠠᠵᠤ᠂ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃
      ᠬᠤᠳᠠ᠂ ᠭᠠᠴᠠᠭ᠎ᠠ ᠪᠠᠯᠭ᠋ᠠᠰᠤ ᠪᠠ ᠰᠠᠭᠤᠭ᠋ᠠᠯᠢ ᠠᠷᠠᠳ᠎ᠤᠨ ᠪᠤᠰᠤᠳ ᠴᠡᠭ ᠵᠢᠴᠢ ᠦᠢ᠍ᠯᠡᠳᠪᠦᠷᠢ᠂       ᠠᠭᠤᠷᠬᠠᠶ᠂ ᠲᠡᠮᠦᠷ ᠵᠡᠮ ᠪᠠ ᠵᠠᠰᠠᠮᠠᠯ ᠵᠡᠮ᠎ᠤᠨ ᠭᠣᠣᠯ ᠱᠤᠭᠤᠮ᠎ᠤᠨ ᠪᠠᠶ᠋ᠢᠷᠢᠯᠠᠭᠤᠯᠤᠯᠲᠠ᠎ᠨᠢ ᠠᠭᠤᠯᠠᠨ ᠦᠶᠡᠷ᠎ᠤᠨ ᠰᠦᠷᠳᠡᠭᠦᠯᠦᠯ᠎ᠠᠴᠠ ᠵᠠᠶ᠋ᠢᠯᠠᠬᠤ ᠬᠡᠷᠡᠭᠲᠡᠶ; ᠨᠢᠭᠡᠨᠲᠡ ᠠᠭᠤᠯᠠᠨ ᠦᠶᠡᠷ᠎ᠤᠨ ᠰᠦᠷᠳᠡᠭᠦᠯᠦᠯ᠎ᠳᠤ ᠤᠴᠠᠷᠠᠭᠰᠠᠨ ᠭᠠᠵᠠᠷ᠎ᠲᠤ ᠪᠠᠶ᠋ᠢᠭᠤᠯᠤᠭᠰᠠᠨ ᠪᠠᠶ᠋ᠢᠪᠠᠯ᠂ ᠰᠡᠷᠭᠡᠶ᠋ᠢᠯᠡᠯᠲᠡ ᠵᠢᠨ ᠠᠷᠭ᠎ᠠ ᠬᠡᠮᠵᠢᠶ᠎ᠡ ᠠᠪᠬᠤ ᠬᠡᠷᠡᠭᠲᠡᠶ᠃
      ᠠᠷᠪᠠᠨ ᠳᠥᠷᠪᠡᠳᠦᠭᠡᠷ ᠵᠦᠢ᠍ᠯ   ᠲᠠᠯ᠎ᠠ ᠭᠠᠵᠠᠷ᠂ ᠬᠤᠩᠬᠤᠷ ᠭᠠᠵᠠᠷ᠂ ᠤᠰᠤᠨ ᠲᠣᠣᠷ᠎ᠤᠨ ᠬᠠᠰᠢᠯᠭ᠋ᠠᠳᠤ ᠤᠷᠤᠨ᠂ ᠠᠭᠤᠯᠠᠨ ᠬᠥᠨᠳᠡᠢ᠂ ᠬᠣᠲᠣᠭᠣᠷ ᠭᠠᠵᠠᠷ ᠵᠡᠷᠭᠡ ᠠᠮᠠᠷᠬᠠᠨ ᠤᠰᠤᠲᠤᠬᠤ ᠭᠠᠵᠠᠷ ᠣᠷᠣᠨ᠎ᠤ ᠬᠣᠯᠪᠣᠭᠳᠠᠯ ᠪᠦᠬᠦᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠤᠰᠤᠲᠤᠯ᠎ᠢ ᠠᠷᠢᠯᠭ᠋ᠠᠨ ᠤᠰᠤᠲᠤᠯ᠎ᠢ ᠵᠠᠰᠠᠬᠤ ᠲᠥᠯᠥᠪᠵᠢᠭᠦᠯᠭᠡ ᠲᠣᠭᠲᠠᠭ᠋ᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠵᠢ ᠵᠣᠬᠢᠶᠠᠨ ᠪᠠᠶ᠋ᠢᠭᠤᠯᠤᠨ ᠵᠣᠬᠢᠴᠠᠩᠭᠤᠢ ᠵᠠᠰᠠᠬᠤ ᠠᠷᠭ᠎ᠠ ᠬᠡᠮᠵᠢᠶ᠎ᠡ ᠠᠪᠴᠤ᠂ ᠤᠰᠤ ᠵᠠᠯᠠᠬᠤ ᠰᠢᠰᠲ᠋ᠧᠮ᠎ᠢ ᠲᠡᠭᠦᠯᠳᠡᠷᠵᠢᠭᠦᠯᠵᠦ᠂ ᠤᠰᠤᠲᠤᠯ᠎ᠳᠤ ᠲᠡᠰᠪᠦᠷᠢᠲᠡᠢ ᠲᠠᠷᠢᠮᠠᠯ᠎ᠤᠨ ᠲᠦᠷᠦᠯ ᠵᠦᠢ᠍ᠯ ᠪᠠ ᠡᠭᠦᠯᠳᠡᠷ᠎ᠢ ᠬᠥᠭᠵᠢᠭᠦᠯᠵᠦ᠂ ᠦᠶᠡᠷ ᠤᠰᠤᠲᠤᠯ᠂ ᠭᠠᠩ ᠬᠠᠭᠰᠠᠷᠠᠭ᠋ᠠᠨ᠂ ᠬᠤᠵᠢᠷ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠥᠷᠨᠢᠭᠦᠯᠬᠦ ᠬᠡᠷᠡᠭᠲᠡᠢ᠃
      ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠤᠳᠠ ᠵᠢᠨ ᠲᠣᠭᠣᠷᠢᠭ᠎ᠤᠨ ᠦᠶᠡᠷ ᠤᠰᠤᠲᠤᠯ᠎ᠢ ᠵᠠᠯᠠᠬᠤ ᠬᠣᠭᠣᠯᠠᠶ ᠵᠢᠨ ᠲᠣᠣᠷ᠂ ᠬᠥᠭᠡᠷᠭᠡ ᠵᠢᠨ ᠤᠢ᠍ᠷᠳᠡᠭᠡ ᠵᠢᠨ ᠪᠦᠳᠦᠭᠡᠠ ᠪᠠᠶ᠋ᠢᠭᠤᠯᠤᠯᠲᠠ ᠪᠠ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠶ᠃
      ᠠᠷᠪᠠᠨ ᠲᠠᠪᠤᠳᠤᠭ᠋ᠠᠷ ᠵᠦᠢ᠍ᠯ   ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠲᠤᠷᠠᠵᠤ ᠪᠠᠶ᠋ᠢᠭ᠋ᠠᠳ ᠬᠥᠬᠡᠮᠥ᠋ᠷᠡᠨ᠂ ᠬᠠᠳᠤᠨ ᠭᠣᠣᠯ᠂ ᠵᠦᠵᠢᠶᠠᠩ ᠮᠥᠷᠡᠨ᠂ ᠯᠢᠶᠣᠤᠾᠧ ᠭᠣᠣᠯ᠂ ᠬᠤᠸᠠᠢ ᠾᠧ ᠭᠣᠣᠯ᠂ ᠬᠠᠢ᠌ᠾᠸ ᠭᠣᠣᠯ᠎ᠤᠨ ᠳᠠᠯᠠᠢ᠎ᠳᠤ ᠴᠢᠳᠬᠤᠬᠤ ᠭᠣᠣᠯ᠎ᠤᠨ ᠠᠮᠠ ᠵᠢ ᠵᠠᠰᠠᠬᠤ ᠲᠥᠯᠥᠪᠵᠢᠭᠦᠯᠭᠡ ᠵᠢ ᠲᠣᠭᠲᠠᠭ᠋ᠠᠬᠤ ᠬᠡᠷᠡᠭᠲᠡᠶ᠃
      ᠡᠮᠦᠨᠡᠬᠢ ᠪᠠᠳᠠᠭ᠎ᠲᠤ ᠳᠤᠷᠠᠳᠤᠭᠰᠠᠨ ᠲᠡᠯᠡᠢ᠎ᠳᠤ ᠴᠢᠳᠬᠤᠬᠤ ᠭᠣᠣᠯ᠎ᠤᠨ ᠠᠮᠠ᠎ᠳᠤ ᠲᠡᠯᠡᠢ ᠵᠢ ᠬᠦᠷᠢᠶᠡᠯᠡᠨ ᠲᠠᠷᠢᠶᠠᠨ ᠭᠠᠵᠠᠷ ᠭᠠᠷᠭ᠋ᠠᠬᠤ᠎ᠳᠠᠭᠠᠨ ᠭᠣᠣᠯ᠎ᠤᠨ ᠠᠮᠠ ᠵᠢ ᠵᠠᠰᠠᠬᠤ ᠲᠥᠯᠥᠪᠵᠢᠭᠦᠯᠭᠡ᠎ᠳᠤ ᠨᠡᠶ᠋ᠢᠴᠡᠭᠦᠯᠬᠦ ᠬᠡᠷᠡᠭᠲᠡᠶ᠃
      ᠠᠷᠪᠠᠨ ᠵᠢᠷᠭᠤᠳᠤᠭ᠋ᠠᠷ ᠵᠦᠢ᠍ᠯ   ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ᠎ᠳᠤ ᠲᠣᠭᠲᠠᠭ᠋ᠠᠭᠰᠠᠨ ᠭᠣᠣᠯ᠎ᠤᠨ ᠵᠠᠮ᠎ᠢ ᠵᠠᠰᠠᠬᠤ ᠲᠥᠯᠥᠪᠯᠡᠭᠡ᠎ᠳᠤ ᠬᠡᠷᠡᠭᠯᠡᠬᠦ ᠭᠠᠵᠠᠷ ᠪᠣᠯᠤᠨ ᠲᠥᠯᠥᠪᠵᠢᠭᠦᠯᠦᠨ ᠪᠦᠳᠦᠭᠡᠨ ᠪᠠᠶ᠋ᠢᠭᠤᠯᠤᠭᠰᠠᠨ ᠬᠠᠰᠢᠯᠭ᠎ᠠ ᠳᠠᠯᠠᠩ᠎ᠳᠤ ᠬᠡᠷᠡᠭᠯᠡᠬᠦ ᠭᠠᠵᠠᠷ᠎ᠤᠨ ᠬᠡᠪᠴᠢᠶᠡᠨ ᠳᠣᠲᠣᠷᠠᠬᠢ ᠭᠠᠵᠠᠷ ᠰᠢᠷᠣᠢ ᠵᠢ ᠭᠠᠵᠠᠷ ᠰᠢᠷᠣᠢ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠤᠨ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠭᠠᠵᠠᠷ ᠣᠷᠣᠨ᠎ᠲᠠᠢ ᠬᠠᠮᠲᠤᠷᠠᠨ ᠬᠢᠨᠠᠨ ᠲᠣᠭᠲᠠᠭ᠋ᠠᠵᠤ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠶᠣᠰᠣᠭ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠲᠥᠯᠥᠪᠵᠢᠭᠦᠯᠭᠡ ᠵᠢᠨ ᠦᠯᠡᠳᠡᠭᠡᠬᠦ ᠣᠷᠣᠨ ᠪᠣᠯᠭ᠋ᠠᠨ ᠵᠠᠭ᠋ᠠᠭᠯᠠᠨ ᠲᠣᠭᠲᠠᠭ᠋ᠠᠵᠤ ᠪᠣᠯᠤᠨ᠎ᠠ; ᠲᠤᠰ ᠲᠥᠯᠥᠪᠵᠢᠭᠦᠯᠭᠡ ᠵᠢᠨ ᠦᠯᠡᠳᠡᠭᠡᠬᠦ ᠣᠷᠣᠨ᠎ᠤ ᠬᠡᠪᠴᠢᠶᠡᠨ᠎ᠳᠠᠬᠢ ᠭᠠᠵᠠᠷ ᠰᠢᠷᠣᠶ᠎ᠨᠢ ᠪᠤᠰᠤᠳ ᠵᠦᠢ᠍ᠯᠡᠰ᠎ᠲᠤ ᠬᠡᠷᠡᠭᠯᠡᠬᠦ ᠭᠠᠵᠠᠷ᠎ᠲᠤ ᠬᠣᠯᠪᠣᠭᠳᠠᠪᠠᠯ᠂ ᠬᠣᠯᠪᠣᠭᠳᠠᠯ ᠪᠦᠬᠦᠢ ᠭᠠᠵᠠᠷ ᠰᠢᠷᠣᠶ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ ᠪᠠ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠲᠣᠭᠲᠠᠭ᠋ᠠᠬᠤ᠎ᠳᠠᠭᠠᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠬᠡᠷᠡᠭᠲᠡᠶ᠃
      ᠲᠥᠯᠥᠪᠵᠢᠭᠦᠯᠭᠡ ᠵᠢᠨ ᠦᠯᠡᠳᠡᠭᠡᠬᠦ ᠣᠷᠣᠨ᠎ᠢ ᠡᠮᠦᠨᠡᠬᠢ ᠪᠠᠳᠠᠭ᠎ᠤᠨ ᠲᠣᠭᠲᠠᠭ᠋ᠠᠯ ᠶᠣᠰᠣᠭ᠋ᠠᠷ ᠵᠠᠭ᠋ᠠᠭᠯᠠᠨ ᠲᠣᠭᠲᠠᠭ᠋ᠠᠭᠰᠠᠨ᠎ᠤ ᠳᠠᠷᠠᠭ᠎ᠠ ᠵᠠᠷᠯᠠᠨ ᠨᠡᠶ᠋ᠢᠲᠡᠯᠡᠬᠦ ᠬᠡᠷᠡᠭᠲᠡᠶ᠃
      ᠡᠮᠦᠨᠡᠬᠢ ᠪᠠᠳᠠᠭ᠎ᠤᠨ ᠲᠥᠯᠥᠪᠵᠢᠭᠦᠯᠭᠡ ᠵᠢᠨ ᠦᠯᠡᠳᠡᠭᠡᠬᠦ ᠣᠷᠣᠨ᠎ᠳᠤ ᠦᠶᠡᠷ᠎ᠢ ᠰᠡᠷᠭᠡᠶ᠋ᠢᠯᠡᠬᠦ᠎ᠲᠠᠢ ᠬᠣᠯᠪᠣᠭᠳᠠᠯ ᠦᠭᠡᠢ ᠦᠢ᠍ᠯᠡᠳᠪᠦᠷᠢ ᠠᠭᠤᠷᠬᠠᠢ ᠵᠢᠨ ᠪᠠᠷᠢᠯᠭ᠎ᠠ ᠵᠢᠨ ᠲᠥᠬᠥᠭᠡᠷᠦᠮᠵᠢ ᠵᠢ ᠪᠠᠶ᠋ᠢᠭᠤᠯᠵᠤ ᠪᠣᠯᠬᠤ ᠦᠭᠡᠢ; ᠣᠨᠴᠠᠭ᠋ᠠᠶ ᠪᠠᠶ᠋ᠢᠳᠠᠯ᠎ᠤᠨ ᠳᠣᠣᠷ᠎ᠠ᠂ ᠤᠯᠤᠰ᠎ᠤᠨ ᠦᠢ᠍ᠯᠡᠳᠪᠦᠷᠢ ᠠᠭᠤᠷᠬᠠᠶ ᠵᠢᠨ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠲᠤ ᠡᠮᠦᠨᠡᠬᠢ ᠪᠠᠳᠠᠭ᠎ᠤᠨ ᠲᠥᠯᠥᠪᠵᠢᠭᠦᠯᠭᠡ ᠵᠢᠨ ᠦᠯᠡᠳᠡᠭᠡᠬᠦ ᠣᠷᠣᠨ᠎ᠤ ᠳᠣᠲᠣᠷᠠᠬᠢ ᠭᠠᠵᠠᠷ ᠰᠢᠷᠣᠶ ᠵᠢ   ᠦᠨᠡᠨ ᠬᠦ᠌ ᠡᠵᠡᠯᠡᠨ ᠬᠡᠷᠡᠭᠯᠡᠬᠦ ᠴᠢᠬᠤᠯᠠᠲᠠᠶ ᠪᠠᠶ᠋ᠢᠪᠠᠯ᠂ ᠤᠯᠤᠰ᠎ᠠᠴᠠ ᠲᠣᠭᠲᠠᠭ᠋ᠠᠭᠰᠠᠨ ᠦᠨᠳᠦᠰᠦᠨ ᠪᠦᠳᠦᠭᠡᠨ ᠪᠠᠶ᠋ᠢᠭᠤᠯᠤᠯᠲᠠ ᠵᠢᠨ ᠵᠢᠷᠤᠮ ᠶᠣᠰᠣᠭ᠋ᠠᠷ ᠮᠡᠳᠡᠭᠦᠯᠦᠨ ᠵᠥᠪᠰᠢᠶᠡᠷᠡᠭᠦᠯᠬᠦ ᠵᠢᠨ ᠬᠠᠮᠲᠤ ᠬᠣᠯᠪᠣᠭᠳᠠᠯ ᠪᠦᠬᠦᠢ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠬᠡᠷᠡᠭᠲᠡᠶ᠃
      ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ᠎ᠳᠤ ᠲᠣᠭᠲᠠᠭ᠋ᠠᠭᠰᠠᠨ ᠥᠷᠭᠡᠳᠬᠡᠭᠰᠡᠨ ᠪᠤᠶᠤ ᠨᠡᠭᠡᠭᠡᠭᠰᠡᠨ ᠬᠥᠮᠦᠨ᠎ᠤ ᠬᠦᠴᠦ᠎ᠪᠠᠷ ᠦᠶᠡᠷ ᠵᠠᠯᠠᠬᠤ ᠵᠠᠮ᠎ᠤᠨ ᠬᠡᠷᠡᠭᠯᠡᠬᠦ ᠭᠠᠵᠠᠷ᠎ᠤᠨ ᠬᠡᠪᠴᠢᠶᠡᠨ᠎ᠳᠠᠬᠢ ᠭᠠᠵᠠᠷ ᠰᠢᠷᠣᠶ ᠵᠢ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ ᠰᠢᠷᠣᠶ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠤᠨ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠭᠠᠵᠠᠷ ᠣᠷᠣᠨ᠎ᠲᠠᠢ ᠬᠠᠮᠲᠤᠷᠠᠨ ᠬᠢᠨᠠᠨ ᠲᠣᠭᠲᠠᠭ᠋ᠠᠭ᠋ᠠᠳ᠂ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠶᠣᠰᠣᠭ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠲᠥᠯᠥᠪᠵᠢᠭᠦᠯᠭᠡ ᠵᠢᠨ ᠦᠯᠡᠳᠡᠭᠡᠬᠦ ᠣᠷᠣᠨ ᠪᠣᠯᠭ᠋ᠠᠨ ᠵᠠᠭ᠋ᠠᠭᠯᠠᠨ ᠲᠣᠭᠲᠠᠭ᠋ᠠᠵᠤ ᠪᠣᠯᠤᠨ᠎ᠠ᠂ ᠡᠭᠦᠨ᠎ᠳᠤ ᠡᠮᠦᠨᠡᠬᠢ ᠪᠠᠳᠠᠭ᠎ᠤᠨ ᠲᠤᠭᠳᠠᠭ᠋ᠠᠯ᠎ᠢ ᠲᠤᠬᠢᠷᠠᠭᠤᠯᠤᠨ ᠬᠡᠷᠡᠭᠯᠡᠨ᠎ᠡ᠃
      ᠠᠷᠪᠠᠨ ᠳᠣᠯᠣᠳᠤᠭ᠋ᠠᠷ ᠵᠦᠢ᠍ᠯ   ᠭᠣᠣᠯ ᠮᠥᠷᠡᠨ᠂ ᠨᠠᠭᠤᠷ ᠴᠦᠬᠦᠷᠦᠮ ᠳᠡᠭᠡᠷ᠎ᠡ ᠦᠶᠡᠷ᠎ᠢ ᠰᠡᠷᠭᠡᠶ᠋ᠢᠯᠡᠬᠦ ᠪᠠᠷᠢᠯᠭ᠎ᠠ ᠪᠠ ᠪᠤᠰᠤᠳ ᠤᠰᠤᠨ᠎ᠤ ᠪᠠᠷᠢᠯᠭ᠎ᠠ᠂ ᠤᠰᠤᠨ ᠴᠠᠬᠢᠯᠭ᠋ᠠᠨ᠎ᠤ ᠦᠷᠳᠡᠭᠡ ᠵᠡᠷᠭᠡ ᠵᠢ ᠪᠠᠶ᠋ᠢᠭᠤᠯᠬᠤ᠎ᠳᠠᠭᠠᠨ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠵᠢᠨ ᠱᠠᠭ᠋ᠠᠷᠳᠠᠯᠭ᠎ᠠ᠎ᠳᠤ ᠨᠡᠶ᠋ᠢᠴᠡᠭᠦᠯᠬᠦ ᠬᠡᠷᠡᠭᠲᠡᠢ; ᠴᠥᠭᠥᠷᠥᠮ᠎ᠨᠢ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠵᠢᠨ ᠱᠠᠭ᠋ᠠᠷᠳᠠᠯᠭ᠎ᠠ ᠶᠣᠰᠣᠭ᠋ᠠᠷ ᠦᠶᠡᠷ᠎ᠢ ᠰᠡᠷᠭᠡᠶ᠋ᠢᠯᠡᠬᠦ ᠴᠥᠭᠥᠷᠥᠮ᠎ᠤᠨ ᠪᠠᠭᠲᠠᠭ᠋ᠠᠮᠵᠢ ᠵᠢ ᠭᠦᠢ᠍ᠴᠡᠳ ᠦᠯᠡᠳᠡᠭᠡᠬᠦ ᠬᠡᠷᠡᠭᠲᠡᠢ᠃
      ᠡᠮᠦᠨᠡᠬᠢ ᠪᠠᠳᠠᠭ᠎ᠲᠤ ᠲᠣᠭᠲᠠᠭ᠋ᠠᠭᠰᠠᠨ ᠦᠶᠡᠷ᠎ᠢ ᠰᠡᠷᠭᠡᠶ᠋ᠢᠯᠡᠬᠦ ᠪᠠᠷᠢᠯᠭ᠎ᠠ ᠪᠠ ᠪᠤᠰᠤᠳ ᠤᠰᠤᠨ᠎ᠤ ᠪᠠᠷᠢᠯᠭ᠎ᠠ᠂ ᠤᠰᠤᠨ ᠴᠠᠬᠢᠯᠭ᠋ᠠᠨ ᠦᠷᠲᠡᠭᠡ᠎ᠨᠢ ᠬᠣᠯᠪᠣᠭᠳᠠᠯ ᠪᠦᠬᠦᠢ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠭᠠᠷ᠎ᠤᠨ ᠦᠰᠦᠭ ᠵᠢᠷᠤᠭᠰᠠᠨ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠲᠥᠯᠥᠪᠵᠢᠭᠦᠯᠭᠡ ᠵᠢᠨ ᠵᠥᠪᠰᠢᠶᠡᠷᠡᠯ᠎ᠤᠨ ᠪᠢᠴᠢᠭ᠎ᠢ ᠣᠯᠤᠭᠰᠠᠨ ᠦᠭᠡᠢ ᠪᠠᠶ᠋ᠢᠪᠠᠯ᠂ ᠪᠦᠲᠦᠭᠡᠨ ᠪᠠᠶ᠋ᠢᠭᠤᠯᠬᠤ ᠨᠢᠭᠡᠴᠢ᠎ᠨᠢ ᠪᠠᠷᠢᠯᠭ᠎ᠠ ᠡᠬᠢᠯᠡᠭᠦᠯᠵᠦ ᠪᠦᠲᠦᠭᠡᠨ ᠪᠠᠶ᠋ᠢᠭᠤᠯᠵᠤ ᠪᠣᠯᠬᠤ ᠦᠭᠡᠢ᠃
   
      ᠭᠤᠷᠪᠠᠳᠤᠭ᠋ᠠᠷ ᠪᠦᠯᠦᠭ   ᠵᠠᠰᠠᠬᠤ ᠪᠠ ᠰᠡᠷᠭᠡᠶ᠋ᠢᠯᠡᠨ ᠬᠠᠮᠠᠭ᠋ᠠᠯᠠᠬᠤ
   
      ᠠᠷᠪᠠᠨ ᠨᠠᠢ᠍ᠮᠠᠳᠤᠭ᠋ᠠᠷ ᠵᠦᠢ᠍ᠯ   ᠭᠣᠣᠯ ᠮᠥᠷᠡᠨ᠎ᠤ ᠦᠶᠡᠷ᠎ᠢ ᠰᠡᠷᠭᠡᠶ᠋ᠢᠯᠡᠨ ᠵᠠᠰᠠᠬᠤ᠎ᠳᠤ ᠬᠤᠷᠠᠭᠤᠯᠬᠤ ᠪᠠ ᠵᠠᠯᠠᠬᠤ ᠵᠢ ᠬᠣᠣᠰᠯᠠᠭᠤᠯᠵᠤ᠂ ᠭᠣᠣᠯ᠎ᠤᠨ ᠵᠠᠮ᠎ᠤᠨ ᠦᠶᠡᠷ ᠶᠠᠪᠤᠭᠤᠯᠬᠤ ᠴᠢᠳᠠᠪᠤᠷᠢ ᠪᠠ ᠴᠥᠭᠥᠷᠥᠮ᠂ ᠬᠣᠲᠣᠭᠣᠷ ᠭᠠᠵᠠᠷ᠂ ᠨᠠᠭᠤᠷ ᠴᠦᠬᠦᠷᠦᠮ᠎ᠤᠨ ᠦᠶᠡᠷ᠎ᠤᠨ ᠤᠰᠤ ᠵᠢ ᠲᠣᠬᠢᠷᠠᠭᠤᠯᠤᠨ ᠬᠠᠳᠠᠭ᠋ᠠᠯᠠᠬᠤ ᠴᠢᠳᠠᠮᠵᠢ ᠵᠢ ᠭᠦᠢ᠍ᠴᠡᠳ ᠪᠠᠳᠠᠷᠠᠭᠤᠯᠵᠤ᠂ ᠭᠣᠣᠯ᠎ᠤᠨ ᠵᠠᠮ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠲᠣᠭᠲᠠᠮᠠᠯ ᠬᠤᠭᠤᠴᠠᠭ᠎ᠠ᠎ᠲᠠᠢ᠎ᠪᠠᠷ ᠬᠤᠷᠠᠭᠰᠠᠨ᠎ᠢ ᠠᠷᠢᠯᠭ᠋ᠠᠨ ᠯᠠᠶ᠋ᠢᠳᠠᠬᠤ ᠵᠡᠷᠭᠡ ᠠᠷᠭ᠎ᠠ ᠬᠡᠮᠵᠢᠶ᠎ᠡ ᠵᠢ ᠠᠪᠴᠤ᠂ ᠦᠶᠡᠷ᠎ᠤᠨ ᠤᠷᠤᠰᠬᠠᠯ᠎ᠤᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠬᠡᠷᠡᠭᠲᠡᠶ᠃
      ᠭᠣᠣᠯ ᠮᠥᠷᠡᠨ᠎ᠤ ᠦᠶᠡᠷ᠎ᠢ ᠰᠡᠷᠭᠡᠶ᠋ᠢᠯᠡᠨ ᠵᠠᠰᠠᠬᠤ᠎ᠳᠤ ᠰᠠᠪᠠ ᠭᠠᠵᠠᠷ᠎ᠤᠨ ᠤᠢ ᠰᠢᠭᠤᠶ ᠡᠪᠡᠰᠦ ᠤᠷᠭᠤᠮᠠᠯ᠎ᠤᠨ ᠬᠤᠴᠢᠯᠭ᠎ᠠ ᠵᠢ ᠬᠠᠮᠠᠭ᠋ᠠᠯᠠᠨ ᠥᠷᠭᠡᠳᠬᠡᠵᠦ᠂ ᠤᠰᠤᠨ᠎ᠤ ᠰᠤᠷᠪᠤᠯᠵᠢ ᠵᠢ ᠬᠠᠳᠠᠭ᠋ᠠᠯᠠᠵᠤ᠂ ᠰᠠᠪᠠ ᠭᠠᠵᠠᠷ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠶᠡᠷᠦᠩᠬᠡᠶ᠋ᠢᠯᠡᠨ ᠵᠠᠰᠠᠬᠤ ᠠᠵᠢᠯ᠎ᠢ ᠴᠢᠩᠭ᠋ᠠᠳᠬᠠᠬᠤ ᠬᠡᠷᠡᠭᠲᠡᠶ᠃
      ᠠᠷᠪᠠ ᠶᠢᠰᠦᠳᠦᠭᠡᠷ ᠵᠦᠢ᠍ᠯ   ᠭᠣᠣᠯ᠎ᠤᠨ ᠵᠠᠮ᠎ᠢ ᠵᠠᠰᠠᠬᠤ ᠪᠠ ᠭᠣᠣᠯ᠎ᠤᠨ ᠤᠰᠤᠨ᠎ᠤ ᠤᠷᠤᠰᠬᠠᠯ᠎ᠤᠨ ᠴᠢᠭᠯᠡᠯ᠎ᠢ ᠡᠵᠡᠮᠳᠡᠨ ᠵᠢᠯᠣᠭᠣᠳᠬᠤ᠂ ᠬᠠᠰᠢᠯᠭ᠎ᠠ ᠳᠠᠯᠠᠩ᠎ᠢ ᠬᠠᠮᠠᠭ᠋ᠠᠯᠠᠬᠤ ᠵᠡᠷᠭᠡ ᠪᠠᠷᠢᠯᠭ᠎ᠠ ᠵᠢ ᠪᠠᠶ᠋ᠢᠭᠤᠯᠬᠤ᠎ᠳᠠᠭᠠᠨ ᠳᠡᠭᠡᠳᠦ ᠳᠤᠤᠷᠠᠳᠤ ᠤᠷᠤᠰᠬᠠᠯ᠂ ᠵᠡᠭᠦᠨ ᠪᠠᠷᠠᠭᠤᠨ ᠡᠷᠭᠢ ᠵᠢᠨ ᠬᠠᠷᠢᠴᠠᠭ᠎ᠠ ᠵᠢ ᠬᠠᠮᠲᠤ᠎ᠳᠤᠨᠢ ᠬᠠᠷᠠᠭ᠋ᠠᠯᠵᠠᠵᠤ᠂ ᠲᠥᠯᠥᠪᠵᠢᠭᠦᠯᠭᠡ ᠵᠢᠨ ᠵᠠᠰᠠᠵᠤ ᠵᠠᠯᠠᠬᠤ ᠱᠤᠭᠤᠮ ᠶᠣᠰᠣᠭ᠋ᠠᠷ ᠬᠡᠷᠡᠭᠵᠢᠭᠦᠯᠬᠦ ᠬᠡᠷᠡᠭᠲᠡᠢ᠂ ᠭᠣᠣᠯ᠎ᠤᠨ ᠤᠰᠤᠨ᠎ᠤ ᠤᠷᠤᠰᠬᠠᠯ᠎ᠤᠨ ᠴᠢᠭᠯᠡᠯ᠎ᠢ ᠳᠤᠷ᠎ᠠ᠎ᠪᠠᠷ ᠵᠶ᠋ᠠᠨ ᠬᠤᠪᠢᠷᠠᠭᠤᠯᠵᠤ ᠪᠣᠯᠬᠤ ᠦᠭᠡᠢ᠃
      ᠤᠯᠤᠰ᠎ᠠᠴᠠ ᠲᠣᠭᠲᠠᠭ᠋ᠠᠭᠰᠠᠨ ᠴᠢᠬᠤᠯᠠ ᠭᠣᠣᠯ ᠮᠥᠷᠡᠨ᠎ᠤ ᠲᠥᠯᠥᠪᠵᠢᠭᠦᠯᠭᠡ ᠵᠢᠨ ᠵᠠᠰᠠᠵᠤ ᠵᠠᠯᠠᠬᠤ ᠱᠤᠭᠤᠮ᠎ᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠲᠤᠭᠤᠷᠪᠢᠨ ᠲᠣᠭᠲᠠᠭ᠋ᠠᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠵᠥᠪᠰᠢᠶᠡᠷᠡᠭᠦᠯᠦᠨ᠎ᠡ᠃
      ᠪᠤᠰᠤᠳ ᠭᠣᠣᠯ ᠮᠥᠷᠡᠨ᠂ ᠭᠣᠣᠯ᠎ᠤᠨ ᠬᠡᠰᠡᠭ᠎ᠤᠨ ᠲᠥᠯᠥᠪᠵᠢᠭᠦᠯᠭᠡ ᠵᠢᠨ ᠵᠠᠰᠠᠵᠤ ᠵᠠᠯᠠᠬᠤ ᠱᠤᠭᠤᠮ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠭᠤᠷᠪᠢᠨ ᠲᠣᠭᠲᠠᠭ᠋ᠠᠵᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠬᠦᠯᠵᠦ ᠵᠦᠪᠰᠢᠶᠡᠷᠡᠬᠦᠯᠦᠨ᠎ᠡ; ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢ ᠰᠤᠨᠳᠠᠯᠠᠭᠰᠠᠨ ᠭᠣᠣᠯ ᠮᠥᠷᠡᠨ᠂ ᠭᠣᠣᠯ᠎ᠤᠨ ᠬᠡᠰᠡᠭ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠬᠣᠭᠣᠷᠣᠨᠳᠣᠬᠢ ᠮᠤᠵᠢ ᠵᠢᠨ ᠵᠠᠭ᠋ᠠᠭ᠎ᠤᠨ ᠭᠣᠣᠯ᠎ᠤᠨ ᠵᠡᠮ᠎ᠤᠨ ᠲᠥᠯᠥᠪᠵᠢᠭᠦᠯᠭᠡ ᠵᠢᠨ ᠵᠠᠰᠠᠵᠤ ᠵᠠᠯᠠᠬᠤ ᠱᠤᠭᠤᠮ᠎ᠢ ᠬᠣᠯᠪᠣᠭᠳᠠᠯ ᠪᠦᠬᠦᠢ ᠰᠡᠪᠡ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠭᠣᠣᠯ ᠮᠥᠷᠡᠨ᠂ ᠭᠣᠣᠯ᠎ᠤᠨ ᠬᠡᠰᠡᠭ᠎ᠤᠨ ᠪᠠᠶ᠋ᠢᠭ᠎ᠠ ᠭᠠᠵᠠᠷ᠎ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠦᠠ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ ᠲᠤᠭᠤᠷᠪᠢᠨ ᠲᠤᠭᠳᠠᠭ᠋ᠠᠵᠤ᠂ ᠬᠣᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠬᠢᠨᠠᠨ ᠪᠠᠶ᠋ᠢᠴᠠᠭ᠋ᠠᠭ᠋ᠠᠳ ᠰᠠᠨᠠᠯ ᠳᠤᠷᠠᠳᠤᠭᠰᠠᠨ᠎ᠤ ᠳᠠᠷᠠᠭ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠵᠥᠪᠰᠢᠶᠡᠷᠡᠭᠦᠯᠦᠨ᠎ᠡ᠃
      ᠬᠣᠷᠢᠳᠤᠭ᠋ᠠᠷ ᠵᠦᠢ᠍ᠯ   ᠭᠣᠣᠯ᠎ᠤᠨ ᠵᠠᠮ᠂ ᠨᠠᠭᠤᠷ ᠴᠦᠬᠦᠷᠦᠮ᠎ᠢ ᠴᠡᠭᠴᠡᠯᠡᠨ ᠵᠠᠰᠠᠬᠤ᠎ᠳᠤ ᠤᠰᠤᠨ ᠠᠶᠠᠯᠠᠯ᠎ᠤᠨ ᠵᠠᠮ᠎ᠳᠤ ᠬᠣᠯᠪᠣᠭᠳᠠᠬᠤ᠎ᠳᠤ ᠬᠦᠷᠪᠡᠯ᠂ ᠤᠰᠤᠨ ᠵᠠᠮ᠎ᠤᠨ ᠲᠡᠭᠡᠭᠡᠪᠦᠷᠢ ᠵᠢᠨ ᠬᠡᠷᠡᠭᠴᠡᠭᠡ ᠵᠢ ᠬᠠᠮᠲᠤ᠎ᠳᠤᠨᠢ ᠬᠠᠷᠠᠭ᠋ᠠᠯᠵᠠᠬᠤ ᠬᠡᠷᠡᠭᠲᠡᠢ ᠪᠥᠭᠡᠳ ᠤᠷᠢᠳᠠᠪᠠᠷ ᠵᠠᠮ ᠬᠠᠷᠢᠯᠴᠠᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠬᠡᠷᠡᠭᠲᠡᠢ᠃ ᠤᠰᠤᠨ ᠠᠶᠠᠯᠠᠯ᠎ᠤᠨ ᠵᠠᠮ᠎ᠢ ᠴᠡᠭᠴᠡᠯᠡᠨ ᠵᠠᠰᠠᠬᠤ᠎ᠳᠤ ᠭᠣᠣᠯ ᠮᠥᠷᠡᠨ᠂ ᠨᠠᠭᠤᠷ ᠴᠦᠬᠦᠷᠦᠮ᠎ᠤᠨ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠎ᠤ ᠱᠠᠭ᠋ᠠᠷᠳᠠᠯᠭ᠎ᠠ᠎ᠳᠤ ᠨᠡᠶ᠋ᠢᠴᠡᠭᠦᠯᠬᠦ ᠬᠡᠷᠡᠭᠲᠡᠢ ᠪᠥᠭᠡᠳ ᠤᠷᠢᠳ ᠵᠶ᠋ᠠᠷ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠬᠡᠷᠡᠭᠲᠡᠢ᠃
      ᠬᠤᠯᠤᠰᠤ ᠮᠣᠳᠣᠨ ᠮᠠᠲᠸᠷᠢᠶᠠᠯ ᠤᠷᠤᠰᠬᠠᠨ ᠲᠡᠭᠡᠭᠡᠪᠤᠷᠢᠯᠡᠵᠦ ᠪᠠᠶ᠋ᠢᠭ᠎ᠠ ᠭᠣᠣᠯ ᠮᠥᠷᠡᠨ ᠪᠠ ᠵᠢᠭ᠋ᠠᠰᠤᠨ ᠠᠵᠤ ᠠᠬᠤᠶ ᠵᠢᠨ ᠤᠰᠦᠠ ᠣᠷᠣᠨ᠎ᠳᠤ ᠭᠣᠣᠯ᠎ᠤᠨ ᠵᠡᠮ᠎ᠢ ᠵᠠᠰᠠᠬᠤ᠎ᠳᠤ ᠬᠤᠯᠤᠰᠤ ᠮᠣᠳᠣᠨ ᠮᠠᠲᠸᠷᠢᠶᠠᠯ᠎ᠤᠨ ᠤᠰᠦᠠ ᠲᠡᠭᠡᠭᠡᠪᠦᠷᠢ ᠪᠠ ᠵᠢᠭ᠋ᠠᠰᠤᠨ ᠠᠵᠤ ᠠᠬᠤᠶ ᠵᠢᠨ ᠬᠥᠭᠵᠢᠯᠲᠡ ᠵᠢᠨ ᠬᠡᠷᠡᠭᠴᠡᠭᠡ ᠵᠢ ᠬᠠᠮᠲᠤ᠎ᠳᠤᠨᠢ ᠬᠠᠷᠠᠭ᠋ᠠᠯᠵᠠᠬᠤ ᠬᠡᠷᠡᠭᠲᠡᠶ ᠪᠥᠭᠡᠳ ᠤᠷᠢᠳᠠᠪᠠᠷ ᠤᠢ ᠰᠢᠭᠤᠶ᠂ ᠵᠢᠭ᠋ᠠᠰᠤᠨ ᠠᠵᠤ ᠠᠬᠤᠶ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠬᠡᠷᠡᠭᠲᠡᠶ᠃ ᠭᠣᠣᠯ᠎ᠤᠨ ᠵᠠᠮ᠎ᠳᠤ ᠬᠤᠯᠤᠰᠤ ᠮᠣᠳᠣ ᠤᠷᠤᠰᠬᠠᠨ ᠲᠡᠭᠡᠭᠡᠪᠦᠷᠢᠯᠡᠬᠦ᠎ᠳᠡᠭᠡᠨ ᠦᠶᠡᠷ ᠵᠠᠯᠠᠬᠤ ᠪᠠ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠲᠥᠬᠥᠭᠡᠷᠦᠮᠵᠢ ᠵᠢᠨ ᠠᠮᠤᠷ ᠲᠦᠪᠰᠢᠨ᠎ᠢ ᠨᠥᠯᠥᠭᠡᠯᠡᠵᠦ ᠪᠣᠯᠬᠤ ᠦᠭᠡᠢ᠃
      ᠬᠣᠷᠢᠨ ᠨᠢᠭᠡᠳᠦᠭᠡᠷ ᠵᠦᠢ᠍ᠯ   ᠭᠣᠣᠯ᠎ᠤᠨ ᠵᠠᠮ᠂ ᠨᠠᠭᠤᠷ ᠴᠦᠬᠦᠷᠦᠮ᠎ᠤᠨ ᠬᠠᠮᠢᠶᠠᠷᠤᠯᠲᠠ᠎ᠳᠤ ᠤᠰᠤᠨ᠎ᠤ ᠰᠢᠰᠲ᠋ᠧᠮ ᠵᠶ᠋ᠠᠷ ᠨᠢᠭᠡᠳᠦᠯᠳᠡᠢ ᠬᠠᠮᠢᠶᠠᠷᠬᠤ ᠪᠠ ᠱᠠᠳᠤ ᠬᠤᠪᠢᠶᠠᠨ ᠬᠠᠮᠢᠶᠠᠷᠬᠤ ᠵᠢ ᠤᠶᠠᠯᠳᠤᠭᠤᠯᠬᠤ ᠵᠠᠷᠴᠢᠮ᠎ᠢ ᠬᠡᠷᠡᠭᠵᠢᠭᠦᠯᠵᠦ᠂ ᠰᠡᠷᠭᠡᠶ᠋ᠢᠯᠡᠨ ᠬᠠᠮᠠᠭ᠋ᠠᠯᠠᠯᠲᠠ ᠵᠢ ᠴᠢᠩᠭ᠋ᠠᠳᠬᠠᠨ᠂ ᠰᠠᠭ᠋ᠠᠳ ᠦᠭᠡᠢ ᠨᠡᠪᠲᠡᠷᠡᠬᠦ ᠵᠢ ᠦᠨᠡᠨ ᠬᠦ᠌ ᠪᠠᠲᠤᠯᠠᠨ᠎ᠠ᠃
      ᠤᠯᠤᠰ᠎ᠠᠴᠠ ᠲᠣᠭᠲᠠᠭ᠋ᠠᠭᠰᠠᠨ ᠴᠢᠬᠤᠯᠠ ᠭᠣᠣᠯ ᠮᠥᠷᠡᠨ᠂ ᠨᠠᠭᠤᠷ ᠴᠥᠭᠥᠷᠥᠮ᠎ᠤᠨ ᠭᠣᠣᠯ ᠪᠣᠯᠬᠤ ᠭᠣᠣᠯ᠎ᠤᠨ ᠬᠡᠰᠡᠭ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠠᠯᠤᠰᠯᠠᠭᠰᠠᠨ ᠴᠢᠬᠤᠯᠠ ᠭᠣᠣᠯ᠎ᠤᠨ ᠬᠡᠰᠡᠭ᠂ ᠨᠠᠭᠤᠷ ᠴᠦᠬᠦᠷᠦᠮ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠬᠣᠭᠣᠷᠣᠨᠳᠣᠬᠢ ᠮᠤᠵᠢ ᠵᠢᠨ ᠵᠠᠭ᠋ᠠᠭ᠎ᠤᠨ ᠭᠣᠣᠯ᠎ᠤᠨ ᠵᠠᠮ᠂ ᠨᠠᠭᠤᠷ ᠴᠦᠬᠦᠷᠦᠮ ᠵᠢᠴᠢ ᠤᠯᠤᠰ (ᠬᠢᠵᠠᠭ᠋ᠠᠷ)᠎ᠤᠨ ᠵᠠᠭ᠋ᠠᠭ᠎ᠤᠨ ᠭᠣᠣᠯ᠎ᠤᠨ ᠵᠠᠮ᠂ ᠨᠠᠭᠤᠷ ᠴᠦᠬᠦᠷᠦᠮ᠎ᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠪᠣᠯᠤᠨ ᠭᠣᠣᠯ ᠮᠥᠷᠡᠨ᠂ ᠨᠠᠭᠤᠷ ᠴᠦᠬᠦᠷᠦᠮ᠎ᠤᠨ ᠪᠠᠶ᠋ᠢᠭ᠎ᠠ ᠭᠠᠵᠠᠷ᠎ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠠᠭ᠋ᠠᠭᠯᠠᠨ ᠲᠣᠭᠲᠠᠭ᠋ᠠᠭᠰᠠᠨ ᠶᠣᠰᠣᠭ᠋ᠠᠷ ᠬᠠᠤᠯᠢ ᠶᠣᠰᠣᠭ᠋ᠠᠷ ᠬᠠᠮᠢᠶᠠᠷᠤᠨ᠎ᠠ᠃ ᠪᠤᠰᠤᠳ ᠭᠣᠣᠯ᠎ᠤᠨ ᠵᠠᠮ᠂ ᠨᠠᠭᠤᠷ ᠴᠦᠬᠦᠷᠦᠮ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠡᠷᠬᠡ ᠤᠯᠭᠤᠭᠰᠠᠨ ᠪᠠᠢ᠌ᠭᠤᠯᠤᠮᠵᠢ ᠵᠢᠨ ᠵᠠᠭ᠋ᠠᠭᠯᠠᠨ ᠲᠤᠭᠳᠠᠭ᠋ᠠᠭᠰᠠᠨ ᠶᠤᠰᠤᠭ᠋ᠠᠷ ᠬᠠᠤᠯᠢ ᠶᠤᠰᠤᠭ᠋ᠠᠷ ᠬᠠᠮᠢᠶᠠᠷᠤᠨ᠎ᠠ᠃
      ᠬᠠᠰᠢᠯᠭ᠎ᠠ ᠲᠡᠯᠡᠡᠭ᠎ᠲᠠᠢ ᠭᠣᠣᠯ᠎ᠤᠨ ᠵᠡᠮ᠂ ᠨᠠᠭᠤᠷ ᠴᠦᠬᠦᠷᠦᠮ᠎ᠤᠨ ᠬᠠᠮᠢᠶᠠᠷᠤᠯᠲᠠ ᠵᠢᠨ ᠬᠦᠷᠢᠶ᠎ᠡ ᠬᠡᠪᠴᠢᠶ᠎ᠡ᠎ᠨᠢ ᠬᠣᠶᠠᠷ ᠡᠷᠭᠢ ᠵᠢᠨ ᠬᠠᠰᠢᠯᠭ᠎ᠠ ᠲᠡᠯᠡᠡᠭ᠎ᠤᠨ ᠬᠣᠭᠣᠷᠣᠨᠳᠣᠬᠢ ᠤᠰᠦᠠ ᠣᠷᠣᠨ᠂ ᠡᠯᠡᠰᠦᠨ ᠬᠣᠶ᠋ᠢᠭ᠂ ᠲᠡᠡᠭ ᠭᠠᠵᠠᠷ᠂ ᠦᠶᠡᠷ ᠵᠠᠯᠠᠬᠤ ᠣᠷᠣᠨ ᠪᠠ ᠬᠠᠰᠢᠯᠭ᠎ᠠ ᠲᠡᠯᠡᠡᠭ ᠵᠢᠴᠢ ᠲᠡᠯᠡᠡᠭ ᠬᠠᠮᠠᠭ᠋ᠠᠯᠠᠬᠤ ᠭᠠᠵᠠᠷ ᠪᠣᠯᠤᠨ᠎ᠠ; ᠬᠠᠰᠢᠯᠭ᠎ᠠ ᠲᠡᠯᠡᠡᠭ ᠤᠢ᠍ᠭᠡᠢ ᠭᠣᠣᠯ᠎ᠤᠨ ᠵᠡᠮ᠂ ᠨᠠᠭᠤᠷ ᠴᠦᠬᠦᠷᠦᠮ᠎ᠤᠨ ᠬᠠᠮᠢᠶᠠᠷᠤᠯᠲᠠ ᠵᠢᠨ ᠬᠦᠷᠢᠶ᠎ᠡ ᠬᠡᠪᠴᠢᠶ᠎ᠡ᠎ᠨᠢ ᠲᠡᠦᠬᠡᠨ ᠳᠡᠭᠡᠷᠡᠬᠢ ᠬᠠᠮᠤᠭ᠎ᠤᠨ ᠥᠨᠳᠥᠷ ᠦᠶᠡᠷ᠎ᠤᠨ ᠤᠰᠦᠠ ᠲᠦᠪᠰᠢᠨ ᠪᠤᠶᠤ ᠵᠢᠷᠤᠵᠤ ᠲᠥᠯᠥᠪᠯᠡᠭᠰᠡᠨ ᠦᠶᠡᠷ᠎ᠤᠨ ᠤᠰᠦᠠ ᠲᠦᠪᠰᠢᠨ᠎ᠤ ᠬᠣᠭᠣᠷᠣᠨᠳᠣᠬᠢ ᠤᠰᠦᠠ ᠣᠷᠣᠨ᠂ ᠡᠯᠡᠰᠦᠨ ᠬᠣᠶ᠋ᠢᠭ᠂ ᠲᠡᠡᠭ ᠭᠠᠵᠠᠷ ᠪᠠ ᠦᠶᠡᠷ ᠵᠠᠯᠠᠬᠤ ᠣᠷᠣᠨ ᠪᠣᠯᠤᠨ᠎ᠠ᠃
      ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠰᠢᠭᠤᠳ ᠬᠠᠮᠢᠶᠠᠷᠬᠤ ᠭᠣᠣᠯ᠎ᠤᠨ ᠵᠠᠮ᠂ ᠨᠠᠭᠤᠷ ᠴᠦᠬᠦᠷᠦᠮ᠎ᠤᠨ ᠬᠠᠮᠢᠶᠠᠷᠤᠯᠲᠠ ᠵᠢᠨ ᠬᠡᠪᠴᠢᠶ᠎ᠡ ᠵᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠬᠣᠯᠪᠣᠭᠳᠠᠯ ᠪᠦᠬᠦᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠲᠤᠷᠠᠨ ᠡᠮᠦᠨᠡᠬᠢ ᠪᠠᠳᠠᠭ᠎ᠤᠨ ᠲᠣᠭᠲᠠᠭ᠋ᠠᠯ ᠶᠣᠰᠣᠭ᠋ᠠᠷ ᠵᠠᠭ᠋ᠠᠭᠯᠠᠨ ᠲᠣᠭᠲᠠᠭ᠋ᠠᠨ᠎ᠠ; ᠪᠤᠰᠤᠳ ᠭᠣᠣᠯ᠎ᠤᠨ ᠵᠠᠮ᠂ ᠨᠠᠭᠤᠷ ᠴᠦᠬᠦᠷᠦᠮ᠎ᠤᠨ ᠬᠠᠮᠢᠶᠠᠷᠤᠯᠲᠠ ᠵᠢᠨ ᠬᠦᠷᠢᠶ᠎ᠡ ᠬᠡᠪᠴᠢᠶ᠎ᠡ ᠵᠢ ᠬᠣᠯᠪᠣᠭᠳᠠᠯ ᠪᠦᠬᠦᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠡᠮᠦᠨᠡᠬᠢ ᠪᠠᠳᠠᠭ᠎ᠤᠨ ᠲᠣᠭᠲᠠᠭ᠋ᠠᠯ ᠶᠣᠰᠣᠭ᠋ᠠᠷ ᠵᠠᠭ᠋ᠠᠭᠯᠠᠨ ᠲᠣᠭᠲᠠᠭ᠋ᠠᠨ᠎ᠠ᠃
      ᠬᠣᠷᠢᠨ ᠬᠣᠶᠠᠳᠤᠭ᠋ᠠᠷ ᠵᠦᠢ᠍ᠯ   ᠭᠣᠣᠯ᠎ᠤᠨ ᠵᠠᠮ᠂ ᠨᠠᠭᠤᠷ ᠴᠦᠬᠦᠷᠦᠮ᠎ᠤᠨ ᠬᠠᠮᠢᠶᠠᠷᠤᠯᠲᠠ ᠵᠢᠨ ᠬᠡᠪᠴᠢᠶᠡᠨ᠎ᠳᠠᠬᠢ ᠭᠠᠵᠠᠷ ᠰᠢᠷᠣᠢ ᠪᠠ ᠡᠷᠭᠢ ᠵᠢᠨ ᠱᠤᠭᠤᠮ᠎ᠢ ᠠᠰᠢᠭᠯᠠᠬᠤ᠎ᠳᠠᠭᠠᠨ ᠦᠶᠡᠷ ᠵᠠᠯᠠᠬᠤ᠂ ᠤᠰᠤ ᠳᠠᠮᠵᠢᠭᠤᠯᠬᠤ ᠱᠠᠭ᠋ᠠᠷᠳᠠᠯᠭ᠎ᠠ᠎ᠳᠤ ᠨᠡᠶ᠋ᠢᠴᠡᠭᠦᠯᠬᠦ ᠬᠡᠷᠡᠭᠲᠡᠢ᠃
      ᠭᠣᠣᠯ᠎ᠤᠨ ᠵᠠᠮ᠂ ᠨᠠᠭᠤᠷ ᠴᠦᠬᠦᠷᠦᠮ᠎ᠤᠨ ᠬᠠᠮᠢᠶᠠᠷᠤᠯᠲᠠ ᠵᠢᠨ ᠬᠡᠪᠴᠢᠶᠡᠨ ᠳᠣᠲᠣᠷ᠎ᠠ ᠦᠶᠡᠷ ᠵᠠᠯᠠᠬᠤ ᠵᠢ ᠬᠠᠷᠰᠢᠯᠠᠬᠤ ᠪᠠᠷᠢᠯᠭ᠎ᠠ ᠪᠠᠶ᠋ᠢᠭᠤᠯᠬᠤ᠂ ᠬᠣᠭ ᠨᠣᠪᠰᠢ᠂ ᠰᠢᠭ᠋ᠠᠷᠤ ᠰᠢᠷᠤᠢ ᠬᠠᠶᠠᠬᠤ᠂ ᠭᠣᠣᠯ᠎ᠤᠨ ᠤᠷᠤᠰᠬᠠᠯ᠎ᠤᠨ ᠲᠣᠭᠲᠠᠭᠤᠨ ᠪᠠᠶ᠋ᠢᠳᠠᠯ᠎ᠢ ᠨᠥᠯᠥᠭᠡᠯᠡᠬᠦ᠂ ᠭᠣᠣᠯ᠎ᠤᠨ ᠡᠷᠭᠢ ᠵᠢᠨ ᠬᠠᠰᠢᠯᠭ᠎ᠠ ᠳᠠᠯᠠᠩ᠎ᠤᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠬᠤ ᠪᠠ ᠭᠣᠣᠯ᠎ᠤᠨ ᠵᠠᠮ᠎ᠤᠨ ᠦᠶᠡᠷ ᠵᠠᠯᠠᠬᠤ ᠵᠢ ᠬᠠᠷᠰᠢᠯᠠᠬᠤ ᠪᠤᠰᠤᠳ ᠠᠵᠢᠯᠯᠠᠭ᠎ᠠ ᠬᠢᠬᠦ ᠵᠢ ᠴᠠᠭ᠋ᠠᠵᠠᠯᠠᠨ᠎ᠠ᠃
      ᠦᠶᠡᠷ ᠵᠠᠯᠠᠬᠤ ᠭᠣᠣᠯ᠎ᠤᠨ ᠵᠠᠮ ᠳᠣᠲᠣᠷ᠎ᠠ ᠦᠶᠡᠷ ᠵᠠᠯᠠᠬᠤ ᠵᠢ ᠬᠠᠷᠰᠢᠯᠠᠬᠤ ᠤᠢ ᠮᠣᠳᠣ ᠪᠠ ᠥᠨᠳᠥᠷ ᠡᠰᠢᠲᠦ ᠲᠠᠷᠢᠮᠠᠯ ᠲᠠᠷᠢᠬᠤ ᠵᠢ ᠴᠠᠭ᠋ᠠᠵᠠᠯᠠᠨ᠎ᠠ᠃
      ᠣᠩᠭᠣᠴᠠ ᠰᠠᠯ ᠠᠶᠠᠯᠠᠬᠤ᠎ᠳᠠᠭᠠᠨ ᠲᠡᠯᠡᠡᠭ ᠡᠷᠭᠢ ᠵᠢᠨ ᠠᠮᠤᠷ ᠲᠦᠪᠰᠢᠨ᠎ᠳᠤ ᠠᠶᠤᠯ ᠤᠴᠠᠷᠠᠭᠤᠯᠵᠤ ᠮᠡᠳᠡᠬᠦ ᠭᠣᠣᠯ᠎ᠤᠨ ᠬᠡᠰᠡᠭ᠎ᠲᠤ ᠠᠶᠠᠯᠠᠬᠤ ᠬᠤᠷᠳᠤᠴᠠ ᠵᠢ ᠬᠢᠵᠠᠭ᠋ᠠᠷᠯᠠᠬᠤ ᠬᠡᠷᠡᠭᠲᠡᠶ᠃ ᠠᠶᠠᠯᠠᠯ᠎ᠤᠨ ᠬᠤᠷᠳᠤᠴᠠ ᠵᠢ ᠬᠢᠵᠠᠭ᠋ᠠᠷᠯᠠᠭᠰᠠᠨ ᠳᠡᠮᠳᠡᠭ᠎ᠢ ᠵᠠᠮ ᠬᠠᠷᠢᠯᠴᠠᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠥᠪᠯᠡᠨ ᠲᠣᠭᠲᠠᠭ᠋ᠠᠭᠰᠠᠨ᠎ᠤ ᠳᠠᠷᠠᠭ᠎ᠠ ᠪᠠᠶ᠋ᠢᠷᠢᠯᠠᠭᠤᠯᠤᠨ᠎ᠠ᠃
      ᠬᠣᠷᠢᠨ ᠭᠤᠷᠪᠠᠳᠤᠭ᠋ᠠᠷ ᠵᠦᠢ᠍ᠯ   ᠨᠠᠭᠤᠷ᠎ᠢ ᠬᠦᠷᠢᠶᠡᠯᠡᠨ ᠭᠠᠵᠠᠷ ᠭᠠᠷᠭ᠋ᠠᠬᠤ ᠵᠢ ᠴᠠᠭ᠋ᠠᠵᠠᠯᠠᠨ᠎ᠠ᠃ ᠨᠢᠭᠡᠨᠲᠡ ᠬᠦᠷᠢᠶᠡᠯᠡᠨ ᠬᠠᠭ᠋ᠠᠯᠪᠤᠷᠢᠯᠠᠭᠰᠠᠨ ᠪᠠᠶ᠋ᠢᠪᠠᠯ᠂ ᠤᠯᠤᠰ᠎ᠠᠴᠠ ᠲᠣᠭᠲᠠᠭ᠋ᠠᠭᠰᠠᠨ ᠦᠶᠡᠷ᠎ᠢ ᠰᠡᠷᠭᠡᠶ᠋ᠢᠯᠡᠬᠦ ᠪᠠᠷᠢᠮᠵᠢᠶ᠎ᠠ᠎ᠪᠠᠷ ᠵᠠᠰᠠᠵᠤ᠂ ᠲᠥᠯᠥᠪᠯᠡᠭᠡ᠎ᠲᠠᠢ᠎ᠪᠠᠷ ᠭᠠᠵᠠᠷ ᠰᠢᠷᠤᠢ ᠵᠢ ᠪᠤᠴᠠᠭ᠋ᠠᠵᠤ ᠨᠠᠭᠤᠷ᠎ᠢ ᠰᠡᠷᠭᠦᠭᠡᠬᠦ ᠬᠡᠷᠡᠭᠲᠡᠶ᠃
      ᠭᠣᠣᠯ᠎ᠤᠨ ᠵᠡᠮ᠎ᠢ ᠬᠦᠷᠢᠶᠡᠯᠡᠨ ᠬᠠᠭ᠋ᠠᠯᠪᠤᠷᠢᠯᠠᠬᠤ ᠵᠢ ᠴᠠᠭ᠋ᠠᠵᠠᠯᠠᠨ᠎ᠠ᠃ ᠦᠨᠡᠨ ᠬᠦ᠌ ᠬᠦᠷᠢᠶᠡᠯᠡᠨ ᠬᠠᠭ᠋ᠠᠯᠪᠤᠷᠢᠯᠠᠬᠤ ᠴᠢᠬᠤᠯᠠᠲᠠᠶ ᠪᠠᠶ᠋ᠢᠪᠠᠯ᠂ ᠰᠢᠨᠵᠢᠯᠡᠬᠦ ᠤᠬᠠᠭ᠋ᠠᠨᠴᠢ ᠨᠤᠲᠠᠯᠠᠯᠲᠠ ᠬᠢᠵᠦ᠂ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠦᠶᠡᠷ᠎ᠢ ᠵᠠᠯᠠᠬᠤ᠂ ᠤᠰᠤ ᠳᠠᠮᠵᠢᠭᠤᠯᠬᠤ ᠵᠢ ᠬᠠᠷᠰᠢᠯᠠᠬᠤ ᠦᠭᠡᠢ ᠭᠡᠵᠦ ᠨᠤᠲᠠᠯᠠᠭᠤᠯᠤᠭᠰᠠᠨ᠎ᠤ ᠳᠠᠷᠠᠭ᠎ᠠ᠂ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃
      ᠬᠣᠷᠢᠨ ᠳᠥᠷᠪᠡᠳᠦᠭᠡᠷ ᠵᠦᠢ᠍ᠯ   ᠦᠶᠡᠷ ᠵᠠᠯᠠᠬᠤ ᠭᠣᠣᠯ᠎ᠤᠨ ᠵᠠᠮ᠎ᠳᠤ ᠰᠠᠭᠤᠵᠤ ᠪᠠᠶ᠋ᠢᠭ᠎ᠠ ᠰᠠᠭᠤᠭ᠋ᠠᠯᠢ ᠠᠷᠠᠳ᠎ᠢ ᠲᠤᠬᠠᠢ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠲᠥᠯᠥᠪᠯᠡᠭᠡ᠎ᠲᠠᠢ᠎ᠪᠠᠷ ᠵᠣᠬᠢᠶᠠᠨ ᠪᠠᠶ᠋ᠢᠭᠤᠯᠵᠤ ᠭᠠᠳᠠᠭᠰᠢ ᠨᠡᠭᠦᠯᠭᠡᠬᠦ ᠬᠡᠷᠡᠭᠲᠡᠢ᠃
      ᠬᠣᠷᠢᠨ ᠲᠠᠪᠤᠳᠤᠭ᠋ᠠᠷ ᠵᠦᠢ᠍ᠯ   ᠲᠡᠯᠡᠡᠭ ᠬᠠᠮᠠᠭ᠋ᠠᠯᠠᠬᠤ ᠡᠷᠭᠢ ᠬᠠᠮᠠᠭ᠋ᠠᠯᠠᠬᠤ ᠤᠢ ᠮᠣᠳᠣ ᠵᠢ ᠭᠣᠣᠯ᠎ᠤᠨ ᠵᠡᠮ᠂ ᠨᠠᠭᠤᠷ ᠴᠦᠬᠦᠷᠦᠮ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠵᠣᠬᠢᠶᠠᠨ ᠪᠠᠶ᠋ᠢᠭᠤᠯᠵᠤ ᠲᠡᠷᠢᠵᠦ ᠬᠠᠮᠢᠶᠠᠷᠤᠨ᠎ᠠ᠃ ᠲᠡᠯᠡᠡᠭ ᠬᠠᠮᠠᠭ᠋ᠠᠯᠠᠬᠤ ᠡᠷᠭᠢ ᠬᠠᠮᠠᠭ᠋ᠠᠯᠠᠬᠤ ᠤᠢ ᠮᠣᠳᠣ ᠵᠢ ᠳᠤᠷ᠎ᠠ᠎ᠪᠠᠷ ᠵᠶ᠋ᠠᠨ ᠣᠭᠲᠣᠯᠵᠤ ᠪᠣᠯᠬᠤ ᠤᠢ᠍ᠭᠡᠢ᠃ ᠲᠡᠯᠡᠡᠭ ᠬᠠᠮᠠᠭ᠋ᠠᠯᠠᠬᠤ ᠡᠷᠭᠢ ᠬᠠᠮᠠᠭ᠋ᠠᠯᠠᠬᠤ ᠤᠢ ᠮᠣᠳᠣ ᠵᠢ ᠣᠭᠲᠣᠯᠬᠤ᠎ᠳᠤ ᠬᠦᠷᠪᠡᠯ᠂ ᠣᠭᠲᠣᠯᠬᠤ ᠵᠢ ᠵᠥᠪᠰᠢᠶᠡᠷᠡᠬᠦ ᠭᠠᠷ ᠭᠦᠢ᠍ᠴᠡᠳᠬᠡᠯ᠎ᠢ ᠬᠠᠤᠯᠢ ᠶᠣᠰᠣᠭ᠋ᠠᠷ ᠬᠦᠢ᠍ᠴᠡᠳᠭᠡᠬᠦ ᠬᠡᠷᠡᠭᠲᠡᠶ ᠪᠥᠭᠡᠳ ᠰᠢᠨᠡᠳᠬᠡᠨ ᠨᠥᠬᠥᠵᠦ ᠲᠡᠷᠢᠬᠤ ᠲᠣᠭᠲᠠᠭᠰᠠᠨ ᠡᠭᠦᠷᠭᠡ ᠵᠢ ᠪᠡᠶᠡᠯᠡᠭᠦᠯᠬᠦ ᠬᠡᠷᠡᠭᠲᠡᠶ᠃
      ᠬᠣᠷᠢᠨ ᠵᠢᠷᠭᠤᠳᠤᠭ᠋ᠠᠷ ᠵᠦᠢ᠍ᠯ   ᠤᠰᠤᠨ᠎ᠤ ᠲᠦᠭᠵᠢᠷᠡᠯ ᠪᠠ ᠬᠠᠷᠰᠢᠯᠠᠯ᠎ᠪᠠᠷ ᠬᠦᠨᠳᠦ ᠨᠣᠴᠢᠲᠠᠢ ᠪᠠᠶ᠋ᠢᠳᠠᠭ ᠬᠥᠭᠥᠷᠭᠡ᠂ ᠵᠠᠯᠠᠬᠤ ᠵᠠᠮ᠂ ᠭᠠᠷᠠᠮ ᠪᠣᠯᠤᠨ ᠭᠣᠣᠯ ᠠᠯᠤᠰᠯᠠᠭᠰᠠᠨ ᠪᠤᠰᠤᠳ ᠪᠠᠷᠢᠯᠭ᠎ᠠ ᠵᠢᠨ ᠲᠥᠬᠥᠭᠡᠷᠦᠮᠵᠢ ᠵᠢ ᠦᠶᠡᠷ᠎ᠢ ᠰᠡᠷᠭᠡᠶ᠋ᠢᠯᠡᠬᠦ ᠪᠠᠷᠢᠮᠵᠢᠶ᠎ᠠ ᠵᠢ ᠦᠨᠳᠦᠰᠦᠯᠡᠨ᠂ ᠬᠣᠯᠪᠣᠭᠳᠠᠯ ᠪᠦᠬᠦᠢ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠵᠢᠨ ᠶᠣᠰᠣᠭ᠋ᠠᠷ ᠪᠦᠳᠦᠭᠡᠨ ᠪᠠᠶ᠋ᠢᠭᠤᠯᠬᠤ ᠨᠢᠭᠡᠴᠢ ᠵᠢ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠥᠭᠡᠷᠡᠴᠢᠯᠡᠨ ᠪᠠᠶ᠋ᠢᠭᠤᠯᠬᠤ ᠪᠤᠶᠤ ᠨᠤᠷᠠᠭ᠋ᠠᠯᠭ᠋ᠠᠵᠤ ᠪᠣᠯᠤᠨ᠎ᠠ᠃
      ᠬᠣᠷᠢᠨ ᠳᠣᠯᠣᠳᠤᠭ᠋ᠠᠷ ᠵᠦᠢ᠍ᠯ   ᠭᠣᠣᠯ ᠠᠯᠤᠰᠯᠠᠭᠰᠠᠨ᠂ ᠭᠣᠣᠯ ᠭᠠᠲᠤᠯᠤᠭᠰᠠᠨ᠂ ᠳᠠᠯᠠᠩ ᠭᠠᠲᠤᠯᠤᠭᠰᠠᠨ᠂ ᠭᠣᠣᠯ ᠳᠠᠭ᠋ᠠᠭᠰᠠᠨ ᠬᠥᠭᠥᠷᠭᠡ᠂ ᠭᠠᠷᠠᠮ᠂ ᠵᠠᠮ᠂ ᠣᠯᠣᠮ᠂ ᠬᠣᠭᠣᠯᠠᠢ᠂ ᠤᠳᠠᠰᠤ ᠲᠠᠲᠠᠯᠭ᠎ᠠ᠂ ᠤᠰᠤ ᠲᠠᠲᠠᠬᠤ᠂ ᠤᠰᠤ ᠵᠠᠯᠠᠬᠤ ᠵᠡᠷᠭᠡ ᠪᠠᠷᠢᠯᠭ᠎ᠠ ᠵᠢᠨ ᠲᠥᠬᠥᠭᠡᠷᠦᠮᠵᠢ ᠵᠢ ᠪᠦᠳᠦᠭᠡᠨ ᠪᠠᠶ᠋ᠢᠭᠤᠯᠬᠤ᠎ᠳᠠᠭᠠᠨ ᠦᠶᠡᠷ᠎ᠢ ᠰᠡᠷᠭᠡᠶ᠋ᠢᠯᠡᠬᠦ ᠪᠠᠷᠢᠮᠵᠢᠶ᠎ᠠ᠂ ᠡᠷᠭᠢ ᠵᠢᠨ ᠱᠤᠭᠤᠮ᠎ᠤᠨ ᠲᠥᠯᠥᠪᠵᠢᠭᠦᠯᠭᠡ᠂ ᠤᠰᠤᠨ ᠵᠠᠮ᠎ᠤᠨ ᠲᠡᠭᠡᠭᠡᠪᠦᠷᠢ ᠵᠢᠨ ᠱᠠᠭ᠋ᠠᠷᠳᠠᠯᠭ᠎ᠠ ᠪᠠ ᠪᠤᠰᠤᠳ ᠮᠡᠷᠭᠡᠵᠢᠯ᠎ᠤᠨ ᠱᠠᠭ᠋ᠠᠷᠳᠠᠯᠭ᠎ᠠ᠎ᠳᠤ ᠨᠡᠶ᠋ᠢᠴᠡᠭᠦᠯᠬᠦ ᠬᠡᠷᠡᠭᠲᠡᠢ᠂ ᠳᠠᠯᠠᠩ ᠬᠠᠰᠢᠯᠭ᠎ᠠ ᠵᠢᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠵᠤ᠂ ᠭᠣᠣᠯ᠎ᠤᠨ ᠤᠷᠤᠰᠬᠠᠯ᠎ᠤᠨ ᠲᠣᠭᠲᠠᠭᠤᠨ ᠪᠠᠶ᠋ᠢᠳᠠᠯ᠎ᠢ ᠨᠥᠯᠥᠭᠡᠯᠡᠵᠦ᠂ ᠦᠶᠡᠷ᠎ᠤᠨ ᠰᠠᠭ᠋ᠠᠳ ᠦᠭᠡᠢ ᠨᠡᠪᠲᠡᠷᠡᠬᠦ ᠵᠢ ᠬᠠᠷᠰᠢᠯᠠᠵᠤ ᠪᠣᠯᠬᠤ ᠦᠭᠡᠢ; ᠲᠡᠭᠦᠨ᠎ᠤ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠲᠥᠰᠦᠯ᠎ᠢ ᠬᠣᠯᠪᠣᠭᠳᠠᠯ ᠪᠦᠬᠦᠢ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠡᠮᠦᠨ᠎ᠡ ᠳᠤᠷᠠᠳᠤᠭᠰᠠᠨ ᠦᠶᠡᠷ᠎ᠢ ᠰᠡᠷᠭᠡᠶ᠋ᠢᠯᠡᠬᠦ ᠱᠠᠭ᠋ᠠᠷᠳᠠᠯᠭ᠎ᠠ ᠵᠢ ᠦᠨᠳᠦᠰᠦᠯᠡᠨ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠦᠭᠰᠡᠨ ᠦᠭᠡᠢ ᠪᠠᠶ᠋ᠢᠪᠠᠯ᠂ ᠪᠦᠳᠦᠭᠡᠨ ᠪᠠᠶ᠋ᠢᠭᠤᠯᠬᠤ ᠨᠢᠭᠡᠴᠢ᠎ᠨᠢ ᠪᠠᠷᠢᠯᠭ᠎ᠠ ᠡᠬᠢᠯᠡᠭᠦᠯᠵᠦ ᠪᠦᠳᠦᠭᠡᠨ ᠪᠠᠶ᠋ᠢᠭᠤᠯᠵᠤ ᠪᠣᠯᠬᠤ ᠦᠭᠡᠢ᠃
      ᠡᠮᠦᠨᠡᠬᠢ ᠪᠠᠳᠠᠭ᠎ᠲᠤ ᠳᠤᠷᠠᠳᠤᠭᠰᠠᠨ ᠪᠠᠷᠢᠯᠭ᠎ᠠ ᠵᠢᠨ ᠲᠥᠬᠥᠭᠡᠷᠦᠮᠵᠢ᠎ᠨᠢ ᠭᠣᠣᠯ᠎ᠤᠨ ᠵᠡᠮ᠂ ᠨᠠᠭᠤᠷ ᠴᠦᠬᠦᠷᠦᠮ᠎ᠤᠨ ᠬᠠᠮᠢᠶᠠᠷᠤᠯᠲᠠ ᠵᠢᠨ ᠬᠡᠪᠴᠢᠶᠡᠨ᠎ᠳᠠᠬᠢ ᠭᠠᠵᠠᠷ ᠰᠢᠷᠣᠶ ᠵᠢ ᠡᠵᠡᠯᠡᠨ ᠬᠡᠷᠡᠭᠯᠡᠬᠦ᠂ ᠭᠣᠣᠯ᠎ᠤᠨ ᠵᠡᠮ᠂ ᠨᠠᠭᠤᠷ ᠴᠦᠬᠦᠷᠦᠮ᠎ᠤᠨ ᠣᠷᠣᠨ ᠵᠠᠶ ᠵᠢ ᠳᠠᠪᠠᠬᠤ ᠪᠤᠶᠤ ᠭᠣᠣᠯ᠎ᠤᠨ ᠭᠤᠯᠳᠤᠷᠢᠯ ᠵᠶ᠋ᠠᠷ ᠥᠩᠭᠡᠷᠡᠬᠦ ᠴᠢᠬᠤᠯᠠᠲᠠᠶ ᠪᠠᠶ᠋ᠢᠪᠠᠯ᠂ ᠪᠦᠳᠦᠭᠡᠠ ᠪᠠᠶ᠋ᠢᠭᠤᠯᠬᠤ ᠨᠢᠭᠡᠴᠢ᠎ᠨᠢ ᠬᠣᠯᠪᠣᠭᠳᠠᠯ ᠪᠦᠬᠦᠢ ᠤᠰᠦᠠ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠲᠤᠰ ᠪᠠᠷᠢᠯᠭ᠎ᠠ ᠵᠢᠨ ᠲᠥᠬᠥᠭᠡᠷᠦᠮᠵᠢ ᠵᠢᠨ ᠪᠦᠳᠦᠭᠡᠠ ᠪᠠᠶ᠋ᠢᠭᠤᠯᠤᠯᠲᠠ ᠵᠢᠨ ᠣᠷᠣᠨ ᠪᠠᠶ᠋ᠢᠷᠢ ᠪᠠ ᠵᠠᠭ᠋ᠠᠭ ᠬᠢᠵᠠᠭ᠋ᠠᠷ᠎ᠢ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠦᠭᠰᠡᠨ᠎ᠤ ᠲᠡᠷᠡᠭ᠎ᠠ ᠰᠠᠶᠢ ᠠᠵᠢᠯ ᠡᠬᠢᠯᠡᠭᠦᠯᠬᠦ ᠭᠠᠷ ᠭᠦᠢ᠍ᠴᠡᠳᠬᠡᠯ᠎ᠢ ᠬᠠᠤᠯᠢ ᠶᠣᠰᠣᠭ᠋ᠠᠷ ᠬᠢᠵᠦ ᠪᠣᠯᠤᠨ᠎ᠠ; ᠪᠠᠷᠢᠯᠭ᠎ᠠ ᠵᠢᠨ ᠠᠵᠢᠯ᠎ᠢ ᠲᠣᠬᠢᠷᠠᠭᠤᠯᠬᠤ᠎ᠳᠠᠭᠠᠨ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠪᠠᠶ᠋ᠢᠴᠠᠭ᠋ᠠᠵᠤ ᠵᠥᠪᠰᠢᠶᠡᠷᠡᠭᠰᠡᠨ ᠣᠷᠣᠨ ᠪᠠᠶ᠋ᠢᠷᠢ ᠪᠠ ᠵᠠᠭ᠋ᠠᠭ ᠬᠢᠵᠠᠭ᠋ᠠᠷ ᠶᠣᠰᠣᠭ᠋ᠠᠷ ᠬᠢᠬᠦ ᠬᠡᠷᠡᠭᠲᠡᠶ᠃
      ᠬᠣᠷᠢᠨ ᠨᠠᠢ᠍ᠮᠠᠳᠤᠭ᠋ᠠᠷ ᠵᠦᠢ᠍ᠯ   ᠭᠣᠣᠯ᠎ᠤᠨ ᠵᠠᠮ᠂ ᠨᠠᠭᠤᠷ ᠴᠦᠬᠦᠷᠦᠮ᠎ᠤᠨ ᠬᠠᠮᠢᠶᠠᠷᠤᠯᠲᠠ ᠵᠢᠨ ᠬᠡᠪᠴᠢᠶᠡᠨ᠎ᠳᠠᠬᠢ ᠲᠤᠰ ᠬᠠᠤᠯᠢ ᠵᠢᠨ ᠲᠣᠭᠲᠠᠭ᠋ᠠᠯ ᠶᠣᠰᠣᠭ᠋ᠠᠷ ᠪᠦᠳᠦᠭᠡᠨ ᠪᠠᠶ᠋ᠢᠭᠤᠯᠤᠭᠰᠠᠨ ᠪᠠᠷᠢᠯᠭ᠎ᠠ ᠵᠢᠨ ᠲᠥᠬᠥᠭᠡᠷᠦᠮᠵᠢ ᠵᠢ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠠᠤᠯᠢ ᠶᠣᠰᠣᠭ᠋ᠠᠷ ᠪᠠᠶ᠋ᠢᠴᠠᠭ᠋ᠠᠬᠤ ᠡᠷᠬᠡ᠎ᠲᠠᠢ; ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠᠶ᠋ᠢᠴᠠᠭ᠋ᠠᠬᠤ ᠦᠶ᠎ᠡ᠎ᠳᠤ ᠪᠠᠶ᠋ᠢᠴᠠᠭ᠋ᠠᠭᠳᠠᠭᠴᠢ ᠬᠣᠯᠪᠣᠭᠳᠠᠯ ᠪᠦᠬᠦᠢ ᠪᠠᠶ᠋ᠢᠳᠠᠯ ᠪᠠ ᠮᠠᠲ᠋ᠧᠷᠢᠶᠠᠯ᠎ᠢ ᠦᠨᠡᠨ ᠮᠥᠨ ᠵᠶ᠋ᠠᠷ᠎ᠨᠢ ᠬᠠᠩᠭ᠋ᠠᠬᠤ ᠬᠡᠷᠡᠭᠲᠡᠶ᠃
      ᠡᠮᠦᠨᠡᠬᠢ ᠪᠠᠳᠠᠭ᠎ᠲᠤ ᠲᠣᠭᠲᠠᠭ᠋ᠠᠭᠰᠠᠨ ᠪᠠᠷᠢᠯᠭ᠎ᠠ ᠵᠢᠨ ᠲᠥᠬᠥᠭᠡᠷᠦᠮᠵᠢ ᠵᠢᠨ ᠪᠠᠷᠢᠯᠭ᠎ᠠ ᠵᠢᠨ ᠠᠵᠢᠯ ᠳᠠᠭᠤᠰᠴᠤ ᠰᠢᠯᠭ᠋ᠠᠨ ᠠᠪᠬᠤ᠎ᠳᠤ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠣᠷᠣᠯᠴᠠᠭᠰᠠᠨ ᠪᠠᠶ᠋ᠢᠬᠤ ᠬᠡᠷᠡᠭᠲᠡᠶ᠃
   
      ᠳᠥᠷᠪᠡᠳᠦᠭᠡᠷ ᠪᠦᠯᠦᠭ ᠦᠶᠡᠷ᠎ᠢ ᠰᠡᠷᠭᠡᠶ᠋ᠢᠯᠡᠬᠦ ᠣᠷᠣᠨ ᠪᠠ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠲᠥᠬᠥᠭᠡᠷᠦᠮᠵᠢ ᠵᠢᠨ ᠬᠠᠮᠢᠶᠠᠷᠤᠯᠲᠠ
   
      ᠬᠣᠷᠢ ᠶᠢᠰᠦᠳᠦᠭᠡᠷ ᠵᠦᠢ᠍ᠯ ᠦᠶᠡᠷ᠎ᠢ ᠰᠡᠷᠭᠡᠶ᠋ᠢᠯᠡᠬᠦ ᠣᠷᠣᠨ ᠭᠡᠳᠡᠭ ᠪᠣᠯ ᠦᠶᠡᠷ᠎ᠤᠨ ᠤᠰᠤ ᠦᠶᠡᠷᠯᠡᠭᠡᠳ ᠤᠰᠤᠨ᠎ᠳᠤ ᠠᠪᠲᠠᠵᠤ ᠮᠡᠳᠡᠬᠦ ᠭᠠᠵᠠᠷ ᠣᠷᠣᠨ᠎ᠢ ᠵᠢᠭ᠋ᠠᠵᠤ ᠪᠠᠶ᠋ᠢᠨ᠎ᠠ᠂ ᠲᠡᠭᠦᠨ᠎ᠢ ᠦᠶᠡᠷᠯᠡᠭᠰᠡᠨ ᠣᠷᠣᠨ᠂ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ ᠪᠠ ᠦᠶᠡᠷ᠎ᠢ ᠰᠡᠷᠭᠡᠶ᠋ᠢᠯᠡᠬᠦ ᠬᠠᠮᠠᠭ᠋ᠠᠯᠠᠯᠲᠠ ᠵᠢᠨ ᠣᠷᠣᠨ ᠭᠡᠵᠦ ᠬᠤᠪᠢᠶᠠᠨ᠎ᠠ᠃
      ᠦᠶᠡᠷᠯᠡᠭᠰᠡᠨ ᠣᠷᠣᠨ ᠭᠡᠳᠡᠭ᠎ᠨᠢ ᠪᠠᠷᠢᠯᠭ᠎ᠠ ᠵᠢᠨ ᠲᠥᠬᠥᠭᠡᠷᠦᠮᠵᠢ ᠵᠢᠨ ᠬᠠᠮᠠᠭ᠋ᠠᠯᠠᠯᠲᠠ ᠤᠢ᠍ᠭᠡᠢ ᠦᠶᠡᠷ᠎ᠤᠨ ᠤᠰᠤ ᠦᠶᠡᠷᠯᠡᠭᠰᠡᠨ ᠭᠠᠵᠠᠷ ᠣᠷᠣᠨ᠎ᠢ ᠵᠢᠭ᠋ᠠᠵᠤ ᠪᠠᠶ᠋ᠢᠨ᠎ᠠ᠃
      ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ ᠭᠡᠳᠡᠭ᠎ᠨᠢ ᠦᠶᠡᠷ᠎ᠢ ᠰᠠᠯᠭ᠋ᠠᠬᠤ ᠠᠮᠠᠰᠠᠷ᠎ᠢ ᠪᠠᠭᠲᠠᠭ᠋ᠠᠭᠰᠠᠨ ᠭᠣᠣᠯ᠎ᠤᠨ ᠲᠡᠯᠡᠡᠭ᠎ᠤᠨ ᠠᠷᠤ ᠲᠠᠯ᠎ᠠ ᠵᠢᠨ ᠤᠰᠦᠠ᠎ᠤ ᠭᠠᠳᠠᠷᠭᠤ᠎ᠠᠴᠠ ᠭᠠᠳᠠᠨ᠎ᠠ ᠦᠶᠡᠷ᠎ᠤᠨ ᠤᠰᠤ ᠵᠢ ᠲᠤᠢ᠍ᠷ ᠴᠠᠭ ᠬᠠᠳᠠᠭ᠋ᠠᠯᠠᠬᠤ ᠨᠠᠮ ᠳᠣᠣᠷ᠎ᠠ ᠭᠠᠵᠠᠷ ᠣᠷᠣᠨ ᠵᠢᠴᠢ ᠨᠠᠭᠤᠷ ᠴᠥᠭᠥᠷᠥᠮ ᠵᠡᠷᠭᠡ ᠵᠢ ᠵᠢᠭ᠋ᠠᠵᠤ ᠪᠠᠶ᠋ᠢᠨ᠎ᠠ᠃
      ᠦᠶᠡᠷ᠎ᠢ ᠰᠡᠷᠭᠡᠶ᠋ᠢᠯᠡᠬᠦ ᠬᠠᠮᠠᠭ᠋ᠠᠯᠠᠯᠲᠠ ᠵᠢᠨ ᠣᠷᠣᠨ ᠭᠡᠳᠡᠭ᠎ᠨᠢ ᠦᠶᠡᠷ᠎ᠢ ᠰᠡᠷᠭᠡᠶ᠋ᠢᠯᠡᠬᠦ ᠪᠠᠷᠢᠮᠵᠢᠶ᠎ᠠ ᠵᠢᠨ ᠳᠣᠲᠣᠷ᠎ᠠ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠲᠥᠬᠥᠭᠡᠷᠦᠮᠵᠢ᠎ᠳᠤ ᠬᠠᠮᠠᠭ᠋ᠠᠯᠠᠭᠳᠠᠵᠤ ᠪᠠᠶ᠋ᠢᠭ᠎ᠠ ᠭᠠᠵᠠᠷ ᠣᠷᠣᠨ᠎ᠢ ᠵᠢᠭ᠋ᠠᠵᠤ ᠪᠠᠶ᠋ᠢᠨ᠎ᠠ᠃
      ᠦᠶᠡᠷᠯᠡᠭᠰᠡᠨ ᠣᠷᠣᠨ᠂ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ ᠪᠠ ᠦᠶᠡᠷ᠎ᠢ ᠰᠡᠷᠭᠡᠶ᠋ᠢᠯᠡᠬᠦ ᠬᠠᠮᠠᠭ᠋ᠠᠯᠠᠯᠲᠠ ᠵᠢᠨ ᠣᠷᠣᠨ᠎ᠤ ᠬᠦᠷᠢᠶ᠎ᠡ ᠬᠡᠪᠴᠢᠶ᠎ᠡ ᠵᠢ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠪᠤᠶᠤ ᠦᠶᠡᠷ᠎ᠢ ᠰᠡᠷᠭᠡᠶ᠋ᠢᠯᠡᠬᠦ ᠲᠥᠰᠦᠯ᠎ᠳᠤ ᠵᠠᠭ᠋ᠠᠭᠯᠠᠨ ᠲᠣᠭᠲᠠᠭ᠋ᠠᠬᠤ ᠪᠥᠭᠡᠳ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠶᠣᠰᠣᠭ᠋ᠠᠷ ᠵᠥᠪᠰᠢᠶᠡᠷᠡᠭᠦᠯᠦᠭᠰᠡᠨ᠎ᠤ ᠲᠠᠷᠠᠭ᠎ᠠ ᠵᠠᠷᠯᠠᠨ ᠨᠡᠶ᠋ᠢᠲᠡᠯᠡᠨ᠎ᠡ᠃
      ᠭᠤᠴᠢᠳᠤᠭ᠋ᠠᠷ ᠵᠦᠢ᠍ᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠵᠢᠨ ᠶᠣᠰᠣᠭ᠋ᠠᠷ ᠦᠶᠡᠷ᠎ᠢ ᠰᠡᠷᠭᠡᠶ᠋ᠢᠯᠡᠬᠦ ᠣᠷᠣᠨ᠎ᠤ ᠳᠣᠲᠣᠷᠠᠬᠢ ᠭᠠᠵᠠᠷ ᠰᠢᠷᠣᠢ ᠵᠢᠨ ᠠᠰᠢᠭᠯᠠᠯᠲᠠ᠎ᠳᠤ ᠣᠷᠣᠨ ᠬᠤᠪᠢᠶᠠᠨ ᠬᠠᠮᠢᠶᠠᠷᠬᠤ ᠵᠢ ᠬᠡᠷᠡᠭᠵᠢᠭᠦᠯᠬᠦ ᠬᠡᠷᠡᠭᠲᠡᠢ᠃
      ᠭᠤᠴᠢᠨ ᠨᠢᠭᠡᠳᠦᠭᠡᠷ ᠵᠦᠢ᠍ᠯ   ᠤᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠦᠶᠡᠷ᠎ᠢ ᠰᠡᠷᠭᠡᠶ᠋ᠢᠯᠡᠬᠦ ᠣᠷᠣᠨ᠎ᠤ ᠠᠮᠤᠷ ᠲᠦᠪᠰᠢᠨ᠎ᠤ ᠪᠦᠳᠦᠭᠡᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠵᠢ ᠵᠣᠬᠢᠶᠠᠨ ᠪᠠᠶ᠋ᠢᠭᠤᠯᠤᠨ ᠦᠶᠡᠷ᠎ᠢ ᠰᠡᠷᠭᠡᠶ᠋ᠢᠯᠡᠬᠦ ᠣᠷᠣᠨ᠎ᠤ ᠳᠣᠲᠣᠷᠠᠬᠢ ᠨᠢᠭᠡᠴᠢ ᠪᠠ ᠰᠠᠭᠤᠭ᠋ᠠᠯᠢ ᠠᠷᠠᠳ᠎ᠲᠤ ᠦᠶᠡᠷ᠎ᠢ ᠰᠡᠷᠭᠡᠶ᠋ᠢᠯᠡᠬᠦ ᠬᠥᠮᠦᠵᠢᠯ ᠬᠢᠵᠦ᠂ ᠦᠶᠡᠷ᠎ᠢ ᠰᠡᠷᠭᠡᠶ᠋ᠢᠯᠡᠬᠦ ᠮᠡᠳᠡᠯᠭᠡ ᠵᠢ ᠲᠦᠭᠡᠮᠡᠯᠵᠢᠭᠦᠯᠵᠦ᠂ ᠤᠰᠤᠨ᠎ᠤ ᠠᠶᠤᠯ᠎ᠤᠨ ᠤᠬᠠᠮᠰᠠᠷ᠎ᠢ ᠳᠡᠭᠡᠭᠰᠢᠯᠡᠭᠦᠯᠬᠦ ᠬᠡᠷᠡᠭᠲᠡᠢ; ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠪᠠ ᠦᠶᠡᠷ᠎ᠢ ᠰᠡᠷᠭᠡᠶ᠋ᠢᠯᠡᠬᠦ ᠲᠥᠰᠦᠯ᠎ᠤᠨ ᠶᠣᠰᠣᠭ᠋ᠠᠷ ᠦᠶᠡᠷ᠎ᠢ ᠰᠡᠷᠭᠡᠶ᠋ᠢᠯᠡᠬᠦ ᠰᠢᠰᠲ᠋ᠧᠮ ᠪᠠ ᠤᠰᠤᠨ ᠵᠦᠢ᠂ ᠴᠠᠭ ᠠᠭᠤᠷ᠂ ᠮᠡᠳᠡᠭᠡ ᠬᠣᠯᠪᠣᠭ᠎ᠠ᠂ ᠤᠷᠢᠳᠴᠢᠯᠠᠨ ᠰᠡᠷᠡᠮᠵᠢᠯᠡᠭᠦᠯᠬᠦ ᠵᠢᠴᠢ ᠦᠶᠡᠷ ᠤᠰᠤᠲᠤᠯ᠎ᠤᠨ ᠭᠠᠮᠰᠢᠭ᠎ᠢ ᠬᠢᠨᠠᠨ ᠬᠡᠮᠵᠢᠬᠦ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠦᠶᠡᠷ᠎ᠢ ᠰᠡᠷᠭᠡᠶ᠋ᠢᠯᠡᠬᠦ ᠴᠢᠳᠠᠪᠤᠷᠢ᠎ᠪᠠᠨ ᠳᠡᠭᠡᠭᠰᠢᠯᠡᠭᠦᠯᠦᠨ᠎ᠡ; ᠦᠶᠡᠷ᠎ᠢ ᠰᠡᠷᠭᠡᠶ᠋ᠢᠯᠡᠬᠦ ᠣᠷᠣᠨ  ᠎ᠤ ᠳᠣᠲᠣᠷᠠᠬᠢ ᠨᠢᠭᠡᠴᠢ ᠪᠣᠯᠤᠨ ᠰᠠᠭᠤᠭ᠋ᠠᠯᠢ ᠠᠷᠠᠳ᠎ᠢ ᠵᠣᠬᠢᠶᠠᠨ ᠪᠠᠶ᠋ᠢᠭᠤᠯᠤᠨ ᠦᠶᠡᠷ᠎ᠢ ᠰᠡᠷᠭᠡᠶ᠋ᠢᠯᠡᠬᠦ ᠠᠵᠢᠯ᠎ᠳᠤ ᠢᠳᠡᠪᠬᠢᠲᠡᠶ ᠣᠷᠣᠯᠴᠠᠭᠤᠯᠵᠤ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ  ᠎ᠳᠤ᠎ᠨᠢ ᠲᠣᠬᠢᠷᠠᠭᠤᠯᠤᠨ ᠦᠶᠡᠷ᠎ᠢ ᠰᠡᠷᠭᠡᠶ᠋ᠢᠯᠡᠬᠦ ᠦᠶᠡᠷ᠎ᠠᠴᠠ ᠵᠠᠶ᠋ᠢᠯᠠᠬᠤ ᠠᠷᠭ᠎ᠠ ᠬᠡᠮᠵᠢᠶ᠎ᠡ ᠵᠢ ᠠᠪᠬᠤ ᠬᠡᠷᠡᠭᠲᠡᠶ᠃
      ᠭᠤᠴᠢᠨ ᠬᠣᠶᠠᠳᠤᠭ᠋ᠠᠷ ᠵᠦᠢ᠍ᠯ   ᠦᠶᠡᠷᠯᠡᠭᠰᠡᠨ ᠣᠷᠣᠨ᠂ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠤ ᠪᠠᠶ᠋ᠢᠭ᠎ᠠ ᠭᠠᠵᠠᠷ᠎ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠣᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠵᠤ ᠪᠠᠢ᠌ᠭ᠋ᠠᠳ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠵᠢᠨ ᠱᠠᠭ᠋ᠠᠷᠳᠠᠯᠭ᠎ᠠ ᠶᠣᠰᠣᠭ᠋ᠠᠷ᠂ ᠦᠶᠡᠷᠯᠡᠭᠰᠡᠨ ᠣᠷᠣᠨ᠂ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠤ ᠠᠶᠤᠯᠭᠦᠶ ᠵᠢᠨ ᠪᠦᠳᠦᠭᠡᠨ ᠪᠠᠶ᠋ᠢᠭᠤᠯᠤᠯᠲᠠ ᠵᠢᠨ ᠲᠥᠯᠥᠪᠯᠡᠭᠡ ᠵᠢ ᠲᠣᠭᠲᠠᠭ᠋ᠠᠵᠤ᠂ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠤ ᠬᠥᠮᠦᠨ ᠠᠮᠠ ᠵᠢᠨ ᠥᠰᠥᠯᠲᠡ ᠵᠢ ᠬᠢᠵᠠᠭ᠋ᠠᠷᠯᠠᠵᠤ᠂ ᠦᠷᠭᠦᠯᠵᠢ ᠬᠡᠷᠡᠭᠯᠡᠳᠡᠭ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠳᠤ ᠰᠠᠭᠤᠵᠤ ᠪᠠᠶ᠋ᠢᠭ᠎ᠠ ᠰᠠᠭᠤᠭ᠋ᠠᠯᠢ ᠠᠷᠠᠳ᠎ᠢ ᠲᠥᠯᠥᠪᠯᠡᠭᠡ᠎ᠲᠠᠢ᠎ᠪᠠᠷ ᠵᠣᠬᠢᠶᠠᠨ ᠪᠠᠶ᠋ᠢᠭᠤᠯᠵᠤ ᠭᠠᠳᠠᠭᠰᠢ ᠨᠡᠭᠦᠯᠭᠡᠬᠦ ᠵᠢᠨ ᠬᠠᠮᠲᠤ ᠴᠢᠬᠤᠯᠠ ᠪᠦᠬᠦᠢ ᠠᠶᠤᠯᠭᠦᠶ ᠵᠢᠨ ᠬᠠᠮᠠᠭ᠋ᠠᠯᠠᠯᠲᠠ ᠵᠢᠨ ᠪᠤᠰᠤᠳ ᠠᠷᠭ᠎ᠠ ᠬᠡᠮᠵᠢᠶ᠎ᠡ ᠵᠢ ᠠᠪᠬᠤ ᠬᠡᠷᠡᠭᠲᠡᠶ᠃
      ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠠᠴᠠ ᠪᠤᠯᠵᠦ ᠰᠢᠭᠤᠳ ᠠᠰᠢᠭ ᠬᠦᠷᠳᠡᠬᠦ ᠭᠠᠵᠠᠷ ᠣᠷᠣᠨ ᠪᠠ ᠨᠢᠭᠡᠴᠢ᠎ᠨᠦᠭᠦᠳ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠳᠤ ᠤᠯᠤᠰ᠎ᠠᠴᠠ ᠲᠣᠭᠲᠠᠭ᠋ᠠᠭᠰᠠᠨ ᠨᠥᠬᠥᠪᠥᠷᠢ ᠥᠭᠬᠦ᠂ ᠠᠪᠤᠷᠠᠨ ᠲᠤᠰᠠᠯᠠᠬᠤ ᠡᠭᠦᠷᠭᠡ ᠵᠢ ᠡᠭᠦᠷᠭᠡᠯᠡᠬᠦ ᠬᠡᠷᠡᠭᠲᠡᠶ᠃ ᠲᠤᠢ᠍ᠷᠦ ᠵᠢᠨ ᠶᠠᠪᠤᠳᠠᠯ᠎ᠤᠨ ᠬᠣᠷᠢᠶ᠎ᠠ ᠪᠣᠯᠤᠨ ᠬᠣᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠢ ᠲᠡᠳᠬᠦᠨ ᠳᠡᠮᠵᠢᠬᠦ ᠪᠠ ᠨᠥᠬᠥᠪᠥᠷᠢ ᠥᠭᠬᠦ᠂ ᠠᠪᠤᠷᠠᠨ ᠲᠤᠰᠠᠯᠠᠬᠤ ᠲᠤᠢ᠍ᠷᠢᠮ᠎ᠢ ᠪᠠᠶ᠋ᠢᠭᠤᠯᠬᠤ ᠬᠡᠷᠡᠭᠲᠡᠶ᠃
      ᠲᠤᠢ᠍ᠷᠦ ᠵᠢᠨ ᠶᠠᠪᠤᠳᠠᠯ᠎ᠤᠨ ᠬᠣᠷᠢᠶ᠎ᠠ ᠪᠣᠯᠤᠨ ᠬᠣᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠦᠶᠡᠷᠯᠡᠭᠰᠡᠨ ᠣᠷᠣᠨ᠂ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠤ ᠠᠶᠤᠯᠭᠦᠶ ᠵᠢᠨ ᠪᠦᠳᠦᠭᠡᠠ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠷᠭ᠎ᠠ ᠵᠢᠴᠢ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠢ ᠲᠡᠳᠬᠦᠨ ᠳᠡᠮᠵᠢᠬᠦ ᠪᠠ ᠨᠥᠬᠥᠪᠥᠷᠢ ᠥᠭᠬᠦ᠂ ᠠᠪᠤᠷᠠᠨ ᠲᠤᠰᠠᠯᠠᠬᠤ ᠠᠷᠭ᠎ᠠ ᠵᠢ ᠲᠣᠭᠲᠠᠭ᠋ᠠᠵᠤ ᠪᠣᠯᠤᠨ᠎ᠠ᠃
      ᠭᠤᠴᠢᠨ ᠭᠤᠷᠪᠠᠳᠤᠭ᠋ᠠᠷ ᠵᠦᠢ᠍ᠯ   ᠦᠶᠡᠷᠯᠡᠭᠰᠡᠨ ᠣᠷᠣᠨ᠂ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠳᠤ ᠦᠶᠡᠷ᠎ᠢ ᠰᠡᠷᠭᠡᠶ᠋ᠢᠯᠡᠬᠦ ᠪᠤᠰᠤ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠪᠦᠳᠦᠭᠡᠨ ᠪᠠᠶ᠋ᠢᠭᠤᠯᠬᠤ᠎ᠳᠤ᠂ ᠦᠶᠡᠷ᠎ᠤᠨ ᠤᠰᠤᠨ᠎ᠤ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠲᠤ ᠦᠵᠡᠭᠦᠯᠵᠦ ᠮᠡᠳᠡᠬᠦ ᠨᠥᠯᠥᠭᠡ ᠪᠠ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠤᠨ ᠦᠶᠡᠷ᠎ᠢ ᠰᠡᠷᠭᠡᠶ᠋ᠢᠯᠡᠬᠦ᠎ᠳᠤ ᠦᠵᠡᠭᠦᠯᠵᠦ ᠮᠡᠳᠡᠬᠦ ᠨᠥᠯᠥᠭᠡ᠎ᠳᠤ ᠦᠨᠡᠯᠡᠯᠲᠡ ᠬᠢᠵᠦ᠂ ᠦᠶᠡᠷ᠎ᠤᠨ ᠨᠥᠯᠥᠭᠡ ᠵᠢ ᠦᠨᠡᠯᠡᠭᠰᠡᠨ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠵᠤ᠂ ᠰᠡᠷᠭᠡᠶ᠋ᠢᠯᠡᠨ ᠬᠣᠷᠢᠭᠯᠠᠬᠤ ᠠᠷᠭ᠎ᠠ ᠬᠡᠮᠵᠢᠶ᠎ᠡ ᠳᠤᠷᠠᠳᠬᠤ ᠬᠡᠷᠡᠭᠲᠡᠢ᠃ ᠦᠶᠡᠷ᠎ᠤᠨ ᠨᠥᠯᠥᠭᠡ ᠵᠢᠨ ᠲᠤᠬᠠᠶ ᠦᠨᠡᠯᠡᠯᠲᠡ ᠵᠢᠨ ᠮᠡᠳᠡᠭᠦᠯᠦᠯᠲᠡ ᠵᠢ ᠬᠣᠯᠪᠣᠭᠳᠠᠯ ᠪᠦᠬᠦᠢ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠦᠭᠰᠡᠨ ᠦᠭᠡᠢ ᠪᠠᠶ᠋ᠢᠪᠠᠯ᠂ ᠪᠦᠳᠦᠭᠡᠨ ᠪᠠᠶ᠋ᠢᠭᠤᠯᠬᠤ ᠨᠢᠭᠡᠴᠢ᠎ᠨᠢ ᠪᠠᠷᠢᠯᠭ᠎ᠠ ᠵᠢᠨ ᠠᠵᠢᠯ ᠵᠶ᠋ᠠᠨ ᠡᠬᠢᠯᠡᠭᠦᠯᠵᠦ ᠪᠣᠯᠬᠤ ᠦᠭᠡᠢ᠃
      ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠳᠤ ᠪᠠᠶ᠋ᠢᠭᠤᠯᠤᠭᠰᠠᠨ ᠴᠢᠯᠠᠭᠤᠨ ᠲᠤᠰᠤᠨ᠎ᠤ ᠠᠭᠤᠷᠬᠠᠶ᠂ ᠲᠡᠮᠦᠷ ᠵᠠᠮ᠂ ᠵᠠᠰᠠᠮᠠᠯ ᠵᠠᠮ᠂ ᠠᠭᠤᠷᠬᠠᠶ᠂ ᠴᠠᠬᠢᠯᠭ᠋ᠠᠨ᠎ᠤ ᠦᠢ᠍ᠯᠡᠳᠪᠦᠷᠢ᠂ ᠴᠠᠬᠢᠯᠭ᠋ᠠᠨ ᠬᠣᠯᠪᠣᠭ᠋ᠠᠨ᠎ᠤ ᠲᠥᠬᠥᠭᠡᠷᠦᠮᠵᠢ ᠪᠠ ᠳᠠᠮᠵᠢᠭᠤᠯᠬᠤ ᠬᠣᠭᠣᠯᠠᠶ ᠵᠢᠨ ᠦᠶᠡᠷ᠎ᠤᠨ ᠨᠥᠯᠥᠭᠡ ᠵᠢ ᠦᠨᠡᠯᠡᠭᠰᠡᠨ ᠮᠡᠳᠡᠭᠦᠯᠦᠯᠲᠡ᠎ᠳᠤ ᠪᠦᠳᠦᠭᠡᠨ ᠪᠠᠶ᠋ᠢᠭᠤᠯᠬᠤ ᠨᠢᠭᠡᠴᠢ ᠵᠢᠨ ᠥᠪᠡᠰᠦᠪᠡᠨ ᠲᠣᠬᠢᠷᠠᠭᠤᠯᠤᠭᠰᠠᠨ ᠦᠶᠡᠷ᠎ᠢ ᠰᠡᠷᠭᠡᠶ᠋ᠢᠯᠡᠵᠦ ᠦᠶᠡᠷ᠎ᠠᠴᠠ ᠵᠠᠶ᠋ᠢᠯᠠᠬᠤ ᠲᠥᠰᠦᠯ᠎ᠢ ᠪᠠᠭᠲᠠᠭ᠋ᠠᠭᠰᠠᠨ ᠪᠠᠶ᠋ᠢᠬᠤ ᠬᠡᠷᠡᠭᠲᠡᠶ᠃ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠠᠰᠢᠭᠯᠠᠯᠲᠠ᠎ᠳᠤ ᠣᠷᠣᠭᠤᠯᠬᠤ ᠪᠤᠶᠤ ᠬᠡᠷᠡᠭᠯᠡᠬᠦ ᠦᠶ᠎ᠡ᠎ᠳᠤ᠂ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠲᠥᠬᠥᠭᠡᠷᠦᠮᠵᠢ ᠵᠢ᠎ᠨᠢ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠰᠢᠯᠭ᠋ᠠᠨ ᠠᠪᠤᠭᠤᠯᠬᠤ ᠬᠡᠷᠡᠭᠲᠡᠢ᠃
      ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠳᠤ ᠭᠡᠷ ᠪᠠᠶ᠋ᠢᠰᠢᠩ ᠪᠠᠷᠢᠬᠤ᠎ᠳᠤ ᠲᠡᠭᠰᠢ ᠤᠷᠤᠢ᠎ᠲᠠᠢ ᠪᠦᠲᠦᠴᠡ ᠵᠢ ᠬᠡᠷᠡᠭᠯᠡᠬᠦ ᠬᠡᠷᠡᠭᠲᠡᠶ᠃
      ᠭᠤᠴᠢᠨ ᠳᠥᠷᠪᠡᠳᠦᠭᠡᠷ ᠵᠦᠢ᠍ᠯ   ᠲᠤᠮᠤ ᠳᠤᠮᠳᠠ ᠬᠤᠳᠠ᠂ ᠴᠢᠬᠤᠯᠠ ᠲᠡᠮᠦᠷ ᠵᠠᠮ᠂ ᠵᠠᠰᠠᠮᠠᠯ ᠵᠠᠮ᠎ᠤᠨ ᠭᠣᠣᠯ ᠱᠤᠭᠤᠮ᠂ ᠲᠤᠮᠤ ᠬᠡᠯᠪᠡᠷᠢ ᠵᠢᠨ ᠭᠣᠣᠯᠯᠠᠭᠴᠢ ᠠᠵᠤ ᠠᠬᠤᠶ᠋ᠢᠯᠠᠯ᠎ᠢ ᠦᠶᠡᠷ᠎ᠢ ᠰᠡᠷᠭᠡᠶ᠋ᠢᠯᠡᠬᠦ ᠭᠣᠣᠯᠳᠠᠯᠭ᠎ᠠ ᠪᠣᠯᠭ᠋ᠠᠵᠤ᠂ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃
      ᠦᠶᠡᠷ᠎ᠤᠨ ᠰᠦᠷᠳᠡᠭᠦᠯᠦᠯ᠎ᠳᠤ ᠤᠴᠠᠷᠠᠭᠰᠠᠨ ᠬᠤᠳᠠ᠂ ᠠᠵᠤ ᠠᠬᠤᠶ ᠵᠢᠨ ᠨᠡᠭᠡᠭᠡᠨ ᠬᠥᠭᠵᠢᠭᠦᠯᠬᠦ ᠣᠷᠣᠨ᠂ ᠦᠢ᠍ᠯᠡᠳᠪᠦᠷᠢ ᠠᠭᠤᠷᠬᠠᠶ ᠵᠢᠨ ᠣᠷᠣᠨ ᠪᠣᠯᠤᠨ ᠤᠯᠤᠰ᠎ᠤᠨ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠴᠢᠬᠤᠯᠠ ᠰᠠᠭᠤᠷᠢᠨ ᠭᠠᠵᠠᠷ ᠵᠡᠷᠭᠡ ᠵᠢ ᠭᠣᠣᠯᠳᠠᠯᠭ᠎ᠠ᠎ᠲᠠᠢ᠎ᠪᠠᠷ ᠬᠠᠮᠠᠭ᠋ᠠᠯᠠᠵᠤ᠂ ᠦᠶᠡᠷ᠎ᠢ ᠰᠡᠷᠭᠡᠶ᠋ᠢᠯᠡᠬᠦ ᠴᠢᠬᠤᠯᠠ ᠪᠦᠬᠦᠢ ᠪᠠᠷᠢᠯᠭ᠎ᠠ ᠵᠢᠨ ᠲᠥᠬᠥᠭᠡᠷᠦᠮᠵᠢ ᠵᠢ ᠪᠦᠳᠦᠭᠡᠨ ᠪᠠᠶ᠋ᠢᠭᠤᠯᠬᠤ ᠬᠡᠷᠡᠭᠲᠡᠶ᠃
      ᠬᠤᠳᠠ ᠵᠢᠨ ᠪᠦᠳᠦᠭᠡᠨ ᠪᠠᠶ᠋ᠢᠭᠤᠯᠤᠯᠲᠠ᠎ᠳᠤ ᠤᠤᠯ᠎ᠤᠨ ᠪᠠᠶ᠋ᠢᠭᠰᠠᠨ ᠭᠣᠣᠯ᠎ᠤᠨ ᠵᠠᠮ᠎ᠤᠨ ᠭᠤᠤ ᠰᠤᠪᠠᠭ᠂ ᠤᠰᠤ ᠬᠠᠳᠠᠭ᠋ᠠᠯᠠᠬᠤ ᠨᠠᠭᠤᠷ ᠴᠥᠭᠥᠷᠥᠮ ᠬᠣᠲᠣᠭᠣᠷ ᠭᠠᠵᠠᠷ᠎ᠢ ᠳᠤᠷ᠎ᠠ᠎ᠪᠠᠷ ᠵᠶ᠋ᠠᠨ ᠪᠥᠭᠯᠡᠬᠦ ᠪᠠ ᠤᠤᠯ᠎ᠤᠨ ᠪᠠᠶ᠋ᠢᠭᠰᠠᠨ ᠦᠶᠡᠷ᠎ᠢ ᠰᠡᠷᠭᠡᠶ᠋ᠢᠯᠡᠬᠦ ᠬᠠᠰᠢᠯᠭ᠎ᠠ ᠳᠠᠯᠠᠩ᠎ᠢ ᠤᠰᠠᠳᠬᠠᠵᠤ ᠪᠣᠯᠬᠤ ᠦᠭᠡᠢ᠃ ᠦᠨᠡᠨ ᠬᠦ᠌ ᠪᠥᠭᠯᠡᠬᠦ ᠪᠤᠶᠤ ᠬᠦᠴᠦᠨ ᠤᠢ᠍ᠭᠡᠢ ᠪᠣᠯᠭ᠋ᠠᠬᠤ ᠴᠢᠬᠤᠯᠠ᠎ᠲᠠᠢ ᠪᠣᠯ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠬᠦ ᠬᠡᠷᠡᠭᠲᠡᠶ᠃
      ᠭᠤᠴᠢᠨ ᠲᠠᠪᠤᠳᠤᠭ᠋ᠠᠷ ᠵᠦᠢ᠍ᠯ   ᠦᠶᠡᠷ᠎ᠢ ᠰᠡᠷᠭᠡᠶ᠋ᠢᠯᠡᠬᠦ ᠤᠯᠤᠰ᠎ᠤᠨ ᠥᠮᠴᠢᠯᠡᠯ᠎ᠳᠤ ᠬᠠᠷᠢᠶᠠᠯᠠᠭᠳᠠᠬᠤ ᠪᠠᠷᠢᠯᠭ᠎ᠠ ᠵᠢᠨ ᠲᠥᠬᠥᠭᠡᠷᠦᠮᠵᠢ ᠵᠢ ᠵᠥᠪᠰᠢᠶᠡᠷᠡᠭᠦᠯᠦᠭᠰᠡᠨ ᠵᠢᠷᠤᠭ ᠲᠥᠯᠥᠪᠯᠡᠭᠡ ᠵᠢᠨ ᠶᠣᠰᠣᠭ᠋ᠠᠷ᠂ ᠪᠠᠷᠢᠯᠭ᠎ᠠ ᠵᠢᠨ ᠠᠵᠢᠯ ᠳᠠᠭᠤᠰᠴᠤ ᠰᠢᠯᠭ᠋ᠠᠨ ᠠᠪᠬᠤ᠎ᠠᠴᠠ ᠡᠮᠦᠨ᠎ᠡ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠤᠯᠤᠰ᠎ᠤᠨ ᠲᠣᠭᠲᠠᠭ᠋ᠠᠯ ᠶᠣᠰᠣᠭ᠋ᠠᠷ ᠬᠠᠮᠢᠶᠠᠷᠬᠤ ᠪᠠ ᠬᠠᠮᠠᠭ᠋ᠠᠯᠠᠬᠤ ᠬᠡᠪᠴᠢᠶ᠎ᠡ ᠵᠢ ᠵᠠᠭ᠋ᠠᠭᠯᠠᠨ ᠲᠣᠭᠲᠠᠭ᠋ᠠᠬᠤ ᠬᠡᠷᠡᠭᠲᠡᠢ᠃
      ᠬᠠᠮᠲᠤ ᠵᠢᠨ ᠥᠮᠴᠢᠯᠡᠯ᠎ᠳᠤ ᠬᠠᠷᠢᠶᠠᠯᠠᠭᠳᠠᠬᠤ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠲᠥᠬᠥᠭᠡᠷᠦᠮᠵᠢ ᠵᠢᠨ ᠬᠠᠮᠠᠭ᠋ᠠᠯᠠᠯᠲᠠ ᠵᠢᠨ ᠬᠡᠪᠴᠢᠶ᠎ᠡ ᠵᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠯ ᠶᠣᠰᠣᠭ᠋ᠠᠷ ᠵᠠᠭ᠋ᠠᠭᠯᠠᠨ ᠲᠣᠭᠲᠠᠭ᠋ᠠᠬᠤ ᠬᠡᠷᠡᠭᠲᠡᠢ᠃
      ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠲᠥᠬᠥᠭᠡᠷᠦᠮᠵᠢ ᠵᠢᠨ ᠬᠠᠮᠠᠭ᠋ᠠᠯᠠᠯᠲᠠ ᠵᠢᠨ ᠬᠡᠪᠴᠢᠶᠡᠨ ᠳᠣᠲᠣᠷ᠎ᠠ ᠳᠡᠯᠪᠡᠴᠢᠬᠦ᠂ ᠬᠤᠳᠳᠤᠭ ᠮᠠᠯᠲᠠᠬᠤ᠂ ᠴᠢᠯᠠᠭᠤ ᠭᠠᠷᠭ᠋ᠠᠬᠤ᠂ ᠰᠢᠷᠣᠢ ᠠᠪᠬᠤ ᠵᠡᠷᠭᠡ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠲᠥᠬᠥᠭᠡᠷᠦᠮᠵᠢ ᠵᠢᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠬᠢᠬᠦ ᠵᠢ ᠴᠠᠭ᠋ᠠᠵᠠᠯᠠᠨ᠎ᠠ᠃
      ᠭᠤᠴᠢᠨ ᠵᠢᠷᠭᠤᠳᠤᠭ᠋ᠠᠷ ᠵᠦᠢ᠍ᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ ᠴᠥᠭᠥᠷᠥᠮ᠎ᠤᠨ ᠬᠠᠰᠢᠯᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠶ᠋ᠢᠴᠠᠭ᠋ᠠᠬᠤ ᠪᠠ ᠬᠢᠨᠠᠵᠤ ᠬᠠᠮᠢᠶᠠᠷᠬᠤ ᠠᠵᠢᠯ ᠵᠶ᠋ᠠᠨ ᠴᠢᠩᠭ᠋ᠠᠳᠬᠠᠬᠤ ᠬᠡᠷᠡᠭᠲᠡᠶ᠃ ᠵᠢᠷᠤᠵᠤ ᠲᠥᠯᠥᠪᠯᠡᠭᠰᠡᠨ ᠦᠶᠡᠷ᠎ᠤᠨ ᠤᠰᠤᠨ᠎ᠤ ᠪᠠᠷᠢᠮᠵᠢᠶ᠎ᠠ᠂ ᠭᠠᠵᠠᠷ ᠬᠥᠳᠡᠯᠦᠯᠲᠡ ᠵᠢ ᠳᠠᠭ᠋ᠠᠭ᠋ᠠᠬᠤ ᠰᠡᠷᠭᠡᠶ᠋ᠢᠯᠡᠯᠲᠡ ᠵᠢᠨ ᠱᠠᠭ᠋ᠠᠷᠳᠠᠯᠭ᠎ᠠ᠎ᠳᠤ ᠬᠦᠷᠦᠭᠰᠡᠨ ᠦᠭᠡᠢ ᠪᠤᠶᠤ ᠶᠠᠰᠤ ᠴᠢᠨᠠᠷ᠎ᠤᠨ ᠲᠠᠯ᠎ᠠ᠎ᠪᠠᠷ ᠬᠦᠨᠳᠦ ᠨᠣᠴᠢᠲᠠᠶ ᠭᠡᠮ ᠰᠣᠭᠣᠭ᠎ᠲᠠᠢ ᠠᠶᠤᠯᠲᠠᠶ ᠬᠠᠰᠢᠯᠭ᠎ᠠ᠎ᠳᠤ ᠬᠠᠰᠢᠯᠭ᠎ᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠨᠢᠭᠡᠴᠢ ᠵᠢ ᠵᠣᠬᠢᠶᠠᠨ ᠪᠠᠶ᠋ᠢᠭᠤᠯᠤᠨ ᠠᠶᠤᠯ᠎ᠢ ᠠᠷᠢᠯᠭ᠋ᠠᠨ ᠪᠡᠬᠢᠯᠡᠬᠦ ᠠᠷᠭ᠎ᠠ ᠬᠡᠮᠵᠢᠶ᠎ᠡ ᠠᠪᠴᠤ᠂ ᠬᠤᠭᠤᠴᠠᠭ᠎ᠠ ᠲᠣᠭᠲᠠᠭ᠋ᠠᠨ ᠠᠶᠤᠯ᠎ᠢ ᠠᠷᠢᠯᠭ᠋ᠠᠬᠤ ᠪᠤᠶᠤ ᠲᠠᠬᠢᠨ ᠪᠠᠶ᠋ᠢᠭᠤᠯᠬᠤ ᠬᠡᠷᠡᠭᠲᠡᠶ᠂ ᠬᠣᠯᠪᠣᠭᠳᠠᠯ ᠪᠦᠬᠦᠢ ᠠᠷᠠᠳ᠎ᠤᠨ ᠵᠠᠰᠠᠭ᠎ᠤᠨ ᠣᠷᠳᠣᠨ᠎ᠠᠴᠠ ᠬᠡᠷᠡᠭᠰᠡᠬᠦ ᠪᠡᠯᠡ ᠮᠥᠩᠭᠥ ᠵᠢ ᠤᠷᠢᠳᠠᠪᠠᠷ ᠲᠣᠬᠢᠷᠠᠭᠤᠯᠬᠤ ᠬᠡᠷᠡᠭᠲᠡᠶ᠃ ᠬᠠᠰᠢᠯᠭ᠎ᠠ ᠨᠤᠷᠠᠵᠤ ᠮᠡᠳᠡᠬᠦ ᠤᠰᠤᠨ ᠴᠥᠭᠥᠷᠥᠮ᠎ᠳᠤ ᠪᠣᠯ ᠪᠠᠴᠢᠮ ᠪᠠᠶ᠋ᠢᠳᠠᠯ᠎ᠢ ᠠᠷᠭ᠋ᠠᠴᠠᠵᠤ ᠠᠶᠤᠯ᠎ᠠᠴᠠ ᠠᠪᠤᠷᠠᠬᠤ ᠪᠠ ᠰᠠᠭᠤᠭ᠋ᠠᠯᠢ ᠠᠷᠠᠳ᠎ᠢ ᠲᠦᠷ ᠵᠠᠶ᠋ᠢᠯᠠᠭᠤᠯᠬᠤ ᠲᠥᠰᠦᠯ᠎ᠢ ᠤᠷᠢᠳᠠᠪᠠᠷ ᠲᠣᠭᠲᠠᠭ᠋ᠠᠬᠤ ᠬᠡᠷᠡᠭᠲᠡᠶ᠃
      ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯᠤᠨ ᠬᠣᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠦᠯᠡᠳᠡᠭᠳᠡᠯ ᠠᠭᠤᠷᠬᠠᠢ ᠵᠢᠨ ᠬᠠᠰᠢᠯᠭ᠎ᠠ᠎ᠳᠤ ᠲᠠᠯᠪᠢᠬᠤ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠦᠶᠡᠷ᠎ᠤᠨ ᠤᠰᠤᠨ᠎ᠠᠴᠠ ᠪᠤᠯᠵᠤ ᠬᠠᠰᠢᠯᠭ᠎ᠠ ᠨᠤᠷᠠᠬᠤ᠎ᠠᠴᠠ ᠵᠠᠶ᠋ᠢᠯᠠᠰᠬᠢᠬᠦ ᠬᠡᠷᠡᠭᠲᠡᠶ᠃
      ᠭᠤᠴᠢᠨ ᠳᠣᠯᠣᠳᠤᠭ᠋ᠠᠷ ᠵᠦᠢ᠍ᠯ   ᠶᠠᠮᠠᠷᠪᠠ ᠨᠢᠭᠡᠴᠢ ᠪᠠ ᠬᠤᠪᠢ ᠬᠥᠮᠦᠨ ᠤᠰᠤᠨ ᠴᠥᠭᠥᠷᠥᠮ᠎ᠤᠨ ᠶᠡᠬᠡ ᠬᠠᠰᠢᠯᠭ᠎ᠠ᠂ ᠳᠠᠯᠠᠩ ᠬᠠᠰᠢᠯᠭ᠎ᠠ᠂ ᠤᠰᠤᠨ ᠬᠠᠭ᠋ᠠᠯᠲᠠ᠂ ᠡᠷᠭᠢ ᠵᠢᠨ ᠬᠠᠮᠠᠭ᠋ᠠᠯᠠᠯᠲᠠ᠂ ᠤᠰᠤ ᠲᠠᠲᠠᠬᠤ ᠦᠷᠳᠡᠭᠡ᠂ ᠤᠰᠤ ᠵᠠᠯᠠᠬᠤ ᠰᠤᠪᠠᠭ᠎ᠤᠨ ᠰᠢᠰᠲ᠋ᠧᠮ ᠵᠡᠷᠭᠡ ᠦᠶᠡᠷ᠎ᠢ ᠰᠡᠷᠭᠡᠶ᠋ᠢᠯᠡᠬᠦ ᠪᠠᠷᠢᠯᠭ᠎ᠠ ᠪᠠ ᠤᠰᠤᠨ ᠵᠦᠢ᠂ ᠮᠡᠳᠡᠭᠡ ᠬᠣᠯᠪᠣᠭ᠋ᠠᠨ᠎ᠤ ᠲᠥᠬᠥᠭᠡᠷᠦᠮᠵᠢ ᠵᠢᠴᠢ ᠦᠶᠡᠷ᠎ᠢ ᠰᠡᠷᠭᠡᠶ᠋ᠢᠯᠡᠬᠦ ᠪᠡᠯᠡᠳᠬᠡᠯ ᠪᠠᠭ᠋ᠠᠵᠢ ᠬᠡᠷᠡᠭᠰᠡᠯ᠂ ᠪᠣᠳᠠᠰ᠎ᠤᠨ ᠮᠠᠲ᠋ᠧᠷᠢᠶᠠᠯ ᠵᠡᠷᠭᠡ ᠵᠢ ᠡᠪᠳᠡᠵᠦ᠂ ᠡᠵᠡᠯᠡᠵᠦ᠂ ᠡᠪᠳᠡᠵᠦ ᠰᠦᠢ᠍ᠳᠬᠡᠵᠦ ᠪᠣᠯᠬᠤ ᠦᠭᠡᠢ᠃
     
      ᠲᠠᠪᠤᠳᠤᠭ᠋ᠠᠷ ᠪᠦᠯᠦᠭ   ᠦᠶᠡᠷ᠎ᠢ ᠰᠡᠷᠭᠡᠶ᠋ᠢᠯᠡᠵᠦ ᠦᠶᠡᠷ᠎ᠲᠠᠢ ᠲᠡᠮᠡᠴᠡᠬᠦ
   
      ᠭᠤᠴᠢᠨ ᠨᠠᠢ᠍ᠮᠠᠳᠤᠭ᠋ᠠᠷ ᠵᠦᠢ᠍ᠯ   ᠦᠶᠡᠷ᠎ᠢ ᠰᠡᠷᠭᠡᠶ᠋ᠢᠯᠡᠵᠦ ᠦᠶᠡᠷ᠎ᠲᠠᠢ ᠲᠡᠮᠡᠴᠡᠬᠦ ᠠᠵᠢᠯ᠎ᠳᠤ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠳᠠᠷᠤᠭ᠎ᠠ ᠬᠠᠷᠢᠭᠤᠴᠠᠬᠤ ᠲᠦᠷᠢᠮ᠎ᠢ ᠬᠡᠷᠡᠭᠵᠢᠭᠦᠯᠵᠦ᠂ ᠨᠢᠭᠡᠳᠦᠯᠲᠡᠢ ᠵᠢᠯᠣᠭᠣᠳᠴᠤ᠂ ᠱᠠᠳᠤ ᠬᠤᠪᠢᠶᠠᠨ ᠰᠠᠯᠠᠭ᠎ᠠ ᠮᠥᠴᠢᠷ ᠬᠤᠪᠢᠶᠠᠨ ᠬᠠᠷᠢᠭᠤᠴᠠᠨ᠎ᠠ᠃
      ᠭᠤᠴᠢ ᠶᠢᠰᠦᠳᠦᠭᠡᠷ ᠵᠦᠢ᠍ᠯ   ᠲᠦᠷᠦ ᠵᠢᠨ ᠶᠠᠪᠤᠳᠠᠯ᠎ᠤᠨ ᠬᠤᠷᠢᠶ᠎ᠠ ᠤᠯᠤᠰ᠎ᠤᠨ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ ᠪᠠᠶ᠋ᠢᠭᠤᠯᠵᠤ᠂ ᠪᠦᠬᠦ ᠤᠯᠤᠰ᠎ᠤᠨ ᠦᠶᠡᠷ᠎ᠢ ᠰᠡᠷᠭᠡᠶ᠋ᠢᠯᠡᠵᠦ ᠦᠶᠡᠷ᠎ᠲᠠᠢ ᠲᠡᠮᠡᠴᠡᠬᠦ ᠠᠵᠢᠯ᠎ᠢ ᠤᠳᠤᠷᠢᠳᠤᠨ ᠵᠣᠬᠢᠶᠠᠨ ᠪᠠᠶ᠋ᠢᠭᠤᠯᠬᠤ ᠵᠢ ᠬᠠᠷᠢᠭᠤᠴᠠᠭᠤᠯᠤᠨ᠎ᠠ᠂ ᠲᠡᠭᠦᠨ᠎ᠤ ᠬᠡᠷᠡᠭ ᠡᠷᠬᠢᠯᠡᠬᠦ ᠪᠠᠶ᠋ᠢᠭᠤᠯᠤᠮᠵᠢ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠪᠠᠢ᠌ᠷᠢᠯᠠᠭᠤᠯᠤᠨ᠎ᠠ᠃
      ᠤᠯᠤᠰ᠎ᠠᠴᠠ ᠲᠣᠭᠲᠠᠭ᠋ᠠᠭᠰᠠᠨ ᠴᠢᠬᠤᠯᠠ ᠭᠣᠣᠯ ᠮᠥᠷᠡᠨ᠂ ᠨᠠᠭᠤᠷ ᠴᠦᠬᠦᠷᠦᠮ᠎ᠳᠤ ᠬᠣᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠣᠯᠤᠨ ᠲᠤᠰ ᠭᠣᠣᠯ ᠮᠥᠷᠡᠨ᠂ ᠨᠠᠭᠤᠷ ᠴᠦᠬᠦᠷᠦᠮ᠎ᠤᠨ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ ᠵᠡᠷᠭᠡ᠎ᠪᠠᠷ ᠪᠦᠷᠢᠯᠳᠦᠭᠰᠡᠨ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ ᠵᠢ ᠪᠠᠶ᠋ᠢᠭᠤᠯᠵᠤ᠂ ᠬᠠᠮᠢᠶᠠᠷᠴᠤ ᠪᠠᠶ᠋ᠢᠭ᠎ᠠ ᠬᠡᠪᠴᠢᠶᠡᠨ᠎ᠤ᠎ᠪᠠᠨ ᠳᠣᠲᠣᠷᠠᠬᠢ ᠦᠶᠡᠷ᠎ᠢ ᠰᠡᠷᠭᠡᠶ᠋ᠢᠯᠡᠵᠦ ᠦᠶᠡᠷ᠎ᠲᠠᠢ ᠲᠡᠮᠡᠴᠡᠬᠦ ᠠᠵᠢᠯ᠎ᠢ ᠵᠢᠯᠣᠭᠣᠳᠴᠤ ᠪᠣᠯᠤᠨ᠎ᠠ᠂ ᠲᠡᠭᠦᠨ᠎ᠤ ᠬᠡᠷᠡᠭ ᠡᠷᠬᠢᠯᠡᠬᠦ ᠪᠠᠶ᠋ᠢᠭᠤᠯᠤᠮᠵᠢ ᠵᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠪᠠᠶ᠋ᠢᠷᠢᠯᠠᠭᠤᠯᠤᠨ᠎ᠠ᠃
      ᠦᠶᠡᠷ᠎ᠢ ᠰᠡᠷᠭᠡᠶ᠋ᠢᠯᠡᠵᠦ ᠦᠶᠡᠷ᠎ᠲᠠᠢ ᠲᠡᠮᠡᠴᠡᠬᠦ ᠡᠭᠦᠷᠭᠡ᠎ᠲᠠᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠲᠤᠬᠠᠶ ᠵᠢᠨ ᠭᠠᠵᠠᠷ᠎ᠲᠤ ᠰᠠᠭᠤᠭ᠎ᠠ ᠴᠡᠷᠢᠭ ᠠᠨᠭ᠌ᠭᠢ᠂ ᠠᠷᠠᠳ᠎ᠤᠨ ᠵᠡᠪᠰᠡᠭᠲᠦ ᠬᠦᠴᠦᠨ᠎ᠤ ᠬᠡᠯᠲᠡᠰ᠎ᠤᠨ ᠬᠠᠷᠢᠭᠤᠴᠠᠯᠭ᠋ᠠᠲᠠᠨ ᠵᠡᠷᠭᠡ᠎ᠪᠠᠷ ᠪᠦᠷᠢᠯᠳᠦᠭᠰᠡᠨ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ ᠪᠠᠶ᠋ᠢᠭᠤᠯᠵᠤ᠂ ᠳᠡᠭᠡᠳᠦ ᠱᠠᠲᠤᠨ᠎ᠤ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ ᠪᠠ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠤᠯᠭ᠎ᠠ ᠵᠢᠨ ᠳᠣᠣᠷ᠎ᠠ᠂ ᠲᠤᠰ ᠭᠠᠵᠠᠷ ᠣᠷᠣᠨ᠎ᠤ᠎ᠪᠠᠨ ᠦᠶᠡᠷ᠎ᠢ ᠰᠡᠷᠭᠡᠶ᠋ᠢᠯᠡᠵᠦ ᠦᠶᠡᠷ᠎ᠲᠠᠢ ᠲᠡᠮᠡᠴᠡᠬᠦ ᠠᠵᠢᠯ᠎ᠢ ᠵᠢᠯᠣᠭᠣᠳᠤᠨ᠎ᠠ᠂ ᠲᠡᠭᠦᠨ᠎ᠤ ᠬᠡᠷᠡᠭ ᠡᠷᠬᠢᠯᠡᠬᠦ ᠪᠠᠶ᠋ᠢᠭᠤᠯᠤᠮᠵᠢ ᠵᠢ ᠠᠳᠠᠯᠢ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠪᠠᠢ᠌ᠷᠢᠯᠠᠭᠤᠯᠤᠨ᠎ᠠ; ᠴᠢᠬᠤᠯᠠᠲᠠᠶ ᠦᠶ᠎ᠡ᠎ᠳᠤ᠂ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠲᠣᠭᠲᠠᠭ᠋ᠠᠯᠭ᠋ᠠᠭ᠋ᠠᠳ᠂ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ᠎ᠨᠢ ᠪᠦᠳᠦᠭᠡᠨ ᠪᠠᠶ᠋ᠢᠭᠤᠯᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠤᠳᠠ ᠵᠢᠨ ᠲᠣᠭᠣᠷᠢᠭ᠎ᠤᠨ ᠬᠡᠷᠡᠭ ᠡᠷᠬᠢᠯᠡᠬᠦ ᠪᠠᠶ᠋ᠢᠭᠤᠯᠤᠮᠵᠢ ᠭᠠᠷᠭ᠋ᠠᠵᠤ᠂ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ ᠵᠢᠨ ᠨᠢᠭᠡᠳᠦᠯᠲᠡᠶ ᠤᠳᠤᠷᠢᠳᠤᠯᠭ᠎ᠠ ᠵᠢᠨ ᠳᠣᠣᠷ᠎ᠠ᠂ ᠬᠤᠳᠠ ᠵᠢᠨ ᠲᠣᠭᠣᠷᠢᠭ᠎ᠤᠨ ᠦᠶᠡᠷ᠎ᠢ ᠰᠡᠷᠭᠡᠶ᠋ᠢᠯᠡᠵᠦ ᠦᠶᠡᠷ᠎ᠲᠠᠢ ᠲᠡᠮᠡᠴᠡᠬᠦ ᠡᠳᠦᠷ ᠲᠤᠳᠤᠮ᠎ᠤᠨ ᠠᠵᠢᠯ᠎ᠢ ᠬᠠᠷᠢᠭᠤᠴᠠᠭᠤᠯᠵᠤ ᠴᠤ᠌ ᠪᠣᠯᠤᠨ᠎ᠠ᠃
      ᠳᠥᠴᠢᠳᠦᠭᠡᠷ ᠵᠦᠢ᠍ᠯ   ᠦᠶᠡᠷ᠎ᠢ ᠰᠡᠷᠭᠡᠶ᠋ᠢᠯᠡᠵᠦ ᠦᠶᠡᠷ᠎ᠲᠠᠢ ᠲᠡᠮᠡᠴᠡᠬᠦ ᠡᠭᠦᠷᠭᠡ᠎ᠲᠠᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠰᠠᠪᠠ ᠭᠠᠵᠠᠷ᠎ᠤᠨ ᠶᠡᠷᠦᠩᠬᠡᠢ       ᠲᠥᠯᠥᠪᠵᠢᠭᠦᠯᠭᠡ᠂ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠪᠣᠳᠠᠲᠤ ᠪᠠᠶ᠋ᠢᠳᠠᠯ ᠪᠣᠯᠤᠨ ᠤᠯᠤᠰ᠎ᠠᠴᠠ ᠲᠣᠭᠲᠠᠭ᠋ᠠᠭᠰᠠᠨ ᠦᠶᠡᠷ᠎ᠢ ᠰᠡᠷᠭᠡᠶ᠋ᠢᠯᠡᠬᠦ ᠪᠠᠷᠢᠮᠵᠢᠶ᠎ᠠ ᠵᠢ ᠦᠨᠳᠦᠰᠦᠯᠡᠨ᠂ ᠦᠶᠡᠷ᠎ᠢ ᠰᠡᠷᠭᠡᠶ᠋ᠢᠯᠡᠬᠦ ᠲᠥᠰᠦᠯ (ᠣᠨᠴᠠ ᠶᠡᠬᠡ ᠦᠶᠡᠷ᠎ᠢ ᠰᠢᠢ᠍ᠳᠪᠦᠷᠢᠯᠡᠬᠦ ᠠᠷᠭ᠎ᠠ ᠬᠡᠮᠵᠢᠶ᠎ᠡ ᠪᠠᠭᠲᠠᠨ᠎ᠠ)᠎ᠢ ᠲᠣᠭᠲᠠᠭ᠋ᠠᠨ᠎ᠠ᠃
      ᠬᠥᠬᠡᠮᠥ᠋ᠷᠡᠨ᠂ ᠬᠠᠳᠤᠨ ᠭᠣᠣᠯ᠂ ᠬᠤᠸᠠᠢ ᠾᠧ ᠭᠣᠣᠯ᠂ ᠬᠠᠶ ᠾᠧ ᠭᠣᠣᠯ᠎ᠤᠨ ᠦᠶᠡᠷ᠎ᠢ ᠰᠡᠷᠭᠡᠶ᠋ᠢᠯᠡᠨ ᠬᠣᠷᠢᠭᠯᠠᠬᠤ ᠲᠥᠰᠦᠯ᠎ᠢ ᠤᠯᠤᠰ᠎ᠤᠨ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ᠎ᠠᠴᠠ ᠲᠣᠭᠲᠠᠭ᠋ᠠᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠵᠦ ᠵᠥᠪᠰᠢᠶᠡᠷᠡᠭᠦᠯᠦᠨ᠎ᠡ; ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠠᠯᠤᠰᠯᠠᠭᠰᠠᠨ ᠪᠤᠰᠤᠳ ᠭᠣᠣᠯ ᠮᠥᠷᠡᠨ᠎ᠤ ᠦᠶᠡᠷ᠎ᠢ ᠰᠡᠷᠭᠡᠶ᠋ᠢᠯᠡᠨ ᠬᠣᠷᠢᠭᠯᠠᠬᠤ ᠲᠥᠰᠦᠯ᠎ᠢ ᠬᠣᠯᠪᠣᠭᠳᠠᠯ ᠪᠦᠬᠦᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠬᠣᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠲᠤᠷᠠᠨ ᠲᠣᠭᠲᠠᠭ᠋ᠠᠵᠤ᠂ ᠲᠦᠷᠦ ᠵᠢᠨ ᠶᠠᠪᠤᠳᠠᠯ᠎ᠤᠨ ᠬᠣᠷᠢᠶ᠎ᠠ ᠪᠤᠶᠤ ᠲᠦᠷᠦ ᠵᠢᠨ ᠶᠠᠪᠤᠳᠠᠯ᠎ᠤᠨ ᠬᠣᠷᠢᠶᠠᠨ᠎ᠠᠴᠠ ᠡᠷᠬᠡ ᠣᠯᠭᠣᠭᠰᠠᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠮᠡᠳᠡᠭᠦᠯᠵᠦ ᠵᠥᠪᠰᠢᠶᠡᠷᠡᠭᠦᠯᠦᠨ᠎ᠡ᠃ ᠦᠶᠡᠷ᠎ᠢ ᠰᠡᠷᠭᠡᠶ᠋ᠢᠯᠡᠨ ᠬᠣᠷᠢᠭᠯᠠᠬᠤ ᠲᠥᠰᠦᠯ᠎ᠢ ᠵᠥᠪᠰᠢᠶᠡᠷᠡᠭᠦᠯᠦᠭᠰᠡᠨ᠎ᠤ ᠲᠡᠷᠡᠭ᠎ᠠ᠂ ᠬᠣᠯᠪᠣᠭᠳᠠᠯ ᠪᠦᠬᠦᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠡᠷᠬᠡᠪᠰᠢ ᠬᠡᠷᠡᠭᠵᠢᠭᠦᠯᠬᠦ ᠬᠡᠷᠡᠭᠲᠡᠶ᠃
      ᠡᠯ᠎ᠡ ᠱᠠᠲᠤᠨ᠎ᠤ ᠦᠶᠡᠷ᠎ᠤᠨ ᠰᠡᠷᠭᠡᠶ᠋ᠢᠯᠡᠯᠲᠡ ᠵᠢᠨ ᠵᠢᠯᠣᠭᠣᠳᠬᠤ ᠪᠠᠶ᠋ᠢᠭᠤᠯᠤᠮᠵᠢ ᠪᠣᠯᠤᠨ ᠦᠶᠡᠷ᠎ᠢ ᠰᠡᠷᠭᠡᠶ᠋ᠢᠯᠡᠨ ᠦᠶᠡᠷ᠎ᠲᠠᠢ ᠲᠡᠮᠡᠴᠡᠬᠦ ᠡᠭᠦᠷᠭᠡ ᠵᠢ ᠡᠭᠦᠷᠭᠡᠯᠡᠵᠦ ᠪᠠᠶ᠋ᠢᠭ᠎ᠠ ᠰᠠᠯᠠᠭ᠎ᠠ ᠮᠥᠴᠢᠷ ᠪᠣᠯᠤᠨ ᠨᠢᠭᠡᠴᠢ᠎ᠨᠦᠭᠦᠳ ᠡᠷᠬᠡᠪᠰᠢ ᠦᠶᠡᠷ᠎ᠢ ᠰᠡᠷᠭᠡᠶ᠋ᠢᠯᠡᠨ ᠬᠣᠷᠢᠭᠯᠠᠬᠤ ᠲᠥᠰᠦᠯ᠎ᠢ ᠦᠨᠳᠦᠰᠦᠯᠡᠨ ᠦᠶᠡᠷ᠎ᠢ ᠰᠡᠷᠭᠡᠶ᠋ᠢᠯᠡᠨ ᠦᠶᠡᠷ᠎ᠲᠠᠢ ᠲᠡᠮᠡᠴᠡᠬᠦ ᠪᠡᠯᠡᠳᠬᠡᠯ ᠠᠵᠢᠯ᠎ᠢ ᠰᠠᠶ᠋ᠢᠲᠤᠷ ᠬᠢᠬᠦ ᠬᠡᠷᠡᠭᠲᠡᠶ᠃
      ᠳᠥᠴᠢᠨ ᠨᠢᠭᠡᠳᠦᠭᠡᠷ ᠵᠦᠢ᠍ᠯ   ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ ᠲᠤᠬᠠᠢ ᠵᠢᠨ ᠭᠠᠵᠠᠷ᠎ᠤᠨ ᠦᠶᠡᠷ᠎ᠤᠨ ᠵᠢᠮ᠎ᠡ ᠶᠣᠰᠣ ᠵᠢ ᠦᠨᠳᠦᠰᠦᠯᠡᠨ᠂ ᠦᠶᠡᠷᠯᠡᠬᠦ ᠬᠤᠭᠤᠴᠠᠭ᠋ᠠᠨ᠎ᠤ ᠡᠬᠢᠯᠡᠵᠦ ᠳᠠᠭᠤᠰᠬᠤ ᠡᠳᠦᠷ ᠬᠤᠭᠤᠴᠠᠭ᠎ᠠ ᠵᠢ ᠲᠣᠭᠲᠠᠭ᠋ᠠᠨ᠎ᠠ᠃
      ᠭᠣᠣᠯ ᠮᠥᠷᠡᠨ᠂ ᠨᠠᠭᠤᠷ ᠴᠦᠬᠦᠷᠦᠮ᠎ᠤᠨ ᠤᠰᠤᠨ᠎ᠤ ᠪᠠᠶ᠋ᠢᠳᠠᠯ᠎ᠨᠢ ᠪᠠᠲᠤᠯᠠᠬᠤ ᠤᠰᠤᠨ ᠲᠦᠪᠰᠢᠨ ᠪᠤᠶᠤ ᠠᠶᠤᠯ ᠦᠭᠡᠢ ᠤᠷᠤᠰᠬᠠᠯ᠎ᠤᠨ ᠬᠡᠮᠵᠢᠶ᠎ᠡ᠎ᠳᠤ ᠣᠶ᠋ᠢᠷᠠᠲᠤᠭᠰᠠᠨ᠂ ᠴᠥᠭᠥᠷᠥᠮ᠎ᠤᠨ ᠤᠰᠤᠨ ᠲᠦᠪᠰᠢᠨ᠎ᠨᠢ ᠵᠢᠷᠤᠵᠤ ᠲᠥᠯᠥᠪᠯᠡᠭᠰᠡᠨ ᠦᠶᠡᠷ᠎ᠤᠨ ᠤᠰᠤᠨ ᠲᠦᠪᠰᠢᠨ᠎ᠳᠤ ᠣᠶ᠋ᠢᠷᠠᠲᠤᠭᠰᠠᠨ᠂ ᠡᠰᠡᠬᠦᠯ᠎ᠡ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠲᠥᠬᠥᠭᠡᠷᠦᠮᠵᠢ᠎ᠳᠤ ᠬᠦᠨᠳᠦ ᠶᠡᠬᠡ ᠲᠦᠭᠰᠢᠭᠦᠷᠢᠲᠦ ᠪᠠᠶ᠋ᠢᠳᠠᠯ ᠭᠠᠷᠤᠭᠰᠠᠨ ᠦᠶ᠎ᠡ᠎ᠳᠤ᠂ ᠬᠣᠯᠪᠣᠭᠳᠠᠯ ᠪᠦᠬᠦᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ᠎ᠠᠴᠠ ᠦᠶᠡᠷ᠎ᠢ ᠰᠡᠷᠭᠡᠶ᠋ᠢᠯᠡᠬᠦ ᠪᠠᠴᠢᠮ ᠬᠤᠭᠤᠴᠠᠭ᠋ᠠᠨ᠎ᠳᠤ ᠤᠷᠤᠭᠰᠠᠨ᠎ᠢ ᠨᠡᠶ᠋ᠢᠲᠡᠯᠡᠵᠦ ᠪᠣᠯᠤᠨ᠎ᠠ᠃
      ᠳᠥᠴᠢᠨ ᠬᠣᠶᠠᠳᠤᠭ᠋ᠠᠷ ᠵᠦᠢ᠍ᠯ   ᠭᠣᠣᠯ᠎ᠤᠨ ᠵᠠᠮ᠂ ᠨᠠᠭᠤᠷ ᠴᠦᠬᠦᠷᠦᠮ᠎ᠤᠨ ᠬᠡᠪᠴᠢᠶᠡᠨ᠎ᠳᠠᠬᠢ ᠦᠶᠡᠷ ᠵᠠᠯᠠᠬᠤ ᠵᠢ ᠬᠠᠷᠰᠢᠯᠠᠬᠤ ᠰᠠᠭ᠋ᠠᠳ ᠪᠣᠳᠠᠰ᠎ᠢ ᠬᠡᠨ ᠲᠤᠬᠢᠷᠠᠭᠤᠯᠠᠭᠰᠠᠨ ᠪᠣᠯ ᠲᠡᠷᠡ ᠠᠷᠢᠯᠭ᠋ᠠᠬᠤ ᠵᠠᠷᠴᠢᠮ ᠶᠣᠰᠣᠭ᠋ᠠᠷ᠂ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠠᠷᠢᠯᠭ᠋ᠠᠭᠤᠯᠤᠨ᠎ᠠ; ᠬᠤᠭᠤᠴᠠᠭ᠎ᠠ ᠬᠡᠲᠦᠷᠡᠲᠡᠯ᠎ᠡ ᠠᠷᠢᠯᠭ᠋ᠠᠭᠰᠠᠨ ᠦᠭᠡᠢ ᠪᠠᠶ᠋ᠢᠪᠠᠯ᠂ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ᠎ᠠᠴᠠ ᠵᠣᠬᠢᠶᠠᠨ ᠪᠠᠶ᠋ᠢᠭᠤᠯᠵᠤ ᠪᠠᠶ᠋ᠢᠭ᠋ᠠᠳ ᠠᠯᠪᠠᠳᠠᠯᠭ᠎ᠠ᠎ᠪᠠᠷ ᠴᠡᠪᠡᠷᠯᠡᠨ ᠠᠷᠢᠯᠭ᠋ᠠᠵᠤ᠂ ᠬᠡᠷᠡᠭᠰᠡᠬᠦ ᠵᠠᠷᠤᠳᠠᠯ᠎ᠢ ᠰᠠᠭ᠋ᠠᠳ ᠲᠤᠬᠢᠷᠠᠭᠤᠯᠤᠭᠰᠠᠨ ᠬᠥᠮᠦᠨ ᠡᠭᠦᠷᠭᠡᠯᠡᠨ᠎ᠡ᠃
      ᠦᠶᠡᠷ᠎ᠢ ᠰᠡᠷᠭᠡᠶ᠋ᠢᠯᠡᠬᠦ ᠪᠠᠴᠢᠮ ᠬᠤᠭᠤᠴᠠᠭ᠋ᠠᠨ᠎ᠳᠤ᠂ ᠤᠯᠤᠰ᠎ᠤᠨ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ ᠪᠤᠶᠤ ᠲᠡᠭᠦᠨ᠎ᠤ ᠡᠷᠬᠡ ᠣᠯᠭᠣᠭᠰᠠᠨ ᠰᠠᠪᠠ ᠭᠠᠵᠠᠷ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ᠎ᠨᠢ ᠤᠰᠤᠨ᠎ᠤ ᠲᠦᠭᠵᠢᠷᠡᠯ ᠪᠠ ᠬᠠᠷᠰᠢᠯᠠᠯ᠎ᠪᠠᠷ ᠬᠦᠨᠳᠦ ᠨᠣᠴᠢᠲᠠᠢ ᠪᠠᠶ᠋ᠢᠭ᠎ᠠ ᠬᠥᠭᠥᠷᠭᠡ᠂ ᠵᠠᠯᠠᠬᠤ ᠵᠠᠮ᠂ ᠭᠠᠷᠠᠮ ᠪᠣᠯᠤᠨ ᠭᠣᠣᠯ ᠠᠯᠤᠰᠯᠠᠭᠰᠠᠨ ᠪᠤᠰᠤᠳ ᠪᠠᠷᠢᠯᠭ᠎ᠠ ᠵᠢᠨ ᠲᠥᠬᠥᠭᠡᠷᠦᠮᠵᠢ ᠵᠢ ᠪᠠᠴᠢᠮ ᠰᠢᠢ᠍ᠳᠪᠦᠷᠢᠯᠡᠬᠦ ᠡᠷᠬᠡ᠎ᠲᠠᠢ᠃
      ᠳᠥᠴᠢᠨ ᠭᠤᠷᠪᠠᠳᠤᠭ᠋ᠠᠷ ᠵᠦᠢ᠍ᠯ   ᠦᠶᠡᠷᠯᠡᠬᠦ ᠬᠤᠭᠤᠴᠠᠭ᠋ᠠᠨ᠎ᠳᠤ ᠴᠠᠭ ᠠᠭᠤᠷ᠂ ᠤᠰᠤᠨ ᠵᠦᠢ᠂ ᠳᠠᠯᠠᠢ ᠲᠠᠩᠭᠢᠰ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰ ᠲᠤᠰ᠎ᠤᠨ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠬᠣᠯᠪᠣᠭᠳᠠᠯ ᠪᠦᠬᠦᠢ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ᠎ᠳᠤ ᠴᠠᠭ ᠠᠭᠤᠷ᠂ ᠤᠰᠤᠨ ᠵᠦᠢ ᠵᠡᠷᠭᠡ ᠵᠢᠨ ᠲᠤᠬᠠᠢ ᠵᠢᠨ ᠴᠠᠭ᠎ᠤᠨ ᠮᠡᠳᠡᠭᠡ ᠵᠠᠩᠭᠢ ᠪᠠ ᠰᠠᠯᠬᠢ ᠰᠢᠭᠤᠷᠭ᠋ᠠᠨ᠎ᠤ ᠲᠦᠯᠬᠢᠭᠡᠨ᠎ᠤ ᠤᠷᠢᠳᠴᠢᠯᠠᠭᠰᠠᠨ ᠮᠡᠳᠡᠭᠡ ᠵᠢ ᠴᠠᠭ ᠲᠤᠬᠠᠢ᠎ᠳᠤᠨᠢ ᠬᠠᠩᠭ᠋ᠠᠬᠤ ᠬᠡᠷᠡᠭᠲᠡᠢ; ᠴᠠᠬᠢᠯᠭ᠋ᠠᠨ ᠬᠣᠯᠪᠣᠭ᠋ᠠᠨ᠎ᠤ ᠰᠠᠯᠠᠭ᠎ᠠ ᠮᠥᠴᠢᠷ᠎ᠤᠳ ᠦᠶᠡᠷ᠎ᠢ ᠰᠡᠷᠭᠡᠶ᠋ᠢᠯᠡᠵᠦ ᠦᠶᠡᠷ᠎ᠲᠠᠢ ᠲᠡᠮᠡᠴᠡᠬᠦ ᠮᠡᠳᠡᠭᠡ ᠬᠣᠯᠪᠣᠭ᠋ᠠᠨ᠎ᠤ ᠦᠢ᠍ᠯᠡᠴᠢᠯᠡᠭᠡ ᠵᠢ ᠡᠩ ᠲᠡᠷᠢᠭᠦᠨ᠎ᠳᠤ ᠬᠠᠩᠭ᠋ᠠᠬᠤ ᠬᠡᠷᠡᠭᠲᠡᠶ; ᠲᠡᠭᠡᠭᠡᠪᠦᠷᠢ᠂ ᠴᠠᠬᠢᠯᠭ᠋ᠠᠨ ᠬᠦᠴᠦ᠂ ᠡᠳ᠋ ᠪᠣᠳᠠᠰ ᠮᠠᠲ᠋ᠧᠷᠢᠶᠠᠯ᠎ᠤᠨ ᠬᠠᠩᠭ᠋ᠠᠯᠭ᠎ᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠡᠩ ᠲᠡᠷᠢᠭᠦᠨ᠎ᠳᠤ ᠦᠶᠡᠷ᠎ᠢ ᠰᠡᠷᠭᠡᠶ᠋ᠢᠯᠡᠵᠦ ᠦᠶᠡᠷ᠎ᠲᠠᠢ ᠲᠡᠮᠡᠴᠡᠬᠦ᠎ᠳᠤ ᠦᠢ᠍ᠯᠡᠴᠢᠯᠡᠬᠦ ᠬᠡᠷᠡᠭᠲᠡᠢ᠃
      ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ ᠴᠡᠷᠢᠭ᠂ ᠳᠤᠮᠳᠠᠳᠤ ᠤᠯᠤᠰ᠎ᠤᠨ ᠠᠷᠠᠳ᠎ᠤᠨ ᠵᠡᠪᠰᠡᠭᠲᠦ ᠴᠠᠭᠳᠠᠭ᠎ᠠ ᠵᠢᠨ ᠴᠡᠷᠢᠭ ᠠᠡᠭᠬᠢ ᠪᠠ ᠡᠷᠦᠭᠡ ᠵᠢᠨ ᠴᠡᠷᠢᠭ ᠤᠯᠤᠰ᠎ᠠᠴᠠ ᠳᠠᠭ᠋ᠠᠭ᠋ᠠᠯᠭ᠋ᠠᠭᠰᠠᠨ ᠦᠶᠡᠷ᠎ᠲᠠᠢ ᠲᠡᠮᠡᠴᠡᠨ ᠠᠶᠤᠯ᠎ᠠᠴᠠ ᠠᠪᠤᠷᠠᠬᠤ ᠡᠭᠦᠷᠭᠡ ᠵᠢ ᠭᠦᠢ᠍ᠴᠡᠳᠬᠡᠬᠦ ᠬᠡᠷᠡᠭᠲᠡᠶ᠃
      ᠳᠥᠴᠢᠨ ᠳᠥᠷᠪᠡᠳᠦᠭᠡᠷ ᠵᠦᠢ᠍ᠯ   ᠦᠶᠡᠷᠯᠡᠬᠦ ᠬᠤᠭᠤᠴᠠᠭ᠋ᠠᠨ᠎ᠳᠤ ᠤᠰᠤᠨ ᠴᠥᠭᠥᠷᠥᠮ᠂ ᠬᠠᠰᠢᠯᠭ᠎ᠠ ᠪᠠ ᠪᠤᠰᠤᠳ ᠤᠰᠤᠨ᠎ᠤ ᠪᠠᠷᠢᠯᠭ᠎ᠠ ᠵᠢᠨ ᠲᠥᠬᠥᠭᠡᠷᠦᠮᠵᠢ ᠵᠢ ᠬᠡᠷᠡᠭᠯᠡᠬᠦ᠎ᠳᠡᠭᠡᠨ ᠡᠷᠬᠡᠪᠰᠢ ᠬᠣᠯᠪᠣᠭᠳᠠᠯ ᠪᠦᠬᠦᠢ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ ᠵᠢᠨ ᠲᠤᠬᠢᠷᠠᠭᠤᠯᠤᠯᠲᠠ ᠵᠢᠯᠤᠭᠤᠳᠤᠯᠭ᠎ᠠ ᠪᠠ ᠬᠢᠨᠠᠯᠲᠠ ᠵᠢ ᠲᠠᠭ᠋ᠠᠬᠤ ᠬᠡᠷᠡᠭᠲᠡᠢ᠃
    ᠦᠶᠡᠷᠯᠡᠬᠦ ᠬᠤᠭᠤᠴᠠᠭ᠋ᠠᠨ᠎ᠳᠤ ᠤᠰᠤᠨ ᠴᠥᠭᠥᠷᠥᠮ᠎ᠨᠢ ᠦᠶᠡᠷᠯᠡᠬᠦ ᠬᠤᠭᠤᠴᠠᠭ᠋ᠠᠨ᠎ᠤ ᠬᠢᠵᠠᠭ᠋ᠠᠷᠯᠠᠭᠰᠠᠨ ᠤᠰᠤᠨ ᠲᠦᠪᠰᠢᠨ᠎ᠠᠴᠠ ᠳᠡᠭᠡᠭᠰᠢ ᠳᠤᠷ᠎ᠠ᠎ᠪᠠᠷ ᠵᠶ᠋ᠠᠨ ᠤᠰᠤ ᠬᠠᠳᠠᠭ᠋ᠠᠯᠠᠵᠤ ᠪᠣᠯᠬᠤ ᠦᠭᠡᠢ᠂ ᠦᠶᠡᠷᠯᠡᠬᠦ ᠬᠤᠭᠤᠴᠠᠭ᠋ᠠᠨ᠎ᠤ ᠬᠢᠵᠠᠭ᠋ᠠᠷᠯᠠᠭᠰᠠᠨ ᠤᠰᠤᠨ ᠲᠦᠪᠰᠢᠨ᠎ᠠᠴᠠ ᠳᠡᠭᠡᠭᠰᠢᠬᠢ ᠦᠶᠡᠷ᠎ᠢ ᠰᠡᠷᠭᠡᠶ᠋ᠢᠯᠡᠬᠦ ᠴᠥᠭᠥᠷᠥᠮ᠎ᠤᠨ ᠪᠠᠭᠲᠠᠭ᠋ᠠᠮᠵᠢ ᠵᠢ ᠬᠡᠷᠡᠭᠯᠡᠬᠦ᠎ᠳᠡᠭᠡᠨ ᠡᠷᠬᠡᠪᠰᠢ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ ᠵᠢᠨ ᠲᠣᠬᠢᠷᠠᠭᠤᠯᠤᠨ ᠵᠢᠯᠣᠭᠣᠳᠬᠤ ᠪᠠ ᠬᠢᠨᠠᠯᠲᠠ ᠲᠠᠯᠪᠢᠬᠤ ᠵᠢ ᠳᠠᠭ᠋ᠠᠬᠤ ᠬᠡᠷᠡᠭᠲᠡᠶ᠃
      ᠬᠠᠯᠢᠶ᠎ᠠ ᠦᠶᠡᠷ᠎ᠤᠨ ᠬᠤᠭᠤᠴᠠᠭ᠋ᠠᠨ᠎ᠳᠤ᠂ ᠬᠠᠯᠢᠶ᠎ᠠ ᠦᠶᠡᠷ᠎ᠢ ᠰᠡᠷᠭᠡᠶ᠋ᠢᠯᠡᠬᠦ ᠡᠭᠦᠷᠭᠡ᠎ᠲᠠᠢ ᠭᠣᠣᠯ ᠮᠥᠷᠡᠨ᠎ᠤ ᠳᠡᠭᠡᠳᠦ ᠤᠷᠤᠰᠬᠠᠯ᠎ᠤᠨ ᠤᠰᠤᠨ ᠴᠥᠭᠥᠷᠥᠮ᠎ᠤᠨ ᠳᠣᠷᠣᠭᠰᠢ ᠤᠷᠤᠰᠬᠤ ᠤᠰᠤᠨ᠎ᠤ ᠬᠡᠮᠵᠢᠶ᠎ᠡ ᠵᠢ ᠡᠷᠬᠡᠪᠰᠢ ᠬᠣᠯᠪᠣᠭᠳᠠᠯ ᠪᠦᠬᠦᠢ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ ᠵᠢᠨ ᠵᠥᠪᠰᠢᠶᠡᠷᠡᠯ᠎ᠢ ᠤᠯᠬᠤ ᠵᠢᠨ ᠬᠠᠮᠲᠤ ᠲᠡᠳᠡᠨ᠎ᠤ ᠬᠢᠨᠠᠯᠲᠠ ᠵᠢ ᠬᠦᠯᠢᠶᠡᠬᠦ ᠬᠡᠷᠡᠭᠲᠡᠶ᠃
      ᠳᠥᠴᠢᠨ ᠲᠠᠪᠤᠳᠤᠭ᠋ᠠᠷ ᠵᠦᠢ᠍ᠯ   ᠦᠶᠡᠷ᠎ᠢ ᠪᠠᠴᠢᠮ ᠰᠡᠷᠭᠡᠶ᠋ᠢᠯᠡᠬᠦ ᠬᠤᠭᠤᠴᠠᠭ᠋ᠠᠨ᠎ᠳᠤ᠂ ᠦᠶᠡᠷ᠎ᠢ ᠰᠡᠷᠭᠡᠶ᠋ᠢᠯᠡᠬᠦ ᠵᠢᠯᠣᠭᠣᠳᠬᠤ ᠪᠠᠶ᠋ᠢᠭᠤᠯᠤᠮᠵᠢ᠎ᠨᠢ ᠦᠶᠡᠷ᠎ᠢ ᠰᠡᠷᠭᠡᠶ᠋ᠢᠯᠡᠵᠦ ᠦᠶᠡᠷ᠎ᠲᠠᠢ ᠲᠡᠮᠡᠴᠡᠬᠦ ᠬᠡᠷᠡᠭᠴᠡᠭᠡ ᠵᠢ ᠦᠨᠳᠦᠰᠦᠯᠡᠨ᠂ ᠬᠠᠷᠢᠶᠠᠯᠠᠯ᠎ᠤᠨ ᠵᠶ᠋ᠠᠨ ᠬᠡᠪᠴᠢᠶᠡᠨ ᠳᠣᠲᠣᠷ᠎ᠠ ᠡᠳ᠋ ᠪᠣᠳᠠᠰ᠂ ᠲᠤᠨᠤᠭ ᠲᠥᠬᠥᠭᠡᠷᠦᠮᠵᠢ᠂ ᠵᠠᠮ ᠲᠡᠭᠡᠭᠡᠪᠦᠷᠢ ᠵᠢᠨ ᠪᠠᠭ᠋ᠠᠵᠢ ᠪᠠ ᠬᠥᠮᠦᠨ᠎ᠤ ᠬᠦᠴᠦᠨ᠎ᠢ ᠰᠢᠯᠵᠢᠭᠦᠯᠦᠨ ᠬᠡᠷᠡᠭᠯᠡᠵᠦ᠂ ᠰᠢᠷᠣᠢ ᠠᠪᠴᠤ ᠭᠠᠵᠠᠷ ᠡᠵᠡᠯᠡᠬᠦ᠂ ᠤᠢ ᠮᠣᠳᠣ ᠵᠢ ᠣᠭᠲᠣᠯᠬᠤ᠂ ᠤᠰᠤ ᠵᠢ ᠬᠠᠷᠰᠢᠯᠠᠬᠤ ᠰᠠᠭ᠋ᠠᠳ ᠪᠣᠳᠠᠰ᠎ᠢ ᠠᠷᠢᠯᠭ᠋ᠠᠬᠤ ᠪᠠ ᠪᠤᠰᠤᠳ ᠴᠢᠬᠤᠯᠠ ᠪᠦᠬᠦᠢ ᠪᠠᠴᠢᠮ ᠠᠷᠭ᠎ᠠ ᠬᠡᠮᠵᠢᠶ᠎ᠡ ᠠᠪᠬᠤ ᠵᠢ ᠲᠣᠭᠲᠠᠭ᠋ᠠᠬᠤ ᠡᠷᠬᠡ᠎ᠲᠠᠢ; ᠴᠢᠬᠤᠯᠠᠲᠠᠶ ᠦᠶ᠎ᠡ᠎ᠳᠤ᠂ ᠳᠣᠲᠣᠭ᠋ᠠᠳᠤ ᠵᠢ ᠬᠠᠮᠠᠭ᠋ᠠᠯᠠᠬᠤ᠂ ᠵᠠᠮ ᠬᠠᠷᠢᠯᠴᠠᠭ᠎ᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ ᠵᠢᠨ ᠲᠣᠭᠲᠠᠭ᠋ᠠᠯ ᠶᠣᠰᠣᠭ᠋ᠠᠷ ᠬᠠᠤᠯᠢ ᠶᠣᠰᠣᠭ᠋ᠠᠷ ᠬᠠᠭᠤᠷᠠᠶ ᠭᠠᠵᠠᠷ ᠪᠠ ᠤᠰᠤᠨ ᠭᠠᠳᠠᠷᠭᠤ ᠵᠢᠨ ᠵᠠᠮ ᠬᠠᠷᠢᠯᠴᠠᠭ᠋ᠠᠨ᠎ᠤ ᠵᠠᠬᠢᠷᠤᠨ ᠬᠠᠮᠢᠶᠠᠷᠤᠯᠲᠠ ᠵᠢ ᠬᠡᠷᠡᠭᠵᠢᠭᠦᠯᠦᠨ᠎ᠡ᠃
      ᠡᠮᠦᠨᠡᠬᠢ ᠪᠠᠳᠠᠭ᠎ᠤᠨ ᠲᠣᠭᠲᠠᠭ᠋ᠠᠯ ᠶᠣᠰᠣᠭ᠋ᠠᠷ ᠰᠢᠯᠵᠢᠭᠦᠯᠦᠨ ᠬᠡᠷᠡᠭᠯᠡᠭᠰᠡᠨ ᠡᠳ᠋ ᠪᠣᠳᠠᠰ᠂ ᠲᠤᠨᠤᠭ ᠲᠥᠬᠥᠭᠡᠷᠦᠮᠵᠢ᠂ ᠵᠠᠮ ᠲᠡᠭᠡᠭᠡᠪᠦᠷᠢ ᠵᠢᠨ ᠪᠠᠭ᠋ᠠᠵᠢ ᠵᠡᠷᠭᠡ ᠵᠢ ᠦᠶᠡᠷᠯᠡᠬᠦ ᠬᠤᠭᠤᠴᠠᠭ᠎ᠠ ᠳᠠᠭᠤᠰᠤᠭᠰᠠᠨ᠎ᠤ ᠲᠠᠷᠠᠭ᠎ᠠ ᠴᠠᠭ ᠲᠤᠬᠠᠶ᠎ᠳᠤᠨᠢ ᠪᠤᠴᠠᠭ᠋ᠠᠵᠤ ᠥᠭᠬᠦ ᠬᠡᠷᠡᠭᠲᠡᠶ; ᠡᠪᠳᠡᠵᠦ ᠰᠦᠢ᠍ᠳᠬᠡᠭᠰᠡᠨ ᠪᠤᠶᠤ ᠪᠤᠴᠠᠭ᠋ᠠᠵᠤ ᠥᠭᠬᠦ ᠵᠢᠨ ᠠᠷᠭ᠎ᠠ ᠤᠢ᠍ᠭᠡᠢ ᠪᠣᠯᠭ᠋ᠠᠭᠰᠠᠨ ᠪᠠᠶ᠋ᠢᠪᠠᠯ᠂ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠵᠣᠬᠢᠰᠲᠠᠶ ᠲᠥᠯᠥᠪᠦᠷᠢ ᠥᠭᠬᠦ ᠪᠤᠶᠤ ᠪᠤᠰᠤᠳ ᠠᠷᠭ᠎ᠠ᠎ᠪᠠᠷ ᠰᠢᠢ᠍ᠳᠪᠤᠷᠢᠯᠡᠨ᠎ᠡ᠃ ᠰᠢᠷᠣᠶ ᠠᠪᠴᠤ ᠭᠠᠵᠠᠷ ᠡᠵᠡᠯᠡᠭᠰᠡᠨ᠂ ᠤᠢ ᠮᠣᠳᠣ ᠵᠢ ᠣᠭᠲᠣᠯᠤᠭᠰᠠᠨ ᠪᠠᠶ᠋ᠢᠪᠠᠯ᠂ ᠦᠶᠡᠷᠯᠡᠬᠦ ᠬᠤᠭᠤᠴᠠᠭ᠎ᠠ ᠳᠠᠭᠤᠰᠤᠭᠰᠠᠨ᠎ᠤ ᠲᠠᠷᠠᠭ᠎ᠠ ᠬᠠᠤᠯᠢ ᠶᠣᠰᠣᠭ᠋ᠠᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠭᠠᠷ ᠭᠦᠢ᠍ᠴᠡᠳᠬᠡᠯ᠎ᠢ ᠨᠥᠬᠥᠵᠦ ᠬᠢᠬᠦ ᠬᠡᠷᠡᠭᠲᠡᠶ; ᠬᠣᠯᠪᠣᠭᠳᠠᠯ ᠪᠦᠬᠦᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠰᠢᠷᠣᠶ ᠠᠪᠤᠭᠰᠠᠨ᠎ᠤ ᠳᠠᠷᠠᠭ᠋ᠠᠬᠢ ᠭᠠᠵᠠᠷ ᠰᠢᠷᠣᠶ ᠵᠢ ᠲᠡᠬᠢᠠ ᠬᠠᠭ᠋ᠠᠯᠪᠤᠷᠢᠯᠠᠬᠤ ᠠᠵᠢᠯ᠎ᠢ ᠵᠣᠬᠢᠶᠠᠨ ᠪᠠᠶ᠋ᠢᠭᠤᠯᠵᠤ᠂ ᠣᠭᠲᠣᠯᠤᠭᠰᠠᠨ ᠤᠢ ᠮᠣᠳᠣ ᠵᠢ ᠨᠥᠬᠥᠵᠦ ᠲᠡᠷᠢᠬᠤ ᠠᠵᠢᠯ᠎ᠢ ᠵᠣᠬᠢᠶᠠᠨ ᠪᠠᠶ᠋ᠢᠭᠤᠯᠤᠨ᠎ᠠ᠃
      ᠳᠥᠴᠢᠨ ᠵᠢᠷᠭᠤᠳᠤᠭ᠋ᠠᠷ ᠵᠦᠢ᠍ᠯ   ᠭᠣᠣᠯ ᠮᠥᠷᠡᠨ᠂ ᠨᠠᠭᠤᠷ ᠴᠦᠬᠦᠷᠦᠮ᠎ᠤᠨ ᠤᠰᠤᠨ ᠲᠦᠪᠰᠢᠨ ᠪᠤᠶᠤ ᠤᠷᠤᠰᠬᠠᠯ᠎ᠤᠨ ᠬᠡᠮᠵᠢᠶ᠎ᠡ᠎ᠨᠢ ᠤᠯᠤᠰ᠎ᠠᠴᠠ ᠲᠣᠭᠲᠠᠭ᠋ᠠᠭᠰᠠᠨ ᠦᠶᠡᠷ᠎ᠢ ᠰᠠᠯᠭ᠋ᠠᠬᠤ ᠪᠠᠷᠢᠮᠵᠢᠶ᠎ᠠ᠎ᠳᠤ ᠬᠦᠷᠴᠦ᠂ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠢ ᠡᠬᠢᠯᠡᠵᠦ ᠬᠡᠷᠡᠭᠯᠡᠬᠦ ᠴᠢᠬᠤᠯᠠᠲᠠᠶ ᠦᠶ᠎ᠡ᠎ᠳᠤ᠂ ᠲᠦᠷᠦ ᠵᠢᠨ ᠶᠠᠪᠤᠳᠠᠯ᠎ᠤᠨ ᠬᠣᠷᠢᠶ᠎ᠠ᠂ ᠤᠯᠤᠰ᠎ᠤᠨ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ᠂ ᠰᠠᠪᠠ ᠭᠠᠵᠠᠷ᠎ᠤᠨ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ᠎ᠨᠢ ᠬᠠᠤᠯᠢ ᠶᠣᠰᠣᠭ᠋ᠠᠷ ᠵᠥᠪᠰᠢᠶᠡᠷᠡᠭᠦᠯᠦᠭᠰᠡᠨ ᠦᠶᠡᠷ᠎ᠢ ᠰᠡᠷᠭᠡᠶ᠋ᠢᠯᠡᠬᠦ ᠲᠥᠰᠦᠯ᠎ᠳᠤ ᠲᠣᠭᠲᠠᠭ᠋ᠠᠭᠰᠠᠨ ᠡᠬᠢᠯᠡᠵᠦ ᠬᠡᠷᠡᠭᠯᠡᠬᠦ ᠨᠥᠬᠥᠴᠡᠯ ᠪᠠ ᠵᠥᠪᠰᠢᠶᠡᠷᠡᠬᠦ ᠵᠢᠷᠤᠮ᠎ᠤᠨ ᠶᠣᠰᠣᠭ᠋ᠠᠷ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠢ ᠡᠬᠢᠯᠡᠵᠦ ᠬᠡᠷᠡᠭᠯᠡᠬᠦ᠎ᠪᠠᠷ ᠲᠣᠭᠲᠠᠭ᠋ᠠᠨ᠎ᠠ᠃ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠢ ᠬᠠᠤᠯᠢ ᠶᠣᠰᠣᠭ᠋ᠠᠷ ᠡᠬᠢᠯᠡᠵᠦ   ᠬᠡᠷᠡᠭᠯᠡᠬᠦ᠎ᠳᠤ ᠶᠠᠮᠠᠷᠪᠠ ᠨᠢᠭᠡᠴᠢ ᠪᠠ ᠬᠤᠪᠢ ᠬᠥᠮᠦᠨ ᠬᠣᠷᠢᠭᠯᠠᠨ ᠤᠳᠠᠭ᠋ᠠᠰᠢᠷᠠᠭᠤᠯᠵᠤ ᠪᠣᠯᠬᠤ ᠦᠭᠡᠢ; ᠬᠣᠷᠢᠭᠯᠠᠬᠤ᠂ ᠤᠳᠠᠭ᠋ᠠᠰᠢᠷᠠᠭᠤᠯᠬᠤ ᠶᠠᠪᠤᠳᠠᠯ ᠲᠣᠬᠢᠶᠠᠯᠳᠤᠪᠠᠯ᠂ ᠬᠣᠯᠪᠣᠭᠳᠠᠯ ᠪᠦᠬᠦᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠠᠯᠪᠠᠳᠠᠯᠭ᠎ᠠ᠎ᠪᠠᠷ ᠬᠡᠷᠡᠭᠵᠢᠭᠦᠯᠦᠨ᠎ᠡ᠃
      ᠳᠥᠴᠢᠨ ᠳᠣᠯᠣᠳᠤᠭ᠋ᠠᠷ ᠵᠦᠢ᠍ᠯ   ᠦᠶᠡᠷ ᠤᠰᠤᠲᠤᠯ᠎ᠤᠨ ᠭᠠᠮᠰᠢᠭ ᠭᠠᠷᠤᠭᠰᠠᠨ᠎ᠤ ᠲᠠᠷᠠᠭ᠎ᠠ᠂ ᠬᠣᠯᠪᠣᠭᠳᠠᠯ ᠪᠦᠬᠦᠢ ᠠᠷᠠᠳ᠎ᠤᠨ ᠵᠠᠰᠠᠭ᠎ᠤᠨ ᠣᠷᠳᠣᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠵᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠭᠠᠮᠰᠢᠭᠳᠠᠭᠰᠠᠨ ᠣᠷᠣᠨ᠎ᠤ ᠠᠮᠢᠳᠤᠷᠠᠯ᠎ᠤᠨ ᠬᠠᠩᠭ᠋ᠠᠯᠭ᠎ᠠ᠂ ᠡᠷᠡᠭᠦᠯ᠎ᠢ ᠬᠠᠮᠠᠭ᠋ᠠᠯᠠᠬᠤ ᠬᠢᠵᠢᠭ᠎ᠢ ᠰᠡᠷᠭᠡᠶ᠋ᠢᠯᠡᠬᠦ᠂ ᠭᠠᠮᠰᠢᠭ᠎ᠠᠴᠠ ᠠᠪᠤᠷᠠᠬᠤ ᠡᠳ᠋ ᠪᠣᠳᠠᠰ᠎ᠤᠨ ᠬᠠᠩᠭ᠋ᠠᠯᠭ᠎ᠠ᠂ ᠠᠮᠤᠷ᠎ᠢ ᠬᠠᠮᠠᠭ᠋ᠠᠯᠠᠬᠤ ᠬᠠᠮᠢᠶᠠᠷᠤᠯᠲᠠ᠂ ᠰᠤᠷᠭ᠋ᠠᠭᠤᠯᠢ ᠵᠢᠨ ᠬᠢᠴᠢᠶᠡᠯ᠎ᠢ ᠰᠡᠷᠭᠦᠭᠡᠬᠦ᠂ ᠦᠢ᠍ᠯᠡᠳᠪᠦᠷᠢᠯᠡᠯ᠎ᠢ ᠰᠡᠷᠭᠦᠭᠡᠬᠦ ᠪᠠ ᠭᠡᠷ ᠣᠷᠣᠨ ᠵᠶ᠋ᠠᠨ ᠲᠠᠬᠢᠨ ᠪᠠᠶ᠋ᠢᠭᠤᠯᠬᠤ ᠵᠡᠷᠭᠡ ᠭᠠᠮᠰᠢᠭ᠎ᠠᠴᠠ ᠠᠪᠤᠷᠠᠬᠤ ᠠᠵᠢᠯ ᠵᠢᠴᠢ ᠬᠠᠮᠢᠶᠠᠷᠴᠤ ᠪᠠᠶ᠋ᠢᠭ᠎ᠠ ᠭᠠᠵᠠᠷ ᠣᠷᠣᠨ᠎ᠤ᠎ᠪᠠᠨ ᠤᠰᠤᠨ᠎ᠳᠤ ᠡᠪᠳᠡᠭᠳᠡᠭᠰᠡᠨ ᠡᠯ᠎ᠡ ᠵᠦᠢ᠍ᠯ᠎ᠤᠨ ᠪᠠᠷᠢᠯᠭ᠎ᠠ ᠵᠢᠨ ᠲᠥᠬᠥᠭᠡᠷᠦᠮᠵᠢ ᠵᠢ ᠰᠡᠯᠪᠢᠨ ᠵᠠᠰᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠤᠰᠤᠨ᠎ᠳᠤ ᠰᠦᠢ᠍ᠳᠦᠭᠰᠡᠨ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠲᠥᠬᠥᠭᠡᠷᠦᠮᠵᠢ ᠵᠢ ᠰᠡᠯᠪᠢᠨ ᠵᠠᠰᠠᠬᠤ᠎ᠳᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠣᠨ᠎ᠤ ᠪᠦᠳᠦᠭᠡᠨ ᠪᠠᠶ᠋ᠢᠭᠤᠯᠤᠯᠲᠠ ᠵᠢᠨ ᠲᠥᠯᠥᠪᠯᠡᠭᠡ᠎ᠳᠤ ᠡᠩ ᠲᠡᠷᠢᠭᠦᠨ᠎ᠳᠤ ᠣᠷᠣᠭᠤᠯᠬᠤ ᠬᠡᠷᠡᠭᠲᠡᠢ᠃
      ᠦᠶᠡᠷ᠎ᠤᠨ ᠤᠰᠤᠨ᠎ᠤ ᠳᠠᠭ᠋ᠠᠳᠬᠠᠯ ᠥᠷᠨᠢᠭᠦᠯᠬᠦ ᠵᠢ ᠤᠯᠤᠰ᠎ᠠᠴᠠ ᠵᠣᠷᠢᠭᠵᠢᠭᠤᠯᠤᠨ ᠲᠡᠮᠵᠢᠨ᠎ᠡ᠃
       
      ᠵᠢᠷᠭᠤᠳᠤᠭ᠋ᠠᠷ ᠪᠦᠯᠦᠭ   ᠪᠠᠲᠤᠯᠠᠭ᠎ᠠ ᠵᠢᠨ ᠠᠷᠭ᠎ᠠ ᠬᠡᠮᠵᠢᠶ᠎ᠡ
   
      ᠳᠥᠴᠢᠨ ᠨᠠᠢ᠍ᠮᠠᠳᠤᠭ᠋ᠠᠷ ᠵᠦᠢ᠍ᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠦᠶᠡᠷ᠎ᠢ ᠰᠡᠷᠭᠡᠶ᠋ᠢᠯᠡᠬᠦ ᠣᠷᠣᠭᠤᠯᠤᠯᠲᠠ ᠵᠢᠨ ᠶᠡᠷᠦᠩᠬᠡᠢ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ᠃
      ᠳᠥᠴᠢ ᠶᠢᠰᠦᠳᠦᠭᠡᠷ ᠵᠦᠢ᠍ᠯ   ᠭᠣᠣᠯ ᠮᠥᠷᠡᠨ᠂ ᠨᠠᠭᠤᠷ ᠴᠦᠬᠦᠷᠦᠮ᠎ᠢ ᠵᠠᠰᠠᠬᠤ ᠪᠠ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠲᠥᠬᠥᠭᠡᠷᠦᠮᠵᠢ ᠵᠢ ᠪᠦᠳᠦᠭᠡᠨ ᠪᠠᠶ᠋ᠢᠭᠤᠯᠬᠤ ᠪᠠ ᠬᠠᠮᠠᠭ᠋ᠠᠯᠠᠬᠤ᠎ᠳᠤ ᠬᠡᠷᠡᠭᠰᠡᠬᠦ ᠪᠡᠯᠡ ᠣᠷᠣᠭᠤᠯᠤᠯᠲᠠ ᠵᠢ ᠠᠵᠢᠯ ᠶᠠᠪᠤᠳᠠᠯ᠎ᠤᠨ ᠡᠷᠬᠡ ᠪᠠ ᠡᠳ᠋᠎ᠤᠨ ᠵᠠᠰᠠᠭ᠎ᠤᠨ ᠡᠷᠬᠡ ᠵᠢ ᠨᠢᠭᠡᠳᠦᠯᠲᠡᠢ ᠪᠠᠶ᠋ᠢᠯᠭ᠋ᠠᠬᠤ ᠵᠠᠷᠴᠢᠮ ᠶᠣᠰᠣᠭ᠋ᠠᠷ ᠱᠠᠳᠤ ᠬᠤᠪᠢᠶᠠᠨ ᠬᠠᠷᠢᠭᠤᠴᠠᠵᠤ᠂ ᠲᠥᠪ᠎ᠤᠨ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠠᠴᠠ ᠡᠭᠦᠷᠭᠡᠯᠡᠨ᠎ᠡ᠃ ᠬᠤᠳᠠ ᠵᠢᠨ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠪᠠ ᠬᠠᠮᠠᠭ᠋ᠠᠯᠠᠯᠲᠠ᠎ᠳᠤ ᠬᠡᠷᠡᠭᠰᠡᠬᠦ ᠪᠡᠯᠡ ᠣᠷᠣᠭᠤᠯᠤᠯᠲᠠ ᠵᠢ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ       ᠡᠭᠦᠷᠭᠡᠯᠡᠨ᠎ᠡ᠃
      ᠦᠶᠡᠷ᠎ᠤᠨ ᠰᠦᠷᠳᠡᠭᠦᠯᠦᠯ᠎ᠳᠤ ᠤᠴᠠᠷᠠᠭᠰᠠᠨ ᠭᠠᠵᠠᠷ ᠣᠷᠣᠨ᠎ᠤ ᠴᠢᠯᠠᠭᠤᠨ ᠲᠤᠰᠦᠠ᠎ᠤ ᠠᠭᠤᠷᠬᠠᠶ᠂ ᠳᠠᠮᠵᠢᠭᠤᠯᠬᠤ ᠬᠣᠭᠣᠯᠠᠶ᠂ ᠲᠡᠮᠦᠷ ᠵᠡᠮ᠂ ᠵᠠᠰᠠᠮᠠᠯ ᠵᠡᠮ᠂ ᠠᠭᠤᠷᠬᠠᠶ᠂ ᠴᠠᠬᠢᠯᠭ᠋ᠠᠨ ᠬᠦᠴᠦ᠂ ᠴᠠᠬᠢᠯᠭ᠋ᠠᠨ ᠬᠣᠯᠪᠣᠭ᠎ᠠ ᠵᠡᠷᠭᠡ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠨᠦᠭᠦᠳ ᠥᠪᠡᠰᠦᠪᠡᠨ ᠪᠡᠯᠠ ᠮᠥᠩᠭᠥ ᠴᠤᠭᠯᠠᠭᠤᠯᠵᠤ᠂ ᠦᠶᠡᠷ᠎ᠢ ᠰᠡᠷᠭᠡᠶ᠋ᠢᠯᠡᠵᠦ ᠥᠪᠡᠷ᠎ᠢ᠎ᠪᠠᠨ ᠬᠠᠮᠠᠭ᠋ᠠᠯᠠᠬᠤ ᠴᠢᠬᠤᠯᠠ ᠪᠦᠬᠦᠢ ᠪᠠᠷᠢᠯᠭ᠎ᠠ ᠵᠢ ᠪᠠᠶ᠋ᠢᠭᠤᠯᠬᠤ ᠬᠡᠷᠡᠭᠲᠡᠶ᠃
      ᠲᠠᠪᠢᠳᠤᠭ᠋ᠠᠷ ᠵᠦᠢ᠍ᠯ   ᠲᠦᠪ᠎ᠤᠨ ᠡᠳ᠋᠎ᠤᠨ ᠵᠠᠰᠠᠭ᠎ᠠᠴᠠ ᠪᠡᠯᠡ ᠮᠥᠩᠭᠥ ᠲᠣᠬᠢᠷᠠᠭᠤᠯᠵᠤ᠂ ᠤᠯᠤᠰ᠎ᠠᠴᠠ ᠲᠣᠭᠲᠠᠭ᠋ᠠᠭᠰᠠᠨ ᠴᠢᠬᠤᠯᠠ ᠭᠣᠣᠯ ᠮᠥᠷᠡᠨ᠂ ᠨᠠᠭᠤᠷ ᠴᠦᠬᠦᠷᠦᠮ᠎ᠤᠨ ᠬᠠᠰᠢᠯᠭ᠎ᠠ ᠳᠠᠯᠠᠩ ᠣᠨᠴᠠ ᠶᠡᠬᠡ ᠦᠶᠡᠷ ᠤᠰᠤᠲᠤᠯ᠎ᠤᠨ ᠭᠠᠮᠰᠢᠭ᠎ᠲᠤ ᠤᠴᠠᠷᠠᠬᠤ ᠦᠶ᠎ᠡ ᠵᠢᠨ ᠦᠶᠡᠷ᠎ᠲᠠᠢ ᠲᠡᠮᠡᠴᠡᠨ ᠠᠶᠤᠯ᠎ᠠᠴᠠ ᠠᠪᠤᠷᠠᠬᠤ ᠪᠠ ᠤᠰᠤᠨ᠎ᠳᠤ ᠰᠦᠢ᠍ᠳᠦᠭᠰᠡᠨ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢ ᠵᠠᠰᠠᠨ ᠰᠡᠷᠭᠦᠭᠡᠬᠦ᠎ᠳᠤ ᠬᠡᠷᠡᠭᠯᠡᠬᠦ ᠬᠡᠷᠡᠭᠲᠡᠢ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠲᠤᠰ ᠱᠠᠲᠤᠨ᠎ᠤ ᠡᠳ᠋᠎ᠤᠨ ᠵᠠᠰᠠᠭ᠎ᠤᠨ ᠲᠥᠰᠦᠪ᠎ᠲᠡᠭᠡᠨ ᠪᠡᠯᠡ ᠮᠥᠩᠭᠥ ᠲᠣᠬᠢᠷᠠᠭᠤᠯᠵᠤ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠣᠨᠴᠠ ᠶᠡᠬᠡ ᠦᠶᠡᠷ ᠤᠰᠤᠲᠤᠯ᠎ᠤᠨ ᠭᠠᠮᠰᠢᠭ᠎ᠲᠤ ᠤᠴᠠᠷᠠᠭᠰᠠᠨ ᠭᠠᠵᠠᠷ ᠣᠷᠣᠨ᠎ᠤ ᠦᠶᠡᠷ᠎ᠲᠠᠢ ᠲᠡᠮᠡᠴᠡᠨ ᠠᠶᠤᠯ᠎ᠠᠴᠠ ᠠᠪᠤᠷᠠᠬᠤ ᠪᠠ ᠤᠰᠤᠨ᠎ᠳᠤ ᠰᠦᠢ᠍ᠳᠦᠭᠰᠡᠨ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢ ᠵᠠᠰᠠᠨ ᠰᠡᠷᠭᠦᠭᠡᠬᠦ᠎ᠳᠤ ᠬᠡᠷᠡᠭᠯᠡᠬᠦ ᠬᠡᠷᠡᠭᠲᠡᠢ᠃
      ᠲᠠᠪᠢᠨ ᠨᠢᠭᠡᠳᠦᠭᠡᠷ ᠵᠦᠢ᠍ᠯ   ᠤᠯᠤᠰ᠎ᠠᠴᠠ ᠤᠰᠤᠨ ᠠᠰᠢᠭᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢᠨ ᠰᠠᠭᠤᠷᠢ ᠮᠥᠩᠭᠥ ᠪᠠᠶ᠋ᠢᠭᠤᠯᠵᠤ᠂ ᠦᠶᠡᠷ᠎ᠢ ᠰᠡᠷᠭᠡᠶ᠋ᠢᠯᠡᠬᠦ ᠪᠠᠷᠢᠯᠭ᠎ᠠ ᠪᠠ ᠤᠰᠤᠨ ᠠᠰᠢᠭᠯᠠᠯᠲᠠ ᠵᠢᠨ ᠪᠠᠷᠢᠯᠭ᠎ᠠ ᠵᠢ ᠬᠠᠮᠠᠭ᠋ᠠᠯᠠᠬᠤ ᠪᠠ ᠪᠦᠳᠦᠭᠡᠨ ᠪᠠᠶ᠋ᠢᠭᠤᠯᠬᠤ᠎ᠳᠤ ᠬᠡᠷᠡᠭᠯᠡᠨ᠎ᠡ᠃ ᠪᠣᠳᠠᠲᠠᠶ ᠠᠷᠭ᠎ᠠ ᠵᠢ ᠲᠤᠢ᠍ᠷᠦ ᠵᠢᠨ ᠶᠠᠪᠤᠳᠠᠯ᠎ᠤᠨ ᠬᠤᠷᠢᠶ᠎ᠠ᠎ᠠᠴᠠ ᠲᠤᠭᠳᠠᠭ᠋ᠠᠨ᠎ᠠ᠃
      ᠦᠶᠡᠷ᠎ᠤᠨ ᠰᠦᠷᠳᠡᠭᠦᠯᠦᠯ᠎ᠳᠤ ᠤᠴᠠᠷᠠᠭᠰᠠᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠎ᠨᠤᠭᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠶᠡᠷ᠎ᠢ ᠰᠡᠷᠭᠡᠶ᠋ᠢᠯᠡᠨ ᠬᠣᠷᠢᠭᠯᠠᠬᠤ ᠴᠢᠳᠠᠪᠤᠷᠢ᠎ᠪᠠᠨ ᠳᠡᠭᠡᠭᠰᠢᠯᠡᠭᠦᠯᠬᠦ ᠵᠢᠨ ᠲᠥᠯᠥᠭᠡ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠦᠶᠡᠷ᠎ᠢ ᠰᠡᠷᠭᠡᠶ᠋ᠢᠯᠡᠬᠦ ᠬᠠᠮᠠᠭ᠋ᠠᠯᠠᠯᠲᠠ ᠵᠢᠨ ᠣᠷᠣᠨ᠎ᠤ ᠬᠡᠪᠴᠢᠶᠡᠨ᠎ᠳᠤ ᠭᠣᠣᠯ᠎ᠤᠨ ᠵᠠᠮ᠎ᠤᠨ ᠪᠠᠷᠢᠯᠭ᠎ᠠ ᠵᠢ ᠪᠠᠶ᠋ᠢᠭᠤᠯᠵᠤ ᠰᠡᠯᠪᠢᠨ ᠵᠠᠰᠠᠬᠤ ᠬᠠᠮᠢᠶᠠᠷᠤᠯᠲᠠ ᠵᠢᠨ ᠵᠠᠷᠤᠳᠠᠯ ᠲᠠᠲᠠᠪᠤᠷᠢᠯᠠᠬᠤ᠎ᠪᠠᠷ ᠲᠣᠭᠲᠠᠭ᠋ᠠᠵᠤ ᠪᠣᠯᠤᠨ᠎ᠠ᠃
      ᠲᠠᠪᠢᠨ ᠬᠣᠶᠠᠳᠤᠭ᠋ᠠᠷ ᠵᠦᠢ᠍ᠯ   ᠶᠠᠮᠠᠷᠪᠠ ᠨᠢᠭᠡᠴᠢ ᠪᠠ ᠬᠤᠪᠢ ᠬᠥᠮᠦᠨ ᠦᠶᠡᠷ᠎ᠢ ᠰᠡᠷᠭᠡᠶ᠋ᠢᠯᠡᠬᠦ᠂ ᠭᠠᠮᠰᠢᠭ᠎ᠠᠴᠠ ᠠᠪᠤᠷᠠᠬᠤ ᠪᠡᠯᠡ ᠮᠥᠩᠭᠥ ᠪᠠ ᠡᠳ᠋ ᠪᠣᠳᠠᠰ᠎ᠢ ᠦᠯᠡᠳᠡᠭᠡᠨ ᠠᠪᠴᠤ᠂ ᠨᠡᠭᠦᠯᠭᠡᠨ ᠬᠡᠷᠡᠭᠯᠡᠵᠦ ᠪᠣᠯᠬᠤ ᠦᠭᠡᠢ᠃
      ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠢᠨᠠᠨ ᠪᠤᠳᠤᠬᠤ ᠪᠠᠶ᠋ᠢᠭᠤᠯᠭ᠎ᠠ᠎ᠨᠤᠭᠤᠳ ᠦᠶᠡᠷ᠎ᠢ ᠰᠡᠷᠭᠡᠶ᠋ᠢᠯᠡᠬᠦ᠂ ᠭᠠᠮᠰᠢᠭ᠎ᠠᠴᠠ ᠠᠪᠤᠷᠠᠬᠤ ᠪᠡᠯᠡ ᠮᠥᠩᠭᠥ ᠵᠢ ᠬᠡᠷᠡᠭᠯᠡᠭᠰᠡᠨ ᠪᠠᠶ᠋ᠢᠳᠠᠯ᠎ᠢ ᠬᠢᠨᠠᠨ ᠪᠤᠳᠤᠵᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠲᠡᠢ᠃
   
      ᠳᠣᠯᠣᠳᠤᠭ᠋ᠠᠷ ᠪᠦᠯᠦᠭ   ᠬᠠᠤᠯᠢ ᠵᠢᠨ ᠬᠠᠷᠢᠭᠤᠴᠠᠯᠭ᠎ᠠ
   
      ᠲᠠᠪᠢᠨ ᠭᠤᠷᠪᠠᠳᠤᠭ᠋ᠠᠷ ᠵᠦᠢ᠍ᠯ   ᠲᠤᠰ ᠬᠠᠤᠯᠢ ᠵᠢᠨ ᠠᠷᠪᠠᠨ ᠳᠣᠯᠣᠳᠤᠭ᠋ᠠᠷ ᠵᠦᠢ᠍ᠯ᠎ᠤᠨ ᠲᠣᠭᠲᠠᠭ᠋ᠠᠯ᠎ᠢ ᠵᠥᠷᠢᠴᠡᠵᠦ᠂ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠲᠥᠯᠥᠪᠵᠢᠭᠦᠯᠭᠡ ᠵᠢᠨ ᠵᠥᠪᠰᠢᠶᠡᠷᠡᠯ᠎ᠤᠨ ᠪᠢᠴᠢᠭ ᠳᠡᠭᠡᠷ᠎ᠡ ᠭᠠᠷ᠎ᠤᠨ ᠦᠰᠦᠭ ᠵᠢᠷᠤᠭᠤᠯᠤᠭᠰᠠᠨ ᠦᠭᠡᠢ᠎ᠪᠠᠷ ᠳᠤᠷ᠎ᠠ᠎ᠪᠠᠷ ᠵᠶ᠋ᠠᠨ ᠭᠣᠣᠯ ᠮᠥᠷᠡᠨ᠂ ᠨᠠᠭᠤᠷ ᠴᠦᠬᠦᠷᠦᠮ ᠳᠡᠭᠡᠷ᠎ᠡ ᠦᠶᠡᠷ᠎ᠢ ᠰᠡᠷᠭᠡᠶ᠋ᠢᠯᠡᠬᠦ ᠪᠠᠷᠢᠯᠭ᠎ᠠ ᠪᠠ ᠪᠤᠰᠤᠳ ᠤᠰᠤᠨ᠎ᠤ ᠪᠠᠷᠢᠯᠭ᠎ᠠ᠂ ᠤᠰᠤᠨ ᠴᠠᠬᠢᠯᠭ᠋ᠠᠨ ᠦᠷᠳᠡᠭᠡ ᠪᠠᠶ᠋ᠢᠭᠤᠯᠤᠭᠰᠠᠨ ᠪᠠᠶ᠋ᠢᠪᠠᠯ᠂ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠲᠥᠯᠥᠪᠵᠢᠭᠦᠯᠭᠡ ᠵᠢᠨ ᠵᠥᠪᠰᠢᠶᠡᠷᠡᠯ᠎ᠤᠨ ᠪᠢᠴᠢᠭ᠎ᠤᠨ ᠭᠠᠷ ᠭᠦᠢ᠍ᠴᠡᠳᠬᠡᠯ᠎ᠢ ᠨᠥᠬᠥᠪᠥᠷᠢᠯᠡᠨ ᠬᠢᠯᠭᠡᠨ᠎ᠡ; ᠲᠥᠯᠥᠪᠵᠢᠭᠦᠯᠭᠡ ᠵᠢᠨ ᠵᠥᠪᠰᠢᠶᠡᠷᠡᠯ᠎ᠤᠨ ᠪᠢᠴᠢᠭ᠎ᠤᠨ ᠱᠠᠭ᠋ᠠᠷᠳᠠᠯᠭ᠎ᠠ ᠵᠢ ᠵᠥᠷᠢᠴᠡᠵᠦ᠂ ᠦᠶᠡᠷ᠎ᠢ ᠰᠡᠷᠭᠡᠶ᠋ᠢᠯᠡᠬᠦ ᠵᠢ ᠬᠦᠨᠳᠦ ᠨᠣᠴᠢᠲᠠᠢ ᠨᠥᠯᠥᠭᠡᠯᠡᠭᠰᠡᠨ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠨᠤᠷᠠᠭ᠋ᠠᠯᠭ᠋ᠠᠨ᠎ᠠ; ᠲᠥᠯᠥᠪᠵᠢᠭᠦᠯᠭᠡ ᠵᠢᠨ ᠵᠥᠪᠰᠢᠶᠡᠷᠡᠯ᠎ᠤᠨ ᠪᠢᠴᠢᠭ᠎ᠤᠨ ᠱᠠᠭ᠋ᠠᠷᠳᠠᠯᠭ᠎ᠠ ᠵᠢ ᠵᠥᠷᠢᠴᠡᠵᠦ᠂ ᠦᠶᠡᠷ᠎ᠢ ᠰᠡᠷᠭᠡᠶ᠋ᠢᠯᠡᠬᠦ ᠵᠢ ᠨᠥᠯᠥᠭᠡᠯᠡᠭᠰᠡᠨ ᠪᠣᠯᠪᠠᠴᠤ ᠪᠠᠰᠠ ᠨᠥᠬᠥᠪᠥᠷᠢᠯᠡᠬᠦ ᠠᠷᠭ᠎ᠠ ᠬᠡᠮᠵᠢᠶ᠎ᠡ ᠠᠪᠴᠤ ᠪᠣᠯᠬᠤ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠵᠦ ᠪᠣᠯᠤᠨ᠎ᠠ᠃
      ᠲᠠᠪᠢᠨ ᠳᠥᠷᠪᠡᠳᠦᠭᠡᠷ ᠵᠦᠢ᠍ᠯ   ᠲᠤᠰ ᠬᠠᠤᠯᠢ ᠵᠢᠨ ᠠᠷᠪᠠ ᠶᠢᠰᠦᠳᠦᠭᠡᠷ ᠵᠦᠢ᠍ᠯ᠎ᠤᠨ ᠲᠣᠭᠲᠠᠭ᠋ᠠᠯ᠎ᠢ ᠵᠥᠷᠢᠴᠡᠵᠦ᠂ ᠲᠥᠯᠥᠪᠵᠢᠭᠦᠯᠭᠡ ᠵᠢᠨ ᠵᠠᠰᠠᠵᠤ ᠵᠠᠯᠠᠬᠤ ᠱᠤᠭᠤᠮ ᠶᠣᠰᠣᠭ᠋ᠠᠷ ᠭᠣᠣᠯ᠎ᠤᠨ ᠵᠠᠮ᠎ᠢ ᠵᠠᠰᠠᠭᠰᠠᠨ ᠦᠭᠡᠢ ᠪᠠ ᠭᠣᠣᠯ᠎ᠤᠨ ᠤᠷᠤᠰᠬᠠᠯ᠎ᠤᠨ ᠴᠢᠭᠯᠡᠯ᠎ᠢ ᠡᠵᠡᠮᠳᠡᠨ ᠵᠢᠯᠣᠭᠣᠳᠬᠤ᠂ ᠳᠠᠯᠠᠩ ᠡᠷᠭᠢ ᠵᠢ ᠬᠠᠮᠠᠭ᠋ᠠᠯᠠᠬᠤ ᠵᠡᠷᠭᠡ ᠪᠠᠷᠢᠯᠭ᠎ᠠ ᠵᠢ ᠪᠠᠶ᠋ᠢᠭᠤᠯᠤᠭᠰᠠᠨ ᠦᠭᠡᠢ᠎ᠠᠴᠠ ᠪᠤᠯᠵᠤ᠂ ᠦᠶᠡᠷ᠎ᠢ ᠰᠡᠷᠭᠡᠶ᠋ᠢᠯᠡᠬᠦ ᠵᠢ ᠨᠥᠯᠥᠭᠡᠯᠡᠭᠰᠡᠨ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠣᠭᠰᠣᠭ᠋ᠠᠵᠤ᠂ ᠤᠤᠯ᠎ᠤᠨ ᠪᠠᠶ᠋ᠢᠳᠠᠯ᠎ᠢ᠎ᠨᠢ ᠰᠡᠷᠭᠦᠭᠡᠬᠦ ᠪᠤᠶᠤ ᠪᠤᠰᠤᠳ ᠠᠪᠤᠷᠠᠬᠤ ᠠᠷᠭ᠎ᠠ ᠬᠡᠮᠵᠢᠶ᠎ᠡ ᠠᠪᠤᠭᠤᠯᠵᠤ᠂ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠵᠦ ᠪᠣᠯᠤᠨ᠎ᠠ᠃
      ᠲᠠᠪᠢᠨ ᠲᠠᠪᠤᠳᠤᠭ᠋ᠠᠷ ᠵᠦᠢ᠍ᠯ   ᠲᠤᠰ ᠬᠠᠤᠯᠢ ᠵᠢᠨ ᠬᠣᠷᠢᠨ ᠬᠣᠶᠠᠳᠤᠭ᠋ᠠᠷ ᠵᠦᠢ᠍ᠯ᠎ᠤᠨ ᠬᠣᠶᠠᠳᠤᠭ᠋ᠠᠷ ᠪᠠᠳᠠᠭ᠂ ᠭᠤᠷᠪᠠᠳᠤᠭ᠋ᠠᠷ ᠪᠠᠳᠠᠭ᠎ᠤᠨ ᠲᠣᠭᠲᠠᠭ᠋ᠠᠯ᠎ᠢ ᠵᠥᠷᠢᠴᠡᠵᠦ᠂ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠣᠭᠰᠣᠭ᠋ᠠᠵᠤ᠂ ᠬᠠᠷᠰᠢ ᠰᠠᠭ᠋ᠠᠳ᠎ᠢ ᠠᠷᠢᠯᠭ᠋ᠠᠭᠤᠯᠬᠤ ᠪᠤᠶᠤ ᠪᠤᠰᠤᠳ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠲᠠᠪᠤᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠵᠦ ᠪᠣᠯᠤᠨ᠎ᠠ᠄
     (ᠨᠢᠭᠡ) ᠭᠣᠣᠯ᠎ᠤᠨ ᠵᠠᠮ᠂ ᠨᠠᠭᠤᠷ ᠴᠦᠬᠦᠷᠦᠮ᠎ᠤᠨ ᠬᠠᠮᠢᠶᠠᠷᠤᠯᠲᠠ ᠵᠢᠨ ᠬᠡᠪᠴᠢᠶᠡᠨ ᠳᠣᠲᠣᠷ᠎ᠠ ᠦᠶᠡᠷ ᠵᠠᠯᠠᠬᠤ ᠵᠢ ᠬᠠᠷᠰᠢᠯᠠᠬᠤ ᠪᠠᠷᠢᠯᠭ᠎ᠠ ᠪᠠᠶ᠋ᠢᠭᠤᠯᠤᠭᠰᠠᠨ;
     (ᠬᠣᠶᠠᠷ) ᠭᠣᠣᠯ᠎ᠤᠨ ᠵᠠᠮ᠂ ᠨᠠᠭᠤᠷ ᠴᠦᠬᠦᠷᠦᠮ᠎ᠤᠨ ᠬᠠᠮᠢᠶᠠᠷᠤᠯᠲᠠ ᠵᠢᠨ ᠬᠡᠪᠴᠢᠶᠡᠨ᠎ᠳᠤ ᠬᠣᠭ       ᠨᠣᠪᠰᠢ᠂ ᠰᠢᠭ᠋ᠠᠷᠤ ᠰᠢᠷᠤᠢ ᠬᠠᠶᠠᠵᠤ᠂ ᠭᠣᠣᠯ᠎ᠤᠨ ᠤᠷᠤᠰᠬᠠᠯ᠎ᠤᠨ ᠲᠣᠭᠲᠠᠭᠤᠨ ᠪᠠᠶ᠋ᠢᠳᠠᠯ᠎ᠢ ᠨᠥᠯᠥᠭᠡᠯᠡᠬᠦ᠂ ᠭᠣᠣᠯ᠎ᠤᠨ ᠡᠷᠭᠢ ᠵᠢᠨ ᠬᠠᠰᠢᠯᠭ᠎ᠠ ᠳᠠᠯᠠᠩ᠎ᠤᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠬᠤ ᠪᠠ ᠭᠣᠣᠯ᠎ᠤᠨ ᠵᠠᠮ ᠵᠶ᠋ᠠᠷ ᠦᠶᠡᠷ ᠵᠠᠯᠠᠬᠤ ᠵᠢ ᠬᠠᠷᠰᠢᠯᠠᠬᠤ ᠪᠤᠰᠤᠳ ᠠᠵᠢᠯᠯᠠᠭ᠎ᠠ ᠬᠢᠭᠰᠡᠨ;
     (ᠭᠤᠷᠪᠠ) ᠦᠶᠡᠷ ᠵᠠᠯᠠᠬᠤ ᠭᠣᠣᠯ᠎ᠤᠨ ᠵᠠᠮ ᠳᠣᠲᠣᠷ᠎ᠠ ᠦᠶᠡᠷ ᠵᠠᠯᠠᠬᠤ ᠵᠢ ᠬᠠᠷᠰᠢᠯᠠᠬᠤ ᠤᠢ ᠮᠣᠳᠣ ᠪᠠ ᠥᠨᠳᠥᠷ ᠡᠰᠢᠲᠦ ᠲᠠᠷᠢᠮᠠᠯ ᠲᠠᠷᠢᠭᠰᠠᠨ᠃
      ᠲᠡᠪᠢᠠ ᠵᠢᠷᠭᠤᠳᠤᠭ᠋ᠠᠷ ᠵᠦᠢ᠍ᠯ   ᠲᠤᠰ ᠬᠠᠤᠯᠢ ᠵᠢᠨ ᠠᠷᠪᠠᠨ ᠲᠠᠪᠤᠳᠤᠭ᠋ᠠᠷ ᠵᠦᠢ᠍ᠯ᠎ᠤᠨ ᠬᠣᠶᠠᠳᠤᠭ᠋ᠠᠷ ᠪᠠᠳᠠᠭ᠂ ᠬᠣᠷᠢᠨ ᠭᠤᠷᠪᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠵᠥᠷᠢᠴᠡᠵᠦ᠂ ᠲᠡᠯᠡᠢ ᠵᠢ ᠬᠦᠷᠢᠶᠡᠯᠡᠨ ᠲᠠᠷᠢᠶᠠᠨ ᠭᠠᠵᠠᠷ ᠭᠠᠷᠭ᠋ᠠᠭᠰᠠᠨ᠂ ᠨᠠᠭᠤᠷ᠎ᠢ ᠬᠦᠷᠢᠶᠡᠯᠡᠨ ᠲᠠᠷᠢᠶᠠᠨ ᠭᠠᠵᠠᠷ ᠭᠠᠷᠭ᠋ᠠᠭᠰᠠᠨ᠂ ᠭᠣᠣᠯ᠎ᠤᠨ ᠵᠡᠮ᠎ᠢ ᠬᠦᠷᠢᠶᠡᠯᠡᠨ ᠬᠠᠭ᠋ᠠᠯᠪᠤᠷᠢᠯᠠᠭᠰᠠᠨ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠣᠭᠰᠣᠭ᠋ᠠᠵᠤ᠂ ᠤᠤᠯ᠎ᠤᠨ ᠪᠠᠶ᠋ᠢᠳᠠᠯ᠎ᠢ᠎ᠨᠢ ᠰᠡᠷᠭᠦᠭᠡᠬᠦ ᠪᠤᠶᠤ ᠪᠤᠰᠤᠳ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠲᠠᠪᠤᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠵᠦ ᠪᠣᠯᠤᠨ᠎ᠠ; ᠤᠤᠯ᠎ᠤᠨ ᠪᠠᠶ᠋ᠢᠳᠠᠯ᠎ᠢ᠎ᠨᠢ ᠰᠡᠷᠭᠦᠭᠡᠬᠦ ᠦᠭᠡᠢ ᠮᠥᠷᠲᠡᠭᠡᠨ ᠪᠠᠰᠠ ᠪᠤᠰᠤᠳ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠪᠠᠶ᠋ᠢᠪᠠᠯ᠂ ᠲᠡᠭᠦᠨ᠎ᠢ ᠣᠷᠣᠯᠠᠨ ᠤᠭ᠎ᠤᠨ ᠪᠠᠶ᠋ᠢᠳᠠᠯ᠎ᠢ᠎ᠨᠢ ᠰᠡᠷᠭᠦᠭᠡᠬᠦ ᠪᠤᠶᠤ ᠪᠤᠰᠤᠳ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠨ᠎ᠠ᠂ ᠬᠡᠷᠡᠭᠰᠡᠬᠦ ᠵᠠᠷᠤᠳᠠᠯ᠎ᠢ᠎ᠨᠢ ᠬᠠᠤᠯᠢ ᠵᠢ ᠵᠥᠷᠢᠴᠡᠭᠰᠡᠳ ᠡᠭᠦᠷᠭᠡᠯᠡᠨ᠎ᠡ᠃
      ᠲᠠᠪᠢᠨ ᠳᠣᠯᠣᠳᠤᠭ᠋ᠠᠷ ᠵᠦᠢ᠍ᠯ   ᠲᠤᠰ ᠬᠠᠤᠯᠢ ᠵᠢᠨ ᠬᠣᠷᠢᠨ ᠳᠣᠯᠣᠳᠤᠭ᠋ᠠᠷ ᠵᠦᠢ᠍ᠯ᠎ᠤᠨ ᠲᠣᠭᠲᠠᠭ᠋ᠠᠯ᠎ᠢ ᠵᠥᠷᠢᠴᠡᠵᠦ᠂ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠲᠥᠰᠦᠯ ᠵᠶ᠋ᠠᠨ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠦᠭᠰᠡᠨ ᠦᠭᠡᠢ ᠪᠤᠶᠤ ᠬᠣᠯᠪᠣᠭᠳᠠᠯ ᠪᠦᠬᠦᠢ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠪᠠᠶ᠋ᠢᠴᠠᠭ᠋ᠠᠵᠤ ᠵᠥᠪᠰᠢᠶᠡᠷᠡᠭᠰᠡᠨ ᠣᠷᠣᠨ ᠪᠠᠶ᠋ᠢᠷᠢ᠂ ᠵᠠᠭ᠋ᠠᠭ ᠬᠢᠵᠠᠭ᠋ᠠᠷ ᠶᠣᠰᠣᠭ᠋ᠠᠷ ᠭᠣᠣᠯ᠎ᠤᠨ ᠵᠠᠮ᠂ ᠨᠠᠭᠤᠷ ᠴᠦᠬᠦᠷᠦᠮ᠎ᠤᠨ ᠬᠠᠮᠢᠶᠠᠷᠤᠯᠲᠠ ᠵᠢᠨ ᠬᠡᠪᠴᠢᠶᠡᠨ ᠳᠣᠲᠣᠷ᠎ᠠ ᠪᠠᠷᠢᠯᠭ᠎ᠠ ᠵᠢᠨ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠬᠢᠭᠰᠡᠨ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠣᠭᠰᠣᠭ᠋ᠠᠵᠤ᠂ ᠬᠢᠨᠠᠨ ᠪᠠᠶ᠋ᠢᠴᠠᠭ᠋ᠠᠵᠤ ᠵᠥᠪᠰᠢᠶᠡᠷᠡᠬᠦ ᠪᠤᠶᠤ ᠬᠢᠨᠠᠨ ᠪᠠᠶ᠋ᠢᠴᠠᠭ᠋ᠠᠵᠤ ᠵᠥᠪᠰᠢᠶᠡᠷᠡᠬᠦ ᠭᠠᠷ ᠭᠦᠢ᠍ᠴᠡᠳᠬᠡᠯ᠎ᠢ ᠨᠥᠬᠥᠪᠥᠷᠢᠯᠡᠨ ᠬᠢᠯᠭᠡᠨ᠎ᠡ; ᠪᠠᠷᠢᠯᠭ᠎ᠠ ᠵᠢᠨ ᠲᠥᠬᠥᠭᠡᠷᠦᠮᠵᠢ ᠵᠢᠨ ᠪᠦᠳᠦᠭᠡᠠ ᠪᠠᠶ᠋ᠢᠭᠤᠯᠤᠯᠲᠠ᠎ᠨᠢ ᠦᠶᠡᠷ᠎ᠢ ᠰᠡᠷᠭᠡᠶ᠋ᠢᠯᠡᠬᠦ ᠵᠢ ᠬᠦᠨᠳᠦ ᠨᠣᠴᠢᠲᠠᠶ ᠨᠥᠯᠥᠭᠡᠯᠡᠭᠰᠡᠨ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠨᠤᠷᠠᠭ᠋ᠠᠯᠭ᠋ᠠᠨ᠎ᠠ᠂ ᠬᠤᠭᠤᠴᠠᠭ᠎ᠠ ᠬᠡᠲᠦᠷᠡᠲᠡᠯ᠎ᠡ ᠨᠤᠷᠠᠭ᠋ᠠᠭᠰᠠᠨ ᠤᠢ᠍ᠭᠡᠢ ᠪᠠᠶ᠋ᠢᠪᠠᠯ᠂ ᠠᠯᠪᠠᠳᠠᠯᠭ᠎ᠠ᠎ᠪᠠᠷ ᠨᠤᠷᠠᠭ᠋ᠠᠯᠭ᠋ᠠᠨ᠎ᠠ᠂ ᠬᠡᠷᠡᠭᠰᠡᠬᠦ ᠵᠠᠷᠤᠳᠠᠯ᠎ᠢ ᠪᠦᠳᠦᠭᠡᠠ ᠪᠠᠶ᠋ᠢᠭᠤᠯᠬᠤ ᠨᠢᠭᠡᠴᠢ ᠡᠭᠦᠷᠭᠡᠯᠡᠨ᠎ᠡ; ᠦᠶᠡᠷ ᠵᠠᠯᠠᠬᠤ ᠵᠢ ᠨᠥᠯᠥᠭᠡᠯᠡᠬᠦ ᠪᠣᠯᠪᠠᠴᠤ ᠪᠠᠰᠠ ᠨᠥᠬᠥᠪᠥᠷᠢᠯᠡᠬᠦ ᠠᠷᠭ᠎ᠠ ᠬᠡᠮᠵᠢᠶ᠎ᠡ ᠠᠪᠴᠤ ᠪᠣᠯᠬᠤ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠵᠦ ᠪᠣᠯᠤᠨ᠎ᠠ᠃
      ᠲᠠᠪᠢᠨ ᠨᠠᠢ᠍ᠮᠠᠳᠤᠭ᠋ᠠᠷ ᠵᠦᠢ᠍ᠯ   ᠲᠤᠰ ᠬᠠᠤᠯᠢ ᠵᠢᠨ ᠭᠤᠴᠢᠨ ᠭᠤᠷᠪᠠᠳᠤᠭ᠋ᠠᠷ ᠵᠦᠢ᠍ᠯ᠎ᠤᠨ ᠨᠢᠭᠡᠳᠦᠭᠡᠷ ᠪᠠᠳᠠᠭ᠎ᠤᠨ ᠲᠣᠭᠲᠠᠭ᠋ᠠᠯ᠎ᠢ ᠵᠥᠷᠢᠴᠡᠵᠦ᠂ ᠦᠶᠡᠷᠯᠡᠭᠰᠡᠨ ᠣᠷᠣᠨ᠂ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠳᠤ ᠦᠶᠡᠷ᠎ᠢ ᠰᠡᠷᠭᠡᠶ᠋ᠢᠯᠡᠬᠦ ᠪᠤᠰᠤ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠪᠠᠶ᠋ᠢᠭᠤᠯᠬᠤ᠎ᠳᠠᠭᠠᠨ ᠦᠶᠡᠷ᠎ᠤᠨ ᠨᠥᠯᠥᠭᠡ ᠵᠢ ᠦᠨᠡᠯᠡᠭᠰᠡᠨ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠭᠰᠠᠨ ᠦᠭᠡᠢ ᠪᠤᠶᠤ ᠦᠶᠡᠷ᠎ᠤᠨ ᠨᠥᠯᠥᠭᠡ ᠵᠢ ᠦᠨᠡᠯᠡᠭᠰᠡᠨ ᠮᠡᠳᠡᠭᠦᠯᠦᠯᠲᠡ ᠵᠢ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠦᠭᠰᠡᠨ ᠦᠭᠡᠢ᠎ᠪᠠᠷ ᠠᠵᠢᠯ ᠡᠬᠢᠯᠡᠭᠦᠯᠵᠦ ᠪᠦᠳᠦᠭᠡᠨ ᠪᠠᠶ᠋ᠢᠭᠤᠯᠤᠭᠰᠠᠨ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠤᠨ᠎ᠠ; ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶ᠋ᠢᠪᠠᠯ᠂ ᠲᠠᠪᠤᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ   ᠰᠢᠢ᠍ᠳᠭᠡᠨ᠎ᠡ᠃
      ᠲᠤᠰ ᠬᠠᠤᠯᠢ ᠵᠢᠨ ᠭᠤᠴᠢᠨ ᠭᠤᠷᠪᠠᠳᠤᠭ᠋ᠠᠷ ᠵᠦᠢ᠍ᠯ᠎ᠤᠨ ᠬᠣᠶᠠᠳᠤᠭ᠋ᠠᠷ ᠪᠠᠳᠠᠭ᠎ᠤᠨ ᠲᠣᠭᠲᠠᠭ᠋ᠠᠯ᠎ᠢ       ᠵᠥᠷᠢᠴᠡᠵᠦ᠂ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠲᠥᠬᠥᠭᠡᠷᠦᠮᠵᠢ ᠵᠢ ᠰᠢᠯᠭ᠋ᠠᠨ ᠠᠪᠤᠭᠤᠯᠤᠭᠰᠠᠨ ᠦᠭᠡᠢ᠂ ᠤᠳᠠᠯ ᠦᠭᠡᠢ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠠᠰᠢᠭᠯᠠᠯᠲᠠ᠎ᠳᠤ ᠣᠷᠣᠭᠤᠯᠤᠭᠰᠠᠨ ᠪᠤᠶᠤ ᠬᠡᠷᠡᠭᠯᠡᠭᠰᠡᠨ ᠪᠠᠶ᠋ᠢᠪᠠᠯ᠂ ᠦᠢ᠍ᠯᠡᠳᠪᠦᠷᠢᠯᠡᠬᠦ ᠪᠤᠶᠤ ᠬᠡᠷᠡᠭᠯᠡᠬᠦ ᠵᠢ᠎ᠨᠢ ᠵᠠᠷᠯᠢᠭᠳᠠᠨ ᠵᠣᠭᠰᠣᠭ᠋ᠠᠵᠤ᠂ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠲᠥᠬᠥᠭᠡᠷᠦᠮᠵᠢ ᠵᠢ ᠬᠤᠭᠤᠴᠠᠭ᠎ᠠ ᠲᠣᠭᠲᠠᠭ᠋ᠠᠨ ᠰᠢᠯᠭ᠋ᠠᠨ ᠠᠪᠤᠭᠤᠯᠵᠤ᠂ ᠲᠠᠪᠤᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠵᠦ ᠪᠣᠯᠤᠨ᠎ᠠ᠃
      ᠲᠡᠪᠢ ᠶᠢᠰᠦᠳᠦᠭᠡᠷ ᠵᠦᠢ᠍ᠯ   ᠲᠤᠰ ᠬᠠᠤᠯᠢ ᠵᠢᠨ ᠭᠤᠴᠢᠨ ᠳᠥᠷᠪᠡᠳᠦᠭᠡᠷ ᠵᠦᠢ᠍ᠯ᠎ᠤᠨ ᠲᠣᠭᠲᠠᠭ᠋ᠠᠯ᠎ᠢ ᠵᠥᠷᠢᠴᠡᠵᠦ᠂ ᠬᠤᠳᠠ ᠵᠢᠨ ᠪᠦᠳᠦᠭᠡᠠ ᠪᠠᠶ᠋ᠢᠭᠤᠯᠤᠯᠲᠠ᠎ᠠᠴᠠ ᠪᠤᠯᠵᠦ ᠤᠤᠯ᠎ᠤᠨ ᠪᠠᠶ᠋ᠢᠭᠰᠠᠨ ᠭᠣᠣᠯ᠎ᠤᠨ ᠵᠡᠮ ᠰᠤᠪᠠᠭ᠂ ᠤᠰᠤ ᠬᠠᠳᠠᠭ᠋ᠠᠯᠠᠬᠤ ᠨᠠᠭᠤᠷ ᠴᠥᠭᠥᠷᠥᠮ ᠬᠣᠲᠣᠭᠣᠷ ᠭᠠᠵᠠᠷ᠎ᠢ ᠳᠤᠷ᠎ᠠ᠎ᠪᠠᠷ ᠵᠶ᠋ᠠᠨ ᠪᠥᠭᠯᠡᠭᠰᠡᠨ ᠪᠠ ᠤᠤᠯ᠎ᠤᠨ ᠪᠠᠶ᠋ᠢᠭᠰᠠᠨ ᠦᠶᠡᠷ᠎ᠢ ᠰᠡᠷᠭᠡᠶ᠋ᠢᠯᠡᠬᠦ ᠬᠠᠰᠢᠯᠭ᠎ᠠ ᠲᠡᠯᠡᠡᠭ᠎ᠢ ᠤᠰᠠᠳᠬᠠᠭᠰᠠᠨ ᠪᠠᠶ᠋ᠢᠪᠠᠯ᠂ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠵᠠᠷᠯᠢᠭᠳᠠᠵᠤ ᠪᠠᠶ᠋ᠢᠭ᠋ᠠᠳ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠣᠭᠰᠣᠭ᠋ᠠᠵᠤ᠂ ᠬᠤᠭᠤᠴᠠᠭ᠎ᠠ ᠲᠣᠭᠲᠠᠭ᠋ᠠᠨ ᠤᠤᠯ᠎ᠤᠨ ᠪᠠᠶ᠋ᠢᠳᠠᠯ᠎ᠢ᠎ᠨᠢ ᠰᠡᠷᠭᠦᠭᠡᠯᠭᠡᠬᠦ ᠪᠤᠶᠤ ᠪᠤᠰᠤᠳ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠤᠯᠬᠤ ᠬᠡᠷᠡᠭᠲᠡᠶ᠃
      ᠵᠢᠷᠠᠳᠤᠭ᠋ᠠᠷ ᠵᠦᠢ᠍ᠯ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠬᠠᠰᠢᠯᠭ᠎ᠠ ᠲᠡᠯᠡᠡᠭ᠂ ᠤᠰᠦᠠ ᠬᠠᠭ᠋ᠠᠯᠲᠠ᠂ ᠡᠷᠭᠢ ᠵᠢᠨ ᠬᠠᠮᠠᠭ᠋ᠠᠯᠠᠯᠲᠠ᠂ ᠤᠰᠤ ᠲᠠᠲᠠᠬᠤ ᠤᠢ᠍ᠷᠳᠡᠭᠡ᠂ ᠤᠰᠤ ᠵᠠᠯᠠᠬᠤ ᠰᠤᠪᠠᠭ᠎ᠤᠨ ᠰᠢᠰᠲ᠋ᠧᠮ ᠵᠡᠷᠭᠡ ᠦᠶᠡᠷ᠎ᠢ ᠰᠡᠷᠭᠡᠶ᠋ᠢᠯᠡᠬᠦ ᠪᠠᠷᠢᠯᠭ᠎ᠠ ᠪᠣᠯᠤᠨ ᠤᠰᠦᠠ ᠵᠦᠢ᠂ ᠮᠡᠳᠡᠭᠡ ᠬᠣᠯᠪᠣᠭ᠋ᠠᠨ᠎ᠤ ᠲᠥᠬᠥᠭᠡᠷᠦᠮᠵᠢ ᠵᠢᠴᠢ ᠦᠶᠡᠷ᠎ᠢ ᠰᠡᠷᠭᠡᠶ᠋ᠢᠯᠡᠬᠦ ᠪᠡᠯᠡᠳᠬᠡᠯ ᠪᠠᠭ᠋ᠠᠵᠢ ᠬᠡᠷᠡᠭᠰᠡᠯ᠂ ᠡᠳ᠋ ᠮᠠᠲ᠋ᠧᠷᠢᠶᠠᠯ᠎ᠢ ᠡᠪᠳᠡᠭᠰᠡᠨ᠂ ᠡᠵᠡᠯᠡᠭᠰᠡᠨ᠂ ᠰᠦᠢ᠍ᠳᠬᠡᠭᠰᠡᠨ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠣᠭᠰᠣᠭ᠋ᠠᠵᠤ᠂ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠲᠠᠪᠤᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠵᠦ ᠪᠣᠯᠤᠨ᠎ᠠ; ᠡᠪᠳᠡᠵᠦ ᠰᠦᠢ᠍ᠳᠬᠡᠭᠰᠡᠨ ᠪᠠᠶ᠋ᠢᠪᠠᠯ ᠬᠠᠤᠯᠢ ᠶᠣᠰᠣᠭ᠋ᠠᠷ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠡᠭᠦᠷᠭᠡᠯᠡᠨ᠎ᠡ; ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠢ᠍ᠳᠭᠡᠯ ᠥᠭᠬᠦ ᠬᠡᠷᠡᠭᠲᠡᠶ ᠪᠠᠶ᠋ᠢᠪᠠᠯ᠂ ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠢ᠍ᠳᠭᠡᠯ᠎ᠤᠨ ᠬᠠᠤᠯᠢ ᠵᠢᠨ ᠲᠣᠭᠲᠠᠭ᠋ᠠᠯ ᠶᠣᠰᠣᠭ᠋ᠠᠷ ᠰᠢᠢ᠍ᠳᠭᠡᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
      ᠵᠢᠷᠠᠨ ᠨᠢᠭᠡᠳᠦᠭᠡᠷ ᠵᠦᠢ᠍ᠯ   ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ᠂ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠠᠵᠢᠯᠳᠠᠨ᠎ᠤ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠵᠢ ᠬᠠᠷᠰᠢᠯᠠᠵᠤ᠂ ᠰᠦᠷᠳᠡᠭᠦᠯᠦᠭᠡᠳ ᠶᠠᠯ᠎ᠠ ᠪᠤᠯᠵᠤ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ; ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠤᠢ᠍ᠭᠡᠢ ᠪᠣᠯᠪᠠᠴᠤ ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠢ᠍ᠳᠭᠡᠯ ᠥᠭᠬᠦ ᠬᠡᠷᠡᠭᠲᠡᠶ ᠪᠠᠶ᠋ᠢᠪᠠᠯ᠂ ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠢ᠍ᠳᠭᠡᠯ᠎ᠤᠨ ᠬᠠᠤᠯᠢ ᠵᠢᠨ ᠲᠣᠭᠲᠠᠭ᠋ᠠᠯ ᠶᠣᠰᠣᠭ᠋ᠠᠷ ᠰᠢᠢ᠍ᠳᠭᠡᠨ᠎ᠡ᠃
      ᠵᠢᠷᠠᠨ ᠬᠣᠶᠠᠳᠤᠭ᠋ᠠᠷ ᠵᠦᠢ᠍ᠯ   ᠦᠶᠡᠷ᠎ᠢ ᠰᠡᠷᠭᠡᠶ᠋ᠢᠯᠡᠬᠦ᠂ ᠭᠠᠮᠰᠢᠭ᠎ᠠᠴᠠ ᠠᠪᠤᠷᠠᠬᠤ ᠪᠡᠯᠡ ᠮᠥᠩᠭᠥ ᠪᠠ ᠡᠳ᠋ ᠪᠣᠳᠠᠰ᠎ᠢ ᠦᠯᠡᠳᠡᠭᠡᠨ ᠠᠪᠴᠤ᠂ ᠨᠡᠭᠦᠯᠭᠡᠨ ᠬᠡᠷᠡᠭᠯᠡᠭᠡᠳ ᠶᠠᠯ᠎ᠠ ᠪᠤᠯᠵᠤ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ; ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠤᠢ᠍ᠭᠡᠢ ᠪᠣᠯ ᠵᠠᠰᠠᠭ ᠵᠠᠬᠢᠷᠭ᠋ᠠᠨ᠎ᠤ ᠰᠢᠢ᠍ᠳᠭᠡᠯ ᠥᠭᠭᠦᠨ᠎ᠡ᠃
      ᠵᠢᠷᠠᠨ ᠭᠤᠷᠪᠠᠳᠤᠭ᠋ᠠᠷ ᠵᠦᠢ᠍ᠯ   ᠲᠤᠰ ᠬᠠᠤᠯᠢ ᠵᠢᠨ ᠲᠠᠪᠢ ᠶᠢᠰᠦᠳᠦᠭᠡᠷ ᠵᠦᠢ᠍ᠯ᠎ᠤᠨ ᠲᠣᠭᠲᠠᠭ᠋ᠠᠯ᠎ᠢ ᠭᠠᠷᠭ᠋ᠠᠪᠠᠯ᠂ ᠲᠤᠰ ᠪᠦᠯᠦᠭ᠎ᠲᠤ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠰᠢᠢ᠍ᠳᠭᠡᠯ ᠪᠠ ᠵᠠᠰᠠᠭ ᠵᠠᠬᠢᠷᠭ᠋ᠠᠨ᠎ᠤ ᠠᠷᠭ᠎ᠠ ᠬᠡᠮᠵᠢᠶ᠎ᠡ ᠵᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠂ ᠡᠰᠡᠬᠦᠯ᠎ᠡ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠶᠣᠰᠣᠭ᠋ᠠᠷ ᠲᠣᠭᠲᠠᠭ᠋ᠠᠨ᠎ᠠ᠃ ᠭᠡᠪᠡᠴᠦ ᠲᠤᠰ ᠬᠠᠤᠯᠢ ᠵᠢᠨ ᠵᠢᠷᠠᠳᠤᠭ᠋ᠠᠷ ᠵᠦᠢ᠍ᠯ᠂ ᠵᠢᠷᠠᠨ ᠨᠢᠭᠡᠳᠦᠭᠡᠷ ᠵᠦᠢ᠍ᠯ᠎ᠳᠤ ᠲᠣᠭᠲᠠᠭ᠋ᠠᠭᠰᠠᠨ ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠢ᠍ᠳᠭᠡᠯ᠎ᠢ ᠲᠣᠭᠲᠠᠭ᠋ᠠᠬᠤ ᠪᠠᠶ᠋ᠢᠭᠤᠯᠭ᠎ᠠ᠎ᠨᠢ ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠢ᠍ᠳᠭᠡᠯ᠎ᠤᠨ ᠬᠠᠤᠯᠢ ᠵᠢᠨ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ᠃
      ᠵᠢᠷᠠᠨ ᠳᠥᠷᠪᠡᠳᠦᠭᠡᠷ ᠵᠦᠢ᠍ᠯ   ᠲᠦᠷᠦ ᠵᠢᠨ ᠠᠵᠢᠯᠳᠠᠨ ᠳᠣᠣᠷ᠎ᠠ ᠵᠢᠭᠰᠠᠭ᠋ᠠᠭᠰᠠᠨ ᠠᠵᠢᠯᠯᠠᠭ᠎ᠠ᠎ᠨᠤᠭᠤᠳ᠎ᠤᠨ ᠨᠢᠭᠡ ᠵᠢ ᠬᠢᠵᠦ᠂ ᠶᠠᠯ᠎ᠠ ᠪᠤᠯᠵᠤ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ; ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠤᠢ᠍ᠭᠡᠢ ᠪᠣᠯ ᠵᠠᠰᠠᠭ ᠵᠠᠬᠢᠷᠭ᠋ᠠᠨ᠎ᠤ ᠰᠢᠢ᠍ᠳᠭᠡᠯ ᠥᠭᠭᠦᠨ᠎ᠡ᠄
     (ᠨᠢᠭᠡ) ᠲᠤᠰ ᠬᠠᠤᠯᠢ ᠵᠢᠨ ᠠᠷᠪᠠᠨ ᠳᠣᠯᠣᠳᠤᠭ᠋ᠠᠷ ᠵᠦᠢ᠍ᠯ᠂ ᠠᠷᠪᠠ ᠶᠢᠰᠦᠳᠦᠭᠡᠷ ᠵᠦᠢ᠍ᠯ᠂ ᠬᠣᠷᠢᠨ ᠬᠣᠶᠠᠳᠤᠭ᠋ᠠᠷ ᠵᠦᠢ᠍ᠯ᠎ᠤᠨ ᠬᠣᠶᠠᠳᠤᠭ᠋ᠠᠷ ᠪᠠᠳᠠᠭ᠂ ᠬᠣᠷᠢᠨ ᠬᠣᠶᠠᠳᠤᠭ᠋ᠠᠷ ᠵᠦᠢ᠍ᠯ᠎ᠤᠨ ᠭᠤᠷᠪᠠᠳᠤᠭ᠋ᠠᠷ ᠪᠠᠳᠠᠭ᠂ ᠬᠣᠷᠢᠨ ᠳᠣᠯᠣᠳᠤᠭ᠋ᠠᠷ ᠵᠦᠢ᠍ᠯ ᠪᠤᠶᠤ ᠭᠤᠴᠢᠨ ᠳᠥᠷᠪᠡᠳᠦᠭᠡᠷ ᠵᠦᠢ᠍ᠯ᠎ᠤᠨ ᠲᠣᠭᠲᠠᠭ᠋ᠠᠯ᠎ᠢ ᠵᠥᠷᠢᠴᠡᠵᠦ᠂ ᠦᠶᠡᠷ᠎ᠢ ᠰᠡᠷᠭᠡᠶ᠋ᠢᠯᠡᠬᠦ ᠵᠢ ᠬᠦᠨᠳᠦ ᠨᠣᠴᠢᠲᠠᠢ ᠨᠥᠯᠥᠭᠡᠯᠡᠭᠰᠡᠨ;
     (ᠬᠣᠶᠠᠷ) ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠵᠤ᠂ ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠵᠢ ᠵᠥᠷᠢᠴᠡᠭᠡᠳ ᠦᠶᠡᠷ᠎ᠢ ᠰᠡᠷᠭᠡᠶ᠋ᠢᠯᠡᠵᠦ ᠦᠶᠡᠷ᠎ᠲᠠᠢ ᠲᠡᠮᠡᠴᠡᠬᠦ ᠠᠵᠢᠯ᠎ᠳᠤ ᠬᠦᠨᠳᠦ ᠶᠡᠬᠡ ᠬᠣᠬᠢᠷᠠᠯ ᠤᠴᠠᠷᠠᠭᠤᠯᠤᠭᠰᠠᠨ;
     (ᠭᠤᠷᠪᠠ) ᠦᠶᠡᠷ᠎ᠢ ᠰᠡᠷᠭᠡᠶ᠋ᠢᠯᠡᠨ ᠬᠣᠷᠢᠭᠯᠠᠬᠤ ᠲᠥᠰᠦᠯ᠂ ᠦᠶᠡᠷ᠎ᠢ ᠰᠡᠷᠭᠡᠶ᠋ᠢᠯᠡᠵᠦ ᠠᠶᠤᠯ᠎ᠠᠴᠠ ᠠᠪᠤᠷᠠᠬᠤ ᠵᠠᠷᠯᠢᠭ ᠪᠤᠶᠤ ᠦᠶᠡᠷ᠎ᠢ ᠲᠣᠭᠲᠠᠭ᠋ᠠᠨ ᠬᠤᠷᠠᠭᠤᠯᠬᠤ ᠲᠥᠰᠦᠯ᠂ ᠠᠷᠭ᠎ᠠ ᠬᠡᠮᠵᠢᠶ᠎ᠡ᠂ ᠦᠶᠡᠷ᠎ᠤᠨ ᠬᠤᠭᠤᠴᠠᠭ᠋ᠠᠨ᠎ᠤ ᠲᠣᠬᠢᠷᠠᠭᠤᠯᠤᠨ ᠬᠡᠷᠡᠭᠯᠡᠬᠦ ᠲᠥᠯᠥᠪᠯᠡᠭᠡ ᠵᠡᠷᠭᠡ ᠦᠶᠡᠷ᠎ᠢ ᠰᠡᠷᠭᠡᠶ᠋ᠢᠯᠡᠨ ᠲᠣᠬᠢᠷᠠᠭᠤᠯᠬᠤ ᠲᠥᠰᠦᠯ᠎ᠢ ᠬᠡᠷᠡᠭᠵᠢᠭᠦᠯᠬᠦ ᠵᠢ ᠲᠡᠪᠴᠢᠭᠰᠡᠨ;
     (ᠲᠦᠷᠪᠡ) ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠬᠥᠷᠰᠢ ᠵᠡᠷᠭᠡᠯᠡᠳᠡᠭᠡ ᠭᠠᠵᠠᠷ ᠣᠷᠣᠨ ᠪᠤᠶᠤ ᠪᠤᠰᠤᠳ ᠨᠢᠭᠡᠴᠢ ᠵᠢᠨ ᠦᠶᠡᠷ᠎ᠤᠨ ᠭᠠᠮᠰᠢᠭ᠎ᠤᠨ ᠬᠣᠬᠢᠷᠠᠯ᠎ᠢ ᠪᠤᠢ ᠪᠣᠯᠭ᠋ᠠᠭᠰᠠᠨ ᠪᠤᠶᠤ ᠬᠦᠨᠳᠦᠷᠡᠭᠦᠯᠦᠭᠰᠡᠨ᠃
   
      ᠨᠠᠢ᠍ᠮᠠᠳᠤᠭ᠋ᠠᠷ ᠪᠦᠯᠦᠭ   ᠲᠠᠭ᠋ᠠᠯᠳᠤᠭᠤᠯᠤᠯ ᠲᠦᠷᠢᠮ
   
      ᠵᠢᠷᠠᠨ ᠲᠠᠪᠤᠳᠤᠭ᠋ᠠᠷ ᠵᠦᠢ᠍ᠯ   ᠲᠤᠰ ᠬᠠᠤᠯᠢ ᠵᠢ 1998 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄
          
ᠬᠠᠮᠢᠶ᠎ᠡ ᠪᠦᠬᠦᠢ ᠰᠣᠨᠢᠨ
 
            