ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠬᠣᠲᠠ ᠵᠢᠨ ᠤᠰᠤ ᠬᠠᠩᠭ᠋ᠠᠬᠤ ᠲᠦᠷᠢᠮ
ᠨᠡᠶ᠋ᠢᠲᠡᠯᠡᠭᠰᠡᠨ ᠴᠠᠭ᠄ 2021-09-08


     (1994 ᠣᠨ᠎ᠤ 7 ᠰᠠᠷ᠎ᠠ ᠵᠢᠨ 19᠎ᠤ ᠡᠳᠦᠷ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠦᠷᠦ ᠵᠢᠨ ᠶᠠᠪᠤᠳᠠᠯ᠎ᠤᠨ ᠬᠣᠷᠢᠶᠠᠨ᠎ᠤ 158 ᠳ᠋ᠤᠭ᠋ᠠᠷ ᠵᠠᠷᠯᠢᠭ ᠵᠶ᠋ᠠᠷ ᠨᠡᠶ᠋ᠢᠲᠡᠯᠡᠪᠡ᠃ 2018 ᠣᠨ᠎ᠤ 3 ᠰᠠᠷ᠎ᠠ ᠵᠢᠨ 19᠎ᠤ ᠡᠳᠦᠷ᠎ᠤᠨ 《ᠵᠠᠰᠠᠭ ᠵᠠᠬᠢᠷᠭ᠋ᠠᠨ᠎ᠤ ᠬᠡᠰᠡᠭ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠪᠠ ᠲᠡᠭᠦᠨ᠎ᠢ ᠬᠦᠴᠦᠨ ᠦᠭᠡᠢ ᠪᠣᠯᠭ᠋ᠠᠬᠤ ᠲᠤᠬᠠᠶ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ》᠎ᠢ ᠦᠨᠳᠦᠰᠦᠯᠡᠨ ᠵᠠᠰᠠᠪᠤᠷᠢ ᠤᠷᠤᠭᠤᠯᠪᠠ)
   
      ᠨᠢᠭᠡᠳᠦᠭᠡᠷ ᠪᠦᠯᠦᠭ   ᠶᠡᠷᠦᠩᠬᠡᠢ ᠲᠦᠷᠢᠮ
   
      ᠨᠢᠭᠡᠳᠦᠭᠡᠷ ᠵᠦᠢ᠍ᠯ   ᠬᠤᠳᠠ ᠵᠢᠨ ᠤᠰᠤ ᠬᠠᠩᠭ᠋ᠠᠬᠤ ᠬᠠᠮᠢᠶᠠᠷᠤᠯᠲᠠ ᠵᠢ ᠴᠢᠩᠭ᠋ᠠᠳᠬᠠᠵᠤ᠂ ᠬᠤᠳᠠ ᠵᠢᠨ ᠤᠰᠤ ᠬᠠᠩᠭ᠋ᠠᠬᠤ ᠦᠢ᠍ᠯᠡᠰ᠎ᠢ ᠬᠥᠭᠵᠢᠭᠦᠯᠵᠦ᠂ ᠬᠤᠳᠠ ᠵᠢᠨ ᠠᠮᠢᠳᠤᠷᠠᠯ᠂ ᠦᠢ᠍ᠯᠡᠳᠪᠦᠷᠢᠯᠡᠯ᠎ᠳᠤ ᠬᠡᠷᠡᠭᠯᠡᠬᠦ ᠤᠰᠤ ᠪᠠ ᠪᠤᠰᠤᠳ ᠡᠯ᠎ᠡ ᠵᠦᠢ᠍ᠯ᠎ᠤᠨ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠤᠰᠤ ᠵᠢ ᠪᠠᠲᠤᠯᠠᠬᠤ ᠵᠢᠨ ᠲᠥᠯᠥᠭᠡ ᠲᠤᠰ ᠲᠦᠷᠢᠮ᠎ᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ   ᠲᠤᠰ ᠲᠥᠷᠢᠮ᠎ᠳᠤ ᠬᠡᠯᠡᠵᠦ ᠪᠠᠶ᠋ᠢᠭ᠎ᠠ ᠬᠤᠳᠠ ᠵᠢᠨ ᠤᠰᠤ ᠬᠠᠩᠭ᠋ᠠᠬᠤ ᠭᠡᠳᠡᠭ᠎ᠨᠢ ᠬᠤᠳᠠ ᠵᠢᠨ ᠤᠯᠠᠨ ᠨᠡᠶ᠋ᠢᠲᠡ ᠵᠢᠨ ᠤᠰᠤ ᠬᠠᠩᠭ᠋ᠠᠬᠤ ᠪᠠ ᠥᠪᠡᠷ᠎ᠲᠡᠭᠡᠨ ᠪᠠᠶ᠋ᠢᠭᠤᠯᠤᠭᠰᠠᠨ ᠪᠡᠯᠡᠳᠬᠡᠮᠵᠢ᠎ᠪᠠᠷ ᠤᠰᠤ ᠬᠠᠩᠭ᠋ᠠᠬᠤ ᠵᠢ ᠵᠢᠭ᠋ᠠᠵᠤ ᠪᠤᠢ᠃
      ᠲᠣᠰ ᠲᠦᠷᠢᠮ᠎ᠳᠤ ᠬᠡᠯᠡᠵᠦ ᠪᠠᠶ᠋ᠢᠭ᠎ᠠ ᠬᠣᠲᠠ ᠵᠢᠨ ᠣᠯᠠᠨ ᠨᠡᠶ᠋ᠢᠲᠡ ᠵᠢᠨ ᠤᠰᠤ ᠬᠠᠩᠭ᠋ᠠᠬᠤ ᠭᠡᠳᠡᠭ᠎ᠨᠢ ᠬᠣᠲᠠ ᠵᠢᠨ ᠲᠦᠭᠡᠭᠡᠯ ᠤᠰᠤᠨ᠎ᠤ ᠤᠰᠤ ᠬᠠᠩᠭ᠋ᠠᠬᠤ ᠠᠵᠤ ᠠᠬᠤᠶ᠋ᠢᠯᠠᠯ᠎ᠤᠨ ᠣᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠶ ᠵᠢᠴᠢ ᠲᠡᠭᠦᠨ᠎ᠤ ᠳᠠᠭ᠋ᠠᠯᠲᠠ ᠪᠡᠯᠡᠳᠬᠡᠮᠵᠢ᠎ᠪᠠᠷ ᠵᠶ᠋ᠠᠨ ᠨᠢᠭᠡᠴᠢ ᠪᠠ ᠰᠠᠭᠤᠭ᠋ᠠᠯᠢ ᠠᠷᠠᠳ᠎ᠤᠨ ᠠᠮᠢᠳᠤᠷᠠᠯ᠂ ᠦᠢ᠍ᠯᠡᠳᠪᠤᠷᠢᠯᠡᠯ ᠪᠠ ᠪᠤᠰᠤᠳ ᠡᠯ᠎ᠡ   ᠵᠤᠢ᠌ᠯ᠎ᠤᠨ ᠪᠥᠲᠥᠭᠡᠨ ᠪᠠᠶ᠋ᠢᠭᠤᠯᠤᠯᠲᠠ᠎ᠳᠤ ᠤᠰᠤ ᠬᠠᠩᠭ᠋ᠠᠬᠤ ᠵᠢ       ᠵᠢᠭ᠋ᠠᠵᠤ ᠪᠣᠶ᠃
      ᠲᠣᠰ ᠲᠦᠷᠢᠮ᠎ᠳᠤ ᠬᠡᠯᠡᠵᠦ ᠪᠠᠶ᠋ᠢᠭ᠎ᠠ ᠥᠪᠡᠰᠦᠪᠡᠨ ᠪᠠᠶ᠋ᠢᠭᠤᠯᠤᠭᠰᠠᠨ ᠪᠡᠯᠡᠳᠬᠡᠮᠵᠢ᠎ᠪᠠᠷ ᠤᠰᠤ ᠬᠠᠩᠭ᠋ᠠᠬᠤ ᠭᠡᠳᠡᠭ᠎ᠨᠢ ᠬᠣᠲᠠ ᠵᠢᠨ ᠤᠰᠤ ᠬᠡᠷᠡᠭᠯᠡᠬᠦ ᠨᠢᠭᠡᠴᠢ᠎ᠨᠢ ᠥᠪᠡᠷ ᠵᠶ᠋ᠠᠨ ᠪᠠᠶ᠋ᠢᠭᠤᠯᠤᠭᠰᠠᠨ ᠤᠰᠤ ᠬᠠᠩᠭ᠋ᠠᠬᠤ ᠬᠣᠭᠣᠯᠠᠶ ᠵᠢᠴᠢ ᠳᠠᠭ᠋ᠠᠯᠲᠠ ᠪᠡᠯᠡᠳᠬᠡᠮᠵᠢ᠎ᠪᠠᠷ ᠵᠶ᠋ᠠᠨ ᠭᠣᠤᠯᠳᠠᠭᠤ ᠲᠣᠰ ᠨᠢᠭᠡᠴᠢ ᠵᠢᠨ ᠵᠶ᠋ᠠᠨ ᠠᠮᠢᠳᠤᠷᠠᠯ᠂ ᠦᠢ᠍ᠯᠡᠳᠪᠤᠷᠢᠯᠡᠯ ᠪᠠ ᠪᠤᠰᠤᠳ ᠡᠯ᠎ᠡ ᠵᠤᠢ᠌ᠯ᠎ᠤᠨ ᠪᠥᠲᠥᠭᠡᠨ ᠪᠠᠶ᠋ᠢᠭᠤᠯᠤᠯᠲᠠ᠎ᠳᠤ ᠤᠰᠤ ᠬᠠᠩᠭ᠋ᠠᠬᠤ ᠵᠢ ᠵᠢᠭ᠋ᠠᠵᠤ ᠪᠣᠶ᠃
      ᠭᠤᠷᠪᠠᠳᠤᠭ᠋ᠠᠷ ᠵᠦᠢ᠍ᠯ   ᠬᠤᠳᠠ ᠵᠢᠨ ᠤᠰᠤ ᠬᠠᠩᠭ᠋ᠠᠬᠤ ᠠᠵᠢᠯ᠎ᠢ ᠬᠢᠬᠦ ᠪᠠ ᠬᠤᠳᠠ ᠵᠢᠨ ᠤᠰᠤ ᠬᠠᠩᠭ᠋ᠠᠬᠤ ᠠᠵᠢᠯ᠎ᠢ ᠬᠡᠷᠡᠭᠯᠡᠬᠦ᠎ᠳᠤ ᠡᠷᠬᠡᠪᠰᠢ ᠲᠤᠰ ᠲᠦᠷᠢᠮ᠎ᠢ ᠵᠢᠷᠤᠮᠯᠠᠬᠤ ᠬᠡᠷᠡᠭᠲᠡᠶ᠃
      ᠳᠥᠷᠪᠡᠳᠦᠭᠡᠷ ᠵᠦᠢ᠍ᠯ   ᠬᠤᠳᠠ ᠵᠢᠨ ᠤᠰᠤ ᠬᠠᠩᠭ᠋ᠠᠬᠤ ᠠᠵᠢᠯ᠎ᠳᠤ ᠤᠰᠤᠨ᠎ᠤ ᠰᠤᠷᠪᠤᠯᠵᠢ ᠵᠢ ᠨᠡᠭᠡᠭᠡᠨ ᠠᠰᠢᠭᠯᠠᠬᠤ ᠪᠠ ᠤᠰᠤ ᠵᠢ ᠲᠥᠯᠥᠪᠯᠡᠭᠡ᠎ᠲᠠᠢ᠎ᠪᠠᠷ ᠬᠡᠷᠡᠭᠯᠡᠬᠦ᠂ ᠤᠰᠤ ᠵᠢ ᠠᠷᠪᠢᠯᠠᠵᠤ ᠬᠡᠷᠡᠭᠯᠡᠬᠦ ᠵᠢ ᠤᠶᠠᠯᠳᠤᠭᠤᠯᠬᠤ ᠵᠠᠷᠴᠢᠮ᠎ᠢ ᠬᠡᠷᠡᠭᠵᠢᠭᠦᠯᠦᠨ᠎ᠡ᠃
      ᠲᠠᠪᠤᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠤᠳᠠ ᠵᠢᠨ ᠤᠰᠤ ᠬᠠᠩᠭ᠋ᠠᠬᠤ ᠦᠢ᠍ᠯᠡᠰ᠎ᠢ ᠬᠥᠭᠵᠢᠭᠦᠯᠬᠦ ᠶᠠᠪᠤᠳᠠᠯ᠎ᠢ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠦᠭᠵᠢᠯᠳᠡ ᠵᠢᠨ ᠲᠦᠯᠦᠪᠯᠡᠭᠡ᠎ᠳᠤ ᠤᠷᠤᠭᠤᠯᠬᠤ ᠬᠡᠷᠡᠭᠲᠡᠢ᠃
      ᠵᠢᠷᠭᠤᠳᠤᠭ᠋ᠠᠷ ᠵᠦᠢ᠍ᠯ   ᠤᠯᠤᠰ᠎ᠠᠴᠠ ᠬᠤᠳᠠ ᠵᠢᠨ ᠤᠰᠤ ᠬᠠᠩᠭ᠋ᠠᠬᠤ ᠦᠢ᠍ᠯᠡᠰ᠎ᠤᠨ ᠬᠥᠭᠵᠢᠯᠲᠡ᠎ᠳᠤ ᠠᠰᠢᠭᠲᠠᠶ ᠲᠦᠷᠦ ᠵᠢᠨ ᠪᠤᠳᠤᠯᠭ᠎ᠠ ᠵᠢ ᠬᠡᠷᠡᠭᠵᠢᠭᠦᠯᠵᠦ᠂ ᠬᠤᠳᠠ ᠵᠢᠨ ᠤᠰᠤ ᠬᠠᠩᠭ᠋ᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ ᠬᠢᠬᠦ ᠵᠢ ᠵᠣᠷᠢᠭᠵᠢᠭᠤᠯᠵᠤ᠂ ᠲᠡᠷᠢᠭᠦᠨ᠎ᠤ ᠮᠡᠷᠭᠡᠵᠢᠯ᠎ᠢ ᠳᠡᠯᠭᠡᠷᠡᠭᠦᠯᠦᠨ᠂ ᠬᠤᠳᠠ ᠵᠢᠨ ᠤᠰᠤ ᠬᠠᠩᠭ᠋ᠠᠬᠤ ᠣᠳᠣᠬᠢᠴᠢᠯᠠᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
      ᠳᠣᠯᠣᠳᠤᠭ᠋ᠠᠷ ᠵᠦᠢ᠍ᠯ   ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠲᠠ ᠵᠢᠨ ᠪᠦᠲᠦᠭᠡᠨ ᠪᠠᠢ᠍ᠭᠤᠯᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ᠎ᠤᠨ ᠬᠣᠲᠠ ᠵᠢᠨ ᠤᠰᠤ ᠬᠠᠯᠭ᠋ᠠᠬᠤ ᠠᠵᠢᠯ᠎ᠢ ᠭᠤᠤᠯᠯᠠᠨ ᠬᠠᠮᠢᠶᠠᠷᠤᠨ᠎ᠠ᠃
      ᠮᠤᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠳᠠ ᠵᠢᠨ ᠪᠦᠳᠦᠭᠡᠨ ᠪᠠᠶ᠋ᠢᠭᠤᠯᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠬᠤᠳᠠ ᠵᠢᠨ ᠤᠰᠤ ᠬᠠᠩᠭ᠋ᠠᠬᠤ ᠠᠵᠢᠯ᠎ᠢ ᠭᠤᠤᠯᠯᠠᠨ ᠬᠠᠮᠢᠶᠠᠷᠤᠨ᠎ᠠ᠃
      ᠰᠢᠶᠠᠨ᠎ᠤ ᠱᠠᠲᠤᠨ᠎ᠠᠴᠠ ᠳᠡᠭᠡᠭᠰᠢᠬᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠬᠣᠲᠠ ᠵᠢᠨ ᠤᠰᠤ ᠬᠠᠩᠭ᠋ᠠᠬᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ (ᠳᠣᠷᠣᠭᠰᠢ ᠬᠣᠲᠠ ᠵᠢᠨ ᠤᠰᠤ ᠬᠠᠩᠭ᠋ᠠᠬᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠭᠡᠵᠦ ᠲᠣᠪᠴᠢᠯᠠᠨ᠎ᠠ) ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠬᠣᠲᠠ ᠵᠢᠨ ᠤᠰᠤ ᠬᠠᠩᠭ᠋ᠠᠬᠤ ᠠᠵᠢᠯ᠎ᠢ ᠭᠤᠤᠯᠯᠠᠨ ᠬᠠᠮᠢᠶᠠᠷᠤᠨ᠎ᠠ᠃
      ᠨᠠᠢ᠍ᠮᠠᠳᠤᠭ᠋ᠠᠷ ᠵᠦᠢ᠍ᠯ   ᠬᠤᠳᠠ ᠵᠢᠨ ᠤᠰᠤ ᠬᠠᠩᠭ᠋ᠠᠬᠤ ᠠᠵᠢᠯ᠎ᠤᠨ ᠳᠤᠮᠳᠠ ᠢᠯᠡᠳᠲᠡ ᠠᠮᠵᠢᠯᠲᠠ ᠪᠦᠲᠦᠮᠵᠢ ᠭᠠᠷᠭ᠋ᠠᠭᠰᠠᠨ ᠨᠢᠭᠡᠴᠢ ᠪᠠ ᠬᠤᠪᠢ ᠬᠥᠮᠦᠨ᠎ᠢ ᠱᠠᠩᠨᠠᠨ ᠬᠥᠬᠢᠭᠦᠯᠦᠨ᠎ᠡ᠃
   
      ᠬᠣᠶᠠᠳᠤᠭ᠋ᠠᠷ ᠪᠦᠯᠦᠭ   ᠬᠤᠳᠠ ᠵᠢᠨ ᠬᠠᠩᠭ᠋ᠠᠬᠤ ᠤᠰᠤᠨ᠎ᠤ ᠰᠤᠷᠪᠤᠯᠵᠢ
   
      ᠶᠢᠰᠦᠳᠦᠭᠡᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ ᠬᠤᠳᠠ ᠵᠢᠨ ᠲᠥᠯᠥᠪᠵᠢᠭᠦᠯᠭᠡ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠬᠤᠳᠠ ᠵᠢᠨ ᠤᠰᠤ ᠬᠠᠩᠭ᠋ᠠᠬᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠭᠠᠵᠠᠷ ᠰᠢᠨᠵᠢᠯᠡᠭᠡ ᠠᠭᠤᠷᠬᠠᠶ ᠵᠢᠨ ᠭᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠡᠷᠭᠡ ᠵᠢ ᠵᠣᠬᠢᠶᠠᠨ ᠪᠠᠶ᠋ᠢᠭᠤᠯᠵᠤ ᠬᠤᠳᠠ ᠵᠢᠨ ᠬᠠᠩᠭ᠋ᠠᠬᠤ ᠤᠰᠤᠨ᠎ᠤ ᠡᠬᠢ ᠰᠤᠷᠪᠤᠯᠵᠢ ᠵᠢ ᠨᠡᠭᠡᠭᠡᠨ ᠠᠰᠢᠭᠯᠠᠬᠤ ᠲᠥᠯᠥᠪᠵᠢᠭᠦᠯᠭᠡ ᠵᠢ ᠬᠠᠮᠲᠤ᠎ᠪᠠᠷ ᠨᠠᠶ᠋ᠢᠷᠠᠭᠤᠯᠤᠨ ᠵᠣᠬᠢᠶᠠᠵᠤ᠂ ᠬᠤᠳᠠ ᠵᠢᠨ ᠤᠰᠤ ᠬᠠᠩᠭ᠋ᠠᠬᠤ ᠬᠥᠭᠵᠢᠯᠲᠡ ᠵᠢᠨ ᠲᠥᠯᠥᠪᠵᠢᠭᠦᠯᠭᠡ ᠵᠢᠨ ᠪᠦᠷᠢᠯᠳᠦᠬᠦᠨ ᠬᠡᠰᠡᠭ ᠪᠣᠯᠭ᠋ᠠᠵᠤ᠂ ᠬᠤᠳᠠ ᠵᠢᠨ ᠶᠡᠷᠦᠩᠬᠡᠶ ᠲᠦᠯᠦᠪᠵᠢᠬᠦᠯᠭᠡ᠎ᠳᠤ ᠤᠷᠤᠭᠤᠯᠤᠨ᠎ᠠ᠃
      ᠠᠷᠪᠠᠳᠤᠭ᠋ᠠᠷ ᠵᠦᠢ᠍ᠯ   ᠬᠤᠳᠠ ᠵᠢᠨ ᠬᠠᠩᠭ᠋ᠠᠬᠤ ᠤᠰᠤᠨ᠎ᠤ ᠡᠬᠢ ᠰᠤᠷᠪᠤᠯᠵᠢ ᠵᠢ ᠨᠡᠭᠡᠭᠡᠨ ᠠᠰᠢᠭᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠠᠭᠠᠨ ᠬᠤᠳᠠ ᠵᠢᠨ ᠬᠥᠭᠵᠢᠯᠲᠡ ᠵᠢᠨ ᠬᠡᠷᠡᠭᠴᠡᠭᠡ᠎ᠠᠴᠠ ᠡᠭᠦᠰᠬᠦ ᠵᠢᠨ ᠬᠠᠮᠲᠤ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠬᠦ ᠪᠠ ᠤᠰᠤᠨ᠎ᠤ ᠤᠷᠳᠤ ᠬᠤᠭᠤᠴᠠᠭ᠋ᠠᠨ᠎ᠤ ᠬᠠᠩᠭ᠋ᠠᠯᠭ᠎ᠠ ᠬᠡᠷᠡᠭᠴᠡᠭᠡ ᠵᠢᠨ ᠲᠥᠯᠥᠪᠯᠡᠭᠡ᠎ᠲᠠᠢ ᠵᠣᠬᠢᠴᠠᠭᠤᠯᠬᠤ ᠬᠡᠷᠡᠭᠲᠡᠶ᠃
    ᠠᠷᠪᠠᠨ ᠨᠢᠭᠡᠳᠦᠭᠡᠷ ᠵᠦᠢ᠍ᠯ   ᠬᠤᠳᠠ ᠵᠢᠨ ᠬᠠᠩᠭ᠋ᠠᠬᠤ ᠤᠰᠤᠨ᠎ᠤ ᠡᠬᠢ ᠰᠤᠷᠪᠤᠯᠵᠢ ᠵᠢ ᠨᠡᠭᠡᠭᠡᠨ ᠠᠰᠢᠭᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠠᠭᠠᠨ ᠲᠤᠬᠠᠶ ᠵᠢᠨ ᠭᠠᠵᠠᠷ᠎ᠤᠨ ᠪᠠᠶ᠋ᠢᠳᠠᠯ ᠵᠶ᠋ᠠᠨ ᠦᠨᠳᠦᠰᠦᠯᠡᠨ᠂ ᠭᠠᠵᠠᠷ ᠳᠡᠭᠡᠷᠡᠬᠢ ᠤᠰᠤ ᠪᠠ ᠭᠠᠵᠠᠷ ᠳᠣᠣᠷᠠᠬᠢ ᠤᠰᠤ ᠵᠢ ᠠᠰᠢᠭᠯᠠᠬᠤ᠎ᠪᠠᠷ ᠵᠦᠢ ᠵᠣᠬᠢᠰᠲᠠᠶ ᠲᠣᠬᠢᠷᠠᠭᠤᠯᠬᠤ ᠬᠡᠷᠡᠭᠲᠡᠶ᠃
    ᠠᠷᠪᠠᠨ ᠬᠣᠶᠠᠳᠤᠭ᠋ᠠᠷ ᠵᠦᠢ᠍ᠯ   ᠬᠤᠳᠠ ᠵᠢᠨ ᠬᠠᠩᠭ᠋ᠠᠬᠤ ᠤᠰᠤᠨ᠎ᠤ ᠡᠬᠢ ᠰᠤᠷᠪᠤᠯᠵᠢ ᠵᠢ ᠨᠡᠭᠡᠭᠡᠨ ᠠᠰᠢᠭᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠠᠭᠠᠨ ᠬᠤᠳᠠ ᠵᠢᠨ ᠠᠮᠢᠳᠤᠷᠠᠯ᠎ᠳᠤ ᠬᠡᠷᠡᠭᠯᠡᠬᠦ ᠤᠰᠤ ᠵᠢ ᠡᠩ ᠲᠡᠷᠢᠭᠦᠨ᠎ᠳᠤ ᠪᠠᠲᠤᠯᠠᠵᠤ᠂ ᠠᠵᠤ ᠦᠢ᠍ᠯᠡᠳᠪᠦᠷᠢ᠎ᠳᠤ ᠬᠡᠷᠡᠭᠯᠡᠬᠦ ᠤᠰᠤ ᠪᠠ ᠪᠤᠰᠤᠳ ᠡᠯ᠎ᠡ ᠵᠦᠢ᠍ᠯ᠎ᠤᠨ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠤᠰᠤ ᠵᠢ ᠨᠢᠭᠡᠳᠦᠯᠲᠡᠶ ᠲᠥᠯᠥᠪᠯᠡᠵᠦ ᠨᠡᠢ᠍ᠢ᠍ᠳᠡ᠎ᠳᠤᠨᠢ ᠬᠠᠷᠠᠭ᠋ᠠᠯᠵᠠᠬᠤ ᠬᠡᠷᠡᠭᠲᠡᠶ᠃
    ᠠᠷᠪᠠᠨ ᠭᠤᠷᠪᠠᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠰᠠᠯᠠᠭ᠎ᠠ ᠮᠥᠴᠢᠷ ᠬᠤᠲᠠ ᠵᠢᠨ ᠤᠰᠤ ᠬᠠᠩᠭ᠋ᠠᠬᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠡᠷᠭᠡ᠎ᠲᠠᠢ ᠬᠠᠮᠲᠤᠷᠠᠵᠤ ᠪᠠᠶ᠋ᠢᠭ᠋ᠠᠳ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠢ ᠬᠠᠮᠲᠤ᠎ᠪᠠᠷ ᠵᠠᠭ᠋ᠠᠭᠯᠠᠨ ᠲᠣᠭᠲᠠᠭ᠋ᠠᠵᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠮᠤᠵᠢ᠂ ᠬᠣᠲᠠ᠂ ᠰᠢᠶᠠᠨ ᠠᠯᠤᠰᠯᠠᠭᠰᠠᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠢ ᠵᠠᠭ᠋ᠠᠭᠯᠠᠨ ᠲᠣᠭᠲᠠᠭ᠋ᠠᠬᠤ᠎ᠳᠤ ᠬᠣᠯᠪᠣᠭᠳᠠᠯ ᠪᠦᠬᠦᠢ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠲᠤ᠎ᠪᠠᠷ ᠵᠥᠪᠳᠡᠯᠴᠡᠨ ᠲᠣᠭᠲᠠᠭ᠋ᠠᠬᠤ ᠵᠢᠨ ᠬᠠᠮᠲᠤ ᠲᠡᠭᠦᠨ᠎ᠤ ᠬᠠᠮᠲᠤ ᠵᠢᠨ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠨᠡᠶ᠋ᠢᠲᠡᠯᠡᠬᠦ ᠬᠡᠷᠡᠭᠲᠡᠶ᠃
    ᠠᠷᠪᠠᠨ ᠳᠥᠷᠪᠡᠳᠦᠭᠡᠷ ᠵᠦᠢ᠍ᠯ   ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠳᠤ ᠤᠰᠤᠨ᠎ᠤ ᠴᠢᠨᠠᠷ᠎ᠢ ᠪᠣᠬᠢᠷᠲᠤᠭᠤᠯᠬᠤ ᠠᠯᠢᠪᠠ ᠠᠵᠢᠯᠯᠠᠭ᠎ᠠ ᠵᠢ ᠴᠠᠭ᠋ᠠᠵᠠᠯᠠᠨ᠎ᠠ᠃
   
      ᠭᠤᠷᠪᠠᠳᠤᠭ᠋ᠠᠷ ᠪᠦᠯᠦᠭ   ᠬᠤᠳᠠ ᠵᠢᠨ ᠤᠰᠤ ᠬᠠᠩᠭ᠋ᠠᠬᠤ ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ
   
      ᠠᠷᠪᠠᠨ ᠲᠠᠪᠤᠳᠤᠭ᠋ᠠᠷ ᠵᠦᠢ᠍ᠯ   ᠬᠣᠲᠠ ᠵᠢᠨ ᠤᠰᠤ ᠬᠠᠩᠭ᠋ᠠᠬᠤ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢ ᠬᠣᠲᠠ ᠵᠢᠨ ᠤᠰᠤ ᠬᠠᠩᠭ᠋ᠠᠬᠤ ᠬᠥᠭᠵᠢᠯᠲᠡ ᠵᠢᠨ ᠲᠥᠯᠥᠪᠵᠢᠭᠦᠯᠭᠡ ᠵᠢᠴᠢ ᠣᠨ᠎ᠤ ᠪᠦᠲᠦᠭᠡᠨ ᠪᠠᠶ᠋ᠢᠭᠤᠯᠤᠯᠲᠠ ᠵᠢᠨ ᠲᠥᠯᠥᠪᠯᠡᠭᠡ ᠶᠣᠰᠣᠭ᠋ᠠᠷ ᠬᠢᠬᠦ ᠬᠡᠷᠡᠭᠲᠡᠶ᠃
      ᠠᠷᠪᠠᠨ ᠵᠢᠷᠭᠤᠳᠤᠭ᠋ᠠᠷ ᠵᠦᠢ᠍ᠯ   ᠬᠤᠳᠠ ᠵᠢᠨ ᠤᠰᠤ ᠬᠠᠩᠭ᠋ᠠᠬᠤ ᠢᠨᠵᠸᠨ᠋ᠸᠷᠢᠩ᠎ᠤᠨ ᠵᠢᠷᠤᠭ ᠲᠥᠯᠥᠪᠯᠡᠭᠡ       ᠬᠢᠬᠦ᠂ ᠪᠠᠷᠢᠯᠭ᠎ᠠ ᠪᠠᠷᠢᠬᠤ᠎ᠳᠠᠭᠠᠨ ᠵᠣᠬᠢᠴᠠᠩᠭᠤᠶ ᠬᠢᠷᠢ ᠬᠡᠮ᠎ᠤᠨ ᠦᠨᠡᠮᠯᠡᠯ᠎ᠲᠠᠢ ᠵᠢᠷᠤᠭ ᠲᠥᠯᠥᠪᠯᠡᠭᠡ ᠬᠢᠬᠦ᠂ ᠪᠠᠷᠢᠯᠭ᠎ᠠ ᠪᠠᠷᠢᠬᠤ ᠨᠢᠭᠡᠴᠢ᠎ᠳᠤ ᠨᠠᠶ᠋ᠢᠳᠠᠵᠤ ᠡᠭᠦᠷᠭᠡᠯᠡᠭᠦᠯᠬᠦ ᠵᠢᠨ ᠬᠠᠮᠲᠤ ᠤᠯᠤᠰ᠎ᠤᠨ ᠬᠣᠯᠪᠣᠭᠳᠠᠯ ᠪᠦᠬᠦᠢ ᠮᠡᠷᠭᠡᠵᠢᠯ᠎ᠤᠨ ᠪᠠᠷᠢᠮᠵᠢᠶ᠎ᠠ ᠪᠠ ᠵᠢᠷᠤᠮᠵᠢᠯ᠎ᠢ ᠵᠢᠷᠤᠮᠯᠠᠬᠤ ᠬᠡᠷᠡᠭᠲᠡᠶ᠃ ᠦᠨᠡᠮᠯᠡᠯ ᠦᠭᠡᠢ᠎ᠪᠠᠷ ᠪᠤᠶᠤ ᠬᠢᠷᠢ ᠬᠡᠮ᠎ᠤᠨ ᠦᠨᠡᠮᠯᠡᠯ᠎ᠳᠤ ᠲᠣᠭᠲᠠᠭ᠋ᠠᠭᠰᠠᠨ ᠡᠵᠡᠩᠨᠡᠯᠲᠡ ᠵᠢᠨ ᠬᠡᠪᠴᠢᠶᠡᠨ᠎ᠠᠴᠠ ᠳᠠᠪᠠᠵᠤ ᠬᠤᠳᠠ ᠵᠢᠨ ᠤᠰᠤ ᠬᠠᠩᠭ᠋ᠠᠬᠤ ᠢᠨᠵᠸᠨ᠋ᠸᠷᠢᠩ᠎ᠤᠨ ᠵᠢᠷᠤᠭ ᠲᠥᠯᠥᠪᠯᠡᠭᠡ ᠬᠢᠬᠦ᠂ ᠪᠠᠷᠢᠯᠭ᠎ᠠ ᠪᠠᠷᠢᠬᠤ ᠡᠭᠦᠷᠭᠡ ᠵᠢ ᠡᠭᠦᠷᠭᠡᠯᠡᠬᠦ ᠵᠢ ᠴᠠᠭ᠋ᠠᠵᠠᠯᠠᠨ᠎ᠠ᠃
      ᠠᠷᠪᠠᠨ ᠳᠣᠯᠣᠳᠤᠭ᠋ᠠᠷ ᠵᠦᠢ᠍ᠯ   ᠬᠤᠳᠠ ᠵᠢᠨ ᠤᠰᠤ ᠬᠠᠩᠭ᠋ᠠᠬᠤ ᠢᠨᠵᠸᠨ᠋ᠸᠷᠢᠩ᠎ᠤᠨ ᠠᠵᠢᠯ ᠳᠠᠭᠤᠰᠤᠭᠰᠠᠨ᠎ᠤ ᠲᠠᠷᠠᠭ᠎ᠠ᠂ ᠤᠯᠤᠰ᠎ᠤᠨ ᠲᠣᠭᠲᠠᠭ᠋ᠠᠯ ᠶᠣᠰᠣᠭ᠋ᠠᠷ ᠰᠢᠯᠭ᠋ᠠᠨ ᠠᠪᠬᠤ ᠠᠵᠢᠯ᠎ᠢ ᠵᠣᠬᠢᠶᠠᠨ ᠪᠠᠶ᠋ᠢᠭᠤᠯᠬᠤ ᠬᠡᠷᠡᠭᠲᠡᠶ; ᠰᠢᠯᠭ᠋ᠠᠨ ᠠᠪᠤᠭᠰᠠᠨ ᠤᠢ᠍ᠭᠡᠢ ᠪᠤᠶᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠤᠢ᠍ᠭᠡᠢ ᠪᠠᠶ᠋ᠢᠪᠠᠯ ᠠᠰᠢᠭᠯᠠᠯᠲᠠ᠎ᠳᠤ ᠣᠷᠣᠭᠤᠯᠵᠤ ᠪᠣᠯᠬᠤ ᠤᠢ᠍ᠭᠡᠢ᠃
      ᠠᠷᠪᠠᠨ ᠨᠠᠢ᠍ᠮᠠᠳᠤᠭ᠋ᠠᠷ ᠵᠦᠢ᠍ᠯ   ᠬᠤᠳᠠ ᠵᠢᠨ ᠰᠢᠨ᠎ᠡ᠎ᠪᠠᠷ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ ᠢᠨᠵᠸᠨ᠋ᠸᠷᠢᠩ᠎ᠤᠨ ᠵᠦᠢ᠍ᠯᠡᠰ᠎ᠲᠤ ᠬᠡᠷᠡᠭᠯᠡᠬᠦ ᠤᠰᠤ ᠵᠢ ᠨᠡᠮᠡᠭᠳᠡᠭᠦᠯᠬᠦ ᠴᠢᠬᠤᠯᠠᠲᠠᠢ ᠪᠠᠶ᠋ᠢᠪᠠᠯ᠂ ᠢᠨᠵᠸᠨ᠋ᠸᠷᠢᠩ᠎ᠤᠨ ᠵᠦᠢ᠍ᠯᠡᠰ᠎ᠤᠨ ᠶᠡᠷᠦᠩᠬᠡᠢ ᠲᠣᠶ᠋ᠢᠮᠣ ᠲᠥᠰᠦᠪ᠎ᠲᠤ ᠤᠰᠤ ᠬᠠᠩᠭ᠋ᠠᠬᠤ ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢ ᠪᠠᠭᠲᠠᠭ᠋ᠠᠬᠤ ᠬᠡᠷᠡᠭᠲᠡᠢ; ᠬᠤᠳᠠ ᠵᠢᠨ ᠤᠯᠠᠨ ᠨᠡᠶ᠋ᠢᠲᠡ ᠵᠢᠨ ᠤᠰᠤ ᠬᠠᠩᠭ᠋ᠠᠬᠤ ᠬᠡᠮᠵᠢᠶ᠎ᠡ ᠵᠢ ᠨᠡᠮᠡᠭᠳᠡᠭᠦᠯᠬᠦ ᠴᠢᠬᠤᠯᠠᠲᠠᠶ ᠪᠠᠶ᠋ᠢᠪᠠᠯ᠂ ᠲᠡᠭᠦᠨ᠎ᠤ ᠤᠰᠤ ᠬᠠᠩᠭ᠋ᠠᠬᠤ ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢ ᠬᠤᠳᠠ ᠵᠢᠨ ᠤᠰᠤ ᠬᠠᠩᠭ᠋ᠠᠬᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠲᠤᠰᠢᠶᠠᠨ ᠥᠭᠴᠦ᠂ ᠲᠡᠳᠡᠨ ᠵᠶ᠋ᠠᠷ ᠬᠤᠳᠠ ᠵᠢᠨ ᠤᠯᠠᠨ ᠨᠡᠶ᠋ᠢᠲᠡ ᠵᠢᠨ ᠤᠰᠤ ᠬᠠᠩᠭ᠋ᠠᠬᠤ ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ ᠵᠢ ᠨᠢᠭᠡᠳᠦᠯᠲᠡᠶ ᠵᠣᠬᠢᠶᠠᠨ ᠪᠠᠶ᠋ᠢᠭᠤᠯᠬᠤ ᠬᠡᠷᠡᠭᠲᠡᠶ᠃
 
      ᠳᠥᠷᠪᠡᠳᠦᠭᠡᠷ ᠪᠦᠯᠦᠭ   ᠬᠤᠳᠠ ᠵᠢᠨ ᠤᠰᠤ ᠬᠠᠩᠭ᠋ᠠᠬᠤ ᠡᠵᠡᠩᠨᠡᠯᠲᠡ
   
      ᠠᠷᠪᠠ ᠶᠢᠰᠦᠳᠦᠭᠡᠷ ᠵᠦᠢ᠍ᠯ   ᠬᠤᠳᠠ ᠵᠢᠨ ᠲᠦᠭᠡᠭᠡᠯ ᠤᠰᠤ ᠬᠠᠩᠭ᠋ᠠᠬᠤ ᠠᠵᠤ ᠠᠬᠤᠶ᠋ᠢᠯᠠᠯ ᠪᠣᠯᠤᠨ ᠥᠪᠡᠷ ᠵᠶ᠋ᠠᠨ ᠪᠠᠶ᠋ᠢᠭᠤᠯᠤᠭᠰᠠᠨ ᠲᠥᠬᠥᠭᠡᠷᠦᠮᠵᠢ᠎ᠪᠠᠷ ᠵᠶ᠋ᠠᠨ ᠭᠠᠳᠠᠭᠰᠢ ᠤᠰᠤ ᠬᠠᠩᠭ᠋ᠠᠬᠤ ᠠᠵᠤ ᠠᠬᠤᠶ᠋ᠢᠯᠠᠯ᠎ᠤᠳ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠪᠠᠶ᠋ᠢᠭᠤᠯᠭ᠎ᠠ᠎ᠪᠠᠷ ᠪᠦᠷᠢᠳᠬᠡᠭᠦᠯᠵᠦ ᠳᠠᠩᠰᠠᠯᠠᠭᠤᠯᠤᠭᠰᠠᠨ᠎ᠤ ᠲᠠᠷᠠᠭ᠎ᠠ ᠰᠠᠶᠢ ᠡᠵᠡᠩᠨᠡᠯᠲᠡ ᠵᠢᠨ ᠠᠵᠢᠯᠯᠠᠭ᠎ᠠ ᠬᠢᠵᠦ ᠪᠣᠯᠤᠨ᠎ᠠ᠃
      ᠬᠣᠷᠢᠳᠤᠭ᠋ᠠᠷ ᠵᠦᠢ᠍ᠯ   ᠬᠤᠳᠠ ᠵᠢᠨ ᠲᠦᠭᠡᠭᠡᠯ ᠤᠰᠤ ᠬᠠᠩᠭ᠋ᠠᠬᠤ ᠠᠵᠤ ᠠᠬᠤᠶ᠋ᠢᠯᠠᠯ ᠪᠣᠯᠤᠨ ᠥᠪᠡᠰᠦᠪᠡᠨ ᠪᠠᠶ᠋ᠢᠭᠤᠯᠤᠭᠰᠠᠨ ᠲᠥᠬᠥᠭᠡᠷᠦᠮᠵᠢ᠎ᠪᠠᠷ ᠵᠶ᠋ᠠᠨ ᠭᠠᠳᠠᠭᠰᠢ ᠤᠰᠤ ᠬᠠᠩᠭ᠋ᠠᠬᠤ ᠠᠵᠤ ᠠᠬᠤᠶ᠋ᠢᠯᠠᠯ᠎ᠤᠳ ᠤᠰᠤᠨ᠎ᠤ ᠴᠢᠨᠠᠷ᠎ᠢ ᠪᠠᠶ᠋ᠢᠴᠠᠭ᠋ᠠᠨ ᠰᠢᠯᠭ᠋ᠠᠬᠤ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠬᠤᠳᠠ ᠵᠢᠨ ᠬᠠᠩᠭ᠋ᠠᠬᠤ ᠤᠰᠤᠨ᠎ᠤ ᠴᠢᠨᠠᠷ᠎ᠢ ᠤᠯᠤᠰ᠎ᠠᠴᠠ ᠲᠣᠭᠲᠠᠭ᠋ᠠᠭᠰᠠᠨ ᠤᠤᠭᠤᠬᠤ ᠤᠰᠤᠨ᠎ᠤ ᠠᠷᠢᠭᠤᠨ ᠴᠡᠪᠡᠷ᠎ᠤᠨ ᠪᠠᠷᠢᠮᠵᠢᠶ᠎ᠠ᠎ᠳᠤ ᠨᠡᠶ᠋ᠢᠴᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃
      ᠬᠣᠷᠢᠨ ᠨᠢᠭᠡᠳᠦᠭᠡᠷ ᠵᠦᠢ᠍ᠯ   ᠬᠤᠳᠠ ᠵᠢᠨ ᠲᠦᠭᠡᠭᠡᠯ ᠤᠰᠤ ᠬᠠᠩᠭ᠋ᠠᠬᠤ ᠠᠵᠤ ᠠᠬᠤᠶ᠋ᠢᠯᠠᠯ ᠪᠣᠯᠤᠨ ᠥᠪᠡᠷ ᠵᠶ᠋ᠠᠨ ᠲᠥᠬᠥᠭᠡᠷᠦᠮᠵᠢ ᠪᠠᠶ᠋ᠢᠭᠤᠯᠵᠤ ᠭᠠᠳᠠᠭᠰᠢ ᠤᠰᠤ ᠬᠠᠩᠭ᠋ᠠᠬᠤ ᠠᠵᠤ ᠠᠬᠤᠶ᠋ᠢᠯᠠᠯ᠎ᠤᠳ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠣᠭᠣᠯᠠᠶ ᠵᠢᠨ ᠲᠣᠣᠷ᠎ᠤᠨ ᠳᠠᠷᠤᠯᠲᠠ ᠵᠢ ᠬᠡᠮᠵᠢᠬᠦ ᠴᠡᠭ ᠭᠠᠷᠭ᠋ᠠᠵᠤ᠂ ᠤᠰᠤᠨ ᠳᠠᠷᠤᠯᠲᠠ ᠵᠢ ᠬᠢᠨᠠᠨ ᠬᠡᠮᠵᠢᠬᠦ ᠠᠵᠢᠯ᠎ᠢ ᠰᠠᠶ᠋ᠢᠲᠤᠷ ᠬᠢᠵᠦ᠂ ᠤᠰᠤ ᠬᠠᠩᠭ᠋ᠠᠬᠤ ᠬᠣᠭᠣᠯᠠᠶ ᠵᠢᠨ ᠲᠣᠣᠷ᠎ᠤᠨ ᠳᠠᠷᠤᠯᠲᠠ ᠵᠢ ᠤᠯᠤᠰ᠎ᠤᠨ ᠲᠣᠭᠲᠠᠭ᠋ᠠᠭᠰᠠᠨ ᠪᠠᠷᠢᠮᠵᠢᠶ᠎ᠠ᠎ᠳᠤ ᠨᠡᠶ᠋ᠢᠴᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃
      ᠬᠤᠳᠠ ᠵᠢᠨ ᠤᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠶ ᠳᠡᠭᠡᠷ᠎ᠡ ᠰᠢᠭᠤᠳ ᠬᠥᠭᠡᠷᠭᠡ ᠤᠭᠰᠠᠷᠠᠵᠤ ᠤᠰᠤ ᠲᠠᠲᠠᠬᠤ ᠵᠢ ᠴᠠᠭ᠋ᠠᠵᠠᠯᠠᠨ᠎ᠠ᠃
      ᠬᠣᠷᠢᠨ ᠬᠣᠶᠠᠳᠤᠭ᠋ᠠᠷ ᠵᠦᠢ᠍ᠯ ᠬᠤᠳᠠ ᠵᠢᠨ ᠲᠦᠭᠡᠭᠡᠯ ᠤᠰᠤ ᠬᠠᠩᠭ᠋ᠠᠬᠤ ᠠᠵᠤ ᠠᠬᠤᠶ᠋ᠢᠯᠠᠯ ᠪᠣᠯᠤᠨ ᠥᠪᠡᠷ ᠵᠶ᠋ᠠᠨ ᠪᠠᠶ᠋ᠢᠭᠤᠯᠤᠭᠰᠠᠨ ᠲᠥᠬᠥᠭᠡᠷᠦᠮᠵᠢ᠎ᠪᠠᠷ ᠵᠶ᠋ᠠᠨ ᠭᠠᠳᠠᠭᠰᠢ ᠤᠰᠤ ᠬᠠᠩᠭ᠋ᠠᠬᠤ ᠠᠵᠤ ᠠᠬᠤᠶ᠋ᠢᠯᠠᠯ᠎ᠤᠳ ᠳᠠᠰᠤᠷᠠᠯᠳᠠ ᠦᠭᠡᠢ ᠤᠰᠤ ᠬᠠᠩᠭ᠋ᠠᠬᠤ ᠵᠢ ᠪᠠᠲᠤᠯᠠᠬᠤ ᠬᠡᠷᠡᠭᠲᠡᠶ᠃   ᠪᠠᠷᠢᠯᠭ᠎ᠠ ᠵᠢᠨ ᠠᠵᠢᠯ ᠬᠢᠬᠦ᠂ ᠲᠣᠨᠣᠭ ᠲᠥᠬᠥᠭᠡᠷᠦᠮᠵᠢ ᠵᠢ ᠰᠡᠯᠪᠢᠨ ᠵᠠᠰᠠᠬᠤ ᠵᠡᠷᠭᠡ ᠰᠢᠯᠲᠠᠭ᠋ᠠᠨ᠎ᠠᠴᠠ ᠪᠣᠯᠵᠣ ᠤᠰᠤ ᠬᠠᠩᠭ᠋ᠠᠬᠤ ᠵᠢ ᠦᠨᠡᠬᠡᠷ ᠵᠣᠭᠰᠣᠭ᠋ᠠᠬᠤ ᠴᠢᠬᠤᠯᠠᠲᠠᠶ ᠪᠠᠶ᠋ᠢᠪᠠᠯ᠂ ᠬᠣᠲᠠ ᠵᠢᠨ ᠤᠰᠤ ᠬᠠᠩᠭ᠋ᠠᠬᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠵᠢᠨ ᠬᠠᠮᠲᠤ 24 ᠴᠠᠭ᠎ᠤᠨ ᠡᠮᠦᠨ᠎ᠡ ᠤᠰᠤ ᠬᠡᠷᠡᠭᠯᠡᠬᠦ ᠨᠢᠭᠡᠴᠢ ᠪᠠ ᠬᠤᠪᠢ ᠬᠥᠮᠦᠨ᠎ᠳᠤ ᠮᠡᠳᠡᠭᠳᠡᠬᠦ ᠬᠡᠷᠡᠭᠲᠡᠶ; ᠭᠠᠮᠰᠢᠭ ᠪᠤᠶᠤ ᠪᠠᠴᠢᠮ ᠬᠡᠷᠡᠭ ᠭᠠᠷᠤᠭᠰᠠᠨ᠎ᠠᠴᠠ ᠪᠤᠯᠵᠤ ᠤᠷᠢᠳᠴᠢᠯᠠᠨ ᠮᠡᠳᠡᠭᠳᠡᠵᠦ ᠳᠡᠶ᠋ᠢᠯᠬᠦ ᠦᠭᠡᠢ ᠪᠠᠶ᠋ᠢᠪᠠᠯ᠂ ᠵᠠᠪᠳᠤᠨ ᠵᠠᠰᠠᠬᠤ ᠵᠢᠨ ᠬᠠᠮᠲᠤ ᠤᠰᠤ ᠬᠡᠷᠡᠭᠯᠡᠬᠦ ᠨᠢᠭᠡᠴᠢ ᠪᠠ ᠬᠤᠪᠢ ᠬᠥᠮᠦᠨ᠎ᠳᠤ ᠮᠡᠳᠡᠭᠳᠡᠵᠦ᠂ ᠬᠡᠪ᠎ᠤᠨ ᠤᠰᠤᠨ᠎ᠤ ᠬᠠᠩᠭ᠋ᠠᠯᠭ᠎ᠠ ᠵᠢ ᠠᠯᠢ ᠲᠦᠷᠭᠡᠨ ᠵᠶ᠋ᠠᠷ ᠰᠡᠷᠭᠦᠭᠡᠬᠦ ᠵᠢᠨ ᠬᠠᠮᠲᠤ ᠬᠤᠳᠠ ᠵᠢᠨ ᠤᠰᠤ ᠬᠠᠩᠭ᠋ᠠᠬᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃
      ᠬᠣᠷᠢᠨ ᠭᠤᠷᠪᠠᠳᠤᠭ᠋ᠠᠷ ᠵᠦᠢ᠍ᠯ ᠬᠤᠳᠠ ᠵᠢᠨ ᠲᠦᠭᠡᠭᠡᠯ ᠤᠰᠤ ᠬᠠᠩᠭ᠋ᠠᠬᠤ ᠠᠵᠤ ᠠᠬᠤᠶ᠋ᠢᠯᠠᠯ ᠪᠣᠯᠤᠨ ᠥᠪᠡᠷ ᠵᠶ᠋ᠠᠨ ᠪᠠᠶ᠋ᠢᠭᠤᠯᠤᠭᠰᠠᠨ ᠲᠥᠬᠥᠭᠡᠷᠦᠮᠵᠢ᠎ᠪᠠᠷ ᠵᠶ᠋ᠠᠨ ᠭᠠᠳᠠᠭᠰᠢ ᠤᠰᠤ ᠬᠠᠩᠭ᠋ᠠᠬᠤ ᠠᠵᠤ ᠠᠬᠤᠶ᠋ᠢᠯᠠᠯ᠎ᠤᠳ ᠠᠵᠢᠯᠳᠠᠳ᠎ᠤᠨ ᠦᠨᠡᠮᠯᠡᠯ᠎ᠲᠠᠢ᠎ᠪᠠᠷ ᠠᠵᠢᠯ᠎ᠤᠨ ᠪᠠᠶ᠋ᠢᠷᠢ᠎ᠳᠤ ᠭᠠᠷᠬᠤ ᠲᠦᠷᠢᠮ᠎ᠢ ᠬᠡᠷᠡᠭᠵᠢᠭᠦᠯᠬᠦ ᠬᠡᠷᠡᠭᠲᠡᠶ᠃ ᠪᠣᠳᠠᠲᠠᠶ ᠠᠷᠭ᠎ᠠ ᠵᠢ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠬᠤᠳᠠ ᠵᠢᠨ ᠪᠦᠳᠦᠭᠡᠠ ᠪᠠᠶ᠋ᠢᠭᠤᠯᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠵᠢᠯᠳᠡᠠ᠎ᠢ ᠬᠠᠮᠢᠶᠠᠷᠬᠤ ᠰᠠᠯᠠᠭ᠎ᠠ ᠮᠦᠴᠢᠷ ᠵᠡᠷᠭᠡ᠎ᠲᠠᠢ ᠬᠠᠮᠳᠤᠷᠠᠨ ᠲᠤᠭᠳᠠᠭ᠋ᠠᠨ᠎ᠠ᠃
      ᠬᠣᠷᠢᠨ ᠳᠥᠷᠪᠡᠳᠦᠭᠡᠷ ᠵᠦᠢ᠍ᠯ   ᠤᠰᠤ ᠬᠡᠷᠡᠭᠯᠡᠬᠦ ᠨᠢᠭᠡᠴᠢ ᠪᠣᠯᠤᠨ ᠬᠤᠪᠢ ᠬᠥᠮᠦᠨ ᠲᠣᠭᠲᠠᠭ᠋ᠠᠭᠰᠠᠨ ᠬᠡᠮᠵᠢᠯᠲᠡ ᠵᠢᠨ ᠪᠠᠷᠢᠮᠵᠢᠶ᠎ᠠ ᠪᠣᠯᠤᠨ ᠤᠰᠤᠨ᠎ᠤ ᠦᠨ᠎ᠡ ᠵᠢᠨ ᠪᠠᠷᠢᠮᠵᠢᠶ᠎ᠠ ᠶᠣᠰᠣᠭ᠋ᠠᠷ ᠤᠰᠤᠨ᠎ᠤ ᠰᠦᠢ᠍ᠳᠬᠡᠯ᠎ᠢ ᠴᠠᠭ ᠲᠤᠬᠠᠶ᠎ᠳᠤᠨᠢ ᠲᠤᠰᠢᠶᠠᠬᠤ ᠬᠡᠷᠡᠭᠲᠡᠶ᠃
      ᠬᠣᠷᠢᠨ ᠲᠠᠪᠤᠳᠤᠭ᠋ᠠᠷ ᠵᠦᠢ᠍ᠯ ᠬᠤᠳᠠ ᠵᠢᠨ ᠤᠯᠠᠨ ᠨᠡᠶ᠋ᠢᠲᠡ ᠵᠢᠨ ᠬᠠᠩᠭ᠋ᠠᠬᠤ ᠤᠰᠤ ᠵᠢ ᠬᠤᠯᠠᠭ᠋ᠠᠶ᠋ᠢᠯᠠᠨ ᠬᠡᠷᠡᠭᠯᠡᠬᠦ ᠪᠤᠶᠤ ᠰᠢᠯᠵᠢᠭᠦᠯᠦᠨ ᠬᠠᠩᠭ᠋ᠠᠬᠤ ᠵᠢ ᠴᠠᠭ᠋ᠠᠵᠠᠯᠠᠨ᠎ᠠ᠃
      ᠬᠣᠷᠢᠨ ᠵᠢᠷᠭᠤᠳᠤᠭ᠋ᠠᠷ ᠵᠦᠢ᠍ᠯ ᠬᠤᠳᠠ ᠵᠢᠨ ᠬᠠᠩᠭ᠋ᠠᠬᠤ ᠤᠰᠤᠨ᠎ᠤ ᠦᠨ᠎ᠡ ᠵᠢ ᠠᠮᠢᠳᠤᠷᠠᠯ᠎ᠳᠤ ᠬᠡᠷᠡᠭᠯᠡᠬᠦ ᠤᠰᠤᠨ᠎ᠤ ᠪᠡᠯᠡ᠎ᠪᠠᠨ ᠪᠠᠲᠤᠯᠠᠵᠤ ᠥᠴᠦᠬᠡᠨ ᠠᠰᠢᠭ ᠤᠯᠬᠤ᠂ ᠦᠢ᠍ᠯᠡᠳᠪᠦᠷᠢᠯᠡᠯ ᠪᠠ ᠡᠵᠡᠩᠨᠡᠯᠲᠡ᠎ᠳᠤ ᠬᠡᠷᠡᠭᠯᠡᠬᠦ ᠤᠰᠤᠨ᠎ᠤ ᠦᠨ᠎ᠡ ᠵᠢ ᠵᠦᠢ ᠵᠣᠬᠢᠰᠲᠠᠶ᠎ᠪᠠᠷ ᠪᠤᠳᠤᠬᠤ ᠵᠠᠷᠴᠢᠮ ᠶᠣᠰᠣᠭ᠋ᠠᠷ ᠲᠣᠭᠲᠠᠭ᠋ᠠᠬᠤ ᠬᠡᠷᠡᠭᠲᠡᠶ᠃
      ᠬᠤᠳᠠ ᠵᠢᠨ ᠬᠠᠩᠭ᠋ᠠᠬᠤ ᠤᠰᠤᠨ᠎ᠤ ᠦᠨ᠎ᠡ ᠵᠢ ᠲᠣᠭᠲᠠᠭ᠋ᠠᠬᠤ ᠠᠷᠭ᠎ᠠ ᠵᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠨ᠎ᠠ᠃
   
      ᠲᠠᠪᠤᠳᠤᠭ᠋ᠠᠷ ᠪᠦᠯᠦᠭ   ᠬᠤᠳᠠ ᠵᠢᠨ ᠤᠰᠤ ᠬᠠᠩᠭ᠋ᠠᠬᠤ ᠲᠥᠬᠥᠭᠡᠷᠦᠮᠵᠢ ᠵᠢ ᠬᠠᠮᠠᠭ᠋ᠠᠯᠠᠬᠤ
   
      ᠬᠣᠷᠢᠨ ᠳᠣᠯᠣᠳᠤᠭ᠋ᠠᠷ ᠵᠦᠢ᠍ᠯ   ᠬᠤᠳᠠ ᠵᠢᠨ ᠲᠦᠭᠡᠭᠡᠯ ᠤᠰᠤ ᠬᠠᠩᠭ᠋ᠠᠬᠤ ᠠᠵᠤ ᠠᠬᠤᠶ᠋ᠢᠯᠠᠯ ᠪᠣᠯᠤᠨ ᠥᠪᠡᠷ᠎ᠤᠨ ᠪᠡᠯᠡᠳᠬᠡᠮᠵᠢ᠎ᠪᠠᠷ ᠤᠰᠤ ᠬᠠᠩᠭ᠋ᠠᠬᠤ ᠠᠵᠤ ᠠᠬᠤᠶ᠋ᠢᠯᠠᠯ᠎ᠨᠢ ᠬᠠᠮᠢᠶᠠᠷᠴᠤ ᠪᠠᠶ᠋ᠢᠭ᠎ᠠ ᠬᠤᠳᠠ ᠵᠢᠨ ᠤᠰᠤ ᠬᠠᠩᠭ᠋ᠠᠬᠤ ᠲᠤᠰᠬᠠᠶ ᠤᠰᠤᠨ ᠴᠥᠭᠥᠷᠥᠮ᠂ ᠤᠰᠤ ᠲᠠᠲᠠᠬᠤ ᠰᠤᠪᠠᠭ᠂ ᠤᠰᠤ ᠲᠠᠲᠠᠬᠤ ᠠᠮᠠᠰᠠᠷ᠂ ᠬᠥᠭᠡᠷᠭᠡ ᠵᠢᠨ ᠦᠷᠳᠡᠭᠡ᠂ ᠬᠤᠳᠳᠤᠭ᠎ᠤᠨ ᠪᠥᠭᠡᠮᠨᠡᠷᠡᠯ᠂ ᠤᠰᠤ ᠳᠠᠮᠵᠢᠭᠤᠯᠬᠤ (ᠲᠣᠬᠢᠷᠠᠭᠤᠯᠬᠤ) ᠬᠣᠭᠣᠯᠠᠶ ᠵᠢᠨ ᠲᠣᠣᠷ᠂ ᠡᠷᠦᠬᠡ᠎ᠲᠤ ᠣᠷᠣᠭᠤᠯᠬᠤ ᠶᠡᠷᠦᠩᠬᠡᠶ ᠤᠰᠤᠨ᠎ᠤ ᠬᠡᠮᠵᠢᠭᠦᠷ᠂ ᠴᠡᠪᠡᠷ (ᠲᠣᠬᠢᠷᠠᠭᠤᠯᠬᠤ) ᠤᠰᠤᠨ ᠦᠢ᠍ᠯᠡᠳᠪᠦᠷᠢ᠂ ᠤᠯᠠᠨ ᠨᠡᠢ᠍ᠢ᠍ᠳᠡ ᠵᠢᠨ ᠤᠰᠤᠨ᠎ᠤ ᠦᠷᠳᠡᠭᠡ ᠵᠡᠷᠭᠡ ᠪᠡᠯᠡᠳᠬᠡᠮᠵᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠶ᠋ᠢᠴᠠᠭ᠋ᠠᠨ ᠰᠡᠯᠪᠢᠨ ᠵᠠᠰᠠᠵᠤ᠂ ᠠᠶᠤᠯ ᠦᠭᠡᠢ ᠠᠵᠢᠯᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
      ᠬᠣᠷᠢᠨ ᠨᠠᠢ᠍ᠮᠠᠳᠤᠭ᠋ᠠᠷ ᠵᠦᠢ᠍ᠯ   ᠤᠰᠤ ᠬᠡᠷᠡᠭᠯᠡᠬᠦ ᠨᠢᠭᠡᠴᠢ ᠵᠢᠨ ᠥᠪᠡᠷᠲᠡᠭᠡᠨ ᠪᠠᠶ᠋ᠢᠭᠤᠯᠤᠭᠰᠠᠨ ᠬᠤᠳᠠ ᠵᠢᠨ ᠤᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠶ᠎ᠲᠠᠢ ᠬᠣᠯᠪᠣᠭᠰᠠᠨ ᠭᠡᠷ᠎ᠤᠨ ᠭᠠᠳᠠᠨᠠᠬᠢ ᠬᠣᠭᠣᠯᠠᠶ ᠵᠢᠴᠢ ᠲᠡᠭᠦᠨ᠎ᠤ ᠲᠠᠭ᠋ᠠᠯᠳᠠ ᠲᠥᠬᠥᠭᠡᠷᠦᠮᠵᠢ ᠵᠢ ᠡᠷᠬᠡᠪᠰᠢ ᠬᠤᠳᠠ ᠵᠢᠨ ᠲᠦᠭᠡᠭᠡᠯ ᠤᠰᠤ ᠬᠠᠩᠭ᠋ᠠᠬᠤ ᠠᠵᠤ ᠠᠬᠤᠶ᠋ᠢᠯᠠᠯ ᠵᠶ᠋ᠠᠷ ᠰᠢᠯᠭ᠋ᠠᠨ ᠠᠪᠤᠭᠤᠯᠵᠤ ᠬᠢᠷᠢ ᠲᠡᠩᠴᠡᠭᠦᠯᠬᠦ ᠵᠢᠨ ᠬᠠᠮᠲᠤ ᠲᠡᠭᠦᠨ᠎ᠳᠤ ᠲᠤᠰᠢᠶᠠᠵᠤ ᠨᠢᠭᠡᠳᠦᠯᠲᠡᠶ ᠬᠠᠮᠢᠶᠠᠷᠤᠭᠤᠯᠤᠭᠰᠠᠨ᠎ᠤ ᠲᠠᠷᠠᠭ᠎ᠠ ᠰᠠᠶᠢ ᠬᠡᠷᠡᠭᠯᠡᠵᠦ ᠪᠣᠯᠤᠨ᠎ᠠ᠃
      ᠬᠣᠷᠢ ᠶᠢᠰᠦᠳᠦᠭᠡᠷ ᠵᠦᠢ᠍ᠯ   ᠲᠣᠭᠲᠠᠭ᠋ᠠᠭᠰᠠᠨ ᠬᠤᠳᠠ ᠵᠢᠨ ᠤᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠶ ᠵᠢᠴᠢ ᠲᠡᠭᠦᠨ᠎ᠤ ᠲᠠᠭ᠋ᠠᠯᠳᠠ ᠲᠥᠬᠥᠭᠡᠷᠦᠮᠵᠢ ᠵᠢᠨ ᠭᠠᠵᠠᠷ ᠳᠡᠭᠡᠷᠡᠬᠢ ᠪᠠ ᠭᠠᠵᠠᠷ ᠳᠣᠣᠷᠠᠬᠢ ᠠᠶᠤᠯᠭᠦᠶ ᠵᠢᠨ ᠬᠠᠮᠠᠭ᠋ᠠᠯᠠᠯᠲᠠ ᠵᠢᠨ ᠬᠡᠪᠴᠢᠶᠡᠨ ᠳᠣᠲᠣᠷ᠎ᠠ᠂ ᠨᠦᠭᠡ ᠮᠠᠯᠲᠠᠵᠤ ᠰᠢᠷᠣᠶ ᠠᠪᠬᠤ ᠪᠤᠶᠤ ᠪᠠᠷᠢᠯᠭ᠎ᠠ᠂ ᠢᠨᠵᠸᠨ᠋ᠸᠷᠢᠩ᠎ᠤᠨ ᠵᠦᠢ᠍ᠯ ᠪᠠᠶ᠋ᠢᠭᠤᠯᠬᠤ ᠵᠡᠷᠭᠡ ᠤᠰᠤ ᠬᠠᠩᠭ᠋ᠠᠬᠤ ᠲᠥᠬᠥᠭᠡᠷᠦᠮᠵᠢ ᠵᠢᠨ ᠠᠶᠤᠯᠭᠦᠶ ᠪᠠᠶ᠋ᠢᠳᠠᠯ᠎ᠳᠤ ᠬᠣᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠵᠢ ᠴᠠᠭ᠋ᠠᠵᠠᠯᠠᠨ᠎ᠠ᠃
      ᠭᠤᠴᠢᠳᠤᠭ᠋ᠠᠷ ᠵᠦᠢ᠍ᠯ   ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ᠎ᠠᠴᠠ ᠪᠤᠯᠵᠤ ᠬᠤᠳᠠ ᠵᠢᠨ ᠤᠯᠠᠨ ᠨᠡᠶ᠋ᠢᠲᠡ ᠵᠢᠨ ᠤᠰᠤ ᠬᠠᠩᠭ᠋ᠠᠬᠤ ᠲᠥᠬᠥᠭᠡᠷᠦᠮᠵᠢ ᠵᠢ ᠥᠭᠡᠷᠡᠴᠢᠯᠡᠨ ᠲᠣᠨᠣᠭᠯᠠᠬᠤ᠂ ᠵᠠᠳᠠᠯᠵᠤ ᠬᠠᠶᠠᠬᠤ ᠪᠤᠶᠤ ᠨᠡᠭᠦᠯᠭᠡᠨ ᠰᠢᠯᠵᠢᠭᠦᠯᠬᠦ ᠴᠢᠬᠤᠯᠠᠲᠠᠶ ᠪᠠᠶ᠋ᠢᠪᠠᠯ᠂ ᠪᠦᠳᠦᠭᠡᠨ ᠪᠠᠶ᠋ᠢᠭᠤᠯᠬᠤ ᠨᠢᠭᠡᠴᠢ᠎ᠨᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠤᠳᠠ ᠵᠢᠨ ᠲᠥᠯᠥᠪᠵᠢᠭᠦᠯᠭᠡ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠤᠳᠠ ᠵᠢᠨ ᠤᠰᠤ ᠬᠠᠩᠭ᠋ᠠᠬᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠵᠥᠪᠰᠢᠶᠡᠷᠡᠭᠦᠯᠬᠦ ᠵᠢᠨ ᠬᠠᠮᠲᠤ ᠵᠣᠬᠢᠴᠠᠩᠭᠤᠶ ᠨᠥᠬᠥᠪᠥᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃
      ᠭᠤᠴᠢᠨ ᠨᠢᠭᠡᠳᠦᠭᠡᠷ ᠵᠦᠢ᠍ᠯ   ᠬᠤᠳᠠ ᠵᠢᠨ ᠤᠯᠠᠨ ᠨᠡᠶ᠋ᠢᠲᠡ ᠵᠢᠨ ᠤᠰᠤ ᠬᠠᠩᠭ᠋ᠠᠬᠤ ᠲᠥᠬᠥᠭᠡᠷᠦᠮᠵᠢ᠎ᠳᠤ ᠬᠣᠯᠪᠣᠭᠳᠠᠬᠤ ᠪᠦᠳᠦᠭᠡᠨ ᠪᠠᠶ᠋ᠢᠭᠤᠯᠤᠯᠲᠠ ᠵᠢᠨ ᠢᠨᠵᠸᠨ᠋ᠸᠷᠢᠩ᠎ᠤᠨ ᠠᠵᠢᠯ ᠡᠬᠢᠯᠡᠬᠦ᠎ᠠᠴᠠ ᠡᠮᠦᠨ᠎ᠡ᠂ ᠪᠦᠳᠦᠭᠡᠨ ᠪᠠᠶ᠋ᠢᠭᠤᠯᠬᠤ ᠨᠢᠭᠡᠴᠢ ᠪᠤᠶᠤ ᠪᠠᠷᠢᠯᠭ᠎ᠠ ᠪᠠᠷᠢᠬᠤ ᠨᠢᠭᠡᠴᠢ᠎ᠨᠢ ᠬᠤᠳᠠ ᠵᠢᠨ ᠲᠦᠭᠡᠭᠡᠯ ᠤᠰᠤ ᠬᠠᠩᠭ᠋ᠠᠬᠤ ᠠᠵᠤ ᠠᠬᠤᠶ᠋ᠢᠯᠠᠯ᠎ᠠᠴᠠ ᠭᠠᠵᠠᠷ ᠳᠣᠣᠷᠠᠬᠢ ᠤᠰᠤ ᠬᠠᠩᠭ᠋ᠠᠬᠤ ᠬᠣᠭᠣᠯᠠᠶ ᠵᠢᠨ ᠲᠣᠣᠷ᠎ᠤᠨ ᠪᠠᠶ᠋ᠢᠳᠠᠯ᠎ᠢ ᠪᠠᠶ᠋ᠢᠴᠠᠭ᠋ᠠᠨ ᠲᠣᠳᠣᠷᠬᠠᠶ᠋ᠢᠯᠠᠬᠤ ᠬᠡᠷᠡᠭᠲᠡᠶ᠃ ᠪᠠᠷᠢᠯᠭ᠎ᠠ ᠪᠠᠷᠢᠬᠤ᠎ᠳᠠᠭᠠᠨ ᠬᠤᠳᠠ ᠵᠢᠨ ᠤᠯᠡᠠ ᠨᠡᠶ᠋ᠢᠲᠡ ᠵᠢᠨ ᠤᠰᠤ ᠬᠠᠩᠭ᠋ᠠᠬᠤ ᠲᠥᠬᠥᠭᠡᠷᠦᠮᠵᠢ ᠵᠢᠨ ᠠᠶᠤᠯᠭᠦᠶ ᠪᠠᠶ᠋ᠢᠬᠤ ᠵᠢ ᠨᠥᠯᠥᠭᠡᠯᠡᠬᠦ᠎ᠳᠤ ᠬᠦᠷᠪᠡᠯ᠂ ᠪᠦᠳᠦᠭᠡᠠ ᠪᠠᠶ᠋ᠢᠭᠤᠯᠬᠤ ᠨᠢᠭᠡᠴᠢ ᠪᠤᠶᠤ ᠪᠠᠷᠢᠯᠭ᠎ᠠ ᠪᠠᠷᠢᠬᠤ ᠨᠢᠭᠡᠴᠢ᠎ᠨᠢ ᠬᠤᠳᠠ ᠵᠢᠨ ᠲᠦᠭᠡᠭᠡᠯ ᠤᠰᠤ ᠬᠠᠩᠭ᠋ᠠᠬᠤ ᠠᠵᠤ ᠠᠬᠤᠶ᠋ᠢᠯᠠᠯ᠎ᠯᠤᠭ᠎ᠠ ᠵᠣᠬᠢᠴᠠᠩᠭᠤᠶ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠵᠥᠪᠳᠡᠯᠴᠡᠨ ᠲᠣᠭᠲᠠᠭ᠋ᠠᠵᠤ᠂ ᠪᠠᠷᠢᠯᠭ᠎ᠠ ᠪᠠᠷᠢᠬᠤ ᠨᠢᠭᠡᠴᠢ᠎ᠠᠴᠠ ᠬᠠᠷᠢᠭᠤᠴᠠᠨ ᠬᠡᠷᠡᠭᠵᠢᠭᠦᠯᠬᠦ ᠬᠡᠷᠡᠭᠲᠡᠶ᠃
      ᠭᠤᠴᠢᠨ ᠬᠣᠶᠠᠳᠤᠭ᠋ᠠᠷ ᠵᠦᠢ᠍ᠯ   ᠦᠪᠡᠷᠲᠡᠭᠡᠨ ᠪᠠᠶ᠋ᠢᠭᠤᠯᠤᠭᠰᠠᠨ ᠪᠡᠯᠡᠳᠬᠡᠮᠵᠢ ᠵᠢᠨ ᠤᠰᠤ ᠬᠠᠩᠭ᠋ᠠᠬᠤ ᠬᠣᠭᠣᠯᠠᠶ ᠵᠢᠨ ᠲᠣᠣᠷ᠎ᠤᠨ ᠰᠢᠰᠲ᠋ᠧᠮ᠎ᠢ ᠬᠤᠳᠠ ᠵᠢᠨ ᠤᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠶ ᠵᠢᠨ ᠲᠣᠣᠷ᠎ᠤᠨ ᠰᠢᠰᠲ᠋ᠧᠮ᠎ᠲᠠᠢ ᠳᠤᠷ᠎ᠠ᠎ᠪᠠᠷ ᠵᠶ᠋ᠠᠨ ᠬᠣᠯᠪᠣᠬᠤ ᠵᠢ ᠴᠠᠭ᠋ᠠᠵᠠᠯᠠᠨ᠎ᠠ; ᠣᠨᠴᠠᠭ᠋ᠠᠶ ᠪᠠᠶ᠋ᠢᠳᠠᠯ᠎ᠠᠴᠠ ᠪᠤᠯᠵᠤ ᠦᠨᠡᠬᠡᠷ ᠵᠠᠯᠭ᠋ᠠᠬᠤ ᠴᠢᠬᠤᠯᠠᠲᠠᠶ ᠪᠠᠶ᠋ᠢᠪᠠᠯ᠂ ᠡᠷᠬᠡᠪᠰᠢ ᠬᠤᠳᠠ ᠵᠢᠨ ᠲᠦᠭᠡᠭᠡᠯ ᠤᠰᠤ ᠬᠠᠩᠭ᠋ᠠᠬᠤ ᠠᠵᠤ ᠠᠬᠤᠶ᠋ᠢᠯᠠᠯ ᠵᠶ᠋ᠠᠷ ᠵᠥᠪᠰᠢᠶᠡᠷᠡᠭᠦᠯᠬᠦ ᠬᠡᠷᠡᠭᠲᠡᠶ ᠪᠥᠭᠡᠳ ᠳᠠᠮᠵᠢᠭᠤᠯᠬᠤ ᠬᠣᠭᠣᠯᠠᠶ ᠵᠢᠨ ᠵᠠᠯᠭ᠋ᠠᠯᠲᠠ ᠵᠢᠨ ᠭᠠᠵᠠᠷ᠎ᠲᠤ ᠴᠢᠬᠤᠯᠠ ᠪᠦᠬᠦᠢ ᠰᠡᠷᠭᠡᠶ᠋ᠢᠯᠡᠨ ᠬᠠᠮᠠᠭ᠋ᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃
      ᠬᠣᠣᠷ ᠬᠥᠨᠥᠭᠡᠯ᠎ᠲᠠᠢ ᠪᠣᠳᠠᠰ ᠡᠭᠦᠰᠭᠡᠬᠦ ᠪᠤᠶᠤ ᠬᠡᠷᠡᠭᠯᠡᠬᠦ ᠵᠢ ᠴᠠᠭ᠋ᠠᠵᠠᠯᠠᠭᠰᠠᠨ ᠨᠢᠭᠡᠴᠢ᠎ᠨᠦᠭᠦᠳ ᠦᠢ᠍ᠯᠡᠳᠪᠦᠷᠢᠯᠡᠯ᠎ᠳᠤ ᠬᠡᠷᠡᠭᠯᠡᠬᠦ ᠤᠰᠤᠨ ᠬᠣᠭᠣᠯᠠᠶ ᠵᠢᠨ ᠲᠣᠣᠷ᠎ᠤᠨ ᠰᠢᠰᠲ᠋ᠧᠮ ᠵᠶ᠋ᠠᠨ ᠬᠤᠳᠠ ᠵᠢᠨ ᠤᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠶ ᠵᠢᠨ ᠲᠣᠣᠷ᠎ᠤᠨ ᠰᠢᠰᠲ᠋ᠧᠮ᠎ᠲᠠᠢ ᠰᠢᠭᠤᠳ ᠬᠣᠯᠪᠣᠨ᠎ᠠ᠃
   
      ᠵᠢᠷᠭᠤᠳᠤᠭ᠋ᠠᠷ ᠪᠦᠯᠦᠭ   ᠲᠣᠷᠭ᠋ᠠᠬᠤ ᠳᠦᠷᠢᠮ
   
      ᠭᠤᠴᠢᠨ ᠭᠤᠷᠪᠠᠳᠤᠭ᠋ᠠᠷ ᠵᠦᠢ᠍ᠯ   ᠬᠤᠳᠠ ᠵᠢᠨ ᠲᠦᠭᠡᠭᠡᠯ ᠤᠰᠤ ᠬᠠᠩᠭ᠋ᠠᠬᠤ ᠠᠵᠤ ᠠᠬᠤᠶ᠋ᠢᠯᠠᠯ ᠪᠤᠶᠤ ᠥᠪᠡᠷ ᠵᠶ᠋ᠠᠨ ᠲᠥᠬᠥᠭᠡᠷᠦᠮᠵᠢ ᠪᠠᠶ᠋ᠢᠭᠤᠯᠵᠤ ᠭᠠᠳᠠᠭᠰᠢ ᠤᠰᠤ ᠬᠠᠩᠭ᠋ᠠᠬᠤ ᠠᠵᠤ ᠠᠬᠤᠶ᠋ᠢᠯᠠᠯ ᠳᠣᠣᠷ᠎ᠠ ᠵᠢᠭᠰᠠᠭ᠋ᠠᠭᠰᠠᠨ ᠠᠵᠢᠯᠯᠠᠭ᠎ᠠ᠎ᠨᠤᠭᠤᠳ᠎ᠤᠨ ᠨᠢᠭᠡ ᠵᠢ ᠬᠢᠭᠰᠡᠨ ᠪᠠᠶ᠋ᠢᠪᠠᠯ᠂ ᠬᠤᠳᠠ ᠵᠢᠨ ᠤᠰᠤ ᠬᠠᠩᠭ᠋ᠠᠬᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠭᠤᠯᠬᠤ ᠪᠥᠭᠡᠳ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠵᠦ ᠪᠣᠯᠤᠨ᠎ᠠ; ᠤᠢ᠍ᠢ᠍ᠯᠠ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠭᠡᠳ ᠵᠠᠷᠯᠢᠭᠳᠠᠵᠤ ᠪᠠᠶ᠋ᠢᠭ᠋ᠠᠳ ᠠᠵᠢᠯ᠎ᠢ᠎ᠨᠢ ᠵᠣᠭᠰᠣᠭ᠋ᠠᠨ ᠴᠡᠭᠴᠡᠯᠡᠭᠦᠯᠵᠦ ᠪᠣᠯᠤᠨ᠎ᠠ; ᠰᠢᠭᠤᠳ ᠬᠠᠷᠢᠭᠤᠴᠠᠯᠭ᠎ᠠ᠎ᠲᠠᠢ ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠲᠡᠭᠦᠨ᠎ᠤ ᠪᠠᠶ᠋ᠢᠭ᠎ᠠ ᠨᠢᠭᠡᠴᠢ ᠪᠤᠶᠤ ᠳᠡᠭᠡᠳᠦ ᠱᠠᠲᠤᠨ᠎ᠤ ᠪᠠᠶ᠋ᠢᠭᠤᠯᠭ᠎ᠠ᠎ᠠᠴᠠ ᠵᠠᠰᠠᠭ ᠵᠠᠬᠢᠷᠭ᠋ᠠᠨ᠎ᠤ ᠰᠢᠢ᠍ᠳᠭᠡᠯ ᠥᠭᠴᠦ ᠪᠣᠯᠤᠨ᠎ᠠ᠄
     (ᠨᠢᠭᠡ) ᠬᠠᠩᠭ᠋ᠠᠬᠤ ᠤᠰᠤᠨ᠎ᠤ ᠴᠢᠨᠠᠷ᠂ ᠤᠰᠤᠨ᠎ᠤ ᠳᠠᠷᠤᠯᠲᠠ᠎ᠨᠢ ᠤᠯᠤᠰ᠎ᠤᠨ ᠲᠣᠭᠲᠠᠭ᠋ᠠᠭᠰᠠᠨ ᠪᠠᠷᠢᠮᠵᠢᠶ᠎ᠠ᠎ᠳᠤ ᠦᠯᠦ ᠨᠡᠶ᠋ᠢᠴᠡᠭᠰᠡᠨ;
     (ᠬᠣᠶᠠᠷ) ᠤᠰᠤ ᠬᠠᠩᠭ᠋ᠠᠬᠤ ᠵᠢ ᠳᠤᠷ᠎ᠠ᠎ᠪᠠᠷ ᠵᠶ᠋ᠠᠨ ᠵᠣᠭᠰᠣᠭ᠋ᠠᠭᠰᠠᠨ ᠪᠤᠶᠤ ᠤᠰᠤ ᠵᠣᠭᠰᠣᠭ᠋ᠠᠬᠤ ᠵᠢ ᠮᠡᠳᠡᠭᠳᠡᠬᠦ ᠡᠭᠦᠷᠭᠡ᠎ᠪᠠᠨ ᠦᠯᠦ ᠭᠦᠢ᠍ᠴᠡᠳᠬᠡᠭᠰᠡᠨ;
     (ᠭᠤᠷᠪᠠ) ᠲᠣᠭᠲᠠᠭ᠋ᠠᠯ ᠶᠣᠰᠣᠭ᠋ᠠᠷ ᠤᠰᠤ ᠬᠠᠩᠭ᠋ᠠᠬᠤ ᠲᠥᠬᠥᠭᠡᠷᠦᠮᠵᠢ ᠵᠢ ᠪᠠᠶ᠋ᠢᠴᠠᠭ᠋ᠠᠨ ᠵᠠᠰᠠᠭᠰᠠᠨ ᠦᠭᠡᠢ ᠪᠤᠶᠤ ᠤᠰᠤ ᠬᠠᠩᠭ᠋ᠠᠬᠤ ᠲᠥᠬᠥᠭᠡᠷᠦᠮᠵᠢ᠎ᠳᠤ ᠰᠠᠭ᠋ᠠᠳ ᠭᠠᠷᠤᠭᠰᠠᠨ᠎ᠤ ᠲᠠᠷᠠᠭ᠎ᠠ ᠴᠠᠭ ᠲᠤᠬᠠᠶ᠎ᠳᠤᠨᠢ ᠵᠠᠪᠳᠤᠨ ᠵᠠᠰᠠᠭᠰᠠᠨ ᠦᠭᠡᠢ᠃
      ᠭᠤᠴᠢᠨ ᠳᠥᠷᠪᠡᠳᠦᠭᠡᠷ ᠵᠦᠢ᠍ᠯ   ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠬᠤᠳᠠ ᠵᠢᠨ ᠤᠰᠤ ᠬᠠᠩᠭ᠋ᠠᠬᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠵᠦ ᠪᠣᠯᠤᠨ᠎ᠠ; ᠰᠢᠭᠤᠳ ᠬᠠᠷᠢᠭᠤᠴᠠᠯᠭ᠎ᠠ᠎ᠲᠠᠢ ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠲᠡᠭᠦᠨ᠎ᠤ ᠪᠠᠶ᠋ᠢᠭ᠎ᠠ ᠨᠢᠭᠡᠴᠢ ᠪᠤᠶᠤ ᠳᠡᠭᠡᠳᠦ ᠱᠠᠲᠤᠨ᠎ᠤ ᠪᠠᠶ᠋ᠢᠭᠤᠯᠭ᠎ᠠ᠎ᠠᠴᠠ ᠵᠠᠰᠠᠭ ᠵᠠᠬᠢᠷᠭ᠋ᠠᠨ᠎ᠤ ᠰᠢᠢ᠍ᠳᠭᠡᠯ ᠥᠭᠴᠦ ᠪᠣᠯᠤᠨ᠎ᠠ᠄
     (ᠨᠢᠭᠡ) ᠦᠨᠡᠮᠯᠡᠯ ᠦᠭᠡᠢ᠎ᠪᠠᠷ ᠪᠤᠶᠤ ᠬᠢᠷᠢ ᠭᠡᠮ᠎ᠤᠨ ᠦᠨᠡᠮᠯᠡᠯ᠎ᠳᠤ ᠲᠣᠭᠲᠠᠭ᠋ᠠᠭᠰᠠᠨ ᠡᠵᠡᠩᠨᠡᠯᠲᠡ ᠵᠢᠨ ᠬᠡᠪᠴᠢᠶᠡᠨ᠎ᠠᠴᠠ ᠳᠠᠪᠠᠵᠤ ᠬᠤᠳᠠ ᠵᠢᠨ ᠤᠰᠤ ᠬᠠᠩᠭ᠋ᠠᠬᠤ ᠢᠨᠵᠸᠨ᠋ᠸᠷᠢᠩ᠎ᠤᠨ ᠵᠢᠷᠤᠭ ᠲᠥᠯᠥᠪᠯᠡᠭᠡ ᠬᠢᠭᠰᠡᠨ ᠪᠤᠶᠤ ᠢᠨᠵᠸᠨ᠋ᠸᠷᠢᠩ᠎ᠤᠨ ᠠᠵᠢᠯ᠎ᠢ ᠬᠢᠭᠰᠡᠨ;
     (ᠬᠣᠶᠠᠷ) ᠤᠯᠤᠰ᠎ᠠᠴᠠ ᠲᠣᠭᠲᠠᠭ᠋ᠠᠭᠰᠠᠨ ᠮᠡᠷᠭᠡᠵᠢᠯ᠎ᠤᠨ ᠪᠠᠷᠢᠮᠵᠢᠶ᠎ᠠ ᠪᠠ ᠵᠢᠷᠤᠮᠵᠢᠯ ᠶᠣᠰᠣᠭ᠋ᠠᠷ ᠬᠤᠳᠠ ᠵᠢᠨ ᠤᠰᠤ ᠬᠠᠩᠭ᠋ᠠᠬᠤ ᠢᠨᠵᠸᠨ᠋ᠸᠷᠢᠩ᠎ᠤᠨ ᠵᠢᠷᠤᠭ ᠲᠥᠯᠥᠪᠯᠡᠭᠡ ᠬᠢᠭᠰᠡᠨ ᠦᠭᠡᠢ ᠪᠤᠶᠤ ᠢᠨᠵᠸᠨ᠋ᠸᠷᠢᠩ᠎ᠤᠨ ᠠᠵᠢᠯ᠎ᠢ ᠬᠢᠭᠰᠡᠨ ᠦᠭᠡᠢ;
    (ᠭᠤᠷᠪᠠ) ᠬᠤᠳᠠ ᠵᠢᠨ ᠤᠰᠤ ᠬᠠᠩᠭ᠋ᠠᠬᠤ ᠬᠥᠭᠵᠢᠯᠲᠡ ᠵᠢᠨ ᠲᠥᠯᠥᠪᠵᠢᠭᠦᠯᠭᠡ ᠵᠢᠴᠢ ᠣᠨ᠎ᠤ ᠪᠥᠳᠥᠭᠡᠨ ᠪᠠᠶ᠋ᠢᠭᠤᠯᠤᠯᠲᠠ ᠵᠢᠨ ᠲᠥᠯᠥᠪᠯᠡᠭᠡ᠎ᠠᠴᠠ ᠵᠥᠷᠢᠴᠡᠨ ᠬᠤᠳᠠ ᠵᠢᠨ ᠤᠰᠤ ᠬᠠᠩᠭ᠋ᠠᠬᠤ ᠪᠠᠷᠢᠯᠭ᠎ᠠ ᠵᠢ ᠪᠠᠶ᠋ᠢᠭᠤᠯᠤᠭᠰᠠᠨ᠃
      ᠭᠤᠴᠢᠨ ᠲᠠᠪᠤᠳᠤᠭ᠋ᠠᠷ ᠵᠦᠢ᠍ᠯ   ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠬᠣᠲᠠ ᠵᠢᠨ ᠤᠰᠤ ᠬᠠᠩᠭ᠋ᠠᠬᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ᠎ᠤ ᠡᠷᠬᠡ ᠣᠯᠭᠣᠭᠰᠠᠨ ᠨᠢᠭᠡᠴᠢ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠵᠤ᠂ ᠵᠣᠭᠣᠰ ᠵᠶ᠋ᠠᠷ ᠲᠣᠷᠭ᠋ᠠᠵᠤ ᠪᠣᠯᠤᠨ᠎ᠠ᠄
     (ᠨᠢᠭᠡ) ᠤᠰᠤᠨ᠎ᠤ ᠰᠦᠢ᠍ᠳᠬᠡᠯ᠎ᠢ ᠲᠣᠭᠲᠠᠭ᠋ᠠᠯ ᠶᠣᠰᠣᠭ᠋ᠠᠷ ᠦᠯᠦ ᠲᠤᠰᠢᠶᠠᠭᠰᠠᠨ;
     (ᠬᠣᠶᠠᠷ) ᠬᠤᠳᠠ ᠵᠢᠨ ᠤᠯᠡᠠ ᠨᠡᠶ᠋ᠢᠲᠡ ᠵᠢᠨ ᠬᠠᠩᠭ᠋ᠠᠬᠤ ᠤᠰᠦᠠ᠎ᠤ ᠬᠠᠩᠭ᠋ᠠᠯᠭ᠎ᠠ ᠵᠢ ᠬᠤᠯᠠᠭ᠋ᠠᠶ᠋ᠢᠯᠠᠨ ᠬᠡᠷᠡᠭᠯᠡᠭᠰᠡᠨ ᠪᠤᠶᠤ ᠰᠢᠯᠵᠢᠭᠦᠯᠦᠨ ᠬᠠᠩᠭ᠋ᠠᠭᠰᠠᠨ;
     (ᠭᠤᠷᠪᠠ) ᠲᠣᠭᠲᠠᠭ᠋ᠠᠭᠰᠠᠨ ᠬᠤᠳᠠ ᠵᠢᠨ ᠤᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠶ ᠵᠢᠴᠢ ᠲᠡᠭᠦᠨ᠎ᠤ ᠲᠠᠭ᠋ᠠᠯᠳᠠ ᠲᠥᠬᠥᠭᠡᠷᠦᠮᠵᠢ ᠵᠢᠨ ᠠᠶᠤᠯᠭᠦᠶ ᠵᠢᠨ ᠬᠠᠮᠠᠭ᠋ᠠᠯᠠᠯᠲᠠ ᠵᠢᠨ ᠬᠡᠪᠴᠢᠶᠡᠨ ᠳᠣᠲᠣᠷ᠎ᠠ ᠤᠰᠤ ᠬᠠᠩᠭ᠋ᠠᠬᠤ ᠲᠥᠬᠥᠭᠡᠷᠦᠮᠵᠢ ᠵᠢᠨ ᠠᠶᠤᠯᠭᠦᠶ᠎ᠳᠤ ᠬᠣᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠬᠢᠭᠰᠡᠨ;
     (ᠲᠥᠷᠪᠡ) ᠥᠪᠡᠷ᠎ᠲᠡᠭᠡᠨ ᠪᠠᠶ᠋ᠢᠭᠤᠯᠤᠭᠰᠠᠨ ᠪᠡᠯᠡᠳᠬᠡᠮᠵᠢ ᠵᠢᠨ ᠤᠰᠤ ᠬᠠᠩᠭ᠋ᠠᠬᠤ ᠬᠣᠭᠣᠯᠠᠶ ᠵᠢᠨ ᠲᠣᠣᠷ᠎ᠤᠨ ᠰᠢᠰᠲᠸᠮ᠎ᠢ ᠬᠤᠳᠠ ᠵᠢᠨ ᠤᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠶ ᠵᠢᠨ ᠲᠣᠣᠷ᠎ᠤᠨ ᠰᠢᠰᠲᠸᠮ᠎ᠯᠤᠭ᠎ᠠ ᠳᠤᠷ᠎ᠠ᠎ᠪᠠᠷ ᠵᠶ᠋ᠠᠨ ᠵᠠᠯᠭ᠋ᠠᠭᠰᠠᠨ;
     (ᠲᠠᠪᠤ)   ᠬᠤᠤᠷ ᠬᠥᠨᠥᠭᠡᠯ᠎ᠲᠠᠢ ᠪᠣᠳᠠᠰ ᠡᠭᠦᠰᠭᠡᠬᠦ ᠪᠤᠶᠤ ᠬᠡᠷᠡᠭᠯᠡᠬᠦ ᠨᠢᠭᠡᠴᠢ᠎ᠠᠴᠠ ᠲᠡᠭᠦᠨ᠎ᠤ ᠦᠢ᠍ᠯᠡᠳᠪᠦᠷᠢᠯᠡᠯ᠎ᠳᠤ ᠬᠡᠷᠡᠭᠯᠡᠬᠦ ᠤᠰᠤᠨ ᠬᠣᠭᠣᠯᠠᠶ ᠵᠢᠨ ᠲᠣᠣᠷ᠎ᠤᠨ ᠰᠢᠰᠲ᠋ᠧᠮ᠎ᠢ ᠬᠤᠳᠠ ᠵᠢᠨ ᠤᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠶ ᠵᠢᠨ ᠲᠣᠣᠷ᠎ᠤᠨ ᠰᠢᠰᠲ᠋ᠧᠮ᠎ᠲᠠᠢ ᠰᠢᠭᠤᠳ ᠵᠠᠯᠭ᠋ᠠᠭᠰᠠᠨ;
     (ᠵᠢᠷᠭᠤᠭ᠎ᠠ) ᠬᠤᠳᠠ ᠵᠢᠨ ᠤᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠶ ᠳᠡᠭᠡᠷ᠎ᠡ ᠰᠢᠭᠤᠳ ᠬᠥᠭᠡᠷᠭᠡ ᠤᠭᠰᠠᠷᠠᠵᠤ ᠤᠰᠤ ᠲᠠᠲᠠᠭᠰᠠᠨ;
     (ᠲᠤᠯᠤᠭ᠎ᠠ) ᠬᠤᠳᠠ ᠵᠢᠨ ᠤᠯᠠᠨ ᠨᠡᠶ᠋ᠢᠲᠡ ᠵᠢᠨ ᠤᠰᠤ ᠬᠠᠩᠭ᠋ᠠᠬᠤ ᠲᠥᠬᠥᠭᠡᠷᠦᠮᠵᠢ ᠵᠢ ᠳᠤᠷ᠎ᠠ᠎ᠪᠠᠷ ᠵᠶ᠋ᠠᠨ ᠨᠤᠷᠠᠭ᠋ᠠᠵᠤ᠂ ᠥᠭᠡᠷᠡᠴᠢᠯᠡᠨ ᠲᠣᠨᠣᠭᠯᠠᠭᠰᠠᠨ ᠪᠤᠶᠤ ᠨᠡᠭᠦᠯᠭᠡᠭᠰᠡᠨ᠃
      ᠡᠮᠦᠨᠡᠬᠢ ᠪᠠᠳᠠᠭ᠎ᠤᠨ (ᠨᠢᠭᠡ)   ᠳ᠋ᠤᠭᠡᠷ ᠵᠤᠷᠪᠤᠰ᠂ (ᠬᠣᠶᠠᠷ) ᠳ᠋ᠤᠭ᠋ᠠᠷ ᠵᠤᠷᠪᠤᠰ᠂ (ᠲᠤᠢ᠍ᠷᠪᠡ) ᠳ᠋ᠤᠭᠡᠷ ᠵᠤᠷᠪᠤᠰ᠂ (ᠲᠠᠪᠤ) ᠳ᠋ᠤᠭ᠋ᠠᠷ ᠵᠤᠷᠪᠤᠰ᠂ (ᠵᠢᠷᠭᠤᠭ᠎ᠠ) ᠳ᠋ᠤᠭ᠋ᠠᠷ ᠵᠤᠷᠪᠤᠰ᠂ (ᠲᠤᠯᠦᠭ᠎ᠠ) ᠳ᠋ᠤᠭ᠋ᠠᠷ ᠵᠤᠷᠪᠤᠰ᠎ᠲᠤ ᠵᠢᠭᠰᠠᠭ᠋ᠠᠭᠰᠠᠨ ᠤᠢ᠍ᠢ᠍ᠯᠠ ᠠᠵᠢᠯᠯᠠᠭ᠎ᠠ ᠵᠢᠨ ᠨᠢᠭᠡ ᠵᠢ ᠬᠢᠵᠦ᠂ ᠤᠢ᠍ᠢ᠍ᠯᠠ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠦᠪᠰᠢᠶᠡᠷᠡᠬᠦᠯᠦᠭᠰᠡᠨ᠎ᠤ ᠲᠠᠷᠠᠭ᠎ᠠ ᠪᠠᠰᠠ ᠵᠣᠬᠢᠬᠤ ᠬᠤᠭᠤᠴᠠᠭ᠋ᠠᠨ᠎ᠤ ᠳᠣᠲᠣᠷ᠎ᠠ ᠤᠰᠤ ᠬᠠᠩᠭ᠋ᠠᠬᠤ ᠵᠢ᠎ᠨᠢ ᠵᠣᠭᠰᠣᠭ᠋ᠠᠵᠤ ᠪᠣᠯᠤᠨ᠎ᠠ᠃
      ᠭᠤᠴᠢᠨ ᠵᠢᠷᠭᠤᠳᠤᠭ᠋ᠠᠷ ᠵᠦᠢ᠍ᠯ   ᠪᠦ᠍ᠳᠦᠭᠡᠨ ᠪᠠᠶ᠋ᠢᠭᠤᠯᠤᠯᠲᠠ ᠵᠢᠨ ᠢᠨᠵᠸᠨ᠋ᠸᠷᠢᠩ᠎ᠤᠨ ᠠᠵᠢᠯ᠎ᠨᠢ ᠬᠤᠳᠠ ᠵᠢᠨ ᠤᠯᠠᠨ ᠨᠡᠶ᠋ᠢᠲᠡ ᠵᠢᠨ ᠤᠰᠤ ᠬᠠᠩᠭ᠋ᠠᠬᠤ ᠲᠥᠬᠥᠭᠡᠷᠦᠮᠵᠢ᠎ᠳᠤ ᠬᠣᠣᠷ ᠬᠥᠨᠥᠭᠡᠯ ᠤᠴᠠᠷᠠᠭᠤᠯᠤᠭᠰᠠᠨ ᠪᠠᠶ᠋ᠢᠪᠠᠯ᠂ ᠬᠤᠳᠠ ᠵᠢᠨ ᠤᠰᠤ ᠬᠠᠩᠭ᠋ᠠᠬᠤ ᠵᠠᠰᠠᠭ ᠵᠠᠬᠢᠷᠭ᠋ᠠᠨ᠎ᠤ   ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠣᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠵᠢ᠎ᠨᠢ ᠵᠣᠭᠰᠣᠭ᠋ᠠᠨ᠎ᠠ; ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠬᠠᠷᠢᠭᠤᠴᠠᠯᠭ᠎ᠠ᠎ᠲᠠᠢ ᠲᠠᠯ᠎ᠠ᠎ᠨᠢ ᠬᠠᠤᠯᠢ ᠶᠣᠰᠣᠭ᠋ᠠᠷ ᠬᠣᠬᠢᠷᠠᠯ᠎ᠢ ᠲᠦᠯᠦᠨ᠎ᠡ; ᠰᠢᠭᠤᠳ ᠬᠠᠷᠢᠭᠤᠴᠠᠯᠭ᠎ᠠ᠎ᠲᠠᠢ ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠲᠡᠭᠦᠨ᠎ᠤ ᠪᠠᠶ᠋ᠢᠭ᠎ᠠ ᠨᠢᠭᠡᠴᠢ ᠪᠤᠶᠤ ᠳᠡᠭᠡᠳᠦ ᠱᠠᠲᠤᠨ᠎ᠤ ᠪᠠᠶ᠋ᠢᠭᠤᠯᠭ᠎ᠠ᠎ᠠᠴᠠ ᠵᠠᠰᠠᠭ ᠵᠠᠬᠢᠷᠭ᠋ᠠᠨ᠎ᠤ ᠰᠢᠢ᠍ᠳᠭᠡᠯ ᠥᠭᠴᠦ ᠪᠣᠯᠤᠨ᠎ᠠ᠃
      ᠭᠤᠴᠢᠨ ᠳᠣᠯᠣᠳᠤᠭ᠋ᠠᠷ ᠵᠦᠢ᠍ᠯ ᠬᠣᠲᠠ ᠵᠢᠨ ᠤᠰᠤ ᠬᠠᠩᠭ᠋ᠠᠬᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯᠲᠠᠨ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠵᠤ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠵᠢ ᠵᠥᠷᠢᠴᠡᠭᠰᠡᠨ ᠪᠠᠶ᠋ᠢᠪᠠᠯ᠂ ᠲᠡᠭᠦᠨ᠎ᠤ ᠪᠠᠶ᠋ᠢᠭ᠎ᠠ ᠨᠢᠭᠡᠴᠢ ᠪᠤᠶᠤ ᠳᠡᠭᠡᠳᠦ ᠱᠠᠲᠤᠨ᠎ᠤ ᠪᠠᠶ᠋ᠢᠭᠤᠯᠭ᠎ᠠ᠎ᠠᠴᠠ ᠵᠠᠰᠠᠭ ᠵᠠᠬᠢᠷᠭ᠋ᠠᠨ᠎ᠤ ᠰᠢᠢ᠍ᠳᠭᠡᠯ ᠥᠭᠭᠦᠨ᠎ᠡ   ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
   
      ᠳᠣᠯᠣᠳᠤᠭ᠋ᠠᠷ ᠪᠦᠯᠦᠭ   ᠲᠠᠭ᠋ᠠᠯᠳᠤᠭᠤᠯᠤᠯ ᠲᠦᠷᠢᠮ
   
      ᠭᠤᠴᠢᠨ ᠨᠠᠢ᠍ᠮᠠᠳᠤᠭ᠋ᠠᠷ ᠵᠦᠢ᠍ᠯ   ᠲᠤᠰ ᠲᠦᠷᠢᠮ᠎ᠤᠨ ᠭᠤᠴᠢᠨ ᠭᠤᠷᠪᠠᠳᠤᠭ᠋ᠠᠷ ᠵᠦᠢ᠍ᠯ᠂ ᠭᠤᠴᠢᠨ ᠳᠥᠷᠪᠡᠳᠦᠭᠡᠷ ᠵᠦᠢ᠍ᠯ᠂ ᠭᠤᠴᠢᠨ ᠲᠠᠪᠤᠳᠤᠭ᠋ᠠᠷ ᠵᠦᠢ᠍ᠯ᠎ᠳᠤ ᠲᠣᠭᠲᠠᠭ᠋ᠠᠭᠰᠠᠨ ᠵᠣᠭᠣᠰ ᠵᠶ᠋ᠠᠷ ᠲᠣᠷᠭ᠋ᠠᠬᠤ ᠲᠣᠭ᠎ᠠ ᠵᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠨ᠎ᠠ᠃
      ᠭᠤᠴᠢ ᠶᠢᠰᠦᠳᠦᠭᠡᠷ ᠵᠦᠢ᠍ᠯ   ᠲᠤᠰ ᠳᠦᠷᠢᠮ᠎ᠢ 1994 ᠣᠨ᠎ᠤ 10 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄
          
ᠬᠠᠮᠢᠶ᠎ᠡ ᠪᠦᠬᠦᠢ ᠰᠣᠨᠢᠨ
 
            