(2016 ᠣᠨ᠎ᠤ 5 ᠰᠠᠷ᠎ᠠ ᠵᠢᠨ 17᠎ᠤ ᠡᠳᠦᠷ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠦᠷᠦ ᠵᠢᠨ ᠶᠠᠪᠤᠳᠠᠯ᠎ᠤᠨ ᠬᠣᠷᠢᠶᠠᠨ᠎ᠤ 669 ᠳ᠋ᠤᠭᠡᠷ ᠵᠠᠷᠯᠢᠭ ᠵᠶ᠋ᠠᠷ ᠨᠡᠶ᠋ᠢᠲᠡᠯᠡᠪᠡ)
ᠨᠢᠭᠡᠳᠦᠭᠡᠷ ᠪᠦᠯᠦᠭ ᠶᠡᠷᠦᠩᠬᠡᠢ ᠲᠦᠷᠢᠮ
ᠨᠢᠭᠡᠳᠦᠭᠡᠷ ᠵᠦᠢ᠍ᠯ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠬᠥᠭᠵᠢᠯᠲᠡ ᠵᠢ ᠲᠦᠷᠭᠡᠳᠬᠡᠵᠦ᠂ ᠲᠠᠷᠢᠶᠠᠯᠠᠩ᠎ᠤᠨ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠦᠨ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠢᠨ ᠲᠥᠯᠥᠭᠡ ᠲᠤᠰ ᠳᠦᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ ᠬᠡᠷᠡᠭᠵᠢᠭᠦᠯᠬᠦ᠂ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠪᠠ ᠠᠵᠢᠯᠯᠠᠭ᠋ᠠᠨ᠎ᠤ ᠬᠠᠮᠠᠭ᠋ᠠᠯᠠᠯᠲᠠ᠂ ᠲᠠᠷᠢᠶᠠᠨ ᠭᠠᠵᠠᠷ᠎ᠤᠨ ᠤᠰᠤᠯᠠᠯᠲᠠ ᠪᠠ ᠤᠰᠤ ᠵᠠᠯᠠᠬᠤ ᠵᠡᠷᠭᠡ ᠠᠵᠢᠯᠯᠠᠭ᠎ᠠ᠎ᠳᠤ ᠲᠤᠰ ᠳᠦᠷᠢᠮ᠎ᠢ ᠬᠡᠷᠡᠭᠯᠡᠨ᠎ᠡ᠃
ᠲᠤᠰ ᠲᠦᠷᠢᠮ᠎ᠳᠤ ᠬᠡᠯᠡᠵᠦ ᠪᠠᠶ᠋ᠢᠭ᠎ᠠ ᠲᠠᠷᠢᠶᠠᠯᠠᠩ ᠤᠨ ᠤᠰᠤᠨ ᠠᠰᠢᠭᠯᠠᠯᠲᠠ ᠭᠡᠳᠡᠭ ᠪᠣᠯ ᠲᠠᠷᠢᠶᠠᠨ ᠭᠠᠵᠠᠷ᠎ᠤᠨ ᠭᠠᠩᠳᠠᠬᠤ᠂ ᠤᠰᠤᠲᠤᠬᠤ᠂ ᠲᠤᠨᠤᠬᠤ ᠪᠠ ᠬᠤᠵᠢᠷᠰᠢᠬᠤ ᠭᠠᠮᠰᠢᠭ᠎ᠢ ᠰᠡᠷᠭᠡᠶ᠋ᠢᠯᠡᠨ ᠵᠠᠰᠠᠵᠤ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠨᠥᠬᠥᠴᠡᠯ᠎ᠢ ᠰᠠᠶ᠋ᠢᠵᠢᠷᠠᠭᠤᠯᠬᠤ ᠵᠢᠨ ᠲᠥᠯᠥᠭᠡ ᠠᠪᠤᠭᠰᠠᠨ ᠤᠰᠤᠯᠠᠬᠤ᠂ ᠤᠰᠤ ᠵᠠᠯᠠᠬᠤ ᠵᠡᠷᠭᠡ ᠪᠠᠷᠢᠯᠭ᠎ᠠ ᠵᠢᠨ ᠠᠷᠭ᠎ᠠ ᠬᠡᠮᠵᠢᠶ᠎ᠡ ᠪᠣᠯᠤᠨ ᠪᠤᠰᠤᠳ ᠬᠣᠯᠪᠣᠭᠳᠠᠯ ᠪᠦᠬᠦᠢ ᠠᠷᠭ᠎ᠠ ᠬᠡᠮᠵᠢᠶ᠎ᠡ ᠵᠢ ᠵᠢᠭ᠋ᠠᠵᠤ ᠪᠠᠶ᠋ᠢᠨ᠎ᠠ᠃
ᠭᠤᠷᠪᠠᠳᠤᠭ᠋ᠠᠷ ᠵᠦᠢ᠍ᠯ ᠲᠠᠷᠢᠶᠠᠯᠠᠩ᠎ᠤᠨ ᠤᠰᠤᠨ ᠠᠰᠢᠭᠯᠠᠯᠲᠠ ᠵᠢ ᠬᠥᠭᠵᠢᠭᠦᠯᠬᠦ᠎ᠳᠤ ᠵᠠᠰᠠᠭ᠎ᠤᠨ ᠣᠷᠳᠣᠨ ᠵᠶ᠋ᠠᠷ ᠭᠣᠣᠯᠯᠠᠭᠤᠯᠬᠤ᠂ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠬᠦ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠬᠤ᠂ ᠤᠰᠤ ᠠᠷᠪᠢᠯᠠᠬᠤ ᠥᠨᠳᠥᠷ ᠪᠦᠲᠦᠮᠵᠢᠲᠡᠶ ᠪᠠᠶ᠋ᠢᠬᠤ᠂ ᠪᠦᠳᠦᠭᠡᠨ ᠪᠠᠶ᠋ᠢᠭᠤᠯᠬᠤ ᠪᠠ ᠬᠠᠮᠢᠶᠠᠷᠬᠤ ᠵᠢ ᠵᠡᠷᠭᠡ᠎ᠪᠠᠷ ᠴᠢᠬᠤᠯᠠᠴᠢᠯᠠᠬᠤ ᠵᠠᠷᠴᠢᠮ᠎ᠢ ᠪᠠᠷᠢᠮᠲᠠᠯᠠᠨ᠎ᠠ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠠᠵᠢᠯ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠬᠥᠭᠵᠢᠯᠲᠡ ᠵᠢ ᠪᠠᠲᠤᠯᠠᠬᠤ ᠬᠡᠷᠡᠭᠲᠡᠶ᠃
ᠳᠥᠷᠪᠡᠳᠦᠭᠡᠷ ᠵᠦᠢ᠍ᠯ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ᠎ᠤᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠬᠠᠮᠢᠶᠠᠷᠤᠯᠲᠠ ᠪᠠ ᠬᠢᠨᠠᠯᠲᠠ ᠵᠢᠨ ᠠᠵᠢᠯ᠎ᠢ ᠬᠠᠷᠢᠭᠤᠴᠠᠨ᠎ᠠ᠃ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠬᠤᠯᠪᠤᠭᠳᠠᠯ ᠪᠦᠬᠦᠢ ᠠᠵᠢᠯ᠎ᠢ ᠰᠠᠢ᠌ᠳᠤᠷ ᠬᠢᠬᠦ ᠬᠡᠷᠡᠭᠲᠡᠢ᠃
ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠬᠠᠮᠢᠶᠠᠷᠤᠯᠲᠠ ᠪᠠ ᠬᠢᠨᠠᠯᠳᠠ ᠵᠢᠨ ᠠᠵᠢᠯ᠎ᠢ ᠬᠠᠷᠢᠭᠤᠴᠠᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠲᠠᠷᠢᠶᠠᠯᠠᠩ᠎ᠤᠨ ᠤᠰᠤᠨ ᠠᠰᠢᠭᠯᠠᠯᠳᠠ ᠵᠢᠨ ᠬᠤᠯᠪᠤᠭᠳᠠᠯ ᠪᠦᠬᠦᠢ ᠠᠵᠢᠯ᠎ᠢ ᠰᠠᠢ᠌ᠳᠤᠷ ᠬᠢᠬᠦ ᠬᠡᠷᠡᠭᠲᠡᠢ᠃
ᠰᠤᠮᠤ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠬᠠᠮᠵᠢᠨ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠪᠠ ᠠᠵᠢᠯᠯᠠᠭ᠋ᠠᠨ᠎ᠤ ᠬᠠᠮᠠᠭ᠋ᠠᠯᠠᠯᠲᠠ ᠵᠡᠷᠭᠡ ᠲᠠᠯ᠎ᠠ ᠵᠢᠨ ᠠᠵᠢᠯ᠎ᠢ ᠰᠠᠢ᠌ᠳᠤᠷ ᠬᠢᠬᠦ ᠬᠡᠷᠡᠭᠲᠡᠢ᠃
ᠲᠠᠪᠤᠳᠤᠭ᠋ᠠᠷ ᠵᠦᠢ᠍ᠯ ᠤᠯᠤᠰ᠎ᠠᠴᠠ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ᠂ ᠲᠠᠷᠢᠶᠠᠴᠢᠳ᠎ᠤᠨ ᠤᠰᠤ ᠬᠡᠷᠡᠭᠯᠡᠬᠦ ᠬᠣᠷᠰᠢᠶᠠᠯᠠᠯ᠎ᠤᠨ ᠵᠣᠬᠢᠶᠠᠨ ᠪᠠᠶ᠋ᠢᠭᠤᠯᠤᠯᠲᠠ᠂ ᠲᠠᠷᠢᠶᠠᠴᠢᠳ ᠪᠠ ᠨᠡᠶ᠋ᠢᠭᠡᠮ᠎ᠤᠨ ᠪᠤᠰᠤᠳ ᠬᠦᠴᠦᠨ᠎ᠤ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠂ ᠡᠵᠡᠩᠨᠡᠯᠲᠡ ᠪᠠ ᠠᠵᠢᠯᠯᠠᠭ᠋ᠠᠨ᠎ᠤ ᠬᠠᠮᠠᠭ᠋ᠠᠯᠠᠯᠲᠠ ᠬᠢᠬᠦ ᠵᠢ ᠵᠣᠷᠢᠭᠵᠢᠭᠤᠯᠤᠨ ᠵᠢᠯᠣᠭᠣᠳᠴᠤ᠂ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠲᠥᠬᠥᠭᠡᠷᠦᠮᠵᠢ ᠵᠢ ᠬᠠᠮᠠᠭ᠋ᠠᠯᠠᠵᠤ᠂ ᠤᠰᠤ ᠵᠢ ᠠᠷᠪᠢᠯᠠᠨ ᠬᠡᠷᠡᠭᠯᠡᠵᠦ᠂ ᠠᠮᠢ ᠠᠬᠤᠶ ᠣᠷᠴᠢᠨ ᠲᠣᠭᠣᠷᠢᠨ᠎ᠢ ᠬᠠᠮᠠᠭ᠋ᠠᠯᠠᠨ᠎ᠠ᠃
ᠤᠯᠤᠰ᠎ᠠᠴᠠ ᠲᠠᠷᠢᠶᠠᠯᠠᠩ᠎ᠤᠨ ᠤᠰᠦᠠ ᠠᠰᠢᠭᠯᠠᠯᠲᠠ ᠵᠢᠨ ᠪᠠᠷᠢᠯᠭ᠎ᠠ ᠵᠢᠨ ᠪᠡᠯᠠ ᠣᠷᠣᠭᠤᠯᠤᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ᠃
ᠬᠣᠶᠠᠳᠤᠭ᠋ᠠᠷ ᠪᠦᠯᠦᠭ ᠲᠦᠯᠦᠪᠵᠢᠬᠦᠯᠬᠦ
ᠵᠢᠷᠭᠤᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ᠎ᠤᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠬᠠᠷᠢᠭᠤᠴᠠᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠭᠰᠠᠨ᠎ᠤ ᠳᠠᠷᠠᠭ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠪᠤᠶᠤ ᠲᠦᠷᠦ ᠵᠢᠨ ᠶᠠᠪᠤᠳᠠᠯ᠎ᠤᠨ ᠬᠤᠷᠢᠶ᠎ᠠ᠎ᠠᠴᠠ ᠡᠷᠬᠡ ᠤᠯᠭᠤᠭᠰᠠᠨ ᠰᠠᠯᠠᠭ᠎ᠠ ᠮᠦᠴᠢᠷ᠎ᠲᠤ ᠮᠡᠳᠡᠬᠦᠯᠵᠦ ᠵᠦᠪᠰᠢᠶᠡᠷᠡᠬᠦᠯᠦᠭᠰᠡᠨ᠎ᠤ ᠲᠠᠷᠠᠭ᠎ᠠ ᠢᠯᠡ᠎ᠪᠠᠷ ᠨᠡᠢ᠌ᠳᠡᠯᠡᠨ᠎ᠡ᠃
ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠬᠠᠷᠢᠭᠤᠴᠠᠵᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠭᠰᠠᠨ᠎ᠤ ᠲᠠᠷᠠᠭ᠎ᠠ᠂ ᠲᠤᠰ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠬᠦᠯᠵᠦ ᠵᠦᠪᠰᠢᠶᠡᠷᠡᠬᠦᠯᠦᠭᠰᠡᠨ᠎ᠤ ᠲᠠᠷᠠᠭ᠎ᠠ ᠢᠯᠡ᠎ᠪᠠᠷ ᠨᠡᠢ᠌ᠳᠡᠯᠡᠨ᠎ᠡ᠃
ᠳᠣᠯᠣᠳᠤᠭ᠋ᠠᠷ ᠵᠦᠢ᠍ᠯ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠠᠭᠠᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ᠂ ᠬᠥᠷᠥᠰᠥ ᠰᠢᠷᠣᠶ ᠵᠢᠨ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ ᠵᠢᠨ ᠲᠡᠩᠴᠡᠭᠦᠷᠢ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠴᠡᠭᠡ᠂ ᠤᠰᠤᠯᠠᠯᠲᠠ ᠵᠢᠨ ᠤᠰᠤ ᠵᠠᠯᠠᠬᠤ ᠬᠥᠭᠵᠢᠯᠲᠡ ᠵᠢᠨ ᠬᠡᠷᠡᠭᠴᠡᠭᠡ᠂ ᠣᠷᠴᠢᠨ ᠲᠤᠭᠤᠷᠢᠨ᠎ᠤ ᠬᠠᠮᠠᠭ᠋ᠠᠯᠠᠯᠲᠠ ᠵᠡᠷᠭᠡ ᠬᠦᠴᠦᠨ ᠵᠦᠢ᠍ᠯ᠎ᠢ ᠨᠢᠭᠡᠳᠦᠯᠲᠡᠶ ᠲᠥᠯᠥᠪᠯᠡᠨ ᠪᠣᠳᠣᠯᠬᠢᠯᠠᠬᠤ ᠬᠡᠷᠡᠭᠲᠡᠶ᠃
ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠲᠥᠯᠥᠪᠵᠢᠭᠦᠯᠭᠡ᠎ᠳᠤ ᠬᠥᠭᠵᠢᠯᠲᠡ ᠵᠢᠨ ᠰᠡᠳᠬᠢᠴᠡ᠂ ᠶᠡᠷᠦᠩᠬᠡᠶ ᠡᠭᠦᠷᠭᠡ᠂ ᠣᠷᠣᠨ ᠪᠦᠰᠡ ᠵᠢᠨ ᠪᠠᠶ᠋ᠢᠷᠢᠰᠢᠯ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠡᠷᠭᠡ ᠠᠭᠤᠯᠭ᠎ᠠ ᠵᠢ ᠪᠠᠭᠲᠠᠭ᠋ᠠᠭᠰᠠᠨ ᠪᠠᠶ᠋ᠢᠬᠤ ᠬᠡᠷᠡᠭᠲᠡᠶ; ᠰᠢᠶᠠᠨ᠎ᠤ ᠱᠠᠲᠤᠨ᠎ᠤ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠲᠥᠯᠥᠪᠵᠢᠭᠦᠯᠭᠡ᠎ᠳᠤ ᠪᠠᠰᠠ ᠤᠰᠤᠨ᠎ᠤ ᠰᠤᠷᠪᠤᠯᠵᠢ ᠵᠢᠨ ᠪᠠᠲᠤᠯᠠᠭ᠎ᠠ᠂ ᠪᠠᠷᠢᠯᠭ᠎ᠠ ᠵᠢᠨ ᠪᠠᠶ᠋ᠢᠷᠢᠰᠢᠯ᠂ ᠪᠠᠷᠢᠯᠭ᠎ᠠ ᠵᠢᠨ ᠬᠡᠪᠴᠢᠶ᠎ᠡ᠂ ᠠᠮᠢ ᠠᠬᠤᠶ ᠤᠷᠴᠢᠨ ᠲᠤᠭᠤᠷᠢᠨ᠎ᠤ ᠨᠥᠯᠥᠭᠡᠯᠡᠯ᠂ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠪᠠ ᠠᠵᠢᠯᠯᠠᠭ᠋ᠠᠨ᠎ᠤ ᠬᠠᠮᠠᠭ᠋ᠠᠯᠠᠯᠲᠠ᠂ ᠮᠡᠷᠭᠡᠵᠢᠯ᠎ᠤᠨ ᠳᠡᠯᠭᠡᠷᠡᠭᠦᠯᠦᠯᠲᠡ᠂ ᠪᠡᠯᠡ ᠮᠥᠩᠭᠥ ᠴᠤᠭᠯᠠᠭᠤᠯᠬᠤ ᠵᠡᠷᠭᠡ ᠠᠭᠤᠯᠭ᠎ᠠ ᠵᠢ ᠪᠠᠭᠲᠠᠭ᠋ᠠᠭᠰᠠᠨ ᠪᠠᠶ᠋ᠢᠬᠤ ᠬᠡᠷᠡᠭᠲᠡᠶ᠃
ᠨᠠᠢ᠍ᠮᠠᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠵᠤ ᠥᠷᠨᠢᠭᠦᠯᠬᠦ ᠬᠡᠷᠡᠭᠲᠡᠶ᠃ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠶ᠋ᠢᠴᠠᠭ᠋ᠠᠯᠲᠠ ᠵᠢᠨ ᠦᠷ᠎ᠡ ᠳ᠋ᠦᠩ ᠪᠣᠯ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠵᠢᠨ ᠦᠨᠳᠦᠰᠦᠯᠡᠯ ᠪᠣᠯᠤᠨ᠎ᠠ᠃
ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠠᠭᠠᠨ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ᠂ ᠲᠠᠷᠢᠶᠠᠴᠢᠳ᠎ᠤᠨ ᠤᠰᠤ ᠬᠡᠷᠡᠭᠯᠡᠬᠦ ᠬᠤᠷᠰᠢᠭᠰᠠᠨ ᠵᠣᠬᠢᠶᠠᠨ ᠪᠠᠶ᠋ᠢᠭᠤᠯᠤᠯᠲᠠ᠂ ᠲᠠᠷᠢᠶᠠᠴᠢᠳ ᠵᠡᠷᠭᠡ ᠲᠠᠯ᠎ᠠ ᠵᠢᠨ᠎ᠬᠢᠨ᠎ᠤ ᠰᠠᠨᠠᠯ᠎ᠢ ᠬᠤᠷᠢᠶᠠᠬᠤ ᠬᠡᠷᠡᠭᠲᠡᠢ᠃
ᠶᠢᠰᠦᠳᠦᠭᠡᠷ ᠵᠦᠢ᠍ᠯ ᠳᠣᠣᠷ᠎ᠠ ᠱᠠᠲᠤᠨ᠎ᠤ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢ ᠳᠡᠭᠡᠳᠦ ᠱᠠᠲᠤᠨ᠎ᠤ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢ ᠦᠨᠳᠦᠰᠦᠯᠡᠨ ᠨᠠᠶ᠋ᠢᠷᠠᠭᠤᠯᠤᠨ ᠵᠣᠬᠢᠶᠠᠬᠤ ᠬᠡᠷᠡᠭᠲᠡᠶ ᠪᠥᠭᠡᠳ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠬᠦᠯᠵᠦ ᠲᠠᠩᠰᠠᠯᠠᠭᠤᠯᠬᠤ ᠬᠡᠷᠡᠭᠲᠡᠢ᠃
ᠵᠥᠪᠰᠢᠶᠡᠷᠡᠭᠦᠯᠦᠭᠰᠡᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠪᠣᠯ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠪᠠ ᠬᠠᠮᠢᠶᠠᠷᠤᠯᠲᠠ ᠵᠢᠨ ᠦᠨᠳᠦᠰᠦ ᠪᠠᠷᠢᠮᠲᠠ ᠮᠥᠨ᠃ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠲᠥᠯᠥᠪᠵᠢᠭᠦᠯᠭᠡ᠎ᠳᠤ ᠦᠨᠡᠨ ᠬᠦ᠌ ᠵᠠᠰᠠᠪᠤᠷᠢ ᠣᠷᠣᠭᠤᠯᠬᠤ ᠴᠢᠬᠤᠯᠠᠲᠠᠶ ᠪᠠᠶ᠋ᠢᠪᠠᠯ᠂ ᠤᠤᠯ᠎ᠤᠨ ᠬᠢᠨᠠᠨ ᠵᠥᠪᠰᠢᠶᠡᠷᠡᠭᠦᠯᠬᠦ ᠵᠢᠷᠤᠮ ᠶᠣᠰᠣᠭ᠋ᠠᠷ ᠮᠡᠳᠡᠭᠦᠯᠦᠨ ᠬᠦᠷᠭᠡᠵᠦ ᠬᠢᠨᠠᠨ ᠵᠥᠪᠰᠢᠶᠡᠷᠡᠭᠦᠯᠬᠦ ᠬᠡᠷᠡᠭᠲᠡᠶ᠃
ᠠᠷᠪᠠᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠲᠠᠷᠢᠶᠠᠯᠠᠩ᠎ᠤᠨ ᠤᠰᠤᠨ ᠠᠰᠢᠭᠯᠠᠯᠳᠠ ᠵᠢᠨ ᠲᠦᠯᠦᠪᠵᠢᠬᠦᠯᠭᠡ ᠵᠢ ᠬᠡᠷᠡᠭᠵᠢᠬᠦᠯᠬᠦ ᠬᠡᠷᠡᠭᠲᠡᠢ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢ ᠬᠡᠷᠡᠭᠵᠢᠭᠦᠯᠦᠭᠰᠡᠨ ᠪᠠᠶ᠋ᠢᠳᠠᠯ᠎ᠢ ᠦᠨᠡᠯᠡᠨ ᠵᠢᠱ᠌ᠢᠬᠦ ᠵᠢᠨ ᠬᠠᠮᠲᠤ ᠦᠨᠡᠯᠡᠨ ᠵᠢᠱ᠌ᠢᠭᠰᠡᠨ ᠦᠷ᠎ᠡ ᠳ᠋ᠦᠩ ᠵᠶ᠋ᠠᠨ ᠲᠤᠰ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠬᠦᠯᠬᠦ ᠬᠡᠷᠡᠭᠲᠡᠢ᠃
ᠠᠷᠪᠠᠨ ᠨᠢᠭᠡᠳᠦᠭᠡᠷ ᠵᠤᠢ᠌ᠯ ᠭᠠᠵᠠᠷ ᠰᠢᠷᠣᠶ ᠵᠢ ᠡᠮᠬᠢᠯᠡᠨ ᠵᠠᠰᠠᠬᠤ᠂ ᠲᠠᠷᠢᠶᠠᠯᠠᠩ᠎ᠤᠨ ᠶᠡᠷᠦᠩᠬᠡᠶ᠋ᠢᠯᠡᠨ ᠨᠡᠭᠡᠭᠡᠨ ᠠᠰᠢᠭᠯᠠᠬᠤ ᠵᠡᠷᠭᠡ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠨᠢ ᠲᠠᠷᠢᠶᠠᠯᠠᠩ᠎ᠤᠨ ᠤᠰᠤᠨ ᠠᠰᠢᠭᠯᠠᠯᠲᠠ᠎ᠳᠤ ᠬᠣᠯᠪᠣᠭᠳᠠᠪᠠᠯ᠂ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠲᠥᠯᠥᠪᠵᠢᠭᠦᠯᠭᠡ᠎ᠲᠠᠢ ᠠᠪᠴᠠᠯᠳᠤᠭᠤᠯᠬᠤ ᠬᠡᠷᠡᠭᠲᠡᠶ ᠪᠥᠭᠡᠳ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠬᠡᠷᠡᠭᠲᠡᠶ᠃
ᠭᠤᠷᠪᠠᠳᠤᠭ᠋ᠠᠷ ᠪᠦᠯᠦᠭ ᠪᠠᠷᠢᠯᠭ᠎ᠠ ᠵᠢᠨ ᠪᠦᠳᠦᠭᠡᠠ ᠪᠠᠶ᠋ᠢᠭᠤᠯᠤᠯᠲᠠ
ᠠᠷᠪᠠᠨ ᠬᠣᠶᠠᠳᠤᠭ᠋ᠠᠷ ᠵᠦᠢ᠍ᠯ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢ ᠦᠨᠳᠦᠰᠦᠯᠡᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠣᠨ᠎ᠤ ᠬᠡᠷᠡᠭᠵᠢᠭᠦᠯᠬᠦ ᠲᠥᠯᠥᠪᠯᠡᠭᠡ ᠵᠢ ᠵᠣᠬᠢᠶᠠᠨ ᠪᠠᠶ᠋ᠢᠭᠤᠯᠤᠨ ᠲᠣᠭᠲᠠᠭ᠋ᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠵᠢᠨ ᠲᠣᠬᠢᠷᠠᠭᠤᠯᠤᠭᠰᠠᠨ ᠲᠠᠷᠢᠶᠠᠯᠠᠩ᠎ᠤᠨ ᠤᠰᠤᠨ ᠠᠰᠢᠭᠯᠠᠯᠲᠠ᠎ᠲᠠᠢ ᠬᠣᠯᠪᠣᠭᠳᠠᠬᠤ ᠡᠯ᠎ᠡ ᠲᠦᠷᠦᠯ᠎ᠤᠨ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠬᠡᠷᠡᠭᠲᠡᠶ᠃
ᠰᠤᠮᠤ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ᠂ ᠲᠠᠷᠢᠶᠠᠴᠢᠳ᠎ᠤᠨ ᠤᠰᠤ ᠬᠡᠷᠡᠭᠯᠡᠬᠦ ᠬᠤᠷᠰᠢᠭᠰᠠᠨ ᠵᠣᠬᠢᠶᠠᠨ ᠪᠠᠶ᠋ᠢᠭᠤᠯᠤᠯᠲᠠ ᠵᠢᠴᠢ ᠨᠡᠶ᠋ᠢᠭᠡᠮ᠎ᠤᠨ ᠪᠤᠰᠤᠳ ᠬᠦᠴᠦᠨ᠎ᠢ ᠵᠣᠬᠢᠴᠠᠭᠤᠯᠵᠤ ᠪᠠᠶ᠋ᠢᠭ᠋ᠠᠳ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠬᠣᠯᠪᠣᠭᠳᠠᠯ ᠪᠦᠬᠦᠢ ᠠᠵᠢᠯ᠎ᠢ ᠦᠷᠨᠢᠬᠦᠯᠬᠦ ᠬᠡᠷᠡᠭᠲᠡᠢ᠃
ᠠᠷᠪᠠᠨ ᠭᠤᠷᠪᠠᠳᠤᠭ᠋ᠠᠷ ᠵᠦᠢ᠍ᠯ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠎ᠨᠢ ᠤᠯᠤᠰ᠎ᠤᠨ ᠬᠣᠯᠪᠣᠭᠳᠠᠯ ᠪᠦᠬᠦᠢ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠮᠵᠢᠶ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠮᠵᠢᠶ᠎ᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠷᠢᠮᠵᠢᠶᠠᠵᠢᠭᠤᠯᠤᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠪᠠᠷᠢᠮᠵᠢᠶᠠᠵᠢᠭᠤᠯᠤᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ᠎ᠪᠠᠷ ᠲᠣᠭᠲᠠᠭ᠋ᠠᠭᠰᠠᠨ ᠵᠢᠷᠤᠮ ᠪᠠ ᠡᠷᠬᠡ ᠵᠢᠨ ᠬᠡᠪᠴᠢᠶᠡᠨ ᠲᠤᠲᠤᠷ᠎ᠠ ᠵᠤᠬᠢᠶᠠᠨ ᠪᠠᠢ᠌ᠭᠤᠯᠵᠤ ᠲᠤᠭᠳᠠᠭ᠋ᠠᠨ᠎ᠠ᠃
ᠠᠷᠪᠠᠨ ᠳᠥᠷᠪᠡᠳᠦᠭᠡᠷ ᠵᠦᠢ᠍ᠯ ᠲᠠᠷᠢᠶᠠᠯᠠᠩ᠎ᠤᠨ ᠤᠰᠦᠠ ᠠᠰᠢᠭᠯᠠᠯᠲᠠ ᠵᠢᠨ ᠪᠠᠷᠢᠯᠭ᠎ᠠ ᠵᠢᠨ ᠪᠦᠳᠦᠭᠡᠠ ᠪᠠᠶ᠋ᠢᠭᠤᠯᠤᠯᠲᠠ᠎ᠳᠤ ᠭᠠᠵᠠᠷ ᠰᠢᠷᠣᠶ ᠵᠢ ᠠᠷᠪᠢᠲᠠᠶ ᠡᠷᠴᠢᠮᠯᠢᠭ ᠬᠡᠷᠡᠭᠯᠡᠬᠦ ᠬᠡᠷᠡᠭᠲᠡᠶ᠃ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠠᠷᠢᠶᠠᠯᠠᠩ᠎ᠤᠨ ᠤᠰᠦᠠ ᠠᠰᠢᠭᠯᠠᠯᠲᠠ ᠵᠢᠨ ᠲᠥᠯᠥᠪᠵᠢᠭᠦᠯᠭᠡ ᠵᠢ ᠦᠨᠳᠦᠰᠦᠯᠡᠨ᠂ ᠲᠠᠷᠢᠶᠠᠯᠠᠩ᠎ᠤᠨ ᠤᠰᠦᠠ ᠠᠰᠢᠭᠯᠠᠯᠲᠠ ᠵᠢᠨ ᠪᠠᠷᠢᠯᠭ᠎ᠠ ᠵᠢᠨ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠴᠡᠭᠡ ᠵᠢ ᠪᠠᠳᠤᠯᠠᠬᠤ ᠬᠡᠷᠡᠭᠲᠡᠢ᠃
ᠠᠷᠪᠠᠨ ᠲᠠᠪᠤᠳᠤᠭ᠋ᠠᠷ ᠵᠦᠢ᠍ᠯ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠨᠢᠭᠡᠴᠢ᠎ᠨᠦᠭᠦᠳ ᠪᠠᠷᠢᠯᠭ᠎ᠠ ᠵᠢᠨ ᠶᠠᠰᠤ ᠴᠢᠨᠠᠷ᠎ᠤᠨ ᠠᠶᠤᠯᠭᠦᠶ ᠵᠢᠨ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠪᠠᠷᠢᠯᠭ᠎ᠠ ᠵᠢᠨ ᠶᠠᠰᠤ ᠴᠢᠨᠠᠷ᠎ᠤᠨ ᠠᠶᠤᠯᠭᠦᠶ ᠵᠢ ᠬᠠᠷᠢᠭᠤᠴᠠᠬᠤ ᠵᠢᠨ ᠬᠠᠮᠲᠤ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ ᠵᠶ᠋ᠠᠨ ᠵᠠᠷᠯᠠᠨ ᠨᠡᠶ᠋ᠢᠲᠡᠯᠡᠬᠦ ᠬᠡᠷᠡᠭᠲᠡᠶ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠠᠵᠢᠯ᠎ᠤᠨ ᠬᠤᠪᠢᠶᠠᠷᠢᠯᠠᠯ ᠶᠣᠰᠣᠭ᠋ᠠᠷ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠳᠠ᠎ᠳᠤ ᠬᠢᠨᠠᠯᠳᠠ ᠬᠠᠮᠢᠶᠠᠷᠤᠯᠳᠠ ᠬᠢᠨ᠎ᠡ᠃
ᠠᠷᠪᠠᠨ ᠵᠢᠷᠭᠤᠳᠤᠭ᠋ᠠᠷ ᠵᠦᠢ᠍ᠯ ᠵᠠᠰᠠᠭ᠎ᠤᠨ ᠣᠷᠳᠣᠨ᠎ᠠᠴᠠ ᠪᠡᠯᠠ ᠣᠷᠣᠭᠤᠯᠵᠤ ᠪᠦᠳᠦᠭᠡᠠ ᠪᠠᠶ᠋ᠢᠭᠤᠯᠤᠭᠰᠠᠨ ᠲᠠᠷᠢᠶᠠᠯᠠᠩ᠎ᠤᠨ ᠤᠰᠦᠠ ᠠᠰᠢᠭᠯᠠᠯᠲᠠ ᠵᠢᠨ ᠪᠠᠷᠢᠯᠭ᠎ᠠ ᠵᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠪᠠᠷᠢᠵᠤ ᠳᠠᠭᠤᠰᠬᠠᠭᠰᠠᠨ ᠪᠠᠷᠢᠯᠭ᠎ᠠ ᠵᠢ ᠰᠢᠯᠭ᠋ᠠᠨ ᠠᠪᠬᠤ ᠠᠵᠢᠯ᠎ᠢ ᠵᠣᠬᠢᠶᠠᠨ ᠪᠠᠶ᠋ᠢᠭᠤᠯᠬᠤ ᠵᠢᠨ ᠬᠠᠮᠲᠤ ᠬᠣᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠪᠣᠯᠤᠨ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ᠂ ᠲᠠᠷᠢᠶᠠᠴᠢᠳ᠎ᠤᠨ ᠤᠰᠤ ᠬᠡᠷᠡᠭᠯᠡᠬᠦ ᠬᠤᠷᠰᠢᠬᠰᠡᠠ ᠵᠣᠬᠢᠶᠠᠨ ᠪᠠᠶ᠋ᠢᠭᠤᠯᠤᠯᠲᠠ᠂ ᠲᠠᠷᠢᠶᠠᠴᠢᠳ᠎ᠤᠨ ᠲᠥᠯᠥᠭᠡᠯᠡᠭᠴᠢ ᠵᠢ ᠤᠷᠢᠵᠤ ᠤᠷᠤᠯᠴᠠᠭᠤᠯᠬᠤ ᠬᠡᠷᠡᠭᠲᠡᠢ᠃ ᠨᠡᠶ᠋ᠢᠭᠡᠮ᠎ᠤᠨ ᠬᠦᠴᠦᠨ᠎ᠤ ᠪᠡᠯᠡ ᠣᠷᠣᠭᠤᠯᠵᠤ ᠪᠦᠲᠦᠭᠡᠨ ᠪᠠᠶ᠋ᠢᠭᠤᠯᠤᠭᠰᠠᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢ ᠪᠡᠯᠡ ᠣᠷᠣᠭᠤᠯᠤᠭᠴᠢ ᠪᠤᠶᠤ ᠠᠰᠢᠭ ᠬᠦᠷᠲᠡᠭᠴᠢ᠎ᠠᠴᠠ ᠪᠠᠷᠢᠯᠭ᠎ᠠ ᠵᠢᠨ ᠠᠵᠢᠯ ᠳᠠᠭᠤᠰᠴᠤ ᠰᠢᠯᠭ᠋ᠠᠨ ᠠᠪᠬᠤ ᠵᠢ ᠵᠣᠬᠢᠶᠠᠨ ᠪᠠᠶ᠋ᠢᠭᠤᠯᠤᠨ᠎ᠠ᠃ ᠵᠠᠰᠠᠭ᠎ᠤᠨ ᠣᠷᠳᠣᠨ ᠪᠣᠯᠤᠨ ᠨᠡᠶ᠋ᠢᠭᠡᠮ᠎ᠤᠨ ᠬᠦᠴᠦᠨ᠎ᠤ ᠬᠠᠮᠲᠤ᠎ᠪᠠᠷ ᠪᠡᠯᠡ ᠣᠷᠣᠭᠤᠯᠤᠭᠰᠠᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢ ᠪᠣᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠡᠶ᠋ᠢᠭᠡᠮ᠎ᠤᠨ ᠪᠡᠯᠡ ᠣᠷᠣᠭᠤᠯᠤᠭᠴᠢ ᠪᠤᠶᠤ ᠠᠰᠢᠭ ᠬᠦᠷᠳᠡᠭᠴᠢ ᠬᠠᠮᠲᠤ᠎ᠪᠠᠷ ᠵᠣᠬᠢᠶᠠᠨ ᠪᠠᠶ᠋ᠢᠭᠤᠯᠵᠤ ᠪᠠᠷᠢᠵᠤ ᠳᠠᠭᠤᠰᠬᠠᠭᠰᠠᠨ ᠪᠠᠷᠢᠯᠭ᠎ᠠ ᠵᠢ ᠰᠢᠯᠭ᠋ᠠᠨ ᠠᠪᠤᠨ᠎ᠠ᠃
ᠲᠤᠮᠦ ᠳᠤᠮᠳᠠ ᠬᠡᠯᠪᠡᠷᠢ ᠵᠢᠨ ᠲᠠᠷᠢᠶᠠᠯᠠᠩ᠎ᠤᠨ ᠤᠰᠦᠠ ᠠᠰᠢᠭᠯᠠᠯᠲᠠ ᠵᠢᠨ ᠪᠠᠷᠢᠯᠭ᠎ᠠ ᠵᠢ ᠤᠰᠦᠠ ᠠᠰᠢᠭᠯᠠᠯᠲᠠ ᠵᠢᠨ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢ ᠰᠢᠯᠭ᠋ᠠᠨ ᠠᠪᠬᠤ ᠲᠤᠢ᠍ᠷᠢᠮ ᠶᠣᠰᠣᠭ᠋ᠠᠷ ᠪᠠᠷᠢᠯᠭ᠎ᠠ ᠳᠠᠭᠤᠰᠴᠤ ᠰᠢᠯᠭ᠋ᠠᠨ ᠠᠪᠬᠤ ᠠᠵᠢᠯ᠎ᠢ ᠵᠣᠬᠢᠶᠠᠨ ᠪᠠᠢ᠌ᠭᠤᠯᠤᠨ᠎ᠠ᠃ ᠵᠢᠵᠢᠭ ᠬᠡᠯᠪᠡᠷᠢ ᠵᠢᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢ ᠰᠢᠯᠭ᠋ᠠᠨ ᠠᠪᠬᠤ ᠠᠷᠭ᠎ᠠ ᠵᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠳᠤᠷᠠᠨ ᠲᠤᠭᠳᠠᠭ᠋ᠠᠨ᠎ᠠ᠃
ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠵᠤᠬᠢᠶᠠᠨ ᠪᠠᠢ᠌ᠭᠤᠯᠤᠨ ᠲᠡᠪᠳᠡᠷᠯᠡᠨ ᠲᠠᠩᠰᠠᠯᠠᠵᠤ ᠬᠠᠳᠠᠭ᠋ᠠᠯᠠᠨ᠎ᠠ᠃
ᠠᠷᠪᠠᠨ ᠳᠣᠯᠣᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠲᠥᠯᠥᠪᠵᠢᠭᠦᠯᠭᠡ᠂ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠪᠠ ᠠᠵᠢᠯᠯᠠᠭ᠋ᠠᠨ᠎ᠤ ᠬᠠᠮᠠᠭ᠋ᠠᠯᠠᠯᠲᠠ ᠵᠡᠷᠭᠡ ᠮᠡᠳᠡᠭᠡ ᠵᠠᠩᠭᠢ ᠵᠢ ᠴᠤᠭᠯᠠᠭᠤᠯᠤᠨ ᠨᠡᠶ᠋ᠢᠲᠡᠯᠡᠬᠦ ᠬᠡᠷᠡᠭᠲᠡᠶ᠃
ᠳᠥᠷᠪᠡᠳᠦᠭᠡᠷ ᠪᠦᠯᠦᠭ ᠪᠠᠷᠢᠯᠭ᠎ᠠ ᠵᠢᠨ ᠠᠵᠢᠯᠯᠠᠭ᠋ᠠᠨ᠎ᠢ ᠬᠠᠮᠠᠭ᠋ᠠᠯᠠᠬᠤ
ᠠᠷᠪᠠᠨ ᠨᠠᠢ᠍ᠮᠠᠳᠤᠭ᠋ᠠᠷ ᠵᠦᠢ᠍ᠯ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ᠎ᠳᠤ ᠳᠣᠣᠷ᠎ᠠ ᠵᠢᠭᠰᠠᠭ᠋ᠠᠭᠰᠠᠨ ᠲᠣᠭᠲᠠᠭ᠋ᠠᠯ ᠶᠣᠰᠣᠭ᠋ᠠᠷ ᠠᠵᠢᠯᠯᠠᠭ᠋ᠠᠨ᠎ᠢ ᠬᠠᠮᠠᠭ᠋ᠠᠯᠠᠬᠤ ᠭᠣᠣᠯ ᠴᠣᠭᠴᠠ ᠵᠢ ᠲᠣᠭᠲᠠᠭ᠋ᠠᠨ᠎ᠠ᠄
(ᠨᠢᠭᠡ) ᠵᠠᠰᠠᠭ᠎ᠤᠨ ᠣᠷᠳᠣᠨ᠎ᠠᠴᠠ ᠪᠡᠯᠡ ᠣᠷᠣᠭᠤᠯᠵᠤ ᠪᠦᠳᠦᠭᠡᠨ ᠪᠠᠶ᠋ᠢᠭᠤᠯᠤᠭᠰᠠᠨ ᠲᠤᠮᠤ ᠳᠤᠮᠳᠠ ᠬᠡᠯᠪᠡᠷᠢ ᠵᠢᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ᠎ᠳᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠪᠠᠷᠢᠯᠭ᠎ᠠ ᠵᠢᠨ ᠬᠠᠮᠢᠶᠠᠷᠤᠯᠲᠠ ᠵᠢᠨ ᠡᠷᠬᠡ ᠮᠡᠳᠡᠯ᠎ᠤᠨ ᠬᠡᠪᠴᠢᠶᠡᠨ᠎ᠳᠤ ᠲᠣᠭᠲᠠᠭ᠋ᠠᠭᠰᠠᠨ ᠨᠢᠭᠡᠴᠢ᠎ᠠᠴᠠ ᠠᠵᠢᠯᠯᠠᠭ᠋ᠠᠨ᠎ᠤ ᠬᠠᠮᠠᠭ᠋ᠠᠯᠠᠯᠲᠠ ᠵᠢ ᠬᠠᠷᠢᠭᠤᠴᠠᠵᠤ᠂ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠨᠡᠶ᠋ᠢᠭᠡᠮ᠎ᠤᠨ ᠬᠦᠴᠦᠨ᠎ᠢ ᠣᠷᠣᠭᠤᠯᠤᠨ ᠠᠪᠴᠢᠷᠠᠵᠤ ᠠᠵᠢᠯᠯᠠᠭ᠋ᠠᠨ᠎ᠤ ᠬᠠᠮᠠᠭ᠋ᠠᠯᠠᠯᠲᠠ᠎ᠳᠤ ᠣᠷᠣᠯᠴᠠᠭᠤᠯᠬᠤ ᠵᠢ ᠵᠣᠷᠢᠭᠵᠢᠭᠤᠯᠤᠨ᠎ᠠ;
(ᠬᠣᠶᠠᠷ) ᠵᠠᠰᠠᠭ᠎ᠤᠨ ᠣᠷᠳᠣᠨ᠎ᠠᠴᠠ ᠪᠡᠯᠠ ᠣᠷᠣᠭᠤᠯᠵᠤ ᠪᠦᠳᠦᠭᠡᠠ ᠪᠠᠶ᠋ᠢᠭᠤᠯᠤᠭᠰᠠᠨ ᠪᠤᠶᠤ ᠡᠳ᠋᠎ᠤᠨ ᠵᠠᠰᠠᠭ᠎ᠠᠴᠠ ᠨᠥᠬᠥᠪᠥᠷᠢ ᠥᠭᠴᠦ ᠪᠦᠳᠦᠭᠡᠠ ᠪᠠᠶ᠋ᠢᠭᠤᠯᠤᠭᠰᠠᠨ ᠵᠢᠵᠢᠭ ᠬᠡᠯᠪᠡᠷᠢ ᠵᠢᠨ ᠲᠠᠷᠢᠶᠠᠯᠠᠩ᠎ᠤᠨ ᠤᠰᠦᠠ ᠠᠰᠢᠭᠯᠠᠯᠲᠠ ᠵᠢᠨ ᠪᠠᠷᠢᠯᠭ᠎ᠠ ᠵᠢ ᠲᠣᠭᠲᠠᠭ᠋ᠠᠯ ᠶᠣᠰᠣᠭ᠋ᠠᠷ ᠠᠰᠢᠭ ᠬᠦᠷᠳᠡᠭᠰᠡᠨ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ᠂ ᠲᠠᠷᠢᠶᠠᠴᠢᠳ᠎ᠤᠨ ᠤᠰᠤ ᠬᠡᠷᠡᠭᠯᠡᠬᠦ ᠬᠤᠷᠰᠢᠬᠰᠡᠠ ᠵᠣᠬᠢᠶᠠᠨ ᠪᠠᠶ᠋ᠢᠭᠤᠯᠤᠯᠲᠠ᠂ ᠲᠠᠷᠢᠶᠠᠴᠢᠳ ᠵᠡᠷᠭᠡ᠎ᠳᠤ ᠲᠤᠰᠢᠶᠠᠨ ᠥᠭᠴᠦ ᠬᠡᠷᠡᠭᠯᠡᠭᠦᠯᠵᠦ ᠬᠠᠮᠢᠶᠠᠷᠤᠭᠤᠯᠤᠭᠰᠠᠨ ᠪᠠᠶ᠋ᠢᠪᠠᠯ᠂ ᠠᠰᠢᠭ ᠬᠦᠷᠳᠡᠭᠴᠢ ᠪᠤᠶᠤ ᠲᠡᠭᠦᠨ᠎ᠤ ᠨᠠᠶ᠋ᠢᠳᠠᠭᠰᠠᠨ ᠨᠢᠭᠡᠴᠢ᠂ ᠬᠤᠪᠢ ᠬᠥᠮᠦᠨ᠎ᠠᠴᠠ ᠠᠵᠢᠯᠯᠠᠭ᠋ᠠᠨ᠎ᠤ ᠬᠠᠮᠠᠭ᠋ᠠᠯᠠᠯᠲᠠ ᠵᠢ ᠬᠠᠷᠢᠭᠤᠴᠠᠭᠤᠯᠤᠨ᠎ᠠ;
(ᠭᠤᠷᠪᠠ) ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠢᠨ ᠪᠡᠯᠠ ᠮᠥᠩᠭᠥ ᠬᠥᠳᠡᠯᠮᠦᠷᠢ ᠵᠢᠨ ᠬᠦᠴᠦ ᠴᠤᠭᠯᠠᠭᠤᠯᠵᠤ ᠪᠦᠳᠦᠭᠡᠠ ᠪᠠᠶ᠋ᠢᠭᠤᠯᠤᠭᠰᠠᠨ ᠲᠠᠷᠢᠶᠠᠯᠠᠩ᠎ᠤᠨ ᠤᠰᠦᠠ ᠠᠰᠢᠭᠯᠠᠯᠲᠠ ᠵᠢᠨ ᠪᠠᠷᠢᠯᠭ᠎ᠠ ᠵᠢ ᠪᠣᠯ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠪᠤᠶᠤ ᠲᠡᠭᠦᠨ᠎ᠤ ᠨᠠᠶ᠋ᠢᠳᠠᠭᠰᠠᠨ ᠨᠢᠭᠡᠴᠢ᠂ ᠬᠤᠪᠢ ᠬᠥᠮᠦᠨ᠎ᠠᠴᠠ ᠠᠵᠢᠯᠯᠠᠭ᠋ᠠᠨ᠎ᠤ ᠬᠠᠮᠠᠭ᠋ᠠᠯᠠᠯᠳᠠ ᠵᠢ ᠬᠠᠷᠢᠭᠤᠴᠠᠨ᠎ᠠ;
(ᠲᠤᠢ᠍ᠷᠪᠡ) ᠲᠠᠷᠢᠶᠠᠴᠢᠨ ᠪᠤᠶᠤ ᠨᠡᠶ᠋ᠢᠭᠡᠮ᠎ᠤᠨ ᠪᠤᠰᠤᠳ ᠬᠦᠴᠦᠨ᠎ᠤ ᠪᠡᠯᠠ ᠣᠷᠣᠭᠤᠯᠵᠤ ᠪᠦᠳᠦᠭᠡᠠ ᠪᠠᠶ᠋ᠢᠭᠤᠯᠤᠭᠰᠠᠨ ᠲᠠᠷᠢᠶᠠᠯᠠᠩ᠎ᠤᠨ ᠤᠰᠦᠠ ᠠᠰᠢᠭᠯᠠᠯᠲᠠ ᠵᠢᠨ ᠪᠠᠷᠢᠯᠭ᠎ᠠ ᠵᠢ ᠪᠣᠯ ᠪᠡᠯᠠ ᠣᠷᠣᠭᠤᠯᠤᠭᠴᠢ ᠪᠤᠶᠤ ᠲᠡᠭᠦᠨ᠎ᠤ ᠨᠠᠶ᠋ᠢᠳᠠᠭᠰᠠᠨ ᠨᠢᠭᠡᠴᠢ᠂ ᠬᠤᠪᠢ ᠬᠥᠮᠦᠨ᠎ᠠᠴᠠ ᠠᠵᠢᠯᠯᠠᠭ᠋ᠠᠨ᠎ᠤ ᠬᠠᠮᠠᠭ᠋ᠠᠯᠠᠯᠳᠠ ᠵᠢ ᠬᠠᠷᠢᠭᠤᠴᠠᠨ᠎ᠠ;
(ᠲᠠᠪᠤ) ᠵᠠᠰᠠᠭ᠎ᠤᠨ ᠣᠷᠳᠣᠨ ᠬᠢᠭᠡᠳ ᠨᠡᠶ᠋ᠢᠭᠡᠮ᠎ᠤᠨ ᠬᠦᠴᠦᠨ᠎ᠤ ᠬᠠᠮᠲᠤ᠎ᠪᠠᠷ ᠪᠠᠯᠠ ᠣᠷᠣᠭᠤᠯᠵᠤ ᠪᠥᠲᠥᠭᠡᠨ ᠪᠠᠶ᠋ᠢᠭᠤᠯᠤᠭᠰᠠᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ᠎ᠳᠤ᠂ ᠪᠠᠯᠠ ᠣᠷᠣᠭᠤᠯᠤᠭᠴᠢ᠎ᠠᠴᠠ ᠪᠣᠯᠵᠣᠨ ᠲᠣᠭᠲᠠᠭᠰᠠᠨ ᠶᠣᠰᠣᠭ᠋ᠠᠷ ᠠᠵᠢᠯᠯᠠᠭ᠋ᠠᠨ᠎ᠢ ᠬᠠᠮᠠᠭ᠋ᠠᠯᠠᠬᠤ ᠭᠣᠤᠯ ᠴᠣᠭᠴᠠ ᠵᠢ ᠲᠣᠭᠲᠠᠭ᠋ᠠᠨ᠎ᠠ᠃
ᠬᠥᠳᠡᠭᠡ ᠲᠣᠰᠬᠣᠨ᠎ᠤ ᠭᠠᠵᠠᠷ ᠰᠢᠷᠣᠶ ᠳᠠᠭ᠋ᠠᠭ᠋ᠠᠴᠢᠯᠠᠨ ᠡᠵᠡᠩᠨᠡᠬᠦ ᠡᠷᠬᠡ ᠵᠢ ᠬᠠᠤᠯᠢ ᠶᠣᠰᠣᠭ᠋ᠠᠷ ᠡᠷᠭᠢᠯᠲᠡ᠎ᠳᠤ ᠣᠷᠣᠭᠤᠯᠬᠤ᠎ᠳᠤ ᠬᠦᠷᠪᠡᠯ᠂ ᠲᠤᠰ ᠭᠠᠵᠠᠷ ᠰᠢᠷᠣᠶ ᠳᠡᠭᠡᠷᠡᠬᠢ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠠᠵᠢᠯᠯᠠᠭ᠋ᠠᠨ᠎ᠢ ᠬᠠᠮᠠᠭ᠋ᠠᠯᠠᠬᠤ ᠪᠡᠶᠡᠴᠢ ᠴᠣᠭᠴᠠ ᠵᠢ ᠬᠠᠮᠲᠤᠳᠤᠨᠢ ᠲᠣᠳᠣᠷᠬᠠᠶ᠋ᠢᠯᠠᠬᠤ ᠬᠡᠷᠡᠭᠲᠡᠶ᠃
ᠠᠷᠪᠠ ᠶᠢᠰᠦᠳᠦᠭᠡᠷ ᠵᠦᠢ᠍ᠯ ᠤᠰᠤᠯᠠᠯᠲᠠ ᠵᠢᠨ ᠣᠷᠣᠨ᠎ᠤ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ᠎ᠳᠤ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠨᠢᠭᠡᠴᠢ ᠵᠢᠨ ᠬᠠᠮᠢᠶᠠᠷᠤᠯᠲᠠ ᠬᠢᠭᠡᠳ ᠠᠰᠢᠭ ᠬᠥᠷᠳᠡᠬᠥ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ᠂ ᠲᠠᠷᠢᠶᠠᠴᠢᠳ᠎ᠤᠨ ᠤᠰᠤ ᠬᠡᠷᠡᠭᠯᠡᠬᠦ ᠬᠤᠷᠰᠢᠭᠰᠠᠨ ᠵᠣᠬᠢᠶᠠᠨ ᠪᠠᠶ᠋ᠢᠭᠤᠯᠤᠯᠲᠠ᠂ ᠲᠠᠷᠢᠶᠠᠴᠢᠳ ᠵᠡᠷᠭᠡ ᠵᠢᠨ ᠬᠠᠮᠢᠶᠠᠷᠤᠯᠲᠠ ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠎ᠢ ᠬᠡᠷᠡᠭᠵᠢᠭᠦᠯᠦᠨ᠎ᠡ᠃ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠠᠷᠭ᠎ᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠨᠢ ᠬᠠᠮᠢᠶ᠎ᠠ ᠪᠦᠬᠦᠢ ᠰᠠᠯᠠᠭ᠎ᠠ ᠮᠦᠴᠢᠷ᠎ᠲᠠᠢ ᠬᠠᠮᠳᠤᠷᠠᠨ ᠲᠤᠭᠳᠠᠭ᠋ᠠᠨ᠎ᠠ᠃
ᠬᠣᠷᠢᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠠᠵᠢᠯᠯᠠᠭ᠋ᠠᠨ᠎ᠤ ᠬᠠᠮᠠᠭ᠋ᠠᠯᠠᠯᠲᠠ ᠵᠢᠨ ᠵᠠᠷᠤᠳᠠᠯ᠎ᠢ ᠵᠦᠢ ᠵᠣᠬᠢᠰᠲᠠᠶ ᠡᠭᠦᠷᠭᠡᠯᠡᠬᠦ ᠲᠣᠭᠲᠠᠴᠠ ᠵᠢ ᠪᠠᠶ᠋ᠢᠭᠤᠯᠬᠤ ᠬᠡᠷᠡᠭᠲᠡᠶ᠃
ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠥᠮᠴᠢᠯᠡᠯ᠎ᠤᠨ ᠡᠷᠬᠡᠲᠦ ᠬᠥᠮᠦᠨ᠎ᠨᠢ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠠᠵᠢᠯᠯᠠᠭ᠋ᠠᠨ᠎ᠢ ᠬᠠᠮᠠᠭ᠋ᠠᠯᠠᠬᠤ ᠵᠠᠷᠤᠳᠠᠯ᠎ᠢ ᠨᠠᠶ᠋ᠢᠳᠠᠪᠤᠷᠢᠵᠢᠭᠤᠯᠵᠤ᠂ ᠠᠵᠢᠯᠯᠠᠭ᠋ᠠᠨ᠎ᠢ ᠬᠠᠮᠠᠭ᠋ᠠᠯᠠᠬᠤ ᠠᠵᠢᠯ᠎ᠤᠨ ᠬᠡᠪ ᠵᠶ᠋ᠠᠷ ᠶᠠᠪᠤᠭᠳᠠᠬᠤ ᠵᠢ ᠪᠠᠲᠤᠯᠠᠬᠤ ᠬᠡᠷᠡᠭᠲᠡᠶ᠃
ᠬᠣᠷᠢᠨ ᠨᠢᠭᠡᠳᠦᠭᠡᠷ ᠵᠦᠢ᠍ᠯ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠠᠵᠢᠯᠯᠠᠭ᠋ᠠᠨ᠎ᠢ ᠬᠠᠮᠠᠭ᠋ᠠᠯᠠᠬᠤ ᠵᠢ ᠬᠠᠷᠢᠭᠤᠴᠠᠬᠤ ᠨᠢᠭᠡᠴᠢ ᠪᠣᠯᠤᠨ ᠬᠤᠪᠢ ᠬᠥᠮᠦᠨ ᠠᠵᠢᠯᠯᠠᠭ᠋ᠠᠨ᠎ᠢ ᠬᠠᠮᠠᠭ᠋ᠠᠯᠠᠬᠤ ᠲᠥᠷᠢᠮ᠎ᠢ ᠪᠠᠶ᠋ᠢᠭᠤᠯᠤᠨ ᠪᠥᠷᠢᠨᠰᠢᠬᠥᠯᠵᠤ᠂ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠡᠳᠦᠷ ᠲᠤᠳᠤᠮ᠎ᠤᠨ ᠲᠣᠭᠣᠷᠢᠨ ᠪᠠᠶ᠋ᠢᠴᠠᠭ᠋ᠠᠬᠤ᠂ ᠰᠡᠯᠪᠢᠨ ᠵᠠᠰᠠᠬᠤ ᠪᠠ ᠠᠷᠠᠴᠢᠯᠠᠨ ᠬᠠᠮᠠᠭ᠋ᠠᠯᠠᠬᠤ ᠵᠢ ᠴᠢᠩᠭ᠋ᠠᠳᠬᠠᠵᠤ᠂ ᠬᠣᠯᠪᠣᠭᠳᠠᠯ ᠪᠥᠬᠥᠢ ᠲᠣᠭᠲᠠᠭ᠋ᠠᠯ ᠶᠣᠰᠣᠭ᠋ᠠᠷ ᠲᠣᠬᠢᠷᠠᠭᠤᠯᠤᠨ᠂ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠬᠡᠪ ᠤᠨ ᠶᠣᠰᠣᠭ᠋ᠠᠷ ᠠᠵᠢᠯᠯᠠᠬᠤ ᠵᠢ ᠪᠠᠲᠤᠯᠠᠬᠤ ᠬᠡᠷᠡᠭᠲᠡᠶ᠃
ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠤᠰᠤᠨ᠎ᠤ ᠬᠡᠮᠵᠢᠶ᠎ᠡ ᠵᠢᠨ ᠲᠤᠬᠢᠷᠠᠭᠤᠯᠤᠯᠳᠠ᠎ᠨᠢ ᠤᠰᠤᠨ ᠠᠶᠠᠯᠠᠯ᠎ᠤᠨ ᠵᠠᠮ᠎ᠤᠨ ᠠᠶᠠᠯᠠᠯ ᠨᠡᠪᠲᠡᠷᠡᠬᠦ᠎ᠳᠤ ᠬᠣᠯᠪᠣᠭᠳᠠᠪᠠᠯ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ ᠠᠶᠠᠯᠠᠯ᠎ᠤᠨ ᠵᠠᠮ᠎ᠤᠨ ᠬᠠᠤᠯᠢ》 ᠵᠢᠨ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
ᠬᠣᠷᠢᠨ ᠬᠣᠶᠠᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠥᠮᠴᠢᠯᠡᠯ᠎ᠤᠨ ᠡᠷᠬᠡᠲᠦ ᠬᠥᠮᠦᠨ᠎ᠨᠢ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠠᠵᠢᠯᠯᠠᠭ᠋ᠠᠨ᠎ᠢ ᠬᠠᠮᠠᠭ᠋ᠠᠯᠠᠬᠤ ᠠᠵᠢᠯ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠠᠵᠢᠯᠯᠠᠭ᠋ᠠᠨ᠎ᠢ ᠬᠠᠮᠠᠭ᠋ᠠᠯᠠᠬᠤ ᠵᠢ ᠬᠠᠷᠢᠭᠤᠴᠠᠵᠤ ᠪᠠᠶ᠋ᠢᠭ᠎ᠠ ᠨᠢᠭᠡᠴᠢ ᠪᠣᠯᠤᠨ ᠬᠤᠪᠢ ᠬᠥᠮᠦᠨ᠎ᠤ ᠠᠵᠢᠯᠯᠠᠭ᠋ᠠᠨ᠎ᠢ ᠬᠠᠮᠠᠭ᠋ᠠᠯᠠᠬᠤ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠰᠢᠪᠠᠳᠠᠬᠤ ᠬᠡᠷᠡᠭᠲᠡᠶ᠃
ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ᠂ ᠲᠠᠷᠢᠶᠠᠴᠢᠳ᠎ᠤᠨ ᠤᠰᠤ ᠬᠡᠷᠡᠭᠯᠡᠬᠦ ᠬᠤᠷᠰᠢᠭᠰᠠᠨ ᠵᠣᠬᠢᠶᠠᠨ ᠪᠠᠶ᠋ᠢᠭᠤᠯᠤᠯᠲᠠ᠂ ᠲᠠᠷᠢᠶᠠᠴᠢᠳ ᠵᠡᠷᠭᠡ᠎ᠨᠢ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠬᠡᠪ᠎ᠤᠨ ᠠᠵᠢᠯᠯᠠᠭ᠎ᠠ ᠵᠢ ᠨᠥᠯᠥᠭᠡᠯᠡᠭᠰᠡᠨ ᠪᠠᠶ᠋ᠢᠳᠠᠯ᠎ᠢ ᠣᠯᠵᠤ ᠮᠡᠳᠡᠪᠡᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠥᠮᠴᠢᠯᠡᠯ᠎ᠤᠨ ᠡᠷᠬᠡᠲᠦ ᠬᠥᠮᠦᠨ᠎ᠳᠤ ᠮᠡᠳᠡᠬᠦᠯᠬᠦ ᠬᠡᠷᠡᠭᠲᠡᠢ᠃ ᠮᠡᠳᠡᠭᠦᠯᠦᠯᠲᠡ ᠵᠢ ᠣᠯᠤᠭᠰᠠᠨ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠥᠮᠴᠢᠯᠡᠯ᠎ᠤᠨ ᠡᠷᠬᠡᠲᠦ ᠬᠥᠮᠦᠨ᠎ᠨᠢ ᠠᠵᠢᠯᠯᠠᠭ᠋ᠠᠨ᠎ᠢ ᠬᠠᠷᠢᠭᠤᠴᠠᠵᠤ ᠬᠠᠮᠠᠭ᠋ᠠᠯᠠᠬᠤ ᠨᠢᠭᠡᠴᠢ ᠪᠣᠯᠤᠨ ᠬᠤᠪᠢ ᠬᠥᠮᠦᠨ᠎ᠢ ᠰᠢᠪᠠᠳᠠᠵᠤ ᠪᠠᠶ᠋ᠢᠭ᠋ᠠᠳ ᠴᠠᠭ ᠲᠤᠬᠠᠶ᠎ᠳᠤᠨᠢ ᠰᠢᠢ᠍ᠳᠪᠤᠷᠢᠯᠡᠬᠦ ᠬᠡᠷᠡᠭᠲᠡᠶ᠃
ᠬᠣᠷᠢᠨ ᠭᠤᠷᠪᠠᠳᠤᠭ᠋ᠠᠷ ᠵᠦᠢ᠍ᠯ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠲᠥᠬᠥᠭᠡᠷᠦᠮᠵᠢ᠎ᠳᠤ ᠬᠣᠣᠷ ᠬᠥᠨᠥᠭᠡᠯ ᠤᠴᠠᠷᠠᠭᠤᠯᠬᠤ ᠳᠣᠣᠷ᠎ᠠ ᠵᠢᠭᠰᠠᠭ᠋ᠠᠭᠰᠠᠨ ᠠᠵᠢᠯᠯᠠᠭ᠎ᠠ᠎ᠨᠤᠭᠤᠳ᠎ᠢ ᠴᠠᠭ᠋ᠠᠵᠠᠯᠠᠨ᠎ᠠ᠄
(ᠨᠢᠭᠡ) ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠲᠥᠬᠥᠭᠡᠷᠦᠮᠵᠢ ᠵᠢ ᠰᠢᠬᠠᠨ ᠡᠵᠡᠯᠡᠬᠦ᠂ ᠡᠪᠳᠡᠨ ᠰᠦᠢ᠍ᠳᠬᠡᠬᠦ;
(ᠬᠣᠶᠠᠷ) ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠲᠥᠬᠥᠭᠡᠷᠦᠮᠵᠢ ᠵᠢᠨ ᠠᠶᠤᠯᠭᠦᠶ᠎ᠳᠤ ᠬᠣᠣᠷ ᠬᠥᠨᠥᠭᠡᠯ ᠤᠴᠠᠷᠠᠭᠤᠯᠬᠤ ᠳᠡᠯᠪᠡᠴᠢᠬᠦ᠂ ᠬᠤᠳᠳᠤᠭ ᠮᠠᠯᠲᠠᠬᠤ᠂ ᠴᠢᠯᠠᠭᠤ ᠭᠠᠷᠭ᠋ᠠᠬᠤ᠂ ᠰᠢᠷᠣᠶ ᠠᠪᠬᠤ ᠵᠡᠷᠭᠡ ᠠᠵᠢᠯᠯᠠᠭ᠎ᠠ;
(ᠭᠤᠷᠪᠠ) ᠤᠰᠤ ᠬᠠᠳᠠᠭ᠋ᠠᠯᠠᠬᠤ᠂ ᠤᠰᠤ ᠳᠠᠮᠵᠢᠭᠤᠯᠬᠤ᠂ ᠤᠰᠤ ᠵᠠᠯᠠᠬᠤ ᠵᠢ ᠬᠠᠷᠰᠢᠯᠠᠬᠤ ᠪᠣᠳᠠᠰ᠎ᠢ ᠣᠪᠣᠭ᠋ᠠᠯᠠᠨ ᠲᠠᠯᠪᠢᠬᠤ;
(ᠲᠤᠢ᠍ᠷᠪᠡ) ᠤᠰᠤ ᠬᠠᠳᠠᠭ᠋ᠠᠯᠠᠬᠤ᠂ ᠤᠰᠤ ᠳᠠᠮᠵᠢᠭᠤᠯᠬᠤ᠂ ᠤᠰᠤ ᠵᠠᠯᠠᠬᠤ ᠵᠢ ᠬᠠᠷᠰᠢᠯᠠᠬᠤ ᠪᠠᠷᠢᠯᠭ᠎ᠠ ᠪᠠ ᠪᠠᠷᠢᠯᠭ᠎ᠠ ᠵᠢᠨ ᠵᠦᠢ᠍ᠯ᠎ᠢ ᠪᠦᠳᠦᠭᠡᠠ ᠪᠠᠶ᠋ᠢᠭᠤᠯᠬᠤ;
(ᠲᠠᠪᠤ) ᠲᠡᠡᠭ ᠬᠠᠰᠢᠯᠭ᠎ᠠ᠂ ᠭᠤᠦ ᠰᠤᠪᠠᠭ᠎ᠲᠤ ᠪᠣᠬᠢᠷ ᠤᠰᠤ ᠭᠠᠳᠠᠭᠰᠢᠯᠠᠭᠤᠯᠬᠤ᠂ ᠬᠣᠭ ᠨᠣᠪᠰᠢ ᠵᠢᠴᠢ ᠪᠤᠰᠤᠳ ᠬᠠᠶᠠᠭᠳᠠᠮᠠᠯ ᠪᠣᠳᠠᠰ ᠴᠢᠳᠬᠤᠬᠤ᠃
ᠬᠣᠷᠢᠨ ᠳᠥᠷᠪᠡᠳᠦᠭᠡᠷ ᠵᠦᠢ᠍ᠯ ᠶᠠᠮᠠᠷᠪᠠ ᠨᠢᠭᠡᠴᠢ ᠪᠠ ᠬᠤᠪᠢ ᠬᠥᠮᠦᠨ ᠲᠠᠷᠢᠶᠠᠯᠠᠩ᠎ᠤᠨ ᠤᠰᠤᠯᠠᠯᠲᠠ ᠵᠢᠨ ᠤᠰᠦᠠ ᠰᠤᠷᠪᠤᠯᠵᠢ᠂ ᠲᠠᠷᠢᠶᠠᠯᠠᠩ᠎ᠤᠨ ᠤᠰᠦᠠ ᠠᠰᠢᠭᠯᠠᠯᠲᠠ ᠵᠢᠨ ᠪᠠᠷᠢᠯᠭ᠎ᠠ ᠵᠢᠨ ᠲᠥᠬᠥᠭᠡᠷᠦᠮᠵᠢ ᠵᠢ ᠳᠤᠷ᠎ᠠ᠎ᠪᠠᠷ ᠵᠶ᠋ᠠᠨ ᠡᠵᠡᠯᠡᠨ ᠬᠡᠷᠡᠭᠯᠡᠵᠦ ᠪᠣᠯᠬᠤ ᠤᠢ᠍ᠭᠡᠢ᠃
ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠪᠦᠳᠦᠭᠡᠨ ᠪᠠᠶ᠋ᠢᠭᠤᠯᠤᠯᠲᠠ ᠵᠢᠨ ᠪᠠᠷᠢᠯᠭ᠎ᠠ᠎ᠨᠢ ᠲᠠᠷᠢᠶᠠᠯᠠᠩ᠎ᠤᠨ ᠤᠰᠤᠯᠠᠯᠲᠠ ᠵᠢᠨ ᠤᠰᠤᠨ ᠰᠤᠷᠪᠤᠯᠵᠢ᠂ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠲᠥᠬᠥᠭᠡᠷᠦᠮᠵᠢ ᠵᠢ ᠦᠨᠡᠨ ᠬᠦ᠌ ᠡᠵᠡᠯᠡᠨ ᠬᠡᠷᠡᠭᠯᠡᠬᠦ ᠴᠢᠬᠤᠯᠠᠲᠠᠶ ᠪᠠᠶ᠋ᠢᠪᠠᠯ᠂ ᠤᠰᠤ ᠲᠠᠲᠠᠵᠤ ᠬᠡᠷᠡᠭᠯᠡᠬᠦ ᠨᠢᠭᠡᠴᠢ᠂ ᠬᠤᠪᠢ ᠬᠥᠮᠦᠨ ᠪᠤᠶᠤ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠥᠮᠴᠢᠯᠡᠯ᠎ᠤᠨ ᠡᠷᠬᠡᠲᠦ ᠬᠥᠮᠦᠨ᠎ᠲᠠᠢ ᠵᠥᠪᠳᠡᠯᠴᠡᠬᠦ ᠵᠢᠨ ᠬᠠᠮᠲᠤ ᠬᠠᠷᠢᠶᠠᠯᠠᠯ᠎ᠤᠨ ᠡᠷᠬᠡ᠎ᠲᠠᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃
ᠡᠵᠡᠯᠡᠨ ᠬᠡᠷᠡᠭᠯᠡᠭᠴᠢ᠎ᠨᠢ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠲᠥᠬᠥᠭᠡᠷᠦᠮᠵᠢ ᠵᠢᠨ ᠦᠷ᠎ᠡ ᠠᠰᠢᠭ ᠪᠠ ᠴᠢᠳᠠᠮᠵᠢ᠎ᠲᠠᠢ ᠠᠳᠠᠯᠢᠪᠲᠤᠷ ᠣᠷᠣᠯᠠᠬᠤ ᠪᠠᠷᠢᠯᠭ᠎ᠠ ᠵᠢ ᠪᠦᠳᠦᠭᠡᠨ ᠪᠠᠶ᠋ᠢᠭᠤᠯᠬᠤ ᠬᠡᠷᠡᠭᠲᠡᠶ; ᠪᠦᠳᠦᠭᠡᠨ ᠪᠠᠶ᠋ᠢᠭᠤᠯᠤᠯᠲᠠ ᠵᠢᠨ ᠣᠷᠣᠯᠠᠬᠤ ᠪᠠᠷᠢᠯᠭ᠎ᠠ ᠵᠢᠨ ᠨᠥᠬᠥᠴᠡᠯ᠎ᠢ ᠪᠦᠷᠢᠯᠳᠦᠭᠦᠯᠦᠭᠰᠡᠨ ᠦᠭᠡᠢ ᠪᠠᠶ᠋ᠢᠪᠠᠯ᠂ ᠪᠦᠳᠦᠭᠡᠨ ᠪᠠᠶ᠋ᠢᠭᠤᠯᠤᠯᠲᠠ ᠵᠢᠨ ᠣᠷᠣᠯᠠᠬᠤ ᠪᠠᠷᠢᠯᠭ᠎ᠠ ᠵᠢᠨ ᠪᠦᠬᠦ ᠪᠡᠯᠡ ᠣᠷᠣᠭᠤᠯᠤᠯᠲᠠ ᠵᠢᠨ ᠲᠣᠭ᠎ᠠ ᠶᠣᠰᠣᠭ᠋ᠠᠷ ᠡᠵᠡᠯᠡᠨ ᠬᠡᠷᠡᠭᠯᠡᠭᠰᠡᠨ ᠨᠥᠬᠥᠪᠥᠷᠢ ᠰᠦᠢ᠍ᠳᠬᠡᠯ ᠥᠭᠬᠦ ᠬᠡᠷᠡᠭᠲᠡᠶ; ᠠᠵᠢᠯᠯᠠᠭ᠋ᠠᠨ᠎ᠤ ᠥᠪᠡᠷ᠎ᠤᠨ ᠦᠷᠳᠡᠭ᠎ᠢ ᠨᠡᠮᠡᠭᠳᠡᠭᠦᠯᠬᠦ ᠵᠡᠷᠭᠡ ᠪᠤᠰᠤᠳ ᠬᠣᠬᠢᠷᠠᠯ᠎ᠢ ᠪᠤᠢ ᠪᠣᠯᠭ᠋ᠠᠭᠰᠠᠨ ᠪᠠᠶ᠋ᠢᠪᠠᠯ᠂ ᠬᠠᠤᠯᠢ ᠶᠣᠰᠣᠭ᠋ᠠᠷ ᠨᠥᠬᠥᠪᠥᠷᠢ ᠥᠭᠬᠦ ᠬᠡᠷᠡᠭᠲᠡᠶ᠃ ᠲᠥᠯᠥᠪᠦᠷᠢ ᠥᠭᠬᠦ ᠪᠠᠷᠢᠮᠵᠢᠶ᠎ᠠ ᠵᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠎ᠠᠴᠠ ᠲᠣᠭᠲᠠᠭ᠋ᠠᠨ᠎ᠠ᠃
ᠬᠣᠷᠢᠨ ᠲᠠᠪᠤᠳᠤᠭ᠋ᠠᠷ ᠵᠦᠢ᠍ᠯ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠲᠥᠬᠥᠭᠡᠷᠦᠮᠵᠢ᠎ᠨᠢ ᠵᠢᠷᠤᠵᠤ ᠲᠥᠯᠥᠪᠯᠡᠭᠰᠡᠨ ᠬᠡᠷᠡᠭᠯᠡᠬᠦ ᠬᠤᠭᠤᠴᠠᠭ᠎ᠠ᠎ᠠᠴᠠ ᠬᠡᠲᠦᠷᠡᠭᠰᠡᠨ᠂ ᠤᠰᠤᠯᠠᠯᠲᠠ ᠵᠢᠨ ᠤᠰᠤ ᠵᠠᠯᠠᠬᠤ ᠴᠢᠳᠠᠪᠬᠢ᠎ᠪᠠᠨ ᠦᠨᠳᠦᠰᠦᠨ᠎ᠳᠡᠭᠡᠨ ᠠᠯᠳᠠᠭᠰᠠᠨ ᠪᠤᠶᠤ ᠬᠦᠨᠳᠦ ᠨᠣᠴᠢᠲᠠᠶ ᠡᠪᠳᠡᠭᠳᠡᠭᠰᠡᠨ᠎ᠠᠴᠠ ᠪᠣᠯᠵᠤ ᠦᠷᠭᠦᠯᠵᠢᠯᠡᠨ ᠬᠡᠷᠡᠭᠯᠡᠬᠦ ᠵᠢᠨ ᠠᠷᠭ᠎ᠠ ᠦᠭᠡᠢ ᠪᠣᠯᠤᠭᠰᠠᠨ ᠪᠠᠢ᠌ᠪᠠᠯ᠂ ᠪᠠᠷᠢᠯᠭ᠎ᠠ ᠵᠢᠨ ᠥᠮᠴᠢᠯᠡᠯ᠎ᠤᠨ ᠡᠷᠬᠡᠲᠦ ᠬᠥᠮᠦᠨ ᠪᠤᠶᠤ ᠬᠠᠮᠢᠶᠠᠷᠤᠯᠲᠠ ᠵᠢᠨ ᠨᠢᠭᠡᠴᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠮᠤᠷ ᠲᠦᠪᠰᠢᠨ᠎ᠤ ᠳᠠᠯᠳᠠ ᠭᠡᠮ᠎ᠢ ᠴᠠᠭ ᠲᠤᠬᠠᠢᠳᠤᠨᠢ ᠰᠢᠢ᠍ᠳᠪᠦᠷᠢᠯᠡᠵᠦ ᠠᠷᠢᠯᠭ᠋ᠠᠬᠤ ᠵᠢᠨ ᠬᠠᠮᠲᠤ ᠬᠣᠯᠪᠣᠭᠳᠠᠯ ᠪᠦᠬᠦᠢ ᠪᠠᠶ᠋ᠢᠳᠠᠯ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠳᠡᠬᠦ ᠬᠡᠷᠡᠭᠲᠡᠢ᠃
ᠲᠠᠪᠤᠳᠤᠭ᠋ᠠᠷ ᠪᠦᠯᠦᠭ ᠤᠰᠤᠯᠠᠯᠳᠠ ᠪᠠ ᠤᠰᠤ ᠵᠠᠯᠠᠬᠤ ᠬᠠᠮᠢᠶᠠᠷᠤᠯᠲᠠ
ᠬᠣᠷᠢᠨ ᠵᠢᠷᠭᠤᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠠᠷᠢᠶᠠᠯᠠᠩ᠎ᠤᠨ ᠤᠰᠤᠯᠠᠯᠲᠠ ᠵᠢᠨ ᠤᠰᠤ ᠵᠠᠯᠠᠬᠤ ᠠᠵᠢᠯ᠎ᠳᠤ ᠲᠠᠯᠪᠢᠬᠤ ᠬᠢᠨᠠᠯᠲᠠ ᠪᠠ ᠵᠢᠯᠤᠭᠤᠳᠤᠯᠭ᠎ᠠ᠎ᠪᠠᠨ ᠴᠢᠩᠭ᠋ᠠᠳᠬᠠᠵᠤ᠂ ᠮᠡᠷᠭᠡᠵᠢᠯ᠎ᠤᠨ ᠦᠢ᠍ᠯᠡᠴᠢᠯᠡᠭᠡ ᠵᠢ ᠰᠠᠶ᠋ᠢᠲᠤᠷ ᠬᠢᠬᠦ ᠬᠡᠷᠡᠭᠲᠡᠢ᠃
ᠬᠣᠷᠢᠨ ᠳᠣᠯᠣᠳᠤᠭ᠋ᠠᠷ ᠵᠦᠢ᠍ᠯ ᠲᠠᠷᠢᠶᠠᠯᠠᠩ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠪᠠ ᠨᠤᠷᠮ᠎ᠠ ᠲᠣᠭᠲᠠᠭ᠋ᠠᠨ ᠬᠠᠮᠢᠶᠠᠷᠬᠤ ᠵᠢ ᠤᠶᠠᠯᠳᠤᠭᠤᠯᠬᠤ ᠲᠦᠷᠢᠮ᠎ᠢ ᠬᠡᠷᠡᠭᠵᠢᠭᠦᠯᠦᠨ᠎ᠡ᠃
ᠲᠠᠷᠢᠮᠠᠯ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠨᠤᠷᠮ᠎ᠠ ᠵᠢ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》᠎ᠳᠤ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠪᠠ ᠵᠢᠷᠤᠮ᠎ᠤᠨ ᠶᠣᠰᠣᠭ᠋ᠠᠷ ᠲᠣᠭᠲᠠᠭ᠋ᠠᠵᠤ ᠨᠡᠶ᠋ᠢᠲᠡᠯᠡᠨ᠎ᠡ᠃
ᠲᠠᠷᠢᠶᠠᠨ ᠭᠠᠵᠠᠷ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠦᠨ᠎ᠡ ᠵᠢ ᠵᠦᠢ ᠵᠣᠬᠢᠰᠲᠠᠶ᠎ᠪᠠᠷ ᠲᠣᠭᠲᠠᠭ᠋ᠠᠵᠤ᠂ ᠲᠥᠯᠥᠪᠦᠷᠢ᠎ᠲᠠᠢ᠎ᠪᠠᠷ ᠬᠡᠷᠡᠭᠯᠡᠭᠦᠯᠵᠦ᠂ ᠬᠡᠮᠵᠢᠶ᠎ᠡ᠎ᠪᠠᠷ ᠰᠦᠢ᠍ᠳᠬᠡᠯ ᠬᠤᠷᠢᠶᠠᠬᠤ ᠬᠡᠷᠡᠭᠲᠡᠶ᠃
ᠬᠣᠷᠢᠨ ᠨᠠᠢ᠍ᠮᠠᠳᠤᠭ᠋ᠠᠷ ᠵᠦᠢ᠍ᠯ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠨᠢᠭᠡᠴᠢ᠎ᠨᠦᠭᠦᠳ ᠬᠠᠷᠢᠶᠠᠯᠠᠬᠤ ᠡᠷᠬᠡ᠎ᠲᠠᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠲᠣᠭᠲᠠᠭ᠋ᠠᠭᠰᠠᠨ ᠣᠨ᠎ᠤ ᠤᠰᠤ ᠲᠠᠲᠠᠵᠤ ᠬᠡᠷᠡᠭᠯᠡᠬᠦ ᠲᠥᠯᠥᠪᠯᠡᠭᠡ ᠵᠢ ᠦᠨᠳᠦᠰᠦᠯᠡᠨ᠂ ᠤᠰᠤᠯᠠᠯᠲᠠ ᠵᠢᠨ ᠣᠷᠣᠨ᠎ᠤ ᠳᠣᠲᠣᠷᠠᠬᠢ ᠤᠰᠤ ᠬᠡᠷᠡᠭᠯᠡᠬᠦ ᠲᠥᠯᠥᠪᠯᠡᠭᠡ ᠪᠣᠯᠤᠨ ᠲᠣᠬᠢᠷᠠᠭᠤᠯᠬᠤ ᠲᠥᠰᠦᠯ ᠲᠣᠭᠲᠠᠭ᠋ᠠᠵᠤ᠂ ᠤᠰᠤ ᠬᠡᠷᠡᠭᠯᠡᠬᠦ ᠡᠷᠥᠭᠡᠯᠦᠭᠡ ᠤᠰᠤ ᠬᠡᠷᠡᠭᠯᠡᠬᠦ ᠵᠥᠪᠯᠡᠯᠴᠡᠭᠡᠷ ᠲᠣᠭᠲᠠᠬᠤ ᠬᠡᠷᠡᠭᠲᠡᠶ᠃
ᠬᠣᠷᠢ ᠶᠢᠰᠦᠳᠦᠭᠡᠷ ᠵᠦᠢ᠍ᠯ ᠲᠠᠷᠢᠶᠠᠨ ᠭᠠᠵᠠᠷ᠎ᠤᠨ ᠤᠰᠤᠯᠠᠯᠲᠠ᠎ᠳᠤ ᠬᠡᠷᠡᠭᠯᠡᠬᠦ ᠤᠰᠤ᠎ᠨᠢ ᠵᠣᠬᠢᠴᠠᠩᠭᠤᠶ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠲᠠᠷᠢᠶᠠᠯᠠᠩ᠎ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠲᠠᠷᠢᠶᠠᠯᠠᠩ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠴᠢᠨᠠᠷ᠎ᠤᠨ ᠬᠢᠨᠠᠯᠳᠠ ᠬᠡᠮᠵᠢᠯᠳᠡ ᠵᠢ ᠴᠢᠩᠭ᠋ᠠᠳᠬᠠᠬᠤ ᠬᠡᠷᠡᠭᠲᠡᠢ᠃
ᠭᠤᠴᠢᠳᠤᠭ᠋ᠠᠷ ᠵᠦᠢ᠍ᠯ ᠤᠯᠤᠰ᠎ᠠᠴᠠ ᠲᠡᠷᠢᠭᠦᠨ᠎ᠤ ᠬᠡᠷᠡᠭᠯᠡᠭᠡᠨ᠎ᠤ ᠲᠠᠷᠢᠶᠠᠯᠠᠩ᠎ᠤᠨ ᠤᠰᠤ ᠵᠠᠯᠠᠬᠤ ᠮᠡᠷᠭᠡᠵᠢᠯ ᠪᠠ ᠠᠷᠭ᠎ᠠ ᠬᠡᠮᠵᠢᠶ᠎ᠡ ᠠᠪᠬᠤ ᠵᠢ ᠵᠣᠷᠢᠭᠵᠢᠭᠤᠯᠵᠤ᠂ ᠬᠤᠵᠢᠷᠯᠢᠬ ᠭᠠᠵᠠᠷ ᠪᠠ ᠳᠤᠮᠳᠠ ᠳᠣᠣᠷ᠎ᠠ ᠤᠨᠠᠯᠲᠠ᠎ᠲᠠᠢ ᠲᠠᠷᠢᠶᠠᠨ ᠭᠠᠵᠠᠷ᠎ᠤᠨ ᠥᠭᠡᠷᠡᠴᠢᠯᠡᠯᠲᠡ ᠵᠢ ᠠᠬᠢᠭᠤᠯᠤᠨ᠎ᠠ; ᠲᠠᠷᠢᠶᠠᠨ ᠭᠠᠵᠠᠷ᠎ᠤᠨ ᠤᠰᠤ ᠲᠠᠲᠠᠷᠠᠭᠤᠯᠬᠤ ᠬᠡᠮᠵᠢᠶ᠎ᠡ ᠵᠢ ᠬᠢᠵᠠᠭ᠋ᠠᠷᠯᠠᠬᠤ ᠪᠠ ᠵᠦᠢ ᠵᠣᠬᠢᠰᠲᠠᠶ᠎ᠪᠠᠷ ᠠᠰᠢᠭᠯᠠᠵᠤ᠂ ᠪᠤᠷᠳᠤᠭᠤᠷ᠎ᠤᠨ ᠠᠯᠳᠠᠭᠳᠠᠯ᠎ᠢ ᠪᠠᠭ᠋ᠠᠰᠬᠠᠵᠤ᠂ ᠲᠠᠷᠢᠶᠠᠯᠠᠩ᠎ᠤᠨ ᠤᠯᠠᠨ ᠡᠬᠢᠳᠤ ᠪᠣᠬᠢᠷᠲᠤᠯ᠎ᠢ ᠰᠡᠷᠭᠡᠶ᠋ᠢᠯᠡᠨ ᠬᠣᠷᠢᠭᠯᠠᠨ᠎ᠠ᠃
ᠭᠤᠴᠢᠨ ᠨᠢᠭᠡᠳᠦᠭᠡᠷ ᠵᠦᠢ᠍ᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠲᠠᠷᠢᠶᠠᠯᠠᠩ᠎ᠤᠨ ᠤᠰᠤᠯᠠᠯᠲᠠ ᠵᠢᠨ ᠤᠰᠤ ᠵᠠᠯᠠᠬᠤ ᠲᠤᠷᠰᠢᠯᠲᠠ ᠵᠢᠨ ᠠᠵᠢᠯ᠎ᠢ ᠰᠠᠶ᠋ᠢᠲᠤᠷ ᠵᠣᠬᠢᠶᠠᠨ ᠪᠠᠶ᠋ᠢᠭᠤᠯᠬᠤ ᠬᠡᠷᠡᠭᠲᠡᠶ᠃ ᠤᠰᠤᠯᠠᠯᠲᠠ ᠵᠢᠨ ᠲᠤᠷᠰᠢᠯᠲᠠ ᠵᠢᠨ ᠦᠷᠳᠡᠭᠡᠨᠦᠭᠦᠳ ᠲᠠᠷᠢᠶᠠᠯᠠᠩ᠎ᠤᠨ ᠤᠰᠤᠯᠠᠯᠲᠠ ᠵᠢᠨ ᠤᠰᠤ ᠵᠠᠯᠠᠬᠤ ᠲᠤᠷᠰᠢᠯᠲᠠ ᠵᠢᠨ ᠰᠤᠳᠤᠯᠭ᠋ᠠᠨ᠎ᠢ ᠰᠠᠶ᠋ᠢᠲᠤᠷ ᠬᠢᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠵᠢ ᠴᠢᠩᠭ᠋ᠠᠳᠬᠠᠵᠤ᠂ ᠤᠰᠤ ᠬᠡᠷᠡᠭᠯᠡᠬᠦ ᠡᠷᠦᠭᠡ ᠵᠢᠨ ᠰᠢᠨᠵᠢᠯᠡᠬᠦ ᠤᠬᠠᠭ᠋ᠠᠨᠴᠢ᠎ᠪᠠᠷ ᠤᠰᠤᠯᠠᠬᠤ ᠪᠠ ᠤᠰᠤ ᠵᠠᠯᠠᠬᠤ ᠵᠢ ᠵᠢᠯᠣᠭᠣᠳᠬᠤ ᠬᠡᠷᠡᠭᠲᠡᠶ᠃
ᠭᠤᠴᠢᠨ ᠬᠣᠶᠠᠳᠤᠭ᠋ᠠᠷ ᠵᠦᠢ᠍ᠯ ᠤᠯᠤᠰ᠎ᠠᠴᠠ ᠰᠦᠷᠴᠢᠨ ᠤᠰᠤᠯᠠᠬᠤ᠂ ᠪᠢᠴᠢᠯ ᠤᠰᠤᠯᠠᠯᠲᠠ᠂ ᠳᠠᠮᠵᠢᠭᠤᠯᠬᠤ ᠬᠣᠭᠣᠯᠠᠶ᠎ᠪᠠᠷ ᠤᠰᠤ ᠳᠠᠮᠵᠢᠭᠤᠯᠬᠤ ᠤᠰᠤᠯᠠᠯᠲᠠ᠂ ᠤᠰᠤᠨ ᠰᠤᠪᠠᠭ᠎ᠤᠨ ᠨᠡᠪᠴᠢᠬᠦ ᠵᠢ ᠰᠡᠷᠭᠡᠶ᠋ᠢᠯᠡᠨ ᠤᠰᠤ ᠳᠠᠮᠵᠢᠭᠤᠯᠬᠤ ᠤᠰᠤᠯᠠᠯᠲᠠ ᠵᠡᠷᠭᠡ ᠤᠰᠤ ᠠᠷᠪᠢᠯᠠᠬᠤ ᠤᠰᠤᠯᠠᠯᠲᠠ ᠵᠢᠨ ᠮᠡᠷᠭᠡᠵᠢᠯ ᠵᠢᠴᠢ ᠲᠡᠷᠢᠭᠦᠨ᠎ᠤ ᠲᠠᠷᠢᠶᠠᠯᠠᠩ᠎ᠤᠨ ᠮᠠᠰᠢᠨ᠂ ᠲᠠᠷᠢᠶᠠᠯᠠᠩ᠎ᠤᠨ ᠮᠡᠷᠭᠡᠰᠢᠯ ᠪᠠ ᠠᠮᠢᠳᠤ ᠪᠣᠳᠠᠰ᠎ᠤᠨ ᠮᠡᠷᠭᠡᠵᠢᠯ ᠵᠡᠷᠭᠡ ᠵᠢ ᠳᠡᠯᠭᠡᠷᠡᠭᠦᠯᠦᠨ ᠬᠡᠷᠡᠭᠯᠡᠬᠦ ᠵᠢ ᠵᠣᠷᠢᠭᠵᠢᠭᠤᠯᠵᠤ᠂ ᠤᠰᠤᠯᠠᠯᠲᠠ ᠵᠢᠨ ᠤᠰᠤ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃
ᠭᠤᠴᠢᠨ ᠭᠤᠷᠪᠠᠳᠤᠭ᠋ᠠᠷ ᠵᠦᠢ᠍ᠯ ᠠᠮᠤ ᠪᠤᠳᠠᠭ᠋ᠠᠨ᠎ᠤ ᠭᠣᠣᠯ ᠭᠠᠷᠤᠯᠲᠠ ᠵᠢᠨ ᠣᠷᠣᠨ ᠪᠣᠯᠤᠨ ᠤᠰᠤ ᠬᠦᠨᠳᠦ ᠨᠣᠴᠢᠲᠠᠶ ᠳᠤᠲᠠᠭᠳᠠᠬᠤ᠂ ᠠᠮᠢ ᠠᠬᠤᠶ ᠣᠷᠴᠢᠨ ᠲᠣᠭᠣᠷᠢᠨ ᠬᠡᠪᠡᠷᠡᠭ ᠭᠠᠵᠠᠷ ᠣᠷᠣᠨ ᠵᠢᠴᠢ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠭᠠᠵᠠᠷ ᠣᠷᠣᠨ᠎ᠳᠤ ᠤᠰᠤ ᠠᠷᠪᠢᠯᠠᠬᠤ ᠤᠰᠤᠯᠠᠯᠲᠠ ᠵᠢ ᠡᠩ ᠲᠡᠷᠢᠭᠦᠨ᠎ᠳᠤ ᠬᠥᠭᠵᠢᠭᠦᠯᠬᠦ ᠬᠡᠷᠡᠭᠲᠡᠶ᠃
ᠤᠯᠤᠰ᠎ᠠᠴᠠ ᠠᠵᠤ ᠠᠬᠤᠶ᠋ᠢᠯᠠᠯ᠂ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ᠂ ᠲᠠᠷᠢᠶᠠᠴᠢᠳ᠎ᠤᠨ ᠤᠰᠤ ᠬᠡᠷᠡᠭᠯᠡᠬᠦ ᠬᠤᠷᠰᠢᠭᠰᠠᠨ ᠵᠣᠬᠢᠶᠠᠨ ᠪᠠᠶ᠋ᠢᠭᠤᠯᠤᠯᠲᠠ ᠵᠡᠷᠭᠡ ᠨᠢᠭᠡᠴᠢ ᠪᠠ ᠬᠤᠪᠢ ᠬᠥᠮᠦᠨ᠎ᠤ ᠪᠡᠯᠡ ᠣᠷᠣᠭᠤᠯᠤᠨ ᠤᠰᠤ ᠠᠷᠪᠢᠯᠠᠬᠤ ᠤᠰᠤᠯᠠᠯᠲᠠ ᠵᠢᠨ ᠲᠥᠬᠥᠭᠡᠷᠦᠮᠵᠢ ᠪᠠᠶ᠋ᠢᠭᠤᠯᠬᠤ ᠵᠢ ᠵᠣᠷᠢᠭᠵᠢᠭᠤᠯᠵᠤ᠂ ᠡᠳ᠋᠎ᠤᠨ ᠵᠠᠰᠠᠭ᠎ᠠᠴᠠ ᠨᠥᠬᠥᠪᠥᠷᠢ ᠥᠭᠬᠦ ᠵᠡᠷᠭᠡ ᠠᠷᠭ᠎ᠠ ᠮᠠᠶᠢᠭ᠎ᠢ ᠠᠪᠴᠤ ᠪᠠᠶ᠋ᠢᠭ᠋ᠠᠳ ᠤᠰᠤ ᠠᠷᠪᠢᠯᠠᠬᠤ ᠤᠰᠤᠯᠠᠯᠲᠠ ᠵᠢᠨ ᠲᠥᠬᠥᠭᠡᠷᠦᠮᠵᠢ ᠬᠤᠳᠠᠯᠳᠤᠨ ᠠᠪᠬᠤ ᠵᠢ ᠵᠣᠷᠢᠭᠵᠢᠭᠤᠯᠤᠨ᠎ᠠ᠃
ᠭᠤᠴᠢᠨ ᠳᠥᠷᠪᠡᠳᠦᠭᠡᠷ ᠵᠦᠢ᠍ᠯ ᠲᠠᠸᠠᠷ᠎ᠤᠨ ᠠᠮᠤ᠂ ᠬᠥᠪᠥᠩ᠂ ᠲᠤᠰᠤ᠂ ᠨᠣᠭᠣᠭ᠎ᠠ ᠵᠡᠷᠭᠡ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠲᠥᠯᠥᠪᠵᠢᠭᠦᠯᠦᠨ ᠪᠦᠳᠦᠭᠡᠨ ᠪᠠᠶ᠋ᠢᠭᠤᠯᠬᠤ᠎ᠳᠠᠭᠠᠨ ᠲᠤᠬᠠᠶ ᠵᠢᠨ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠨᠥᠬᠥᠴᠡᠯ᠎ᠢ ᠭᠦᠢ᠍ᠴᠡᠳ ᠪᠣᠳᠣᠯᠬᠢᠯᠠᠬᠤ ᠬᠡᠷᠡᠭᠲᠡᠶ᠃ ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ ᠭᠠᠵᠠᠷ ᠣᠷᠣᠨ᠎ᠳᠤ ᠤᠰᠤ ᠶᠡᠬᠡ ᠬᠣᠷᠣᠭᠳᠠᠭᠤᠯᠬᠤ ᠲᠠᠷᠢᠮᠠᠯ᠎ᠢ ᠬᠥᠭᠵᠢᠭᠦᠯᠬᠦ ᠵᠢ ᠬᠢᠵᠠᠭ᠋ᠠᠷᠯᠠᠨ᠎ᠠ; ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠳᠤ ᠲᠠᠷᠢᠶᠠᠯᠠᠩ᠎ᠤᠨ ᠤᠰᠤᠯᠠᠯᠲᠠ ᠳᠤ ᠭᠠᠵᠠᠷ ᠳᠣᠣᠷᠠᠬᠢ ᠤᠰᠤ ᠵᠢ ᠰᠢᠨ᠎ᠡ᠎ᠪᠠᠷ ᠨᠡᠮᠡᠭᠳᠡᠭᠦᠯᠦᠨ ᠲᠠᠲᠠᠵᠤ ᠬᠡᠷᠡᠭᠯᠡᠬᠦ ᠵᠢ ᠴᠠᠭ᠋ᠠᠵᠠᠯᠠᠨ᠎ᠠ᠃
ᠵᠢᠷᠭᠤᠳᠤᠭ᠋ᠠᠷ ᠪᠦᠯᠦᠭ ᠪᠠᠲᠤᠯᠠᠬᠤ ᠪᠠ ᠲᠡᠳᠬᠦᠬᠦ
ᠭᠤᠴᠢᠨ ᠲᠠᠪᠤᠳᠤᠭ᠋ᠠᠷ ᠵᠦᠢ᠍ᠯ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠎ᠳᠤ ᠵᠠᠰᠠᠭ᠎ᠤᠨ ᠣᠷᠳᠣᠨ᠎ᠤ ᠣᠷᠣᠭᠤᠯᠤᠯᠲᠠ ᠪᠠ ᠨᠡᠶ᠋ᠢᠭᠡᠮ᠎ᠤᠨ ᠬᠦᠴᠦᠨ᠎ᠤ ᠣᠷᠣᠭᠤᠯᠤᠯᠲᠠ ᠵᠢ ᠤᠶᠠᠯᠳᠤᠭᠤᠯᠬᠤ ᠠᠷᠭ᠎ᠠ ᠮᠠᠶᠢᠭ᠎ᠢ ᠬᠡᠷᠡᠭᠵᠢᠭᠦᠯᠦᠨ᠎ᠡ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠯᠡᠠ ᠠᠷᠭ᠎ᠠ ᠵᠡᠮ ᠵᠶ᠋ᠠᠷ ᠲᠠᠷᠢᠶᠠᠯᠠᠩ᠎ᠤᠨ ᠤᠰᠦᠠ ᠠᠰᠢᠭᠯᠠᠯᠲᠠ ᠵᠢᠨ ᠪᠠᠷᠢᠯᠭ᠎ᠠ ᠵᠢᠨ ᠪᠦᠳᠦᠭᠡᠠ ᠪᠠᠶ᠋ᠢᠭᠤᠯᠤᠯᠲᠠ ᠵᠢᠨ ᠪᠡᠯᠠ ᠮᠥᠩᠭᠥ ᠵᠢ ᠴᠤᠭᠯᠠᠭᠤᠯᠵᠤ᠂ ᠲᠠᠷᠢᠶᠠᠯᠠᠩ᠎ᠤᠨ ᠤᠰᠦᠠ ᠠᠰᠢᠭᠯᠠᠯᠲᠠ ᠵᠢᠨ ᠪᠦᠳᠦᠭᠡᠠ ᠪᠠᠢ᠌ᠭᠤᠯᠤᠯᠳᠠ ᠵᠢᠨ ᠪᠡᠯᠡ ᠤᠷᠤᠭᠤᠯᠤᠯᠳᠠ ᠵᠢ ᠪᠠᠳᠤᠯᠠᠨ᠎ᠠ᠃
ᠭᠤᠴᠢᠨ ᠵᠢᠷᠭᠤᠳᠤᠭ᠋ᠠᠷ ᠵᠦᠢ᠍ᠯ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠣᠨ᠎ᠤ ᠬᠡᠷᠡᠭᠵᠢᠭᠦᠯᠬᠦ ᠲᠥᠯᠥᠪᠯᠡᠭᠡ᠂ ᠪᠦᠲᠦᠭᠡᠨ ᠪᠠᠶ᠋ᠢᠭᠤᠯᠬᠤ ᠨᠥᠬᠥᠴᠡᠯ᠂ ᠨᠥᠬᠥᠪᠥᠷᠢ ᠥᠭᠬᠦ ᠪᠠᠷᠢᠮᠵᠢᠶ᠎ᠠ ᠵᠡᠷᠭᠡ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠶ᠋ᠢᠲᠡᠯᠡᠵᠦ᠂ ᠨᠡᠶ᠋ᠢᠭᠡᠮ᠎ᠤᠨ ᠬᠦᠴᠦᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠭᠤᠯᠬᠤ ᠬᠡᠷᠡᠭᠲᠡᠶ᠃
ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠨᠡᠶ᠋ᠢᠭᠡᠮ᠎ᠤᠨ ᠬᠦᠴᠦᠨ᠎ᠤ ᠲᠠᠷᠢᠶᠠᠯᠠᠩ᠎ᠤᠨ ᠤᠰᠤᠯᠠᠯᠲᠠ ᠵᠢᠨ ᠦᠢ᠍ᠯᠡᠴᠢᠯᠡᠭᠡ ᠬᠠᠩᠭ᠋ᠠᠬᠤ᠂ ᠤᠰᠤ ᠬᠠᠩᠭ᠋ᠠᠬᠤ ᠰᠦᠢ᠍ᠳᠬᠡᠯ ᠬᠤᠷᠢᠶᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠡᠵᠡᠩᠨᠡᠯᠲᠡ ᠵᠢᠨ ᠠᠵᠢᠯᠯᠠᠭ᠎ᠠ ᠥᠷᠨᠢᠭᠦᠯᠬᠦ ᠵᠢ ᠲᠡᠮᠵᠢᠵᠤ᠂ ᠲᠡᠳᠡᠨ᠎ᠤ ᠬᠠᠤᠯᠢ ᠶᠣᠰᠣᠨ᠎ᠤ ᠡᠵᠡᠩᠨᠡᠯᠲᠡ ᠵᠢᠨ ᠠᠰᠢᠭ ᠣᠯᠵᠠᠪᠤᠷᠢ ᠵᠢ ᠪᠠᠲᠤᠯᠠᠬᠤ ᠬᠡᠷᠡᠭᠲᠡᠶ᠃
ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠨᠡᠶ᠋ᠢᠭᠡᠮ᠎ᠤᠨ ᠬᠦᠴᠦᠨ᠎ᠤ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠪᠠ ᠡᠵᠡᠩᠨᠡᠯᠲᠡ᠎ᠳᠤ ᠣᠷᠣᠯᠴᠠᠬᠤ᠎ᠳᠤ ᠵᠢᠯᠤᠭᠤᠳᠤᠯᠭ᠎ᠠ ᠪᠠ ᠮᠡᠷᠭᠡᠵᠢᠯ᠎ᠤᠨ ᠲᠡᠮᠵᠢᠯᠭᠡ ᠬᠠᠩᠭ᠋ᠠᠬᠤ ᠬᠡᠷᠡᠭᠲᠡᠢ᠃
ᠭᠤᠴᠢᠨ ᠳᠣᠯᠣᠳᠤᠭ᠋ᠠᠷ ᠵᠦᠢ᠍ᠯ ᠤᠯᠤᠰ᠎ᠠᠴᠠ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠵᠦᠢ᠍ᠯᠡᠰ᠎ᠤᠨ ᠣᠨᠴᠠᠯᠢᠭᠲᠤ ᠨᠡᠶ᠋ᠢᠴᠡᠭᠰᠡᠨ ᠮᠥᠩᠭᠥᠨ ᠭᠦᠢ᠍ᠯᠭᠡᠭᠡᠨ᠎ᠤ ᠦᠢ᠍ᠯᠡᠳᠬᠦᠨ ᠪᠠ ᠦᠢ᠍ᠯᠡᠴᠢᠯᠡᠭᠡᠨ᠎ᠤ ᠠᠷᠭ᠎ᠠ ᠮᠠᠶᠢᠭ᠎ᠢ ᠭᠠᠷᠭ᠋ᠠᠵᠤ᠂ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ᠎ᠳᠤ ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠦᠵᠡᠭᠦᠯᠬᠦ ᠡᠷᠴᠢᠮ᠎ᠢ ᠴᠢᠩᠭ᠋ᠠᠷᠠᠭᠤᠯᠤᠨ᠎ᠠ᠃
ᠲᠠᠷᠢᠶᠠᠨ ᠭᠠᠵᠠᠷ᠎ᠤᠨ ᠤᠰᠤᠯᠠᠯᠲᠠ ᠪᠠ ᠤᠰᠤ ᠲᠠᠲᠠᠷᠠᠭᠤᠯᠬᠤ᠎ᠳᠤ ᠬᠡᠷᠡᠭᠯᠡᠬᠦ ᠴᠠᠬᠢᠯᠭ᠋ᠠᠨ᠎ᠳᠤ ᠲᠠᠷᠢᠶᠠᠯᠠᠩ᠎ᠤᠨ ᠦᠢ᠍ᠯᠡᠳᠪᠦᠷᠢᠯᠡᠯ᠎ᠳᠤ ᠬᠡᠷᠡᠭᠯᠡᠬᠦ ᠴᠠᠬᠢᠯᠭ᠋ᠠᠨ᠎ᠤ ᠦᠨ᠎ᠡ ᠵᠢ ᠬᠡᠷᠡᠭᠵᠢᠭᠦᠯᠦᠨ᠎ᠡ᠃
ᠭᠤᠴᠢᠨ ᠨᠠᠢ᠍ᠮᠠᠳᠤᠭ᠋ᠠᠷ ᠵᠦᠢ᠍ᠯ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠦᠨᠳᠦᠰᠦᠨ ᠱᠠᠲᠤᠨ᠎ᠤ ᠤᠰᠤᠨ ᠠᠰᠢᠭᠯᠠᠯᠲᠠ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠦᠨᠳᠦᠰᠦᠨ ᠱᠠᠲᠤᠨ᠎ᠤ ᠤᠰᠤᠨ ᠠᠰᠢᠭᠯᠠᠯᠲᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠲᠤᠬᠠᠶ᠋ᠢᠯᠠᠭᠰᠠᠨ ᠠᠵᠢᠯ᠎ᠤᠨ ᠵᠠᠷᠤᠳᠠᠯ᠎ᠢ ᠲᠤᠰ ᠱᠠᠲᠤᠨ᠎ᠤ ᠦᠨᠳᠦᠰᠦᠨ ᠱᠠᠲᠤᠨ ᠤ ᠤᠰᠤᠨ ᠠᠰᠢᠭᠯᠠᠯᠲᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠤᠭᠤᠳ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠥᠳᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠡᠯᠭᠡᠷᠡᠭᠦᠯᠦᠯᠲᠡ ᠵᠡᠷᠭᠡ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠡᠭᠦᠷᠭᠡ ᠴᠢᠳᠠᠪᠤᠷᠢ᠎ᠪᠠᠨ ᠭᠦᠢ᠍ᠴᠡᠳᠬᠡᠬᠦ ᠬᠡᠷᠡᠭᠲᠡᠶ᠃
ᠤᠯᠤᠰ᠎ᠠᠴᠠ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠤᠰᠬᠠᠶ᠋ᠢᠵᠢᠭᠰᠠᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ ᠵᠢᠨ ᠲᠠᠷᠢᠶᠠᠨ ᠭᠠᠵᠠᠷ᠎ᠤᠨ ᠤᠰᠤᠯᠠᠯᠲᠠ ᠪᠠ ᠤᠰᠤ ᠵᠠᠯᠠᠬᠤ᠂ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠲᠥᠬᠥᠭᠡᠷᠦᠮᠵᠢ ᠵᠢ ᠰᠡᠯᠪᠢᠨ ᠵᠠᠰᠠᠬᠤ ᠵᠡᠷᠭᠡ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ ᠥᠷᠨᠢᠭᠦᠯᠬᠦ ᠵᠢ ᠲᠡᠮᠵᠢᠨ᠎ᠡ᠃
ᠭᠤᠴᠢ ᠶᠢᠰᠦᠳᠦᠭᠡᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰ ᠱᠠᠲᠤᠨ᠎ᠤ᠎ᠪᠠᠨ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠵᠤ ᠪᠠᠶ᠋ᠢᠭ᠋ᠠᠳ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠰᠢᠨ᠎ᠡ ᠮᠡᠷᠭᠡᠵᠢᠯ᠎ᠢ ᠳᠡᠯᠭᠡᠷᠡᠭᠦᠯᠬᠦ ᠭᠠᠷᠴᠠᠭ ᠪᠠ ᠪᠣᠯᠪᠠᠰᠤᠷᠠᠭᠤᠯᠬᠤ ᠲᠥᠯᠥᠪᠯᠡᠭᠡ ᠵᠢ ᠲᠣᠭᠲᠠᠭ᠋ᠠᠵᠤ᠂ ᠦᠨᠳᠦᠰᠦᠨ ᠱᠠᠲᠤᠨ᠎ᠤ ᠤᠰᠤᠨ ᠠᠰᠢᠭᠯᠠᠯᠲᠠ ᠵᠢᠨ ᠦᠢ᠍ᠯᠡᠴᠢᠯᠡᠭᠡᠨ᠎ᠤ ᠠᠵᠢᠯᠲᠠᠨ ᠪᠠ ᠲᠠᠷᠢᠶᠠᠴᠢᠳ᠎ᠲᠤ ᠬᠢᠬᠦ ᠪᠣᠯᠪᠠᠰᠤᠷᠠᠭᠤᠯᠤᠯ᠎ᠢ ᠴᠢᠩᠭ᠋ᠠᠳᠬᠠᠬᠤ ᠬᠡᠷᠡᠭᠲᠡᠶ᠃
ᠳᠥᠴᠢᠳᠦᠭᠡᠷ ᠵᠦᠢ᠍ᠯ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠠᠵᠢᠯ᠎ᠤᠨ ᠳᠤᠮᠳᠠ ᠢᠯᠡᠳᠲᠡ ᠠᠮᠵᠢᠯᠲᠠ ᠣᠯᠤᠭᠰᠠᠨ ᠨᠢᠭᠡᠴᠢ ᠪᠠ ᠬᠤᠪᠢ ᠬᠥᠮᠦᠨ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠥᠬᠢᠭᠦᠯᠦᠨ ᠰᠠᠶ᠋ᠢᠰᠢᠶᠠᠨ᠎ᠠ᠃
ᠳᠣᠯᠣᠳᠤᠭ᠋ᠠᠷ ᠪᠦᠯᠦᠭ ᠬᠠᠤᠯᠢ ᠵᠢᠨ ᠬᠠᠷᠢᠭᠤᠴᠠᠯᠭ᠎ᠠ
ᠳᠥᠴᠢᠨ ᠨᠢᠭᠡᠳᠦᠭᠡᠷ ᠵᠦᠢ᠍ᠯ ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠭᠰᠡᠨ ᠦᠭᠡᠢ ᠪᠠᠶ᠋ᠢᠪᠠᠯ᠂ ᠬᠠᠷᠢᠭᠤᠴᠠᠯᠭ᠎ᠠ᠎ᠲᠠᠢ ᠤᠳᠤᠷᠢᠳᠬᠤ ᠬᠥᠮᠦᠨ ᠪᠠ ᠰᠢᠭᠤᠳ ᠬᠠᠷᠢᠭᠤᠴᠠᠯᠭ᠎ᠠ᠎ᠲᠠᠢ ᠬᠥᠮᠦᠨ᠎ᠳᠤ ᠬᠠᠤᠯᠢ ᠶᠣᠰᠣᠭ᠋ᠠᠷ ᠰᠢᠢ᠍ᠳᠭᠡᠯ ᠥᠭᠭᠦᠨ᠎ᠡ; ᠬᠠᠷᠢᠭᠤᠴᠠᠯᠭ᠎ᠠ᠎ᠲᠠᠢ ᠤᠳᠤᠷᠢᠳᠬᠤ ᠬᠥᠮᠦᠨ ᠪᠠ ᠰᠢᠭᠤᠳ ᠬᠠᠷᠢᠭᠤᠴᠠᠯᠭ᠎ᠠ᠎ᠲᠠᠢ ᠬᠥᠮᠦᠨ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠳᠥᠴᠢᠨ ᠬᠣᠶᠠᠳᠤᠭ᠋ᠠᠷ ᠵᠦᠢ᠍ᠯ ᠲᠤᠰ ᠲᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠠᠵᠢᠯᠯᠠᠭ᠋ᠠᠨ᠎ᠢ ᠬᠠᠮᠠᠭ᠋ᠠᠯᠠᠬᠤ ᠨᠢᠭᠡᠴᠢ᠎ᠨᠢ ᠲᠣᠭᠲᠠᠭ᠋ᠠᠯ ᠶᠣᠰᠣᠭ᠋ᠠᠷ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠪᠠ ᠲᠤᠬᠢᠷᠠᠭᠤᠯᠤᠯᠳᠠ ᠬᠢᠭᠰᠡᠨ ᠦᠭᠡᠢ᠂ ᠣᠨ᠎ᠤ ᠤᠰᠤ ᠲᠠᠲᠠᠵᠤ ᠬᠡᠷᠡᠭᠯᠡᠬᠦ ᠲᠥᠯᠥᠪᠯᠡᠭᠡ ᠵᠢ ᠬᠡᠷᠡᠭᠵᠢᠭᠦᠯᠦᠭᠰᠡᠨ ᠦᠭᠡᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠭᠤᠯᠤᠨ᠎ᠠ; ᠬᠠᠷᠢᠭᠤᠴᠠᠯᠭ᠎ᠠ ᠵᠢᠨ ᠡ᠊ᠨᠳᠡᠯ ᠭᠠᠷᠤᠭᠰᠠᠨ ᠪᠤᠶᠤ ᠪᠤᠰᠤᠳ ᠬᠦᠨᠳᠦ ᠶᠡᠬᠡ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠰᠢᠭᠤᠳ ᠬᠠᠷᠢᠭᠤᠴᠠᠵᠤ ᠪᠠᠶ᠋ᠢᠭ᠎ᠠ ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠰᠢᠢ᠍ᠳᠭᠡᠯ ᠥᠭᠭᠦᠨ᠎ᠡ; ᠰᠢᠭᠤᠳ ᠬᠠᠷᠢᠭᠤᠴᠠᠵᠤ ᠪᠠᠶ᠋ᠢᠭ᠎ᠠ ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠳᠥᠴᠢᠨ ᠭᠤᠷᠪᠠᠳᠤᠭ᠋ᠠᠷ ᠵᠦᠢ᠍ᠯ ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠬᠤᠭᠤᠴᠠᠭ᠎ᠠ ᠲᠣᠭᠲᠠᠭ᠋ᠠᠨ ᠤᠤᠯ᠎ᠤᠨ ᠪᠠᠶ᠋ᠢᠳᠠᠯ᠎ᠢ᠎ᠨᠢ ᠰᠡᠷᠭᠦᠭᠡᠯᠭᠡᠬᠦ ᠪᠤᠶᠤ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠤᠯᠤᠨ᠎ᠠ; ᠬᠤᠭᠤᠴᠠᠭ᠎ᠠ ᠬᠡᠲᠦᠷᠡᠲᠡᠯ᠎ᠡ ᠤᠤᠯ᠎ᠤᠨ ᠪᠠᠶ᠋ᠢᠳᠠᠯ᠎ᠢ᠎ᠨᠢ ᠰᠡᠷᠭᠦᠭᠡᠭᠰᠡᠨ ᠤᠢ᠍ᠭᠡᠢ ᠪᠤᠶᠤ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠰᠠᠨ ᠤᠢ᠍ᠭᠡᠢ ᠪᠠᠶ᠋ᠢᠪᠠᠯ᠂ ᠬᠠᠤᠯᠢ ᠶᠣᠰᠣᠭ᠋ᠠᠷ ᠠᠯᠪᠡᠳᠡᠠ ᠭᠦᠢ᠍ᠴᠡᠳᠬᠡᠭᠦᠯᠦᠨ᠎ᠡ; ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠬᠠᠤᠯᠢ ᠶᠣᠰᠣᠭ᠋ᠠᠷ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠡᠭᠦᠷᠭᠡᠯᠡᠭᠦᠯᠦᠨ᠎ᠡ; ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢ ᠵᠥᠷᠢᠴᠡᠭᠰᠡᠨ ᠠᠵᠢᠯᠯᠠᠭ᠎ᠠ ᠪᠤᠯᠵᠤ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠢ᠍ᠳᠭᠡᠯ ᠥᠭᠭᠦᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠄
(ᠨᠢᠭᠡ) ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠲᠥᠬᠥᠭᠡᠷᠦᠮᠵᠢ ᠵᠢᠨ ᠤᠰᠤ ᠬᠠᠳᠠᠭ᠋ᠠᠯᠠᠬᠤ᠂ ᠤᠰᠤ ᠳᠠᠮᠵᠢᠭᠤᠯᠬᠤ᠂ ᠤᠰᠤ ᠵᠠᠯᠠᠬᠤ ᠵᠢ ᠬᠠᠷᠰᠢᠯᠠᠬᠤ ᠪᠣᠳᠠᠰ᠎ᠢ ᠣᠪᠣᠭ᠋ᠠᠯᠠᠨ ᠲᠠᠯᠪᠢᠬᠤ;
(ᠬᠣᠶᠠᠷ) ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠡᠯᠡᠳᠬᠡᠮᠵᠢ ᠵᠢᠨ ᠤᠰᠤ ᠬᠠᠳᠠᠭ᠋ᠠᠯᠠᠬᠤ᠂ ᠤᠰᠤ ᠳᠠᠮᠵᠢᠭᠤᠯᠬᠤ᠂ ᠤᠰᠤ ᠵᠠᠯᠠᠬᠤ ᠵᠢ ᠬᠠᠷᠰᠢᠯᠠᠬᠤ ᠪᠠᠷᠢᠯᠭ᠎ᠠ ᠪᠣᠯᠤᠨ ᠪᠠᠷᠢᠯᠭ᠎ᠠ ᠵᠢᠨ ᠵᠦᠢ᠍ᠯ᠎ᠢ ᠪᠥᠳᠥᠭᠡᠨ ᠪᠠᠶ᠋ᠢᠭᠤᠯᠬᠤ ;
(ᠭᠤᠷᠪᠠ) ᠲᠠᠷᠢᠶᠠᠯᠠᠩ᠎ᠤᠨ ᠤᠰᠤᠯᠠᠯᠲᠠ ᠵᠢᠨ ᠤᠰᠤᠨ ᠰᠤᠷᠪᠤᠯᠵᠢ᠂ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠲᠥᠬᠥᠭᠡᠷᠦᠮᠵᠢ ᠵᠢ ᠳᠤᠷ᠎ᠠ᠎ᠪᠠᠷ ᠵᠶ᠋ᠠᠨ ᠡᠵᠡᠯᠡᠨ ᠬᠡᠷᠡᠭᠯᠡᠬᠦ᠃
ᠳᠥᠴᠢᠨ ᠳᠥᠷᠪᠡᠳᠦᠭᠡᠷ ᠵᠦᠢ᠍ᠯ ᠲᠤᠰ ᠲᠥᠷᠢᠮ᠎ᠤᠨ ᠲᠣᠭᠲᠠᠭ᠋ᠠᠯ᠎ᠠᠴᠠ ᠵᠥᠷᠢᠴᠡᠵᠦ᠂ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠡᠯᠡᠳᠬᠡᠮᠵᠢ ᠵᠢ ᠡᠵᠡᠯᠡᠭᠰᠡᠨ᠂ ᠡᠪᠳᠡᠨ ᠰᠦᠢ᠍ᠳᠬᠡᠭᠰᠡᠨ ᠵᠢᠴᠢ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠡᠯᠡᠳᠬᠡᠮᠵᠢ ᠵᠢᠨ ᠠᠶᠤᠯ ᠥᠭᠡᠢ ᠵᠢ ᠬᠣᠬᠢᠷᠠᠭᠤᠯᠬᠤ ᠳᠡᠯᠪᠡᠴᠢᠬᠦ᠂ ᠬᠤᠳᠳᠤᠭ ᠮᠠᠯᠲᠠᠬᠤ᠂ ᠴᠢᠯᠠᠭᠤ ᠭᠠᠷᠭ᠋ᠠᠬᠤ᠂ ᠰᠢᠷᠣᠶ ᠠᠪᠬᠤ ᠵᠡᠷᠭᠡ ᠥᠢ᠍ᠯᠡ ᠠᠵᠢᠯᠯᠠᠭ᠎ᠠ᠎ᠲᠠᠢ ᠪᠣᠯ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》 ᠵᠢᠨ ᠲᠣᠭᠲᠠᠭ᠋ᠠᠯ ᠶᠣᠰᠣᠭ᠋ᠠᠷ ᠰᠢᠢ᠍ᠳᠪᠤᠷᠢᠯᠡᠨ᠎ᠡ᠃
ᠲᠤᠰ ᠲᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠲᠠᠩ ᠬᠠᠰᠢᠯᠭ᠎ᠠ᠂ ᠭᠤᠤ ᠰᠤᠪᠠᠭ᠎ᠲᠤ ᠪᠣᠬᠢᠷ ᠤᠰᠤ ᠭᠠᠳᠠᠭᠰᠢᠯᠠᠭᠤᠯᠤᠭᠰᠠᠨ᠂ ᠬᠣᠭ ᠨᠣᠪᠰᠢ ᠵᠢᠴᠢ ᠪᠤᠰᠤᠳ ᠬᠠᠶᠠᠭᠳᠠᠮᠠᠯ ᠪᠣᠳᠠᠰ᠎ᠢ ᠴᠢᠳᠬᠤᠭᠰᠠᠨ ᠪᠠᠶ᠋ᠢᠪᠠᠯ᠂ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠰᠢᠢ᠍ᠳᠪᠤᠷᠢᠯᠡᠨ᠎ᠡ᠃
ᠨᠠᠢ᠍ᠮᠠᠳᠤᠭ᠋ᠠᠷ ᠪᠦᠯᠦᠭ ᠲᠠᠭ᠋ᠠᠯᠳᠤᠭᠤᠯᠤᠯ ᠲᠦᠷᠢᠮ
ᠳᠥᠴᠢᠨ ᠲᠠᠪᠤᠳᠤᠭ᠋ᠠᠷ ᠵᠤᠢ᠌ᠯ ᠲᠣᠰ ᠲᠦᠷᠢᠮ᠎ᠢ 2016 ᠣᠨ᠎ᠤ 7 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃