ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠬᠠᠤᠯᠢ ᠴᠠᠭ᠋ᠠᠵᠠ ᠵᠢᠨ ᠬᠢᠨᠠᠯᠲᠠ ᠲᠠᠯᠪᠢᠭ᠍ᠤ ᠠᠵᠢᠯ᠎ᠢ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠲᠣᠭᠲᠠᠭ᠋ᠠᠯ
ᠨᠡᠶ᠋ᠢᠲᠡᠯᠡᠭᠰᠡᠨ ᠴᠠᠭ᠄ 2022-05-27

    (2022 ᠣᠨ᠎ᠤ 5 ᠰᠠᠷ᠎ᠠ ᠵᠢᠨ 26᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠭᠤᠴᠢᠨ ᠲᠠᠪᠤᠳᠤᠭ᠋ᠠᠷ ᠬᠤᠷᠠᠯ᠎ᠠᠴᠠ ᠪᠠᠲᠤᠯᠠᠪᠠ)

     《ᠰᠢᠨ᠎ᠡ ᠴᠠᠭ ᠦᠶ᠎ᠡ᠎ᠳᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠨᠠᠮ᠎ᠤᠨ ᠲᠥᠪ ᠬᠣᠷᠢᠶᠠᠨ᠎ᠤ ᠰᠠᠨᠠᠯ》᠎ᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ (ᠳᠣᠷᠣᠭᠰᠢ ᠪᠠᠢ᠌ᠩᠭᠤ ᠵᠢᠨ ᠬᠣᠷᠢᠶ᠎ᠠ ᠭᠡᠵᠦ ᠲᠣᠪᠴᠢᠯᠠᠨ᠎ᠠ) ᠵᠢᠨ ᠬᠠᠤᠯᠢ ᠴᠠᠭ᠋ᠠᠵᠠ ᠵᠢᠨ ᠬᠢᠨᠠᠯᠲᠠ ᠲᠠᠯᠪᠢᠭ᠍ᠤ ᠠᠵᠢᠯ᠎ᠢ ᠵᠢᠷᠤᠮᠵᠢᠭᠤᠯᠤᠨ ᠴᠢᠩᠭ᠋ᠠᠳᠬᠠᠵᠤ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠬᠡᠷᠡᠭᠵᠢᠭᠦᠯᠵᠦ ᠬᠠᠤᠯᠢ ᠴᠠᠭ᠋ᠠᠵᠠ ᠵᠢᠨ ᠬᠢᠨᠠᠯᠲᠠ ᠲᠠᠯᠪᠢᠭ᠍ᠤ ᠠᠵᠢᠯ᠎ᠤᠨ ᠲᠣᠭᠲᠠᠴᠠ ᠪᠠ ᠠᠷᠭ᠎ᠠ ᠮᠠᠶᠢᠭ᠎ᠢ ᠲᠡᠭᠦᠯᠳᠡᠷᠵᠢᠭᠦᠯᠵᠦ᠂ ᠬᠠᠤᠯᠢ ᠵᠢ ᠴᠢᠩᠭ᠎ᠠ ᠬᠡᠷᠡᠭᠵᠢᠭᠦᠯᠬᠦ᠂ ᠲᠥᠪ ᠭᠤᠤᠯᠴᠢ᠎ᠪᠠᠷ ᠬᠠᠤᠯᠢ ᠪᠠᠷᠢᠬᠤ ᠵᠢ ᠠᠬᠢᠭᠤᠯᠵᠤ᠂ ᠬᠢᠨᠠᠯᠲᠠ ᠲᠠᠯᠪᠢᠭ᠍ᠤ ᠪᠣᠳᠠᠲᠤ ᠦᠷ᠎ᠡ ᠪᠦᠲᠦᠮᠵᠢ ᠵᠢ ᠨᠡᠮᠡᠭᠳᠡᠭᠦᠯᠬᠦ ᠵᠢᠨ ᠲᠥᠯᠥᠭᠡ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠣᠯᠣᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠢ᠌ᠭᠤᠯᠤᠯᠲᠠ ᠵᠢᠨ ᠬᠠᠤᠯᠢ》᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠬᠢᠨᠠᠯᠲᠠ ᠲᠠᠯᠪᠢᠭ᠍ᠤ ᠬᠠᠤᠯᠢ》 ᠵᠡᠷᠭᠡ ᠬᠣᠯᠪᠣᠭᠳᠠᠯ ᠪᠦᠬᠦᠢ ᠬᠠᠤᠯᠢ ᠲᠣᠭᠲᠠᠭ᠋ᠠᠯ᠎ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠣᠨᠴᠠᠭ᠋ᠠᠢ᠌ᠯᠠᠨ ᠳᠣᠣᠷᠠᠬᠢ ᠮᠡᠲᠦ ᠲᠣᠭᠲᠠᠭ᠋ᠠᠯ᠎ᠢ ᠨᠡᠢ᠌ᠲᠡᠯᠡᠪᠡ᠃
      ᠨᠢᠭᠡ᠂ ᠲᠤᠰ ᠲᠣᠭᠲᠠᠭ᠋ᠠᠯ᠎ᠢ ᠪᠠᠢ᠌ᠩᠭᠤ ᠵᠢᠨ ᠬᠣᠷᠢᠶ᠎ᠠ᠎ᠠᠴᠠ ᠲᠤᠰ ᠱᠠᠲᠤᠨ᠎ᠤ ᠠᠷᠠᠳ᠎ᠤᠨ ᠰᠢᠭᠦᠭᠦ ᠬᠣᠷᠢᠶ᠎ᠠ᠂ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠴᠢ ᠠᠷᠠᠳ᠎ᠤᠨ ᠵᠠᠰᠠᠭ᠎ᠤᠨ ᠣᠷᠳᠣᠨ᠎ᠤ ᠳᠣᠲᠣᠭ᠋ᠠᠳᠤ ᠵᠢ ᠬᠠᠮᠠᠭ᠋ᠠᠯᠠᠬᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠎ᠠ ᠵᠡᠷᠭᠡ ᠪᠠᠢ᠌ᠭᠤᠯᠭ᠎ᠠ (ᠳᠣᠷᠣᠭᠰᠢ ᠬᠠᠤᠯᠢ ᠴᠠᠭ᠋ᠠᠵᠠ ᠵᠢᠨ ᠪᠠᠢ᠌ᠭᠤᠯᠭ᠎ᠠ ᠭᠡᠵᠦ ᠶᠡᠷᠦᠩᠬᠡᠢ᠌ᠯᠡᠨ ᠨᠡᠷᠡᠢ᠌ᠳᠦᠨ᠎ᠡ) ᠵᠢᠨ ᠬᠠᠤᠯᠢ ᠪᠠᠷᠢᠬᠤ ᠠᠵᠢᠯ᠎ᠳᠤ ᠬᠢᠨᠠᠯᠲᠠ ᠲᠠᠯᠪᠢᠭ᠍ᠤ᠎ᠳᠤ ᠬᠡᠷᠡᠭᠯᠡᠨ᠎ᠡ᠃
      ᠬᠣᠶᠠᠷ᠂ ᠪᠠᠢ᠌ᠩᠭᠤ ᠵᠢᠨ ᠬᠣᠷᠢᠶ᠎ᠠ ᠬᠠᠤᠯᠢ ᠴᠠᠭ᠋ᠠᠵᠠ ᠵᠢᠨ ᠬᠢᠨᠠᠯᠲᠠ ᠲᠠᠯᠪᠢᠭ᠍ᠤ ᠠᠵᠢᠯ᠎ᠢ ᠥᠷᠨᠢᠭᠦᠯᠬᠦ᠎ᠳᠤ᠂ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠨ᠂ ᠠᠷᠠᠳ ᠲᠦᠮᠡᠨ ᠵᠶ᠋ᠡᠷ ᠭᠣᠣᠯ ᠪᠤᠯᠭ᠋ᠠᠭ᠍ᠤ ᠵᠢ ᠪᠠᠷᠢᠮᠲᠠᠯᠠᠵᠤ᠂ ᠪᠦᠭᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠪᠠᠷᠢᠮᠲᠠᠯᠠᠨ᠂ ᠵᠥᠪ ᠬᠢᠨᠠᠯᠲᠠ ᠲᠠᠯᠪᠢᠭ᠍ᠤ᠂ ᠪᠦᠲᠦᠮᠵᠢᠲᠡᠢ ᠬᠢᠨᠠᠯᠲᠠ ᠲᠠᠯᠪᠢᠭ᠍ᠤ᠂ ᠬᠠᠤᠯᠢ ᠶᠣᠰᠣᠭ᠋ᠠᠷ ᠬᠢᠨᠠᠯᠲᠠ ᠲᠠᠯᠪᠢᠭ᠍ᠤ ᠵᠢ ᠬᠡᠷᠡᠭᠵᠢᠭᠦᠯᠵᠦ᠂ ᠬᠠᠤᠯᠢ ᠴᠠᠭ᠋ᠠᠵᠠ ᠵᠢᠨ ᠪᠠᠢ᠌ᠭᠤᠯᠭ᠎ᠠ ᠵᠢᠨ ᠬᠠᠤᠯᠢ ᠶᠣᠰᠣᠭ᠋ᠠᠷ ᠡᠷᠬᠡ ᠲᠤᠰᠢᠶᠠᠯ ᠵᠶ᠋ᠠᠨ ᠬᠡᠷᠡᠭᠵᠢᠭᠦᠯᠬᠦ ᠵᠢ ᠲᠡᠮᠵᠢᠨ᠂ ᠤᠯᠤᠰ᠎ᠤᠨ ᠬᠠᠤᠯᠢᠵᠢᠯ᠎ᠤᠨ ᠨᠢᠭᠡᠳᠦᠯ᠎ᠢ ᠬᠠᠮᠠᠭ᠋ᠠᠯᠠᠵᠤ᠂ ᠬᠠᠤᠯᠢ ᠲᠣᠭᠲᠠᠭ᠋ᠠᠯ᠎ᠤᠨ ᠪᠦᠲᠦᠮᠵᠢᠲᠡᠢ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠨ᠎ᠠ᠃
      ᠪᠠᠢ᠌ᠩᠭᠤ ᠵᠢᠨ ᠬᠣᠷᠢᠶᠠᠨ᠎ᠤ ᠬᠠᠤᠯᠢ ᠴᠠᠭ᠋ᠠᠵᠠ ᠵᠢᠨ ᠬᠢᠨᠠᠯᠲᠠ ᠲᠠᠯᠪᠢᠭ᠍ᠤ ᠡᠷᠬᠡ ᠲᠤᠰᠢᠶᠠᠯ ᠵᠶ᠋ᠠᠨ ᠬᠡᠷᠡᠭᠵᠢᠭᠦᠯᠦᠭᠰᠡᠨ ᠪᠠᠢ᠌ᠳᠠᠯ᠎ᠨᠢ ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ᠂ ᠬᠤᠪᠢ ᠬᠥᠮᠥᠨ᠎ᠤ ᠨᠢᠭᠤᠴᠠ ᠪᠠ ᠢᠯᠡ ᠪᠤᠯᠭ᠋ᠠᠭ᠍ᠤ᠎ᠳᠤ ᠲᠣᠬᠢᠷᠠᠮᠵᠢ ᠦᠭᠡᠢ ᠪᠤᠰᠤᠳ ᠵᠦᠢ᠍ᠯ᠎ᠲᠠᠢ ᠬᠣᠯᠪᠣᠭᠳᠠᠭᠰᠠᠨ᠎ᠠᠴᠠ ᠪᠤᠰᠤᠳ᠎ᠢ᠎ᠨᠢ ᠬᠠᠤᠯᠢ ᠶᠣᠰᠣᠭ᠋ᠠᠷ ᠨᠡᠢ᠌ᠭᠡᠮ᠎ᠳᠤ ᠢᠯᠡ ᠪᠤᠯᠭ᠋ᠠᠵᠤ᠂ ᠨᠡᠢ᠌ᠭᠡᠮ᠎ᠤᠨ ᠬᠢᠨᠠᠯᠲᠠ ᠵᠢ ᠬᠦᠯᠢᠶᠡᠨ᠎ᠡ᠃
      ᠭᠤᠷᠪᠠ᠂ ᠪᠠᠢ᠌ᠩᠭᠤ ᠵᠢᠨ ᠬᠣᠷᠢᠶ᠎ᠠ ᠠᠷᠠᠳᠴᠢᠯᠠᠯ ᠲᠥᠪᠯᠡᠷᠡᠯ᠎ᠤᠨ ᠶᠣᠰᠣ ᠵᠢᠨ ᠵᠠᠷᠴᠢᠮ ᠶᠣᠰᠣᠭ᠋ᠠᠷ᠂ ᠬᠠᠤᠯᠢ ᠴᠠᠭ᠋ᠠᠵᠠ ᠵᠢᠨ ᠬᠢᠨᠠᠯᠲᠠ ᠲᠠᠯᠪᠢᠭ᠍ᠤ ᠡᠷᠬᠡ ᠲᠤᠰᠢᠶᠠᠯ ᠵᠶ᠋ᠠᠨ ᠬᠠᠮᠲᠤ᠎ᠪᠠᠷ ᠬᠡᠷᠡᠭᠵᠢᠭᠦᠯᠵᠦ᠂ ᠬᠠᠤᠯᠢ ᠴᠠᠭ᠋ᠠᠵᠠ ᠵᠢᠨ ᠬᠢᠨᠠᠯᠲᠠ ᠲᠠᠯᠪᠢᠭ᠍ᠤ ᠴᠢᠬᠤᠯᠠ ᠶᠡᠬᠡ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠲᠣᠭᠲᠠᠭ᠋ᠠᠨ᠎ᠠ᠃
      ᠪᠠᠢ᠌ᠩᠭᠤ ᠵᠢᠨ ᠬᠣᠷᠢᠶᠠᠨ᠎ᠤ ᠡᠷᠭᠢᠯᠡᠭᠴᠢᠳ᠎ᠤᠨ ᠬᠤᠷᠠᠯ᠎ᠨᠢ ᠬᠠᠤᠯᠢ ᠴᠠᠭ᠋ᠠᠵᠠ ᠵᠢᠨ ᠬᠢᠨᠠᠯᠲᠠ ᠲᠠᠯᠪᠢᠭ᠍ᠤ ᠡᠳᠦᠷ ᠲᠤᠳᠤᠮ᠎ᠤᠨ ᠴᠢᠬᠤᠯᠠ ᠠᠵᠢᠯ᠎ᠢ ᠬᠠᠷᠢᠭᠤᠴᠠᠨ ᠰᠢᠢ᠍ᠳᠪᠦᠷᠢᠯᠡᠨ᠎ᠡ᠃
      ᠪᠠᠢ᠌ᠩᠭᠤ ᠵᠢᠨ ᠬᠣᠷᠢᠶᠠᠨ᠎ᠤ ᠳᠣᠲᠣᠭ᠋ᠠᠳᠤ ᠶᠠᠪᠤᠳᠠᠯ᠎ᠤᠨ ᠬᠠᠤᠯᠢ ᠴᠠᠭ᠋ᠠᠵᠠ ᠵᠢᠨ ᠠᠵᠢᠯ᠎ᠤᠨ ᠵᠥᠪᠯᠡᠯ ᠬᠠᠤᠯᠢ ᠴᠠᠭ᠋ᠠᠵᠠ ᠵᠢᠨ ᠬᠢᠨᠠᠯᠲᠠ ᠲᠠᠯᠪᠢᠭ᠍ᠤ ᠠᠵᠢᠯ᠎ᠢ ᠪᠣᠳᠠᠲᠠᠢ ᠵᠣᠬᠢᠶᠠᠨ ᠪᠠᠢ᠌ᠭᠤᠯᠵᠤ ᠬᠡᠷᠡᠭᠵᠢᠭᠦᠯᠦᠨ᠎ᠡ᠃
      ᠳᠥᠷᠪᠡ᠂ ᠪᠠᠢ᠌ᠩᠭᠤ ᠵᠢᠨ ᠬᠣᠷᠢᠶ᠎ᠠ᠎ᠠᠴᠠ ᠬᠠᠤᠯᠢ ᠴᠠᠭ᠋ᠠᠵᠠ ᠵᠢᠨ ᠪᠠᠢ᠌ᠭᠤᠯᠭ᠎ᠠ ᠵᠢᠨ ᠳᠣᠣᠷᠠᠬᠢ ᠲᠤᠰᠢᠶᠠᠯ ᠬᠠᠷᠢᠭᠤᠴᠠᠯᠭ᠎ᠠ ᠵᠢ ᠭᠦᠢ᠍ᠴᠡᠳᠬᠡᠭᠰᠡᠨ ᠪᠠᠢ᠌ᠳᠠᠯ᠎ᠳᠤ ᠬᠢᠨᠠᠯᠲᠠ ᠲᠠᠯᠪᠢᠨ᠎ᠠ᠄
     (ᠨᠢᠭᠡ) ᠦᠨᠳᠦᠰᠦᠨ ᠬᠠᠤᠯᠢ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠳᠡᠭᠡᠳᠦ ᠱᠠᠲᠤᠨ᠎ᠤ ᠪᠤᠶᠤ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠢᠴᠢ ᠲᠡᠭᠦᠨ᠎ᠤ ᠪᠠᠢ᠌ᠩᠭᠤ ᠵᠢᠨ ᠬᠣᠷᠢᠶᠠᠨ᠎ᠤ ᠰᠢᠢ᠍ᠳᠪᠦᠷᠢ᠂ ᠲᠣᠭᠲᠠᠭ᠋ᠠᠯ᠎ᠢ ᠵᠢᠷᠤᠮᠯᠠᠨ ᠬᠡᠷᠡᠭᠵᠢᠭᠦᠯᠦᠭᠰᠡᠨ ᠪᠠᠢ᠌ᠳᠠᠯ;
     (ᠬᠣᠶᠠᠷ) ᠰᠢᠭᠦᠨ ᠲᠠᠰᠤᠯᠬᠤ᠂ ᠪᠠᠢ᠌ᠴᠠᠭ᠋ᠠᠬᠤ᠂ ᠳᠣᠲᠣᠭ᠋ᠠᠳᠤ ᠵᠢ ᠬᠠᠮᠠᠭ᠋ᠠᠯᠠᠬᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠠᠵᠢᠯᠯᠠᠭ᠎ᠠ ᠵᠡᠷᠭᠡ ᠬᠠᠤᠯᠢ ᠳ᠋ᠤ᠋ ᠲᠣᠭᠲᠠᠭ᠋ᠠᠭᠰᠠᠨ ᠲᠤᠰᠢᠶᠠᠯ ᠬᠠᠷᠢᠭᠤᠴᠠᠯᠭ᠎ᠠ ᠵᠢ ᠪᠦᠭᠦ ᠲᠠᠯ᠎ᠠ᠎ᠪᠠᠷ ᠭᠦᠢ᠍ᠴᠡᠳᠬᠡᠭᠰᠡᠨ ᠪᠠᠢ᠌ᠳᠠᠯ;
     (ᠭᠤᠷᠪᠠ) ᠬᠠᠤᠯᠢ ᠴᠠᠭ᠋ᠠᠵᠠ ᠵᠢᠨ ᠪᠠᠢ᠌ᠭᠤᠯᠤᠮᠵᠢ ᠵᠢᠨ ᠶᠡᠷᠦᠩᠬᠡᠢ᠌ᠯᠡᠭᠰᠡᠨ ᠢᠵᠢ ᠪᠦᠷᠢᠳᠦᠭᠦᠯᠦᠭᠰᠡᠨ ᠥᠭᠡᠷᠡᠴᠢᠯᠡᠯᠲᠡ ᠪᠠ ᠪᠤᠰᠤᠳ ᠴᠢᠬᠤᠯᠠ ᠶᠡᠬᠡ ᠥᠭᠡᠷᠡᠴᠢᠯᠡᠯᠲᠡ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ;
     (ᠳᠥᠷᠪᠡ) ᠬᠠᠤᠯᠢ ᠴᠠᠭ᠋ᠠᠵᠠ ᠵᠢᠨ ᠪᠠᠢ᠌ᠭᠤᠯᠭ᠎ᠠ ᠵᠢᠨ ᠬᠣᠭᠣᠷᠣᠨᠳᠤ᠎ᠪᠠᠨ ᠬᠠᠷᠢᠯᠴᠠᠨ ᠬᠢᠨᠠᠯᠲᠠ ᠲᠠᠯᠪᠢᠭ᠍ᠤ ᠪᠠ ᠬᠠᠤᠯᠢ ᠴᠠᠭ᠋ᠠᠵᠠ ᠵᠢᠨ ᠪᠠᠢ᠌ᠭᠤᠯᠭ᠎ᠠ ᠵᠢᠨ ᠳᠣᠲᠣᠭ᠋ᠠᠳᠤ᠎ᠳᠠᠭᠠᠨ ᠬᠢᠨᠠᠯᠲᠠ ᠲᠠᠯᠪᠢᠵᠤ ᠬᠢᠵᠠᠭ᠋ᠠᠷᠯᠠᠬᠤ ᠲᠣᠭᠲᠠᠴᠠ ᠵᠢᠨ ᠠᠵᠢᠯᠯᠠᠭ᠋ᠠᠨ᠎ᠤ ᠪᠠᠢ᠌ᠳᠠᠯ;
     (ᠲᠠᠪᠤ) ᠬᠠᠤᠯᠢ ᠴᠠᠭ᠋ᠠᠵᠠ ᠵᠢ ᠬᠡᠷᠡᠭᠵᠢᠭᠦᠯᠬᠦ ᠳᠤᠮᠳᠠ ᠭᠠᠷᠭ᠋ᠠᠭᠰᠠᠨ ᠠᠯᠳᠠᠭ᠎ᠠ ᠪᠤᠷᠤᠭᠤ᠎ᠠᠴᠠ ᠬᠠᠷᠢᠭᠤᠴᠠᠯᠭ᠎ᠠ ᠨᠡᠬᠡᠮᠵᠢᠯᠡᠭᠰᠡᠨ ᠪᠠᠢ᠌ᠳᠠᠯ;
     (ᠵᠢᠷᠭᠤᠭ᠎ᠠ)ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠢᠴᠢ ᠲᠡᠭᠦᠨ᠎ᠤ ᠪᠠᠢ᠌ᠩᠭᠤ ᠵᠢᠨ ᠬᠣᠷᠢᠶᠠᠨ᠎ᠤ ᠰᠢᠢ᠍ᠳᠪᠦᠷᠢᠯᠡᠭᠦᠯᠬᠦ᠎ᠪᠠᠷ ᠲᠤᠰᠢᠶᠠᠭᠰᠠᠨ ᠬᠣᠯᠪᠣᠭᠳᠠᠯ ᠪᠦᠬᠦᠢ ᠰᠠᠨᠠᠯ ᠵᠥᠪᠯᠡᠯᠭᠡ᠂ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠵᠢᠴᠢ ᠡᠷᠭᠢᠯᠡᠭᠴᠢᠳ᠎ᠤᠨ ᠬᠤᠷᠠᠯ᠎ᠤᠨ ᠲᠣᠭᠲᠠᠭ᠋ᠠᠯ᠎ᠢ ᠭᠦᠢ᠍ᠴᠡᠳᠬᠡᠭᠰᠡᠨ ᠪᠠᠢ᠌ᠳᠠᠯ;
     (ᠲᠤᠯᠤᠭ᠎ᠠ) ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠢ᠌ᠭᠤᠯᠤᠯᠲᠠ ᠵᠢᠨ ᠬᠣᠯᠪᠣᠭᠳᠠᠯ ᠪᠦᠬᠦᠢ ᠭᠣᠮᠣᠳᠠᠯ ᠲᠣᠭ᠋ᠠᠴᠢᠯᠲᠠ᠂ ᠵᠠᠭ᠋ᠠᠯᠳᠤᠯᠭ᠎ᠠ ᠪᠠ ᠢᠯᠡᠴᠢᠯᠡᠯᠲᠡ ᠵᠢ ᠰᠢᠢ᠍ᠳᠪᠦᠷᠢᠯᠡᠭᠰᠡᠨ ᠪᠠᠢ᠌ᠳᠠᠯ;
     (ᠨᠠᠢ᠍ᠮᠠ)ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ ᠰᠣᠩᠭᠣᠵᠤ ᠭᠠᠷᠭ᠋ᠠᠭᠰᠠᠨ ᠪᠤᠶᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠎ᠠᠴᠠ ᠲᠣᠮᠢᠯᠠᠭᠰᠠᠨ ᠬᠠᠤᠯᠢ ᠴᠠᠭ᠋ᠠᠵᠠ ᠵᠢᠨ ᠪᠠᠢ᠌ᠭᠤᠯᠭ᠎ᠠ ᠵᠢᠨ ᠠᠵᠢᠯᠲᠠᠨ᠎ᠤ ᠬᠠᠤᠯᠢ ᠳ᠋ᠤ᠋ ᠲᠣᠭᠲᠠᠭ᠋ᠠᠭᠰᠠᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠢ᠌ᠳᠠᠯ;
    (ᠶᠢᠰᠦ) ᠬᠠᠤᠯᠢ ᠶᠣᠰᠣᠭ᠋ᠠᠷ ᠬᠢᠨᠠᠯᠲᠠ ᠲᠠᠯᠪᠢᠭ᠍ᠤ ᠴᠢᠬᠤᠯᠠᠲᠠᠢ ᠪᠤᠰᠤᠳ ᠪᠠᠢ᠌ᠳᠠᠯ᠃
    ᠲᠠᠪᠤ᠂ ᠪᠠᠢ᠌ᠩᠭᠤ ᠵᠢᠨ ᠬᠣᠷᠢᠶ᠎ᠠ ᠭᠣᠣᠯᠳᠠᠭᠤ ᠳᠣᠣᠷᠠᠬᠢ ᠠᠷᠭ᠎ᠠ ᠮᠠᠶᠢᠭ ᠵᠶ᠋ᠠᠷ ᠬᠠᠤᠯᠢ ᠴᠠᠭ᠋ᠠᠵᠠ ᠵᠢᠨ ᠬᠢᠨᠠᠯᠲᠠ ᠲᠠᠯᠪᠢᠭ᠍ᠤ ᠠᠵᠢᠯ᠎ᠢ ᠥᠷᠨᠢᠭᠦᠯᠦᠨ᠎ᠡ᠄
    (ᠨᠢᠭᠡ) ᠴᠢᠬᠤᠯᠠ ᠶᠡᠬᠡ ᠵᠦᠢ᠍ᠯᠡᠰ᠎ᠢ ᠶᠠᠷᠢᠯᠴᠠᠨ ᠲᠤᠭᠲᠠᠭ᠋ᠠᠨ᠎ᠠ;
    (ᠬᠣᠶᠠᠷ) ᠲᠤᠰᠬᠠᠢ ᠠᠵᠢᠯ᠎ᠤᠨ ᠮᠡᠳᠡᠭᠦᠯᠦᠯᠲᠡ ᠵᠢ ᠰᠣᠨᠣᠰᠴᠤ ᠬᠢᠨᠠᠨ ᠵᠦᠪᠯᠡᠭᠦ ᠵᠢᠨ ᠬᠠᠮᠲᠤ ᠲᠤᠰᠬᠠᠢ ᠰᠡᠳᠦᠪ ᠵᠢᠡᠷ ᠯᠠᠪᠯᠠᠨ ᠠᠰᠠᠭᠤᠬᠤ ᠪᠤᠶᠤ ᠬᠠᠨᠤᠮᠵᠢ ᠵᠢᠨ ᠬᠡᠮᠵᠢᠶ᠎ᠡ ᠵᠢ ᠰᠢᠯᠭ᠋ᠠᠨ ᠦᠨᠡᠯᠡᠭᠦ ᠠᠵᠢᠯ ᠦᠷᠨᠢᠭᠦᠯᠦᠨ᠎ᠡ;
    (ᠭᠤᠷᠪᠠ) ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠵᠣᠬᠢᠶᠠᠨ ᠪᠠᠢ᠌ᠭᠤᠯᠤᠨ᠎ᠠ;
    (ᠳᠥᠷᠪᠡ) ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠳᠠᠩᠰᠠᠯᠠᠭᠤᠯᠤᠨ ᠬᠢᠨᠠᠨ ᠪᠠᠢ᠌ᠴᠠᠭ᠋ᠠᠨ᠎ᠠ;
    (ᠲᠠᠪᠤ) ᠰᠢᠭᠦᠭᠦ ᠲᠤᠰᠢᠶᠠᠯᠲᠠᠨ᠂ ᠪᠠᠢ᠌ᠴᠠᠭ᠋ᠠᠬᠤ ᠲᠤᠰᠢᠶᠠᠯᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ᠎ᠢ ᠦᠨᠡᠯᠡᠨ ᠵᠦᠪᠯᠡᠭᠦ ᠠᠵᠢᠯ᠎ᠢ ᠦᠷᠨᠢᠭᠦᠯᠦᠨ᠎ᠠ;
    (ᠵᠢᠷᠭᠤᠭ᠎ᠠ) ᠬᠠᠮᠲᠤᠷᠠᠭᠰᠠᠨ ᠪᠠᠢ᠌ᠴᠠᠭ᠋ᠠᠨ ᠰᠤᠳᠤᠯᠤᠯᠲᠠ ᠵᠢᠴᠢ ᠠᠳᠠᠯᠢ ᠲᠦᠷᠦᠯ᠎ᠤᠨ ᠬᠡᠷᠡᠭ᠎ᠤᠨ ᠲᠤᠰᠬᠠᠢ ᠰᠡᠳᠦᠪᠲᠦ ᠪᠠᠢ᠌ᠴᠠᠭ᠋ᠠᠨ ᠰᠤᠳᠤᠯᠤᠯᠲᠠ ᠵᠢ ᠦᠷᠨᠢᠭᠦᠯᠦᠨ᠎ᠡ;
    (ᠲᠤᠯᠤᠭ᠎ᠠ) ᠲᠤᠯᠭ᠋ᠠᠨ ᠯᠠᠪᠯᠠᠭ᠎ᠠ ᠵᠢ ᠳᠤᠷᠠᠳᠤᠨ᠎ᠠ ;
   (ᠨᠠᠢ᠍ᠮᠠ) ᠣᠨᠴᠠ ᠲᠣᠭᠲᠠᠭᠰᠠᠨ ᠠᠰᠠᠭᠤᠳᠠᠯ᠎ᠤᠨ ᠲᠤᠬᠠᠢ ᠪᠠᠢ᠌ᠴᠠᠭ᠋ᠠᠯᠲᠠ ᠭᠢᠨ᠎ᠠ;
   (ᠶᠢᠰᠦ) ᠲᠤᠰᠢᠶᠠᠯ᠎ᠠᠴᠠ᠎ᠨᠢ ᠤᠭᠴᠠᠷᠠᠭᠤᠯᠭ᠍ᠤ ᠬᠡᠷᠡᠭ᠎ᠢ ᠬᠢᠨᠠᠨ ᠶᠠᠷᠢᠯᠴᠠᠬᠤ ᠪᠠ ᠲᠤᠭᠲᠠᠭ᠋ᠠᠨ᠎ᠠ;
   (ᠠᠷᠪᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠠᠷᠭ᠎ᠠ ᠮᠠᠶᠢᠭ᠃
    ᠵᠢᠷᠭᠤᠭ᠎ᠠ᠂ ᠪᠠᠢ᠌ᠩᠭᠤ ᠵᠢᠨ ᠬᠣᠷᠢᠶᠠᠨ᠎ᠤ ᠳᠣᠲᠣᠭ᠋ᠠᠳᠤ ᠶᠠᠪᠤᠳᠠᠯ᠎ᠤᠨ ᠬᠠᠤᠯᠢ ᠴᠠᠭ᠋ᠠᠵᠠ ᠵᠢᠨ ᠠᠵᠢᠯ᠎ᠤᠨ ᠵᠥᠪᠯᠡᠯ ᠬᠢᠨᠠᠯᠲᠠ ᠲᠠᠯᠪᠢᠭ᠍ᠤ ᠵᠦᠪᠯᠡᠭᠦ ᠵᠦᠢ᠍ᠯᠡᠰ᠎ᠢ ᠦᠨᠳᠦᠰᠦᠯᠡᠨ᠂ ᠬᠡᠷᠡᠭ᠎ᠤᠨ ᠲᠠᠩᠰᠠ ᠵᠢ ᠪᠠᠢ᠌ᠴᠠᠭ᠋ᠠᠨ ᠦᠵᠡᠬᠦ ᠵᠡᠷᠭᠡ ᠭᠡᠯᠪᠡᠷᠢ᠎ᠪᠠᠷ ᠳᠠᠮᠵᠢᠭᠤᠯᠤᠨ᠂ ᠭᠦᠨᠵᠡᠭᠡᠢ ᠨᠠᠷᠢᠯᠢᠭ᠂ ᠪᠢᠯᠵᠤᠤᠬᠠᠢ ᠲᠤᠶᠠᠴᠢᠬᠤ ᠮᠠᠶᠢᠭ ᠵᠢᠡᠷ ᠪᠠᠢ᠌ᠴᠠᠭ᠋ᠠᠨ ᠰᠤᠳᠤᠯᠤᠯᠲᠠ ᠵᠢ ᠥᠷᠨᠢᠭᠦᠯᠬᠦ ᠬᠡᠷᠡᠭᠲᠡᠢ᠃ ᠬᠢᠨᠠᠯᠲᠠ ᠲᠠᠯᠪᠢᠭ᠍ᠤ ᠠᠵᠢᠯ᠎ᠤᠨ ᠬᠡᠷᠡᠭᠴᠡᠭᠡ ᠵᠢ ᠦᠨᠳᠦᠰᠦᠯᠡᠨ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠪᠠᠢ᠌ᠩᠭᠤ ᠵᠢᠨ ᠬᠣᠷᠢᠶᠠᠨ᠎ᠤ ᠪᠦᠷᠢᠯᠳᠦᠭᠦᠨ᠎ᠤ ᠰᠢᠭᠦᠭᠦ ᠲᠢᠩᠬᠢᠮ᠎ᠤᠨ ᠰᠢᠭᠦᠯᠲᠡ ᠵᠢ ᠰᠤᠯᠠ ᠰᠤᠨᠤᠰᠭ᠍ᠤ᠂ ᠬᠠᠤᠯᠢ ᠴᠠᠭ᠋ᠠᠵᠠ ᠵᠢᠨ ᠪᠠᠢ᠌ᠭᠤᠯᠭ᠎ᠠ ᠵᠢᠨ ᠤᠯᠠᠨ ᠨᠡᠢ᠌ᠲᠡ᠎ᠳᠤ   ᠨᠡᠭᠡᠭᠡᠯᠲᠡ ᠬᠢᠬᠦ   ᠡᠳᠦᠷ᠎ᠲᠤ ᠣᠷᠤᠯᠴᠠᠬᠤ ᠵᠡᠷᠭᠡ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠪᠣᠯᠣᠨ᠎ᠠ᠃
    ᠲᠤᠯᠤᠭ᠎ᠠ᠂ ᠪᠠᠢ᠌ᠩᠭᠤ ᠵᠢᠨ ᠬᠣᠷᠢᠶᠠᠨ᠎ᠤ ᠳᠣᠲᠣᠭ᠋ᠠᠳᠤ ᠶᠠᠪᠤᠳᠠᠯ᠎ᠤᠨ ᠬᠠᠤᠯᠢ ᠴᠠᠭ᠋ᠠᠵᠠ ᠵᠢᠨ ᠠᠵᠢᠯ᠎ᠤᠨ ᠵᠥᠪᠯᠡᠯ ᠳᠣᠣᠷᠠᠬᠢ ᠠᠷᠭ᠎ᠠ ᠵᠠᠮ ᠵᠶ᠋ᠠᠷ ᠣᠯᠵᠤ ᠮᠡᠳᠡᠭᠰᠡᠨ ᠠᠰᠠᠭᠤᠳᠠᠯ᠎ᠤᠨ ᠳᠣᠲᠣᠷ᠎ᠠ᠎ᠠᠴᠠ ᠬᠢᠨᠠᠯᠲᠠ ᠲᠠᠯᠪᠢᠭ᠍ᠤ ᠵᠦᠪᠯᠡᠭᠦ ᠵᠦᠢ᠍ᠯᠡᠰ᠎ᠢ ᠳᠤᠷᠠᠳᠴᠤ ᠪᠣᠯᠣᠨ᠎ᠠ᠂ ᠡᠭᠦᠨ᠎ᠢ ᠪᠠᠢ᠌ᠩᠭᠤ ᠵᠢᠨ ᠬᠣᠷᠢᠶᠠᠨ᠎ᠤ ᠡᠷᠭᠢᠯᠡᠭᠴᠢᠳ᠎ᠤᠨ ᠬᠤᠷᠠᠯ᠎ᠠᠴᠠ ᠰᠤᠳᠤᠯᠤᠨ ᠲᠣᠭᠲᠠᠭ᠋ᠠᠨ᠎ᠠ᠄
   (ᠨᠢᠭᠡ)ᠨᠠᠮ᠎ᠤᠨ ᠲᠥᠪ ᠬᠣᠷᠢᠶᠠᠨ᠎ᠤ ᠬᠠᠤᠯᠢ ᠴᠠᠭ᠋ᠠᠵᠠ ᠵᠢᠨ ᠠᠵᠢᠯ᠎ᠤᠨ ᠲᠤᠬᠠᠢ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ;
   (ᠬᠣᠶᠠᠷ) ᠨᠡᠢ᠌ᠭᠡᠮ ᠳᠠᠶᠠᠭ᠋ᠠᠷ᠎ᠤᠨ ᠨᠡᠢ᠌ᠳᠡᠮ ᠠᠩᠬᠠᠷᠴᠤ ᠪᠠᠢ᠌ᠭ᠎ᠠ ᠬᠠᠤᠯᠢ ᠴᠠᠭ᠋ᠠᠵᠠ ᠵᠢᠨ ᠠᠵᠢᠯ᠎ᠤᠨ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ;
   (ᠭᠤᠷᠪᠠ) ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠵᠢᠨ ᠬᠠᠤᠯᠢ ᠴᠠᠭ᠋ᠠᠵᠠ ᠵᠢᠨ ᠠᠵᠢᠯ᠎ᠳᠤ ᠳᠤᠷᠠᠳᠤᠭᠰᠠᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ᠎ᠤᠨ ᠲᠤᠰᠬᠠᠯ ᠨᠡᠯᠢᠶᠡᠳ ᠲᠥᠪᠯᠡᠷᠡᠵᠦ ᠪᠠᠢ᠌ᠭ᠎ᠠ ᠠᠰᠠᠭᠤᠳᠠᠯ;
   (ᠳᠥᠷᠪᠡ) ᠪᠠᠢ᠌ᠩᠭᠤ ᠵᠢᠨ ᠬᠣᠷᠢᠶᠠᠨ᠎ᠤ ᠪᠦᠷᠢᠯᠳᠦᠭᠦᠨ ᠨᠠᠷ᠎ᠤᠨ ᠬᠠᠤᠯᠢ ᠴᠠᠭ᠋ᠠᠵᠠ ᠵᠢᠨ ᠠᠵᠢᠯ᠎ᠳᠤ ᠳᠤᠷᠠᠳᠤᠭᠰᠠᠨ ᠨᠡᠯᠢᠶᠡᠳ ᠲᠥᠪᠯᠡᠷᠡᠵᠦ ᠪᠠᠢ᠌ᠭ᠎ᠠ ᠠᠰᠠᠭᠤᠳᠠᠯ;
   (ᠲᠠᠪᠤ) ᠬᠠᠤᠯᠢ ᠴᠠᠭ᠋ᠠᠵᠠ ᠵᠢᠨ ᠬᠢᠨᠠᠯᠲᠠ ᠲᠠᠯᠪᠢᠭ᠍ᠤ ᠠᠵᠢᠯ ᠳᠤᠮᠳᠠ ᠣᠯᠵᠤ ᠮᠡᠳᠡᠭᠰᠡᠨ ᠲᠣᠪᠣᠢ᠌ᠮ᠎ᠠ ᠠᠰᠠᠭᠤᠳᠠᠯ;
   (ᠵᠢᠷᠭᠤᠭ᠎ᠠ)ᠠᠷᠠᠳ ᠤᠯᠠᠨ᠎ᠤ ᠵᠠᠬᠢᠳᠠᠯ ᠰᠤᠷᠪᠤᠯᠵᠢᠯᠠᠯ ᠵᠢᠡᠷ ᠲᠤᠰᠬᠠᠭᠰᠠᠨ ᠬᠠᠤᠯᠢ ᠴᠠᠭ᠋ᠠᠵᠠ ᠵᠢᠨ ᠠᠵᠢᠯ᠎ᠳᠤ ᠣᠷᠣᠰᠢᠵᠤ ᠪᠠᠢ᠌ᠭ᠎ᠠ ᠲᠣᠪᠣᠢ᠌ᠮ᠎ᠠ ᠠᠰᠠᠭᠤᠳᠠᠯ;
   (ᠳᠤᠯᠤᠭ᠎ᠠ) ᠪᠤᠰᠤᠳ ᠠᠷᠭ᠎ᠠ ᠵᠠᠮ ᠵᠶ᠋ᠠᠷ ᠲᠤᠰᠬᠠᠭᠰᠠᠨ ᠴᠢᠬᠤᠯᠠ ᠶᠡᠬᠡ ᠠᠰᠠᠭᠤᠳᠠᠯ᠃
    ᠨᠠᠢ᠍ᠮᠠ᠂ ᠪᠠᠢ᠌ᠩᠭᠤ ᠵᠢᠨ ᠬᠣᠷᠢᠶ᠎ᠠ᠎ᠠᠴᠠ ᠰᠤᠨᠤᠰᠭ᠍ᠤ ᠪᠠ ᠬᠢᠨᠠᠨ ᠵᠥᠪᠯᠡᠵᠦ ᠭᠣᠣᠯᠳᠠᠯᠭ᠎ᠠ᠎ᠲᠠᠢ ᠬᠢᠨᠠᠯᠲᠠ ᠲᠠᠯᠪᠢᠭ᠍ᠤ ᠵᠦᠢ᠍ᠯᠡᠰ᠎ᠲᠤ ᠣᠷᠣᠭᠤᠯᠤᠭᠰᠠᠨ ᠬᠠᠤᠯᠢ ᠴᠠᠭ᠋ᠠᠵᠠ ᠵᠢᠨ ᠲᠤᠰᠬᠠᠢ ᠠᠵᠢᠯ᠎ᠤᠨ ᠮᠡᠳᠡᠭᠦᠯᠦᠯᠲᠡ ᠵᠢ ᠡᠷᠭᠢᠯᠡᠭᠴᠢᠳ᠎ᠤᠨ ᠬᠤᠷᠠᠯ᠎ᠠᠴᠠ ᠲᠤᠰᠬᠠᠢ ᠰᠡᠳᠦᠪ ᠵᠢᠡᠷ ᠯᠠᠪᠯᠠᠨ ᠠᠰᠠᠭᠤᠬᠤ ᠪᠤᠶᠤ ᠬᠠᠨᠤᠮᠵᠢ ᠵᠢᠨ ᠬᠡᠮᠵᠢᠶ᠎ᠡ ᠵᠢ ᠰᠢᠯᠭ᠋ᠠᠨ ᠦᠨᠡᠯᠡᠭᠦ ᠠᠵᠢᠯ᠎ᠢ ᠥᠷᠨᠢᠭᠦᠯᠬᠦ᠎ᠪᠠᠷ ᠲᠣᠭᠲᠠᠭ᠋ᠠᠵᠤ ᠪᠣᠯᠣᠨ᠎ᠠ᠃
    ᠪᠠᠢ᠌ᠩᠭᠤ ᠵᠢᠨ ᠬᠣᠷᠢᠶᠠᠨ᠎ᠤ ᠪᠦᠭᠦ ᠪᠦᠷᠢᠯᠳᠦᠭᠦᠨ᠎ᠤ ᠬᠠᠭ᠋ᠠᠰ᠎ᠠᠴᠠ ᠳᠡᠭᠡᠭᠰᠢᠬᠢ᠎ᠨᠢ ᠬᠠᠤᠯᠢ ᠴᠠᠭ᠋ᠠᠵᠠ ᠵᠢᠨ ᠲᠤᠰᠬᠠᠢ ᠠᠵᠢᠯ᠎ᠤᠨ ᠮᠡᠳᠡᠭᠦᠯᠦᠯᠲᠡ᠎ᠳᠤ ᠬᠠᠨᠤᠮᠵᠢ ᠦᠭᠡᠢ ᠪᠠᠢ᠌ᠪᠠᠯ᠂ ᠪᠠᠢ᠌ᠩᠭᠤ ᠵᠢᠨ ᠬᠣᠷᠢᠶ᠎ᠠ᠎ᠠᠴᠠ ᠮᠡᠳᠡᠭᠦᠯᠦᠭᠰᠡᠨ ᠪᠠᠢ᠌ᠭᠤᠯᠭ᠎ᠠ ᠳ᠋ᠤ᠋ ᠬᠤᠭᠤᠴᠠᠭ᠎ᠠ ᠲᠣᠭᠲᠠᠭ᠋ᠠᠨ ᠴᠡᠭᠴᠡᠯᠡᠨ ᠰᠠᠢ᠌ᠵᠢᠷᠠᠭᠤᠯᠬᠤ᠎ᠪᠠᠷ ᠳᠠᠭ᠋ᠠᠭ᠋ᠠᠯᠭ᠋ᠠᠬᠤ ᠵᠢᠨ ᠬᠠᠮᠲᠤ ᠲᠠᠭᠢᠵᠤ ᠮᠡᠳᠡᠭᠦᠯᠦᠭᠦᠯᠦᠨ᠎ᠡ᠃
    ᠶᠢᠰᠦ᠂ ᠪᠠᠢ᠌ᠩᠭᠤ ᠵᠢᠨ ᠬᠣᠷᠢᠶ᠎ᠠ᠎ᠠᠴᠠ ᠬᠠᠤᠯᠢ ᠴᠠᠭ᠋ᠠᠵᠠ ᠵᠢᠨ ᠪᠠᠢ᠌ᠭᠤᠯᠭ᠎ᠠ ᠵᠢᠨ ᠲᠤᠰᠬᠠᠢ ᠠᠵᠢᠯ᠎ᠤᠨ ᠮᠡᠳᠡᠭᠦᠯᠦᠯᠲᠡ᠂ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢᠨ ᠮᠡᠳᠡᠭᠦᠯᠦᠯᠲᠡ ᠵᠢ ᠬᠢᠨᠠᠨ ᠵᠥᠪᠯᠡᠭᠰᠡᠨ ᠰᠠᠨᠠᠯ ᠡᠰᠡᠬᠦᠯ᠎ᠡ ᠰᠢᠨᠵᠢᠯᠡᠨ ᠪᠠᠢ᠌ᠴᠠᠭ᠋ᠠᠬᠤ᠂ ᠪᠠᠢ᠌ᠴᠠᠭ᠋ᠠᠨ ᠰᠤᠳᠤᠯᠬᠤ ᠳᠤᠮᠳᠠ ᠳᠤᠷᠠᠳᠤᠭᠰᠠᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ᠎ᠢ ᠬᠠᠤᠯᠢ ᠴᠠᠭ᠋ᠠᠵᠠ ᠵᠢᠨ ᠪᠠᠢ᠌ᠭᠤᠯᠭ᠎ᠠ ᠨᠠᠷᠢᠨ ᠬᠢᠨᠠᠮᠠᠭ᠋ᠠᠢ ᠰᠤᠳᠤᠯᠤᠨ ᠰᠢᠢ᠍ᠳᠪᠦᠷᠢᠯᠡᠬᠦ ᠬᠡᠷᠡᠭᠲᠡᠢ ᠪᠥᠭᠡᠳ ᠲᠣᠭᠲᠠᠭᠰᠠᠨ ᠬᠤᠭᠤᠴᠠᠭ᠋ᠠᠨ ᠳᠣᠲᠣᠷ᠎ᠠ ᠪᠠᠢ᠌ᠩᠭᠤ ᠵᠢᠨ ᠬᠣᠷᠢᠶ᠎ᠠ᠎ᠳᠤ ᠰᠤᠳᠤᠯᠤᠨ ᠰᠢᠢ᠍ᠳᠪᠦᠷᠢᠯᠡᠭᠰᠡᠨ ᠪᠠᠢ᠌ᠳᠠᠯ᠎ᠤᠨ ᠮᠡᠳᠡᠭᠦᠯᠦᠯᠲᠡ ᠵᠢ ᠳᠡᠪᠰᠢᠭᠦᠯᠭᠦ ᠬᠡᠷᠡᠭᠲᠡᠢ᠃
    ᠪᠠᠢ᠌ᠩᠭᠤ ᠵᠢᠨ ᠬᠣᠷᠢᠶᠠᠨ᠎ᠤ ᠳᠣᠲᠣᠭ᠋ᠠᠳᠤ ᠶᠠᠪᠤᠳᠠᠯ᠎ᠤᠨ ᠬᠠᠤᠯᠢ ᠴᠠᠭ᠋ᠠᠵᠠ ᠵᠢᠨ ᠠᠵᠢᠯ᠎ᠤᠨ ᠵᠥᠪᠯᠡᠯ᠎ᠠᠴᠠ ᠬᠠᠤᠯᠢ ᠴᠠᠭ᠋ᠠᠵᠠ ᠵᠢᠨ ᠪᠠᠢ᠌ᠭᠤᠯᠭ᠎ᠠ ᠵᠢᠨ ᠬᠢᠨᠠᠨ ᠵᠥᠪᠯᠡᠭᠰᠡᠨ ᠰᠠᠨᠠᠯ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ ᠮᠦᠷᠳᠡᠨ ᠪᠠᠢ᠌ᠴᠠᠭ᠋ᠠᠯᠲᠠ ᠬᠢᠬᠦ ᠵᠢ ᠵᠣᠬᠢᠶᠠᠨ ᠪᠠᠢ᠌ᠭᠤᠯᠭ᠍ᠤ ᠵᠢᠨ ᠬᠠᠮᠲᠤ ᠬᠣᠯᠪᠣᠭᠳᠠᠯ ᠪᠦᠬᠦᠢ ᠪᠠᠢ᠌ᠳᠠᠯ᠎ᠢ ᠡᠷᠭᠢᠯᠡᠭᠴᠢᠳ᠎ᠤᠨ ᠬᠤᠷᠠᠯ᠎ᠳᠤ ᠮᠡᠳᠡᠭᠦᠯᠵᠦ ᠪᠣᠯᠣᠨ᠎ᠠ᠃
    ᠠᠷᠪᠠ᠂ ᠪᠠᠢ᠌ᠩᠭᠤ ᠵᠢᠨ ᠬᠣᠷᠢᠶ᠎ᠠ ᠬᠠᠤᠯᠢ ᠴᠠᠭ᠋ᠠᠵᠠ ᠵᠢᠨ ᠬᠢᠨᠠᠯᠲᠠ ᠲᠠᠯᠪᠢᠭ᠍ᠤ ᠠᠵᠢᠯ᠎ᠤᠨ ᠳᠤᠮᠳᠠ᠎ᠪᠠᠨ ᠢᠯᠡᠷᠡᠭᠦᠯᠦᠭᠰᠡᠨ ᠰᠠᠬᠢᠯᠭ᠎ᠠ ᠪᠠᠲᠤ᠎ᠠᠴᠠ   ᠵᠥᠷᠢᠴᠡᠵᠦ ᠬᠠᠤᠯᠢ᠎ᠠᠴᠠ   ᠵᠥᠷᠢᠴᠡᠭᠰᠡᠨ ᠰᠦᠪᠡᠭᠴᠢ ᠵᠢ ᠬᠣᠯᠪᠣᠭᠳᠠᠯ ᠪᠦᠬᠦᠢ ᠪᠠᠢ᠌ᠭᠤᠯᠭ᠎ᠠ᠎ᠳᠤ ᠲᠤᠰᠢᠶᠠᠵᠤ ᠪᠠᠢ᠌ᠴᠠᠭ᠋ᠠᠨ ᠰᠢᠢ᠍ᠳᠪᠦᠷᠢᠯᠡᠭᠦᠯᠦᠨ᠎ᠡ; ᠬᠠᠮᠢᠶ᠎ᠠ ᠪᠦᠬᠦᠢ ᠠᠵᠢᠯᠲᠠᠨ᠎ᠢ ᠲᠤᠰᠢᠶᠠᠯ᠎ᠠᠴᠠ᠎ᠨᠢ ᠪᠠᠭᠤᠯᠭ᠋ᠠᠬᠤ ᠪᠤᠶᠤ ᠤᠭᠴᠠᠷᠠᠭᠤᠯᠭ᠍ᠤ ᠴᠢᠬᠤᠯᠠᠲᠠᠢ ᠪᠠᠢ᠌ᠪᠠᠯ᠂ ᠲᠡᠭᠦᠨ᠎ᠢ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠵᠠᠷᠯᠠᠨ ᠮᠡᠳᠡᠭᠳᠡᠵᠦ ᠬᠠᠤᠯᠢ ᠶᠣᠰᠣᠭ᠋ᠠᠷ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠡᠷᠬᠡ ᠮᠡᠳᠡᠯ ᠪᠠ ᠲᠠᠰ ᠳᠠᠷᠠᠭ᠋ᠠᠯᠠᠯ ᠶᠣᠰᠣᠭ᠋ᠠᠷ ᠰᠢᠢ᠍ᠳᠪᠦᠷᠢᠯᠡᠭᠦᠯᠦᠨ᠎ᠠ; ᠪᠠᠢ᠌ᠩᠭᠤ ᠵᠢᠨ ᠬᠣᠷᠢᠶ᠎ᠠ᠎ᠠᠴᠠ ᠲᠣᠮᠢᠯᠠᠭᠰᠠᠨ ᠪᠤᠶᠤ ᠲᠣᠮᠢᠯᠠᠬᠤ᠎ᠪᠠᠷ ᠲᠣᠭᠲᠠᠭᠰᠠᠨ ᠬᠠᠤᠯᠢ ᠴᠠᠭ᠋ᠠᠵᠠ ᠵᠢᠨ ᠠᠵᠢᠯᠲᠠᠨ᠎ᠢ ᠲᠤᠰᠢᠶᠠᠯ᠎ᠠᠴᠠ᠎ᠨᠢ ᠪᠠᠭᠤᠯᠭ᠋ᠠᠬᠤ᠂ ᠲᠤᠰᠢᠶᠠᠯ᠎ᠠᠴᠠ᠎ᠨᠢ ᠤᠭᠴᠠᠷᠠᠭᠤᠯᠭ᠍ᠤ ᠳ᠋ᠤ᠋ ᠬᠠᠷᠢᠶᠠᠯᠠᠭᠳᠠᠭᠰᠠᠨ ᠪᠠᠢ᠌ᠪᠠᠯ᠂ ᠪᠠᠢ᠌ᠩᠭᠤ ᠵᠢᠨ ᠬᠣᠷᠢᠶ᠎ᠠ᠎ᠠᠴᠠ ᠬᠠᠤᠯᠢ᠎ᠳᠤ ᠲᠣᠭᠲᠠᠭ᠋ᠠᠭᠰᠠᠨ ᠲᠡᠰ ᠳᠠᠷᠠᠭ᠋ᠠᠯᠠᠯ ᠶᠣᠰᠣᠭ᠋ᠠᠷ ᠰᠢᠢ᠍ᠳᠪᠦᠷᠢᠯᠡᠨ᠎ᠡ᠃
    ᠠᠷᠪᠠᠨ ᠨᠢᠭᠡ᠂ ᠪᠠᠢ᠌ᠩᠭᠤ ᠵᠢᠨ ᠬᠣᠷᠢᠶ᠎ᠠ᠎ᠠᠴᠠ ᠬᠠᠤᠯᠢ ᠴᠠᠭ᠋ᠠᠵᠠ ᠵᠢᠨ ᠪᠠᠢ᠌ᠭᠤᠯᠭ᠎ᠠ ᠵᠢᠴᠢ ᠲᠡᠭᠦᠨ᠎ᠤ ᠠᠵᠢᠯᠲᠠᠨ᠎ᠤ ᠰᠢᠢ᠍ᠳᠪᠦᠷᠢ᠂ ᠲᠣᠭᠲᠠᠭ᠋ᠠᠯ᠎ᠢ ᠭᠦᠢ᠍ᠴᠡᠳᠬᠡᠬᠦ ᠵᠢ ᠰᠠᠭ᠋ᠠᠲᠠᠭ᠋ᠠᠭᠰᠠᠨ ᠠᠵᠢᠯᠯᠠᠭ᠎ᠠ ᠵᠢᠨ ᠠᠳᠠᠯᠢ ᠪᠤᠰᠤ ᠪᠠᠢ᠌ᠳᠠᠯ᠎ᠢ ᠦᠨᠳᠦᠰᠦᠯᠡᠨ᠂ ᠲᠤᠰ ᠲᠤᠰ ᠳᠣᠣᠷᠠᠬᠢ ᠮᠡᠲᠦ᠎ᠪᠠᠷ ᠰᠢᠢ᠍ᠳᠪᠦᠷᠢᠯᠡᠵᠦ ᠪᠣᠯᠣᠨ᠎ᠠ᠄
    (ᠨᠢᠭᠡ) ᠬᠣᠯᠪᠣᠭᠳᠠᠯ ᠪᠦᠬᠦᠢ ᠪᠠᠢ᠌ᠭᠤᠯᠭ᠎ᠠ᠎ᠳᠤ ᠳᠠᠭ᠋ᠠᠭ᠋ᠠᠯᠭ᠋ᠠᠵᠤ ᠪᠢᠴᠢᠭ ᠵᠶ᠋ᠡᠷ ᠲᠣᠳᠣᠷᠬᠠᠢ᠌ᠯᠠᠯᠲᠠ ᠭᠢᠯᠭᠡᠨ᠎ᠡ;
    (ᠬᠣᠶᠠᠷ) ᠬᠣᠯᠪᠣᠭᠳᠠᠯ ᠪᠦᠬᠦᠢ ᠪᠠᠢ᠌ᠭᠤᠯᠭ᠎ᠠ᠎ᠳᠤ ᠲᠤᠯᠭ᠋ᠠᠨ ᠯᠠᠪᠯᠠᠭ᠎ᠠ ᠲᠤᠷᠠᠳᠤᠨ᠎ᠠ;
    (ᠭᠤᠷᠪᠠ) ᠪᠠᠢ᠌ᠩᠭᠤ ᠵᠢᠨ ᠬᠣᠷᠢᠶᠠᠨ᠎ᠤ ᠲᠣᠮᠢᠯᠠᠭᠰᠠᠨ ᠪᠤᠶᠤ ᠲᠣᠮᠢᠯᠠᠬᠤ᠎ᠪᠠᠷ ᠲᠣᠭᠲᠠᠭᠰᠠᠨ ᠬᠠᠤᠯᠢ ᠴᠠᠭ᠋ᠠᠵᠠ ᠵᠢᠨ ᠠᠵᠢᠯᠲᠠᠨ᠎ᠢ ᠬᠠᠤᠯᠢ ᠶᠣᠰᠣᠭ᠋ᠠᠷ ᠲᠤᠰᠢᠶᠠᠯ᠎ᠠᠴᠠ᠎ᠨᠢ ᠪᠠᠭᠤᠯᠭ᠋ᠠᠬᠤ᠂ ᠲᠤᠰᠢᠶᠠᠯ᠎ᠠᠴᠠ᠎ᠨᠢ ᠤᠭᠴᠠᠷᠠᠭᠤᠯᠭ᠍ᠤ ᠵᠢ ᠲᠤᠭᠲᠠᠭ᠋ᠠᠨ᠎ᠠ;
    (ᠳᠥᠷᠪᠡ) ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠰᠣᠩᠭᠣᠭᠤᠯᠢ᠎ᠪᠠᠷ ᠰᠣᠩᠭᠣᠵᠤ ᠭᠠᠷᠭ᠋ᠠᠭᠰᠠᠨ ᠬᠠᠤᠯᠢ ᠴᠠᠭ᠋ᠠᠵᠠ ᠵᠢᠨ ᠠᠵᠢᠯᠲᠠᠨ᠎ᠢ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠳᠤ ᠬᠠᠤᠯᠢ ᠶᠣᠰᠣᠭ᠋ᠠᠷ ᠲᠤᠰᠢᠶᠠᠯ᠎ᠠᠴᠠ᠎ᠨᠢ ᠤᠭᠴᠠᠷᠠᠭᠤᠯᠭ᠍ᠤ ᠳᠤᠷᠠᠳᠤᠯᠭ᠎ᠠ ᠭᠠᠷᠭ᠋ᠠᠨ᠎ᠠ᠃
    ᠬᠠᠤᠯᠢ ᠴᠠᠭ᠋ᠠᠵᠠ ᠵᠢᠨ ᠪᠠᠢ᠌ᠭᠤᠯᠭ᠎ᠠ ᠪᠠᠢ᠌ᠩᠭᠤ ᠵᠢᠨ ᠬᠣᠷᠢᠶᠠᠨ᠎ᠤ ᠬᠢᠨᠠᠨ ᠵᠥᠪᠯᠡᠭᠰᠡᠨ ᠰᠠᠨᠠᠯ᠎ᠢ ᠰᠤᠳᠤᠯᠬᠤ ᠦᠭᠡᠢ ᠪᠤᠶᠤ ᠬᠢᠨᠠᠮᠠᠭ᠋ᠠᠢ ᠰᠤᠳᠤᠯᠤᠨ ᠰᠢᠢ᠍ᠳᠪᠦᠷᠢᠯᠡᠬᠦ ᠦᠭᠡᠢ ᠵᠡᠷᠭᠡ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠴᠠᠭ᠋ᠠᠵᠠ ᠵᠢᠨ ᠬᠢᠨᠠᠯᠲᠠ ᠲᠠᠯᠪᠢᠭ᠍ᠤ ᠡᠷᠬᠡ ᠲᠤᠰᠢᠶᠠᠯ ᠵᠶ᠋ᠠᠨ ᠬᠠᠤᠯᠢ ᠶᠣᠰᠣᠭ᠋ᠠᠷ ᠬᠡᠷᠡᠭᠵᠢᠭᠦᠯᠬᠦ ᠵᠢ ᠬᠠᠷᠰᠢᠯᠠᠭᠰᠠᠨ ᠪᠠᠢ᠌ᠪᠠᠯ᠂ ᠡᠮᠦᠨᠡᠬᠢ ᠵᠤᠷᠪᠤᠰ᠎ᠤᠨ  (ᠨᠢᠭᠡ)᠂ (ᠬᠣᠶᠠᠷ) ᠳ᠋ᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃
    ᠠᠷᠪᠠᠨ ᠬᠣᠶᠠᠷ᠂ ᠪᠠᠢ᠌ᠩᠭᠤ ᠵᠢᠨ ᠬᠣᠷᠢᠶᠠᠨ᠎ᠤ ᠳᠣᠲᠣᠭ᠋ᠠᠳᠤ ᠶᠠᠪᠤᠳᠠᠯ᠎ᠤᠨ ᠬᠠᠤᠯᠢ ᠴᠠᠭ᠋ᠠᠵᠠ ᠵᠢᠨ ᠠᠵᠢᠯ᠎ᠤᠨ ᠵᠥᠪᠯᠡᠯ   ᠬᠠᠤᠯᠢ ᠴᠠᠭ᠋ᠠᠵᠠ ᠵᠢᠨ ᠪᠠᠢ᠌ᠭᠤᠯᠭ᠎ᠠ᠎ᠯᠤᠭ᠎ᠠ ᠵᠢᠨ ᠨᠡᠪᠲᠡᠷᠡᠯᠴᠡᠭᠡ ᠬᠠᠷᠢᠯᠴᠠᠭ᠎ᠠ᠎ᠪᠠᠨ ᠴᠢᠩᠭ᠋ᠠᠳᠬᠠᠵᠤ᠂ ᠬᠠᠮᠲᠤᠷᠠᠭᠰᠠᠨ ᠬᠤᠷᠠᠯ᠎ᠤᠨ ᠳᠦᠷᠢᠮ᠎ᠢ ᠪᠠᠢ᠌ᠭᠤᠯᠤᠨ᠂ ᠬᠠᠤᠯᠢ ᠴᠠᠭ᠋ᠠᠵᠠ ᠵᠢᠨ ᠬᠢᠨᠠᠯᠲᠠ ᠲᠠᠯᠪᠢᠭ᠍ᠤ ᠠᠵᠢᠯ᠎ᠤᠨ ᠳᠤᠮᠳᠠᠬᠢ ᠲᠣᠪᠣᠢ᠌ᠮ᠎ᠠ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠨ᠎ᠡ᠃
    ᠠᠷᠪᠠᠨ ᠭᠤᠷᠪᠠ᠂ ᠪᠠᠢ᠌ᠩᠭᠤ ᠵᠢᠨ ᠬᠣᠷᠢᠶ᠎ᠠ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ᠎ᠤᠨ ᠬᠠᠤᠯᠢ ᠴᠠᠭ᠋ᠠᠵᠠ ᠵᠢᠨ ᠬᠢᠨᠠᠯᠲᠠ ᠲᠠᠯᠪᠢᠭ᠍ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ᠎ᠢ ᠡᠮᠬᠢ ᠵᠢᠷᠤᠮ᠎ᠲᠠᠢ᠎ᠪᠠᠷ ᠵᠣᠬᠢᠶᠠᠨ ᠪᠠᠢ᠌ᠭᠤᠯᠵᠤ ᠪᠦᠭᠦ ᠶᠠᠪᠤᠴᠠ᠎ᠳᠤ ᠬᠠᠤᠯᠢ ᠴᠠᠭ᠋ᠠᠵᠠ ᠵᠢᠨ ᠬᠢᠨᠠᠯᠲᠠ ᠲᠠᠯᠪᠢᠭ᠍ᠤ ᠠᠵᠢᠯ᠎ᠳᠤ ᠣᠷᠣᠯᠴᠠᠭᠤᠯᠵᠤ᠂ ᠲᠥᠯᠥᠭᠡᠯᠡᠭᠴᠢᠳ᠎ᠤᠨ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠨᠡᠩ ᠰᠠᠢ᠌ᠨ ᠭᠦᠢ᠍ᠴᠡᠳᠬᠡᠬᠦ ᠵᠢ ᠲᠡᠮᠵᠢᠨ ᠪᠠᠲᠤᠯᠠᠨ᠎ᠠ᠃ ᠠᠷᠠᠳ ᠤᠯᠠᠨ᠎ᠤ ᠲᠤᠰᠬᠠᠯ ᠶᠡᠬᠡᠲᠡᠢ ᠬᠠᠤᠯᠢ ᠬᠡᠷᠡᠭᠵᠢᠭᠦᠯᠬᠦ ᠬᠠᠤᠯᠢ ᠴᠠᠭ᠋ᠠᠵᠠ ᠵᠢᠨ ᠠᠰᠠᠭᠤᠳᠠᠯ᠎ᠳᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠬᠠᠤᠯᠢ ᠴᠠᠭ᠋ᠠᠵᠠ ᠵᠢᠨ ᠪᠠᠢ᠌ᠭᠤᠯᠭ᠎ᠠ᠎ᠳᠤ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠳᠤᠷᠠᠳᠴᠤ ᠪᠣᠯᠣᠨ᠎ᠠ᠂ ᠪᠠᠰᠠ ᠪᠠᠢ᠌ᠩᠭᠤ ᠵᠢᠨ ᠬᠣᠷᠢᠶᠠᠨ᠎ᠤ ᠳᠣᠲᠣᠭ᠋ᠠᠳᠤ ᠶᠠᠪᠤᠳᠠᠯ᠎ᠤᠨ ᠬᠠᠤᠯᠢ ᠴᠠᠭ᠋ᠠᠵᠠ ᠵᠢᠨ ᠠᠵᠢᠯ᠎ᠤᠨ ᠵᠥᠪᠯᠡᠯ ᠳ᠋ᠦ᠋ ᠤᠯᠠᠨ ᠵᠦᠢ᠍ᠯ᠎ᠤᠨ ᠠᠷᠭ᠎ᠠ ᠭᠡᠯᠪᠡᠷᠢ᠎ᠪᠠᠷ ᠬᠢᠨᠠᠯᠲᠠ ᠲᠠᠯᠪᠢᠭ᠍ᠤ ᠵᠢ ᠰᠠᠨᠠᠭᠤᠯᠵᠤ ᠪᠣᠯᠣᠨ᠎ᠠ᠃ ᠬᠠᠤᠯᠢ ᠴᠠᠭ᠋ᠠᠵᠠ ᠵᠢᠨ ᠪᠠᠢ᠌ᠭᠤᠯᠭ᠎ᠠ᠎ᠠᠴᠠ   ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠵᠢᠨ ᠳᠤᠷᠠᠳᠤᠭᠰᠠᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ᠎ᠢ ᠨᠠᠷᠢᠨ ᠬᠢᠨᠠᠮᠠᠭ᠋ᠠᠢ ᠰᠤᠳᠤᠯᠵᠤ᠂ ᠰᠢᠢ᠍ᠳᠪᠦᠷᠢᠯᠡᠭᠰᠡᠨ ᠪᠠᠢ᠌ᠳᠠᠯ ᠳ᠋ᠤ᠋ ᠴᠠᠭ ᠲᠤᠬᠠᠢ᠎ᠳᠤᠨᠢ ᠬᠠᠷᠢᠭᠤᠯᠲᠠ ᠦᠭᠭᠦ ᠬᠡᠷᠡᠭᠲᠡᠢ᠃
    ᠠᠷᠪᠠᠨ ᠳᠥᠷᠪᠡ᠂ ᠬᠠᠤᠯᠢ ᠴᠠᠭ᠋ᠠᠵᠠ ᠵᠢᠨ ᠪᠠᠢ᠌ᠭᠤᠯᠭ᠎ᠠ ᠪᠠᠢ᠌ᠩᠭᠤ ᠵᠢᠨ ᠬᠣᠷᠢᠶᠠᠨ᠎ᠤ ᠬᠠᠤᠯᠢ ᠴᠠᠭ᠋ᠠᠵᠠ ᠵᠢᠨ ᠬᠢᠨᠠᠯᠲᠠ ᠲᠠᠯᠪᠢᠭ᠍ᠤ ᠠᠵᠢᠯ᠎ᠤᠨ ᠳᠤᠮᠳᠠ ᠢᠯᠡᠷᠡᠭᠦᠯᠦᠭᠰᠡᠨ ᠬᠠᠤᠯᠢ ᠬᠡᠷᠡᠭᠵᠢᠭᠦᠯᠵᠦ ᠬᠠᠤᠯᠢ ᠪᠠᠷᠢᠬᠤ ᠠᠵᠢᠯ᠎ᠨᠢ ᠵᠢᠷᠤᠮᠵᠢᠩᠭᠤᠢ ᠪᠤᠰᠤ᠂ ᠭᠤᠤᠯᠴᠢ ᠪᠤᠰᠤ᠂ ᠲᠥᠪ ᠪᠤᠰᠤ ᠪᠠᠢ᠌ᠬᠤ ᠲᠠᠯ᠎ᠠ ᠵᠢᠨ ᠠᠰᠠᠭᠤᠳᠠᠯ᠎ᠢ ᠪᠠᠢ᠌ᠩᠭᠤ ᠵᠢᠨ ᠬᠣᠷᠢᠶ᠎ᠠ ᠳ᠋ᠤ᠋ ᠰᠢᠢ᠍ᠳᠪᠦᠷᠢᠯᠡᠭᠰᠡᠨ ᠦᠷ᠎ᠡ ᠳ᠋ᠦᠩ ᠵᠶ᠋ᠡᠨ ᠴᠠᠭ ᠲᠤᠬᠠᠢ᠎ᠳᠤᠨᠢ ᠮᠡᠳᠡᠭᠦᠯᠭᠦ ᠬᠡᠷᠡᠭᠲᠡᠢ᠃
    ᠬᠠᠤᠯᠢ ᠴᠠᠭ᠋ᠠᠵᠠ ᠵᠢᠨ ᠪᠠᠢ᠌ᠭᠤᠯᠭ᠎ᠠ ᠵᠢᠨ ᠲᠣᠭᠲᠠᠭ᠋ᠠᠭᠰᠠᠨ ᠴᠢᠬᠤᠯᠠ ᠠᠵᠢᠯ᠎ᠤᠨ ᠳᠦᠷᠢᠮ᠂ ᠣᠨ᠎ᠤ ᠠᠵᠢᠯ᠎ᠤᠨ ᠮᠡᠳᠡᠭᠦᠯᠦᠯᠲᠡ᠎ᠪᠠᠨ ᠪᠠᠢ᠌ᠩᠭᠤ ᠵᠢᠨ ᠬᠣᠷᠢᠶ᠎ᠠ᠎ᠳᠤ ᠴᠠᠭ ᠲᠤᠬᠠᠢ᠎ᠳᠤᠨᠢ ᠮᠡᠳᠡᠭᠦᠯᠦᠨ ᠭᠦᠷᠭᠡᠭᠦ ᠬᠡᠷᠡᠭᠲᠡᠢ᠃
    ᠠᠷᠪᠠᠨ ᠲᠠᠪᠤ᠂ ᠬᠠᠤᠯᠢ ᠴᠠᠭ᠋ᠠᠵᠠ ᠵᠢᠨ ᠪᠠᠢ᠌ᠭᠤᠯᠭ᠎ᠠ ᠳᠣᠣᠷᠠᠬᠢ ᠴᠢᠬᠤᠯᠠ ᠶᠡᠬᠡ ᠤᠴᠢᠷ ᠶᠠᠪᠤᠳᠠᠯ ᠡᠭᠦᠰᠦᠭᠰᠡᠨ ᠡᠳᠦᠷ᠎ᠠᠴᠠ ᠡᠬᠢᠯᠡᠨ ᠠᠷᠪᠠᠨ ᠲᠠᠪᠤᠨ ᠡᠳᠦᠷ᠎ᠤᠨ ᠳᠣᠲᠣᠷ᠎ᠠ ᠪᠠᠢ᠌ᠩᠭᠤ ᠵᠢᠨ ᠬᠣᠷᠢᠶ᠎ᠠ᠎ᠳᠤ ᠪᠠᠢ᠌ᠳᠠᠯ ᠵᠶ᠋ᠠᠨ ᠮᠡᠳᠡᠭᠦᠯᠭᠦ ᠬᠡᠷᠡᠭᠲᠡᠢ᠄
    (ᠨᠢᠭᠡ)ᠦᠨᠳᠦᠰᠦᠨ ᠬᠠᠤᠯᠢ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠳᠡᠭᠡᠳᠦ ᠱᠠᠲᠤᠨ᠎ᠤ ᠪᠠ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠢᠴᠢ ᠲᠡᠭᠦᠨ᠎ᠤ ᠪᠠᠢ᠌ᠩᠭᠤ ᠵᠢᠨ ᠬᠣᠷᠢᠶᠠᠨ᠎ᠤ ᠰᠢᠢ᠍ᠳᠪᠦᠷᠢ᠂ ᠲᠣᠭᠲᠠᠭ᠋ᠠᠯ᠎ᠢ ᠲᠤᠭᠤᠰᠢᠯᠠᠭᠤᠯᠤᠨ ᠬᠡᠷᠡᠭᠵᠢᠭᠦᠯᠬᠦ ᠵᠢᠨ ᠲᠥᠯᠥᠭᠡ ᠠᠪᠤᠭᠰᠠᠨ ᠴᠢᠬᠤᠯᠠ ᠶᠡᠬᠡ ᠠᠷᠭ᠎ᠠ ᠭᠡᠮᠵᠢᠶ᠎ᠡ;
    (ᠬᠣᠶᠠᠷ) ᠪᠠᠢ᠌ᠴᠠᠭ᠋ᠠᠬᠤ ᠪᠠᠢ᠌ᠭᠤᠯᠭ᠎ᠠ ᠲᠦᠷᠦ ᠵᠢᠨ ᠡᠷᠬᠡᠲᠦ ᠪᠠᠢ᠌ᠭᠤᠯᠭ᠎ᠠ᠎ᠠᠴᠠ ᠬᠢᠨᠠᠯᠲᠠ ᠲᠠᠯᠪᠢᠭ᠍ᠤ ᠶᠣᠰᠣᠲᠠᠢ ᠦᠨᠳᠦᠰᠦᠨ ᠬᠠᠤᠯᠢ ᠪᠠ ᠬᠠᠤᠯᠢ ᠴᠠᠭ᠋ᠠᠵᠠ ᠵᠢ ᠵᠥᠷᠢᠴᠡᠭᠰᠡᠨ ᠬᠦᠨᠳᠦ ᠶᠡᠬᠡ ᠤᠴᠢᠷ ᠶᠠᠪᠤᠳᠠᠯ᠎ᠢ ᠢᠯᠡᠷᠡᠭᠦᠯᠦᠭᠰᠡᠨ;
    (ᠭᠤᠷᠪᠠ) ᠬᠠᠤᠯᠢ ᠴᠠᠭ᠋ᠠᠵᠠ ᠵᠢᠨ ᠬᠦᠨᠳᠦ ᠶᠡᠬᠡ ᠠᠯᠳᠠᠭ᠎ᠠ ᠪᠤᠷᠤᠭᠤ ᠭᠠᠷᠭ᠋ᠠᠭᠰᠠᠨ ᠬᠡᠷᠡᠭ᠎ᠨᠢ ᠨᠡᠬᠡᠮᠵᠢᠯᠡᠭᠳᠡᠭᠰᠡᠨ ᠪᠤᠶᠤ ᠰᠢᠢ᠍ᠳᠪᠦᠷᠢᠯᠡᠭᠰᠡᠨ ᠬᠠᠤᠯᠢ ᠴᠠᠭ᠋ᠠᠵᠠ ᠵᠢᠨ ᠬᠡᠷᠡᠭ᠎ᠨᠢ ᠤᠯᠤᠰ᠎ᠤᠨ ᠲᠥᠯᠥᠪᠦᠷᠢ ᠵᠢᠨ ᠬᠠᠷᠢᠭᠤᠴᠠᠯᠭ᠎ᠠ ᠡᠭᠦᠷᠭᠡᠯᠡᠬᠦ᠎ᠪᠠᠷ ᠲᠤᠭᠳᠠᠭ᠋ᠠᠭᠳᠠᠭᠰᠠᠨ;
    (ᠳᠥᠷᠪᠡ) ᠪᠠᠢ᠌ᠩᠭᠤ ᠵᠢᠨ ᠬᠣᠷᠢᠶᠠᠨ᠎ᠠᠴᠠ ᠲᠣᠮᠢᠯᠠᠭᠰᠠᠨ ᠬᠠᠤᠯᠢ ᠴᠠᠭ᠋ᠠᠵᠠ ᠵᠢᠨ ᠠᠵᠢᠯᠲᠠᠨ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠬᠦᠨᠳᠦ ᠨᠣᠴᠢᠲᠠᠢ ᠵᠥᠷᠢᠴᠡᠭᠰᠡᠨ ᠪᠤᠶᠤ ᠶᠠᠯ᠎ᠠ ᠬᠢᠭᠰᠡᠨ᠎ᠠᠴᠠ ᠪᠣᠯᠵᠤ ᠨᠡᠭᠡᠮᠵᠢᠯᠡᠭᠳᠡᠭᠰᠡᠨ;
     (ᠲᠠᠪᠤ) ᠬᠠᠤᠯᠢ ᠴᠠᠭ᠋ᠠᠵᠠ ᠵᠢᠨ ᠪᠠᠢ᠌ᠭᠤᠯᠭ᠎ᠠ᠎ᠠᠴᠠ ᠮᠡᠳᠡᠭᠦᠯᠭᠦ ᠴᠢᠬᠤᠯᠠᠲᠠᠢ ᠭᠡᠵᠦ ᠦᠵᠡᠭᠰᠡᠨ ᠪᠤᠰᠤᠳ ᠴᠢᠬᠤᠯᠠ ᠶᠡᠬᠡ ᠤᠴᠢᠷ ᠶᠠᠪᠤᠳᠠᠯ᠃
    ᠠᠷᠪᠠᠨ ᠵᠢᠷᠭᠤᠭ᠎ᠠ᠂ ᠪᠠᠢ᠌ᠩᠭᠤ ᠵᠢᠨ ᠬᠣᠷᠢᠶᠠᠨ᠎ᠤ ᠪᠦᠷᠢᠯᠳᠦᠭᠦᠨ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠪᠠ ᠬᠣᠯᠪᠣᠭᠳᠠᠯ ᠪᠦᠬᠦᠢ ᠠᠵᠢᠯᠲᠠᠨ ᠬᠢᠨᠠᠯᠲᠠ ᠲᠠᠯᠪᠢᠭ᠍ᠤ ᠵᠦᠢ᠍ᠯᠡᠰ᠎ᠲᠠᠢ ᠠᠰᠢᠭ ᠬᠣᠣᠷ᠎ᠤᠨ ᠬᠠᠷᠢᠴᠠᠭ᠎ᠠ᠎ᠲᠠᠢ ᠪᠠᠢ᠌ᠪᠠᠯ ᠵᠠᠢ᠌ᠯᠠᠬᠤ ᠭᠡᠷᠡᠭᠳᠡᠢ; ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠭᠰᠡᠨ᠂ ᠡᠷᠬᠡ᠎ᠪᠠᠨ ᠠᠰᠢᠭᠯᠠᠨ ᠠᠮᠢ᠎ᠪᠠᠨ ᠪᠣᠷᠳᠣᠭᠰᠠᠨ᠂ ᠬᠤᠪᠢ ᠵᠢᠨ ᠨᠠᠢ᠌ᠷ ᠵᠶ᠋ᠠᠷ ᠬᠠᠤᠯᠢ ᠶᠣᠰᠣ ᠵᠢ ᠵᠥᠷᠢᠴᠡᠭᠰᠡᠨ᠂ ᠨᠢᠭᠤᠴᠠ ᠵᠢ ᠵᠠᠳᠠᠷᠠᠭᠤᠯᠤᠭᠰᠠᠨ ᠵᠡᠷᠭᠡ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ ᠪᠠᠢ᠌ᠪᠠᠯ᠂ ᠬᠣᠯᠪᠣᠭᠳᠠᠯ ᠪᠦᠬᠦᠢ ᠪᠠᠢ᠌ᠭᠤᠯᠭ᠎ᠠ᠎ᠠᠴᠠ ᠬᠠᠤᠯᠢ ᠶᠣᠰᠣᠭ᠋ᠠᠷ ᠬᠠᠷᠠᠭ᠋ᠠᠯᠵᠠᠭᠰᠠᠨ ᠬᠠᠷᠢᠭᠤᠴᠠᠯᠭ᠎ᠠ ᠨᠡᠬᠡᠮᠵᠢᠯᠡᠨ᠎ᠡ᠃
    ᠠᠷᠪᠠᠨ ᠲᠤᠯᠤᠭ᠎ᠠ᠂ ᠲᠠᠪᠤᠳᠤᠭ᠋ᠠᠷ ᠵᠦᠢ᠍ᠯ᠎ᠳᠤ ᠲᠣᠭᠲᠠᠭ᠋ᠠᠭᠰᠠᠨ ᠬᠠᠤᠯᠢ ᠴᠠᠭ᠋ᠠᠵᠠ ᠵᠢᠨ ᠬᠢᠨᠠᠯᠲᠠ ᠲᠠᠯᠪᠢᠭ᠍ᠤ ᠠᠵᠢᠯ᠎ᠤᠨ ᠠᠷᠭ᠎ᠠ ᠭᠡᠯᠪᠡᠷᠢ ᠵᠢ ᠪᠣᠳᠠᠲᠠᠢ ᠬᠡᠷᠡᠭᠯᠡᠬᠦ᠎ᠳᠤ ᠪᠠᠢ᠌ᠩᠭᠤ ᠵᠢᠨ ᠬᠣᠷᠢᠶᠠᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠵᠦ ᠪᠣᠯᠣᠨ᠎ᠠ᠃
      ᠠᠷᠪᠠᠨ ᠨᠠᠢ᠍ᠮᠠ᠂ ᠲᠤᠰ ᠲᠣᠭᠲᠠᠭ᠋ᠠᠯ᠎ᠢ ᠨᠡᠢ᠌ᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄
          
ᠬᠠᠮᠢᠶ᠎ᠡ ᠪᠦᠬᠦᠢ ᠰᠣᠨᠢᠨ
 
            