ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
《〈ᠶᠠᠰᠤ ᠴᠢᠨᠠᠷ ᠵᠶ᠋ᠠᠷ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠬᠥᠲᠥᠯᠪᠦᠷᠢ〉 ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠵᠢᠨ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠤᠰᠤᠨ ᠠᠰᠢᠭᠯᠠᠯᠲᠠ ᠵᠢᠨ ᠶᠠᠮᠤᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2023-09-01

   ᠬᠡᠯᠬᠢᠶᠡᠰᠦᠨ ᠨᠣᠮᠧᠷ᠄ 000014348/2023-04977

   ᠭᠤᠣᠯ ᠰᠡᠳᠦᠪ᠎ᠤᠨ ᠠᠩᠭᠢᠯᠠᠯ᠄ ᠤᠰᠤᠨ ᠠᠰᠢᠭᠯᠠᠯᠲᠠ

   ᠨᠡᠢ᠌ᠲᠡᠯᠡᠭᠰᠡᠨ ᠪᠠᠶ᠋ᠢᠭᠤᠯᠤᠮᠵᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ

   ᠪᠢᠴᠢᠭ᠎ᠤᠨ ᠳ᠋ᠤᠭ᠋ᠠᠷ᠄ ᠤᠰᠤᠨ᠎ᠤ ᠪᠦᠲᠦᠭᠡᠨ ᠪᠠᠢ᠌ᠭᠤᠯᠤᠯᠲᠠ [2023] 254 ᠳ᠋ᠦ᠍ᠭᠡᠷ ᠲᠣᠭ᠋ᠠᠲᠤ

   ᠪᠢᠴᠢᠭᠳᠡᠭᠰᠡᠨ ᠡᠳᠦᠷ ᠬᠤᠭᠤᠴᠠᠭ᠎ᠠ᠄ 2023-09-01

   ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ

 

   ᠡᠯ᠎ᠡ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠢ᠌ᠭᠤᠯᠤᠮᠵᠢ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠢᠩᠬᠢᠮ (ᠲᠣᠪᠴᠢᠶ᠎ᠠ)᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠤᠰᠤᠨ ᠠᠰᠢᠭᠯᠠᠯᠲᠠ ᠵᠢᠨ ᠲᠣᠪᠴᠢᠶ᠎ᠠ᠂ ᠡᠯ᠎ᠡ ᠬᠣᠯᠪᠣᠭᠳᠠᠯ ᠪᠦᠬᠦᠢ ᠨᠢᠭᠡᠴᠢ᠎ᠳᠤ᠄

  《〈ᠶᠠᠰᠤ ᠴᠢᠨᠠᠷ ᠵᠶ᠋ᠠᠷ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠬᠥᠲᠥᠯᠪᠦᠷᠢ〉 ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠵᠢᠨ ᠬᠡᠷᠡᠭᠵᠢᠭᠦᠯᠬᠦ ᠰᠠᠨᠠᠯ》᠎ᠢ ᠨᠢᠭᠡᠨᠲᠡ ᠶᠠᠮᠤᠨ᠎ᠤ ᠶᠠᠪᠤᠳᠠᠯ᠎ᠤᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠡᠳᠦᠭᠡ ᠲᠠ ᠨᠠᠷ᠎ᠲᠤ ᠳᠠᠷᠤᠮᠠᠯᠯᠠᠨ ᠲᠠᠷᠬᠠᠭ᠋ᠠᠯ᠎ᠠ᠂ ᠬᠢᠨᠠᠮᠠᠭ᠋ᠠᠢ ᠵᠢᠷᠤᠮᠯᠠᠨ ᠬᠡᠷᠡᠭᠵᠢᠭᠦᠯᠲᠦᠭᠡᠢ᠃

  

   ᠤᠰᠤᠨ ᠠᠰᠢᠭᠯᠠᠯᠲᠠ ᠵᠢᠨ ᠶᠠᠮᠤᠨ

  2023 ᠣᠨ᠎ᠤ 8 ᠳ᠋ᠤᠭ᠋ᠠᠷ ᠰᠠᠷ᠎ᠠ ᠵᠢᠨ 30᠎ᠤ ᠡᠳᠦᠷ

  

  

  《ᠶᠠᠰᠤ ᠴᠢᠨᠠᠷ ᠵᠶ᠋ᠠᠷ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠬᠥᠲᠥᠯᠪᠦᠷᠢ》 ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠵᠢᠨ ᠬᠡᠷᠡᠭᠵᠢᠭᠦᠯᠬᠦ ᠰᠠᠨᠠᠯ

   ᠮᠢᠩᠭ᠋ᠠᠨ ᠣᠨ᠎ᠤ ᠶᠡᠬᠡ ᠪᠣᠳᠣᠯᠭ᠎ᠠ᠎ᠳᠤ ᠶᠠᠰᠤ ᠴᠢᠨᠠᠷ᠎ᠢ ᠲᠡᠷᠢᠭᠦᠨ᠎ᠳᠤ ᠲᠠᠯᠪᠢᠨ᠎ᠠ᠃ ᠤᠰᠤᠨ ᠠᠰᠢᠭᠯᠠᠯᠲᠠ ᠵᠢᠨ ᠢᠨᠵᠧᠨᠧᠷᠢᠩ᠎ᠨᠢ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ ᠴᠢᠬᠤᠯᠠ ᠰᠠᠭᠤᠷᠢ ᠲᠥᠬᠦᠭᠡᠷᠦᠮᠵᠢ ᠪᠣᠯᠤᠭᠰᠠᠨ᠎ᠤ ᠬᠤᠪᠢ᠎ᠳᠤ᠂ ᠶᠠᠰᠤ ᠴᠢᠨᠠᠷ᠎ᠨᠢ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠥᠨᠢᠳᠡ ᠵᠢᠨ ᠭᠣᠣᠯ ᠰᠡᠳᠦᠪ ᠪᠠ ᠭᠣᠣᠯᠳᠠᠯᠭ᠎ᠠ ᠪᠣᠯᠣᠨ᠎ᠠ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠣᠨ ᠶᠠᠰᠤ ᠴᠢᠨᠠᠷ ᠵᠶ᠋ᠠᠷ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠲᠤᠬᠠᠢ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠠᠰᠤ ᠴᠢᠨᠠᠷ ᠵᠶ᠋ᠠᠷ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠲᠠᠰᠤᠷᠠᠯᠳᠠ ᠦᠭᠡᠢ ᠲᠦᠯᠬᠢᠨ ᠠᠬᠢᠭᠤᠯᠵᠤ᠂ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠤᠰᠠᠳᠠ᠂ ᠳᠣᠣᠷᠠᠬᠢ ᠮᠡᠲᠦ ᠰᠠᠨᠠᠯ᠎ᠢ ᠳᠤᠷᠠᠳᠪᠠ᠃

   ᠨᠢᠭᠡ᠂ ᠶᠡᠷᠦᠩᠬᠡᠢ ᠱᠠᠭ᠋ᠠᠷᠳᠠᠯᠭ᠎ᠠ

  (ᠨᠢᠭᠡ) ᠵᠢᠯᠤᠭᠣᠳᠬᠤ ᠦᠵᠡᠯ ᠰᠠᠨᠠᠭ᠎ᠠ

   ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠰᠢ ᠵᠢᠨ ᠫᠢᠩ ᠶᠡᠷᠦᠩᠬᠡᠢ ᠱᠦᠵᠢ ᠵᠢᠨ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠢ ᠵᠢ ᠲᠡᠩᠴᠡᠭᠦᠷᠢᠲᠡᠢ ᠪᠠᠢ᠌ᠯᠭ᠋ᠠᠬᠤ᠂ ᠰᠢᠰᠲ᠋ᠧᠮ᠎ᠲᠠᠢ ᠵᠠᠰᠠᠬᠤ᠂ ᠬᠣᠶᠠᠷ ᠲᠠᠯ᠎ᠠ ᠎ᠪᠠᠷ ᠬᠦᠴᠦᠯᠡᠬᠦ》 ᠤᠰᠤ ᠵᠠᠰᠠᠬᠤ ᠰᠡᠳᠭᠢᠮᠵᠢ ᠪᠠ ᠤᠰᠤ ᠵᠠᠰᠠᠬᠤ ᠲᠤᠬᠠᠢ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠢ ᠦᠢ᠍ᠯᠡᠳᠦᠯᠭᠡᠵᠢᠭᠦᠯᠵᠦ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠤᠶ ᠪᠣᠯᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠠᠬᠢᠭᠤᠯᠬᠤ ᠡᠭᠦᠷᠭᠡ ᠬᠠᠷᠢᠭᠤᠴᠠᠯᠭ᠎ᠠ ᠵᠢ ᠪᠠᠲᠤ ᠡᠵᠡᠮᠰᠢᠵᠦ᠂ ᠶᠠᠰᠤ ᠴᠢᠨᠠᠷ ᠵᠶ᠋ᠠᠷ ᠬᠦᠴᠦᠷᠬᠡᠭ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠨ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠬᠥ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠪᠦᠲᠦᠭᠡᠨ ᠪᠠᠢ᠌ᠭᠤᠯᠤᠯᠲᠠ ᠵᠢᠨ ᠬᠥᠭᠵᠢᠯᠲᠡ ᠵᠢᠨ ᠣᠨᠣᠯᠵᠢᠬᠤᠨ᠎ᠢ ᠪᠠᠲᠤ ᠪᠡᠬᠢ ᠪᠣᠶ ᠪᠣᠯᠭ᠋ᠠᠵᠤ᠂ ᠪᠠᠢ᠌ᠭᠤᠯᠤᠯ᠎ᠤᠨ ᠵᠣᠬᠢᠴᠠᠮᠵᠢ ᠵᠢᠨ ᠬᠠᠤᠯᠢ᠎ᠪᠠᠷ ᠵᠠᠰᠠᠬᠤ ᠵᠢ ᠲᠡᠭᠦᠯᠳᠡᠷᠵᠢᠭᠦᠯᠦᠨ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠴᠢᠳᠠᠪᠤᠷᠢ ᠪᠠ ᠬᠢᠷᠢ ᠬᠡᠮᠵᠢᠶ᠎ᠡ ᠵᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠡᠷᠡᠰ ᠭᠤᠢ᠌ᠪᠢᠰᠢ ᠦᠭᠡᠢ᠎ᠪᠠᠷ ᠠᠬᠢᠭᠤᠯᠤᠨ᠂ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠪᠦᠬᠦ ᠲᠠᠯ᠎ᠠ᠎ᠪᠠᠷ ᠳᠦᠯᠬᠢᠨ ᠠᠬᠢᠭᠤᠯᠬᠤ᠎ᠳᠤ ᠤᠰᠤᠨ ᠠᠰᠢᠭᠯᠠᠯᠲᠠ ᠵᠢᠨ ᠬᠤᠪᠢ ᠨᠡᠮᠡᠷᠢ᠎ᠪᠠᠨ ᠦᠵᠡᠭᠦᠯᠦᠨ᠎ᠡ᠃

  (ᠬᠣᠶᠠᠷ) ᠠᠵᠢᠯ᠎ᠤᠨ ᠬᠠᠷᠠᠯᠲᠠ

  2025 ᠣᠨ ᠪᠣᠯᠬᠤ᠎ᠳᠤ᠂ ᠶᠠᠰᠤ ᠴᠢᠨᠠᠷ᠎ᠢ ᠲᠡᠷᠢᠭᠦᠨ᠎ᠳᠤ ᠲᠠᠯᠪᠢᠬᠤ ᠤᠬᠠᠮᠰᠠᠷ᠎ᠢ ᠨᠠᠩ ᠪᠠᠲᠤ ᠪᠡᠬᠢ ᠪᠣᠯᠭ᠋ᠠᠵᠤ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮᠵᠢ ᠵᠢ ᠨᠠᠩ ᠲᠡᠭᠦᠯᠳᠡᠷᠵᠢᠭᠦᠯᠦᠨ᠂ ᠶᠠᠰᠤ ᠴᠢᠨᠠᠷ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠴᠢᠳᠠᠪᠤᠷᠢ ᠵᠢ ᠢᠯᠡᠳᠲᠡ ᠳᠡᠭᠡᠭᠰᠢᠯᠡᠭᠦᠯᠦᠨ᠂ ᠢᠨᠵᠧᠨᠧᠷᠢᠩ᠎ᠤᠨ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃

  - ᠶᠠᠰᠤ ᠴᠢᠨᠠᠷ᠎ᠢ ᠲᠡᠷᠢᠭᠦᠨ᠎ᠳᠤ ᠲᠠᠯᠪᠢᠬᠤ ᠦᠵᠡᠯ ᠤᠬᠠᠮᠰᠠᠷ᠎ᠢ ᠨᠡᠩ ᠪᠠᠲᠤᠳᠬᠠᠨ᠎ᠠ᠃ ᠤᠰᠤᠨ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠶᠡᠷᠦᠩᠬᠡᠢ ᠰᠡᠳᠭᠢᠮᠵᠢ ᠪᠠ ᠬᠠᠷᠠᠯᠲᠠ᠎ᠪᠠᠷ ᠶᠡᠷᠦᠩᠬᠡᠢ᠌ᠯᠡᠨ ᠵᠢᠯᠣᠭᠣᠳᠤᠭᠤᠯᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠤᠨ ᠬᠥᠭᠵᠢᠯᠲᠡ ᠵᠢᠨ ᠣᠷᠴᠢᠨ ᠲᠣᠭᠣᠷᠢᠨ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠬᠦᠷᠢᠶ᠎ᠡ ᠴᠠᠷᠠᠭ᠎ᠠ ᠵᠢᠨ ᠶᠠᠰᠤ ᠴᠢᠨᠠᠷ᠎ᠤᠨ ᠬᠠᠷᠢᠭᠤᠴᠠᠯᠭ᠎ᠠ ᠵᠢᠨ ᠦᠵᠡᠯ ᠤᠬᠠᠮᠰᠠᠷ᠎ᠢ ᠪᠠᠲᠤᠳᠬᠠᠨ᠎ᠠ᠃

  - ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮ᠎ᠢ ᠨᠡᠩ ᠲᠡᠭᠦᠯᠳᠡᠷᠵᠢᠭᠦᠯᠦᠨ᠎ᠡ᠃ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠪᠠᠢ᠌ᠭᠤᠯᠤᠯ᠎ᠤᠨ ᠵᠣᠬᠢᠴᠠᠮᠵᠢ᠂ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ ᠪᠠ ᠪᠠᠷᠢᠮᠵᠢᠶ᠎ᠠ ᠵᠢᠨ ᠰᠢᠰᠲ᠋ᠧᠮᠵᠢ ᠵᠢ ᠨᠠᠩ ᠪᠦᠷᠢᠨᠰᠢᠭᠦᠯᠵᠦ᠂ ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ᠎ᠲᠠᠢ ᠬᠠᠷᠢᠯᠴᠠᠨ ᠵᠣᠬᠢᠴᠠᠯᠳᠤᠭᠰᠠᠨ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮᠵᠢ ᠵᠢ ᠦᠨᠳᠦᠰᠦᠨ᠎ᠳᠤ᠎ᠪᠠᠨ ᠪᠦᠷᠢᠯᠳᠦᠭᠦᠯᠦᠨ᠎ᠡ᠃

  - ᠶᠠᠰᠤ ᠴᠢᠨᠠᠷ᠎ᠤᠨ ᠲᠠᠯ᠎ᠠ᠎ᠪᠠᠷ ᠰᠢᠨ᠎ᠡ ᠵᠢ ᠡᠭᠦᠳᠬᠦ ᠴᠢᠳᠠᠪᠤᠷᠢ ᠵᠢ ᠤᠯᠠᠮ ᠨᠢᠭᠡ ᠠᠯᠬᠤᠮ        ᠴᠢᠩᠭ᠋ᠠᠳᠬᠠᠨ᠎ᠠ᠃ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠶᠠᠰᠤ ᠴᠢᠨᠠᠷ᠎ᠤᠨ ᠰᠢᠨ᠎ᠡ ᠵᠢ ᠡᠭᠦᠳᠬᠦ ᠵᠠᠰᠠᠭ᠂ ᠠᠵᠤ ᠠᠬᠤᠢ᠌ᠯᠠᠯ᠂ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠡᠷᠡᠭᠯᠡᠯᠲᠡ ᠵᠢᠨ ᠰᠢᠰᠲ᠋ᠧᠮᠵᠢ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠡᠷᠭᠡᠵᠢᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠ ᠪᠣᠭᠣᠮᠲᠠ ᠰᠢᠪᠲᠤᠯᠬᠤ ᠴᠢᠳᠠᠪᠤᠷᠢ ᠵᠢ ᠦᠷᠭᠦᠯᠵᠢᠯᠡᠨ ᠴᠢᠩᠭ᠋ᠠᠳᠬᠠᠵᠤ᠂ ᠴᠢᠬᠤᠯᠠ ᠭᠣᠭᠴᠣᠭ᠎ᠠ ᠪᠠ ᠵᠠᠩᠭᠢᠯᠠᠭ᠎ᠠ ᠵᠢᠨ ᠬᠦᠷᠢᠶ᠎ᠡ ᠴᠠᠷᠠᠭ᠎ᠠ ᠵᠢᠨ ᠪᠡᠶ᠎ᠡ᠎ᠪᠠᠨ ᠳᠠᠭ᠋ᠠᠭ᠋ᠠᠭᠰᠠᠨ ᠥᠷᠢᠰᠦᠯᠳᠦᠬᠦ ᠬᠦᠴᠦᠨ᠎ᠢ ᠢᠯᠡᠳᠲᠡ ᠳᠡᠭᠡᠭᠰᠢᠯᠡᠭᠦᠯᠦᠨ᠎ᠡ᠃

  - ᠶᠠᠰᠤ ᠴᠢᠨᠠᠷ᠎ᠤᠨ ᠬᠠᠮᠢᠶᠠᠷᠤᠯᠲᠠ ᠵᠢᠨ ᠴᠢᠳᠠᠪᠤᠷᠢ ᠵᠢ ᠮᠡᠳᠡᠭᠳᠡᠬᠦᠢ᠌ᠴᠡ ᠳᠡᠭᠡᠭᠰᠢᠯᠡᠭᠦᠯᠦᠨ᠎ᠡ᠃ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ ᠡᠷᠭᠢᠯᠡᠬᠦ ᠨᠢᠭᠡᠴᠢ ᠪᠠ ᠠᠵᠢᠯ ᠡᠷᠬᠢᠯᠡᠭᠰᠡᠳ᠎ᠤᠨ ᠶᠠᠰᠤ ᠴᠢᠨᠠᠷ᠎ᠤᠨ ᠬᠠᠮᠢᠶᠠᠷᠤᠨ ᠡᠵᠡᠮᠳᠡᠬᠦ ᠴᠢᠳᠠᠪᠤᠷᠢ ᠪᠠ ᠬᠢᠷᠢ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠵᠦ᠂ ᠵᠠᠰᠠᠭ᠎ᠤᠨ ᠣᠷᠳᠣᠨ᠎ᠤ ᠶᠠᠰᠤ ᠴᠢᠨᠠᠷ᠎ᠤᠨ ᠬᠢᠨᠠᠨ ᠬᠠᠮᠢᠶᠠᠷᠤᠯᠲᠠ ᠵᠢᠨ ᠴᠢᠳᠠᠪᠤᠷᠢ ᠵᠢ ᠢᠯᠡᠳᠲᠡ ᠴᠢᠩᠭ᠋ᠠᠳᠬᠠᠨ᠂ ᠲᠣᠭ᠋ᠠᠵᠢᠭᠤᠯᠬᠤ᠂ ᠰᠦᠯᠵᠢᠶᠡᠵᠢᠭᠦᠯᠬᠦ᠂ ᠤᠶᠤᠨᠵᠢᠭᠤᠯᠬᠤ ᠠᠷᠭ᠎ᠠ ᠪᠠᠷᠢᠯ᠎ᠢ ᠥᠷᠭᠡᠨ ᠵᠶ᠋ᠡᠷ      ᠬᠡᠷᠡᠭᠯᠡᠨ᠎ᠡ᠃

  - ᠢᠨᠵᠸᠨ᠋ᠸᠷᠢᠩ᠎ᠤᠨ ᠶᠠᠰᠤ ᠴᠢᠨᠠᠷ᠎ᠢ ᠲᠠᠰᠤᠷᠠᠯᠳᠠ ᠦᠭᠡᠢ ᠳᠡᠭᠡᠭᠰᠢᠯᠡᠬᠦᠯᠦᠨ᠎ᠡ᠃ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠤᠨ ᠪᠦᠬᠦᠯᠢ ᠴᠣᠭᠴᠠ ᠵᠢᠨ ᠬᠢᠷᠢ ᠬᠡᠮᠵᠢᠶ᠎ᠡ ᠵᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠢᠨᠵᠧᠨᠧᠷᠢᠩ᠎ᠤᠨ ᠨᠠᠢ᠌ᠳᠠᠪᠤᠷᠢᠲᠤ ᠴᠢᠨᠠᠷ᠂ ᠳᠠᠭ᠋ᠠᠭ᠋ᠠᠮᠠᠭ᠋ᠠᠢ ᠴᠢᠨᠠᠷ᠂ ᠬᠡᠷᠡᠭᠯᠡᠭᠡᠨ᠎ᠤ ᠴᠢᠨᠠᠷ ᠪᠠ ᠲᠡᠷᠢᠭᠦᠨ᠎ᠤ ᠴᠢᠨᠠᠷ᠎ᠢ ᠤᠯᠠᠮ ᠨᠢᠭᠡ ᠠᠯᠬᠤᠮ ᠴᠢᠩᠭ᠋ᠠᠳᠬᠠᠨ᠂ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠬᠢᠭᠡᠳ ᠠᠮᠢ ᠠᠬᠤᠢ ᠵᠢᠨ ᠣᠷᠴᠢᠨ ᠲᠣᠭᠣᠷᠢᠨ᠎ᠢ ᠨᠠᠩ ᠵᠣᠬᠢᠴᠠᠩᠭᠤᠢ ᠪᠣᠯᠭ᠋ᠠᠵᠤ᠂ ᠠᠷᠠᠳ ᠣᠯᠠᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠳᠤ ᠬᠠᠨᠤᠮᠵᠢᠲᠠᠶ ᠪᠠᠢ᠌ᠬᠤ ᠬᠡᠮᠵᠢᠶ᠎ᠡ ᠵᠢ ᠢᠯᠡᠳᠲᠡ ᠳᠡᠭᠡᠭᠰᠢᠯᠡᠬᠦᠯᠦᠨ᠎ᠡ᠃

  2035 ᠣᠨ ᠪᠣᠯᠬᠤ᠎ᠳᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠶᠠᠰᠤ ᠴᠢᠨᠠᠷ᠎ᠢ ᠢᠯᠡᠳᠲᠡ ᠳᠡᠭᠡᠭᠰᠢᠯᠡᠭᠦᠯᠵᠦ᠂ ᠢᠨᠵᠧᠨᠧᠷᠢᠩ᠎ᠤᠨ ᠦᠷ᠎ᠡ ᠠᠰᠢᠭ᠎ᠢ ᠢᠯᠡᠳᠲᠡ ᠨᠡᠮᠡᠭᠳᠡᠭᠦᠯᠦᠨ᠂ ᠲᠡᠷᠢᠭᠦᠨ᠎ᠤ ᠶᠠᠰᠤ ᠴᠢᠨᠠᠷ᠎ᠤᠨ ᠰᠣᠶᠣᠯ᠎ᠢ ᠠᠶᠠᠨᠳᠠᠭ᠋ᠠᠨ᠎ᠤ ᠬᠡᠪ ᠵᠠᠩᠰᠢᠯ ᠪᠣᠯᠭ᠋ᠠᠵᠤ᠂ ᠰᠢᠨ᠎ᠡ ᠵᠢ ᠡᠭᠦᠳᠬᠦ ᠴᠢᠳᠠᠪᠤᠷᠢ ᠵᠢ ᠶᠡᠬᠡ᠎ᠪᠠᠷ ᠳᠡᠭᠡᠭᠰᠢᠯᠡᠭᠦᠯᠦᠨ᠂ ᠥᠨᠳᠥᠷ ᠬᠡᠪ ᠪᠣᠯᠪᠠᠰᠤᠷᠠᠯ᠎ᠲᠠᠢ ᠴᠢᠳᠠᠪᠤᠷᠢᠲᠠᠨ᠎ᠤ ᠡᠩᠨᠡᠭᠡ ᠵᠢ ᠪᠥᠬᠥ ᠲᠠᠯ᠎ᠠ᠎ᠪᠠᠷ ᠪᠠᠢ᠌ᠭᠤᠯᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮᠵᠢ ᠪᠠ ᠬᠠᠮᠢᠶᠠᠷᠤᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠦᠨᠳᠦᠰᠦᠨ᠎ᠳᠤ᠎ᠪᠠᠨ ᠪᠡᠶᠡᠯᠡᠭᠦᠯᠦᠨ᠎ᠡ᠃

   ᠬᠣᠶᠠᠷ᠂ ᠪᠠᠷᠢᠯᠭ᠎ᠠ ᠵᠢᠨ ᠶᠠᠰᠤ ᠴᠢᠨᠠᠷ᠎ᠤᠨ ᠪᠠᠲᠤᠯᠠᠭ᠎ᠠ ᠵᠢ ᠴᠢᠩᠭ᠋ᠠᠷᠠᠭᠤᠯᠬᠤ ᠬᠡᠷᠡᠭᠲᠡᠢ

  (ᠭᠤᠷᠪᠠ) ᠬᠠᠷᠢᠭᠤᠴᠠᠯᠭ᠎ᠠ ᠵᠢᠨ ᠰᠢᠰᠲᠸᠮᠵᠢ ᠵᠢ ᠪᠦᠷᠢᠨᠰᠢᠭᠦᠯᠦᠨ᠎ᠡ

   ᠤᠰᠤᠨ ᠠᠰᠢᠭᠯᠠᠯᠲᠠ ᠵᠢᠨ ᠢᠨᠵᠧᠨᠧᠷᠢᠩ᠎ᠢ ᠪᠠᠶ᠋ᠢᠭᠤᠯᠬᠤ᠎ᠳᠤ ᠣᠷᠣᠯᠴᠠᠭᠰᠠᠨ ᠡᠯ᠎ᠡ ᠲᠠᠯ᠎ᠠ ᠵᠢᠨ᠎ᠬᠢᠨ ᠢᠨᠵᠸᠨ᠋ᠸᠷᠢᠩ᠎ᠤᠨ ᠶᠠᠰᠤ ᠴᠢᠨᠠᠷ᠎ᠲᠤ ᠵᠣᠬᠢᠬᠤ ᠬᠠᠷᠢᠭᠤᠴᠠᠯᠭ᠎ᠠ ᠵᠢ ᠡᠭᠦᠷᠭᠡᠯᠡᠵᠦ᠂ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠨᠢ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠶᠠᠰᠤ ᠴᠢᠨᠠᠷ᠎ᠲᠤ ᠲᠡᠷᠢᠭᠦᠨ ᠴᠢᠬᠤᠯᠠ ᠬᠠᠷᠢᠭᠤᠴᠠᠯᠭ᠎ᠠ ᠵᠢ ᠡᠭᠦᠷᠭᠡᠯᠡᠵᠦ᠂ ᠬᠠᠢ᠌ᠨ ᠪᠠᠢ᠌ᠴᠠᠭ᠋ᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠨᠢᠭᠡᠴᠢ᠎ᠠᠴᠠ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠶᠠᠰᠤ ᠴᠢᠨᠠᠷ᠎ᠲᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ᠪᠠᠢ᠌ᠴᠠᠭ᠋ᠠᠨ ᠬᠡᠮᠵᠢᠬᠦ᠂ ᠬᠢᠨᠠᠨ ᠬᠡᠮᠵᠢᠬᠦ ᠨᠢᠭᠡᠴᠢ ᠵᠢᠴᠢ ᠲᠦᠭᠦᠬᠡᠢ ᠮᠠᠲᠸᠷᠢᠶᠠᠯ᠂ ᠵᠠᠪᠰᠠᠷ᠎ᠤᠨ ᠪᠦᠲᠦᠭᠡᠭᠳᠡᠬᠦᠨ᠂ ᠲᠥᠬᠦᠭᠡᠷᠦᠮᠵᠢ ᠬᠠᠩᠭ᠋ᠠᠬᠤ ᠬᠤᠳᠠᠯᠳᠤᠭ᠋ᠠᠴᠢᠨ ᠵᠡᠷᠭᠡ ᠨᠢᠭᠡᠴᠢ᠎ᠨᠦᠭᠦᠳ ᠬᠣᠯᠪᠣᠭᠳᠠᠯ ᠪᠦᠬᠦᠢ ᠲᠣᠭᠲᠠᠭ᠋ᠠᠯ ᠪᠣᠯᠣᠨ ᠭᠡᠷ᠎ᠡ ᠵᠢ ᠦᠨᠳᠦᠰᠦᠯᠡᠨ᠂ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠶᠠᠰᠤ ᠴᠢᠨᠠᠷ᠎ᠲᠤ ᠲᠤᠰ ᠲᠤᠰ ᠵᠣᠬᠢᠴᠠᠩᠭᠤᠢ ᠬᠠᠷᠢᠭᠤᠴᠠᠯᠭ᠎ᠠ ᠵᠢ ᠡᠭᠦᠷᠭᠡᠯᠡᠨ᠎ᠡ᠃ ᠡᠯ᠎ᠡ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠶᠠᠰᠤ ᠴᠢᠨᠠᠷ᠎ᠤᠨ ᠬᠢᠨᠠᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠬᠠᠤᠯᠢ ᠶᠣᠰᠤ᠎ᠪᠠᠷ ᠭᠦᠢ᠍ᠴᠡᠳᠭᠡᠨ᠎ᠡ᠃

  (ᠳᠥᠷᠪᠡ) ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠤ ᠶᠠᠰᠤ ᠴᠢᠨᠠᠷ᠎ᠤᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠎ᠠ

   ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠨᠢ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠤᠨ ᠲᠡᠷᠢᠭᠦᠨ ᠴᠢᠬᠤᠯᠠ ᠬᠠᠷᠢᠭᠤᠴᠠᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮᠵᠢ ᠵᠢ ᠪᠠᠢ᠌ᠭᠤᠯᠤᠨ ᠪᠦᠷᠢᠨᠰᠢᠭᠦᠯᠵᠦ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠦᠨ᠂ ᠶᠠᠰᠤ ᠴᠢᠨᠠᠷ᠎ᠢ ᠡᠵᠡᠮᠳᠡᠬᠦ ᠪᠠᠷᠢᠮᠵᠢᠶ᠎ᠠ ᠵᠢ ᠲᠣᠳᠣᠷᠬᠠᠢ᠌ᠯᠠᠵᠤ᠂ ᠵᠦᠢ ᠵᠣᠬᠢᠰᠲᠠᠢ ᠪᠠᠷᠢᠯᠭ᠎ᠠ ᠵᠢᠨ ᠬᠤᠭᠤᠴᠠᠭ᠎ᠠ᠂ ᠬᠠᠩᠰᠢᠯᠠᠬᠤ ᠦᠨ᠎ᠡ ᠵᠢ ᠪᠠᠲᠤᠯᠠᠨ᠎ᠠ᠃ ᠬᠠᠤᠯᠢ ᠲᠣᠭᠲᠠᠭ᠋ᠠᠯ ᠶᠣᠰᠣᠭ᠋ᠠᠷ ᠬᠠᠢ᠌ᠨ ᠪᠠᠢ᠌ᠴᠠᠭ᠋ᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠠᠰᠠᠭᠤᠨ ᠯᠠᠪᠯᠠᠬᠤ᠂ ᠶᠠᠰᠤ ᠴᠢᠨᠠᠷ᠎ᠢ ᠪᠠᠢ᠌ᠴᠠᠭ᠋ᠠᠨ ᠰᠢᠯᠭ᠋ᠠᠬᠤ᠂ ᠭᠣᠣᠯ ᠲᠥᠬᠦᠭᠡᠷᠦᠮᠵᠢ ᠵᠢᠴᠢ ᠮᠠᠲ᠋ᠧᠷᠢᠶᠠᠯ ᠬᠠᠩᠭ᠋ᠠᠬᠤ ᠬᠤᠳᠠᠯᠳᠤᠭ᠋ᠠᠴᠢᠨ ᠵᠡᠷᠭᠡ ᠨᠢᠭᠡᠴᠢ ᠵᠢ ᠰᠣᠩᠭᠣᠵᠤ᠂ ᠶᠠᠰᠤ ᠴᠢᠨᠠᠷ᠎ᠤᠨ ᠬᠠᠷᠢᠭᠤᠴᠠᠯᠭ᠎ᠠ ᠪᠠ ᠡᠭᠦᠷᠭᠡ ᠵᠢ ᠪᠣᠯᠵᠣᠨ ᠲᠣᠭᠲᠠᠵᠤ᠂ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠨᠢᠭᠡᠴᠢ ᠵᠢᠨ ᠭᠡᠷ᠎ᠡ ᠭᠦᠢ᠍ᠴᠡᠳᠬᠡᠬᠦ ᠬᠠᠮᠢᠶᠠᠷᠤᠯᠲᠠ ᠵᠢ ᠴᠢᠩᠭ᠋ᠠᠳᠬᠠᠨ᠂ ᠵᠢᠷᠤᠭ ᠲᠥᠯᠥᠪᠯᠡᠭᠡ ᠵᠢ ᠬᠤᠪᠢᠷᠠᠭᠤᠯᠬᠤ ᠲᠠᠰ ᠳᠠᠷᠠᠭ᠋ᠠᠯᠠᠯ᠎ᠢ ᠴᠢᠩᠭ᠎ᠠ ᠭᠦᠢ᠍ᠴᠡᠳᠬᠡᠵᠦ᠂ ᠮᠠᠲ᠋ᠧᠷᠢᠶᠠᠯ ᠪᠠ ᠪᠦᠲᠦᠭᠡᠭᠳᠡᠬᠦᠨ᠎ᠤ ᠣᠷᠣᠬᠤ ᠪᠣᠭᠣᠮᠲᠠ ᠵᠢ ᠴᠢᠩᠭ᠎ᠠ ᠠᠳᠬᠤᠵᠤ᠂ ᠪᠠᠷᠢᠯᠭ᠎ᠠ ᠵᠢᠨ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠬᠤ ᠪᠠ ᠰᠢᠯᠭ᠋ᠠᠨ ᠠᠪᠬᠤ ᠵᠢ ᠴᠢᠩᠭ᠋ᠠᠷᠠᠭᠤᠯᠤᠨ᠂ ᠢᠨᠵᠸᠨ᠋ᠸᠷᠢᠩ᠎ᠤᠨ ᠪᠣᠳᠠᠲᠤ ᠴᠣᠭᠴᠠ ᠵᠢᠨ ᠶᠠᠰᠤ ᠴᠢᠨᠠᠷ᠎ᠤᠨ ᠠᠮᠤᠷ ᠲᠦᠪᠰᠢᠨ ᠨᠠᠢ᠌ᠳᠠᠪᠤᠷᠢᠲᠠᠢ ᠪᠠᠢ᠌ᠬᠤ ᠵᠢ ᠦᠨᠡᠨ ᠬᠦ᠌ ᠪᠠᠲᠤᠯᠠᠨ᠎ᠠ᠃ ᠲᠣᠭ᠋ᠠᠴᠠᠯᠠᠭᠰᠠᠨ ᠬᠤᠶᠠᠷ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠲᠡᠷᠢᠭᠦᠨ᠎ᠤ       ᠮᠠᠲ᠋ᠧᠷᠢᠶᠠᠯ᠂ ᠲᠥᠬᠦᠭᠡᠷᠦᠮᠵᠢ ᠪᠠ ᠤᠷᠠᠯᠠᠯ᠎ᠢ ᠲᠥᠪᠯᠡᠷᠡᠭᠦᠯᠦᠨ ᠬᠡᠷᠡᠭᠯᠡᠬᠦ ᠵᠢ ᠢᠳᠡᠪᠬᠢᠲᠡᠢ ᠥᠷᠨᠢᠭᠦᠯᠦᠨ᠎ᠡ᠃ ᠣᠷᠣᠯᠠᠨ ᠪᠠᠶ᠋ᠢᠭᠤᠯᠬᠤ᠂ ᠲᠦᠷᠦᠯ ᠵᠦᠢ᠍ᠯ᠎ᠤᠨ ᠬᠠᠮᠢᠶᠠᠷᠤᠯᠲᠠ ᠵᠢ ᠶᠡᠷᠦᠩᠬᠡᠢ᠌ᠯᠡᠨ ᠳᠠᠭ᠋ᠠᠭ᠋ᠠᠴᠢᠯᠠᠭᠤᠯᠬᠤ᠂ ᠪᠦᠬᠦ ᠶᠠᠪᠤᠴᠠ᠎ᠳᠤ ᠵᠥᠪᠯᠡᠯᠭᠡ ᠥᠭᠬᠦ ᠵᠡᠷᠭᠡ ᠲᠦᠷᠦᠯ ᠵᠦᠢ᠍ᠯ᠎ᠤᠨ ᠬᠠᠮᠢᠶᠠᠷᠤᠯᠲᠠ ᠵᠢᠨ ᠵᠠᠭᠪᠤᠷ᠎ᠢ ᠵᠢᠷᠤᠮᠵᠢᠭᠤᠯᠵᠤ᠂ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠴᠢᠳᠠᠪᠤᠷᠢ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃

  (ᠲᠠᠪᠤ) ᠪᠠᠷᠢᠯᠭ᠎ᠠ ᠵᠢᠨ ᠬᠠᠢ᠌ᠨ ᠪᠠᠢ᠌ᠴᠠᠭ᠋ᠠᠵᠤ ᠵᠢᠷᠤᠭᠯᠠᠨ ᠲᠥᠯᠥᠪᠯᠡᠬᠦ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠷᠠᠭᠤᠯᠤᠨ᠎ᠠ

   ᠬᠠᠢ᠌ᠨ ᠪᠠᠢ᠌ᠴᠠᠭ᠋ᠠᠵᠤ ᠵᠢᠷᠤᠵᠤ ᠲᠥᠯᠥᠪᠯᠡᠬᠦ ᠨᠢᠭᠡᠴᠢ ᠬᠠᠢ᠌ᠨ ᠪᠠᠢ᠌ᠴᠠᠭ᠋ᠠᠵᠤ ᠵᠢᠷᠤᠵᠤ ᠲᠥᠯᠥᠪᠯᠡᠬᠦ ᠶᠠᠰᠤ ᠴᠢᠨᠠᠷ᠎ᠢ ᠪᠠᠲᠤᠯᠠᠬᠤ ᠰᠢᠰᠲᠸᠮᠵᠢ ᠵᠢ ᠪᠠᠢ᠌ᠭᠤᠯᠤᠨ ᠲᠡᠭᠦᠯᠳᠡᠷᠵᠢᠭᠦᠯᠵᠦ᠂ ᠬᠠᠢ᠌ᠨ ᠪᠠᠢ᠌ᠴᠠᠭ᠋ᠠᠵᠤ ᠵᠢᠷᠤᠭᠯᠠᠨ ᠲᠥᠯᠥᠪᠯᠡᠬᠦ ᠮᠡᠷᠭᠡᠵᠢᠯ᠎ᠤᠨ ᠬᠢᠷᠢ ᠬᠡᠮᠵᠢᠶ᠎ᠡ ᠪᠣᠯᠣᠨ ᠴᠢᠳᠠᠪᠤᠷᠢ ᠵᠢ ᠳᠡᠭᠡᠭᠰᠢᠯᠡᠭᠦᠯᠦᠨ᠂ ᠵᠢᠷᠤᠭᠯᠠᠨ ᠲᠥᠯᠥᠪᠯᠡᠭᠰᠡᠨ ᠪᠢᠴᠢᠭ ᠮᠠᠲᠸᠷᠢᠶᠠᠯ᠎ᠤᠨ ᠬᠢᠨᠠᠨ ᠬᠠᠷᠭᠤᠭᠤᠯᠬᠤ᠂ ᠬᠠᠮᠲᠤᠷᠠᠨ ᠭᠠᠷ᠎ᠤᠨ ᠥᠰᠥᠭ ᠵᠢᠷᠤᠬᠤ ᠳᠦᠷᠢᠮ᠎ᠢ ᠵᠢᠷᠤᠮᠵᠢᠭᠤᠯᠤᠨ᠂ ᠬᠠᠢ᠌ᠨ ᠪᠠᠢ᠌ᠴᠠᠭ᠋ᠠᠬᠤ᠂ ᠵᠢᠷᠤᠭᠯᠠᠨ ᠲᠥᠯᠥᠪᠯᠡᠬᠦ ᠶᠠᠪᠤᠴᠠ᠎ᠳᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠮᠡᠷᠭᠡᠵᠢᠯ᠎ᠤᠨ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠵᠦ᠂ ᠶᠠᠰᠤ ᠴᠢᠨᠠᠷ᠎ᠤᠨ ᠡᠵᠡᠮᠳᠡᠯ᠎ᠢ ᠴᠢᠩᠭ᠋ᠠᠳᠬᠠᠨ᠂ ᠬᠠᠢ᠌ᠨ ᠪᠠᠢ᠌ᠴᠠᠭ᠋ᠠᠭᠰᠠᠨ ᠦᠷ᠎ᠡ ᠪᠦᠲᠦᠭᠡᠯ᠎ᠤᠨ ᠦᠨᠡᠨ ᠪᠣᠳᠠᠲᠠᠢ ᠪᠥᠭᠡᠳ ᠨᠠᠢ᠌ᠳᠠᠪᠤᠷᠢᠲᠠᠢ ᠪᠠᠢ᠌ᠬᠤ ᠵᠢ ᠦᠨᠡᠨ ᠬᠦ᠌ ᠪᠠᠲᠤᠯᠠᠵᠤ᠂ ᠵᠢᠷᠤᠭᠯᠠᠨ ᠲᠥᠯᠥᠪᠯᠡᠭᠰᠡᠨ ᠪᠢᠴᠢᠭ ᠮᠠᠲᠸᠷᠢᠶᠠᠯ᠎ᠨᠢ ᠬᠣᠯᠪᠣᠭᠳᠠᠯ ᠪᠦᠬᠦᠢ ᠲᠣᠭᠲᠠᠭ᠋ᠠᠯ᠎ᠤᠨ ᠭᠦᠨᠵᠡᠭᠡᠢ ᠱᠠᠭ᠋ᠠᠷᠳᠠᠯᠭ᠎ᠠ᠎ᠳᠤ ᠨᠡᠢ᠌ᠴᠡᠬᠦ ᠵᠢ ᠦᠨᠡᠨ ᠬᠦ᠌ ᠪᠠᠲᠤᠯᠠᠵᠤ᠂ ᠲᠤᠬᠠᠢ ᠵᠢᠨ ᠲᠠᠯᠠᠪᠠᠢ᠎ᠳᠤ ᠦᠢ᠍ᠯᠡᠴᠢᠯᠡᠬᠦ ᠮᠡᠷᠭᠡᠵᠢᠯ᠎ᠤᠨ ᠦᠨᠳᠦᠰᠦᠨ ᠵᠦᠢ᠍ᠯ᠎ᠢ ᠲᠤᠰᠢᠶᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃ ᠰᠢᠨ᠎ᠡ ᠮᠡᠷᠭᠡᠵᠢᠯ᠂ ᠰᠢᠨ᠎ᠡ ᠤᠷᠠᠨ ᠳᠠᠷᠬ᠎ᠠ᠂ ᠰᠢᠨ᠎ᠡ ᠮᠠᠲ᠋ᠧᠷᠢᠶᠠᠯ᠂ ᠰᠢᠨ᠎ᠡ ᠲᠥᠬᠦᠭᠡᠷᠦᠮᠵᠢ ᠵᠢ ᠢᠳᠡᠪᠬᠢᠲᠡᠢ ᠬᠡᠷᠡᠭᠯᠡᠵᠦ᠂ ᠭᠠᠵᠠᠷ ᠣᠷᠣᠨ᠎ᠤ ᠣᠨᠴᠠᠯᠢᠭ ᠰᠢᠨᠵᠢ᠂ ᠴᠠᠭ ᠦᠶ᠎ᠡ ᠵᠢᠨ ᠳᠦᠷᠰᠦ ᠪᠠᠢ᠌ᠳᠠᠯ᠎ᠢ ᠭᠦᠢ᠍ᠴᠡᠳ ᠪᠣᠳᠣᠯᠬᠢᠯᠠᠨ᠂ ᠢᠨᠵᠸᠨ᠋ᠸᠷᠢᠩ᠎ᠤᠨ ᠶᠠᠰᠤ ᠴᠢᠨᠠᠷ ᠵᠶ᠋ᠠᠷ ᠰᠢᠯᠢᠳᠡᠭ ᠰᠠᠢ᠌ᠨ᠂ ᠠᠮᠤᠷ ᠲᠦᠪᠰᠢᠨ ᠳᠠᠭ᠋ᠠᠭ᠋ᠠᠮᠠᠭ᠋ᠠᠢ᠂ ᠣᠷᠴᠢᠨ ᠲᠣᠭᠣᠷᠢᠨ᠎ᠨᠢ ᠵᠣᠬᠢᠴᠠᠩᠭᠤᠢ᠂ ᠨᠡᠢ᠌ᠭᠡᠮ᠎ᠳᠤ ᠮᠡᠳᠡᠷᠡᠭᠳᠡᠭᠰᠡᠨ ᠬᠠᠢ᠌ᠨ ᠪᠠᠢ᠌ᠴᠠᠭ᠋ᠠᠵᠤ ᠵᠢᠷᠤᠭᠯᠠᠨ ᠲᠥᠯᠥᠪᠯᠡᠭᠰᠡᠨ ᠦᠷ᠎ᠡ ᠪᠦᠲᠦᠭᠡᠯ᠎ᠢ ᠬᠠᠩᠭ᠋ᠠᠬᠤ ᠬᠡᠷᠡᠭᠲᠡᠢ᠃ ᠮᠡᠷᠭᠡᠵᠢᠯ᠎ᠤᠨ ᠬᠢᠨᠠᠨ ᠪᠠᠢ᠌ᠴᠠᠭ᠋ᠠᠯᠲᠠ ᠵᠢᠨ ᠨᠢᠭᠡᠴᠢ᠎ᠨᠦᠭᠦᠳ ᠴᠢᠩᠭ᠎ᠠ ᠬᠢᠨᠠᠨ ᠪᠠᠢ᠌ᠴᠠᠭ᠋ᠠᠵᠤ᠂ ᠶᠠᠰᠤ ᠴᠢᠨᠠᠷ ᠪᠠ ᠠᠮᠤᠷ ᠲᠦᠪᠰᠢᠨ᠎ᠤ ᠪᠣᠭᠣᠮᠲᠠ ᠵᠢ ᠡᠬᠢ ᠡᠭᠦᠰᠦᠯ᠎ᠠᠴᠠ᠎ᠨᠢ ᠰᠠᠢ᠌ᠲᠤᠷ      ᠠᠳᠬᠤᠵᠤ᠂ ᠢᠨᠵᠸᠨ᠋ᠸᠷᠢᠩ᠎ᠤᠨ ᠬᠠᠢ᠌ᠨ ᠪᠠᠢ᠌ᠴᠠᠭ᠋ᠠᠵᠤ ᠵᠢᠷᠤᠭᠯᠠᠨ ᠲᠥᠯᠥᠪᠯᠡᠭᠰᠡᠨ ᠦᠷ᠎ᠡ ᠪᠦᠲᠦᠭᠡᠯ᠎ᠤᠨ ᠭᠦᠨᠴᠡ ᠵᠢᠨ ᠱᠠᠭ᠋ᠠᠷᠳᠠᠯᠭ᠎ᠠ ᠵᠢ ᠬᠠᠩᠭ᠋ᠠᠬᠤ ᠵᠢ ᠦᠨᠡᠨ ᠬᠦ᠌ ᠪᠠᠲᠤᠯᠠᠨ᠎ᠠ᠃

  (ᠵᠢᠷᠭᠤᠭ᠎ᠠ) ᠪᠠᠷᠢᠯᠭ᠎ᠠ ᠵᠢᠨ ᠶᠠᠰᠤ ᠴᠢᠨᠠᠷ᠎ᠢ ᠬᠠᠮᠢᠶᠠᠷᠤᠨ ᠡᠵᠡᠮᠳᠡᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ

   ᠪᠠᠷᠢᠯᠭ᠎ᠠ ᠪᠠᠷᠢᠬᠤ ᠨᠢᠭᠡᠴᠢ᠎ᠨᠦᠭᠦᠳ ᠶᠠᠰᠤ ᠴᠢᠨᠠᠷ᠎ᠢ ᠡᠵᠡᠮᠳᠡᠬᠦ ᠰᠢᠰᠲᠸᠮᠵᠢ ᠵᠢ ᠪᠠᠢ᠌ᠭᠤᠯᠤᠨ       ᠪᠦᠷᠢᠨᠰᠢᠭᠦᠯᠵᠦ᠂ ᠭᠣᠣᠯ ᠪᠣᠯᠬᠤ ᠲᠦᠭᠦᠬᠡᠢ ᠮᠠᠲᠸᠷᠢᠶᠠᠯ᠂ ᠵᠠᠪᠰᠠᠷ᠎ᠤᠨ ᠪᠦᠲᠦᠭᠡᠭᠳᠡᠬᠦᠨ᠂ ᠠᠵᠢᠯ᠎ᠤᠨ ᠳᠠᠷᠠᠭ᠋ᠠᠯᠠᠯ᠂ ᠵᠠᠩᠭᠢᠯᠠᠭ᠎ᠠ ᠵᠢᠨ ᠣᠷᠣᠨ ᠪᠠᠢ᠌ᠷᠢ ᠪᠣᠯᠣᠨ ᠴᠢᠬᠤᠯᠠ ᠲᠠᠯᠳᠠ ᠨᠢᠭᠡᠴᠢ ᠵᠢᠨ ᠢᠨᠵᠸᠨ᠋ᠸᠷᠢᠩ᠎ᠤᠨ ᠶᠠᠰᠤ ᠴᠢᠨᠠᠷ᠎ᠢ ᠡᠵᠡᠮᠳᠡᠬᠦ ᠵᠢ ᠴᠢᠩᠭ᠋ᠠᠷᠠᠭᠤᠯᠬᠤ ᠬᠡᠷᠡᠭᠲᠡᠢ᠃ ᠲᠤᠬᠠᠢ ᠵᠢᠨ ᠲᠠᠯᠠᠪᠠᠶ ᠵᠢᠨ ᠵᠢᠱ᠌ᠢᠶ᠎ᠡ ᠦᠵᠡᠭᠦᠯᠬᠦ ᠠᠵᠢᠯᠯᠠᠭ᠎ᠠ᠂ ᠸᠢᠳᠢᠤ᠋ ᠬᠡᠯᠪᠡᠷᠢ ᠵᠢᠨ ᠵᠢᠷᠤᠭ ᠳᠦᠷᠰᠦ᠂ ᠪᠣᠳᠠᠲᠤ ᠪᠣᠳᠠᠰ᠎ᠤᠨ ᠦᠵᠡᠭᠦᠯᠦᠯᠭᠡ ᠵᠡᠷᠭᠡ ᠬᠡᠯᠪᠡᠷᠢ᠎ᠪᠠᠷ ᠢᠨᠵᠸᠨ᠋ᠸᠷᠢᠩ᠎ᠤᠨ ᠶᠠᠰᠤ ᠴᠢᠨᠠᠷ᠎ᠢ ᠦᠯᠢᠭᠡᠷ ᠳᠠᠭᠤᠷᠢᠶᠠᠯ᠎ᠲᠠᠢ ᠪᠣᠯᠭ᠋ᠠᠬᠤ ᠵᠢ ᠠᠬᠢᠭᠤᠯᠵᠤ᠂ ᠪᠠᠷᠢᠯᠭ᠎ᠠ ᠵᠢᠨ ᠠᠵᠢᠯᠲᠠᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠶᠠᠰᠤ ᠴᠢᠨᠠᠷ᠎ᠤᠨ ᠪᠠᠷᠢᠮᠵᠢᠶ᠎ᠠ ᠪᠠ ᠪᠣᠳᠠᠲᠠᠢ ᠤᠷᠠᠯᠠᠯ᠎ᠢ ᠪᠣᠯᠪᠠᠰᠤᠷᠠᠩᠭᠤᠢ ᠡᠵᠡᠮᠰᠢᠭᠦᠯᠵᠦ᠂ ᠢᠨᠵᠸᠨ᠋ᠸᠷᠢᠩ᠎ᠤᠨ ᠶᠠᠰᠤ ᠴᠢᠨᠠᠷ᠎ᠤᠨ ᠦᠢᠯᠡ ᠠᠵᠢᠯᠯᠠᠭ᠎ᠠ ᠵᠢ ᠵᠢᠷᠤᠮᠵᠢᠭᠤᠯᠬᠤ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢ ᠠᠬᠢᠭᠤᠯᠤᠨ᠂ ᠲᠡᠷᠢᠭᠦᠨ᠎ᠤ ᠶᠠᠰᠤ ᠴᠢᠨᠠᠷ᠎ᠢ ᠬᠠᠮᠢᠶᠠᠷᠤᠨ ᠡᠵᠡᠮᠳᠡᠬᠦ ᠵᠠᠭᠪᠤᠷ ᠪᠠ ᠠᠷᠭ᠎ᠠ ᠵᠢ ᠥᠨᠳᠥᠷ ᠬᠢᠷᠢ ᠬᠡᠮᠵᠢᠶ᠎ᠡ᠎ᠲᠠᠢ ᠬᠡᠷᠡᠭᠯᠡᠬᠦ ᠵᠢ ᠴᠢᠩᠭ᠋ᠠᠳᠬᠠᠵᠤ᠂ ᠲᠡᠷᠢᠭᠦᠨ᠎ᠤ ᠲᠥᠬᠦᠭᠡᠷᠦᠮᠵᠢ ᠪᠠ ᠣᠶᠤᠨᠴᠢ᠎ᠪᠠᠷ ᠪᠠᠶ᠋ᠢᠭᠤᠯᠬᠤ ᠠᠷᠭ᠎ᠠ ᠮᠠᠶᠢᠭ᠎ᠢ ᠳᠡᠯᠭᠡᠷᠡᠭᠦᠯᠦᠨ᠂ ᠶᠠᠰᠤ ᠴᠢᠨᠠᠷ᠎ᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠴᠢᠳᠠᠪᠤᠷᠢ ᠵᠢ ᠳᠡᠭᠡᠭᠰᠢᠯᠡᠭᠦᠯᠵᠦ᠂ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠶᠠᠰᠤ ᠴᠢᠨᠠᠷ ᠪᠠ ᠠᠮᠤᠷ ᠲᠦᠪᠰᠢᠨ᠎ᠤ ᠴᠢᠳᠠᠮᠵᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃

  (ᠳᠣᠯᠣᠭ᠎ᠠ) ᠬᠢᠨᠠᠨ ᠬᠠᠮᠢᠶᠠᠷᠬᠤ ᠶᠠᠰᠤ ᠴᠢᠨᠠᠷ᠎ᠤᠨ ᠡᠵᠡᠮᠳᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ

   ᠬᠢᠨᠠᠨ ᠬᠠᠮᠢᠶᠠᠷᠬᠤ ᠨᠢᠭᠡᠴᠢ᠎ᠨᠦᠭᠦᠳ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮᠵᠢ ᠵᠢ ᠪᠠᠢ᠌ᠭᠤᠯᠤᠨ ᠪᠦᠷᠢᠨᠰᠢᠭᠦᠯᠵᠦ᠂ ᠬᠠᠵᠠᠭᠤ ᠵᠢᠨ ᠥᠷᠲᠡᠭᠡ᠂ ᠲᠣᠭᠣᠷᠢᠨ ᠪᠠᠢ᠌ᠴᠠᠭ᠋ᠠᠬᠤ᠂ ᠵᠡᠷᠭᠡ᠎ᠪᠠᠷ ᠰᠢᠯᠭ᠋ᠠᠨ ᠪᠠᠢ᠌ᠴᠠᠭ᠋ᠠᠬᠤ ᠪᠠ ᠭᠡᠷᠡᠴᠢᠯᠡᠨ ᠥᠯᠢᠭᠡᠷ ᠠᠪᠬᠤ ᠵᠡᠷᠭᠡ ᠠᠵᠢᠯ᠎ᠢ ᠰᠠᠢ᠌ᠲᠤᠷ ᠬᠢᠵᠦ᠂ ᠪᠠᠷᠢᠯᠭ᠎ᠠ ᠪᠠᠷᠢᠬᠤ ᠨᠢᠭᠡᠴᠢ ᠵᠢᠨ ᠪᠠᠷᠢᠯᠭ᠎ᠠ ᠪᠠᠷᠢᠬᠤ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮᠵᠢ᠂ ᠪᠠᠷᠢᠯᠭ᠎ᠠ ᠪᠠᠷᠢᠬᠤ ᠵᠢ ᠵᠣᠬᠢᠶᠠᠨ ᠪᠠᠢ᠌ᠭᠤᠯᠵᠤ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ ᠲᠤᠰᠬᠠᠢ ᠲᠥᠰᠥᠯ ᠵᠡᠷᠭᠡ ᠪᠢᠴᠢᠭ ᠮᠠᠲ᠋ᠧᠷᠢᠶᠠᠯ᠎ᠢ ᠴᠢᠩᠭ᠎ᠠ ᠬᠢᠨᠠᠨ ᠪᠠᠢ᠌ᠴᠠᠭ᠋ᠠᠵᠤ᠂ ᠪᠠᠷᠢᠯᠭ᠎ᠠ ᠪᠠᠷᠢᠬᠤ ᠬᠠᠵᠠᠭᠤ ᠵᠢᠨ ᠥᠷᠲᠡᠭᠡ ᠵᠢᠨ ᠬᠢᠨᠠᠨ ᠬᠠᠮᠢᠶᠠᠷᠤᠯᠲᠠ᠂ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠬᠤ ᠪᠠ ᠰᠢᠯᠭ᠋ᠠᠨ ᠬᠤᠷᠢᠶᠠᠵᠤ ᠬᠠᠮᠢᠶᠠᠷᠬᠤ ᠵᠡᠷᠭᠡ ᠠᠵᠢᠯ᠎ᠢ ᠴᠢᠩᠭ᠋ᠠᠳᠬᠠᠨ᠂ ᠪᠠᠷᠢᠯᠭ᠎ᠠ ᠪᠠᠷᠢᠬᠤ ᠶᠠᠰᠤ ᠴᠢᠨᠠᠷ᠎ᠤᠨ ᠶᠠᠪᠤᠴᠠ ᠵᠢᠨ ᠡᠵᠡᠮᠳᠡᠯ᠎ᠢ ᠴᠢᠩᠭ᠋ᠠᠷᠠᠭᠤᠯᠬᠤ ᠬᠡᠷᠡᠭᠲᠡᠢ᠃ ᠪᠠᠷᠢᠯᠭ᠎ᠠ ᠵᠢᠨ ᠬᠢᠨᠠᠨ ᠬᠠᠮᠢᠶᠠᠷᠤᠯᠲᠠ᠎ᠳᠠᠬᠢ ᠮᠡᠳᠡᠭᠡ ᠵᠠᠩᠭᠢ ᠵᠢᠨ ᠮᠡᠷᠭᠡᠵᠢᠯ ᠪᠣᠯᠣᠨ ᠲᠡᠷᠢᠭᠦᠨ᠎ᠤ ᠲᠥᠬᠦᠭᠡᠷᠦᠮᠵᠢ ᠵᠢᠨ ᠠᠭᠤᠰᠤᠯᠴᠠᠭᠤᠯᠤᠨ ᠬᠡᠷᠡᠭᠯᠡᠬᠦ ᠵᠢ ᠠᠬᠢᠭᠤᠯᠵᠤ᠂ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠲᠠ ᠵᠢᠨ ᠬᠢᠨᠠᠨ ᠬᠠᠮᠢᠶᠠᠷᠤᠯᠲᠠ ᠵᠢᠨ ᠮᠡᠷᠭᠡᠵᠢᠯ᠎ᠤᠨ ᠴᠢᠳᠠᠪᠤᠷᠢ ᠪᠣᠯᠣᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃

  (ᠨᠠᠢ᠍ᠮᠠ) ᠢᠨᠵᠸᠨ᠋ᠸᠷᠢᠩ᠎ᠤᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠬᠠᠮᠢᠶᠠᠷᠤᠯᠲᠠ ᠵᠢ ᠴᠢᠩᠭ᠋ᠠᠳᠬᠠᠨ᠎ᠠ

   ᠪᠠᠷᠢᠯᠭ᠎ᠠ ᠵᠢᠨ ᠠᠵᠢᠯ᠎ᠢ ᠥᠪᠡᠷᠳᠡᠭᠡᠨ ᠪᠠᠢ᠌ᠴᠠᠭ᠋ᠠᠬᠤ᠂ ᠬᠢᠨᠠᠨ ᠬᠠᠮᠢᠶᠠᠷᠬᠤ ᠵᠢ ᠵᠡᠷᠭᠡ᠎ᠪᠠᠷ ᠰᠢᠯᠭ᠋ᠠᠨ      ᠪᠠᠢ᠌ᠴᠠᠭ᠋ᠠᠬᠤ᠂ ᠶᠠᠰᠤ ᠴᠢᠨᠠᠷ᠎ᠲᠤ ᠬᠢᠨᠠᠯᠲᠠ ᠲᠠᠯᠪᠢᠵᠤ ᠰᠤᠭᠤᠴᠢᠨ ᠪᠠᠢ᠌ᠴᠠᠭ᠋ᠠᠬᠤ ᠠᠵᠢᠯ᠎ᠢ ᠴᠢᠩᠭ᠋ᠠᠷᠠᠭᠤᠯᠵᠤ᠂ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠤ ᠪᠥᠬᠥ ᠶᠠᠪᠤᠴᠠ ᠵᠢ ᠪᠠᠢ᠌ᠴᠠᠭ᠋ᠠᠨ ᠬᠡᠮᠵᠢᠬᠦ ᠵᠢ ᠵᠣᠷᠢᠭᠵᠢᠭᠤᠯᠤᠨ ᠥᠷᠨᠢᠭᠦᠯᠵᠦ᠂ ᠵᠢᠷᠤᠭᠯᠠᠨ ᠲᠥᠯᠥᠪᠯᠡᠬᠦ ᠮᠡᠷᠭᠡᠵᠢᠯ᠎ᠤᠨ ᠭᠦᠢ᠍ᠴᠡᠳᠬᠡᠯ ᠲᠣᠭ᠎ᠠ᠂ ᠤᠷᠠᠯᠠᠯ᠎ᠤᠨ ᠲᠤᠷᠰᠢᠯᠲᠠ ᠵᠢᠨ ᠪᠣᠯᠵᠣᠯᠲᠤ ᠲᠣᠭ᠎ᠠ᠂ ᠥᠯᠢᠭᠡᠷ ᠬᠡᠪ ᠶᠠᠰᠤ ᠴᠢᠨᠠᠷ᠎ᠤᠨ ᠭᠦᠢ᠍ᠴᠡᠳᠬᠡᠯ ᠲᠣᠭ᠎ᠠ᠂ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠬᠤ ᠪᠠᠷᠢᠮᠵᠢᠶ᠎ᠠ᠎ᠪᠠᠷ ᠭᠣᠣᠯ ᠪᠣᠯᠭ᠋ᠠᠭᠰᠠᠨ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠬᠤ ᠭᠦᠢ᠍ᠴᠡᠳᠬᠡᠯ ᠲᠣᠭ᠎ᠠ ᠵᠢᠨ ᠰᠢᠰᠲ᠋ᠧᠮᠵᠢ ᠵᠢ ᠪᠠᠢ᠌ᠭᠤᠯᠤᠨ᠎ᠠ᠃ ᠪᠠᠢ᠌ᠴᠠᠭ᠋ᠠᠨ ᠰᠢᠯᠭ᠋ᠠᠬᠤ ᠨᠢᠭᠡᠴᠢ᠎ᠨᠢ ᠳᠦᠷᠢᠮ ᠲᠣᠭᠲᠠᠭ᠋ᠠᠯ᠂ ᠵᠢᠷᠤᠮᠵᠢᠯ ᠪᠠ ᠭᠡᠷ᠎ᠡ ᠵᠢᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠪᠠᠢ᠌ᠴᠠᠭ᠋ᠠᠨ ᠰᠢᠯᠭ᠋ᠠᠵᠤ᠂ ᠪᠠᠢ᠌ᠴᠠᠭ᠋ᠠᠨ ᠰᠢᠯᠭ᠋ᠠᠭᠰᠠᠨ ᠲᠣᠭ᠎ᠠ ᠪᠠᠷᠢᠮᠲᠠ ᠵᠢᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ᠎ᠲᠤ ᠬᠠᠷᠢᠭᠤᠴᠠᠵᠤ᠂ ᠪᠠᠢ᠌ᠴᠠᠭ᠋ᠠᠨ ᠰᠢᠯᠭ᠋ᠠᠭᠰᠠᠨ ᠮᠡᠳᠡᠭᠦᠯᠦᠯᠲᠡ᠎ᠨᠢ ᠪᠠᠢ᠌ᠴᠠᠭ᠋ᠠᠨ ᠰᠢᠯᠭ᠋ᠠᠭᠰᠠᠨ ᠦᠷ᠎ᠡ ᠳ᠋ᠦᠩ᠎ᠨᠢ ᠵᠢᠷᠤᠭ ᠲᠥᠯᠥᠪᠯᠡᠭᠡ ᠪᠠ ᠵᠢᠷᠤᠮᠵᠢᠯ᠎ᠤᠨ ᠱᠠᠭ᠋ᠠᠷᠳᠠᠯᠭ᠎ᠠ᠎ᠳᠤ ᠨᠡᠢ᠌ᠴᠡᠬᠦ ᠡᠰᠡᠬᠦ᠎ᠳᠤ ᠲᠣᠳᠣᠷᠬᠠᠢ ᠳ᠋ᠦᠩᠨᠡᠯᠲᠡ ᠭᠠᠷᠭ᠋ᠠᠬᠤ ᠬᠡᠷᠡᠭᠲᠡᠢ᠃ ᠲᠤᠷᠰᠢᠯᠲᠠ ᠵᠢᠨ ᠲᠠᠰᠤᠭ᠎ᠤᠨ ᠳᠣᠲᠣᠭ᠋ᠠᠳᠤ ᠵᠢᠨ ᠶᠠᠰᠤ ᠴᠢᠨᠠᠷ᠎ᠢ ᠬᠠᠮᠢᠶᠠᠷᠤᠨ ᠡᠵᠡᠮᠳᠡᠬᠦ ᠵᠢᠴᠢ ᠪᠠᠷᠢᠯᠭ᠎ᠠ ᠵᠢᠨ ᠲᠤᠬᠠᠢ ᠵᠢᠨ ᠲᠠᠯᠠᠪᠠᠶ ᠵᠢᠨ ᠪᠠᠢ᠌ᠴᠠᠭ᠋ᠠᠨ ᠰᠢᠨᠵᠢᠬᠦ ᠬᠠᠮᠢᠶᠠᠷᠤᠯᠲᠠ ᠵᠢ ᠴᠢᠩᠭ᠋ᠠᠳᠬᠠᠵᠤ᠂ ᠪᠠᠢ᠌ᠴᠠᠭ᠋ᠠᠨ ᠰᠢᠨᠵᠢᠬᠦ ᠲᠣᠭ᠎ᠠ ᠪᠠᠷᠢᠮᠲᠠ ᠵᠢᠨ ᠡᠬᠢ ᠰᠤᠷᠪᠤᠯᠵᠢ ᠵᠢ ᠡᠷᠢᠬᠦ ᠬᠠᠮᠢᠶᠠᠷᠤᠯᠲᠠ ᠵᠢ ᠪᠡᠶᠡᠯᠡᠭᠦᠯᠦᠨ᠂ ᠲᠡᠷᠢᠭᠦᠨ᠎ᠤ ᠪᠠᠢ᠌ᠴᠠᠭ᠋ᠠᠨ ᠰᠢᠨᠵᠢᠬᠦ ᠮᠡᠷᠭᠡᠵᠢᠯ᠎ᠢ ᠢᠳᠡᠪᠬᠢᠲᠡᠢ ᠬᠡᠷᠡᠭᠯᠡᠵᠦ᠂ ᠣᠶᠤᠨᠴᠢ᠎ᠪᠠᠷ ᠪᠠᠢ᠌ᠴᠠᠭ᠋ᠠᠨ ᠰᠢᠨᠵᠢᠬᠦ ᠪᠠ ᠲᠣᠭ᠎ᠠ ᠪᠠᠷᠢᠮᠲᠠ ᠵᠢ ᠠᠦ᠋ᠲ᠋ᠣ᠋ ᠴᠤᠭᠯᠠᠭᠤᠯᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃

  (ᠶᠢᠰᠦ) ᠲᠦᠭᠦᠬᠡᠢ ᠮᠠᠲᠸᠷᠢᠶᠠᠯ᠂ ᠵᠠᠪᠰᠠᠷ᠎ᠤᠨ ᠪᠦᠲᠦᠭᠡᠭᠳᠡᠬᠦᠨ᠂ ᠲᠤᠨᠤᠭ ᠲᠥᠬᠦᠭᠡᠷᠦᠮᠵᠢ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠷᠠᠭᠤᠯᠤᠨ᠎ᠠ

   ᠲᠦᠭᠦᠬᠡᠢ ᠮᠠᠲ᠋ᠧᠷᠢᠶᠠᠯ᠂ ᠵᠠᠪᠰᠠᠷ᠎ᠤᠨ ᠪᠦᠲᠦᠭᠡᠭᠳᠡᠬᠦᠨ᠂ ᠲᠥᠬᠦᠭᠡᠷᠦᠮᠵᠢ ᠦᠢ᠍ᠯᠡᠳᠪᠦᠷᠢᠯᠡᠬᠦ ᠪᠠ ᠬᠠᠩᠭ᠋ᠠᠬᠤ ᠨᠢᠭᠡᠴᠢ ᠵᠢᠨ ᠶᠠᠰᠤ ᠴᠢᠨᠠᠷ᠎ᠤᠨ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠥᠨᠳᠥᠷ ᠬᠦᠴᠦᠯᠡᠴᠡ᠎ᠲᠠᠢ ᠪᠥᠭᠡᠳ ᠳᠠᠭ᠋ᠠᠭ᠋ᠠᠮᠠᠭ᠋ᠠᠢ᠂ ᠡᠷᠭᠢᠯᠳᠦᠭᠦᠯᠦᠨ ᠠᠰᠢᠭᠯᠠᠵᠤ ᠪᠣᠯᠬᠤ᠂ ᠪᠣᠬᠢᠷᠲᠤᠯ ᠦᠭᠡᠢ ᠣᠷᠴᠢᠨ ᠲᠣᠭᠣᠷᠢᠨ᠎ᠢ ᠬᠠᠮᠠᠭ᠋ᠠᠯᠠᠬᠤ ᠵᠡᠷᠭᠡ ᠰᠢᠨ᠎ᠡ ᠬᠡᠯᠪᠡᠷᠢ ᠵᠢᠨ ᠪᠠᠷᠢᠯᠭ᠎ᠠ ᠵᠢᠨ ᠮᠠᠲ᠋ᠧᠷᠢᠶᠠᠯ᠎ᠢ ᠰᠤᠳᠤᠯᠤᠨ ᠨᠡᠭᠡᠭᠡᠬᠦ ᠪᠠ ᠬᠡᠷᠡᠭᠯᠡᠬᠦ ᠵᠢ ᠲᠦᠷᠭᠡᠳᠬᠡᠵᠦ᠂ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠴᠡ ᠵᠢᠨ ᠬᠦᠴᠦᠯᠡᠴᠡ ᠪᠠ ᠠᠶᠤᠯᠭᠦᠢ     ᠴᠢᠨᠠᠷ᠂ ᠳᠠᠭ᠋ᠠᠭ᠋ᠠᠮᠠᠭ᠋ᠠᠢ ᠴᠢᠨᠠᠷ᠎ᠢ ᠨᠥᠯᠥᠭᠡᠯᠡᠬᠦ ᠵᠠᠩᠭᠢᠯᠠᠭ᠎ᠠ ᠵᠢᠨ ᠲᠦᠭᠦᠬᠡᠢ ᠮᠠᠲ᠋ᠧᠷᠢᠶᠠᠯ᠂ ᠵᠠᠪᠰᠠᠷ᠎ᠤᠨ      ᠪᠦᠲᠦᠭᠡᠭᠳᠡᠬᠦᠨ᠂ ᠲᠥᠬᠦᠭᠡᠷᠦᠮᠵᠢ ᠵᠢᠨ ᠪᠥᠬᠥ ᠶᠠᠪᠤᠴᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠰᠢᠷᠣᠢ ᠵᠢᠨ ᠮᠠᠲ᠋ᠧᠷᠢᠶᠠᠯ᠂ ᠱᠦᠢ᠍ᠨᠢ᠂ ᠬᠠᠢ᠌ᠷ ᠴᠢᠯᠠᠭᠤᠨ᠎ᠤ ᠮᠠᠲ᠋ᠧᠷᠢᠶᠠᠯ᠂ ᠪᠣᠯᠣᠳ ᠰᠢᠷᠪᠦᠰᠦ᠂ ᠪᠸᠲ᠋ᠣᠨ᠂ ᠮᠠᠰᠢᠨ ᠴᠠᠬᠢᠯᠭ᠋ᠠᠨ᠎ᠤ ᠲᠥᠬᠦᠭᠡᠷᠦᠮᠵᠢ ᠵᠡᠷᠭᠡ ᠭᠣᠣᠯᠳᠠᠯᠭ᠎ᠠ᠎ᠲᠠᠢ ᠲᠦᠭᠦᠬᠡᠢ ᠮᠠᠲ᠋ᠧᠷᠢᠶᠠᠯ᠂ ᠵᠠᠪᠰᠠᠷ᠎ᠤᠨ ᠪᠦᠲᠦᠭᠡᠭᠳᠡᠬᠦᠨ᠂ ᠲᠥᠬᠦᠭᠡᠷᠦᠮᠵᠢ ᠵᠢᠨ ᠪᠦᠲᠦᠭᠡᠭᠳᠡᠬᠦᠨ᠎ᠤ ᠶᠠᠰᠤ ᠴᠢᠨᠠᠷ᠎ᠢ ᠰᠤᠭᠤᠴᠢᠨ ᠪᠠᠢ᠌ᠴᠠᠭ᠋ᠠᠬᠤ ᠡᠷᠴᠢᠮ᠎ᠢ ᠴᠢᠩᠭ᠋ᠠᠷᠠᠭᠤᠯᠵᠤ᠂ ᠳᠤᠲᠠᠭᠳᠠᠯ᠎ᠲᠠᠢ ᠲᠠᠯ᠎ᠠ ᠵᠢ ᠳᠠᠭ᠋ᠠᠵᠤ ᠰᠢᠢ᠍ᠳᠪᠦᠷᠢᠯᠡᠬᠦ ᠪᠠ ᠶᠠᠰᠤ ᠴᠢᠨᠠᠷ᠎ᠢ ᠮᠥᠷᠳᠡᠬᠦ ᠵᠢ ᠬᠡᠷᠡᠭᠵᠢᠭᠦᠯᠦᠨ᠎ᠡ᠃ ᠲᠤᠰᠬᠠᠢ ᠵᠦᠢ᠍ᠯ ᠵᠶ᠋ᠡᠷ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂ ᠦᠢ᠍ᠯᠡᠳᠪᠦᠷᠢᠯᠡᠯ᠎ᠠᠴᠠ ᠪᠠᠷᠢᠯᠭ᠎ᠠ ᠪᠠᠷᠢᠬᠤ ᠬᠦᠷᠲᠡᠯᠡᠬᠢ ᠪᠥᠬᠥ ᠶᠠᠪᠤᠴᠠ ᠵᠢᠨ ᠲᠦᠭᠦᠬᠡᠢ ᠮᠠᠲ᠋ᠧᠷᠢᠶᠠᠯ᠂ ᠵᠠᠪᠰᠠᠷ᠎ᠤᠨ ᠪᠦᠲᠦᠭᠡᠭᠳᠡᠬᠦᠨ᠂ ᠲᠥᠬᠦᠭᠡᠷᠦᠮᠵᠢ ᠵᠢᠨ ᠠᠵᠢᠯ ᠲᠥᠷᠥᠯ᠎ᠤᠨ ᠶᠠᠰᠤ ᠴᠢᠨᠠᠷ᠎ᠤᠨ ᠳᠡᠭᠡᠭᠰᠢᠯᠡᠯᠲᠡ ᠵᠢ ᠠᠬᠢᠭᠤᠯᠤᠨ᠎ᠠ᠃

  (ᠠᠷᠪᠠ) ᠶᠠᠰᠤ ᠴᠢᠨᠠᠷ᠎ᠤᠨ ᠲᠤᠰᠬᠠᠢ ᠮᠡᠷᠭᠡᠵᠢᠯ᠎ᠤᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ

   ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠶᠠᠰᠤ ᠴᠢᠨᠠᠷ᠎ᠤᠨ ᠬᠠᠮᠢᠶᠠᠷᠤᠯᠲᠠ ᠡᠵᠡᠮᠳᠡᠯ᠎ᠢ ᠲᠤᠰᠬᠠᠢ᠌ᠵᠢᠭᠤᠯᠬᠤ᠂ ᠣᠯᠠᠨ ᠡᠰᠢᠵᠢᠭᠦᠯᠬᠦ ᠳᠠᠰᠢ ᠤᠷᠲᠤᠳᠬᠠᠬᠤ ᠵᠢ ᠠᠬᠢᠭᠤᠯᠤᠨ᠎ᠠ᠃ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠷ ᠢᠨᠵᠧᠨᠧᠷᠢᠩ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠡᠵᠡᠩᠨᠡᠯᠲᠡ ᠵᠢᠨ ᠣᠢ᠌ᠯᠠᠭ᠋ᠠᠭᠳᠠᠬᠤᠨ᠎ᠢ ᠪᠤᠶ ᠪᠣᠯᠭ᠋ᠠᠨ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠣᠨᠣᠯᠵᠢᠬᠤᠨ᠂ ᠠᠷᠭ᠎ᠠ᠂ ᠪᠠᠭ᠋ᠠᠵᠢ ᠵᠢᠨ ᠰᠢᠨ᠎ᠡ ᠵᠢ ᠡᠭᠦᠳᠴᠦ᠂ ᠪᠥᠬᠥ ᠠᠵᠢᠯᠲᠠᠨ᠂ ᠪᠥᠬᠥ ᠬᠦᠴᠦᠨ ᠵᠦᠢ᠍ᠯ᠂ ᠪᠥᠬᠥ ᠶᠠᠪᠤᠴᠠ ᠵᠢᠨ ᠦᠵᠡᠭᠳᠡᠬᠦᠢ᠌ᠴᠡ᠂ ᠲᠣᠭ᠋ᠠᠵᠢᠭᠤᠯᠬᠤ᠂ ᠣᠶᠤᠨᠴᠢᠯᠠᠭᠰᠠᠨ ᠰᠢᠨ᠎ᠡ ᠬᠡᠯᠪᠡᠷᠢ ᠵᠢᠨ ᠶᠠᠰᠤ ᠴᠢᠨᠠᠷ᠎ᠢ ᠬᠠᠮᠢᠶᠠᠷᠤᠨ ᠡᠵᠡᠮᠳᠡᠬᠦ ᠬᠡᠷᠡᠭᠯᠡᠯᠲᠡ ᠵᠢ ᠠᠬᠢᠭᠤᠯᠤᠨ᠂ ᠨᠢᠭᠡ ᠪᠦᠯᠦᠭ ᠶᠠᠰᠤ ᠴᠢᠨᠠᠷ᠎ᠢ ᠬᠠᠮᠢᠶᠠᠷᠤᠨ ᠡᠵᠡᠮᠳᠡᠬᠦ ᠡᠬᠢ ᠪᠠᠶᠠᠯᠢᠭ᠎ᠢ ᠬᠠᠮᠲᠤ᠎ᠪᠠᠷ ᠭᠥᠷᠳᠡᠬᠦ᠂ ᠶᠠᠰᠤ ᠴᠢᠨᠠᠷ᠎ᠤᠨ ᠥᠷᠢᠰᠦᠯᠳᠦᠭᠡᠨ᠎ᠤ ᠳᠠᠪᠠᠭᠤᠯᠢᠭ᠎ᠨᠢ ᠲᠣᠪᠣᠢ᠌ᠮ᠎ᠠ᠂ ᠵᠠᠩᠭᠢᠯᠠᠭ᠎ᠠ ᠵᠢᠨ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠡᠵᠡᠮᠳᠡᠵᠦ ᠪᠣᠯᠬᠤ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠶ ᠪᠣᠯᠭ᠋ᠠᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠴᠢᠨᠠᠷ ᠰᠠᠢ᠌ᠲᠠᠢ ᠬᠥᠭᠵᠢᠯᠲᠡ᠎ᠳᠤ ᠰᠢᠨ᠎ᠡ ᠠᠮᠢᠵᠢᠷᠠᠯ᠎ᠤᠨ ᠬᠦᠴᠦᠨ᠎ᠢ ᠨᠡᠮᠡᠷᠢᠯᠡᠨ᠎ᠡ᠃

  (ᠠᠷᠪᠠᠨ ᠨᠢᠭᠡ) ᠶᠠᠰᠤ ᠴᠢᠨᠠᠷ᠎ᠤᠨ ᠨᠠᠰᠤᠨ ᠲᠤᠷᠰᠢᠲᠠ ᠵᠢᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠬᠡᠷᠡᠭᠵᠢᠭᠦᠯᠦᠨ᠎ᠡ

   ᠪᠠᠶ᠋ᠢᠭᠤᠯᠬᠤ᠎ᠳᠤ ᠣᠷᠣᠯᠴᠠᠭᠰᠠᠨ ᠨᠢᠭᠡᠴᠢ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠰᠢᠭᠤᠳ ᠬᠠᠷᠢᠭᠤᠴᠠᠯᠭ᠋ᠠᠲᠠᠨ᠎ᠤ ᠶᠠᠰᠤ ᠴᠢᠨᠠᠷ᠎ᠤᠨ ᠨᠠᠰᠤᠨ ᠲᠤᠷᠰᠢᠲᠠ ᠵᠢᠨ ᠬᠠᠷᠢᠭᠤᠴᠠᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠨᠢ ᠢᠨᠵᠸᠨ᠋ᠸᠷᠢᠩ᠎ᠤᠨ ᠶᠠᠰᠤ ᠴᠢᠨᠠᠷ᠎ᠤᠨ ᠨᠠᠰᠤᠨ ᠲᠤᠷᠰᠢᠲᠠ ᠵᠢᠨ ᠬᠠᠷᠢᠭᠤᠴᠠᠯᠭ᠎ᠠ ᠵᠢᠨ ᠪᠢᠴᠢᠭᠯᠡᠭᠰᠡᠨ ᠠᠮᠠᠯᠠᠯᠲᠠ ᠵᠢᠨ ᠳᠦᠷᠢᠮ᠂ ᠢᠯᠭ᠋ᠠᠬᠤ ᠲᠡᠮᠳᠡᠭ (ᠫᠠᠢ᠌ᠰᠠ)᠎ᠤᠨ ᠳᠦᠷᠢᠮ᠎ᠢ ᠦᠨᠡᠨ ᠬᠦ᠌ ᠭᠦᠢ᠍ᠴᠡᠳᠬᠡᠵᠦ᠂ ᠪᠠᠷᠢᠯᠭ᠎ᠠ ᠵᠢᠨ ᠶᠠᠰᠤ ᠴᠢᠨᠠᠷ᠎ᠤᠨ ᠨᠠᠰᠤᠨ ᠲᠤᠷᠰᠢᠲᠠ ᠵᠢᠨ ᠬᠠᠷᠢᠭᠤᠴᠠᠯᠭ᠎ᠠ ᠵᠢᠨ ᠮᠡᠳᠡᠭᠡ ᠵᠠᠩᠭᠢ ᠵᠢᠨ ᠲᠠᠩᠰᠠ ᠡᠪᠬᠡᠮᠡᠯ᠎ᠢ ᠪᠠᠶ᠋ᠢᠭᠤᠯᠬᠤ ᠬᠡᠷᠡᠭᠲᠡᠢ᠃ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠂ ᠬᠠᠢ᠌ᠨ ᠪᠠᠢ᠌ᠴᠠᠭ᠋ᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠨᠢᠭᠡᠴᠢ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠴᠢ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ᠂ ᠰᠢᠭᠤᠳ ᠬᠠᠷᠢᠭᠤᠴᠠᠯᠭ᠋ᠠᠲᠠᠨ᠎ᠨᠢ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠪᠠᠶ᠋ᠢᠭᠤᠯᠬᠤ᠎ᠳᠤ ᠣᠷᠣᠯᠴᠠᠭᠰᠠᠨ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠶᠠᠰᠤ ᠴᠢᠨᠠᠷ᠎ᠲᠤ ᠨᠠᠰᠤᠨ ᠲᠤᠷᠰᠢᠲᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃

  (ᠠᠷᠪᠠᠨ ᠬᠣᠶᠠᠷ) ᠶᠠᠰᠤ ᠴᠢᠨᠠᠷ᠎ᠤᠨ ᠬᠠᠷᠢᠭᠤᠴᠠᠯᠭ᠎ᠠ ᠵᠢᠨ ᠨᠡᠬᠡᠮᠵᠢᠯᠡᠯ᠎ᠢ ᠴᠢᠩᠭ᠋ᠠᠷᠠᠭᠤᠯᠤᠨ᠎ᠠ

   ᠪᠠᠷᠢᠯᠭ᠎ᠠ᠎ᠳᠤ ᠣᠷᠣᠯᠴᠠᠭᠰᠠᠨ ᠨᠢᠭᠡᠴᠢ᠎ᠨᠦᠭᠦᠳ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠪᠠᠢ᠌ᠷᠢ ᠵᠢᠨ ᠬᠠᠷᠢᠭᠤᠴᠠᠯᠭ᠎ᠠ ᠵᠢᠨ ᠳᠦᠷᠢᠮ᠎ᠢ ᠪᠠᠢ᠌ᠭᠤᠯᠵᠤ᠂ ᠪᠠᠷᠢᠯᠭ᠎ᠠ ᠵᠢᠨ ᠲᠥᠷᠥᠯ ᠵᠦᠢ᠍ᠯ ᠵᠢᠴᠢ ᠵᠠᠩᠭᠢᠯᠠᠭ᠎ᠠ ᠵᠢᠨ ᠬᠡᠰᠡᠭ᠂ ᠵᠠᠩᠭᠢᠯᠠᠭ᠎ᠠ ᠵᠢᠨ ᠭᠣᠭᠴᠣᠭ᠎ᠠ ᠵᠢᠨ ᠶᠠᠰᠤ ᠴᠢᠨᠠᠷ᠎ᠤᠨ ᠬᠠᠷᠢᠭᠤᠴᠠᠯᠭ᠎ᠠ ᠵᠢ ᠲᠣᠳᠣᠷᠬᠠᠢ᠌ᠯᠠᠨ᠂ ᠪᠠᠷᠢᠯᠭ᠎ᠠ ᠵᠢᠨ ᠠᠵᠢᠯ᠎ᠤᠨ ᠲᠡᠮᠳᠡᠭᠯᠡᠯ ᠪᠠ ᠰᠢᠯᠭ᠋ᠠᠨ ᠠᠪᠬᠤ ᠮᠠᠲ᠋ᠧᠷᠢᠶᠠᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠵᠠᠩᠭᠢᠯᠠᠭ᠎ᠠ ᠵᠢᠨ ᠬᠡᠰᠡᠭ ᠪᠠ ᠴᠢᠬᠤᠯᠠ ᠳᠠᠯᠳᠠ ᠬᠡᠰᠡᠭ᠎ᠤᠨ ᠢᠨᠵᠸᠨ᠋ᠸᠷᠢᠩ᠎ᠤᠨ ᠬᠡᠷᠡᠯ ᠵᠢᠷᠤᠭ᠎ᠤᠨ ᠮᠠᠲ᠋ᠧᠷᠢᠶᠠᠯ᠎ᠢ ᠴᠤᠭᠯᠠᠭᠤᠯᠬᠤ ᠪᠠ ᠦᠯᠡᠳᠡᠭᠡᠨ ᠬᠠᠳᠠᠭ᠋ᠠᠯᠠᠬᠤ ᠵᠢ ᠴᠢᠬᠤᠯᠠᠴᠢᠯᠠᠵᠤ᠂ ᠢᠨᠵᠸᠨ᠋ᠸᠷᠢᠩ᠎ᠤᠨ ᠶᠠᠰᠤ ᠴᠢᠨᠠᠷ᠎ᠤᠨ ᠨᠡᠬᠡᠮᠵᠢᠯᠡᠵᠦ ᠪᠣᠯᠬᠤᠢ᠌ᠴᠠ ᠴᠢᠨᠠᠷ᠎ᠢ ᠪᠠᠲᠤᠯᠠᠬᠤ ᠬᠡᠷᠡᠭᠲᠡᠢ᠃ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠶᠠᠰᠤ ᠴᠢᠨᠠᠷ᠎ᠤᠨ ᠬᠠᠮᠢᠶᠠᠷᠤᠯᠲᠠ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠨ ᠬᠠᠷᠢᠭᠤᠴᠠᠯᠭ᠋ᠠᠲᠤ ᠨᠢᠭᠡᠴᠢ ᠪᠣᠯᠣᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠠᠴᠠ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠵᠢᠨ ᠬᠠᠮᠲᠤ ᠢᠲᠡᠭᠡᠮᠵᠢ ᠵᠢᠨ ᠲᠡᠮᠳᠡᠭᠯᠡᠯ᠎ᠳᠤ᠎ᠨᠢ ᠲᠡᠮᠳᠡᠭᠯᠡᠨ ᠣᠷᠣᠭᠤᠯᠤᠨ᠎ᠠ᠃

   ᠭᠤᠷᠪᠠ᠂ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠎ᠡ

  (ᠠᠷᠪᠠᠨ ᠭᠤᠷᠪᠠ) ᠴᠢᠨᠠᠷ ᠰᠠᠢ᠌ᠲᠠᠢ ᠬᠥᠭᠵᠢᠯᠲᠡ ᠵᠢᠨ ᠦᠵᠡᠯ ᠤᠬᠠᠮᠰᠠᠷ᠎ᠢ ᠴᠢᠩᠭ᠋ᠠᠳᠬᠠᠨ᠎ᠠ

   ᠴᠢᠨᠠᠷ ᠰᠠᠢ᠌ᠲᠠᠢ ᠬᠦᠭᠵᠢᠯᠲᠡ ᠵᠢ ᠪᠠᠷᠢᠮᠲᠠᠯᠠᠨ᠂ ᠶᠠᠰᠤ ᠴᠢᠨᠠᠷ ᠵᠶ᠋ᠠᠷ ᠣᠷᠣᠢ᠌ᠯᠠᠵᠤ᠂ ᠤᠯᠤᠰ᠎ᠤᠨ ᠶᠠᠰᠤ ᠴᠢᠨᠠᠷ᠎ᠤᠨ ᠠᠵᠢᠯ᠎ᠤᠨ ᠴᠢᠭᠯᠡᠯᠲᠡ ᠲᠥᠷᠥ ᠵᠢᠨ ᠪᠣᠳᠣᠯᠭ᠎ᠠ ᠵᠢ ᠶᠡᠬᠡ᠎ᠪᠠᠷ ᠤᠬᠠᠭᠤᠯᠵᠤ᠂ 《ᠤᠷᠠᠨ ᠳᠠᠷᠬᠠᠨ᠎ᠤ ᠵᠣᠷᠢᠭ ᠰᠠᠨᠠᠭ᠎ᠠ》 ᠵᠢ ᠪᠠᠳᠠᠷᠠᠭᠤᠯᠤᠨ᠂ ᠶᠠᠰᠤ ᠴᠢᠨᠠᠷ᠎ᠤᠨ ᠰᠣᠶᠣᠯ᠎ᠢ ᠪᠣᠢ᠌ᠵᠢᠭᠤᠯᠵᠤ᠂ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠤᠬᠠᠭᠤᠯᠵᠤ ᠬᠥᠲᠥᠯᠥᠨ ᠵᠢᠯᠤᠭᠣᠳᠬᠤ ᠦᠢ᠍ᠯᠡᠳᠦᠯ᠎ᠢ ᠪᠠᠳᠠᠷᠠᠭᠤᠯᠤᠨ᠂ ᠲᠡᠷᠢᠭᠦᠨ᠎ᠤ ᠶᠠᠰᠤ ᠴᠢᠨᠠᠷ᠎ᠤᠨ ᠣᠨᠣᠯᠵᠢᠬᠤᠨ᠎ᠢ ᠤᠯᠠᠮᠵᠢᠯᠠᠵᠤ᠂ ᠬᠠᠤᠯᠢ ᠲᠣᠭᠲᠠᠭ᠋ᠠᠯ  ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠢᠯᠡᠴᠢᠯᠡᠵᠦ᠂ ᠨᠡᠢ᠌ᠭᠡᠮ᠎ᠤᠨ ᠬᠦᠴᠦᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠶᠠᠰᠤ ᠴᠢᠨᠠᠷ᠎ᠤᠨ ᠰᠣᠶᠣᠯ᠎ᠤᠨ ᠪᠠᠢ᠌ᠭᠤᠯᠤᠯᠲᠠ᠎ᠳᠤ ᠣᠷᠣᠯᠴᠠᠭᠤᠯᠤᠨ᠎ᠠ᠃ ᠣᠯᠠᠨ ᠡᠰᠢᠵᠢᠭᠰᠡᠨ᠂ ᠣᠯᠠᠨ ᠲᠠᠰ ᠳᠠᠪᠬᠤᠷᠭ᠎ᠠ ᠵᠢᠨ ᠶᠠᠰᠤ ᠴᠢᠨᠠᠷ᠎ᠢ ᠤᠷᠮᠠᠰᠢᠭᠤᠯᠬᠤ ᠪᠠ ᠵᠠᠯᠬᠠᠭ᠋ᠠᠨ ᠴᠡᠭᠡᠷᠯᠡᠭᠦᠯᠬᠦ ᠵᠣᠬᠢᠴᠠᠮᠵᠢ ᠵᠢ ᠲᠡᠭᠦᠯᠳᠡᠷᠵᠢᠭᠦᠯᠵᠦ᠂ ᠴᠢᠨᠠᠷ ᠰᠠᠢ᠌ᠲᠠᠢ ᠦᠨ᠎ᠡ ᠬᠠᠩᠰᠢ ᠵᠢ ᠡᠷᠬᠢᠮᠯᠡᠨ ᠰᠠᠨᠠᠭ᠋ᠠᠴᠢᠯᠠᠵᠤ᠂ ᠤᠰᠤᠨ ᠠᠰᠢᠭᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠭᠣᠣᠯ ᠴᠣᠭᠴᠠ ᠪᠠ ᠠᠵᠢᠯ ᠡᠷᠬᠢᠯᠡᠭᠰᠡᠳ᠎ᠤᠨ ᠶᠠᠰᠤ ᠴᠢᠨᠠᠷ᠎ᠤᠨ ᠥᠷᠢᠰᠦᠯᠳᠦᠭᠡᠨ᠎ᠤ ᠦᠵᠡᠯ ᠤᠬᠠᠮᠰᠠᠷ᠂ ᠦᠨᠡᠨᠴᠢ ᠢᠲᠡᠭᠡᠮᠵᠢᠲᠡᠢ᠎ᠪᠠᠷ ᠥᠪᠡᠷ᠎ᠢ᠎ᠪᠠᠨ ᠱᠠᠭ᠋ᠠᠷᠳᠠᠬᠤ ᠦᠵᠡᠯ ᠤᠬᠠᠮᠰᠠᠷ᠎ᠢ ᠴᠢᠩᠭ᠋ᠠᠳᠬᠠᠨ᠂ ᠠᠵᠢᠯ ᠲᠥᠷᠥᠯ᠎ᠤᠨ ᠶᠠᠰᠤ ᠴᠢᠨᠠᠷ᠎ᠢ ᠡᠷᠬᠢᠮᠯᠡᠬᠦ᠂ ᠠᠵᠤ ᠠᠬᠤᠢ᠌ᠯᠠᠯ᠎ᠤᠨ ᠶᠠᠰᠤ ᠴᠢᠨᠠᠷ᠎ᠢ ᠬᠥᠭᠡᠭᠡᠴᠡᠯᠳᠦᠬᠦ᠂ ᠬᠥᠮᠥᠨ ᠪᠦᠬᠦᠨ ᠶᠠᠰᠤ ᠴᠢᠨᠠᠷ᠎ᠢ ᠠᠩᠬᠠᠷᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠴᠢᠷᠮᠠᠢ᠌ᠨ ᠪᠣᠶ ᠪᠣᠯᠭ᠋ᠠᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠴᠢᠨᠠᠷ ᠰᠠᠢ᠌ᠲᠠᠢ ᠬᠥᠭᠵᠢᠯᠲᠡ ᠵᠢᠨ ᠣᠨᠣᠯᠵᠢᠬᠤᠨ᠎ᠢ ᠪᠥᠬᠥ ᠲᠠᠯ᠎ᠠ᠎ᠪᠠᠷ ᠲᠦᠯᠬᠢᠨ ᠠᠬᠢᠭᠤᠯᠵᠤ᠂ ᠬᠥᠮᠥᠰ᠎ᠤᠨ ᠰᠡᠳᠬᠢᠯ᠎ᠳᠤ ᠬᠠᠳᠠᠩᠰᠢᠭᠤᠯᠤᠨ᠎ᠠ᠃

  (ᠠᠷᠪᠠᠨ ᠳᠥᠷᠪᠡ) ᠶᠠᠰᠤ ᠴᠢᠨᠠᠷ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠴᠢᠳᠠᠪᠤᠷᠢ ᠵᠢ ᠠᠬᠢᠭᠤᠯᠤᠨ᠎ᠠ

   ᠵᠠᠰᠠᠭ᠂ ᠠᠵᠤ ᠠᠬᠤᠢ᠌ᠯᠠᠯ᠂ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠡᠷᠡᠭᠯᠡᠯᠲᠡ ᠵᠢ ᠭᠦᠨᠵᠡᠭᠡᠢ ᠠᠭᠤᠰᠤᠯᠴᠠᠭᠤᠯᠤᠭᠰᠠᠨ ᠶᠠᠰᠤ ᠴᠢᠨᠠᠷ᠎ᠤᠨ ᠰᠢᠨ᠎ᠡ ᠵᠢ ᠡᠭᠦᠳᠬᠦ ᠰᠢᠰᠲ᠋ᠧᠮᠵᠢ ᠵᠢ ᠪᠠᠢ᠌ᠭᠤᠯᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠮᠡᠷᠭᠡᠵᠢᠯ᠂ ᠬᠠᠮᠢᠶᠠᠷᠤᠯᠲᠠ᠂ ᠳᠦᠷᠢᠮ᠎ᠤᠨ ᠰᠢᠨ᠎ᠡ ᠵᠢ ᠡᠭᠦᠳᠬᠦ ᠵᠢ ᠬᠠᠮᠵᠢᠯᠴᠠᠨ ᠥᠷᠨᠢᠭᠦᠯᠵᠦ᠂ ᠢᠨᠵᠧᠨᠧᠷᠢᠩ᠎ᠤᠨ ᠶᠠᠰᠤ ᠴᠢᠨᠠᠷ᠎ᠤᠨ ᠪᠠᠷᠢᠮᠵᠢᠶ᠎ᠠ ᠵᠢᠨ ᠰᠠᠭᠤᠷᠢ ᠰᠢᠨᠵᠢᠯᠡᠬᠦ ᠤᠬᠠᠭ᠋ᠠᠨ ᠬᠢᠭᠡᠳ ᠬᠡᠷᠡᠭᠯᠡᠭᠡᠨ᠎ᠤ ᠰᠤᠳᠤᠯᠭ᠋ᠠᠨ᠎ᠢ ᠥᠷᠨᠢᠭᠦᠯᠦᠨ᠎ᠡ᠃ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠳᠡᠭᠡᠳᠦ ᠰᠤᠷᠭ᠋ᠠᠭᠤᠯᠢ ᠪᠣᠯᠣᠨ ᠤᠰᠤᠨ ᠠᠰᠢᠭᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠴᠢ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠨᠡᠮᠡᠭᠳᠡᠭᠦᠯᠬᠦ ᠵᠢ ᠵᠣᠷᠢᠭᠵᠢᠭᠤᠯᠵᠤ᠂ ᠣᠯᠠᠨ ᠲᠠᠯ᠎ᠠ ᠵᠢᠨ᠎ᠬᠢᠨ᠎ᠤ ᠬᠣᠯᠪᠤᠭ᠋ᠠᠯᠠᠨ ᠵᠠᠩᠭᠢᠯᠠᠭ᠎ᠠ ᠵᠢᠨ ᠴᠢᠨᠠᠷᠲᠠᠢ᠂ ᠪᠠᠷᠠᠭ᠋ᠠᠯᠬᠢᠯᠠᠯ᠎ᠤᠨ ᠴᠢᠨᠠᠷᠲᠠᠢ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠶᠠᠰᠤ ᠴᠢᠨᠠᠷ᠎ᠤᠨ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠥᠷᠨᠢᠭᠦᠯᠬᠦ ᠵᠢ ᠳᠡᠮᠵᠢᠵᠦ᠂ ᠣᠯᠠᠨ ᠤᠯᠤᠰ᠎ᠤᠨ ᠮᠡᠷᠭᠡᠵᠢᠯ᠎ᠤᠨ ᠬᠠᠮᠲᠤᠷᠠᠯᠴᠠᠭ᠎ᠠ ᠵᠢ ᠴᠢᠩᠭ᠋ᠠᠳᠬᠠᠨ᠂ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠴᠢᠳᠠᠪᠤᠷᠢ᠎ᠪᠠᠨ ᠳᠡᠭᠡᠭᠰᠢᠯᠡᠬᠦᠯᠬᠦ ᠵᠢ ᠳᠡᠮᠵᠢᠨ᠎ᠡ᠃ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠪᠥᠬᠥ ᠬᠡᠯᠬᠢᠶ᠎ᠡ ᠵᠢᠨ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ᠂ ᠰᠢᠨ᠎ᠡ ᠲᠥᠬᠦᠭᠡᠷᠦᠮᠵᠢ ᠵᠢᠨ ᠰᠠᠭᠤᠷᠢ ᠴᠢᠨᠠᠷᠲᠠᠢ᠂ ᠠᠩᠬᠠᠨ᠎ᠤ ᠡᠭᠦᠳᠦᠯᠲᠡ ᠵᠢᠨ ᠴᠢᠨᠠᠷᠲᠠᠢ ᠰᠤᠳᠤᠯᠭ᠋ᠠᠨ᠎ᠢ ᠴᠢᠩᠭ᠋ᠠᠳᠬᠠᠵᠤ᠂ ᠬᠠᠨᠳᠤᠯᠭ᠋ᠠᠲᠤ ᠴᠢᠨᠠᠷᠲᠠᠢ᠂ ᠬᠡᠷᠡᠭᠯᠡᠭᠡᠨ᠎ᠤ ᠴᠢᠨᠠᠷ ᠵᠶ᠋ᠠᠷ ᠴᠢᠩᠭ᠎ᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠪᠣᠶ ᠪᠣᠯᠭ᠋ᠠᠵᠤ᠂ ᠴᠢᠬᠤᠯᠠ ᠭᠣᠭᠴᠣᠭ᠎ᠠ ᠪᠠ ᠵᠠᠩᠭᠢᠯᠠᠭ᠎ᠠ ᠵᠢᠨ ᠬᠦᠷᠢᠶᠡᠨ᠎ᠳᠠᠬᠢ ᠪᠡᠶ᠎ᠡ᠎ᠪᠠᠨ ᠳᠠᠭ᠋ᠠᠭ᠋ᠠᠭᠰᠠᠨ ᠥᠷᠢᠰᠦᠯᠳᠦᠬᠦ ᠬᠦᠴᠦᠨ᠎ᠢ ᠬᠦᠴᠦᠯᠡᠨ ᠳᠡᠭᠡᠭᠰᠢᠯᠡᠭᠦᠯᠦᠨ᠎ᠡ᠃

  (ᠠᠷᠪᠠᠨ ᠲᠠᠪᠤ) ᠶᠠᠰᠤ ᠴᠢᠨᠠᠷ᠎ᠤᠨ ᠬᠠᠮᠢᠶᠠᠷᠤᠯᠲᠠ ᠵᠢᠨ ᠲᠣᠭ᠋ᠠᠴᠠᠯᠠᠨ ᠡᠨᠧᠷᠭᠢ ᠣᠯᠭᠣᠬᠤ ᠵᠢ ᠴᠢᠩᠭ᠋ᠠᠷᠠᠭᠤᠯᠤᠨ᠎ᠠ

   ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠶᠠᠰᠤ ᠴᠢᠨᠠᠷ᠎ᠢ ᠬᠠᠮᠢᠶᠠᠷᠤᠨ ᠡᠵᠡᠮᠳᠡᠬᠦ ᠲᠣᠭ᠋ᠠᠴᠠᠯᠠᠭᠰᠠᠨ ᠬᠡᠷᠡᠭᠯᠡᠭᠡᠨ᠎ᠤ ᠬᠢᠷᠢ ᠬᠡᠮᠵᠢᠶ᠎ᠡ ᠵᠢ ᠶᠡᠬᠡ᠎ᠪᠠᠷ ᠳᠡᠭᠡᠭᠰᠢᠯᠡᠭᠦᠯᠵᠦ᠂ BIM+ ᠮᠡᠷᠭᠡᠵᠢᠯ᠎ᠢ ᠢᠨᠵᠧᠨᠧᠷᠢᠩ᠎ᠤᠨ ᠬᠠᠢ᠌ᠨ ᠪᠠᠢ᠌ᠴᠠᠭ᠋ᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠠᠵᠢᠯᠯᠠᠭ᠋ᠠᠨ᠎ᠤ ᠪᠠᠲᠤᠯᠠᠭ᠎ᠠ ᠵᠢᠨ ᠪᠥᠬᠥ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠳᠤ ᠲᠥᠪᠯᠡᠷᠡᠭᠦᠯᠦᠨ ᠬᠡᠷᠡᠭᠯᠡᠬᠦ ᠵᠢ ᠠᠬᠢᠭᠤᠯᠤᠨ᠎ᠠ᠃ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠲᠠ ᠵᠢᠨ ᠡᠯᠧᠺᠲᠷᠣᠨ ᠭᠠᠷ᠎ᠤᠨ ᠥᠰᠥᠭ ᠲᠠᠮᠠᠭ᠎ᠠ ᠬᠡᠷᠡᠭᠯᠡᠬᠦ ᠵᠢ ᠰᠦᠪᠡᠭᠴᠢᠯᠡᠨ ᠥᠷᠨᠢᠭᠦᠯᠦᠨ᠎ᠡ᠃ ᠨᠥᠬᠥᠴᠡᠯ ᠪᠦᠷᠢᠳᠦᠭᠰᠡᠨ ᠢᠨᠵᠸᠨ᠋ᠸᠷᠢᠩ ᠬᠠᠢ᠌ᠨ ᠪᠠᠢ᠌ᠴᠠᠭ᠋ᠠᠵᠤ ᠵᠢᠷᠤᠵᠤ ᠲᠥᠯᠥᠪᠯᠡᠬᠦ᠎ᠳᠤ᠎ᠪᠠᠨ BIM ᠮᠡᠷᠭᠡᠵᠢᠯ᠎ᠢ ᠥᠷᠨᠢᠭᠦᠯᠬᠦ ᠲᠥᠰᠥᠯ᠎ᠢ ᠬᠠᠷᠢᠴᠠᠭᠤᠯᠤᠨ ᠰᠣᠩᠭᠣᠬᠤ᠂ ᠪᠤᠳᠤᠵᠤ ᠵᠠᠳᠠᠯᠬᠤ ᠳᠠᠭᠤᠷᠢᠶᠠᠯ᠎ᠳᠤ ᠰᠠᠭᠤᠷᠢᠯᠠᠵᠤ᠂ BIM᠂ GIS᠂ ᠪᠠᠷᠠᠭ᠋ᠠᠨ᠎ᠤ ᠮᠡᠳᠡᠭᠡ ᠵᠠᠩᠭᠢ ᠵᠢᠨ ᠰᠦᠯᠵᠢᠶ᠎ᠡ ᠵᠢᠨ ᠶᠡᠷᠦᠩᠬᠡᠢ᠌ᠯᠡᠭᠰᠡᠨ ᠬᠠᠮᠢᠶᠠᠷᠤᠯᠲᠠ ᠡᠵᠡᠮᠰᠢᠯ ᠵᠡᠷᠭᠡ ᠮᠡᠷᠭᠡᠵᠢᠯ᠎ᠳᠤ ᠲᠦᠰᠢᠭᠯᠡᠨ ᠪᠠᠷᠢᠯᠭ᠎ᠠ ᠵᠢᠨ ᠠᠵᠢᠯ᠎ᠤᠨ ᠵᠣᠬᠢᠶᠠᠨ ᠪᠠᠢ᠌ᠭᠤᠯᠤᠯᠲᠠ ᠵᠢ ᠥᠷᠨᠢᠭᠦᠯᠵᠦ᠂ ᠲᠣᠭ᠋ᠠᠨ᠎ᠤ ᠬᠣᠣᠰ ᠢᠨᠵᠸᠨ᠋ᠸᠷᠢᠩ᠎ᠤᠨ ᠦᠵᠡᠭᠳᠡᠯ᠎ᠢ ᠪᠠᠢ᠌ᠭᠤᠯᠵᠤ᠂ ᠣᠶᠤᠨᠴᠢ᠎ᠪᠠᠷ ᠪᠠᠶ᠋ᠢᠭᠤᠯᠬᠤ᠂ ᠠᠦ᠋ᠲ᠋ᠣ᠋ ᠬᠢᠨᠠᠨ ᠡᠵᠡᠮᠳᠡᠬᠦ ᠵᠡᠷᠭᠡ ᠲᠣᠭ᠎ᠠ ᠪᠠᠷᠢᠮᠲᠠ ᠵᠢᠨ ᠮᠡᠳᠡᠭᠡ ᠵᠠᠩᠭᠢ ᠵᠢᠨ ᠠᠭᠤᠰᠤᠯᠴᠠᠯ᠎ᠢ ᠠᠬᠢᠭᠤᠯᠵᠤ᠂ ᠪᠠᠷᠢᠯᠭ᠎ᠠ ᠪᠠᠷᠢᠬᠤ ᠶᠠᠪᠤᠴᠠ᠎ᠳᠤ ᠪᠦᠷᠢᠨ ᠵᠠᠩᠭᠢ ᠵᠢᠨ ᠬᠡᠷᠡᠯ ᠵᠢᠷᠤᠭ᠎ᠤᠨ ᠲᠡᠮᠳᠡᠭᠯᠡᠯ ᠬᠢᠵᠦ᠂ ᠲᠣᠭ᠋ᠠᠴᠠᠯᠠᠭᠰᠠᠨ ᠲᠠᠩᠰᠠ ᠡᠪᠬᠡᠮᠡᠯ᠎ᠢ ᠪᠦᠷᠢᠯᠳᠦᠭᠦᠯᠦᠨ᠂ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠵᠠᠩᠭᠢᠯᠠᠭ᠎ᠠ ᠵᠢᠨ ᠭᠣᠭᠴᠣᠭ᠎ᠠ ᠵᠢᠨ ᠮᠡᠳᠡᠭᠡ ᠵᠠᠩᠭᠢ ᠵᠢ ᠰᠡᠷᠡᠵᠦ ᠮᠡᠳᠡᠬᠦ᠂ ᠬᠢᠨᠠᠨ ᠰᠢᠨᠵᠢᠬᠦ᠂ ᠵᠠᠳᠠᠯᠬᠤ᠂ ᠡᠮᠬᠢᠯᠡᠨ ᠨᠡᠢ᠌ᠯᠡᠭᠦᠯᠬᠦ ᠪᠠ ᠤᠷᠢᠳᠴᠢᠯᠠᠨ ᠰᠡᠷᠡᠮᠵᠢᠯᠡᠭᠦᠯᠬᠦ ᠵᠢᠨ ᠬᠠᠮᠲᠤ ᠤᠬᠠᠭ᠋ᠠᠯᠢᠭ ᠵᠶ᠋ᠠᠷ ᠳᠠᠭ᠋ᠠᠵᠤ᠂ ᠪᠣᠳᠠᠲᠤ ᠴᠣᠭᠴᠠ ᠵᠢᠨ ᠢᠨᠵᠧᠨᠧᠷᠢᠩ᠎ᠤᠨ ᠪᠠᠷᠢᠯᠭ᠎ᠠ ᠳᠠᠭᠤᠰᠴᠤ ᠰᠢᠯᠭ᠋ᠠᠨ ᠠᠪᠬᠤ ᠵᠢᠨ ᠬᠠᠮᠲᠤ ᠲᠣᠭ᠋ᠠᠴᠠᠯᠠᠭᠰᠠᠨ ᠬᠣᠣᠰ ᠤᠰᠤᠨ ᠠᠰᠢᠭᠯᠠᠯᠲᠠ ᠵᠢᠨ ᠢᠨᠵᠧᠨᠧᠷᠢᠩ᠎ᠢ ᠲᠤᠰᠢᠶᠠᠨ᠎ᠠ᠃

  (ᠠᠷᠪᠠᠨ ᠵᠢᠷᠭᠤᠭ᠎ᠠ) ᠢᠨᠵᠧᠨᠧᠷᠢᠩ᠎ᠤᠨ ᠮᠡᠷᠭᠡᠵᠢᠯ᠎ᠢ ᠰᠠᠢ᠌ᠵᠢᠷᠠᠭᠤᠯᠤᠨ ᠲᠠᠰ ᠳᠡᠪᠰᠢᠭᠦᠯᠬᠦ ᠵᠢ ᠲᠦᠷᠭᠡᠳᠬᠡᠨ᠎ᠡ

   ᠣᠳᠣ ᠵᠢᠨ ᠪᠠᠢ᠌ᠭ᠎ᠠ ᠢᠨᠵᠧᠨᠧᠷᠢᠩ᠎ᠤᠨ ᠮᠡᠷᠭᠡᠵᠢᠯ ᠪᠣᠯᠣᠨ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠮᠡᠷᠭᠡᠵᠢᠯ᠎ᠤᠨ ᠠᠭᠤᠰᠤᠯᠴᠠᠨ ᠬᠥᠭᠵᠢᠬᠦ ᠵᠢ ᠴᠢᠩᠭ᠋ᠠᠳᠬᠠᠵᠤ᠂ ᠮᠡᠷᠭᠡᠵᠢᠯ᠎ᠤᠨ ᠲᠠᠰ ᠳᠡᠪᠰᠢᠬᠦ᠂ ᠵᠠᠭᠪᠤᠷ᠎ᠤᠨ ᠰᠢᠨ᠎ᠡ ᠵᠢ ᠡᠭᠦᠳᠬᠦ᠎ᠪᠠᠷ ᠶᠠᠰᠤ ᠴᠢᠨᠠᠷ᠎ᠢ ᠬᠠᠮᠢᠶᠠᠷᠤᠨ ᠡᠵᠡᠮᠳᠡᠬᠦ ᠴᠢᠳᠠᠪᠤᠷᠢ ᠵᠢ ᠰᠠᠢ᠌ᠵᠢᠷᠠᠭᠤᠯᠬᠤ ᠵᠢ ᠲᠦᠯᠬᠢᠨ ᠠᠬᠢᠭᠤᠯᠵᠤ᠂ ᠶᠠᠰᠤ ᠴᠢᠨᠠᠷ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ ᠠᠷᠭ᠎ᠠ ᠵᠠᠮ᠎ᠢ ᠨᠠᠪᠲᠠᠷᠡᠭᠦᠯᠵᠦ᠂ ᠬᠣᠴᠤᠷᠤᠩᠭᠤᠢ ᠤᠷᠠᠨ ᠳᠠᠷᠬ᠎ᠠ ᠪᠠ ᠮᠠᠲ᠋ᠧᠷᠢᠶᠠᠯ᠎ᠢ ᠰᠢᠭᠰᠢᠭᠳᠡᠭᠦᠯᠦᠨ᠂ ᠲᠡᠷᠢᠭᠦᠨ᠎ᠤ ᠢᠨᠵᠧᠨᠧᠷᠢᠩ᠎ᠤᠨ ᠮᠡᠷᠭᠡᠵᠢᠯ᠂ ᠪᠦᠲᠦᠭᠡᠨ ᠪᠠᠶ᠋ᠢᠭᠤᠯᠬᠤ ᠲᠥᠬᠦᠭᠡᠷᠦᠮᠵᠢ᠂ ᠪᠠᠷᠢᠯᠭ᠎ᠠ ᠵᠢᠨ ᠮᠠᠲ᠋ᠧᠷᠢᠶᠠᠯ ᠪᠠ ᠬᠠᠮᠢᠶᠠᠷᠤᠯᠲᠠ ᠵᠢᠨ ᠵᠠᠭᠪᠤᠷ᠎ᠢ ᠥᠨᠳᠥᠷ ᠬᠢᠷᠢ ᠲᠦᠪᠰᠢᠨ᠎ᠲᠠᠢ᠎ᠪᠠᠷ ᠬᠡᠷᠡᠭᠯᠡᠬᠦ ᠵᠢ ᠴᠢᠩᠭ᠋ᠠᠳᠬᠠᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠨᠠᠢ᠌ᠳᠠᠪᠤᠷᠢᠲᠤ ᠴᠢᠨᠠᠷ᠂ ᠳᠠᠭ᠋ᠠᠭ᠋ᠠᠮᠠᠭ᠋ᠠᠢ ᠴᠢᠨᠠᠷ᠂ ᠬᠡᠷᠡᠭᠯᠡᠭᠡᠨ᠎ᠤ ᠴᠢᠨᠠᠷ ᠪᠠ ᠲᠡᠷᠢᠭᠦᠨ᠎ᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠪᠣᠬᠢᠷᠲᠤᠯ ᠦᠭᠡᠢ ᠤᠳᠤᠷᠢᠳᠤᠮᠵᠢ ᠵᠢ ᠪᠣᠶ ᠪᠣᠯᠭ᠋ᠠᠵᠤ᠂ ᠣᠷᠴᠢᠨ ᠠᠬᠤᠢ ᠵᠢ ᠬᠠᠮᠠᠭ᠋ᠠᠯᠠᠬᠤ ᠡᠨᠧᠷᠭᠢ ᠠᠷᠪᠢᠯᠠᠬᠤ ᠮᠠᠲ᠋ᠧᠷᠢᠶᠠᠯ᠂ ᠮᠡᠷᠭᠡᠵᠢᠯ᠂ ᠤᠷᠠᠯᠠᠯ᠂ ᠲᠣᠨᠣᠭ ᠲᠥᠬᠦᠭᠡᠷᠦᠮᠵᠢ ᠵᠢᠨ ᠬᠡᠷᠡᠭᠯᠡᠯᠲᠡ ᠵᠢ ᠶᠡᠬᠡ᠎ᠪᠠᠷ ᠲᠦᠯᠬᠢᠨ ᠠᠬᠢᠭᠤᠯᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠣᠬᠢᠷᠲᠤᠯ ᠦᠭᠡᠢ ᠪᠦᠲᠦᠭᠡᠨ ᠪᠠᠢ᠌ᠭᠤᠯᠤᠯᠲᠠ ᠵᠢᠨ ᠬᠥᠭᠵᠢᠯᠲᠡ ᠵᠢ ᠲᠦᠷᠭᠡᠳᠬᠡᠨ ᠠᠬᠢᠭᠤᠯᠤᠨ᠎ᠠ᠃

  (ᠠᠷᠪᠠᠨ ᠳᠣᠯᠣᠭ᠎ᠠ) ᠶᠠᠰᠤ ᠴᠢᠨᠠᠷ᠎ᠢ ᠬᠠᠮᠢᠶᠠᠷᠤᠨ ᠡᠵᠡᠮᠳᠡᠬᠦ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ

   ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠶᠠᠰᠤ ᠴᠢᠨᠠᠷ᠎ᠤᠨ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠠᠵᠢᠯᠲᠠᠨ᠎ᠤ ᠬᠥᠮᠦᠵᠢᠯ ᠪᠣᠯᠪᠠᠰᠤᠷᠠᠯ ᠪᠠ ᠬᠠᠮᠢᠶᠠᠷᠤᠯᠲᠠ ᠵᠢ ᠴᠢᠩᠭ᠋ᠠᠳᠬᠠᠵᠤ᠂ ᠠᠵᠢᠯ ᠡᠷᠬᠢᠯᠡᠭᠰᠡᠳ᠎ᠤᠨ ᠠᠵᠢᠯ᠎ᠤᠨ ᠪᠠᠢ᠌ᠷᠢ ᠵᠢᠨ ᠶᠠᠰᠤ ᠴᠢᠨᠠᠷ᠎ᠤᠨ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠎ᠠ᠃ ᠤᠰᠤᠨ ᠠᠰᠢᠭᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠶᠠᠰᠤ ᠴᠢᠨᠠᠷ᠎ᠤᠨ ᠲᠦᠷᠦᠭᠦᠸ᠋ ᠲᠤᠰᠢᠶᠠᠯᠲᠠᠨ᠎ᠤ ᠳᠦᠷᠢᠮ ᠪᠠ ᠵᠠᠩᠭᠢᠯᠠᠭ᠎ᠠ ᠵᠢᠨ ᠠᠵᠢᠯ᠎ᠤᠨ ᠪᠠᠢ᠌ᠷᠢ ᠵᠢᠨ ᠠᠵᠢᠯᠲᠠᠨ᠎ᠤ ᠴᠢᠳᠠᠪᠤᠷᠢ ᠵᠢ ᠦᠨᠡᠯᠡᠬᠦ ᠰᠢᠰᠲ᠋ᠧᠮᠵᠢ ᠵᠢ ᠠᠬᠢᠭᠤᠯᠤᠨ᠎ᠠ᠃ ᠪᠠᠷᠢᠯᠭ᠎ᠠ ᠵᠢᠨ ᠠᠵᠢᠯᠲᠠᠨ᠎ᠤ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠎ᠢ ᠴᠢᠩᠭ᠋ᠠᠳᠬᠠᠵᠤ᠂ ᠶᠠᠰᠤ ᠴᠢᠨᠠᠷ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠬᠤᠯᠠᠴᠢᠯᠠᠨ᠂ ᠬᠥᠳᠡᠯᠮᠦᠷᠢ ᠵᠢᠨ ᠤᠷᠤᠯᠳᠤᠭ᠋ᠠᠨ ᠪᠠ ᠮᠡᠷᠭᠡᠵᠢᠯ ᠴᠢᠳᠠᠪᠤᠷᠢ ᠵᠢᠨ ᠤᠷᠤᠯᠳᠤᠭ᠋ᠠᠨ ᠥᠷᠨᠢᠭᠦᠯᠬᠦ ᠵᠢ ᠵᠣᠷᠢᠭᠵᠢᠭᠤᠯᠵᠤ᠂ ᠰᠢᠯᠢᠳᠡᠭ ᠮᠡᠷᠭᠡᠵᠢᠯ ᠴᠢᠳᠠᠪᠤᠷᠢ ᠵᠢᠨ ᠴᠢᠳᠠᠪᠤᠷᠢᠲᠠᠨ᠎ᠢ ᠱᠠᠩᠨᠠᠬᠤ ᠳᠦᠷᠢᠮ᠎ᠢ ᠲᠡᠭᠦᠯᠳᠡᠷᠵᠢᠭᠦᠯᠦᠨ᠎ᠡ᠃ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠢ ᠵᠣᠬᠢᠶᠠᠨ ᠪᠠᠢ᠌ᠭᠤᠯᠤᠨ ᠪᠠᠷᠢᠯᠭ᠎ᠠ ᠵᠢᠨ ᠶᠠᠰᠤ ᠴᠢᠨᠠᠷ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠬᠥᠮᠥᠵᠢᠭᠦᠯᠬᠦ ᠵᠣᠬᠢᠴᠠᠮᠵᠢ ᠵᠢ       ᠪᠠᠢ᠌ᠭᠤᠯᠵᠤ᠂ ᠳᠡᠭᠡᠳᠦ ᠰᠤᠷᠭ᠋ᠠᠭᠤᠯᠢ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠬᠥᠲᠥᠯᠥᠨ ᠵᠢᠯᠤᠭᠣᠳᠴᠤ ᠪᠠᠢ᠌ᠭ᠋ᠠᠳ ᠴᠢᠳᠠᠪᠤᠷᠢᠲᠠᠨ ᠬᠥᠮᠥᠵᠢᠭᠦᠯᠬᠦ ᠪᠠ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠬᠠᠮᠲᠤᠷᠠᠨ ᠥᠷᠨᠢᠭᠦᠯᠵᠦ᠂ ᠶᠠᠰᠤ ᠴᠢᠨᠠᠷ᠎ᠤᠨ ᠲᠤᠰᠬᠠᠢ ᠮᠡᠷᠭᠡᠵᠢᠯ᠎ᠤᠨ ᠤᠷ᠎ᠠ ᠴᠢᠳᠠᠪᠤᠷᠢ ᠵᠢᠨ ᠬᠡᠯᠪᠡᠷᠢ ᠵᠢᠨ ᠴᠢᠳᠠᠪᠤᠷᠢᠲᠠᠨ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠴᠢᠳᠠᠪᠤᠷᠢᠲᠠᠨ᠂ ᠬᠠᠮᠢᠶᠠᠷᠤᠯᠲᠠ ᠵᠢᠨ ᠴᠢᠳᠠᠪᠤᠷᠢᠲᠠᠨ᠎ᠢ ᠬᠦᠴᠦᠯᠡᠨ ᠬᠥᠮᠥᠵᠢᠭᠦᠯᠵᠦ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠠᠵᠢᠯ ᠡᠷᠬᠢᠯᠡᠭᠰᠡᠳ᠎ᠤᠨ ᠬᠡᠪ ᠴᠢᠨᠠᠷ᠎ᠢ ᠪᠦᠬᠦᠯᠢ ᠴᠣᠭᠴᠠ᠎ᠪᠠᠷ ᠳᠡᠭᠡᠭᠰᠢᠯᠡᠭᠦᠯᠬᠦ ᠵᠢ ᠠᠬᠢᠭᠤᠯᠤᠨ᠎ᠠ᠃

  (ᠠᠷᠪᠠᠨ ᠨᠠᠢ᠍ᠮᠠ) ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠪᠠᠷᠢᠮᠵᠢᠶᠠᠵᠢᠭᠤᠯᠤᠯᠲᠠ ᠵᠢ ᠠᠬᠢᠭᠤᠯᠤᠨ᠎ᠠ

   ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢ ᠪᠠᠷᠢᠮᠵᠢᠶᠠᠵᠢᠭᠤᠯᠬᠤ ᠲᠥᠷᠦ ᠵᠢᠨ ᠪᠤᠳᠤᠯᠭ᠎ᠠ ᠵᠢᠨ ᠵᠢᠯᠤᠭᠤᠳᠤᠮᠵᠢ ᠵᠢ ᠴᠢᠩᠭ᠋ᠠᠳᠬᠠᠵᠤ᠂ ᠪᠠᠷᠢᠮᠵᠢᠶᠠᠵᠢᠭᠤᠯᠬᠤ ᠵᠣᠬᠢᠴᠠᠮᠵᠢ ᠵᠢᠨ ᠰᠢᠨ᠎ᠡ ᠵᠢ ᠡᠭᠦᠳᠬᠦ ᠵᠢ ᠭᠦᠨᠵᠡᠭᠡᠢ ᠠᠬᠢᠭᠤᠯᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠡᠯ᠎ᠡ ᠲᠠᠯ᠎ᠠ ᠵᠢᠨ᠎ᠬᠢᠨ᠎ᠤ ᠶᠠᠰᠤ ᠴᠢᠨᠠᠷ᠎ᠤᠨ ᠠᠵᠢᠯᠯᠠᠭ᠎ᠠ ᠪᠠ ᠢᠨᠵᠧᠨᠧᠷᠢᠩ᠎ᠤᠨ ᠶᠠᠰᠤ ᠴᠢᠨᠠᠷ᠎ᠤᠨ ᠡᠵᠡᠮᠳᠡᠯ᠎ᠤᠨ ᠪᠠᠷᠢᠮᠵᠢᠶᠠᠵᠢᠭᠰᠠᠨ ᠬᠠᠮᠢᠶᠠᠷᠤᠯᠲᠠ ᠵᠢ ᠲᠦᠷᠭᠡᠳᠬᠡᠨ ᠠᠬᠢᠭᠤᠯᠵᠤ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠲᠡᠷᠢᠭᠦᠨ᠎ᠤ ᠭᠠᠵᠠᠷ ᠣᠷᠣᠨ᠂ ᠨᠡᠢ᠌ᠲᠡᠯᠢᠭ ᠢᠨᠵᠧᠨᠧᠷᠢᠩ ᠪᠠ ᠬᠡᠪ ᠳᠠᠭᠤᠷᠢᠶᠠᠯ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠶᠠᠰᠤ ᠴᠢᠨᠠᠷ᠎ᠤᠨ ᠪᠠᠷᠢᠮᠵᠢᠶᠠᠵᠢᠭᠤᠯᠬᠤ ᠪᠠᠢ᠌ᠭᠤᠯᠤᠯᠲᠠ ᠵᠢᠨ ᠠᠵᠢᠯ᠎ᠢ ᠬᠠᠮᠵᠢᠯᠴᠠᠨ ᠠᠬᠢᠭᠤᠯᠵᠤ᠂ ᠨᠢᠭᠡ ᠪᠦᠯᠦᠭ ᠶᠠᠰᠤ ᠴᠢᠨᠠᠷ᠎ᠤᠨ ᠪᠠᠷᠢᠮᠵᠢᠶᠠᠵᠢᠭᠤᠯᠤᠭᠰᠠᠨ ᠵᠢᠱ᠌ᠢᠶ᠎ᠡ ᠦᠵᠡᠭᠦᠯᠬᠦ ᠦᠷ᠎ᠡ ᠪᠦᠲᠦᠭᠡᠯ᠎ᠢ ᠪᠣᠶ ᠪᠣᠯᠭ᠋ᠠᠵᠤ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠪᠠᠷᠢᠮᠵᠢᠶᠠᠵᠢᠭᠤᠯᠤᠯᠲᠠ ᠵᠢᠨ ᠦᠨᠡᠯᠡᠯᠲᠡ ᠵᠢᠨ ᠰᠢᠰᠲ᠋ᠧᠮᠵᠢ ᠵᠢ ᠪᠠᠢ᠌ᠭᠤᠯᠤᠨ᠂ ᠪᠠᠶ᠋ᠢᠭᠤᠯᠬᠤ᠎ᠳᠤ ᠣᠷᠣᠯᠴᠠᠭᠰᠠᠨ ᠡᠯ᠎ᠡ ᠲᠠᠯ᠎ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠪᠠᠢ᠌ᠳᠠᠯ᠎ᠳᠤ ᠦᠨᠡᠯᠡᠯᠲᠡ ᠬᠢᠨ᠎ᠡ᠃ ᠣᠷᠣᠨ ᠪᠦᠰᠡ ᠵᠢᠨ ᠬᠣᠭᠣᠷᠣᠨᠳᠤ᠂ ᠲᠥᠷᠥᠯ ᠵᠦᠢ᠍ᠯ᠎ᠤᠨ ᠬᠣᠭᠣᠷᠣᠨᠳᠤ᠂ ᠠᠵᠤ ᠠᠬᠤᠢ᠌ᠯᠠᠯ᠎ᠤᠨ ᠬᠣᠭᠣᠷᠣᠨᠳᠣᠬᠢ ᠶᠠᠰᠤ ᠴᠢᠨᠠᠷ᠎ᠤᠨ ᠪᠠᠷᠢᠮᠵᠢᠶᠠᠵᠢᠭᠤᠯᠤᠯᠲᠠ ᠵᠢᠨ ᠬᠠᠮᠲᠤᠷᠠᠯᠴᠠᠨ ᠬᠣᠷᠰᠢᠯᠴᠠᠬᠤ ᠵᠢ ᠵᠣᠷᠢᠭᠵᠢᠭᠤᠯᠵᠤ᠂ ᠳᠡᠯᠭᠡᠷᠡᠭᠦᠯᠬᠦ ᠦᠨ᠎ᠡ ᠥᠷᠲᠡᠭ᠎ᠲᠠᠢ ᠶᠠᠰᠤ ᠴᠢᠨᠠᠷ᠎ᠤᠨ ᠬᠠᠮᠢᠶᠠᠷᠤᠯᠲᠠ ᠵᠢᠨ ᠪᠠᠷᠢᠮᠵᠢᠶᠠᠵᠢᠭᠤᠯᠤᠭᠰᠠᠨ ᠦᠷ᠎ᠡ ᠪᠦᠲᠦᠭᠡᠯ᠎ᠢ ᠴᠠᠭ ᠲᠤᠬᠠᠢ᠎ᠳᠤ᠎ᠨᠢ ᠳ᠋ᠦᠩᠨᠡᠨ᠎ᠡ᠃

  (ᠠᠷᠪᠠ ᠶᠢᠰᠦ) ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠲᠠ ᠵᠢ ᠬᠥᠲᠥᠯᠥᠨ ᠵᠢᠯᠤᠭᠣᠳᠴᠤ ᠪᠠᠢ᠌ᠭ᠋ᠠᠳ ᠰᠢᠯᠢᠳᠡᠭ᠎ᠢ ᠡᠭᠦᠳᠴᠦ ᠲᠡᠷᠢᠭᠦᠨ᠎ᠳᠤ ᠣᠷᠣᠬᠤ᠎ᠪᠠᠷ ᠴᠢᠷᠮᠠᠢ᠌ᠨ᠎ᠠ

   ᠣᠯᠠᠨ ᠡᠰᠢᠵᠢᠭᠰᠡᠨ᠂ ᠣᠯᠠᠨ ᠲᠠᠰ ᠳᠠᠪᠬᠤᠷᠭ᠎ᠠ ᠵᠢᠨ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠢ ᠤᠷᠮᠠᠰᠢᠭᠤᠯᠬᠤ ᠵᠣᠬᠢᠴᠠᠮᠵᠢ ᠵᠢ ᠲᠡᠭᠦᠯᠳᠡᠷᠵᠢᠭᠦᠯᠵᠦ᠂ ᠣᠷᠣᠨ ᠨᠤᠲᠤᠭ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠶᠠᠰᠤ ᠴᠢᠨᠠᠷ᠎ᠤᠨ ᠬᠠᠮᠢᠶᠠᠷᠤᠯᠲᠠ ᠵᠢᠨ ᠲᠡᠷᠢᠭᠦᠨ᠎ᠤ᠂ ᠠᠮᠵᠢᠯᠲᠠ ᠪᠦᠲᠦᠮᠵᠢ᠎ᠪᠠᠷ ᠢᠯᠡᠳᠲᠡ ᠵᠣᠬᠢᠶᠠᠨ ᠪᠠᠢ᠌ᠭᠤᠯᠤᠯᠲᠠ ᠪᠠ ᠬᠤᠪᠢ ᠬᠥᠮᠥᠨ᠎ᠢ ᠱᠠᠩᠨᠠᠨ ᠬᠥᠬᠢᠭᠦᠯᠬᠦ ᠵᠢ ᠵᠣᠷᠢᠭᠵᠢᠭᠤᠯᠤᠨ᠎ᠠ᠃ ᠶᠠᠰᠤ ᠴᠢᠨᠠᠷ ᠵᠶ᠋ᠠᠷ ᠰᠢᠯᠢᠳᠡᠭ᠎ᠢ ᠡᠭᠦᠳᠴᠦ ᠲᠡᠷᠢᠭᠦᠨ᠎ᠳᠤ ᠣᠷᠣᠬᠤ᠎ᠪᠠᠷ ᠴᠢᠷᠮᠠᠢ᠌ᠬᠤ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ ᠬᠢᠭᠡᠳ ᠬᠠᠢ᠌ᠨ       ᠪᠠᠢ᠌ᠴᠠᠭ᠋ᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠨᠢᠭᠡᠴᠢ᠂ ᠢᠨᠵᠸᠨ᠋ᠸᠷᠢᠩ᠎ᠤᠨ ᠰᠢᠯᠢᠳᠡᠭ᠎ᠢ ᠡᠭᠦᠳᠴᠦ ᠠᠮᠵᠢᠯᠲᠠ ᠣᠯᠬᠤ ᠬᠠᠷᠠᠯᠲᠠ ᠵᠢ ᠭᠡᠷ᠎ᠡ᠎ᠳᠤ ᠣᠷᠣᠭᠤᠯᠬᠤ ᠵᠢ ᠵᠣᠷᠢᠭᠵᠢᠭᠤᠯᠤᠨ᠂ ᠪᠠᠷᠢᠯᠭ᠎ᠠ᠎ᠳᠤ ᠣᠷᠣᠯᠴᠠᠬᠤ ᠨᠢᠭᠡᠴᠢ ᠵᠢ ᠴᠢᠨᠠᠷ ᠰᠠᠢ᠌ᠲᠠᠢ ᠢᠨᠵᠸᠨ᠋ᠸᠷᠢᠩ᠎ᠤᠨ ᠱᠠᠩᠨᠠᠯ᠎ᠤᠨ ᠵᠦᠢ᠍ᠯ᠎ᠤᠨ ᠰᠢᠯᠭ᠋ᠠᠷᠠᠭᠤᠯᠤᠯᠲᠠ᠎ᠳᠤ ᠢᠳᠡᠪᠬᠢᠲᠡᠢ᠎ᠪᠠᠷ ᠮᠡᠳᠡᠭᠦᠯᠬᠦ ᠵᠢ ᠬᠦᠲᠦᠯᠦᠨ ᠵᠢᠯᠤᠭᠤᠳᠤᠨ᠎ᠠ᠃ ᠦᠨᠡᠯᠡᠬᠦ ᠰᠢᠰᠲ᠋ᠧᠮᠵᠢ ᠵᠢ ᠪᠦᠷᠢᠨᠰᠢᠭᠦᠯᠵᠦ᠂ ᠨᠠᠩ ᠣᠯᠠᠨ ᠰᠣᠳᠣᠨ ᠢᠨᠵᠧᠨᠧᠷᠢᠩ᠎ᠢ ᠪᠣᠢ᠌ᠵᠢᠭᠤᠯᠤᠨ᠂ ᠴᠢᠨᠠᠷ ᠰᠠᠢ᠌ᠲᠠᠢ ᠢᠨᠵᠧᠨᠧᠷᠢᠩ᠎ᠤᠨ ᠠᠵᠤ ᠠᠬᠤᠢ᠌ᠯᠠᠯ᠎ᠤᠨ ᠨᠠᠷᠠᠲᠤ ᠲᠥᠷᠥᠯ ᠲᠡᠮᠳᠡᠭᠲᠦ ᠵᠢᠨ ᠳᠦᠷᠢ ᠲᠥᠷᠬᠦ ᠵᠢ ᠱᠤᠭᠤᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠰᠢᠯᠢᠳᠡᠭ᠎ᠢ ᠡᠭᠦᠳᠦᠨ ᠲᠡᠷᠢᠭᠦᠨ᠎ᠳᠤ ᠣᠷᠣᠬᠤ᠎ᠪᠠᠷ ᠴᠢᠷᠮᠠᠢ᠌ᠬᠤ ᠢᠳᠡᠪᠬᠢᠵᠢᠯ᠎ᠢ ᠬᠥᠭᠵᠢᠭᠡᠨ᠎ᠡ᠃

  (ᠬᠣᠷᠢ) ᠶᠠᠰᠤ ᠴᠢᠨᠠᠷ᠎ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠵᠢ ᠬᠡᠷᠡᠭᠵᠢᠭᠦᠯᠦᠨ᠎ᠡ

   ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠵᠢ ᠥᠷᠨᠢᠭᠦᠯᠵᠦ᠂ ᠶᠠᠰᠤ ᠴᠢᠨᠠᠷ᠎ᠤᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠨᠠᠢ᠌ᠳᠠᠪᠤᠷᠢᠵᠢᠭᠤᠯᠤᠨ᠂ ᠶᠠᠰᠤ ᠴᠢᠨᠠᠷ᠎ᠤᠨ ᠪᠥᠬᠥ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠬᠢᠨᠠᠨ ᠬᠠᠮᠢᠶᠠᠷᠬᠤ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠂ ᠶᠠᠰᠤ ᠴᠢᠨᠠᠷ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠶᠠᠰᠤ ᠴᠢᠨᠠᠷ᠎ᠤᠨ ᠰᠣᠶᠣᠯ᠎ᠤᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯ᠎ᠤᠨ ᠬᠠᠷᠠᠯᠲᠠ ᠵᠢ ᠲᠣᠭᠣᠷᠢᠨ᠂ ᠬᠢᠨᠠᠯᠲᠠ ᠲᠠᠯᠪᠢᠵᠤ ᠪᠠᠢ᠌ᠴᠠᠭ᠋ᠠᠬᠤ᠂ ᠲᠤᠰᠬᠠᠢ ᠵᠦᠢ᠍ᠯ ᠵᠶ᠋ᠡᠷ ᠴᠡᠭᠴᠡᠯᠡᠨ ᠵᠠᠰᠠᠬᠤ᠂ ᠳᠦᠷᠢᠮ᠎ᠢ ᠪᠦᠷᠢᠨᠰᠢᠭᠦᠯᠬᠦ᠂ ᠵᠣᠬᠢᠴᠠᠮᠵᠢ ᠵᠢ ᠲᠡᠭᠦᠯᠳᠡᠷᠵᠢᠭᠦᠯᠬᠦ ᠵᠡᠷᠭᠡ ᠠᠵᠢᠯ᠎ᠢ ᠥᠷᠨᠢᠭᠦᠯᠦᠨ᠎ᠡ᠃ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠰᠣᠯᠢᠯᠴᠠᠭ᠋ᠠᠨ᠎ᠤ ᠠᠵᠢᠯᠯᠠᠭ᠎ᠠ ᠵᠢ ᠠᠬᠢᠭᠤᠯᠵᠤ᠂ ᠬᠠᠷᠢᠯᠴᠠᠨ ᠲᠣᠯᠢᠯᠠᠵᠤ ᠬᠠᠷᠢᠯᠴᠠᠨ ᠰᠤᠷᠤᠯᠴᠠᠬᠤ ᠳᠤᠮᠳᠠ ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠢ ᠬᠠᠮᠲᠤ᠎ᠪᠠᠷ ᠳᠡᠭᠡᠭᠰᠢᠯᠡᠭᠦᠯᠵᠦ᠂ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠴᠢᠳᠠᠪᠤᠷᠢ ᠪᠠ ᠬᠢᠷᠢ ᠬᠡᠮᠵᠢᠶ᠎ᠡ ᠵᠢ ᠯᠠᠪᠳᠠᠭᠤᠨ ᠪᠠᠲᠤᠳᠠᠢ᠎ᠪᠠᠷ ᠳᠡᠭᠡᠭᠰᠢᠯᠡᠬᠦᠯᠦᠨ᠎ᠡ᠃

   ᠳᠥᠷᠪᠡ᠂ ᠢᠨᠵᠸᠨ᠋ᠸᠷᠢᠩ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠣᠳᠣᠬᠢᠴᠢᠯᠠᠯᠲᠠ ᠵᠢ ᠠᠬᠢᠭᠤᠯᠤᠨ᠎ᠠ

  (ᠬᠣᠷᠢᠨ ᠨᠢᠭᠡ) ᠶᠠᠰᠤ ᠴᠢᠨᠠᠷ᠎ᠤᠨ ᠬᠠᠮᠢᠶᠠᠷᠤᠯᠲᠠ ᠵᠢᠨ ᠳᠦᠷᠢᠮ᠎ᠤᠨ ᠰᠢᠰᠲᠸᠮᠵᠢ ᠵᠢ ᠪᠦᠷᠢᠨᠰᠢᠭᠦᠯᠦᠨ᠎ᠡ

   ᠣᠳᠣ ᠵᠢᠨ ᠬᠡᠷᠡᠭᠵᠢᠭᠦᠯᠵᠦ ᠪᠠᠢ᠌ᠭ᠎ᠠ ᠳᠦᠷᠢᠮ ᠪᠣᠯᠣᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠪᠣᠳᠠᠲᠠᠢ ᠵᠣᠬᠢᠴᠠᠩᠭᠤᠢ ᠪᠤᠰᠤ ᠪᠠᠢ᠌ᠬᠤ ᠠᠰᠠᠭᠤᠳᠠᠯ᠎ᠢ ᠴᠠᠭ ᠲᠤᠬᠠᠢ᠎ᠳᠤ᠎ᠨᠢ ᠡᠮᠬᠢᠯᠡᠨ ᠳᠢᠭᠯᠡᠵᠦ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠳᠦᠷᠢᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠠᠢ᠌ᠨ ᠪᠠᠢ᠌ᠴᠠᠭ᠋ᠠᠵᠤ ᠵᠢᠷᠤᠭᠯᠠᠨ ᠲᠥᠯᠥᠪᠯᠡᠬᠦ ᠬᠠᠮᠢᠶᠠᠷᠤᠯᠲᠠ᠂ ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ᠂ ᠶᠠᠰᠤ ᠴᠢᠨᠠᠷ᠎ᠲᠤ ᠬᠢᠨᠠᠯᠲᠠ ᠲᠠᠯᠪᠢᠬᠤ᠂ ᠶᠠᠰᠤ ᠴᠢᠨᠠᠷ᠎ᠢ ᠪᠠᠢ᠌ᠴᠠᠭ᠋ᠠᠨ ᠰᠢᠯᠭ᠋ᠠᠬᠤ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠬᠠᠮᠢᠶᠠᠷᠤᠯᠲᠠ᠂ ᠶᠠᠰᠤ ᠴᠢᠨᠠᠷ᠎ᠤᠨ ᠡᠨᠳᠡᠯ᠎ᠢ ᠪᠠᠢ᠌ᠴᠠᠭ᠋ᠠᠨ ᠰᠢᠢ᠍ᠳᠪᠦᠷᠢᠯᠡᠬᠦ᠂ ᠬᠠᠩᠰᠢᠯᠠᠭᠰᠠᠨ ᠦᠨ᠎ᠡ ᠵᠢᠨ ᠬᠠᠮᠢᠶᠠᠷᠤᠯᠲᠠ᠂ ᠢᠨᠵᠸᠨ᠋ᠸᠷᠢᠩ᠎ᠢ ᠰᠢᠯᠭ᠋ᠠᠨ ᠠᠪᠬᠤ᠂ ᠴᠢᠨᠠᠷ ᠰᠠᠢ᠌ᠲᠠᠢ ᠢᠨᠸᠵᠸᠨ᠋ᠸᠷᠢᠩ᠎ᠢ ᠰᠢᠯᠭ᠋ᠠᠷᠠᠭᠤᠯᠤᠨ ᠰᠣᠩᠭᠣᠬᠤ᠂ ᠰᠢᠨ᠎ᠡ ᠬᠡᠯᠪᠡᠷᠢ ᠵᠢᠨ ᠪᠠᠢ᠌ᠭᠤᠯᠵᠤ ᠬᠠᠮᠢᠶᠠᠷᠬᠤ ᠵᠠᠭᠪᠤᠷ ᠵᠡᠷᠭᠡ ᠵᠢ ᠬᠠᠮᠤᠷᠤᠭᠰᠠᠨ ᠶᠠᠰᠤ ᠴᠢᠨᠠᠷ᠎ᠤᠨ ᠬᠠᠮᠢᠶᠠᠷᠤᠯᠲᠠ ᠵᠢᠨ ᠳᠦᠷᠢᠮ ᠲᠣᠭᠲᠠᠭ᠋ᠠᠯ᠎ᠤᠨ ᠰᠢᠰᠲ᠋ᠧᠮᠵᠢ ᠵᠢ ᠪᠦᠷᠢᠯᠳᠦᠭᠦᠯᠦᠨ᠎ᠡ᠃ ᠡᠯ᠎ᠡ ᠮᠤᠵᠢ ᠵᠢᠨ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠣᠷᠣᠨ ᠨᠤᠲᠤᠭ᠎ᠤᠨ ᠤᠰᠤᠨ ᠠᠰᠢᠭᠯᠠᠯᠲᠠ ᠵᠢᠨ ᠢᠨᠸᠵᠸᠨᠸᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠳᠦᠷᠢᠮ᠎ᠤᠨ ᠰᠢᠰᠲᠸᠮᠵᠢ ᠵᠢ ᠪᠦᠷᠢᠨᠰᠢᠭᠦᠯᠦᠨ᠎ᠡ᠃

  (ᠬᠣᠷᠢᠨ ᠬᠣᠶᠠᠷ) ᠢᠨᠵᠸᠨ᠋ᠸᠷᠢᠩ ᠎ᠤᠨ ᠶᠠᠰᠤ ᠴᠢᠨᠠᠷ᠎ᠤᠨ ᠪᠠᠷᠢᠮᠵᠢᠶ᠎ᠠ ᠵᠢᠨ ᠰᠢᠰᠲᠸᠮᠵᠢ ᠵᠢ ᠲᠡᠭᠦᠯᠳᠡᠷᠵᠢᠬᠦᠯᠦᠨ᠎ᠡ

   ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢᠨ ᠬᠡᠷᠡᠭᠴᠡᠭᠡ ᠵᠢ ᠦᠨᠳᠦᠰᠦᠯᠡᠨ᠂ ᠣᠷᠣᠨ ᠪᠦᠰᠡ ᠵᠢᠨ ᠠᠮᠤᠷ ᠲᠦᠪᠰᠢᠨ᠂ ᠢᠨᠵᠧᠨᠧᠷᠢᠩ᠎ᠤᠨ ᠠᠮᠤᠷ ᠲᠦᠪᠰᠢᠨ᠎ᠢ ᠭᠦᠢ᠍ᠴᠡᠳ ᠪᠣᠳᠣᠯᠬᠢᠯᠠᠨ᠂ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ ᠵᠢ ᠵᠦᠢ ᠵᠣᠬᠢᠰᠲᠠᠢ᠎ᠪᠠᠷ ᠳᠡᠭᠡᠭᠰᠢᠯᠡᠭᠦᠯᠵᠦ᠂ ᠳᠡᠯᠭᠡᠷᠡᠭᠦᠯᠬᠦ ᠦᠨ᠎ᠡ ᠥᠷᠲᠡᠭ᠎ᠲᠠᠢ ᠶᠠᠰᠤ ᠴᠢᠨᠠᠷ᠎ᠤᠨ ᠡᠵᠡᠮᠳᠡᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠴᠠᠭ ᠲᠤᠬᠠᠢ᠎ᠳᠤ᠎ᠨᠢ ᠪᠣᠯᠪᠠᠰᠤᠷᠠᠭᠤᠯᠵᠤ᠂ ᠬᠠᠮᠢᠶ᠎ᠠ ᠪᠦᠬᠦᠢ ᠮᠡᠷᠭᠡᠵᠢᠯ᠎ᠤᠨ ᠪᠠᠷᠢᠮᠵᠢᠶ᠎ᠠ ᠵᠢ ᠪᠦᠷᠢᠨᠰᠢᠭᠦᠯᠦᠨ᠂ ᠪᠠᠷᠢᠮᠵᠢᠶ᠎ᠠ ᠵᠢᠨ ᠬᠠᠩᠭ᠋ᠠᠯᠭ᠎ᠠ ᠵᠢᠨ ᠶᠠᠰᠤ ᠴᠢᠨᠠᠷ ᠪᠠ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠪᠤᠴᠠ ᠵᠢᠨ ᠶᠠᠰᠤ ᠴᠢᠨᠠᠷ᠎ᠢ ᠡᠵᠡᠮᠳᠡᠬᠦ᠂ ᠪᠣᠳᠠᠲᠤ ᠴᠣᠭᠴᠠ ᠵᠢᠨ ᠶᠠᠰᠤ ᠴᠢᠨᠠᠷ ᠪᠠ ᠢᠨᠵᠧᠨᠧᠷᠢᠩ᠎ᠢ ᠰᠢᠯᠭ᠋ᠠᠨ ᠠᠪᠬᠤ ᠵᠡᠷᠭᠡ ᠲᠠᠯ᠎ᠠ ᠵᠢᠨ ᠮᠡᠷᠭᠡᠵᠢᠯ᠎ᠤᠨ ᠪᠠᠷᠢᠮᠵᠢᠶ᠎ᠠ ᠵᠢᠨ ᠰᠢᠰᠲ᠋ᠧᠮᠵᠢ ᠵᠢᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠤᠨ᠎ᠠ᠃ ᠬᠣᠯᠪᠣᠭᠳᠠᠯ ᠪᠦᠬᠦᠢ ᠨᠢᠭᠡᠴᠢ ᠵᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠪᠦᠯᠬᠦᠮ᠂ ᠠᠵᠤ ᠠᠬᠤᠢ᠌ᠯᠠᠯ᠂ ᠣᠷᠣᠨ ᠨᠤᠲᠤᠭ᠎ᠤᠨ ᠮᠡᠷᠭᠡᠵᠢᠯ᠎ᠤᠨ ᠪᠠᠷᠢᠮᠵᠢᠶ᠎ᠠ ᠵᠢ ᠲᠣᠭᠲᠠᠭ᠋ᠠᠬᠤ ᠪᠠ ᠬᠡᠷᠡᠭᠯᠡᠬᠦ ᠵᠢ ᠵᠣᠷᠢᠭᠵᠢᠭᠤᠯᠵᠤ᠂ ᠵᠠᠰᠠᠭ᠎ᠤᠨ ᠣᠷᠳᠣᠨ᠎ᠤ ᠨᠡᠢ᠌ᠲᠡᠯᠡᠬᠦ ᠪᠠᠷᠢᠮᠵᠢᠶ᠎ᠠ ᠬᠢᠭᠡᠳ ᠵᠠᠬ᠎ᠠ ᠳᠡᠯᠭᠡᠭᠦᠷ᠎ᠤᠨ ᠪᠡᠶ᠎ᠡ᠎ᠪᠠᠨ ᠳᠠᠭ᠋ᠠᠭ᠋ᠠᠵᠤ ᠲᠣᠭᠲᠠᠭ᠋ᠠᠬᠤ ᠪᠠᠷᠢᠮᠵᠢᠶ᠎ᠠ ᠵᠢ ᠬᠠᠷᠢᠯᠴᠠᠨ ᠨᠥᠬᠥᠪᠦᠷᠢᠯᠡᠬᠦ ᠵᠢ ᠠᠬᠢᠭᠤᠯᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠴᠢᠨᠠᠷ ᠰᠠᠢ᠌ᠲᠠᠢ ᠬᠥᠭᠵᠢᠯᠲᠡ᠎ᠳᠤ ᠪᠠᠷᠢᠮᠵᠢᠶ᠎ᠠ ᠵᠢᠨ ᠦᠨᠳᠦᠰᠦᠯᠡᠯ ᠬᠠᠩᠭ᠋ᠠᠨ᠎ᠠ᠃

  (ᠬᠣᠷᠢᠨ ᠭᠤᠷᠪᠠ) ᠢᠨᠵᠸᠨ᠋ᠸᠷᠢᠩ᠎ᠤᠨ ᠶᠠᠰᠤ ᠴᠢᠨᠠᠷ᠎ᠤᠨ ᠬᠢᠨᠠᠨ ᠬᠠᠮᠢᠶᠠᠷᠬᠤ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠎ᠡ

   ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠶᠠᠰᠤ ᠴᠢᠨᠠᠷ᠎ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠴᠢᠩᠭ᠋ᠠᠷᠠᠭᠤᠯᠤᠨ᠂ ᠶᠠᠰᠤ ᠴᠢᠨᠠᠷ᠎ᠲᠤ ᠬᠢᠨᠠᠯᠲᠠ ᠲᠠᠯᠪᠢᠬᠤ᠂ ᠪᠠᠢ᠌ᠴᠠᠭ᠋ᠠᠬᠤ᠂ 《ᠬᠣᠶᠠᠷ᠎ᠢ ᠲᠠᠰᠢᠷᠠᠮ ᠳᠠᠭ᠋ᠠᠤ ᠨᠢᠭᠡ ᠵᠢ ᠢᠯᠡ ᠪᠣᠯᠭ᠋ᠠᠬᠤ》 ᠵᠡᠷᠭᠡ ᠬᠢᠨᠠᠨ ᠬᠠᠮᠢᠶᠠᠷᠤᠯᠲᠠ ᠵᠢᠨ ᠠᠷᠭ᠎ᠠ ᠪᠠᠷᠢᠯ᠎ᠢ ᠪᠦᠷᠢᠨᠰᠢᠭᠦᠯᠵᠦ᠂ ᠲᠥᠷᠥᠯ ᠬᠤᠪᠢᠶᠠᠨ ᠬᠢᠨᠠᠨ ᠬᠠᠮᠢᠶᠠᠷᠬᠤ ᠪᠠ ᠵᠦᠷᠢᠶᠡᠴᠢᠯᠡᠭᠰᠡᠨ ᠬᠢᠨᠠᠨ ᠬᠠᠮᠢᠶᠠᠷᠤᠯᠲᠠ ᠵᠢ ᠬᠡᠷᠡᠭᠵᠢᠭᠦᠯᠦᠨ᠂ ᠶᠠᠰᠤ ᠴᠢᠨᠠᠷ᠎ᠤᠨ ᠬᠠᠮᠢᠶᠠᠷᠤᠯᠲᠠ᠎ᠪᠠᠷ ᠪᠠᠭᠤᠷᠠᠢ ᠭᠠᠵᠠᠷ ᠣᠷᠣᠨ᠂ ᠪᠠᠭᠤᠷᠠᠢ ᠲᠥᠷᠥᠯ ᠵᠦᠢ᠍ᠯ᠂ ᠪᠠᠭᠤᠷᠠᠢ ᠭᠣᠭᠴᠣᠭ᠎ᠠ ᠵᠢᠨ ᠬᠢᠨᠠᠨ ᠬᠠᠮᠢᠶᠠᠷᠤᠯᠲᠠ ᠵᠢᠨ ᠡᠷᠴᠢᠮ᠎ᠢ ᠴᠢᠩᠭ᠋ᠠᠷᠠᠭᠤᠯᠤᠨ᠎ᠠ᠃ ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠲᠠ ᠵᠢᠨ ᠪᠥᠬᠥ ᠬᠡᠯᠬᠢᠶᠡᠰᠦ ᠵᠢᠨ ᠵᠠᠰᠠᠭ᠎ᠤᠨ ᠣᠷᠳᠣᠨ᠎ᠤ ᠶᠠᠰᠤ ᠴᠢᠨᠠᠷ᠎ᠲᠤ ᠬᠢᠨᠠᠯᠲᠠ ᠲᠠᠯᠪᠢᠬᠤ ᠵᠢ ᠴᠢᠩᠭ᠋ᠠᠷᠠᠭᠤᠯᠵᠤ᠂ ᠡᠳᠦᠷ ᠲᠤᠲᠤᠮ᠎ᠤᠨ ᠪᠠᠢ᠌ᠴᠠᠭ᠋ᠠᠬᠤ ᠪᠠ ᠰᠤᠭᠤᠴᠢᠨ ᠪᠠᠢ᠌ᠴᠠᠭ᠋ᠠᠬᠤ ᠵᠢ ᠬᠠᠷᠢᠯᠴᠠᠨ ᠤᠶᠠᠯᠳᠤᠭᠤᠯᠤᠭᠰᠠᠨ ᠶᠠᠰᠤ ᠴᠢᠨᠠᠷ᠎ᠲᠤ ᠬᠢᠨᠠᠯᠲᠠ ᠲᠠᠯᠪᠢᠵᠤ ᠪᠠᠢ᠌ᠴᠠᠭ᠋ᠠᠬᠤ ᠳᠦᠷᠢᠮ᠎ᠢ ᠲᠡᠭᠦᠯᠳᠡᠷᠵᠢᠭᠦᠯᠦᠨ᠂ ᠢᠨᠵᠸᠨ᠋ᠸᠷᠢᠩ᠎ᠤᠨ ᠠᠮᠤᠷ ᠲᠦᠪᠰᠢᠨ᠎ᠳᠤ ᠬᠣᠯᠪᠣᠭᠳᠠᠬᠤ ᠠᠵᠢᠯ᠎ᠤᠨ ᠳᠠᠷᠠᠭ᠋ᠠᠯᠠᠯ᠂ ᠵᠠᠩᠭᠢᠯᠠᠭ᠎ᠠ ᠵᠢᠨ ᠣᠷᠣᠨ ᠪᠠᠢ᠌ᠷᠢ ᠪᠠ ᠴᠢᠬᠤᠯᠠ ᠳᠠᠯᠳᠠ ᠬᠡᠰᠡᠭ᠎ᠤᠨ ᠢᠨᠵᠸᠨ᠋ᠸᠷᠢᠩ᠎ᠳᠤ ᠭᠣᠣᠯᠳᠠᠯᠭ᠎ᠠ᠎ᠲᠠᠢ᠎ᠪᠠᠷ ᠪᠠᠢ᠌ᠴᠠᠭ᠋ᠠᠯᠲᠠ ᠪᠠ ᠪᠠᠢ᠌ᠴᠠᠭ᠋ᠠᠨ ᠬᠡᠮᠵᠢᠯᠲᠡ ᠵᠢ ᠥᠷᠨᠢᠭᠦᠯᠦᠨ᠎ᠡ᠃ 《ᠢᠨᠲ᠋ᠧᠷ ᠰᠦᠯᠵᠢᠶ᠎ᠡ + ᠬᠢᠨᠠᠨ ᠬᠠᠮᠢᠶᠠᠷᠤᠯᠲᠠ》᠂ ᠵᠠᠰᠠᠭ᠎ᠤᠨ ᠣᠷᠳᠣᠨ ᠶᠠᠰᠤ ᠴᠢᠨᠠᠷ᠎ᠤᠨ ᠬᠢᠨᠠᠨ ᠬᠠᠮᠢᠶᠠᠷᠤᠯᠲᠠ ᠵᠢᠨ ᠮᠡᠷᠭᠡᠵᠢᠯ᠎ᠤᠨ ᠦᠢ᠍ᠯᠡᠴᠢᠯᠡᠭᠡ ᠵᠢ ᠬᠤᠳᠠᠯᠳᠤᠨ ᠠᠪᠬᠤ ᠵᠡᠷᠭᠡ ᠠᠷᠭ᠎ᠠ ᠮᠠᠶᠢᠭ᠎ᠢ ᠠᠬᠢᠭᠤᠯᠵᠤ᠂ ᠵᠠᠰᠠᠭ᠎ᠤᠨ ᠣᠷᠳᠣᠨ᠎ᠤ ᠶᠠᠰᠤ ᠴᠢᠨᠠᠷ᠎ᠲᠤ ᠬᠢᠨᠠᠯᠲᠠ ᠲᠠᠯᠪᠢᠬᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠶᠠᠰᠤ ᠴᠢᠨᠠᠷ᠎ᠤᠨ ᠬᠢᠨᠠᠨ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠶᠠᠰᠤ ᠴᠢᠨᠠᠷ᠎ᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠳᠤ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠴᠣᠬᠢᠯᠲᠠ ᠥᠭᠴᠦ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠤᠨ ᠠᠮᠤᠷ ᠲᠦᠪᠰᠢᠨ᠎ᠢ ᠡᠵᠡᠮᠳᠡᠵᠦ ᠪᠣᠯᠬᠤ ᠵᠢ ᠦᠨᠡᠨ ᠬᠦ᠌ ᠪᠠᠲᠤᠯᠠᠨ᠎ᠠ᠃

  (ᠬᠣᠷᠢᠨ ᠳᠥᠷᠪᠡ) ᠶᠠᠰᠤ ᠴᠢᠨᠠᠷ᠎ᠤᠨ ᠬᠠᠮᠢᠶᠠᠷᠤᠯᠲᠠ ᠵᠢ ᠨᠡᠢ᠌ᠭᠡᠮ᠎ᠤᠨ ᠬᠠᠮᠲᠤ᠎ᠪᠠᠷ ᠵᠶ᠋ᠡᠨ ᠵᠠᠰᠠᠬᠤ ᠵᠢ ᠠᠬᠢᠭᠤᠯᠤᠨ᠎ᠠ

   ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠶᠠᠰᠤ ᠴᠢᠨᠠᠷ᠎ᠤᠨ ᠵᠠᠰᠠᠯᠲᠠ ᠵᠢᠨ ᠵᠠᠭᠪᠤᠷ᠎ᠢ       ᠰᠢᠯᠢᠳᠡᠭᠵᠢᠭᠦᠯᠵᠦ᠂ ᠬᠠᠤᠯᠢ᠎ᠪᠠᠷ ᠵᠠᠰᠠᠬᠤ᠎ᠪᠠᠷ ᠰᠠᠭᠤᠷᠢ ᠪᠣᠯᠭ᠋ᠠᠭᠰᠠᠨ᠂ ᠵᠠᠰᠠᠭ᠎ᠤᠨ ᠣᠷᠳᠣᠨ ᠵᠶ᠋ᠠᠷ ᠭᠣᠣᠯᠯᠠᠭᠤᠯᠤᠭᠰᠠᠨ᠂ ᠨᠡᠢ᠌ᠭᠡᠮ᠎ᠤᠨ ᠡᠯ᠎ᠡ ᠲᠠᠯ᠎ᠠ ᠵᠢᠨ᠎ᠬᠢᠨ ᠣᠷᠣᠯᠴᠠᠭᠰᠠᠨ ᠣᠯᠠᠨ ᠡᠰᠢᠲᠦ ᠵᠠᠰᠠᠯᠲᠠ ᠵᠢᠨ ᠵᠣᠬᠢᠴᠠᠮᠵᠢ ᠵᠢ ᠪᠠᠢ᠌ᠭᠤᠯᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠥᠪᠡᠷᠲᠡᠭᠡᠨ ᠵᠠᠰᠠᠬᠤ᠂ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ᠂ ᠨᠡᠢ᠌ᠭᠡᠮ᠎ᠤᠨ ᠬᠢᠨᠠᠯᠲᠠ ᠲᠠᠯᠪᠢᠬᠤ᠂ ᠵᠠᠰᠠᠭ᠎ᠤᠨ ᠣᠷᠳᠣᠨ᠎ᠤ ᠬᠢᠨᠠᠨ ᠬᠠᠮᠢᠶᠠᠷᠤᠯᠲᠠ ᠵᠢᠨ ᠶᠠᠰᠤ ᠴᠢᠨᠠᠷ᠎ᠢ ᠬᠠᠮᠲᠤ᠎ᠪᠠᠷ ᠵᠠᠰᠠᠬᠤ ᠪᠠᠢ᠌ᠷᠢᠰᠢᠯ᠎ᠢ ᠪᠠᠢ᠌ᠭᠤᠯᠤᠨ᠎ᠠ᠃ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢ᠌ᠭᠤᠯᠤᠯᠲᠠ᠂ ᠨᠢᠭᠡᠳᠦᠭᠡᠷ ᠹᠷᠣᠨᠲ᠎ᠤᠨ ᠡᠭᠡᠯᠵᠢ ᠳᠤᠭᠤᠢ᠌ᠯᠠᠩ ᠵᠡᠷᠭᠡ ᠵᠢᠨ ᠶᠠᠰᠤ ᠴᠢᠨᠠᠷ᠎ᠢ ᠰᠠᠢ᠌ᠵᠢᠷᠠᠭᠤᠯᠬᠤ᠂ ᠶᠠᠰᠤ ᠴᠢᠨᠠᠷ᠎ᠤᠨ ᠰᠢᠨ᠎ᠡ ᠵᠢ ᠡᠭᠦᠳᠬᠦ᠂ ᠬᠥᠳᠡᠯᠮᠦᠷᠢ ᠵᠢᠨ ᠮᠡᠷᠭᠡᠵᠢᠯ ᠴᠢᠳᠠᠪᠤᠷᠢ ᠵᠢᠨ ᠤᠷᠤᠯᠳᠤᠭ᠋ᠠᠨ ᠵᠡᠷᠭᠡ ᠣᠯᠠᠨ ᠲᠦᠮᠡᠨᠴᠢ ᠴᠢᠨᠠᠷᠲᠠᠢ ᠶᠠᠰᠤ ᠴᠢᠨᠠᠷ᠎ᠤᠨ ᠠᠵᠢᠯᠯᠠᠭ᠎ᠠ ᠵᠢ ᠬᠡᠷᠡᠭᠵᠢᠭᠦᠯᠬᠦ ᠵᠢ ᠳᠡᠮᠵᠢᠨ᠎ᠡ᠃ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠶᠠᠰᠤ ᠴᠢᠨᠠᠷ᠎ᠲᠤ ᠨᠡᠢ᠌ᠭᠡᠮ᠎ᠤᠨ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠬᠤ ᠵᠣᠬᠢᠴᠠᠴᠮᠵᠢ ᠵᠢ ᠪᠦᠷᠢᠨᠰᠢᠭᠦᠯᠵᠦ᠂ ᠨᠡᠢ᠌ᠭᠡᠮ᠎ᠤᠨ ᠬᠢᠨᠠᠯᠲᠠ ᠲᠠᠯᠪᠢᠬᠤ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠵᠦ᠂ ᠢᠯᠡᠴᠢᠯᠡᠨ ᠮᠡᠳᠡᠭᠦᠯᠵᠦ ᠵᠠᠭ᠋ᠠᠯᠳᠤᠬᠤ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠦᠨ᠎ᠡ᠃

  (ᠬᠣᠷᠢᠨ ᠲᠠᠪᠤ) ᠶᠠᠰᠤ ᠴᠢᠨᠠᠷ᠎ᠤᠨ ᠦᠨᠡᠨᠴᠢ ᠢᠲᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ

   ᠤᠰᠤᠨ ᠠᠰᠢᠭᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠬᠢᠨᠠᠨ ᠬᠠᠮᠢᠶᠠᠷᠤᠯᠲᠠ ᠵᠢᠨ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠶᠠᠰᠤ ᠴᠢᠨᠠᠷ᠎ᠤᠨ ᠲᠠᠯ᠎ᠠ᠎ᠪᠠᠷ ᠢᠲᠡᠭᠡᠯ ᠵᠶ᠋ᠡᠨ ᠠᠯᠳᠠᠭᠰᠠᠨ ᠠᠵᠢᠯᠯᠠᠭ᠎ᠠ ᠵᠢ ᠵᠠᠯᠬᠠᠭ᠋ᠠᠨ ᠴᠡᠭᠡᠷᠯᠡᠭᠦᠯᠬᠦ ᠡᠷᠴᠢᠮ᠎ᠢ ᠴᠢᠩᠭ᠋ᠠᠷᠠᠭᠤᠯᠤᠨ᠎ᠠ᠃ ᠢᠲᠡᠭᠡᠯ ᠵᠶ᠋ᠡᠨ ᠠᠯᠳᠠᠭᠰᠠᠨ ᠮᠡᠳᠡᠭᠡ ᠵᠠᠩᠭᠢ ᠵᠢ ᠴᠤᠭᠯᠠᠭᠤᠯᠵᠤ ᠬᠠᠮᠲᠤ᠎ᠪᠠᠷ ᠡᠳ᠋ᠯᠡᠬᠦ ᠵᠣᠬᠢᠴᠠᠮᠵᠢ ᠵᠢ ᠪᠦᠷᠢᠨᠰᠢᠭᠦᠯᠵᠦ᠂ ᠪᠦᠬᠦ ᠤᠯᠤᠰ᠎ᠤᠨ ᠤᠰᠤᠨ ᠠᠰᠢᠭᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠤᠯᠲᠠ ᠵᠢᠨ ᠲᠠᠪᠴᠠᠩ ᠪᠣᠯᠣᠨ ᠮᠤᠵᠢ ᠵᠢᠨ ᠱᠠᠲᠤᠨ᠎ᠤ ᠤᠰᠤᠨ ᠠᠰᠢᠭᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠤᠯᠲᠠ ᠵᠢᠨ ᠲᠠᠪᠴᠠᠩ᠎ᠤᠨ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠪᠠ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠵᠢ ᠲᠦᠯᠬᠢᠨ ᠠᠬᠢᠭᠤᠯᠵᠤ᠂ ᠢᠲᠡᠭᠡᠯ ᠵᠶ᠋ᠡᠨ ᠠᠯᠳᠠᠭᠰᠠᠨ ᠮᠡᠳᠡᠭᠡ ᠵᠠᠩᠭᠢ ᠵᠢ ᠨᠢᠭᠡ ᠯᠡ ᠳᠡᠭᠡᠷ᠎ᠡ ᠴᠤᠭᠯᠠᠭᠤᠯᠵᠤ᠂ ᠪᠦᠬᠦ ᠤᠯᠤᠰ᠎ᠲᠤ ᠬᠠᠮᠲᠤ᠎ᠪᠠᠷ ᠡᠳ᠋ᠯᠡᠬᠦ ᠵᠢ ᠪᠡᠶᠡᠯᠡᠭᠦᠯᠦᠨ᠎ᠡ᠃ ᠬᠦᠨᠳᠦ ᠨᠣᠴᠢᠲᠠᠢ ᠢᠲᠡᠭᠡᠯ ᠠᠯᠳᠠᠭᠰᠠᠨ ᠭᠣᠣᠯ ᠴᠣᠭᠴᠠ ᠵᠢᠨ ᠨᠡᠷᠡᠰ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠢᠲᠡᠭᠡᠯ ᠠᠯᠳᠠᠭᠰᠠᠳ᠎ᠢ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠢ ᠬᠠᠤᠯᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃ ᠢᠲᠡᠭᠡᠮᠵᠢ ᠵᠢᠨ ᠦᠨᠡᠯᠡᠯᠲᠡ ᠵᠢᠨ ᠪᠠᠷᠢᠮᠵᠢᠶ᠎ᠠ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠤᠰᠤᠨ ᠠᠰᠢᠭᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠢᠲᠡᠭᠡᠮᠵᠢ ᠵᠢᠨ ᠦᠨᠡᠯᠡᠯᠲᠡ ᠵᠢᠨ ᠠᠵᠢᠯ᠎ᠢ ᠵᠢᠷᠤᠮᠵᠢᠭᠤᠯᠤᠨ᠂ ᠢᠲᠡᠭᠡᠮᠵᠢ ᠵᠢᠨ ᠦᠨᠡᠯᠡᠯᠲᠡ ᠵᠢᠨ ᠡᠷᠬᠡ ᠰᠦᠷᠲᠦ ᠴᠢᠨᠠᠷ ᠪᠠ ᠣᠯᠠᠨ ᠨᠡᠶ᠋ᠢᠲᠡ ᠵᠢ ᠢᠲᠡᠭᠡᠭᠦᠯᠬᠦ ᠬᠦᠴᠦᠨ᠎ᠢ ᠳᠡᠭᠡᠭᠰᠢᠯᠡᠬᠦᠯᠦᠨ᠎ᠡ᠃ ᠠᠵᠤ ᠠᠬᠤᠢ᠌ᠯᠠᠯ᠎ᠤᠨ ᠳᠠᠭ᠋ᠠᠭ᠋ᠠᠴᠢᠯᠠᠨ ᠪᠠᠢ᠌ᠭᠤᠯᠤᠭᠰᠠᠨ ᠢᠨᠵᠸᠨ᠋ᠸᠷᠢᠩ᠎ᠤᠨ ᠶᠠᠰᠤ ᠴᠢᠨᠠᠷ᠎ᠤᠨ ᠪᠠᠢ᠌ᠳᠠᠯ᠎ᠢ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠵᠢ ᠬᠢᠨᠠᠨ ᠲᠣᠭᠲᠠᠭ᠋ᠠᠬᠤ ᠬᠦᠴᠦᠨ ᠵᠦᠢ᠍ᠯ᠎ᠳᠤ ᠣᠷᠣᠭᠤᠯᠬᠤ ᠵᠢ ᠵᠣᠷᠢᠭᠵᠢᠭᠤᠯᠵᠤ᠂ ᠶᠠᠰᠤ ᠴᠢᠨᠠᠷ ᠵᠶ᠋ᠠᠷ ᠥᠷᠢᠰᠦᠯᠳᠦᠬᠦ᠂ ᠰᠢᠯᠢᠳᠡᠭ᠎ᠨᠢ ᠰᠢᠯᠢᠭᠳᠡᠵᠦ ᠰᠢᠭ᠋ᠠᠷᠤ᠎ᠨᠢ ᠰᠢᠭᠰᠢᠭᠳᠡᠬᠦ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠪᠣᠶ ᠪᠣᠯᠭ᠋ᠠᠨ᠎ᠠ᠃  

   ᠲᠠᠪᠤ᠂ ᠪᠠᠲᠤᠯᠠᠭ᠎ᠠ ᠵᠢᠨ ᠠᠷᠭ᠎ᠠ ᠬᠡᠮᠵᠢ᠊ ᠡᠶ᠎ᠡ

  (ᠬᠤᠷᠢᠨ ᠵᠢᠷᠭᠤᠭ᠎ᠠ) ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠨ᠎ᠠ

   ᠡᠯ᠎ᠡ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠂ ᠣᠷᠣᠨ ᠨᠤᠲᠤᠭ᠎ᠤᠨ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠶᠠᠰᠤ ᠴᠢᠨᠠᠷ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠵᠢ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠪᠠ ᠶᠠᠰᠤ ᠴᠢᠨᠠᠷ᠎ᠤᠨ ᠲᠣᠪᠤᠶ᠋ᠢᠮ᠎ᠠ ᠠᠰᠠᠭᠤᠳᠠᠯ᠎ᠢ ᠰᠢᠶᠳᠪᠦᠷᠢᠯᠡᠬᠦ᠎ᠲᠠᠢ ᠬᠠᠷᠢᠯᠴᠠᠨ ᠤᠶᠠᠯᠳᠤᠭᠤᠯᠵᠤ᠂ ᠲᠣᠰ ᠭᠠᠵᠠᠷ ᠣᠷᠣᠨ ᠲᠣᠰ ᠨᠢᠭᠡᠴᠢ ᠵᠢᠨ ᠠᠵᠢᠯ᠎ᠤᠨ ᠪᠣᠳᠠᠲᠠᠶ᠎ᠲᠠᠢ᠎ᠪᠠᠨ ᠨᠢᠭᠲᠠ ᠤᠶᠠᠯᠳᠤᠭᠤᠯᠤᠨ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠵᠤ᠂ ᠨᠠᠷᠢᠨ ᠨᠢᠮᠪᠠᠶ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠶᠠᠰᠤ ᠴᠢᠨᠠᠷ᠎ᠤᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠤᠨ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠷᠠᠭᠤᠯᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠂ ᠶᠠᠰᠤ ᠴᠢᠨᠠᠷ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠡᠭᠦᠷᠭᠡ ᠵᠢᠨ ᠪᠠᠶ᠋ᠢᠷᠢᠯᠠᠭᠤᠯᠤᠯᠲᠠ ᠵᠢ ᠪᠣᠳᠠᠲᠠᠶ᠋ᠢᠵᠢᠭᠤᠯᠤᠨ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠨ᠎ᠠ᠃

  (ᠬᠤᠷᠢᠨ ᠳᠣᠯᠤᠭ᠎ᠠ) ᠰᠢᠯᠭ᠋ᠠᠨ ᠬᠢᠨᠠᠵᠤ ᠦᠨᠡᠯᠡᠨ ᠵᠢᠱ᠌ᠢᠬᠦ ᠵᠢ ᠴᠢᠩᠭ᠋ᠠᠷᠠᠭᠤᠯᠤᠨ᠎ᠠ

   ᠤᠰᠤᠨ ᠠᠰᠢᠭᠯᠠᠯᠲᠠ ᠵᠢᠨ ᠶᠠᠮᠤᠨ 《ᠶᠠᠰᠤ ᠴᠢᠨᠠᠷ᠎ᠤᠨ ᠬᠦᠴᠦᠷᠬᠡᠭ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢᠨ ᠬᠥᠲᠥᠯᠪᠦᠷᠢ》 ᠪᠠ ᠲᠣᠰ ᠰᠠᠨᠠᠯ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠤᠨ ᠠᠵᠢᠯ᠎ᠤᠨ ᠰᠢᠯᠭ᠋ᠠᠨ ᠬᠢᠨᠠᠬᠤ ᠴᠢᠬᠤᠯᠠ ᠠᠭᠤᠯᠭ᠎ᠠ ᠪᠣᠯᠭ᠋ᠠᠵᠤ᠂ ᠰᠢᠯᠭ᠋ᠠᠨ ᠬᠢᠨᠠᠵᠤ ᠬᠤᠪᠢ ᠲᠣᠭᠲᠠᠭ᠋ᠠᠬᠤ ᠪᠠᠷᠢᠮᠵᠢᠶ᠎ᠠ ᠵᠢ ᠲᠡᠭᠦᠯᠳᠡᠷᠵᠢᠭᠦᠯᠦᠨ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠠᠵᠢᠯ᠎ᠤᠨ ᠪᠣᠳᠠᠲᠤ ᠦᠷ᠎ᠡ ᠪᠦᠲᠦᠮᠵᠢ ᠪᠠ ᠶᠠᠰᠤ ᠴᠢᠨᠠᠷ᠎ᠤᠨ ᠬᠢᠷᠢ ᠬᠡᠮᠵᠢᠶ᠎ᠡ ᠵᠢᠨ ᠴᠢᠳᠠᠪᠤᠷᠢ ᠵᠢ ᠳᠡᠭᠡᠭᠰᠢᠯᠡᠭᠦᠯᠬᠦ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ᠂ ᠣᠷᠣᠨ ᠨᠤᠲᠤᠭ᠎ᠤᠨ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠪᠠᠶ᠋ᠢᠳᠠᠯ ᠪᠠ ᠣᠯᠤᠭᠰᠠᠨ ᠪᠣᠳᠠᠲᠠᠶ ᠦᠷ᠎ᠡ ᠪᠦᠲᠦᠮᠵᠢ ᠵᠢ ᠦᠷᠭᠦᠯᠵᠢᠯᠡᠨ ᠠᠩᠬᠠᠷᠴᠤ᠂ ᠰᠢᠯᠭ᠋ᠠᠨ ᠬᠢᠨᠠᠬᠤ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠴᠢᠳᠠᠪᠤᠷᠢ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢᠨ ᠵᠢᠯᠣᠭᠤᠳᠣᠭᠤᠷ ᠪᠠ ᠠᠬᠢᠭᠤᠯᠬᠤ ᠪᠠᠭ᠋ᠠᠵᠢ ᠵᠢᠨ ᠦᠶᠯᠡᠳᠦᠯ᠎ᠢ ᠭᠦᠶᠴᠡᠳ ᠪᠠᠳᠠᠷᠠᠭᠤᠯᠤᠨ᠎ᠠ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠲᠦᠷᠦ ᠵᠢᠨ ᠶᠠᠪᠤᠳᠠᠯ᠎ᠤᠨ ᠬᠣᠷᠢᠶ᠎ᠠ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠪᠠ
 
            