ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯ᠎ᠤᠨ ᠠᠵᠢᠯ᠎ᠤᠨ ᠳᠦᠷᠢᠮ
ᠨᠡᠶ᠋ᠢᠲᠡᠯᠡᠭᠰᠡᠨ ᠴᠠᠭ᠄ 2024-11-25

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ


   ᠥᠪᠥᠷ ᠵᠠᠰᠠᠭ ᠠᠯᠪᠠᠨ ᠦᠰᠦᠭ [2024] 8 ᠳ᠋ᠤᠭ᠋ᠠᠷ ᠲᠣᠭ᠋ᠠᠲᠤ


  《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯ᠎ᠤᠨ ᠠᠵᠢᠯ᠎ᠤᠨ ᠳᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ


ᠡᠯ᠎ᠡ ᠠᠶ᠋ᠢᠮᠠᠭ᠎ᠤᠨ ᠵᠠᠬᠢᠷᠭ᠎ᠠ᠂  ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂  ᠠᠯᠪᠠᠨ ᠭᠡᠷ᠂  ᠲᠢᠩᠬᠢᠮ᠂  ᠲᠣᠪᠴᠢᠶ᠎ᠠ᠂  ᠡᠯ᠎ᠡ ᠲᠣᠮᠣ ᠠᠵᠤ ᠠᠬᠤᠶ᠋ᠢᠯᠠᠯ᠂  ᠠᠵᠢᠯ ᠦᠢ᠍ᠯᠡᠰ᠎ᠤᠨ ᠨᠢᠭᠡᠴᠢ᠎ᠳᠤ᠄

   ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯ᠎ᠤᠨ ᠠᠵᠢᠯ᠎ᠤᠨ ᠳᠦᠷᠢᠮ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂  ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂  ᠪᠣᠳᠠᠲᠠᠢ᠎ᠲᠠᠢ᠎ᠪᠠᠨ ᠤᠶᠠᠯᠳᠤᠭᠤᠯᠤᠨ᠂  ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃

              2024 ᠣᠨ᠎ᠤ 2 ᠳ᠋ᠤᠭ᠋ᠠᠷ ᠰᠠᠷ᠎ᠠ ᠵᠢᠨ 8᠎ᠤ ᠡᠳᠦᠷ

  (ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)


   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯ᠎ᠤᠨ ᠠᠵᠢᠯ᠎ᠤᠨ ᠳᠦᠷᠢᠮ

   ᠨᠢᠭᠡᠳᠦᠭᠡᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠠᠳᠠᠯᠢ ᠱᠠᠲᠤᠨ᠎ᠤ ᠠᠵᠢᠯᠴᠢᠨ᠎ᠤ ᠡᠪᠯᠡᠯ᠎ᠤᠨ ᠬᠠᠮᠲᠤᠷᠠᠭᠰᠠᠨ ᠬᠤᠷᠠᠯ᠎ᠤᠨ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠵᠢᠨ ᠲᠤᠰᠠᠳᠠ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯᠴᠢᠨ᠎ᠤ ᠡᠪᠯᠡᠯ᠎ᠤᠨ ᠬᠠᠤᠯᠢ》᠂ 《〈ᠰᠢᠨ᠎ᠡ ᠴᠠᠭ ᠦᠶ᠎ᠡ ᠵᠢᠨ ᠠᠵᠤ ᠦᠢ᠍ᠯᠡᠰ᠎ᠤᠨ ᠠᠵᠢᠯᠴᠢᠨ᠎ᠤ ᠡᠩᠨᠡᠭᠡᠨ᠎ᠤ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢᠨ ᠲᠥᠰᠥᠯ〉᠎ᠢ ᠳᠠᠷᠤᠮᠠᠯᠯᠠᠨ ᠶᠠᠪᠤᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠲᠥᠷᠥ ᠵᠢᠨ ᠶᠠᠪᠤᠳᠠᠯ᠎ᠤᠨ ᠬᠤᠷᠢᠶᠠᠨ᠎ᠤ ᠮᠡᠳᠡᠭᠳᠡᠯ》 ᠵᠡᠷᠭᠡ ᠬᠠᠤᠯᠢ ᠴᠠᠭ᠋ᠠᠵᠠ ᠵᠢᠨ ᠲᠣᠭᠲᠠᠭ᠋ᠠᠯ ᠪᠠ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂  ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂  ᠲᠤᠰ ᠳᠦᠷᠢᠮ᠎ᠢ ᠲᠣᠭᠲᠠᠭ᠋ᠠᠪᠠ᠃

   ᠬᠤᠶᠠᠳᠤᠭ᠋ᠠᠷ ᠵᠦᠢ᠍ᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯ (ᠳᠣᠷᠣᠭᠰᠢ ᠬᠠᠮᠲᠤᠷᠠᠭᠰᠠᠨ ᠬᠤᠷᠠᠯ ᠭᠡᠵᠦ ᠲᠣᠪᠴᠢᠯᠠᠨ᠎ᠠ)᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂  ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂  ᠶᠡᠷᠦᠩᠬᠡᠢ ᠱᠦᠵᠢ ᠰᠢ ᠵᠢᠨ ᠫᠢᠩ᠎ᠤᠨ ᠠᠵᠢᠯᠴᠢᠨ ᠠᠩᠭᠢ ᠪᠣᠯᠣᠨ ᠠᠵᠢᠯᠴᠢᠨ᠎ᠤ ᠡᠪᠯᠡᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂  ᠪᠦᠬᠦ ᠰᠡᠳᠬᠢᠯ ᠪᠦᠬᠦ ᠵᠣᠷᠢᠭ ᠵᠶ᠋ᠠᠷ ᠠᠵᠢᠯᠴᠢᠨ ᠠᠩᠭᠢ᠎ᠳᠤ ᠲᠦᠰᠢᠭᠯᠡᠬᠦ ᠦᠨᠳᠦᠰᠦᠨ ᠴᠢᠭᠯᠡᠯᠲᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠵᠤ᠂  ᠠᠵᠢᠯᠴᠢᠨ᠎ᠤ ᠡᠪᠯᠡᠯ᠎ᠤᠨ ᠵᠣᠬᠢᠶᠠᠨ ᠪᠠᠶ᠋ᠢᠭᠤᠯᠤᠯᠲᠠ ᠵᠢᠨ ᠬᠥᠭᠦᠷᠭᠡ ᠬᠤᠯᠪᠣᠭ᠋ᠠᠰᠤ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂  ᠠᠵᠢᠯᠲᠠᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠵᠤ᠂  ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢ ᠪᠠᠶ᠋ᠢᠭᠤᠯᠤᠨ᠂  ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠠᠬᠢᠭᠤᠯᠤᠨ᠎ᠠ᠃

   ᠭᠤᠷᠪᠠᠳᠤᠭ᠋ᠠᠷ ᠵᠦᠢ᠍ᠯ ᠬᠠᠮᠲᠤᠷᠠᠭᠰᠠᠨ ᠬᠤᠷᠠᠯ᠎ᠤᠨ ᠭᠤᠣᠯ ᠡᠭᠦᠷᠭᠡ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠨᠢ ᠪᠠᠶ᠋ᠢᠳᠠᠯ ᠵᠶ᠋ᠠᠨ ᠬᠠᠷᠢᠯᠴᠠᠨ ᠨᠡᠪᠲᠡᠷᠡᠯᠴᠡᠵᠦ᠂  ᠣᠷᠣᠨ ᠨᠤᠲᠤᠭ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠂  ᠠᠵᠢᠯᠴᠢᠨ ᠠᠩᠭᠢ ᠪᠠ ᠠᠵᠢᠯᠴᠢᠨ᠎ᠤ ᠡᠪᠯᠡᠯ᠎ᠤᠨ ᠠᠵᠢᠯ ᠵᠡᠷᠭᠡ ᠲᠠᠯ᠎ᠠ᠎ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ᠎ᠢ ᠬᠠᠮᠲᠤ᠎ᠪᠠᠷ ᠰᠤᠳᠤᠯᠵᠤ᠂  ᠵᠥᠪᠳᠡᠯᠴᠡᠨ ᠰᠢᠢ᠍ᠳᠪᠦᠷᠢᠯᠡᠬᠦ ᠪᠣᠯᠣᠨ᠎ᠠ᠃  ᠡᠭᠦᠨ᠎ᠳᠤ ᠭᠤᠣᠯᠳᠠᠭᠤ ᠳᠣᠣᠷᠠᠬᠢ ᠠᠭᠤᠯᠭ᠎ᠠ ᠪᠠᠭᠲᠠᠨ᠎ᠠ᠄

  (ᠨᠢᠭᠡ) ᠳᠡᠭᠡᠷ᠎ᠡ ᠤᠳᠠᠭ᠋ᠠᠨ᠎ᠤ ᠬᠠᠮᠲᠤᠷᠠᠭᠰᠠᠨ ᠬᠤᠷᠠᠯ᠎ᠤᠨ ᠵᠥᠪᠯᠡᠬᠦ ᠰᠡᠳᠦᠪ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠨᠡᠪᠲᠡᠷᠡᠭᠦᠯᠦᠨ ᠮᠡᠳᠡᠭᠡᠯᠡᠵᠦ᠂  ᠨᠠᠶ᠋ᠢᠳᠠᠪᠤᠷᠢᠵᠢᠭᠤᠯᠤᠭ᠋ᠠᠳᠤᠢ ᠵᠦᠢ᠍ᠯᠡᠰ᠎ᠲᠤ ᠲᠣᠳᠣᠷᠬᠠᠶ᠋ᠢᠯᠠᠯᠲᠠ ᠬᠢᠬᠦ ᠵᠢᠨ ᠬᠠᠮᠲᠤ ᠰᠠᠨᠠᠯ ᠵᠶ᠋ᠠᠨ ᠳᠤᠷᠠᠳᠴᠤ᠂  ᠪᠡᠶᠡᠯᠡᠭᠦᠯᠬᠦ ᠬᠤᠭᠤᠴᠠᠭ᠎ᠠ ᠬᠢᠵᠠᠭ᠋ᠠᠷ᠎ᠢ ᠲᠣᠳᠣᠷᠬᠠᠶ᠋ᠢᠯᠠᠨ᠎ᠠ᠃

  (ᠬᠤᠶᠠᠷ) ᠤᠯᠤᠰ ᠠᠷᠠᠳ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠲᠥᠯᠦᠪᠵᠢᠭᠦᠯᠭᠡ᠂  ᠵᠠᠰᠠᠭ᠎ᠤᠨ ᠣᠷᠳᠣᠨ᠎ᠤ ᠠᠵᠢᠯ᠎ᠤᠨ ᠶᠠᠪᠤᠴᠠ᠎ᠳᠠᠬᠢ ᠠᠵᠢᠯᠲᠠᠨ ᠠᠵᠢᠯᠴᠢᠨ᠎ᠤ ᠠᠰᠢᠭ ᠲᠤᠰᠠ᠎ᠳᠤ ᠬᠤᠯᠪᠣᠭᠳᠠᠭᠰᠠᠨ ᠬᠤᠯᠪᠣᠭᠳᠠᠯ ᠪᠦᠬᠦᠢ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠪᠠᠶ᠋ᠢᠳᠠᠯ᠎ᠢ ᠨᠡᠪᠲᠡᠷᠡᠭᠦᠯᠦᠨ ᠮᠡᠳᠡᠭᠡᠯᠡᠨ᠎ᠡ; ᠠᠵᠢᠯᠴᠢᠨ᠎ᠤ ᠡᠪᠯᠡᠯ᠎ᠤᠨ ᠭᠤᠣᠯᠳᠠᠯᠭ᠎ᠠ ᠵᠢᠨ ᠲᠣᠭᠤᠷᠢᠨ᠎ᠳᠤ᠂  ᠶᠡᠭᠡ ᠲᠠᠯ᠎ᠠ᠎ᠳᠤ ᠦᠢ᠍ᠯᠡᠴᠢᠯᠡᠭᠰᠡᠨ᠂  ᠠᠵᠢᠯᠲᠠᠨ ᠠᠵᠢᠯᠴᠢᠨ᠎ᠳᠤ ᠦᠢ᠍ᠯᠡᠴᠢᠯᠡᠭᠰᠡᠨ ᠴᠢᠬᠤᠯᠠ ᠠᠷᠭ᠎ᠠ ᠬᠡᠮᠵᠢᠶ᠎ᠡ ᠵᠡᠷᠭᠡ ᠪᠠᠶ᠋ᠢᠳᠠᠯ᠎ᠢ ᠨᠡᠪᠲᠡᠷᠡᠭᠦᠯᠦᠨ ᠮᠡᠳᠡᠭᠡᠯᠡᠨ᠎ᠡ᠃

  (ᠭᠤᠷᠪᠠ) ᠥᠷᠭᠡᠨ ᠣᠯᠠᠨ ᠠᠵᠢᠯᠲᠠᠨ ᠠᠵᠢᠯᠴᠢᠨ᠎ᠢ ᠵᠣᠬᠢᠶᠠᠨ ᠪᠠᠶ᠋ᠢᠭᠤᠯᠤᠨ ᠳᠠᠶ᠋ᠢᠴᠢᠯᠠᠵᠤ ᠪᠠᠶ᠋ᠢᠭ᠋ᠠᠳ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠤᠶᠠᠷ ᠶᠡᠭᠡ ᠶᠠᠪᠤᠳᠠᠯ᠎ᠢ ᠰᠠᠶ᠋ᠢᠲᠤᠷ ᠪᠡᠶᠡᠯᠡᠭᠦᠯᠬᠦ᠂  ᠥᠪᠥᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠳᠤᠮᠳᠠ ᠭᠠᠪᠢᠶ᠎ᠠ ᠪᠠᠶ᠋ᠢᠭᠤᠯᠤᠨ ᠦᠢ᠍ᠯᠡᠰ ᠪᠦᠲᠦᠭᠡᠬᠦ ᠵᠡᠷᠭᠡ ᠲᠠᠯ᠎ᠠ ᠵᠢᠨ ᠬᠤᠯᠪᠣᠭᠳᠠᠯ ᠪᠦᠬᠦᠢ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠪᠠ ᠳᠦᠷᠢᠮ᠎ᠤᠨ ᠪᠠᠲᠤᠯᠠᠭ᠎ᠠ ᠵᠢ ᠰᠤᠳᠤᠯᠤᠨ᠎ᠠ; ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢ ᠪᠠᠶ᠋ᠢᠭᠤᠯᠬᠤ ᠶᠡᠷᠦᠩᠬᠡᠢ ᠪᠠᠶ᠋ᠢᠷᠢᠯᠠᠭᠤᠯᠤᠯᠲᠠ ᠪᠠ ᠪᠣᠳᠠᠲᠠᠢ ᠠᠷᠭ᠎ᠠ ᠬᠡᠮᠵᠢᠶ᠎ᠡ ᠵᠢ ᠰᠤᠳᠤᠯᠤᠨ᠎ᠠ᠃

  (ᠳᠥᠷᠪᠡ) ᠠᠵᠢᠯᠲᠠᠨ ᠠᠵᠢᠯᠴᠢᠨ ᠣᠯᠠᠨ ᠲᠦᠮᠡᠨ᠎ᠤ ᠲᠣᠰ ᠪᠡᠶ᠎ᠡ ᠵᠢᠨ ᠠᠰᠢᠭ ᠲᠤᠰᠠ᠎ᠳᠤ ᠬᠤᠯᠪᠣᠭᠳᠠᠬᠤ ᠴᠢᠬᠤᠯᠠ ᠠᠰᠠᠭᠤᠳᠠᠯ᠂  ᠠᠵᠢᠯᠲᠠᠨ ᠠᠵᠢᠯᠴᠢᠨ ᠣᠯᠠᠨ ᠲᠦᠮᠡᠨ᠎ᠤ ᠬᠠᠯᠠᠮᠵᠢᠯᠠᠨ ᠠᠩᠬᠠᠷᠴᠤ ᠪᠠᠶ᠋ᠢᠭ᠎ᠠ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶ᠋ᠢᠭ᠎ᠠ ᠠᠰᠠᠭᠤᠳᠠᠯ ᠵᠡᠷᠭᠡ ᠵᠢ ᠰᠤᠳᠤᠯᠵᠤ ᠰᠢᠢ᠍ᠳᠪᠦᠷᠢᠯᠡᠨ᠎ᠡ; ᠰᠢᠨ᠎ᠡ ᠠᠵᠢᠯ ᠣᠯᠭᠤᠯᠲᠠ ᠵᠢᠨ ᠪᠠᠶ᠋ᠢᠳᠠᠯ᠎ᠳᠠᠬᠢ ᠬᠥᠳᠡᠯᠮᠦᠷᠢᠴᠢᠳ᠎ᠤᠨ ᠡᠷᠬᠡ ᠠᠰᠢᠭ᠎ᠢ ᠪᠠᠲᠤᠯᠠᠬᠤ ᠵᠡᠷᠭᠡ ᠰᠢᠨ᠎ᠡ ᠠᠰᠠᠭᠤᠳᠠᠯ ᠰᠢᠨ᠎ᠡ ᠰᠡᠳᠦᠪ᠎ᠢ ᠰᠤᠳᠤᠯᠵᠤ ᠰᠢᠢ᠍ᠳᠪᠦᠷᠢᠯᠡᠨ᠎ᠡ᠃

  (ᠲᠠᠪᠤ) ᠠᠵᠢᠯᠴᠢᠨ᠎ᠤ ᠡᠪᠯᠡᠯ᠎ᠤᠨ ᠲᠣᠰ ᠪᠡᠶ᠎ᠡ ᠵᠢᠨ ᠥᠭᠡᠷᠡᠴᠢᠯᠡᠯᠲᠡ ᠪᠠ ᠪᠠᠶ᠋ᠢᠭᠤᠯᠤᠯᠲᠠ ᠵᠢ ᠠᠬᠢᠭᠤᠯᠬᠤ ᠶᠠᠪᠤᠴᠠ᠎ᠳᠠᠬᠢ ᠵᠠᠰᠠᠭ᠎ᠤᠨ ᠣᠷᠳᠣᠨ᠎ᠤ ᠳᠡᠮᠵᠢᠯᠭᠡ ᠱᠠᠭ᠋ᠠᠷᠳᠠᠭᠳᠠᠬᠤ ᠬᠠᠮᠢᠶ᠎ᠠ ᠪᠦᠬᠦᠢ ᠠᠰᠠᠭᠤᠳᠠᠯ᠎ᠢ ᠰᠤᠳᠤᠯᠤᠨ᠎ᠠ᠃

  (ᠵᠢᠷᠭᠤᠭ᠎ᠠ) ᠬᠠᠮᠲᠤᠷᠠᠭᠰᠠᠨ ᠬᠤᠷᠠᠯ ᠵᠶ᠋ᠠᠷ ᠰᠤᠳᠤᠯᠤᠨ ᠰᠢᠢ᠍ᠳᠪᠦᠷᠢᠯᠡᠬᠦ ᠴᠢᠬᠤᠯᠠᠲᠠᠢ ᠪᠤᠰᠤᠳ ᠠᠰᠠᠭᠤᠳᠠᠯ᠃

   ᠳᠥᠷᠪᠡᠳᠦᠭᠡᠷ ᠵᠦᠢ᠍ᠯ ᠬᠠᠮᠲᠤᠷᠠᠭᠰᠠᠨ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠳᠡᠪᠰᠢᠭᠦᠯᠵᠦ ᠬᠠᠮᠲᠤ᠎ᠪᠠᠷ ᠵᠣᠬᠢᠶᠠᠨ ᠪᠠᠶ᠋ᠢᠭᠤᠯᠤᠨ ᠬᠤᠷᠠᠯᠳᠤᠭᠤᠯᠤᠨ᠎ᠠ᠃  ᠠᠵᠢᠯᠴᠢᠨ᠎ᠤ ᠡᠪᠯᠡᠯ᠎ᠤᠨ ᠠᠵᠢᠯ᠎ᠢ ᠬᠠᠷᠢᠯᠴᠠᠵᠤ ᠪᠠᠶ᠋ᠢᠭ᠎ᠠ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂  ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠲᠡᠷᠢᠭᠦᠯᠡᠭᠴᠢ᠎ᠪᠠᠷ ᠶᠡᠷᠦᠩᠬᠡᠢ ᠬᠤᠷᠠᠯᠳᠤᠭᠤᠯᠤᠭᠴᠢ ᠵᠢᠨ ᠲᠤᠰᠢᠶᠠᠯ ᠳᠠᠭ᠋ᠠᠭ᠋ᠠᠨ ᠡᠭᠦᠷᠭᠡᠯᠡᠭᠦᠯᠵᠦ᠂  ᠠᠵᠢᠯᠴᠢᠨ᠎ᠤ ᠡᠪᠯᠡᠯ᠎ᠤᠨ ᠠᠵᠢᠯ᠎ᠢ ᠬᠠᠷᠢᠯᠴᠠᠵᠤ ᠪᠠᠶ᠋ᠢᠭ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ᠂  ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠪᠠᠶ᠋ᠢᠩᠭᠤ ᠵᠢᠨ ᠠᠵᠢᠯ᠎ᠢ ᠬᠠᠷᠢᠭᠤᠴᠠᠵᠤ ᠪᠠᠶ᠋ᠢᠭ᠎ᠠ ᠳᠡᠳ᠋ ᠲᠡᠷᠢᠭᠦᠯᠡᠭᠴᠢ᠎ᠪᠠᠷ ᠬᠤᠷᠠᠯᠳᠤᠭᠤᠯᠤᠭᠴᠢ ᠵᠢᠨ ᠲᠤᠰᠢᠶᠠᠯ ᠳᠠᠭ᠋ᠠᠭ᠋ᠠᠨ ᠡᠭᠦᠷᠭᠡᠯᠡᠭᠦᠯᠦᠨ᠎ᠡ᠃  ᠣᠨᠴᠠᠭ᠋ᠠᠢ ᠴᠢᠬᠤᠯᠠ ᠶᠡᠭᠡ ᠠᠰᠠᠭᠤᠳᠠᠯ ᠲᠣᠬᠢᠶᠠᠯᠳᠤᠪᠠᠯ᠂  ᠬᠡᠷᠡᠭᠴᠡᠭᠡ᠎ᠪᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠤᠣᠯ ᠤᠳᠤᠷᠢᠳᠬᠤ ᠨᠥᠬᠦᠳ᠎ᠢ ᠤᠷᠢᠵᠤ ᠣᠷᠣᠯᠴᠠᠭᠤᠯᠬᠤ ᠵᠢᠨ ᠬᠠᠮᠲᠤ ᠬᠤᠷᠠᠯ ᠡᠷᠬᠢᠯᠡᠬᠦᠯᠵᠤ ᠪᠣᠯᠣᠨ᠎ᠠ᠃  ᠬᠠᠮᠲᠤᠷᠠᠭᠰᠠᠨ ᠬᠤᠷᠠᠯ᠎ᠢ ᠵᠠᠷᠴᠢᠮ ᠳᠡᠭᠡᠷ᠎ᠡ᠎ᠪᠠᠨ ᠵᠢᠯ ᠪᠦᠷᠢ ᠨᠢᠭᠡ ᠤᠳᠠᠭ᠎ᠠ ᠬᠤᠷᠠᠯᠳᠤᠭᠤᠯᠤᠨ᠎ᠠ᠂  ᠬᠡᠷᠪᠡ ᠣᠨᠴᠠᠭ᠋ᠠᠶ ᠪᠠᠶ᠋ᠢᠳᠠᠯ ᠪᠤᠶᠤ ᠴᠢᠬᠤᠯᠠ ᠶᠡᠭᠡ ᠠᠰᠠᠭᠤᠳᠠᠯ ᠲᠣᠬᠢᠶᠠᠯᠳᠤᠪᠠᠯ᠂  ᠵᠥᠪᠳᠡᠯᠴᠡᠭᠰᠡᠨ᠎ᠤ ᠲᠠᠷᠠᠭ᠎ᠠ ᠬᠡᠵᠢᠶ᠎ᠡ ᠴᠦ᠍ ᠭᠡᠰᠡᠨ ᠬᠤᠷᠠᠯᠳᠤᠭᠤᠯᠵᠤ ᠪᠣᠯᠣᠨ᠎ᠠ᠃

   ᠲᠠᠪᠤᠳᠤᠭ᠋ᠠᠷ ᠵᠦᠢ᠍ᠯ ᠬᠠᠮᠲᠤᠷᠠᠭᠰᠠᠨ ᠬᠤᠷᠠᠯ᠎ᠳᠤ ᠣᠷᠣᠯᠴᠠᠭᠴᠢ ᠪᠠ ᠰᠤᠯᠠ ᠣᠷᠣᠯᠴᠠᠭᠰᠠᠳ᠎ᠲᠤ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠠᠯ᠎ᠠ᠎ᠠᠴᠠ ᠶᠡᠷᠦ᠎ᠳᠤ᠎ᠪᠠᠨ ᠪᠠᠭᠲᠠᠬᠤ᠎ᠨᠢ᠄ ᠠᠵᠢᠯᠴᠢᠨ᠎ᠤ ᠡᠪᠯᠡᠯ᠎ᠤᠨ ᠠᠵᠢᠯ᠎ᠲᠠᠢ ᠬᠠᠷᠢᠯᠴᠠᠵᠤ ᠪᠠᠶ᠋ᠢᠭ᠎ᠠ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂  ᠵᠥᠪᠯᠡᠬᠦ ᠰᠡᠳᠦᠪ᠎ᠤᠨ ᠠᠭᠤᠯᠭ᠎ᠠ᠎ᠳᠤ ᠬᠤᠯᠪᠣᠭᠳᠠᠬᠤ ᠥᠪᠡᠷᠲᠡᠭᠡᠨ ᠵᠠᠰᠠᠬᠤ ᠣᠷᠣᠨ᠎ᠤ ᠪᠤᠰᠤᠳ ᠳᠡᠳ᠋ ᠲᠡᠷᠢᠭᠦᠯᠡᠭᠴᠢ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠯᠪᠣᠭᠳᠠᠯ ᠪᠦᠬᠦᠢ ᠳᠡᠳ᠋ ᠨᠠᠷᠢᠨ ᠪᠢᠴᠢᠭ᠎ᠤᠨ ᠳᠠᠷᠤᠭ᠎ᠠ (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠤᠯᠪᠣᠭᠳᠠᠯ ᠪᠦᠬᠦᠢ ᠳᠡᠳ᠋ ᠡᠷᠬᠢᠯᠡᠭᠴᠢ)᠂  ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠵᠢᠨ ᠬᠠᠷᠢᠭᠤᠴᠠᠯᠭ᠋ᠠᠲᠠᠨ; ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠲᠠᠯ᠎ᠠ᠎ᠠᠴᠠ ᠶᠡᠷᠦ᠎ᠳᠤ᠎ᠪᠠᠨ ᠪᠠᠭᠲᠠᠬᠤ᠎ᠨᠢ᠄ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠤᠳᠤᠷᠢᠳᠬᠤ ᠪᠠᠭ᠎ᠤᠨ ᠪᠦᠷᠢᠯᠳᠦᠭᠦᠨ ᠵᠢᠴᠢ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂  ᠠᠵᠤ ᠦᠢ᠍ᠯᠡᠰ᠎ᠤᠨ ᠠᠵᠢᠯᠴᠢᠨ᠎ᠤ ᠡᠪᠯᠡᠯ᠎ᠤᠨ ᠬᠠᠷᠢᠭᠤᠴᠠᠯᠭ᠋ᠠᠲᠠᠨ᠃

   ᠬᠠᠮᠲᠤᠷᠠᠭᠰᠠᠨ ᠬᠤᠷᠠᠯ᠎ᠳᠤ ᠦᠨᠳᠦᠰᠦᠨ ᠱᠠᠲᠤᠨ᠎ᠤ ᠨᠠᠮ ᠵᠠᠰᠠᠭ᠎ᠤᠨ ᠺᠠᠳ᠋ᠷ᠂  ᠠᠵᠢᠯᠲᠠᠨ ᠠᠵᠢᠯᠴᠢᠨ᠎ᠤ ᠲᠥᠯᠥᠭᠡᠯᠡᠭᠴᠢ᠂  ᠬᠥᠳᠡᠯᠮᠦᠷᠢ ᠵᠢᠨ ᠵᠢᠱ᠌ᠢᠶᠡᠴᠢ ᠵᠢᠨ ᠲᠡᠷᠢᠭᠦᠨ᠎ᠤ ᠲᠥᠯᠥᠭᠡᠯᠡᠭᠴᠢ ᠪᠠ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ᠎ᠤᠨ ᠠᠵᠢᠯᠲᠠᠨ ᠵᠡᠷᠭᠡ ᠵᠢ ᠤᠷᠢᠨ ᠣᠷᠣᠯᠴᠠᠭᠤᠯᠵᠤ ᠪᠣᠯᠣᠨ᠎ᠠ᠃

   ᠵᠢᠷᠭᠤᠳᠤᠭ᠋ᠠᠷ ᠵᠦᠢ᠍ᠯ ᠬᠠᠮᠲᠤᠷᠠᠭᠰᠠᠨ ᠬᠤᠷᠠᠯ᠎ᠤᠨ ᠵᠥᠪᠯᠡᠬᠦ ᠰᠡᠳᠦᠪ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠵᠥᠪᠳᠡᠯᠴᠡᠨ ᠲᠣᠭᠲᠠᠭ᠋ᠠᠨ᠎ᠠ᠃  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠤᠷᠠᠳᠤᠭᠰᠠᠨ ᠵᠥᠪᠯᠡᠬᠦ ᠰᠡᠳᠦᠪ᠎ᠢ ᠬᠠᠮᠢᠶ᠎ᠠ ᠪᠦᠬᠦᠢ ᠡᠭᠦᠷᠭᠡ ᠴᠢᠳᠠᠪᠤᠷᠢ ᠵᠢ ᠡᠭᠦᠷᠭᠡᠯᠡᠵᠦ ᠪᠦᠬᠦᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠠᠴᠠ ᠳᠤᠷᠠᠳᠤᠭᠰᠠᠨ᠎ᠤ ᠳᠠᠷᠠᠭ᠎ᠠ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠳᠤ ᠮᠡᠳᠡᠭᠦᠯᠵᠦ ᠬᠤᠷᠢᠶᠠᠩᠭᠤᠶ᠋ᠢᠯᠠᠨ᠎ᠠ; ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠳᠤᠷᠠᠳᠤᠭᠰᠠᠨ ᠵᠥᠪᠯᠡᠬᠦ ᠰᠡᠳᠦᠪ᠎ᠢ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠠᠯᠪᠠᠨ ᠭᠡᠷ᠎ᠠᠴᠠ ᠬᠠᠷᠢᠭᠤᠴᠠᠵᠤ ᠴᠤᠭᠯᠠᠭᠤᠯᠤᠨ᠎ᠠ᠃  ᠡᠩ᠎ᠤᠨ ᠪᠠᠶ᠋ᠢᠳᠠᠯ᠎ᠳᠤ ᠬᠠᠮᠲᠤᠷᠠᠭᠰᠠᠨ ᠬᠤᠷᠠᠯ ᠬᠤᠷᠠᠯᠳᠤᠬᠤ᠎ᠠᠴᠠ 2 ᠰᠠᠷ᠎ᠠ ᠵᠢᠨ ᠡᠮᠦᠨ᠎ᠡ ᠵᠥᠪᠯᠡᠬᠦ ᠰᠡᠳᠦᠪ ᠴᠤᠭᠯᠠᠭᠤᠯᠬᠤ ᠠᠵᠢᠯ᠎ᠢ ᠡᠬᠢᠯᠡᠭᠦᠯᠦᠨ᠎ᠡ᠃  ᠬᠤᠶᠠᠷ ᠲᠠᠯ᠎ᠠ᠎ᠪᠠᠷ ᠵᠶ᠋ᠠᠨ ᠬᠠᠮᠲᠤᠷᠠᠨ ᠳᠤᠷᠠᠳᠤᠭᠰᠠᠨ ᠵᠥᠪᠯᠡᠬᠦ ᠰᠡᠳᠦᠪ ᠪᠣᠯ ᠭᠤᠣᠯ ᠠᠵᠢᠯ᠎ᠢ ᠡᠭᠦᠷᠭᠡᠯᠡᠵᠦ ᠪᠠᠶ᠋ᠢᠭ᠎ᠠ ᠨᠢᠭᠡ ᠲᠠᠯ᠎ᠠ᠎ᠨᠢ ᠳᠤᠷᠠᠳᠬᠤ ᠳᠡᠰ ᠳᠠᠷᠠᠭ᠋ᠠᠯᠠᠯ᠎ᠢ ᠭᠦᠢ᠍ᠴᠡᠳᠬᠡᠨ᠎ᠡ᠃

   ᠬᠠᠮᠲᠤᠷᠠᠭᠰᠠᠨ ᠬᠤᠷᠠᠯ᠎ᠤᠨ ᠵᠥᠪᠯᠡᠬᠦ ᠰᠡᠳᠦᠪ᠎ᠢ ᠭᠦᠨᠵᠡᠭᠡᠢ ᠪᠠᠶ᠋ᠢᠴᠠᠭ᠋ᠠᠨ ᠰᠤᠳᠤᠯᠤᠯᠲᠠ ᠬᠢᠭᠰᠡᠨ᠂  ᠥᠷᠭᠡᠨ ᠵᠶ᠋ᠠᠷ ᠨᠤᠲᠠᠯᠠᠯᠲᠠ ᠬᠢᠭᠰᠡᠨ᠂  ᠨᠠᠷᠢᠨ ᠨᠢᠮᠪᠠᠢ ᠰᠢᠯᠢᠨ ᠰᠣᠩᠭᠤᠭᠰᠠᠨ ᠰᠠᠭᠤᠷᠢᠨ ᠳᠡᠭᠡᠷ᠎ᠡ ᠳᠤᠷᠠᠳᠬᠤ ᠬᠡᠷᠡᠭᠲᠡᠢ᠃  ᠬᠤᠷᠠᠯ᠎ᠠᠴᠠ ᠡᠮᠦᠨᠡᠬᠢ ᠵᠣᠬᠢᠴᠠᠭᠤᠯᠭ᠎ᠠ ᠵᠢ ᠴᠢᠩᠭ᠋ᠠᠷᠠᠭᠤᠯᠵᠤ᠂  ᠵᠥᠪᠯᠡᠬᠦ ᠰᠡᠳᠦᠪ᠎ᠤᠨ ᠰᠠᠨᠠᠯ ᠬᠤᠷᠢᠶᠠᠬᠤ ᠵᠡᠷᠭᠡ ᠤᠷᠢᠳᠠᠴᠢ ᠠᠵᠢᠯ᠎ᠢ ᠰᠠᠶ᠋ᠢᠲᠤᠷ ᠬᠢᠵᠦ᠂  ᠬᠤᠷᠠᠯ᠎ᠤᠨ ᠡᠴᠦᠰ᠎ᠲᠤ᠎ᠪᠠᠨ ᠰᠠᠨᠠᠯ ᠨᠢᠭᠡᠳᠴᠦ᠂  ᠰᠢᠢ᠍ᠳᠪᠦᠷᠢ ᠭᠠᠷᠭ᠋ᠠᠬᠤ᠎ᠳᠤ᠎ᠨᠢ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃

   ᠳᠣᠯᠣᠳᠤᠭ᠋ᠠᠷ ᠵᠦᠢ᠍ᠯ ᠬᠠᠮᠲᠤᠷᠠᠭᠰᠠᠨ ᠬᠤᠷᠠᠯ᠎ᠤᠨ ᠶᠠᠪᠤᠳᠠᠯ᠎ᠤᠨ ᠪᠡᠯᠡᠳᠬᠡᠯ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠬᠢᠭᠡᠳ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠬᠠᠮᠲᠤ᠎ᠪᠠᠷ ᠡᠭᠦᠷᠭᠡᠯᠡᠵᠦ᠂  ᠪᠣᠳᠠᠲᠠᠢ ᠪᠡᠯᠡᠳᠬᠡᠯ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠠᠯᠪᠠᠨ ᠭᠡᠷ᠎ᠠᠴᠠ ᠬᠠᠷᠢᠭᠤᠴᠠᠨ᠎ᠠ᠃  ᠬᠤᠷᠠᠯ᠎ᠤᠨ ᠮᠡᠳᠡᠭᠳᠡᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ ᠬᠠᠷᠢᠭᠤᠴᠠᠨ ᠳᠠᠷᠤᠮᠠᠯᠯᠠᠨ ᠲᠠᠷᠬᠠᠭ᠋ᠠᠬᠤ ᠵᠢᠨ ᠬᠠᠮᠲᠤ ᠵᠠᠰᠠᠭ᠎ᠤᠨ ᠣᠷᠳᠣᠨ᠎ᠤ ᠲᠠᠯ᠎ᠠ ᠵᠢᠨ ᠬᠤᠷᠠᠯ᠎ᠳᠤ ᠣᠷᠣᠯᠴᠠᠭᠴᠢ ᠵᠢ ᠵᠣᠬᠢᠴᠠᠭᠤᠯᠤᠨ᠎ᠠ᠃

   ᠨᠠᠢ᠍ᠮᠠᠳᠤᠭ᠋ᠠᠷ ᠵᠦᠢ᠍ᠯ ᠬᠠᠮᠲᠤᠷᠠᠭᠰᠠᠨ ᠬᠤᠷᠠᠯ᠎ᠢ ᠵᠠᠷᠴᠢᠮ ᠳᠡᠭᠡᠷ᠎ᠡ᠎ᠪᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠯᠴᠠᠭᠰᠠᠨ ᠤᠳᠤᠷᠢᠳᠤᠯᠭ᠎ᠠ᠎ᠠᠴᠠ ᠡᠷᠭᠢᠯᠡᠨ᠎ᠡ᠃  ᠵᠥᠪᠯᠡᠬᠦ ᠠᠯᠬᠤᠮ ᠳᠠᠷᠠᠭ᠎ᠠ᠎ᠳᠤ ᠶᠡᠷᠦ᠎ᠳᠤ᠎ᠪᠠᠨ ᠪᠠᠭᠲᠠᠬᠤ᠎ᠨᠢ᠄ ᠳᠡᠭᠡᠷ᠎ᠡ ᠤᠳᠠᠭ᠋ᠠᠨ᠎ᠤ ᠬᠠᠮᠲᠤᠷᠠᠭᠰᠠᠨ ᠬᠤᠷᠠᠯ᠎ᠳᠤ ᠵᠥᠪᠯᠡᠨ ᠲᠣᠭᠲᠠᠭ᠋ᠠᠭᠰᠠᠨ ᠵᠦᠢ᠍ᠯᠡᠰ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠨᠡᠪᠲᠡᠷᠡᠭᠦᠯᠦᠨ ᠮᠡᠳᠡᠭᠡᠯᠡᠵᠦ᠂  ᠲᠤᠰ ᠤᠳᠠᠭ᠋ᠠᠨ᠎ᠤ ᠬᠠᠮᠲᠤᠷᠠᠭᠰᠠᠨ ᠬᠤᠷᠠᠯ᠎ᠤᠨ ᠵᠥᠪᠯᠡᠬᠦ ᠰᠡᠳᠦᠪ᠎ᠤᠨ ᠪᠤᠢ ᠪᠣᠯᠤᠭᠰᠠᠨ ᠪᠠᠶ᠋ᠢᠳᠠᠯ ᠵᠢᠴᠢ ᠭᠤᠣᠯ ᠠᠭᠤᠯᠭ᠎ᠠ ᠵᠢ ᠨᠡᠪᠲᠡᠷᠡᠭᠦᠯᠦᠨ ᠮᠡᠳᠡᠭᠡᠯᠡᠵᠦ᠂  ᠲᠤᠰ ᠤᠳᠠᠭ᠋ᠠᠨ᠎ᠤ ᠬᠠᠮᠲᠤᠷᠠᠭᠰᠠᠨ ᠬᠤᠷᠠᠯ᠎ᠤᠨ ᠬᠤᠯᠪᠣᠭᠳᠠᠯ ᠪᠦᠬᠦᠢ ᠵᠦᠢ᠍ᠯᠡᠰ᠎ᠢ ᠰᠤᠳᠤᠯᠤᠨ ᠶᠠᠷᠢᠯᠴᠠᠬᠤ ᠵᠢᠨ ᠬᠠᠮᠲᠤ ᠵᠥᠪᠳᠡᠯᠴᠡᠨ ᠲᠣᠭᠲᠠᠭ᠋ᠠᠵᠤ᠂  ᠲᠤᠰ ᠤᠳᠠᠭ᠋ᠠᠨ᠎ᠤ ᠬᠠᠮᠲᠤᠷᠠᠭᠰᠠᠨ ᠬᠤᠷᠠᠯ᠎ᠤᠨ ᠵᠥᠪᠯᠡᠨ ᠲᠣᠭᠲᠠᠭ᠋ᠠᠭᠰᠠᠨ ᠵᠦᠢ᠍ᠯᠡᠰ᠎ᠢ ᠨᠠᠶ᠋ᠢᠳᠠᠪᠤᠷᠢᠵᠢᠭᠤᠯᠬᠤ ᠲᠠᠯ᠎ᠠ᠎ᠪᠠᠷ ᠪᠠᠶ᠋ᠢᠷᠢᠯᠠᠭᠤᠯᠤᠯᠲᠠ ᠬᠢᠨ᠎ᠡ᠃

   ᠶᠢᠰᠦᠳᠦᠭᠡᠷ ᠵᠦᠢ᠍ᠯ ᠬᠠᠮᠲᠤᠷᠠᠭᠰᠠᠨ ᠬᠤᠷᠠᠯ᠎ᠳᠤ ᠵᠥᠪᠯᠡᠨ ᠲᠣᠭᠲᠠᠭ᠋ᠠᠭᠰᠠᠨ ᠵᠦᠢ᠍ᠯᠡᠰ᠎ᠢ ᠬᠤᠷᠠᠯ᠎ᠤᠨ ᠲᠣᠪᠴᠢ ᠪᠣᠯᠭ᠋ᠠᠵᠤ᠂  ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠠᠯᠪᠠᠨ ᠭᠡᠷ᠎ᠠᠴᠠ ᠬᠠᠷᠢᠭᠤᠴᠠᠨ ᠲᠤᠭᠤᠷᠪᠢᠵᠤ᠂  ᠲᠡᠰ ᠳᠠᠷᠠᠭ᠋ᠠᠯᠠᠯ᠎ᠤᠨ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠬᠢᠨᠠᠨ ᠲᠣᠭᠲᠠᠭ᠋ᠠᠯᠭ᠋ᠠᠭᠰᠠᠨ᠎ᠤ ᠲᠠᠷᠠᠭ᠎ᠠ᠂  ᠬᠠᠮᠲᠤᠷᠠᠭᠰᠠᠨ ᠬᠤᠷᠠᠯ᠎ᠤᠨ ᠲᠣᠪᠴᠢ ᠵᠢᠨ ᠬᠡᠯᠪᠡᠷᠢ᠎ᠪᠠᠷ ᠳᠠᠷᠤᠮᠠᠯᠯᠠᠨ ᠶᠠᠪᠤᠭᠤᠯᠤᠨ᠎ᠠ᠃

   ᠠᠷᠪᠠᠳᠤᠭ᠋ᠠᠷ ᠵᠦᠢ᠍᠊ᠯ ᠬᠠᠮᠲᠤᠷᠠᠭᠰᠠᠨ ᠬᠤᠷᠠᠯ᠎ᠤᠨ ᠤᠬᠠᠭᠤᠯᠭ᠎ᠠ ᠮᠡᠳᠡᠭᠡᠯᠡᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠪᠠ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠠᠴᠠ ᠬᠠᠮᠲᠤ᠎ᠪᠠᠷ ᠬᠠᠷᠢᠭᠤᠴᠠᠵᠤ᠂  ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢ ᠴᠣᠭᠴᠠᠯᠠᠬᠤ᠂  ᠠᠵᠢᠯ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠎ᠳᠤ ᠰᠠᠶ᠋ᠢᠨ ᠰᠠᠶ᠋ᠢᠬᠠᠨ ᠨᠡᠶ᠋ᠢᠭᠡᠮ᠎ᠤᠨ ᠣᠷᠴᠢᠨ ᠠᠬᠤᠢ ᠵᠢ ᠪᠤᠢ ᠪᠣᠯᠭ᠋ᠠᠨ᠎ᠠ᠃

   ᠠᠷᠪᠠᠨ ᠨᠢᠭᠡᠳᠦᠭᠡᠷ ᠵᠦᠢ᠍ᠯ ᠬᠠᠮᠲᠤᠷᠠᠭᠰᠠᠨ ᠬᠤᠷᠠᠯ᠎ᠤᠨ ᠵᠥᠪᠯᠡᠨ ᠲᠣᠭᠲᠠᠭ᠋ᠠᠭᠰᠠᠨ ᠵᠦᠢ᠍ᠯᠡᠰ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠤᠨ ᠲᠣᠳᠣᠷᠬᠠᠢ ᠬᠠᠭᠤᠳᠠᠰᠤ ᠵᠢ ᠪᠠᠶ᠋ᠢᠭᠤᠯᠵᠤ᠂  ᠬᠠᠷᠢᠭᠤᠴᠠᠯᠭ᠋ᠠᠲᠤ ᠨᠢᠭᠡᠴᠢ ᠪᠠ ᠴᠠᠭ ᠬᠤᠭᠤᠴᠠᠭ᠎ᠠ᠎ᠪᠠᠨ ᠲᠣᠳᠣᠷᠬᠠᠶ᠋ᠢᠯᠠᠨ᠂  ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠠᠴᠠ ᠲᠣᠰ ᠲᠣᠰ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠬᠤ ᠬᠡᠷᠡᠭᠲᠡᠢ᠃

   ᠠᠷᠪᠠᠨ ᠬᠤᠶᠠᠳᠤᠭ᠋ᠠᠷ ᠵᠦᠢ᠍ᠯ ᠡᠯ᠎ᠡ ᠠᠶ᠋ᠢᠮᠠᠭ ᠬᠤᠳᠠ᠂  ᠬᠤᠰᠢᠭᠤ ᠰᠢᠶᠠᠨ (ᠬᠤᠳᠠ᠂  ᠲᠣᠭᠤᠷᠢᠭ)᠎ᠨᠢ ᠲᠤᠰ ᠳᠦᠷᠢᠮ ᠵᠶ᠋ᠠᠷ ᠯᠠᠪᠯᠠᠯᠲᠠ ᠪᠣᠯᠭ᠋ᠠᠵᠤ᠂  ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠠᠳᠠᠯᠢ ᠱᠠᠲᠤᠨ᠎ᠤ ᠠᠵᠢᠯᠴᠢᠨ᠎ᠤ ᠡᠪᠯᠡᠯ᠎ᠤᠨ ᠬᠠᠮᠲᠤᠷᠠᠭᠰᠠᠨ ᠬᠤᠷᠠᠯ᠎ᠤᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠢ᠃  ᠬᠠᠮᠲᠤᠷᠠᠭᠰᠠᠨ ᠬᠤᠷᠠᠯ᠎ᠤᠨ ᠳᠦᠷᠢᠮ᠎ᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠵᠢ ᠡᠯ᠎ᠡ ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠲᠣᠬᠢᠷᠠᠭᠤᠯᠤᠯᠲᠠ ᠪᠠ ᠠᠵᠢᠯᠴᠢᠨ᠎ᠤ ᠡᠪᠯᠡᠯ᠎ᠤᠨ ᠠᠵᠢᠯ᠎ᠢ ᠰᠢᠯᠭ᠋ᠠᠨ ᠬᠢᠨᠠᠬᠤ ᠠᠭᠤᠯᠭ᠎ᠠ᠎ᠳᠤ ᠣᠷᠣᠭᠤᠯᠬᠤ ᠬᠡᠷᠡᠭᠲᠡᠢ᠃

   ᠠᠷᠪᠠᠨ ᠭᠤᠷᠪᠠᠳᠤᠭ᠋ᠠᠷ ᠵᠦᠢ᠍ᠯ ᠲᠤᠰ ᠳᠦᠷᠢᠮ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯ᠎ᠤᠨ ᠳᠦᠷᠢᠮ᠎ᠤᠨ ᠲᠣᠭᠲᠠᠭ᠋ᠠᠯ᠎ᠤᠳ〉᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠥᠰᠥᠭ [2004] 12 ᠳ᠋ᠤᠭ᠋ᠠᠷ ᠲᠣᠭ᠋ᠠᠲᠤ)᠎ᠢ ᠬᠠᠮᠲᠤ᠎ᠳᠤ᠎ᠨᠢ ᠬᠦᠴᠦᠨ ᠦᠭᠡᠢ ᠪᠣᠯᠭ᠋ᠠᠨ᠎ᠠ᠃

 

 

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            