ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠠᠬᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠎ᠤᠨ ᠬᠡᠷᠡᠭᠵᠢᠭᠦᠯᠬᠦ ᠰᠠᠨᠠᠯ
ᠨᠡᠶ᠋ᠢᠲᠡᠯᠡᠭᠰᠡᠨ ᠴᠠᠭ᠄ 2025-03-24

ᠬᠡᠯᠬᠢᠶᠡᠰᠦᠨ ᠨᠣᠮᠧᠷ᠄ 000014348/2025 — 01237

ᠭᠤᠣᠯ ᠰᠡᠳᠦᠪ᠎ᠤᠨ ᠠᠩᠭᠢᠯᠠᠯ᠄ ᠤᠰᠤᠨ ᠠᠰᠢᠭᠯᠠᠯᠲᠠ

ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ

ᠪᠢᠴᠢᠭ᠎ᠤᠨ ᠳ᠋ᠤᠭ᠋ᠠᠷ᠄ ᠦᠪᠦᠷ ᠤᠰᠤᠨ ᠡᠬᠢ [2024] 249 ᠳ᠋ᠦ᠍ᠭᠡᠷ ᠲᠣᠭ᠋ᠠᠲᠤ

ᠪᠢᠴᠢᠭᠳᠡᠭᠰᠡᠨ ᠡᠳᠦᠷ ᠬᠤᠭᠤᠴᠠᠭ᠎ᠠ᠄ 2025 ᠣᠨ᠎ᠤ 3 ᠳ᠋ᠤᠭ᠋ᠠᠷ ᠰᠠᠷ᠎ᠠ ᠵᠢᠨ 24᠎ᠤ ᠡᠳᠦᠷ

ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ

 

ᠡᠯ᠎ᠡ ᠠᠶ᠋ᠢᠮᠠᠭ ᠬᠤᠲᠠ ᠵᠢᠨ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠣᠪᠴᠢᠶ᠎ᠠ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂  ᠡᠳ᠋᠎ᠤᠨ ᠵᠠᠰᠠᠭ᠎ᠤᠨ ᠲᠣᠪᠴᠢᠶ᠎ᠠ᠂  ᠮᠠᠨᠵᠤᠤᠷ ᠬᠤᠲᠠ ᠵᠢᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠵᠢᠨ ᠲᠣᠪᠴᠢᠶ᠎ᠠ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂  ᠡᠳ᠋᠎ᠤᠨ ᠵᠠᠰᠠᠭ᠎ᠤᠨ ᠲᠣᠪᠴᠢᠶ᠎ᠠ᠂  ᠡᠷᠢᠶᠡᠨ ᠬᠤᠲᠠ ᠵᠢᠨ ᠲᠠᠷᠢᠶᠠᠯᠠᠩ ᠮᠠᠯ ᠠᠵᠤ ᠠᠬᠤᠶ ᠪᠠ ᠤᠰᠤᠨ᠎ᠤ ᠶᠠᠪᠤᠳᠠᠯ᠎ᠤᠨ ᠲᠣᠪᠴᠢᠶ᠎ᠠ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂  ᠡᠳ᠋᠎ᠤᠨ ᠵᠠᠰᠠᠭ᠎ᠤᠨ ᠲᠣᠪᠴᠢᠶ᠎ᠠ᠎ᠳᠤ᠄

   ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠠᠬᠢᠭᠤᠯᠬᠤ ᠪᠣᠯ ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠪᠠᠳᠠᠷᠠᠭᠤᠯᠵᠤ ᠪᠠᠶ᠋ᠢᠭ᠋ᠠᠳ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠪᠠ ᠡᠷᠴᠢᠮᠵᠢᠭᠦᠯᠦᠨ ᠠᠷᠪᠢᠯᠠᠬᠤ ᠠᠮᠤᠷ ᠲᠦᠪᠰᠢᠨ ᠵᠶ᠋ᠠᠷ ᠠᠰᠢᠭᠯᠠᠬᠤ ᠵᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠬᠤ ᠪᠥᠭᠡᠳ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃  ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠠᠬᠢᠭᠤᠯᠵᠤ᠂  ᠤᠰᠤ ᠬᠡᠷᠡᠭᠯᠡᠬᠦ ᠡᠷᠬᠡ ᠵᠢᠨ ᠬᠠᠷᠢᠶᠠᠯᠠᠯ᠎ᠨᠢ ᠭᠦᠢ᠍ᠴᠡᠳ ᠦᠭᠡᠶ᠂  ᠵᠠᠬ᠎ᠠ ᠳᠡᠯᠭᠡᠭᠦᠷ᠎ᠤᠨ ᠪᠣᠶ᠋ᠢᠵᠢᠯᠲᠠ᠎ᠨᠢ ᠭᠦᠢ᠍ᠴᠡᠳ ᠦᠭᠡᠶ᠂  ᠠᠷᠠᠯᠵᠢᠶ᠎ᠠ᠎ᠨᠢ ᠬᠥᠭᠵᠢᠭᠡᠳᠦᠶ ᠵᠡᠷᠭᠡ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂  ᠵᠠᠬ᠎ᠠ ᠳᠡᠯᠭᠡᠭᠦᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂  ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠪᠠ ᠡᠷᠴᠢᠮᠵᠢᠭᠦᠯᠦᠨ ᠠᠷᠪᠢᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢᠨ ᠲᠤᠰᠠᠳᠠ᠂ 《ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠠᠬᠢᠭᠤᠯᠬᠤ ᠲᠤᠬᠠᠶ ᠤᠰᠤᠨ ᠠᠰᠢᠭᠯᠠᠯᠲᠠ ᠵᠢᠨ ᠶᠠᠮᠤᠨ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠡᠳ᠋᠎ᠤᠨ ᠵᠠᠰᠠᠭ᠎ᠤᠨ ᠶᠠᠮᠤᠨ᠎ᠤ ᠵᠢᠯᠣᠭᠣᠳᠬᠤ ᠰᠠᠨᠠᠯ》 (ᠤᠰᠤᠨ ᠡᠬᠢ ᠬᠠᠮᠢᠶᠠᠷᠤᠯᠲᠠ [2022] 333 ᠳ᠋ᠤᠭ᠋ᠠᠷ ᠲᠣᠭ᠋ᠠᠲᠤ)᠎ᠢ ᠦᠨᠳᠦᠰᠦᠯᠡᠨ᠂  ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢᠨ ᠠᠵᠢᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂  ᠳᠣᠤᠷᠠᠬᠢ ᠮᠡᠲᠦ ᠬᠡᠷᠡᠭᠵᠢᠭᠦᠯᠬᠦ ᠰᠠᠨᠠᠯ᠎ᠢ ᠳᠤᠷᠠᠳᠪᠠ᠃

   ᠨᠢᠭᠡ᠂  ᠶᠡᠷᠦᠩᠬᠡᠢ ᠱᠠᠭ᠋ᠠᠷᠳᠠᠯᠭ᠎ᠠ

  (ᠨᠢᠭᠡ) ᠵᠢᠯᠤᠭᠤᠳᠬᠤ ᠦᠵᠡᠯ ᠰᠠᠨᠠᠭ᠎ᠠ

   ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂  ᠶᠡᠷᠦᠩᠬᠡᠢ ᠱᠦᠵᠢ ᠰᠢ ᠵᠢᠨ ᠫᠢᠩ᠎ᠤᠨ ᠤᠰᠤ ᠵᠠᠰᠠᠬᠤ ᠰᠡᠳᠬᠢᠴᠡ ᠪᠣᠯᠤᠨ ᠤᠰᠤ ᠵᠢ ᠵᠠᠰᠠᠬᠤ ᠲᠤᠬᠠᠢ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂  ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠵᠤ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠵᠤ᠂  ᠣᠷᠣᠨ᠎ᠤ ᠪᠠᠶ᠋ᠢᠳᠠᠯ ᠤᠰᠤᠨ᠎ᠤ ᠪᠠᠶ᠋ᠢᠳᠠᠯ᠎ᠳᠤ ᠰᠠᠭᠤᠷᠢᠯᠠᠵᠤ᠂  ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠵᠤ᠂  ᠤᠰᠤ᠎ᠪᠠᠷ ᠲᠣᠭᠲᠠᠭ᠋ᠠᠬᠤ᠂  ᠤᠰᠤᠨ᠎ᠤ ᠬᠡᠮᠵᠢᠶ᠎ᠡ ᠵᠢ ᠲᠣᠭᠲᠠᠭ᠋ᠠᠬᠤ ᠵᠢ ᠪᠠᠷᠢᠮᠲᠠᠯᠠᠵᠤ᠂  ᠤᠰᠤ ᠬᠡᠷᠡᠭᠯᠡᠬᠦ ᠡᠷᠬᠡ ᠵᠢ ᠠᠩᠬ᠎ᠠ ᠤᠳᠠᠭ᠎ᠠ ᠬᠤᠪᠢᠶᠠᠷᠢᠯᠠᠬᠤ ᠪᠠ ᠲᠣᠳᠣᠷᠬᠠᠢ ᠪᠣᠯᠭ᠋ᠠᠬᠤ ᠵᠢ ᠪᠠᠷᠢᠮᠲᠠᠯᠠᠵᠤ᠂  ᠤᠰᠤ ᠬᠡᠷᠡᠭᠯᠡᠬᠦ ᠡᠷᠬᠡ ᠵᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠵᠢ ᠠᠬᠢᠭᠤᠯᠵᠤ᠂  ᠬᠠᠷᠢᠶᠠᠯᠠᠯ᠎ᠨᠢ ᠲᠣᠳᠣᠷᠬᠠᠢ᠂  ᠡᠷᠬᠡ ᠬᠠᠷᠢᠭᠤᠴᠠᠯᠭ᠎ᠠ᠎ᠨᠢ ᠲᠣᠳᠣᠷᠬᠠᠢ᠂  ᠡᠷᠭᠢᠯᠲᠡ᠎ᠨᠢ ᠰᠢᠯᠤᠭᠤᠨ᠂  ᠬᠢᠨᠠᠯᠲᠠ ᠬᠠᠮᠢᠶᠠᠷᠤᠯᠲᠠ᠎ᠨᠢ ᠪᠦᠲᠦᠮᠵᠢᠲᠡᠢ ᠤᠰᠤ ᠬᠡᠷᠡᠭᠯᠡᠬᠦ ᠡᠷᠬᠡ ᠵᠢᠨ ᠲᠦᠷᠢᠮ᠎ᠤᠨ ᠰᠢᠰᠲ᠋ᠧᠮ᠎ᠢ ᠪᠠᠶ᠋ᠢᠭᠤᠯᠵᠤ᠂  ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠪᠠ ᠡᠷᠴᠢᠮᠵᠢᠭᠦᠯᠦᠨ ᠠᠷᠪᠢᠯᠠᠬᠤ ᠠᠮᠤᠷ ᠲᠦᠪᠰᠢᠨ ᠵᠶ᠋ᠠᠷ ᠠᠰᠢᠭᠯᠠᠬᠤ ᠲᠦᠪᠰᠢᠨ᠎ᠢ ᠳᠡᠭᠡᠭᠰᠢᠯᠡᠭᠦᠯᠵᠦ᠂  ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠪᠣᠯᠤᠨ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠤᠰᠤᠨ᠎ᠤ ᠡᠬᠢ ᠪᠠᠶᠠᠯᠢᠭ᠎ᠤᠨ ᠪᠠᠲᠤᠯᠠᠭ᠎ᠠ ᠬᠠᠩᠭ᠋ᠠᠨ᠎ᠠ᠃

  (ᠬᠤᠶᠠᠷ) ᠦᠨᠳᠦᠰᠦᠨ ᠵᠠᠷᠴᠢᠮ

    ᠤᠰᠤᠨ᠎ᠤ ᠬᠡᠮᠵᠢᠶ᠎ᠡ᠎ᠪᠠᠷ ᠲᠤᠭᠲᠠᠭ᠋ᠠᠵᠤ᠂  ᠤᠰᠤᠨ᠎ᠤ ᠬᠡᠮᠵᠢᠶ᠎ᠡ᠎ᠪᠠᠷ ᠬᠢᠨ᠎ᠡ᠃  ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ ᠵᠢᠨ ᠴᠢᠳᠠᠪᠤᠷᠢ ᠵᠢ ᠤᠰᠤ ᠬᠡᠷᠡᠭᠯᠡᠬᠦ ᠡᠷᠬᠡ ᠵᠢᠨ ᠠᠩᠬᠠᠨ᠎ᠤ ᠬᠤᠪᠢᠶᠠᠷᠢᠯᠠᠯᠲᠠ ᠪᠠ ᠲᠣᠳᠣᠷᠬᠠᠶ ᠪᠠᠶ᠋ᠢᠬᠤ ᠴᠢᠬᠤᠯᠠ ᠦᠨᠳᠦᠰᠦᠯᠡᠯ ᠪᠣᠯᠭ᠋ᠠᠵᠤ᠂  ᠠᠮᠢᠳᠤᠷᠠᠯ᠂  ᠠᠮᠢ ᠠᠬᠤᠶ᠂  ᠦᠢ᠍ᠯᠡᠳᠪᠦᠷᠢᠯᠡᠯ᠎ᠳᠤ ᠤᠰᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠨᠢᠭᠡᠳᠦᠯᠲᠡᠶ ᠲᠥᠯᠥᠪᠯᠡᠨ᠂  ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠵᠤ᠂  ᠤᠰᠤᠨ᠎ᠤ ᠡᠬᠢ ᠪᠠᠶᠠᠯᠢᠭ᠎ᠢ ᠡᠷᠴᠢᠮᠵᠢᠭᠦᠯᠦᠨ ᠠᠷᠪᠢᠯᠠᠨ ᠠᠰᠢᠭᠯᠠᠬᠤ ᠵᠢ ᠠᠬᠢᠭᠤᠯᠤᠨ᠎ᠠ᠃

   ᠵᠠᠰᠠᠭ᠎ᠤᠨ ᠣᠷᠳᠣᠨ ᠲᠤᠬᠢᠷᠠᠭᠤᠯᠤᠨ ᠡᠵᠡᠮᠳᠡᠵᠦ᠂  ᠵᠠᠬ᠎ᠠ ᠳᠡᠯᠭᠡᠭᠦᠷ ᠎ᠠᠴᠠ ᠲᠤᠬᠢᠷᠠᠭᠤᠯᠤᠨ᠎ᠠ᠃  ᠤᠰᠤ ᠬᠡᠷᠡᠭᠯᠡᠬᠦ ᠡᠷᠬᠡ ᠵᠢ ᠠᠩᠬᠠᠨ᠎ᠤ ᠬᠤᠪᠢᠶᠠᠷᠢᠯᠠᠯᠲᠠ ᠪᠠ ᠠᠷᠠᠯᠵᠢᠶ᠎ᠠ ᠵᠢ ᠬᠢᠨᠠᠨ ᠬᠠᠮᠢᠶᠠᠷᠬᠤ ᠵᠡᠷᠭᠡ ᠲᠠᠯ᠎ᠠ᠎ᠪᠠᠷ᠎ᠬᠢ ᠵᠠᠰᠠᠭ᠎ᠤᠨ ᠣᠷᠳᠣᠨ᠎ᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂  ᠤᠰᠤ ᠬᠡᠷᠡᠭᠯᠡᠬᠦ ᠦᠨᠳᠦᠰᠦᠨ ᠬᠡᠷᠡᠭᠴᠡᠭᠡ ᠵᠢ ᠪᠠᠲᠤᠯᠠᠨ᠎ᠠ; ᠵᠠᠬ᠎ᠠ ᠳᠡᠯᠭᠡᠭᠦᠷ᠎ᠤᠨ ᠲᠣᠭᠲᠠᠴᠠ ᠵᠢᠨ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂  ᠤᠰᠤ ᠠᠷᠪᠢᠯᠠᠬᠤ ᠳᠣᠲᠣᠭ᠋ᠠᠳᠤ ᠬᠥᠳᠡᠯᠭᠡᠬᠦ ᠬᠦᠴᠦᠨ᠎ᠢ ᠬᠦᠭᠵᠢᠭᠡᠨ᠎ᠡ᠃

   ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠳᠣᠭᠢᠷᠠᠭᠤᠯᠤᠨ᠂ ᠲᠥᠷᠥᠯ ᠬᠤᠪᠢᠶᠠᠨ ᠲᠥᠷᠥ ᠵᠢᠨ ᠪᠣᠳᠣᠯᠭ᠍ ᠵᠢ  ᠬᠡᠷᠡᠭᠵᠢᠭᠦᠯᠦᠨ᠎ᠡ᠃  ᠣᠷᠣᠨ ᠪᠦᠰᠡ ᠵᠢᠨ ᠤᠰᠤᠨ᠎ᠤ ᠡᠬᠢ ᠪᠠᠶᠠᠯᠢᠭ᠎ᠤᠨ ᠤᠭ ᠨᠥᠬᠥᠴᠡᠯ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠣᠳᠠᠲᠤ ᠪᠠᠶ᠋ᠢᠳᠠᠯ᠎ᠢ ᠦᠨᠳᠦᠰᠦᠯᠡᠨ᠂  ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠵᠤ᠂  ᠣᠷᠣᠨ ᠪᠦᠰᠡ ᠵᠢᠨ ᠤᠰᠤᠨ᠎ᠤ ᠡᠷᠬᠡ᠂  ᠤᠰᠤ ᠲᠠᠲᠠᠵᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ᠂  ᠤᠰᠤᠯᠠᠯᠲᠠ᠎ᠳᠤ ᠬᠡᠷᠡᠭᠯᠡᠬᠦ ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠡᠷᠭᠡ ᠤᠰᠤ ᠬᠡᠷᠡᠭᠯᠡᠬᠦ ᠡᠷᠬᠡ ᠵᠢ ᠲᠣᠳᠣᠷᠬᠠᠶ᠋ᠢᠯᠠᠵᠤ᠂  ᠣᠯᠠᠨ ᠵᠦᠢ᠍ᠯ᠎ᠤᠨ ᠲᠥᠷᠥᠯ ᠬᠡᠯᠪᠡᠷᠢ ᠵᠢᠨ ᠤᠰᠤ ᠬᠡᠷᠡᠭᠯᠡᠬᠦ ᠡᠷᠬᠡ ᠵᠢᠨ ᠠᠷᠠᠯᠵᠢᠶᠠᠯᠠᠭ᠎ᠠ ᠵᠢ ᠲᠦᠯᠬᠢᠨ ᠠᠬᠢᠭᠤᠯᠬᠤ ᠬᠡᠷᠡᠭᠲᠡᠶ᠃

   ᠳᠦᠷᠢᠮ ᠵᠶ᠋ᠠᠨ ᠲᠡᠭᠦᠯᠳᠡᠷᠵᠢᠭᠦᠯᠵᠦ᠂  ᠠᠷᠠᠯᠵᠢᠶ᠎ᠠ᠎ᠪᠠᠨ ᠵᠢᠷᠤᠮᠵᠢᠭᠤᠯᠤᠨ᠎ᠠ᠃  ᠤᠰᠤ ᠬᠡᠷᠡᠭᠯᠡᠬᠦ ᠡᠷᠬᠡ ᠵᠢᠨ ᠠᠷᠠᠯᠵᠢᠶᠠᠯᠠᠬᠤ ᠳᠦᠷᠢᠮ᠎ᠤᠨ ᠪᠠᠶ᠋ᠢᠭᠤᠯᠤᠯᠲᠠ ᠵᠢ ᠲᠡᠭᠦᠯᠳᠡᠷᠵᠢᠭᠦᠯᠵᠦ᠂  ᠤᠰᠤ ᠬᠡᠷᠡᠭᠯᠡᠬᠦ ᠡᠷᠬᠡ ᠵᠢᠨ ᠠᠷᠠᠯᠵᠢᠶᠠᠯᠠᠬᠤ ᠰᠢᠰᠲ᠋ᠧᠮ ᠪᠠ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂  ᠠᠷᠠᠯᠵᠢᠶᠠᠯᠠᠬᠤ ᠠᠵᠢᠯᠯᠠᠭ᠎ᠠ ᠵᠢ ᠵᠢᠷᠤᠮᠵᠢᠭᠤᠯᠤᠨ᠂  ᠤᠰᠤ ᠬᠡᠷᠡᠭᠯᠡᠬᠦ ᠡᠷᠬᠡ ᠵᠢ ᠬᠠᠷᠢᠴᠠᠩᠭᠤᠶ ᠲᠥᠪᠯᠡᠷᠡᠭᠦᠯᠦᠨ ᠠᠷᠠᠯᠵᠢᠶᠠᠯᠠᠬᠤ ᠵᠢ ᠲᠦᠯᠬᠢᠨ ᠠᠬᠢᠭᠤᠯᠤᠨ᠎ᠠ᠃

  (ᠭᠤᠷᠪᠠ) ᠠᠵᠢᠯ᠎ᠤᠨ ᠬᠠᠷᠠᠯᠲᠠ

  2027 ᠣᠨ ᠪᠣᠯᠬᠤ᠎ᠳᠤ᠂  ᠤᠰᠤ ᠬᠡᠷᠡᠭᠯᠡᠬᠦ ᠡᠷᠬᠡ ᠵᠢ ᠠᠩᠬ᠎ᠠ ᠬᠤᠪᠢᠶᠠᠷᠢᠯᠠᠬᠤ᠂  ᠲᠣᠳᠣᠷᠬᠠᠶ ᠪᠠᠶ᠋ᠢᠯᠭ᠋ᠠᠬᠤ ᠪᠠ ᠠᠷᠠᠯᠵᠢᠶᠠᠯᠠᠬᠤ ᠬᠠᠮᠢᠶᠠᠷᠤᠯᠲᠠ ᠵᠢᠨ ᠲᠦᠷᠢᠮ᠎ᠢ ᠦᠨᠳᠦᠰᠦᠨ᠎ᠳᠤ᠎ᠪᠠᠨ ᠪᠠᠶ᠋ᠢᠭᠤᠯᠤᠨ ᠪᠦᠷᠢᠨᠰᠢᠬᠦᠯᠵᠦ᠂  ᠬᠤᠰᠢᠭᠤ ᠰᠢᠶᠠᠨ᠎ᠤ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ ᠵᠶ᠋ᠠᠷ ᠨᠢᠭᠡᠴᠢ ᠪᠣᠯᠭ᠋ᠠᠭᠰᠠᠨ ᠣᠷᠣᠨ ᠪᠦᠰᠡ ᠵᠢᠨ ᠠᠩᠬ᠎ᠠ ᠡᠬᠢᠯᠡᠬᠦ ᠤᠰᠤᠨ᠎ᠤ ᠡᠷᠬᠡ ᠪᠠ ᠤᠰᠤ ᠠᠪᠴᠤ ᠬᠡᠷᠡᠭᠯᠡᠬᠦ ᠡᠷᠦᠬᠡ᠂  ᠤᠰᠤᠯᠠᠯᠲᠠ᠎ᠳᠤ ᠬᠡᠷᠡᠭᠯᠡᠬᠦ ᠤᠰᠤ ᠬᠡᠷᠡᠭᠯᠡᠬᠦ ᠡᠷᠦᠬᠡ ᠵᠡᠷᠭᠡ ᠤᠰᠤ ᠬᠡᠷᠡᠭᠯᠡᠬᠦ ᠡᠷᠬᠡ ᠵᠢ ᠲᠣᠳᠣᠷᠬᠠᠶ᠋ᠢᠯᠠᠨ᠂  ᠤᠰᠤ ᠬᠡᠷᠡᠭᠯᠡᠬᠦ ᠡᠷᠬᠡ ᠵᠢ ᠠᠷᠠᠯᠵᠢᠶᠠᠯᠠᠬᠤ ᠲᠣᠭᠲᠠᠴᠠ ᠵᠢ ᠲᠡᠭᠦᠯᠳᠡᠷᠵᠢᠭᠦᠯᠵᠦ᠂  ᠠᠷᠠᠯᠵᠢᠶᠠᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂  ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠬᠥᠭᠵᠢᠶᠡᠨᠲᠡᠶ ᠵᠠᠬ᠎ᠠ ᠳᠡᠯᠭᠡᠭᠦᠷ᠎ᠢ ᠪᠠᠶ᠋ᠢᠭᠤᠯᠵᠤ᠂  ᠣᠯᠠᠨ ᠵᠦᠢ᠍ᠯ᠎ᠤᠨ ᠲᠥᠷᠥᠯ ᠬᠡᠯᠪᠡᠷᠢ ᠵᠢᠨ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠵᠠᠭᠪᠤᠷ᠎ᠢ ᠰᠦᠪᠡᠭᠴᠢᠯᠡᠨ ᠪᠣᠶ ᠪᠣᠯᠭ᠋ᠠᠨ᠎ᠠ᠃ 2035 ᠣᠨ ᠪᠣᠯᠬᠤ᠎ᠳᠤ᠂  ᠬᠠᠷᠢᠶᠠᠯᠠᠯ᠎ᠨᠢ ᠲᠣᠳᠣᠷᠬᠠᠢ᠂  ᠡᠷᠬᠡ ᠬᠠᠷᠢᠭᠤᠴᠠᠯᠭ᠎ᠠ᠎ᠨᠢ ᠲᠣᠳᠣᠷᠬᠠᠢ᠂  ᠡᠷᠭᠢᠯᠲᠡ᠎ᠨᠢ ᠤᠷᠤᠭᠰᠢᠲᠠᠢ᠂  ᠬᠢᠨᠠᠯᠲᠠ ᠬᠠᠮᠢᠶᠠᠷᠤᠯᠲᠠ᠎ᠨᠢ ᠪᠦᠲᠦᠮᠵᠢᠲᠡᠢ ᠤᠰᠤ ᠬᠡᠷᠡᠭᠯᠡᠬᠦ ᠡᠷᠬᠡ ᠵᠢᠨ ᠳᠦᠷᠢᠮ᠎ᠤᠨ ᠰᠢᠰᠲ᠋ᠧᠮ᠎ᠢ ᠪᠦᠬᠦ ᠲᠠᠯ᠎ᠠ᠎ᠪᠠᠷ ᠪᠠᠶ᠋ᠢᠭᠤᠯᠵᠤ᠂  ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ᠎ᠳᠤ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠪᠠ ᠡᠷᠴᠢᠮᠵᠢᠭᠦᠯᠦᠨ ᠠᠷᠪᠢᠯᠠᠬᠤ ᠠᠮᠤᠷ ᠲᠦᠪᠰᠢᠨ ᠵᠶ᠋ᠠᠷ ᠠᠰᠢᠭᠯᠠᠬᠤ ᠵᠢ ᠠᠬᠢᠭᠤᠯᠬᠤ ᠦᠢ᠍ᠯᠡᠳᠦᠯ᠎ᠢ ᠪᠦᠬᠦ ᠲᠠᠯ᠎ᠠ᠎ᠪᠠᠷ ᠪᠠᠳᠠᠷᠠᠭᠤᠯᠪᠠ᠃

   ᠬᠣᠶᠠᠷ᠂  ᠤᠰᠤ ᠬᠡᠷᠡᠭᠯᠡᠬᠦ ᠡᠷᠬᠡ ᠵᠢᠨ ᠠᠩᠬᠠᠨ᠎ᠤ ᠬᠤᠪᠢᠶᠠᠷᠢᠯᠠᠯᠲᠠ ᠪᠠ ᠲᠣᠳᠣᠷᠬᠠᠶ ᠪᠠᠶ᠋ᠢᠬᠤ ᠵᠢ ᠲᠦᠷᠭᠡᠳᠭᠡᠨ᠎ᠡ

  (ᠲᠦᠷᠪᠡ) ᠤᠷᠤᠨ ᠪᠦᠰᠡ ᠵᠢᠨ ᠤᠰᠤᠨ᠎ᠤ ᠡᠷᠬᠡ ᠵᠢᠨ ᠬᠤᠪᠢᠶᠠᠷᠢᠯᠠᠯᠲᠠ᠃  ᠬᠣᠰᠢᠭᠤ ᠰᠢᠶᠠᠨ᠎ᠤ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ ᠠᠯᠤᠰᠯᠠᠭᠰᠠᠨ ᠭᠣᠤᠯ ᠮᠥᠷᠡᠨ᠎ᠤ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠵᠢ ᠲᠦᠷᠭᠡᠳᠬᠡᠨ ᠪᠡᠶᠡᠯᠡᠭᠦᠯᠦᠨ᠎ᠡ᠃  ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ᠎ᠳᠤ ᠴᠣᠬᠤᠯᠠᠪᠤᠷᠢᠯᠠᠭᠰᠠᠨ ᠤᠰᠤ ᠬᠡᠷᠡᠭᠯᠡᠬᠦ ᠬᠡᠮᠵᠢᠶ᠎ᠡ ᠵᠢ ᠣᠷᠣᠨ ᠪᠦᠰᠡ᠎ᠪᠠᠷ ᠲᠣᠰ ᠭᠤᠤᠯ ᠮᠥᠷᠡᠨ᠎ᠤ ᠰᠠᠪᠠ ᠭᠠᠵᠠᠷ᠎ᠤᠨ ᠭᠠᠵᠠᠷ ᠳᠡᠭᠡᠷᠡᠬᠢ ᠤᠰᠤᠨ᠎ᠤ ᠤᠰᠤ ᠬᠡᠷᠡᠭᠯᠡᠬᠦ ᠡᠷᠬᠡ ᠵᠢᠨ ᠳᠡᠭᠡᠳᠦ ᠬᠢᠵᠠᠭ᠋ᠠᠷ ᠪᠣᠯᠭ᠋ᠠᠨ᠎ᠠ; ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠤᠷᠠᠬᠢ ᠤᠰᠤᠨ᠎ᠤ ᠤᠰᠤ ᠬᠡᠷᠡᠭᠯᠡᠵᠦ ᠪᠣᠯᠬᠤ ᠤᠰᠤᠨ᠎ᠤ ᠬᠡᠮᠵᠢᠶ᠎ᠡ᠎ᠪᠠᠷ ᠣᠷᠣᠨ ᠪᠦᠰᠡ ᠵᠢᠨ ᠭᠠᠵᠠᠷ ᠳᠣᠤᠷᠠᠬᠢ ᠤᠰᠤᠨ᠎ᠤ ᠤᠰᠤ ᠬᠡᠷᠡᠭᠯᠡᠬᠦ ᠡᠷᠬᠡ ᠵᠢᠨ ᠳᠡᠭᠡᠳᠦ ᠬᠢᠵᠠᠭ᠋ᠠᠷ ᠪᠣᠯᠭ᠋ᠠᠨ᠎ᠠ; ᠨᠢᠭᠡᠨᠲᠡ ᠪᠠᠶ᠋ᠢᠭᠤᠯᠤᠭᠰᠠᠨ ᠪᠠ ᠪᠠᠶ᠋ᠢᠭᠤᠯᠵᠤ ᠪᠠᠶ᠋ᠢᠭ᠎ᠠ ᠤᠰᠤ ᠲᠠᠲᠠᠬᠤ ᠢᠨᠵᠧᠨᠧᠷᠢᠩ᠎ᠤᠨ ᠬᠤᠯᠪᠣᠭᠳᠠᠯ ᠪᠦᠬᠦᠢ ᠴᠣᠬᠤᠯᠠᠪᠤᠷᠢ ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ ᠤᠰᠤ ᠬᠡᠷᠡᠭᠯᠡᠵᠦ ᠪᠣᠯᠬᠤ ᠤᠰᠤᠨ᠎ᠤ ᠬᠡᠮᠵᠢᠶ᠎ᠡ ᠵᠢ ᠲᠣᠰ ᠣᠷᠣᠨ ᠪᠦᠰᠡ ᠵᠢᠨ ᠲᠣᠰ ᠢᠨᠵᠧᠨᠧᠷᠢᠩ᠎ᠤᠨ ᠤᠰᠤ ᠬᠡᠷᠡᠭᠯᠡᠬᠦ ᠡᠷᠬᠡ ᠵᠢᠨ ᠳᠡᠭᠡᠳᠦ ᠬᠢᠵᠠᠭ᠋ᠠᠷ ᠪᠣᠯᠭ᠋ᠠᠨ᠎ᠠ᠃

  (ᠲᠠᠪᠤ) ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠲᠣᠳᠣᠷᠬᠠᠶ ᠪᠠᠶ᠋ᠢᠬᠤ ᠬᠡᠷᠡᠭᠲᠡᠶ᠃  ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ᠎ᠨᠢ ᠲᠣᠳᠣᠷᠬᠠᠶ ᠡᠲᠡᠭᠡᠳ᠎ᠲᠤ ᠬᠠᠤᠯᠢ ᠶᠣᠰᠣᠭ᠋ᠠᠷ ᠤᠰᠤ ᠠᠪᠬᠤ ᠵᠥᠪᠰᠢᠶᠡᠷᠡᠯ᠎ᠤᠨ ᠬᠠᠮᠢᠶᠠᠷᠤᠯᠲᠠ᠎ᠳᠤ ᠣᠷᠣᠭᠤᠯᠬᠤ ᠨᠢᠭᠡᠴᠢ ᠪᠠ ᠬᠤᠪᠢ ᠬᠥᠮᠦᠨ (ᠳᠣᠷᠣᠭᠰᠢ ᠤᠰᠤ ᠠᠪᠴᠤ ᠬᠡᠷᠡᠭᠯᠡᠬᠦ ᠡᠷᠦᠬᠡ ᠭᠡᠵᠦ ᠨᠡᠷᠡᠯᠡᠨ᠎ᠡ) ᠤᠰᠤᠯᠠᠯᠲᠠ ᠵᠢᠨ ᠣᠷᠣᠨ᠎ᠤ ᠳᠣᠲᠣᠷᠠᠬᠢ ᠤᠰᠤᠯᠠᠯᠲᠠ᠎ᠳᠤ ᠬᠡᠷᠡᠭᠯᠡᠬᠦ ᠤᠰᠤᠨ᠎ᠤ ᠡᠷᠦᠬᠡ᠂  ᠣᠯᠠᠨ ᠨᠡᠶ᠋ᠢᠲᠡ ᠵᠢᠨ ᠤᠰᠤ ᠬᠠᠩᠭ᠋ᠠᠬᠤ ᠬᠤᠭᠤᠯᠠᠶ ᠵᠢᠨ ᠲᠣᠤᠷ᠂  ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠤᠨ ᠳᠣᠲᠣᠷᠠᠬᠢ ᠭᠤᠤᠯ ᠪᠣᠯᠬᠤ ᠤᠰᠤ ᠬᠡᠷᠡᠭᠯᠡᠬᠦ ᠡᠷᠦᠬᠡ ᠵᠢᠴᠢ ᠬᠥᠳᠡᠭᠡ ᠲᠣᠰᠬᠤᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠴᠤ ᠪᠠᠶ᠋ᠢᠭ᠎ᠠ ᠤᠰᠤᠨ ᠴᠥᠭᠦᠷᠥᠮ᠂  ᠴᠥᠭᠦᠷᠥᠮ᠎ᠤᠨ ᠤᠰᠤ ᠬᠠᠩᠭ᠋ᠠᠬᠤ ᠬᠡᠪᠴᠢᠶᠡᠨ᠎ᠳᠠᠬᠢ ᠤᠰᠤ ᠬᠡᠷᠡᠭᠯᠡᠬᠦ ᠡᠷᠦᠬᠡ᠃

  1. ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ᠃  ᠤᠰᠤᠨ ᠴᠥᠭᠥᠷᠥᠮ᠂  ᠤᠰᠤ ᠬᠠᠩᠭ᠋ᠠᠬᠤ ᠢᠨᠵᠸᠨ᠋ᠸᠷᠢᠩ ᠵᠡᠷᠭᠡ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠢᠨᠵᠧᠨᠧᠷᠢᠩ᠎ᠠᠴᠠ ᠭᠠᠳᠠᠨ᠎ᠠ᠂  ᠤᠰᠤ ᠲᠠᠲᠠᠵᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ᠎ᠳᠤ ᠤᠰᠤ ᠠᠪᠬᠤ ᠵᠥᠪᠰᠢᠶᠡᠷᠡᠯ᠎ᠤᠨ ᠦᠨᠡᠮᠯᠡᠯ᠎ᠳᠤ ᠲᠣᠳᠣᠷᠬᠠᠶ ᠲᠡᠮᠳᠡᠭᠯᠡᠭᠰᠡᠨ ᠤᠰᠤᠨ᠎ᠤ ᠡᠬᠢ ᠰᠤᠷᠪᠤᠯᠵᠢ᠂  ᠤᠰᠤᠨ᠎ᠤ ᠬᠡᠮᠵᠢᠶ᠎ᠡ᠂  ᠬᠡᠷᠡᠭᠴᠡᠭᠡ᠂  ᠬᠤᠭᠤᠴᠠᠭ᠎ᠠ ᠬᠢᠵᠠᠭ᠋ᠠᠷ ᠵᠡᠷᠭᠡ ᠵᠢ ᠦᠨᠳᠦᠰᠦᠯᠡᠨ᠂  ᠣᠯᠭᠣᠬᠤ᠎ᠪᠠᠷ ᠳᠠᠮᠵᠢᠭᠤᠯᠤᠨ ᠤᠰᠤ ᠬᠡᠷᠡᠭᠯᠡᠬᠦ ᠭᠡᠷᠡᠴᠢ ᠪᠠᠷᠢᠮᠲᠠ ᠵᠢ ᠲᠣᠳᠣᠷᠬᠠᠶ ᠪᠣᠯᠭ᠋ᠠᠬᠤ ᠬᠡᠷᠡᠭᠲᠡᠶ᠃  ᠡᠯ᠎ᠡ ᠵᠠᠰᠠᠭ ᠵᠠᠬᠢᠷᠭ᠋ᠠᠨ᠎ᠤ ᠣᠷᠣᠨ᠎ᠤ ᠲᠣᠳᠣᠷᠬᠠᠶ ᠤᠰᠤ ᠬᠡᠷᠡᠭᠯᠡᠬᠦ ᠡᠷᠬᠡ ᠵᠢᠨ ᠶᠡᠷᠦᠩᠬᠡᠶ ᠬᠡᠮᠵᠢᠶ᠎ᠡ᠎ᠨᠢ ᠣᠷᠣᠨ ᠪᠦᠰᠡ ᠵᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ᠎ᠠᠴᠠ ᠬᠡᠲᠦᠷᠡᠵᠦ ᠪᠣᠯᠬᠤ ᠥᠬᠡᠶ᠂  ᠭᠠᠵᠠᠷ᠎ᠤᠨ ᠭᠠᠳᠠᠷᠭᠤ ᠵᠢᠨ ᠤᠰᠤᠨ᠎ᠳᠤ ᠬᠡᠷᠡᠭᠯᠡᠬᠦ ᠤᠰᠤᠨ᠎ᠤ ᠡᠷᠬᠡ ᠵᠢᠨ ᠶᠡᠷᠦᠩᠬᠡᠶ ᠬᠡᠮᠵᠢᠶ᠎ᠡ ᠵᠢ ᠭᠤᠤᠯ ᠮᠥᠷᠡᠨ᠎ᠤ ᠤᠰᠤᠨ᠎ᠤ ᠬᠡᠮᠵᠢᠶ᠎ᠡ ᠵᠢᠨ ᠬᠤᠪᠢᠶᠠᠷᠢᠯᠠᠯᠲᠠ ᠵᠢᠨ ᠲᠥᠰᠦᠯ ᠪᠠ ᠭᠠᠳᠠᠭᠰᠢ ᠤᠰᠤ ᠲᠠᠲᠠᠬᠤ ᠢᠨᠵᠧᠨᠧᠷᠢᠩ᠎ᠤᠨ ᠴᠣᠬᠤᠯᠠᠪᠤᠷᠢᠯᠠᠭᠰᠠᠨ ᠤᠰᠤ ᠬᠡᠷᠡᠭᠯᠡᠬᠦ ᠤᠰᠤᠨ᠎ᠤ ᠬᠡᠮᠵᠢᠶ᠎ᠡ᠎ᠠᠴᠠ ᠬᠡᠲᠦᠷᠡᠭᠦᠯᠵᠦ ᠪᠣᠯᠬᠤ ᠥᠬᠡᠶ᠂  ᠭᠠᠵᠠᠷ ᠳᠣᠤᠷᠠᠬᠢ ᠤᠰᠤᠨ᠎ᠤ ᠤᠰᠤ ᠬᠡᠷᠡᠭᠯᠡᠬᠦ ᠡᠷᠬᠡ ᠵᠢᠨ ᠶᠡᠷᠦᠩᠬᠡᠶ ᠬᠡᠮᠵᠢᠶ᠎ᠡ ᠵᠢ ᠭᠠᠵᠠᠷ ᠳᠣᠤᠷᠠᠬᠢ ᠤᠰᠤᠨ᠎ᠤ ᠬᠠᠮᠢᠶᠠᠷᠤᠨ ᠡᠵᠡᠮᠳᠡᠬᠦ ᠭᠦᠢ᠍ᠴᠡᠳᠬᠡᠯ ᠲᠤᠭ᠎ᠠ᠎ᠠᠴᠠ ᠬᠡᠲᠦᠷᠡᠭᠦᠯᠵᠦ ᠪᠣᠯᠬᠤ ᠥᠬᠡᠶ᠃

  2. ᠤᠰᠤᠯᠠᠯᠲᠠ᠎ᠳᠤ ᠬᠡᠷᠡᠭᠯᠡᠬᠦ ᠤᠰᠤᠨ᠎ᠤ ᠡᠷᠦᠬᠡ ᠵᠢᠨ ᠬᠡᠷᠡᠭᠯᠡᠬᠦ ᠤᠰᠤᠨ᠎ᠤ ᠡᠷᠬᠡ᠃  ᠤᠰᠤᠯᠠᠯᠲᠠ᠎ᠳᠤ ᠬᠡᠷᠡᠭᠯᠡᠬᠦ ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠢ ᠤᠰᠤᠯᠠᠯᠲᠠ ᠵᠢᠨ ᠣᠷᠣᠨ᠎ᠤ ᠤᠰᠤ ᠲᠠᠲᠠᠬᠤ ᠵᠥᠪᠰᠢᠶᠡᠷᠡᠯ᠎ᠤᠨ ᠤᠰᠤᠨ᠎ᠤ ᠬᠡᠮᠵᠢᠶ᠎ᠡ ᠵᠢ ᠦᠨᠳᠦᠰᠦᠯᠡᠨ᠂  ᠬᠡᠮᠵᠢᠯᠲᠡ ᠵᠢᠨ ᠨᠥᠬᠦᠴᠡᠯ᠂  ᠤᠰᠤ ᠬᠡᠷᠡᠭᠯᠡᠬᠦ ᠲᠣᠭᠲᠠᠭᠰᠠᠨ ᠨᠣᠷᠮ᠎ᠠ᠂  ᠲᠠᠷᠢᠮᠠᠯ᠎ᠤᠨ ᠪᠦᠲᠦᠴᠡ᠂  ᠤᠰᠤᠯᠠᠯᠲᠠ ᠵᠢᠨ ᠲᠠᠯᠠᠪᠠᠶ᠂  ᠤᠰᠤ ᠬᠡᠷᠡᠭᠯᠡᠬᠦ ᠭᠦᠢ᠍ᠴᠡᠳᠭᠡᠯ ᠲᠤᠭ᠎ᠠ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ᠂  ᠲᠠᠷᠬᠠᠭ᠋ᠠᠬᠤ᠎ᠪᠠᠷ ᠳᠠᠮᠵᠢᠭᠤᠯᠤᠨ ᠤᠰᠤ ᠬᠡᠷᠡᠭᠯᠡᠬᠦ ᠭᠡᠷᠡᠴᠢ ᠪᠠᠷᠢᠮᠲᠠ ᠵᠢ ᠲᠣᠳᠣᠷᠬᠠᠶ ᠪᠣᠯᠭ᠋ᠠᠬᠤ ᠬᠡᠷᠡᠭᠲᠡᠶ᠃  ᠤᠰᠤᠯᠠᠯᠲᠠ ᠵᠢᠨ ᠣᠷᠣᠨ᠎ᠤ ᠪᠣᠳᠠᠲᠠᠶ ᠪᠠᠶ᠋ᠢᠳᠠᠯ ᠪᠣᠯᠤᠨ ᠬᠡᠮᠵᠢᠯᠲᠡ ᠵᠢᠨ ᠨᠥᠬᠥᠴᠡᠯ᠎ᠢ ᠦᠨᠳᠦᠰᠦᠯᠡᠨ᠂  ᠤᠰᠤᠯᠠᠯᠲᠠ᠎ᠳᠤ ᠬᠡᠷᠡᠭᠯᠡᠬᠦ ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠢ ᠤᠰᠤᠯᠠᠯᠲᠠ ᠵᠢᠨ ᠣᠷᠣᠨ᠎ᠳᠤ ᠬᠤᠪᠢᠶᠠᠷᠢᠯᠠᠵᠤ ᠪᠣᠯᠤᠨ᠎ᠠ᠂  ᠪᠠᠰᠠ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ᠂  ᠲᠠᠷᠢᠶᠠᠴᠢᠳ᠎ᠤᠨ ᠤᠰᠤ ᠬᠡᠷᠡᠭᠯᠡᠬᠦ ᠬᠣᠷᠰᠢᠭᠰᠠᠨ ᠵᠣᠬᠢᠶᠠᠨ ᠪᠠᠶ᠋ᠢᠭᠤᠯᠤᠯᠲᠠ᠂  ᠲᠠᠷᠢᠶᠠᠯᠠᠩ᠎ᠤᠨ ᠲᠠᠷᠢᠮᠠᠯ᠎ᠤᠨ ᠲᠣᠮᠣ ᠡᠷᠦᠬᠡ᠂  ᠲᠣᠰᠬᠣᠨ᠎ᠤ ᠠᠷᠠᠳ᠎ᠤᠨ ᠳᠤᠭᠤᠶ᠋ᠢᠯᠠᠩ᠂  ᠤᠰᠤᠨ᠎ᠤ ᠬᠠᠮᠢᠶᠠᠷᠤᠯᠲᠠ ᠵᠢᠨ ᠭᠠᠵᠠᠷ ᠪᠤᠶᠤ ᠲᠠᠷᠢᠶᠠᠯᠠᠬᠤ ᠡᠷᠦᠬᠡ ᠵᠡᠷᠭᠡ᠎ᠳᠤ ᠬᠤᠪᠢᠶᠠᠷᠢᠯᠠᠵᠤ ᠪᠣᠯᠤᠨ᠎ᠠ᠃  ᠤᠰᠤᠯᠠᠯᠲᠠ ᠵᠢᠨ ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠢᠨ ᠶᠡᠷᠦᠩᠬᠡᠶ ᠬᠡᠮᠵᠢᠶ᠎ᠡ ᠵᠢ ᠤᠰᠤᠯᠠᠯᠲᠠ ᠵᠢᠨ ᠣᠷᠣᠨ᠎ᠤ ᠤᠰᠤ ᠠᠪᠬᠤ ᠵᠥᠪᠰᠢᠶᠡᠷᠡᠯ᠎ᠤᠨ ᠶᠡᠷᠦᠩᠬᠡᠶ ᠬᠡᠮᠵᠢᠶᠡᠨ᠎ᠠᠴᠠ ᠬᠡᠲᠦᠷᠡᠭᠦᠯᠵᠦ ᠪᠣᠯᠬᠤ ᠦᠭᠡᠶ᠃  ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠢᠨ ᠵᠠᠰᠠᠵᠤ ᠪᠠᠶ᠋ᠢᠭᠤᠯᠵᠤ ᠬᠠᠮᠢᠶᠠᠷᠴᠤ ᠪᠦᠬᠦᠢ ᠤᠰᠤᠨ ᠴᠥᠭᠥᠷᠥᠮ ᠪᠣᠯᠤᠨ ᠤᠰᠤᠨ ᠴᠥᠭᠥᠷᠥᠮ᠎ᠤᠨ ᠤᠰᠤ᠎ᠨᠢ ᠲᠣᠰᠬᠣᠨ᠎ᠤ ᠠᠷᠠᠳ᠎ᠤᠨ ᠬᠦᠰᠡᠯ ᠰᠠᠨᠠᠭ᠎ᠠ ᠵᠢ ᠭᠦᠢ᠍ᠴᠡᠳ ᠬᠦᠨᠳᠦᠳᠬᠡᠭᠰᠡᠨ ᠰᠠᠭᠤᠷᠢᠨ ᠳᠡᠭᠡᠷ᠎ᠡ᠂  ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ᠂  ᠲᠣᠰᠬᠣᠨ᠎ᠤ ᠠᠷᠠᠳ᠎ᠤᠨ ᠳᠤᠭᠤᠶ᠋ᠢᠯᠠᠩ ᠪᠤᠶᠤ ᠤᠰᠤ ᠬᠡᠷᠡᠭᠯᠡᠬᠦ ᠡᠷᠦᠬᠡ᠎ᠳᠤ ᠤᠰᠤ ᠬᠡᠷᠡᠭᠯᠡᠬᠦ ᠭᠡᠷᠡᠴᠢ ᠪᠠᠷᠢᠮᠲᠠ᠎ᠪᠠᠷ ᠳᠠᠮᠵᠢᠭᠤᠯᠤᠨ ᠤᠰᠤ ᠬᠡᠷᠡᠭᠯᠡᠬᠦ ᠡᠷᠬᠡ᠎ᠪᠠᠨ ᠲᠣᠳᠣᠷᠬᠠᠶ᠋ᠢᠯᠠᠵᠤ ᠪᠣᠯᠤᠨ᠎ᠠ᠃

  3. ᠣᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠶ ᠵᠢᠨ ᠲᠣᠤᠷ ᠪᠠ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠤᠨ ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ᠃  ᠣᠯᠠᠨ ᠨᠡᠶ᠋ᠢᠲᠡ ᠵᠢᠨ ᠤᠰᠤ ᠬᠠᠩᠭ᠋ᠠᠬᠤ ᠬᠤᠭᠤᠯᠠᠶ ᠵᠢᠨ ᠲᠣᠣᠷ ᠪᠣᠯᠤᠨ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠤᠨ ᠳᠣᠲᠣᠷᠠᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ ᠪᠣᠯᠤᠨ ᠲᠥᠯᠥᠪᠯᠡᠭᠡ᠎ᠲᠠᠢ᠎ᠪᠠᠷ ᠤᠰᠤ ᠬᠡᠷᠡᠭᠯᠡᠬᠦ ᠬᠠᠮᠢᠶᠠᠷᠤᠯᠲᠠ᠎ᠳᠤ ᠣᠷᠣᠭᠤᠯᠤᠭᠰᠠᠨ ᠰᠤᠷᠭ᠋ᠠᠭᠤᠯᠢ᠂  ᠡᠮᠨᠡᠯᠭᠡ ᠵᠢᠨ ᠬᠤᠷᠢᠶ᠎ᠠ ᠵᠡᠷᠭᠡ ᠦᠢ᠍ᠯᠡᠴᠢᠯᠡᠭᠡᠨ᠎ᠤ ᠦᠢ᠍ᠯᠡᠰ᠎ᠤᠨ ᠤᠰᠤ ᠬᠡᠷᠡᠭᠯᠡᠬᠦ ᠡᠷᠦᠬᠡ᠎ᠳᠤ ᠤᠰᠤ ᠠᠪᠬᠤ ᠵᠥᠪᠰᠢᠶᠡᠷᠡᠯ᠎ᠤᠨ ᠦᠨᠡᠮᠯᠡᠯ ᠣᠯᠤᠭᠰᠠᠨ ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠢᠨ ᠲᠣᠳᠣᠷᠬᠠᠶ ᠠᠷᠭ᠎ᠠ ᠮᠠᠶᠢᠭ᠎ᠤᠨ ᠶᠣᠰᠣᠭ᠋ᠠᠷ ᠲᠣᠳᠣᠷᠬᠠᠶ ᠪᠣᠯᠭ᠋ᠠᠨ᠎ᠠ; ᠤᠰᠤ ᠠᠪᠬᠤ ᠵᠥᠪᠰᠢᠶᠡᠷᠡᠯ᠎ᠤᠨ ᠦᠨᠡᠮᠯᠡᠯ ᠣᠯᠤᠭᠰᠠᠨ ᠦᠭᠡᠢ ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ᠎ᠳᠤ ᠤᠰᠤ ᠬᠡᠷᠡᠭᠯᠡᠬᠦ ᠢᠨᠵᠧᠨᠧᠷᠢᠩ᠎ᠤᠨ ᠴᠣᠬᠤᠯᠠᠪᠤᠷᠢ ᠵᠢᠨ ᠤᠰᠤᠨ᠎ᠤ ᠬᠡᠮᠵᠢᠶ᠎ᠡ ᠵᠢᠴᠢ ᠤᠰᠤ ᠬᠡᠷᠡᠭᠯᠡᠬᠦ ᠡᠷᠦᠬᠡ ᠵᠢᠨ ᠦᠢ᠍ᠯᠡᠳᠬᠦᠨ᠎ᠤ ᠲᠦᠷᠦᠯ ᠬᠡᠯᠪᠡᠷᠢ᠂  ᠭᠠᠷᠤᠯᠲᠠ᠂  ᠦᠢ᠍ᠯᠡᠳᠪᠦᠷᠢᠯᠡᠯ᠎ᠤᠨ ᠬᠡᠪᠴᠢᠶ᠎ᠡ᠂  ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠡᠷᠭᠡ ᠵᠢ ᠦᠨᠳᠦᠰᠦᠯᠡᠨ ᠤᠰᠤ ᠬᠡᠷᠡᠭᠯᠡᠬᠦ ᠭᠡᠷᠡᠴᠢ ᠪᠠᠷᠢᠮᠲᠠ ᠵᠢ ᠲᠣᠳᠣᠷᠬᠠᠶ ᠪᠣᠯᠭ᠋ᠠᠨ᠎ᠠ᠃  ᠡᠯ᠎ᠡ ᠭᠤᠤᠯ ᠪᠣᠯᠬᠤ ᠤᠰᠤ ᠬᠡᠷᠡᠭᠯᠡᠬᠦ ᠡᠷᠦᠬᠡ᠎ᠳᠤ ᠤᠰᠤ ᠬᠡᠷᠡᠭᠯᠡᠬᠦ ᠡᠷᠬᠡ ᠵᠢᠨ ᠶᠡᠷᠦᠩᠬᠡᠶ ᠬᠡᠮᠵᠢᠶ᠎ᠡ ᠵᠢ ᠣᠯᠠᠨ ᠨᠡᠶ᠋ᠢᠲᠡ ᠵᠢᠨ ᠤᠰᠤ ᠬᠠᠩᠭ᠋ᠠᠬᠤ ᠠᠵᠤ ᠠᠬᠤᠶ᠋ᠢᠯᠠᠯ ᠪᠤᠶᠤ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠤᠨ ᠤᠰᠤ ᠠᠪᠬᠤ ᠵᠥᠪᠰᠢᠶᠡᠷᠡᠯ᠎ᠤᠨ ᠦᠨᠡᠮᠯᠡᠯ᠎ᠳᠤ ᠲᠣᠳᠣᠷᠬᠠᠶ ᠲᠡᠮᠳᠡᠭᠯᠡᠭᠰᠡᠨ ᠤᠰᠤ ᠠᠪᠬᠤ ᠬᠡᠮᠵᠢᠶ᠎ᠡ᠎ᠠᠴᠠ ᠬᠡᠲᠦᠷᠡᠭᠦᠯᠵᠦ ᠪᠣᠯᠬᠤ ᠥᠬᠡᠶ ᠭᠡᠵᠦ ᠲᠣᠳᠣᠷᠬᠠᠶ ᠲᠣᠭᠲᠠᠭ᠋ᠠᠪᠠ᠃

  (ᠵᠢᠷᠭᠤᠭ᠎ᠠ) ᠬᠡᠪ᠎ᠤᠨ ᠪᠤᠰᠤ ᠤᠰᠤᠨ᠎ᠤ ᠡᠬᠢ ᠪᠠᠶᠠᠯᠢᠭ᠎ᠤᠨ ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠢ ᠲᠣᠳᠣᠷᠬᠠᠶ ᠪᠣᠯᠭ᠋ᠠᠬᠤ ᠬᠡᠷᠡᠭᠲᠡᠶ᠃  ᠬᠡᠪ᠎ᠤᠨ ᠪᠤᠰᠤ ᠤᠰᠤᠨ᠎ᠤ ᠡᠬᠢ ᠪᠠᠶᠠᠯᠢᠭ᠎ᠤᠨ ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠢ᠎ᠨᠢ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠲᠣᠬᠢᠷᠠᠭᠤᠯᠤᠭᠰᠠᠨ ᠬᠡᠷᠡᠭᠯᠡᠵᠦ ᠪᠣᠯᠬᠤ ᠤᠰᠤᠨ᠎ᠤ ᠬᠡᠮᠵᠢᠶ᠎ᠡ ᠵᠢ ᠦᠨᠳᠦᠰᠦᠯᠡᠨ ᠤᠰᠤ ᠬᠡᠷᠡᠭᠯᠡᠬᠦ ᠭᠡᠷᠡᠴᠢ ᠪᠠᠷᠢᠮᠲᠠ᠎ᠪᠠᠷ ᠳᠠᠮᠵᠢᠭᠤᠯᠤᠨ ᠲᠣᠳᠣᠷᠬᠠᠶ ᠪᠠᠶ᠋ᠢᠯᠭ᠋ᠠᠬᠤ ᠬᠡᠷᠡᠭᠲᠡᠶ᠃

  (ᠳᠤᠯᠤᠭ᠎ᠠ) ᠤᠰᠤ ᠬᠡᠷᠡᠭᠯᠡᠬᠦ ᠡᠷᠬᠡ ᠵᠢ ᠠᠩᠬᠠᠨ᠎ᠤ ᠬᠤᠪᠢᠶᠠᠷᠢᠯᠠᠯᠲᠠ ᠪᠠ ᠲᠤᠳᠣᠷᠬᠠᠶ ᠬᠤᠯᠪᠤᠭᠳᠠᠯ ᠪᠦᠬᠦᠢ ᠱᠠᠭ᠋ᠠᠷᠳᠠᠯᠭ᠎ᠠ᠃  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠤᠰᠤ ᠬᠡᠷᠡᠭᠯᠡᠭᠰᠡᠨ ᠭᠡᠷᠡᠴᠢ ᠲᠡᠮᠳᠡᠭ ᠵᠶ᠋ᠠᠷ ᠳᠠᠮᠵᠢᠭᠤᠯᠤᠨ ᠤᠰᠤ ᠬᠡᠷᠡᠭᠯᠡᠭᠰᠡᠨ ᠡᠷᠦᠬᠡ ᠵᠢᠨ ᠤᠰᠤ ᠬᠡᠷᠡᠭᠯᠡᠬᠦ ᠡᠷᠬᠡ ᠵᠢ ᠲᠣᠳᠣᠷᠬᠠᠶ ᠪᠣᠯᠭ᠋ᠠᠬᠤ ᠬᠡᠷᠡᠭᠲᠡᠶ᠃  ᠡᠭᠦᠨ᠎ᠳᠤ ᠲᠣᠭᠣᠷᠢᠭ᠎ᠲᠠᠢ ᠬᠣᠲᠠ ᠵᠢᠨ ᠲᠥᠯᠥᠪᠵᠢᠭᠦᠯᠭᠡ ᠵᠢᠨ ᠣᠷᠣᠨ᠎ᠤ ᠣᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠶ ᠵᠢᠨ ᠲᠣᠤᠷ᠎ᠤᠨ ᠳᠣᠲᠣᠷᠠᠬᠢ ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ᠎ᠨᠢ ᠪᠠᠶ᠋ᠢᠭ᠎ᠠ ᠭᠠᠵᠠᠷ᠎ᠤᠨ ᠠᠶ᠋ᠢᠮᠠᠭ ᠬᠣᠲᠠ ᠵᠢᠨ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠤᠰᠤ ᠬᠡᠷᠡᠭᠯᠡᠭᠰᠡᠨ ᠭᠡᠷᠡᠴᠢ ᠪᠠᠷᠢᠮᠲᠠ᠎ᠪᠠᠷ ᠳᠠᠮᠵᠢᠵᠤ ᠲᠣᠳᠣᠷᠬᠠᠶ ᠪᠠᠶ᠋ᠢᠬᠤ ᠬᠡᠷᠡᠭᠲᠡᠶ᠃  ᠤᠰᠤᠯᠠᠯᠲᠠ ᠵᠢᠨ ᠣᠷᠣᠨ᠎ᠤ ᠢᠨᠵᠧᠨᠧᠷᠢᠩ᠂  ᠣᠯᠠᠨ ᠨᠡᠶ᠋ᠢᠲᠡ ᠵᠢᠨ ᠤᠰᠤ ᠬᠠᠩᠭ᠋ᠠᠬᠤ ᠬᠤᠭᠤᠯᠠᠶ ᠵᠢᠨ ᠲᠣᠤᠷ᠂  ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ ᠵᠡᠷᠭᠡ ᠬᠠᠮᠢᠶᠠᠷᠤᠯᠲᠠ ᠵᠢᠨ ᠨᠢᠭᠡᠴᠢ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠯᠦᠭᠡ ᠬᠠᠮᠵᠢᠯᠴᠠᠨ ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠢ ᠲᠣᠳᠣᠷᠬᠠᠶ ᠪᠣᠯᠭ᠋ᠠᠬᠤ ᠠᠵᠢᠯ᠎ᠢ ᠥᠷᠨᠢᠭᠦᠯᠬᠦ ᠬᠡᠷᠡᠭᠲᠡᠶ᠃

   ᠤᠰᠤ ᠬᠡᠷᠡᠭᠯᠡᠬᠦ ᠭᠡᠷᠡᠴᠢ ᠲᠡᠮᠳᠡᠭ᠎ᠤᠨ ᠬᠦᠴᠦᠨ᠎ᠲᠠᠢ ᠬᠤᠭᠤᠴᠠᠭ᠎ᠠ᠎ᠨᠢ ᠤᠰᠤ ᠠᠪᠬᠤ ᠵᠥᠪᠰᠢᠶᠡᠷᠡᠯ᠎ᠤᠨ ᠦᠨᠡᠮᠯᠡᠯ᠎ᠳᠤ ᠲᠡᠮᠳᠡᠭᠯᠡᠨ ᠲᠣᠳᠣᠷᠬᠠᠶ᠋ᠢᠯᠠᠭᠰᠠᠨ ᠬᠤᠭᠤᠴᠠᠭ᠎ᠠ᠎ᠠᠴᠠ ᠬᠡᠲᠦᠷᠡᠵᠦ ᠪᠣᠯᠬᠤ ᠦᠭᠡᠶ᠃  ᠤᠰᠤ ᠠᠪᠬᠤ ᠵᠥᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠳᠦᠭᠦᠷᠦᠭᠰᠡᠨ᠎ᠤ ᠳᠠᠷᠠᠭ᠎ᠠ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠰᠢᠨ᠎ᠡ᠎ᠪᠠᠷ ᠭᠤᠶᠤᠴᠢᠯᠠᠭᠰᠠᠨ ᠤᠰᠤᠨ᠎ᠤ ᠬᠡᠮᠵᠢᠶ᠎ᠡ ᠵᠢ ᠦᠨᠳᠦᠰᠦᠯᠡᠨ ᠤᠰᠤ ᠬᠡᠷᠡᠭᠯᠡᠭᠰᠡᠨ ᠭᠡᠷᠡᠴᠢ ᠵᠢ ᠳᠠᠬᠢᠨ ᠬᠢᠨᠠᠨ ᠣᠯᠭᠣᠬᠤ ᠬᠡᠷᠡᠭᠲᠡᠶ᠃  ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠴᠤ ᠪᠦᠬᠦᠢ ᠤᠰᠤᠨ ᠴᠥᠭᠥᠷᠥᠮ᠂  ᠤᠰᠤᠨ ᠴᠥᠭᠥᠷᠥᠮ᠎ᠤᠨ ᠤᠰᠤ ᠬᠠᠩᠭ᠋ᠠᠬᠤ ᠬᠡᠪᠴᠢᠶᠡᠨ ᠳᠣᠲᠣᠷᠠᠬᠢ ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠭᠡᠷᠡᠴᠢ ᠪᠠᠷᠢᠮᠲᠠ ᠵᠢᠨ ᠬᠦᠴᠦᠨ᠎ᠲᠠᠢ ᠬᠤᠭᠤᠴᠠᠭ᠎ᠠ ᠵᠢ ᠡᠩ᠎ᠤᠨ ᠪᠠᠶ᠋ᠢᠳᠠᠯ᠎ᠳᠤ ᠲᠠᠪᠤᠨ ᠵᠢᠯ᠎ᠠᠴᠠ ᠬᠡᠲᠦᠷᠡᠭᠦᠯᠵᠦ ᠪᠣᠯᠬᠤ ᠦᠭᠡᠶ᠃

   ᠤᠰᠤ ᠬᠡᠷᠡᠭᠯᠡᠬᠦ ᠭᠡᠷᠡᠴᠢ ᠪᠠᠷᠢᠮᠲᠠ᠎ᠳᠤ ᠤᠰᠤ ᠬᠡᠷᠡᠭᠯᠡᠬᠦ ᠡᠷᠦᠬᠡ ᠵᠢᠨ ᠨᠡᠷᠡᠶ᠋ᠢᠳᠦᠯ᠂  ᠪᠠᠶ᠋ᠢᠭ᠎ᠠ ᠭᠠᠵᠠᠷ᠂  ᠬᠦᠴᠦᠨ ᠪᠦᠬᠦᠢ ᠦᠨᠡᠮᠯᠡᠯ᠂  ᠤᠰᠤᠨ᠎ᠤ ᠡᠷᠬᠡ ᠵᠢ ᠣᠯᠬᠤ ᠠᠷᠭ᠎ᠠ ᠮᠠᠶᠢᠭ᠂  ᠤᠰᠤ ᠠᠪᠬᠤ ᠢᠨᠵᠸᠨ᠋ᠸᠷᠢᠩ᠂  ᠤᠰᠤ ᠠᠪᠬᠤ ᠭᠠᠵᠠᠷ᠂  ᠤᠰᠤᠨ᠎ᠤ ᠡᠬᠢ ᠰᠤᠷᠪᠤᠯᠵᠢ ᠵᠢᠨ ᠲᠥᠷᠥᠯ ᠬᠡᠯᠪᠡᠷᠢ᠂  ᠤᠰᠤ ᠠᠪᠬᠤ ᠬᠡᠷᠡᠭᠴᠡᠭᠡ᠂  ᠬᠦᠴᠦᠨ᠎ᠲᠠᠢ ᠬᠤᠭᠤᠴᠠᠭ᠎ᠠ ᠵᠡᠷᠭᠡ ᠵᠢ ᠲᠣᠳᠣᠷᠬᠠᠶ ᠲᠡᠮᠳᠡᠭᠯᠡᠬᠦ ᠬᠡᠷᠡᠭᠲᠡᠶ᠃  ᠤᠰᠤ ᠬᠡᠷᠡᠭᠯᠡᠬᠦ ᠭᠡᠷᠡᠴᠢ ᠪᠠᠷᠢᠮᠲᠠ ᠵᠢᠨ ᠳᠦᠷᠢᠮ᠎ᠢ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠨᠢᠭᠡᠳᠦᠯᠲᠡᠶ ᠲᠣᠭᠲᠠᠭ᠋ᠠᠨ᠎ᠠ᠃

   ᠭᠤᠷᠪᠠ᠂  ᠤᠰᠤ ᠬᠡᠷᠡᠭᠯᠡᠬᠦ ᠡᠷᠬᠡ ᠵᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠵᠢ ᠲᠦᠯᠬᠢᠨ ᠠᠬᠢᠭᠤᠯᠤᠨ᠎ᠠ

  (ᠨᠠᠢ᠍ᠮᠠ) ᠤᠷᠤᠨ ᠪᠦᠰᠡ ᠵᠢᠨ ᠤᠰᠤᠨ᠎ᠤ ᠡᠷᠬᠡ ᠵᠢᠨ ᠠᠷᠠᠯᠵᠢᠶ᠎ᠠ᠃  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠡᠷᠬᠡ ᠣᠯᠭᠣᠭᠰᠠᠨ ᠰᠠᠯᠠᠭ᠎ᠠ ᠮᠥᠴᠢᠷ᠂  ᠨᠢᠭᠡᠴᠢ᠎ᠨᠢ ᠣᠷᠣᠨ ᠪᠦᠰᠡ ᠵᠢᠨ ᠤᠰᠤ ᠬᠡᠷᠡᠭᠯᠡᠵᠦ ᠪᠣᠯᠬᠤ ᠤᠰᠤᠨ᠎ᠤ ᠬᠡᠮᠵᠢᠶᠡᠨ᠎ᠤ ᠳᠣᠲᠣᠷᠠᠬᠢ ᠦᠯᠡᠳᠡᠪᠦᠷᠢ ᠪᠤᠶᠤ ᠤᠷᠢᠳᠴᠢᠯᠠᠨ ᠦᠯᠡᠳᠡᠭᠡᠭᠰᠡᠨ ᠤᠰᠤᠨ᠎ᠤ ᠬᠡᠮᠵᠢᠶ᠎ᠡ᠎ᠳᠤ ᠤᠰᠤᠨ᠎ᠤ ᠡᠷᠬᠡ ᠵᠢᠨ ᠠᠷᠠᠯᠵᠢᠶ᠎ᠠ ᠬᠢᠵᠦ ᠪᠣᠯᠤᠨ᠎ᠠ᠃  ᠣᠷᠣᠨ ᠪᠦᠰᠡ ᠵᠢᠨ ᠤᠰᠤᠨ᠎ᠤ ᠡᠷᠬᠡ ᠵᠢᠨ ᠠᠷᠠᠯᠵᠢᠶᠠᠯᠠᠭ᠎ᠠ᠎ᠳᠤ ᠳᠡᠭᠡᠷ᠎ᠡ ᠨᠢᠭᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠬᠡᠷᠡᠭᠲᠡᠶ᠂  ᠤᠰᠤ ᠲᠠᠲᠠᠬᠤ ᠢᠨᠵᠧᠨᠧᠷᠢᠩ᠎ᠳᠤ ᠬᠣᠯᠪᠣᠭᠳᠠᠪᠠᠯ ᠤᠰᠤ ᠲᠠᠲᠠᠬᠤ ᠢᠨᠵᠧᠨᠧᠷᠢᠩ᠎ᠤᠨ ᠬᠠᠮᠢᠶᠠᠷᠤᠯᠲᠠ ᠵᠢᠨ ᠨᠢᠭᠡᠴᠢ ᠵᠢᠨ ᠰᠠᠨᠠᠯ᠎ᠢ ᠬᠤᠷᠢᠶᠠᠬᠤ ᠬᠡᠷᠡᠭᠲᠡᠶ᠃

  (ᠶᠢᠰᠦ) ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ᠃  ᠤᠰᠤ ᠬᠡᠷᠡᠭᠯᠡᠬᠦ ᠡᠷᠦᠬᠡ ᠦᠢ᠍ᠯᠡᠳᠬᠦᠨ ᠪᠠ ᠠᠵᠤ ᠦᠢ᠍ᠯᠡᠰ᠎ᠤᠨ ᠪᠦᠲᠦᠴᠡ ᠵᠢ ᠲᠣᠬᠢᠷᠠᠭᠤᠯᠬᠤ᠂  ᠤᠷ᠎ᠠ ᠮᠡᠷᠭᠡᠵᠢᠯ ᠵᠶ᠋ᠠᠨ ᠥᠭᠡᠷᠡᠴᠢᠯᠡᠬᠦ᠂  ᠢᠨᠵᠸᠨ᠋ᠸᠷᠢᠩ᠎ᠢ ᠥᠭᠡᠷᠡᠴᠢᠯᠡᠬᠦ᠂  ᠲᠠᠷᠢᠮᠠᠯ᠎ᠤᠨ ᠪᠦᠲᠦᠴᠡ ᠵᠢ ᠲᠣᠬᠢᠷᠠᠭᠤᠯᠬᠤ᠂  ᠤᠰᠤᠯᠠᠯᠲᠠ ᠵᠢ ᠵᠣᠭᠰᠣᠭ᠋ᠠᠬᠤ᠂  ᠤᠰᠤᠯᠠᠯᠲᠠ ᠵᠢ ᠬᠣᠢ᠌ᠰᠢᠯᠠᠭᠤᠯᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠤᠰᠤᠨ᠎ᠤ ᠡᠬᠢ ᠪᠠᠶᠠᠯᠢᠭ᠎ᠢ ᠠᠷᠪᠢᠯᠠᠵᠤ᠂  ᠪᠤᠰᠤᠳ ᠤᠰᠤ ᠬᠡᠷᠡᠭᠯᠡᠬᠦ ᠡᠷᠦᠬᠡ᠎ᠳᠤ ᠤᠰᠤ ᠠᠷᠪᠢᠯᠠᠬᠤ ᠡᠬᠢ ᠪᠠᠶᠠᠯᠢᠭ᠎ᠢ ᠲᠥᠯᠥᠪᠦᠷᠢ᠎ᠲᠠᠢ᠎ᠪᠠᠷ ᠰᠢᠯᠵᠢᠭᠦᠯᠦᠨ ᠥᠭᠴᠦ ᠪᠣᠯᠤᠨ᠎ᠠ᠃

  1. ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ᠃  ᠤᠰᠤ ᠬᠡᠷᠡᠭᠯᠡᠬᠦ ᠡᠷᠬᠡ ᠵᠢ ᠰᠢᠯᠵᠢᠭᠦᠯᠦᠨ ᠥᠭᠬᠦ ᠲᠠᠯ᠎ᠠ᠎ᠨᠢ ᠣᠯᠤᠭᠰᠠᠨ ᠤᠰᠤ ᠬᠡᠷᠡᠭᠯᠡᠬᠦ ᠭᠡᠷᠡᠴᠢ ᠪᠠᠷᠢᠮᠲᠠ ᠵᠢ ᠦᠨᠳᠦᠰᠦᠯᠡᠨ ᠬᠠᠮᠢᠶᠠᠷᠤᠯᠲᠠ ᠵᠢᠨ ᠡᠷᠬᠡ᠎ᠲᠠᠢ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠤᠰᠤ ᠬᠡᠷᠡᠭᠯᠡᠬᠦ ᠡᠷᠬᠡ ᠵᠢᠨ ᠠᠷᠠᠯᠵᠢᠶᠠᠯᠠᠭ᠎ᠠ ᠵᠢ ᠭᠤᠶᠤᠴᠢᠯᠠᠵᠤ ᠪᠣᠯᠤᠨ᠎ᠠ (ᠠᠳᠠᠯᠢ ᠨᠢᠭᠡᠨ ᠤᠰᠤᠯᠠᠯᠲᠠ ᠵᠢᠨ ᠣᠷᠣᠨ᠎ᠤ ᠳᠣᠲᠣᠷᠠᠬᠢ ᠤᠰᠤᠯᠠᠯᠲᠠ᠎ᠳᠤ ᠬᠡᠷᠡᠭᠯᠡᠬᠦ ᠤᠰᠤᠨ᠎ᠤ ᠡᠷᠦᠬᠡ ᠵᠢᠨ ᠬᠣᠭᠣᠷᠣᠨᠳᠣᠬᠢ ᠠᠷᠠᠯᠵᠢᠶ᠎ᠠ ᠪᠠᠭᠲᠠᠬᠤ ᠦᠭᠡᠶ)᠃  ᠬᠠᠷᠢᠶᠠᠯᠠᠯ᠎ᠤᠨ ᠡᠷᠬᠡ᠎ᠲᠠᠢ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠤᠰᠤ ᠬᠡᠷᠡᠭᠯᠡᠬᠦ ᠡᠷᠬᠡ ᠵᠢᠨ ᠠᠷᠠᠯᠵᠢᠶᠠᠯᠠᠬᠤ ᠤᠰᠤᠨ᠎ᠤ ᠬᠡᠮᠵᠢᠶ᠎ᠡ ᠵᠢᠨ ᠦᠨᠡᠨ ᠪᠣᠳᠠᠲᠤ ᠴᠢᠨᠠᠷ᠂  ᠬᠠᠤᠯᠢ ᠶᠣᠰᠣᠴᠢ ᠴᠢᠨᠠᠷ᠂  ᠵᠦᠶ ᠶᠣᠰᠣᠴᠢ ᠴᠢᠨᠠᠷ ᠵᠢᠴᠢ ᠭᠤᠷᠪᠠᠳᠠᠬᠢ ᠡᠲᠡᠭᠡᠳ᠎ᠤᠨ ᠨᠥᠯᠥᠭᠡ ᠵᠡᠷᠭᠡ᠎ᠳᠤ ᠬᠢᠨᠠᠨ ᠬᠠᠷᠭᠤᠭᠤᠯᠬᠤ ᠵᠢᠨ ᠬᠠᠮᠲᠤ ᠬᠢᠨᠠᠨ ᠬᠠᠷᠭᠤᠭᠤᠯᠤᠭᠰᠠᠨ ᠰᠠᠨᠠᠯ ᠭᠠᠷᠭ᠋ᠠᠬᠤ ᠬᠡᠷᠡᠭᠲᠡᠶ᠃  ᠬᠢᠨᠠᠨ ᠵᠥᠪᠰᠢᠶᠡᠷᠡᠭᠰᠡᠨ ᠰᠠᠨᠠᠯ ᠪᠣᠯ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢᠨ ᠵᠥᠪᠳᠡᠯᠴᠡᠬᠡᠷ᠎ᠢ ᠰᠢᠯᠵᠢᠭᠦᠯᠦᠨ ᠥᠭᠬᠦ ᠪᠤᠶᠤ ᠰᠢᠯᠵᠢᠭᠦᠯᠦᠨ ᠥᠭᠬᠦ ᠴᠢᠭᠯᠡᠯ᠎ᠤᠨ ᠠᠷᠠᠯᠵᠢᠶ᠎ᠠ ᠵᠢᠨ ᠲᠠᠪᠴᠠᠩ᠎ᠢ ᠭᠤᠶᠤᠴᠢᠯᠠᠨ ᠠᠷᠠᠯᠵᠢᠶᠠᠯᠠᠬᠤ ᠵᠢᠨ ᠭᠣᠤᠯ ᠦᠨᠳᠦᠰᠦ ᠪᠠᠷᠢᠮᠲᠠ ᠪᠣᠯᠤᠨ᠎ᠠ᠃

   ᠣᠷᠣᠨ ᠪᠦᠰᠡ ᠠᠯᠤᠰᠯᠠᠨ ᠤᠰᠤ ᠠᠪᠴᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ᠎ᠨᠢ ᠬᠣᠶᠠᠷ ᠲᠠᠯ᠎ᠠ ᠵᠢᠨ ᠪᠠᠶ᠋ᠢᠭ᠎ᠠ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠬᠠᠮᠲᠤ᠎ᠳᠤᠨᠢ ᠵᠥᠪᠰᠢᠶᠡᠷᠡᠭᠦᠯᠬᠦ ᠬᠡᠷᠡᠭᠲᠡᠶ᠃

   ᠣᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠶ ᠵᠢᠨ ᠲᠣᠤᠷ ᠪᠣᠯᠤᠨ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠤᠨ ᠤᠰᠤ ᠬᠡᠷᠡᠭᠯᠡᠬᠦ ᠡᠷᠦᠬᠡ᠂  ᠬᠡᠪ᠎ᠤᠨ ᠪᠤᠰᠤ ᠤᠰᠤᠨ᠎ᠤ ᠡᠬᠢ ᠪᠠᠶᠠᠯᠢᠭ᠎ᠤᠨ ᠤᠰᠤ ᠬᠡᠷᠡᠭᠯᠡᠬᠦ ᠡᠷᠦᠬᠡ ᠵᠡᠷᠭᠡ ᠤᠰᠤ ᠬᠡᠷᠡᠭᠯᠡᠬᠦ ᠡᠷᠬᠡ ᠵᠢᠨ ᠠᠷᠠᠯᠵᠢᠶᠠᠯᠠᠭ᠎ᠠ᠎ᠳᠤ ᠤᠰᠤ ᠠᠪᠴᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠢᠨ ᠠᠷᠠᠯᠵᠢᠶᠠᠯᠠᠭ᠎ᠠ ᠵᠢᠨ ᠶᠣᠰᠣᠭ᠋ᠠᠷ ᠬᠡᠷᠡᠭᠵᠢᠭᠦᠯᠵᠦ ᠪᠣᠯᠤᠨ᠎ᠠ᠃

  2. ᠤᠰᠤᠯᠠᠯᠲᠠ᠎ᠳᠤ ᠬᠡᠷᠡᠭᠯᠡᠬᠦ ᠤᠰᠤᠨ᠎ᠤ ᠡᠷᠦᠬᠡ ᠵᠢᠨ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ᠃  ᠤᠰᠤᠯᠠᠯᠲᠠ᠎ᠳᠤ ᠬᠡᠷᠡᠭᠯᠡᠬᠦ ᠤᠰᠤᠨ᠎ᠤ ᠡᠷᠦᠬᠡ ᠣᠯᠤᠭᠰᠠᠨ ᠤᠰᠤ ᠬᠡᠷᠡᠭᠯᠡᠬᠦ ᠭᠡᠷᠡᠴᠢ ᠪᠠᠷᠢᠮᠲᠠ᠎ᠪᠠᠨ ᠦᠨᠳᠦᠰᠦᠯᠡᠨ ᠤᠰᠤᠯᠠᠯᠲᠠ ᠵᠢᠨ ᠣᠷᠣᠨ᠎ᠤ ᠳᠣᠲᠣᠷᠠᠬᠢ ᠤᠰᠤ ᠬᠡᠷᠡᠭᠯᠡᠬᠦ ᠡᠷᠦᠬᠡ ᠪᠤᠶᠤ ᠤᠰᠤ ᠬᠡᠷᠡᠭᠯᠡᠬᠦ ᠵᠣᠬᠢᠶᠠᠨ ᠪᠠᠶ᠋ᠢᠭᠤᠯᠤᠯᠲᠠ ᠵᠢᠨ ᠬᠣᠭᠣᠷᠣᠨᠳᠣ᠎ᠪᠠᠨ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠬᠢᠵᠦ ᠪᠣᠯᠤᠨ᠎ᠠ᠃  ᠤᠰᠤᠯᠠᠯᠲᠠ᠎ᠳᠤ ᠬᠡᠷᠡᠭᠯᠡᠬᠦ ᠤᠰᠤᠨ᠎ᠤ ᠡᠷᠦᠬᠡ ᠤᠰᠤ ᠰᠢᠯᠵᠢᠭᠦᠯᠦᠨ ᠥᠭᠬᠦ ᠡᠷᠬᠡ᠎ᠲᠠᠢ ᠪᠣᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠡᠷᠬᠡ ᠣᠯᠭᠣᠭᠰᠠᠨ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂  ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠨᠢᠭᠡᠴᠢ᠎ᠨᠢ ᠡᠭᠡᠭᠦᠯᠦᠨ ᠬᠤᠳᠠᠯᠳᠤᠨ ᠠᠪᠴᠤ ᠪᠣᠯᠬᠤ ᠪᠥᠭᠡᠳ ᠣᠷᠣᠨ ᠪᠦᠰᠡ ᠵᠢᠨ ᠳᠣᠲᠣᠷᠠᠬᠢ ᠲᠠᠷᠢᠶᠠᠯᠠᠩ᠎ᠤᠨ ᠵᠦᠢ ᠵᠣᠬᠢᠰᠲᠠᠶ ᠤᠰᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠪᠠᠲᠤᠯᠠᠭᠰᠠᠨ ᠤᠷᠢᠲᠠᠯ ᠳᠣᠤᠷ᠎ᠠ᠂  ᠳᠠᠬᠢᠨ ᠲᠣᠬᠢᠷᠠᠭᠤᠯᠬᠤ ᠪᠤᠶᠤ ᠠᠷᠠᠯᠵᠢᠶᠠᠯᠠᠬᠤ ᠬᠡᠷᠡᠭᠲᠡᠶ᠃

  3. ᠤᠰᠤ ᠬᠡᠷᠡᠭᠯᠡᠬᠦ ᠡᠷᠬᠡ ᠵᠢ ᠠᠷᠠᠯᠵᠢᠶᠠᠯᠠᠬᠤ ᠠᠷᠭ᠎ᠠ ᠬᠡᠮᠵᠢᠶ᠎ᠡ ᠵᠢᠨ ᠰᠢᠨ᠎ᠡ ᠵᠢ ᠡᠭᠦᠳᠦᠨ᠎ᠡ᠃  ᠣᠷᠣᠨ ᠨᠤᠲᠤᠭ᠎ᠤᠨ᠎ᠬᠢᠨ᠎ᠤ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢ ᠠᠮᠢ ᠠᠬᠤᠢ ᠵᠢᠨ ᠪᠦᠲᠦᠭᠡᠭᠳᠡᠭᠦᠨ᠎ᠤ ᠦᠷᠲᠡᠭ᠎ᠢ ᠪᠡᠶᠡᠯᠡᠭᠦᠯᠬᠦ᠂  ᠠᠮᠢ ᠠᠬᠤᠢ ᠵᠢᠨ ᠬᠠᠮᠠᠭ᠋ᠠᠯᠠᠯᠲᠠ᠎ᠳᠤ ᠨᠦᠬᠦᠪᠦᠷᠢ ᠥᠭᠬᠦ ᠴᠢᠬᠤᠯᠠ ᠠᠷᠭ᠎ᠠ ᠪᠠᠷᠢᠯ ᠪᠣᠯᠭ᠋ᠠᠬᠤ ᠵᠢ ᠵᠣᠷᠢᠬ᠍ᠵᠢᠭᠤᠯᠵᠤ᠂  ᠤᠰᠤᠨ᠎ᠤ ᠡᠷᠬᠡ ᠵᠢᠨ ᠠᠷᠠᠯᠵᠢᠶ᠎ᠠ ᠵᠢᠨ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃  ᠤᠰᠤ ᠠᠷᠪᠢᠯᠠᠬᠤ ᠤᠰᠤ ᠬᠠᠩᠭ᠋ᠠᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠡᠵᠡᠩᠨᠡᠯᠲᠡ᠎ᠳᠤ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ᠎ᠪᠠᠷ ᠳᠠᠮᠵᠢᠨ᠂  ᠠᠷᠪᠢᠯᠠᠭᠰᠠᠨ ᠤᠰᠤᠨ᠎ᠤ ᠡᠷᠬᠡ᠎ᠪᠠᠨ ᠰᠢᠯᠵᠢᠭᠦᠯᠦᠨ ᠥᠭᠬᠦ᠎ᠳᠤ ᠵᠦᠢ ᠵᠣᠬᠢᠰᠲᠠᠶ ᠠᠰᠢᠭ ᠣᠯᠵᠠᠪᠤᠷᠢ ᠣᠯᠬᠤ ᠵᠢ ᠵᠣᠷᠢᠭᠵᠢᠭᠤᠯᠤᠨ᠎ᠠ᠃  ᠭᠡᠷ᠎ᠡ ᠵᠢᠨ ᠤᠰᠤ ᠠᠷᠪᠢᠯᠠᠬᠤ ᠬᠠᠮᠢᠶᠠᠷᠤᠯᠲᠠ᠎ᠪᠠᠷ ᠳᠠᠮᠵᠢᠨ ᠣᠯᠤᠭᠰᠠᠨ ᠤᠰᠤ ᠠᠷᠪᠢᠯᠠᠬᠤ ᠬᠡᠮᠵᠢᠶ᠎ᠡ ᠵᠢ ᠤᠰᠤ ᠬᠡᠷᠡᠭᠯᠡᠬᠦ ᠡᠷᠬᠡ ᠵᠢᠨ ᠠᠷᠠᠯᠵᠢᠶᠠᠯᠠᠭ᠎ᠠ᠎ᠳᠤ ᠣᠷᠣᠭᠤᠯᠬᠤ ᠵᠢ ᠵᠣᠷᠢᠭᠵᠢᠭᠤᠯᠬᠤ ᠬᠡᠷᠡᠭᠲᠡᠶ᠃  ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠳᠠᠬᠢᠯᠲᠠ ᠤᠰᠤ᠂  ᠠᠭᠤᠷᠬᠠᠶ ᠵᠢᠨ ᠨᠦᠬᠡ (ᠠᠭᠤᠷᠬᠠᠶ ᠵᠢᠨ ᠬᠤᠳᠳᠤᠭ) ᠵᠢᠨ ᠤᠰᠤ ᠵᠡᠷᠭᠡ ᠬᠡᠪ᠎ᠤᠨ ᠪᠤᠰᠤ ᠤᠰᠤᠨ᠎ᠤ ᠡᠬᠢ ᠪᠠᠶᠠᠯᠢᠭ᠎ᠢ ᠠᠷᠠᠯᠵᠢᠶᠠᠯᠠᠬᠤ ᠵᠢᠴᠢ ᠡᠩ᠎ᠤᠨ ᠪᠤᠰᠤ ᠤᠰᠤᠨ ᠰᠤᠷᠪᠤᠯᠵᠢ ᠵᠢ ᠠᠰᠢᠭᠯᠠᠨ ᠤᠰᠤ ᠬᠡᠷᠡᠭᠯᠡᠬᠦ ᠡᠷᠬᠡ ᠵᠢᠨ ᠠᠷᠠᠯᠵᠢᠶᠠᠯᠠᠭ᠎ᠠ ᠵᠢ ᠲᠦᠯᠬᠢᠨ ᠠᠬᠢᠭᠤᠯᠬᠤ ᠬᠡᠷᠡᠭᠲᠡᠶ᠃  ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠎ᠯᠤᠭ᠎ᠠ ᠨᠡᠪᠲᠡᠷᠡᠯᠴᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂  ᠤᠰᠤ ᠬᠡᠷᠡᠭᠯᠡᠬᠦ ᠡᠷᠬᠡ᠎ᠪᠠᠨ ᠳᠠᠨᠵᠢᠯᠠᠬᠤ᠂  ᠪᠠᠷᠢᠴᠠᠭ᠋ᠠᠯᠠᠬᠤ᠂  ᠳᠠᠭ᠋ᠠᠭ᠋ᠠᠯᠲᠠ ᠬᠢᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂  ᠤᠰᠤᠨ᠎ᠤ ᠡᠬᠢ ᠪᠠᠶᠠᠯᠢᠭ᠎ᠢ ᠠᠷᠪᠢᠯᠠᠨ ᠬᠠᠮᠠᠭ᠋ᠠᠯᠠᠬᠤ ᠪᠠ ᠨᠡᠭᠡᠭᠡᠨ ᠠᠰᠢᠭᠯᠠᠬᠤ ᠵᠡᠷᠭᠡ᠎ᠳᠤ ᠪᠡᠯᠡ ᠲᠣᠬᠢᠷᠠᠭᠤᠯᠭ᠎ᠠ ᠵᠢᠨ ᠳᠡᠮᠵᠢᠯᠭᠡ ᠬᠠᠩᠭ᠋ᠠᠬᠤ ᠬᠡᠷᠡᠭᠲᠡᠶ᠃

   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠡᠷᠬᠡ ᠣᠯᠭᠣᠭᠰᠠᠨ ᠰᠠᠯᠠᠭ᠎ᠠ ᠮᠥᠴᠢᠷ᠂  ᠨᠢᠭᠡᠴᠢ ᠵᠢ ᠵᠣᠷᠢᠭᠵᠢᠭᠤᠯᠤᠨ᠂  ᠵᠠᠰᠠᠭ᠎ᠤᠨ ᠣᠷᠳᠣᠨ᠎ᠠᠴᠠ ᠤᠰᠤ ᠠᠷᠪᠢᠯᠠᠬᠤ ᠬᠡᠯᠪᠡᠷᠢ᠎ᠪᠠᠷ ᠳᠠᠮᠵᠢᠭᠤᠯᠤᠨ ᠤᠰᠤ ᠬᠡᠷᠡᠭᠯᠡᠬᠦ ᠡᠷᠬᠡ ᠵᠢ ᠪᠡᠯᠡ ᠣᠷᠣᠭᠤᠯᠤᠨ ᠡᠭᠡᠭᠦᠯᠦᠨ ᠬᠤᠳᠠᠯᠳᠤᠨ ᠠᠪᠴᠤ ᠪᠣᠯᠤᠨ᠎ᠠ᠂  ᠪᠠᠰᠠ ᠤᠰᠤ ᠬᠡᠷᠡᠭᠯᠡᠬᠦ ᠨᠢᠭᠡᠴᠢ ᠪᠣᠯᠤᠨ ᠬᠤᠪᠢ ᠬᠥᠮᠦᠨ᠎ᠤ ᠪᠡᠯᠡ ᠣᠷᠣᠭᠤᠯᠤᠨ ᠤᠰᠤ ᠠᠷᠪᠢᠯᠠᠬᠤ ᠡᠷᠬᠡ᠎ᠪᠠᠨ ᠪᠤᠴᠠᠭ᠋ᠠᠨ ᠬᠤᠳᠠᠯᠳᠤᠵᠤ ᠪᠣᠯᠤᠨ᠎ᠠ᠃  ᠡᠭᠡᠭᠦᠯᠦᠨ ᠬᠤᠳᠠᠯᠳᠤᠨ ᠠᠪᠬᠤ ᠤᠰᠤ ᠬᠡᠷᠡᠭᠯᠡᠬᠦ ᠡᠷᠬᠡ᠎ᠨᠢ ᠡᠩ ᠲᠡᠷᠢᠭᠦᠨ᠎ᠳᠤ ᠠᠮᠢᠳᠤᠷᠠᠯ᠎ᠳᠤ ᠬᠡᠷᠡᠭᠯᠡᠬᠦ ᠤᠰᠤ ᠪᠣᠯᠤᠨ ᠠᠮᠢ ᠠᠬᠤᠶ᠎ᠳᠤ ᠬᠡᠷᠡᠭᠯᠡᠬᠦ ᠤᠰᠤ ᠵᠢ ᠪᠠᠲᠤᠯᠠᠬᠤ ᠬᠡᠷᠡᠭᠲᠡᠶ; ᠪᠠᠰᠠ ᠦᠯᠡᠳᠡᠪᠦᠷᠢ ᠪᠠᠶ᠋ᠢᠭᠰᠠᠭ᠋ᠠᠷ ᠪᠣᠯ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠤ ᠠᠷᠭ᠎ᠠ ᠮᠠᠶᠢᠭ ᠵᠶ᠋ᠠᠷ ᠳᠠᠮᠵᠢᠭᠤᠯᠤᠨ ᠰᠢᠯᠢᠳᠡᠭᠵᠢᠭᠦᠯᠦᠨ ᠲᠣᠬᠢᠷᠠᠭᠤᠯᠵᠤ ᠪᠣᠯᠤᠨ᠎ᠠ᠃

  (ᠠᠷᠪᠠ) ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠨᠦᠬᠦᠴᠡᠯ᠂  ᠬᠤᠭᠤᠴᠠᠭ᠎ᠠ ᠪᠠ ᠡᠷᠬᠡ ᠵᠢᠨ ᠬᠠᠷᠢᠶᠠᠯᠠᠯ᠎ᠢ ᠬᠤᠪᠢᠷᠠᠭᠤᠯᠬᠤ

  1. ᠠᠷᠠᠯᠵᠢᠶᠠᠨ᠎ᠤ ᠨᠥᠬᠥᠴᠡᠯ᠃  ᠠᠷᠠᠯᠵᠢᠶᠠᠯᠠᠬᠤ ᠣᠷᠣᠨ ᠪᠦᠰᠡ ᠵᠢᠨ ᠤᠰᠤ ᠬᠡᠷᠡᠭᠯᠡᠬᠦ ᠡᠷᠬᠡ ᠵᠢ ᠳᠡᠭᠡᠷ᠎ᠡ ᠨᠢᠭᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠳᠠᠩᠰᠠᠯᠠᠭᠤᠯᠬᠤ ᠬᠡᠷᠡᠭᠲᠡᠶ᠂  ᠠᠷᠠᠯᠵᠢᠶᠠᠯᠠᠭᠰᠠᠨ ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ᠎ᠨᠢ ᠤᠰᠤ ᠬᠡᠷᠡᠭᠯᠡᠬᠦ ᠭᠡᠷᠡᠴᠢ ᠪᠠᠷᠢᠮᠲᠠ ᠵᠢ ᠣᠯᠬᠤ ᠵᠢᠨ ᠬᠠᠮᠲᠤ᠂  ᠤᠰᠤ ᠠᠪᠬᠤ ᠢᠨᠵᠸᠨ᠋ᠸᠷᠢᠩ᠎ᠤᠨ ᠵᠣᠬᠢᠴᠠᠩᠭᠤᠶ ᠨᠥᠬᠥᠴᠡᠯ ᠪᠠ ᠬᠡᠮᠵᠢᠯᠲᠡ ᠵᠢᠨ ᠬᠢᠨᠠᠨ ᠬᠡᠮᠵᠢᠬᠦ ᠴᠢᠳᠠᠪᠤᠷᠢ ᠵᠢ ᠪᠦᠷᠢᠯᠳᠦᠭᠦᠯᠬᠦ ᠬᠡᠷᠡᠭᠲᠡᠶ᠃

   ᠬᠥᠷᠥᠰᠥᠨ ᠳᠡᠭᠡᠷᠡᠬᠢ ᠤᠰᠤᠨ᠎ᠤ ᠤᠰᠤᠨ᠎ᠤ ᠡᠷᠬᠡ ᠵᠢᠨ ᠠᠷᠠᠯᠵᠢᠶ᠎ᠠ᠎ᠨᠢ ᠠᠳᠠᠯᠢ ᠨᠢᠭᠡᠨ ᠰᠠᠪᠠ ᠭᠠᠵᠠᠷ ᠪᠤᠶᠤ ᠤᠰᠤᠨ᠎ᠤ ᠬᠦᠴᠦᠨ ᠵᠶ᠋ᠠᠷ ᠬᠠᠷᠢᠯᠴᠠᠬᠤ ᠪᠥᠭᠡᠳ ᠤᠰᠤ ᠠᠪᠬᠤ ᠢᠨᠵᠸᠨ᠋ᠸᠷᠢᠩ᠎ᠤᠨ ᠨᠥᠬᠥᠴᠡᠯ᠎ᠢ ᠪᠦᠷᠢᠳᠦᠭᠦᠯᠦᠭᠰᠡᠨ ᠣᠷᠣᠨ᠎ᠳᠤ ᠶᠠᠪᠤᠭᠳᠠᠭᠤᠯᠵᠤ᠂  ᠭᠠᠵᠠᠷ ᠳᠣᠤᠷᠠᠬᠢ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢ ᠠᠳᠠᠯᠢ ᠨᠢᠭᠡᠨ ᠤᠰᠤᠨ ᠰᠢᠨᠵᠢᠯᠡᠭᠡᠨ ᠭᠠᠵᠠᠷ ᠰᠢᠨᠵᠢᠯᠡᠭᠡᠨ᠎ᠤ ᠨᠢᠭᠡᠴᠢ ᠵᠢᠨ ᠳᠣᠲᠣᠷ᠎ᠠ ᠬᠢᠬᠦ ᠬᠡᠷᠡᠭᠲᠡᠶ᠃

   ᠤᠰᠤ ᠬᠡᠷᠡᠭᠯᠡᠬᠦ ᠶᠡᠷᠦᠩᠬᠡᠶ ᠬᠡᠮᠵᠢᠶ᠎ᠡ᠎ᠨᠢ ᠣᠷᠣᠨ ᠪᠦᠰᠡ ᠵᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠭᠦᠢ᠍ᠴᠡᠳᠭᠡᠯ ᠲᠣᠭ᠎ᠠ᠎ᠳᠤ ᠬᠦᠷᠦᠭᠰᠡᠨ ᠪᠤᠶᠤ ᠲᠡᠭᠦᠨ᠎ᠠᠴᠠ ᠳᠠᠪᠠᠭᠰᠠᠨ ᠭᠠᠵᠠᠷ ᠣᠷᠣᠨ᠂  ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ᠎ᠠᠴᠠ ᠬᠡᠲᠦᠷᠡᠭᠰᠡᠨ ᠭᠠᠵᠠᠷ ᠣᠷᠣᠨ᠎ᠤ ᠰᠢᠨ᠎ᠡ᠎ᠪᠠᠷ ᠨᠡᠮᠡᠭᠳᠡᠭᠰᠡᠨ ᠠᠮᠢᠳᠤᠷᠠᠯ᠎ᠤᠨ ᠤᠰᠤ ᠬᠡᠷᠡᠭᠯᠡᠬᠦ ᠵᠦᠢ ᠵᠣᠬᠢᠰᠲᠠᠶ ᠬᠡᠷᠡᠭᠴᠡᠭᠡ ᠱᠠᠭ᠋ᠠᠷᠳᠠᠯᠭ᠎ᠠ᠎ᠠᠴᠠ ᠪᠤᠰᠤᠳ᠂  ᠰᠢᠨ᠎ᠡ᠎ᠪᠠᠷ ᠨᠡᠮᠡᠭᠳᠡᠭᠰᠡᠨ ᠤᠰᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠤᠰᠤ ᠬᠡᠷᠡᠭᠯᠡᠬᠦ ᠡᠷᠬᠡ ᠠᠷᠠᠯᠵᠢᠶᠠᠯᠠᠬᠤ ᠠᠷᠭ᠎ᠠ ᠮᠠᠶᠢᠭ ᠵᠶ᠋ᠠᠷ ᠳᠠᠮᠵᠢᠭᠤᠯᠤᠨ ᠰᠢᠢ᠍ᠳᠪᠦᠷᠢᠯᠡᠬᠦ ᠬᠡᠷᠡᠭᠲᠡᠶ᠃

  2. ᠠᠷᠠᠯᠵᠢᠶᠠᠯᠠᠬᠤ ᠬᠤᠭᠤᠴᠠᠭ᠎ᠠ᠃  ᠣᠷᠣᠨ ᠪᠦᠰᠡ ᠵᠢᠨ ᠤᠰᠤᠨ᠎ᠤ ᠡᠷᠬᠡ ᠵᠢᠨ ᠠᠷᠠᠯᠵᠢᠶᠠᠯᠠᠬᠤ ᠬᠤᠭᠤᠴᠠᠭ᠎ᠠ ᠵᠢ ᠡᠩ᠎ᠤᠨ ᠪᠠᠶ᠋ᠢᠳᠠᠯ᠎ᠳᠤ ᠠᠷᠠᠯᠵᠢᠶᠠᠯᠠᠬᠤ ᠬᠣᠶᠠᠷ ᠲᠠᠯ᠎ᠠ᠎ᠪᠠᠷ ᠵᠶ᠋ᠠᠨ ᠣᠷᠣᠨ ᠪᠦᠰᠡ ᠵᠢᠨ ᠠᠷᠠᠯᠵᠢᠶᠠᠯᠠᠵᠤ ᠪᠣᠯᠬᠤ ᠤᠰᠤᠨ᠎ᠤ ᠬᠡᠮᠵᠢᠶ᠎ᠡ ᠵᠢᠨ ᠬᠡᠷᠡᠭᠯᠡᠬᠦ ᠬᠤᠭᠤᠴᠠᠭ᠎ᠠ ᠬᠢᠵᠠᠭ᠋ᠠᠷ᠂  ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠠᠶ᠋ᠢᠳᠠᠯ᠂  ᠠᠮᠢ ᠠᠬᠤᠶ ᠵᠢᠨ ᠣᠷᠴᠢᠨ ᠲᠣᠭᠣᠷᠢᠨ᠎ᠤ ᠨᠥᠯᠥᠭᠡ ᠵᠡᠷᠭᠡ᠎ᠪᠠᠨ ᠦᠨᠳᠦᠰᠦᠯᠡᠨ ᠵᠥᠪᠳᠡᠯᠴᠡᠨ ᠲᠣᠭᠲᠠᠭ᠋ᠠᠨ᠎ᠠ᠂  ᠡᠩ᠎ᠤᠨ ᠪᠠᠶ᠋ᠢᠳᠠᠯ᠎ᠳᠤ 10 ᠵᠢᠯ᠎ᠠᠴᠠ ᠬᠡᠲᠦᠷᠡᠭᠦᠯᠵᠦ ᠪᠣᠯᠬᠤ ᠦᠭᠡᠶ᠃

   ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠢᠨ ᠠᠷᠠᠯᠵᠢᠶᠠᠯᠠᠬᠤ ᠬᠤᠭᠤᠴᠠᠭ᠎ᠠ ᠬᠢᠵᠠᠭ᠋ᠠᠷ᠎ᠢ ᠤᠰᠤ ᠠᠪᠬᠤ ᠵᠥᠪᠰᠢᠶᠡᠷᠡᠯ ᠪᠤᠶᠤ ᠤᠰᠤ ᠬᠡᠷᠡᠭᠯᠡᠬᠦ ᠭᠡᠷᠡᠴᠢ ᠪᠠᠷᠢᠮᠲᠠ ᠵᠢᠨ ᠬᠦᠴᠦᠨ᠎ᠲᠠᠢ ᠬᠤᠭᠤᠴᠠᠭ᠎ᠠ᠎ᠠᠴᠠ ᠬᠡᠲᠦᠷᠡᠭᠦᠯᠵᠦ ᠪᠣᠯᠬᠤ ᠦᠭᠡᠶ᠃

   ᠤᠰᠤᠯᠠᠯᠲᠠ ᠵᠢᠨ ᠣᠷᠣᠨ᠎ᠳᠤ ᠤᠰᠤ ᠠᠷᠪᠢᠯᠠᠬᠤ ᠥᠭᠡᠷᠡᠴᠢᠯᠡᠯᠲᠡ ᠵᠢᠨ ᠢᠨᠵᠧᠨᠧᠷᠢᠩ᠎ᠢ ᠬᠡᠷᠡᠭᠵᠢᠭᠦᠯᠬᠦ᠎ᠪᠠᠷ ᠳᠠᠮᠵᠢᠨ ᠤᠰᠤ ᠬᠡᠷᠡᠭᠯᠡᠬᠦ ᠡᠷᠬᠡ ᠵᠢ ᠰᠢᠯᠵᠢᠭᠦᠯᠦᠨ ᠥᠭᠭᠦᠭᠰᠡᠨ ᠪᠠᠶ᠋ᠢᠪᠠᠯ᠂  ᠠᠷᠠᠯᠵᠢᠶᠠᠯᠠᠬᠤ ᠬᠤᠭᠤᠴᠠᠭ᠎ᠠ ᠵᠢ ᠬᠠᠮᠤᠭ᠎ᠤᠨ ᠤᠷᠲᠤ᠎ᠳᠤ᠎ᠪᠠᠨ 25 ᠵᠢᠯ᠎ᠠᠴᠠ ᠬᠡᠲᠦᠷᠡᠭᠦᠯᠵᠦ ᠪᠣᠯᠬᠤ ᠦᠭᠡᠢ᠃

  3. ᠡᠷᠬᠡ ᠵᠢᠨ ᠬᠠᠷᠢᠶᠠᠯᠠᠯ᠎ᠢ ᠬᠤᠪᠢᠷᠠᠭᠤᠯᠪᠠ᠃  ᠣᠷᠣᠨ ᠪᠦᠰᠡ ᠵᠢᠨ ᠤᠰᠤᠨ᠎ᠤ ᠡᠷᠬᠡ ᠵᠢᠨ ᠠᠷᠠᠯᠵᠢᠶ᠎ᠠ ᠳᠠᠭᠤᠰᠤᠭᠰᠠᠨ᠎ᠤ ᠳᠠᠷᠠᠭ᠎ᠠ᠂  ᠰᠢᠯᠵᠢᠭᠦᠯᠦᠨ ᠠᠪᠬᠤ ᠲᠠᠯ᠎ᠠ᠎ᠨᠢ ᠠᠷᠠᠯᠵᠢᠶᠠᠨ᠎ᠤ ᠵᠥᠪᠳᠡᠯᠴᠡᠬᠡᠷ ᠵᠶ᠋ᠠᠨ ᠠᠷᠠᠯᠵᠢᠶᠠᠯᠠᠬᠤ ᠬᠣᠶᠠᠷ ᠲᠠᠯ᠎ᠠ ᠵᠢᠨ ᠬᠠᠮᠲᠤ ᠵᠢᠨ ᠳᠡᠭᠡᠷ᠎ᠡ ᠨᠢᠭᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃  ᠠᠷᠠᠯᠵᠢᠶᠠᠯᠠᠬᠤ ᠬᠤᠭᠤᠴᠠᠭ᠎ᠠ᠎ᠨᠢ ᠳᠦᠭᠦᠷᠦᠭᠰᠡᠨ᠎ᠤ ᠳᠠᠷᠠᠭ᠎ᠠ᠂  ᠠᠷᠠᠯᠵᠢᠶᠠᠯᠠᠬᠤ ᠣᠷᠣᠨ᠎ᠤ ᠤᠰᠤᠨ᠎ᠤ ᠡᠷᠬᠡ᠎ᠨᠢ ᠰᠢᠯᠵᠢᠭᠦᠯᠦᠨ ᠥᠭᠭᠦᠭᠴᠢ᠎ᠳᠤ ᠪᠤᠴᠠᠭ᠋ᠠᠵᠤ᠂  ᠠᠷᠠᠯᠵᠢᠶ᠎ᠠ ᠵᠢᠨ ᠵᠥᠪᠳᠡᠯᠴᠡᠬᠡᠷ᠎ᠲᠤ ᠠᠰᠲᠠᠭ᠋ᠠᠨ ᠪᠣᠯᠵᠣᠭ᠎ᠠ ᠲᠣᠭᠲᠠᠭᠰᠠᠨ ᠪᠠᠶ᠋ᠢᠪᠠᠯ᠂  ᠪᠣᠯᠵᠣᠨ ᠲᠣᠭᠲᠠᠭᠰᠠᠨ ᠶᠣᠰᠣᠭ᠋ᠠᠷ ᠬᠢᠬᠦ ᠬᠡᠷᠡᠭᠲᠡᠶ᠃  ᠠᠷᠠᠯᠵᠢᠶᠠᠯᠠᠬᠤ ᠬᠤᠭᠤᠴᠠᠭ᠋ᠠᠨ᠎ᠳᠤ᠂  ᠰᠢᠯᠵᠢᠭᠦᠯᠦᠨ ᠥᠭᠭᠦᠭᠰᠡᠨ ᠲᠠᠯ᠎ᠠ᠎ᠠᠴᠠ ᠰᠢᠯᠵᠢᠭᠦᠯᠦᠨ ᠭᠠᠷᠭ᠋ᠠᠭᠰᠠᠨ ᠤᠰᠤᠨ᠎ᠤ ᠬᠡᠮᠵᠢᠶ᠎ᠡ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠭᠦᠢ᠍ᠴᠡᠳᠭᠡᠯ ᠲᠣᠭ᠎ᠠ ᠪᠤᠶᠤ ᠤᠰᠤᠨ᠎ᠤ ᠬᠡᠮᠵᠢᠶ᠎ᠡ ᠵᠢ ᠲᠣᠬᠢᠷᠠᠭᠤᠯᠤᠨ ᠬᠤᠪᠢᠶᠠᠷᠢᠯᠠᠬᠤ ᠭᠦᠢ᠍ᠴᠡᠳᠭᠡᠯ ᠲᠣᠭ᠎ᠠ᠎ᠳᠤ ᠬᠠᠷᠭᠤᠭᠤᠯᠵᠤ ᠬᠠᠰᠤᠨ᠎ᠠ᠂  ᠬᠦᠯᠢᠶᠡᠨ ᠠᠪᠤᠭᠰᠠᠨ ᠲᠠᠯ᠎ᠠ᠎ᠨᠢ ᠵᠣᠬᠢᠴᠠᠩᠭᠤᠶ᠎ᠪᠠᠷ ᠬᠢᠨᠠᠨ ᠪᠣᠳᠣᠵᠤ ᠨᠡᠮᠡᠭᠳᠡᠭᠦᠯᠦᠨ᠎ᠡ᠃

   ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠢᠨ ᠠᠷᠠᠯᠵᠢᠶᠠᠯᠠᠬᠤ ᠬᠤᠭᠤᠴᠠᠭ᠎ᠠ ᠬᠢᠵᠠᠭ᠋ᠠᠷ᠎ᠨᠢ 1 ᠠᠶᠠᠨᠳᠠᠭ᠋ᠠᠨ ᠣᠨ᠎ᠤ ᠳᠣᠲᠣᠷ᠎ᠠ ᠪᠠᠶ᠋ᠢᠪᠠᠯ᠂  ᠤᠰᠤ ᠠᠪᠬᠤ ᠵᠥᠪᠰᠢᠶᠡᠷᠡᠯ᠎ᠤᠨ ᠬᠤᠪᠢᠷᠠᠭ᠋ᠠᠬᠤ ᠭᠠᠷᠳᠠᠮ ᠭᠦᠢ᠍ᠴᠡᠳᠬᠡᠬᠦ ᠴᠢᠬᠤᠯᠠ ᠦᠭᠡᠶ᠂  ᠭᠡᠬᠦ᠎ᠳᠡᠭᠡᠨ ᠬᠠᠷᠢᠶᠠᠯᠠᠬᠤ ᠡᠷᠬᠡ᠎ᠲᠠᠢ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠳᠠᠩᠰᠠᠯᠠᠭᠤᠯᠬᠤ ᠬᠡᠷᠡᠭᠲᠡᠶ᠃  ᠬᠠᠮᠢᠶᠠᠷᠬᠤ ᠡᠷᠬᠡ᠎ᠲᠠᠢ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠷᠠᠯᠵᠢᠶᠠᠯᠠᠭᠰᠠᠨ᠎ᠤ ᠳᠠᠷᠠᠭ᠎ᠠ ᠬᠣᠶᠠᠷ ᠲᠠᠯ᠎ᠠ ᠵᠢᠨ ᠤᠰᠤᠨ᠎ᠤ ᠡᠬᠢ ᠰᠤᠷᠪᠤᠯᠵᠢ᠂  ᠤᠰᠤᠨ᠎ᠤ ᠬᠡᠮᠵᠢᠶ᠎ᠡ᠂  ᠬᠡᠷᠡᠭᠴᠡᠭᠡ᠂  ᠣᠨ᠎ᠤ ᠤᠰᠤ ᠬᠡᠷᠡᠭᠯᠡᠬᠦ ᠲᠥᠯᠥᠪᠯᠡᠭᠡ ᠵᠡᠷᠭᠡ ᠵᠢ ᠬᠢᠨᠠᠨ ᠬᠠᠮᠢᠶᠠᠷᠬᠤ ᠬᠡᠷᠡᠭᠲᠡᠶ᠃  ᠠᠷᠠᠯᠵᠢᠶᠠᠯᠠᠬᠤ ᠬᠤᠭᠤᠴᠠᠭ᠎ᠠ᠎ᠨᠢ 1 ᠠᠶᠠᠨᠳᠠᠭ᠋ᠠᠨ ᠣᠨ ᠬᠡᠲᠦᠷᠡᠭᠰᠡᠨ ᠪᠠᠶ᠋ᠢᠪᠠᠯ᠂  ᠠᠷᠠᠯᠵᠢᠶᠠᠯᠠᠬᠤ ᠬᠣᠶᠠᠷ ᠲᠠᠯ᠎ᠠ᠎ᠪᠠᠷ ᠵᠶ᠋ᠠᠨ ᠠᠷᠠᠯᠵᠢᠶᠠᠯᠠᠬᠤ ᠠᠵᠢᠯ ᠳᠠᠭᠤᠰᠤᠭᠰᠠᠨ᠎ᠤ ᠳᠠᠷᠠᠭ᠎ᠠ ᠤᠰᠤ ᠲᠠᠲᠠᠬᠤ ᠵᠥᠪᠰᠢᠶᠡᠷᠡᠯ ᠵᠢᠴᠢ ᠤᠰᠤ ᠬᠡᠷᠡᠭᠯᠡᠬᠦ ᠭᠡᠷᠡᠴᠢ ᠪᠠᠷᠢᠮᠲᠠ᠎ᠪᠠᠨ ᠬᠤᠪᠢᠷᠠᠭᠤᠯᠬᠤ ᠭᠠᠷᠳᠠᠮ᠎ᠢ ᠬᠠᠤᠯᠢ ᠶᠣᠰᠣᠭ᠋ᠠᠷ ᠭᠦᠢ᠍ᠴᠡᠳᠬᠡᠬᠦ ᠬᠡᠷᠡᠭᠲᠡᠶ᠃

   ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠢᠨ ᠠᠷᠠᠯᠵᠢᠶᠠᠯᠠᠬᠤ ᠬᠤᠭᠤᠴᠠᠭ᠎ᠠ᠎ᠨᠢ ᠳᠦᠭᠦᠷᠦᠭᠰᠡᠨ᠎ᠤ ᠳᠠᠷᠠᠭ᠎ᠠ᠂  ᠤᠰᠤ ᠬᠡᠷᠡᠭᠯᠡᠬᠦ ᠡᠷᠬᠡ ᠵᠢ᠎ᠨᠢ ᠰᠢᠯᠵᠢᠭᠦᠯᠦᠨ ᠥᠭᠬᠦ ᠡᠲᠡᠭᠡᠳ᠎ᠲᠤ ᠪᠤᠴᠠᠭ᠋ᠠᠬᠤ ᠬᠡᠷᠡᠭᠲᠡᠶ; ᠤᠷᠲᠤᠳᠬᠠᠬᠤ ᠴᠢᠬᠤᠯᠠ᠎ᠲᠠᠢ ᠪᠣᠯ᠂  ᠬᠣᠶᠠᠷ ᠲᠠᠯ᠎ᠠ᠎ᠪᠠᠷ ᠵᠶ᠋ᠠᠨ ᠵᠥᠪᠳᠡᠯᠴᠡᠵᠦ ᠵᠥᠪᠰᠢᠶᠡᠷᠡᠭᠦᠯᠦᠭᠡᠳ ᠰᠢᠯᠵᠢᠭᠦᠯᠦᠨ ᠥᠭᠬᠦ ᠲᠠᠯ᠎ᠠ ᠵᠢᠨ ᠤᠰᠤ ᠲᠠᠲᠠᠬᠤ ᠵᠥᠪᠰᠢᠶᠡᠷᠡᠯ ᠪᠤᠶᠤ ᠤᠰᠤ ᠬᠡᠷᠡᠭᠯᠡᠬᠦ ᠭᠡᠷᠡᠴᠢ ᠪᠠᠷᠢᠮᠲᠠ ᠵᠢᠨ ᠬᠦᠴᠦᠨ᠎ᠲᠠᠢ ᠬᠤᠭᠤᠴᠠᠭ᠋ᠠᠨ᠎ᠳᠤ ᠦᠷᠭᠦᠯᠵᠢᠯᠡᠭᠦᠯᠬᠦ ᠵᠢᠨ ᠬᠠᠮᠲᠤ᠂  ᠬᠠᠮᠢᠶᠠᠷᠬᠤ ᠡᠷᠬᠡ᠎ᠲᠠᠢ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠳᠠᠩᠰᠠᠯᠠᠭᠤᠯᠬᠤ ᠬᠡᠷᠡᠭᠲᠡᠶ᠃

   ᠳᠥᠷᠪᠡ᠂  ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠪᠠᠶ᠋ᠢᠭᠤᠯᠤᠨ᠎ᠠ

  (ᠠᠷᠪᠠᠨ ᠨᠢᠭᠡ) ᠠᠷᠠᠯᠵᠢᠶᠠᠯᠠᠬᠤ ᠠᠷᠭ᠎ᠠ ᠮᠠᠶᠢᠭ ᠪᠠ ᠲᠠᠪᠴᠠᠩ᠎ᠢ ᠠᠮᠢᠳᠤᠯᠢᠭ ᠵᠶ᠋ᠠᠷ ᠰᠣᠩᠭᠣᠬᠤ ᠬᠡᠷᠡᠭᠲᠡᠶ᠃  ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢ ᠢᠯᠡ᠎ᠪᠠᠷ ᠠᠷᠠᠯᠵᠢᠶᠠᠯᠠᠬᠤ᠂  ᠵᠥᠪᠳᠡᠯᠴᠡᠬᠡᠷ ᠵᠶ᠋ᠠᠷ ᠰᠢᠯᠵᠢᠭᠦᠯᠦᠨ ᠥᠭᠬᠦ᠂  ᠵᠠᠰᠠᠭ᠎ᠤᠨ ᠣᠷᠳᠣᠨ᠎ᠠᠴᠠ ᠡᠭᠡᠭᠦᠯᠦᠨ ᠬᠤᠳᠠᠯᠳᠤᠨ ᠠᠪᠬᠤ ᠵᠡᠷᠭᠡ ᠠᠷᠭ᠎ᠠ ᠮᠠᠶᠢᠭ ᠵᠶ᠋ᠠᠷ ᠶᠠᠪᠤᠭᠳᠠᠭᠤᠯᠵᠤ ᠪᠣᠯᠤᠨ᠎ᠠ᠃

   ᠢᠯᠡ ᠠᠷᠠᠯᠵᠢᠶᠠᠯᠠᠬᠤ ᠠᠷᠭ᠎ᠠ ᠮᠠᠶᠢᠭ᠎ᠢ ᠠᠪᠤᠭᠰᠠᠨ ᠪᠠᠶ᠋ᠢᠪᠠᠯ᠂  ᠬᠠᠤᠯᠢ ᠶᠣᠰᠣᠭ᠋ᠠᠷ ᠪᠠᠶ᠋ᠢᠭᠤᠯᠤᠭᠰᠠᠨ ᠠᠷᠠᠯᠵᠢᠶᠠᠨ᠎ᠤ ᠲᠠᠪᠴᠠᠩ ᠵᠶ᠋ᠠᠷ ᠳᠠᠮᠵᠢᠭᠤᠯᠤᠨ᠂  ᠬᠠᠮᠢᠶ᠎ᠠ ᠪᠦᠬᠦᠢ ᠳᠡᠰ ᠳᠠᠷᠠᠭ᠋ᠠᠯᠠᠯ ᠶᠣᠰᠣᠭ᠋ᠠᠷ ᠠᠷᠠᠯᠵᠢᠶᠠᠯᠠᠬᠤ ᠬᠡᠷᠡᠭᠲᠡᠶ᠃

   ᠵᠥᠪᠳᠡᠯᠴᠡᠬᠡᠷ ᠵᠶ᠋ᠠᠷ ᠰᠢᠯᠵᠢᠭᠦᠯᠦᠨ ᠥᠭᠬᠦ ᠠᠷᠭ᠎ᠠ ᠮᠠᠶᠢᠭ᠎ᠢ ᠠᠪᠤᠭᠰᠠᠨ ᠪᠠᠶ᠋ᠢᠪᠠᠯ᠂  ᠠᠷᠠᠯᠵᠢᠶᠠᠯᠠᠬᠤ ᠬᠣᠶᠠᠷ ᠲᠠᠯ᠎ᠠ᠎ᠪᠠᠷ ᠵᠶ᠋ᠠᠨ ᠵᠥᠪᠳᠡᠯᠴᠡᠵᠦ ᠪᠠᠶ᠋ᠢᠭ᠋ᠠᠳ ᠠᠷᠠᠯᠵᠢᠶᠠᠯᠠᠭᠰᠠᠨ ᠤᠰᠤᠨ᠎ᠤ ᠬᠡᠮᠵᠢᠶ᠎ᠡ᠂  ᠬᠤᠭᠤᠴᠠᠭ᠎ᠠ᠂  ᠦᠨ᠎ᠡ ᠬᠠᠩᠰᠢ ᠵᠡᠷᠭᠡ ᠵᠢ ᠲᠣᠭᠲᠠᠭ᠋ᠠᠵᠤ᠂  ᠠᠷᠠᠯᠵᠢᠶᠠᠯᠠᠬᠤ ᠲᠠᠪᠴᠠᠩ᠎ᠳᠤ ᠵᠥᠪᠯᠡᠯᠴᠡᠭᠡᠷ᠎ᠲᠤ ᠭᠠᠷ᠎ᠤᠨ ᠦᠰᠦᠭ ᠵᠢᠷᠤᠨ᠎ᠠ᠃

   ᠵᠠᠰᠠᠭ᠎ᠤᠨ ᠣᠷᠳᠣᠨ᠎ᠠᠴᠠ ᠡᠭᠡᠭᠦᠯᠦᠨ ᠬᠤᠳᠠᠯᠳᠤᠨ ᠠᠪᠬᠤ ᠠᠷᠭ᠎ᠠ ᠮᠠᠶᠢᠭ᠎ᠢ ᠠᠪᠤᠭᠰᠠᠨ ᠪᠠᠶ᠋ᠢᠪᠠᠯ᠂  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠡᠷᠬᠡ ᠣᠯᠭᠣᠭᠰᠠᠨ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠨᠢᠭᠡᠳᠦᠯᠲᠡᠶ ᠵᠣᠬᠢᠶᠠᠨ ᠪᠠᠶ᠋ᠢᠭᠤᠯᠤᠨ᠎ᠠ᠃

   ᠤᠰᠤᠯᠠᠯᠲᠠ᠎ᠳᠤ ᠬᠡᠷᠡᠭᠯᠡᠬᠦ ᠤᠰᠤ ᠬᠡᠷᠡᠭᠯᠡᠬᠦ ᠡᠷᠦᠬᠡ ᠠᠷᠠᠯᠵᠢᠶᠠᠨ᠎ᠤ ᠲᠠᠪᠴᠠᠩ ᠵᠶ᠋ᠠᠷ ᠳᠠᠮᠵᠢᠭᠤᠯᠤᠨ ᠰᠦᠯᠵᠢᠶᠡᠨ ᠳᠡᠭᠡᠷ᠎ᠡ ᠠᠷᠠᠯᠵᠢᠶᠠᠯᠠᠵᠤ ᠪᠣᠯᠤᠨ᠎ᠠ᠂  ᠪᠠᠰᠠ ᠲᠣᠰᠬᠤᠨ᠎ᠤ ᠳᠣᠲᠣᠷᠠᠬᠢ ᠠᠯᠪᠠᠨ ᠵᠠᠷ᠎ᠤᠨ ᠪᠤᠯᠤᠩ᠂  ᠤᠰᠤᠨ᠎ᠤ ᠬᠤᠭᠤᠯᠠᠶ ᠵᠢᠨ ᠭᠠᠵᠠᠷ᠂  ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠨᠢᠭᠡᠴᠢ ᠵᠡᠷᠭᠡ᠎ᠪᠠᠷ ᠳᠠᠮᠵᠢᠭᠤᠯᠤᠨ ᠬᠠᠩᠭ᠋ᠠᠯᠭ᠎ᠠ ᠬᠡᠷᠡᠭᠴᠡᠭᠡ ᠵᠢᠨ ᠮᠡᠳᠡᠭᠡ ᠵᠠᠩᠭᠢ ᠵᠢ ᠨᠡᠶ᠋ᠢᠲᠡᠯᠡᠵᠦ᠂  ᠪᠡᠶ᠎ᠡ᠎ᠪᠠᠨ ᠳᠠᠭ᠋ᠠᠭ᠋ᠠᠵᠤ ᠠᠷᠠᠯᠵᠢᠶ᠎ᠠ ᠥᠷᠨᠢᠭᠦᠯᠵᠦ ᠪᠣᠯᠤᠨ᠎ᠠ᠃

  (ᠠᠷᠪᠠᠨ ᠬᠣᠶᠠᠷ) ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠦᠨ᠎ᠡ ᠬᠠᠩᠰᠢ ᠵᠢᠨ ᠪᠦᠷᠢᠯᠳᠦᠬᠦ ᠪᠠ ᠠᠰᠢᠭ ᠲᠤᠰᠠ ᠵᠢ ᠨᠥᠬᠥᠪᠥᠷᠢᠯᠡᠬᠦ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠶ᠃  ᠡᠯ᠎ᠡ ᠭᠠᠵᠠᠷ ᠣᠷᠣᠨ᠎ᠨᠤᠭᠤᠳ᠎ᠤᠨ ᠤᠰᠤᠨ᠎ᠤ ᠡᠬᠢ ᠪᠠᠶᠠᠯᠢᠭ ᠬᠣᠪᠣᠷ ᠴᠤᠬᠠᠭ ᠪᠣᠯᠤᠭᠰᠠᠨ ᠬᠡᠮᠵᠢᠶ᠎ᠡ᠂  ᠤᠰᠤᠨ᠎ᠤ ᠡᠬᠢ ᠪᠠᠶᠠᠯᠢᠭ᠎ᠤᠨ ᠥᠪᠡᠷ᠎ᠤᠨ ᠥᠷᠲᠡᠭ᠎ᠤᠨ ᠵᠠᠷᠤᠳᠠᠯ᠂  ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢᠨ ᠬᠠᠷᠢᠴᠠᠭ᠎ᠠ᠂  ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠥᠪᠥᠷᠢ᠂  ᠠᠵᠤ ᠠᠬᠤᠶ ᠵᠢᠨ ᠠᠰᠢᠭ ᠲᠤᠰᠠ ᠵᠢᠨ ᠨᠥᠬᠥᠪᠥᠷᠢ ᠵᠢᠴᠢ ᠵᠦᠢ ᠵᠣᠬᠢᠰᠲᠠᠶ ᠠᠰᠢᠭ ᠣᠯᠵᠠᠪᠤᠷᠢ ᠵᠡᠷᠭᠡ ᠵᠢ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢᠨ ᠦᠨ᠎ᠡ ᠬᠠᠩᠰᠢ ᠵᠢᠨ ᠪᠦᠷᠢᠯᠳᠦᠬᠦ ᠬᠦᠴᠦᠨ ᠵᠦᠢ᠍ᠯ ᠪᠣᠯᠭ᠋ᠠᠵᠤ᠂  ᠠᠳᠠᠯᠢ ᠪᠤᠰᠤ ᠲᠥᠷᠥᠯ ᠬᠡᠯᠪᠡᠷᠢ ᠵᠢᠨ ᠤᠰᠤ ᠬᠡᠷᠡᠭᠯᠡᠬᠦ ᠡᠷᠬᠡ ᠵᠢᠨ ᠠᠷᠠᠯᠵᠢᠶᠠᠯᠠᠭ᠎ᠠ ᠵᠢᠨ ᠯᠠᠪᠯᠠᠬᠤ ᠦᠨ᠎ᠡ ᠬᠠᠩᠰᠢ ᠵᠢ ᠨᠡᠶ᠋ᠢᠲᠡᠯᠡᠵᠦ᠂  ᠠᠷᠠᠯᠵᠢᠶᠠᠯᠠᠬᠤ ᠬᠣᠶᠠᠷ ᠲᠠᠯ᠎ᠠ᠎ᠪᠠᠷ ᠵᠶ᠋ᠠᠨ ᠯᠠᠪᠯᠠᠯᠲᠠ ᠪᠣᠯᠭ᠋ᠠᠬᠤ ᠬᠡᠷᠡᠭᠲᠡᠶ᠃

   ᠡᠭᠦᠨ᠎ᠳᠤ ᠤᠰᠤᠯᠠᠯᠲᠠ ᠵᠢᠨ ᠣᠷᠣᠨ ᠤᠰᠤ ᠠᠷᠪᠢᠯᠠᠬᠤ ᠥᠭᠡᠷᠡᠴᠢᠯᠡᠯᠲᠡ ᠵᠢᠨ ᠪᠠᠷᠢᠯᠭ᠎ᠠ ᠵᠢ ᠬᠡᠷᠡᠭᠵᠢᠭᠦᠯᠬᠦ᠎ᠪᠠᠷ ᠳᠠᠮᠵᠢᠨ ᠤᠰᠤ ᠬᠡᠷᠡᠭᠯᠡᠬᠦ ᠡᠷᠬᠡ᠎ᠪᠠᠨ ᠰᠢᠯᠵᠢᠭᠦᠯᠦᠭᠰᠡᠨ ᠪᠣᠯ᠂  ᠠᠷᠠᠯᠵᠢᠶᠠᠯᠠᠬᠤ ᠦᠨ᠎ᠡ ᠬᠠᠩᠰᠢ᠎ᠳᠤ ᠤᠰᠤ ᠠᠷᠪᠢᠯᠠᠬᠤ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠵᠠᠷᠤᠳᠠᠯ᠂  ᠤᠰᠤ ᠠᠷᠪᠢᠯᠠᠬᠤ ᠢᠨᠵᠸᠨ᠋ᠸᠷᠢᠩ ᠪᠣᠯᠤᠨ ᠤᠰᠤᠨ᠎ᠤ ᠬᠡᠮᠵᠢᠶ᠎ᠡ ᠪᠦᠬᠦᠢ ᠪᠡᠯᠡᠳᠬᠡᠮᠵᠢ ᠵᠢᠨ ᠠᠵᠢᠯᠯᠠᠭ᠋ᠠᠨ᠎ᠢ ᠬᠠᠮᠠᠭ᠋ᠠᠯᠠᠬᠤ ᠵᠠᠷᠤᠳᠠᠯ᠂  ᠤᠰᠤ ᠠᠷᠪᠢᠯᠠᠬᠤ ᠢᠨᠵᠸᠨ᠋ᠸᠷᠢᠩ᠎ᠤᠨ ᠰᠢᠨᠡᠳᠬᠡᠨ ᠥᠭᠡᠷᠡᠴᠢᠯᠡᠬᠦ ᠵᠠᠷᠤᠳᠠᠯ᠂  ᠠᠳᠠᠯᠢ ᠪᠤᠰᠤ ᠤᠰᠤ ᠬᠡᠷᠡᠭᠯᠡᠬᠦ ᠪᠠᠲᠤᠯᠠᠭ᠎ᠠ ᠵᠢᠨ ᠨᠣᠷᠮ᠎ᠠ᠎ᠠᠴᠠ ᠪᠣᠯᠵᠤ ᠲᠠᠷᠢᠶᠠᠯᠠᠩ᠎ᠤᠨ ᠬᠣᠬᠢᠷᠠᠯ᠎ᠤᠨ ᠨᠥᠬᠥᠪᠥᠷᠢ ᠵᠠᠷᠤᠳᠠᠯ᠂  ᠴᠢᠬᠤᠯᠠ ᠪᠦᠬᠦᠢ ᠠᠵᠤ ᠠᠬᠤᠶ ᠵᠢᠨ ᠠᠰᠢᠭ ᠲᠤᠰᠠ ᠪᠣᠯᠤᠨ ᠠᠮᠢ ᠠᠬᠤᠶ ᠵᠢᠨ ᠨᠥᠬᠥᠪᠥᠷᠢ ᠵᠠᠷᠤᠳᠠᠯ ᠵᠡᠷᠭᠡ ᠵᠢ ᠪᠠᠭᠲᠠᠭ᠋ᠠᠬᠤ ᠬᠡᠷᠡᠭᠲᠡᠶ᠃

  (ᠠᠷᠪᠠᠨ ᠭᠤᠷᠪᠠ) ᠰᠤᠯᠠ ᠪᠠᠶ᠋ᠢᠭ᠎ᠠ ᠤᠰᠤ ᠬᠡᠷᠡᠭᠯᠡᠬᠦ ᠡᠷᠬᠡ ᠵᠢ ᠠᠮᠢᠳᠤᠯᠢᠭ ᠪᠣᠯᠭ᠋ᠠᠬᠤ ᠲᠣᠭᠲᠠᠴᠠ ᠵᠢ ᠰᠦᠪᠡᠭᠴᠢᠯᠡᠨ ᠪᠠᠶ᠋ᠢᠭᠤᠯᠤᠨ᠎ᠠ᠃  ᠠᠶ᠋ᠢᠮᠠᠭ ᠬᠣᠲᠠ᠂  ᠬᠣᠰᠢᠭᠤ ᠰᠢᠶᠠᠨ᠎ᠤ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠰᠤᠯᠠ ᠲᠠᠯᠪᠢᠵᠤ ᠪᠠᠶ᠋ᠢᠭ᠎ᠠ ᠤᠰᠤ ᠬᠡᠷᠡᠭᠯᠡᠬᠦ ᠡᠷᠬᠡ ᠵᠢ ᠰᠢᠯᠢᠳᠡᠭᠵᠢᠭᠦᠯᠦᠨ ᠲᠣᠬᠢᠷᠠᠭᠤᠯᠬᠤ ᠪᠠ ᠠᠷᠠᠯᠵᠢᠶᠠᠯᠠᠬᠤ ᠵᠢ ᠢᠳᠡᠪᠬᠢᠲᠡᠶ ᠰᠦᠪᠡᠭᠴᠢᠯᠡᠨ ᠠᠬᠢᠭᠤᠯᠵᠤ᠂  ᠤᠰᠤᠨ᠎ᠤ ᠡᠬᠢ ᠪᠠᠶᠠᠯᠢᠭ᠎ᠢ ᠠᠰᠢᠭᠯᠠᠬᠤ ᠦᠷ᠎ᠡ ᠪᠦᠲᠦᠮᠵᠢ ᠪᠠ ᠦᠷ᠎ᠡ ᠠᠰᠢᠭ᠎ᠢ ᠬᠠᠮᠤᠭ᠎ᠤᠨ ᠶᠡᠬᠡ ᠪᠣᠯᠭ᠋ᠠᠬᠤ ᠵᠢ ᠪᠡᠶᠡᠯᠡᠭᠦᠯᠬᠦ ᠬᠡᠷᠡᠭᠲᠡᠶ᠃  ᠡᠩ᠎ᠤᠨ ᠪᠠᠶ᠋ᠢᠳᠠᠯ ᠳᠣᠤᠷ᠎ᠠ᠂  ᠳᠣᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂  ᠰᠤᠯᠠ ᠬᠡᠷᠡᠭᠯᠡᠬᠦ ᠤᠰᠤᠨ᠎ᠤ ᠡᠷᠬᠡ ᠵᠢ ᠰᠢᠯᠢᠳᠡᠭᠵᠢᠭᠦᠯᠦᠨ ᠲᠣᠬᠢᠷᠠᠭᠤᠯᠬᠤ ᠪᠠ ᠠᠷᠠᠯᠵᠢᠶᠠᠯᠠᠬᠤ ᠬᠡᠪᠴᠢᠶᠡᠨ᠎ᠳᠤ ᠣᠷᠣᠭᠤᠯᠵᠤ ᠪᠣᠯᠤᠨ᠎ᠠ᠃

  1. ᠲᠥᠷᠥᠯ ᠵᠦᠢ᠍ᠯ᠎ᠨᠢ ᠬᠢᠨᠠᠨ ᠵᠥᠪᠰᠢᠶᠡᠷᠡᠬᠦ᠂  ᠳᠠᠩᠰᠠᠯᠠᠭᠤᠯᠬᠤ ᠪᠢᠴᠢᠭ ᠮᠠᠲ᠋ᠧᠷᠢᠶᠠᠯ᠎ᠢ ᠬᠠᠷᠠᠬᠠᠨ ᠣᠯᠤᠭ᠋ᠠᠳᠤᠶ ᠪᠣᠯᠪᠠᠴᠤ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ ᠵᠢᠨ ᠮᠡᠳᠡᠭᠦᠯᠦᠯᠲᠡ ᠵᠢᠨ ᠪᠢᠴᠢᠭ᠎ᠢ ᠴᠣᠬᠣᠯᠪᠣᠷᠢᠯᠠᠭᠤᠯᠤᠭ᠋ᠠᠳ 36 ᠰᠠᠷ᠎ᠠ ᠬᠡᠲᠦᠷᠡᠭᠰᠡᠨ ᠪᠠᠶ᠋ᠢᠪᠠᠯ;

  2. ᠲᠥᠷᠥᠯ ᠵᠦᠢ᠍ᠯ ᠨᠢᠭᠡᠨᠲᠡ ᠠᠰᠢᠭᠯᠠᠯᠲᠠ᠎ᠳᠤ ᠣᠷᠣᠵᠤ᠂  ᠬᠡᠷᠡᠭᠯᠡᠬᠦ ᠡᠷᠬᠡ ᠵᠢᠨ ᠬᠠᠤᠯᠢ ᠵᠢᠨ ᠡᠷᠬᠡᠲᠡᠨ᠎ᠨᠢ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠤᠰᠤ ᠠᠪᠬᠤ ᠵᠥᠪᠰᠢᠶᠡᠷᠡᠯ᠎ᠤᠨ ᠦᠨᠡᠮᠯᠡᠯ ᠭᠤᠶᠤᠴᠢᠯᠠᠭᠰᠠᠨ ᠦᠭᠡᠢ;

  3. ᠤᠰᠤᠨ᠎ᠤ ᠡᠷᠬᠡ ᠵᠢ ᠰᠢᠯᠵᠢᠭᠦᠯᠦᠨ ᠥᠭᠬᠦ ᠡᠯ᠎ᠡ ᠲᠠᠯ᠎ᠠ ᠵᠢᠨ᠎ᠬᠢᠨ ᠤᠰᠤᠨ᠎ᠤ ᠡᠷᠬᠡ ᠵᠢ ᠰᠢᠯᠵᠢᠭᠦᠯᠦᠨ ᠥᠭᠬᠦ ᠭᠡᠷ᠎ᠡ ᠲᠣᠭᠲᠠᠭᠰᠠᠨ 6 ᠰᠠᠷ᠎ᠠ ᠵᠢᠨ ᠳᠣᠲᠣᠷ᠎ᠠ᠂  ᠬᠡᠷᠡᠭᠯᠡᠬᠦ ᠡᠷᠬᠡ ᠵᠢᠨ ᠬᠠᠤᠯᠢ ᠵᠢᠨ ᠡᠷᠬᠡᠲᠡᠨ ᠤᠰᠤᠯᠠᠯᠲᠠ ᠵᠢᠨ ᠣᠷᠣᠨ᠎ᠤ ᠤᠰᠤ ᠠᠷᠪᠢᠯᠠᠬᠤ ᠥᠭᠡᠷᠡᠴᠢᠯᠡᠯᠲᠡ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠪᠡᠯᠡ ᠮᠥᠩᠭᠥ ᠵᠢ ᠬᠤᠭᠤᠴᠠᠭ᠎ᠠ ᠶᠣᠰᠣᠭ᠋ᠠᠷ ᠭᠦᠢ᠍ᠴᠡᠳ ᠲᠣᠭ᠎ᠠ᠎ᠪᠠᠷ ᠲᠤᠰᠢᠶᠠᠭᠰᠠᠨ ᠦᠭᠡᠶ ᠪᠠᠶ᠋ᠢᠪᠠᠯ;

  4. ᠤᠰᠤᠨ᠎ᠤ ᠡᠷᠬᠡ ᠵᠢ ᠰᠢᠯᠵᠢᠭᠦᠯᠦᠨ ᠥᠭᠬᠦ ᠲᠥᠷᠥᠯ ᠵᠦᠢ᠍ᠯ᠎ᠤᠨ ᠬᠡᠷᠡᠭᠯᠡᠬᠦ ᠡᠷᠬᠡ ᠵᠢᠨ ᠬᠠᠤᠯᠢ ᠵᠢᠨ ᠡᠷᠬᠡᠲᠡᠨ᠎ᠠᠴᠠ ᠤᠰᠤ ᠠᠷᠪᠢᠯᠠᠬᠤ ᠥᠭᠡᠷᠡᠴᠢᠯᠡᠯᠲᠡ ᠵᠢᠨ ᠢᠨᠵᠸᠨ᠋ᠸᠷᠢᠩ᠎ᠲᠤ ᠬᠢᠨᠠᠨ ᠰᠢᠯᠭ᠋ᠠᠯᠲᠠ᠎ᠪᠠᠷ ᠳᠠᠮᠵᠢᠬᠰᠠᠨ᠎ᠤ ᠳᠠᠷᠠᠭ᠎ᠠ᠂  ᠤᠰᠤᠨ᠎ᠤ ᠡᠷᠬᠡ ᠵᠢ ᠰᠢᠯᠵᠢᠭᠦᠯᠦᠨ ᠥᠭᠬᠦ ᠤᠰᠤ ᠠᠷᠪᠢᠯᠠᠬᠤ ᠥᠭᠡᠷᠡᠴᠢᠯᠡᠯᠲᠡ ᠵᠢᠨ ᠢᠨᠵᠸᠨ᠋ᠸᠷᠢᠩ᠎ᠤᠨ ᠠᠵᠢᠯᠯᠠᠭ᠋ᠠᠨ᠎ᠢ ᠬᠠᠮᠠᠭ᠋ᠠᠯᠠᠬᠤ ᠰᠦᠢ᠍ᠳᠬᠡᠯ᠂  ᠰᠢᠨᠡᠳᠬᠡᠨ ᠥᠭᠡᠷᠡᠴᠢᠯᠡᠬᠦ ᠰᠦᠢ᠍ᠳᠬᠡᠯ ᠵᠡᠷᠭᠡ ᠵᠢ ᠰᠢᠯᠵᠢᠭᠦᠯᠦᠨ ᠠᠪᠬᠤ ᠲᠠᠯ᠎ᠠ᠎ᠠᠴᠠ ᠲᠤᠰᠢᠶᠠᠬᠤ ᠶᠣᠰᠣᠲᠠᠢ;

  5. ᠲᠥᠷᠥᠯ ᠵᠦᠢ᠍ᠯ᠎ᠨᠢ ᠨᠢᠭᠡᠨᠲᠡ ᠠᠰᠢᠭᠯᠠᠯᠲᠠ᠎ᠳᠤ ᠣᠷᠣᠭᠰᠠᠨ ᠪᠥᠭᠡᠳ ᠤᠰᠤ ᠠᠪᠬᠤ ᠵᠥᠪᠰᠢᠶᠡᠷᠡᠯ᠎ᠤᠨ ᠭᠠᠷ ᠭᠦᠢ᠍ᠴᠡᠳᠬᠡᠯ ᠬᠢᠯᠭᠡᠬᠦ᠎ᠪᠠᠷ ᠭᠤᠶᠤᠴᠢᠯᠠᠭᠰᠠᠨ ᠪᠣᠯᠪᠠᠴᠤ ᠣᠶ᠋ᠢᠷ᠎ᠠ ᠵᠢᠨ 2 ᠵᠢᠯ᠎ᠤᠨ ᠪᠣᠳᠠᠲᠠᠶ ᠬᠡᠷᠡᠭᠯᠡᠬᠦ ᠤᠰᠤᠨ᠎ᠤ ᠬᠡᠮᠵᠢᠶ᠎ᠡ (ᠤᠰᠤ ᠠᠪᠴᠤ ᠬᠡᠷᠡᠭᠯᠡᠬᠦ ᠬᠡᠮᠵᠢᠶ᠎ᠡ ᠵᠢ ᠬᠢᠨᠠᠨ ᠬᠡᠮᠵᠢᠬᠦ ᠵᠢ ᠦᠨᠳᠦᠰᠦᠯᠡᠨ᠂  ᠲᠥᠯᠥᠪᠯᠡᠭᠰᠡᠨ ᠦᠢ᠍ᠯᠡᠳᠪᠦᠷᠢᠯᠡᠬᠦ ᠴᠢᠳᠠᠪᠤᠷᠢ᠎ᠪᠠᠷ ᠨᠤᠭᠤᠯᠤᠨ ᠪᠤᠳᠤᠭᠰᠠᠨ᠎ᠤ ᠳᠠᠷᠠᠭ᠎ᠠ ᠪᠤᠳᠤᠬᠤ)᠎ᠨᠢ ᠤᠰᠤ ᠠᠪᠬᠤ ᠵᠥᠪᠰᠢᠶᠡᠷᠡᠯ᠎ᠤᠨ ᠬᠡᠮᠵᠢᠶ᠎ᠡ᠎ᠠᠴᠠ ᠪᠠᠭ᠎ᠠ ᠬᠡᠰᠡᠭ;

  6. ᠲᠥᠷᠥᠯ ᠵᠦᠢ᠍ᠯ ᠨᠢᠭᠡᠨᠲᠡ ᠠᠰᠢᠭᠯᠠᠯᠲᠠ᠎ᠳᠤ ᠣᠷᠣᠵᠤ᠂  ᠬᠡᠷᠡᠭᠯᠡᠬᠦ ᠡᠷᠬᠡ᠎ᠲᠠᠢ ᠬᠠᠤᠯᠢ ᠵᠢᠨ ᠡᠷᠬᠡᠲᠡᠨ᠎ᠨᠢ ᠵᠥᠪᠰᠢᠶᠡᠷᠡᠯ᠎ᠤᠨ ᠤᠰᠤᠨ᠎ᠤ ᠡᠬᠢ ᠰᠤᠷᠪᠤᠯᠵᠢ ᠵᠢ ᠦᠯᠦ ᠵᠢᠷᠤᠮᠯᠠᠨ ᠤᠰᠤ ᠲᠠᠲᠠᠵᠤ ᠬᠡᠷᠡᠭᠯᠡᠭᠰᠡᠨ ᠦᠭᠡᠢ᠂  ᠭᠠᠵᠠᠷ ᠳᠣᠤᠷᠠᠬᠢ ᠤᠰᠤ ᠵᠢ ᠳᠤᠷ᠎ᠠ᠎ᠪᠠᠷ ᠵᠶ᠋ᠠᠨ ᠬᠡᠷᠡᠭᠯᠡᠭᠰᠡᠨ ᠪᠤᠶᠤ ᠪᠤᠰᠤᠳ ᠤᠰᠤᠨ᠎ᠤ ᠡᠬᠢ ᠰᠤᠷᠪᠤᠯᠵᠢ᠎ᠨᠢ6 ᠰᠠᠷ᠎ᠠ ᠬᠡᠲᠦᠷᠡᠭᠰᠡᠨ ᠪᠠᠶ᠋ᠢᠪᠠᠯ;

  7. ᠬᠤᠲᠠ ᠪᠠᠯᠭ᠋ᠠᠰᠤᠨ᠎ᠤ ᠥᠷᠭᠡᠳᠬᠡᠨ ᠪᠠᠶ᠋ᠢᠭᠤᠯᠬᠤ ᠵᠡᠷᠭᠡ ᠣᠯᠠᠨ ᠨᠡᠶ᠋ᠢᠲᠡ ᠵᠢᠨ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢᠴᠢ ᠵᠠᠮ ᠬᠠᠷᠢᠯᠴᠠᠭ᠎ᠠ᠂  ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢᠨ ᠭᠠᠵᠠᠷ ᠰᠢᠷᠣᠶ ᠵᠢ ᠲᠠᠲᠠᠪᠤᠷᠢᠯᠠᠨ ᠬᠡᠷᠡᠭᠯᠡᠭᠰᠡᠨ᠎ᠠᠴᠠ ᠪᠣᠯᠤᠭᠰᠠᠨ ᠰᠤᠯᠠ ᠬᠡᠷᠡᠭᠯᠡᠬᠦ ᠤᠰᠤᠨ᠎ᠤ ᠡᠷᠬᠡ; ᠡᠰᠡᠬᠦᠯ᠎ᠡ ᠳᠠᠮᠫᠤᠷᠠᠭᠤᠯᠬᠤ᠂  ᠬᠠᠭ᠋ᠠᠵᠤ ᠵᠣᠭᠰᠣᠭ᠋ᠠᠬᠤ᠂  ᠴᠠᠭ᠋ᠠᠵᠠᠯᠠᠭᠳᠠᠬᠤ ᠵᠢᠴᠢ ᠨᠡᠭᠦᠯᠭᠡᠬᠦ᠎ᠠᠴᠠ ᠪᠣᠯᠵᠣ ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠢ ᠳᠠᠬᠢᠨ ᠬᠡᠷᠡᠭᠯᠡᠬᠦ ᠡᠷᠬᠡ ᠥᠬᠡᠶ ᠪᠣᠯᠤᠭᠰᠠᠨ᠃

   ᠪᠣᠳᠠᠲᠠᠶ ᠰᠢᠢ᠍ᠳᠪᠦᠷᠢᠯᠡᠬᠦ ᠵᠢ ᠣᠳᠣ ᠵᠢᠨ ᠬᠡᠷᠡᠭᠵᠢᠭᠦᠯᠵᠦ ᠪᠠᠶ᠋ᠢᠭ᠎ᠠ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃

   ᠲᠠᠪᠤ᠂  ᠬᠢᠨᠠᠨ ᠰᠢᠨᠵᠢᠵᠦ ᠬᠡᠮᠵᠢᠬᠦ ᠪᠠ ᠬᠢᠨᠠᠨ ᠬᠠᠮᠢᠶᠠᠷᠬᠤ ᠵᠢ ᠴᠢᠩᠭ᠋ᠠᠳᠬᠠᠨ᠎ᠠ

  (ᠠᠷᠪᠠᠨ ᠳᠦᠷᠪᠡ) ᠤᠰᠤ ᠠᠪᠴᠤ ᠬᠡᠷᠡᠭᠯᠡᠬᠦ ᠵᠢ ᠬᠢᠨᠠᠨ ᠬᠡᠮᠵᠢᠬᠦ ᠵᠢ ᠴᠢᠩᠭ᠋ᠠᠳᠬᠠᠨ᠎ᠠ᠃  ᠤᠰᠤ ᠠᠪᠴᠤ ᠬᠡᠷᠡᠭᠯᠡᠬᠦ ᠵᠢ ᠬᠢᠨᠠᠨ ᠰᠢᠨᠵᠢᠬᠦ ᠰᠢᠰᠲ᠋ᠧᠮᠵᠢ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂  ᠠᠶ᠋ᠢᠮᠠᠭ ᠬᠣᠲᠠ᠂  ᠬᠣᠰᠢᠭᠤ ᠰᠢᠶᠠᠨ᠎ᠤ ᠵᠠᠭ᠋ᠠᠭ᠎ᠤᠨ ᠭᠣᠤᠯ᠎ᠤᠨ ᠵᠠᠮ᠎ᠤᠨ ᠣᠭᠲᠣᠯᠤᠭ᠋ᠠᠰᠤ᠂  ᠴᠢᠬᠤᠯᠠ ᠤᠰᠤ ᠲᠠᠲᠠᠬᠤ ᠠᠮᠠ ᠵᠢᠴᠢ ᠤᠰᠤᠨ᠎ᠤ ᠬᠡᠮᠵᠢᠶ᠎ᠡ ᠵᠢᠨ ᠬᠤᠪᠢᠶᠠᠷᠢᠯᠠᠯᠲᠠ᠂  ᠠᠮᠢ ᠠᠬᠤᠶ ᠵᠢᠨ ᠤᠷᠤᠰᠬᠠᠯ᠎ᠤᠨ ᠬᠡᠮᠵᠢᠶ᠎ᠡ ᠵᠡᠷᠭᠡ ᠴᠢᠬᠤᠯᠠ ᠣᠭᠲᠣᠯᠤᠭ᠋ᠠᠰᠤ᠎ᠳᠤ ᠵᠣᠬᠢᠴᠠᠩᠭᠤᠶ ᠪᠦᠬᠦᠢ ᠬᠢᠨᠠᠨ ᠰᠢᠨᠵᠢᠬᠦ ᠬᠡᠮᠵᠢᠯᠲᠡ ᠵᠢᠨ ᠪᠡᠯᠡᠳᠬᠡᠮᠵᠢ ᠲᠣᠬᠢᠷᠠᠭᠤᠯᠬᠤ ᠬᠡᠷᠡᠭᠲᠡᠶ᠃  ᠡᠯ᠎ᠡ ᠭᠠᠵᠠᠷ᠎ᠤᠨ᠎ᠬᠢᠨ ᠪᠣᠳᠠᠲᠤ ᠴᠣᠭᠴᠠ ᠵᠢᠨ ᠬᠢᠨᠠᠨ ᠬᠡᠮᠵᠢᠬᠦ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ᠎ᠲᠠᠢ ᠤᠶᠠᠯᠳᠤᠭᠤᠯᠤᠨ᠂  ᠤᠰᠤ ᠬᠡᠷᠡᠭᠯᠡᠬᠦ ᠡᠷᠬᠡ ᠵᠢ ᠠᠩᠬ᠎ᠠ ᠬᠤᠪᠢᠶᠠᠷᠢᠯᠠᠬᠤ᠂  ᠲᠣᠳᠣᠷᠬᠠᠶ ᠪᠣᠯᠭ᠋ᠠᠬᠤ ᠪᠠ ᠶᠠᠪᠤᠯᠴᠠᠬᠤ᠎ᠳᠤ ᠰᠠᠭᠤᠷᠢ ᠲᠤᠯᠭ᠋ᠠᠭᠤᠷᠢᠯᠠᠯ ᠬᠠᠩᠭ᠋ᠠᠵᠤ ᠪᠣᠯᠤᠨ᠎ᠠ᠃

  (ᠠᠷᠪᠠᠨ ᠲᠠᠪᠤ) ᠤᠰᠤ ᠬᠡᠷᠡᠭᠯᠡᠬᠦ ᠡᠷᠬᠡ ᠵᠢᠨ ᠠᠷᠠᠯᠵᠢᠶᠠᠯᠠᠭ᠎ᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠤᠰᠤ ᠬᠡᠷᠡᠭᠯᠡᠬᠦ ᠡᠷᠬᠡ ᠵᠢ ᠠᠩᠬ᠎ᠠ ᠬᠤᠪᠢᠶᠠᠷᠢᠯᠠᠬᠤ᠂  ᠲᠣᠳᠣᠷᠬᠠᠶ ᠪᠣᠯᠭ᠋ᠠᠬᠤ ᠪᠠ ᠠᠷᠠᠯᠵᠢᠶᠠᠯᠠᠬᠤ ᠪᠦᠬᠦ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂  ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ᠎ᠳᠤ ᠦᠨᠳᠦᠰᠦᠨ ᠠᠮᠢ ᠠᠬᠤᠶ ᠵᠢᠨ ᠤᠰᠤ ᠬᠡᠷᠡᠭᠯᠡᠬᠦ ᠪᠠ ᠲᠠᠷᠢᠶᠠᠨ ᠭᠠᠵᠠᠷ᠎ᠤᠨ ᠤᠰᠤᠯᠠᠯᠲᠠ᠎ᠳᠤ ᠵᠦᠢ ᠵᠣᠬᠢᠰᠲᠠᠶ ᠤᠰᠤ ᠬᠡᠷᠡᠭᠯᠡᠬᠦ ᠵᠢ ᠰᠡᠷᠭᠡᠶ᠋ᠢᠯᠡᠨ ᠬᠣᠷᠢᠭᠯᠠᠬᠤ ᠬᠡᠷᠡᠭᠲᠡᠶ᠃  ᠤᠰᠤ ᠬᠡᠷᠡᠭᠯᠡᠬᠦ ᠡᠷᠬᠡ ᠵᠢᠨ ᠠᠷᠠᠯᠵᠢᠶᠠᠯᠠᠬᠤ ᠤᠰᠤᠨ᠎ᠤ ᠬᠡᠮᠵᠢᠶ᠎ᠡ ᠵᠢᠨ ᠦᠨᠡᠨ ᠪᠣᠳᠠᠲᠤ ᠴᠢᠨᠠᠷ᠂  ᠠᠷᠠᠯᠵᠢᠶᠠᠯᠠᠬᠤ ᠳᠡᠰ ᠳᠠᠷᠠᠭ᠋ᠠᠯᠠᠯ᠎ᠤᠨ ᠵᠢᠷᠤᠮᠵᠢᠯᠳᠤ ᠴᠢᠨᠠᠷ᠂  ᠠᠷᠠᠯᠵᠢᠶᠠᠯᠠᠬᠤ ᠦᠨ᠎ᠡ ᠬᠠᠩᠰᠢ ᠵᠢᠨ ᠵᠦᠢ ᠶᠣᠰᠣᠴᠢ ᠴᠢᠨᠠᠷ᠂  ᠠᠷᠠᠯᠵᠢᠶᠠᠯᠠᠬᠤ ᠪᠡᠯᠡ ᠮᠥᠩᠭᠥ ᠵᠢᠨ ᠠᠶᠤᠯ ᠦᠭᠡᠶ ᠴᠢᠨᠠᠷ᠂  ᠠᠷᠠᠯᠵᠢᠶᠠᠯᠠᠬᠤ ᠤᠰᠤᠨ᠎ᠤ ᠡᠷᠬᠡ ᠵᠢᠨ ᠬᠡᠷᠡᠭᠯᠡᠭᠡᠨ ᠵᠡᠷᠭᠡ ᠵᠢ ᠭᠣᠤᠯᠳᠠᠯᠭ᠎ᠠ᠎ᠲᠠᠢ ᠮᠥᠷᠳᠡᠨ ᠪᠠᠶ᠋ᠢᠴᠠᠭ᠋ᠠᠵᠤ᠂  ᠠᠷᠠᠯᠵᠢᠶᠠᠯᠠᠬᠤ ᠤᠰᠤᠨ᠎ᠤ ᠬᠡᠮᠵᠢᠶ᠎ᠡ ᠵᠢ ᠬᠢᠨᠠᠨ ᠲᠣᠭᠲᠠᠭ᠋ᠠᠬᠤ᠂  ᠤᠰᠤ ᠬᠡᠷᠡᠭᠯᠡᠬᠦ ᠡᠷᠬᠡ ᠵᠢᠨ ᠠᠷᠠᠯᠵᠢᠶᠠᠯᠠᠭ᠎ᠠ ᠵᠢ ᠦᠨᠡᠯᠡᠨ ᠵᠢᠱ᠌ᠢᠬᠦ ᠠᠵᠢᠯ᠎ᠢ ᠴᠠᠭ ᠲᠤᠬᠠᠶ᠎ᠳᠤᠨᠢ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠶ᠃  ᠬᠢᠨᠠᠯᠲᠠ ᠬᠠᠮᠢᠶᠠᠷᠤᠯᠲᠠ ᠵᠢᠨ ᠳᠤᠮᠳᠠ ᠢᠯᠡᠷᠡᠭᠦᠯᠦᠭᠰᠡᠨ ᠵᠥᠪᠰᠢᠶᠡᠷᠡᠯ ᠦᠭᠡᠢ᠎ᠪᠠᠷ ᠤᠰᠤ ᠬᠡᠷᠡᠭᠯᠡᠬᠦ ᠡᠷᠬᠡ᠂  ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢ ᠬᠤᠳᠠᠯ ᠬᠡᠯᠡᠵᠦ ᠬᠠᠭᠤᠷᠮᠠᠭ ᠵᠣᠬᠢᠶᠠᠬᠤ᠂  ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠲᠠᠰ ᠳᠠᠷᠠᠭ᠋ᠠᠯᠠᠯ᠎ᠨᠢ ᠵᠢᠷᠤᠮᠵᠢᠯ ᠦᠭᠡᠢ ᠵᠡᠷᠭᠡ ᠠᠰᠠᠭᠤᠳᠠᠯ᠎ᠢ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠤᠰᠤ ᠠᠪᠬᠤ ᠬᠦᠷᠢᠶᠡᠨ᠎ᠳᠠᠬᠢ ᠢᠲᠡᠭᠡᠮᠵᠢ ᠵᠢᠨ ᠦᠨᠡᠯᠡᠯᠲᠡ ᠵᠢᠨ ᠬᠠᠮᠢᠶᠠᠷᠤᠯᠲᠠ᠎ᠳᠤ ᠣᠷᠣᠭᠤᠯᠬᠤ ᠬᠡᠷᠡᠭᠲᠡᠶ᠃  ᠡᠯ᠎ᠡ ᠱᠠᠲᠤᠨ᠎ᠤ ᠠᠷᠠᠯᠵᠢᠶᠠᠨ᠎ᠤ ᠲᠠᠪᠴᠠᠩ᠎ᠨᠢ ᠤᠯᠤᠰ᠎ᠤᠨ ᠱᠠᠭ᠋ᠠᠷᠳᠠᠯᠭ᠎ᠠ ᠶᠣᠰᠣᠭ᠋ᠠᠷ᠂  ᠠᠷᠠᠯᠵᠢᠶᠠᠨ᠎ᠤ ᠠᠵᠢᠯᠯᠠᠭ᠎ᠠ ᠵᠢ ᠵᠢᠷᠤᠮᠵᠢᠭᠤᠯᠵᠤ᠂  ᠮᠡᠳᠡᠭᠡ ᠵᠠᠩᠭᠢ ᠨᠡᠶ᠋ᠢᠲᠡᠯᠡᠬᠦ ᠳᠦᠷᠢᠮ᠎ᠢ ᠪᠠᠶ᠋ᠢᠭᠤᠯᠤᠨ᠂  ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠵᠦ᠂  ᠬᠣᠯᠪᠣᠭᠳᠠᠯ ᠪᠦᠬᠦᠢ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂  ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠤ ᠲᠣᠭᠲᠠᠭᠰᠠᠨ ᠬᠤᠭᠤᠴᠠᠭ᠎ᠠ᠎ᠲᠠᠢ᠎ᠪᠠᠷ ᠠᠷᠠᠯᠵᠢᠶᠠᠨ᠎ᠤ ᠪᠠᠶ᠋ᠢᠳᠠᠯ ᠵᠶ᠋ᠠᠨ ᠮᠡᠳᠡᠭᠦᠯᠬᠦ ᠬᠡᠷᠡᠭᠲᠡᠶ᠃

   ᠵᠢᠷᠭᠤᠭ᠎ᠠ᠂  ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ

  (ᠠᠷᠪᠠᠨ ᠵᠢᠷᠭᠤᠭ᠎ᠠ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ᠃  ᠡᠯ᠎ᠡ ᠭᠠᠵᠠᠷ᠎ᠤᠳ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠲᠦᠯᠬᠢᠨ ᠠᠬᠢᠭᠤᠯᠬᠤ ᠶᠠᠪᠤᠳᠠᠯ᠎ᠢ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠬᠤ ᠳᠦᠷᠢᠮ᠎ᠢ ᠨᠠᠶ᠋ᠢᠳᠠᠪᠤᠷᠢᠵᠢᠭᠤᠯᠬᠤ ᠨᠢᠭᠡ ᠵᠦᠢ᠍ᠯ᠎ᠤᠨ ᠴᠢᠬᠤᠯᠠ ᠠᠵᠢᠯ᠎ᠤᠨ ᠡᠭᠦᠷᠭᠡ ᠪᠣᠯᠭ᠋ᠠᠵᠤ᠂  ᠠᠵᠢᠯ᠎ᠤᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂  ᠤᠰᠤ ᠬᠡᠷᠡᠭᠯᠡᠬᠦ ᠡᠷᠬᠡ ᠵᠢ ᠠᠩᠬ᠎ᠠ ᠬᠤᠪᠢᠶᠠᠷᠢᠯᠠᠵᠤ ᠲᠣᠳᠣᠷᠬᠠᠶ ᠪᠣᠯᠭ᠋ᠠᠬᠤ ᠵᠢ ᠲᠦᠷᠭᠡᠳᠬᠡᠨ ᠠᠬᠢᠭᠤᠯᠵᠤ᠂  ᠣᠯᠠᠨ ᠵᠦᠢ᠍ᠯ᠎ᠤᠨ ᠬᠡᠯᠪᠡᠷᠢ ᠮᠠᠶᠢᠭ ᠪᠦᠬᠦᠢ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠲᠦᠯᠬᠢᠨ ᠠᠬᠢᠭᠤᠯᠵᠤ᠂  ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢᠨ ᠳᠦᠷᠢᠮ᠎ᠤᠨ ᠪᠠᠶ᠋ᠢᠭᠤᠯᠤᠯᠲᠠ ᠵᠢ ᠲᠦᠯᠬᠢᠨ ᠠᠬᠢᠭᠤᠯᠬᠤ ᠬᠡᠷᠡᠭᠲᠡᠶ᠃

  (ᠠᠷᠪᠠᠨ ᠳᠣᠯᠣᠭ᠎ᠠ) ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠨ᠎ᠠ᠃  ᠡᠯ᠎ᠡ ᠭᠠᠵᠠᠷ᠎ᠤᠨ ᠤᠰᠤᠨ ᠠᠰᠢᠭᠯᠠᠯᠲᠠ᠂  ᠬᠥᠭᠵᠢᠭᠦᠯᠦᠯᠲᠡ ᠪᠠ ᠥᠭᠡᠷᠡᠴᠢᠯᠡᠯᠲᠡ᠂  ᠡᠳ᠋᠎ᠤᠨ ᠵᠠᠰᠠᠭ ᠵᠡᠷᠭᠡ ᠰᠠᠯᠠᠭ᠎ᠠ ᠮᠥᠴᠢᠷ᠎ᠤᠳ ᠬᠠᠮᠵᠢᠯᠴᠠᠭ᠎ᠠ᠎ᠪᠠᠨ ᠴᠢᠩᠭ᠋ᠠᠳᠬᠠᠵᠤ᠂  ᠮᠥᠩᠭᠦᠨ ᠭᠦᠢ᠍ᠯᠭᠡᠭᠡ᠂  ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠂  ᠤᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ ᠵᠣᠬᠢᠴᠠᠭᠤᠯᠭ᠎ᠠ ᠵᠢ ᠰᠠᠶ᠋ᠢᠲᠤᠷ ᠬᠢᠵᠦ᠂  ᠤᠯᠠᠨ ᠠᠷᠭ᠎ᠠ ᠵᠠᠮ ᠵᠶ᠋ᠠᠷ ᠪᠡᠯᠡ ᠮᠥᠩᠭᠦ ᠴᠤᠭᠯᠠᠭᠤᠯᠵᠤ᠂  ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢᠨ ᠠᠵᠢᠯ᠎ᠢ ᠠᠬᠢᠭᠤᠯᠬᠤ᠎ᠳᠤ ᠲᠤᠯᠭ᠋ᠠᠭᠤᠷᠢᠯᠠᠯ ᠪᠠᠲᠤᠯᠠᠭ᠎ᠠ ᠵᠢ ᠴᠢᠩᠭ᠋ᠠᠳᠬᠠᠨ᠎ᠠ᠃

  (ᠠᠷᠪᠠᠨ ᠨᠠᠢ᠍ᠮᠠ) ᠤᠬᠠᠭᠤᠯᠵᠤ ᠬᠥᠲᠥᠯᠥᠨ ᠵᠢᠯᠣᠭᠤᠳᠬᠤ ᠵᠢ ᠴᠢᠩᠭ᠋ᠠᠳᠬᠠᠨ᠎ᠠ᠃  ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢᠨ ᠬᠤᠯᠪᠣᠭᠳᠠᠯ ᠪᠦᠬᠦᠢ ᠮᠡᠳᠡᠭᠡ ᠵᠠᠩᠭᠢ ᠵᠢ ᠴᠠᠭ ᠲᠤᠬᠠᠶ᠎ᠳᠤᠨᠢ ᠢᠯᠡ ᠪᠣᠯᠭ᠋ᠠᠵᠤ᠂  ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢᠨ ᠠᠵᠢᠯ᠎ᠢ ᠤᠬᠠᠭᠤᠯᠤᠨ ᠮᠡᠳᠡᠭᠡᠯᠡᠬᠦ᠎ᠪᠠᠨ ᠴᠢᠩᠭ᠋ᠠᠷᠠᠭᠤᠯᠤᠨ᠂  ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢᠨ ᠲᠠᠯ᠎ᠠ ᠵᠢᠨ ᠲᠤᠷᠰᠢᠯᠭ᠎ᠠ ᠬᠢᠳᠡᠯ᠎ᠢ ᠴᠠᠭ ᠲᠤᠬᠠᠶ᠎ᠳᠤᠨᠢ ᠳ᠋ᠦᠩᠨᠡᠨ ᠳᠡᠯᠭᠡᠷᠡᠭᠦᠯᠵᠦ᠂  ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠳᠡᠮᠵᠢᠬᠦ ᠪᠠ ᠲᠡᠭᠦᠨ᠎ᠳᠤ ᠣᠷᠣᠯᠴᠠᠬᠤ ᠢᠳᠡᠪᠬᠢᠵᠢᠯ᠎ᠢ ᠭᠦᠢ᠍ᠴᠡᠳ ᠳᠠᠶ᠋ᠢᠴᠢᠯᠠᠨ᠂  ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠠᠬᠢᠭᠤᠯᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ᠃

  (ᠠᠷᠪᠠ ᠶᠢᠰᠦ) ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠠᠵᠢᠯ᠎ᠢ ᠰᠠᠶ᠋ᠢᠲᠤᠷ ᠬᠢᠨ᠎ᠡ᠃  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠵᠢᠯ ᠪᠦᠷᠢ ᠵᠢᠨ 12 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ ᠡᠮᠦᠨ᠎ᠡ ᠳᠡᠭᠡᠷ᠎ᠡ ᠨᠢᠭᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠲᠤᠰ ᠣᠨ᠎ᠤ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢᠨ ᠠᠵᠢᠯ᠎ᠤᠨ ᠠᠬᠢᠴᠠ ᠵᠢᠨ ᠪᠠᠶ᠋ᠢᠳᠠᠯ ᠵᠶ᠋ᠠᠨ ᠮᠡᠳᠡᠭᠦᠯᠦᠨ ᠬᠦᠷᠭᠡᠬᠦ ᠬᠡᠷᠡᠭᠲᠡᠶ᠃

  

  《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》 (ᠥᠪᠥᠷ ᠤᠰᠤ ᠡᠬᠢ [2024] 249 ᠳ᠋ᠤᠭᠡᠷ ᠲᠣᠭ᠋ᠠᠲᠤ) .pdf

 

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
 
            