ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠬᠦᠷᠦᠰᠦ ᠵᠢ ᠬᠠᠮᠠᠭ᠋ᠠᠯᠠᠬᠤ ᠳᠦᠷᠢᠮ
ᠨᠡᠶ᠋ᠢᠲᠡᠯᠡᠭᠰᠡᠨ ᠴᠠᠭ᠄ 2025-03-24

ᠬᠡᠯᠬᠢᠶᠡᠰᠦᠨ ᠨᠣᠮᠧᠷ᠄ 000014348/2025 — 01220

ᠭᠤᠣᠯ ᠰᠡᠳᠦᠪ᠎ᠤᠨ ᠠᠩᠭᠢᠯᠠᠯ᠄ ᠤᠰᠤᠨ ᠠᠰᠢᠭᠯᠠᠯᠲᠠ

ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ

ᠪᠢᠴᠢᠭ᠎ᠤᠨ ᠳ᠋ᠤᠭ᠋ᠠᠷ᠄

ᠪᠢᠴᠢᠭᠳᠡᠭᠰᠡᠨ ᠡᠳᠦᠷ ᠬᠤᠭᠤᠴᠠᠭ᠎ᠠ᠄ 2025 ᠣᠨ᠎ᠤ 3 ᠳ᠋ᠤᠭ᠋ᠠᠷ ᠰᠠᠷ᠎ᠠ ᠵᠢᠨ 24᠎ᠤ ᠡᠳᠦᠷ

ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ

 

  (2015 ᠣᠨ᠎ᠤ 7 ᠳ᠋ᠤᠭ᠋ᠠᠷ ᠰᠠᠷ᠎ᠠ ᠵᠢᠨ 26᠎ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠠᠷᠪᠠᠨ ᠳᠣᠯᠣᠳᠤᠭ᠋ᠠᠷ ᠬᠤᠷᠠᠯᠳᠤᠭ᠋ᠠᠨ᠎ᠠᠴᠠ ᠪᠠᠲᠤᠯᠠᠪᠠ  2018 ᠣᠨ᠎ᠤ 7 ᠳ᠋ᠤᠭ᠋ᠠᠷ ᠰᠠᠷ᠎ᠠ ᠵᠢᠨ 26᠎ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠵᠢᠷᠭᠤᠳᠤᠭ᠋ᠠᠷ ᠬᠤᠷᠠᠯᠳᠤᠭ᠋ᠠᠨ᠎ᠤ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠮᠠᠰᠢᠨᠴᠢᠯᠠᠯᠲᠠ ᠵᠢ ᠠᠬᠢᠭᠤᠯᠬᠤ ᠲᠦᠷᠢᠮ〉 ᠵᠡᠷᠭᠡ 7 ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ 2024 ᠣᠨ᠎ᠤ 7 ᠳ᠋ᠤᠭ᠋ᠠᠷ ᠰᠠᠷ᠎ᠠ ᠵᠢᠨ 25᠎ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠠᠷᠪᠠᠨ ᠨᠢᠭᠡᠳᠦᠭᠡᠷ ᠬᠤᠷᠠᠯᠳᠤᠭ᠋ᠠᠨ᠎ᠠᠴᠠ ᠵᠠᠰᠠᠪᠤᠷᠢ ᠣᠷᠣᠭᠤᠯᠪᠠ)

   ᠨᠢᠭᠡᠳᠦᠭᠡᠷ ᠪᠦᠯᠦᠭ   ᠶᠡᠷᠦᠩᠬᠡᠢ ᠳᠦᠷᠢᠮ

   ᠨᠢᠭᠡᠳᠦᠭᠡᠷ ᠵᠤᠷᠪᠤᠰ   ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠬᠦ ᠪᠠ ᠵᠠᠰᠠᠵᠤ᠂  ᠤᠰᠤ ᠬᠦᠷᠦᠰᠦ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠵᠦᠢ ᠵᠣᠬᠢᠰᠲᠠᠶ ᠠᠰᠢᠭᠯᠠᠨ᠂  ᠠᠮᠢ ᠠᠬᠤᠶ ᠵᠢᠨ ᠣᠷᠴᠢᠨ ᠲᠣᠭᠣᠷᠢᠨ᠎ᠢ ᠰᠠᠶ᠋ᠢᠵᠢᠷᠠᠭᠤᠯᠵᠤ᠂  ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠤᠨ᠂  ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ ᠵᠢ ᠪᠠᠲᠤᠯᠠᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤ ᠬᠦᠷᠦᠰᠦ ᠵᠢ ᠬᠠᠮᠠᠭ᠋ᠠᠯᠠᠬᠤ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠤᠨ ᠭᠣᠤᠯ᠎ᠤᠨ ᠬᠠᠮᠠᠭ᠋ᠠᠯᠠᠯᠲᠠ ᠵᠢᠨ ᠬᠠᠤᠯᠢ》 ᠵᠡᠷᠭᠡ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂  ᠬᠠᠤᠯᠢ ᠲᠣᠭᠲᠠᠭ᠋ᠠᠯ᠎ᠢ ᠦᠨᠳᠦᠰᠦᠯᠡᠨ᠂  ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂  ᠲᠤᠰ ᠳᠦᠷᠢᠮ᠎ᠢ ᠲᠣᠭᠲᠠᠭ᠋ᠠᠪᠠ᠃

   ᠬᠣᠶᠠᠳᠤᠭ᠋ᠠᠷ ᠵᠤᠷᠪᠤᠰ   ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠤᠰᠤ ᠬᠦᠷᠦᠰᠦ ᠵᠢ ᠬᠠᠮᠠᠭ᠋ᠠᠯᠠᠬᠤ ᠵᠢᠴᠢ ᠬᠠᠮᠢᠶ᠎ᠠ ᠪᠦᠬᠦᠢ ᠠᠵᠢᠯᠯᠠᠭ᠎ᠠ ᠬᠢᠬᠦ᠎ᠳᠤ ᠲᠤᠰ ᠲᠦᠷᠢᠮ ᠲᠣᠬᠢᠷᠠᠨ᠎ᠠ᠃

   ᠭᠤᠷᠪᠠᠳᠤᠭ᠋ᠠᠷ ᠵᠤᠷᠪᠤᠰ   ᠤᠰᠤ ᠬᠦᠷᠦᠰᠦ ᠵᠢ ᠬᠠᠮᠠᠭ᠋ᠠᠯᠠᠬᠤ ᠠᠵᠢᠯ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠵᠤ᠂  ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ᠂  ᠰᠡᠷᠭᠡᠶ᠋ᠢᠯᠡᠬᠦ᠎ᠪᠠᠷ ᠭᠤᠣᠯ ᠪᠣᠯᠭ᠋ᠠᠬᠤ᠂  ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ᠂  ᠪᠦᠬᠦ ᠲᠠᠯ᠎ᠠ᠎ᠪᠠᠷ ᠲᠥᠯᠥᠪᠵᠢᠭᠦᠯᠬᠦ᠂  ᠶᠡᠷᠦᠩᠬᠡᠶ᠋ᠢᠯᠡᠨ ᠵᠠᠰᠠᠬᠤ᠂  ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠬᠤ᠂  ᠭᠤᠣᠯᠳᠠᠯᠭ᠎ᠠ ᠵᠢ ᠲᠤᠪᠤᠶ᠋ᠢᠯᠭ᠋ᠠᠬᠤ᠂  ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠬᠤ᠂  ᠦᠷ᠎ᠡ ᠠᠰᠢᠭ᠎ᠢ ᠴᠢᠬᠤᠯᠠᠴᠢᠯᠠᠬᠤ ᠴᠢᠭᠯᠡᠯᠲᠡ ᠵᠢ ᠬᠡᠷᠡᠭᠵᠢᠭᠦᠯᠬᠦ ᠬᠡᠷᠡᠭᠲᠡᠶ; ᠬᠡᠨ ᠠᠰᠢᠭᠯᠠᠪᠠᠯ ᠬᠡᠨ ᠬᠠᠮᠠᠭ᠋ᠠᠯᠠᠵᠤ᠂  ᠬᠡᠨ ᠤᠰᠤ ᠬᠦᠷᠦᠰᠦ ᠵᠢ ᠢᠳᠡᠭᠳᠡᠭᠦᠯᠪᠡᠯ ᠬᠡᠨ ᠵᠠᠰᠠᠬᠤ ᠵᠠᠷᠴᠢᠮ᠎ᠢ ᠪᠠᠷᠢᠮᠲᠠᠯᠠᠬᠤ ᠬᠡᠷᠡᠭᠲᠡᠶ᠃

   ᠳᠥᠷᠪᠡᠳᠦᠭᠡᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠰᠤ ᠬᠦᠷᠦᠰᠦ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠨ᠂  ᠤᠰᠤ ᠬᠦᠷᠦᠰᠦ ᠵᠢ ᠬᠠᠮᠠᠭ᠋ᠠᠯᠠᠬᠤ ᠠᠵᠢᠯ᠎ᠢ ᠲᠤᠰ ᠱᠠᠲᠤᠨ᠎ᠤ ᠤᠯᠤᠰ ᠠᠷᠠᠳ᠎ᠤᠨ ᠠᠵᠤ ᠠᠬᠤᠶ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠡᠭᠡᠨ ᠣᠷᠣᠭᠤᠯᠵᠤ᠂  ᠤᠰᠤ ᠬᠦᠷᠦᠰᠦ ᠵᠢ ᠬᠠᠮᠠᠭ᠋ᠠᠯᠠᠬᠤ ᠲᠥᠯᠥᠪᠵᠢᠭᠦᠯᠭᠡ᠎ᠳᠤ ᠲᠣᠭᠲᠠᠭ᠋ᠠᠭᠰᠠᠨ ᠡᠭᠦᠷᠭᠡ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂  ᠤᠰᠤ ᠬᠦᠷᠦᠰᠦ ᠵᠢ ᠬᠠᠮᠠᠭ᠋ᠠᠯᠠᠬᠤ ᠬᠠᠮᠢᠶ᠎ᠠ ᠪᠦᠬᠦᠢ ᠪᠡᠯᠡ ᠮᠥᠩᠭᠥ ᠪᠣᠯᠤᠨ ᠠᠵᠢᠯ᠎ᠤᠨ ᠵᠠᠷᠤᠳᠠᠯ᠎ᠢ ᠪᠠᠲᠤᠯᠠᠬᠤ ᠬᠡᠷᠡᠭᠲᠡᠶ᠃

   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠰᠤ ᠬᠦᠷᠦᠰᠦ ᠵᠢ ᠬᠠᠮᠠᠭ᠋ᠠᠯᠠᠬᠤ ᠬᠠᠷᠠᠯᠲᠠᠲᠤ ᠬᠠᠷᠢᠭᠤᠴᠠᠯᠭ᠎ᠠ ᠵᠢᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂  ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠵᠢᠯ ᠪᠦᠷᠢ ᠳᠣᠤᠷ᠎ᠠ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤ ᠬᠦᠷᠦᠰᠦ ᠵᠢ ᠬᠠᠮᠠᠭ᠋ᠠᠯᠠᠬᠤ ᠬᠠᠷᠠᠯᠲᠠᠲᠤ ᠬᠠᠷᠢᠭᠤᠴᠠᠯᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠬᠢᠨᠠᠨ ᠰᠢᠯᠭ᠋ᠠᠯᠲᠠ ᠬᠢᠬᠦ ᠬᠡᠷᠡᠭᠲᠡᠶ᠃

   ᠲᠠᠪᠤᠳᠤᠭ᠋ᠠᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠤᠰᠤ ᠬᠦᠷᠦᠰᠦ ᠵᠢ ᠬᠠᠮᠠᠭ᠋ᠠᠯᠠᠬᠤ ᠠᠵᠢᠯ᠎ᠢ ᠬᠠᠷᠢᠭᠤᠴᠠᠨ᠎ᠠ᠃

   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠮᠢ ᠠᠬᠤᠶ ᠵᠢᠨ ᠣᠷᠴᠢᠨ ᠲᠣᠭᠣᠷᠢᠨ᠂  ᠣᠶ ᠰᠢᠭᠤᠶ ᠪᠠ ᠨᠤᠲᠤᠭ ᠪᠡᠯᠴᠢᠭᠡᠷ᠂  ᠲᠠᠷᠢᠶᠠᠯᠠᠩ ᠮᠠᠯ ᠠᠵᠤ ᠠᠬᠤᠶ᠂  ᠪᠠᠶ᠋ᠢᠭ᠋ᠠᠯᠢ ᠵᠢᠨ ᠡᠬᠢ ᠪᠠᠶᠠᠯᠢᠭ᠂  ᠬᠥᠭᠵᠢᠭᠦᠯᠦᠯᠲᠡ ᠪᠠ ᠥᠭᠡᠷᠡᠴᠢᠯᠡᠯᠲᠡ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂  ᠡᠳ᠋᠎ᠤᠨ ᠵᠠᠰᠠᠭ᠂  ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂  ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ᠎ᠤᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠤᠰᠤ ᠬᠦᠷᠦᠰᠦ ᠵᠢ ᠬᠠᠮᠠᠭ᠋ᠠᠯᠠᠬᠤ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠬᠦ ᠬᠡᠷᠡᠭᠲᠡᠶ᠃

   ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂  ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠳ ᠲᠤᠰ ᠬᠠᠷᠢᠶ᠎ᠠ ᠣᠷᠣᠨ᠎ᠤ᠎ᠪᠠᠨ ᠳᠣᠲᠣᠷᠠᠬᠢ ᠤᠰᠤ ᠬᠦᠷᠦᠰᠦ ᠵᠢ ᠬᠠᠮᠠᠭ᠋ᠠᠯᠠᠬᠤ ᠬᠠᠮᠢᠶ᠎ᠠ ᠪᠦᠬᠦᠢ ᠠᠵᠢᠯ᠎ᠢ ᠵᠣᠬᠢᠶᠠᠨ ᠪᠠᠶ᠋ᠢᠭᠤᠯᠤᠨ ᠰᠠᠶ᠋ᠢᠲᠤᠷ ᠬᠢᠬᠦ ᠬᠡᠷᠡᠭᠲᠡᠶ᠃

   ᠵᠢᠷᠭᠤᠳᠤᠭ᠋ᠠᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠰᠤ ᠬᠦᠷᠦᠰᠦ ᠵᠢ ᠬᠠᠮᠠᠭ᠋ᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠤᠯ᠎ᠢ ᠵᠣᠷᠢᠭᠵᠢᠭᠤᠯᠤᠨ ᠳᠡᠮᠵᠢᠵᠦ᠂  ᠰᠢᠨ᠎ᠡ ᠮᠡᠷᠭᠡᠵᠢᠯ᠂  ᠰᠢᠨ᠎ᠡ ᠤᠷᠠᠯᠠᠯ᠂  ᠰᠢᠨ᠎ᠡ ᠮᠠᠲ᠋ᠧᠷᠢᠶᠠᠯ᠎ᠢ ᠳᠡᠯᠭᠡᠷᠡᠭᠦᠯᠦᠨ᠂  ᠤᠰᠤ ᠬᠦᠷᠦᠰᠦ ᠵᠢ ᠬᠠᠮᠠᠭ᠋ᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠬᠡᠷᠡᠭᠲᠡᠶ᠃

   ᠳᠣᠯᠣᠳᠤᠭ᠋ᠠᠷ ᠵᠤᠷᠪᠤᠰ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠤᠰᠤ ᠬᠦᠷᠦᠰᠦ ᠵᠢ ᠬᠠᠮᠠᠭ᠋ᠠᠯᠠᠬᠤ ᠤᠬᠠᠭᠤᠯᠭ᠎ᠠ ᠪᠠ ᠬᠥᠮᠦᠵᠢᠯ᠎ᠤᠨ ᠠᠵᠢᠯ ᠵᠶ᠋ᠠᠨ ᠴᠢᠩᠭ᠋ᠠᠳᠬᠠᠵᠤ᠂  ᠤᠰᠤ ᠬᠦᠷᠦᠰᠦ ᠵᠢ ᠬᠠᠮᠠᠭ᠋ᠠᠯᠠᠬᠤ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠲᠦᠭᠡᠮᠡᠯᠵᠢᠭᠦᠯᠵᠦ᠂  ᠣᠯᠠᠨ ᠨᠡᠶ᠋ᠢᠲᠡ ᠵᠢᠨ ᠤᠰᠤ ᠬᠦᠷᠦᠰᠦ ᠵᠢ ᠬᠠᠮᠠᠭ᠋ᠠᠯᠠᠬᠤ ᠪᠠ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠦᠵᠡᠯ ᠤᠬᠠᠮᠰᠠᠷ᠎ᠢ ᠨᠡᠮᠡᠭᠳᠡᠭᠦᠯᠬᠦ ᠬᠡᠷᠡᠭᠲᠡᠶ᠃

   ᠷᠠᠳᠢᠣ᠋ ᠨᠡᠪᠲᠡᠷᠡᠭᠦᠯᠭᠡ᠂  ᠲᠧᠯᠸᠢᠰ᠂  ᠰᠣᠨᠢᠨ ᠰᠡᠳᠬᠦᠯ᠂  ᠰᠦᠯᠵᠢᠶ᠎ᠡ ᠵᠡᠷᠭᠡ ᠰᠣᠨᠢᠨ ᠮᠡᠳᠡᠭᠡᠨ᠎ᠤ ᠵᠠᠭᠤᠴᠢᠯᠠᠭᠤᠷ᠎ᠤᠳ ᠣᠯᠠᠨ ᠵᠤᠷᠪᠤᠰ᠎ᠤᠨ ᠬᠡᠯᠪᠡᠷᠢ ᠮᠠᠶᠢᠭ᠎ᠢ ᠠᠪᠴᠤ ᠤᠰᠤ ᠬᠦᠷᠦᠰᠦ ᠵᠢ ᠬᠠᠮᠠᠭ᠋ᠠᠯᠠᠬᠤ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠵᠢ ᠰᠠᠶ᠋ᠢᠲᠤᠷ ᠬᠢᠬᠦ ᠬᠡᠷᠡᠭᠲᠡᠶ᠃

   ᠨᠠᠢ᠍ᠮᠠᠳᠤᠭ᠋ᠠᠷ ᠵᠤᠷᠪᠤᠰ   ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠤᠰᠤ ᠬᠦᠷᠦᠰᠦ ᠵᠢᠨ ᠡᠬᠢ ᠪᠠᠶᠠᠯᠢᠭ᠎ᠢ ᠬᠠᠮᠠᠭ᠋ᠠᠯᠠᠬᠤ᠂  ᠤᠰᠤ ᠬᠦᠷᠦᠰᠦ ᠵᠢᠨ ᠢᠳᠡᠭᠳᠡᠯ᠎ᠢ ᠰᠡᠷᠭᠡᠢ᠌ᠯᠡᠬᠦ ᠪᠠ ᠵᠠᠰᠠᠬᠤ ᠡᠭᠦᠷᠭᠡ᠎ᠲᠠᠢ ᠪᠦᠭᠡᠳ ᠤᠰᠤ ᠬᠦᠷᠦᠰᠦ ᠵᠢᠨ ᠡᠬᠢ ᠪᠠᠶᠠᠯᠢᠭ᠎ᠢ ᠡᠪᠳᠡᠬᠦ᠂  ᠤᠰᠤ ᠬᠦᠷᠦᠰᠦ ᠵᠢᠨ ᠢᠳᠡᠭᠳᠡᠯ ᠭᠠᠷᠭ᠋ᠠᠭᠰᠠᠨ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠡᠷᠬᠡ᠎ᠲᠠᠢ᠃

   ᠬᠤᠶᠠᠳᠤᠭ᠋ᠠᠷ ᠪᠦᠯᠦᠭ   ᠳᠦᠷᠢᠮ ᠲᠣᠭᠲᠠᠭ᠋ᠠᠯ

   ᠶᠢᠰᠦᠳᠦᠭᠡᠷ ᠵᠤᠷᠪᠤᠰ   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠤᠯᠤᠰ᠎ᠤᠨ ᠨᠢᠭᠡᠳᠦᠯᠲᠡᠶ ᠪᠠᠶ᠋ᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠬᠡᠷᠡᠭᠴᠡᠭᠡ ᠵᠢ ᠦᠨᠳᠦᠰᠦᠯᠡᠨ ᠪᠦᠬᠦ ᠣᠷᠣᠨ᠎ᠤ ᠤᠰᠤ ᠬᠦᠷᠦᠰᠦ ᠵᠢᠨ ᠢᠳᠡᠭᠳᠡᠯ᠎ᠤᠨ ᠪᠠᠢ᠌ᠴᠠᠭ᠋ᠠᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂  ᠤᠰᠤ ᠬᠦᠷᠦᠰᠦ ᠵᠢᠨ ᠢᠳᠡᠭᠳᠡᠯ᠎ᠤᠨ ᠪᠠᠶ᠋ᠢᠴᠠᠭ᠋ᠠᠯᠲᠠ ᠵᠢᠨ ᠦᠷ᠎ᠡ ᠳ᠋ᠦᠩ᠎ᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠤᠭᠰᠠᠨ᠎ᠤ ᠳᠠᠷᠠᠭ᠎ᠠ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠶ᠃

   ᠤᠰᠤ ᠬᠦᠷᠦᠰᠦ ᠵᠢᠨ ᠢᠳᠡᠭᠳᠡᠯ᠎ᠢ ᠪᠠᠶ᠋ᠢᠴᠠᠭ᠋ᠠᠬᠤ ᠠᠭᠤᠯᠭ᠎ᠠ᠎ᠳᠤ ᠤᠰᠤ ᠬᠦᠷᠦᠰᠦ ᠵᠢᠨ ᠢᠳᠡᠭᠳᠡᠯ᠎ᠤᠨ ᠲᠠᠷᠬᠠᠯᠲᠠ᠂  ᠲᠥᠷᠥᠯ ᠬᠡᠯᠪᠡᠷᠢ᠂  ᠬᠦᠴᠦᠯᠡᠴᠡ᠂  ᠲᠠᠯᠠᠪᠠᠶ᠂  ᠪᠦᠲᠦᠭᠰᠡᠨ ᠰᠢᠯᠲᠠᠭ᠋ᠠᠨ᠂  ᠬᠣᠤᠷ ᠬᠥᠨᠥᠭᠡᠯ ᠵᠢᠴᠢ ᠬᠤᠪᠢᠷᠠᠯᠲᠠ ᠵᠢᠨ ᠬᠠᠨᠳᠤᠰᠢ᠂  ᠰᠡᠷᠭᠡᠶ᠋ᠢᠯᠡᠨ ᠵᠠᠰᠠᠭᠰᠠᠨ ᠪᠠᠶ᠋ᠢᠳᠠᠯ ᠵᠢᠴᠢ ᠦᠷ᠎ᠡ ᠪᠦᠲᠦᠮᠵᠢ ᠵᠡᠷᠭᠡ ᠵᠢ ᠪᠠᠭᠲᠠᠭ᠋ᠠᠨ᠎ᠠ᠃

   ᠬᠣᠯᠪᠣᠭᠳᠠᠯ ᠪᠥᠬᠥᠶ ᠨᠢᠭᠡᠴᠢ ᠪᠣᠯᠣᠨ ᠬᠤᠪᠢ ᠬᠥᠮᠦᠨ ᠤᠰᠤ ᠬᠦᠷᠦᠰᠦ ᠵᠢᠨ ᠢᠳᠡᠭᠳᠡᠯ᠎ᠢ ᠪᠠᠶ᠋ᠢᠴᠠᠭ᠋ᠠᠬᠤ ᠠᠵᠢᠯ᠎ᠢ ᠳᠠᠮᠵᠢᠨ ᠬᠠᠮᠵᠢᠯᠴᠠᠬᠤ ᠬᠡᠷᠡᠭᠲᠡᠢ᠃

   ᠠᠷᠪᠠᠳᠤᠭ᠋ᠠᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠰᠤ ᠬᠦᠷᠦᠰᠦ ᠵᠢᠨ ᠢᠳᠡᠭᠳᠡᠯ᠎ᠢ ᠪᠠᠶ᠋ᠢᠴᠠᠭ᠋ᠠᠭᠰᠠᠨ ᠦᠷ᠎ᠡ ᠳ᠋ᠦᠩ ᠵᠶ᠋ᠠᠨ ᠦᠨᠳᠦᠰᠦᠯᠡᠨ᠂  ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠤᠰᠤ ᠬᠦᠷᠦᠰᠦ ᠵᠢᠨ ᠢᠳᠡᠭᠳᠡᠯ᠎ᠢ ᠭᠣᠤᠯᠳᠠᠯᠭ᠎ᠠ᠎ᠲᠠᠢ ᠤᠷᠢᠳᠴᠢᠯᠠᠨ ᠰᠡᠷᠭᠡᠶ᠋ᠢᠯᠡᠬᠦ ᠣᠷᠣᠨ᠂  ᠭᠣᠤᠯᠳᠠᠯᠭ᠎ᠠ᠎ᠲᠠᠢ ᠵᠠᠰᠠᠬᠤ ᠣᠷᠣᠨ ᠪᠣᠯᠤᠨ ᠤᠰᠤ ᠬᠦᠷᠦᠰᠦ ᠵᠢᠨ ᠢᠳᠡᠭᠳᠡᠯ ᠬᠦᠨᠳᠦ ᠨᠣᠴᠢᠲᠠᠶ᠂  ᠠᠮᠢ ᠠᠬᠤᠶ ᠬᠡᠪᠡᠷᠡᠭ ᠣᠷᠣᠨ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠤᠪᠢᠶᠠᠷᠢᠯᠠᠨ ᠲᠣᠭᠲᠠᠭ᠋ᠠᠬᠤ ᠵᠢᠨ ᠬᠠᠮᠲᠤ ᠵᠠᠷᠯᠠᠨ ᠨᠡᠶ᠋ᠢᠲᠡᠯᠡᠬᠦ ᠬᠡᠷᠡᠭᠲᠡᠶ᠃

   ᠠᠷᠪᠠᠨ ᠨᠢᠭᠡᠳᠦᠭᠡᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂  ᠤᠰᠤ ᠬᠦᠷᠦᠰᠦ ᠵᠢᠨ ᠢᠳᠡᠭᠳᠡᠯ᠎ᠢ ᠪᠠᠶ᠋ᠢᠴᠠᠭ᠋ᠠᠭᠰᠠᠨ ᠦᠷ᠎ᠡ ᠳ᠋ᠦᠩ ᠵᠢᠴᠢ ᠤᠰᠤ ᠬᠦᠷᠦᠰᠦ ᠵᠢᠨ ᠢᠳᠡᠭᠳᠡᠯ᠎ᠢ ᠭᠣᠤᠯᠳᠠᠯᠭ᠎ᠠ᠎ᠲᠠᠢ ᠤᠷᠢᠳᠴᠢᠯᠠᠨ ᠰᠡᠷᠭᠡᠶ᠋ᠢᠯᠡᠬᠦ ᠣᠷᠣᠨ᠂  ᠭᠣᠤᠯᠳᠠᠯᠭ᠎ᠠ᠎ᠲᠠᠢ ᠵᠠᠰᠠᠬᠤ ᠣᠷᠣᠨ ᠪᠠ ᠤᠰᠤ ᠬᠦᠷᠦᠰᠦ ᠵᠢᠨ ᠢᠳᠡᠭᠳᠡᠯ ᠵᠶ᠋ᠠᠷ ᠬᠦᠨᠳᠦ ᠨᠣᠴᠢᠲᠠᠶ᠂  ᠠᠮᠢ ᠠᠬᠤᠶ ᠵᠢᠨ ᠬᠡᠪᠡᠷᠡᠭ ᠣᠷᠣᠨ᠎ᠢ ᠬᠤᠪᠢᠶᠠᠷᠢᠯᠠᠨ ᠲᠣᠭᠲᠠᠭ᠋ᠠᠭᠰᠠᠨ ᠰᠠᠭᠤᠷᠢᠨ ᠳᠡᠭᠡᠷ᠎ᠡ᠂  ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠤᠰᠤ ᠬᠦᠷᠦᠰᠦ ᠵᠢ ᠬᠠᠮᠠᠭ᠋ᠠᠯᠠᠬᠤ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠵᠣᠬᠢᠶᠠᠵᠤ᠂  ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠡᠷᠬᠡ ᠣᠯᠭᠣᠭᠰᠠᠨ ᠰᠠᠯᠠᠭ᠎ᠠ ᠮᠥᠴᠢᠷ᠎ᠲᠤ ᠮᠡᠳᠡᠭᠦᠯᠦᠨ ᠵᠥᠪᠰᠢᠶᠡᠷᠡᠭᠦᠯᠦᠭᠰᠡᠨ᠎ᠤ ᠳᠠᠷᠠᠭ᠎ᠠ᠂  ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠬᠡᠷᠡᠭᠲᠡᠶ᠃

   ᠠᠷᠪᠠᠨ ᠬᠣᠶᠠᠳᠤᠭ᠋ᠠᠷ ᠵᠤᠷᠪᠤᠰ   ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠤᠰᠤ ᠬᠦᠷᠦᠰᠦ ᠵᠢ ᠬᠠᠮᠠᠭ᠋ᠠᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠠᠭᠠᠨ ᠬᠣᠯᠪᠣᠭᠳᠠᠯ ᠪᠦᠬᠦᠢ ᠨᠢᠭᠡᠴᠢ ᠪᠣᠯᠤᠨ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠨᠤᠲᠠᠯᠠᠭᠤᠯᠬᠤ ᠵᠢᠨ ᠬᠠᠮᠲᠤ ᠲᠥᠯᠥᠪᠵᠢᠭᠦᠯᠭᠡ ᠵᠢᠨ ᠲᠥᠰᠦᠯ ᠵᠶ᠋ᠠᠨ ᠨᠡᠶ᠋ᠢᠭᠡᠮ᠎ᠳᠤ ᠵᠠᠷᠯᠠᠵᠤ᠂  ᠨᠡᠶ᠋ᠢᠲᠡ ᠣᠯᠠᠨ᠎ᠤ ᠰᠠᠨᠠᠯ᠎ᠢ ᠬᠤᠷᠢᠶᠠᠵᠤ᠂  ᠵᠠᠷᠯᠠᠨ ᠨᠡᠶ᠋ᠢᠲᠡᠯᠡᠬᠦ ᠴᠠᠭ ᠬᠤᠭᠤᠴᠠᠭ᠎ᠠ ᠵᠢ ᠭᠤᠴᠢᠨ ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠶ᠃

   ᠠᠷᠪᠠᠨ ᠭᠤᠷᠪᠠᠳᠤᠭ᠋ᠠᠷ ᠵᠤᠷᠪᠤᠰ   ᠬᠣᠯᠪᠣᠭᠳᠠᠯ ᠪᠦᠬᠦᠢ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠂  ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠬᠦ᠂  ᠬᠣᠲᠠ ᠪᠠᠯᠭ᠋ᠠᠰᠤ ᠵᠢᠨ ᠪᠦᠲᠦᠭᠡᠨ ᠪᠠᠶ᠋ᠢᠭᠤᠯᠤᠯᠲᠠ᠂  ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠂  ᠨᠡᠭᠡᠭᠡᠯᠲᠡ ᠵᠢᠨ ᠲᠣᠭᠣᠷᠢᠭ᠎ᠤᠨ ᠪᠦᠲᠦᠭᠡᠨ ᠪᠠᠶ᠋ᠢᠭᠤᠯᠤᠯᠲᠠ᠂  ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠨᠡᠭᠡᠭᠡᠨ ᠬᠥᠭᠵᠢᠭᠦᠯᠬᠦ᠂  ᠭᠠᠵᠠᠷ ᠰᠢᠷᠣᠶ ᠵᠢ ᠴᠡᠭᠴᠡᠯᠡᠨ ᠵᠠᠰᠠᠬᠤ ᠵᠡᠷᠭᠡ ᠲᠠᠯ᠎ᠠ ᠵᠢᠨ ᠲᠥᠯᠥᠪᠵᠢᠭᠦᠯᠭᠡ ᠵᠢ ᠬᠡᠷᠡᠭᠵᠢᠭᠦᠯᠬᠦ ᠶᠠᠪᠤᠴᠠ᠎ᠳᠤ ᠤᠰᠤ ᠬᠦᠷᠦᠰᠦ ᠵᠢᠨ ᠢᠳᠡᠭᠳᠡᠯ ᠭᠠᠷᠭ᠋ᠠᠬᠤ ᠪᠣᠯᠤᠯᠴᠠᠭ᠎ᠠ᠎ᠲᠠᠢ ᠪᠣᠯ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠬᠤ ᠪᠠᠢ᠌ᠭᠤᠯᠭ᠎ᠠ᠎ᠨᠢ ᠲᠥᠯᠥᠪᠵᠢᠭᠦᠯᠭᠡ᠎ᠳᠤ ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠬᠦ ᠪᠠ ᠵᠠᠰᠠᠬᠤ ᠠᠷᠭ᠎ᠠ ᠪᠣᠳᠣᠯᠭ᠎ᠠ ᠪᠠ ᠠᠷᠭ᠎ᠠ ᠬᠡᠮᠵᠢᠶ᠎ᠡ᠎ᠪᠠᠨ ᠳᠤᠷᠠᠳᠬᠤ ᠵᠢᠨ ᠬᠠᠮᠲᠤ ᠲᠥᠯᠥᠪᠵᠢᠭᠦᠯᠭᠡ᠎ᠪᠠᠨ ᠬᠢᠨᠠᠨ ᠵᠥᠪᠰᠢᠶᠡᠷᠡᠭᠦᠯᠬᠦ᠎ᠠᠴᠠ ᠡᠮᠦᠨ᠎ᠡ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠬᠡᠷᠡᠭᠲᠡᠶ᠃

   ᠭᠤᠷᠪᠠᠳᠤᠭ᠋ᠠᠷ ᠪᠦᠯᠦᠭ   ᠤᠷᠢᠳᠴᠢᠯᠠᠨ ᠰᠡᠷᠭᠡᠶ᠋ᠢᠯᠡᠬᠦ

   ᠠᠷᠪᠠᠨ ᠳᠥᠷᠪᠡᠳᠦᠭᠡᠷ ᠵᠤᠷᠪᠤᠰ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠰᠤ ᠬᠦᠷᠦᠰᠦ ᠵᠢ ᠬᠠᠮᠠᠭ᠋ᠠᠯᠠᠬᠤ ᠲᠥᠯᠥᠪᠵᠢᠭᠦᠯᠭᠡ ᠶᠣᠰᠣᠭ᠋ᠠᠷ᠂  ᠪᠢᠲᠡᠭᠦᠮᠵᠢᠯᠡᠨ ᠪᠣᠶ᠋ᠢᠵᠢᠭᠤᠯᠵᠤ ᠬᠠᠮᠠᠭ᠋ᠠᠯᠠᠬᠤ᠂  ᠠᠶᠠᠨᠳᠠᠭ᠋ᠠᠨ ᠰᠡᠷᠭᠦᠭᠡᠬᠦ᠂  ᠢᠨᠵᠧᠨᠧᠷᠢᠩ᠎ᠤᠨ ᠰᠡᠷᠭᠡᠶ᠋ᠢᠯᠡᠨ ᠬᠠᠮᠠᠭ᠋ᠠᠯᠠᠬᠤ ᠵᠡᠷᠭᠡ ᠵᠠᠰᠠᠬᠤ ᠵᠠᠭᠪᠤᠷ᠎ᠢ ᠶᠡᠷᠦᠩᠬᠡᠶ᠋ᠢᠯᠡᠨ ᠬᠡᠷᠡᠭᠯᠡᠵᠦ᠂  ᠪᠡᠯᠴᠢᠭᠡᠷᠯᠡᠭᠦᠯᠬᠦ ᠵᠢ ᠴᠠᠭ᠋ᠠᠵᠠᠯᠠᠨ ᠪᠡᠯᠴᠢᠭᠡᠷ ᠰᠡᠷᠭᠦᠭᠡᠬᠦ᠂  ᠬᠠᠰᠢᠶᠠᠯᠠᠨ ᠲᠡᠵᠢᠭᠡᠵᠦ ᠮᠠᠯᠯᠠᠬᠤ᠂  ᠬᠦᠷᠢᠶ᠎ᠡ ᠬᠠᠰᠢᠶ᠎ᠠ᠎ᠪᠠᠨ ᠬᠦᠷᠢᠶᠡᠯᠡᠨ ᠮᠠᠯᠯᠠᠬᠤ᠂  ᠣᠶ ᠰᠢᠭᠤᠶ ᠡᠪᠡᠰᠦ ᠤᠷᠭᠤᠮᠠᠯ᠎ᠤᠨ ᠪᠦᠷᠬᠦᠴᠡ ᠵᠢ ᠬᠥᠮᠦᠨ᠎ᠤ ᠬᠦᠴᠦ᠎ᠪᠠᠷ ᠰᠢᠨᠡᠳᠬᠡᠬᠦ ᠪᠠ ᠲᠠᠷᠢᠶᠠᠨ ᠭᠠᠵᠠᠷ᠎ᠲᠤ ᠬᠠᠮᠠᠭ᠋ᠠᠯᠠᠬᠤ ᠴᠢᠨᠠᠷᠲᠠᠶ ᠲᠠᠷᠢᠶᠠᠯᠠᠬᠤ ᠵᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠵᠢ ᠠᠪᠴᠤ᠂  ᠨᠢᠭᠡᠴᠢ ᠪᠠ ᠬᠤᠪᠢ ᠬᠥᠮᠦᠨ᠎ᠢ ᠵᠣᠬᠢᠶᠠᠨ ᠪᠠᠶ᠋ᠢᠭᠤᠯᠤᠨ ᠡᠪᠡᠰᠦ ᠮᠣᠳᠣ ᠲᠠᠷᠢᠵᠤ᠂  ᠣᠶ ᠡᠪᠡᠰᠦ ᠵᠢᠨ ᠪᠦᠷᠬᠦᠴᠡ ᠵᠢᠨ ᠲᠠᠯᠠᠪᠠᠶ ᠵᠢ ᠥᠷᠭᠡᠳᠬᠡᠵᠦ᠂  ᠲᠠᠷᠢᠶᠠᠨ ᠭᠠᠵᠠᠷ᠎ᠤᠨ ᠰᠠᠯᠬᠢᠨ᠎ᠳᠤ ᠢᠳᠡᠭᠳᠡᠨ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠵᠤ᠂  ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠨ ᠪᠠᠭ᠋ᠠᠰᠬᠠᠬᠤ ᠬᠡᠷᠡᠭᠲᠡᠶ᠃

   ᠠᠷᠪᠠᠨ ᠲᠠᠪᠤᠳᠤᠭ᠋ᠠᠷ ᠵᠤᠷᠪᠤᠰ   ᠨᠤᠷᠠᠵᠤ ᠶᠡᠭᠦᠷᠡᠬᠦ ᠠᠶᠤᠯ᠎ᠲᠠᠢ ᠣᠷᠣᠨ ᠪᠠ ᠰᠢᠪᠠᠷ ᠴᠢᠯᠠᠭᠤᠨ᠎ᠤ ᠤᠷᠤᠰᠬᠠᠯ ᠬᠢᠯᠪᠠᠷᠬᠠᠨ ᠭᠠᠷᠬᠤ ᠣᠷᠣᠨ᠎ᠳᠤ ᠤᠰᠤ ᠬᠦᠷᠦᠰᠦ ᠠᠪᠬᠤ᠂  ᠬᠠᠢ᠌ᠷ ᠮᠠᠯᠲᠠᠬᠤ᠂  ᠴᠢᠯᠠᠭᠤ ᠭᠠᠷᠭ᠋ᠠᠬᠤ ᠵᠡᠷᠭᠡ ᠤᠰᠤ ᠬᠦᠷᠦᠰᠦ ᠵᠢᠨ ᠢᠳᠡᠭᠳᠡᠯ ᠭᠠᠷᠴᠤ ᠮᠡᠳᠡᠬᠦ ᠠᠵᠢᠯᠯᠠᠭ᠎ᠠ ᠬᠢᠬᠦ ᠵᠢ ᠴᠠᠭ᠋ᠠᠵᠠᠯᠠᠨ᠎ᠠ᠃  ᠨᠤᠷᠠᠵᠤ ᠶᠡᠭᠦᠷᠡᠬᠦ᠂  ᠪᠡᠯ ᠶᠡᠭᠦᠷᠡᠬᠦ ᠠᠶᠤᠯ᠎ᠲᠠᠢ ᠣᠷᠣᠨ ᠪᠣᠯᠤᠨ ᠰᠢᠪᠠᠷ ᠴᠢᠯᠠᠭᠤᠨ᠎ᠤ ᠤᠷᠤᠰᠬᠠᠯ ᠬᠢᠯᠪᠠᠷᠬᠠᠨ ᠭᠠᠷᠬᠤ ᠣᠷᠣᠨ᠎ᠤ ᠬᠡᠪᠴᠢᠶ᠎ᠡ ᠵᠢ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠬᠤᠪᠢᠶᠠᠷᠢᠯᠠᠨ ᠲᠣᠭᠲᠠᠭ᠋ᠠᠬᠤ ᠵᠢᠨ ᠬᠠᠮᠲᠤ ᠵᠠᠷᠯᠠᠨ ᠨᠡᠶ᠋ᠢᠲᠡᠯᠡᠬᠦ ᠬᠡᠷᠡᠭᠲᠡᠶ᠃  ᠨᠤᠷᠠᠵᠤ ᠶᠡᠭᠦᠷᠡᠬᠦ᠂  ᠶᠡᠭᠦᠷᠡᠬᠦ ᠠᠶᠤᠯᠲᠠᠶ ᠣᠷᠣᠨ ᠪᠠ ᠰᠢᠪᠠᠷ ᠴᠢᠯᠠᠭᠤᠨ᠎ᠤ ᠤᠷᠤᠰᠬᠠᠯ ᠬᠢᠯᠪᠠᠷᠬᠠᠨ ᠭᠠᠷᠬᠤ ᠣᠷᠣᠨ᠎ᠢ ᠬᠤᠪᠢᠶᠠᠷᠢᠯᠠᠨ ᠲᠣᠭᠲᠠᠭ᠋ᠠᠬᠤ᠎ᠳᠤ ᠭᠠᠵᠠᠷ᠎ᠤᠨ ᠭᠠᠮᠰᠢᠭ᠎ᠢ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ᠎ᠳᠤ ᠲᠣᠭᠲᠠᠭ᠋ᠠᠭᠰᠠᠨ ᠭᠠᠵᠠᠷ᠎ᠤᠨ ᠭᠠᠮᠰᠢᠭ ᠠᠮᠠᠷᠬᠠᠨ ᠡᠭᠦᠰᠳᠡᠭ ᠣᠷᠣᠨ᠂  ᠭᠤᠣᠯᠳᠠᠯᠭ᠎ᠠ᠎ᠲᠠᠢ ᠰᠡᠷᠭᠡᠶ᠋ᠢᠯᠡᠨ ᠵᠠᠰᠠᠬᠤ ᠣᠷᠣᠨ᠎ᠲᠠᠢ ᠵᠣᠯᠭ᠋ᠠᠭᠤᠯᠬᠤ ᠬᠡᠷᠡᠭᠲᠡᠶ᠃

   ᠠᠶᠤᠯ ᠭᠠᠮᠰᠢᠭ᠎ᠠᠴᠠ ᠠᠪᠤᠷᠠᠬᠤ ᠵᠡᠷᠭᠡ ᠪᠠᠴᠢᠮ ᠪᠠᠶ᠋ᠢᠳᠠᠯ᠎ᠤᠨ ᠳᠣᠤᠷ᠎ᠠ ᠳᠡᠭᠡᠷ᠎ᠡ ᠳᠤᠷᠠᠳᠤᠭᠰᠠᠨ ᠣᠷᠣᠨ ᠪᠦᠰᠡ᠎ᠳᠤ ᠲᠡᠮᠦᠷ ᠵᠠᠮ᠂  ᠵᠠᠰᠠᠮᠠᠯ ᠵᠠᠮ᠂  ᠤᠰᠤᠨ᠎ᠤ ᠢᠨᠵᠸᠨ᠋ᠸᠷᠢᠩ ᠵᠡᠷᠭᠡ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠥᠷᠥᠯ ᠵᠦᠢ᠍ᠯ᠎ᠢ ᠱᠠᠯᠠᠪᠳᠠᠨ ᠵᠠᠰᠠᠬᠤ ᠴᠢᠬᠤᠯᠠᠲᠠᠶ ᠪᠣᠯ᠂  ᠰᠢᠷᠣᠶ ᠠᠪᠬᠤ᠂  ᠬᠠᠶ᠋ᠢᠷ ᠮᠠᠯᠲᠠᠬᠤ᠂  ᠴᠢᠯᠠᠭᠤ ᠭᠠᠷᠭ᠋ᠠᠭᠰᠠᠨ᠎ᠤ ᠳᠠᠷᠠᠭ᠎ᠠ᠂  ᠪᠠᠷᠢᠯᠭ᠎ᠠ ᠪᠠᠷᠢᠬᠤ ᠨᠢᠭᠡᠴᠢ᠎ᠨᠢ ᠴᠠᠭ ᠲᠤᠬᠠᠶ᠎ᠳᠤᠨᠢ ᠤᠰᠤ ᠬᠦᠷᠦᠰᠦ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠠᠪᠬᠤ ᠵᠢᠨ ᠬᠠᠮᠲᠤ ᠰᠢᠢ᠍ᠳᠪᠦᠷᠢᠯᠡᠭᠰᠡᠨ ᠦᠷ᠎ᠡ ᠳ᠋ᠦᠩ ᠵᠶ᠋ᠠᠨ ᠲᠤᠬᠠᠶ ᠵᠢᠨ ᠭᠠᠵᠠᠷ᠎ᠤᠨ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃

   ᠠᠷᠪᠠᠨ ᠵᠢᠷᠭᠤᠳᠤᠭ᠋ᠠᠷ ᠵᠤᠷᠪᠤᠰ   ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢᠨ ᠥᠮᠴᠢᠯᠡᠬᠦ ᠡᠷᠬᠡᠲᠦ ᠬᠥᠮᠦᠨ ᠪᠤᠶᠤ ᠬᠡᠷᠡᠭᠯᠡᠬᠦ ᠡᠷᠬᠡᠲᠦ ᠬᠥᠮᠦᠨ᠎ᠨᠢ ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢᠨ ᠬᠠᠮᠢᠶᠠᠷᠤᠯᠲᠠ ᠪᠠ ᠬᠠᠮᠠᠭ᠋ᠠᠯᠠᠯᠲᠠ᠎ᠪᠠᠨ ᠴᠢᠩᠭ᠋ᠠᠳᠬᠠᠨ᠂  ᠠᠵᠢᠯᠯᠠᠭ᠋ᠠᠨ᠎ᠤ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂  ᠬᠠᠮᠢᠶᠠᠷᠤᠨ ᠬᠠᠮᠠᠭ᠋ᠠᠯᠠᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂  ᠴᠢᠳᠠᠮᠵᠢ ᠵᠢᠨ ᠬᠡᠪ᠎ᠤᠨ ᠶᠣᠰᠣᠭ᠋ᠠᠷ ᠪᠠᠳᠠᠷᠠᠭᠤᠯᠬᠤ ᠵᠢ ᠪᠠᠲᠤᠯᠠᠬᠤ ᠬᠡᠷᠡᠭᠲᠡᠶ᠃

   ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢ ᠡᠪᠳᠡᠬᠦ ᠪᠠ ᠡᠵᠡᠯᠡᠬᠦ ᠪᠤᠶᠤ ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢᠨ ᠬᠡᠷᠡᠭᠴᠡᠭᠡ ᠵᠢ ᠳᠤᠷ᠎ᠠ᠎ᠪᠠᠷ ᠵᠶ᠋ᠠᠨ ᠬᠤᠪᠢᠷᠠᠭᠤᠯᠵᠤ ᠪᠣᠯᠬᠤ ᠦᠭᠡᠶ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ᠎ᠠᠴᠠ ᠪᠣᠯᠵᠤ ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢ ᠦᠨᠡᠨ ᠬᠦ᠌ ᠡᠵᠡᠯᠡᠨ ᠬᠡᠷᠡᠭᠯᠡᠬᠦ ᠪᠠ ᠨᠤᠷᠠᠭ᠋ᠠᠬᠤ ᠴᠢᠬᠤᠯᠠ᠎ᠲᠠᠢ ᠪᠣᠯ ᠠᠳᠠᠯᠢ ᠲᠥᠷᠥᠯ᠎ᠤᠨ ᠴᠢᠳᠠᠮᠵᠢ᠎ᠪᠠᠷ᠎ᠨᠢ ᠳᠠᠬᠢᠵᠤ ᠪᠠᠶ᠋ᠢᠭᠤᠯᠬᠤ ᠪᠤᠶᠤ ᠨᠥᠬᠥᠪᠥᠷᠢᠯᠡᠬᠦ ᠬᠡᠷᠡᠭᠲᠡᠶ᠃

   ᠠᠷᠪᠠᠨ ᠳᠣᠯᠣᠳᠤᠭ᠋ᠠᠷ ᠵᠤᠷᠪᠤᠰ    ᠠᠷᠪᠠᠨ ᠲᠠᠪᠤᠨ ᠭ᠋ᠷᠠᠳᠦ᠋ᠰ᠎ᠠᠴᠠ ᠳᠡᠭᠡᠭᠰᠢᠬᠢ ᠨᠠᠯᠠᠤ ᠭᠠᠵᠠᠷ᠎ᠢ ᠬᠠᠭ᠋ᠠᠯᠪᠤᠷᠢᠯᠠᠨ ᠲᠠᠷᠢᠮᠠᠯ ᠲᠠᠷᠢᠬᠤ ᠵᠢ ᠴᠠᠭ᠋ᠠᠵᠠᠯᠠᠵᠤ᠂  ᠬᠠᠭ᠋ᠠᠯᠪᠤᠷᠢᠯᠠᠬᠤ ᠵᠢ ᠴᠠᠭ᠋ᠠᠵᠠᠯᠠᠬᠤ ᠬᠡᠪᠴᠢᠶ᠎ᠡ ᠵᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠤᠪᠢᠶᠠᠷᠢᠯᠠᠨ ᠲᠣᠭᠲᠠᠭ᠋ᠠᠬᠤ ᠵᠢᠨ ᠬᠠᠮᠲᠤ ᠵᠠᠷᠯᠠᠨ ᠨᠡᠶ᠋ᠢᠲᠡᠯᠡᠬᠦ ᠬᠡᠷᠡᠭᠲᠡᠶ᠃  ᠨᠢᠭᠡᠨᠲᠡ ᠬᠠᠭ᠋ᠠᠯᠪᠤᠷᠢᠯᠠᠬᠤ ᠵᠢ ᠴᠠᠭ᠋ᠠᠵᠠᠯᠠᠭᠰᠠᠨ ᠨᠠᠯᠠᠤ ᠭᠠᠵᠠᠷ ᠳᠡᠭᠡᠷ᠎ᠡ ᠬᠠᠭ᠋ᠠᠯᠪᠤᠷᠢᠯᠠᠨ ᠲᠠᠷᠢᠶ᠎ᠠ ᠲᠠᠷᠢᠭᠰᠠᠨ  ᠪᠠᠢ᠌ᠪᠠᠯ ᠤᠯᠤᠰ᠎ᠤᠨ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠲᠠᠷᠢᠶᠠᠯᠠᠬᠤ ᠵᠢ ᠵᠣᠭᠰᠣᠭ᠋ᠠᠨ ᠡᠪᠡᠰᠦ ᠲᠠᠷᠢᠬᠤ ᠬᠡᠷᠡᠭᠲᠡᠢ; ᠲᠠᠷᠢᠶᠠᠨ ᠭᠠᠵᠠᠷ ᠳᠤᠲᠠᠭᠤ ᠪᠤᠶᠤ ᠬᠥᠳᠡᠭᠡ ᠲᠣᠰᠬᠣᠨ᠎ᠤ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠭᠡᠷ᠎ᠡ ᠲᠣᠭᠲᠠᠭᠰᠠᠨ ᠪᠠ ᠲᠠᠷᠢᠶᠠᠯᠠᠬᠤ ᠵᠢ ᠵᠣᠭᠰᠣᠭ᠋ᠠᠬᠤ᠎ᠳᠤ ᠦᠨᠡᠬᠡᠷ ᠬᠦᠴᠢᠷᠲᠡᠢ ᠪᠠᠢ᠌ᠪᠠᠯ᠂  ᠪᠣᠳᠠᠲᠤ ᠪᠠᠢ᠌ᠳᠠᠯ᠎ᠢ᠎ᠨᠢ ᠦᠨᠳᠦᠰᠦᠯᠡᠨ ᠵᠤᠬᠢᠴᠠᠩᠭᠤᠢ ᠤᠰᠤ ᠬᠦᠷᠦᠰᠦ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃

   ᠠᠷᠪᠠᠨ ᠲᠠᠪᠤᠨ ᠭ᠋ᠷᠠᠳᠦ᠋ᠰ᠎ᠠᠴᠠ ᠳᠡᠭᠡᠭᠰᠢᠬᠢ ᠨᠠᠯᠠᠤ ᠭᠠᠵᠠᠷ᠎ᠲᠤ ᠠᠵᠤ ᠠᠬᠤᠶ ᠵᠢᠨ ᠣᠶ ᠲᠠᠷᠢᠬᠤ᠎ᠳᠤ ᠲᠣᠬᠢᠷᠠᠬᠤ ᠮᠣᠳᠣᠨ᠎ᠤ ᠲᠥᠷᠥᠯ᠎ᠢ ᠰᠣᠩᠭᠣᠨ᠂  ᠤᠰᠤ ᠬᠦᠷᠦᠰᠦ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃

   ᠠᠷᠪᠠᠨ ᠲᠠᠪᠤᠨ ᠭ᠋ᠷᠠᠳᠦ᠋ᠰ᠎ᠠᠴᠠ ᠳᠣᠷᠣᠭᠰᠢᠬᠢ ᠨᠠᠯᠠᠤ ᠲᠠᠷᠢᠶᠠᠨ ᠭᠠᠵᠠᠷ᠎ᠲᠤ ᠲᠠᠷᠢᠮᠠᠯ ᠲᠠᠷᠢᠪᠠᠯ᠂  ᠠᠳᠠᠯᠢ ᠪᠤᠰᠤ ᠪᠠᠶ᠋ᠢᠳᠠᠯ᠎ᠢ ᠦᠨᠳᠦᠰᠦᠯᠡᠨ ᠨᠠᠯᠠᠤ ᠭᠠᠵᠠᠷ᠎ᠢ ᠱᠠᠲᠤᠨ ᠲᠠᠷᠢᠶ᠎ᠠ ᠪᠣᠯᠭ᠋ᠠᠨ ᠥᠭᠡᠷᠡᠴᠢᠯᠡᠬᠦ᠂  ᠵᠡᠷᠭᠡ ᠥᠨᠳᠥᠷ ᠲᠠᠷᠢᠶᠠᠯᠠᠬᠤ᠂  ᠪᠦᠰᠡᠯᠢᠭ ᠬᠡᠯᠪᠡᠷᠢ ᠵᠢᠨ ᠠᠯᠠᠭᠯᠠᠨ ᠲᠠᠷᠢᠬᠤ᠂  ᠦᠯᠦ ᠬᠠᠭ᠋ᠠᠯᠪᠤᠷᠢᠯᠠᠬᠤ᠂  ᠬᠠᠮᠠᠭ᠋ᠠᠯᠠᠬᠤ ᠴᠢᠨᠠᠷᠲᠠᠶ ᠲᠠᠷᠢᠶᠠᠯᠠᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠶ᠃

   ᠠᠷᠪᠠᠨ ᠨᠠᠢ᠍ᠮᠠᠳᠤᠭ᠋ᠠᠷ ᠵᠤᠷᠪᠤᠰ   ᠣᠶ ᠰᠢᠭᠤᠶ ᠵᠢ ᠡᠪᠳᠡᠨ᠂  ᠡᠪᠡᠰᠦ ᠬᠠᠭ᠋ᠠᠯᠪᠤᠷᠢᠯᠠᠵᠤ ᠬᠠᠭ᠋ᠠᠯᠪᠤᠷᠢᠯᠠᠬᠤ ᠪᠠ ᠠᠽᠤᠲ ᠲᠤᠭᠲᠠᠭ᠋ᠠᠬᠤ ᠡᠷᠢᠭᠡᠯᠢᠭ ᠵᠠᠮᠠᠭ ᠲᠡᠭᠦᠬᠦ ᠵᠢ ᠴᠠᠭ᠋ᠠᠵᠠᠯᠠᠨ᠎ᠠ᠃  ᠤᠰᠤ ᠬᠦᠷᠦᠰᠦ ᠵᠢᠨ ᠢᠳᠡᠭᠳᠡᠯ᠎ᠢ ᠭᠣᠤᠯᠳᠠᠯᠭ᠎ᠠ᠎ᠲᠠᠢ ᠤᠷᠢᠳᠴᠢᠯᠠᠨ ᠰᠡᠷᠭᠡᠶ᠋ᠢᠯᠡᠬᠦ ᠣᠷᠣᠨ ᠪᠣᠯᠤᠨ ᠭᠣᠤᠯᠳᠠᠯᠭ᠎ᠠ᠎ᠲᠠᠢ ᠵᠠᠰᠠᠬᠤ ᠣᠷᠣᠨ᠎ᠳᠤ ᠡᠪᠡᠰᠦ ᠵᠢ ᠬᠤᠰᠤᠬᠤ᠂  ᠮᠤᠳᠤᠨ᠎ᠤ ᠤᠭ ᠪᠠ ᠬᠠᠩᠭᠢᠷ ᠵᠢᠩᠭᠢᠷ᠂  ᠤᠯᠠᠭ᠋ᠠᠨ ᠭᠤᠶᠤᠤ᠂  ᠰᠢᠬᠢᠷ ᠡᠪᠡᠰᠦ᠂  ᠵᠡᠭᠡᠷᠭᠡᠨ᠎ᠡ ᠵᠡᠷᠭᠡ ᠵᠢ ᠳᠤᠷ᠎ᠠ᠎ᠪᠠᠷ ᠵᠶ᠋ᠠᠨ ᠮᠠᠯᠲᠠᠬᠤ ᠵᠢ ᠴᠠᠭ᠋ᠠᠵᠠᠯᠠᠨ᠎ᠠ᠃

   ᠰᠢᠭᠤᠶ᠋ᠢᠲᠤ ᠣᠷᠣᠨ᠎ᠳᠤ ᠣᠶ ᠵᠢᠨ ᠬᠣᠷᠮᠣᠶ ᠵᠢᠨ ᠲᠠᠷᠢᠮᠠᠯ ᠬᠢᠬᠦ᠎ᠳᠤ᠂  ᠵᠣᠬᠢᠬᠤ ᠤᠰᠤ ᠬᠦᠷᠦᠰᠦ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃

   ᠨᠤᠲᠤᠭ ᠪᠡᠯᠴᠢᠭᠡᠷ᠎ᠤᠨ ᠮᠠᠯᠵᠢᠬᠤ ᠣᠷᠣᠨ᠎ᠳᠤ ᠬᠠᠤᠯᠢ ᠶᠣᠰᠣᠭ᠋ᠠᠷ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠬᠢᠬᠦ᠎ᠳᠤ ᠨᠤᠲᠤᠭ ᠪᠡᠯᠴᠢᠭᠡᠷ᠎ᠢ ᠡᠵᠡᠯᠡᠬᠦ ᠦᠭᠡᠶ ᠪᠤᠶᠤ ᠪᠠᠭ᠎ᠠ ᠡᠵᠡᠯᠡᠬᠦ ᠬᠡᠷᠡᠭᠲᠡᠶ; ᠨᠤᠲᠤᠭ ᠪᠡᠯᠴᠢᠭᠡᠷ᠎ᠢ ᠦᠨᠡᠨ ᠬᠦ᠌ ᠡᠵᠡᠯᠡᠨ ᠬᠡᠷᠡᠭᠯᠡᠬᠦ ᠴᠢᠬᠤᠯᠠ᠎ᠲᠠᠢ ᠪᠣᠯ ᠬᠠᠤᠯᠢ ᠶᠣᠰᠣᠭ᠋ᠠᠷ ᠬᠠᠮᠢᠶ᠎ᠠ ᠪᠦᠬᠦᠢ ᠭᠠᠷᠳᠠᠮ᠎ᠢ ᠭᠦᠢ᠍ᠴᠡᠳᠬᠡᠬᠦ ᠬᠡᠷᠡᠭᠲᠡᠶ᠃  ᠳᠤᠷ᠎ᠠ᠎ᠪᠠᠷ ᠵᠶ᠋ᠠᠨ ᠵᠠᠮ ᠨᠡᠭᠡᠭᠡᠨ ᠨᠤᠲᠤᠭ ᠪᠡᠯᠴᠢᠭᠡᠷ᠎ᠢ ᠳᠠᠷᠤᠵᠤ᠂  ᠨᠤᠲᠤᠭ ᠪᠡᠯᠴᠢᠭᠡᠷ᠎ᠤᠨ ᠤᠷᠭᠤᠮᠠᠯ᠎ᠤᠨ ᠪᠦᠷᠬᠦᠴᠡ ᠵᠢ ᠡᠪᠳᠡᠵᠦ ᠪᠣᠯᠬᠤ ᠦᠭᠡᠢ᠃

   ᠭᠣᠪᠢ᠂  ᠡᠯᠡᠰᠦ ᠮᠠᠩᠬ᠎ᠠ᠂  ᠰᠢᠷ᠎ᠠ ᠬᠥᠷᠥᠰᠥᠲᠦ ᠳᠣᠪᠣᠴᠠᠭ ᠭᠤᠤ ᠭᠠᠩᠭ᠎ᠠ ᠵᠢᠨ ᠣᠷᠣᠨ᠂  ᠵᠡᠭᠦᠨ ᠬᠣᠶ᠋ᠢᠲᠤ ᠣᠷᠣᠨ᠎ᠤ ᠬᠠᠷ᠎ᠠ ᠬᠥᠷᠥᠰᠥᠲᠦ ᠣᠷᠣᠨ ᠵᠡᠷᠭᠡ ᠤᠰᠤ ᠬᠦᠷᠦᠰᠦ ᠵᠢᠨ ᠢᠳᠡᠭᠳᠡᠯ ᠬᠦᠨᠳᠦ ᠨᠣᠴᠢᠲᠠᠶ᠂  ᠠᠮᠢ ᠠᠬᠤᠶ ᠬᠡᠪᠡᠷᠡᠭ ᠭᠠᠵᠠᠷ ᠣᠷᠣᠨ᠎ᠳᠤ ᠤᠰᠤ ᠬᠦᠷᠦᠰᠦ ᠵᠢᠨ ᠢᠳᠡᠭᠳᠡᠯ ᠤᠴᠠᠷᠠᠭᠤᠯᠵᠤ ᠮᠡᠳᠡᠬᠦ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠬᠢᠵᠠᠭ᠋ᠠᠷᠯᠠᠬᠤ ᠪᠤᠶᠤ ᠴᠠᠭ᠋ᠠᠵᠠᠯᠠᠵᠤ᠂  ᠤᠷᠭᠤᠮᠠᠯ᠂  ᠡᠯᠡᠰᠦᠨ ᠬᠠᠯᠢᠰᠤ᠂  ᠭᠦᠷᠵᠡᠩ᠂  ᠬᠠᠭ ᠵᠡᠷᠭᠡ ᠵᠢ ᠴᠢᠩᠭ᠎ᠠ ᠬᠠᠮᠠᠭ᠋ᠠᠯᠠᠬᠤ ᠬᠡᠷᠡᠭᠲᠡᠶ᠃

   ᠭᠤᠤ ᠰᠣᠪᠠᠭ ᠪᠣᠯᠤᠨ ᠭᠣᠤᠯ᠎ᠤᠨ ᠡᠷᠭᠢ᠂  ᠭᠣᠤᠯ ᠮᠥᠷᠡᠨ᠎ᠤ ᠬᠣᠶᠠᠷ ᠡᠷᠭᠢ ᠵᠢᠴᠢ ᠨᠠᠭᠤᠷ ᠪᠣᠯᠤᠨ ᠴᠥᠭᠥᠷᠥᠮ᠎ᠤᠨ ᠡᠷᠭᠢᠨ ᠲᠣᠭᠣᠷᠢᠨ᠎ᠳᠤ ᠭᠠᠵᠠᠷ ᠰᠢᠷᠣᠶ ᠵᠢᠨ ᠥᠮᠴᠢᠯᠡᠬᠦ ᠡᠷᠬᠡᠲᠦ ᠬᠥᠮᠦᠨ᠂  ᠬᠡᠷᠡᠭᠯᠡᠬᠦ ᠡᠷᠬᠡ᠎ᠲᠠᠢ ᠬᠥᠮᠦᠨ ᠪᠤᠶᠤ ᠬᠣᠯᠪᠣᠭᠳᠠᠯ ᠪᠦᠬᠦᠢ ᠬᠠᠮᠢᠶᠠᠷᠤᠯᠲᠠ ᠵᠢᠨ ᠨᠢᠭᠡᠴᠢ᠎ᠨᠢ ᠤᠷᠭᠤᠮᠠᠯ᠎ᠤᠨ ᠬᠠᠮᠠᠭ᠋ᠠᠯᠠᠯᠲᠠ ᠵᠢᠨ ᠪᠦᠰᠡ ᠪᠠᠶ᠋ᠢᠭᠤᠯᠬᠤ ᠬᠡᠷᠡᠭᠲᠡᠶ᠃  ᠤᠷᠭᠤᠮᠠᠯ᠎ᠤᠨ ᠬᠠᠮᠠᠭ᠋ᠠᠯᠠᠯᠲᠠ ᠵᠢᠨ ᠪᠦᠰᠡ ᠵᠢ ᠬᠠᠭ᠋ᠠᠯᠪᠤᠷᠢᠯᠠᠨ ᠨᠡᠭᠡᠭᠡᠨ ᠠᠰᠢᠭᠯᠠᠬᠤ ᠵᠢ ᠴᠠᠭ᠋ᠠᠵᠠᠯᠠᠨ᠎ᠠ᠃

   ᠠᠷᠪᠠ ᠶᠢᠰᠦᠳᠦᠭᠡᠷ ᠵᠤᠷᠪᠤᠰ   ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠢ᠎ᠨᠢ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠪᠣᠯᠤᠨ ᠦᠢ᠍ᠯᠡᠳᠪᠦᠷᠢᠯᠡᠯ᠎ᠤᠨ ᠶᠠᠪᠤᠴᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂  ᠪᠠᠷᠢᠯᠭ᠎ᠠ ᠵᠢᠨ ᠠᠵᠢᠯ᠎ᠤᠨ ᠬᠠᠷᠰᠢᠯᠠᠬᠤ ᠭᠠᠵᠠᠷ᠎ᠤᠨ ᠭᠠᠳᠠᠷᠭᠤ ᠵᠢᠨ ᠬᠡᠪᠴᠢᠶ᠎ᠡ ᠵᠢ ᠴᠢᠩᠭ᠎ᠠ ᠬᠢᠵᠠᠭ᠋ᠠᠷᠯᠠᠵᠤ᠂  ᠪᠠᠷᠢᠯᠭ᠎ᠠ ᠵᠢᠨ ᠠᠵᠢᠯ᠎ᠤᠨ ᠳᠡᠰ ᠳᠠᠷᠠᠭ᠋ᠠᠯᠠᠯ᠎ᠢ ᠵᠦᠢ ᠵᠣᠬᠢᠰᠲᠠᠶ ᠲᠣᠬᠢᠷᠠᠭᠤᠯᠵᠤ᠂  ᠰᠢᠷᠣᠶ ᠴᠢᠯᠠᠭᠤᠨ ᠲᠠᠯ᠎ᠠ ᠵᠢᠨ ᠳᠠᠪᠬᠤᠷᠳᠠᠭᠤᠯᠤᠨ ᠵᠥᠭᠡᠭᠡᠪᠦᠷᠢᠯᠡᠬᠦ ᠪᠠ ᠭᠠᠵᠠᠷ᠎ᠤᠨ ᠭᠠᠳᠠᠷᠭᠤ᠎ᠳᠤ ᠢᠯᠡ ᠭᠠᠷᠬᠤ ᠴᠠᠭ᠎ᠢ ᠪᠠᠭ᠋ᠠᠰᠬᠠᠵᠤ᠂  ᠭᠠᠵᠠᠷ᠎ᠤᠨ ᠭᠠᠳᠠᠷᠭᠤ ᠵᠢᠨ ᠤᠷᠭᠤᠮᠠᠯ᠎ᠤᠨ ᠪᠦᠷᠬᠦᠴᠡ ᠵᠢ ᠬᠠᠮᠠᠭ᠋ᠠᠯᠠᠬᠤ ᠬᠡᠷᠡᠭᠲᠡᠶ᠃

   ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ᠂  ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠪᠠᠷᠢᠯᠭ᠎ᠠ ᠪᠠᠷᠢᠬᠤ ᠵᠡᠷᠭᠡ ᠦᠢ᠍ᠯᠡᠳᠪᠦᠷᠢᠯᠡᠯ᠎ᠤᠨ ᠠᠵᠢᠯᠯᠠᠭ᠎ᠠ ᠵᠢᠨ ᠡᠵᠡᠯᠡᠵᠦ ᠪᠠᠶ᠋ᠢᠭ᠎ᠠ ᠣᠶ ᠮᠣᠳᠣᠨ᠎ᠤ ᠤᠷᠭᠤᠮᠠᠯ᠎ᠤᠨ ᠬᠤᠴᠢᠯᠭ᠎ᠠ ᠵᠢ ᠰᠢᠯᠵᠢᠭᠦᠯᠦᠨ᠂  ᠰᠢᠯᠵᠢᠭᠦᠯᠦᠨ ᠵᠠᠶ᠋ᠢᠯᠠᠬᠤ᠂  ᠦᠢ᠍ᠯᠡᠳᠪᠦᠷᠢᠯᠡᠵᠦ ᠪᠦᠲᠦᠭᠡᠨ ᠪᠠᠶ᠋ᠢᠭᠤᠯᠬᠤ ᠨᠢᠭᠡᠴᠢ᠎ᠨᠢ ᠰᠢᠯᠵᠢᠭᠦᠯᠦᠨ ᠵᠠᠶ᠋ᠢᠯᠠᠵᠤ᠂  ᠰᠢᠯᠵᠢᠭᠦᠯᠦᠨ ᠵᠠᠶ᠋ᠢᠯᠠᠬᠤ ᠬᠡᠷᠡᠭᠲᠡᠶ᠃

   ᠬᠣᠷᠢᠳᠤᠭ᠋ᠠᠷ ᠵᠤᠷᠪᠤᠰ   ᠠᠭᠤᠯᠠᠷᠬᠠᠭ ᠣᠷᠣᠨ᠂  ᠳᠤᠪᠤᠴᠠᠭ ᠣᠷᠣᠨ᠂  ᠰᠠᠯᠬᠢ ᠰᠢᠭᠤᠷᠭ᠋ᠠᠨ᠎ᠲᠠᠢ ᠣᠷᠣᠨ ᠵᠢᠴᠢ ᠤᠰᠤ ᠬᠦᠷᠦᠰᠦ ᠬᠠᠮᠠᠭ᠋ᠠᠯᠠᠬᠤ ᠲᠥᠯᠥᠪᠵᠢᠭᠦᠯᠭᠡ᠎ᠳᠤ ᠲᠣᠭᠲᠠᠭ᠋ᠠᠭᠰᠠᠨ ᠤᠰᠤ ᠬᠦᠷᠦᠰᠦ ᠵᠢᠨ ᠢᠳᠡᠭᠳᠡᠯ ᠬᠢᠯᠪᠠᠷᠬᠠᠨ ᠭᠠᠷᠬᠤ ᠪᠤᠰᠤᠳ ᠣᠷᠣᠨ᠎ᠳᠤ ᠤᠰᠤ ᠬᠦᠷᠦᠰᠦ ᠵᠢᠨ ᠢᠳᠡᠭᠳᠡᠯ ᠭᠠᠷᠴᠤ ᠮᠡᠳᠡᠬᠦ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠵᠦᠢ᠍ᠯ᠎ᠢ ᠨᠡᠭᠡᠭᠡᠨ ᠡᠷᠬᠢᠯᠡᠬᠦ᠎ᠳᠡᠭᠡᠨ ᠦᠢ᠍ᠯᠡᠳᠪᠦᠷᠢᠯᠡᠵᠦ ᠪᠦᠲᠦᠭᠡᠨ ᠪᠠᠢ᠌ᠭᠤᠯᠬᠤ ᠨᠢᠭᠡᠴᠢ᠎ᠠᠴᠠ ᠤᠰᠤ ᠬᠦᠷᠦᠰᠦ ᠵᠢ ᠬᠠᠮᠠᠭ᠋ᠠᠯᠠᠬᠤ ᠲᠥᠰᠥᠯ ᠵᠣᠬᠢᠶᠠᠵᠤ ᠤᠰᠤᠨ᠎ᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠪᠥᠬᠥᠶ ᠰᠠᠯᠠᠭ᠎ᠠ ᠮᠥᠴᠢᠷ᠎ᠲᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ :

  (ᠨᠢᠭᠡ) ᠠᠭᠤᠷᠬᠠᠢ ᠵᠢᠨ ᠭᠠᠷᠤᠯᠲᠠ ᠪᠠ ᠴᠢᠯᠠᠭᠤᠨ ᠲᠣᠰᠣ ᠪᠠᠶ᠋ᠢᠭ᠋ᠠᠯᠢ ᠵᠢᠨ ᠰᠢᠲᠠᠮᠠᠬᠠᠶ ᠬᠡᠢ ᠵᠢ ᠨᠡᠭᠡᠭᠡᠨ ᠮᠠᠯᠲᠠᠬᠤ ᠵᠢᠴᠢ ᠲᠡᠮᠦᠷᠯᠢᠭ ᠬᠠᠶ᠋ᠢᠯᠤᠭᠤᠯᠬᠤ᠂  ᠴᠠᠬᠢᠯᠭ᠋ᠠᠨ ᠬᠦᠴᠦ᠂  ᠬᠢᠮᠢ ᠵᠢᠨ ᠠᠵᠤ ᠦᠢ᠍ᠯᠡᠳᠪᠦᠷᠢ᠂  ᠪᠠᠷᠢᠯᠭ᠎ᠠ ᠵᠢᠨ ᠮᠠᠲ᠋ᠧᠷᠢᠶᠠᠯ᠂  ᠲᠣᠰᠣ ᠳᠠᠮᠵᠢᠭᠤᠯᠬᠤ ᠬᠤᠭᠤᠯᠠᠶ ᠵᠡᠷᠭᠡ ᠡᠨᠧᠷᠭᠢ᠂  ᠠᠵᠤ ᠦᠢ᠍ᠯᠡᠳᠪᠦᠷᠢ ᠵᠢᠨ ᠲᠥᠷᠥᠯ ᠵᠦᠢ᠍ᠯ;

  (ᠬᠤᠶᠠᠷ) ᠵᠠᠰᠠᠮᠠᠯ ᠵᠠᠮ᠂  ᠲᠡᠮᠦᠷ ᠵᠠᠮ᠂  ᠨᠢᠰᠬᠡᠯ᠎ᠤᠨ ᠪᠠᠭᠤᠳᠠᠯ᠂  ᠬᠤᠲᠠ ᠵᠢᠨ ᠶᠠᠪᠤᠳᠠᠯ᠂  ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠬᠦᠢ᠍ᠰᠦ ᠵᠡᠷᠭᠡ ᠰᠠᠭᠤᠷᠢ ᠲᠥᠬᠦᠭᠡᠷᠦᠮᠵᠢ ᠵᠢᠨ ᠲᠥᠷᠥᠯ ᠵᠦᠢ᠍ᠯ;

  (ᠭᠤᠷᠪᠠ) ᠤᠰᠤ ᠬᠦᠷᠦᠰᠦ ᠵᠢ ᠢᠳᠡᠭᠳᠡᠭᠦᠯᠵᠦ ᠮᠡᠳᠡᠬᠦ ᠪᠤᠰᠤᠳ ᠦᠢ᠍ᠯᠡᠳᠪᠦᠷᠢᠯᠡᠯ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠃

   ᠬᠤᠭᠤᠴᠠᠭ᠎ᠠ ᠬᠤᠪᠢᠶᠠᠨ ᠪᠦᠲᠦᠭᠡᠨ ᠪᠠᠶ᠋ᠢᠭᠤᠯᠬᠤ ᠵᠢᠴᠢ ᠥᠭᠡᠷᠡᠴᠢᠯᠡᠨ ᠪᠠᠶ᠋ᠢᠭᠤᠯᠬᠤ᠂  ᠥᠷᠭᠡᠳᠬᠡᠨ ᠪᠠᠶ᠋ᠢᠭᠤᠯᠬᠤ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠢ ᠬᠤᠭᠤᠴᠠᠭ᠎ᠠ ᠬᠤᠪᠢᠶᠠᠨ ᠨᠠᠶ᠋ᠢᠷᠠᠭᠤᠯᠤᠨ ᠵᠣᠬᠢᠶᠠᠬᠤ ᠬᠡᠷᠡᠭᠲᠡᠶ᠃

   ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠡᠯ᠎ᠡ ᠲᠥᠷᠥᠯ᠎ᠤᠨ ᠨᠡᠭᠡᠭᠡᠯᠲᠡ ᠵᠢᠨ ᠣᠷᠣᠨ ᠪᠣᠯᠤᠨ ᠨᠥᠬᠥᠴᠡᠯ ᠪᠦᠬᠦᠢ ᠪᠤᠰᠤᠳ ᠣᠷᠣᠨ ᠪᠦᠰᠡ᠎ᠳᠤ ᠤᠰᠤ ᠬᠦᠷᠦᠰᠦ ᠵᠢ ᠬᠠᠮᠠᠭ᠋ᠠᠯᠠᠬᠤ ᠣᠷᠣᠨ ᠪᠦᠰᠡ ᠵᠢᠨ ᠦᠨᠡᠯᠡᠨ ᠵᠢᠱ᠌ᠢᠯᠲᠡ ᠬᠢᠬᠦ ᠵᠢ ᠬᠡᠷᠡᠭᠵᠢᠭᠦᠯᠦᠨ᠎ᠡ᠃

   ᠬᠣᠷᠢᠨ ᠨᠢᠭᠡᠳᠦᠭᠡᠷ ᠵᠤᠷᠪᠤᠰ   ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠳᠤ ᠱᠠᠲᠤ ᠬᠤᠪᠢᠶᠠᠨ ᠬᠢᠨᠠᠨ ᠵᠥᠪᠰᠢᠶᠡᠷᠡᠬᠦ ᠵᠢ ᠬᠡᠷᠡᠭᠵᠢᠭᠦᠯᠦᠨ᠎ᠡ᠃

   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠢᠨᠠᠨ ᠵᠥᠪᠰᠢᠶᠡᠷᠡᠬᠦ᠂  ᠳᠠᠩᠰᠠᠯᠠᠭᠤᠯᠬᠤ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠢ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ᠎ᠲᠠᠢ ᠰᠠᠯᠠᠭ᠎ᠠ ᠮᠥᠴᠢᠷ᠎ᠠᠴᠠ ᠬᠢᠨᠠᠨ ᠵᠥᠪᠰᠢᠶᠡᠷᠡᠨ᠎ᠡ᠃

   ᠵᠠᠰᠠᠭ ᠵᠠᠬᠢᠷᠭ᠋ᠠᠨ᠎ᠤ ᠣᠷᠣᠨ ᠠᠯᠤᠰᠯᠠᠭᠰᠠᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠢ ᠬᠠᠮᠲᠤ ᠵᠢᠨ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ᠎ᠲᠠᠢ ᠰᠠᠯᠠᠭ᠎ᠠ ᠮᠥᠴᠢᠷ᠎ᠠᠴᠠ ᠬᠢᠨᠠᠨ ᠵᠥᠪᠰᠢᠶᠡᠷᠡᠨ᠎ᠡ᠃

   ᠬᠣᠷᠢᠨ ᠬᠣᠶᠠᠳᠤᠭ᠋ᠠᠷ ᠵᠤᠷᠪᠤᠰ   ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠢ ᠬᠠᠤᠯᠢ ᠶᠣᠰᠣᠭ᠋ᠠᠷ ᠨᠠᠶ᠋ᠢᠷᠠᠭᠤᠯᠤᠨ ᠵᠣᠬᠢᠶᠠᠬᠤ ᠬᠡᠷᠡᠭᠲᠡᠶ᠂  ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠪᠣᠯ ᠦᠢ᠍ᠯᠡᠳᠪᠦᠷᠢᠯᠡᠵᠦ ᠪᠦᠲᠦᠭᠡᠨ ᠪᠠᠶ᠋ᠢᠭᠤᠯᠬᠤ ᠨᠢᠭᠡᠴᠢ᠎ᠨᠢ ᠤᠰᠤ ᠬᠦᠷᠦᠰᠦ ᠵᠢ ᠬᠠᠮᠠᠭ᠋ᠠᠯᠠᠬᠤ ᠲᠥᠰᠦᠯ ᠪᠤᠶᠤ ᠤᠰᠤ ᠬᠦᠷᠦᠰᠦ ᠵᠢ ᠬᠠᠮᠠᠭ᠋ᠠᠯᠠᠬᠤ ᠲᠥᠰᠦᠯ ᠵᠶ᠋ᠠᠨ ᠨᠠᠶ᠋ᠢᠷᠠᠭᠤᠯᠤᠨ ᠵᠣᠬᠢᠶᠠᠭᠰᠠᠨ ᠦᠭᠡᠶ ᠪᠣᠯ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ᠎ᠲᠠᠢ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠡᠳᠦᠶ ᠪᠣᠯ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠤᠷᠪᠤᠰ᠎ᠢ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠵᠤ ᠪᠣᠯᠬᠤ ᠦᠭᠡᠶ᠃

   ᠬᠣᠷᠢᠨ ᠭᠤᠷᠪᠠᠳᠤᠭ᠋ᠠᠷ ᠵᠤᠷᠪᠤᠰ  ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠢ ᠵᠥᠪᠰᠢᠶᠡᠷᠡᠭᠦᠯᠦᠭᠰᠡᠨ᠎ᠤ ᠳᠠᠷᠠᠭ᠎ᠠ᠂  ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠭᠠᠵᠠᠷ᠂  ᠬᠡᠪᠴᠢᠶ᠎ᠡ᠎ᠨᠢ ᠴᠢᠬᠤᠯᠠ ᠶᠡᠬᠡ ᠬᠤᠪᠢᠷᠠᠯᠲᠠ ᠭᠠᠷᠪᠠᠯ᠂  ᠤᠰᠤ ᠬᠦᠷᠦᠰᠦ ᠵᠢ ᠬᠠᠮᠠᠭ᠋ᠠᠯᠠᠬᠤ ᠲᠥᠰᠦᠯ ᠵᠶ᠋ᠠᠨ ᠨᠥᠬᠥᠪᠥᠷᠢᠯᠡᠬᠦ ᠪᠤᠶᠤ ᠵᠠᠰᠠᠪᠤᠷᠢ ᠣᠷᠣᠭᠤᠯᠬᠤ ᠵᠢᠨ ᠬᠠᠮᠲᠤ ᠤᠤᠯ᠎ᠤᠨ ᠬᠢᠨᠠᠨ ᠵᠥᠪᠰᠢᠶᠡᠷᠡᠭᠰᠡᠨ ᠪᠠᠢ᠌ᠭᠤᠯᠭ᠎ᠠ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃  ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠢ ᠬᠡᠷᠡᠭᠵᠢᠭᠦᠯᠬᠦ ᠶᠠᠪᠤᠴᠠ᠎ᠳᠤ᠂  ᠤᠰᠤ ᠬᠦᠷᠦᠰᠦ ᠵᠢ ᠬᠠᠮᠠᠭ᠋ᠠᠯᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠭᠡ ᠬᠤᠪᠢᠷᠠᠯᠲᠠ ᠭᠠᠷᠭ᠋ᠠᠬᠤ ᠴᠢᠬᠤᠯᠠᠲᠠᠶ ᠪᠣᠯ᠂  ᠤᠤᠯ᠎ᠤᠨ ᠬᠢᠨᠠᠨ ᠵᠥᠪᠰᠢᠶᠡᠷᠡᠭᠰᠡᠨ ᠪᠠᠶ᠋ᠢᠭᠤᠯᠭ᠎ᠠ᠎ᠪᠠᠷ ᠵᠥᠪᠰᠢᠶᠡᠷᠡᠭᠦᠯᠬᠦ ᠬᠡᠷᠡᠭᠲᠡᠶ᠃

   ᠬᠣᠷᠢᠨ ᠳᠥᠷᠪᠡᠳᠦᠭᠡᠷ ᠵᠤᠷᠪᠤᠰ   ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠢ ᠬᠠᠤᠯᠢ ᠶᠣᠰᠣᠭ᠋ᠠᠷ ᠨᠠᠶ᠋ᠢᠷᠠᠭᠤᠯᠤᠨ ᠵᠣᠬᠢᠶᠠᠬᠤ ᠬᠡᠷᠡᠭᠲᠡᠶ᠂  ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠠᠬᠢ ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢ ᠭᠣᠤᠯ ᠴᠣᠭᠴᠠ ᠪᠠᠷᠢᠯᠭ᠎ᠠ᠎ᠯᠤᠭ᠎ᠠ ᠵᠡᠷᠭᠡ᠎ᠳᠤᠨᠢ ᠵᠢᠷᠤᠭᠯᠠᠨ ᠲᠥᠯᠥᠪᠯᠡᠵᠦ᠂  ᠵᠡᠷᠭᠡ᠎ᠳᠤᠨᠢ ᠪᠠᠷᠢᠯᠭ᠎ᠠ ᠪᠠᠷᠢᠵᠤ᠂  ᠵᠡᠷᠭᠡ᠎ᠳᠤᠨᠢ ᠠᠰᠢᠭᠯᠠᠯᠲᠠ᠎ᠳᠤ ᠣᠷᠣᠭᠤᠯᠤᠨ ᠬᠡᠷᠡᠭᠯᠡᠬᠦ ᠬᠡᠷᠡᠭᠲᠡᠶ᠂  ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠠᠷᠢᠯᠭ᠎ᠠ ᠳᠠᠭᠤᠰᠴᠤ ᠰᠢᠯᠭ᠋ᠠᠨ ᠠᠪᠬᠤ ᠬᠡᠷᠡᠭᠲᠡᠶ᠂  ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢ ᠰᠢᠯᠭ᠋ᠠᠨ ᠠᠪᠬᠤ ᠬᠡᠷᠡᠭᠲᠡᠶ; ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ᠎ᠨᠢ ᠰᠢᠯᠭ᠋ᠠᠨ ᠠᠪᠬᠤ ᠵᠢ ᠳᠠᠮᠵᠢᠭᠰᠠᠨ ᠦᠭᠡᠶ ᠪᠤᠶᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠶ ᠪᠣᠯ ᠦᠢ᠍ᠯᠡᠳᠪᠦᠷᠢᠯᠡᠵᠦ ᠪᠦᠲᠦᠭᠡᠨ ᠪᠠᠶ᠋ᠢᠭᠤᠯᠬᠤ ᠲᠥᠷᠥᠯ ᠵᠦᠢ᠍ᠯ᠎ᠢ ᠠᠰᠢᠭᠯᠠᠯᠲᠠ᠎ᠳᠤ ᠣᠷᠣᠭᠤᠯᠤᠨ ᠬᠡᠷᠡᠭᠯᠡᠵᠦ ᠪᠣᠯᠬᠤ ᠦᠭᠡᠶ᠃

   ᠬᠣᠷᠢᠨ ᠲᠠᠪᠤᠳᠤᠭ᠋ᠠᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠢ ᠮᠥᠷᠳᠡᠨ ᠪᠠᠶ᠋ᠢᠴᠠᠭ᠋ᠠᠵᠤ᠂  ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠶ᠎ᠳᠤᠨᠢ ᠰᠢᠢ᠍ᠳᠪᠦᠷᠢᠯᠡᠬᠦ ᠬᠡᠷᠡᠭᠲᠡᠶ᠃

   ᠳᠥᠷᠪᠡᠳᠦᠭᠡᠷ ᠪᠦᠯᠦᠭ   ᠵᠠᠰᠠᠬᠤ

   ᠬᠣᠷᠢᠨ ᠵᠢᠷᠭᠤᠳᠤᠭ᠋ᠠᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠣᠤᠯ ᠮᠥᠷᠡᠨ᠎ᠤ ᠡᠬᠢ ᠡᠭᠦᠰᠦᠯ᠎ᠤᠨ ᠣᠷᠣᠨ᠂  ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ ᠪᠣᠯᠤᠨ ᠤᠰᠤᠨ ᠰᠤᠷᠪᠤᠯᠵᠢ ᠵᠢ ᠬᠠᠳᠠᠭ᠋ᠠᠯᠠᠬᠤ ᠣᠷᠣᠨ᠎ᠤ ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠬᠦ ᠪᠠ ᠵᠠᠰᠠᠬᠤ ᠠᠵᠢᠯ᠎ᠢ ᠴᠢᠩᠭ᠋ᠠᠳᠬᠠᠵᠤ᠂  ᠣᠯᠠᠨ ᠠᠷᠭ᠎ᠠ ᠵᠠᠮ ᠵᠶ᠋ᠠᠷ ᠪᠡᠯᠡ ᠮᠥᠩᠭᠥ ᠴᠤᠭᠯᠠᠭᠤᠯᠵᠤ᠂  ᠤᠰᠤ ᠬᠦᠷᠦᠰᠦ ᠵᠢ ᠬᠠᠮᠠᠭ᠋ᠠᠯᠠᠬᠤ ᠠᠮᠢ ᠠᠬᠤᠶ ᠵᠢᠨ ᠦᠷ᠎ᠡ ᠠᠰᠢᠭ᠎ᠤᠨ ᠨᠥᠬᠥᠪᠥᠷᠢ ᠵᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢᠨ ᠦᠷ᠎ᠡ ᠠᠰᠢᠭ᠎ᠤᠨ ᠨᠥᠬᠥᠪᠥᠷᠢ ᠵᠢᠨ ᠳᠦᠷᠢᠮ᠎ᠳᠤ ᠣᠷᠣᠭᠤᠯᠬᠤ ᠬᠡᠷᠡᠭᠲᠡᠶ᠃

   ᠬᠣᠷᠢᠨ ᠳᠣᠯᠣᠳᠤᠭ᠋ᠠᠷ ᠵᠤᠷᠪᠤᠰ   ᠦᠢ᠍ᠯᠡᠳᠪᠦᠷᠢᠯᠡᠵᠦ ᠪᠦᠲᠦᠭᠡᠨ ᠪᠠᠶ᠋ᠢᠭᠤᠯᠬᠤ ᠲᠥᠷᠥᠯ ᠵᠦᠢ᠍ᠯ᠎ᠢ ᠨᠡᠭᠡᠭᠡᠨ ᠡᠷᠬᠢᠯᠡᠬᠦ ᠪᠤᠶᠤ ᠦᠢ᠍ᠯᠡᠳᠪᠦᠷᠢᠯᠡᠵᠦ ᠪᠦᠲᠦᠭᠡᠨ ᠪᠠᠶ᠋ᠢᠭᠤᠯᠬᠤ ᠪᠤᠰᠤᠳ ᠠᠵᠢᠯᠯᠠᠭ᠎ᠠ ᠬᠢᠬᠦ᠎ᠳᠤ ᠤᠰᠤ ᠬᠦᠷᠦᠰᠦ ᠵᠢ ᠢᠳᠡᠭᠳᠡᠭᠦᠯᠦᠭᠰᠡᠨ ᠪᠣᠯ ᠴᠠᠭ ᠲᠤᠬᠠᠶ᠎ᠳᠤᠨᠢ ᠵᠠᠰᠠᠬᠤ ᠬᠡᠷᠡᠭᠲᠡᠶ᠃

   ᠠᠭᠤᠯᠠᠷᠬᠠᠭ ᠣᠷᠣᠨ᠂  ᠳᠤᠪᠤᠴᠠᠭ ᠣᠷᠣᠨ᠂  ᠰᠠᠯᠬᠢ ᠰᠢᠭᠤᠷᠭ᠋ᠠᠨ᠎ᠲᠠᠢ ᠣᠷᠣᠨ ᠵᠢᠴᠢ ᠤᠰᠤ ᠬᠦᠷᠦᠰᠦ ᠵᠢ ᠬᠠᠮᠠᠭ᠋ᠠᠯᠠᠬᠤ ᠲᠥᠯᠥᠪᠵᠢᠭᠦᠯᠭᠡ᠎ᠳᠤ ᠲᠣᠭᠲᠠᠭ᠋ᠠᠭᠰᠠᠨ ᠤᠰᠤ ᠬᠦᠷᠦᠰᠦ ᠵᠢᠨ ᠢᠳᠡᠭᠳᠡᠯ ᠬᠢᠯᠪᠠᠷᠬᠠᠨ ᠭᠠᠷᠬᠤ ᠪᠤᠰᠤᠳ ᠣᠷᠣᠨ᠎ᠳᠤ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠨᠡᠭᠡᠭᠡᠨ ᠡᠷᠬᠢᠯᠡᠬᠦ ᠪᠤᠶᠤ ᠪᠤᠰᠤᠳ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠬᠢᠵᠦ᠂  ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ᠂  ᠤᠷᠭᠤᠮᠠᠯ᠎ᠤᠨ ᠪᠦᠷᠬᠦᠴᠡ ᠵᠢ ᠡᠪᠳᠡᠨ ᠰᠦᠢ᠍ᠳᠬᠡᠵᠦ᠂  ᠤᠤᠯ᠎ᠤᠨ ᠤᠰᠤ ᠬᠦᠷᠦᠰᠦ ᠵᠢ ᠬᠠᠮᠠᠭ᠋ᠠᠯᠠᠬᠤ ᠴᠢᠳᠠᠮᠵᠢ ᠵᠢ᠎ᠨᠢ ᠰᠡᠷᠭᠦᠭᠡᠵᠦ ᠳᠡᠶ᠋ᠢᠯᠬᠦ ᠦᠭᠡᠶ ᠪᠣᠯ ᠤᠰᠤ ᠬᠦᠷᠦᠰᠦ ᠵᠢ ᠬᠠᠮᠠᠭ᠋ᠠᠯᠠᠬᠤ ᠨᠥᠬᠥᠪᠥᠷᠢ ᠵᠠᠷᠤᠳᠠᠯ ᠲᠤᠰᠢᠶᠠᠵᠤ᠂  ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠬᠦ ᠪᠠ ᠵᠠᠰᠠᠬᠤ᠎ᠳᠤ ᠲᠤᠰᠬᠠᠶ ᠵᠦᠢ᠍ᠯ ᠵᠶ᠋ᠠᠷ ᠬᠡᠷᠡᠭᠯᠡᠬᠦ ᠬᠡᠷᠡᠭᠲᠡᠶ᠃  ᠤᠰᠤ ᠬᠦᠷᠦᠰᠦ ᠵᠢ ᠬᠠᠮᠠᠭ᠋ᠠᠯᠠᠬᠤ ᠨᠥᠬᠥᠪᠥᠷᠢ ᠵᠠᠷᠤᠳᠠᠯ᠎ᠢ ᠲᠠᠲᠠᠪᠤᠷᠢᠯᠠᠬᠤ ᠪᠠᠷᠢᠮᠵᠢᠶ᠎ᠠ ᠪᠣᠯᠤᠨ ᠬᠡᠷᠡᠭᠯᠡᠵᠦ ᠬᠠᠮᠢᠶᠠᠷᠬᠤ ᠵᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃

   ᠬᠣᠷᠢᠨ ᠨᠠᠢ᠍ᠮᠠᠳᠤᠭ᠋ᠠᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠨᠡᠶ᠋ᠢᠭᠡᠮ᠎ᠤᠨ ᠬᠦᠴᠦᠨ᠎ᠨᠦᠭᠦᠳ᠎ᠤᠨ ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠬᠦ ᠪᠠ ᠵᠠᠰᠠᠬᠤ᠎ᠳᠤ ᠣᠷᠣᠯᠴᠠᠬᠤ ᠵᠢ ᠵᠣᠷᠢᠭᠵᠢᠭᠤᠯᠤᠨ ᠳᠡᠮᠵᠢᠬᠦ ᠵᠢᠨ ᠬᠠᠮᠲᠤ ᠪᠡᠯᠡ ᠮᠥᠩᠭᠥ᠂  ᠮᠡᠷᠭᠡᠵᠢᠯ ᠵᠡᠷᠭᠡ ᠲᠠᠯ᠎ᠠ᠎ᠪᠠᠷ ᠲᠡᠳᠬᠦᠬᠦ ᠬᠡᠷᠡᠭᠲᠡᠶ᠃

   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠪᠡᠯᠡ ᠮᠥᠩᠭᠥ ᠵᠢᠨ ᠨᠥᠬᠥᠪᠥᠷᠢ᠂  ᠲᠥᠷᠥᠯ ᠵᠦᠢ᠍ᠯ᠎ᠤᠨ ᠲᠡᠳᠬᠦᠮᠵᠢ ᠵᠡᠷᠭᠡ ᠲᠠᠯ᠎ᠠ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠲᠣᠭᠲᠠᠭ᠋ᠠᠵᠤ᠂  ᠤᠰᠤ ᠬᠦᠷᠦᠰᠦ ᠵᠢ ᠬᠠᠮᠠᠭ᠋ᠠᠯᠠᠬᠤ ᠮᠡᠷᠭᠡᠵᠢᠯ᠎ᠢ ᠳᠡᠯᠭᠡᠷᠡᠭᠦᠯᠬᠦ᠎ᠪᠠᠨ ᠴᠢᠩᠭ᠋ᠠᠳᠬᠠᠵᠤ᠂  ᠨᠢᠭᠡᠴᠢ ᠪᠠ ᠬᠤᠪᠢ ᠬᠥᠮᠦᠨ᠎ᠤ ᠪᠡᠯᠡ ᠣᠷᠣᠭᠤᠯᠵᠤ ᠬᠤᠪᠢ ᠣᠷᠣᠬᠤ᠂  ᠳᠠᠭ᠋ᠠᠭ᠋ᠠᠴᠢᠯᠠᠬᠤ᠂  ᠲᠦᠷᠢᠶᠡᠰᠦᠯᠡᠭᠦᠯᠬᠦ ᠵᠡᠷᠭᠡ ᠠᠷᠭ᠎ᠠ ᠮᠠᠶᠢᠭ᠎ᠢ ᠠᠪᠴᠤ᠂  ᠤᠰᠤ ᠬᠦᠷᠦᠰᠦ ᠵᠢᠨ ᠢᠳᠡᠭᠳᠡᠯ᠎ᠢ ᠵᠠᠰᠠᠬᠤ ᠵᠢ ᠵᠣᠷᠢᠭᠵᠢᠭᠤᠯᠬᠤ ᠬᠡᠷᠡᠭᠲᠡᠶ᠃

   ᠬᠣᠷᠢ ᠶᠢᠰᠦᠳᠦᠭᠡᠷ ᠵᠤᠷᠪᠤᠰ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠠᠮᠢᠶ᠎ᠠ ᠪᠦᠬᠦᠢ ᠨᠢᠭᠡᠴᠢ ᠪᠣᠯᠤᠨ ᠬᠤᠪᠢ ᠬᠥᠮᠦᠨ᠎ᠢ ᠵᠣᠬᠢᠶᠠᠨ ᠪᠠᠶ᠋ᠢᠭᠤᠯᠤᠨ᠂  ᠤᠰᠤ ᠬᠦᠷᠦᠰᠦ ᠵᠢᠨ ᠢᠳᠡᠭᠳᠡᠯ᠎ᠤᠨ ᠲᠥᠷᠥᠯ ᠵᠦᠢ᠍ᠯ ᠵᠢᠴᠢ ᠣᠨᠴᠠᠯᠢᠭ᠎ᠢ ᠦᠨᠳᠦᠰᠦᠯᠡᠨ᠂  ᠤᠰᠤ ᠬᠦᠷᠦᠰᠦ ᠵᠢᠨ ᠢᠳᠡᠭᠳᠡᠯ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠥᠷᠨᠢᠭᠦᠯᠬᠦ ᠬᠡᠷᠡᠭᠲᠡᠶ᠃

   ᠤᠰᠤ ᠢᠳᠡᠭᠳᠡᠵᠦ ᠪᠠᠶ᠋ᠢᠭ᠎ᠠ ᠭᠠᠵᠠᠷ ᠣᠷᠣᠨ᠎ᠳᠤ᠂  ᠪᠠᠶ᠋ᠢᠭ᠋ᠠᠯᠢ ᠵᠢᠨ ᠭᠤᠤ ᠭᠠᠩᠭ᠎ᠠ ᠬᠢᠭᠡᠳ ᠠᠭᠤᠯᠠ ᠵᠢᠨ ᠬᠤᠶᠠᠷ ᠬᠠᠵᠠᠭᠤ ᠵᠢᠨ ᠠᠭᠤᠯᠠᠨ ᠪᠡᠯ ᠵᠶ᠋ᠠᠷ ᠪᠦᠷᠢᠯᠳᠦᠭᠰᠡᠨ ᠵᠢᠵᠢᠭ ᠰᠠᠪᠠ ᠭᠠᠵᠠᠷ ᠵᠶ᠋ᠠᠷ ᠨᠢᠭᠡᠴᠢ ᠪᠣᠯᠭ᠋ᠠᠨ᠂  ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤ᠎ᠨᠢ ᠲᠣᠬᠢᠷᠠᠭᠤᠯᠤᠨ ᠢᠨᠵᠧᠨᠧᠷᠢᠩ᠎ᠤᠨ ᠠᠷᠭ᠎ᠠ ᠬᠡᠮᠵᠢᠶ᠎ᠡ᠂  ᠤᠷᠭᠤᠮᠠᠯ᠎ᠤᠨ ᠠᠷᠭ᠎ᠠ ᠬᠡᠮᠵᠢᠶ᠎ᠡ ᠪᠠ ᠬᠠᠮᠠᠭ᠋ᠠᠯᠠᠯᠲᠠ ᠵᠢᠨ ᠴᠢᠨᠠᠷᠲᠠᠶ ᠲᠠᠷᠢᠶᠠᠯᠠᠬᠤ ᠵᠡᠷᠭᠡ ᠠᠷᠭ᠎ᠠ ᠬᠡᠮᠵᠢᠶ᠎ᠡ ᠠᠪᠴᠤ᠂  ᠨᠠᠯᠠᠤ ᠲᠠᠷᠢᠶᠠᠨ ᠭᠠᠵᠠᠷ ᠪᠠ ᠭᠤᠤ ᠰᠤᠪᠠᠭ᠎ᠤᠨ ᠤᠰᠤ ᠬᠦᠷᠦᠰᠦ ᠵᠢᠨ ᠢᠳᠡᠭᠳᠡᠯ᠎ᠢ ᠶᠡᠷᠦᠩᠬᠡᠶ᠋ᠢᠯᠡᠨ ᠵᠠᠰᠠᠵᠤ᠂  ᠤᠰᠤ ᠬᠦᠷᠦᠰᠦ ᠵᠢᠨ ᠢᠳᠡᠭᠳᠡᠯ᠎ᠢ ᠶᠡᠷᠦᠩᠬᠡᠶ᠋ᠢᠯᠡᠨ ᠬᠠᠮᠠᠭ᠋ᠠᠯᠠᠬᠤ ᠰᠢᠰᠲ᠋ᠧᠮᠵᠢ ᠵᠢ ᠪᠠᠶ᠋ᠢᠭᠤᠯᠤᠨ᠎ᠠ᠃

   ᠰᠠᠯᠬᠢᠨ᠎ᠳᠤ ᠢᠳᠡᠭᠳᠡᠭᠰᠡᠨ ᠭᠠᠵᠠᠷ ᠣᠷᠣᠨ᠎ᠳᠤ᠂  ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠰᠡᠯᠭᠦᠨ ᠪᠡᠯᠴᠢᠭᠡᠷᠯᠡᠭᠦᠯᠬᠦ ᠪᠠ ᠡᠭᠡᠯᠵᠢᠯᠡᠨ ᠮᠠᠯᠵᠢᠬᠤ᠂  ᠰᠢᠨᠵᠢᠯᠡᠬᠦ ᠤᠬᠠᠭ᠋ᠠᠨᠴᠢ᠎ᠪᠠᠷ ᠨᠣᠭᠤᠭ᠋ᠠᠷᠠᠭᠤᠯᠬᠤ᠂  ᠬᠥᠮᠦᠨ᠎ᠤ ᠬᠦᠴᠦ᠎ᠪᠠᠷ ᠡᠯᠡᠰᠦ ᠵᠢ ᠰᠡᠷᠭᠡᠶ᠋ᠢᠯᠡᠬᠦ ᠪᠠ ᠲᠣᠤᠷᠵᠢᠭᠤᠯᠤᠭᠰᠠᠨ ᠣᠶ ᠵᠢᠨ ᠪᠦᠰᠡ ᠭᠠᠷᠭ᠋ᠠᠬᠤ ᠵᠡᠷᠭᠡ ᠠᠷᠭ᠎ᠠ ᠬᠡᠮᠵᠢᠶ᠎ᠡ ᠵᠢ ᠠᠪᠴᠤ᠂  ᠰᠠᠯᠬᠢ ᠵᠢ ᠰᠡᠷᠭᠡᠶ᠋ᠢᠯᠡᠵᠦ ᠡᠯᠡᠰᠦ ᠵᠢ ᠲᠣᠭᠲᠠᠪᠤᠷᠢᠵᠢᠭᠤᠯᠬᠤ ᠰᠢᠰᠲ᠋ᠧᠮ᠎ᠢ ᠪᠠᠶ᠋ᠢᠭᠤᠯᠬᠤ ᠬᠡᠷᠡᠭᠲᠡᠶ᠃

   ᠬᠦᠨᠳᠦ ᠬᠡᠴᠡᠭᠦᠦ ᠢᠳᠡᠭᠳᠡᠯ᠎ᠲᠠᠢ ᠣᠷᠣᠨ᠎ᠳᠤ ᠭᠧᠥᠯᠥᠬᠢ ᠵᠢᠨ ᠭᠠᠢ ᠭᠠᠮᠰᠢᠭ᠎ᠢ ᠰᠡᠷᠭᠡᠶ᠋ᠢᠯᠡᠨ ᠵᠠᠰᠠᠬᠤ᠎ᠲᠠᠢ ᠤᠶᠠᠯᠳᠤᠭᠤᠯᠤᠨ᠂  ᠬᠢᠨᠠᠨ ᠬᠡᠮᠵᠢᠬᠦ᠂  ᠠᠭᠤᠯᠠ ᠵᠢ ᠪᠢᠲᠡᠭᠦᠮᠵᠢᠯᠡᠨ ᠣᠶ᠋ᠢᠵᠢᠭᠤᠯᠬᠤ᠂  ᠤᠷᠭᠤᠮᠠᠯ᠎ᠤᠨ ᠨᠠᠯᠠᠤ ᠵᠢ ᠬᠠᠮᠠᠭ᠋ᠠᠯᠠᠬᠤ᠂  ᠤᠷᠤᠰᠬᠠᠯ᠎ᠤᠨ ᠬᠡᠮᠵᠢᠶ᠎ᠡ ᠵᠢ ᠪᠠᠭ᠋ᠠᠰᠬᠠᠬᠤ᠂  ᠨᠠᠯᠠᠤ ᠵᠢ ᠪᠠᠭ᠋ᠠᠰᠬᠠᠨ ᠳᠠᠭ᠋ᠠᠭ᠋ᠠᠴᠠ ᠵᠢ ᠪᠠᠭ᠋ᠠᠰᠬᠠᠬᠤ᠂  ᠨᠠᠯᠠᠤ ᠵᠢ ᠬᠠᠰᠢᠨ ᠬᠤᠷᠢᠭᠯᠠᠬᠤ᠂  ᠬᠠᠰᠢᠨ ᠬᠤᠷᠢᠭᠯᠠᠬᠤ ᠪᠠᠷᠢᠯᠭ᠎ᠠ ᠪᠠᠶ᠋ᠢᠭᠤᠯᠬᠤ ᠵᠡᠷᠭᠡ ᠠᠷᠭ᠎ᠠ ᠬᠡᠮᠵᠢᠶ᠎ᠡ ᠵᠢ ᠠᠪᠴᠤ᠂  ᠬᠢᠨᠠᠨ ᠬᠡᠮᠵᠢᠬᠦ᠂  ᠤᠷᠢᠳᠴᠢᠯᠠᠨ ᠮᠡᠳᠡᠭᠡᠯᠡᠬᠦ᠂  ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠎ᠢ ᠪᠠᠶ᠋ᠢᠭᠤᠯᠤᠨ᠎ᠠ᠃

   ᠭᠤᠴᠢᠳᠤᠭ᠋ᠠᠷ ᠵᠤᠷᠪᠤᠰ   ᠦᠢ᠍ᠯᠡᠳᠪᠦᠷᠢᠯᠡᠵᠦ ᠪᠦᠲᠦᠭᠡᠨ ᠪᠠᠶ᠋ᠢᠭᠤᠯᠬᠤ ᠠᠵᠢᠯᠯᠠᠭ᠎ᠠ᠎ᠳᠤ ᠡᠵᠡᠯᠡᠨ ᠬᠡᠷᠡᠭᠯᠡᠵᠦ ᠪᠠᠶ᠋ᠢᠭ᠎ᠠ ᠭᠠᠵᠠᠷ ᠰᠢᠷᠣᠶ ᠵᠢ ᠦᠢ᠍ᠯᠡᠳᠪᠦᠷᠢᠯᠡᠵᠦ ᠪᠦᠲᠦᠭᠡᠨ ᠪᠠᠶ᠋ᠢᠭᠤᠯᠬᠤ ᠨᠢᠭᠡᠴᠢ᠎ᠨᠢ ᠭᠠᠵᠠᠷ᠎ᠤᠨ ᠭᠠᠳᠠᠷᠭᠤ ᠵᠢ ᠳᠠᠪᠬᠤᠷᠭ᠎ᠠ ᠬᠤᠪᠢᠶᠠᠨ ᠰᠠᠯᠭ᠋ᠠᠬᠤ᠂  ᠬᠠᠳᠠᠭ᠋ᠠᠯᠠᠬᠤ ᠪᠠ ᠠᠰᠢᠭᠯᠠᠬᠤ ᠬᠡᠷᠡᠭᠲᠡᠶ᠂  ᠰᠢᠷᠣᠶ ᠴᠢᠯᠠᠭᠤ ᠵᠢ ᠮᠠᠯᠲᠠᠵᠤ ᠪᠥᠭᠯᠡᠬᠦ᠎ᠳᠡᠭᠡᠨ ᠲᠡᠩᠴᠡᠭᠦᠷᠢ᠎ᠲᠠᠢ ᠪᠠᠶ᠋ᠢᠯᠭ᠋ᠠᠵᠤ᠂  ᠭᠠᠵᠠᠷ᠎ᠤᠨ ᠭᠠᠳᠠᠷᠭᠤ ᠵᠢᠨ ᠬᠠᠷᠰᠢᠯᠠᠬᠤ ᠬᠡᠪᠴᠢᠶ᠎ᠡ ᠵᠢ ᠪᠠᠭ᠋ᠠᠰᠬᠠᠬᠤ ᠬᠡᠷᠡᠭᠲᠡᠶ; ᠬᠠᠶᠠᠭᠳᠠᠮᠠᠯ ᠬᠠᠶ᠋ᠢᠷ᠂  ᠴᠢᠯᠠᠭᠤ᠂  ᠰᠢᠷᠣᠶ᠂  ᠨᠡᠭᠦᠷᠡᠰᠦᠨ ᠴᠢᠯᠠᠭᠤ᠂  ᠦᠯᠡᠳᠡᠭᠳᠡᠯ ᠬᠦᠳᠡᠷ᠂  ᠬᠠᠶᠠᠭᠳᠠᠮᠠᠯ ᠰᠢᠭ᠋ᠠᠷᠤ ᠵᠡᠷᠭᠡ ᠬᠠᠳᠠᠭ᠋ᠠᠯᠠᠬᠤ ᠭᠠᠵᠠᠷ᠎ᠢ ᠬᠠᠰᠢᠬᠤ᠂  ᠨᠠᠯᠠᠤ ᠭᠠᠳᠠᠷᠭᠤ ᠵᠢ ᠰᠡᠷᠭᠡᠶ᠋ᠢᠯᠡᠨ ᠬᠠᠮᠠᠭ᠋ᠠᠯᠠᠬᠤ᠂  ᠦᠶᠡᠷ᠎ᠢ ᠰᠡᠷᠭᠡᠶ᠋ᠢᠯᠡᠵᠦ ᠵᠠᠯᠠᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠶ᠃

   ᠦᠢ᠍ᠯᠡᠳᠪᠦᠷᠢᠯᠡᠵᠦ ᠪᠦᠲᠦᠭᠡᠨ ᠪᠠᠶ᠋ᠢᠭᠤᠯᠬᠤ ᠲᠥᠷᠥᠯ ᠵᠦᠢ᠍ᠯ᠎ᠢ ᠵᠢᠷᠤᠭᠯᠠᠨ ᠲᠥᠯᠥᠪᠯᠡᠬᠦ ᠶᠠᠪᠤᠴᠠ᠎ᠳᠤ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠰᠢᠷᠣᠶ (ᠴᠢᠯᠠᠭᠤ᠂  ᠰᠢᠭ᠋ᠠᠷᠤ) ᠠᠪᠴᠤ ᠬᠠᠶᠠᠬᠤ ᠲᠠᠯᠠᠪᠤᠷ ᠪᠠᠶ᠋ᠢᠭᠤᠯᠬᠤ ᠪᠠ ᠰᠢᠷᠣᠶ ᠴᠢᠯᠠᠭᠤᠨ᠎ᠤ ᠲᠠᠯ᠎ᠠ ᠵᠢᠨ ᠲᠣᠭ᠎ᠠ ᠬᠡᠮᠵᠢᠶ᠎ᠡ ᠵᠢ ᠪᠠᠭ᠋ᠠᠰᠬᠠᠬᠤ ᠬᠡᠷᠡᠭᠲᠡᠶ᠃

   ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠠᠷᠢᠯᠭ᠎ᠠ ᠪᠠᠷᠢᠬᠤ ᠶᠠᠪᠤᠴᠠ᠎ᠳᠤ᠂  ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠢ᠎ᠨᠢ ᠪᠠᠷᠢᠯᠭ᠎ᠠ ᠪᠠᠷᠢᠬᠤ ᠦᠢ᠍ᠯᠡᠳᠪᠦᠷᠢᠯᠡᠯ᠎ᠤᠨ ᠲᠠᠯᠠᠪᠤᠷ᠎ᠢ ᠬᠠᠰᠢᠬᠤ᠂  ᠪᠦᠷᠬᠦᠬᠦ᠂  ᠬᠠᠶ᠋ᠢᠷ ᠴᠢᠯᠠᠭᠤ ᠵᠢ ᠳᠠᠷᠤᠬᠤ᠂  ᠤᠰᠤ ᠰᠦᠷᠴᠢᠨ ᠲᠣᠭᠣᠰᠣ ᠳᠠᠷᠤᠬᠤ᠂  ᠤᠰᠤ ᠭᠠᠳᠠᠭᠰᠢᠯᠠᠭᠤᠯᠬᠤ᠂  ᠡᠯᠡᠰᠦ ᠵᠢ ᠲᠤᠨᠤᠭ᠋ᠠᠬᠤ ᠵᠡᠷᠭᠡ ᠲᠦᠷ ᠴᠠᠭ᠎ᠤᠨ ᠠᠷᠭ᠎ᠠ ᠬᠡᠮᠵᠢᠶ᠎ᠡ ᠠᠪᠴᠤ᠂  ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠨ ᠬᠣᠷᠢᠭᠯᠠᠬᠤ ᠬᠡᠷᠡᠭᠲᠡᠶ᠃

   ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠳᠠᠭᠤᠰᠤᠭᠰᠠᠨ᠎ᠤ ᠳᠠᠷᠠᠭ᠎ᠠ᠂  ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠢ᠎ᠨᠢ ᠰᠢᠷᠣᠶ ᠠᠪᠤᠭᠰᠠᠨ ᠲᠠᠯᠠᠪᠠᠶ᠂  ᠮᠠᠯᠲᠠᠭᠰᠠᠨ ᠭᠠᠳᠠᠷᠭᠤ ᠪᠠ ᠬᠠᠳᠠᠭ᠋ᠠᠯᠠᠭᠰᠠᠨ ᠭᠠᠵᠠᠷ᠎ᠤᠨ ᠨᠢᠴᠦᠭᠦᠨ ᠭᠠᠵᠠᠷ ᠳᠡᠭᠡᠷ᠎ᠡ ᠡᠪᠡᠰᠦ ᠮᠣᠳᠣ ᠲᠠᠷᠢᠵᠤ᠂  ᠤᠷᠭᠤᠮᠠᠯ᠎ᠤᠨ ᠪᠦᠷᠬᠦᠴᠡ ᠵᠢ ᠰᠡᠷᠭᠦᠭᠡᠨ᠂  ᠬᠥᠮᠥᠷᠭᠡ ᠵᠢᠨ ᠦᠯᠡᠳᠡᠭᠳᠡᠯ ᠬᠦᠳᠡᠷ᠎ᠤᠨ ᠬᠥᠮᠥᠷᠭᠡ ᠵᠢ ᠴᠠᠭ ᠲᠤᠬᠠᠶ᠎ᠳᠤᠨᠢ ᠬᠠᠭ᠋ᠠᠯᠪᠤᠷᠢᠯᠠᠬᠤ ᠬᠡᠷᠡᠭᠲᠡᠶ᠃

   ᠭᠤᠴᠢᠨ ᠨᠢᠭᠡᠳᠦᠭᠡᠷ ᠵᠤᠷᠪᠤᠰ   ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠠᠵᠢᠯ ᠵᠣᠭᠰᠣᠵᠤ᠂  ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠢ᠎ᠨᠢ ᠨᠢᠭᠡᠨᠲᠡ ᠪᠤᠶ ᠪᠣᠯᠤᠭᠰᠠᠨ ᠵᠠᠮ᠎ᠤᠨ ᠳᠠᠯᠠᠩ᠂  ᠰᠠᠭᠤᠭᠳᠠᠭᠰᠠᠨ ᠪᠡᠯ᠂  ᠪᠠᠷᠢᠯᠭ᠎ᠠ ᠵᠢᠨ ᠭᠠᠵᠠᠷ᠂  ᠮᠠᠲ᠋ᠧᠷᠢᠶᠠᠯ ᠣᠪᠣᠭ᠋ᠠᠯᠠᠬᠤ ᠲᠠᠯᠠᠪᠠᠶ᠂  ᠰᠢᠷᠣᠶ ᠣᠪᠣᠭ᠋ᠠᠯᠠᠵᠤ ᠰᠢᠭ᠋ᠠᠷᠤ ᠬᠠᠶᠠᠬᠤ᠂  ᠪᠠᠷᠢᠯᠭ᠎ᠠ ᠵᠢᠨ ᠵᠠᠮ ᠵᠡᠷᠭᠡ᠎ᠳᠤ ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃

   ᠭᠤᠴᠢᠨ ᠬᠣᠶᠠᠳᠤᠭ᠋ᠠᠷ ᠵᠤᠷᠪᠤᠰ   ᠡᠳ᠋᠎ᠤᠨ ᠵᠠᠰᠠᠭ᠎ᠤᠨ ᠪᠡᠯᠡ ᠮᠥᠩᠭᠥ᠎ᠪᠠᠷ ᠳᠠᠮᠵᠢᠵᠤ ᠪᠦᠲᠦᠭᠡᠨ ᠪᠠᠶ᠋ᠢᠭᠤᠯᠤᠭᠰᠠᠨ ᠤᠰᠤ ᠬᠦᠷᠦᠰᠦ ᠵᠢ ᠬᠠᠮᠠᠭ᠋ᠠᠯᠠᠬᠤ ᠪᠠᠷᠢᠯᠭ᠎ᠠ ᠳᠠᠭᠤᠰᠤᠭᠰᠠᠨ᠎ᠤ ᠳᠠᠷᠠᠭ᠎ᠠ᠂  ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠮᠡᠷᠭᠡᠵᠢᠯ᠎ᠤᠨ ᠵᠢᠷᠤᠮᠵᠢᠯ ᠶᠣᠰᠣᠭ᠋ᠠᠷ ᠵᠣᠬᠢᠶᠠᠨ ᠪᠠᠶ᠋ᠢᠭᠤᠯᠤᠨ ᠰᠢᠯᠭ᠋ᠠᠨ ᠠᠪᠬᠤ ᠵᠢᠨ ᠬᠠᠮᠲᠤ ᠲᠡᠮᠳᠡᠭ ᠪᠠᠶ᠋ᠢᠭᠤᠯᠤᠨ᠂  ᠳᠠᠩᠰᠠ ᠡᠪᠬᠡᠮᠡᠯ ᠪᠠᠶ᠋ᠢᠭᠤᠯᠵᠤ᠂  ᠬᠠᠮᠢᠶᠠᠷᠤᠯᠲᠠ ᠵᠢᠨ ᠭᠣᠤᠯ ᠴᠣᠭᠴᠠ ᠵᠢ ᠲᠣᠳᠣᠷᠬᠠᠶ᠋ᠢᠯᠠᠬᠤ ᠬᠡᠷᠡᠭᠲᠡᠶ᠃

   ᠲᠠᠪᠤᠳᠤᠭ᠋ᠠᠷ ᠪᠦᠯᠦᠭ   ᠬᠢᠨᠠᠨ ᠬᠡᠮᠵᠢᠬᠦ ᠪᠠ ᠬᠢᠨᠠᠯᠲᠠ ᠲᠠᠯᠪᠢᠬᠤ

   ᠭᠤᠴᠢᠨ ᠭᠤᠷᠪᠠᠳᠤᠭ᠋ᠠᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠢᠨᠠᠨ ᠬᠡᠮᠵᠢᠬᠦ ᠥᠷᠲᠡᠭᠡ ᠴᠢᠭ᠎ᠢ ᠵᠦᠢ ᠵᠣᠬᠢᠰᠲᠠᠶ ᠪᠠᠶ᠋ᠢᠷᠢᠰᠢᠭᠤᠯᠵᠤ᠂  ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠤᠰᠤ ᠬᠦᠷᠦᠰᠦ ᠵᠢᠨ ᠬᠠᠮᠠᠭ᠋ᠠᠯᠠᠯᠲᠠ ᠵᠢᠨ ᠬᠢᠨᠠᠨ ᠬᠡᠮᠵᠢᠬᠦ ᠲᠣᠤᠷ ᠰᠦᠯᠵᠢᠶ᠎ᠡ ᠵᠢ ᠪᠦᠷᠢᠨᠰᠢᠭᠦᠯᠦᠨ ᠲᠡᠭᠦᠯᠳᠡᠷᠵᠢᠭᠦᠯᠬᠦ ᠵᠢᠨ ᠬᠠᠮᠲᠤ᠂  ᠪᠠᠶ᠋ᠢᠭ᠋ᠠᠯᠢ ᠵᠢᠨ ᠡᠬᠢ ᠪᠠᠶᠠᠯᠢᠭ᠂  ᠠᠮᠢ ᠠᠬᠤᠶ ᠵᠢᠨ ᠣᠷᠴᠢᠨ ᠲᠣᠭᠣᠷᠢᠨ᠂  ᠲᠠᠷᠢᠶᠠᠯᠠᠩ ᠮᠠᠯ ᠠᠵᠤ ᠠᠬᠤᠶ᠂  ᠣᠶ ᠰᠢᠭᠤᠶ ᠪᠣᠯᠤᠨ ᠨᠤᠲᠤᠭ ᠪᠡᠯᠴᠢᠭᠡᠷ᠂  ᠴᠠᠭ ᠠᠭᠤᠷ ᠵᠡᠷᠭᠡ ᠰᠠᠯᠠᠭ᠎ᠠ ᠮᠥᠴᠢᠷ᠎ᠤᠨ ᠬᠢᠨᠠᠨ ᠬᠡᠮᠵᠢᠭᠰᠡᠨ ᠦᠷ᠎ᠡ ᠪᠦᠲᠦᠭᠡᠯ᠎ᠢ ᠭᠦᠢ᠍ᠴᠡᠳ ᠠᠰᠢᠭᠯᠠᠵᠤ᠂  ᠲᠡᠷᠢᠭᠦᠨ᠎ᠤ ᠮᠡᠷᠭᠡᠵᠢᠯ᠎ᠤᠨ ᠠᠷᠭ᠎ᠠ ᠪᠠᠷᠢᠯ᠎ᠢ ᠬᠡᠷᠡᠭᠯᠡᠨ ᠤᠰᠤ ᠬᠦᠷᠦᠰᠦ ᠵᠢᠨ ᠢᠳᠡᠭᠳᠡᠯ᠎ᠳᠤ ᠬᠥᠳᠡᠯᠦᠩᠭᠦᠶ ᠬᠢᠨᠠᠨ ᠬᠡᠮᠵᠢᠯᠲᠡ ᠬᠢᠵᠦ᠂  ᠤᠰᠤ ᠬᠦᠷᠦᠰᠦ ᠵᠢᠨ ᠬᠠᠮᠠᠭ᠋ᠠᠯᠠᠯᠲᠠ ᠵᠢᠨ ᠬᠢᠨᠠᠨ ᠬᠡᠮᠵᠢᠬᠦ ᠠᠵᠢᠯ᠎ᠤᠨ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂  ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠣᠯᠤᠨ ᠨᠡᠶ᠋ᠢᠭᠡᠮ ᠨᠡᠶ᠋ᠢᠲᠡ ᠵᠢᠨ ᠦᠢ᠍ᠯᠡᠴᠢᠯᠡᠭᠡᠨ᠎ᠤ ᠳᠤᠮᠳᠠᠬᠢ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠶ᠃  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠰᠤ ᠬᠦᠷᠦᠰᠦ ᠵᠢ ᠬᠠᠮᠠᠭ᠋ᠠᠯᠠᠬᠤ ᠬᠢᠨᠠᠨ ᠬᠡᠮᠵᠢᠬᠦ ᠠᠵᠢᠯ᠎ᠤᠨ ᠵᠠᠷᠤᠳᠠᠯ᠎ᠢ ᠪᠠᠲᠤᠯᠠᠬᠤ ᠬᠡᠷᠡᠭᠲᠡᠶ᠃

   ᠭᠤᠴᠢᠨ ᠳᠥᠷᠪᠡᠳᠦᠭᠡᠷ ᠵᠤᠷᠪᠤᠰ   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠤᠰᠤ ᠬᠦᠷᠦᠰᠦ ᠵᠢ ᠬᠠᠮᠠᠭ᠋ᠠᠯᠠᠵᠤ ᠬᠢᠨᠠᠨ ᠬᠡᠮᠵᠢᠭᠰᠡᠨ ᠪᠠᠶ᠋ᠢᠳᠠᠯ᠎ᠢ ᠦᠨᠳᠦᠰᠦᠯᠡᠨ᠂  ᠳᠣᠤᠷᠠᠬᠢ ᠮᠡᠲᠦ ᠵᠤᠷᠪᠤᠰ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠠᠯᠪᠠᠨ ᠵᠠᠷ ᠭᠠᠷᠭ᠋ᠠᠬᠤ ᠬᠡᠷᠡᠭᠲᠡᠶ᠄

  (ᠨᠢᠭᠡ) ᠤᠰᠤ ᠬᠦᠷᠦᠰᠦ ᠵᠢᠨ ᠢᠳᠡᠭᠳᠡᠯ᠎ᠤᠨ ᠲᠥᠷᠥᠯ ᠬᠡᠯᠪᠡᠷᠢ᠂  ᠲᠠᠯᠠᠪᠠᠶ᠂  ᠬᠦᠴᠦᠯᠡᠴᠡ᠂  ᠲᠠᠷᠬᠠᠯᠲᠠ ᠵᠢᠨ ᠪᠠᠶ᠋ᠢᠳᠠᠯ ᠪᠠ ᠬᠤᠪᠢᠷᠠᠯᠲᠠ ᠵᠢᠨ ᠬᠠᠨᠳᠤᠰᠢ;

  (ᠬᠤᠶᠠᠷ) ᠤᠰᠤ ᠬᠦᠷᠦᠰᠦ ᠵᠢᠨ ᠢᠳᠡᠭᠳᠡᠯ᠎ᠠᠴᠠ ᠪᠣᠯᠤᠭᠰᠠᠨ ᠬᠣᠣᠷ ᠬᠥᠨᠥᠭᠡᠯ;

  (ᠭᠤᠷᠪᠠ) ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠬᠦ ᠪᠠ ᠵᠠᠰᠠᠭᠰᠠᠨ ᠪᠠᠶ᠋ᠢᠳᠠᠯ᠃

   ᠣᠨᠴᠠ ᠲᠣᠭᠲᠠᠭᠰᠠᠨ ᠡᠲᠡᠭᠡᠳ ᠪᠤᠶᠤ ᠣᠷᠣᠨ᠎ᠤ ᠤᠰᠤ ᠬᠦᠷᠦᠰᠦ ᠵᠢ ᠬᠠᠮᠠᠭ᠋ᠠᠯᠠᠵᠤ ᠬᠢᠨᠠᠨ ᠬᠡᠮᠵᠢᠭᠰᠡᠨ ᠪᠠᠶ᠋ᠢᠳᠠᠯ᠎ᠢ ᠴᠠᠭ᠎ᠲᠤᠨᠢ ᠲᠣᠬᠢᠷᠠᠭᠤᠯᠤᠨ ᠨᠡᠶ᠋ᠢᠲᠡᠯᠡᠬᠦ ᠬᠡᠷᠡᠭᠲᠡᠶ᠃

   ᠠᠶ᠋ᠢᠮᠠᠭ᠎ᠤᠨ ᠵᠠᠬᠢᠷᠭ᠎ᠠ᠂  ᠲᠣᠭᠣᠷᠢᠭ᠎ᠲᠠᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠣᠯᠤᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠤᠰᠤ ᠬᠦᠷᠦᠰᠦ ᠵᠢᠨ ᠢᠳᠡᠭᠳᠡᠯ᠎ᠤᠨ ᠪᠠᠶ᠋ᠢᠳᠠᠯ᠎ᠢ ᠦᠨᠳᠦᠰᠦᠯᠡᠨ᠂  ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠤᠰᠤ ᠬᠦᠷᠦᠰᠦ ᠵᠢᠨ ᠬᠠᠮᠠᠭ᠋ᠠᠯᠠᠯᠲᠠ ᠵᠢᠨ ᠬᠢᠨᠠᠨ ᠬᠡᠮᠵᠢᠯᠲᠡ ᠵᠢᠨ ᠠᠯᠪᠠᠨ ᠵᠠᠷ᠎ᠢ ᠨᠡᠶ᠋ᠢᠭᠡᠮ᠎ᠳᠤ ᠴᠠᠭ ᠲᠤᠬᠠᠶ᠎ᠳᠤᠨᠢ ᠨᠡᠶ᠋ᠢᠲᠡᠯᠡᠬᠦ ᠬᠡᠷᠡᠭᠲᠡᠶ᠃

   ᠭᠤᠴᠢᠨ ᠲᠠᠪᠤᠳᠤᠭ᠋ᠠᠷ ᠵᠤᠷᠪᠤᠰ   ᠤᠰᠤ ᠬᠦᠷᠦᠰᠦ ᠵᠢᠨ ᠬᠦᠨᠳᠦ ᠨᠣᠴᠢᠲᠠᠶ ᠢᠳᠡᠭᠳᠡᠵᠦ ᠮᠡᠳᠡᠬᠦ ᠲᠣᠮᠣ ᠳᠤᠮᠳᠠ ᠬᠡᠯᠪᠡᠷᠢ ᠵᠢᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠦᠢ᠍ᠯᠡᠳᠪᠦᠷᠢᠯᠡᠵᠦ ᠪᠦᠲᠦᠭᠡᠨ ᠪᠠᠶ᠋ᠢᠭᠤᠯᠬᠤ ᠨᠢᠭᠡᠴᠢ᠎ᠨᠢ ᠥᠪᠡᠰᠦᠪᠡᠨ ᠪᠤᠶᠤ ᠵᠣᠬᠢᠴᠠᠩᠭᠤᠶ ᠪᠦᠬᠦᠢ ᠮᠡᠷᠭᠡᠵᠢᠯ᠎ᠤᠨ ᠨᠥᠬᠥᠴᠡᠯ᠎ᠲᠠᠢ ᠪᠠᠶ᠋ᠢᠭᠤᠯᠤᠮᠵᠢ᠎ᠳᠤ ᠨᠠᠶ᠋ᠢᠳᠠᠵᠤ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ᠎ᠠᠴᠠ ᠪᠣᠯᠤᠭᠰᠠᠨ ᠤᠰᠤ ᠬᠦᠷᠦᠰᠦ ᠵᠢᠨ ᠢᠳᠡᠭᠳᠡᠯ᠎ᠳᠤ ᠬᠢᠨᠠᠨ ᠬᠡᠮᠵᠢᠯᠲᠡ ᠬᠢᠯᠭᠡᠬᠦ ᠵᠢᠨ ᠬᠠᠮᠲᠤ ᠬᠢᠨᠠᠨ ᠬᠡᠮᠵᠢᠭᠰᠡᠨ ᠪᠠᠶ᠋ᠢᠳᠠᠯ ᠵᠶ᠋ᠠᠨ ᠤᠯᠠᠷᠢᠯ ᠵᠶ᠋ᠠᠷ ᠲᠤᠬᠠᠶ ᠵᠢᠨ ᠭᠠᠵᠠᠷ᠎ᠤᠨ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃

   ᠤᠰᠤ ᠬᠦᠷᠦᠰᠦ ᠵᠢ ᠬᠠᠮᠠᠭ᠋ᠠᠯᠠᠬᠤ ᠣᠷᠣᠨ ᠪᠦᠰᠡ ᠵᠢᠨ ᠦᠨᠡᠯᠡᠨ ᠵᠢᠱ᠌ᠢᠯᠲᠡ ᠵᠢ ᠬᠡᠷᠡᠭᠵᠢᠭᠦᠯᠦᠭᠰᠡᠨ ᠨᠡᠭᠡᠭᠡᠯᠲᠡ ᠵᠢᠨ ᠣᠷᠣᠨ᠎ᠢ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠤᠰᠤ ᠬᠦᠷᠦᠰᠦ ᠵᠢ ᠬᠠᠮᠠᠭ᠋ᠠᠯᠠᠬᠤ ᠬᠢᠨᠠᠨ ᠬᠡᠮᠵᠢᠯᠲᠡ ᠵᠢ ᠨᠢᠭᠡᠳᠦᠯᠲᠡᠶ ᠥᠷᠨᠢᠭᠦᠯᠦᠭᠰᠡᠨ ᠪᠣᠯ ᠣᠷᠣᠨ ᠪᠦᠰᠡ ᠵᠢᠨ ᠳᠣᠲᠣᠷᠠᠬᠢ ᠲᠥᠷᠥᠯ ᠵᠦᠢ᠍ᠯ᠎ᠢ ᠳᠠᠬᠢᠵᠤ ᠲᠤᠰᠠᠭ᠋ᠠᠷ ᠬᠢᠨᠠᠨ ᠰᠢᠨᠵᠢᠬᠦ ᠠᠵᠢᠯᠯᠠᠭ᠎ᠠ ᠥᠷᠨᠢᠭᠦᠯᠬᠦ ᠦᠭᠡᠶ ᠪᠠᠶ᠋ᠢᠵᠤ ᠪᠣᠯᠤᠨ᠎ᠠ᠃

   ᠭᠤᠴᠢᠨ ᠵᠢᠷᠭᠤᠳᠤᠭ᠋ᠠᠷ ᠵᠤᠷᠪᠤᠰ   ᠤᠰᠤ ᠬᠦᠷᠦᠰᠦ ᠵᠢ ᠬᠠᠮᠠᠭ᠋ᠠᠯᠠᠬᠤ ᠬᠢᠨᠠᠨ ᠬᠡᠮᠵᠢᠬᠦ ᠠᠵᠢᠯ ᠬᠢᠵᠦ ᠪᠠᠶ᠋ᠢᠭ᠎ᠠ ᠨᠢᠭᠡᠴᠢ᠎ᠨᠢ ᠰᠠᠭᠤᠭ᠎ᠠ ᠭᠠᠵᠠᠷ᠎ᠤᠨ ᠵᠶ᠋ᠠᠨ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠢᠨᠠᠨ ᠬᠡᠮᠵᠢᠭᠰᠡᠨ ᠲᠣᠭ᠎ᠠ ᠪᠠᠷᠢᠮᠲᠠ᠎ᠪᠠᠨ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠬᠦ ᠬᠡᠷᠡᠭᠲᠡᠶ᠃  ᠶᠠᠮᠠᠷᠪᠠ ᠨᠢᠭᠡᠴᠢ ᠪᠣᠯᠤᠨ ᠬᠤᠪᠢ ᠬᠥᠮᠦᠨ ᠤᠰᠤ ᠬᠦᠷᠦᠰᠦ ᠵᠢ ᠬᠠᠮᠠᠭ᠋ᠠᠯᠠᠬᠤ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠮᠡᠳᠡᠭᠦᠯᠬᠦ ᠦᠭᠡᠶ᠂  ᠮᠡᠳᠡᠭᠦᠯᠬᠦ ᠦᠭᠡᠶ ᠪᠠ ᠬᠠᠭᠤᠷᠮᠠᠭ ᠵᠶ᠋ᠠᠷ ᠵᠣᠬᠢᠶᠠᠵᠤ ᠪᠣᠯᠬᠤ ᠦᠭᠡᠶ᠃

   ᠭᠤᠴᠢᠨ ᠳᠣᠯᠣᠳᠤᠭ᠋ᠠᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠤᠰᠤ ᠬᠦᠷᠦᠰᠦ ᠵᠢ ᠬᠠᠮᠠᠭ᠋ᠠᠯᠠᠬᠤ ᠢᠲᠡᠭᠡᠮᠵᠢ ᠵᠢᠨ ᠦᠨᠡᠯᠡᠯᠲᠡ ᠵᠢᠨ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠵᠦ᠂  ᠢᠲᠡᠭᠡᠮᠵᠢ᠎ᠲᠠᠢ ᠪᠠᠶ᠋ᠢᠬᠤ ᠵᠢ ᠤᠷᠮᠠᠰᠢᠭᠤᠯᠬᠤ ᠪᠠ ᠢᠲᠡᠭᠡᠯ ᠵᠶ᠋ᠠᠨ ᠠᠯᠳᠠᠭᠰᠠᠨ᠎ᠢ ᠵᠠᠯᠬᠠᠭ᠋ᠠᠨ ᠴᠡᠭᠡᠷᠯᠡᠭᠦᠯᠬᠦ ᠳᠦᠷᠢᠮ᠎ᠢ ᠬᠠᠤᠯᠢ ᠶᠣᠰᠣᠭ᠋ᠠᠷ ᠬᠡᠷᠡᠭᠵᠢᠭᠦᠯᠵᠦ᠂  ᠬᠠᠮᠢᠶ᠎ᠠ ᠪᠦᠬᠦᠢ ᠢᠲᠡᠭᠡᠮᠵᠢ ᠵᠢᠨ ᠲᠡᠮᠳᠡᠭᠯᠡᠯ᠎ᠢ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠳᠤ ᠣᠷᠣᠭᠤᠯᠬᠤ ᠬᠡᠷᠡᠭᠲᠡᠶ᠃

   ᠭᠤᠴᠢᠨ ᠨᠠᠢ᠍ᠮᠠᠳᠤᠭ᠋ᠠᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠤᠰᠤ ᠬᠦᠷᠦᠰᠦ ᠵᠢ ᠬᠠᠮᠠᠭ᠋ᠠᠯᠠᠭᠰᠠᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠬᠠᠷᠢᠭᠤᠴᠠᠨ᠎ᠠ᠃

   ᠭᠤᠴᠢ ᠶᠢᠰᠦᠳᠦᠭᠡᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠢᠯᠡᠴᠢᠯᠡᠨ ᠮᠡᠳᠡᠭᠦᠯᠬᠦ ᠪᠣᠯᠤᠨ ᠵᠠᠭ᠋ᠠᠯᠳᠤᠯᠭ᠎ᠠ ᠵᠢ ᠬᠦᠯᠢᠶᠡᠨ ᠠᠪᠴᠤ ᠰᠢᠢ᠍ᠳᠪᠦᠷᠢᠯᠡᠬᠦ ᠳᠦᠷᠢᠮ᠎ᠢ ᠲᠣᠭᠲᠠᠭ᠋ᠠᠨ ᠲᠡᠭᠦᠯᠳᠡᠷᠵᠢᠭᠦᠯᠵᠦ᠂  ᠢᠯᠡᠴᠢᠯᠡᠨ ᠮᠡᠳᠡᠭᠦᠯᠬᠦ ᠳ᠋ᠢᠶᠠᠩᠬᠤᠸᠠ᠂  ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠬᠦ ᠲᠠᠪᠴᠠᠩ᠎ᠢ ᠢᠯᠡ ᠪᠣᠯᠭ᠋ᠠᠵᠤ᠂  ᠢᠯᠡᠴᠢᠯᠡᠨ ᠮᠡᠳᠡᠭᠦᠯᠦᠭᠰᠡᠨ᠂  ᠵᠠᠭ᠋ᠠᠯᠳᠤᠯᠭ᠎ᠠ ᠵᠢ ᠬᠠᠤᠯᠢ ᠶᠣᠰᠣᠭ᠋ᠠᠷ ᠴᠠᠭ ᠲᠤᠬᠠᠶ᠎ᠳᠤᠨᠢ ᠰᠢᠢ᠍ᠳᠪᠦᠷᠢᠯᠡᠬᠦ ᠬᠡᠷᠡᠭᠲᠡᠶ᠃

   ᠵᠢᠷᠭᠤᠳᠤᠭ᠋ᠠᠷ ᠪᠦᠯᠦᠭ   ᠬᠠᠤᠯᠢ ᠵᠢᠨ ᠬᠠᠷᠢᠭᠤᠴᠠᠯᠭ᠎ᠠ

   ᠳᠥᠴᠢᠳᠦᠭᠡᠷ ᠵᠤᠷᠪᠤᠰ   ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤ ᠬᠦᠷᠦᠰᠦ ᠵᠢ ᠬᠠᠮᠠᠭ᠋ᠠᠯᠠᠬᠤ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠤᠨ ᠭᠣᠤᠯ᠎ᠤᠨ ᠬᠠᠮᠠᠭ᠋ᠠᠯᠠᠯᠲᠠ ᠵᠢᠨ ᠬᠠᠤᠯᠢ》 ᠵᠡᠷᠭᠡ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂  ᠬᠠᠤᠯᠢ ᠲᠣᠭᠲᠠᠭ᠋ᠠᠯ᠎ᠳᠤ ᠪᠣᠳᠠᠲᠠᠶ ᠰᠢᠢ᠍ᠳᠭᠡᠨ ᠲᠣᠷᠭ᠋ᠠᠬᠤ ᠲᠣᠭᠲᠠᠭ᠋ᠠᠯ ᠭᠠᠷᠭ᠋ᠠᠭᠰᠠᠨ ᠪᠠᠶ᠋ᠢᠪᠠᠯ᠂  ᠲᠡᠷᠡ ᠲᠣᠭᠲᠠᠭ᠋ᠠᠯ᠎ᠢ᠎ᠨᠢ ᠳᠠᠭ᠋ᠠᠬᠤ ᠬᠡᠷᠡᠭᠲᠡᠶ᠃

   ᠳᠥᠴᠢᠨ ᠨᠢᠭᠡᠳᠦᠭᠡᠷ ᠵᠤᠷᠪᠤᠰ   ᠲᠤᠰ ᠳᠦᠷᠢᠮ᠎ᠤᠨ ᠠᠷᠪᠠᠨ ᠨᠠᠢ᠍ᠮᠠᠳᠤᠭ᠋ᠠᠷ ᠵᠤᠷᠪᠤᠰ᠎ᠤᠨ ᠨᠢᠭᠡᠳᠦᠭᠡᠷ ᠵᠤᠷᠪᠤᠰ᠎ᠤᠨ ᠲᠣᠭᠲᠠᠭ᠋ᠠᠯ᠎ᠠᠴᠠ ᠵᠥᠷᠢᠴᠡᠨ᠂  ᠠᠽᠤᠲ ᠲᠤᠭᠲᠠᠭ᠋ᠠᠬᠤ ᠡᠷᠢᠭᠡᠯᠢᠭ ᠵᠠᠮᠠᠭ ᠲᠡᠭᠦᠬᠦ᠂  ᠡᠰᠡᠬᠦᠯ᠎ᠡ ᠤᠰᠤ ᠬᠦᠷᠦᠰᠦ ᠵᠢᠨ ᠢᠳᠡᠭᠳᠡᠯ᠎ᠤᠨ ᠭᠣᠤᠯᠳᠠᠯᠭ᠎ᠠ᠎ᠲᠠᠢ ᠤᠷᠢᠳᠴᠢᠯᠠᠨ ᠰᠡᠷᠭᠡᠶ᠋ᠢᠯᠡᠬᠦ ᠣᠷᠣᠨ ᠪᠣᠯᠤᠨ ᠭᠣᠤᠯᠳᠠᠯᠭ᠎ᠠ᠎ᠲᠠᠢ ᠵᠠᠰᠠᠬᠤ ᠣᠷᠣᠨ᠎ᠳᠤ ᠵᠦᠯᠭᠡ ᠬᠤᠰᠤᠬᠤ᠂  ᠮᠤᠳᠤᠨ᠎ᠤ ᠤᠭ ᠪᠠ ᠬᠠᠩᠭᠢᠷ ᠵᠢᠩᠭᠢᠷ᠂  ᠤᠯᠠᠭ᠋ᠠᠨ ᠭᠤᠶᠣᠣ᠂  ᠰᠢᠬᠢᠷ ᠡᠪᠡᠰᠦ᠂  ᠵᠡᠭᠡᠷᠭᠡᠨ᠎ᠡ ᠵᠡᠷᠭᠡ ᠵᠢ ᠳᠤᠷ᠎ᠠ᠎ᠪᠠᠷ ᠵᠶ᠋ᠠᠨ ᠮᠠᠯᠲᠠᠭᠰᠠᠨ ᠪᠣᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠣᠭᠰᠣᠭ᠋ᠠᠵᠤ᠂  ᠨᠥᠬᠥᠵᠦ ᠵᠠᠰᠠᠬᠤ ᠠᠷᠭ᠎ᠠ ᠬᠡᠮᠵᠢᠶ᠎ᠡ ᠠᠪᠴᠤ᠂  ᠬᠠᠤᠯᠢ᠎ᠠᠴᠠ ᠵᠥᠷᠢᠴᠡᠭᠰᠡᠨ ᠣᠯᠵᠠᠪᠤᠷᠢ ᠵᠢ᠎ᠨᠢ ᠬᠤᠷᠢᠶᠠᠨ ᠠᠪᠬᠤ ᠵᠢᠨ ᠬᠠᠮᠲᠤ ᠬᠠᠤᠯᠢ᠎ᠠᠴᠠ ᠵᠥᠷᠢᠴᠡᠭᠰᠡᠨ ᠣᠯᠵᠠᠪᠤᠷᠢ ᠦᠭᠡᠶ ᠪᠣᠯ 5 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠪᠣᠯᠤᠨ᠎ᠠ᠃

   ᠨᠤᠲᠤᠭ ᠪᠡᠯᠴᠢᠭᠡᠷ᠎ᠤᠨ ᠭᠠᠵᠠᠷ ᠣᠷᠣᠨ᠎ᠳᠤ ᠡᠮᠦᠨᠡᠬᠢ ᠵᠤᠷᠪᠤᠰ᠎ᠤᠨ ᠲᠣᠭᠲᠠᠭ᠋ᠠᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ ᠪᠣᠯ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠭᠡᠨ ᠲᠣᠷᠭ᠋ᠠᠨ᠎ᠠ᠃

   ᠳᠥᠴᠢᠨ ᠬᠣᠶᠠᠳᠤᠭ᠋ᠠᠷ ᠵᠤᠷᠪᠤᠰ   ᠤᠰᠤ ᠬᠦᠷᠦᠰᠦ ᠵᠢ ᠬᠠᠮᠠᠭ᠋ᠠᠯᠠᠬᠤ ᠠᠵᠢᠯ᠎ᠤᠨ ᠳᠤᠮᠳᠠ ᠠᠯᠪᠠᠨ ᠲᠤᠰᠢᠶᠠᠯ᠎ᠳᠠᠭᠠᠨ ᠠᠯᠮᠠᠶ᠋ᠢᠷᠠᠨ ᠣᠰᠣᠯᠳᠠᠵᠤ᠂  ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠵᠦ᠂  ᠭᠣᠶᠠᠴᠢᠯᠠᠨ ᠬᠠᠤᠯᠢ ᠶᠣᠰᠣ ᠵᠢ ᠵᠥᠷᠢᠴᠡᠭᠰᠡᠨ ᠪᠣᠯ ᠰᠢᠭᠤᠳ ᠬᠠᠷᠢᠭᠤᠴᠠᠵᠤ ᠪᠠᠶ᠋ᠢᠭ᠎ᠠ ᠭᠣᠤᠯᠴᠢᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ᠎ᠳᠤ ᠬᠠᠤᠯᠢ ᠶᠣᠰᠣᠭ᠋ᠠᠷ ᠰᠢᠢ᠍ᠳᠭᠡᠯ ᠣᠯᠭᠣᠨ᠎ᠠ; ᠶᠠᠯ᠎ᠠ᠎ᠳᠤ ᠬᠦᠷᠦᠭᠰᠡᠨ ᠪᠣᠯ᠂  ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

   ᠳᠣᠯᠣᠳᠤᠭ᠋ᠠᠷ ᠪᠦᠯᠦᠭ   ᠳᠠᠭ᠋ᠠᠯᠳᠤᠭᠤᠯᠤᠯ ᠳᠦᠷᠢᠮ

   ᠳᠥᠴᠢᠨ ᠭᠤᠷᠪᠠᠳᠤᠭ᠋ᠠᠷ ᠵᠤᠷᠪᠤᠰ   ᠲᠣᠰ ᠲᠦᠷᠢᠮ᠎ᠢ 2024 ᠣᠨ᠎ᠤ 9 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
 
            