ᠬᠡᠯᠬᠢᠶᠡᠰᠦᠨ ᠨᠣᠮᠧᠷ᠄ 000014348/2025 — 01231
ᠭᠤᠣᠯ ᠰᠡᠳᠦᠪ᠎ᠤᠨ ᠠᠩᠭᠢᠯᠠᠯ᠄ ᠤᠰᠤᠨ ᠠᠰᠢᠭᠯᠠᠯᠲᠠ
ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
ᠪᠢᠴᠢᠭ᠎ᠤᠨ ᠳ᠋ᠤᠭ᠋ᠠᠷ᠄ ᠦᠪᠦᠷ ᠤᠰᠤᠨ ᠵᠠᠰᠠᠭ [2024] 26 ᠳ᠋ᠤᠭ᠋ᠠᠷ ᠲᠣᠭ᠋ᠠᠲᠤ
ᠪᠢᠴᠢᠭᠳᠡᠭᠰᠡᠨ ᠡᠳᠦᠷ ᠬᠤᠭᠤᠴᠠᠭ᠎ᠠ᠄ 2025 ᠣᠨ᠎ᠤ 3 ᠳ᠋ᠤᠭ᠋ᠠᠷ ᠰᠠᠷ᠎ᠠ ᠵᠢᠨ 24᠎ᠤ ᠡᠳᠦᠷ
ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ
ᠡᠯ᠎ᠡ ᠠᠶ᠋ᠢᠮᠠᠭ ᠬᠤᠲᠠ ᠵᠢᠨ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠣᠪᠴᠢᠶ᠎ᠠ᠂ ᠬᠠᠤᠯᠢ ᠴᠠᠭ᠋ᠠᠵᠠ ᠵᠢᠨ ᠲᠣᠪᠴᠢᠶ᠎ᠠ᠂ ᠲᠢᠩᠬᠢᠮ᠎ᠤᠨ ᠪᠠᠶ᠋ᠢᠭᠤᠯᠭ᠎ᠠ ᠵᠢᠨ ᠬᠤᠯᠪᠣᠭᠳᠠᠯ ᠪᠥᠬᠦᠶ ᠭᠠᠵᠠᠷ ᠠᠯᠪᠠᠨ ᠬᠡᠷ᠂ ᠲᠢᠩᠬᠢᠮ᠎ᠤᠨ ᠬᠠᠷᠢᠶ᠎ᠠ ᠬᠤᠯᠪᠣᠭᠳᠠᠯ ᠪᠥᠬᠦᠶ ᠨᠢᠭᠡᠴᠢ᠄
ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠣᠯ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠤᠰᠤᠨ᠎ᠤ ᠵᠠᠰᠠᠭ ᠵᠠᠬᠢᠷᠭ᠋ᠠᠨ᠎ᠤ ᠬᠡᠷᠡᠭ ᠶᠠᠪᠤᠳᠠᠯ᠎ᠢ ᠬᠠᠮᠢᠶᠠᠷᠬᠤ᠂ ᠤᠰᠤᠨ᠎ᠳᠤ ᠬᠤᠯᠪᠣᠭᠳᠠᠬᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠴᠢᠬᠤᠯᠠ ᠠᠷᠭ᠎ᠠ ᠮᠠᠶᠢᠭ ᠮᠥᠨ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠬᠦ ᠪᠣᠯ ᠤᠰᠤᠨ ᠠᠰᠢᠭᠯᠠᠯᠲᠠ ᠵᠢᠨ ᠬᠠᠤᠯᠢ᠎ᠪᠠᠷ ᠵᠠᠰᠠᠬᠤ ᠰᠢᠰᠲ᠋ᠧᠮ᠎ᠢ ᠲᠡᠭᠦᠯᠳᠡᠷᠵᠢᠭᠦᠯᠬᠦ᠂ ᠤᠰᠤᠨ ᠠᠰᠢᠭᠯᠠᠯᠲᠠ ᠵᠢᠨ ᠬᠠᠤᠯᠢ᠎ᠪᠠᠷ ᠵᠠᠰᠠᠬᠤ ᠴᠢᠳᠠᠪᠤᠷᠢ ᠵᠢ ᠳᠡᠭᠡᠭᠰᠢᠯᠡᠭᠦᠯᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠃ 《ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ ᠲᠤᠬᠠᠶ ᠤᠰᠤᠨ ᠠᠰᠢᠭᠯᠠᠯᠲᠠ ᠵᠢᠨ ᠶᠠᠮᠤᠨ ᠬᠠᠤᠯᠢ ᠴᠠᠭ᠋ᠠᠵᠠ ᠵᠢᠨ ᠶᠠᠮᠤᠨ᠎ᠤ ᠵᠢᠯᠣᠭᠤᠳᠬᠤ ᠰᠠᠨᠠᠯ》 (ᠤᠰᠤᠨ ᠵᠠᠰᠠᠭ ᠬᠠᠤᠯᠢ [2024] 34 ᠳ᠋ᠦ᠍ᠭᠡᠷ ᠲᠣᠭ᠋ᠠᠲᠤ)᠎ᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠬᠤ ᠵᠢ ᠪᠠᠷᠢᠮᠲᠠᠯᠠᠨ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠯ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠬᠦᠯᠦᠭᠡ ᠣᠷᠭ᠋ᠠᠨᠢᠭ ᠵᠶ᠋ᠠᠷ ᠵᠣᠯᠭ᠋ᠠᠭᠤᠯᠬᠤ ᠵᠢ ᠠᠬᠢᠭᠤᠯᠵᠤ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠤᠰᠠᠳᠠ᠂ ᠮᠠᠨ᠎ᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠳᠣᠤᠷᠠᠬᠢ ᠮᠡᠲᠦ ᠬᠡᠷᠡᠭᠵᠢᠭᠦᠯᠬᠦ ᠰᠠᠨᠠᠯ᠎ᠢ ᠳᠤᠷᠠᠳᠪᠠ᠃
ᠨᠢᠭᠡ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠎ᠠ
(ᠨᠢᠭᠡ) ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠴᠢᠩᠭ᠎ᠠ ᠭᠦᠢ᠍ᠴᠡᠳᠭᠡᠨ᠎ᠡ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠯ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠬᠦ ᠪᠣᠯ ᠶᠡᠷᠦᠩᠬᠡᠶ ᠱᠦᠵᠢ ᠰᠢ ᠵᠢᠨ ᠫᠢᠩ᠎ᠤᠨ ᠨᠠᠮ ᠪᠠ ᠲᠥᠷᠥ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠶᠠᠪᠤᠳᠠᠯ ᠮᠥᠨ᠂ ᠤᠯᠤᠰ᠎ᠤᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠴᠢᠬᠤᠯᠠ ᠶᠡᠭᠡ ᠪᠠᠶ᠋ᠢᠷᠢᠯᠠᠭᠤᠯᠤᠯᠲᠠ ᠮᠥᠨ᠂ ᠨᠠᠮ᠎ᠤᠨ ᠲᠥᠪ ᠬᠤᠷᠢᠶ᠎ᠠ᠎ᠠᠴᠠ ᠣᠯᠠᠨ ᠲᠠᠯ᠎ᠠ᠎ᠠᠴᠠ ᠬᠠᠤᠯᠢ ᠬᠡᠷᠡᠭᠵᠢᠭᠦᠯᠬᠦ᠂ ᠳᠠᠪᠬᠤᠷᠳᠠᠭᠤᠯᠤᠨ ᠬᠠᠤᠯᠢ ᠬᠡᠷᠡᠭᠵᠢᠭᠦᠯᠬᠦ᠂ ᠰᠣᠯᠪᠢᠴᠠᠭᠤᠯᠤᠨ ᠬᠠᠤᠯᠢ ᠬᠡᠷᠡᠭᠵᠢᠭᠦᠯᠬᠦ ᠵᠢ ᠰᠢᠢ᠍ᠳᠪᠦᠷᠢᠯᠡᠬᠦ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠮᠥᠨ᠂ ᠶᠡᠭᠡ ᠪᠠᠶ᠋ᠢᠳᠠᠯ᠎ᠤᠨ ᠬᠠᠨᠳᠤᠰᠢ ᠮᠥᠨ᠃ ᠪᠦᠬᠦ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠨᠠᠮ ᠪᠣᠯᠤᠨ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠪᠦᠬᠦ ᠲᠠᠯ᠎ᠠ ᠵᠢᠨ ᠳᠡᠭᠡᠳᠦ ᠬᠡᠮᠵᠢᠶᠡᠨ᠎ᠠᠴᠠ ᠥᠭᠡᠷᠡᠴᠢᠯᠡᠯᠲᠡ ᠵᠢᠨ ᠴᠢᠬᠤᠯᠠ ᠴᠢᠨᠠᠷ ᠪᠣᠯᠤᠨ ᠵᠠᠶ᠋ᠢᠯᠠᠰᠢ ᠦᠭᠡᠶ ᠴᠢᠨᠠᠷ᠎ᠢ ᠭᠦᠢ᠍ᠴᠡᠳ ᠲᠠᠨᠢᠵᠤ᠂ ᠦᠵᠡᠯ ᠰᠠᠨᠠᠭ᠎ᠠ᠎ᠪᠠᠨ ᠤᠬᠠᠮᠰᠠᠷ᠎ᠠᠴᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠪᠠᠶ᠋ᠢᠳᠠᠯ᠎ᠢ ᠦᠵᠡᠨ ᠬᠥᠳᠡᠯᠦᠯᠴᠡᠵᠦ᠂ ᠪᠠᠶ᠋ᠢᠳᠠᠯ᠎ᠢ ᠦᠵᠡᠵᠦ ᠪᠠᠶ᠋ᠢᠭ᠋ᠠᠳ ᠤᠷᠤᠭᠰᠢᠯᠠᠨ ᠳᠠᠪᠰᠢᠵᠤ᠂ ᠥᠭᠡᠷᠡᠴᠢᠯᠡᠯᠲᠡ ᠵᠢᠨ ᠱᠠᠭ᠋ᠠᠷᠳᠠᠯᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠦᠵᠡᠯ ᠰᠠᠨᠠᠭ᠎ᠠ ᠰᠠᠮᠠᠭᠤᠷᠠᠬᠤ ᠦᠭᠡᠶ᠂ ᠠᠵᠢᠯ ᠲᠠᠰᠤᠷᠠᠬᠤ ᠦᠭᠡᠶ᠂ ᠡᠩᠨᠡᠭᠡ ᠰᠠᠷᠨᠢᠬᠤ ᠦᠭᠡᠶ᠂ ᠡᠷᠴᠢ ᠵᠣᠷᠢᠭ ᠪᠠᠭᠤᠷᠠᠬᠤ ᠦᠭᠡᠶ ᠪᠠᠶ᠋ᠢᠬᠤ ᠵᠢ ᠪᠡᠶᠡᠯᠡᠭᠦᠯᠵᠦ᠂ ᠥᠭᠡᠷᠡᠴᠢᠯᠡᠯᠲᠡ ᠵᠢᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠬᠦ᠎ᠳᠤ ᠠᠰᠢᠭᠲᠠᠶ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠎ᠳᠤ ᠠᠰᠢᠭᠲᠠᠶ ᠴᠢᠭᠯᠡᠯ ᠲᠡᠢ᠌ᠰᠢ ᠬᠥᠭᠵᠢᠬᠦ ᠵᠢ ᠴᠢᠷᠮᠠᠶ᠋ᠢᠨ ᠠᠬᠢᠭᠤᠯᠬᠤ ᠬᠡᠷᠡᠭᠲᠡᠶ᠃ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠡᠭᠦᠷᠭᠡᠯᠡᠬᠦ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ᠎ᠨᠤᠭᠤᠳ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠵᠢ ᠡᠷᠬᠡᠪᠰᠢ ᠭᠦᠢ᠍ᠴᠡᠳᠬᠡᠵᠦ᠂ ᠬᠠᠤᠯᠢ᠎ᠠᠴᠠ ᠡᠷᠬᠡ ᠣᠯᠭᠤᠭᠰᠠᠨ ᠦᠭᠡᠢ ᠪᠣᠯ ᠬᠢᠵᠦ ᠪᠣᠯᠬᠤ ᠦᠭᠡᠢ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠤᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠣᠯᠭᠤᠭᠰᠠᠨ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠶᠣᠰᠣᠭ᠋ᠠᠷ ᠡᠷᠬᠡ ᠣᠯᠭᠤᠬᠤ ᠬᠡᠪᠴᠢᠶᠡᠨ᠎ᠳᠠᠬᠢ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠴᠢᠩᠭ᠎ᠠ ᠭᠦᠢ᠍ᠴᠡᠳᠬᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠮᠤᠵᠢ ᠵᠢᠨ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠭᠤᠤᠯᠳᠠᠭᠤ ᠪᠥᠬᠦ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠵᠢ ᠬᠠᠷᠢᠭᠤᠴᠠᠵᠤ᠂ ᠴᠢᠬᠤᠯᠠ ᠶᠡᠭᠡ ᠨᠥᠯᠥᠭᠡ᠎ᠲᠠᠢ ᠪᠤᠳᠤᠯᠢᠶᠠᠨᠲᠠᠶ ᠬᠡᠷᠡᠭ ᠪᠣᠯᠤᠨ ᠠᠶ᠋ᠢᠮᠠᠭ ᠬᠤᠲᠠ ᠠᠯᠤᠰᠯᠠᠭᠰᠠᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠨ᠎ᠡ; ᠠᠶ᠋ᠢᠮᠠᠭ ᠬᠤᠲᠠ ᠵᠢᠨ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠤᠤᠯᠳᠠᠭᠤ ᠲᠣᠰ ᠠᠶ᠋ᠢᠮᠠᠭ ᠬᠤᠲᠠ ᠵᠢᠨ ᠳᠣᠲᠣᠷᠠᠬᠢ ᠣᠷᠣᠨ ᠪᠦᠰᠡ ᠠᠯᠤᠰᠯᠠᠭᠰᠠᠨ ᠪᠠ ᠴᠢᠬᠤᠯᠠ ᠶᠡᠭᠡ ᠨᠥᠯᠥᠭᠡ᠎ᠲᠠᠢ ᠪᠤᠳᠤᠯᠢᠶᠠᠨᠲᠠᠶ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠵᠢᠴᠢ ᠲᠣᠰ ᠠᠶ᠋ᠢᠮᠠᠭ ᠬᠤᠲᠠ ᠵᠢᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ ᠵᠢᠯᠣᠭᠤᠳᠴᠤ᠂ ᠵᠣᠬᠢᠶᠠᠨ ᠪᠠᠶ᠋ᠢᠭᠤᠯᠤᠨ ᠵᠣᠬᠢᠴᠠᠭᠤᠯᠤᠨ᠎ᠠ; ᠡᠳᠦᠷ ᠲᠤᠲᠤᠮ᠎ᠤᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ᠂ ᠬᠠᠤᠯᠢ᠎ᠠᠴᠠ ᠵᠥᠷᠢᠴᠡᠭᠰᠡᠨ ᠡᠩ᠎ᠤᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ᠎ᠳᠡᠭᠡᠨ ᠬᠤᠰᠢᠭᠤ ᠰᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠭᠤᠤᠯ ᠪᠣᠯᠭ᠋ᠠᠨ᠎ᠠ᠃
(ᠬᠤᠶᠠᠷ) ᠬᠠᠤᠯᠢ ᠬᠡᠷᠡᠭᠵᠢᠭᠦᠯᠬᠦ ᠵᠦᠢ᠍ᠯᠡᠰ᠎ᠤᠨ ᠨᠠᠷᠢᠨ ᠬᠠᠭᠤᠳᠠᠰᠤ ᠵᠢ ᠵᠢᠷᠤᠮᠵᠢᠭᠤᠯᠤᠨ ᠨᠠᠶ᠋ᠢᠷᠠᠭᠤᠯᠤᠨ ᠵᠣᠬᠢᠶᠠᠨ᠎ᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠪᠠ ᠡᠯ᠎ᠡ ᠠᠶ᠋ᠢᠮᠠᠭ ᠬᠤᠲᠠ᠂ ᠬᠤᠰᠢᠭᠤ ᠰᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠥᠬᠦ ᠤᠯᠤᠰ᠎ᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠤᠨ ᠵᠢᠯᠣᠭᠤᠳᠬᠤ ᠭᠠᠷᠴᠠᠭ ᠵᠶ᠋ᠠᠷ ᠯᠠᠪᠯᠠᠯᠲᠠ ᠪᠣᠯᠭ᠋ᠠᠵᠤ᠂ ᠣᠷᠣᠨ ᠨᠤᠲᠤᠭ᠎ᠤᠨ ᠬᠠᠤᠯᠢ ᠲᠣᠭᠲᠠᠭ᠋ᠠᠬᠤ᠂ 《ᠭᠤᠷᠪᠠ ᠵᠢ ᠲᠣᠭᠲᠠᠭ᠋ᠠᠬᠤ》 ᠲᠣᠭᠲᠠᠭ᠋ᠠᠯ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠪᠣᠳᠠᠲᠠᠶ᠎ᠲᠠᠢ᠎ᠪᠠᠨ ᠤᠶᠠᠯᠳᠤᠭᠤᠯᠤᠨ᠂ ᠲᠣᠰ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠤᠨ ᠨᠠᠷᠢᠨ ᠬᠠᠭᠤᠳᠠᠰᠤ ᠵᠢ ᠨᠠᠶ᠋ᠢᠷᠠᠭᠤᠯᠤᠨ ᠵᠣᠬᠢᠶᠠᠵᠤ ᠰᠢᠨᠡᠳᠬᠡᠬᠦ ᠵᠢᠨ ᠬᠠᠮᠲᠤ 2024 ᠣᠨ᠎ᠤ ᠡᠴᠦᠰ᠎ᠠᠴᠠ ᠡᠮᠦᠨ᠎ᠡ ᠨᠡᠶ᠋ᠢᠭᠡᠮ᠎ᠳᠤ ᠨᠡᠶ᠋ᠢᠲᠡᠯᠡᠨ᠎ᠡ᠃ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠨᠠᠷᠢᠨ ᠬᠠᠭᠤᠳᠠᠰᠤ᠎ᠲᠠᠢ ᠬᠠᠷᠢᠴᠠᠭᠤᠯᠤᠨ ᠡᠭᠦᠷᠭᠡ ᠲᠤᠰᠢᠶᠠᠯ ᠵᠶ᠋ᠠᠨ ᠭᠦᠢ᠍ᠴᠡᠳᠭᠡᠬᠦ ᠱᠠᠭ᠋ᠠᠷᠳᠠᠯᠭ᠎ᠠ ᠵᠢ ᠵᠦᠢ᠍ᠯ ᠳᠠᠷᠠᠭ᠋ᠠᠯᠠᠨ ᠲᠣᠳᠣᠷᠬᠠᠶ᠋ᠢᠯᠠᠵᠤ᠂ ᠠᠵᠢᠯ᠎ᠤᠨ ᠪᠠᠶ᠋ᠢᠷᠢ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠡᠭᠦᠷᠭᠡ ᠲᠤᠰᠢᠶᠠᠯ ᠵᠶ᠋ᠠᠨ ᠭᠦᠢ᠍ᠴᠡᠳᠭᠡᠬᠦ ᠠᠷᠭ᠎ᠠ ᠮᠠᠶᠢᠭ᠎ᠢ ᠢᠯᠡ ᠪᠣᠯᠭ᠋ᠠᠵᠤ᠂ ᠠᠵᠢᠯ᠎ᠤᠨ ᠴᠤᠪᠤᠷᠠᠯ᠎ᠢ ᠨᠠᠷᠢᠯᠢᠬ᠍ᠵᠢᠭᠤᠯᠬᠤ ᠬᠡᠷᠡᠭᠲᠡᠶ᠃ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠴᠢ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠪᠠᠶ᠋ᠢᠴᠠᠭ᠋ᠠᠯᠲᠠ᠂ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠡᠷᠭᠡ ᠬᠠᠤᠯᠢ ᠬᠡᠷᠡᠭᠵᠢᠭᠦᠯᠬᠦ ᠵᠦᠢ᠍ᠯᠡᠰ᠎ᠢ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ ᠵᠢ ᠬᠤᠪᠢᠶᠠᠷᠢᠯᠠᠨ ᠰᠢᠯᠵᠢᠭᠦᠯᠬᠦ᠎ᠳᠤ᠂ ᠨᠠᠷᠢᠨ ᠬᠠᠭᠤᠳᠠᠰᠤ᠎ᠳᠠᠭᠠᠨ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠵᠢᠨ ᠵᠠᠭ᠋ᠠᠭ ᠵᠶ᠋ᠠᠨ ᠲᠣᠳᠣᠷᠬᠠᠶ᠋ᠢᠯᠠᠬᠤ ᠬᠡᠷᠡᠭᠲᠡᠶ᠃ ᠡᠯ᠎ᠡ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠬᠠᠤᠯᠢ᠎ᠪᠠᠷ ᠵᠠᠰᠠᠬᠤ ᠵᠣᠬᠢᠴᠠᠭᠤᠯᠤᠨ ᠲᠣᠬᠢᠷᠠᠭᠤᠯᠬᠤ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠭᠡᠵᠣ᠂ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠤᠨ ᠨᠠᠷᠢᠨ ᠬᠠᠭᠤᠳᠠᠰᠤ ᠵᠢ ᠨᠠᠶ᠋ᠢᠷᠠᠭᠤᠯᠤᠨ ᠵᠣᠬᠢᠶᠠᠵᠤ ᠰᠢᠨᠡᠳᠬᠡᠬᠦ ᠠᠵᠢᠯ᠎ᠢ ᠬᠠᠤᠯᠢ ᠶᠣᠰᠣᠭ᠋ᠠᠷ ᠵᠢᠷᠤᠮᠵᠢᠭᠤᠯᠤᠨ ᠪᠡᠶᠡᠯᠡᠭᠦᠯᠬᠦ ᠵᠢ ᠰᠢᠮᠳᠠᠭᠤᠯᠤᠨ ᠵᠢᠯᠣᠭᠤᠳᠤᠨ᠎ᠠ᠃
(ᠭᠤᠷᠪᠠ) ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠦᠴᠦᠨ᠎ᠢ ᠴᠢᠩᠭ᠎ᠠ ᠲᠣᠬᠢᠷᠠᠭᠤᠯᠤᠨ᠎ᠠ᠃ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠡᠭᠦᠷᠭᠡᠯᠡᠵᠦ ᠪᠦᠬᠦᠢ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠣᠯᠤᠨ ᠬᠠᠤᠯᠢ ᠬᠡᠷᠡᠭᠵᠢᠭᠦᠯᠬᠦ ᠠᠵᠢᠯ᠎ᠤᠨ ᠬᠡᠮᠵᠢᠶ᠎ᠡ᠎ᠪᠠᠨ ᠦᠨᠳᠦᠰᠦᠯᠡᠨ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠦᠴᠦᠨ ᠵᠶ᠋ᠠᠨ ᠲᠡᠭᠦᠯᠳᠡᠷᠵᠢᠭᠦᠯᠵᠦ᠂ ᠭᠤᠶᠤᠴᠢᠯᠠᠨ ᠠᠪᠬᠤ ᠬᠢᠷᠢ ᠭᠡᠮ᠎ᠳᠤ ᠨᠡᠶ᠋ᠢᠴᠡᠭᠰᠡᠨ ᠠᠵᠢᠯᠲᠠᠨ᠎ᠢ ᠵᠣᠷᠢᠭᠵᠢᠭᠤᠯᠤᠨ ᠬᠥᠲᠥᠯᠥᠨ ᠵᠢᠯᠣᠭᠣᠳᠴᠤ ᠪᠠᠶ᠋ᠢᠭ᠋ᠠᠳ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠬᠢᠷᠢ ᠭᠡᠮ᠎ᠤᠨ ᠪᠣᠯᠪᠠᠰᠤᠷᠠᠯ᠎ᠤᠨ ᠰᠢᠯᠭ᠋ᠠᠯᠲᠠ᠎ᠳᠤ ᠴᠠᠭ ᠲᠤᠬᠠᠶ᠎ᠳᠤᠨᠢ ᠣᠷᠣᠯᠴᠠᠭᠤᠯᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ ᠣᠯᠭᠣᠵᠤ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠪᠠᠢ᠌ᠭᠤᠯᠭ᠎ᠠ ᠵᠢᠨ ᠪᠠᠶ᠋ᠢᠳᠠᠯ᠎ᠳᠠᠭᠠᠨ ᠪᠤᠴᠠᠭ᠋ᠠᠬᠤ ᠵᠢ ᠦᠨᠡᠨ ᠬᠦ᠌ ᠪᠠᠲᠤᠯᠠᠵᠤ᠂ ᠪᠠᠶ᠋ᠢᠭᠤᠯᠤᠮᠵᠢ ᠵᠢᠨ ᠲᠣᠬᠢᠷᠠᠭᠤᠯᠤᠯᠲᠠ᠂ ᠠᠵᠢᠯᠲᠠᠨ᠎ᠤ ᠲᠣᠬᠢᠷᠠᠭᠤᠯᠤᠯᠲᠠ᠎ᠨᠢ ᠬᠠᠤᠯᠢ ᠬᠡᠷᠡᠭᠵᠢᠭᠦᠯᠬᠦ ᠬᠡᠷᠡᠭᠴᠡᠭᠡ ᠱᠠᠭ᠋ᠠᠷᠳᠠᠯᠭ᠎ᠠ᠎ᠯᠤᠭ᠎ᠠ ᠬᠠᠷᠢᠯᠴᠠᠨ ᠲᠣᠬᠢᠷᠠᠯᠴᠠᠭᠤᠯᠬᠤ ᠬᠡᠷᠡᠭᠲᠡᠶ᠃ ᠲᠣᠰ ᠰᠠᠯᠠᠭ᠎ᠠ ᠮᠥᠴᠢᠷ᠎ᠤᠨ ᠵᠶ᠋ᠠᠨ ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ ᠬᠡᠷᠡᠭ᠎ᠢ ᠰᠢᠢ᠍ᠳᠪᠦᠷᠢᠯᠡᠬᠦ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠲᠦᠷᠦᠭᠦᠯᠡᠨ ᠬᠢᠬᠦ ᠪᠠ ᠬᠠᠷᠢᠭᠤᠴᠠᠯᠭ᠎ᠠ ᠵᠢᠨ ᠪᠠᠶ᠋ᠢᠭᠤᠯᠤᠮᠵᠢ ᠵᠢ ᠲᠣᠳᠣᠷᠬᠠᠶ᠋ᠢᠯᠠᠨ᠂ ᠳᠣᠲᠣᠭ᠋ᠠᠳᠤ ᠵᠢᠨ ᠠᠵᠢᠯ ᠵᠶ᠋ᠠᠨ ᠬᠤᠪᠢᠶᠠᠷᠢᠯᠠᠨ ᠬᠠᠮᠵᠢᠯᠴᠠᠬᠤ ᠲᠣᠭᠲᠠᠴᠠ ᠵᠢ ᠪᠦᠷᠢᠨᠰᠢᠬᠦᠯᠵᠦ᠂ ᠰᠠᠯᠠᠭ᠎ᠠ ᠮᠥᠴᠢᠷ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠤ ᠬᠦᠴᠦᠨ᠎ᠢ ᠨᠢᠭᠲᠠᠷᠠᠭᠤᠯᠤᠨ᠂ ᠬᠠᠤᠯᠢ ᠬᠡᠷᠡᠭᠵᠢᠭᠦᠯᠬᠦ ᠠᠵᠢᠯ᠎ᠤᠨ ᠨᠡᠶ᠋ᠢᠯᠡᠮᠡᠯ ᠬᠦᠴᠦᠨ᠎ᠢ ᠪᠣᠶ ᠪᠣᠯᠭ᠋ᠠᠬᠤ ᠬᠡᠷᠡᠭᠲᠡᠶ᠃ ᠪᠦᠬᠦ ᠰᠢᠰᠲ᠋ᠧᠮ᠎ᠤᠨ ᠦᠢ᠍ᠯᠡᠳᠦᠯ᠎ᠢ ᠪᠠᠳᠠᠷᠠᠭᠤᠯᠬᠤ ᠵᠢ ᠴᠢᠬᠤᠯᠠᠴᠢᠯᠠᠵᠤ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢ ᠭᠠᠷᠭ᠋ᠠᠪᠠᠯ᠂ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠬᠠᠤᠯᠢ ᠬᠡᠷᠡᠭᠵᠢᠭᠦᠯᠬᠦ ᠬᠠᠪᠰᠤᠷᠤᠮᠵᠢ ᠪᠠ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠵᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠡᠷᠡᠭᠯᠡᠬᠦ ᠬᠡᠷᠡᠭᠲᠡᠢ᠃ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠬᠠᠤᠯᠢ᠎ᠪᠠᠷ ᠲᠣᠭᠲᠠᠭ᠋ᠠᠭᠰᠠᠨ ᠡᠷᠬᠡ ᠮᠡᠳᠡᠯ᠎ᠤᠨ ᠳᠣᠲᠣᠷ᠎ᠠ ᠬᠠᠷᠢᠶ᠎ᠠ ᠪᠦᠬᠦᠢ ᠤᠰᠤᠨ᠎ᠤ ᠡᠬᠢ ᠪᠠᠶᠠᠯᠢᠭ᠂ ᠭᠣᠤᠯ ᠮᠥᠷᠡᠨ ᠨᠠᠭᠤᠷ ᠴᠥᠭᠥᠷᠥᠮ᠂ ᠤᠰᠤᠨ ᠴᠥᠭᠥᠷᠥᠮ᠂ ᠤᠰᠤ ᠬᠦᠷᠦᠰᠦ ᠵᠢᠨ ᠬᠠᠮᠠᠭ᠋ᠠᠯᠠᠯᠲᠠ᠂ ᠤᠰᠤ ᠠᠷᠪᠢᠯᠠᠬᠤ᠂ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠡᠷᠭᠡ ᠣᠯᠠᠨ ᠨᠡᠶ᠋ᠢᠲᠡ ᠵᠢᠨ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠠᠵᠢᠯ ᠦᠢ᠍ᠯᠡᠰ᠎ᠤᠨ ᠨᠢᠭᠡᠴᠢ᠎ᠳᠤ ᠪᠢᠴᠢᠭ ᠵᠶ᠋ᠠᠷ ᠨᠠᠶ᠋ᠢᠳᠠᠵᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠬᠡᠷᠡᠭᠵᠢᠭᠦᠯᠵᠦ ᠪᠣᠯᠤᠨ᠎ᠠ᠃ ᠴᠢᠬᠤᠯᠠ ᠤᠰᠤᠨ ᠰᠤᠷᠪᠤᠯᠵᠢ ᠵᠢᠨ ᠭᠠᠵᠠᠷ᠂ ᠴᠢᠬᠤᠯᠠ ᠰᠡᠷᠭᠡᠭ ᠤᠰᠤᠨ ᠣᠷᠣᠨ᠂ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠠᠶ᠋ᠢᠭ᠎ᠠ ᠣᠷᠣᠨ ᠪᠦᠰᠡ ᠵᠢᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠬᠦᠨᠳᠦ᠂ ᠬᠠᠷᠢᠭᠤᠴᠠᠯᠭ᠎ᠠ ᠶᠡᠬᠡ᠂ ᠱᠠᠭ᠋ᠠᠷᠳᠠᠯᠭ᠎ᠠ᠎ᠨᠢ ᠥᠨᠳᠥᠷ ᠮᠥᠷᠲᠡᠭᠡᠨ ᠣᠷᠣᠨ ᠪᠦᠰᠡ ᠠᠯᠤᠰᠯᠠᠨ ᠬᠦᠷᠢᠶ᠎ᠡ ᠴᠠᠷᠠᠭ᠎ᠠ ᠠᠯᠤᠰᠯᠠᠭᠰᠠᠨ ᠵᠡᠷᠭᠡ ᠣᠨᠴᠠᠯᠢᠭ᠎ᠲᠠᠢ ᠪᠠᠶ᠋ᠢᠵᠤ᠂ ᠭᠣᠤᠯᠳᠠᠯᠭ᠎ᠠ᠎ᠲᠠᠢ ᠤᠰᠤᠨ ᠣᠷᠣᠨ ᠵᠢᠴᠢ ᠴᠢᠬᠤᠯᠠ ᠶᠡᠬᠡ ᠤᠰᠤ ᠬᠠᠳᠠᠭ᠋ᠠᠯᠠᠬᠤ᠂ ᠤᠰᠤ ᠳᠠᠮᠵᠢᠭᠤᠯᠬᠤ ᠢᠨᠵᠧᠨᠧᠷᠢᠩ ᠪᠠᠶ᠋ᠢᠭ᠎ᠠ ᠣᠷᠣᠨ ᠪᠦᠰᠡ᠎ᠳᠤ ᠲᠤᠰᠬᠠᠶ ᠮᠡᠷᠭᠡᠵᠢᠯ᠎ᠤᠨ ᠶᠡᠷᠦᠩᠬᠡᠶ᠋ᠢᠯᠡᠨ ᠬᠠᠤᠯᠢ ᠬᠡᠷᠡᠭᠵᠢᠭᠦᠯᠬᠦ ᠬᠦᠴᠦᠨ᠎ᠢ ᠰᠦᠪᠡᠭᠴᠢᠯᠡᠨ ᠵᠣᠬᠢᠶᠠᠨ ᠪᠠᠶ᠋ᠢᠭᠤᠯᠬᠤ ᠬᠡᠷᠡᠭᠲᠡᠶ᠃
(ᠲᠦᠷᠪᠡ) ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠴᠢᠩᠭ᠋ᠠᠳᠬᠠᠨ᠎ᠠ᠃ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠢᠨᠠᠨ ᠵᠥᠪᠰᠢᠶᠡᠷᠡᠬᠦ ᠵᠢ ᠴᠢᠬᠤᠯᠠᠴᠢᠯᠠᠵᠤ ᠬᠢᠨᠠᠨ ᠬᠠᠮᠢᠶᠠᠷᠬᠤ ᠵᠢ ᠬᠥᠩᠭᠡᠪᠴᠢᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠠᠷᠭ᠎ᠠ ᠮᠠᠶᠢᠭ ᠵᠶ᠋ᠠᠨ ᠬᠤᠪᠢᠷᠠᠭᠤᠯᠵᠤ᠂ ᠨᠡᠩ ᠣᠯᠠᠨ ᠵᠠᠰᠠᠭ ᠵᠠᠬᠢᠷᠭ᠋ᠠᠨ᠎ᠤ ᠡᠬᠢ ᠪᠠᠶᠠᠯᠢᠭ᠎ᠢ ᠬᠡᠷᠡᠭ᠎ᠤᠨ ᠡᠮᠦᠨ᠎ᠡ ᠬᠢᠨᠠᠨ ᠵᠥᠪᠰᠢᠶᠡᠷᠡᠬᠦ᠎ᠠᠴᠠ ᠠᠪᠤᠭ᠋ᠠᠳ ᠤᠴᠢᠷ ᠶᠠᠪᠤᠳᠠᠯ᠎ᠤᠨ ᠳᠤᠮᠳᠠ ᠪᠠ ᠤᠴᠢᠷ ᠶᠠᠪᠤᠳᠠᠯ᠎ᠤᠨ ᠳᠠᠷᠠᠭ᠎ᠠ ᠬᠢᠨᠠᠨ ᠬᠠᠮᠢᠶᠠᠷᠬᠤ ᠲᠠᠯ᠎ᠠ᠎ᠳᠤ ᠰᠢᠯᠵᠢᠭᠦᠯᠬᠦ ᠬᠡᠷᠡᠭᠲᠡᠶ᠃ ᠵᠠᠰᠠᠭ ᠵᠠᠬᠢᠷᠭ᠋ᠠᠨ᠎ᠤ ᠬᠢᠨᠠᠯᠲᠠ ᠬᠠᠮᠢᠶᠠᠷᠤᠯᠲᠠ ᠵᠢᠨ ᠵᠦᠢ᠍ᠯᠡᠰ᠎ᠢ ᠪᠦᠲᠦᠮᠵᠢᠲᠡᠶ᠎ᠪᠠᠷ ᠡᠮᠬᠢᠯᠡᠨ ᠨᠡᠶ᠋ᠢᠯᠡᠭᠦᠯᠵᠦ᠂ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠪᠠ ᠡᠭᠦᠷᠭᠡ ᠵᠢ ᠨᠠᠷᠢᠯᠢᠬ᠍ᠵᠢᠭᠤᠯᠤᠨ᠂ ᠵᠣᠯᠭ᠋ᠠᠭᠤᠯᠤᠨ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠵᠦ ᠬᠠᠷᠢᠯᠴᠠᠨ ᠮᠡᠳᠡᠷᠡᠬᠦ ᠵᠢ ᠠᠬᠢᠭᠤᠯᠤᠨ᠂ ᠬᠢᠨᠠᠯᠲᠠ ᠬᠠᠮᠢᠶᠠᠷᠤᠯᠲᠠ ᠵᠢᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠦᠨ᠎ᠡ᠃ 《ᠬᠣᠣᠰ ᠲᠤᠬᠢᠶᠠᠯᠳᠤᠮᠵᠢ ᠨᠢᠭᠡ ᠢᠯᠡ》 ᠵᠢᠨ ᠬᠢᠨᠠᠯᠲᠠ ᠬᠠᠮᠢᠶᠠᠷᠤᠯᠲᠠ ᠪᠠ 《ᠢᠨᠲ᠋ᠧᠷ ᠰᠦᠯᠵᠢᠶᠡᠨ᠎ᠤ ᠬᠢᠨᠠᠯᠲᠠ ᠬᠠᠮᠢᠶᠠᠷᠤᠯᠲᠠ》᠎ᠪᠠᠷ ᠰᠠᠭᠤᠷᠢ ᠠᠷᠭ᠎ᠠ ᠪᠠᠷᠢᠯ ᠪᠣᠯᠭ᠋ᠠᠭᠰᠠᠨ᠂ ᠭᠤᠤᠯᠳᠠᠯᠭ᠎ᠠ᠎ᠲᠠᠢ ᠬᠢᠨᠠᠯᠲᠠ ᠬᠠᠮᠢᠶᠠᠷᠤᠯᠲᠠ᠎ᠪᠠᠷ ᠨᠥᠬᠦᠪᠥᠷᠢ ᠪᠣᠯᠭ᠋ᠠᠭᠰᠠᠨ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ᠎ᠪᠠᠷ ᠰᠠᠭᠤᠷᠢ ᠪᠣᠯᠭ᠋ᠠᠭᠰᠠᠨ ᠰᠢᠨ᠎ᠡ ᠬᠡᠯᠪᠡᠷᠢ ᠵᠢᠨ ᠬᠢᠨᠠᠯᠲᠠ ᠬᠠᠮᠢᠶᠠᠷᠤᠯᠲᠠ ᠵᠢᠨ ᠮᠠᠰᠢᠨ᠎ᠤ ᠲᠦᠷᠢᠮ᠎ᠢ ᠪᠦᠷᠢᠨᠰᠢᠬᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ᠎ᠤ ᠭᠠᠳᠠᠭᠤᠷᠬᠢ ᠵᠢ ᠨᠢᠭᠡ ᠴᠤᠭᠴᠠᠵᠢᠭᠤᠯᠤᠭᠰᠠᠨ ᠬᠢᠨᠠᠯᠲᠠ ᠬᠠᠮᠢᠶᠠᠷᠤᠯᠲᠠ ᠵᠢ ᠠᠬᠢᠭᠤᠯᠵᠤ᠂ ᠬᠢᠨᠠᠯᠲᠠ ᠬᠠᠮᠢᠶᠠᠷᠤᠯᠲᠠ ᠵᠢᠨ ᠣᠨᠣᠪᠴᠢᠯᠠᠬᠤ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠶ᠃ ᠳᠠᠭ᠋ᠠᠭᠤᠯᠢ ᠣᠳᠣᠨ᠎ᠤ ᠠᠯᠤᠰ ᠰᠡᠷᠡᠯ᠂ ᠵᠢᠯᠣᠭᠤᠴᠢ ᠥᠬᠡᠶ ᠨᠢᠰᠬᠡᠯ ᠵᠡᠷᠭᠡ ᠮᠡᠳᠡᠭᠡ ᠵᠠᠩᠭᠢᠵᠢᠯᠲᠠ ᠵᠢᠨ ᠤᠶᠤᠨᠴᠢᠯᠠᠭᠰᠠᠨ ᠠᠷᠭ᠎ᠠ ᠪᠠᠷᠢᠯ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠠᠯᠤᠰ ᠡᠵᠡᠮᠰᠢᠯᠲᠦ ᠬᠢᠨᠠᠯᠲᠠ ᠬᠠᠮᠢᠶᠠᠷᠤᠯᠲᠠ᠂ ᠰᠢᠯᠵᠢᠮᠡᠯ ᠬᠢᠨᠠᠨ ᠬᠠᠮᠢᠶᠠᠷᠤᠯᠲᠠ᠂ ᠤᠷᠢᠳᠴᠢᠯᠠᠨ ᠰᠡᠷᠡᠮᠵᠢᠯᠡᠭᠦᠯᠵᠦ ᠰᠡᠷᠭᠡᠶ᠋ᠢᠯᠡᠨ ᠡᠵᠡᠮᠳᠡᠬᠦ᠎ᠪᠠᠷ ᠣᠨᠴᠠᠯᠢᠭ ᠪᠣᠯᠭ᠋ᠠᠭᠰᠠᠨ ᠲᠤᠬᠠᠶ ᠵᠢᠨ ᠲᠠᠯᠠᠪᠤᠷ᠎ᠤᠨ ᠪᠤᠰᠤ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠵᠦ᠂ ᠲᠣᠭ᠋ᠠᠴᠢᠯᠠᠭᠰᠠᠨ ᠡᠨᠧᠷᠭᠢ ᠣᠯᠭᠤᠬᠤ ᠦᠷ᠎ᠡ ᠠᠰᠢᠭ᠎ᠢ ᠨᠡᠮᠡᠭᠳᠡᠭᠦᠯᠬᠦ ᠵᠢ ᠴᠢᠩᠭ᠋ᠠᠷᠠᠭᠤᠯᠤᠨ᠂ ᠭᠤᠤᠯ ᠮᠥᠷᠡᠨ ᠨᠠᠭᠤᠷ ᠴᠥᠭᠦᠷᠥᠮ᠂ ᠤᠰᠤᠨ᠎ᠤ ᠡᠬᠢ ᠪᠠᠶᠠᠯᠢᠭ᠂ ᠤᠰᠤᠨ ᠠᠰᠢᠭᠯᠠᠯᠲᠠ ᠵᠢᠨ ᠢᠨᠵᠧᠨᠧᠷᠢᠩ᠂ ᠤᠰᠤ ᠬᠦᠷᠦᠰᠦ ᠵᠢ ᠬᠠᠮᠠᠭ᠋ᠠᠯᠠᠬᠤ ᠵᠡᠷᠭᠡ ᠬᠦᠷᠢᠶᠡᠨ᠎ᠳᠠᠬᠢ ᠬᠢᠨᠠᠯᠲᠠ ᠬᠠᠮᠢᠶᠠᠷᠤᠯᠲᠠ ᠵᠢᠨ ᠤᠶᠤᠨᠴᠢᠯᠠᠬᠤ ᠴᠢᠳᠠᠪᠤᠷᠢ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ᠃
(ᠲᠠᠪᠤ) ᠭᠤᠣᠯᠳᠠᠯᠭ᠎ᠠ᠎ᠲᠠᠢ ᠬᠦᠷᠢᠶᠡᠨ᠎ᠳᠠᠬᠢ ᠬᠠᠤᠯᠢ ᠬᠡᠷᠡᠭᠵᠢᠭᠦᠯᠬᠦ ᠡᠷᠴᠢᠮ᠎ᠢ ᠴᠢᠩᠭ᠋ᠠᠷᠠᠭᠤᠯᠤᠨ᠎ᠠ᠃ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠡᠭᠦᠷᠭᠡᠯᠡᠵᠦ ᠪᠦᠬᠦᠢ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ᠎ᠨᠤᠭᠤᠳ ᠦᠶᠡᠷ᠎ᠢ ᠰᠡᠷᠭᠡᠶ᠋ᠢᠯᠡᠬᠦ ᠠᠶᠤᠯ ᠦᠭᠡᠶ᠂ ᠤᠰᠤ ᠬᠠᠩᠭ᠋ᠠᠬᠤ ᠠᠶᠤᠯ ᠦᠭᠡᠶ᠂ ᠪᠠᠷᠢᠯᠭ᠎ᠠ ᠵᠢᠨ ᠠᠶᠤᠯ ᠦᠭᠡᠶ᠂ ᠤᠰᠤᠨ᠎ᠤ ᠡᠬᠢ ᠪᠠᠶᠠᠯᠢᠭ ᠤᠰᠤᠨ᠎ᠤ ᠠᠮᠢ ᠠᠬᠤᠶ ᠵᠢᠨ ᠤᠰᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠬᠢᠭᠡᠳ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ ᠵᠡᠷᠭᠡ ᠣᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠᠲᠠᠢ ᠬᠣᠯᠪᠣᠭᠳᠠᠬᠤ ᠭᠣᠤᠯᠳᠠᠯᠭ᠎ᠠ᠎ᠲᠠᠢ ᠬᠦᠷᠢᠶᠡᠨ᠎ᠤ ᠬᠠᠤᠯᠢ ᠬᠡᠷᠡᠭᠵᠢᠭᠦᠯᠬᠦ ᠡᠷᠴᠢᠮ ᠵᠶ᠋ᠠᠨ ᠨᠡᠮᠡᠭᠳᠡᠭᠦᠯᠬᠦ ᠬᠡᠷᠡᠭᠲᠡᠶ᠃ ᠳᠠᠯᠳᠠ ᠠᠶᠤᠯ ᠲᠦᠭᠰᠢᠭᠦᠷᠢ ᠶᠡᠭᠡ᠂ ᠬᠠᠤᠯᠢ᠎ᠠᠴᠠ ᠵᠥᠷᠢᠴᠡᠭᠰᠡᠨ ᠰᠦᠪᠡᠭᠴᠢ ᠨᠡᠯᠢᠶᠡᠳ ᠲᠥᠪᠯᠡᠷᠡᠩᠭᠦᠶ᠂ ᠤᠰᠤᠨ᠎ᠤ ᠬᠡᠷᠡᠭ᠎ᠤᠨ ᠠᠮᠠᠷᠬᠠᠨ ᠡᠭᠦᠰᠬᠦ ᠣᠯᠠᠨ ᠡᠭᠦᠰᠬᠦ ᠣᠷᠣᠨ ᠪᠦᠰᠡ᠎ᠳᠤ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ ᠵᠢᠨ ᠲᠣᠭᠤᠷᠢᠨ ᠪᠠᠶ᠋ᠢᠴᠠᠭ᠋ᠠᠯᠲᠠ ᠵᠢ ᠴᠢᠩᠭ᠋ᠠᠳᠬᠠᠵᠤ᠂ ᠠᠶᠤᠯ ᠲᠦᠭᠰᠢᠭᠦᠷᠢ ᠵᠢ ᠡᠬᠢ ᠡᠭᠦᠰᠦᠯ᠎ᠠᠴᠠ᠎ᠨᠢ ᠰᠡᠷᠭᠡᠶ᠋ᠢᠯᠡᠨ ᠠᠷᠢᠯᠭ᠋ᠠᠨ᠎ᠠ᠃ ᠭᠤᠣᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ ᠵᠢᠨ ᠨᠢᠭᠡᠴᠢ᠂ ᠤᠰᠤᠨ ᠴᠥᠭᠦᠷᠥᠮ ᠵᠡᠷᠭᠡ ᠪᠠᠷᠢᠯᠭ᠎ᠠ ᠵᠢᠨ ᠬᠠᠮᠢᠶᠠᠷᠤᠯᠲᠠ ᠵᠢᠨ ᠨᠢᠭᠡᠴᠢ᠎ᠨᠦᠭᠦᠳ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂ ᠡᠳᠦᠷ ᠲᠤᠳᠤᠮ᠎ᠤᠨ ᠲᠣᠭᠤᠷᠢᠨ ᠪᠠᠶ᠋ᠢᠴᠠᠭ᠋ᠠᠬᠤ᠎ᠪᠠᠨ ᠴᠢᠩᠭ᠋ᠠᠳᠬᠠᠬᠤ ᠬᠡᠷᠡᠭᠲᠡᠢ᠃ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠂ ᠤᠰᠤ ᠬᠦᠷᠦᠰᠦ ᠵᠢᠨ ᠬᠠᠮᠠᠭ᠋ᠠᠯᠠᠯᠲᠠ ᠵᠡᠷᠭᠡ ᠲᠤᠬᠠᠶ᠋ᠢᠯᠠᠭᠰᠠᠨ ᠠᠵᠢᠯ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ ᠭᠦᠢ᠍ᠴᠡᠳ ᠠᠰᠢᠭᠯᠠᠵᠤ᠂ ᠬᠠᠤᠯᠢ ᠬᠡᠷᠡᠭᠵᠢᠭᠦᠯᠦᠨ ᠲᠣᠭᠤᠷᠢᠨ ᠪᠠᠶ᠋ᠢᠴᠠᠭ᠋ᠠᠬᠤ᠎ᠲᠠᠢ ᠤᠶᠠᠯᠳᠤᠭᠤᠯᠵᠤ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠤᠨ ᠰᠦᠪᠡᠭᠴᠢ ᠵᠢ ᠪᠦᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠬᠤ ᠬᠡᠷᠡᠭᠲᠡᠢ᠃ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠳᠣᠲᠣᠭ᠋ᠠᠳᠤ ᠪᠠᠶ᠋ᠢᠭᠤᠯᠤᠮᠵᠢ᠎ᠨᠢ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ᠎ᠳᠤ ᠬᠠᠤᠯᠢ᠎ᠠᠴᠠ ᠵᠥᠷᠢᠴᠡᠭᠰᠡᠨ ᠬᠡᠷᠡᠭ᠎ᠤᠨ ᠰᠦᠪᠡᠭᠴᠢ ᠵᠢ ᠴᠠᠭ ᠲᠤᠬᠠᠶ᠎ᠳᠤᠨᠢ ᠰᠢᠯᠵᠢᠭᠦᠯᠦᠨ ᠲᠤᠰᠢᠶᠠᠵᠤ᠂ ᠪᠠᠶ᠋ᠢᠴᠠᠭ᠋ᠠᠬᠤ᠎ᠪᠠᠷ ᠬᠠᠤᠯᠢ ᠬᠡᠷᠡᠭᠵᠢᠭᠦᠯᠬᠦ ᠵᠢ ᠣᠷᠣᠯᠠᠭᠤᠯᠬᠤ᠂ ᠴᠡᠭᠴᠡᠯᠡᠨ ᠰᠠᠶ᠋ᠢᠵᠢᠷᠠᠭᠤᠯᠬᠤ᠎ᠪᠠᠷ ᠰᠢᠢ᠍ᠳᠭᠡᠯ᠎ᠢ ᠣᠷᠣᠯᠠᠭᠤᠯᠬᠤ ᠵᠢ ᠡᠷᠡᠰ ᠬᠤᠷᠢᠭᠯᠠᠵᠤ᠂ ᠬᠡᠷᠡᠭ ᠪᠠᠶ᠋ᠢᠪᠠᠯ ᠵᠠᠪᠠᠯ ᠲᠣᠭᠲᠠᠭ᠋ᠠᠬᠤ᠂ ᠬᠠᠤᠯᠢ᠎ᠠᠴᠠ ᠵᠥᠷᠢᠴᠡᠪᠡᠯ ᠵᠠᠪᠠᠯ ᠨᠡᠬᠡᠮᠵᠢᠯᠡᠬᠦ ᠵᠢ ᠪᠡᠶᠡᠯᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠪᠥᠬᠦ ᠣᠷᠣᠨ᠎ᠤ ᠬᠠᠤᠯᠢ ᠬᠡᠷᠡᠭᠵᠢᠭᠦᠯᠬᠦ ᠪᠣᠳᠠᠲᠤ ᠪᠠᠶ᠋ᠢᠳᠠᠯ᠎ᠢ ᠦᠨᠳᠦᠰᠦᠯᠡᠨ᠂ ᠭᠤᠤᠯᠳᠠᠯᠭ᠎ᠠ᠎ᠲᠠᠢ ᠬᠦᠷᠢᠶᠡᠨ᠎ᠳᠠᠬᠢ ᠬᠠᠤᠯᠢ ᠬᠡᠷᠡᠭᠵᠢᠭᠦᠯᠬᠦ ᠲᠤᠰᠬᠠᠶ ᠠᠵᠢᠯᠯᠠᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰ ᠲᠤᠰ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠵᠤ᠂ ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠣᠯᠠᠨ ᠡᠭᠦᠰᠬᠦ ᠬᠦᠷᠢᠶ᠎ᠡ ᠴᠠᠷᠠᠭ᠎ᠠ ᠵᠢᠨ ᠲᠣᠭᠣᠷᠢᠨ᠎ᠳᠤ ᠲᠤᠰᠬᠠᠶ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠶ᠃
ᠬᠤᠶᠠᠷ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠬᠠᠮᠵᠢᠯᠴᠠᠭ᠋ᠠᠨ᠎ᠤ ᠲᠣᠭᠲᠠᠴᠠ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠤᠨ᠎ᠠ
(ᠵᠢᠷᠭᠤᠭ᠎ᠠ) ᠰᠠᠯᠠᠭ᠎ᠠ ᠮᠦᠴᠢᠷ ᠪᠠ ᠣᠷᠣᠨ ᠪᠦᠰᠡ ᠠᠯᠥᠰᠯᠬᠠᠰᠠᠨ ᠬᠠᠦᠯᠢ ᠭᠡᠷᠡᠭᠵᠢᠬᠦᠯᠥᠯᠳᠡ ᠵᠢᠨ ᠬᠠᠮᠳᠣᠷᠡᠨ ᠬᠦᠳᠡᠯᠥᠯᠴᠡᠬᠦ ᠵᠢ ᠴᠢᠩᠭ᠋ᠠᠳᠬᠠᠨ᠎ᠠ᠃ ᠬᠦᠷᠢᠶ᠎ᠡ ᠴᠠᠷᠠᠭ᠎ᠠ ᠠᠯᠤᠰᠯᠠᠭᠰᠠᠨ ᠰᠠᠯᠠᠭ᠎ᠠ ᠮᠥᠴᠢᠷ ᠣᠷᠣᠨ ᠪᠦᠰᠡ ᠠᠯᠤᠰᠯᠠᠭᠰᠠᠨ ᠬᠠᠮᠲᠤᠷᠠᠨ ᠬᠠᠤᠯᠢ ᠬᠡᠷᠡᠭᠵᠢᠭᠦᠯᠬᠦ ᠵᠢ ᠶᠡᠬᠡᠪᠡᠷ ᠠᠬᠢᠭᠤᠯᠵᠤ᠂ ᠬᠠᠤᠯᠢ᠎ᠠᠴᠠ ᠵᠥᠷᠢᠴᠡᠭᠰᠡᠨ ᠰᠦᠪᠡᠭᠴᠢ ᠵᠢ ᠬᠠᠷᠢᠯᠴᠠᠨ ᠬᠤᠯᠪᠣᠬᠤ᠂ ᠬᠠᠤᠯᠢ ᠬᠡᠷᠡᠭᠵᠢᠭᠦᠯᠬᠦ ᠪᠠᠷᠢᠮᠵᠢᠶ᠎ᠠ ᠵᠢ ᠬᠠᠷᠢᠯᠴᠠᠨ ᠨᠡᠪᠲᠡᠷᠡᠯᠴᠡᠬᠦ᠂ ᠰᠢᠢ᠍ᠳᠪᠦᠷᠢᠯᠡᠭᠰᠡᠨ ᠦᠷ᠎ᠡ ᠳ᠋ᠦᠩ᠎ᠢ ᠬᠠᠷᠢᠯᠴᠠᠨ ᠮᠡᠳᠡᠷᠡᠬᠦ ᠵᠢ ᠪᠡᠶᠡᠯᠡᠭᠦᠯᠦᠨ᠎ᠡ᠃ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠎ᠤᠨ ᠲᠠᠪᠴᠠᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠣᠷᠣᠨ ᠪᠦᠰᠡ ᠵᠢᠨ ᠬᠤᠭᠤᠷᠣᠨᠳᠣᠬᠢ᠂ ᠰᠠᠯᠠᠭ᠎ᠠ ᠮᠥᠴᠢᠷ᠎ᠤᠨ ᠬᠤᠭᠤᠷᠣᠨᠳᠣ ᠵᠢᠴᠢ ᠳᠡᠭᠡᠳᠦ ᠳᠣᠣᠷᠠᠳᠤ ᠤᠷᠤᠰᠬᠠᠯ᠂ ᠵᠡᠭᠦᠨ ᠪᠠᠷᠠᠭᠤᠨ ᠡᠷᠭᠢ ᠵᠢᠨ ᠬᠠᠮᠵᠢᠯᠴᠠᠨ ᠬᠠᠮᠲᠤᠷᠠᠯᠴᠠᠬᠤ ᠵᠢ ᠴᠢᠩᠭ᠋ᠠᠳᠬᠠᠵᠤ᠂ ᠬᠠᠤᠯᠢ ᠬᠡᠷᠡᠭᠵᠢᠭᠦᠯᠦᠯᠲᠡ ᠵᠢᠨ ᠤᠷᠢᠳᠴᠢᠯᠠᠨ ᠰᠡᠷᠡᠮᠵᠢᠯᠡᠭᠦᠯᠵᠦ ᠵᠠᠷᠯᠠᠨ ᠮᠡᠳᠡᠭᠳᠡᠬᠦ᠂ ᠬᠡᠷᠡᠭ᠎ᠤᠨ ᠰᠦᠪᠡᠭᠴᠢ ᠵᠢ ᠰᠢᠯᠵᠢᠭᠦᠯᠦᠨ ᠬᠦᠷᠭᠡᠬᠦ᠂ ᠭᠡᠷᠡᠴᠢ ᠪᠠᠷᠢᠮᠲᠠ ᠵᠢ ᠬᠠᠷᠢᠯᠴᠠᠨ ᠮᠡᠳᠡᠷᠡᠬᠦ ᠵᠡᠷᠭᠡ ᠬᠠᠤᠯᠢ ᠬᠡᠷᠡᠭᠵᠢᠭᠦᠯᠦᠯᠲᠡ ᠵᠢᠨ ᠬᠠᠮᠵᠢᠯᠴᠠᠬᠤ ᠲᠣᠭᠲᠠᠴᠠ ᠵᠢ ᠪᠠᠶ᠋ᠢᠭᠤᠯᠵᠤ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠨᠡᠶ᠋ᠢᠯᠡᠮᠡᠯ ᠬᠦᠴᠦᠨ᠎ᠢ ᠴᠢᠩᠭ᠋ᠠᠷᠠᠭᠤᠯᠤᠨ᠎ᠠ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠴᠠᠭ᠋ᠠᠬᠤ ᠬᠤᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠴᠠᠭ᠋ᠠᠬᠤ ᠬᠤᠷᠢᠶ᠎ᠠ ᠵᠢᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢᠨ ᠵᠣᠯᠭ᠋ᠠᠯᠴᠠᠭ᠎ᠠ ᠬᠢᠭᠡᠳ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠢᠨ ᠬᠠᠮᠵᠢᠯᠴᠠᠭ᠎ᠠ ᠵᠢ ᠴᠢᠩᠭ᠋ᠠᠳᠬᠠᠬᠤ ᠲᠤᠬᠠᠶ ᠰᠠᠨᠠᠯ》 (ᠥᠪᠥᠷ ᠤᠰᠤᠨ᠎ᠤ ᠶᠠᠪᠤᠳᠠᠯ [2023] 41 ᠳ᠋ᠤᠭᠡᠷ ᠲᠣᠭ᠋ᠠᠲᠤ)᠎ᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠬᠠᠤᠯᠢ ᠴᠠᠭ᠋ᠠᠵᠠ ᠵᠢᠨ ᠬᠠᠮᠵᠢᠯᠴᠠᠭ᠎ᠠ ᠵᠢ ᠴᠢᠩᠭ᠋ᠠᠳᠬᠠᠨ᠎ᠠ᠃ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠠᠤᠯᠢ ᠬᠡᠷᠡᠭᠵᠢᠭᠦᠯᠬᠦ᠎ᠯᠦᠭᠡ ᠵᠣᠯᠭ᠋ᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠵᠤ᠂ ᠤᠰᠤᠨ ᠠᠰᠢᠭᠯᠠᠯᠲᠠ ᠵᠢᠨ ᠬᠦᠷᠢᠶᠡᠨ᠎ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠡᠮᠡᠴᠡᠯ᠎ᠢ ᠪᠠᠶ᠋ᠢᠩᠭᠤᠵᠢᠭᠤᠯᠤᠨ ᠥᠷᠨᠢᠭᠦᠯᠦᠨ᠎ᠡ᠃ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠪᠠᠶ᠋ᠢᠴᠠᠭ᠋ᠠᠬᠤ ᠪᠠ ᠪᠠᠶ᠋ᠢᠴᠠᠭ᠋ᠠᠬᠤ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠢᠨ ᠬᠠᠮᠵᠢᠯᠴᠠᠬᠤ ᠲᠣᠭᠲᠠᠴᠠ ᠵᠢ ᠰᠠᠶ᠋ᠢᠲᠤᠷ ᠬᠡᠷᠡᠭᠯᠡᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠪᠠᠶ᠋ᠢᠴᠠᠭ᠋ᠠᠬᠤ ᠪᠠ ᠪᠠᠶ᠋ᠢᠴᠠᠭ᠋ᠠᠬᠤ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠢᠨ ᠬᠠᠮᠠᠭ᠋ᠠᠯᠠᠯᠲᠠ ᠵᠢᠨ ᠨᠡᠶ᠋ᠢᠯᠡᠮᠡᠯ ᠬᠦᠴᠦᠨ᠎ᠢ ᠪᠤᠢ ᠪᠣᠯᠭ᠋ᠠᠨ᠎ᠠ᠃ ᠰᠢᠭᠦᠨ ᠲᠠᠰᠤᠯᠬᠤ ᠪᠠᠢ᠌ᠭᠤᠯᠭ᠎ᠠ᠎ᠯᠤᠭ᠎ᠠ ᠵᠢᠨ ᠵᠣᠬᠢᠴᠠᠭᠤᠯᠭ᠎ᠠ ᠨᠡᠪᠲᠡᠷᠡᠯᠴᠡᠭᠡ᠎ᠪᠠᠨ ᠴᠢᠩᠭ᠋ᠠᠳᠬᠠᠵᠤ᠂ ᠬᠠᠤᠯᠢ ᠬᠡᠷᠡᠭᠵᠢᠭᠦᠯᠬᠦ ᠬᠠᠤᠯᠢ ᠴᠠᠭ᠋ᠠᠵᠠ ᠵᠢᠨ ᠣᠨᠣᠯᠵᠢᠬᠤᠨ᠎ᠢ ᠨᠢᠭᠡᠳᠦᠯᠲᠡᠶ ᠪᠣᠯᠭ᠋ᠠᠵᠤ᠂ ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠪᠣᠳᠠᠲᠤ ᠶᠠᠪᠤᠳᠠᠯ᠎ᠢ ᠮᠠᠭ᠋ᠠᠳᠯᠠᠨ ᠲᠣᠭᠲᠠᠭ᠋ᠠᠬᠤ ᠵᠢᠴᠢ ᠰᠢᠢ᠍ᠳᠪᠦᠷᠢᠯᠡᠬᠦ ᠳᠡᠰ ᠳᠠᠷᠠᠭ᠋ᠠᠯᠠᠯ᠎ᠤᠨ ᠵᠢᠯᠣᠭᠣᠳᠣᠯᠭ᠎ᠠ ᠪᠠ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠰᠠᠨᠠᠭᠤᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠬᠦ ᠬᠡᠷᠡᠭᠲᠡᠶ᠃ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠯᠤᠭ᠎ᠠ ᠵᠢᠨ ᠬᠠᠮᠵᠢᠯᠴᠠᠭ᠎ᠠ ᠵᠢ ᠴᠢᠩᠭ᠋ᠠᠳᠬᠠᠵᠤ᠂ ᠬᠠᠤᠯᠢ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠶᠣᠰᠣᠭ᠋ᠠᠷ ᠬᠠᠤᠯᠢ ᠬᠡᠷᠡᠭᠵᠢᠭᠦᠯᠬᠦ ᠳᠤᠮᠳᠠ ᠢᠯᠡᠷᠡᠭᠦᠯᠦᠭᠰᠡᠨ ᠬᠤᠯᠪᠣᠭᠳᠠᠯ ᠪᠦᠬᠦᠢ ᠠᠰᠠᠭᠤᠳᠠᠯ᠎ᠤᠨ ᠰᠦᠪᠡᠭᠴᠢ ᠵᠢ ᠴᠠᠭ ᠲᠤᠬᠠᠶ᠎ᠳᠤᠨᠢ ᠰᠢᠯᠵᠢᠭᠦᠯᠦᠨ ᠬᠦᠷᠭᠡᠨ᠎ᠡ᠃
(ᠳᠣᠯᠣᠭ᠎ᠠ) ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠯᠦᠭᠡ ᠵᠣᠯᠭ᠋ᠠᠭᠤᠯᠬᠤ ᠪᠠ ᠬᠠᠮᠵᠢᠯᠴᠠᠬᠤ ᠵᠢ ᠴᠢᠩᠭ᠋ᠠᠳᠬᠠᠨ᠎ᠠ᠃ ᠬᠣᠰᠢᠭᠤ ᠰᠢᠶᠠᠨ᠎ᠤ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠲᠤᠰ ᠱᠠᠲᠤᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠂ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠭᠡᠨ ᠲᠣᠷᠭ᠋ᠠᠬᠤ ᠡᠷᠬᠡ ᠣᠯᠭᠣᠭᠰᠠᠨ ᠬᠣᠯᠪᠣᠭᠳᠠᠯ ᠪᠦᠬᠦᠢ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ)᠎ᠳᠤ ᠣᠷᠣᠭᠤᠯᠤᠨ ᠬᠡᠷᠡᠭᠵᠢᠭᠦᠯᠦᠭᠰᠡᠨ ᠪᠣᠯ ᠵᠣᠯᠭ᠋ᠠᠯᠴᠠᠭ᠎ᠠ ᠰᠢᠯᠤᠭᠤᠨ ᠪᠤᠰᠤ᠂ ᠡᠭᠦᠷᠭᠡ ᠬᠠᠷᠢᠭᠤᠴᠠᠯᠭ᠎ᠠ᠎ᠨᠢ ᠲᠣᠳᠣᠷᠬᠠᠶ ᠦᠭᠡᠶ᠂ ᠴᠢᠳᠠᠪᠤᠷᠢ᠎ᠨᠢ ᠬᠦᠷᠦᠯᠴᠡᠬᠦ ᠦᠭᠡᠶ ᠵᠡᠷᠭᠡ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠶ᠃ ᠬᠤᠰᠢᠭᠤ ᠰᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠰᠠᠨᠠᠭ᠋ᠠᠴᠢᠯᠠᠭ᠎ᠠ᠎ᠠᠴᠠ᠎ᠪᠠᠨ ᠬᠤᠰᠢᠭᠤ ᠰᠢᠶᠠᠨ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ) ᠶᠡᠷᠦᠩᠬᠡᠶ᠋ᠢᠯᠡᠨ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ᠂ ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ ᠬᠡᠷᠡᠭ᠎ᠢ ᠰᠢᠯᠵᠢᠭᠦᠯᠦᠨ ᠬᠦᠷᠭᠡᠵᠦ ᠬᠦᠯᠢᠶᠡᠨ ᠠᠪᠬᠤ᠂ ᠰᠢᠢ᠍ᠳᠭᠡᠨ ᠲᠣᠷᠭ᠋ᠠᠵᠤ ᠬᠡᠷᠡᠭ ᠪᠣᠯᠭ᠋ᠠᠨ ᠳᠠᠩᠰᠠᠯᠠᠬᠤ᠂ ᠦᠷ᠎ᠡ ᠳ᠋ᠦᠩ᠎ᠢ ᠬᠠᠷᠢᠭᠤ ᠲᠤᠰᠬᠠᠬᠤ᠂ ᠵᠣᠬᠢᠴᠠᠭᠤᠯᠤᠨ ᠬᠢᠨᠠᠯᠲᠠ ᠲᠠᠯᠪᠢᠬᠤ ᠵᠡᠷᠭᠡ ᠭᠣᠭᠴᠣᠭ᠎ᠠ᠎ᠳᠤ ᠠᠵᠢᠯ᠎ᠤᠨ ᠲᠣᠭᠲᠠᠴᠠ ᠪᠠᠶ᠋ᠢᠭᠤᠯᠤᠨ᠂ ᠡᠭᠦᠷᠭᠡ ᠬᠠᠷᠢᠭᠤᠴᠠᠯᠭ᠎ᠠ ᠵᠢᠨ ᠬᠦᠷᠢᠶ᠎ᠡ ᠬᠡᠪᠴᠢᠶ᠎ᠡ ᠵᠢ ᠲᠣᠳᠣᠷᠬᠠᠶ᠋ᠢᠯᠠᠵᠤ᠂ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ᠂ ᠰᠢᠢ᠍ᠳᠭᠡᠨ ᠲᠣᠷᠭ᠋ᠠᠬᠤ ᠵᠢ ᠵᠣᠯᠭ᠋ᠠᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠂ ᠠᠰᠠᠭᠤᠳᠠᠯ᠎ᠤᠨ ᠰᠦᠪᠡᠭᠴᠢ ᠪᠣᠯᠤᠨ ᠬᠡᠷᠡᠭ᠎ᠢ ᠰᠢᠯᠵᠢᠭᠦᠯᠦᠨ ᠬᠦᠷᠭᠡᠬᠦ ᠳᠡᠰ ᠳᠠᠷᠠᠭ᠋ᠠᠯᠠᠯ᠎ᠢ ᠵᠢᠷᠤᠮᠵᠢᠭᠤᠯᠤᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠪᠠᠷᠢᠮᠲᠠ ᠵᠢᠨ ᠳᠦᠷᠢᠮ᠎ᠢ ᠪᠦᠷᠢᠨᠰᠢᠬᠦᠯᠵᠦ᠂ ᠬᠡᠷᠡᠭ ᠰᠢᠯᠵᠢᠭᠦᠯᠦᠨ ᠬᠦᠷᠭᠡᠬᠦ ᠵᠢᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ ᠠᠬᠢᠭᠤᠯᠤᠨ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠬᠢᠭᠡᠳ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠵᠢᠨ ᠣᠷᠭ᠋ᠠᠨᠢᠭ ᠵᠣᠯᠭ᠋ᠠᠯᠳᠤᠬᠤ ᠵᠢ ᠪᠡᠶᠡᠯᠡᠭᠦᠯᠦᠨ᠎ᠡ᠃ ᠠᠵᠢᠯ᠎ᠤᠨ ᠲᠤᠬᠢᠷᠠᠭᠤᠯᠤᠯᠳᠠ ᠵᠢ ᠨᠢᠭᠡᠳᠦᠯᠲᠡᠢ ᠲᠥᠯᠥᠪᠵᠢᠭᠦᠯᠵᠦ᠂ ᠴᠠᠭᠲᠤᠨᠢ ᠲᠤᠬᠢᠷᠠᠭᠤᠯᠤᠨ ᠬᠠᠮᠲᠤᠷᠠᠨ ᠪᠠᠶ᠋ᠢᠴᠠᠭ᠋ᠠᠬᠤ ᠵᠢ ᠥᠷᠨᠢᠭᠦᠯᠵᠦ᠂ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢ ᠬᠠᠷᠢᠯᠴᠠᠨ ᠮᠡᠳᠡᠷᠡᠬᠦ ᠵᠢ ᠠᠬᠢᠭᠤᠯᠵᠤ᠂ ᠤᠯᠠᠨ ᠲᠠᠯ᠎ᠠ᠎ᠠᠴᠠ ᠬᠠᠤᠯᠢ ᠬᠡᠷᠡᠭᠵᠢᠭᠦᠯᠬᠦ᠂ ᠳᠠᠪᠬᠤᠷᠳᠠᠭᠤᠯᠤᠨ ᠪᠠᠶ᠋ᠢᠴᠠᠭ᠋ᠠᠬᠤ᠎ᠠᠴᠠ ᠵᠠᠶ᠋ᠢᠯᠠᠰᠬᠢᠬᠦ ᠬᠡᠷᠡᠭᠲᠡᠢ᠃ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠬᠠᠶ᠋ᠢᠯᠠᠭᠰᠠᠨ ᠠᠵᠢᠯ᠎ᠤᠨ ᠵᠢᠯᠣᠭᠣᠳᠬᠤ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠵᠤ᠂ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ ᠵᠢᠨ ᠠᠵᠢᠯᠲᠠᠨ᠎ᠤ ᠤᠰᠤᠨ᠎ᠳᠤ ᠬᠣᠯᠪᠣᠭᠳᠠᠬᠤ ᠬᠠᠤᠯᠢ ᠬᠡᠷᠡᠭᠵᠢᠭᠦᠯᠬᠦ ᠪᠣᠳᠠᠲᠤ ᠶᠠᠪᠤᠳᠠᠯ᠎ᠤᠨ ᠪᠣᠯᠪᠠᠰᠤᠷᠠᠯ᠎ᠢ ᠴᠢᠩᠭ᠋ᠠᠳᠬᠠᠬᠤ ᠵᠢᠨ ᠬᠠᠮᠲᠤ᠂ ᠲᠡᠭᠦᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠬᠦ᠎ᠳᠤ ᠲᠤᠰᠬᠠᠶ ᠮᠡᠷᠭᠡᠵᠢᠯ᠂ ᠮᠡᠳᠡᠭᠡ ᠵᠠᠩᠭᠢ ᠵᠢᠨ ᠲᠣᠭ᠎ᠠ ᠪᠠᠷᠢᠮᠲᠠ᠂ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ ᠵᠡᠷᠭᠡ ᠵᠢᠨ ᠳᠡᠮᠵᠢᠯᠭᠡ ᠬᠠᠩᠭ᠋ᠠᠬᠤ ᠬᠡᠷᠡᠭᠲᠡᠶ᠃ ᠲᠤᠰᠬᠠᠶ ᠮᠡᠷᠭᠡᠵᠢᠯ᠎ᠤᠨ ᠴᠢᠨᠠᠷ ᠵᠶ᠋ᠠᠷ ᠴᠢᠩᠭ᠎ᠠ᠂ ᠣᠯᠠᠨ ᠨᠡᠶ᠋ᠢᠲᠡ ᠵᠢᠨ ᠠᠮᠤᠷ ᠲᠦᠪᠰᠢᠨ ᠪᠠ ᠠᠷᠠᠳ ᠣᠯᠠᠨ᠎ᠤ ᠠᠮᠢ ᠨᠠᠰᠤ ᠡᠷᠡᠭᠦᠯ ᠮᠡᠨᠳᠦ᠎ᠳᠤ ᠰᠢᠭᠤᠳ ᠬᠤᠯᠪᠣᠭᠳᠠᠬᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠲᠤ᠂ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠤᠰᠬᠠᠶ ᠮᠡᠷᠭᠡᠵᠢᠯ᠎ᠤᠨ ᠳᠠᠪᠠᠭᠤᠯᠢᠭ᠎ᠢ ᠪᠠᠳᠠᠷᠠᠭᠤᠯᠵᠤ᠂ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠣᠷᠣᠨ ᠲᠤᠭ᠎ᠠ ᠵᠢᠨ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠲᠠᠢ ᠢᠳᠡᠪᠬᠢᠲᠡᠶ ᠬᠠᠮᠵᠢᠯᠴᠠᠨ ᠨᠢᠭᠡᠨᠲᠡ ᠡᠷᠬᠡ ᠣᠯᠭᠤᠭᠰᠠᠨ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠤᠨ ᠬᠤᠭᠤᠴᠠᠭ᠎ᠠ ᠵᠢ ᠲᠣᠭᠲᠠᠭ᠋ᠠᠨ ᠦᠨᠡᠯᠡᠨ ᠵᠢᠱ᠌ᠢᠬᠦ ᠠᠵᠢᠯ᠎ᠢ ᠰᠠᠶ᠋ᠢᠲᠤᠷ ᠬᠢᠵᠦ᠂ ᠦᠨᠳᠦᠰᠦᠨ ᠱᠠᠲᠤ ᠵᠢ ᠵᠠᠯᠭ᠋ᠠᠨ ᠠᠪᠴᠤ ᠳᠡᠶ᠋ᠢᠯᠬᠦ ᠥᠬᠡᠶ᠂ ᠬᠢᠨᠠᠯᠲᠠ ᠬᠠᠮᠢᠶᠠᠷᠤᠯᠲᠠ ᠵᠢ ᠳᠠᠭ᠋ᠠᠵᠤ ᠳᠡᠶ᠋ᠢᠯᠬᠦ ᠥᠬᠡᠶ᠎ᠳᠤᠨᠢ ᠴᠠᠭ ᠲᠤᠬᠠᠶ᠎ᠳᠤᠨᠢ ᠲᠣᠬᠢᠷᠠᠭᠤᠯᠤᠯᠲᠠ ᠬᠢᠬᠦ ᠰᠠᠨᠠᠭᠤᠯᠭ᠎ᠠ ᠳᠤᠷᠠᠳᠴᠤ᠂ ᠡᠷᠬᠡ ᠣᠯᠭᠤᠬᠤ ᠵᠢᠯᠣᠭᠤᠳᠬᠤ ᠨᠠᠷᠢᠨ ᠲᠠᠩᠰᠠ ᠵᠢ ᠬᠥᠳᠡᠯᠦᠩᠭᠦᠶ᠎ᠪᠠᠷ ᠳᠣᠭᠢᠷᠠᠭᠤᠯᠬᠤ᠎ᠲᠠᠢ ᠬᠠᠮᠵᠢᠯᠴᠠᠨ᠂ ᠡᠷᠬᠡ ᠣᠯᠭᠤᠬᠤ ᠵᠦᠢ᠍ᠯᠡᠰ᠎ᠢ ᠳᠣᠷᠣᠭᠰᠢ ᠪᠠᠭᠤᠯᠭ᠋ᠠᠵᠤ᠂ ᠭᠥᠯᠢᠶᠡᠨ ᠠᠪᠴᠤ ᠳᠡᠶ᠋ᠢᠯᠬᠦ᠂ ᠰᠠᠶ᠋ᠢᠲᠤᠷ ᠬᠠᠮᠢᠶᠠᠷᠴᠤ᠂ ᠬᠢᠨᠠᠯᠲᠠ ᠲᠠᠯᠪᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
ᠭᠤᠷᠪᠠ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠎ᠠ
(ᠨᠠᠢ᠍ᠮᠠ) 《ᠭᠤᠷᠪᠠᠨ ᠵᠦᠢ᠍ᠯ᠎ᠤᠨ ᠳᠦᠷᠢᠮ》᠎ᠢ ᠴᠢᠩᠭ᠎ᠠ ᠬᠡᠷᠡᠭᠵᠢᠭᠦᠯᠦᠨ᠎ᠡ᠃ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠡᠭᠦᠷᠭᠡᠯᠡᠭᠰᠡᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ᠎ᠨᠤᠭᠤᠳ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠳᠦᠷᠢᠮ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠵᠢ ᠲᠡᠮᠳᠡᠭᠯᠡᠬᠦ ᠳᠦᠷᠢᠮ ᠪᠣᠯᠤᠨ ᠴᠢᠬᠤᠯᠠ ᠶᠡᠬᠡ ᠬᠠᠤᠯᠢ ᠬᠡᠷᠡᠭᠵᠢᠭᠦᠯᠬᠦ ᠲᠣᠭᠲᠠᠭ᠋ᠠᠯ ᠬᠠᠤᠯᠢ ᠳᠦᠷᠢᠮ᠎ᠤᠨ ᠬᠢᠨᠠᠨ ᠬᠠᠷᠭᠤᠭᠤᠯᠬᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠶ᠃ 《ᠬᠡᠨ ᠬᠠᠤᠯᠢ ᠬᠡᠷᠡᠭᠵᠢᠭᠦᠯᠪᠡᠯ᠂ ᠬᠡᠨ ᠢᠯᠡ ᠨᠡᠶ᠋ᠢᠲᠡᠯᠡᠬᠦ》 ᠵᠠᠷᠴᠢᠮ ᠶᠣᠰᠣᠭ᠋ᠠᠷ᠂ ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠵᠠᠰᠠᠭ ᠵᠠᠬᠢᠷᠭ᠋ᠠᠨ᠎ᠤ ᠪᠠᠶ᠋ᠢᠴᠠᠭ᠋ᠠᠯᠲᠠ᠂ ᠵᠠᠰᠠᠭ ᠵᠠᠬᠢᠷᠭ᠋ᠠᠨ᠎ᠤ ᠰᠢᠢ᠍ᠳᠬᠡᠯ᠂ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠡᠷᠭᠡ ᠬᠠᠤᠯᠢ ᠬᠡᠷᠡᠭᠵᠢᠭᠦᠯᠬᠦ ᠵᠦᠢ᠍ᠯᠡᠰ᠎ᠤᠨ ᠬᠡᠷᠡᠭ᠎ᠤᠨ ᠡᠮᠦᠨ᠎ᠡ᠂ ᠬᠡᠷᠡᠭ᠎ᠤᠨ ᠳᠤᠮᠳᠠ᠂ ᠬᠡᠷᠡᠭ᠎ᠤᠨ ᠳᠠᠷᠠᠭ᠎ᠠ ᠢᠯᠡ ᠪᠣᠯᠭ᠋ᠠᠬᠤ ᠠᠵᠢᠯ᠎ᠢ ᠬᠠᠤᠯᠢ ᠶᠣᠰᠣᠭ᠋ᠠᠷ ᠵᠢᠷᠤᠮᠵᠢᠭᠤᠯᠤᠨ ᠰᠠᠶ᠋ᠢᠲᠤᠷ ᠬᠢᠵᠦ᠂ ᠲᠣᠭᠲᠠᠭ᠋ᠠᠭᠰᠠᠨ ᠠᠷᠭ᠎ᠠ ᠮᠠᠶᠢᠭ᠂ ᠴᠠᠭ᠎ᠤᠨ ᠬᠢᠵᠠᠭ᠋ᠠᠷ ᠪᠠ ᠠᠷᠭ᠎ᠠ ᠵᠠᠮ᠎ᠤᠨ ᠶᠣᠰᠣᠭ᠋ᠠᠷ ᠬᠠᠮᠢᠶ᠎ᠠ ᠪᠥᠬᠦᠶ ᠬᠠᠤᠯᠢ ᠬᠡᠷᠡᠭᠵᠢᠭᠦᠯᠦᠭᠰᠡᠨ ᠪᠠᠶ᠋ᠢᠳᠠᠯ᠎ᠢ ᠪᠥᠬᠦ ᠲᠠᠯ᠎ᠠ᠎ᠪᠠᠷ᠂ ᠣᠨᠣᠪᠴᠢᠲᠠᠶ᠂ ᠴᠠᠭ ᠲᠤᠬᠠᠶ᠎ᠳᠤᠨᠢ ᠨᠡᠶ᠋ᠢᠭᠡᠮ᠎ᠳᠤ ᠢᠯᠡ ᠪᠣᠯᠭ᠋ᠠᠬᠤ ᠬᠡᠷᠡᠭᠲᠡᠶ᠃ ᠦᠰᠦᠭ ᠪᠢᠴᠢᠭ᠂ ᠲᠠᠭᠤ ᠳᠦᠷᠰᠦ ᠰᠢᠩᠭᠡᠭᠡᠯᠲᠡ ᠵᠡᠷᠭᠡ ᠲᠡᠮᠳᠡᠭᠯᠡᠬᠦ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠡᠷᠡᠭ ᠪᠣᠯᠭ᠋ᠠᠨ ᠳᠠᠩᠰᠠᠯᠠᠬᠤ᠂ ᠪᠠᠶ᠋ᠢᠴᠠᠭ᠋ᠠᠯᠲᠠ ᠬᠢᠬᠦ᠂ ᠭᠡᠷᠡᠴᠢ ᠠᠪᠬᠤ᠂ ᠬᠢᠨᠠᠨ ᠪᠠᠶ᠋ᠢᠴᠠᠭ᠋ᠠᠬᠤ᠂ ᠲᠣᠭᠲᠠᠭ᠋ᠠᠬᠤ᠂ ᠬᠦᠷᠭᠡᠬᠦ᠂ ᠭᠦᠢ᠍ᠴᠡᠳᠬᠡᠬᠦ ᠵᠡᠷᠭᠡ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠲᠡᠮᠳᠡᠭᠯᠡᠵᠦ᠂ ᠪᠠᠶ᠋ᠢᠴᠠᠭ᠋ᠠᠨ ᠪᠢᠲᠡᠭᠦᠮᠵᠢᠯᠡᠵᠦ ᠳᠠᠷᠤᠵᠤ ᠠᠪᠬᠤ᠂ ᠠᠯᠪᠠᠳᠠᠯᠭ᠎ᠠ᠎ᠪᠠᠷ ᠨᠤᠷᠠᠭ᠋ᠠᠬᠤ ᠵᠡᠷᠭᠡ ᠴᠢᠬᠤᠯᠠ ᠶᠡᠭᠡ ᠡᠳ᠋ ᠬᠥᠷᠥᠩᠭᠡ ᠵᠢᠨ ᠡᠷᠬᠡ ᠠᠰᠢᠭ᠎ᠲᠤ ᠰᠢᠭᠤᠳ ᠬᠤᠯᠪᠣᠭᠳᠠᠭᠰᠠᠨ ᠲᠤᠬᠠᠶ ᠵᠢᠨ ᠲᠠᠯᠠᠪᠠᠶ ᠵᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠪᠠ ᠬᠡᠷᠡᠭ ᠰᠢᠢ᠍ᠳᠪᠦᠷᠢᠯᠡᠬᠦ ᠲᠠᠯᠠᠪᠤᠷ ᠭᠠᠵᠠᠷ᠎ᠲᠤ ᠪᠦᠬᠦ ᠶᠠᠪᠤᠴᠠ ᠵᠢᠨ ᠲᠠᠭᠤ ᠳᠦᠷᠰᠦ ᠰᠢᠩᠭᠡᠭᠡᠯᠲᠡ ᠵᠢᠨ ᠲᠡᠮᠳᠡᠭᠯᠡᠯ ᠬᠢᠬᠦ ᠵᠢᠨ ᠬᠠᠮᠲᠤ᠂ ᠬᠠᠤᠯᠢ ᠬᠡᠷᠡᠭᠵᠢᠭᠦᠯᠦᠯᠲᠡ ᠵᠢ ᠲᠡᠮᠳᠡᠭᠯᠡᠬᠦ ᠮᠡᠳᠡᠭᠡ ᠵᠠᠩᠭᠢ ᠵᠢᠨ ᠮᠠᠲ᠋ᠧᠷᠢᠶᠠᠯ᠎ᠤᠨ ᠬᠡᠷᠡᠭ᠎ᠤᠨ ᠡᠪᠬᠡᠮᠡᠯ᠎ᠢ ᠦᠢ᠍ᠯᠡᠳᠬᠦ᠂ ᠬᠡᠷᠡᠭᠯᠡᠬᠦ᠂ ᠬᠠᠮᠢᠶᠠᠷᠬᠤ ᠪᠠ ᠳᠠᠩᠰᠠ ᠡᠪᠬᠡᠮᠡᠯ᠎ᠳᠤ ᠣᠷᠣᠭᠤᠯᠤᠨ ᠬᠠᠳᠠᠭ᠋ᠠᠯᠠᠬᠤ ᠵᠢ ᠰᠠᠶ᠋ᠢᠲᠤᠷ ᠬᠢᠵᠦ᠂ ᠪᠦᠬᠦ ᠶᠠᠪᠤᠴᠠ᠎ᠳᠤ ᠣᠷᠣ ᠮᠥᠷ ᠦᠯᠡᠳᠡᠭᠡᠬᠦ ᠪᠠ ᠡᠭᠡᠭᠦᠯᠦᠨ ᠨᠡᠬᠡᠮᠵᠢᠯᠡᠵᠦ ᠪᠣᠯᠬᠤ ᠬᠠᠮᠢᠶᠠᠷᠤᠯᠲᠠ ᠵᠢ ᠪᠡᠶᠡᠯᠡᠭᠦᠯᠬᠦ ᠬᠡᠷᠡᠭᠲᠡᠶ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠳᠡᠰ ᠳᠠᠷᠠᠭ᠋ᠠᠯᠠᠯ ᠪᠠ ᠤᠰᠤᠨ ᠠᠰᠢᠭᠯᠠᠯᠲᠠ ᠵᠢᠨ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠵᠢᠨ ᠬᠡᠯᠪᠡᠷᠢ᠂ ᠬᠡᠷᠡᠭ᠎ᠤᠨ ᠡᠪᠬᠡᠮᠡᠯ ᠵᠢᠴᠢ ᠦᠨᠡᠯᠡᠨ ᠪᠠᠶ᠋ᠢᠴᠠᠭ᠋ᠠᠬᠤ ᠪᠠᠷᠢᠮᠵᠢᠶ᠎ᠠ ᠵᠢᠨ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠨ᠂ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠴᠤᠪᠤᠷᠠᠯ᠂ ᠪᠢᠴᠢᠭ ᠬᠠᠷ᠎ᠠ ᠬᠡᠷᠡᠭ᠎ᠤᠨ ᠡᠪᠬᠡᠮᠡᠯ᠎ᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠨᠠᠷᠢᠯᠢᠬ᠍ᠵᠢᠭᠤᠯᠬᠤ ᠬᠢᠷᠢ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠴᠢᠬᠤᠯᠠ ᠶᠡᠭᠡ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠭᠲᠠᠭ᠋ᠠᠯ᠎ᠤᠨ ᠬᠠᠤᠯᠢ ᠳᠦᠷᠢᠮ᠎ᠤᠨ ᠬᠢᠨᠠᠨ ᠬᠠᠷᠭᠤᠭᠤᠯᠬᠤ ᠲᠣᠭᠲᠠᠴᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠬᠠᠤᠯᠢ ᠳᠦᠷᠢᠮ᠎ᠤᠨ ᠬᠢᠨᠠᠨ ᠬᠠᠷᠭᠤᠭᠤᠯᠬᠤ ᠠᠵᠢᠯ᠎ᠤᠨ ᠬᠦᠴᠦᠨ᠎ᠢ ᠪᠦᠷᠢᠨ ᠭᠦᠢ᠍ᠴᠡᠳ ᠴᠢᠩᠭ᠎ᠠ ᠲᠣᠬᠢᠷᠠᠭᠤᠯᠵᠤ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭ᠋ᠠᠯ ᠭᠠᠷᠭ᠋ᠠᠬᠤ᠎ᠠᠴᠠ ᠡᠮᠦᠨ᠎ᠡ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠲᠠ ᠵᠢ ᠴᠢᠩᠭ᠎ᠠ ᠬᠢᠵᠦ᠂ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠲᠠ ᠬᠢᠭᠰᠡᠨ ᠦᠭᠡᠢ ᠪᠤᠶᠤ ᠬᠢᠨᠠᠨ ᠬᠠᠷᠭᠤᠭᠤᠯᠤᠯᠲᠠ ᠬᠢᠭᠰᠡᠨ ᠦᠭᠡᠢ ᠪᠣᠯ ᠲᠣᠭᠲᠠᠭ᠋ᠠᠯ ᠭᠠᠷᠭ᠋ᠠᠵᠤ ᠪᠣᠯᠬᠤ ᠦᠭᠡᠢ᠃ ᠬᠠᠤᠯᠢ ᠴᠠᠭ᠋ᠠᠵᠠ ᠵᠢᠨ ᠵᠥᠪᠯᠡᠭᠴᠢ ᠪᠠ ᠠᠯᠪᠠᠨ ᠲᠤᠰᠢᠶᠠᠯᠲᠤ ᠬᠠᠤᠯᠢᠴᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠠᠤᠯᠢ ᠴᠠᠭ᠋ᠠᠵᠠ ᠵᠢᠨ ᠵᠥᠪᠯᠡᠭᠴᠢ᠂ ᠠᠯᠪᠠᠨ ᠲᠤᠰᠢᠶᠠᠯᠲᠤ ᠬᠠᠤᠯᠢᠴᠢ ᠪᠠ ᠬᠤᠯᠪᠣᠭᠳᠠᠯ ᠪᠥᠬᠦᠶ ᠬᠠᠤᠯᠢ ᠴᠠᠭ᠋ᠠᠵᠠ ᠵᠢᠨ ᠲᠤᠰᠬᠠᠶ ᠮᠡᠷᠭᠡᠵᠢᠯᠲᠡᠨ᠎ᠤ ᠬᠠᠤᠯᠢ ᠲᠦᠷᠢᠮ᠎ᠤᠨ ᠬᠢᠨᠠᠨ ᠬᠠᠷᠭᠤᠭᠤᠯᠤᠯᠲᠠ ᠳᠤᠮᠳᠠᠬᠢ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠶ᠃
(ᠶᠢᠰᠦ) ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠳᠦᠷᠢᠮ᠎ᠢ ᠬᠢᠨᠠᠮᠠᠭ᠋ᠠᠶ ᠨᠠᠶ᠋ᠢᠳᠠᠪᠤᠷᠢᠵᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠬᠠᠤᠯᠢ ᠳᠦᠷᠢᠮ ᠲᠣᠭᠲᠠᠭ᠋ᠠᠯ᠎ᠤᠨ 《ᠲᠣᠭᠲᠠᠭ᠋ᠠᠬᠤ ᠵᠠᠰᠠᠬᠤ ᠬᠦᠴᠦᠨ ᠦᠭᠡᠢ ᠪᠣᠯᠭ᠋ᠠᠬᠤ》 ᠪᠠᠢ᠌ᠳᠠᠯ ᠪᠠ ᠬᠠᠤᠯᠢ ᠬᠡᠷᠡᠭᠵᠢᠭᠦᠯᠬᠦ ᠠᠵᠢᠯ᠎ᠤᠨ ᠪᠣᠳᠠᠲᠠᠢ ᠪᠠᠢ᠌ᠳᠠᠯ᠂ ᠬᠠᠤᠯᠢ ᠬᠡᠷᠡᠭᠵᠢᠭᠦᠯᠬᠦ ᠠᠵᠢᠯ᠎ᠤᠨ ᠪᠣᠳᠠᠲᠤ ᠪᠠᠶ᠋ᠢᠳᠠᠯ᠎ᠢ ᠦᠨᠳᠦᠰᠦᠯᠡᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢ ᠬᠥᠳᠡᠯᠦᠩᠭᠦᠢ᠎ᠪᠠᠷ ᠲᠣᠬᠢᠷᠠᠭᠤᠯᠵᠤ᠂ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠬᠠᠤᠯᠢ ᠬᠡᠷᠡᠭᠵᠢᠭᠦᠯᠬᠦ ᠲᠠᠰᠤᠯᠤᠯᠲᠠ ᠵᠢᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠢᠳᠡᠪᠬᠢᠲᠡᠶ ᠠᠬᠢᠭᠤᠯᠤᠨ᠂ ᠤᠰᠤᠨ᠎ᠤ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢᠨ ᠠᠭᠤᠯᠭ᠎ᠠ ᠵᠢ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠮᠡᠳᠡᠭᠡ ᠵᠠᠩᠭᠢᠵᠢᠯᠲᠠ ᠵᠢᠨ ᠰᠢᠰᠲ᠋ᠧᠮ᠎ᠳᠤ ᠰᠢᠭᠢᠳᠬᠡᠵᠦ᠂ ᠪᠥᠬᠦ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠳᠤ ᠨᠠᠷᠢᠯᠢᠭ ᠣᠨᠣᠴᠠᠲᠠᠶ ᠳᠥᠭᠦᠮ ᠳᠥᠲᠡ ᠵᠢᠯᠣᠭᠤᠳᠤᠮᠵᠢ ᠬᠠᠩᠭ᠋ᠠᠨ᠎ᠠ᠃ ᠡᠯ᠎ᠠ ᠱᠠᠳᠣᠨ᠎ᠤ ᠣᠰᠣᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠡᠷᠬᠤ ᠰᠠᠯᠠᠭ᠎ᠠ ᠮᠦᠴᠢᠷ ᠪᠤᠯᠥᠨ ᠣᠰᠣᠨ᠎ᠤ ᠵᠠᠰᠠᠭ ᠵᠠᠬᠢᠷᠭ᠋ᠠᠨ᠎ᠤ ᠬᠠᠦᠯᠢ ᠭᠡᠷᠡᠭᠵᠢᠬᠦᠯᠬᠦ ᠡᠬᠦᠷᠭᠡ ᠴᠢᠳᠡᠪᠦᠷᠢ ᠵᠢ ᠳᠠᠭ᠋ᠠᠭ᠋ᠠᠨ ᠡᠬᠦᠷᠭᠡᠯᠡᠭᠰᠡᠨ ᠶᠡᠷᠦᠩᠭᠡᠶ᠋ᠢᠯᠡᠭᠰᠡᠨ ᠬᠠᠦᠯᠢ ᠭᠡᠷᠡᠭᠵᠢᠬᠦᠯᠬᠦ ᠪᠠᠶ᠋ᠢᠭᠤᠯᠥᠮᠵᠢ᠎ᠨᠢ ᠣᠰᠣᠨ᠎ᠤ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠣᠯᠥᠯᠳᠡ ᠵᠢᠨ ᠰᠠᠭᠤᠷᠢ ᠪᠠᠷᠢᠮᠵᠢᠶ᠎ᠠ ᠵᠢ ᠵᠢᠷᠦᠮᠵᠢᠭᠤᠯᠵᠦ᠂ ᠠᠵᠢᠯ᠎ᠤᠨ ᠭᠡᠷᠡᠭᠴᠡᠭᠡ᠎ᠪᠠᠨ ᠦᠨᠳᠣᠰᠣᠯᠡᠨ ᠳᠡᠭᠡᠳᠦ ᠱᠠᠳᠣᠨ᠎ᠤ ᠲᠣᠠᠠᠳᠠᠭ᠋ᠠᠠᠠᠰᠠᠨ ᠲᠠᠰᠣᠯᠥᠯᠳᠡ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢᠨ ᠲᠣᠬᠢᠷᠠᠬᠤ ᠪᠡᠷᠢᠮᠵᠢᠶ᠎ᠠ᠂ ᠨᠦᠬᠦᠴᠡᠯ᠂ ᠳᠥᠷᠦᠯ ᠵᠦᠢ᠍ᠯ᠂ ᠭᠡᠮᠵᠢᠶ᠎ᠠ᠂ ᠠᠷᠭ᠎ᠠ ᠮᠠᠶᠢᠭ᠂ ᠴᠠᠭ᠎ᠤᠨ ᠬᠢᠵᠠᠭ᠋ᠠᠷ᠎ᠢ ᠬᠠᠦᠯᠢ ᠶᠣᠰᠣᠭ᠋ᠠᠷ ᠵᠦᠢ ᠵᠣᠬᠢᠰᠳᠡᠢ ᠨᠠᠷᠢᠯᠢᠠᠠᠵᠢᠭᠤᠯᠥᠨ ᠪᠤᠳᠡᠳᠡᠶ᠋ᠢᠵᠢᠭᠤᠯᠵᠦ ᠪᠤᠯᠥᠨ᠎ᠠ᠃ ᠡᠯ᠎ᠡ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠲᠣᠭᠲᠠᠭ᠋ᠠᠬᠤ᠂ ᠵᠠᠰᠠᠪᠤᠷᠢ ᠣᠷᠣᠭᠤᠯᠬᠤ᠂ ᠬᠡᠷᠡᠭᠯᠡᠬᠦ᠎ᠳᠤ ᠳᠣᠭᠢᠷᠠᠬᠤ ᠪᠠ ᠬᠢᠨᠠᠯᠲᠠ ᠲᠠᠯᠪᠢᠬᠤ ᠬᠡᠷᠡᠭᠲᠡᠶ᠃
(ᠠᠷᠪᠠ) ᠵᠣᠭᠣᠰ ᠵᠶ᠋ᠠᠷ ᠲᠣᠷᠭ᠋ᠠᠬᠤ ᠵᠢ ᠬᠡᠷᠡᠭᠵᠢᠭᠦᠯᠬᠦ ᠶᠠᠪᠤᠳᠠᠯ᠎ᠢ ᠴᠢᠩᠭ᠎ᠠ ᠵᠢᠷᠤᠮᠵᠢᠭᠤᠯᠤᠨ᠎ᠠ᠃ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠡᠭᠦᠷᠭᠡᠯᠡᠭᠰᠡᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ᠎ᠨᠢ ᠤᠰᠤ᠎ᠲᠠᠢ ᠬᠣᠯᠪᠣᠭᠳᠠᠭᠰᠠᠨ ᠬᠡᠷᠡᠭ᠎ᠢ ᠰᠢᠢ᠍ᠳᠪᠦᠷᠢᠯᠡᠬᠦ᠎ᠳᠡᠭᠡᠨ ᠬᠠᠤᠯᠢ ᠴᠠᠭ᠋ᠠᠵᠠ ᠵᠢᠨ ᠲᠣᠭᠲᠠᠭ᠋ᠠᠯ ᠪᠣᠯᠤᠨ ᠬᠠᠤᠯᠢ᠎ᠠᠴᠠ ᠵᠥᠷᠢᠴᠡᠭᠰᠡᠨ ᠪᠣᠳᠠᠲᠤ ᠬᠡᠷᠡᠭ᠎ᠢ ᠴᠢᠩᠭ᠎ᠠ ᠵᠢᠷᠤᠮᠯᠠᠨ ᠵᠣᠭᠣᠰ ᠵᠶ᠋ᠠᠷ ᠲᠣᠷᠭ᠋ᠠᠬᠤ ᠵᠢ ᠬᠡᠷᠡᠭᠵᠢᠭᠦᠯᠵᠦ᠂ ᠠᠯᠳᠠᠭ᠎ᠠ ᠪᠤᠷᠤᠭᠤ ᠪᠠᠶ᠋ᠢᠪᠠᠯ ᠬᠥᠩᠭᠡᠨ᠂ ᠬᠦᠨᠳᠦ ᠪᠠᠶ᠋ᠢᠪᠠᠯ ᠬᠦᠨᠳᠦ᠎ᠪᠠᠷ ᠰᠢᠢ᠍ᠳᠭᠡᠨ ᠲᠣᠷᠭ᠋ᠠᠬᠤ ᠪᠤᠶᠤ ᠥᠨᠳᠥᠷ ᠲᠣᠭ᠎ᠠ᠎ᠪᠠᠷ ᠵᠣᠭᠣᠰ ᠵᠶ᠋ᠠᠷ ᠲᠣᠷᠭ᠋ᠠᠵᠤ ᠪᠣᠯᠬᠤ ᠦᠭᠡᠶ᠂ 《ᠨᠢᠭᠡ ᠠᠳᠠᠯᠢ》 ᠮᠠᠶᠢᠭ ᠵᠶ᠋ᠠᠷ ᠬᠠᠤᠯᠢ ᠬᠡᠷᠡᠭᠵᠢᠭᠦᠯᠬᠦ ᠵᠢ ᠲᠠᠰᠤ ᠵᠣᠭᠰᠣᠭ᠋ᠠᠬᠤ ᠬᠡᠷᠡᠭᠲᠡᠶ᠃ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠪᠣᠳᠠᠲᠤ ᠬᠡᠷᠡᠭ᠂ ᠰᠢᠨᠵᠢ ᠴᠢᠨᠠᠷ᠂ ᠦᠢ᠍ᠯᠡ ᠪᠠᠶ᠋ᠢᠳᠠᠯ ᠵᠢᠴᠢ ᠨᠡᠶ᠋ᠢᠭᠡᠮ᠎ᠳᠤ ᠬᠣᠤᠷ ᠬᠥᠨᠥᠭᠡᠯ᠎ᠤᠨ ᠬᠡᠮᠵᠢᠶ᠎ᠡ᠎ᠨᠢ ᠦᠨᠳᠦᠰᠦᠨ᠎ᠳᠡᠭᠡᠨ ᠠᠳᠠᠯᠢᠪᠲᠤᠷ ᠬᠡᠷᠡᠭ᠎ᠢ ᠵᠣᠭᠣᠰ ᠵᠶ᠋ᠠᠷ ᠲᠣᠷᠭ᠋ᠠᠬᠤ ᠲᠠᠰᠤᠯᠤᠯᠲᠠ ᠵᠢᠨ ᠬᠡᠮᠵᠢᠶ᠎ᠡ᠎ᠨᠢ ᠬᠠᠤᠯᠢ᠎ᠪᠠᠷ ᠲᠣᠭᠲᠠᠭ᠋ᠠᠭᠰᠠᠨ ᠱᠠᠭ᠋ᠠᠷᠳᠠᠯᠭ᠎ᠠ᠎ᠳᠤ ᠨᠡᠶ᠋ᠢᠴᠡᠬᠦ ᠵᠢ ᠦᠨᠡᠨ ᠬᠦ᠌ ᠪᠠᠲᠤᠯᠠᠵᠤ᠂ ᠲᠥᠷᠥᠯ᠎ᠤᠨ ᠬᠡᠷᠡᠭ᠎ᠢ ᠠᠳᠠᠯᠢ ᠪᠤᠰᠤ ᠲᠣᠷᠭ᠋ᠠᠬᠤ᠎ᠠᠴᠠ ᠵᠠᠶ᠋ᠢᠯᠠᠰᠬᠢᠬᠦ ᠬᠡᠷᠡᠭᠲᠡᠶ᠃ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠬᠠᠤᠯᠢ ᠵᠢᠨ ᠭᠤᠴᠢᠨ ᠬᠣᠶᠠᠳᠤᠭ᠋ᠠᠷ ᠵᠦᠢ᠍ᠯ᠎ᠤᠨ ᠲᠣᠭᠲᠠᠭ᠋ᠠᠯ᠎ᠳᠤ ᠨᠡᠶ᠋ᠢᠴᠡᠬᠦ᠎ᠨᠢ ᠬᠥᠩᠭᠡᠨ ᠵᠶ᠋ᠠᠷ ᠰᠢᠢ᠍ᠳᠭᠡᠬᠦ᠂ ᠬᠥᠩᠭᠡᠷᠡᠭᠦᠯᠦᠨ ᠰᠢᠢ᠍ᠳᠭᠡᠨ ᠲᠣᠷᠭ᠋ᠠᠬᠤ ᠪᠤᠶᠤ ᠭᠤᠴᠢᠨ ᠭᠤᠷᠪᠠᠳᠤᠭ᠋ᠠᠷ ᠵᠦᠢ᠍ᠯ ᠵᠡᠷᠭᠡ ᠲᠣᠭᠲᠠᠭ᠋ᠠᠯ᠎ᠳᠤ ᠨᠡᠶ᠋ᠢᠴᠡᠬᠦ ᠦᠭᠡᠶ᠂ ᠰᠢᠢ᠍ᠳᠭᠡᠨ ᠲᠣᠷᠭ᠋ᠠᠬᠤ ᠦᠭᠡᠶ ᠪᠠᠶ᠋ᠢᠳᠠᠯ ᠪᠠᠶ᠋ᠢᠪᠠᠯ᠂ ᠵᠠᠰᠠᠭ ᠵᠠᠬᠢᠷᠭ᠋ᠠᠨ᠎ᠤ ᠰᠢᠢ᠍ᠳᠭᠡᠨ ᠲᠣᠷᠭ᠋ᠠᠬᠤ ᠬᠠᠤᠯᠢ ᠵᠢ ᠲᠣᠬᠢᠷᠠᠭᠤᠯᠤᠨ ᠬᠡᠷᠡᠭᠯᠡᠵᠦ ᠪᠠᠶ᠋ᠢᠭ᠋ᠠᠳ ᠵᠣᠬᠢᠴᠠᠩᠭᠤᠶ ᠪᠦᠬᠦᠢ ᠰᠢᠢ᠍ᠳᠪᠦᠷᠢᠯᠡᠯᠲᠡ ᠭᠠᠷᠭ᠋ᠠᠬᠤ ᠬᠡᠷᠡᠭᠲᠡᠶ᠃ ᠵᠣᠭᠣᠰ ᠵᠶ᠋ᠠᠷ ᠲᠣᠷᠭ᠋ᠠᠬᠤ ᠵᠢ ᠬᠡᠷᠡᠭᠵᠢᠭᠦᠯᠬᠦ᠎ᠳᠡᠭᠡᠨ ᠲᠤᠬᠠᠶ᠋ᠢᠲᠠᠶ ᠬᠥᠮᠦᠨ᠎ᠢ ᠵᠠᠷᠯᠢᠭᠳᠠᠵᠤ ᠪᠠᠶ᠋ᠢᠭ᠋ᠠᠳ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠠᠯᠠᠷᠠᠭᠤᠯᠬᠤ ᠪᠤᠶᠤ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠬᠤ ᠬᠡᠷᠡᠭᠲᠡᠶ᠂ ᠵᠣᠭᠣᠰ ᠵᠶ᠋ᠠᠷ ᠲᠣᠷᠭ᠋ᠠᠬᠤ᠎ᠠᠴᠠ ᠪᠢᠰᠢ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠠᠯᠠᠷᠠᠭᠤᠯᠬᠤ ᠦᠭᠡᠶ ᠪᠠᠶ᠋ᠢᠵᠤ᠂ 《ᠲᠣᠷᠭ᠋ᠠᠬᠤ᠎ᠪᠠᠷ ᠬᠠᠮᠢᠶᠠᠷᠬᠤ ᠵᠢ ᠣᠷᠣᠯᠠᠭᠤᠯᠬᠤ》 ᠵᠢ ᠡᠷᠡᠰ ᠵᠣᠭᠰᠣᠭ᠋ᠠᠬᠤ ᠬᠡᠷᠡᠭᠲᠡᠶ᠃ ᠰᠢᠢ᠍ᠳᠭᠡᠬᠦ ᠪᠠ ᠰᠤᠷᠭ᠋ᠠᠨ ᠬᠥᠮᠦᠵᠢᠭᠦᠯᠬᠦ ᠵᠢ ᠤᠶᠠᠯᠳᠤᠭᠤᠯᠬᠤ᠂ ᠬᠠᠤᠯᠢ ᠬᠡᠷᠡᠭᠵᠢᠭᠦᠯᠬᠦ ᠪᠠ ᠦᠢ᠍ᠯᠡᠴᠢᠯᠡᠬᠦ ᠵᠢ ᠤᠶᠠᠯᠳᠤᠭᠤᠯᠬᠤ ᠵᠢ ᠪᠠᠷᠢᠮᠲᠠᠯᠠᠵᠤ᠂ ᠬᠠᠤᠯᠢ ᠲᠦᠭᠡᠮᠡᠯᠵᠢᠭᠦᠯᠬᠦ ᠬᠥᠮᠦᠵᠢᠯ᠎ᠢ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠰᠢᠭᠦᠮᠵᠢᠯᠡᠨ ᠰᠤᠷᠭ᠋ᠠᠬᠤ᠂ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠬᠤ᠂ ᠰᠤᠷᠭ᠋ᠠᠵᠤ ᠢᠳᠬᠠᠬᠤ᠂ ᠪᠣᠯᠵᠣᠨ ᠶᠠᠷᠢᠯᠴᠠᠬᠤ ᠵᠡᠷᠭᠡ ᠠᠷᠭ᠎ᠠ ᠬᠡᠮᠵᠢᠶ᠎ᠡ ᠵᠢ ᠠᠪᠴᠤ ᠪᠠᠶ᠋ᠢᠭ᠋ᠠᠳ ᠠᠵᠤ ᠠᠬᠤᠶ᠋ᠢᠯᠠᠯ ᠪᠣᠯᠤᠨ ᠣᠯᠠᠨ ᠲᠦᠮᠡᠨ᠎ᠢ ᠬᠥᠮᠦᠵᠢᠭᠦᠯᠦᠨ ᠬᠥᠲᠥᠯᠥᠨ ᠵᠢᠯᠣᠭᠣᠳᠴᠤ ᠪᠠᠶ᠋ᠢᠭ᠋ᠠᠳ ᠬᠠᠤᠯᠢ ᠶᠣᠰᠣᠭ᠋ᠠᠷ ᠡᠵᠡᠩᠨᠡᠭᠦᠯᠵᠦ᠂ ᠬᠠᠤᠯᠢ ᠵᠢ ᠤᠬᠠᠮᠰᠠᠷ᠎ᠠᠴᠠ᠎ᠨᠢ ᠰᠠᠬᠢᠭᠤᠯᠵᠤ᠂ ᠠᠵᠤ ᠠᠬᠤᠶ᠋ᠢᠯᠠᠯ ᠪᠣᠯᠤᠨ ᠣᠯᠠᠨ ᠲᠦᠮᠡᠨ᠎ᠤ ᠬᠦᠴᠢᠷᠳᠡᠯ ᠪᠣᠯᠤᠨ ᠠᠰᠠᠭᠤᠳᠠᠯ᠎ᠢ ᠢᠳᠡᠪᠬᠢᠲᠡᠶ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠰᠢᠢ᠍ᠳᠪᠦᠷᠢᠯᠡᠵᠦ᠂ ᠬᠠᠤᠯᠢ ᠬᠡᠷᠡᠭᠵᠢᠭᠦᠯᠬᠦ᠎ᠳᠤ ᠡᠷᠴᠢᠮ᠎ᠲᠠᠢ ᠮᠥᠷᠲᠡᠭᠡᠨ ᠬᠠᠶ᠋ᠢᠷ᠎ᠠ ᠰᠡᠳᠬᠢᠯᠭᠡ᠎ᠲᠠᠢ ᠪᠣᠯᠭ᠋ᠠᠬᠤ ᠬᠡᠷᠡᠭᠲᠡᠶ᠃
ᠳᠥᠷᠪᠡ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ ᠰᠢᠯᠭ᠋ᠠᠨ ᠬᠢᠨᠠᠬᠤ ᠵᠢ ᠴᠢᠩᠭ᠋ᠠᠳᠬᠠᠨ᠎ᠠ
(ᠠᠷᠪᠠᠨ ᠨᠢᠭᠡ) ᠬᠡᠪᠰᠢᠭᠰᠡᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠥᠷᠨᠢᠭᠦᠯᠦᠨ᠎ᠡ᠃ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ 《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ᠎ᠤᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ》 ᠪᠣᠯᠤᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠦᠷᠢᠮ》 ᠵᠡᠷᠭᠡ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ᠂ ᠲᠣᠰ ᠰᠠᠯᠠᠭ᠎ᠠ ᠮᠥᠴᠢᠷ᠎ᠤᠨ ᠵᠶ᠋ᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠢ ᠳᠠᠭ᠋ᠠᠭ᠋ᠠᠨ ᠡᠭᠦᠷᠭᠡᠯᠡᠬᠦ ᠪᠠᠶ᠋ᠢᠭᠤᠯᠤᠮᠵᠢ ᠵᠢ ᠲᠣᠳᠣᠷᠬᠠᠶ᠋ᠢᠯᠠᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠬᠦᠴᠦᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ ᠲᠣᠰ ᠱᠠᠲᠤᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠵᠢᠯᠣᠭᠤᠳᠣᠯᠭ᠎ᠠ ᠳᠣᠤᠷ᠎ᠠ᠂ ᠲᠣᠰ ᠨᠢᠭᠡᠴᠢ ᠵᠢᠨ ᠵᠶ᠋ᠠᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠬᠠᠷᠢᠶ᠎ᠠ ᠪᠠᠶ᠋ᠢᠭᠤᠯᠤᠮᠵᠢ ᠪᠣᠯᠤᠨ ᠳᠣᠤᠷᠠᠳᠤ ᠱᠠᠲᠤᠨ᠎ᠤ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠳᠤ ᠪᠠᠶ᠋ᠢᠩᠭᠤ ᠵᠢᠨ ᠴᠢᠨᠠᠷᠲᠠᠶ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠵᠦ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ᠎ᠪᠠᠨ ᠪᠥᠬᠦ ᠲᠠᠯ᠎ᠠ᠎ᠪᠠᠷ ᠭᠦᠢ᠍ᠴᠡᠳᠭᠡᠬᠦ ᠵᠢ ᠰᠢᠮᠳᠠᠭᠤᠯᠬᠤ ᠬᠡᠷᠡᠭᠲᠡᠶ᠃ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠤᠨ ᠲᠦᠷᠢᠮ᠎ᠢ ᠪᠦᠷᠢᠨᠰᠢᠭᠦᠯᠵᠦ᠂ ᠬᠢᠨᠠᠯᠲᠠ ᠲᠠᠯᠪᠢᠬᠤ ᠵᠦᠢ᠍ᠯᠡᠰ᠎ᠤᠨ ᠨᠠᠷᠢᠨ ᠬᠠᠭᠤᠳᠠᠰᠤ ᠵᠢ ᠲᠣᠭᠲᠠᠭ᠋ᠠᠵᠤ᠂ ᠬᠢᠨᠠᠯᠲᠠ ᠲᠠᠯᠪᠢᠵᠤ ᠬᠡᠷᠡᠭᠵᠢᠭᠦᠯᠬᠦ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠵᠤ᠂ ᠬᠢᠨᠠᠯᠲᠠ ᠲᠠᠯᠪᠢᠬᠤ ᠠᠵᠢᠯ᠎ᠤᠨ ᠲᠡᠰ ᠳᠠᠷᠠᠭ᠋ᠠᠯᠠᠯ᠎ᠢ ᠵᠢᠷᠤᠮᠵᠢᠭᠤᠯᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠪᠦᠬᠦᠨ᠎ᠢ ᠪᠦᠷᠬᠦᠬᠦᠯᠬᠦ ᠵᠢ ᠠᠬᠢᠭᠤᠯᠬᠤ ᠬᠡᠷᠡᠭᠲᠡᠢ᠃ ᠴᠢᠬᠤᠯᠠ ᠶᠡᠬᠡ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠬᠡᠷᠡᠭ᠎ᠢ ᠬᠢᠨᠠᠨ ᠭᠦᠢ᠍ᠴᠡᠳᠭᠡᠬᠦ ᠡᠷᠴᠢᠮ ᠵᠶ᠋ᠠᠨ ᠨᠡᠮᠡᠭᠳᠡᠭᠦᠯᠬᠦ ᠬᠡᠷᠡᠭᠲᠡᠶ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠳᠠᠩᠰᠠ ᠡᠪᠬᠡᠮᠡᠯ᠎ᠢ ᠦᠨᠡᠯᠡᠨ ᠪᠠᠶ᠋ᠢᠴᠠᠭ᠋ᠠᠬᠤ ᠵᠢ ᠪᠠᠶ᠋ᠢᠩᠭᠤᠵᠢᠭᠤᠯᠤᠨ ᠥᠷᠨᠢᠭᠦᠯᠦᠨ᠎ᠡ᠃
(ᠠᠷᠪᠠᠨ ᠬᠣᠶᠠᠷ) ᠬᠠᠤᠯᠢ ᠬᠡᠷᠡᠭᠵᠢᠭᠦᠯᠬᠦ᠎ᠳᠤ ᠲᠤᠰᠬᠠᠢ ᠬᠢᠨᠠᠯᠲᠠ ᠲᠠᠯᠪᠢᠬᠤ ᠵᠢ ᠰᠠᠶ᠋ᠢᠲᠤᠷ ᠠᠳᠬᠤᠨ᠎ᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠵᠢᠯ ᠪᠦᠷᠢ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠢ ᠴᠠᠭᠲᠤᠨᠢ ᠵᠣᠬᠢᠴᠠᠭᠤᠯᠵᠤ ᠪᠠᠶ᠋ᠢᠭ᠋ᠠᠳ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢᠨ ᠲᠣᠭᠤᠷᠢᠨ᠎ᠳᠤ᠂ ᠪᠥᠬᠦ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠶᠡᠭᠡ ᠲᠠᠯ᠎ᠠ᠂ ᠠᠷᠠᠳ ᠣᠯᠠᠨ᠎ᠤ ᠲᠣᠰ ᠪᠡᠶ᠎ᠡ ᠵᠢᠨ ᠠᠰᠢᠭ ᠲᠤᠰᠠ᠎ᠳᠤ ᠬᠤᠯᠪᠣᠭᠳᠠᠬᠤ ᠤᠰᠤᠨ ᠠᠰᠢᠭᠯᠠᠯᠲᠠ ᠵᠢᠨ ᠭᠤᠤᠯᠳᠠᠯᠭ᠎ᠠ᠎ᠲᠠᠢ ᠬᠠᠤᠯᠢ ᠬᠡᠷᠡᠭᠵᠢᠭᠦᠯᠬᠦ ᠬᠦᠷᠢᠶ᠎ᠡ ᠴᠠᠷᠠᠭ᠎ᠠ ᠪᠣᠯᠤᠨ ᠨᠡᠶ᠋ᠢᠭᠡᠮ᠎ᠤᠨ ᠲᠤᠰᠬᠠᠯ ᠴᠢᠩᠭ᠎ᠠ ᠪᠠᠶ᠋ᠢᠭ᠎ᠠ ᠤᠰᠤᠨ ᠠᠰᠢᠭᠯᠠᠯᠲᠠ ᠵᠢᠨ ᠭᠤᠤᠯᠳᠠᠯᠭ᠎ᠠ᠎ᠲᠠᠢ ᠬᠠᠤᠯᠢ ᠬᠡᠷᠡᠭᠵᠢᠭᠦᠯᠬᠦ ᠠᠰᠠᠭᠤᠳᠠᠯ᠎ᠢ ᠰᠣᠩᠭᠤᠨ ᠲᠤᠰᠬᠠᠶ ᠬᠢᠨᠠᠯᠲᠠ ᠲᠠᠯᠪᠢᠵᠤ᠂ ᠠᠰᠠᠭᠤᠳᠠᠯ᠎ᠢ ᠴᠠᠭ ᠲᠤᠬᠠᠶ᠎ᠳᠤᠨᠢ ᠢᠯᠡᠷᠡᠭᠦᠯᠵᠦ᠂ ᠴᠡᠭᠴᠡᠯᠡᠨ ᠰᠠᠶ᠋ᠢᠵᠢᠷᠠᠭᠤᠯᠬᠤ ᠵᠢ ᠰᠢᠮᠳᠠᠭᠤᠯᠤᠨ᠎ᠠ᠃
(ᠠᠷᠪᠠᠨ ᠭᠤᠷᠪᠠ) ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠬᠠᠮᠵᠢᠯᠴᠠᠭ᠎ᠠ ᠵᠢ ᠠᠬᠢᠭᠤᠯᠤᠨ᠎ᠠ᠃ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠭᠡᠳ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠶ᠃ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠮᠡᠳᠡᠭᠦᠯᠬᠦ ᠳᠦᠷᠢᠮ᠎ᠢ ᠨᠠᠶ᠋ᠢᠳᠠᠪᠤᠷᠢᠵᠢᠭᠤᠯᠬᠤ᠎ᠲᠠᠢ ᠤᠶᠠᠯᠳᠤᠭᠤᠯᠤᠨ ᠠᠳᠠᠯᠢ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ ᠳᠡᠭᠡᠳᠦ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠠᠶ᠋ᠢᠳᠠᠯ ᠵᠶ᠋ᠠᠨ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠦᠨ ᠬᠦᠷᠭᠡᠬᠦ ᠬᠡᠷᠡᠭᠲᠡᠶ᠃ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠪᠠ ᠪᠤᠰᠤᠳ ᠡᠯ᠎ᠡ ᠲᠥᠷᠥᠯ᠎ᠤᠨ ᠬᠢᠨᠠᠯᠲᠠ ᠲᠠᠯᠪᠢᠬᠤ ᠵᠢ ᠣᠷᠭ᠋ᠠᠨᠢᠭ ᠵᠶ᠋ᠠᠷ ᠨᠡᠪᠲᠡᠷᠡᠯᠴᠡᠭᠦᠯᠬᠦ᠂ ᠬᠠᠷᠢᠯᠴᠠᠨ ᠵᠣᠬᠢᠴᠠᠭᠤᠯᠬᠤ ᠵᠢ ᠠᠬᠢᠭᠤᠯᠤᠨ᠎ᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠷᠭ᠎ᠠ ᠵᠠᠮ᠎ᠢ ᠥᠷᠭᠡᠳᠬᠡᠵᠦ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠪᠠ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠳᠥᠭᠦᠮ ᠦᠵᠡᠭᠦᠯᠬᠦ ᠤᠲᠠᠰᠤ᠂ ᠤᠰᠤᠨ ᠠᠰᠢᠭᠯᠠᠯᠲᠠ ᠵᠢᠨ ᠶᠠᠮᠤᠨ᠎ᠤ 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ ᠵᠢᠴᠢ ᠰᠦᠯᠵᠢᠶᠡᠨ᠎ᠤ ᠵᠠᠭᠤᠴᠢᠯᠠᠭᠤᠷ ᠵᠡᠷᠭᠡ ᠬᠢᠨᠠᠯᠲᠠ ᠲᠠᠯᠪᠢᠬᠤ ᠠᠷᠭ᠎ᠠ ᠵᠠᠮ᠎ᠤᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠬᠠᠮᠲᠤᠷᠠᠯᠴᠠᠭ᠎ᠠ ᠵᠢ ᠴᠢᠩᠭ᠋ᠠᠳᠬᠠᠨ᠎ᠠ᠃
(ᠠᠷᠪᠠᠨ ᠳᠦᠷᠪᠡ) ᠬᠠᠤᠯᠢ ᠬᠡᠷᠡᠭᠵᠢᠭᠦᠯᠦᠯᠲᠡ ᠵᠢ ᠬᠢᠨᠠᠵᠤ ᠦᠨᠡᠯᠡᠬᠦ ᠠᠵᠢᠯ᠎ᠢ ᠴᠢᠩᠭ᠋ᠠᠳᠬᠠᠨ᠎ᠠ᠃ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠣᠰ ᠲᠣᠰ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ ᠰᠢᠨᠵᠢᠯᠡᠬᠦ ᠤᠬᠠᠭ᠋ᠠᠨᠴᠢ ᠵᠦᠶ ᠵᠣᠬᠢᠰᠲᠠᠶ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠦᠨᠡᠯᠡᠬᠦ ᠭᠦᠢ᠍ᠴᠡᠳᠬᠡᠯ ᠲᠤᠭ᠎ᠠ ᠵᠢᠨ ᠰᠢᠰᠲ᠋ᠧᠮᠵᠢ ᠵᠢ ᠰᠤᠳᠤᠯᠤᠨ ᠲᠣᠭᠲᠠᠭ᠋ᠠᠵᠤ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠤᠰᠤᠨ᠎ᠤ ᠡᠬᠢ ᠪᠠᠶᠠᠯᠢᠭ᠂ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠲᠦᠷᠢᠮ᠎ᠤᠨ ᠰᠢᠯᠭ᠋ᠠᠨ ᠬᠢᠨᠠᠬᠤ᠎ᠳᠤ ᠣᠷᠣᠭᠤᠯᠤᠨ᠂ ᠬᠠᠮᠢᠶ᠎ᠠ ᠪᠥᠬᠦᠶ ᠪᠣᠳᠠᠲᠠᠶ ᠭᠦᠢ᠍ᠴᠡᠳᠬᠡᠯ ᠲᠤᠭ᠎ᠠ ᠵᠢ ᠨᠠᠷᠢᠯᠢᠬ᠍ᠵᠢᠭᠤᠯᠵᠤ᠂ ᠰᠢᠯᠭ᠋ᠠᠨ ᠬᠢᠨᠠᠬᠤ᠎ᠳᠤ ᠢᠯᠡᠷᠡᠭᠦᠯᠦᠭᠰᠡᠨ ᠠᠰᠠᠭᠤᠳᠠᠯ ᠵᠶ᠋ᠠᠷ ᠨᠡᠯᠢᠶᠡᠳ ᠣᠯᠠᠨ ᠭᠠᠵᠠᠷ ᠣᠷᠣᠨ ᠪᠤᠶᠤ ᠬᠠᠮᠢᠶ᠎ᠠ ᠪᠥᠬᠦᠶ ᠰᠠᠯᠠᠭ᠎ᠠ ᠮᠥᠴᠢᠷ᠎ᠢ ᠪᠣᠯᠵᠣᠨ ᠶᠠᠷᠢᠯᠴᠠᠬᠤ᠂ ᠵᠠᠷᠯᠠᠨ ᠮᠡᠳᠡᠭᠳᠡᠬᠦ ᠵᠡᠷᠭᠡ ᠠᠷᠭ᠎ᠠ ᠮᠠᠶᠢᠭ ᠵᠶ᠋ᠠᠷ ᠰᠢᠮᠳᠠᠭᠤᠯᠤᠨ ᠴᠡᠭᠴᠡᠯᠡᠨ ᠰᠠᠶ᠋ᠢᠵᠢᠷᠠᠭᠤᠯᠵᠤ᠂ ᠰᠢᠯᠭ᠋ᠠᠨ ᠬᠢᠨᠠᠬᠤ᠎ᠳᠤ ᠬᠢᠷᠢ ᠪᠦᠲᠦᠮᠵᠢ᠎ᠪᠠᠷ ᠲᠣᠪᠤᠶ᠋ᠢᠮ᠎ᠠ ᠨᠢᠭᠡᠴᠢ᠂ ᠬᠤᠪᠢ ᠬᠥᠮᠦᠨ᠎ᠢ ᠬᠥᠬᠢᠭᠦᠯᠦᠨ ᠰᠠᠶ᠋ᠢᠰᠢᠶᠠᠬᠤ ᠬᠡᠷᠡᠭᠲᠡᠶ᠃ ᠬᠠᠤᠯᠢ ᠬᠡᠷᠡᠭᠵᠢᠭᠦᠯᠬᠦ ᠠᠵᠢᠯᠲᠠᠨ᠎ᠤ ᠡᠳᠦᠷ ᠲᠤᠲᠤᠮ᠎ᠤᠨ ᠰᠢᠯᠭ᠋ᠠᠨ ᠬᠢᠨᠠᠵᠤ ᠤᠷᠮᠠᠰᠢᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠦᠨᠳᠦᠰᠦᠨ ᠱᠠᠲᠤ ᠪᠠ ᠨᠢᠭᠡᠳᠦᠭᠡᠷ ᠹᠷᠣᠨᠲ᠎ᠲᠤ ᠣᠷᠳᠣ ᠬᠤᠭᠤᠴᠠᠭ᠎ᠠ᠎ᠪᠠᠷ ᠠᠵᠢᠯᠯᠠᠵᠤ ᠪᠠᠶ᠋ᠢᠭ᠎ᠠ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ᠂ ᠰᠢᠯᠭ᠋ᠠᠨ ᠬᠢᠨᠠᠵᠤ ᠱᠠᠩᠨᠠᠬᠤ᠂ ᠲᠤᠰᠢᠶᠠᠯ᠎ᠤᠨ ᠲᠠᠰ ᠳᠡᠪᠰᠢᠭᠦᠯᠬᠦ ᠵᠡᠷᠭᠡ ᠲᠠᠯ᠎ᠠ᠎ᠪᠠᠷ ᠬᠡᠯᠪᠠᠶ᠋ᠢᠯᠭᠡᠵᠦ᠂ ᠡᠩᠨᠡᠭᠡ ᠵᠢᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭᠵᠢᠭᠡᠬᠦ ᠬᠡᠷᠡᠭᠲᠡᠶ᠃ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠴᠢᠳᠠᠪᠤᠷᠢᠲᠠᠨ᠎ᠤ ᠬᠥᠮᠥᠷᠭᠡ ᠵᠢ ᠰᠦᠪᠡᠭᠴᠢᠯᠡᠨ ᠪᠠᠶ᠋ᠢᠭᠤᠯᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠬᠢᠨᠠᠨ ᠪᠠᠶ᠋ᠢᠴᠠᠭ᠋ᠠᠬᠤ ᠠᠵᠢᠯ᠎ᠳᠤ ᠣᠶᠤᠨ᠎ᠤ ᠳᠡᠮᠵᠢᠯᠭᠡ ᠬᠠᠩᠭ᠋ᠠᠬᠤ ᠬᠡᠷᠡᠭᠲᠡᠶ᠃
ᠲᠠᠪᠤ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠠᠲᠤᠯᠠᠭ᠎ᠠ ᠵᠢ ᠴᠢᠩᠭ᠋ᠠᠷᠠᠭᠤᠯᠤᠨ᠎ᠠ
(ᠠᠷᠪᠠᠨ ᠲᠠᠪᠤ) ᠴᠢᠳᠠᠪᠤᠷᠢ ᠬᠡᠪ ᠴᠢᠨᠠᠷ ᠵᠶ᠋ᠠᠨ ᠳᠡᠭᠡᠭᠰᠢᠯᠡᠭᠦᠯᠦᠨ᠎ᠡ᠃ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠬᠢᠷᠢ ᠭᠡᠮ᠎ᠤᠨ ᠬᠠᠮᠢᠶᠠᠷᠤᠯᠲᠠ ᠪᠣᠯᠤᠨ ᠦᠨᠡᠮᠯᠡᠯ ᠵᠶ᠋ᠠᠷ ᠠᠵᠢᠯ᠎ᠤᠨ ᠪᠠᠶ᠋ᠢᠷᠢ᠎ᠳᠤ ᠭᠠᠷᠬᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠡᠳᠦᠷ ᠲᠤᠲᠤᠮ᠎ᠤᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠃ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠤᠯᠤᠰ ᠲᠥᠷᠥ ᠵᠢᠨ ᠴᠢᠳᠠᠪᠤᠷᠢ᠂ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠪᠠ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠬᠦ ᠵᠢᠨ ᠲᠣᠭᠤᠷᠢᠨ᠎ᠳᠤ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠷᠢᠮᠵᠢᠶᠠᠵᠢᠭᠤᠯᠤᠯᠲᠠ ᠳᠦᠷᠢᠮᠵᠢᠭᠰᠡᠨ ᠪᠣᠯᠪᠠᠰᠤᠷᠠᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠮᠡᠳᠡᠯᠭᠡ᠂ ᠲᠤᠬᠠᠶ᠋ᠢᠯᠠᠭᠰᠠᠨ ᠠᠵᠢᠯ᠎ᠤᠨ ᠮᠡᠳᠡᠯᠭᠡ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠤᠷ᠎ᠠ ᠴᠢᠳᠠᠪᠤᠷᠢ ᠵᠡᠷᠭᠡ ᠵᠢ ᠪᠣᠯᠪᠠᠰᠤᠷᠠᠯ᠎ᠤᠨ ᠠᠭᠤᠯᠭ᠎ᠠ᠎ᠳᠤ ᠣᠷᠣᠭᠤᠯᠵᠤ᠂ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ᠂ ᠣᠨᠣᠯ᠎ᠤᠨ ᠤᠬᠠᠭᠤᠯᠤᠨ ᠲᠠᠶ᠋ᠢᠯᠪᠤᠷᠢᠯᠠᠬᠤ᠂ ᠰᠦᠯᠵᠢᠶᠡᠨ ᠳᠡᠭᠡᠷ᠎ᠡ ᠰᠤᠷᠤᠯᠴᠠᠨ ᠪᠣᠯᠪᠠᠰᠤᠷᠠᠭᠤᠯᠬᠤ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ᠎ᠢ ᠠᠪᠴᠤ᠂ ᠤᠯᠤᠰ ᠲᠥᠷᠥ ᠵᠢᠨ ᠣᠨᠣᠯ᠎ᠤᠨ ᠬᠥᠮᠦᠵᠢᠯ ᠪᠠ ᠨᠠᠮᠴᠢ ᠴᠢᠨᠠᠷ᠎ᠤᠨ ᠬᠥᠮᠦᠵᠢᠯ᠎ᠤᠨ ᠰᠤᠷᠤᠯᠴᠠᠯᠭ᠎ᠠ ᠵᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠬᠥᠮᠦᠨ ᠪᠦᠷᠢ ᠵᠢᠯ ᠪᠦᠷᠢ 60 ᠬᠢᠴᠢᠶᠡᠯ᠎ᠤᠨ ᠴᠠᠭ᠎ᠠᠴᠠ ᠳᠤᠲᠠᠭᠤ ᠥᠬᠡᠶ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠮᠡᠳᠡᠯᠭᠡ᠂ ᠲᠤᠬᠠᠶ᠋ᠢᠯᠠᠭᠰᠠᠨ ᠠᠵᠢᠯ᠎ᠤᠨ ᠮᠡᠳᠡᠯᠭᠡ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠬᠦᠷᠲᠡᠬᠦ ᠵᠢ ᠦᠨᠡᠨ ᠬᠦ᠌ ᠪᠠᠲᠤᠯᠠᠵᠤ᠂ ᠲᠤᠬᠠᠶ ᠵᠢᠨ ᠲᠠᠯᠠᠪᠤᠷ᠎ᠲᠤ ᠪᠠᠶ᠋ᠢᠴᠠᠭ᠋ᠠᠬᠤ᠂ ᠪᠠᠶ᠋ᠢᠴᠠᠭ᠋ᠠᠵᠤ ᠭᠡᠷᠡᠴᠢ ᠠᠪᠬᠤ᠂ ᠬᠡᠷᠡᠭ ᠦᠢ᠍ᠯᠡᠳᠬᠦ᠂ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠵᠢ ᠬᠡᠷᠡᠭᠯᠡᠬᠦ ᠵᠡᠷᠭᠡ ᠪᠣᠳᠠᠲᠤ ᠪᠣᠯᠪᠠᠰᠤᠷᠠᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠳᠣᠪᠤᠶ᠋ᠢᠯᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠴᠤᠭᠯᠠᠭᠤᠯᠬᠤ᠂ ᠵᠠᠳᠠᠯᠬᠤ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠲᠦᠷᠢᠮ᠎ᠢ ᠨᠡᠶ᠋ᠢᠲᠡᠯᠡᠵᠦ᠂ ᠬᠠᠤᠯᠢ ᠬᠡᠷᠡᠭᠵᠢᠭᠦᠯᠬᠦ ᠠᠷᠭ᠎ᠠ ᠮᠠᠶᠢᠭ᠎ᠤᠨ ᠰᠢᠨ᠎ᠡ ᠵᠢ ᠡᠭᠦᠳᠬᠦ᠂ ᠬᠠᠤᠯᠢ ᠬᠡᠷᠡᠭᠵᠢᠭᠦᠯᠬᠦ ᠲᠠᠰ ᠳᠠᠷᠠᠭ᠋ᠠᠯᠠᠯ᠎ᠤᠨ ᠵᠢᠷᠤᠮᠵᠢᠯ᠂ ᠬᠡᠷᠡᠭ᠎ᠤᠨ ᠡᠪᠬᠡᠮᠡᠯ᠎ᠢ ᠶᠣᠰᠣ ᠤᠴᠢᠷ ᠲᠣᠳᠣᠷᠬᠠᠶ ᠪᠠᠶ᠋ᠢᠯᠭ᠋ᠠᠬᠤ ᠵᠡᠷᠭᠡ ᠲᠠᠯ᠎ᠠ᠎ᠪᠠᠷ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠢᠯᠡᠷᠡᠭᠦᠯᠵᠦ᠂ ᠵᠢᠱ᠌ᠢᠶ᠎ᠡ ᠦᠵᠡᠭᠦᠯᠵᠦ ᠵᠢᠯᠣᠭᠤᠳᠬᠤ ᠦᠢ᠍ᠯᠡᠳᠦᠯ᠎ᠢ ᠪᠠᠳᠠᠷᠠᠭᠤᠯᠤᠨ᠎ᠠ᠃
(ᠠᠷᠪᠠᠨ ᠵᠢᠷᠭᠤᠭ᠎ᠠ) ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠪᠠᠲᠤᠯᠠᠭ᠎ᠠ ᠵᠢ ᠴᠢᠩᠭ᠋ᠠᠳᠬᠠᠨ᠎ᠠ᠃ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠳ ᠴᠢᠩᠭ᠎ᠠ ᠬᠡᠷᠡᠭᠵᠢᠭᠦᠯᠬᠦ ᠬᠡᠷᠡᠭᠲᠡᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠲᠦᠷᠢᠮ》᠎ᠤᠨ ᠲᠣᠭᠲᠠᠭ᠋ᠠᠯ᠎ᠳᠤ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠲᠦᠷᠢᠮ᠎ᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠲᠤᠰᠢᠶᠠᠯ᠎ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ᠎ᠨᠢ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠵᠣᠷᠢᠭᠵᠢᠭᠤᠯᠵᠠᠢ᠃ ᠬᠠᠤᠯᠢ ᠬᠡᠷᠡᠭᠵᠢᠭᠦᠯᠬᠦ ᠠᠵᠢᠯ᠎ᠤᠨ ᠵᠠᠷᠤᠳᠠᠯ᠎ᠤᠨ ᠪᠠᠲᠤᠯᠠᠭ᠎ᠠ ᠵᠢ ᠴᠢᠩᠭ᠋ᠠᠳᠬᠠᠵᠤ᠂ ᠬᠠᠤᠯᠢ ᠬᠡᠷᠡᠭᠵᠢᠭᠦᠯᠬᠦ᠎ᠳᠤ ᠴᠢᠬᠤᠯᠠ ᠪᠦᠬᠦᠢ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ᠂ ᠪᠠᠶ᠋ᠢᠴᠠᠭ᠋ᠠᠵᠤ ᠭᠡᠷᠡᠴᠢ ᠠᠪᠬᠤ ᠵᠡᠷᠭᠡ ᠲᠣᠨᠤᠭ ᠲᠥᠬᠦᠭᠡᠷᠦᠮᠵᠢ ᠵᠢ ᠵᠦᠶ ᠵᠣᠬᠢᠰᠲᠠᠶ ᠲᠣᠬᠢᠷᠠᠭᠤᠯᠵᠤ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠬᠡᠷᠡᠭᠴᠡᠭᠡ ᠵᠢ ᠬᠠᠩᠭ᠋ᠠᠬᠤ ᠬᠡᠷᠡᠭᠲᠡᠶ᠃ 《ᠤᠶᠤᠨᠲᠤ ᠬᠠᠤᠯᠢ ᠬᠡᠷᠡᠭᠵᠢᠭᠦᠯᠬᠦ》 ᠵᠢ ᠶᠡᠬᠡᠪᠡᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠤᠰᠠᠯᠠᠬᠤ ᠰᠢᠰᠲ᠋ᠧᠮ᠎ᠢ ᠪᠠᠶ᠋ᠢᠭᠤᠯᠤᠨ᠂ ᠰᠢᠯᠵᠢᠮᠡᠯ ᠬᠡᠷᠡᠭᠯᠡᠭᠡᠨ᠎ᠤ ᠲᠠᠰ ᠳᠠᠷᠠᠭ᠋ᠠᠯᠠᠯ᠎ᠤᠨ ᠠᠯᠠᠭ᠋ᠠᠨ ᠳᠡᠭᠡᠷ᠎ᠡ ᠬᠠᠤᠯᠢ ᠬᠡᠷᠡᠭᠵᠢᠭᠦᠯᠬᠦ ᠵᠢ ᠬᠡᠷᠡᠭᠵᠢᠭᠦᠯᠵᠦ᠂ ᠪᠥᠬᠦ ᠤᠯᠤᠰ᠎ᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠵᠣᠯᠭ᠋ᠠᠭᠤᠯᠤᠨ᠂ ᠬᠠᠤᠯᠢ ᠬᠡᠷᠡᠭᠵᠢᠭᠦᠯᠬᠦ ᠵᠦᠢ᠍ᠯᠡᠰ᠎ᠤᠨ ᠨᠠᠷᠢᠨ ᠬᠠᠭᠤᠳᠠᠰᠤ᠂ ᠬᠠᠤᠯᠢ ᠬᠡᠷᠡᠭᠵᠢᠭᠦᠯᠬᠦ ᠦᠨᠳᠦᠰᠦᠯᠡᠯ᠂ ᠲᠤᠬᠠᠶ᠋ᠢᠯᠠᠭᠰᠠᠨ ᠠᠵᠢᠯ᠎ᠤᠨ ᠴᠤᠪᠤᠷᠠᠯ ᠵᠡᠷᠭᠡ ᠵᠢᠷᠤᠮᠵᠢᠭᠰᠠᠨ ᠪᠠ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢ ᠪᠡᠶᠡᠯᠡᠭᠦᠯᠦᠨ᠎ᠡ᠃
(ᠠᠷᠪᠠᠨ ᠳᠣᠯᠣᠭ᠎ᠠ) ᠤᠬᠠᠭᠤᠯᠵᠤ ᠬᠥᠲᠥᠯᠥᠨ ᠵᠢᠯᠣᠭᠤᠳᠬᠤ ᠵᠢ ᠴᠢᠬᠤᠯᠠᠴᠢᠯᠠᠨ᠎ᠠ᠃ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠰᠣᠨᠢᠨ ᠮᠡᠳᠡᠭᠡᠨ᠎ᠤ ᠵᠠᠭᠤᠴᠢᠯᠠᠭᠤᠷ ᠪᠣᠯᠤᠨ ᠪᠢᠴᠢᠯ ᠪᠦᠷᠭᠡ᠎ᠤᠨ ᠬᠡᠷᠡᠭᠯᠡᠭᠰᠡᠳ᠂ ᠰᠢᠭᠤᠳ ᠨᠡᠪᠲᠡᠷᠡᠭᠦᠯᠭᠡ᠂ ᠣᠬᠤᠷ ᠸᠢᠳᠢᠣ᠋ ᠵᠡᠷᠭᠡ ᠰᠦᠯᠵᠢᠶᠡᠨ᠎ᠤ ᠰᠢᠨ᠎ᠡ ᠵᠠᠭᠤᠴᠢᠯᠠᠭᠤᠷ᠎ᠢ ᠭᠦᠢ᠍ᠴᠡᠳ ᠠᠰᠢᠭᠯᠠᠨ᠂ ᠡᠯ᠎ᠡ ᠭᠠᠵᠠᠷ᠎ᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠶ᠋ᠢᠨ ᠠᠷᠭ᠎ᠠ ᠬᠡᠮᠵᠢᠶ᠎ᠡ ᠰᠠᠶ᠋ᠢᠨ ᠠᠷᠭ᠎ᠠ ᠬᠢᠳᠡᠯ᠎ᠢ ᠥᠷᠭᠡᠨ ᠵᠶ᠋ᠠᠷ ᠤᠬᠠᠭᠤᠯᠵᠤ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠡᠷᠢᠭᠦᠨ᠎ᠤ ᠬᠥᠮᠦᠰ᠂ ᠲᠡᠷᠢᠭᠦᠨ᠎ᠤ ᠦᠢ᠍ᠯᠡ ᠠᠵᠢᠯᠯᠠᠭ᠎ᠠ ᠵᠢ ᠢᠯᠡᠷᠡᠭᠦᠯᠬᠦ᠂ ᠬᠥᠮᠦᠵᠢᠭᠦᠯᠬᠦ ᠪᠠ ᠤᠬᠠᠭᠤᠯᠬᠤ ᠵᠢ ᠴᠢᠬᠤᠯᠠᠴᠢᠯᠠᠵᠤ᠂ ᠰᠢᠨ᠎ᠡ ᠰᠣᠷᠭᠤᠭ ᠲᠤᠷᠰᠢᠯᠭ᠎ᠠ ᠵᠢ ᠭᠦᠨᠵᠡᠭᠡᠶ ᠠᠭᠤᠳᠠᠯᠤᠨ ᠳ᠋ᠦᠩᠨᠡᠵᠦ᠂ ᠰᠠᠶ᠋ᠢᠨ ᠰᠠᠶ᠋ᠢᠬᠠᠨ ᠬᠠᠤᠯᠢ ᠬᠡᠷᠡᠭᠵᠢᠭᠦᠯᠬᠦ ᠳᠦᠷᠢ ᠲᠥᠷᠬᠦ ᠵᠢ ᠪᠣᠶ ᠪᠣᠯᠭ᠋ᠠᠨ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢᠨ ᠡᠷᠬᠡ ᠰᠦᠷᠲᠦ ᠴᠢᠨᠠᠷ ᠪᠠ ᠣᠯᠠᠨ ᠨᠡᠶ᠋ᠢᠲᠡ ᠵᠢ ᠢᠲᠡᠭᠡᠭᠦᠯᠬᠦ ᠬᠦᠴᠦᠨ᠎ᠢ ᠨᠡᠮᠡᠭᠳᠡᠭᠦᠯᠬᠦ ᠬᠡᠷᠡᠭᠲᠡᠶ᠃