ᠬᠡᠯᠬᠢᠶᠡᠰᠦᠨ ᠨᠣᠮᠧᠷ᠄ 000014348/2025 — 01218
ᠭᠤᠣᠯ ᠰᠡᠳᠦᠪ᠎ᠤᠨ ᠠᠩᠭᠢᠯᠠᠯ᠄ ᠤᠰᠤᠨ ᠠᠰᠢᠭᠯᠠᠯᠲᠠ
ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
ᠪᠢᠴᠢᠭ᠎ᠤᠨ ᠳ᠋ᠤᠭ᠋ᠠᠷ᠄
ᠪᠢᠴᠢᠭᠳᠡᠭᠰᠡᠨ ᠡᠳᠦᠷ ᠬᠤᠭᠤᠴᠠᠭ᠎ᠠ᠄ 2025 ᠣᠨ᠎ᠤ 3 ᠳ᠋ᠤᠭ᠋ᠠᠷ ᠰᠠᠷ᠎ᠠ ᠵᠢᠨ 24᠎ᠤ ᠡᠳᠦᠷ
ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ
(2021 ᠣᠨ᠎ᠤ 11 ᠳ᠋ᠦ᠍ᠭᠡᠷ ᠰᠠᠷ᠎ᠠ ᠵᠢᠨ 16᠎ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠭᠤᠴᠢᠨ ᠨᠢᠭᠡᠳᠦᠭᠡᠷ ᠬᠤᠷᠠᠯᠳᠤᠭ᠋ᠠᠨ᠎ᠠᠴᠠ ᠪᠠᠲᠤᠯᠠᠪᠠ 2024 ᠣᠨ᠎ᠤ 3 ᠳ᠋ᠤᠭ᠋ᠠᠷ ᠰᠠᠷ᠎ᠠ ᠵᠢᠨ 26᠎ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠶᠢᠰᠦᠳᠦᠭᠡᠷ ᠬᠤᠷᠠᠯᠳᠤᠭ᠋ᠠᠨ᠎ᠤ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠦᠷᠢᠮ〉 ᠵᠡᠷᠭᠡ 7 ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ ᠵᠠᠰᠠᠪᠠ)
ᠨᠢᠭᠡᠳᠦᠭᠡᠷ ᠵᠤᠷᠪᠤᠰ ᠭᠠᠵᠠᠷ ᠳᠣᠤᠷᠠᠬᠢ ᠤᠰᠤᠨ᠎ᠤ ᠬᠠᠮᠠᠭ᠋ᠠᠯᠠᠯᠲᠠ ᠪᠠ ᠬᠠᠮᠢᠶᠠᠷᠤᠯᠲᠠ ᠵᠢ ᠴᠢᠩᠭ᠋ᠠᠳᠬᠠᠵᠤ᠂ ᠭᠠᠵᠠᠷ ᠳᠣᠤᠷᠠᠬᠢ ᠤᠰᠤᠨ᠎ᠤ ᠦᠷᠭᠦᠯᠵᠢᠯᠡᠨ ᠠᠰᠢᠭᠯᠠᠬᠤ ᠵᠢ ᠪᠠᠲᠤᠯᠠᠨ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 《ᠭᠠᠵᠠᠷ ᠳᠣᠤᠷᠠᠬᠢ ᠤᠰᠤᠨ᠎ᠤ ᠬᠠᠮᠢᠶᠠᠷᠤᠯᠲᠠ ᠵᠢᠨ ᠳᠦᠷᠢᠮ》 ᠵᠡᠷᠭᠡ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠵᠤ᠂ ᠲᠤᠰ ᠳᠦᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠭᠠᠵᠠᠷ ᠳᠣᠤᠷᠠᠬᠢ ᠤᠰᠤ ᠵᠢ ᠬᠠᠮᠠᠭ᠋ᠠᠯᠠᠬᠤ᠂ ᠠᠰᠢᠭᠯᠠᠬᠤ᠂ ᠬᠠᠮᠢᠶᠠᠷᠬᠤ ᠵᠢᠴᠢ ᠬᠠᠮᠢᠶ᠎ᠠ ᠪᠦᠬᠦᠢ ᠠᠵᠢᠯ᠎ᠢ ᠬᠢᠬᠦ᠎ᠳᠤ ᠲᠤᠰ ᠲᠦᠷᠢᠮ ᠲᠣᠬᠢᠷᠠᠨ᠎ᠠ᠃
ᠲᠣᠰ ᠳᠦᠷᠢᠮ᠎ᠳᠤ ᠬᠡᠯᠡᠵᠦ ᠪᠠᠢ᠌ᠭ᠎ᠠ ᠭᠠᠵᠠᠷ ᠳᠣᠣᠷᠠᠬᠢ ᠤᠰᠤ ᠭᠡᠳᠡᠭ᠎ᠨᠢ ᠭᠠᠵᠠᠷ᠎ᠤᠨ ᠭᠠᠳᠠᠷᠭᠤ᠎ᠠᠴᠠ ᠳᠣᠣᠷ᠎ᠠ ᠬᠠᠳᠠᠭ᠋ᠠᠯᠠᠭᠳᠠᠵᠤ ᠪᠠᠢ᠌ᠭ᠎ᠠ ᠤᠰᠤᠨ ᠴᠣᠭᠴᠠ᠂ ᠭᠠᠵᠠᠷ᠎ᠤᠨ ᠢᠯᠴᠢ ᠵᠢᠨ ᠤᠰᠤ᠂ ᠷᠠᠰᠢᠶᠠᠨ ᠤᠰᠤ ᠵᠢ ᠵᠢᠭ᠋ᠠᠵᠤ ᠪᠣᠶ᠃
ᠭᠤᠷᠪᠠᠳᠤᠭ᠋ᠠᠷ ᠵᠤᠷᠪᠤᠰ ᠭᠠᠵᠠᠷ ᠳᠣᠣᠷᠠᠬᠢ ᠤᠰᠤᠨ᠎ᠤ ᠬᠠᠮᠠᠭ᠋ᠠᠯᠠᠯᠲᠠ ᠪᠠ ᠬᠠᠮᠢᠶᠠᠷᠤᠯᠲᠠ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠵᠤ᠂ ᠤᠰᠤᠨ᠎ᠤ ᠬᠡᠮᠵᠢᠶ᠎ᠡ᠎ᠪᠠᠷ ᠬᠤᠲᠠ ᠵᠢᠨ ᠪᠦᠲᠦᠭᠡᠨ ᠪᠠᠢ᠌ᠭᠤᠯᠤᠯᠲᠠ ᠵᠢ ᠲᠤᠭᠲᠠᠭ᠋ᠠᠵᠤ᠂ ᠤᠰᠤᠨ᠎ᠤ ᠬᠡᠮᠵᠢᠶ᠎ᠡ᠎ᠪᠠᠷ ᠭᠠᠵᠠᠷ ᠲᠠᠷᠢᠶ᠎ᠠ ᠵᠢ ᠲᠤᠭᠲᠠᠭ᠋ᠠᠵᠤ᠂ ᠤᠰᠤᠨ᠎ᠤ ᠬᠡᠮᠵᠢᠶ᠎ᠡ᠎ᠪᠠᠷ ᠬᠦᠮᠦᠨ ᠠᠮᠠ ᠵᠢ ᠲᠤᠭᠲᠠᠭ᠋ᠠᠵᠤ᠂ ᠤᠰᠤᠨ᠎ᠤ ᠬᠡᠮᠵᠢᠶ᠎ᠡ᠎ᠪᠠᠷ ᠦᠢ᠍ᠯᠡᠳᠪᠦᠷᠢᠯᠡᠯ᠎ᠢ ᠲᠤᠭᠲᠠᠭ᠋ᠠᠬᠤ᠂ ᠨᠢᠭᠡᠳᠦᠯᠲᠡᠢ ᠲᠥᠯᠥᠪᠵᠢᠭᠦᠯᠬᠦ᠂ ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠥᠨᠳᠥᠷ ᠪᠦᠲᠦᠮᠵᠢᠲᠡᠢ ᠠᠰᠢᠭᠯᠠᠬᠤ᠂ ᠰᠢᠰᠲ᠋ᠧᠮ᠎ᠲᠠᠢ ᠵᠠᠰᠠᠬᠤ ᠵᠠᠷᠴᠢᠮ᠎ᠢ ᠵᠢᠷᠤᠮᠯᠠᠬᠤ ᠬᠡᠷᠡᠭᠲᠡᠢ᠃
ᠳᠥᠷᠪᠡᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠪᠦᠬᠦ ᠣᠷᠣᠨ᠎ᠤ ᠭᠠᠵᠠᠷ ᠳᠣᠤᠷᠠᠬᠢ ᠤᠰᠤ ᠵᠢ ᠬᠠᠮᠠᠭ᠋ᠠᠯᠠᠬᠤ ᠪᠠ ᠬᠠᠮᠢᠶᠠᠷᠬᠤ ᠠᠵᠢᠯ᠎ᠢ ᠨᠢᠭᠡᠳᠦᠯᠲᠡᠶ ᠲᠥᠯᠥᠪᠯᠡᠨ᠎ᠡ᠃ ᠠᠶ᠋ᠢᠮᠠᠭ᠎ᠤᠨ ᠵᠠᠬᠢᠷᠭ᠎ᠠ᠂ ᠲᠣᠭᠣᠷᠢᠭ᠎ᠲᠠᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠭᠠᠵᠠᠷ ᠳᠣᠤᠷᠠᠬᠢ ᠤᠰᠤ ᠵᠢ ᠬᠠᠮᠠᠭ᠋ᠠᠯᠠᠬᠤ ᠪᠠ ᠬᠠᠮᠢᠶᠠᠷᠬᠤ ᠠᠵᠢᠯ᠎ᠢ ᠵᠢᠯᠣᠭᠣᠳᠤᠨ ᠬᠢᠨᠠᠯᠲᠠ ᠲᠠᠯᠪᠢᠬᠤ ᠬᠡᠷᠡᠭᠲᠡᠶ᠃ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠭᠠᠵᠠᠷ ᠳᠣᠤᠷᠠᠬᠢ ᠤᠰᠤ ᠵᠢ ᠬᠠᠮᠠᠭ᠋ᠠᠯᠠᠬᠤ ᠪᠠ ᠬᠠᠮᠢᠶᠠᠷᠬᠤ ᠠᠵᠢᠯ᠎ᠢ ᠪᠣᠳᠠᠲᠠᠶ ᠬᠠᠷᠢᠭᠤᠴᠠᠨ᠎ᠠ᠃
ᠲᠠᠪᠤᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠠᠵᠠᠷ ᠳᠣᠤᠷᠠᠬᠢ ᠤᠰᠤ ᠵᠢ ᠬᠠᠮᠠᠭ᠋ᠠᠯᠠᠬᠤ ᠪᠠ ᠬᠠᠮᠢᠶᠠᠷᠬᠤ ᠵᠢ ᠲᠤᠰ ᠱᠠᠲᠤᠨ᠎ᠤ ᠤᠯᠤᠰ ᠠᠷᠠᠳ᠎ᠤᠨ ᠠᠵᠤ ᠠᠬᠤᠶ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠡᠭᠡᠨ ᠣᠷᠣᠭᠤᠯᠵᠤ᠂ ᠬᠡᠷᠡᠭᠰᠡᠬᠦ ᠵᠠᠷᠤᠳᠠᠯ᠎ᠢ ᠲᠤᠰ ᠱᠠᠲᠤᠨ᠎ᠤ ᠡᠳ᠋᠎ᠤᠨ ᠵᠠᠰᠠᠭ᠎ᠤᠨ ᠲᠥᠰᠦᠪ᠎ᠲᠡᠭᠡᠨ ᠵᠢᠭᠰᠠᠭ᠋ᠠᠨ ᠣᠷᠣᠭᠤᠯᠬᠤ ᠬᠡᠷᠡᠭᠲᠡᠶ᠃
ᠤᠯᠤᠰ ᠠᠷᠠᠳ᠎ᠤᠨ ᠠᠵᠤ ᠠᠬᠤᠶ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠴᠢ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠡᠷᠭᠡ ᠬᠠᠮᠢᠶ᠎ᠠ ᠪᠦᠬᠦᠢ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠂ ᠴᠢᠬᠤᠯᠠ ᠶᠡᠬᠡ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠠᠶ᠋ᠢᠷᠢᠰᠢᠭᠤᠯᠤᠯ᠎ᠨᠢ ᠭᠠᠵᠠᠷ ᠳᠣᠤᠷᠠᠬᠢ ᠤᠰᠤᠨ᠎ᠤ ᠡᠬᠢ ᠪᠠᠶᠠᠯᠢᠭ᠎ᠤᠨ ᠨᠥᠬᠥᠴᠡᠯ ᠪᠣᠯᠤᠨ ᠭᠠᠵᠠᠷ ᠳᠣᠤᠷᠠᠬᠢ ᠤᠰᠤ ᠵᠢ ᠬᠠᠮᠠᠭ᠋ᠠᠯᠠᠬᠤ ᠱᠠᠭ᠋ᠠᠷᠳᠠᠯᠭ᠎ᠠ᠎ᠯᠤᠭ᠎ᠠ ᠲᠣᠬᠢᠷᠠᠯᠴᠠᠭᠤᠯᠬᠤ ᠵᠢᠨ ᠬᠠᠮᠲᠤ ᠰᠢᠨᠵᠢᠯᠡᠬᠦ ᠤᠬᠠᠭ᠋ᠠᠨᠴᠢ ᠨᠤᠲᠠᠯᠠᠯᠲᠠ ᠬᠢᠬᠦ ᠬᠡᠷᠡᠭᠲᠡᠶ᠃
ᠥᠪᠡᠷᠲᠡᠭᠡᠨ ᠵᠠᠰᠠᠬᠤ ᠣᠷᠣᠨ᠎ᠠᠴᠠ ᠭᠠᠵᠠᠷ ᠳᠣᠤᠷᠠᠬᠢ ᠤᠰᠤ ᠵᠢ ᠬᠠᠮᠠᠭ᠋ᠠᠯᠠᠬᠤ ᠬᠠᠮᠢᠶᠠᠷᠤᠯᠲᠠ ᠵᠢᠨ ᠬᠠᠷᠠᠯᠲᠠᠲᠤ ᠬᠠᠷᠢᠭᠤᠴᠠᠯᠭ᠎ᠠ ᠵᠢᠨ ᠳᠦᠷᠢᠮ ᠪᠣᠯᠤᠨ ᠰᠢᠯᠭ᠋ᠠᠨ ᠬᠢᠨᠠᠵᠤ ᠦᠨᠡᠯᠡᠬᠦ ᠳᠦᠷᠢᠮ᠎ᠢ ᠬᠡᠷᠡᠭᠵᠢᠭᠦᠯᠦᠨ᠎ᠡ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠠᠵᠠᠷ ᠳᠣᠤᠷᠠᠬᠢ ᠤᠰᠤ ᠵᠢ ᠬᠠᠮᠠᠭ᠋ᠠᠯᠠᠬᠤ ᠪᠠ ᠬᠠᠮᠢᠶᠠᠷᠬᠤ ᠬᠠᠷᠠᠯᠲᠠ ᠵᠢ ᠪᠡᠶᠡᠯᠡᠭᠦᠯᠦᠭᠰᠡᠨ ᠪᠠᠶ᠋ᠢᠳᠠᠯ᠎ᠢ ᠳᠣᠤᠷᠠᠳᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠠᠷᠢᠭᠤᠴᠠᠯᠭ᠋ᠠᠲᠠᠨ᠎ᠢ ᠬᠢᠨᠠᠨ ᠰᠢᠯᠭ᠋ᠠᠵᠤ ᠦᠨᠡᠯᠡᠬᠦ ᠠᠭᠤᠯᠭ᠎ᠠ᠎ᠳᠤ ᠣᠷᠣᠭᠤᠯᠬᠤ ᠬᠡᠷᠡᠭᠲᠡᠶ᠃
ᠵᠢᠷᠭᠤᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠭᠠᠵᠠᠷ ᠳᠣᠤᠷᠠᠬᠢ ᠤᠰᠤ ᠵᠢ ᠨᠢᠭᠡᠳᠦᠯᠲᠡᠶ ᠬᠢᠨᠠᠨ ᠬᠠᠮᠢᠶᠠᠷᠬᠤ ᠠᠵᠢᠯ᠎ᠢ ᠬᠠᠷᠢᠭᠤᠴᠠᠨ᠎ᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠠᠶ᠋ᠢᠮᠠᠭ᠎ᠤᠨ ᠵᠠᠬᠢᠷᠭ᠎ᠠ᠂ ᠲᠣᠭᠣᠷᠢᠭ᠎ᠲᠠᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠮᠢ ᠠᠬᠤᠶ ᠣᠷᠴᠢᠨ ᠲᠣᠭᠣᠷᠢᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠭᠠᠵᠠᠷ ᠳᠣᠤᠷᠠᠬᠢ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠪᠠᠶ᠋ᠢᠭ᠋ᠠᠯᠢ ᠵᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠶᠣᠰᠣᠭ᠋ᠠᠷ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠭᠠᠵᠠᠷ ᠳᠣᠤᠷᠠᠬᠢ ᠤᠰᠤ ᠵᠢ ᠬᠠᠮᠠᠭ᠋ᠠᠯᠠᠬᠤ ᠪᠠ ᠬᠠᠮᠢᠶᠠᠷᠬᠤ ᠬᠠᠮᠢᠶ᠎ᠠ ᠪᠦᠬᠦᠢ ᠠᠵᠢᠯ᠎ᠢ ᠬᠠᠷᠢᠭᠤᠴᠠᠨ᠎ᠠ᠃
ᠳᠣᠯᠣᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠤᠷᠠᠬᠢ ᠤᠰᠤ ᠵᠢ ᠬᠠᠮᠠᠭ᠋ᠠᠯᠠᠬᠤ ᠬᠢᠭᠡᠳ ᠠᠰᠢᠭᠯᠠᠬᠤ ᠲᠥᠯᠥᠪᠵᠢᠭᠦᠯᠭᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ᠎ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠬᠦ ᠬᠡᠷᠡᠭᠲᠡᠶ᠃
ᠠᠵᠤ ᠦᠢ᠍ᠯᠡᠳᠪᠦᠷᠢ᠂ ᠲᠠᠷᠢᠶᠠᠯᠠᠩ ᠮᠠᠯ ᠠᠵᠤ ᠠᠬᠤᠶ᠂ ᠬᠣᠲᠠ ᠵᠢᠨ ᠶᠠᠪᠤᠳᠠᠯ᠂ ᠣᠶ ᠰᠢᠭᠤᠶ ᠪᠣᠯᠤᠨ ᠨᠤᠲᠤᠭ ᠪᠡᠯᠴᠢᠭᠡᠷ᠂ ᠡᠨᠧᠷᠭᠢ᠂ ᠭᠠᠵᠠᠷ ᠰᠢᠷᠣᠶ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠬᠦ ᠵᠡᠷᠭᠡ ᠲᠤᠰᠬᠠᠶ ᠵᠦᠢ᠍ᠯ᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠤ ᠭᠠᠵᠠᠷ ᠳᠣᠤᠷᠠᠬᠢ ᠤᠰᠤᠨ᠎ᠳᠤ ᠬᠣᠯᠪᠣᠭᠳᠠᠬᠤ ᠪᠣᠯ ᠭᠠᠵᠠᠷ ᠳᠣᠤᠷᠠᠬᠢ ᠤᠰᠤ ᠵᠢ ᠬᠠᠮᠠᠭ᠋ᠠᠯᠠᠬᠤ ᠬᠢᠭᠡᠳ ᠠᠰᠢᠭᠯᠠᠬᠤ ᠲᠥᠯᠥᠪᠵᠢᠭᠦᠯᠭᠡ ᠵᠡᠷᠭᠡ᠎ᠲᠠᠢ ᠬᠠᠷᠢᠯᠴᠠᠨ ᠵᠣᠯᠭ᠋ᠠᠯᠳᠤᠭᠤᠯᠬᠤ ᠬᠡᠷᠡᠭᠲᠡᠶ᠃
ᠭᠠᠵᠠᠷ ᠳᠣᠤᠷᠠᠬᠢ ᠤᠰᠤ ᠵᠢ ᠬᠠᠮᠠᠭ᠋ᠠᠯᠠᠬᠤ ᠪᠠ ᠠᠰᠢᠭᠯᠠᠬᠤ ᠲᠥᠯᠥᠪᠵᠢᠭᠦᠯᠭᠡ ᠵᠢ ᠴᠢᠩᠭ᠎ᠠ ᠬᠡᠷᠡᠭᠵᠢᠭᠦᠯᠬᠦ ᠬᠡᠷᠡᠭᠲᠡᠶ᠂ ᠳᠤᠷ᠎ᠠ᠎ᠪᠠᠷ ᠵᠶ᠋ᠠᠨ ᠬᠤᠪᠢᠷᠠᠭᠤᠯᠵᠤ ᠪᠣᠯᠬᠤ ᠦᠭᠡᠶ᠃ ᠦᠨᠡᠨ ᠬᠦ᠌ ᠬᠤᠪᠢᠷᠠᠭᠤᠯᠬᠤ ᠴᠢᠬᠤᠯᠠᠲᠠᠢ ᠪᠣᠯ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠳᠡᠰ ᠳᠠᠷᠠᠭ᠋ᠠᠯᠠᠯ᠎ᠤᠨ ᠶᠣᠰᠣᠭ᠋ᠠᠷ ᠤᠤᠯ᠎ᠤᠨ ᠵᠥᠪᠰᠢᠶᠡᠷᠡᠭᠰᠡᠨ ᠪᠠᠢ᠌ᠭᠤᠯᠭ᠎ᠠ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃
ᠨᠠᠢ᠍ᠮᠠᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠠᠴᠠ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠤᠰᠤᠨ᠎ᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠪᠠ ᠤᠰᠤᠨ ᠲᠦᠪᠰᠢᠨ᠎ᠢ ᠡᠵᠡᠮᠳᠡᠬᠦ ᠳᠦᠷᠢᠮ᠎ᠢ ᠬᠡᠷᠡᠭᠵᠢᠭᠦᠯᠦᠨ᠎ᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠵᠥᠪᠰᠢᠶᠡᠷᠡᠭᠦᠯᠦᠭᠰᠡᠨ ᠭᠠᠵᠠᠷ ᠳᠣᠤᠷᠠᠬᠢ ᠤᠰᠤ ᠵᠢ ᠬᠠᠮᠠᠭ᠋ᠠᠯᠠᠬᠤ ᠪᠠ ᠠᠰᠢᠭᠯᠠᠬᠤ ᠲᠥᠯᠥᠪᠵᠢᠭᠦᠯᠭᠡ ᠵᠢ ᠦᠨᠳᠦᠰᠦᠯᠡᠨ᠂ ᠤᠰᠤᠨ ᠰᠢᠨᠵᠢᠯᠡᠭᠡᠨ᠎ᠤ ᠨᠢᠭᠡᠴᠢ ᠵᠢᠨ ᠬᠣᠰᠢᠭᠤ ᠰᠢᠶᠠᠨ᠎ᠤ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠨ ᠲᠣᠭᠲᠠᠭ᠋ᠠᠵᠤ ᠬᠠᠮᠢᠶᠠᠷᠬᠤ ᠨᠢᠭᠡᠴᠢ ᠵᠢ ᠢᠵᠢ ᠪᠦᠷᠢᠳᠦᠭᠦᠯᠦᠨ᠂ ᠡᠯ᠎ᠡ ᠬᠠᠮᠢᠶᠠᠷᠤᠯᠲᠠ ᠵᠢᠨ ᠨᠢᠭᠡᠴᠢ ᠵᠢᠨ ᠲᠥᠯᠥᠪᠵᠢᠭᠦᠯᠭᠡ ᠵᠢᠨ ᠬᠢᠷᠢ ᠬᠡᠮᠵᠢᠶ᠎ᠡ᠎ᠨᠢ ᠵᠢᠯ᠎ᠤᠨ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠤᠰᠤᠨ᠎ᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠭᠦᠢ᠍ᠴᠡᠳᠭᠡᠯ ᠲᠣᠭ᠎ᠠ᠂ ᠠᠮᠢ ᠠᠬᠤᠶ ᠵᠢᠨ ᠤᠰᠤᠨ ᠲᠦᠪᠰᠢᠨ ᠪᠤᠶᠤ ᠲᠥᠯᠥᠪᠵᠢᠭᠦᠯᠭᠡ ᠵᠢᠨ ᠬᠢᠷᠢ ᠬᠡᠮᠵᠢᠶ᠎ᠡ ᠵᠢᠨ ᠣᠨ᠎ᠤ ᠤᠰᠤᠨ ᠲᠦᠪᠰᠢᠨ᠎ᠢ ᠡᠵᠡᠮᠳᠡᠬᠦ ᠭᠦᠢ᠍ᠴᠡᠳᠭᠡᠯ ᠲᠣᠭ᠎ᠠ ᠵᠢ ᠲᠣᠭᠲᠠᠭ᠋ᠠᠬᠤ ᠵᠢᠨ ᠬᠠᠮᠲᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ᠎ᠤ ᠡᠷᠬᠡ ᠣᠯᠭᠣᠭᠰᠠᠨ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃
ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠡᠯ᠎ᠡ ᠬᠠᠮᠢᠶᠠᠷᠤᠯᠲᠠ ᠵᠢᠨ ᠨᠢᠭᠡᠴᠢ ᠵᠢᠨ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠤᠰᠤᠨ᠎ᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠭᠦᠢ᠍ᠴᠡᠳᠭᠡᠯ ᠲᠣᠭ᠎ᠠ ᠵᠢ ᠰᠤᠮᠤ ᠰᠢᠶᠠᠩ ᠪᠠᠯᠭ᠋ᠠᠰᠤ ᠪᠣᠯᠤᠨ ᠬᠣᠲᠠ ᠬᠥᠳᠡᠭᠡ ᠵᠢᠨ ᠠᠮᠢᠳᠤᠷᠠᠯ᠂ ᠠᠵᠤ ᠦᠢ᠍ᠯᠡᠳᠪᠦᠷᠢ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠵᠡᠷᠭᠡ ᠠᠵᠢᠯ ᠲᠥᠷᠥᠯ᠎ᠳᠤ ᠬᠦᠷᠲᠡᠯ᠎ᠡ ᠬᠤᠪᠢᠶᠠᠷᠢᠯᠠᠨ᠂ ᠡᠭᠦᠨ᠎ᠳᠤ ᠲᠠᠷᠢᠶᠠᠯᠠᠩ ᠮᠠᠯ ᠠᠵᠤ ᠠᠬᠤᠶ ᠵᠢᠨ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠤᠰᠤ ᠵᠢ ᠬᠢᠵᠠᠭ᠋ᠠᠷᠯᠠᠬᠤ ᠭᠦᠢ᠍ᠴᠡᠳᠭᠡᠯ ᠲᠣᠭ᠎ᠠ ᠵᠢ ᠤᠰᠤ ᠠᠪᠬᠤ ᠡᠷᠦᠬᠡ᠎ᠳᠤ ᠠᠯᠬᠤᠮ ᠠᠯᠬᠤᠮ ᠵᠶ᠋ᠠᠷ ᠵᠠᠳᠠᠯᠤᠨ ᠥᠭᠬᠦ ᠬᠡᠷᠡᠭᠲᠡᠶ᠃
ᠡᠯ᠎ᠡ ᠬᠠᠮᠢᠶᠠᠷᠤᠯᠲᠠ ᠵᠢᠨ ᠨᠢᠭᠡᠴᠢ ᠵᠢᠨ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠤᠰᠤᠨ᠎ᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠭᠦᠢ᠍ᠴᠡᠳᠭᠡᠯ ᠲᠣᠭ᠎ᠠ᠎ᠠᠴᠠ ᠬᠡᠲᠦᠷᠡᠭᠦᠯᠵᠦ ᠪᠣᠯᠬᠤ ᠦᠭᠡᠶ᠂ ᠭᠠᠵᠠᠷ ᠳᠣᠤᠷᠠᠬᠢ ᠤᠰᠤᠨ᠎ᠤ ᠤᠰᠤᠨ ᠲᠦᠪᠰᠢᠨ᠎ᠨᠢ ᠤᠰᠤᠨ ᠲᠦᠪᠰᠢᠨ᠎ᠤ ᠡᠵᠡᠮᠳᠡᠬᠦ ᠭᠦᠢ᠍ᠴᠡᠳᠭᠡᠯ ᠲᠣᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠶᠡᠷᠦᠩᠬᠡᠶ ᠬᠡᠮᠵᠢᠶ᠎ᠡ᠂ ᠤᠰᠤᠨ ᠲᠦᠪᠰᠢᠨ᠎ᠨᠢ ᠬᠠᠮᠢᠶᠠᠷᠤᠨ ᠡᠵᠡᠮᠳᠡᠬᠦ ᠭᠦᠢ᠍ᠴᠡᠳᠭᠡᠯ ᠲᠣᠭ᠋ᠠᠨ᠎ᠤ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠶ ᠬᠠᠮᠢᠶᠠᠷᠤᠯᠲᠠ ᠵᠢᠨ ᠨᠢᠭᠡᠴᠢ᠎ᠳᠤ ᠪᠣᠯ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠵᠠᠰᠠᠬᠤ ᠠᠷᠭ᠎ᠠ ᠬᠡᠮᠵᠢᠶ᠎ᠡ ᠠᠪᠴᠤ᠂ ᠬᠤᠭᠤᠴᠠᠭ᠎ᠠ ᠬᠢᠵᠠᠭ᠋ᠠᠷᠯᠠᠨ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠤᠰᠤᠨ᠎ᠤ ᠶᠡᠷᠦᠩᠬᠡᠶ ᠬᠡᠮᠵᠢᠶ᠎ᠡ ᠪᠣᠯᠤᠨ ᠤᠰᠤᠨ ᠲᠦᠪᠰᠢᠨ᠎ᠢ ᠡᠵᠡᠮᠳᠡᠬᠦ ᠱᠠᠭ᠋ᠠᠷᠳᠠᠯᠭ᠎ᠠ᠎ᠳᠤ ᠬᠦᠷᠦᠭᠦᠯᠬᠦ ᠬᠡᠷᠡᠭᠲᠡᠶ᠃
ᠶᠢᠰᠦᠳᠦᠭᠡᠷ ᠵᠤᠷᠪᠤᠰ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠤᠰᠤᠨ᠎ᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠭᠦᠢ᠍ᠴᠡᠳᠭᠡᠯ ᠲᠣᠭ᠎ᠠ ᠵᠢ ᠡᠯ᠎ᠡ ᠬᠠᠮᠢᠶᠠᠷᠤᠯᠲᠠ ᠵᠢᠨ ᠨᠢᠭᠡᠴᠢ ᠵᠢᠨ ᠭᠠᠵᠠᠷ ᠳᠣᠤᠷᠠᠬᠢ ᠤᠰᠤ ᠵᠢ ᠨᠡᠭᠡᠭᠡᠨ ᠮᠠᠯᠲᠠᠵᠤ ᠪᠣᠯᠬᠤ ᠬᠡᠮᠵᠢᠶ᠎ᠡ᠂ ᠠᠮᠢ ᠠᠬᠤᠶ ᠵᠢᠨ ᠤᠰᠤᠨ ᠲᠦᠪᠰᠢᠨ᠎ᠢ ᠬᠠᠮᠢᠶᠠᠷᠤᠨ ᠡᠵᠡᠮᠳᠡᠬᠦ ᠱᠠᠭ᠋ᠠᠷᠳᠠᠯᠭ᠎ᠠ ᠵᠢ ᠦᠨᠳᠦᠰᠦᠯᠡᠨ ᠲᠣᠭᠲᠠᠭ᠋ᠠᠬᠤ ᠬᠡᠷᠡᠭᠲᠡᠶ᠃ ᠠᠮᠢ ᠠᠬᠤᠶ ᠵᠢᠨ ᠤᠰᠤᠨ ᠲᠦᠪᠰᠢᠨ᠎ᠢ ᠬᠠᠮᠢᠶᠠᠷᠤᠯᠲᠠ ᠵᠢᠨ ᠨᠢᠭᠡᠴᠢ ᠵᠢᠨ ᠳᠣᠲᠣᠷ᠎ᠠ ᠭᠣᠤᠯ ᠪᠣᠯᠬᠤ ᠪᠠᠶ᠋ᠢᠭ᠋ᠠᠯᠢ ᠵᠢᠨ ᠤᠷᠭᠤᠮᠠᠯ᠎ᠤᠨ ᠳᠦᠷᠰᠦ ᠵᠢᠨ ᠰᠦᠷᠦᠭ᠎ᠤᠨ ᠣᠷᠣᠰᠢᠨ ᠲᠣᠭᠲᠠᠨᠢᠬᠤ ᠬᠡᠷᠡᠭᠴᠡᠭᠡ ᠵᠢ ᠬᠡᠪ ᠵᠶ᠋ᠠᠷ ᠪᠠᠶ᠋ᠢᠯᠭ᠋ᠠᠬᠤ ᠭᠠᠵᠠᠷ ᠳᠣᠤᠷᠠᠬᠢ ᠤᠰᠤᠨ᠎ᠤ ᠤᠰᠤᠨ ᠲᠦᠪᠰᠢᠨ ᠬᠦᠨ ᠪᠤᠯᠠᠭᠳᠠᠴᠠ ᠵᠢ ᠲᠤᠭᠲᠠᠭ᠋ᠠᠨ᠎ᠠ᠃
ᠨᠢᠭᠡᠴᠢ ᠵᠢᠨ ᠪᠣᠳᠠᠲᠠᠶ ᠲᠠᠲᠠᠵᠤ ᠬᠡᠷᠡᠭᠯᠡᠭᠰᠡᠨ ᠭᠠᠵᠠᠷ ᠳᠣᠤᠷᠠᠬᠢ ᠤᠰᠤᠨ᠎ᠤ ᠶᠡᠷᠦᠩᠬᠡᠶ ᠬᠡᠮᠵᠢᠶ᠎ᠡ ᠵᠢᠨ ᠲᠣᠭ᠎ᠠ ᠪᠠᠷᠢᠮᠲᠠ ᠵᠢ ᠬᠡᠮᠵᠢᠵᠦ ᠬᠢᠨᠠᠨ ᠬᠡᠮᠵᠢᠬᠦ᠂ ᠴᠠᠬᠢᠯᠭ᠋ᠠᠨ᠎ᠤ ᠬᠡᠮᠵᠢᠶ᠎ᠡ᠎ᠪᠠᠷ ᠤᠰᠤᠨ᠎ᠤ ᠬᠡᠮᠵᠢᠶ᠎ᠡ ᠵᠢ ᠨᠤᠭᠤᠯᠤᠨ ᠪᠣᠳᠣᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠤᠰᠤᠨ ᠲᠦᠪᠰᠢᠨ᠎ᠤ ᠲᠣᠭ᠎ᠠ ᠪᠠᠷᠢᠮᠲᠠ ᠵᠢ ᠭᠠᠵᠠᠷ ᠳᠣᠤᠷᠠᠬᠢ ᠤᠰᠤᠨ᠎ᠤ ᠤᠰᠤᠨ ᠲᠦᠪᠰᠢᠨ᠎ᠢ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠦᠨᠳᠦᠰᠦᠯᠡᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠣᠨ ᠵᠶ᠋ᠠᠷ ᠵᠣᠬᠢᠶᠠᠨ ᠪᠠᠶ᠋ᠢᠭᠤᠯᠤᠨ ᠦᠨᠡᠯᠡᠵᠦ᠂ ᠬᠠᠮᠢᠶ᠎ᠠ ᠪᠦᠬᠦᠢ ᠰᠢᠯᠭ᠋ᠠᠨ ᠬᠢᠨᠠᠬᠤ ᠵᠢᠨ ᠦᠨᠳᠦᠰᠦᠯᠡᠯ ᠪᠣᠯᠭ᠋ᠠᠨ᠎ᠠ᠃
ᠠᠷᠪᠠᠳᠤᠭ᠋ᠠᠷ ᠵᠤᠷᠪᠤᠰ ᠬᠣᠲᠠ ᠵᠢᠨ ᠶᠡᠷᠦᠩᠬᠡᠶ ᠲᠥᠯᠥᠪᠵᠢᠭᠦᠯᠭᠡ᠂ ᠠᠵᠢᠯ ᠲᠥᠷᠥᠯ᠎ᠤᠨ ᠲᠤᠰᠬᠠᠶ ᠵᠦᠢ᠍ᠯ᠎ᠤᠨ ᠲᠥᠯᠥᠪᠵᠢᠭᠦᠯᠭᠡ ᠵᠡᠷᠭᠡ ᠵᠢ ᠨᠠᠶ᠋ᠢᠷᠠᠭᠤᠯᠤᠨ ᠵᠣᠬᠢᠶᠠᠬᠤ᠎ᠳᠤ᠂ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠪᠤᠶᠤ ᠭᠠᠵᠠᠷ ᠳᠣᠤᠷᠠᠬᠢ ᠤᠰᠤᠨ᠎ᠳᠤ ᠴᠢᠬᠤᠯᠠ ᠶᠡᠬᠡ ᠨᠥᠯᠥᠭᠡ ᠦᠵᠡᠭᠦᠯᠬᠦ᠎ᠳᠤ ᠬᠣᠯᠪᠣᠭᠳᠠᠪᠠᠯ᠂ ᠲᠥᠯᠥᠪᠵᠢᠭᠦᠯᠭᠡ ᠵᠢᠨ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ ᠬᠢᠬᠦ ᠵᠢᠨ ᠬᠠᠮᠲᠤ ᠬᠠᠮᠢᠶᠠᠷᠤᠯᠲᠠ ᠵᠢᠨ ᠨᠢᠭᠡᠴᠢ ᠵᠢᠨ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠤᠰᠤᠨ᠎ᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠭᠦᠢ᠍ᠴᠡᠳᠭᠡᠯ ᠲᠣᠭ᠎ᠠ ᠪᠣᠯᠤᠨ ᠤᠰᠤᠨ ᠲᠦᠪᠰᠢᠨ᠎ᠢ ᠡᠵᠡᠮᠳᠡᠬᠦ ᠭᠦᠢ᠍ᠴᠡᠳᠭᠡᠬᠦ ᠲᠣᠭ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠭᠦᠯᠬᠦ ᠬᠡᠷᠡᠭᠲᠡᠶ᠃ ᠲᠥᠯᠥᠪᠵᠢᠭᠦᠯᠭᠡ ᠵᠢᠨ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ ᠵᠢᠨ ᠮᠡᠳᠡᠭᠦᠯᠦᠯᠲᠡ ᠵᠢ ᠬᠠᠮᠢᠶᠠᠷᠤᠯᠲᠠ ᠵᠢᠨ ᠡᠷᠬᠡ ᠮᠡᠳᠡᠯ᠎ᠲᠠᠢ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠪᠠᠶ᠋ᠢᠴᠠᠭ᠋ᠠᠯᠭ᠋ᠠᠬᠤ ᠬᠡᠷᠡᠭᠲᠡᠶ᠃
ᠠᠷᠪᠠᠨ ᠨᠢᠭᠡᠳᠦᠭᠡᠷ ᠵᠤᠷᠪᠤᠰ ᠭᠠᠵᠠᠷ ᠳᠣᠤᠷᠠᠬᠢ ᠤᠰᠤ ᠵᠢ ᠠᠪᠴᠤ ᠬᠡᠷᠡᠭᠯᠡᠬᠦ ᠨᠢᠭᠡᠴᠢ ᠪᠣᠯᠤᠨ ᠬᠤᠪᠢ ᠬᠥᠮᠦᠨ ᠤᠰᠤ ᠠᠪᠬᠤ ᠵᠥᠪᠰᠢᠶᠡᠷᠡᠯ᠎ᠤᠨ ᠦᠨᠡᠮᠯᠡᠯ ᠭᠤᠶᠤᠴᠢᠯᠠᠵᠤ ᠠᠪᠬᠤ ᠬᠡᠷᠡᠭᠲᠡᠶ᠂ ᠳᠣᠤᠷᠠᠬᠢ ᠪᠠᠶ᠋ᠢᠳᠠᠯ ᠪᠠᠢ᠌ᠬᠤ᠎ᠨᠢ ᠡᠭᠦᠨ᠎ᠳᠤ ᠪᠠᠭᠲᠠᠬᠤ ᠦᠭᠡᠶ᠄
(ᠨᠢᠭᠡ) ᠭᠡᠷ ᠪᠦᠯᠢ ᠵᠢᠨ ᠠᠮᠢᠳᠤᠷᠠᠯ ᠪᠠ ᠮᠠᠯ ᠵᠢᠭᠦᠷᠲᠡᠨ᠎ᠢ ᠬᠡᠰᠡᠭ ᠪᠤᠰᠠᠭ ᠵᠶ᠋ᠠᠷ ᠰᠤᠯᠠ ᠲᠡᠵᠢᠭᠡᠵᠦ᠂ ᠬᠠᠰᠢᠶᠠᠯᠠᠨ ᠲᠡᠵᠢᠭᠡᠬᠦ᠎ᠳᠤ ᠬᠡᠷᠡᠭᠯᠡᠬᠦ ᠤᠰᠤ ᠵᠢ ᠵᠢᠯ᠎ᠳᠤ 1000 ᠪᠣᠰᠣᠭ᠎ᠠ ᠳᠥᠷᠪᠡᠯᠵᠢᠨ ᠮᠧᠲᠷ᠎ᠠᠴᠠ ᠳᠣᠷᠣᠭᠰᠢ ᠠᠪᠤᠭᠰᠠᠨ ᠪᠠᠢ᠌ᠪᠠᠯ;
(ᠬᠤᠶᠠᠷ) ᠠᠭᠤᠷᠬᠠᠢ ᠵᠢᠨ ᠬᠤᠳᠳᠤᠭ ᠵᠡᠷᠭᠡ ᠭᠠᠵᠠᠷ ᠳᠣᠣᠷᠠᠬᠢ ᠢᠨᠵᠸᠨ᠋ᠸᠷᠢᠩ᠎ᠤᠨ ᠠᠵᠢᠯ᠎ᠤᠨ ᠠᠮᠤᠷ ᠲᠦᠪᠰᠢᠨ ᠪᠠ ᠦᠢ᠍ᠯᠡᠳᠪᠦᠷᠢᠯᠡᠯ᠎ᠤᠨ ᠠᠮᠤᠷ ᠲᠦᠪᠰᠢᠨ᠎ᠢ ᠪᠠᠲᠤᠯᠠᠬᠤ ᠵᠢᠨ ᠲᠥᠯᠥᠭᠡ ᠡᠷᠬᠡᠪᠰᠢ ᠲᠦᠷ ᠴᠠᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠬᠡᠷᠡᠭᠲᠡᠢ;
(ᠭᠤᠷᠪᠠ) ᠣᠯᠠᠨ ᠨᠡᠶ᠋ᠢᠲᠡ ᠵᠢᠨ ᠠᠮᠤᠷ ᠲᠦᠪᠰᠢᠨ ᠪᠤᠶᠤ ᠣᠯᠠᠨ ᠨᠡᠶ᠋ᠢᠲᠡ ᠵᠢᠨ ᠠᠰᠢᠭ ᠲᠤᠰᠠ᠎ᠳᠤ ᠦᠵᠡᠭᠦᠯᠬᠦ ᠲᠦᠷ ᠴᠠᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠨ ᠲᠥᠯᠥᠭᠡ ᠤᠰᠤ ᠲᠠᠲᠠᠵᠤ ᠬᠡᠷᠡᠭᠯᠡᠭᠰᠡᠨ ᠪᠠᠶ᠋ᠢᠪᠠᠯ;
(ᠲᠦᠷᠪᠡ) ᠲᠠᠷᠢᠶᠠᠯᠠᠩ ᠮᠠᠯ ᠠᠵᠤ ᠠᠬᠤᠶ ᠵᠢᠨ ᠭᠠᠩ ᠬᠠᠭᠰᠠᠷᠭ᠋ᠠᠨ᠎ᠲᠠᠢ ᠲᠡᠮᠡᠴᠡᠬᠦ ᠪᠠ ᠠᠮᠢ ᠠᠬᠤᠶ ᠬᠢᠭᠡᠳ ᠣᠷᠴᠢᠨ ᠲᠣᠭᠤᠷᠢᠨ᠎ᠢ ᠬᠠᠮᠠᠭ᠋ᠠᠯᠠᠬᠤ ᠵᠢᠨ ᠲᠥᠯᠥᠭᠡ ᠡᠷᠬᠡᠪᠰᠢ ᠲᠦᠷ ᠴᠠᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠦ ᠤᠰᠤ ᠲᠠᠲᠠᠭᠰᠠᠨ ᠪᠠᠢ᠌ᠪᠠᠯ;
(ᠲᠠᠪᠤ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠤᠰᠤ ᠠᠪᠬᠤ ᠵᠥᠪᠰᠢᠶᠡᠷᠡᠯ᠎ᠤᠨ ᠦᠨᠡᠮᠯᠡᠯ ᠠᠪᠬᠤ ᠴᠢᠬᠤᠯᠠ ᠦᠭᠡᠢ ᠭᠡᠵᠦ ᠲᠣᠭᠲᠠᠭ᠋ᠠᠭᠰᠠᠨ ᠪᠤᠰᠤᠳ ᠪᠠᠶ᠋ᠢᠳᠠᠯ᠃
ᠡᠮᠦᠨᠡᠬᠢ ᠵᠤᠷᠪᠤᠰ᠎ᠤᠨ ᠬᠣᠶᠠᠳᠤᠭ᠋ᠠᠷ ᠵᠦᠢ᠍ᠯ᠂ ᠭᠤᠷᠪᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠤᠰᠤ ᠲᠠᠲᠠᠬᠤ᠎ᠨᠢ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠤᠰᠤ ᠠᠪᠬᠤ (ᠤᠰᠤ ᠭᠠᠳᠠᠭᠰᠢᠯᠠᠭᠤᠯᠬᠤ) ᠤᠰᠤ ᠳᠠᠭᠤᠰᠤᠭᠰᠠᠨ᠎ᠤ ᠳᠠᠷᠠᠭ᠎ᠠ ᠲᠠᠪᠤᠨ ᠠᠵᠢᠯᠯᠠᠬᠤ ᠡᠳᠦᠷ᠎ᠤᠨ ᠳᠣᠲᠣᠷ᠎ᠠ᠂ ᠬᠠᠮᠢᠶᠠᠷᠬᠤ ᠡᠷᠬᠡ ᠮᠡᠳᠡᠯ᠎ᠲᠠᠢ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠳᠠᠩᠰᠠᠯᠠᠭᠤᠯᠬᠤ ᠬᠡᠷᠡᠭᠲᠡᠶ᠃ ᠳᠥᠷᠪᠡᠳᠦᠭᠡᠷ ᠵᠦᠢ᠍ᠯ᠎ᠳᠤ ᠲᠣᠭᠲᠠᠭ᠋ᠠᠭᠰᠠᠨ ᠤᠰᠤ ᠲᠠᠲᠠᠬᠤ᠎ᠳᠤ ᠬᠠᠮᠢᠶᠠᠷᠤᠯᠲᠠ ᠵᠢᠨ ᠡᠷᠬᠡ ᠮᠡᠳᠡᠯ᠎ᠲᠠᠢ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠬᠡᠷᠡᠭᠲᠡᠶ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠠᠶ᠋ᠢᠳᠠᠯ᠎ᠢ ᠠᠷᠢᠯᠭ᠋ᠠᠭᠰᠠᠨ᠎ᠤ ᠳᠠᠷᠠᠭ᠎ᠠ᠂ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ᠎ᠨᠢ ᠭᠠᠵᠠᠷ ᠳᠣᠤᠷᠠᠬᠢ ᠤᠰᠤ ᠵᠢ ᠠᠪᠴᠤ ᠬᠡᠷᠡᠭᠯᠡᠬᠦ᠎ᠪᠠᠨ ᠳᠠᠷᠤᠶ᠋ᠢᠬᠠᠨ ᠵᠣᠭᠰᠣᠭ᠋ᠠᠬᠤ ᠵᠢᠨ ᠬᠠᠮᠲᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠳᠤ ᠤᠰᠤ ᠲᠠᠲᠠᠬᠤ ᠪᠡᠯᠡᠳᠬᠡᠮᠵᠢ ᠵᠢ ᠪᠢᠲᠡᠭᠦᠮᠵᠢᠯᠡᠨ ᠵᠣᠭᠰᠣᠭ᠋ᠠᠬᠤ ᠬᠡᠷᠡᠭᠲᠡᠶ᠃
ᠠᠷᠪᠠᠨ ᠬᠣᠶᠠᠳᠤᠭ᠋ᠠᠷ ᠵᠤᠷᠪᠤᠰ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠶᠡᠷᠦᠩᠬᠡᠶ ᠬᠡᠮᠵᠢᠶ᠎ᠡ᠎ᠨᠢ ᠬᠢᠵᠠᠭ᠋ᠠᠷᠯᠠᠬᠤ ᠭᠦᠢ᠍ᠴᠡᠳᠭᠡᠯ ᠲᠣᠭ᠎ᠠ᠎ᠠᠴᠠ ᠬᠡᠲᠦᠷᠡᠭᠰᠡᠨ ᠪᠤᠶᠤ ᠤᠰᠤᠨ ᠲᠦᠪᠰᠢᠨ᠎ᠨᠢ ᠬᠢᠵᠠᠭ᠋ᠠᠷᠯᠠᠬᠤ ᠭᠦᠢ᠍ᠴᠡᠳᠭᠡᠯ ᠲᠣᠭ᠎ᠠ ᠵᠢᠨ ᠬᠠᠮᠢᠶᠠᠷᠤᠯᠲᠠ ᠵᠢᠨ ᠨᠢᠭᠡᠴᠢ᠎ᠳᠤ ᠨᠡᠶ᠋ᠢᠴᠡᠬᠦ ᠦᠭᠡᠶ ᠪᠣᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠡᠭᠦᠨ᠎ᠤ ᠪᠠᠶ᠋ᠢᠭ᠎ᠠ ᠬᠣᠰᠢᠭᠤ ᠰᠢᠶᠠᠨ (ᠬᠣᠲᠠ᠂ ᠲᠣᠭᠣᠷᠢᠭ)᠎ᠤ ᠤᠰᠤ ᠲᠠᠲᠠᠬᠤ ᠵᠥᠪᠰᠢᠶᠡᠷᠡᠯ᠎ᠤᠨ ᠬᠢᠵᠠᠭ᠋ᠠᠷᠲᠤ ᠣᠷᠣᠨ ᠵᠶ᠋ᠠᠷ ᠲᠣᠭᠲᠠᠭ᠋ᠠᠬᠤ ᠵᠢᠨ ᠬᠠᠮᠲᠤ᠂ ᠵᠥᠪᠰᠢᠶᠡᠷᠡᠬᠦ ᠬᠤᠭᠤᠴᠠᠭ᠎ᠠ ᠬᠢᠵᠠᠭ᠋ᠠᠷ ᠪᠣᠯᠤᠨ ᠴᠡᠭᠴᠡᠯᠡᠨ ᠰᠠᠶ᠋ᠢᠵᠢᠷᠠᠭᠤᠯᠬᠤ ᠱᠠᠭ᠋ᠠᠷᠳᠠᠯᠭ᠎ᠠ ᠵᠢ᠎ᠨᠢ ᠲᠣᠳᠣᠷᠬᠠᠶ᠋ᠢᠯᠠᠬᠤ ᠬᠡᠷᠡᠭᠲᠡᠶ᠃
ᠵᠦᠪᠰᠢᠶᠡᠷᠡᠯ᠎ᠢ ᠬᠢᠵᠠᠭ᠋ᠠᠷᠯᠠᠭᠰᠠᠨ ᠬᠤᠭᠤᠴᠠᠭ᠋ᠠᠨ᠎ᠳᠤ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠠᠮᠢᠳᠤᠷᠠᠯ ᠪᠤᠶᠤ ᠢᠯᠴᠢ ᠬᠠᠩᠭ᠋ᠠᠬᠤ ᠬᠤᠭᠤᠯᠠᠶ ᠵᠢᠨ ᠲᠣᠤᠷ᠎ᠤᠨ ᠤᠰᠤ ᠨᠥᠬᠦᠪᠥᠷᠢᠯᠡᠬᠦ ᠵᠡᠷᠭᠡ ᠣᠨᠴᠠᠭ᠋ᠠᠶ ᠪᠠᠶ᠋ᠢᠳᠠᠯ᠎ᠠᠴᠠ ᠭᠠᠳᠠᠨ᠎ᠠ᠂ ᠭᠠᠵᠠᠷ ᠳᠣᠤᠷᠠᠬᠢ ᠤᠰᠤ ᠵᠢ ᠰᠢᠨ᠎ᠡ᠎ᠪᠠᠷ ᠲᠠᠲᠠᠵᠤ ᠬᠡᠷᠡᠭᠯᠡᠬᠦ ᠵᠢ ᠬᠢᠨᠠᠨ ᠵᠥᠪᠰᠢᠶᠡᠷᠡᠬᠦ ᠵᠢ ᠲᠦᠷ ᠵᠣᠭᠰᠣᠭ᠋ᠠᠨ᠎ᠠ᠃
ᠬᠢᠨᠠᠨ ᠵᠥᠪᠰᠢᠶᠡᠷᠡᠬᠦ ᠵᠢ ᠬᠢᠵᠠᠭ᠋ᠠᠷᠯᠠᠭᠰᠠᠨ ᠬᠤᠭᠤᠴᠠᠭ᠋ᠠᠨ ᠳᠣᠲᠣᠷ᠎ᠠ᠂ ᠵᠥᠪᠰᠢᠶᠡᠷᠡᠭᠦᠯᠬᠦ᠎ᠪᠠᠷ ᠬᠢᠵᠠᠭ᠋ᠠᠷᠯᠠᠭᠳᠠᠭᠰᠠᠨ ᠭᠠᠵᠠᠷ ᠣᠷᠣᠨ᠎ᠤ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠴᠡᠭᠴᠡᠯᠡᠨ ᠰᠠᠶ᠋ᠢᠵᠢᠷᠠᠭᠤᠯᠵᠤ ᠳᠠᠭᠤᠰᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠲᠣᠭᠲᠠᠭ᠋ᠠᠯᠭ᠋ᠠᠭ᠋ᠠᠳ᠂ ᠬᠢᠵᠠᠭ᠋ᠠᠷ᠎ᠢ᠎ᠨᠢ ᠬᠦᠴᠦᠨ ᠦᠭᠡᠶ ᠪᠣᠯᠭ᠋ᠠᠨ᠎ᠠ᠃
ᠠᠷᠪᠠᠨ ᠭᠤᠷᠪᠠᠳᠤᠭ᠋ᠠᠷ ᠵᠤᠷᠪᠤᠰ ᠲᠠᠷᠢᠶᠠᠯᠠᠩ ᠮᠠᠯ ᠠᠵᠤ ᠠᠬᠤᠶ ᠵᠢᠨ ᠭᠠᠵᠠᠷ ᠳᠣᠤᠷᠠᠬᠢ ᠤᠰᠤᠨ᠎ᠤ ᠤᠰᠤᠯᠠᠯᠲᠠ ᠵᠢᠨ ᠲᠥᠷᠥᠯ ᠵᠦᠢ᠍ᠯ᠎ᠢ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ᠎ᠳᠤ ᠳᠤᠰᠤᠯᠭ᠋ᠠᠨ ᠤᠰᠤᠯᠠᠬᠤ᠂ ᠰᠦᠷᠴᠢᠨ ᠤᠰᠤᠯᠠᠬᠤ ᠵᠡᠷᠭᠡ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ᠎ᠢ ᠬᠡᠷᠡᠭᠯᠡᠬᠦ ᠬᠡᠷᠡᠭᠲᠡᠶ᠃ ᠨᠢᠭᠡᠨᠲᠡ ᠪᠠᠶ᠋ᠢᠭᠤᠯᠤᠭᠰᠠᠨ ᠲᠠᠷᠢᠶᠠᠯᠠᠩ ᠮᠠᠯ ᠠᠵᠤ ᠠᠬᠤᠶ ᠵᠢᠨ ᠭᠠᠵᠠᠷ ᠳᠣᠤᠷᠠᠬᠢ ᠤᠰᠤᠯᠠᠯᠲᠠ ᠵᠢᠨ ᠢᠨᠵᠧᠨᠧᠷ᠎ᠲᠤ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ᠎ᠢ ᠬᠠᠷᠠᠬᠠᠨ ᠬᠡᠷᠡᠭᠯᠡᠭᠡᠳᠦᠶ ᠪᠣᠯ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠥᠭᠡᠷᠡᠴᠢᠯᠡᠯᠲᠡ ᠵᠢ ᠠᠯᠬᠤᠮ ᠠᠯᠬᠤᠮ ᠵᠶ᠋ᠠᠷ ᠥᠷᠨᠢᠭᠦᠯᠬᠦ ᠬᠡᠷᠡᠭᠲᠡᠶ᠃
ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠠᠵᠤ ᠦᠢ᠍ᠯᠡᠳᠪᠦᠷᠢ ᠪᠣᠯᠤᠨ ᠦᠢ᠍ᠯᠡᠴᠢᠯᠡᠭᠡᠨ᠎ᠤ ᠦᠢ᠍ᠯᠡᠰ᠎ᠤᠨ ᠲᠥᠷᠥᠯ ᠵᠦᠢ᠍ᠯ᠎ᠤᠨ ᠤᠰᠤ ᠬᠡᠷᠡᠭᠯᠡᠬᠦ ᠬᠢᠷᠢ ᠬᠡᠮᠵᠢᠶ᠎ᠡ᠎ᠨᠢ ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠲᠡᠷᠢᠭᠦᠨ᠎ᠤ ᠬᠡᠮᠵᠢᠭᠳᠡᠯ᠎ᠠᠴᠠ ᠳᠣᠤᠷ᠎ᠠ ᠦᠭᠡᠶ ᠪᠠᠶ᠋ᠢᠬᠤ ᠬᠡᠷᠡᠭᠲᠡᠶ; ᠲᠡᠷᠢᠭᠦᠨ᠎ᠤ ᠥᠷᠲᠡᠭ᠎ᠢ ᠬᠠᠷᠠᠬᠠᠨ ᠲᠣᠭᠲᠠᠭ᠋ᠠᠭ᠋ᠠᠳᠤᠶ ᠪᠣᠯ ᠨᠡᠶ᠋ᠢᠳᠡᠮ ᠬᠡᠷᠡᠭᠯᠡᠬᠦ ᠤᠰᠤ ᠬᠡᠷᠡᠭᠯᠡᠬᠦ ᠲᠣᠭᠲᠠᠭᠰᠠᠨ ᠨᠣᠷᠮ᠎ᠠ᠎ᠠᠴᠠ ᠳᠣᠤᠷ᠎ᠠ ᠦᠭᠡᠶ ᠪᠠᠶ᠋ᠢᠬᠤ ᠬᠡᠷᠡᠭᠲᠡᠶ᠃ ᠤᠰᠤ ᠬᠡᠷᠡᠭᠯᠡᠬᠦ ᠬᠢᠷᠢ ᠬᠡᠮᠵᠢᠶ᠎ᠡ᠎ᠨᠢ ᠨᠡᠶ᠋ᠢᠳᠡᠮ ᠬᠡᠷᠡᠭᠯᠡᠬᠦ ᠤᠰᠤᠨ᠎ᠤ ᠲᠣᠭᠲᠠᠭᠰᠠᠨ ᠲᠣᠭ᠎ᠠ᠎ᠠᠴᠠ ᠳᠣᠤᠷ᠎ᠠ ᠪᠠᠶ᠋ᠢᠬᠤ ᠠᠵᠤ ᠦᠢ᠍ᠯᠡᠳᠪᠦᠷᠢ ᠪᠣᠯᠤᠨ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠳ ᠬᠤᠭᠤᠴᠠᠭ᠎ᠠ ᠬᠢᠵᠠᠭ᠋ᠠᠷᠯᠠᠨ ᠤᠰᠤ ᠠᠷᠪᠢᠯᠠᠬᠤ ᠥᠭᠡᠷᠡᠴᠢᠯᠡᠯᠲᠡ ᠵᠢ ᠬᠡᠷᠡᠭᠵᠢᠭᠦᠯᠬᠦ ᠬᠡᠷᠡᠭᠲᠡᠶ᠃
ᠬᠣᠲᠠ ᠵᠢᠨ ᠨᠤᠭᠤᠭ᠋ᠠᠷᠠᠭᠤᠯᠤᠯᠲᠠ᠎ᠳᠤ ᠲᠠᠬᠢᠯᠲᠠ ᠤᠰᠤ ᠵᠢ ᠡᠩ ᠲᠡᠷᠢᠭᠦᠨ᠎ᠳᠤ ᠬᠡᠷᠡᠭᠯᠡᠨ᠎ᠡ᠃ ᠭᠠᠵᠠᠷ ᠳᠣᠤᠷᠠᠬᠢ ᠤᠰᠤ ᠵᠢ ᠠᠪᠴᠤ ᠬᠣᠲᠠ ᠵᠢᠨ ᠤᠰᠤᠨ᠎ᠤ ᠦᠵᠡᠮᠵᠢ᠂ ᠤᠰᠤᠨ ᠳᠡᠭᠡᠷᠡᠬᠢ ᠵᠤᠭ᠎ᠠ ᠴᠡᠩᠭᠡᠯ᠎ᠤᠨ ᠲᠥᠷᠥᠯ ᠵᠦᠢ᠍ᠯ ᠪᠠ ᠬᠥᠮᠦᠨ᠎ᠤ ᠬᠦᠴᠦ᠎ᠪᠠᠷ ᠴᠠᠰᠤ ᠵᠣᠬᠢᠶᠠᠬᠤ᠎ᠳᠤ ᠬᠡᠷᠡᠭᠯᠡᠬᠦ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠃
ᠠᠷᠪᠠᠨ ᠳᠥᠷᠪᠡᠳᠦᠭᠡᠷ ᠵᠤᠷᠪᠤᠰ ᠲᠠᠷᠢᠶᠠᠯᠠᠩ ᠮᠠᠯ ᠠᠵᠤ ᠠᠬᠤᠶ ᠵᠢᠨ ᠤᠰᠤᠯᠠᠯᠲᠠ᠎ᠳᠤ ᠭᠠᠵᠠᠷ ᠳᠣᠤᠷᠠᠬᠢ ᠤᠰᠤ ᠵᠢ ᠠᠪᠴᠤ ᠬᠡᠷᠡᠭᠯᠡᠭᠰᠡᠨ ᠪᠣᠯ ᠤᠰᠤ ᠠᠪᠴᠤ ᠬᠡᠷᠡᠭᠯᠡᠬᠦ ᠡᠷᠦᠬᠡ᠎ᠠᠴᠠ ᠤᠰᠤ ᠠᠪᠬᠤ ᠵᠥᠪᠰᠢᠶᠡᠷᠡᠯ᠎ᠤᠨ ᠦᠨᠡᠮᠯᠡᠯ᠎ᠢ ᠬᠠᠤᠯᠢ ᠶᠣᠰᠣᠭ᠋ᠠᠷ ᠭᠤᠶᠤᠴᠢᠯᠠᠨ ᠣᠯᠵᠤ᠂ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ ᠪᠤᠶᠤ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ᠂ ᠲᠠᠷᠢᠶᠠᠴᠢᠨ ᠮᠠᠯᠴᠢᠳ᠎ᠤᠨ ᠬᠣᠷᠰᠢᠭᠰᠠᠨ ᠵᠣᠬᠢᠶᠠᠨ ᠪᠠᠶ᠋ᠢᠭᠤᠯᠤᠯᠲᠠ᠎ᠠᠴᠠ ᠭᠤᠶᠤᠴᠢᠯᠠᠭᠰᠠᠨ ᠴᠤ᠌ ᠪᠣᠯᠤᠨ᠎ᠠ᠃
ᠲᠠᠷᠢᠶᠠᠯᠠᠩ ᠮᠠᠯ ᠠᠵᠤ ᠠᠬᠤᠶ ᠵᠢᠨ ᠤᠰᠤᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠭᠠᠵᠠᠷ ᠳᠣᠤᠷᠠᠬᠢ ᠤᠰᠤ ᠵᠢ ᠠᠪᠴᠤ ᠬᠡᠷᠡᠭᠯᠡᠬᠦ ᠴᠢᠬᠤᠯᠠᠲᠠᠢ ᠪᠣᠯ ᠪᠠᠷᠢᠯᠭ᠎ᠠ ᠪᠠᠷᠢᠬᠤ ᠨᠢᠭᠡᠴᠢ᠎ᠠᠴᠠ ᠤᠰᠤ ᠠᠪᠬᠤ᠎ᠪᠠᠷ ᠭᠤᠶᠤᠴᠢᠯᠠᠬᠤ ᠬᠡᠷᠡᠭᠲᠡᠶ᠃
ᠠᠷᠪᠠᠨ ᠲᠠᠪᠤᠳᠤᠭ᠋ᠠᠷ ᠵᠤᠷᠪᠤᠰ ᠬᠣᠰᠢᠭᠤ ᠰᠢᠶᠠᠨ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ᠂ ᠮᠠᠰᠢᠨ ᠴᠠᠬᠢᠯᠭ᠋ᠠᠨ ᠬᠤᠳᠳᠤᠭ᠎ᠤᠨ ᠬᠠᠮᠢᠶᠠᠷᠤᠯᠲᠠ ᠵᠢᠨ ᠠᠵᠢᠯᠲᠠᠨ ᠳᠥᠷᠪᠡᠨ ᠱᠠᠲᠤᠨ᠎ᠤ ᠭᠠᠵᠠᠷ ᠳᠣᠤᠷᠠᠬᠢ ᠤᠰᠤ ᠵᠢ ᠬᠠᠮᠠᠭ᠋ᠠᠯᠠᠬᠤ ᠬᠢᠭᠡᠳ ᠬᠠᠮᠢᠶᠠᠷᠬᠤ ᠬᠠᠷᠢᠭᠤᠴᠠᠯᠭ᠎ᠠ ᠵᠢᠨ ᠰᠢᠰᠲ᠋ᠧᠮᠵᠢ ᠵᠢ ᠪᠠᠶ᠋ᠢᠭᠤᠯᠵᠤ᠂ ᠠᠵᠢᠯ᠎ᠤᠨ ᠬᠠᠷᠢᠭᠤᠴᠠᠯᠭ᠎ᠠ ᠵᠢ ᠲᠣᠳᠣᠷᠬᠠᠶ᠋ᠢᠯᠠᠬᠤ ᠬᠡᠷᠡᠭᠲᠡᠶ᠃ ᠬᠣᠰᠢᠭᠤ ᠰᠢᠶᠠᠨ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ᠎ᠤ ᠭᠠᠵᠠᠷ ᠳᠣᠤᠷᠠᠬᠢ ᠤᠰᠤ ᠵᠢ ᠬᠠᠮᠠᠭ᠋ᠠᠯᠠᠬᠤ ᠬᠢᠭᠡᠳ ᠬᠠᠮᠢᠶᠠᠷᠬᠤ ᠬᠠᠷᠢᠭᠤᠴᠠᠯᠭ᠋ᠠᠲᠠᠨ᠎ᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠣᠬᠢᠶᠠᠨ ᠪᠠᠶ᠋ᠢᠭᠤᠯᠤᠨ ᠲᠣᠭᠲᠠᠭ᠋ᠠᠬᠤ ᠬᠡᠷᠡᠭᠲᠡᠶ᠃
ᠭᠠᠴᠠᠭ᠎ᠠ ᠲᠣᠰᠬᠣᠨᠨᠤᠭᠤᠳ ᠬᠡᠷᠡᠭᠴᠡᠭᠡ᠎ᠪᠠᠨ ᠦᠨᠳᠦᠰᠦᠯᠡᠨ ᠲᠤᠰᠬᠠᠶ ᠲᠤᠰᠢᠶᠠᠯ᠎ᠤᠨ ᠪᠤᠶᠤ ᠲᠤᠰᠢᠶᠠᠯ ᠬᠠᠪᠰᠤᠷᠭ᠋ᠠᠭᠰᠠᠨ ᠮᠠᠰᠢᠨ ᠴᠠᠬᠢᠯᠭ᠋ᠠᠨ ᠬᠤᠳᠳᠤᠭ᠎ᠤᠨ ᠬᠠᠮᠢᠶᠠᠷᠤᠯᠲᠠ ᠵᠢᠨ ᠠᠵᠢᠯᠲᠠᠨ ᠲᠣᠬᠢᠷᠠᠭᠤᠯᠵᠤ᠂ ᠭᠠᠵᠠᠷ ᠳᠣᠤᠷᠠᠬᠢ ᠤᠰᠤ ᠵᠢ ᠬᠠᠮᠢᠶᠠᠷᠴᠤ ᠬᠠᠮᠠᠭ᠋ᠠᠯᠠᠬᠤ ᠬᠠᠷᠢᠭᠤᠴᠠᠯᠭ᠎ᠠ ᠵᠢᠨ ᠣᠷᠣᠨ᠎ᠢ ᠬᠤᠪᠢᠶᠠᠷᠢᠯᠠᠨ ᠲᠣᠭᠲᠠᠭ᠋ᠠᠵᠤ᠂ ᠬᠠᠷᠢᠶ᠎ᠠ ᠪᠦᠬᠦᠢ ᠲᠠᠷᠢᠶᠠᠯᠠᠩ᠎ᠤᠨ ᠮᠠᠰᠢᠨ ᠴᠠᠬᠢᠯᠭ᠋ᠠᠨ ᠬᠤᠳᠳᠤᠭ᠎ᠲᠤ ᠲᠣᠤᠷᠵᠢᠭᠤᠯᠤᠭᠰᠠᠨ ᠬᠠᠮᠢᠶᠠᠷᠤᠯᠲᠠ ᠵᠢ ᠬᠡᠷᠡᠭᠵᠢᠭᠦᠯᠬᠦ ᠬᠡᠷᠡᠭᠲᠡᠶ᠃
ᠮᠠᠰᠢᠨ ᠴᠠᠬᠢᠯᠭ᠋ᠠᠨ ᠬᠤᠳᠳᠤᠭ᠎ᠤᠨ ᠬᠠᠮᠢᠶᠠᠷᠤᠯᠲᠠ ᠵᠢᠨ ᠠᠵᠢᠯᠲᠠᠨ ᠳᠣᠤᠷᠠᠬᠢ ᠮᠡᠲᠦ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠶ᠄
(ᠨᠢᠭᠡ) ᠲᠠᠷᠢᠶᠠᠯᠠᠩ᠎ᠤᠨ ᠮᠠᠰᠢᠨ ᠴᠠᠬᠢᠯᠭ᠋ᠠᠨ ᠬᠤᠳᠳᠤᠭ᠎ᠢ ᠲᠣᠭᠤᠷᠢᠨ ᠪᠠᠶ᠋ᠢᠴᠠᠭ᠋ᠠᠵᠤ ᠬᠠᠮᠢᠶᠠᠷᠤᠨ ᠬᠠᠮᠠᠭ᠋ᠠᠯᠠᠵᠤ᠂ ᠮᠠᠰᠢᠨ ᠴᠠᠬᠢᠯᠭ᠋ᠠᠨ ᠬᠤᠳᠳᠤᠭ ᠵᠢᠴᠢ ᠬᠡᠮᠵᠢᠯᠲᠡ ᠵᠢᠨ ᠬᠢᠨᠠᠨ ᠬᠡᠮᠵᠢᠬᠦ ᠲᠥᠬᠦᠭᠡᠷᠦᠮᠵᠢ ᠵᠢᠨ ᠬᠡᠪ᠎ᠤᠨ ᠠᠵᠢᠯᠯᠠᠭ᠋ᠠᠨ᠎ᠢ ᠦᠨᠡᠨ ᠬᠦ᠌ ᠪᠠᠲᠤᠯᠠᠨ᠎ᠠ;
(ᠬᠤᠶᠠᠷ) ᠭᠠᠵᠠᠷ ᠳᠣᠤᠷᠠᠬᠢ ᠤᠰᠤ ᠵᠢ ᠬᠠᠮᠠᠭ᠋ᠠᠯᠠᠬᠤ ᠪᠠ ᠬᠠᠮᠢᠶᠠᠷᠬᠤ ᠲᠦᠷᠢᠮ ᠠᠷᠭ᠎ᠠ ᠬᠡᠮᠵᠢᠶ᠎ᠡ ᠵᠢ ᠰᠢᠮᠳᠠᠭᠤᠯᠤᠨ ᠨᠠᠶ᠋ᠢᠳᠠᠪᠤᠷᠢᠵᠢᠭᠤᠯᠤᠨ᠎ᠠ;
(ᠭᠤᠷᠪᠠ) ᠭᠠᠵᠠᠷ ᠳᠣᠤᠷᠠᠬᠢ ᠤᠰᠤᠨ᠎ᠤ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠳᠦᠷᠢᠮ ᠠᠷᠭ᠎ᠠ ᠬᠡᠮᠵᠢᠶ᠎ᠡ ᠵᠢᠴᠢ ᠭᠠᠵᠠᠷ ᠳᠣᠤᠷᠠᠬᠢ ᠤᠰᠤ ᠵᠢ ᠡᠪᠳᠡᠭᠰᠡᠨ ᠪᠤᠰᠤᠳ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠤᠷᠢᠭᠯᠠᠨ ᠵᠣᠭᠰᠣᠭ᠋ᠠᠵᠤ᠂ ᠢᠯᠡᠴᠢᠯᠡᠨ ᠮᠡᠳᠡᠭᠦᠯᠦᠨ᠎ᠡ;
(ᠲᠦᠷᠪᠡ) ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ ᠭᠠᠵᠠᠷ ᠳᠣᠤᠷᠠᠬᠢ ᠤᠰᠤ ᠵᠢ ᠬᠠᠮᠠᠭ᠋ᠠᠯᠠᠬᠤ᠂ ᠬᠠᠮᠢᠶᠠᠷᠬᠤ ᠪᠣᠳᠠᠲᠠᠶ ᠠᠵᠢᠯ᠎ᠢ ᠥᠷᠨᠢᠭᠦᠯᠦᠨ᠎ᠡ᠃
ᠠᠷᠪᠠᠨ ᠵᠢᠷᠭᠤᠳᠤᠭ᠋ᠠᠷ ᠵᠤᠷᠪᠤᠰ ᠢᠯᠴᠢ ᠵᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ᠂ ᠪᠣᠯᠣᠳ ᠲᠡᠮᠦᠷ᠂ ᠨᠡᠬᠡᠮᠡᠯ᠂ ᠴᠠᠭ᠋ᠠᠰᠤ᠂ ᠴᠢᠯᠠᠭᠤᠨ ᠲᠣᠰᠣ ᠪᠠ ᠬᠢᠮᠢ ᠵᠢᠨ ᠠᠵᠤ ᠦᠢ᠍ᠯᠡᠳᠪᠦᠷᠢ ᠵᠡᠷᠭᠡ ᠤᠰᠤ ᠶᠡᠬᠡ ᠬᠣᠷᠣᠭᠳᠠᠭᠤᠯᠬᠤ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠳᠤ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠵᠢ ᠴᠠᠭ᠋ᠠᠵᠠᠯᠠᠨ᠎ᠠ᠃ ᠨᠢᠭᠡᠨᠲᠡ ᠪᠠᠶ᠋ᠢᠭᠤᠯᠤᠭᠰᠠᠨ ᠤᠰᠤ ᠶᠡᠬᠡ ᠬᠣᠷᠣᠭᠳᠠᠭᠤᠯᠬᠤ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠨᠢ ᠭᠠᠵᠠᠷ ᠳᠣᠤᠷᠠᠬᠢ ᠤᠰᠤ ᠵᠢ ᠬᠡᠷᠡᠭᠯᠡᠬᠦ᠎ᠳᠤ ᠤᠰᠤ ᠠᠷᠪᠢᠯᠠᠬᠤ ᠠᠷᠭ᠎ᠠ ᠬᠡᠮᠵᠢᠶ᠎ᠡ ᠠᠪᠴᠤ᠂ ᠭᠠᠵᠠᠷ ᠳᠣᠤᠷᠠᠬᠢ ᠤᠰᠤ ᠵᠢ ᠨᠡᠭᠡᠭᠡᠨ ᠮᠠᠯᠲᠠᠬᠤ ᠬᠡᠮᠵᠢᠶ᠎ᠡ ᠵᠢ ᠠᠯᠬᠤᠮ ᠠᠯᠬᠤᠮ ᠵᠶ᠋ᠠᠷ ᠪᠠᠭ᠋ᠠᠰᠬᠠᠬᠤ ᠬᠡᠷᠡᠭᠲᠡᠶ᠃ ᠨᠥᠬᠥᠴᠡᠯ᠎ᠲᠠᠢ ᠪᠣᠯ ᠭᠠᠵᠠᠷ ᠳᠣᠤᠷᠠᠬᠢ ᠤᠰᠤᠨ ᠰᠤᠷᠪᠤᠯᠵᠢ ᠵᠢ ᠬᠡᠪ᠎ᠤᠨ ᠪᠤᠰᠤ ᠤᠰᠤᠨ ᠰᠤᠷᠪᠤᠯᠵᠢ ᠪᠤᠶᠤ ᠭᠠᠵᠠᠷ ᠳᠡᠭᠡᠷᠡᠬᠢ ᠤᠰᠤᠨ ᠰᠤᠷᠪᠤᠯᠵᠢ᠎ᠪᠠᠷ ᠰᠣᠯᠢᠬᠤ ᠬᠡᠷᠡᠭᠲᠡᠶ᠃
ᠤᠰᠤᠨ᠎ᠤ ᠴᠢᠨᠠᠷ᠎ᠲᠤ ᠣᠨᠴᠠᠭ᠋ᠠᠢ ᠱᠠᠭ᠋ᠠᠷᠳᠠᠯᠭ᠎ᠠ᠎ᠲᠠᠢ ᠢᠳᠡᠭᠡᠨ᠂ ᠡᠮ᠎ᠤᠨ ᠵᠦᠢ᠍ᠯ ᠵᠡᠷᠭᠡ ᠠᠵᠤ ᠦᠢ᠍ᠯᠡᠳᠪᠦᠷᠢ ᠵᠢᠨ ᠲᠥᠷᠥᠯ ᠵᠦᠢ᠍ᠯ ᠪᠤᠶᠤ ᠤᠰᠤᠨ᠎ᠤ ᠡᠬᠢ ᠰᠤᠷᠪᠤᠯᠵᠢ ᠵᠢ ᠤᠰᠤ ᠬᠠᠩᠭ᠋ᠠᠬᠤ ᠪᠤᠰᠤᠳ ᠨᠥᠬᠥᠴᠡᠯ᠎ᠢ ᠪᠦᠷᠢᠯᠳᠦᠭᠦᠯᠦᠭᠰᠡᠨ ᠦᠭᠡᠶ ᠪᠤᠰᠤᠳ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠨᠢ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠤᠰᠤᠨ᠎ᠤ ᠶᠡᠷᠦᠩᠬᠡᠶ ᠬᠡᠮᠵᠢᠶ᠎ᠡ ᠪᠠ ᠤᠰᠤᠨ ᠲᠦᠪᠰᠢᠨ᠎ᠢ ᠡᠵᠡᠮᠳᠡᠬᠦ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠪᠠᠯ᠂ ᠬᠠᠤᠯᠢ ᠶᠣᠰᠣᠭ᠋ᠠᠷ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠵᠦ ᠪᠣᠯᠤᠨ᠎ᠠ᠃
ᠠᠷᠪᠠᠨ ᠳᠣᠯᠣᠳᠤᠭ᠋ᠠᠷ ᠵᠤᠷᠪᠤᠰ ᠤᠰᠤ ᠠᠪᠬᠤ ᠵᠥᠪᠰᠢᠶᠡᠷᠡᠯ᠎ᠤᠨ ᠦᠨᠡᠮᠯᠡᠯ ᠭᠤᠶᠤᠴᠢᠯᠠᠨ ᠠᠪᠬᠤ ᠴᠢᠬᠤᠯᠠ ᠦᠭᠡᠶ ᠪᠠᠶ᠋ᠢᠳᠠᠯ᠎ᠠᠴᠠ ᠭᠠᠳᠠᠨ᠎ᠠ᠂ ᠤᠰᠤ ᠠᠪᠬᠤ ᠭᠤᠶᠤᠴᠢᠯᠠᠯ᠎ᠢ ᠬᠢᠨᠠᠨ ᠵᠥᠪᠰᠢᠶᠡᠷᠡᠬᠦ ᠪᠠᠢ᠌ᠭᠤᠯᠭ᠎ᠠ᠎ᠪᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠭᠤᠶᠤᠴᠢᠯᠠᠭᠴᠢ᠎ᠨᠢ ᠭᠠᠵᠠᠷ ᠳᠣᠤᠷᠠᠬᠢ ᠤᠰᠤ᠎ᠪᠠᠷ ᠤᠰᠤ ᠠᠪᠬᠤ ᠪᠠᠷᠢᠯᠭ᠎ᠠ ᠪᠤᠶᠤ ᠪᠡᠯᠡᠳᠬᠡᠮᠵᠢ ᠪᠠᠶ᠋ᠢᠭᠤᠯᠵᠤ ᠪᠣᠯᠤᠨ᠎ᠠ᠃
ᠳᠣᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠭᠠᠵᠠᠷ ᠳᠣᠤᠷᠠᠬᠢ ᠤᠰᠤ ᠵᠢ ᠲᠠᠲᠠᠬᠤ ᠪᠠᠷᠢᠯᠭ᠎ᠠ ᠪᠤᠶᠤ ᠪᠡᠯᠡᠳᠬᠡᠮᠵᠢ ᠵᠢ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠵᠤ ᠪᠣᠯᠬᠤ ᠦᠭᠡᠶ᠄
(ᠨᠢᠭᠡ) ᠬᠠᠮᠢᠶᠠᠷᠤᠯᠲᠠ ᠵᠢᠨ ᠨᠢᠭᠡᠴᠢ ᠵᠢᠨ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠤᠰᠤᠨ᠎ᠤ ᠶᠡᠷᠦᠩᠬᠡᠶ ᠬᠡᠮᠵᠢᠶ᠎ᠡ ᠪᠠ ᠤᠰᠤᠨ ᠲᠦᠪᠰᠢᠨ᠎ᠢ ᠡᠵᠡᠮᠳᠡᠬᠦ ᠭᠦᠢ᠍ᠴᠡᠳᠭᠡᠯ ᠲᠣᠭ᠋ᠠᠨ᠎ᠤ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠶ ᠪᠠᠶ᠋ᠢᠪᠠᠯ;
(ᠬᠤᠶᠠᠷ) ᠭᠠᠵᠠᠷ ᠳᠣᠤᠷᠠᠬᠢ ᠤᠰᠤ ᠵᠢ ᠨᠡᠭᠡᠭᠡᠨ ᠮᠠᠯᠲᠠᠬᠤ᠎ᠠᠴᠠ ᠪᠣᠯᠵᠣ ᠭᠠᠵᠠᠷ᠎ᠤᠨ ᠬᠦᠨᠳᠦ ᠨᠣᠴᠢᠲᠠᠶ ᠭᠠᠮᠰᠢᠭ᠂ ᠭᠠᠵᠠᠷ ᠳᠣᠤᠷᠠᠬᠢ ᠤᠰᠤ ᠵᠢ ᠪᠣᠬᠢᠷᠲᠤᠭᠤᠯᠬᠤ ᠪᠤᠶᠤ ᠠᠮᠢ ᠠᠬᠤᠶ ᠵᠢᠨ ᠰᠢᠰᠲ᠋ᠧᠮ᠎ᠳᠤ ᠴᠢᠬᠤᠯᠠ ᠶᠡᠭᠡ ᠨᠠᠵᠠᠭ᠋ᠠᠶ ᠨᠥᠯᠥᠭᠡ ᠦᠵᠡᠭᠦᠯᠵᠦ ᠮᠡᠳᠡᠬᠦ;
(ᠭᠤᠷᠪᠠ) ᠣᠯᠠᠨ ᠨᠡᠶ᠋ᠢᠲᠡ ᠵᠢᠨ ᠤᠰᠤ ᠬᠠᠩᠭ᠋ᠠᠬᠤ᠎ᠨᠢ ᠬᠡᠷᠡᠭᠴᠡᠭᠡ ᠵᠢ ᠬᠠᠩᠭ᠋ᠠᠬᠤ ᠪᠤᠶᠤ ᠭᠠᠵᠠᠷ ᠳᠡᠭᠡᠷᠡᠬᠢ ᠤᠰᠤ᠂ ᠳᠠᠬᠢᠯᠲᠠ ᠤᠰᠤ ᠵᠡᠷᠭᠡ ᠪᠤᠰᠤᠳ ᠤᠰᠤᠨ᠎ᠤ ᠡᠬᠢ ᠰᠤᠷᠪᠤᠯᠵᠢ ᠵᠢ ᠠᠰᠢᠭᠯᠠᠨ ᠤᠰᠤ ᠬᠡᠷᠡᠭᠯᠡᠬᠦ ᠬᠡᠷᠡᠭᠴᠡᠭᠡ ᠵᠢ ᠬᠠᠩᠭ᠋ᠠᠵᠤ ᠳᠡᠶ᠋ᠢᠯᠬᠦ;
(ᠲᠦᠷᠪᠡ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠪᠠᠶ᠋ᠢᠳᠠᠯ᠃
ᠠᠷᠪᠠᠨ ᠨᠠᠢ᠍ᠮᠠᠳᠤᠭ᠋ᠠᠷ ᠵᠤᠷᠪᠤᠰ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠬᠤ᠂ ᠭᠠᠵᠠᠷ ᠳᠣᠤᠷᠠᠬᠢ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠰᠡᠶ᠋ᠢᠷᠡᠭᠦᠯᠦᠨ ᠬᠠᠳᠠᠭ᠋ᠠᠬᠤ ᠵᠢᠨ ᠲᠥᠯᠥᠭᠡ ᠤᠰᠤ ᠭᠠᠳᠠᠭᠰᠢᠯᠠᠭᠤᠯᠬᠤ ᠬᠡᠮᠵᠢᠶ᠎ᠡ᠎ᠨᠢ ᠬᠡᠪᠴᠢᠶ᠎ᠡ᠎ᠳᠤ ᠬᠦᠷᠦᠭᠰᠡᠨ ᠪᠣᠯ ᠤᠰᠤ ᠲᠠᠲᠠᠬᠤ ᠵᠥᠪᠰᠢᠶᠡᠷᠡᠯ᠎ᠢ ᠬᠠᠤᠯᠢ ᠶᠣᠰᠣᠭ᠋ᠠᠷ ᠭᠤᠶᠤᠴᠢᠯᠠᠵᠤ᠂ ᠤᠰᠤ ᠲᠠᠲᠠᠷᠠᠭᠤᠯᠬᠤ ᠵᠢ ᠬᠡᠮᠵᠢᠬᠦ ᠪᠡᠯᠡᠳᠬᠡᠮᠵᠢ ᠤᠭᠰᠠᠷᠠᠵᠤ᠂ ᠤᠰᠤ ᠲᠠᠲᠠᠬᠤ ᠵᠥᠪᠰᠢᠶᠡᠷᠡᠯ᠎ᠢ ᠬᠢᠨᠠᠨ ᠵᠥᠪᠰᠢᠶᠡᠷᠡᠬᠦ ᠪᠠᠢ᠌ᠭᠤᠯᠭ᠎ᠠ᠎ᠳᠤ ᠨᠡᠭᠦᠷᠡᠰᠦᠨ ᠳᠠᠪᠬᠤᠷᠭ᠎ᠠ ᠵᠢᠨ ᠤᠰᠤ ᠭᠠᠳᠠᠭᠰᠢᠯᠠᠭᠤᠯᠬᠤ ᠬᠡᠮᠵᠢᠶ᠎ᠡ ᠪᠣᠯᠤᠨ ᠭᠠᠵᠠᠷ ᠳᠣᠤᠷᠠᠬᠢ ᠤᠰᠤᠨ᠎ᠤ ᠤᠰᠤᠨ ᠲᠦᠪᠰᠢᠨ᠎ᠤ ᠪᠠᠶ᠋ᠢᠳᠠᠯ ᠵᠶ᠋ᠠᠨ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠦᠨ ᠬᠦᠷᠭᠡᠬᠦ ᠬᠡᠷᠡᠭᠲᠡᠶ᠃ ᠨᠡᠭᠦᠷᠡᠰᠦᠨ ᠳᠠᠪᠬᠤᠷᠭ᠎ᠠ ᠵᠢᠨ ᠤᠰᠤ ᠲᠠᠲᠠᠷᠠᠭᠤᠯᠬᠤ ᠬᠡᠮᠵᠢᠶ᠎ᠡ ᠵᠢᠨ ᠬᠡᠪᠴᠢᠶ᠎ᠡ ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠵᠤ᠂ ᠨᠡᠶ᠋ᠢᠲᠡᠯᠡᠨ᠎ᠡ᠃
ᠠᠭᠤᠷᠬᠠᠶ ᠮᠠᠯᠲᠠᠬᠤ ᠨᠢᠭᠡᠴᠢ ᠪᠣᠯᠤᠨ ᠭᠠᠵᠠᠷ ᠳᠣᠤᠷᠠᠬᠢ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠨᠢᠭᠡᠴᠢ᠎ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠨᠡᠭᠦᠷᠡᠰᠦᠨ ᠳᠠᠪᠬᠤᠷᠭ᠎ᠠ ᠵᠢᠨ ᠤᠰᠤ ᠲᠠᠲᠠᠷᠠᠭᠤᠯᠬᠤ ᠬᠡᠮᠵᠢᠶ᠎ᠡ ᠵᠢ ᠪᠠᠭ᠋ᠠᠰᠬᠠᠵᠤ᠂ ᠨᠡᠭᠦᠷᠡᠰᠦᠨ ᠳᠠᠪᠬᠤᠷᠭ᠎ᠠ ᠵᠢᠨ ᠤᠰᠤ ᠵᠢ ᠡᠩ ᠲᠡᠷᠢᠭᠦᠨ᠎ᠳᠤ ᠠᠰᠢᠭᠯᠠᠨ ᠦᠢ᠍ᠯᠡᠳᠪᠦᠷᠢᠯᠡᠯ᠎ᠳᠤ ᠬᠡᠷᠡᠭᠯᠡᠬᠦ ᠤᠰᠤ ᠪᠣᠯᠭ᠋ᠠᠵᠤ᠂ ᠠᠰᠢᠭᠯᠠᠬᠤ ᠵᠢᠨ ᠠᠷᠭ᠎ᠠ ᠦᠭᠡᠶ ᠪᠣᠯ ᠭᠠᠳᠠᠭᠰᠢᠯᠠᠭᠤᠯᠵᠤ ᠭᠠᠷᠭ᠋ᠠᠬᠤ ᠬᠡᠷᠡᠭᠲᠡᠶ᠃
ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠬᠤ᠎ᠳᠤ ᠰᠡᠶ᠋ᠢᠷᠡᠭᠦᠯᠦᠨ ᠬᠠᠳᠠᠭ᠋ᠠᠬᠤ ᠵᠢᠨ ᠲᠥᠯᠥᠭᠡ ᠤᠰᠤ ᠭᠠᠳᠠᠭᠰᠢᠯᠠᠭᠤᠯᠬᠤ ᠠᠵᠤ ᠠᠬᠤᠶ᠋ᠢᠯᠠᠯ᠎ᠨᠢ ᠭᠠᠵᠠᠷ ᠳᠣᠤᠷᠠᠬᠢ ᠤᠰᠤᠨ᠎ᠤ ᠤᠰᠤᠨ ᠲᠦᠪᠰᠢᠨ᠎ᠢ ᠠᠦ᠋ᠲ᠋ᠣ᠋ ᠬᠢᠨᠠᠨ ᠰᠢᠨᠵᠢᠬᠦ ᠪᠡᠯᠡᠳᠬᠡᠮᠵᠢ ᠵᠢ ᠪᠠᠶ᠋ᠢᠭᠤᠯᠤᠨ ᠬᠡᠷᠡᠭᠯᠡᠵᠦ᠂ ᠬᠢᠨᠠᠨ ᠰᠢᠨᠵᠢᠭᠰᠡᠨ ᠲᠣᠭ᠎ᠠ ᠪᠠᠷᠢᠮᠲᠠ᠎ᠪᠠᠨ ᠳᠡᠭᠡᠭᠰᠢ ᠮᠡᠳᠡᠭᠦᠯᠬᠦ ᠬᠡᠷᠡᠭᠲᠡᠶ᠃
ᠠᠷᠪᠠ ᠶᠢᠰᠦᠳᠦᠭᠡᠷ ᠵᠤᠷᠪᠤᠰ ᠰᠢᠨᠡᠳᠬᠡᠵᠦ ᠪᠣᠯᠬᠤ ᠦᠭᠡᠶ ᠪᠤᠶᠤ ᠰᠢᠨᠡᠳᠬᠡᠬᠦ᠎ᠳᠤ ᠪᠡᠷᠬᠡ᠎ᠲᠠᠢ ᠭᠠᠵᠠᠷ ᠳᠣᠤᠷᠠᠬᠢ ᠤᠰᠤ ᠵᠢ ᠪᠠᠶ᠋ᠢᠯᠳᠤᠬᠤ ᠪᠣᠳᠣᠯᠭ᠎ᠠ ᠵᠢᠨ ᠨᠥᠭᠡᠴᠡ ᠪᠤᠶᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠤᠰᠤᠨ ᠰᠤᠷᠪᠤᠯᠵᠢ ᠪᠣᠯᠭ᠋ᠠᠵᠤ᠂ ᠵᠥᠪᠰᠢᠶᠡᠷᠡᠭᠦᠯᠦᠭᠰᠡᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠮᠢᠳᠤᠷᠠᠯ᠎ᠤᠨ ᠬᠡᠷᠡᠭᠯᠡᠬᠦ ᠤᠰᠤ᠂ ᠤᠰᠤᠨ᠎ᠤ ᠡᠬᠢ ᠰᠤᠷᠪᠤᠯᠵᠢ ᠵᠢᠨ ᠭᠠᠵᠠᠷ ᠣᠷᠣᠨ᠎ᠤ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠤᠰᠤ᠂ ᠭᠠᠵᠠᠷ᠎ᠤᠨ ᠢᠯᠴᠢ ᠵᠢᠨ ᠤᠰᠤ ᠪᠠᠶ᠋ᠢᠬᠤ ᠦᠭᠡᠶ᠎ᠠᠴᠠ ᠪᠤᠰᠤᠳ᠂ ᠨᠡᠭᠡᠭᠡᠨ ᠮᠠᠯᠲᠠᠬᠤ ᠵᠢ ᠴᠠᠭ᠋ᠠᠵᠠᠯᠠᠨ᠎ᠠ᠃
ᠬᠥᠷᠥᠰᠥᠨ ᠳᠣᠤᠷᠠᠬᠢ ᠤᠰᠤ ᠵᠢ ᠠᠰᠢᠭᠯᠠᠬᠤ᠎ᠳᠠᠭᠠᠨ ᠳᠠᠪᠬᠤᠷᠭ᠎ᠠ ᠵᠢ ᠬᠤᠪᠢᠶᠠᠨ ᠨᠡᠭᠡᠭᠡᠨ ᠮᠠᠯᠲᠠᠬᠤ ᠬᠡᠷᠡᠭᠲᠡᠶ᠂ ᠠᠳᠠᠯᠢ ᠪᠤᠰᠤ ᠤᠰᠤ ᠠᠭᠤᠯᠵᠤ ᠪᠦᠬᠦᠢ ᠳᠠᠪᠬᠤᠷᠭ᠎ᠠ ᠵᠢ ᠤᠰᠤ ᠵᠣᠭᠰᠣᠭ᠋ᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠂ ᠣᠯᠠᠨ ᠳᠠᠪᠬᠤᠷᠭ᠎ᠠ ᠵᠢ ᠬᠣᠯᠢᠯᠳᠤᠭᠤᠯᠤᠨ ᠨᠡᠭᠡᠭᠡᠨ ᠮᠠᠯᠲᠠᠵᠤ ᠪᠣᠯᠬᠤ ᠦᠭᠡᠶ᠃
ᠬᠣᠷᠢᠳᠤᠭ᠋ᠠᠷ ᠵᠤᠷᠪᠤᠰ ᠭᠠᠵᠠᠷ ᠳᠣᠤᠷᠠᠬᠢ ᠤᠰᠤ ᠵᠢ ᠲᠠᠲᠠᠬᠤ ᠪᠠᠷᠢᠯᠭ᠎ᠠ ᠵᠢ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ᠎ᠳᠤ᠂ ᠬᠡᠮᠵᠢᠯᠲᠡ ᠵᠢᠨ ᠪᠡᠯᠡᠳᠬᠡᠮᠵᠢ ᠵᠢ ᠬᠠᠮᠲᠤᠳᠤᠨᠢ ᠤᠭᠰᠠᠷᠠᠬᠤ ᠬᠡᠷᠡᠭᠲᠡᠶ᠃ ᠭᠠᠵᠠᠷ ᠳᠣᠤᠷᠠᠬᠢ ᠤᠰᠤ ᠵᠢ ᠲᠠᠲᠠᠬᠤ ᠪᠠᠷᠢᠯᠭ᠎ᠠ᠎ᠳᠤ ᠬᠡᠮᠵᠢᠯᠲᠡ ᠵᠢᠨ ᠪᠡᠯᠡᠳᠬᠡᠮᠵᠢ ᠤᠭᠰᠠᠷᠠᠭᠰᠠᠨ ᠦᠭᠡᠶ ᠪᠣᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠬᠤᠭᠤᠴᠠᠭ᠎ᠠ ᠬᠢᠵᠠᠭ᠋ᠠᠷ᠎ᠤᠨ ᠶᠣᠰᠣᠭ᠋ᠠᠷ ᠤᠭᠰᠠᠷᠠᠬᠤ ᠬᠡᠷᠡᠭᠲᠡᠶ᠃
ᠨᠢᠭᠡᠴᠢ ᠪᠣᠯᠤᠨ ᠬᠤᠪᠢ ᠬᠥᠮᠦᠨ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠰᠦᠯᠵᠢᠶᠡᠨ ᠳᠡᠭᠡᠷᠡᠬᠢ ᠬᠡᠮᠵᠢᠯᠲᠡ ᠵᠢᠨ ᠪᠡᠯᠡᠳᠬᠡᠮᠵᠢ ᠤᠭᠰᠠᠷᠠᠬᠤ ᠵᠢᠨ ᠬᠠᠮᠲᠤ ᠬᠡᠮᠵᠢᠯᠲᠡ ᠵᠢᠨ ᠲᠣᠭ᠎ᠠ ᠪᠠᠷᠢᠮᠲᠠ ᠵᠢ ᠬᠠᠮᠢᠶᠠᠷᠤᠯᠲᠠ ᠵᠢᠨ ᠡᠷᠬᠡ ᠮᠡᠳᠡᠯ᠎ᠲᠠᠢ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠳᠠᠮᠵᠢᠭᠤᠯᠬᠤ ᠬᠡᠷᠡᠭᠲᠡᠶ; ᠤᠰᠤ ᠠᠪᠬᠤ ᠬᠡᠪᠴᠢᠶ᠎ᠡ᠎ᠳᠤ ᠬᠦᠷᠦᠭᠡᠳᠦᠶ ᠭᠠᠵᠠᠷ ᠳᠣᠤᠷᠠᠬᠢ ᠤᠰᠤ᠎ᠪᠠᠷ ᠤᠰᠤ ᠠᠪᠬᠤ ᠨᠢᠭᠡᠴᠢ ᠪᠣᠯᠤᠨ ᠬᠤᠪᠢ ᠬᠥᠮᠦᠨ ᠲᠣᠭᠲᠠᠮᠠᠯ ᠬᠤᠭᠤᠴᠠᠭ᠎ᠠ᠎ᠲᠠᠢ᠎ᠪᠠᠷ ᠬᠠᠮᠢᠶᠠᠷᠤᠯᠲᠠ ᠵᠢᠨ ᠡᠷᠬᠡ ᠮᠡᠳᠡᠯ᠎ᠲᠠᠢ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠤᠰᠤ ᠠᠪᠴᠤ ᠬᠡᠷᠡᠭᠯᠡᠭᠰᠡᠨ ᠲᠣᠭ᠎ᠠ ᠪᠠᠷᠢᠮᠲᠠ᠎ᠪᠠᠨ ᠮᠡᠳᠡᠭᠦᠯᠦᠨ ᠬᠦᠷᠭᠡᠬᠦ ᠬᠡᠷᠡᠭᠲᠡᠶ; ᠤᠰᠤ ᠠᠪᠬᠤ ᠬᠡᠪᠴᠢᠶ᠎ᠡ ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠵᠤ ᠨᠡᠶ᠋ᠢᠲᠡᠯᠡᠬᠦ ᠵᠢᠨ ᠬᠠᠮᠲᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃
ᠬᠣᠷᠢᠨ ᠨᠢᠭᠡᠳᠦᠭᠡᠷ ᠵᠤᠷᠪᠤᠰ ᠲᠠᠷᠢᠶᠠᠯᠠᠩ ᠮᠠᠯ ᠠᠵᠤ ᠠᠬᠤᠶ ᠵᠢᠨ ᠤᠰᠤᠯᠠᠯᠲᠠ ᠵᠢᠨ ᠭᠠᠵᠠᠷ ᠳᠣᠤᠷᠠᠬᠢ ᠤᠰᠤ ᠵᠢ ᠠᠪᠴᠤ ᠬᠡᠷᠡᠭᠯᠡᠬᠦ᠎ᠨᠢ ᠬᠡᠮᠵᠢᠯᠲᠡ ᠵᠢᠨ ᠨᠥᠬᠥᠴᠡᠯ᠎ᠢ ᠲᠦᠷ ᠪᠦᠷᠢᠯᠳᠦᠭᠦᠯᠦᠭᠡᠳᠦᠶ ᠪᠣᠯ ᠴᠠᠬᠢᠯᠭ᠋ᠠᠨ᠎ᠤ ᠬᠡᠮᠵᠢᠶ᠎ᠡ᠎ᠪᠠᠷ ᠤᠰᠤᠨ᠎ᠤ ᠬᠡᠮᠵᠢᠶ᠎ᠡ ᠵᠢ ᠨᠤᠭᠤᠯᠤᠨ ᠪᠣᠳᠣᠬᠤ᠂ ᠴᠠᠬᠢᠯᠭ᠋ᠠᠨ ᠬᠡᠷᠡᠭᠯᠡᠬᠦ᠎ᠪᠠᠷ ᠤᠰᠤ ᠵᠢ ᠬᠢᠵᠠᠭ᠋ᠠᠷᠯᠠᠬᠤ ᠠᠷᠭ᠎ᠠ ᠮᠠᠶᠢᠭ ᠵᠶ᠋ᠠᠷ ᠤᠰᠤ ᠠᠪᠴᠤ ᠬᠡᠷᠡᠭᠯᠡᠬᠦ ᠬᠠᠮᠢᠶᠠᠷᠤᠯᠲᠠ ᠬᠢᠵᠦ ᠪᠣᠯᠤᠨ᠎ᠠ᠂ ᠴᠠᠬᠢᠯᠭ᠋ᠠᠨ ᠬᠠᠩᠭ᠋ᠠᠬᠤ ᠰᠠᠯᠠᠭ᠎ᠠ ᠮᠥᠴᠢᠷ᠎ᠨᠢ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠲᠠᠷᠢᠶᠠᠯᠠᠩ ᠮᠠᠯ ᠠᠵᠤ ᠠᠬᠤᠶ ᠵᠢᠨ ᠤᠰᠤᠯᠠᠯᠲᠠ ᠵᠢᠨ ᠮᠠᠰᠢᠨ ᠴᠠᠬᠢᠯᠭ᠋ᠠᠨ ᠬᠤᠳᠳᠤᠭ᠎ᠤᠨ ᠴᠠᠬᠢᠯᠭ᠋ᠠᠨ ᠬᠡᠷᠡᠭᠯᠡᠬᠦ ᠬᠡᠮᠵᠢᠶ᠎ᠡ ᠵᠢᠨ ᠲᠣᠭ᠎ᠠ ᠪᠠᠷᠢᠮᠲᠠ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠵᠢ ᠬᠠᠩᠭ᠋ᠠᠬᠤ ᠬᠡᠷᠡᠭᠲᠡᠶ᠃
ᠨᠢᠭᠡᠴᠢ ᠪᠤᠶᠤ ᠬᠤᠪᠢ ᠬᠥᠮᠦᠨ ᠰᠢᠨ᠎ᠡ ᠴᠠᠬᠢᠯᠭ᠋ᠠᠨ ᠬᠡᠷᠡᠭᠯᠡᠬᠦ ᠪᠡᠯᠡᠳᠬᠡᠮᠵᠢ ᠭᠤᠶᠤᠴᠢᠯᠠᠬᠤ ᠪᠤᠶᠤ ᠪᠠᠭᠲᠠᠭ᠋ᠠᠮᠵᠢ ᠵᠢ᠎ᠨᠢ ᠨᠡᠮᠡᠭᠳᠡᠭᠦᠯᠦᠨ ᠭᠠᠵᠠᠷ ᠳᠣᠤᠷᠠᠬᠢ ᠤᠰᠤ ᠵᠢ ᠠᠪᠴᠤ ᠲᠠᠷᠢᠶᠠᠯᠠᠩ ᠮᠠᠯ ᠠᠵᠤ ᠠᠬᠤᠶ ᠵᠢᠨ ᠤᠰᠤᠯᠠᠯᠲᠠ᠎ᠳᠤ ᠬᠡᠷᠡᠭᠯᠡᠬᠦ᠎ᠪᠠᠷ ᠭᠤᠶᠤᠴᠢᠯᠠᠪᠠᠯ᠂ ᠤᠰᠤ ᠠᠪᠬᠤ᠎ᠪᠠᠷ ᠭᠤᠶᠤᠴᠢᠯᠠᠬᠤ ᠬᠡᠷᠡᠭᠲᠡᠶ᠃ ᠤᠰᠤ ᠠᠪᠬᠤ ᠭᠤᠶᠤᠴᠢᠯᠠᠯ᠎ᠢ᠎ᠨᠢ ᠬᠢᠨᠠᠨ ᠵᠥᠪᠰᠢᠶᠡᠷᠡᠭᠰᠡᠨ ᠪᠠᠢ᠌ᠭᠤᠯᠭ᠎ᠠ᠎ᠪᠠᠷ ᠵᠥᠪᠰᠢᠶᠡᠷᠡᠭᠦᠯᠦᠭᠡᠳᠦᠶ ᠪᠣᠯ ᠴᠠᠬᠢᠯᠭ᠋ᠠᠨ ᠬᠠᠩᠭ᠋ᠠᠬᠤ ᠰᠠᠯᠠᠭ᠎ᠠ ᠮᠥᠴᠢᠷ᠎ᠨᠢ ᠴᠠᠬᠢᠯᠭ᠋ᠠᠨ ᠬᠠᠩᠭ᠋ᠠᠵᠤ ᠪᠣᠯᠬᠤ ᠦᠭᠡᠶ᠃
ᠬᠣᠷᠢᠨ ᠬᠣᠶᠠᠳᠤᠭ᠋ᠠᠷ ᠵᠤᠷᠪᠤᠰ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠨᠢᠭᠡᠴᠢ ᠪᠠ ᠬᠤᠪᠢ ᠬᠥᠮᠦᠨ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢ ᠬᠠᠤᠯᠢ ᠶᠣᠰᠣᠭ᠋ᠠᠷ ᠲᠤᠰᠢᠶᠠᠬᠤ ᠬᠡᠷᠡᠭᠲᠡᠶ᠃
ᠥᠪᠡᠷᠲᠡᠭᠡᠨ ᠵᠠᠰᠠᠬᠤ ᠣᠷᠣᠨ᠎ᠠᠴᠠ ᠲᠥᠯᠥᠪᠯᠡᠭᠡ᠎ᠠᠴᠠ ᠳᠠᠪᠠᠭᠤᠯᠤᠭᠰᠠᠨ᠂ ᠬᠢᠵᠠᠭ᠋ᠠᠷᠯᠠᠭᠰᠠᠨ ᠲᠣᠭ᠎ᠠ᠎ᠠᠴᠠ ᠬᠡᠲᠦᠷᠡᠭᠰᠡᠨ ᠠᠬᠢᠭᠤᠯᠤᠨ ᠪᠣᠳᠣᠵᠤ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠲᠠᠲᠠᠪᠤᠷᠢᠯᠠᠬᠤ ᠳᠦᠷᠢᠮ᠎ᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠤᠨ ᠲᠥᠷᠥᠯ ᠬᠤᠪᠢᠶᠠᠨ ᠣᠷᠣᠨ ᠬᠤᠪᠢᠶᠠᠨ ᠭᠠᠵᠠᠷ ᠳᠣᠤᠷᠠᠬᠢ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠲᠠᠲᠠᠪᠤᠷᠢᠯᠠᠬᠤ ᠪᠠᠷᠢᠮᠵᠢᠶ᠎ᠠ ᠵᠢ ᠲᠣᠭᠲᠠᠭ᠋ᠠᠬᠤ ᠬᠡᠷᠡᠭᠲᠡᠶ᠃ ᠠᠳᠠᠯᠢ ᠨᠢᠭᠡᠨ ᠲᠥᠷᠥᠯ ᠬᠡᠯᠪᠡᠷᠢ᠎ᠪᠠᠷ ᠤᠰᠤ ᠲᠠᠲᠠᠵᠤ ᠬᠡᠷᠡᠭᠯᠡᠬᠦ᠎ᠳᠤ᠂ ᠭᠠᠵᠠᠷ ᠳᠣᠤᠷᠠᠬᠢ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠲᠠᠲᠠᠪᠤᠷᠢᠯᠠᠬᠤ ᠪᠠᠷᠢᠮᠵᠢᠶ᠎ᠠ᠎ᠨᠢ ᠭᠠᠵᠠᠷ᠎ᠤᠨ ᠭᠠᠳᠠᠷᠭᠤ ᠵᠢᠨ ᠤᠰᠤᠨ᠎ᠤ ᠪᠠᠷᠢᠮᠵᠢᠶ᠎ᠠ᠂ ᠭᠠᠵᠠᠷ ᠳᠣᠤᠷᠠᠬᠢ ᠤᠰᠤ ᠵᠢ ᠬᠡᠳᠦ ᠮᠠᠯᠲᠠᠭᠰᠠᠨ ᠣᠷᠣᠨ᠎ᠤ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠲᠠᠲᠠᠪᠤᠷᠢᠯᠠᠬᠤ ᠪᠠᠷᠢᠮᠵᠢᠶ᠎ᠠ᠎ᠨᠢ ᠬᠡᠲᠦᠷᠡᠲᠡᠯ᠎ᠡ ᠮᠠᠯᠲᠠᠭᠰᠠᠨ ᠪᠤᠰᠤ ᠣᠷᠣᠨ᠎ᠤ ᠪᠠᠷᠢᠮᠵᠢᠶ᠎ᠠ᠎ᠠᠴᠠ ᠥᠨᠳᠥᠷ ᠪᠠᠶ᠋ᠢᠬᠤ ᠬᠡᠷᠡᠭᠲᠡᠶ᠂ ᠭᠠᠵᠠᠷ ᠳᠣᠤᠷᠠᠬᠢ ᠤᠰᠤ ᠵᠢ ᠬᠦᠨᠳᠦ ᠨᠣᠴᠢᠲᠠᠶ ᠬᠡᠲᠦᠷᠡᠲᠡᠯ᠎ᠡ ᠲᠠᠲᠠᠭᠰᠠᠨ ᠣᠷᠣᠨ᠎ᠤ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠲᠠᠲᠠᠪᠤᠷᠢᠯᠠᠬᠤ ᠪᠠᠷᠢᠮᠵᠢᠶ᠎ᠠ᠎ᠨᠢ ᠬᠡᠳᠦ ᠮᠠᠯᠲᠠᠭᠰᠠᠨ ᠣᠷᠣᠨ᠎ᠤ ᠪᠠᠷᠢᠮᠵᠢᠶ᠎ᠠ᠎ᠠᠴᠠ ᠶᠡᠬᠡ ᠬᠡᠮᠵᠢᠶ᠎ᠡ᠎ᠪᠠᠷ ᠥᠨᠳᠥᠷ ᠪᠠᠶ᠋ᠢᠬᠤ ᠬᠡᠷᠡᠭᠲᠡᠶ᠃
ᠤᠰᠤ ᠬᠠᠩᠭ᠋ᠠᠬᠤ ᠪᠠᠷᠢᠯᠭ᠎ᠠ᠎ᠳᠤ ᠬᠠᠩᠭ᠋ᠠᠭᠰᠠᠨ ᠤᠰᠤ ᠵᠢ ᠪᠣᠯ ᠤᠰᠤ ᠬᠠᠩᠭ᠋ᠠᠬᠤ ᠨᠢᠭᠡᠴᠢ᠎ᠳᠤ ᠤᠰᠤᠨ᠎ᠤ ᠰᠦᠢ᠍ᠳᠬᠡᠯ ᠲᠤᠰᠢᠶᠠᠬᠤ ᠬᠡᠷᠡᠭᠲᠡᠶ᠃ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠤᠰᠤᠨ᠎ᠳᠤ ᠤᠰᠤᠨ᠎ᠤ ᠱᠠᠲᠤᠯᠢᠭ ᠦᠨ᠎ᠡ ᠵᠢᠨ ᠳᠦᠷᠢᠮ᠎ᠢ ᠬᠡᠷᠡᠭᠵᠢᠭᠦᠯᠵᠦ᠂ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠪᠤᠰᠤ ᠬᠡᠷᠡᠭᠯᠡᠬᠦ ᠤᠰᠤᠨ᠎ᠳᠤ ᠲᠥᠯᠥᠪᠯᠡᠭᠡ᠎ᠠᠴᠠ ᠳᠠᠪᠠᠭᠤᠯᠤᠭᠰᠠᠨ᠂ ᠲᠣᠭᠲᠠᠭᠰᠠᠨ ᠨᠤᠷᠮ᠎ᠠ᠎ᠠᠴᠠ ᠳᠠᠪᠠᠭᠤᠯᠤᠭᠰᠠᠨᠤ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ᠎ᠢ ᠬᠡᠷᠡᠭᠵᠢᠭᠦᠯᠦᠨ᠎ᠡ᠃
ᠬᠣᠷᠢᠨ ᠭᠤᠷᠪᠠᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠠᠶ᠋ᠢᠭ᠋ᠠᠯᠢ ᠵᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ᠂ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠬᠤ᠂ ᠠᠮᠢ ᠠᠬᠤᠶ ᠵᠢᠨ ᠤᠰᠤᠨ ᠲᠦᠪᠰᠢᠨ᠎ᠢ ᠡᠵᠡᠮᠳᠡᠬᠦ᠂ ᠭᠠᠵᠠᠷ ᠳᠣᠤᠷᠠᠬᠢ ᠤᠰᠤ ᠵᠢ ᠨᠡᠭᠡᠭᠡᠨ ᠠᠰᠢᠭᠯᠠᠭᠰᠠᠨ ᠪᠠᠶ᠋ᠢᠳᠠᠯ ᠵᠢᠴᠢ ᠤᠰᠤ ᠭᠠᠵᠠᠷ ᠰᠢᠨᠵᠢᠯᠡᠭᠡᠨ᠎ᠤ ᠨᠥᠬᠥᠴᠡᠯ ᠵᠡᠷᠭᠡ ᠬᠦᠴᠦᠨ ᠵᠦᠢ᠍ᠯ᠎ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠭᠠᠵᠠᠷ ᠳᠣᠤᠷᠠᠬᠢ ᠤᠰᠤ ᠵᠢ ᠮᠠᠯᠲᠠᠬᠤ ᠵᠢ ᠴᠠᠭ᠋ᠠᠵᠠᠯᠠᠬᠤ ᠣᠷᠣᠨ᠂ ᠮᠠᠯᠲᠠᠬᠤ ᠵᠢ ᠬᠢᠵᠠᠭ᠋ᠠᠷᠯᠠᠬᠤ ᠣᠷᠣᠨ᠎ᠢ ᠵᠣᠬᠢᠶᠠᠨ ᠪᠠᠶ᠋ᠢᠭᠤᠯᠤᠨ ᠬᠤᠪᠢᠶᠠᠷᠢᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠨᠡᠶ᠋ᠢᠭᠡᠮ᠎ᠳᠤ ᠨᠡᠶ᠋ᠢᠲᠡᠯᠡᠬᠦ ᠵᠢᠨ ᠬᠠᠮᠲᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃
ᠮᠠᠯᠲᠠᠬᠤ ᠵᠢ ᠴᠠᠭ᠋ᠠᠵᠠᠯᠠᠬᠤ ᠣᠷᠣᠨ᠂ ᠮᠠᠯᠲᠠᠬᠤ ᠵᠢ ᠬᠢᠵᠠᠭ᠋ᠠᠷᠯᠠᠬᠤ ᠣᠷᠣᠨ᠎ᠢ ᠬᠤᠪᠢᠶᠠᠷᠢᠯᠠᠨ ᠲᠣᠭᠲᠠᠭ᠋ᠠᠭᠰᠠᠨ᠎ᠤ ᠳᠠᠷᠠᠭ᠎ᠠ᠂ ᠦᠨᠡᠨ ᠬᠦ᠌ ᠲᠣᠬᠢᠷᠠᠭᠤᠯᠬᠤ ᠴᠢᠬᠤᠯᠠᠲᠠᠢ ᠪᠣᠯ ᠤᠤᠯ᠎ᠤᠨ ᠬᠤᠪᠢᠶᠠᠷᠢᠯᠠᠨ ᠲᠣᠭᠲᠠᠭ᠋ᠠᠭᠰᠠᠨ ᠳᠡᠰ ᠳᠠᠷᠠᠭ᠋ᠠᠯᠠᠯ᠎ᠤᠨ ᠶᠣᠰᠣᠭ᠋ᠠᠷ ᠲᠣᠬᠢᠷᠠᠭᠤᠯᠤᠯᠲᠠ ᠬᠢᠬᠦ ᠬᠡᠷᠡᠭᠲᠡᠶ᠃
ᠬᠣᠷᠢᠨ ᠳᠥᠷᠪᠡᠳᠦᠭᠡᠷ ᠵᠤᠷᠪᠤᠰ ᠳᠣᠤᠷᠠᠬᠢ ᠮᠡᠲᠦ ᠣᠷᠣᠨ᠎ᠢ ᠮᠠᠯᠲᠠᠬᠤ ᠵᠢ ᠴᠠᠭ᠋ᠠᠵᠠᠯᠠᠬᠤ ᠣᠷᠣᠨ ᠪᠣᠯᠭ᠋ᠠᠨ ᠬᠤᠪᠢᠶᠠᠬᠤ ᠬᠡᠷᠡᠭᠲᠡᠶ᠄
(ᠨᠢᠭᠡ) ᠨᠢᠭᠡᠨᠲᠡ ᠬᠦᠨᠳᠦ ᠨᠣᠴᠢᠲᠠᠶ ᠭᠠᠵᠠᠷ᠎ᠤᠨ ᠭᠠᠮᠰᠢᠭ ᠪᠤᠶᠤ ᠠᠮᠢ ᠠᠬᠤᠶ ᠵᠢᠨ ᠬᠤᠬᠢᠷᠠᠯ ᠤᠴᠠᠷᠠᠭᠤᠯᠤᠭᠰᠠᠨ ᠣᠷᠣᠨ ᠪᠦᠰᠡ;
(ᠬᠤᠶᠠᠷ) ᠭᠠᠵᠠᠷ ᠳᠣᠤᠷᠠᠬᠢ ᠤᠰᠤ ᠵᠢ ᠬᠡᠳᠦ ᠮᠠᠯᠲᠠᠭᠰᠠᠨ ᠣᠷᠣᠨ᠎ᠤ ᠳᠣᠲᠣᠷ᠎ᠠ ᠣᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠶ ᠵᠢᠨ ᠲᠣᠤᠷ ᠵᠶ᠋ᠠᠷ ᠳᠠᠮᠵᠢᠭᠤᠯᠤᠨ ᠪᠦᠷᠬᠦᠭᠰᠡᠨ ᠪᠤᠶᠤ ᠤᠰᠤᠨ ᠰᠤᠷᠪᠤᠯᠵᠢ ᠵᠢ ᠣᠷᠣᠯᠠᠨ ᠤᠰᠤ ᠬᠠᠩᠭ᠋ᠠᠬᠤ ᠬᠡᠷᠡᠭᠴᠡᠭᠡ ᠱᠠᠭ᠋ᠠᠷᠳᠠᠯᠭ᠎ᠠ ᠵᠢ ᠨᠢᠭᠡᠨᠲᠡ ᠰᠢᠢ᠍ᠳᠪᠦᠷᠢᠯᠡᠭᠰᠡᠨ ᠣᠷᠣᠨ ᠪᠦᠰᠡ;
(ᠭᠤᠷᠪᠠ) ᠴᠢᠬᠤᠯᠠ ᠶᠡᠭᠡ ᠰᠠᠭᠤᠷᠢ ᠲᠥᠬᠦᠭᠡᠷᠦᠮᠵᠢ ᠵᠢᠨ ᠬᠠᠮᠠᠭ᠋ᠠᠯᠠᠯᠲᠠ ᠵᠢᠨ ᠣᠷᠣᠨ ᠪᠦᠰᠡ᠂ ᠴᠢᠬᠤᠯᠠ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠬᠦᠷᠢᠶ᠎ᠡ ᠬᠡᠪᠴᠢᠶ᠎ᠡ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠭᠤᠣᠯ ᠣᠷᠣᠨ ᠪᠠ ᠵᠠᠪᠰᠠᠷ᠎ᠤᠨ ᠣᠷᠣ;
(ᠲᠦᠷᠪᠡ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠪᠤᠰᠤᠳ ᠮᠠᠯᠲᠠᠬᠤ ᠵᠢ ᠴᠠᠭ᠋ᠠᠵᠠᠯᠠᠬᠤ ᠣᠷᠣᠨ ᠭᠡᠵᠦ ᠲᠣᠭᠲᠠᠭ᠋ᠠᠭᠰᠠᠨ ᠪᠠᠶ᠋ᠢᠨ᠎ᠠ᠃
ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠮᠠᠯᠲᠠᠬᠤ ᠵᠢ ᠴᠠᠭ᠋ᠠᠵᠠᠯᠠᠭᠰᠠᠨ ᠣᠷᠣᠨ᠎ᠤ ᠳᠣᠲᠣᠷ᠎ᠠ ᠭᠠᠵᠠᠷ ᠳᠣᠤᠷᠠᠬᠢ ᠤᠰᠤ ᠵᠢ ᠲᠠᠲᠠᠬᠤ ᠪᠠᠷᠢᠯᠭ᠎ᠠ ᠵᠢ ᠬᠤᠭᠤᠴᠠᠭ᠎ᠠ ᠬᠢᠵᠠᠭ᠋ᠠᠷᠯᠠᠨ ᠪᠢᠲᠡᠭᠦᠮᠵᠢᠯᠡᠬᠦ ᠪᠤᠶᠤ ᠬᠡᠷᠡᠭᠯᠡᠬᠦ ᠵᠢ ᠵᠣᠭᠰᠣᠭ᠋ᠠᠬᠤ ᠬᠡᠷᠡᠭᠲᠡᠶ᠃
ᠬᠣᠷᠢᠨ ᠲᠠᠪᠤᠳᠤᠭ᠋ᠠᠷ ᠵᠤᠷᠪᠤᠰ ᠳᠣᠤᠷᠠᠬᠢ ᠮᠡᠲᠦ ᠣᠷᠣᠨ᠎ᠢ ᠮᠠᠯᠲᠠᠭᠰᠠᠨ᠎ᠢ ᠬᠢᠵᠠᠭ᠋ᠠᠷᠯᠠᠬᠤ ᠣᠷᠣᠨ ᠪᠣᠯᠭ᠋ᠠᠨ ᠬᠤᠪᠢᠶᠠᠬᠤ ᠬᠡᠷᠡᠭᠲᠡᠶ᠄
(ᠨᠢᠭᠡ) ᠭᠠᠵᠠᠷ ᠳᠣᠤᠷᠠᠬᠢ ᠤᠰᠤ ᠵᠢ ᠨᠡᠭᠡᠭᠡᠨ ᠮᠠᠯᠲᠠᠬᠤ ᠬᠡᠮᠵᠢᠶ᠎ᠡ ᠵᠢᠨ ᠣᠶ᠋ᠢᠷᠠᠲᠤᠭᠰᠠᠨ ᠣᠷᠣᠨ ᠪᠦᠰᠡ;
(ᠬᠤᠶᠠᠷ) ᠬᠥᠷᠥᠰᠥᠨ ᠳᠣᠤᠷᠠᠬᠢ ᠤᠰᠤ ᠵᠢ ᠨᠡᠭᠡᠭᠡᠨ ᠮᠠᠯᠲᠠᠵᠤ ᠭᠠᠵᠠᠷ᠎ᠤᠨ ᠭᠠᠮᠰᠢᠭ ᠪᠤᠶᠤ ᠠᠮᠢ ᠠᠬᠤᠶ ᠵᠢ ᠬᠣᠬᠢᠷᠠᠭᠤᠯᠵᠤ ᠮᠡᠳᠡᠬᠦ ᠣᠷᠣᠨ ᠪᠦᠰᠡ;
(ᠭᠤᠷᠪᠠ) ᠴᠢᠬᠤᠯᠠ ᠨᠤᠭᠤ ᠭᠠᠵᠠᠷ᠂ ᠭᠠᠵᠠᠷ ᠰᠢᠨᠵᠢᠯᠡᠭᠡᠨ᠎ᠤ ᠴᠡᠴᠡᠷᠯᠢᠭ ᠵᠡᠷᠭᠡ ᠣᠨᠴᠠᠭ᠋ᠠᠢ ᠬᠠᠮᠠᠭ᠋ᠠᠯᠠᠯᠲᠠ ᠵᠢᠨ ᠣᠷᠣᠨ;
(ᠲᠦᠷᠪᠡ) ᠬᠠᠤᠯᠢ ᠲᠣᠭᠲᠠᠭ᠋ᠠᠮᠵᠢ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠪᠤᠰᠤᠳ ᠮᠠᠯᠲᠠᠯᠲᠠ ᠵᠢ ᠬᠢᠵᠠᠭ᠋ᠠᠷᠯᠠᠬᠤ ᠣᠷᠣᠨ ᠭᠡᠵᠦ ᠲᠣᠭᠲᠠᠭ᠋ᠠᠭᠰᠠᠨ ᠣᠷᠣᠨ᠃
ᠬᠣᠷᠢᠨ ᠵᠢᠷᠭᠤᠳᠤᠭ᠋ᠠᠷ ᠵᠤᠷᠪᠤᠰ ᠮᠠᠯᠲᠠᠬᠤ ᠵᠢ ᠴᠠᠭ᠋ᠠᠵᠠᠯᠠᠬᠤ ᠣᠷᠣᠨ᠎ᠳᠤ ᠳᠣᠤᠷᠠᠬᠢ ᠮᠡᠲᠦ ᠪᠠᠶ᠋ᠢᠳᠠᠯ᠎ᠢ ᠭᠠᠷᠭ᠋ᠠᠪᠠᠯ᠂ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠵᠢ ᠴᠠᠭ᠋ᠠᠵᠠᠯᠠᠨ᠎ᠠ᠄
(ᠨᠢᠭᠡ) ᠭᠠᠵᠠᠷ ᠳᠣᠣᠷᠠᠬᠢ ᠢᠨᠵᠸᠨ᠋ᠸᠷᠢᠩ᠎ᠤᠨ ᠠᠵᠢᠯ᠎ᠤᠨ ᠠᠮᠤᠷ ᠲᠦᠪᠰᠢᠨ ᠪᠠ ᠦᠢ᠍ᠯᠡᠳᠪᠦᠷᠢᠯᠡᠯ᠎ᠤᠨ ᠠᠮᠤᠷ ᠲᠦᠪᠰᠢᠨ᠎ᠢ ᠪᠠᠲᠤᠯᠠᠬᠤ ᠵᠢᠨ ᠲᠥᠯᠥᠭᠡ ᠡᠷᠬᠡᠪᠰᠢ ᠲᠦᠷ ᠴᠠᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠠᠪᠬᠤ (ᠭᠠᠳᠠᠭᠰᠢᠯᠠᠭᠤᠯᠤᠭᠰᠠᠨ) ᠤᠰᠤ;
(ᠬᠤᠶᠠᠷ) ᠣᠯᠠᠨ ᠨᠡᠶ᠋ᠢᠲᠡ ᠵᠢᠨ ᠠᠮᠤᠷ ᠲᠦᠪᠰᠢᠨ ᠪᠤᠶᠤ ᠣᠯᠠᠨ ᠨᠡᠶ᠋ᠢᠲᠡ ᠵᠢᠨ ᠠᠰᠢᠭ ᠲᠤᠰᠠ᠎ᠳᠤ ᠤᠴᠠᠷᠠᠭᠤᠯᠬᠤ ᠬᠣᠣᠷ ᠬᠥᠨᠥᠭᠡᠯ᠎ᠢ ᠠᠷᠢᠯᠭ᠋ᠠᠬᠤ ᠵᠢᠨ ᠲᠥᠯᠥᠭᠡ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠦᠷ ᠴᠠᠭ᠎ᠤᠨ ᠤᠰᠤ ᠲᠠᠲᠠᠬᠤ;
(ᠭᠤᠷᠪᠠ) ᠭᠠᠵᠠᠷ ᠳᠣᠣᠷᠠᠬᠢ ᠤᠰᠤ᠎ᠶᠢ ᠬᠢᠨᠠᠨ ᠬᠡᠮᠵᠢᠬᠦ᠂ ᠬᠠᠢ᠌ᠨ ᠰᠢᠨᠵᠢᠬᠦ᠎ᠶᠢ ᠥᠷᠨᠢᠭᠦᠯᠬᠦ ᠵᠢᠨ ᠲᠤᠰᠠᠳᠠ᠂ ᠪᠠᠭ᠎ᠠ ᠬᠡᠮᠵᠢᠶᠡᠨ᠎ᠤ ᠤᠰᠤ ᠲᠠᠲᠠᠬᠤ ᠲᠤᠷᠰᠢᠯᠲᠠ ᠬᠢᠨ᠎ᠡ᠃
ᠮᠠᠯᠳᠠᠬᠤ ᠵᠢ ᠬᠢᠵᠠᠭ᠋ᠠᠷᠯᠠᠭᠰᠠᠨ ᠣᠷᠣᠨ᠎ᠳᠤ ᠡᠮᠦᠨᠡᠬᠢ ᠵᠦᠢ᠍ᠯ᠎ᠳᠤ ᠲᠣᠭᠲᠠᠭ᠋ᠠᠭᠰᠠᠨ ᠪᠠᠶ᠋ᠢᠳᠠᠯ᠎ᠠᠴᠠ ᠭᠠᠳᠠᠨ᠎ᠠ᠂ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠬᠡᠮᠵᠢᠶ᠎ᠡ ᠵᠢ ᠰᠢᠨ᠎ᠡ᠎ᠪᠠᠷ ᠨᠡᠮᠡᠭᠳᠡᠭᠦᠯᠬᠦ ᠵᠢ ᠴᠠᠭ᠋ᠠᠵᠠᠯᠠᠬᠤ ᠵᠢᠨ ᠬᠠᠮᠲᠤ ᠭᠠᠵᠠᠷ ᠳᠣᠤᠷᠠᠬᠢ ᠤᠰᠤ ᠵᠢ ᠲᠠᠲᠠᠬᠤ ᠬᠡᠮᠵᠢᠶ᠎ᠡ ᠵᠢ ᠠᠯᠬᠤᠮ ᠠᠯᠬᠤᠮ ᠵᠶ᠋ᠠᠷ ᠪᠠᠭ᠋ᠠᠰᠬᠠᠨ᠎ᠠ; ᠡᠮᠦᠨᠡᠬᠢ ᠵᠦᠢ᠍ᠯ᠎ᠳᠤ ᠲᠣᠭᠲᠠᠭ᠋ᠠᠭᠰᠠᠨ ᠪᠠᠶ᠋ᠢᠳᠠᠯ᠎ᠢ ᠠᠷᠢᠯᠭ᠋ᠠᠭᠰᠠᠨ᠎ᠤ ᠳᠠᠷᠠᠭ᠎ᠠ᠂ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠵᠢ ᠳᠠᠷᠤᠶ᠋ᠢᠬᠠᠨ ᠵᠣᠭᠰᠣᠭ᠋ᠠᠬᠤ ᠬᠡᠷᠡᠭᠲᠡᠶ᠃
ᠬᠣᠷᠢᠨ ᠳᠣᠯᠣᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠬᠤ ᠵᠢ ᠶᠡᠷᠦᠩᠬᠡᠶ᠋ᠢᠯᠡᠨ ᠵᠠᠰᠠᠬᠤ ᠲᠥᠰᠦᠯ᠎ᠢ ᠨᠠᠶ᠋ᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃
ᠠᠶ᠋ᠢᠮᠠᠭ᠎ᠤᠨ ᠵᠠᠬᠢᠷᠭ᠎ᠠ᠂ ᠲᠣᠭᠣᠷᠢᠭ᠎ᠲᠠᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠠᠪᠤᠭᠰᠠᠨ ᠣᠷᠣᠨ᠎ᠢ ᠵᠠᠰᠠᠬᠤ ᠲᠥᠰᠦᠯ᠎ᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠠᠵᠤ ᠦᠢ᠍ᠯᠡᠰ᠎ᠤᠨ ᠪᠦᠲᠦᠴᠡ ᠵᠢ ᠲᠣᠬᠢᠷᠠᠭᠤᠯᠬᠤ᠂ ᠤᠰᠤᠨ᠎ᠤ ᠡᠬᠢ ᠰᠤᠷᠪᠤᠯᠵᠢ ᠵᠢ ᠰᠣᠯᠢᠬᠤ᠂ ᠤᠰᠤ ᠠᠷᠪᠢᠯᠠᠬᠤ ᠥᠭᠡᠷᠡᠴᠢᠯᠡᠯᠲᠡ ᠬᠢᠬᠦ᠂ ᠲᠠᠷᠢᠮᠠᠯ᠎ᠤᠨ ᠪᠦᠲᠦᠴᠡ ᠵᠢ ᠲᠣᠬᠢᠷᠠᠭᠤᠯᠬᠤ᠂ ᠤᠰᠤᠯᠠᠯᠲᠠ ᠵᠢᠨ ᠲᠠᠯᠠᠪᠠᠶ ᠵᠢ ᠪᠠᠭ᠋ᠠᠰᠬᠠᠬᠤ ᠵᠡᠷᠭᠡ ᠶᠡᠷᠦᠩᠬᠡᠶ᠋ᠢᠯᠡᠭᠰᠡᠨ ᠠᠷᠭ᠎ᠠ ᠬᠡᠮᠵᠢᠶ᠎ᠡ ᠠᠪᠴᠤ᠂ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠠᠪᠬᠤ ᠬᠡᠮᠵᠢᠶ᠎ᠡ ᠵᠢ ᠲᠥᠯᠥᠪᠯᠡᠭᠡ᠎ᠲᠠᠢ᠎ᠪᠠᠷ ᠵᠢᠯ ᠳᠠᠷᠠᠭ᠋ᠠᠯᠠᠨ ᠪᠠᠭ᠋ᠠᠰᠬᠠᠵᠤ᠂ ᠬᠤᠭᠤᠴᠠᠭ᠎ᠠ ᠬᠢᠵᠠᠭ᠋ᠠᠷᠯᠠᠵᠤ ᠪᠠᠶ᠋ᠢᠭ᠋ᠠᠳ ᠠᠪᠬᠤ ᠪᠠ ᠨᠥᠬᠥᠪᠥᠷᠢᠯᠡᠬᠦ ᠵᠢ ᠲᠡᠩᠴᠡᠭᠦᠷᠢᠰᠢᠭᠦᠯᠬᠦ ᠬᠡᠷᠡᠭᠲᠡᠶ᠃
ᠬᠡᠲᠦᠷᠡᠲᠡᠯ᠎ᠡ ᠮᠠᠯᠲᠠᠭᠰᠠᠨ ᠣᠷᠣᠨ᠎ᠤ ᠭᠠᠵᠠᠷ ᠳᠣᠤᠷᠠᠬᠢ ᠤᠰᠤ ᠵᠢ ᠠᠪᠬᠤ ᠪᠠ ᠨᠥᠬᠥᠪᠥᠷᠢᠯᠡᠬᠦ ᠵᠢ ᠲᠡᠩᠴᠡᠭᠦᠷᠢ᠎ᠲᠠᠢ ᠪᠠᠶ᠋ᠢᠯᠭ᠋ᠠᠬᠤ ᠵᠢ ᠪᠡᠶᠡᠯᠡᠭᠦᠯᠦᠭᠰᠡᠨ ᠪᠣᠯ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠬᠠᠮᠢᠶᠠᠷᠤᠯᠲᠠ ᠵᠢᠨ ᠨᠢᠭᠡᠴᠢ ᠵᠢᠨ ᠠᠮᠢ ᠠᠬᠤᠶ ᠵᠢᠨ ᠤᠰᠤᠨ ᠲᠦᠪᠰᠢᠨ᠎ᠢ ᠡᠵᠡᠮᠳᠡᠬᠦ ᠱᠠᠭ᠋ᠠᠷᠳᠠᠯᠭ᠎ᠠ ᠶᠣᠰᠣᠭ᠋ᠠᠷ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠠᠮᠢ ᠠᠬᠤᠶ ᠵᠢᠨ ᠤᠰᠤᠨ ᠲᠦᠪᠰᠢᠨ᠎ᠢ ᠠᠯᠬᠤᠮ ᠠᠯᠬᠤᠮ ᠵᠶ᠋ᠠᠷ ᠰᠡᠷᠭᠦᠭᠡᠬᠦ ᠬᠡᠷᠡᠭᠲᠡᠶ᠃
ᠬᠣᠷᠢᠨ ᠨᠠᠢ᠍ᠮᠠᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠣᠯᠠᠨ ᠨᠡᠶ᠋ᠢᠲᠡ ᠵᠢᠨ ᠤᠰᠤ ᠬᠠᠩᠭ᠋ᠠᠬᠤ ᠬᠡᠪᠴᠢᠶᠡᠨ ᠳᠣᠲᠣᠷᠠᠬᠢ ᠥᠪᠡᠷᠲᠡᠭᠡᠨ ᠪᠡᠯᠡᠳᠬᠡᠭᠰᠡᠨ ᠬᠤᠳᠳᠤᠭ᠎ᠢ ᠲᠥᠯᠥᠪᠯᠡᠭᠡ᠎ᠲᠠᠢ᠎ᠪᠠᠷ ᠬᠠᠭ᠋ᠠᠬᠤ ᠬᠡᠷᠡᠭᠲᠡᠶ᠃
ᠤᠰᠤᠨ᠎ᠤ ᠴᠢᠨᠠᠷ᠎ᠤᠨ ᠤᠰᠤᠨ᠎ᠤ ᠬᠡᠮᠵᠢᠶ᠎ᠡ ᠵᠢᠨ ᠤᠨᠴᠠᠭ᠋ᠠᠢ ᠱᠠᠭ᠋ᠠᠷᠳᠠᠯᠭ᠎ᠠ᠎ᠲᠠᠢ ᠤᠰᠤ ᠠᠪᠴᠤ ᠬᠡᠷᠡᠭᠯᠡᠬᠦ ᠡᠷᠦᠬᠡ᠎ᠳᠤ ᠥᠪᠡᠷᠲᠡᠭᠡᠨ ᠪᠡᠯᠡᠳᠬᠡᠭᠰᠡᠨ ᠬᠤᠳᠳᠤᠭ ᠬᠡᠷᠡᠭᠯᠡᠪᠡᠯ᠂ ᠬᠠᠮᠢᠶᠠᠷᠤᠯᠲᠠ ᠵᠢᠨ ᠡᠷᠬᠡ ᠮᠡᠳᠡᠯ᠎ᠲᠠᠢ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠬᠡᠷᠡᠭᠲᠡᠶ᠃
ᠬᠣᠷᠢ ᠶᠢᠰᠦᠳᠦᠭᠡᠷ ᠵᠤᠷᠪᠤᠰ ᠲᠥᠪᠯᠡᠷᠡᠭᠰᠡᠨ ᠬᠡᠯᠪᠡᠷᠢ ᠵᠢᠨ ᠭᠠᠵᠠᠷ ᠳᠣᠤᠷᠠᠬᠢ ᠤᠰᠤᠨ᠎ᠤ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠠᠷ᠎ᠲᠤ ᠤᠰᠤ ᠠᠪᠬᠤ ᠴᠢᠬᠤᠯᠠᠲᠠᠢ ᠭᠠᠵᠠᠷ᠎ᠤᠨ ᠢᠯᠴᠢ ᠵᠢᠨ ᠡᠨᠧᠷᠭᠢ ᠵᠢ ᠨᠡᠭᠡᠭᠡᠨ ᠠᠰᠢᠭᠯᠠᠬᠤ ᠲᠥᠷᠥᠯ ᠵᠦᠢ᠍ᠯ᠎ᠢ ᠪᠦᠲᠦᠭᠡᠨ ᠪᠠᠶ᠋ᠢᠭᠤᠯᠬᠤ ᠵᠢ ᠴᠠᠭ᠋ᠠᠵᠠᠯᠠᠨ᠎ᠠ᠃ ᠭᠠᠵᠠᠷ ᠳᠣᠤᠷᠠᠬᠢ ᠤᠰᠤ ᠵᠢ ᠰᠢᠨᠡᠳᠬᠡᠬᠦ᠎ᠳᠤ ᠬᠡᠷᠡᠭᠰᠡᠬᠦ ᠭᠠᠵᠠᠷ᠎ᠤᠨ ᠢᠯᠴᠢ ᠵᠢᠨ ᠡᠨᠧᠷᠭᠢ ᠵᠢ ᠨᠡᠭᠡᠭᠡᠨ ᠠᠰᠢᠭᠯᠠᠬᠤ ᠲᠥᠷᠥᠯ ᠵᠦᠢ᠍ᠯ᠎ᠢ ᠰᠤᠭᠤᠴᠢᠨ ᠠᠪᠬᠤ ᠵᠢ ᠴᠠᠭ᠋ᠠᠵᠠᠯᠠᠨ᠎ᠠ᠃
ᠤᠰᠤ ᠠᠪᠬᠤ ᠴᠢᠬᠤᠯᠠᠲᠠᠢ ᠭᠠᠵᠠᠷ᠎ᠤᠨ ᠢᠯᠴᠢ ᠵᠢᠨ ᠡᠨᠧᠷᠭᠢ ᠵᠢ ᠨᠡᠭᠡᠭᠡᠨ ᠠᠰᠢᠭᠯᠠᠬᠤ ᠲᠥᠷᠥᠯ ᠵᠦᠢ᠍ᠯ᠎ᠢ ᠪᠦᠲᠦᠭᠡᠨ ᠪᠠᠶ᠋ᠢᠭᠤᠯᠬᠤ᠎ᠳᠤ ᠤᠰᠤ ᠠᠪᠬᠤ ᠪᠠ ᠡᠭᠡᠭᠦᠯᠦᠨ ᠴᠢᠳᠬᠤᠬᠤ ᠵᠢ ᠰᠦᠯᠵᠢᠶᠡᠨ ᠳᠡᠭᠡᠷ᠎ᠡ ᠬᠡᠮᠵᠢᠵᠦ ᠬᠢᠨᠠᠨ ᠬᠡᠮᠵᠢᠬᠦ ᠪᠡᠯᠡᠳᠬᠡᠮᠵᠢ ᠤᠭᠰᠠᠷᠠᠬᠤ ᠵᠢᠨ ᠬᠠᠮᠲᠤ ᠬᠢᠨᠠᠨ ᠬᠡᠮᠵᠢᠭᠰᠡᠨ ᠲᠣᠭ᠎ᠠ ᠪᠠᠷᠢᠮᠲᠠ᠎ᠪᠠᠨ ᠬᠠᠮᠢᠶᠠᠷᠤᠯᠲᠠ ᠵᠢᠨ ᠡᠷᠬᠡ ᠮᠡᠳᠡᠯ᠎ᠲᠠᠢ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠬᠦ ᠬᠡᠷᠡᠭᠲᠡᠶ᠃
ᠤᠰᠤ ᠠᠪᠬᠤ ᠴᠢᠬᠤᠯᠠᠲᠠᠢ ᠭᠠᠵᠠᠷ᠎ᠤᠨ ᠢᠯᠴᠢ ᠵᠢᠨ ᠡᠨᠧᠷᠭᠢ ᠵᠢ ᠨᠡᠭᠡᠭᠡᠨ ᠠᠰᠢᠭᠯᠠᠬᠤ ᠲᠥᠷᠥᠯ ᠵᠦᠢ᠍ᠯ᠎ᠢ ᠪᠦᠲᠦᠭᠡᠨ ᠪᠠᠶ᠋ᠢᠭᠤᠯᠬᠤ᠎ᠳᠤ ᠠᠳᠠᠯᠢ ᠨᠢᠭᠡᠨ ᠤᠰᠤ ᠠᠭᠤᠯᠬᠤ ᠳᠠᠪᠬᠤᠷᠭ᠎ᠠ᠎ᠪᠠᠷ ᠤᠰᠤ ᠠᠪᠬᠤ ᠪᠠ ᠡᠭᠡᠭᠦᠯᠦᠨ ᠴᠢᠳᠬᠤᠬᠤ ᠵᠢ ᠬᠡᠷᠡᠭᠵᠢᠭᠦᠯᠬᠦ ᠬᠡᠷᠡᠭᠲᠡᠶ᠂ ᠭᠠᠵᠠᠷ ᠳᠣᠤᠷᠠᠬᠢ ᠤᠰᠤ ᠵᠢ ᠪᠣᠬᠢᠷᠲᠤᠭᠤᠯᠵᠤ ᠪᠣᠯᠬᠤ ᠦᠭᠡᠶ᠃
ᠭᠤᠴᠢᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠠᠵᠠᠷ ᠳᠣᠤᠷᠠᠬᠢ ᠤᠰᠤᠨ᠎ᠤ ᠤᠰᠤᠨ ᠰᠤᠷᠪᠤᠯᠵᠢ ᠵᠢᠨ ᠬᠠᠮᠠᠭ᠋ᠠᠯᠠᠯᠲᠠ ᠵᠢ ᠴᠢᠩᠭ᠋ᠠᠳᠬᠠᠨ᠂ ᠪᠠᠶ᠋ᠢᠭ᠋ᠠᠯᠢ ᠵᠢᠨ ᠨᠥᠬᠥᠴᠡᠯ᠎ᠢ ᠭᠦᠢ᠍ᠴᠡᠳ ᠠᠰᠢᠭᠯᠠᠨ ᠭᠠᠵᠠᠷ ᠳᠣᠤᠷᠠᠬᠢ ᠤᠰᠤ ᠵᠢ ᠨᠥᠬᠥᠪᠥᠷᠢᠯᠡᠵᠦ᠂ ᠭᠠᠵᠠᠷ ᠳᠣᠤᠷᠠᠬᠢ ᠤᠰᠤᠨ ᠰᠤᠷᠪᠤᠯᠵᠢ ᠵᠢ ᠪᠦᠲᠦᠮᠵᠢᠲᠡᠶ᠎ᠪᠠᠷ ᠬᠠᠳᠠᠭ᠋ᠠᠯᠠᠬᠤ ᠬᠡᠷᠡᠭᠲᠡᠶ᠃
ᠨᠢᠭᠡᠴᠢ ᠪᠠ ᠬᠤᠪᠢ ᠬᠥᠮᠦᠨ᠎ᠤ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ᠂ ᠬᠥᠮᠦᠨ᠎ᠤ ᠬᠦᠴᠦ᠎ᠪᠠᠷ ᠡᠭᠡᠭᠦᠯᠦᠨ ᠴᠢᠳᠬᠤᠬᠤ᠂ ᠪᠣᠷᠣᠭ᠋ᠠᠨ᠎ᠤ ᠤᠰᠤ ᠵᠢ ᠨᠡᠪᠴᠢᠭᠦᠯᠬᠦ ᠵᠡᠷᠭᠡ ᠠᠷᠭ᠎ᠠ ᠬᠡᠮᠵᠢᠶ᠎ᠡ ᠵᠢ ᠠᠪᠴᠤ᠂ ᠭᠠᠵᠠᠷ ᠳᠣᠤᠷᠠᠬᠢ ᠤᠰᠤᠨ᠎ᠤ ᠪᠦᠲᠦᠮᠵᠢᠲᠡᠶ ᠨᠥᠬᠥᠪᠥᠷᠢᠯᠡᠯᠲᠡ ᠵᠢ ᠨᠡᠮᠡᠭᠳᠡᠭᠦᠯᠬᠦ ᠵᠢ ᠵᠣᠷᠢᠭᠵᠢᠭᠤᠯᠤᠨ ᠳᠡᠮᠵᠢᠨ᠎ᠡ᠃ ᠬᠥᠮᠦᠨ᠎ᠤ ᠬᠦᠴᠦ᠎ᠪᠠᠷ ᠭᠠᠵᠠᠷ ᠳᠣᠤᠷᠠᠬᠢ ᠤᠰᠤ ᠵᠢ ᠡᠭᠡᠭᠦᠯᠦᠨ ᠴᠢᠳᠬᠤᠬᠤ᠎ᠳᠤ᠂ ᠭᠠᠵᠠᠷ ᠳᠣᠤᠷᠠᠬᠢ ᠤᠰᠤᠨ᠎ᠤ ᠴᠢᠨᠠᠷ᠎ᠢ ᠮᠠᠭᠤᠳᠠᠭᠤᠯᠵᠤ ᠪᠣᠯᠬᠤ ᠦᠭᠡᠶ᠃
ᠬᠣᠲᠠ ᠬᠥᠳᠡᠭᠡ ᠵᠢᠨ ᠭᠠᠵᠠᠷ᠎ᠤᠨ ᠭᠠᠳᠠᠷᠭᠤ ᠵᠢ ᠬᠠᠲᠠᠭᠤᠷᠠᠭᠤᠯᠬᠤ᠎ᠳᠤ ᠤᠰᠤ ᠨᠡᠪᠲᠡᠷᠡᠬᠦ ᠴᠢᠨᠠᠷ ᠵᠶ᠋ᠠᠷ ᠴᠢᠩᠭ᠎ᠠ ᠪᠠᠷᠢᠯᠭ᠎ᠠ ᠵᠢᠨ ᠮᠠᠲ᠋ᠧᠷᠢᠶᠠᠯ ᠪᠣᠯᠤᠨ ᠪᠦᠲᠦᠴᠡ ᠵᠢᠨ ᠬᠡᠯᠪᠡᠷᠢ ᠵᠢ ᠠᠪᠴᠤ᠂ ᠪᠣᠷᠣᠭ᠋ᠠᠨ᠎ᠤ ᠤᠰᠤ ᠵᠢ ᠨᠡᠪᠴᠢᠭᠦᠯᠦᠨ ᠭᠠᠵᠠᠷ ᠳᠣᠤᠷᠠᠬᠢ ᠤᠰᠤ ᠵᠢ ᠨᠥᠬᠥᠪᠥᠷᠢᠯᠡᠬᠦ ᠵᠢ ᠨᠡᠮᠡᠭᠳᠡᠭᠦᠯᠬᠦ ᠬᠡᠷᠡᠭᠲᠡᠶ᠃ ᠭᠣᠤᠯ ᠮᠥᠷᠡᠨ᠂ ᠨᠠᠭᠤᠷ ᠴᠥᠭᠦᠷᠥᠮ᠎ᠢ ᠴᠡᠭᠴᠡᠯᠡᠨ ᠵᠠᠰᠠᠬᠤ᠎ᠳᠤ ᠭᠠᠵᠠᠷ ᠳᠣᠤᠷᠠᠬᠢ ᠤᠰᠤᠨ ᠰᠤᠷᠪᠤᠯᠵᠢ ᠵᠢ ᠬᠠᠳᠠᠭ᠋ᠠᠯᠠᠬᠤ ᠵᠢ ᠬᠠᠮᠲᠤᠳᠤᠨᠢ ᠬᠠᠷᠠᠭ᠋ᠠᠯᠵᠠᠬᠤ ᠬᠡᠷᠡᠭᠲᠡᠶ᠃
ᠭᠤᠴᠢᠨ ᠨᠢᠭᠡᠳᠦᠭᠡᠷ ᠵᠤᠷᠪᠤᠰ ᠭᠠᠵᠠᠷ ᠳᠣᠤᠷᠠᠬᠢ ᠤᠰᠤ ᠵᠢ ᠪᠣᠬᠢᠷᠲᠤᠭᠤᠯᠬᠤ ᠪᠤᠶᠤ ᠪᠣᠬᠢᠷᠲᠤᠭᠤᠯᠬᠤ ᠪᠣᠯᠤᠯᠴᠠᠭ᠎ᠠ᠎ᠲᠠᠢ ᠳᠣᠤᠷᠠᠬᠢ ᠦᠢ᠍ᠯᠡ ᠠᠵᠢᠯᠯᠠᠭ᠎ᠠ ᠵᠢ ᠴᠠᠭ᠋ᠠᠵᠠᠯᠠᠨ᠎ᠠ᠄
(ᠨᠢᠭᠡ) ᠨᠡᠪᠴᠢᠯ ᠬᠤᠳᠳᠤᠭ᠂ ᠨᠡᠪᠴᠢᠬᠦ ᠨᠦᠬᠡ᠂ ᠠᠩ ᠵᠠᠪᠰᠠᠷ᠂ ᠠᠭᠤᠰᠬᠤ ᠨᠦᠬᠡ ᠵᠢᠴᠢ ᠳᠠᠯᠳᠠᠭᠤᠷ ᠲᠠᠯᠳᠠ ᠬᠤᠭᠤᠯᠠᠢ ᠲᠠᠭ᠋ᠠᠷᠠᠭᠤᠯᠬᠤ ᠵᠡᠷᠭᠡ ᠬᠢᠨᠠᠯᠲᠠ ᠬᠠᠮᠢᠶᠠᠷᠤᠯᠲᠠ᠎ᠠᠴᠠ ᠵᠠᠶ᠋ᠢᠯᠠᠬᠤ ᠠᠷᠭ᠎ᠠ ᠵᠢ ᠠᠰᠢᠭᠯᠠᠨ ᠤᠰᠤᠨ᠎ᠤ ᠪᠤᠬᠢᠷᠳᠤᠯ ᠪᠤᠳᠠᠰ ᠭᠠᠳᠠᠭᠰᠢᠯᠠᠭᠤᠯᠬᠤ ᠬᠡᠷᠡᠭᠲᠡᠢ;
(ᠬᠤᠶᠠᠷ) ᠴᠢᠯᠠᠭᠤᠯᠢᠭ᠎ᠤᠨ ᠲᠠᠪᠬᠤᠷᠭ᠎ᠠ ᠪᠠ ᠨᠦᠬᠡᠯᠡᠬᠦ ᠵᠠᠪᠰᠠᠷ᠂ ᠠᠩ ᠵᠠᠪᠰᠠᠷ᠂ ᠠᠭᠤᠰᠬᠠᠭᠳᠠᠮᠠᠯ ᠨᠦᠬᠡ᠂ ᠬᠠᠶᠠᠭᠳᠠᠮᠠᠯ ᠠᠭᠤᠷᠬᠠᠢ ᠵᠢᠨ ᠨᠦᠬᠡ ᠵᠡᠷᠬᠡ ᠴᠢᠯᠠᠭᠤᠨ ᠲᠤᠰᠤ ᠬᠢᠮᠢ ᠵᠢᠨ ᠲᠦᠭᠦᠬᠡᠢ ᠮᠠᠲ᠋ᠧᠷᠢᠶᠠᠯ ᠵᠢᠴᠢ ᠦᠢ᠍ᠯᠡᠳᠬᠦᠨ᠂ ᠲᠠᠷᠢᠶᠠᠨ ᠡᠮ᠂ ᠠᠶᠤᠯᠳᠠᠢ ᠬᠠᠶᠠᠭᠳᠠᠮᠠᠯ ᠪᠤᠳᠠᠰ᠂ ᠬᠤᠳᠠ ᠪᠠᠯᠭ᠋ᠠᠰᠤᠨ᠎ᠤ ᠪᠤᠬᠢᠷ ᠤᠰᠤ ᠵᠢ ᠰᠶ᠋ᠢᠳᠪᠦᠷᠢᠯᠡᠬᠦ ᠪᠡᠯᠡᠳᠬᠡᠮᠵᠢ ᠵᠢᠨ ᠡᠭᠦᠰᠦᠭᠰᠡᠨ ᠪᠤᠵᠠᠷ ᠰᠢᠪᠠᠷ ᠪᠠ ᠰᠶ᠋ᠢᠳᠪᠦᠷᠢᠯᠡᠭᠰᠡᠨᠤ ᠲᠠᠷᠠᠭ᠋ᠠᠬᠢ ᠪᠤᠵᠠᠷ ᠰᠢᠪᠠᠷ ᠪᠤᠶᠤ ᠪᠤᠰᠤᠳ ᠬᠤᠤᠷ ᠭᠦᠨᠦᠬᠡᠯ᠎ᠲᠠᠢ ᠪᠤᠳᠠᠰ᠎ᠢ ᠠᠰᠢᠨᠨᠯᠠᠨᠠ;
(ᠭᠤᠷᠪᠠ) ᠨᠡᠪᠴᠢᠵᠦ ᠭᠤᠭᠤᠵᠢᠬᠤ ᠵᠢ ᠰᠡᠷᠭᠡᠶ᠋ᠢᠯᠡᠬᠦ ᠠᠷᠭ᠎ᠠ ᠬᠡᠮᠵᠢᠶ᠎ᠡ ᠦᠭᠡᠢ ᠭᠤᠤ ᠰᠤᠪᠠᠭ᠂ ᠨᠦᠬᠡ ᠨᠠᠭᠤᠷ ᠵᠡᠷᠭᠡ ᠵᠢ ᠠᠰᠢᠭᠯᠠᠨ ᠬᠤᠣᠷᠲᠠᠢ ᠪᠣᠬᠢᠷᠲᠤᠯ ᠪᠣᠳᠠᠰ᠎ᠢ ᠠᠬᠤᠭᠤᠯᠤᠭᠰᠠᠨ ᠬᠠᠶᠠᠭᠳᠠᠮᠠᠯ ᠤᠰᠤ᠂ ᠡᠪᠡᠳᠴᠢᠨ᠎ᠤ ᠡᠭᠦᠰᠭᠡᠭᠴᠢ ᠠᠭᠤᠯᠤᠭᠰᠠᠨ ᠪᠣᠬᠢᠷ ᠤᠰᠤ ᠪᠠ ᠪᠤᠰᠤᠳ ᠬᠠᠶᠠᠭᠳᠠᠮᠠᠯ ᠪᠣᠳᠠᠰ᠎ᠢ ᠲᠡᠭᠡᠭᠡᠪᠦᠷᠢᠯᠡᠨ ᠬᠦᠷᠭᠡᠬᠦ ᠪᠤᠶᠤ ᠬᠠᠳᠠᠭ᠋ᠠᠯᠠᠨ᠎ᠠ;
(ᠲᠦᠷᠪᠡ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠴᠠᠭ᠋ᠠᠵᠠᠯᠠᠭᠰᠠᠨ ᠪᠤᠰᠤᠳ ᠭᠠᠵᠠᠷ ᠳᠣᠤᠷᠠᠬᠢ ᠤᠰᠤ ᠵᠢ ᠪᠣᠬᠢᠷᠲᠤᠭᠤᠯᠵᠤ ᠮᠡᠳᠡᠬᠦ ᠦᠢ᠍ᠯᠡ ᠠᠵᠢᠯᠯᠠᠭ᠎ᠠ᠃
ᠭᠤᠴᠢᠨ ᠬᠣᠶᠠᠳᠤᠭ᠋ᠠᠷ ᠵᠤᠷᠪᠤᠰ ᠬᠢᠮᠢ ᠵᠢᠨ ᠡᠳ᠋ ᠦᠢ᠍ᠯᠡᠳᠪᠦᠷᠢᠯᠡᠬᠦ ᠠᠵᠤ ᠠᠬᠤᠢ᠌ᠯᠠᠯ ᠪᠣᠯᠣᠨ ᠠᠵᠤ ᠦᠢ᠍ᠯᠡᠳᠪᠦᠷᠢ ᠲᠥᠪᠯᠡᠷᠡᠭᠰᠡᠨ ᠣᠷᠣᠨ᠂ ᠠᠭᠤᠷᠬᠠᠢ ᠵᠢᠨ ᠨᠡᠭᠡᠭᠡᠨ ᠮᠠᠯᠲᠠᠬᠤ ᠣᠷᠣᠨ᠂ ᠦᠯᠡᠳᠡᠭᠳᠡᠯ ᠬᠦᠳᠡᠷ᠎ᠤᠨ ᠬᠥᠮᠥᠷᠭᠡ᠂ ᠠᠶᠤᠯᠲᠠᠢ ᠬᠠᠶᠠᠭᠳᠠᠮᠠᠯ ᠪᠣᠳᠠᠰ᠎ᠢ ᠬᠠᠳᠠᠭ᠋ᠠᠯᠠᠬᠤ ᠵᠢᠴᠢ ᠰᠢᠢ᠍ᠳᠪᠦᠷᠢᠯᠡᠬᠦ ᠲᠠᠯᠠᠪᠠᠢ᠂ ᠬᠣᠭ ᠨᠣᠪᠰᠢ ᠪᠤᠯᠠᠬᠤ ᠲᠠᠯᠠᠪᠠᠢ ᠵᠡᠷᠭᠡ ᠵᠢ ᠡᠵᠡᠩᠨᠡᠵᠦ ᠪᠠᠢ᠌ᠭ᠎ᠠ ᠨᠢᠭᠡᠴᠢ᠎ᠨᠦᠭᠦᠳ ᠨᠡᠪᠴᠢᠵᠦ ᠭᠣᠭᠣᠵᠢᠬᠤ ᠵᠢ ᠰᠡᠷᠭᠡᠶ᠋ᠢᠯᠡᠬᠦ ᠵᠡᠷᠭᠡ ᠠᠷᠭ᠎ᠠ ᠬᠡᠮᠵᠢᠶ᠎ᠡ ᠠᠪᠬᠤ ᠵᠢᠨ ᠬᠠᠮᠲᠤ ᠭᠠᠵᠠᠷ ᠳᠣᠣᠷᠠᠬᠢ ᠤᠰᠤᠨ᠎ᠤ ᠴᠢᠨᠠᠷ᠎ᠢ ᠬᠢᠨᠠᠨ ᠬᠡᠮᠵᠢᠬᠦ ᠬᠤᠳᠳᠤᠭ ᠪᠠᠢ᠌ᠭᠤᠯᠵᠤ᠂ ᠭᠠᠵᠠᠷ ᠳᠣᠣᠷᠠᠬᠢ ᠤᠰᠤ ᠵᠢ ᠪᠣᠬᠢᠷᠲᠤᠭᠤᠯᠬᠤ ᠵᠢ ᠰᠡᠷᠭᠡᠢ᠌ᠯᠡᠬᠦ ᠬᠡᠷᠡᠭᠲᠡᠢ᠃
ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠬᠤᠭ ᠨᠣᠪᠰᠢ ᠵᠢ ᠲᠥᠪᠯᠡᠷᠡᠭᠦᠯᠦᠨ ᠣᠪᠣᠭ᠋ᠠᠯᠠᠵᠤ ᠬᠠᠳᠠᠭ᠋ᠠᠯᠠᠬᠤ ᠭᠠᠵᠠᠷ ᠪᠠᠶ᠋ᠢᠭᠤᠯᠬᠤ᠎ᠳᠤ᠂ ᠱᠠᠭ᠋ᠠᠷᠳᠠᠯᠭ᠎ᠠ᠎ᠳᠤ ᠨᠡᠶ᠋ᠢᠴᠡᠬᠦ ᠨᠡᠪᠴᠢᠬᠦ ᠵᠢ ᠰᠡᠷᠭᠡᠶ᠋ᠢᠯᠡᠬᠦ ᠢᠨᠵᠧᠨᠧᠷᠢᠩ᠎ᠢ ᠵᠡᠷᠭᠡ᠎ᠪᠡᠷ ᠪᠠᠶ᠋ᠢᠭᠤᠯᠬᠤ ᠬᠡᠷᠡᠭᠲᠡᠶ᠃
ᠭᠤᠴᠢᠨ ᠭᠤᠷᠪᠠᠳᠤᠭ᠋ᠠᠷ ᠵᠤᠷᠪᠤᠰ ᠬᠡᠷᠡᠭᠯᠡᠭᠡᠨ᠎ᠠᠴᠠ ᠭᠠᠷᠭ᠋ᠠᠭᠰᠠᠨ ᠠᠭᠤᠷᠬᠠᠶ ᠵᠢᠨ ᠬᠤᠳᠳᠤᠭ᠂ ᠬᠤᠳᠳᠤᠭ ᠥᠷᠥᠮᠳᠡᠬᠦ᠂ ᠭᠠᠵᠠᠷ ᠳᠣᠤᠷᠠᠬᠢ ᠤᠰᠤ ᠵᠢ ᠲᠠᠲᠠᠬᠤ ᠪᠠᠷᠢᠯᠭ᠎ᠠ ᠪᠤᠶᠤ ᠬᠠᠶ᠋ᠢᠨ ᠰᠢᠨᠵᠢᠯᠡᠬᠦ ᠡᠭᠦᠷᠭᠡ᠎ᠪᠠᠨ ᠨᠢᠭᠡᠨᠲᠡ ᠪᠡᠶᠡᠯᠡᠭᠦᠯᠦᠭᠰᠡᠨ ᠦᠭᠡᠶ᠂ ᠤᠰᠤ ᠲᠠᠲᠠᠬᠤ ᠵᠢ᠎ᠨᠢ ᠬᠠᠤᠯᠢ ᠶᠣᠰᠣᠭ᠋ᠠᠷ ᠵᠣᠭᠰᠣᠭ᠋ᠠᠬᠤ ᠬᠡᠷᠡᠭᠲᠡᠶ; ᠬᠥᠷᠥᠰᠥᠨ ᠳᠣᠤᠷᠠᠬᠢ ᠤᠰᠤ ᠵᠢ ᠤᠰᠤ ᠲᠠᠲᠠᠬᠤ ᠪᠠᠷᠢᠯᠭ᠎ᠠ ᠵᠢᠨ ᠥᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠯᠲᠠ ᠵᠢᠨ ᠨᠢᠭᠡᠴᠢ᠎ᠠᠴᠠ ᠬᠤᠳᠳᠤᠭ᠎ᠢ᠎ᠨᠢ ᠪᠢᠲᠡᠭᠦᠮᠵᠢᠯᠡᠬᠦ ᠪᠤᠶᠤ ᠪᠤᠴᠠᠭ᠋ᠠᠵᠤ ᠲᠠᠭᠯᠠᠨ ᠪᠢᠴᠢᠬᠦ ᠬᠡᠷᠡᠭᠲᠡᠶ; ᠥᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠯᠲᠠ ᠵᠢᠨ ᠨᠢᠭᠡᠴᠢ᠎ᠨᠢ ᠬᠤᠳᠳᠤᠭ ᠪᠤᠶᠤ ᠲᠠᠭᠯᠠᠭᠰᠠᠨ ᠪᠠᠶ᠋ᠢᠳᠠᠯ ᠵᠶ᠋ᠠᠨ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠴᠢᠳᠠᠬᠤ ᠦᠭᠡᠶ ᠪᠣᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠡᠷᠬᠡ ᠣᠯᠭᠣᠭᠰᠠᠨ ᠰᠠᠯᠠᠭ᠎ᠠ ᠮᠥᠴᠢᠷ᠎ᠠᠴᠠ ᠬᠠᠷᠢᠭᠤᠴᠠᠨ ᠵᠣᠬᠢᠶᠠᠨ ᠪᠠᠶ᠋ᠢᠭᠤᠯᠤᠨ ᠬᠤᠳᠳᠤᠭ ᠪᠤᠶᠤ ᠡᠭᠡᠭᠦᠯᠦᠨ ᠪᠥᠭᠯᠡᠬᠦ ᠬᠡᠷᠡᠭᠲᠡᠶ᠃
ᠬᠤᠳᠳᠤᠭ ᠪᠢᠲᠡᠭᠦᠮᠵᠢᠯᠡᠬᠦ ᠪᠤᠶᠤ ᠡᠭᠡᠭᠦᠯᠦᠨ ᠪᠥᠭᠯᠡᠬᠦ᠎ᠳᠤ ᠤᠯᠤᠰ᠎ᠤᠨ ᠬᠣᠯᠪᠣᠭᠳᠠᠯ ᠪᠦᠬᠦᠢ ᠮᠡᠷᠭᠡᠵᠢᠯ᠎ᠤᠨ ᠪᠠᠷᠢᠮᠵᠢᠶ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
ᠭᠤᠴᠢᠨ ᠳᠥᠷᠪᠡᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠂ ᠪᠠᠶ᠋ᠢᠭ᠋ᠠᠯᠢ ᠵᠢᠨ ᠡᠬᠢ ᠪᠠᠶᠠᠯᠢᠭ᠂ ᠠᠮᠢ ᠠᠬᠤᠶ ᠵᠢᠨ ᠣᠷᠴᠢᠨ ᠲᠣᠭᠣᠷᠢᠨ ᠵᠡᠷᠭᠡ ᠰᠠᠯᠠᠭ᠎ᠠ ᠮᠥᠴᠢᠷ᠎ᠤᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠭᠠᠵᠠᠷ ᠳᠣᠤᠷᠠᠬᠢ ᠤᠰᠤ ᠵᠢ ᠬᠢᠨᠠᠨ ᠬᠡᠮᠵᠢᠬᠦ ᠲᠣᠤᠷ ᠰᠦᠯᠵᠢᠶ᠎ᠡ ᠵᠢ ᠨᠢᠭᠡᠳᠦᠯᠲᠡᠶ ᠲᠥᠯᠥᠪᠯᠡᠨ ᠪᠦᠲᠦᠭᠡᠨ ᠪᠠᠶ᠋ᠢᠭᠤᠯᠵᠤ᠂ ᠭᠠᠵᠠᠷ ᠳᠣᠤᠷᠠᠬᠢ ᠤᠰᠤ ᠵᠢ ᠬᠢᠨᠠᠨ ᠬᠡᠮᠵᠢᠬᠦ ᠴᠡᠭ᠎ᠢ ᠵᠦᠢ ᠵᠣᠬᠢᠰᠲᠠᠶ ᠪᠠᠶ᠋ᠢᠷᠢᠰᠢᠭᠤᠯᠤᠨ᠂ ᠭᠠᠵᠠᠷ ᠳᠣᠤᠷᠠᠬᠢ ᠤᠰᠤᠨ᠎ᠤ ᠤᠰᠤᠨ ᠲᠦᠪᠰᠢᠨ᠂ ᠤᠰᠤᠨ᠎ᠤ ᠴᠢᠨᠠᠷ ᠵᠡᠷᠭᠡ᠎ᠳᠤ ᠬᠥᠳᠡᠯᠦᠩᠭᠦᠶ ᠬᠢᠨᠠᠨ ᠬᠡᠮᠵᠢᠯᠲᠡ ᠬᠢᠬᠦ ᠵᠢᠨ ᠬᠠᠮᠲᠤ ᠭᠠᠵᠠᠷ ᠳᠣᠤᠷᠠᠬᠢ ᠤᠰᠤ ᠵᠢ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠬᠠᠮᠲᠤ᠎ᠳᠠᠭᠠᠨ ᠡᠳ᠋ᠯᠡᠬᠦ ᠲᠣᠭᠲᠠᠴᠠ ᠵᠢ ᠪᠠᠶ᠋ᠢᠭᠤᠯᠬᠤ ᠬᠡᠷᠡᠭᠲᠡᠶ᠃
ᠭᠤᠴᠢᠨ ᠲᠠᠪᠤᠳᠤᠭ᠋ᠠᠷ ᠵᠤᠷᠪᠤᠰ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠭᠠᠵᠠᠷ ᠳᠣᠤᠷᠠᠬᠢ ᠤᠰᠤ ᠵᠢ ᠬᠢᠨᠠᠨ ᠬᠡᠮᠵᠢᠬᠦ ᠪᠡᠯᠡᠳᠬᠡᠮᠵᠢ ᠲᠥᠬᠥᠭᠡᠷᠦᠮᠵᠢ ᠬᠢᠭᠡᠳ ᠲᠡᠮᠳᠡᠭ᠎ᠢ ᠡᠵᠡᠯᠡᠵᠦ᠂ ᠡᠪᠳᠡᠨ ᠰᠦᠢ᠍ᠳᠬᠡᠬᠦ ᠪᠤᠶᠤ ᠳᠤᠷ᠎ᠠ᠎ᠪᠠᠷ ᠵᠶ᠋ᠠᠨ ᠰᠢᠯᠵᠢᠭᠦᠯᠵᠦ ᠪᠣᠯᠬᠤ ᠦᠭᠡᠶ᠃
ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ᠎ᠨᠢ ᠭᠠᠵᠠᠷ ᠳᠣᠤᠷᠠᠬᠢ ᠤᠰᠤ ᠵᠢ ᠬᠢᠨᠠᠨ ᠬᠡᠮᠵᠢᠬᠦ ᠪᠡᠯᠡᠳᠬᠡᠮᠵᠢ ᠲᠥᠬᠥᠭᠡᠷᠦᠮᠵᠢ᠎ᠠᠴᠠ ᠵᠠᠶ᠋ᠢᠯᠠᠬᠤ ᠬᠡᠷᠡᠭᠲᠡᠶ; ᠭᠠᠵᠠᠷ ᠳᠣᠤᠷᠠᠬᠢ ᠤᠰᠤ ᠵᠢ ᠬᠢᠨᠠᠨ ᠬᠡᠮᠵᠢᠬᠦ ᠪᠡᠯᠡᠳᠬᠡᠮᠵᠢ ᠲᠥᠬᠥᠭᠡᠷᠦᠮᠵᠢ᠎ᠠᠴᠠ ᠦᠨᠡᠨ ᠬᠦ᠌ ᠵᠠᠶ᠋ᠢᠯᠠᠵᠤ᠂ ᠨᠤᠷᠠᠭ᠋ᠠᠬᠤ ᠴᠢᠬᠤᠯᠠᠲᠠᠢ ᠪᠣᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠂ ᠪᠠᠶ᠋ᠢᠭ᠋ᠠᠯᠢ ᠵᠢᠨ ᠡᠬᠢ ᠪᠠᠶᠠᠯᠢᠭ᠂ ᠠᠮᠢ ᠠᠬᠤᠶ ᠵᠢᠨ ᠣᠷᠴᠢᠨ ᠲᠣᠭᠣᠷᠢᠨ ᠵᠡᠷᠭᠡ ᠰᠠᠯᠠᠭ᠎ᠠ ᠮᠥᠴᠢᠷ᠎ᠤᠳ ᠬᠣᠯᠪᠣᠭᠳᠠᠯ ᠪᠦᠬᠦᠢ ᠮᠡᠷᠭᠡᠵᠢᠯ᠎ᠤᠨ ᠱᠠᠭ᠋ᠠᠷᠳᠠᠯᠭ᠎ᠠ ᠶᠣᠰᠣᠭ᠋ᠠᠷ ᠨᠡᠭᠦᠯᠭᠡᠨ ᠪᠠᠶ᠋ᠢᠭᠤᠯᠬᠤ ᠶᠠᠪᠤᠳᠠᠯ᠎ᠢ ᠵᠣᠬᠢᠶᠠᠨ ᠪᠠᠶ᠋ᠢᠭᠤᠯᠵᠤ᠂ ᠨᠡᠭᠦᠯᠭᠡᠨ ᠪᠠᠶ᠋ᠢᠭᠤᠯᠬᠤ ᠵᠠᠷᠤᠳᠠᠯ᠎ᠢ᠎ᠨᠢ ᠪᠦᠲᠦᠭᠡᠨ ᠪᠠᠶ᠋ᠢᠭᠤᠯᠬᠤ ᠨᠢᠭᠡᠴᠢ᠎ᠠᠴᠠ ᠡᠭᠦᠷᠭᠡᠯᠡᠨ᠎ᠡ᠃
ᠶᠠᠮᠠᠷᠪᠠ ᠨᠢᠭᠡᠴᠢ ᠪᠠ ᠬᠤᠪᠢ ᠬᠥᠮᠦᠨ ᠭᠠᠵᠠᠷ ᠳᠣᠤᠷᠠᠬᠢ ᠤᠰᠤ ᠵᠢ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠥᠭᠡᠷᠡᠲᠦᠭᠦᠯᠬᠦ ᠪᠠ ᠬᠠᠭᠤᠷᠮᠠᠭᠯᠠᠨ ᠵᠣᠬᠢᠶᠠᠵᠤ ᠪᠣᠯᠬᠤ ᠦᠭᠡᠶ᠃
ᠭᠤᠴᠢᠨ ᠵᠢᠷᠭᠤᠳᠤᠭ᠋ᠠᠷ ᠵᠤᠷᠪᠤᠰ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠭᠠᠵᠠᠷ ᠳᠣᠤᠷᠠᠬᠢ ᠤᠰᠤ ᠵᠢ ᠠᠷᠪᠢᠯᠠᠬᠤ ᠪᠠ ᠬᠠᠮᠠᠭ᠋ᠠᠯᠠᠬᠤ ᠡᠭᠦᠷᠭᠡ᠎ᠲᠠᠢ᠂ ᠪᠦᠷᠢᠯᠭᠡᠨ ᠰᠦᠢ᠍ᠳᠬᠡᠬᠦ᠂ ᠪᠣᠬᠢᠷᠲᠤᠭᠤᠯᠬᠤ ᠪᠠ ᠬᠠᠤᠯᠢ᠎ᠠᠴᠠ ᠵᠥᠷᠢᠴᠡᠨ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠡᠷᠬᠡ᠎ᠲᠠᠢ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠵᠠᠭ᠋ᠠᠯᠲᠤᠭᠰᠠᠨ᠂ ᠢᠯᠡᠴᠢᠯᠡᠨ ᠮᠡᠳᠡᠭᠦᠯᠦᠭᠰᠡᠨ᠎ᠢ ᠬᠦᠯᠢᠶᠡᠨ ᠠᠪᠤᠭᠰᠠᠨ᠎ᠤ ᠳᠠᠷᠠᠭ᠎ᠠ ᠴᠠᠭ ᠲᠤᠬᠠᠶ᠎ᠳᠤᠨᠢ ᠬᠢᠨᠠᠨ ᠬᠠᠷᠭᠤᠭᠤᠯᠵᠤ᠂ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠵᠢᠨ ᠬᠠᠮᠲᠤ ᠪᠠᠶ᠋ᠢᠴᠠᠭ᠋ᠠᠨ ᠰᠢᠢ᠍ᠳᠪᠦᠷᠢᠯᠡᠭᠰᠡᠨ ᠦᠷ᠎ᠡ ᠳ᠋ᠦᠩ ᠵᠶ᠋ᠠᠨ ᠵᠠᠭ᠋ᠠᠯᠳᠤᠭᠴᠢ᠂ ᠢᠯᠡᠴᠢᠯᠡᠨ ᠮᠡᠳᠡᠭᠦᠯᠦᠭᠰᠡᠨ ᠬᠥᠮᠦᠨ᠎ᠳᠤ ᠬᠠᠷᠢᠭᠤ ᠲᠤᠰᠬᠠᠬᠤ ᠬᠡᠷᠡᠭᠲᠡᠶ᠃
ᠭᠤᠴᠢᠨ ᠳᠣᠯᠣᠳᠤᠭ᠋ᠠᠷ ᠵᠤᠷᠪᠤᠰ ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠤᠨ ᠭᠣᠤᠯ᠎ᠤᠨ ᠬᠠᠮᠠᠭ᠋ᠠᠯᠠᠯᠲᠠ ᠵᠢᠨ ᠬᠠᠤᠯᠢ》᠂ 《ᠭᠠᠵᠠᠷ ᠳᠣᠤᠷᠠᠬᠢ ᠤᠰᠤᠨ᠎ᠤ ᠬᠠᠮᠢᠶᠠᠷᠤᠯᠲᠠ ᠵᠢᠨ ᠳᠦᠷᠢᠮ》 ᠵᠡᠷᠭᠡ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠪᠣᠳᠠᠲᠠᠶ ᠰᠢᠢ᠍ᠳᠭᠡᠨ ᠲᠣᠷᠭ᠋ᠠᠬᠤ ᠲᠣᠭᠲᠠᠭ᠋ᠠᠯ ᠭᠠᠷᠭ᠋ᠠᠭᠰᠠᠨ ᠪᠠᠶ᠋ᠢᠪᠠᠯ᠂ ᠲᠡᠷᠡ ᠲᠣᠭᠲᠠᠭ᠋ᠠᠯ ᠵᠶ᠋ᠠᠷ᠎ᠨᠢ ᠬᠡᠷᠡᠭᠵᠢᠭᠦᠯᠦᠨ᠎ᠡ᠃
ᠭᠤᠴᠢᠨ ᠨᠠᠢ᠍ᠮᠠᠳᠤᠭ᠋ᠠᠷ ᠵᠤᠷᠪᠤᠰ ᠲᠤᠰ ᠳᠦᠷᠢᠮ᠎ᠤᠨ ᠠᠷᠪᠠᠨ ᠳᠣᠯᠣᠳᠤᠭ᠋ᠠᠷ ᠵᠤᠷᠪᠤᠰ᠎ᠤᠨ ᠲᠣᠭᠲᠠᠭ᠋ᠠᠯ᠎ᠠᠴᠠ ᠵᠥᠷᠢᠴᠡᠨ᠂ ᠭᠠᠵᠠᠷ ᠳᠣᠤᠷᠠᠬᠢ ᠤᠰᠤ ᠵᠢ ᠲᠠᠲᠠᠬᠤ ᠪᠠᠷᠢᠯᠭ᠎ᠠ ᠪᠤᠶᠤ ᠪᠡᠯᠡᠳᠬᠡᠮᠵᠢ ᠵᠢ ᠰᠢᠨ᠎ᠡ᠎ᠪᠠᠷ ᠪᠠᠶ᠋ᠢᠭᠤᠯᠤᠭᠰᠠᠨ᠂ ᠥᠭᠡᠷᠡᠴᠢᠯᠡᠨ ᠪᠠᠶ᠋ᠢᠭᠤᠯᠤᠭᠰᠠᠨ᠂ ᠥᠷᠭᠡᠳᠬᠡᠨ ᠪᠠᠶ᠋ᠢᠭᠤᠯᠤᠭᠰᠠᠨ ᠪᠣᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠣᠭᠰᠣᠭ᠋ᠠᠵᠤ᠂ ᠬᠤᠭᠤᠴᠠᠭ᠎ᠠ ᠬᠢᠵᠠᠭ᠋ᠠᠷᠯᠠᠨ ᠨᠥᠬᠥᠵᠦ ᠭᠦᠢ᠍ᠴᠡᠳᠬᠡᠯᠭᠡᠬᠦ ᠦᠭᠡᠶ ᠪᠤᠶᠤ ᠨᠥᠬᠥᠵᠦ ᠭᠦᠢ᠍ᠴᠡᠳᠬᠡᠯᠭᠡᠭᠰᠡᠨ ᠦᠭᠡᠶ᠎ᠪᠠᠷ ᠵᠥᠪᠰᠢᠶᠡᠷᠡᠭᠦᠯᠦᠭᠡᠳᠦᠶ᠎ᠪᠠᠷ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠨᠤᠷᠠᠭ᠋ᠠᠯᠭ᠋ᠠᠬᠤ ᠪᠤᠶᠤ ᠪᠢᠲᠡᠭᠦᠮᠵᠢᠯᠡᠭᠦᠯᠬᠦ ᠬᠡᠷᠡᠭᠲᠡᠶ; ᠬᠤᠭᠤᠴᠠᠭ᠎ᠠ ᠥᠩᠭᠡᠷᠡᠲᠡᠯ᠎ᠡ ᠨᠤᠷᠠᠭ᠋ᠠᠬᠤ ᠦᠭᠡᠶ ᠪᠤᠶᠤ ᠪᠢᠲᠡᠭᠦᠮᠵᠢᠯᠡᠬᠦ ᠦᠭᠡᠶ ᠪᠣᠯ ᠠᠷᠠᠳ᠎ᠤᠨ ᠰᠢᠭᠦᠬᠦ ᠬᠣᠷᠢᠶᠠᠨ᠎ᠳᠤ ᠭᠤᠶᠤᠴᠢᠯᠠᠵᠤ ᠪᠠᠶ᠋ᠢᠭ᠋ᠠᠳ ᠠᠯᠪᠠᠳᠠᠯᠭ᠎ᠠ᠎ᠪᠠᠷ ᠨᠤᠷᠠᠭ᠋ᠠᠬᠤ ᠪᠤᠶᠤ ᠪᠢᠲᠡᠭᠦᠮᠵᠢᠯᠡᠭᠦᠯᠵᠦ᠂ ᠬᠡᠷᠡᠭᠰᠡᠬᠦ ᠵᠠᠷᠤᠳᠠᠯ᠎ᠢ ᠬᠠᠤᠯᠢ᠎ᠠᠴᠠ ᠵᠥᠷᠢᠴᠡᠭᠴᠢ᠎ᠪᠠᠷ ᠡᠭᠦᠷᠭᠡᠯᠡᠭᠦᠯᠵᠦ᠂ 5 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠨᠡᠶ᠋ᠢᠯᠡᠭᠦᠯᠦᠨ ᠰᠢᠢ᠍ᠳᠭᠡᠨ᠎ᠡ᠃
ᠭᠤᠴᠢ ᠶᠢᠰᠦᠳᠦᠭᠡᠷ ᠵᠤᠷᠪᠤᠰ ᠲᠤᠰ ᠳᠦᠷᠢᠮ᠎ᠤᠨ ᠠᠷᠪᠠᠨ ᠨᠠᠢ᠍ᠮᠠᠳᠤᠭ᠋ᠠᠷ ᠵᠤᠷᠪᠤᠰ᠎ᠤᠨ ᠭᠤᠷᠪᠠᠳᠤᠭ᠋ᠠᠷ ᠵᠦᠢ᠍ᠯ᠎ᠤᠨ ᠲᠣᠭᠲᠠᠭ᠋ᠠᠯ᠎ᠠᠴᠠ ᠵᠥᠷᠢᠴᠡᠨ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠬᠤ᠎ᠳᠤ ᠰᠡᠶ᠋ᠢᠷᠡᠭᠦᠯᠦᠨ ᠬᠠᠲᠠᠭ᠋ᠠᠵᠤ ᠤᠰᠤ ᠵᠠᠯᠠᠬᠤ ᠴᠢᠬᠤᠯᠠᠲᠠᠢ ᠠᠵᠤ ᠠᠬᠤᠶ᠋ᠢᠯᠠᠯ᠎ᠤᠳ ᠭᠠᠵᠠᠷ ᠳᠣᠤᠷᠠᠬᠢ ᠤᠰᠤᠨ᠎ᠤ ᠤᠰᠤᠨ ᠲᠦᠪᠰᠢᠨ᠎ᠢ ᠠᠦ᠋ᠲ᠋ᠣ᠋ ᠬᠢᠨᠠᠨ ᠬᠡᠮᠵᠢᠬᠦ ᠪᠡᠯᠡᠳᠬᠡᠮᠵᠢ ᠪᠠᠶ᠋ᠢᠭᠤᠯᠤᠭᠰᠠᠨ ᠦᠭᠡᠶ ᠪᠤᠶᠤ ᠬᠢᠨᠠᠨ ᠬᠡᠮᠵᠢᠭᠰᠡᠨ ᠲᠣᠭ᠎ᠠ ᠪᠠᠷᠢᠮᠲᠠ᠎ᠪᠠᠨ ᠱᠠᠭ᠋ᠠᠷᠳᠠᠯᠭ᠎ᠠ ᠶᠣᠰᠣᠭ᠋ᠠᠷ ᠮᠡᠳᠡᠭᠦᠯᠦᠨ ᠬᠦᠷᠭᠡᠭᠰᠡᠨ ᠦᠭᠡᠶ ᠪᠣᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ 2 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠃
ᠳᠥᠴᠢᠳᠦᠭᠡᠷ ᠵᠤᠷᠪᠤᠰ ᠲᠤᠰ ᠳᠦᠷᠢᠮ᠎ᠤᠨ ᠬᠣᠷᠢᠨ ᠵᠢᠷᠭᠤᠳᠤᠭ᠋ᠠᠷ ᠵᠤᠷᠪᠤᠰ᠎ᠤᠨ ᠲᠣᠭᠲᠠᠭ᠋ᠠᠯ᠎ᠠᠴᠠ ᠵᠥᠷᠢᠴᠡᠨ᠂ ᠮᠠᠯᠲᠠᠬᠤ ᠵᠢ ᠴᠠᠭ᠋ᠠᠵᠠᠯᠠᠬᠤ ᠣᠷᠣᠨ᠎ᠳᠤ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠪᠤᠶᠤ ᠬᠢᠵᠠᠭ᠋ᠠᠷ᠎ᠲᠠᠢ ᠮᠠᠯᠲᠠᠬᠤ ᠣᠷᠣᠨ᠎ᠳᠤ ᠭᠠᠵᠠᠷ ᠳᠣᠤᠷᠠᠬᠢ ᠤᠰᠤ ᠵᠢ ᠠᠪᠴᠤ ᠬᠡᠷᠡᠭᠯᠡᠬᠦ ᠰᠢᠨ᠎ᠡ᠎ᠪᠠᠷ ᠨᠡᠮᠡᠵᠦ ᠬᠡᠷᠡᠭᠯᠡᠭᠰᠡᠨ ᠪᠣᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠣᠭᠰᠣᠭ᠋ᠠᠵᠤ᠂ ᠬᠤᠭᠤᠴᠠᠭ᠎ᠠ ᠬᠢᠵᠠᠭ᠋ᠠᠷᠯᠠᠨ ᠨᠥᠬᠥᠵᠦ ᠵᠠᠰᠠᠬᠤ ᠠᠷᠭ᠎ᠠ ᠬᠡᠮᠵᠢᠶ᠎ᠡ ᠠᠪᠴᠤ᠂ 2 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠣᠯ ᠤᠰᠤ ᠠᠪᠬᠤ ᠵᠥᠪᠰᠢᠶᠡᠷᠡᠯ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠶ ᠪᠣᠯᠭ᠋ᠠᠨ᠎ᠠ; ᠪᠤᠰᠤᠳ᠎ᠲᠤ ᠬᠠᠷᠰᠢ ᠰᠠᠭ᠋ᠠᠳ ᠤᠴᠠᠷᠠᠭᠤᠯᠤᠭᠰᠠᠨ ᠪᠤᠶᠤ ᠬᠣᠬᠢᠷᠠᠯ ᠤᠴᠠᠷᠠᠭᠤᠯᠤᠭᠰᠠᠨ ᠪᠣᠯ᠂ ᠬᠣᠬᠢᠷᠠᠯ᠎ᠢ᠎ᠨᠢ ᠠᠷᠢᠯᠭ᠋ᠠᠵᠤ᠂ ᠬᠣᠬᠢᠷᠠᠯ᠎ᠢ᠎ᠨᠢ ᠲᠥᠯᠥᠬᠦ ᠬᠡᠷᠡᠭᠲᠡᠶ᠃
ᠳᠥᠴᠢᠨ ᠨᠢᠭᠡᠳᠦᠭᠡᠷ ᠵᠤᠷᠪᠤᠰ ᠲᠤᠰ ᠳᠦᠷᠢᠮ᠎ᠤᠨ ᠬᠣᠷᠢ ᠶᠢᠰᠦᠳᠦᠭᠡᠷ ᠵᠤᠷᠪᠤᠰ᠎ᠤᠨ ᠨᠢᠭᠡᠳᠦᠭᠡᠷ ᠵᠦᠢ᠍ᠯ᠎ᠤᠨ ᠲᠣᠭᠲᠠᠭ᠋ᠠᠯ᠎ᠠᠴᠠ ᠵᠥᠷᠢᠴᠡᠨ᠂ ᠲᠥᠪᠯᠡᠷᠡᠩᠭᠦᠶ ᠮᠠᠶᠢᠭ᠎ᠤᠨ ᠭᠠᠵᠠᠷ ᠳᠣᠤᠷᠠᠬᠢ ᠤᠰᠤᠨ᠎ᠤ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠪᠦᠲᠦᠭᠡᠨ ᠪᠠᠶ᠋ᠢᠭᠤᠯᠤᠯᠲᠠ᠎ᠳᠤ ᠤᠰᠤ ᠠᠪᠬᠤ ᠴᠢᠬᠤᠯᠠᠲᠠᠢ ᠭᠠᠵᠠᠷ᠎ᠤᠨ ᠢᠯᠴᠢ ᠵᠢᠨ ᠡᠨᠧᠷᠭᠢ ᠵᠢ ᠨᠡᠭᠡᠭᠡᠨ ᠠᠰᠢᠭᠯᠠᠬᠤ ᠲᠥᠷᠥᠯ ᠵᠦᠢ᠍ᠯ ᠪᠤᠶᠤ ᠭᠠᠵᠠᠷ ᠳᠣᠤᠷᠠᠬᠢ ᠤᠰᠤ ᠵᠢ ᠰᠢᠨᠡᠳᠬᠡᠬᠦ᠎ᠳᠤ ᠬᠦᠴᠢᠷᠲᠡᠶ ᠭᠠᠵᠠᠷ᠎ᠤᠨ ᠢᠯᠴᠢ ᠵᠢᠨ ᠡᠨᠧᠷᠭᠢ ᠵᠢ ᠨᠡᠭᠡᠭᠡᠨ ᠠᠰᠢᠭᠯᠠᠬᠤ᠎ᠳᠤ ᠬᠡᠷᠡᠭᠯᠡᠬᠦ ᠲᠥᠷᠥᠯ ᠵᠦᠢ᠍ᠯ᠎ᠢ ᠲᠠᠲᠠᠵᠤ ᠠᠪᠬᠤ ᠪᠠ ᠰᠢᠨᠡᠳᠬᠡᠬᠦ᠎ᠳᠤ ᠪᠡᠷᠬᠡ᠎ᠲᠠᠢ ᠪᠣᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠣᠭᠰᠣᠭ᠋ᠠᠵᠤ᠂ ᠤᠰᠤ ᠠᠪᠬᠤ ᠪᠠᠷᠢᠯᠭ᠎ᠠ ᠪᠤᠶᠤ ᠪᠡᠯᠡᠳᠬᠡᠮᠵᠢ ᠵᠢ᠎ᠨᠢ 10 ᠲᠦᠮᠡᠨ ᠲᠥᠭᠥᠷᠢᠭ᠎ᠠᠴᠠ ᠳᠡᠭᠡᠭᠰᠢ 20 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠡᠷ ᠲᠣᠷᠭ᠋ᠠᠨ᠎ᠠ᠃
ᠲᠤᠰ ᠳᠦᠷᠢᠮ᠎ᠤᠨ ᠬᠣᠷᠢ ᠶᠢᠰᠦᠳᠦᠭᠡᠷ ᠵᠤᠷᠪᠤᠰ᠎ᠤᠨ ᠭᠤᠷᠪᠠᠳᠤᠭ᠋ᠠᠷ ᠵᠦᠢ᠍ᠯ᠎ᠤᠨ ᠲᠣᠭᠲᠠᠭ᠋ᠠᠯ᠎ᠠᠴᠠ ᠵᠥᠷᠢᠴᠡᠨ᠂ ᠪᠦᠲᠦᠭᠡᠨ ᠪᠠᠶ᠋ᠢᠭᠤᠯᠬᠤ᠎ᠳᠤ ᠤᠰᠤ ᠠᠪᠬᠤ ᠴᠢᠬᠤᠯᠠᠲᠠᠢ ᠭᠠᠵᠠᠷ᠎ᠤᠨ ᠢᠯᠴᠢ ᠵᠢᠨ ᠡᠨᠧᠷᠭᠢ ᠵᠢ ᠨᠡᠭᠡᠭᠡᠨ ᠠᠰᠢᠭᠯᠠᠬᠤ ᠲᠥᠷᠥᠯ ᠵᠦᠢ᠍ᠯ᠎ᠢ ᠲᠣᠭᠲᠠᠭ᠋ᠠᠯ ᠶᠣᠰᠣᠭ᠋ᠠᠷ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠭᠰᠡᠨ ᠦᠭᠡᠶ ᠪᠣᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠥᠭᠡᠷᠡᠴᠢᠯᠡᠭᠦᠯᠵᠦ᠂ ᠴᠡᠭᠴᠡᠯᠡᠨ ᠰᠠᠶ᠋ᠢᠵᠢᠷᠠᠭᠤᠯᠤᠭ᠋ᠠᠳ ᠬᠢᠷᠢ ᠲᠡᠩᠴᠡᠬᠦ ᠦᠭᠡᠶ ᠪᠣᠯ ᠬᠠᠭ᠋ᠠᠬᠤ ᠬᠡᠷᠡᠭᠲᠡᠶ᠃
ᠳᠥᠴᠢᠨ ᠬᠣᠶᠠᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠬᠢᠭᠡᠳ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠭᠡᠳ ᠭᠠᠵᠠᠷ ᠳᠣᠤᠷᠠᠬᠢ ᠤᠰᠤ ᠵᠢ ᠬᠠᠮᠠᠭ᠋ᠠᠯᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠲᠠᠢ ᠪᠤᠰᠤᠳ ᠰᠠᠯᠠᠭ᠎ᠠ ᠮᠥᠴᠢᠷ ᠵᠢᠴᠢ ᠠᠵᠢᠯᠲᠠᠨ᠎ᠨᠢ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂ ᠠᠯᠪᠠᠨ ᠲᠤᠰᠢᠶᠠᠯ᠎ᠳᠠᠭᠠᠨ ᠠᠯᠮᠠᠶ᠋ᠢᠷᠠᠨ ᠣᠰᠣᠯᠳᠠᠭᠰᠠᠨ᠂ ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠵᠢ ᠵᠥᠷᠢᠴᠡᠭᠰᠡᠨ ᠪᠣᠯ ᠰᠢᠭᠤᠳ ᠬᠠᠷᠢᠭᠤᠴᠠᠯᠭ᠎ᠠ᠎ᠲᠠᠢ ᠭᠣᠤᠯᠴᠢᠯᠠᠨ ᠬᠠᠮᠢᠶᠠᠷᠤᠭᠴᠢ ᠪᠣᠯᠤᠨ ᠪᠤᠰᠤᠳ ᠬᠠᠷᠢᠭᠤᠴᠠᠯᠭ᠎ᠠ ᠡᠭᠦᠷᠭᠡᠯᠡᠭᠴᠢ᠎ᠳᠤ ᠬᠠᠤᠯᠢ ᠶᠣᠰᠣᠭ᠋ᠠᠷ ᠰᠢᠢ᠍ᠳᠭᠡᠯ ᠥᠭᠭᠦᠨ᠎ᠡ; ᠶᠠᠯᠠᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃
ᠳᠥᠴᠢᠨ ᠭᠤᠷᠪᠠᠳᠤᠭ᠋ᠠᠷ ᠵᠤᠷᠪᠤᠰ ᠲᠣᠰ ᠲᠦᠷᠢᠮ᠎ᠢ 2022 ᠣᠨ᠎ᠤ 1 ᠳ᠋ᠤᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃