ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ᠎ᠶ᠋ᠢ ᠠᠷᠪᠢᠯᠠᠵᠤ ᠬᠡᠷᠡᠭ᠌ᠯᠡᠬᠦ᠌ ᠳᠦᠷᠢᠮ
ᠨᠡᠶ᠋ᠢᠲᠡᠯᠡᠭᠰᠡᠨ ᠴᠠᠭ᠄ 2025-07-24

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ᠎ᠶ᠋ᠢ ᠠᠷᠪᠢᠯᠠᠵᠤ ᠬᠡᠷᠡᠭ᠌ᠯᠡᠬᠦ᠌ ᠳᠦᠷᠢᠮ

ᠢᠷᠡᠯᠲᠡ᠄ ᠥᠪᠥᠷ ᠮᠣᠩᠭᠤᠯ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ

 

ᠬᠡᠯᠬᠢᠶᠡᠰᠦᠨ ᠨᠣᠮᠧᠷ ᠄ 000014348/2025-03773

ᠭᠤᠣᠯ ᠰᠡᠳᠦᠪ᠎ᠤᠨ ᠠᠩᠭᠢᠯᠠᠯ ᠄

ᠨᠡᠢᠲᠡᠯᠡᠭᠰᠡᠨ ᠪᠠᠶ᠋ᠢᠭᠤᠯᠤᠮᠵᠢ ᠄ ᠥᠪᠥᠷ ᠮᠣᠩᠭᠤᠯ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ

ᠪᠢᠴᠢᠭ᠎ᠤᠨ ᠳ᠋ᠤᠭᠠᠷ ᠄ 62 ᠳ᠋ᠤᠭᠠᠷ ᠲᠣᠭᠠᠲᠤ 

ᠪᠢᠴᠢᠭᠳᠡᠭᠰᠡᠨ ᠡᠳᠦᠷ ᠬᠤᠭᠤᠴᠠᠭ᠎ᠠ ᠄ 2025 ᠣᠨ᠎ᠤ 7 ᠳ᠋ᠤᠭᠠᠷ ᠰᠠᠷ᠎ᠠ᠎ᠶᠢᠨ 24᠎ᠦ ᠡᠳᠦᠷ

ᠠᠯᠪᠠᠨ ᠪᠢᠴᠢᠭ᠎ᠤᠨ ᠬᠦᠴᠦᠨ ᠲᠠᠢ ᠬᠤᠭᠤᠴᠠᠭ᠎ᠠ ᠄ ᠤᠷᠲᠤ ᠬᠤᠭᠤᠴᠠᠭ᠎ᠠ ᠬᠦᠴᠦᠨ ᠲᠠᠢ

 

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠯᠪᠠᠨ ᠵᠠᠷ᠎ᠤᠨ ᠵᠢᠷᠠᠨ ᠬᠤᠶᠠᠳᠤᠭᠠᠷ ᠲᠤᠭᠠᠲᠦ

 

  2025 ᠣᠨ᠎ᠤ 7 ᠳ᠋ᠤᠭᠠᠷ ᠰᠠᠷ᠎ᠠ᠎ᠶ᠋ᠢᠨ 24 ᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠷᠪᠠᠨ ᠨᠠᠢ᠍ᠮᠠᠳᠤᠭᠠᠷ ᠬᠤᠷᠠᠯᠳᠤᠭᠠᠨ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ᠎ᠶ᠋ᠢ ᠠᠷᠪᠢᠯᠠᠵᠤ ᠬᠡᠷᠡᠭ᠌ᠯᠡᠬᠦ᠌ ᠲᠦᠷᠢᠮ》᠎ᠳᠤ ᠵᠠᠰᠠᠪᠤᠷᠢ ᠣᠷᠣᠭᠤᠯᠤᠨ ᠪᠠᠲᠤᠯᠠᠪᠠ᠂ ᠡᠳᠦᠭᠡ ᠨᠡᠢᠲᠡᠯᠡᠶ᠎ᠡ᠂ 2025 ᠣᠨ᠎ᠤ 9 ᠳ᠋ᠦ᠍ᠭᠡᠷ ᠰᠠᠷ᠎ᠠ᠎ᠶ᠋ᠢᠨ 1 ᠎ᠤ ᠡᠳᠦᠷ᠎ᠠᠴᠠ ᠡᠬᠢᠯᠡᠵᠦ᠍ ᠬᠡᠷᠡᠭ᠌ᠵᠢᠭᠦᠯᠦᠨ᠎ᠡ᠃

  

  ᠥᠪᠥᠷ ᠮᠤᠩᠭᠤᠯ᠎ᠤ᠋ᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ᠎ᠤ᠋ᠨ ᠪᠠᠢᠩᠭᠤ᠎ᠶᠢᠨ ᠬᠣᠷᠢᠶ᠎ᠠ

  2025 ᠣᠨ᠎ᠤ 7 ᠳ᠋ᠤᠭᠠᠷ ᠰᠠᠷ᠎ᠠ᠎ᠶ᠋ᠢᠨ 24 ᠎ᠤ ᠡᠳᠦᠷ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ᠎ᠶ᠋ᠢ ᠠᠷᠪᠢᠯᠠᠵᠤ ᠬᠡᠷᠡᠭ᠌ᠯᠡᠬᠦ᠌  ᠳᠦᠷᠢᠮ

 

  ( 2012 ᠣᠨ᠎ᠤ 9 ᠳ᠋ᠦ᠍ᠭᠡᠷ ᠰᠠᠷ᠎ᠠ᠎ᠶ᠋ᠢᠨ 22 ᠎ᠤᠨ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢᠨ ᠭᠤᠴᠢᠨ ᠨᠢᠭᠡᠳᠦᠭᠡᠷ ᠬᠤᠷᠠᠯᠳᠤᠭᠠᠨ᠎ᠠᠴᠠ ᠪᠠᠲᠤᠯᠠᠪᠠ 2025 ᠣᠨ᠎ᠤ 7 ᠳ᠋ᠤᠭᠠᠷ ᠰᠠᠷ᠎ᠠ᠎ᠶ᠋ᠢᠨ 24 ᠎ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢᠨ ᠠᠷᠪᠠᠨ ᠨᠠᠢ᠍ᠮᠠᠳᠤᠭᠠᠷ ᠬᠤᠷᠠᠯ᠎ᠳᠤ ᠵᠠᠰᠠᠪᠤᠷᠢ ᠣᠷᠣᠭᠤᠯᠪᠠ )

  ᠨᠢᠭᠡᠳᠦᠭᠡᠷ ᠪᠦᠯᠦᠭ  ᠶᠡᠷᠦᠩᠬᠡᠢ ᠳᠦᠷᠢᠮ

  ᠨᠢᠭᠡᠳᠦᠭᠡᠷ ᠵᠤᠷᠪᠤᠰ ᠤᠰᠤᠨ᠎ᠤ ᠡᠬᠢ ᠪᠠᠶᠠᠯᠢᠭ᠎ᠢ ᠠᠷᠪᠢᠯᠠᠨ ᠭᠠᠮᠨᠠᠵᠤ ᠡᠷᠴᠢᠮᠵᠢᠭᠦᠯᠦᠨ ᠠᠱᠢᠭ᠍ᠯᠠᠬᠤ᠎ᠶ᠋ᠢ ᠴᠢᠩᠭᠠᠳᠭᠠᠵᠤ᠂ ᠤᠰᠤᠨ᠎ᠤ ᠠᠮᠤᠷ ᠲᠦᠪᠱᠢᠨ᠎ᠢ ᠪᠠᠲᠤᠯᠠᠨ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ ᠪᠠ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠲᠤᠰᠠᠳᠠ᠂ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》᠂ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠤᠨ ᠭᠤᠤᠯ᠎ᠤᠨ ᠬᠠᠮᠠᠭᠠᠯᠠᠯᠲᠠ᠎ᠶ᠋ᠢᠨ ᠬᠠᠤᠯᠢ》 ᠪᠠ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ 《ᠤᠰᠤ᠎ᠶ᠋ᠢ ᠠᠷᠪᠢᠯᠠᠨ ᠬᠡᠷᠡᠭ᠌ᠯᠡᠬᠦ᠌ ᠲᠦᠷᠢᠮ》 ᠵᠡᠷᠭᠡ ᠤᠯᠤᠰ᠎ᠤᠨ ᠬᠤᠯᠪᠣᠭ᠍ᠳᠠᠯ ᠪᠥᠬᠦᠶ ᠬᠠᠤᠯᠢ ᠴᠠᠭᠠᠵᠠ᠂ ᠬᠠᠤᠯᠢ ᠲᠣᠭ᠍ᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠵᠤ᠂ ᠲᠣᠰ ᠲᠦᠷᠢᠮ᠎ᠢ ᠲᠣᠭ᠍ᠲᠠᠭᠠᠪᠠ᠃

  ᠬᠣᠶᠠᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠣᠷᠣᠨ᠎ᠤ ᠳᠣᠲᠣᠷ᠎ᠠ ᠤᠰᠤ᠎ᠶ᠋ᠢ ᠠᠷᠪᠢᠯᠠᠬᠤ ( ᠳᠣᠷᠣᠭ᠍ᠰᠢ ᠤᠰᠤ ᠠᠷᠪᠢᠯᠠᠬᠤ ᠭᠡᠵᠦ᠍ ᠲᠣᠪᠴᠢᠯᠠᠨ᠎ᠠ ) ᠵᠢᠴᠢ ᠬᠢᠨᠠᠯᠲᠠ ᠲᠠᠯᠪᠢᠵᠤ ᠬᠠᠮᠢᠶᠠᠷᠬᠤ ᠠᠵᠢᠯᠯᠠᠭ᠎ᠠ᠎ᠳᠤ ᠲᠤᠰ ᠲᠦᠷᠢᠮ ᠲᠣᠬᠢᠷᠠᠨ᠎ᠠ ᠃

  ᠭᠤᠷᠪᠠᠳᠤᠭᠠᠷ ᠵᠤᠷᠪᠤᠰ  ᠤᠰᠤ ᠠᠷᠪᠢᠯᠠᠬᠤ ᠠᠵᠢᠯ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠣᠶ ᠪᠣᠯᠭᠠᠬᠤ᠎ᠪᠠᠷ ᠠᠵᠢᠯ᠎ᠤᠨ ᠭᠤᠤᠯ ᠱᠢᠵᠢᠮ ᠪᠣᠯᠭᠠᠵᠤ᠂ ᠤᠰᠤ ᠠᠷᠪᠢᠯᠠᠬᠤ᠎ᠶ᠋ᠢ ᠲᠡᠷᠢᠭᠦᠨ᠎ᠳᠤ ᠲᠠᠯᠪᠢᠬᠤ ᠴᠢᠭ᠌ᠯᠡᠯᠲᠡ᠎ᠶ᠋ᠢ ᠪᠠᠷᠢᠮᠲᠠᠯᠠᠨ ᠨᠠᠢᠳᠠᠪᠤᠷᠢᠵᠢᠭᠤᠯᠵᠤ᠂ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ᠂ ᠶᠡᠷᠦᠩᠬᠡᠢᠯᠡᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠂ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠬᠤ᠂ ᠲᠥᠷᠥᠯ ᠬᠤᠪᠢᠶᠠᠨ ᠵᠢᠯᠣᠭᠤᠳᠭᠤ ᠵᠠᠷᠴᠢᠮ᠎ᠢ ᠵᠢᠷᠤᠮᠯᠠᠨ᠂ ᠶᠡᠷᠦᠩᠬᠡᠶ ᠬᠡᠮᠵᠢᠶ᠎ᠡ᠎ᠶ᠋ᠢ ᠡᠵᠡᠮᠳᠡᠬᠦ᠂ ᠱᠢᠨᠵᠢᠯᠡᠬᠦ᠌ ᠤᠬᠠᠭᠠᠨᠴᠢ᠎ᠪᠠᠷ ᠳᠣᠭᠢᠷᠠᠭᠤᠯᠬᠤ᠂ ᠥᠨᠳᠥᠷ ᠪᠦᠲᠦᠮᠵᠢᠲᠡᠶ᠎ᠪᠠᠷ ᠠᠱᠢᠭ᠍ᠯᠠᠬᠤ᠎ᠶ᠋ᠢ ᠪᠠᠷᠢᠮᠲᠠᠯᠠᠵᠤ᠂ ᠬᠢᠵᠠᠭᠠᠷᠯᠠᠬᠤ ᠪᠠ ᠤᠷᠮᠠᠱᠢᠭᠤᠯᠬᠤ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠨ᠂ ᠵᠠᠰᠠᠭ᠎ᠤᠨ ᠣᠷᠳᠣᠨ᠎ᠢᠶᠠᠷ ᠭᠤᠤᠯᠯᠠᠭᠤᠯᠬᠤ᠂ ᠡᠯ᠎ᠡ ᠲᠠᠯ᠎ᠠ᠎ᠶ᠋ᠢᠨ᠎ᠬᠢᠨ ᠬᠠᠮᠵᠢᠯᠴᠠᠬᠤ᠂ ᠵᠠᠬ᠎ᠠ ᠳᠡᠯᠭᠡᠭᠦᠷ᠎ᠠᠴᠠ ᠳᠣᠭᠢᠷᠠᠭᠤᠯᠬᠤ᠂ ᠣᠯᠠᠨ ᠨᠡᠢᠲᠡ᠎ᠪᠠᠷ᠎ᠢᠶᠠᠨ ᠣᠷᠣᠯᠴᠠᠭ᠍ᠰᠠᠨ ᠤᠰᠤ ᠠᠷᠪᠢᠯᠠᠬᠤ ᠲᠣᠭ᠍ᠲᠠᠴᠠ᠎ᠶ᠋ᠢ ᠪᠠᠢᠭᠤᠯᠬᠤ ᠬᠡᠷᠡᠭ᠌ᠲᠡᠶ᠃

  ᠳᠥᠷᠪᠡᠳᠦᠭᠡᠷ ᠵᠤᠷᠪᠤᠰ  ᠥᠪᠡᠷᠲᠡᠭᠡᠨ ᠵᠠᠰᠠᠬᠤ ᠣᠷᠣᠨ᠎ᠠᠴᠠ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭᠠᠷᠯᠠᠯ᠎ᠤᠨ ᠳᠦᠷᠢᠮ ᠎ᠢ ᠬᠡᠷᠡᠭ᠌ᠵᠢᠭᠦᠯᠵᠦ᠍᠂ ᠤᠰᠤ᠎ᠪᠠᠷ ᠬᠣᠲᠠ᠎ᠶ᠋ᠢ ᠲᠣᠭ᠍ᠲᠠᠭᠠᠬᠤ᠂ ᠤᠰᠤ᠎ᠪᠠᠷ ᠭᠠᠵᠠᠷ ᠎ᠢ ᠲᠣᠭ᠍ᠲᠠᠭᠠᠬᠤ᠂ ᠤᠰᠤ᠎ᠪᠠᠷ ᠬᠥᠮᠦᠨ᠎ᠢ ᠲᠣᠭ᠍ᠲᠠᠭᠠᠬᠤ᠂ ᠤᠰᠤ᠎ᠪᠠᠷ ᠭᠠᠷᠤᠯᠲᠠ᠎ᠶ᠋ᠢ ᠲᠣᠭ᠍ᠲᠠᠭᠠᠬᠤ ᠪᠠ ᠤᠰᠤ᠎ᠪᠠᠷ ᠨᠣᠭᠣᠭᠠᠷᠠᠭᠤᠯᠤᠯᠲᠠ᠎ᠶ᠋ᠢ ᠲᠣᠭ᠍ᠲᠠᠭᠠᠬᠤ᠎ᠶ᠋ᠢ ᠪᠠᠷᠢᠮᠲᠠᠯᠠᠨ᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠨᠡᠭᠡᠭᠡᠨ ᠬᠥᠭ᠌ᠵᠢᠭᠦᠯᠵᠦ᠍ ᠬᠠᠮᠠᠭᠠᠯᠠᠬᠤ ᠪᠠᠢᠷᠢᠱᠢᠯ᠎ᠢ ᠱᠢᠯᠢᠳᠡᠭ᠌ᠵᠢᠭᠦᠯᠵᠦ᠍᠂ ᠬᠥᠮᠦᠨ ᠠᠮᠠ᠂ ᠬᠣᠲᠠ᠂ ᠠᠵᠤ ᠦᠢᠯᠡᠰ᠎ᠦᠨ ᠪᠦᠲᠦᠴᠡ ᠬᠢᠭᠡᠳ ᠬᠡᠪᠴᠢᠶ᠎ᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠵᠦᠢ ᠵᠣᠬᠢᠰᠲᠠᠶ ᠪᠠᠢᠷᠢᠱᠢᠭᠤᠯᠬᠤ᠎ᠶ᠋ᠢ ᠠᠬᠢᠭᠤᠯᠵᠤ᠂ ᠤᠰᠤᠨ᠎ᠤ ᠡᠬᠢ ᠪᠠᠶᠠᠯᠢᠭ᠎ᠤᠨ ᠳᠠᠭᠠᠭᠠᠬᠤ ᠴᠢᠳᠠᠪᠤᠷᠢ᠎ᠯᠤᠭ᠎ᠠ ᠲᠣᠬᠢᠷᠠᠯᠴᠠᠭ᠍ᠰᠠᠨ ᠣᠳᠣ ᠦᠢ᠎ᠡ᠎ᠶ᠋ᠢᠨ ᠠᠵᠤ ᠦᠢᠯᠡᠰ᠎ᠦᠨ ᠱᠢᠰᠲ᠋ᠧᠮᠵᠢ᠎ᠶ᠋ᠢ ᠪᠠᠢᠭᠤᠯᠤᠨ᠎ᠠ᠃

  ᠲᠠᠪᠤᠳᠤᠭᠠᠷ ᠵᠤᠷᠪᠤᠰ  ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠰᠤ ᠠᠷᠪᠢᠯᠠᠬᠤ ᠠᠵᠢᠯ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ᠎ᠪᠠᠨ ᠴᠢᠩᠭᠠᠳᠭᠠᠵᠤ᠂ ᠤᠰᠤ ᠠᠷᠪᠢᠯᠠᠬᠤ ᠠᠵᠢᠯ᠎ᠢ ᠤᠯᠤᠰ ᠠᠷᠠᠳ᠎ᠤᠨ ᠠᠵᠤ ᠠᠬᠤᠶ ᠪᠣᠯᠤᠨ ᠨᠡᠢᠭᠡᠮ᠎ᠦᠨ ᠬᠥᠭ᠌ᠵᠢᠯᠲᠡ᠎ᠶ᠋ᠢᠨ ᠬᠣᠯᠪᠣᠭ᠍ᠳᠠᠯ ᠪᠦᠬᠦᠢ ᠲᠥᠯᠥᠪᠵᠢᠭᠦᠯᠭᠡ᠂ ᠣᠨ᠎ᠤ ᠲᠥᠯᠥᠪᠯᠡᠭᠡ᠎ᠳᠡᠭᠡᠨ ᠣᠷᠣᠭᠤᠯᠵᠤ᠂ ᠤᠰᠤ ᠠᠷᠪᠢᠯᠠᠬᠤ ᠲᠥᠷᠥ᠎ᠶ᠋ᠢᠨ ᠪᠣᠳᠣᠯᠭ᠎ᠠ ᠪᠣᠯᠤᠨ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠦᠨ ᠨᠠᠢᠳᠠᠪᠤᠷᠢᠵᠢᠭᠤᠯᠵᠤ ᠂ ᠤᠰᠤ ᠠᠷᠪᠢᠯᠠᠬᠤ ᠠᠵᠢᠯ᠎ᠤᠨ ᠳᠤᠮᠳᠠᠬᠢ ᠴᠢᠬᠤᠯᠠ ᠶᠡᠬᠡ ᠠᠰᠠᠭᠤᠳᠠᠯ ᠎ᠢ ᠨᠢᠭᠡᠳᠦᠯᠲᠡᠶ ᠲᠥᠯᠥᠪᠯᠡᠨ ᠰᠤᠳᠤᠯᠵᠤ ᠵᠣᠬᠢᠴᠠᠭᠤᠯᠤᠨ ᠱᠢᠶ᠋ᠳᠪᠦᠷᠢᠯᠡᠬᠦ᠌ ᠬᠡᠷᠡᠭ᠌ᠲᠡᠶ᠃

  ᠵᠢᠷᠭᠤᠳᠤᠭᠠᠷ ᠵᠤᠷᠪᠤᠰ  ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ᠎ᠤ ᠣᠷᠣᠨ᠎ᠤ᠎ᠪᠠᠨ ᠤᠰᠤ ᠠᠷᠪᠢᠯᠠᠬᠤ ᠠᠵᠢᠯ᠎ᠢ ᠬᠠᠷᠢᠭᠤᠴᠠᠵᠤ᠂ ᠤᠰᠤ ᠠᠷᠪᠢᠯᠠᠬᠤ ᠲᠥᠷᠥ᠎ᠶ᠋ᠢᠨ ᠪᠣᠳᠣᠯᠭ᠎ᠠ ᠪᠣᠯᠤᠨ ᠬᠠᠮᠢᠶ᠎ᠠ ᠪᠦᠬᠦᠢ ᠠᠷᠭ᠎ᠠ ᠬᠡᠮᠵᠢᠶ᠎ᠡ᠎ᠶ᠋ᠢ ᠲᠣᠭ᠍ᠲᠠᠭᠠᠵᠤ᠂ ᠤᠰᠤ ᠠᠷᠪᠢᠯᠠᠬᠤ ᠬᠡᠯᠪᠡᠷᠢ᠎ᠶ᠋ᠢᠨ ᠨᠡᠢᠭᠡᠮ᠎ᠦᠨ ᠪᠠᠢᠭᠤᠯᠤᠯᠲᠠ᠎ᠶ᠋ᠢ ᠵᠢᠯᠣᠭᠣᠳᠤᠨ ᠠᠬᠢᠭᠤᠯᠬᠤ ᠬᠡᠷᠡᠭ᠌ᠲᠡᠶ᠃

  ᠲᠠᠷᠢᠶᠠᠯᠠᠩ ᠮᠠᠯ ᠠᠵᠤ ᠠᠬᠤᠶ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠲᠠᠷᠢᠮᠠᠯ᠎ᠤᠨ ᠦᠢᠯᠡᠰ᠂ ᠮᠠᠯ ᠠᠵᠤ ᠠᠬᠤᠶ᠂ ᠵᠢᠭᠠᠰᠤᠨ ᠠᠵᠤ ᠠᠬᠤᠶ᠎ᠶ᠋ᠢᠨ ᠤᠰᠤ ᠠᠷᠪᠢᠯᠠᠬᠤ ᠠᠵᠢᠯ᠎ᠢ ᠬᠠᠷᠢᠭᠤᠴᠠᠨ ᠵᠢᠯᠣᠭᠣᠳᠴᠤ᠌᠂ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶ᠋ᠢ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ᠎ᠶ᠋ᠢᠨ ᠲᠡᠷᠢᠭᠦᠨ᠎ᠦ ᠤᠰᠤ ᠠᠷᠪᠢᠯᠠᠬᠤ ᠮᠡᠷᠭᠡᠵᠢᠯ᠎ᠢ ᠳᠡᠯᠭᠡᠷᠡᠭᠦᠯᠬᠦ᠌ ᠬᠡᠷᠡᠭ᠌ᠲᠡᠶ᠃

  ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠡᠨᠧᠷᠭᠢ᠎ᠶ᠋ᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠨᠢ ᠠᠵᠤ ᠦᠢᠯᠡᠳᠪᠦᠷᠢ᠎ᠶ᠋ᠢᠨ ᠬᠦᠷᠢᠶ᠎ᠡ᠂ ᠡᠨᠧᠷᠭᠢ᠎ᠶ᠋ᠢᠨ ᠬᠦᠷᠢᠶᠡᠨ᠎ᠳᠠᠬᠢ ᠤᠰᠤ ᠠᠷᠪᠢᠯᠠᠬᠤ ᠠᠵᠢᠯ᠎ᠢ ᠬᠠᠷᠢᠭᠤᠴᠠᠨ ᠵᠢᠯᠣᠭᠤᠳᠴᠤ᠌᠂ ᠤᠰᠤ ᠠᠷᠪᠢᠯᠠᠬᠤ ᠲᠡᠷᠢᠭᠦᠨ᠎ᠤ ᠮᠡᠷᠭᠡᠵᠢᠯ᠂ ᠤᠷᠠᠯᠠᠯ ᠪᠠ ᠲᠥᠬᠦᠭᠡᠷᠦᠮᠵᠢ᠎ᠶ᠋ᠢ ᠳᠡᠯᠭᠡᠷᠡᠭᠦᠯᠦᠨ᠎ᠡ᠃

  ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠣᠲᠠ ᠪᠠᠯᠭᠠᠰᠤ᠎ᠶ᠋ᠢᠨ ᠤᠰᠤ ᠠᠷᠪᠢᠯᠠᠬᠤ ᠬᠣᠯᠪᠣᠭ᠍ᠳᠠᠯ ᠪᠦᠬᠦᠢ ᠠᠵᠢᠯ ᠎ᠢ ᠬᠠᠷᠢᠭᠤᠴᠠᠨ ᠵᠢᠯᠣᠭᠣᠳᠤᠨ᠎ᠠ᠃

  ᠬᠥᠭ᠌ᠵᠢᠭᠦᠯᠦᠯᠲᠡ ᠪᠠ ᠥᠭᠡᠷᠡᠴᠢᠯᠡᠯᠲᠡ᠂ ᠪᠠᠢᠭᠠᠯᠢ᠎ᠶ᠋ᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠣᠶ ᠱᠢᠭᠤᠶ ᠪᠠ ᠨᠤᠲᠤᠭ ᠪᠡᠯᠴᠢᠭᠡᠷ᠂ ᠡᠳ᠋᠎ᠤᠨ ᠵᠠᠰᠠᠭ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠰᠤᠷᠭᠠᠨ ᠬᠥᠮᠦᠵᠢᠯ᠂ ᠪᠠᠢᠭᠤᠯᠭ᠎ᠠ᠎ᠶ᠋ᠢᠨ ᠶᠠᠪᠤᠳᠠᠯ᠎ᠤᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠲᠣᠰ ᠬᠦᠷᠢᠶᠡᠨ᠎ᠳᠠᠬᠢ ᠤᠰᠤ ᠠᠷᠪᠢᠯᠠᠬᠤ ᠬᠠᠮᠢᠶ᠎ᠠ ᠪᠥᠬᠦᠶ ᠠᠵᠢᠯ᠎ᠢ ᠰᠠᠢᠲᠤᠷ ᠬᠢᠬᠦ᠌ ᠬᠡᠷᠡᠭ᠌ᠲᠡᠶ᠃

  ᠳᠣᠯᠣᠳᠤᠭᠠᠷ ᠵᠤᠷᠪᠤᠰ  ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠳ ᠤᠰᠤ ᠠᠷᠪᠢᠯᠠᠬᠤ ᠠᠵᠤ ᠦᠢᠯᠡᠰ᠎ᠢ ᠪᠣᠢᠵᠢᠭᠤᠯᠬᠤ ᠪᠠ ᠬᠥᠭ᠌ᠵᠢᠭᠦᠯᠵᠦ᠍᠂ ᠤᠰᠤ ᠠᠷᠪᠢᠯᠠᠬᠤ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠂ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ ᠵᠡᠷᠭᠡ᠎ᠳᠦ ᠤᠰᠤ ᠠᠷᠪᠢᠯᠠᠬᠤ ᠮᠡᠷᠭᠡᠵᠢᠯ᠂ ᠦᠢᠯᠡᠳᠬᠦᠨ᠂ ᠲᠥᠬᠥᠭᠡᠷᠦᠮᠵᠢ᠎ᠶ᠋ᠢ ᠰᠤᠳᠤᠯᠤᠨ ᠨᠡᠭᠡᠭᠡᠬᠦ᠌᠂ ᠳᠡᠯᠭᠡᠷᠡᠭᠦᠯᠬᠦ᠌ ᠪᠠ ᠬᠡᠷᠡᠭ᠌ᠯᠡᠬᠦ᠌᠎ᠶ᠋ᠢ ᠵᠣᠷᠢᠭ᠍ᠵᠢᠭᠤᠯᠤᠨ ᠳᠡᠮᠵᠢᠵᠦ᠍᠂ ᠤᠰᠤ ᠠᠷᠪᠢᠯᠠᠬᠤ᠎ᠶ᠋ᠢ ᠠᠬᠢᠭᠤᠯᠬᠤ᠎ᠳᠠᠬᠢ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢᠨ ᠲᠤᠯᠭᠠᠭᠤᠷᠢᠯᠠᠬᠤ ᠦᠢᠯᠡᠳᠦᠯ᠎ᠢ ᠴᠢᠩᠭᠠᠷᠠᠭᠤᠯᠬᠤ ᠬᠡᠷᠡᠭ᠌ᠲᠡᠶ᠃

  ᠨᠠᠶ᠋ᠮᠠᠳᠤᠭᠠᠷ  ᠵᠤᠷᠪᠤᠰ  ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠰᠤᠮᠤ ᠱᠢᠶᠠᠩ ᠪᠠᠯᠭᠠᠰᠤ᠎ᠶ᠋ᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠳ ᠣᠯᠠᠨ ᠵᠦᠢᠯ᠎ᠦᠨ ᠬᠡᠯᠪᠡᠷᠢ᠎ᠶ᠋ᠢᠨ ᠤᠰᠤ ᠠᠷᠪᠢᠯᠠᠬᠤ ᠤᠬᠠᠭᠤᠯᠭ᠎ᠠ ᠬᠥᠮᠦᠵᠢᠯ ᠪᠣᠯᠤᠨ ᠮᠡᠳᠡᠯᠭᠡ᠎ᠶ᠋ᠢ ᠲᠦᠭᠡᠮᠡᠯᠵᠢᠭᠦᠯᠬᠦ᠌ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍ ᠂ ᠪᠦᠬᠦ᠌ ᠠᠷᠠᠳ᠎ᠤᠨ ᠤᠰᠤ ᠠᠷᠪᠢᠯᠠᠬᠤ ᠦᠵᠡᠯ ᠤᠬᠠᠮᠰᠠᠷ ᠎ᠢ ᠨᠡᠮᠡᠭ᠌ᠳᠡᠭᠦᠯᠦᠨ᠂ ᠪᠦᠬᠦ᠌ ᠨᠡᠢᠭᠡᠮ᠎ᠢᠶᠡᠷ᠎ᠢᠶᠡᠨ ᠬᠠᠮᠲᠤᠪᠠᠷ ᠤᠰᠤ ᠠᠷᠪᠢᠯᠠᠬᠤ ᠰᠠᠢᠨ ᠰᠠᠢᠬᠠᠨ ᠬᠡᠪ ᠰᠤᠷᠲᠠᠯ ᠎ᠢ ᠪᠣᠶ ᠪᠣᠯᠭᠠᠬᠤ ᠬᠡᠷᠡᠭ᠌ᠲᠡᠶ᠃

  ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠲᠣᠤᠷ ᠰᠦᠯᠵᠢᠶ᠎ᠡ ᠵᠡᠷᠭᠡ ᠰᠣᠨᠢᠨ ᠮᠡᠳᠡᠭᠡᠨ᠎ᠦ ᠵᠠᠭᠤᠴᠢᠯᠠᠭᠤᠷ᠎ᠤᠳ ᠤᠰᠤ ᠠᠷᠪᠢᠯᠠᠬᠤ ᠨᠡᠢᠲᠡ᠎ᠶ᠋ᠢᠨ ᠠᠰᠠᠷᠠᠮᠵᠢ᠎ᠶ᠋ᠢᠨ ᠤᠬᠠᠭᠤᠯᠭ᠎ᠠ ᠪᠣᠯᠤᠨ ᠶᠠᠷᠢᠶ᠎ᠠ ᠬᠡᠯᠡᠯᠴᠡᠭᠡᠨ᠎ᠦ ᠬᠢᠨᠠᠯᠲᠠ ᠲᠠᠯᠪᠢᠯᠲᠠ᠎ᠪᠠᠨ ᠴᠢᠩᠭᠠᠳᠭᠠᠬᠤ ᠬᠡᠷᠡᠭ᠌ᠲᠡᠶ᠃

  ᠶᠢᠰᠦᠳᠦᠭᠡᠷ ᠵᠤᠷᠪᠤᠰ  ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠤᠰᠤ ᠠᠷᠪᠢᠯᠠᠬᠤ ᠡᠭᠦᠷᠭᠡ᠎ᠪᠡᠨ ᠬᠠᠤᠯᠢ ᠶᠣᠰᠣᠭᠠᠷ ᠭᠦᠢᠴᠡᠳᠭᠡᠬᠦ᠌ ᠬᠡᠷᠡᠭ᠌ᠲᠡᠶ᠂ ᠤᠰᠤᠨ᠎ᠤ ᠡᠬᠢ ᠪᠠᠶᠠᠯᠢᠭ᠎ᠢ ᠪᠦᠷᠢᠯᠭᠡᠨ ᠰᠦᠢᠳᠭᠡᠭ᠌ᠰᠡᠨ ᠦᠢᠯᠡ ᠠᠵᠢᠯᠯᠠᠭ᠎ᠠ᠎ᠶ᠋ᠢ ᠢᠳᠭᠠᠨ ᠬᠣᠷᠢᠭ᠍ᠯᠠᠬᠤ ᠪᠤᠶᠤ ᠤᠰᠤᠨ᠎ᠤ ᠵᠠᠰᠠᠭ ᠵᠠᠬᠢᠷᠭᠠᠨ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ ᠵᠡᠷᠭᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠦ ᠢᠯᠡᠴᠢᠯᠡᠨ ᠮᠡᠳᠡᠭᠦᠯᠬᠦ᠌ ᠡᠷᠬᠡ᠎ᠲᠡᠶ᠃

  ᠠᠷᠪᠠᠳᠤᠭᠠᠷ  ᠵᠤᠷᠪᠤᠰ  ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠤᠰᠤ ᠠᠷᠪᠢᠯᠠᠬᠤ ᠠᠵᠢᠯ᠎ᠤᠨ ᠳᠤᠮᠳᠠ ᠮᠡᠳᠡᠭ᠌ᠳᠡᠬᠦᠢᠴᠡ ᠠᠮᠵᠢᠯᠲᠠ ᠭᠠᠷᠭᠠᠭ᠍ᠰᠠᠨ ᠨᠢᠭᠡᠴᠢ ᠪᠣᠯᠤᠨ ᠬᠤᠪᠢ ᠬᠥᠮᠦᠨ᠎ᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠬᠥᠬᠢᠭᠦᠯᠦᠨ ᠰᠠᠢᠱᠢᠶᠠᠬᠤ ᠪᠠ ᠱᠠᠩᠨᠠᠬᠤ ᠬᠡᠷᠡᠭ᠌ᠲᠡᠶ᠃

  ᠬᠣᠶᠠᠳᠤᠭᠠᠷ ᠪᠦᠯᠦᠭ  ᠤᠰᠤ ᠬᠡᠷᠡᠭ᠌ᠯᠡᠬᠦ᠌ ᠬᠠᠮᠢᠶᠠᠷᠤᠯᠲᠠ

  ᠠᠷᠪᠠᠨ ᠨᠢᠭᠡᠳᠦᠭᠡᠷ ᠵᠤᠷᠪᠤᠰ  ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠰ ᠵᠠᠰᠠᠭ ᠵᠠᠬᠢᠷᠭᠠᠨ᠎ᠤ ᠣᠷᠣᠨ᠎ᠤ᠎ᠪᠠᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠬᠡᠷᠡᠭ᠌ᠴᠡᠭᠡ᠂ ᠤᠰᠤᠨ᠎ᠤ ᠡᠬᠢ ᠪᠠᠶᠠᠯᠢᠭ᠎ᠤᠨ ᠪᠠᠢᠳᠠᠯ ᠪᠣᠯᠤᠨ ᠳᠡᠭᠡᠳᠦ ᠱᠠᠲᠤᠨ᠎ᠤ ᠤᠰᠤ ᠠᠷᠪᠢᠯᠠᠬᠤ ᠲᠥᠯᠥᠪᠵᠢᠭᠦᠯᠭᠡ᠎ᠶ᠋ᠢ ᠦᠨᠳᠦᠰᠦᠯᠡᠨ᠂ ᠲᠤᠰ ᠵᠠᠰᠠᠭ ᠵᠠᠬᠢᠷᠭᠠᠨ᠎ᠤ ᠣᠷᠣᠨ᠎ᠤ᠎ᠪᠠᠨ ᠤᠰᠤ ᠠᠷᠪᠢᠯᠠᠬᠤ ᠲᠥᠯᠥᠪᠵᠢᠭᠦᠯᠭᠡ᠎ᠶ᠋ᠢ ᠵᠣᠬᠢᠶᠠᠨ ᠪᠠᠢᠭᠤᠯᠤᠨ ᠨᠠᠢᠷᠠᠭᠤᠯᠤᠨ ᠵᠣᠬᠢᠶᠠᠬᠤ ᠬᠡᠷᠡᠭ᠌ᠲᠡᠶ᠃

  ᠤᠰᠤ ᠠᠷᠪᠢᠯᠠᠬᠤ ᠲᠥᠯᠥᠪᠵᠢᠭᠦᠯᠭᠡ᠎ᠳᠦ ᠤᠰᠤᠨ᠎ᠤ ᠡᠬᠢ ᠪᠠᠶᠠᠯᠢᠭ᠎ᠤᠨ ᠪᠠᠢᠳᠠᠯ᠎ᠤᠨ ᠦᠨᠡᠯᠡᠯᠲᠡ᠂ ᠤᠰᠤ ᠠᠷᠪᠢᠯᠠᠬᠤ ᠳᠠᠯᠳᠠ ᠬᠦᠴᠦᠨ᠎ᠦ ᠵᠠᠳᠠᠯᠤᠯᠲᠠ᠂ ᠤᠰᠤ ᠠᠷᠪᠢᠯᠠᠬᠤ ᠬᠠᠷᠠᠯᠲᠠ᠂ ᠭᠣᠤᠯ ᠡᠭᠦᠷᠭᠡ ᠪᠣᠯᠤᠨ ᠠᠷᠭ᠎ᠠ ᠬᠡᠮᠵᠢᠶ᠎ᠡ ᠵᠡᠷᠭᠡ ᠠᠭᠤᠯᠭ᠎ᠠ᠎ᠶ᠋ᠢ ᠪᠠᠭ᠍ᠲᠠᠭᠠᠬᠤ ᠬᠡᠷᠡᠭ᠌ᠲᠡᠶ᠃

  ᠠᠷᠪᠠᠨ ᠬᠣᠶᠠᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭ᠌ᠯᠡᠬᠦ᠌ ᠲᠣᠭ᠍ᠲᠠᠭ᠍ᠰᠠᠨ ᠨᠣᠷᠮ᠎ᠠ᠎ᠶ᠋ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭ᠍ᠳᠠᠯ ᠪᠦᠬᠦᠢ ᠠᠵᠢᠯ ᠲᠥᠷᠥᠯ᠎ᠦᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠳᠤᠷᠠᠳᠴᠤ᠌᠂ ᠠᠳᠠᠯᠢ ᠱᠠᠲᠤᠨ᠎ᠤ ᠤᠰᠤᠨ᠎ᠤ ᠵᠠᠰᠠᠭ ᠵᠠᠬᠢᠷᠭ᠎ᠠ᠂ ᠪᠠᠷᠢᠮᠵᠢᠶᠠᠵᠢᠭᠤᠯᠤᠯᠲᠠ᠎ᠶ᠋ᠢ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢᠶᠡᠷ ᠬᠢᠨᠠᠭᠤᠯᠤᠭᠠᠳ ᠵᠥᠪᠱᠢᠶᠡᠷᠡᠭᠦᠯᠦᠭ᠌ᠰᠡᠨ᠎ᠦ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠨᠡᠢᠲᠡᠯᠡᠬᠦ᠌᠎ᠶ᠋ᠢᠨ ᠬᠠᠮᠲᠤ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠵᠠᠰᠠᠭ ᠵᠠᠬᠢᠷᠭ᠎ᠠ ᠂ ᠪᠠᠷᠢᠮᠵᠢᠶᠠᠵᠢᠭᠤᠯᠤᠯᠲᠠ᠎ᠶ᠋ᠢ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠮᠡᠳᠡᠭᠦᠯᠦᠨ ᠳᠠᠩᠰᠠᠯᠠᠭᠤᠯᠬᠤ ᠬᠡᠷᠡᠭ᠌ᠲᠡᠶ ᠃

  ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭ᠌ᠯᠡᠬᠦ᠌ ᠲᠣᠭ᠍ᠲᠠᠭ᠍ᠰᠠᠨ ᠨᠣᠷᠮ᠎ᠠ᠎ᠶ᠋ᠢ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠬᠢᠷᠢ ᠬᠡᠮᠵᠢᠶ᠎ᠡ᠂ ᠤᠰᠤᠨ᠎ᠤ ᠡᠬᠢ ᠪᠠᠶᠠᠯᠢᠭ᠎ᠤᠨ ᠪᠠᠢᠳᠠᠯ᠂ ᠠᠵᠤ ᠦᠢᠯᠡᠰ᠎ᠦᠨ ᠪᠦᠲᠦᠴᠡ᠎ᠶ᠋ᠢᠨ ᠬᠤᠪᠢᠷᠠᠯᠲᠠ ᠪᠣᠯᠤᠨ ᠮᠡᠷᠭᠡᠵᠢᠯ᠎ᠦᠨ ᠳᠠᠪᠱᠢᠯᠲᠠ ᠵᠡᠷᠭᠡ ᠪᠠᠢᠳᠠᠯ ᠎ᠢ ᠦᠨᠳᠦᠰᠦᠯᠡᠨ ᠴᠠᠭ᠎ᠲᠤᠨᠢ ᠲᠣᠬᠢᠷᠠᠭᠤᠯᠤᠨ ᠵᠠᠰᠠᠪᠤᠷᠢ ᠣᠷᠣᠭᠤᠯᠬᠤ ᠬᠡᠷᠡᠭ᠌ᠲᠡᠶ᠃

  ᠠᠷᠪᠠᠨ ᠭᠤᠷᠪᠠᠳᠤᠭᠠᠷ ᠵᠤᠷᠪᠤᠰ  ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠡᠶ ᠬᠠᠮᠲᠤᠷᠠᠨ᠂ ᠤᠰᠤ ᠬᠡᠷᠡᠭ᠌ᠯᠡᠬᠦ᠌ ᠲᠣᠭ᠍ᠲᠠᠭ᠍ᠰᠠᠨ ᠨᠣᠷᠮ᠎ᠠ᠂ ᠠᠵᠤ ᠠᠬᠤᠶ ᠮᠡᠷᠭᠡᠵᠢᠯ᠎ᠦᠨ ᠨᠥᠬᠥᠴᠡᠯ ᠵᠢᠴᠢ ᠤᠰᠤᠨ᠎ᠤ ᠬᠡᠮᠵᠢᠶ᠎ᠡ᠎ᠶ᠋ᠢᠨ ᠬᠤᠪᠢᠶᠠᠷᠢᠯᠠᠯᠲᠠ᠎ᠶ᠋ᠢᠨ ᠲᠥᠰᠦᠯ᠂ ᠭᠠᠵᠠᠷ ᠳᠣᠤᠷᠠᠬᠢ ᠤᠰᠤ᠎ᠶ᠋ᠢ ᠬᠢᠵᠠᠭᠠᠷᠯᠠᠬᠤ ᠭᠦᠢᠴᠡᠳᠭᠡᠯ ᠲᠣᠭ᠎ᠠ ᠵᠡᠷᠭᠡ᠎ᠳᠦ ᠲᠣᠭ᠍ᠲᠠᠭᠠᠭ᠍ᠰᠠᠨ ᠲᠤᠰ ᠵᠠᠰᠠᠭ ᠵᠠᠬᠢᠷᠭᠠᠨ᠎ᠤ ᠣᠷᠣᠨ᠎ᠤ ᠬᠡᠷᠡᠭ᠌ᠯᠡᠵᠦ᠍ ᠪᠣᠯᠬᠤ ᠤᠰᠤᠨ᠎ᠤ ᠬᠡᠮᠵᠢᠶ᠎ᠡ᠎ᠶ᠋ᠢ ᠦᠨᠳᠦᠰᠦᠯᠡᠨ᠂ ᠲᠤᠰ ᠵᠠᠰᠠᠭ ᠵᠠᠬᠢᠷᠭᠠᠨ᠎ᠤ ᠣᠷᠣᠨ᠎ᠤ᠎ᠪᠠᠨ ᠣᠨ᠎ᠤ ᠤᠰᠤ ᠬᠡᠷᠡᠭ᠌ᠯᠡᠬᠦ᠌ ᠲᠥᠯᠥᠪᠯᠡᠭᠡ᠎ᠶ᠋ᠢ ᠲᠣᠭ᠍ᠲᠠᠭᠠᠵᠤ᠂ ᠣᠨ᠎ᠤ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ᠎ᠶ᠋ᠢ ᠬᠢᠵᠠᠭᠠᠷᠯᠠᠬᠤ᠎ᠶ᠋ᠢ ᠬᠡᠷᠡᠭ᠌ᠵᠢᠭᠦᠯᠦᠨ᠎ᠡ᠃

  ᠠᠷᠪᠠᠨ ᠳᠥᠷᠪᠡᠳᠦᠭᠡᠷ ᠵᠤᠷᠪᠤᠰ  ᠥᠪᠡᠷᠲᠡᠭᠡᠨ ᠵᠠᠰᠠᠬᠤ ᠣᠷᠣᠨ᠎ᠠᠴᠠ ᠤᠰᠤ ᠬᠡᠷᠡᠭ᠌ᠯᠡᠬᠦ᠌ ᠵᠣᠬᠢᠬᠤ ᠬᠡᠪᠴᠢᠶᠡᠨ᠎ᠳᠦ ᠬᠦᠷᠦᠭ᠌ᠰᠡᠨ ᠨᠢᠭᠡᠴᠢ᠎ᠳᠦ ᠤᠰᠤ᠎ᠶ᠋ᠢ ᠲᠥᠯᠥᠪᠯᠡᠭᠡᠲᠡᠶ᠎ᠪᠡᠷ ᠬᠡᠷᠡᠭ᠌ᠯᠡᠬᠦ᠌ ᠬᠠᠮᠢᠶᠠᠷᠤᠯᠲᠠ᠎ᠶ᠋ᠢ ᠬᠡᠷᠡᠭ᠌ᠵᠢᠭᠦᠯᠦᠨ᠎ᠡ ᠃

  ᠭᠠᠵᠠᠷ ᠳᠣᠣᠷᠠᠬᠢ ᠤᠰᠤ᠂ ᠭᠠᠵᠠᠷ ᠳᠡᠭᠡᠷᠡᠬᠢ ᠤᠰᠤ᠎ᠶ᠋ᠢ ᠱᠢᠭᠤᠳ ᠲᠠᠲᠠᠵᠤ ᠬᠡᠷᠡᠭ᠌ᠯᠡᠬᠦ᠌ ᠪᠠ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ᠎ᠤᠨ ᠤᠰᠤ ᠬᠡᠷᠡᠭ᠌ᠯᠡᠬᠦ᠌ ᠨᠢᠭᠡᠴᠢ᠎ᠳᠤ᠂ ᠤᠰᠤ ᠬᠡᠷᠡᠭ᠌ᠯᠡᠬᠦ᠌ ᠲᠥᠯᠥᠪᠯᠡᠭᠡ᠎ᠶ᠋ᠢ ᠬᠤᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠡᠷᠬᠡ ᠮᠡᠳᠡᠯ᠎ᠤᠨ ᠬᠡᠪᠴᠢᠶ᠎ᠡ ᠶᠣᠰᠣᠭᠠᠷ ᠲᠣᠭ᠍ᠲᠠᠭᠠᠨ᠎ᠠ; ᠬᠤᠲᠠ᠎ᠶ᠋ᠢᠨ ᠣᠯᠠᠨ ᠨᠡᠢᠲᠡ᠎ᠶ᠋ᠢᠨ ᠤᠰᠤ ᠬᠠᠩᠭᠠᠬᠤ᠎ᠶ᠋ᠢ ᠬᠡᠷᠡᠭ᠌ᠯᠡᠵᠦ᠍ ᠪᠠᠢᠭ᠎ᠠ ᠤᠰᠤ ᠬᠡᠷᠡᠭ᠌ᠯᠡᠬᠦ᠌ ᠨᠢᠭᠡᠴᠢ᠎ᠳᠤ᠂ ᠤᠰᠤ ᠬᠡᠷᠡᠭ᠌ᠯᠡᠬᠦ᠌ ᠲᠥᠯᠥᠪᠯᠡᠭᠡ᠎ᠶ᠋ᠢ ᠬᠤᠲᠠ᠎ᠶ᠋ᠢᠨ ᠤᠰᠤ ᠠᠷᠪᠢᠯᠠᠬᠤ᠎ᠶ᠋ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠤᠲᠠ᠎ᠶ᠋ᠢᠨ ᠤᠰᠤ ᠬᠠᠩᠭᠠᠬᠤ᠎ᠶ᠋ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠲᠣᠭ᠍ᠲᠠᠭᠠᠨ᠎ᠠ᠃

  ᠠᠷᠪᠠᠨ ᠲᠠᠪᠤᠳᠤᠭᠠᠷ ᠵᠣᠷᠪᠤᠰ  ᠤᠰᠤ ᠬᠡᠷᠡᠭ᠌ᠯᠡᠬᠦ᠌᠎ᠳᠦ ᠬᠡᠮᠵᠢᠯᠲᠡ ᠬᠢᠬᠦ᠌ ᠬᠡᠷᠡᠭ᠌ᠲᠡᠶ ᠃ ᠠᠳᠠᠯᠢ ᠪᠤᠰᠤ ᠤᠰᠤᠨ᠎ᠤ ᠡᠬᠢ ᠰᠤᠷᠪᠤᠯᠵᠢ᠂ ᠠᠳᠠᠯᠢ ᠪᠤᠰᠤ ᠬᠡᠷᠡᠭ᠌ᠴᠡᠭᠡᠨ᠎ᠦ ᠤᠰᠤ᠎ᠶ᠋ᠢ ᠲᠤᠰ ᠲᠤᠰ᠎ᠲᠤ ᠨᠢ ᠬᠡᠮᠵᠢᠬᠦ᠌ ᠬᠡᠷᠡᠭ᠌ᠲᠡᠶ᠃ ᠰᠠᠭᠤᠭᠠᠯᠢ ᠠᠷᠠᠳ᠎ᠤᠨ ᠠᠮᠢᠳᠤᠷᠠᠯ᠎ᠳᠤ ᠬᠡᠷᠡᠭ᠌ᠯᠡᠬᠦ᠌ ᠤᠰᠤ᠎ᠶ᠋ᠢ ᠨᠢᠭᠡ ᠡᠷᠦᠬᠡ᠎ᠳᠦ ᠨᠢᠭᠡ ᠬᠦᠰᠦᠨᠦᠭ᠌ᠲᠦ᠍᠎ᠲᠡᠶ ᠪᠠᠢᠯᠭᠠᠬᠤ ᠬᠡᠷᠡᠭ᠌ᠲᠡᠶ᠃

  ᠤᠰᠤ ᠬᠡᠷᠡᠭ᠌ᠯᠡᠬᠦ᠌ ᠨᠢᠭᠡᠴᠢ ᠪᠣᠯᠤᠨ ᠤᠰᠤ ᠬᠠᠩᠭᠠᠬᠤ ᠠᠵᠤ ᠠᠬᠤᠢᠯᠠᠯ᠎ᠤᠳ ᠬᠡᠮᠵᠢᠯᠲᠡ᠎ᠶ᠋ᠢᠨ ᠪᠡᠯᠡᠳᠭᠡᠮᠵᠢ᠎ᠶ᠋ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠪᠠᠢᠴᠠᠭᠠᠬᠤ ᠪᠠ ᠬᠠᠮᠠᠭᠠᠯᠠᠨ᠂ ᠱᠢᠯᠭᠠᠨ ᠲᠣᠭ᠍ᠲᠠᠭᠠᠬᠤ ᠦᠶᠡᠯᠡᠯ᠎ᠦᠨ ᠬᠤᠭᠤᠴᠠᠭᠠᠨ᠎ᠤ ᠱᠢᠯᠭᠠᠨ ᠲᠣᠭ᠍ᠲᠠᠭᠠᠬᠤ ᠪᠤᠶᠤ ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠢ ᠬᠠᠷᠭᠤᠭᠤᠯᠵᠤ ᠂ ᠬᠡᠮᠵᠢᠶ᠎ᠡ᠎ᠶ᠋ᠢᠨ ᠣᠨᠣᠪᠴᠢᠲᠠᠶ ᠪᠠᠢᠬᠤ᠎ᠶ᠋ᠢ ᠪᠠᠲᠤᠯᠠᠬᠤ ᠬᠡᠷᠡᠭ᠌ᠲᠡᠶ᠃

  ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠤᠰᠤ ᠬᠡᠷᠡᠭ᠌ᠯᠡᠬᠦ᠌ ᠬᠡᠮᠵᠢᠯᠲᠡ᠎ᠶ᠋ᠢᠨ ᠪᠡᠯᠡᠳᠭᠡᠮᠵᠢ᠎ᠶ᠋ᠢ ᠡᠵᠡᠯᠡᠵᠦ᠍᠂ ᠡᠪᠳᠡᠵᠦ᠍᠂ ᠳᠤᠷ᠎ᠠ᠎ᠪᠠᠷ᠎ᠢᠶᠠᠨ ᠱᠢᠯᠵᠢᠭᠦᠯᠵᠦ᠍ ᠪᠣᠯᠬᠤ ᠦᠭᠡᠶ᠂ ᠤᠰᠤ ᠬᠡᠷᠡᠭ᠌ᠯᠡᠬᠦ᠌ ᠬᠡᠮᠵᠢᠶ᠎ᠡ᠎ᠶ᠋ᠢ ᠬᠠᠷᠱᠢᠯᠠᠵᠤ ᠪᠣᠯᠬᠤ ᠦᠭᠡᠶ᠃

  ᠠᠷᠪᠠᠨ ᠵᠢᠷᠭᠤᠳᠤᠭᠠᠷ ᠵᠤᠷᠪᠤᠰ  ᠤᠰᠤ ᠬᠡᠷᠡᠭ᠌ᠯᠡᠬᠦ᠌᠎ᠳᠦ᠂ ᠬᠡᠮᠵᠢᠨ ᠵᠠᠷᠤᠳᠠᠯ ᠬᠤᠷᠢᠶᠠᠬᠤ᠎ᠶ᠋ᠢ ᠬᠡᠷᠡᠭ᠌ᠵᠢᠭᠦᠯᠵᠦ᠍ ᠂ ᠵᠠᠷᠤᠳᠠᠯ ᠳᠠᠭᠠᠭᠠᠴᠢᠯᠠᠬᠤ ᠳᠦᠷᠢᠮ ᠬᠡᠷᠡᠭ᠌ᠵᠢᠭᠦᠯᠬᠦ᠌ ᠎ᠶ᠋ᠢ ᠴᠠᠭᠠᠵᠠᠯᠠᠬᠤ ᠬᠡᠷᠡᠭ᠌ᠲᠡᠶ᠃ ᠦᠨ᠎ᠡ ᠬᠠᠩᠰᠢ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠡᠶ ᠬᠠᠮᠲᠤᠷᠠᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠬᠢᠷᠢ ᠬᠡᠮᠵᠢᠶ᠎ᠡ᠂ ᠤᠰᠤᠨ᠎ᠤ ᠡᠬᠢ ᠪᠠᠶᠠᠯᠢᠭ᠎ᠤᠨ ᠪᠠᠢᠳᠠᠯ᠂ ᠤᠰᠤ ᠬᠡᠷᠡᠭ᠌ᠯᠡᠬᠦ᠌ ᠲᠣᠭ᠍ᠲᠠᠭ᠍ᠰᠠᠨ ᠨᠣᠷᠮ᠎ᠠ᠂ ᠤᠰᠤ ᠬᠠᠩᠭᠠᠬᠤ ᠥᠪᠡᠷ᠎ᠦᠨ ᠥᠷᠲᠡᠭ᠂ ᠤᠰᠤ ᠬᠡᠷᠡᠭ᠌ᠯᠡᠬᠦ᠌ ᠡᠷᠦᠬᠡ᠎ᠶ᠋ᠢᠨ ᠳᠠᠭᠠᠭᠠᠬᠤ ᠴᠢᠳᠠᠪᠤᠷᠢ ᠵᠡᠷᠭᠡ ᠬᠦᠴᠦᠨ ᠵᠦᠢᠯ ᠎ᠢ ᠦᠨᠳᠦᠰᠦᠯᠡᠨ᠂ ᠤᠰᠤ ᠠᠷᠪᠢᠯᠠᠬᠤ᠎ᠶ᠋ᠢ ᠠᠬᠢᠭᠤᠯᠬᠤ ᠤᠰᠤᠨ᠎ᠤ ᠦᠨ᠎ᠡ᠎ᠶ᠋ᠢᠨ ᠱᠢᠰᠲ᠋ᠧᠮᠵᠢ᠎ᠶ᠋ᠢ ᠪᠠᠢᠭᠤᠯᠵᠤ᠂ ᠤᠰᠤᠨ᠎ᠤ ᠦᠨ᠎ᠡ᠎ᠶ᠋ᠢᠨ ᠪᠦᠷᠢᠯᠳᠦᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠬᠦ᠌ ᠬᠡᠷᠡᠭ᠌ᠲᠡᠶ᠃

  ᠬᠣᠲᠠ ᠪᠠᠯᠭᠠᠰᠤ᠎ᠶ᠋ᠢᠨ ᠰᠠᠭᠤᠭᠠᠯᠢ ᠠᠷᠠᠳ᠎ᠤᠨ ᠠᠮᠢᠳᠤᠷᠠᠯ᠎ᠳᠤ ᠬᠡᠷᠡᠭ᠌ᠯᠡᠬᠦ᠌ ᠤᠰᠤ ᠪᠣᠯᠤᠨ ᠨᠥᠬᠥᠴᠡᠯ ᠪᠦᠷᠢᠳᠦᠭᠦᠯᠦᠭ᠌ᠰᠡᠨ ᠲᠠᠷᠢᠶᠠᠯᠠᠬᠤ ᠮᠠᠯᠵᠢᠬᠤ ᠣᠷᠣᠨ᠎ᠤ ᠰᠠᠭᠤᠭᠠᠯᠢ ᠠᠷᠠᠳ᠎ᠤᠨ ᠠᠮᠢᠳᠤᠷᠠᠯ᠎ᠳᠤ ᠬᠡᠷᠡᠭ᠌ᠯᠡᠬᠦ᠌ ᠤᠰᠤᠨ᠎ᠳᠤ ᠤᠰᠤᠨ᠎ᠤ ᠱᠠᠲᠤᠯᠢᠭ ᠦᠨ᠎ᠡ᠎ᠶ᠋ᠢ ᠬᠡᠷᠡᠭ᠌ᠵᠢᠭᠦᠯᠵᠦ᠍᠂ ᠰᠠᠭᠤᠭᠠᠯᠢ ᠠᠷᠠᠳ᠎ᠤᠨ ᠪᠤᠰᠤ ᠬᠡᠷᠡᠭ᠌ᠯᠡᠬᠦ᠌ ᠤᠰᠤᠨ᠎ᠳᠤ ᠲᠣᠭ᠍ᠲᠠᠭ᠍ᠰᠠᠨ ᠨᠤᠷᠮ᠎ᠠ᠎ᠠᠴᠠ ᠬᠡᠲᠦᠷᠡᠭ᠌ᠰᠡᠨ᠎ᠢᠶᠡᠷ ᠠᠬᠢᠭᠤᠯᠤᠨ ᠪᠣᠳᠣᠵᠤ ᠦᠨ᠎ᠡ ᠨᠡᠮᠡᠬᠦ᠌᠎ᠶ᠋ᠢ ᠬᠡᠷᠡᠭ᠌ᠵᠢᠭᠦᠯᠦᠨ᠎ᠡ᠃

  ᠲᠠᠷᠢᠶᠠᠯᠠᠩ᠎ᠤᠨ ᠤᠰᠤᠨ᠎ᠤ ᠦᠨ᠎ᠡ᠎ᠶ᠋ᠢ ᠬᠠᠤᠯᠢ ᠶᠣᠰᠣᠭᠠᠷ ᠨᠢᠭᠡᠳᠦᠯᠲᠡᠶ ᠤᠰᠤ ᠬᠠᠩᠭᠠᠬᠤ ᠥᠪᠡᠷ᠎ᠦᠨ ᠥᠷᠲᠡᠭ᠂ ᠤᠰᠤᠨ᠎ᠤ ᠡᠬᠢ ᠪᠠᠶᠠᠯᠢᠭ᠎ᠤᠨ ᠬᠣᠪᠣᠷ ᠴᠤᠬᠠᠭ ᠪᠠᠢᠭ᠎ᠠ ᠬᠡᠮᠵᠢᠶ᠎ᠡ ᠪᠣᠯᠤᠨ ᠲᠠᠷᠢᠶᠠᠯᠠᠩ᠎ᠤᠨ ᠤᠰᠤ ᠬᠡᠷᠡᠭ᠌ᠯᠡᠬᠦ᠌ ᠡᠷᠦᠬᠡ᠎ᠶ᠋ᠢᠨ ᠳᠠᠭᠠᠭᠠᠬᠤ ᠴᠢᠳᠠᠪᠤᠷᠢ ᠵᠡᠷᠭᠡ ᠬᠦᠴᠦᠨ ᠵᠦᠢᠯ᠎ᠢ ᠵᠦᠢ ᠵᠣᠬᠢᠰᠲᠠᠶ ᠲᠣᠭ᠍ᠲᠠᠭᠠᠵᠤ᠂ ᠵᠠᠷᠴᠢᠮ ᠳᠡᠭᠡᠷ᠎ᠡ᠎ᠪᠡᠨ ᠢᠨᠵᠧᠨᠧᠷᠢᠩ᠎ᠦᠨ ᠠᠵᠢᠯᠯᠠᠭᠠᠨ᠎ᠢ ᠬᠠᠮᠠᠭᠠᠯᠠᠬᠤ ᠥᠪᠡᠷ᠎ᠦᠨ ᠥᠷᠲᠡᠭ᠎ᠡᠴᠡ ᠳᠣᠤᠷ᠎ᠠ ᠦᠭᠡᠶ ᠪᠠᠢᠯᠭᠠᠬᠤ ᠬᠡᠷᠡᠭ᠌ᠲᠡᠶ᠃ ᠨᠥᠬᠦᠴᠡᠯ ᠪᠦᠷᠢᠯᠳᠦᠭᠦᠯᠦᠭ᠌ᠰᠡᠨ ᠲᠠᠷᠢᠶᠠᠯᠠᠩ᠎ᠤᠨ ᠤᠰᠤᠯᠠᠯᠲᠠ᠎ᠳᠤ ᠬᠡᠷᠡᠭ᠌ᠯᠡᠬᠦ᠌ ᠤᠰᠤᠨ᠎ᠤ ᠲᠣᠭ᠍ᠲᠠᠭ᠍ᠰᠠᠨ ᠨᠤᠷᠮ᠎ᠠ᠎ᠠᠴᠠ ᠬᠡᠲᠦᠷᠡᠭ᠌ᠰᠡᠨ (ᠲᠥᠯᠥᠪᠯᠡᠭᠡ᠎ᠠᠴᠠ ᠳᠠᠪᠠᠭ᠍ᠰᠠᠨ) ᠠᠬᠢᠭᠤᠯᠤᠨ ᠪᠤᠳᠤᠵᠤ ᠦᠨ᠎ᠡ ᠨᠡᠮᠡᠬᠦ᠌᠎ᠶ᠋ᠢ ᠠᠬᠢᠭᠤᠯᠤᠨ᠎ᠠ᠃

  ᠳᠡᠭᠢᠯᠳᠡ ᠤᠰᠤᠨ᠎ᠤ ᠤᠰᠤᠨ᠎ᠤ ᠦᠨ᠎ᠡ᠎ᠶ᠋ᠢ ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠤ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠳᠣᠤᠷ᠎ᠠ᠂ ᠬᠠᠩᠭᠠᠯᠭ᠎ᠠ ᠬᠡᠷᠡᠭ᠌ᠴᠡᠭᠡ᠎ᠶ᠋ᠢᠨ ᠬᠣᠶᠠᠷ ᠲᠠᠯ᠎ᠠ᠎ᠪᠠᠷ᠎ᠢᠶᠠᠨ ᠵᠥᠪᠳᠡᠯᠴᠡᠨ ᠲᠣᠭ᠍ᠲᠠᠭᠠᠬᠤ ᠬᠡᠷᠡᠭ᠌ᠲᠡᠶ᠃

  ᠠᠷᠪᠠᠨ ᠳᠣᠯᠣᠳᠤᠭᠠᠷ ᠵᠤᠷᠪᠤᠰ  ᠤᠰᠤᠨ᠎ᠤ ᠡᠬᠢ ᠪᠠᠶᠠᠯᠢᠭ ᠬᠦᠨᠳᠦ ᠨᠣᠴᠢᠲᠠᠶ ᠳᠤᠲᠠᠭ᠍ᠳᠠᠵᠤ ᠪᠠᠢᠭ᠎ᠠ ᠭᠠᠵᠠᠷ ᠣᠷᠣᠨ᠂ ᠭᠠᠵᠠᠷ ᠳᠣᠤᠷᠠᠬᠢ ᠤᠰᠤ᠎ᠶ᠋ᠢ ᠬᠡᠳᠦ ᠮᠠᠯᠲᠠᠭ᠍ᠰᠠᠨ ᠭᠠᠵᠠᠷ ᠣᠷᠣᠨ᠎ᠨᠤᠭᠤᠳ ᠤᠰᠤ ᠶᠡᠬᠡ ᠬᠣᠷᠣᠭ᠍ᠳᠠᠭᠤᠯᠬᠤ ᠠᠵᠤ ᠦᠢᠯᠡᠰ᠎ᠦᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢ ᠴᠢᠩᠭ᠎ᠠ ᠬᠢᠵᠠᠭᠠᠷᠯᠠᠵᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠎ᠦᠨ ᠲᠥᠷᠥ᠎ᠶ᠋ᠢᠨ ᠪᠣᠳᠣᠯᠭ᠎ᠠ᠎ᠳᠤ ᠨᠡᠢᠴᠡᠬᠦ᠌ ᠦᠭᠡᠶ ᠤᠰᠤ ᠶᠡᠬᠡ ᠬᠣᠷᠣᠭ᠍ᠳᠠᠭᠤᠯᠬᠤ ᠠᠵᠤ ᠦᠢᠯᠡᠰ᠎ᠦᠨ ᠲᠥᠷᠥᠯ ᠵᠦᠢᠯ᠎ᠢ ᠱᠢᠨ᠎ᠡ᠎ᠪᠡᠷ ᠪᠠᠢᠭᠤᠯᠬᠤ᠎ᠶ᠋ᠢᠨ ᠬᠠᠮᠲᠤ ᠬᠤᠭᠤᠴᠠᠭ᠎ᠠ ᠬᠢᠵᠠᠭᠠᠷᠯᠠᠨ ᠱᠢᠭ᠌ᠰᠢᠭ᠌ᠳᠡᠭᠦᠯᠬᠦ᠌ ᠬᠡᠷᠡᠭ᠌ᠲᠡᠶ᠃

  ᠠᠷᠪᠠᠨ ᠨᠠᠶ᠋ᠮᠠᠳᠤᠭᠠᠷ ᠵᠤᠷᠪᠤᠰ ᠱᠢᠨ᠎ᠡ᠎ᠪᠡᠷ ᠪᠠᠢᠭᠤᠯᠬᠤ᠂ ᠥᠭᠡᠷᠡᠴᠢᠯᠡᠨ ᠪᠠᠢᠭᠤᠯᠬᠤ᠂ ᠥᠷᠭᠡᠳᠭᠡᠨ ᠪᠠᠢᠭᠤᠯᠬᠤ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠳᠦ ᠪᠣᠯ ᠪᠠᠷᠢᠯᠭ᠎ᠠ ᠪᠠᠷᠢᠭᠤᠯᠬᠤ ᠨᠢᠭᠡᠴᠢ ᠨᠢ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶ᠋ᠢᠨ ᠠᠭᠤᠯᠭ᠎ᠠ᠎ᠶ᠋ᠢ ᠦᠨᠳᠦᠰᠦᠯᠡᠨ ᠤᠰᠤ ᠠᠷᠪᠢᠯᠠᠬᠤ ᠠᠷᠭ᠎ᠠ ᠬᠡᠮᠵᠢᠶ᠎ᠡ᠎ᠶ᠋ᠢᠨ ᠲᠥᠰᠦᠯ ᠲᠣᠭ᠍ᠲᠠᠭᠠᠵᠤ᠂ ᠤᠰᠤ ᠠᠷᠪᠢᠯᠠᠬᠤ ᠪᠡᠯᠡᠳᠭᠡᠮᠵᠢ᠎ᠶ᠋ᠢ ᠢᠵᠢ ᠪᠦᠷᠢᠳᠦᠭᠦᠯᠦᠨ ᠪᠦᠲᠦᠭᠡᠨ ᠪᠠᠢᠭᠤᠯᠬᠤ ᠬᠡᠷᠡᠭ᠌ᠲᠡᠶ᠃ ᠤᠰᠤ ᠠᠷᠪᠢᠯᠠᠬᠤ ᠪᠡᠯᠡᠳᠭᠡᠮᠵᠢ᠎ᠶ᠋ᠢ ᠭᠣᠤᠯ ᠴᠣᠭ᠍ᠴᠠ ᠪᠠᠷᠢᠯᠭ᠎ᠠ᠎ᠯᠤᠭ᠎ᠠ ᠵᠡᠷᠭᠡ᠎ᠳᠦᠨᠢ ᠵᠢᠷᠤᠭ᠍ᠯᠠᠨ ᠲᠥᠯᠥᠪᠯᠡᠵᠦ᠍᠂ ᠵᠡᠷᠭᠡ᠎ᠳᠦᠨᠢ ᠪᠠᠷᠢᠯᠭ᠎ᠠ ᠪᠠᠷᠢᠵᠤ᠂ ᠵᠡᠷᠭᠡ᠎ᠳᠦᠨᠢ ᠠᠱᠢᠭ᠍ᠯᠠᠯᠲᠠ᠎ᠳᠤ ᠣᠷᠣᠭᠤᠯᠬᠤ ᠬᠡᠷᠡᠭ᠌ᠲᠡᠶ᠃ ᠤᠰᠤ ᠠᠷᠪᠢᠯᠠᠬᠤ ᠪᠡᠯᠡᠳᠭᠡᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠪᠡᠯᠡ ᠣᠷᠣᠭᠤᠯᠤᠯᠲᠠ᠎ᠶ᠋ᠢ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠦᠨ ᠶᠡᠷᠦᠩᠬᠡᠶ ᠪᠡᠯᠡ ᠣᠷᠣᠭᠤᠯᠤᠯᠲᠠ᠎ᠳᠤ ᠣᠷᠣᠭᠤᠯᠤᠨ᠎ᠠ᠃

  ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠦᠨ ᠤᠰᠤ ᠠᠷᠪᠢᠯᠠᠬᠤ ᠪᠡᠯᠡᠳᠭᠡᠮᠵᠢ᠎ᠶ᠋ᠢ ᠪᠠᠢᠭᠤᠯᠤᠭᠠᠳᠤᠶ ᠪᠤᠶᠤ ᠤᠯᠤᠰ᠎ᠤᠨ ᠲᠣᠭ᠍ᠲᠠᠭᠠᠭ᠍ᠰᠠᠨ ᠱᠠᠭᠠᠷᠳᠠᠯᠭ᠎ᠠ᠎ᠳᠤ ᠬᠦᠷᠦᠭᠡᠳᠦᠶ ᠪᠣᠯ ᠳᠤᠷ᠎ᠠ᠎ᠪᠠᠷ᠎ᠢᠶᠠᠨ ᠠᠱᠢᠭ᠍ᠯᠠᠯᠲᠠ᠎ᠳᠤ ᠣᠷᠣᠭᠤᠯᠤᠨ ᠬᠡᠷᠡᠭ᠌ᠯᠡᠵᠦ᠍ ᠪᠣᠯᠬᠤ ᠦᠭᠡᠶ᠃ ᠨᠢᠭᠡᠨᠲᠡ ᠪᠠᠢᠭᠤᠯᠤᠭ᠍ᠰᠠᠨ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠳᠦ ᠤᠰᠤ ᠠᠷᠪᠢᠯᠠᠬᠤ ᠪᠡᠯᠡᠳᠭᠡᠮᠵᠢ᠎ᠶ᠋ᠢ ᠢᠵᠢ ᠪᠦᠷᠢᠳᠦᠭᠦᠯᠦᠭᠡᠳᠦᠶ ᠪᠣᠯ ᠬᠤᠭᠤᠴᠠᠭ᠎ᠠ ᠬᠢᠵᠠᠭᠠᠷᠯᠠᠨ ᠤᠰᠤ ᠠᠷᠪᠢᠯᠠᠬᠤ ᠪᠡᠯᠡᠳᠭᠡᠮᠵᠢ᠎ᠶ᠋ᠢᠨ ᠢᠵᠢ ᠪᠦᠷᠢᠳᠦᠭᠦᠯᠬᠦ᠌ ᠪᠦᠲᠦᠭᠡᠨ ᠪᠠᠢᠭᠤᠯᠤᠯᠲᠠ ᠬᠢᠬᠦ᠌ ᠬᠡᠷᠡᠭ᠌ᠲᠡᠶ ᠬᠣᠲᠠ ᠪᠠᠯᠭᠠᠰᠤ᠎ᠶ᠋ᠢᠨ ᠣᠯᠠᠨ ᠨᠡᠢᠲᠡ᠎ᠶ᠋ᠢᠨ ᠠᠷᠠᠳ᠎ᠤᠨ ᠬᠡᠷᠡᠭ᠌ᠯᠡᠭᠡᠨ᠎ᠦ ᠪᠠᠷᠢᠯᠭ᠎ᠠ᠎ᠳᠤ ᠨᠢᠭᠡᠨᠲᠡ ᠤᠭ᠍ᠰᠠᠷᠠᠭᠤᠯᠤᠨ ᠬᠡᠷᠡᠭ᠌ᠯᠡᠭ᠌ᠰᠡᠨ ᠤᠰᠤ ᠠᠷᠪᠢᠯᠠᠬᠤ ᠪᠠᠷᠢᠮᠵᠢᠶ᠎ᠠ᠎ᠳᠤ ᠨᠡᠢᠴᠡᠬᠦ᠌ ᠦᠭᠡᠶ ᠤᠰᠤ ᠬᠡᠷᠡᠭ᠌ᠯᠡᠬᠦ᠌ ᠪᠠᠭᠠᠵᠢ ᠬᠡᠷᠡᠭ᠌ᠰᠡᠯ᠂ ᠲᠥᠬᠥᠭᠡᠷᠦᠮᠵᠢ᠎ᠶ᠋ᠢ ᠠᠯᠬᠤᠮ ᠠᠯᠬᠤᠮ᠎ᠢᠶᠠᠷ ᠰᠣᠯᠢᠵᠤ ᠥᠭᠡᠷᠡᠴᠢᠯᠡᠬᠦ᠌ ᠬᠡᠷᠡᠭ᠌ᠲᠡᠶ᠃

  ᠱᠢᠨ᠎ᠡ᠎ᠪᠡᠷ ᠪᠠᠢᠭᠤᠯᠬᠤ ᠂ ᠥᠭᠡᠷᠡᠴᠢᠯᠡᠨ ᠪᠠᠢᠭᠤᠯᠬᠤ᠂ ᠥᠷᠭᠡᠳᠭᠡᠨ ᠪᠠᠢᠭᠤᠯᠬᠤ ᠠᠵᠤ ᠦᠢᠯᠡᠳᠪᠦᠷᠢ ᠪᠠ ᠦᠢᠯᠡᠴᠢᠯᠡᠭᠡᠨ᠎ᠦ ᠦᠢᠯᠡᠰ᠎ᠦᠨ ᠲᠥᠷᠥᠯ ᠵᠦᠢᠯ᠎ᠦᠨ ᠤᠰᠤ ᠬᠡᠷᠡᠭ᠌ᠯᠡᠬᠦ᠌ ᠬᠢᠷᠢ ᠬᠡᠮᠵᠢᠶ᠎ᠡ᠎ᠶ᠋ᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭ᠌ᠯᠡᠬᠦ᠌ ᠲᠣᠭ᠍ᠲᠠᠭ᠍ᠰᠠᠨ ᠨᠣᠷᠮ᠎ᠠ᠎ᠶ᠋ᠢᠨ ᠲᠡᠷᠢᠭᠦᠨ᠎ᠦ ᠬᠡᠮᠵᠢᠭ᠌ᠳᠡᠯ᠎ᠡᠴᠡ ᠳᠣᠤᠷ᠎ᠠ ᠪᠠᠢᠯᠭᠠᠵᠤ ᠪᠣᠯᠬᠤ ᠦᠭᠡᠶ᠃

  ᠠᠷᠪᠠ ᠶᠢᠰᠦᠳᠦᠭᠡᠷ ᠵᠤᠷᠪᠤᠰ  ᠠᠵᠤ ᠦᠢᠯᠡᠳᠪᠦᠷᠢ᠂ ᠲᠠᠷᠢᠶᠠᠯᠠᠩ᠂ ᠮᠠᠯ ᠠᠵᠤ ᠠᠬᠤᠶ᠂ ᠣᠶ ᠱᠢᠭᠤᠶ᠂ ᠡᠨᠧᠷᠭᠢ᠂ ᠵᠠᠮ ᠬᠠᠷᠢᠯᠴᠠᠭ᠎ᠠ ᠲᠡᠭᠡᠭᠡᠪᠦᠷᠢ᠂ ᠵᠢᠭᠤᠯᠴᠢᠯᠠᠯ᠂ ᠪᠠᠢᠭᠠᠯᠢ᠎ᠶ᠋ᠢᠨ ᠡᠬᠢ ᠪᠠᠶᠠᠯᠢᠭ᠎ᠤᠨ ᠨᠡᠭᠡᠭᠡᠯᠲᠡ ᠵᠡᠷᠭᠡ ᠲᠥᠯᠥᠪᠵᠢᠭᠦᠯᠭᠡ᠂ ᠴᠢᠬᠤᠯᠠ ᠶᠡᠬᠡ ᠠᠵᠤ ᠦᠢᠯᠡᠰ᠂ ᠲᠥᠷᠥᠯ ᠵᠦᠢᠯ᠎ᠦᠨ ᠪᠠᠢᠷᠢᠱᠢᠭᠤᠯᠤᠯ ᠵᠢᠴᠢ ᠡᠯ᠎ᠡ ᠲᠥᠷᠥᠯ᠎ᠦᠨ ᠨᠡᠭᠡᠭᠡᠯᠲᠡ᠎ᠶ᠋ᠢᠨ ᠣᠷᠣᠨ᠂ ᠱᠢᠨ᠎ᠡ ᠲᠣᠭᠣᠷᠢᠭ᠎ᠤᠨ ᠲᠥᠯᠥᠪᠵᠢᠭᠦᠯᠭᠡ ᠨᠢ ᠤᠰᠤᠨ᠎ᠤ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ᠎ᠲᠠᠶ ᠬᠣᠯᠪᠣᠭ᠍ᠳᠠᠪᠠᠯ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠤᠰᠤᠨ᠎ᠤ ᠡᠬᠢ ᠪᠠᠶᠠᠯᠢᠭ ᠎ᠢ ᠲᠥᠯᠥᠪᠵᠢᠭᠦᠯᠵᠦ᠍ ᠨᠤᠲᠠᠯᠠᠬᠤ᠎ᠶ᠋ᠢᠨ ᠬᠠᠮᠲᠤ ᠨᠤᠲᠠᠯᠠᠬᠤ ᠶᠠᠪᠤᠴᠠ᠎ᠳᠤ ᠤᠰᠤ ᠠᠷᠪᠢᠯᠠᠬᠤ ᠦᠨᠡᠯᠡᠯᠲᠡ ᠬᠢᠬᠦ᠌ ᠬᠡᠷᠡᠭ᠌ᠲᠡᠶ ᠃

  ᠭᠤᠷᠪᠠᠳᠤᠭᠠᠷ ᠪᠦᠯᠦᠭ  ᠤᠰᠤ ᠠᠷᠪᠢᠯᠠᠬᠤ ᠠᠷᠭ᠎ᠠ ᠬᠡᠮᠵᠢᠶ᠎ᠡ

  ᠬᠣᠷᠢᠳᠤᠭᠠᠷ  ᠵᠤᠷᠪᠤᠰ  ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠳ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠬᠢᠷᠢ ᠬᠡᠮᠵᠢᠶ᠎ᠡ ᠪᠣᠯᠤᠨ ᠤᠰᠤᠨ᠎ᠤ ᠡᠬᠢ ᠪᠠᠶᠠᠯᠢᠭ᠎ᠤᠨ ᠪᠠᠢᠳᠠᠯ᠎ᠢ ᠦᠨᠳᠦᠰᠦᠯᠡᠨ᠂ ᠲᠠᠷᠢᠶᠠᠯᠠᠩ ᠮᠠᠯ ᠠᠵᠤ ᠠᠬᠤᠶ᠎ᠶ᠋ᠢᠨ ᠦᠢᠯᠡᠳᠪᠦᠷᠢᠯᠡᠯ ᠡᠵᠡᠩᠨᠡᠯᠲᠡ᠎ᠶ᠋ᠢᠨ ᠭᠣᠤᠯ ᠴᠣᠭ᠍ᠴᠠ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠲᠠᠷᠢᠮᠠᠯ ᠲᠡᠵᠢᠭᠡᠪᠦᠷᠢ᠎ᠶ᠋ᠢᠨ ᠪᠦᠲᠦᠴᠡ ᠪᠣᠯᠤᠨ ᠤᠰᠤ ᠬᠡᠷᠡᠭ᠌ᠯᠡᠬᠦ᠌ ᠪᠦᠲᠦᠴᠡ᠎ᠶ᠋ᠢ ᠵᠦᠢ ᠵᠣᠬᠢᠰᠲᠠᠶ ᠲᠣᠬᠢᠷᠠᠭᠤᠯᠵᠤ᠂ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ᠎ᠤᠨ ᠦᠢᠯᠡᠳᠪᠦᠷᠢᠯᠡᠯ᠎ᠦᠨ ᠠᠷᠭ᠎ᠠ ᠮᠠᠶᠢᠭ᠎ᠢ ᠶᠡᠬᠡᠪᠡᠷ ᠳᠡᠯᠭᠡᠷᠡᠭᠦᠯᠵᠦ᠍᠂ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠦ᠎ᠪᠡᠨ ᠲᠣᠬᠢᠷᠠᠭᠤᠯᠤᠨ ᠬᠠᠭᠤᠷᠠᠶ ᠲᠠᠷᠢᠶᠠᠯᠠᠩ᠎ᠢ ᠬᠥᠭ᠌ᠵᠢᠭᠦᠯᠬᠦ᠌ ᠬᠡᠷᠡᠭ᠌ᠲᠡᠶ᠃

  ᠬᠣᠷᠢᠨ ᠨᠢᠭᠡᠳᠦᠭᠡᠷ ᠵᠤᠷᠪᠤᠰ  ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠳ ᠭᠠᠩ᠎ᠳᠤ ᠲᠡᠰᠪᠦᠷᠢᠲᠡᠶ ᠲᠠᠷᠢᠮᠠᠯ᠎ᠤᠨ ᠱᠢᠨ᠎ᠡ ᠡᠭᠦᠯᠳᠡᠷ ᠵᠢᠴᠢ ᠬᠥᠷᠥᠰᠥ᠍ ᠱᠢᠷᠣᠶ᠎ᠶ᠋ᠢᠨ ᠴᠢᠭᠢᠭ ᠬᠠᠮᠠᠭᠠᠯᠠᠬᠤ᠂ ᠤᠰᠤ ᠪᠣᠷᠳᠣᠭᠤᠷ᠎ᠢ ᠨᠢᠭᠡ ᠴᠣᠭ᠍ᠴᠠᠵᠢᠭᠤᠯᠬᠤ᠂ ᠲᠡᠵᠢᠭᠡᠨ ᠦᠷᠡᠵᠢᠭᠦᠯᠬᠦ᠌ ᠬᠠᠶᠠᠭ᠍ᠳᠠᠮᠠᠯ ᠤᠰᠤ᠎ᠶ᠋ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ ᠵᠡᠷᠭᠡ ᠲᠠᠷᠢᠮᠠᠯ᠎ᠤᠨ ᠦᠢᠯᠡᠰ᠂ ᠲᠡᠵᠢᠭᠡᠪᠦᠷᠢ᠎ᠶ᠋ᠢᠨ ᠦᠢᠯᠡᠰ᠎ᠦᠨ ᠤᠰᠤ ᠠᠷᠪᠢᠯᠠᠬᠤ ᠮᠡᠷᠭᠡᠵᠢᠯ᠎ᠢ ᠰᠤᠳᠤᠯᠬᠤ ᠪᠠ ᠳᠡᠯᠭᠡᠷᠡᠭᠦᠯᠬᠦ᠌᠎ᠶ᠋ᠢ ᠳᠡᠮᠵᠢᠵᠦ᠍᠂ ᠲᠠᠷᠢᠶᠠᠯᠠᠩ ᠮᠠᠯ ᠠᠵᠤ ᠠᠬᠤᠶ᠎ᠶ᠋ᠢᠨ ᠦᠢᠯᠡᠳᠪᠦᠷᠢᠯᠡᠯ ᠡᠵᠡᠩᠨᠡᠯᠲᠡ᠎ᠶ᠋ᠢᠨ ᠭᠣᠤᠯ ᠴᠣᠭ᠍ᠴᠠ᠎ᠶ᠋ᠢ ᠵᠢᠯᠣᠭᠣᠳᠴᠤ᠌ ᠪᠠᠢᠭᠠᠳ ᠤᠰᠤ ᠠᠷᠪᠢᠯᠠᠬᠤ ᠮᠡᠷᠭᠡᠵᠢᠯ᠎ᠢ ᠬᠡᠷᠡᠭ᠌ᠯᠡᠬᠦ᠌ ᠬᠡᠷᠡᠭ᠌ᠲᠡᠶ᠃

  ᠬᠣᠷᠢᠨ ᠬᠣᠶᠠᠳᠤᠭᠠᠷ ᠵᠤᠷᠪᠤᠰ  ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠳ ᠨᠢ ᠤᠰᠤ ᠠᠷᠪᠢᠯᠠᠬᠤ ᠤᠰᠤᠯᠠᠯᠲᠠ᠎ᠶ᠋ᠢᠨ ᠢᠨᠵᠧᠨᠧᠷ᠎ᠦᠨ ᠪᠡᠯᠡᠳᠭᠡᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠳᠡᠮᠵᠢᠨ ᠠᠬᠢᠭᠤᠯᠵᠤ᠂ ᠰᠦᠷᠴᠢᠨ ᠤᠰᠤᠯᠠᠬᠤ᠂ ᠰᠡᠪᠡᠷᠡᠭᠦᠨ ᠤᠰᠤᠯᠠᠬᠤ᠂ ᠬᠣᠭᠣᠯᠠᠶ᠎ᠪᠠᠷ ᠤᠰᠤ ᠳᠠᠮᠵᠢᠭᠤᠯᠬᠤ ᠤᠰᠤᠯᠠᠯᠲᠠ᠂ ᠰᠤᠪᠠᠭ᠎ᠤᠨ ᠤᠰᠤ ᠨᠡᠪᠴᠢᠬᠦ᠌᠎ᠶ᠋ᠢ ᠰᠡᠷᠭᠡᠢᠯᠡᠬᠦ᠌ ᠤᠰᠤ ᠳᠠᠮᠵᠢᠭᠤᠯᠬᠤ ᠤᠰᠤᠯᠠᠯᠲᠠ ᠵᠡᠷᠭᠡ ᠤᠰᠤ ᠠᠷᠪᠢᠯᠠᠬᠤ ᠤᠰᠤᠯᠠᠯᠲᠠ᠎ᠶ᠋ᠢᠨ ᠮᠡᠷᠭᠡᠵᠢᠯ᠎ᠢ ᠳᠡᠯᠭᠡᠷᠡᠭᠦᠯᠵᠦ᠍᠂ ᠤᠰᠤᠯᠠᠯᠲᠠ᠎ᠶ᠋ᠢᠨ ᠤᠰᠤ ᠬᠡᠷᠡᠭ᠌ᠯᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠤᠰᠤᠨ᠎ᠤ ᠡᠬᠢ ᠪᠠᠶᠠᠯᠢᠭ ᠳᠤᠲᠠᠭ᠍ᠳᠠᠵᠤ ᠪᠠᠢᠭ᠎ᠠ ᠭᠠᠵᠠᠷ ᠣᠷᠣᠨ᠂ ᠭᠠᠵᠠᠷ ᠳᠣᠤᠷᠠᠬᠢ ᠤᠰᠤ᠎ᠶ᠋ᠢ ᠬᠡᠳᠦ ᠮᠠᠯᠲᠠᠭ᠍ᠰᠠᠨ ᠭᠠᠵᠠᠷ ᠣᠷᠣᠨ᠎ᠳᠤ ᠤᠰᠤ ᠠᠷᠪᠢᠯᠠᠬᠤ ᠤᠰᠤᠯᠠᠯᠲᠠ᠎ᠶ᠋ᠢ ᠡᠩ ᠲᠡᠷᠢᠭᠦᠨ᠎ᠳᠦ ᠬᠥᠭ᠌ᠵᠢᠭᠦᠯᠬᠦ᠌ ᠬᠡᠷᠡᠭ᠌ᠲᠡᠶ᠃

  ᠬᠣᠷᠢᠨ ᠭᠤᠷᠪᠠᠳᠤᠭᠠᠷ ᠵᠤᠷᠪᠤᠰ  ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠳ ᠨᠢ ᠤᠰᠤᠨ᠎ᠤ ᠡᠬᠢ ᠪᠠᠶᠠᠯᠢᠭ᠎ᠤᠨ ᠪᠠᠢᠳᠠᠯ᠎ᠢ ᠦᠨᠳᠦᠰᠦᠯᠡᠨ ᠠᠵᠤ ᠦᠢᠯᠡᠰ᠎ᠦᠨ ᠪᠦᠲᠦᠴᠡ ᠪᠣᠯᠤᠨ ᠠᠵᠤ ᠦᠢᠯᠡᠳᠪᠦᠷᠢ᠎ᠶ᠋ᠢᠨ ᠪᠠᠢᠷᠢᠯᠠᠭᠤᠯᠤᠯᠲᠠ᠎ᠶ᠋ᠢ ᠵᠦᠢ ᠵᠣᠬᠢᠰᠲᠠᠶ ᠲᠣᠬᠢᠷᠠᠭᠤᠯᠵᠤ ᠂ ᠠᠵᠤ ᠦᠢᠯᠡᠳᠪᠦᠷᠢ᠎ᠶ᠋ᠢᠨ ᠬᠡᠷᠡᠭ᠌ᠯᠡᠬᠦ᠌ ᠤᠰᠤᠨ᠎ᠤ ᠪᠦᠲᠦᠴᠡ᠎ᠶ᠋ᠢ ᠱᠢᠯᠢᠳᠡᠭ᠌ᠵᠢᠭᠦᠯᠬᠦ᠌ ᠬᠡᠷᠡᠭ᠌ᠲᠡᠶ᠃

  ᠠᠵᠤ ᠦᠢᠯᠡᠳᠪᠦᠷᠢ ᠠᠵᠤ ᠠᠬᠤᠢᠯᠠᠯ᠎ᠤᠨ ᠤᠰᠤ ᠠᠷᠪᠢᠯᠠᠬᠤ ᠤᠷᠠᠨ ᠳᠠᠷᠬ᠎ᠠ᠎ᠶ᠋ᠢᠨ ᠥᠭᠡᠷᠡᠴᠢᠯᠡᠯᠲᠡ ᠬᠢᠬᠦ᠌᠎ᠶ᠋ᠢ ᠵᠣᠷᠢᠭ᠍ᠵᠢᠭᠤᠯᠵᠤ᠂ ᠤᠰᠤ ᠬᠡᠷᠡᠭ᠌ᠯᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃

  ᠬᠣᠷᠢᠨ ᠳᠥᠷᠪᠡᠳᠦᠭᠡᠷ ᠵᠤᠷᠪᠤᠰ ᠠᠵᠤ ᠦᠢᠯᠡᠳᠪᠦᠷᠢ᠎ᠶ᠋ᠢᠨ ᠠᠵᠤ ᠠᠬᠤᠢᠯᠠᠯ᠎ᠤᠳ ᠳᠣᠲᠣᠭᠠᠳᠤ᠎ᠳᠠᠭᠠᠨ ᠤᠰᠤ ᠬᠡᠷᠡᠭ᠌ᠯᠡᠬᠦ᠌ ᠬᠠᠮᠢᠶᠠᠷᠤᠯᠲᠠ᠎ᠪᠠᠨ ᠴᠢᠩᠭᠠᠳᠭᠠᠵᠤ᠂ ᠴᠢᠨᠠᠷ ᠬᠤᠪᠢᠶᠠᠨ ᠤᠰᠤ ᠬᠠᠩᠭᠠᠬᠤ᠂ ᠥᠨᠳᠥᠷ ᠦᠷ᠎ᠡ ᠪᠦᠲᠦᠮᠵᠢᠲᠡᠶ᠎ᠪᠡᠷ ᠬᠥᠷᠥᠭᠡᠬᠦ᠌ ᠪᠠ ᠤᠬᠢᠶᠠᠬᠤ᠂ ᠤᠰᠤ᠎ᠶ᠋ᠢ ᠡᠷᠭᠢᠯᠳᠦᠭᠦᠯᠦᠨ ᠬᠡᠷᠡᠭ᠌ᠯᠡᠬᠦ᠌᠂ ᠬᠠᠶᠠᠭ᠍ᠳᠠᠮᠠᠯ ᠤᠰᠤ᠎ᠶ᠋ᠢ ᠱᠢᠶ᠋ᠳᠪᠦᠷᠢᠯᠡᠵᠦ᠍ ᠡᠭᠡᠭᠦᠯᠦᠨ ᠬᠡᠷᠡᠭ᠌ᠯᠡᠬᠦ᠌ ᠵᠡᠷᠭᠡ ᠲᠡᠷᠢᠭᠦᠨ᠎ᠦ᠂ ᠬᠡᠷᠡᠭ᠌ᠯᠡᠭᠡᠨ᠎ᠦ ᠤᠰᠤ ᠠᠷᠪᠢᠯᠠᠬᠤ ᠮᠡᠷᠭᠡᠵᠢᠯ᠂ ᠤᠷᠠᠨ ᠳᠠᠷᠬ᠎ᠠ ᠪᠣᠯᠤᠨ ᠲᠥᠬᠥᠭᠡᠷᠦᠮᠵᠢ᠎ᠶ᠋ᠢ ᠬᠡᠷᠡᠭ᠌ᠯᠡᠵᠦ᠍᠂ ᠨᠢᠭᠡᠴᠢ ᠦᠢᠯᠡᠳᠬᠦᠨ ( ᠦᠢᠯᠡᠳᠬᠦᠨ᠎ᠦ ᠥᠷᠲᠡᠭ ) ᠎ᠤ ᠤᠰᠤ ᠬᠣᠷᠣᠭ᠍ᠳᠠᠭᠤᠯᠬᠤ ᠬᠡᠮᠵᠢᠶ᠎ᠡ᠎ᠶ᠋ᠢ ᠪᠠᠭᠤᠷᠠᠭᠤᠯᠵᠤ ᠂ ᠤᠰᠤᠨ᠎ᠤ ᠡᠬᠢ ᠪᠠᠶᠠᠯᠢᠭ ᠎ᠢ ᠳᠠᠬᠢᠨ ᠳᠠᠪᠲᠠᠨ ᠠᠱᠢᠭ᠍ᠯᠠᠬᠤ ᠨᠣᠷᠮ᠎ᠠ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠤᠰᠤ ᠶᠡᠬᠡ ᠬᠣᠷᠣᠭ᠍ᠳᠠᠭᠤᠯᠬᠤ ᠠᠵᠤ ᠦᠢᠯᠡᠳᠪᠦᠷᠢ᠎ᠶ᠋ᠢᠨ ᠠᠵᠤ ᠠᠬᠤᠢᠯᠠᠯ᠎ᠤᠨ ᠤᠰᠤ ᠬᠡᠷᠡᠭ᠌ᠯᠡᠬᠦ᠌ ᠬᠢᠷᠢ ᠬᠡᠮᠵᠢᠶ᠎ᠡ ᠨᠢ ᠤᠰᠤ ᠬᠡᠷᠡᠭ᠌ᠯᠡᠬᠦ᠌ ᠲᠣᠭ᠍ᠲᠠᠭ᠍ᠰᠠᠨ ᠲᠣᠭ᠎ᠠ᠎ᠠᠴᠠ ᠬᠡᠲᠦᠷᠡᠭ᠌ᠰᠡᠨ ᠪᠣᠯ᠂ ᠬᠤᠭᠤᠴᠠᠭ᠎ᠠ ᠬᠢᠵᠠᠭᠠᠷᠯᠠᠨ ᠤᠰᠤ ᠠᠷᠪᠢᠯᠠᠬᠤ ᠮᠡᠷᠭᠡᠵᠢᠯ᠎ᠦᠨ ᠥᠭᠡᠷᠡᠴᠢᠯᠡᠯᠲᠡ ᠬᠢᠬᠦ᠌ ᠬᠡᠷᠡᠭ᠌ᠲᠡᠶ ᠃

  ᠠᠵᠤ ᠦᠢᠯᠡᠳᠪᠦᠷᠢ᠎ᠶ᠋ᠢᠨ ᠠᠵᠤ ᠠᠬᠤᠢᠯᠠᠯ᠎ᠤᠨ ᠲᠥᠬᠥᠭᠡᠷᠦᠮᠵᠢ᠎ᠶ᠋ᠢᠨ ᠬᠥᠷᠥᠭᠡᠯ ᠤᠰᠤ᠂ ᠠᠭᠠᠷ ᠵᠣᠬᠢᠴᠠᠭᠤᠷ᠎ᠤᠨ ᠬᠥᠷᠥᠭᠡᠯ ᠤᠰᠤ᠂ ᠵᠤᠤᠬ᠎ᠠ᠎ᠶ᠋ᠢᠨ ᠬᠥᠷᠥᠭᠡᠯ ᠤᠰᠤ᠎ᠶ᠋ᠢ ᠡᠭᠡᠭᠦᠯᠦᠨ ᠬᠤᠷᠢᠶᠠᠵᠤ ᠠᠱᠢᠭ᠍ᠯᠠᠬᠤ ᠬᠡᠷᠡᠭ᠌ᠲᠡᠶ᠃ ᠤᠰᠤ ᠶᠡᠬᠡ ᠬᠣᠷᠣᠭ᠍ᠳᠠᠭᠤᠯᠬᠤ ᠠᠵᠤ ᠦᠢᠯᠡᠳᠪᠦᠷᠢ᠎ᠶ᠋ᠢᠨ ᠠᠵᠤ ᠠᠬᠤᠢᠯᠠᠯ᠎ᠤᠳ ᠬᠠᠶᠠᠭ᠍ᠳᠠᠮᠠᠯ ᠤᠰᠤ᠎ᠶ᠋ᠢ ᠭᠦᠨᠵᠡᠭᠡᠶ ᠱᠢᠶ᠋ᠳᠪᠦᠷᠢᠯᠡᠵᠦ᠍ ᠡᠭᠡᠭᠦᠯᠦᠨ ᠬᠡᠷᠡᠭ᠌ᠯᠡᠬᠦ᠌ ᠮᠡᠷᠭᠡᠵᠢᠯ᠎ᠦᠨ ᠠᠷᠭ᠎ᠠ ᠬᠡᠮᠵᠢᠶ᠎ᠡ᠎ᠪᠡᠨ ᠠᠯᠬᠤᠮ ᠠᠯᠬᠤᠮ᠎ᠢᠶᠠᠷ ᠳᠡᠯᠭᠡᠷᠡᠭᠦᠯᠬᠦ᠌ ᠬᠡᠷᠡᠭ᠌ᠲᠡᠶ᠃

  ᠴᠡᠪᠡᠷ ᠤᠰᠤ᠂ ᠷᠠᠱᠢᠶᠠᠨ ᠤᠰᠤ᠂ ᠤᠮᠳᠠᠭᠠᠨ᠂ ᠠᠷᠢᠬᠢᠨ᠎ᠤ ᠵᠦᠢᠯ ᠵᠡᠷᠭᠡ ᠦᠢᠯᠡᠳᠬᠦᠨ ᠦᠢᠯᠡᠳᠪᠦᠷᠢᠯᠡᠬᠦ᠌ ᠠᠵᠤ ᠠᠬᠤᠢᠯᠠᠯ ᠤᠰᠤ ᠠᠷᠪᠢᠯᠠᠬᠤ ᠠᠷᠭ᠎ᠠ ᠬᠡᠮᠵᠢᠶ᠎ᠡ ᠠᠪᠴᠤ᠌᠂ ᠤᠰᠤ ᠠᠷᠪᠢᠯᠠᠬᠤ ᠲᠡᠷᠢᠭᠦᠨ᠎ᠦ ᠭᠠᠷ ᠤᠷᠠᠯᠠᠯ᠂ ᠮᠡᠷᠭᠡᠵᠢᠯ ᠪᠣᠯᠤᠨ ᠲᠥᠬᠥᠭᠡᠷᠦᠮᠵᠢ᠎ᠶ᠋ᠢ ᠬᠡᠷᠡᠭ᠌ᠯᠡᠵᠦ᠍᠂ ᠤᠰᠤ ᠦᠢᠯᠡᠳᠬᠦ᠌ ᠬᠡᠮᠵᠢᠶ᠎ᠡ᠎ᠶ᠋ᠢᠨ ᠬᠣᠷᠣᠭ᠍ᠳᠠᠭᠤᠯᠭ᠎ᠠ᠎ᠶ᠋ᠢ ᠪᠠᠭᠠᠰᠭᠠᠨ᠂ ᠦᠢᠯᠡᠳᠪᠦᠷᠢᠯᠡᠭ᠌ᠰᠡᠨ᠎ᠦ ᠳᠠᠷᠠᠭᠠᠬᠢ ᠰᠡᠭᠦᠯ᠎ᠦᠨ ᠤᠰᠤ᠎ᠶ᠋ᠢ ᠡᠭᠡᠭᠦᠯᠦᠨ ᠬᠤᠷᠢᠶᠠᠵᠤ ᠠᠱᠢᠭ᠍ᠯᠠᠬᠤ ᠬᠡᠷᠡᠭ᠌ᠲᠡᠶ᠂ ᠲᠦᠭᠦᠬᠡᠶ ᠮᠠᠲ᠋ᠧᠷᠢᠶᠠᠯ᠎ᠤᠨ ᠤᠰᠤᠨ᠎ᠤ ᠠᠱᠢᠭ᠍ᠯᠠᠯᠲᠠ᠎ᠶ᠋ᠢᠨ ᠨᠣᠷᠮ᠎ᠠ ᠨᠢ ᠤᠯᠤᠰ᠎ᠤᠨ ᠪᠠᠷᠢᠮᠵᠢᠶ᠎ᠠ᠎ᠳᠤ ᠨᠡᠢᠴᠡᠭ᠌ᠰᠡᠨ ᠪᠠᠢᠬᠤ ᠬᠡᠷᠡᠭ᠌ᠲᠡᠶ᠃

  ᠬᠣᠷᠢᠨ ᠲᠠᠪᠤᠳᠤᠭᠠᠷ ᠵᠣᠷᠪᠣᠰ  ᠠᠵᠤ ᠦᠢᠯᠡᠳᠪᠦᠷᠢ᠎ᠶ᠋ᠢᠨ ᠠᠵᠤ ᠠᠬᠤᠢᠯᠠᠯ ᠲᠥᠪᠯᠡᠷᠡᠭ᠌ᠰᠡᠨ ᠡᠯ᠎ᠡ ᠲᠥᠷᠥᠯ᠎ᠦᠨ ᠨᠡᠭᠡᠭᠡᠯᠲᠡ᠎ᠶ᠋ᠢᠨ ᠲᠣᠭᠣᠷᠢᠭ᠂ ᠬᠦᠷᠢᠶᠡᠯᠡᠩ ᠲᠣᠭᠣᠷᠢᠭ ᠵᠡᠷᠭᠡ ( ᠳᠣᠷᠣᠭ᠍ᠰᠢ ᠠᠵᠤ ᠦᠢᠯᠡᠳᠪᠦᠷᠢ ᠲᠥᠪᠯᠡᠷᠡᠭ᠌ᠰᠡᠨ ᠲᠣᠭᠣᠷᠢᠭ ᠭᠡᠵᠦ᠍ ᠶᠡᠷᠦᠩᠬᠡᠢᠯᠡᠨ ᠨᠡᠷᠡᠢᠳᠦᠨ᠎ᠡ ) ᠨᠢ ᠤᠰᠤ ᠬᠠᠩᠭᠠᠬᠤ᠂ ᠤᠰᠤ ᠵᠠᠯᠠᠬᠤ᠂ ᠪᠣᠬᠢᠷ ᠤᠰᠤ ᠱᠢᠶ᠋ᠳᠪᠦᠷᠢᠯᠡᠬᠦ᠌ ᠵᠢᠴᠢ ᠡᠷᠭᠢᠯᠳᠦᠭᠦᠯᠦᠨ ᠠᠱᠢᠭ᠍ᠯᠠᠬᠤ ᠪᠡᠯᠡᠳᠭᠡᠮᠵᠢ᠎ᠶ᠋ᠢ ᠨᠢᠭᠡᠳᠦᠯᠲᠡᠶ ᠲᠥᠯᠥᠪᠯᠡᠨ ᠪᠦᠲᠦᠭᠡᠨ ᠪᠠᠢᠭᠤᠯᠵᠤ᠂ ᠠᠵᠤ ᠠᠬᠤᠢᠯᠠᠯ᠎ᠤᠨ ᠬᠣᠭᠣᠷᠣᠨᠳᠣ᠎ᠪᠠᠨ ᠬᠣᠯᠪᠣᠭᠠᠯᠠᠨ ᠤᠰᠤ ᠬᠡᠷᠡᠭ᠌ᠯᠡᠬᠦ᠂ ᠶᠠᠰᠤ ᠴᠢᠨᠠᠷ ᠬᠤᠪᠢᠶᠠᠨ ᠤᠰᠤ ᠬᠡᠷᠡᠭ᠌ᠯᠡᠬᠦ᠌᠎ᠶ᠋ᠢ ᠲᠦᠯᠬᠢᠨ ᠠᠬᠢᠭᠤᠯᠵᠤ᠂ ᠨᠢᠭᠡ ᠤᠰᠤ᠎ᠶ᠋ᠢ ᠣᠯᠠᠨ ᠬᠡᠷᠡᠭ᠌ᠯᠡᠬᠦ᠌ ᠪᠠ ᠡᠷᠭᠢᠯᠳᠦᠭᠦᠯᠦᠨ ᠠᠱᠢᠭ᠍ᠯᠠᠬᠤ᠎ᠶ᠋ᠢ ᠪᠡᠶᠡᠯᠡᠭᠦᠯᠬᠦ᠌ ᠬᠡᠷᠡᠭ᠌ᠲᠡᠶ᠃

  ᠨᠢᠭᠡᠨᠲᠡ ᠪᠠᠢᠭᠤᠯᠤᠭ᠍ᠰᠠᠨ ᠠᠵᠤ ᠦᠢᠯᠡᠳᠪᠦᠷᠢ᠎ᠶ᠋ᠢᠨ ᠲᠥᠪᠯᠡᠷᠡᠭ᠌ᠰᠡᠨ ᠣᠷᠣᠨ᠎ᠤ ᠤᠰᠤ ᠠᠷᠪᠢᠯᠠᠬᠤ᠎ᠪᠠᠷ ᠭᠤᠤᠯᠳᠠᠯᠭ᠎ᠠ᠎ᠲᠠᠢ ᠠᠭᠤᠯᠭ᠎ᠠ ᠪᠣᠯᠭᠠᠭ᠍ᠰᠠᠨ ᠪᠣᠬᠢᠷᠲᠤᠯ ᠥᠬᠡᠶ ᠴᠢᠨᠠᠷ ᠰᠠᠢᠲᠠᠶ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠬᠦ᠌ ᠪᠠ ᠣᠷᠴᠢᠯᠳᠤᠭᠤᠯᠤᠨ ᠥᠭᠡᠷᠡᠴᠢᠯᠡᠬᠦ᠌ ᠠᠵᠢᠯ ᠥᠷᠨᠢᠭᠦᠯᠬᠦ᠌᠎ᠶ᠋ᠢ ᠵᠣᠷᠢᠭ᠍ᠵᠢᠭᠤᠯᠵᠤ᠂ ᠤᠰᠤ ᠠᠷᠪᠢᠯᠠᠬᠤ ᠵᠢᠴᠢ ᠤᠰᠤ᠎ᠶ᠋ᠢ ᠡᠷᠭᠢᠯᠳᠦᠭᠦᠯᠦᠨ ᠠᠱᠢᠭ᠍ᠯᠠᠬᠤ ᠪᠡᠯᠡᠳᠭᠡᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ᠎ᠡ᠃

  ᠬᠣᠷᠢᠨ ᠵᠢᠷᠭᠤᠳᠤᠭᠠᠷ ᠵᠤᠷᠪᠤᠰ  ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠳ ᠨᠢ ᠬᠣᠲᠠ ᠪᠠᠢᠭᠤᠯᠤᠭ᠍ᠰᠠᠨ ᠣᠷᠣᠨ᠎ᠤ ᠳᠣᠲᠣᠷᠠᠬᠢ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ᠎ᠳᠤ ᠬᠡᠷᠡᠭ᠌ᠯᠡᠬᠦ᠌ ᠤᠰᠤ᠎ᠶ᠋ᠢ ᠨᠢᠭᠡᠳᠦᠯᠲᠡᠶ ᠲᠥᠯᠥᠪᠯᠡᠬᠦ᠌᠎ᠪᠡᠨ ᠴᠢᠩᠭᠠᠳᠭᠠᠵᠤ᠂ ᠤᠰᠤ ᠠᠷᠪᠢᠯᠠᠬᠤ ᠠᠵᠢᠯ᠎ᠢ ᠬᠣᠲᠠ᠎ᠶ᠋ᠢᠨ ᠲᠥᠯᠥᠪᠵᠢᠭᠦᠯᠭᠡ᠂ ᠪᠦᠲᠦᠭᠡᠨ ᠪᠠᠢᠭᠤᠯᠤᠯᠲᠠ᠂ ᠬᠠᠮᠢᠶᠠᠷᠤᠯᠲᠠ᠎ᠶ᠋ᠢᠨ ᠡᠯ᠎ᠡ ᠵᠠᠩᠭᠢᠯᠠᠭ᠎ᠠ᠎ᠳᠤ ᠨᠠᠢᠳᠠᠪᠤᠷᠢᠵᠢᠭᠤᠯᠤᠨ᠂ ᠤᠰᠤ ᠠᠷᠪᠢᠯᠠᠬᠤ ᠬᠡᠯᠪᠡᠷᠢ᠎ᠶ᠋ᠢᠨ ᠦᠢᠯᠡᠳᠪᠦᠷᠢᠯᠡᠯ᠂ ᠠᠮᠢᠳᠤᠷᠠᠯ᠎ᠤᠨ ᠠᠷᠭ᠎ᠠ ᠮᠠᠶᠢᠭ᠎ᠢ ᠲᠦᠷᠭᠡᠳᠭᠡᠨ ᠪᠣᠶ ᠪᠣᠯᠭᠠᠵᠤ᠂ ᠤᠰᠤ ᠠᠷᠪᠢᠯᠠᠬᠤ ᠬᠡᠯᠪᠡᠷᠢ᠎ᠶ᠋ᠢᠨ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠲᠦᠯᠬᠢᠨ ᠠᠬᠢᠭᠤᠯᠬᠤ ᠬᠡᠷᠡᠭ᠌ᠲᠡᠶ᠃

  ᠬᠣᠷᠢᠨ ᠳᠣᠯᠣᠳᠤᠭᠠᠷ ᠵᠤᠷᠪᠤᠰ  ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠳ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠭᠡᠷ ᠪᠦᠯᠢ᠎ᠶ᠋ᠢᠨ ᠤᠰᠤ ᠠᠷᠪᠢᠯᠠᠬᠤ᠎ᠶ᠋ᠢ ᠲᠦᠯᠬᠢᠨ ᠠᠬᠢᠭᠤᠯᠵᠤ᠂ ᠭᠡᠷ ᠪᠦᠯᠢ᠎ᠶ᠋ᠢᠨ ᠤᠰᠤ ᠠᠷᠪᠢᠯᠠᠬᠤ ᠬᠡᠯᠪᠡᠷᠢ᠎ᠶ᠋ᠢᠨ ᠲᠥᠬᠥᠭᠡᠷᠦᠮᠵᠢ ᠪᠠ ᠪᠠᠭᠠᠵᠢ ᠬᠡᠷᠡᠭ᠌ᠰᠡᠯ ᠬᠡᠷᠡᠭ᠌ᠯᠡᠬᠦ᠌᠎ᠶ᠋ᠢ ᠵᠣᠷᠢᠭ᠍ᠵᠢᠭᠤᠯᠬᠤ ᠪᠠ ᠬᠥᠲᠥᠯᠥᠨ ᠵᠢᠯᠣᠭᠣᠳᠴᠤ᠌᠂ ᠤᠰᠤ ᠴᠡᠪᠡᠷᠯᠡᠭᠦᠷ᠎ᠦᠨ ᠰᠡᠭᠦᠯ᠎ᠦᠨ ᠤᠰᠤ ᠵᠡᠷᠭᠡ ᠤᠤᠭᠤᠬᠤ ᠤᠰᠤᠨ᠎ᠤ ᠪᠤᠰᠤ ᠤᠰᠤ᠎ᠶ᠋ᠢ ᠡᠭᠡᠭᠦᠯᠦᠨ ᠬᠤᠷᠢᠶᠠᠵᠤ ᠠᠱᠢᠭ᠍ᠯᠠᠬᠤ᠂ ᠤᠰᠤ᠎ᠶ᠋ᠢ ᠢᠯᠡᠭᠦᠦ ᠬᠡᠷᠡᠭ᠌ᠯᠡᠬᠦ᠌᠂ ᠳᠠᠬᠢᠨ ᠳᠠᠪᠲᠠᠨ ᠠᠱᠢᠭ᠍ᠯᠠᠬᠤ ᠵᠡᠷᠭᠡ ᠤᠰᠤ ᠠᠷᠪᠢᠯᠠᠬᠤ ᠠᠮᠢᠳᠤᠷᠠᠯ᠎ᠤᠨ ᠠᠷᠭ᠎ᠠ ᠮᠠᠶᠢᠭ ᠎ᠢ ᠰᠠᠨᠠᠭᠠᠴᠢᠯᠠᠬᠤ ᠬᠡᠷᠡᠭ᠌ᠲᠡᠶ᠃

  ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠳ ᠨᠢ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠤᠰᠤ ᠬᠠᠩᠭᠠᠬᠤ ᠪᠡᠯᠡᠳᠭᠡᠮᠵᠢ ᠵᠢᠴᠢ ᠢᠵᠢ ᠪᠦᠷᠢᠳᠦᠭᠦᠯᠬᠦ᠌ ᠬᠣᠭᠣᠯᠠᠶ᠎ᠶ᠋ᠢᠨ ᠲᠣᠤᠷ᠎ᠤᠨ ᠪᠦᠲᠦᠭᠡᠨ ᠪᠠᠢᠭᠤᠯᠤᠯᠲᠠ ᠪᠣᠯᠤᠨ ᠥᠭᠡᠷᠡᠴᠢᠯᠡᠯᠲᠡ᠎ᠶ᠋ᠢ ᠴᠢᠩᠭᠠᠳᠭᠠᠵᠤ᠂ ᠠᠮᠢᠳᠤᠷᠠᠯ᠎ᠤᠨ ᠤᠰᠤ ᠠᠷᠪᠢᠯᠠᠬᠤ ᠪᠠᠭᠠᠵᠢ ᠬᠡᠷᠡᠭ᠌ᠰᠡᠯ᠎ᠢ ᠳᠡᠯᠭᠡᠷᠡᠭᠦᠯᠦᠨ ᠬᠡᠷᠡᠭ᠌ᠯᠡᠬᠦ᠌ ᠬᠡᠷᠡᠭ᠌ᠲᠡᠶ᠃

  ᠬᠣᠷᠢᠨ ᠨᠠᠶ᠋ᠮᠠᠳᠤᠭᠠᠷ ᠵᠤᠷᠪᠤᠰ  ᠬᠣᠲᠠ ᠪᠠᠯᠭᠠᠰᠤ᠎ᠶ᠋ᠢᠨ ᠨᠣᠭᠣᠭᠠᠷᠠᠭᠤᠯᠤᠯᠲᠠ᠎ᠳᠤ ᠲᠤᠬᠠᠶ᠎ᠶ᠋ᠢᠨ ᠭᠠᠵᠠᠷ᠎ᠤᠨ ᠠᠭᠤᠷ ᠠᠮᠢᠰᠭᠤᠯ᠎ᠤᠨ ᠨᠥᠬᠥᠴᠡᠯ᠎ᠯᠦᠭᠡ ᠲᠣᠬᠢᠷᠠᠯᠴᠠᠭ᠍ᠰᠠᠨ ᠤᠰᠤ ᠠᠷᠪᠢᠯᠠᠬᠤ ᠭᠠᠩ᠎ᠳᠤ ᠲᠡᠰᠪᠦᠷᠢᠲᠡᠶ ᠤᠷᠭᠤᠮᠠᠯ᠎ᠤᠨ ᠬᠤᠴᠢᠯᠭ᠎ᠠ᠎ᠶ᠋ᠢ ᠰᠣᠩᠭᠣᠨ ᠬᠡᠷᠡᠭ᠌ᠯᠡᠵᠦ᠍᠂ ᠳᠤᠰᠤᠯᠭᠠᠨ ᠤᠰᠤᠯᠠᠬᠤ᠂ ᠰᠡᠪᠡᠷᠡᠭᠦᠨ ᠤᠰᠤᠯᠠᠬᠤ ᠵᠡᠷᠭᠡ ᠤᠰᠤ ᠠᠷᠪᠢᠯᠠᠬᠤ ᠤᠰᠤᠯᠠᠯᠲᠠ᠎ᠶ᠋ᠢᠨ ᠠᠷᠭ᠎ᠠ ᠮᠠᠶᠢᠭ᠎ᠢ ᠳᠡᠯᠭᠡᠷᠡᠭᠦᠯᠦᠨ ᠬᠡᠷᠡᠭ᠌ᠯᠡᠬᠦ᠌ ᠬᠡᠷᠡᠭ᠌ᠲᠡᠶ᠃

  ᠬᠥᠮᠦᠨ᠎ᠦ ᠬᠦᠴᠦ᠍᠎ᠪᠡᠷ ᠭᠣᠤᠯ ᠮᠥᠷᠡᠨ ᠨᠠᠭᠤᠷ ᠴᠥᠭᠥᠷᠥᠮ ᠭᠠᠷᠭᠠᠬᠤ ᠵᠡᠷᠭᠡ ᠦᠵᠡᠮᠵᠢ᠎ᠳᠦ ᠬᠡᠷᠡᠭ᠌ᠯᠡᠬᠦ᠌ ᠤᠰᠤ᠎ᠶ᠋ᠢ ᠴᠢᠩᠭ᠎ᠠ ᠬᠢᠵᠠᠭᠠᠷᠯᠠᠬᠤ ᠬᠡᠷᠡᠭ᠌ᠲᠡᠶ᠃ ᠭᠠᠵᠠᠷ ᠳᠣᠤᠷᠠᠬᠢ ᠤᠰᠤ᠂ ᠲᠦᠭᠡᠭᠡᠯ ᠤᠰᠤ᠎ᠪᠠᠷ ᠦᠵᠡᠮᠵᠢ᠎ᠶ᠋ᠢᠨ ᠭᠣᠤᠯ᠂ ᠬᠢᠮᠡᠯ ᠨᠠᠭᠤᠷ᠎ᠤᠨ ᠬᠡᠷᠡᠭ᠌ᠯᠡᠬᠦ᠌ ᠤᠰᠤ ᠪᠣᠯᠭᠠᠬᠤ᠎ᠶ᠋ᠢ ᠴᠠᠭᠠᠵᠠᠯᠠᠨ᠎ᠠ᠃

  ᠬᠣᠷᠢ ᠶᠢᠰᠦᠳᠦᠭᠡᠷ ᠵᠤᠷᠪᠤᠰ  ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠳ ᠣᠯᠠᠨ ᠨᠡᠢᠲᠡ᠎ᠶ᠋ᠢᠨ ᠤᠰᠤ ᠬᠠᠩᠭᠠᠬᠤ ᠬᠣᠭᠣᠯᠠᠶ᠎ᠶ᠋ᠢᠨ ᠲᠣᠤᠷ᠎ᠤᠨ ᠪᠡᠯᠡᠳᠭᠡᠮᠵᠢ᠎ᠶ᠋ᠢᠨ ᠠᠵᠢᠯᠯᠠᠭᠠᠨ᠎ᠳᠠᠬᠢ ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠵᠤ᠂ ᠬᠠᠭᠤᠴᠢᠨ ᠤᠰᠤ ᠬᠠᠩᠭᠠᠬᠤ ᠪᠡᠯᠡᠳᠭᠡᠮᠵᠢ ᠪᠣᠯᠤᠨ ᠬᠣᠭᠣᠯᠠᠶ᠎ᠶ᠋ᠢᠨ ᠲᠣᠤᠷ᠎ᠤᠨ ᠥᠭᠡᠷᠡᠴᠢᠯᠡᠯᠲᠡ᠎ᠶ᠋ᠢ ᠳᠡᠮᠵᠢᠨ ᠠᠬᠢᠭᠤᠯᠬᠤ ᠬᠡᠷᠡᠭ᠌ᠲᠡᠶ᠃

  ᠣᠯᠠᠨ ᠨᠡᠢᠲᠡ᠎ᠶ᠋ᠢᠨ ᠤᠰᠤ ᠬᠠᠩᠭᠠᠬᠤ ᠠᠵᠤ ᠠᠬᠤᠢᠯᠠᠯ ᠪᠣᠯᠤᠨ ᠥᠪᠡᠰᠦᠪᠡᠨ ᠤᠰᠤ ᠬᠡᠷᠡᠭ᠌ᠯᠡᠬᠦ᠌ ᠬᠤᠭᠤᠯᠠᠶ ᠭᠤᠤᠷᠰᠤ᠎ᠶ᠋ᠢᠨ ᠲᠣᠤᠷ᠎ᠤᠨ ᠪᠡᠯᠡᠳᠭᠡᠮᠵᠢ᠎ᠶ᠋ᠢᠨ ᠨᠢᠭᠡᠴᠢ᠎ᠨᠦᠭᠦᠳ ᠬᠠᠮᠢᠶᠠᠷᠴᠤ᠌ ᠪᠦᠬᠦᠢ ᠤᠰᠤ ᠬᠠᠩᠭᠠᠬᠤ ᠲᠤᠰᠭᠠᠶ ᠬᠡᠷᠡᠭ᠌ᠯᠡᠬᠦ᠌ ᠤᠰᠤᠨ ᠴᠥᠭᠥᠷᠥᠮ᠂ ᠤᠰᠤ ᠲᠠᠲᠠᠬᠤ ᠰᠤᠪᠠᠭ᠂ ᠭᠤᠯᠳᠤᠩ ᠬᠠᠭᠠᠯᠲᠠ᠂ ᠬᠥᠭᠡᠷᠭᠡ᠎ᠶ᠋ᠢᠨ ᠥᠷᠲᠡᠭᠡ᠂ ᠬᠤᠳᠳᠤᠭ᠎ᠤᠨ ᠰᠦᠷᠦᠭ᠂ ᠤᠰᠤ ᠳᠠᠮᠵᠢᠭᠤᠯᠬᠤ ( ᠲᠣᠬᠢᠷᠠᠭᠤᠯᠬᠤ )ᠤᠰᠤᠨ᠎ᠤ ᠬᠤᠭᠤᠯᠠᠶ᠎ᠶ᠋ᠢᠨ ᠲᠣᠤᠷ᠂ ᠴᠡᠪᠡᠷ ( ᠲᠣᠬᠢᠷᠠᠭᠤᠯᠬᠤ ) ᠤᠰᠤᠨ᠎ᠤ ᠦᠢᠯᠡᠳᠪᠦᠷᠢ᠂ ᠨᠡᠢᠲᠡ᠎ᠶ᠋ᠢᠨ ᠬᠡᠷᠡᠭ᠌ᠯᠡᠭᠡᠨ᠎ᠤ ᠤᠰᠤᠨ᠎ᠤ ᠥᠷᠲᠡᠭᠡ ᠵᠡᠷᠭᠡ ᠪᠡᠯᠡᠳᠭᠡᠮᠵᠢ᠎ᠳᠡᠭᠡᠨ ᠤᠰᠤ ᠬᠠᠩᠭᠠᠬᠤ᠂ ᠤᠰᠤ ᠬᠡᠷᠡᠭ᠌ᠯᠡᠬᠦ᠌ ᠬᠤᠭᠤᠯᠠᠶ᠎ᠶ᠋ᠢᠨ ᠲᠣᠤᠷ᠎ᠤᠨ ᠪᠡᠯᠡᠳᠭᠡᠮᠵᠢ᠎ᠶ᠋ᠢᠨ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢᠨ ᠲᠠᠪᠴᠠᠩ ᠪᠠ ᠤᠰᠤ ᠭᠤᠭᠤᠵᠢᠬᠤ᠎ᠶ᠋ᠢ ᠬᠠᠮᠢᠶᠠᠷᠤᠨ ᠡᠵᠡᠮᠳᠡᠬᠦ᠌ ᠱᠢᠰᠲ᠋ᠧᠮᠵᠢ ᠪᠠᠢᠭᠤᠯᠵᠤ᠂ ᠠᠷᠭ᠎ᠠ ᠬᠡᠮᠵᠢᠶ᠎ᠡ ᠠᠪᠴᠤ᠌ ᠪᠠᠢᠭᠠᠳ ᠭᠤᠭᠤᠵᠢᠵᠤ ᠰᠦᠢᠳᠬᠦ᠌᠎ᠶ᠋ᠢ ᠪᠠᠭᠠᠰᠭᠠᠬᠤ ᠬᠡᠷᠡᠭ᠌ᠲᠡᠶ᠃ ᠤᠰᠤ ᠬᠠᠩᠭᠠᠬᠤ ᠬᠣᠭᠣᠯᠠᠶ᠎ᠶ᠋ᠢᠨ ᠲᠣᠤᠷ᠎ᠤᠨ ᠪᠡᠯᠡᠳᠭᠡᠮᠵᠢ᠎ᠶ᠋ᠢᠨ ᠤᠰᠤ ᠭᠣᠭᠣᠵᠢᠵᠤ ᠪᠠᠢᠭ᠎ᠠ᠎ᠶ᠋ᠢ ᠡᠵᠡᠮᠳᠡᠬᠦ᠌ ᠤᠯᠤᠰ᠎ᠤᠨ ᠪᠠᠷᠢᠮᠵᠢᠶ᠎ᠠ᠎ᠠᠴᠠ ᠬᠡᠲᠦᠷᠡᠭ᠌ᠰᠡᠨ ᠤᠰᠤ ᠭᠣᠭᠣᠵᠢᠭ᠍ᠳᠠᠭ᠍ᠰᠠᠨ ᠬᠣᠬᠢᠷᠠᠯ᠎ᠢ ᠣᠯᠠᠨ ᠨᠡᠢᠲᠡ᠎ᠶ᠋ᠢᠨ ᠤᠰᠤ ᠬᠠᠩᠭᠠᠬᠤ ᠠᠵᠤ ᠠᠬᠤᠢᠯᠠᠯ᠎ᠤᠨ ᠦᠨ᠎ᠡ ᠲᠣᠭ᠍ᠲᠠᠭᠠᠬᠤ ᠥᠪᠡᠷ᠎ᠦᠨ ᠥᠷᠲᠡᠭ᠎ᠲᠦ ᠪᠣᠳᠣᠵᠤ ᠣᠷᠣᠭᠤᠯᠵᠤ ᠪᠣᠯᠬᠤ ᠦᠭᠡᠶ᠃

  ᠭᠤᠴᠢᠳᠤᠭᠠᠷ ᠵᠤᠷᠪᠤᠰ  ᠪᠠᠢᠭᠤᠯᠭ᠎ᠠ᠂ ᠰᠤᠷᠭᠠᠭᠤᠯᠢ᠂ ᠡᠮᠨᠡᠯᠭᠡ᠎ᠶ᠋ᠢᠨ ᠬᠣᠷᠢᠶ᠎ᠠ᠂ ᠲᠡᠷᠭᠡᠨ ᠥᠷᠲᠡᠭᠡ᠂ ᠨᠢᠰᠭᠡᠯ᠎ᠦᠨ ᠪᠠᠭᠤᠳᠠᠯ᠂ ᠵᠠᠰᠠᠮᠠᠯ ᠵᠠᠮ᠎ᠤᠨ ᠦᠢᠯᠡᠴᠢᠯᠡᠭᠡᠨ᠎ᠦ ᠲᠣᠭᠣᠷᠢᠭ ᠵᠡᠷᠭᠡ ᠣᠯᠠᠨ ᠨᠡᠢᠲᠡ᠎ᠶ᠋ᠢᠨ ᠪᠠᠢᠭᠤᠯᠤᠮᠵᠢ ᠪᠣᠯᠤᠨ ᠲᠠᠯᠠᠪᠤᠷ ᠨᠢ ᠤᠰᠤ ᠠᠷᠪᠢᠯᠠᠬᠤ ᠬᠠᠮᠢᠶᠠᠷᠤᠯᠲᠠ᠎ᠶ᠋ᠢᠨ ᠳᠦᠷᠢᠮ᠎ᠢ ᠪᠠᠢᠭᠤᠯᠤᠨ ᠪᠦᠷᠢᠨᠱᠢᠭᠦᠯᠵᠦ᠍᠂ ᠤᠰᠤ ᠲᠠᠲᠠᠵᠤ ᠬᠡᠷᠡᠭ᠌ᠯᠡᠬᠦ᠌ ᠬᠡᠮᠵᠢᠯᠲᠡ᠎ᠶ᠋ᠢᠨ ᠪᠡᠯᠡᠳᠭᠡᠮᠵᠢ ᠲᠣᠬᠢᠷᠠᠭᠤᠯᠤᠨ᠂ ᠤᠰᠤ ᠠᠷᠪᠢᠯᠠᠬᠤ ᠲᠡᠷᠢᠭᠦᠨ᠎ᠦ ᠮᠡᠷᠭᠡᠵᠢᠯ᠂ ᠤᠷ᠎ᠠ ᠮᠡᠷᠭᠡᠱᠢᠯ᠂ ᠲᠥᠬᠥᠭᠡᠷᠦᠮᠵᠢ ᠪᠣᠯᠤᠨ ᠦᠢᠯᠡᠳᠬᠦᠨ᠎ᠢ ᠬᠡᠷᠡᠭ᠌ᠯᠡᠵᠦ᠍᠂ ᠤᠰᠤ ᠠᠷᠪᠢᠯᠠᠬᠤ ᠤᠬᠠᠭᠤᠯᠭ᠎ᠠ᠎ᠶ᠋ᠢᠨ ᠲᠡᠮᠳᠡᠭ᠂ ᠤᠷᠢᠶ᠎ᠠ ᠯᠣᠽᠦᠩ ᠲᠣᠬᠢᠷᠠᠭᠤᠯᠬᠤ᠎ᠶ᠋ᠢᠨ ᠬᠠᠮᠲᠤ ᠬᠠᠮᠢᠶ᠎ᠠ ᠪᠦᠬᠦᠢ ᠪᠠᠷᠢᠮᠵᠢᠶ᠎ᠠ ᠪᠣᠯᠤᠨ ᠲᠣᠭ᠍ᠲᠠᠭᠠᠯ ᠶᠣᠰᠣᠭᠠᠷ ᠬᠡᠪ᠎ᠦᠨ ᠤᠰᠤ᠎ᠶ᠋ᠢ ᠡᠭᠡᠭᠦᠯᠦᠨ ᠬᠤᠷᠢᠶᠠᠵᠤ ᠠᠱᠢᠭ᠍ᠯᠠᠬᠤ ᠪᠡᠯᠡᠳᠭᠡᠮᠵᠢ᠎ᠶ᠋ᠢ ᠠᠯᠬᠤᠮ ᠠᠯᠬᠤᠮ᠎ᠢᠶᠠᠷ ᠤᠭ᠍ᠰᠠᠷᠠᠵᠤ᠂ ᠤᠰᠤ ᠠᠷᠪᠢᠯᠠᠬᠤ ᠬᠡᠯᠪᠡᠷᠢ᠎ᠶ᠋ᠢᠨ ᠨᠢᠭᠡᠴᠢ᠎ᠶ᠋ᠢ ᠢᠳᠡᠪᠬᠢᠲᠡᠶ ᠪᠠᠢᠭᠤᠯᠬᠤ ᠬᠡᠷᠡᠭ᠌ᠲᠡᠶ᠃

  ᠣᠯᠠᠨ ᠨᠡᠢᠲᠡ᠎ᠶ᠋ᠢᠨ ᠪᠠᠢᠭᠤᠯᠤᠮᠵᠢ ᠪᠣᠯᠤᠨ ᠭᠠᠵᠠᠷ ᠲᠠᠯᠠᠪᠤᠷ᠎ᠤᠳ ᠤᠰᠤ ᠬᠡᠷᠡᠭ᠌ᠯᠡᠬᠦ᠌ ᠪᠡᠯᠡᠳᠭᠡᠮᠵᠢ᠎ᠶ᠋ᠢ ᠬᠠᠮᠠᠭᠠᠯᠠᠬᠤ᠂ ᠠᠷᠠᠴᠢᠯᠠᠬᠤ ᠪᠠ ᠬᠠᠮᠢᠶᠠᠷᠬᠤ᠎ᠪᠠᠨ ᠴᠢᠩᠭᠠᠳᠭᠠᠵᠤ᠂ ᠳᠤᠲᠠᠭᠠᠬᠤ᠂ ᠭᠤᠭᠤᠵᠢᠬᠤ ᠵᠡᠷᠭᠡ ᠤᠰᠤᠨ᠎ᠤ ᠡᠬᠢ ᠪᠠᠶᠠᠯᠢᠭ᠎ᠢ ᠪᠦᠷᠢᠯᠭᠡᠬᠦ᠌᠎ᠶ᠋ᠢ ᠰᠡᠷᠭᠡᠢᠯᠡᠨ ᠬᠣᠷᠢᠭ᠍ᠯᠠᠬᠤ ᠬᠡᠷᠡᠭ᠌ᠲᠡᠶ᠃

  ᠭᠤᠴᠢᠨ ᠨᠢᠭᠡᠳᠦᠭᠡᠷ ᠵᠤᠷᠪᠤᠰ  ᠬᠤᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠤᠳ ᠤᠰᠤ ᠠᠷᠪᠢᠯᠠᠬᠤ ᠣᠶ ᠱᠢᠭᠤᠶ ᠨᠤᠲᠤᠭ ᠪᠡᠯᠴᠢᠭᠡᠷ᠎ᠢ ᠶᠡᠬᠡᠪᠡᠷ ᠬᠥᠭ᠌ᠵᠢᠭᠦᠯᠵᠦ᠍᠂ ᠤᠷᠭᠤᠮᠠᠯ᠎ᠤᠨ ᠬᠤᠴᠢᠯᠭ᠎ᠠ᠎ᠶ᠋ᠢ ᠰᠡᠷᠭᠦᠭᠡᠬᠦ᠌ ᠵᠠᠭ᠍ᠪᠤᠷ᠎ᠢ ᠱᠢᠨᠵᠢᠯᠡᠬᠦ᠌ ᠤᠬᠠᠭᠠᠨᠴᠢ᠎ᠪᠠᠷ ᠰᠣᠩᠭᠤᠨ᠂ ᠭᠠᠩ ᠬᠠᠭ᠍ᠰᠠᠷᠠᠭᠠᠨ᠎ᠳᠤ ᠲᠡᠰᠪᠦᠷᠢᠲᠡᠶ ᠨᠤᠲᠤᠭ᠎ᠤᠨ ᠮᠣᠳᠣᠨ᠎ᠤ ᠲᠥᠷᠥᠯ ᠡᠪᠡᠰᠦ᠎ᠶ᠋ᠢᠨ ᠲᠥᠷᠥᠯ᠎ᠢ ᠤᠷᠢᠳᠠᠪᠠᠷ ᠰᠣᠩᠭᠤᠨ ᠬᠡᠷᠡᠭ᠌ᠯᠡᠵᠦ᠍᠂ ᠣᠶ ᠱᠢᠭᠤᠶ ᠡᠪᠡᠰᠦ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ᠎ᠶ᠋ᠢᠨ ᠲᠥᠷᠥᠯ ᠬᠡᠯᠪᠡᠷᠢ ᠪᠠ ᠨᠢᠭ᠍ᠲᠠᠴᠠ᠎ᠶ᠋ᠢ ᠵᠦᠶ ᠵᠣᠬᠢᠰᠲᠠᠶ ᠳᠣᠭᠢᠷᠠᠭᠤᠯᠤᠨ᠂ ᠣᠶ ᠱᠢᠭᠤᠶ ᠡᠪᠡᠰᠦ ᠪᠡᠯᠴᠢᠭᠡᠷ᠎ᠤᠨ ᠤᠰᠤ ᠠᠷᠪᠢᠯᠠᠬᠤ ᠤᠰᠤᠯᠠᠯᠲᠠ᠎ᠶ᠋ᠢᠨ ᠰᠠᠭᠤᠷᠢ ᠪᠡᠯᠡᠳᠭᠡᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠬᠤ ᠬᠡᠷᠡᠭ᠌ᠲᠡᠶ᠃

  ᠭᠤᠴᠢᠨ ᠬᠣᠶᠠᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ᠎ᠠᠴᠠ ᠤᠰᠤ ᠬᠡᠷᠡᠭ᠌ᠯᠡᠬᠦ᠌ ᠡᠷᠬᠡ᠎ᠶ᠋ᠢ ᠬᠠᠤᠯᠢ ᠶᠣᠰᠣᠭᠠᠷ ᠣᠯᠤᠭ᠍ᠰᠠᠨ ᠨᠢᠭᠡᠴᠢ ᠪᠤᠶᠤ ᠬᠤᠪᠢ ᠬᠥᠮᠦᠨ ᠠᠵᠤ ᠦᠢᠯᠡᠰ᠂ ᠦᠢᠯᠡᠳᠬᠦᠨ᠎ᠦ ᠪᠦᠲᠦᠴᠡ᠎ᠪᠡᠨ ᠲᠣᠬᠢᠷᠠᠭᠤᠯᠬᠤ ᠪᠠ ᠤᠷ᠎ᠠ ᠮᠡᠷᠭᠡᠱᠢᠯ᠎ᠢᠶᠡᠨ ᠥᠭᠡᠷᠡᠴᠢᠯᠡᠬᠦ᠌ ᠵᠡᠷᠭᠡ ᠤᠰᠤ ᠠᠷᠪᠢᠯᠠᠬᠤ ᠠᠷᠭ᠎ᠠ ᠬᠡᠮᠵᠢᠶ᠎ᠡ᠎ᠪᠡᠷ ᠳᠠᠮᠵᠢᠭᠤᠯᠤᠨ ᠤᠰᠤᠨ᠎ᠤ ᠡᠬᠢ ᠪᠠᠶᠠᠯᠢᠭ᠎ᠢ ᠠᠷᠪᠢᠯᠠᠬᠤ᠎ᠶ᠋ᠢ ᠵᠣᠷᠢᠭ᠍ᠵᠢᠭᠤᠯᠤᠨ᠎ᠠ᠃ ᠤᠰᠤᠨ᠎ᠤ ᠡᠬᠢ ᠪᠠᠶᠠᠯᠢᠭ᠎ᠢ ᠠᠷᠪᠢᠯᠠᠬᠤ᠎ᠳᠤ ᠤᠰᠤᠨ᠎ᠤ ᠡᠷᠬᠡ᠎ᠶ᠋ᠢᠨ ᠠᠷᠠᠯᠵᠢᠶ᠎ᠠ ᠬᠢᠵᠦ᠍ ᠪᠣᠯᠣᠨ᠎ᠠ᠃ ᠭᠠᠵᠠᠷ ᠣᠷᠣᠨ᠎ᠤ ᠬᠤᠭᠤᠷᠣᠨᠳᠤ᠂ ᠤᠰᠤ ᠠᠪᠴᠤ᠌ ᠬᠡᠷᠡᠭ᠌ᠯᠡᠬᠦ᠌ ᠡᠷᠦᠬᠡ᠎ᠶ᠋ᠢᠨ ᠬᠤᠭᠤᠷᠣᠨᠳᠣ᠎ᠪᠠᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠤᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠤᠰᠤᠨ᠎ᠤ ᠡᠷᠬᠡ᠎ᠶ᠋ᠢᠨ ᠠᠷᠠᠯᠵᠢᠶ᠎ᠠ ᠬᠢᠬᠦ᠌᠎ᠶ᠋ᠢ ᠵᠣᠷᠢᠭ᠍ᠵᠢᠭᠤᠯᠤᠨ᠎ᠠ᠃

  ᠳᠥᠷᠪᠡᠳᠦᠭᠡᠷ ᠪᠦᠯᠦᠭ  ᠡᠩ᠎ᠦᠨ ᠪᠤᠰᠤ ᠤᠰᠤᠨ᠎ᠤ ᠠᠱᠢᠭ᠍ᠯᠠᠯᠲᠠ

  ᠭᠤᠴᠢᠨ ᠭᠤᠷᠪᠠᠳᠤᠭᠠᠷ ᠵᠤᠷᠪᠤᠰ  ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠳᠡᠭᠢᠯᠳᠡ ᠤᠰᠤ᠂ ᠠᠭᠤᠷᠬᠠᠶ᠎ᠶ᠋ᠢᠨ ᠨᠦᠬᠡ ( ᠬᠤᠳᠳᠤᠭ ) ᠎ᠶ᠋ᠢᠨ ᠤᠰᠤ᠂ ᠪᠣᠷᠣᠭᠠᠨ ( ᠴᠠᠰᠤ ) ᠎ᠶ᠋ᠢᠨ ᠤᠰᠤ ᠵᠡᠷᠭᠡ ᠬᠡᠪ᠎ᠦᠨ ᠪᠤᠰᠤ ᠤᠰᠤ᠎ᠶ᠋ᠢ ᠤᠰᠤᠨ᠎ᠤ ᠡᠬᠢ ᠪᠠᠶᠠᠯᠢᠭ᠎ᠤᠨ ᠨᠢᠭᠡᠳᠦᠯᠲᠡᠶ ᠲᠣᠬᠢᠷᠠᠭᠤᠯᠤᠯᠲᠠ᠎ᠳᠤ ᠣᠷᠣᠭᠤᠯᠬᠤ ᠬᠡᠷᠡᠭ᠌ᠲᠡᠶ᠃

  ᠤᠰᠤᠨ᠎ᠤ ᠡᠬᠢ ᠪᠠᠶᠠᠯᠢᠭ ᠳᠤᠲᠠᠭ᠍ᠳᠠᠵᠤ ᠪᠠᠢᠭ᠎ᠠ ᠭᠠᠵᠠᠷ ᠣᠷᠣᠨ᠎ᠤ ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠨᠢ ᠡᠩ᠎ᠦᠨ ᠪᠤᠰᠤ ᠤᠰᠤᠨ ᠠᠱᠢᠭ᠍ᠯᠠᠯᠲᠠ᠎ᠶ᠋ᠢᠨ ᠬᠡᠷᠡᠭ᠌ᠯᠡᠬᠦ᠌ ᠲᠥᠯᠥᠪᠯᠡᠭᠡ ᠲᠣᠭ᠍ᠲᠠᠭᠠᠵᠤ᠂ ᠬᠡᠪ᠎ᠦᠨ ᠪᠤᠰᠤ ᠤᠰᠤᠨ ᠠᠱᠢᠭ᠍ᠯᠠᠯᠲᠠ᠎ᠳᠤ ᠬᠡᠷᠡᠭ᠌ᠯᠡᠬᠦ᠌ ᠬᠠᠷᠢᠴᠠᠯ ᠎ᠢ ᠳᠡᠭᠡᠭ᠌ᠰᠢᠯᠡᠭᠦᠯᠵᠦ᠍᠂ ᠲᠤᠢᠯ᠎ᠤᠨ ᠤᠰᠤ ᠬᠡᠷᠡᠭ᠌ᠯᠡᠬᠦ᠌ ᠨᠥᠬᠥᠴᠡᠯ᠎ᠢ ᠪᠦᠷᠢᠯᠳᠦᠭᠦᠯᠦᠭ᠌ᠰᠡᠨ ᠪᠣᠯᠪᠠᠴᠤ᠌ ᠵᠦᠢ ᠵᠣᠬᠢᠰᠲᠠᠶ ᠬᠡᠷᠡᠭ᠌ᠯᠡᠭ᠌ᠰᠡᠨ ᠦᠭᠡᠶ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠳᠦ ᠤᠰᠤ ᠠᠪᠬᠤ ᠵᠥᠪᠱᠢᠶᠡᠷᠡᠯ ᠎ᠢ ᠨᠢ ᠱᠢᠨ᠎ᠡ᠎ᠪᠡᠷ ᠨᠡᠮᠡᠭ᠌ᠳᠡᠭᠦᠯᠬᠦ᠌᠎ᠪᠡᠷ ᠵᠥᠪᠱᠢᠶᠡᠷᠡᠵᠦ᠍ ᠪᠣᠯᠬᠤ ᠦᠭᠡᠶ᠃

  ᠭᠤᠴᠢᠨ ᠳᠥᠷᠪᠡᠳᠦᠭᠡᠷ ᠵᠤᠷᠪᠤᠰ  ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠨᠢᠭᠡᠳᠦᠯᠲᠡᠶ ᠲᠥᠯᠥᠪᠵᠢᠭᠦᠯᠵᠦ᠍᠂ ᠬᠣᠲᠠ ᠪᠠᠯᠭᠠᠰᠤᠨ᠎ᠤ ᠪᠣᠬᠢᠷ ᠤᠰᠤ ᠱᠢᠶ᠋ᠳᠪᠦᠷᠢᠯᠡᠬᠦ᠌ ᠪᠠ ᠳᠠᠬᠢᠯᠲᠠ ᠤᠰᠤ᠎ᠶ᠋ᠢ ᠠᠱᠢᠭ᠍ᠯᠠᠬᠤ ᠪᠡᠯᠡᠳᠭᠡᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠂ ᠣᠯᠠᠨ ᠨᠡᠢᠲᠡ᠎ᠶ᠋ᠢᠨ ᠳᠠᠬᠢᠯᠲᠠ ᠤᠰᠤ᠎ᠶ᠋ᠢ ᠡᠭᠡᠭᠦᠯᠦᠨ ᠬᠡᠷᠡᠭ᠌ᠯᠡᠬᠦ᠌ ᠬᠣᠭᠣᠯᠠᠶ᠎ᠶ᠋ᠢᠨ ᠲᠣᠤᠷ᠎ᠤᠨ ᠪᠦᠲᠦᠭᠡᠨ ᠪᠠᠢᠭᠤᠯᠤᠯᠲᠠ᠎ᠶ᠋ᠢ ᠲᠡᠭᠦᠯᠳᠡᠷᠵᠢᠭᠦᠯᠵᠦ᠍᠂ ᠳᠠᠬᠢᠯᠲᠠ ᠤᠰᠤ᠎ᠶ᠋ᠢ ᠠᠱᠢᠭ᠍ᠯᠠᠬᠤ ᠠᠷᠭ᠎ᠠ ᠵᠠᠮ᠎ᠢ ᠥᠷᠭᠡᠵᠢᠭᠦᠯᠦᠨ᠂ ᠳᠠᠬᠢᠯᠲᠠ ᠤᠰᠤ᠎ᠶ᠋ᠢ ᠠᠱᠢᠭ᠍ᠯᠠᠬᠤ ᠨᠣᠷᠮ᠎ᠠ᠎ᠶ᠋ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠬᠦ᠌ ᠬᠡᠷᠡᠭ᠌ᠲᠡᠶ᠃

  ᠠᠵᠤ ᠦᠢᠯᠡᠳᠪᠦᠷᠢ᠎ᠶ᠋ᠢᠨ ᠦᠢᠯᠡᠳᠪᠦᠷᠢᠯᠡᠯ᠂ ᠬᠣᠲᠠ᠎ᠶ᠋ᠢᠨ ᠨᠣᠭᠣᠭᠠᠷᠠᠭᠤᠯᠤᠯᠲᠠ᠂ ᠵᠠᠮ᠎ᠢ ᠱᠦᠭᠦᠷᠳᠡᠨ ᠴᠡᠪᠡᠷᠯᠡᠬᠦ᠌᠂ ᠲᠡᠷᠭᠡ ᠬᠥᠰᠭᠡ᠎ᠶ᠋ᠢ ᠤᠬᠢᠶᠠᠬᠤ᠂ ᠪᠠᠷᠢᠯᠭ᠎ᠠ ᠪᠠᠷᠢᠬᠤ᠂ ᠠᠮᠢ ᠠᠬᠤᠶ᠎ᠶ᠋ᠢᠨ ᠦᠵᠡᠮᠵᠢ ᠵᠢᠴᠢ ᠣᠯᠠᠨ ᠨᠡᠢᠲᠡ᠎ᠶ᠋ᠢᠨ ᠠᠷᠢᠭᠤᠨ ᠴᠡᠪᠡᠷ᠎ᠦᠨ ᠲᠠᠰᠤᠭ ᠵᠡᠷᠭᠡ᠎ᠳᠦ ᠬᠡᠷᠡᠭ᠌ᠯᠡᠬᠦ᠌ ᠤᠰᠤ᠎ᠶ᠋ᠢ ᠡᠩ ᠲᠡᠷᠢᠭᠦᠨ᠎ᠳᠦ ᠬᠡᠷᠡᠭ᠌ᠯᠡᠬᠦ᠌ ᠬᠡᠷᠡᠭ᠌ᠲᠡᠶ᠃

  ᠭᠤᠴᠢᠨ ᠲᠠᠪᠤᠳᠤᠭᠠᠷ ᠵᠤᠷᠪᠤᠰ  ᠠᠭᠤᠷᠬᠠᠶ ᠮᠠᠯᠲᠠᠬᠤ ᠠᠵᠤ ᠠᠬᠤᠢᠯᠠᠯ᠎ᠤᠳ ᠤᠰᠤᠨ᠎ᠤ ᠡᠬᠢ ᠪᠠᠶᠠᠯᠢᠭ᠎ᠢ ᠬᠠᠮᠠᠭᠠᠯᠠᠬᠤ ᠪᠠ ᠠᠭᠤᠷᠬᠠᠶ᠎ᠶ᠋ᠢᠨ ᠨᠦᠬᠡ (ᠬᠤᠳᠳᠤᠭ) ᠎ᠶ᠋ᠢᠨ ᠤᠰᠤ᠎ᠶ᠋ᠢ ᠶᠡᠷᠦᠩᠬᠡᠢᠯᠡᠨ ᠠᠱᠢᠭ᠍ᠯᠠᠬᠤ ᠲᠥᠰᠦᠯ᠎ᠢᠶᠡᠨ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠵᠤ᠂ ᠤᠰᠤ᠎ᠶ᠋ᠢ ᠬᠠᠮᠠᠭᠠᠯᠠᠨ ᠮᠠᠯᠲᠠᠬᠤ ᠤᠷᠠᠨ ᠳᠠᠷᠬ᠎ᠠ ᠪᠣᠯᠤᠨ ᠵᠠᠰᠠᠬᠤ ᠤᠷᠠᠨ ᠳᠠᠷᠬ᠎ᠠ᠎ᠶ᠋ᠢ ᠵᠦᠢ ᠵᠣᠬᠢᠰᠲᠠᠶ ᠰᠣᠩᠭᠣᠨ᠂ ᠬᠠᠮᠢᠶ᠎ᠠ ᠪᠦᠬᠦᠢ ᠠᠱᠢᠭ᠍ᠯᠠᠬᠤ ᠪᠡᠯᠡᠳᠭᠡᠮᠵᠢ᠎ᠶ᠋ᠢ ᠢᠵᠢ ᠪᠦᠷᠢᠳᠦᠭᠦᠯᠦᠨ ᠪᠦᠲᠦᠭᠡᠨ ᠪᠠᠢᠭᠤᠯᠬᠤ᠎ᠶ᠋ᠢᠨ ᠬᠠᠮᠲᠤ ᠠᠭᠤᠷᠬᠠᠶ ᠮᠠᠯᠲᠠᠬᠤ ᠠᠵᠢᠯ᠎ᠳᠠᠭᠠᠨ ᠠᠭᠤᠷᠬᠠᠶ᠎ᠶ᠋ᠢᠨ ᠨᠦᠬᠡ (ᠬᠤᠳᠳᠤᠭ) ᠎ᠶ᠋ᠢᠨ ᠤᠰᠤ᠎ᠶ᠋ᠢ ᠡᠩ ᠲᠡᠷᠢᠭᠦᠨ᠎ᠳᠦ ᠬᠡᠷᠡᠭ᠌ᠯᠡᠵᠦ᠍᠂ ᠭᠠᠵᠠᠷ ᠳᠣᠤᠷᠠᠬᠢ ᠤᠰᠤ᠎ᠶ᠋ᠢ ᠪᠦᠲᠦᠮᠵᠢᠲᠡᠶ ᠬᠠᠮᠠᠭᠠᠯᠠᠬᠤ ᠬᠡᠷᠡᠭ᠌ᠲᠡᠶ᠃ ᠰᠡᠢᠷᠡᠭᠦᠯᠦᠨ ᠬᠠᠳᠠᠭᠠᠬᠤ᠎ᠶ᠋ᠢᠨ ᠲᠥᠯᠥᠭᠡ ᠤᠰᠤ ᠭᠠᠳᠠᠭ᠍ᠰᠢᠯᠠᠭᠤᠯᠤᠭ᠍ᠰᠠᠨ᠎ᠠᠴᠠ ᠪᠣᠯᠵᠤ ᠭᠠᠵᠠᠷ ᠳᠣᠤᠷᠠᠬᠢ ᠤᠰᠤᠨ᠎ᠤ ᠤᠰᠤᠨ ᠲᠦᠪᠱᠢᠨ᠎ᠢ ᠳᠣᠷᠣᠭ᠍ᠰᠢᠯᠠᠭᠤᠯᠤᠭ᠍ᠰᠠᠨ᠂ ᠤᠰᠤᠨ᠎ᠤ ᠡᠬᠢ ᠰᠤᠷᠪᠤᠯᠵᠢ᠎ᠶ᠋ᠢ ᠱᠢᠷᠭᠢᠭᠡᠭ᠌ᠰᠡᠨ ᠪᠤᠶᠤ ᠭᠠᠵᠠᠷ᠎ᠤᠨ ᠭᠠᠳᠠᠷᠭᠤ᠎ᠶ᠋ᠢ ᠴᠥᠮᠥᠷᠡᠭᠦᠯᠦᠭ᠌ᠰᠡᠨ ᠪᠣᠯ ᠨᠥᠬᠥᠵᠦ᠍ ᠵᠠᠰᠠᠬᠤ ᠠᠷᠭ᠎ᠠ ᠬᠡᠮᠵᠢᠶ᠎ᠡ ᠠᠪᠬᠤ ᠬᠡᠷᠡᠭ᠌ᠲᠡᠶ; ᠪᠤᠰᠤᠳ᠎ᠤᠨ ᠠᠮᠢᠳᠤᠷᠠᠯ ᠪᠠ ᠦᠢᠯᠡᠳᠪᠦᠷᠢᠯᠡᠯ᠎ᠳᠦ ᠬᠣᠬᠢᠷᠠᠯ ᠤᠴᠠᠷᠠᠭᠤᠯᠤᠭ᠍ᠰᠠᠨ ᠪᠣᠯ ᠬᠠᠤᠯᠢ ᠶᠣᠰᠣᠭᠠᠷ ᠨᠥᠬᠥᠪᠥᠷᠢ ᠥᠭ᠌ᠬᠦ ᠬᠡᠷᠡᠭ᠌ᠲᠡᠶ ᠃

  ᠭᠤᠴᠢᠨ ᠵᠢᠷᠭᠤᠳᠤᠭᠠᠷ ᠵᠤᠷᠪᠤᠰ  ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠠᠢᠮᠢᠶᠠᠨ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠦᠯᠬᠢᠨ ᠠᠬᠢᠭᠤᠯᠵᠤ᠂ ᠬᠣᠲᠠ ᠪᠠᠯᠭᠠᠰᠤᠨ᠎ᠤ ᠱᠢᠨ᠎ᠡ ᠲᠣᠭᠣᠷᠢᠭ᠎ᠤᠨ ᠪᠦᠲᠦᠭᠡᠨ ᠪᠠᠢᠭᠤᠯᠤᠯᠲᠠ᠂ ᠬᠠᠭᠤᠴᠢᠨ ᠬᠣᠲᠠ᠎ᠶ᠋ᠢ ᠥᠭᠡᠷᠡᠴᠢᠯᠡᠬᠦ᠌ ᠪᠠ ᠬᠣᠲᠠ᠎ᠶ᠋ᠢᠨ ᠶᠠᠪᠤᠳᠠᠯ᠎ᠤᠨ ᠰᠠᠭᠤᠷᠢ ᠪᠡᠯᠡᠳᠭᠡᠮᠵᠢ᠎ᠶ᠋ᠢᠨ ᠪᠦᠲᠦᠭᠡᠨ ᠪᠠᠢᠭᠤᠯᠤᠯᠲᠠ ᠳᠤᠮᠳᠠ᠂ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠡᠪᠡᠰᠦ ᠲᠠᠷᠢᠬᠤ ᠭᠤᠤ᠂ ᠳᠣᠷᠣᠭ᠍ᠰᠢ ᠰᠠᠭᠤᠭ᠍ᠰᠠᠨ ᠮᠠᠶᠢᠭ᠎ᠤᠨ ᠵᠦᠯᠭᠡ ᠭᠠᠵᠠᠷ᠂ ᠭᠠᠵᠠᠷ ᠳᠣᠤᠷᠠᠬᠢ ᠤᠰᠤ᠎ᠶ᠋ᠢ ᠲᠣᠬᠢᠷᠠᠭᠤᠯᠤᠨ ᠬᠠᠳᠠᠭᠠᠯᠠᠬᠤ ᠵᠡᠷᠭᠡ ᠪᠡᠯᠡᠳᠭᠡᠮᠵᠢ᠎ᠶ᠋ᠢ ᠪᠦᠲᠦᠭᠡᠨ ᠪᠠᠢᠭᠤᠯᠵᠤ᠂ ᠪᠣᠷᠣᠭᠠᠨ᠎ᠤ ᠤᠰᠤ᠎ᠶ᠋ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃

  ᠨᠥᠬᠥᠴᠡᠯ᠎ᠲᠡᠶ ᠲᠠᠷᠢᠶᠠᠯᠠᠬᠤ ᠮᠠᠯᠵᠢᠬᠤ ᠣᠷᠣᠨ᠎ᠤ ᠪᠣᠷᠣᠭᠠᠨ ( ᠴᠠᠰᠤ ) ᠎ᠤ ᠦᠶᠡᠷ᠎ᠦᠨ ᠡᠬᠢ ᠪᠠᠶᠠᠯᠢᠭ᠎ᠢ ᠵᠦᠢ ᠵᠣᠬᠢᠰᠲᠠᠶ ᠠᠱᠢᠭ᠍ᠯᠠᠬᠤ᠎ᠶ᠋ᠢ ᠵᠣᠷᠢᠭ᠍ᠵᠢᠭᠤᠯᠵᠤ᠂ ᠪᠣᠷᠣᠭᠠᠨ ( ᠴᠠᠰᠤ ) ᠎ᠤ ᠤᠰᠤᠨ᠎ᠤ ᠢᠨᠵᠧᠨᠧᠷᠢᠩ ᠪᠤᠶᠤ ᠪᠡᠯᠡᠳᠭᠡᠮᠵᠢ᠎ᠶ᠋ᠢ ᠪᠦᠲᠦᠭᠡᠨ ᠪᠠᠢᠭᠤᠯᠵᠤ᠂ ᠲᠠᠷᠢᠶᠠᠯᠠᠬᠤ ᠮᠠᠯᠵᠢᠬᠤ ᠣᠷᠣᠨ᠎ᠤ ᠦᠢᠯᠡᠳᠪᠦᠷᠢᠯᠡᠯ᠂ ᠠᠮᠢᠳᠤᠷᠠᠯ ᠪᠣᠯᠤᠨ ᠠᠮᠢ ᠠᠬᠤᠶ᠎ᠳᠤ ᠬᠡᠷᠡᠭ᠌ᠯᠡᠬᠦ᠌ ᠤᠰᠤ᠎ᠶ᠋ᠢ ᠪᠦᠲᠦᠮᠵᠢᠲᠡᠶ ᠨᠡᠮᠡᠭ᠌ᠳᠡᠭᠦᠯᠬᠦ᠌ ᠬᠡᠷᠡᠭ᠌ᠲᠡᠶ᠃

  ᠭᠤᠴᠢᠨ ᠳᠣᠯᠣᠳᠤᠭᠠᠷ ᠵᠤᠷᠪᠤᠰ  ᠤᠰᠤ ᠶᠡᠬᠡ ᠬᠣᠷᠣᠭ᠍ᠳᠠᠭᠤᠯᠬᠤ ᠦᠢᠯᠡᠴᠢᠯᠡᠭᠡᠨ᠎ᠦ ᠦᠢᠯᠡᠰ᠎ᠦᠨ ᠤᠰᠤ ᠬᠡᠷᠡᠭ᠌ᠯᠡᠬᠦ᠌᠎ᠶ᠋ᠢ ᠴᠢᠩᠭ᠎ᠠ ᠬᠢᠵᠠᠭᠠᠷᠯᠠᠬᠤ ᠬᠡᠷᠡᠭ᠌ᠲᠡᠶ᠃ ᠤᠰᠤᠨ ᠳᠡᠭᠡᠷᠡᠬᠢ ᠵᠤᠭ᠎ᠠ ᠴᠡᠩᠭᠡᠯ᠂ ᠤᠮᠪᠠᠯᠲᠠ᠎ᠶ᠋ᠢᠨ ᠲᠠᠯᠠᠪᠤᠷ ᠪᠠ ᠭᠤᠯᠹ ᠪᠥᠮᠪᠥᠭᠡ᠎ᠶ᠋ᠢᠨ ᠲᠠᠯᠠᠪᠠᠶ ᠵᠡᠷᠭᠡ ᠤᠰᠤ ᠶᠡᠬᠡ ᠬᠣᠷᠣᠭ᠍ᠳᠠᠭᠤᠯᠬᠤ ᠲᠠᠯᠠᠪᠠᠶ ᠵᠡᠷᠭᠡ ᠤᠰᠤ ᠶᠡᠬᠡ ᠬᠣᠷᠣᠭ᠍ᠳᠠᠭᠤᠯᠬᠤ ᠦᠢᠯᠡᠴᠢᠯᠡᠭᠡᠨ᠎ᠦ ᠦᠢᠯᠡᠰ᠎ᠦᠨ ᠡᠵᠡᠩᠨᠡᠯᠲᠡ᠎ᠶ᠋ᠢᠨ ᠲᠠᠯᠠᠪᠤᠷ ᠨᠢ ᠨᠢᠭᠡ ᠤᠰᠤ᠎ᠶ᠋ᠢ ᠣᠯᠠᠨ ᠬᠡᠷᠡᠭ᠌ᠯᠡᠬᠦ᠂ ᠤᠰᠤ᠎ᠶ᠋ᠢ ᠡᠷᠭᠢᠯᠳᠦᠭᠦᠯᠦᠨ ᠬᠡᠷᠡᠭ᠌ᠯᠡᠬᠦ᠌ ᠵᠡᠷᠭᠡ ᠤᠰᠤ ᠠᠷᠪᠢᠯᠠᠬᠤ ᠮᠡᠷᠭᠡᠵᠢᠯ᠎ᠢ ᠬᠡᠷᠡᠭ᠌ᠯᠡᠵᠦ᠍᠂ ᠤᠰᠤ ᠠᠷᠪᠢᠯᠠᠬᠤ ᠪᠡᠯᠡᠳᠭᠡᠮᠵᠢ ᠤᠭ᠍ᠰᠠᠷᠠᠬᠤ ᠬᠡᠷᠡᠭ᠌ᠲᠡᠶ; ᠪᠡᠶ᠎ᠡ ᠤᠬᠢᠶᠠᠬᠤ᠂ ᠲᠡᠷᠭᠡ ᠤᠬᠢᠶᠠᠬᠤ ᠵᠡᠷᠭᠡ ᠡᠵᠡᠩᠨᠡᠯᠲᠡ᠎ᠶ᠋ᠢᠨ ᠲᠠᠯᠠᠪᠤᠷ ᠨᠢ ᠤᠰᠤ ᠠᠷᠪᠢᠯᠠᠬᠤ ᠪᠡᠯᠡᠳᠭᠡᠮᠵᠢ ᠤᠭ᠍ᠰᠠᠷᠠᠵᠤ᠂ ᠤᠰᠤᠨ᠎ᠤ ᠴᠢᠨᠠᠷ᠎ᠤᠨ ᠪᠠᠷᠢᠮᠵᠢᠶ᠎ᠠ᠎ᠶ᠋ᠢᠨ ᠱᠠᠭᠠᠷᠳᠠᠯᠭ᠎ᠠ᠎ᠳᠤ ᠨᠡᠢᠴᠡᠬᠦ᠌ ᠤᠰᠤ᠎ᠶ᠋ᠢ ᠡᠷᠭᠢᠯᠳᠦᠭᠦᠯᠦᠨ ᠬᠡᠷᠡᠭ᠌ᠯᠡᠬᠦ᠌ ᠮᠡᠷᠭᠡᠵᠢᠯ᠂ ᠲᠥᠬᠥᠭᠡᠷᠦᠮᠵᠢ ᠬᠢᠭᠡᠳ ᠤᠷᠠᠨ ᠳᠠᠷᠬ᠎ᠠ᠎ᠶ᠋ᠢ ᠳᠡᠯᠭᠡᠷᠡᠭᠦᠯᠦᠨ ᠬᠡᠷᠡᠭ᠌ᠯᠡᠬᠦ᠌ ᠬᠡᠷᠡᠭ᠌ᠲᠡᠶ᠃

  ᠲᠠᠪᠤᠳᠤᠭᠠᠷ ᠪᠦᠯᠦᠭ  ᠪᠠᠲᠤᠯᠠᠭ᠎ᠠ ᠪᠠ ᠬᠢᠨᠠᠯᠲᠠ ᠲᠠᠯᠪᠢᠯᠲᠠ

  ᠭᠤᠴᠢᠨ ᠨᠠᠶ᠋ᠮᠠᠳᠤᠭᠠᠷ ᠵᠤᠷᠪᠤᠰ  ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠰᠤ ᠠᠷᠪᠢᠯᠠᠬᠤ ᠣᠷᠣᠭᠤᠯᠤᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠵᠤ ᠂ ᠤᠰᠤ ᠠᠷᠪᠢᠯᠠᠬᠤ ᠣᠷᠣᠭᠤᠯᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠵᠠᠰᠠᠭ᠎ᠤᠨ ᠣᠷᠳᠣᠨ᠂ ᠠᠵᠤ ᠠᠬᠤᠢᠯᠠᠯ᠂ ᠨᠡᠢᠭᠡᠮ᠎ᠦᠨ ᠣᠯᠠᠨ ᠡᠱᠢᠵᠢᠭ᠌ᠰᠡᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠠᠷᠭ᠎ᠠ ᠵᠠᠮ ᠎ᠢ ᠲᠡᠭᠦᠯᠳᠡᠷᠵᠢᠭᠦᠯᠦᠨ᠂ ᠨᠡᠢᠭᠡᠮ᠎ᠦᠨ ᠬᠥᠷᠥᠩᠭᠡ᠎ᠶ᠋ᠢ ᠬᠥᠲᠥᠯᠥᠨ ᠵᠢᠯᠣᠭᠣᠳᠴᠤ᠌ ᠵᠣᠷᠢᠭ᠍ᠵᠢᠭᠤᠯᠵᠤ ᠪᠠᠢᠭᠠᠳ ᠤᠰᠤ ᠠᠷᠪᠢᠯᠠᠬᠤ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ ᠪᠠ ᠡᠵᠡᠩᠨᠡᠯᠲᠡ᠎ᠳᠦ ᠬᠠᠤᠯᠢ ᠶᠣᠰᠣᠭᠠᠷ ᠣᠷᠣᠯᠴᠠᠭᠤᠯᠵᠤ᠂ ᠲᠡᠳᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠨᠢ ᠬᠠᠮᠠᠭᠠᠯᠠᠬᠤ ᠬᠡᠷᠡᠭ᠌ᠲᠡᠶ ᠃

  ᠭᠤᠴᠢ ᠶᠢᠰᠦᠳᠦᠭᠡᠷ ᠵᠤᠷᠪᠤᠰ ᠬᠤᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠤᠰᠤ ᠠᠷᠪᠢᠯᠠᠬᠤ ᠦᠷ᠎ᠡ ᠪᠦᠲᠦᠮᠵᠢ᠂ ᠲᠠᠷᠢᠶᠠᠯᠠᠩ᠎ᠤᠨ ᠤᠰᠤᠨ᠎ᠤ ᠦᠨ᠎ᠡ᠎ᠶ᠋ᠢᠨ ᠬᠢᠷᠢ ᠬᠡᠮᠵᠢᠶ᠎ᠡ᠂ ᠡᠳ᠋᠎ᠤᠨ ᠬᠦᠴᠦᠨ᠎ᠤ ᠪᠠᠢᠳᠠᠯ᠎ᠲᠠᠢ ᠵᠣᠬᠢᠴᠠᠯᠳᠤᠭ᠍ᠰᠠᠨ ᠲᠠᠷᠢᠶᠠᠯᠠᠩ᠎ᠤᠨ ᠤᠰᠤ ᠬᠡᠷᠡᠭ᠌ᠯᠡᠬᠦ᠌᠎ᠳᠤ ᠲᠦᠢᠯ᠎ᠤᠨ ᠣᠨᠣᠪᠴᠢᠲᠠᠢ᠎ᠪᠠᠷ ᠨᠡᠮᠡᠭᠦᠷᠢ ᠥᠭ᠌ᠬᠦ ᠲᠣᠭ᠍ᠲᠠᠴᠠ ᠪᠣᠯᠣᠨ ᠤᠰᠤ ᠠᠷᠪᠢᠯᠠᠬᠤ᠎ᠶ᠋ᠢ ᠱᠠᠩᠨᠠᠬᠤ ᠲᠣᠭ᠍ᠲᠠᠴᠠ᠎ᠶ᠋ᠢ ᠪᠦᠷᠢᠨᠱᠢᠭᠦᠯᠬᠦ᠌ ᠬᠡᠷᠡᠭ᠌ᠲᠡᠢ᠃

  ᠨᠥᠬᠥᠴᠡᠯ᠎ᠳᠦ ᠨᠡᠢᠴᠡᠬᠦ᠌ ᠤᠰᠤ ᠠᠷᠪᠢᠯᠠᠬᠤ ᠲᠥᠷᠥᠯ ᠵᠦᠢᠯ᠎ᠳᠦ ᠤᠯᠤᠰ᠎ᠤᠨ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠲᠤᠰᠠᠯᠠᠮᠵᠢ ᠣᠯᠭᠣᠨ᠎ᠠ᠃

  ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢ ᠵᠣᠷᠢᠭ᠍ᠵᠢᠭᠤᠯᠵᠤ ᠪᠠᠢᠭᠠᠳ ᠵᠢᠭᠡᠯᠡᠯᠭᠡ᠎ᠶ᠋ᠢᠨ ᠨᠥᠬᠥᠴᠡᠯ᠎ᠳᠦ ᠨᠡᠢᠴᠡᠬᠦ᠌᠂ ᠲᠥᠯᠥᠬᠦ᠌ ᠴᠢᠳᠠᠪᠤᠷᠢ᠎ᠲᠠᠶ ᠤᠰᠤ ᠠᠷᠪᠢᠯᠠᠬᠤ ᠲᠥᠷᠥᠯ ᠵᠦᠢᠯ᠎ᠳᠦ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠣᠭ᠍ᠲᠠᠭᠠᠯ ᠶᠣᠰᠣᠭᠠᠷ ᠤᠷᠢᠳᠠᠪᠠᠷ ᠵᠢᠭᠡᠯᠡᠯᠭᠡ ᠲᠣᠬᠢᠷᠠᠭᠤᠯᠬᠤ ᠬᠡᠷᠡᠭ᠌ᠲᠡᠶ᠃ ᠵᠦᠢ ᠶᠤᠰᠤᠨ᠎ᠤ ᠢᠲᠡᠭᠡᠮᠵᠢᠲᠦ ᠵᠢᠭᠡᠯᠡᠯᠭᠡ᠂ ᠵᠦᠢ ᠶᠤᠰᠤᠨ᠎ᠤ ᠵᠢᠭᠡᠯᠡᠯᠭᠡ᠎ᠶ᠋ᠢᠨ ᠲᠡᠮᠳᠡᠭ᠌ᠲᠦ᠂ ᠵᠦᠢ ᠶᠤᠰᠤᠨ᠎ᠤ ᠳᠠᠭᠠᠳᠭᠠᠯ ᠵᠡᠷᠭᠡ ᠮᠦᠩᠭᠦᠨ ᠭᠦᠢᠯᠭᠡᠭᠡᠨ᠎ᠤ ᠨᠡᠷᠡᠳᠭᠦᠨ᠎ᠢ ᠵᠣᠷᠢᠬ᠍ᠵᠢᠭᠤᠯᠤᠨ ᠬᠥᠭ᠌ᠵᠢᠭᠦᠯᠦᠨ᠎ᠡ᠃

  ᠳᠥᠴᠢᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ᠎ᠠᠴᠠ ᠨᠡᠢᠭᠡᠮᠴᠢᠯᠡᠭ᠌ᠰᠡᠨ᠂ ᠲᠤᠰᠭᠠᠢᠵᠢᠭ᠍ᠰᠠᠨ᠂ ᠵᠢᠷᠤᠮᠵᠢᠭ᠍ᠰᠠᠨ ᠤᠰᠤ ᠠᠷᠪᠢᠯᠠᠬᠤ ᠦᠢᠯᠡᠴᠢᠯᠡᠭᠡᠨ᠎ᠦ ᠠᠵᠤ ᠦᠢᠯᠡᠰ ᠎ᠢ ᠵᠣᠷᠢᠭ᠍ᠵᠢᠭᠤᠯᠤᠨ ᠬᠥᠭ᠌ᠵᠢᠭᠦᠯᠵᠦ᠍᠂ ᠤᠰᠤ ᠠᠷᠪᠢᠯᠠᠬᠤ ᠦᠢᠯᠡᠴᠢᠯᠡᠭᠡᠨ᠎ᠦ ᠪᠠᠢᠭᠤᠯᠤᠮᠵᠢ᠎ᠶ᠋ᠢᠨ ᠤᠰᠤ ᠠᠷᠪᠢᠯᠠᠬᠤ ᠯᠠᠪᠯᠠᠯᠭ᠎ᠠ᠂ ᠵᠢᠷᠤᠭ ᠲᠥᠯᠥᠪᠯᠡᠭᠡ᠂ ᠪᠠᠢᠴᠠᠭᠠᠨ ᠬᠡᠮᠵᠢᠯᠲᠡ᠂ ᠬᠢᠨᠠᠨ ᠪᠣᠳᠣᠯᠲᠠ᠂ ᠮᠡᠷᠭᠡᠵᠢᠯ᠎ᠦᠨ ᠥᠭᠡᠷᠡᠴᠢᠯᠡᠯᠲᠡ᠂ ᠠᠵᠢᠯᠯᠠᠭᠠᠨ᠎ᠤ ᠬᠠᠮᠢᠶᠠᠷᠤᠯᠲᠠ ᠵᠡᠷᠭᠡ ᠦᠢᠯᠡᠴᠢᠯᠡᠭᠡᠨ ᠥᠷᠨᠢᠭᠦᠯᠬᠦ᠌᠎ᠶ᠋ᠢ ᠳᠡᠮᠵᠢᠵᠦ᠍᠂ ᠤᠰᠤ ᠠᠷᠪᠢᠯᠠᠬᠤ ᠦᠢᠯᠡᠴᠢᠯᠡᠭᠡᠨ᠎ᠦ ᠪᠠᠢᠭᠤᠯᠤᠮᠵᠢ᠎ᠶ᠋ᠢᠨ ᠤᠰᠤ ᠬᠡᠷᠡᠭ᠌ᠯᠡᠬᠦ᠌ ᠨᠢᠭᠡᠴᠢ ᠪᠤᠶᠤ ᠬᠤᠪᠢ ᠬᠥᠮᠦᠨ᠎ᠯᠦᠭᠡ ᠤᠰᠤ ᠠᠷᠪᠢᠯᠠᠬᠤ ᠬᠠᠮᠢᠶᠠᠷᠤᠯᠲᠠ᠎ᠶ᠋ᠢᠨ ᠭᠡᠷ᠎ᠡ ᠲᠣᠭ᠍ᠲᠠᠬᠤ᠎ᠶ᠋ᠢ ᠬᠥᠲᠥᠯᠥᠨ ᠵᠢᠯᠣᠭᠣᠳᠭᠤ ᠪᠠ ᠠᠬᠢᠭᠤᠯᠵᠤ᠂ ᠤᠰᠤ ᠠᠷᠪᠢᠯᠠᠬᠤ ᠬᠠᠮᠢᠶᠠᠷᠤᠯᠲᠠ᠎ᠶ᠋ᠢᠨ ᠵᠠᠭ᠍ᠪᠤᠷ᠎ᠲᠤ ᠱᠢᠨ᠎ᠡ᠎ᠶ᠋ᠢ ᠡᠭᠦᠳᠴᠦ᠍᠂ ᠤᠰᠤ ᠠᠷᠪᠢᠯᠠᠬᠤ ᠦᠢᠯᠡᠴᠢᠯᠡᠭᠡᠨ᠎ᠦ ᠵᠠᠬ᠎ᠠ ᠳᠡᠯᠭᠡᠭᠦᠷ᠎ᠢ ᠥᠷᠭᠡᠵᠢᠭᠦᠯᠦᠨ᠎ᠡ᠃

  ᠳᠥᠴᠢᠨ ᠨᠢᠭᠡᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ ᠤᠰᠤ ᠠᠷᠪᠢᠯᠠᠬᠤ ᠬᠠᠷᠢᠭᠤᠴᠠᠯᠭ᠎ᠠ᠎ᠶ᠋ᠢᠨ ᠳᠦᠷᠢᠮ ᠪᠣᠯᠤᠨ ᠤᠰᠤ ᠠᠷᠪᠢᠯᠠᠬᠤ᠎ᠶ᠋ᠢ ᠬᠢᠨᠠᠨ ᠱᠢᠯᠭᠠᠵᠤ ᠦᠨᠡᠯᠡᠬᠦ᠌ ᠳᠦᠷᠢᠮ᠎ᠢ ᠬᠡᠷᠡᠭ᠌ᠵᠢᠭᠦᠯᠵᠦ᠍᠂ ᠤᠰᠤ ᠠᠷᠪᠢᠯᠠᠬᠤ ᠬᠠᠷᠠᠯᠲᠠ᠎ᠶ᠋ᠢ ᠪᠡᠶᠡᠯᠡᠭᠦᠯᠦᠭ᠌ᠰᠡᠨ ᠪᠠᠢᠳᠠᠯ᠎ᠢ ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠦ ᠬᠠᠷᠢᠭᠤᠴᠠᠯᠭᠠᠲᠠᠨ᠎ᠢ ᠬᠢᠨᠠᠨ ᠱᠢᠯᠭᠠᠬᠤ ᠬᠡᠪᠴᠢᠶᠡᠨ᠎ᠳᠦ ᠣᠷᠣᠭᠤᠯᠬᠤ ᠬᠡᠷᠡᠭ᠌ᠲᠡᠶ᠃

  ᠳᠥᠴᠢᠨ ᠬᠣᠶᠠᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ᠂ ᠤᠰᠤ ᠠᠷᠪᠢᠯᠠᠬᠤ ᠬᠦᠷᠢᠶᠡᠨ᠎ᠦ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠪᠠ ᠬᠤᠳᠠᠯ ᠬᠡᠯᠡᠵᠦ᠍ ᠬᠠᠭᠤᠷᠮᠠᠭ᠍ᠯᠠᠨ ᠵᠣᠬᠢᠶᠠᠬᠤ ᠵᠡᠷᠭᠡ ᠢᠲᠡᠭᠡᠮᠵᠢ ᠠᠯᠳᠠᠭ᠍ᠰᠠᠨ ᠦᠢᠯᠡ ᠠᠵᠢᠯᠯᠠᠭ᠎ᠠ᠎ᠶ᠋ᠢ ᠤᠰᠤ ᠲᠠᠲᠠᠵᠤ ᠬᠡᠷᠡᠭ᠌ᠯᠡᠬᠦ᠌ ᠬᠦᠷᠢᠶᠡᠨ᠎ᠦ ᠢᠲᠡᠭᠡᠮᠵᠢ᠎ᠶ᠋ᠢᠨ ᠦᠨᠡᠯᠡᠯᠲᠡ᠎ᠶ᠋ᠢᠨ ᠱᠢᠰᠲ᠋ᠧᠮᠵᠢ᠎ᠳᠦ ᠣᠷᠣᠭᠤᠯᠵᠤ᠂ ᠢᠲᠡᠭᠡᠮᠵᠢ᠎ᠲᠡᠶ ᠪᠠᠢᠬᠤ᠎ᠶ᠋ᠢ ᠤᠷᠮᠠᠱᠢᠭᠤᠯᠬᠤ ᠪᠠ ᠢᠲᠡᠭᠡᠯ᠎ᠢᠶᠡᠨ ᠠᠯᠳᠠᠭ᠍ᠰᠠᠨ᠎ᠢ ᠵᠠᠯᠬᠠᠭᠠᠨ ᠴᠡᠭᠡᠷᠯᠡᠭᠦᠯᠬᠦ᠌ ᠳᠦᠷᠢᠮ᠎ᠢ ᠬᠠᠤᠯᠢ ᠶᠣᠰᠣᠭᠠᠷ ᠬᠡᠷᠡᠭ᠌ᠵᠢᠭᠦᠯᠬᠦ᠌ ᠬᠡᠷᠡᠭ᠌ᠲᠡᠶ᠃

  ᠵᠢᠷᠭᠤᠳᠤᠭᠠᠷ ᠪᠦᠯᠦᠭ  ᠬᠠᠤᠯᠢ᠎ᠶ᠋ᠢᠨ ᠬᠠᠷᠢᠭᠤᠴᠠᠯᠭ᠎ᠠ

  ᠳᠥᠴᠢᠨ ᠭᠤᠷᠪᠠᠳᠤᠭᠠᠷ ᠵᠤᠷᠪᠤᠰ  ᠲᠤᠰ ᠳᠦᠷᠢᠮ᠎ᠦᠨ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠳᠤ᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠤᠨ ᠭᠣᠤᠯ᠎ᠤᠨ ᠬᠠᠮᠠᠭᠠᠯᠠᠯᠲᠠ᠎ᠶ᠋ᠢᠨ ᠬᠠᠤᠯᠢ》 ᠪᠣᠯᠤᠨ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ 《ᠤᠰᠤ᠎ᠶ᠋ᠢ ᠠᠷᠪᠢᠯᠠᠵᠤ ᠬᠡᠷᠡᠭ᠌ᠯᠡᠬᠦ᠌ ᠳᠦᠷᠢᠮ》 ᠵᠡᠷᠭᠡ ᠤᠯᠤᠰ᠎ᠤᠨ ᠬᠣᠯᠪᠣᠭ᠍ᠳᠠᠯ ᠪᠦᠬᠦᠢ ᠬᠠᠤᠯᠢ ᠴᠠᠭᠠᠵᠠ᠂ ᠬᠠᠤᠯᠢ ᠲᠣᠭ᠍ᠲᠠᠭᠠᠯ᠎ᠳᠤ ᠨᠢᠭᠡᠨᠲᠡ ᠪᠣᠳᠠᠲᠠᠶ ᠱᠢᠢᠳᠭᠡᠨ ᠲᠣᠷᠭᠠᠬᠤ ᠲᠣᠭ᠍ᠲᠠᠭᠠᠯ ᠭᠠᠷᠭᠠᠭ᠍ᠰᠠᠨ ᠪᠠᠢᠪᠠᠯ᠂ ᠲᠡᠷᠡ ᠲᠣᠭ᠍ᠲᠠᠭᠠᠯ᠎ᠢᠶᠠᠷ ᠨᠢ ᠬᠡᠷᠡᠭ᠌ᠵᠢᠭᠦᠯᠦᠨ᠎ᠡ᠃

  ᠳᠥᠴᠢᠨ ᠳᠥᠷᠪᠡᠳᠦᠭᠡᠷ ᠵᠤᠷᠪᠤᠰ  ᠲᠤᠰ ᠳᠦᠷᠢᠮ᠎ᠦᠨ ᠲᠣᠭ᠍ᠲᠠᠭᠠᠯ᠎ᠠᠴᠠ ᠵᠥᠷᠢᠴᠡᠵᠦ᠍᠂ ᠳᠣᠤᠷᠠᠬᠢ ᠮᠡᠲᠦ ᠦᠢᠯᠡ ᠠᠵᠢᠯᠯᠠᠭ᠎ᠠ᠎ᠶ᠋ᠢᠨ ᠨᠢᠭᠡ ᠨᠢ ᠪᠠᠢᠪᠠᠯ᠂ ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠵᠠᠷᠯᠢᠭ᠍ᠳᠠᠵᠤ ᠪᠠᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠵᠤ᠂ 5 ᠲᠦᠮᠡᠨ ᠲᠥᠭᠥᠷᠢᠭ᠎ᠡᠴᠡ ᠳᠡᠭᠡᠭ᠌ᠰᠢ 10 ᠲᠦᠮᠡᠨ ᠲᠥᠭᠥᠷᠢᠭ᠎ᠡᠴᠡ ᠳᠣᠷᠣᠭ᠍ᠰᠢ ᠵᠣᠭᠣᠰ᠎ᠢᠶᠠᠷ ᠲᠣᠷᠭᠠᠨ᠎ᠠ᠄

  ( ᠨᠢᠭᠡ ) ᠴᠡᠪᠡᠷ ᠤᠰᠤ᠂ ᠷᠠᠱᠢᠶᠠᠨ ᠤᠰᠤ᠂ ᠤᠮᠳᠠᠭᠠᠨ᠂ ᠠᠷᠢᠬᠢᠨ᠎ᠤ ᠵᠦᠢᠯ ᠵᠡᠷᠭᠡ ᠦᠢᠯᠡᠳᠬᠦᠨ ᠦᠢᠯᠡᠳᠪᠦᠷᠢᠯᠡᠵᠦ᠍ ᠪᠠᠢᠭ᠎ᠠ ᠠᠵᠤ ᠠᠬᠤᠢᠯᠠᠯ᠎ᠤᠳ ᠤᠰᠤ ᠠᠷᠪᠢᠯᠠᠬᠤ ᠠᠷᠭ᠎ᠠ ᠬᠡᠮᠵᠢᠶ᠎ᠡ ᠠᠪᠤᠭ᠍ᠰᠠᠨ ᠦᠭᠡᠶ ᠪᠤᠶᠤ ᠦᠯᠡᠳᠡᠭ᠌ᠳᠡᠯ ᠤᠰᠤ᠎ᠶ᠋ᠢ ᠡᠭᠡᠭᠦᠯᠦᠨ ᠬᠤᠷᠢᠶᠠᠵᠤ ᠠᠱᠢᠭ᠍ᠯᠠᠭ᠍ᠰᠠᠨ ᠦᠭᠡᠶ;

  ( ᠬᠤᠶᠠᠷ ) ᠤᠰᠤᠨ ᠳᠡᠭᠡᠷᠡᠬᠢ ᠵᠤᠭ᠎ᠠ ᠴᠡᠩᠭᠡᠯ᠂ ᠤᠮᠪᠠᠯᠲᠠ᠎ᠶ᠋ᠢᠨ ᠲᠠᠯᠠᠪᠤᠷ᠂ ᠭᠤᠯᠹ ᠪᠥᠮᠪᠥᠭᠡ᠎ᠶ᠋ᠢᠨ ᠲᠠᠯᠠᠪᠠᠶ ᠪᠣᠯᠤᠨ ᠬᠢᠮᠡᠯ ᠴᠠᠰᠤᠨ᠎ᠳᠤ ᠭᠤᠯᠭᠤᠬᠤ ᠲᠠᠯᠠᠪᠠᠶ ᠵᠡᠷᠭᠡ ᠡᠵᠡᠩᠨᠡᠯᠲᠡ᠎ᠶ᠋ᠢᠨ ᠭᠠᠵᠠᠷ ᠲᠠᠯᠠᠪᠠᠶ᠎ᠳᠤ ᠤᠰᠤ ᠠᠷᠪᠢᠯᠠᠬᠤ ᠪᠡᠯᠡᠳᠭᠡᠮᠵᠢ ᠤᠭ᠍ᠰᠠᠷᠠᠭ᠍ᠰᠠᠨ ᠦᠭᠡᠶ;

  ( ᠭᠤᠷᠪᠠ  ) ᠦᠵᠡᠮᠵᠢ᠎ᠶ᠋ᠢᠨ ᠭᠣᠤᠯ᠂ ᠵᠤᠬᠢᠶᠠᠮᠠᠯ ᠨᠠᠭᠤᠷ᠎ᠲᠤ ᠭᠠᠵᠠᠷ ᠳᠣᠤᠷᠠᠬᠢ ᠤᠰᠤ᠂ ᠲᠦᠭᠡᠭᠡᠯ ᠤᠰᠤ᠎ᠶ᠋ᠢ ᠬᠡᠷᠡᠭ᠌ᠯᠡᠨ᠎ᠡ᠃ 

  ᠳᠥᠴᠢᠨ ᠲᠠᠪᠤᠳᠤᠭᠠᠷ ᠵᠤᠷᠪᠤᠰ  ᠲᠤᠰ ᠳᠦᠷᠢᠮ᠎ᠦᠨ ᠲᠣᠭ᠍ᠲᠠᠭᠠᠯ᠎ᠠᠴᠠ ᠵᠥᠷᠢᠴᠡᠨ᠂ ᠪᠡᠶ᠎ᠡ ᠤᠬᠢᠶᠠᠬᠤ᠂ ᠲᠡᠷᠭᠡ ᠤᠬᠢᠶᠠᠬᠤ ᠵᠡᠷᠭᠡ ᠡᠵᠡᠩᠨᠡᠯᠲᠡ᠎ᠶ᠋ᠢᠨ ᠭᠠᠵᠠᠷ ᠲᠠᠯᠠᠪᠠᠶ᠎ᠳᠤ ᠤᠰᠤ ᠠᠷᠪᠢᠯᠠᠬᠤ ᠪᠡᠯᠡᠳᠭᠡᠮᠵᠢ ᠤᠭ᠍ᠰᠠᠷᠠᠭᠤᠯᠤᠭ᠍ᠰᠠᠨ ᠦᠭᠡᠶ ᠪᠣᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠵᠠᠷᠯᠢᠭ᠍ᠳᠠᠨ ᠬᠤᠭᠤᠴᠠᠭ᠎ᠠ ᠬᠢᠵᠠᠭᠠᠷᠯᠠᠨ ᠵᠠᠯᠠᠷᠠᠭᠤᠯᠵᠤ᠂ 5000 ᠲᠥᠭᠥᠷᠢᠭ᠎ᠡᠴᠡ ᠳᠡᠭᠡᠭ᠌ᠰᠢ 2 ᠲᠦᠮᠡᠨ ᠲᠥᠭᠥᠷᠢᠭ᠎ᠡᠴᠡ ᠳᠣᠷᠣᠭ᠍ᠰᠢ ᠵᠣᠭᠣᠰ᠎ᠢᠶᠠᠷ ᠲᠣᠷᠭᠠᠨ᠎ᠠ᠃

  ᠳᠥᠴᠢᠨ ᠵᠢᠷᠭᠤᠳᠤᠭᠠᠷ ᠵᠤᠷᠪᠤᠰ ᠤᠰᠤ ᠠᠷᠪᠢᠯᠠᠬᠤ ᠠᠵᠢᠯ᠎ᠤᠨ ᠳᠤᠮᠳᠠ ᠠᠯᠪᠠᠨ ᠲᠤᠱᠢᠶᠠᠯ᠎ᠳᠠᠭᠠᠨ ᠠᠯᠮᠠᠢᠷᠠᠨ ᠣᠰᠣᠯᠳᠠᠵᠤ᠂ ᠡᠷᠬᠡ ᠲᠤᠱᠢᠶᠠᠯ᠎ᠢᠶᠠᠨ ᠳᠤᠷ᠎ᠠ᠎ᠪᠠᠷ ᠬᠡᠷᠡᠭ᠌ᠯᠡᠵᠦ᠍᠂ ᠭᠣᠶᠠᠴᠢᠯᠠᠨ ᠬᠠᠤᠯᠢ ᠶᠣᠰᠣ᠎ᠶ᠋ᠢ ᠵᠥᠷᠢᠴᠡᠭ᠌ᠰᠡᠨ ᠪᠣᠯ ᠱᠢᠭᠤᠳ ᠬᠠᠷᠢᠭᠤᠴᠠᠵᠤ ᠪᠠᠢᠭ᠎ᠠ ᠭᠣᠤᠯᠴᠢᠯᠠᠨ ᠬᠠᠮᠢᠶᠠᠷᠴᠤ᠌ ᠪᠦᠬᠦᠢ ᠬᠥᠮᠦᠰ ᠪᠣᠯᠤᠨ ᠪᠤᠰᠤᠳ ᠱᠢᠭᠤᠳ ᠬᠠᠷᠢᠭᠤᠴᠠᠯᠭ᠎ᠠ ᠡᠭᠦᠷᠭᠡᠯᠡᠭ᠌ᠴᠢ᠎ᠳᠦ ᠬᠠᠤᠯᠢ ᠶᠣᠰᠣᠭᠠᠷ ᠱᠢᠢᠳᠭᠡᠯ ᠣᠯᠭᠣᠨ᠎ᠠ; ᠶᠠᠯ᠎ᠠ᠎ᠳᠤ ᠬᠦᠷᠦᠭ᠌ᠰᠡᠨ ᠪᠣᠯ ᠬᠠᠤᠯᠢ ᠶᠣᠰᠣᠭᠠᠷ ᠡᠷᠡᠭᠦᠦ᠍᠎ᠶ᠋ᠢᠨ ᠬᠠᠷᠢᠭᠤᠴᠠᠯᠭ᠎ᠠ ᠨᠡᠬᠡᠮᠵᠢᠯᠡᠨ᠎ᠡ᠃

  ᠳᠣᠯᠣᠳᠤᠭᠠᠷ ᠪᠦᠯᠦᠭ  ᠳᠠᠭᠠᠯᠳᠤᠭᠤᠯᠤᠯ ᠳᠦᠷᠢᠮ

  ᠳᠥᠴᠢᠨ ᠳᠣᠯᠣᠳᠤᠭᠠᠷ ᠵᠤᠷᠪᠤᠰ  ᠲᠣᠰ ᠲᠦᠷᠢᠮ᠎ᠢ 2025 ᠣᠨ᠎ᠤ 9 ᠳ᠋ᠤᠭᠡᠷ ᠰᠠᠷ᠎ᠠ᠎ᠶ᠋ᠢᠨ 1 ᠎ᠤ ᠡᠳᠦᠷ᠎ᠠᠴᠠ ᠡᠬᠢᠯᠡᠵᠦ᠍ ᠬᠡᠷᠡᠭ᠌ᠵᠢᠭᠦᠯᠦᠨ᠎ᠡ᠃

ᠢᠷᠡᠯᠲᠡ᠄ ᠥᠪᠥᠷ ᠮᠣᠩᠭᠤᠯ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ
          
ᠬᠠᠮᠢᠶ᠎ᠡ ᠪᠦᠬᠦᠢ ᠰᠣᠨᠢᠨ
 
            