ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠤᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭᠠᠯᠠᠯᠲᠠ᠎ᠶ᠋ᠢᠨ ᠲᠦᠷᠢᠮ
ᠨᠡᠶ᠋ᠢᠲᠡᠯᠡᠭᠰᠡᠨ ᠴᠠᠭ᠄ 2025-07-24

ᠬᠡᠯᠬᠢᠶᠡᠰᠦᠨ ᠨᠣᠮᠧᠷ ᠄ 000014348/2025-03776

ᠭᠤᠣᠯ ᠰᠡᠳᠦᠪ᠎ᠤᠨ ᠠᠩᠭᠢᠯᠠᠯ ᠄

ᠨᠡᠢᠲᠡᠯᠡᠭᠰᠡᠨ ᠪᠠᠶ᠋ᠢᠭᠤᠯᠤᠮᠵᠢ ᠄ ᠥᠪᠥᠷ ᠮᠣᠩᠭᠤᠯ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ

ᠪᠢᠴᠢᠭ᠎ᠤᠨ ᠳ᠋ᠤᠭᠠᠷ ᠄ 59 ᠳ᠋ᠦ᠍ᠭᠡᠷ ᠲᠣᠭᠠᠲᠤ 

ᠪᠢᠴᠢᠭᠳᠡᠭᠰᠡᠨ ᠡᠳᠦᠷ ᠬᠤᠭᠤᠴᠠᠭ᠎ᠠ ᠄ 2025 ᠣᠨ᠎ᠤ 7 ᠳ᠋ᠤᠭᠠᠷ ᠰᠠᠷ᠎ᠠ᠎ᠶᠢᠨ 24᠎ᠦ ᠡᠳᠦᠷ

ᠠᠯᠪᠠᠨ ᠪᠢᠴᠢᠭ᠎ᠤᠨ ᠬᠦᠴᠦᠨ ᠲᠠᠢ ᠬᠤᠭᠤᠴᠠᠭ᠎ᠠ ᠄ ᠤᠷᠲᠤ ᠬᠤᠭᠤᠴᠠᠭ᠎ᠠ ᠬᠦᠴᠦᠨ ᠲᠠᠢ

 

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠯᠪᠠᠨ ᠵᠠᠷ ᠲᠠᠪᠢ ᠶᠢᠰᠦᠳᠦᠭᠡᠷ ᠲᠣᠭᠠᠲᠤ

  2025 ᠣᠨ᠎ᠤ 7 ᠳ᠋ᠤᠭᠠᠷ ᠰᠠᠷ᠎ᠠ᠎ᠶ᠋ᠢᠨ 24 ᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠷᠪᠠᠨ ᠨᠠᠢ᠍ᠮᠠᠳᠤᠭᠠᠷ ᠬᠤᠷᠠᠯᠳᠤᠭᠠᠨ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭᠠᠯᠠᠯᠲᠠ᠎ᠶ᠋ᠢᠨ ᠲᠦᠷᠢᠮ》 ᠎ᠢ ᠪᠠᠲᠤᠯᠠᠵᠤ᠂ ᠡᠳᠦᠭᠡ ᠨᠡᠢᠲᠡᠯᠡᠶ᠎ᠡ᠂ 2025 ᠣᠨ᠎ᠤ 9 ᠳ᠋ᠦ᠍ᠭᠡᠷ ᠰᠠᠷ᠎ᠠ᠎ᠶ᠋ᠢᠨ 1 ᠎ᠤ ᠡᠳᠦᠷ᠎ᠠᠴᠠ ᠡᠬᠢᠯᠡᠵᠦ᠍ ᠬᠡᠷᠡᠭ᠌ᠵᠢᠭᠦᠯᠦᠨ᠎ᠡ᠃

  ᠥᠪᠥᠷ ᠮᠤᠩᠭᠤᠯ᠎ᠤ᠋ᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ᠎ᠤ᠋ᠨ ᠪᠠᠢᠩᠭᠤ᠎ᠶᠢᠨ ᠬᠣᠷᠢᠶ᠎ᠠ

2025 ᠣᠨ᠎ᠤ 7 ᠳ᠋ᠤᠭᠠᠷ ᠰᠠᠷ᠎ᠠ᠎ᠶ᠋ᠢᠨ 24 ᠎ᠤ ᠡᠳᠦᠷ

ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠤᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭᠠᠯᠠᠯᠲᠠ᠎ᠶ᠋ᠢᠨ ᠲᠦᠷᠢᠮ

 

  ( 2025 ᠣᠨ᠎ᠤ 7 ᠳ᠋ᠤᠭᠠᠷ ᠰᠠᠷ᠎ᠠ᠎ᠶ᠋ᠢᠨ 24 ᠎ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠷᠪᠠᠨ ᠨᠠᠢ᠍ᠮᠠᠳᠤᠭᠠᠷ ᠬᠤᠷᠠᠯᠳᠤᠭᠠᠨ᠎ᠠᠴᠠ ᠪᠠᠲᠤᠯᠠᠪᠠ )

  ᠨᠢᠭᠡᠳᠦᠭᠡᠷ ᠵᠤᠷᠪᠤᠰ  ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭᠠᠯᠠᠯᠲᠠ᠎ᠶ᠋ᠢ ᠴᠢᠩᠭᠠᠳᠭᠠᠵᠤ᠂ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠠᠵᠤ ᠠᠬᠤᠢ᠎ᠶ᠋ᠢᠨ ᠦᠷ᠎ᠡ ᠠᠱᠢᠭ᠂ ᠨᠡᠢᠭᠡᠮ᠎ᠤᠨ ᠦᠷ᠎ᠡ ᠠᠱᠢᠭ ᠪᠠ ᠠᠮᠢ ᠠᠬᠤᠢ᠎ᠶ᠋ᠢᠨ ᠦᠷ᠎ᠡ ᠠᠱᠢᠭ᠎ᠢ ᠪᠠᠳᠠᠷᠠᠭᠤᠯᠵᠤ᠂ ᠠᠵᠤ ᠠᠬᠤᠢ ᠨᠡᠢᠭᠡᠮ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠲᠤᠰᠠᠳᠠ᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》 ᠪᠠ ᠤᠯᠤᠰ᠎ᠤᠨ ᠬᠤᠯᠪᠣᠭ᠍ᠳᠠᠯ ᠪᠦᠬᠦᠢ ᠬᠠᠤᠯᠢ ᠴᠠᠭᠠᠵᠠ᠂ ᠬᠠᠤᠯᠢ ᠲᠣᠭ᠍ᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠤᠰ ᠳᠦᠷᠢᠮ᠎ᠢ ᠲᠣᠭ᠍ᠲᠠᠭᠠᠪᠠ᠃

  ᠬᠤᠶᠠᠳᠤᠭᠠᠷ ᠵᠤᠷᠪᠤᠰ  ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ  ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭᠠᠯᠠᠯᠲᠠ᠎ᠳᠤ ᠲᠤᠰ ᠲᠦᠷᠢᠮ ᠲᠣᠬᠢᠷᠠᠨ᠎ᠠ᠃

  ᠲᠤᠰ ᠲᠦᠷᠢᠮ᠎ᠳᠤ ᠬᠡᠯᠡᠵᠦ᠍ ᠪᠠᠢᠭ᠎ᠠ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠦ ᠨᠡᠮᠡᠷᠢᠯᠡᠬᠦ᠌ ᠢᠨᠵᠧᠨᠧᠷᠢᠩ ᠭᠡᠳᠡᠭ᠎ᠨᠢ ᠨᠤᠨ ᠮᠥᠷᠡᠨ᠎ᠤ ᠰᠠᠯᠪᠤᠷᠢ ᠤᠷᠤᠰᠭᠠᠯ᠎ᠤᠨ ᠴᠤᠤᠯ ᠭᠤᠣᠯ᠎ᠤᠨ ᠳᠤᠮᠳᠠᠳᠤ ᠤᠷᠤᠰᠭᠠᠯ᠎ᠤᠨ ᠦᠨᠳᠡᠭᠡᠨ ᠭᠤᠣᠯ᠎ᠤᠨ ᠤᠰᠤᠨ ᠠᠱᠢᠭ᠍ᠯᠠᠯᠲᠠ᠎ᠶ᠋ᠢᠨ ᠬᠦᠢᠰᠦ᠎ᠠᠴᠠ ᠪᠠᠷᠠᠭᠤᠨ ᠯᠢᠶᠣᠤ ᠾᠧ ᠭᠤᠣᠯ᠎ᠤᠨ ᠳᠣᠣᠷᠠᠳᠤ ᠤᠷᠤᠰᠭᠠᠯ᠎ᠳᠤ ᠤᠰᠤ ᠲᠠᠲᠠᠵᠤ᠂ ᠬᠢᠩᠭᠠᠨ ᠠᠢᠮᠠᠭ᠂ ᠲᠦᠩᠯᠢᠶᠣᠤ ᠬᠤᠳᠠ᠎ᠠᠴᠠ ᠵᠠᠮ ᠳᠠᠭᠠᠤ᠎ᠶ᠋ᠢᠨ ᠬᠤᠳᠠ ᠪᠠ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠲᠤ ᠤᠰᠤ ᠬᠠᠩᠭᠠᠬᠤ᠎ᠪᠠᠷ ᠭᠤᠣᠯ ᠪᠣᠯᠭᠠᠵᠤ᠂ ᠤᠰᠤᠯᠠᠯᠲᠠ᠂ ᠴᠠᠬᠢᠯᠭᠠᠨ ᠭᠠᠷᠭᠠᠬᠤ ᠵᠢᠴᠢ ᠠᠮᠢ ᠠᠬᠤᠢ᠎ᠶ᠋ᠢᠨ ᠤᠰᠤ ᠨᠥᠬᠦᠪᠥᠷᠢᠯᠡᠬᠦ᠌ ᠵᠡᠷᠭᠡ ᠶᠡᠷᠦᠩᠬᠡᠢᠯᠡᠨ ᠠᠱᠢᠭ᠍ᠯᠠᠭ᠍ᠰᠠᠨ ᠤᠰᠤᠨ᠎ᠤ ᠡᠬᠢ ᠪᠠᠶᠠᠯᠢᠭ᠎ᠢ ᠲᠤᠬᠢᠷᠠᠭᠤᠯᠬᠤ ᠢᠨᠵᠧᠨᠧᠷᠢᠩ᠎ᠢ ᠵᠢᠭᠠᠵᠤ ᠪᠤᠢ᠃

  ᠭᠤᠷᠪᠠᠳᠤᠭᠠᠷ ᠵᠤᠷᠪᠤᠰ  ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭᠠᠯᠠᠯᠲᠠ᠎ᠶ᠋ᠢᠨ ᠠᠵᠢᠯ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠳᠭᠠᠬᠤ᠎ᠪᠠᠷ ᠠᠵᠢᠯ᠎ᠤᠨ ᠭᠤᠣᠯ ᠱᠢᠵᠢᠮ ᠪᠣᠯᠭᠠᠵᠤ᠂ ᠨᠢᠭᠡᠳᠦᠯᠲᠡᠢ ᠲᠥᠯᠥᠪᠵᠢᠭᠦᠯᠦᠨ ᠨᠡᠢᠲᠡ᠎ᠳᠤᠨᠢ ᠬᠠᠷᠠᠭᠠᠯᠵᠠᠬᠤ᠂ ᠬᠠᠤᠯᠢ ᠶᠣᠰᠣᠭᠠᠷ ᠬᠠᠮᠢᠶᠠᠷᠬᠤ᠂ ᠵᠢᠷᠤᠮᠵᠢᠯ᠎ᠲᠠᠢ ᠠᠵᠢᠯᠯᠠᠭᠤᠯᠬᠤ᠂ ᠠᠮᠤᠷ ᠲᠦᠪᠱᠢᠨ᠎ᠢ ᠪᠠᠲᠤᠯᠠᠬᠤ ᠵᠠᠷᠴᠢᠮ᠎ᠢ ᠵᠢᠷᠤᠮᠯᠠᠵᠤ᠂ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠠ ᠠᠮᠢ ᠠᠬᠤᠢ᠎ᠶ᠋ᠢᠨ ᠣᠷᠴᠢᠨ ᠲᠣᠭᠤᠷᠢᠨ᠎ᠤ ᠬᠡᠷᠡᠭ᠌ᠯᠡᠬᠦ᠌ ᠤᠰᠤ᠎ᠶ᠋ᠢ ᠰᠠᠢᠲᠤᠷ ᠵᠣᠬᠢᠴᠠᠭᠤᠯᠬᠤ ᠬᠡᠷᠡᠭ᠌ᠲᠡᠢ᠃

  ᠳᠥᠷᠪᠡᠳᠦᠭᠡᠷ ᠵᠤᠷᠪᠤᠰ  ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠤᠰᠤᠨ ᠰᠤᠷᠪᠤᠯᠵᠢ᠎ᠶ᠋ᠢᠨ ᠭᠠᠵᠠᠷ᠂ ᠵᠠᠮ ᠳᠠᠭᠠᠤ᠎ᠶ᠋ᠢᠨ ᠣᠷᠣᠨ ᠪᠦᠰᠡ᠂ ᠤᠰᠤ ᠬᠦᠷᠲᠡᠬᠦ᠌ ᠣᠷᠣᠨ᠎ᠤ ᠬᠤᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠲᠤᠰ ᠵᠠᠰᠠᠭ ᠵᠠᠬᠢᠷᠭᠠᠨ᠎ᠤ ᠣᠷᠣᠨ᠎ᠤ ᠳᠣᠲᠣᠷᠠᠬᠢ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭᠠᠯᠠᠯᠲᠠ᠎ᠶ᠋ᠢᠨ ᠠᠵᠢᠯ᠎ᠤᠨ ᠤᠳᠤᠷᠢᠳᠤᠯᠭ᠎ᠠ᠎ᠪᠠᠨ ᠴᠢᠩᠭᠠᠳᠭᠠᠵᠤ᠂ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭᠠᠯᠠᠯᠲᠠ ᠵᠡᠷᠭᠡ ᠲᠠᠯ᠎ᠠ᠎ᠶ᠋ᠢᠨ ᠴᠢᠬᠤᠯᠠ ᠶᠡᠭᠡ ᠠᠰᠠᠭᠤᠳᠠᠯ᠎ᠢ ᠵᠣᠬᠢᠴᠠᠭᠤᠯᠤᠨ ᠱᠢᠢᠳᠪᠦᠷᠢᠯᠡᠬᠦ᠌ ᠬᠡᠷᠡᠭ᠌ᠲᠡᠢ᠃

  ᠲᠠᠪᠤᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠴᠤᠤᠯ ᠭᠣᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠣᠤᠯ᠎ᠳᠤ ᠨᠡᠮᠡᠷᠢᠯᠡᠬᠦ᠌ ᠢᠨᠵᠧᠨᠧᠷᠢᠩ᠎ᠦᠨ ᠬᠠᠮᠢᠶᠠᠷᠤᠯᠲᠠ ᠪᠣᠯᠤᠨ ᠬᠠᠮᠠᠭᠠᠯᠠᠯᠲᠠ᠎ᠶ᠋ᠢᠨ ᠠᠵᠢᠯ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠬᠤ ᠬᠡᠷᠡᠭ᠌ᠲᠡᠶ᠃

  ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠤᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠤᠰᠤᠨ ᠰᠤᠷᠪᠤᠯᠵᠢ᠎ᠶ᠋ᠢᠨ ᠭᠠᠵᠠᠷ᠂ ᠵᠠᠮ ᠳᠠᠭᠠᠤ᠎ᠶ᠋ᠢᠨ ᠣᠷᠣᠨ ᠪᠦᠰᠡ᠂ ᠤᠰᠤ ᠬᠦᠯᠢᠶᠡᠬᠦ᠌ ᠣᠷᠣᠨ᠎ᠤ ᠬᠤᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭᠠᠯᠠᠯᠲᠠ᠎ᠶ᠋ᠢᠨ ᠠᠵᠢᠯ᠎ᠢ ᠬᠠᠷᠢᠭᠤᠴᠠᠨ᠎ᠠ᠃

  ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠤᠰᠤᠨ ᠰᠤᠷᠪᠤᠯᠵᠢ᠎ᠶ᠋ᠢᠨ ᠭᠠᠵᠠᠷ᠂ ᠵᠠᠮ ᠳᠠᠭᠠᠤ᠎ᠶ᠋ᠢᠨ ᠣᠷᠣᠨ ᠪᠦᠰᠡ᠂ ᠤᠰᠤ ᠬᠦᠷᠲᠡᠬᠦ᠌ ᠣᠷᠣᠨ᠎ᠤ ᠬᠤᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠭ᠌ᠵᠢᠭᠦᠯᠦᠯᠲᠡ ᠥᠭᠡᠷᠡᠴᠢᠯᠡᠯᠲᠡ᠂ ᠳᠣᠲᠣᠭᠠᠳᠤ᠎ᠶ᠋ᠢ ᠬᠠᠮᠠᠭᠠᠯᠠᠬᠤ᠂ ᠡᠳ᠋᠎ᠤᠨ ᠵᠠᠰᠠᠭ᠂ ᠪᠠᠢᠭᠠᠯᠢ᠎ᠶ᠋ᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠶ᠂ ᠰᠣᠶᠣᠯ ᠪᠠ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠂ ᠣᠢ ᠱᠢᠭᠤᠶ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ᠎ᠤᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ᠎ᠶ᠋ᠢᠨ᠎ᠢᠶᠠᠨ ᠶᠣᠰᠣᠭᠠᠷ᠂ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭᠠᠯᠠᠯᠲᠠ᠎ᠶ᠋ᠢᠨ ᠬᠠᠮᠢᠶ᠎ᠠ ᠪᠦᠬᠦᠢ ᠠᠵᠢᠯ᠎ᠢ ᠰᠠᠢᠲᠤᠷ ᠬᠢᠨ᠎ᠡ᠃

  ᠵᠢᠷᠭᠤᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠭ᠍ᠲᠠᠭᠠᠭ᠍ᠰᠠᠨ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ᠎ᠶ᠋ᠢᠨ ᠨᠢᠭᠡᠴᠢ᠎ᠠᠴᠠ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠶᠠᠰᠤ ᠴᠢᠨᠠᠷ᠂ ᠠᠮᠤᠷ ᠲᠦᠪᠱᠢᠨ᠂ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠂ ᠤᠰᠤᠨ᠎ᠤ ᠴᠢᠨᠠᠷ᠎ᠢ ᠬᠠᠮᠠᠭᠠᠯᠠᠬᠤ᠂ ᠤᠰᠤ ᠬᠠᠩᠭᠠᠬᠤ ᠪᠠᠲᠤᠯᠠᠭ᠎ᠠ ᠵᠢᠴᠢ ᠡᠳᠦᠷ ᠲᠤᠲᠤᠮ᠎ᠤᠨ ᠡᠵᠡᠩᠨᠡᠯᠲᠡ ᠬᠠᠮᠠᠭᠠᠯᠠᠯᠲᠠ ᠬᠠᠮᠢᠶᠠᠷᠤᠯᠲᠠ᠎ᠶ᠋ᠢ ᠪᠣᠳᠠᠲᠠᠶ ᠬᠠᠷᠢᠭᠤᠴᠠᠨ᠎ᠠ᠃

  ᠳᠣᠯᠣᠳᠤᠭᠠᠷ ᠵᠤᠷᠪᠤᠰ  ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠤᠰᠤ ᠳᠠᠮᠵᠢᠭᠤᠯᠬᠤ ᠭᠤᠣᠯ ᠱᠤᠭᠤᠮ᠎ᠳᠤ ᠥᠪᠡᠷᠲᠡᠭᠡᠨ ᠵᠠᠰᠠᠬᠤ ᠣᠷᠣᠨ᠂ ᠠᠢᠮᠠᠭ ᠪᠠ ᠲᠣᠭᠤᠷᠢᠭ᠎ᠲᠠᠢ ᠬᠤᠲᠠ᠂ ᠬᠤᠱᠢᠭᠤ ᠱᠢᠶᠠᠨ ( ᠬᠤᠲᠠ᠂ ᠲᠣᠭᠤᠷᠢᠭ )᠂ ᠰᠤᠮᠤ ᠱᠢᠶᠠᠩ ᠪᠠᠯᠭᠠᠰᠤ ᠳᠥᠷᠪᠡᠨ ᠱᠠᠲᠤᠨ᠎ᠤ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮᠵᠢ᠎ᠶ᠋ᠢ ᠪᠠᠢᠭᠤᠯᠤᠨ᠎ᠠ᠃ ᠡᠯ᠎ᠡ ᠱᠠᠲᠤᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ᠎ᠨᠢ ᠳᠡᠭᠡᠳᠦ ᠳᠣᠤᠷᠠᠳᠤ ᠤᠷᠤᠰᠭᠠᠯ᠂ ᠵᠠᠰᠠᠭ ᠵᠠᠬᠢᠷᠭᠠᠨ᠎ᠤ ᠣᠷᠣᠨ ᠠᠯᠤᠰᠯᠠᠭ᠍ᠰᠠᠨ ᠬᠤᠭᠤᠷᠣᠨᠳᠣᠬᠢ ᠬᠤᠯᠪᠣᠭᠠᠯᠠᠨ ᠰᠡᠷᠭᠡᠢᠯᠡᠵᠦ᠍ ᠬᠤᠯᠪᠣᠭᠠᠯᠠᠨ ᠡᠵᠡᠮᠳᠡᠬᠦ᠌ ᠠᠵᠢᠯ᠎ᠢ ᠬᠠᠷᠢᠭᠤᠴᠠᠵᠤ᠂ ᠤᠰᠤ ᠳᠠᠮᠵᠢᠭᠤᠯᠬᠤ ᠭᠤᠤᠯ ᠱᠤᠭᠤᠮ᠎ᠤᠨ ᠬᠠᠮᠢᠶᠠᠷᠤᠯᠲᠠ ᠪᠠ ᠬᠠᠮᠠᠭᠠᠯᠠᠯᠲᠠ᠎ᠶ᠋ᠢᠨ ᠴᠢᠬᠤᠯᠠ ᠶᠡᠭᠡ ᠠᠰᠠᠭᠤᠳᠠᠯ᠎ᠢ ᠵᠣᠬᠢᠴᠠᠭᠤᠯᠤᠨ ᠱᠢᠢᠳᠪᠦᠷᠢᠯᠡᠵᠦ᠍᠂ ᠤᠰᠤᠨ᠎ᠤ ᠡᠬᠢ ᠪᠠᠶᠠᠯᠢᠭ ᠤᠰᠤᠨ᠎ᠤ ᠣᠷᠴᠢᠨ ᠲᠣᠭᠤᠷᠢᠨ ᠤᠰᠤᠨ᠎ᠤ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠴᠢᠬᠤᠯᠠ ᠶᠡᠭᠡ ᠵᠦᠢᠯᠡᠰ᠎ᠢ ᠰᠤᠳᠤᠯᠤᠨ ᠪᠠᠢᠷᠢᠯᠠᠭᠤᠯᠤᠨ᠎ᠠ᠃

  ᠨᠠᠢ᠍ᠮᠠᠳᠤᠭᠠᠷ ᠵᠤᠷᠪᠤᠰ  ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠢ ᠬᠠᠮᠠᠭᠠᠯᠠᠵᠤ᠂ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠲᠥᠬᠦᠭᠡᠷᠦᠮᠵᠢ᠎ᠶ᠋ᠢ ᠬᠤᠬᠢᠷᠠᠭᠤᠯᠬᠤ ᠵᠢᠴᠢ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠠᠵᠢᠯᠯᠠᠭ᠎ᠠ᠂ ᠤᠰᠤᠨ᠎ᠤ ᠣᠷᠴᠢᠨ ᠲᠣᠭᠤᠷᠢᠨ᠎ᠤ ᠠᠮᠤᠷ ᠲᠦᠪᠱᠢᠨ ᠵᠡᠷᠭᠡ ᠠᠵᠢᠯᠯᠠᠭ᠎ᠠ᠎ᠶ᠋ᠢ ᠢᠳᠭᠠᠨ ᠬᠤᠷᠢᠭ᠍ᠯᠠᠬᠤ ᠪᠠ ᠢᠯᠡᠴᠢᠯᠡᠨ ᠮᠡᠳᠡᠭᠦᠯᠬᠦ᠌ ᠡᠷᠬᠡ᠎ᠲᠠᠢ᠃

  ᠶᠢᠰᠦᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠤᠯᠪᠣᠭ᠍ᠳᠠᠯ ᠪᠦᠬᠦᠢ ᠬᠠᠤᠯᠢ ᠴᠠᠭᠠᠵᠠ᠂ ᠬᠠᠤᠯᠢ ᠲᠣᠭ᠍ᠲᠠᠭᠠᠯ᠎ᠤᠨ ᠲᠣᠭ᠍ᠲᠠᠭᠠᠯ ᠪᠣᠯᠤᠨ ᠪᠠᠷᠢᠮᠵᠢᠶ᠎ᠠ ᠶᠣᠰᠣᠭᠠᠷ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ᠎ᠶ᠋ᠢᠨ ᠬᠡᠪᠴᠢᠶ᠎ᠡ ᠪᠣᠯᠤᠨ ᠬᠠᠮᠠᠭᠠᠯᠠᠯᠲᠠ᠎ᠶ᠋ᠢᠨ ᠬᠡᠪᠴᠢᠶ᠎ᠡ᠎ᠶ᠋ᠢ ᠵᠣᠬᠢᠶᠠᠨ ᠪᠠᠢᠭᠤᠯᠤᠨ ᠵᠠᠭᠠᠭ᠍ᠯᠠᠨ ᠲᠣᠭ᠍ᠲᠠᠭᠠᠬᠤ᠎ᠶ᠋ᠢᠨ ᠬᠠᠮᠲᠤ ᠨᠡᠢᠭᠡᠮ᠎ᠳᠤ ᠵᠠᠷᠯᠠᠨ ᠨᠡᠢᠲᠡᠯᠡᠬᠦ᠌ ᠬᠡᠷᠡᠭ᠌ᠲᠡᠶ᠃

  ᠠᠷᠪᠠᠳᠤᠭᠠᠷ ᠵᠤᠷᠪᠤᠰ  ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ᠎ᠶ᠋ᠢᠨ ᠬᠦᠷᠢᠶ᠎ᠡ ᠬᠡᠪᠴᠢᠶ᠎ᠡ᠎ᠶ᠋ᠢ ᠤᠰᠤᠨ ᠠᠱᠢᠭ᠍ᠯᠠᠯᠲᠠ᠎ᠶ᠋ᠢᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠥᠪᠱᠢᠶᠡᠷᠡᠭ᠌ᠰᠡᠨ ᠵᠢᠷᠤᠭ ᠲᠥᠯᠥᠪᠯᠡᠭᠡ᠎ᠶ᠋ᠢᠨ ᠪᠢᠴᠢᠭ ᠮᠠᠲ᠋ᠧᠷᠢᠶᠠᠯ᠎ᠤᠨ ᠶᠣᠰᠣᠭᠠᠷ ᠬᠤᠪᠢᠶᠠᠷᠢᠯᠠᠨ ᠲᠣᠭ᠍ᠲᠠᠭᠠᠵᠤ᠂ ᠬᠠᠤᠯᠢ ᠶᠣᠰᠣᠭᠠᠷ ᠲᠠᠲᠠᠪᠤᠷᠢᠯᠠᠭ᠍ᠰᠠᠨ ᠭᠠᠵᠠᠷ ᠱᠢᠷᠣᠶ᠂ ᠢᠨᠵᠧᠨᠧᠷᠢᠩ᠎ᠤᠨ ᠪᠠᠷᠢᠯᠭ᠎ᠠ ᠵᠢᠴᠢ ᠳᠠᠭᠠᠯᠲᠠ ᠲᠥᠬᠦᠭᠡᠷᠦᠮᠵᠢ ᠪᠡᠯᠡᠳᠭᠡᠮᠵᠢ ᠪᠠᠭ᠍ᠲᠠᠨ᠎ᠠ᠃

  ᠠᠷᠪᠠᠨ ᠨᠢᠭᠡᠳᠦᠭᠡᠷ ᠵᠤᠷᠪᠤᠰ  ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠠᠭᠠᠯᠠᠯᠲᠠ᠎ᠶ᠋ᠢᠨ ᠬᠡᠪᠴᠢᠶ᠎ᠡ᠎ᠶ᠋ᠢ ᠳᠣᠣᠷ᠎ᠠ ᠵᠢᠭ᠍ᠰᠠᠭᠠᠭ᠍ᠰᠠᠨ ᠵᠠᠷᠴᠢᠮ ᠶᠣᠰᠣᠭᠠᠷ ᠬᠤᠪᠢᠶᠠᠷᠢᠯᠠᠨ ᠲᠣᠭ᠍ᠲᠠᠭᠠᠨ᠎ᠠ᠄

  (ᠨᠢᠭᠡ) ᠦᠨᠳᠡᠭᠡᠨ ᠤᠰᠤᠨ ᠠᠱᠢᠭ᠍ᠯᠠᠯᠲᠠ᠎ᠶ᠋ᠢᠨ ᠵᠠᠩᠭᠢᠯᠠᠭ᠎ᠠ᠎ᠶ᠋ᠢᠨ ᠶᠡᠭᠡ ᠬᠠᠱᠢᠯᠭ᠎ᠠ ᠪᠣᠯ ᠬᠠᠮᠢᠶᠠᠷᠤᠯᠲᠠ᠎ᠶ᠋ᠢᠨ ᠬᠡᠪᠴᠢᠶᠡᠨ᠎ᠤ ᠵᠠᠬ᠎ᠠ᠎ᠶ᠋ᠢᠨ ᠱᠤᠭᠤᠮ᠎ᠠᠴᠠ ᠳᠣᠣᠷᠠᠳᠤ ᠤᠷᠤᠰᠭᠠᠯ ᠲᠡᠢᠰᠢ ᠨᠢᠭᠡ ᠮᠢᠩᠭᠠᠨ ᠮᠧᠲᠷ᠎ᠤᠨ ᠳᠣᠲᠣᠷ᠎ᠠ ᠬᠦᠷᠲᠡᠯ᠎ᠡ ᠤᠷᠲᠤᠳᠭᠠᠭ᠍ᠰᠠᠨ ᠣᠷᠣᠨ ᠪᠣᠯᠤᠨ᠎ᠠ᠂ ᠴᠥᠭᠦᠷᠥᠮ᠎ᠤᠨ ᠣᠷᠣᠨ᠎ᠨᠢ ᠬᠤᠶᠠᠷ ᠡᠷᠭᠢ᠎ᠶ᠋ᠢᠨ ᠭᠠᠵᠠᠷ ᠲᠠᠲᠠᠪᠤᠷᠢᠯᠠᠬᠤ ᠱᠤᠭᠤᠮ᠎ᠠᠴᠠ ᠳᠡᠭᠡᠭ᠌ᠰᠢ᠂ ᠨᠢᠭᠡᠳᠦᠭᠡᠷ ᠤᠰᠤᠨ ᠰᠤᠪᠠᠭ ᠰᠠᠯᠪᠤᠷᠢ ᠱᠤᠭᠤᠮ᠎ᠤᠨ ᠬᠤᠭᠤᠷᠣᠨᠳᠣᠬᠢ ᠣᠷᠣᠨ ᠪᠣᠯᠤᠨ᠎ᠠ;

  (ᠬᠤᠶᠠᠷ) ᠨᠦᠬᠡᠨ ᠵᠠᠮ᠂ ᠲᠤᠩᠭᠤᠷᠠᠭᠤ ᠰᠣᠷᠣᠬᠤ᠂ ᠳᠠᠯᠳᠠ ᠭᠤᠯᠳᠤᠷᠢᠯ ᠨᠢ ᠳᠡᠭᠡᠷ᠎ᠡ ᠲᠠᠯ᠎ᠠ᠎ᠶ᠋ᠢᠨ ᠭᠠᠵᠠᠷ᠎ᠤᠨ ᠭᠠᠳᠠᠷᠭᠤ ᠵᠢᠴᠢ ᠲᠡᠭᠦᠨ᠎ᠦ ᠬᠥᠪᠡᠭᠡ᠎ᠶ᠋ᠢᠨ ᠱᠤᠭᠤᠮ᠎ᠠᠴᠠ ᠭᠠᠳᠠᠭ᠍ᠰᠢ ᠬᠣᠶᠠᠷ ᠵᠠᠭᠤᠨ ᠮᠧᠲ᠋ᠷ᠎ᠦᠨ ᠳᠣᠲᠣᠷ᠎ᠠ ᠬᠦᠷᠲᠡᠯ᠎ᠡ ᠤᠷᠲᠤᠳᠭᠠᠭ᠍ᠰᠠᠨ ᠣᠷᠣᠨ᠂ ᠬᠥᠷᠥᠰᠥᠨ ᠳᠣᠤᠷᠠᠬᠢ ᠤᠰᠤ ᠳᠠᠮᠵᠢᠭᠤᠯᠬᠤ ᠬᠣᠭᠣᠯᠠᠢ᠎ᠶ᠋ᠢ ᠳᠡᠭᠡᠷ᠎ᠡ ᠲᠠᠯ᠎ᠠ᠎ᠶ᠋ᠢᠨ ᠭᠠᠵᠠᠷ᠎ᠤᠨ ᠭᠠᠳᠠᠷᠭᠤ ᠵᠢᠴᠢ ᠲᠡᠭᠦᠨ᠎ᠦ ᠬᠥᠪᠡᠭᠡ᠎ᠶ᠋ᠢᠨ ᠱᠤᠭᠤᠮ᠎ᠠᠴᠠ ᠭᠠᠳᠠᠭ᠍ᠰᠢ ᠲᠠᠪᠢᠨ ᠮᠧᠲ᠋ᠷ᠎ᠦᠨ ᠳᠣᠲᠣᠷ᠎ᠠ ᠬᠦᠷᠲᠡᠯ᠎ᠡ ᠤᠷᠲᠤᠳᠭᠠᠭ᠍ᠰᠠᠨ ᠣᠷᠣᠨ ᠪᠣᠯᠤᠨ᠎ᠠ;

  (ᠭᠤᠷᠪᠠ) ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠪᠤᠰᠤᠳ ᠭᠤᠣᠯ ᠪᠠᠷᠢᠯᠭ᠎ᠠ ᠪᠣᠯ ᠲᠡᠭᠦᠨ᠎ᠤ ᠬᠠᠮᠢᠶᠠᠷᠤᠯᠲᠠ᠎ᠶ᠋ᠢᠨ ᠬᠦᠷᠢᠶ᠎ᠡ ᠬᠡᠪᠴᠢᠶ᠎ᠡ᠎ᠶ᠋ᠢ ᠭᠠᠳᠠᠭ᠍ᠰᠢ ᠬᠤᠶᠠᠷ ᠵᠠᠭᠤᠨ ᠮᠧᠲᠷ᠎ᠤᠨ ᠳᠣᠲᠣᠷ᠎ᠠ ᠬᠦᠷᠲᠡᠯ᠎ᠡ ᠤᠷᠲᠤᠳᠭᠠᠭ᠍ᠰᠠᠨ ᠣᠷᠣᠨ ᠪᠣᠯᠤᠨ᠎ᠠ᠂ ᠡᠩ᠎ᠤᠨ ᠪᠠᠷᠢᠯᠭ᠎ᠠ᠎ᠨᠢ ᠲᠡᠭᠦᠨ᠎ᠤ ᠬᠠᠮᠢᠶᠠᠷᠤᠯᠲᠠ᠎ᠶ᠋ᠢᠨ ᠬᠡᠪᠴᠢᠶᠡᠨ᠎ᠤ ᠬᠠᠵᠠᠭᠤ᠎ᠶ᠋ᠢᠨ ᠱᠤᠭᠤᠮ᠎ᠠᠴᠠ ᠭᠠᠳᠠᠭ᠍ᠰᠢ ᠲᠠᠪᠢᠨ ᠮᠧᠲᠷ᠎ᠤᠨ ᠳᠣᠲᠣᠷ᠎ᠠ ᠬᠦᠷᠲᠡᠯ᠎ᠡ ᠤᠷᠲᠤᠳᠭᠠᠨ᠎ᠠ;

  (ᠲᠦᠷᠪᠡ) ᠴᠢᠮᠡᠭᠡ ᠬᠣᠯᠪᠣᠭᠠᠨ᠎ᠤ ᠭᠡᠷᠡᠯᠯᠢᠭ ᠳᠡᠭᠡᠰᠦ᠂ ᠴᠠᠬᠢᠯᠭᠠᠨ ᠬᠦᠷᠭᠡᠬᠦ᠌ ᠬᠦᠴᠦᠳᠡᠯ ᠥᠭᠡᠷᠡᠴᠢᠯᠡᠬᠦ᠌ ᠱᠤᠭᠤᠮ ᠵᠡᠷᠭᠡ ᠢᠨᠵᠧᠨᠧᠷᠢᠩ᠎ᠦᠨ ᠳᠠᠭᠠᠯᠲᠠ ᠪᠡᠯᠡᠳᠭᠡᠮᠵᠢ᠎ᠶ᠋ᠢᠨ ᠬᠠᠮᠠᠭᠠᠯᠠᠯᠲᠠ᠎ᠶ᠋ᠢᠨ ᠬᠡᠪᠴᠢᠶ᠎ᠡ᠎ᠶ᠋ᠢ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠲᠣᠭ᠍ᠲᠠᠭᠠᠨ᠎ᠠ᠃

  ᠠᠷᠪᠠᠨ ᠬᠤᠶᠠᠳᠤᠭᠠᠷ ᠵᠤᠷᠪᠤᠰ  ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ᠎ᠶ᠋ᠢᠨ ᠨᠢᠭᠡᠴᠢ᠎ᠨᠦᠭᠦᠳ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ᠎ᠶ᠋ᠢᠨ ᠬᠡᠪᠴᠢᠶ᠎ᠡ ᠪᠠ ᠬᠠᠮᠠᠭᠠᠯᠠᠯᠲᠠ᠎ᠶ᠋ᠢᠨ ᠬᠡᠪᠴᠢᠶᠡᠨ᠎ᠳᠤ ᠬᠢᠯᠢ᠎ᠶ᠋ᠢᠨ ᠪᠠᠭᠠᠨ᠎ᠠ᠂ ᠬᠢᠯᠢ᠎ᠶ᠋ᠢᠨ ᠬᠥᠱᠢᠶ᠎ᠡ ᠵᠡᠷᠭᠡ ᠬᠠᠮᠠᠭᠠᠯᠠᠯᠲᠠ᠎ᠶ᠋ᠢᠨ ᠲᠡᠮᠳᠡᠭ ᠪᠤᠶᠤ ᠠᠯᠪᠠᠨ ᠵᠠᠷ᠎ᠤᠨ ᠫᠠᠢᠰᠠ᠂ ᠰᠡᠷᠡᠮᠵᠢᠯᠡᠭᠦᠯᠬᠦ᠌ ᠲᠡᠮᠳᠡᠭ ᠵᠡᠷᠭᠡ ᠲᠡᠮᠳᠡᠭ ᠫᠠᠢᠰᠠ ᠭᠠᠷᠭᠠᠬᠤ ᠬᠡᠷᠡᠭ᠌ᠲᠡᠶ᠂ ᠶᠠᠮᠠᠷᠪᠠ ᠨᠢᠭᠡᠴᠢ ᠪᠠ ᠬᠤᠪᠢ ᠬᠥᠮᠦᠨ ᠳᠤᠷ᠎ᠠ᠎ᠪᠠᠷ᠎ᠢᠶᠠᠨ ᠱᠢᠯᠵᠢᠭᠦᠯᠵᠦ᠍᠂ ᠪᠠᠯᠠᠯᠤᠨ ᠥᠭᠡᠷᠡᠴᠢᠯᠡᠵᠦ᠍᠂ ᠡᠪᠳᠡᠨ ᠰᠦᠢᠳᠭᠡᠵᠦ᠍ ᠪᠣᠯᠬᠤ ᠥᠬᠡᠶ᠃

  ᠠᠷᠪᠠᠨ ᠭᠤᠷᠪᠠᠳᠤᠭᠠᠷ ᠵᠣᠷᠪᠤᠰ  ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ᠎ᠶ᠋ᠢᠨ ᠬᠡᠪᠴᠢᠶᠡᠨ ᠳᠣᠲᠣᠷ᠎ᠠ᠂ ᠳᠣᠣᠷᠠᠬᠢ ᠮᠡᠲᠦ ᠦᠢᠯᠡ ᠠᠵᠢᠯᠯᠠᠭ᠎ᠠ ᠬᠢᠬᠦ᠌᠎ᠶ᠋ᠢ ᠴᠠᠭᠠᠵᠠᠯᠠᠨ᠎ᠠ᠄

  (ᠨᠢᠭᠡ) ᠳᠡᠯᠪᠡᠴᠢᠬᠦ᠌᠂ ᠬᠤᠳᠳᠤᠭ ᠮᠠᠯᠲᠠᠬᠤ᠂ ᠠᠭᠤᠷᠬᠠᠶ ᠮᠠᠯᠲᠠᠬᠤ᠂ ᠱᠢᠷᠣᠶ ᠠᠪᠬᠤ᠂ ᠥᠷᠥᠮᠳᠡᠬᠦ᠌᠂ ᠮᠠᠯᠲᠠᠬᠤ       ᠵᠡᠷᠭᠡ ;

  (ᠬᠤᠶᠠᠷ) ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠪᠠᠷᠢᠯᠭ᠎ᠠ᠂ ᠪᠠᠷᠢᠯᠭ᠎ᠠ᠎ᠶ᠋ᠢᠨ ᠵᠦᠢᠯ ᠵᠢᠴᠢ ᠬᠠᠮᠢᠶ᠎ᠠ ᠪᠦᠬᠦᠢ ᠲᠥᠬᠦᠭᠡᠷᠦᠮᠵᠢ᠎ᠶ᠋ᠢ ᠡᠵᠡᠯᠡᠭ᠌ᠰᠡᠨ᠂ ᠡᠪᠳᠡᠨ ᠰᠦᠢᠳᠭᠡᠭ᠌ᠰᠡᠨ;

  (ᠭᠤᠷᠪᠠ) ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠤᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠠᠶᠤᠯ ᠦᠭᠡᠢ ᠠᠵᠢᠯᠯᠠᠭᠠᠨ᠎ᠢ ᠨᠥᠯᠥᠭᠡᠯᠡᠬᠦ᠌ ᠪᠠᠷᠢᠯᠭ᠎ᠠ᠂ ᠪᠠᠷᠢᠯᠭ᠎ᠠ᠎ᠶ᠋ᠢᠨ ᠵᠦᠢᠯ ᠪᠠ ᠪᠤᠰᠤᠳ ᠪᠡᠯᠡᠳᠭᠡᠮᠵᠢ᠎ᠶ᠋ᠢ ᠪᠦᠲᠦᠭᠡᠨ ᠪᠠᠢᠭᠤᠯᠤᠨ᠎ᠠ;

  (ᠲᠦᠷᠪᠡ) ᠬᠠᠤᠯᠢ ᠴᠠᠭᠠᠵᠠ᠂ ᠬᠠᠤᠯᠢ ᠲᠣᠭ᠍ᠲᠠᠭᠠᠯ᠎ᠳᠤ ᠲᠣᠭ᠍ᠲᠠᠭᠠᠭ᠍ᠰᠠᠨ ᠪᠤᠰᠤᠳ ᠴᠠᠭᠠᠵᠠᠯᠠᠬᠤ ᠴᠢᠨᠠᠷᠲᠠᠢ ᠦᠢᠯᠡ ᠠᠵᠢᠯᠯᠠᠭ᠎ᠠ᠃

  ᠠᠷᠪᠠᠨ ᠳᠥᠷᠪᠡᠳᠦᠭᠡᠷ ᠵᠤᠷᠪᠤᠰ  ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠠᠭᠠᠯᠠᠯᠲᠠ᠎ᠶ᠋ᠢᠨ ᠬᠡᠪᠴᠢᠶᠡᠨ ᠳᠣᠲᠣᠷ᠎ᠠ᠂ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠠᠵᠢᠯᠯᠠᠭᠠᠨ᠎ᠢ ᠨᠥᠯᠥᠭᠡᠯᠡᠬᠦ᠌ ᠪᠠ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠠᠮᠤᠷ ᠲᠦᠪᠱᠢᠨ᠎ᠢ ᠬᠤᠬᠢᠷᠠᠭᠤᠯᠬᠤ ᠳᠡᠯᠪᠡᠴᠢᠬᠦ᠌ ᠠᠵᠢᠯ ᠬᠢᠵᠦ᠍ ᠪᠣᠯᠬᠤ ᠦᠭᠡᠢ᠂ ᠬᠤᠳᠳᠤᠭ ᠮᠠᠯᠲᠠᠬᠤ᠂ ᠴᠢᠯᠠᠭᠤ ᠮᠠᠯᠲᠠᠬᠤ᠂ ᠱᠢᠷᠣᠶ ᠠᠪᠬᠤ ᠵᠡᠷᠭᠡ ᠠᠵᠢᠯᠯᠠᠭ᠎ᠠ ᠬᠢᠵᠦ᠍ ᠪᠣᠯᠬᠤ ᠦᠭᠡᠢ᠂ ᠭᠠᠵᠠᠷ ᠳᠣᠣᠷᠠᠬᠢ ᠤᠰᠤ ᠳᠠᠮᠵᠢᠭᠤᠯᠬᠤ ᠬᠤᠭᠤᠯᠠᠢ᠎ᠶ᠋ᠢᠨ ᠳᠡᠭᠡᠷ᠎ᠡ ᠲᠠᠯ᠎ᠠ᠎ᠳᠤ ᠦᠨᠳᠦᠰᠦ᠎ᠨᠢ ᠭᠦᠨ ᠬᠤᠭᠤᠯᠠᠢ ᠪᠤᠯᠠᠵᠤ ᠪᠤᠯᠠᠬᠤ ᠪᠣᠯᠣᠮᠵᠢ᠎ᠲᠠᠢ ᠲᠤᠷᠤᠭ ᠮᠣᠳᠣ᠂ ᠲᠤᠮᠤ ᠬᠡᠯᠪᠡᠷᠢ᠎ᠶ᠋ᠢᠨ ᠪᠤᠲᠠᠯᠢᠭ ᠮᠣᠳᠣ ᠵᠡᠷᠭᠡ ᠤᠷᠭᠤᠮᠠᠯ᠎ᠢ ᠲᠠᠷᠢᠵᠤ ᠪᠣᠯᠬᠤ ᠦᠭᠡᠢ᠃

  ᠠᠷᠪᠠᠨ ᠲᠠᠪᠤᠳᠤᠭᠠᠷ ᠵᠤᠷᠪᠤᠰ  ᠴᠤᠤᠯ ᠭᠣᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠣᠤᠯ᠎ᠳᠤ ᠨᠡᠮᠡᠷᠢᠯᠡᠬᠦ᠌ ᠢᠨᠵᠧᠨᠧᠷᠢᠩ᠎ᠢ ᠪᠦᠲᠦᠭᠡᠨ ᠪᠠᠢᠭᠤᠯᠬᠤ ᠬᠥᠭᠦᠷᠭᠡ᠂ ᠵᠠᠰᠠᠮᠠᠯ ᠵᠠᠮ᠂ ᠲᠡᠮᠦᠷ ᠵᠠᠮ᠂ ᠬᠣᠭᠣᠯᠠᠶ᠂ ᠳᠡᠭᠡᠰᠦ ᠤᠲᠠᠰᠤ᠂ ᠤᠰᠤ ᠲᠠᠲᠠᠬᠤ᠂ ᠤᠰᠤ ᠲᠠᠲᠠᠷᠠᠭᠤᠯᠬᠤ ᠵᠡᠷᠭᠡ ᠢᠨᠵᠧᠨᠧᠷᠢᠩ᠎ᠤᠨ ᠪᠡᠯᠡᠳᠭᠡᠮᠵᠢ᠎ᠶ᠋ᠢ ᠤᠯᠤᠰ᠎ᠠᠴᠠ ᠲᠣᠭ᠍ᠲᠠᠭᠠᠭ᠍ᠰᠠᠨ ᠦᠨᠳᠦᠰᠦᠨ ᠪᠦᠲᠦᠭᠡᠨ ᠪᠠᠢᠭᠤᠯᠤᠯᠲᠠ᠎ᠶ᠋ᠢᠨ ᠳᠡᠰ ᠳᠠᠷᠠᠭᠠᠯᠠᠯ᠎ᠤᠨ ᠶᠣᠰᠣᠭᠠᠷ ᠬᠢᠨᠠᠨ ᠵᠥᠪᠱᠢᠶᠡᠷᠡᠵᠦ᠍᠂ ᠣᠨᠣᠪᠴᠢᠲᠠᠶ ᠪᠠᠢᠯᠭᠠᠬᠤ ᠦᠢ᠎ᠡ᠎ᠳᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠪᠠᠢᠭᠤᠯᠬᠤ᠎ᠪᠠᠷ ᠪᠠᠢᠭ᠎ᠠ ᠢᠨᠵᠧᠨᠧᠷᠢᠩ᠎ᠤᠨ ᠪᠡᠯᠡᠳᠭᠡᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠥᠰᠦᠯ᠎ᠦᠨ ᠲᠤᠬᠠᠶ ᠰᠠᠨᠠᠯ᠎ᠢ ᠬᠤᠷᠢᠶᠠᠬᠤ ᠬᠡᠷᠡᠭ᠌ᠲᠡᠶ᠃

  ᠡᠮᠦᠨᠡᠬᠢ ᠵᠤᠷᠪᠤᠰ᠎ᠲᠤ ᠲᠣᠭ᠍ᠲᠠᠭᠠᠭ᠍ᠰᠠᠨ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ ᠨᠢ ᠪᠠᠷᠢᠯᠭ᠎ᠠ ᠪᠠᠷᠢᠬᠤ᠂ ᠬᠠᠮᠠᠭᠠᠯᠠᠬᠤ᠂ ᠪᠠᠢᠴᠠᠭᠠᠨ ᠵᠠᠰᠠᠬᠤ᠎ᠠᠴᠠ ᠡᠮᠦᠨ᠎ᠡ᠂ ᠴᠤᠤᠯ ᠭᠣᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠣᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ᠎ᠶ᠋ᠢᠨ ᠨᠢᠭᠡᠴᠢ᠎ᠳᠦ ᠮᠡᠳᠡᠭ᠌ᠳᠡᠵᠦ᠍᠂ ᠪᠠᠷᠢᠯᠭ᠎ᠠ ᠪᠠᠷᠢᠬᠤ᠂ ᠬᠠᠮᠠᠭᠠᠯᠠᠬᠤ᠂ ᠪᠠᠢᠴᠠᠭᠠᠨ ᠵᠠᠰᠠᠬᠤ ᠶᠠᠪᠤᠴᠠ᠎ᠳᠤ ᠴᠤᠤᠯ ᠭᠣᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠣᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠪᠡᠯᠡᠳᠭᠡᠮᠵᠢ᠎ᠶ᠋ᠢᠨ ᠠᠶᠤᠯ ᠦᠭᠡᠶ ᠪᠠ ᠬᠡᠪ᠎ᠦᠨ ᠠᠵᠢᠯᠯᠠᠭᠠᠨ᠎ᠢ ᠨᠥᠯᠥᠭᠡᠯᠡᠵᠦ᠍ ᠪᠣᠯᠬᠤ ᠦᠭᠡᠶ᠃

  ᠠᠷᠪᠠᠨ ᠵᠢᠷᠭᠤᠳᠤᠭᠠᠷ ᠵᠤᠷᠪᠤᠰ  ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠤᠰᠤᠨ ᠰᠤᠷᠪᠤᠯᠵᠢ᠎ᠶ᠋ᠢᠨ ᠭᠠᠵᠠᠷ᠂ ᠵᠠᠮ ᠳᠠᠭᠠᠤ᠎ᠶ᠋ᠢᠨ ᠣᠷᠣᠨ ᠪᠦᠰᠡ᠂ ᠤᠰᠤ ᠬᠦᠷᠲᠡᠭ᠌ᠰᠡᠨ ᠣᠷᠣᠨ᠎ᠤ ᠬᠤᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠲᠣᠰ ᠵᠠᠰᠠᠭ ᠵᠠᠬᠢᠷᠭᠠᠨ᠎ᠤ ᠣᠷᠣᠨ᠎ᠤ ᠳᠣᠲᠣᠷᠠᠬᠢ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠭᠡᠨᠡᠳᠲᠡ᠎ᠶ᠋ᠢᠨ ᠬᠡᠷᠡᠭ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠠᠵᠢᠯ᠎ᠢ ᠬᠠᠷᠢᠭᠤᠴᠠᠵᠤ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠢ ᠵᠣᠬᠢᠶᠠᠨ ᠪᠠᠢᠭᠤᠯᠤᠨ ᠲᠣᠭ᠍ᠲᠠᠭᠠᠬᠤ᠎ᠶ᠋ᠢᠨ ᠬᠠᠮᠲᠤ ᠬᠠᠤᠯᠢ ᠶᠣᠰᠣᠭᠠᠷ ᠮᠡᠳᠡᠭᠦᠯᠦᠨ ᠬᠦᠷᠭᠡᠵᠦ᠍ ᠳᠠᠩᠰᠠᠯᠠᠭᠤᠯᠬᠤ ᠬᠡᠷᠡᠭ᠌ᠲᠡᠶ᠃

  ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ᠎ᠶ᠋ᠢᠨ ᠨᠢᠭᠡᠴᠢ᠎ᠨᠦᠭᠦᠳ ᠪᠠᠷᠢᠯᠭ᠎ᠠ᠎ᠶ᠋ᠢᠨ ᠠᠮᠤᠷ ᠲᠦᠪᠱᠢᠨ᠎ᠤ ᠪᠠᠴᠢᠮ ᠪᠠᠢᠳᠠᠯ᠎ᠢ ᠠᠷᠭᠠᠴᠠᠬᠤ ᠪᠡᠯᠡᠳᠭᠡᠯ ᠲᠥᠰᠦᠯ᠎ᠢ ᠨᠠᠢᠷᠠᠭᠤᠯᠤᠨ ᠵᠣᠬᠢᠶᠠᠵᠤ᠂ ᠪᠠᠴᠢᠮ ᠪᠠᠢᠳᠠᠯ᠎ᠢ ᠠᠷᠭᠠᠴᠠᠭᠠᠬᠤ ᠰᠣᠷᠢᠯᠲᠠ᠎ᠶ᠋ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢᠭᠤᠯᠤᠨ ᠥᠷᠨᠢᠭᠦᠯᠬᠦ᠌ ᠬᠡᠷᠡᠭ᠌ᠲᠡᠶ᠃ ᠦᠶᠡᠷ ᠤᠰᠤᠲᠤᠯ᠎ᠤᠨ ᠭᠠᠮᠱᠢᠭ᠂ ᠠᠮᠢ ᠠᠬᠤᠶ᠎ᠶ᠋ᠢ ᠡᠪᠳᠡᠭ᠌ᠰᠡᠨ ᠬᠦᠨᠳᠦ ᠶᠡᠭᠡ ᠠᠳᠡᠯ᠂ ᠤᠰᠤᠨ᠎ᠤ ᠪᠣᠬᠢᠷᠲᠤᠯ᠎ᠤᠨ ᠠᠳᠡᠯ᠂ ᠢᠨᠵᠧᠨᠧᠷᠢᠩ᠎ᠤᠨ ᠠᠮᠤᠷ ᠲᠦᠪᠱᠢᠨ᠎ᠤ ᠠᠳᠡᠯ ᠵᠡᠷᠭᠡ ᠭᠡᠨᠡᠳᠲᠡ᠎ᠶ᠋ᠢᠨ ᠬᠡᠷᠡᠭ ᠭᠠᠷᠴᠤ᠌᠂ ᠪᠠᠢᠭ᠎ᠠ ᠭᠠᠵᠠᠷ ᠣᠷᠣᠨ᠎ᠤ᠎ᠪᠠᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠪᠤᠶᠤ ᠤᠰᠤᠨ᠎ᠤ ᠵᠠᠰᠠᠭ ᠵᠠᠬᠢᠷᠭᠠᠨ᠎ᠤ ᠵᠡᠷᠭᠡ ᠬᠤᠯᠪᠣᠭ᠍ᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠮᠡᠳᠡᠭᠦᠯᠬᠦ᠌ ᠬᠡᠷᠡᠭ᠌ᠲᠡᠶ᠃

  ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠳᠤ ᠬᠤᠯᠪᠣᠭ᠍ᠳᠠᠯ ᠪᠦᠬᠦᠢ ᠬᠠᠤᠯᠢ ᠴᠠᠭᠠᠵᠠ᠂ ᠬᠠᠤᠯᠢ ᠲᠣᠭ᠍ᠲᠠᠭᠠᠯ᠎ᠤᠨ ᠲᠣᠭ᠍ᠲᠠᠭᠠᠯ᠎ᠢ ᠦᠨᠳᠦᠰᠦᠯᠡᠨ᠂ ᠭᠡᠨᠡᠳᠲᠡ᠎ᠶ᠋ᠢᠨ ᠬᠡᠷᠡᠭ᠎ᠤᠨ ᠱᠢᠨᠵᠢ ᠴᠢᠨᠠᠷ᠂ ᠣᠨᠴᠠᠯᠢᠭ ᠪᠠ ᠤᠴᠠᠷᠠᠭᠤᠯᠵᠤ ᠮᠡᠳᠡᠬᠦ᠌ ᠨᠡᠢᠭᠡᠮ᠎ᠤᠨ ᠬᠤᠣᠷ ᠬᠥᠨᠥᠭᠡᠯ᠎ᠳᠤ ᠴᠢᠭ᠌ᠯᠡᠭᠦᠯᠦᠨ᠂ ᠭᠡᠨᠡᠳᠲᠡ᠎ᠶ᠋ᠢᠨ ᠬᠡᠷᠡᠭ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠠᠵᠢᠯ᠎ᠤᠨ ᠵᠣᠬᠢᠶᠠᠨ ᠪᠠᠢᠭᠤᠯᠤᠨ ᠵᠢᠯᠣᠭᠤᠳᠭᠤ ᠱᠢᠰᠲ᠋ᠧᠮᠵᠢ ᠬᠢᠭᠡᠳ ᠡᠭᠦᠷᠭᠡ ᠬᠠᠷᠢᠭᠤᠴᠠᠯᠭ᠎ᠠ ᠪᠠ ᠭᠡᠨᠡᠳᠲᠡ᠎ᠶ᠋ᠢᠨ ᠬᠡᠷᠡᠭ᠎ᠢ ᠤᠷᠢᠳᠴᠢᠯᠠᠨ ᠰᠡᠷᠭᠡᠢᠯᠡᠬᠦ᠌ ᠪᠠ ᠰᠡᠷᠡᠮᠵᠢᠯᠡᠭᠦᠯᠬᠦ᠌ ᠲᠣᠭ᠍ᠲᠠᠴᠠ᠂ ᠱᠢᠢᠳᠪᠦᠷᠢᠯᠡᠬᠦ᠌ ᠳᠡᠰ ᠳᠠᠷᠠᠭᠠᠯᠠᠯ᠂ ᠪᠠᠴᠢᠮ ᠪᠠᠢᠳᠠᠯ᠎ᠢ ᠠᠷᠭᠠᠴᠠᠭᠠᠬᠤ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ ᠵᠢᠴᠢ ᠬᠡᠷᠡᠭ᠎ᠤᠨ ᠳᠠᠷᠠᠭ᠎ᠠ ᠰᠡᠷᠭᠦᠭᠡᠬᠦ᠌ ᠪᠠ ᠳᠠᠬᠢᠨ ᠪᠠᠢᠭᠤᠯᠬᠤ ᠠᠷᠭ᠎ᠠ ᠬᠡᠮᠵᠢᠶ᠎ᠡ ᠵᠡᠷᠭᠡ ᠠᠭᠤᠯᠭ᠎ᠠ᠎ᠶ᠋ᠢ ᠪᠣᠳᠠᠲᠠᠶ ᠲᠣᠭ᠍ᠲᠠᠭᠠᠨ᠎ᠠ᠃

  ᠪᠠᠴᠢᠮ ᠪᠠᠢᠳᠠᠯ᠎ᠤᠨ ᠳᠣᠣᠷ᠎ᠠ᠂ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ᠎ᠶ᠋ᠢᠨ ᠨᠢᠭᠡᠴᠢ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠵᠠᠪᠳᠤᠨ ᠵᠠᠰᠠᠬᠤ ᠴᠢᠬᠤᠯᠠᠲᠠᠶ ᠪᠣᠯ ᠱᠢᠷᠣᠶ ᠠᠪᠴᠤ᠌ ᠭᠠᠵᠠᠷ ᠡᠵᠡᠯᠡᠬᠦ᠌ ᠪᠤᠶᠤ ᠬᠤᠯᠪᠣᠭ᠍ᠳᠠᠯ ᠪᠦᠬᠦᠢ ᠪᠡᠯᠡᠳᠭᠡᠮᠵᠢ᠎ᠶ᠋ᠢ ᠬᠡᠷᠡᠭ᠌ᠯᠡᠬᠦ᠌ ᠴᠢᠬᠤᠯᠠᠲᠠᠶ ᠪᠠᠢᠪᠠᠯ᠂ ᠬᠤᠯᠪᠣᠭ᠍ᠳᠠᠯ ᠪᠦᠬᠦᠢ ᠨᠢᠭᠡᠴᠢ ᠪᠣᠯᠤᠨ ᠬᠤᠪᠢ ᠬᠥᠮᠦᠨ᠎ᠳᠤ ᠴᠠᠭ ᠲᠤᠬᠠᠶ᠎ᠳᠤᠨᠢ ᠮᠡᠳᠡᠭ᠌ᠳᠡᠬᠦ᠌ ᠬᠡᠷᠡᠭ᠌ᠲᠡᠶ᠃ ᠬᠤᠯᠪᠣᠭ᠍ᠳᠠᠯ ᠪᠦᠬᠦᠢ ᠨᠢᠭᠡᠴᠢ ᠪᠣᠯᠤᠨ ᠬᠤᠪᠢ ᠬᠥᠮᠦᠨ ᠬᠠᠮᠵᠢᠯᠴᠠᠬᠤ ᠬᠡᠷᠡᠭ᠌ᠲᠡᠶ᠃ ᠵᠠᠪᠳᠤᠨ ᠵᠠᠰᠠᠵᠤ ᠳᠠᠭᠤᠰᠤᠭ᠍ᠰᠠᠨ᠎ᠤ ᠳᠠᠷᠠᠭ᠎ᠠ᠂ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ᠎ᠶ᠋ᠢᠨ ᠨᠢᠭᠡᠴᠢ ᠴᠠᠭ ᠲᠤᠬᠠᠶ᠎ᠳᠤᠨᠢ ᠤᠤᠯ ᠪᠠᠢᠳᠠᠯ᠎ᠢᠶᠠᠨ ᠰᠡᠷᠭᠦᠭᠡᠵᠦ᠍᠂ ᠬᠠᠤᠯᠢ ᠶᠣᠰᠣᠭᠠᠷ ᠬᠤᠯᠪᠣᠭ᠍ᠳᠠᠯ ᠪᠦᠬᠦᠢ ᠭᠠᠷᠳᠠᠮ᠎ᠢ ᠨᠥᠬᠦᠨ ᠬᠢᠬᠦ᠌ ᠬᠡᠷᠡᠭ᠌ᠲᠡᠶ; ᠬᠤᠬᠢᠷᠠᠯ ᠤᠴᠠᠷᠠᠭᠤᠯᠤᠭ᠍ᠰᠠᠨ ᠪᠣᠯ ᠬᠠᠤᠯᠢ ᠶᠣᠰᠣᠭᠠᠷ ᠨᠥᠬᠦᠪᠥᠷᠢ ᠥᠭ᠌ᠬᠦ ᠬᠡᠷᠡᠭ᠌ᠲᠡᠶ᠃

  ᠠᠷᠪᠠᠨ ᠳᠣᠯᠣᠳᠤᠭᠠᠷ ᠵᠤᠷᠪᠤᠰ  ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠤᠰᠤᠨ ᠰᠤᠷᠪᠤᠯᠵᠢ᠎ᠶ᠋ᠢᠨ ᠭᠠᠵᠠᠷ᠎ᠤᠨ ᠬᠤᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌ ᠪᠠᠢᠭᠠᠳ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠤᠰᠤᠨ ᠰᠤᠷᠪᠤᠯᠵᠢ᠎ᠶ᠋ᠢᠨ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠢ ᠴᠢᠩᠭᠠᠳᠭᠠᠵᠤ᠂ ᠠᠵᠤ ᠦᠢᠯᠡᠳᠪᠦᠷᠢ᠎ᠶ᠋ᠢᠨ ᠪᠣᠬᠢᠷᠲᠤᠯ᠂ ᠬᠤᠲᠠ ᠪᠠᠯᠭᠠᠰᠤ᠎ᠶ᠋ᠢᠨ ᠠᠮᠢᠳᠤᠷᠠᠯ᠎ᠤᠨ ᠪᠣᠬᠢᠷᠲᠤᠯ᠎ᠢ ᠴᠢᠩᠭ᠎ᠠ ᠬᠢᠵᠠᠭᠠᠷᠯᠠᠵᠤ᠂ ᠲᠠᠷᠢᠶᠠᠯᠠᠩ᠎ᠤᠨ ᠤᠯᠠᠨ ᠡᠬᠢᠳᠤ ᠪᠣᠬᠢᠷᠲᠤᠯ᠎ᠢ ᠰᠡᠷᠭᠡᠢᠯᠡᠨ ᠵᠠᠰᠠᠵᠤ᠂ ᠬᠠᠯᠬᠠᠪᠴᠢ ᠤᠢ ᠵᠡᠷᠭᠡ ᠠᠮᠢ ᠠᠬᠤᠶ᠎ᠶ᠋ᠢᠨ ᠲᠤᠰᠠᠭᠠᠷᠯᠠᠬᠤ ᠬᠠᠮᠠᠭᠠᠯᠠᠯᠲᠠ᠎ᠶ᠋ᠢᠨ ᠪᠦᠰᠡ᠎ᠶ᠋ᠢ ᠪᠦᠳᠦᠭᠡᠨ ᠪᠠᠢᠭᠤᠯᠵᠤ᠂ ᠤᠰᠤᠨ᠎ᠤ ᠣᠷᠴᠢᠨ ᠲᠣᠭᠤᠷᠢᠨ᠎ᠤ ᠶᠠᠰᠤ ᠴᠢᠨᠠᠷ᠎ᠢ ᠬᠠᠮᠠᠭᠠᠯᠠᠨ ᠰᠠᠢᠵᠢᠷᠠᠭᠤᠯᠬᠤ ᠬᠡᠷᠡᠭ᠌ᠲᠡᠶ᠃

  ᠠᠷᠪᠠᠨ ᠨᠠᠢ᠍ᠮᠠᠳᠤᠭᠠᠷ ᠵᠤᠷᠪᠤᠰ  ᠬᠢᠩᠭᠠᠨ ᠠᠢᠮᠠᠭ᠎ᠤᠨ ᠵᠠᠬᠢᠷᠭ᠎ᠠ᠂ ᠲᠦᠩᠯᠢᠶᠣᠤ ᠬᠤᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠣᠨ᠎ᠤ ᠤᠰᠤ ᠲᠣᠬᠢᠷᠠᠭᠤᠯᠵᠤ ᠪᠣᠯᠬᠤ ᠬᠡᠮᠵᠢᠶ᠎ᠡ᠎ᠶ᠋ᠢ ᠦᠨᠳᠦᠰᠦᠯᠡᠨ᠂ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ᠎ᠶ᠋ᠢᠨ ᠨᠢᠭᠡᠴᠢ᠎ᠳᠤ ᠣᠨ᠎ᠤ ᠤᠰᠤ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠥᠯᠥᠪᠯᠡᠭᠡ᠎ᠶ᠋ᠢ ᠳᠤᠷᠠᠳᠤᠨ᠎ᠠ᠃ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ᠎ᠶ᠋ᠢᠨ ᠨᠢᠭᠡᠴᠢ᠎ᠠᠴᠠ ᠵᠢᠯ᠎ᠤᠨ ᠤᠰᠤ ᠲᠣᠬᠢᠷᠠᠭᠤᠯᠵᠤ ᠪᠣᠯᠬᠤ ᠬᠡᠮᠵᠢᠶ᠎ᠡ ᠪᠠ ᠬᠢᠩᠭᠠᠨ ᠠᠢᠮᠠᠭ᠂ ᠲᠦᠩᠯᠢᠶᠣᠤ ᠬᠤᠲᠠ᠎ᠶ᠋ᠢᠨ ᠣᠨ᠎ᠤ ᠤᠰᠤ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠥᠯᠥᠪᠯᠡᠭᠡ᠎ᠶ᠋ᠢ ᠶᠡᠷᠦᠩᠬᠡᠢᠯᠡᠨ ᠲᠡᠩᠴᠡᠭᠦᠷᠢᠱᠢᠭᠦᠯᠵᠦ᠍᠂ ᠤᠰᠤᠨ᠎ᠤ ᠡᠬᠢ ᠰᠤᠷᠪᠤᠯᠵᠢ᠎ᠶ᠋ᠢᠨ ᠭᠠᠵᠠᠷ᠎ᠤᠨ ᠠᠮᠢᠳᠤᠷᠠᠯ᠎ᠳᠤ ᠬᠡᠷᠡᠭ᠌ᠯᠡᠬᠦ᠌ ᠤᠰᠤ᠎ᠶ᠋ᠢ ᠤᠷᠢᠳᠠᠪᠠᠷ ᠪᠠᠲᠤᠯᠠᠭ᠍ᠰᠠᠨ ᠤᠷᠢᠲᠠᠯ ᠳᠣᠣᠷ᠎ᠠ᠂ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠣᠨ᠎ᠤ ᠤᠰᠤᠨ᠎ᠤ ᠬᠡᠮᠵᠢᠶ᠎ᠡ᠎ᠶ᠋ᠢ ᠲᠣᠬᠢᠷᠠᠭᠤᠯᠬᠤ ᠲᠥᠰᠥᠯ᠎ᠢ ᠲᠣᠭ᠍ᠲᠠᠭᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠵᠥᠪᠱᠢᠶᠡᠷᠡᠭᠦᠯᠦᠭ᠌ᠰᠡᠨ᠎ᠤ ᠳᠠᠷᠠᠭ᠎ᠠ ᠬᠡᠷᠡᠭ᠌ᠵᠢᠭᠦᠯᠦᠨ᠎ᠡ᠃

  ᠠᠷᠪᠠ ᠶᠢᠰᠦᠳᠦᠭᠡᠷ ᠵᠤᠷᠪᠤᠰ  ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠤᠰᠤ ᠬᠠᠩᠭᠠᠬᠤ᠎ᠳᠤ ᠦᠨᠳᠦᠰᠦᠨ ᠤᠰᠤᠨ᠎ᠤ ᠦᠨ᠎ᠡ ᠪᠠ ᠬᠡᠮᠵᠢᠯᠲᠡ᠎ᠶ᠋ᠢᠨ ᠤᠰᠤᠨ᠎ᠤ ᠦᠨ᠎ᠡ᠎ᠶ᠋ᠢ ᠬᠠᠷᠢᠯᠴᠠᠨ ᠤᠶᠠᠯᠳᠤᠭᠤᠯᠤᠭ᠍ᠰᠠᠨ ᠬᠤᠶᠠᠷ ᠳᠦᠷᠢᠮᠲᠦ ᠤᠰᠤᠨ᠎ᠤ ᠦᠨ᠎ᠡ᠎ᠶ᠋ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠦᠨ᠎ᠡ ᠬᠠᠩᠰᠢ᠎ᠶ᠋ᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠲᠣᠭ᠍ᠲᠠᠭᠠᠨ᠎ᠠ᠃

  ᠬᠤᠷᠢᠳᠤᠭᠠᠷ ᠵᠤᠷᠪᠤᠰ  ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ᠎ᠶ᠋ᠢᠨ ᠨᠢᠭᠡᠴᠢ ᠬᠢᠭᠡᠳ ᠬᠢᠩᠭᠠᠨ ᠠᠢᠮᠠᠭ᠎ᠤᠨ ᠵᠠᠬᠢᠷᠭ᠎ᠠ᠂ ᠲᠦᠩᠯᠢᠶᠣᠤ ᠬᠤᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ ᠵᠢᠴᠢ ᠤᠰᠤ ᠬᠦᠷᠲᠡᠬᠦ᠌ ᠣᠷᠣᠨ᠎ᠤ ᠬᠤᠱᠢᠭᠤ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭ᠍ᠲᠠᠭᠠᠭ᠍ᠰᠠᠨ ᠤᠰᠤᠨ᠎ᠤ ᠬᠡᠮᠵᠢᠶᠡᠨ᠎ᠤ ᠬᠤᠪᠢᠶᠠᠷᠢᠯᠠᠯᠲᠠ᠎ᠶ᠋ᠢᠨ ᠲᠥᠰᠥᠯ᠎ᠤᠨ ᠶᠣᠰᠣᠭᠠᠷ ᠤᠰᠤ ᠬᠠᠩᠭᠠᠬᠤ ᠬᠡᠷᠡᠭ᠌ᠯᠡᠬᠦ᠌ ᠬᠡᠯᠡᠯᠴᠡᠭᠡᠷ ᠲᠣᠭ᠍ᠲᠠᠬᠤ ᠬᠡᠷᠡᠭ᠌ᠲᠡᠢ᠃

  ᠬᠢᠩᠭᠠᠨ ᠠᠢᠮᠠᠭ᠎ᠤᠨ ᠵᠠᠬᠢᠷᠭ᠎ᠠ᠂ ᠲᠦᠩᠯᠢᠶᠣᠤ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ ᠵᠢᠴᠢ ᠤᠰᠤ ᠬᠦᠯᠢᠶᠡᠵᠦ᠍ ᠪᠠᠢᠭ᠎ᠠ ᠣᠷᠣᠨ᠎ᠤ ᠬᠣᠱᠢᠭᠤ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠨᠢ ᠤᠰᠤ ᠬᠠᠩᠭᠠᠵᠤ ᠬᠡᠷᠡᠭ᠌ᠯᠡᠬᠦ᠌ ᠵᠥᠪᠳᠡᠯᠴᠡᠬᠡᠷ᠎ᠲᠦ ᠪᠣᠯᠵᠣᠵᠤ ᠲᠣᠭ᠍ᠲᠠᠭ᠍ᠰᠠᠨ ᠶᠣᠰᠣᠭᠠᠷ ᠤᠰᠤᠨ᠎ᠤ ᠰᠦᠢᠳᠭᠡᠯ᠎ᠢᠶᠡᠨ ᠴᠠᠭ ᠲᠤᠬᠠᠶ᠎ᠳᠤᠨᠢ ᠭᠦᠢᠴᠡᠳ ᠲᠣᠭ᠎ᠠ᠎ᠪᠠᠷ ᠲᠤᠱᠢᠶᠠᠬᠤ ᠬᠡᠷᠡᠭ᠌ᠲᠡᠶ᠃

  ᠴᠣᠣᠯ ᠤᠰᠤ ᠲᠠᠲᠠᠵᠤ ᠯᠢᠶᠣᠣ ᠾᠧ ᠭᠣᠣᠯ᠎ᠳ᠋ᠤ ᠨᠡᠮᠡᠷᠢᠯᠡᠬᠦ᠌ ᠢᠨᠵᠧᠨᠧᠷᠢᠩ᠎ᠦ᠋ᠨ ᠤᠰᠤ ᠬᠠᠩᠭᠠᠬᠤ᠎ᠳ᠋ᠤ ᠵᠢᠯ᠎ᠦ᠋ᠨ ᠦᠨᠳᠦᠰᠦᠨ ᠤᠰᠤᠨ᠎ᠤ᠋ ᠰᠦᠢᠳᠭᠡᠯ᠎ᠢ᠋ ᠬᠠᠮᠠᠭᠠᠯᠠᠬᠤ ᠳᠦᠷᠢᠮ᠎ᠢ᠋ ᠬᠡᠷᠡᠭ᠌ᠵᠢᠭᠦᠯᠦᠨ᠎ᠡ᠃ ᠦᠨᠳᠦᠰᠦᠨ ᠤᠰᠤᠨ᠎ᠤ ᠰᠦᠢᠳᠭᠡᠯ᠎ᠢ ᠬᠤᠪᠢᠶᠠᠷᠢᠯᠠᠭ᠍ᠰᠠᠨ ᠤᠰᠤᠨ᠎ᠤ ᠬᠡᠮᠵᠢᠶ᠎ᠡ᠎ᠪᠡᠷ ᠪᠣᠳᠣᠵᠤ᠂ ᠵᠢᠯ ᠪᠦᠷᠢ᠎ᠶ᠋ᠢᠨ ᠳᠥᠷᠪᠡᠳᠦᠭᠡᠷ ᠤᠯᠠᠷᠢᠯ᠎ᠳᠤ ᠳᠠᠷᠠᠭ᠎ᠠ ᠨᠢᠭᠡ ᠵᠢᠯ᠎ᠦᠨ ᠦᠨᠳᠦᠰᠦᠨ ᠤᠰᠤᠨ᠎ᠤ ᠰᠦᠢᠳᠭᠡᠯ᠎ᠢ ᠲᠤᠱᠢᠶᠠᠬᠤ᠎ᠳᠤ᠂ ᠬᠤᠭᠤᠴᠠᠭ᠎ᠠ᠎ᠶ᠋ᠢ ᠥᠩᠭᠡᠷᠡᠲᠡᠯ᠎ᠡ ᠲᠤᠱᠢᠶᠠᠬᠤ ᠦᠭᠡᠶ ᠪᠣᠯ ᠥᠪᠡᠷᠲᠡᠭᠡᠨ ᠵᠠᠰᠠᠬᠤ ᠣᠷᠣᠨ ᠬᠢᠭᠡᠳ ᠠᠢᠮᠠᠭ ᠬᠣᠲᠠ᠎ᠶ᠋ᠢᠨ ᠡᠳ᠋᠎ᠦᠨ ᠵᠠᠰᠠᠭ᠎ᠠᠴᠠ ᠳ᠋ᠦᠩᠨᠡᠨ ᠪᠣᠳᠣᠬᠤ ᠦᠢ᠎ᠡ᠎ᠳᠦ ᠰᠠᠭᠤᠯᠭᠠᠨ ᠲᠤᠱᠢᠶᠠᠯᠭᠠᠬᠤ ᠬᠡᠷᠡᠭ᠌ᠲᠡᠶ ; ᠤᠰᠤᠨ᠎ᠤ ᠬᠡᠮᠵᠢᠭᠦᠷ᠎ᠲᠦ ᠪᠣᠳᠠᠲᠠᠶ ᠬᠡᠷᠡᠭ᠌ᠯᠡᠭ᠌ᠰᠡᠨ ᠬᠡᠮᠵᠢᠶ᠎ᠡ᠎ᠶ᠋ᠢ ᠦᠨᠳᠦᠰᠦᠯᠡᠨ ᠰᠠᠷ᠎ᠠ᠎ᠪᠠᠷ ᠲᠤᠱᠢᠶᠠᠬᠤ ᠬᠡᠷᠡᠭ᠌ᠲᠡᠶ᠃

  ᠬᠤᠷᠢᠨ ᠨᠢᠭᠡᠳᠦᠭᠡᠷ ᠵᠤᠷᠪᠤᠰ  ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠤᠰᠤ ᠬᠦᠷᠲᠡᠬᠦ᠌ ᠣᠷᠣᠨ᠎ᠤ ᠬᠤᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠡᠷᠬᠡ ᠣᠯᠭᠤᠭ᠍ᠰᠠᠨ ᠰᠠᠯᠠᠭ᠎ᠠ ᠮᠥᠴᠢᠷ ᠵᠢᠴᠢ ᠤᠰᠤ ᠬᠡᠷᠡᠭ᠌ᠯᠡᠬᠦ᠌ ᠨᠢᠭᠡᠴᠢ᠎ᠨᠦᠭᠦᠳ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠤᠯᠪᠣᠭ᠍ᠳᠠᠯ ᠪᠦᠬᠦᠢ ᠲᠣᠭ᠍ᠲᠠᠭᠠᠯ᠎ᠢ ᠦᠨᠳᠦᠰᠦᠯᠡᠨ ᠤᠰᠤ ᠬᠡᠷᠡᠭ᠌ᠯᠡᠬᠦ᠌ ᠡᠷᠬᠡ᠎ᠪᠠᠨ ᠱᠢᠯᠵᠢᠭᠦᠯᠦᠨ ᠥᠭ᠌ᠴᠦ ᠪᠣᠯᠤᠨ᠎ᠠ᠃

  ᠬᠤᠷᠢᠨ ᠬᠤᠶᠠᠳᠤᠭᠠᠷ ᠵᠤᠷᠪᠤᠰ  ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠨᠢ ᠦᠨᠳᠡᠭᠡᠨ ᠤᠰᠤᠨ ᠠᠱᠢᠭ᠍ᠯᠠᠯᠲᠠ᠎ᠶ᠋ᠢᠨ ᠬᠦᠢᠰᠦ ᠵᠡᠷᠭᠡ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠴᠢᠬᠤᠯᠠ ᠬᠡᠰᠡᠭ᠎ᠲᠤ ᠴᠠᠭ᠍ᠳᠠᠭᠠᠨ᠎ᠤ ᠶᠠᠪᠤᠳᠠᠯ᠎ᠤᠨ ᠲᠠᠰᠤᠭ ᠪᠤᠶᠤ ᠠᠮᠤᠷ᠎ᠢ ᠬᠠᠮᠠᠭᠠᠯᠠᠬᠤ ᠥᠷᠲᠡᠭᠡ ᠴᠡᠭ ᠭᠠᠷᠭᠠᠵᠤ᠂ ᠡᠳᠦᠷ ᠲᠤᠲᠤᠮ᠎ᠤᠨ ᠠᠮᠤᠷ᠎ᠢ ᠬᠠᠮᠠᠭᠠᠯᠠᠬᠤ ᠬᠠᠮᠢᠶᠠᠷᠤᠯᠲᠠ᠂ ᠴᠠᠭ᠍ᠳᠠᠨ ᠲᠣᠭᠤᠷᠢᠵᠤ ᠰᠡᠷᠭᠡᠢᠯᠡᠨ ᠡᠵᠡᠮᠳᠡᠬᠦ᠌ ᠪᠠ ᠠᠮᠤᠷ ᠲᠦᠪᠱᠢᠨ᠎ᠤ ᠡᠮᠬᠢ ᠵᠢᠷᠤᠮ᠎ᠢ ᠬᠠᠮᠠᠭᠠᠯᠠᠬᠤ᠎ᠶ᠋ᠢ ᠬᠠᠷᠢᠭᠤᠴᠠᠨ᠎ᠠ᠃

  ᠬᠤᠷᠢᠨ ᠭᠤᠷᠪᠠᠳᠤᠭᠠᠷ ᠵᠤᠷᠪᠤᠰ  ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ᠎ᠶ᠋ᠢᠨ ᠨᠢᠭᠡᠴᠢ᠎ᠨᠦᠭᠦᠳ ᠲᠣᠭᠤᠷᠢᠨ ᠪᠠᠢᠴᠠᠭᠠᠬᠤ ᠳᠦᠷᠢᠮ ᠪᠠᠢᠭᠤᠯᠵᠤ᠂ ᠲᠣᠭ᠍ᠲᠠᠮᠠᠯ ᠬᠤᠭᠤᠴᠠᠭ᠎ᠠ᠎ᠲᠠᠢ᠎ᠪᠠᠷ ᠲᠣᠭᠤᠷᠢᠨ ᠪᠠᠢᠴᠠᠭᠠᠬᠤ ᠠᠵᠢᠯ᠎ᠢ ᠥᠷᠨᠢᠭᠦᠯᠵᠦ᠍᠂ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠤᠰᠤᠨ᠎ᠤ ᠡᠬᠢ ᠰᠤᠷᠪᠤᠯᠵᠢ᠂ ᠵᠠᠮ ᠳᠠᠭᠠᠤ᠎ᠶ᠋ᠢᠨ ᠣᠷᠣᠨ ᠪᠦᠰᠡ᠂ ᠤᠰᠤ ᠬᠦᠷᠲᠡᠬᠦ᠌ ᠣᠷᠣᠨ᠎ᠤ ᠬᠤᠱᠢᠭᠤ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭᠠᠨ᠂ ᠳᠣᠲᠣᠭᠠᠳᠤ᠎ᠶ᠋ᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠶ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠯᠦᠭᠡ ᠬᠠᠮᠲᠤᠷᠠᠨ ᠬᠥᠳᠡᠯᠦᠯᠴᠡᠬᠦ᠌ ᠲᠣᠭ᠍ᠲᠠᠴᠠ᠎ᠶ᠋ᠢ ᠪᠠᠢᠭᠤᠯᠵᠤ᠂ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠠᠮᠤᠷ ᠲᠦᠪᠱᠢᠨ᠎ᠢᠶᠠᠷ ᠠᠵᠢᠯᠯᠠᠬᠤ᠎ᠶ᠋ᠢ ᠬᠤᠬᠢᠷᠠᠭᠤᠯᠬᠤ ᠦᠢᠯᠡ ᠠᠵᠢᠯᠯᠠᠭ᠎ᠠ᠎ᠶ᠋ᠢ ᠴᠠᠭ ᠲᠤᠬᠠᠶ᠎ᠳᠤᠨᠢ ᠣᠯᠵᠤ ᠮᠡᠳᠡᠬᠦ᠌ ᠪᠠ ᠬᠤᠷᠢᠭ᠍ᠯᠠᠬᠤ ᠬᠡᠷᠡᠭ᠌ᠲᠡᠶ᠃

  ᠬᠣᠷᠢᠨ ᠳᠥᠷᠪᠡᠳᠦᠭᠡᠷ ᠵᠤᠷᠪᠤᠰ  ᠲᠤᠰ ᠳᠦᠷᠢᠮ᠎ᠦᠨ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠳᠤ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》 ᠪᠣᠯᠤᠨ ᠤᠯᠤᠰ᠎ᠤᠨ ᠬᠣᠯᠪᠣᠭ᠍ᠳᠠᠯ ᠪᠦᠬᠦᠢ ᠬᠠᠤᠯᠢ ᠴᠠᠭᠠᠵᠠ᠂ ᠬᠠᠤᠯᠢ ᠲᠣᠭ᠍ᠲᠠᠭᠠᠯ᠎ᠳᠤ ᠪᠣᠳᠠᠲᠠᠶ ᠱᠢᠢᠳᠭᠡᠨ ᠲᠣᠷᠭᠠᠬᠤ ᠲᠣᠭ᠍ᠲᠠᠭᠠᠯ ᠭᠠᠷᠭᠠᠭ᠍ᠰᠠᠨ ᠪᠠᠢᠪᠠᠯ᠂ ᠲᠡᠷᠡ ᠲᠣᠭ᠍ᠲᠠᠭᠠᠯ᠎ᠢ ᠨᠢ ᠳᠠᠭᠠᠬᠤ ᠬᠡᠷᠡᠭ᠌ᠲᠡᠶ᠃

  ᠬᠤᠷᠢᠨ ᠲᠠᠪᠤᠳᠤᠭᠠᠷ ᠵᠤᠷᠪᠤᠰ  ᠲᠣᠰ ᠳᠦᠷᠢᠮ᠎ᠤᠨ ᠲᠣᠭ᠍ᠲᠠᠭᠠᠯ᠎ᠠᠴᠠ ᠵᠥᠷᠢᠴᠡᠵᠦ᠍᠂ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠠᠭᠠᠯᠠᠯᠲᠠ᠎ᠶ᠋ᠢᠨ ᠲᠡᠮᠳᠡᠭ᠂ ᠢᠯᠭᠠᠬᠤ ᠲᠡᠮᠳᠡᠭ᠎ᠢ ᠳᠤᠷ᠎ᠠ᠎ᠪᠠᠷ᠎ᠢᠶᠠᠨ ᠱᠢᠯᠵᠢᠭᠦᠯᠵᠦ᠍᠂ ᠪᠠᠯᠠᠯᠤᠨ ᠥᠭᠡᠷᠡᠴᠢᠯᠡᠵᠦ᠍᠂ ᠡᠪᠳᠡᠨ ᠰᠦᠢᠳᠭᠡᠭ᠌ᠰᠡᠨ ᠪᠣᠯ᠂ ᠬᠤᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭ᠍ᠳᠠᠵᠤ ᠪᠠᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠭᠤᠯᠤᠨ᠎ᠠ; ᠬᠤᠭᠤᠴᠠᠭ᠎ᠠ ᠥᠩᠭᠡᠷᠡᠲᠡᠯ᠎ᠡ ᠵᠠᠯᠠᠷᠠᠭᠤᠯᠬᠤ ᠦᠭᠡᠢ ᠪᠣᠯ 500 ᠲᠥᠭᠦᠷᠢᠭ᠎ᠠᠴᠠ ᠳᠡᠭᠡᠭ᠌ᠰᠢ 2000 ᠲᠥᠭᠦᠷᠢᠭ᠎ᠠᠴᠠ ᠳᠣᠷᠣᠭ᠍ᠰᠢ ᠵᠣᠭᠤᠰ᠎ᠢᠶᠠᠷ ᠲᠣᠷᠭᠠᠨ᠎ᠠ᠃

  ᠬᠤᠷᠢᠨ ᠵᠢᠷᠭᠤᠳᠤᠭᠠᠷ ᠵᠤᠷᠪᠤᠰ  ᠲᠣᠰ ᠳᠦᠷᠢᠮ᠎ᠤᠨ ᠲᠣᠭ᠍ᠲᠠᠭᠠᠯ᠎ᠠᠴᠠ ᠵᠥᠷᠢᠴᠡᠨ᠂ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ᠎ᠶ᠋ᠢᠨ ᠬᠡᠪᠴᠢᠶᠡᠨ ᠳᠣᠲᠣᠷ᠎ᠠ ᠳᠣᠣᠷᠠᠬᠢ ᠦᠢᠯᠡ ᠠᠵᠢᠯᠯᠠᠭ᠎ᠠ᠎ᠶ᠋ᠢᠨ ᠨᠢᠭᠡ᠎ᠶ᠋ᠢ ᠬᠢᠭ᠌ᠰᠡᠨ ᠪᠠᠢᠪᠠᠯ᠂ ᠬᠤᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭ᠍ᠳᠠᠵᠤ ᠪᠠᠢᠭᠠᠳ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠵᠣᠭ᠍ᠰᠣᠭᠠᠵᠤ᠂ ᠨᠥᠬᠦᠵᠦ᠍ ᠵᠠᠰᠠᠬᠤ ᠠᠷᠭ᠎ᠠ ᠬᠡᠮᠵᠢᠶ᠎ᠡ ᠠᠪᠤᠭᠤᠯᠵᠤ᠂ 1 ᠲᠦᠮᠡᠨ ᠲᠥᠭᠦᠷᠢᠭ᠎ᠠᠴᠠ ᠳᠡᠭᠡᠭ᠌ᠰᠢ 5 ᠲᠦᠮᠡᠨ ᠲᠥᠭᠦᠷᠢᠭ᠎ᠠᠴᠠ ᠳᠣᠭᠤᠭ᠍ᠰᠢ ᠵᠣᠭᠤᠰ᠎ᠢᠶᠠᠷ ᠲᠣᠷᠭᠠᠨ᠎ᠠ;ᠪᠤᠰᠤᠳ᠎ᠲᠤ ᠬᠤᠬᠢᠷᠠᠯ ᠤᠴᠠᠷᠠᠭᠤᠯᠤᠭ᠍ᠰᠠᠨ ᠪᠣᠯ ᠬᠠᠤᠯᠢ ᠶᠣᠰᠣᠭᠠᠷ ᠲᠥᠯᠥᠬᠦ᠌ ᠬᠠᠷᠢᠭᠤᠴᠠᠯᠭ᠎ᠠ ᠡᠭᠦᠷᠭᠡᠯᠡᠨ᠎ᠡ;ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶ᠋ᠢᠨ ᠱᠢᠢᠳᠭᠡᠯ᠎ᠠᠴᠠ ᠵᠥᠷᠢᠴᠡᠭ᠌ᠰᠡᠨ ᠪᠠᠢᠪᠠᠯ᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠠᠴᠠ ᠬᠠᠤᠯᠢ ᠶᠣᠰᠣᠭᠠᠷ ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶ᠋ᠢᠨ ᠱᠢᠢᠳᠭᠡᠯ ᠥᠭ᠌ᠭᠦᠨ᠎ᠡ; ᠶᠠᠯ᠎ᠠ ᠪᠣᠯᠵᠤ ᠪᠦᠷᠢᠯᠳᠦᠭ᠌ᠰᠡᠨ ᠪᠠᠢᠪᠠᠯ ᠬᠠᠤᠯᠢ ᠶᠣᠰᠣᠭᠠᠷ ᠡᠷᠡᠭᠦᠦ᠍᠎ᠶ᠋ᠢᠨ ᠬᠠᠷᠢᠭᠤᠴᠠᠯᠭ᠎ᠠ ᠨᠡᠬᠡᠮᠵᠢᠯᠡᠨ᠎ᠡ᠄

  (ᠨᠢᠭᠡ) ᠳᠡᠯᠪᠡᠴᠢᠬᠦ᠂ ᠬᠤᠳᠳᠤᠭ ᠮᠠᠯᠲᠠᠬᠤ᠂ ᠠᠭᠤᠷᠬᠠᠢ ᠮᠠᠯᠲᠠᠬᠤ᠂ ᠱᠢᠷᠣᠢ ᠠᠪᠬᠤ᠂ ᠥᠷᠥᠮᠳᠡᠨ ᠬᠠᠢᠬᠤ᠂ ᠠᠭᠤᠳᠠᠯᠠᠬᠤ;

  (ᠬᠤᠶᠠᠷ) ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠪᠠᠷᠢᠯᠭ᠎ᠠ᠂ ᠪᠠᠷᠢᠯᠭ᠎ᠠ᠎ᠶ᠋ᠢᠨ ᠵᠦᠢᠯ ᠵᠢᠴᠢ ᠬᠠᠮᠢᠶ᠎ᠠ ᠪᠦᠬᠦᠢ ᠲᠥᠬᠦᠭᠡᠷᠦᠮᠵᠢ᠎ᠶ᠋ᠢ ᠡᠵᠡᠯᠡᠭ᠌ᠰᠡᠨ ᠪᠤᠶᠤ ᠰᠦᠢᠳᠭᠡᠭ᠌ᠰᠡᠨ᠃

  ᠬᠤᠷᠢᠨ ᠳᠣᠯᠣᠳᠤᠭᠠᠷ  ᠵᠤᠷᠪᠤᠰ  ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭᠠᠯᠠᠯᠲᠠ᠎ᠶ᠋ᠢᠨ ᠠᠵᠢᠯ᠎ᠤᠨ ᠳᠤᠮᠳᠠ ᠲᠤᠱᠢᠶᠠᠯ ᠬᠠᠷᠢᠭᠤᠴᠠᠯᠭ᠎ᠠ᠎ᠪᠠᠨ ᠣᠮᠲᠣᠭᠠᠢᠯᠠᠵᠤ᠂ ᠡᠷᠬᠡ ᠲᠤᠱᠢᠶᠠᠯ᠎ᠢᠶᠠᠨ ᠳᠤᠷ᠎ᠠ᠎ᠪᠠᠷ᠎ᠢᠶᠠᠨ ᠬᠡᠷᠡᠭ᠌ᠯᠡᠵᠦ᠍᠂ ᠬᠤᠪᠢ᠎ᠶ᠋ᠢᠨ ᠨᠠᠢᠷ᠎ᠢᠶᠠᠷ ᠬᠠᠤᠯᠢ ᠶᠣᠰᠣ᠎ᠶ᠋ᠢ ᠵᠥᠷᠢᠴᠡᠭ᠌ᠰᠡᠨ ᠪᠠᠢᠪᠠᠯ᠂ ᠱᠢᠭᠤᠳ ᠬᠠᠷᠢᠭᠤᠴᠠᠵᠤ ᠪᠠᠢᠭ᠎ᠠ ᠭᠤᠣᠯ ᠬᠠᠮᠢᠶᠠᠷᠤᠭ᠍ᠴᠢ ᠪᠠ ᠪᠤᠰᠤᠳ ᠱᠢᠭᠤᠳ ᠬᠠᠷᠢᠭᠤᠴᠠᠯᠭᠠᠲᠠᠨ᠎ᠳᠤ ᠬᠠᠤᠯᠢ ᠶᠣᠰᠣᠭᠠᠷ ᠱᠢᠢᠳᠭᠡᠯ ᠥᠭ᠌ᠭᠦᠨ᠎ᠡ;ᠶᠠᠯ᠎ᠠ᠎ᠳᠤ ᠬᠦᠷᠦᠭ᠌ᠰᠡᠨ ᠪᠣᠯ᠂ ᠬᠠᠤᠯᠢ ᠶᠣᠰᠣᠭᠠᠷ ᠡᠷᠡᠭᠦᠦ᠍᠎ᠶ᠋ᠢᠨ ᠬᠠᠷᠢᠭᠤᠴᠠᠯᠭ᠎ᠠ ᠨᠡᠬᠡᠮᠵᠢᠯᠡᠨ᠎ᠡ᠃

  ᠬᠤᠷᠢᠨ ᠨᠠᠢ᠍ᠮᠠᠳᠤᠭᠠᠷ  ᠵᠣᠷᠪᠤᠰ  ᠲᠤᠰ ᠳᠦᠷᠢᠮ᠎ᠢ 2025 ᠣᠨ᠎ᠤ 9 ᠳ᠋ᠤᠭᠡᠷ ᠰᠠᠷ᠎ᠠ᠎ᠶ᠋ᠢᠨ 1 ᠎ᠤ ᠡᠳᠦᠷ᠎ᠠᠴᠠ ᠡᠬᠢᠯᠡᠵᠦ᠍ ᠬᠡᠷᠡᠭ᠌ᠵᠢᠭᠦᠯᠦᠨ᠎ᠡ᠃

ᠢᠷᠡᠯᠲᠡ᠄ ᠥᠪᠥᠷ ᠮᠣᠩᠭᠤᠯ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ
          
ᠬᠠᠮᠢᠶ᠎ᠡ ᠪᠦᠬᠦᠢ ᠰᠣᠨᠢᠨ
 
            