ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠤᠨ ᠳᠦᠷᠢᠮ》᠎ᠢ ᠳᠠᠷᠤᠮᠠᠯᠯᠠᠨ ᠲᠠᠷᠬᠠᠭᠠᠪᠠ
ᠨᠡᠶ᠋ᠢᠲᠡᠯᠡᠭᠰᠡᠨ ᠴᠠᠭ᠄ 2025-08-18

  ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 8 ᠰᠠᠷ᠎ᠠ᠎ᠶᠢᠨ 11 ᠎ᠤ᠋ ᠴᠠᠬᠢᠯᠭᠠᠨ ᠮᠡᠳᠡᠭᠡ

  ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠠᠰᠠᠪᠤᠷᠢ ᠣᠷᠣᠭᠤᠯᠤᠭᠰᠠᠨ᠎ᠤ ᠳᠠᠷᠠᠭᠠᠬᠢ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠤᠨ ᠳᠦᠷᠢᠮ》 (ᠳᠣᠷᠣᠭ᠍ᠰᠢ 《ᠳᠦᠷᠢᠮ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭᠠᠬᠤ᠎ᠶᠢᠨ ᠬᠠᠮᠲᠤ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃

  ᠮᠡᠳᠡᠭᠳᠡᠯ᠎ᠳᠦ᠂ 《ᠳᠦᠷᠢᠮ》 ᠨᠢ ᠰᠢ ᠵᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ᠎ᠶᠢᠨ ᠬᠣᠶᠠᠳᠤᠭᠠᠷ᠂ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠪᠣᠯᠪᠠᠰᠤᠷᠠᠯ᠎ᠤᠨ ᠰᠢᠰᠲᠧᠮ ᠪᠠ ᠠᠵᠢᠯ᠎ᠤᠨ ᠲᠣᠭᠲᠡᠴᠡ᠎ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠺᠠᠳ᠋ᠷ ᠪᠣᠯᠣᠨ ᠨᠠᠮ᠎ᠤᠨ ᠭᠡᠰᠢᠭᠦᠨ᠎ᠢ ᠬᠥᠮᠥᠵᠢᠭᠦᠯᠦᠨ ᠪᠣᠯᠪᠠᠰᠤᠷᠠᠭᠤᠯᠬᠤ ᠭᠣᠣᠯ ᠠᠷᠭ᠎ᠠ ᠵᠠᠮ᠂ ᠨᠠᠮ᠎ᠤᠨ ᠦᠵᠡᠯ ᠰᠠᠨᠠᠭ᠎ᠠ ᠤᠨᠤᠯ᠎ᠤᠨ ᠪᠠᠢᠭᠤᠯᠤᠯᠲᠠ᠎ᠶᠢᠨ ᠴᠢᠬᠤᠯᠠ ᠵᠢᠭ᠍ᠰᠠᠭᠠᠯ᠎ᠤᠨ ᠭᠠᠵᠠᠷ᠎ᠤᠨ ᠦᠢᠯᠡᠳᠦᠯ᠎ᠢ ᠪᠠᠳᠠᠷᠠᠭᠤᠯᠬᠤ ᠨᠢ ᠰᠢ ᠵᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ᠎ᠢ ᠨᠢᠭ᠍ᠲᠠᠷᠠᠭᠤᠯᠤᠨ ᠰᠦᠭ ᠰᠦᠨᠡᠰᠦ᠎ᠶᠢ ᠱᠤᠭᠤᠬᠤ᠎ᠶᠢ ᠴᠥᠬᠥᠷᠡᠰᠢ ᠦᠭᠡᠢ ᠪᠠᠷᠢᠮᠲᠠᠯᠠᠵᠤ᠂ ᠨᠠᠮ᠎ᠤᠨ ᠰᠢᠨ᠎ᠡ ᠡᠭᠦᠳᠦᠭᠰᠡᠨ ᠤᠨᠤᠯ᠎ᠢᠶᠠᠷ ᠪᠦᠬᠦ ᠨᠠᠮ᠎ᠢ ᠵᠡᠪᠰᠡᠭᠯᠡᠵᠦ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠬᠦᠨᠳᠦ ᠡᠭᠦᠷᠭᠡ᠎ᠶᠢ ᠡᠭᠦᠷᠭᠡᠯᠡᠵᠦ ᠳᠡᠶ᠋ᠢᠯᠬᠦ ᠲᠦᠷᠦ ᠪᠠᠷᠢᠬᠤ ᠭᠣᠣᠯᠯᠠᠭ᠍ᠴᠢ ᠬᠦᠴᠦᠨ᠎ᠦ ᠡᠩᠨᠡᠭᠡ᠎ᠶᠢ ᠬᠥᠮᠥᠵᠢᠭᠦᠯᠦᠨ ᠪᠣᠢᠵᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ ᠭᠡᠵᠤ ᠵᠢᠭᠠᠵᠤ ᠭᠠᠷᠭᠠᠪᠠ᠃

  ᠮᠡᠳᠡᠭᠳᠡᠯ᠎ᠳᠦ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠡᠷᠭᠢᠯᠡᠬᠦ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢ ᠬᠠᠮᠢᠶᠠᠷᠬᠤ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠪᠠᠶ᠋ᠢᠭᠤᠯᠬᠤ ᠭᠤᠤᠯ ᠴᠣᠭᠴᠠ᠎ᠶᠢᠨ ᠬᠠᠷᠢᠭᠤᠴᠠᠯᠭ᠎ᠠ᠎ᠶᠢ ᠬᠢᠨᠠᠮᠠᠭᠠᠢ ᠨᠠᠢᠳᠠᠪᠤᠷᠢᠵᠢᠭᠤᠯᠵᠤ᠂ 《ᠳᠦᠷᠢᠮ》᠎ᠢ ᠰᠤᠷᠤᠯᠴᠠᠵᠤ ᠤᠬᠠᠭᠤᠯᠬᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠪᠠ ᠱᠠᠯᠠᠪᠳᠠᠭᠤᠯᠤᠨ ᠪᠠᠢᠴᠠᠭᠠᠬᠤ᠎ᠶᠢ ᠰᠠᠢᠲᠤᠷ ᠠᠳᠬᠤᠵᠤ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠤᠨ ᠲᠤᠬᠠᠢ ᠨᠠᠮ᠎ᠤᠨ ᠲᠥᠪ ᠬᠣᠷᠢᠶ᠎ᠡ᠎ᠶᠢᠨ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠢ 《ᠳᠦᠷᠢᠮ》᠎ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠰᠤᠷᠭᠠᠭᠤᠯᠢ ᠨᠢ ᠨᠠᠮ᠎ᠤᠨ ᠬᠢ ᠪᠠᠢᠬᠤ ᠦᠨᠳᠦᠰᠦᠨ ᠵᠠᠷᠴᠢᠮ᠎ᠢ ᠪᠠᠷᠢᠮᠲᠠᠯᠠᠵᠤ᠂ ᠤᠬᠠᠮᠰᠠᠷ᠎ᠠᠴᠠ᠎ᠪᠠᠨ ᠨᠠᠮ ᠪᠣᠯᠣᠨ ᠤᠯᠤᠰ᠎ᠤᠨ ᠠᠵᠢᠯ ᠦᠢᠯᠡᠰ᠎ᠤᠨ ᠶᠡᠬᠡ ᠲᠠᠯ᠎ᠠ᠎ᠳᠤ ᠦᠢᠯᠡᠴᠢᠯᠡᠵᠦ᠂ ᠨᠠᠮ᠎ᠳᠤ ᠨᠡᠩ ᠰᠠᠢᠨ᠎ᠢᠶᠠᠷ ᠴᠢᠳᠠᠪᠤᠷᠢᠲᠠᠨ ᠬᠥᠮᠥᠵᠢᠭᠦᠯᠵᠦ᠂ ᠨᠠᠮ᠎ᠳᠤ ᠠᠷᠭ᠎ᠠ ᠤᠬᠠᠭᠠᠨ ᠡᠷᠭᠦᠵᠦ᠂ ᠰᠢᠨ᠎ᠡ ᠴᠠᠭ ᠦᠶ᠎ᠡ᠎ᠶᠢᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ 《ᠳᠦᠷᠢᠮ》᠎ᠢ ᠬᠡᠷᠡᠭᠵᠢᠭᠦᠯᠬᠦ ᠶᠠᠪᠤᠴᠠ᠎ᠳᠠᠬᠢ ᠴᠢᠬᠤᠯᠠ ᠪᠠᠢᠳᠠᠯ ᠪᠠ ᠰᠠᠨᠠᠭᠤᠯᠭ᠎ᠠ᠎ᠪᠠᠨ ᠴᠠᠭ ᠲᠤᠬᠠᠢ ᠳ᠋ᠤᠨᠢ ᠨᠠᠮ᠎ᠤᠨ ᠲᠥᠪ ᠬᠣᠷᠢᠶ᠎ᠠ᠎ᠳᠤ ᠮᠡᠳᠡᠭᠦᠯᠬᠦ ᠬᠡᠷᠡᠭᠲᠡᠢ ᠭᠡᠵᠤ ᠱᠠᠭᠠᠷᠳᠠᠪᠠ᠃

  《ᠳᠦᠷᠢᠮ》᠎ᠦᠨ ᠪᠦᠬᠦ ᠠᠭᠤᠯᠭ᠎ᠠ ᠨᠢ ᠳᠣᠣᠷᠠᠬᠢ ᠮᠡᠲᠦ᠃

  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠤᠨ ᠳᠦᠷᠢᠮ

  (2019 ᠣᠨ᠎ᠤ 9 ᠰᠠᠷ᠎ᠠ᠎ᠶᠢᠨ 24 ᠎ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ᠎ᠶᠢᠨ ᠤᠯᠤᠰ ᠲᠦᠷᠦ᠎ᠶᠢᠨ ᠲᠣᠪᠴᠢᠶ᠎ᠡ᠎ᠶᠢᠨ ᠬᠤᠷᠠᠯ᠎ᠠᠴᠠ ᠬᠢᠨᠠᠨ ᠶᠠᠷᠢᠯᠴᠠᠵᠤ ᠵᠥᠪᠰᠢᠶᠡᠷᠡᠪᠡ 2019 ᠣᠨ᠎ᠤ 10 ᠰᠠᠷ᠎ᠠ᠎ᠶᠢᠨ 25 ᠎ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠨᠡᠢᠲᠡᠯᠡᠪᠡ 2025 ᠣᠨ᠎ᠤ 7 ᠰᠠᠷ᠎ᠠ᠎ᠶᠢᠨ 10 ᠎ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠎ᠶᠢᠨ ᠲᠤᠪᠴᠢᠶ᠎ᠠ᠎ᠶᠢᠨ ᠪᠠᠢᠨᠭᠭᠤ᠎ᠶᠢᠨ ᠬᠤᠷᠢᠶ᠎ᠠ᠎ᠡᠴᠡ ᠵᠠᠰᠠᠪᠤᠷᠢ ᠤᠷᠤᠭᠤᠯᠪᠠ 2025 ᠤᠨ᠎ᠤ 8 ᠰᠠᠷ᠎ᠠ᠎ᠶᠢᠨ 3᠎ᠤ᠋ ᠡᠳᠦᠷ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠦᠪ ᠬᠤᠷᠢᠶ᠎ᠡ ᠨᠡᠢᠲᠡᠯᠡᠪᠡ)

  ᠨᠢᠭᠡᠳᠦᠭᠡᠷ ᠪᠦᠯᠦᠭ ᠶᠡᠷᠦᠩᠬᠡᠢ ᠳᠦᠷᠢᠮ

  ᠨᠢᠭᠡᠳᠦᠭᠡᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠳᠠᠬᠢ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠤᠨ ᠰᠢᠨᠵᠢᠯᠡᠬᠦ ᠤᠬᠠᠭᠠᠨᠴᠢᠯᠠᠯᠲᠠ᠂ ᠳᠦᠷᠢᠮᠵᠢᠭᠦᠯᠦᠯᠲᠡ᠂ ᠵᠢᠷᠤᠮᠵᠢᠭᠤᠯᠤᠯᠲᠠ᠎ᠶᠢᠨ ᠲᠦᠪᠰᠢᠨ᠎ᠢ ᠳᠡᠭᠡᠭᠰᠢᠯᠡᠭᠦᠯᠬᠦ᠎ᠶᠢᠨ ᠲᠥᠯᠥᠭᠡ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》᠎ᠢ ᠦᠨᠳᠦᠰᠦᠯᠡᠵᠦ᠂ ᠲᠤᠰ ᠳᠦᠷᠢᠮ᠎ᠢ ᠲᠣᠭᠲᠠᠭᠠᠪᠠ᠃

  ᠬᠣᠶᠠᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠪᠣᠯ ᠨᠠᠮ᠎ᠡᠴᠡ ᠤᠳᠤᠷᠢᠳᠤᠭᠰᠠᠨ ᠨᠠᠮ᠎ᠤᠨ ᠤᠳᠤᠷᠢᠳᠬᠤ ᠺᠠᠳ᠋ᠷ᠎ᠢ ᠬᠥᠮᠥᠵᠢᠭᠦᠯᠬᠦ ᠰᠤᠷᠭᠠᠭᠤᠯᠢ ᠮᠥᠨ᠂ ᠨᠠᠮ᠎ᠤᠨ ᠬᠣᠷᠢᠶ᠎ᠡ᠎ᠶᠢᠨ ᠴᠢᠬᠤᠯᠠ ᠰᠠᠯᠠᠭ᠎ᠠ ᠮᠥᠴᠢᠷ ᠮᠥᠨ᠂ ᠺᠠᠳ᠋ᠷ ᠪᠠ ᠨᠠᠮ᠎ᠤᠨ ᠭᠡᠰᠢᠭᠦᠨ᠎ᠢ ᠬᠥᠮᠥᠵᠢᠭᠦᠯᠦᠨ ᠪᠣᠯᠪᠠᠰᠤᠷᠠᠭᠤᠯᠬᠤ ᠭᠣᠣᠯ ᠠᠷᠭ᠎ᠠ ᠵᠠᠮ ᠮᠥᠨ᠂ ᠨᠠᠮ᠎ᠤᠨ ᠦᠵᠡᠯ ᠰᠠᠨᠠᠭ᠎ᠠ ᠤᠨᠤᠯ᠎ᠤᠨ ᠪᠠᠢᠭᠤᠯᠤᠯᠲᠠ᠎ᠶᠢᠨ ᠴᠢᠬᠤᠯᠠ ᠵᠢᠭ᠍ᠰᠠᠭᠠᠯ᠎ᠤᠨ ᠭᠠᠵᠠᠷ ᠮᠥᠨ᠂ ᠨᠠᠮ ᠪᠠ ᠲᠦᠷᠦ᠎ᠶᠢᠨ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠪᠠ ᠴᠢᠬᠤᠯᠠ ᠤᠶᠤᠨ᠎ᠤ ᠬᠥᠮᠥᠷᠭᠡ ᠮᠥᠨ᠃

  ᠭᠤᠷᠪᠠᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ ᠳ᠋ᠦ ᠡᠷᠬᠡᠪᠰᠢ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠮᠠᠷᠺᠰ ᠯᠧᠨᠢᠨ᠎ᠦ ᠦᠵᠡᠯ᠂ ᠮᠠᠤ ᠽᠧ ᠳ᠋ᠦᠩ᠎ᠦᠨ ᠦᠵᠡᠯ ᠰᠠᠨᠠᠭ᠎ᠠ᠂ ᠳ᠋ᠧᠩ ᠰᠢᠶᠣᠣ ᠫᠢᠩ᠎ᠦᠨ ᠣᠨᠣᠯ᠂ 《ᠭᠤᠷᠪᠠ᠎ᠶᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠎ᠶᠢ ᠪᠠᠷᠢᠮᠲᠠᠯᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ 《ᠬᠣᠶᠠᠷ᠎ᠢ ᠲᠣᠭᠲᠠᠭᠠᠭᠰᠠᠨ》᠎ᠤ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》᠎ᠢᠶᠠᠨ ᠴᠢᠩᠭᠠᠳᠬᠠᠵᠤ᠂ 《ᠳᠥᠷᠪᠡᠨ ᠢᠲᠡᠭᠡᠯ》᠎ᠢᠶᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠶᠡᠷᠦᠩᠬᠡᠢ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠤᠬᠠᠮᠰᠠᠷ᠎ᠡᠴᠡ᠎ᠪᠠᠨ ᠨᠠᠮ ᠪᠣᠯᠣᠨ ᠤᠯᠤᠰ᠎ᠤᠨ ᠠᠵᠢᠯ ᠦᠢᠯᠡᠰ᠎ᠤᠨ ᠶᠡᠬᠡ ᠲᠠᠯ᠎ᠠ᠎ᠳᠤ ᠦᠢᠯᠡᠴᠢᠯᠡᠵᠦ᠂ ᠨᠠᠮ᠎ᠳᠤ ᠴᠢᠳᠠᠪᠤᠷᠢᠲᠠᠨ ᠬᠥᠮᠥᠵᠢᠭᠦᠯᠵᠦ᠂ ᠨᠠᠮ᠎ᠳᠤ ᠠᠷᠭ᠎ᠠ ᠤᠬᠠᠭᠠᠨ ᠡᠷᠭᠦᠵᠦ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠬᠦᠨᠳᠦ ᠡᠭᠦᠷᠭᠡ᠎ᠶᠢ ᠡᠭᠦᠷᠭᠡᠯᠡᠵᠦ ᠳᠡᠶ᠋ᠢᠯᠬᠦ ᠲᠦᠷᠦ ᠪᠠᠷᠢᠬᠤ ᠭᠣᠣᠯᠯᠠᠭ᠍ᠴᠢ ᠬᠦᠴᠦᠨ᠎ᠦ ᠡᠩᠨᠡᠭᠡ᠎ᠶᠢ ᠬᠥᠮᠥᠵᠢᠭᠦᠯᠵᠦ᠂ ᠨᠠᠮ᠎ᠤᠨ ᠦᠵᠡᠯ ᠰᠠᠨᠠᠭ᠎ᠠ ᠤᠨᠤᠯ᠎ᠤᠨ ᠪᠠᠢᠭᠤᠯᠤᠯᠲᠠ᠎ᠶᠢᠨ ᠰᠢᠨ᠎ᠡ ᠬᠦᠴᠦᠨ ᠪᠣᠯᠵᠤ᠂ ᠰᠢᠨ᠎ᠡ ᠴᠠᠭ ᠦᠶ᠎ᠡ᠎ᠵᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃

  ᠳᠥᠷᠪᠡᠳᠦᠭᠡᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠳᠤ ᠳᠣᠣᠷᠠᠬᠢ ᠵᠠᠷᠴᠢᠮ᠎ᠤᠳ᠎ᠢ ᠵᠢᠷᠤᠮᠯᠠᠨ᠎ᠠ᠄

  (ᠨᠢᠭᠡ) ᠨᠠᠮ᠎ᠤᠨ ᠰᠤᠷᠭᠠᠭᠤᠯᠢ ᠨᠠᠮ᠎ᠤᠨ ᠬᠢ ᠭᠡᠳᠡᠭ᠎ᠢ ᠪᠠᠷᠢᠮᠲᠠᠯᠠᠵᠤ᠂ ᠲᠣᠭ ᠲᠡᠮᠳᠡᠭ ᠲᠣᠳᠣᠷᠬᠠᠢ᠎ᠪᠠᠷ ᠤᠯᠤᠰ ᠲᠥᠷᠥ᠎ᠶᠢ ᠡᠷᠬᠢᠮᠯᠡᠬᠦ᠎ᠶᠢ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠤᠨ ᠪᠥᠬᠥ ᠶᠠᠪᠤᠴᠠ ᠡᠯ᠎ᠡ ᠲᠠᠯ᠎ᠠ᠎ᠳᠤ ᠠᠭᠤᠰᠬᠠᠵᠤ᠂ ᠰᠤᠷᠭᠠᠭᠤᠯᠢ ᠡᠷᠭᠢᠯᠡᠬᠦ ᠵᠥᠪ ᠴᠢᠭᠯᠡᠯ᠎ᠢ ᠪᠠᠲᠤ ᠡᠵᠡᠮᠳᠡᠨ᠎ᠡ; 

  (ᠬᠣᠶᠠᠷ) ᠦᠨᠡᠨ᠎ᠡᠴᠡ ᠵᠥᠪ᠎ᠢ ᠡᠷᠢᠬᠦ᠎ᠶᠢ ᠪᠠᠷᠢᠮᠲᠠᠯᠠᠵᠤ᠂ ᠣᠨᠣᠯ᠎ᠢ ᠪᠣᠳᠠᠲᠠᠢ ᠎ᠲᠠᠢ ᠤᠶᠠᠯᠳᠤᠭᠤᠯᠬᠤ᠎ᠶᠢ ᠴᠢᠬᠤᠯᠠᠴᠢᠯᠠᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠴᠢᠩᠭᠠᠳᠬᠠᠵᠤ᠂ ᠰᠤᠷᠤᠯᠴᠠᠬᠤ ᠰᠡᠳᠬᠢᠬᠦ ᠬᠡᠷᠡᠭᠯᠡᠬᠦ᠎ᠶᠢ ᠨᠡᠪᠲᠡᠷᠡᠯᠴᠡᠭᠦᠯᠤᠨ᠂ ᠮᠡᠳᠡᠬᠦ ᠢᠲᠡᠭᠡᠬᠦ ᠬᠢᠬᠦ᠎ᠶᠢ ᠨᠢᠭᠡᠳᠬᠡᠬᠦ᠎ᠶᠢ ᠪᠡᠶᠡᠯᠡᠭᠦᠯᠤᠨ᠎ᠡ; 

  (ᠭᠤᠷᠪᠠ) ᠶᠠᠰᠤ ᠴᠢᠨᠠᠷ᠎ᠢᠶᠠᠷ ᠰᠤᠷᠭᠠᠭᠤᠯᠢ ᠪᠠᠶ᠋ᠢᠭᠤᠯᠬᠤ᠎ᠶᠢ ᠪᠠᠷᠢᠮᠲᠠᠯᠠᠵᠤ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠰᠤᠷᠭᠠᠨ ᠬᠥᠮᠦᠵᠢᠯ᠎ᠦᠨ ᠵᠢᠮ᠎ᠡ ᠶᠣᠰᠣ᠌᠂ ᠺᠠᠳ᠋ᠷ᠎ᠤᠨ ᠦᠰᠦᠨ ᠪᠣᠢᠵᠢᠬᠤ ᠵᠢᠮ᠎ᠡ ᠶᠣᠰᠣ᠌᠎ᠶᠢ ᠢᠳᠡᠪᠬᠢᠲᠡᠢ ᠰᠦᠪᠡᠭᠴᠢᠯᠡᠬᠦ ᠪᠠ ᠵᠢᠷᠤᠮᠯᠠᠵᠤ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ᠎ᠤ ᠰᠤᠳᠤᠯᠭᠠᠨ᠂ ᠰᠢᠢᠳᠪᠦᠷᠢᠲᠦ ᠪᠣᠳᠣᠯᠭ᠎ᠠ᠎ᠶᠢᠨ ᠵᠥᠪᠯᠡᠯᠭᠡ ᠥᠭᠬᠦ᠂ ᠴᠢᠳᠠᠪᠤᠷᠢᠲᠠᠨ᠎ᠢ ᠬᠥᠮᠥᠵᠢᠭᠦᠯᠵᠦ ᠣᠷᠣᠭᠤᠯᠤᠨ ᠠᠪᠴᠢᠷᠠᠬᠤ᠂ ᠬᠠᠮᠢᠶᠠᠷᠤᠯᠳᠠ ᠪᠠ ᠦᠢᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠦᠨ᠎ᠡ; 

  (ᠳᠥᠷᠪᠡ) ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠬᠦ᠎ᠶᠢ ᠪᠠᠷᠢᠮᠲᠠᠯᠠᠵᠤ᠂ ᠰᠤᠷᠭᠠᠭᠤᠯᠢ ᠡᠷᠬᠢᠯᠡᠵᠤ ᠰᠤᠷᠭᠠᠭᠤᠯᠢ᠎ᠶᠢ ᠵᠠᠰᠠᠬᠤ ᠢᠷᠠᠭᠤ ᠠᠯᠳᠠᠷᠲᠤ ᠤᠯᠠᠮᠵᠢᠯᠠᠯ᠎ᠢ ᠵᠠᠯᠭᠠᠮᠵᠢᠯᠠᠨ ᠪᠠᠳᠠᠷᠠᠭᠤᠯᠵᠤ᠂ ᠪᠠᠢᠭᠤᠯᠤᠯ ᠲᠣᠭᠲᠡᠴᠡ᠎ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠰᠤᠷᠭᠠᠭᠤᠯᠢ ᠡᠷᠬᠢᠯᠡᠬᠥ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠦᠨ᠎ᠡ; 

  (ᠲᠠᠪᠤ) ᠰᠤᠷᠭᠠᠭᠤᠯᠢ᠎ᠶᠢ ᠴᠢᠩᠭ᠎ᠠ ᠵᠠᠰᠠᠬᠤ᠎ᠶᠢ ᠪᠠᠷᠢᠮᠲᠠᠯᠠᠵᠤ᠂ ᠰᠤᠷᠤᠯᠴᠠᠬᠤ ᠰᠤᠷᠲᠠᠯ᠂ ᠪᠣᠷᠣᠭᠵᠢᠭᠤᠨ ᠰᠤᠷᠲᠠᠯ᠂ ᠠᠷᠢᠭᠤᠨ ᠴᠢᠬᠡᠴᠢ ᠰᠤᠷᠲᠠᠯ᠎ᠢ ᠶᠡᠬᠡ᠎ᠪᠠᠷ ᠪᠠᠳᠠᠷᠠᠭᠤᠯᠤᠨ᠎ᠠ; 

  (ᠵᠢᠷᠭᠤᠭ᠎ᠠ) ᠰᠢᠰᠲᠸᠮᠳᠤ ᠦᠵᠡᠯᠲᠡ᠎ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠬᠦ᠂ ᠡᠬᠢ ᠪᠠᠶᠠᠯᠢᠭ᠋᠎ᠢ ᠨᠡᠢᠳᠬᠡᠬᠦ᠎ᠶᠢ ᠴᠢᠬᠤᠯᠠᠴᠢᠯᠠᠨ᠂ ᠠᠵᠢᠯ᠎ᠤᠨ ᠪᠦᠬᠦᠯᠢ ᠴᠣᠭᠴᠠᠲᠤ ᠴᠢᠨᠠᠷ ᠪᠣᠯᠣᠨ ᠬᠠᠮᠵᠢᠯᠴᠠᠬᠤ ᠴᠢᠨᠠᠷ᠎ᠢ ᠲᠠᠰᠤᠷᠠᠯᠳᠠ ᠦᠭᠡᠢ ᠨᠡᠮᠡᠭᠳᠡᠭᠦᠯᠤᠨ᠎ᠡ᠃

  ᠲᠠᠪᠤᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠦᠨᠳᠦᠰᠦᠨ ᠡᠭᠦᠷᠭᠡ ᠪᠣᠯ᠄

  (ᠨᠢᠭᠡ) ᠨᠠᠮ ᠵᠠᠰᠠᠭ᠎ᠤᠨ ᠤᠳᠤᠷᠢᠳᠬᠤ ᠺᠠᠳ᠋ᠷ᠂ ᠠᠯᠪᠠᠲᠠᠨ (ᠠᠯᠪᠠᠲᠠᠨ᠎ᠤ ᠬᠠᠤᠯᠢ᠎ᠪᠠᠷ ᠯᠠᠪᠯᠠᠯᠲᠠ ᠪᠣᠯᠭᠠᠭᠰᠠᠨ ᠬᠠᠮᠢᠶᠠᠷᠤᠯᠲᠠ᠎ᠶᠢᠨ ᠠᠵᠢᠯᠲᠠᠨ ᠪᠠᠭᠲᠠᠨ᠎ᠠ)᠂ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠤᠳᠤᠷᠢᠳᠬᠤ ᠬᠥᠮᠥᠰ᠂ ᠠᠵᠢᠯ ᠦᠢᠯᠡᠰ᠎ᠦᠨ ᠨᠢᠭᠡᠴᠢ᠎ᠶᠢᠨ ᠤᠳᠤᠷᠢᠳᠬᠤ ᠬᠥᠮᠥᠰ᠂ ᠵᠠᠯᠠᠭᠤ ᠺᠠᠳ᠋ᠷ᠂ ᠣᠨᠣᠯ᠎ᠤᠨ ᠤᠬᠠᠭᠤᠯᠭ᠎ᠠ᠎ᠶᠢᠨ ᠭᠣᠣᠯᠯᠠᠭ᠍ᠴᠢ ᠬᠦᠴᠦᠨ᠂ ᠳᠡᠭᠡᠳᠦ ᠲᠠᠰ ᠳᠠᠪᠬᠤᠷᠭ᠎ᠠ᠎ᠶᠢᠨ ᠴᠢᠳᠠᠪᠤᠷᠢᠲᠠᠨ᠂ ᠦᠨᠳᠦᠰᠦᠨ ᠱᠠᠲᠤᠨ᠎ᠤ ᠺᠠᠳ᠋ᠷ᠂ ᠨᠠᠮ᠎ᠤᠨ ᠭᠡᠰᠢᠭᠦᠨ᠎ᠢ ᠪᠣᠯᠪᠠᠰᠤᠷᠠᠭᠤᠯᠵᠤ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠪᠠᠭ᠍ᠰᠢ ᠨᠠᠷ᠎ᠤᠨ ᠪᠣᠯᠪᠠᠰᠤᠷᠠᠯ᠎ᠢ ᠥᠷᠨᠢᠭᠦᠯᠦᠨ᠎ᠡ; 

  (ᠬᠣᠶᠠᠷ) ᠮᠠᠷᠺᠰ᠎ᠤᠨ ᠦᠵᠡᠯ᠎ᠦᠨ ᠦᠨᠳᠦᠰᠦᠨ ᠤᠨᠤᠯ᠎ᠤᠨ ᠰᠤᠳᠤᠯᠭᠠᠨ᠎ᠢ ᠴᠢᠩᠭᠠᠳᠬᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠣᠣᠯᠳᠠᠯᠭ᠎ᠠ᠎ᠲᠠᠢ ᠰᠤᠳᠤᠯᠤᠨ ᠤᠬᠠᠭᠤᠯᠵᠤ ᠲᠠᠢᠯᠪᠤᠷᠢᠯᠠᠨ᠎ᠠ; 

  (ᠭᠤᠷᠪᠠ) ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠡᠷᠬᠢᠯᠡᠭᠰᠡᠠ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ᠎ᠶᠢ ᠳᠠᠭᠠᠭᠠᠴᠢᠯᠠᠨ ᠡᠷᠬᠢᠯᠡᠨ᠎ᠡ; 

  (ᠳᠥᠷᠪᠡ) ᠴᠢᠬᠤᠯᠠ ᠶᠡᠬᠡ ᠤᠨᠤᠯ᠎ᠤᠨ ᠪᠠ ᠪᠣᠳᠠᠲᠤ ᠠᠰᠠᠭᠤᠳᠠᠯ᠎ᠤᠨ ᠲᠤᠬᠠᠢ ᠰᠤᠳᠤᠯᠭᠠᠨ᠎ᠢ ᠥᠷᠨᠢᠭᠦᠯᠵᠦ᠂ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠳᠤ ᠰᠢᠢᠳᠪᠦᠷᠢᠲᠦ ᠪᠣᠳᠣᠯᠭ᠎ᠠ᠎ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠵᠤ᠂ ᠳᠤᠮᠳᠠᠳᠤ ᠤᠯᠤᠰ᠎ᠤᠨ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠪᠡᠶ᠎ᠡ ᠎ᠪᠡᠨ ᠳᠠᠭᠠᠭᠠᠭᠰᠠᠨ ᠮᠡᠳᠡᠯᠭᠡ᠎ᠶᠢᠨ ᠰᠢᠰᠲᠧᠮ᠎ᠢ ᠪᠠᠶ᠋ᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ; 

  (ᠲᠠᠪᠤ) ᠮᠠᠷᠺᠰ᠎ᠤᠨ ᠦᠵᠡᠯ᠎ᠦᠨ ᠣᠨᠣᠯ᠎ᠤᠨ ᠴᠢᠳᠠᠪᠤᠷᠢᠲᠠᠨ᠎ᠢ ᠬᠥᠮᠥᠵᠢᠭᠦᠯᠬᠦ᠎ᠪᠡᠷ ᠭᠣᠣᠯ ᠬᠠᠷᠠᠯᠲᠠ ᠪᠣᠯᠭᠠᠵᠤ᠂ ᠤᠯᠤᠰ᠎ᠡᠴᠡ ᠵᠥᠪᠰᠢᠶᠡᠷᠡᠭᠰᠡᠨ ᠰᠢᠨᠵᠢᠯᠡᠭᠡᠨ᠎ᠦ ᠰᠠᠯᠠᠭ᠎ᠠ ᠪᠠ ᠲᠤᠰᠬᠠᠢ ᠮᠡᠷᠭᠡᠵᠢᠯ᠎ᠦᠨ ᠡᠷᠳᠡᠮ᠎ᠦᠨ ᠴᠣᠯᠠ᠎ᠶᠢᠨ ᠲᠥᠷᠥᠯ ᠢᠯᠭᠠᠯ᠎ᠤᠨ ᠳᠣᠲᠣᠷ᠎ᠠ ᠡᠷᠳᠡᠮ᠎ᠦᠨ ᠴᠣᠯᠠ᠎ᠶᠢᠨ ᠠᠰᠫᠢᠷᠠᠨᠲ᠎ᠤᠨ ᠰᠤᠷᠭᠠᠨ ᠬᠥᠮᠦᠵᠢᠯ᠎ᠢ ᠥᠷᠨᠢᠭᠦᠯᠦᠨ᠎ᠡ; 

  (ᠵᠢᠷᠭᠤᠭ᠎ᠠ) ᠤᠯᠤᠰ (ᠬᠢᠯᠢ)᠎ᠤᠨ ᠳᠣᠲᠣᠨ᠎ᠠ ᠭᠠᠳᠠᠨᠠᠬᠢ ᠬᠣᠯᠪᠣᠭᠳᠠᠯ ᠪᠦᠬᠦᠢ ᠪᠠᠢᠭᠤᠯᠤᠮᠵᠢ ᠪᠠ ᠵᠣᠬᠢᠶᠠᠨ ᠪᠠᠢᠭᠤᠯᠤᠯᠲᠠ ᠯᠤᠭ᠎ᠠ᠎ᠶᠢᠨ ᠬᠠᠮᠲᠤᠷᠠᠯᠴᠠᠭ᠎ᠠ ᠪᠠ ᠰᠣᠯᠢᠯᠴᠠᠭ᠎ᠠ᠎ᠶᠢ ᠥᠷᠨᠢᠭᠦᠯᠦᠨ᠎ᠡ; 

  (ᠲᠤᠯᠦᠭ᠎ᠠ) ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠤᠨ ᠲᠤᠬᠠᠢ ᠨᠠᠮ᠎ᠤᠨ ᠬᠣᠷᠢᠶ᠎ᠡ᠎ᠶᠢᠨ ᠲᠦᠷᠦ᠎ᠶᠢᠨ ᠪᠣᠳᠣᠯᠭ᠎ᠠ ᠵᠢᠴᠢ ᠺᠠᠳ᠋ᠷ᠎ᠢ ᠪᠣᠯᠪᠠᠰᠤᠷᠠᠭᠤᠯᠬᠤ ᠲᠥᠯᠥᠪᠯᠡᠭᠡ ᠲᠣᠭᠲᠠᠭᠠᠬᠤ ᠠᠵᠢᠯ᠎ᠳᠤ ᠣᠷᠣᠯᠴᠠᠨ᠎ᠠ; 

  (ᠨᠠᠢ᠍ᠮᠠ) ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠡᠴᠡ ᠳᠠᠭᠠᠭᠠᠯᠭᠠᠭᠰᠠᠨ ᠪᠤᠰᠤᠳ ᠡᠭᠦᠷᠭᠡ᠎ᠨᠦᠭᠦᠳ᠎ᠢ ᠪᠡᠶᠡᠯᠡᠭᠦᠯᠤᠨ᠎ᠡ᠃

  ᠵᠢᠷᠭᠤᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠰᠤᠷᠤᠭ᠍ᠴᠢᠳ᠎ᠢ ᠬᠥᠮᠥᠵᠢᠭᠦᠯᠦᠨ ᠪᠣᠯᠪᠠᠰᠤᠷᠠᠭᠤᠯᠬᠤ ᠬᠠᠷᠠᠯᠲᠠ ᠪᠣᠯ᠄

  (ᠨᠢᠭᠡ) ᠨᠠᠮ᠎ᠳᠠᠭᠠᠨ ᠬᠠᠷᠢᠴᠠᠯᠠᠰᠢᠬᠦᠢ ᠦᠨᠡᠨᠴᠢ ᠪᠠᠢᠬᠤ᠎ᠶᠢ ᠪᠠᠷᠢᠮᠲᠠᠯᠠᠵᠤ᠂ 《ᠬᠣᠶᠠᠷ᠎ᠢ ᠲᠣᠭᠲᠠᠭᠠᠭᠰᠠᠨ》᠎ᠤ ᠰᠢᠢᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠵᠦ᠂ ᠰᠢᠯᠭᠠᠷᠠᠭᠰᠠᠨ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠵᠤ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠯᠭᠠᠨ᠎ᠠ; 

  (ᠬᠣᠶᠠᠷ) ᠮᠠᠷᠺᠰ᠎ᠤᠨ ᠦᠵᠡᠯ᠎ᠦᠨ ᠤᠨᠤᠯ᠎ᠤᠨ ᠲᠦᠪᠰᠢᠨ ᠪᠣᠯᠣᠨ ᠬᠡᠷᠡᠭᠯᠡᠬᠦ ᠴᠢᠳᠠᠪᠤᠷᠢ᠎ᠶᠢ ᠳᠡᠭᠡᠭᠰᠢᠯᠡᠭᠦᠯᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠠᠢ᠌ᠳᠤᠷ ᠤᠢ᠍ᠢᠯᠠᠭᠠᠵᠤ ᠲᠤᠭᠤᠷᠠᠳᠠᠯ᠎ᠠ ᠮᠡᠳᠡᠵᠤ ᠪᠤᠳᠠᠳᠠᠢ ᠬᠢᠬᠦ᠌᠂ ᠵᠥᠪ ᠶᠢᠷᠲᠢᠨᠴᠦ᠎ᠶᠢᠨ ᠦᠵᠡᠯᠲᠡ᠂ ᠠᠮᠢᠳᠤᠷᠠᠬᠤᠢ᠎ᠶᠢᠨ ᠦᠵᠡᠯᠲᠡ᠂ ᠦᠷᠳᠡᠭ᠎ᠦᠨ ᠦᠵᠡᠯᠲᠡ᠎ᠶᠢ ᠪᠤᠢ ᠪᠣᠯᠭᠠᠵᠤ᠂ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠡᠪ ᠬᠠᠮᠲᠤ ᠶᠣᠰᠣᠨ᠎ᠤ ᠠᠯᠤᠰ ᠬᠡᠳᠦ᠎ᠶᠢᠨ ᠬᠦᠰᠡᠯᠡᠩ ᠪᠣᠯᠣᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠬᠠᠮᠲᠤ᠎ᠶᠢᠨ ᠬᠦᠰᠡᠯᠡᠩ᠎ᠦᠨ ᠪᠠᠲᠤ ᠴᠢᠩᠭ᠎ᠠ ᠰᠢᠲᠦᠨ ᠪᠢᠰᠢᠷᠡᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠤᠨ᠎ᠠ; 

  (ᠭᠤᠷᠪᠠ) ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠵᠤ᠂ ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠬᠤ᠂ ᠠᠷᠠᠳ᠎ᠤᠨ ᠲᠥᠯᠥᠭᠡ ᠲᠦᠷᠦ ᠪᠠᠷᠢᠬᠤ ᠤᠬᠠᠮᠰᠠᠷ᠎ᠢᠶᠠᠨ ᠴᠢᠩᠭᠠᠳᠬᠠᠵᠤ᠂ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ ᠦᠨᠳᠦᠰᠦᠨ ᠵᠣᠷᠢᠯᠲᠠ᠎ᠶᠢ ᠦᠢᠯᠡᠳᠦᠯᠭᠡᠵᠢᠭᠦᠯᠵᠦ᠂ ᠵᠥᠪ ᠡᠷᠬᠡ᠎ᠶᠢᠨ ᠦᠵᠡᠯᠲᠡ᠂ ᠠᠵᠢᠯ᠎ᠤᠨ ᠪᠦᠲᠦᠮᠵᠢ᠎ᠶᠢᠨ ᠦᠵᠡᠯᠲᠡ᠂ ᠠᠵᠢᠯ ᠦᠢᠯᠡᠰ᠎ᠦᠨ ᠦᠵᠡᠯᠲᠡ᠎ᠶᠢ ᠪᠤᠢ ᠪᠣᠯᠭᠠᠨ᠎ᠠ; 

  (ᠳᠥᠷᠪᠡ) ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠵᠣᠷᠢᠭ᠍ᠲᠠᠢ᠎ᠪᠠᠷ ᠵᠠᠮ ᠨᠡᠭᠡᠭᠡᠨ ᠰᠢᠨ᠎ᠡ᠎ᠶᠢ ᠡᠭᠦᠳᠴᠦ᠂ ᠲᠡᠮᠡᠴᠡᠯ᠎ᠦᠨ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠲᠡᠮᠡᠴᠡᠯ᠎ᠦᠨ ᠴᠢᠳᠠᠪᠤᠷᠢ᠎ᠪᠠᠨ ᠳᠡᠭᠡᠭᠰᠢᠯᠡᠭᠦᠯᠵᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠳᠤᠮᠳᠠᠬᠢ ᠴᠢᠬᠤᠯᠠ ᠶᠡᠬᠡ ᠠᠰᠠᠭᠤᠳᠠᠯ᠎ᠢ ᠴᠢᠳᠠᠮᠠᠭᠠᠢ᠎ᠪᠠᠷ ᠵᠠᠳᠠᠯᠤᠨ ᠰᠢᠢᠳᠪᠦᠷᠢᠯᠡᠨ᠎ᠡ; 

  (ᠲᠠᠪᠤ) ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ᠎ᠪᠠᠨ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠢᠯᠡᠰ᠎ᠦᠨ ᠬᠥᠭᠵᠢᠯᠲᠡ᠎ᠶᠢᠨ ᠱᠠᠭᠠᠷᠳᠠᠯᠭ᠎ᠠ᠎ᠳᠤ ᠵᠣᠬᠢᠴᠠᠬᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠴᠢᠳᠠᠪᠤᠷᠢ᠎ᠪᠠᠨ ᠳᠡᠭᠡᠭᠰᠢᠯᠡᠭᠦᠯᠦᠨ᠎ᠡ; 

  (ᠵᠢᠷᠭᠤᠭ᠎ᠠ) ᠨᠠᠮ᠎ᠤᠨ ᠳᠦᠷᠢᠮ ᠨᠠᠮ᠎ᠤᠨ ᠲᠣᠭᠲᠠᠭᠠᠯ ᠨᠠᠮ᠎ᠤᠨ ᠰᠠᠬᠢᠯᠭ᠎ᠠ ᠪᠠᠲᠤ ᠪᠠ ᠦᠨᠳᠦᠰᠦᠨ ᠬᠠᠤᠯᠢ ᠬᠠᠤᠯᠢ ᠴᠠᠭᠠᠵᠠ ᠬᠠᠤᠯᠢ ᠲᠣᠭᠲᠠᠭᠠᠯ᠎ᠢ ᠴᠢᠩᠭ᠎ᠠ ᠵᠢᠷᠤᠮᠯᠠᠵᠤ᠂ ᠪᠢᠰᠢᠷᠡᠨ ᠵᠢᠷᠦᠬᠡᠰᠢᠶᠡᠬᠦ᠂ ᠰᠡᠷᠡᠮᠵᠢᠯᠡᠨ ᠬᠢᠴᠢᠶᠡᠬᠦ᠂ ᠬᠣᠷᠢᠭ᠎ᠠ ᠱᠤᠭᠤᠮ᠎ᠢ ᠰᠠᠬᠢᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ᠎ᠢ ᠡᠷᠡᠰ ᠡᠰᠡᠷᠭᠦᠴᠡᠵᠦ᠂ ᠣᠨᠴᠠ ᠡᠷᠬᠡ᠎ᠶᠢᠨ ᠦᠵᠡᠯ ᠰᠠᠨᠠᠭ᠎ᠠ ᠪᠠ ᠣᠨᠴᠠ ᠡᠷᠬᠡ᠎ᠶᠢᠨ ᠦᠵᠡᠭᠳᠡᠯ᠎ᠢ ᠡᠰᠡᠷᠭᠦᠴᠡᠵᠦ᠂ ᠡᠷᠬᠡ ᠲᠤᠰᠢᠶᠠᠯ᠎ᠢᠶᠠᠨ ᠳᠤᠷ᠎ᠠ᠎ᠪᠠᠷ ᠬᠡᠷᠡᠭᠯᠡᠬᠦ᠂ ᠬᠤᠪᠢ᠎ᠶᠢᠨ ᠠᠰᠢᠭ᠋᠎ᠢ ᠬᠥᠭᠡᠭᠡᠴᠡᠯᠳᠦᠬᠦ ᠶᠠᠮᠠᠷᠪᠠ ᠦᠢᠯᠡ ᠠᠵᠢᠯᠯᠠᠭ᠎ᠠ᠎ᠶᠢ ᠡᠰᠡᠷᠭᠦᠴᠡᠵᠦ᠂ ᠲᠥᠪ ᠭᠣᠣᠯᠴᠢ ᠠᠷᠢᠭᠤᠨ ᠴᠢᠬᠡᠴᠢ ᠤᠯᠤᠰ ᠲᠦᠷᠦ᠎ᠶᠢᠨ ᠮᠥᠨ ᠴᠢᠨᠠᠷ᠎ᠢᠶᠠᠨ ᠡᠭᠦᠷᠢᠳᠡ ᠬᠠᠳᠠᠭᠠᠯᠠᠨ᠎ᠠ᠃

  ᠬᠣᠶᠠᠳᠤᠭᠠᠷ ᠪᠦᠯᠦᠭ ᠲᠤᠬᠢᠷᠠᠭᠤᠯᠤᠯᠳᠠ ᠪᠠ ᠪᠠᠢᠭᠤᠯᠤᠯ

  ᠳᠣᠯᠣᠳᠤᠭᠠᠷ ᠵᠦᠢᠯ ᠨᠠᠮ᠎ᠤᠨ ᠲᠥᠪ ᠬᠣᠷᠢᠶ᠎ᠠ ᠪᠠ ᠣᠷᠣᠨ ᠨᠤᠲᠤᠭ᠎ᠤᠨ ᠡᠯ᠎ᠡ ᠱᠠᠲᠤᠨ᠎ᠤ ᠬᠣᠷᠢᠶ᠎ᠠ᠎ᠳᠤ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠂ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ)᠎ᠶᠢᠨ ᠨᠠᠮ᠎ᠤᠨ ᠬᠣᠷᠢᠶ᠎ᠡ᠎ᠶᠢᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠂ ᠬᠤᠳᠠ (ᠣᠷᠣᠨ᠂ ᠵᠧᠦ᠂ ᠠᠢᠮᠠᠭ)᠎ᠶᠢᠨ ᠨᠠᠮ᠎ᠤᠨ ᠬᠣᠷᠢᠶ᠎ᠡ᠎ᠶᠢᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠂ ᠰᠢᠶᠠᠨ (ᠬᠤᠳᠠ᠂ ᠲᠣᠭᠣᠷᠢᠭ᠋᠂ ᠬᠣᠰᠢᠭᠤ)᠎ᠤ ᠨᠠᠮ᠎ᠤᠨ ᠬᠣᠷᠢᠶ᠎ᠡ᠎ᠶᠢᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠰᠤᠷᠭᠠᠭᠤᠯᠢ)᠎ᠶᠢ ᠲᠤᠰᠪᠦᠷᠢ ᠪᠠᠢᠭᠤᠯᠤᠨ᠎ᠠ᠃ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠦᠸᠠᠨ᠎ᠤ ᠨᠠᠮ᠎ᠤᠨ ᠬᠣᠷᠢᠶ᠎ᠠ᠂ ᠡᠯ᠎ᠡ ᠳ᠋ᠢᠸᠢᠽᠢ (ᠬᠤᠳᠠ)᠎ᠶᠢᠨ ᠨᠠᠮ᠎ᠤᠨ ᠬᠣᠷᠢᠶ᠎ᠠ᠎ᠳᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢ ᠪᠠᠢᠭᠤᠯᠤᠨ᠎ᠠ᠃ ᠨᠥᠬᠥᠴᠡᠯ᠎ᠲᠠᠢ ᠰᠤᠮᠤ ᠪᠠᠯᠭᠠᠰᠤ (ᠵᠡᠭᠡᠯᠢ ᠭᠤᠳᠤᠮᠵᠢ)᠎ᠶᠢᠨ ᠨᠠᠮ (ᠠᠵᠢᠯᠴᠢᠨ)᠎ᠤᠨ ᠬᠣᠷᠢᠶ᠎ᠠ ᠨᠠᠮ᠎ᠤᠨ ᠰᠤᠷᠭᠠᠭᠤᠯᠢ ᠪᠠᠢᠭᠤᠯᠵᠤ ᠪᠣᠯᠣᠨ᠎ᠠ᠃

  ᠤᠯᠤᠰ᠎ᠡᠴᠡ ᠡᠷᠬᠢᠯᠡᠭᠰᠡᠠ ᠡᠩ᠎ᠦᠨ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶ᠎ᠠ ᠨᠢ ᠨᠠᠮ᠎ᠤᠨ ᠰᠤᠷᠭᠠᠭᠤᠯᠢ ᠪᠠᠶ᠋ᠢᠭᠤᠯᠪᠠᠯ ᠵᠤᠬᠢᠨ᠎ᠠ᠃

  ᠨᠠᠢ᠍ᠮᠠᠳᠤᠭᠠᠷ ᠵᠦᠢᠯ ᠪᠦᠬᠦ ᠨᠠᠮ᠎ᠢᠶᠠᠷ᠎ᠢᠶᠠᠨ ᠨᠠᠮ᠎ᠤᠨ ᠰᠤᠷᠭᠠᠭᠤᠯᠢ ᠡᠷᠬᠢᠯᠡᠬᠦ᠎ᠶᠢ ᠪᠠᠷᠢᠮᠲᠠᠯᠠᠨ᠎ᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠡᠷᠬᠢᠯᠡᠬᠦ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢ ᠬᠠᠮᠢᠶᠠᠷᠬᠤ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠪᠠᠶ᠋ᠢᠭᠤᠯᠬᠤ ᠭᠣᠣᠯ ᠴᠣᠭᠴᠠ ᠮᠥᠨ᠂ ᠨᠠᠮ᠎ᠤᠨ ᠬᠣᠷᠢᠶ᠎ᠡ᠎ᠶᠢᠨ ᠱᠦᠵᠢ ᠪᠣᠯ ᠨᠢᠭᠡᠳᠦᠭᠡᠷ ᠬᠠᠷᠢᠭᠤᠴᠠᠯᠭᠠᠲᠠᠨ ᠮᠥᠨ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠵᠠᠬᠢᠷᠤᠯ (ᠳᠡᠭᠡᠳᠦ ᠰᠤᠷᠭᠠᠭᠤᠯᠢ᠎ᠶᠢᠨ ᠵᠠᠬᠢᠷᠤᠯ)᠎ᠤᠨ ᠲᠤᠰᠢᠶᠠᠯ᠎ᠢ ᠬᠠᠪᠰᠤᠷᠭᠠᠨ ᠬᠠᠷᠢᠭᠤᠴᠠᠵᠤ ᠪᠠᠢᠭ᠎ᠠ ᠨᠠᠮ᠎ᠤᠨ ᠬᠣᠷᠢᠶ᠎ᠡ᠎ᠶᠢᠨ ᠬᠠᠷᠢᠭᠤᠴᠠᠯᠭᠠᠲᠠᠨ ᠨᠥᠬᠥᠳ ᠪᠣᠯ ᠭᠣᠣᠯ ᠬᠠᠷᠢᠭᠤᠴᠠᠯᠭᠠᠲᠠᠨ ᠮᠥᠨ᠃ ᠨᠠᠮ᠎ᠤᠨ ᠬᠣᠷᠢᠶ᠎ᠠ ᠨᠢ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠳ᠋ᠠᠬᠢ ᠤᠳᠤᠷᠢᠳᠤᠯᠭ᠎ᠠ᠎ᠪᠠᠨ ᠴᠢᠨᠭᠭᠠᠳᠬᠠᠪᠠᠯ ᠵᠤᠬᠢᠨ᠎ᠠ᠄

  (ᠨᠢᠭᠡ) ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠢ ᠨᠠᠮ᠎ᠤᠨ ᠬᠣᠷᠢᠶ᠎ᠠ᠎ᠶᠢᠨ ᠪᠦᠬᠦᠯᠢ ᠴᠣᠭᠴᠠ᠎ᠶᠢᠨ ᠠᠵᠢᠯ᠎ᠤᠨ ᠪᠠᠢᠷᠢᠯᠠᠭᠤᠯᠤᠯᠲᠠ᠎ᠳᠤ ᠣᠷᠣᠭᠤᠯᠵᠤ᠂ ᠠᠵᠢᠯ᠎ᠤᠨ ᠬᠡᠷᠡᠭᠴᠡᠭᠡ᠎ᠪᠡᠨ ᠦᠨᠳᠦᠰᠦᠯᠡᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠢ ᠴᠠᠭ ᠲᠤᠬᠠᠢ ᠳ᠋ᠤᠨᠢ ᠰᠤᠳᠤᠯᠤᠨ᠎ᠠ; 

  (ᠬᠣᠶᠠᠷ) ᠨᠠᠮ᠎ᠤᠨ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠪᠣᠯᠪᠠᠰᠤᠷᠠᠯ᠎ᠳᠤ ᠣᠷᠣᠯᠴᠠᠬᠤ ᠲᠥᠯᠦᠪᠵᠢᠭᠦᠯᠭᠡ ᠪᠠ ᠲᠦᠷᠦ᠎ᠶᠢᠨ ᠪᠣᠳᠣᠯᠭ᠎ᠠ᠎ᠶᠢ ᠲᠣᠭᠲᠠᠭᠠᠵᠤ᠂ ᠺᠠᠳ᠋ᠷᠴᠤᠳ᠎ᠢ ᠪᠣᠯᠪᠠᠰᠤᠷᠠᠭᠤᠯᠬᠤ ᠪᠠ ᠬᠡᠷᠡᠭᠯᠡᠬᠦ᠎ᠶᠢ ᠤᠶᠠᠯᠳᠤᠭᠤᠯᠵᠤ᠂ ᠺᠠᠳ᠋ᠷᠴᠤᠳ᠎ᠤᠨ ᠬᠥᠮᠦᠵᠢᠯ ᠪᠣᠯᠪᠠᠰᠤᠷᠠᠯ ᠭᠥᠷᠳᠡᠭᠰᠡᠨ ᠪᠠᠢᠳᠠᠯ᠎ᠢᠶᠠᠷ ᠺᠠᠳ᠋ᠷ᠎ᠢ ᠬᠢᠨᠠᠨ ᠰᠢᠯᠭᠠᠬᠤ ᠠᠭᠤᠯᠭ᠎ᠠ ᠪᠠ ᠲᠤᠰᠢᠶᠠᠯ ᠡᠭᠦᠷᠭᠡᠯᠡᠬᠦ᠂ ᠵᠡᠷᠭᠡ ᠳᠡᠪᠰᠢᠬᠦ᠎ᠶᠢᠨ ᠴᠢᠬᠤᠯᠠ ᠦᠨᠳᠦᠰᠦ ᠪᠠᠷᠢᠮᠲᠠ ᠪᠣᠯᠭᠠᠨ᠎ᠠ; 

  (ᠭᠤᠷᠪᠠ) ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠤᠳᠤᠷᠢᠳᠬᠤ ᠪᠠᠭ᠎ᠲᠤ ᠰᠢᠯᠢᠳᠡᠭ᠎ᠢ ᠨᠢ ᠰᠣᠩᠭᠣᠨ ᠰᠠᠢᠨ᠎ᠢ ᠨᠢ ᠲᠣᠬᠢᠷᠠᠭᠤᠯᠵᠤ᠂ ᠰᠢᠯᠢᠳᠡᠭ ᠺᠠᠳ᠋ᠷᠴᠤᠳ᠎ᠢ ᠤᠳᠤᠷᠢᠳᠬᠤ ᠪᠠᠭ᠎ᠲᠠᠭᠠᠨ ᠤᠷᠤᠭᠤᠯᠤᠨ ᠠᠪᠴᠢᠷᠠᠨ᠎ᠠ; 

  (ᠳᠥᠷᠪᠡ) ᠨᠠᠮ ᠵᠠᠰᠠᠭ᠎ᠤᠨ ᠤᠳᠤᠷᠢᠳᠬᠤ ᠺᠠᠳ᠋ᠷᠴᠤᠳ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠳ᠋ᠤ ᠬᠦᠷᠴᠦ ᠬᠢᠴᠢᠶᠡᠯ ᠵᠢᠭᠠᠬᠤ᠂ ᠮᠡᠳᠡᠭᠦᠯᠦᠯᠲᠡ ᠬᠢᠬᠦ ᠪᠠ ᠰᠤᠷᠤᠭ᠍ᠴᠢᠳ᠎ᠲᠠᠢ ᠶᠠᠷᠢᠯᠴᠠᠬᠤ ᠳᠦᠷᠢᠮ᠎ᠢ ᠪᠠᠢᠭᠤᠯᠤᠨ ᠪᠦᠷᠢᠨᠰᠢᠭᠦᠯᠵᠦ᠂ ᠰᠤᠷᠤᠯᠭ᠎ᠠ᠎ᠶᠢᠨ ᠬᠤᠭᠤᠴᠠᠭ᠎ᠠ ᠪᠦᠷᠢ᠎ᠶᠢᠨ ᠤᠳᠤᠷᠢᠳᠬᠤ ᠺᠠᠳ᠋ᠷᠴᠤᠳ᠎ᠤᠨ ᠬᠢᠴᠢᠶᠡᠯ ᠵᠢᠭᠠᠬᠤ ᠶᠡᠷᠦᠩᠬᠡᠢ ᠴᠠᠭ᠎ᠤᠨ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠭᠣᠣᠯ ᠴᠣᠭᠴᠠ᠎ᠶᠢᠨ ᠠᠩᠭᠢ᠎ᠶᠢᠨ ᠶᠡᠷᠦᠩᠬᠡᠢ ᠬᠢᠴᠢᠶᠡᠯ᠎ᠦᠨ ᠴᠠᠭ᠎ᠤᠨ ᠡᠵᠡᠯᠡᠬᠦ ᠬᠠᠷᠢᠴᠠᠯ᠎ᠢ 20%᠎ᠡᠴᠡ ᠳᠣᠣᠷ᠎ᠠ ᠪᠠᠢᠯᠭᠠᠬᠤ ᠦᠭᠡᠢ; 

  (ᠲᠠᠪᠤ) ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠴᠢᠳᠠᠪᠤᠷᠢᠲᠠᠨ᠎ᠢ ᠬᠥᠮᠥᠵᠢᠭᠦᠯᠬᠦ᠂ ᠵᠠᠷᠤᠳᠠᠯ᠎ᠤᠨ ᠪᠠᠲᠤᠯᠠᠭ᠎ᠠ᠂ ᠰᠠᠭᠤᠷᠢ ᠲᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ ᠵᠡᠷᠭᠡ᠎ᠶᠢ ᠴᠢᠩᠭᠠᠳᠬᠠᠵᠤ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠶᠡᠷᠦᠩᠬᠡᠢᠯᠡᠭᠰᠡᠨ ᠴᠢᠨᠠᠷᠲᠠᠢ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ᠎ᠤ ᠰᠤᠳᠤᠯᠭᠠᠨ᠂ ᠰᠢᠢᠳᠪᠦᠷᠢᠲᠦ ᠪᠣᠳᠣᠯᠭ᠎ᠠ᠎ᠶᠢᠨ ᠯᠠᠪᠯᠠᠯᠲᠠ᠂ ᠬᠠᠮᠢᠶᠠᠷᠤᠯᠲᠠ ᠪᠠ ᠦᠢᠯᠡᠴᠢᠯᠡᠭᠡᠨ᠎ᠦ ᠰᠢᠨ᠎ᠡ᠎ᠶᠢ ᠡᠭᠦᠳᠬᠦ᠎ᠶᠢ ᠬᠡᠷᠡᠭᠵᠢᠭᠦᠯᠬᠦ᠎ᠶᠢ ᠳᠡᠮᠵᠢᠨ᠎ᠡ; 

  (ᠵᠢᠷᠭᠤᠭ᠎ᠠ) ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠤᠨ ᠬᠤᠷᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠤᠷᠠᠯᠳᠤᠭᠤᠯᠵᠤ᠂ ᠲᠤᠷᠰᠢᠯᠭ᠎ᠠ ᠎ᠪᠠᠨ ᠳ᠋ᠦᠩᠨᠡᠵᠦ᠂ ᠠᠵᠢᠯ᠎ᠢᠶᠠᠨ ᠪᠠᠢᠷᠢᠯᠠᠭᠤᠯᠤᠨ᠎ᠠ; 

  (ᠳᠣᠯᠣᠭ᠎ᠠ) ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠢ ᠨᠠᠮ᠎ᠤᠨ ᠬᠣᠷᠢᠶ᠎ᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠣᠨ᠎ᠤ ᠬᠠᠷᠠᠯᠲᠠᠲᠤ ᠬᠢᠨᠠᠨ ᠰᠢᠯᠭᠠᠯᠲᠠ᠎ᠳᠤ ᠣᠷᠣᠭᠤᠯᠵᠤ᠂ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ᠎ᠢ ᠨᠠᠢᠳᠠᠪᠤᠷᠢᠵᠢᠭᠤᠯᠤᠭᠰᠠᠨ ᠪᠠᠢᠳᠠᠯ᠎ᠤᠨ ᠲᠤᠰᠢᠶᠠᠯ᠎ᠤᠨ ᠮᠡᠳᠡᠭᠦᠯᠦᠯᠲᠡ᠎ᠶᠢᠨ ᠠᠭᠤᠯᠭ᠎ᠠ᠎ᠳᠤ ᠣᠷᠣᠭᠤᠯᠤᠨ᠎ᠠ᠃

  ᠶᠢᠰᠦᠳᠦᠭᠡᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠳᠤ ᠰᠤᠷᠭᠠᠭᠤᠯᠢ (ᠳᠡᠭᠡᠳᠦ ᠰᠤᠷᠭᠠᠭᠤᠯᠢ)᠎ᠶᠢᠨ ᠶᠠᠪᠤᠳᠠᠯ᠎ᠤᠨ ᠵᠦᠪᠯᠡᠯ (ᠳᠣᠷᠣᠭ᠍ᠰᠢ ᠰᠤᠷᠭᠠᠭᠤᠯᠢ 《ᠳᠡᠭᠡᠳᠦ ᠰᠤᠷᠭᠠᠭᠤᠯᠢ》᠎ᠶᠢᠨ ᠵᠥᠪᠯᠡᠯ ᠭᠡᠵᠦ᠍ ᠲᠣᠪᠴᠢᠯᠠᠨ᠎ᠠ)᠎ᠡᠴᠡ ᠤᠳᠤᠷᠢᠳᠬᠤ ᠳᠦᠷᠢᠮ᠎ᠢ ᠬᠡᠷᠡᠭᠵᠢᠬᠦᠯᠦᠨ᠎ᠡ᠃ ᠰᠤᠷᠭᠠᠭᠤᠯᠢ (ᠳᠡᠭᠡᠳᠦ ᠰᠤᠷᠭᠠᠭᠤᠯᠢ)᠎ᠶᠢᠨ ᠵᠥᠪᠯᠡᠯ᠎ᠡᠴᠡ ᠰᠤᠷᠭᠠᠭᠤᠯᠢ (ᠳᠡᠭᠡᠳᠦ ᠰᠤᠷᠭᠠᠭᠤᠯᠢ)᠎ᠶᠢᠨ ᠠᠵᠢᠯ᠎ᠢ ᠪᠦᠬᠦ᠌ ᠲᠠᠯ᠎ᠠ᠎ᠪᠠᠷ ᠤᠳᠤᠷᠢᠳᠴᠤ᠌᠂ ᠭᠡᠱᠢᠭᠦᠨ᠎ᠢ ᠠᠳᠠᠯᠢ ᠱᠠᠲᠤᠨ᠎ᠤ ᠨᠠᠮ᠎ᠤᠨ ᠬᠤᠷᠢᠶ᠎ᠠ (ᠵᠠᠰᠠᠭ᠎ᠤᠨ ᠣᠷᠳᠣᠨ)᠎ᠠᠴᠠ ᠲᠣᠮᠢᠯᠠᠨ᠎ᠠ᠃ ᠰᠤᠷᠭᠠᠭᠤᠯᠢ (ᠳᠡᠭᠡᠳᠦ ᠰᠤᠷᠭᠠᠭᠤᠯᠢ)᠎ᠶᠢᠨ ᠵᠥᠪᠯᠡᠯ᠎ᠦᠨ ᠠᠵᠢᠯ᠎ᠢ ᠰᠤᠷᠭᠠᠭᠤᠯᠢ᠎ᠶ᠋ᠢᠨ ᠵᠠᠬᠢᠷᠤᠯ (ᠳᠡᠭᠡᠳᠦ ᠰᠤᠷᠭᠠᠭᠤᠯᠢ᠎ᠶᠢᠨ ᠵᠠᠬᠢᠷᠤᠯ) ᠪᠤᠶᠤ ᠡᠳᠦᠷ ᠲᠤᠳᠦᠮ᠎ᠤᠨ ᠠᠵᠢᠯ᠎ᠢ ᠬᠤᠪᠢᠳᠠᠨ ᠬᠠᠮᠢᠶᠠᠷᠴᠤ᠌ ᠪᠠᠢᠭ᠎ᠠ ᠳᠡᠳ᠋ ᠵᠠᠬᠢᠷᠤᠯ (ᠳᠡᠭᠡᠳᠦ ᠰᠤᠷᠭᠠᠭᠤᠯᠢ᠎ᠶᠢᠨ ᠳᠡᠳ᠋ ᠵᠠᠬᠢᠷᠤᠯ)᠎ᠠᠴᠠ ᠡᠷᠬᠢᠯᠡᠨ᠎ᠡ᠃

  ᠠᠷᠪᠠᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠵᠠᠬᠢᠷᠤᠯ (ᠳᠡᠭᠡᠳᠦ ᠰᠤᠷᠭᠠᠭᠤᠯᠢ᠎ᠶᠢᠨ ᠵᠠᠬᠢᠷᠤᠯ)᠎ᠢ ᠡᠩ᠎ᠦᠨ ᠦᠶ᠎ᠡ᠎ᠳᠤ ᠠᠳᠠᠯᠢ ᠱᠠᠲᠤᠨ᠎ᠤ ᠨᠠᠮ᠎ᠤᠨ ᠬᠤᠷᠢᠶ᠎ᠠ᠎ᠶᠢᠨ ᠱᠦᠵᠢ᠂ ᠳᠡᠳ᠋ ᠱᠦᠵᠢ ᠪᠤᠶᠤ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠬᠠᠪᠰᠤᠷᠭᠠᠨ ᠬᠠᠷᠢᠭᠤᠴᠠᠨ᠎ᠠ᠃ ᠡᠳᠦᠷ ᠲᠤᠲᠤᠮ᠎ᠤᠨ ᠠᠵᠢᠯ᠎ᠢ ᠬᠤᠪᠢᠳᠠᠨ ᠬᠠᠮᠢᠶᠠᠷᠴᠤ᠌ ᠪᠠᠢᠭ᠎ᠠ ᠰᠤᠷᠭᠠᠭᠤᠯᠢ᠎ᠶ᠋ᠢᠨ ᠳᠡᠳ᠋ ᠵᠠᠬᠢᠷᠤᠯ (ᠳᠡᠭᠡᠳᠦ ᠰᠤᠷᠭᠠᠭᠤᠯᠢ᠎ᠶᠢᠨ ᠳᠡᠳ᠋ ᠵᠠᠬᠢᠷᠤᠯ)᠎ᠢ ᠠᠳᠠᠯᠢ ᠱᠠᠲᠤᠨ᠎ᠤ ᠨᠠᠮ᠎ᠤᠨ ᠬᠤᠷᠢᠶ᠎ᠠ᠎ᠶᠢᠨ ᠰᠠᠯᠠᠭ᠎ᠠ ᠮᠥᠴᠢᠷ᠎ᠦᠨ ᠵᠢᠩᠬᠢᠨᠢ ᠲᠤᠱᠢᠶᠠᠯ᠎ᠤᠨ ᠤᠳᠤᠷᠢᠳᠭᠤ ᠺᠠᠳ᠋ᠷ᠎ᠢᠶᠠᠷ ᠰᠣᠩᠭᠣᠨ ᠲᠣᠬᠢᠷᠠᠭᠤᠯᠬᠤ᠎ᠶ᠋ᠢᠨ ᠬᠠᠮᠲᠤ ᠡᠩ᠎ᠦᠨ ᠪᠠᠢᠳᠠᠯ᠎ᠳᠤ ᠠᠳᠠᠯᠢ ᠱᠠᠲᠤᠨ᠎ᠤ ᠨᠠᠮ᠎ᠤᠨ ᠬᠤᠷᠢᠶ᠎ᠠ᠎ᠶᠢᠨ ᠪᠦᠷᠢᠯᠳᠦᠬᠦᠨ᠎ᠢᠶᠡᠷ ᠨᠡᠷ᠎ᠡ ᠳᠤᠷᠠᠳᠤᠭᠳᠠᠭᠰᠠᠨ ᠵᠢᠱ᠌ᠢᠭ᠌ᠳᠡᠭ᠌ᠴᠢ ᠪᠠᠢᠬᠤ ᠬᠡᠷᠡᠭᠳᠡᠢ᠃ ᠵᠢᠭᠠᠨ ᠰᠤᠷᠭᠠᠯᠲᠠ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠢ ᠡᠷᠬᠢᠯᠡᠨ ᠬᠠᠮᠢᠶᠠᠷᠴᠤ᠌ ᠪᠠᠢᠭ᠎ᠠ ᠰᠤᠷᠭᠠᠭᠤᠯᠢ᠎ᠶ᠋ᠢᠨ ᠳᠡᠳ᠋ ᠵᠠᠬᠢᠷᠤᠯ (ᠳᠡᠭᠡᠳᠦ ᠰᠤᠷᠭᠠᠭᠤᠯᠢ᠎ᠶᠢᠨ ᠳᠡᠳ᠋ ᠵᠠᠬᠢᠷᠤᠯ) ᠨᠢ ᠡᠩ᠎ᠤᠨ ᠪᠠᠢᠳᠠᠯ᠎ᠳᠦ ᠵᠢᠭᠠᠨ ᠰᠤᠷᠭᠠᠯᠲᠠ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯ᠎ᠤᠨ ᠥᠩᠭᠡᠷᠡᠯᠲᠡ᠎ᠲᠡᠶ ᠪᠠᠢᠬᠤ ᠬᠡᠷᠡᠭ᠌ᠲᠡᠢ᠃

  ᠠᠷᠪᠠᠨ ᠨᠢᠭᠡᠳᠦᠭᠡᠷ ᠵᠦᠶ᠋ᠯ ᠳᠡᠭᠡᠳᠦ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠢ ᠳᠤᠤᠷᠠᠳᠤ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠲᠤᠬᠠᠢᠯᠠᠭ᠍ᠰᠠᠨ ᠠᠵᠢᠯ᠎ᠤᠨ ᠵᠢᠯᠣᠭᠣᠳᠣᠯᠭ᠎ᠠ᠎ᠪᠠᠨ ᠴᠢᠩᠭᠠᠳᠭᠠᠬᠤ ᠬᠡᠷᠡᠭ᠌ᠲᠡᠶ᠄

  (ᠨᠢᠭᠡ) ᠲᠤᠤᠷᠠᠳᠤ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠳ᠋ᠦ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠡᠷᠬᠢᠯᠡᠬᠦ᠌ ᠰᠤᠷᠭᠠᠭᠤᠯᠢ᠎ᠶ᠋ᠢ ᠵᠠᠰᠠᠬᠤ ᠲᠤᠬᠠᠢ ᠨᠠᠮ᠎ᠤᠨ ᠲᠥᠪ ᠬᠤᠷᠢᠶ᠎ᠠ᠎ᠶᠢᠨ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ ᠪᠠ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨ ᠪᠠᠢᠳᠠᠯ᠎ᠳᠤ ᠪᠠᠢᠴᠠᠭᠠᠨ ᠰᠤᠳᠤᠯᠤᠯᠲᠠ ᠬᠢᠵᠦ᠍᠂ ᠵᠢᠯᠣᠭᠣᠳᠭᠤ ᠴᠢᠨᠠᠷᠲᠠᠢ ᠰᠠᠨᠠᠯ ᠳᠤᠷᠠᠳᠤᠨ᠎ᠠ; 

  (ᠬᠣᠶᠠᠷ) ᠳᠣᠤᠷᠠᠳᠤ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠵᠢᠭᠠᠨ ᠰᠤᠷᠭᠠᠯᠳᠠ᠂ ᠱᠢᠨᠵᠢᠯᠡᠬᠦ᠌ ᠤᠬᠠᠭᠠᠨ᠎ᠤ ᠰᠤᠳᠤᠯᠭᠠᠨ᠂ ᠪᠠᠭ᠍ᠰᠢ᠎ᠶ᠋ᠢᠨ ᠪᠣᠯᠪᠠᠰᠤᠷᠠᠯ ᠵᠡᠷᠭᠡ ᠠᠵᠢᠯ᠎ᠳᠤ ᠪᠠᠢᠴᠠᠭᠠᠨ ᠰᠤᠳᠤᠯᠤᠯᠲᠠ ᠬᠢᠵᠦ᠍᠂ ᠰᠠᠢᠵᠢᠷᠠᠭᠤᠯᠬᠤ ᠰᠠᠨᠠᠯ ᠪᠠ ᠰᠠᠨᠠᠭᠤᠯᠭ᠎ᠠ ᠳᠤᠷᠠᠳᠤᠨ᠎ᠠ; 

  (ᠭᠤᠷᠪᠠ) ᠰᠤᠷᠭᠠᠭᠤᠯᠢ ᠡᠷᠭᠢᠯᠡᠬᠦ᠌ ᠶᠠᠰᠤ ᠴᠢᠨᠠᠷ᠎ᠢ ᠦᠨᠡᠯᠡᠨ ᠵᠢᠱ᠌ᠢᠬᠦ᠌ ᠭᠦᠶ᠋ᠴᠡᠳᠭᠡᠯ ᠲᠣᠭᠠᠨ᠎ᠤ ᠱᠢᠰᠲ᠋ᠧᠮ ᠪᠠ ᠠᠷᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠵᠤ᠂ ᠳᠤᠤᠷᠠᠳᠤ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠦᠨᠡᠯᠡᠨ ᠵᠢᠱ᠌ᠢᠬᠦ᠌ ᠠᠵᠢᠯ ᠥᠷᠨᠢᠭᠦᠯᠬᠦ᠌᠎ᠶ᠋ᠢ ᠵᠢᠯᠣᠭᠣᠳᠤᠨ᠎ᠠ; 

  (ᠳᠥᠷᠪᠡ) ᠬᠣᠲᠠ (ᠲᠤᠰᠭᠠᠶ ᠣᠷᠣᠨ)᠎ᠶᠢᠨ ᠱᠠᠲᠤᠨ᠎ᠡᠴᠡ ᠳᠡᠭᠡᠭ᠌ᠰᠢᠬᠢ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠡᠴᠡ ᠲᠤᠰ ᠵᠠᠰᠠᠭ ᠵᠠᠬᠢᠷᠭᠠᠨ᠎ᠤ ᠣᠷᠣᠨ᠎ᠤ᠎ᠪᠠᠨ ᠳᠣᠲᠣᠷᠠᠬᠢ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠲᠤᠬᠠᠢᠯᠠᠭ᠍ᠰᠠᠨ ᠠᠵᠢᠯ᠎ᠤᠨ ᠲᠥᠯᠥᠪᠵᠢᠭᠦᠯᠭᠡ᠎ᠶ᠋ᠢ ᠲᠦᠷᠦᠭᠦᠯᠡᠨ ᠲᠣᠭ᠍ᠲᠠᠭᠠᠨ᠎ᠠ; 

  (ᠲᠠᠪᠤ) ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠪᠠ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ)᠎ᠶᠢᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠠᠴᠠ ᠲᠤᠤᠷᠠᠳᠤ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠬᠢᠴᠢᠶᠡᠯ᠎ᠦᠨ ᠲᠤᠬᠢᠷᠠᠭᠤᠯᠤᠯᠳᠠ ᠪᠠ ᠨᠡᠭᠡᠭᠡᠨ ᠬᠥᠭ᠌ᠵᠢᠭᠦᠯᠦᠯᠲᠡ᠂ ᠵᠢᠭᠠᠬᠤ ᠮᠠᠲ᠋ᠧᠷᠢᠶᠠᠯ ᠨᠠᠢᠷᠠᠭᠤᠯᠤᠨ ᠪᠢᠴᠢᠬᠦ᠌᠂ ᠱᠢᠨᠵᠢᠯᠡᠭᠡᠨ᠎ᠦ ᠰᠠᠯᠠᠭᠠᠨ᠎ᠤ ᠪᠠᠢᠭᠤᠯᠤᠯᠲᠠ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠠᠮᠢᠶᠠᠷᠤᠯᠲᠠ ᠵᠡᠷᠭᠡ ᠠᠵᠢᠯ᠎ᠢ ᠵᠢᠯᠣᠭᠣᠳᠴᠤ᠌ ᠵᠣᠬᠢᠴᠠᠭᠤᠯᠤᠨ᠎ᠠ᠃

  ᠠᠷᠪᠠᠨ ᠬᠣᠶᠠᠳᠤᠭᠠᠷ ᠵᠦᠢᠯ ᠱᠢᠶᠠᠨ᠎ᠤ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠰᠤᠷᠭᠠᠭᠤᠯᠢ) ᠨᠢ ᠨᠠᠮ᠎ᠤᠨ ᠦᠨᠳᠦᠰᠦᠨ ᠱᠠᠲᠤᠨ᠎ᠤ ᠺᠠᠳ᠋ᠷ ᠪᠠ ᠡᠩ᠎ᠦᠨ ᠨᠠᠮ᠎ᠤᠨ ᠭᠡᠱᠢᠭᠦᠨ᠎ᠢ ᠪᠣᠯᠪᠠᠰᠤᠷᠠᠭᠤᠯᠬᠤ ᠭᠣᠣᠯ ᠠᠷᠭ᠎ᠠ ᠵᠠᠮ᠂ ᠭᠣᠣᠯ ᠵᠢᠭ᠍ᠰᠠᠭᠠᠯ᠎ᠤᠨ ᠭᠠᠵᠠᠷ ᠪᠣᠯᠬᠤ ᠬᠡᠷᠡᠭ᠌ᠲᠡᠢ᠃ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ)᠎ᠶᠢᠨ ᠨᠠᠮ᠎ᠤᠨ ᠬᠤᠷᠢᠶ᠎ᠠ ᠱᠢᠶᠠᠨ᠎ᠤ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠰᠤᠷᠭᠠᠭᠤᠯᠢ)᠎ᠶᠢᠨ ᠲᠦᠷᠦᠯ ᠬᠤᠪᠢᠶᠠᠬᠤ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠤᠷᠭᠠᠭᠤᠯᠢ ᠡᠷᠬᠢᠯᠡᠬᠦ᠌ ᠪᠠᠢᠭᠤᠯᠤᠯ᠎ᠤᠨ ᠥᠭᠡᠷᠡᠴᠢᠯᠡᠯᠲᠡ ᠪᠠ ᠰᠤᠷᠭᠠᠭᠤᠯᠢ ᠡᠷᠬᠢᠯᠡᠬᠦ᠌ ᠵᠠᠭ᠍ᠪᠤᠷ᠎ᠤᠨ ᠱᠢᠨ᠎ᠡ᠎ᠶᠢ ᠡᠭᠦᠳᠬᠦ᠎ᠶ᠋ᠢ ᠭᠦᠨᠵᠡᠭᠡᠢᠷᠡᠭᠦᠯᠦᠨ᠎ᠡ᠃

  ᠱᠢᠶᠠᠨ᠎ᠤ ᠬᠡᠪᠴᠢᠶᠡᠨ᠎ᠦ ᠰᠤᠷᠭᠠᠨ ᠬᠥᠮᠦᠵᠢᠯ ᠪᠣᠯᠪᠠᠰᠤᠷᠠᠯ᠎ᠤᠨ ᠡᠬᠢ ᠪᠠᠶᠠᠯᠢᠭ᠎ᠢ ᠨᠡᠢᠳᠬᠡᠵᠦ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠬᠦᠯᠦᠨ ᠰᠠᠢᠲᠤᠷ ᠬᠡᠷᠡᠭ᠌ᠯᠡᠵᠦ᠍᠂ ᠱᠢᠶᠠᠨ᠎ᠤ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠰᠤᠷᠭᠠᠭᠤᠯᠢ)᠎ᠶᠢᠨ ᠰᠤᠷᠭᠠᠭᠤᠯᠢ ᠡᠷᠬᠢᠯᠡᠬᠦ᠌ ᠲᠦᠪᠰᠢᠨ᠎ᠢ ᠳᠡᠭᠡᠭ᠌ᠰᠢᠯᠡᠭᠦᠯᠦᠨ᠎ᠡ᠃ ᠰᠠᠭᠤᠷᠢ ᠨᠢᠮᠭᠡᠨ᠂ ᠰᠤᠷᠭᠠᠭᠤᠯᠢ ᠡᠷᠬᠢᠯᠡᠬᠦ᠌ ᠨᠥᠬᠥᠴᠡᠯ᠎ᠢᠶᠡᠷ ᠠᠨᠠᠶ ᠱᠢᠶᠠᠨ᠎ᠤ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠰᠤᠷᠭᠠᠭᠤᠯᠢ) ᠨᠢ ᠬᠣᠲᠠ (ᠲᠤᠰᠭᠠᠶ ᠣᠷᠣᠨ)᠎ᠶᠢᠨ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠬᠤᠪᠢᠶᠠᠷᠢ ᠰᠤᠷᠭᠠᠭᠤᠯᠢ᠎ᠶᠢᠨ ᠫᠠᠢᠰᠠ᠎ᠶᠢ ᠨᠡᠮᠡᠵᠦ᠍ ᠡᠯᠭᠦᠬᠦ᠌ ᠵᠡᠷᠭᠡ ᠠᠷᠭ᠎ᠠ ᠮᠠᠶᠢᠭ᠎ᠢᠶᠠᠷ ᠣᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠳᠦᠨᠢ ᠬᠡᠷᠡᠭ᠌ᠯᠡᠨ ᠰᠤᠷᠭᠠᠭᠤᠯᠢ ᠡᠷᠬᠢᠯᠡᠵᠦ᠍ ᠪᠣᠯᠤᠨ᠎ᠠ᠃

  ᠠᠷᠪᠠᠨ ᠭᠤᠷᠪᠠᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠢ ᠪᠠᠢᠭᠤᠯᠤᠭᠰᠠᠨ ᠬᠤᠪᠢᠶᠠᠷᠢ ᠰᠤᠷᠭᠠᠭᠤᠯᠢ᠎ᠳᠡᠬᠢ ᠲᠤᠬᠠᠢᠯᠠᠭ᠍ᠰᠠᠨ ᠠᠵᠢᠯ᠎ᠤᠨ ᠵᠢᠯᠤᠭᠤᠳᠤᠯᠭ᠎ᠠ ᠪᠠ ᠠᠵᠢᠯ᠎ᠢ ᠨᠢᠭᠡᠳᠦᠯᠲᠡᠢ ᠲᠥᠯᠥᠪᠵᠢᠬᠦᠯᠬᠦ᠎ᠪᠡᠨ ᠴᠢᠩᠭᠠᠳᠭᠠᠵᠤ᠂ ᠰᠤᠷᠭᠠᠭᠤᠯᠢ ᠡᠷᠬᠢᠯᠡᠬᠦ᠌ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠦᠨᠢ ᠬᠠᠪᠰᠤᠷᠬᠤ ᠬᠡᠷᠡᠭ᠌ᠲᠡᠢ᠃

  ᠠᠷᠪᠠᠨ ᠳᠥᠷᠪᠡᠳᠦᠭᠡᠷ ᠵᠦᠢᠯ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠬᠣᠭᠣᠷᠣᠨᠳᠣ᠎ᠪᠠᠨ ᠵᠢᠭᠠᠨ ᠰᠤᠷᠭᠠᠯᠲᠠ᠂ ᠱᠢᠨᠵᠢᠯᠡᠬᠦ᠌ ᠤᠬᠠᠭᠠᠨ᠎ᠤ ᠰᠤᠳᠤᠯᠭᠠᠨ᠂ ᠱᠢᠢᠳᠪᠦᠷᠢᠲᠦ ᠪᠤᠳᠤᠯᠭ᠎ᠠ᠎ᠶ᠋ᠢᠨ ᠵᠦᠪᠯᠡᠭᠡ ᠦᠭᠬᠦ᠂ ᠬᠠᠮᠢᠶᠠᠷᠤᠯᠲᠠ ᠪᠠ ᠦᠢᠯᠡᠴᠢᠯᠡᠭᠡ ᠵᠡᠷᠭᠡ ᠲᠠᠯ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠡᠬᠢ ᠪᠠᠶᠠᠯᠢᠭ᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠲᠣᠭ᠍ᠲᠠᠴᠠ᠎ᠶ᠋ᠢ ᠪᠠᠢᠭᠤᠯᠵᠤ᠂ ᠪᠦᠬᠦᠯᠢ ᠴᠣᠭ᠍ᠴᠠ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠤᠨ᠎ᠠ᠃

  ᠭᠤᠷᠪᠠᠳᠤᠭᠠᠷ ᠪᠦᠯᠦᠭ ᠠᠩᠭᠢ ᠪᠠ ᠰᠤᠷᠭᠠᠭᠤᠯᠢ᠎ᠶ᠋ᠢᠨ ᠳᠦᠷᠢᠮ

  ᠠᠷᠪᠠᠨ ᠲᠠᠪᠤᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠪᠠᠢᠩᠭᠤᠵᠢᠭᠰᠠᠨ ᠪᠣᠯᠪᠠᠰᠤᠷᠠᠯ ᠢᠯᠠᠩᠭᠤᠶ᠎ᠠ ᠦᠨᠳᠦᠰᠦᠨ ᠪᠣᠯᠪᠠᠰᠤᠷᠠᠯ᠎ᠤᠨ ᠱᠠᠭᠠᠷᠳᠠᠯᠭ᠎ᠠ᠎ᠶ᠋ᠢ ᠦᠨᠳᠦᠰᠦᠯᠡᠨ᠂ ᠦᠨᠳᠦᠰᠦᠨ ᠪᠣᠯᠪᠠᠰᠤᠷᠠᠯ ᠪᠣᠯᠤᠨ ᠪᠤᠰᠤᠳ ᠴᠢᠬᠤᠯᠠ ᠪᠣᠯᠪᠠᠰᠤᠷᠠᠯ᠎ᠢ ᠰᠠᠢᠲᠤᠷ ᠥᠷᠨᠢᠭᠦᠯᠬᠦ ᠬᠡᠷᠡᠭᠳᠡᠢ᠃ ᠦᠨᠳᠦᠰᠦᠨ ᠪᠣᠯᠪᠠᠰᠤᠷᠠᠯ ᠥᠷᠨᠢᠭᠦᠯᠬᠦ᠌᠎ᠳᠦ ᠳᠤᠤᠷᠠᠬᠢ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ ᠬᠡᠷᠡᠭ᠌ᠲᠡᠶ᠄

  (ᠨᠢᠭᠡ) ᠪᠣᠯᠪᠠᠰᠤᠷᠠᠯ᠎ᠤᠨ ᠲᠥᠰᠦᠯ᠎ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠵᠤ᠂ ᠪᠣᠯᠪᠠᠰᠤᠷᠠᠯ᠎ᠤᠨ ᠡᠲᠡᠭᠡᠳ᠂ ᠠᠭᠤᠯᠭ᠎ᠠ᠂ ᠠᠷᠭ᠎ᠠ ᠮᠠᠶᠢᠭ᠂ ᠰᠤᠷᠭᠠᠭᠤᠯᠢ᠎ᠶ᠋ᠢᠨ ᠳᠦᠷᠢᠮ᠂ ᠦᠶᠡᠯᠡᠯ᠎ᠦᠨ ᠬᠤᠭᠤᠴᠠᠭ᠎ᠠ ᠵᠡᠷᠭᠡ ᠵᠠᠩᠭᠢᠯᠠᠭ᠎ᠠ᠎ᠶ᠋ᠢᠨ ᠬᠦᠴᠦᠨ ᠵᠦᠶ᠋ᠯ᠎ᠢ ᠲᠣᠳᠣᠷᠬᠠᠢᠯᠠᠬᠤ ᠬᠡᠷᠡᠭ᠌ᠲᠡᠶ; 

  (ᠬᠣᠶᠠᠷ) ᠪᠣᠯᠪᠠᠰᠤᠷᠠᠭᠤᠯᠬᠤ ᠶᠣᠰᠣᠲᠠᠢ᠎ᠶ᠋ᠢ ᠨᠢ ᠪᠦᠬᠦᠨ᠎ᠢ ᠪᠣᠯᠪᠠᠰᠤᠷᠠᠭᠤᠯᠬᠤ᠎ᠶ᠋ᠢ ᠪᠠᠷᠢᠮᠲᠠᠯᠠᠵᠤ᠂ ᠠᠱᠢᠭ ᠬᠦᠷᠲᠡᠬᠦ᠌ ᠬᠡᠪᠴᠢᠶ᠎ᠡ᠎ᠶ᠋ᠢ ᠠᠯᠢ ᠴᠢᠳᠠᠬᠤ᠎ᠪᠠᠷ ᠥᠷᠭᠡᠳᠭᠡᠵᠦ᠍᠂ ᠪᠦᠬᠦᠨ᠎ᠢ ᠬᠠᠮᠤᠷᠬᠤ᠎ᠶ᠋ᠢ ᠴᠢᠷᠮᠠᠢᠨ ᠪᠡᠶᠡᠯᠡᠭᠦᠯᠵᠦ᠍᠂ ᠳᠠᠪᠬᠤᠷᠳᠠᠭᠤᠯᠤᠨ ᠪᠣᠯᠪᠠᠰᠤᠷᠠᠭᠤᠯᠬᠤ᠂ ᠤᠯᠠᠨ ᠲᠠᠯ᠎ᠠ᠎ᠡᠴᠡ ᠱᠢᠯᠵᠢᠭᠦᠯᠦᠨ ᠪᠣᠯᠪᠠᠰᠤᠷᠠᠭᠤᠯᠬᠤ ᠪᠠ ᠤᠯᠠᠨ ᠵᠢᠯ ᠦᠯᠦ᠍ ᠪᠣᠯᠪᠠᠰᠤᠷᠠᠭᠤᠯᠬᠤ᠎ᠡᠴᠡ ᠵᠠᠢᠯᠠᠰᠭᠢᠬᠤ ᠬᠡᠷᠡᠭᠳᠡᠢ; 

  (ᠭᠤᠷᠪᠠ) ᠣᠲᠣ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠎ᠢ ᠭᠦᠶ᠋ᠴᠡᠳ ᠠᠱᠢᠭ᠍ᠯᠠᠨ᠂ ᠰᠦᠯᠵᠢᠶᠡᠨ ᠳᠡᠭᠡᠷ᠎ᠡ ᠪᠠ ᠪᠤᠳᠠᠳᠤ ᠴᠤᠭᠴᠠ᠂ ᠱᠢᠭᠤᠳ ᠨᠡᠪᠲᠡᠷᠡᠭᠦᠯᠬᠦ᠌ ᠪᠠ ᠱᠢᠩᠭᠡᠭᠡᠨ ᠨᠡᠪᠲᠡᠷᠡᠭᠦᠯᠬᠦ᠌᠎ᠶ᠋ᠢ ᠬᠠᠷᠢᠯᠴᠠᠨ ᠤᠶᠠᠯᠳᠤᠭᠤᠯᠬᠤ ᠵᠡᠷᠭᠡ ᠠᠷᠭ᠎ᠠ ᠮᠠᠶᠢᠭ᠎ᠢ ᠬᠡᠷᠡᠭ᠌ᠯᠡᠵᠦ᠍᠂ ᠴᠢᠨᠠᠷ ᠰᠠᠢᠲᠠᠶ ᠪᠣᠯᠪᠠᠰᠤᠷᠠᠯ᠎ᠤᠨ ᠡᠬᠢ ᠪᠠᠶᠠᠯᠢᠭ᠎ᠢ ᠦᠨᠳᠦᠰᠦᠨ ᠱᠠᠲᠤ ᠳᠡᠢᠰᠢ ᠤᠷᠲᠤᠳᠭᠠᠬᠤ᠎ᠶ᠋ᠢ ᠠᠬᠢᠭᠤᠯᠬᠤ ᠬᠡᠷᠡᠭᠳᠡᠢ; 

  (ᠳᠥᠷᠪᠡ) ᠲᠥᠪᠯᠡᠷᠡᠭᠦᠯᠦᠨ ᠰᠤᠷᠤᠯᠴᠠᠬᠤ᠎ᠶ᠋ᠢ ᠪᠠᠷᠢᠮᠲᠠᠯᠠᠵᠤ᠂ ᠨᠥᠬᠥᠴᠡᠯ᠎ᠲᠡᠶ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠢ ᠲᠥᠪᠯᠡᠷᠡᠭᠦᠯᠦᠨ ᠪᠠᠢᠷᠢ᠎ᠳᠤ ᠰᠠᠭᠤᠯᠭᠠᠵᠤ ᠪᠣᠯᠪᠠᠰᠤᠷᠠᠭᠤᠯᠬᠤ᠎ᠶ᠋ᠢ ᠪᠡᠶᠡᠯᠡᠭᠦᠯᠵᠦ᠍᠂ ᠴᠢᠩᠭ᠎ᠠ ᠵᠢᠷᠤᠮᠵᠢᠭᠤᠯᠤᠨ ᠬᠠᠮᠢᠶᠠᠷᠬᠤ ᠬᠡᠷᠡᠭ᠌ᠲᠡᠶ; 

  (ᠲᠠᠪᠤ) ᠦᠨᠳᠦᠰᠦᠨ ᠪᠣᠯᠪᠠᠰᠤᠷᠠᠯ᠎ᠤᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠬᠥᠮᠦᠵᠢᠯ ᠪᠣᠯᠪᠠᠰᠤᠷᠠᠯ᠎ᠤᠨ ᠶᠠᠰᠤ ᠴᠢᠨᠠᠷ᠎ᠢ ᠦᠷᠭᠦᠯᠵᠢᠯᠡᠨ ᠳᠡᠭᠡᠭ᠌ᠰᠢᠯᠡᠭᠦᠯᠬᠦ᠌ ᠬᠡᠷᠡᠭ᠌ᠲᠡᠶ᠃

  ᠠᠷᠪᠠᠨ ᠵᠢᠷᠭᠤᠳᠤᠭᠠᠷ ᠵᠦᠶ᠋ᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠢ ᠪᠠᠢᠩᠭᠤᠵᠢᠭᠰᠠᠨ ᠪᠣᠯᠪᠠᠰᠤᠷᠠᠯ ᠢᠯᠠᠩᠭᠤᠶ᠎ᠠ ᠦᠨᠳᠦᠰᠦᠨ ᠪᠣᠯᠪᠠᠰᠤᠷᠠᠯ᠎ᠤᠨ ᠡᠲᠡᠭᠡᠳ᠎ᠢ ᠦᠨᠳᠦᠰᠦᠯᠡᠨ ᠪᠣᠯᠪᠠᠰᠤᠷᠠᠯ᠎ᠤᠨ ᠠᠩᠭᠢ ᠪᠠ ᠰᠤᠷᠭᠠᠭᠤᠯᠢ᠎ᠶᠢᠨ ᠲᠦᠷᠢᠮ᠎ᠢ ᠳᠣᠭᠢᠷᠠᠭᠤᠯᠵᠤ᠂ ᠭᠤᠤᠯᠳᠠᠭᠤ ᠳᠠᠪᠲᠠᠨ ᠪᠣᠯᠪᠠᠰᠤᠷᠠᠭᠤᠯᠬᠤ ᠠᠩᠭᠢ᠂ ᠪᠣᠯᠪᠠᠰᠤᠷᠠᠯ᠎ᠤᠨ ᠠᠩᠭᠢ᠂ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ᠂ ᠣᠨᠣᠯ᠎ᠤᠨ ᠰᠤᠳᠤᠯᠤᠨ ᠰᠤᠷᠤᠯᠴᠠᠬᠤ ᠠᠩᠭᠢ ᠪᠠ ᠪᠠᠭ᠍ᠰᠢ᠎ᠶ᠋ᠢᠨ ᠪᠣᠯᠪᠠᠰᠤᠷᠠᠯ᠎ᠤᠨ ᠠᠩᠭᠢ ᠵᠡᠷᠭᠡ᠎ᠶ᠋ᠢ ᠡᠷᠭᠢᠯᠡᠨ᠎ᠡ᠃

  ᠠᠷᠪᠠᠨ ᠳᠣᠯᠣᠳᠤᠭᠠᠷ ᠵᠦᠢᠯ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠺᠠᠳ᠋ᠷ ᠪᠣᠯᠪᠠᠰᠤᠷᠠᠭᠤᠯᠬᠤ ᠲᠥᠯᠥᠪᠯᠡᠭᠡ᠎ᠶ᠋ᠢ ᠦᠨᠳᠦᠰᠦᠯᠡᠨ ᠳᠠᠪᠲᠠᠨ ᠪᠣᠯᠪᠠᠰᠤᠷᠠᠭᠤᠯᠬᠤ ᠠᠡᠭ᠌ᠬᠢ ᠪᠠᠢᠭᠤᠯᠬᠤ ᠬᠡᠷᠡᠭᠳᠡᠢ᠃

  ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠳᠠᠪᠲᠠᠨ ᠪᠣᠯᠪᠠᠰᠤᠷᠠᠭᠤᠯᠬᠤ ᠠᠩᠭᠢ᠎ᠳᠤ ᠭᠣᠣᠯᠳᠠᠭᠤ ᠲᠥᠪ᠎ᠡᠴᠡ ᠬᠠᠮᠢᠶᠠᠷᠴᠤ᠌ ᠪᠠᠢᠭ᠎ᠠ ᠺᠠᠳ᠋ᠷ᠂ ᠲᠢᠩᠬᠢᠮ ᠲᠣᠪᠴᠢᠶᠠᠨ᠎ᠤ ᠳᠡᠰ᠎ᠤᠨ ᠺᠠᠳ᠋ᠷ᠂ ᠱᠢᠶᠠᠨ (ᠬᠣᠲᠠ᠂ ᠲᠣᠭᠣᠷᠢᠭ᠂ ᠬᠣᠱᠢᠭᠤ)᠎ᠤ ᠨᠠᠮ᠎ᠤᠨ ᠬᠤᠷᠢᠶ᠎ᠠ᠎ᠶᠢᠨ ᠱᠦᠵᠢ ᠵᠡᠷᠭᠡ᠎ᠶ᠋ᠢ ᠪᠣᠯᠪᠠᠰᠤᠷᠠᠭᠤᠯᠤᠨ᠎ᠠ᠃ ᠭᠤᠤᠯᠳᠠᠭᠤ ᠲᠥᠪ᠎ᠡᠴᠡ ᠬᠠᠮᠢᠶᠠᠷᠴᠤ᠌ ᠪᠠᠢᠭ᠎ᠠ ᠺᠠᠳ᠋ᠷ᠎ᠤᠨ ᠳᠠᠪᠲᠠᠨ ᠪᠣᠯᠪᠠᠰᠤᠷᠠᠭᠤᠯᠬᠤ ᠠᠩᠭᠢ᠂ ᠲᠢᠩᠬᠢᠮ ᠲᠣᠪᠴᠢᠶᠠᠨ᠎ᠤ ᠲᠠᠰ᠎ᠤᠨ ᠺᠠᠳ᠋ᠷ᠎ᠤᠨ ᠳᠠᠪᠲᠠᠨ ᠪᠣᠯᠪᠠᠰᠤᠷᠠᠭᠤᠯᠬᠤ ᠠᠩᠭᠢ ᠭᠠᠷᠭᠠᠵᠤ᠂ ᠰᠤᠷᠭᠠᠭᠤᠯᠢ᠎ᠶ᠋ᠢᠨ ᠲᠦᠷᠢᠮ ᠨᠢ᠎ᠡᠩ᠎ᠦᠨ ᠪᠠᠢᠳᠠᠯ᠎ᠳᠤ 2 ᠰᠠᠷ᠎ᠠ᠎ᠡᠴᠡ ᠳᠤᠲᠠᠭᠤ ᠪᠠᠢᠵᠤ ᠪᠣᠯᠬᠤ ᠥᠬᠡᠶ; ᠬᠣᠲᠠ (ᠲᠤᠰᠭᠠᠶ ᠣᠷᠣᠨ)᠎ᠶᠢᠨ ᠨᠠᠮ ᠵᠠᠰᠠᠭ᠎ᠤᠨ ᠭᠣᠣᠯ ᠤᠳᠤᠷᠢᠳᠭᠤ ᠺᠠᠳ᠋ᠷ᠎ᠤᠨ ᠪᠣᠯᠪᠠᠰᠤᠷᠠᠭᠤᠯᠬᠤ ᠠᠩᠭᠢ᠂ ᠲᠢᠩᠬᠢᠮ ᠲᠣᠪᠴᠢᠶᠠᠨ᠎ᠤ ᠳᠡᠰ᠎ᠤᠨ ᠵᠢᠩᠬᠢᠨᠢ ᠲᠤᠱᠢᠶᠠᠯ᠎ᠤᠨ ᠳᠠᠪᠳᠠᠨ ᠪᠣᠯᠪᠠᠰᠤᠷᠠᠭᠤᠯᠬᠤ ᠠᠩᠭᠢ᠂ ᠱᠢᠶᠠᠨ᠎ᠤ ᠨᠠᠮ᠎ᠤᠨ ᠬᠤᠷᠢᠶ᠎ᠠ᠎ᠶᠢᠨ ᠱᠦᠵᠢ᠎ᠶ᠋ᠢᠨ ᠳᠠᠪᠳᠠᠨ ᠪᠣᠯᠪᠠᠰᠤᠷᠠᠭᠤᠯᠬᠤ ᠠᠩᠭᠢ᠎ᠶᠢᠨ ᠰᠤᠷᠭᠠᠭᠤᠯᠢ᠎ᠶᠢᠨ ᠳᠦᠷᠢᠮ ᠨᠢ ᠡᠩ᠎ᠦᠨ ᠪᠠᠢᠳᠠᠯ᠎ᠳᠤ 3 ᠭᠠᠷᠠᠭ᠎ᠡᠴᠡ ᠳᠤᠳᠠᠭᠤ ᠪᠠᠢᠵᠤ ᠪᠤᠯᠬᠤ ᠦᠭᠡᠶ᠃

  ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ)᠎ᠶᠢᠨ ᠨᠠᠮ᠎ᠤᠨ ᠬᠣᠷᠢᠶ᠎ᠠ᠎ᠶ᠋ᠢᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠳᠠᠪᠲᠠᠨ ᠪᠣᠯᠪᠠᠰᠤᠷᠠᠭᠤᠯᠬᠤ ᠠᠩᠭᠢ᠎ᠳᠤ ᠭᠤᠤᠯᠳᠠᠭᠤ ᠲᠢᠩᠬᠢᠮ ᠲᠣᠪᠴᠢᠶ᠎ᠠ᠎ᠶ᠋ᠢᠨ ᠲᠠᠰ᠎ᠤᠨ ᠺᠠᠳ᠋ᠷ᠂ ᠱᠢᠶᠠᠨ ᠭᠠᠵᠠᠷ᠎ᠤᠨ ᠲᠠᠰ᠎ᠤᠨ ᠺᠠᠳ᠋ᠷ᠂ ᠱᠢᠶᠠᠩ ᠪᠠᠯᠭᠠᠰᠤ (ᠵᠡᠭᠡᠯᠢ ᠭᠤᠳᠤᠮᠵᠢ)᠎ᠶᠢᠨ ᠨᠠᠮ (ᠠᠵᠢᠯ)᠎ᠤᠨ ᠬᠣᠷᠢᠶ᠎ᠠ᠎ᠶ᠋ᠢᠨ ᠱᠦᠵᠢ ᠵᠡᠷᠭᠡ᠎ᠶ᠋ᠢ ᠪᠣᠯᠪᠠᠰᠤᠷᠠᠭᠤᠯᠤᠨ᠎ᠠ᠃ ᠭᠣᠣᠯᠳᠠᠭᠤ ᠲᠢᠩᠬᠢᠮ ᠲᠤᠪᠴᠢᠶ᠎ᠠ᠎ᠶ᠋ᠢᠨ ᠲᠡᠰ᠎ᠤᠨ ᠺᠠᠳ᠋ᠷ᠎ᠤᠨ ᠳᠠᠪᠲᠠᠨ ᠪᠣᠯᠪᠠᠰᠤᠷᠠᠭᠤᠯᠬᠤ ᠠᠡᠭ᠌ᠬᠢ᠂ ᠱᠢᠶᠠᠨ ᠭᠠᠵᠠᠷ᠎ᠤᠨ ᠲᠡᠰ᠎ᠤᠨ ᠺᠠᠳ᠋ᠷ᠎ᠤᠨ ᠳᠠᠪᠲᠠᠨ ᠪᠣᠯᠪᠠᠰᠤᠷᠠᠭᠤᠯᠬᠤ ᠠᠡᠭ᠌ᠬᠢ᠎ᠶ᠋ᠢ ᠪᠠᠢᠭᠤᠯᠵᠤ᠂ ᠰᠤᠷᠭᠠᠭᠤᠯᠢ᠎ᠶ᠋ᠢᠨ ᠳᠦᠷᠢᠮ ᠨᠢ ᠶᠡᠷᠦ᠍᠎ᠳᠡᠭᠡᠨ 1 ᠰᠠᠷ᠎ᠠ᠎ᠡᠴᠡ ᠳᠤᠲᠠᠭᠤ ᠪᠠᠢᠵᠤ ᠪᠣᠯᠬᠤ ᠤᠢ᠍ᠭᠡᠢ; ᠲᠢᠩᠬᠢᠮ ᠲᠣᠪᠴᠢᠶ᠎ᠠ᠎ᠶ᠋ᠢᠨ ᠲᠠᠰ᠎ᠤᠨ ᠳᠡᠳ᠋ ᠲᠤᠱᠢᠶᠠᠯ ᠡᠭᠦᠷᠭᠡᠯᠡᠬᠦ ᠳᠠᠪᠲᠠᠨ ᠪᠣᠯᠪᠠᠰᠤᠷᠠᠭᠤᠯᠬᠤ ᠠᠩᠭᠢ᠂ ᠱᠢᠶᠠᠨ ᠭᠠᠵᠠᠷ᠎ᠤᠨ ᠲᠠᠰ᠎ᠤᠨ ᠵᠢᠩᠬᠢᠨᠢ ᠲᠤᠱᠢᠶᠠᠯ ᠎ᠡᠭᠦᠷᠭᠡᠯᠡᠬᠦ ᠳᠠᠪᠲᠠᠨ ᠪᠣᠯᠪᠠᠰᠤᠷᠠᠭᠤᠯᠬᠤ ᠠᠩᠭᠢ᠂ ᠱᠢᠶᠠᠩ ᠪᠠᠯᠭᠠᠰᠤ (ᠵᠡᠭᠡᠯᠢ ᠭᠤᠳᠤᠮᠵᠢ)᠎ᠶᠢᠨ ᠨᠠᠮ (ᠠᠵᠢᠯ)᠎ᠤᠨ ᠬᠣᠷᠢᠶ᠎ᠠ᠎ᠶ᠋ᠢᠨ ᠱᠦᠵᠢ᠎ᠶ᠋ᠢᠨ ᠳᠠᠪᠲᠠᠨ ᠪᠣᠯᠪᠠᠰᠤᠷᠠᠭᠤᠯᠬᠤ ᠠᠩᠭᠢ᠂ ᠰᠤᠷᠭᠠᠭᠤᠯᠢ᠎ᠶ᠋ᠢᠨ ᠲᠦᠷᠢᠮ ᠨᠢ ᠡᠩ᠎ᠦᠨ ᠪᠠᠢᠳᠠᠯ᠎ᠳᠤ 3 ᠭᠠᠷᠠᠭ᠎ᠡᠴᠡ ᠳᠤᠲᠠᠭᠤ ᠪᠠᠢᠵᠤ ᠪᠣᠯᠬᠤ ᠥᠬᠡᠶ᠃

  ᠬᠣᠲᠠ (ᠲᠤᠰᠭᠠᠶ ᠣᠷᠣᠨ᠂ ᠵᠧᠸ᠋᠂ ᠠᠢᠮᠠᠭ)᠎ᠶᠢᠨ ᠨᠠᠮ᠎ᠤᠨ ᠬᠣᠷᠢᠶ᠎ᠠ᠎ᠶ᠋ᠢᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠳᠠᠪᠲᠠᠨ ᠪᠣᠯᠪᠠᠰᠤᠷᠠᠭᠤᠯᠬᠤ ᠠᠩᠭᠢ᠎ᠳᠤ ᠭᠤᠤᠯᠳᠠᠭᠤ ᠱᠢᠶᠠᠨ ᠭᠠᠵᠠᠷ᠎ᠤᠨ ᠲᠠᠰ᠎ᠤᠨ ᠺᠠᠳ᠋ᠷ᠂ ᠱᠢᠶᠠᠩ ᠰᠠᠯᠠᠭᠠᠨ ᠲᠠᠰ᠎ᠤᠨ ᠺᠠᠳ᠋ᠷ᠂ ᠱᠢᠶᠠᠩ ᠪᠠᠯᠭᠠᠰᠤᠨ᠎ᠤ ᠳᠠᠷᠤᠭ᠎ᠠ (ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠡᠷᠬᠢᠯᠡᠭ᠌ᠴᠢ) ᠵᠡᠷᠭᠡ᠎ᠶ᠋ᠢ ᠪᠣᠯᠪᠠᠰᠤᠷᠠᠭᠤᠯᠤᠨ᠎ᠠ᠃ ᠭᠣᠣᠯᠳᠠᠭᠤ ᠱᠢᠶᠠᠨ ᠭᠠᠵᠠᠷ᠎ᠤᠨ ᠲᠡᠰ᠎ᠤᠨ ᠺᠠᠳ᠋ᠷ᠎ᠤᠨ ᠳᠠᠪᠲᠠᠨ ᠪᠣᠯᠪᠠᠰᠤᠷᠠᠭᠤᠯᠬᠤ ᠠᠡᠭ᠌ᠬᠢ᠂ ᠱᠢᠶᠠᠩ ᠰᠠᠯᠠᠭᠠᠨ᠎ᠤ ᠲᠡᠰ᠎ᠤᠨ ᠺᠠᠳ᠋ᠷ᠎ᠤᠨ ᠳᠠᠪᠲᠠᠨ ᠪᠣᠯᠪᠠᠰᠤᠷᠠᠭᠤᠯᠬᠤ ᠠᠡᠭ᠌ᠬᠢ᠎ᠶ᠋ᠢ ᠪᠠᠢᠭᠤᠯᠵᠤ᠂ ᠰᠤᠷᠭᠠᠭᠤᠯᠢ᠎ᠶᠢᠨ ᠳᠦᠷᠢᠮ ᠨᠢ ᠡᠩ᠎ᠤᠨ ᠪᠠᠢᠳᠠᠯ᠎ᠳᠦ 1 ᠰᠠᠷ᠎ᠠ᠎ᠡᠴᠡ ᠳᠤᠲᠠᠭᠤ ᠪᠠᠢᠵᠤ ᠪᠣᠯᠬᠤ ᠤᠢ᠍ᠭᠡᠢ; ᠱᠢᠶᠠᠨ ᠭᠠᠵᠠᠷ᠎ᠤᠨ ᠲᠠᠰ᠎ᠤᠨ ᠳᠡᠳ᠋ ᠲᠤᠱᠢᠶᠠᠯ᠎ᠡᠭᠦᠷᠭᠡᠯᠡᠬᠦ ᠳᠠᠪᠲᠠᠨ ᠪᠣᠯᠪᠠᠰᠤᠷᠠᠭᠤᠯᠬᠤ ᠠᠩᠭᠢ᠂ ᠱᠢᠶᠠᠩ ᠰᠠᠯᠠᠭᠠᠨ᠎ᠤ ᠲᠠᠰ᠎ᠤᠨ ᠵᠢᠩᠬᠢᠨᠢ ᠲᠤᠱᠢᠶᠠᠯ᠎ᠡᠭᠦᠷᠭᠡᠯᠡᠬᠦ ᠳᠠᠪᠲᠠᠨ ᠪᠣᠯᠪᠠᠰᠤᠷᠠᠭᠤᠯᠬᠤ ᠠᠩᠭᠢ᠂ ᠱᠢᠶᠠᠩ ᠪᠠᠯᠭᠠᠰᠤᠨ᠎ᠤ ᠳᠠᠷᠤᠭ᠎ᠠ (ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠡᠷᠬᠢᠯᠡᠭ᠌ᠴᠢ)᠎ᠶᠢᠨ ᠳᠠᠪᠲᠠᠨ ᠪᠣᠯᠪᠠᠰᠤᠷᠠᠭᠤᠯᠬᠤ ᠠᠩᠭᠢ᠎ᠶᠢᠨ ᠰᠤᠷᠭᠠᠭᠤᠯᠢ᠎ᠶ᠋ᠢᠨ ᠲᠦᠷᠢᠮ ᠨᠢ ᠡᠩ᠎ᠦᠨ ᠪᠠᠢᠳᠠᠯ᠎ᠳᠤ 2 ᠭᠠᠷᠠᠭ᠎ᠡᠴᠡ ᠳᠤᠲᠠᠭᠤ ᠪᠠᠢᠵᠤ ᠪᠣᠯᠬᠤ ᠥᠬᠡᠶ᠃

  ᠱᠢᠶᠠᠨ (ᠬᠣᠲᠠ᠂ ᠲᠣᠭᠣᠷᠢᠭ᠂ ᠬᠣᠱᠢᠭᠤ)᠎ᠤ ᠨᠠᠮ᠎ᠤᠨ ᠬᠤᠷᠢᠶ᠎ᠠ᠎ᠶᠢᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠰᠤᠷᠭᠠᠭᠤᠯᠢ)᠎ᠶᠢᠨ ᠳᠠᠪᠲᠠᠨ ᠪᠣᠯᠪᠠᠰᠤᠷᠠᠭᠤᠯᠬᠤ ᠠᠩᠭᠢ᠎ᠳᠤ ᠭᠣᠣᠯᠳᠠᠭᠤ ᠱᠢᠶᠠᠩ ᠰᠠᠯᠠᠭᠠᠨ᠎ᠤ ᠳᠡᠰ᠎ᠤᠨ ᠺᠠᠳ᠋ᠷ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠠᠷᠢᠭᠤᠴᠠᠯᠭᠠᠲᠠᠨ᠂ ᠨᠠᠮ᠎ᠤᠨ ᠭᠡᠱᠢᠭᠦᠨ ᠵᠡᠷᠭᠡ᠎ᠶ᠋ᠢ ᠪᠣᠯᠪᠠᠰᠤᠷᠠᠭᠤᠯᠤᠨ᠎ᠠ᠃ ᠭᠣᠣᠯᠳᠠᠭᠤ ᠱᠢᠶᠠᠩ ᠰᠠᠯᠠᠭᠠᠨ᠎ᠤ ᠳᠡᠰ᠎ᠤᠨ ᠺᠠᠳ᠋ᠷ᠎ᠤᠨ ᠳᠠᠪᠲᠠᠨ ᠪᠣᠯᠪᠠᠰᠤᠷᠠᠭᠤᠯᠬᠤ ᠠᠩᠭᠢ᠎ᠶ᠋ᠢ ᠡᠷᠬᠢᠯᠡᠵᠦ᠍᠂ ᠰᠤᠷᠭᠠᠭᠤᠯᠢ᠎ᠶᠢᠨ ᠳᠦᠷᠢᠮ ᠨᠢ ᠡᠩ᠎ᠤᠨ ᠪᠠᠢᠳᠠᠯ᠎ᠳᠦ 3 ᠭᠠᠷᠠᠭ᠎ᠡᠴᠡ ᠳᠤᠲᠠᠭᠤ ᠪᠠᠢᠵᠤ ᠪᠤᠯᠬᠤ ᠦᠭᠡᠢ; ᠰᠤᠮᠤ ᠰᠠᠯᠠᠭᠠᠨ᠎ᠤ ᠳᠡᠰ᠎ᠤᠨ ᠳᠡᠳ᠋ ᠲᠤᠱᠢᠶᠠᠯ ᠡᠭᠦᠷᠭᠡᠯᠡᠬᠦ᠌ ᠳᠠᠪᠲᠠᠨ ᠪᠣᠯᠪᠠᠰᠤᠷᠠᠭᠤᠯᠬᠤ ᠠᠩᠭᠢ᠎ᠶ᠋ᠢᠨ ᠰᠤᠷᠭᠠᠭᠤᠯᠢ᠎ᠶᠢᠨ ᠳᠦᠷᠢᠮ ᠨᠢ ᠡᠩ᠎ᠦᠨ ᠪᠠᠢᠳᠠᠯ᠎ᠳᠤ 2 ᠭᠠᠷᠠᠭ᠎ᠡᠴᠡ ᠳᠤᠲᠠᠭᠤ ᠪᠠᠢᠵᠤ ᠪᠣᠯᠬᠤ ᠦᠭᠡᠢ; ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ᠎ᠶ᠋ᠢᠨ ᠳᠠᠪᠲᠠᠨ ᠪᠣᠯᠪᠠᠰᠤᠷᠠᠭᠤᠯᠬᠤ ᠠᠩᠭᠢ᠂ ᠰᠤᠷᠭᠠᠭᠤᠯᠢ᠎ᠶᠢᠨ ᠳᠦᠷᠢᠮ ᠨᠢ ᠡᠩ᠎ᠤᠨ ᠪᠠᠢᠳᠠᠯ᠎ᠳᠦ 5 ᠡᠳᠦᠷ᠎ᠡᠴᠡ ᠳᠤᠳᠠᠭᠤ ᠪᠠᠢᠵᠤ ᠪᠤᠯᠬᠤ ᠦᠭᠡᠢ᠃ ᠨᠥᠬᠥᠴᠡᠯ᠎ᠲᠡᠶ ᠨᠢ ᠪᠠᠰᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠪᠠᠭ᠎ᠤᠨ ᠪᠦᠷᠢᠯᠳᠦᠬᠦᠨ᠎ᠦ ᠳᠠᠪᠲᠠᠨ ᠪᠣᠯᠪᠠᠰᠤᠷᠠᠭᠤᠯᠬᠤ ᠠᠩᠭᠢ᠎ᠶ᠋ᠢ ᠡᠷᠬᠢᠯᠡᠵᠦ᠍ ᠪᠣᠯᠤᠨ᠎ᠠ᠃ ᠨᠠᠮ᠎ᠤᠨ ᠭᠡᠱᠢᠭᠦᠨ᠎ᠢ ᠪᠣᠯᠪᠠᠰᠤᠷᠠᠭᠤᠯᠬᠤ ᠠᠩᠭᠢ᠂ ᠰᠤᠷᠭᠠᠭᠤᠯᠢ᠎ᠶᠢᠨ ᠳᠦᠷᠢᠮ᠎ᠢ ᠡᠯ᠎ᠡ ᠭᠠᠵᠠᠷ᠎ᠤᠨ ᠬᠢᠨ ᠪᠣᠳᠠᠲᠤ ᠪᠠᠢᠳᠠᠯ᠎ᠢᠶᠠᠨ ᠦᠨᠳᠦᠰᠦᠯᠡᠨ ᠲᠣᠬᠢᠷᠠᠭᠤᠯᠤᠨ᠎ᠠ᠃

  ᠠᠷᠪᠠᠨ ᠨᠠᠢ᠍ᠮᠠᠳᠤᠭᠠᠷ ᠵᠦᠢᠯ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠺᠠᠳ᠋ᠷ ᠪᠣᠯᠪᠠᠰᠤᠷᠠᠭᠤᠯᠬᠤ ᠲᠥᠯᠥᠪᠯᠡᠭᠡ᠎ᠶ᠋ᠢ ᠦᠨᠳᠦᠰᠦᠯᠡᠨ ᠢᠳᠡᠷ ᠵᠠᠯᠠᠭᠤ ᠺᠠᠳ᠋ᠷᠴᠤᠳ᠎ᠢ ᠪᠣᠯᠪᠠᠰᠤᠷᠠᠭᠤᠯᠬᠤ ᠠᠡᠭ᠌ᠬᠢ ᠨᠡᠬᠡᠬᠡᠨ᠎ᠡ᠃

  ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠭᠣᠣᠯᠳᠠᠭᠤ ᠲᠢᠩᠬᠢᠮ ᠲᠣᠪᠴᠢᠶᠠᠨ᠎ᠤ ᠲᠡᠰ ᠪᠠ ᠬᠡᠰᠡᠭ ᠱᠢᠶᠠᠨ ᠭᠠᠵᠠᠷ᠎ᠤᠨ ᠲᠡᠰ᠎ᠤᠨ ᠵᠢᠩᠬᠢᠨᠢ ᠲᠤᠰᠢᠶᠠᠯ ᠲᠠᠢ ᠢᠳᠡᠷ ᠵᠠᠯᠠᠭᠤ ᠺᠠᠳ᠋ᠷᠴᠤᠳ᠎ᠢ ᠪᠣᠯᠪᠠᠰᠤᠷᠠᠭᠤᠯᠤᠨ᠎ᠠ᠃ ᠰᠤᠷᠭᠠᠭᠤᠯᠢ᠎ᠶᠢᠨ ᠳᠦᠷᠢᠮ ᠨᠢ ᠡᠩ᠎ᠤᠨ ᠪᠠᠢᠳᠠᠯ᠎ᠳᠦ 4 ᠰᠠᠷ᠎ᠠ᠎ᠡᠴᠡ ᠳᠤᠲᠠᠭᠤ ᠪᠠᠢᠵᠤ ᠪᠤᠯᠬᠤ ᠦᠭᠡᠢ᠃

  ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ)᠎ᠶᠢᠨ ᠨᠠᠮ᠎ᠤᠨ ᠬᠤᠷᠢᠶ᠎ᠠ᠎ᠶᠢᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠢ ᠭᠣᠣᠯᠳᠠᠭᠤ ᠲᠢᠩᠬᠢᠮ ᠲᠣᠪᠴᠢᠶᠠᠨ᠎ᠤ ᠲᠡᠰ᠂ ᠱᠢᠶᠠᠨ ᠭᠠᠵᠠᠷ᠎ᠤᠨ ᠲᠡᠰ ᠪᠠ ᠬᠡᠰᠡᠭ ᠰᠤᠮᠤ ᠰᠠᠯᠠᠭᠠᠨ᠎ᠤ ᠲᠡᠰ᠎ᠤᠨ ᠵᠢᠩᠬᠢᠨᠢ ᠲᠤᠰᠢᠶᠠᠯ ᠲᠠᠢ ᠢᠳᠡᠷ ᠵᠠᠯᠠᠭᠤ ᠺᠠᠳ᠋ᠷᠴᠤᠳ᠎ᠢ ᠬᠥᠮᠦᠵᠢᠭᠦᠯᠦᠨ ᠪᠣᠯᠪᠠᠰᠤᠷᠠᠭᠤᠯᠤᠨ᠎ᠠ᠃ ᠰᠤᠷᠭᠠᠭᠤᠯᠢ᠎ᠶᠢᠨ ᠳᠦᠷᠢᠮ ᠨᠢ ᠡᠩ᠎ᠤᠨ ᠪᠠᠢᠳᠠᠯ᠎ᠳᠦ 3 ᠰᠠᠷ᠎ᠠ᠎ᠡᠴᠡ ᠳᠤᠲᠠᠭᠤ ᠪᠠᠢᠵᠤ ᠪᠤᠯᠬᠤ ᠦᠭᠡᠢ᠃

  ᠬᠣᠲᠠ (ᠲᠤᠰᠭᠠᠶ ᠣᠷᠣᠨ᠂ ᠵᠧᠸ᠋᠂ ᠠᠢᠮᠠᠭ)᠎ᠶᠢᠨ ᠨᠠᠮ᠎ᠤᠨ ᠬᠣᠷᠢᠶ᠎ᠠ᠎ᠶ᠋ᠢᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠭᠤᠤᠯᠳᠠᠭᠤ ᠱᠢᠶᠠᠩ ᠰᠠᠯᠠᠭᠠᠨ ᠲᠠᠰ᠎ᠤᠨ ᠢᠳᠡᠷ ᠵᠠᠯᠠᠭᠤ ᠺᠠᠳ᠋ᠷᠴᠤᠳ᠎ᠢ ᠪᠣᠯᠪᠠᠰᠤᠷᠠᠭᠤᠯᠤᠨ᠎ᠠ᠃ ᠰᠤᠷᠭᠠᠭᠤᠯᠢ᠎ᠶ᠋ᠢᠨ ᠲᠦᠷᠢᠮ ᠨᠢ ᠡᠩ᠎ᠦᠨ ᠪᠠᠢᠳᠠᠯ᠎ᠳᠤ 2 ᠰᠠᠷ᠎ᠠ᠎ᠡᠴᠡ ᠳᠤᠲᠠᠭᠤ ᠪᠠᠢᠵᠤ ᠪᠤᠯᠬᠤ ᠦᠭᠡᠢ᠃

  ᠱᠢᠶᠠᠨ (ᠬᠤᠳᠠ᠂ ᠲᠣᠭᠣᠷᠢᠭ᠂ ᠬᠣᠱᠢᠭᠤ)᠎ᠤ ᠨᠠᠮ᠎ᠤᠨ ᠬᠤᠷᠢᠶ᠎ᠠ᠎ᠶᠢᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠰᠤᠷᠭᠠᠭᠤᠯᠢ) ᠭᠣᠣᠯᠳᠠᠭᠤ ᠦᠨᠳᠦᠰᠦᠨ ᠱᠠᠲᠤᠨ᠎ᠤ ᠢᠳᠡᠷ ᠵᠠᠯᠠᠭᠤ ᠺᠠᠳ᠋ᠷᠴᠤᠳ᠎ᠢ ᠪᠣᠯᠪᠠᠰᠤᠷᠠᠭᠤᠯᠤᠨ᠎ᠠ᠃ ᠰᠤᠷᠭᠠᠭᠤᠯᠢ᠎ᠶ᠋ᠢᠨ ᠲᠦᠷᠢᠮ ᠡᠩ᠎ᠦᠨ ᠪᠠᠢᠳᠠᠯ᠎ᠳᠤ 1 ᠰᠠᠷ᠎ᠠ᠎ᠡᠴᠡ ᠳᠤᠲᠠᠭᠤ ᠪᠠᠢᠵᠤ ᠪᠤᠯᠬᠤ ᠦᠭᠡᠢ᠃

  ᠠᠷᠪᠠ ᠶᠢᠰᠦᠳᠦᠭᠡᠷ ᠵᠦᠢᠯ ᠨᠠᠮ᠎ᠤᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠂ ᠲᠥᠪ ᠬᠤᠷᠢᠶ᠎ᠠ᠎ᠶᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ ᠪᠠ ᠨᠠᠮ᠎ᠤᠨ ᠲᠥᠪ ᠬᠤᠷᠢᠶ᠎ᠠ᠎ᠶᠢᠨ ᠬᠣᠯᠪᠣᠭ᠍ᠳᠠᠯ ᠪᠦᠬᠦᠢ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠎ᠶ᠋ᠢ ᠰᠤᠷᠤᠯᠴᠠᠨ ᠲᠤᠭᠤᠱᠢᠯᠠᠭᠤᠯᠬᠤ ᠎ᠲᠠᠶ ᠤᠶᠠᠯᠳᠤᠭᠤᠯᠤᠨ᠂ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠤ ᠠᠵᠢᠯ᠎ᠤᠨ ᠬᠡᠷᠡᠭ᠌ᠴᠡᠭᠡ᠎ᠶ᠋ᠢ ᠦᠨᠳᠦᠰᠦᠯᠡᠨ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠡᠯ᠎ᠡ ᠲᠦᠷᠦᠯ᠎ᠦᠨ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠡᠷᠬᠢᠯᠡᠨ᠎ᠡ᠃ ᠰᠤᠷᠭᠠᠭᠤᠯᠢ᠎ᠶ᠋ᠢᠨ ᠲᠦᠷᠢᠮ ᠨᠢ ᠡᠩ᠎ᠦᠨ ᠪᠠᠢᠳᠠᠯ᠎ᠳᠤ 3 - 5 ᠡᠳᠦᠷ ᠪᠤᠯᠤᠨ᠎ᠠ᠃

  ᠬᠣᠷᠢᠳᠤᠭᠠᠷ ᠵᠦᠢᠯ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠬᠠᠷᠠᠭᠠᠯᠵᠠᠬᠰᠠᠨ ᠦᠨᠳᠦᠰᠦᠲᠡᠨ᠎ᠦ ᠺᠠᠳ᠋ᠷ᠎ᠤᠨ ᠠᠩᠭᠢ ᠭᠠᠷᠭᠠᠵᠤ ᠪᠣᠯᠤᠨ᠎ᠠ᠃

  ᠬᠣᠷᠢᠨ ᠨᠢᠭᠡᠳᠦᠭᠡᠷ ᠵᠦᠢᠯ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠪᠠ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ)᠎ᠶᠢᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠢ ᠭᠣᠣᠯᠳᠠᠭᠤ ᠤᠨᠤᠯ᠎ᠤᠨ ᠰᠤᠳᠤᠯᠭᠠᠨ᠂ ᠤᠬᠠᠭᠤᠯᠭ᠎ᠠ᠂ ᠰᠤᠷᠭᠠᠨ ᠬᠥᠮᠦᠵᠢᠯ᠎ᠦᠨ ᠠᠵᠢᠯ ᠬᠢᠬᠦ᠌ ᠲᠢᠩᠬᠢᠮ ᠲᠤᠪᠴᠢᠶ᠎ᠠ᠎ᠶ᠋ᠢᠨ ᠲᠡᠰ᠂ ᠱᠢᠶᠠᠨ ᠭᠠᠵᠠᠷ᠎ᠤᠨ ᠲᠡᠰ᠎ᠤᠨ ᠺᠠᠳ᠋ᠷ ᠪᠠ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠵᠢᠭᠠᠨ ᠰᠤᠳᠤᠯᠬᠤ ᠭᠣᠣᠯᠯᠠᠭ᠍ᠴᠢ ᠬᠦᠴᠦᠨ᠎ᠢᠶᠡᠷ ᠡᠳᠡᠭᠡᠳ ᠪᠣᠯᠭᠠᠭ᠍ᠰᠠᠨ ᠤᠨᠤᠯ᠎ᠤᠨ ᠰᠤᠳᠤᠯᠤᠨ ᠰᠤᠷᠤᠯᠴᠠᠬᠤ ᠠᠩᠭᠢ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠵᠢᠭᠠᠨ ᠰᠤᠷᠭᠠᠯᠲᠠ᠂ ᠱᠢᠨᠵᠢᠯᠡᠬᠦ᠌ ᠤᠬᠠᠭᠠᠨ᠎ᠤ ᠰᠤᠳᠤᠯᠭᠠᠨ ᠪᠠ ᠬᠠᠮᠢᠶᠠᠷᠤᠯᠲᠠ᠎ᠶ᠋ᠢᠨ ᠭᠣᠣᠯᠯᠠᠭ᠍ᠴᠢ ᠬᠦᠴᠦᠨ᠎ᠢᠶᠡᠷ ᠡᠳᠡᠭᠡᠳ ᠪᠣᠯᠭᠠᠭ᠍ᠰᠠᠨ ᠪᠠᠭ᠍ᠰᠢ᠎ᠶ᠋ᠢᠨ ᠪᠣᠯᠪᠠᠰᠤᠷᠠᠯ᠎ᠤᠨ ᠠᠩᠭᠢ ᠡᠷᠬᠢᠯᠡᠵᠤ ᠪᠣᠯᠤᠨ᠎ᠠ᠃

  ᠬᠣᠷᠢᠨ ᠬᠣᠶᠠᠳᠤᠭᠠᠷ ᠵᠦᠢᠯ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠠᠯᠪᠠᠲᠠᠨ᠎ᠢ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠦᠢᠯᠡᠰ᠎ᠦᠨ ᠨᠢᠭᠡᠴᠢ᠎ᠶ᠋ᠢᠨ ᠠᠵᠢᠯᠲᠠᠨ᠎ᠤ ᠶᠠᠪᠤᠳᠠᠯ᠎ᠤᠨ ᠶᠡᠷᠦᠩᠬᠡᠢᠯᠡᠭ᠌ᠰᠡᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠵᠡᠷᠭᠡ᠎ᠶ᠋ᠢᠨ ᠪᠣᠯᠪᠠᠰᠤᠷᠠᠯ᠎ᠤᠨ ᠲᠥᠯᠥᠪᠵᠢᠭᠦᠯᠭᠡ ᠪᠠ ᠣᠨ᠎ᠤ ᠪᠣᠯᠪᠠᠰᠤᠷᠠᠯ᠎ᠤᠨ ᠲᠥᠯᠥᠪᠯᠡᠭᠡ᠎ᠶ᠋ᠢ ᠦᠨᠳᠦᠰᠦᠯᠡᠨ᠂ ᠬᠠᠮᠢᠶ᠎ᠠ ᠪᠦᠬᠦᠢ ᠪᠣᠯᠪᠠᠰᠤᠷᠠᠯ᠎ᠢ ᠡᠷᠬᠢᠯᠡᠨ᠎ᠡ᠃

  ᠬᠣᠷᠢᠨ ᠭᠤᠷᠪᠠᠳᠤᠭᠠᠷ ᠵᠦᠶ᠋ᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠢ ᠬᠣᠯᠪᠣᠭ᠍ᠳᠠᠯ ᠪᠥᠬᠥᠶ ᠨᠢᠭᠡᠴᠢ᠎ᠲᠡᠶ ᠬᠠᠮᠲᠤᠷᠠᠨ ᠸᠢᠳᠢᠤ᠋ ᠪᠣᠯᠪᠠᠰᠤᠷᠠᠯ᠎ᠤᠨ ᠠᠩᠭᠢ ᠡᠷᠭᠢᠯᠡᠵᠦ᠍᠂ ᠪᠥᠬᠥ᠌ ᠤᠯᠤᠰ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠪᠣᠯᠪᠠᠰᠤᠷᠠᠯ᠎ᠤᠨ ᠡᠬᠢ ᠪᠠᠶᠠᠯᠢᠭ᠎ᠢ ᠵᠦᠶ ᠵᠣᠬᠢᠰᠲᠠᠶ ᠳᠣᠭᠢᠷᠠᠭᠤᠯᠬᠤ ᠪᠠ ᠪᠦᠲᠦᠮᠵᠢᠲᠡᠶ ᠠᠱᠢᠭ᠍ᠯᠠᠵᠤ ᠪᠣᠯᠤᠨ᠎ᠠ᠃

  ᠬᠣᠷᠢᠨ ᠳᠥᠷᠪᠡᠳᠦᠭᠡᠷ ᠵᠦᠢᠯ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠪᠣᠯᠤᠨ ᠨᠥᠬᠥᠴᠡᠯ ᠪᠦᠷᠢᠯᠳᠦᠭᠦᠯᠦᠭ᠌ᠰᠡᠨ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ)᠎ᠶᠢᠨ ᠨᠠᠮ᠎ᠤᠨ ᠬᠤᠷᠢᠶ᠎ᠠ᠎ᠶᠢᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠢ ᠮᠠᠰᠲ᠋ᠧᠷ᠂ ᠳ᠋ᠣᠺᠲ᠋ᠣᠷ᠎ᠤᠨ ᠴᠣᠯᠠ ᠣᠯᠭᠣᠬᠤ ᠬᠢᠷᠢ ᠬᠡᠮ᠎ᠢ ᠬᠠᠤᠯᠢ ᠶᠣᠰᠣᠭᠠᠷ ᠣᠯᠤᠭ᠍ᠰᠠᠨ ᠪᠥᠭᠡᠳ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠢᠶᠡᠷ ᠵᠥᠪᠱᠢᠶᠡᠷᠡᠭᠦᠯᠦᠭ᠌ᠰᠡᠨ᠎ᠦ ᠲᠡᠷᠡᠭ᠎ᠠ ᠮᠠᠰᠲ᠋ᠧᠷ᠂ ᠳ᠋ᠣᠺᠲ᠋ᠣᠷ᠎ᠤᠨ ᠴᠣᠯᠠ ᠬᠠᠮᠠᠭᠠᠯᠠᠬᠤ ᠠᠰᠫᠢᠷᠠᠨᠲ ᠡᠯᠰᠡᠵᠦ᠍᠂ ᠤᠯᠤᠰ ᠠᠷᠠᠳ᠎ᠤᠨ ᠰᠤᠷᠭᠠᠨ ᠬᠥᠮᠦᠵᠢᠯ᠎ᠦᠨ ᠱᠢᠰᠲ᠋ᠧᠮ᠎ᠦᠨ ᠬᠠᠮᠢᠶᠠᠷᠤᠯᠲᠠ᠎ᠳᠤ ᠣᠷᠣᠭᠤᠯᠵᠤ ᠪᠣᠯᠤᠨ᠎ᠠ᠃

  ᠳᠥᠷᠪᠡᠳᠦᠭᠡᠷ ᠪᠦᠯᠦᠭ ᠵᠢᠭᠠᠨ ᠰᠤᠷᠭᠠᠯᠲᠠ᠎ᠶᠢᠨ ᠠᠵᠢᠯ

  ᠬᠣᠷᠢᠨ ᠲᠠᠪᠤᠳᠤᠭᠠᠷ ᠵᠦᠢᠯ ᠵᠢᠭᠠᠨ ᠰᠤᠷᠭᠠᠯᠲᠠ ᠪᠣᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠭᠣᠣᠯ ᠠᠵᠢᠯ ᠮᠥᠨ᠃ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠵᠢᠭᠠᠨ ᠰᠤᠷᠭᠠᠯᠲᠠ᠎ᠶ᠋ᠢᠨ ᠪᠠᠢᠷᠢᠯᠠᠭᠤᠯᠤᠯᠲᠠ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠬᠤ᠎ᠪᠠᠷ ᠭᠣᠣᠯ ᠠᠭᠤᠯᠭ᠎ᠠ ᠪᠠ ᠲᠡᠷᠢᠭᠦᠨ ᠴᠢᠬᠤᠯᠠ ᠡᠭᠦᠷᠭᠡ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠤᠳᠤᠷᠢᠳᠭᠤ ᠺᠠᠳ᠋ᠷᠴᠤᠳ᠎ᠤᠨ ᠤᠯᠤᠰ ᠲᠦᠷᠦ᠍᠎ᠶ᠋ᠢᠨ ᠤᠬᠠᠮᠰᠠᠷ᠂ ᠤᠯᠤᠰ ᠲᠦᠷᠦ᠍᠎ᠶ᠋ᠢᠨ ᠴᠢᠳᠠᠪᠤᠷᠢ ᠪᠠ ᠲᠦᠷᠦ᠍ ᠪᠠᠷᠢᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠳ᠋ᠦ ᠠᠩᠬᠠᠷᠤᠯ ᠲᠦᠪᠯᠡᠷᠡᠬᠦᠯᠵᠦ᠂ ᠨᠠᠮ᠎ᠤᠨ ᠤᠨᠤᠯ᠎ᠤᠨ ᠱᠢᠨ᠎ᠡ ᠡᠭᠦᠳᠦᠯᠲᠡ᠎ᠶ᠋ᠢᠨ ᠬᠠᠮᠤᠭ᠎ᠤᠨ ᠱᠢᠨ᠎ᠡ ᠦᠷ᠎ᠡ ᠪᠦᠲᠦᠭᠡᠯ᠎ᠢ ᠡᠵᠡᠮᠱᠢᠬᠦ᠌᠎ᠪᠡᠷ ᠭᠣᠣᠯᠳᠠᠯᠭ᠎ᠠ ᠪᠣᠯᠭᠠᠨ ᠰᠤᠷᠤᠭ᠍ᠴᠢᠳ᠎ᠤᠨ ᠤᠨᠤᠯ᠎ᠤᠨ ᠰᠠᠭᠤᠷᠢ᠎ᠶ᠋ᠢ ᠪᠡᠬᠢᠵᠢᠭᠦᠯᠵᠦ᠍᠂ ᠬᠦᠰᠡᠯᠡᠩ ᠢᠲᠡᠭᠡᠯ ᠪᠢᠰᠢᠷᠡᠯ᠎ᠢ ᠪᠠᠲᠤᠳᠭᠠᠬᠤ᠂ ᠵᠣᠷᠢᠯᠲᠠ ᠦᠵᠡᠯᠲᠡ᠎ᠶᠢ ᠴᠢᠩᠭᠠᠳᠭᠠᠬᠤ ᠪᠠ ᠰᠤᠷᠲᠠᠯ᠎ᠢ ᠰᠠᠢᠵᠢᠷᠠᠭᠤᠯᠬᠤ᠎ᠪᠠᠷ ᠭᠣᠣᠯᠳᠠᠯᠭ᠎ᠠ ᠪᠣᠯᠭᠠᠨ ᠰᠤᠷᠤᠭ᠍ᠴᠢᠳ᠎ᠤᠨ ᠨᠠᠮᠴᠢ ᠴᠢᠨᠠᠷ᠎ᠤᠨ ᠪᠣᠯᠪᠠᠰᠤᠷᠠᠯ᠎ᠢ ᠴᠢᠩᠭᠠᠳᠭᠠᠵᠤ᠂ ᠨᠡᠢᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌᠎ᠪᠡᠷ ᠭᠣᠣᠯᠳᠠᠯᠭ᠎ᠠ ᠪᠣᠯᠭᠠᠨ ᠰᠤᠷᠤᠭ᠍ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠶ᠋ᠢ ᠨᠡᠮᠡᠭ᠌ᠳᠡᠭᠦᠯᠬᠦ᠌ ᠬᠡᠷᠡᠭ᠌ᠲᠡᠢ᠃ ᠪᠠᠢᠳᠠᠯ ᠪᠣᠯᠤᠨ ᠡᠭᠦᠷᠭᠡ᠎ᠶ᠋ᠢᠨ ᠱᠠᠭᠠᠷᠳᠠᠯᠭ᠎ᠠ᠎ᠶ᠋ᠢ ᠦᠨᠳᠦᠰᠦᠯᠡᠨ᠂ ᠵᠢᠭᠠᠨ ᠰᠤᠷᠭᠠᠬᠤ ᠠᠭᠤᠯᠭ᠎ᠠ᠎ᠪᠠᠨ ᠲᠠᠰᠤᠷᠠᠯᠲᠠ ᠤᠢ᠍ᠭᠡᠢ ᠲᠡᠭᠦᠯᠳᠡᠷᠵᠢᠭᠦᠯᠬᠦ᠌ ᠪᠠ ᠱᠢᠨ᠎ᠡ᠎ᠶ᠋ᠢ ᠡᠭᠦᠳᠴᠦ᠍᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠵᠢᠭᠠᠨ ᠰᠤᠷᠭᠠᠯᠳᠠ᠎ᠶᠢᠨ ᠪᠠᠢᠷᠢᠰᠢᠭᠤᠯᠤᠯᠲᠠ᠎ᠶ᠋ᠢ ᠱᠢᠯᠢᠳᠡᠭ᠌ᠵᠢᠭᠦᠯᠦᠨ᠂ ᠣᠷᠣᠨ ᠨᠤᠲᠤᠭ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠢ ᠣᠷᠣᠨ ᠨᠤᠲᠤᠭ᠎ᠤᠨ ᠣᠨᠴᠠᠯᠢᠭ᠎ᠢ ᠬᠠᠷᠠᠭᠤᠯᠤᠭ᠍ᠰᠠᠨ ᠵᠢᠭᠠᠨ ᠰᠤᠷᠭᠠᠯᠳᠠ᠎ᠶᠢᠨ ᠬᠢᠴᠢᠶᠡᠯ ᠨᠡᠭᠡᠭᠡᠵᠦ᠍ ᠪᠣᠯᠤᠨ᠎ᠠ᠃

  ᠬᠣᠷᠢᠨ ᠵᠢᠷᠭᠤᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠵᠢᠭᠠᠨ ᠰᠤᠷᠭᠠᠯᠲᠠ ᠨᠢ ᠨᠠᠮ᠎ᠤᠨ ᠤᠨᠤᠯ᠎ᠤᠨ ᠬᠥᠮᠦᠵᠢᠯ ᠪᠠ ᠨᠠᠮᠴᠢ ᠴᠢᠨᠠᠷ᠎ᠤᠨ ᠬᠥᠮᠦᠵᠢᠯ᠎ᠦᠨ ᠭᠣᠣᠯ ᠠᠵᠢᠯ ᠭᠣᠣᠯ ᠬᠢᠴᠢᠶᠡᠯ᠎ᠦᠨ ᠪᠠᠢᠷᠢ ᠰᠠᠭᠤᠷᠢ᠎ᠶ᠋ᠢ ᠲᠤᠪᠤᠢ᠌ᠯᠭᠠᠵᠤ᠂ ᠲᠤᠱᠢᠶᠠᠯ ᠬᠠᠷᠢᠭᠤᠴᠠᠯᠭ᠎ᠠ ᠭᠦᠢᠴᠡᠳᠭᠡᠬᠦ᠌ ᠴᠢᠳᠠᠪᠤᠷᠢ᠎ᠶ᠋ᠢᠨ ᠪᠣᠯᠪᠠᠰᠤᠷᠠᠯ᠎ᠢ ᠴᠢᠩᠭᠠᠳᠭᠠᠬᠤ ᠬᠡᠷᠡᠭ᠌ᠲᠡᠢ᠃

  ᠨᠠᠮ᠎ᠤᠨ ᠤᠨᠤᠯ᠎ᠤᠨ ᠬᠥᠮᠦᠵᠢᠯ ᠨᠢ ᠮᠠᠷᠺᠰ᠎ᠤᠨ ᠦᠵᠡᠯ᠎ᠦᠨ ᠤᠨᠤᠯ᠎ᠤᠨ ᠬᠥᠮᠦᠵᠢᠯ ᠪᠣᠯᠪᠠᠰᠤᠷᠠᠯ᠎ᠢ ᠴᠢᠩᠭᠠᠳᠭᠠᠵᠤ᠂ ᠮᠠᠷᠺᠰ᠎ᠤᠨ ᠦᠵᠡᠯ᠎ᠦᠨ ᠳᠤᠮᠳᠠᠳᠤ ᠤᠯᠤᠰᠴᠢᠯᠠᠬ᠍ᠰᠠᠨ ᠴᠠᠭ ᠦᠶᠡᠴᠢᠯᠡᠭ᠌ᠰᠡᠨ ᠬᠠᠮᠤᠭ᠎ᠤᠨ ᠱᠢᠨ᠎ᠡ ᠦᠷ᠎ᠡ ᠪᠦᠲᠦᠭᠡᠯ᠎ᠢᠶᠡᠷ ᠦᠵᠡᠯ ᠰᠠᠨᠠᠭ᠎ᠠ᠎ᠶᠢ ᠨᠢᠭᠡᠳᠭᠡᠬᠦ᠌᠂ ᠵᠣᠷᠢᠭ ᠰᠠᠨᠠᠭ᠎ᠠ᠎ᠶᠢ ᠨᠢᠭᠡᠳᠭᠡᠬᠦ᠌᠂ ᠦᠢᠯᠡ ᠠᠵᠢᠯᠯᠠᠭ᠎ᠠ᠎ᠶᠢ ᠨᠢᠭᠡᠳᠭᠡᠬᠦ᠌᠎ᠶ᠋ᠢ ᠭᠣᠣᠯᠳᠠᠯᠭ᠎ᠠ᠎ᠲᠠᠶ ᠰᠠᠢᠲᠤᠷ ᠠᠳᠭᠤᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠤᠶᠤᠨ ᠤᠬᠠᠭᠠᠨ᠎ᠢ ᠨᠢᠭ᠍ᠲᠠᠷᠠᠭᠤᠯᠵᠤ ᠰᠦᠭ ᠰᠦᠨᠡᠰᠤ᠎ᠶᠢ ᠱᠤᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠬᠤ ᠬᠡᠷᠡᠭ᠌ᠲᠡᠢ᠃

  ᠨᠠᠮᠴᠢ ᠴᠢᠨᠠᠷ᠎ᠤᠨ ᠬᠥᠮᠦᠵᠢᠯ ᠨᠢ ᠬᠦᠰᠡᠯᠡᠩ ᠢᠲᠡᠭᠡᠯ ᠪᠢᠱᠢᠷᠡᠯ᠂ ᠨᠠᠮ᠎ᠤᠨ ᠵᠣᠷᠢᠯᠲᠠ᠂ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠳᠠ᠎ᠶᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶᠢᠨ ᠲᠡᠦᠬᠡ᠂ ᠬᠤᠪᠢᠰᠭᠠᠯ᠎ᠤᠨ ᠤᠯᠠᠮᠵᠢᠯᠠᠯ᠂ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠂ ᠳᠤᠮᠳᠠᠳᠤ᠎ᠶ᠋ᠢᠨ ᠦᠨᠳᠦᠰᠦᠲᠡᠨ᠎ᠦ ᠤᠯᠠᠮᠵᠢᠯᠠᠯᠲᠤ ᠰᠠᠢᠬᠠᠨ ᠰᠤᠷᠲᠠᠯ᠂ ᠵᠠᠰᠠᠭ᠎ᠤᠨ ᠠᠵᠢᠯ᠎ᠤᠨ ᠠᠮᠵᠢᠯᠲᠠ᠎ᠶ᠋ᠢᠨ ᠲᠤᠬᠠᠢ ᠵᠦᠪ ᠦᠵᠡᠯᠲᠡ᠂ ᠨᠠᠮ᠎ᠤᠨ ᠰᠤᠷᠲᠠᠯ ᠴᠢᠬᠡᠴᠢ ᠵᠠᠰᠠᠭ ᠵᠡᠷᠭᠡ ᠬᠥᠮᠦᠵᠢᠯ᠎ᠢ ᠦᠷᠨᠢᠭᠦᠯᠵᠤ᠂ ᠨᠠᠮ᠎ᠤᠨ ᠲᠦᠷᠢᠮ ᠨᠠᠮ᠎ᠤᠨ ᠲᠣᠭ᠍ᠲᠠᠭᠠᠯ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠨᠠᠮᠴᠢ ᠴᠢᠨᠠᠷ᠎ᠤᠨ ᠬᠥᠮᠦᠵᠢᠯ᠎ᠦᠨ ᠴᠢᠬᠤᠯᠠ ᠠᠭᠤᠯᠭ᠎ᠠ ᠪᠣᠯᠭᠠᠵᠤ᠂ ᠨᠡᠢᠲᠡᠯᠢᠭ ᠬᠡᠷᠡᠭ᠎ᠵᠢᠡᠷ ᠰᠡᠷᠡᠮᠵᠢᠯᠡᠭᠦᠯᠬᠦ᠌ ᠬᠥᠮᠦᠵᠢᠯ ᠥᠷᠨᠢᠭᠦᠯᠬᠦ᠌ ᠬᠡᠷᠡᠭ᠌ᠲᠡᠢ᠃

  ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠶ᠋ᠢᠨ ᠪᠣᠯᠪᠠᠰᠤᠷᠠᠯ᠎ᠢ ᠨᠠᠮ᠎ᠤᠨ ᠲᠥᠪ ᠬᠣᠷᠢᠶ᠎ᠠ᠎ᠶᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠣᠯᠤᠨ ᠤᠯᠤᠰ᠎ᠤᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠴᠡᠭᠡ᠎ᠶ᠋ᠢᠨ ᠲᠣᠭᠣᠷᠢᠨ᠎ᠳᠤ ᠥᠷᠨᠢᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠴᠢᠳᠠᠪᠤᠷᠢ᠂ ᠤᠯᠠᠨ ᠲᠦᠮᠡᠨ᠎ᠳᠦ ᠦᠢᠯᠡᠴᠢᠯᠡᠬᠦ᠌ ᠴᠢᠳᠠᠪᠤᠷᠢ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠴᠢᠳᠠᠪᠤᠷᠢ᠎ᠶᠢ ᠭᠣᠣᠯᠳᠠᠯᠭ᠎ᠠ᠎ᠲᠠᠶ ᠳᠡᠭᠡᠭ᠌ᠰᠢᠯᠡᠭᠦᠯᠬᠦ᠌ ᠬᠡᠷᠡᠭ᠌ᠲᠡᠢ᠃

  ᠬᠣᠲᠠ (ᠲᠤᠰᠭᠠᠶ ᠣᠷᠣᠨ᠎ᠤ ᠲᠡᠰ᠎ᠤᠨ ᠬᠤᠳᠠ)᠎ᠶᠢᠨ ᠲᠡᠰ᠎ᠡᠴᠡ ᠳᠡᠭᠡᠭ᠌ᠰᠢᠬᠢ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠶᠡᠷᠦᠩᠬᠡᠶ ᠵᠢᠭᠠᠨ ᠰᠤᠷᠭᠠᠯᠲᠠ᠎ᠶ᠋ᠢᠨ ᠲᠣᠬᠢᠷᠠᠭᠤᠯᠤᠯᠲᠠ᠎ᠲᠤᠮᠳᠠ᠂ ᠨᠠᠮ᠎ᠤᠨ ᠣᠨᠣᠯ᠎ᠤᠨ ᠬᠥᠮᠦᠵᠢᠯ ᠪᠠ ᠨᠠᠮᠴᠢ ᠴᠢᠨᠠᠷ᠎ᠤᠨ ᠬᠥᠮᠦᠵᠢᠯ᠎ᠦᠨ ᠬᠢᠴᠢᠶᠡᠯ᠎ᠦᠨ ᠬᠤᠪᠢ᠎ᠶ᠋ᠢᠨ ᠵᠢᠩ᠎ᠢ ᠰᠤᠷᠤᠯᠭ᠎ᠠ᠎ᠶᠢᠨ ᠬᠤᠭᠤᠴᠠᠭ᠎ᠠ ᠪᠦᠷᠢ᠎ᠶᠢᠨ ᠶᠡᠷᠦᠩᠬᠡᠶ ᠬᠢᠴᠢᠶᠡᠯ᠎ᠦᠨ ᠴᠠᠭ᠎ᠤᠨ 70%᠎ᠡᠴᠡ ᠳᠤᠤᠷ᠎ᠠ ᠪᠠᠢᠯᠭᠠᠵᠤ ᠪᠣᠯᠬᠤ ᠥᠬᠡᠶ᠃ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠭᠣᠣᠯ ᠴᠣᠭ᠍ᠴᠠ᠎ᠶᠢᠨ ᠠᠩᠭᠢ᠎ᠳᠤ ᠴᠥᠮ ᠨᠠᠮᠴᠢ ᠴᠢᠨᠠᠷ᠎ᠤᠨ ᠬᠥᠮᠦᠵᠢᠯ᠎ᠦᠨ ᠬᠢᠴᠢᠶᠡᠯ ᠲᠣᠬᠢᠷᠠᠭᠤᠯᠵᠤ᠂ ᠨᠠᠮᠴᠢ ᠴᠢᠨᠠᠷ᠎ᠤᠨ ᠬᠥᠮᠦᠵᠢᠯ᠎ᠦᠨ ᠬᠢᠴᠢᠶᠡᠯ᠎ᠦᠨ ᠬᠤᠪᠢ᠎ᠶ᠋ᠢᠨ ᠵᠢᠩ᠎ᠢ ᠰᠤᠷᠤᠯᠭ᠎ᠠ᠎ᠶ᠋ᠢᠨ ᠬᠤᠭᠤᠴᠠᠭ᠎ᠠ ᠪᠦᠷᠢ᠎ᠶᠢᠨ ᠶᠡᠷᠦᠩᠬᠡᠶ ᠬᠢᠴᠢᠶᠡᠯ᠎ᠦᠨ ᠴᠠᠭ᠎ᠤᠨ 20%᠎ᠡᠴᠡ ᠳᠣᠣᠷ᠎ᠠ ᠪᠠᠢᠯᠭᠠᠵᠤ ᠪᠣᠯᠬᠤ ᠦᠭᠡᠶ᠂ 1 ᠰᠠᠷ᠎ᠠ᠎ᠡᠴᠡ ᠳᠡᠭᠡᠭ᠌ᠰᠢᠬᠢ ᠬᠤᠭᠤᠴᠠᠭ᠎ᠠ ᠲᠠᠢ ᠠᠩᠭᠢ᠎ᠳᠤ ᠰᠤᠷᠤᠯᠭᠠᠳᠠᠳ ᠵᠢᠡᠷ ᠨᠠᠮᠴᠢ ᠴᠢᠨᠠᠷ᠎ᠤᠨ ᠵᠠᠳᠠᠯᠤᠯᠲᠠ ᠬᠢᠯᠭᠡᠬᠦ᠌ ᠬᠡᠷᠡᠭ᠌ᠲᠡᠶ᠃ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠡᠷᠬᠢᠯᠡᠭ᠌ᠰᠡᠨ ᠨᠠᠮᠴᠢ ᠴᠢᠨᠠᠷ᠎ᠤᠨ ᠬᠥᠮᠦᠵᠢᠯ ᠪᠣᠯᠪᠠᠰᠤᠷᠠᠯ᠎ᠤᠨ ᠠᠩᠬᠢ᠎ᠳᠤ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠬᠤᠪᠢ᠎ᠶ᠋ᠢᠨ ᠵᠢᠩ᠎ᠢ ᠶᠡᠷᠦᠩᠬᠡᠢ ᠬᠢᠴᠢᠶᠡᠯ᠎ᠦᠨ ᠴᠠᠭ᠎ᠤᠨ 50%᠎ᠡᠴᠡ ᠳᠣᠣᠷ᠎ᠠ ᠪᠠᠢᠯᠭᠠᠵᠤ ᠪᠣᠯᠬᠤ ᠦᠭᠡᠢ᠃

  ᠬᠣᠷᠢᠨ ᠳᠣᠯᠣᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢᠶᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠵᠢᠭᠠᠨ ᠰᠤᠷᠭᠠᠯᠲᠠ᠎ᠶ᠋ᠢᠨ ᠤᠯᠤᠰ ᠲᠦᠷᠦ᠍᠎ᠶ᠋ᠢᠨ ᠬᠢᠷᠢ ᠲᠦᠪᠰᠢᠨ᠂ ᠲᠦᠷᠦ᠍᠎ᠶ᠋ᠢᠨ ᠪᠤᠳᠤᠯᠭ᠎ᠠ᠎ᠶ᠋ᠢᠨ ᠬᠢᠷᠢ ᠲᠦᠪᠰᠢᠨ᠂ ᠡᠷᠳᠡᠮ ᠱᠢᠨᠵᠢᠯᠡᠭᠡᠨ᠎ᠦ ᠬᠢᠷᠢ ᠲᠦᠪᠰᠢᠨ᠂ ᠲᠤᠰᠭᠠᠢ ᠮᠡᠷᠭᠡᠵᠢᠯ᠎ᠦᠨ ᠬᠢᠷᠢ ᠲᠦᠪᠰᠢᠨ᠎ᠢᠶᠠᠨ ᠳᠡᠭᠡᠭ᠌ᠰᠢᠯᠡᠭᠦᠯᠵᠦ᠍᠂ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ᠎ᠢᠶᠠᠨ ᠴᠢᠩᠭᠠᠳᠭᠠᠬᠤ ᠬᠡᠷᠡᠭ᠌ᠲᠡᠢ᠃

  ᠬᠣᠷᠢᠨ ᠨᠠᠶ᠋ᠮᠠᠳᠤᠭᠠᠷ ᠵᠦᠶ᠋ᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠭᠠᠨ ᠰᠤᠷᠭᠠᠬᠤ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠬᠦ᠌᠎ᠪᠡᠷ ᠴᠢᠷᠮᠠᠢᠵᠤ᠂ ᠰᠤᠳᠤᠯᠭᠠᠨ᠎ᠤ ᠮᠠᠶᠢᠭ᠎ᠤᠨ ᠵᠢᠭᠠᠨ ᠰᠤᠷᠭᠠᠯᠲᠠ᠎ᠶ᠋ᠢ ᠶᠡᠬᠡ᠎ᠪᠠᠷ ᠬᠡᠷᠡᠭ᠌ᠵᠢᠭᠦᠯᠦᠨ᠂ ᠲᠠᠢᠯᠪᠤᠷᠢᠯᠠᠨ ᠰᠤᠷᠭᠠᠬᠤ ᠮᠠᠶᠢᠭ ᠪᠠ ᠰᠤᠳᠤᠯᠤᠨ ᠶᠠᠷᠢᠯᠴᠠᠬᠤ ᠮᠠᠶᠢᠭ᠂ ᠬᠡᠷᠡᠭ ᠵᠢᠡᠷ ᠵᠢᠱ᠌ᠢᠶ᠎ᠠ ᠪᠤᠯᠭᠠᠬᠤ ᠮᠠᠶᠢᠭ᠂ ᠳᠠᠭᠤᠷᠢᠶᠠᠮᠠᠯ ᠮᠠᠶᠢᠭ᠂ ᠪᠠᠶᠠᠴᠢᠯᠠᠨ ᠣᠢᠯᠠᠭᠠᠬᠤ ᠮᠠᠶᠢᠭ᠂ ᠶᠠᠷᠢᠯᠴᠠᠬᠤ ᠮᠠᠶᠢᠭ ᠵᠡᠷᠭᠡ ᠬᠤᠷᠰᠢᠯᠴᠠᠬᠤ ᠮᠠᠶᠢᠭ᠎ᠤᠨ ᠵᠢᠭᠠᠨ ᠰᠤᠷᠭᠠᠬᠤ ᠠᠷᠭ᠎ᠠ᠎ᠶ᠋ᠢ ᠶᠡᠷᠦᠩᠬᠡᠢᠯᠡᠨ ᠬᠡᠷᠡᠭ᠌ᠯᠡᠵᠦ᠍᠂ ᠬᠡᠷᠡᠭ᠎ᠵᠢᠡᠷ ᠵᠢᠭᠠᠨ ᠰᠤᠷᠭᠠᠬᠤ ᠡᠷᠴᠢᠮ᠎ᠢ ᠴᠢᠩᠭᠠᠷᠠᠭᠤᠯᠤᠨ᠂ ᠬᠡᠷᠡᠭ᠎ᠦᠨ ᠵᠢᠱᠶ᠋ᠶ᠎ᠠ᠎ᠶᠢᠨ ᠬᠥᠮᠥᠷᠭᠡ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠬᠡᠷᠡᠭ᠌ᠲᠡᠶ᠃ ᠰᠦᠯᠵᠢᠶᠡᠨ᠎ᠦ ᠪᠣᠯᠪᠠᠰᠤᠷᠠᠯ᠎ᠤᠨ ᠲᠠᠪᠴᠠᠩ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠰᠦᠯᠵᠢᠶᠡᠨ᠎ᠦ ᠱᠢᠭᠤᠳ ᠨᠡᠪᠲᠡᠷᠡᠭᠦᠯᠭᠡ᠎ᠶ᠋ᠢᠨ ᠬᠢᠴᠢᠶᠡᠯ᠎ᠦᠨ ᠲᠠᠩᠬᠢᠮ᠂ ᠰᠦᠯᠵᠢᠶᠡᠨ ᠳᠡᠭᠡᠷᠡᠬᠢ ᠬᠢᠴᠢᠶᠡᠯ᠎ᠦᠨ ᠲᠠᠩᠬᠢᠮ ᠵᠡᠷᠭᠡ ᠵᠢᠭᠠᠨ ᠰᠤᠷᠭᠠᠯᠲᠠ᠎ᠶ᠋ᠢᠨ ᠵᠠᠭ᠍ᠪᠤᠷ᠎ᠢ ᠰᠠᠢᠲᠤᠷ ᠬᠡᠷᠡᠭ᠌ᠯᠡᠬᠦ ᠬᠡᠷᠡᠭᠳᠠᠢ᠃ ᠮᠤᠵᠢ᠎ᠶ᠋ᠢᠨ ᠱᠠᠲᠤᠨ᠎ᠡᠴᠡ ᠳᠡᠭᠡᠭ᠌ᠰᠢᠬᠢ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠢᠭᠡ ᠪᠦᠯᠦᠭ ᠰᠣᠳᠣᠨ ᠰᠦᠯᠵᠢᠶᠡᠨ᠎ᠦ ᠬᠢᠴᠢᠶᠡᠯ᠎ᠢ ᠬᠠᠨᠳᠤᠯᠭᠠᠲᠤ ᠴᠢᠨᠠᠷᠲᠠᠢ᠎ᠪᠠᠷ ᠨᠡᠭᠡᠭᠡᠨ ᠦᠢᠯᠡᠳᠴᠤ᠂ ᠴᠢᠨᠠᠷ ᠰᠠᠢᠲᠠᠢ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠱᠢᠭᠤᠳ ᠬᠦᠷᠭᠡᠬᠦ᠌᠎ᠶ᠋ᠢ ᠠᠬᠢᠭᠤᠯᠬᠤ ᠬᠡᠷᠡᠭ᠌ᠲᠡᠢ᠃

  ᠬᠣᠷᠢ ᠶᠢᠰᠦᠳᠦᠭᠡᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠭᠠᠨ ᠰᠤᠷᠭᠠᠯᠲᠠ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠪᠠᠨ ᠴᠢᠩᠭᠠᠳᠭᠠᠵᠤ᠂ ᠲᠦᠷᠢᠮ ᠲᠣᠭ᠍ᠲᠠᠭᠠᠯ᠎ᠢ ᠪᠠᠢᠭᠤᠯᠤᠨ ᠲᠡᠭᠦᠯᠳᠡᠷᠵᠢᠭᠦᠯᠵᠦ᠍᠂ ᠲᠤᠱᠢᠶᠠᠯ ᠬᠠᠷᠢᠭᠤᠴᠠᠯᠭ᠎ᠠ ᠲᠣᠳᠣᠷᠬᠠᠢ᠂ ᠠᠵᠢᠯ᠎ᠢᠶᠡᠨ ᠬᠤᠪᠢᠶᠠᠷᠢᠯᠠᠨ ᠬᠠᠮᠵᠢᠯᠴᠠᠭ᠍ᠰᠠᠨ ᠵᠢᠭᠠᠨ ᠰᠤᠷᠭᠠᠯᠲᠠ᠎ᠶ᠋ᠢᠨ ᠬᠡᠷᠡᠭ᠌ᠵᠢᠭᠦᠯᠦᠯᠲᠡ ᠪᠠ ᠠᠵᠢᠯᠯᠠᠭᠠᠨ᠎ᠤ ᠲᠣᠭ᠍ᠲᠠᠴᠠ᠎ᠶ᠋ᠢ ᠪᠤᠢ ᠪᠣᠯᠭᠠᠵᠤ᠂ ᠰᠤᠷᠦᠯᠴᠡᠯᠭ᠎ᠠ᠎ᠶ᠋ᠢ ᠬᠢᠨᠠᠨ ᠱᠢᠯᠭᠠᠬᠤ ᠱᠢᠰᠲ᠋ᠧᠮ ᠪᠠ ᠵᠢᠭᠠᠨ ᠰᠤᠷᠭᠠᠯᠲᠠ᠎ᠶ᠋ᠢᠨ ᠦᠷ᠎ᠡ ᠪᠦᠲᠦᠮᠵᠢ᠎ᠶ᠋ᠢ ᠦᠨᠡᠯᠡᠬᠦ ᠱᠢᠰᠲ᠋ᠧᠮ᠎ᠢ ᠪᠠᠢᠭᠤᠯᠤᠨ ᠲᠡᠭᠦᠯᠳᠡᠷᠵᠢᠭᠦᠯᠬᠦ᠌ ᠬᠡᠷᠡᠭ᠌ᠲᠡᠢ᠃

  ᠭᠤᠴᠢᠳᠤᠭᠠᠷ ᠵᠦᠢᠯ ᠱᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ ᠪᠣᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠵᠢᠭᠠᠨ ᠰᠤᠷᠭᠠᠯᠲᠠ ᠡᠷᠳᠡᠮ ᠱᠢᠨᠵᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠪᠠᠭ᠍ᠰᠢ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠬᠦ᠌ ᠦᠨᠳᠦᠰᠦᠨ ᠪᠦᠳᠦᠭᠡᠨ ᠪᠠᠢᠭᠤᠯᠤᠯᠲᠠ ᠪᠣᠯᠤᠨ᠎ᠠ᠃ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠭᠣᠣᠯ ᠪᠣᠯᠭᠠᠭ᠍ᠰᠠᠨ ᠮᠠᠷᠺᠰ᠎ᠤᠨ ᠦᠵᠡᠯ᠎ᠦᠨ ᠤᠨᠤᠯ᠎ᠤᠨ ᠱᠢᠨᠵᠢᠯᠡᠭᠡᠨ᠎ᠦ ᠰᠠᠯᠠᠭ᠎ᠠ᠎ᠶ᠋ᠢ ᠭᠣᠣᠯᠳᠠᠯᠭ᠎ᠠ᠎ᠲᠠᠶ ᠪᠠᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶ᠋ᠢᠨ ᠱᠢᠨᠵᠢᠯᠡᠭᠡᠨ᠎ᠦ ᠰᠠᠯᠠᠭ᠎ᠠ ᠵᠢᠴᠢ ᠨᠠᠮᠴᠢ ᠴᠢᠨᠠᠷ᠎ᠤᠨ ᠬᠥᠮᠦᠵᠢᠯ᠎ᠦᠨ ᠬᠣᠯᠪᠣᠭ᠍ᠳᠠᠯ ᠪᠦᠬᠦᠢ ᠱᠢᠨᠵᠢᠯᠡᠭᠡᠨ᠎ᠦ ᠰᠠᠯᠠᠭᠠᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠵᠢᠭᠠᠨ ᠰᠤᠷᠭᠠᠯᠲᠠ᠎ᠳᠤ ᠪᠠᠴᠢᠮ ᠬᠡᠷᠡᠭ᠌ᠴᠡᠭᠡ᠎ᠲᠡᠶ ᠪᠥᠭᠡᠳ ᠬᠠᠷᠢᠴᠠᠩᠭᠤᠢ ᠪᠠᠭᠤᠷᠠᠢ ᠪᠠᠢᠬᠤ ᠱᠢᠨᠵᠢᠯᠡᠭᠡᠨ᠎ᠦ ᠰᠠᠯᠠᠭ᠎ᠠ᠎ᠶ᠋ᠢ ᠢᠳᠡᠪᠬᠢᠲᠡᠢ ᠳᠡᠮᠵᠢᠵᠦ᠍᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠣᠨᠴᠠᠯᠢᠭ᠎ᠢ ᠲᠤᠪᠤᠢ᠌ᠯᠭᠠᠭ᠍ᠰᠠᠨ᠂ ᠨᠠᠮ᠎ᠤᠨ ᠭᠡᠱᠢᠭᠦᠨ ᠺᠠᠳ᠋ᠷᠴᠤᠳ᠎ᠤᠨ ᠪᠣᠯᠪᠠᠰᠤᠷᠠᠯ᠎ᠤᠨ ᠬᠡᠷᠡᠭ᠌ᠴᠡᠭᠡ᠎ᠶ᠋ᠢ ᠬᠠᠩᠭᠠᠭ᠍ᠰᠠᠨ ᠱᠢᠨᠵᠢᠯᠡᠭᠡᠨ᠎ᠦ ᠰᠠᠯᠠᠭ᠎ᠠ᠎ᠶᠢᠨ ᠱᠢᠰᠲ᠋ᠧᠮ᠎ᠢ ᠠᠯᠬᠤᠮ ᠠᠯᠬᠤᠮ᠎ᠢᠶᠠᠷ ᠪᠦᠷᠢᠯᠳᠦᠭᠦᠯᠬᠦ᠌ ᠬᠡᠷᠡᠭ᠌ᠲᠡᠢ᠃

  ᠭᠤᠴᠢᠨ ᠨᠢᠭᠡᠳᠦᠭᠡᠷ ᠵᠦᠢᠯ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠪᠠ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ)᠎ᠶᠢᠨ ᠨᠠᠮ᠎ᠤᠨ ᠬᠣᠷᠢᠶ᠎ᠠ᠎ᠶᠢᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠢ ᠱᠢᠨᠵᠢᠯᠡᠭᠡᠨ ᠎ᠦ ᠰᠠᠯᠠᠭ᠎ᠠ᠎ᠶ᠋ᠢᠨ ᠪᠠᠢᠭᠤᠯᠤᠯᠲᠠ᠎ᠶ᠋ᠢᠨ ᠲᠥᠯᠥᠪᠵᠢᠭᠦᠯᠭᠡ ᠲᠣᠭ᠍ᠲᠠᠭᠠᠬᠤ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠱᠢᠨᠵᠢᠯᠡᠭᠡᠨ᠎ᠦ ᠰᠠᠯᠠᠭ᠎ᠠ᠎ᠶ᠋ᠢᠨ ᠪᠠᠢᠭᠤᠯᠤᠯᠲᠠ᠎ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠨ᠂ ᠡᠬᠢ ᠪᠠᠶᠠᠯᠢᠭ᠎ᠤᠨ ᠲᠣᠬᠢᠷᠠᠭᠤᠯᠤᠯᠲᠠ ᠎ᠶ᠋ᠢ ᠱᠢᠯᠢᠳᠡᠭ᠌ᠵᠢᠭᠦᠯᠵᠦ᠍᠂ ᠱᠢᠨᠵᠢᠯᠡᠭᠡᠨ᠎ᠦ ᠰᠠᠯᠠᠭ᠎ᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠬᠡᠷᠡᠭᠳᠠᠢ᠃

  ᠭᠤᠴᠢᠨ ᠬᠣᠶᠠᠳᠤᠭᠠᠷ ᠵᠦᠢᠯ ᠵᠢᠭᠠᠬᠤ ᠮᠠᠲ᠋ᠧᠷᠢᠶᠠᠯ᠎ᠤᠨ ᠪᠠᠢᠭᠤᠯᠤᠯᠲᠠ ᠪᠣᠯ ᠵᠢᠭᠠᠨ ᠰᠤᠷᠭᠠᠯᠲᠠ᠎ᠶ᠋ᠢᠨ ᠰᠠᠭᠤᠷᠢ ᠢᠨᠵᠧᠨᠧᠷᠢᠩ ᠮᠥᠨ᠃ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠭᠠᠨ ᠰᠤᠷᠭᠠᠯᠲᠠ᠎ᠶ᠋ᠢᠨ ᠬᠡᠷᠡᠭ᠌ᠴᠡᠭᠡ᠎ᠪᠡᠨ ᠦᠨᠳᠦᠰᠦᠯᠡᠨ ᠮᠠᠷᠺᠰ᠎ᠤᠨ ᠦᠵᠡᠯ᠎ᠦᠨ ᠳᠤᠮᠳᠠᠳᠤ ᠤᠯᠤᠰᠴᠢᠯᠠᠭ᠍ᠰᠠᠨ ᠴᠠᠭ ᠦᠶᠡᠴᠢᠯᠡᠭ᠌ᠰᠡᠨ ᠬᠠᠮᠤᠭ᠎ᠤᠨ ᠱᠢᠨ᠎ᠡ ᠦᠷ᠎ᠡ ᠪᠦᠲᠦᠭᠡᠯ᠎ᠢ ᠭᠦᠢᠴᠡᠳ ᠢᠯᠡᠷᠡᠭᠦᠯᠦᠭ᠌ᠰᠡᠨ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠣᠨᠴᠠᠯᠢᠭ ᠪᠦᠬᠦᠢ ᠵᠢᠭᠠᠨ ᠰᠤᠷᠭᠠᠯᠲᠠ᠎ᠶ᠋ᠢᠨ ᠬᠥᠲᠥᠯᠪᠦᠷᠢ ᠪᠠ ᠱᠢᠷᠢᠰ ᠵᠢᠭᠠᠬᠤ ᠮᠠᠲ᠋ᠧᠷᠢᠶᠠᠯ᠎ᠢ ᠵᠣᠬᠢᠶᠠᠨ ᠪᠠᠢᠭᠤᠯᠵᠤ ᠨᠠᠢᠷᠠᠭᠤᠯᠤᠨ ᠪᠢᠴᠢᠵᠦ᠍᠂ ᠬᠥᠮᠦᠵᠢᠭᠦᠯᠵᠦ᠍ ᠪᠣᠯᠪᠠᠰᠤᠷᠠᠭᠤᠯᠬᠤ ᠬᠠᠷᠠᠯᠲᠠ᠂ ᠵᠢᠭᠠᠨ ᠰᠤᠷᠭᠠᠯᠲᠠ᠎ᠶ᠋ᠢᠨ ᠪᠠᠢᠷᠢᠯᠠᠭᠤᠯᠤᠯᠲᠠ᠎ᠲᠠᠶ ᠵᠣᠬᠢᠴᠠᠯᠳᠤᠭ᠍ᠰᠠᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠵᠢᠭᠠᠬᠤ ᠮᠠᠲ᠋ᠧᠷᠢᠶᠠᠯ᠎ᠤᠨ ᠱᠢᠰᠲ᠋ᠧᠮ᠎ᠢ ᠪᠠᠢᠭᠤᠯᠬᠤ ᠬᠡᠷᠡᠭ᠌ᠲᠡᠢ᠃

  ᠲᠠᠪᠤᠳᠤᠭᠠᠷ ᠪᠦᠯᠦᠭ ᠰᠢᠨᠵᠢᠯᠡᠬᠦ᠌ ᠤᠬᠠᠭᠠᠨ᠎ᠤ ᠰᠤᠳᠤᠯᠭᠠᠨ ᠪᠣᠯᠤᠨ ᠱᠢᠶ᠋ᠳᠪᠦᠷᠢᠲᠦ ᠪᠣᠳᠣᠯᠭ᠎ᠠ ᠲᠤᠬᠳᠠᠭᠠᠬᠤ᠎ᠳᠤ ᠵᠦᠪᠯᠡᠯᠬᠡ ᠥᠭ᠌ᠬᠦ ᠠᠵᠢᠯ

  ᠭᠤᠴᠢᠨ ᠭᠤᠷᠪᠠᠳᠤᠭᠠᠷ ᠵᠦᠢᠯ ᠱᠢᠨᠵᠢᠯᠡᠬᠦ᠌ ᠤᠬᠠᠭᠠᠨ᠎ᠤ ᠰᠤᠳᠤᠯᠭᠠᠨ ᠬᠢᠬᠦ ᠪᠣᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠰᠠᠭᠤᠷᠢ ᠠᠵᠢᠯ ᠮᠥᠨ᠃ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯ ᠨᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠤᠨ ᠬᠥᠭ᠌ᠵᠢᠯᠲᠡ ᠬᠤᠪᠢᠷᠠᠯᠲᠠ᠎ᠶ᠋ᠢ ᠨᠢᠭ᠍ᠲᠠ ᠠᠩᠬᠠᠷᠴᠤ᠌᠂ ᠤᠨᠤᠯ᠎ᠤᠨ ᠰᠤᠳᠤᠯᠭᠠᠨ᠂ ᠠᠷᠭᠠᠴᠠᠭᠠᠬᠤ ᠪᠤᠳᠤᠯᠭ᠎ᠠ᠎ᠶ᠋ᠢᠨ ᠰᠤᠳᠤᠯᠭᠠᠨ᠎ᠢ ᠴᠢᠩᠭᠠᠳᠭᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠱᠢᠰᠲ᠋ᠧᠮᠵᠢᠯᠳᠠ᠂ ᠶᠤᠰᠤᠵᠢᠯᠳᠠ᠎ᠶᠢᠨ ᠲᠤᠬᠠᠢ ᠰᠤᠳᠤᠯᠤᠨ ᠲᠠᠢᠯᠪᠤᠷᠢᠯᠠᠬᠤ᠎ᠶ᠋ᠢ ᠭᠣᠣᠯᠳᠠᠯᠭ᠎ᠠ᠎ᠲᠠᠶ ᠴᠢᠩᠭᠠᠳᠭᠠᠵᠤ᠂ ᠴᠢᠬᠤᠯᠠ ᠶᠡᠬᠡ ᠪᠣᠳᠠᠲᠤ ᠠᠰᠠᠭᠤᠳᠠᠯ᠎ᠤᠨ ᠰᠤᠳᠤᠯᠭᠠᠨ᠎ᠢ ᠴᠢᠩᠭᠠᠳᠭᠠᠵᠤ᠂ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠦ ᠦᠢᠯᠡᠴᠢᠯᠡᠵᠦ᠍᠂ ᠨᠠᠮ᠎ᠤᠨ ᠤᠨᠤᠯ᠎ᠤᠨ ᠱᠢᠨ᠎ᠡ᠎ᠶᠢ ᠡᠭᠦᠳᠬᠦ᠎ᠶ᠋ᠢ ᠠᠬᠢᠭᠤᠯᠬᠤ᠎ᠳᠤ ᠦᠢᠯᠡᠴᠢᠯᠡᠵᠦ᠍᠂ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠳᠤ ᠦᠢᠯᠡᠴᠢᠯᠡᠬᠦ᠌ ᠬᠡᠷᠡᠭ᠌ᠲᠡᠢ᠃

  ᠭᠤᠴᠢᠨ ᠳᠥᠷᠪᠡᠳᠦᠭᠡᠷ ᠵᠦᠢᠯ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠰᠤᠳᠤᠯᠭᠠᠨ᠎ᠤ ᠲᠥᠪ ᠪᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠤᠨᠤᠯ᠎ᠤᠨ ᠱᠢᠰᠲᠸᠮ᠎ᠤᠨ ᠰᠤᠳᠤᠯᠭᠠᠨ᠎ᠤ ᠲᠥᠪ᠂ ᠵᠥᠪᠱᠢᠶᠡᠷᠡᠬᠦᠯᠵᠤ ᠪᠠᠢᠭᠤᠯᠤᠭ᠍ᠰᠠᠨ ᠣᠷᠣᠨ ᠨᠤᠲᠤᠭ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠤᠳᠤᠯᠭᠠᠨ᠎ᠤ ᠰᠠᠭᠤᠷᠢᠨ ᠪᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠤᠨᠤᠯ᠎ᠤᠨ ᠱᠢᠰᠲᠸᠮ᠎ᠤᠨ ᠰᠤᠳᠤᠯᠭᠠᠨ᠎ᠤ ᠲᠥᠪ ᠨᠢ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠂ 21 ᠳ᠋ᠤᠭᠡᠷ ᠵᠠᠭᠤᠨ᠎ᠤ ᠮᠠᠷᠺᠰ᠎ᠤᠨ ᠦᠵᠡᠯ᠎ᠦᠨ ᠰᠤᠷᠤᠯᠴᠠᠯᠭ᠎ᠠ ᠰᠤᠳᠤᠯᠭᠠᠨ ᠤᠬᠠᠭᠤᠯᠭ᠎ᠠ ᠲᠠᠢᠯᠪᠤᠷᠢᠯᠠᠯᠲᠠ ᠳᠤᠮᠳᠠ ᠡᠮᠦᠨ᠎ᠡ ᠡᠩᠨᠡᠭᠡᠨ᠎ᠳᠤ ᠬᠤᠰᠢᠭᠤᠷᠠᠬᠤ ᠬᠡᠷᠡᠭ᠌ᠲᠡᠢ᠃

  ᠭᠤᠴᠢᠨ ᠲᠠᠪᠤᠳᠤᠭᠠᠷ ᠵᠦᠶ᠋ᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠱᠢᠶ᠋ᠳᠪᠦᠷᠢᠲᠦ ᠪᠣᠳᠣᠯᠭ᠎ᠠ᠎ᠲᠤᠬᠳᠠᠭᠠᠬᠤ᠎ᠳᠤ ᠵᠦᠪᠯᠡᠯᠬᠡ ᠥᠭ᠌ᠬᠦ ᠠᠵᠢᠯ᠎ᠨᠢ ᠨᠠᠮ ᠪᠠ ᠤᠯᠤᠰ᠎ᠤᠨ ᠭᠤᠤᠯ ᠠᠵᠢᠯ᠂ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠂ ᠨᠡᠢᠭᠡᠮ᠎ᠦᠨ ᠬᠠᠯᠠᠮᠱᠢᠯ ᠠᠰᠠᠭᠤᠳᠠᠯ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠪᠠᠢᠴᠠᠭᠠᠨ ᠰᠤᠳᠤᠯᠤᠯᠲᠠ ᠬᠢᠵᠦ᠍᠂ ᠴᠢᠬᠤᠯᠠ ᠦᠵᠡᠯ ᠰᠠᠨᠠᠭ᠎ᠠ ᠣᠨᠣᠯ᠎ᠤᠨ ᠪᠠᠢᠳᠠᠯ᠎ᠢ ᠴᠠᠭ ᠲᠤᠬᠠᠶ᠎ᠳᠤᠨᠢ ᠲᠤᠰᠭᠠᠵᠤ᠂ ᠦᠨ᠎ᠡ ᠥᠷᠲᠡᠭ᠎ᠲᠡᠶ ᠠᠷᠭᠠᠴᠠᠭᠠᠬᠤ ᠰᠠᠨᠠᠭᠤᠯᠭ᠎ᠠ ᠳᠤᠷᠠᠳᠴᠤ᠌᠂ ᠵᠢᠭᠠᠨ ᠰᠤᠷᠭᠠᠯᠲᠠ᠂ ᠱᠢᠨᠵᠢᠯᠡᠬᠦ᠌ ᠤᠬᠠᠭᠠᠨ᠎ᠤ ᠰᠤᠳᠤᠯᠭᠠᠨ ᠬᠢᠭᠡᠳ ᠱᠢᠶ᠋ᠳᠪᠦᠷᠢᠲᠦ ᠪᠣᠳᠣᠯᠭ᠎ᠠ ᠲᠤᠬᠳᠠᠭᠠᠬᠤ᠎ᠳᠤ ᠵᠦᠪᠯᠡᠯᠬᠡ ᠥᠭ᠌ᠬᠦ᠎ᠶᠢ ᠬᠠᠷᠢᠯᠴᠠᠨ ᠠᠬᠢᠭᠤᠯᠵᠤ᠂ ᠬᠠᠮᠵᠢᠯᠴᠠᠨ ᠬᠥᠭ᠌ᠵᠢᠭᠦᠯᠵᠤ᠂ ᠣᠶᠤᠨ᠎ᠤ ᠬᠥᠮᠥᠷᠭᠡ᠎ᠶ᠋ᠢᠨ ᠦᠶ᠋ᠯᠡᠳᠦᠯ᠎ᠢ ᠰᠠᠢᠲᠤᠷ ᠪᠠᠳᠠᠷᠠᠭᠤᠯᠬᠤ ᠬᠡᠷᠡᠭ᠌ᠲᠡᠶ᠃

  ᠭᠤᠴᠢᠨ ᠵᠢᠷᠭᠤᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠱᠢᠨᠵᠢᠯᠡᠬᠦ᠌ ᠤᠬᠠᠭᠠᠨ᠎ᠤ ᠰᠤᠳᠤᠯᠭᠠᠨ ᠪᠠ ᠱᠢᠢᠳᠪᠦᠷᠢᠲᠦ ᠪᠤᠳᠤᠯᠭ᠎ᠠ ᠲᠤᠬᠳᠠᠭᠠᠬᠤ᠎ᠳᠤ ᠵᠦᠪᠯᠡᠯᠬᠡ ᠥᠭ᠌ᠬᠦ ᠠᠵᠢᠯ ᠨᠢ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠤᠯᠤᠰ ᠲᠦᠷᠦ᠍᠎ᠶ᠋ᠢᠨ ᠵᠣᠭ᠍ᠰᠣᠯᠲᠠ᠎ᠶ᠋ᠢᠨ ᠡᠷᠡᠰ ᠪᠠᠲᠤ ᠴᠢᠨᠠᠷ ᠪᠠ ᠱᠢᠨᠵᠢᠯᠡᠬᠦ᠌ ᠤᠬᠠᠭᠠᠨᠴᠢ ᠰᠦᠪᠡᠭ᠌ᠴᠢᠯᠡᠯᠲᠡ᠎ᠶ᠋ᠢᠨ ᠱᠢᠨ᠎ᠡ᠎ᠶ᠋ᠢ ᠡᠭᠦᠳᠬᠦ᠌ ᠴᠢᠨᠠᠷ᠎ᠤᠨ ᠣᠷᠭᠠᠨᠢᠭ ᠨᠢᠭᠡᠳᠦᠯ᠎ᠢ ᠪᠠᠷᠢᠮᠲᠠᠯᠠᠨ᠂ ᠤᠯᠤᠰ ᠲᠦᠷᠦ᠍᠎ᠶ᠋ᠢᠨ ᠰᠠᠬᠢᠯᠭ᠎ᠠ ᠪᠠᠲᠤ ᠪᠠ ᠤᠯᠤᠰ ᠲᠦᠷᠦ᠍᠎ᠶ᠋ᠢᠨ ᠶᠣᠰᠣ ᠲᠦᠷᠢᠮ᠎ᠢ ᠴᠢᠩᠳᠠᠯᠠᠵᠤ᠂ ᠡᠷᠳᠡᠮ ᠱᠢᠨᠵᠢᠯᠡᠭᠡᠨ᠎ᠦ ᠶᠣᠰᠣ ᠰᠤᠷᠳᠠᠬᠤᠨ᠎ᠢ ᠬᠢᠴᠢᠶᠡᠩᠭᠦᠢᠯᠡᠨ ᠰᠠᠬᠢᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠬᠡᠷᠡᠭ᠌ᠲᠡᠢ᠃ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠢ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠣᠨᠴᠠᠯᠢᠭ᠎ᠢ ᠢᠯᠡᠷᠡᠭᠦᠯᠦᠭ᠌ᠰᠡᠨ ᠡᠷᠳᠡᠮ ᠱᠢᠨᠵᠢᠯᠡᠭᠡᠨ᠎ᠦ ᠵᠢᠷᠤᠮᠵᠢᠯ᠎ᠢ ᠲᠣᠭ᠍ᠲᠠᠭᠠᠬᠤ ᠬᠡᠷᠡᠭ᠌ᠲᠡᠢ᠃

  ᠭᠤᠴᠢᠨ ᠳᠣᠯᠣᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠣᠬᠢᠶᠠᠨ ᠪᠠᠢᠭᠤᠯᠤᠯᠲᠠ᠎ᠲᠠᠶ ᠱᠢᠨᠵᠢᠯᠡᠬᠦ᠌ ᠤᠬᠠᠭᠠᠨ᠎ᠤ ᠰᠤᠳᠤᠯᠭᠠᠨ ᠬᠢᠬᠦ᠌᠂ ᠬᠠᠮᠢᠶᠠᠷᠤᠯᠲᠠ᠎ᠦᠢᠯᠡᠴᠢᠯᠡᠭᠡᠨ᠎ᠦ ᠠᠵᠢᠯ᠎ᠤᠨ ᠰᠢᠨ᠎ᠠ᠎ᠶᠢ ᠡᠭᠦᠳᠬᠦ᠎ᠶᠢ ᠴᠢᠩᠭᠠᠳᠬᠠᠵᠤ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠣᠨᠴᠠᠯᠢᠭ᠎ᠲᠤ ᠨᠡᠢᠴᠡᠭ᠌ᠰᠡᠨ ᠬᠠᠮᠢᠶᠠᠷᠤᠯᠲᠠ᠎ᠶ᠋ᠢᠨ ᠪᠠᠢᠭᠤᠯᠤᠯ ᠪᠠ ᠤᠷᠮᠠᠱᠢᠭᠤᠯᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠵᠤ᠂ ᠪᠠᠭ᠍ᠰᠢ ᠠᠵᠢᠯᠳᠠᠨ᠂ ᠰᠤᠷᠤᠯᠭᠠᠳᠠᠨ ᠱᠢᠢᠳᠪᠦᠷᠢᠲᠦ ᠪᠤᠳᠤᠯᠭ᠎ᠠ ᠲᠤᠬᠳᠠᠭᠠᠬᠤ᠎ᠳᠤ ᠵᠦᠪᠯᠡᠯᠬᠡ ᠥᠭ᠌ᠬᠦ ᠠᠵᠢᠯ᠎ᠳᠤ ᠣᠷᠣᠯᠴᠠᠬᠤ᠎ᠶ᠋ᠢ ᠵᠣᠷᠢᠭ᠍ᠵᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ ᠪᠠ ᠱᠢᠢᠳᠪᠦᠷᠢᠲᠦ ᠪᠤᠳᠤᠯᠭ᠎ᠠ ᠲᠤᠬᠳᠠᠭᠠᠬᠤ᠎ᠳᠤ ᠵᠦᠪᠯᠡᠯᠬᠡ ᠥᠭ᠌ᠭᠦᠭ᠌ᠰᠡᠨ ᠦᠷ᠎ᠡ ᠪᠦᠲᠦᠭᠡᠯ᠎ᠢ ᠬᠢᠨᠠᠨ ᠱᠢᠯᠭᠠᠬᠤ ᠪᠠ ᠦᠨᠡᠯᠡᠬᠦ᠌᠎ᠶ᠋ᠢ ᠨᠢᠭᠡᠳᠦᠯᠲᠡᠢ ᠲᠥᠯᠥᠪᠵᠢᠭᠦᠯᠦᠨ ᠱᠢᠯᠢᠳᠡᠭ᠌ᠵᠢᠭᠦᠯᠵᠦ᠍᠂ ᠱᠢᠢᠳᠪᠦᠷᠢᠲᠦ ᠪᠤᠳᠤᠯᠭ᠎ᠠ᠎ᠲᠤᠬᠳᠠᠭᠠᠬᠤ᠎ᠳᠤ ᠵᠦᠪᠯᠡᠯᠬᠡ ᠥᠭ᠌ᠭᠦᠭ᠌ᠰᠡᠨ ᠦᠷ᠎ᠡ ᠪᠦᠲᠦᠭᠡᠯ᠎ᠢ ᠤᠨᠳᠤᠤᠰᠢᠭᠤᠯᠤᠨ ᠬᠡᠷᠡᠭ᠌ᠯᠡᠬᠦ᠌᠎ᠶ᠋ᠢ ᠠᠬᠢᠭᠤᠯᠬᠤ ᠬᠡᠷᠡᠭ᠌ᠲᠡᠢ᠃

  ᠭᠤᠴᠢᠨ ᠨᠠᠢ᠍ᠮᠠᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠱᠢᠨᠵᠢᠯᠡᠬᠦ᠌ ᠤᠬᠠᠭᠠᠨ᠎ᠤ ᠰᠤᠳᠤᠯᠭᠠᠨ ᠪᠠ ᠱᠢᠢᠳᠪᠦᠷᠢᠲᠦ ᠪᠤᠳᠤᠯᠭ᠎ᠠ᠎ᠲᠤᠬᠳᠠᠭᠠᠬᠤ᠎ᠳᠤ ᠵᠦᠪᠯᠡᠯᠬᠡ ᠥᠭ᠌ᠬᠦ ᠠᠵᠢᠯ᠎ᠢ ᠨᠡᠢᠭᠡᠮ᠎ᠳᠦ ᠬᠠᠨᠳᠤᠭᠤᠯᠤᠨ᠂ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠂ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠎ᠯᠤᠭ᠎ᠠ᠎ᠶᠢᠨ ᠬᠠᠮᠲᠤᠷᠠᠯᠴᠠᠭ᠎ᠠ ᠰᠣᠯᠢᠯᠴᠠᠭ᠎ᠠ᠎ᠪᠠᠨ ᠴᠢᠩᠭᠠᠳᠭᠠᠬᠤ ᠬᠡᠷᠡᠭ᠌ᠲᠡᠢ᠃

  ᠭᠤᠴᠢ ᠶᠢᠰᠦᠳᠦᠭᠡᠷ ᠵᠦᠢᠯ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠱᠢᠨᠵᠢᠯᠡᠬᠦ᠌ ᠤᠬᠠᠭᠠᠨ᠎ᠤ ᠰᠤᠳᠤᠯᠭᠠᠨ ᠪᠠ ᠱᠢᠢᠳᠪᠦᠷᠢᠲᠦ ᠪᠤᠳᠤᠯᠭ᠎ᠠ᠎ᠲᠤᠬᠳᠠᠭᠠᠬᠤ᠎ᠳᠤ ᠵᠦᠪᠯᠡᠯᠬᠡ ᠥᠭ᠌ᠬᠦ ᠠᠵᠢᠯ᠎ᠤᠨ ᠲᠥᠯᠥᠪᠵᠢᠭᠦᠯᠭᠡ ᠲᠣᠭ᠍ᠲᠠᠭᠠᠬᠤ᠎ᠶ᠋ᠢᠨ ᠬᠠᠮᠲᠤ ᠨᠠᠷᠢᠨ ᠬᠢᠨᠠᠮᠠᠭᠠᠢ ᠵᠣᠬᠢᠶᠠᠨ ᠪᠠᠢᠭᠤᠯᠵᠤ ᠬᠡᠷᠡᠭ᠌ᠵᠢᠭᠦᠯᠬᠦ᠌ ᠬᠡᠷᠡᠭ᠌ᠲᠡᠢ᠃

  ᠳᠥᠴᠢᠳᠦᠭᠡᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠪᠣᠯ ᠨᠠᠮ᠎ᠤᠨ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠴᠢᠬᠤᠯᠠ ᠡᠮᠦᠨ᠎ᠡ ᠹᠷᠣᠨᠲ᠎ᠤᠨ ᠵᠢᠭ᠍ᠰᠠᠭᠠᠯ᠎ᠤᠨ ᠭᠠᠵᠠᠷ ᠮᠥᠨ᠃ ᠵᠥᠪ ᠤᠯᠤᠰ ᠲᠦᠷᠦ᠍᠎ᠶ᠋ᠢᠨ ᠴᠢᠭ᠌ᠯᠡᠯ᠂ ᠶᠠᠷᠢᠶ᠎ᠠ ᠬᠡᠯᠡᠯᠴᠡᠭᠡᠨ᠎ᠦ ᠤᠳᠤᠷᠢᠳᠤᠮᠵᠢ᠂ ᠦᠷᠲᠡᠭ᠎ᠦᠨ ᠬᠠᠨᠳᠤᠰᠢ᠎ᠶ᠋ᠢ ᠪᠠᠷᠢᠮᠲᠠᠯᠠᠵᠤ᠂ ᠦᠵᠡᠯ ᠰᠠᠨᠠᠭ᠎ᠠ ᠰᠣᠶᠣᠯ ᠰᠤᠷᠳᠠᠯ ᠤᠬᠠᠭᠤᠯᠭ᠎ᠠ᠎ᠶ᠋ᠢᠨ ᠬᠡᠯᠪᠡᠷᠢ ᠪᠠ ᠠᠷᠭ᠎ᠠ᠎ᠶ᠋ᠢᠨ ᠱᠢᠨ᠎ᠡ᠎ᠶ᠋ᠢ ᠡᠭᠦᠳᠴᠦ᠍᠂ ᠨᠣᠮ ᠪᠢᠴᠢᠭ᠂ ᠰᠣᠨᠢᠨ ᠰᠡᠳᠬᠦᠯ᠂ ᠱᠢᠨ᠎ᠡ ᠵᠠᠭᠤᠴᠢᠯᠠᠭᠤᠷ ᠵᠡᠷᠭᠡ ᠳᠠᠮᠵᠢᠭᠤᠯᠭ᠎ᠠ᠎ᠶᠢᠨ ᠵᠠᠭᠤᠴᠢ᠎ᠶ᠋ᠢ ᠰᠠᠢᠲᠤᠷ ᠬᠡᠷᠡᠭ᠌ᠯᠡᠵᠦ᠍᠂ ᠢᠳᠡᠪᠬᠢᠲᠡᠢ᠎ᠪᠡᠷ ᠲᠠᠭᠤᠨ ᠡᠬᠦᠰᠬᠡᠵᠤ᠂ ᠵᠥᠪ ᠤᠨᠤᠪᠴᠢᠳᠠᠢ ᠲᠠᠭᠤᠨ ᠡᠬᠦᠰᠬᠡᠵᠤ᠂ ᠦᠵᠡᠯ ᠰᠠᠨᠠᠭᠠᠨ᠎ᠤ ᠬᠦᠲᠦᠯᠦᠨ ᠳᠠᠭᠠᠭᠤᠯᠬᠤ ᠦᠢᠯᠡᠳᠦᠯ᠎ᠢᠶᠡᠨ ᠦᠨᠡᠨ ᠬᠦ᠌ ᠪᠠᠳᠠᠷᠠᠭᠤᠯᠵᠤ᠂ ᠨᠠᠮ᠎ᠤᠨ ᠱᠢᠨ᠎ᠡ ᠡᠭᠦᠳᠦᠯᠳᠠ᠎ᠶᠢᠨ ᠤᠨᠤᠯ᠎ᠤᠨ ᠢᠳᠡᠪᠬᠢᠲᠡᠢ ᠤᠬᠠᠭᠤᠯᠤᠨ ᠲᠠᠢᠯᠪᠤᠷᠢᠯᠠᠭ᠍ᠴᠢ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠡᠬᠢ ᠮᠠᠷᠺᠰ᠎ᠤᠨ ᠦᠵᠡᠯ᠎ᠦᠨ ᠵᠢᠯᠣᠭᠣᠳᠭᠤ ᠪᠠᠢᠷᠢ ᠰᠠᠭᠤᠷᠢ᠎ᠶ᠋ᠢᠨ ᠡᠷᠡᠰ ᠪᠠᠲᠤ ᠬᠠᠮᠠᠭᠠᠯᠠᠭ᠍ᠴᠢ ᠪᠤᠯᠵᠤ᠂ ᠨᠠᠮ᠎ᠤᠨ ᠦᠵᠡᠯ ᠤᠬᠠᠮᠰᠠᠷ᠎ᠤᠨ ᠬᠡᠯᠪᠡᠷᠢ᠎ᠪᠡᠷ ᠨᠡᠢᠭᠡᠮ᠎ᠦᠨ ᠦᠵᠡᠯ ᠰᠠᠨᠠᠭᠠᠨ᠎ᠤ ᠤᠷᠤᠰᠭᠠᠯ᠎ᠢ ᠬᠦᠲᠦᠯᠦᠨ ᠵᠢᠯᠣᠭᠣᠳᠭᠤ ᠨᠠᠢᠳᠠᠪᠤᠷᠢᠲᠠᠢ ᠬᠣᠱᠢᠭᠤᠴᠢ ᠪᠣᠯᠬᠤ ᠬᠡᠷᠡᠭ᠌ᠲᠡᠢ᠃

  ᠵᠢᠷᠭᠤᠳᠤᠭᠠᠷ ᠪᠦᠯᠦᠭ ᠨᠡᠭᠡᠭᠡᠯᠲᠡ ᠲᠡᠶ᠎ᠪᠡᠷ ᠰᠤᠷᠭᠠᠭᠤᠯᠢ ᠡᠷᠬᠢᠯᠡᠬᠦ

  ᠳᠥᠴᠢᠨ ᠨᠢᠭᠡᠳᠦᠭᠡᠷ ᠵᠦᠢᠯ ᠨᠡᠭᠡᠭᠡᠯᠲᠡ ᠲᠡᠢ᠎ᠪᠡᠷ ᠰᠤᠷᠭᠠᠭᠤᠯᠢ ᠡᠷᠬᠢᠯᠡᠬᠦ᠌ ᠪᠣᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠰᠤᠷᠭᠠᠭᠤᠯᠢ ᠡᠷᠬᠢᠯᠡᠬᠦ᠌ ᠲᠦᠪᠰᠢᠨ᠎ᠢ ᠳᠡᠭᠡᠭ᠌ᠰᠢᠯᠡᠭᠦᠯᠬᠦ᠌ ᠴᠢᠬᠤᠯᠠ ᠠᠷᠭ᠎ᠠ ᠵᠠᠮ ᠮᠥᠨ᠃ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠠᠮ ᠪᠠ ᠤᠯᠤᠰ᠎ᠤᠨ ᠭᠠᠳᠠᠭᠠᠳᠤ ᠬᠠᠷᠢᠯᠴᠠᠭᠠᠨ᠎ᠤ ᠠᠵᠢᠯ᠎ᠤᠨ ᠶᠡᠬᠡ ᠲᠠᠯ᠎ᠠ᠎ᠶ᠋ᠢ ᠲᠠᠭᠠᠵᠦ᠍ ᠲᠡᠭᠦᠨ᠎ᠳᠦ ᠦᠢᠯᠡᠴᠢᠯᠡᠨ᠂ ᠤᠯᠤᠰ᠎ᠤᠨ ᠠᠮᠤᠷ ᠲᠦᠪᠱᠢᠨ᠎ᠦ ᠤᠬᠠᠮᠰᠠᠷ᠎ᠢᠶᠠᠨ ᠴᠢᠩᠭᠠᠳᠭᠠᠵᠤ᠂ ᠥᠪᠡᠷ᠎ᠦᠨ ᠬᠢ᠎ᠪᠡᠷ᠎ᠢᠶᠡᠨ ᠭᠣᠣᠯ ᠪᠣᠯᠭᠠᠬᠤ᠂ ᠥᠪᠡᠷ᠎ᠦᠨ ᠬᠢ᠎ᠪᠡᠨ ᠪᠣᠯᠭᠠᠵᠤ ᠬᠡᠷᠡᠭ᠌ᠯᠡᠬᠦ᠌᠂ ᠬᠠᠷᠢᠯᠴᠠᠨ ᠰᠤᠷᠤᠯᠴᠠᠵᠦ᠍ ᠬᠠᠷᠢᠯᠴᠠᠨ ᠲᠤᠯᠢ ᠪᠣᠯᠭᠠᠬᠤ ᠵᠠᠷᠴᠢᠮ᠎ᠢ ᠵᠢᠷᠤᠮᠯᠠᠨ᠂ ᠡᠯ᠎ᠡ ᠲᠠᠯ᠎ᠠ᠎ᠶ᠋ᠢᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠬᠦᠯᠵᠤ᠂ ᠭᠠᠳᠠᠭ᠍ᠰᠢ ᠨᠡᠭᠡᠭᠡᠯᠳᠠ ᠬᠢᠵᠤ ᠰᠤᠷᠭᠠᠭᠤᠯᠢ ᠡᠷᠬᠢᠯᠡᠬᠦ᠌᠎ᠶ᠋ᠢ ᠬᠥᠭ᠌ᠵᠢᠭᠦᠯᠦᠨ᠂ ᠤᠯᠠᠨ ᠤᠯᠤᠰ᠎ᠤᠨ ᠲᠠᠮᠵᠢᠭᠤᠯᠭ᠎ᠠ᠎ᠶᠢᠨ ᠠᠵᠢᠯ᠎ᠤᠨ ᠳᠤᠮᠳᠠ ᠦᠢᠯᠡᠳᠦᠯ᠎ᠢᠶᠡᠨ ᠢᠳᠡᠪᠬᠢᠲᠡᠢ ᠪᠠᠳᠠᠷᠠᠭᠤᠯᠬᠤ ᠭᠡᠷᠡᠭᠳᠠᠢ᠃

  ᠳᠥᠴᠢᠨ ᠬᠣᠶᠠᠳᠤᠭᠠᠷ ᠵᠦᠶ᠋ᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠣᠯᠠᠨ ᠵᠦᠶ᠋ᠯ᠎ᠦᠨ ᠠᠷᠭ᠎ᠠ ᠬᠡᠯᠪᠡᠷᠢ᠎ᠪᠡᠷ ᠤᠯᠤᠰ (ᠬᠢᠯᠢ)᠎ᠤᠨ ᠭᠠᠳᠠᠨᠠᠬᠢ ᠡᠷᠳᠡᠮ ᠱᠢᠨᠵᠢᠯᠡᠭᠡᠨ᠎ᠦ ᠰᠤᠳᠤᠯᠭᠠᠨ᠎ᠤ ᠪᠠᠢᠭᠤᠯᠤᠮᠵᠢ᠂ ᠣᠶᠤᠨ᠎ᠤ ᠬᠥᠮᠥᠷᠭᠡ᠂ ᠲᠥᠷᠥ᠎ᠶ᠋ᠢᠨ ᠨᠠᠮ ᠵᠡᠷᠭᠡ᠎ᠯᠦᠭᠡ᠎ᠶ᠋ᠢᠨ ᠡᠷᠳᠡᠮ ᠱᠢᠨᠵᠢᠯᠡᠭᠡᠨ᠎ᠦ ᠰᠣᠯᠢᠯᠴᠠᠭ᠎ᠠ ᠪᠠ ᠬᠠᠮᠲᠤᠷᠠᠯᠴᠠᠭ᠎ᠠ᠎ᠶ᠋ᠢ ᠥᠷᠨᠢᠭᠦᠯᠵᠦ᠍᠂ ᠬᠥᠭ᠌ᠵᠢᠵᠦ᠍ ᠪᠠᠢᠭ᠎ᠠ ᠤᠯᠤᠰ᠎ᠤ᠋ᠳ ᠯᠤᠭ᠎ᠠ᠎ᠶ᠋ᠢᠨ ᠰᠣᠯᠢᠯᠴᠠᠭ᠎ᠠ ᠪᠠ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠣᠨᠴᠠᠯᠢᠭ᠎ᠪᠦᠬᠦᠢ ᠲᠥᠷᠥ᠎ᠶ᠋ᠢ ᠵᠠᠰᠠᠵᠤ ᠵᠠᠰᠠᠭ᠎ᠢ ᠡᠷᠭᠢᠯᠡᠬᠦ᠌ ᠲᠤᠷᠱᠢᠯᠭ᠎ᠠ᠎ᠶ᠋ᠢᠨ ᠰᠣᠯᠢᠯᠴᠠᠭ᠎ᠠ᠂ ᠡᠷᠳᠡᠮ ᠱᠢᠨᠵᠢᠯᠡᠭᠡᠨ᠎ᠦ ᠣᠨᠣᠯ᠎ᠤᠨ ᠳᠠᠮᠵᠢᠭᠤᠯᠭ᠎ᠠ᠂ ᠪᠣᠯᠪᠠᠰᠤᠨ᠎ᠤ ᠰᠣᠯᠢᠯᠴᠠᠭ᠎ᠠ ᠬᠠᠷᠢᠯᠴᠠᠨ ᠲᠣᠯᠢ ᠪᠤᠯᠭᠠᠬᠤ ᠪᠠ ᠣᠯᠠᠨ ᠤᠯᠤᠰ᠎ᠤᠨ ᠬᠠᠮᠲᠤᠷᠠᠯᠴᠠᠭᠠᠨ᠎ᠤ ᠲᠠᠪᠴᠠᠩ᠎ᠢ ᠪᠠᠢᠭᠤᠯᠬᠤ ᠭᠡᠷᠡᠭᠳᠠᠢ᠃

  ᠳᠥᠴᠢᠨ ᠭᠤᠷᠪᠠᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠭᠠᠨ ᠰᠤᠷᠭᠠᠯᠲᠠ᠂ ᠱᠢᠨᠵᠢᠯᠡᠬᠦ᠌ ᠤᠬᠠᠭᠠᠨ᠎ᠤ ᠰᠤᠳᠤᠯᠭᠠᠨ ᠪᠠ ᠬᠠᠮᠢᠶᠠᠷᠤᠯᠲᠠ᠎ᠶ᠋ᠢᠨ ᠠᠵᠢᠯᠳᠠᠨ ᠵᠡᠷᠭᠡ᠎ᠶ᠋ᠢ ᠰᠣᠩᠭᠣᠨ ᠲᠣᠮᠢᠯᠠᠵᠤ ᠤᠯᠤᠰ (ᠬᠢᠯᠢ)᠎ᠤᠨ ᠭᠠᠳᠠᠭᠠᠳᠤ᠎ᠳᠤ ᠰᠤᠷᠤᠯᠴᠠᠭᠤᠯᠬᠤ᠂ ᠡᠷᠳᠡᠮ ᠱᠢᠨᠵᠢᠯᠡᠭᠡᠨ᠎ᠦ ᠶᠠᠷᠢᠶ᠎ᠠ ᠲᠠᠯᠪᠢᠭᠤᠯᠬᠤ᠂ ᠡᠷᠳᠡᠮ ᠱᠢᠨᠵᠢᠯᠡᠭᠡᠨ᠎ᠦ ᠰᠣᠯᠢᠯᠴᠠᠭ᠎ᠠ ᠪᠠ ᠬᠠᠮᠲᠤᠷᠠᠯᠴᠠᠭ᠎ᠠ᠎ᠶ᠋ᠢ ᠥᠷᠨᠢᠭᠦᠯᠬᠦ᠌᠂ ᠤᠯᠤᠰ (ᠬᠢᠯᠢ)᠎ᠤᠨ ᠭᠠᠳᠠᠨᠠᠬᠢ ᠡᠷᠳᠡᠮᠲᠡᠨ ᠪᠠ ᠨᠡᠷᠡᠳᠤ ᠬᠥᠮᠦᠰ᠎ᠢ ᠤᠷᠢᠵᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠳ᠋ᠤ ᠠᠢᠯᠴᠢᠯᠠᠭᠤᠯᠬᠤ᠂ ᠡᠷᠳᠡᠮ ᠱᠢᠨᠵᠢᠯᠡᠭᠡᠨ᠎ᠦ ᠶᠠᠷᠢᠶ᠎ᠠ ᠲᠠᠯᠪᠢᠭᠤᠯᠬᠤ᠂ ᠡᠷᠳᠡᠮ ᠱᠢᠨᠵᠢᠯᠡᠭᠡᠨ᠎ᠦ ᠰᠣᠯᠢᠯᠴᠠᠭ᠎ᠠ ᠪᠠ ᠬᠠᠮᠲᠤᠷᠠᠯᠴᠠᠭ᠎ᠠ᠎ᠶ᠋ᠢ ᠥᠷᠨᠢᠭᠦᠯᠬᠦ᠌᠂ ᠤᠯᠠᠨ ᠤᠯᠤᠰ᠎ᠤᠨ ᠬᠤᠷᠠᠯ᠂ ᠶᠠᠷᠢᠶᠠᠨ᠎ᠤ ᠲᠠᠪᠴᠠᠩ᠎ᠢ ᠡᠷᠬᠢᠯᠡᠬᠦ᠌ ᠪᠤᠶᠤ ᠲᠡᠭᠦᠨ᠎ᠳᠦ ᠣᠷᠣᠯᠴᠠᠭᠤᠯᠬᠤ ᠵᠡᠷᠭᠡ ᠠᠷᠭ᠎ᠠ ᠮᠠᠶᠢᠭ᠎ᠢᠶᠠᠷ ᠳᠠᠮᠵᠢᠨ᠂ ᠭᠠᠳᠠᠭᠠᠳᠤ᠎ᠯᠤᠭ᠎ᠠ᠎ᠶ᠋ᠢᠨ ᠬᠠᠮᠲᠤᠷᠠᠯᠴᠠᠭ᠎ᠠ ᠰᠣᠯᠢᠯᠴᠠᠭ᠎ᠠ᠎ᠪᠠᠨ ᠴᠢᠩᠭᠠᠳᠬᠠᠬᠤ ᠭᠡᠷᠡᠭᠳᠠᠢ᠃

  ᠳᠥᠴᠢᠨ ᠳᠥᠷᠪᠡᠳᠦᠭᠡᠷ ᠵᠦᠶ᠋ᠯ ᠣᠯᠠᠨ ᠤᠯᠤᠰ ᠪᠣᠯᠤᠨ ᠱᠢᠶᠠᠩᠭᠠᠩ ᠣᠣᠮᠧᠨ᠎ᠳ᠋ᠤ ᠬᠠᠨᠳᠤᠭᠤᠯᠤᠬᠰᠡᠨ ᠪᠣᠯᠪᠠᠰᠤᠷᠠᠯ ᠬᠦᠷᠳᠡᠬᠡᠬᠦ ᠠᠵᠢᠯ᠎ᠢ ᠥᠷᠨᠢᠭᠦᠯᠵᠦ᠍᠂ ᠪᠣᠯᠪᠠᠰᠤᠷᠠᠯ ᠬᠦᠷᠳᠡᠬᠡᠬᠦ ᠲᠣᠭ᠍ᠲᠠᠴᠠ ᠪᠣᠯᠤᠨ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠴᠦ᠍᠂ ᠪᠣᠯᠪᠠᠰᠤᠷᠠᠯ᠎ᠤᠨ ᠬᠢᠴᠢᠶᠡᠯ᠎ᠦᠨ ᠱᠢᠰᠲ᠋ᠧᠮ᠎ᠢ ᠲᠡᠭᠦᠯᠳᠡᠷᠵᠢᠭᠦᠯᠦᠨ᠂ ᠪᠣᠯᠪᠠᠰᠤᠷᠠᠯ᠎ᠤᠨ ᠵᠢᠭᠠᠬᠤ ᠮᠠᠲ᠋ᠧᠷᠢᠶᠠᠯ᠎ᠢ ᠨᠠᠢᠷᠠᠭᠤᠯᠤᠨ ᠵᠣᠬᠢᠶᠠᠵᠤ᠂ ᠪᠣᠯᠪᠠᠰᠤᠷᠠᠯ᠎ᠤᠨ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃

  ᠳᠥᠴᠢᠨ ᠲᠠᠪᠤᠳᠤᠭᠠᠷ ᠵᠦᠢᠯ ᠭᠠᠳᠠᠭᠠᠳᠤ᠎ᠯᠤᠭ᠎ᠠ᠎ᠶ᠋ᠢᠨ ᠦᠭᠡ ᠬᠡᠯᠡᠨ᠎ᠤ ᠱᠢᠰᠲ᠋ᠧᠮ᠎ᠦᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ᠎ᠤᠨ ᠦᠭᠡ ᠬᠡᠯᠡ ᠪᠠ ᠳᠤᠮᠳᠠᠳᠤ ᠤᠯᠤᠰ᠎ᠤᠨ ᠦᠬᠦᠯᠡᠬᠦ ᠱᠢᠰᠲ᠋ᠧᠮ᠎ᠢᠶᠡᠷ ᠳᠤᠮᠳᠠᠳᠤ ᠤᠯᠤᠰ᠎ᠤᠨ ᠦᠯᠢᠭᠡᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠯᠢᠭᠡᠷ᠎ᠢ ᠰᠠᠢᠲᠤᠷ ᠶᠠᠷᠢᠬᠤ᠎ᠶ᠋ᠢ ᠴᠢᠬᠤᠯᠠᠴᠢᠯᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠠᠢᠲᠤᠷ ᠤᠬᠠᠭᠤᠯᠤᠨ ᠲᠠᠨᠢᠯᠴᠠᠭᠤᠯᠬᠤ ᠭᠡᠷᠡᠭᠳᠠᠢ᠃ ᠣᠯᠠᠨ ᠤᠯᠤᠰ᠎ᠤᠨ ᠲᠠᠮᠵᠢᠭᠤᠯᠭ᠎ᠠ᠎ᠶᠢᠨ ᠮᠡᠳᠡᠯᠭᠡ᠎ᠶ᠋ᠢᠨ ᠪᠣᠯᠪᠠᠰᠤᠷᠠᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠣᠯᠠᠨ ᠤᠯᠤᠰ᠎ᠤᠨ ᠲᠠᠮᠵᠢᠭᠤᠯᠭ᠎ᠠ᠎ᠶᠢᠨ ᠣᠨᠣᠯ᠎ᠤᠨ ᠰᠤᠳᠤᠯᠭᠠᠨ᠎ᠤ ᠲᠦᠪᠰᠢᠨ᠎ᠢ ᠳᠡᠭᠡᠭ᠌ᠰᠢᠯᠡᠭᠦᠯᠬᠦ ᠭᠡᠷᠡᠭᠳᠠᠢ᠃

  ᠳᠣᠯᠣᠳᠤᠭᠠᠷ ᠪᠦᠯᠦᠭ ᠰᠤᠷᠤᠯᠭᠠᠳᠠᠳ᠎ᠤᠨ ᠬᠠᠮᠢᠶᠠᠷᠤᠯᠲᠠ

  ᠳᠥᠴᠢᠨ ᠵᠢᠷᠭᠤᠳᠤᠭᠠᠷ ᠵᠦᠢᠯ ᠰᠤᠷᠤᠯᠭᠠᠳᠠᠳ᠎ᠤᠨ ᠬᠠᠮᠢᠶᠠᠷᠤᠯᠲᠠ ᠪᠣᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠬᠥᠮᠦᠵᠢᠭᠦᠯᠬᠦ᠌ ᠬᠠᠷᠠᠯᠲᠠ᠎ᠶ᠋ᠢ ᠪᠡᠶᠡᠯᠡᠭᠦᠯᠬᠦ᠌ ᠴᠢᠬᠤᠯᠠ ᠵᠠᠩᠭᠢᠯᠠᠭ᠎ᠠ ᠪᠣᠯᠤᠨ᠎ᠠ᠃ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠢ ᠤᠳᠤᠷᠢᠳᠤᠯᠭ᠎ᠠ᠎ᠪᠠᠨ ᠴᠢᠩᠭᠠᠳᠭᠠᠨ᠂ ᠪᠣᠯᠪᠠᠰᠤᠷᠠᠯ᠎ᠢᠶᠠᠨ ᠴᠢᠩᠭᠠᠷᠠᠭᠤᠯᠵᠤ᠂ ᠬᠠᠮᠢᠶᠠᠷᠤᠯᠲᠠ ᠎ᠪᠠᠨ ᠴᠢᠩᠳᠠᠯᠠᠨ᠂ ᠪᠣᠳᠠᠲᠤ ᠦᠷ᠎ᠡ ᠪᠦᠲᠦᠮᠵᠢ᠎ᠶ᠋ᠢ ᠴᠢᠬᠤᠯᠠᠴᠢᠯᠠᠵᠤ᠂ ᠴᠢᠩᠭ᠎ᠠ ᠱᠠᠭᠠᠷᠳᠠᠬᠤ᠎ᠶ᠋ᠢ ᠪᠠᠷᠢᠮᠲᠠᠯᠠᠨ᠂ ᠬᠠᠮᠢᠶᠠᠷᠤᠯᠲᠠ᠎ᠶ᠋ᠢᠨ ᠳᠦᠷᠢᠮ ᠎ᠢᠶᠡᠨ ᠪᠦᠷᠢᠨᠱᠢᠭᠦᠯᠵᠦ᠍᠂ ᠬᠠᠮᠢᠶᠠᠷᠤᠯᠲᠠ᠎ᠶ᠋ᠢᠨ ᠠᠷᠭ᠎ᠠ ᠮᠠᠶᠢᠭ᠎ᠢᠶᠠᠨ ᠰᠠᠢᠵᠢᠷᠠᠭᠤᠯᠤᠨ᠂ ᠬᠠᠮᠢᠶᠠᠷᠤᠯᠲᠠ᠎ᠶ᠋ᠢᠨ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠬᠦ᠌ ᠬᠡᠷᠡᠭ᠌ᠲᠡᠶ᠃

  ᠳᠥᠴᠢᠨ ᠳᠣᠯᠣᠳᠤᠭᠠᠷ ᠵᠦᠢᠯ ᠰᠤᠷᠤᠯᠭᠠᠳᠠᠳ᠎ᠤᠨ ᠬᠠᠮᠢᠶᠠᠷᠤᠯᠲᠠ᠎ᠳᠤ ᠨᠠᠮᠴᠢ ᠴᠢᠨᠠᠷ᠎ᠤᠨ ᠬᠥᠮᠦᠵᠢᠯ᠂ ᠰᠤᠷᠤᠯᠴᠠᠯᠭ᠎ᠠ᠎ᠶ᠋ᠢᠨ ᠬᠠᠮᠢᠶᠠᠷᠤᠯᠲᠠ᠂ ᠵᠣᠬᠢᠶᠠᠨ ᠪᠠᠢᠭᠤᠯᠤᠯᠲᠠ᠎ᠶᠢᠨ ᠬᠠᠮᠢᠶᠠᠷᠤᠯᠲᠠ ᠪᠠ ᠠᠮᠢᠳᠤᠷᠠᠯ᠎ᠤᠨ ᠬᠠᠮᠢᠶᠠᠷᠤᠯᠲᠠ ᠪᠠᠭ᠍ᠲᠠᠨ᠎ᠠ᠃ ᠨᠠᠮᠴᠢ ᠴᠢᠨᠠᠷ᠎ᠤᠨ ᠬᠥᠮᠦᠵᠢᠯ᠎ᠢ ᠰᠤᠷᠤᠯᠭᠠᠳᠠᠳ᠎ᠤᠨ ᠬᠠᠮᠢᠶᠠᠷᠤᠯᠲᠠ᠎ᠶ᠋ᠢᠨ ᠪᠦᠬᠦ᠌ ᠶᠠᠪᠤᠴᠠ᠎ᠳᠤ ᠲᠤᠭᠤᠰᠢᠯᠠᠭᠤᠯᠬᠤ ᠬᠡᠷᠡᠭ᠌ᠲᠡᠢ᠃ ᠰᠤᠷᠤᠯᠴᠠᠯᠭ᠎ᠠ᠎ᠶᠢᠨ ᠬᠠᠮᠢᠶᠠᠷᠤᠯᠲᠠ᠎ᠳᠤ ᠰᠤᠷᠤᠯᠴᠠᠯᠭ᠎ᠠ᠎ᠶ᠋ᠢ ᠬᠥᠲᠥᠯᠥᠨ ᠵᠢᠯᠣᠭᠣᠳᠭᠤ᠂ ᠰᠤᠷᠤᠯᠴᠠᠯᠭ᠎ᠠ᠎ᠶ᠋ᠢ ᠠᠬᠢᠭᠤᠯᠬᠤ᠂ ᠰᠤᠷᠤᠯᠴᠠᠯᠭ᠎ᠠ᠎ᠶ᠋ᠢ ᠬᠢᠨᠠᠨ ᠵᠢᠯᠣᠭᠣᠳᠭᠤ᠎ᠶ᠋ᠢ ᠴᠢᠩᠭᠠᠳᠭᠠᠵᠤ᠂ ᠰᠤᠷᠤᠯᠭᠠᠳᠠᠳ᠎ᠢ ᠬᠥᠲᠥᠯᠥᠨ ᠵᠢᠯᠣᠭᠣᠳᠴᠤ᠌ ᠰᠤᠷᠤᠯᠴᠠᠯᠭ᠎ᠠ᠎ᠶ᠋ᠢᠨ ᠡᠭᠦᠷᠭᠡ᠎ᠶ᠋ᠢ ᠨᠢ ᠪᠡᠶᠡᠯᠡᠭᠦᠯᠬᠦ᠌ ᠬᠡᠷᠡᠭ᠌ᠲᠡᠶ᠃ ᠵᠣᠬᠢᠶᠠᠨ ᠪᠠᠢᠭᠤᠯᠤᠯᠲᠠ᠎ᠶᠢᠨ ᠬᠠᠮᠢᠶᠠᠷᠤᠯᠲᠠ᠎ᠳᠤ ᠪᠣᠯᠪᠠᠰᠤᠷᠠᠯ᠎ᠤᠨ ᠬᠤᠭᠤᠴᠠᠭᠠᠨ᠎ᠳᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠵᠤ᠂ ᠰᠤᠷᠭᠠᠭᠤᠯᠢ᠎ᠶᠢᠨ ᠬᠠᠷᠢᠶ᠎ᠠ᠂ ᠠᠵᠢᠯ᠎ᠳᠤ ᠭᠠᠷᠬᠤ᠎ᠶ᠋ᠢ ᠲᠠᠮᠳᠡᠭᠯᠡᠬᠦ ᠵᠡᠷᠭᠡ ᠲᠦᠷᠢᠮ᠎ᠢ ᠲᠡᠭᠦᠯᠳᠡᠷᠵᠢᠭᠦᠯᠦᠨ ᠴᠢᠩᠳᠠᠯᠠᠵᠤ᠂ ᠰᠤᠷᠤᠯᠭᠠᠳᠠᠳ᠎ᠤᠨ ᠲᠦᠷ ᠴᠠᠭ᠎ᠤᠨ ᠨᠠᠮ᠎ᠤᠨ ᠡᠭᠦᠷ ᠪᠠ ᠠᠩᠭᠢ᠎ᠶ᠋ᠢᠨ ᠵᠥᠪᠯᠡᠯ᠎ᠦᠨ ᠦᠶ᠋ᠯᠡᠳᠦᠯ᠎ᠢ ᠴᠢᠬᠤᠯᠠᠴᠢᠯᠠᠨ ᠪᠠᠳᠠᠷᠠᠭᠤᠯᠬᠤ ᠬᠡᠷᠡᠭ᠌ᠲᠡᠶ᠃ ᠠᠮᠢᠳᠤᠷᠠᠯ᠎ᠤᠨ ᠬᠠᠮᠢᠶᠠᠷᠤᠯᠲᠠ᠎ᠳᠤ ᠰᠤᠷᠭᠠᠭᠤᠯᠢ᠎ᠶ᠋ᠢᠨ ᠲᠦᠷᠢᠮ ᠲᠣᠭ᠍ᠲᠠᠭᠠᠯ ᠰᠠᠬᠢᠯᠭ᠎ᠠ ᠪᠠᠲᠤ᠎ᠶ᠋ᠢ ᠴᠢᠩᠭ᠎ᠠ ᠬᠡᠷᠡᠭ᠌ᠵᠢᠭᠦᠯᠵᠦ᠍᠂ ᠡᠷᠡᠭᠦᠯ ᠰᠠᠷᠠᠭᠤᠯ ᠰᠣᠶᠣᠯ ᠪᠡᠶ᠎ᠡ᠎ᠶ᠋ᠢᠨ ᠲᠠᠮᠢᠷ᠎ᠤᠨ ᠠᠵᠢᠯᠯᠠᠭ᠎ᠠ᠎ᠶ᠋ᠢ ᠥᠷᠨᠢᠭᠦᠯᠬᠦ᠌ ᠬᠡᠷᠡᠭ᠌ᠲᠡᠢ᠃

  ᠳᠥᠴᠢᠨ ᠨᠠᠢ᠍ᠮᠠᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠡᠯ᠎ᠡ ᠠᠩᠭᠢ᠎ᠳᠤ ᠲᠤᠰᠭᠠᠢ ᠲᠤᠱᠢᠶᠠᠯᠳᠤ ᠵᠣᠬᠢᠶᠠᠨ ᠪᠠᠢᠭᠤᠯᠤᠭ᠍ᠴᠢ ᠪᠤᠶᠤ ᠠᠩᠭᠢ᠎ᠶ᠋ᠢᠨ ᠡᠷᠬᠢᠯᠡᠭ᠌ᠴᠢ ᠲᠤᠬᠢᠷᠠᠭᠤᠯᠵᠤ᠂ ᠰᠤᠷᠤᠯᠭᠠᠳᠠᠳ᠎ᠤᠨ ᠡᠳᠦᠷ ᠲᠤᠳᠤᠮ᠎ᠤᠨ ᠬᠠᠮᠢᠶᠠᠷᠤᠯᠲᠠ᠎ᠶ᠋ᠢᠨ ᠠᠵᠢᠯ᠎ᠢ ᠬᠠᠷᠢᠭᠤᠴᠠᠭᠤᠯᠬᠤ ᠭᠡᠷᠡᠭᠳᠠᠢ᠃ ᠵᠣᠬᠢᠶᠠᠨ ᠪᠠᠢᠭᠤᠯᠤᠭ᠍ᠴᠢ ᠪᠤᠶᠤ ᠠᠩᠭᠢ᠎ᠶ᠋ᠢᠨ ᠡᠷᠬᠢᠯᠡᠭ᠌ᠴᠢ᠎ᠶ᠋ᠢᠨ ᠲᠤᠱᠢᠶᠠᠯ᠎ᠢ ᠬᠠᠷᠠᠭᠠᠯᠵᠠᠬᠰᠠᠨ ᠲᠡᠰ ᠢᠯᠭᠠᠯ᠎ᠤᠨ ᠺᠠᠳ᠋ᠷ᠎ᠡᠴᠡ ᠡᠭᠦᠷᠭᠡᠯᠡᠬᠦ ᠭᠡᠷᠡᠭᠳᠠᠢ᠃

  ᠳᠥᠴᠢ ᠶᠢᠰᠦᠳᠦᠭᠡᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠡᠯ᠎ᠡ ᠠᠩᠭᠢ᠎ᠳᠤ ᠡᠩ᠎ᠦᠨ ᠪᠠᠢᠳᠠᠯ ᠳᠣᠣᠷ᠎ᠠ ᠰᠤᠷᠤᠯᠭᠠᠳᠠᠳ᠎ᠤᠨ ᠲᠦᠷ ᠴᠠᠭ᠎ᠤᠨ ᠨᠠᠮ᠎ᠤᠨ ᠡᠭᠦᠷ ᠪᠠᠢᠭᠤᠯᠬᠤ ᠬᠡᠷᠡᠭ᠌ᠲᠡᠢ᠃ ᠰᠤᠷᠭᠠᠭᠤᠯᠢ (ᠳᠡᠭᠡᠳᠦ ᠰᠤᠷᠭᠠᠭᠤᠯᠢ)᠎ᠶᠢᠨ ᠵᠥᠪᠯᠡᠯ᠎ᠦᠨ ᠤᠳᠤᠷᠢᠳᠤᠯᠭ᠎ᠠ ᠪᠣᠯᠤᠨ ᠰᠤᠷᠤᠯᠭᠠᠳᠠᠳ᠎ᠤᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ ᠵᠢᠯᠣᠭᠣᠳᠤᠯᠭ᠎ᠠ ᠳᠣᠣᠷ᠎ᠠ᠂ ᠰᠤᠷᠤᠯᠭᠠᠳᠠᠳ᠎ᠢ ᠵᠣᠬᠢᠶᠠᠨ ᠪᠠᠢᠭᠤᠯᠤᠨ ᠤᠯᠤᠰ ᠲᠥᠷᠥ᠎ᠶ᠋ᠢᠨ ᠰᠤᠷᠤᠯᠴᠠᠯᠭ᠎ᠠ᠎ᠶ᠋ᠢ ᠥᠷᠨᠢᠭᠦᠯᠵᠦ᠍᠂ ᠰᠤᠷᠤᠯᠭᠠᠳᠠᠳ᠎ᠲᠤ ᠬᠥᠮᠦᠵᠢᠯ᠂ ᠬᠠᠮᠢᠶᠠᠷᠤᠯᠲᠠ᠂ ᠬᠢᠨᠠᠯᠲᠠ ᠲᠠᠯᠪᠢᠬᠤ ᠪᠣᠯᠤᠨ ᠦᠢᠯᠡᠴᠢᠯᠡᠭᠡ ᠬᠠᠩᠭᠠᠬᠤ ᠬᠡᠷᠡᠭ᠌ᠲᠡᠶ᠃

  ᠲᠠᠪᠢᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠢ ᠨᠠᠮ᠎ᠤᠨ ᠬᠣᠷᠢᠶ᠎ᠠ᠎ᠶᠢᠨ ᠵᠣᠬᠢᠶᠠᠨ ᠪᠠᠢᠭᠤᠯᠬᠤ ᠰᠠᠯᠠᠭ᠎ᠠ ᠮᠥᠴᠢᠷ᠂ ᠰᠤᠷᠤᠯᠭᠠᠳᠠᠳ ᠲᠣᠮᠢᠯᠠᠭ᠍ᠰᠠᠨ ᠨᠢᠭᠡᠴᠢ᠎ᠯᠦᠭᠡ᠎ᠶ᠋ᠢᠨ ᠵᠣᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭᠠᠳᠭᠠᠵᠤ᠂ ᠴᠢᠩᠭ᠎ᠠ ᠬᠠᠮᠢᠶᠠᠷᠬᠤ᠂ ᠪᠦᠲᠦᠮᠵᠢᠲᠡᠢ ᠬᠢᠨᠠᠯᠲᠠ ᠲᠠᠯᠪᠢᠬᠤ ᠲᠦᠷᠢᠮ ᠪᠠ ᠲᠣᠭ᠍ᠲᠠᠴᠠ᠎ᠶ᠋ᠢ ᠪᠦᠷᠢᠯᠳᠦᠭᠦᠯᠬᠦ᠌ ᠬᠡᠷᠡᠭ᠌ᠲᠡᠢ᠃

  ᠲᠠᠪᠢᠨ ᠨᠢᠭᠡᠳᠦᠭᠡᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠰᠤᠷᠤᠯᠭᠠᠳᠠᠳ᠎ᠤᠨ ᠪᠣᠯᠪᠠᠰᠤᠷᠠᠯ᠎ᠤᠨ ᠪᠠᠢᠳᠠᠯ᠎ᠤᠨ ᠲᠤᠬᠠᠢ ᠰᠢᠯᠭᠠᠨ ᠬᠢᠨᠠᠬᠤ ᠪᠡᠨ ᠴᠢᠩᠭᠠᠳᠭᠠᠵᠤ᠂ ᠰᠤᠷᠤᠯᠭᠠᠳᠠᠳ᠎ᠤᠨ ᠰᠤᠷᠤᠯᠴᠠᠬᠤ ᠣᠪᠣᠷ ᠪᠣᠯᠤᠨ ᠢᠯᠡᠷᠡᠯ᠂ ᠤᠨᠤᠯ᠂ ᠮᠡᠳᠡᠯᠭᠡ᠎ᠶ᠋ᠢ ᠡᠵᠡᠮᠱᠢᠭ᠌ᠰᠡᠨ ᠬᠡᠮᠵᠢᠶ᠎ᠡ᠂ ᠨᠠᠮᠴᠢ ᠴᠢᠨᠠᠷ᠎ᠤᠨ ᠭᠡᠪ ᠪᠣᠯᠪᠠᠰᠤᠷᠠᠯ᠂ ᠭᠡᠪ ᠰᠤᠷᠲᠠᠯ᠎ᠢ ᠪᠤᠢ ᠪᠤᠯᠭᠠᠬᠰᠡᠨ ᠪᠠ ᠲᠦᠷᠢᠮ ᠲᠣᠭ᠍ᠲᠠᠭᠠᠯ ᠰᠠᠬᠢᠯᠭ᠎ᠠ ᠪᠠᠲᠤ᠎ᠶ᠋ᠢ ᠵᠢᠷᠤᠮᠯᠠᠭ᠍ᠰᠠᠨ ᠪᠠᠢᠳᠠᠯ ᠵᠢᠴᠢ ᠪᠣᠳᠠᠲᠠᠢ ᠠᠰᠠᠭᠤᠳᠠᠯ᠎ᠢ ᠱᠢᠢᠳᠪᠦᠷᠢᠯᠡᠬᠦ᠌ ᠴᠢᠳᠠᠪᠤᠷᠢ ᠵᠡᠷᠭᠡ᠎ᠶ᠋ᠢ ᠪᠦᠬᠦ᠌ ᠲᠠᠯ᠎ᠠ᠎ᠪᠠᠷ ᠰᠢᠯᠭᠠᠨ ᠬᠢᠨᠠᠵᠤ ᠦᠨᠡᠯᠡᠬᠦ᠌ ᠬᠡᠷᠡᠭ᠌ᠲᠡᠢ᠃ ᠰᠢᠯᠭᠠᠨ ᠬᠢᠨᠠᠬᠰᠡᠨ ᠪᠠᠢᠳᠠᠯ᠎ᠢ ᠺᠠᠳ᠋ᠷ᠎ᠤᠨ ᠬᠠᠮᠢᠶᠠᠷᠤᠯᠲᠠ᠎ᠶ᠋ᠢᠨ ᠡᠷᠬᠡ᠎ᠶ᠋ᠢᠨ ᠬᠡᠪᠴᠢᠶ᠎ᠡ ᠶᠣᠰᠣᠭᠠᠷ ᠵᠣᠬᠢᠶᠠᠨ ᠪᠠᠢᠭᠤᠯᠬᠤ ᠪᠠ ᠠᠵᠢᠯᠳᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠲᠦ ᠬᠠᠷᠢᠭᠤ ᠲᠤᠰᠭᠠᠬᠤ ᠭᠡᠷᠡᠭᠳᠠᠢ᠃

  ᠰᠤᠷᠤᠯᠭᠠᠳᠠᠳ᠎ᠰᠤᠷᠭᠠᠭᠤᠯᠢ᠎ᠳᠤ ᠪᠠᠢᠬᠤ ᠬᠤᠭᠤᠴᠠᠭᠠᠨ᠎ᠳᠠᠭᠠᠨ ᠬᠣᠯᠪᠣᠭ᠍ᠳᠠᠯ ᠪᠥᠬᠥᠶ ᠲᠣᠭ᠍ᠲᠠᠭᠠᠯ ᠪᠠ ᠰᠠᠬᠢᠯᠭ᠎ᠠ ᠪᠠᠲᠤ᠎ᠶ᠋ᠢ ᠵᠥᠷᠢᠴᠡᠭ᠌ᠰᠡᠨ ᠪᠠᠢᠪᠠᠯ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠠᠴᠠ ᠦᠶ᠋ᠯᠡ ᠪᠠᠢᠳᠠᠯ᠎ᠤᠨ ᠬᠦᠨᠳᠦ ᠬᠥᠩᠭᠡᠨ᠎ᠢ᠎ᠨᠢ ᠦᠵᠡᠵᠦ᠍᠂ ᠵᠣᠬᠢᠶᠠᠨ ᠪᠠᠢᠭᠤᠯᠬᠤ ᠪᠠ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠯᠤᠭᠡ ᠵᠥᠪᠳᠡᠯᠴᠡᠵᠦ᠍ ᠪᠣᠯᠵᠣᠨ ᠶᠠᠷᠢᠯᠴᠠᠵᠤ ᠰᠠᠨᠠᠭᠤᠯᠬᠤ᠂ ᠵᠠᠷᠯᠠᠨ ᠱᠢᠭᠦᠮᠵᠢᠯᠡᠬᠦ᠌᠂ ᠵᠠᠷᠯᠢᠭ᠍ᠳᠠᠵᠤ ᠰᠤᠷᠤᠯᠭ᠎ᠠ᠎ᠶ᠋ᠢ᠎ᠨᠢ ᠵᠣᠭ᠍ᠰᠣᠭᠠᠬᠤ ᠵᠡᠷᠭᠡ ᠎ᠪᠡᠷ ᠱᠢᠶ᠋ᠳᠪᠦᠷᠢᠯᠡᠬᠦ ᠭᠡᠷᠡᠭᠳᠠᠢ; ᠦᠢᠯᠡ ᠪᠠᠢᠳᠠᠯ ᠨᠢ ᠬᠦᠨᠳᠦ ᠨᠣᠴᠢᠲᠠᠶ ᠪᠣᠯ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠠᠴᠠ ᠵᠣᠬᠢᠶᠠᠨ ᠪᠠᠢᠭᠤᠯᠤᠯᠲᠠ᠎ᠶᠢᠨ ᠲᠠᠯ᠎ᠠ᠎ᠪᠠᠷ ᠱᠢᠶ᠋ᠳᠪᠦᠷᠢᠯᠡᠵᠦ᠍᠂ ᠨᠠᠮ᠎ᠤᠨ ᠰᠠᠬᠢᠯᠭ᠎ᠠ ᠪᠠᠲᠤ ᠵᠠᠰᠠᠭ᠎ᠤᠨ ᠶᠠᠪᠤᠳᠠᠯ᠎ᠤᠨ ᠱᠢᠢᠳᠭᠡᠯ ᠦᠭᠬᠦ ᠭᠡᠷᠡᠭᠳᠠᠢ᠃

  ᠲᠠᠪᠢᠨ ᠬᠣᠶᠠᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠰᠤᠷᠤᠯᠭᠠᠳᠠᠳ᠎ᠤᠨ ᠴᠢᠯᠥᠭᠡ ᠭᠤᠶᠤᠬᠤ ᠴᠢᠯᠥᠭᠡ ᠲᠠᠢᠯᠬᠤ ᠳᠦᠷᠢᠮ᠎ᠢ ᠴᠢᠩᠭ᠎ᠠ ᠬᠡᠷᠡᠭ᠌ᠵᠢᠭᠦᠯᠬᠦ᠌ ᠬᠡᠷᠡᠭ᠌ᠲᠡᠶ᠃ ᠰᠤᠷᠤᠯᠭᠠᠳᠠᠳ᠎ᠪᠣᠯᠪᠠᠰᠤᠷᠠᠯ᠎ᠤᠨ ᠬᠤᠭᠤᠴᠠᠭᠠᠨ᠎ᠳᠤ᠂ ᠡᠩ᠎ᠦᠨ ᠪᠠᠢᠳᠠᠯ ᠳᠤᠤᠷ᠎ᠠ ᠪᠠᠢᠭ᠎ᠠ ᠨᠢᠭᠡᠴᠢ᠎ᠶ᠋ᠢᠨ᠎ᠢᠶᠡᠨ ᠡᠳᠦᠷ ᠲᠤᠲᠤᠮ᠎ᠤᠨ ᠠᠵᠢᠯ᠂ ᠭᠠᠳᠠᠭᠠᠳᠤ᠎ᠳᠤ (ᠬᠢᠯᠢ)ᠭᠠᠷᠴᠤ᠌ ᠱᠢᠨᠵᠢᠯᠡᠨ ᠪᠠᠢᠴᠠᠭᠠᠬᠤ ᠵᠡᠷᠭᠡ ᠡᠭᠦᠷᠭᠡ᠎ᠶ᠋ᠢ ᠡᠭᠦᠷᠭᠡᠯᠡᠬᠦ᠌ ᠥᠬᠡᠶ᠃ ᠣᠨᠴᠠᠭᠠᠶ ᠪᠠᠢᠳᠠᠯ᠎ᠡᠴᠡ ᠪᠣᠯᠵᠣ ᠦᠨᠡᠬᠡᠷ ᠴᠢᠯᠥᠭᠡ ᠭᠤᠶᠤᠬᠤ ᠴᠢᠬᠤᠯᠠᠲᠠᠶ ᠪᠠᠢᠪᠠᠯ᠂ ᠡᠷᠬᠡᠪᠰᠢ ᠭᠠᠷᠳᠠᠮ᠎ᠢ ᠴᠢᠩᠭ᠎ᠠ ᠭᠦᠶ᠋ᠴᠡᠳᠭᠡᠵᠦ᠍᠂ ᠴᠢᠯᠥᠭᠡ ᠭᠤᠶᠤᠭ᠍ᠰᠠᠨ ᠪᠦᠬᠦ ᠴᠠᠭ᠎ᠢ ᠵᠠᠷᠴᠢᠮ ᠳᠡᠭᠡᠷ᠎ᠡ᠎ᠪᠡᠨ ᠪᠥᠬᠥ᠌ ᠰᠤᠷᠤᠯᠭ᠎ᠠ᠎ᠶ᠋ᠢᠨ ᠴᠠᠭ᠎ᠤᠨ 1/7᠎ᠠᠴᠠ ᠬᠡᠲᠦᠷᠡᠭᠦᠯᠵᠦ᠍ ᠪᠣᠯᠬᠤ ᠥᠬᠡᠶ᠂ ᠬᠡᠲᠦᠷᠡᠭ᠌ᠰᠡᠨ ᠪᠠᠢᠪᠠᠯ ᠰᠤᠷᠤᠯᠭ᠎ᠠ᠎ᠪᠠᠨ ᠵᠣᠭ᠍ᠰᠣᠬᠤ ᠬᠡᠷᠡᠭ᠌ᠲᠡᠶ᠃

  ᠲᠡᠪᠢᠠ ᠭᠤᠷᠪᠠᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠰᠤᠷᠤᠯᠭ᠎ᠠ᠎ᠶ᠋ᠢᠨ ᠦᠨᠡᠮᠯᠡᠯ ᠪᠣᠯ ᠰᠤᠷᠤᠯᠭᠠᠳᠠᠳ᠎ᠤᠨ ᠰᠤᠷᠭᠠᠭᠤᠯᠢ᠎ᠳᠤ ᠰᠤᠷᠦᠯᠴᠡᠬ᠍ᠰᠡᠠ ᠬᠢᠷᠢ ᠪᠦᠲᠦᠮᠵᠢ᠎ᠶ᠋ᠢᠨ ᠭᠡᠷᠡᠴᠢ ᠪᠠᠷᠢᠮᠲᠠ ᠮᠥᠨ᠃ ᠰᠤᠷᠤᠯᠭᠠᠳᠠᠳ᠎ᠵᠢᠭᠠᠨ ᠰᠤᠷᠭᠠᠬᠤ ᠲᠥᠯᠥᠪᠯᠡᠭᠡ᠎ᠶ᠋ᠢᠨ ᠱᠠᠭᠠᠷᠳᠠᠯᠭ᠎ᠠ ᠶᠣᠰᠣᠭᠠᠷ ᠰᠤᠷᠤᠯᠴᠠᠬᠤ ᠡᠭᠦᠷᠭᠡ᠎ᠪᠡᠨ ᠪᠡᠶᠡᠯᠡᠭᠦᠯᠵᠦ᠍᠂ ᠰᠢᠯᠭᠠᠨ ᠬᠢᠨᠠᠭᠠᠳ ᠬᠢᠷᠢ ᠲᠡᠩᠴᠡᠭ᠌ᠰᠡᠨ ᠪᠣᠯ ᠰᠤᠷᠤᠯᠭ᠎ᠠ᠎ᠶ᠋ᠢᠨ ᠦᠨᠡᠮᠯᠡᠯ ᠣᠯᠭᠣᠬᠤ ᠭᠡᠷᠡᠭᠳᠠᠢ᠃ ᠶᠠᠮᠠᠷ ᠨᠢᠭᠡᠨ ᠱᠢᠯᠲᠠᠭᠠᠨ᠎ᠡᠴᠡ ᠪᠣᠯᠣᠭᠠᠳ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠪᠣᠯᠪᠠᠰᠤᠷᠠᠯ᠎ᠳᠤ ᠲᠣᠭ᠍ᠲᠠᠭᠠᠯ ᠶᠣᠰᠣᠭᠠᠷ ᠣᠷᠣᠯᠴᠠᠭ᠍ᠰᠠᠨ ᠦᠭᠡᠶ ᠪᠤᠶᠤ ᠪᠣᠯᠪᠠᠰᠤᠷᠠᠯ᠎ᠤᠨ ᠱᠠᠭᠠᠷᠳᠠᠯᠭ᠎ᠠ᠎ᠳᠤ ᠬᠦᠷᠦᠭᠡᠳᠦᠶ ᠪᠣᠯ ᠴᠠᠭ ᠲᠤᠬᠠᠶ᠎ᠳᠤᠨᠢ ᠨᠥᠬᠥᠵᠦ᠍ ᠪᠣᠯᠪᠠᠰᠤᠷᠠᠯ᠎ᠳᠤ ᠤᠷᠤᠯᠴᠠᠬᠤ ᠬᠡᠷᠡᠭ᠌ᠲᠡᠶ᠃ ᠨᠥᠬᠥᠵᠤ ᠪᠣᠯᠪᠠᠰᠤᠷᠠᠯ᠎ᠳᠤ ᠤᠷᠤᠯᠴᠠᠭᠠᠳ ᠬᠢᠷᠢ ᠲᠡᠩᠴᠡᠭ᠌ᠰᠡᠨ ᠪᠠᠢᠪᠠᠯ ᠰᠤᠷᠤᠯᠭ᠎ᠠ᠎ᠶ᠋ᠢᠨ ᠦᠨᠡᠮᠯᠡᠯ ᠣᠯᠭᠤᠬᠤ ᠭᠡᠷᠡᠭᠳᠠᠢ᠃

  ᠨᠠᠢ᠍ᠮᠠᠳᠤᠭᠠᠷ ᠪᠦᠯᠦᠭ ᠡᠩᠨᠡᠭᠡ᠎ᠶᠢᠨ ᠪᠠᠢᠭᠤᠯᠤᠯᠲᠠ

  ᠲᠠᠪᠢᠨ ᠳᠥᠷᠪᠡᠳᠦᠭᠡᠷ ᠵᠦᠢᠯ ᠡᠩᠨᠡᠭᠡ᠎ᠶᠢᠨ ᠪᠠᠢᠭᠤᠯᠤᠯᠲᠠ ᠪᠣᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠵᠠᠩᠭᠢᠯᠠᠭ᠎ᠠ ᠮᠥᠨ᠃ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠱᠢᠨ᠎ᠡ ᠴᠠᠭ ᠦᠶ᠎ᠡ᠎ᠶ᠋ᠢᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠱᠠᠭᠠᠷᠳᠠᠯᠭ᠎ᠠ᠎ᠳᠤ ᠵᠣᠬᠢᠴᠠᠵᠤ᠂ ᠵᠢᠭᠠᠨ ᠰᠤᠷᠭᠠᠯᠲᠠ᠂ ᠱᠢᠨᠵᠢᠯᠡᠬᠦ᠌ ᠤᠬᠠᠭᠠᠨ᠎ᠤ ᠰᠤᠳᠤᠯᠭᠠᠨ᠂ ᠬᠠᠮᠢᠶᠠᠷᠤᠯᠲᠠ ᠪᠠ ᠦᠢᠯᠡᠴᠢᠯᠡᠭᠡᠨ᠎ᠦ ᠠᠵᠢᠯ᠎ᠤᠨ ᠬᠡᠷᠡᠭ᠌ᠴᠡᠭᠡ᠎ᠶ᠋ᠢ ᠦᠨᠳᠦᠰᠦᠯᠡᠨ᠂ ᠪᠠᠭ᠍ᠰᠢ᠂ ᠬᠠᠮᠢᠶᠠᠷᠤᠯᠲᠠ ᠪᠠ ᠦᠢᠯᠡᠴᠢᠯᠡᠭᠡᠨ᠎ᠦ ᠠᠵᠢᠯᠳᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠴᠢᠩᠭᠠᠳᠭᠠᠵᠤ᠂ ᠨᠢᠭᠡ ᠪᠦᠯᠦᠭ ᠤᠯᠤᠰ ᠲᠦᠷᠦ᠍᠎ᠶ᠋ᠢᠨ ᠲᠠᠯ᠎ᠠ᠎ᠪᠠᠷ ᠪᠠᠲᠤ ᠴᠢᠩᠭ᠎ᠠ᠂ ᠢᠲᠡᠭᠡᠯ ᠪᠢᠱᠢᠷᠡᠯ ᠪᠠᠲᠤ ᠴᠢᠩᠭ᠎ᠠ᠂ ᠲᠤᠬᠠᠢᠯᠠᠭ᠍ᠰᠠᠨ ᠠᠵᠢᠯ᠎ᠳᠠᠭᠠᠨ ᠴᠠᠭᠠᠷᠠᠭ᠍ᠰᠠᠨ᠂ ᠰᠤᠷᠲᠠᠯ ᠲᠥᠪ ᠥᠨᠳᠥᠷ ᠬᠡᠪ ᠪᠣᠯᠪᠠᠰᠤᠷᠠᠯ᠎ᠪᠦᠬᠦᠢ ᠴᠢᠳᠠᠪᠤᠷᠢᠲᠠᠨ᠎ᠤ ᠡᠩᠨᠡᠭᠡ᠎ᠶ᠋ᠢ ᠬᠥᠮᠦᠵᠢᠭᠦᠯᠦᠨ ᠪᠣᠢᠵᠢᠭᠤᠯᠬᠤ ᠬᠡᠷᠡᠭ᠌ᠲᠡᠢ᠃

  ᠲᠠᠪᠢᠨ ᠲᠠᠪᠤᠳᠤᠭᠠᠷ ᠵᠦᠶ᠋ᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠢ ᠴᠢᠳᠠᠪᠤᠷᠢᠲᠠᠨ᠎ᠢᠶᠠᠷ ᠰᠤᠷᠭᠠᠭᠤᠯᠢ᠎ᠪᠠᠨ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢ ᠪᠠᠷᠢᠮᠲᠠᠯᠠᠵᠤ᠂ 《ᠨᠠᠷᠠᠲᠤ ᠪᠠᠭ᠍ᠰᠢ᠎ᠶ᠋ᠢᠨ ᠢᠨᠵᠧᠨᠧᠷᠢᠩ》᠎ᠢ ᠭᠦᠨᠵᠡᠭᠡᠶ ᠬᠡᠷᠡᠭ᠌ᠵᠢᠭᠦᠯᠵᠦ᠍᠂ ᠪᠠᠭ᠍ᠰᠢ᠎ᠶ᠋ᠢᠨ ᠡᠩᠨᠡᠭᠡ᠎ᠶ᠋ᠢᠨ ᠪᠠᠢᠭᠤᠯᠤᠯᠲᠠ᠎ᠶ᠋ᠢ ᠲᠣᠪᠣᠢᠮ᠎ᠠ ᠰᠠᠢᠲᠤᠷ ᠠᠳᠭᠤᠬᠤ ᠬᠡᠷᠡᠭ᠌ᠲᠡᠶ᠃ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠪᠠᠭ᠍ᠰᠢ᠎ᠨᠠᠷ ᠲᠤᠤᠷᠠᠬᠢ ᠨᠦᠬᠦᠴᠡᠯ᠎ᠢ ᠪᠡᠶᠡᠯᠡᠬᠦᠯᠬᠦ ᠬᠡᠷᠡᠭᠳᠡᠢ᠄

  (ᠨᠢᠭᠡ) ᠡᠪ ᠬᠠᠮᠲᠤ ᠶᠣᠰᠣᠨ᠎ᠤ ᠠᠯᠤᠰ᠎ᠤᠨ ᠬᠦᠰᠡᠯᠡᠩ ᠪᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠡᠷᠡᠰ ᠪᠠᠲᠤ ᠢᠲᠡᠭᠡᠯ ᠵᠣᠷᠢᠭ᠎ᠲᠠᠶ ᠪᠠᠢᠵᠤ᠂ ᠮᠠᠷᠺᠰ᠎ᠤᠨ ᠦᠵᠡᠯ᠎ᠳᠦ ᠦᠨᠡᠨᠴᠢ ᠱᠢᠳᠤᠷᠭᠤ ᠪᠠᠢᠵᠤ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ ᠦᠢᠯᠡᠰ᠎ᠢ ᠬᠠᠢᠷᠠᠯᠠᠵᠤ᠂ ᠤᠯᠤᠰ ᠲᠦᠷᠦ᠍᠎ᠶ᠋ᠢᠨ ᠰᠠᠬᠢᠯᠭ᠎ᠠ ᠪᠠᠲᠤ ᠪᠠ ᠤᠯᠤᠰ ᠲᠦᠷᠦ᠍᠎ᠶ᠋ᠢᠨ ᠶᠣᠰᠣ ᠲᠦᠷᠢᠮ᠎ᠢ ᠴᠢᠩᠭ᠎ᠠ ᠵᠢᠷᠤᠮᠯᠠᠨ ᠰᠠᠬᠢᠵᠤ᠂ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠴᠢᠩᠭᠠᠳᠭᠠᠨ᠂ ᠤᠬᠠᠮᠰᠠᠷ᠎ᠡᠴᠡ᠎ᠪᠠᠨ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠬᠰᠡᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠬᠤ ᠬᠡᠷᠡᠭᠳᠡᠢ; 

  (ᠬᠣᠶᠠᠷ) ᠮᠠᠷᠺᠰ᠎ᠤᠨ ᠦᠵᠡᠯ᠎ᠦᠨ ᠤᠨᠦᠯ᠎ᠤᠨ ᠦᠨᠳᠦᠰᠦᠨ ᠪᠣᠯᠪᠠᠰᠤᠷᠠᠯ ᠨᠢ ᠯᠠᠪᠳᠠᠭᠤᠨ ᠪᠠᠲᠤᠲᠠᠢ᠂ ᠨᠠᠮ᠎ᠤᠨ ᠱᠤᠭᠤᠮ ᠴᠢᠭ᠌ᠯᠡᠯᠲᠡ ᠲᠦᠷᠦ᠎ᠶ᠋ᠢᠨ ᠪᠤᠳᠦᠯᠭ᠎ᠠ᠎ᠶ᠋ᠢ ᠰᠡᠢ᠌ᠠ ᠮᠡᠳᠡᠳᠡᠭ᠂ ᠲᠤᠰᠭᠠᠢ ᠮᠡᠷᠭᠡᠵᠢᠯ᠎ᠦᠨ ᠰᠠᠭᠤᠷᠢ ᠮᠡᠳᠡᠯᠭᠡ ᠨᠢ ᠭᠦᠨ ᠵᠤᠵᠠᠭᠠᠨ᠂ ᠪᠠᠢᠴᠠᠭᠠᠨ ᠰᠤᠳᠤᠯᠬᠤ᠎ᠶ᠋ᠢ ᠴᠢᠬᠤᠯᠠᠴᠢᠯᠠᠵᠤ᠂ ᠵᠣᠷᠢᠭ᠍ᠲᠠᠢ᠎ᠪᠠᠷ ᠤᠨᠦᠯ᠎ᠤᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠵᠢᠭᠠᠨ ᠰᠤᠳᠤᠯᠬᠤ ᠪᠠ ᠦᠢᠯᠡᠳᠦᠯᠭᠡ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠵᠢᠭᠠᠨ ᠰᠤᠷᠭᠠᠬᠤ᠂ ᠱᠢᠨᠵᠢᠯᠡᠬᠦ᠌ ᠤᠬᠠᠭᠠᠨ᠎ᠤ ᠰᠤᠳᠤᠯᠭᠠᠨ ᠬᠢᠬᠦ᠌ ᠪᠠ ᠱᠢᠢᠳᠪᠦᠷᠢᠲᠦ ᠪᠤᠳᠦᠯᠭ᠎ᠠ ᠲᠣᠭ᠍ᠲᠠᠭᠠᠬᠤ᠎ᠳᠤ ᠵᠥᠪᠯᠡᠯᠭᠡ ᠥᠭ᠌ᠬᠦ ᠴᠢᠳᠠᠪᠤᠷᠢ᠎ᠪᠠᠷ ᠨᠡᠯᠢᠶᠡᠳ ᠴᠢᠩᠭ᠎ᠠ ᠪᠠᠢᠬᠤ ᠬᠡᠷᠡᠭᠳᠡᠢ; 

  (ᠭᠤᠷᠪᠠ) ᠰᠤᠷᠦᠯᠴᠡᠬᠤ ᠰᠤᠷᠲᠠᠯ ᠨᠢ ᠴᠢᠩᠭ᠎ᠠ ᠨᠢᠮᠪᠠᠢ᠂ ᠵᠠᠩ ᠮᠣᠷᠠᠯ ᠨᠢ ᠡᠷᠬᠢᠮ ᠳᠡᠭᠡᠳᠦ᠂ ᠡᠷᠳᠡᠮ ᠴᠢᠳᠠᠪᠤᠷᠢ᠎ᠶᠢᠨ ᠲᠠᠯ᠎ᠠ᠎ᠪᠠᠷ ᠪᠠᠭ᠍ᠰᠢ ᠪᠤᠯᠬᠤ᠂ ᠤᠢ᠍ᠢᠯᠠ ᠠᠵᠢᠯᠯᠠᠭ᠎ᠠ ᠨᠢ ᠭᠡᠪ ᠲᠠᠭᠤᠷᠢᠶᠠᠯ ᠪᠤᠯᠬᠤ᠂ ᠲᠦᠷᠢᠮ ᠲᠣᠭ᠍ᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠶ᠋ᠢ ᠴᠢᠩᠭ᠎ᠠ ᠰᠠᠬᠢᠬᠤ ᠭᠡᠷᠡᠭᠳᠠᠢ᠃

  ᠲᠠᠪᠢᠨ ᠵᠢᠷᠭᠤᠳᠤᠭᠠᠷ ᠵᠦᠢᠯ ᠲᠤᠰᠭᠠᠢ ᠲᠤᠱᠢᠶᠠᠯᠳᠠᠨ ᠵᠢᠡᠷ ᠭᠣᠣᠯ ᠪᠣᠯᠭᠠᠬᠤ᠂ ᠲᠤᠰᠭᠠᠢ ᠲᠤᠱᠢᠶᠠᠯᠳᠠᠨ ᠪᠠ ᠲᠤᠱᠢᠶᠠᠯ ᠬᠠᠪᠰᠤᠷᠭᠠᠬᠤ᠎ᠶᠢ ᠤᠶᠠᠯᠳᠤᠭᠤᠯᠬᠤ ᠵᠠᠷᠴᠢᠮ ᠶᠣᠰᠣᠭᠠᠷ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ ᠤ᠋ ᠳᠡᠭᠡᠳᠦ ᠰᠤᠷᠭᠠᠭᠤᠯᠢ)᠎ᠶᠢᠨ ᠪᠠᠭ᠍ᠰᠢ᠎ᠶᠢᠨ ᠡᠩᠨᠡᠭᠡ᠎ᠶᠢᠨ ᠪᠠᠢᠭᠤᠯᠤᠯᠲᠠ᠎ᠶᠢ ᠴᠢᠩᠭᠠᠳᠭᠠᠬᠤ ᠭᠡᠷᠡᠭᠳᠠᠢ᠃ ᠲᠤᠰᠭᠠᠶ ᠲᠤᠱᠢᠶᠠᠯᠲᠤ ᠪᠠᠭ᠍ᠰᠢ᠎ᠨᠡᠷ ᠨᠢ ᠰᠤᠷᠭᠠᠭᠤᠯᠢ (ᠳᠡᠭᠡᠳᠦ ᠰᠤᠷᠭᠠᠭᠤᠯᠢ)᠎ᠶᠢᠨ ᠠᠵᠢᠯᠲᠠᠨ ᠠᠵᠢᠯᠴᠢᠨ᠎ᠤ ᠶᠡᠷᠦᠩᠬᠡᠶ ᠬᠦᠮᠦᠨ᠎ᠤ ᠲᠣᠭ᠎ᠠ᠎ᠳ᠋ᠡᠬᠢ ᠡᠵᠡᠯᠡᠬᠦ ᠬᠠᠷᠢᠴᠠᠯ᠎ᠢ ᠡᠩ᠎ᠦᠨ ᠪᠠᠢᠳᠠᠯ᠎ᠳᠤ 40%᠎ᠡᠴᠡ ᠳᠤᠤᠷ᠎ᠠ ᠪᠠᠢᠯᠭᠠᠵᠤ ᠪᠣᠯᠬᠤ ᠥᠬᠡᠶ᠃ ᠪᠠᠭ᠍ᠰᠢ᠎ᠶ᠋ᠢᠨ ᠮᠠᠷᠺᠰ᠎ᠤᠨ ᠦᠵᠡᠯ᠎ᠦᠨ ᠤᠨᠤᠯ᠎ᠤᠨ ᠬᠥᠮᠦᠵᠢᠯ᠂ ᠨᠠᠮᠴᠢ ᠴᠢᠨᠠᠷ᠎ᠤᠨ ᠬᠥᠮᠦᠵᠢᠯ ᠪᠣᠯᠤᠨ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ᠎ᠢ ᠴᠢᠩᠭᠠᠳᠭᠠᠵᠤ᠂ ᠪᠠᠭ᠍ᠰᠢ᠎ᠶ᠋ᠢᠨ ᠮᠡᠳᠡᠯᠭᠡ᠎ᠶ᠋ᠢᠨ ᠱᠢᠨᠡᠴᠢᠯᠡᠯᠲᠡ᠂ ᠦᠢᠯᠡᠳᠦᠯᠭᠡ᠎ᠶ᠋ᠢᠨ ᠲᠠᠪᠳᠠᠨ ᠪᠣᠯᠪᠠᠰᠤᠷᠠᠯ ᠵᠡᠷᠭᠡ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠵᠠᠯᠠᠭᠤ ᠪᠠᠭ᠍ᠰᠢ᠎ᠶ᠋ᠢᠨ ᠪᠦᠬᠦ᠌ ᠬᠡᠯᠬᠢᠶᠡᠨ᠎ᠦ ᠬᠥᠮᠦᠵᠢᠯ᠎ᠢ ᠲᠤᠪᠤᠢ᠌ᠮ᠎ᠠ ᠰᠠᠢᠲᠤᠷ ᠬᠢᠬᠦ ᠭᠡᠷᠡᠭᠳᠠᠢ; ᠵᠢᠭᠠᠨ ᠰᠤᠷᠭᠠᠬᠤ ᠬᠡᠯᠪᠡᠷᠢ ᠠᠷᠭ᠎ᠠ ᠮᠠᠶᠢᠭ ᠪᠠ ᠤᠨᠤᠯ᠎ᠤᠨ ᠰᠤᠳᠤᠯᠭᠠᠨ᠎ᠤ ᠲᠠᠯ᠎ᠠ᠎ᠪᠠᠷ ᠢᠳᠡᠪᠬᠢᠲᠡᠢ ᠰᠦᠪᠡᠭ᠌ᠴᠢᠯᠡᠵᠦ᠍᠂ ᠵᠣᠷᠢᠭ᠍ᠲᠠᠢ ᠎ᠪᠠᠷ ᠱᠢᠨ᠎ᠡ᠎ᠶ᠋ᠢ ᠡᠭᠦᠳᠬᠦ᠌ ᠰᠠᠢ᠌ᠨ ᠰᠠᠢᠬᠠᠨ ᠣᠷᠴᠢᠨ ᠨᠥᠬᠥᠴᠡᠯ᠎ᠢ ᠪᠤᠢ ᠪᠣᠯᠭᠠᠬᠤ ᠭᠡᠷᠡᠭᠳᠠᠢ; ᠤᠯᠤᠰ ᠲᠥᠷᠥ᠎ᠶ᠋ᠢᠨ ᠬᠡᠪ ᠪᠤᠯᠪᠠᠰᠤᠷᠠᠯ᠎ᠢᠶᠠᠷ ᠰᠠᠢᠨ ᠥᠨᠳᠥᠷ ᠲᠦᠪᠱᠢᠨ ᠪᠥᠬᠥᠶ ᠲᠤᠰᠭᠠᠶ ᠮᠡᠷᠭᠡᠵᠢᠯᠲᠡᠨ ᠡᠷᠳᠡᠮᠲᠡᠨ ᠵᠡᠷᠭᠡ᠎ᠶ᠋ᠢ ᠰᠠᠨᠠᠭᠠᠴᠢᠯᠠᠭ᠎ᠠ ᠡᠴᠡ᠎ᠪᠠᠨ ᠣᠷᠣᠭᠤᠯᠤᠨ ᠠᠪᠴᠢᠷᠠᠬᠤ ᠭᠡᠷᠡᠭᠳᠠᠢ; ᠦᠵᠡᠯ ᠰᠠᠨᠠᠭ᠎ᠠ ᠤᠯᠤᠰ ᠲᠥᠷᠥ᠎ᠶ᠋ᠢᠨ ᠬᠡᠪ ᠪᠤᠯᠪᠠᠰᠤᠷᠠᠯ᠎ᠤᠨ ᠲᠠᠯ᠎ᠠ᠎ᠪᠠᠷ ᠴᠠᠭᠠᠷᠠᠬᠰᠠᠨ᠂ ᠦᠶ᠋ᠯᠡᠳᠦᠯᠭᠡ᠎ᠶ᠋ᠢᠨ ᠲᠤᠷᠱᠢᠯᠭ᠎ᠠ᠎ᠪᠠᠷ ᠪᠠᠶᠠᠯᠢᠭ᠂ ᠣᠨᠣᠯ᠎ᠤᠨ ᠲᠦᠪᠰᠢᠨ ᠵᠢᠡᠷ ᠨᠡᠯᠢᠶᠡᠳ ᠥᠨᠳᠥᠷ᠂ ᠬᠢᠴᠢᠶᠡᠯ᠎ᠤᠨ ᠲᠠᠩᠬᠢᠮ᠎ᠳᠤ ᠬᠢᠴᠢᠶᠡᠯ ᠵᠢᠭᠠᠬᠤ᠎ᠳᠤ ᠴᠢᠳᠠᠮᠠᠭᠠᠶ ᠤᠳᠤᠷᠢᠳᠭᠤ ᠺᠠᠳ᠋ᠷ᠂ ᠲᠤᠰᠭᠠᠶ ᠮᠡᠷᠭᠡᠵᠢᠯᠲᠡᠨ ᠡᠷᠳᠡᠮᠲᠡᠨ ᠪᠣᠯᠤᠨ ᠲᠡᠷᠢᠭᠦᠨ᠎ᠦ ᠵᠢᠱ᠌ᠢᠶᠡᠴᠢ ᠬᠥᠮᠦᠰ᠂ ᠦᠨᠳᠦᠰᠦᠨ ᠱᠠᠲᠤᠨ᠎ᠤ ᠱᠢᠯᠢᠳᠡᠭ ᠺᠠᠳ᠋ᠷ᠎ᠢ ᠰᠣᠩᠭᠣᠨ ᠤᠷᠢᠵᠤ ᠲᠣᠭ᠍ᠲᠠᠭᠠᠯ ᠶᠣᠰᠣᠭᠠᠷ ᠲᠤᠱᠢᠶᠠᠯ ᠬᠠᠪᠰᠤᠷᠭᠠᠭ᠍ᠰᠠᠨ ᠪᠠᠭ᠍ᠰᠢ ᠪᠣᠯᠭᠠᠵᠤ᠂ ᠲᠤᠱᠢᠶᠠᠯ ᠬᠠᠪᠰᠤᠷᠭᠠᠭ᠍ᠰᠠᠨ ᠪᠠᠭ᠍ᠰᠢ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠢ ᠪᠠᠢᠭᠤᠯᠤᠨ ᠪᠦᠷᠢᠨᠱᠢᠭᠦᠯᠬᠦ ᠭᠡᠷᠡᠭᠳᠠᠢ᠃

  ᠲᠠᠪᠢᠨ ᠳᠣᠯᠣᠳᠤᠭᠠᠷ ᠵᠦᠢᠯ ᠠᠯᠪᠠᠲᠠᠨ᠎ᠡᠴᠡ ᠢᠯᠭᠠᠭ᠎ᠠ᠎ᠲᠠᠶ ᠮᠥᠷᠲᠡᠭᠡᠨ ᠪᠠᠰᠠ ᠡᠩ᠎ᠦᠨ ᠠᠵᠢᠯ ᠦᠢᠯᠡᠰ᠎ᠦᠨ ᠨᠢᠭᠡᠴᠢ᠎ᠲᠡᠶ ᠠᠳᠠᠯᠢ ᠦᠭᠡᠢ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶ᠋ᠢᠨ ᠬᠥᠭ᠌ᠵᠢᠯᠲᠡ᠎ᠶ᠋ᠢᠨ ᠣᠨᠴᠠᠯᠢᠭ᠎ᠲᠤ ᠨᠡᠢᠴᠡᠭ᠌ᠰᠡᠨ ᠪᠠᠭ᠍ᠰᠢ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠬᠤ ᠬᠡᠷᠡᠭᠲᠡᠢ᠃ ᠤᠯᠤᠰ ᠲᠥᠷᠥ᠎ᠶ᠋ᠢᠨ ᠬᠡᠪ ᠪᠤᠯᠪᠠᠰᠤᠷᠠᠯ᠎ᠢ ᠱᠢᠯᠭᠠᠨ ᠪᠠᠢᠴᠠᠭᠠᠬᠤ ᠱᠢᠯᠭᠠᠨ ᠬᠢᠨᠠᠬᠤ᠎ᠶ᠋ᠢ ᠳᠣᠪᠣᠢᠯᠭᠠᠵᠤ᠂ ᠤᠯᠤᠰ ᠲᠥᠷᠥ᠎ᠶ᠋ᠢᠨ ᠱᠠᠭᠠᠷᠳᠠᠯᠭ᠎ᠠ᠎ᠶ᠋ᠢ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠪᠠᠭ᠍ᠰᠢ᠎ᠶ᠋ᠢᠨ ᠬᠠᠮᠢᠶᠠᠷᠤᠯᠲᠠ᠎ᠶ᠋ᠢᠨ ᠪᠥᠬᠥ᠌ ᠶᠠᠪᠤᠴᠠ᠎ᠳᠤ ᠲᠤᠭᠤᠰᠢᠯᠠᠭᠤᠯᠬᠤ ᠬᠡᠷᠡᠭᠲᠡᠢ᠃ ᠪᠠᠭ᠍ᠰᠢ ᠤᠷᠢᠬᠤ᠂ ᠪᠠᠭ᠍ᠰᠢ᠎ᠶ᠋ᠢᠨ ᠬᠢᠴᠢᠶᠡᠯᠯᠡᠬᠦ᠌ ᠵᠡᠷᠭᠡ ᠲᠠᠯ᠎ᠠ᠎ᠪᠠᠷ ᠬᠢ ᠤᠷᠤᠬᠤ᠎ᠵᠢ ᠵᠦᠪᠰᠢᠶᠡᠷᠡᠬᠦ ᠲᠣᠭ᠍ᠲᠡᠴᠡ᠎ᠶ᠋ᠢ ᠪᠠᠢᠭᠤᠯᠤᠨ ᠪᠦᠷᠢᠨᠱᠢᠭᠦᠯᠵᠦ᠍᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠣᠨᠴᠠᠯᠢᠭ᠎ᠲᠤ ᠨᠡᠢᠴᠡᠭ᠌ᠰᠡᠨ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠥᠪᠡᠷᠮᠢᠴᠡ ᠣᠨᠴᠠᠯᠢᠭ᠎ᠲᠠᠶ ᠪᠠᠭ᠍ᠰᠢ᠎ᠶ᠋ᠢ ᠱᠢᠯᠭᠠᠨ ᠬᠢᠨᠠᠵᠤ ᠦᠨᠡᠯᠡᠬᠦ᠌ ᠱᠢᠰᠲ᠋ᠧᠮ᠂ ᠮᠡᠷᠭᠡᠵᠢᠯ᠎ᠦᠨ ᠴᠣᠯᠠ᠎ᠶ᠋ᠢ ᠬᠢᠨᠠᠨ ᠲᠣᠭ᠍ᠲᠠᠭᠠᠬᠤ ᠪᠠ ᠠᠵᠢᠯ᠎ᠤᠨ ᠪᠠᠢᠷᠢ᠎ᠳᠤ ᠤᠷᠢᠨ ᠬᠡᠷᠡᠭ᠌ᠯᠡᠬᠦ᠌ ᠲᠦᠷᠢᠮ᠂ ᠪᠠᠭ᠍ᠰᠢ᠎ᠶ᠋ᠢᠨ ᠬᠢᠷᠢ ᠬᠡᠮ᠎ᠤᠨ ᠤᠬᠤᠷᠢᠨ ᠭᠠᠷᠬᠤ ᠲᠣᠭ᠍ᠲᠡᠴᠡ᠎ᠶ᠋ᠢ ᠪᠠᠢᠭᠤᠯᠤᠨ ᠪᠦᠷᠢᠨᠱᠢᠭᠦᠯᠵᠦ᠍᠂ ᠪᠠᠭ᠍ᠰᠢ᠎ᠶ᠋ᠢ ᠥᠷᠢᠰᠥᠯᠳᠦᠭᠦᠯᠦᠨ ᠠᠵᠢᠯ᠎ᠤᠨ ᠪᠠᠢᠷᠢ᠎ᠳᠤ ᠭᠠᠷᠭᠠᠬᠤ᠎ᠶ᠋ᠢ ᠡᠮᠬᠢ ᠵᠢᠷᠤᠮ᠎ᠲᠠᠶ ᠬᠡᠷᠡᠭ᠌ᠵᠢᠭᠦᠯᠦᠨ᠂ ᠪᠦᠲᠦᠮᠵᠢᠲᠡᠶ ᠤᠷᠮᠠᠱᠢᠭᠤᠯᠬᠤ ᠲᠣᠭ᠍ᠲᠡᠴᠡ᠎ᠶ᠋ᠢ ᠪᠦᠷᠢᠯᠳᠦᠬᠦᠯᠬᠦ ᠬᠡᠷᠡᠭᠲᠡᠢ᠃ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠪᠠᠭ᠍ᠰᠢ᠎ᠶ᠋ᠢ ᠲᠣᠭ᠍ᠲᠠᠭᠠᠯ᠎ᠳᠤ ᠨᠡᠢᠴᠡᠬᠦ᠌ ᠬᠣᠯᠪᠣᠭ᠍ᠳᠠᠯ ᠪᠥᠬᠥᠶ ᠴᠢᠳᠠᠪᠤᠷᠢᠲᠠᠨ᠎ᠤ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢᠨ ᠬᠡᠪᠴᠢᠶᠡᠨ᠎ᠳᠦ ᠣᠷᠣᠭᠤᠯᠵᠤ᠂ ᠤᠯᠤᠰ᠎ᠡᠴᠡ ᠲᠣᠭ᠍ᠲᠠᠭᠠᠭ᠍ᠰᠠᠨ ᠠᠳᠠᠯᠢ ᠱᠠᠲᠤᠨ᠎ᠤ ᠤᠯᠤᠰ ᠠᠷᠠᠳ᠎ᠤᠨ ᠰᠤᠷᠭᠠᠨ ᠬᠥᠮᠦᠵᠢᠯ᠎ᠦᠨ ᠪᠠᠭ᠍ᠰᠢ᠎ᠶᠢᠨ ᠬᠣᠯᠪᠣᠭ᠍ᠳᠠᠯ ᠪᠥᠬᠥᠶ ᠡᠯ᠎ᠡ ᠵᠦᠶ᠋ᠯ᠎ᠦᠨ ᠬᠠᠷᠠᠭᠠᠯᠵᠠᠯ᠎ᠢ ᠬᠦᠷᠲᠡᠭᠡᠬᠦ ᠬᠡᠷᠡᠭᠲᠡᠢ᠃ ᠠᠵᠢᠯ ᠦᠢᠯᠡᠰ᠎ᠦᠨ ᠨᠢᠭᠡᠴᠢ᠎ᠶ᠋ᠢᠨ ᠠᠵᠢᠯ᠎ᠤᠨ ᠠᠮᠵᠢᠯᠲᠠ ᠪᠦᠲᠦᠮᠵᠢ᠎ᠶᠢᠨ ᠴᠠᠯᠢᠩ᠎ᠤᠨ ᠲᠦᠷᠢᠮ᠎ᠢ ᠨᠠᠢᠳᠠᠪᠤᠷᠢᠵᠢᠭᠤᠯᠵᠤ᠂ ᠵᠢᠭᠠᠨ ᠰᠤᠷᠭᠠᠯᠲᠠ᠂ ᠱᠢᠨᠵᠢᠯᠡᠬᠦ᠌ ᠤᠬᠠᠭᠠᠨ᠎ᠤ ᠰᠤᠳᠤᠯᠭᠠᠨ ᠵᠡᠷᠭᠡ ᠠᠵᠢᠯ᠎ᠤᠨ ᠪᠠᠢᠷᠢ᠎ᠶᠢᠨ ᠲᠤᠰᠢᠶᠠᠯ ᠬᠠᠷᠢᠭᠤᠴᠠᠯᠭ᠎ᠠ᠎ᠶ᠋ᠢᠨ ᠬᠠᠷᠠᠯᠲᠠ᠎ᠯᠤᠭ᠎ᠠ ᠲᠣᠬᠢᠷᠠᠯᠴᠠᠭ᠍ᠰᠠᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯᠲᠠᠨ᠎ᠤ ᠠᠵᠢᠯ᠎ᠤᠨ ᠠᠮᠵᠢᠯᠲᠠ ᠪᠦᠲᠦᠮᠵᠢ᠎ᠶ᠋ᠢᠨ ᠴᠠᠯᠢᠩ᠎ᠤᠨ ᠬᠤᠪᠢᠶᠠᠷᠢᠯᠠᠯᠲᠠ᠎ᠶ᠋ᠢᠨ ᠤᠷᠮᠠᠱᠢᠭᠤᠯᠬᠤ ᠲᠣᠭ᠍ᠲᠡᠴᠡ᠎ᠶ᠋ᠢ ᠪᠠᠢᠭᠤᠯᠤᠨ ᠪᠦᠷᠢᠨᠱᠢᠭᠦᠯᠬᠦ ᠬᠡᠷᠡᠭᠲᠡᠢ᠃

  ᠲᠠᠪᠢᠨ ᠨᠠᠢ᠍ᠮᠠᠳᠤᠭᠠᠷ ᠵᠦᠢᠯ ᠡᠯ᠎ᠡ ᠱᠠᠲᠤᠨ᠎ᠤ ᠨᠠᠮ᠎ᠤᠨ ᠬᠣᠷᠢᠶ᠎ᠠ᠎ᠡᠴᠡ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠱᠢᠯᠢᠳᠡᠭ ᠪᠠᠭ᠍ᠰᠢ ᠪᠠ ᠬᠠᠮᠢᠶᠠᠷᠤᠯᠲᠠ᠎ᠶ᠋ᠢᠨ ᠠᠵᠢᠯᠳᠠᠨ᠎ᠢ ᠰᠣᠩᠭᠣᠨ ᠱᠢᠯᠵᠢᠭᠦᠯᠬᠦ᠌ ᠠᠵᠢᠯ᠎ᠢ ᠰᠠᠢᠲᠤᠷ ᠬᠢᠬᠦ᠌᠎ᠶ᠋ᠢ ᠲᠡᠮᠵᠢᠨ ᠬᠠᠪᠰᠤᠷᠴᠤ᠌᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶ᠋ᠢᠨ ᠪᠠᠭ᠍ᠰᠢ ᠪᠠ ᠬᠠᠮᠢᠶᠠᠷᠤᠯᠲᠠ᠎ᠶ᠋ᠢᠨ ᠠᠵᠢᠯᠳᠠᠨ᠎ᠤ ᠳᠣᠲᠣᠨ᠎ᠠ ᠭᠠᠳᠠᠨᠡᠬᠢ ᠰᠣᠯᠢᠯᠴᠠᠬᠤ ᠲᠦᠷᠢᠮ᠎ᠢ ᠪᠠᠢᠭᠤᠯᠬᠤ ᠬᠡᠷᠡᠭ᠌ᠲᠡᠢ᠃ ᠡᠯ᠎ᠡ ᠱᠠᠲᠤᠨ᠎ᠤ ᠵᠣᠬᠢᠶᠠᠨ ᠪᠠᠢᠭᠤᠯᠬᠤ ᠪᠠ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶ᠋ᠢᠨ ᠴᠢᠳᠠᠪᠤᠷᠢᠲᠠᠨ᠎ᠢ ᠭᠠᠳᠠᠬᠰᠢ ᠬᠦᠷᠭᠡᠬᠦ᠌ ᠪᠠ ᠣᠷᠣᠭᠤᠯᠤᠨ ᠠᠪᠴᠢᠷᠠᠬᠤ᠎ᠳᠦ ᠨᠥᠬᠥᠴᠡᠯ ᠬᠠᠩᠭᠠᠬᠤ ᠬᠡᠷᠡᠭ᠌ᠲᠡᠶ᠃

  ᠶᠢᠰᠦᠳᠦᠭᠡᠷ ᠪᠦᠯᠦᠭ ᠰᠤᠷᠭᠠᠭᠤᠯᠢ᠎ᠶᠢᠨ ᠰᠤᠷᠲᠠᠯ᠂ ᠵᠢᠭᠠᠨ ᠰᠤᠷᠭᠠᠯᠲᠠ᠎ᠶᠢᠨ ᠰᠤᠷᠲᠠᠯ ᠪᠠ ᠰᠤᠷᠤᠯᠴᠠᠬᠤ ᠰᠤᠷᠲᠠᠯ᠎ᠤᠨ ᠪᠠᠢᠭᠤᠯᠤᠯᠲᠠ

  ᠲᠡᠪᠢ ᠶᠢᠰᠦᠳᠦᠭᠡᠷ ᠵᠦᠢᠯ ᠰᠡᠢ᠌ᠠ ᠰᠠᠢᠬᠠᠨ ᠰᠤᠷᠭᠠᠭᠤᠯᠢ᠎ᠶ᠋ᠢᠨ ᠰᠤᠷᠲᠠᠯ᠂ ᠵᠢᠭᠠᠨ ᠰᠤᠷᠭᠠᠯᠲᠠ᠎ᠶᠢᠨ ᠰᠤᠷᠲᠠᠯ ᠪᠠ ᠰᠤᠷᠦᠯᠴᠡᠬᠤ ᠰᠤᠷᠲᠠᠯ ᠪᠣᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ ᠦᠢᠯᠡᠰ᠎ᠦᠨ ᠡᠷᠡᠭᠦᠯ᠎ᠢᠶᠡᠷ ᠬᠥᠭ᠌ᠵᠢᠬᠦ᠌᠎ᠶ᠋ᠢᠨ ᠦᠨᠳᠦᠰᠦᠨ ᠪᠠᠲᠤᠯᠠᠭ᠎ᠠ ᠮᠥᠨ᠃ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠢ ᠰᠤᠷᠭᠠᠭᠤᠯᠢ᠎ᠶ᠋ᠢ ᠴᠢᠩᠭ᠎ᠠ ᠵᠠᠰᠠᠬᠤ᠂ ᠵᠢᠭᠠᠨ ᠰᠤᠷᠭᠠᠯᠲᠠ᠎ᠵᠢ ᠴᠢᠩᠭ᠎ᠠ ᠵᠠᠰᠠᠬᠤ᠂ ᠰᠤᠷᠤᠯᠴᠠᠬᠤ᠎ᠶ᠋ᠢ ᠴᠢᠩᠭ᠎ᠠ ᠵᠠᠰᠠᠬᠤ᠎ᠶ᠋ᠢ ᠪᠠᠷᠢᠮᠲᠠᠯᠠᠵᠤ᠂ ᠰᠤᠷᠭᠠᠭᠤᠯᠢ᠎ᠶ᠋ᠢ ᠴᠢᠩᠭ᠎ᠠ ᠵᠠᠰᠠᠬᠤ ᠱᠠᠭᠠᠷᠳᠠᠯᠭ᠎ᠠ᠎ᠶ᠋ᠢ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠤᠨ ᠪᠦᠬᠦ᠌ ᠶᠠᠪᠤᠴᠠ ᠡᠯ᠎ᠡ ᠲᠠᠯ᠎ᠠ᠎ᠳᠤ ᠲᠤᠭᠤᠱᠢᠯᠠᠭᠤᠯᠵᠤ᠂ ᠡᠯ᠎ᠡ ᠵᠦᠢᠯ᠎ᠦᠨ ᠬᠠᠮᠢᠶᠠᠷᠤᠯᠲᠠ᠎ᠶᠢᠨ ᠲᠦᠷᠢᠮ᠎ᠢ ᠲᠠᠰᠤᠷᠠᠯᠳᠠ ᠦᠭᠡᠢ ᠪᠦᠷᠢᠨᠱᠢᠬᠦᠯᠤᠨ᠂ ᠰᠤᠷᠭᠠᠭᠤᠯᠢ᠎ᠶ᠋ᠢᠨ ᠲᠦᠷᠢᠮ ᠲᠣᠭ᠍ᠲᠠᠭᠠᠯ ᠰᠤᠷᠭᠠᠭᠤᠯᠢ᠎ᠶ᠋ᠢᠨ ᠰᠠᠬᠢᠯᠭ᠎ᠠ ᠪᠠᠲᠤ᠎ᠶ᠋ᠢ ᠴᠢᠩᠭᠠᠳᠭᠠᠵᠤ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠰᠤᠷᠭᠠᠭᠤᠯᠢ ᠡᠷᠬᠢᠯᠡᠵᠤ ᠰᠤᠷᠭᠠᠭᠤᠯᠢ᠎ᠶ᠋ᠢ ᠵᠠᠰᠠᠬᠤ ᠲᠤᠬᠠᠢ ᠨᠠᠮ᠎ᠤᠨ ᠲᠥᠪ ᠬᠣᠷᠢᠶ᠎ᠠ᠎ᠶᠢᠨ ᠵᠠᠷᠴᠢᠮ ᠪᠠ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠤᠨ᠂ ᠲᠥᠪ᠎ᠦᠨ ᠨᠠᠢ᠍ᠮᠠᠨ ᠲᠣᠭ᠍ᠲᠠᠭᠠᠯ ᠵᠢᠴᠢ ᠲᠡᠭᠦᠨ᠎ᠤ ᠬᠡᠷᠡᠭ᠌ᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠬᠤ ᠬᠡᠷᠡᠭ᠌ᠲᠡᠢ᠃

  ᠵᠢᠷᠠᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠪᠠᠭ᠍ᠰᠢ ᠪᠤᠯ ᠤᠳᠤᠷᠢᠳᠭᠤ ᠺᠠᠳ᠋ᠷ ᠪᠣᠯᠤᠨ ᠨᠠᠮ᠎ᠤᠨ ᠭᠡᠱᠢᠭᠦᠨ᠎ᠢ ᠰᠤᠷᠭᠠᠨ ᠬᠥᠮᠦᠵᠢᠭᠦᠯᠵᠦ᠍ ᠪᠣᠯᠪᠠᠰᠤᠷᠠᠭᠤᠯᠬᠤ ᠴᠢᠬᠤᠯᠠ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠠᠢᠳᠠᠭ᠂ ᠰᠤᠷᠭᠠᠨ ᠬᠥᠮᠦᠵᠢᠭᠦᠯᠦᠭ᠌ᠴᠢ ᠡᠩ ᠲᠡᠷᠢᠭᠦᠨ᠎ᠳᠦ ᠰᠤᠷᠭᠠᠨ ᠬᠥᠮᠦᠵᠢᠯ ᠬᠦᠷᠳᠡᠬᠦ᠌᠂ ᠥᠪᠡᠷ᠎ᠢ᠎ᠪᠡᠨ ᠴᠢᠩᠭ᠎ᠠ ᠱᠠᠭᠠᠷᠳᠠᠬᠤ᠎ᠶ᠋ᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠲᠥᠪ ᠬᠣᠷᠢᠶ᠎ᠠ᠎ᠶᠢᠨ ᠭᠣᠣᠯᠯᠠᠭ᠍ᠴᠢ᠂ ᠪᠦᠬᠦ᠌ ᠨᠠᠮ᠎ᠤᠨ ᠭᠣᠣᠯᠯᠠᠭ᠍ᠴᠢ ᠪᠣᠯᠬᠤ ᠪᠠᠢᠷᠢ ᠰᠠᠭᠤᠷᠢ᠎ᠶ᠋ᠢ ᠡᠷᠡᠰ ᠬᠠᠮᠠᠭᠠᠯᠠᠵᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠰᠤᠷᠭᠠᠨ ᠬᠥᠮᠥᠵᠢᠯᠲᠡᠨ᠎ᠦ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠨᠢᠭᠡ ᠰᠡᠳᠭᠢᠯ᠎ᠢᠶᠡᠷ ᠡᠷᠳᠡᠮ ᠱᠢᠨᠵᠢᠯᠡᠭᠡᠨ ᠬᠢᠬᠦ᠌᠂ ᠲᠠᠷᠤᠤ ᠬᠢᠴᠢᠶᠠᠩᠬᠦᠢ᠎ᠪᠠᠷ ᠦᠨᠡᠨ ᠶᠣᠰᠣ᠎ᠶᠢ ᠡᠷᠢᠯᠬᠢᠯᠡᠬᠦ᠂ ᠰᠡᠳᠭᠢᠯ ᠲᠠᠯᠪᠢᠨ ᠬᠥᠮᠦᠨ᠎ᠢ ᠬᠥᠮᠦᠵᠢᠭᠦᠯᠬᠦ᠌᠂ ᠪᠣᠳᠠᠲᠤ ᠠᠵᠢᠯᠯᠠᠭ᠎ᠠ᠎ᠪᠠᠷ᠎ᠢᠶᠠᠨ ᠰᠤᠷᠤᠯᠭᠠᠳᠠᠳ᠎ᠢ ᠨᠥᠯᠥᠭᠡᠯᠡᠨ ᠳᠠᠢᠴᠢᠯᠠᠬᠤ᠎ᠶ᠋ᠢ ᠤᠬᠠᠮᠰᠠᠷ᠎ᠡᠴᠡ᠎ᠪᠠᠨ ᠪᠡᠶᠡᠯᠡᠭᠦᠯᠬᠦ᠌ ᠬᠡᠷᠡᠭ᠌ᠲᠡᠢ᠃ ᠪᠠᠭ᠍ᠰᠢ᠎ᠶ᠋ᠢᠨ ᠮᠣᠷᠠᠯ ᠪᠠᠭ᠍ᠰᠢ᠎ᠶ᠋ᠢᠨ ᠰᠤᠷᠲᠠᠯ ᠨᠠᠵᠠᠭᠠᠢ ᠪᠤᠶᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠢ ᠬᠢᠬᠦ᠌᠎ᠳᠦ ᠲᠣᠬᠢᠷᠠᠬᠤ ᠦᠭᠡᠶ ᠪᠣᠯ ᠠᠵᠢᠯ᠎ᠤᠨ ᠪᠠᠢᠷᠢ᠎ᠳᠤᠨᠢ ᠲᠣᠬᠢᠷᠠᠭᠤᠯᠤᠯᠲᠠ ᠬᠢᠬᠦ᠌ ᠪᠤᠶᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠠᠴᠠ ᠱᠢᠯᠵᠢᠭᠦᠯᠬᠦ ᠬᠡᠷᠡᠭᠲᠡᠢ᠃

  ᠵᠢᠷᠠᠨ ᠨᠢᠭᠡᠳᠦᠭᠡᠷ ᠵᠦᠢᠯ ᠤᠨᠦᠯ᠎ᠢ ᠪᠣᠳᠠᠲᠤ ᠪᠠᠢᠳᠠᠯ᠎ᠲᠠᠶ ᠤᠶᠠᠯᠳᠤᠭᠤᠯᠬᠤ ᠮᠠᠷᠺᠰ᠎ᠤᠨ ᠦᠵᠡᠯ᠎ᠦᠨ ᠰᠤᠷᠦᠯᠴᠡᠬᠤ ᠰᠤᠷᠲᠠᠯ᠎ᠢ ᠪᠠᠳᠠᠷᠠᠭᠤᠯᠵᠤ᠂ ᠰᠤᠷᠦᠯᠴᠡᠯᠭ᠎ᠠ᠎ᠶ᠋ᠢ ᠡᠷᠬᠢᠮᠯᠡᠬᠦ᠌᠂ ᠱᠢᠮᠳᠡᠠ ᠰᠤᠷᠦᠯᠴᠡᠬᠤ ᠬᠡᠪ ᠰᠤᠷᠲᠠᠯ᠎ᠢ ᠰᠠᠨᠠᠭᠠᠴᠢᠯᠠᠬᠤ ᠬᠡᠷᠡᠭ᠌ᠲᠡᠢ᠃ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶᠢᠨ ᠴᠢᠬᠤᠯᠠ ᠶᠡᠬᠡ ᠤᠨᠤᠯ ᠪᠣᠯᠤᠨ ᠦᠢᠯᠡᠳᠦᠯᠭᠡ᠎ᠶ᠋ᠢᠨ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠠᠭ᠍ᠰᠢ ᠪᠣᠯᠤᠨ ᠰᠤᠷᠤᠯᠭᠠᠳᠠᠳ᠎ᠤᠨ ᠬᠣᠭᠣᠷᠣᠨᠳᠣ᠂ ᠰᠤᠷᠤᠯᠭᠠᠳᠠᠳ᠎ᠤᠨ ᠬᠣᠭᠣᠷᠣᠨᠳᠣ᠎ᠪᠠᠨ ᠶᠠᠷᠢᠯᠴᠠᠨ ᠰᠣᠯᠢᠯᠴᠠᠬᠤ᠎ᠵᠢ ᠵᠤᠷᠢᠭᠵᠢᠭᠤᠯᠵᠤ᠂ ᠵᠢᠭᠠᠨ ᠰᠤᠷᠭᠠᠯᠲᠠ᠎ᠶ᠋ᠢ ᠵᠡᠷᠭᠡ᠎ᠪᠠᠷ ᠳᠡᠭᠡᠭ᠌ᠰᠢᠯᠡᠭᠦᠯᠬᠦ᠌᠂ ᠰᠤᠷᠤᠯᠴᠠᠬᠤ᠎ᠶ᠋ᠢ ᠵᠡᠷᠭᠡ᠎ᠪᠠᠷ ᠳᠡᠭᠡᠭ᠌ᠰᠢᠯᠡᠭᠦᠯᠬᠦ᠌᠎ᠶ᠋ᠢ ᠪᠡᠶᠡᠯᠡᠭᠦᠯᠬᠦ ᠬᠡᠷᠡᠭᠲᠡᠢ᠃

  ᠠᠷᠪᠠᠳᠤᠭᠠᠷ ᠪᠦᠯᠦᠭ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ

  ᠵᠢᠷᠠᠨ ᠬᠣᠶᠠᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠪᠠᠢᠭᠤᠯᠭ᠎ᠠ᠎ᠶ᠋ᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠪᠠᠢᠭᠤᠯᠬᠤ ᠬᠡᠷᠡᠭᠲᠡᠢ᠃ ᠪᠠᠢᠭᠤᠯᠭ᠎ᠠ᠎ᠶ᠋ᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠨᠢ ᠳᠡᠭᠡᠳᠦ ᠱᠠᠲᠤᠨ᠎ᠤ ᠨᠠᠮ᠎ᠤᠨ ᠪᠠᠢᠭᠤᠯᠭ᠎ᠠ᠎ᠶ᠋ᠢᠨ ᠠᠵᠢᠯ᠎ᠤᠨ ᠬᠤᠷᠢᠶ᠎ᠠ ᠪᠠ ᠰᠤᠷᠭᠠᠭᠤᠯᠢ (ᠳᠡᠭᠡᠳᠦ ᠰᠤᠷᠭᠠᠭᠤᠯᠢ)᠎ᠶᠢᠨ ᠵᠥᠪᠯᠡᠯ᠎ᠦᠨ ᠤᠳᠤᠷᠢᠳᠤᠯᠭ᠎ᠠ ᠳᠤᠤᠷ᠎ᠠ᠂ ᠨᠠᠮ᠎ᠤᠨ ᠤᠯᠤᠰ ᠲᠥᠷᠥ᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠣᠳᠣᠭᠤᠯᠵᠤ᠂ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠨᠠᠮ᠎ᠤᠨ ᠪᠠᠢᠭᠤᠯᠤᠯᠲᠠ᠎ᠶ᠋ᠢᠨ ᠠᠵᠢᠯ ᠬᠢᠭᠡᠳ ᠵᠢᠭᠠᠨ ᠰᠤᠷᠭᠠᠯᠲᠠ᠂ ᠱᠢᠨᠵᠢᠯᠡᠬᠦ᠌ ᠤᠬᠠᠭᠠᠨ᠎ᠤ ᠰᠤᠳᠤᠯᠭᠠᠨ ᠵᠡᠷᠭᠡ ᠲᠤᠬᠠᠢᠯᠠᠭ᠍ᠰᠠᠨ ᠠᠵᠢᠯ᠎ᠤᠨ ᠭᠦᠨᠵᠡᠭᠡᠶ ᠠᠭᠤᠰᠤᠯᠴᠠᠯ᠎ᠢ ᠪᠡᠶᠡᠯᠡᠭᠦᠯᠬᠦ᠌᠎ᠶ᠋ᠢ ᠠᠬᠢᠭᠤᠯᠵᠤ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ ᠦᠶ᠋ᠯᠡᠰ᠎ᠦᠨ ᠬᠥᠭ᠌ᠵᠢᠯᠲᠡ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃

  ᠵᠢᠷᠠᠨ ᠭᠤᠷᠪᠠᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠨᠠᠮ᠎ᠤᠨ ᠦᠨᠳᠦᠰᠦᠨ ᠱᠠᠲᠤᠨ᠎ᠤ ᠬᠣᠷᠢᠶ᠎ᠠ ᠪᠠ ᠨᠠᠮ᠎ᠤᠨ ᠦᠨᠳᠦᠰᠦᠨ ᠱᠠᠲᠤᠨ᠎ᠤ ᠬᠣᠷᠢᠶ᠎ᠠ ᠪᠠᠢᠭᠤᠯᠬᠤ ᠤᠢ᠍ᠭᠡᠢ ᠶᠡᠷᠦᠩᠬᠡᠢ ᠡᠭᠦᠷ᠎ᠦᠨ ᠬᠤᠷᠢᠶ᠎ᠠ᠎ᠶᠢᠨ ᠱᠦᠵᠢ᠎ᠶ᠋ᠢ ᠲᠤᠰ ᠨᠢᠭᠡᠴᠢ᠎ᠶ᠋ᠢᠨ ᠨᠠᠮ᠎ᠤᠨ ᠭᠡᠱᠢᠭᠦᠨ ᠬᠠᠷᠢᠭᠤᠴᠠᠯᠭᠠᠲᠠᠨ ᠡᠭᠦᠷᠭᠡᠯᠡᠬᠦ᠌ ᠬᠡᠷᠡᠭ᠌ᠲᠡᠢ᠃ ᠨᠠᠮ᠎ᠤᠨ ᠭᠡᠱᠢᠭᠦᠨ᠎ᠦ ᠲᠣᠭ᠎ᠠ ᠪᠠ ᠬᠠᠷᠢᠶᠠᠯᠠᠬᠳᠠᠬᠤ ᠨᠢᠭᠡᠴᠢ ᠨᠢ ᠨᠡᠯᠢᠶᠡᠳ ᠤᠯᠠᠨ ᠪᠠᠢᠭ᠎ᠠ ᠪᠠᠢᠭᠤᠯᠭ᠎ᠠ᠎ᠶ᠋ᠢᠨ ᠨᠠᠮ᠎ᠤᠨ ᠦᠨᠳᠦᠰᠦᠨ ᠱᠠᠲᠤᠨ᠎ᠤ ᠬᠣᠷᠢᠶ᠎ᠠ᠎ᠳᠤ ᠲᠤᠰᠭᠠᠢ ᠲᠤᠱᠢᠶᠠᠯᠳᠦ ᠳᠡᠳ᠋ ᠱᠦᠵᠢ ᠲᠤᠬᠢᠷᠠᠭᠤᠯᠬᠤ ᠬᠡᠷᠡᠭᠲᠡᠢ᠃ ᠨᠠᠮ᠎ᠤᠨ ᠡᠭᠦᠷ᠎ᠦᠨ ᠱᠦᠵᠢ᠎ᠶ᠋ᠢᠨ ᠲᠤᠱᠢᠶᠠᠯ᠎ᠢ ᠵᠠᠷᠴᠢᠮ ᠳᠡᠭᠡᠷ᠎ᠡ᠎ᠪᠡᠨ ᠲᠣᠰ ᠨᠢᠭᠡᠴᠢ᠎ᠶ᠋ᠢᠨ ᠨᠠᠮ᠎ᠤᠨ ᠭᠡᠱᠢᠭᠦᠨ ᠭᠤᠤᠯ ᠬᠠᠷᠢᠭᠤᠴᠠᠯᠭᠠᠲᠠᠨ᠎ᠡᠴᠡ ᠡᠭᠦᠷᠭᠡᠯᠡᠬᠦ ᠬᠡᠷᠡᠭᠲᠡᠢ᠃

  ᠵᠢᠷᠠᠨ ᠳᠥᠷᠪᠡᠳᠦᠭᠡᠷ ᠵᠦᠢᠯ ᠰᠤᠷᠭᠠᠭᠤᠯᠢ (ᠳᠡᠭᠡᠳᠦ ᠰᠤᠷᠭᠠᠭᠤᠯᠢ)᠎ᠶᠢᠨ ᠵᠥᠪᠯᠡᠯ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭ᠍ᠴᠠ᠎ᠶᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠭᠣᠣᠯ ᠬᠠᠷᠢᠭᠤᠴᠠᠯᠭᠠᠲᠠᠨ ᠪᠣᠯ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠨᠢᠭᠡᠳᠦᠭᠡᠷ ᠬᠠᠷᠢᠭᠤᠴᠠᠯᠭᠠᠲᠠᠨ ᠮᠥᠨ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ ᠪᠣᠯ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠱᠢᠭᠤᠳ ᠬᠠᠷᠢᠭᠤᠴᠠᠯᠭᠠᠲᠠᠨ ᠮᠥᠨ᠂ ᠤᠳᠤᠷᠢᠳᠬᠤ ᠪᠠᠭ᠎ᠤᠨ ᠪᠤᠰᠤᠳ ᠪᠦᠷᠢᠯᠳᠦᠬᠦᠨ 《ᠨᠢᠭᠡ ᠠᠵᠢᠯ᠎ᠤᠨ ᠪᠠᠢᠷᠢ᠎ᠳ᠋ᠤ ᠬᠣᠶᠠᠷ ᠬᠠᠷᠢᠭᠤᠴᠠᠯᠭ᠎ᠠ ᠡᠬᠦᠷᠬᠡᠯᠡᠬᠦ》᠎ᠶᠢ ᠨᠠᠢᠳᠠᠪᠤᠷᠢᠵᠢᠭᠤᠯᠵᠤ᠂ ᠲᠤᠱᠢᠶᠠᠯ ᠬᠠᠷᠢᠭᠤᠴᠠᠯᠭ᠎ᠠ᠎ᠶ᠋ᠢᠨ ᠬᠡᠪᠴᠢᠶᠡᠨ᠎ᠳᠡᠬᠢ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠰᠠᠢᠲᠤᠷ ᠠᠳᠭᠤᠬᠤ ᠬᠡᠷᠡᠭ᠌ᠲᠡᠢ᠃

  ᠠᠷᠪᠠᠨ ᠨᠢᠭᠡᠳᠦᠭᠡᠷ ᠪᠦᠯᠦᠭ ᠰᠤᠷᠭᠠᠭᠤᠯᠢ ᠡᠷᠬᠢᠯᠡᠬᠦ᠌ ᠪᠠᠲᠤᠯᠠᠭ᠎ᠠ

  ᠵᠢᠷᠠᠨ ᠲᠠᠪᠤᠳᠤᠭᠠᠷ ᠵᠦᠢᠯ ᠵᠠᠰᠠᠭ ᠵᠠᠬᠢᠷᠭᠠᠨ᠎ᠤ ᠬᠠᠮᠢᠶᠠᠷᠤᠯᠲᠠ ᠪᠠ ᠠᠷᠤ ᠲᠠᠯ᠎ᠠ᠎ᠶ᠋ᠢᠨ ᠦᠢᠯᠡᠴᠢᠯᠡᠭᠡ ᠪᠣᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠡᠯ᠎ᠡ ᠵᠦᠢᠯ᠎ᠦᠨ ᠠᠵᠢᠯ᠎ᠤᠨ ᠶᠠᠪᠤᠬᠳᠠᠬᠤ ᠴᠢᠬᠤᠯᠠ ᠪᠠᠲᠤᠯᠠᠭ᠎ᠠ ᠮᠥᠨ᠃ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠢ ᠬᠠᠮᠢᠶᠠᠷᠤᠯᠲᠠ᠎ᠶ᠋ᠢᠨ ᠱᠢᠨᠵᠢᠯᠡᠬᠦ᠌ ᠤᠬᠠᠭᠠᠨᠴᠢᠯᠠᠯᠲᠠ ᠪᠠ ᠦᠢᠯᠡᠴᠢᠯᠡᠭᠡᠨ᠎ᠦ ᠵᠢᠷᠤᠮᠵᠢᠭᠤᠯᠤᠯᠲᠠ᠎ᠶ᠋ᠢᠨ ᠱᠠᠭᠠᠷᠳᠠᠯᠭ᠎ᠠ ᠶᠣᠰᠣᠭᠠᠷ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠵᠦ᠍᠂ ᠠᠵᠢᠯᠴᠢ ᠠᠷᠪᠢᠴᠢ᠎ᠪᠠᠷ ᠰᠤᠷᠭᠠᠭᠤᠯᠢ ᠡᠷᠬᠢᠯᠡᠬᠦ᠌᠎ᠶ᠋ᠢ ᠪᠠᠷᠢᠮᠲᠠᠯᠠᠨ᠂ ᠪᠦᠷᠢᠯᠭᠡᠨ ᠰᠦᠢᠳᠭᠡᠬᠦ᠌᠎ᠶ᠋ᠢ ᠴᠢᠩᠭ᠎ᠠ ᠴᠡᠭᠡᠷᠯᠡᠵᠦ᠍᠂ ᠬᠠᠮᠢᠶᠠᠷᠤᠯᠲᠠ᠎ᠶ᠋ᠢᠨ ᠲᠦᠪᠰᠢᠨ᠂ ᠦᠢᠯᠡᠴᠢᠯᠡᠭᠡᠨ᠎ᠦ ᠶᠠᠰᠤ ᠴᠢᠨᠠᠷ ᠪᠠ ᠪᠠᠲᠤᠯᠠᠭ᠎ᠠ᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠬᠡᠷᠡᠭ᠌ᠲᠡᠢ᠃

  ᠵᠢᠷᠠᠨ ᠵᠢᠷᠭᠤᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠳᠤ ᠬᠡᠷᠡᠭ᠌ᠰᠡᠬᠦ᠌ ᠴᠢᠬᠤᠯᠠ ᠪᠦᠬᠦᠢ ᠵᠠᠷᠤᠳᠠᠯ᠎ᠢ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠣᠨ᠎ᠤ ᠲᠥᠰᠦᠪ᠎ᠲᠦ ᠣᠷᠣᠭᠤᠯᠬᠤ ᠬᠡᠷᠡᠭᠲᠡᠢ᠃ ᠦᠨᠳᠦᠰᠦᠨ ᠱᠠᠲᠤᠨ᠎ᠤ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠵᠠᠷᠤᠳᠠᠯ᠎ᠤᠨ ᠪᠠᠲᠤᠯᠠᠭ᠎ᠠ᠎ᠶ᠋ᠢ ᠰᠠᠢᠲᠤᠷ ᠬᠢᠵᠦ᠍᠂ ᠨᠥᠬᠥᠴᠡᠯ ᠪᠦᠷᠢᠯᠳᠦᠭᠦᠯᠦᠭᠰᠡᠨ ᠣᠷᠣᠨ ᠨᠤᠲᠤᠭ᠎ᠤᠨ ᠨᠠᠮ᠎ᠤᠨ ᠬᠣᠷᠢᠶ᠎ᠠ ᠦᠯᠡᠳᠡᠭᠡᠨ ᠬᠠᠳᠠᠭᠠᠯᠠᠭ᠍ᠰᠠᠨ ᠨᠠᠮ᠎ᠤᠨ ᠰᠦᠢᠳᠭᠡᠯ᠎ᠢ ᠬᠡᠷᠡᠭ᠌ᠯᠡᠵᠦ᠍᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠳᠤ ᠦᠨᠳᠦᠰᠦᠨ ᠱᠠᠲᠤᠨ᠎ᠤ ᠨᠠᠮ᠎ᠤᠨ ᠭᠡᠱᠢᠭᠦᠨ ᠎ᠦ ᠪᠣᠯᠪᠠᠰᠤᠷᠠᠯ ᠥᠷᠨᠢᠭᠦᠯᠬᠦ᠌᠎ᠳᠦ ᠵᠣᠬᠢᠰᠲᠠᠢ ᠨᠥᠬᠥᠪᠥᠷᠢ ᠥᠭ᠌ᠴᠦ ᠪᠣᠯᠤᠨ᠎ᠠ᠃

  ᠵᠢᠷᠠᠨ ᠳᠣᠯᠣᠳᠤᠭᠠᠷ ᠵᠦᠢᠯ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠬᠢᠴᠢᠶᠡᠯ᠎ᠦᠨ ᠭᠡᠷ᠂ ᠨᠣᠮ᠎ᠤᠨ ᠰᠠᠩ (ᠲᠠᠰᠤᠭ)᠂ ᠪᠠᠢᠷᠢ᠎ᠶ᠋ᠢᠨ ᠭᠡᠷ᠂ ᠬᠣᠭᠣᠯᠠᠨ ᠭᠡᠷ᠂ ᠮᠡᠳᠡᠭᠡ ᠵᠠᠩᠭᠢᠵᠢᠯᠲᠠ᠎ᠶ᠋ᠢᠨ ᠲᠤᠨᠤᠭ ᠲᠥᠬᠥᠭᠡᠷᠦᠮᠵᠢ ᠵᠡᠷᠭᠡ ᠺᠠᠳ᠋ᠷ᠎ᠤᠨ ᠬᠥᠮᠦᠵᠢᠯ ᠪᠣᠯᠪᠠᠰᠤᠷᠠᠯ᠎ᠳᠤ ᠡᠷᠬᠡᠪᠰᠢ ᠱᠠᠭᠠᠷᠳᠠᠭ᠍ᠳᠠᠬᠤ ᠰᠠᠭᠤᠷᠢ ᠲᠥᠬᠥᠭᠡᠷᠦᠮᠵᠢ᠎ᠶᠢᠨ ᠪᠦᠳᠦᠭᠡᠨ ᠪᠠᠢᠭᠤᠯᠤᠯᠲᠠ᠎ᠶ᠋ᠢ ᠴᠢᠬᠤᠯᠠᠴᠢᠯᠠᠵᠤ᠂ ᠬᠡᠷᠡᠭ᠌ᠯᠡᠭᠡᠨ᠎ᠦ᠂ ᠠᠶᠤᠯᠭᠦᠢ᠂ ᠪᠦᠲᠦᠮᠵᠢᠲᠡᠢ᠂ ᠠᠷᠪᠢᠲᠠᠢ ᠪᠠᠢᠬᠤ ᠵᠠᠷᠴᠢᠮ ᠶᠣᠰᠣᠭᠠᠷ ᠰᠤᠷᠭᠠᠭᠤᠯᠢ ᠡᠷᠬᠢᠯᠡᠬᠦ᠌ ᠨᠥᠬᠥᠴᠡᠯ᠎ᠢ ᠰᠠᠢᠵᠢᠷᠠᠭᠤᠯᠬᠤ ᠬᠡᠷᠡᠭ᠌ᠲᠡᠢ᠃

  ᠵᠢᠷᠠᠨ ᠨᠠᠢ᠍ᠮᠠᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠰᠦᠯᠵᠢᠶᠡᠨ᠎ᠦ ᠠᠮᠤᠷ ᠲᠦᠪᠱᠢᠨ ᠪᠠ ᠮᠡᠳᠡᠭᠡ ᠵᠠᠩᠭᠢᠵᠢᠯᠲᠠ᠎ᠶ᠋ᠢᠨ ᠠᠵᠢᠯ᠎ᠢ ᠰᠠᠢᠲᠤᠷ ᠬᠢᠵᠦ᠍᠂ ᠵᠢᠭᠠᠨ ᠰᠤᠷᠭᠠᠯᠲᠠ᠂ ᠱᠢᠨᠵᠢᠯᠡᠬᠦ᠌ ᠤᠬᠠᠭᠠᠨ᠎ᠤ ᠰᠤᠳᠤᠯᠭᠠᠨ᠂ ᠬᠠᠮᠢᠶᠠᠷᠤᠯᠲᠠ ᠪᠠ ᠦᠢᠯᠡᠴᠢᠯᠡᠭᠡᠨ ᠎ᠦ ᠲᠣᠭᠠᠴᠢᠯᠠᠯᠲᠠ᠎ᠶ᠋ᠢᠨ ᠲᠦᠪᠱᠢᠨ᠎ᠢᠶᠡᠨ ᠳᠡᠭᠡᠭ᠌ᠰᠢᠯᠡᠭᠦᠯᠬᠦ᠌ ᠬᠡᠷᠡᠭ᠌ᠲᠡᠢ᠃

  ᠵᠢᠷᠠ ᠶᠢᠰᠦᠳᠦᠭᠡᠷ ᠵᠦᠶ᠋ᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠣᠮ᠎ᠤᠨ ᠰᠠᠩ (ᠲᠠᠰᠤᠭ)᠎ᠤ᠋ᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠴᠠᠭᠠᠰᠤᠨ ᠲᠤᠯᠭᠤᠷ ᠪᠢᠴᠢᠭ ᠪᠠ ᠲᠣᠭᠠᠴᠢᠯᠠᠭ᠍ᠰᠠᠨ ᠡᠬᠢ ᠪᠠᠶᠠᠯᠢᠭ᠎ᠢ ᠴᠤᠭ᠍ᠯᠠᠭᠤᠯᠬᠤ᠂ ᠡᠮᠬᠢᠯᠡᠬᠦ᠌᠂ ᠬᠠᠮᠠᠭᠠᠯᠠᠬᠤ ᠪᠠ ᠨᠡᠭᠡᠭᠡᠨ ᠬᠥᠭ᠌ᠵᠢᠭᠦᠯᠬᠦ᠌᠎ᠶ᠋ᠢ ᠰᠠᠢᠲᠤᠷ ᠬᠢᠵᠦ᠍᠂ ᠲᠣᠭᠠᠴᠢᠯᠠᠭ᠍ᠰᠠᠨ ᠡᠬᠢ ᠪᠠᠶᠠᠯᠢᠭ᠎ᠤᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠢ ᠢᠳᠡᠪᠬᠢᠲᠡᠶ ᠠᠬᠢᠭᠤᠯᠬᠤ ᠬᠡᠷᠡᠭ᠌ᠲᠡᠶ᠃

  ᠳᠠᠯᠠᠳᠤᠭᠠᠷ ᠵᠦᠢᠯ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠢ ᠰᠤᠷᠭᠠᠭᠤᠯᠢ (ᠳᠡᠭᠡᠳᠦ ᠰᠤᠷᠭᠠᠭᠤᠯᠢ)᠎ᠶᠢᠨ ᠰᠣᠶᠣᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠬᠤᠪᠢᠰᠭᠠᠯ᠎ᠤᠨ ᠡᠬᠢ ᠪᠠᠶᠠᠯᠢᠭ᠎ᠢ ᠰᠠᠢᠲᠤᠷ ᠬᠡᠷᠡᠭ᠌ᠯᠡᠵᠦ᠍᠂ ᠤᠯᠠᠨ ᠶᠠᠩᠵᠤ ᠬᠡᠯᠪᠡᠷᠢ᠎ᠶ᠋ᠢᠨ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠣᠨᠴᠠᠯᠢᠭ ᠎ᠲᠠᠶ᠂ ᠨᠠᠮᠴᠢ ᠴᠢᠨᠠᠷ᠎ᠤᠨ ᠬᠥᠮᠦᠵᠢᠯ᠎ᠦᠨ ᠭᠣᠣᠯ ᠰᠡᠳᠦᠪ᠎ᠢ ᠲᠤᠪᠤᠢ᠌ᠯᠭᠠᠭ᠍ᠰᠠᠨ ᠰᠣᠶᠣᠯ᠎ᠤᠨ ᠠᠵᠢᠯᠯᠠᠭ᠎ᠠ᠎ᠶ᠋ᠢ ᠥᠷᠨᠢᠭᠦᠯᠬᠦ᠌ ᠬᠡᠷᠡᠭ᠌ᠲᠡᠢ᠃

  ᠠᠷᠪᠠᠨ ᠬᠣᠶᠠᠳᠤᠭᠠᠷ ᠪᠦᠯᠦᠭ ᠭᠦᠢᠴᠡᠳᠭᠡᠬᠦ᠌ ᠪᠠ ᠬᠢᠨᠠᠯᠲᠠ ᠲᠠᠯᠪᠢᠬᠤ

  ᠲᠠᠯᠠᠨ ᠨᠢᠭᠡᠳᠦᠭᠡᠷ ᠵᠦᠢᠯ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠵᠢᠴᠢ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠂ ᠰᠤᠷᠤᠯᠭᠠᠳᠠᠨ᠎ᠤ ᠪᠠᠢᠭ᠎ᠠ ᠨᠢᠭᠡᠴᠢ ᠪᠠ ᠰᠤᠷᠤᠯᠭᠠᠳᠠᠨ᠎ᠤ ᠲᠤᠰ ᠪᠡᠶ᠎ᠡ ᠨᠢ ᠲᠤᠰ ᠲᠦᠷᠢᠮ᠎ᠢ ᠴᠢᠩᠭ᠎ᠠ ᠬᠡᠷᠡᠭ᠌ᠵᠢᠭᠦᠯᠦᠨ ᠵᠢᠷᠤᠮᠯᠠᠵᠤ᠂ ᠨᠠᠮ᠎ᠤᠨ ᠳᠣᠲᠣᠭᠠᠳᠤ᠎ᠶ᠋ᠢᠨ ᠬᠢᠨᠠᠯᠲᠠ᠂ ᠨᠡᠢᠭᠡᠮ᠎ᠦᠨ ᠬᠢᠨᠠᠯᠲᠠ ᠪᠠ ᠤᠯᠠᠨ ᠲᠦᠮᠡᠨ᠎ᠦ ᠬᠢᠨᠠᠯᠲᠠ᠎ᠶ᠋ᠢ ᠤᠬᠠᠮᠰᠠᠷ᠎ᠡᠴᠡ᠎ᠪᠠᠨ ᠬᠦᠯᠢᠶᠡᠬᠦ᠌ ᠬᠡᠷᠡᠭ᠌ᠲᠡᠢ᠃

  ᠲᠠᠯᠠᠨ ᠬᠣᠶᠠᠳᠤᠭᠠᠷ ᠵᠦᠢᠯ ᠡᠯ᠎ᠡ ᠱᠠᠲᠤᠨ᠎ᠤ ᠨᠠᠮ᠎ᠤᠨ ᠬᠣᠷᠢᠶ᠎ᠠ ᠲᠤᠰ ᠲᠦᠷᠢᠮ᠎ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠳ᠋ᠤ ᠬᠢᠨᠠᠯᠲᠠ ᠲᠠᠯᠪᠢᠵᠦ ᠪᠠᠢᠴᠠᠭᠠᠬᠤ ᠬᠡᠷᠡᠭ᠌ᠲᠡᠢ᠃ ᠲᠣᠰ ᠲᠦᠷᠢᠮ᠎ᠢ ᠵᠥᠷᠢᠴᠡᠭ᠌ᠰᠡᠨ ᠪᠠᠢᠪᠠᠯ᠂ ᠲᠦᠷᠢᠮ ᠲᠣᠭ᠍ᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠬᠣᠯᠪᠣᠭ᠍ᠳᠠᠯ ᠪᠥᠬᠥᠶ ᠨᠢᠭᠡᠴᠢ᠂ ᠠᠵᠢᠯᠲᠠᠨ᠎ᠠᠴᠠ ᠬᠠᠷᠢᠭᠤᠴᠠᠯᠭ᠎ᠠ ᠨᠡᠬᠡᠮᠵᠢᠯᠡᠨ᠎ᠡ᠃

  ᠠᠷᠪᠠᠨ ᠭᠤᠷᠪᠠᠳᠤᠭᠠᠷ ᠪᠦᠯᠦᠭ ᠳᠠᠭᠠᠯᠳᠤᠭᠤᠯᠤᠯ ᠲᠦᠷᠢᠮ

  ᠲᠡᠯᠡᠠ ᠭᠤᠷᠪᠠᠳᠤᠭᠠᠷ ᠵᠦᠢᠯ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠪᠠ ᠣᠷᠣᠨ ᠨᠤᠲᠤᠭ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠪᠠᠢᠭᠤᠯᠤᠭ᠍ᠰᠠᠨ ᠬᠤᠪᠢᠶᠠᠷᠢ ᠰᠤᠷᠭᠠᠭᠤᠯᠢ ᠎ᠳ᠋ᠤ ᠲᠤᠰ ᠲᠦᠷᠢᠮ ᠶᠣᠰᠣᠭᠠᠷ ᠬᠡᠷᠡᠭ᠌ᠵᠢᠭᠦᠯᠦᠨ᠎ᠡ᠃ ᠨᠠᠮ ᠵᠠᠰᠠᠭ᠎ᠤᠨ ᠰᠠᠯᠠᠭ᠎ᠠ ᠮᠥᠴᠢᠷ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ ᠡᠩ᠎ᠦᠨ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠠᠢᠭᠤᠯᠤᠭ᠍ᠰᠠᠨ ᠨᠠᠮ᠎ᠤᠨ ᠰᠤᠷᠭᠠᠭᠤᠯᠢ ᠲᠤᠰ ᠲᠦᠷᠢᠮ᠎ᠢᠶᠡᠷ ᠯᠠᠪᠯᠠᠯᠲᠠ ᠪᠣᠯᠭᠠᠵᠤ ᠬᠡᠷᠡᠭ᠌ᠵᠢᠭᠦᠯᠦᠨ᠎ᠡ᠃ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠱᠢᠨᠵᠢ ᠴᠢᠨᠠᠷ ᠎ᠲᠠᠶ ᠪᠤᠰᠤᠳ ᠪᠣᠯᠪᠠᠰᠤᠷᠠᠯ᠎ᠤᠨ ᠪᠠᠢᠭᠤᠯᠤᠮᠵᠢ ᠲᠣᠰ ᠲᠦᠷᠢᠮ᠎ᠢᠶᠡᠷ ᠯᠠᠪᠯᠠᠯᠲᠠ ᠪᠣᠯᠭᠠᠨ ᠬᠡᠷᠡᠭ᠌ᠵᠢᠭᠦᠯᠵᠦ᠍ ᠪᠣᠯᠤᠨ᠎ᠠ᠃

  ᠳᠠᠯᠠᠨ ᠳᠥᠷᠪᠡᠳᠦᠭᠡᠷ ᠵᠦᠢᠯ ᠲᠤᠰ ᠳᠦᠷᠢᠮ᠎ᠢ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠬᠠᠷᠢᠭᠤᠴᠠᠨ ᠲᠠᠢᠯᠪᠤᠷᠢᠯᠠᠨ᠎ᠠ᠃

  ᠳᠠᠯᠠᠨ ᠲᠠᠪᠤᠳᠤᠭᠠᠷ ᠵᠦᠢᠯ ᠲᠤᠰ ᠳᠦᠷᠢᠮ᠎ᠢ ᠨᠡᠢᠲᠡᠯᠡᠭ᠌ᠰᠡᠨ ᠡᠳᠦᠷ᠎ᠡᠴᠡ ᠡᠬᠢᠯᠡᠵᠦ᠍ ᠬᠡᠷᠡᠭ᠌ᠵᠢᠭᠦᠯᠦᠨ᠎ᠡ᠃

  

 

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            