ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠢᠴᠢᠭ ᠮᠠᠲ᠋ᠧᠷᠢᠶᠠᠯ
ᠠᠮᠤᠷ ᠲᠦᠪᠰᠢᠨ᠎ᠤ ᠬᠣᠷᠢᠭ᠎ᠠ ᠱᠤᠭᠤᠮ᠎ᠢ ᠰᠠᠬᠢᠵᠤ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠦᠨ᠎ᠡ
ᠨᠡᠶ᠋ᠢᠲᠡᠯᠡᠭᠰᠡᠨ ᠴᠠᠭ᠄ 2021-04-05


      ᠰᠢᠨ᠎ᠡ ᠴᠠᠭ ᠦᠶ᠎ᠡ᠎ᠳᠤ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠨ᠎ᠠ
      ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠭᠦᠸᠧ ᠯᠢᠩ ᠶᠦᠨ
      ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠨᠢ ᠠᠷᠠᠳ ᠤᠯᠠᠨ᠎ᠤ ᠠᠮᠢ ᠨᠠᠰᠤ ᠡᠳ᠋ ᠬᠥᠷᠦᠩᠭᠡ ᠵᠢᠨ ᠠᠮᠤᠷ ᠲᠦᠪᠰᠢᠨ᠎ᠲᠠᠢ ᠬᠣᠯᠪᠣᠭᠳᠠᠵᠤ᠂ ᠠᠵᠤ ᠠᠬᠤᠢ ᠨᠡᠶ᠋ᠢᠭᠡᠮ᠎ᠤᠨ ᠡᠷᠡᠭᠦᠯ ᠬᠥᠭᠵᠢᠯᠲᠡ᠎ᠲᠠᠢ ᠬᠣᠯᠪᠣᠭᠳᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠲᠠᠢ ᠬᠣᠯᠪᠣᠭᠳᠠᠵᠤ ᠪᠠᠶ᠋ᠢᠳᠠᠭ᠃ ᠤᠯᠤᠰ ᠠᠷᠠᠳ᠎ᠤᠨ ᠠᠵᠤ ᠠᠬᠤᠶ ᠵᠢᠨ ᠲᠦᠷᠭᠡᠨ ᠬᠥᠭᠵᠢᠯᠲᠡ ᠵᠢ ᠳᠠᠭ᠋ᠠᠯᠳᠤᠨ᠂ ᠤᠰᠤᠨ ᠠᠰᠢᠭᠯᠠᠯᠲᠠ ᠵᠢᠨ ᠦᠢ᠍ᠯᠡᠰ᠎ᠨᠢ ᠭᠠᠵᠠᠷ ᠣᠷᠤᠨ᠎ᠤ ᠠᠵᠤ ᠠᠬᠤᠢ ᠵᠢᠨ ᠬᠥᠭᠵᠢᠯᠲᠡ᠂ ᠠᠷᠠᠳ ᠲᠦᠮᠡᠨ᠎ᠤ ᠠᠮᠢ ᠨᠠᠰᠤ ᠡᠳ᠋ ᠬᠥᠷᠦᠩᠭᠡ ᠵᠢᠨ ᠠᠮᠤᠷ ᠲᠦᠪᠰᠢᠨ᠎ᠢ ᠪᠠᠲᠤᠯᠠᠬᠤ ᠵᠡᠷᠭᠡ ᠲᠠᠯ᠎ᠠ᠎ᠪᠠᠷ ᠡᠳᠦᠷ ᠢᠷᠡᠬᠦᠶ᠎ᠡ ᠴᠢᠬᠤᠯᠠ ᠪᠤᠯᠵᠤ ᠪᠠᠶ᠋ᠢᠨ᠎ᠠ᠃ ᠶᠡᠷᠦᠩᠬᠡᠶ ᠱᠦᠵᠢ ᠰᠢ ᠵᠢᠨ ᠫᠢᠩ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠲᠤᠶ᠋ᠢᠯ ᠵᠶ᠋ᠠᠷ ᠴᠢᠬᠤᠯᠠᠴᠢᠯᠠᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠰᠠᠶ᠋ᠢᠲᠤᠷ ᠨᠠᠶ᠋ᠢᠳᠠᠪᠤᠷᠢᠵᠢᠭᠤᠯᠬᠤ ᠲᠤᠬᠠᠶ ᠤᠯᠠᠨ ᠤᠳᠠᠭ᠎ᠠ ᠴᠢᠬᠤᠯᠠ ᠵᠢᠭ᠋ᠠᠪᠤᠷᠢ ᠪᠠ ᠴᠣᠬᠣᠯᠠᠪᠤᠷᠢ ᠬᠢᠭᠰᠡᠨ ᠪᠠᠶ᠋ᠢᠨ᠎ᠠ᠃ ᠰᠠᠶ᠋ᠢᠳ ᠡᠸ ᠵᠢᠩ ᠫᠢᠩ ᠪᠥᠬᠥ ᠤᠯᠤᠰ᠎ᠤᠨ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯᠳᠤᠭ᠋ᠠᠨ ᠳᠡᠭᠡᠷ᠎ᠡ᠄ 《ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠬᠣᠷᠢᠭ᠎ᠠ ᠱᠤᠭᠤᠮ᠎ᠤᠨ ᠰᠡᠳᠬᠢᠬᠦᠶ ᠵᠢ ᠪᠠᠲᠤ ᠪᠣᠶ ᠪᠣᠯᠭ᠋ᠠᠵᠤ᠂ ᠲᠦᠭᠰᠢᠭᠦᠷᠢ ᠵᠢᠨ ᠤᠬᠠᠮᠰᠠᠷ ᠵᠶ᠋ᠠᠨ ᠴᠢᠩᠭ᠋ᠠᠷᠠᠭᠤᠯᠤᠨ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠥᠭᠵᠢᠯᠲᠡ ᠵᠢ ᠨᠥᠯᠥᠭᠡᠯᠡᠵᠦ ᠪᠠᠶ᠋ᠢᠭ᠎ᠠ ᠳᠠᠯᠳᠠ ᠬᠡᠮ᠎ᠢ ᠪᠥᠬᠥ ᠲᠠᠯ᠎ᠠ᠎ᠪᠠᠷ ᠡᠮᠬᠢᠯᠡᠨ ᠪᠠᠶ᠋ᠢᠴᠠᠭ᠋ᠠᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠵᠤ᠂ ᠠᠶᠤᠯ᠎ᠢ ᠠᠷᠢᠯᠭ᠋ᠠᠨ ᠪᠡᠬᠢᠵᠢᠭᠦᠯᠬᠦ ᠵᠢ ᠴᠢᠩᠭ᠎ᠠ ᠠᠩᠬᠠᠷᠴᠤ᠂ ᠠᠵᠢᠯᠯᠠᠭ᠋ᠠᠨ᠎ᠤ ᠬᠠᠮᠢᠶᠠᠷᠤᠯᠲᠠ ᠵᠢ ᠴᠢᠩᠭ᠎ᠠ ᠠᠩᠬᠠᠷᠴᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠪᠠᠲᠤᠲᠠᠶ ᠠᠩᠬᠠᠷᠴᠤ᠂ ᠴᠢᠩᠭ᠎ᠠ ᠰᠡᠷᠭᠡᠶ᠋ᠢᠯᠡᠨ ᠰᠠᠬᠢᠵᠤ᠂ ᠪᠦᠲᠦᠮᠵᠢᠲᠡᠶ᠎ᠪᠠᠷ ᠠᠷᠢᠯᠭ᠋ᠠᠬᠤ ᠬᠡᠷᠡᠭᠲᠡᠶ》 ᠭᠡᠵᠦ ᠶᠠᠷᠢᠵᠤ ᠥᠩᠭᠡᠷᠡᠭᠰᠡᠨ ᠶᠤᠮ᠃ ᠪᠢᠳᠡ ᠡᠷᠬᠡᠪᠰᠢ 《ᠲᠦᠷᠪᠡᠨ ᠤᠬᠠᠮᠰᠠᠷ》᠎ᠢ ᠪᠠᠲᠤ ᠪᠡᠬᠢ ᠪᠤᠢ ᠪᠣᠯᠭ᠋ᠠᠬᠤ ᠪᠠ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠤᠯᠤᠰ ᠲᠦᠷᠦ ᠵᠢᠨ ᠳᠡᠭᠡᠳᠦ ᠬᠡᠮᠵᠢᠶᠡᠨ᠎ᠠᠴᠠ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠠᠶᠤᠯ ᠦᠭᠡᠢ ᠦᠢ᠍ᠯᠡᠳᠪᠦᠷᠢᠯᠡᠯ᠎ᠤᠨ ᠲᠤᠬᠠᠶ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ᠎ᠲᠠᠢ ᠨᠢᠭᠡᠳᠬᠡᠬᠦ ᠬᠡᠷᠡᠭᠲᠡᠶ; ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠪᠣᠳᠠᠲᠤ ᠪᠠᠶ᠋ᠢᠳᠠᠯ᠎ᠤᠨ ᠲᠣᠭᠣᠷᠢᠨ᠎ᠳᠤ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠴᠢᠩᠭ᠋ᠠᠳᠬᠠᠬᠤ ᠬᠡᠷᠡᠭᠲᠡᠢ; ᠬᠠᠳᠠ ᠴᠢᠯᠠᠭᠤ ᠮᠡᠲᠦ ᠪᠠᠲᠤ ᠴᠢᠩᠭ᠎ᠠ ᠢᠲᠡᠭᠡᠯ ᠵᠣᠷᠢᠭ᠂ ᠥᠷᠯᠥᠭᠡ ᠦᠳᠡᠰᠢ ᠵᠢ ᠲᠡᠮᠡᠴᠡᠬᠦ ᠡᠷᠴᠢ ᠵᠣᠷᠢᠭ᠂ ᠰᠢᠨᠲᠠᠷᠠᠰᠢ ᠦᠭᠡᠢ ᠬᠠᠳᠠᠨ ᠵᠣᠷᠢᠭ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠨᠡᠩ ᠶᠡᠬᠡ ᠬᠦᠴᠦ ᠣᠷᠣᠭᠤᠯᠵᠤ ᠪᠠᠶ᠋ᠢᠭ᠋ᠠᠳ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠰᠠᠶ᠋ᠢᠲᠤᠷ ᠠᠳᠬᠤᠬᠤ ᠬᠡᠷᠡᠭᠲᠡᠢ᠃
      ᠨᠢᠭᠡ᠂ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠲᠤ ᠰᠠᠬᠢᠵᠤ᠂ ᠤᠰᠤᠨ ᠠᠰᠢᠭᠯᠠᠯᠲᠠ ᠵᠢᠨ ᠠᠮᠤᠷ ᠲᠦᠪᠰᠢᠨ᠎ᠤ ᠰᠠᠭᠤᠷᠢ ᠵᠢ ᠪᠡᠬᠢᠵᠢᠭᠦᠯᠦᠨ᠎ᠡ
      ᠤᠰᠤᠨ ᠠᠰᠢᠭᠯᠠᠯᠲᠠ ᠵᠢᠨ ᠠᠶᠤᠯ ᠥᠭᠡᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠬᠤ᠎ᠳᠤ ᠡᠷᠬᠡᠪᠰᠢ ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠢ ᠪᠠᠶ᠋ᠢᠬᠤ᠂ ᠨᠢᠭᠡ ᠠᠵᠢᠯ᠎ᠤᠨ ᠪᠠᠶ᠋ᠢᠷᠢ᠎ᠳᠤ ᠬᠣᠣᠰ ᠬᠠᠷᠢᠭᠤᠴᠠᠯᠭ᠎ᠠ᠎ᠲᠠᠢ ᠪᠠᠶ᠋ᠢᠬᠤ᠂ ᠬᠠᠷᠢᠭᠤᠴᠠᠯᠭ᠎ᠠ᠎ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠰᠢᠰᠲᠸᠮᠵᠢ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢ ᠪᠠᠷᠢᠮᠲᠠᠯᠠᠨ᠂ ᠵᠥᠪᠬᠡᠨ 《ᠠᠵᠢᠯ ᠲᠥᠷᠥᠯ᠎ᠢ ᠬᠠᠮᠢᠶᠠᠷᠬᠤ᠎ᠳᠤ ᠡᠷᠬᠡᠪᠰᠢ ᠠᠶᠤᠯ ᠥᠭᠡᠢ ᠵᠢ ᠬᠠᠮᠢᠶᠠᠷᠬᠤ᠂ ᠲᠤᠬᠠᠶ᠋ᠢᠯᠠᠭᠰᠠᠨ ᠠᠵᠢᠯ᠎ᠢ ᠬᠠᠮᠢᠶᠠᠷᠬᠤ᠎ᠳᠤ ᠡᠷᠬᠡᠪᠰᠢ ᠠᠶᠤᠯ ᠥᠭᠡᠢ ᠵᠢ ᠬᠠᠮᠢᠶᠠᠷᠬᠤ᠂ ᠦᠢ᠍ᠯᠡᠳᠪᠦᠷᠢᠯᠡᠯ᠎ᠢ ᠬᠠᠮᠢᠶᠠᠷᠬᠤ᠎ᠳᠤ ᠡᠷᠬᠡᠪᠰᠢ ᠠᠶᠤᠯ ᠥᠭᠡᠢ ᠵᠢ ᠬᠠᠮᠢᠶᠠᠷᠬᠤ》 ᠵᠢᠨ ᠲᠣᠭᠣᠷᠢᠨ᠎ᠳᠤ ᠠᠵᠢᠯ ᠵᠶ᠋ᠠᠨ ᠥᠷᠨᠢᠭᠦᠯᠬᠦ ᠬᠡᠷᠡᠭᠲᠡᠶ᠃ 《ᠠᠵᠢᠯ ᠲᠥᠷᠥᠯ᠎ᠤᠨ ᠠᠮᠤᠷ ᠲᠦᠪᠰᠢᠨ᠂ ᠲᠤᠬᠠᠶ᠋ᠢᠯᠠᠭᠰᠠᠨ ᠠᠵᠢᠯ᠎ᠤᠨ ᠠᠮᠤᠷ ᠲᠦᠪᠰᠢᠨ᠂ ᠦᠢ᠍ᠯᠡᠳᠪᠤᠷᠢᠯᠡᠯ᠎ᠤᠨ ᠠᠮᠤᠷ ᠲᠦᠪᠰᠢᠨ》᠎ᠨᠢ ᠪᠢᠳᠡᠨ᠎ᠳᠤ ᠠᠪᠴᠤ ᠬᠡᠯᠡᠪᠡᠯ ᠡᠩ ᠲᠡᠷᠢᠭᠦᠨ᠎ᠳᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠮᠤᠷ ᠲᠦᠪᠰᠢᠨ ᠪᠣᠯᠤᠨ᠎ᠠ᠃ ᠮᠠᠨ᠎ᠤ ᠠᠶ᠋ᠢᠮᠠᠭ ᠠᠶᠤᠯ ᠦᠭᠡᠢ ᠦᠢ᠍ᠯᠡᠳᠪᠦᠷᠢᠯᠡᠯ᠎ᠤᠨ ᠤᠯᠠᠭ᠋ᠠᠨ ᠱᠤᠭᠤᠮ᠎ᠤᠨ ᠤᠬᠠᠮᠰᠠᠷ᠎ᠢ ᠪᠠᠲᠤ ᠪᠤᠢ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ 《ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ᠎ᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠬᠤ》   ᠵᠢ ᠪᠠᠷᠢᠮᠲᠠᠯᠠᠵᠤ᠂ 《ᠬᠥᠭᠵᠢᠯᠲᠡ᠎ᠨᠢ ᠶᠠᠭ᠋ᠠᠬᠢᠭᠰᠠᠨ ᠴᠤ᠌ ᠬᠥᠮᠦᠨ᠎ᠤ ᠠᠮᠢ ᠨᠠᠰᠤ ᠵᠢ ᠦᠷᠡᠭᠳᠡᠭᠦᠯᠬᠦ᠎ᠪᠠᠷ ᠦᠨ᠎ᠡ ᠲᠥᠯᠥᠪᠦᠷᠢ ᠪᠣᠯᠭ᠋ᠠᠵᠤ ᠪᠣᠯᠬᠤ ᠦᠬᠡᠢ ᠪᠠᠢ᠍ᠢ᠍ᠬᠤ ᠵᠢ ᠨᠢᠭᠡᠨ ᠳᠠᠪᠠᠵᠤ ᠪᠣᠯᠤᠰᠢ ᠦᠬᠡᠢ ᠤᠯᠠᠭ᠋ᠠᠨ ᠱᠤᠭᠤᠮ ᠪᠣᠯᠭ᠋ᠠᠬᠤ》   ᠵᠢ ᠤᠰᠤᠨ ᠠᠰᠢᠭᠯᠠᠯᠲᠠ ᠵᠢᠨ ᠪᠦᠬᠦᠢ᠍ᠢ᠍ᠯᠡ ᠠᠵᠢᠯ᠎ᠳᠤ ᠲᠤᠤᠱᠯᠠᠭᠤᠯᠬᠤ ᠬᠡᠷᠡᠭᠲᠡᠢ᠃ ᠤᠢ᠍ᠢ᠍ᠷ᠎ᠠ ᠵᠢᠨ ᠬᠡᠳᠦᠨ ᠵᠢᠯ᠎ᠳᠤ᠂ ᠨᠤᠨ ᠮᠥᠷᠡᠨ᠎ᠤ ᠭᠣᠣᠯ ᠤᠷᠤᠰᠬᠠᠯ᠎ᠢ ᠵᠠᠰᠠᠬᠤ ᠢᠨᠵᠧᠨᠧᠷᠢᠩ᠂ ᠴᠤᠤᠯ ᠭᠣᠣᠯ᠎ᠤᠨ ᠤᠰᠤᠨ ᠠᠰᠢᠭᠯᠠᠯᠲᠠ ᠵᠢᠨ   ᠬᠦᠢ᠍ᠰᠦ ᠵᠢᠨ ᠳᠣᠣᠷᠠᠳᠤ ᠤᠷᠤᠰᠬᠠᠯ᠎ᠤᠨ ᠤᠰᠤᠯᠠᠯᠲᠠ ᠵᠢᠨ ᠣᠷᠣᠨ᠂ ᠴᠤᠤᠯ ᠭᠣᠣᠯ᠎ᠢ ᠲᠠᠲᠠᠵᠤ   ᠯᠢᠶᠤᠤ ᠾᠸ ᠭᠤᠤᠯ᠎ᠳᠤ ᠲᠤᠰᠠᠯᠠᠬᠤ ᠢᠨᠵᠧᠨᠧᠷᠢᠩ ᠵᠡᠷᠭᠡ ᠴᠢᠬᠤᠯᠠ ᠶᠡᠬᠡ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠵᠠᠯᠭ᠋ᠠᠭ᠎ᠠ᠎ᠪᠠᠷ ᠬᠢᠩᠭ᠋ᠠᠨ ᠠᠶ᠋ᠢᠮᠠᠭ᠎ᠲᠤ ᠨᠤᠲᠤᠭᠰᠢᠪᠠ᠃ ᠡᠨᠡ᠎ᠨᠢ ᠮᠠᠨ᠎ᠤ ᠠᠶ᠋ᠢᠮᠠᠭ᠎ᠤᠨ ᠤᠰᠤᠨ ᠠᠰᠢᠭᠯᠠᠯᠲᠠ ᠵᠢᠨ ᠦᠢ᠍ᠯᠡᠰ᠎ᠲᠤ ᠰᠢᠨ᠎ᠡ ᠬᠥᠭᠵᠢᠯᠲᠡ ᠵᠢᠨ ᠠᠵᠠ ᠲᠣᠬᠢᠶᠠᠯ ᠣᠯᠭᠣᠵᠤ᠂ ᠡᠭᠦᠨ᠎ᠤ ᠬᠠᠮᠲᠤ ᠪᠠᠰᠠ ᠴᠤ᠌ ᠰᠢᠨ᠎ᠡ ᠥᠷᠢᠰᠥᠯᠳᠦᠭᠡᠨ᠎ᠢ ᠠᠪᠴᠢᠷᠠᠪᠠ᠂ ᠡᠨᠡ ᠲᠥᠷᠥᠯ᠎ᠤᠨ ᠲᠥᠷᠥᠯ ᠵᠦᠢ᠍ᠯ᠎ᠤᠨ ᠮᠡᠷᠭᠡᠵᠢᠯ᠎ᠤᠨ ᠱᠠᠭ᠋ᠠᠷᠳᠠᠯᠭ᠎ᠠ ᠥᠨᠳᠥᠷ᠂ ᠪᠠᠷᠢᠯᠭ᠎ᠠ ᠵᠢᠨ ᠠᠵᠢᠯ᠎ᠤᠨ ᠬᠦᠴᠢᠷᠳᠡᠯ ᠶᠡᠬᠡ᠂ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠬᠤᠭᠤᠴᠠᠭ᠎ᠠ ᠪᠠᠴᠢᠮ᠂ ᠪᠠᠷᠢᠯᠭ᠎ᠠ ᠵᠢᠨ ᠠᠵᠢᠯ᠎ᠤᠨ ᠲᠤᠬᠠᠶ ᠵᠢᠨ ᠭᠠᠵᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠪᠠᠭᠤᠷᠠᠶ᠂ ᠲᠦᠷᠢᠮ᠎ᠢ ᠴᠢᠩᠭ᠎ᠠ ᠬᠡᠷᠡᠭᠵᠢᠭᠦᠯᠦᠭᠰᠡᠨ ᠥᠬᠡᠶ᠂ ᠰᠡᠷᠭᠡᠶ᠋ᠢᠯᠡᠨ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠪᠣᠳᠠᠲᠠᠶ᠋ᠢᠵᠢᠭᠤᠯᠤᠭᠰᠠᠨ ᠥᠬᠡᠶ᠂ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠠᠵᠢᠯ᠎ᠢ ᠭᠦᠨᠵᠡᠭᠡᠶ᠋ᠢᠷᠡᠭᠦᠯᠦᠭᠰᠡᠨ ᠥᠬᠡᠶ᠂ ᠠᠵᠢᠯᠯᠠᠵᠤ ᠪᠠᠶ᠋ᠢᠭ᠎ᠠ ᠬᠥᠮᠦᠰ᠎ᠤᠨ ᠠᠮᠤᠷ ᠲᠦᠪᠰᠢᠨ᠎ᠤ ᠤᠬᠠᠮᠰᠠᠷ ᠵᠶ᠋ᠠᠷ ᠴᠢᠩᠭ᠎ᠠ ᠪᠢᠰᠢ ᠵᠡᠷᠭᠡ ᠠᠰᠠᠭᠤᠳᠠᠯ ᠠᠳᠠᠯᠢ ᠪᠤᠰᠤ ᠬᠡᠮᠵᠢᠶ᠎ᠡ᠎ᠪᠠᠷ ᠣᠷᠣᠰᠢᠵᠤ ᠪᠠᠶ᠋ᠢᠨ᠎ᠠ᠃ ᠡᠳᠡᠭᠡᠷ ᠪᠣᠳᠠᠲᠠᠶ ᠠᠰᠠᠭᠤᠳᠠᠯ᠎ᠤᠨ ᠡᠮᠦᠨ᠎ᠡ᠂ ᠪᠢᠳᠡ ᠤᠳᠤᠷᠢᠳᠤᠯᠭ᠎ᠠ᠎ᠪᠠᠨ ᠦᠨᠡᠨ ᠬᠦ᠌ ᠴᠢᠩᠭ᠋ᠠᠳᠬᠠᠵᠤ᠂ ᠵᠣᠭᠰᠣᠴᠠ᠎ᠪᠠᠨ ᠳᠡᠭᠡᠭᠰᠢᠯᠡᠭᠦᠯᠵᠦ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠵᠦ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠢᠮᠠᠭᠲᠠ ᠴᠥᠬᠥᠷᠡᠰᠢ ᠦᠭᠡᠢ ᠠᠳᠬᠤᠵᠤ᠂ ᠳᠠᠷᠤᠯᠲᠠ ᠥᠭᠴᠦ ᠠᠬᠢᠭᠤᠯᠵᠤ᠂ ᠡᠷᠴᠢᠮ ᠵᠶ᠋ᠡᠨ ᠰᠤᠯᠠᠷᠠᠭᠤᠯᠬᠤ ᠦᠭᠡᠢ᠂   ᠪᠠᠷᠢᠮᠵᠢᠶ᠎ᠠ ᠵᠢ ᠪᠠᠭᠤᠷᠠᠭᠤᠯᠬᠤ ᠦᠭᠡᠢ᠂ ᠱᠠᠭ᠋ᠠᠷᠳᠠᠯᠭ᠎ᠠ ᠵᠢ ᠰᠤᠯᠠᠷᠠᠭᠤᠯᠬᠤ ᠦᠭᠡᠢ ᠪᠠᠶ᠋ᠢᠬᠤ ᠵᠢ ᠪᠡᠶᠡᠯᠡᠭᠦᠯᠵᠦ᠂ ᠨᠡᠩ ᠡᠷᠡᠰ ᠴᠢᠩᠭ᠎ᠠ ᠣᠪᠣᠷ᠂ ᠨᠡᠩ ᠰᠢᠨᠵᠢᠯᠡᠬᠦ ᠤᠬᠠᠭ᠋ᠠᠨᠴᠢ ᠠᠷᠭ᠎ᠠ᠂ ᠨᠡᠩ ᠬᠦᠴᠦᠲᠡᠢ ᠠᠷᠭ᠎ᠠ ᠬᠡᠮᠵᠢᠶ᠎ᠡ᠎ᠪᠠᠷ ᠠᠶᠤᠯ ᠦᠭᠡᠢ ᠦᠢ᠍ᠯᠡᠳᠪᠦᠷᠢᠯᠡᠯ᠎ᠤᠨ 《ᠬᠣᠷᠢᠭ᠎ᠠ ᠱᠤᠭᠤᠮ》  ᠎ᠢ ᠡᠷᠡᠰ ᠰᠠᠬᠢᠵᠤ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠴᠥᠬᠥᠷᠡᠰᠢ ᠦᠭᠡᠢ ᠰᠠᠶ᠋ᠢᠲᠤᠷ ᠠᠳᠬᠤᠬᠤ ᠬᠡᠷᠡᠭᠲᠡᠢ᠃
      ᠬᠣᠶᠠᠷ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠤᠰᠤᠨ ᠠᠰᠢᠭᠯᠠᠯᠲᠠ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠨᠭ᠌ᠭ᠋ᠠᠳᠬᠠᠨ᠎ᠠ
     《ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠳᠤᠲᠠᠭᠤᠳᠠᠯ᠎ᠢ ᠨᠥᠬᠥᠪᠥᠷᠢᠯᠡᠵᠦ ᠤᠰᠤᠨ ᠠᠰᠢᠭᠯᠠᠯᠲᠠ ᠵᠢᠨ ᠠᠵᠢᠯ ᠲᠦᠷᠦᠯ᠎ᠤᠨ᠎ᠬᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ》 ᠪᠣᠯ ᠰᠢᠨ᠎ᠡ ᠴᠠᠭ ᠦᠶ᠎ᠡ᠎ᠠᠴᠠ ᠤᠰᠤᠨ ᠠᠰᠢᠭᠯᠠᠯᠲᠠ ᠵᠢᠨ ᠠᠵᠢᠯ᠎ᠳᠤ ᠣᠯᠭᠣᠭᠰᠠᠨ ᠴᠢᠬᠤᠯᠠ ᠲᠡᠦᠬᠡᠲᠦ ᠡᠭᠦᠷᠭᠡ ᠪᠣᠯᠤᠨ᠎ᠠ᠃ ᠤᠰᠤᠨ ᠠᠰᠢᠭᠯᠠᠯᠲᠠ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠎ᠳᠤ ᠡᠷᠬᠡᠪᠰᠢ ᠰᠢ ᠵᠢᠨ ᠫᠢᠩ ᠶᠡᠷᠦᠩᠬᠡᠢ ᠱᠦᠵᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠲᠤᠬᠠᠢ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭ᠋ᠠᠬᠤ ᠬᠡᠷᠡᠭᠲᠡᠢ᠃ ᠶᠡᠷᠦᠩᠬᠡᠶ ᠱᠦᠵᠢ ᠰᠢ ᠵᠢᠨ ᠫᠢᠩ ᠠᠳᠠᠯᠢ ᠪᠤᠰᠤ ᠲᠠᠯᠠᠪᠤᠷ᠎ᠲᠤ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠲᠠᠯᠪᠢᠵᠤ᠂ ᠤᠯᠠᠨ ᠤᠳᠠᠭ᠎ᠠ ᠴᠢᠬᠤᠯᠠ ᠴᠣᠬᠣᠯᠠᠪᠤᠷᠢ ᠥᠭᠴᠦ᠂ ᠠᠶᠤᠯ ᠦᠭᠡᠢ ᠦᠢ᠍ᠯᠡᠳᠪᠦᠷᠢᠯᠡᠯ᠎ᠤᠨ ᠤᠯᠠᠭ᠋ᠠᠨ ᠱᠤᠭᠤᠮ᠂ ᠠᠮᠤᠷ ᠲᠦᠪᠰᠢᠨ᠎ᠤ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠲᠦᠷᠢᠮ ᠵᠡᠷᠭᠡ ᠴᠢᠬᠤᠯᠠ ᠶᠡᠬᠡ ᠤᠨᠤᠯ᠎ᠤᠨ ᠪᠠ ᠦᠢ᠍ᠯᠡᠳᠦᠯᠭᠡ ᠵᠢᠨ ᠠᠰᠠᠭᠤᠳᠠᠯ᠎ᠢ ᠭᠦᠨᠵᠡᠭᠡᠢ ᠥᠭᠦᠯᠡᠵᠦ᠂ ᠲᠥᠪ ᠬᠣᠷᠢᠶᠠᠨ᠎ᠠᠴᠠ ᠬᠦᠨᠳᠦ ᠶᠡᠬᠡ ᠠᠮᠤᠷ ᠲᠦᠪᠰᠢᠨ᠎ᠤ ᠠᠶᠤᠯ ᠲᠦᠭᠰᠢᠭᠦᠷᠢ ᠵᠢᠨ ᠬᠡᠮ ᠰᠣᠭᠣᠭ᠎ᠢ ᠰᠡᠷᠭᠡᠶ᠋ᠢᠯᠡᠨ ᠠᠷᠢᠯᠭ᠋ᠠᠬᠤ᠂ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠬᠤ ᠵᠢ ᠭᠦᠢ᠍ᠴᠡᠳ ᠬᠠᠷᠠᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠲᠤᠰ ᠪᠡᠶ᠎ᠡ ᠵᠢᠨ ᠲᠤᠶ᠋ᠢᠯ᠎ᠤᠨ ᠴᠢᠬᠤᠯᠠ ᠴᠢᠨᠠᠷ᠎ᠢ ᠬᠠᠷᠠᠭᠤᠯᠵᠠᠢ᠃ ᠮᠠᠨ᠎ᠤ ᠠᠶ᠋ᠢᠮᠠᠭ᠎ᠤᠨ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ᠎ᠨᠢ ᠭᠤᠤᠯᠳᠠᠭᠤ ᠲᠤᠤᠷᠠᠬᠢ ᠬᠡᠳᠦᠨ ᠵᠤᠢ᠌ᠯ᠎ᠤᠨ ᠠᠵᠢᠯ᠎ᠢ ᠬᠢᠵᠡᠶ᠄
      ᠨᠢᠭᠡ᠎ᠳᠤ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠲᠥᠷᠢᠮ᠎ᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠪᠠ᠃ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠲᠤᠶ᠋ᠢᠯ᠎ᠤᠨ ᠴᠢᠬᠤᠯᠠ ᠴᠢᠨᠠᠷ᠂ ᠬᠠᠲᠠᠭᠤ ᠪᠡᠷᠬᠡ ᠴᠢᠨᠠᠷ ᠪᠣᠯᠤᠨ ᠤᠷᠳᠤ ᠤᠳᠠᠭ᠋ᠠᠨ ᠴᠢᠨᠠᠷ᠎ᠢ ᠭᠦᠢ᠍ᠴᠡᠳ ᠲᠠᠨᠢᠵᠤ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠳᠤ ᠲᠤᠯᠭ᠋ᠠᠷᠠᠵᠤ ᠪᠠᠶ᠋ᠢᠭ᠎ᠠ ᠬᠦᠨᠳᠦ ᠬᠡᠴᠡᠭᠦᠦ ᠪᠠᠶ᠋ᠢᠳᠠᠯ᠎ᠢ ᠬᠢᠨᠠᠮᠠᠭ᠋ᠠᠶ ᠰᠤᠳᠤᠯᠤᠨ ᠮᠠᠭ᠋ᠠᠳᠯᠠᠵᠤ ᠵᠠᠳᠠᠯᠤᠨ᠂ ᠬᠥᠮᠦᠨ ᠵᠶ᠋ᠡᠷ ᠦᠨᠳᠦᠰᠦ ᠪᠣᠯᠭ᠋ᠠᠬᠤ᠂ ᠠᠮᠤᠷ ᠲᠦᠪᠰᠢᠨ ᠵᠶ᠋ᠡᠷ ᠬᠥᠭᠵᠢᠭᠦᠯᠬᠦ ᠦᠵᠡᠯᠳᠡ ᠵᠢ ᠪᠠᠲᠤ ᠪᠡᠬᠢ ᠪᠤᠢ ᠪᠣᠯᠭ᠋ᠠᠨ᠂ ᠤᠯᠤᠰ ᠪᠣᠯᠤᠨ ᠠᠷᠠᠳ ᠲᠦᠮᠡᠨ᠎ᠤ ᠠᠮᠢ ᠨᠠᠰᠤ ᠡᠳ᠋ ᠬᠥᠷᠦᠩᠭᠡ᠎ᠳᠤ ᠳᠡᠭᠡᠳᠦ ᠬᠡᠮᠵᠢᠶ᠎ᠡ᠎ᠪᠠᠷ ᠬᠠᠷᠢᠭᠤᠴᠠᠬᠤ ᠵᠣᠷᠢᠭ ᠰᠠᠨᠠᠭ᠎ᠠ ᠶᠣᠰᠣᠭ᠋ᠠᠷ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠪᠠ᠃ ᠠᠶ᠋ᠢᠮᠠᠭ᠎ᠤᠨ ᠠᠶᠤᠯ ᠥᠬᠡᠶ ᠦᠢ᠍ᠯᠡᠳᠪᠤᠷᠢᠯᠡᠯ᠎ᠤᠨ ᠵᠥᠪᠯᠡᠯ᠎ᠲᠠᠢ ᠤᠶᠠᠯᠳᠤᠭᠤᠯᠤᠨ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠶᠤᠯ ᠥᠬᠡᠶ ᠵᠢᠨ ᠬᠠᠷᠢᠭᠤᠴᠠᠯᠭ᠎ᠠ ᠵᠢ ᠠᠶ᠋ᠢᠮᠠᠭ᠎ᠤᠨ ᠰᠢᠭᠤᠳ ᠬᠠᠷᠢᠶ᠎ᠠ ᠬᠠᠮᠢᠶ᠎ᠠ ᠪᠥᠬᠥᠶ ᠰᠠᠯᠠᠭ᠎ᠠ ᠮᠥᠴᠢᠷ᠎ᠲᠤ ᠨᠠᠶ᠋ᠢᠳᠠᠪᠤᠷᠢᠵᠢᠭᠤᠯᠵᠤ᠂ ᠡᠯ᠎ᠡ ᠬᠣᠰᠢᠭᠤ ᠰᠢᠶᠠᠨ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠎ᠳᠤ ᠨᠠᠶ᠋ᠢᠳᠠᠪᠤᠷᠢᠵᠢᠭᠤᠯᠤᠨ᠂ ᠠᠵᠢᠯ᠎ᠤᠨ ᠪᠠᠶ᠋ᠢᠷᠢ ᠨᠢᠭᠡᠪᠦᠷᠢ ᠪᠠ ᠺᠠᠳ᠋ᠷ ᠠᠵᠢᠯᠲᠠᠨ ᠨᠢᠭᠡᠪᠦᠷᠢ ᠵᠢᠨ ᠮᠥᠷᠥᠨ ᠳᠡᠭᠡᠷ᠎ᠡ ᠨᠠᠶ᠋ᠢᠳᠠᠪᠤᠷᠢᠵᠢᠭᠤᠯᠵᠤ᠂ ᠪᠥᠬᠥ ᠠᠵᠢᠯᠲᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠲᠦᠷᠢᠮ᠎ᠢ ᠦᠨᠡᠨ ᠬᠦ᠌ ᠨᠠᠶ᠋ᠢᠳᠠᠪᠤᠷᠢᠵᠢᠭᠤᠯᠵᠠᠢ᠃
      ᠬᠣᠶᠠᠷ᠎ᠲᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠠᠮᠤᠷ ᠲᠦᠪᠰᠢᠨ᠎ᠤ ᠬᠠᠮᠢᠶᠠᠷᠤᠯᠳᠠ ᠵᠢ ᠰᠠᠢ᠍ᠢ᠍ᠳᠤᠷ ᠠᠳᠬᠤᠪᠠ᠃ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠪᠠᠷᠢᠯᠭ᠎ᠠ ᠵᠢᠨ ᠠᠮᠤᠷ ᠲᠦᠪᠰᠢᠨ᠎ᠤ ᠪᠡᠯᠡᠳᠬᠡᠮᠵᠢ ᠵᠢᠨ ᠵᠢᠷᠤᠭ ᠲᠥᠯᠥᠪᠯᠡᠭᠡ ᠵᠢᠨ ᠬᠢᠨᠠᠨ ᠪᠠᠶ᠋ᠢᠴᠠᠭ᠋ᠠᠯᠲᠠ ᠵᠢ ᠴᠢᠩᠳᠠᠯᠠᠵᠤ᠂ ᠳᠠᠯᠳᠠ ᠪᠠᠶ᠋ᠢᠭ᠎ᠠ ᠠᠶᠤᠯ᠎ᠤᠨ ᠡᠬᠢ ᠰᠤᠷᠪᠤᠯᠵᠢ ᠵᠢ ᠬᠦᠢ᠍ᠴᠡᠳ ᠵᠠᠳᠠᠯᠤᠨ᠂ ᠪᠦᠷᠢᠨ ᠲᠥᠬᠥᠷ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠠᠷᠭ᠎ᠠ ᠪᠠᠷᠢᠯ᠎ᠤᠨ ᠪᠥᠲᠥᠭᠡᠨ ᠪᠠᠶ᠋ᠢᠭᠤᠯᠤᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠮᠡᠳᠡᠭᠦᠯᠦᠨ ᠳᠠᠩᠰᠠᠯᠠᠭᠤᠯᠬᠤ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠠᠶ᠋ᠢᠮᠠᠭ᠎ᠤᠨ ᠳᠣᠲᠣᠭ᠋ᠠᠳᠤ᠎ᠳᠤ ᠪᠠᠶ᠋ᠢᠭᠤᠯᠵᠤ ᠪᠠᠶ᠋ᠢᠭ᠎ᠠ ᠤᠰᠤᠨ ᠠᠰᠢᠭᠯᠠᠯᠲᠠ ᠵᠢᠨ ᠪᠠᠷᠢᠯᠭ᠎ᠠ ᠪᠦᠬᠦᠨ᠎ᠢ ᠬᠡᠪᠴᠢᠶ᠎ᠡ᠎ᠨᠢ ᠶᠡᠬᠡ ᠪᠠᠭ᠎ᠠ ᠭᠡᠰᠡᠨ ᠥᠬᠡᠶ᠂ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ ᠪᠦᠬᠦᠨ᠎ᠢ ᠬᠢᠨᠠᠯᠲᠠ ᠬᠠᠮᠢᠶᠠᠷᠤᠯᠲᠠ ᠵᠢᠨ ᠬᠡᠪᠴᠢᠶᠡᠨ᠎ᠳᠤ ᠣᠷᠣᠭᠤᠯᠵᠤ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠬᠢᠨᠠᠯᠲᠠ ᠬᠠᠮᠢᠶᠠᠷᠤᠯᠲᠠ ᠵᠢ ᠪᠦᠷᠢᠨ ᠪᠦᠷᠬᠦᠭᠦᠯᠬᠦ ᠵᠢ ᠪᠡᠶᠡᠯᠡᠭᠦᠯᠵᠡᠢ; ᠪᠠᠷᠢᠯᠭ᠎ᠠ᠎ᠳᠤ ᠣᠷᠣᠯᠴᠠᠭᠰᠠᠨ ᠨᠢᠭᠡᠴᠢ ᠵᠢᠨ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠲᠦᠷᠢᠮ᠎ᠤᠨ ᠨᠠᠶ᠋ᠢᠳᠠᠪᠤᠷᠢᠵᠢᠭᠤᠯᠤᠯᠲᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠲᠥᠷᠥᠯ   ᠵᠤᠢ᠌ᠯ᠎ᠤᠨ ᠬᠠᠤᠯᠢ ᠵᠢᠨ ᠡᠷᠬᠡᠲᠡᠨ᠂ ᠪᠠᠷᠢᠯᠭ᠎ᠠ ᠪᠠᠷᠢᠬᠤ ᠨᠢᠭᠡᠴᠢ᠂ ᠬᠢᠨᠠᠨ ᠬᠠᠮᠢᠶᠠᠷᠬᠤ ᠨᠢᠭᠡᠴᠢ ᠵᠢᠨ ᠪᠦᠷᠢᠨ ᠲᠡᠭᠦᠯᠳᠡᠷ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠰᠢᠰᠲ᠋ᠧᠮᠵᠢ ᠵᠢ ᠪᠠᠶ᠋ᠢᠭᠤᠯᠬᠤ ᠵᠢ ᠰᠢᠮᠳᠠᠭᠤᠯᠤᠨ ᠵᠢᠯᠣᠭᠣᠳᠴᠤ᠂ ᠠᠶᠤᠯ ᠦᠭᠡᠢ ᠦᠢ᠍ᠯᠡᠳᠪᠦᠷᠢᠯᠡᠯ᠎ᠢ ᠬᠠᠮᠢᠶᠠᠷᠬᠤ ᠪᠠᠢ᠍ᠭᠤᠯᠤᠮᠵᠢ ᠳᠣᠭᠢᠷᠠᠭᠤᠯᠬᠤ ᠵᠢᠨ ᠬᠠᠮᠲᠤ ᠬᠠᠮᠢᠶᠠᠷᠤᠭᠴᠢ ᠪᠠ ᠬᠠᠮᠢᠶᠠᠷᠬᠤ ᠠᠵᠢᠯᠲᠠᠳ ᠳᠣᠭᠢᠷᠠᠭᠤᠯᠤᠭᠰᠠᠨ ᠪᠠᠢ᠍ᠢ᠍ᠨ᠎ᠠ; ᠪᠠᠷᠢᠯᠭ᠎ᠠ ᠪᠠᠷᠢᠬᠤ ᠨᠢᠭᠡᠴᠢ ᠵᠢ ᠰᠢᠪᠠᠳᠠᠵᠤ ᠪᠠᠶ᠋ᠢᠭ᠋ᠠᠳ ᠪᠠᠷᠢᠯᠭ᠎ᠠ ᠵᠢᠨ ᠠᠵᠢᠯ᠎ᠤᠨ ᠠᠶᠤᠯ ᠦᠭᠡᠢ ᠵᠢᠨ ᠮᠡᠷᠭᠡᠵᠢᠯ᠎ᠤᠨ ᠠᠷᠭ᠎ᠠ ᠬᠡᠮᠵᠢᠶ᠎ᠡ᠂ ᠦᠢ᠍ᠯᠡᠳᠪᠦᠷᠢᠯᠡᠯ᠎ᠤᠨ ᠠᠶᠤᠯ ᠦᠭᠡᠢ ᠵᠢᠨ ᠡᠨᠳᠡᠯ᠎ᠤᠨ ᠤᠷᠢᠳᠴᠢᠯᠠᠭᠰᠠᠨ ᠲᠥᠰᠦᠯ᠎ᠢ ᠬᠠᠨᠳᠤᠯᠭ᠋ᠠᠲᠤ ᠴᠢᠨᠠᠷᠲᠠᠶ᠎ᠪᠠᠷ ᠨᠠᠶ᠋ᠢᠷᠠᠭᠤᠯᠤᠨ ᠵᠣᠬᠢᠶᠠᠯᠭ᠋ᠠᠪᠠ; ᠪᠠᠷᠢᠯᠭ᠎ᠠ ᠵᠢᠨ ᠲᠤᠬᠠᠶ ᠵᠢᠨ ᠭᠠᠵᠠᠷ᠎ᠤᠨ ᠡᠳᠦᠷ ᠲᠤᠲᠤᠮ᠎ᠤᠨ ᠠᠮᠤᠷ ᠲᠦᠪᠰᠢᠨ᠎ᠤ ᠪᠠᠶ᠋ᠢᠴᠠᠭ᠋ᠠᠯᠲᠠ ᠵᠢ ᠴᠢᠩᠭ᠋ᠠᠳᠬᠠᠵᠤ᠂ ᠣᠯᠵᠤ ᠮᠡᠳᠡᠭᠰᠡᠨ ᠠᠮᠤᠷ ᠲᠦᠪᠰᠢᠨ᠎ᠤ ᠠᠰᠠᠭᠤᠳᠠᠯ᠎ᠢ ᠴᠠᠭ ᠲᠤᠬᠠᠶ᠎ᠳᠤᠨᠢ ᠰᠢᠮᠳᠠᠭᠤᠯᠤᠨ ᠴᠡᠭᠴᠡᠯᠡᠨ ᠰᠠᠶ᠋ᠢᠵᠢᠷᠠᠭᠤᠯᠵᠤ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ   ᠦᠢ᠍ᠯᠡᠳᠪᠤᠷᠢᠯᠡᠯ᠎ᠤᠨ ᠠᠮᠤᠷ ᠲᠦᠪᠰᠢᠨ᠎ᠤ ᠡᠨᠳᠡᠯ ᠭᠠᠷᠬᠤ ᠵᠢ ᠪᠦᠲᠦᠮᠵᠢᠲᠡᠶ ᠰᠡᠷᠭᠡᠶ᠋ᠢᠯᠡᠭᠰᠡᠨ ᠪᠠᠢ᠍ᠢ᠍ᠨ᠎ᠠ᠃
      ᠭᠤᠷᠪᠠ᠎ᠳᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ᠎ᠤ ᠬᠢᠨᠠᠯᠲᠠ ᠬᠠᠮᠢᠶᠠᠷᠤᠯᠲᠠ ᠵᠢ ᠰᠠᠢ᠍ᠢ᠍ᠳᠤᠷ ᠠᠳᠬᠤᠪᠠ᠃ ᠬᠠᠷᠢᠶ᠎ᠠ ᠭᠠᠵᠠᠷ᠎ᠲᠤᠨᠢ ᠬᠠᠮᠢᠶᠠᠷᠤᠭᠤᠯᠬᠤ ᠪᠠ 《ᠬᠡᠨ ᠥᠮᠴᠢᠯᠡᠪᠡᠯ ᠲᠡᠷᠡ ᠬᠠᠷᠢᠭᠤᠴᠠᠬᠤ》᠂ 《ᠬᠡᠨ ᠬᠠᠮᠢᠶᠠᠷᠴᠤ ᠬᠠᠮᠠᠭ᠋ᠠᠯᠠᠪᠠᠯ ᠲᠡᠷᠡ ᠬᠠᠷᠢᠭᠤᠴᠠᠬᠤ》 ᠵᠠᠷᠴᠢᠮ᠎ᠤᠨ ᠶᠣᠰᠣᠭ᠋ᠠᠷ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠠᠵᠢᠯᠯᠠᠭ᠋ᠠᠨ᠎ᠤ ᠬᠠᠮᠢᠶᠠᠷᠤᠯᠲᠠ ᠵᠢᠨ ᠨᠢᠭᠡᠴᠢ᠎ᠳᠤ ᠬᠢᠨᠠᠯᠲᠠ ᠲᠠᠯᠪᠢᠨ ᠵᠢᠯᠣᠭᠣᠳᠴᠤ ᠪᠠᠶ᠋ᠢᠭ᠋ᠠᠳ ᠪᠠᠷᠢᠯᠭ᠎ᠠ ᠵᠢᠨ ᠠᠵᠢᠯᠯᠠᠭ᠋ᠠᠨ᠎ᠤ ᠠᠶᠤᠯ ᠥᠭᠡᠢ ᠵᠢᠨ ᠬᠠᠷᠢᠭᠤᠴᠠᠯᠭ᠎ᠠ ᠵᠢ ᠦᠨᠡᠨ ᠬᠦ᠌ ᠨᠠᠶ᠋ᠢᠳᠠᠪᠤᠷᠢᠵᠢᠭᠤᠯᠵᠤ᠂ ᠠᠶᠤᠯ ᠥᠭᠡᠢ ᠵᠢᠨ ᠬᠠᠮᠢᠶᠠᠷᠤᠯᠲᠠ ᠵᠢᠨ ᠲᠥᠷᠢᠮ ᠲᠣᠭᠲᠠᠭ᠋ᠠᠯ ᠪᠣᠯᠤᠨ ᠠᠵᠢᠯᠯᠠᠬᠤ ᠳᠦᠷᠢᠮ ᠶᠠᠪᠤᠳᠠᠯ᠎ᠢ ᠴᠢᠩᠭ᠎ᠠ ᠨᠠᠶ᠋ᠢᠳᠠᠪᠤᠷᠢᠵᠢᠭᠤᠯᠪᠠ᠃ ᠠᠶ᠋ᠢᠮᠠᠭ᠎ᠤᠨ ᠳᠣᠲᠣᠷᠠᠬᠢ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠶᠡᠬᠡᠩᠬᠢ ᠬᠡᠰᠡᠭ᠎ᠤᠨ ᠪᠥᠳᠥᠭᠡᠨ ᠪᠠᠶ᠋ᠢᠭᠤᠯᠤᠭᠰᠠᠨ ᠣᠨ ᠵᠢᠯ᠎ᠨᠢ ᠨᠡᠯᠢᠶᠡᠳ ᠡᠷᠲᠡ ᠪᠥᠭᠡᠳ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠪᠡᠯᠡ ᠮᠥᠩᠭᠥ ᠳᠤᠲᠠᠭᠳᠠᠬᠤ᠎ᠠᠴᠠ ᠪᠤᠯᠵᠤ᠂ ᠡᠨᠡ ᠬᠡᠰᠡᠭ ᠪᠠᠷᠢᠯᠭ᠎ᠠ ᠬᠠᠭᠤᠴᠢᠷᠠᠵᠤ ᠰᠡᠯᠪᠢᠨ ᠵᠠᠰᠠᠭᠰᠠᠨ ᠥᠭᠡᠢ ᠪᠠᠶ᠋ᠢᠳᠠᠯ ᠬᠦᠨᠳᠦ ᠨᠣᠴᠢᠲᠠᠶ ᠪᠠᠶ᠋ᠢᠵᠤ᠂ ᠠᠮᠤᠷ ᠲᠦᠪᠰᠢᠨ᠎ᠤ ᠲᠠᠯᠳᠠ ᠭᠡᠮ ᠮᠠᠰᠢ ᠠᠷᠪᠢᠨ ᠪᠠᠶ᠋ᠢᠨ᠎ᠠ᠃ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠵᠢᠯᠯᠠᠭ᠎ᠠ᠂ ᠠᠭᠤᠯᠠᠨ ᠦᠶᠡᠷ᠎ᠤᠨ ᠭᠠᠮᠰᠢᠭ᠎ᠤᠨ ᠰᠡᠷᠭᠡᠢ᠍ᠢ᠍ᠯᠡᠯᠳᠡ ᠵᠡᠷᠭᠡ ᠠᠶᠤᠯ ᠲᠦᠭᠰᠢᠭᠦᠷᠢ ᠵᠢᠨ ᠳᠠᠯᠳᠠ ᠭᠡᠮ ᠪᠠᠰᠠ ᠮᠠᠰᠢ ᠶᠡᠬᠡ ᠪᠠᠶ᠋ᠢᠨ᠎ᠠ᠃ ᠪᠢᠳᠡ ᠡᠷᠬᠡᠪᠰᠢ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠵᠤ᠂ ᠠᠶᠤᠯ ᠲᠦᠭᠰᠢᠭᠦᠷᠢ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠡᠳᠡᠭᠡᠷ ᠠᠶᠤᠯ ᠲᠦᠭᠰᠢᠭᠦᠷᠢ ᠵᠢ ᠬᠦᠴᠦᠯᠡᠨ ᠰᠡᠷᠭᠡᠶ᠋ᠢᠯᠡᠨ ᠠᠷᠢᠯᠭ᠋ᠠᠬᠤ ᠬᠡᠷᠡᠭᠲᠡᠢ᠃ ᠪᠥᠬᠥ ᠠᠶ᠋ᠢᠮᠠᠭ᠎ᠤᠨ᠎ᠬᠢᠨ ᠨᠢᠭᠡᠨᠲᠡ ᠲᠣᠮᠣ᠂ ᠳᠤᠮᠳᠠ᠂ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠦᠶᠡᠷ᠎ᠢ ᠰᠡᠷᠭᠡᠶ᠋ᠢᠯᠡᠬᠦ 《ᠭᠤᠷᠪᠠᠨ ᠬᠠᠷᠢᠭᠤᠴᠠᠯᠭ᠋ᠠᠲᠠᠨ》 ᠪᠠ 《ᠭᠤᠷᠪᠠᠨ ᠭᠤᠤᠯᠳᠠᠯᠭ᠎ᠠ᠎ᠲᠠᠢ ᠭᠣᠭᠴᠣᠭ᠎ᠠ》 ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠥᠮᠥᠷᠭᠡ ᠳᠠᠷᠠᠭ᠋ᠠᠯᠠᠨ ᠬᠠᠷᠢᠭᠤᠴᠠᠯᠭ᠋ᠠᠲᠠᠨ᠎ᠢ ᠲᠣᠳᠣᠷᠬᠠᠶ᠋ᠢᠯᠠᠵᠤ᠂ ᠭᠤᠤᠯᠳᠠᠯᠭ᠎ᠠ᠎ᠲᠠᠢ ᠭᠣᠭᠴᠣᠭ᠎ᠠ ᠵᠢᠨ ᠠᠵᠢᠯ᠎ᠢ ᠨᠠᠶ᠋ᠢᠳᠠᠪᠤᠷᠢᠵᠢᠭᠤᠯᠤᠨ᠂ 《ᠭᠤᠷᠪᠠᠨ ᠬᠠᠷᠢᠭᠤᠴᠠᠯᠭ᠋ᠠᠲᠠᠨ》᠎ᠤ ᠨᠡᠷ᠎ᠡ ᠨᠢᠳᠡᠷ᠎ᠲᠠᠢ ᠪᠠᠶ᠋ᠢᠬᠤ ᠵᠢ ᠦᠨᠡᠨ ᠬᠦ᠌ ᠪᠠᠲᠤᠯᠠᠪᠠ᠃ ᠦᠶᠡᠷ᠎ᠠᠴᠠ ᠡᠮᠦᠨ᠎ᠡ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ ᠪᠠᠰᠠ ᠪᠣᠶ ᠪᠥᠬᠥᠶ ᠤᠰᠤᠨ ᠴᠥᠭᠥᠷᠥᠮ᠎ᠳᠤ ᠠᠮᠤᠷ ᠲᠦᠪᠰᠢᠨ᠎ᠤ ᠵᠢᠭᠰᠠᠭ᠋ᠠᠨ ᠪᠠᠶ᠋ᠢᠴᠠᠭ᠋ᠠᠯᠲᠠ ᠬᠢᠬᠦ ᠵᠢ ᠵᠣᠬᠢᠶᠠᠨ ᠪᠠᠶ᠋ᠢᠭᠤᠯᠵᠤ᠂ ᠡᠯ᠎ᠡ ᠭᠠᠵᠠᠷ᠎ᠤᠨ᠎ᠬᠢᠨ ᠵᠢᠭᠰᠠᠭ᠋ᠠᠨ ᠪᠠᠶ᠋ᠢᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ᠎ᠢ ᠴᠠᠭ ᠲᠤᠬᠠᠶ᠎ᠳᠤᠨᠢ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠨ᠎ᠠ᠃ ᠤᠰᠤᠨ ᠴᠥᠭᠥᠷᠥᠮ᠎ᠤᠨ ᠬᠠᠰᠢᠯᠭ᠎ᠠ ᠵᠢᠨ ᠠᠮᠤᠷ ᠲᠦᠪᠰᠢᠨ᠎ᠤ ᠬᠢᠨᠠᠨ ᠲᠣᠭᠲᠠᠭ᠋ᠠᠯᠲᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠤᠰᠤᠨ ᠴᠥᠭᠥᠷᠥᠮ᠎ᠢ ᠲᠡᠰ ᠪᠠᠭᠤᠷᠠᠭᠤᠯᠤᠨ   ᠬᠡᠷᠡᠭᠯᠡᠭᠡᠨ᠎ᠠᠴᠠ ᠭᠠᠷᠭ᠋ᠠᠬᠤ ᠵᠡᠷᠭᠡ ᠠᠵᠢᠯ᠎ᠢ ᠥᠷᠨᠢᠭᠦᠯᠪᠡ᠃
      ᠳᠥᠷᠪᠡ᠎ᠳᠤ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠪᠡ᠃ 《ᠤᠷᠢᠳᠴᠢᠯᠠᠨ ᠰᠡᠷᠭᠡᠶ᠋ᠢᠯᠡᠬᠦ᠎ᠪᠠᠷ ᠭᠤᠤᠯ ᠪᠣᠯᠭ᠋ᠠᠵᠤ᠂ ᠰᠡᠷᠭᠡᠶ᠋ᠢᠯᠡᠨ ᠵᠠᠰᠠᠬᠤ ᠵᠢ ᠤᠶᠠᠯᠳᠤᠭᠤᠯᠬᠤ》 ᠵᠢ   ᠲᠤᠤᠱᠯᠠᠭᠤᠯᠤᠨ᠂ 《ᠰᠡᠷᠭᠡᠶ᠋ᠢᠯᠡᠬᠦ》 ᠵᠢ ᠳᠣᠪᠣᠶ᠋ᠢᠯᠭ᠋ᠠᠵᠤ᠂ ᠪᠥᠬᠥ ᠲᠠᠯ᠎ᠠ᠎ᠪᠠᠷ ᠵᠢᠭᠰᠠᠭ᠋ᠠᠨ   ᠪᠠᠢ᠌ᠴᠠᠭ᠋ᠠᠵᠠᠢ᠃ ᠨᠢᠳᠤᠨᠤᠨ᠎ᠤ ᠳᠣᠣᠷ᠎ᠠ ᠬᠠᠭ᠋ᠠᠰ ᠵᠢᠯ᠎ᠳᠤ᠂ ᠮᠠᠨ᠎ᠤ ᠲᠣᠪᠴᠢᠶ᠎ᠠ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠮᠤᠷ ᠲᠦᠪᠰᠢᠨ᠎ᠤ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠬᠤ ᠲᠤᠰᠬᠠᠶ ᠠᠵᠢᠯ᠎ᠢ ᠪᠠᠶ᠋ᠢᠷᠢᠯᠠᠭᠤᠯᠵᠤ᠂ 《ᠪᠦᠬᠦ ᠠᠶ᠋ᠢᠮᠠᠭ᠎ᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠡᠨᠳᠡᠯ᠎ᠤᠨ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠬᠤ ᠲᠤᠰᠬᠠᠶ ᠵᠠᠰᠠᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ᠎ᠢ ᠳᠠᠷᠤᠶ᠋ᠢᠬᠠᠨ ᠥᠷᠨᠢᠭᠦᠯᠬᠦ ᠲᠤᠬᠠᠶ ᠮᠡᠳᠡᠭᠳᠡᠯ》᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ   ᠦᠨᠳᠦᠰᠦᠯᠡᠨ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠠᠵᠢᠯ᠎ᠤᠨ ᠲᠤᠬᠠᠶ ᠵᠢᠨ ᠭᠠᠵᠠᠷ᠎ᠤᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ᠂ ᠨᠣᠴᠣᠮᠠᠲᠠᠭ᠋ᠠᠶ ᠳᠡᠯᠪᠡᠷᠡᠮᠡᠲᠡᠭᠡᠶ ᠪᠣᠳᠠᠰ᠎ᠤᠨ ᠬᠠᠮᠢᠶᠠᠷᠤᠯᠲᠠ᠂ ᠭᠠᠯ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ᠂ ᠴᠠᠬᠢᠯᠭ᠋ᠠᠨ ᠬᠡᠷᠡᠭᠯᠡᠬᠦ ᠬᠠᠮᠢᠶᠠᠷᠤᠯᠲᠠ᠂ ᠠᠮᠤᠷ ᠲᠦᠪᠰᠢᠨ᠎ᠤ ᠰᠡᠷᠡᠮᠵᠢ ᠵᠢᠨ ᠲᠡᠮᠳᠡᠭ᠂ ᠵᠢᠵᠢᠭ ᠬᠡᠯᠪᠡᠷᠢ ᠵᠢᠨ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠡᠯᠡᠳᠬᠡᠮᠵᠢ᠂ ᠲᠣᠮᠣ ᠳᠤᠮᠳᠠ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠬᠠᠰᠢᠯᠭ᠎ᠠ᠂ ᠦᠶᠡᠷ ᠪᠢᠯᠬᠠᠬᠤ ᠵᠠᠮ᠂ ᠬᠥᠮᠦᠨ ᠣᠯᠠᠨ ᠴᠤᠭᠯᠠᠷᠠᠬᠤ ᠭᠠᠵᠠᠷ ᠪᠠ ᠪᠠᠶ᠋ᠢᠭᠤᠯᠭ᠎ᠠ ᠵᠢᠨ ᠠᠵᠢᠯᠯᠠᠬᠤ ᠭᠠᠵᠠᠷ ᠵᠡᠷᠭᠡ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠠᠮᠤᠷ ᠲᠦᠪᠰᠢᠨ᠎ᠤ ᠬᠡᠮ ᠰᠣᠭᠣᠭ᠎ᠢ ᠭᠤᠤᠯᠳᠠᠯᠭ᠎ᠠ᠎ᠲᠠᠢ ᠵᠢᠭᠰᠠᠭ᠋ᠠᠨ ᠪᠠᠶ᠋ᠢᠴᠠᠭ᠋ᠠᠪᠠ᠃ ᠵᠢᠭᠰᠠᠭ᠋ᠠᠨ ᠪᠠᠶ᠋ᠢᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ᠎ᠳᠤ ᠴᠢᠭᠯᠡᠭᠦᠯᠦᠨ ᠦᠨᠡᠨ ᠬᠦ᠌ ᠪᠦᠲᠦᠮᠵᠢᠲᠡᠶ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭ᠋ᠠᠵᠤ᠂ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠪᠠᠬᠢ ᠪᠠᠶ᠋ᠢᠭᠤᠯᠵᠤ᠂ ᠠᠮᠤᠷ ᠲᠦᠪᠰᠢᠨ᠎ᠤ ᠲᠦᠭᠰᠢᠭᠦᠷᠢ ᠵᠢᠨ ᠡᠵᠡᠮᠳᠡᠯ ᠵᠶ᠋ᠡᠨ ᠠᠯᠳᠠᠵᠤ ᠡᠨᠳᠡᠯ ᠭᠠᠷᠬᠤ᠎ᠠᠴᠠ ᠰᠡᠷᠭᠡᠶ᠋ᠢᠯᠡᠪᠡ᠃ ᠬᠣᠶ᠋ᠢᠰᠢᠳᠠ ᠪᠢᠳᠡ ᠪᠠᠰᠠ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠮᠤᠷ ᠲᠦᠪᠰᠢᠨ᠂ ᠠᠶᠤᠯᠲᠠᠢ ᠬᠢᠮᠢ ᠵᠢᠨ ᠪᠣᠳᠠᠰ᠎ᠤᠨ ᠠᠮᠤᠷ ᠲᠦᠪᠰᠢᠨ ᠪᠣᠯᠤᠨ ᠴᠠᠬᠢᠯᠭ᠋ᠠᠨ᠂ ᠬᠡᠢ ᠵᠢᠨ ᠭᠠᠯ᠎ᠤᠨ ᠠᠶᠤᠯ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠦᠷᠭᠦᠯᠵᠢᠯᠡᠨ ᠥᠷᠨᠢᠭᠦᠯᠵᠦ᠂ ᠬᠡᠮ ᠰᠣᠭᠣᠭ᠎ᠢ ᠴᠠᠭ ᠲᠤᠬᠠᠢ᠎ᠳᠤᠨᠢ ᠢᠯᠡᠷᠡᠭᠦᠯᠵᠦ᠂ ᠬᠡᠮ ᠰᠣᠭᠣᠭ᠎ᠢ ᠠᠷᠢᠯᠭ᠋ᠠᠵᠤ᠂ ᠬᠡᠮ ᠰᠣᠭᠣᠭ᠎ᠤᠨ ᠲᠡᠰ ᠳᠡᠪᠰᠢᠬᠦ᠎ᠠᠴᠠ ᠪᠤᠯᠵᠤ ᠡᠨᠳᠡᠯ ᠭᠠᠷᠬᠤ ᠵᠢ ᠰᠡᠷᠭᠡᠶ᠋ᠢᠯᠡᠵᠦ᠂ ᠠᠶᠤᠯ ᠲᠦᠭᠰᠢᠭᠦᠷᠢ ᠵᠢ ᠠᠷᠢᠯᠭ᠋ᠠᠨ ᠠᠮᠤᠷ ᠲᠦᠪᠰᠢᠨ᠎ᠢ ᠪᠠᠳᠤᠯᠠᠨ᠎ᠠ᠃
      ᠭᠤᠷᠪᠠ᠂ ᠡᠭᠦᠷᠭᠡ ᠵᠢ ᠦᠷᠭᠦᠯᠵᠢᠯᠡᠨ ᠪᠣᠳᠠᠲᠠᠶ᠋ᠢᠵᠢᠭᠤᠯᠵᠤ᠂ ᠤᠰᠤᠨ ᠠᠰᠢᠭᠯᠠᠯᠲᠠ ᠵᠢᠨ ᠠᠮᠤᠷ ᠲᠦᠪᠰᠢᠨ᠎ᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ
      ᠡᠨᠡ ᠵᠢᠯ᠎ᠤᠨ ᠡᠬᠢᠨ᠎ᠳᠤ᠂ ᠮᠠᠨ᠎ᠤ ᠠᠶ᠋ᠢᠮᠠᠭ 《ᠪᠥᠬᠥ ᠠᠶ᠋ᠢᠮᠠᠭ᠎ᠤᠨ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠶᠤᠯ ᠦᠭᠡᠢ ᠦᠢ᠍ᠯᠡᠳᠪᠦᠷᠢᠯᠡᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠬᠡᠷᠡᠭᠵᠢᠭᠦᠯᠬᠦ ᠲᠥᠰᠦᠯ᠎ᠢ ᠥᠷᠨᠢᠭᠦᠯᠬᠦ ᠲᠤᠬᠠᠶ ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠢ ᠪᠠᠶ᠋ᠢᠷᠢᠯᠠᠭᠤᠯᠬᠤ ᠵᠢᠨ ᠬᠠᠮᠲᠤ ᠥᠷᠨᠢᠭᠦᠯᠵᠦ᠂ ᠲᠣᠪᠴᠢᠶ᠎ᠠ ᠵᠢᠨ ᠤᠳᠤᠷᠢᠳᠤᠯᠭ᠎ᠠ᠎ᠠᠴᠠ ᠠᠵᠢᠯ᠎ᠤᠨ ᠪᠦᠯᠬᠦᠮ ᠳᠠᠭ᠋ᠠᠭᠤᠯᠵᠤ᠂ ᠬᠠᠷᠢᠶ᠎ᠠ ᠣᠷᠣᠨ᠎ᠳᠠᠬᠢ ᠪᠠᠶ᠋ᠢᠭᠤᠯᠵᠤ ᠪᠠᠶ᠋ᠢᠭ᠎ᠠ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠤᠢ᠌ᠯ᠎ᠳᠤ ᠠᠶᠤᠯ ᠦᠭᠡᠢ ᠦᠢ᠍ᠯᠡᠳᠪᠦᠷᠢᠯᠡᠯ᠎ᠤᠨ ᠪᠠᠶ᠋ᠢᠴᠠᠭ᠋ᠠᠯᠲᠠ ᠬᠢᠪᠠ᠃ ᠪᠥᠬᠥ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠬᠤ᠎ᠪᠠᠷ ᠳᠡᠮᠵᠢᠨ ᠣᠶ᠋ᠢᠯᠠᠭ᠋ᠠᠭᠰᠠᠨ᠎ᠨᠢ᠂ ᠵᠠᠷᠢᠮ ᠬᠠᠷᠢᠭᠤᠴᠠᠯᠭ᠎ᠠ ᠵᠢᠨ ᠪᠡᠶᠡᠴᠢ ᠴᠣᠭᠴᠠ᠎ᠳᠤ ᠮᠥᠨ ᠬᠦ᠌ ᠦᠵᠡᠯ ᠰᠠᠨᠠᠭ᠋ᠠᠨ᠎ᠤ ᠲᠠᠨᠢᠯᠲᠠ ᠬᠦᠷᠦᠯᠴᠡᠬᠦ ᠥᠬᠡᠶ᠂ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠬᠦᠷᠦᠯᠴᠡᠬᠦ ᠥᠬᠡᠶ᠂ ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ ᠬᠦᠷᠦᠯᠴᠡᠬᠦ ᠥᠬᠡᠶ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ; ᠵᠠᠷᠢᠮ᠎ᠨᠢ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠬᠦᠨᠳᠦᠳᠬᠡᠬᠦ ᠲᠠᠯ᠎ᠠ᠎ᠪᠠᠷ ᠬᠦᠷᠦᠯᠴᠡᠬᠦ ᠦᠭᠡᠢ ᠪᠠᠶ᠋ᠢᠵᠤ᠂ ᠬᠡᠯᠡᠬᠦ᠎ᠳᠡᠭᠡᠨ ᠴᠢᠬᠤᠯᠠᠴᠢᠯᠠᠵᠤ ᠬᠢᠬᠦ᠎ᠳᠡᠭᠡᠨ ᠤᠮᠳᠤᠭ᠋ᠠᠢ᠌ᠯᠠᠵᠤ᠂   ᠶᠠᠭ᠋ᠠᠷᠠᠪᠠᠯ ᠠᠩᠬᠠᠷᠤᠯ᠎ᠳᠤ᠎ᠪᠠᠨ ᠠᠪᠬᠤ ᠦᠭᠡᠢ ᠪᠠᠶ᠋ᠢᠬᠤ ᠦᠵᠡᠭᠳᠡᠯ ᠮᠥᠨ ᠣᠷᠣᠰᠢᠭᠰᠠᠭ᠋ᠠᠷ ᠪᠠᠶ᠋ᠢᠨ᠎ᠠ; ᠵᠠᠷᠢᠮ ᠠᠵᠢᠯ ᠡᠷᠭᠢᠯᠡᠭᠰᠡᠳ᠎ᠤᠨ ᠠᠮᠤᠷ ᠲᠦᠪᠰᠢᠨ᠎ᠤ ᠤᠬᠠᠮᠰᠠᠷ᠎ᠨᠢ ᠳᠤᠲᠠᠮᠠᠭ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠤᠬᠠᠮᠰᠠᠷ᠎ᠨᠢ ᠥᠨᠳᠥᠷ ᠪᠢᠰᠢ᠂ ᠮᠢᠨᠴᠦᠭᠦᠷᠡᠮᠡᠯ ᠦᠵᠡᠯ ᠰᠠᠨᠠᠭ᠎ᠠ ᠪᠠ ᠠᠵᠠ ᠬᠠᠷᠠᠬᠤ ᠪᠣᠳᠣᠯ ᠡᠪᠦᠷᠯᠡᠬᠦ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ᠃ ᠳᠡᠭᠡᠷ᠎ᠡ ᠳᠤᠷᠠᠳᠤᠭᠰᠠᠨ ᠠᠰᠠᠭᠤᠳᠠᠯ᠎ᠤᠳ᠎ᠨᠢ ᠰᠢᠨ᠎ᠡ ᠴᠠᠭ ᠦᠶ᠎ᠡ ᠵᠢᠨ ᠤᠰᠤᠨ ᠠᠰᠢᠭᠯᠠᠯᠲᠠ ᠵᠢᠨ ᠬᠥᠭᠵᠢᠯᠲᠡ ᠪᠣᠯᠤᠨ ᠥᠭᠡᠷᠡᠴᠢᠯᠡᠯᠲᠡ ᠵᠢᠨ ᠬᠡᠷᠡᠭᠴᠡᠭᠡ ᠵᠢ ᠬᠠᠩᠭ᠋ᠠᠬᠤ᠎ᠳᠤ ᠪᠡᠷᠬᠡᠲᠡᠶ ᠶᠤᠮ᠂ ᠤᠰᠤᠨ ᠠᠰᠢᠭᠯᠠᠯᠲᠠ ᠵᠢᠨ ᠠᠶᠤᠯᠭᠦᠶ ᠬᠥᠭᠵᠢᠯᠲᠡ ᠵᠢᠨ ᠱᠠᠭ᠋ᠠᠷᠳᠠᠯᠭ᠎ᠠ᠎ᠲᠠᠢ ᠵᠣᠬᠢᠴᠠᠬᠤ ᠦᠭᠡᠢ ᠡᠳᠡᠭᠡᠷ ᠠᠰᠠᠭᠤᠳᠠᠯ᠎ᠢ ᠪᠢᠳᠡ ᠶᠠᠭ᠋ᠠᠬᠢᠭᠰᠠᠨ ᠴᠤ᠌ ᠣᠮᠲᠣᠭ᠋ᠠᠶ᠋ᠢᠯᠠᠵᠤ ᠪᠣᠯᠬᠤ ᠦᠭᠡᠢ᠃ ᠳᠠᠷᠠᠭ᠋ᠠᠴᠢ ᠵᠢᠨ ᠠᠯᠬᠤᠮ᠎ᠳᠤ ᠪᠠᠰᠠ ᠠᠵᠤ ᠠᠬᠤᠶ᠋ᠢᠯᠠᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠭᠣᠣᠯ ᠬᠠᠷᠢᠭᠤᠴᠠᠯᠭ᠋ᠠᠲᠠᠨ᠎ᠠᠴᠠ ᠨᠢᠭᠡᠳᠦᠭᠡᠷ ᠹᠷᠣᠨᠲ᠎ᠤᠨ ᠠᠵᠢᠯ᠎ᠤᠨ ᠪᠠᠶ᠋ᠢᠷᠢ ᠬᠦᠷᠲᠡᠯᠡᠬᠢ ᠠᠵᠢᠯᠲᠠᠨ ᠠᠵᠢᠯᠴᠢᠨ᠎ᠢ ᠪᠦᠬᠦᠨ᠎ᠢ ᠬᠠᠮᠤᠷᠬᠤ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠠᠶᠤᠯ ᠦᠭᠡᠢ ᠦᠢ᠍ᠯᠡᠳᠪᠦᠷᠢᠯᠡᠯ᠎ᠢ ᠪᠡᠷᠢᠮᠵᠢᠶᠡᠵᠢᠭᠤᠯᠬᠤ᠎ᠪᠠᠷ ᠭᠠᠷᠳᠠᠴᠠ ᠪᠣᠯᠭ᠋ᠠᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠪᠦᠯᠬᠦᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠠᠶᠤᠯ ᠦᠭᠡᠢ ᠦᠢ᠍ᠯᠡᠳᠪᠦᠷᠢᠯᠡᠯ᠎ᠳᠠᠬᠢ ᠣᠷᠣᠭᠤᠯᠤᠯᠲᠠ᠎ᠪᠠᠨ ᠴᠢᠩᠭ᠋ᠠᠷᠠᠭᠤᠯᠤᠨ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠥᠢ᠍ᠯᠡ ᠠᠵᠢᠯᠯᠠᠭ᠎ᠠ ᠵᠢ ᠵᠢᠷᠤᠮᠵᠢᠭᠤᠯᠬᠤ ᠵᠢᠨ ᠬᠠᠮᠲᠤ ᠠᠵᠢᠯᠯᠠᠭᠰᠠᠳ᠎ᠲᠤ ᠠᠶᠤᠯ ᠦᠭᠡᠢ ᠦᠢ᠍ᠯᠡᠳᠪᠦᠷᠢᠯᠡᠯ᠎ᠤᠨ ᠬᠥᠮᠦᠵᠢᠯ ᠪᠠ ᠪᠣᠯᠪᠠᠰᠤᠷᠠᠯ ᠬᠢᠬᠦ ᠵᠢ ᠴᠢᠩᠭ᠋ᠠᠳᠬᠠᠵᠤ᠂ ᠠᠶᠤᠯ ᠥᠭᠡᠢ ᠵᠢᠨ ᠲᠦᠭᠰᠢᠭᠦᠷᠢ ᠵᠢ ᠲᠡᠰ ᠬᠤᠪᠢᠶᠠᠨ ᠬᠠᠮᠢᠶᠠᠷᠤᠨ ᠡᠵᠡᠮᠳᠡᠬᠦ ᠪᠠ ᠡᠨᠳᠡᠯ᠎ᠤᠨ ᠲᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ 《ᠬᠣᠶᠠᠷ᠎ᠢ ᠡᠵᠡᠮᠳᠡᠬᠦ》 ᠰᠢᠰᠲᠸᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠨ ᠵᠡᠷᠭᠡᠴᠡᠪᠡᠷ ᠠᠵᠤ ᠠᠬᠤᠶ᠋ᠢᠯᠠᠯ᠎ᠤᠨ ᠠᠶᠤᠯ ᠥᠭᠡᠢ ᠵᠢᠨ ᠠᠮᠠᠯᠠᠯᠲᠠ ᠵᠢᠨ ᠲᠥᠷᠢᠮ᠎ᠢ ᠲᠡᠭᠦᠯᠳᠡᠷᠵᠢᠭᠦᠯᠬᠦ ᠪᠠ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠮᠡᠳᠡᠭᠡ ᠵᠠᠩᠭᠢ ᠵᠢᠨ ᠰᠢᠰᠲᠸᠮᠵᠢ᠎ᠳᠤ ᠢᠳᠡᠪᠬᠢᠲᠡᠶ᠎ᠪᠠᠷ ᠮᠡᠳᠡᠭᠦᠯᠬᠦ ᠲᠦᠷᠢᠮ᠎ᠢ ᠲᠥᠯᠬᠢᠨ ᠠᠬᠢᠭᠤᠯᠤᠨ᠎ᠠ᠃ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠭᠣᠣᠯᠳᠠᠯᠭ᠎ᠠ᠎ᠲᠠᠢ ᠬᠦᠷᠢᠶᠡᠨ᠎ᠳᠠᠬᠢ ᠲᠤᠰᠬᠠᠶ ᠵᠦᠢ᠍ᠯ᠎ᠤᠨ ᠴᠡᠭᠴᠡᠯᠡᠯᠲᠡ ᠵᠢ ᠢᠳᠡᠪᠬᠢᠲᠡᠶ ᠥᠷᠨᠢᠭᠦᠯᠵᠦ᠂ ᠢᠯᠠᠩᠭᠤᠶ᠎ᠠ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ᠂ ᠠᠵᠢᠯ ᠲᠥᠷᠥᠯ᠎ᠤᠨ ᠭᠠᠯ ᠤᠨᠲᠠᠷᠠᠭ᠋ᠠᠬᠤ᠂ ᠠᠶᠤᠯᠲᠠᠶ ᠬᠢᠮᠢ ᠵᠢᠨ ᠪᠣᠳᠠᠰ᠂ ᠬᠥᠮᠦᠨ ᠬᠠᠷ᠎ᠠ ᠬᠤᠷᠠᠨ ᠴᠤᠭᠯᠠᠷᠠᠭᠰᠠᠨ ᠭᠠᠵᠠᠷ ᠵᠢᠴᠢ ᠭᠣᠣᠯᠳᠠᠯᠭ᠎ᠠ᠎ᠲᠠᠢ ᠬᠦᠷᠢᠶ᠎ᠡ ᠪᠣᠯᠤᠨ ᠦᠶᠡᠷ᠎ᠤᠨ ᠬᠤᠭᠤᠴᠠᠭ᠎ᠠ ᠵᠡᠷᠭᠡ ᠴᠢᠬᠤᠯᠠ ᠴᠠᠭ ᠬᠤᠭᠤᠴᠠᠭ᠋ᠠᠨ᠎ᠳᠤ ᠲᠤᠰᠬᠠᠶ ᠴᠡᠭᠴᠡᠯᠡᠨ ᠵᠠᠰᠠᠬᠤ ᠠᠵᠢᠯ᠎ᠢ ᠪᠦᠬᠦ ᠲᠠᠯ᠎ᠠ᠎ᠪᠠᠷ ᠥᠷᠨᠢᠭᠦᠯᠬᠦ ᠬᠡᠷᠡᠭᠲᠡᠶ᠃ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠬᠡᠯᠬᠢᠶ᠎ᠡ ᠵᠢ ᠲᠡᠭᠦᠯᠳᠡᠷᠵᠢᠭᠦᠯᠦᠨ ᠨᠠᠶ᠋ᠢᠳᠠᠪᠤᠷᠢᠵᠢᠭᠤᠯᠵᠤ᠂ ᠡᠯ᠎ᠡ ᠨᠢᠭᠡᠴᠢ ᠵᠢ ᠰᠠᠨᠠᠭ᠋ᠠᠴᠢᠯᠠᠭ᠎ᠠ ᠦᠭᠡᠢ ᠬᠢᠨᠠᠯᠲᠠ ᠬᠦᠯᠢᠶᠡᠬᠦ ᠪᠠᠶ᠋ᠢᠭᠰᠠᠨ᠎ᠠᠴᠠ᠎ᠨᠢ ᠰᠠᠨᠠᠭ᠋ᠠᠴᠢᠯᠠᠭ᠎ᠠ᠎ᠠᠴᠠ᠎ᠪᠠᠨ ᠬᠠᠮᠢᠶᠠᠷᠤᠯᠲᠠ᠎ᠪᠠᠨ ᠴᠢᠩᠭ᠋ᠠᠳᠬᠠᠬᠤ ᠲᠡᠰᠢ ᠬᠤᠪᠢᠷᠠᠭᠤᠯᠬᠤ ᠵᠢ ᠲᠦᠯᠬᠢᠨ ᠠᠬᠢᠭᠤᠯᠬᠤ ᠬᠠᠷᠠᠯᠲᠠ᠎ᠳᠤ ᠬᠦᠷᠦᠭᠦᠯᠬᠦ ᠬᠡᠷᠡᠭᠲᠡᠶ᠃
      ᠲᠦᠷᠪᠡ᠂ ᠤᠷᠳᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠵᠤ᠂ ᠤᠰᠤᠨ ᠠᠰᠢᠭᠯᠠᠯᠲᠠ ᠵᠢᠨ ᠠᠶᠤᠯ ᠥᠭᠡᠢ ᠵᠢᠨ ᠰᠢᠰᠲᠸᠮᠵᠢ ᠵᠢ ᠲᠡᠭᠦᠯᠳᠡᠷᠵᠢᠭᠦᠯᠬᠦ ᠬᠡᠷᠡᠭᠲᠡᠶ
      ᠮᠠᠨ᠎ᠤ ᠤᠯᠤᠰ᠎ᠤᠨ ᠤᠰᠤ ᠵᠠᠰᠠᠬᠤ ᠭᠣᠣᠯ ᠵᠥᠷᠢᠴᠡᠯ᠎ᠨᠢ ᠨᠢᠭᠡᠨᠲᠡ ᠤᠰᠤᠨ᠎ᠤ ᠬᠥᠨᠥᠭᠡᠯ᠎ᠢ ᠠᠷᠢᠯᠭ᠋ᠠᠵᠤ ᠤᠰᠤᠨ ᠠᠰᠢᠭᠯᠠᠯᠲᠠ ᠵᠢ ᠬᠥᠭᠵᠢᠭᠦᠯᠬᠦ ᠬᠡᠷᠡᠭᠴᠡᠭᠡ ᠬᠢᠭᠡᠳ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠴᠢᠳᠠᠪᠤᠷᠢ ᠬᠦᠷᠦᠯᠴᠡᠬᠦ ᠥᠭᠡᠢ ᠪᠠᠶ᠋ᠢᠬᠤ ᠵᠢᠨ ᠬᠤᠭᠤᠷᠤᠨᠳᠤᠬᠢ ᠵᠦᠷᠢᠴᠡᠯ᠎ᠠᠴᠠ᠎ᠪᠠᠨ ᠤᠰᠤᠨ᠎ᠤ ᠡᠬᠢ ᠪᠠᠶᠠᠯᠢᠭ ᠤᠰᠤᠨ᠎ᠤ ᠠᠮᠢ ᠠᠬᠤᠶ ᠤᠰᠤᠨ᠎ᠤ ᠣᠷᠴᠢᠨ ᠲᠣᠭᠣᠷᠢᠨ᠎ᠤ ᠬᠡᠷᠡᠭᠴᠡᠭᠡ ᠬᠢᠭᠡᠳ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠬᠦᠷᠦᠯᠴᠡᠬᠦ ᠥᠭᠡᠢ ᠪᠠᠶ᠋ᠢᠬᠤ ᠵᠢᠨ ᠬᠤᠭᠤᠷᠤᠨᠳᠤᠬᠢ ᠵᠥᠷᠢᠴᠡᠯ ᠪᠣᠯᠤᠨ ᠬᠤᠪᠢᠷᠠᠵᠠᠶ᠃ ᠡᠶ᠋ᠢᠮᠦ᠎ᠠᠴᠠ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠴᠤ᠌ ᠤᠯᠠᠮ᠎ᠠᠴᠠ ᠤᠯᠠᠮ ᠴᠢᠬᠤᠯᠠ ᠪᠤᠯᠵᠤ ᠪᠠᠶ᠋ᠢᠨ᠎ᠠ᠃ ᠭᠡᠲᠡᠯ᠎ᠡ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ᠎ᠳᠤ ᠬᠢᠨᠠᠯᠲᠠ ᠬᠠᠮᠢᠶᠠᠷᠤᠯᠲᠠ ᠵᠢᠨ ᠲᠥᠬᠥᠭᠡᠷᠦᠮᠵᠢ ᠵᠢᠨ ᠰᠠᠭᠤᠷᠢ ᠨᠢᠮᠭᠡᠨ᠂ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠮᠵᠢ ᠲᠣᠭᠲᠠᠮᠠᠯ᠂ ᠲᠣᠭᠲᠠᠴᠠ᠎ᠨᠢ ᠠᠮᠢᠳᠤᠯᠢᠭ ᠪᠤᠰᠤ᠂ ᠬᠠᠤᠯᠢ ᠴᠠᠭ᠋ᠠᠵᠠ ᠳᠦᠷᠢᠮ ᠲᠤᠭᠳᠠᠭ᠋ᠠᠯ᠎ᠨᠢ ᠲᠡᠭᠦᠯᠳᠡᠷ ᠪᠤᠰᠤ ᠵᠡᠷᠭᠡ ᠠᠰᠠᠭᠤᠳᠠᠯ ᠤᠷᠤᠰᠢᠵᠤ ᠪᠠᠶ᠋ᠢᠨ᠎ᠠ᠃ ᠪᠢᠳᠡ ᠨᠡᠩ ᠪᠣᠯᠪᠠᠰᠤᠷᠠᠩᠭᠤᠢ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠬᠡᠷᠬᠢᠨ ᠪᠠᠶ᠋ᠢᠭᠤᠯᠬᠤ ᠲᠤᠬᠠᠢ ᠭᠦᠨᠵᠡᠭᠡᠢ ᠰᠤᠳᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠵᠠᠰᠠᠯᠲᠠ ᠵᠢᠨ ᠰᠢᠰᠲᠸᠮ᠎ᠢ ᠲᠡᠭᠦᠯᠳᠡᠷᠵᠢᠭᠦᠯᠵᠦ᠂ ᠪᠠᠶ᠋ᠢᠭᠤᠯᠤᠮᠵᠢ ᠲᠣᠭᠲᠠᠴᠠ ᠵᠢ ᠪᠠᠶ᠋ᠢᠭᠤᠯᠬᠤ᠂ ᠰᠢᠰᠲᠸᠮ᠎ᠢ ᠲᠡᠭᠦᠯᠳᠡᠷᠵᠢᠭᠦᠯᠬᠦ᠎ᠪᠠᠷ ᠳᠠᠮᠵᠢᠭᠤᠯᠵᠤ᠂ ᠡᠴᠦᠰ᠎ᠲᠡᠭᠡᠨ ᠵᠠᠰᠠᠯᠲᠠ ᠵᠢᠨ ᠴᠢᠳᠠᠪᠤᠷᠢ ᠵᠢᠨ ᠲᠦᠪᠰᠢᠨ ᠵᠶ᠋ᠡᠨ ᠳᠡᠭᠡᠭᠰᠢᠯᠡᠭᠦᠯᠵᠦ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠪᠦᠬᠦᠯᠢ ᠴᠣᠭᠴᠠ ᠵᠢᠨ ᠲᠦᠪᠰᠢᠨ᠎ᠤ ᠳᠡᠭᠡᠭᠰᠢᠯᠡᠯᠲᠡ ᠵᠢ ᠠᠬᠢᠭᠤᠯᠬᠤ ᠴᠢᠬᠤᠯᠠᠲᠠᠢ ᠪᠠᠶ᠋ᠢᠨ᠎ᠠ᠃
      ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢ᠍ᠢ᠍ᠭᠡᠮ ᠵᠢᠷᠦᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠰᠢ ᠵᠢᠨ ᠫᠢᠩ ᠶᠡᠷᠦᠩᠬᠡᠶ ᠱᠦᠵᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢᠴᠢ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠵᠤ᠂ ᠨᠠᠮ ᠊ᠤ᠋ᠨ ᠲᠥᠪ ᠬᠣᠷᠢᠶ᠎ᠠ ᠲᠦᠷᠤ ᠵᠢᠨ ᠶᠠᠪᠤᠳᠠᠯ᠎ᠤᠨ ᠬᠤᠷᠢᠶ᠎ᠠ᠂ ᠤᠰᠤᠨ ᠠᠰᠢᠭᠯᠠᠯᠳᠠ ᠵᠢᠨ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠳᠠ ᠵᠢᠨ ᠲᠢᠩᠬᠢᠮ᠂ ᠬᠢᠩᠭ᠋ᠠᠨ ᠠᠶ᠋ᠢᠮᠠᠭ᠎ᠤᠨ ᠨᠠᠮ᠎ᠤᠨ ᠬᠣᠷᠢᠶ᠎ᠠ ᠵᠠᠰᠠᠭ᠎ᠤᠨ ᠵᠠᠬᠢᠷᠭ᠎ᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠲᠤᠬᠠᠶ ᠴᠢᠬᠤᠯᠠ ᠶᠡᠬᠡ ᠰᠢᠶᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ᠂ ᠠᠮᠤᠷ ᠲᠦᠪᠰᠢᠨ᠎ᠤ ᠳᠠᠯᠳᠠ ᠬᠡᠮ᠎ᠢ ᠴᠠᠭ ᠲᠤᠬᠠᠶ᠎ᠳᠤᠨᠢ ᠠᠷᠢᠯᠭ᠋ᠠᠬᠤ᠂ ᠠᠶᠤᠯ ᠦᠭᠡᠢ ᠦᠢ᠍ᠯᠡᠳᠪᠦᠷᠢᠯᠡᠯ᠎ᠤᠨ ᠡᠨᠳᠡᠯ ᠬᠡᠷᠡᠭ᠎ᠢ ᠪᠦᠲᠦᠮᠵᠢᠲᠡᠶ ᠬᠣᠷᠢᠭᠯᠠᠬᠤ᠎ᠪᠠᠷ ᠬᠠᠷᠠᠯᠲᠠ ᠪᠣᠯᠭ᠋ᠠᠵᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠵᠠᠮ ᠨᠡᠭᠡᠭᠡᠨ ᠤᠷᠤᠭᠰᠢᠯᠠᠵᠤ᠂ ᠡᠯ᠎ᠡ ᠵᠦᠢ᠍ᠯ᠎ᠤᠨ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠡᠭᠦᠳᠴᠦ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠂ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ᠎ᠳᠤ ᠠᠮᠤᠷ ᠲᠦᠪᠰᠢᠨ᠎ᠤ ᠲᠣᠭᠲᠠᠭᠤᠨ ᠪᠠᠲᠤᠯᠠᠭ᠎ᠠ ᠬᠠᠩᠭ᠋ᠠᠬᠤ ᠬᠡᠷᠡᠭᠲᠡᠢ!

ᠢᠷᠡᠯᠲᠡ᠄
          
ᠬᠠᠮᠢᠶ᠎ᠡ ᠪᠦᠬᠦᠢ ᠰᠣᠨᠢᠨ
 
            