ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠢᠴᠢᠭ ᠮᠠᠲ᠋ᠧᠷᠢᠶᠠᠯ
ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠎ᠳᠠᠬᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠤᠷᠢᠳᠠᠴᠢ ᠬᠢᠨᠠᠨ ᠪᠠᠢ᠌ᠴᠠᠭ᠋ᠠᠬᠤ ᠠᠵᠢᠯ᠎ᠢ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-12-26

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ

  

             ᠥᠪᠥᠷ ᠵᠠᠰᠠᠭ ᠠᠯᠪᠠᠨ ᠲᠠᠷᠬᠠᠭ᠋ᠠᠭᠰᠠᠨ [2024 ] 40 ᠳ᠋ᠦ᠍ᠭᠡᠷ ᠲᠣᠭ᠋ᠠᠲᠤ

  

ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠎ᠳᠠᠬᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠤᠷᠢᠳᠠᠴᠢ ᠬᠢᠨᠠᠨ ᠪᠠᠢ᠌ᠴᠠᠭ᠋ᠠᠬᠤ ᠠᠵᠢᠯ᠎ᠢ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ

 

ᠡᠯ᠎ᠡ ᠠᠢ᠌ᠮᠠᠭ᠎ᠤᠨ ᠵᠠᠬᠢᠷᠭ᠎ᠠ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂  ᠠᠯᠪᠠᠨ ᠭᠡᠷ᠂  ᠲᠢᠩᠬᠢᠮ᠂  ᠲᠣᠪᠴᠢᠶ᠎ᠠ᠂  ᠡᠯ᠎ᠡ ᠲᠣᠮᠣ ᠠᠵᠤ ᠠᠬᠤᠢ᠌ᠯᠠᠯ᠂  ᠠᠵᠢᠯ ᠦᠢ᠍ᠯᠡᠰ᠎ᠤᠨ ᠨᠢᠭᠡᠴᠢ᠎ᠳᠤ᠄

   ᠰᠢ  ᠵᠢᠨ  ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂  ᠶᠡᠷᠦᠩᠬᠡᠢ ᠱᠦᠵᠢ ᠰᠢ  ᠵᠢᠨ  ᠫᠢᠩ᠎ᠤᠨ ᠰᠣᠶᠣᠯ᠎ᠤᠨ ᠥᠪ᠎ᠢ ᠬᠠᠮᠠᠭ᠋ᠠᠯᠠᠨ ᠤᠯᠠᠮᠵᠢᠯᠠᠬᠤ ᠲᠤᠬᠠᠢ ᠴᠢᠬᠤᠯᠠ ᠥᠭᠦᠯᠡᠯᠲᠡ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ 《ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠠᠤᠯᠢ 》᠂ 《ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠠᠤᠯᠢ ᠵᠢ ᠬᠡᠷᠡᠭᠵᠢᠭᠦᠯᠬᠦ ᠳᠦᠷᠢᠮ 》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠳᠦᠷᠢᠮ 》  ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠨ᠂  ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠎ᠳᠤ ᠭᠠᠵᠠᠷ ᠳᠡᠭᠡᠷᠡᠬᠢ ᠲᠡᠦᠬᠡ ᠵᠢᠨ ᠳᠤᠷᠠᠰᠬᠠᠯᠲᠤ ᠵᠦᠢ᠍ᠯ ᠪᠣᠯ 《ᠤᠷᠢᠳ ᠵᠶ᠋ᠠᠷ ᠪᠠᠢ᠌ᠴᠠᠭ᠋ᠠᠯᠲᠠ ᠬᠢᠵᠦ᠂  ᠳᠠᠷᠠᠭ᠎ᠠ᠎ᠳᠤ᠎ᠨᠢ  ᠪᠦᠲᠦᠭᠡᠨ ᠪᠠᠶ᠋ᠢᠭᠤᠯᠬᠤ 》᠂  ᠭᠠᠵᠠᠷ ᠳᠣᠣᠷᠠᠬᠢ ᠲᠡᠦᠬᠡ ᠵᠢᠨ ᠳᠤᠷᠠᠰᠬᠠᠯᠲᠤ ᠵᠦᠢ᠍ᠯ ᠪᠣᠯ 《ᠤᠷᠢᠳ ᠵᠶ᠋ᠠᠷ ᠬᠠᠭᠤᠴᠢ  ᠰᠤᠳᠤᠯᠤᠯ ᠬᠢᠵᠦ᠂  ᠳᠠᠷᠠᠭ᠎ᠠ᠎ᠳᠤ᠎ᠨᠢ  ᠲᠥᠯᠥᠪᠦᠷᠢᠲᠡᠢ  ᠰᠢᠯᠵᠢᠭᠦᠯᠬᠦ 》  ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂  ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠠᠵᠢᠯ᠎ᠢ ᠦᠨᠡᠨ ᠬᠦ᠌  ᠰᠠᠢ᠌ᠲᠤᠷ ᠬᠢᠬᠦ ᠵᠢᠨ ᠲᠤᠰᠠᠳᠠ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂  ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠪᠡ᠃

   ᠨᠢᠭᠡ᠂  ᠤᠷᠢᠳᠠᠴᠢ ᠬᠢᠨᠠᠨ ᠵᠥᠪᠰᠢᠶᠡᠷᠡᠭᠦᠯᠬᠦ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ ᠬᠡᠷᠡᠭᠲᠡᠢ᠃  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠢ ᠬᠠᠷᠢᠭᠤᠴᠠᠵᠤ ᠪᠠᠢ᠌ᠭ᠎ᠠ ᠰᠠᠯᠠᠭ᠎ᠠ ᠮᠥᠴᠢᠷ᠎ᠢ ᠵᠢᠯᠣᠭᠣᠳᠴᠤ ᠪᠠᠢ᠌ᠭ᠋ᠠᠳ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠢ ᠪᠠᠭᠲᠠᠭ᠋ᠠᠭᠰᠠᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ᠎ᠤᠨ ᠬᠣᠯᠪᠤᠭ᠋ᠠᠯᠠᠨ ᠭᠦᠢ᠍ᠴᠡᠳᠬᠡᠬᠦ ᠲᠣᠭᠲᠠᠴᠠ ᠵᠢ ᠪᠠᠶ᠋ᠢᠭᠤᠯᠬᠤ ᠬᠡᠷᠡᠭᠲᠡᠢ᠃  ᠡᠯ᠎ᠡ ᠱᠠᠲᠤᠨ᠎ᠤ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠡᠯ᠎ᠡ ᠲᠥᠷᠥᠯ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠬᠢᠨᠠᠮᠠᠭ᠋ᠠᠢ ᠡᠮᠬᠢᠯᠡᠵᠦ᠂  ᠲᠥᠷᠥᠯ ᠵᠦᠢ᠍ᠯ  ᠲᠣᠭᠲᠠᠭ᠋ᠠᠬᠤ᠂  ᠭᠠᠵᠠᠷ ᠬᠡᠷᠡᠭᠯᠡᠵᠦ ᠭᠠᠵᠠᠷ ᠰᠣᠩᠭᠣᠬᠤ ᠲᠠᠯ᠎ᠠ ᠵᠢᠨ ᠠᠵᠢᠯ᠎ᠢ ᠬᠠᠷᠢᠭᠤᠴᠠᠵᠤ ᠪᠠᠢ᠌ᠭ᠎ᠠ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠨᠢ  ᠲᠥᠷᠥᠯ ᠵᠦᠢ᠍ᠯ᠎ᠢ ᠤᠷᠢᠳᠴᠢᠯᠠᠨ ᠬᠢᠨᠠᠬᠤ ᠱᠠᠲᠤᠨ᠎ᠳᠤ ᠠᠳᠠᠯᠢ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠰᠠᠯᠠᠭ᠎ᠠ ᠮᠥᠴᠢᠷ᠎ᠤᠨ ᠰᠠᠨᠠᠯ᠎ᠢ ᠰᠠᠨᠠᠭ᠋ᠠᠴᠢᠯᠠᠭ᠎ᠠ᠎ᠠᠴᠠ᠎ᠪᠠᠨ ᠬᠤᠷᠢᠶᠠᠬᠤ ᠬᠡᠷᠡᠭᠲᠡᠢ; ᠲᠣᠮᠣ ᠬᠡᠯᠪᠡᠷᠢ ᠵᠢᠨ ᠦᠨᠳᠦᠰᠦᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠪᠠᠷᠢᠯᠭ᠎ᠠ ᠡᠬᠢᠯᠡᠭᠦᠯᠬᠦ ᠵᠥᠪᠰᠢᠶᠡᠷᠡᠯ᠎ᠢ ᠬᠠᠷᠢᠭᠤᠴᠠᠵᠤ ᠪᠠᠢ᠌ᠭ᠎ᠠ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠨᠢ  ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠵᠥᠪᠰᠢᠶᠡᠷᠡᠯ᠎ᠢ ᠤᠷᠢᠳᠠᠴᠢ ᠬᠢᠨᠠᠨ  ᠪᠠᠢ᠌ᠴᠠᠭ᠋ᠠᠯᠲᠠ ᠵᠢᠨ ᠴᠢᠬᠤᠯᠠ ᠨᠥᠬᠥᠴᠡᠯ ᠪᠣᠯᠭ᠋ᠠᠨ ᠵᠢᠭᠰᠠᠭ᠋ᠠᠬᠤ ᠬᠡᠷᠡᠭᠲᠡᠢ᠃ 

   ᠬᠣᠶᠠᠷ᠂  ᠤᠷᠢᠳᠠᠴᠢ ᠬᠢᠨᠠᠨ ᠵᠥᠪᠰᠢᠶᠡᠷᠡᠭᠦᠯᠬᠦ ᠳᠡᠰ ᠳᠠᠷᠠᠭ᠋ᠠᠯᠠᠯ᠎ᠢ ᠵᠢᠷᠤᠮᠵᠢᠭᠤᠯᠬᠤ ᠬᠡᠷᠡᠭᠲᠡᠢ᠃  ᠪᠦᠬᠦ ᠣᠷᠣᠨ᠎ᠤ ᠡᠯ᠎ᠡ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ  ᠡᠯ᠎ᠡ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠨᠢᠭᠡᠴᠢ ᠵᠢᠨ ᠬᠠᠮᠠᠭ᠋ᠠᠯᠠᠬᠤ ᠬᠦᠷᠢᠶ᠎ᠡ ᠬᠡᠪᠴᠢᠶ᠎ᠡ ᠪᠠ  ᠪᠦᠲᠦᠭᠡᠨ ᠪᠠᠢ᠌ᠭᠤᠯᠤᠯᠲᠠ ᠵᠢ ᠬᠢᠵᠠᠭ᠋ᠠᠷᠯᠠᠬᠤ ᠣᠷᠣᠨ ᠪᠦᠰᠡ ᠵᠢᠨ ᠮᠡᠳᠡᠭᠡ ᠵᠠᠩᠭᠢ ᠵᠢ ᠨᠡᠢ᠌ᠭᠡᠮ ᠨᠡᠢ᠌ᠳᠡ᠎ᠳᠤ ᠢᠯᠡ ᠪᠣᠯᠭ᠋ᠠᠬᠤ ᠬᠡᠷᠡᠭᠲᠡᠢ᠃  ᠲᠣᠮᠣ ᠬᠡᠯᠪᠡᠷᠢ ᠵᠢᠨ ᠦᠨᠳᠦᠰᠦᠨ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠪᠠᠷᠢᠬᠤ᠎ᠳᠤ᠎ᠪᠠᠨ᠂  ᠪᠠᠷᠢᠯᠭ᠎ᠠ ᠪᠠᠢ᠌ᠭᠤᠯᠬᠤ ᠨᠢᠭᠡᠴᠢ᠎ᠨᠢ  ᠤᠷᠢᠳ ᠵᠶ᠋ᠠᠷ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ  ᠮᠡᠳᠡᠭᠦᠯᠵᠦ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠠᠵᠢᠯ ᠬᠢᠵᠦ ᠪᠠᠢ᠌ᠭ᠎ᠠ ᠨᠢᠭᠡᠴᠢ᠎ᠨᠦᠭᠦᠳ᠎ᠢ ᠵᠣᠬᠢᠶᠠᠨ ᠪᠠᠢ᠌ᠭᠤᠯᠵᠤ ᠪᠠᠢ᠌ᠭ᠋ᠠᠳ ᠪᠠᠷᠢᠯᠭ᠎ᠠ ᠵᠢᠨ ᠭᠠᠵᠠᠷ ᠪᠣᠯᠭ᠋ᠠᠨ ᠰᠣᠩᠭᠣᠬᠤ ᠬᠡᠪᠴᠢᠶᠡᠨ ᠳᠣᠲᠣᠷ᠎ᠠ ᠬᠠᠭᠤᠴᠢ ᠰᠤᠳᠤᠯᠤᠯ᠎ᠤᠨ ᠪᠠᠢ᠌ᠴᠠᠭ᠋ᠠᠯᠲᠠ ᠪᠠ  ᠬᠠᠢ᠌ᠨ ᠰᠢᠨᠵᠢᠯᠲᠡ ᠬᠢᠯᠭᠡᠬᠦ᠎ᠪᠠᠷ  ᠭᠤᠶᠤᠴᠢᠯᠠᠵᠤ᠂  ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ  ᠬᠠᠤᠯᠢ᠎ᠳᠤ ᠲᠣᠭᠲᠠᠭ᠋ᠠᠭᠰᠠᠨ ᠴᠠᠭ ᠬᠤᠭᠤᠴᠠᠭ᠋ᠠᠨ᠎ᠤ ᠳᠣᠲᠣᠷ᠎ᠠ ᠬᠢᠨᠠᠨ ᠬᠠᠷᠭᠤᠭᠤᠯᠤᠭᠰᠠᠨ ᠰᠠᠨᠠᠯ ᠵᠶ᠋ᠡᠨ ᠭᠠᠷᠭ᠋ᠠᠬᠤ ᠬᠡᠷᠡᠭᠲᠡᠢ᠃  ᠬᠣᠲᠠ ᠪᠠᠯᠭ᠋ᠠᠰᠤᠨ᠎ᠤ ᠲᠥᠯᠦᠪᠵᠢᠭᠦᠯᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠪᠴᠢᠶᠡᠨ ᠳᠣᠲᠣᠷ᠎ᠠ ᠵᠢᠴᠢ ᠡᠯ᠎ᠡ ᠲᠥᠷᠥᠯ᠎ᠤᠨ ᠨᠡᠭᠡᠭᠡᠯᠲᠡ ᠵᠢᠨ ᠲᠣᠭᠣᠷᠢᠭ᠂  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠂  ᠠᠵᠤ ᠦᠢ᠍ᠯᠡᠰ᠎ᠤᠨ ᠪᠥᠭᠡᠮᠨᠡᠷᠡᠯ᠎ᠤᠨ ᠲᠣᠭᠣᠷᠢᠭ᠂  ᠬᠣᠲᠠ ᠬᠥᠳᠡᠭᠡ ᠵᠢ ᠨᠢᠭᠡ ᠴᠣᠭᠴᠠᠵᠢᠭᠤᠯᠤᠭᠰᠠᠨ ᠵᠢᠱ᠌ᠢᠶ᠎ᠡ ᠦᠵᠡᠭᠦᠯᠬᠦ ᠲᠣᠭᠣᠷᠢᠭ ᠵᠡᠷᠭᠡ ᠬᠡᠰᠡᠭ ᠵᠶ᠋ᠡᠷ ᠨᠡᠭᠡᠭᠡᠨ ᠬᠥᠭᠵᠢᠭᠦᠯᠬᠦ᠎ᠪᠠᠷ  ᠲᠥᠯᠥᠪᠵᠢᠭᠦᠯᠵᠦ ᠪᠠᠢ᠌ᠭ᠎ᠠ ᠭᠠᠵᠠᠷ ᠰᠢᠷᠣᠢ᠎ᠳᠤ ᠣᠷᠣᠨ ᠪᠦᠰᠡ ᠵᠢᠨ ᠦᠨᠡᠯᠡᠨ ᠵᠢᠱ᠌ᠢᠯᠲᠡ ᠥᠷᠨᠢᠭᠦᠯᠬᠦ᠎ᠳᠤ᠎ᠪᠠᠨ᠂  ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠢ ᠤᠷᠢᠵᠤ ᠣᠷᠣᠯᠴᠠᠭᠤᠯᠬᠤ ᠬᠡᠷᠡᠭᠲᠡᠢ᠃  ᠬᠠᠭᠤᠴᠢ ᠰᠤᠳᠤᠯᠤᠯ᠎ᠤᠨ ᠪᠠᠢ᠌ᠴᠠᠭ᠋ᠠᠯᠲᠠ ᠪᠠ  ᠬᠠᠢ᠌ᠨ ᠰᠢᠨᠵᠢᠯᠲᠡ ᠬᠢᠬᠦ᠎ᠪᠠᠷ ᠳᠠᠮᠵᠢᠭ᠋ᠠᠳ ᠲᠡᠦᠬᠡ ᠵᠢᠨ ᠳᠤᠷᠠᠰᠬᠠᠯᠲᠤ ᠵᠦᠢ᠍ᠯ ᠣᠯᠵᠤ ᠮᠡᠳᠡᠭᠰᠡᠨ ᠦᠭᠡᠢ ᠪᠣᠯ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ  ᠬᠠᠤᠯᠢ᠎ᠳᠤ ᠲᠣᠭᠲᠠᠭ᠋ᠠᠭᠰᠠᠨ ᠴᠠᠭ ᠬᠤᠭᠤᠴᠠᠭ᠋ᠠᠨ᠎ᠤ ᠳᠣᠲᠣᠷ᠎ᠠ ᠬᠢᠨᠠᠨ ᠬᠠᠷᠭᠤᠭᠤᠯᠤᠭᠰᠠᠨ ᠰᠠᠨᠠᠯ ᠵᠶ᠋ᠠᠨ ᠭᠠᠷᠭ᠋ᠠᠬᠤ  ᠬᠡᠷᠡᠭᠲᠡᠢ; ᠲᠡᠦᠬᠡ ᠵᠢᠨ ᠳᠤᠷᠠᠰᠬᠠᠯᠲᠤ ᠵᠦᠢ᠍ᠯ᠎ᠢ ᠣᠯᠵᠤ ᠢᠯᠡᠷᠡᠭᠦᠯᠪᠡᠯ᠂  ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ  ᠬᠠᠢ᠌ᠨ ᠰᠢᠨᠵᠢᠯᠲᠡ ᠵᠢᠨ ᠠᠵᠢᠯ ᠬᠢᠭᠰᠡᠨ ᠰᠠᠭᠤᠷᠢᠨ ᠳᠡᠭᠡᠷ᠎ᠡ ᠨᠡᠭᠡᠭᠡᠨ ᠮᠠᠯᠲᠠᠬᠤ ᠲᠥᠯᠥᠪᠯᠡᠭᠡ ᠳᠤᠷᠠᠳᠴᠤ᠂  ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃  ᠦᠨᠡᠨ ᠬᠦ᠌  ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠨᠢᠭᠡᠴᠢ ᠵᠢᠨ ᠬᠠᠮᠠᠭ᠋ᠠᠯᠠᠬᠤ ᠬᠦᠷᠢᠶ᠎ᠡ ᠬᠡᠪᠴᠢᠶ᠎ᠡ ᠪᠠ  ᠪᠦᠲᠦᠭᠡᠨ ᠪᠠᠢ᠌ᠭᠤᠯᠤᠯᠲᠠ ᠵᠢ ᠬᠢᠵᠠᠭ᠋ᠠᠷᠯᠠᠬᠤ ᠣᠷᠣᠨ ᠪᠦᠰᠡ ᠵᠢᠨ ᠳᠣᠲᠣᠷ᠎ᠠ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠪᠠᠷᠢᠬᠤ ᠴᠢᠬᠤᠯᠠᠲᠠᠢ ᠪᠠᠢ᠌ᠪᠠᠯ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠠᠤᠯᠢ 》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠢ᠃

   ᠭᠤᠷᠪᠠ᠂  ᠪᠦᠲᠦᠭᠡᠨ ᠪᠠᠢ᠌ᠭᠤᠯᠬᠤ ᠪᠠᠷᠢᠯᠭ᠎ᠠ᠎ᠳᠤ  ᠬᠢᠨᠠᠯᠲᠠ ᠬᠠᠮᠢᠶᠠᠷᠤᠯᠲᠠ ᠬᠢᠬᠦ᠎ᠪᠠᠨ  ᠴᠢᠩᠭ᠋ᠠᠳᠬᠠᠬᠤ ᠬᠡᠷᠡᠭᠲᠡᠢ᠃  ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ  ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠣᠯᠪᠣᠭᠳᠠᠯ ᠪᠦᠬᠦᠢ ᠬᠠᠤᠯᠢ ᠴᠠᠭ᠋ᠠᠵᠠ᠂  ᠬᠠᠤᠯᠢ ᠲᠣᠭᠲᠠᠭ᠋ᠠᠯ᠎ᠤᠨ ᠱᠠᠭ᠋ᠠᠷᠳᠠᠯᠭ᠎ᠠ ᠪᠠ  ᠲᠤᠰ ᠮᠡᠳᠡᠭᠳᠡᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂  ᠡᠯ᠎ᠡ ᠲᠥᠷᠥᠯ᠎ᠤᠨ ᠪᠦᠲᠦᠭᠡᠨ ᠪᠠᠢ᠌ᠭᠤᠯᠬᠤ ᠲᠥᠷᠥᠯ ᠵᠦᠢ᠍ᠯ᠎ᠳᠤ ᠰᠠᠢ᠌ᠲᠤᠷ ᠬᠢᠨᠠᠯᠲᠠ ᠬᠠᠮᠢᠶᠠᠷᠤᠯᠲᠠ ᠬᠢᠬᠦ ᠬᠡᠷᠡᠭᠲᠡᠢ᠃  ᠪᠠᠷᠢᠯᠭ᠎ᠠ ᠵᠢᠨ ᠭᠠᠵᠠᠷ ᠰᠣᠩᠭᠣᠬᠤ᠎ᠳᠤ᠎ᠪᠠᠨ ᠨᠡᠭᠦᠯᠭᠡᠨ ᠰᠢᠯᠵᠢᠭᠦᠯᠵᠦ ᠪᠣᠯᠣᠰᠢ ᠦᠭᠡᠢ ᠲᠡᠦᠬᠡ ᠵᠢᠨ ᠳᠤᠷᠠᠰᠬᠠᠯᠲᠤ ᠵᠦᠢ᠍ᠯ᠎ᠠᠴᠠ ᠵᠠᠢ᠌ᠯᠠᠬᠤ ᠬᠡᠷᠡᠭᠲᠡᠢ᠂  ᠣᠨᠴᠠᠭ᠋ᠠᠶ ᠪᠠᠢ᠌ᠳᠠᠯ᠎ᠠᠴᠠ ᠪᠣᠯᠵᠤ ᠦᠨᠡᠨ ᠬᠦ᠌  ᠵᠠᠢ᠌ᠯᠠᠭᠤᠯᠬᠤ ᠪᠣᠯᠣᠯᠴᠠᠭ᠎ᠠ ᠦᠭᠡᠢ ᠪᠣᠯᠪᠠᠯ ᠬᠠᠤᠯᠢ ᠲᠣᠭᠲᠠᠭ᠋ᠠᠯ ᠶᠣᠰᠣᠭ᠋ᠠᠷ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠤᠷᠢᠳᠠᠴᠢ ᠬᠢᠨᠠᠨ ᠵᠥᠪᠰᠢᠶᠡᠷᠡᠭᠦᠯᠬᠦ ᠳᠡᠰ ᠳᠠᠷᠠᠭ᠋ᠠᠯᠠᠯ᠎ᠢ ᠭᠦᠢ᠍ᠴᠡᠳᠬᠡᠬᠦ ᠬᠡᠷᠡᠭᠲᠡᠢ᠃  ᠪᠠᠷᠢᠯᠭ᠎ᠠ ᠪᠠᠷᠢᠬᠤ ᠶᠠᠪᠤᠴᠠ᠎ᠳᠤ ᠲᠡᠦᠬᠡ ᠵᠢᠨ ᠳᠤᠷᠠᠰᠬᠠᠯᠲᠤ ᠵᠦᠢ᠍ᠯ᠎ᠢ ᠣᠯᠵᠤ ᠢᠯᠡᠷᠡᠭᠦᠯᠪᠡᠯ᠂  ᠲᠤᠬᠠᠢ ᠵᠢᠨ ᠭᠠᠵᠠᠷ᠎ᠢ᠎ᠨᠢ  ᠬᠠᠮᠠᠭ᠋ᠠᠯᠠᠵᠤ᠂  ᠳᠠᠷᠤᠢ᠌ᠬᠠᠨ  ᠲᠤᠬᠠᠢ ᠵᠢᠨ ᠭᠠᠵᠠᠷ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠵᠦ᠂  ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠠᠤᠯᠢ 》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠃  ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠳᠤᠮᠳᠠ ᠢᠯᠡᠷᠡᠭᠰᠡᠨ ᠬᠠᠭᠤᠴᠢ ᠰᠤᠳᠤᠯᠤᠯ᠎ᠤᠨ ᠪᠠᠢ᠌ᠴᠠᠭ᠋ᠠᠯᠲᠠ᠂  ᠬᠠᠢ᠌ᠨ ᠰᠢᠨᠵᠢᠯᠲᠡ᠂  ᠨᠡᠭᠡᠭᠡᠨ ᠮᠠᠯᠲᠠᠬᠤ ᠠᠵᠢᠯ᠎ᠢ ᠬᠠᠷᠰᠢᠯᠠᠨ ᠨᠥᠯᠥᠭᠡᠯᠡᠬᠦ᠂  ᠬᠣᠷᠢᠭᠯᠠᠨ ᠰᠠᠭ᠋ᠠᠲᠠᠭ᠋ᠠᠬᠤ ᠪᠠ  ᠲᠡᠦᠬᠡ ᠵᠢᠨ ᠳᠤᠷᠠᠰᠬᠠᠯᠲᠤ ᠵᠦᠢ᠍ᠯ᠎ᠢ ᠡᠪᠳᠡᠨ ᠰᠦᠢ᠍ᠳᠬᠡᠬᠦ᠂  ᠲᠡᠦᠬᠡ ᠵᠢᠨ ᠳᠤᠷᠠᠰᠬᠠᠯᠲᠤ ᠵᠦᠢ᠍ᠯ᠎ᠢ ᠳᠦᠷᠭᠢᠯᠳᠦᠨ ᠪᠤᠯᠢᠶᠠᠯᠳᠤᠬᠤ ᠵᠡᠷᠭᠡ ᠦᠢ᠍ᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠰᠢᠢ᠍ᠳᠪᠦᠷᠢᠯᠡᠬᠦ ᠬᠡᠷᠡᠭᠲᠡᠢ᠃

   ᠳᠥᠷᠪᠡ᠂  ᠤᠷᠢᠳᠠᠴᠢ ᠬᠢᠨᠠᠨ ᠵᠥᠪᠰᠢᠶᠡᠷᠡᠭᠦᠯᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃  ᠪᠦᠬᠦ ᠣᠷᠣᠨ᠎ᠤ ᠡᠯ᠎ᠡ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ  ᠪᠦᠬᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠨᠡᠢ᠌ᠳᠡᠮ ᠪᠠᠢ᠌ᠴᠠᠭ᠋ᠠᠯᠲᠠ ᠵᠢᠨ ᠬᠠᠮᠤᠭ᠎ᠤᠨ ᠰᠢᠨ᠎ᠡ ᠲᠣᠭ᠎ᠠ ᠪᠠᠷᠢᠮᠲᠠ ᠵᠢ ᠦᠨᠳᠦᠰᠦᠯᠡᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠤᠷᠢᠳᠠᠴᠢ ᠬᠢᠨᠠᠨ ᠵᠥᠪᠰᠢᠶᠡᠷᠡᠭᠦᠯᠬᠦ ᠠᠵᠢᠯ᠎ᠢ ᠥᠷᠨᠢᠭᠦᠯᠬᠦ ᠬᠡᠷᠡᠭᠲᠡᠢ᠃  ᠬᠠᠭᠤᠴᠢ ᠰᠤᠳᠤᠯᠤᠯ᠎ᠤᠨ ᠪᠠᠢ᠌ᠴᠠᠭ᠋ᠠᠯᠲᠠ᠂  ᠬᠠᠢ᠌ᠨ ᠰᠢᠨᠵᠢᠯᠲᠡ᠂  ᠨᠡᠭᠡᠭᠡᠨ ᠮᠠᠯᠲᠠᠯᠲᠠ ᠵᠢᠨ ᠨᠢᠭᠡᠴᠢ ᠵᠢᠨ ᠬᠢᠷᠢ ᠭᠡᠮ᠎ᠢ ᠴᠢᠩᠭ᠎ᠠ ᠬᠢᠨᠠᠨ ᠪᠠᠢ᠌ᠴᠠᠭ᠋ᠠᠵᠤ᠂  ᠬᠠᠭᠤᠴᠢ ᠰᠤᠳᠤᠯᠤᠯ᠎ᠤᠨ ᠠᠵᠢᠯ᠎ᠤᠨ ᠶᠠᠰᠤ ᠴᠢᠨᠠᠷ᠎ᠲᠤ ᠬᠢᠨᠠᠯᠲᠠ ᠬᠠᠮᠢᠶᠠᠷᠤᠯᠲᠠ ᠬᠢᠬᠦ᠎ᠪᠠᠨ  ᠴᠢᠩᠭ᠋ᠠᠳᠬᠠᠬᠤ ᠬᠡᠷᠡᠭᠲᠡᠢ᠃  ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠴᠤᠪᠤᠷᠠᠯ᠎ᠢ ᠰᠢᠯᠢᠳᠡᠭᠵᠢᠭᠦᠯᠵᠦ᠂  ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠂  ᠬᠠᠤᠯᠢ᠎ᠳᠤ ᠲᠣᠭᠲᠠᠭ᠋ᠠᠭᠰᠠᠨ ᠴᠠᠭ ᠬᠤᠭᠤᠴᠠᠭ᠋ᠠᠨ᠎ᠤ ᠳᠣᠲᠣᠷ᠎ᠠ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠵᠥᠪᠰᠢᠶᠡᠷᠡᠯ᠎ᠢ ᠪᠡᠶᠡᠯᠡᠭᠦᠯᠬᠦ ᠵᠢ ᠦᠨᠡᠨ ᠬᠦ᠌  ᠪᠠᠲᠤᠯᠠᠬᠤ ᠬᠡᠷᠡᠭᠲᠡᠢ᠃  ᠬᠠᠭᠤᠴᠢ ᠰᠤᠳᠤᠯᠤᠯ᠎ᠤᠨ ᠪᠠᠢ᠌ᠴᠠᠭ᠋ᠠᠯᠲᠠ᠂  ᠬᠠᠢ᠌ᠨ ᠰᠢᠨᠵᠢᠯᠲᠡ᠂  ᠨᠡᠭᠡᠭᠡᠨ ᠮᠠᠯᠲᠠᠬᠤ ᠠᠵᠢᠯ᠎ᠢ ᠬᠡᠷᠡᠭᠵᠢᠭᠦᠯᠬᠦ ᠨᠢᠭᠡᠴᠢ᠎ᠨᠦᠭᠦᠳ ᠦᠢ᠍ᠯᠡᠴᠢᠯᠡᠭᠡᠨ᠎ᠤ ᠤᠬᠠᠮᠰᠠᠷ ᠵᠶ᠋ᠠᠨ ᠴᠢᠩᠭ᠋ᠠᠳᠬᠠᠵᠤ᠂  ᠠᠵᠢᠯᠯᠠᠬᠤ ᠠᠷᠭ᠎ᠠ ᠵᠢᠨ ᠲᠠᠯ᠎ᠠ᠎ᠳᠤ ᠰᠢᠨ᠎ᠡ ᠵᠢ ᠡᠭᠦᠳᠴᠦ᠂  ᠬᠠᠤᠯᠢ ᠲᠣᠭᠲᠠᠭ᠋ᠠᠯ ᠶᠣᠰᠣᠭ᠋ᠠᠷ ᠰᠢᠨᠵᠢᠯᠡᠬᠦ ᠤᠬᠠᠭ᠋ᠠᠨᠴᠢ ᠪᠥᠭᠡᠳ ᠥᠨᠳᠥᠷ ᠪᠦᠲᠦᠮᠵᠢᠲᠡᠶ᠎ᠪᠠᠷ ᠠᠵᠢᠯ ᠵᠶ᠋ᠠᠨ ᠥᠷᠨᠢᠭᠦᠯᠬᠦ ᠬᠡᠷᠡᠭᠲᠡᠢ᠃  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠂  ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ  ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠶᠠᠪᠤᠴᠠ᠎ᠳᠤ ᠮᠡᠳᠡᠭᠡ ᠵᠠᠩᠭᠢ ᠵᠢ ᠬᠠᠮᠲᠤ᠎ᠳᠤ᠎ᠪᠠᠨ  ᠬᠦᠷᠲᠡᠬᠦ ᠪᠠ  ᠰᠦᠪᠡᠭᠴᠢ ᠵᠢ ᠰᠢᠯᠵᠢᠭᠦᠯᠦᠨ ᠬᠦᠷᠭᠡᠬᠦ ᠲᠣᠭᠲᠠᠴᠠ᠂  ᠬᠠᠮᠵᠢᠯᠴᠠᠨ ᠬᠠᠮᠠᠭ᠋ᠠᠯᠠᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂  ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠎ᠳᠠᠬᠢ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠬᠠᠷᠢᠭᠤᠴᠠᠯᠭ᠎ᠠ᠎ᠪᠠᠨ ᠦᠨᠡᠨ ᠬᠦ᠌  ᠰᠠᠢ᠌ᠲᠤᠷ ᠭᠦᠢ᠍ᠴᠡᠳᠬᠡᠬᠦ ᠬᠡᠷᠡᠭᠲᠡᠢ᠃

   ᠲᠠᠪᠤ᠂  ᠪᠤᠰᠤᠳ ᠬᠣᠯᠪᠣᠭᠳᠠᠯ ᠪᠦᠬᠦᠢ ᠵᠦᠢ᠍ᠯᠡᠰ᠃  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠂  ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ  ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠠᠵᠢᠯ᠎ᠤᠨ ᠴᠢᠬᠤᠯᠠ ᠴᠢᠨᠠᠷ ᠪᠠ  ᠵᠠᠢ᠌ᠯᠠᠰᠢ ᠦᠭᠡᠢ ᠴᠢᠨᠠᠷ᠎ᠢ ᠭᠦᠢ᠍ᠴᠡᠳ ᠲᠠᠨᠢᠵᠤ᠂  ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠵᠤ ᠪᠠᠢ᠌ᠭ᠎ᠠ ᠶᠠᠪᠤᠳᠠᠯ ᠪᠣᠯ ᠮᠥᠨ ᠴᠦ᠍ ᠵᠠᠰᠠᠭ᠎ᠤᠨ ᠠᠵᠢᠯ᠎ᠤᠨ ᠠᠮᠵᠢᠯᠲᠠ ᠪᠦᠲᠦᠮᠵᠢ ᠪᠣᠯᠬᠤ ᠰᠢᠨᠵᠢᠯᠡᠬᠦ ᠤᠬᠠᠭ᠋ᠠᠨᠴᠢ ᠣᠨᠣᠯᠵᠢᠬᠤᠨ᠎ᠢ ᠪᠠᠲᠤ ᠪᠡᠬᠢ ᠪᠣᠶ ᠪᠣᠯᠭ᠋ᠠᠵᠤ᠂  ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂  ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠲᠣᠭᠲᠠᠮᠠᠯ ᠬᠤᠭᠤᠴᠠᠭ᠎ᠠ᠎ᠲᠠᠢ᠎ᠪᠠᠷ ᠨᠡᠪᠲᠡᠷᠡᠭᠦᠯᠦᠨ ᠮᠡᠳᠡᠭᠡᠯᠡᠬᠦ ᠳᠦᠷᠢᠮ᠂  ᠲᠤᠰᠬᠠᠢ ᠮᠡᠷᠭᠡᠵᠢᠯᠲᠡᠨ᠎ᠠᠴᠠ ᠯᠠᠪᠯᠠᠭ᠎ᠠ ᠠᠪᠬᠤ ᠳᠦᠷᠢᠮ ᠵᠢᠴᠢ ᠣᠯᠠᠨ ᠨᠡᠶ᠋ᠢᠲᠡ ᠪᠠ  ᠶᠠᠷᠢᠶ᠎ᠠ ᠬᠡᠯᠡᠯᠴᠡᠭᠡ᠎ᠪᠠᠷ  ᠬᠢᠨᠠᠯᠲᠠ ᠲᠠᠯᠪᠢᠬᠤ ᠲᠣᠭᠲᠠᠴᠠ ᠵᠢ ᠪᠠᠢ᠌ᠭᠤᠯᠵᠤ᠂  ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠎ᠳᠠᠬᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠤᠷᠢᠳᠠᠴᠢ ᠬᠢᠨᠠᠨ ᠵᠥᠪᠰᠢᠶᠡᠷᠡᠭᠦᠯᠬᠦ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠢ᠃  ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠥᠷᠭᠡᠨ ᠵᠶ᠋ᠠᠷ ᠤᠬᠠᠭᠤᠯᠵᠤ᠂ 《ᠰᠣᠶᠣᠯ ᠪᠠ  ᠪᠠᠢ᠌ᠭ᠋ᠠᠯᠢ ᠵᠢᠨ ᠥᠪ᠎ᠤᠨ ᠡᠳᠦᠷ 》᠂ 《5.18᠎ᠤ ᠣᠯᠠᠨ ᠤᠯᠤᠰ᠎ᠤᠨ ᠮᠦᠽᠧᠢ ᠵᠢᠨ ᠡᠳᠦᠷ 》  ᠵᠡᠷᠭᠡ ᠲᠣᠬᠢᠶᠠᠯ᠎ᠢ ᠠᠰᠢᠭᠯᠠᠨ᠂ 《ᠲᠣᠰᠬᠤᠨ ᠪᠣᠯᠭ᠋ᠠᠨ᠎ᠳᠤ ᠳᠠᠭᠤᠷᠢᠰᠤᠭᠤᠯᠬᠤ 》  ᠷᠠᠳᠢᠣ᠋ ᠨᠡᠪᠲᠡᠷᠡᠭᠦᠯᠭᠡ ᠵᠢᠨ ᠲᠠᠪᠴᠠᠩ᠂  ᠤᠬᠠᠭᠤᠯᠭ᠎ᠠ ᠵᠢᠨ ᠪᠤᠯᠤᠩ᠂  ᠤᠬᠠᠭᠤᠯᠭ᠎ᠠ ᠵᠢᠨ ᠲᠣᠪᠬᠢᠮᠠᠯ ᠵᠡᠷᠭᠡ ᠠᠴᠢᠶᠠᠯᠠᠪᠤᠷᠢ ᠵᠢ ᠰᠠᠢ᠌ᠲᠤᠷ ᠬᠡᠷᠡᠭᠯᠡᠵᠦ᠂  ᠲᠡᠦᠬᠡ ᠵᠢᠨ ᠳᠤᠷᠠᠰᠬᠠᠯᠲᠤ  ᠵᠦᠢ᠍ᠯ᠎ᠤᠨ ᠬᠠᠮᠠᠭ᠋ᠠᠯᠠᠯᠲᠠ ᠵᠢᠨ ᠬᠠᠤᠯᠢ ᠳᠦᠷᠢᠮ᠎ᠤᠨ ᠤᠬᠠᠭᠤᠯᠭ᠎ᠠ ᠵᠢ ᠥᠷᠭᠡᠨ ᠵᠶ᠋ᠠᠷ ᠥᠷᠨᠢᠭᠦᠯᠵᠦ᠂  ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠲᠤᠬᠠᠢ ᠣᠯᠠᠨ ᠨᠡᠶ᠋ᠢᠲᠡ ᠵᠢᠨ ᠬᠠᠤᠯᠢ ᠳᠦᠷᠢᠮ᠎ᠤᠨ ᠦᠵᠡᠯᠲᠡ ᠵᠢ᠎ᠨᠢ  ᠴᠢᠩᠭ᠋ᠠᠷᠠᠭᠤᠯᠤᠨ᠂  ᠨᠡᠢ᠌ᠭᠡᠮ ᠳᠠᠶᠠᠭ᠋ᠠᠷ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ᠎ᠳᠤ ᠣᠷᠣᠯᠴᠠᠬᠤ ᠤᠬᠠᠮᠰᠠᠷ᠎ᠢ᠎ᠨᠢ  ᠳᠡᠭᠡᠭᠰᠢᠯᠡᠭᠦᠯᠬᠦ ᠬᠡᠷᠡᠭᠲᠡᠢ᠃  ᠪᠥᠬᠦ ᠣᠷᠣᠨ᠎ᠤ ᠡᠯ᠎ᠡ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ  ᠲᠦᠷᠦᠭᠦᠯᠡᠨ ᠬᠠᠷᠢᠭᠤᠴᠠᠵᠤ ᠶᠡᠷᠦᠩᠬᠡᠢ᠌ᠯᠡᠨ ᠠᠳᠬᠤᠵᠤ᠂  ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂  ᠲᠡᠦᠬᠡ ᠵᠢᠨ ᠳᠤᠷᠠᠰᠬᠠᠯᠲᠤ ᠵᠦᠢ᠍ᠯ᠎ᠤᠨ ᠠᠮᠤᠷ ᠲᠦᠪᠰᠢᠨ᠎ᠤ ᠪᠠᠢ᠌ᠴᠠᠭ᠋ᠠᠯᠲᠠ ᠪᠠ  ᠴᠠᠭᠳᠠᠨ ᠪᠠᠢ᠌ᠴᠠᠭ᠋ᠠᠯᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠦᠨ᠂  ᠡᠯ᠎ᠡ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠨᠢᠭᠡᠴᠢ ᠵᠢ ᠰᠢᠮᠳᠠᠭᠤᠯᠤᠨ ᠵᠢᠯᠤᠭᠣᠳᠴᠤ ᠪᠠᠢ᠌ᠭ᠋ᠠᠳ 《ᠳᠥᠷᠪᠡ ᠵᠢ ᠪᠦᠷᠢᠯᠳᠦᠭᠦᠯᠦᠭᠰᠡᠨ (ᠬᠠᠮᠠᠭ᠋ᠠᠯᠠᠬᠤ ᠬᠡᠪᠴᠢᠶ᠎ᠡ᠎ᠲᠠᠢ᠂  ᠲᠡᠮᠳᠡᠭ ᠬᠠᠲᠠᠭᠰᠠᠨ ᠲᠣᠳᠣᠷᠬᠠᠢ᠌ᠯᠠᠯᠲᠠ᠎ᠲᠠᠢ᠂  ᠲᠡᠮᠳᠡᠭᠯᠡᠯ᠎ᠤᠨ ᠲᠠᠩᠰᠠ ᠡᠪᠬᠡᠮᠡᠯ᠎ᠲᠠᠢ᠂  ᠲᠤᠰᠬᠠᠢ ᠪᠠᠢ᠌ᠭᠤᠯᠤᠮᠵᠢ᠎ᠲᠠᠢ  ᠪᠤᠶᠤ ᠲᠤᠰᠬᠠᠢ ᠬᠥᠮᠥᠨ ᠵᠶ᠋ᠠᠷ ᠬᠠᠷᠢᠭᠤᠴᠠᠭᠤᠯᠤᠨ ᠬᠠᠮᠢᠶᠠᠷᠤᠭᠤᠯᠤᠭᠰᠠᠨ ᠪᠠᠢ᠌ᠬᠤ) ᠲᠠᠩᠰᠠ ᠡᠪᠬᠡᠮᠡᠯ 》᠎ᠢ ᠦᠷᠭᠦᠯᠵᠢᠯᠡᠨ ᠪᠦᠷᠢᠨᠰᠢᠭᠦᠯᠵᠦ᠂  ᠬᠠᠮᠠᠭ᠋ᠠᠯᠠᠯᠲᠠ ᠵᠢ ᠲᠡᠷᠢᠭᠦᠨ ᠪᠠᠢ᠌ᠷᠢᠨ᠎ᠳᠤ ᠲᠠᠯᠪᠢᠬᠤ᠂  ᠬᠠᠮᠢᠶᠠᠷᠤᠯᠲᠠ ᠵᠢ ᠴᠢᠩᠭ᠋ᠠᠳᠬᠠᠬᠤ᠂  ᠦᠨ᠎ᠡ ᠥᠷᠲᠡᠭ᠎ᠢ ᠠᠭᠤᠳᠠᠯᠬᠤ᠂  ᠪᠦᠲᠦᠮᠵᠢᠲᠡᠶ ᠠᠰᠢᠭᠯᠠᠬᠤ᠂  ᠲᠡᠦᠬᠡ ᠵᠢᠨ ᠳᠤᠷᠠᠰᠬᠠᠯᠲᠤ ᠵᠦᠢ᠍ᠯ᠎ᠢ ᠰᠡᠷᠭᠦᠭᠡᠨ ᠠᠮᠢᠯᠠᠭᠤᠯᠬᠤ ᠵᠢ  ᠦᠨᠡᠨ ᠬᠦ᠌  ᠪᠡᠶᠡᠯᠡᠭᠦᠯᠬᠦ ᠬᠡᠷᠡᠭᠲᠡᠢ᠃

  2024  ᠣᠨ᠎ᠤ 10 ᠳ᠋ᠤᠭ᠋ᠠᠷ  ᠰᠠᠷ᠎ᠠ ᠵᠢᠨ 15᠎ᠤ  ᠡᠳᠦᠷ

  (  ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

 

               ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

               ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

              2024 ᠣᠨ᠎ᠤ 10 ᠳ᠋ᠤᠭ᠋ᠠᠷ ᠰᠠᠷ᠎ᠠ ᠵᠢᠨ

              15᠎ᠤ ᠡᠳᠦᠷ ᠳᠠᠷᠤᠮᠠᠯᠯᠠᠨ ᠲᠠᠷᠬᠠᠭ᠋ᠠᠪᠠ

 

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            