ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠤᠯ᠎ᠤᠨ ᠵᠡᠭᠦᠨ ᠬᠡᠰᠡᠭ᠎ᠤᠨ ᠤᠯᠠᠭ᠋ᠠᠨᠬᠠᠳᠠ ᠵᠢᠨ ᠬᠡᠰᠢᠭᠲᠡᠨ ᠬᠤᠰᠢᠭᠤᠨ᠎ᠤ 500 ᠺᠢᠯᠣᠸᠠᠲ᠎ᠤᠨ ᠴᠠᠬᠢᠯᠭ᠋ᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠎ᠤᠨ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ᠎ᠢ ᠬᠢᠨᠠᠨ ᠵᠦᠪᠰᠢᠶᠡᠷᠡᠬᠦ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠣᠭᠲᠠᠭ᠋ᠠᠯ᠎ᠤᠨ ᠪᠢᠴᠢᠭ
ᠨᠡᠶ᠋ᠢᠲᠡᠯᠡᠭᠰᠡᠨ ᠴᠠᠭ᠄ 2024-10-12

ᠬᠡᠯᠬᠢᠶᠡᠰᠦᠨ ᠨᠣᠮᠧᠷ᠄ 000014348/2024 — 06739

ᠭᠤᠣᠯ ᠰᠡᠳᠦᠪ᠎ᠤᠨ ᠠᠩᠭᠢᠯᠠᠯ᠄ ᠤᠰᠤᠨ ᠠᠰᠢᠭᠯᠠᠯᠲᠠ

ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ

ᠪᠢᠴᠢᠭ᠎ᠤᠨ ᠳ᠋ᠤᠭ᠋ᠠᠷ᠄ ᠦᠪᠦᠷ ᠤᠰᠤᠨ ᠬᠠᠮᠠᠭ᠋ᠠᠯᠠᠬᠤ ᠵᠦᠪᠰᠢᠶᠡᠷᠡᠯ ᠲᠤᠭᠲᠠᠭ᠋ᠠᠯ [2024] 68 ᠳ᠋ᠤᠭ᠋ᠠᠷ ᠲᠣᠭ᠋ᠠᠲᠤ

ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ᠎ᠤ 10 ᠳ᠋ᠤᠭ᠋ᠠᠷ ᠰᠠᠷ᠎ᠠ ᠵᠢᠨ 10᠎ᠤ ᠡᠳᠦᠷ

ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ

  
ᠤᠯᠤᠰ᠎ᠤᠨ ᠴᠠᠬᠢᠯᠭ᠋ᠠᠨ ᠲᠣᠣᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠬᠢᠵᠠᠭ᠋ᠠᠷᠲᠤ ᠺᠣᠮᠫᠠᠨᠢ ᠵᠢᠨ ᠤᠯᠠᠭ᠋ᠠᠨᠬᠠᠳᠠ᠎ᠳᠠᠬᠢ ᠴᠠᠬᠢᠯᠭ᠋ᠠᠨ ᠬᠠᠩᠭ᠋ᠠᠬᠤ ᠺᠣᠮᠫᠠᠨᠢ᠄

   ᠮᠠᠨ᠎ᠤ ᠲᠢᠩᠬᠢᠮ 2024 ᠣᠨ᠎ᠤ 8 ᠳ᠋ᠤᠭ᠋ᠠᠷ ᠰᠠᠷ᠎ᠠ ᠵᠢᠨ 23᠎ᠤ ᠡᠳᠦᠷ ᠲᠠᠨ᠎ᠤ ᠺᠣᠮᠫᠠᠨᠢ ᠵᠢᠨ ᠳᠤᠷᠠᠳᠤᠭᠰᠠᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠤᠯᠠᠭ᠋ᠠᠨᠬᠠᠳᠠ ᠵᠢᠨ ᠬᠡᠰᠢᠭᠲᠡᠨ ᠬᠤᠰᠢᠭᠤᠨ᠎ᠤ 500 ᠺᠢᠯᠣᠸᠠᠲ᠎ᠤᠨ ᠴᠠᠬᠢᠯᠭ᠋ᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠎ᠤᠨ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ᠎ᠢ ᠭᠥᠯᠢᠶᠡᠨ ᠠᠪᠴᠤ ᠰᠢᠢ᠍ᠳᠪᠦᠷᠢᠯᠡᠨ᠎ᠡ᠃  ᠬᠢᠨᠠᠨ ᠪᠠᠶ᠋ᠢᠴᠠᠭ᠋ᠠᠭ᠋ᠠᠳ᠂  ᠲᠤᠰ ᠭᠤᠶᠤᠴᠢᠯᠠᠯ᠎ᠨᠢ ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠵᠦ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠨ ᠭᠤᠴᠢᠨ ᠨᠠᠢ᠍ᠮᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠂ 《ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠡᠷᠡᠭᠵᠢᠭᠦᠯᠬᠦ ᠠᠷᠭ᠎ᠠ》 ᠵᠢᠨ ᠭᠤᠴᠢᠨ ᠬᠣᠶᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠢ ᠦᠨᠳᠦᠰᠦᠯᠡᠨ᠂  ᠵᠠᠰᠠᠭ ᠵᠠᠬᠢᠷᠭ᠋ᠠᠨ᠎ᠤ ᠵᠥᠪᠰᠢᠶᠡᠷᠡᠯ ᠣᠯᠭᠣᠬᠤ ᠵᠢ ᠵᠥᠪᠰᠢᠶᠡᠷᠡᠬᠦ᠎ᠪᠠᠷ ᠲᠣᠭᠲᠠᠪᠠ᠃

   ᠥᠪᠥᠷ ᠮᠣᠩᠭᠤᠯ᠎ᠤᠨ ᠵᠡᠭᠦᠨ ᠬᠡᠰᠡᠭ᠎ᠤᠨ ᠤᠯᠠᠭ᠋ᠠᠨᠬᠠᠳᠠ ᠵᠢᠨ ᠬᠡᠰᠢᠭᠲᠡᠨ ᠬᠤᠰᠢᠭᠤᠨ᠎ᠤ 500 ᠺᠢᠯᠣᠸᠠᠲ᠎ᠤᠨ ᠴᠠᠬᠢᠯᠭ᠋ᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠬᠠᠳᠠ ᠬᠤᠲᠠ ᠵᠢᠨ ᠬᠡᠰᠢᠭᠲᠡᠨ ᠬᠤᠰᠢᠭᠤ᠂  ᠯᠢᠨᠰᠢ ᠰᠢᠶᠠᠨ᠂  ᠪᠠᠭ᠋ᠠᠷᠢᠨ ᠪᠠᠷᠠᠭᠤᠨ ᠬᠤᠰᠢᠭᠤᠨ᠎ᠤ ᠬᠢᠯᠢ ᠳᠣᠲᠣᠷ᠎ᠠ ᠪᠠᠶ᠋ᠢᠷᠢᠯᠠᠵᠤ᠂  ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠶᠡᠷᠦᠩᠬᠡᠶ ᠲᠠᠯᠠᠪᠠᠶ᠎ᠨᠢ 90.81 ᠾᠧᠺᠲ᠋ᠠᠷ᠎ᠲᠤ ᠬᠦᠷᠴᠦ᠂  ᠨᠡᠶ᠋ᠢᠲᠡ 49.16 ᠲᠦᠮᠡᠨ ᠪᠣᠰᠤᠭ᠎ᠠ ᠳᠥᠷᠪᠡᠯᠵᠢᠨ ᠮᠸᠲᠷ ᠰᠢᠷᠣᠶ ᠴᠢᠯᠠᠭᠤᠨ᠎ᠤ ᠠᠵᠢᠯ᠎ᠢ ᠡᠬᠢᠯᠡᠭᠦᠯᠪᠡ᠃  ᠢᠨᠵᠧᠨᠧᠷᠢᠩ᠎ᠤᠨ ᠶᠡᠷᠦᠩᠬᠡᠢ ᠪᠡᠯᠡ ᠣᠷᠣᠭᠤᠯᠤᠯᠲᠠ 55463 ᠲᠦᠮᠡᠨ ᠲᠥᠭᠦᠷᠢᠭ᠎ᠲᠤ ᠬᠦᠷᠴᠦ᠂ 2024 ᠣᠨ᠎ᠤ 10 ᠳ᠋ᠤᠭ᠋ᠠᠷ ᠰᠠᠷ᠎ᠠ᠎ᠳᠤ ᠠᠵᠢᠯ ᠵᠶ᠋ᠠᠨ ᠡᠬᠢᠯᠡᠭᠦᠯᠵᠦ᠂ 2025 ᠣᠨ᠎ᠤ 12 ᠳ᠋ᠤᠭ᠋ᠠᠷ ᠰᠠᠷ᠎ᠠ᠎ᠳᠤ ᠠᠵᠢᠯ ᠵᠶ᠋ᠠᠨ ᠳᠠᠭᠤᠰᠬᠠᠵᠤ᠂  ᠶᠡᠷᠦᠩᠬᠡᠢ ᠠᠵᠢᠯ᠎ᠤᠨ ᠬᠤᠭᠤᠴᠠᠭ᠎ᠠ 15 ᠰᠠᠷ᠎ᠠ ᠪᠣᠯᠤᠨ᠎ᠠ᠃

   ᠨᠢᠭᠡ᠂  ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠤᠨ ᠶᠡᠷᠦᠩᠬᠡᠶ ᠰᠠᠨᠠᠯ

  (ᠨᠢᠭᠡ) ᠪᠦᠲᠦᠭᠡᠨ ᠪᠠᠶ᠋ᠢᠭᠤᠯᠬᠤ ᠬᠤᠭᠤᠴᠠᠭ᠋ᠠᠨ᠎ᠳᠤ ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢᠨ ᠬᠡᠪᠴᠢᠶ᠎ᠡ᠎ᠨᠢ 90.81 ᠾᠧᠺᠲ᠋ᠠᠷ᠎ᠲᠤ ᠬᠦᠷᠪᠡ᠃

  (ᠬᠤᠶᠠᠷ) ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ᠎ᠳᠤ ᠤᠮᠠᠷᠠᠲᠤ ᠵᠢᠨ ᠨᠤᠲᠤᠭ᠎ᠤᠨ ᠴᠢᠯᠠᠭᠤᠨ ᠠᠭᠤᠯᠠᠷᠬᠠᠭ ᠣᠷᠣᠨ ᠪᠠ ᠵᠡᠭᠦᠨ ᠬᠤᠶ᠋ᠢᠲᠤ ᠵᠢᠨ ᠬᠠᠷ᠎ᠠ ᠬᠥᠷᠥᠰᠥᠲᠦ ᠣᠷᠣᠨ᠎ᠤ ᠨᠢᠭᠡᠳᠦᠭᠡᠷ ᠳᠡᠰ᠎ᠤᠨ ᠪᠠᠷᠢᠮᠵᠢᠶ᠎ᠠ ᠵᠢ ᠬᠡᠷᠡᠭᠵᠢᠭᠦᠯᠬᠦ ᠵᠢ ᠵᠥᠪᠰᠢᠶᠡᠷᠡᠨ᠎ᠡ᠃

  (ᠭᠤᠷᠪᠠ) ᠦᠨᠳᠦᠰᠦᠨ᠎ᠳᠡᠭᠡᠨ ᠵᠥᠪᠰᠢᠶᠡᠷᠡᠭᠰᠡᠨ ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠠᠯᠲᠠ ᠪᠣᠯ᠄ ᠤᠰᠤ ᠬᠦᠷᠦᠰᠦ ᠵᠢᠨ ᠢᠳᠡᠭᠳᠡᠯ᠎ᠢ ᠵᠠᠰᠠᠬᠤ ᠬᠡᠮᠵᠢᠶ᠎ᠡ 97%᠂  ᠤᠰᠤ ᠬᠦᠷᠦᠰᠦ ᠵᠢᠨ ᠢᠳᠡᠭᠳᠡᠯ᠎ᠢ ᠬᠢᠵᠠᠭ᠋ᠠᠷᠯᠠᠬᠤ ᠨᠣᠷᠮ᠎ᠠ 1.0%᠂  ᠬᠤᠭ ᠰᠢᠷᠣᠶ ᠵᠢᠨ ᠬᠠᠮᠠᠭ᠋ᠠᠯᠠᠯᠲᠠ ᠵᠢᠨ ᠨᠣᠷᠮ᠎ᠠ 97%᠂  ᠤᠰᠤ ᠬᠦᠷᠦᠰᠦ ᠵᠢᠨ ᠬᠠᠮᠠᠭ᠋ᠠᠯᠠᠯᠲᠠ ᠵᠢᠨ ᠨᠣᠷᠮ᠎ᠠ 98%᠂  ᠣᠶ ᠰᠢᠭᠤᠶ ᠡᠪᠡᠰᠦ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠭᠰᠡᠨ ᠨᠣᠷᠮ᠎ᠠ 97%᠂  ᠣᠶ ᠰᠢᠭᠤᠢ ᠡᠪᠡᠰᠦ ᠪᠡᠯᠴᠢᠭᠡᠷ᠎ᠤᠨ ᠪᠦᠷᠬᠦᠴᠡ ᠵᠢᠨ ᠨᠣᠷᠮ᠎ᠠ 27% ᠪᠣᠯᠤᠨ᠎ᠠ᠃

  (ᠲᠦᠷᠪᠡ) ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ ᠬᠤᠪᠢᠶᠠᠨ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢᠨ ᠲᠣᠬᠢᠷᠠᠭᠤᠯᠤᠯᠲᠠ ᠵᠢ ᠦᠨᠳᠦᠰᠦᠨ᠎ᠳᠡᠭᠡᠨ ᠵᠥᠪᠰᠢᠶᠡᠷᠡᠨ᠎ᠡ᠃

  (ᠲᠠᠪᠤ) ᠪᠦᠲᠦᠭᠡᠨ ᠪᠠᠶ᠋ᠢᠭᠤᠯᠬᠤ ᠬᠤᠭᠤᠴᠠᠭ᠋ᠠᠨ᠎ᠳᠠᠬᠢ ᠤᠰᠤ ᠬᠦᠷᠦᠰᠦ ᠵᠢ ᠬᠠᠮᠠᠭ᠋ᠠᠯᠠᠬᠤ ᠨᠥᠬᠦᠪᠦᠷᠢ ᠮᠥᠩᠭᠦ 154.377 ᠲᠦᠮᠡᠨ ᠲᠥᠭᠦᠷᠢᠭ (ᠡᠭᠦᠨ᠎ᠳᠤ ᠬᠡᠰᠢᠭᠲᠡᠨ ᠬᠤᠰᠢᠭᠤᠨ᠎ᠳᠤ 16.847 ᠲᠦᠮᠡᠨ ᠲᠥᠭᠦᠷᠢᠭ᠂  ᠯᠢᠨᠰᠢ ᠰᠢᠶᠠᠨ᠎ᠳᠤ 52.037 ᠲᠦᠮᠡᠨ ᠲᠥᠭᠦᠷᠢᠭ᠂  ᠪᠠᠭ᠋ᠠᠷᠢᠨ ᠪᠠᠷᠠᠭᠤᠨ ᠬᠤᠰᠢᠭᠤᠨ᠎ᠳᠤ 85.493 ᠲᠦᠮᠡᠨ ᠲᠥᠭᠦᠷᠢᠭ) ᠵᠢ ᠦᠨᠳᠦᠰᠦᠨ᠎ᠳᠤ᠎ᠪᠠᠨ ᠵᠥᠪᠰᠢᠶᠡᠷᠡᠪᠡ᠃

   ᠬᠤᠶᠠᠷ᠂  ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠢ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤ ᠬᠦᠷᠦᠰᠦ ᠵᠢ ᠬᠠᠮᠠᠭ᠋ᠠᠯᠠᠬᠤ ᠬᠠᠤᠯᠢ》 ᠵᠢᠨ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢᠨ ᠬᠠᠮᠲᠤ ᠳᠣᠤᠷᠠᠬᠢ ᠠᠵᠢᠯ᠎ᠢ ᠭᠤᠤᠯᠳᠠᠯᠭ᠎ᠠ᠎ᠲᠠᠢ ᠰᠠᠶ᠋ᠢᠲᠤᠷ ᠬᠢᠬᠦ ᠬᠡᠷᠡᠭᠲᠡᠶ᠄

  (ᠨᠢᠭᠡ) ᠵᠥᠪᠰᠢᠶᠡᠷᠡᠭᠰᠡᠨ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠤᠨ ᠶᠣᠰᠣᠭ᠋ᠠᠷ᠂  ᠤᠰᠤ ᠬᠦᠷᠦᠰᠦ ᠵᠢ ᠬᠠᠮᠠᠭ᠋ᠠᠯᠠᠬᠤ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠡᠷᠭᠡ ᠵᠠᠯᠭ᠋ᠠᠮᠵᠢ ᠵᠢᠷᠤᠭ ᠲᠥᠯᠥᠪᠯᠡᠭᠡ ᠵᠢ ᠰᠠᠶ᠋ᠢᠲᠤᠷ ᠬᠢᠵᠦ᠂  ᠪᠠᠷᠢᠯᠭ᠎ᠠ ᠪᠠᠷᠢᠬᠤ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠨ᠂ 《ᠭᠤᠷᠪᠠ ᠵᠢ ᠵᠡᠷᠭᠡ᠎ᠳᠤᠨᠢ ᠬᠢᠬᠦ》 ᠳᠦᠷᠢᠮ᠎ᠢ ᠦᠨᠡᠨ ᠬᠦ᠌ ᠨᠠᠶ᠋ᠢᠳᠠᠪᠤᠷᠢᠵᠢᠭᠤᠯᠬᠤ ᠬᠡᠷᠡᠭᠲᠡᠶ᠃

  (ᠬᠤᠶᠠᠷ) ᠲᠥᠰᠦᠯ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠤᠰᠤ ᠬᠦᠷᠦᠰᠦ ᠵᠢ ᠬᠠᠮᠠᠭ᠋ᠠᠯᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃  ᠡᠯ᠎ᠡ ᠲᠥᠷᠥᠯ᠎ᠤᠨ ᠪᠠᠷᠢᠯᠭ᠎ᠠ ᠪᠠᠷᠢᠬᠤ ᠠᠵᠢᠯᠯᠠᠭ᠎ᠠ᠎ᠨᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠳᠤᠷ᠎ᠠ᠎ᠪᠠᠷ ᠵᠶ᠋ᠠᠨ ᠡᠵᠡᠯᠡᠬᠦ᠂  ᠭᠠᠵᠠᠷ᠎ᠤᠨ ᠭᠠᠳᠠᠷᠭᠤ ᠵᠢᠨ ᠤᠷᠭᠤᠮᠠᠯ᠎ᠤᠨ ᠬᠤᠴᠢᠯᠭ᠎ᠠ ᠵᠢ ᠰᠠᠮᠠᠭᠤᠷᠠᠭᠤᠯᠬᠤ ᠪᠠ ᠡᠪᠳᠡᠬᠦ ᠵᠢ ᠴᠢᠩᠭ᠎ᠠ ᠴᠠᠭ᠋ᠠᠵᠠᠯᠠᠵᠤ᠂  ᠤᠰᠤ ᠬᠦᠷᠦᠰᠦ ᠵᠢ ᠰᠠᠯᠭ᠋ᠠᠬᠤ᠂  ᠬᠠᠳᠠᠭ᠋ᠠᠯᠠᠬᠤ ᠪᠠ ᠠᠰᠢᠭᠯᠠᠬᠤ ᠵᠢ ᠰᠠᠶ᠋ᠢᠲᠤᠷ ᠬᠢᠬᠦ ᠬᠡᠷᠡᠭᠲᠡᠶ᠃  ᠲᠥᠰᠦᠯ᠎ᠤᠨ ᠱᠠᠭ᠋ᠠᠷᠳᠠᠯᠭ᠎ᠠ ᠵᠢ ᠦᠨᠳᠦᠰᠦᠯᠡᠨ ᠪᠠᠷᠢᠯᠭ᠎ᠠ ᠪᠠᠷᠢᠬᠤ ᠴᠠᠭ᠎ᠤᠨ ᠳᠠᠷᠠᠭ᠋ᠠᠯᠠᠯ ᠪᠠ ᠤᠰᠤ ᠬᠦᠷᠦᠰᠦ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠠᠬᠢᠴᠠ ᠵᠢ ᠵᠦᠶ ᠵᠣᠬᠢᠰᠲᠠᠶ ᠲᠣᠬᠢᠷᠠᠭᠤᠯᠵᠤ᠂  ᠪᠠᠷᠢᠯᠭ᠎ᠠ ᠪᠠᠷᠢᠬᠤ ᠬᠤᠭᠤᠴᠠᠭ᠋ᠠᠨ᠎ᠳᠤ ᠤᠰᠤ ᠬᠦᠷᠦᠰᠦ ᠵᠢᠨ ᠢᠳᠡᠭᠳᠡᠯ᠎ᠢ ᠴᠢᠩᠭ᠎ᠠ ᠬᠢᠵᠠᠭ᠋ᠠᠷᠯᠠᠬᠤ ᠬᠡᠷᠡᠭᠲᠡᠶ᠃

  (ᠭᠤᠷᠪᠠ) ᠤᠰᠤ ᠬᠦᠷᠦᠰᠦ ᠵᠢ ᠬᠠᠮᠠᠭ᠋ᠠᠯᠠᠬᠤ ᠬᠢᠨᠠᠨ ᠬᠡᠮᠵᠢᠬᠦ ᠠᠵᠢᠯ᠎ᠢ ᠦᠨᠡᠨ ᠬᠦ᠌ ᠰᠠᠶ᠋ᠢᠲᠤᠷ ᠬᠢᠵᠦ᠂  ᠤᠰᠤ ᠬᠦᠷᠦᠰᠦ ᠵᠢᠨ ᠢᠳᠡᠭᠳᠡᠯ᠎ᠤᠨ ᠪᠠᠶ᠋ᠢᠳᠠᠯ᠎ᠢ ᠬᠢᠨᠠᠨ ᠡᠵᠡᠮᠳᠡᠬᠦ ᠵᠢ ᠴᠢᠩᠭ᠋ᠠᠳᠬᠠᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠮᠠᠨ᠎ᠤ ᠲᠢᠩᠬᠢᠮ ᠵᠢᠴᠢ ᠤᠯᠠᠭ᠋ᠠᠨᠬᠠᠳᠠ ᠬᠤᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠎ᠳᠤ ᠬᠢᠨᠠᠨ ᠬᠡᠮᠵᠢᠯᠲᠡ ᠵᠢᠨ ᠤᠯᠠᠷᠢᠯ᠎ᠤᠨ ᠮᠡᠳᠡᠭᠦᠯᠦᠯᠲᠡ ᠵᠢᠴᠢ ᠳ᠋ᠦᠩᠨᠡᠯᠲᠡ ᠵᠢᠨ ᠮᠡᠳᠡᠭᠦᠯᠦᠯᠲᠡ ᠵᠢ ᠲᠤᠰᠢᠶᠠᠨ᠎ᠠ᠃

  (ᠲᠦᠷᠪᠡ) ᠤᠰᠤ ᠬᠦᠷᠦᠰᠦ ᠵᠢ ᠬᠠᠮᠠᠭ᠋ᠠᠯᠠᠬᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠨᠠᠶ᠋ᠢᠳᠠᠪᠤᠷᠢᠵᠢᠭᠤᠯᠬᠤ ᠵᠢᠨ ᠬᠠᠮᠲᠤ ᠰᠠᠶ᠋ᠢᠲᠤᠷ ᠬᠢᠵᠦ᠂  ᠤᠰᠤ ᠬᠦᠷᠦᠰᠦ ᠵᠢ ᠬᠠᠮᠠᠭ᠋ᠠᠯᠠᠬᠤ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ ᠪᠣᠯᠤᠨ ᠠᠬᠢᠴᠠ ᠵᠢ ᠦᠨᠡᠨ ᠬᠦ᠌ ᠪᠠᠲᠤᠯᠠᠬᠤ ᠬᠡᠷᠡᠭᠲᠡᠶ᠃

  (ᠲᠠᠪᠤ) ᠤᠰᠤ ᠬᠦᠷᠦᠰᠦ ᠵᠢ ᠬᠠᠮᠠᠭ᠋ᠠᠯᠠᠬᠤ ᠨᠥᠬᠦᠪᠥᠷᠢ ᠵᠠᠷᠤᠳᠠᠯ᠎ᠢ ᠬᠠᠤᠯᠢ ᠲᠣᠭᠲᠠᠭ᠋ᠠᠯ ᠶᠣᠰᠣᠭ᠋ᠠᠷ ᠭᠦᠢ᠍ᠴᠡᠳ ᠲᠤᠭ᠎ᠠ᠎ᠪᠠᠷ ᠲᠤᠰᠢᠶᠠᠨ᠎ᠠ᠃

   ᠭᠤᠷᠪᠠ᠂  ᠲᠤᠰ ᠵᠦᠢ᠍ᠯ᠎ᠤᠨ ᠭᠠᠵᠠᠷ ᠣᠷᠣᠨ᠂  ᠬᠡᠪᠴᠢᠶ᠎ᠡ᠎ᠨᠢ ᠴᠢᠬᠤᠯᠠ ᠶᠡᠬᠡ ᠬᠤᠪᠢᠷᠠᠯᠲᠠ ᠭᠠᠷᠤᠭᠰᠠᠨ ᠪᠤᠶᠤ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠢ ᠬᠡᠷᠡᠭᠵᠢᠭᠦᠯᠬᠦ ᠶᠠᠪᠤᠴᠠ᠎ᠳᠤ ᠤᠰᠤ ᠬᠦᠷᠦᠰᠦ ᠵᠢ ᠬᠠᠮᠠᠭ᠋ᠠᠯᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠤᠭᠰᠠᠨ ᠪᠣᠯ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠳᠤ ᠨᠥᠬᠥᠪᠥᠷᠢᠯᠡᠬᠦ ᠪᠤᠶᠤ ᠵᠠᠰᠠᠪᠤᠷᠢ ᠣᠷᠣᠭᠤᠯᠵᠤ᠂  ᠮᠠᠨ᠎ᠤ ᠲᠢᠩᠬᠢᠮ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ       ᠬᠡᠷᠡᠭᠲᠡᠶ; ᠰᠢᠭ᠋ᠠᠷᠤ ᠬᠠᠶᠠᠬᠤ ᠬᠡᠮᠵᠢᠶ᠎ᠡ᠎ᠨᠢ ᠨᠡᠮᠡᠭᠳᠡᠭᠰᠡᠨ᠎ᠠᠴᠠ ᠪᠣᠯᠵᠤ ᠰᠢᠭ᠋ᠠᠷᠤ ᠬᠠᠶᠠᠬᠤ ᠲᠠᠯᠠᠪᠠᠶ ᠵᠢᠨ ᠵᠡᠷᠭᠡ ᠳᠡᠰ᠎ᠨᠢ ᠳᠡᠭᠡᠭᠰᠢᠯᠡᠭᠰᠡᠨ ᠪᠣᠯ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠢ᠎ᠨᠢ ᠰᠢᠭ᠋ᠠᠷᠤ ᠵᠢᠨ ᠬᠡᠮᠵᠢᠶ᠎ᠡ ᠵᠢ ᠪᠠᠭ᠋ᠠᠰᠬᠠᠬᠤ᠂  ᠡᠬᠢ ᠪᠠᠶᠠᠯᠢᠭᠵᠢᠭᠤᠯᠤᠯᠲᠠ ᠵᠢ ᠨᠤᠲᠠᠯᠠᠬᠤ ᠵᠢ ᠥᠷᠨᠢᠭᠦᠯᠬᠦ ᠵᠢᠨ ᠬᠠᠮᠲᠤ ᠰᠢᠭ᠋ᠠᠷᠤ ᠵᠢᠨ ᠡᠮᠦᠨ᠎ᠡ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠤᠨ ᠨᠥᠬᠥᠪᠥᠷᠢ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠵᠤ᠂  ᠮᠠᠨ᠎ᠤ ᠲᠢᠩᠬᠢᠮ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃

   ᠳᠥᠷᠪᠡ᠂  ᠲᠠᠨ᠎ᠤ ᠨᠢᠭᠡᠴᠢ ᠪᠣᠯ ᠲᠤᠰ ᠲᠥᠷᠥᠯ ᠵᠦᠢ᠍ᠯ᠎ᠤᠨ ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢ ᠰᠢᠯᠭ᠋ᠠᠨ ᠠᠪᠬᠤ ᠬᠠᠷᠢᠭᠤᠴᠠᠯᠭ᠎ᠠ ᠵᠢᠨ ᠭᠣᠤᠯ ᠴᠣᠭᠴᠠ ᠪᠣᠯᠬᠤ ᠲᠤᠯᠠ᠂  ᠲᠤᠰ ᠲᠥᠷᠥᠯ ᠵᠦᠢ᠍ᠯ᠎ᠢ ᠠᠰᠢᠭᠯᠠᠯᠲᠠ᠎ᠳᠤ ᠣᠷᠣᠭᠤᠯᠬᠤ᠎ᠠᠴᠠ ᠡᠮᠦᠨ᠎ᠡ᠂  ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢ ᠡᠵᠡᠨ ᠮᠡᠳᠡᠵᠦ ᠰᠢᠯᠭ᠋ᠠᠨ ᠠᠪᠬᠤ ᠵᠢ ᠥᠩᠭᠡᠷᠡᠭᠡᠬᠦ ᠬᠡᠷᠡᠭᠲᠡᠶ᠃  ᠡᠵᠡᠨ ᠮᠡᠳᠡᠨ ᠰᠢᠯᠭ᠋ᠠᠨ ᠠᠪᠬᠤ᠎ᠳᠤ ᠤᠰᠤ ᠬᠦᠷᠦᠰᠦ ᠵᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠂  ᠪᠠᠷᠢᠮᠵᠢᠶ᠎ᠠ ᠵᠢᠨ ᠵᠢᠷᠤᠮᠵᠢᠯ᠂  ᠤᠰᠤ ᠬᠦᠷᠦᠰᠦ ᠵᠢ ᠬᠠᠮᠠᠭ᠋ᠠᠯᠠᠬᠤ ᠲᠥᠰᠦᠯ ᠬᠢᠭᠡᠳ ᠲᠤᠰ ᠬᠢᠨᠠᠨ ᠵᠥᠪᠰᠢᠶᠡᠷᠡᠭᠰᠡᠨ ᠲᠣᠭᠲᠠᠭ᠋ᠠᠯ᠂  ᠤᠰᠤ ᠬᠦᠷᠦᠰᠦ ᠵᠢ ᠬᠠᠮᠠᠭ᠋ᠠᠯᠠᠬᠤ ᠵᠠᠯᠭ᠋ᠠᠮᠵᠢ ᠵᠢᠷᠤᠭ ᠲᠥᠯᠥᠪᠯᠡᠭᠡ ᠵᠡᠷᠭᠡ ᠵᠢ ᠦᠨᠳᠦᠰᠦᠯᠡᠨ ᠶᠠᠪᠤᠭᠳᠠᠭᠤᠯᠵᠤ᠂  ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢ ᠰᠢᠯᠭ᠋ᠠᠨ ᠠᠪᠬᠤ ᠪᠠᠷᠢᠮᠵᠢᠶ᠎ᠠ ᠪᠣᠯᠤᠨ ᠨᠥᠬᠥᠴᠡᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠃  ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢ ᠡᠵᠡᠨ ᠮᠡᠳᠡᠵᠦ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ᠂  ᠠᠯᠪᠠᠨ᠎ᠤ ᠰᠦᠯᠵᠢᠶᠡᠨ ᠥᠷᠲᠡᠭᠡ ᠪᠤᠶᠤ ᠪᠤᠰᠤᠳ ᠣᠯᠠᠨ ᠨᠡᠶ᠋ᠢᠲᠡ ᠵᠢᠨ ᠣᠯᠵᠤ ᠮᠡᠳᠡᠭᠰᠡᠨ ᠨᠧᠲ᠎ᠲᠤ ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢᠨ ᠰᠢᠯᠭ᠋ᠠᠨ ᠠᠪᠬᠤ ᠮᠠᠲ᠋ᠧᠷᠢᠶᠠᠯ᠎ᠢ ᠴᠠᠭ ᠲᠤᠬᠠᠶ᠎ᠳᠤᠨᠢ ᠨᠡᠶ᠋ᠢᠲᠡᠯᠡᠵᠦ᠂  ᠢᠯᠡ ᠨᠡᠶ᠋ᠢᠲᠡᠯᠡᠬᠦ ᠴᠠᠭ ᠬᠤᠭᠤᠴᠠᠭ᠎ᠠ ᠵᠢ᠎ᠨᠢ 20 ᠠᠵᠢᠯᠯᠠᠬᠤ ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠶ ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢ ᠡᠵᠡᠨ ᠮᠡᠳᠡᠨ ᠰᠢᠯᠭ᠋ᠠᠨ ᠠᠪᠴᠤ ᠥᠩᠭᠡᠷᠡᠭᠰᠡᠨ᠎ᠤ ᠳᠠᠷᠠᠭ᠎ᠠ 3 ᠰᠠᠷ᠎ᠠ ᠵᠢᠨ ᠳᠣᠲᠣᠷ᠎ᠠ ᠮᠠᠨ᠎ᠤ ᠲᠢᠩᠬᠢᠮ᠎ᠳᠤ ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢᠨ ᠰᠢᠯᠭ᠋ᠠᠨ ᠠᠪᠬᠤ ᠮᠠᠲ᠋ᠧᠷᠢᠶᠠᠯ ᠵᠶ᠋ᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ; ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ᠎ᠨᠢ ᠰᠢᠯᠭ᠋ᠠᠨ ᠠᠪᠬᠤ ᠵᠢ ᠳᠠᠮᠵᠢᠭᠰᠠᠨ ᠦᠭᠡᠶ ᠪᠤᠶᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠶ ᠪᠣᠯ ᠠᠰᠢᠭᠯᠠᠯᠲᠠ᠎ᠳᠤ ᠣᠷᠣᠭᠤᠯᠤᠨ ᠬᠡᠷᠡᠭᠯᠡᠵᠦ ᠪᠣᠯᠬᠤ ᠦᠭᠡᠶ᠃

   ᠲᠠᠪᠤ᠂  ᠲᠤᠰ ᠵᠥᠪᠰᠢᠶᠡᠷᠡᠯ᠎ᠤᠨ ᠪᠢᠴᠢᠭ ᠮᠠᠲ᠋ᠧᠷᠢᠶᠠᠯ᠎ᠢ ᠵᠥᠪᠰᠢᠶᠡᠷᠡᠭᠰᠡᠨ ᠡᠳᠦᠷ᠎ᠠᠴᠠ ᠡᠬᠢᠯᠡᠨ ᠬᠦᠴᠦᠨ ᠪᠦᠬᠦᠢ ᠬᠤᠭᠤᠴᠠᠭ᠎ᠠ᠎ᠨᠢ 3 ᠵᠢᠯ ᠪᠣᠯᠤᠨ᠎ᠠ᠃  ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠋ᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠤᠭᠰᠠᠨ ᠦᠭᠡᠶ ᠪᠣᠯ ᠦᠢ᠍ᠯᠡᠳᠪᠦᠷᠢᠯᠡᠵᠦ ᠪᠦᠲᠦᠭᠡᠨ ᠪᠠᠶ᠋ᠢᠭᠤᠯᠬᠤ ᠨᠢᠭᠡᠴᠢ᠎ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠎ᠠ᠎ᠨᠢ ᠳᠦᠭᠦᠷᠬᠦ᠎ᠠᠴᠠ 30 ᠠᠵᠢᠯᠯᠠᠬᠤ ᠡᠳᠦᠷ᠎ᠤᠨ ᠡᠮᠦᠨ᠎ᠡ ᠮᠠᠨ᠎ᠤ ᠲᠢᠩᠬᠢᠮ᠎ᠳᠤ ᠳᠠᠬᠢᠨ ᠬᠢᠨᠠᠭᠤᠯᠬᠤ᠎ᠪᠠᠷ ᠭᠤᠶᠤᠴᠢᠯᠠᠬᠤ ᠬᠡᠷᠡᠭᠲᠡᠶ᠃  ᠲᠥᠷᠥᠯ ᠵᠦᠢ᠍ᠯ᠎ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠋ᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠤᠭᠰᠠᠨ ᠦᠭᠡᠶ ᠮᠥᠷᠲᠡᠭᠡᠨ ᠳᠠᠬᠢᠵᠤ ᠬᠢᠨᠠᠨ ᠬᠠᠷᠭᠤᠭᠤᠯᠬᠤ᠎ᠪᠠᠷ ᠭᠤᠶᠤᠴᠢᠯᠠᠭᠰᠠᠨ ᠦᠭᠡᠶ ᠪᠤᠶᠤ ᠭᠤᠶᠤᠴᠢᠯᠠᠯ᠎ᠢ ᠳᠠᠬᠢᠵᠤ ᠬᠢᠨᠠᠨ ᠬᠠᠷᠭᠤᠭᠤᠯᠬᠤ᠎ᠪᠠᠷ ᠳᠤᠷᠠᠳᠤᠭᠰᠠᠨ ᠪᠣᠯᠪᠠᠴᠤ ᠵᠥᠪᠰᠢᠶᠡᠷᠡᠭᠳᠡᠭᠰᠡᠨ ᠦᠭᠡᠶ ᠪᠣᠯ᠂  ᠲᠤᠰ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠨᠢ ᠠᠶᠠᠨᠳᠠᠭ᠋ᠠᠨ ᠬᠦᠴᠦᠨ ᠦᠭᠡᠶ ᠪᠣᠯᠤᠨ᠎ᠠ᠃

  

   ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠲᠢᠩᠬᠢᠮ

  2024 ᠣᠨ᠎ᠤ 10 ᠳ᠋ᠤᠭ᠋ᠠᠷ ᠰᠠᠷ᠎ᠠ ᠵᠢᠨ 10᠎ᠤ ᠡᠳᠦᠷ

  

   ᠳᠠᠭ᠋ᠠᠯᠳᠤᠭᠤᠯᠤᠯ᠄

   ᠦᠪᠦᠷ ᠮᠤᠩᠭᠤᠯ᠎ᠤᠨ ᠵᠡᠭᠦᠨ ᠬᠡᠰᠡᠭ᠎ᠤᠨ ᠣᠯᠠᠭ᠋ᠠᠨᠬᠠᠳᠠ ᠵᠢᠨ ᠬᠡᠰᠢᠭᠳᠡᠨ ᠬᠤᠰᠢᠭᠤᠨ᠎ᠤ 500 ᠺᠢᠯᠣᠸᠠᠲ᠎ᠤᠨ ᠴᠠᠬᠢᠯᠭ᠋ᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠎ᠤᠨ ᠤᠰᠤ ᠬᠦᠷᠦᠰᠦ ᠵᠢ ᠬᠠᠮᠠᠭ᠋ᠠᠯᠠᠬᠤ ᠲᠦᠰᠦᠯ᠎ᠤᠨ ᠮᠡᠳᠡᠭᠦᠯᠦᠯᠳᠡ ᠵᠢᠨ ᠪᠢᠴᠢᠭ (ᠮᠡᠳᠡᠭᠦᠯᠦᠯᠲᠡ PDF  ᠬᠡᠪᠯᠡᠯ) .pdf

  《ᠥᠪᠥᠷ ᠮᠣᠩᠭᠤᠯ᠎ᠤᠨ ᠵᠡᠭᠦᠨ ᠬᠡᠰᠡᠭ᠎ᠤᠨ ᠤᠯᠠᠭ᠋ᠠᠨᠬᠠᠳᠠ ᠵᠢᠨ ᠬᠡᠰᠢᠭᠲᠡᠨ ᠬᠤᠰᠢᠭᠤᠨ᠎ᠤ 500 ᠺᠢᠯᠣᠸᠠᠲ᠎ᠤᠨ ᠴᠠᠬᠢᠯᠭ᠋ᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠎ᠤᠨ ᠤᠰᠤ ᠬᠥᠷᠥᠰᠥ ᠵᠢ ᠬᠠᠮᠠᠭ᠋ᠠᠯᠠᠬᠤ ᠲᠥᠰᠦᠯ᠎ᠤᠨ ᠲᠤᠬᠠᠢ ᠮᠡᠳᠡᠭᠦᠯᠦᠯᠲᠡ ᠵᠢᠨ ᠪᠢᠴᠢᠭ》᠎ᠤᠨ ᠮᠡᠷᠭᠡᠵᠢᠯ᠎ᠤᠨ ᠬᠢᠨᠠᠨ ᠪᠠᠶ᠋ᠢᠴᠠᠭ᠋ᠠᠯᠲᠠ ᠵᠢᠨ ᠰᠠᠨᠠᠯ᠎ᠢ ᠮᠡᠳᠡᠭᠦᠯᠦᠨ ᠬᠦᠷᠭᠡᠬᠦ ᠲᠤᠬᠠᠢ ᠮᠡᠳᠡᠭᠦᠯᠦᠯᠲᠡ   ᠥᠪᠥᠷ ᠮᠤᠩᠭᠤᠯ᠎ᠤᠨ ᠤᠰᠤᠨ ᠠᠰᠢᠭᠯᠠᠯᠲᠠ ᠵᠢᠨ ᠲᠥᠪ ᠮᠡᠷᠭᠡᠵᠢᠯ᠎ᠤᠨ ᠬᠢᠨᠠᠨ ᠪᠠᠶ᠋ᠢᠴᠠᠭ᠋ᠠᠯᠲᠠ [ 2024] 368 ᠳ᠋ᠤᠭ᠋ᠠᠷ ᠲᠣᠭ᠋ᠠᠲᠤ .pdf

 

 

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠰᠢᠬᠯᠠᠯᠳᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            