ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠢᠴᠢᠭ ᠮᠠᠲ᠋ᠧᠷᠢᠶᠠᠯ
ᠮᠣᠵᠢ ᠵᠢᠨ ᠵᠠᠮ 101 ᠱᠤᠭᠤᠮ᠎ᠤᠨ ᠬᠥᠬᠡᠬᠣᠲᠠ (ᠤᠯᠤᠰ᠎ᠤᠨ ᠵᠠᠮ᠎ᠤᠨ 110 ᠱᠤᠭᠤᠮ)᠎ᠠᠴᠠ ᠰᠢ ᠬᠤᠤ ᠴᠢᠶᠠᠨ ᠬᠦᠷᠬᠦ ᠳᠠᠩ ᠴᠢᠭᠯᠡᠯ᠎ᠢ ᠬᠣᠣᠰ ᠴᠢᠭᠯᠡᠯ ᠵᠶ᠋ᠡᠷ ᠦᠭᠡᠷᠡᠴᠢᠯᠡᠬᠦ ᠢᠨᠵᠸᠨ᠋ᠸᠷᠢᠩ᠎ᠤᠨ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ᠎ᠤᠨ ᠬᠢᠨᠠᠨ ᠵᠦᠪᠰᠢᠶᠡᠷᠡᠯ᠎ᠳᠤ ᠵᠠᠰᠠᠭ ᠵᠠᠬᠢᠷᠭ᠋ᠠᠨ᠎ᠤ ᠵᠦᠪᠰᠢᠶᠡᠷᠡᠯ ᠦᠯᠦ ᠣᠯᠭᠣᠬᠤ ᠲᠣᠭᠲᠠᠭ᠋ᠠᠯ᠎ᠤᠨ ᠪᠢᠴᠢᠭ
ᠨᠡᠶ᠋ᠢᠲᠡᠯᠡᠭᠰᠡᠨ ᠴᠠᠭ᠄ 2024-10-16

ᠬᠡᠯᠬᠢᠶᠡᠰᠦᠨ ᠨᠣᠮᠧᠷ᠄ 000014348/2024 — 06740

ᠭᠤᠣᠯ ᠰᠡᠳᠦᠪ᠎ᠤᠨ ᠠᠩᠭᠢᠯᠠᠯ᠄ ᠤᠰᠤᠨ ᠠᠰᠢᠭᠯᠠᠯᠲᠠ

ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ

ᠪᠢᠴᠢᠭ᠎ᠤᠨ ᠳ᠋ᠤᠭ᠋ᠠᠷ᠄ ᠦᠪᠦᠷ ᠤᠰᠤᠨ ᠬᠠᠮᠠᠭ᠋ᠠᠯᠠᠬᠤ ᠵᠦᠪᠰᠢᠶᠡᠷᠡᠯ ᠲᠤᠭᠲᠠᠭ᠋ᠠᠯ [2024] 71 ᠳ᠋ᠦ᠍ᠭᠡᠷ ᠲᠣᠭ᠋ᠠᠲᠤ

ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ᠎ᠤ 10 ᠳ᠋ᠤᠭ᠋ᠠᠷ ᠰᠠᠷ᠎ᠠ ᠵᠢᠨ 12᠎ᠤ ᠡᠳᠦᠷ

ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ


ᠤᠯᠠᠭ᠋ᠠᠨᠴᠠᠪ ᠬᠤᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠎ᠳᠤ᠄

   ᠮᠠᠨ᠎ᠤ ᠲᠢᠩᠬᠢᠮ 2024 ᠣᠨ᠎ᠤ 8 ᠳ᠋ᠤᠭ᠋ᠠᠷ ᠰᠠᠷ᠎ᠠ ᠵᠢᠨ 23᠎ᠤ ᠡᠳᠦᠷ ᠲᠠᠨ᠎ᠤ ᠨᠢᠭᠡᠴᠢ ᠵᠢᠨ ᠳᠤᠷᠠᠳᠤᠭᠰᠠᠨ 《ᠮᠤᠵᠢ ᠵᠢᠨ ᠵᠠᠮ 101 ᠱᠤᠭᠤᠮ᠎ᠤᠨ ᠬᠥᠬᠡᠬᠤᠲᠠ (ᠤᠯᠤᠰ᠎ᠤᠨ ᠵᠠᠮ 110 ᠱᠤᠭᠤᠮ)᠎ᠠᠴᠠ ᠰᠢ ᠬᠤᠤ ᠴᠢᠶᠠᠨ ᠬᠦᠷᠬᠦ ᠳᠠᠩ ᠴᠢᠭᠯᠡᠯ᠎ᠢ ᠬᠣᠣᠰ ᠴᠢᠭᠯᠡᠯ ᠵᠶ᠋ᠡᠷ ᠥᠭᠡᠷᠡᠴᠢᠯᠡᠬᠦ ᠢᠨᠵᠧᠨᠧᠷᠢᠩ᠎ᠤᠨ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ》᠎ᠢ ᠬᠢᠨᠠᠨ ᠪᠠᠢ᠌ᠴᠠᠭ᠋ᠠᠬᠤ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠪᠡ᠃

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠤᠨ ᠮᠡᠷᠭᠡᠵᠢᠯ᠎ᠤᠨ ᠬᠢᠨᠠᠨ ᠪᠠᠶ᠋ᠢᠴᠠᠭ᠋ᠠᠯᠲᠠ᠎ᠪᠠᠷ ᠳᠠᠮᠵᠢᠭ᠋ᠠᠳ᠂  ᠲᠠᠨ᠎ᠤ ᠨᠢᠭᠡᠴᠢ ᠵᠢᠨ ᠳᠡᠪᠰᠢᠭᠦᠯᠦᠭᠰᠡᠨ 《ᠮᠤᠵᠢ ᠵᠢᠨ ᠵᠠᠮ 101 ᠱᠤᠭᠤᠮ᠎ᠤᠨ ᠬᠥᠬᠡᠬᠤᠲᠠ (ᠤᠯᠤᠰ᠎ᠤᠨ ᠵᠠᠮ 110 ᠱᠤᠭᠤᠮ)᠎ᠠᠴᠠ  ᠰᠢ ᠬᠤᠤ ᠴᠢᠶᠠᠨ ᠬᠦᠷᠬᠦ ᠳᠠᠩ ᠴᠢᠭᠯᠡᠯ᠎ᠢ ᠬᠣᠣᠰ ᠴᠢᠭᠯᠡᠯ ᠵᠶ᠋ᠡᠷ ᠦᠭᠡᠷᠡᠴᠢᠯᠡᠬᠦ ᠢᠨᠵᠧᠨᠧᠷᠢᠩ᠎ᠤᠨ ᠤᠰᠤ ᠬᠥᠷᠥᠰᠥ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ》᠎ᠳᠤ ᠤᠰᠤ ᠬᠥᠷᠥᠰᠥ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠠᠯᠲᠠ ᠵᠦᠶ ᠵᠣᠬᠢᠰ ᠥᠬᠡᠶ ᠪᠠᠶ᠋ᠢᠵᠤ᠂  ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢᠨ ᠬᠡᠪᠴᠢᠶ᠎ᠡ ᠲᠣᠳᠣᠷᠬᠠᠶ ᠥᠬᠡᠶ᠂  ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠤᠨ ᠬᠤᠭᠤᠴᠠᠭ᠎ᠠ᠂  ᠤᠰᠤ ᠬᠥᠷᠥᠰᠥ ᠵᠢᠨ ᠬᠠᠮᠠᠭ᠋ᠠᠯᠠᠯᠲᠠ ᠵᠢᠨ ᠲᠥᠰᠦᠯ᠎ᠤᠨ ᠰᠠᠭᠤᠷᠢ ᠮᠠᠲ᠋ᠧᠷᠢᠶᠠᠯ᠎ᠤᠨ ᠲᠤᠭ᠎ᠠ ᠪᠠᠷᠢᠮᠲᠠ᠎ᠨᠢ ᠢᠯᠡᠷᠬᠡᠶ ᠪᠢᠰᠢ᠂  ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠭᠠᠵᠠᠷ ᠰᠣᠩᠭᠤᠬᠤ᠎ᠨᠢ ᠬᠠᠲᠤᠨ ᠭᠤᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠰᠤ ᠬᠥᠷᠥᠰᠥ ᠵᠢᠨ ᠢᠳᠡᠭᠳᠡᠯ᠎ᠤᠨ ᠭᠤᠤᠯᠳᠠᠯᠭ᠎ᠠ᠎ᠲᠠᠢ ᠵᠠᠰᠠᠯᠲᠠ ᠵᠢᠨ ᠣᠷᠣᠨ᠂  ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠵᠡᠷᠭᠡ ᠰᠡᠷᠭᠡᠭ ᠣᠷᠣᠨ᠎ᠳᠤ ᠣᠷᠣᠰᠢᠵᠤ ᠪᠠᠶ᠋ᠢᠨ᠎ᠠ᠂  ᠭᠡᠪᠡᠴᠦ ᠤᠰᠤ ᠬᠥᠷᠥᠰᠥ ᠵᠢ ᠬᠠᠮᠠᠭ᠋ᠠᠯᠠᠬᠤ ᠪᠠᠷᠢᠮᠵᠢᠶ᠎ᠠ᠂  ᠵᠢᠷᠤᠮᠵᠢᠯ ᠵᠡᠷᠭᠡ ᠱᠠᠭ᠋ᠠᠷᠳᠠᠯᠭ᠎ᠠ ᠶᠣᠰᠣᠭ᠋ᠠᠷ ᠪᠥᠲᠥᠭᠡᠨ ᠪᠠᠶ᠋ᠢᠭᠤᠯᠤᠯᠲᠠ ᠵᠢᠨ ᠲᠥᠰᠦᠯ᠎ᠢ ᠰᠢᠯᠢᠳᠡᠭᠵᠢᠭᠦᠯᠦᠭᠰᠡᠨ ᠥᠬᠡᠶ ᠵᠡᠷᠭᠡ ᠠᠰᠠᠭᠤᠳᠠᠯ᠎ᠨᠢ 《ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤ ᠬᠥᠷᠥᠰᠥ ᠵᠢ ᠬᠠᠮᠠᠭ᠋ᠠᠯᠠᠬᠤ ᠮᠡᠷᠭᠡᠵᠢᠯ᠎ᠤᠨ ᠪᠠᠷᠢᠮᠵᠢᠶ᠎ᠠ》 (GB50433 — 2018) ᠵᠢᠨ 3.2.1 ᠳ᠋ᠦ᠍ᠭᠡᠷ ᠵᠦᠢ᠍ᠯ᠂ 3.2.2 ᠳ᠋ᠤᠭ᠋ᠠᠷ ᠵᠦᠢ᠍ᠯ᠂ 4.2.1 ᠳ᠋ᠦ᠍ᠭᠡᠷ ᠵᠦᠢ᠍ᠯ᠂ 4.6.4 ᠳ᠋ᠦ᠍ᠭᠡᠷ ᠵᠦᠢ᠍ᠯ — 4.6.16 ᠳ᠋ᠤᠭ᠋ᠠᠷ ᠵᠦᠢ᠍ᠯ᠎ᠤᠨ ᠲᠣᠭᠲᠠᠭ᠋ᠠᠯ᠎ᠳᠤ ᠨᠡᠶ᠋ᠢᠴᠡᠬᠦ ᠥᠬᠡᠶ ᠪᠠᠶ᠋ᠢᠵᠤ᠂ 《ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤ ᠬᠥᠷᠥᠰᠥ ᠵᠢ ᠬᠠᠮᠠᠭ᠋ᠠᠯᠠᠬᠤ ᠲᠥᠰᠦᠯ᠎ᠤᠨ ᠬᠠᠮᠢᠶᠠᠷᠤᠯᠲᠠ ᠵᠢᠨ ᠠᠷᠭ᠎ᠠ》 (ᠤᠰᠤᠨ ᠠᠰᠢᠭᠯᠠᠯᠲᠠ ᠵᠢᠨ ᠶᠠᠮᠤᠨ᠎ᠤ ᠵᠠᠷᠯᠢᠭ 53 ᠳ᠋ᠤᠭ᠋ᠠᠷ ᠲᠣᠭ᠋ᠠᠲᠤ) ᠵᠢᠨ ᠠᠷᠪᠠᠨ ᠲᠠᠪᠤᠳᠤᠭ᠋ᠠᠷ ᠵᠦᠢ᠍ᠯ᠎ᠤᠨ (ᠨᠢᠭᠡ) (ᠳᠦᠷᠪᠡ) (ᠲᠠᠪᠤ) ᠳ᠋ᠤᠭ᠋ᠠᠷ ᠵᠤᠷᠪᠤᠰ᠎ᠲᠤ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠵᠥᠪᠰᠢᠶᠡᠷᠡᠯ ᠥᠯᠥ ᠥᠭᠬᠦ ᠲᠣᠭᠲᠠᠭ᠋ᠠᠯ ᠭᠠᠷᠭ᠋ᠠᠬᠤ ᠪᠠᠢ᠌ᠳᠠᠯ᠎ᠳᠤ ᠬᠠᠷᠢᠶᠠᠯᠠᠭᠳᠠᠨ᠎ᠠ᠃  ᠡᠭᠦᠨ᠎ᠤ ᠬᠠᠮᠲᠤ ᠮᠡᠳᠡᠭᠦᠯᠦᠯᠲᠡ ᠵᠢᠨ ᠪᠢᠴᠢᠭ᠎ᠲᠤ ᠪᠠᠰᠠ ᠮᠡᠷᠭᠡᠵᠢᠯ᠎ᠤᠨ ᠪᠤᠰᠤ ᠴᠢᠨᠠᠷᠲᠠᠢ ᠤᠯᠠᠨ ᠲᠠᠯ᠎ᠠ ᠵᠢᠨ ᠠᠯᠳᠠᠭ᠎ᠠ ᠣᠷᠣᠰᠢᠵᠤ ᠪᠠᠢ᠌ᠨ᠎ᠠ᠃

  《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠨ ᠭᠤᠴᠢᠨ ᠨᠠᠢ᠍ᠮᠠᠳᠤᠭ᠋ᠠᠷ ᠵᠦᠢ᠍ᠯ᠎ᠤᠨ ᠬᠣᠶᠠᠳᠤᠭ᠋ᠠᠷ ᠵᠤᠷᠪᠤᠰ᠂ 《ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠡᠷᠡᠭᠵᠢᠭᠦᠯᠬᠦ ᠠᠷᠭ᠎ᠠ》 ᠵᠢᠨ ᠭᠤᠴᠢᠨ ᠬᠣᠶᠠᠳᠤᠭ᠋ᠠᠷ ᠵᠦᠢ᠍ᠯ᠎ᠤᠨ ᠬᠣᠶᠠᠳᠤᠭ᠋ᠠᠷ ᠵᠤᠷᠪᠤᠰ᠎ᠢ ᠦᠨᠳᠦᠰᠦᠯᠡᠨ᠂  ᠵᠠᠰᠠᠭ ᠵᠠᠬᠢᠷᠭ᠋ᠠᠨ᠎ᠤ ᠵᠥᠪᠰᠢᠶᠡᠷᠡᠯ ᠣᠯᠭᠣᠬᠤ ᠦᠭᠡᠶ᠎ᠪᠠᠷ ᠲᠤᠭᠲᠠᠭ᠋ᠠᠪᠠ᠃

   ᠬᠡᠷᠪᠡ ᠲᠤᠰ ᠲᠣᠭᠲᠠᠭ᠋ᠠᠯ᠎ᠢ ᠵᠥᠪᠰᠢᠶᠡᠷᠡᠬᠦ ᠦᠭᠡᠢ ᠪᠣᠯ ᠲᠤᠰ ᠲᠣᠭᠲᠠᠭ᠋ᠠᠯ᠎ᠢ ᠣᠯᠣᠭᠰᠠᠨ ᠡᠳᠦᠷ᠎ᠠᠴᠠ ᠡᠬᠢᠯᠡᠨ ᠵᠢᠷᠠᠨ ᠡᠳᠦᠷ᠎ᠤᠨ ᠳᠣᠲᠣᠷ᠎ᠠ ᠬᠠᠤᠯᠢ ᠶᠣᠰᠣᠭ᠋ᠠᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ᠎ᠪᠠᠷ ᠭᠤᠶᠤᠴᠢᠯᠠᠬᠤ ᠪᠤᠶᠤ ᠵᠢᠷᠭᠤᠭ᠋ᠠᠨ ᠰᠠᠷ᠎ᠠ ᠵᠢᠨ ᠳᠣᠲᠣᠷ᠎ᠠ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠠᠷᠠᠳ᠎ᠤᠨ ᠰᠢᠭᠦᠬᠦ ᠬᠤᠷᠢᠶᠠᠨ᠎ᠳᠤ ᠵᠠᠰᠠᠭ ᠵᠠᠬᠢᠷᠭ᠋ᠠᠨ᠎ᠤ ᠵᠠᠭ᠋ᠠᠯᠳᠤᠯᠭ᠎ᠠ ᠭᠠᠷᠭ᠋ᠠᠵᠤ ᠪᠣᠯᠣᠨ᠎ᠠ᠃

  2024 ᠣᠨ᠎ᠤ 10 ᠳ᠋ᠤᠭ᠋ᠠᠷ ᠰᠠᠷ᠎ᠠ ᠵᠢᠨ 12᠎ᠤᠨ ᠡᠳᠦᠷ

  

   ᠳᠠᠭ᠋ᠠᠯᠳᠤᠭᠤᠯᠤᠯ᠄

  《ᠮᠤᠵᠢ ᠵᠢᠨ ᠵᠠᠮ 101 ᠳ᠋ᠤᠭᠡᠷ ᠱᠤᠭᠤᠮ᠎ᠤᠨ ᠬᠥᠬᠡᠬᠤᠲᠠ (ᠤᠯᠤᠰ᠎ᠤᠨ ᠵᠠᠮ 110 ᠱᠤᠭᠤᠮ)᠎ᠠᠴᠠ ᠰᠢ ᠬᠤᠤ ᠴᠢᠶᠠᠨ ᠬᠦᠷᠬᠦ ᠳᠠᠩ ᠴᠢᠭᠯᠡᠯ᠎ᠢ ᠬᠣᠣᠰ ᠴᠢᠭᠯᠡᠯ ᠵᠶ᠋ᠡᠷ ᠦᠭᠡᠷᠡᠴᠢᠯᠡᠬᠦ ᠢᠨᠵᠸᠨ᠋ᠸᠷᠢᠩ᠎ᠤᠨ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ》᠎ᠤᠨ ᠮᠡᠷᠭᠡᠵᠢᠯ᠎ᠤᠨ ᠬᠢᠨᠠᠨ ᠪᠠᠶ᠋ᠢᠴᠠᠭ᠋ᠠᠯᠲᠠ ᠵᠢᠨ ᠰᠠᠨᠠᠯ᠎ᠢ ᠮᠡᠳᠡᠭᠦᠯᠦᠨ ᠬᠦᠷᠭᠡᠬᠦ ᠲᠤᠬᠠᠶ ᠮᠡᠳᠡᠭᠦᠯᠦᠯᠲᠡ [2024] 375 ᠳ᠋ᠤᠭ᠋ᠠᠷ .pdf

   ᠮᠤᠵᠢ ᠵᠢᠨ ᠵᠠᠮ 101 ᠳ᠋ᠤᠭᠡᠷ ᠱᠤᠭᠤᠮ᠎ᠤᠨ ᠬᠥᠬᠡᠬᠤᠲᠠ (ᠤᠯᠤᠰ᠎ᠤᠨ ᠵᠠᠮ 110 ᠱᠤᠭᠤᠮ)᠎ᠠᠴᠠ ᠰᠢ ᠬᠤᠤ ᠴᠢᠶᠠᠨ ᠬᠦᠷᠬᠦ ᠳᠠᠩ ᠴᠢᠭᠯᠡᠯ᠎ᠢ ᠬᠣᠣᠰ ᠴᠢᠭᠯᠡᠯ ᠵᠶ᠋ᠡᠷ ᠦᠭᠡᠷᠡᠴᠢᠯᠡᠬᠦ ᠢᠨᠵᠸᠨ᠋ᠸᠷᠢᠩ .pdf

 

 

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠰᠢᠬᠯᠠᠯᠳᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            