ᠬᠡᠯᠬᠢᠶᠡᠰᠦᠨ ᠨᠣᠮᠧᠷ᠄ 000014348/2024 — 01549
ᠭᠤᠣᠯ ᠰᠡᠳᠦᠪ᠎ᠤᠨ ᠠᠩᠭᠢᠯᠠᠯ᠄ ᠪᠤᠰᠤᠳ
ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
ᠪᠢᠴᠢᠭ᠎ᠤᠨ ᠳ᠋ᠤᠭ᠋ᠠᠷ᠄ ᠦᠪᠦᠷ ᠤᠰᠤ ᠬᠠᠮᠠᠭ᠋ᠠᠯᠠᠬᠤ ᠵᠦᠪᠰᠢᠶᠡᠷᠡᠯ ᠲᠤᠭᠲᠠᠭ᠋ᠠᠯ [2024] 12 ᠳ᠋ᠤᠭ᠋ᠠᠷ ᠲᠣᠭ᠋ᠠᠲᠤ
ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ᠎ᠤ 2 ᠳ᠋ᠤᠭ᠋ᠠᠷ ᠰᠠᠷ᠎ᠠ ᠵᠢᠨ 20᠎ᠤ ᠡᠳᠦᠷ
ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ
ᠥᠪᠥᠷ ᠮᠣᠩᠭᠤᠯ᠎ᠤᠨ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠤᠨ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠄
ᠮᠠᠨ᠎ᠤ ᠲᠢᠩᠬᠢᠮ 2024 ᠣᠨ᠎ᠤ 1 ᠳ᠋ᠦ᠍ᠭᠡᠷ ᠰᠠᠷ᠎ᠠ ᠵᠢᠨ 10᠎ᠤ ᠡᠳᠦᠷ ᠲᠠᠨ᠎ᠤ ᠺᠣᠮᠫᠠᠨᠢ ᠵᠢᠨ ᠳᠤᠷᠠᠳᠤᠭᠰᠠᠨ 《ᠤᠯᠠᠭ᠋ᠠᠶ ᠨᠡᠶ᠋ᠢᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠲᠥᠷᠥᠯ ᠵᠦᠢ᠍ᠯ᠎ᠤᠨ ᠤᠰᠤ ᠰᠢᠷᠣᠶ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ》᠎ᠢ ᠬᠢᠨᠠᠨ ᠪᠠᠶ᠋ᠢᠴᠠᠭ᠋ᠠᠬᠤ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠨ᠎ᠡ᠃ ᠬᠢᠨᠠᠨ ᠪᠠᠶ᠋ᠢᠴᠠᠭ᠋ᠠᠭ᠋ᠠᠳ᠂ ᠲᠤᠰ ᠭᠤᠶᠤᠴᠢᠯᠠᠯ᠎ᠨᠢ ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠵᠦ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠨ ᠭᠤᠴᠢᠨ ᠨᠠᠢ᠍ᠮᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠂ 《ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠡᠷᠡᠭᠵᠢᠭᠦᠯᠬᠦ ᠠᠷᠭ᠎ᠠ》 ᠵᠢᠨ ᠭᠤᠴᠢᠨ ᠬᠣᠶᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠢ ᠦᠨᠳᠦᠰᠦᠯᠡᠨ᠂ ᠵᠠᠰᠠᠭ ᠵᠠᠬᠢᠷᠭ᠋ᠠᠨ᠎ᠤ ᠵᠥᠪᠰᠢᠶᠡᠷᠡᠯ ᠣᠯᠭᠣᠬᠤ ᠵᠢ ᠵᠥᠪᠰᠢᠶᠡᠷᠡᠬᠦ᠎ᠪᠠᠷ ᠲᠣᠭᠲᠠᠪᠠ᠃
ᠤᠯᠠᠭ᠋ᠠᠶ ᠨᠢᠰᠬᠡᠯ᠎ᠤᠨ ᠪᠠᠭᠤᠳᠠᠯ᠎ᠤᠨ ᠲᠥᠷᠥᠯ ᠵᠦᠢ᠍ᠯ᠎ᠨᠢ ᠰᠢᠯᠢ ᠵᠢᠨ ᠭᠤᠤᠯ ᠠᠶ᠋ᠢᠮᠠᠭ᠎ᠤᠨ ᠤᠯᠠᠭ᠋ᠠᠶ ᠬᠠᠮᠢᠶᠠᠷᠤᠯᠲᠠ ᠵᠢᠨ ᠣᠷᠣᠨ᠎ᠳᠤ ᠪᠠᠶ᠋ᠢᠷᠢᠯᠠᠵᠤ᠂ ᠨᠢᠰᠦᠯᠲᠡ ᠵᠢᠨ ᠲᠣᠭᠤᠷᠢᠭ᠂ ᠠᠭ᠋ᠠᠷ᠎ᠤᠨ ᠲᠡᠭᠡᠭᠡᠪᠦᠷᠢ ᠵᠢᠨ ᠥᠷᠲᠡᠭᠡ ᠵᠢᠨ ᠲᠣᠭᠤᠷᠢᠭ ᠵᠢᠴᠢ ᠬᠢᠯᠢ ᠵᠢᠨ ᠭᠠᠳᠠᠨᠠᠬᠢ ᠰᠡᠷᠭᠡᠶ᠋ᠢᠯᠡᠨ ᠬᠠᠮᠠᠭ᠋ᠠᠯᠠᠬᠤ᠎ᠳᠤ ᠬᠡᠷᠡᠭᠯᠡᠬᠦ ᠭᠠᠵᠠᠷ ᠵᠡᠷᠭᠡ᠎ᠪᠠᠷ ᠪᠦᠷᠢᠯᠳᠦᠵᠡᠶ᠃ ᠲᠥᠷᠥᠯ ᠵᠦᠢ᠍ᠯ᠎ᠤᠨ ᠶᠡᠷᠦᠩᠬᠡᠶ ᠲᠠᠲᠠᠪᠤᠷᠢᠯᠠᠭᠰᠠᠨ ᠲᠠᠯᠠᠪᠠᠶ᠎ᠨᠢ 28.51 ᠾᠧᠺᠲ᠋ᠠᠷ᠂ ᠬᠥᠳᠡᠯᠭᠡᠨ ᠬᠡᠷᠡᠭᠯᠡᠭᠰᠡᠨ ᠰᠢᠷᠣᠶ ᠴᠢᠯᠠᠭᠤᠨ᠎ᠤ ᠲᠠᠯ᠎ᠠ ᠵᠢᠨ ᠶᠡᠷᠦᠩᠬᠡᠶ ᠬᠡᠮᠵᠢᠶ᠎ᠡ᠎ᠨᠢ 26.68 ᠲᠦᠮᠡᠨ ᠪᠣᠰᠤᠭ᠎ᠠ ᠳᠥᠷᠪᠡᠯᠵᠢᠨ ᠮᠸᠲᠷ᠂ ᠶᠡᠷᠦᠩᠬᠡᠶ ᠪᠡᠯᠡ ᠣᠷᠣᠭᠤᠯᠤᠯᠲᠠ᠎ᠨᠢ 6036.66 ᠲᠦᠮᠡᠨ ᠲᠥᠭᠦᠷᠢᠭ ᠪᠣᠯᠤᠨ᠎ᠠ᠃ ᠢᠨᠵᠧᠨᠧᠷᠢᠩ᠎ᠨᠢ 2024 ᠣᠨ᠎ᠤ 4 ᠳ᠋ᠦ᠍ᠭᠡᠷ ᠰᠠᠷ᠎ᠠ᠎ᠳᠤ ᠠᠵᠢᠯ ᠵᠶ᠋ᠠᠨ ᠡᠬᠢᠯᠡᠭᠦᠯᠵᠦ᠂ 2025 ᠣᠨ᠎ᠤ 8 ᠳ᠋ᠤᠭ᠋ᠠᠷ ᠰᠠᠷ᠎ᠠ᠎ᠳᠤ ᠠᠵᠢᠯ ᠵᠶ᠋ᠠᠨ ᠳᠠᠭᠤᠰᠬᠠᠵᠤ᠂ ᠶᠡᠷᠦᠩᠬᠡᠶ ᠠᠵᠢᠯ᠎ᠤᠨ ᠬᠤᠭᠤᠴᠠᠭ᠎ᠠ᠎ᠨᠢ 17 ᠰᠠᠷ᠎ᠠ ᠪᠣᠯᠤᠨ᠎ᠠ᠃
ᠨᠢᠭᠡ᠂ ᠤᠰᠤ ᠬᠥᠷᠥᠰᠥ ᠵᠢ ᠬᠠᠮᠠᠭ᠋ᠠᠯᠠᠬᠤ ᠲᠥᠰᠦᠯ᠎ᠤᠨ ᠶᠡᠷᠦᠩᠬᠡᠶ ᠰᠠᠨᠠᠯ
(ᠨᠢᠭᠡ) ᠪᠦᠲᠦᠭᠡᠨ ᠪᠠᠶ᠋ᠢᠭᠤᠯᠤᠯᠲᠠ ᠵᠢᠨ ᠬᠤᠭᠤᠴᠠᠭ᠋ᠠᠨ᠎ᠳᠤ ᠤᠰᠤ ᠬᠥᠷᠥᠰᠥ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢᠨ ᠬᠦᠷᠢᠶ᠎ᠡ ᠬᠡᠪᠴᠢᠶ᠎ᠡ᠎ᠨᠢ 28.51 ᠾᠧᠺᠲ᠋ᠠᠷ ᠪᠣᠯᠤᠨ᠎ᠠ᠃
(ᠬᠤᠶᠠᠷ) ᠤᠰᠤ ᠬᠥᠷᠥᠰᠥ ᠵᠢᠨ ᠢᠳᠡᠭᠳᠡᠯ᠎ᠢ ᠰᠡᠷᠭᠡᠢ᠍ᠯᠡᠨ ᠵᠠᠰᠠᠬᠤ ᠠᠵᠢᠯ᠎ᠳᠤ ᠤᠮᠠᠷᠠᠲᠤ ᠵᠢᠨ ᠰᠠᠯᠬᠢ ᠡᠯᠡᠰᠦᠨ᠎ᠤ ᠣᠷᠣᠨ᠎ᠤ ᠨᠢᠭᠡᠳᠦᠭᠡᠷ ᠳᠡᠰ᠎ᠤᠨ ᠪᠠᠷᠢᠮᠵᠢᠶ᠎ᠠ ᠵᠢ ᠬᠡᠷᠡᠭᠵᠢᠭᠦᠯᠬᠦ ᠵᠢ ᠵᠦᠪᠰᠢᠶᠡᠷᠡᠨ᠎ᠡ᠃
(ᠭᠤᠷᠪᠠ) ᠤᠰᠤ ᠬᠥᠷᠥᠰᠥ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠠᠯᠲᠠ ᠵᠢᠨ ᠬᠡᠮᠵᠢᠭᠳᠡᠯ ᠪᠣᠯ᠄ ᠤᠰᠤ ᠬᠥᠷᠥᠰᠥ ᠵᠢᠨ ᠢᠳᠡᠭᠳᠡᠯ᠎ᠢ ᠵᠠᠰᠠᠬᠤ ᠬᠡᠮᠵᠢᠶ᠎ᠡ 85%᠂ ᠤᠰᠤ ᠬᠥᠷᠥᠰᠥ ᠵᠢᠨ ᠢᠳᠡᠭᠳᠡᠯ᠎ᠢ ᠬᠢᠵᠠᠭ᠋ᠠᠷᠯᠠᠬᠤ ᠬᠠᠷᠢᠴᠠᠯ 1.0 ᠪᠠᠶ᠋ᠢᠵᠤ᠂ ᠤᠰᠤ ᠬᠥᠷᠥᠰᠥ ᠵᠢᠨ ᠰᠡᠷᠭᠡᠶ᠋ᠢᠯᠡᠨ ᠬᠠᠮᠠᠭ᠋ᠠᠯᠠᠬᠤ ᠨᠣᠷᠮ᠎ᠠ 89% ᠪᠠᠶ᠋ᠢᠵᠤ᠂ ᠤᠰᠤ ᠬᠥᠷᠥᠰᠥ ᠵᠢᠨ ᠬᠠᠮᠠᠭ᠋ᠠᠯᠠᠯᠲᠠ ᠵᠢᠨ ᠨᠣᠷᠮ᠎ᠠ 92% ᠪᠠᠶ᠋ᠢᠵᠤ᠂ ᠤᠷᠭᠤᠮᠠᠯ᠎ᠤᠨ ᠬᠤᠴᠢᠯᠭ᠎ᠠ ᠵᠢ ᠰᠡᠷᠭᠦᠭᠡᠭᠰᠡᠨ ᠨᠣᠷᠮ᠎ᠠ 93% ᠪᠠᠶ᠋ᠢᠵᠤ᠂ ᠣᠶ ᠰᠢᠭᠤᠶ ᠡᠪᠡᠰᠦ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠭᠰᠡᠨ ᠨᠣᠷᠮ᠎ᠠ 93% ᠪᠠᠶ᠋ᠢᠵᠤ᠂ ᠣᠶ ᠰᠢᠭᠤᠶ ᠡᠪᠡᠰᠦ ᠵᠢᠨ ᠪᠦᠷᠬᠦᠴᠡ ᠵᠢᠨ ᠨᠣᠷᠮ᠎ᠠ 22% ᠪᠣᠯᠤᠨ᠎ᠠ᠃
(ᠲᠦᠷᠪᠡ) ᠤᠰᠤ ᠬᠥᠷᠥᠰᠥ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠣᠷᠣᠨ ᠲᠣᠭᠤᠷᠢᠭ ᠵᠢᠴᠢ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢᠨ ᠲᠣᠬᠢᠷᠠᠭᠤᠯᠤᠯᠲᠠ ᠵᠢ ᠦᠨᠳᠦᠰᠦᠨ᠎ᠳᠡᠭᠡᠨ ᠵᠥᠪᠰᠢᠶᠡᠷᠡᠨ᠎ᠡ᠃
(ᠲᠠᠪᠤ) ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠬᠤᠭᠤᠴᠠᠭ᠋ᠠᠨ᠎ᠳᠠᠬᠢ ᠤᠰᠤ ᠬᠥᠷᠥᠰᠥ ᠵᠢ ᠬᠠᠮᠠᠭ᠋ᠠᠯᠠᠬᠤ ᠨᠥᠬᠦᠪᠦᠷᠢ ᠮᠥᠩᠭᠦ 48.474 ᠲᠦᠮᠡᠨ ᠲᠥᠭᠦᠷᠢᠭ᠎ᠢ ᠦᠨᠳᠦᠰᠦᠨ᠎ᠳᠤ᠎ᠪᠠᠨ ᠵᠥᠪᠰᠢᠶᠡᠷᠡᠪᠡ᠃
ᠬᠤᠶᠠᠷ᠂ ᠪᠦᠲᠦᠭᠡᠨ ᠪᠠᠶ᠋ᠢᠭᠤᠯᠬᠤ ᠨᠢᠭᠡᠴᠢ᠎ᠨᠢ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠳᠤᠮᠳᠠ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤ ᠬᠥᠷᠥᠰᠥ ᠵᠢ ᠬᠠᠮᠠᠭ᠋ᠠᠯᠠᠬᠤ ᠬᠠᠤᠯᠢ》 ᠵᠢᠨ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢᠨ ᠬᠠᠮᠲᠤ᠂ ᠳᠣᠣᠷᠠᠬᠢ ᠠᠵᠢᠯ᠎ᠤᠳ᠎ᠢ ᠭᠤᠣᠯᠳᠠᠯᠭ᠎ᠠ᠎ᠲᠠᠢ ᠰᠠᠶ᠋ᠢᠲᠤᠷ ᠬᠢᠬᠦ ᠬᠡᠷᠡᠭᠲᠡᠢ᠄
(ᠨᠢᠭᠡ) ᠵᠥᠪᠰᠢᠶᠡᠷᠡᠭᠰᠡᠨ ᠤᠰᠤ ᠬᠥᠷᠥᠰᠥ ᠵᠢ ᠬᠠᠮᠠᠭ᠋ᠠᠯᠠᠬᠤ ᠲᠥᠰᠦᠯ᠎ᠤᠨ ᠶᠣᠰᠣᠭ᠋ᠠᠷ᠂ ᠤᠰᠤ ᠬᠥᠷᠥᠰᠥ ᠵᠢ ᠬᠠᠮᠠᠭ᠋ᠠᠯᠠᠬᠤ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠡᠷᠭᠡ ᠵᠠᠯᠭ᠋ᠠᠮᠵᠢ ᠵᠢᠷᠤᠭ ᠲᠥᠯᠥᠪᠯᠡᠭᠡ ᠵᠢ ᠰᠠᠶ᠋ᠢᠲᠤᠷ ᠬᠢᠵᠦ᠂ ᠪᠠᠷᠢᠯᠭ᠎ᠠ ᠪᠠᠷᠢᠬᠤ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠪᠠᠷᠢᠯᠭ᠎ᠠ ᠪᠠᠷᠢᠬᠤ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠵᠤ᠂ 《ᠭᠤᠷᠪᠠ ᠵᠢ ᠵᠡᠷᠭᠡ᠎ᠳᠤ᠎ᠨᠢ ᠬᠢᠬᠦ》 ᠳᠦᠷᠢᠮ᠎ᠢ ᠦᠨᠡᠨᠬᠦ ᠨᠠᠶ᠋ᠢᠳᠠᠪᠤᠷᠢᠵᠢᠭᠤᠯᠬᠤ ᠬᠡᠷᠡᠭᠲᠡᠶ᠃
(ᠬᠤᠶᠠᠷ) ᠲᠥᠰᠦᠯ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠤᠰᠤ ᠬᠥᠷᠥᠰᠥ ᠵᠢ ᠬᠠᠮᠠᠭ᠋ᠠᠯᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ᠎ᠤᠨ ᠪᠠᠷᠢᠯᠭ᠎ᠠ ᠪᠠᠷᠢᠬᠤ ᠠᠵᠢᠯᠯᠠᠭ᠎ᠠ᠎ᠨᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠳᠤᠷ᠎ᠠ᠎ᠪᠠᠷ ᠵᠶ᠋ᠠᠨ ᠡᠵᠡᠯᠡᠬᠦ᠂ ᠰᠠᠮᠠᠭᠤᠷᠠᠭᠤᠯᠬᠤ ᠪᠠ ᠭᠠᠵᠠᠷ᠎ᠤᠨ ᠭᠠᠳᠠᠷᠭᠤ ᠵᠢᠨ ᠤᠷᠭᠤᠮᠠᠯ᠎ᠤᠨ ᠬᠤᠴᠢᠯᠭ᠎ᠠ ᠵᠢ ᠡᠪᠳᠡᠬᠦ ᠵᠢ ᠴᠢᠩᠭ᠎ᠠ ᠴᠠᠭ᠋ᠠᠵᠠᠯᠠᠵᠤ᠂ ᠤᠰᠤ ᠬᠥᠷᠥᠰᠥ ᠵᠢ ᠰᠠᠯᠭ᠋ᠠᠬᠤ᠂ ᠬᠠᠳᠠᠭ᠋ᠠᠯᠠᠬᠤ ᠪᠠ ᠠᠰᠢᠭᠯᠠᠬᠤ ᠵᠢ ᠰᠠᠶ᠋ᠢᠲᠤᠷ ᠬᠢᠵᠦ᠂ ᠬᠠᠶᠠᠭᠳᠠᠮᠠᠯ ᠰᠢᠭ᠋ᠠᠷᠤ ᠵᠢ ᠶᠡᠷᠦᠩᠬᠡᠶ᠋ᠢᠯᠡᠨ ᠠᠰᠢᠭᠯᠠᠬᠤ ᠵᠢ ᠴᠢᠩᠭ᠋ᠠᠷᠠᠭᠤᠯᠬᠤ ᠬᠡᠷᠡᠭᠲᠡᠶ᠃ ᠲᠥᠰᠦᠯ᠎ᠤᠨ ᠱᠠᠭ᠋ᠠᠷᠳᠠᠯᠭ᠎ᠠ ᠵᠢ ᠦᠨᠳᠦᠰᠦᠯᠡᠨ ᠪᠠᠷᠢᠯᠭ᠎ᠠ ᠪᠠᠷᠢᠬᠤ ᠤᠷᠠᠨ ᠮᠡᠷᠭᠡᠰᠢᠯ᠎ᠢ ᠰᠢᠯᠢᠳᠡᠭᠵᠢᠭᠦᠯᠵᠦ᠂ ᠪᠠᠷᠢᠯᠭ᠎ᠠ ᠪᠠᠷᠢᠬᠤ ᠴᠠᠭ᠎ᠤᠨ ᠳᠠᠷᠠᠭ᠋ᠠᠯᠠᠯ ᠪᠠ ᠤᠰᠤ ᠬᠥᠷᠥᠰᠥ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠠᠬᠢᠴᠠ ᠵᠢ ᠵᠦᠶ ᠵᠣᠬᠢᠰᠲᠠᠶ ᠳᠣᠭᠢᠷᠠᠭᠤᠯᠤᠨ᠂ ᠪᠠᠷᠢᠯᠭ᠎ᠠ ᠪᠠᠷᠢᠬᠤ ᠬᠤᠭᠤᠴᠠᠭ᠋ᠠᠨ᠎ᠳᠤ ᠤᠴᠠᠷᠠᠭᠤᠯᠵᠤ ᠮᠡᠳᠡᠬᠦ ᠤᠰᠤ ᠬᠥᠷᠥᠰᠥ ᠵᠢᠨ ᠢᠳᠡᠭᠳᠡᠯ᠎ᠢ ᠴᠢᠩᠭ᠎ᠠ ᠬᠢᠵᠠᠭ᠋ᠠᠷᠯᠠᠬᠤ ᠬᠡᠷᠡᠭᠲᠡᠶ᠃
(ᠭᠤᠷᠪᠠ) ᠤᠰᠤ ᠬᠥᠷᠥᠰᠥ ᠵᠢ ᠬᠠᠮᠠᠭ᠋ᠠᠯᠠᠬᠤ ᠬᠢᠨᠠᠨ ᠬᠡᠮᠵᠢᠬᠦ ᠠᠵᠢᠯ᠎ᠢ ᠦᠨᠡᠨᠬᠦ ᠰᠠᠶ᠋ᠢᠲᠤᠷ ᠬᠢᠵᠦ᠂ ᠤᠰᠤ ᠬᠥᠷᠥᠰᠥ ᠵᠢᠨ ᠢᠳᠡᠭᠳᠡᠯ᠎ᠤᠨ ᠪᠠᠶ᠋ᠢᠳᠠᠯ᠎ᠢ ᠬᠢᠨᠠᠨ ᠡᠵᠡᠮᠳᠡᠬᠦ ᠵᠢ ᠴᠢᠩᠭ᠋ᠠᠳᠬᠠᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠮᠠᠨ᠎ᠤ ᠲᠢᠩᠬᠢᠮ ᠵᠢᠴᠢ ᠰᠢᠯᠢ ᠵᠢᠨ ᠭᠤᠤᠯ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ᠎ᠳᠤ ᠬᠢᠨᠠᠨ ᠬᠡᠮᠵᠢᠯᠲᠡ ᠵᠢᠨ ᠤᠯᠠᠷᠢᠯ᠎ᠤᠨ ᠮᠡᠳᠡᠭᠦᠯᠦᠯᠲᠡ ᠵᠢᠴᠢ ᠳ᠋ᠦᠩᠨᠡᠯᠲᠡ ᠵᠢᠨ ᠮᠡᠳᠡᠭᠦᠯᠦᠯᠲᠡ ᠵᠢ ᠲᠤᠰᠢᠶᠠᠨ᠎ᠠ᠃
(ᠲᠦᠷᠪᠡ) ᠤᠰᠤ ᠬᠥᠷᠥᠰᠥ ᠵᠢ ᠬᠠᠮᠠᠭ᠋ᠠᠯᠠᠬᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠨᠠᠶ᠋ᠢᠳᠠᠪᠤᠷᠢᠵᠢᠭᠤᠯᠬᠤ ᠵᠢᠨ ᠬᠠᠮᠲᠤ ᠰᠠᠶ᠋ᠢᠲᠤᠷ ᠬᠢᠵᠦ᠂ ᠤᠰᠤ ᠬᠥᠷᠥᠰᠥ ᠵᠢ ᠬᠠᠮᠠᠭ᠋ᠠᠯᠠᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ ᠪᠣᠯᠤᠨ ᠠᠬᠢᠴᠠ ᠵᠢ ᠦᠨᠡᠨᠬᠦ ᠪᠠᠲᠤᠯᠠᠬᠤ ᠬᠡᠷᠡᠭᠲᠡᠶ᠃
ᠭᠤᠷᠪᠠ᠂ ᠲᠤᠰ ᠵᠦᠢ᠍ᠯ᠎ᠤᠨ ᠭᠠᠵᠠᠷ᠂ ᠬᠡᠪᠴᠢᠶ᠎ᠡ᠎ᠨᠢ ᠴᠢᠬᠤᠯᠠ ᠶᠡᠬᠡ ᠬᠤᠪᠢᠷᠠᠯᠲᠠ ᠭᠠᠷᠤᠭᠰᠠᠨ ᠪᠤᠶᠤ ᠤᠰᠤ ᠬᠥᠷᠥᠰᠥ ᠵᠢ ᠬᠠᠮᠠᠭ᠋ᠠᠯᠠᠬᠤ ᠲᠥᠰᠦᠯ᠎ᠢ ᠬᠡᠷᠡᠭᠵᠢᠭᠦᠯᠬᠦ ᠶᠠᠪᠤᠴᠠ᠎ᠳᠤ ᠤᠰᠤ ᠬᠥᠷᠥᠰᠥ ᠵᠢ ᠬᠠᠮᠠᠭ᠋ᠠᠯᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠤᠭᠰᠠᠨ ᠪᠣᠯ ᠤᠰᠤ ᠬᠥᠷᠥᠰᠥ ᠵᠢ ᠬᠠᠮᠠᠭ᠋ᠠᠯᠠᠬᠤ ᠲᠥᠰᠦᠯ᠎ᠳᠤ ᠨᠥᠬᠥᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ᠎ᠤ ᠲᠢᠩᠬᠢᠮ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ; ᠰᠢᠭ᠋ᠠᠷᠤ ᠬᠠᠶᠠᠬᠤ ᠲᠠᠯᠠᠪᠠᠶ ᠵᠢ ᠰᠢᠨ᠎ᠡ᠎ᠪᠠᠷ ᠪᠠᠶ᠋ᠢᠭᠤᠯᠤᠭᠰᠠᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠢ᠎ᠨᠢ ᠰᠢᠭ᠋ᠠᠷᠤ ᠬᠠᠶᠠᠬᠤ ᠵᠢ ᠬᠡᠮᠵᠢᠶᠡᠵᠢᠭᠦᠯᠬᠦ᠂ ᠡᠬᠢ ᠪᠠᠶᠠᠯᠢᠭᠵᠢᠭᠤᠯᠬᠤ ᠨᠤᠲᠠᠯᠠᠯᠲᠠ ᠬᠢᠬᠦ ᠴᠢᠬᠤᠯᠠᠲᠠᠶ᠂ ᠲᠡᠷᠡᠴᠢᠯᠡᠨ ᠰᠢᠭ᠋ᠠᠷᠤ ᠬᠠᠶᠠᠬᠤ᠎ᠠᠴᠠ ᠡᠮᠦᠨ᠎ᠡ ᠤᠰᠤ ᠬᠥᠷᠥᠰᠥ ᠵᠢ ᠬᠠᠮᠠᠭ᠋ᠠᠯᠠᠬᠤ ᠲᠥᠰᠦᠯ᠎ᠤᠨ ᠨᠥᠬᠥᠪᠥᠷᠢ ᠮᠡᠳᠡᠭᠦᠯᠦᠯᠲᠡ ᠬᠢᠵᠦ᠂ ᠮᠠᠨ᠎ᠤ ᠲᠢᠩᠬᠢᠮ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃
ᠳᠥᠷᠪᠡ᠂ ᠲᠠᠨ᠎ᠤ ᠨᠢᠭᠡᠴᠢ ᠪᠣᠯ ᠲᠤᠰ ᠲᠥᠷᠥᠯ ᠵᠦᠢ᠍ᠯ᠎ᠤᠨ ᠤᠰᠤ ᠬᠥᠷᠥᠰᠥ ᠵᠢ ᠬᠠᠮᠠᠭ᠋ᠠᠯᠠᠬᠤ ᠪᠡᠯᠡᠳᠬᠡᠮᠵᠢ ᠵᠢ ᠰᠢᠯᠭ᠋ᠠᠨ ᠠᠪᠬᠤ ᠬᠠᠷᠢᠭᠤᠴᠠᠯᠭ᠎ᠠ ᠵᠢᠨ ᠭᠣᠤᠯ ᠴᠣᠭᠴᠠ ᠪᠣᠯᠬᠤ ᠲᠤᠯᠠ᠂ ᠲᠤᠰ ᠵᠠᠰᠠᠮᠠᠯ ᠵᠠᠮ᠎ᠢ ᠠᠰᠢᠭᠯᠠᠯᠲᠠ᠎ᠳᠤ ᠣᠷᠣᠭᠤᠯᠬᠤ᠎ᠠᠴᠠ ᠡᠮᠦᠨ᠎ᠡ᠂ ᠤᠰᠤ ᠬᠥᠷᠥᠰᠥ ᠵᠢ ᠬᠠᠮᠠᠭ᠋ᠠᠯᠠᠬᠤ ᠪᠡᠯᠡᠳᠬᠡᠮᠵᠢ ᠵᠢᠨ ᠥᠪᠡᠰᠦᠪᠡᠨ ᠡᠵᠡᠨ ᠮᠡᠳᠡᠵᠦ ᠰᠢᠯᠭ᠋ᠠᠨ ᠠᠪᠬᠤ ᠵᠢ ᠥᠩᠭᠡᠷᠡᠭᠡᠬᠦ ᠬᠡᠷᠡᠭᠲᠡᠶ᠃ ᠡᠵᠡᠨ ᠮᠡᠳᠡᠨ ᠰᠢᠯᠭ᠋ᠠᠨ ᠠᠪᠬᠤ᠎ᠳᠤ ᠤᠰᠤ ᠬᠥᠷᠥᠰᠥ ᠵᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠪᠠᠷᠢᠮᠵᠢᠶ᠎ᠠ ᠵᠢᠨ ᠵᠢᠷᠤᠮᠵᠢᠯ᠂ ᠤᠰᠤ ᠬᠥᠷᠥᠰᠥ ᠵᠢ ᠬᠠᠮᠠᠭ᠋ᠠᠯᠠᠬᠤ ᠲᠥᠰᠦᠯ ᠬᠢᠭᠡᠳ ᠲᠤᠰ ᠬᠢᠨᠠᠨ ᠵᠥᠪᠰᠢᠶᠡᠷᠡᠭᠰᠡᠨ ᠲᠣᠭᠲᠠᠭ᠋ᠠᠯ᠂ ᠤᠰᠤ ᠬᠥᠷᠥᠰᠥ ᠵᠢ ᠬᠠᠮᠠᠭ᠋ᠠᠯᠠᠬᠤ ᠵᠠᠯᠭ᠋ᠠᠮᠵᠢ ᠵᠢᠷᠤᠭ ᠲᠥᠯᠥᠪᠯᠡᠭᠡ ᠵᠡᠷᠭᠡ ᠵᠢ ᠦᠨᠳᠦᠰᠦᠯᠡᠨ ᠶᠠᠪᠤᠭᠳᠠᠭᠤᠯᠵᠤ᠂ ᠤᠰᠤ ᠬᠥᠷᠥᠰᠥ ᠵᠢ ᠬᠠᠮᠠᠭ᠋ᠠᠯᠠᠬᠤ ᠪᠡᠯᠡᠳᠬᠡᠮᠵᠢ ᠵᠢ ᠰᠢᠯᠭ᠋ᠠᠨ ᠠᠪᠬᠤ ᠪᠠᠷᠢᠮᠵᠢᠶ᠎ᠠ ᠪᠣᠯᠤᠨ ᠨᠥᠬᠥᠴᠡᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠬᠥᠷᠥᠰᠥ ᠵᠢ ᠬᠠᠮᠠᠭ᠋ᠠᠯᠠᠬᠤ ᠪᠡᠯᠡᠳᠬᠡᠮᠵᠢ ᠵᠢ ᠪᠡᠶ᠎ᠡ᠎ᠪᠠᠨ ᠳᠠᠭ᠋ᠠᠭ᠋ᠠᠵᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ ᠴᠠᠭ ᠲᠤᠬᠠᠶ᠎ᠳᠤᠨᠢ ᠵᠠᠷᠯᠠᠨ ᠨᠡᠶ᠋ᠢᠲᠡᠯᠡᠵᠦ᠂ ᠵᠠᠷᠯᠠᠨ ᠨᠡᠶ᠋ᠢᠲᠡᠯᠡᠬᠦ ᠴᠠᠭ᠎ᠢ 20 ᠠᠵᠢᠯᠯᠠᠬᠤ ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠥᠬᠡᠶ; ᠤᠰᠤ ᠬᠥᠷᠥᠰᠥ ᠵᠢ ᠬᠠᠮᠠᠭ᠋ᠠᠯᠠᠬᠤ ᠪᠡᠯᠡᠳᠬᠡᠮᠵᠢ ᠵᠢ ᠪᠡᠶ᠎ᠡ᠎ᠪᠠᠨ ᠳᠠᠭ᠋ᠠᠭ᠋ᠠᠵᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠋ᠠᠬᠢ 3 ᠰᠠᠷ᠎ᠠ ᠵᠢᠨ ᠳᠣᠲᠣᠷ᠎ᠠ ᠮᠠᠨ᠎ᠤ ᠲᠢᠩᠬᠢᠮ᠎ᠳᠤ ᠮᠡᠳᠡᠭᠦᠯᠦᠨ ᠳᠠᠩᠰᠠᠯᠠᠭᠤᠯᠤᠨ᠎ᠠ; ᠤᠰᠤ ᠬᠥᠷᠥᠰᠥ ᠵᠢ ᠬᠠᠮᠠᠭ᠋ᠠᠯᠠᠬᠤ ᠪᠡᠯᠡᠳᠬᠡᠮᠵᠢ ᠵᠢ ᠰᠢᠯᠭ᠋ᠠᠨ ᠠᠪᠬᠤ᠎ᠳᠤ ᠳᠠᠮᠵᠢᠭᠰᠠᠨ ᠥᠬᠡᠶ ᠪᠤᠶᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠥᠬᠡᠶ ᠪᠣᠯ ᠠᠰᠢᠭᠯᠠᠯᠲᠠ᠎ᠳᠤ ᠣᠷᠣᠭᠤᠯᠤᠨ ᠬᠡᠷᠡᠭᠯᠡᠵᠦ ᠪᠣᠯᠬᠤ ᠥᠬᠡᠶ᠃
ᠲᠠᠪᠤ᠂ ᠲᠤᠰ ᠵᠥᠪᠰᠢᠶᠡᠷᠡᠯ᠎ᠤᠨ ᠪᠢᠴᠢᠭ ᠮᠠᠲ᠋ᠧᠷᠢᠶᠠᠯ᠎ᠢ ᠵᠥᠪᠰᠢᠶᠡᠷᠡᠭᠰᠡᠨ ᠡᠳᠦᠷ᠎ᠠᠴᠠ ᠡᠬᠢᠯᠡᠨ ᠬᠦᠴᠦᠨ ᠪᠦᠬᠦᠢ ᠬᠤᠭᠤᠴᠠᠭ᠎ᠠ᠎ᠨᠢ 3 ᠵᠢᠯ ᠪᠣᠯᠤᠨ᠎ᠠ᠃ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠋ᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠤᠭᠰᠠᠨ ᠦᠭᠡᠶ ᠪᠣᠯ ᠦᠢ᠍ᠯᠡᠳᠪᠦᠷᠢᠯᠡᠵᠦ ᠪᠦᠲᠦᠭᠡᠨ ᠪᠠᠶ᠋ᠢᠭᠤᠯᠬᠤ ᠨᠢᠭᠡᠴᠢ᠎ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠎ᠠ᠎ᠨᠢ ᠳᠦᠭᠦᠷᠬᠦ᠎ᠠᠴᠠ 30 ᠠᠵᠢᠯᠯᠠᠬᠤ ᠡᠳᠦᠷ᠎ᠤᠨ ᠡᠮᠦᠨ᠎ᠡ ᠮᠠᠨ᠎ᠤ ᠲᠢᠩᠬᠢᠮ᠎ᠳᠤ ᠳᠠᠬᠢᠨ ᠬᠢᠨᠠᠭᠤᠯᠬᠤ᠎ᠪᠠᠷ ᠭᠤᠶᠤᠴᠢᠯᠠᠬᠤ ᠬᠡᠷᠡᠭᠲᠡᠶ᠃ ᠲᠥᠷᠥᠯ ᠵᠦᠢ᠍ᠯ᠎ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠋ᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠤᠭᠰᠠᠨ ᠦᠭᠡᠶ ᠮᠥᠷᠲᠡᠭᠡᠨ ᠳᠠᠬᠢᠵᠤ ᠬᠢᠨᠠᠨ ᠬᠠᠷᠭᠤᠭᠤᠯᠬᠤ᠎ᠪᠠᠷ ᠭᠤᠶᠤᠴᠢᠯᠠᠭᠰᠠᠨ ᠦᠭᠡᠶ ᠪᠤᠶᠤ ᠭᠤᠶᠤᠴᠢᠯᠠᠯ᠎ᠢ ᠳᠠᠬᠢᠵᠤ ᠬᠢᠨᠠᠨ ᠬᠠᠷᠭᠤᠭᠤᠯᠬᠤ᠎ᠪᠠᠷ ᠳᠤᠷᠠᠳᠤᠭᠰᠠᠨ ᠪᠣᠯᠪᠠᠴᠤ ᠵᠥᠪᠰᠢᠶᠡᠷᠡᠭᠳᠡᠭᠰᠡᠨ ᠦᠭᠡᠶ ᠪᠣᠯ᠂ ᠲᠤᠰ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠨᠢ ᠠᠶᠠᠨᠳᠠᠭ᠋ᠠᠨ ᠬᠦᠴᠦᠨ ᠦᠭᠡᠶ ᠪᠣᠯᠤᠨ᠎ᠠ᠃
2024 ᠣᠨ᠎ᠤ 2 ᠳ᠋ᠤᠭ᠋ᠠᠷ ᠰᠠᠷ᠎ᠠ ᠵᠢᠨ 20᠎ᠤ ᠡᠳᠦᠷ
ᠳᠠᠭ᠋ᠠᠯᠳᠤᠭᠤᠯᠤᠯ᠄