ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠢᠴᠢᠭ ᠮᠠᠲ᠋ᠧᠷᠢᠶᠠᠯ
ᠵᠠᠰᠠᠭ ᠵᠠᠬᠢᠷᠭ᠋ᠠᠨ᠎ᠤ ᠵᠦᠪᠰᠢᠶᠡᠷᠡᠯ ᠦᠭᠬᠦ ᠵᠢ ᠵᠦᠪᠰᠢᠶᠡᠷᠡᠬᠦ ᠳᠣᠭᠲᠠᠭ᠋ᠠᠯ᠎ᠤᠨ ᠪᠢᠴᠢᠭ
ᠨᠡᠶ᠋ᠢᠲᠡᠯᠡᠭᠰᠡᠨ ᠴᠠᠭ᠄ 2024-04-01

   ᠬᠡᠯᠬᠢᠶᠡᠰᠦᠨ ᠨᠣᠮᠧᠷ᠄ 000014348/2024-02295

   ᠭᠤᠣᠯ ᠰᠡᠳᠦᠪ᠎ᠤᠨ ᠠᠩᠭᠢᠯᠠᠯ᠄ ᠪᠤᠰᠤᠳ

   ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ

   ᠪᠢᠴᠢᠭ᠎ᠤᠨ ᠳ᠋ᠤᠭ᠋ᠠᠷ᠄ ᠦᠪᠦᠷ ᠤᠰᠤ ᠬᠠᠮᠠᠭ᠋ᠠᠯᠠᠬᠤ ᠵᠦᠪᠰᠢᠶᠡᠷᠡᠯ ᠲᠤᠭᠲᠠᠭ᠋ᠠᠯ [2024] 9 ᠳ᠋ᠦ᠍ᠭᠡᠷ ᠲᠣᠭ᠋ᠠᠲᠤ

   ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ᠎ᠤ 4 ᠳ᠋ᠦ᠍ᠭᠡᠷ ᠰᠠᠷ᠎ᠠ ᠵᠢᠨ 3᠎ᠤ ᠡᠳᠦᠷ

   ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ

 

ᠠᠯᠠᠱ᠌ᠠ ᠠᠶ᠋ᠢᠮᠠᠭ᠎ᠤᠨ ᠳ᠋ᠦᠩ ᠬᠠᠶ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠢᠵᠠᠭ᠋ᠠᠷᠲᠤ ᠺᠣᠮᠫᠠᠨᠢ᠄

  《ᠬᠠᠲᠤᠨ ᠭᠤᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ᠎ᠠᠴᠠ ᠬᠡᠲᠦᠷᠡᠭᠰᠡᠨ ᠭᠠᠵᠠᠷ ᠣᠷᠣᠨ᠎ᠳᠤ ᠤᠰᠤ ᠠᠪᠬᠤ ᠵᠥᠪᠰᠢᠶᠡᠷᠡᠯ᠎ᠢ ᠰᠢᠨ᠎ᠡ᠎ᠪᠠᠷ ᠨᠡᠮᠡᠭᠳᠡᠭᠦᠯᠬᠦ ᠵᠢ ᠲᠦᠷ ᠵᠣᠭᠰᠣᠭ᠋ᠠᠬᠤ ᠲᠤᠬᠠᠶ ᠤᠰᠤᠨ ᠠᠰᠢᠭᠯᠠᠯᠲᠠ ᠵᠢᠨ ᠶᠠᠮᠤᠨ᠎ᠤ ᠮᠡᠳᠡᠭᠳᠡᠯ》 (ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ [2020] 280 ᠳ᠋ᠤᠭ᠋ᠠᠷ ᠲᠣᠭ᠋ᠠᠲᠤ)᠂ 《ᠬᠠᠲᠤᠨ ᠭᠤᠤᠯ᠎ᠤᠨ ᠭᠤᠤᠯ ᠤᠷᠤᠰᠬᠠᠯ᠎ᠤᠨ ᠤᠰᠤ ᠲᠠᠲᠠᠵᠤ ᠬᠡᠷᠡᠭᠯᠡᠬᠦ ᠲᠥᠷᠥᠯ ᠵᠦᠢ᠍ᠯ᠎ᠤᠨ ᠤᠰᠤ ᠠᠪᠬᠤ ᠵᠥᠪᠰᠢᠶᠡᠷᠡᠯ᠎ᠤᠨ ᠬᠠᠮᠢᠶᠠᠷᠤᠯᠲᠠ ᠵᠢ ᠰᠢᠯᠵᠢᠭᠦᠯᠦᠨ ᠲᠤᠰᠢᠶᠠᠬᠤ ᠲᠤᠬᠠᠶ ᠬᠠᠲᠤᠨ ᠭᠤᠤᠯ᠎ᠤᠨ ᠤᠰᠤᠨ᠎ᠤ ᠡᠬᠢ ᠪᠠᠶᠠᠯᠢᠭ᠎ᠤᠨ ᠲᠣᠪᠴᠢᠶ᠎ᠠ ᠵᠢᠨ ᠵᠠᠬᠢᠳᠠᠯ》 (ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ [2023] 33 ᠳ᠋ᠤᠭ᠋ᠠᠷ ᠲᠣᠭ᠋ᠠᠲᠤ)᠎ᠤᠨ ᠬᠤᠯᠪᠣᠭᠳᠠᠯ ᠪᠥᠬᠦᠶ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠲᠢᠩᠬᠢᠮ ᠲᠠᠨ᠎ᠤ ᠺᠣᠮᠫᠠᠨᠢ ᠵᠢᠨ ᠠᠯᠠᠱ᠌ᠠ ᠠᠶ᠋ᠢᠮᠠᠭ᠎ᠤᠨ ᠳ᠋ᠦᠩ ᠬᠠᠶ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠬᠡᠦᠷᠡᠰᠦᠨ ᠵᠤᠤᠬ᠎ᠠ ᠵᠢᠨ ᠨᠡᠭᠦᠷᠡᠰᠦᠨ ᠬᠡᠢ ᠵᠢ ᠶᠡᠷᠦᠩᠬᠡᠶ᠋ᠢᠯᠡᠨ ᠠᠰᠢᠭᠯᠠᠬᠤ ᠲᠥᠷᠥᠯ ᠵᠦᠢ᠍ᠯ᠎ᠤᠨ ᠨᠢᠭᠡᠳᠦᠭᠡᠷ ᠬᠤᠭᠤᠴᠠᠭ᠋ᠠᠨ᠎ᠤ ᠲᠥᠷᠥᠯ ᠵᠦᠢ᠍ᠯ᠎ᠤᠨ ᠤᠰᠤ ᠠᠪᠬᠤ ᠵᠥᠪᠰᠢᠶᠡᠷᠡᠯ᠎ᠤᠨ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠨ᠎ᠡ᠃ ᠬᠢᠨᠠᠨ ᠪᠠᠶ᠋ᠢᠴᠠᠭ᠋ᠠᠭᠰᠠᠨ ᠵᠶ᠋ᠠᠷ᠂ ᠲᠤᠰ ᠭᠤᠶᠤᠴᠢᠯᠠᠯ᠎ᠨᠢ ᠬᠠᠤᠯᠢ᠎ᠳᠤ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠃ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠨ ᠭᠤᠴᠢᠨ ᠨᠠᠢ᠍ᠮᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠂ 《ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠡᠷᠡᠭᠵᠢᠭᠦᠯᠬᠦ ᠠᠷᠭ᠎ᠠ》 ᠵᠢᠨ ᠭᠤᠴᠢᠨ ᠬᠣᠶᠠᠳᠤᠭ᠋ᠠᠷ ᠵᠦᠢ᠍ᠯ᠎ᠤᠨ (ᠨᠢᠭᠡ) ᠵᠤᠷᠪᠤᠰ᠂ 《ᠤᠰᠤ ᠲᠠᠲᠠᠬᠤ ᠵᠥᠪᠰᠢᠶᠡᠷᠡᠯ ᠪᠠ ᠤᠰᠤᠨ᠎ᠤ ᠡᠬᠢ ᠪᠠᠶᠠᠯᠢᠭ᠎ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠵᠢᠨ ᠳᠦᠷᠢᠮ》 ᠪᠣᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠲᠠᠲᠠᠬᠤ ᠵᠥᠪᠰᠢᠶᠡᠷᠡᠯ ᠪᠠ ᠤᠰᠤᠨ᠎ᠤ ᠡᠬᠢ ᠪᠠᠶᠠᠯᠢᠭ᠎ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ》 ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠤᠰᠤ ᠲᠠᠲᠠᠬᠤ ᠵᠥᠪᠰᠢᠶᠡᠷᠡᠯ᠎ᠤᠨ ᠭᠤᠶᠤᠴᠢᠯᠠᠯ᠎ᠢ ᠵᠥᠪᠰᠢᠶᠡᠷᠡᠬᠦ᠎ᠪᠠᠷ ᠲᠣᠭᠲᠠᠪᠠ᠃

   ᠠᠯᠠᠱ᠌ᠠ ᠠᠶ᠋ᠢᠮᠠᠭ᠎ᠤᠨ ᠳ᠋ᠦᠩ ᠬᠠᠶ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠬᠡᠦᠷᠡᠰᠦᠨ ᠵᠤᠤᠬ᠎ᠠ ᠵᠢᠨ ᠨᠡᠭᠦᠷᠡᠰᠦᠨ ᠬᠡᠢ ᠵᠢ ᠶᠡᠷᠦᠩᠬᠡᠶ᠋ᠢᠯᠡᠨ ᠠᠰᠢᠭᠯᠠᠬᠤ ᠲᠥᠷᠥᠯ ᠵᠦᠢ᠍ᠯ᠎ᠤᠨ ᠨᠢᠭᠡᠳᠦᠭᠡᠷ ᠬᠤᠭᠤᠴᠠᠭ᠋ᠠᠨ᠎ᠤ ᠲᠥᠷᠥᠯ ᠵᠦᠢ᠍ᠯ᠎ᠨᠢ ᠥᠪᠥᠷ ᠮᠣᠩᠭᠤᠯ᠎ᠤᠨ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠪᠠᠶᠬᠠᠤᠪᠤᠭ᠎ᠠ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠲᠤ ᠪᠠᠶ᠋ᠢᠷᠢᠯᠠᠵᠤ᠂ ᠰᠢᠨ᠎ᠡ᠎ᠪᠠᠷ ᠪᠠᠶ᠋ᠢᠭᠤᠯᠬᠤ ᠲᠥᠷᠥᠯ ᠵᠦᠢ᠍ᠯ᠎ᠳᠤ ᠬᠠᠷᠢᠶᠠᠯᠠᠭᠳᠠᠨ᠎ᠠ᠃ ᠲᠥᠷᠥᠯ ᠵᠦᠢ᠍ᠯ᠎ᠤᠨ ᠨᠢᠭᠡᠳᠦᠭᠡᠷ ᠬᠤᠭᠤᠴᠠᠭ᠋ᠠᠨ᠎ᠳᠤ ᠵᠢᠯ᠎ᠳᠤ 40 ᠲᠦᠮᠡᠨ ᠲᠣᠨ ᠬᠡᠦᠷᠡᠰᠦᠨ ᠵᠤᠤᠬ᠎ᠠ ᠵᠢᠨ ᠨᠡᠭᠦᠷᠡᠰᠦᠨ ᠬᠡᠢ᠎ᠳᠤ ᠮᠧᠲ᠋ᠢᠯ ᠠᠯᠺᠣᠤᠯ ᠦᠢ᠍ᠯᠡᠳᠬᠦ ᠲᠥᠷᠥᠯ ᠵᠦᠢ᠍ᠯ᠂ ᠵᠢᠯ᠎ᠳᠤ 10 ᠲᠦᠮᠡᠨ ᠲᠣᠨ ᠨᠡᠶ᠋ᠢᠯᠡᠯᠭᠡ ᠰᠢᠪᠲᠦᠷ ᠦᠢ᠍ᠯᠡᠳᠪᠦᠷᠢᠯᠡᠬᠦ ᠲᠥᠷᠥᠯ ᠵᠦᠢ᠍ᠯ᠂ 2 ᠰᠠᠭᠤᠷᠢ 150t / h ᠡᠷᠭᠢᠯᠲᠡᠲᠦ ᠤᠷᠤᠰᠤᠩᠭᠢ ᠬᠡᠪᠰᠢᠭᠦᠯᠬᠦ ᠵᠤᠤᠬ᠎ᠠ ᠵᠢᠨ ᠨᠡᠭᠦᠷᠡᠰᠦ ᠰᠢᠲᠠᠭ᠋ᠠᠬᠤ ᠭᠦᠸᠧᠯᠦ ᠵᠢ ᠪᠦᠲᠦᠭᠡᠨ ᠪᠠᠶ᠋ᠢᠭᠤᠯᠵᠤ᠂ ᠵᠢᠯ᠎ᠳᠤ 8000 ᠴᠠᠭ ᠠᠵᠢᠯᠯᠠᠭᠤᠯᠵᠤ᠂ ᠵᠢᠯ᠎ᠳᠤ 240 ᠲᠦᠮᠡᠨ ᠲᠣᠨ ᠠᠭᠤᠷ ᠦᠢ᠍ᠯᠡᠳᠪᠦᠷᠢᠯᠡᠨ᠂ ᠲᠥᠷᠥᠯ ᠵᠦᠢ᠍ᠯ᠎ᠤᠨ ᠳᠠᠭ᠋ᠠᠯᠳᠠ ᠦᠢ᠍ᠯᠡᠳᠪᠦᠷᠢᠯᠡᠯ᠎ᠤᠨ ᠠᠭᠤᠷ᠎ᠢ ᠭᠠᠳᠠᠭᠰᠢ ᠬᠠᠩᠭ᠋ᠠᠵᠤ ᠪᠣᠢ᠃

   ᠲᠥᠷᠥᠯ ᠵᠦᠢ᠍ᠯ᠎ᠳᠤ ᠬᠠᠲᠤᠨ ᠭᠤᠤᠯ᠎ᠤᠨ ᠭᠤᠤᠯ ᠤᠷᠤᠰᠬᠠᠯ᠎ᠤᠨ ᠭᠠᠵᠠᠷ ᠳᠡᠭᠡᠷᠡᠬᠢ ᠤᠰᠤ (ᠠᠶ᠋ᠢᠮᠠᠭ ᠬᠤᠲᠠ ᠠᠯᠤᠰᠯᠠᠭᠰᠠᠨ ᠨᠢᠭᠡᠳᠦᠭᠡᠷ ᠬᠤᠭᠤᠴᠠᠭ᠋ᠠᠨ᠎ᠤ ᠤᠰᠤᠨ᠎ᠤ ᠡᠷᠬᠡ ᠵᠢ ᠰᠢᠯᠵᠢᠭᠦᠯᠦᠨ ᠥᠭᠬᠦ ᠭᠦᠢ᠍ᠴᠡᠳᠭᠡᠯ ᠲᠤᠭ᠎ᠠ ᠵᠢ ᠵᠥᠪᠰᠢᠶᠡᠷᠡᠵᠦ᠂ ᠠᠯᠠᠱ᠌ᠠ ᠠᠶ᠋ᠢᠮᠠᠭ᠎ᠤᠨ ᠠᠵᠤ ᠠᠬᠤᠶ ᠵᠢᠨ ᠨᠡᠭᠡᠭᠡᠯᠲᠡ ᠵᠢᠨ ᠲᠣᠭᠤᠷᠢᠭ᠎ᠤᠨ ᠬᠠᠲᠤᠨ ᠭᠤᠤᠯ᠎ᠤᠨ ᠤᠰᠤ ᠲᠠᠲᠠᠬᠤ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ᠎ᠤᠨ ᠤᠰᠤ ᠬᠠᠩᠭ᠋ᠠᠬᠤ) ᠤᠰᠤ ᠲᠠᠲᠠᠬᠤ ᠤᠰᠤᠨ ᠰᠤᠷᠪᠤᠯᠵᠢ ᠪᠣᠯᠭ᠋ᠠᠵᠤ᠂ ᠤᠰᠤᠲᠠᠢ ᠪᠠᠯᠭ᠋ᠠᠰᠤᠨ᠎ᠤ ᠠᠮᠢ ᠠᠬᠤᠶ ᠵᠢᠨ ᠨᠣᠭᠤᠭ᠋ᠠᠷᠠᠭᠤᠯᠤᠯᠲᠠ ᠤᠰᠤ ᠬᠠᠩᠭ᠋ᠠᠬᠤ ᠬᠢᠵᠠᠭ᠋ᠠᠷᠲᠤ ᠺᠣᠮᠫᠠᠨᠢ ᠵᠢᠨ ᠪᠠᠶᠠᠨᠰᠢᠭᠤᠢ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠭᠠᠵᠠᠷ ᠳᠣᠤᠷᠠᠬᠢ ᠤᠰᠤ (ᠪᠠᠶᠠᠨᠬᠤᠲᠠ ᠵᠢᠴᠢ ᠵᠠᠮ ᠳᠠᠭ᠋ᠠᠤ ᠵᠢᠨ ᠰᠤᠮᠤ ᠪᠠᠯᠭ᠋ᠠᠰᠤ (ᠪᠠᠶᠬᠠᠤᠪᠤᠭ᠎ᠠ) ᠵᠢᠨ ᠤᠰᠤ ᠤᠮᠳᠠ ᠵᠢᠨ ᠢᠨᠵᠧᠨᠧᠷᠢᠩ ᠵᠶ᠋ᠠᠷ ᠳᠠᠮᠵᠢᠭᠤᠯᠤᠨ ᠠᠮᠢᠳᠤᠷᠠᠯ᠎ᠤᠨ ᠤᠰᠤ ᠲᠠᠲᠠᠬᠤ ᠤᠰᠤᠨ ᠰᠤᠷᠪᠤᠯᠵᠢ ᠪᠣᠯᠭ᠋ᠠᠬᠤ ᠵᠢ       ᠵᠥᠪᠰᠢᠶᠡᠷᠡᠪᠡ᠃  ᠤᠰᠤ ᠳᠠᠮᠵᠢᠭᠤᠯᠬᠤ ᠪᠠ ᠴᠡᠪᠡᠷᠰᠢᠭᠦᠯᠦᠭᠰᠡᠨ ᠬᠤᠬᠢᠷᠠᠯ᠎ᠢ ᠪᠣᠳᠣᠯᠬᠢᠯᠠᠭᠰᠠᠨ᠎ᠤ ᠳᠠᠷᠠᠭ᠎ᠠ᠂ ᠲᠤᠰ ᠲᠥᠷᠥᠯ ᠵᠦᠢ᠍ᠯ᠎ᠤᠨ ᠶᠡᠷᠦᠩᠬᠡᠢ ᠤᠰᠤ ᠠᠪᠤᠭᠰᠠᠨ ᠬᠡᠮᠵᠢᠶ᠎ᠡ᠎ᠨᠢ 198.33 ᠲᠦᠮᠡᠨ m3/a ᠪᠠᠶ᠋ᠢᠵᠤ᠂ ᠡᠭᠦᠨ᠎ᠳᠤ ᠦᠢ᠍ᠯᠡᠳᠪᠦᠷᠢᠯᠡᠯ᠎ᠤᠨ ᠤᠰᠤ ᠲᠠᠲᠠᠭᠰᠠᠨ ᠬᠡᠮᠵᠢᠶ᠎ᠡ᠎ᠨᠢ 196.68 ᠲᠦᠮᠡᠨ m3/a (ᠡᠭᠦᠨ᠎ᠳᠤ ᠠᠭᠤᠷ᠎ᠤᠨ ᠤᠰᠤ ᠲᠠᠲᠠᠭᠰᠠᠨ ᠬᠡᠮᠵᠢᠶ᠎ᠡ᠎ᠨᠢ 89.30 ᠲᠦᠮᠡᠨ m3/a ᠪᠠᠶ᠋ᠢᠵᠤ᠂ ᠥᠪᠡᠷ ᠵᠶ᠋ᠠᠨ ᠬᠡᠷᠡᠭᠯᠡᠬᠦ ᠠᠭᠤᠷ᠎ᠤᠨ ᠤᠰᠤᠨ᠎ᠤ ᠬᠡᠮᠵᠢᠶ᠎ᠡ᠎ᠨᠢ 17.04 ᠲᠦᠮᠡᠨ m3/a ᠪᠠᠶ᠋ᠢᠵᠤ᠂ ᠦᠯᠡᠳᠡᠭᠰᠡᠨ᠎ᠢ᠎ᠨᠢ ᠭᠠᠳᠠᠭᠰᠢ ᠬᠠᠩᠭ᠋ᠠᠬᠤ ᠠᠭᠤᠷ᠎ᠤᠨ ᠤᠰᠤᠨ᠎ᠤ ᠬᠡᠮᠵᠢᠶ᠎ᠡ᠎ᠨᠢ 72.26 ᠲᠦᠮᠡᠨ m3/a)᠂ ᠠᠮᠢᠳᠤᠷᠠᠯ᠎ᠤᠨ ᠤᠰᠤ ᠬᠡᠷᠡᠭᠯᠡᠭᠰᠡᠨ ᠬᠡᠮᠵᠢᠶ᠎ᠡ᠎ᠨᠢ 1.65 ᠲᠦᠮᠡᠨ m3/a ᠪᠠᠶ᠋ᠢᠨ᠎ᠠ᠃  ᠭᠤᠣᠯ ᠪᠣᠯᠬᠤ ᠦᠢ᠍ᠯᠡᠳᠬᠦᠨ᠎ᠤ ᠰᠢᠨ᠎ᠡ ᠤᠰᠤᠨ᠎ᠤ ᠬᠡᠮᠵᠢᠶ᠎ᠡ᠎ᠨᠢ ᠲᠣᠰ ᠲᠣᠰ ᠮᠧᠲ᠋ᠢᠯ ᠠᠯᠺᠣᠣᠯ 2.52m3/t᠂ ᠨᠡᠶ᠋ᠢᠯᠡᠯᠭᠡ ᠰᠢᠪᠲᠦᠷ 1.41m3/t ᠪᠠᠶ᠋ᠢᠵᠤ᠂ 《ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ》 (DB15/T385—2020) ᠵᠢᠴᠢ 《ᠬᠡᠰᠡᠭ ᠠᠵᠢᠯ ᠲᠥᠷᠥᠯ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢ ᠲᠣᠬᠢᠷᠠᠭᠤᠯᠬᠤ ᠲᠤᠬᠠᠶ ᠮᠡᠳᠡᠭᠳᠡᠯ》 (ᠥᠪᠥᠷ ᠤᠰᠤᠨ᠎ᠤ ᠡᠬᠢ ᠪᠠᠶᠠᠯᠢᠭ [2022] 342 ᠳ᠋ᠤᠭ᠋ᠠᠷ ᠲᠣᠭ᠋ᠠᠲᠤ)᠎ᠤᠨ ᠳᠤᠮᠳᠠ ᠮᠧᠲ᠋ᠢᠯ ᠠᠯᠺᠣᠤᠯ᠎ᠤᠨ ᠲᠡᠷᠢᠭᠦᠨ᠎ᠤ ᠤᠰᠤ ᠬᠡᠷᠡᠭᠯᠡᠬᠦ ᠲᠣᠭᠲᠠᠭᠰᠠᠨ ᠨᠣᠷᠮ᠎ᠠ 5.5m3/t᠂ ᠨᠡᠶ᠋ᠢᠯᠡᠯᠭᠡ ᠰᠢᠪᠲᠦᠷ᠎ᠤᠨ ᠲᠡᠷᠢᠭᠦᠨ᠎ᠤ ᠤᠰᠤ ᠬᠡᠷᠡᠭᠯᠡᠬᠦ ᠲᠣᠭᠲᠠᠭᠰᠠᠨ ᠨᠣᠷᠮ᠎ᠠ 7.0m3/t᠂ ᠠᠭᠤᠷ ᠵᠶ᠋ᠠᠷ ᠤᠰᠤ ᠬᠡᠷᠡᠭᠯᠡᠬᠦ ᠨᠣᠷᠮ᠎ᠠ 1.30m3/t᠎ᠤᠨ ᠱᠠᠭ᠋ᠠᠷᠳᠠᠯᠭ᠎ᠠ ᠵᠢ ᠬᠢᠨᠠᠨ ᠲᠣᠭᠲᠠᠭ᠋ᠠᠵᠤ᠂ ᠦᠢ᠍ᠯᠡᠳᠪᠦᠷᠢ ᠵᠢᠨ ᠲᠣᠭᠤᠷᠢᠭ᠎ᠤᠨ ᠠᠵᠢᠯᠲᠠᠨ ᠠᠵᠢᠯᠴᠢᠨ᠎ᠤ ᠶᠡᠷᠦᠩᠬᠡᠶ᠋ᠢᠯᠡᠭᠰᠡᠨ ᠠᠮᠢᠳᠤᠷᠠᠯ᠎ᠳᠤ ᠬᠡᠷᠡᠭᠯᠡᠬᠦ ᠤᠰᠤᠨ᠎ᠤ ᠭᠦᠢ᠍ᠴᠡᠳᠬᠡᠯ ᠲᠤᠭ᠎ᠠ 107.4L/ ᠬᠥᠮᠦᠨ·d ᠂ 《ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠪᠠᠷᠢᠮᠵᠢᠶ᠎ᠠ》 (DB15/T385—2020)᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠨ᠎ᠡ᠃ ᠲᠥᠷᠥᠯ ᠵᠦᠢ᠍ᠯ᠎ᠨᠢ ᠤᠰᠤ ᠲᠠᠲᠠᠵᠤ ᠬᠡᠷᠡᠭᠯᠡᠬᠦ ᠣᠷᠣᠨ ᠪᠦᠰᠡ ᠵᠢᠨ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠴᠢ 《ᠭᠤᠷᠪᠠᠨ ᠵᠤᠷᠪᠤᠰ ᠤᠯᠠᠭ᠋ᠠᠨ ᠱᠤᠭᠤᠮ》᠎ᠤᠨ ᠭᠦᠢ᠍ᠴᠡᠳᠬᠡᠬᠦ ᠲᠣᠭ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠨ᠎ᠡ᠃

   ᠲᠥᠷᠥᠯ ᠵᠦᠢ᠍ᠯ᠎ᠳᠤ ᠳᠤᠷᠠᠳᠤᠭᠰᠠᠨ ᠤᠰᠤ ᠠᠷᠪᠢᠯᠠᠬᠤ ᠦᠨᠡᠯᠡᠯᠲᠡ ᠵᠢᠨ ᠬᠠᠮᠢᠶ᠎ᠠ ᠪᠦᠬᠦᠢ ᠠᠭᠤᠯᠭ᠎ᠠ ᠵᠢ ᠦᠨᠳᠦᠰᠦᠨ᠎ᠳᠡᠭᠡᠨ ᠵᠥᠪᠰᠢᠶᠡᠷᠡᠨ᠎ᠡ᠃ ᠲᠠᠨ᠎ᠤ ᠺᠣᠮᠫᠠᠨᠢ ᠬᠠᠮᠢᠶ᠎ᠠ ᠪᠦᠬᠦᠢ ᠤᠰᠤ ᠠᠷᠪᠢᠯᠠᠬᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠤᠰᠤ ᠠᠷᠪᠢᠯᠠᠬᠤ ᠲᠥᠬᠦᠭᠡᠷᠦᠮᠵᠢ ᠵᠢ ᠭᠤᠣᠯ ᠴᠣᠭᠴᠠ ᠵᠢᠨ ᠢᠨᠵᠧᠨᠧᠷᠢᠩ᠎ᠲᠠᠢ ᠵᠡᠷᠭᠡ᠎ᠪᠠᠷ ᠵᠢᠷᠤᠵᠤ ᠲᠥᠯᠥᠪᠯᠡᠨ᠂ ᠵᠡᠷᠭᠡ᠎ᠪᠠᠷ ᠪᠠᠷᠢᠵᠤ᠂ ᠵᠡᠷᠭᠡ᠎ᠪᠠᠷ ᠠᠰᠢᠭᠯᠠᠯᠲᠠ᠎ᠳᠤ ᠣᠷᠣᠭᠤᠯᠬᠤ ᠬᠡᠷᠡᠭᠲᠡᠶ᠃

   ᠲᠥᠷᠥᠯ ᠵᠦᠢ᠍ᠯ᠎ᠤᠨ ᠦᠢ᠍ᠯᠡᠳᠪᠦᠷᠢᠯᠡᠯ᠂ ᠠᠮᠢᠳᠤᠷᠠᠯ᠎ᠤᠨ ᠪᠣᠬᠢᠷ ᠤᠰᠤ ᠬᠠᠶᠠᠭᠳᠠᠮᠠᠯ ᠤᠰᠤ ᠵᠢ ᠰᠢᠢ᠍ᠳᠪᠦᠷᠢᠯᠡᠬᠦ᠎ᠨᠢ ᠠᠯᠠᠱ᠌ᠠ ᠠᠶ᠋ᠢᠮᠠᠭ᠎ᠤᠨ ᠬᠤ᠌ ᠮᠧᠩ ᠡᠨᠧᠷᠭᠢ ᠵᠢᠨ ᠠᠵᠤ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ 600 ᠲᠦᠮᠡᠨ t/a ᠦᠢ᠍ᠯᠡᠳᠪᠦᠷᠢᠯᠡᠵᠦ ᠬᠡᠦᠷᠰᠢᠭᠦᠯᠬᠦ ᠲᠥᠷᠥᠯ ᠵᠦᠢ᠍ᠯ᠎ᠤᠨ ᠪᠣᠬᠢᠷ ᠤᠰᠤ ᠰᠢᠢ᠍ᠳᠪᠦᠷᠢᠯᠡᠬᠦ ᠥᠷᠲᠡᠭᠡ᠎ᠳᠤ ᠲᠦᠰᠢᠭᠯᠡᠨ᠂ ᠬᠠᠶᠠᠭᠳᠠᠮᠠᠯ ᠤᠰᠤ ᠵᠢ ᠰᠢᠢ᠍ᠳᠪᠦᠷᠢᠯᠡᠬᠦ᠎ᠪᠠᠷ ᠳᠠᠮᠵᠢᠭᠤᠯᠤᠨ ᠪᠦᠬᠦᠨ᠎ᠢ ᠲᠣᠰ ᠲᠥᠷᠥᠯ ᠵᠦᠢ᠍ᠯ᠎ᠳᠤ ᠬᠡᠷᠡᠭᠯᠡᠨ᠎ᠡ᠃

   ᠲᠠᠨ᠎ᠤ ᠺᠣᠮᠫᠠᠨᠢ ᠤᠰᠤ ᠠᠪᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠬᠤᠯᠪᠣᠭᠳᠠᠯ ᠪᠦᠬᠦᠢ ᠲᠣᠭᠲᠠᠭ᠋ᠠᠯ ᠪᠠ 《ᠤᠰᠤ ᠠᠪᠬᠤ ᠬᠡᠮᠵᠢᠯᠲᠡ ᠵᠢᠨ ᠮᠡᠷᠭᠡᠵᠢᠯ᠎ᠤᠨ ᠵᠢᠯᠣᠭᠤᠳᠬᠤ ᠳᠦᠷᠢᠮ》 (GB/T28714 — 2023)᠎ᠤᠨ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ᠂ ᠤᠰᠤ ᠠᠪᠬᠤ ᠬᠡᠮᠵᠢᠯᠲᠡ ᠵᠢᠨ ᠪᠡᠯᠡᠳᠬᠡᠮᠵᠢ ᠪᠠ ᠰᠦᠯᠵᠢᠶᠡᠨ ᠳᠡᠭᠡᠷᠡᠬᠢ ᠬᠡᠮᠵᠢᠯᠲᠡ ᠵᠢᠨ ᠳᠠᠮᠵᠢᠭᠤᠯᠬᠤ ᠲᠥᠬᠦᠭᠡᠷᠦᠮᠵᠢ ᠵᠢ ᠤᠭᠰᠠᠷᠠᠬᠤ ᠵᠢᠨ ᠬᠠᠮᠲᠤ ᠲᠡᠭᠦᠨ᠎ᠤ ᠬᠡᠪ᠎ᠤᠨ ᠠᠵᠢᠯᠯᠠᠭ᠋ᠠᠨ᠎ᠢ ᠪᠠᠲᠤᠯᠠᠵᠤ᠂ ᠤᠰᠤᠨ᠎ᠤ ᠬᠡᠮᠵᠢᠶ᠎ᠡ ᠵᠢ ᠬᠢᠨᠠᠨ ᠬᠡᠮᠵᠢᠭᠰᠡᠨ ᠲᠤᠭ᠎ᠠ ᠪᠠᠷᠢᠮᠲᠠ ᠵᠢ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠲᠣᠭᠲᠠᠭᠤᠨ ᠵᠶ᠋ᠠᠷ ᠳᠠᠮᠵᠢᠭᠤᠯᠬᠤ ᠵᠢ ᠦᠨᠡᠨᠬᠦ ᠪᠠᠲᠤᠯᠠᠨ᠎ᠠ᠃  ᠤᠰᠤ ᠠᠪᠬᠤ ᠪᠠᠷᠢᠯᠭ᠎ᠠ ᠪᠤᠶᠤ ᠪᠡᠯᠡᠳᠬᠡᠮᠵᠢ ᠵᠢ ᠪᠠᠶ᠋ᠢᠭᠤᠯᠵᠤ ᠳᠠᠭᠤᠰᠬᠠᠬᠤ ᠵᠢᠨ ᠬᠠᠮᠲᠤ ᠲᠤᠷᠰᠢᠨ ᠠᠵᠢᠯᠯᠠᠭᠤᠯᠤᠭ᠋ᠠᠳ 30 ᠡᠳᠦᠷ᠎ᠤᠨ ᠳᠠᠷᠠᠭ᠎ᠠ᠂ 《ᠤᠰᠤ ᠠᠪᠬᠤ ᠵᠥᠪᠰᠢᠶᠡᠷᠡᠯ ᠪᠠ ᠤᠰᠤᠨ᠎ᠤ ᠡᠬᠢ ᠪᠠᠶᠠᠯᠢᠭ᠎ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠵᠢᠨ ᠳᠦᠷᠢᠮ》 ᠪᠣᠯᠤᠨ 《ᠤᠰᠤ ᠠᠪᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠮᠠᠨ᠎ᠤ ᠲᠢᠩᠬᠢᠮ᠎ᠳᠤ ᠬᠣᠯᠪᠣᠭᠳᠠᠯ ᠪᠦᠬᠦᠢ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠬᠦ ᠵᠢᠨ ᠬᠠᠮᠲᠤ ᠬᠢᠨᠠᠨ ᠰᠢᠯᠭ᠋ᠠᠭᠤᠯᠬᠤ᠎ᠪᠠᠷ ᠭᠤᠶᠤᠴᠢᠯᠠᠬᠤ ᠬᠡᠷᠡᠭᠲᠡᠶ᠃

   ᠲᠤᠰ ᠲᠣᠭᠲᠠᠭ᠋ᠠᠯ᠎ᠤᠨ ᠬᠦᠴᠦᠨ᠎ᠲᠠᠢ ᠬᠤᠭᠤᠴᠠᠭ᠎ᠠ᠎ᠨᠢ 3 ᠵᠢᠯ ᠪᠣᠯᠣᠨ᠎ᠠ᠃ ᠬᠡᠷᠪᠡ ᠲᠤᠰ ᠲᠥᠷᠥᠯ ᠵᠦᠢ᠍ᠯ᠎ᠤᠨ ᠰᠢᠨᠵᠢ ᠴᠢᠨᠠᠷ᠂ ᠬᠡᠪᠴᠢᠶ᠎ᠡ᠂ ᠤᠰᠤ ᠲᠠᠲᠠᠬᠤ ᠭᠠᠵᠠᠷ᠂ ᠤᠰᠤᠨ᠎ᠤ ᠡᠬᠢ ᠰᠤᠷᠪᠤᠯᠵᠢ᠂ ᠤᠰᠤ ᠲᠠᠲᠠᠬᠤ ᠬᠡᠮᠵᠢᠶ᠎ᠡ᠂ ᠤᠰᠤ ᠲᠠᠲᠠᠬᠤ ᠬᠡᠷᠡᠭᠴᠡᠭᠡ ᠵᠡᠷᠭᠡ᠎ᠳᠤ ᠴᠢᠬᠤᠯᠠ ᠶᠡᠬᠡ ᠬᠤᠪᠢᠷᠠᠯᠲᠠ ᠭᠠᠷᠪᠠᠯ᠂ ᠤᠰᠤ ᠲᠠᠲᠠᠬᠤ ᠵᠥᠪᠰᠢᠶᠡᠷᠡᠯ᠎ᠢ ᠳᠠᠬᠢᠵᠤ ᠭᠤᠶᠤᠴᠢᠯᠠᠬᠤ ᠬᠡᠷᠡᠭᠲᠡᠶ᠃

   ᠳᠠᠭ᠋ᠠᠯᠳᠤᠭᠤᠯᠤᠯ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠤᠨ 《ᠠᠯᠠᠱ᠌ᠠ ᠠᠶ᠋ᠢᠮᠠᠭ᠎ᠤᠨ ᠳ᠋ᠦᠩ ᠬᠠᠢ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠬᠡᠦᠷᠡᠰᠦᠨ ᠵᠤᠤᠬ᠎ᠠ ᠵᠢᠨ ᠨᠡᠭᠦᠷᠡᠰᠦᠨ ᠬᠡᠢ ᠵᠢ ᠶᠡᠷᠦᠩᠬᠡᠶ᠋ᠢᠯᠡᠨ ᠠᠰᠢᠭᠯᠠᠬᠤ ᠲᠥᠷᠥᠯ ᠵᠦᠢ᠍ᠯ᠎ᠤᠨ ᠨᠢᠭᠡᠳᠦᠭᠡᠷ ᠬᠤᠭᠤᠴᠠᠭ᠋ᠠᠨ᠎ᠤ ᠲᠥᠷᠥᠯ ᠵᠦᠢ᠍ᠯ᠎ᠤᠨ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ ᠵᠢᠨ ᠮᠡᠳᠡᠭᠦᠯᠦᠯᠲᠡ ᠵᠢᠨ ᠪᠢᠴᠢᠭ᠎ᠢ ᠬᠢᠨᠠᠨ ᠪᠠᠶ᠋ᠢᠴᠠᠭ᠋ᠠᠬᠤ ᠰᠠᠨᠠᠯ》᠎ᠤᠨ ᠲᠤᠬᠠᠶ ᠮᠡᠳᠡᠭᠦᠯᠦᠯᠲᠡ


  2024 ᠣᠨ᠎ᠤ 4  ᠳ᠋ᠦ᠍ᠭᠡᠷ ᠰᠠᠷ᠎ᠠ ᠵᠢᠨ 3᠎ᠤ ᠡᠳᠦᠷ


 

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠰᠢᠬᠯᠠᠯᠳᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            