ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠢᠴᠢᠭ ᠮᠠᠲ᠋ᠧᠷᠢᠶᠠᠯ
ᠰᠦᠨᠢᠳ᠎ᠤᠨ ᠵᠢᠨ ᠰᠢ ᠠᠯᠲᠠᠨ ᠠᠭᠤᠷᠬᠠᠢ ᠵᠢᠨ ᠦᠢ᠍ᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠪᠢ ᠯᠢ ᠡᠾᠸ ᠠᠭᠤᠷᠬᠠᠢ ᠵᠢᠨ ᠤᠷᠤᠨ᠎ᠤ Ⅱ ᠨᠣᠮᠧᠷᠲᠦ ᠠᠭᠤᠷᠬᠠᠢ ᠵᠢᠨ ᠬᠦᠳᠡᠷ ᠨᠡᠭᠡᠭᠡᠨ ᠮᠠᠯᠲᠠᠬᠤ ᠴᠢᠳᠠᠮᠵᠢ ᠵᠢ ᠥᠷᠭᠡᠳᠭᠡᠬᠦ ᠲᠥᠷᠥᠯ ᠵᠦᠢ᠍ᠯ᠎ᠤᠨ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ᠎ᠢ ᠬᠢᠨᠠᠨ ᠵᠦᠪᠰᠢᠶᠡᠷᠡᠬᠦ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠲᠣᠭᠲᠠᠭ᠋ᠠᠯ᠎ᠤᠨ ᠪᠢᠴᠢᠭ
ᠨᠡᠶ᠋ᠢᠲᠡᠯᠡᠭᠰᠡᠨ ᠴᠠᠭ᠄ 2024-04-08

   ᠬᠡᠯᠬᠢᠶᠡᠰᠦᠨ ᠨᠣᠮᠧᠷ᠄ 000014348/2024-02319

   ᠭᠤᠣᠯ ᠰᠡᠳᠦᠪ᠎ᠤᠨ ᠠᠩᠭᠢᠯᠠᠯ᠄ ᠪᠤᠰᠤᠳ

   ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ

   ᠪᠢᠴᠢᠭ᠎ᠤᠨ ᠳ᠋ᠤᠭ᠋ᠠᠷ᠄ ᠦᠪᠦᠷ ᠤᠰᠤ ᠬᠠᠮᠠᠭ᠋ᠠᠯᠠᠬᠤ ᠵᠦᠪᠰᠢᠶᠡᠷᠡᠯ ᠲᠤᠭᠲᠠᠭ᠋ᠠᠯ [2024] 27 ᠳ᠋ᠤᠭ᠋ᠠᠷ ᠲᠣᠭ᠋ᠠᠲᠤ

   ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ᠎ᠤ 4 ᠳ᠋ᠦ᠍ᠭᠡᠷ ᠰᠠᠷ᠎ᠠ ᠵᠢᠨ 2᠎ᠤ ᠡᠳᠦᠷ

   ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ

ᠰᠦᠨᠢᠳ᠎ᠤᠨ ᠵᠢᠨ ᠰᠢ ᠠᠯᠲᠠᠨ ᠠᠭᠤᠷᠬᠠᠶ ᠵᠢᠨ ᠦᠢ᠍ᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠄

   ᠮᠠᠨ᠎ᠤ ᠲᠢᠩᠬᠢᠮ 2024 ᠣᠨ᠎ᠤ 3 ᠳ᠋ᠤᠭ᠋ᠠᠷ ᠰᠠᠷ᠎ᠠ ᠵᠢᠨ 4᠎ᠤ ᠡᠳᠦᠷ ᠮᠠᠨ᠎ᠤ ᠺᠣᠮᠫᠠᠨᠢ ᠵᠢᠨ ᠳᠤᠷᠠᠳᠤᠭᠰᠠᠨ ᠰᠦᠨᠢᠳ᠎ᠤᠨ ᠵᠢᠨ ᠰᠢ ᠠᠯᠲᠠᠨ ᠠᠭᠤᠷᠬᠠᠢ ᠵᠢᠨ ᠦᠢ᠍ᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠪᠢ ᠯᠢ ᠡᠾᠸ ᠠᠭᠤᠷᠬᠠᠢ ᠵᠢᠨ ᠣᠷᠣᠨ᠎ᠤ Ⅱ ᠨᠣᠮᠧᠷᠲᠤ ᠠᠭᠤᠷᠬᠠᠢ ᠬᠦᠳᠡᠷ ᠨᠡᠭᠡᠭᠡᠨ ᠮᠠᠯᠲᠠᠬᠤ ᠴᠢᠳᠠᠮᠵᠢ ᠵᠢ ᠥᠷᠭᠡᠳᠬᠡᠬᠦ ᠲᠦᠷᠦᠯ ᠵᠦᠢ᠍ᠯ᠎ᠤᠨ ᠤᠰᠤ ᠰᠢᠷᠣᠢ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ᠎ᠢ ᠬᠢᠨᠠᠨ ᠵᠥᠪᠰᠢᠶᠡᠷᠡᠬᠦ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠦᠷᠢᠯᠡᠨ᠎ᠡ᠃  ᠬᠢᠨᠠᠨ ᠪᠠᠶ᠋ᠢᠴᠠᠭ᠋ᠠᠭ᠋ᠠᠳ᠂ ᠲᠤᠰ ᠭᠤᠶᠤᠴᠢᠯᠠᠯ᠎ᠨᠢ ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠵᠦ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠨ ᠭᠤᠴᠢᠨ ᠨᠠᠢ᠍ᠮᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠂ 《ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠡᠷᠡᠭᠵᠢᠭᠦᠯᠬᠦ ᠠᠷᠭ᠎ᠠ》 ᠵᠢᠨ ᠭᠤᠴᠢᠨ ᠬᠣᠶᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠢ ᠦᠨᠳᠦᠰᠦᠯᠡᠨ᠂ ᠵᠠᠰᠠᠭ ᠵᠠᠬᠢᠷᠭ᠋ᠠᠨ᠎ᠤ ᠵᠥᠪᠰᠢᠶᠡᠷᠡᠯ ᠣᠯᠭᠣᠬᠤ ᠵᠢ ᠵᠥᠪᠰᠢᠶᠡᠷᠡᠬᠦ᠎ᠪᠠᠷ ᠲᠣᠭᠲᠠᠪᠠ᠃

   ᠰᠦᠨᠢᠳ᠎ᠤᠨ ᠵᠢᠨ ᠰᠢ ᠠᠯᠲᠠᠨ ᠠᠭᠤᠷᠬᠠᠶ ᠵᠢᠨ ᠦᠢ᠍ᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠪᠢ ᠯᠢ ᠡᠾᠸ ᠠᠭᠤᠷᠬᠠᠶ ᠵᠢᠨ ᠣᠷᠣᠨ᠎ᠤ Ⅱ  ᠨᠣᠮᠧᠷᠲᠦ ᠠᠭᠤᠷᠬᠠᠢ ᠵᠢᠨ ᠬᠦᠳᠡᠷ ᠨᠡᠭᠡᠭᠡᠨ ᠮᠠᠯᠲᠠᠬᠤ ᠴᠢᠳᠠᠮᠵᠢ ᠵᠢ ᠥᠷᠭᠡᠳᠭᠡᠬᠦ ᠲᠥᠷᠥᠯ ᠵᠦᠢ᠍ᠯ᠎ᠨᠢ ᠰᠢᠯᠢ ᠵᠢᠨ ᠭᠤᠤᠯ ᠠᠶ᠋ᠢᠮᠠᠭ᠎ᠤᠨ ᠰᠥᠨᠢᠳ ᠪᠠᠷᠠᠭᠤᠨ ᠬᠤᠰᠢᠭᠤᠨ᠎ᠤ ᠬᠢᠯᠢ᠎ᠳᠤ ᠪᠠᠶ᠋ᠢᠷᠢᠯᠠᠵᠤ᠂ ᠦᠢ᠍ᠯᠡᠳᠪᠦᠷᠢᠯᠡᠯ᠎ᠤᠨ ᠬᠡᠪᠴᠢᠶ᠎ᠡ᠎ᠨᠢ ᠠᠯᠲᠠ ᠮᠠᠯᠲᠠᠬᠤ ᠬᠦᠳᠡᠷ ᠮᠠᠯᠲᠠᠬᠤ ᠵᠢᠯ᠎ᠳᠤ 20 ᠲᠦᠮᠡᠨ ᠲᠣᠨ ᠪᠠᠶ᠋ᠢᠵᠤ᠂ ᠠᠭᠤᠷᠬᠠᠢ ᠵᠢᠨ ᠠᠵᠤ ᠦᠢ᠍ᠯᠡᠳᠪᠦᠷᠢ ᠵᠢᠨ ᠲᠠᠯᠠᠪᠤᠷ᠂ ᠬᠠᠶᠠᠭᠳᠠᠮᠠᠯ ᠴᠢᠯᠠᠭᠤᠨ᠎ᠤ ᠡᠷᠭᠢᠯᠲᠡ ᠵᠢᠨ ᠲᠠᠯᠠᠪᠤᠷ ᠵᠶ᠋ᠠᠷ ᠪᠦᠷᠢᠯᠳᠦᠪᠡ᠃  ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠡᠵᠡᠯᠡᠭᠰᠡᠨ ᠭᠠᠵᠠᠷ᠎ᠤᠨ ᠲᠠᠯᠠᠪᠠᠶ᠎ᠨᠢ 3.90 ᠾᠧᠺᠲ᠋ᠠᠷ ᠪᠠᠶ᠋ᠢᠵᠤ᠂ ᠬᠥᠳᠡᠯᠭᠡᠨ ᠬᠡᠷᠡᠭᠯᠡᠭᠰᠡᠨ ᠰᠢᠷᠣᠶ ᠵᠢᠨ ᠴᠢᠯᠠᠭᠤᠨ᠎ᠤ ᠶᠡᠷᠦᠩᠬᠡᠶ ᠬᠡᠮᠵᠢᠶ᠎ᠡ᠎ᠨᠢ 6.95 ᠲᠦᠮᠡᠨ ᠪᠣᠰᠤᠭ᠎ᠠ ᠳᠥᠷᠪᠡᠯᠵᠢᠨ ᠮᠸᠲᠷ᠂ ᠶᠡᠷᠦᠩᠬᠡᠶ ᠪᠡᠯᠡ ᠣᠷᠣᠭᠤᠯᠤᠯᠲᠠ᠎ᠨᠢ 1526 ᠲᠦᠮᠡᠨ ᠲᠥᠭᠦᠷᠢᠭ ᠪᠣᠯᠤᠨ᠎ᠠ᠃ ᠢᠨᠵᠧᠨᠧᠷᠢᠩ᠎ᠨᠢ 2024 ᠣᠨ᠎ᠤ 5 ᠳ᠋ᠤᠭ᠋ᠠᠷ ᠰᠠᠷ᠎ᠠ᠎ᠳᠤ ᠠᠵᠢᠯ ᠵᠶ᠋ᠠᠨ ᠡᠬᠢᠯᠡᠭᠦᠯᠵᠦ᠂ 2026 ᠣᠨ᠎ᠤ 4 ᠳ᠋ᠦ᠍ᠭᠡᠷ ᠰᠠᠷ᠎ᠠ᠎ᠳᠤ ᠠᠵᠢᠯ ᠵᠶ᠋ᠠᠨ ᠳᠠᠭᠤᠰᠬᠠᠵᠤ᠂ ᠶᠡᠷᠦᠩᠬᠡᠶ ᠠᠵᠢᠯ᠎ᠤᠨ ᠬᠤᠭᠤᠴᠠᠭ᠎ᠠ᠎ᠨᠢ 24 ᠰᠠᠷ᠎ᠠ ᠪᠣᠯᠤᠨ᠎ᠠ᠃

   ᠨᠢᠭᠡ᠂ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠤᠨ ᠶᠡᠷᠦᠩᠬᠡᠶ ᠰᠠᠨᠠᠯ

  (ᠨᠢᠭᠡ) ᠪᠦᠲᠦᠭᠡᠨ ᠪᠠᠶ᠋ᠢᠭᠤᠯᠬᠤ ᠬᠤᠭᠤᠴᠠᠭ᠋ᠠᠨ᠎ᠳᠤ ᠤᠰᠤ ᠰᠢᠷᠤᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢᠨ ᠬᠡᠪᠴᠢᠶ᠎ᠡ᠎ᠨᠢ 3.90 ᠾᠧᠺᠲ᠋ᠠᠷ ᠪᠣᠯᠤᠨ᠎ᠠ᠃

  (ᠬᠤᠶᠠᠷ) ᠤᠰᠤ ᠰᠢᠷᠤᠢ ᠵᠢᠨ ᠢᠳᠡᠭᠳᠡᠯ᠎ᠢ ᠰᠡᠷᠭᠡᠢ᠌ᠯᠡᠨ ᠵᠠᠰᠠᠬᠤ ᠠᠵᠢᠯ᠎ᠳᠤ ᠤᠮᠠᠷᠠᠲᠤ ᠵᠢᠨ ᠰᠠᠯᠬᠢ ᠡᠯᠡᠰᠦᠨ᠎ᠤ ᠣᠷᠣᠨ᠎ᠤ ᠨᠢᠭᠡᠳᠦᠭᠡᠷ ᠳᠡᠰ᠎ᠤᠨ ᠰᠡᠷᠭᠡᠢ᠌ᠯᠡᠨ ᠵᠠᠰᠠᠬᠤ ᠪᠠᠷᠢᠮᠵᠢᠶ᠎ᠠ ᠵᠢ ᠬᠡᠷᠡᠭᠵᠢᠭᠦᠯᠬᠦ ᠵᠢ ᠵᠦᠪᠰᠢᠶᠡᠷᠡᠨ᠎ᠡ᠃

  (ᠭᠤᠷᠪᠠ) ᠤᠰᠤ ᠰᠢᠷᠤᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠠᠯᠲᠠ ᠵᠢ ᠦᠨᠳᠦᠰᠦᠨ᠎ᠳᠤ᠎ᠪᠠᠨ ᠵᠥᠪᠰᠢᠶᠡᠷᠡᠪᠡ᠄ ᠤᠰᠤ ᠰᠢᠷᠤᠢ ᠵᠢᠨ ᠢᠳᠡᠭᠳᠡᠯ᠎ᠢ ᠵᠠᠰᠠᠬᠤ ᠬᠡᠮᠵᠢᠶ᠎ᠡ 85%᠂ ᠤᠰᠤ ᠰᠢᠷᠤᠢ ᠵᠢᠨ ᠢᠳᠡᠭᠳᠡᠯ᠎ᠢ ᠬᠢᠵᠠᠭ᠋ᠠᠷᠯᠠᠬᠤ ᠨᠣᠷᠮ᠎ᠠ 0.8%᠂ ᠬᠤᠭ ᠰᠢᠷᠣᠶ ᠵᠢᠨ ᠰᠡᠷᠭᠡᠶ᠋ᠢᠯᠡᠨ ᠬᠠᠮᠠᠭ᠋ᠠᠯᠠᠬᠤ ᠨᠣᠷᠮ᠎ᠠ 87%᠂ ᠤᠰᠤ ᠰᠢᠷᠤᠢ ᠵᠢᠨ ᠬᠠᠮᠠᠭ᠋ᠠᠯᠠᠯᠲᠠ ᠵᠢᠨ ᠨᠣᠷᠮ᠎ᠠ 90% ᠪᠠᠶ᠋ᠢᠵᠤ᠂ ᠣᠶ ᠰᠢᠭᠤᠶ ᠡᠪᠡᠰᠦ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠨᠣᠷᠮ᠎ᠠ 93%᠂ ᠣᠶ ᠰᠢᠭᠤᠶ ᠡᠪᠡᠰᠦ ᠵᠢᠨ ᠪᠦᠷᠬᠦᠴᠡ ᠵᠢᠨ ᠨᠣᠷᠮ᠎ᠠ 22%       ᠪᠣᠯᠤᠨ᠎ᠠ᠃

  (ᠲᠦᠷᠪᠡ) ᠤᠰᠤ ᠰᠢᠷᠤᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ ᠬᠤᠪᠢᠶᠠᠨ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢᠨ ᠲᠣᠬᠢᠷᠠᠭᠤᠯᠤᠯᠲᠠ ᠵᠢ ᠦᠨᠳᠦᠰᠦᠨ᠎ᠳᠡᠭᠡᠨ ᠵᠥᠪᠰᠢᠶᠡᠷᠡᠨ᠎ᠡ᠃

  (ᠲᠠᠪᠤ) ᠦᠨᠳᠦᠰᠦᠨ᠎ᠳᠡᠭᠡᠨ ᠪᠦᠲᠦᠭᠡᠨ ᠪᠠᠢ᠌ᠭᠤᠯᠤᠯᠲᠠ ᠵᠢᠨ ᠬᠤᠭᠤᠴᠠᠭ᠋ᠠᠨ᠎ᠳᠤ ᠤᠰᠤ ᠰᠢᠷᠤᠶ ᠵᠢ ᠬᠠᠮᠠᠭ᠍ᠠᠯᠠᠬᠤ ᠨᠥᠬᠥᠪᠥᠷᠢ᠎ᠨᠢ 6.63 ᠲᠦᠮᠡᠨ ᠲᠥᠭᠥᠷᠢᠭ ᠪᠤᠯᠤᠨ᠎ᠠ᠃

   ᠬᠤᠶᠠᠷ᠂ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠢ᠎ᠨᠢ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠳᠤᠮᠳᠠ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤ ᠰᠢᠷᠣᠢ ᠵᠢ ᠬᠠᠮᠠᠭ᠋ᠠᠯᠠᠬᠤ ᠬᠠᠤᠯᠢ》 ᠵᠢᠨ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢᠨ ᠬᠠᠮᠲᠤ ᠳᠣᠣᠷᠠᠬᠢ ᠠᠵᠢᠯ᠎ᠤᠳ᠎ᠢ ᠭᠤᠣᠯᠳᠠᠯᠭ᠎ᠠ᠎ᠲᠠᠢ ᠰᠠᠶ᠋ᠢᠲᠤᠷ ᠬᠢᠬᠦ ᠬᠡᠷᠡᠭᠲᠡᠢ᠃

  (ᠨᠢᠭᠡ) ᠵᠥᠪᠰᠢᠶᠡᠷᠡᠭᠰᠡᠨ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠤᠨ ᠶᠣᠰᠣᠭ᠋ᠠᠷ᠂ ᠤᠰᠤ ᠰᠢᠷᠤᠢ ᠵᠢ ᠬᠠᠮᠠᠭ᠋ᠠᠯᠠᠬᠤ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠪᠣᠯᠤᠨ ᠪᠠᠷᠢᠯᠭ᠎ᠠ ᠪᠠᠷᠢᠬᠤ ᠵᠢᠷᠤᠭ᠎ᠤᠨ ᠵᠢᠷᠤᠭ ᠲᠥᠯᠥᠪᠯᠡᠭᠡ ᠵᠢ ᠰᠠᠶ᠋ᠢᠲᠤᠷ ᠬᠢᠵᠦ᠂ ᠪᠠᠷᠢᠯᠭ᠎ᠠ ᠪᠠᠷᠢᠬᠤ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠨ᠂ ᠤᠰᠤ ᠰᠢᠷᠤᠢ ᠵᠢ ᠬᠠᠮᠠᠭ᠋ᠠᠯᠠᠬᠤ 《ᠭᠤᠷᠪᠠ ᠵᠢ ᠵᠡᠷᠭᠡ᠎ᠳᠤᠨᠢ ᠬᠢᠬᠦ》 ᠳᠦᠷᠢᠮ᠎ᠢ ᠦᠨᠡᠨᠬᠦ ᠨᠠᠶ᠋ᠢᠳᠠᠪᠤᠷᠢᠵᠢᠭᠤᠯᠬᠤ ᠬᠡᠷᠡᠭᠲᠡᠶ᠃

  (ᠬᠤᠶᠠᠷ) ᠲᠥᠰᠦᠯ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠤᠰᠤ ᠰᠢᠷᠤᠢ ᠵᠢ ᠬᠠᠮᠠᠭ᠋ᠠᠯᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ᠎ᠤᠨ ᠪᠠᠷᠢᠯᠭ᠎ᠠ ᠪᠠᠷᠢᠬᠤ ᠠᠵᠢᠯᠯᠠᠭ᠎ᠠ᠎ᠨᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠳᠤᠷ᠎ᠠ᠎ᠪᠠᠷ ᠵᠶ᠋ᠠᠨ ᠡᠵᠡᠯᠡᠬᠦ᠂ ᠭᠠᠵᠠᠷ᠎ᠤᠨ ᠭᠠᠳᠠᠷᠭᠤ ᠵᠢᠨ ᠤᠷᠭᠤᠮᠠᠯ᠎ᠤᠨ ᠬᠤᠴᠢᠯᠭ᠎ᠠ ᠵᠢ ᠰᠠᠮᠠᠭᠤᠷᠠᠭᠤᠯᠬᠤ ᠪᠠ ᠡᠪᠳᠡᠬᠦ ᠵᠢ ᠴᠢᠩᠭ᠎ᠠ ᠴᠠᠭ᠋ᠠᠵᠠᠯᠠᠵᠤ᠂ ᠤᠰᠤ ᠰᠢᠷᠤᠢ ᠵᠢ ᠰᠠᠯᠭ᠋ᠠᠬᠤ᠂ ᠬᠠᠳᠠᠭ᠋ᠠᠯᠠᠬᠤ ᠪᠠ ᠠᠰᠢᠭᠯᠠᠬᠤ ᠵᠢ ᠰᠠᠶ᠋ᠢᠲᠤᠷ ᠬᠢᠬᠦ ᠬᠡᠷᠡᠭᠲᠡᠶ᠃  ᠲᠦᠷ ᠴᠠᠭ ᠰᠢᠷᠣᠶ ᠣᠪᠣᠭ᠋ᠠᠯᠠᠬᠤ ᠬᠠᠮᠢᠶᠠᠷᠤᠯᠲᠠ ᠵᠢ ᠴᠢᠩᠭ᠋ᠠᠳᠬᠠᠨ᠂ ᠡᠯ᠎ᠡ ᠵᠦᠢ᠍ᠯ᠎ᠤᠨ ᠰᠡᠷᠭᠡᠶ᠋ᠢᠯᠡᠨ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠴᠠᠭ ᠲᠤᠬᠠᠶ᠎ᠳᠤᠨᠢ ᠨᠠᠶ᠋ᠢᠳᠠᠪᠤᠷᠢᠵᠢᠭᠤᠯᠬᠤ ᠬᠡᠷᠡᠭᠲᠡᠶ᠃ ᠲᠥᠰᠦᠯ᠎ᠤᠨ ᠱᠠᠭ᠋ᠠᠷᠳᠠᠯᠭ᠎ᠠ ᠵᠢ ᠦᠨᠳᠦᠰᠦᠯᠡᠨ ᠪᠠᠷᠢᠯᠭ᠎ᠠ ᠪᠠᠷᠢᠬᠤ ᠤᠷᠠᠨ ᠮᠡᠷᠭᠡᠰᠢᠯ᠎ᠢ ᠰᠢᠯᠢᠳᠡᠭᠵᠢᠭᠦᠯᠵᠦ᠂ ᠪᠠᠷᠢᠯᠭ᠎ᠠ ᠪᠠᠷᠢᠬᠤ ᠴᠠᠭ᠎ᠤᠨ ᠳᠡᠰ ᠳᠠᠷᠠᠭ᠋ᠠᠯᠠᠯ ᠪᠠ ᠤᠰᠤ ᠰᠢᠷᠤᠢ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠠᠬᠢᠴᠠ ᠵᠢ ᠵᠦᠶ ᠵᠣᠬᠢᠰᠲᠠᠶ ᠲᠣᠬᠢᠷᠠᠭᠤᠯᠵᠤ᠂ ᠪᠠᠷᠢᠯᠭ᠎ᠠ ᠪᠠᠷᠢᠬᠤ ᠬᠤᠭᠤᠴᠠᠭ᠋ᠠᠨ᠎ᠳᠠᠬᠢ ᠤᠰᠤ ᠰᠢᠷᠤᠢ ᠵᠢᠨ ᠢᠳᠡᠭᠳᠡᠯ᠎ᠢ ᠴᠢᠩᠭ᠎ᠠ ᠬᠢᠵᠠᠭ᠋ᠠᠷᠯᠠᠬᠤ ᠬᠡᠷᠡᠭᠲᠡᠶ᠃

  (ᠭᠤᠷᠪᠠ) ᠤᠰᠤ ᠰᠢᠷᠤᠢ ᠵᠢ ᠬᠠᠮᠠᠭ᠋ᠠᠯᠠᠬᠤ ᠬᠢᠨᠠᠨ ᠬᠡᠮᠵᠢᠬᠦ ᠠᠵᠢᠯ᠎ᠢ ᠦᠨᠡᠨᠬᠦ ᠰᠠᠶ᠋ᠢᠲᠤᠷ ᠬᠢᠵᠦ᠂ ᠤᠰᠤ ᠰᠢᠷᠤᠢ ᠵᠢᠨ ᠢᠳᠡᠭᠳᠡᠯ᠎ᠤᠨ ᠪᠠᠶ᠋ᠢᠳᠠᠯ᠎ᠢ ᠬᠢᠨᠠᠨ ᠡᠵᠡᠮᠳᠡᠬᠦ ᠵᠢ ᠴᠢᠩᠭ᠋ᠠᠳᠬᠠᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠮᠠᠨ᠎ᠤ ᠲᠢᠩᠬᠢᠮ ᠵᠢᠴᠢ ᠰᠢᠯᠢ ᠵᠢᠨ ᠭᠤᠤᠯ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ᠎ᠳᠤ ᠬᠢᠨᠠᠨ ᠬᠡᠮᠵᠢᠯᠲᠡ ᠵᠢᠨ ᠤᠯᠠᠷᠢᠯ᠎ᠤᠨ ᠮᠡᠳᠡᠭᠦᠯᠦᠯᠲᠡ ᠵᠢᠴᠢ ᠳ᠋ᠦᠩᠨᠡᠯᠲᠡ ᠵᠢᠨ ᠮᠡᠳᠡᠭᠦᠯᠦᠯᠲᠡ ᠵᠢ ᠲᠤᠰᠢᠶᠠᠨ᠎ᠠ᠃

  (ᠲᠦᠷᠪᠡ) ᠤᠰᠤ ᠰᠢᠷᠤᠢ ᠵᠢ ᠬᠠᠮᠠᠭ᠋ᠠᠯᠠᠬᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠨᠠᠶ᠋ᠢᠳᠠᠪᠤᠷᠢᠵᠢᠭᠤᠯᠬᠤ ᠵᠢᠨ ᠬᠠᠮᠲᠤ ᠰᠠᠶ᠋ᠢᠲᠤᠷ ᠬᠢᠵᠦ᠂ ᠤᠰᠤ ᠰᠢᠷᠤᠢ ᠵᠢ ᠬᠠᠮᠠᠭ᠋ᠠᠯᠠᠬᠤ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ ᠪᠣᠯᠤᠨ ᠠᠬᠢᠴᠠ ᠵᠢ ᠦᠨᠡᠨᠬᠦ ᠪᠠᠲᠤᠯᠠᠬᠤ ᠬᠡᠷᠡᠭᠲᠡᠶ᠃

  (ᠲᠠᠪᠤ) ᠤᠰᠤ ᠰᠢᠷᠤᠢ ᠵᠢ ᠬᠠᠮᠠᠭ᠋ᠠᠯᠠᠬᠤ ᠨᠥᠬᠦᠪᠥᠷᠢ ᠵᠠᠷᠤᠳᠠᠯ᠎ᠢ ᠬᠠᠤᠯᠢ ᠲᠣᠭᠲᠠᠭ᠋ᠠᠯ ᠶᠣᠰᠣᠭ᠋ᠠᠷ ᠭᠦᠢ᠍ᠴᠡᠳ ᠲᠤᠭ᠎ᠠ᠎ᠪᠠᠷ ᠲᠤᠰᠢᠶᠠᠨ᠎ᠠ᠃

   ᠭᠤᠷᠪᠠ᠂ ᠲᠤᠰ ᠲᠥᠷᠥᠯ᠎ᠤᠨ ᠭᠠᠵᠠᠷ᠂ ᠬᠡᠪᠴᠢᠶ᠎ᠡ᠎ᠨᠢ ᠴᠢᠬᠤᠯᠠ ᠶᠡᠬᠡ ᠬᠤᠪᠢᠷᠠᠯᠲᠠ ᠭᠠᠷᠤᠭᠰᠠᠨ᠂ ᠡᠰᠡᠬᠦᠯ᠎ᠡ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠢ ᠬᠡᠷᠡᠭᠵᠢᠭᠦᠯᠬᠦ ᠶᠠᠪᠤᠴᠠ᠎ᠳᠠᠬᠢ ᠤᠰᠤ ᠰᠢᠷᠤᠢ ᠵᠢ ᠬᠠᠮᠠᠭ᠋ᠠᠯᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠪᠠᠯ᠂ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠳᠤ ᠨᠥᠬᠥᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ᠎ᠤ ᠲᠢᠩᠬᠢᠮ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ       ᠬᠡᠷᠡᠭᠲᠡᠶ᠃  ᠰᠢᠭ᠋ᠠᠷᠤ ᠬᠠᠶᠠᠬᠤ ᠲᠠᠯᠠᠪᠤᠷ᠎ᠢ ᠰᠢᠨ᠎ᠡ᠎ᠪᠠᠷ ᠪᠠᠶ᠋ᠢᠭᠤᠯᠬᠤ ᠴᠢᠬᠤᠯᠠ᠎ᠲᠠᠢ ᠪᠣᠯ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠢ᠎ᠨᠢ ᠰᠢᠭ᠋ᠠᠷᠤ ᠵᠢᠨ ᠬᠡᠮᠵᠢᠶ᠎ᠡ ᠵᠢ ᠪᠠᠭ᠋ᠠᠰᠬᠠᠬᠤ᠂ ᠡᠬᠢ ᠪᠠᠶᠠᠯᠢᠭᠵᠢᠭᠤᠯᠬᠤ ᠨᠤᠲᠠᠯᠠᠯᠲᠠ ᠵᠢ ᠥᠷᠨᠢᠭᠦᠯᠬᠦ ᠵᠢᠨ ᠬᠠᠮᠲᠤ ᠰᠢᠭ᠋ᠠᠷᠤ ᠵᠢ ᠬᠠᠶᠠᠬᠤ᠎ᠠᠴᠠ ᠡᠮᠦᠨ᠎ᠡ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠤᠨ ᠨᠥᠬᠥᠪᠥᠷᠢ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠵᠤ᠂ ᠮᠠᠨ᠎ᠤ ᠲᠢᠩᠬᠢᠮ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃

   ᠳᠥᠷᠪᠡ᠂ ᠲᠠᠨ᠎ᠤ ᠨᠢᠭᠡᠴᠢ ᠪᠣᠯ ᠲᠤᠰ ᠲᠥᠷᠥᠯ ᠵᠦᠢ᠍ᠯ᠎ᠤᠨ ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢ ᠰᠢᠯᠭ᠋ᠠᠨ ᠠᠪᠬᠤ ᠬᠠᠷᠢᠭᠤᠴᠠᠯᠭ᠎ᠠ ᠵᠢᠨ ᠭᠣᠤᠯ ᠴᠣᠭᠴᠠ ᠪᠣᠯᠬᠤ ᠲᠤᠯᠠ᠂ ᠲᠤᠰ ᠲᠥᠷᠥᠯ ᠵᠦᠢ᠍ᠯ᠎ᠢ ᠠᠰᠢᠭᠯᠠᠯᠲᠠ᠎ᠳᠤ ᠣᠷᠣᠭᠤᠯᠬᠤ᠎ᠠᠴᠠ ᠡᠮᠦᠨ᠎ᠡ᠂ ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢ ᠡᠵᠡᠨ ᠮᠡᠳᠡᠵᠦ ᠰᠢᠯᠭ᠋ᠠᠨ ᠠᠪᠬᠤ ᠵᠢ ᠥᠩᠭᠡᠷᠡᠭᠡᠬᠦ ᠬᠡᠷᠡᠭᠲᠡᠶ᠃ ᠡᠵᠡᠨ ᠮᠡᠳᠡᠨ ᠰᠢᠯᠭ᠋ᠠᠨ ᠠᠪᠬᠤ᠎ᠳᠤ ᠤᠰᠤ ᠰᠢᠷᠤᠢ ᠵᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠪᠠᠷᠢᠮᠵᠢᠶ᠎ᠠ ᠵᠢᠨ ᠵᠢᠷᠤᠮᠵᠢᠯ᠂ ᠤᠰᠤ ᠰᠢᠷᠤᠢ ᠵᠢ ᠬᠠᠮᠠᠭ᠋ᠠᠯᠠᠬᠤ ᠲᠥᠰᠦᠯ ᠬᠢᠭᠡᠳ ᠲᠤᠰ ᠬᠢᠨᠠᠨ ᠵᠥᠪᠰᠢᠶᠡᠷᠡᠭᠰᠡᠨ ᠲᠣᠭᠲᠠᠭ᠋ᠠᠯ᠂ ᠤᠰᠤ ᠰᠢᠷᠤᠢ ᠵᠢ ᠬᠠᠮᠠᠭ᠋ᠠᠯᠠᠬᠤ ᠵᠠᠯᠭ᠋ᠠᠮᠵᠢ ᠵᠢᠷᠤᠭ ᠲᠥᠯᠥᠪᠯᠡᠭᠡ ᠵᠡᠷᠭᠡ ᠵᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢ ᠰᠢᠯᠭ᠋ᠠᠨ ᠠᠪᠬᠤ ᠪᠠᠷᠢᠮᠵᠢᠶ᠎ᠠ ᠪᠣᠯᠤᠨ ᠨᠥᠬᠥᠴᠡᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠃  ᠤᠰᠤ ᠰᠢᠷᠣᠢ ᠵᠢ ᠬᠠᠮᠠᠭ᠋ᠠᠯᠠᠬᠤ ᠲᠥᠬᠦᠭᠡᠷᠦᠮᠵᠢ ᠵᠢ ᠪᠡᠶ᠎ᠡ᠎ᠪᠠᠨ ᠳᠠᠭ᠋ᠠᠭ᠋ᠠᠵᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ᠂ ᠠᠯᠪᠠᠨ᠎ᠤ ᠰᠦᠯᠵᠢᠶ᠎ᠡ ᠪᠤᠶᠤ ᠪᠤᠰᠤᠳ ᠤᠯᠠᠨ ᠨᠡᠶ᠋ᠢᠲᠡ ᠵᠢᠨ ᠣᠯᠵᠤ ᠮᠡᠳᠡᠭᠰᠡᠨ ᠰᠦᠯᠵᠢᠶᠡᠨ ᠳᠡᠭᠡᠷ᠎ᠡ ᠤᠰᠤ ᠰᠢᠷᠣᠢ ᠵᠢ ᠬᠠᠮᠠᠭ᠋ᠠᠯᠠᠬᠤ ᠪᠡᠯᠡᠳᠬᠡᠮᠵᠢ ᠵᠢ ᠰᠢᠯᠭ᠋ᠠᠨ ᠠᠪᠬᠤ ᠮᠠᠲ᠋ᠧᠷᠢᠶᠠᠯ᠎ᠢ ᠴᠠᠭ ᠲᠤᠬᠠᠢ᠎ᠳᠤ᠎ᠨᠢ ᠵᠠᠷᠯᠠᠨ ᠨᠡᠶ᠋ᠢᠲᠡᠯᠡᠵᠦ᠂ ᠢᠯᠡ ᠨᠡᠶ᠋ᠢᠲᠡᠯᠡᠬᠦ ᠬᠤᠭᠤᠴᠠᠭ᠎ᠠ ᠵᠢ 20 ᠠᠵᠢᠯᠯᠠᠬᠤ ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ;  ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢ ᠡᠵᠡᠨ ᠮᠡᠳᠡᠨ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠶ ᠪᠣᠯ ᠠᠰᠢᠭᠯᠠᠯᠲᠠ᠎ᠳᠤ ᠣᠷᠣᠭᠤᠯᠤᠨ ᠬᠡᠷᠡᠭᠯᠡᠵᠦ ᠪᠣᠯᠬᠤ ᠦᠭᠡᠶ᠃

   ᠲᠠᠪᠤ᠂ ᠲᠤᠰ ᠵᠥᠪᠰᠢᠶᠡᠷᠡᠯ᠎ᠤᠨ ᠪᠢᠴᠢᠭ ᠮᠠᠲ᠋ᠧᠷᠢᠶᠠᠯ᠎ᠢ ᠵᠥᠪᠰᠢᠶᠡᠷᠡᠭᠰᠡᠨ ᠡᠳᠦᠷ᠎ᠠᠴᠠ ᠡᠬᠢᠯᠡᠨ ᠬᠦᠴᠦᠨ ᠪᠦᠬᠦᠢ ᠬᠤᠭᠤᠴᠠᠭ᠎ᠠ᠎ᠨᠢ 3 ᠵᠢᠯ ᠪᠣᠯᠤᠨ᠎ᠠ᠃ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠋ᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠤᠭᠰᠠᠨ ᠦᠭᠡᠶ ᠪᠣᠯ ᠦᠢ᠍ᠯᠡᠳᠪᠦᠷᠢᠯᠡᠵᠦ ᠪᠦᠲᠦᠭᠡᠨ ᠪᠠᠶ᠋ᠢᠭᠤᠯᠬᠤ ᠨᠢᠭᠡᠴᠢ᠎ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠎ᠠ᠎ᠨᠢ ᠳᠦᠭᠦᠷᠬᠦ᠎ᠠᠴᠠ 30 ᠠᠵᠢᠯᠯᠠᠬᠤ ᠡᠳᠦᠷ᠎ᠤᠨ ᠡᠮᠦᠨ᠎ᠡ ᠮᠠᠨ᠎ᠤ ᠲᠢᠩᠬᠢᠮ᠎ᠳᠤ ᠳᠠᠬᠢᠨ ᠬᠢᠨᠠᠭᠤᠯᠬᠤ᠎ᠪᠠᠷ ᠭᠤᠶᠤᠴᠢᠯᠠᠬᠤ ᠬᠡᠷᠡᠭᠲᠡᠶ᠃  ᠲᠥᠷᠥᠯ ᠵᠦᠢ᠍ᠯ᠎ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠋ᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠤᠭᠰᠠᠨ ᠦᠭᠡᠶ ᠮᠥᠷᠲᠡᠭᠡᠨ ᠳᠠᠬᠢᠵᠤ ᠬᠢᠨᠠᠨ ᠬᠠᠷᠭᠤᠭᠤᠯᠬᠤ᠎ᠪᠠᠷ ᠭᠤᠶᠤᠴᠢᠯᠠᠭᠰᠠᠨ ᠦᠭᠡᠶ ᠪᠤᠶᠤ ᠭᠤᠶᠤᠴᠢᠯᠠᠯ᠎ᠢ ᠳᠠᠬᠢᠵᠤ ᠬᠢᠨᠠᠨ ᠬᠠᠷᠭᠤᠭᠤᠯᠬᠤ᠎ᠪᠠᠷ ᠳᠤᠷᠠᠳᠤᠭᠰᠠᠨ ᠪᠣᠯᠪᠠᠴᠤ ᠵᠥᠪᠰᠢᠶᠡᠷᠡᠭᠳᠡᠭᠰᠡᠨ ᠦᠭᠡᠶ ᠪᠣᠯ᠂ ᠲᠤᠰ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠨᠢ ᠠᠶᠠᠨᠳᠠᠭ᠋ᠠᠨ ᠬᠦᠴᠦᠨ ᠦᠭᠡᠶ ᠪᠣᠯᠤᠨ᠎ᠠ᠃

  

  2024 ᠣᠨ᠎ᠤ 4 ᠳ᠋ᠦ᠍ᠭᠡᠷ ᠰᠠᠷ᠎ᠠ ᠵᠢᠨ 2᠎ᠤᠨ ᠡᠳᠦᠷ


   ᠳᠠᠭ᠋ᠠᠯᠳᠤᠭᠤᠯᠤᠯ 1

   ᠳᠠᠭ᠋ᠠᠯᠳᠤᠭᠤᠯᠤᠯ 2


 

 

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠰᠢᠬᠯᠠᠯᠳᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            