ᠬᠡᠯᠬᠢᠶᠡᠰᠦᠨ ᠨᠣᠮᠧᠷ᠄ 000014348/2024-03173
ᠭᠤᠣᠯ ᠰᠡᠳᠦᠪ᠎ᠤᠨ ᠠᠩᠭᠢᠯᠠᠯ᠄ ᠪᠤᠰᠤᠳ
ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
ᠪᠢᠴᠢᠭ᠎ᠤᠨ ᠳ᠋ᠤᠭ᠋ᠠᠷ᠄ ᠦᠪᠦᠷ ᠤᠰᠤ ᠬᠠᠮᠠᠭ᠋ᠠᠯᠠᠬᠤ ᠵᠦᠪᠰᠢᠶᠡᠷᠡᠯ ᠲᠤᠭᠲᠠᠭ᠋ᠠᠯ [2024] 12 ᠳ᠋ᠤᠭ᠋ᠠᠷ ᠲᠣᠭ᠋ᠠᠲᠤ
ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ᠎ᠤ 5 ᠳ᠋ᠤᠭ᠋ᠠᠷ ᠰᠠᠷ᠎ᠠ ᠵᠢᠨ 8᠎ᠤ ᠡᠳᠦᠷ
ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ
ᠥᠪᠥᠷ ᠮᠣᠩᠭᠤᠯ᠎ᠤᠨ ᠶᠠ ᠾᠧ ᠠᠮᠢᠳᠤ ᠪᠣᠳᠠᠰ᠎ᠤᠨ ᠮᠡᠷᠭᠡᠵᠢᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠄
《ᠬᠠᠲᠤᠨ ᠭᠤᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ᠎ᠠᠴᠠ ᠬᠡᠲᠦᠷᠡᠭᠰᠡᠨ ᠭᠠᠵᠠᠷ ᠣᠷᠣᠨ᠎ᠳᠤ ᠤᠰᠤ ᠠᠪᠬᠤ ᠵᠥᠪᠰᠢᠶᠡᠷᠡᠯ᠎ᠢ ᠰᠢᠨ᠎ᠡ᠎ᠪᠠᠷ ᠨᠡᠮᠡᠭᠳᠡᠭᠦᠯᠬᠦ ᠵᠢ ᠲᠦᠷ ᠵᠣᠭᠰᠣᠭ᠋ᠠᠬᠤ ᠲᠤᠬᠠᠶ ᠤᠰᠤᠨ ᠠᠰᠢᠭᠯᠠᠯᠲᠠ ᠵᠢᠨ ᠶᠠᠮᠤᠨ᠎ᠤ ᠮᠡᠳᠡᠭᠳᠡᠯ》 (ᠤᠰᠤᠨ᠎ᠤ ᠡᠬᠢ ᠪᠠᠶᠠᠯᠢᠭ ᠬᠠᠮᠢᠶᠠᠷᠤᠯᠲᠠ [2020] 280 ᠳ᠋ᠤᠭ᠋ᠠᠷ ᠲᠣᠭ᠋ᠠᠲᠤ)᠂ 《ᠬᠠᠲᠤᠨ ᠭᠤᠤᠯ᠎ᠤᠨ ᠭᠤᠤᠯ ᠤᠷᠤᠰᠬᠠᠯ᠎ᠤᠨ ᠤᠰᠤ ᠠᠪᠴᠦ ᠬᠡᠷᠡᠭᠯᠡᠬᠦ ᠲᠥᠷᠥᠯ ᠵᠦᠢ᠍ᠯ᠎ᠤᠨ ᠤᠰᠤ ᠠᠪᠬᠤ ᠵᠥᠪᠰᠢᠶᠡᠷᠡᠯ᠎ᠤᠨ ᠬᠠᠮᠢᠶᠠᠷᠤᠯᠲᠠ ᠵᠢ ᠰᠢᠯᠵᠢᠭᠦᠯᠦᠨ ᠲᠤᠰᠢᠶᠠᠬᠤ ᠲᠤᠬᠠᠶ ᠬᠠᠲᠤᠨ ᠭᠤᠤᠯ᠎ᠤᠨ [2023] 33 ᠳ᠋ᠤᠭ᠋ᠠᠷ ᠲᠣᠭ᠋ᠠᠲᠤ)᠎ᠤᠨ ᠬᠤᠯᠪᠣᠭᠳᠠᠯ ᠪᠥᠬᠦᠶ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠲᠢᠩᠬᠢᠮ ᠲᠠᠨ᠎ᠤ ᠺᠣᠮᠫᠠᠨᠢ ᠵᠢᠨ ᠵᠢᠯ᠎ᠳᠤ 40000 ᠲᠣᠨ ᠤᠷᠢᠳᠴᠢᠯᠠᠨ ᠬᠤᠯᠢᠮᠠᠭ ᠮᠠᠲ᠋ᠧᠷᠢᠶᠠᠯ ᠵᠢᠴᠢ ᠨᠡᠮᠡᠯᠲᠡ ᠡᠳ᠋᠎ᠤᠨ ᠲᠥᠷᠥᠯ ᠵᠦᠢ᠍ᠯ᠎ᠤᠨ ᠤᠰᠤ ᠠᠪᠬᠤ ᠵᠥᠪᠰᠢᠶᠡᠷᠡᠯ᠎ᠤᠨ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠨ᠎ᠡ᠃ ᠬᠢᠨᠠᠨ ᠪᠠᠶ᠋ᠢᠴᠠᠭ᠋ᠠᠭᠰᠠᠨ ᠵᠶ᠋ᠠᠷ᠂ ᠲᠤᠰ ᠭᠤᠶᠤᠴᠢᠯᠠᠯ᠎ᠨᠢ ᠬᠠᠤᠯᠢ᠎ᠳᠤ ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠵᠡᠢ᠃ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠨ ᠭᠤᠴᠢᠨ ᠨᠠᠢ᠍ᠮᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠂ 《ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠡᠷᠡᠭᠵᠢᠭᠦᠯᠬᠦ ᠠᠷᠭ᠎ᠠ》 ᠵᠢᠨ ᠭᠤᠴᠢᠨ ᠬᠣᠶᠠᠳᠤᠭ᠋ᠠᠷ ᠵᠦᠢ᠍ᠯ᠎ᠤᠨ (ᠨᠢᠭᠡ) ᠵᠤᠷᠪᠤᠰ᠂ 《ᠤᠰᠤ ᠠᠪᠬᠤ ᠵᠥᠪᠰᠢᠶᠡᠷᠡᠯ ᠪᠠ ᠤᠰᠤᠨ᠎ᠤ ᠡᠬᠢ ᠪᠠᠶᠠᠯᠢᠭ᠎ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠵᠢᠨ ᠳᠦᠷᠢᠮ》 ᠪᠣᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠪᠬᠤ ᠵᠥᠪᠰᠢᠶᠡᠷᠡᠯ ᠪᠠ ᠤᠰᠤᠨ᠎ᠤ ᠡᠬᠢ ᠪᠠᠶᠠᠯᠢᠭ᠎ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ》 ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠤᠰᠤ ᠠᠪᠬᠤ ᠵᠥᠪᠰᠢᠶᠡᠷᠡᠯ᠎ᠤᠨ ᠭᠤᠶᠤᠴᠢᠯᠠᠯ᠎ᠢ ᠵᠥᠪᠰᠢᠶᠡᠷᠡᠬᠦ᠎ᠪᠠᠷ ᠲᠣᠭᠲᠠᠪᠠ᠃
ᠥᠪᠥᠷ ᠮᠣᠩᠭᠤᠯ᠎ᠤᠨ ᠶᠠ ᠾᠧ ᠠᠮᠢᠳᠤ ᠪᠣᠳᠠᠰ᠎ᠤᠨ ᠮᠡᠷᠭᠡᠵᠢᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠵᠢᠯ᠎ᠳᠤ 40000 ᠲᠣᠨ ᠪᠡᠯᠡᠳᠬᠡᠯ ᠬᠤᠯᠢᠮᠠᠭ ᠮᠠᠲ᠋ᠧᠷᠢᠶᠠᠯ ᠵᠢᠴᠢ ᠨᠡᠮᠡᠯᠲᠡ ᠡᠳ᠋᠎ᠤᠨ ᠲᠥᠷᠥᠯ ᠵᠦᠢ᠍ᠯ᠎ᠨᠢ ᠠᠯᠠᠱ᠌ᠠ ᠠᠶ᠋ᠢᠮᠠᠭ᠎ᠤᠨ ᠯᠤᠸᠠᠨ ᠵᠢᠩ ᠲᠠᠨ ᠠᠮᠢ ᠠᠬᠤᠶ ᠵᠢᠨ ᠨᠡᠭᠦᠳᠡᠯ ᠠᠷᠠᠳ᠎ᠤᠨ ᠵᠢᠱ᠌ᠢᠶ᠎ᠡ ᠦᠵᠡᠭᠦᠯᠬᠦ ᠣᠷᠣᠨ᠎ᠤ ᠫᠦ᠋ ᠲᠣᠤ ᠳ᠋ᠦᠨᠤ ᠬᠡᠰᠡᠭ ᠣᠷᠣᠨ᠎ᠳᠤ ᠪᠠᠶ᠋ᠢᠷᠢᠯᠠᠵᠤ᠂ ᠦᠢ᠍ᠯᠡᠳᠪᠦᠷᠢᠯᠡᠯ᠎ᠤᠨ ᠴᠢᠳᠠᠪᠤᠷᠢ ᠵᠢᠨ ᠬᠡᠪᠴᠢᠶ᠎ᠡ ᠵᠢ ᠵᠢᠯ᠎ᠳᠤ 40000 ᠲᠣᠨ ᠤᠷᠢᠳᠴᠢᠯᠠᠨ ᠬᠤᠯᠢᠮᠠᠭ ᠮᠠᠲ᠋ᠧᠷᠢᠶᠠᠯ ᠵᠢᠴᠢ ᠨᠡᠮᠡᠯᠲᠡ ᠡᠳ᠋ ᠦᠢ᠍ᠯᠡᠳᠪᠦᠷᠢᠯᠡᠬᠦ ᠵᠢ ᠬᠢᠨᠠᠨ ᠵᠥᠪᠰᠢᠶᠡᠷᠡᠵᠦ᠂ ᠡᠭᠦᠨ᠎ᠳᠤ ᠨᠢᠭᠡᠳᠦᠭᠡᠷ ᠬᠤᠭᠤᠴᠠᠭ᠋ᠠᠨ᠎ᠳᠤ 2 ᠲᠦᠮᠡᠨ ᠲᠣᠨ ᠤᠷᠢᠳᠴᠢᠯᠠᠨ ᠬᠤᠯᠢᠮᠠᠭ ᠪᠣᠷᠳᠣᠭ᠋ᠠᠨ᠎ᠤ ᠦᠢ᠍ᠯᠡᠳᠪᠦᠷᠢᠯᠡᠯ᠎ᠤᠨ ᠱᠤᠭᠤᠮ ᠵᠢᠴᠢ ᠢᠵᠢ ᠪᠥᠷᠢᠳᠦᠭᠦᠯᠬᠦ ᠳᠠᠭ᠋ᠠᠯᠲᠠ ᠪᠡᠯᠡᠳᠬᠡᠮᠵᠢ ᠵᠢ ᠪᠥᠲᠥᠭᠡᠨ ᠪᠠᠶ᠋ᠢᠭᠤᠯᠵᠤ᠂ ᠬᠤᠶᠠᠳᠤᠭ᠋ᠠᠷ ᠬᠤᠭᠤᠴᠠᠭ᠋ᠠᠨ᠎ᠳᠤ ᠵᠢᠯ᠎ᠳᠤ 3000 ᠲᠣᠨ ᠪᠣᠬᠢᠷᠲᠤᠯ ᠥᠬᠡᠶ ᠲᠡᠵᠢᠭᠡᠯ ᠪᠣᠷᠳᠣᠭ᠋ᠠᠨ᠎ᠤ ᠨᠡᠮᠡᠯᠲᠡ ᠡᠳ᠋ ᠵᠢᠴᠢ 1.5 ᠲᠦᠮᠡᠨ ᠲᠣᠨ ᠤᠷᠢᠳᠴᠢᠯᠠᠨ ᠬᠤᠯᠢᠮᠠᠭ ᠪᠣᠷᠳᠣᠭ᠋ᠠᠨ᠎ᠤ ᠦᠢ᠍ᠯᠡᠳᠪᠦᠷᠢᠯᠡᠯ᠎ᠤᠨ ᠱᠤᠭᠤᠮ᠎ᠢ ᠪᠥᠲᠥᠭᠡᠨ ᠪᠠᠶ᠋ᠢᠭᠤᠯᠵᠤ᠂ ᠲᠣᠰ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠬᠤᠭᠤᠴᠠᠭ᠎ᠠ ᠵᠢ 2023 ᠣᠨ᠎ᠤ 9 ᠳ᠋ᠦ᠍ᠭᠡᠷ ᠰᠠᠷ᠎ᠠ᠎ᠠᠴᠠ 2025 ᠣᠨ᠎ᠤ 8 ᠳ᠋ᠤᠭ᠋ᠠᠷ ᠰᠠᠷ᠎ᠠ᠎ᠳᠤ ᠰᠢᠨ᠎ᠡ᠎ᠪᠠᠷ ᠪᠠᠶ᠋ᠢᠭᠤᠯᠤᠭᠰᠠᠨ ᠲᠥᠷᠥᠯ ᠵᠦᠢ᠍ᠯ᠎ᠳᠤ ᠬᠠᠷᠢᠶᠠᠯᠠᠭᠤᠯᠤᠨ᠎ᠠ᠃
ᠲᠥᠷᠥᠯ ᠵᠦᠢ᠍ᠯ᠎ᠳᠤ ᠬᠠᠲᠤᠨ ᠭᠤᠤᠯ᠎ᠤᠨ ᠭᠤᠤᠯ ᠤᠷᠤᠰᠬᠠᠯ᠎ᠤᠨ ᠭᠠᠵᠠᠷ ᠳᠡᠭᠡᠷᠡᠬᠢ ᠤᠰᠤ (ᠥᠪᠥᠷ ᠮᠣᠩᠭᠤᠯ᠎ᠤᠨ ᠪᠸᠢ ᠺᠦᠩ ᠵᠢᠩ᠎ᠲᠠᠢ ᠡᠨᠧᠷᠭᠢ ᠵᠢᠨ ᠬᠥᠭᠵᠢᠯᠲᠡ ᠵᠢᠨ ᠬᠢᠵᠠᠭ᠋ᠠᠷᠲᠤ ᠺᠣᠮᠫᠠᠨᠢ ᠵᠢᠨ ᠰᠤᠯᠠ ᠲᠠᠯᠪᠢᠵᠤ ᠰᠢᠢ᠍ᠳᠪᠦᠷᠢᠯᠡᠬᠦ ᠤᠰᠤᠨ᠎ᠤ ᠭᠦᠢ᠍ᠴᠡᠳᠭᠡᠯ ᠲᠤᠭ᠎ᠠ ᠠᠶ᠋ᠢᠮᠠᠭ ᠬᠤᠲᠠ ᠠᠯᠤᠰᠯᠠᠭᠰᠠᠨ ᠨᠢᠭᠡᠳᠦᠭᠡᠷ ᠬᠤᠭᠤᠴᠠᠭ᠋ᠠᠨ᠎ᠤ ᠤᠰᠤᠨ᠎ᠤ ᠡᠷᠬᠡ ᠵᠢ ᠰᠢᠯᠵᠢᠭᠦᠯᠦᠨ ᠥᠭᠬᠦ ᠭᠦᠢ᠍ᠴᠡᠳᠭᠡᠯ ᠲᠤᠭᠠᠳᠤ ᠬᠠᠷᠢᠶᠠᠯᠠᠭᠳᠠᠬᠤ ᠵᠢ ᠵᠥᠪᠰᠢᠶᠡᠷᠡᠨ᠎ᠡ)᠎ᠪᠠᠷ ᠦᠢ᠍ᠯᠡᠳᠪᠦᠷᠢᠯᠡᠯ ᠪᠠ ᠠᠮᠢᠳᠤᠷᠠᠯ᠎ᠤᠨ ᠤᠰᠤ ᠠᠪᠬᠤ ᠤᠰᠤᠨ ᠰᠤᠷᠪᠤᠯᠵᠢ ᠪᠣᠯᠭ᠋ᠠᠬᠤ ᠵᠢ ᠵᠦᠪᠰᠢᠶᠡᠷᠡᠪᠡ᠃ ᠤᠰᠤ ᠳᠠᠮᠵᠢᠭᠤᠯᠬᠤ ᠪᠠ ᠴᠡᠪᠡᠷᠰᠢᠭᠦᠯᠦᠭᠰᠡᠨ ᠬᠤᠬᠢᠷᠠᠯ᠎ᠢ ᠪᠣᠳᠣᠯᠬᠢᠯᠠᠭᠰᠠᠨ᠎ᠤ ᠳᠠᠷᠠᠭ᠎ᠠ᠂ ᠲᠣᠰ ᠲᠥᠷᠥᠯ ᠵᠦᠢ᠍ᠯ᠎ᠤᠨ ᠢᠨᠵᠸᠨ᠋ᠸᠷᠢᠩ᠎ᠤᠨ ᠪᠠᠷᠢᠬᠤ ᠬᠤᠭᠤᠴᠠᠭ᠋ᠠᠨ᠎ᠤ ᠤᠰᠤ ᠠᠪᠤᠭᠰᠠᠨ ᠶᠡᠷᠦᠩᠬᠡᠶ ᠬᠡᠮᠵᠢᠶ᠎ᠡ 0.2061 ᠲᠦᠮᠡᠨ m3/a ᠪᠠᠶ᠋ᠢᠬᠤ ᠵᠢ ᠬᠢᠨᠠᠨ ᠲᠣᠭᠲᠠᠭ᠋ᠠᠵᠤ᠂ ᠡᠭᠦᠨ᠎ᠳᠤ ᠪᠠᠷᠢᠯᠭ᠎ᠠ ᠪᠠᠷᠢᠬᠤ ᠤᠰᠤᠨ᠎ᠤ ᠬᠡᠮᠵᠢᠶ᠎ᠡ 0.0894 ᠲᠦᠮᠡᠨ m3/a ᠪᠠᠶ᠋ᠢᠵᠤ᠂ ᠠᠮᠢᠳᠤᠷᠠᠯ᠎ᠤᠨ ᠤᠰᠤ ᠲᠠᠲᠠᠭᠰᠠᠨ ᠬᠡᠮᠵᠢᠶ᠎ᠡ 0.1167 ᠲᠦᠮᠡᠨ m3/a ᠪᠤᠢ; ᠬᠢᠨᠠᠨ ᠲᠣᠭᠲᠠᠭ᠋ᠠᠭᠰᠠᠨ ᠠᠵᠢᠯᠯᠠᠭ᠋ᠠᠨ᠎ᠤ ᠬᠤᠭᠤᠴᠠᠭ᠋ᠠᠨ᠎ᠤ ᠶᠡᠷᠦᠩᠬᠡᠶ ᠤᠰᠤ ᠲᠠᠲᠠᠭᠰᠠᠨ ᠬᠡᠮᠵᠢᠶ᠎ᠡ 0.9389 ᠲᠦᠮᠡᠨ m3/a ᠪᠠᠶ᠋ᠢᠵᠤ᠂ ᠡᠭᠦᠨ᠎ᠳᠤ ᠦᠢ᠍ᠯᠡᠳᠪᠦᠷᠢᠯᠡᠯ᠎ᠤᠨ ᠤᠰᠤ ᠠᠪᠬᠤ ᠬᠡᠮᠵᠢᠶ᠎ᠡ 0.6691 ᠲᠦᠮᠡᠨ m3/a ᠪᠠᠶ᠋ᠢᠵᠤ᠂ ᠠᠮᠢᠳᠤᠷᠠᠯ᠎ᠤᠨ ᠤᠰᠤ ᠠᠪᠬᠤ ᠬᠡᠮᠵᠢᠶ᠎ᠡ 0.2698 ᠲᠦᠮᠡᠨ m3/a ᠪᠠᠶ᠋ᠢᠨ᠎ᠠ᠃ ᠬᠠᠷᠭᠤᠭᠤᠯᠤᠨ ᠲᠣᠭᠲᠠᠭ᠋ᠠᠭᠰᠠᠨ᠎ᠤ ᠳᠠᠷᠠᠭ᠎ᠠ᠂ ᠲᠣᠰ ᠲᠥᠷᠥᠯ ᠵᠦᠢ᠍ᠯ᠎ᠤᠨ ᠪᠠᠷᠢᠯᠭ᠎ᠠ ᠪᠠᠷᠢᠬᠤ ᠬᠤᠭᠤᠴᠠᠭ᠋ᠠᠨ᠎ᠤ ᠨᠢᠭᠡᠴᠢ ᠪᠠᠷᠢᠯᠭ᠎ᠠ ᠵᠢᠨ ᠲᠠᠯᠠᠪᠠᠶ ᠵᠢᠨ ᠤᠰᠤ ᠬᠡᠷᠡᠭᠯᠡᠬᠦ ᠬᠡᠮᠵᠢᠶ᠎ᠡ 0.082m3 / m2᠂ ᠪᠠᠷᠢᠯᠭ᠎ᠠ ᠵᠢᠨ ᠠᠵᠢᠯ᠎ᠤᠨ ᠠᠮᠢᠳᠤᠷᠠᠯ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ 70L / ᠬᠥᠮᠦᠨ · d ᠪᠠᠶ᠋ᠢᠵᠤ᠂ ᠠᠵᠢᠯᠯᠠᠭ᠋ᠠᠨ᠎ᠤ ᠬᠤᠭᠤᠴᠠᠭ᠋ᠠᠨ᠎ᠤ ᠤᠷᠢᠳᠴᠢᠯᠠᠨ ᠬᠢᠭᠰᠡᠨ ᠬᠤᠯᠢᠮᠠᠭ ᠪᠣᠷᠳᠣᠭ᠋ᠠᠨ᠎ᠤ ᠨᠢᠭᠡᠴᠢ ᠵᠢᠨ ᠪᠦᠲᠦᠭᠡᠭᠳᠡᠬᠦᠨ᠎ᠤ ᠤᠰᠤ ᠬᠡᠷᠡᠭᠯᠡᠬᠦ ᠬᠡᠮᠵᠢᠶ᠎ᠡ 0.19m3/t ᠪᠠᠶ᠋ᠢᠵᠤ᠂ ᠠᠮᠢᠳᠤᠷᠠᠯ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ 89.3L/ ᠬᠥᠮᠦᠨ · d ᠳᠡᠭᠡᠭᠰᠢᠬᠢ ᠤᠰᠤ ᠬᠡᠷᠡᠭᠯᠡᠬᠦ ᠭᠦᠢ᠍ᠴᠡᠳᠬᠡᠯ ᠲᠤᠭ᠎ᠠ᠎ᠨᠢ ᠴᠥᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶ᠎ᠠ ᠵᠢᠨ ᠠᠵᠢᠯ ᠲᠥᠷᠥᠯ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ》 (DB15/T385—2020)᠎ᠳᠠᠬᠢ ᠵᠣᠬᠢᠴᠠᠩᠭᠤᠶ ᠪᠥᠬᠦᠶ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠨ᠎ᠠ; ᠲᠡᠵᠢᠭᠡᠯ ᠪᠣᠷᠳᠣᠭ᠋ᠠᠨ᠎ᠤ ᠨᠡᠮᠡᠯᠲᠡ ᠡᠳ᠋᠎ᠤᠨ ᠨᠢᠭᠡᠴᠢ ᠵᠢᠨ ᠦᠢ᠍ᠯᠡᠳᠭᠦᠨ᠎ᠤ ᠤᠰᠤ ᠬᠡᠷᠡᠭᠯᠡᠬᠦ ᠬᠡᠮᠵᠢᠶ᠎ᠡ 0.52m3/t᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶ᠎ᠠ ᠵᠢᠨ ᠠᠵᠢᠯ ᠲᠥᠷᠥᠯ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ》 (DB15/T385—2020)᠎ᠪᠠᠷ ᠪᠣᠷᠳᠣᠭ᠋ᠠᠨ᠎ᠤ ᠨᠡᠮᠡᠯᠲᠡ ᠡᠳ᠋᠎ᠤᠨ ᠦᠢ᠍ᠯᠡᠳᠭᠦᠨ᠎ᠤ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢ ᠲᠣᠭᠲᠠᠭ᠋ᠠᠭᠰᠠᠨ ᠥᠬᠡᠶ ᠤᠴᠢᠷ᠎ᠠᠴᠠ᠂ 《ᠾᠧᠪᠸᠢ ᠮᠤᠵᠢ ᠵᠢᠨ ᠣᠷᠣᠨ ᠨᠤᠲᠤᠭ᠎ᠤᠨ ᠪᠠᠷᠢᠮᠵᠢᠶᠠᠲᠤ ᠠᠵᠤ ᠦᠢ᠍ᠯᠡᠳᠪᠦᠷᠢ ᠵᠢᠨ ᠤᠰᠤ ᠠᠪᠬᠤ ᠲᠣᠭᠲᠠᠭᠰᠠᠨ ᠲᠤᠭ᠎ᠠ ᠵᠢᠨ 11 ᠳ᠋ᠦ᠍ᠭᠡᠷ ᠬᠡᠰᠡᠭ᠄ ᠢᠳᠡᠭᠡᠨ᠎ᠤ ᠠᠵᠢᠯ ᠲᠥᠷᠥᠯ》 (DB13/T5448.11—2021)᠎ᠲᠠᠢ ᠬᠠᠷᠢᠴᠠᠭᠤᠯᠪᠠᠯ C149 ᠪᠤᠰᠤᠳ ᠢᠳᠡᠭᠡᠨ ᠦᠢ᠍ᠯᠡᠳᠬᠦ ᠳᠤᠮᠳᠠᠬᠢ ᠢᠳᠡᠭᠡᠨ᠎ᠤ ᠨᠡᠮᠡᠯᠲᠡ ᠡᠳ᠋᠎ᠤᠨ ᠲᠡᠷᠢᠭᠦᠨ᠎ᠤ ᠬᠡᠮᠵᠢᠭᠳᠡᠯ 0.6m3/t ᠪᠠ 《ᠱᠠᠨᠳᠦ᠋ᠩ ᠮᠤᠵᠢ ᠵᠢᠨ ᠣᠷᠣᠨ ᠨᠤᠲᠤᠭ᠎ᠤᠨ ᠪᠠᠷᠢᠮᠵᠢᠶ᠎ᠠ ᠵᠢᠨ ᠱᠠᠨᠳᠦ᠋ᠩ ᠮᠤᠵᠢ ᠵᠢᠨ ᠭᠤᠤᠯᠳᠠᠯᠭ᠎ᠠ᠎ᠲᠠᠢ ᠠᠵᠤ ᠦᠢ᠍ᠯᠡᠳᠪᠦᠷᠢ ᠵᠢᠨ ᠪᠦᠲᠦᠭᠡᠭᠳᠡᠬᠦᠨ᠎ᠤ ᠤᠰᠤ ᠬᠡᠷᠡᠭᠯᠡᠬᠦ ᠲᠣᠭᠲᠠᠭᠰᠠᠨ ᠨᠣᠷᠮ᠎ᠠ 11 ᠬᠡᠰᠡᠭ᠄ ᠢᠳᠡᠭᠡᠨ᠎ᠤ ᠦᠢ᠍ᠯᠡᠳᠬᠡᠯ᠎ᠤᠨ ᠦᠢ᠍ᠯᠡᠰ᠎ᠤᠨ ᠭᠤᠤᠯᠳᠠᠯᠭ᠎ᠠ᠎ᠲᠠᠢ ᠠᠵᠤ ᠦᠢ᠍ᠯᠡᠳᠪᠦᠷᠢ ᠵᠢᠨ ᠦᠢ᠍ᠯᠡᠳᠬᠦᠨ》 (DB37/T1639.11—2020) C1495 ᠢᠳᠡᠭᠡᠨ ᠵᠢᠴᠢ ᠲᠡᠵᠢᠭᠡᠯ ᠪᠣᠷᠳᠣᠭ᠋ᠠᠨ᠎ᠤ ᠨᠡᠮᠡᠯᠲᠡ ᠡᠳ᠋ ᠦᠢ᠍ᠯᠡᠳᠦᠭᠰᠡᠨ ᠲᠡᠷᠢᠭᠦᠨ᠎ᠤ ᠬᠡᠮᠵᠢᠭᠳᠡᠯ 4.0m3/t ᠪᠠᠶ᠋ᠢᠵᠤ᠂ ᠲᠣᠰ ᠲᠥᠷᠥᠯ ᠵᠦᠢ᠍ᠯ᠎ᠤᠨ ᠲᠡᠵᠢᠭᠡᠯ ᠪᠣᠷᠳᠣᠭ᠋ᠠᠨ᠎ᠤ ᠨᠡᠮᠡᠯᠲᠡ ᠡᠳ᠋᠎ᠤᠨ ᠨᠢᠭᠡᠴᠢ ᠵᠢᠨ ᠦᠢ᠍ᠯᠡᠳᠭᠦᠨ᠎ᠤ ᠤᠰᠤ ᠬᠡᠷᠡᠭᠯᠡᠬᠦ ᠬᠡᠮᠵᠢᠶ᠎ᠡ ᠳᠡᠭᠡᠷ᠎ᠡ ᠳᠤᠷᠠᠳᠤᠭᠰᠠᠨ ᠲᠣᠭᠲᠠᠭᠰᠠᠨ ᠨᠣᠷᠮ᠎ᠠ ᠵᠢᠨ ᠱᠠᠭ᠋ᠠᠷᠳᠠᠯᠭ᠎ᠠ᠎ᠠᠴᠠ ᠳᠠᠪᠠᠭᠤᠯᠢᠭ ᠪᠠᠶ᠋ᠢᠳᠠᠭ᠃ ᠲᠥᠷᠥᠯ ᠵᠦᠢ᠍ᠯ᠎ᠤᠨ ᠦᠢ᠍ᠯᠡᠳᠪᠦᠷᠢᠯᠡᠯ ᠪᠠ ᠠᠮᠢᠳᠤᠷᠠᠯ᠎ᠳᠤ ᠬᠡᠷᠡᠭᠯᠡᠬᠦ ᠤᠰᠤ ᠵᠢ ᠦᠨᠳᠦᠰᠦᠨ᠎ᠳᠤ᠎ᠪᠠᠨ ᠵᠦᠢ ᠵᠣᠬᠢᠰᠲᠠᠢ ᠪᠣᠯᠭ᠋ᠠᠵᠤ᠂ ᠣᠷᠣᠨ ᠪᠦᠰᠡ ᠵᠢᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠪᠠ 《ᠭᠤᠷᠪᠠᠨ ᠤᠯᠠᠭ᠋ᠠᠨ ᠱᠤᠭᠤᠮ》᠎ᠤᠨ ᠭᠦᠢ᠍ᠴᠡᠳᠬᠡᠬᠦ ᠲᠤᠭ᠎ᠠ ᠵᠢᠨ ᠱᠠᠭ᠋ᠠᠷᠳᠠᠯᠭ᠎ᠠ᠎ᠳᠤ ᠦᠨᠳᠦᠰᠦᠨ᠎ᠳᠤ᠎ᠪᠠᠨ ᠨᠡᠶ᠋ᠢᠴᠡᠨ᠎ᠡ᠃
ᠲᠥᠷᠥᠯ ᠵᠦᠢ᠍ᠯ᠎ᠳᠤ ᠳᠤᠷᠠᠳᠤᠭᠰᠠᠨ ᠤᠰᠤ ᠠᠷᠪᠢᠯᠠᠬᠤ ᠦᠨᠡᠯᠡᠯᠲᠡ ᠵᠢᠨ ᠬᠠᠮᠢᠶ᠎ᠠ ᠪᠦᠬᠦᠢ ᠠᠭᠤᠯᠭ᠎ᠠ ᠵᠢ ᠦᠨᠳᠦᠰᠦᠨ᠎ᠳᠡᠭᠡᠨ ᠵᠥᠪᠰᠢᠶᠡᠷᠡᠨ᠎ᠡ᠃ ᠲᠠᠨ᠎ᠤ ᠺᠣᠮᠫᠠᠨᠢ ᠬᠠᠮᠢᠶ᠎ᠠ ᠪᠦᠬᠦᠢ ᠤᠰᠤ ᠠᠷᠪᠢᠯᠠᠬᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠢ᠃
ᠲᠥᠷᠥᠯ ᠵᠦᠢ᠍ᠯ᠎ᠤᠨ ᠦᠢ᠍ᠯᠡᠳᠪᠦᠷᠢᠯᠡᠯ᠂ ᠠᠮᠢᠳᠤᠷᠠᠯ᠎ᠤᠨ ᠪᠣᠬᠢᠷ ᠤᠰᠤ ᠵᠢ ᠬᠦᠷᠢᠶᠡᠯᠡᠩ ᠲᠣᠭᠤᠷᠢᠭ᠎ᠲᠤ ᠬᠦᠷᠭᠡᠵᠦ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠪᠠᠶ᠋ᠢᠭᠤᠯᠵᠠᠢ᠃
ᠲᠠᠨ᠎ᠤ ᠺᠣᠮᠫᠠᠨᠢ ᠤᠰᠤ ᠠᠪᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠬᠤᠯᠪᠣᠭᠳᠠᠯ ᠪᠦᠬᠦᠢ ᠲᠣᠭᠲᠠᠭ᠋ᠠᠯ ᠪᠠ 《ᠤᠰᠤ ᠠᠪᠬᠤ ᠬᠡᠮᠵᠢᠯᠲᠡ ᠵᠢᠨ ᠮᠡᠷᠭᠡᠵᠢᠯ᠎ᠤᠨ ᠵᠢᠯᠣᠭᠤᠳᠬᠤ ᠳᠦᠷᠢᠮ》 (GB/T28714—2023)᠎ᠤᠨ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ᠂ ᠤᠰᠤ ᠠᠪᠬᠤ ᠬᠡᠮᠵᠢᠯᠲᠡ ᠵᠢᠨ ᠪᠡᠯᠡᠳᠬᠡᠮᠵᠢ ᠪᠠ ᠰᠦᠯᠵᠢᠶᠡᠨ ᠳᠡᠭᠡᠷᠡᠬᠢ ᠬᠡᠮᠵᠢᠯᠲᠡ ᠵᠢᠨ ᠳᠠᠮᠵᠢᠭᠤᠯᠬᠤ ᠲᠥᠬᠦᠭᠡᠷᠦᠮᠵᠢ ᠵᠢ ᠤᠭᠰᠠᠷᠠᠬᠤ ᠵᠢᠨ ᠬᠠᠮᠲᠤ ᠲᠡᠭᠦᠨ᠎ᠤ ᠬᠡᠪ᠎ᠤᠨ ᠠᠵᠢᠯᠯᠠᠭ᠋ᠠᠨ᠎ᠢ ᠪᠠᠲᠤᠯᠠᠵᠤ᠂ ᠤᠰᠤᠨ᠎ᠤ ᠬᠡᠮᠵᠢᠶ᠎ᠡ ᠵᠢ ᠬᠢᠨᠠᠨ ᠬᠡᠮᠵᠢᠭᠰᠡᠨ ᠲᠤᠭ᠎ᠠ ᠪᠠᠷᠢᠮᠲᠠ ᠵᠢ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠲᠣᠭᠲᠠᠭᠤᠨ ᠵᠶ᠋ᠠᠷ ᠳᠠᠮᠵᠢᠭᠤᠯᠬᠤ ᠵᠢ ᠦᠨᠡᠨᠬᠦ ᠪᠠᠲᠤᠯᠠᠨ᠎ᠠ᠃ ᠤᠰᠤ ᠠᠪᠬᠤ ᠢᠨᠵᠸᠨ᠋ᠸᠷᠢᠩ ᠪᠤᠶᠤ ᠪᠡᠯᠡᠳᠬᠡᠮᠵᠢ ᠵᠢ ᠪᠠᠶ᠋ᠢᠭᠤᠯᠵᠤ ᠳᠠᠭᠤᠰᠬᠠᠬᠤ ᠵᠢᠨ ᠬᠠᠮᠲᠤ ᠲᠤᠷᠰᠢᠨ ᠠᠵᠢᠯᠯᠠᠭᠤᠯᠤᠭ᠋ᠠᠳ 30 ᠡᠳᠦᠷ᠎ᠤᠨ ᠳᠠᠷᠠᠭ᠎ᠠ᠂ 《ᠤᠰᠤ ᠠᠪᠬᠤ ᠵᠥᠪᠰᠢᠶᠡᠷᠡᠯ ᠪᠠ ᠤᠰᠤᠨ᠎ᠤ ᠡᠬᠢ ᠪᠠᠶᠠᠯᠢᠭ᠎ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠵᠢᠨ ᠳᠦᠷᠢᠮ》 ᠪᠣᠯᠤᠨ 《ᠤᠰᠤ ᠠᠪᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠮᠠᠨ᠎ᠤ ᠲᠢᠩᠬᠢᠮ᠎ᠳᠤ ᠬᠣᠯᠪᠣᠭᠳᠠᠯ ᠪᠦᠬᠦᠢ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠬᠦ ᠵᠢᠨ ᠬᠠᠮᠲᠤ ᠬᠢᠨᠠᠨ ᠰᠢᠯᠭ᠋ᠠᠭᠤᠯᠬᠤ᠎ᠪᠠᠷ ᠭᠤᠶᠤᠴᠢᠯᠠᠬᠤ ᠬᠡᠷᠡᠭᠲᠡᠶ᠃
ᠲᠤᠰ ᠲᠣᠭᠲᠠᠭ᠋ᠠᠯ᠎ᠤᠨ ᠬᠦᠴᠦᠨ᠎ᠲᠠᠢ ᠬᠤᠭᠤᠴᠠᠭ᠎ᠠ᠎ᠨᠢ 3 ᠵᠢᠯ ᠪᠣᠯᠣᠨ᠎ᠠ᠃ ᠬᠡᠷᠪᠡ ᠲᠤᠰ ᠲᠥᠷᠥᠯ ᠵᠦᠢ᠍ᠯ᠎ᠤᠨ ᠰᠢᠨᠵᠢ ᠴᠢᠨᠠᠷ᠂ ᠬᠡᠪᠴᠢᠶ᠎ᠡ᠂ ᠤᠰᠤ ᠠᠪᠬᠤ ᠭᠠᠵᠠᠷ᠂ ᠤᠰᠤᠨ᠎ᠤ ᠡᠬᠢ ᠰᠤᠷᠪᠤᠯᠵᠢ᠂ ᠤᠰᠤ ᠠᠪᠬᠤ ᠬᠡᠮᠵᠢᠶ᠎ᠡ᠂ ᠤᠰᠤ ᠠᠪᠬᠤ ᠬᠡᠷᠡᠭᠴᠡᠭᠡ ᠵᠡᠷᠭᠡ᠎ᠳᠤ ᠴᠢᠬᠤᠯᠠ ᠶᠡᠬᠡ ᠬᠤᠪᠢᠷᠠᠯᠲᠠ ᠭᠠᠷᠪᠠᠯ᠂ ᠤᠰᠤ ᠠᠪᠬᠤ ᠵᠥᠪᠰᠢᠶᠡᠷᠡᠯ᠎ᠢ ᠳᠠᠬᠢᠵᠤ ᠭᠤᠶᠤᠴᠢᠯᠠᠬᠤ ᠬᠡᠷᠡᠭᠲᠡᠶ᠃
ᠳᠠᠭ᠋ᠠᠯᠳᠤᠭᠤᠯᠤᠯ᠄ 《ᠥᠪᠥᠷ ᠮᠣᠩᠭᠤᠯ᠎ᠤᠨ ᠶᠠ ᠾᠧ ᠠᠮᠢᠳᠤ ᠪᠣᠳᠠᠰ᠎ᠤᠨ ᠮᠡᠷᠭᠡᠵᠢᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠵᠢᠯ᠎ᠳᠤ 40000 ᠲᠣᠨ ᠤᠷᠢᠳᠴᠢᠯᠠᠨ ᠬᠤᠯᠢᠮᠠᠭ ᠮᠠᠲ᠋ᠧᠷᠢᠶᠠᠯ ᠦᠢ᠍ᠯᠡᠳᠪᠦᠷᠢᠡᠯᠬᠦ ᠵᠢᠴᠢ ᠨᠡᠮᠡᠯᠲᠡ ᠡᠳ᠋᠎ᠤᠨ ᠲᠥᠷᠥᠯ ᠵᠦᠢ᠍ᠯ᠎ᠤᠨ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ ᠵᠢᠨ ᠮᠡᠳᠡᠭᠦᠯᠦᠯᠲᠡ ᠵᠢᠨ ᠬᠦᠰᠦᠨᠦᠭᠲᠦ ᠵᠢ ᠬᠢᠨᠠᠨ ᠪᠠᠶ᠋ᠢᠴᠠᠭ᠋ᠠᠬᠤ ᠰᠠᠨᠠᠯ》᠎ᠢ ᠮᠡᠳᠡᠭᠦᠯᠦᠨ ᠬᠦᠷᠭᠡᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠤᠨ ᠮᠡᠳᠡᠭᠦᠯᠦᠯᠲᠡ
2024 ᠣᠨ᠎ᠤ 5 ᠳ᠋ᠤᠭ᠋ᠠᠷ ᠰᠠᠷ᠎ᠠ ᠵᠢᠨ 8᠎ᠤ ᠡᠳᠦᠷ
ᠳᠠᠭ᠋ᠠᠯᠳᠤᠭᠤᠯᠤᠯ᠄