ᠬᠡᠯᠬᠢᠶᠡᠰᠦᠨ ᠨᠣᠮᠧᠷ᠄ 000014348/2024-02995
ᠭᠤᠣᠯ ᠰᠡᠳᠦᠪ᠎ᠤᠨ ᠠᠩᠭᠢᠯᠠᠯ᠄ ᠪᠤᠰᠤᠳ
ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
ᠪᠢᠴᠢᠭ᠎ᠤᠨ ᠳ᠋ᠤᠭ᠋ᠠᠷ᠄ ᠦᠪᠦᠷ ᠤᠰᠤ ᠬᠠᠮᠠᠭ᠋ᠠᠯᠠᠬᠤ ᠵᠦᠪᠰᠢᠶᠡᠷᠡᠯ ᠲᠤᠭᠲᠠᠭ᠋ᠠᠯ [2024] 10 ᠳ᠋ᠤᠭ᠋ᠠᠷ ᠲᠣᠭ᠋ᠠᠲᠤ
ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ᠎ᠤ 4 ᠳ᠋ᠦ᠍ᠭᠡᠷ ᠰᠠᠷ᠎ᠠ ᠵᠢᠨ 16᠎ᠤ ᠡᠳᠦᠷ
ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ
ᠥᠪᠥᠷ ᠮᠣᠩᠭᠤᠯ᠎ᠤᠨ ᠵᠥᠩ ᠭᠤᠤ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ᠄
《ᠬᠠᠲᠤᠨ ᠭᠤᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ᠎ᠠᠴᠠ ᠬᠡᠲᠦᠷᠡᠭᠰᠡᠨ ᠭᠠᠵᠠᠷ ᠣᠷᠣᠨ᠎ᠳᠤ ᠤᠰᠤ ᠠᠪᠬᠤ ᠵᠥᠪᠰᠢᠶᠡᠷᠡᠯ᠎ᠢ ᠰᠢᠨ᠎ᠡ᠎ᠪᠠᠷ ᠨᠡᠮᠡᠭᠳᠡᠭᠦᠯᠬᠦ ᠵᠢ ᠲᠦᠷ ᠵᠣᠭᠰᠣᠭ᠋ᠠᠬᠤ ᠲᠤᠬᠠᠶ ᠤᠰᠤᠨ ᠠᠰᠢᠭᠯᠠᠯᠲᠠ ᠵᠢᠨ ᠶᠠᠮᠤᠨ᠎ᠤ ᠮᠡᠳᠡᠭᠳᠡᠯ》 (ᠤᠰᠤᠨ᠎ᠤ ᠡᠬᠢ ᠪᠠᠶᠠᠯᠢᠭ ᠬᠠᠮᠢᠶᠠᠷᠤᠯᠲᠠ [2020] 280 ᠳ᠋ᠤᠭ᠋ᠠᠷ ᠲᠣᠭ᠋ᠠᠲᠤ)᠂ 《ᠬᠠᠲᠤᠨ ᠭᠤᠤᠯ᠎ᠤᠨ ᠭᠤᠤᠯ ᠤᠷᠤᠰᠬᠠᠯ᠎ᠤᠨ ᠤᠰᠤ ᠲᠠᠲᠠᠵᠤ ᠬᠡᠷᠡᠭᠯᠡᠬᠦ ᠲᠥᠷᠥᠯ ᠵᠦᠢ᠍ᠯ᠎ᠤᠨ ᠤᠰᠤ ᠠᠪᠬᠤ ᠵᠥᠪᠰᠢᠶᠡᠷᠡᠯ᠎ᠤᠨ ᠬᠠᠮᠢᠶᠠᠷᠤᠯᠲᠠ ᠵᠢ ᠰᠢᠯᠵᠢᠭᠦᠯᠦᠨ ᠲᠤᠰᠢᠶᠠᠬᠤ ᠲᠤᠬᠠᠶ ᠬᠠᠲᠤᠨ ᠭᠤᠤᠯ᠎ᠤᠨ ᠪᠥᠲᠥᠭᠡᠨ ᠪᠠᠶ᠋ᠢᠭᠤᠯᠤᠯᠲᠠ ᠵᠢᠨ ᠤᠰᠤᠨ᠎ᠤ ᠡᠬᠢ ᠪᠠᠶᠠᠯᠢᠭ᠎ᠤᠨ ᠲᠣᠪᠴᠢᠶ᠎ᠠ ᠵᠢᠨ ᠵᠠᠬᠢᠳᠠᠯ》 (ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ [2020] 33 ᠳ᠋ᠤᠭ᠋ᠠᠷ ᠲᠣᠭ᠋ᠠᠲᠤ)᠎ᠤᠨ ᠬᠤᠯᠪᠣᠭᠳᠠᠯ ᠪᠥᠬᠦᠶ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠲᠢᠩᠬᠢᠮ ᠲᠠᠨ᠎ᠤ ᠺᠣᠮᠫᠠᠨᠢ ᠵᠢᠨ ᠲᠠᠷᠢᠶᠠᠨ ᠡᠮ᠎ᠤᠨ ᠵᠠᠪᠰᠠᠷ᠎ᠤᠨ ᠴᠣᠭᠴᠠ ᠵᠢᠨ ᠲᠥᠷᠥᠯ ᠵᠦᠢ᠍ᠯ᠎ᠤᠨ ᠤᠰᠤ ᠠᠪᠬᠤ ᠵᠥᠪᠰᠢᠶᠡᠷᠡᠯ᠎ᠤᠨ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠨ᠎ᠡ᠃ ᠬᠢᠨᠠᠨ ᠪᠠᠶ᠋ᠢᠴᠠᠭ᠋ᠠᠭᠰᠠᠨ ᠵᠶ᠋ᠠᠷ᠂ ᠲᠤᠰ ᠭᠤᠶᠤᠴᠢᠯᠠᠯ᠎ᠨᠢ ᠬᠠᠤᠯᠢ᠎ᠳᠤ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠃ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠨ ᠭᠤᠴᠢᠨ ᠨᠠᠢ᠍ᠮᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠂ 《ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠡᠷᠡᠭᠵᠢᠭᠦᠯᠬᠦ ᠠᠷᠭ᠎ᠠ》 ᠵᠢᠨ ᠭᠤᠴᠢᠨ ᠬᠣᠶᠠᠳᠤᠭ᠋ᠠᠷ ᠵᠦᠢ᠍ᠯ᠎ᠤᠨ (ᠨᠢᠭᠡ) ᠵᠤᠷᠪᠤᠰ᠂ 《ᠤᠰᠤ ᠲᠠᠲᠠᠬᠤ ᠵᠥᠪᠰᠢᠶᠡᠷᠡᠯ ᠪᠠ ᠤᠰᠤᠨ᠎ᠤ ᠡᠬᠢ ᠪᠠᠶᠠᠯᠢᠭ᠎ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠵᠢᠨ ᠳᠦᠷᠢᠮ》 ᠪᠣᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠲᠠᠲᠠᠬᠤ ᠵᠥᠪᠰᠢᠶᠡᠷᠡᠯ ᠪᠠ ᠤᠰᠤᠨ᠎ᠤ ᠡᠬᠢ ᠪᠠᠶᠠᠯᠢᠭ᠎ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ》 ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠤᠰᠤ ᠲᠠᠲᠠᠬᠤ ᠵᠥᠪᠰᠢᠶᠡᠷᠡᠯ᠎ᠤᠨ ᠭᠤᠶᠤᠴᠢᠯᠠᠯ᠎ᠢ ᠵᠥᠪᠰᠢᠶᠡᠷᠡᠬᠦ᠎ᠪᠠᠷ ᠲᠣᠭᠲᠠᠪᠠ᠃
ᠥᠪᠥᠷ ᠮᠣᠩᠭᠤᠯ᠎ᠤᠨ ᠵᠥᠩ ᠭᠤᠤ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ ᠵᠢᠨ ᠲᠠᠷᠢᠶᠠᠨ ᠡᠮ᠎ᠤᠨ ᠵᠠᠪᠰᠠᠷ᠎ᠤᠨ ᠴᠣᠭᠴᠠ ᠵᠢᠨ ᠲᠥᠷᠥᠯ ᠵᠦᠢ᠍ᠯ᠎ᠨᠢ ᠥᠪᠥᠷ ᠮᠣᠩᠭᠤᠯ᠎ᠤᠨ ᠠᠯᠠᠱ᠌ᠠ ᠠᠵᠤ ᠠᠬᠤᠶ ᠵᠢᠨ ᠨᠡᠭᠡᠭᠡᠯᠲᠡ ᠵᠢᠨ ᠣᠷᠣᠨ᠎ᠤ ᠪᠠᠶᠬᠤᠪᠤᠭᠠ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠲᠤ ᠪᠠᠶ᠋ᠢᠷᠢᠯᠠᠵᠤ᠂ ᠨᠡᠶ᠋ᠢᠲᠡ 4 ᠲᠥᠷᠥᠯ ᠵᠦᠢ᠍ᠯ᠎ᠢ ᠪᠠᠭᠲᠠᠭ᠋ᠠᠵᠤ᠂ ᠪᠦᠬᠦᠨ᠎ᠢ ᠠᠯᠠᠱ᠌ᠠ ᠠᠶ᠋ᠢᠮᠠᠭ᠎ᠤᠨ ᠳᠡᠭᠡᠳᠦ ᠰᠢᠨ᠎ᠡ ᠮᠡᠷᠭᠡᠵᠢᠯ᠎ᠤᠨ ᠨᠡᠭᠡᠭᠡᠯᠲᠡ ᠵᠢᠨ ᠣᠷᠣᠨ᠎ᠤ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠳᠤ ᠳᠠᠩᠰᠠᠯᠠᠭᠤᠯᠪᠠ᠃ ᠲᠥᠷᠥᠯ ᠵᠦᠢ᠍ᠯ᠎ᠢ ᠳᠠᠩᠰᠠᠯᠠᠭᠤᠯᠬᠤ ᠬᠡᠪᠴᠢᠶ᠎ᠡ᠎ᠨᠢ ᠵᠢᠯ᠎ᠳᠤ 10000 ᠲᠣᠨ ᠨᠢᠲᠷᠤ᠋ ᠬᠦᠬᠦᠷᠲᠦ ᠺᠧᠲ᠋ᠤᠨ ᠵᠡᠷᠭᠡ ᠤᠤᠯ ᠡᠮ ᠵᠢᠴᠢ ᠵᠠᠪᠰᠠᠷ᠎ᠤᠨ ᠪᠡᠶ᠎ᠡ ᠵᠢᠨ ᠨᠢᠭᠡᠳᠦᠭᠡᠷ ᠬᠤᠭᠤᠴᠠᠭ᠎ᠠ᠂ ᠵᠢᠯ᠎ᠳᠤ 15 000 ᠲᠣᠨ ᠲᠠᠷᠢᠶᠠᠨ ᠡᠮ ᠦᠢ᠍ᠯᠡᠳᠪᠦᠷᠢᠯᠡᠬᠦ (2 — ᠨᠢᠲᠷᠤ᠋ — 4 — ᠮᠧᠲ᠋ᠢᠯ ᠹᠧᠨᠽᠧᠨ᠋ᠳᠤ ᠮᠧᠲ᠋ᠢᠯ ᠬᠦᠴᠢᠯ᠂ 1᠂ 3- ᠴᠠᠭ᠋ᠠᠷᠢᠭ ᠬᠣᠶᠠᠷᠴᠢ ᠺᠸᠲ᠋ᠤᠨ)᠂ ᠵᠢᠯ᠎ᠳᠤ 1500 ᠲᠣᠨ K ᠬᠦᠴᠢᠯ ᠦᠢ᠍ᠯᠡᠳᠪᠦᠷᠢᠯᠡᠬᠦ ᠪᠠ ᠵᠢᠯ᠎ᠳᠤ 2000 ᠲᠣᠨ MEA ᠵᠢᠴᠢ ᠵᠠᠪᠰᠠᠷ᠎ᠤᠨ ᠴᠣᠭᠴᠠ ᠦᠢ᠍ᠯᠡᠳᠪᠦᠷᠢᠯᠡᠬᠦ ᠪᠣᠯᠣᠨ᠎ᠠ᠃ ᠲᠥᠷᠥᠯ ᠵᠦᠢ᠍ᠯ᠎ᠤᠨ ᠤᠤᠯ᠎ᠤᠨ ᠳᠠᠩᠰᠠᠯᠠᠭᠤᠯᠤᠭᠰᠠᠨ ᠰᠠᠯᠠᠭ᠎ᠠ ᠮᠥᠴᠢᠷ ᠭᠠᠷᠭ᠋ᠠᠭᠰᠠᠨ ᠲᠤᠰ ᠲᠥᠷᠥᠯ ᠵᠦᠢ᠍ᠯ᠎ᠢ ᠪᠣᠳᠠᠲᠠᠶ᠎ᠪᠠᠷ ᠪᠠᠶ᠋ᠢᠭᠤᠯᠤᠨ ᠪᠦᠲᠦᠭᠡᠵᠦ ᠦᠢ᠍ᠯᠡᠳᠪᠦᠷᠢᠯᠡᠬᠦ ᠵᠢ ᠵᠥᠪᠰᠢᠶᠡᠷᠡᠭᠰᠡᠨ ᠲᠣᠳᠣᠷᠬᠠᠶ᠋ᠢᠯᠠᠯᠲᠠ ᠵᠢ ᠦᠨᠳᠦᠰᠦᠯᠡᠨ᠂ ᠲᠥᠷᠥᠯ ᠵᠦᠢ᠍ᠯ᠎ᠢ ᠪᠦᠲᠦᠭᠡᠨ ᠪᠠᠶ᠋ᠢᠭᠤᠯᠤᠭᠰᠠᠨ ᠬᠡᠪᠴᠢᠶ᠎ᠡ᠎ᠨᠢ ᠵᠢᠯ᠎ᠳᠤ 5000 ᠲᠣᠨ ᠠᠽᠣᠲ ᠬᠦᠬᠦᠷᠲᠦ ᠡᠪᠡᠰᠦᠨ᠎ᠤ ᠺᠧᠲ᠋ᠣᠨ ᠦᠢ᠍ᠯᠡᠳᠪᠦᠷᠢᠯᠡᠵᠦ᠂ ᠵᠢᠯ᠎ᠳᠤ 1500 ᠲᠣᠨ ᠹᠧᠨᠽᠧᠨ᠋ᠽᠧᠨ ᠡᠪᠡᠰᠦᠨ ᠡᠮ᠎ᠤᠨ ᠤᠤᠯ ᠡᠮ ᠦᠢ᠍ᠯᠡᠳᠪᠦᠷᠢᠯᠡᠵᠦ᠂ ᠵᠢᠯ᠎ᠳᠤ 15000 ᠲᠣᠨ ᠲᠠᠷᠢᠶᠠᠨ ᠡᠮ᠎ᠤᠨ ᠵᠠᠪᠰᠠᠷ᠎ᠤᠨ ᠴᠣᠭᠴᠠ᠂ ᠵᠢᠯ᠎ᠳᠤ 1500 ᠲᠣᠨ K ᠬᠦᠴᠢᠯ ᠦᠢ᠍ᠯᠡᠳᠪᠦᠷᠢᠯᠡᠬᠦ ᠪᠠ ᠵᠢᠯ᠎ᠳᠤ 20000 ᠲᠣᠨ MEA ᠵᠢᠴᠢ ᠵᠠᠪᠰᠠᠷ᠎ᠤᠨ ᠴᠣᠭᠴᠠ ᠦᠢ᠍ᠯᠡᠳᠪᠦᠷᠢᠯᠡᠬᠦ ᠪᠣᠯᠤᠨ᠎ᠠ᠃
ᠲᠥᠷᠥᠯ ᠵᠦᠢ᠍ᠯ᠎ᠨᠢ ᠬᠠᠲᠤᠨ ᠭᠣᠤᠯ᠎ᠤᠨ ᠭᠣᠤᠯ ᠤᠷᠤᠰᠬᠠᠯ᠎ᠤᠨ ᠭᠠᠵᠠᠷ ᠳᠡᠭᠡᠷᠡᠬᠢ ᠤᠰᠤ (ᠠᠶ᠋ᠢᠮᠠᠭ ᠬᠣᠲᠠ ᠠᠯᠤᠰᠯᠠᠭᠰᠠᠨ ᠨᠢᠭᠡᠳᠦᠭᠡᠷ ᠬᠤᠭᠤᠴᠠᠭ᠋ᠠᠨ᠎ᠤ ᠤᠰᠤᠨ᠎ᠤ ᠡᠷᠬᠡ ᠵᠢ ᠰᠢᠯᠵᠢᠭᠦᠯᠦᠨ ᠥᠭᠬᠦ ᠭᠦᠢ᠍ᠴᠡᠳᠬᠡᠬᠦ ᠲᠣᠭ᠎ᠠ᠎ᠪᠠᠷ᠂ ᠠᠯᠠᠱ᠌ᠠ ᠠᠶ᠋ᠢᠮᠠᠭ᠎ᠤᠨ ᠠᠵᠤ ᠠᠬᠤᠶ ᠵᠢᠨ ᠨᠡᠭᠡᠭᠡᠯᠲᠡ ᠵᠢᠨ ᠲᠣᠭᠣᠷᠢᠭ᠎ᠤᠨ ᠬᠠᠲᠤᠨ ᠭᠣᠤᠯ᠎ᠤᠨ ᠤᠰᠤ ᠲᠠᠲᠠᠬᠤ ᠢᠨᠵᠧᠨᠧᠷᠢᠩ ᠵᠶ᠋ᠠᠷ ᠤᠰᠤ ᠬᠠᠩᠭ᠋ᠠᠵᠤ) ᠵᠶ᠋ᠠᠷ ᠦᠢ᠍ᠯᠡᠳᠪᠦᠷᠢᠯᠡᠯ ᠵᠶ᠋ᠠᠷ ᠤᠰᠤ ᠲᠠᠲᠠᠬᠤ ᠤᠰᠤᠨ ᠰᠤᠷᠪᠤᠯᠵᠢ ᠪᠣᠯᠭ᠋ᠠᠵᠤ᠂ ᠠᠯᠠᠱ᠌ᠠ ᠵᠢᠨ ᠠᠵᠤ ᠠᠬᠤᠶ ᠵᠢᠨ ᠨᠡᠭᠡᠭᠡᠯᠲᠡ ᠵᠢᠨ ᠲᠣᠭᠣᠷᠢᠭ᠎ᠤᠨ ᠪᠠᠶᠠᠨ᠋ᠣᠪᠤᠭᠠ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠲᠦᠭᠡᠭᠡᠯ ᠤᠰᠤ᠎ᠪᠠᠷ ᠠᠮᠢᠳᠤᠷᠠᠯ᠎ᠤᠨ ᠤᠰᠤ ᠲᠠᠲᠠᠬᠤ ᠤᠰᠤᠨ ᠰᠤᠷᠪᠤᠯᠵᠢ ᠪᠣᠯᠭ᠋ᠠᠬᠤ ᠵᠢ ᠵᠥᠪᠰᠢᠶᠡᠷᠡᠨ᠎ᠡ᠃ ᠤᠰᠤ ᠳᠠᠮᠵᠢᠭᠤᠯᠬᠤ ᠪᠠ ᠴᠡᠪᠡᠷᠰᠢᠭᠦᠯᠦᠭᠰᠡᠨ ᠬᠤᠬᠢᠷᠠᠯ᠎ᠢ ᠪᠣᠳᠣᠯᠬᠢᠯᠠᠭᠰᠠᠨ᠎ᠤ ᠳᠠᠷᠠᠭ᠎ᠠ᠂ ᠲᠤᠰ ᠲᠥᠷᠥᠯ ᠵᠦᠢ᠍ᠯ᠎ᠤᠨ ᠶᠡᠷᠦᠩᠬᠡᠢ ᠤᠰᠤ ᠠᠪᠬᠤ ᠬᠡᠮᠵᠢᠶ᠎ᠡ 51.38 ᠲᠦᠮᠡᠨ m3/a᠎ᠢ ᠬᠢᠨᠠᠨ ᠲᠣᠭᠲᠠᠭ᠋ᠠᠵᠤ᠂ ᠡᠭᠦᠨ᠎ᠳᠤ ᠦᠢ᠍ᠯᠡᠳᠪᠦᠷᠢᠯᠡᠯ᠎ᠤᠨ ᠤᠰᠤ ᠲᠠᠲᠠᠬᠤ ᠬᠡᠮᠵᠢᠶ᠎ᠡ 49.55 ᠲᠦᠮᠡᠨ m3/a ᠪᠠᠶ᠋ᠢᠵᠦ᠂ ᠠᠮᠢᠳᠤᠷᠠᠯ᠎ᠤᠨ ᠤᠰᠤ ᠲᠠᠲᠠᠬᠤ ᠬᠡᠮᠵᠢᠶ᠎ᠡ 1.83 ᠲᠦᠮᠡᠨ m3/a ᠪᠠᠶ᠋ᠢᠨ᠎ᠠ᠃ ᠬᠢᠨᠠᠨ ᠲᠣᠭᠲᠠᠭ᠋ᠠᠭᠰᠠᠨ ᠨᠢᠭᠡᠴᠢ ᠪᠦᠲᠦᠭᠡᠭᠳᠡᠬᠦᠨ᠎ᠤ ᠰᠢᠨ᠎ᠡ ᠤᠰᠤᠨ᠎ᠤ ᠬᠡᠮᠵᠢᠶ᠎ᠡ ᠱᠡᠦ ᠰᠢᠷ᠎ᠠ ᠡᠪᠡᠰᠦᠨ᠎ᠤ ᠺᠧᠲ᠋ᠤᠨ 18.40m3/t ᠬᠢᠭᠡᠳ ᠪᠧᠨᠽᠧᠨᠤ ᠴᠢᠳᠠᠯᠲᠤ ᠡᠪᠡᠰᠦᠨ᠎ᠤ ᠡᠨᠧᠷᠭᠢ ᠵᠢᠨ ᠨᠢᠭᠡᠴᠢ ᠪᠦᠲᠦᠭᠡᠭᠳᠡᠬᠦᠨ᠎ᠤ ᠰᠢᠨ᠎ᠡ ᠤᠰᠤᠨ᠎ᠤ ᠬᠡᠮᠵᠢᠶ᠎ᠡ 20.04m3/t᠂ 2 — ᠨᠢᠲᠷᠤ᠋ ᠪᠦᠯᠦᠭ — 4- ᠮᠧᠲ᠋ᠢᠯ ᠬᠦᠴᠢᠯ᠎ᠤᠨ ᠨᠢᠭᠡᠴᠢ ᠪᠦᠲᠦᠭᠡᠭᠳᠡᠬᠦᠨ᠎ᠤ ᠰᠢᠨ᠎ᠡ ᠤᠰᠤᠨ᠎ᠤ ᠬᠡᠮᠵᠢᠶ᠎ᠡ 13.11m3/t᠂ 1᠂ 3- ᠴᠠᠭ᠋ᠠᠷᠢᠭ ᠬᠤᠶᠠᠷᠴᠢ ᠲᠦᠷᠦᠯ᠎ᠤᠨ ᠪᠦᠲᠦᠭᠡᠭᠳᠡᠬᠦᠨ᠎ᠤ ᠰᠢᠨ᠎ᠡ ᠤᠰᠤᠨ᠎ᠤ ᠬᠡᠮᠵᠢᠶ᠎ᠡ 14.62m3/t᠂ K ᠬᠦᠴᠢᠯ᠎ᠤᠨ ᠨᠢᠭᠡᠴᠢ ᠪᠦᠲᠦᠭᠡᠭᠳᠡᠬᠦᠨ᠎ᠤ ᠰᠢᠨ᠎ᠡ ᠤᠰᠤᠨ᠎ᠤ ᠬᠡᠮᠵᠢᠶ᠎ᠡ 29.63/t᠂ MEA ᠨᠢᠭᠡᠴᠢ ᠪᠦᠲᠦᠭᠡᠭᠳᠡᠬᠦᠨ᠎ᠤ ᠰᠢᠨ᠎ᠡ ᠤᠰᠤᠨ᠎ᠤ ᠬᠡᠮᠵᠢᠶ᠎ᠡ 4.92m3/t᠂ MEA ᠨᠢᠭᠡᠴᠢ ᠪᠦᠲᠦᠭᠡᠭᠳᠡᠬᠦᠨ᠎ᠤ ᠰᠢᠨ᠎ᠡ ᠤᠰᠤᠨ᠎ᠤ ᠬᠡᠮᠵᠢᠶ᠎ᠡ 4.92m3/t ᠪᠤᠯᠤᠨ᠎ᠠ᠃ 2 — ᠨᠢᠲᠷᠤᠫᠢᠨ — 4 — ᠬᠥᠬᠡ ᠰᠦᠢ᠍ᠯᠦ᠋ᠨ ᠹᠧᠨᠽᠧᠨ᠋ᠳᠤ ᠮᠧᠲ᠋ᠢᠯ ᠬᠦᠴᠢᠯ ᠪᠠ 1᠂ 3- ᠴᠠᠭ᠋ᠠᠷᠢᠭ ᠬᠤᠶᠠᠷᠴᠢ ᠪᠣᠯ ᠨᠢᠲᠷᠤᠹᠦ᠋ ᠡᠪᠡᠰᠦᠨ᠎ᠤ ᠦᠢ᠍ᠯᠡᠳᠪᠦᠷᠢᠯᠡᠯ᠎ᠤᠨ ᠵᠠᠪᠰᠠᠷ᠎ᠤᠨ ᠴᠣᠭᠴᠠ ᠵᠢᠨ ᠲᠦᠭᠦᠬᠡᠶ ᠮᠠᠲ᠋ᠧᠷᠢᠶᠠᠯ ᠦᠢ᠍ᠯᠡᠳᠪᠦᠷᠢᠯᠡᠬᠦ ᠠᠽᠣᠲ ᠰᠢᠷ᠎ᠠ ᠡᠪᠡᠰᠦᠨ᠎ᠤ ᠺᠧᠲ᠋ᠤᠨ ᠦᠢ᠍ᠯᠡᠳᠪᠦᠷᠢᠯᠡᠬᠦ ᠪᠦᠬᠦ ᠶᠠᠪᠤᠴᠠ ᠵᠢᠨ ᠨᠢᠭᠡᠴᠢ ᠦᠢ᠍ᠯᠡᠳᠬᠦᠨ᠎ᠤ ᠰᠢᠨ᠎ᠡ ᠤᠰᠤᠨ᠎ᠤ ᠬᠡᠮᠵᠢᠶ᠎ᠡ 59.25m3/t (ᠦᠢ᠍ᠯᠡᠳᠪᠦᠷᠢᠯᠡᠯ᠎ᠤᠨ ᠵᠠᠪᠰᠠᠷ᠎ᠤᠨ ᠴᠣᠭᠴᠠ ᠵᠢᠨ ᠤᠰᠤ ᠪᠠᠭᠲᠠᠨ᠎ᠠ)᠎ᠳᠤ᠂ ᠱᠡᠦ ᠬᠦᠬᠦᠷᠲᠦ ᠡᠪᠡᠰᠦᠨ᠎ᠤ ᠺᠧᠲ᠋ᠣᠨ ᠪᠠ ᠪᠧᠨᠽᠧᠨ᠋ᠳᠤ ᠪᠦᠲᠦᠭᠡᠭᠳᠡᠬᠦᠨ᠎ᠤ ᠰᠢᠨ᠎ᠡ ᠤᠰᠤᠨ᠎ᠤ ᠬᠡᠮᠵᠢᠶ᠎ᠡ᠎ᠨᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶ᠎ᠠ ᠵᠢᠨ ᠠᠵᠢᠯ ᠲᠥᠷᠥᠯ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ》 (DB15/T 385 — 2020)᠎ᠳᠠᠬᠢ ᠡᠪᠡᠰᠦ ᠠᠷᠢᠯᠭ᠋ᠠᠬᠤ ᠡᠮ᠎ᠤᠨ ᠤᠰᠤ ᠬᠡᠷᠡᠭᠯᠡᠬᠦ ᠲᠣᠭᠲᠠᠭᠰᠠᠨ ᠬᠡᠮᠵᠢᠭᠳᠡᠯ᠎ᠤᠨ ᠱᠠᠭ᠋ᠠᠷᠳᠠᠯᠭ᠎ᠠ ᠪᠣᠯᠤᠨ᠎ᠠ; K ᠬᠦᠴᠢᠯ ᠵᠢᠴᠢ MEA ᠵᠢᠵᠢᠭ ᠤᠯᠡᠨᠤ ᠠᠵᠢᠯ ᠲᠥᠷᠥᠯ᠎ᠳᠤ ᠬᠠᠷᠢᠶᠠᠯᠠᠭᠳᠠᠵᠤ᠂ ᠪᠥᠬᠦ ᠤᠯᠤᠰ᠎ᠤᠨ ᠡᠯ᠎ᠡ ᠭᠠᠵᠠᠷ ᠣᠷᠣᠨ᠎ᠤ ᠠᠵᠢᠯ ᠲᠥᠷᠥᠯ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ᠎ᠨᠢ ᠴᠥᠮ ᠬᠠᠮᠢᠶ᠎ᠠ ᠪᠥᠬᠦᠶ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠲᠣᠭᠲᠠᠭ᠋ᠠᠯ ᠪᠠᠶ᠋ᠢᠬᠤ ᠥᠬᠡᠶ᠂ ᠭᠠᠷ ᠤᠷᠠᠯᠠᠯ᠎ᠤᠨ ᠵᠦᠶ ᠶᠣᠰᠣᠴᠢ ᠴᠢᠨᠠᠷ᠂ ᠭᠤᠤᠯ ᠪᠣᠯᠬᠤ ᠤᠰᠤ ᠬᠡᠷᠡᠭᠯᠡᠬᠦ ᠨᠢᠭᠡᠴᠢ᠎ᠳᠤ ᠤᠰᠤ ᠬᠡᠷᠡᠭᠯᠡᠬᠦ ᠵᠦᠶ ᠶᠣᠰᠣᠴᠢ ᠴᠢᠨᠠᠷ ᠵᠢᠴᠢ ᠪᠣᠬᠢᠷ ᠤᠰᠤ ᠵᠢ ᠰᠢᠢ᠍ᠳᠪᠦᠷᠢᠯᠡᠬᠦ ᠲᠥᠰᠦᠯ᠎ᠤᠨ ᠵᠦᠶ ᠶᠣᠰᠣᠴᠢ ᠴᠢᠨᠠᠷ ᠵᠡᠷᠭᠡ ᠭᠤᠷᠪᠠᠨ ᠲᠠᠯ᠎ᠠ᠎ᠪᠠᠷ ᠵᠠᠳᠠᠯᠤᠯᠲᠠ ᠬᠢᠬᠦ᠎ᠪᠠᠷ ᠳᠠᠮᠵᠢᠭᠤᠯᠤᠨ᠂ ᠲᠣᠰ ᠲᠥᠷᠥᠯ ᠵᠦᠢ᠍ᠯ᠎ᠤᠨ K ᠬᠦᠴᠢᠯ ᠵᠢᠴᠢ MEA ᠨᠢᠭᠡᠴᠢ ᠦᠢ᠍ᠯᠡᠳᠬᠦᠨ᠎ᠤ ᠰᠢᠨ᠎ᠡ ᠤᠰᠤᠨ᠎ᠤ ᠬᠡᠮᠵᠢᠶ᠎ᠡ ᠵᠦᠶ ᠵᠣᠬᠢᠰᠲᠠᠶ ᠪᠠᠶ᠋ᠢᠨ᠎ᠠ᠃ ᠠᠵᠢᠯᠲᠠᠨ ᠠᠵᠢᠯᠴᠢᠨ᠎ᠤ ᠶᠡᠷᠦᠩᠬᠡᠶ᠋ᠢᠯᠡᠭᠰᠡᠨ ᠠᠮᠢᠳᠤᠷᠠᠯ᠎ᠳᠤ ᠬᠡᠷᠡᠭᠯᠡᠬᠦ ᠤᠰᠤᠨ᠎ᠤ ᠭᠦᠢ᠍ᠴᠡᠳᠬᠡᠬᠦ ᠲᠣᠭ᠎ᠠ᠎ᠨᠢ 125.00L/ ᠬᠥᠮᠦᠨ d ᠪᠠᠶ᠋ᠢᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠪᠠᠷᠢᠮᠵᠢᠶ᠎ᠠ》 (DB15/T385—2020) ᠵᠢᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠨ᠎ᠡ᠃ ᠲᠥᠷᠥᠯ ᠵᠦᠢ᠍ᠯ᠎ᠨᠢ ᠤᠰᠤ ᠲᠠᠲᠠᠵᠤ ᠬᠡᠷᠡᠭᠯᠡᠬᠦ ᠣᠷᠣᠨ ᠪᠦᠰᠡ ᠵᠢᠨ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠴᠢ 《ᠭᠤᠷᠪᠠᠨ ᠵᠤᠷᠪᠤᠰ ᠤᠯᠠᠭ᠋ᠠᠨ ᠱᠤᠭᠤᠮ》᠎ᠤᠨ ᠭᠦᠢ᠍ᠴᠡᠳᠬᠡᠬᠦ ᠲᠣᠭ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠨ᠎ᠡ᠃
ᠲᠥᠷᠥᠯ ᠵᠦᠢ᠍ᠯ᠎ᠳᠤ ᠳᠤᠷᠠᠳᠤᠭᠰᠠᠨ ᠤᠰᠤ ᠠᠷᠪᠢᠯᠠᠬᠤ ᠦᠨᠡᠯᠡᠯᠲᠡ ᠵᠢᠨ ᠬᠠᠮᠢᠶ᠎ᠠ ᠪᠦᠬᠦᠢ ᠠᠭᠤᠯᠭ᠎ᠠ ᠵᠢ ᠦᠨᠳᠦᠰᠦᠨ᠎ᠳᠡᠭᠡᠨ ᠵᠥᠪᠰᠢᠶᠡᠷᠡᠨ᠎ᠡ᠃ ᠲᠠᠨ᠎ᠤ ᠺᠣᠮᠫᠠᠨᠢ ᠬᠠᠮᠢᠶ᠎ᠠ ᠪᠦᠬᠦᠢ ᠤᠰᠤ ᠠᠷᠪᠢᠯᠠᠬᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠤᠰᠤ ᠠᠷᠪᠢᠯᠠᠬᠤ ᠲᠥᠬᠦᠭᠡᠷᠦᠮᠵᠢ ᠵᠢ ᠭᠤᠣᠯ ᠴᠣᠭᠴᠠ ᠵᠢᠨ ᠢᠨᠵᠧᠨᠧᠷᠢᠩ᠎ᠲᠠᠢ ᠵᠡᠷᠭᠡ᠎ᠪᠠᠷ ᠵᠢᠷᠤᠵᠤ ᠲᠥᠯᠥᠪᠯᠡᠨ᠂ ᠵᠡᠷᠭᠡ᠎ᠪᠠᠷ ᠪᠠᠷᠢᠵᠤ᠂ ᠵᠡᠷᠭᠡ᠎ᠪᠠᠷ ᠠᠰᠢᠭᠯᠠᠯᠲᠠ᠎ᠳᠤ ᠣᠷᠣᠭᠤᠯᠬᠤ ᠬᠡᠷᠡᠭᠲᠡᠶ᠃
ᠲᠥᠷᠥᠯ ᠵᠦᠢ᠍ᠯ᠎ᠤᠨ ᠦᠢ᠍ᠯᠡᠳᠪᠦᠷᠢᠯᠡᠯ᠂ ᠠᠮᠢᠳᠤᠷᠠᠯ᠎ᠤᠨ ᠪᠣᠬᠢᠷ ᠤᠰᠤ ᠵᠢ ᠦᠢ᠍ᠯᠡᠳᠪᠦᠷᠢ ᠵᠢᠨ ᠲᠣᠭᠤᠷᠢᠭ᠎ᠤᠨ ᠪᠣᠬᠢᠷ ᠤᠰᠤ ᠵᠢ ᠰᠢᠢ᠍ᠳᠪᠦᠷᠢᠯᠡᠬᠦ ᠥᠷᠲᠡᠭᠡ᠎ᠪᠠᠷ ᠳᠠᠮᠵᠢᠭᠤᠯᠤᠨ ᠰᠢᠢ᠍ᠳᠪᠦᠷᠢᠯᠡᠵᠦ ᠪᠠᠷᠢᠮᠵᠢᠶ᠎ᠠ᠎ᠳᠤ ᠬᠦᠷᠦᠭᠰᠡᠨ᠎ᠤ ᠳᠠᠷᠠᠭ᠎ᠠ ᠪᠦᠬᠦᠨ᠎ᠢ ᠪᠤᠴᠠᠭ᠋ᠠᠨ ᠬᠡᠷᠡᠭᠯᠡᠨ᠎ᠡ᠃
ᠲᠠᠨ᠎ᠤ ᠺᠣᠮᠫᠠᠨᠢ ᠤᠰᠤ ᠠᠪᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠬᠤᠯᠪᠣᠭᠳᠠᠯ ᠪᠦᠬᠦᠢ ᠲᠣᠭᠲᠠᠭ᠋ᠠᠯ ᠪᠣᠯᠤᠨ 《ᠤᠰᠤ ᠠᠪᠬᠤ ᠬᠡᠮᠵᠢᠯᠲᠡ ᠵᠢᠨ ᠮᠡᠷᠭᠡᠵᠢᠯ᠎ᠤᠨ ᠵᠢᠯᠣᠭᠤᠳᠬᠤ ᠳᠦᠷᠢᠮ》 (GB/T28714 —2012)᠎ᠤᠨ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ᠂ ᠤᠰᠤ ᠠᠪᠬᠤ ᠬᠡᠮᠵᠢᠯᠲᠡ ᠵᠢᠨ ᠪᠡᠯᠡᠳᠬᠡᠮᠵᠢ ᠪᠣᠯᠤᠨ ᠰᠦᠯᠵᠢᠶᠡᠨ ᠳᠡᠭᠡᠷᠡᠬᠢ ᠬᠡᠮᠵᠢᠯᠲᠡ ᠵᠢᠨ ᠳᠠᠮᠵᠢᠭᠤᠯᠬᠤ ᠲᠥᠬᠦᠭᠡᠷᠦᠮᠵᠢ ᠵᠢ ᠤᠭᠰᠠᠷᠠᠬᠤ ᠵᠢᠨ ᠬᠠᠮᠲᠤ ᠲᠡᠭᠦᠨ᠎ᠤ ᠬᠡᠪ᠎ᠤᠨ ᠠᠵᠢᠯᠯᠠᠭ᠋ᠠᠨ᠎ᠢ ᠪᠠᠲᠤᠯᠠᠵᠤ᠂ ᠤᠰᠤᠨ᠎ᠤ ᠬᠡᠮᠵᠢᠶ᠎ᠡ ᠵᠢ ᠬᠢᠨᠠᠨ ᠬᠡᠮᠵᠢᠭᠰᠡᠨ ᠲᠤᠭ᠎ᠠ ᠪᠠᠷᠢᠮᠲᠠ ᠵᠢ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠲᠣᠭᠲᠠᠭᠤᠨ ᠵᠶ᠋ᠠᠷ ᠳᠠᠮᠵᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠶ᠃ ᠤᠰᠤ ᠠᠪᠬᠤ ᠪᠠᠷᠢᠯᠭ᠎ᠠ ᠪᠤᠶᠤ ᠪᠡᠯᠡᠳᠬᠡᠮᠵᠢ ᠵᠢ ᠪᠠᠶ᠋ᠢᠭᠤᠯᠵᠤ ᠳᠠᠭᠤᠰᠬᠠᠬᠤ ᠵᠢᠨ ᠬᠠᠮᠲᠤ ᠲᠤᠷᠰᠢᠨ ᠠᠵᠢᠯᠯᠠᠭᠤᠯᠤᠭ᠋ᠠᠳ 30 ᠡᠳᠦᠷ᠎ᠤᠨ ᠳᠠᠷᠠᠭ᠎ᠠ᠂ 《ᠤᠰᠤ ᠠᠪᠬᠤ ᠵᠥᠪᠰᠢᠶᠡᠷᠡᠯ ᠪᠠ ᠤᠰᠤᠨ᠎ᠤ ᠡᠬᠢ ᠪᠠᠶᠠᠯᠢᠭ᠎ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠵᠢᠨ ᠳᠦᠷᠢᠮ》 ᠪᠣᠯᠤᠨ 《ᠤᠰᠤ ᠠᠪᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠮᠠᠨ᠎ᠤ ᠲᠢᠩᠬᠢᠮ᠎ᠳᠤ ᠬᠣᠯᠪᠣᠭᠳᠠᠯ ᠪᠦᠬᠦᠢ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠬᠦ ᠵᠢᠨ ᠬᠠᠮᠲᠤ ᠬᠢᠨᠠᠨ ᠰᠢᠯᠭ᠋ᠠᠭᠤᠯᠬᠤ᠎ᠪᠠᠷ ᠭᠤᠶᠤᠴᠢᠯᠠᠬᠤ ᠬᠡᠷᠡᠭᠲᠡᠶ᠃
ᠲᠤᠰ ᠲᠣᠭᠲᠠᠭ᠋ᠠᠯ᠎ᠤᠨ ᠬᠦᠴᠦᠨ᠎ᠲᠠᠢ ᠬᠤᠭᠤᠴᠠᠭ᠎ᠠ᠎ᠨᠢ 3 ᠵᠢᠯ ᠪᠣᠯᠣᠨ᠎ᠠ᠃ ᠬᠡᠷᠪᠡ ᠲᠤᠰ ᠲᠥᠷᠥᠯ ᠵᠦᠢ᠍ᠯ᠎ᠤᠨ ᠰᠢᠨᠵᠢ ᠴᠢᠨᠠᠷ᠂ ᠬᠡᠪᠴᠢᠶ᠎ᠡ᠂ ᠤᠰᠤ ᠲᠠᠲᠠᠬᠤ ᠭᠠᠵᠠᠷ᠂ ᠤᠰᠤᠨ᠎ᠤ ᠡᠬᠢ ᠰᠤᠷᠪᠤᠯᠵᠢ᠂ ᠤᠰᠤ ᠲᠠᠲᠠᠬᠤ ᠬᠡᠮᠵᠢᠶ᠎ᠡ᠂ ᠤᠰᠤ ᠲᠠᠲᠠᠬᠤ ᠬᠡᠷᠡᠭᠴᠡᠭᠡ ᠵᠡᠷᠭᠡ᠎ᠳᠤ ᠴᠢᠬᠤᠯᠠ ᠶᠡᠬᠡ ᠬᠤᠪᠢᠷᠠᠯᠲᠠ ᠭᠠᠷᠪᠠᠯ᠂ ᠤᠰᠤ ᠲᠠᠲᠠᠬᠤ ᠵᠥᠪᠰᠢᠶᠡᠷᠡᠯ᠎ᠢ ᠳᠠᠬᠢᠵᠤ ᠭᠤᠶᠤᠴᠢᠯᠠᠬᠤ ᠬᠡᠷᠡᠭᠲᠡᠶ᠃
ᠳᠠᠭ᠋ᠠᠯᠳᠤᠭᠤᠯᠤᠯ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠤᠨ 《ᠥᠪᠥᠷ ᠮᠣᠩᠭᠤᠯ᠎ᠤᠨ ᠭᠤᠤ ᠵᠦᠩ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ ᠵᠢᠨ ᠲᠠᠷᠢᠶᠠᠨ ᠡᠮ᠎ᠤᠨ ᠵᠠᠪᠰᠠᠷ᠎ᠤᠨ ᠴᠣᠭᠴᠠ ᠵᠢᠨ ᠲᠥᠷᠥᠯ ᠵᠦᠢ᠍ᠯ᠎ᠤᠨ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ ᠵᠢᠨ ᠮᠡᠳᠡᠭᠦᠯᠦᠯᠲᠡ ᠵᠢᠨ ᠪᠢᠴᠢᠭ》᠎ᠢ ᠬᠢᠨᠠᠨ ᠪᠠᠶ᠋ᠢᠴᠠᠭ᠋ᠠᠭᠰᠠᠨ ᠰᠠᠨᠠᠯ᠎ᠤᠨ ᠲᠤᠬᠠᠶ ᠮᠡᠳᠡᠭᠦᠯᠦᠯᠲᠡ
2024 ᠣᠨ᠎ᠤ 4 ᠳ᠋ᠦ᠍ᠭᠡᠷ ᠰᠠᠷ᠎ᠠ ᠵᠢᠨ 16᠎ᠤ ᠡᠳᠦᠷ
ᠳᠠᠭ᠋ᠠᠯᠳᠤᠭᠤᠯᠤᠯ᠄