ᠬᠡᠯᠬᠢᠶᠡᠰᠦᠨ ᠨᠣᠮᠧᠷ᠄ 000014348/2024 — 04421
ᠭᠤᠣᠯ ᠰᠡᠳᠦᠪ᠎ᠤᠨ ᠠᠩᠭᠢᠯᠠᠯ᠄ ᠪᠤᠰᠤᠳ
ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
ᠪᠢᠴᠢᠭ᠎ᠤᠨ ᠳ᠋ᠤᠭ᠋ᠠᠷ᠄ ᠦᠪᠦᠷ ᠤᠰᠤᠨ ᠬᠠᠮᠠᠭ᠋ᠠᠯᠠᠬᠤ ᠵᠦᠪᠰᠢᠶᠡᠷᠡᠯ ᠲᠤᠭᠲᠠᠭ᠋ᠠᠯ [2024] 47 ᠳ᠋ᠤᠭ᠋ᠠᠷ ᠲᠣᠭ᠋ᠠᠲᠤ
ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ᠎ᠤ 7 ᠳ᠋ᠤᠭ᠋ᠠᠷ ᠰᠠᠷ᠎ᠠ ᠵᠢᠨ 9᠎ᠤ ᠡᠳᠦᠷ
ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ
ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠪᠦᠯᠦᠭᠯᠡᠯ᠎ᠤᠨ ᠴᠤᠸᠠᠨ ᠴᠢᠩ ᠥᠷᠥᠮᠳᠡᠨ ᠬᠠᠶ᠋ᠢᠬᠤ ᠢᠨᠵᠧᠨᠧᠷᠢᠩ᠎ᠤᠨ ᠬᠢᠵᠠᠭ᠋ᠠᠷᠲᠤ ᠺᠣᠮᠫᠠᠨᠢ ᠵᠢᠨ ᠰᠤᠪᠤᠷᠭ᠎ᠠ ᠲᠦᠰᠦᠯ᠎ᠤᠨ ᠡᠵᠡᠩᠨᠡᠯᠲᠡ ᠵᠢᠨ ᠭᠠᠵᠠᠷ᠄
ᠮᠠᠨ᠎ᠤ ᠲᠢᠩᠬᠢᠮ 2024 ᠣᠨ᠎ᠤ 5 ᠳ᠋ᠤᠭ᠋ᠠᠷ ᠰᠠᠷ᠎ᠠ ᠵᠢᠨ 30᠎ᠤ ᠡᠳᠦᠷ ᠲᠠᠨ᠎ᠤ ᠺᠣᠮᠫᠠᠨᠢ ᠵᠢᠨ ᠳᠤᠷᠠᠳᠤᠭᠰᠠᠨ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠴᠠᠩ ᠴᠢᠩ ᠴᠢᠯᠠᠭᠤᠨ ᠲᠣᠰᠣᠨ᠎ᠤ ᠠᠭᠤᠷᠬᠠᠶ ᠵᠢᠨ ᠬᠤᠪᠢᠶᠠᠷᠢ ᠺᠣᠮᠫᠠᠨᠢ ᠵᠢᠨ ᠭᠤᠷᠪᠠᠳᠤᠭ᠋ᠠᠷ ᠪᠠᠢ᠌ᠭ᠋ᠠᠯᠢ ᠵᠢᠨ ᠬᠡᠶ ᠭᠠᠷᠭ᠋ᠠᠬᠤ ᠦᠢ᠍ᠯᠡᠳᠪᠦᠷᠢ ᠵᠢᠨ ᠲᠣᠣ 7᠂ ᠰᠤ᠌ 46᠂ ᠰᠤ᠌ 59 ᠲᠦᠭᠰᠢᠭᠦᠷᠢᠲᠦ ᠠᠵᠢᠯ᠎ᠤᠨ ᠦᠢ᠍ᠯᠡᠴᠢᠯᠡᠭᠡᠨ᠎ᠤ ᠣᠷᠣᠨ᠎ᠤ ᠬᠡᠰᠡᠭ᠎ᠤᠨ ᠦᠢ᠍ᠯᠡᠳᠪᠦᠷᠢᠯᠡᠬᠦ ᠴᠢᠳᠠᠪᠤᠷᠢ ᠵᠢᠨ ᠪᠥᠲᠥᠭᠡᠨ ᠪᠠᠶ᠋ᠢᠭᠤᠯᠤᠯᠲᠠ ᠵᠢᠨ ᠲᠦᠰᠦᠯ (2023 ᠣᠨ᠎ᠤ ᠨᠢᠭᠡᠳᠦᠭᠡᠷ ᠪᠦᠯᠦᠭ᠎ᠤᠨ ᠰᠢᠲᠠᠮᠠᠬᠠᠶ ᠬᠡᠶ ᠨᠡᠭᠡᠭᠡᠨ ᠮᠠᠯᠲᠠᠬᠤ ᠲᠦᠰᠦᠯ᠎ᠢ ᠳᠠᠩᠰᠠᠯᠠᠭᠤᠯᠪᠠ ) ᠤᠰᠤ ᠰᠢᠷᠣᠶ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ᠎ᠢ ᠬᠢᠨᠠᠨ ᠵᠥᠪᠰᠢᠶᠡᠷᠡᠭᠦᠯᠬᠦ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠨ᠎ᠡ᠃ ᠬᠢᠨᠠᠨ ᠪᠠᠶ᠋ᠢᠴᠠᠭ᠋ᠠᠭ᠋ᠠᠳ᠂ ᠲᠤᠰ ᠭᠤᠶᠤᠴᠢᠯᠠᠯ᠎ᠨᠢ ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠵᠦ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠨ ᠭᠤᠴᠢᠨ ᠨᠠᠢ᠍ᠮᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠂ 《ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠡᠷᠡᠭᠵᠢᠭᠦᠯᠬᠦ ᠠᠷᠭ᠎ᠠ》 ᠵᠢᠨ ᠭᠤᠴᠢᠨ ᠬᠣᠶᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠢ ᠦᠨᠳᠦᠰᠦᠯᠡᠨ᠂ ᠵᠠᠰᠠᠭ ᠵᠠᠬᠢᠷᠭ᠋ᠠᠨ᠎ᠤ ᠵᠥᠪᠰᠢᠶᠡᠷᠡᠯ ᠣᠯᠭᠣᠬᠤ ᠵᠢ ᠵᠥᠪᠰᠢᠶᠡᠷᠡᠬᠦ᠎ᠪᠠᠷ ᠲᠣᠭᠲᠠᠪᠠ᠃
ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠴᠠᠩ ᠴᠢᠩ ᠴᠢᠯᠠᠭᠤᠨ ᠲᠣᠰᠣᠨ᠎ᠤ ᠠᠭᠤᠷᠬᠠᠢ ᠵᠢᠨ ᠬᠤᠪᠢᠶᠠᠷᠢ ᠺᠣᠮᠫᠠᠨᠢ ᠵᠢᠨ ᠭᠤᠷᠪᠠᠳᠤᠭ᠋ᠠᠷ ᠪᠠᠢ᠌ᠭ᠋ᠠᠯᠢ ᠵᠢᠨ ᠰᠢᠲᠠᠮᠠᠬᠠᠶ ᠬᠡᠢ ᠵᠢᠨ ᠦᠢ᠍ᠯᠡᠳᠪᠦᠷᠢ ᠵᠢᠨ ᠲᠣᠣ 7᠂ ᠰᠤ᠌ 46᠂ ᠰᠤ᠌ 59 ᠲᠦᠭᠰᠢᠭᠦᠷᠢᠲᠦ ᠠᠵᠢᠯ᠎ᠤᠨ ᠦᠢ᠍ᠯᠡᠴᠢᠯᠡᠭᠡᠨ᠎ᠤ ᠣᠷᠣᠨ᠎ᠤ ᠬᠡᠰᠡᠭ᠎ᠤᠨ ᠦᠢ᠍ᠯᠡᠳᠪᠦᠷᠢᠯᠡᠬᠦ ᠴᠢᠳᠠᠪᠤᠷᠢ ᠵᠢᠨ ᠪᠥᠲᠥᠭᠡᠨ ᠪᠠᠶ᠋ᠢᠭᠤᠯᠤᠯᠲᠠ ᠵᠢᠨ ᠲᠦᠰᠦᠯ (2023 ᠣᠨ᠎ᠤ ᠨᠢᠭᠡᠳᠦᠭᠡᠷ ᠪᠦᠯᠦᠭ᠎ᠤᠨ ᠰᠢᠲᠠᠮᠠᠬᠠᠶ ᠬᠡᠶ ᠨᠡᠭᠡᠭᠡᠨ ᠮᠠᠯᠲᠠᠬᠤ ᠲᠦᠰᠦᠯ᠎ᠢ ᠳᠠᠩᠰᠠᠯᠠᠭᠤᠯᠪᠠ) ᠣᠷᠳᠣᠰ ᠬᠤᠲᠠ ᠵᠢᠨ ᠦᠦᠰᠢᠨ ᠬᠤᠰᠢᠭᠤ᠂ ᠣᠲᠤᠭ᠎ᠤᠨ ᠡᠮᠦᠨᠡᠲᠦ ᠬᠤᠰᠢᠭᠤ᠂ ᠣᠲᠤᠭ ᠬᠤᠰᠢᠭᠤᠨ᠎ᠤ ᠬᠢᠯᠢ᠎ᠳᠤ ᠪᠠᠶ᠋ᠢᠷᠢᠯᠠᠵᠤ᠂ ᠲᠥᠯᠥᠪᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ᠎ᠨᠢ ᠵᠢᠯ᠎ᠳᠤ 3.80 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ/ ᠵᠢᠯ ᠪᠣᠯᠤᠨ᠎ᠠ᠃ ᠲᠦᠰᠦᠯ᠎ᠨᠢ ᠬᠤᠳᠳᠤᠭ᠎ᠤᠨ ᠣᠷᠣᠨ᠂ ᠪᠠᠷᠢᠯᠭ᠎ᠠ ᠵᠢᠨ ᠠᠮᠢᠳᠤᠷᠠᠯ᠎ᠤᠨ ᠲᠣᠭᠤᠷᠢᠭ᠂ ᠬᠡᠢ ᠭᠠᠷᠭ᠋ᠠᠬᠤ ᠬᠤᠭᠤᠯᠠᠢ ᠵᠢᠨ ᠣᠷᠣᠨ᠂ ᠬᠤᠳᠳᠤᠭ᠎ᠲᠤ ᠣᠷᠣᠬᠤ ᠵᠠᠮ᠎ᠤᠨ ᠲᠣᠭᠤᠷᠢᠭ ᠵᠶ᠋ᠠᠷ ᠪᠦᠷᠢᠯᠳᠦᠵᠦ᠂ ᠶᠡᠷᠦᠩᠬᠡᠶ ᠲᠠᠯᠠᠪᠠᠶ᠎ᠨᠢ 37.75 ᠾᠧᠺᠲ᠋ᠠᠷ ᠪᠠᠶ᠋ᠢᠵᠤ᠂ ᠰᠢᠷᠣᠶ ᠴᠢᠯᠠᠭᠤ ᠮᠠᠯᠲᠠᠬᠤ ᠶᠡᠷᠦᠩᠬᠡᠶ ᠬᠡᠮᠵᠢᠶ᠎ᠡ᠎ᠨᠢ 46.02 ᠲᠦᠮᠡᠨ ᠪᠣᠰᠤᠭ᠎ᠠ ᠳᠥᠷᠪᠡᠯᠵᠢᠨ ᠮᠸᠲᠷ ᠪᠠᠶ᠋ᠢᠵᠤ᠂ ᠶᠡᠷᠦᠩᠬᠡᠶ ᠪᠡᠯᠡ ᠣᠷᠣᠭᠤᠯᠤᠯᠲᠠ᠎ᠨᠢ 64600 ᠲᠦᠮᠡᠨ ᠲᠥᠭᠦᠷᠢᠭ ᠪᠣᠯᠤᠨ᠎ᠠ᠃ ᠢᠨᠵᠸᠨ᠋ᠸᠷᠢᠩ᠎ᠢ 2024 ᠣᠨ᠎ᠤ 3 ᠳ᠋ᠤᠭ᠋ᠠᠷ ᠰᠠᠷ᠎ᠠ᠎ᠳᠤ ᠡᠬᠢᠯᠡᠭᠦᠯᠵᠦ᠂ 2024 ᠣᠨ᠎ᠤ 12 ᠳ᠋ᠤᠭ᠋ᠠᠷ ᠰᠠᠷ᠎ᠠ᠎ᠳᠤ ᠪᠠᠶ᠋ᠢᠭᠤᠯᠵᠤ ᠳᠠᠭᠤᠰᠬᠠᠭ᠋ᠠᠳ ᠠᠰᠢᠭᠯᠠᠯᠲᠠ᠎ᠳᠤ ᠣᠷᠣᠭᠤᠯᠬᠤ᠎ᠪᠠᠷ ᠲᠥᠯᠥᠪᠯᠡᠵᠦ᠂ ᠶᠡᠷᠦᠩᠬᠡᠶ ᠠᠵᠢᠯ᠎ᠤᠨ ᠬᠤᠭᠤᠴᠠᠭ᠎ᠠ᠎ᠨᠢ 10 ᠰᠠᠷ᠎ᠠ ᠪᠣᠯᠤᠨ᠎ᠠ᠃
ᠨᠢᠭᠡ᠂ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠤᠨ ᠶᠡᠷᠦᠩᠬᠡᠶ ᠰᠠᠨᠠᠯ
(ᠨᠢᠭᠡ) ᠪᠦᠲᠦᠭᠡᠨ ᠪᠠᠶ᠋ᠢᠭᠤᠯᠬᠤ ᠬᠤᠭᠤᠴᠠᠭ᠋ᠠᠨ᠎ᠳᠠᠬᠢ ᠤᠰᠤ ᠰᠢᠷᠤᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢᠨ ᠬᠦᠷᠢᠶ᠎ᠡ ᠬᠡᠪᠴᠢᠶ᠎ᠡ᠎ᠨᠢ 37.75 ᠾᠧᠺᠲ᠋ᠠᠷ ᠪᠣᠯᠤᠨ᠎ᠠ᠃
(ᠬᠤᠶᠠᠷ) ᠤᠰᠤ ᠰᠢᠷᠤᠢ ᠵᠢᠨ ᠢᠳᠡᠭᠳᠡᠯ᠎ᠢ ᠰᠡᠷᠭᠡᠢ᠌ᠯᠡᠨ ᠵᠠᠰᠠᠬᠤ ᠠᠵᠢᠯ᠎ᠳᠤ ᠪᠠᠷᠠᠭᠤᠨ ᠬᠤᠢ᠌ᠲᠦ ᠵᠢᠨ ᠰᠢᠷ᠎ᠠ ᠬᠥᠷᠥᠰᠥᠲᠦ ᠥᠨᠳᠥᠷᠯᠢᠭ᠎ᠤᠨ ᠣᠷᠣᠨ᠎ᠤ ᠨᠢᠭᠡᠳᠦᠭᠡᠷ ᠳᠡᠰ᠎ᠤᠨ ᠪᠠᠷᠢᠮᠵᠢᠶ᠎ᠠ ᠵᠢ ᠬᠡᠷᠡᠭᠵᠢᠭᠦᠯᠬᠦ ᠵᠢ ᠵᠦᠪᠰᠢᠶᠡᠷᠡᠨ᠎ᠡ᠃
(ᠭᠤᠷᠪᠠ) ᠦᠨᠳᠦᠰᠦᠨ᠎ᠳᠡᠭᠡᠨ ᠵᠥᠪᠰᠢᠶᠡᠷᠡᠭᠰᠡᠨ ᠤᠰᠤ ᠰᠢᠷᠤᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠠᠯᠲᠠ ᠪᠣᠯ᠄ ᠤᠰᠤ ᠰᠢᠷᠤᠢ ᠵᠢᠨ ᠢᠳᠡᠭᠳᠡᠯ᠎ᠢ ᠵᠠᠰᠠᠬᠤ ᠬᠡᠮᠵᠢᠶ᠎ᠡ 93%᠂ ᠤᠰᠤ ᠰᠢᠷᠤᠢ ᠵᠢᠨ ᠢᠳᠡᠭᠳᠡᠯ᠎ᠢ ᠬᠢᠵᠠᠭ᠋ᠠᠷᠯᠠᠬᠤ ᠨᠣᠷᠮ᠎ᠠ 0.8%᠂ ᠬᠤᠭ ᠰᠢᠷᠣᠶ ᠵᠢᠨ ᠰᠡᠷᠭᠡᠶ᠋ᠢᠯᠡᠨ ᠬᠠᠮᠠᠭ᠋ᠠᠯᠠᠬᠤ ᠨᠣᠷᠮ᠎ᠠ 92%᠂ ᠤᠰᠤ ᠰᠢᠷᠤᠢ ᠵᠢᠨ ᠬᠠᠮᠠᠭ᠋ᠠᠯᠠᠯᠲᠠ ᠵᠢᠨ ᠨᠣᠷᠮ᠎ᠠ 90%᠂ ᠣᠶ ᠰᠢᠭᠤᠶ ᠡᠪᠡᠰᠦᠨ᠎ᠤ ᠤᠷᠭᠤᠮᠠᠯ᠎ᠤᠨ ᠬᠤᠴᠢᠯᠭ᠎ᠠ ᠵᠢ ᠰᠡᠷᠭᠦᠭᠡᠭᠰᠡᠨ ᠨᠣᠷᠮ᠎ᠠ 90%᠂ ᠣᠶ ᠰᠢᠭᠤᠶ ᠡᠪᠡᠰᠦᠨ᠎ᠤ ᠤᠷᠭᠤᠮᠠᠯ᠎ᠤᠨ ᠬᠤᠴᠢᠯᠭ᠎ᠠ ᠵᠢ ᠰᠡᠷᠭᠦᠭᠡᠭᠰᠡᠨ ᠨᠣᠷᠮ᠎ᠠ 95%᠂ ᠣᠶ ᠰᠢᠭᠤᠶ ᠡᠪᠡᠰᠦᠨ᠎ᠤ ᠪᠦᠷᠬᠦᠴᠡ ᠵᠢᠨ ᠨᠣᠷᠮ᠎ᠠ 24% ᠪᠣᠯᠤᠨ᠎ᠠ᠃
(ᠲᠦᠷᠪᠡ) ᠤᠰᠤ ᠰᠢᠷᠤᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ ᠬᠤᠪᠢᠶᠠᠨ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢᠨ ᠲᠣᠬᠢᠷᠠᠭᠤᠯᠤᠯᠲᠠ ᠵᠢ ᠦᠨᠳᠦᠰᠦᠨ᠎ᠳᠡᠭᠡᠨ ᠵᠥᠪᠰᠢᠶᠡᠷᠡᠨ᠎ᠡ᠃
(ᠲᠠᠪᠤ) ᠦᠨᠳᠦᠰᠦᠨ᠎ᠳᠡᠭᠡᠨ ᠪᠦᠲᠦᠭᠡᠨ ᠪᠠᠶ᠋ᠢᠭᠤᠯᠤᠯᠲᠠ ᠵᠢᠨ ᠬᠤᠭᠤᠴᠠᠭ᠋ᠠᠨ᠎ᠳᠤ ᠤᠰᠤ ᠰᠢᠷᠤᠢ ᠵᠢ ᠬᠠᠮᠠᠭ᠋ᠠᠯᠠᠬᠤ ᠨᠦᠬᠦᠪᠦᠷᠢ ᠮᠦᠩᠭᠦ 64.175 ᠲᠦᠮᠡᠨ ᠲᠦᠭᠦᠷᠢᠭ ᠪᠣᠯᠤᠨ᠎ᠠ᠂ ᠡᠭᠦᠨ᠎ᠳᠤ ᠦᠤᠰᠢᠨ ᠬᠤᠰᠢᠭᠤ 15.436 ᠲᠦᠮᠡᠨ ᠲᠦᠭᠦᠷᠢᠭ᠂ ᠤᠳᠤᠭ ᠬᠤᠰᠢᠭᠤ 25.891 ᠲᠦᠮᠡᠨ ᠲᠦᠭᠦᠷᠢᠭ᠂ ᠤᠳᠤᠭ᠎ᠤᠨ ᠡᠮᠤᠨᠡᠳᠤ ᠬᠤᠰᠢᠭᠤ 22.848 ᠲᠦᠮᠡᠨ ᠲᠦᠬᠦᠷᠢᠭ ᠪᠤᠯᠤᠨ᠎ᠠ᠃
ᠬᠤᠶᠠᠷ᠂ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠢ᠎ᠨᠢ ᠲᠦᠰᠦᠯ᠎ᠤᠨ ᠪᠦᠲᠦᠭᠡᠨ ᠪᠠᠶ᠋ᠢᠭᠤᠯᠤᠯᠲᠠ ᠵᠢᠨ ᠳᠤᠮᠳᠠ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤ ᠰᠢᠷᠣᠢ ᠵᠢ ᠬᠠᠮᠠᠭ᠋ᠠᠯᠠᠬᠤ ᠬᠠᠤᠯᠢ》 ᠵᠢᠨ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢᠨ ᠬᠠᠮᠲᠤ᠂ ᠳᠣᠣᠷᠠᠬᠢ ᠠᠵᠢᠯ᠎ᠤᠳ᠎ᠢ ᠭᠤᠣᠯᠳᠠᠯᠭ᠎ᠠ᠎ᠲᠠᠢ ᠰᠠᠶ᠋ᠢᠲᠤᠷ ᠬᠢᠬᠦ ᠬᠡᠷᠡᠭᠲᠡᠢ᠄
(ᠨᠢᠭᠡ) ᠵᠥᠪᠰᠢᠶᠡᠷᠡᠭᠰᠡᠨ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠤᠨ ᠶᠣᠰᠣᠭ᠋ᠠᠷ᠂ ᠤᠰᠤ ᠰᠢᠷᠤᠢ ᠵᠢ ᠬᠠᠮᠠᠭ᠋ᠠᠯᠠᠬᠤ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠡᠷᠭᠡ ᠵᠠᠯᠭ᠋ᠠᠮᠵᠢ ᠵᠢᠷᠤᠭ ᠲᠥᠯᠥᠪᠯᠡᠭᠡ ᠵᠢ ᠰᠠᠶ᠋ᠢᠲᠤᠷ ᠬᠢᠵᠦ᠂ ᠪᠠᠷᠢᠯᠭ᠎ᠠ ᠪᠠᠷᠢᠬᠤ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠬᠤ ᠬᠡᠷᠡᠭᠲᠡᠶ᠃
(ᠬᠤᠶᠠᠷ) ᠲᠥᠰᠦᠯ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠤᠰᠤ ᠰᠢᠷᠤᠢ ᠵᠢ ᠬᠠᠮᠠᠭ᠋ᠠᠯᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ᠎ᠤᠨ ᠪᠠᠷᠢᠯᠭ᠎ᠠ ᠪᠠᠷᠢᠬᠤ ᠠᠵᠢᠯᠯᠠᠭ᠎ᠠ᠎ᠨᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠳᠤᠷ᠎ᠠ᠎ᠪᠠᠷ ᠵᠶ᠋ᠠᠨ ᠡᠵᠡᠯᠡᠬᠦ᠂ ᠭᠠᠵᠠᠷ᠎ᠤᠨ ᠭᠠᠳᠠᠷᠭᠤ ᠵᠢᠨ ᠤᠷᠭᠤᠮᠠᠯ᠎ᠤᠨ ᠬᠤᠴᠢᠯᠭ᠎ᠠ ᠵᠢ ᠰᠠᠮᠠᠭᠤᠷᠠᠭᠤᠯᠬᠤ ᠪᠠ ᠡᠪᠳᠡᠬᠦ ᠵᠢ ᠴᠢᠩᠭ᠎ᠠ ᠴᠠᠭ᠋ᠠᠵᠠᠯᠠᠵᠤ᠂ ᠤᠰᠤ ᠰᠢᠷᠤᠢ ᠵᠢ ᠰᠠᠯᠭ᠋ᠠᠬᠤ᠂ ᠬᠠᠳᠠᠭ᠋ᠠᠯᠠᠬᠤ ᠪᠠ ᠠᠰᠢᠭᠯᠠᠬᠤ ᠵᠢ ᠰᠠᠶ᠋ᠢᠲᠤᠷ ᠬᠢᠬᠦ ᠬᠡᠷᠡᠭᠲᠡᠶ᠃ ᠬᠠᠶᠠᠭᠳᠠᠮᠠᠯ ᠰᠢᠭ᠋ᠠᠷᠤ ᠵᠢ ᠶᠡᠷᠦᠩᠬᠡᠶ᠋ᠢᠯᠡᠨ ᠠᠰᠢᠭᠯᠠᠬᠤ ᠵᠢ ᠴᠢᠩᠭ᠋ᠠᠳᠬᠠᠵᠤ᠂ ᠪᠦᠲᠦᠭᠡᠨ ᠪᠠᠶ᠋ᠢᠭᠤᠯᠬᠤ ᠶᠠᠪᠤᠴᠠ᠎ᠳᠤ ᠭᠠᠷᠤᠭᠰᠠᠨ ᠬᠠᠶᠠᠭᠳᠠᠮᠠᠯ ᠰᠢᠭ᠋ᠠᠷᠤ ᠵᠢ ᠴᠠᠭ ᠲᠤᠬᠠᠶ᠎ᠳᠤᠨᠢ ᠲᠥᠰᠦᠯ᠎ᠳᠤ ᠲᠣᠭᠲᠠᠭ᠋ᠠᠭᠰᠠᠨ ᠲᠤᠰᠬᠠᠶ ᠲᠠᠯᠠᠪᠤᠷ᠎ᠲᠤ ᠲᠡᠭᠡᠭᠡᠪᠦᠷᠢᠯᠡᠨ ᠬᠦᠷᠭᠡᠬᠦ ᠬᠡᠷᠡᠭᠲᠡᠶ᠃ ᠲᠥᠰᠦᠯ᠎ᠤᠨ ᠱᠠᠭ᠋ᠠᠷᠳᠠᠯᠭ᠎ᠠ ᠵᠢ ᠦᠨᠳᠦᠰᠦᠯᠡᠨ ᠪᠠᠷᠢᠯᠭ᠎ᠠ ᠪᠠᠷᠢᠬᠤ ᠴᠠᠭ᠎ᠤᠨ ᠳᠠᠷᠠᠭ᠋ᠠᠯᠠᠯ ᠪᠠ ᠤᠰᠤ ᠰᠢᠷᠤᠢ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠠᠬᠢᠴᠠ ᠵᠢ ᠵᠦᠶ ᠵᠣᠬᠢᠰᠲᠠᠶ ᠲᠣᠬᠢᠷᠠᠭᠤᠯᠵᠤ᠂ ᠪᠠᠷᠢᠯᠭ᠎ᠠ ᠪᠠᠷᠢᠬᠤ ᠬᠤᠭᠤᠴᠠᠭ᠋ᠠᠨ᠎ᠳᠤ ᠤᠰᠤ ᠰᠢᠷᠤᠢ ᠵᠢᠨ ᠢᠳᠡᠭᠳᠡᠯ᠎ᠢ ᠴᠢᠩᠭ᠎ᠠ ᠬᠢᠵᠠᠭ᠋ᠠᠷᠯᠠᠬᠤ ᠬᠡᠷᠡᠭᠲᠡᠶ᠃
(ᠭᠤᠷᠪᠠ) ᠤᠰᠤ ᠰᠢᠷᠤᠢ ᠵᠢ ᠬᠠᠮᠠᠭ᠋ᠠᠯᠠᠬᠤ ᠬᠢᠨᠠᠨ ᠬᠡᠮᠵᠢᠬᠦ ᠠᠵᠢᠯ᠎ᠢ ᠦᠨᠡᠨ ᠬᠦ᠌ ᠰᠠᠶ᠋ᠢᠲᠤᠷ ᠬᠢᠵᠦ᠂ ᠤᠰᠤ ᠰᠢᠷᠤᠢ ᠵᠢᠨ ᠢᠳᠡᠭᠳᠡᠯ᠎ᠤᠨ ᠪᠠᠶ᠋ᠢᠳᠠᠯ᠎ᠢ ᠬᠢᠨᠠᠨ ᠡᠵᠡᠮᠳᠡᠬᠦ ᠵᠢ ᠴᠢᠩᠭ᠋ᠠᠳᠬᠠᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠮᠠᠨ᠎ᠤ ᠲᠢᠩᠬᠢᠮ ᠵᠢᠴᠢ ᠣᠷᠳᠣᠰ ᠬᠤᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠎ᠳᠤ ᠬᠢᠨᠠᠨ ᠬᠡᠮᠵᠢᠯᠲᠡ ᠵᠢᠨ ᠤᠯᠠᠷᠢᠯ᠎ᠤᠨ ᠮᠡᠳᠡᠭᠦᠯᠦᠯᠲᠡ ᠵᠢᠴᠢ ᠳ᠋ᠦᠩᠨᠡᠯᠲᠡ ᠵᠢᠨ ᠮᠡᠳᠡᠭᠦᠯᠦᠯᠲᠡ ᠵᠢ ᠲᠤᠰᠢᠶᠠᠨ᠎ᠠ᠃
(ᠲᠦᠷᠪᠡ) ᠤᠰᠤ ᠰᠢᠷᠤᠢ ᠵᠢ ᠬᠠᠮᠠᠭ᠋ᠠᠯᠠᠬᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠨᠠᠶ᠋ᠢᠳᠠᠪᠤᠷᠢᠵᠢᠭᠤᠯᠬᠤ ᠵᠢᠨ ᠬᠠᠮᠲᠤ ᠰᠠᠶ᠋ᠢᠲᠤᠷ ᠬᠢᠵᠦ᠂ ᠤᠰᠤ ᠰᠢᠷᠤᠢ ᠵᠢ ᠬᠠᠮᠠᠭ᠋ᠠᠯᠠᠬᠤ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ ᠪᠣᠯᠤᠨ ᠠᠬᠢᠴᠠ ᠵᠢ ᠦᠨᠡᠨ ᠬᠦ᠌ ᠪᠠᠲᠤᠯᠠᠬᠤ ᠬᠡᠷᠡᠭᠲᠡᠶ᠃
(ᠲᠠᠪᠤ) ᠤᠰᠤ ᠰᠢᠷᠤᠢ ᠵᠢ ᠬᠠᠮᠠᠭ᠋ᠠᠯᠠᠬᠤ ᠨᠥᠬᠦᠪᠥᠷᠢ ᠵᠠᠷᠤᠳᠠᠯ᠎ᠢ ᠬᠠᠤᠯᠢ ᠲᠣᠭᠲᠠᠭ᠋ᠠᠯ ᠶᠣᠰᠣᠭ᠋ᠠᠷ ᠭᠦᠢ᠍ᠴᠡᠳ ᠲᠤᠭ᠎ᠠ᠎ᠪᠠᠷ ᠲᠤᠰᠢᠶᠠᠨ᠎ᠠ᠃
ᠭᠤᠷᠪᠠ᠂ ᠲᠤᠰ ᠲᠦᠰᠦᠯ᠎ᠤᠨ ᠭᠠᠵᠠᠷ᠂ ᠬᠡᠪᠴᠢᠶ᠎ᠡ᠎ᠨᠢ ᠴᠢᠬᠤᠯᠠ ᠶᠡᠬᠡ ᠬᠤᠪᠢᠷᠠᠯᠲᠠ ᠭᠠᠷᠤᠭᠰᠠᠨ᠂ ᠡᠰᠡᠬᠦᠯ᠎ᠡ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠢ ᠬᠡᠷᠡᠭᠵᠢᠭᠦᠯᠬᠦ ᠶᠠᠪᠤᠴᠠ᠎ᠳᠠᠬᠢ ᠤᠰᠤ ᠰᠢᠷᠤᠢ ᠵᠢ ᠬᠠᠮᠠᠭ᠋ᠠᠯᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠪᠠᠯ᠂ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠳᠤ ᠨᠥᠬᠥᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ᠎ᠤ ᠲᠢᠩᠬᠢᠮ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃ ᠰᠢᠭ᠋ᠠᠷᠤ ᠬᠠᠶᠠᠬᠤ ᠰᠢᠨ᠎ᠡ᠎ᠪᠠᠷ ᠪᠠᠶ᠋ᠢᠭᠤᠯᠤᠭᠰᠠᠨ ᠪᠤᠶᠤ ᠡᠰᠡᠬᠦᠯ᠎ᠡ ᠰᠢᠭ᠋ᠠᠷᠤ ᠵᠢᠨ ᠬᠡᠮᠵᠢᠶ᠎ᠡ᠎ᠨᠢ ᠨᠡᠮᠡᠭᠳᠡᠭᠰᠡᠨ᠎ᠠᠴᠠ ᠪᠣᠯᠵᠤ ᠰᠢᠭ᠋ᠠᠷᠤ ᠬᠠᠶᠠᠬᠤ ᠲᠠᠯᠠᠪᠠᠶ ᠵᠡᠷᠭᠡ ᠳᠡᠰ᠎ᠨᠢ ᠳᠡᠭᠡᠭᠰᠢᠯᠡᠭᠰᠡᠨ ᠪᠣᠯ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠢ᠎ᠨᠢ ᠰᠢᠭ᠋ᠠᠷᠤ ᠵᠢᠨ ᠬᠡᠮᠵᠢᠶ᠎ᠡ ᠵᠢ ᠪᠠᠭ᠋ᠠᠰᠬᠠᠬᠤ᠂ ᠡᠬᠢ ᠪᠠᠶᠠᠯᠢᠭᠵᠢᠭᠤᠯᠤᠯᠲᠠ ᠵᠢ ᠨᠤᠲᠠᠯᠠᠬᠤ ᠵᠢ ᠥᠷᠨᠢᠭᠦᠯᠬᠦ ᠵᠢᠨ ᠬᠠᠮᠲᠤ ᠰᠢᠭ᠋ᠠᠷᠤ ᠵᠢᠨ ᠡᠮᠦᠨ᠎ᠡ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠤᠨ ᠨᠥᠬᠥᠪᠥᠷᠢ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠵᠤ᠂ ᠮᠠᠨ᠎ᠤ ᠲᠢᠩᠬᠢᠮ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃
ᠳᠥᠷᠪᠡ᠂ ᠲᠠᠨ᠎ᠤ ᠨᠢᠭᠡᠴᠢ ᠪᠣᠯ ᠲᠤᠰ ᠲᠦᠰᠦᠯ᠎ᠤᠨ ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢ ᠰᠢᠯᠭ᠋ᠠᠨ ᠠᠪᠬᠤ ᠬᠠᠷᠢᠭᠤᠴᠠᠯᠭ᠎ᠠ ᠵᠢᠨ ᠭᠣᠤᠯ ᠴᠣᠭᠴᠠ ᠪᠣᠯᠬᠤ ᠲᠤᠯᠠ᠂ ᠲᠤᠰ ᠲᠦᠰᠦᠯ᠎ᠨᠢ ᠪᠠᠷᠢᠯᠭ᠎ᠠ ᠳᠠᠭᠤᠰᠴᠤ ᠰᠢᠯᠭ᠋ᠠᠨ ᠠᠪᠬᠤ ᠪᠤᠶᠤ ᠠᠰᠢᠭᠯᠠᠯᠲᠠ᠎ᠳᠤ ᠣᠷᠣᠭᠤᠯᠬᠤ᠎ᠠᠴᠠ ᠡᠮᠦᠨ᠎ᠡ᠂ ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢ ᠡᠵᠡᠨ ᠮᠡᠳᠡᠵᠦ ᠰᠢᠯᠭ᠋ᠠᠨ ᠠᠪᠬᠤ ᠵᠢ ᠥᠩᠭᠡᠷᠡᠭᠡᠬᠦ ᠬᠡᠷᠡᠭᠲᠡᠶ᠃ ᠡᠵᠡᠨ ᠮᠡᠳᠡᠨ ᠰᠢᠯᠭ᠋ᠠᠨ ᠠᠪᠬᠤ᠎ᠳᠤ ᠤᠰᠤ ᠰᠢᠷᠤᠢ ᠵᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠪᠠᠷᠢᠮᠵᠢᠶ᠎ᠠ ᠵᠢᠨ ᠵᠢᠷᠤᠮᠵᠢᠯ᠂ ᠤᠰᠤ ᠰᠢᠷᠤᠢ ᠵᠢ ᠬᠠᠮᠠᠭ᠋ᠠᠯᠠᠬᠤ ᠲᠥᠰᠦᠯ ᠬᠢᠭᠡᠳ ᠲᠤᠰ ᠬᠢᠨᠠᠨ ᠵᠥᠪᠰᠢᠶᠡᠷᠡᠭᠰᠡᠨ ᠲᠣᠭᠲᠠᠭ᠋ᠠᠯ᠂ ᠤᠰᠤ ᠰᠢᠷᠤᠢ ᠵᠢ ᠬᠠᠮᠠᠭ᠋ᠠᠯᠠᠬᠤ ᠵᠠᠯᠭ᠋ᠠᠮᠵᠢ ᠵᠢᠷᠤᠭ ᠲᠥᠯᠥᠪᠯᠡᠭᠡ ᠵᠡᠷᠭᠡ ᠵᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢ ᠰᠢᠯᠭ᠋ᠠᠨ ᠠᠪᠬᠤ ᠪᠠᠷᠢᠮᠵᠢᠶ᠎ᠠ ᠪᠣᠯᠤᠨ ᠨᠥᠬᠥᠴᠡᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢ ᠡᠵᠡᠨ ᠮᠡᠳᠡᠵᠦ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ᠂ ᠠᠯᠪᠠᠨ᠎ᠤ ᠰᠦᠯᠵᠢᠶᠡᠨ ᠥᠷᠲᠡᠭᠡ ᠪᠤᠶᠤ ᠪᠤᠰᠤᠳ ᠣᠯᠠᠨ ᠨᠡᠶ᠋ᠢᠲᠡ ᠵᠢᠨ ᠣᠯᠵᠤ ᠮᠡᠳᠡᠭᠰᠡᠨ ᠰᠦᠯᠵᠢᠶᠡᠨ᠎ᠤ ᠥᠷᠲᠡᠭᠡ᠎ᠳᠤ ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢᠨ ᠰᠢᠯᠭ᠋ᠠᠨ ᠠᠪᠬᠤ ᠮᠠᠲ᠋ᠧᠷᠢᠶᠠᠯ᠎ᠢ ᠴᠠᠭ ᠲᠤᠬᠠᠶ᠎ᠳᠤᠨᠢ ᠨᠡᠶ᠋ᠢᠲᠡᠯᠡᠵᠦ᠂ ᠨᠡᠶ᠋ᠢᠲᠡᠯᠡᠬᠦ ᠴᠠᠭ ᠬᠤᠭᠤᠴᠠᠭ᠎ᠠ ᠵᠢ᠎ᠨᠢ 20 ᠠᠵᠢᠯᠯᠠᠬᠤ ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠶ; ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢ ᠡᠵᠡᠨ ᠮᠡᠳᠡᠨ ᠰᠢᠯᠭ᠋ᠠᠨ ᠠᠪᠴᠤ ᠥᠩᠭᠡᠷᠡᠭᠰᠡᠨ᠎ᠤ ᠳᠠᠷᠠᠭ᠎ᠠ 3 ᠰᠠᠷ᠎ᠠ ᠵᠢᠨ ᠳᠣᠲᠣᠷ᠎ᠠ ᠮᠠᠨ᠎ᠤ ᠲᠢᠩᠬᠢᠮ᠎ᠳᠤ ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢᠨ ᠰᠢᠯᠭ᠋ᠠᠨ ᠠᠪᠬᠤ ᠮᠠᠲ᠋ᠧᠷᠢᠶᠠᠯ ᠵᠶ᠋ᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ; ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ᠎ᠨᠢ ᠰᠢᠯᠭ᠋ᠠᠨ ᠠᠪᠬᠤ ᠵᠢ ᠳᠠᠮᠵᠢᠭᠰᠠᠨ ᠦᠭᠡᠶ ᠪᠤᠶᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠶ ᠪᠣᠯ ᠦᠢ᠍ᠯᠡᠳᠪᠦᠷᠢᠯᠡᠵᠦ ᠪᠦᠲᠦᠭᠡᠨ ᠪᠠᠶ᠋ᠢᠭᠤᠯᠬᠤ ᠲᠦᠰᠦᠯ᠎ᠨᠢ ᠠᠰᠢᠭᠯᠠᠯᠲᠠ᠎ᠳᠤ ᠣᠷᠣᠭᠤᠯᠤᠨ ᠬᠡᠷᠡᠭᠯᠡᠵᠦ ᠪᠣᠯᠬᠤ ᠦᠭᠡᠶ᠃
ᠲᠠᠪᠤ᠂ ᠲᠤᠰ ᠲᠦᠰᠦᠯ᠎ᠨᠢ 《ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠢ ᠵᠥᠪᠰᠢᠶᠡᠷᠡᠭᠦᠯᠦᠭᠡᠳᠦᠶ᠎ᠪᠠᠷ ᠤᠷᠢᠳᠠᠪᠠᠷ ᠪᠠᠶ᠋ᠢᠭᠤᠯᠬᠤ》 ᠲᠦᠰᠦᠯ᠎ᠳᠤ ᠬᠠᠷᠢᠶᠠᠯᠠᠭᠳᠠᠪᠠᠯ᠂ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠢ᠎ᠨᠢ ᠰᠤᠷᠭ᠋ᠠᠮᠵᠢ ᠠᠪᠴᠤ᠂ ᠤᠰᠤ ᠰᠢᠷᠤᠢ ᠵᠢ ᠬᠠᠮᠠᠭ᠋ᠠᠯᠠᠬᠤ ᠠᠷᠭ᠎ᠠ ᠵᠢ ᠴᠢᠩᠭ᠎ᠠ ᠬᠡᠷᠡᠭᠵᠢᠭᠦᠯᠵᠦ᠂ ᠵᠠᠯᠭ᠋ᠠᠮᠵᠢ ᠤᠰᠤ ᠰᠢᠷᠤᠢ ᠵᠢ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠣᠷᠳᠣᠰ ᠬᠤᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠂ ᠦᠦᠰᠢᠨ ᠬᠤᠰᠢᠭᠤᠨ᠎ᠤ ᠤᠰᠤᠨ ᠠᠰᠢᠭᠯᠠᠯᠲᠠ ᠵᠢᠨ ᠲᠣᠪᠴᠢᠶ᠎ᠠ᠂ ᠣᠲᠤᠭ᠎ᠤᠨ ᠡᠮᠦᠨᠡᠲᠦ ᠬᠤᠰᠢᠭᠤᠨ᠎ᠤ ᠤᠰᠤᠨ ᠠᠰᠢᠭᠯᠠᠯᠲᠠ ᠵᠢᠨ ᠲᠣᠪᠴᠢᠶ᠎ᠠ᠂ ᠣᠲᠤᠭ ᠬᠤᠰᠢᠭᠤᠨ᠎ᠤ ᠤᠰᠤᠨ ᠠᠰᠢᠭᠯᠠᠯᠲᠠ ᠵᠢᠨ ᠲᠣᠪᠴᠢᠶ᠎ᠠ ᠲᠣᠰ ᠲᠦᠰᠦᠯ᠎ᠤᠨ ᠤᠰᠤ ᠰᠢᠷᠤᠢ ᠵᠢᠨ ᠬᠠᠮᠠᠭ᠋ᠠᠯᠠᠯᠲᠠ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ ᠵᠶ᠋ᠠᠨ ᠴᠢᠩᠭ᠋ᠠᠳᠬᠠᠵᠤ᠂ ᠤᠰᠤ ᠰᠢᠷᠤᠢ ᠵᠢᠨ ᠢᠳᠡᠭᠳᠡᠯ᠎ᠤᠨ ᠠᠰᠠᠭᠤᠳᠠᠯ ᠣᠷᠣᠰᠢᠵᠤ ᠪᠠᠶ᠋ᠢᠬᠤ ᠡᠰᠡᠬᠦ ᠵᠢ ᠪᠠᠶ᠋ᠢᠴᠠᠭ᠋ᠠᠵᠤ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠶ᠃
2024 ᠣᠨ᠎ᠤ 7 ᠳ᠋ᠤᠭ᠋ᠠᠷ ᠰᠠᠷ᠎ᠠ ᠵᠢᠨ 9᠎ᠤ ᠡᠳᠦᠷ
ᠳᠠᠭ᠋ᠠᠯᠳᠤᠭᠤᠯᠤᠯ᠄
ᠥᠪᠥᠷ ᠤᠰᠤᠨ ᠲᠥᠪ ᠮᠡᠷᠭᠡᠵᠢᠯ ᠵᠦᠪᠰᠢᠶᠡᠷᠡᠯ [2024] 226 ᠳ᠋ᠤᠭ᠋ᠠᠷ ᠲᠣᠭ᠋ᠠᠲᠤ .pdf