ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠤᠯ᠎ᠤᠨ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠣᠷᠣᠨ᠎ᠤ 100 ᠲᠦᠮᠡᠨ ᠺᠢᠯᠣᠸᠠᠲ᠎ᠤᠨ ᠬᠡᠷᠡᠯ ᠴᠡᠨᠡᠭ᠎ᠤᠨ ᠲᠦᠰᠦᠯ᠎ᠳᠤ 220 ᠺᠢᠯᠣᠸᠠᠲ᠎ᠤᠨ ᠲᠣᠤᠷ ᠵᠠᠯᠭ᠋ᠠᠬᠤ ᠢᠨᠵᠧᠨᠧᠷᠢᠩ᠎ᠤᠨ ᠤᠰᠤ ᠰᠢᠷᠣᠶ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ᠎ᠢ ᠬᠢᠨᠠᠨ ᠵᠥᠪᠰᠢᠶᠡᠷᠡᠵᠦ ᠵᠠᠰᠠᠭ ᠵᠠᠬᠢᠷᠭ᠋ᠠᠨ᠎ᠤ ᠵᠥᠪᠰᠢᠶᠡᠷᠡᠯ ᠥᠭᠬᠦ ᠲᠣᠭᠲᠠᠭ᠋ᠠᠯ᠎ᠤᠨ ᠪᠢᠴᠢᠭ
ᠨᠡᠶ᠋ᠢᠲᠡᠯᠡᠭᠰᠡᠨ ᠴᠠᠭ᠄ 2024-07-22

   ᠬᠡᠯᠬᠢᠶᠡᠰᠦᠨ ᠨᠣᠮᠧᠷ᠄ 000014348/2024 — 04710

   ᠭᠤᠣᠯ ᠰᠡᠳᠦᠪ᠎ᠤᠨ ᠠᠩᠭᠢᠯᠠᠯ᠄ ᠤᠰᠤᠨ ᠠᠰᠢᠭᠯᠠᠯᠲᠠ

   ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ

   ᠪᠢᠴᠢᠭ᠎ᠤᠨ ᠳ᠋ᠤᠭ᠋ᠠᠷ᠄ ᠦᠪᠦᠷ ᠤᠰᠤᠨ ᠬᠠᠮᠠᠭ᠋ᠠᠯᠠᠬᠤ ᠵᠦᠪᠰᠢᠶᠡᠷᠡᠯ ᠲᠤᠭᠲᠠᠭ᠋ᠠᠯ [2024] 48 ᠳ᠋ᠤᠭ᠋ᠠᠷ ᠲᠣᠭ᠋ᠠᠲᠤ

   ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ᠎ᠤ 8 ᠳ᠋ᠤᠭ᠋ᠠᠷ ᠰᠠᠷ᠎ᠠ ᠵᠢᠨ 11᠎ᠤ ᠡᠳᠦᠷ

   ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ

 

ᠥᠪᠥᠷ ᠮᠣᠩᠭᠤᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠠᠯᠠᠱ᠌ᠠ ᠵᠢᠨ ᠴᠠᠬᠢᠯᠭ᠋ᠠᠨ ᠬᠠᠩᠭ᠋ᠠᠬᠤ ᠬᠤᠪᠢᠶᠠᠷᠢ ᠺᠣᠮᠫᠠᠨᠢ᠄

   ᠮᠠᠨ᠎ᠤ ᠲᠢᠩᠬᠢᠮ᠎ᠨᠢ 2024 ᠣᠨ᠎ᠤ 5 ᠳ᠋ᠤᠭ᠋ᠠᠷ ᠰᠠᠷ᠎ᠠ ᠵᠢᠨ 27᠎ᠤ ᠡᠳᠦᠷ ᠲᠠᠨ᠎ᠤ ᠺᠣᠮᠫᠠᠨᠢ ᠵᠢᠨ ᠳᠤᠷᠠᠳᠤᠭᠰᠠᠨ ᠥᠪᠥᠷ ᠮᠣᠩᠭᠤᠯ᠎ᠤᠨ ᠠᠯᠠᠱ᠌ᠠ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠣᠷᠣᠨ᠎ᠤ 100 ᠲᠦᠮᠡᠨ ᠺᠢᠯᠣᠸᠠᠲ᠎ᠤᠨ ᠬᠡᠷᠡᠯ ᠴᠡᠨᠡᠭ᠎ᠤᠨ ᠲᠦᠰᠦᠯ᠎ᠤᠨ 220 ᠺᠢᠯᠣᠸᠠᠲ᠎ᠤᠨ ᠲᠣᠤᠷ ᠵᠠᠯᠭ᠋ᠠᠬᠤ ᠢᠨᠵᠧᠨᠧᠷᠢᠩ᠎ᠤᠨ ᠤᠰᠤ ᠰᠢᠷᠣᠶ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ᠎ᠢ ᠭᠥᠯᠢᠶᠡᠨ ᠠᠪᠴᠤ ᠰᠢᠢ᠍ᠳᠪᠦᠷᠢᠯᠡᠨ᠎ᠡ᠃ ᠬᠢᠨᠠᠨ ᠪᠠᠶ᠋ᠢᠴᠠᠭ᠋ᠠᠭ᠋ᠠᠳ᠂ ᠲᠤᠰ ᠭᠤᠶᠤᠴᠢᠯᠠᠯ᠎ᠨᠢ ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠵᠦ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠨ ᠭᠤᠴᠢᠨ ᠨᠠᠢ᠍ᠮᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠂ 《ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠡᠷᠡᠭᠵᠢᠭᠦᠯᠬᠦ ᠠᠷᠭ᠎ᠠ》 ᠵᠢᠨ ᠭᠤᠴᠢᠨ ᠬᠣᠶᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠢ ᠦᠨᠳᠦᠰᠦᠯᠡᠨ᠂ ᠵᠠᠰᠠᠭ ᠵᠠᠬᠢᠷᠭ᠋ᠠᠨ᠎ᠤ ᠵᠥᠪᠰᠢᠶᠡᠷᠡᠯ ᠣᠯᠭᠣᠬᠤ ᠵᠢ ᠵᠥᠪᠰᠢᠶᠡᠷᠡᠬᠦ᠎ᠪᠠᠷ ᠲᠣᠭᠲᠠᠪᠠ᠃

   ᠥᠪᠥᠷ ᠮᠣᠩᠭᠤᠯ᠎ᠤᠨ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠣᠷᠣᠨ᠎ᠤ 100 ᠲᠦᠮᠡᠨ ᠺᠢᠯᠣᠸᠠᠲ᠎ᠤᠨ ᠬᠡᠷᠡᠯ ᠴᠡᠨᠡᠭ᠎ᠤᠨ ᠲᠦᠰᠦᠯ᠎ᠤᠨ ᠢᠵᠢ ᠪᠥᠷᠢᠳᠦᠭᠦᠯᠬᠦ 220 ᠺᠢᠯᠣᠸᠠᠲ᠎ᠤᠨ ᠲᠣᠤᠷ ᠵᠠᠯᠭ᠋ᠠᠬᠤ ᠢᠨᠵᠧᠨᠧᠷᠢᠩ᠎ᠨᠢ ᠠᠯᠠᠱ᠌ᠠ ᠠᠶ᠋ᠢᠮᠠᠭ᠎ᠤᠨ ᠠᠯᠠᠱ᠌ᠠ ᠵᠡᠭᠦᠨ ᠬᠤᠰᠢᠭᠤ ᠪᠠ ᠦᠬᠠᠶ ᠬᠤᠲᠠ ᠵᠢᠨ ᠤᠳᠠ ᠲᠣᠭᠤᠷᠢᠭ᠎ᠤᠨ ᠬᠢᠯᠢ ᠳᠣᠲᠣᠷ᠎ᠠ ᠪᠠᠶ᠋ᠢᠷᠢᠯᠠᠵᠤ᠂ ᠢᠨᠵᠧᠨᠧᠷᠢᠩ᠎ᠤᠨ ᠰᠢᠨ᠎ᠡ᠎ᠪᠠᠷ ᠪᠠᠶ᠋ᠢᠭᠤᠯᠤᠭᠰᠠᠨ ᠴᠠᠬᠢᠯᠭ᠋ᠠᠨ ᠬᠦᠷᠭᠡᠬᠦ ᠱᠤᠭᠤᠮ 40.3 ᠺᠢᠯᠤᠮᠸᠲᠷ ᠪᠠᠶ᠋ᠢᠵᠤ᠂ ᠬᠦᠴᠦᠳᠡᠯ ᠥᠭᠡᠷᠡᠴᠢᠯᠡᠬᠦ ᠥᠷᠲᠡᠭᠡ ᠵᠢᠨ ᠵᠠᠮ᠎ᠠᠴᠠ 1 ᠵᠢ ᠥᠷᠭᠡᠳᠬᠡᠨ ᠪᠠᠶ᠋ᠢᠭᠤᠯᠤᠨ᠎ᠠ᠃ ᠢᠨᠵᠧᠨᠧᠷᠢᠩ᠎ᠤᠨ ᠶᠡᠷᠦᠩᠭᠡᠢ ᠳᠠᠳᠠᠪᠤᠷᠢᠯᠠᠭᠰᠠᠨ ᠳᠠᠯᠠᠪᠠᠢ᠎ᠨᠢ 21.04 ᠾᠧᠺᠲ᠋ᠠᠷ᠂ ᠬᠦᠳᠡᠯᠦᠩᠬᠦᠢ ᠰᠢᠷᠣᠢ ᠵᠢᠨ ᠶᠡᠷᠦᠩᠬᠡᠢ ᠬᠡᠮᠵᠢᠶ᠎ᠡ᠎ᠨᠢ 7.66 ᠲᠦᠮᠡᠨ ᠪᠤᠰᠤᠭ᠎ᠠ ᠲᠦᠷᠪᠡᠯᠵᠢᠨ ᠮᠸᠲᠷ᠂ ᠶᠡᠷᠦᠩᠭᠡᠢ ᠪᠡᠯᠡ ᠤᠷᠤᠭᠤᠯᠤᠯᠳᠠ᠎ᠨᠢ 16232 ᠲᠦᠮᠡᠨ ᠲᠦᠭᠦᠷᠢᠭ᠃ ᠢᠨᠵᠧᠨᠧᠷᠢᠩ᠎ᠨᠢ 2024 ᠣᠨ᠎ᠤ 7 ᠳ᠋ᠤᠭ᠋ᠠᠷ ᠰᠠᠷ᠎ᠠ᠎ᠳᠤ ᠠᠵᠢᠯ ᠵᠶ᠋ᠠᠨ ᠡᠬᠢᠯᠡᠭᠦᠯᠵᠦ᠂ 2024 ᠣᠨ᠎ᠤ 12 ᠳ᠋ᠤᠭ᠋ᠠᠷ ᠰᠠᠷ᠎ᠠ᠎ᠳᠤ ᠠᠵᠢᠯ ᠵᠶ᠋ᠠᠨ ᠳᠠᠭᠤᠰᠬᠠᠵᠤ᠂ ᠶᠡᠷᠦᠩᠬᠡᠶ ᠢᠨᠵᠧᠨᠧᠷᠢᠩ᠎ᠤᠨ ᠬᠤᠭᠤᠴᠠᠭ᠎ᠠ᠎ᠨᠢ 6 ᠰᠠᠷ᠎ᠠ ᠪᠣᠯᠤᠨ᠎ᠠ᠃

   ᠨᠢᠭᠡ᠂ ᠤᠰᠤ ᠰᠢᠷᠣᠶ ᠵᠢ ᠬᠠᠮᠠᠭ᠋ᠠᠯᠠᠬᠤ ᠲᠥᠰᠦᠯ᠎ᠤᠨ ᠶᠡᠷᠦᠩᠬᠡᠶ ᠰᠠᠨᠠᠯ

  (ᠨᠢᠭᠡ) ᠪᠦᠲᠦᠭᠡᠨ ᠪᠠᠶ᠋ᠢᠭᠤᠯᠬᠤ ᠬᠤᠭᠤᠴᠠᠭ᠋ᠠᠨ᠎ᠳᠠᠬᠢ ᠤᠰᠤ ᠰᠢᠷᠣᠶ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢᠨ ᠬᠡᠪᠴᠢᠶ᠎ᠡ᠎ᠨᠢ 21.04 ᠾᠧᠺᠲ᠋ᠠᠷ ᠪᠣᠯᠤᠨ᠎ᠠ᠃

  (ᠬᠤᠶᠠᠷ) ᠤᠰᠤ ᠰᠢᠷᠤᠢ ᠵᠢᠨ ᠢᠳᠡᠭᠳᠡᠯ᠎ᠢ ᠰᠡᠷᠭᠡᠢ᠌ᠯᠡᠨ ᠵᠠᠰᠠᠬᠤ ᠠᠵᠢᠯ᠎ᠳᠤ ᠪᠠᠷᠠᠭᠤᠨ ᠬᠤᠢ᠌ᠲᠦ ᠵᠢᠨ ᠰᠢᠷ᠎ᠠ ᠬᠥᠷᠥᠰᠥᠲᠦ ᠥᠨᠳᠥᠷᠯᠢᠭ᠎ᠤᠨ ᠣᠷᠣᠨ᠎ᠤ ᠨᠢᠭᠡᠳᠦᠭᠡᠷ ᠳᠡᠰ᠎ᠤᠨ ᠪᠠᠷᠢᠮᠵᠢᠶ᠎ᠠ ᠵᠢ ᠬᠡᠷᠡᠭᠵᠢᠭᠦᠯᠬᠦ ᠵᠢ ᠵᠦᠪᠰᠢᠶᠡᠷᠡᠨ᠎ᠡ᠃

  (ᠭᠤᠷᠪᠠ) ᠦᠨᠳᠦᠰᠦᠨ᠎ᠳᠡᠭᠡᠨ ᠵᠥᠪᠰᠢᠶᠡᠷᠡᠭᠰᠡᠨ ᠤᠰᠤ ᠰᠢᠷᠣᠶ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠠᠯᠲᠠ ᠪᠣᠯ᠄ ᠤᠰᠤ ᠰᠢᠷᠣᠶ ᠵᠢᠨ ᠢᠳᠡᠭᠳᠡᠯ᠎ᠢ ᠵᠠᠰᠠᠬᠤ ᠬᠡᠮᠵᠢᠶ᠎ᠡ 88%᠂ ᠤᠰᠤ ᠰᠢᠷᠣᠶ ᠵᠢᠨ ᠢᠳᠡᠭᠳᠡᠯ᠎ᠢ ᠬᠢᠵᠠᠭ᠋ᠠᠷᠯᠠᠬᠤ ᠨᠣᠷᠮ᠎ᠠ 0.7%᠂ ᠬᠤᠭ ᠰᠢᠷᠣᠶ ᠵᠢᠨ ᠰᠡᠷᠭᠡᠶ᠋ᠢᠯᠡᠨ ᠬᠠᠮᠠᠭ᠋ᠠᠯᠠᠬᠤ ᠨᠣᠷᠮ᠎ᠠ 89%᠂ ᠤᠰᠤ ᠰᠢᠷᠣᠶ ᠵᠢᠨ ᠬᠠᠮᠠᠭ᠋ᠠᠯᠠᠯᠲᠠ ᠵᠢᠨ ᠨᠣᠷᠮ᠎ᠠ 90% ᠪᠠᠶ᠋ᠢᠵᠤ᠂ ᠣᠶ ᠰᠢᠭᠤᠶ ᠡᠪᠡᠰᠦ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠨᠣᠷᠮ᠎ᠠ 92%᠂ ᠣᠶ ᠰᠢᠭᠤᠶ ᠡᠪᠡᠰᠦ ᠵᠢᠨ ᠪᠦᠷᠬᠦᠴᠡ ᠵᠢᠨ ᠨᠣᠷᠮ᠎ᠠ 15%        ᠪᠣᠯᠤᠨ᠎ᠠ᠃

  (ᠲᠦᠷᠪᠡ) ᠤᠰᠤ ᠰᠢᠷᠣᠶ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ ᠬᠤᠪᠢᠶᠠᠨ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢᠨ ᠲᠣᠬᠢᠷᠠᠭᠤᠯᠤᠯᠲᠠ ᠵᠢ ᠦᠨᠳᠦᠰᠦᠨ᠎ᠳᠡᠭᠡᠨ ᠵᠥᠪᠰᠢᠶᠡᠷᠡᠨ᠎ᠡ᠃

  (ᠲᠠᠪᠤ) ᠪᠦᠲᠦᠭᠡᠨ ᠪᠠᠶ᠋ᠢᠭᠤᠯᠤᠯᠲᠠ ᠵᠢᠨ ᠬᠤᠭᠤᠴᠠᠭ᠋ᠠᠨ᠎ᠳᠤ ᠤᠰᠤ ᠰᠢᠷᠣᠢ ᠵᠢ ᠬᠠᠮᠠᠭ᠋ᠠᠯᠠᠬᠤ ᠨᠥᠬᠦᠪᠥᠷᠢ ᠮᠥᠩᠭᠦ 35.768 ᠲᠦᠮᠡᠨ ᠲᠥᠭᠦᠷᠢᠭ (ᠠᠯᠠᠱ᠌ᠠ ᠠᠶ᠋ᠢᠮᠠᠭ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠤᠷᠢᠭ᠎ᠤᠨ ᠤᠰᠤ ᠰᠢᠷᠣᠢ ᠵᠢ ᠬᠠᠮᠠᠭ᠋ᠠᠯᠠᠬᠤ ᠨᠥᠬᠦᠪᠥᠷᠢ ᠮᠥᠩᠭᠦ 33.133 ᠲᠦᠮᠡᠨ ᠲᠥᠭᠦᠷᠢᠭ᠂ ᠦᠬᠠᠢ ᠬᠤᠳᠠ ᠵᠢᠨ ᠤᠳᠠ ᠲᠣᠭᠤᠷᠢᠭ᠎ᠤᠨ ᠤᠰᠤ ᠰᠢᠷᠣᠢ ᠵᠢ ᠬᠠᠮᠠᠭ᠋ᠠᠯᠠᠬᠤ ᠨᠥᠬᠦᠪᠥᠷᠢ ᠮᠥᠩᠭᠦ 2.635 ᠲᠦᠮᠡᠨ ᠲᠥᠭᠦᠷᠢᠭ)᠎ᠢ ᠦᠨᠳᠦᠰᠦᠨ᠎ᠳᠡᠭᠡᠨ ᠵᠥᠪᠰᠢᠶᠡᠷᠡᠪᠡ᠃

   ᠬᠤᠶᠠᠷ᠂ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠢ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤ ᠰᠢᠷᠣᠶ ᠵᠢ ᠬᠠᠮᠠᠭ᠋ᠠᠯᠠᠬᠤ ᠬᠠᠤᠯᠢ》 ᠵᠢᠨ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢᠨ ᠬᠠᠮᠲᠤ ᠳᠣᠤᠷᠠᠬᠢ ᠠᠵᠢᠯ᠎ᠢ ᠭᠤᠤᠯᠳᠠᠯᠭ᠎ᠠ᠎ᠲᠠᠢ ᠰᠠᠶ᠋ᠢᠲᠤᠷ ᠬᠢᠬᠦ ᠬᠡᠷᠡᠭᠲᠡᠶ᠄

  (ᠨᠢᠭᠡ) ᠵᠥᠪᠰᠢᠶᠡᠷᠡᠭᠰᠡᠨ ᠤᠰᠤ ᠰᠢᠷᠣᠶ ᠵᠢ ᠬᠠᠮᠠᠭ᠋ᠠᠯᠠᠬᠤ ᠲᠥᠰᠦᠯ᠎ᠤᠨ ᠶᠣᠰᠣᠭ᠋ᠠᠷ᠂ ᠤᠰᠤ ᠰᠢᠷᠣᠶ ᠵᠢ ᠬᠠᠮᠠᠭ᠋ᠠᠯᠠᠬᠤ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠡᠷᠭᠡ ᠵᠠᠯᠭ᠋ᠠᠮᠵᠢ ᠵᠢᠷᠤᠭ ᠲᠥᠯᠥᠪᠯᠡᠭᠡ ᠵᠢ ᠰᠠᠶ᠋ᠢᠲᠤᠷ        ᠬᠢᠵᠦ᠂ ᠪᠠᠷᠢᠯᠭ᠎ᠠ ᠪᠠᠷᠢᠬᠤ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠨ᠂ 《ᠭᠤᠷᠪᠠ ᠵᠢ ᠵᠡᠷᠭᠡ᠎ᠳᠤᠨᠢ ᠬᠢᠬᠦ》 ᠳᠦᠷᠢᠮ᠎ᠢ ᠦᠨᠡᠨ ᠬᠦ᠌ ᠨᠠᠶ᠋ᠢᠳᠠᠪᠤᠷᠢᠵᠢᠭᠤᠯᠬᠤ ᠬᠡᠷᠡᠭᠲᠡᠶ᠃

  (ᠬᠤᠶᠠᠷ) ᠲᠥᠰᠦᠯ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠤᠰᠤ ᠰᠢᠷᠤᠢ ᠵᠢ ᠬᠠᠮᠠᠭ᠋ᠠᠯᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ᠎ᠤᠨ ᠪᠠᠷᠢᠯᠭ᠎ᠠ ᠪᠠᠷᠢᠬᠤ ᠠᠵᠢᠯᠯᠠᠭ᠎ᠠ ᠵᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠴᠢᠩᠭ᠎ᠠ ᠬᠢᠵᠠᠭ᠋ᠠᠷᠯᠠᠵᠤ᠂ ᠳᠤᠷ᠎ᠠ᠎ᠪᠠᠷ ᠵᠶ᠋ᠠᠨ ᠳᠠᠷᠤᠬᠤ᠂ ᠦᠢ᠍ᠮᠡᠭᠦᠯᠬᠦ ᠪᠠ ᠭᠠᠵᠠᠷ᠎ᠤᠨ ᠭᠠᠳᠠᠷᠭᠤ ᠵᠢᠨ ᠤᠷᠭᠤᠮᠠᠯ᠎ᠤᠨ ᠬᠤᠴᠢᠯᠭ᠎ᠠ ᠵᠢ ᠡᠪᠳᠡᠬᠦ ᠵᠢ ᠴᠢᠩᠭ᠎ᠠ ᠴᠠᠭ᠋ᠠᠵᠠᠯᠠᠵᠤ᠂ ᠲᠦᠰᠦᠯ᠎ᠤᠨ ᠦᠯᠡᠳᠡᠭᠰᠡᠨ ᠲᠠᠯ᠎ᠠ ᠵᠢ ᠰᠢᠢ᠍ᠳᠪᠦᠷᠢᠯᠡᠬᠦ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠤᠰᠤ ᠰᠢᠷᠤᠢ ᠵᠢ ᠰᠠᠯᠭ᠋ᠠᠬᠤ᠂ ᠬᠠᠳᠠᠭ᠋ᠠᠯᠠᠬᠤ ᠪᠠ ᠠᠰᠢᠭᠯᠠᠬᠤ ᠵᠢ ᠰᠠᠶ᠋ᠢᠲᠤᠷ ᠬᠢᠬᠦ ᠬᠡᠷᠡᠭᠲᠡᠶ᠃ ᠲᠦᠷ ᠴᠠᠭ᠎ᠤᠨ ᠰᠢᠷᠣᠶ ᠣᠪᠣᠭ᠋ᠠᠯᠠᠬᠤ ᠲᠠᠯᠠᠪᠠᠶ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠰᠡᠷᠭᠡᠶ᠋ᠢᠯᠡᠨ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠦᠨᠡᠨ ᠬᠦ᠌ ᠨᠠᠶ᠋ᠢᠳᠠᠪᠤᠷᠢᠵᠢᠭᠤᠯᠬᠤ ᠬᠡᠷᠡᠭᠲᠡᠶ᠃ ᠲᠥᠰᠦᠯ᠎ᠤᠨ ᠱᠠᠭ᠋ᠠᠷᠳᠠᠯᠭ᠎ᠠ ᠵᠢ ᠦᠨᠳᠦᠰᠦᠯᠡᠨ ᠪᠠᠷᠢᠯᠭ᠎ᠠ ᠪᠠᠷᠢᠬᠤ ᠤᠷ᠎ᠠ ᠮᠡᠷᠭᠡᠰᠢᠯ᠎ᠢ ᠰᠢᠯᠢᠳᠡᠭᠵᠢᠭᠦᠯᠵᠦ᠂ ᠪᠠᠷᠢᠯᠭ᠎ᠠ ᠪᠠᠷᠢᠬᠤ ᠴᠠᠭ᠎ᠤᠨ ᠳᠡᠰ ᠳᠠᠷᠠᠭ᠋ᠠᠯᠠᠯ ᠪᠠ ᠤᠰᠤ ᠰᠢᠷᠤᠢ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠠᠬᠢᠴᠠ ᠵᠢ ᠵᠦᠶ ᠵᠣᠬᠢᠰᠲᠠᠶ ᠲᠣᠬᠢᠷᠠᠭᠤᠯᠵᠤ᠂ ᠪᠠᠷᠢᠯᠭ᠎ᠠ ᠪᠠᠷᠢᠬᠤ ᠬᠤᠭᠤᠴᠠᠭ᠋ᠠᠨ᠎ᠳᠠᠬᠢ ᠤᠰᠤ ᠰᠢᠷᠤᠢ ᠵᠢᠨ ᠢᠳᠡᠭᠳᠡᠯ᠎ᠢ ᠴᠢᠩᠭ᠎ᠠ ᠬᠢᠵᠠᠭ᠋ᠠᠷᠯᠠᠬᠤ ᠬᠡᠷᠡᠭᠲᠡᠶ᠃

  (ᠭᠤᠷᠪᠠ) ᠤᠰᠤ ᠰᠢᠷᠤᠢ ᠵᠢ ᠬᠠᠮᠠᠭ᠋ᠠᠯᠠᠬᠤ ᠬᠢᠨᠠᠨ ᠰᠢᠨᠵᠢᠬᠦ ᠠᠵᠢᠯ᠎ᠢ ᠦᠨᠡᠨ ᠬᠦ᠌ ᠰᠠᠶ᠋ᠢᠲᠤᠷ ᠬᠢᠵᠦ᠂ ᠤᠰᠤ ᠰᠢᠷᠤᠢ ᠵᠢᠨ ᠢᠳᠡᠭᠳᠡᠯ᠎ᠤᠨ ᠪᠠᠶ᠋ᠢᠳᠠᠯ᠎ᠢ ᠬᠢᠨᠠᠨ ᠡᠵᠡᠮᠳᠡᠬᠦ ᠵᠢ ᠴᠢᠩᠭ᠋ᠠᠳᠬᠠᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠮᠠᠨ᠎ᠤ ᠲᠢᠩᠬᠢᠮ ᠵᠢᠴᠢ ᠠᠯᠠᠱ᠌ᠠ ᠠᠶ᠋ᠢᠮᠠᠭ᠎ᠤᠨ ᠤᠰᠤᠨ᠎ᠤ ᠶᠠᠪᠤᠳᠠᠯ᠎ᠤᠨ ᠲᠣᠪᠴᠢᠶ᠎ᠠ᠂ ᠦᠬᠠᠶ ᠬᠤᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ᠎ᠳᠤ ᠬᠢᠨᠠᠨ ᠰᠢᠨᠵᠢᠬᠦ ᠤᠯᠠᠷᠢᠯ᠎ᠤᠨ ᠮᠡᠳᠡᠭᠦᠯᠦᠯᠲᠡ ᠵᠢᠴᠢ ᠳ᠋ᠦᠩᠨᠡᠯᠲᠡ ᠵᠢᠨ ᠮᠡᠳᠡᠭᠦᠯᠦᠯᠲᠡ ᠵᠢ ᠲᠤᠰᠢᠶᠠᠨ᠎ᠠ᠃

  (ᠲᠦᠷᠪᠡ) ᠤᠰᠤ ᠰᠢᠷᠤᠢ ᠵᠢ ᠬᠠᠮᠠᠭ᠋ᠠᠯᠠᠬᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠨᠠᠶ᠋ᠢᠳᠠᠪᠤᠷᠢᠵᠢᠭᠤᠯᠬᠤ ᠵᠢᠨ ᠬᠠᠮᠲᠤ ᠰᠠᠶ᠋ᠢᠲᠤᠷ ᠬᠢᠵᠦ᠂ ᠤᠰᠤ ᠰᠢᠷᠤᠢ ᠵᠢ ᠬᠠᠮᠠᠭ᠋ᠠᠯᠠᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ ᠪᠣᠯᠤᠨ ᠠᠬᠢᠴᠠ ᠵᠢ ᠦᠨᠡᠨ ᠬᠦ᠌ ᠪᠠᠲᠤᠯᠠᠬᠤ ᠬᠡᠷᠡᠭᠲᠡᠶ᠃

  (ᠲᠠᠪᠤ) ᠤᠰᠤ ᠰᠢᠷᠤᠢ ᠵᠢ ᠬᠠᠮᠠᠭ᠋ᠠᠯᠠᠬᠤ ᠨᠥᠬᠦᠪᠥᠷᠢ ᠵᠠᠷᠤᠳᠠᠯ᠎ᠢ ᠬᠠᠤᠯᠢ ᠲᠣᠭᠲᠠᠭ᠋ᠠᠯ ᠶᠣᠰᠣᠭ᠋ᠠᠷ ᠭᠦᠢ᠍ᠴᠡᠳ ᠲᠤᠭ᠎ᠠ᠎ᠪᠠᠷ ᠲᠤᠰᠢᠶᠠᠨ᠎ᠠ᠃

   ᠭᠤᠷᠪᠠ᠂ ᠲᠤᠰ ᠵᠦᠢ᠍ᠯ᠎ᠤᠨ ᠭᠠᠵᠠᠷ ᠣᠷᠣᠨ᠂ ᠬᠡᠪᠴᠢᠶ᠎ᠡ᠎ᠨᠢ ᠴᠢᠬᠤᠯᠠ ᠶᠡᠬᠡ ᠬᠤᠪᠢᠷᠠᠯᠲᠠ ᠭᠠᠷᠤᠭᠰᠠᠨ ᠪᠤᠶᠤ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠢ ᠬᠡᠷᠡᠭᠵᠢᠭᠦᠯᠬᠦ ᠶᠠᠪᠤᠴᠠ᠎ᠳᠤ ᠤᠰᠤ ᠰᠢᠷᠤᠢ ᠵᠢ ᠬᠠᠮᠠᠭ᠋ᠠᠯᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠤᠭᠰᠠᠨ ᠪᠣᠯ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠳᠤ ᠨᠥᠬᠥᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ᠎ᠤ ᠲᠢᠩᠬᠢᠮ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ       ᠬᠡᠷᠡᠭᠲᠡᠶ; ᠰᠢᠭ᠋ᠠᠷᠤ ᠬᠠᠶᠠᠬᠤ ᠳᠠᠯᠠᠪᠤᠷ ᠰᠢᠨ᠎ᠡ᠎ᠪᠠᠷ ᠭᠠᠷᠭ᠋ᠠᠬᠤ ᠴᠢᠬᠤᠯᠠ᠎ᠲᠠᠢ ᠪᠣᠯ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠢ᠎ᠨᠢ ᠰᠢᠭ᠋ᠠᠷᠤ ᠬᠠᠶᠠᠬᠤ ᠵᠢ ᠬᠡᠮᠵᠢᠶᠡᠵᠢᠭᠦᠯᠬᠦ᠂ ᠡᠬᠢ ᠪᠠᠶᠠᠯᠢᠭᠵᠢᠭᠤᠯᠬᠤ ᠨᠤᠲᠠᠯᠠᠯᠲᠠ ᠬᠢᠬᠦ ᠵᠢᠨ ᠬᠠᠮᠲᠤ ᠰᠢᠭ᠋ᠠᠷᠤ ᠵᠢ ᠲᠠᠶᠠᠭᠳᠠᠬᠤ᠎ᠠᠴᠠ ᠡᠮᠦᠨ᠎ᠡ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠤᠨ ᠨᠥᠬᠥᠪᠥᠷᠢ ᠮᠡᠳᠡᠭᠦᠯᠦᠯᠲᠡ ᠬᠢᠵᠦ᠂ ᠮᠠᠨ᠎ᠤ ᠲᠢᠩᠬᠢᠮ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃

   ᠳᠥᠷᠪᠡ᠂ ᠲᠠᠨ᠎ᠤ ᠨᠢᠭᠡᠴᠢ ᠪᠣᠯ ᠲᠤᠰ ᠲᠦᠰᠦᠯ᠎ᠤᠨ ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢ ᠰᠢᠯᠭ᠋ᠠᠨ ᠠᠪᠬᠤ ᠬᠠᠷᠢᠭᠤᠴᠠᠯᠭ᠎ᠠ ᠵᠢᠨ ᠭᠣᠤᠯ ᠴᠣᠭᠴᠠ ᠪᠣᠯᠬᠤ ᠲᠤᠯᠠ᠂ ᠲᠤᠰ ᠲᠦᠰᠦᠯ᠎ᠢ ᠠᠰᠢᠭᠯᠠᠯᠲᠠ᠎ᠳᠤ ᠣᠷᠣᠭᠤᠯᠬᠤ᠎ᠠᠴᠠ ᠡᠮᠦᠨ᠎ᠡ᠂ ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢ ᠡᠵᠡᠨ ᠮᠡᠳᠡᠵᠦ ᠰᠢᠯᠭ᠋ᠠᠨ ᠠᠪᠬᠤ ᠵᠢ ᠥᠩᠭᠡᠷᠡᠭᠡᠬᠦ ᠬᠡᠷᠡᠭᠲᠡᠶ᠃ ᠡᠵᠡᠨ ᠮᠡᠳᠡᠨ ᠰᠢᠯᠭ᠋ᠠᠨ ᠠᠪᠬᠤ᠎ᠳᠤ ᠤᠰᠤ ᠰᠢᠷᠤᠢ ᠵᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠪᠠᠷᠢᠮᠵᠢᠶ᠎ᠠ ᠵᠢᠨ ᠵᠢᠷᠤᠮᠵᠢᠯ᠂ ᠤᠰᠤ ᠰᠢᠷᠤᠢ ᠵᠢ ᠬᠠᠮᠠᠭ᠋ᠠᠯᠠᠬᠤ ᠲᠥᠰᠦᠯ ᠬᠢᠭᠡᠳ ᠲᠤᠰ ᠬᠢᠨᠠᠨ ᠵᠥᠪᠰᠢᠶᠡᠷᠡᠭᠰᠡᠨ ᠲᠣᠭᠲᠠᠭ᠋ᠠᠯ᠂ ᠤᠰᠤ ᠰᠢᠷᠤᠢ ᠵᠢ ᠬᠠᠮᠠᠭ᠋ᠠᠯᠠᠬᠤ ᠵᠠᠯᠭ᠋ᠠᠮᠵᠢ ᠵᠢᠷᠤᠭ ᠲᠥᠯᠥᠪᠯᠡᠭᠡ ᠵᠡᠷᠭᠡ ᠵᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢ ᠰᠢᠯᠭ᠋ᠠᠨ ᠠᠪᠬᠤ ᠪᠠᠷᠢᠮᠵᠢᠶ᠎ᠠ ᠪᠣᠯᠤᠨ ᠨᠥᠬᠥᠴᠡᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠃  ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢ ᠡᠵᠡᠨ ᠮᠡᠳᠡᠵᠦ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ᠂ ᠠᠯᠪᠠᠨ᠎ᠤ ᠰᠦᠯᠵᠢᠶᠡᠨ ᠥᠷᠲᠡᠭᠡ ᠪᠤᠶᠤ ᠪᠤᠰᠤᠳ ᠣᠯᠠᠨ ᠨᠡᠶ᠋ᠢᠲᠡ ᠵᠢᠨ ᠣᠯᠵᠤ ᠮᠡᠳᠡᠭᠰᠡᠨ ᠨᠧᠲ᠎ᠲᠤ ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢᠨ ᠰᠢᠯᠭ᠋ᠠᠨ ᠠᠪᠬᠤ ᠮᠠᠲ᠋ᠧᠷᠢᠶᠠᠯ᠎ᠢ ᠴᠠᠭ ᠲᠤᠬᠠᠶ᠎ᠳᠤᠨᠢ ᠨᠡᠶ᠋ᠢᠲᠡᠯᠡᠵᠦ᠂ ᠢᠯᠡ ᠨᠡᠶ᠋ᠢᠲᠡᠯᠡᠬᠦ ᠴᠠᠭ ᠬᠤᠭᠤᠴᠠᠭ᠎ᠠ ᠵᠢ᠎ᠨᠢ 20 ᠠᠵᠢᠯᠯᠠᠬᠤ ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠶ; ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢ ᠡᠵᠡᠨ ᠮᠡᠳᠡᠨ ᠰᠢᠯᠭ᠋ᠠᠨ ᠠᠪᠴᠤ ᠥᠩᠭᠡᠷᠡᠭᠰᠡᠨ᠎ᠤ ᠳᠠᠷᠠᠭ᠎ᠠ 3 ᠰᠠᠷ᠎ᠠ ᠵᠢᠨ ᠳᠣᠲᠣᠷ᠎ᠠ ᠮᠠᠨ᠎ᠤ ᠲᠢᠩᠬᠢᠮ᠎ᠳᠤ ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢᠨ ᠰᠢᠯᠭ᠋ᠠᠨ ᠠᠪᠬᠤ ᠮᠠᠲ᠋ᠧᠷᠢᠶᠠᠯ ᠵᠶ᠋ᠠᠨ ᠮᠡᠳᠡᠭᠦᠯᠦᠨ ᠳᠠᠩᠰᠠᠯᠠᠭᠤᠯᠬᠤ        ᠬᠡᠷᠡᠭᠲᠡᠶ; ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ᠎ᠨᠢ ᠰᠢᠯᠭ᠋ᠠᠨ ᠠᠪᠬᠤ ᠵᠢ ᠳᠠᠮᠵᠢᠭᠰᠠᠨ ᠦᠭᠡᠶ ᠪᠤᠶᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠶ ᠪᠣᠯ ᠠᠰᠢᠭᠯᠠᠯᠲᠠ᠎ᠳᠤ ᠣᠷᠣᠭᠤᠯᠤᠨ ᠬᠡᠷᠡᠭᠯᠡᠵᠦ ᠪᠣᠯᠬᠤ ᠦᠭᠡᠶ᠃

   ᠲᠠᠪᠤ᠂ ᠲᠤᠰ ᠵᠥᠪᠰᠢᠶᠡᠷᠡᠯ᠎ᠤᠨ ᠪᠢᠴᠢᠭ ᠮᠠᠲ᠋ᠧᠷᠢᠶᠠᠯ᠎ᠢ ᠵᠥᠪᠰᠢᠶᠡᠷᠡᠭᠰᠡᠨ ᠡᠳᠦᠷ᠎ᠠᠴᠠ ᠡᠬᠢᠯᠡᠨ ᠬᠦᠴᠦᠨ ᠪᠦᠬᠦᠢ ᠬᠤᠭᠤᠴᠠᠭ᠎ᠠ᠎ᠨᠢ 3 ᠵᠢᠯ ᠪᠣᠯᠤᠨ᠎ᠠ᠃ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠋ᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠤᠭᠰᠠᠨ ᠦᠭᠡᠶ ᠪᠣᠯ ᠦᠢ᠍ᠯᠡᠳᠪᠦᠷᠢᠯᠡᠵᠦ ᠪᠦᠲᠦᠭᠡᠨ ᠪᠠᠶ᠋ᠢᠭᠤᠯᠬᠤ ᠨᠢᠭᠡᠴᠢ᠎ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠎ᠠ᠎ᠨᠢ ᠳᠦᠭᠦᠷᠬᠦ᠎ᠠᠴᠠ 30 ᠠᠵᠢᠯᠯᠠᠬᠤ ᠡᠳᠦᠷ᠎ᠤᠨ ᠡᠮᠦᠨ᠎ᠡ ᠮᠠᠨ᠎ᠤ ᠲᠢᠩᠬᠢᠮ᠎ᠳᠤ ᠳᠠᠬᠢᠨ ᠬᠢᠨᠠᠭᠤᠯᠬᠤ᠎ᠪᠠᠷ ᠭᠤᠶᠤᠴᠢᠯᠠᠬᠤ ᠬᠡᠷᠡᠭᠲᠡᠶ᠃ ᠲᠦᠰᠦᠯ᠎ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠋ᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠤᠭᠰᠠᠨ ᠦᠭᠡᠶ ᠮᠥᠷᠲᠡᠭᠡᠨ ᠳᠠᠬᠢᠵᠤ ᠬᠢᠨᠠᠨ ᠬᠠᠷᠭᠤᠭᠤᠯᠬᠤ᠎ᠪᠠᠷ ᠭᠤᠶᠤᠴᠢᠯᠠᠭᠰᠠᠨ ᠦᠭᠡᠶ ᠪᠤᠶᠤ ᠭᠤᠶᠤᠴᠢᠯᠠᠯ᠎ᠢ ᠳᠠᠬᠢᠵᠤ ᠬᠢᠨᠠᠨ ᠬᠠᠷᠭᠤᠭᠤᠯᠬᠤ᠎ᠪᠠᠷ ᠳᠤᠷᠠᠳᠤᠭᠰᠠᠨ ᠪᠣᠯᠪᠠᠴᠤ ᠵᠥᠪᠰᠢᠶᠡᠷᠡᠭᠳᠡᠭᠰᠡᠨ ᠦᠭᠡᠶ ᠪᠣᠯ᠂ ᠲᠤᠰ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠨᠢ ᠠᠶᠠᠨᠳᠠᠭ᠋ᠠᠨ ᠬᠦᠴᠦᠨ ᠦᠭᠡᠶ ᠪᠣᠯᠤᠨ᠎ᠠ᠃

  

  2024 ᠣᠨ᠎ᠤ 7 ᠳ᠋ᠤᠭ᠋ᠠᠷ ᠰᠠᠷ᠎ᠠ ᠵᠢᠨ 11᠎ᠤ ᠡᠳᠦᠷ

  

   ᠳᠠᠭ᠋ᠠᠯᠳᠤᠭᠤᠯᠤᠯ᠄

  《ᠥᠪᠥᠷ ᠮᠣᠩᠭᠤᠯ᠎ᠤᠨ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠣᠷᠣᠨ᠎ᠤ 100 ᠲᠦᠮᠡᠨ ᠺᠢᠯᠣᠸᠠᠲ᠎ᠤᠨ ᠬᠡᠷᠡᠯ ᠴᠡᠨᠡᠭ᠎ᠤᠨ ᠲᠦᠰᠦᠯ᠎ᠳᠤ 220 ᠺᠢᠯᠣᠸᠠᠲ᠎ᠤᠨ ᠲᠣᠤᠷ  ᠵᠠᠯᠭ᠋ᠠᠬᠤ ᠢᠨᠵᠧᠨᠧᠷᠢᠩ᠎ᠤᠨ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠤᠨ ᠲᠤᠬᠠᠶ ᠮᠡᠳᠡᠭᠦᠯᠦᠯᠲᠡ ᠵᠢᠨ ᠪᠢᠴᠢᠭ》᠎ᠢ ᠮᠡᠳᠡᠭᠦᠯᠦᠨ ᠬᠦᠷᠭᠡᠬᠦ ᠮᠡᠷᠭᠡᠵᠢᠯ᠎ᠤᠨ ᠬᠢᠨᠠᠨ ᠪᠠᠢ᠌ᠴᠠᠭ᠋ᠠᠯᠲᠠ ᠵᠢᠨ ᠰᠠᠨᠠᠯ᠎ᠤᠨ ᠲᠤᠬᠠᠢ ᠮᠡᠳᠡᠭᠦᠯᠦᠯᠲᠡ ᠦᠪᠦᠷ ᠮᠤᠩᠭᠤᠯ᠎ᠤᠨ ᠤᠰᠤᠨ ᠠᠰᠢᠭᠯᠠᠯᠲᠠ ᠵᠢᠨ ᠲᠦᠪ᠎ᠤᠨ ᠮᠡᠷᠭᠡᠵᠢᠯ᠎ᠤᠨ ᠬᠢᠨᠠᠯᠲᠠ [2024] 239 ᠳ᠋ᠤᠭ᠋ᠠᠷ ᠲᠤᠭ᠋ᠠᠲᠦ .pdf

   ᠮᠡᠳᠡᠭᠦᠯᠦᠯᠲᠡ ᠵᠢᠨ ᠭᠣᠣᠯ ᠠᠭᠤᠯᠭ᠎ᠠ .pdf

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            