ᠬᠡᠯᠬᠢᠶᠡᠰᠦᠨ ᠨᠣᠮᠧᠷ᠄ 000014348/2024 — 04712
ᠭᠤᠣᠯ ᠰᠡᠳᠦᠪ᠎ᠤᠨ ᠠᠩᠭᠢᠯᠠᠯ᠄ ᠪᠤᠰᠤᠳ
ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
ᠪᠢᠴᠢᠭ᠎ᠤᠨ ᠳ᠋ᠤᠭ᠋ᠠᠷ᠄ ᠦᠪᠦᠷ ᠤᠰᠤᠨ ᠬᠠᠮᠠᠭ᠋ᠠᠯᠠᠬᠤ ᠵᠦᠪᠰᠢᠶᠡᠷᠡᠯ ᠲᠤᠭᠲᠠᠭ᠋ᠠᠯ [2024] 49 ᠳ᠋ᠦ᠍ᠭᠡᠷ ᠲᠣᠭ᠋ᠠᠲᠤ
ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ᠎ᠤ 7 ᠳ᠋ᠤᠭ᠋ᠠᠷ ᠰᠠᠷ᠎ᠠ ᠵᠢᠨ 22᠎ᠤ ᠡᠳᠦᠷ
ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ
ᠤᠯᠤᠰ᠎ᠤᠨ ᠴᠠᠬᠢᠯᠭ᠋ᠠᠨ ᠲᠣᠤᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠬᠢᠵᠠᠭ᠋ᠠᠷᠲᠤ ᠺᠣᠮᠫᠠᠨᠢ᠄
ᠮᠠᠨ᠎ᠤ ᠲᠢᠩᠬᠢᠮ᠎ᠨᠢ 2024 ᠣᠨ᠎ᠤ 6 ᠳ᠋ᠤᠭ᠋ᠠᠷ ᠰᠠᠷ᠎ᠠ ᠵᠢᠨ 20᠎ᠤ ᠡᠳᠦᠷ ᠲᠠᠨ᠎ᠤ ᠺᠣᠮᠫᠠᠨᠢ ᠵᠢᠨ ᠳᠤᠷᠠᠳᠤᠭᠰᠠᠨ ᠫᠢᠩ ᠭᠦᠸᠸ — ᠫᠢᠩ ᠴᠤᠸᠠᠨ᠎ᠤ 500 ᠺᠢᠯᠣᠸᠠᠲ᠎ᠤᠨ ᠱᠤᠭᠤᠮ᠎ᠤᠨ ᠢᠨᠵᠧᠨᠧᠷᠢᠩ᠎ᠤᠨ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ᠎ᠤᠨ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠨ᠎ᠡ᠃ ᠬᠢᠨᠠᠨ ᠪᠠᠶ᠋ᠢᠴᠠᠭ᠋ᠠᠭ᠋ᠠᠳ᠂ ᠲᠤᠰ ᠭᠤᠶᠤᠴᠢᠯᠠᠯ᠎ᠨᠢ ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠵᠦ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠨ ᠭᠤᠴᠢᠨ ᠨᠠᠢ᠍ᠮᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠂ 《ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠡᠷᠡᠭᠵᠢᠭᠦᠯᠬᠦ ᠠᠷᠭ᠎ᠠ》 ᠵᠢᠨ ᠭᠤᠴᠢᠨ ᠬᠣᠶᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠢ ᠦᠨᠳᠦᠰᠦᠯᠡᠨ᠂ ᠵᠠᠰᠠᠭ ᠵᠠᠬᠢᠷᠭ᠋ᠠᠨ᠎ᠤ ᠵᠥᠪᠰᠢᠶᠡᠷᠡᠯ ᠣᠯᠭᠣᠬᠤ ᠵᠢ ᠵᠥᠪᠰᠢᠶᠡᠷᠡᠬᠦ᠎ᠪᠠᠷ ᠲᠣᠭᠲᠠᠪᠠ᠃
ᠫᠢᠩ ᠭᠦᠸᠸ — ᠫᠢᠩ ᠴᠤᠸᠠᠨ᠎ᠤ 500 ᠺᠢᠯᠣᠸᠠᠲ᠎ᠤᠨ ᠱᠤᠭᠤᠮ᠎ᠤᠨ ᠢᠨᠵᠧᠨᠧᠷᠢᠩ ᠲᠦᠩᠯᠢᠶᠣᠤ ᠬᠤᠳᠠ ᠵᠢᠨ ᠵᠠᠷᠤᠳ ᠬᠤᠰᠢᠭᠤ ᠪᠣᠯᠤᠨ ᠬᠢᠩᠭ᠋ᠠᠨ ᠠᠶ᠋ᠢᠮᠠᠭ᠎ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠲᠦᠴᠢᠦᠸᠠᠨ ᠰᠢᠶᠠᠨ᠎ᠤ ᠬᠢᠯᠢ᠎ᠳᠤ ᠪᠤᠢ᠃ ᠢᠨᠵᠧᠨᠧᠷᠢᠩ᠎ᠨᠢ ᠬᠦᠴᠦᠳᠡᠯ ᠥᠭᠡᠷᠡᠴᠢᠯᠡᠬᠦ ᠥᠷᠲᠡᠭᠡ ᠵᠢᠨ ᠥᠷᠭᠡᠳᠬᠡᠨ ᠪᠠᠶ᠋ᠢᠭᠤᠯᠬᠤ ᠲᠣᠭᠤᠷᠢᠭ᠂ ᠬᠦᠴᠦᠳᠡᠯ ᠥᠭᠡᠷᠡᠴᠢᠯᠡᠬᠦ ᠥᠷᠲᠡᠭᠡ ᠵᠢᠨ ᠦᠢ᠍ᠯᠡᠳᠪᠦᠷᠢᠯᠡᠯ ᠠᠮᠢᠳᠤᠷᠠᠯ᠎ᠤᠨ ᠲᠣᠭᠤᠷᠢᠭ᠂ ᠰᠤᠪᠤᠷᠭ᠎ᠠ ᠵᠢᠨ ᠰᠠᠭᠤᠷᠢ ᠲᠣᠭᠤᠷᠢᠭ᠂ ᠰᠤᠪᠤᠷᠭ᠎ᠠ ᠵᠢᠨ ᠰᠠᠭᠤᠷᠢ ᠵᠢᠨ ᠪᠠᠷᠢᠯᠭ᠎ᠠ ᠵᠢᠨ ᠲᠣᠭᠤᠷᠢᠭ᠂ ᠴᠢᠷᠦᠭᠦᠯ ᠲᠠᠯᠠᠪᠤᠷ᠂ ᠪᠠᠷᠢᠯᠭ᠎ᠠ ᠪᠠᠷᠢᠬᠤ ᠭᠠᠵᠠᠷ᠂ ᠳᠥᠭᠦᠮ ᠵᠠᠮ ᠵᠡᠷᠭᠡ᠎ᠪᠠᠷ ᠪᠦᠷᠢᠯᠳᠦᠵᠦ᠂ ᠶᠡᠷᠦᠩᠬᠡᠶ ᠲᠠᠯᠠᠪᠠᠢ᠎ᠨᠢ 224.86 ᠾᠧᠺᠲ᠋ᠠᠷ᠂ ᠰᠢᠷᠣᠶ ᠴᠢᠯᠠᠭᠤᠨ᠎ᠤ ᠠᠵᠢᠯ᠎ᠤᠨ ᠶᠡᠷᠦᠩᠬᠡᠶ ᠬᠡᠮᠵᠢᠶ᠎ᠡ᠎ᠨᠢ 82.26 ᠲᠦᠮᠡᠨ ᠪᠣᠰᠤᠭ᠎ᠠ ᠳᠥᠷᠪᠡᠯᠵᠢᠨ ᠮᠸᠲᠷ᠂ ᠶᠡᠷᠦᠩᠬᠡᠶ ᠪᠡᠯᠡ ᠣᠷᠣᠭᠤᠯᠤᠯᠲᠠ᠎ᠨᠢ 109488 ᠲᠦᠮᠡᠨ ᠲᠥᠭᠦᠷᠢᠭ ᠪᠣᠯᠤᠨ᠎ᠠ᠃ ᠢᠨᠵᠧᠨᠧᠷᠢᠩ᠎ᠢ 2024 ᠣᠨ᠎ᠤ 10 ᠳ᠋ᠤᠭ᠋ᠠᠷ ᠰᠠᠷ᠎ᠠ᠎ᠳᠤ ᠡᠬᠢᠯᠡᠭᠦᠯᠵᠦ᠂ 2026 ᠣᠨ᠎ᠤ 9 ᠳ᠋ᠦ᠍ᠭᠡᠷ ᠰᠠᠷ᠎ᠠ ᠵᠢᠨ ᠰᠡᠭᠦᠯᠴᠢ᠎ᠪᠠᠷ ᠪᠠᠶ᠋ᠢᠭᠤᠯᠵᠤ ᠳᠠᠭᠤᠰᠬᠠᠵᠤ᠂ ᠶᠡᠷᠦᠩᠬᠡᠢ ᠠᠵᠢᠯ᠎ᠤᠨ ᠬᠤᠭᠤᠴᠠᠭ᠎ᠠ᠎ᠨᠢ 24 ᠰᠠᠷ᠎ᠠ᠎ᠪᠠᠷ ᠲᠥᠯᠥᠪᠯᠡᠵᠦ ᠪᠠᠶ᠋ᠢᠨ᠎ᠠ᠃
ᠨᠢᠭᠡ᠂ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠤᠨ ᠶᠡᠷᠦᠩᠬᠡᠶ ᠰᠠᠨᠠᠯ
(ᠨᠢᠭᠡ) ᠪᠦᠲᠦᠭᠡᠨ ᠪᠠᠶ᠋ᠢᠭᠤᠯᠬᠤ ᠬᠤᠭᠤᠴᠠᠭ᠋ᠠᠨ᠎ᠳᠠᠬᠢ ᠤᠰᠤ ᠰᠢᠷᠤᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢᠨ ᠬᠦᠷᠢᠶ᠎ᠡ ᠬᠡᠪᠴᠢᠶ᠎ᠡ ᠪᠣᠯ 224.86 ᠾᠧᠺᠲ᠋ᠠᠷ ᠪᠣᠯᠤᠨ᠎ᠠ᠃
(ᠬᠤᠶᠠᠷ) ᠤᠰᠤ ᠰᠢᠷᠤᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ᠎ᠳᠤ ᠵᠡᠭᠦᠨ ᠬᠤᠶ᠋ᠢᠲᠤ ᠵᠢᠨ ᠬᠠᠷ᠎ᠠ ᠬᠥᠷᠥᠰᠥᠲᠦ ᠣᠷᠣᠨ᠎ᠤ ᠨᠢᠭᠡᠳᠦᠭᠡᠷ ᠳᠡᠰ᠎ᠤᠨ ᠪᠠᠷᠢᠮᠵᠢᠶ᠎ᠠ ᠵᠢ ᠬᠡᠷᠡᠭᠵᠢᠭᠦᠯᠬᠦ ᠵᠢ ᠵᠥᠪᠰᠢᠶᠡᠷᠡᠨ᠎ᠡ᠃
(ᠭᠤᠷᠪᠠ) ᠦᠨᠳᠦᠰᠦᠨ᠎ᠳᠡᠭᠡᠨ ᠵᠥᠪᠰᠢᠶᠡᠷᠡᠭᠰᠡᠨ ᠤᠰᠤ ᠰᠢᠷᠤᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠠᠯᠲᠠ ᠪᠣᠯ᠄ ᠤᠰᠤ ᠰᠢᠷᠤᠢ ᠵᠢᠨ ᠢᠳᠡᠭᠳᠡᠯ᠎ᠢ ᠵᠠᠰᠠᠬᠤ ᠬᠡᠮᠵᠢᠶ᠎ᠡ 97%᠂ ᠤᠰᠤ ᠰᠢᠷᠤᠢ ᠵᠢᠨ ᠢᠳᠡᠭᠳᠡᠯ᠎ᠢ ᠬᠢᠵᠠᠭ᠋ᠠᠷᠯᠠᠬᠤ ᠨᠣᠷᠮ᠎ᠠ 1.0 ᠪᠠᠶ᠋ᠢᠵᠤ᠂ ᠬᠤᠭ ᠰᠢᠷᠣᠶ ᠵᠢᠨ ᠰᠡᠷᠭᠡᠶ᠋ᠢᠯᠡᠨ ᠬᠠᠮᠠᠭ᠋ᠠᠯᠠᠬᠤ ᠨᠣᠷᠮ᠎ᠠ 97%᠂ ᠤᠰᠤ ᠰᠢᠷᠤᠢ ᠵᠢᠨ ᠬᠠᠮᠠᠭ᠋ᠠᠯᠠᠯᠲᠠ ᠵᠢᠨ ᠨᠣᠷᠮ᠎ᠠ 98%᠂ ᠣᠶ ᠰᠢᠭᠤᠶ ᠡᠪᠡᠰᠦᠨ᠎ᠤ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠨᠣᠷᠮ᠎ᠠ 97%᠎ᠳᠤ ᠬᠦᠷᠴᠦ᠂ ᠣᠶ ᠰᠢᠭᠤᠶ ᠡᠪᠡᠰᠦᠨ᠎ᠤ ᠪᠦᠷᠬᠦᠴᠡ ᠵᠢᠨ ᠨᠣᠷᠮ᠎ᠠ 27%᠎ᠳᠤ ᠬᠥᠷᠪᠡ᠃
(ᠲᠦᠷᠪᠡ) ᠤᠰᠤ ᠰᠢᠷᠤᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ ᠬᠤᠪᠢᠶᠠᠨ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢᠨ ᠲᠣᠬᠢᠷᠠᠭᠤᠯᠤᠯᠲᠠ ᠵᠢ ᠦᠨᠳᠦᠰᠦᠨ᠎ᠳᠡᠭᠡᠨ ᠵᠥᠪᠰᠢᠶᠡᠷᠡᠨ᠎ᠡ᠃
(ᠲᠠᠪᠤ) ᠪᠦᠲᠦᠭᠡᠨ ᠪᠠᠶ᠋ᠢᠭᠤᠯᠬᠤ ᠬᠤᠭᠤᠴᠠᠭ᠋ᠠᠨ᠎ᠳᠠᠬᠢ ᠤᠰᠤ ᠰᠢᠷᠤᠢ ᠵᠢ ᠬᠠᠮᠠᠭ᠋ᠠᠯᠠᠬᠤ ᠨᠥᠬᠦᠪᠦᠷᠢ ᠮᠥᠩᠭᠦ 382.26 ᠲᠦᠮᠡᠨ ᠲᠥᠭᠦᠷᠢᠭ (ᠡᠭᠦᠨ᠎ᠳᠤ᠄ ᠵᠠᠷᠤᠳ ᠬᠤᠰᠢᠭᠤ 146.93 ᠲᠦᠮᠡᠨ ᠲᠥᠭᠦᠷᠢᠭ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 200.04 ᠲᠦᠮᠡᠨ ᠲᠥᠭᠦᠷᠢᠭ᠂ ᠲᠦᠴᠢᠦᠸᠠᠨ ᠰᠢᠶᠠᠨ 35.29 ᠲᠦᠮᠡᠨ ᠲᠥᠭᠦᠷᠢᠭ)᠎ᠢ ᠦᠨᠳᠦᠰᠦᠨ᠎ᠳᠡᠭᠡᠨ ᠵᠥᠪᠰᠢᠶᠡᠷᠡᠪᠡ᠃
ᠬᠤᠶᠠᠷ᠂ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠢ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤ ᠰᠢᠷᠤᠢ ᠵᠢ ᠬᠠᠮᠠᠭ᠋ᠠᠯᠠᠬᠤ ᠬᠠᠤᠯᠢ》 ᠵᠢᠨ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢᠨ ᠬᠠᠮᠲᠤ ᠳᠣᠤᠷᠠᠬᠢ ᠠᠵᠢᠯ᠎ᠢ ᠭᠤᠤᠯᠳᠠᠯᠭ᠎ᠠ᠎ᠲᠠᠢ ᠰᠠᠶ᠋ᠢᠲᠤᠷ ᠬᠢᠬᠦ ᠬᠡᠷᠡᠭᠲᠡᠶ᠄
(ᠨᠢᠭᠡ) ᠵᠥᠪᠰᠢᠶᠡᠷᠡᠭᠰᠡᠨ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠤᠨ ᠶᠣᠰᠣᠭ᠋ᠠᠷ᠂ ᠤᠰᠤ ᠰᠢᠷᠤᠢ ᠵᠢ ᠬᠠᠮᠠᠭ᠋ᠠᠯᠠᠬᠤ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠡᠷᠭᠡ ᠵᠠᠯᠭ᠋ᠠᠮᠵᠢ ᠵᠢᠷᠤᠭ ᠲᠥᠯᠥᠪᠯᠡᠭᠡ ᠵᠢ ᠰᠠᠶ᠋ᠢᠲᠤᠷ ᠬᠢᠵᠦ᠂ ᠪᠠᠷᠢᠯᠭ᠎ᠠ ᠪᠠᠷᠢᠬᠤ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠨ᠂ 《ᠭᠤᠷᠪᠠ ᠵᠢ ᠵᠡᠷᠭᠡ᠎ᠳᠤ᠎ᠨᠢ ᠬᠢᠬᠦ》 ᠳᠦᠷᠢᠮ᠎ᠢ ᠦᠨᠡᠨ ᠬᠦ᠌ ᠨᠠᠶ᠋ᠢᠳᠠᠪᠤᠷᠢᠵᠢᠭᠤᠯᠬᠤ ᠬᠡᠷᠡᠭᠲᠡᠶ᠃
(ᠬᠤᠶᠠᠷ) ᠲᠥᠰᠦᠯ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠤᠰᠤ ᠰᠢᠷᠤᠢ ᠵᠢ ᠬᠠᠮᠠᠭ᠋ᠠᠯᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ᠎ᠤᠨ ᠪᠠᠷᠢᠯᠭ᠎ᠠ ᠪᠠᠷᠢᠬᠤ ᠠᠵᠢᠯᠯᠠᠭ᠎ᠠ᠎ᠨᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠳᠤᠷ᠎ᠠ᠎ᠪᠠᠷ ᠵᠶ᠋ᠠᠨ ᠡᠵᠡᠯᠡᠬᠦ᠂ ᠭᠠᠵᠠᠷ᠎ᠤᠨ ᠭᠠᠳᠠᠷᠭᠤ ᠵᠢᠨ ᠤᠷᠭᠤᠮᠠᠯ᠎ᠤᠨ ᠬᠤᠴᠢᠯᠭ᠎ᠠ ᠵᠢ ᠰᠠᠮᠠᠭᠤᠷᠠᠭᠤᠯᠬᠤ ᠪᠠ ᠡᠪᠳᠡᠬᠦ ᠵᠢ ᠴᠢᠩᠭ᠎ᠠ ᠴᠠᠭ᠋ᠠᠵᠠᠯᠠᠵᠤ᠂ ᠤᠰᠤ ᠰᠢᠷᠤᠢ ᠵᠢ ᠰᠠᠯᠭ᠋ᠠᠬᠤ᠂ ᠬᠠᠳᠠᠭ᠋ᠠᠯᠠᠬᠤ ᠪᠠ ᠠᠰᠢᠭᠯᠠᠬᠤ ᠵᠢ ᠰᠠᠶ᠋ᠢᠲᠤᠷ ᠬᠢᠬᠦ ᠬᠡᠷᠡᠭᠲᠡᠶ᠃ ᠲᠦᠷ ᠴᠠᠭ ᠰᠢᠷᠣᠶ ᠣᠪᠣᠭ᠋ᠠᠯᠠᠬᠤ ᠬᠠᠮᠢᠶᠠᠷᠤᠯᠲᠠ ᠵᠢ ᠴᠢᠩᠭ᠋ᠠᠳᠬᠠᠨ᠂ ᠡᠯ᠎ᠡ ᠵᠦᠢ᠍ᠯ᠎ᠤᠨ ᠰᠡᠷᠭᠡᠶ᠋ᠢᠯᠡᠨ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠴᠠᠭ ᠲᠤᠬᠠᠶ᠎ᠳᠤᠨᠢ ᠨᠠᠶ᠋ᠢᠳᠠᠪᠤᠷᠢᠵᠢᠭᠤᠯᠬᠤ ᠬᠡᠷᠡᠭᠲᠡᠶ᠃ ᠲᠥᠰᠦᠯ᠎ᠤᠨ ᠱᠠᠭ᠋ᠠᠷᠳᠠᠯᠭ᠎ᠠ ᠵᠢ ᠦᠨᠳᠦᠰᠦᠯᠡᠨ ᠪᠠᠷᠢᠯᠭ᠎ᠠ ᠪᠠᠷᠢᠬᠤ ᠤᠷ᠎ᠠ ᠮᠡᠷᠭᠡᠰᠢᠯ᠎ᠢ ᠰᠢᠯᠢᠳᠡᠭᠵᠢᠭᠦᠯᠵᠦ᠂ ᠪᠠᠷᠢᠯᠭ᠎ᠠ ᠪᠠᠷᠢᠬᠤ ᠴᠠᠭ᠎ᠤᠨ ᠳᠡᠰ ᠳᠠᠷᠠᠭ᠋ᠠᠯᠠᠯ ᠪᠠ ᠤᠰᠤ ᠰᠢᠷᠤᠢ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠠᠬᠢᠴᠠ ᠵᠢ ᠵᠦᠶ ᠵᠣᠬᠢᠰᠲᠠᠶ ᠲᠣᠬᠢᠷᠠᠭᠤᠯᠵᠤ᠂ ᠪᠠᠷᠢᠯᠭ᠎ᠠ ᠪᠠᠷᠢᠬᠤ ᠬᠤᠭᠤᠴᠠᠭ᠋ᠠᠨ᠎ᠳᠠᠬᠢ ᠤᠰᠤ ᠰᠢᠷᠤᠢ ᠵᠢᠨ ᠢᠳᠡᠭᠳᠡᠯ᠎ᠢ ᠴᠢᠩᠭ᠎ᠠ ᠬᠢᠵᠠᠭ᠋ᠠᠷᠯᠠᠬᠤ ᠬᠡᠷᠡᠭᠲᠡᠶ᠃
(ᠭᠤᠷᠪᠠ) ᠤᠰᠤ ᠰᠢᠷᠤᠢ ᠵᠢ ᠬᠠᠮᠠᠭ᠋ᠠᠯᠠᠬᠤ ᠬᠢᠨᠠᠨ ᠬᠡᠮᠵᠢᠬᠦ ᠠᠵᠢᠯ᠎ᠢ ᠦᠨᠡᠨ ᠬᠦ᠌ ᠰᠠᠶ᠋ᠢᠲᠤᠷ ᠬᠢᠵᠦ᠂ ᠤᠰᠤ ᠰᠢᠷᠤᠢ ᠵᠢᠨ ᠢᠳᠡᠭᠳᠡᠯ᠎ᠤᠨ ᠪᠠᠶ᠋ᠢᠳᠠᠯ᠎ᠢ ᠬᠢᠨᠠᠨ ᠡᠵᠡᠮᠳᠡᠬᠦ ᠵᠢ ᠴᠢᠩᠭ᠋ᠠᠳᠬᠠᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠮᠠᠨ᠎ᠤ ᠲᠢᠩᠬᠢᠮ ᠵᠢᠴᠢ ᠲᠦᠩᠯᠢᠶᠣᠤ ᠬᠤᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ᠂ ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ᠎ᠳᠤ ᠬᠢᠨᠠᠨ ᠬᠡᠮᠵᠢᠯᠲᠡ ᠵᠢᠨ ᠤᠯᠠᠷᠢᠯ᠎ᠤᠨ ᠮᠡᠳᠡᠭᠦᠯᠦᠯᠲᠡ ᠵᠢᠴᠢ ᠳ᠋ᠦᠩᠨᠡᠯᠲᠡ ᠵᠢᠨ ᠮᠡᠳᠡᠭᠦᠯᠦᠯᠲᠡ ᠵᠢ ᠲᠤᠰᠢᠶᠠᠨ᠎ᠠ᠃
(ᠲᠦᠷᠪᠡ) ᠤᠰᠤ ᠰᠢᠷᠤᠢ ᠵᠢ ᠬᠠᠮᠠᠭ᠋ᠠᠯᠠᠬᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠨᠠᠶ᠋ᠢᠳᠠᠪᠤᠷᠢᠵᠢᠭᠤᠯᠬᠤ ᠵᠢᠨ ᠬᠠᠮᠲᠤ ᠰᠠᠶ᠋ᠢᠲᠤᠷ ᠬᠢᠵᠦ᠂ ᠤᠰᠤ ᠰᠢᠷᠤᠢ ᠵᠢ ᠬᠠᠮᠠᠭ᠋ᠠᠯᠠᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ ᠪᠣᠯᠤᠨ ᠠᠬᠢᠴᠠ ᠵᠢ ᠦᠨᠡᠨ ᠬᠦ᠌ ᠪᠠᠲᠤᠯᠠᠬᠤ ᠬᠡᠷᠡᠭᠲᠡᠶ᠃
(ᠲᠠᠪᠤ) ᠤᠰᠤ ᠰᠢᠷᠤᠢ ᠵᠢ ᠬᠠᠮᠠᠭ᠋ᠠᠯᠠᠬᠤ ᠨᠥᠬᠦᠪᠥᠷᠢ ᠵᠠᠷᠤᠳᠠᠯ᠎ᠢ ᠬᠠᠤᠯᠢ ᠲᠣᠭᠲᠠᠭ᠋ᠠᠯ ᠶᠣᠰᠣᠭ᠋ᠠᠷ ᠭᠦᠢ᠍ᠴᠡᠳ ᠲᠤᠭ᠎ᠠ᠎ᠪᠠᠷ ᠲᠤᠰᠢᠶᠠᠨ᠎ᠠ᠃
ᠭᠤᠷᠪᠠ᠂ ᠲᠤᠰ ᠵᠦᠢ᠍ᠯ᠎ᠤᠨ ᠭᠠᠵᠠᠷ ᠣᠷᠣᠨ᠂ ᠬᠡᠪᠴᠢᠶ᠎ᠡ᠎ᠨᠢ ᠴᠢᠬᠤᠯᠠ ᠶᠡᠬᠡ ᠬᠤᠪᠢᠷᠠᠯᠲᠠ ᠭᠠᠷᠤᠭᠰᠠᠨ ᠪᠤᠶᠤ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠢ ᠬᠡᠷᠡᠭᠵᠢᠭᠦᠯᠬᠦ ᠶᠠᠪᠤᠴᠠ᠎ᠳᠤ ᠤᠰᠤ ᠰᠢᠷᠤᠢ ᠵᠢ ᠬᠠᠮᠠᠭ᠋ᠠᠯᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠤᠭᠰᠠᠨ ᠪᠣᠯ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠳᠤ ᠨᠥᠬᠥᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ᠎ᠤ ᠲᠢᠩᠬᠢᠮ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ; ᠰᠢᠭ᠋ᠠᠷᠤ ᠬᠠᠶᠠᠬᠤ ᠲᠠᠯᠠᠪᠤᠷ᠎ᠢ ᠰᠢᠨ᠎ᠡ᠎ᠪᠠᠷ ᠭᠠᠷᠭ᠋ᠠᠬᠤ ᠴᠢᠬᠤᠯᠠᠲᠠᠢ ᠪᠣᠯ ᠦᠢ᠍ᠯᠡᠳᠪᠦᠷᠢᠯᠡᠵᠦ ᠪᠦᠲᠦᠭᠡᠨ ᠪᠠᠶ᠋ᠢᠭᠤᠯᠬᠤ ᠨᠢᠭᠡᠴᠢ᠎ᠨᠢ ᠰᠢᠭ᠋ᠠᠷᠤ ᠬᠠᠶᠠᠬᠤ ᠵᠢ ᠬᠡᠮᠵᠢᠶᠡᠵᠢᠭᠦᠯᠬᠦ᠂ ᠡᠬᠢ ᠪᠠᠶᠠᠯᠢᠭᠵᠢᠭᠤᠯᠤᠨ ᠨᠤᠲᠠᠯᠠᠬᠤ ᠵᠢ ᠥᠷᠨᠢᠭᠦᠯᠬᠦ ᠵᠢᠨ ᠬᠠᠮᠲᠤ ᠰᠢᠭ᠋ᠠᠷᠤ ᠵᠢ ᠬᠠᠶᠠᠬᠤ᠎ᠠᠴᠠ ᠡᠮᠦᠨ᠎ᠡ ᠤᠰᠤ ᠰᠢᠷᠤᠢ ᠵᠢ ᠬᠠᠮᠠᠭ᠋ᠠᠯᠠᠬᠤ ᠲᠥᠰᠦᠯ᠎ᠤᠨ ᠨᠥᠬᠥᠪᠥᠷᠢ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠵᠤ᠂ ᠮᠠᠨ᠎ᠤ ᠲᠢᠩᠬᠢᠮ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃
ᠳᠥᠷᠪᠡ᠂ ᠲᠠᠨ᠎ᠤ ᠨᠢᠭᠡᠴᠢ ᠪᠣᠯ ᠲᠤᠰ ᠲᠦᠰᠦᠯ᠎ᠤᠨ ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢ ᠰᠢᠯᠭ᠋ᠠᠨ ᠠᠪᠬᠤ ᠬᠠᠷᠢᠭᠤᠴᠠᠯᠭ᠎ᠠ ᠵᠢᠨ ᠭᠣᠤᠯ ᠴᠣᠭᠴᠠ ᠪᠣᠯᠬᠤ ᠲᠤᠯᠠ᠂ ᠲᠤᠰ ᠲᠦᠰᠦᠯ᠎ᠢ ᠠᠰᠢᠭᠯᠠᠯᠲᠠ᠎ᠳᠤ ᠣᠷᠣᠭᠤᠯᠬᠤ᠎ᠠᠴᠠ ᠡᠮᠦᠨ᠎ᠡ᠂ ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢ ᠡᠵᠡᠨ ᠮᠡᠳᠡᠵᠦ ᠰᠢᠯᠭ᠋ᠠᠨ ᠠᠪᠬᠤ ᠵᠢ ᠥᠩᠭᠡᠷᠡᠭᠡᠬᠦ ᠬᠡᠷᠡᠭᠲᠡᠶ᠃ ᠡᠵᠡᠨ ᠮᠡᠳᠡᠨ ᠰᠢᠯᠭ᠋ᠠᠨ ᠠᠪᠬᠤ᠎ᠳᠤ ᠤᠰᠤ ᠰᠢᠷᠤᠢ ᠵᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠪᠠᠷᠢᠮᠵᠢᠶ᠎ᠠ ᠵᠢᠨ ᠵᠢᠷᠤᠮᠵᠢᠯ᠂ ᠤᠰᠤ ᠰᠢᠷᠤᠢ ᠵᠢ ᠬᠠᠮᠠᠭ᠋ᠠᠯᠠᠬᠤ ᠲᠥᠰᠦᠯ ᠬᠢᠭᠡᠳ ᠲᠤᠰ ᠬᠢᠨᠠᠨ ᠵᠥᠪᠰᠢᠶᠡᠷᠡᠭᠰᠡᠨ ᠲᠣᠭᠲᠠᠭ᠋ᠠᠯ᠂ ᠤᠰᠤ ᠰᠢᠷᠤᠢ ᠵᠢ ᠬᠠᠮᠠᠭ᠋ᠠᠯᠠᠬᠤ ᠵᠠᠯᠭ᠋ᠠᠮᠵᠢ ᠵᠢᠷᠤᠭ ᠲᠥᠯᠥᠪᠯᠡᠭᠡ ᠵᠡᠷᠭᠡ ᠵᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢ ᠰᠢᠯᠭ᠋ᠠᠨ ᠠᠪᠬᠤ ᠪᠠᠷᠢᠮᠵᠢᠶ᠎ᠠ ᠪᠣᠯᠤᠨ ᠨᠥᠬᠥᠴᠡᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢ ᠡᠵᠡᠨ ᠮᠡᠳᠡᠵᠦ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ᠂ ᠠᠯᠪᠠᠨ᠎ᠤ ᠰᠦᠯᠵᠢᠶᠡᠨ ᠥᠷᠲᠡᠭᠡ ᠪᠤᠶᠤ ᠪᠤᠰᠤᠳ ᠣᠯᠠᠨ ᠨᠡᠶ᠋ᠢᠲᠡ ᠵᠢᠨ ᠣᠯᠵᠤ ᠮᠡᠳᠡᠭᠰᠡᠨ ᠨᠧᠲ᠎ᠲᠤ ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢᠨ ᠰᠢᠯᠭ᠋ᠠᠨ ᠠᠪᠬᠤ ᠮᠠᠲ᠋ᠧᠷᠢᠶᠠᠯ᠎ᠢ ᠴᠠᠭ ᠲᠤᠬᠠᠶ᠎ᠳᠤᠨᠢ ᠨᠡᠶ᠋ᠢᠲᠡᠯᠡᠵᠦ᠂ ᠢᠯᠡ ᠨᠡᠶ᠋ᠢᠲᠡᠯᠡᠬᠦ ᠴᠠᠭ ᠬᠤᠭᠤᠴᠠᠭ᠎ᠠ ᠵᠢ᠎ᠨᠢ 20 ᠠᠵᠢᠯᠯᠠᠬᠤ ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠶ; ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢ ᠡᠵᠡᠨ ᠮᠡᠳᠡᠨ ᠰᠢᠯᠭ᠋ᠠᠨ ᠠᠪᠴᠤ ᠥᠩᠭᠡᠷᠡᠭᠰᠡᠨ᠎ᠤ ᠳᠠᠷᠠᠭ᠎ᠠ 3 ᠰᠠᠷ᠎ᠠ ᠵᠢᠨ ᠳᠣᠲᠣᠷ᠎ᠠ ᠮᠠᠨ᠎ᠤ ᠲᠢᠩᠬᠢᠮ᠎ᠳᠤ ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ ᠵᠢᠨ ᠰᠢᠯᠭ᠋ᠠᠨ ᠠᠪᠬᠤ ᠮᠠᠲ᠋ᠧᠷᠢᠶᠠᠯ ᠵᠶ᠋ᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ; ᠤᠰᠤ ᠰᠢᠷᠤᠢ ᠵᠢ ᠬᠠᠮᠠᠭ᠋ᠠᠯᠠᠬᠤ ᠪᠡᠯᠡᠳᠬᠡᠮᠵᠢ᠎ᠨᠢ ᠰᠢᠯᠭ᠋ᠠᠨ ᠠᠪᠬᠤ ᠵᠢ ᠳᠠᠮᠵᠢᠭᠰᠠᠨ ᠦᠭᠡᠶ ᠪᠤᠶᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠶ ᠪᠣᠯ ᠠᠰᠢᠭᠯᠠᠯᠲᠠ᠎ᠳᠤ ᠣᠷᠣᠭᠤᠯᠤᠨ ᠬᠡᠷᠡᠭᠯᠡᠵᠦ ᠪᠣᠯᠬᠤ ᠦᠭᠡᠶ᠃
ᠲᠠᠪᠤ᠂ ᠲᠤᠰ ᠵᠥᠪᠰᠢᠶᠡᠷᠡᠯ᠎ᠤᠨ ᠪᠢᠴᠢᠭ ᠮᠠᠲ᠋ᠧᠷᠢᠶᠠᠯ᠎ᠢ ᠵᠥᠪᠰᠢᠶᠡᠷᠡᠭᠰᠡᠨ ᠡᠳᠦᠷ᠎ᠠᠴᠠ ᠡᠬᠢᠯᠡᠨ ᠬᠦᠴᠦᠨ ᠪᠦᠬᠦᠢ ᠬᠤᠭᠤᠴᠠᠭ᠎ᠠ᠎ᠨᠢ 3 ᠵᠢᠯ ᠪᠣᠯᠤᠨ᠎ᠠ᠃ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠋ᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠤᠭᠰᠠᠨ ᠦᠭᠡᠶ ᠪᠣᠯ ᠦᠢ᠍ᠯᠡᠳᠪᠦᠷᠢᠯᠡᠵᠦ ᠪᠦᠲᠦᠭᠡᠨ ᠪᠠᠶ᠋ᠢᠭᠤᠯᠬᠤ ᠨᠢᠭᠡᠴᠢ᠎ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠎ᠠ᠎ᠨᠢ ᠳᠦᠭᠦᠷᠬᠦ᠎ᠠᠴᠠ 30 ᠠᠵᠢᠯᠯᠠᠬᠤ ᠡᠳᠦᠷ᠎ᠤᠨ ᠡᠮᠦᠨ᠎ᠡ ᠮᠠᠨ᠎ᠤ ᠲᠢᠩᠬᠢᠮ᠎ᠳᠤ ᠳᠠᠬᠢᠨ ᠬᠢᠨᠠᠭᠤᠯᠬᠤ᠎ᠪᠠᠷ ᠭᠤᠶᠤᠴᠢᠯᠠᠬᠤ ᠬᠡᠷᠡᠭᠲᠡᠶ᠃ ᠲᠦᠰᠦᠯ᠎ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠋ᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠤᠭᠰᠠᠨ ᠦᠭᠡᠶ ᠮᠥᠷᠲᠡᠭᠡᠨ ᠳᠠᠬᠢᠵᠤ ᠬᠢᠨᠠᠨ ᠬᠠᠷᠭᠤᠭᠤᠯᠬᠤ᠎ᠪᠠᠷ ᠭᠤᠶᠤᠴᠢᠯᠠᠭᠰᠠᠨ ᠦᠭᠡᠶ ᠪᠤᠶᠤ ᠭᠤᠶᠤᠴᠢᠯᠠᠯ᠎ᠢ ᠳᠠᠬᠢᠵᠤ ᠬᠢᠨᠠᠨ ᠬᠠᠷᠭᠤᠭᠤᠯᠬᠤ᠎ᠪᠠᠷ ᠳᠤᠷᠠᠳᠤᠭᠰᠠᠨ ᠪᠣᠯᠪᠠᠴᠤ ᠵᠥᠪᠰᠢᠶᠡᠷᠡᠭᠳᠡᠭᠰᠡᠨ ᠦᠭᠡᠶ ᠪᠣᠯ᠂ ᠲᠤᠰ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠨᠢ ᠠᠶᠠᠨᠳᠠᠭ᠋ᠠᠨ ᠬᠦᠴᠦᠨ ᠦᠭᠡᠶ ᠪᠣᠯᠤᠨ᠎ᠠ᠃
2024 ᠣᠨ᠎ᠤ 7 ᠳ᠋ᠤᠭ᠋ᠠᠷ ᠰᠠᠷ᠎ᠠ ᠵᠢᠨ 22᠎ᠤᠨ ᠡᠳᠦᠷ
ᠳᠠᠭ᠋ᠠᠯᠳᠤᠭᠤᠯᠤᠯ᠄
ᠫᠢᠩ ᠭᠦᠸᠸ — ᠫᠢᠩ ᠴᠤᠸᠠᠨ᠎ᠤ 500 kV ᠱᠤᠭᠤᠮ᠎ᠤᠨ ᠢᠨᠵᠧᠨᠧᠷᠢᠩ᠎ᠤᠨ ᠤᠰᠤ ᠰᠢᠷᠤᠢ ᠵᠢ ᠬᠠᠮᠠᠭ᠋ᠠᠯᠠᠬᠤ ᠲᠥᠰᠥᠪ