ᠬᠡᠯᠬᠢᠶᠡᠰᠦᠨ ᠨᠣᠮᠧᠷ᠄ 000014348/2024 — 05463
ᠭᠤᠣᠯ ᠰᠡᠳᠦᠪ᠎ᠤᠨ ᠠᠩᠭᠢᠯᠠᠯ᠄ ᠪᠤᠰᠤᠳ
ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
ᠪᠢᠴᠢᠭ᠎ᠤᠨ ᠳ᠋ᠤᠭ᠋ᠠᠷ᠄ ᠦᠪᠦᠷ ᠤᠰᠤᠨ ᠬᠠᠮᠠᠭ᠋ᠠᠯᠠᠬᠤ ᠵᠦᠪᠰᠢᠶᠡᠷᠡᠯ ᠲᠤᠭᠲᠠᠭ᠋ᠠᠯ [2024] 18 ᠳ᠋ᠤᠭ᠋ᠠᠷ ᠲᠣᠭ᠋ᠠᠲᠤ
ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ᠎ᠤ 8 ᠳ᠋ᠤᠭ᠋ᠠᠷ ᠰᠠᠷ᠎ᠠ ᠵᠢᠨ 1 3᠎ᠤ ᠡᠳᠦᠷ
ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ
ᠥᠪᠥᠷ ᠮᠣᠩᠭᠤᠯ᠎ᠤᠨ ᠶᠤᠸᠠᠨ ᠬᠤᠩ ᠨᠠᠷᠢᠯᠢᠭ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ᠄
《ᠬᠠᠲᠤᠨ ᠭᠤᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ᠎ᠠᠴᠠ ᠬᠡᠲᠦᠷᠡᠭᠰᠡᠨ ᠭᠠᠵᠠᠷ ᠣᠷᠣᠨ᠎ᠳᠤ ᠤᠰᠤ ᠲᠠᠲᠠᠬᠤ ᠵᠥᠪᠰᠢᠶᠡᠷᠡᠯ᠎ᠢ ᠰᠢᠨ᠎ᠡ᠎ᠪᠠᠷ ᠨᠡᠮᠡᠭᠳᠡᠭᠦᠯᠬᠦ ᠵᠢ ᠲᠦᠷ ᠵᠣᠭᠰᠣᠭ᠋ᠠᠬᠤ ᠲᠤᠬᠠᠶ ᠤᠰᠤᠨ ᠠᠰᠢᠭᠯᠠᠯᠲᠠ ᠵᠢᠨ ᠶᠠᠮᠤᠨ᠎ᠤ ᠮᠡᠳᠡᠭᠳᠡᠯ》 (ᠤᠰᠤᠨ᠎ᠤ ᠡᠬᠢ ᠪᠠᠶᠠᠯᠢᠭ ᠬᠠᠮᠢᠶᠠᠷᠤᠯᠲᠠ [2020] 280 ᠳ᠋ᠤᠭ᠋ᠠᠷ ᠲᠣᠭ᠋ᠠᠲᠤ)᠂ 《ᠬᠠᠲᠤᠨ ᠭᠤᠤᠯ᠎ᠤᠨ ᠭᠤᠤᠯ ᠤᠷᠤᠰᠬᠠᠯ᠎ᠤᠨ ᠤᠰᠤ ᠲᠠᠲᠠᠵᠤ ᠬᠡᠷᠡᠭᠯᠡᠬᠦ ᠲᠦᠰᠦᠯ᠎ᠢ ᠰᠢᠯᠵᠢᠭᠦᠯᠦᠨ ᠲᠤᠰᠢᠶᠠᠬᠤ ᠤᠰᠤ ᠠᠪᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠲᠤᠬᠠᠶ ᠬᠠᠲᠤᠨ ᠭᠤᠤᠯ᠎ᠤᠨ ᠵᠥᠪᠯᠡᠯ᠎ᠤᠨ ᠵᠠᠬᠢᠳᠠᠯ (ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ [ 2020] 33 ᠳ᠋ᠤᠭ᠋ᠠᠷ ᠲᠣᠭ᠋ᠠᠲᠤ)᠎ᠤᠨ ᠬᠤᠯᠪᠣᠭᠳᠠᠯ ᠪᠥᠬᠦᠶ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠲᠢᠩᠬᠢᠮ ᠲᠠᠨ᠎ᠤ ᠺᠣᠮᠫᠠᠨᠢ ᠵᠢᠨ ᠵᠢᠯ᠎ᠳᠤ 400 ᠲᠣᠨ N — ᠰᠢᠪᠲᠦᠷ᠎ᠤᠨ ᠪᠦᠯᠦᠭ — 3 — ᠠᠽᠣᠲ ᠬᠤᠯᠢᠮᠠᠭ ᠬᠤᠣᠰ ᠴᠠᠭ᠋ᠠᠷᠢᠭ [ 3᠂ 3᠂ 0] ᠣᠺᠡᠲ᠋ᠠᠨ ᠳᠠᠪᠤᠰᠤᠨ ᠬᠦᠴᠢᠯ᠎ᠤᠨ ᠳᠠᠪᠤᠰᠤ ᠵᠡᠷᠭᠡ ᠡᠮ ᠡᠮᠨᠡᠯᠭᠡ ᠵᠢᠨ ᠵᠠᠪᠰᠠᠷ᠎ᠤᠨ ᠴᠣᠭᠴᠠ ᠵᠢᠨ ᠲᠦᠰᠦᠯ (ᠨᠢᠭᠡᠳᠦᠭᠡᠷ ᠬᠤᠭᠤᠴᠠᠭ᠎ᠠ)᠎ᠤᠨ ᠤᠰᠤ ᠠᠪᠬᠤ ᠵᠥᠪᠰᠢᠶᠡᠷᠡᠯ᠎ᠤᠨ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠨ᠎ᠡ᠃ ᠬᠢᠨᠠᠨ ᠪᠠᠶ᠋ᠢᠴᠠᠭ᠋ᠠᠭᠰᠠᠨ ᠵᠶ᠋ᠠᠷ᠂ ᠲᠤᠰ ᠭᠤᠶᠤᠴᠢᠯᠠᠯ᠎ᠨᠢ ᠬᠠᠤᠯᠢ᠎ᠳᠤ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠃ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠨ ᠭᠤᠴᠢᠨ ᠨᠠᠢ᠍ᠮᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠂ 《ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠡᠷᠡᠭᠵᠢᠭᠦᠯᠬᠦ ᠠᠷᠭ᠎ᠠ》 ᠵᠢᠨ ᠭᠤᠴᠢᠨ ᠬᠣᠶᠠᠳᠤᠭ᠋ᠠᠷ ᠵᠦᠢ᠍ᠯ᠎ᠤᠨ (ᠨᠢᠭᠡ) ᠵᠦᠢ᠍ᠯ᠂ 《ᠤᠰᠤ ᠲᠠᠲᠠᠬᠤ ᠵᠥᠪᠰᠢᠶᠡᠷᠡᠯ ᠪᠠ ᠤᠰᠤᠨ᠎ᠤ ᠡᠬᠢ ᠪᠠᠶᠠᠯᠢᠭ᠎ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠵᠢᠨ ᠳᠦᠷᠢᠮ》 ᠪᠣᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠲᠠᠲᠠᠬᠤ ᠵᠥᠪᠰᠢᠶᠡᠷᠡᠯ ᠪᠠ ᠤᠰᠤᠨ᠎ᠤ ᠡᠬᠢ ᠪᠠᠶᠠᠯᠢᠭ᠎ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ》 ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠤᠰᠤ ᠲᠠᠲᠠᠬᠤ ᠵᠥᠪᠰᠢᠶᠡᠷᠡᠯ᠎ᠤᠨ ᠭᠤᠶᠤᠴᠢᠯᠠᠯ᠎ᠢ ᠵᠥᠪᠰᠢᠶᠡᠷᠡᠬᠦ᠎ᠪᠠᠷ ᠲᠣᠭᠲᠠᠪᠠ᠃
ᠥᠪᠥᠷ ᠮᠣᠩᠭᠤᠯ᠎ᠤᠨ ᠶᠤᠸᠠᠨ ᠬᠤᠩ ᠨᠠᠷᠢᠯᠢᠭ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ ᠥᠪᠥᠷ ᠮᠣᠩᠭᠤᠯ᠎ᠤᠨ ᠦᠬᠠᠶ ᠬᠤᠲᠠ ᠵᠢᠨ ᠤᠳᠠ ᠵᠢᠨ ᠠᠵᠤ ᠠᠬᠤᠶ ᠵᠢᠨ ᠨᠡᠭᠡᠭᠡᠯᠲᠡ ᠵᠢᠨ ᠲᠣᠭᠤᠷᠢᠭ᠎ᠤᠨ ᠨᠠᠷᠢᠯᠢᠬ᠍ᠵᠢᠭᠤᠯᠤᠭᠰᠠᠨ ᠠᠵᠤ ᠦᠢ᠍ᠯᠡᠳᠪᠦᠷᠢ ᠵᠢᠨ ᠣᠷᠣᠨ ᠪᠦᠰᠡ᠎ᠳᠤ ᠪᠠᠶ᠋ᠢᠷᠢᠯᠠᠵᠤ᠂ 2019 ᠣᠨ᠎ᠤ 7 ᠳ᠋ᠤᠭ᠋ᠠᠷ ᠰᠠᠷ᠎ᠠ ᠵᠢᠨ 10᠎ᠤ ᠡᠳᠦᠷ᠂ ᠤᠳᠠ ᠲᠣᠭᠤᠷᠢᠭ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠳᠠᠩᠰᠠᠯᠠᠭᠤᠯᠵᠤ᠂ ᠲᠦᠰᠦᠯ᠎ᠤᠨ ᠳ᠋ᠤᠭ᠋ᠠᠷ᠎ᠨᠢ 2019 — 150304 — 27 — 03 — 018125 ᠪᠣᠯᠤᠨ᠎ᠠ᠃ ᠲᠤᠰ ᠲᠦᠰᠦᠯ᠎ᠤᠨ ᠨᠢᠭᠡᠳᠦᠭᠡᠷ ᠬᠤᠭᠤᠴᠠᠭ᠋ᠠᠨ᠎ᠤ ᠳᠠᠩᠰᠠᠯᠠᠭᠤᠯᠤᠭᠰᠠᠨ ᠬᠡᠪᠴᠢᠶ᠎ᠡ᠎ᠨᠢ ᠵᠢᠯ᠎ᠳᠤ 400 ᠲᠣᠨ N ᠰᠢᠪᠲᠦᠷ᠎ᠤᠨ ᠪᠦᠯᠦᠭ-3- ᠠᠽᠣᠲ ᠬᠤᠯᠢᠮᠠᠭ ᠬᠤᠣᠰ ᠴᠠᠭ᠋ᠠᠷᠢᠭ [ 3᠂ 0᠂ 0 ] ᠣᠺᠲ᠋ᠠᠨ ᠳᠠᠪᠤᠰᠤᠨ ᠬᠦᠴᠢᠯ᠎ᠤᠨ ᠳᠠᠪᠤᠰᠤ᠂ 2000 ᠲᠣᠨ ODB-2᠂ 300 ᠲᠣᠨ (S)-1 (4- ᠬᠤᠶᠠᠷ ᠹᠧᠨᠽᠧᠨ) — 2 — ᠾᠯᠣᠷ ᠫᠷᠤᠫᠢᠯ ᠬᠤᠶᠠᠷ ᠮᠣᠯᠧᠺᠦ᠋ᠯ — 3 — ᠣᠺᠡᠲ᠋ᠠᠨ᠂ 500 ᠲᠣᠨ 2᠂ 4᠂ 5 — ᠭᠤᠷᠪᠠᠨ ᠹᠯᠣᠷ-3- ᠮᠧᠲ᠋ᠢᠯ ᠪᠧᠨᠽᠧᠨ᠋ᠲᠦ ᠮᠧᠲ᠋ᠢᠯ ᠾᠯᠣᠷ ᠪᠣᠯᠣᠨ᠎ᠠ᠃ 2019 ᠣᠨ᠎ᠳᠤ ᠠᠵᠢᠯ ᠡᠬᠢᠯᠡᠭᠦᠯᠦᠨ ᠪᠥᠲᠥᠭᠡᠨ ᠪᠠᠶ᠋ᠢᠭᠤᠯᠵᠤ᠂ 2020 ᠣᠨ᠎ᠤ 7 ᠳ᠋ᠤᠭ᠋ᠠᠷ ᠰᠠᠷ᠎ᠠ᠎ᠳᠤ ᠪᠠᠶ᠋ᠢᠭᠤᠯᠵᠤ ᠳᠠᠭᠤᠰᠬᠠᠭ᠋ᠠᠳ ᠠᠰᠢᠭᠯᠠᠯᠲᠠ᠎ᠳᠤ ᠣᠷᠣᠭᠤᠯᠪᠠ᠃ ᠲᠦᠰᠦᠯ᠎ᠳᠤ ᠵᠥᠪᠰᠢᠶᠡᠷᠡᠭᠦᠯᠦᠭᠡᠳᠦᠶ᠎ᠪᠠᠷ ᠳᠤᠷ᠎ᠠ᠎ᠪᠠᠷ ᠵᠶ᠋ᠠᠨ ᠤᠰᠤ ᠲᠠᠲᠠᠬᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠣᠷᠣᠰᠢᠵᠤ᠂ ᠦᠬᠠᠶ ᠬᠤᠲᠠ ᠵᠢᠨ ᠤᠳᠠ ᠲᠣᠭᠤᠷᠢᠭ᠎ᠤᠨ ᠲᠠᠷᠢᠶᠠᠯᠠᠩ ᠮᠠᠯ ᠠᠵᠤ ᠠᠬᠤᠶ ᠤᠰᠤᠨ᠎ᠤ ᠶᠠᠪᠤᠳᠠᠯ᠎ᠤᠨ ᠲᠣᠪᠴᠢᠶ᠎ᠠ ᠲᠣᠰ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ ᠥᠭᠪᠡ᠃
ᠲᠦᠰᠦᠯ᠎ᠨᠢ ᠬᠠᠲᠤᠨ ᠭᠤᠤᠯ᠎ᠤᠨ ᠭᠤᠤᠯ ᠤᠷᠤᠰᠬᠠᠯ᠎ᠤᠨ ᠭᠠᠵᠠᠷ ᠳᠡᠭᠡᠷᠡᠬᠢ (ᠠᠶ᠋ᠢᠮᠠᠭ ᠬᠤᠲᠠ ᠠᠯᠤᠰᠯᠠᠭᠰᠠᠨ ᠨᠢᠭᠡᠳᠦᠭᠡᠷ ᠬᠤᠭᠤᠴᠠᠭ᠋ᠠᠨ᠎ᠤ ᠤᠰᠤᠨ᠎ᠤ ᠡᠷᠬᠡ ᠵᠢ ᠰᠢᠯᠵᠢᠭᠦᠯᠦᠨ ᠥᠭᠬᠦ ᠭᠦᠢ᠍ᠴᠡᠳᠬᠡᠯ ᠲᠤᠭ᠎ᠠ ᠵᠢ ᠪᠠᠭᠲᠠᠭ᠋ᠠᠨ᠎ᠠ; ᠳ᠋ᠠ ᠵᠥᠩ ᠠᠭᠤᠷᠬᠠᠶ ᠵᠢᠨ ᠦᠢ᠍ᠯᠡᠰ᠎ᠢ ᠰᠢᠢ᠍ᠳᠪᠦᠷᠢᠯᠡᠬᠦ ᠤᠰᠤᠨ᠎ᠤ ᠭᠦᠢ᠍ᠴᠡᠳᠬᠡᠯ ᠲᠤᠭ᠎ᠠ ᠵᠢ ᠪᠠᠭᠲᠠᠭ᠋ᠠᠨ᠎ᠠ; ᠤᠳᠠ ᠲᠣᠭᠤᠷᠢᠭ᠎ᠤᠨ ᠲᠦᠭᠡᠭᠡᠯ ᠤᠰᠤᠨ᠎ᠤ ᠺᠣᠮᠫᠠᠨᠢ᠎ᠠᠴᠠ ᠲᠦᠭᠡᠭᠡᠯ ᠤᠰᠤ ᠵᠢ ᠠᠮᠢᠳᠤᠷᠠᠯ᠎ᠤᠨ ᠤᠰᠤ ᠲᠠᠲᠠᠬᠤ) ᠤᠰᠤᠨ ᠰᠤᠷᠪᠤᠯᠵᠢ ᠪᠣᠯᠭ᠋ᠠᠵᠤ᠂ ᠤᠳᠠ ᠲᠣᠭᠤᠷᠢᠭ᠎ᠤᠨ ᠲᠦᠭᠡᠭᠡᠯ ᠤᠰᠤᠨ᠎ᠤ ᠺᠣᠮᠫᠠᠨᠢ ᠲᠦᠭᠡᠭᠡᠯ ᠤᠰᠤᠨ᠎ᠤ ᠠᠮᠢᠳᠤᠷᠠᠯ᠎ᠢ ᠤᠰᠤ ᠠᠪᠬᠤ ᠤᠰᠤᠨ᠎ᠤ ᠡᠬᠢ ᠪᠣᠯᠭ᠋ᠠᠵᠦ᠂ ᠠᠭᠤᠷ᠎ᠤᠨ ᠭᠠᠳᠠᠨ᠎ᠠ᠎ᠠᠴᠠ ᠦᠬᠠᠶ ᠬᠤᠲᠠ ᠵᠢᠨ ᠵᠢᠤᠢ ᠶᠤᠸᠠᠨ ᠠᠭᠤᠷ ᠪᠣᠷᠣᠯᠠᠭᠤᠯᠬᠤ ᠬᠢᠵᠠᠭ᠋ᠠᠷᠲᠤ ᠺᠣᠮᠫᠠᠨᠢ (ᠮᠠᠰᠢᠨ ᠲᠡᠷᠭᠡ᠎ᠨᠢ ᠦᠬᠠᠶ ᠬᠤᠲᠠ ᠵᠢᠨ ᠰᠢᠩ ᠹᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠡᠭᠦᠷᠬᠦ ᠳᠠᠷᠤᠯᠲᠠᠲᠤ ᠮᠠᠶᠢᠭ᠎ᠤᠨ ᠮᠠᠰᠢᠨ ᠴᠣᠭᠴᠠᠯᠠᠪᠤᠷᠢ ᠵᠢᠨ ᠲᠦᠰᠦᠯ (ᠨᠢᠭᠡᠳᠦᠭᠡᠷ ᠬᠤᠭᠤᠴᠠᠭ᠎ᠠ) ᠪᠣᠯᠤᠨ ᠦᠬᠠᠶ ᠵᠢᠨ ᠯᠠᠨ ᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠴᠠᠬᠢᠯᠭ᠋ᠠᠨ ᠭᠠᠷᠭ᠋ᠠᠬᠤ ᠬᠢᠵᠠᠭ᠋ᠠᠷᠲᠤ ᠺᠣᠮᠫᠠᠨᠢ ᠵᠢᠨ ᠦᠬᠠᠶ ᠬᠤᠲᠠ ᠵᠢᠨ ᠠᠮᠢᠳᠤᠷᠠᠯ᠎ᠤᠨ ᠬᠤᠭ ᠨᠣᠪᠰᠢ ᠵᠢ ᠰᠢᠲᠠᠭ᠋ᠠᠵᠤ ᠴᠠᠬᠢᠯᠭ᠋ᠠᠨ ᠭᠠᠷᠭ᠋ᠠᠬᠤ ᠲᠦᠰᠦᠯ᠂ ᠭᠠᠳᠠᠨ᠎ᠠ ᠠᠭᠤᠷ᠎ᠤᠨ ᠤᠰᠤ ᠬᠠᠩᠭ᠋ᠠᠬᠤ ᠬᠦᠢ᠍ᠴᠡᠳᠬᠡᠯ ᠲᠤᠭ᠎ᠠ ᠵᠢ ᠠᠭᠤᠷ᠎ᠤᠨ ᠲᠠᠯ᠎ᠠ ᠵᠢᠨ ᠤᠰᠤ ᠬᠠᠩᠭ᠋ᠠᠬᠤ ᠵᠥᠪᠰᠢᠶᠡᠷᠡᠯ᠎ᠤᠨ ᠬᠡᠪᠴᠢᠶᠡᠨ ᠳᠣᠲᠣᠷ᠎ᠠ ᠪᠠᠭᠲᠠᠭ᠋ᠠᠨ᠎ᠠ᠃ ᠤᠰᠤ ᠳᠠᠮᠵᠢᠭᠤᠯᠬᠤ ᠪᠠ ᠴᠡᠪᠡᠷᠰᠢᠭᠦᠯᠦᠭᠰᠡᠨ ᠬᠤᠬᠢᠷᠠᠯ᠎ᠢ ᠪᠣᠳᠣᠯᠬᠢᠯᠠᠭᠰᠠᠨ᠎ᠤ ᠳᠠᠷᠠᠭ᠎ᠠ᠂ ᠲᠤᠰ ᠲᠦᠰᠦᠯ᠎ᠤᠨ ᠶᠡᠷᠦᠩᠬᠡᠢ ᠤᠰᠤ ᠲᠠᠲᠠᠭᠰᠠᠨ ᠬᠡᠮᠵᠢᠶ᠎ᠡ 5.21 ᠲᠦᠮᠡᠨ m3/a (ᠭᠠᠳᠠᠨ᠎ᠠ᠎ᠠᠴᠠ ᠬᠤᠳᠠᠯᠳᠤᠨ ᠠᠪᠤᠭᠰᠠᠨ ᠠᠭᠤᠷ 6.55 ᠲᠦᠮᠡᠨ m3/a ᠪᠠᠭᠲᠠᠬᠤ ᠦᠭᠡᠢ)᠂ ᠡᠭᠦᠨ᠎ᠳᠤ ᠦᠢ᠍ᠯᠡᠳᠪᠦᠷᠢᠯᠡᠯ᠎ᠤᠨ ᠤᠰᠤ ᠲᠠᠲᠠᠭᠰᠠᠨ ᠬᠡᠮᠵᠢᠶ᠎ᠡ 4.64 ᠲᠦᠮᠡᠨ m3/a ᠪᠠᠶ᠋ᠢᠵᠤ᠂ ᠠᠮᠢᠳᠤᠷᠠᠯ᠎ᠤᠨ ᠤᠰᠤ ᠲᠠᠲᠠᠬᠤ ᠬᠡᠮᠵᠢᠶ᠎ᠡ 0.57 ᠲᠦᠮᠡᠨ m3/a ᠪᠤᠢ᠃ ᠠᠭᠤᠷ᠎ᠤᠨ ᠤᠰᠤ ᠵᠢᠨ ᠬᠡᠮᠵᠢᠶ᠎ᠡ᠎ᠳᠤ ᠣᠷᠣᠭᠤᠯᠵᠤ ᠲᠣᠭᠳᠠᠭ᠋ᠠᠬᠤ᠎ᠳᠤ᠂ ᠭᠤᠣᠯ ᠪᠣᠯᠬᠤ ᠪᠦᠲᠦᠭᠡᠭᠳᠡᠬᠦᠨ᠎ᠤ ᠰᠢᠨ᠎ᠡ ᠤᠰᠤᠨ᠎ᠤ ᠬᠡᠮᠵᠢᠶ᠎ᠡ᠎ᠨᠢ ᠲᠤᠰ ᠪᠦᠷᠢ N- ᠰᠢᠪᠲᠦᠷᠲᠦ — 3 ᠠᠽᠣᠲ ᠬᠤᠯᠢᠮᠠᠭ ᠬᠤᠣᠰ ᠴᠠᠭ᠋ᠠᠷᠢᠭ [3᠂ 0᠂ 0] ᠣᠺᠲ᠋ᠠᠨ ᠳᠠᠪᠤᠰᠤᠨ ᠬᠦᠴᠢᠯ᠎ᠤᠨ ᠳᠠᠪᠤᠰᠤ 2735m3/t᠂ ODB—2—391m3/t᠂ (S) —1— ( 4 — 2 ᠪᠸᠨ᠋ᠸᠨ) —2 — ᠤᠰᠤᠮᠠᠭ ᠪᠦᠯᠦᠭ — 3 — ᠡᠾᠯᠤᠷ᠎ᠲᠦ ᠫᠷᠤᠫᠢᠯ ᠠᠯᠺᠠ 2069m3/t᠂ 2᠂ 4᠂ 5 — ᠭᠤᠷᠪᠠᠨ ᠹᠯᠣᠷ — 3- ᠮᠧᠲ᠋ᠢᠯ ᠪᠧᠨ᠋ᠽᠧᠨ᠋ᠲᠤ ᠮᠧᠲ᠋ᠢᠯ ᠠᠯᠺᠣᠣᠯ ᠠᠰᠢᠯᠲᠤ ᠡᠾᠯᠤᠷ ᠵᠢᠨ 1622m3/t ᠪᠠᠶ᠋ᠢᠵᠤ᠂ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ᠎ᠳᠤ ᠴᠥᠮ ᠬᠠᠮᠢᠶ᠎ᠠ ᠪᠦᠬᠦᠢ ᠤᠰᠤ ᠬᠡᠷᠡᠭᠯᠡᠬᠦ ᠨᠣᠷᠮ᠎ᠠ ᠦᠭᠡᠢ ᠪᠣᠯᠬᠤᠷ ᠪᠦᠬᠦ ᠤᠯᠤᠰ᠎ᠤᠨ ᠡᠯ᠎ᠡ ᠭᠠᠵᠠᠷ ᠣᠷᠣᠨ᠎ᠤ ᠠᠵᠢᠯ ᠲᠥᠷᠥᠯ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ᠎ᠳᠤ ᠴᠥᠮ ᠬᠠᠮᠢᠶ᠎ᠠ ᠪᠦᠬᠦᠢ ᠤᠰᠤ ᠬᠡᠷᠡᠭᠯᠡᠬᠦ ᠨᠣᠷᠮ᠎ᠠ ᠵᠢᠨ ᠲᠣᠭᠲᠠᠭ᠋ᠠᠯ ᠦᠭᠡᠢ᠂ ᠭᠠᠷ ᠤᠷᠠᠯᠠᠯ᠎ᠤᠨ ᠵᠦᠶ ᠵᠣᠬᠢᠰᠲᠠᠶ᠂ ᠭᠤᠤᠯ ᠪᠣᠯᠬᠤ ᠤᠰᠤ ᠬᠡᠷᠡᠭᠯᠡᠬᠦ ᠨᠢᠭᠡᠴᠢ ᠵᠢᠨ ᠤᠰᠤ ᠬᠡᠷᠡᠭᠯᠡᠬᠦ ᠵᠦᠢ ᠶᠣᠰᠣᠴᠢ ᠴᠢᠨᠠᠷ ᠬᠢᠭᠡᠳ ᠪᠣᠬᠢᠷ ᠤᠰᠤ ᠰᠢᠢ᠍ᠳᠪᠦᠷᠢᠯᠡᠬᠦ ᠲᠥᠰᠦᠯ᠎ᠳᠤ ᠵᠦᠢ ᠵᠣᠬᠢᠰᠲᠤ ᠭᠤᠷᠪᠠᠨ ᠲᠠᠯ᠎ᠠ᠎ᠪᠠᠷ ᠵᠠᠳᠠᠯᠤᠯᠲᠠ ᠬᠢᠭᠰᠡᠨ ᠵᠶ᠋ᠠᠷ ᠲᠤᠰ ᠲᠦᠰᠦᠯ᠎ᠤᠨ ᠡᠯ᠎ᠡ ᠨᠢᠭᠡᠴᠢ ᠵᠢᠨ ᠪᠦᠲᠦᠭᠡᠭᠳᠡᠬᠦᠨ᠎ᠤ ᠰᠢᠨ᠎ᠡ ᠤᠰᠤᠨ᠎ᠤ ᠬᠡᠮᠵᠢᠶ᠎ᠡ᠎ᠨᠢ ᠵᠦᠢ ᠵᠣᠬᠢᠰᠲᠠᠶ ᠪᠠᠶ᠋ᠢᠳᠠᠭ᠃ ᠦᠢ᠍ᠯᠡᠳᠪᠦᠷᠢ ᠵᠢᠨ ᠲᠣᠭᠤᠷᠢᠭ᠎ᠤᠨ ᠠᠵᠢᠯᠲᠠᠨ ᠠᠵᠢᠯᠴᠢᠨ᠎ᠤ ᠶᠡᠷᠦᠩᠬᠡᠶ᠋ᠢᠯᠡᠭᠰᠡᠨ ᠠᠮᠢᠳᠤᠷᠠᠯ᠎ᠳᠤ ᠬᠡᠷᠡᠭᠯᠡᠬᠦ ᠤᠰᠤᠨ᠎ᠤ ᠭᠦᠢ᠍ᠴᠡᠳᠬᠡᠯ ᠲᠤᠭ᠎ᠠ ᠪᠣᠯ 70L / ᠬᠥᠮᠦᠨ · d ᠪᠣᠯᠤᠨ᠎ᠠ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠪᠠᠷᠢᠮᠵᠢᠶ᠎ᠠ》 (DB15/T385 — 2020)᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠨ᠎ᠡ᠃ ᠲᠦᠰᠦᠯ᠎ᠨᠢ ᠤᠰᠤ ᠲᠠᠲᠠᠵᠤ ᠬᠡᠷᠡᠭᠯᠡᠬᠦ᠎ᠨᠢ ᠦᠨᠳᠦᠰᠦᠨ᠎ᠳᠡᠭᠡᠨ ᠣᠷᠣᠨ ᠪᠦᠰᠡ ᠵᠢᠨ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠴᠢ 《ᠭᠤᠷᠪᠠᠨ ᠵᠤᠷᠪᠤᠰ ᠤᠯᠠᠭ᠋ᠠᠨ ᠱᠤᠭᠤᠮ》᠎ᠤᠨ ᠭᠦᠢ᠍ᠴᠡᠳᠬᠡᠬᠦ ᠲᠣᠭ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
ᠲᠦᠰᠦᠯ᠎ᠳᠤ ᠳᠤᠷᠠᠳᠤᠭᠰᠠᠨ ᠤᠰᠤ ᠠᠷᠪᠢᠯᠠᠬᠤ ᠦᠨᠡᠯᠡᠯᠲᠡ ᠵᠢᠨ ᠬᠠᠮᠢᠶ᠎ᠠ ᠪᠦᠬᠦᠢ ᠠᠭᠤᠯᠭ᠎ᠠ ᠵᠢ ᠦᠨᠳᠦᠰᠦᠨ᠎ᠳᠡᠭᠡᠨ ᠵᠥᠪᠰᠢᠶᠡᠷᠡᠨ᠎ᠡ᠃ ᠲᠠᠨ᠎ᠤ ᠺᠣᠮᠫᠠᠨᠢ ᠬᠠᠮᠢᠶ᠎ᠠ ᠪᠦᠬᠦᠢ ᠤᠰᠤ ᠠᠷᠪᠢᠯᠠᠬᠤ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠢ᠃
ᠲᠦᠰᠦᠯ᠎ᠤᠨ ᠦᠢ᠍ᠯᠡᠳᠪᠦᠷᠢᠯᠡᠯ᠎ᠤᠨ ᠬᠠᠶᠠᠭᠳᠠᠮᠠᠯ ᠤᠰᠤ ᠵᠢ ᠦᠢ᠍ᠯᠡᠳᠪᠦᠷᠢ ᠵᠢᠨ ᠲᠣᠭᠤᠷᠢᠭ᠎ᠤᠨ ᠪᠣᠬᠢᠷ ᠤᠰᠤ ᠰᠢᠢ᠍ᠳᠪᠦᠷᠢᠯᠡᠬᠦ ᠥᠷᠲᠡᠭᠡ᠎ᠪᠠᠷ ᠳᠠᠮᠵᠢᠭᠤᠯᠤᠨ ᠰᠢᠢ᠍ᠳᠪᠦᠷᠢᠯᠡᠵᠦ ᠪᠠᠷᠢᠮᠵᠢᠶ᠎ᠠ᠎ᠳᠤ ᠬᠦᠷᠦᠭᠰᠡᠨ᠎ᠤ ᠳᠠᠷᠠᠭ᠎ᠠ᠂ ᠠᠮᠢᠳᠤᠷᠠᠯ᠎ᠤᠨ ᠪᠣᠬᠢᠷ ᠤᠰᠤ᠎ᠲᠠᠢ ᠬᠠᠮᠲᠤ ᠤᠳᠠ ᠲᠣᠭᠤᠷᠢᠭ᠎ᠤᠨ ᠠᠵᠤ ᠠᠬᠤᠶ ᠵᠢᠨ ᠨᠡᠭᠡᠭᠡᠯᠲᠡ ᠵᠢᠨ ᠲᠣᠭᠤᠷᠢᠭ᠎ᠤᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠎ᠳᠤ ᠤᠷᠤᠭᠤᠯᠪᠠ᠃
ᠲᠠᠨ᠎ᠤ ᠺᠣᠮᠫᠠᠨᠢ ᠤᠰᠤ ᠠᠪᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠬᠤᠯᠪᠣᠭᠳᠠᠯ ᠪᠥᠬᠦᠶ ᠲᠣᠭᠲᠠᠭ᠋ᠠᠯ ᠪᠠ 《ᠤᠰᠤ ᠠᠪᠬᠤ ᠬᠡᠮᠵᠢᠯᠲᠡ ᠵᠢᠨ ᠮᠡᠷᠭᠡᠵᠢᠯ᠎ᠤᠨ ᠵᠢᠯᠣᠭᠤᠳᠬᠤ ᠲᠦᠷᠢᠮ》 (GB/T28714 — 2023)᠎ᠤᠨ ᠬᠠᠮᠢᠶ᠎ᠠ ᠪᠥᠬᠦᠶ ᠱᠠᠭ᠋ᠠᠷᠳᠠᠯᠭ᠎ᠠ ᠶᠣᠰᠣᠭ᠋ᠠᠷ᠂ ᠤᠰᠤ ᠠᠪᠬᠤ ᠬᠡᠮᠵᠢᠯᠲᠡ ᠵᠢᠨ ᠪᠡᠯᠡᠳᠬᠡᠮᠵᠢ ᠪᠠ ᠰᠦᠯᠵᠢᠶᠡᠨ ᠳᠡᠭᠡᠷᠡᠬᠢ ᠬᠡᠮᠵᠢᠯᠲᠡ ᠵᠢᠨ ᠳᠠᠮᠵᠢᠭᠤᠯᠬᠤ ᠲᠥᠬᠦᠭᠡᠷᠦᠮᠵᠢ ᠵᠢ ᠤᠭᠰᠠᠷᠠᠬᠤ ᠵᠢᠨ ᠬᠠᠮᠲᠤ ᠲᠡᠭᠦᠨ᠎ᠤ ᠬᠡᠪ᠎ᠤᠨ ᠠᠵᠢᠯᠯᠠᠭ᠋ᠠᠨ᠎ᠢ ᠪᠠᠲᠤᠯᠠᠵᠤ᠂ ᠤᠰᠤᠨ᠎ᠤ ᠬᠡᠮᠵᠢᠶ᠎ᠡ ᠵᠢ ᠬᠢᠨᠠᠨ ᠬᠡᠮᠵᠢᠭᠰᠡᠨ ᠲᠤᠭ᠎ᠠ ᠪᠠᠷᠢᠮᠲᠠ ᠵᠢ ᠥᠪᠡᠷᠲᠡᠭᠡᠨ ᠵᠠᠰᠠᠬᠤ ᠣᠷᠣᠨ᠎ᠤ ᠤᠰᠤ ᠠᠪᠬᠤ ᠬᠠᠮᠢᠶᠠᠷᠤᠯᠲᠠ ᠵᠢᠨ ᠲᠠᠪᠴᠠᠩ᠎ᠳᠤ ᠲᠣᠭᠲᠠᠭᠤᠨ ᠵᠶ᠋ᠠᠷ ᠳᠠᠮᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠲᠣᠰ ᠲᠦᠰᠦᠯ᠎ᠢ ᠨᠢᠭᠡᠨᠲᠡ ᠪᠠᠶ᠋ᠢᠭᠤᠯᠤᠭᠰᠠᠨ ᠪᠥᠭᠡᠳ ᠠᠰᠢᠭᠯᠠᠯᠲᠠ᠎ᠳᠤ ᠣᠷᠣᠭᠤᠯᠤᠭᠰᠠᠨ ᠪᠠᠶ᠋ᠢᠳᠠᠯ᠎ᠢ ᠦᠨᠳᠦᠰᠦᠯᠡᠨ᠂ ᠲᠠᠨ᠎ᠤ ᠺᠣᠮᠫᠠᠨᠢ 《ᠤᠰᠤ ᠠᠪᠬᠤ ᠵᠥᠪᠰᠢᠶᠡᠷᠡᠯ ᠪᠠ ᠤᠰᠤᠨ᠎ᠤ ᠡᠬᠢ ᠪᠠᠶᠠᠯᠢᠭ᠎ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠵᠢᠨ ᠲᠦᠷᠢᠮ》 ᠪᠠ 《ᠤᠰᠤ ᠠᠪᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ᠂ ᠲᠣᠰ ᠴᠣᠬᠤᠯᠠᠪᠤᠷᠢ ᠵᠢ ᠣᠯᠤᠭᠰᠠᠨ᠎ᠤ ᠳᠠᠷᠠᠭ᠎ᠠ ᠳᠠᠷᠤᠶ ᠮᠠᠨ᠎ᠤ ᠲᠢᠩᠬᠢᠮ᠎ᠳᠤ ᠬᠤᠯᠪᠣᠭᠳᠠᠯ ᠪᠥᠬᠦᠶ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠵᠦ᠂ ᠤᠰᠤ ᠠᠪᠬᠤ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠤᠬᠤ᠎ᠪᠠᠷ ᠭᠤᠶᠤᠴᠢᠯᠠᠵᠤ ᠪᠣᠯᠤᠨ᠎ᠠ᠃
ᠳᠠᠭ᠋ᠠᠯᠳᠤᠭᠤᠯᠤᠯ᠄ ᠥᠪᠥᠷ ᠮᠣᠩᠭᠤᠯ᠎ᠤᠨ ᠶᠤᠸᠠᠨ ᠬᠤᠩ ᠨᠠᠷᠢᠯᠢᠭ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ ᠵᠢᠨ ᠵᠢᠯ᠎ᠳᠤ 400 ᠲᠣᠨ N — ᠰᠢᠪᠲᠦᠷ᠎ᠤᠨ ᠪᠦᠯᠦᠭ — 3 — ᠠᠽᠣᠲ ᠬᠤᠯᠢᠮᠠᠭ ᠬᠤᠣᠰ ᠴᠠᠭ᠋ᠠᠷᠢᠭ [ 3᠂ 3᠂ 0] ᠤᠺᠠᠲ᠋ᠠᠨᠤ ᠳᠠᠪᠤᠰᠤᠨ ᠬᠦᠴᠢᠯ᠎ᠤᠨ ᠳᠠᠪᠤᠰᠤ ᠵᠡᠷᠭᠡ ᠡᠮ ᠡᠮᠨᠡᠯᠭᠡ ᠵᠢᠨ ᠵᠠᠪᠰᠠᠷ᠎ᠤᠨ ᠴᠣᠭᠴᠠ ᠵᠢᠨ ᠲᠦᠰᠦᠯ (ᠨᠢᠭᠡᠳᠦᠭᠡᠷ ᠬᠤᠭᠤᠴᠠᠭ᠎ᠠ)᠎ᠤᠨ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ ᠵᠢᠨ ᠮᠡᠳᠡᠭᠦᠯᠦᠯᠲᠡ ᠵᠢᠨ ᠬᠦᠰᠦᠨᠦᠭᠲᠦ ᠵᠢ ᠬᠢᠨᠠᠨ ᠪᠠᠶ᠋ᠢᠴᠠᠭ᠋ᠠᠭᠰᠠᠨ ᠰᠠᠨᠠᠯ》᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠤᠨ ᠮᠡᠳᠡᠭᠦᠯᠦᠯᠲᠡ
2024 ᠣᠨ᠎ᠤ 8 ᠳ᠋ᠤᠭ᠋ᠠᠷ ᠰᠠᠷ᠎ᠠ ᠵᠢᠨ 13᠎ᠤ ᠡᠳᠦᠷ