ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠢᠴᠢᠭ ᠮᠠᠲ᠋ᠧᠷᠢᠶᠠᠯ
ᠳᠤᠮᠳᠠᠳᠤ ᠤᠯᠤᠰ᠎ᠤᠨ ᠴᠢᠯᠠᠭᠤᠨ ᠲᠣᠰᠣ ᠪᠠᠶ᠋ᠢᠭ᠋ᠠᠯᠢ ᠵᠢᠨ ᠰᠢᠲᠠᠮᠠᠬᠠᠶ ᠬᠡᠶ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠴᠠᠩ ᠴᠢᠩ ᠴᠢᠯᠠᠭᠤᠨ ᠲᠣᠰᠣᠨ᠎ᠤ ᠠᠭᠤᠷᠬᠠᠶ ᠵᠢᠨ ᠬᠤᠪᠢᠶᠠᠷᠢ ᠺᠣᠮᠫᠠᠨᠢ ᠵᠢᠨ ᠭᠤᠷᠪᠠᠳᠤᠭ᠋ᠠᠷ ᠪᠠᠢ᠌ᠭ᠋ᠠᠯᠢ ᠵᠢᠨ ᠬᠡᠶ ᠭᠠᠷᠭ᠋ᠠᠬᠤ ᠦᠢ᠍ᠯᠡᠳᠪᠦᠷᠢ ᠵᠢᠨ ᠰᠤᠪᠤᠷᠭ᠎ᠠ 19 ᠠᠶᠤᠯ ᠲᠦᠭᠰᠢᠭᠦᠷᠢ ᠵᠢᠨ ᠠᠵᠢᠯᠯᠠᠬᠤ ᠦᠢ᠍ᠯᠡᠴᠢᠯᠡᠭᠡᠨ᠎ᠤ ᠲᠣᠭᠤᠷᠢᠭ᠎ᠤᠨ ᠬᠡᠰᠡᠭ᠎ᠤᠨ ᠦᠢ᠍ᠯᠡᠳᠪᠦᠷᠢᠯᠡᠬᠦ ᠴᠢᠳᠠᠪᠤᠷᠢ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ (ᠳᠤᠮᠳᠠᠳᠤ ᠤᠯᠤᠰ᠎ᠤᠨ ᠴᠢᠯᠠᠭᠤᠨ ᠲᠣᠰᠣ 2023 ᠣᠨ᠎ᠤ ᠨᠢᠭᠡᠳᠦᠭᠡᠷ ᠪᠦᠯᠦᠭ᠎ᠤᠨ ᠲᠣᠰᠣ ᠬᠡᠢ ᠵᠢ ᠨᠡᠭᠡᠭᠡᠨ ᠬᠥᠭᠵᠢᠭᠦᠯᠬᠦ ᠲᠥᠷᠥᠯ ᠵᠦᠢ᠍ᠯ)᠎ᠤᠨ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ᠎ᠢ ᠬᠢᠨᠠᠨ ᠵᠥᠪᠰᠢᠶᠡᠷᠡᠵᠦ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠣᠭᠲᠠᠭ᠋ᠠᠯ᠎ᠤᠨ ᠪᠢᠴᠢᠭ
ᠨᠡᠶ᠋ᠢᠲᠡᠯᠡᠭᠰᠡᠨ ᠴᠠᠭ᠄ 2025-03-12

   ᠬᠡᠯᠬᠢᠶᠡᠰᠦᠨ ᠨᠣᠮᠧᠷ᠄ 000014348/2025 — 01102

   ᠭᠤᠣᠯ ᠰᠡᠳᠦᠪ᠎ᠤᠨ ᠠᠩᠭᠢᠯᠠᠯ᠄ ᠤᠰᠤᠨ ᠠᠰᠢᠭᠯᠠᠯᠲᠠ

   ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ

   ᠪᠢᠴᠢᠭ᠎ᠤᠨ ᠳ᠋ᠤᠭ᠋ᠠᠷ᠄ ᠦᠪᠦᠷ ᠤᠰᠤᠨ ᠬᠠᠮᠠᠭ᠋ᠠᠯᠠᠬᠤ ᠵᠦᠪᠰᠢᠶᠡᠷᠡᠯ ᠲᠤᠭᠲᠠᠭ᠋ᠠᠯ [2025] 16 ᠳ᠋ᠤᠭ᠋ᠠᠷ ᠲᠣᠭ᠋ᠠᠲᠤ

   ᠪᠢᠴᠢᠭᠳᠡᠭᠰᠡᠨ ᠡᠳᠦᠷ ᠬᠤᠭᠤᠴᠠᠭ᠎ᠠ᠄ 2025 ᠣᠨ᠎ᠤ 3 ᠳ᠋ᠤᠭ᠋ᠠᠷ ᠰᠠᠷ᠎ᠠ ᠵᠢᠨ 6᠎ᠤ ᠡᠳᠦᠷ

   ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ

 

ᠳᠤᠮᠳᠠᠳᠤ ᠤᠯᠤᠰ᠎ᠤᠨ ᠴᠢᠯᠠᠭᠤᠨ ᠲᠣᠰᠣ ᠪᠠᠶ᠋ᠢᠭ᠋ᠠᠯᠢ ᠵᠢᠨ ᠰᠢᠲᠠᠮᠠᠬᠠᠶ ᠬᠡᠶ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠴᠠᠩ ᠴᠢᠩ ᠴᠢᠯᠠᠭᠤᠨ ᠲᠣᠰᠣᠨ᠎ᠤ ᠠᠭᠤᠷᠬᠠᠶ ᠵᠢᠨ ᠬᠤᠪᠢᠶᠠᠷᠢ ᠺᠣᠮᠫᠠᠨᠢ ᠵᠢᠨ ᠭᠤᠷᠪᠠᠳᠤᠭ᠋ᠠᠷ ᠪᠠᠢ᠌ᠭ᠋ᠠᠯᠢ ᠵᠢᠨ ᠬᠡᠶ ᠭᠠᠷᠭ᠋ᠠᠬᠤ ᠦᠢ᠍ᠯᠡᠳᠪᠦᠷᠢ᠄

   ᠮᠠᠨ᠎ᠤ ᠲᠢᠩᠬᠢᠮ 2025 ᠣᠨ᠎ᠤ 1 ᠳ᠋ᠦ᠍ᠭᠡᠷ ᠰᠠᠷ᠎ᠠ ᠵᠢᠨ 20᠎ᠤ ᠡᠳᠦᠷ ᠲᠠᠨ᠎ᠤ ᠨᠢᠭᠡᠴᠢ ᠵᠢᠨ ᠳᠤᠷᠠᠳᠤᠭᠰᠠᠨ ᠳᠤᠮᠳᠠᠳᠤ ᠤᠯᠤᠰ᠎ᠤᠨ ᠴᠢᠯᠠᠭᠤᠨ ᠲᠣᠰᠣ ᠪᠠᠶ᠋ᠢᠭ᠋ᠠᠯᠢ ᠵᠢᠨ ᠰᠢᠲᠠᠮᠠᠬᠠᠶ ᠬᠡᠶ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠴᠠᠩ ᠴᠢᠩ ᠴᠢᠯᠠᠭᠤᠨ ᠲᠣᠰᠣᠨ᠎ᠤ ᠠᠭᠤᠷᠬᠠᠶ ᠵᠢᠨ ᠬᠤᠪᠢᠶᠠᠷᠢ ᠺᠣᠮᠫᠠᠨᠢ ᠵᠢᠨ ᠭᠤᠷᠪᠠᠳᠤᠭ᠋ᠠᠷ ᠪᠠᠢ᠌ᠭ᠋ᠠᠯᠢ ᠵᠢᠨ ᠬᠡᠶ ᠭᠠᠷᠭ᠋ᠠᠬᠤ ᠦᠢ᠍ᠯᠡᠳᠪᠦᠷᠢ ᠵᠢᠨ ᠰᠤᠪᠤᠷᠭ᠎ᠠ 19 ᠠᠶᠤᠯ ᠲᠦᠭᠰᠢᠭᠦᠷᠢ ᠵᠢᠨ ᠠᠵᠢᠯᠯᠠᠬᠤ ᠦᠢ᠍ᠯᠡᠴᠢᠯᠡᠭᠡᠨ᠎ᠤ ᠣᠷᠣᠨ᠎ᠤ ᠬᠡᠰᠡᠭ᠎ᠤᠨ ᠦᠢ᠍ᠯᠡᠳᠪᠦᠷᠢᠯᠡᠬᠦ ᠴᠢᠳᠠᠪᠤᠷᠢ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ (ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ 2023 ᠣᠨ᠎ᠤ ᠨᠢᠭᠡᠳᠦᠭᠡᠷ ᠪᠦᠯᠦᠭ ᠪᠠᠢ᠌ᠭ᠋ᠠᠯᠢ ᠵᠢᠨ ᠰᠢᠲᠠᠮᠠᠬᠠᠶ ᠬᠡᠶ ᠨᠡᠭᠡᠭᠡᠬᠦ ᠲᠥᠷᠥᠯ ᠵᠦᠢ᠍ᠯ)᠎ᠤᠨ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ᠎ᠢ ᠬᠢᠨᠠᠨ ᠵᠥᠪᠰᠢᠶᠡᠷᠡᠭᠦᠯᠬᠦ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠨ᠎ᠡ᠃  ᠬᠢᠨᠠᠨ ᠪᠠᠶ᠋ᠢᠴᠠᠭ᠋ᠠᠭ᠋ᠠᠳ᠂  ᠲᠤᠰ ᠭᠤᠶᠤᠴᠢᠯᠠᠯ᠎ᠨᠢ ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠵᠦ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠨ ᠭᠤᠴᠢᠨ ᠨᠠᠢ᠍ᠮᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠂ 《ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠡᠷᠡᠭᠵᠢᠭᠦᠯᠬᠦ ᠠᠷᠭ᠎ᠠ》 ᠵᠢᠨ ᠭᠤᠴᠢᠨ ᠬᠣᠶᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠢ ᠦᠨᠳᠦᠰᠦᠯᠡᠨ᠂  ᠵᠠᠰᠠᠭ ᠵᠠᠬᠢᠷᠭ᠋ᠠᠨ᠎ᠤ ᠵᠥᠪᠰᠢᠶᠡᠷᠡᠯ ᠣᠯᠭᠣᠬᠤ᠎ᠪᠠᠷ ᠲᠣᠭᠲᠠᠪᠠ᠃

   ᠳᠤᠮᠳᠠᠳᠤ ᠤᠯᠤᠰ᠎ᠤᠨ ᠴᠢᠯᠠᠭᠤᠨ ᠲᠣᠰᠣ ᠪᠠᠶ᠋ᠢᠭ᠋ᠠᠯᠢ ᠵᠢᠨ ᠰᠢᠲᠠᠮᠠᠬᠠᠶ ᠬᠡᠶ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠴᠠᠩ ᠴᠢᠩ ᠴᠢᠯᠠᠭᠤᠨ ᠲᠣᠰᠣᠨ᠎ᠤ ᠠᠭᠤᠷᠬᠠᠶ ᠵᠢᠨ ᠬᠤᠪᠢᠶᠠᠷᠢ ᠺᠣᠮᠫᠠᠨᠢ ᠵᠢᠨ ᠭᠤᠷᠪᠠᠳᠤᠭ᠋ᠠᠷ ᠪᠠᠢ᠌ᠭ᠋ᠠᠯᠢ ᠵᠢᠨ ᠬᠡᠶ ᠭᠠᠷᠭ᠋ᠠᠬᠤ ᠦᠢ᠍ᠯᠡᠳᠪᠦᠷᠢ ᠵᠢᠨ ᠰᠤᠪᠤᠷᠭ᠎ᠠ 19 ᠠᠶᠤᠯ ᠲᠦᠭᠰᠢᠭᠦᠷᠢ ᠵᠢᠨ ᠠᠵᠢᠯᠯᠠᠬᠤ ᠦᠢ᠍ᠯᠡᠴᠢᠯᠡᠭᠡᠨ᠎ᠤ ᠣᠷᠣᠨ᠎ᠤ ᠬᠡᠰᠡᠭ᠎ᠤᠨ ᠦᠢ᠍ᠯᠡᠳᠪᠦᠷᠢᠯᠡᠬᠦ ᠴᠢᠳᠠᠪᠤᠷᠢ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ (ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ 2023 ᠣᠨ᠎ᠤ ᠨᠢᠭᠡᠳᠦᠭᠡᠷ ᠪᠦᠯᠦᠭ ᠪᠠᠢ᠌ᠭ᠋ᠠᠯᠢ ᠵᠢᠨ ᠰᠢᠲᠠᠮᠠᠬᠠᠶ ᠬᠡᠶ ᠵᠢᠨ ᠨᠡᠭᠡᠭᠡᠨ ᠬᠥᠭᠵᠢᠭᠦᠯᠬᠦ ᠲᠥᠷᠥᠯ ᠵᠦᠢ᠍ᠯ) ᠣᠷᠳᠣᠰ ᠬᠤᠲᠠ ᠵᠢᠨ ᠣᠲᠤᠭ᠎ᠤᠨ ᠡᠮᠦᠨᠡᠲᠦ ᠬᠤᠰᠢᠭᠤᠨ᠎ᠤ ᠪᠤᠷᠤᠪᠠᠯᠭ᠋ᠠᠰᠤᠨ᠂  ᠣᠯᠵᠠᠴᠢ ᠪᠠᠯᠭ᠋ᠠᠰᠤᠨ᠎ᠤ ᠬᠢᠯᠢ᠎ᠳᠤ ᠪᠣᠶ᠃  ᠲᠥᠷᠥᠯ ᠵᠦᠢ᠍ᠯ᠎ᠤᠨ ᠰᠢᠨ᠎ᠡ᠎ᠪᠠᠷ ᠪᠠᠶ᠋ᠢᠭᠤᠯᠤᠭᠰᠠᠨ ᠵᠢᠯ᠎ᠤᠨ ᠦᠢ᠍ᠯᠡᠳᠪᠦᠷᠢᠯᠡᠬᠦ ᠴᠢᠳᠠᠪᠤᠷᠢ᠎ᠨᠢ 2.0 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠪᠠᠶ᠋ᠢᠭ᠋ᠠᠯᠢ ᠵᠢᠨ ᠰᠢᠲᠠᠮᠠᠬᠠᠢ ᠬᠡᠢ᠃  ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠤᠭᠤᠴᠠᠭ᠋ᠠᠨ᠎ᠳᠤ ᠨᠡᠶ᠋ᠢᠲᠡ 44.12 ᠾᠧᠺᠲ᠋ᠠᠷ ᠭᠠᠵᠠᠷ ᠡᠵᠡᠯᠡᠵᠦ᠂  ᠰᠢᠷᠣᠶ ᠴᠢᠯᠠᠭᠤᠨ᠎ᠤ ᠠᠵᠢᠯ᠎ᠢ 41.07 ᠲᠦᠮᠡᠨ ᠪᠣᠰᠤᠭ᠎ᠠ ᠳᠥᠷᠪᠡᠯᠵᠢᠨ ᠮᠸᠲᠷ ᠬᠡᠷᠡᠭᠯᠡᠵᠦ᠂  ᠢᠨᠵᠧᠨᠧᠷᠢᠩ᠎ᠤᠨ ᠶᠡᠷᠦᠩᠬᠡᠶ ᠪᠡᠯᠡ ᠣᠷᠣᠭᠤᠯᠤᠯᠲᠠ᠎ᠨᠢ 3.4 ᠳ᠋ᠦᠩᠰᠢᠭᠤᠷ ᠲᠥᠭᠦᠷᠢᠭ᠎ᠲᠤ ᠬᠦᠷᠴᠡᠶ᠃  ᠢᠨᠵᠧᠨᠧᠷᠢᠩ᠎ᠨᠢ 2023 ᠣᠨ᠎ᠤ 2 ᠳ᠋ᠤᠭ᠋ᠠᠷ ᠰᠠᠷ᠎ᠠ᠎ᠳᠤ ᠠᠵᠢᠯ ᠵᠶ᠋ᠠᠨ ᠡᠬᠢᠯᠡᠭᠦᠯᠵᠦ᠂ 2025 ᠣᠨ᠎ᠤ 12 ᠳ᠋ᠤᠭ᠋ᠠᠷ ᠰᠠᠷ᠎ᠠ᠎ᠳᠤ ᠠᠵᠢᠯ ᠵᠶ᠋ᠠᠨ ᠳᠠᠭᠤᠰᠬᠠᠬᠤ᠎ᠪᠠᠷ ᠲᠦᠯᠦᠪᠯᠡᠵᠦ᠂  ᠶᠡᠷᠦᠩᠬᠡᠶ ᠠᠵᠢᠯ᠎ᠤᠨ ᠬᠤᠭᠤᠴᠠᠭ᠎ᠠ᠎ᠨᠢ 35 ᠰᠠᠷ᠎ᠠ ᠪᠤᠯᠤᠨ᠎ᠠ᠃

   ᠨᠢᠭᠡ᠂  ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠤᠨ ᠶᠡᠷᠦᠩᠬᠡᠶ ᠰᠠᠨᠠᠯ

  (ᠨᠢᠭᠡ) ᠪᠦᠲᠦᠭᠡᠨ ᠪᠠᠶ᠋ᠢᠭᠤᠯᠬᠤ ᠬᠤᠭᠤᠴᠠᠭ᠋ᠠᠨ᠎ᠳᠤ ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢᠨ ᠬᠦᠷᠢᠶ᠎ᠡ ᠬᠡᠪᠴᠢᠶ᠎ᠡ᠎ᠨᠢ 44.12 ᠾᠧᠺᠲ᠋ᠠᠷ ᠪᠣᠯᠤᠨ᠎ᠠ᠃

  (ᠬᠤᠶᠠᠷ) ᠤᠰᠤ ᠬᠦᠷᠦᠰᠦ ᠵᠢᠨ ᠢᠳᠡᠭᠳᠡᠯ᠎ᠢ ᠰᠡᠷᠭᠡᠢ᠌ᠯᠡᠨ ᠵᠠᠰᠠᠬᠤ ᠠᠵᠢᠯ᠎ᠳᠤ ᠪᠠᠷᠠᠭᠤᠨ ᠬᠤᠢ᠌ᠲᠦ ᠵᠢᠨ ᠰᠢᠷ᠎ᠠ ᠬᠥᠷᠥᠰᠥᠲᠦ ᠥᠨᠳᠥᠷᠯᠢᠭ᠎ᠤᠨ ᠣᠷᠣᠨ᠎ᠤ ᠨᠢᠭᠡᠳᠦᠭᠡᠷ ᠳᠡᠰ᠎ᠤᠨ ᠪᠠᠷᠢᠮᠵᠢᠶ᠎ᠠ ᠵᠢ ᠬᠡᠷᠡᠭᠵᠢᠭᠦᠯᠬᠦ ᠵᠢ ᠵᠥᠪᠰᠢᠶᠡᠷᠡᠪᠡ᠃

  (ᠭᠤᠷᠪᠠ) ᠦᠨᠳᠦᠰᠦᠨ᠎ᠳᠡᠭᠡᠨ ᠵᠥᠪᠰᠢᠶᠡᠷᠡᠭᠰᠡᠨ ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠠᠯᠲᠠ ᠪᠣᠯ᠄ ᠤᠰᠤ ᠬᠦᠷᠦᠰᠦ ᠵᠢᠨ ᠢᠳᠡᠭᠳᠡᠯ᠎ᠢ ᠵᠠᠰᠠᠬᠤ ᠬᠡᠮᠵᠢᠶ᠎ᠡ 93%᠂  ᠤᠰᠤ ᠬᠦᠷᠦᠰᠦ ᠵᠢᠨ ᠢᠳᠡᠭᠳᠡᠯ᠎ᠢ ᠬᠢᠵᠠᠭ᠋ᠠᠷᠯᠠᠬᠤ ᠨᠣᠷᠮ᠎ᠠ 0.8%᠂  ᠬᠤᠭ ᠰᠢᠷᠣᠶ ᠵᠢ ᠰᠡᠷᠭᠡᠶ᠋ᠢᠯᠡᠨ ᠬᠠᠮᠠᠭ᠋ᠠᠯᠠᠬᠤ ᠨᠣᠷᠮ᠎ᠠ 92%᠂  ᠤᠰᠤ ᠬᠦᠷᠦᠰᠦ ᠵᠢᠨ ᠬᠠᠮᠠᠭ᠋ᠠᠯᠠᠯᠲᠠ ᠵᠢᠨ ᠨᠣᠷᠮ᠎ᠠ 90%᠂  ᠣᠶ ᠰᠢᠭᠤᠶ ᠡᠪᠡᠰᠦ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠭᠰᠡᠨ ᠨᠣᠷᠮ᠎ᠠ 95%᠂  ᠣᠶ ᠰᠢᠭᠤᠶ ᠡᠪᠡᠰᠦ ᠵᠢᠨ ᠪᠦᠷᠬᠦᠴᠡ ᠵᠢᠨ ᠨᠣᠷᠮ᠎ᠠ 24% ᠪᠣᠯᠤᠨ᠎ᠠ᠃

  (ᠲᠦᠷᠪᠡ) ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ ᠬᠤᠪᠢᠶᠠᠨ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢᠨ ᠲᠣᠬᠢᠷᠠᠭᠤᠯᠤᠯᠲᠠ ᠵᠢ ᠦᠨᠳᠦᠰᠦᠨ᠎ᠳᠡᠭᠡᠨ ᠵᠥᠪᠰᠢᠶᠡᠷᠡᠪᠡ᠃

  (ᠲᠠᠪᠤ) ᠪᠦᠲᠦᠭᠡᠨ ᠪᠠᠶ᠋ᠢᠭᠤᠯᠤᠯᠲᠠ ᠵᠢᠨ ᠬᠤᠭᠤᠴᠠᠭ᠋ᠠᠨ᠎ᠳᠠᠬᠢ ᠤᠰᠤ ᠬᠦᠷᠦᠰᠦ ᠵᠢ ᠬᠠᠮᠠᠭ᠋ᠠᠯᠠᠬᠤ ᠨᠥᠬᠦᠪᠥᠷᠢ ᠮᠥᠩᠭᠦ 75.004 ᠲᠦᠮᠡᠨ ᠲᠥᠭᠦᠷᠢᠭ᠎ᠢ ᠵᠥᠪᠰᠢᠶᠡᠷᠡᠪᠡ᠃

   ᠬᠤᠶᠠᠷ᠂  ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠢ᠎ᠨᠢ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠳᠤᠮᠳᠠ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤ ᠬᠦᠷᠦᠰᠦ ᠵᠢ ᠬᠠᠮᠠᠭ᠋ᠠᠯᠠᠬᠤ ᠬᠠᠤᠯᠢ》 ᠵᠢᠨ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢᠨ ᠬᠠᠮᠲᠤ᠂  ᠳᠣᠣᠷᠠᠬᠢ ᠠᠵᠢᠯ᠎ᠤᠳ᠎ᠢ ᠭᠤᠣᠯᠳᠠᠯᠭ᠎ᠠ᠎ᠲᠠᠢ ᠰᠠᠶ᠋ᠢᠲᠤᠷ ᠬᠢᠬᠦ ᠬᠡᠷᠡᠭᠲᠡᠢ᠄

  (ᠨᠢᠭᠡ) ᠵᠥᠪᠰᠢᠶᠡᠷᠡᠭᠰᠡᠨ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠤᠨ ᠶᠣᠰᠣᠭ᠋ᠠᠷ᠂  ᠤᠰᠤ ᠬᠦᠷᠦᠰᠦ ᠵᠢ ᠬᠠᠮᠠᠭ᠋ᠠᠯᠠᠬᠤ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠡᠷᠭᠡ ᠵᠠᠯᠭ᠋ᠠᠮᠵᠢ ᠵᠢᠷᠤᠭ ᠲᠥᠯᠥᠪᠯᠡᠭᠡ ᠵᠢ ᠰᠠᠶ᠋ᠢᠲᠤᠷ ᠬᠢᠵᠦ᠂  ᠪᠠᠷᠢᠯᠭ᠎ᠠ ᠪᠠᠷᠢᠬᠤ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠬᠤ ᠬᠡᠷᠡᠭᠲᠡᠶ᠃

  (ᠬᠤᠶᠠᠷ) ᠲᠥᠰᠦᠯ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠤᠰᠤ ᠬᠦᠷᠦᠰᠦ ᠵᠢ ᠬᠠᠮᠠᠭ᠋ᠠᠯᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃  ᠡᠯ᠎ᠡ ᠲᠥᠷᠥᠯ᠎ᠤᠨ ᠪᠠᠷᠢᠯᠭ᠎ᠠ ᠪᠠᠷᠢᠬᠤ ᠠᠵᠢᠯᠯᠠᠭ᠎ᠠ᠎ᠨᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ᠎ᠪᠠᠨ ᠴᠢᠩᠭ᠎ᠠ ᠬᠢᠵᠠᠭ᠋ᠠᠷᠯᠠᠵᠤ᠂  ᠳᠤᠷ᠎ᠠ᠎ᠪᠠᠷ ᠵᠶ᠋ᠠᠨ ᠳᠠᠷᠤᠬᠤ᠂  ᠰᠠᠮᠠᠭᠤᠷᠠᠭᠤᠯᠬᠤ ᠪᠠ ᠭᠠᠵᠠᠷ᠎ᠤᠨ ᠭᠠᠳᠠᠷᠭᠤ ᠵᠢᠨ ᠤᠷᠭᠤᠮᠠᠯ᠎ᠤᠨ ᠬᠤᠴᠢᠯᠭ᠎ᠠ ᠵᠢ ᠡᠪᠳᠡᠬᠦ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠃  ᠥᠩᠭᠡᠨ ᠬᠥᠷᠥᠰᠥ ᠵᠢ ᠰᠠᠯᠭ᠋ᠠᠬᠤ᠂  ᠬᠠᠳᠠᠭ᠋ᠠᠯᠠᠬᠤ ᠪᠠ ᠠᠰᠢᠭᠯᠠᠬᠤ ᠵᠢ ᠰᠠᠶ᠋ᠢᠲᠤᠷ ᠬᠢᠵᠦ᠂  ᠬᠠᠶᠠᠭᠳᠠᠮᠠᠯ ᠰᠢᠭ᠋ᠠᠷᠤ ᠵᠢ ᠶᠡᠷᠦᠩᠬᠡᠶ᠋ᠢᠯᠡᠨ ᠠᠰᠢᠭᠯᠠᠬᠤ ᠵᠢ ᠴᠢᠩᠭ᠋ᠠᠳᠬᠠᠬᠤ ᠬᠡᠷᠡᠭᠲᠡᠶ᠃  ᠪᠦᠲᠦᠭᠡᠨ ᠪᠠᠶ᠋ᠢᠭᠤᠯᠤᠯᠲᠠ ᠵᠢᠨ ᠶᠠᠪᠤᠴᠠ᠎ᠳᠤ ᠪᠤᠶ ᠪᠣᠯᠤᠭᠰᠠᠨ ᠰᠢᠭ᠋ᠠᠷᠤ ᠵᠢ ᠴᠠᠭ ᠲᠤᠬᠠᠶ᠎ᠳᠤᠨᠢ ᠲᠥᠰᠦᠯ᠎ᠳᠤ ᠲᠣᠭᠲᠠᠭ᠋ᠠᠭᠰᠠᠨ ᠲᠤᠰᠬᠠᠶ ᠭᠠᠵᠠᠷ᠎ᠲᠤ ᠲᠡᠭᠡᠭᠡᠪᠦᠷᠢᠯᠡᠨ ᠬᠦᠷᠭᠡᠬᠦ ᠬᠡᠷᠡᠭᠲᠡᠶ᠃  ᠲᠥᠰᠦᠯ᠎ᠤᠨ ᠱᠠᠭ᠋ᠠᠷᠳᠠᠯᠭ᠎ᠠ ᠵᠢ ᠦᠨᠳᠦᠰᠦᠯᠡᠨ ᠪᠠᠷᠢᠯᠭ᠎ᠠ ᠪᠠᠷᠢᠬᠤ ᠴᠠᠭ᠎ᠤᠨ ᠳᠠᠷᠠᠭ᠋ᠠᠯᠠᠯ ᠪᠠ ᠤᠰᠤ ᠬᠦᠷᠦᠰᠦ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠠᠬᠢᠴᠠ ᠵᠢ ᠵᠦᠶ ᠵᠣᠬᠢᠰᠲᠠᠶ ᠲᠣᠬᠢᠷᠠᠭᠤᠯᠵᠤ᠂  ᠪᠠᠷᠢᠯᠭ᠎ᠠ ᠪᠠᠷᠢᠬᠤ ᠬᠤᠭᠤᠴᠠᠭ᠋ᠠᠨ᠎ᠳᠤ ᠤᠰᠤ ᠬᠦᠷᠦᠰᠦ ᠵᠢᠨ ᠢᠳᠡᠭᠳᠡᠯ᠎ᠢ ᠴᠢᠩᠭ᠎ᠠ ᠬᠢᠵᠠᠭ᠋ᠠᠷᠯᠠᠬᠤ ᠬᠡᠷᠡᠭᠲᠡᠶ᠃

  (ᠭᠤᠷᠪᠠ) ᠤᠰᠤ ᠬᠦᠷᠦᠰᠦ ᠵᠢ ᠬᠠᠮᠠᠭ᠋ᠠᠯᠠᠬᠤ ᠬᠢᠨᠠᠨ ᠬᠡᠮᠵᠢᠬᠦ ᠠᠵᠢᠯ᠎ᠢ ᠦᠨᠡᠨ ᠬᠦ᠌ ᠰᠠᠶ᠋ᠢᠲᠤᠷ ᠬᠢᠵᠦ᠂  ᠤᠰᠤ ᠬᠦᠷᠦᠰᠦ ᠵᠢᠨ ᠢᠳᠡᠭᠳᠡᠯ᠎ᠤᠨ ᠪᠠᠶ᠋ᠢᠳᠠᠯ᠎ᠢ ᠬᠢᠨᠠᠨ ᠡᠵᠡᠮᠳᠡᠬᠦ ᠵᠢ ᠴᠢᠩᠭ᠋ᠠᠳᠬᠠᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠮᠠᠨ᠎ᠤ ᠲᠢᠩᠬᠢᠮ ᠵᠢᠴᠢ ᠣᠷᠳᠣᠰ ᠬᠤᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠎ᠳᠤ ᠬᠢᠨᠠᠨ ᠬᠡᠮᠵᠢᠯᠲᠡ ᠵᠢᠨ ᠤᠯᠠᠷᠢᠯ᠎ᠤᠨ ᠮᠡᠳᠡᠭᠦᠯᠦᠯᠲᠡ ᠵᠢᠴᠢ ᠳ᠋ᠦᠩᠨᠡᠯᠲᠡ ᠵᠢᠨ ᠮᠡᠳᠡᠭᠦᠯᠦᠯᠲᠡ ᠵᠢ ᠲᠤᠰᠢᠶᠠᠨ᠎ᠠ᠃

  (ᠲᠦᠷᠪᠡ) ᠤᠰᠤ ᠬᠦᠷᠦᠰᠦ ᠵᠢ ᠬᠠᠮᠠᠭ᠋ᠠᠯᠠᠬᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠨᠠᠶ᠋ᠢᠳᠠᠪᠤᠷᠢᠵᠢᠭᠤᠯᠬᠤ ᠵᠢᠨ ᠬᠠᠮᠲᠤ ᠰᠠᠶ᠋ᠢᠲᠤᠷ ᠬᠢᠵᠦ᠂  ᠤᠰᠤ ᠬᠦᠷᠦᠰᠦ ᠵᠢ ᠬᠠᠮᠠᠭ᠋ᠠᠯᠠᠬᠤ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ ᠪᠣᠯᠤᠨ ᠠᠬᠢᠴᠠ ᠵᠢ ᠦᠨᠡᠨ ᠬᠦ᠌ ᠪᠠᠲᠤᠯᠠᠬᠤ ᠬᠡᠷᠡᠭᠲᠡᠶ᠃

  (ᠲᠠᠪᠤ) ᠤᠰᠤ ᠬᠦᠷᠦᠰᠦ ᠵᠢ ᠬᠠᠮᠠᠭ᠋ᠠᠯᠠᠬᠤ ᠨᠥᠬᠦᠪᠥᠷᠢ ᠵᠠᠷᠤᠳᠠᠯ᠎ᠢ ᠬᠠᠤᠯᠢ ᠲᠣᠭᠲᠠᠭ᠋ᠠᠯ ᠶᠣᠰᠣᠭ᠋ᠠᠷ ᠭᠦᠢ᠍ᠴᠡᠳ ᠲᠤᠭ᠎ᠠ᠎ᠪᠠᠷ ᠲᠤᠰᠢᠶᠠᠨ᠎ᠠ᠃

   ᠭᠤᠷᠪᠠ᠂  ᠲᠤᠰ ᠲᠥᠷᠥᠯ᠎ᠤᠨ ᠭᠠᠵᠠᠷ᠂  ᠬᠡᠪᠴᠢᠶ᠎ᠡ᠎ᠨᠢ ᠴᠢᠬᠤᠯᠠ ᠶᠡᠬᠡ ᠬᠤᠪᠢᠷᠠᠯᠲᠠ ᠭᠠᠷᠤᠭᠰᠠᠨ᠂  ᠡᠰᠡᠬᠦᠯ᠎ᠡ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠢ ᠬᠡᠷᠡᠭᠵᠢᠭᠦᠯᠬᠦ ᠶᠠᠪᠤᠴᠠ᠎ᠳᠠᠬᠢ ᠤᠰᠤ ᠬᠦᠷᠦᠰᠦ ᠵᠢ ᠬᠠᠮᠠᠭ᠋ᠠᠯᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠪᠠᠯ᠂  ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠳᠤ ᠨᠥᠬᠥᠪᠥᠷᠢᠯᠡᠬᠦ ᠪᠤᠶᠤ ᠵᠠᠰᠠᠪᠤᠷᠢ ᠣᠷᠣᠭᠤᠯᠵᠤ᠂  ᠮᠠᠨ᠎ᠤ ᠲᠢᠩᠬᠢᠮ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃  ᠰᠢᠭ᠋ᠠᠷᠤ ᠬᠠᠶᠠᠬᠤ ᠰᠢᠨ᠎ᠡ᠎ᠪᠠᠷ ᠪᠠᠶ᠋ᠢᠭᠤᠯᠤᠭᠰᠠᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠢ᠎ᠨᠢ ᠰᠢᠭ᠋ᠠᠷᠤ ᠵᠢᠨ ᠬᠡᠮᠵᠢᠶ᠎ᠡ ᠵᠢ ᠪᠠᠭ᠋ᠠᠰᠬᠠᠬᠤ᠂  ᠡᠬᠢ ᠪᠠᠶᠠᠯᠢᠭᠵᠢᠭᠤᠯᠬᠤ ᠨᠤᠲᠠᠯᠠᠯᠲᠠ ᠵᠢ ᠥᠷᠨᠢᠭᠦᠯᠬᠦ ᠵᠢᠨ ᠬᠠᠮᠲᠤ ᠰᠢᠭ᠋ᠠᠷᠤ ᠵᠢ ᠬᠠᠶᠠᠬᠤ᠎ᠠᠴᠠ ᠡᠮᠦᠨ᠎ᠡ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠤᠨ ᠨᠥᠬᠥᠪᠥᠷᠢ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠵᠤ᠂  ᠮᠠᠨ᠎ᠤ ᠲᠢᠩᠬᠢᠮ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃

   ᠳᠥᠷᠪᠡ᠂  ᠲᠠᠨ᠎ᠤ ᠨᠢᠭᠡᠴᠢ ᠪᠣᠯ ᠲᠤᠰ ᠲᠥᠷᠥᠯ ᠵᠦᠢ᠍ᠯ᠎ᠤᠨ ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢ ᠰᠢᠯᠭ᠋ᠠᠨ ᠠᠪᠬᠤ ᠬᠠᠷᠢᠭᠤᠴᠠᠯᠭ᠎ᠠ ᠵᠢᠨ ᠭᠣᠤᠯ ᠴᠣᠭᠴᠠ ᠪᠣᠯᠬᠤ ᠲᠤᠯᠠ᠂  ᠲᠤᠰ ᠲᠥᠷᠥᠯ ᠵᠦᠢ᠍ᠯ᠎ᠨᠢ ᠪᠠᠷᠢᠯᠭ᠎ᠠ ᠳᠠᠭᠤᠰᠴᠤ ᠰᠢᠯᠭ᠋ᠠᠨ ᠠᠪᠬᠤ ᠪᠤᠶᠤ ᠠᠰᠢᠭᠯᠠᠯᠲᠠ᠎ᠳᠤ ᠣᠷᠣᠭᠤᠯᠬᠤ᠎ᠠᠴᠠ ᠡᠮᠦᠨ᠎ᠡ᠂  ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢ ᠡᠵᠡᠨ ᠮᠡᠳᠡᠵᠦ ᠰᠢᠯᠭ᠋ᠠᠨ ᠠᠪᠬᠤ ᠵᠢ ᠥᠩᠭᠡᠷᠡᠭᠡᠬᠦ ᠬᠡᠷᠡᠭᠲᠡᠶ᠃  ᠡᠵᠡᠨ ᠮᠡᠳᠡᠨ ᠰᠢᠯᠭ᠋ᠠᠨ ᠠᠪᠬᠤ᠎ᠳᠤ ᠤᠰᠤ ᠬᠦᠷᠦᠰᠦ ᠵᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠂  ᠪᠠᠷᠢᠮᠵᠢᠶ᠎ᠠ ᠵᠢᠨ ᠵᠢᠷᠤᠮᠵᠢᠯ᠂  ᠤᠰᠤ ᠬᠦᠷᠦᠰᠦ ᠵᠢ ᠬᠠᠮᠠᠭ᠋ᠠᠯᠠᠬᠤ ᠲᠥᠰᠦᠯ ᠬᠢᠭᠡᠳ ᠲᠤᠰ ᠬᠢᠨᠠᠨ ᠵᠥᠪᠰᠢᠶᠡᠷᠡᠭᠰᠡᠨ ᠲᠣᠭᠲᠠᠭ᠋ᠠᠯ᠂  ᠤᠰᠤ ᠬᠦᠷᠦᠰᠦ ᠵᠢ ᠬᠠᠮᠠᠭ᠋ᠠᠯᠠᠬᠤ ᠵᠠᠯᠭ᠋ᠠᠮᠵᠢ ᠵᠢᠷᠤᠭ ᠲᠥᠯᠥᠪᠯᠡᠭᠡ ᠵᠡᠷᠭᠡ ᠵᠢ ᠦᠨᠳᠦᠰᠦᠯᠡᠨ ᠶᠠᠪᠤᠭᠳᠠᠭᠤᠯᠵᠤ᠂  ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢ ᠰᠢᠯᠭ᠋ᠠᠨ ᠠᠪᠬᠤ ᠪᠠᠷᠢᠮᠵᠢᠶ᠎ᠠ ᠪᠣᠯᠤᠨ ᠨᠥᠬᠥᠴᠡᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠃  ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢ ᠡᠵᠡᠨ ᠮᠡᠳᠡᠵᠦ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ᠂  ᠠᠯᠪᠠᠨ᠎ᠤ ᠰᠦᠯᠵᠢᠶᠡᠨ ᠥᠷᠲᠡᠭᠡ ᠪᠤᠶᠤ ᠪᠤᠰᠤᠳ ᠣᠯᠠᠨ ᠨᠡᠶ᠋ᠢᠲᠡ ᠵᠢᠨ ᠣᠯᠵᠤ ᠮᠡᠳᠡᠭᠰᠡᠨ ᠰᠦᠯᠵᠢᠶᠡᠨ᠎ᠤ ᠥᠷᠲᠡᠭᠡ᠎ᠳᠤ ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢᠨ ᠰᠢᠯᠭ᠋ᠠᠨ ᠠᠪᠬᠤ ᠮᠠᠲ᠋ᠧᠷᠢᠶᠠᠯ᠎ᠢ ᠴᠠᠭ ᠲᠤᠬᠠᠶ᠎ᠳᠤᠨᠢ ᠨᠡᠶ᠋ᠢᠲᠡᠯᠡᠵᠦ᠂  ᠨᠡᠶ᠋ᠢᠲᠡᠯᠡᠬᠦ ᠴᠠᠭ ᠬᠤᠭᠤᠴᠠᠭ᠎ᠠ ᠵᠢ᠎ᠨᠢ 20 ᠠᠵᠢᠯᠯᠠᠬᠤ ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠶ; ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢ ᠡᠵᠡᠨ ᠮᠡᠳᠡᠨ ᠰᠢᠯᠭ᠋ᠠᠨ ᠠᠪᠴᠤ ᠥᠩᠭᠡᠷᠡᠭᠰᠡᠨ᠎ᠤ ᠳᠠᠷᠠᠭ᠎ᠠ 3 ᠰᠠᠷ᠎ᠠ ᠵᠢᠨ ᠳᠣᠲᠣᠷ᠎ᠠ ᠮᠠᠨ᠎ᠤ ᠲᠢᠩᠬᠢᠮ᠎ᠳᠤ ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢᠨ ᠰᠢᠯᠭ᠋ᠠᠨ ᠠᠪᠬᠤ ᠮᠠᠲ᠋ᠧᠷᠢᠶᠠᠯ ᠵᠶ᠋ᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ; ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ᠎ᠨᠢ ᠰᠢᠯᠭ᠋ᠠᠨ ᠠᠪᠬᠤ ᠵᠢ ᠳᠠᠮᠵᠢᠭᠰᠠᠨ ᠦᠭᠡᠶ ᠪᠤᠶᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠶ ᠪᠣᠯ ᠦᠢ᠍ᠯᠡᠳᠪᠦᠷᠢᠯᠡᠵᠦ ᠪᠦᠲᠦᠭᠡᠨ ᠪᠠᠶ᠋ᠢᠭᠤᠯᠬᠤ ᠲᠥᠷᠥᠯ ᠵᠦᠢ᠍ᠯ᠎ᠢ ᠠᠰᠢᠭᠯᠠᠯᠲᠠ᠎ᠳᠤ ᠣᠷᠣᠭᠤᠯᠤᠨ ᠬᠡᠷᠡᠭᠯᠡᠵᠦ ᠪᠣᠯᠬᠤ ᠦᠭᠡᠶ᠃

   ᠲᠠᠪᠤ᠂  ᠲᠤᠰ ᠲᠥᠷᠥᠯ ᠵᠦᠢ᠍ᠯ ᠪᠣᠯ 《ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠢ ᠵᠥᠪᠰᠢᠶᠡᠷᠡᠭᠦᠯᠦᠭᠡᠳᠦᠶ᠎ᠪᠠᠷ ᠤᠷᠢᠳᠠᠪᠠᠷ ᠪᠠᠶ᠋ᠢᠭᠤᠯᠬᠤ》 ᠲᠥᠷᠥᠯ ᠵᠦᠢ᠍ᠯ᠎ᠳᠤ ᠬᠠᠷᠢᠶᠠᠯᠠᠭᠳᠠᠨ᠎ᠠ

   ᠪᠠᠶ᠋ᠢᠭᠤᠯᠤᠭᠰᠠᠨ ᠨᠢᠭᠡᠴᠢ᠎ᠨᠦᠭᠦᠳ ᠰᠤᠷᠭ᠋ᠠᠮᠵᠢ ᠠᠪᠴᠤ᠂  ᠤᠰᠤ ᠬᠦᠷᠦᠰᠦ ᠵᠢ ᠬᠠᠮᠠᠭ᠋ᠠᠯᠠᠬᠤ ᠠᠷᠭ᠎ᠠ ᠵᠢ ᠴᠢᠩᠭ᠎ᠠ ᠬᠡᠷᠡᠭᠵᠢᠭᠦᠯᠵᠦ᠂  ᠵᠠᠯᠭ᠋ᠠᠮᠵᠢ ᠤᠰᠤ ᠬᠦᠷᠦᠰᠦ ᠵᠢ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃  ᠣᠷᠳᠣᠰ ᠬᠤᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠂  ᠣᠲᠤᠭ᠎ᠤᠨ ᠡᠮᠦᠨᠡᠲᠦ ᠬᠤᠰᠢᠭᠤᠨ᠎ᠤ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠵᠢᠨ ᠲᠣᠪᠴᠢᠶ᠎ᠠ ᠲᠣᠰ ᠲᠥᠷᠥᠯ ᠵᠦᠢ᠍ᠯ᠎ᠤᠨ ᠤᠰᠤ ᠬᠦᠷᠦᠰᠦ ᠵᠢᠨ ᠬᠠᠮᠠᠭ᠋ᠠᠯᠠᠯᠲᠠ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ ᠵᠶ᠋ᠠᠨ ᠴᠢᠩᠭ᠋ᠠᠳᠬᠠᠵᠤ᠂  ᠤᠰᠤ ᠬᠦᠷᠦᠰᠦ ᠵᠢᠨ ᠢᠳᠡᠭᠳᠡᠯ᠎ᠤᠨ ᠠᠰᠠᠭᠤᠳᠠᠯ ᠣᠷᠣᠰᠢᠵᠤ ᠪᠠᠶ᠋ᠢᠬᠤ ᠡᠰᠡᠬᠦ ᠵᠢ ᠪᠠᠶ᠋ᠢᠴᠠᠭ᠋ᠠᠵᠤ᠂  ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠶ᠃

  

  2025 ᠣᠨ᠎ᠤ 3 ᠳ᠋ᠤᠭ᠋ᠠᠷ ᠰᠠᠷ᠎ᠠ ᠵᠢᠨ 6᠎ᠤ ᠡᠳᠦᠷ

 

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠰᠢᠬᠯᠠᠯᠳᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            