ᠬᠡᠯᠬᠢᠶᠡᠰᠦᠨ ᠨᠣᠮᠧᠷ᠄ 000014348/2025—01815
ᠭᠤᠣᠯ ᠰᠡᠳᠦᠪ᠎ᠤᠨ ᠠᠩᠭᠢᠯᠠᠯ᠄ ᠤᠰᠤᠨ ᠠᠰᠢᠭᠯᠠᠯᠲᠠ
ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
ᠪᠢᠴᠢᠭ᠎ᠤᠨ ᠳ᠋ᠤᠭ᠋ᠠᠷ᠄ ᠦᠪᠦᠷ ᠤᠰᠤᠨ ᠬᠠᠮᠠᠭ᠋ᠠᠯᠠᠬᠤ ᠵᠦᠪᠰᠢᠶᠡᠷᠡᠯ ᠲᠤᠭᠲᠠᠭ᠋ᠠᠯ [2025] 28 ᠳ᠋ᠤᠭ᠋ᠠᠷ ᠲᠣᠭ᠋ᠠᠲᠤ
ᠪᠢᠴᠢᠭᠳᠡᠭᠰᠡᠨ ᠡᠳᠦᠷ ᠬᠤᠭᠤᠴᠠᠭ᠎ᠠ᠄ 2025 ᠣᠨ᠎ᠤ 4 ᠳ᠋ᠦ᠍ᠭᠡᠷ ᠰᠠᠷ᠎ᠠ ᠵᠢᠨ 9᠎ᠤ ᠡᠳᠦᠷ
ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ
ᠤᠯᠠᠭ᠋ᠠᠨᠴᠠᠪ ᠬᠤᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠎ᠳᠤ᠄
ᠮᠠᠨ᠎ᠤ ᠲᠢᠩᠬᠢᠮ᠎ᠨᠢ 2025 ᠣᠨ᠎ᠤ 3 ᠳ᠋ᠤᠭ᠋ᠠᠷ ᠰᠠᠷ᠎ᠠ ᠵᠢᠨ 26᠎ᠤ ᠡᠳᠦᠷ ᠲᠠᠨ᠎ᠤ ᠨᠢᠭᠡᠴᠢ ᠵᠢᠨ ᠳᠤᠷᠠᠳᠤᠭᠰᠠᠨ ᠮᠤᠵᠢ ᠵᠢᠨ ᠵᠠᠮ 101 ᠱᠤᠭᠤᠮ᠎ᠤᠨ ᠬᠥᠬᠡᠬᠤᠲᠠ (ᠤᠯᠤᠰ᠎ᠤᠨ ᠵᠠᠮ 110 ᠱᠤᠭᠤᠮ)᠎ᠠᠴᠠ ᠪᠠᠷᠠᠭᠤᠨ ᠬᠠᠭᠤᠴᠢᠨ ᠰᠤᠪᠠᠭ᠎ᠤᠨ ᠳᠠᠩ ᠴᠢᠭᠯᠡᠯ᠎ᠢ ᠥᠭᠡᠷᠡᠴᠢᠯᠡᠬᠦ ᠬᠤᠤᠰ ᠴᠢᠭᠯᠡᠯᠲᠦ ᠢᠨᠵᠧᠨᠧᠷᠢᠩ᠎ᠤᠨ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ᠎ᠢ ᠬᠢᠨᠠᠨ ᠪᠠᠶ᠋ᠢᠴᠠᠭ᠋ᠠᠯᠭ᠋ᠠᠬᠤ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠨ᠎ᠡ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠤᠨ ᠮᠡᠷᠭᠡᠵᠢᠯ᠎ᠤᠨ ᠰᠢᠯᠭ᠋ᠠᠷᠠᠭᠤᠯᠤᠯᠲᠠ᠎ᠪᠠᠷ ᠳᠠᠮᠵᠢᠭ᠋ᠠᠳ᠂ ᠲᠠᠨ᠎ᠤ ᠨᠢᠭᠡᠴᠢ ᠵᠢᠨ ᠲᠤᠰᠢᠶᠠᠭᠰᠠᠨ 《ᠮᠤᠵᠢ ᠵᠢᠨ ᠵᠠᠮ᠎ᠤᠨ 101 ᠱᠤᠭᠤᠮ᠎ᠤᠨ ᠬᠥᠬᠡᠬᠤᠲᠠ (ᠤᠯᠤᠰ᠎ᠤᠨ ᠵᠠᠮ 110 ᠱᠤᠭᠤᠮ)᠎ᠠᠴᠠ ᠪᠠᠷᠠᠭᠤᠨ ᠬᠠᠭᠤᠴᠢᠨ ᠰᠤᠪᠠᠭ᠎ᠤᠨ ᠳᠠᠩ ᠴᠢᠭᠯᠡᠯ᠎ᠢ ᠥᠭᠡᠷᠡᠴᠢᠯᠡᠬᠦ ᠬᠤᠤᠰ ᠴᠢᠭᠯᠡᠯᠲᠦ ᠢᠨᠵᠧᠨᠧᠷᠢᠩ᠎ᠤᠨ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ》᠎ᠲᠤ᠂ ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢᠨ ᠬᠡᠪᠴᠢᠶ᠎ᠡ᠎ᠨᠢ ᠵᠦᠶ ᠵᠣᠬᠢᠰ ᠥᠬᠡᠶ᠂ ᠤᠰᠤ ᠬᠦᠷᠦᠰᠦ ᠵᠢᠨ ᠡᠬᠢ ᠪᠠᠶᠠᠯᠢᠭ᠎ᠢ ᠬᠠᠮᠠᠭ᠋ᠠᠯᠠᠨ ᠠᠰᠢᠭᠯᠠᠬᠤ ᠠᠷᠭ᠎ᠠ ᠬᠡᠮᠵᠢᠶ᠎ᠡ᠎ᠨᠢ ᠲᠣᠳᠣᠷᠬᠠᠶ ᠥᠬᠡᠶ᠂ ᠤᠰᠤ ᠬᠦᠷᠦᠰᠦ ᠵᠢᠨ ᠢᠳᠡᠭᠳᠡᠯ᠎ᠤᠨ ᠭᠤᠤᠯᠳᠠᠯᠭ᠎ᠠ᠎ᠲᠠᠢ ᠵᠠᠰᠠᠯᠲᠠ ᠵᠢᠨ ᠣᠷᠣᠨ᠂ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠵᠡᠷᠭᠡ ᠰᠡᠷᠭᠡᠭ ᠣᠷᠣᠨ ᠣᠷᠣᠰᠢᠵᠤ ᠪᠠᠶ᠋ᠢᠨ᠎ᠠ᠂ ᠭᠡᠪᠡᠴᠦ ᠤᠰᠤ ᠬᠦᠷᠦᠰᠦ ᠵᠢ ᠬᠠᠮᠠᠭ᠋ᠠᠯᠠᠬᠤ ᠪᠠᠷᠢᠮᠵᠢᠶ᠎ᠠ᠂ ᠵᠢᠷᠤᠮᠵᠢᠯ ᠵᠡᠷᠭᠡ ᠱᠠᠭ᠋ᠠᠷᠳᠠᠯᠭ᠎ᠠ ᠶᠣᠰᠣᠭ᠋ᠠᠷ ᠪᠥᠲᠥᠭᠡᠨ ᠪᠠᠶ᠋ᠢᠭᠤᠯᠤᠯᠲᠠ ᠵᠢᠨ ᠲᠥᠰᠦᠯ᠎ᠢ ᠰᠢᠯᠢᠳᠡᠭᠵᠢᠭᠦᠯᠵᠦ᠂ ᠤᠰᠤ ᠬᠦᠷᠦᠰᠦ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠵᠢᠨ ᠲᠠᠰ᠎ᠢ ᠳᠡᠭᠡᠭᠰᠢᠯᠡᠭᠦᠯᠦᠭᠰᠡᠨ ᠥᠬᠡᠶ᠂ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠤᠨ ᠰᠠᠭᠤᠷᠢ ᠮᠠᠲ᠋ᠧᠷᠢᠶᠠᠯ᠎ᠤᠨ ᠲᠤᠭ᠎ᠠ ᠪᠠᠷᠢᠮᠲᠠ᠎ᠨᠢ ᠢᠯᠡᠷᠬᠡᠶ ᠪᠢᠰᠢ᠂ ᠠᠭᠤᠯᠭ᠎ᠠ᠎ᠳᠤ ᠬᠦᠨᠳᠦ ᠶᠡᠭᠡ ᠳᠤᠲᠠᠭᠳᠠᠯ ᠣᠷᠣᠰᠢᠵᠤ ᠪᠠᠶ᠋ᠢᠬᠤ ᠵᠡᠷᠭᠡ ᠠᠰᠠᠭᠤᠳᠠᠯ᠎ᠨᠢ 《ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤ ᠬᠦᠷᠦᠰᠦ ᠵᠢ ᠬᠠᠮᠠᠭ᠋ᠠᠯᠠᠬᠤ ᠮᠡᠷᠭᠡᠵᠢᠯ᠎ᠤᠨ ᠪᠠᠷᠢᠮᠵᠢᠶ᠎ᠠ》 (GB50433 — 2018) ᠵᠢᠨ 3.2.2 ᠵᠤᠷᠪᠤᠰ᠂ 4.2.1 ᠵᠤᠷᠪᠤᠰ᠂ 4.3.6 ᠵᠤᠷᠪᠤᠰ᠂ 4.6.16 ᠵᠤᠷᠪᠤᠰ᠎ᠤᠨ ᠲᠣᠭᠲᠠᠭ᠋ᠠᠯ᠎ᠳᠤ ᠨᠡᠶ᠋ᠢᠴᠡᠬᠦ ᠥᠬᠡᠶ᠂ 《ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠤᠨ ᠬᠠᠮᠢᠶᠠᠷᠤᠯᠲᠠ ᠵᠢᠨ ᠠᠷᠭ᠎ᠠ》 (ᠤᠰᠤᠨ ᠠᠰᠢᠭᠯᠠᠯᠲᠠ ᠵᠢᠨ ᠶᠠᠮᠤᠨ᠎ᠤ ᠵᠠᠷᠯᠢᠭ 53 ᠳ᠋ᠤᠭ᠋ᠠᠷ ᠲᠣᠭ᠋ᠠᠲᠤ)᠎ᠤᠨ ᠠᠷᠪᠠᠨ ᠲᠠᠪᠤᠳᠤᠭ᠋ᠠᠷ ᠵᠤᠷᠪᠤᠰ᠎ᠤᠨ (ᠨᠢᠭᠡ)᠂ ( ᠭᠤᠷᠪᠠ)᠂ ( ᠳᠦᠷᠪᠡ)᠂ (ᠲᠠᠪᠤ) ᠪᠠᠳᠠᠭ᠎ᠤᠨ ᠲᠣᠭᠲᠠᠭ᠋ᠠᠯ᠎ᠳᠤ ᠬᠠᠷᠢᠶᠠᠯᠠᠭᠳᠠᠵᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠣᠭᠲᠠᠭ᠋ᠠᠯ ᠭᠠᠷᠭ᠋ᠠᠬᠤ ᠥᠬᠡᠶ ᠪᠠᠶ᠋ᠢᠳᠠᠯ ᠣᠷᠣᠰᠢᠵᠤ ᠪᠠᠶ᠋ᠢᠨ᠎ᠠ᠃ ᠡᠭᠦᠨ᠎ᠤ ᠬᠠᠮᠲᠤ᠂ ᠮᠡᠳᠡᠭᠦᠯᠦᠯᠲᠡ ᠵᠢᠨ ᠪᠢᠴᠢᠭ᠎ᠲᠤ ᠪᠠᠰᠠ ᠮᠡᠷᠭᠡᠵᠢᠯ᠎ᠤᠨ ᠪᠤᠰᠤ ᠠᠯᠳᠠᠭ᠎ᠠ ᠣᠯᠠᠨ ᠣᠷᠣᠰᠢᠵᠤ ᠪᠠᠶ᠋ᠢᠨ᠎ᠠ᠃
《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠨ ᠭᠤᠴᠢᠨ ᠨᠠᠢ᠍ᠮᠠᠳᠤᠭ᠋ᠠᠷ ᠵᠦᠢ᠍ᠯ᠎ᠤᠨ ᠬᠣᠶᠠᠳᠤᠭ᠋ᠠᠷ ᠵᠤᠷᠪᠤᠰ᠂ 《ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠡᠷᠡᠭᠵᠢᠭᠦᠯᠬᠦ ᠠᠷᠭ᠎ᠠ》 ᠵᠢᠨ ᠭᠤᠴᠢᠨ ᠬᠣᠶᠠᠳᠤᠭ᠋ᠠᠷ ᠵᠤᠷᠪᠤᠰ᠎ᠤᠨ ᠬᠣᠶᠠᠳᠤᠭ᠋ᠠᠷ ᠵᠦᠢ᠍ᠯ᠎ᠢ ᠦᠨᠳᠦᠰᠦᠯᠡᠨ᠂ ᠵᠠᠰᠠᠭ ᠵᠠᠬᠢᠷᠭ᠋ᠠᠨ᠎ᠤ ᠵᠥᠪᠰᠢᠶᠡᠷᠡᠯ ᠣᠯᠭᠣᠬᠤ ᠦᠭᠡᠶ᠎ᠪᠠᠷ ᠲᠤᠭᠲᠠᠭ᠋ᠠᠪᠠ᠃
ᠬᠡᠷᠪᠡ ᠲᠤᠰ ᠲᠣᠭᠲᠠᠭ᠋ᠠᠯ᠎ᠢ ᠵᠥᠪᠰᠢᠶᠡᠷᠡᠬᠦ ᠦᠭᠡᠢ ᠪᠣᠯ᠂ ᠲᠤᠰ ᠲᠣᠭᠲᠠᠭ᠋ᠠᠯ᠎ᠢ ᠣᠯᠣᠭᠰᠠᠨ ᠡᠳᠦᠷ᠎ᠠᠴᠠ ᠡᠬᠢᠯᠡᠨ ᠵᠢᠷᠠᠨ ᠡᠳᠦᠷ᠎ᠤᠨ ᠳᠣᠲᠣᠷ᠎ᠠ ᠬᠠᠤᠯᠢ ᠶᠣᠰᠣᠭ᠋ᠠᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ᠎ᠪᠠᠷ ᠭᠤᠶᠤᠴᠢᠯᠠᠬᠤ ᠪᠤᠶᠤ ᠵᠢᠷᠭᠤᠭ᠋ᠠᠨ ᠰᠠᠷ᠎ᠠ ᠵᠢᠨ ᠳᠣᠲᠣᠷ᠎ᠠ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠠᠷᠠᠳ᠎ᠤᠨ ᠰᠢᠭᠦᠬᠦ ᠬᠤᠷᠢᠶᠠᠨ᠎ᠳᠤ ᠵᠠᠭ᠋ᠠᠯᠳᠤᠵᠤ ᠪᠣᠯᠣᠨ᠎ᠠ᠃
2025 ᠣᠨ᠎ᠤ 4 ᠳ᠋ᠦ᠍ᠭᠡᠷ ᠰᠠᠷ᠎ᠠ ᠵᠢᠨ 9᠎ᠤ ᠡᠳᠦᠷ