ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠢᠴᠢᠭ ᠮᠠᠲ᠋ᠧᠷᠢᠶᠠᠯ
ᠳ᠋ᠢᠶᠠᠨ ᠱ᠌ᠢ ᠭᠧᠦ ᠲᠡᠮᠦᠷ ᠵᠠᠮ᠎ᠤᠨ ᠲᠤᠰᠬᠠᠢ ᠱᠤᠭᠤᠮ᠎ᠤᠨ ᠲᠦᠷᠦᠯ ᠵᠦᠢ᠍ᠯ᠎ᠤᠨ ᠤᠰᠤ ᠬᠦᠷᠦᠰᠦ ᠵᠢ ᠬᠠᠮᠠᠭ᠋ᠠᠯᠠᠬᠤ ᠲᠦᠰᠦᠯ᠎ᠤᠨ ᠮᠡᠳᠡᠭᠦᠯᠦᠯᠲᠡ ᠵᠢᠨ ᠪᠢᠴᠢᠭ᠎ᠢ ᠬᠢᠨᠠᠨ ᠵᠦᠪᠰᠢᠶᠡᠷᠡᠬᠦ᠎ᠳᠡᠭᠡᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠦᠯᠦ ᠣᠯᠭᠤᠬᠤ ᠳᠣᠭᠲᠠᠭ᠋ᠠᠯ᠎ᠤᠨ ᠪᠢᠴᠢᠭ
ᠨᠡᠶ᠋ᠢᠲᠡᠯᠡᠭᠰᠡᠨ ᠴᠠᠭ᠄ 2025-04-11

ᠬᠡᠯᠬᠢᠶᠡᠰᠦᠨ ᠨᠣᠮᠧᠷ᠄ 000014348/2025 — 01786

ᠭᠤᠣᠯ ᠰᠡᠳᠦᠪ᠎ᠤᠨ ᠠᠩᠭᠢᠯᠠᠯ᠄ ᠤᠰᠤᠨ ᠠᠰᠢᠭᠯᠠᠯᠲᠠ

ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ

ᠪᠢᠴᠢᠭ᠎ᠤᠨ ᠳ᠋ᠤᠭ᠋ᠠᠷ᠄ ᠦᠪᠦᠷ ᠤᠰᠤᠨ ᠬᠠᠮᠠᠭ᠋ᠠᠯᠠᠬᠤ ᠵᠦᠪᠰᠢᠶᠡᠷᠡᠯ ᠲᠤᠭᠲᠠᠭ᠋ᠠᠯ [2025] 24 ᠳ᠋ᠦ᠍ᠭᠡᠷ ᠲᠣᠭ᠋ᠠᠲᠤ

ᠪᠢᠴᠢᠭᠳᠡᠭᠰᠡᠨ ᠡᠳᠦᠷ ᠬᠤᠭᠤᠴᠠᠭ᠎ᠠ᠄ 2025 ᠣᠨ᠎ᠤ 4 ᠳ᠋ᠦ᠍ᠭᠡᠷ ᠰᠠᠷ᠎ᠠ ᠵᠢᠨ 01᠎ᠤ ᠡᠳᠦᠷ

ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ

 

ᠥᠪᠥᠷ ᠮᠣᠩᠭᠤᠯ᠎ᠤᠨ ᠵᠢᠨ ᠮᠸᠢ ᠨᠡᠭᠦᠷᠡᠰᠦ ᠡᠳ᠋ ᠪᠠᠷᠠᠭ᠋ᠠᠨ᠎ᠤ ᠭᠦᠢ᠍ᠯᠭᠡᠭᠡᠨ᠎ᠤ ᠬᠢᠵᠠᠭ᠋ᠠᠷᠲᠤ ᠺᠣᠮᠫᠠᠨᠢ᠄

   ᠮᠠᠨ᠎ᠤ ᠲᠢᠩᠬᠢᠮ 2025 ᠣᠨ᠎ᠤ 3 ᠳ᠋ᠤᠭ᠋ᠠᠷ ᠰᠠᠷ᠎ᠠ ᠵᠢᠨ 5᠎ᠤ ᠡᠳᠦᠷ ᠲᠠᠨ᠎ᠤ ᠪᠠᠶ᠋ᠢᠭᠤᠯᠭ᠎ᠠ ᠵᠢᠨ ᠳᠤᠷᠠᠳᠤᠭᠰᠠᠨ ᠳ᠋ᠢᠶᠠᠨ ᠱ᠌ᠢ ᠭ᠋ᠸᠦ ᠲᠡᠮᠦᠷ ᠵᠠᠮ᠎ᠤᠨ ᠲᠤᠰᠬᠠᠶ ᠱᠤᠭᠤᠮ᠎ᠤᠨ ᠲᠥᠷᠥᠯ ᠵᠦᠢ᠍ᠯ᠎ᠤᠨ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ᠎ᠢ ᠬᠢᠨᠠᠨ ᠪᠠᠶ᠋ᠢᠴᠠᠭ᠋ᠠᠯᠭ᠋ᠠᠬᠤ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠪᠡ᠃

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠤᠨ ᠮᠡᠷᠭᠡᠵᠢᠯ᠎ᠤᠨ ᠬᠢᠨᠠᠨ ᠲᠣᠭᠲᠠᠭ᠋ᠠᠯᠲᠠ᠎ᠪᠠᠷ ᠳᠠᠮᠵᠢᠭ᠋ᠠᠳ᠂  ᠲᠠᠨ᠎ᠤ ᠺᠣᠮᠫᠠᠨᠢ ᠵᠢᠨ ᠲᠤᠰᠢᠶᠠᠭᠰᠠᠨ 《ᠳ᠋ᠢᠶᠠᠨ ᠱ᠌ᠢ ᠭ᠋ᠸᠤ ᠲᠡᠮᠦᠷ ᠵᠠᠮ᠎ᠤᠨ ᠲᠤᠰᠬᠠᠶ ᠱᠤᠭᠤᠮ᠎ᠤᠨ ᠲᠥᠷᠥᠯ ᠵᠦᠢ᠍ᠯ᠎ᠤᠨ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ》᠎ᠲᠤ ᠰᠢᠷᠣᠶ ᠬᠠᠶᠠᠵᠤ ᠰᠢᠭ᠋ᠠᠷᠤ ᠬᠠᠶᠠᠬᠤ᠎ᠳᠤ᠎ᠪᠠᠨ ᠶᠡᠷᠦᠩᠬᠡᠶ᠋ᠢᠯᠡᠨ ᠠᠰᠢᠭᠯᠠᠬᠤ ᠪᠠᠶ᠋ᠢᠴᠠᠭ᠋ᠠᠯᠲᠠ ᠬᠢᠭᠰᠡᠨ ᠥᠬᠡᠶ᠂  ᠰᠢᠭ᠋ᠠᠷᠤ ᠬᠠᠶᠠᠬᠤ ᠲᠠᠯᠠᠪᠤᠷ᠎ᠤᠨ ᠣᠷᠣᠨ ᠪᠠᠢ᠌ᠷᠢ᠎ᠨᠢ ᠲᠣᠳᠣᠷᠬᠠᠢ ᠦᠭᠡᠢ᠂  ᠭᠠᠵᠠᠷ ᠰᠣᠩᠭᠣᠭᠰᠠᠨ᠎ᠨᠢ ᠵᠦᠢ ᠵᠣᠬᠢᠰ ᠦᠭᠡᠢ᠂  ᠥᠩᠭᠡᠨ ᠬᠥᠷᠥᠰᠥᠨ᠎ᠤ ᠡᠬᠢ ᠪᠠᠶᠠᠯᠢᠭ᠎ᠢ ᠬᠠᠮᠠᠭ᠋ᠠᠯᠠᠨ ᠠᠰᠢᠭᠯᠠᠬᠤ ᠠᠷᠭ᠎ᠠ ᠬᠡᠮᠵᠢᠶ᠎ᠡ᠎ᠨᠢ ᠲᠣᠳᠣᠷᠬᠠᠢ ᠦᠭᠡᠢ᠂  ᠤᠰᠤ ᠬᠦᠷᠦᠰᠦ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠵᠢᠨ ᠰᠢᠰᠲ᠋ᠧᠮ᠎ᠨᠢ ᠪᠦᠷᠢᠨ ᠪᠤᠰᠤ᠂  ᠰᠠᠭᠤᠷᠢ ᠮᠠᠲ᠋ᠧᠷᠢᠶᠠᠯ᠎ᠤᠨ ᠲᠤᠭ᠎ᠠ ᠪᠠᠷᠢᠮᠲᠠ᠎ᠨᠢ ᠢᠯᠡᠷᠬᠡᠶ ᠦᠨᠡᠨ ᠪᠣᠳᠠᠲᠠᠶ ᠪᠤᠰᠤ ᠵᠡᠷᠭᠡ ᠠᠰᠠᠭᠤᠳᠠᠯ ᠣᠷᠣᠰᠢᠵᠤ᠂ 《ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤ ᠬᠦᠷᠦᠰᠦ ᠵᠢ ᠬᠠᠮᠠᠭ᠋ᠠᠯᠠᠬᠤ ᠮᠡᠷᠭᠡᠵᠢᠯ᠎ᠤᠨ ᠪᠠᠷᠢᠮᠵᠢᠶ᠎ᠠ》 (GB50433 — 2018) ᠵᠢᠨ 3.1.2 ᠵᠤᠷᠪᠤᠰ᠂ 4.6.15 ᠵᠤᠷᠪᠤᠰ᠂ 4.6.15 ᠵᠤᠷᠪᠤᠰ᠎ᠲᠤ ᠨᠡᠶ᠋ᠢᠴᠡᠬᠦ ᠥᠬᠡᠶ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ᠃ 《ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤ ᠬᠦᠷᠦᠰᠦ ᠵᠢᠨ ᠬᠠᠮᠠᠭ᠋ᠠᠯᠠᠯᠲᠠ ᠵᠢᠨ ᠲᠥᠰᠦᠯ᠎ᠤᠨ ᠬᠠᠮᠢᠶᠠᠷᠤᠯᠲᠠ ᠵᠢᠨ ᠠᠷᠭ᠎ᠠ》 (ᠤᠰᠤᠨ ᠠᠰᠢᠭᠯᠠᠯᠲᠠ ᠵᠢᠨ ᠶᠠᠮᠤᠨ᠎ᠤ ᠵᠠᠷᠯᠢᠭ 53 ᠳ᠋ᠤᠭ᠋ᠠᠷ ᠲᠣᠭ᠋ᠠᠲᠤ) ᠵᠢᠨ ᠠᠷᠪᠠᠨ ᠲᠠᠪᠤᠳᠤᠭ᠋ᠠᠷ ᠵᠦᠢ᠍ᠯ᠎ᠤᠨ (ᠬᠣᠶᠠᠷ)᠂ (ᠭᠤᠷᠪᠠ)᠂ (ᠲᠠᠪᠤ) ᠪᠠᠳᠠᠭ᠎ᠲᠤ ᠲᠣᠭᠲᠠᠭ᠋ᠠᠭᠰᠠᠨ ᠪᠠᠶ᠋ᠢᠪᠠᠯ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠪᠤᠰᠤ ᠲᠣᠭᠲᠠᠭ᠋ᠠᠯ ᠭᠠᠷᠭ᠋ᠠᠬᠤ ᠬᠡᠷᠡᠭᠲᠡᠶ᠃  ᠡᠭᠦᠨ᠎ᠤ ᠬᠠᠮᠲᠤ᠂  ᠮᠡᠳᠡᠭᠦᠯᠦᠯᠲᠡ ᠵᠢᠨ ᠪᠢᠴᠢᠭ᠎ᠲᠤ ᠪᠠᠰᠠ ᠮᠡᠷᠭᠡᠵᠢᠯ᠎ᠤᠨ ᠪᠤᠰᠤ ᠠᠯᠳᠠᠭ᠎ᠠ ᠣᠯᠠᠨ ᠣᠷᠣᠰᠢᠵᠤ ᠪᠠᠶ᠋ᠢᠨ᠎ᠠ᠃

  《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠨ ᠭᠤᠴᠢᠨ ᠨᠠᠢ᠍ᠮᠠᠳᠤᠭ᠋ᠠᠷ ᠵᠦᠢ᠍ᠯ᠎ᠤᠨ ᠬᠣᠶᠠᠳᠤᠭ᠋ᠠᠷ ᠵᠤᠷᠪᠤᠰ᠂ 《ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠡᠷᠡᠭᠵᠢᠭᠦᠯᠬᠦ ᠠᠷᠭ᠎ᠠ》 ᠵᠢᠨ ᠭᠤᠴᠢᠨ ᠬᠣᠶᠠᠳᠤᠭ᠋ᠠᠷ ᠵᠦᠢ᠍ᠯ᠎ᠤᠨ ᠬᠣᠶᠠᠳᠤᠭ᠋ᠠᠷ ᠵᠦᠢ᠍ᠯ᠎ᠢ ᠦᠨᠳᠦᠰᠦᠯᠡᠨ᠂  ᠵᠠᠰᠠᠭ ᠵᠠᠬᠢᠷᠭ᠋ᠠᠨ᠎ᠤ ᠵᠥᠪᠰᠢᠶᠡᠷᠡᠯ ᠣᠯᠭᠣᠬᠤ ᠦᠭᠡᠶ᠎ᠪᠠᠷ ᠲᠤᠭᠲᠠᠭ᠋ᠠᠪᠠ᠃

   ᠬᠡᠷᠪᠡ ᠲᠤᠰ ᠲᠣᠭᠲᠠᠭ᠋ᠠᠯ᠎ᠢ ᠵᠥᠪᠰᠢᠶᠡᠷᠡᠬᠦ ᠦᠭᠡᠢ ᠪᠣᠯ ᠲᠤᠰ ᠲᠣᠭᠲᠠᠭ᠋ᠠᠯ᠎ᠢ ᠣᠯᠣᠭᠰᠠᠨ ᠡᠳᠦᠷ᠎ᠠᠴᠠ ᠡᠬᠢᠯᠡᠨ ᠵᠢᠷᠠᠨ ᠡᠳᠦᠷ᠎ᠤᠨ ᠳᠣᠲᠣᠷ᠎ᠠ ᠬᠠᠤᠯᠢ ᠶᠣᠰᠣᠭ᠋ᠠᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ᠎ᠪᠠᠷ ᠭᠤᠶᠤᠴᠢᠯᠠᠬᠤ ᠪᠤᠶᠤ ᠵᠢᠷᠭᠤᠭ᠋ᠠᠨ ᠰᠠᠷ᠎ᠠ ᠵᠢᠨ ᠳᠣᠲᠣᠷ᠎ᠠ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠠᠷᠠᠳ᠎ᠤᠨ ᠰᠢᠭᠦᠬᠦ ᠬᠤᠷᠢᠶᠠᠨ᠎ᠳᠤ ᠵᠠᠭ᠋ᠠᠯᠳᠤᠵᠤ ᠪᠣᠯᠣᠨ᠎ᠠ᠃

   ᠳᠠᠭ᠋ᠠᠯᠳᠤᠭᠤᠯᠤᠯ᠄

  《ᠳ᠋ᠢᠶᠠᠨ ᠱ᠌ᠢ ᠭᠧᠦ ᠲᠡᠮᠦᠷ ᠵᠠᠮ᠎ᠤᠨ ᠲᠤᠰᠬᠠᠢ ᠱᠤᠭᠤᠮ᠎ᠤᠨ ᠲᠥᠷᠥᠯ ᠵᠦᠢ᠍ᠯ᠎ᠤᠨ ᠤᠰᠤ ᠬᠦᠷᠦᠰᠦ ᠵᠢ ᠬᠠᠮᠠᠭ᠋ᠠᠯᠠᠬᠤ ᠲᠥᠰᠥᠪ᠎ᠤᠨ ᠮᠡᠳᠡᠭᠦᠯᠦᠯᠲᠡ ᠵᠢᠨ ᠪᠢᠴᠢᠭ》᠎ᠤᠨ ᠮᠡᠷᠭᠡᠵᠢᠯ᠎ᠤᠨ ᠬᠢᠨᠠᠨ ᠪᠠᠶ᠋ᠢᠴᠠᠭ᠋ᠠᠯᠲᠠ ᠵᠢᠨ ᠰᠠᠨᠠᠯ᠎ᠤᠨ ᠲᠤᠬᠠᠢ ᠮᠡᠳᠡᠭᠦᠯᠦᠯᠲᠡ .pdf

   ᠵᠢᠨ ᠮᠸᠢ ᠲᠡᠮᠦᠷ ᠵᠠᠮ᠎ᠤᠨ ᠲᠤᠰᠬᠠᠢ ᠱᠤᠭᠤᠮ᠎ᠤᠨ ᠲᠥᠷᠥᠯ ᠵᠦᠢ᠍ᠯ᠎ᠤᠨ ᠤᠰᠤ ᠬᠦᠷᠦᠰᠦ  ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ᠎ᠢ ᠪᠦᠬᠦᠨ᠎ᠢ ᠬᠦᠷᠭᠡᠵᠦ ᠬᠢᠨᠠᠭᠤᠯᠬᠤ ᠡᠬᠡ ᠪᠢᠴᠢᠭ (3) .pdf

  

              2025 ᠣᠨ᠎ᠤ 4 ᠳ᠋ᠦ᠍ᠭᠡᠷ ᠰᠠᠷ᠎ᠠ ᠵᠢᠨ 1᠎ᠤ ᠡᠳᠦᠷ


 

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠰᠢᠬᠯᠠᠯᠳᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            