ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠢᠴᠢᠭ ᠮᠠᠲ᠋ᠧᠷᠢᠶᠠᠯ
ᠳᠤᠮᠳᠠᠳᠤ ᠤᠯᠤᠰ᠎ᠤᠨ ᠴᠢᠯᠠᠭᠤᠨ ᠲᠣᠰᠣ ᠪᠠᠶ᠋ᠢᠭ᠋ᠠᠯᠢ ᠵᠢᠨ ᠰᠢᠲᠠᠮᠠᠬᠠᠶ ᠬᠡᠶ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠴᠠᠩ ᠴᠢᠩ ᠴᠢᠯᠠᠭᠤᠨ ᠲᠣᠰᠣᠨ᠎ᠤ ᠠᠭᠤᠷᠬᠠᠶ ᠵᠢᠨ ᠬᠤᠪᠢᠶᠠᠷᠢ ᠺᠣᠮᠫᠠᠨᠢ ᠵᠢᠨ ᠲᠠᠪᠤᠳᠤᠭ᠋ᠠᠷ ᠪᠠᠢ᠌ᠭ᠋ᠠᠯᠢ ᠵᠢᠨ ᠬᠡᠢ ᠭᠠᠷᠭ᠋ᠠᠬᠤ ᠦᠢ᠍ᠯᠡᠳᠪᠦᠷᠢ ᠵᠢᠨ ᠰᠤᠪᠤᠷᠭ᠎ᠠ 77᠂ ᠵᠤᠤ 51 ᠠᠶᠤᠯ ᠲᠦᠭᠰᠢᠭᠦᠷᠢ᠎ᠲᠠᠢ ᠠᠵᠢᠯᠯᠠᠬᠤ ᠦᠢ᠍ᠯᠡᠴᠢᠯᠡᠭᠡᠨ᠎ᠤ ᠣᠷᠣᠨ᠎ᠤ ᠬᠡᠰᠡᠭ᠎ᠤᠨ ᠦᠢ᠍ᠯᠡᠳᠪᠦᠷᠢᠯᠡᠬᠦ ᠴᠢᠳᠠᠪᠤᠷᠢ ᠵᠢ ᠪᠥᠲᠥᠭᠡᠨ ᠪᠠᠶ᠋ᠢᠭᠤᠯᠬᠤ ᠲᠥᠷᠥᠯ ᠵᠦᠢ᠍ᠯ (ᠰᠤᠪᠤᠷᠭ᠎ᠠ ᠰᠢᠲᠠᠮᠠᠬᠠᠢ ᠬᠡᠢ ᠵᠢ ᠨᠡᠭᠡᠭᠡᠨ ᠬᠥᠭᠵᠢᠭᠦᠯᠬᠦ ᠲᠥᠷᠥᠯ ᠵᠦᠢ᠍ᠯ᠎ᠢ 2024 ᠣᠨ᠎ᠳᠤ ᠳᠠᠩᠰᠠᠯᠠᠭᠤᠯᠪᠠ) ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ᠎ᠢ ᠬᠢᠨᠠᠨ ᠵᠦᠪᠰᠢᠶᠡᠷᠡᠬᠦ ᠵᠦᠪᠰᠢᠶᠡᠷᠡᠯ᠎ᠤᠨ ᠲᠣᠭᠲᠠᠭ᠋ᠠᠯ᠎ᠤᠨ ᠪᠢᠴᠢᠭ
ᠨᠡᠶ᠋ᠢᠲᠡᠯᠡᠭᠰᠡᠨ ᠴᠠᠭ᠄ 2025-05-15

ᠬᠡᠯᠬᠢᠶᠡᠰᠦᠨ ᠨᠣᠮᠧᠷ᠄ 000014348/2025 — 02210

ᠭᠤᠣᠯ ᠰᠡᠳᠦᠪ᠎ᠤᠨ ᠠᠩᠭᠢᠯᠠᠯ᠄ ᠤᠰᠤᠨ ᠠᠰᠢᠭᠯᠠᠯᠲᠠ

ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ

ᠪᠢᠴᠢᠭ᠎ᠤᠨ ᠳ᠋ᠤᠭ᠋ᠠᠷ᠄ ᠦᠪᠦᠷ ᠤᠰᠤᠨ ᠬᠠᠮᠠᠭ᠋ᠠᠯᠠᠬᠤ ᠵᠦᠪᠰᠢᠶᠡᠷᠡᠯ ᠲᠤᠭᠲᠠᠭ᠋ᠠᠯ [2025] 44 ᠳ᠋ᠦ᠍ᠭᠡᠷ ᠲᠣᠭ᠋ᠠᠲᠤ

ᠪᠢᠴᠢᠭᠳᠡᠭᠰᠡᠨ ᠡᠳᠦᠷ ᠬᠤᠭᠤᠴᠠᠭ᠎ᠠ᠄ 2025 ᠣᠨ᠎ᠤ 5 ᠳ᠋ᠤᠭ᠋ᠠᠷ ᠰᠠᠷ᠎ᠠ ᠵᠢᠨ 9᠎ᠤ ᠡᠳᠦᠷ

ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ

 

ᠳᠤᠮᠳᠠᠳᠤ ᠤᠯᠤᠰ᠎ᠤᠨ ᠴᠢᠯᠠᠭᠤᠨ ᠲᠣᠰᠣ ᠪᠠᠶ᠋ᠢᠭ᠋ᠠᠯᠢ ᠵᠢᠨ ᠰᠢᠲᠠᠮᠠᠬᠠᠶ ᠬᠡᠶ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠴᠠᠩ ᠴᠢᠩ ᠴᠢᠯᠠᠭᠤᠨ ᠲᠣᠰᠣᠨ᠎ᠤ ᠠᠭᠤᠷᠬᠠᠶ ᠵᠢᠨ ᠬᠤᠪᠢᠶᠠᠷᠢ ᠺᠣᠮᠫᠠᠨᠢ ᠵᠢᠨ ᠲᠠᠪᠤᠳᠤᠭ᠋ᠠᠷ ᠪᠠᠢ᠌ᠭ᠋ᠠᠯᠢ ᠵᠢᠨ ᠬᠡᠢ ᠭᠠᠷᠭ᠋ᠠᠬᠤ ᠦᠢ᠍ᠯᠡᠳᠪᠦᠷᠢ᠄

   ᠮᠠᠨ᠎ᠤ ᠲᠢᠩᠬᠢᠮ᠎ᠨᠢ 2025 ᠣᠨ᠎ᠤ 3 ᠳ᠋ᠤᠭ᠋ᠠᠷ ᠰᠠᠷ᠎ᠠ ᠵᠢᠨ 26᠎ᠤ ᠡᠳᠦᠷ ᠲᠠᠨ᠎ᠤ ᠨᠢᠭᠡᠴᠢ ᠵᠢᠨ ᠳᠤᠷᠠᠳᠤᠭᠰᠠᠨ ᠳᠤᠮᠳᠠᠳᠤ ᠤᠯᠤᠰ᠎ᠤᠨ ᠴᠢᠯᠠᠭᠤᠨ ᠲᠣᠰᠣ ᠪᠠᠶ᠋ᠢᠭ᠋ᠠᠯᠢ ᠵᠢᠨ ᠰᠢᠲᠠᠮᠠᠬᠠᠶ ᠬᠡᠶ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠴᠠᠩ ᠴᠢᠩ ᠴᠢᠯᠠᠭᠤᠨ ᠲᠣᠰᠣᠨ᠎ᠤ ᠠᠭᠤᠷᠬᠠᠶ ᠵᠢᠨ ᠬᠤᠪᠢᠶᠠᠷᠢ ᠺᠣᠮᠫᠠᠨᠢ ᠵᠢᠨ ᠲᠠᠪᠤᠳᠤᠭ᠋ᠠᠷ ᠪᠠᠢ᠌ᠭ᠋ᠠᠯᠢ ᠵᠢᠨ ᠬᠡᠢ ᠭᠠᠷᠭ᠋ᠠᠬᠤ ᠦᠢ᠍ᠯᠡᠳᠪᠦᠷᠢ ᠵᠢᠨ ᠰᠤᠪᠤᠷᠭ᠎ᠠ 77᠂  ᠵᠣᠣ 51 ᠠᠶᠤᠯ ᠲᠦᠭᠰᠢᠭᠦᠷᠢ ᠵᠢᠨ ᠠᠵᠢᠯᠯᠠᠬᠤ ᠦᠢ᠍ᠯᠡᠴᠢᠯᠡᠭᠡᠨ᠎ᠤ ᠣᠷᠣᠨ᠎ᠤ ᠬᠡᠰᠡᠭ᠎ᠤᠨ ᠦᠢ᠍ᠯᠡᠳᠪᠦᠷᠢᠯᠡᠬᠦ ᠴᠢᠳᠠᠪᠤᠷᠢ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ (ᠰᠤᠪᠤᠷᠭ᠎ᠠ ᠰᠢᠲᠠᠮᠠᠬᠠᠢ ᠬᠡᠢ ᠵᠢ ᠨᠡᠭᠡᠭᠡᠨ ᠬᠥᠭᠵᠢᠭᠦᠯᠬᠦ ᠲᠥᠷᠥᠯ ᠵᠦᠢ᠍ᠯ᠎ᠢ 2024 ᠣᠨ᠎ᠳᠤ ᠳᠠᠩᠰᠠᠯᠠᠭᠤᠯᠪᠠ) ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠤᠨ ᠮᠡᠳᠡᠭᠦᠯᠦᠯᠲᠡ ᠵᠢᠨ ᠪᠢᠴᠢᠭ᠎ᠢ ᠬᠢᠨᠠᠨ ᠵᠥᠪᠰᠢᠶᠡᠷᠡᠭᠦᠯᠬᠦ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠨ᠎ᠡ᠃  ᠬᠢᠨᠠᠨ ᠪᠠᠶ᠋ᠢᠴᠠᠭ᠋ᠠᠭ᠋ᠠᠳ᠂  ᠲᠤᠰ ᠭᠤᠶᠤᠴᠢᠯᠠᠯ᠎ᠨᠢ ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠵᠦ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠨ ᠭᠤᠴᠢᠨ ᠨᠠᠢ᠍ᠮᠠᠳᠤᠭ᠋ᠠᠷ ᠵᠤᠷᠪᠤᠰ᠎ᠤᠨ ᠨᠢᠭᠡᠳᠦᠭᠡᠷ ᠪᠠᠳᠠᠭ᠂ 《ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠡᠷᠡᠭᠵᠢᠭᠦᠯᠬᠦ ᠠᠷᠭ᠎ᠠ》 ᠵᠢᠨ ᠭᠤᠴᠢᠨ ᠬᠣᠶᠠᠳᠤᠭ᠋ᠠᠷ ᠵᠤᠷᠪᠤᠰ᠎ᠤᠨ ᠨᠢᠭᠡᠳᠦᠭᠡᠷ ᠵᠦᠢ᠍ᠯ᠎ᠢ ᠦᠨᠳᠦᠰᠦᠯᠡᠨ᠂  ᠵᠠᠰᠠᠭ ᠵᠠᠬᠢᠷᠭ᠋ᠠᠨ᠎ᠤ ᠵᠥᠪᠰᠢᠶᠡᠷᠡᠯ ᠣᠯᠭᠣᠬᠤ ᠵᠢ ᠵᠥᠪᠰᠢᠶᠡᠷᠡᠬᠦ᠎ᠪᠠᠷ ᠲᠣᠭᠲᠠᠪᠠ᠃

   ᠳᠤᠮᠳᠠᠳᠤ ᠤᠯᠤᠰ᠎ᠤᠨ ᠴᠢᠯᠠᠭᠤᠨ ᠲᠣᠰᠣ ᠪᠠᠶ᠋ᠢᠭ᠋ᠠᠯᠢ ᠵᠢᠨ ᠰᠢᠲᠠᠮᠠᠬᠠᠶ ᠬᠡᠶ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠴᠠᠩ ᠴᠢᠩ ᠴᠢᠯᠠᠭᠤᠨ ᠲᠣᠰᠣᠨ᠎ᠤ ᠠᠭᠤᠷᠬᠠᠶ ᠵᠢᠨ ᠬᠤᠪᠢᠶᠠᠷᠢ ᠺᠣᠮᠫᠠᠨᠢ ᠵᠢᠨ ᠲᠠᠪᠤᠳᠤᠭ᠋ᠠᠷ ᠪᠠᠢ᠌ᠭ᠋ᠠᠯᠢ ᠵᠢᠨ ᠬᠡᠢ ᠭᠠᠷᠭ᠋ᠠᠬᠤ ᠦᠢ᠍ᠯᠡᠳᠪᠦᠷᠢ ᠵᠢᠨ ᠰᠤᠪᠤᠷᠭ᠎ᠠ77᠂  ᠠᠶᠤᠯ ᠲᠦᠭᠰᠢᠭᠦᠷᠢ᠎ᠲᠠᠢ ᠠᠵᠢᠯᠯᠠᠬᠤ ᠦᠢ᠍ᠯᠡᠴᠢᠯᠡᠭᠡᠨ᠎ᠤ ᠣᠷᠣᠨ᠎ᠤ ᠬᠡᠰᠡᠭ᠎ᠤᠨ ᠦᠢ᠍ᠯᠡᠳᠪᠦᠷᠢᠯᠡᠬᠦ ᠴᠢᠳᠠᠪᠤᠷᠢ ᠵᠢ ᠪᠥᠲᠥᠭᠡᠨ ᠪᠠᠶ᠋ᠢᠭᠤᠯᠬᠤ ᠲᠥᠷᠥᠯ ᠵᠦᠢ᠍ᠯ (ᠰᠤᠪᠤᠷᠭ᠎ᠠ ᠰᠢᠲᠠᠮᠠᠬᠠᠢ ᠬᠡᠢ ᠵᠢ ᠨᠡᠭᠡᠭᠡᠨ ᠬᠥᠭᠵᠢᠭᠦᠯᠬᠦ ᠲᠥᠷᠥᠯ ᠵᠦᠢ᠍ᠯ᠎ᠢ 2024 ᠣᠨ᠎ᠳᠤ ᠳᠠᠩᠰᠠᠯᠠᠭᠤᠯᠪᠠ  ) ᠣᠷᠳᠣᠰ ᠬᠤᠲᠠ ᠵᠢᠨ ᠦᠤᠰᠢᠨ ᠬᠤᠰᠢᠭᠤ ᠵᠢᠴᠢ ᠡᠵᠡᠨ ᠬᠤᠷᠤᠭ᠎ᠠ ᠬᠤᠰᠢᠭᠤᠨ᠎ᠤ ᠬᠢᠯᠢ᠎ᠳᠤ ᠪᠠᠶ᠋ᠢᠷᠢᠯᠠᠵᠤ ᠪᠠᠶ᠋ᠢᠨ᠎ᠠ᠃  ᠪᠠᠷᠢᠯᠭ᠎ᠠ ᠵᠢᠨ ᠶᠡᠷᠦᠩᠭᠡᠢ ᠳᠠᠳᠠᠪᠤᠷᠢᠯᠠᠭᠰᠠᠨ ᠳᠠᠯᠠᠪᠠᠢ᠎ᠨᠢ 23.88 ᠾᠧᠺᠲ᠋ᠠᠷ᠂  ᠬᠦᠳᠡᠯᠦᠩᠬᠦᠢ  ᠰᠢᠷᠤᠢ ᠴᠢᠯᠠᠭᠤᠨ᠎ᠤ ᠶᠡᠷᠦᠩᠬᠡᠢ ᠬᠡᠮᠵᠢᠶ᠎ᠡ᠎ᠨᠢ 20.84 ᠲᠦᠮᠡᠨ ᠪᠤᠰᠤᠭ᠎ᠠ ᠲᠦᠷᠪᠡᠯᠵᠢᠨ ᠮᠸᠲᠷ᠂  ᠶᠡᠷᠦᠩᠬᠡᠢ ᠪᠡᠯᠡ ᠤᠷᠤᠭᠤᠯᠤᠯᠳᠠ᠎ᠨᠢ 4.76 ᠳ᠋ᠦᠩᠰᠢᠭᠤᠷ ᠲᠦᠭᠦᠷᠢᠭ᠎ᠲᠤ ᠬᠦᠷᠴᠡᠢ᠃  ᠢᠨᠵᠸᠨ᠋ᠸᠷᠢᠩ᠎ᠢ ᠨᠢᠭᠡᠨᠲᠡ 2024 ᠣᠨ᠎ᠤ 3 ᠳ᠋ᠤᠭ᠋ᠠᠷ ᠰᠠᠷ᠎ᠠ᠎ᠳᠤ ᠡᠬᠢᠯᠡᠭᠦᠯᠵᠦ᠂ 2025 ᠣᠨ᠎ᠤ 10 ᠳ᠋ᠤᠭ᠋ᠠᠷ ᠰᠠᠷ᠎ᠠ᠎ᠳᠤ ᠳᠠᠭᠤᠰᠬᠠᠬᠤ᠎ᠪᠠᠷ ᠲᠥᠯᠥᠪᠯᠡᠵᠦ᠂  ᠶᠡᠷᠦᠩᠬᠡᠶ ᠠᠵᠢᠯ᠎ᠤᠨ ᠬᠤᠭᠤᠴᠠᠭ᠎ᠠ᠎ᠨᠢ 20 ᠰᠠᠷ᠎ᠠ ᠪᠣᠯᠤᠨ᠎ᠠ᠃

   ᠨᠢᠭᠡ᠂  ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠤᠨ ᠶᠡᠷᠦᠩᠬᠡᠶ ᠰᠠᠨᠠᠯ

  (ᠨᠢᠭᠡ) ᠪᠦᠲᠦᠭᠡᠨ ᠪᠠᠶ᠋ᠢᠭᠤᠯᠬᠤ ᠬᠤᠭᠤᠴᠠᠭ᠋ᠠᠨ᠎ᠳᠤ ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢᠨ ᠬᠦᠷᠢᠶ᠎ᠡ ᠬᠡᠪᠴᠢᠶ᠎ᠡ ᠪᠣᠯ 23.88 ᠾᠧᠺᠲ᠋ᠠᠷ ᠪᠣᠯᠤᠨ᠎ᠠ᠃

  (ᠬᠤᠶᠠᠷ) ᠤᠰᠤ ᠬᠦᠷᠦᠰᠦ ᠵᠢᠨ ᠢᠳᠡᠭᠳᠡᠯ᠎ᠢ ᠰᠡᠷᠭᠡᠢ᠌ᠯᠡᠨ ᠵᠠᠰᠠᠬᠤ ᠠᠵᠢᠯ᠎ᠳᠤ ᠪᠠᠷᠠᠭᠤᠨ ᠬᠤᠢ᠌ᠲᠦ ᠵᠢᠨ ᠰᠢᠷ᠎ᠠ ᠬᠥᠷᠥᠰᠥᠲᠦ ᠥᠨᠳᠥᠷᠯᠢᠭ᠎ᠤᠨ ᠣᠷᠣᠨ᠎ᠤ ᠨᠢᠭᠡᠳᠦᠭᠡᠷ ᠳᠡᠰ᠎ᠤᠨ ᠪᠠᠷᠢᠮᠵᠢᠶ᠎ᠠ ᠵᠢ ᠬᠡᠷᠡᠭᠵᠢᠭᠦᠯᠬᠦ ᠵᠢ ᠵᠦᠪᠰᠢᠶᠡᠷᠡᠨ᠎ᠡ᠃

  (ᠭᠤᠷᠪᠠ) ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠠᠯᠲᠠ ᠵᠢ ᠦᠨᠳᠦᠰᠦᠨ᠎ᠳᠤ᠎ᠪᠠᠨ ᠵᠥᠪᠰᠢᠶᠡᠷᠡᠪᠡ᠄ ᠤᠰᠤ ᠬᠦᠷᠦᠰᠦ ᠵᠢᠨ ᠢᠳᠡᠭᠳᠡᠯ᠎ᠢ ᠵᠠᠰᠠᠬᠤ ᠬᠡᠮᠵᠢᠶ᠎ᠡ᠎ᠨᠢ 93.0%᠂  ᠤᠰᠤ ᠬᠦᠷᠦᠰᠦ ᠵᠢᠨ ᠢᠳᠡᠭᠳᠡᠯ᠎ᠢ ᠬᠢᠵᠠᠭ᠋ᠠᠷᠯᠠᠬᠤ ᠬᠡᠮᠵᠢᠶ᠎ᠡ᠎ᠨᠢ 0.8%᠂  ᠬᠤᠭ ᠰᠢᠷᠣᠶ ᠵᠢ ᠰᠡᠷᠭᠡᠶ᠋ᠢᠯᠡᠨ ᠬᠠᠮᠠᠭ᠋ᠠᠯᠠᠬᠤ ᠨᠣᠷᠮ᠎ᠠ᠎ᠨᠢ 92.0%᠂  ᠥᠩᠭᠡᠨ ᠬᠥᠷᠥᠰᠥ ᠵᠢᠨ ᠬᠠᠮᠠᠭ᠋ᠠᠯᠠᠯᠲᠠ ᠵᠢᠨ ᠨᠣᠷᠮ᠎ᠠ᠎ᠨᠢ 95.0%᠂  ᠣᠶ ᠰᠢᠭᠤᠶ ᠡᠪᠡᠰᠦ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠨᠣᠷᠮ᠎ᠠ᠎ᠨᠢ 95.0%᠂  ᠣᠶ ᠰᠢᠭᠤᠶ ᠡᠪᠡᠰᠦ ᠵᠢᠨ ᠪᠦᠷᠬᠦᠴᠡ ᠵᠢᠨ ᠨᠣᠷᠮ᠎ᠠ᠎ᠨᠢ 24% ᠪᠣᠯᠤᠨ᠎ᠠ᠃

  (ᠲᠦᠷᠪᠡ) ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ ᠬᠤᠪᠢᠶᠠᠨ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢᠨ ᠲᠣᠬᠢᠷᠠᠭᠤᠯᠤᠯᠲᠠ ᠵᠢ ᠦᠨᠳᠦᠰᠦᠨ᠎ᠳᠡᠭᠡᠨ ᠵᠥᠪᠰᠢᠶᠡᠷᠡᠨ᠎ᠡ᠃

  (ᠲᠠᠪᠤ) ᠪᠦᠲᠦᠭᠡᠨ ᠪᠠᠶ᠋ᠢᠭᠤᠯᠬᠤ ᠬᠤᠭᠤᠴᠠᠭ᠋ᠠᠨ᠎ᠳᠠᠬᠢ ᠤᠰᠤ ᠬᠦᠷᠦᠰᠦ ᠵᠢ ᠬᠠᠮᠠᠭ᠋ᠠᠯᠠᠬᠤ ᠨᠥᠬᠦᠪᠥᠷᠢ ᠵᠠᠷᠤᠳᠠᠯ᠎ᠨᠢ 40.596 ᠲᠦᠮᠡᠨ ᠲᠥᠭᠦᠷᠢᠭ (ᠡᠭᠦᠨ᠎ᠳᠤ ᠦᠦᠰᠢᠨ ᠬᠤᠰᠢᠭᠤ 23.868 ᠲᠦᠮᠡᠨ ᠲᠥᠭᠦᠷᠢᠭ᠂  ᠡᠵᠡᠨ ᠬᠤᠷᠤᠭ᠎ᠠ ᠬᠤᠰᠢᠭᠤ 16.728 ᠲᠦᠮᠡᠨ ᠲᠥᠭᠦᠷᠢᠭ)》᠎ᠢ ᠦᠨᠳᠦᠰᠦᠨ᠎ᠳᠡᠭᠡᠨ ᠵᠥᠪᠰᠢᠶᠡᠷᠡᠪᠡ᠃

   ᠬᠤᠶᠠᠷ᠂  ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠢ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤ ᠬᠦᠷᠦᠰᠦ ᠵᠢ ᠬᠠᠮᠠᠭ᠋ᠠᠯᠠᠬᠤ ᠬᠠᠤᠯᠢ》 ᠵᠢᠨ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢᠨ ᠬᠠᠮᠲᠤ ᠳᠣᠤᠷᠠᠬᠢ ᠠᠵᠢᠯ᠎ᠢ ᠭᠤᠤᠯᠳᠠᠯᠭ᠎ᠠ᠎ᠲᠠᠢ ᠰᠠᠶ᠋ᠢᠲᠤᠷ ᠬᠢᠬᠦ ᠬᠡᠷᠡᠭᠲᠡᠶ᠄

  (ᠨᠢᠭᠡ) ᠵᠥᠪᠰᠢᠶᠡᠷᠡᠭᠰᠡᠨ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠤᠨ ᠶᠣᠰᠣᠭ᠋ᠠᠷ᠂  ᠤᠰᠤ ᠬᠦᠷᠦᠰᠦ ᠵᠢ ᠬᠠᠮᠠᠭ᠋ᠠᠯᠠᠬᠤ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠡᠷᠭᠡ ᠵᠠᠯᠭ᠋ᠠᠮᠵᠢ ᠵᠢᠷᠤᠭ ᠲᠥᠯᠥᠪᠯᠡᠭᠡ ᠵᠢ ᠰᠠᠶ᠋ᠢᠲᠤᠷ ᠬᠢᠵᠦ᠂  ᠪᠠᠷᠢᠯᠭ᠎ᠠ ᠪᠠᠷᠢᠬᠤ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠨ᠂ 《ᠭᠤᠷᠪᠠ ᠵᠢ ᠵᠡᠷᠭᠡ᠎ᠳᠤᠨᠢ ᠬᠢᠬᠦ》 ᠳᠦᠷᠢᠮ᠎ᠢ ᠦᠨᠡᠨ ᠬᠦ᠌ ᠨᠠᠶ᠋ᠢᠳᠠᠪᠤᠷᠢᠵᠢᠭᠤᠯᠬᠤ ᠬᠡᠷᠡᠭᠲᠡᠶ᠃

  (ᠬᠤᠶᠠᠷ) ᠲᠥᠰᠦᠯ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠤᠰᠤ ᠬᠦᠷᠦᠰᠦ ᠵᠢ ᠬᠠᠮᠠᠭ᠋ᠠᠯᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃  ᠡᠯ᠎ᠡ ᠲᠥᠷᠥᠯ᠎ᠤᠨ ᠪᠠᠷᠢᠯᠭ᠎ᠠ ᠪᠠᠷᠢᠬᠤ ᠠᠵᠢᠯᠯᠠᠭ᠎ᠠ᠎ᠨᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠳᠤᠷ᠎ᠠ᠎ᠪᠠᠷ ᠵᠶ᠋ᠠᠨ ᠡᠵᠡᠯᠡᠬᠦ᠂  ᠭᠠᠵᠠᠷ᠎ᠤᠨ ᠭᠠᠳᠠᠷᠭᠤ ᠵᠢᠨ ᠤᠷᠭᠤᠮᠠᠯ᠎ᠤᠨ ᠬᠤᠴᠢᠯᠭ᠎ᠠ ᠵᠢ ᠰᠠᠮᠠᠭᠤᠷᠠᠭᠤᠯᠬᠤ ᠪᠠ ᠡᠪᠳᠡᠬᠦ ᠵᠢ ᠴᠢᠩᠭ᠎ᠠ ᠴᠠᠭ᠋ᠠᠵᠠᠯᠠᠵᠤ᠂  ᠤᠰᠤ ᠬᠦᠷᠦᠰᠦ ᠵᠢ ᠰᠠᠯᠭ᠋ᠠᠬᠤ᠂  ᠬᠠᠳᠠᠭ᠋ᠠᠯᠠᠬᠤ ᠪᠠ ᠠᠰᠢᠭᠯᠠᠬᠤ ᠵᠢ ᠰᠠᠶ᠋ᠢᠲᠤᠷ ᠬᠢᠬᠦ ᠬᠡᠷᠡᠭᠲᠡᠶ᠃  ᠲᠥᠰᠦᠯ᠎ᠤᠨ ᠱᠠᠭ᠋ᠠᠷᠳᠠᠯᠭ᠎ᠠ ᠵᠢ ᠦᠨᠳᠦᠰᠦᠯᠡᠨ ᠪᠠᠷᠢᠯᠭ᠎ᠠ ᠪᠠᠷᠢᠬᠤ ᠴᠠᠭ᠎ᠤᠨ ᠳᠠᠷᠠᠭ᠋ᠠᠯᠠᠯ ᠪᠠ ᠤᠰᠤ ᠬᠦᠷᠦᠰᠦ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠠᠬᠢᠴᠠ ᠵᠢ ᠵᠦᠶ ᠵᠣᠬᠢᠰᠲᠠᠶ ᠲᠣᠬᠢᠷᠠᠭᠤᠯᠵᠤ᠂  ᠪᠠᠷᠢᠯᠭ᠎ᠠ ᠪᠠᠷᠢᠬᠤ ᠬᠤᠭᠤᠴᠠᠭ᠋ᠠᠨ᠎ᠳᠤ ᠤᠰᠤ ᠬᠦᠷᠦᠰᠦ ᠵᠢᠨ ᠢᠳᠡᠭᠳᠡᠯ᠎ᠢ ᠴᠢᠩᠭ᠎ᠠ ᠬᠢᠵᠠᠭ᠋ᠠᠷᠯᠠᠬᠤ ᠬᠡᠷᠡᠭᠲᠡᠶ᠃

  (ᠭᠤᠷᠪᠠ) ᠤᠰᠤ ᠬᠦᠷᠦᠰᠦ ᠵᠢ ᠬᠠᠮᠠᠭ᠋ᠠᠯᠠᠬᠤ ᠬᠢᠨᠠᠨ ᠬᠡᠮᠵᠢᠬᠦ ᠠᠵᠢᠯ᠎ᠢ ᠦᠨᠡᠨ ᠬᠦ᠌ ᠰᠠᠶ᠋ᠢᠲᠤᠷ ᠬᠢᠵᠦ᠂  ᠤᠰᠤ ᠬᠦᠷᠦᠰᠦ ᠵᠢᠨ ᠢᠳᠡᠭᠳᠡᠯ᠎ᠤᠨ ᠪᠠᠶ᠋ᠢᠳᠠᠯ᠎ᠢ ᠬᠢᠨᠠᠨ ᠡᠵᠡᠮᠳᠡᠬᠦ ᠵᠢ ᠴᠢᠩᠭ᠋ᠠᠳᠬᠠᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠮᠠᠨ᠎ᠤ ᠲᠢᠩᠬᠢᠮ ᠵᠢᠴᠢ ᠣᠷᠳᠣᠰ ᠬᠤᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠎ᠳᠤ ᠬᠢᠨᠠᠨ ᠬᠡᠮᠵᠢᠯᠲᠡ ᠵᠢᠨ ᠤᠯᠠᠷᠢᠯ᠎ᠤᠨ ᠮᠡᠳᠡᠭᠦᠯᠦᠯᠲᠡ ᠵᠢᠴᠢ ᠳ᠋ᠦᠩᠨᠡᠯᠲᠡ ᠵᠢᠨ ᠮᠡᠳᠡᠭᠦᠯᠦᠯᠲᠡ ᠵᠢ ᠲᠤᠰᠢᠶᠠᠨ᠎ᠠ᠃

  (ᠲᠦᠷᠪᠡ) ᠤᠰᠤ ᠬᠦᠷᠦᠰᠦ ᠵᠢ ᠬᠠᠮᠠᠭ᠋ᠠᠯᠠᠬᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠨᠠᠶ᠋ᠢᠳᠠᠪᠤᠷᠢᠵᠢᠭᠤᠯᠬᠤ ᠵᠢᠨ ᠬᠠᠮᠲᠤ ᠰᠠᠶ᠋ᠢᠲᠤᠷ ᠬᠢᠵᠦ᠂  ᠤᠰᠤ ᠬᠦᠷᠦᠰᠦ ᠵᠢ ᠬᠠᠮᠠᠭ᠋ᠠᠯᠠᠬᠤ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ ᠪᠣᠯᠤᠨ ᠠᠬᠢᠴᠠ ᠵᠢ ᠦᠨᠡᠨ ᠬᠦ᠌ ᠪᠠᠲᠤᠯᠠᠬᠤ ᠬᠡᠷᠡᠭᠲᠡᠶ᠃

  (ᠲᠠᠪᠤ) ᠤᠰᠤ ᠬᠦᠷᠦᠰᠦ ᠵᠢ ᠬᠠᠮᠠᠭ᠋ᠠᠯᠠᠬᠤ ᠨᠥᠬᠦᠪᠥᠷᠢ ᠵᠠᠷᠤᠳᠠᠯ᠎ᠢ ᠬᠠᠤᠯᠢ ᠲᠣᠭᠲᠠᠭ᠋ᠠᠯ ᠶᠣᠰᠣᠭ᠋ᠠᠷ ᠭᠦᠢ᠍ᠴᠡᠳ ᠲᠤᠭ᠎ᠠ᠎ᠪᠠᠷ ᠲᠤᠰᠢᠶᠠᠨ᠎ᠠ᠃

   ᠭᠤᠷᠪᠠ᠂  ᠲᠤᠰ ᠵᠦᠢ᠍ᠯ᠎ᠤᠨ ᠭᠠᠵᠠᠷ ᠣᠷᠣᠨ᠂  ᠬᠡᠪᠴᠢᠶ᠎ᠡ᠎ᠨᠢ ᠴᠢᠬᠤᠯᠠ ᠶᠡᠬᠡ ᠬᠤᠪᠢᠷᠠᠯᠲᠠ ᠭᠠᠷᠤᠭᠰᠠᠨ ᠪᠤᠶᠤ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠢ ᠬᠡᠷᠡᠭᠵᠢᠭᠦᠯᠬᠦ ᠶᠠᠪᠤᠴᠠ᠎ᠳᠤ ᠤᠰᠤ ᠬᠦᠷᠦᠰᠦ ᠵᠢ ᠬᠠᠮᠠᠭ᠋ᠠᠯᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠤᠭᠰᠠᠨ ᠪᠣᠯ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠳᠤ ᠨᠥᠬᠥᠪᠥᠷᠢᠯᠡᠬᠦ ᠪᠤᠶᠤ ᠵᠠᠰᠠᠪᠤᠷᠢ ᠣᠷᠣᠭᠤᠯᠵᠤ᠂  ᠮᠠᠨ᠎ᠤ ᠲᠢᠩᠬᠢᠮ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ       ᠬᠡᠷᠡᠭᠲᠡᠶ; ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠳᠤ ᠲᠣᠭᠲᠠᠭ᠋ᠠᠭᠰᠠᠨ ᠰᠢᠭ᠋ᠠᠷᠤ ᠬᠠᠶᠠᠬᠤ ᠲᠠᠯᠠᠪᠤᠷ᠎ᠠᠴᠠ ᠭᠠᠳᠠᠨ᠎ᠠ ᠰᠢᠭ᠋ᠠᠷᠤ ᠬᠠᠶᠠᠬᠤ ᠲᠠᠯᠠᠪᠠᠶ ᠵᠢᠨ ᠵᠡᠷᠭᠡ ᠳᠡᠰ᠎ᠢ ᠳᠡᠭᠡᠭᠰᠢᠯᠡᠭᠦᠯᠦᠭᠰᠡᠨ ᠪᠠᠢ᠌ᠪᠠᠯ᠂  ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠢ᠎ᠨᠢ ᠰᠢᠭ᠋ᠠᠷᠤ ᠬᠠᠶᠠᠬᠤ ᠬᠡᠮᠵᠢᠶ᠎ᠡ ᠵᠢ ᠪᠠᠭ᠋ᠠᠰᠬᠠᠬᠤ᠂  ᠡᠬᠢ ᠪᠠᠶᠠᠯᠢᠭᠵᠢᠭᠤᠯᠤᠯᠲᠠ ᠨᠤᠲᠠᠯᠠᠯᠲᠠ ᠵᠢ ᠥᠷᠨᠢᠭᠦᠯᠬᠦ ᠵᠢᠨ ᠬᠠᠮᠲᠤ ᠰᠢᠭ᠋ᠠᠷᠤ ᠵᠢ ᠬᠠᠶᠠᠬᠤ᠎ᠠᠴᠠ ᠡᠮᠦᠨ᠎ᠡ ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠤᠨ ᠨᠥᠬᠥᠪᠥᠷᠢ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠵᠤ᠂  ᠮᠠᠨ᠎ᠤ ᠲᠢᠩᠬᠢᠮ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃

   ᠳᠥᠷᠪᠡ᠂  ᠲᠠᠨ᠎ᠤ ᠨᠢᠭᠡᠴᠢ ᠪᠣᠯ ᠲᠤᠰ ᠲᠥᠷᠥᠯ ᠵᠦᠢ᠍ᠯ᠎ᠤᠨ ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢ ᠰᠢᠯᠭ᠋ᠠᠨ ᠠᠪᠬᠤ ᠬᠠᠷᠢᠭᠤᠴᠠᠯᠭ᠎ᠠ ᠵᠢᠨ ᠭᠣᠤᠯ ᠴᠣᠭᠴᠠ ᠪᠣᠯᠬᠤ ᠲᠤᠯᠠ᠂  ᠲᠤᠰ ᠲᠥᠷᠥᠯ ᠵᠦᠢ᠍ᠯ᠎ᠢ ᠠᠰᠢᠭᠯᠠᠯᠲᠠ᠎ᠳᠤ ᠣᠷᠣᠭᠤᠯᠬᠤ᠎ᠠᠴᠠ ᠡᠮᠦᠨ᠎ᠡ᠂  ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢ ᠡᠵᠡᠨ ᠮᠡᠳᠡᠵᠦ ᠰᠢᠯᠭ᠋ᠠᠨ ᠠᠪᠬᠤ ᠵᠢ ᠥᠩᠭᠡᠷᠡᠭᠡᠬᠦ ᠬᠡᠷᠡᠭᠲᠡᠶ᠃  ᠡᠵᠡᠨ ᠮᠡᠳᠡᠨ ᠰᠢᠯᠭ᠋ᠠᠨ ᠠᠪᠬᠤ᠎ᠳᠤ ᠤᠰᠤ ᠬᠦᠷᠦᠰᠦ ᠵᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠂  ᠪᠠᠷᠢᠮᠵᠢᠶ᠎ᠠ ᠵᠢᠨ ᠵᠢᠷᠤᠮᠵᠢᠯ᠂  ᠤᠰᠤ ᠬᠦᠷᠦᠰᠦ ᠵᠢ ᠬᠠᠮᠠᠭ᠋ᠠᠯᠠᠬᠤ ᠲᠥᠰᠦᠯ ᠬᠢᠭᠡᠳ ᠲᠤᠰ ᠬᠢᠨᠠᠨ ᠵᠥᠪᠰᠢᠶᠡᠷᠡᠭᠰᠡᠨ ᠲᠣᠭᠲᠠᠭ᠋ᠠᠯ᠂  ᠤᠰᠤ ᠬᠦᠷᠦᠰᠦ ᠵᠢ ᠬᠠᠮᠠᠭ᠋ᠠᠯᠠᠬᠤ ᠵᠠᠯᠭ᠋ᠠᠮᠵᠢ ᠵᠢᠷᠤᠭ ᠲᠥᠯᠥᠪᠯᠡᠭᠡ ᠵᠡᠷᠭᠡ ᠵᠢ ᠦᠨᠳᠦᠰᠦᠯᠡᠨ ᠶᠠᠪᠤᠭᠳᠠᠭᠤᠯᠵᠤ᠂  ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢ ᠰᠢᠯᠭ᠋ᠠᠨ ᠠᠪᠬᠤ ᠪᠠᠷᠢᠮᠵᠢᠶ᠎ᠠ ᠪᠣᠯᠤᠨ ᠨᠥᠬᠥᠴᠡᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠃  ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢ ᠡᠵᠡᠨ ᠮᠡᠳᠡᠵᠦ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ᠂  ᠠᠯᠪᠠᠨ᠎ᠤ ᠰᠦᠯᠵᠢᠶᠡᠨ ᠥᠷᠲᠡᠭᠡ ᠪᠤᠶᠤ ᠪᠤᠰᠤᠳ ᠣᠯᠠᠨ ᠨᠡᠶ᠋ᠢᠲᠡ ᠵᠢᠨ ᠣᠯᠵᠤ ᠮᠡᠳᠡᠭᠰᠡᠨ ᠨᠧᠲ᠎ᠲᠤ ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢᠨ ᠰᠢᠯᠭ᠋ᠠᠨ ᠠᠪᠬᠤ ᠮᠠᠲ᠋ᠧᠷᠢᠶᠠᠯ᠎ᠢ ᠴᠠᠭ ᠲᠤᠬᠠᠶ᠎ᠳᠤᠨᠢ ᠨᠡᠶ᠋ᠢᠲᠡᠯᠡᠵᠦ᠂  ᠢᠯᠡ ᠨᠡᠶ᠋ᠢᠲᠡᠯᠡᠬᠦ ᠴᠠᠭ ᠬᠤᠭᠤᠴᠠᠭ᠎ᠠ ᠵᠢ᠎ᠨᠢ 20 ᠠᠵᠢᠯᠯᠠᠬᠤ ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠶ; ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢ ᠡᠵᠡᠨ ᠮᠡᠳᠡᠨ ᠰᠢᠯᠭ᠋ᠠᠨ ᠠᠪᠴᠤ ᠥᠩᠭᠡᠷᠡᠭᠰᠡᠨ᠎ᠤ ᠳᠠᠷᠠᠭ᠎ᠠ 3 ᠰᠠᠷ᠎ᠠ ᠵᠢᠨ ᠳᠣᠲᠣᠷ᠎ᠠ ᠮᠠᠨ᠎ᠤ ᠲᠢᠩᠬᠢᠮ᠎ᠳᠤ ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ ᠵᠢᠨ ᠰᠢᠯᠭ᠋ᠠᠨ ᠠᠪᠬᠤ ᠮᠠᠲ᠋ᠧᠷᠢᠶᠠᠯ ᠵᠶ᠋ᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ ;  ᠤᠰᠤ ᠬᠦᠷᠦᠰᠦ ᠵᠢ ᠬᠠᠮᠠᠭ᠋ᠠᠯᠠᠬᠤ ᠪᠡᠯᠡᠳᠬᠡᠮᠵᠢ᠎ᠨᠢ ᠰᠢᠯᠭ᠋ᠠᠨ ᠠᠪᠬᠤ ᠵᠢ ᠳᠠᠮᠵᠢᠭᠰᠠᠨ ᠦᠭᠡᠶ ᠪᠤᠶᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠶ ᠪᠣᠯ ᠠᠰᠢᠭᠯᠠᠯᠲᠠ᠎ᠳᠤ ᠣᠷᠣᠭᠤᠯᠤᠨ ᠬᠡᠷᠡᠭᠯᠡᠵᠦ ᠪᠣᠯᠬᠤ ᠦᠭᠡᠶ᠃

   ᠲᠠᠪᠤ᠂  ᠲᠤᠰ ᠲᠥᠷᠥᠯ ᠵᠦᠢ᠍ᠯ᠎ᠨᠢ 《ᠤᠰᠤ ᠬᠦᠷᠦᠰᠦ ᠵᠢ ᠬᠠᠮᠠᠭ᠋ᠠᠯᠠᠬᠤ ᠲᠥᠰᠦᠯ᠎ᠢ ᠵᠥᠪᠰᠢᠶᠡᠷᠡᠭᠦᠯᠦᠭᠡᠳᠦᠶ᠎ᠪᠠᠷ ᠤᠷᠢᠳᠠᠪᠠᠷ ᠪᠠᠶ᠋ᠢᠭᠤᠯᠬᠤ》 ᠲᠥᠷᠥᠯ ᠵᠦᠢ᠍ᠯ᠎ᠳᠤ ᠬᠠᠷᠢᠶᠠᠯᠠᠭᠳᠠᠵᠤ᠂  ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠢ᠎ᠨᠢ ᠰᠤᠷᠭ᠋ᠠᠮᠵᠢ ᠠᠪᠴᠤ᠂  ᠤᠰᠤ ᠬᠦᠷᠦᠰᠦ ᠵᠢ ᠬᠠᠮᠠᠭ᠋ᠠᠯᠠᠬᠤ ᠠᠷᠭ᠎ᠠ ᠵᠢ ᠴᠢᠩᠭ᠎ᠠ ᠬᠡᠷᠡᠭᠵᠢᠭᠦᠯᠵᠦ᠂  ᠵᠠᠯᠭ᠋ᠠᠮᠵᠢ ᠤᠰᠤ ᠬᠦᠷᠦᠰᠦ ᠵᠢ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃  ᠣᠷᠳᠣᠰ ᠬᠤᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠂  ᠦᠦᠰᠢᠨ ᠬᠤᠰᠢᠭᠤᠨ᠎ᠤ ᠤᠰᠤᠨ ᠠᠰᠢᠭᠯᠠᠯᠲᠠ ᠵᠢᠨ ᠲᠣᠪᠴᠢᠶ᠎ᠠ᠂  ᠡᠵᠡᠨ ᠬᠤᠷᠤᠭ᠎ᠠ ᠬᠤᠰᠢᠭᠤᠨ᠎ᠤ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠵᠢᠨ ᠲᠣᠪᠴᠢᠶ᠎ᠠ ᠲᠣᠰ ᠲᠥᠷᠥᠯ ᠵᠦᠢ᠍ᠯ᠎ᠤᠨ ᠤᠰᠤ ᠬᠦᠷᠦᠰᠦ ᠵᠢᠨ ᠬᠠᠮᠠᠭ᠋ᠠᠯᠠᠯᠲᠠ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ ᠵᠶ᠋ᠠᠨ ᠴᠢᠩᠭ᠋ᠠᠳᠬᠠᠵᠤ᠂  ᠤᠰᠤ ᠬᠦᠷᠦᠰᠦ ᠵᠢᠨ ᠢᠳᠡᠭᠳᠡᠯ᠎ᠤᠨ ᠠᠰᠠᠭᠤᠳᠠᠯ ᠣᠷᠣᠰᠢᠵᠤ ᠪᠠᠶ᠋ᠢᠬᠤ ᠡᠰᠡᠬᠦ ᠵᠢ ᠪᠠᠶ᠋ᠢᠴᠠᠭ᠋ᠠᠵᠤ᠂  ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠶ᠃

   ᠳᠠᠭ᠋ᠠᠯᠳᠤᠭᠤᠯᠤᠯ᠄

   ᠳᠤᠮᠳᠠᠳᠤ ᠤᠯᠤᠰ᠎ᠤᠨ ᠴᠢᠯᠠᠭᠤᠨ ᠲᠣᠰᠣ ᠪᠠᠶ᠋ᠢᠭ᠋ᠠᠯᠢ ᠵᠢᠨ ᠰᠢᠲᠠᠮᠠᠬᠠᠶ ᠬᠡᠶ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠴᠠᠩ ᠴᠢᠩ ᠴᠢᠯᠠᠭᠤᠨ ᠲᠣᠰᠣᠨ᠎ᠤ ᠠᠭᠤᠷᠬᠠᠶ ᠵᠢᠨ ᠬᠤᠪᠢᠶᠠᠷᠢ ᠺᠣᠮᠫᠠᠨᠢ ᠵᠢᠨ ᠲᠠᠪᠤᠳᠤᠭ᠋ᠠᠷ ᠪᠠᠢ᠌ᠭ᠋ᠠᠯᠢ ᠵᠢᠨ ᠬᠡᠢ ᠭᠠᠷᠭ᠋ᠠᠬᠤ ᠦᠢ᠍ᠯᠡᠳᠪᠦᠷᠢ ᠵᠢᠨ ᠰᠤᠪᠤᠷᠭ᠎ᠠ 77᠂  ᠵᠤᠤ 51 ᠠᠶᠤᠯ ᠲᠦᠭᠰᠢᠭᠦᠷᠢ᠎ᠲᠠᠢ ᠠᠵᠢᠯᠯᠠᠬᠤ ᠦᠢ᠍ᠯᠡᠴᠢᠯᠡᠭᠡᠨ᠎ᠤ ᠣᠷᠣᠨ᠎ᠤ ᠬᠡᠰᠡᠭ᠎ᠤᠨ (ᠰᠤᠪᠤᠷᠭ᠎ᠠ ᠰᠢᠲᠠᠮᠠᠬᠠᠢ ᠬᠡᠢ ᠵᠢᠨ ᠠᠭᠤᠷᠬᠠᠢ 2024 ᠣᠨ) ᠤᠰᠤ ᠬᠦᠷᠦᠰᠦ ᠵᠢ ᠬᠠᠮᠠᠭ᠋ᠠᠯᠠᠬᠤ ᠲᠦᠰᠦᠯ᠎ᠤᠨ ᠮᠡᠳᠡᠭᠦᠯᠦᠯᠳᠡ ᠵᠢᠨ ᠪᠢᠴᠢᠭ .pdf

  《ᠳᠤᠮᠳᠠᠳᠤ ᠤᠯᠤᠰ᠎ᠤᠨ ᠴᠢᠯᠠᠭᠤᠨ ᠲᠣᠰᠣ ᠪᠠᠶ᠋ᠢᠭ᠋ᠠᠯᠢ ᠵᠢᠨ ᠰᠢᠲᠠᠮᠠᠬᠠᠶ ᠬᠡᠶ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠴᠠᠩ ᠴᠢᠩ ᠴᠢᠯᠠᠭᠤᠨ ᠲᠣᠰᠣᠨ᠎ᠤ ᠠᠭᠤᠷᠬᠠᠶ ᠵᠢᠨ ᠬᠤᠪᠢᠶᠠᠷᠢ ᠺᠣᠮᠫᠠᠨᠢ ᠵᠢᠨ ᠲᠠᠪᠤᠳᠤᠭ᠋ᠠᠷ ᠪᠠᠢ᠌ᠭ᠋ᠠᠯᠢ ᠵᠢᠨ ᠬᠡᠢ ᠭᠠᠷᠭ᠋ᠠᠬᠤ ᠦᠢ᠍ᠯᠡᠳᠪᠦᠷᠢ ᠵᠢᠨ ᠰᠤᠪᠤᠷᠭ᠎ᠠ 77᠂  ᠵᠤᠤ 51 ᠠᠶᠤᠯ ᠲᠦᠭᠰᠢᠭᠦᠷᠢ᠎ᠲᠠᠢ ᠠᠵᠢᠯᠯᠠᠬᠤ ᠦᠢ᠍ᠯᠡᠴᠢᠯᠡᠭᠡᠨ᠎ᠤ ᠣᠷᠣᠨ᠎ᠤ ᠬᠡᠰᠡᠭ᠎ᠤᠨ (ᠰᠤᠪᠤᠷᠭ᠎ᠠ ᠰᠢᠲᠠᠮᠠᠬᠠᠢ ᠬᠡᠢ ᠵᠢᠨ ᠠᠭᠤᠷᠬᠠᠢ 2024 ᠣᠨ) ᠤᠰᠤ ᠬᠦᠷᠦᠰᠦ ᠵᠢ ᠬᠠᠮᠠᠭ᠋ᠠᠯᠠᠬᠤ ᠲᠦᠰᠦᠯ᠎ᠤᠨ ᠮᠡᠳᠡᠭᠦᠯᠦᠯᠳᠡ ᠵᠢᠨ ᠪᠢᠴᠢᠭ》᠎ᠤᠨ ᠮᠡᠷᠭᠡᠵᠢᠯ᠎ᠤᠨ ᠬᠢᠨᠠᠨ ᠪᠠᠶ᠋ᠢᠴᠠᠭ᠋ᠠᠯᠲᠠ ᠵᠢᠨ ᠰᠠᠨᠠᠯ᠎ᠢ ᠮᠡᠳᠡᠭᠦᠯᠦᠨ ᠬᠦᠷᠭᠡᠭᠰᠡᠨ ᠲᠣᠬᠠᠢ ᠮᠡᠳᠡᠭᠦᠯᠦᠯᠳᠡ .pdf

  

              2025  ᠣᠨ᠎ᠤ 5 ᠳ᠋ᠤᠭ᠋ᠠᠷ ᠰᠠᠷ᠎ᠠ ᠵᠢᠨ 9᠎ᠤ ᠡᠳᠦᠷ

 

 

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠰᠢᠬᠯᠠᠯᠳᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            