ᠬᠡᠯᠬᠢᠶᠡᠰᠦᠨ ᠨᠣᠮᠧᠷ᠄ 000014348/2025 — 02338
ᠭᠤᠣᠯ ᠰᠡᠳᠦᠪ᠎ᠤᠨ ᠠᠩᠭᠢᠯᠠᠯ᠄
ᠨᠡᠢ᠌ᠲᠡᠯᠡᠭᠰᠡᠨ ᠪᠠᠶ᠋ᠢᠭᠤᠯᠤᠮᠵᠢ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ
ᠪᠢᠴᠢᠭ᠎ᠤᠨ ᠳ᠋ᠤᠭ᠋ᠠᠷ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠵᠠᠷᠯᠢᠭ 275 ᠳ᠋ᠤᠭ᠋ᠠᠷ ᠲᠣᠭ᠋ᠠᠲᠤ
ᠪᠢᠴᠢᠭᠳᠡᠭᠰᠡᠨ ᠡᠳᠦᠷ ᠬᠤᠭᠤᠴᠠᠭ᠎ᠠ᠄ 2025 ᠣᠨ᠎ᠤ 5 ᠳ᠋ᠤᠭ᠋ᠠᠷ ᠰᠠᠷ᠎ᠠ ᠵᠢᠨ 21᠎ᠤ ᠡᠳᠦᠷ
ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢᠨ ᠬᠠᠮᠢᠶᠠᠷᠤᠯᠲᠠ ᠵᠢᠨ ᠠᠷᠭ᠎ᠠ
(2025 ᠣᠨ᠎ᠤ 5 ᠳ᠋ᠤᠭ᠋ᠠᠷ ᠰᠠᠷ᠎ᠠ ᠵᠢᠨ 13᠎ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 275 ᠳ᠋ᠤᠭ᠋ᠠᠷ ᠲᠣᠭ᠋ᠠᠲᠤ ᠨᠡᠶ᠋ᠢᠲᠡᠯᠡᠪᠡ 2025 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ)
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠤᠷᠪᠤᠰ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢᠨ ᠳᠦᠷᠢᠮ᠎ᠢ ᠬᠡᠷᠡᠭᠵᠢᠭᠦᠯᠵᠦ᠂ ᠵᠠᠰᠠᠭ ᠵᠠᠬᠢᠷᠭ᠋ᠠᠨ᠎ᠤ ᠡᠷᠬᠡ ᠵᠢᠨ ᠠᠵᠢᠯᠯᠠᠭ᠋ᠠᠨ᠎ᠢ ᠵᠢᠷᠤᠮᠵᠢᠭᠤᠯᠤᠨ ᠰᠢᠯᠢᠳᠡᠭᠵᠢᠭᠦᠯᠵᠦ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠪᠠ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ᠎ᠪᠠᠨ ᠬᠤᠪᠢᠷᠠᠭᠤᠯᠬᠤ ᠵᠢ ᠠᠬᠢᠭᠤᠯᠬᠤ ᠵᠢᠨ ᠲᠤᠰᠠᠳᠠ᠂ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠵᠤ᠂ ᠲᠤᠰ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢ ᠨᠠᠶ᠋ᠢᠷᠠᠭᠤᠯᠤᠨ ᠵᠣᠬᠢᠶᠠᠬᠤ᠂ ᠲᠣᠬᠢᠷᠠᠭᠤᠯᠬᠤ᠂ ᠨᠡᠶ᠋ᠢᠲᠡᠯᠡᠬᠦ᠂ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠵᠡᠷᠭᠡ ᠠᠵᠢᠯᠯᠠᠭ᠎ᠠ᠎ᠳᠤ ᠲᠤᠰ ᠠᠷᠭ᠎ᠠ ᠬᠡᠷᠡᠭᠯᠡᠭᠳᠡᠨ᠎ᠡ᠃
ᠭᠤᠷᠪᠠᠳᠤᠭ᠋ᠠᠷ ᠵᠤᠷᠪᠤᠰ ᠲᠤᠰ ᠠᠷᠭ᠎ᠠ᠎ᠳᠤ ᠬᠡᠯᠡᠵᠦ ᠪᠠᠶ᠋ᠢᠭ᠎ᠠ ᠵᠠᠰᠠᠭ ᠵᠠᠬᠢᠷᠭ᠋ᠠᠨ᠎ᠤ ᠡᠷᠬᠡ᠎ᠳᠤ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠵᠠᠰᠠᠭ ᠵᠠᠬᠢᠷᠭ᠋ᠠᠨ᠎ᠤ ᠨᠤᠲᠠᠯᠠᠯᠲᠠ᠂ ᠵᠠᠰᠠᠭ ᠵᠠᠬᠢᠷᠭ᠋ᠠᠨ᠎ᠤ ᠲᠠᠰᠤᠯᠤᠯᠲᠠ᠂ ᠵᠠᠰᠠᠭ ᠵᠠᠬᠢᠷᠭ᠋ᠠᠨ᠎ᠤ ᠲᠥᠯᠥᠪᠦᠷᠢ᠂ ᠵᠠᠰᠠᠭ ᠵᠠᠬᠢᠷᠭ᠋ᠠᠨ᠎ᠤ ᠱᠠᠩᠨᠠᠯ ᠬᠥᠬᠢᠭᠦᠯᠦᠯ᠂ ᠵᠠᠰᠠᠭ ᠵᠠᠬᠢᠷᠭ᠋ᠠᠨ᠎ᠤ ᠳᠠᠩᠰᠠᠯᠠᠯ᠂ ᠵᠠᠰᠠᠭ ᠵᠠᠬᠢᠷᠭ᠋ᠠᠨ᠎ᠤ ᠪᠠᠶ᠋ᠢᠴᠠᠭ᠋ᠠᠯᠲᠠ᠂ ᠵᠠᠰᠠᠭ ᠵᠠᠬᠢᠷᠭ᠋ᠠᠨ᠎ᠤ ᠰᠢᠢ᠍ᠳᠭᠡᠯ᠂ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ᠂ ᠵᠠᠰᠠᠭ ᠵᠠᠬᠢᠷᠭ᠋ᠠᠨ᠎ᠤ ᠲᠠᠲᠠᠪᠤᠷᠢᠯᠠᠯᠲᠠ ᠵᠢᠴᠢ ᠪᠤᠰᠤᠳ ᠵᠠᠰᠠᠭ ᠵᠠᠬᠢᠷᠭ᠋ᠠᠨ᠎ᠤ ᠡᠷᠬᠡ ᠪᠠᠭᠲᠠᠨ᠎ᠠ᠃
ᠳᠥᠷᠪᠡᠳᠦᠭᠡᠷ ᠵᠤᠷᠪᠤᠰ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢᠨ ᠬᠠᠮᠢᠶᠠᠷᠤᠯᠲᠠ ᠵᠢᠨ ᠠᠵᠢᠯ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠵᠤ᠂ ᠡᠷᠬᠡ ᠲᠤᠰᠢᠶᠠᠯ᠎ᠢ ᠬᠠᠤᠯᠢ᠎ᠪᠠᠷ ᠲᠣᠭᠲᠠᠭ᠋ᠠᠬᠤ᠂ ᠡᠷᠬᠡ ᠬᠠᠷᠢᠭᠤᠴᠠᠯᠭ᠎ᠠ ᠵᠢ ᠨᠢᠭᠡᠳᠦᠯᠲᠡᠶ ᠪᠠᠶ᠋ᠢᠯᠭ᠋ᠠᠬᠤ᠂ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠬᠦ᠂ ᠢᠯᠡ ᠲᠣᠳᠣ᠂ ᠠᠷᠠᠳ᠎ᠲᠤ ᠲᠥᠬᠦᠮ ᠦᠵᠡᠭᠦᠯᠬᠦ ᠥᠨᠳᠥᠷ ᠪᠦᠲᠦᠮᠵᠢᠲᠡᠶ ᠪᠠᠶ᠋ᠢᠯᠭ᠋ᠠᠬᠤ ᠵᠠᠷᠴᠢᠮ᠎ᠢ ᠵᠢᠷᠤᠮᠯᠠᠨ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠳᠤ ᠨᠢᠭᠡᠳᠦᠯᠲᠡᠶ ᠲᠥᠯᠥᠪᠯᠡᠬᠦ᠂ ᠱᠠᠲᠤ ᠬᠤᠪᠢᠶᠠᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠳᠡᠭᠡᠳᠦ ᠳᠣᠤᠷᠠᠳᠤ ᠱᠠᠲᠤ ᠬᠤᠯᠪᠣᠭ᠋ᠠᠯᠠᠨ ᠬᠥᠳᠡᠯᠦᠯᠴᠡᠬᠦ ᠠᠵᠢᠯ᠎ᠤᠨ ᠲᠣᠭᠲᠠᠴᠠ ᠵᠢ ᠬᠡᠷᠡᠭᠵᠢᠭᠦᠯᠬᠦ ᠬᠡᠷᠡᠭᠲᠡᠶ᠃
ᠲᠠᠪᠤᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢᠨ ᠬᠠᠮᠢᠶᠠᠷᠤᠯᠲᠠ ᠵᠢᠨ ᠠᠵᠢᠯ᠎ᠤᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠶ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠢᠭ᠋ᠠᠨ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢ ᠬᠠᠮᠢᠶᠠᠷᠬᠤ ᠰᠠᠯᠠᠭ᠎ᠠ ᠮᠥᠴᠢᠷ᠎ᠠᠴᠠ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢ ᠨᠠᠶ᠋ᠢᠷᠠᠭᠤᠯᠤᠨ ᠵᠣᠬᠢᠶᠠᠬᠤ᠂ ᠲᠣᠬᠢᠷᠠᠭᠤᠯᠬᠤ᠂ ᠨᠡᠶ᠋ᠢᠲᠡᠯᠡᠬᠦ ᠪᠠ ᠬᠡᠷᠡᠭᠵᠢᠭᠦᠯᠬᠦ ᠠᠵᠢᠯ᠎ᠢ ᠵᠣᠬᠢᠶᠠᠨ ᠪᠠᠶ᠋ᠢᠭᠤᠯᠬᠤ᠂ ᠬᠠᠮᠢᠶᠠᠷᠬᠤ᠂ ᠵᠢᠯᠣᠭᠤᠳᠬᠤ ᠪᠠ ᠬᠢᠨᠠᠯᠲᠠ ᠲᠠᠯᠪᠢᠬᠤ ᠵᠢ ᠬᠠᠷᠢᠭᠤᠴᠠᠨ᠎ᠠ᠃
ᠵᠢᠷᠭᠤᠳᠤᠭ᠋ᠠᠷ ᠵᠤᠷᠪᠤᠰ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠶ᠋ᠢᠭᠤᠯᠭ᠎ᠠ ᠪᠣᠯ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢ ᠨᠠᠶ᠋ᠢᠷᠠᠭᠤᠯᠤᠨ ᠵᠣᠬᠢᠶᠠᠬᠤ ᠭᠤᠤᠯ ᠴᠣᠭᠴᠠ᠂ ᠬᠡᠷᠡᠭᠵᠢᠭᠦᠯᠬᠦ ᠭᠤᠤᠯ ᠴᠣᠭᠴᠠ ᠪᠠ ᠬᠠᠷᠢᠭᠤᠴᠠᠯᠭ᠎ᠠ ᠵᠢᠨ ᠭᠤᠤᠯ ᠴᠣᠭᠴᠠ ᠮᠥᠨ᠂ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢᠨ ᠬᠠᠤᠯᠢ ᠶᠣᠰᠣᠴᠢ ᠴᠢᠨᠠᠷ᠂ ᠵᠦᠶ ᠶᠣᠰᠣᠴᠢ ᠴᠢᠨᠠᠷ᠂ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ ᠪᠠ ᠵᠢᠷᠤᠮᠵᠢᠯᠳᠤ ᠴᠢᠨᠠᠷ᠎ᠲᠤ ᠬᠠᠷᠢᠭᠤᠴᠠᠨ᠎ᠠ᠃
ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠶ᠋ᠢᠭᠤᠯᠭ᠎ᠠ᠎ᠨᠢ ᠲᠤᠰ ᠱᠠᠲᠤᠨ᠎ᠤ ᠳᠣᠷᠣᠭᠰᠢ ᠪᠠᠭᠤᠯᠭ᠋ᠠᠭᠰᠠᠨ ᠵᠠᠰᠠᠭ ᠵᠠᠬᠢᠷᠭ᠋ᠠᠨ᠎ᠤ ᠡᠷᠬᠡ᠎ᠳᠤ ᠳᠠᠭ᠋ᠠᠭ᠋ᠠᠨ ᠠᠪᠴᠤ ᠵᠢᠯᠣᠭᠣᠳᠬᠤ᠂ ᠵᠣᠬᠢᠴᠠᠭᠤᠯᠤᠨ ᠬᠢᠨᠠᠯᠲᠠ ᠲᠠᠯᠪᠢᠬᠤ ᠪᠠ ᠬᠦᠴᠦᠨ ᠴᠢᠳᠠᠪᠤᠷᠢ ᠵᠢᠨ ᠦᠨᠡᠯᠡᠨ ᠵᠢᠱ᠌ᠢᠯᠲᠡ ᠬᠢᠬᠦ ᠬᠡᠷᠡᠭᠲᠡᠶ᠃
ᠳᠣᠯᠣᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠶ᠋ᠢᠭᠤᠯᠭ᠎ᠠ᠎ᠨᠢ ᠲᠣᠰ ᠠᠵᠢᠯ ᠲᠥᠷᠥᠯ᠂ ᠲᠣᠰ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢ ᠪᠠᠷᠢᠮᠵᠢᠶᠠᠵᠢᠭᠤᠯᠬᠤ ᠠᠵᠢᠯ᠎ᠢ ᠬᠠᠷᠢᠭᠤᠴᠠᠵᠤ᠂ ᠠᠳᠠᠯᠢ ᠪᠤᠰᠤ ᠲᠠᠰ ᠳᠠᠪᠬᠤᠷᠭ᠎ᠠ᠂ ᠠᠳᠠᠯᠢ ᠪᠤᠰᠤ ᠣᠷᠣᠨ ᠪᠦᠰᠡ ᠵᠢᠨ ᠠᠳᠠᠯᠢ ᠨᠢᠭᠡᠨ ᠵᠠᠰᠠᠭ ᠵᠠᠬᠢᠷᠭ᠋ᠠᠨ᠎ᠤ ᠡᠷᠬᠡ ᠵᠢᠨ ᠬᠦᠴᠦᠨ ᠵᠦᠢ᠍ᠯ᠎ᠢ ᠵᠢᠷᠤᠮᠵᠢᠭᠤᠯᠤᠨ ᠨᠢᠭᠡᠳᠬᠡᠨ᠎ᠡ᠃
ᠨᠠᠢ᠍ᠮᠠᠳᠤᠭ᠋ᠠᠷ ᠵᠤᠷᠪᠤᠰ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ ᠳ᠋ᠠᠶ᠋ᠢᠲ᠋ᠠ ᠵᠢᠨ ᠬᠠᠮᠢᠶᠠᠷᠤᠯᠲᠠ ᠵᠢᠨ ᠰᠠᠯᠠᠭ᠎ᠠ ᠮᠦᠴᠢᠷ᠎ᠤᠳ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ᠎ᠢ ᠰᠢᠮᠳᠠᠭᠤᠯᠤᠨ ᠪᠦᠬᠦ ᠣᠷᠣᠨ᠎ᠤ ᠨᠢᠭᠡ ᠴᠣᠭᠴᠠᠵᠢᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠂ ᠥᠪᠥᠷ ᠮᠣᠩᠭᠤᠯ᠎ᠤᠨ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠵᠢᠨ ᠰᠢᠰᠲ᠋ᠧᠮ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠂ ᠠᠷᠠᠳ᠎ᠲᠤ ᠳᠥᠭᠦᠮ ᠦᠵᠡᠭᠦᠯᠬᠦ ᠦᠢ᠍ᠯᠡᠴᠢᠯᠡᠭᠡᠨ᠎ᠤ ᠲᠥᠪ᠎ᠲᠤ ᠣᠷᠤᠭᠤᠯᠬᠤ ᠬᠡᠷᠡᠭᠲᠡᠢ᠃
ᠬᠣᠶᠠᠳᠤᠭ᠋ᠠᠷ ᠪᠦᠯᠦᠭ ᠨᠠᠶ᠋ᠢᠷᠠᠭᠤᠯᠤᠨ ᠵᠣᠬᠢᠶᠠᠬᠤ ᠪᠠ ᠲᠣᠬᠢᠷᠠᠭᠤᠯᠬᠤ
ᠶᠢᠰᠦᠳᠦᠭᠡᠷ ᠵᠤᠷᠪᠤᠰ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢ ᠨᠠᠶ᠋ᠢᠷᠠᠭᠤᠯᠤᠨ ᠵᠣᠬᠢᠶᠠᠬᠤ᠎ᠳᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠵᠶ᠋ᠠᠷ ᠦᠨᠳᠦᠰᠦᠯᠡᠯ ᠪᠣᠯᠭ᠋ᠠᠵᠤ᠂ ᠵᠠᠰᠠᠭ ᠵᠠᠬᠢᠷᠭ᠋ᠠᠨ᠎ᠤ ᠡᠷᠬᠡ ᠵᠢᠨ ᠨᠡᠷᠡᠶ᠋ᠢᠳᠦᠯ᠂ ᠲᠥᠷᠥᠯ ᠬᠡᠯᠪᠡᠷᠢ᠂ ᠲᠣᠭᠲᠠᠭ᠋ᠠᠭᠰᠠᠨ ᠦᠨᠳᠦᠰᠦᠯᠡᠯ᠂ ᠬᠠᠷᠢᠭᠤᠴᠠᠯᠭ᠎ᠠ ᠵᠢᠨ ᠭᠤᠣᠯ ᠴᠣᠭᠴᠠ᠂ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠷᠭ᠎ᠠ ᠮᠠᠶᠢᠭ᠂ ᠬᠠᠷᠢᠭᠤᠴᠠᠯᠭ᠎ᠠ ᠨᠡᠬᠡᠮᠵᠢᠯᠡᠬᠦ ᠪᠠᠶ᠋ᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠯᠡᠯ ᠵᠡᠷᠭᠡ ᠬᠦᠴᠦᠨ ᠵᠦᠢ᠍ᠯ᠎ᠢ ᠪᠠᠭᠲᠠᠭ᠋ᠠᠬᠤ ᠵᠢᠨ ᠬᠠᠮᠲᠤ ᠬᠠᠤᠯᠢ ᠶᠣᠰᠣᠴᠢ ᠴᠢᠨᠠᠷ᠎ᠢ ᠬᠢᠨᠠᠨ ᠬᠠᠷᠭᠤᠭᠤᠯᠬᠤ ᠵᠡᠷᠭᠡ ᠳᠡᠰ ᠳᠠᠷᠠᠭ᠋ᠠᠯᠠᠯ᠎ᠢ ᠭᠦᠢ᠍ᠴᠡᠳᠬᠡᠬᠦ ᠬᠡᠷᠡᠭᠲᠡᠶ᠃
ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢ ᠨᠠᠶ᠋ᠢᠷᠠᠭᠤᠯᠤᠨ ᠵᠣᠬᠢᠶᠠᠬᠤ᠎ᠳᠤ᠂ ᠤᠯᠤᠰ᠎ᠤᠨ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠨᠠᠷᠢᠨ ᠬᠠᠭᠤᠳᠠᠰᠤ᠂ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠬᠤᠷᠢᠭ᠎ᠠ ᠴᠠᠭ᠋ᠠᠵᠠ᠎ᠲᠠᠢ ᠵᠦᠢ᠍ᠯᠡᠰ᠎ᠤᠨ ᠨᠠᠷᠢᠨ ᠬᠠᠭᠤᠳᠠᠰᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠦᠨᠳᠦᠰᠦᠨ ᠭᠠᠷᠴᠠᠭ᠂ ᠬᠢᠨᠠᠯᠲᠠ ᠬᠠᠮᠢᠶᠠᠷᠤᠯᠲᠠ ᠵᠢᠨ ᠵᠦᠢ᠍ᠯᠡᠰ᠎ᠤᠨ ᠦᠨᠳᠦᠰᠦᠨ ᠭᠠᠷᠴᠠᠭ ᠵᠡᠷᠭᠡ᠎ᠲᠠᠢ ᠨᠢᠭᠡᠳᠦᠯᠲᠡᠢ ᠪᠠᠶ᠋ᠢᠬᠤ ᠵᠢᠨ ᠬᠠᠮᠲᠤ ᠰᠠᠶ᠋ᠢᠲᠤᠷ ᠵᠣᠯᠭ᠋ᠠᠭᠤᠯᠬᠤ ᠬᠡᠷᠡᠭᠲᠡᠢ᠃
ᠠᠷᠪᠠᠳᠤᠭ᠋ᠠᠷ ᠵᠤᠷᠪᠤᠰ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠭᠤᠣᠯ ᠪᠣᠯᠬᠤ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠶ᠋ᠢᠭᠤᠯᠭ᠎ᠠ᠎ᠠᠴᠠ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠶ᠋ᠢᠭᠤᠯᠭ᠎ᠠ᠎ᠲᠠᠢ ᠵᠥᠪᠳᠡᠯᠴᠡᠵᠦ ᠬᠡᠷᠡᠭᠵᠢᠭᠦᠯᠬᠦ ᠵᠠᠰᠠᠭ ᠵᠠᠬᠢᠷᠭ᠋ᠠᠨ᠎ᠤ ᠡᠷᠬᠡ ᠵᠢ ᠵᠠᠰᠠᠭ ᠵᠠᠬᠢᠷᠭ᠋ᠠᠨ᠎ᠤ ᠭᠤᠣᠯ ᠡᠷᠬᠡ ᠵᠢᠨ ᠬᠡᠷᠡᠭᠵᠢᠭᠦᠯᠬᠦ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ᠎ᠳᠤ ᠣᠷᠣᠭᠤᠯᠤᠨ᠎ᠠ᠃
ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠶ᠋ᠢᠭᠤᠯᠭ᠎ᠠ᠎ᠨᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠲᠣᠭᠲᠠᠭ᠋ᠠᠯ᠎ᠢ ᠦᠨᠳᠦᠰᠦᠯᠡᠨ ᠨᠠᠶ᠋ᠢᠳᠠᠨ ᠬᠡᠷᠡᠭᠵᠢᠭᠦᠯᠵᠦ ᠪᠠᠶ᠋ᠢᠭ᠎ᠠ ᠵᠠᠰᠠᠭ ᠵᠠᠬᠢᠷᠭ᠋ᠠᠨ᠎ᠤ ᠡᠷᠬᠡ ᠵᠢ ᠨᠠᠶ᠋ᠢᠳᠠᠨ ᠬᠡᠷᠡᠭᠵᠢᠭᠦᠯᠵᠦ ᠪᠠᠶ᠋ᠢᠭ᠎ᠠ ᠵᠠᠰᠠᠭ ᠵᠠᠬᠢᠷᠭ᠋ᠠᠨ᠎ᠤ ᠡᠷᠬᠡ ᠵᠢᠨ ᠬᠡᠷᠡᠭᠵᠢᠭᠦᠯᠬᠦ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ᠎ᠳᠤ ᠣᠷᠣᠭᠤᠯᠬᠤ ᠬᠡᠷᠡᠭᠲᠡᠶ᠃
ᠠᠷᠪᠠᠨ ᠨᠢᠭᠡᠳᠦᠭᠡᠷ ᠵᠤᠷᠪᠤᠰ ᠳᠣᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠶ᠋ᠢᠭᠤᠯᠭ᠎ᠠ᠎ᠨᠢ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ᠎ᠳᠤ ᠴᠠᠭ ᠲᠤᠬᠠᠶ᠎ᠳᠤᠨᠢ ᠲᠣᠬᠢᠷᠠᠭᠤᠯᠤᠯᠲᠠ ᠬᠢᠬᠦ ᠬᠡᠷᠡᠭᠲᠡᠶ᠄
(ᠨᠢᠭᠡ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠢ ᠲᠣᠭᠲᠠᠭ᠋ᠠᠬᠤ᠂ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠣᠯᠭ᠋ᠠᠬᠤ᠂ ᠵᠠᠰᠠᠭ ᠵᠠᠬᠢᠷᠭ᠋ᠠᠨ᠎ᠤ ᠡᠷᠬᠡ ᠵᠢ ᠰᠢᠨ᠎ᠡ᠎ᠪᠠᠷ ᠨᠡᠮᠡᠭᠳᠡᠭᠦᠯᠬᠦ᠂ ᠬᠤᠪᠢᠷᠠᠭᠤᠯᠬᠤ᠂ ᠬᠦᠴᠦᠨ ᠦᠭᠡᠢ ᠪᠣᠯᠭ᠋ᠠᠬᠤ᠂ ᠳᠣᠷᠣᠭᠰᠢ ᠪᠠᠭᠤᠯᠭ᠋ᠠᠬᠤ ᠴᠢᠬᠤᠯᠠᠲᠠᠢ;
(ᠬᠤᠶᠠᠷ) ᠲᠥᠷᠥ ᠵᠢᠨ ᠶᠠᠪᠤᠳᠠᠯ᠎ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠠᠶ᠋ᠢᠮᠠᠭ᠎ᠤᠨ ᠵᠠᠬᠢᠷᠭ᠎ᠠ᠂ ᠲᠣᠭᠤᠷᠢᠭ᠎ᠲᠠᠢ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠵᠠᠰᠠᠭ ᠵᠠᠬᠢᠷᠭ᠋ᠠᠨ᠎ᠤ ᠡᠷᠬᠡ ᠵᠢᠨ ᠬᠡᠷᠡᠭᠵᠢᠭᠦᠯᠬᠦ ᠱᠠᠲᠤ ᠳᠠᠪᠬᠤᠷᠭ᠎ᠠ᠎ᠳᠤ ᠬᠠᠤᠯᠢ ᠶᠣᠰᠣᠭ᠋ᠠᠷ ᠲᠣᠬᠢᠷᠠᠭᠤᠯᠤᠯᠲᠠ ᠬᠢᠬᠦ᠎ᠳᠤ ᠵᠠᠰᠠᠭ ᠵᠠᠬᠢᠷᠭ᠋ᠠᠨ᠎ᠤ ᠡᠷᠬᠡ ᠵᠢ ᠰᠢᠨ᠎ᠡ᠎ᠪᠠᠷ ᠨᠡᠮᠡᠭᠳᠡᠭᠦᠯᠬᠦ ᠪᠤᠶᠤ ᠳᠣᠷᠣᠭᠰᠢ ᠪᠠᠭᠤᠯᠭ᠋ᠠᠬᠤ ᠴᠢᠬᠤᠯᠠᠲᠠᠢ;
(ᠭᠤᠷᠪᠠ) ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠶ᠋ᠢᠭᠤᠯᠭ᠎ᠠ᠎ᠨᠢ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠡᠷᠭᠡ᠎ᠠᠴᠠ ᠪᠣᠯᠵᠤ ᠵᠠᠰᠠᠭ ᠵᠠᠬᠢᠷᠭ᠋ᠠᠨ᠎ᠤ ᠡᠷᠬᠡ᠎ᠳᠤ ᠬᠤᠪᠢᠷᠠᠯᠲᠠ ᠭᠠᠷᠴᠤ᠂ ᠵᠠᠰᠠᠭ ᠵᠠᠬᠢᠷᠭ᠋ᠠᠨ᠎ᠤ ᠡᠷᠬᠡ ᠵᠢ ᠰᠢᠨ᠎ᠡ᠎ᠪᠠᠷ ᠨᠡᠮᠡᠭᠳᠡᠭᠦᠯᠬᠦ᠂ ᠬᠤᠪᠢᠷᠠᠭᠤᠯᠬᠤ᠂ ᠬᠦᠴᠦᠨ ᠦᠭᠡᠢ ᠪᠣᠯᠭ᠋ᠠᠬᠤ ᠪᠠ ᠳᠣᠷᠣᠭᠰᠢ ᠪᠠᠭᠤᠯᠭ᠋ᠠᠬᠤ ᠴᠢᠬᠤᠯᠠᠲᠠᠢ ᠪᠣᠯᠪᠠ᠃
(ᠲᠦᠷᠪᠡ) ᠴᠠᠭ ᠲᠤᠬᠠᠢᠳᠤᠨᠢ ᠲᠣᠬᠢᠷᠠᠭᠤᠯᠤᠯᠲᠠ ᠬᠢᠬᠦ ᠬᠡᠷᠡᠭᠲᠡᠢ᠃
ᠠᠷᠪᠠᠨ ᠬᠤᠶᠠᠳᠤᠭ᠋ᠠᠷ ᠵᠤᠷᠪᠤᠰ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢᠨ ᠬᠠᠮᠢᠶᠠᠷᠤᠯᠲᠠ ᠵᠢᠨ ᠰᠠᠯᠠᠭ᠎ᠠ ᠮᠦᠴᠢᠷ᠎ᠨᠢ ᠬᠤᠶᠠᠷ ᠵᠢᠯ ᠪᠣᠯᠬᠤ ᠪᠦᠷᠢ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ᠎ᠳᠤ ᠲᠦᠪᠯᠡᠷᠡᠭᠦᠯᠦᠨ ᠲᠣᠬᠢᠷᠠᠭᠤᠯᠤᠯᠲᠠ ᠬᠢᠵᠦ᠂ ᠲᠣᠬᠢᠷᠠᠭᠤᠯᠤᠭᠰᠠᠨ᠎ᠤ ᠳᠠᠷᠠᠭ᠋ᠠᠬᠢ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠠᠴᠠ ᠬᠢᠨᠠᠨ ᠲᠣᠭᠲᠠᠭ᠋ᠠᠭᠰᠠᠨ᠎ᠤ ᠳᠠᠷᠠᠭ᠎ᠠ ᠨᠡᠶ᠋ᠢᠲᠡᠯᠡᠨ᠎ᠡ᠃
ᠠᠷᠪᠠᠨ ᠭᠤᠷᠪᠠᠳᠤᠭ᠋ᠠᠷ ᠵᠤᠷᠪᠤᠰ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢᠨ ᠬᠠᠮᠢᠶᠠᠷᠤᠯᠲᠠ ᠵᠢᠨ ᠰᠠᠯᠠᠭ᠎ᠠ ᠮᠦᠴᠢᠷ᠎ᠨᠢ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢ ᠲᠥᠪᠯᠡᠷᠡᠭᠦᠯᠦᠨ ᠲᠣᠬᠢᠷᠠᠭᠤᠯᠬᠤ᠎ᠠᠴᠠ ᠡᠮᠦᠨ᠎ᠡ᠂ ᠲᠤᠰ ᠱᠠᠲᠤᠨ᠎ᠤ ᠵᠠᠰᠠᠭ ᠵᠠᠬᠢᠷᠭ᠋ᠠᠨ᠎ᠤ ᠡᠷᠬᠡ ᠵᠢ ᠨᠢᠭᠡᠨᠲᠡ ᠳᠣᠷᠣᠭᠰᠢ ᠪᠠᠭᠤᠯᠭ᠋ᠠᠭᠰᠠᠨ ᠦᠨᠡᠯᠡᠨ ᠵᠢᠱ᠌ᠢᠬᠦ ᠠᠵᠢᠯ᠎ᠢ ᠵᠣᠬᠢᠶᠠᠨ ᠪᠠᠶ᠋ᠢᠭᠤᠯᠤᠨ ᠦᠷᠨᠢᠭᠦᠯᠬᠦ ᠬᠡᠷᠡᠭᠲᠡᠢ᠃ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠶ᠋ᠢᠭᠤᠯᠭ᠎ᠠ᠎ᠠᠴᠠ ᠳᠡᠭᠡᠳᠦ ᠱᠠᠲᠤᠨ᠎ᠠᠴᠠ ᠬᠤᠷᠢᠶᠠᠬᠤ ᠴᠢᠬᠤᠯᠠᠲᠠᠢ ᠭᠡᠵᠦ ᠦᠵᠡᠭᠰᠡᠨ ᠪᠠᠶ᠋ᠢᠪᠠᠯ᠂ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢ ᠲᠥᠪᠯᠡᠷᠡᠭᠦᠯᠦᠨ ᠲᠣᠬᠢᠷᠠᠭᠤᠯᠬᠤ ᠦᠶ᠎ᠡ᠎ᠳᠤ ᠬᠠᠮᠲᠤᠳᠤᠨᠢ ᠬᠤᠷᠢᠶᠠᠨ᠎ᠠ᠃
ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠶ᠋ᠢᠭᠤᠯᠭ᠎ᠠ᠎ᠨᠢ ᠡᠳᠦᠷ ᠲᠤᠲᠤᠮ᠎ᠤᠨ ᠵᠠᠰᠠᠭ ᠵᠠᠬᠢᠷᠭ᠋ᠠᠨ᠎ᠤ ᠡᠷᠬᠡ ᠵᠢ ᠳᠣᠷᠣᠭᠰᠢ ᠪᠠᠭᠤᠯᠭ᠋ᠠᠬᠤ ᠵᠢᠨ ᠦᠨᠡᠯᠡᠨ ᠵᠢᠱ᠌ᠢᠬᠦ ᠳᠤᠮᠳᠠ᠂ ᠳᠡᠭᠡᠳᠦ ᠱᠠᠲᠤᠨ᠎ᠠᠴᠠ ᠬᠤᠷᠢᠶᠠᠬᠤ ᠴᠢᠬᠤᠯᠠᠲᠠᠶ ᠭᠡᠵᠦ ᠦᠵᠡᠪᠡᠯ᠂ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ ᠵᠶ᠋ᠠᠷ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠴᠠᠭ ᠲᠤᠬᠠᠶ᠎ᠳᠤᠨᠢ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠳᠡᠪᠰᠢᠭᠦᠯᠵᠦ ᠬᠢᠨᠠᠨ ᠲᠣᠭᠲᠠᠭ᠋ᠠᠯᠭ᠋ᠠᠨ᠎ᠠ᠃
ᠠᠷᠪᠠᠨ ᠳᠥᠷᠪᠡᠳᠦᠭᠡᠷ ᠵᠤᠷᠪᠤᠰ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠶ᠋ᠢᠭᠤᠯᠭ᠎ᠠ᠎ᠨᠢ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ᠎ᠳᠤ ᠲᠤᠰᠬᠠᠢ ᠲᠣᠬᠢᠷᠠᠭᠤᠯᠤᠯᠲᠠ ᠬᠢᠭᠰᠡᠨ ᠪᠠᠶ᠋ᠢᠪᠠᠯ᠂ ᠲᠣᠬᠢᠷᠠᠭᠤᠯᠤᠯᠲᠠ ᠬᠢᠭᠰᠡᠨ ᠤᠴᠢᠷ ᠰᠢᠯᠲᠠᠭ᠋ᠠᠨ ᠡᠭᠦᠰᠦᠭᠰᠡᠨ ᠡᠳᠦᠷ᠎ᠠᠴᠠ ᠡᠬᠢᠯᠡᠨ ᠭᠤᠴᠢᠨ ᠡᠳᠦᠷ᠎ᠤᠨ ᠳᠣᠲᠣᠷ᠎ᠠ᠂ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ ᠵᠶ᠋ᠠᠷ ᠬᠢᠨᠠᠨ ᠲᠣᠭᠲᠠᠭ᠋ᠠᠯᠭ᠋ᠠᠭᠰᠠᠨ᠎ᠤ ᠳᠠᠷᠠᠭ᠎ᠠ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠬᠢᠨᠠᠨ ᠲᠣᠭᠲᠠᠭ᠋ᠠᠯᠭ᠋ᠠᠬᠤ᠎ᠪᠠᠷ ᠳᠡᠪᠰᠢᠭᠦᠯᠵᠦ᠂ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠶ᠋ᠢᠭᠤᠯᠭ᠎ᠠ᠎ᠠᠴᠠ ᠨᠡᠶ᠋ᠢᠭᠡᠮ᠎ᠳᠤ ᠨᠡᠶ᠋ᠢᠲᠡᠯᠡᠨ᠎ᠡ; ᠰᠢᠭᠤᠳ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠣᠷᠣᠨ ᠨᠤᠲᠤᠭ᠎ᠲᠤ ᠪᠠᠶ᠋ᠢᠭᠤᠯᠤᠭᠰᠠᠨ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ᠎ᠳᠤ ᠲᠤᠰᠬᠠᠢ ᠲᠣᠬᠢᠷᠠᠭᠤᠯᠤᠯᠲᠠ ᠬᠢᠭᠰᠡᠨ ᠪᠠᠶ᠋ᠢᠪᠠᠯ᠂ ᠲᠣᠬᠢᠷᠠᠭᠤᠯᠤᠯᠲᠠ ᠬᠢᠭᠰᠡᠨ ᠪᠠᠶ᠋ᠢᠳᠠᠯ ᠵᠶ᠋ᠠᠨ ᠠᠳᠠᠯᠢ ᠱᠠᠲᠤᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠪᠢᠴᠢᠭ ᠵᠶ᠋ᠠᠷ ᠮᠡᠳᠡᠭᠳᠡᠬᠦ ᠬᠡᠷᠡᠭᠲᠡᠢ᠃
ᠠᠷᠪᠠᠨ ᠲᠠᠪᠤᠳᠤᠭ᠋ᠠᠷ ᠵᠤᠷᠪᠤᠰ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ᠎ᠳᠤ ᠲᠣᠬᠢᠷᠠᠭᠤᠯᠤᠯᠲᠠ ᠬᠢᠬᠦ᠎ᠳᠡᠭᠡᠨ ᠳᠣᠤᠷᠠᠬᠢ ᠮᠡᠲᠦ ᠮᠠᠲ᠋ᠧᠷᠢᠶᠠᠯ᠎ᠢ ᠮᠡᠳᠡᠭᠦᠯᠦᠨ ᠬᠦᠷᠭᠡᠬᠦ ᠬᠡᠷᠡᠭᠲᠡᠶ᠄
(ᠨᠢᠭᠡ) ᠵᠠᠰᠠᠭ ᠵᠠᠬᠢᠷᠭ᠋ᠠᠨ᠎ᠤ ᠡᠷᠬᠡ ᠵᠢᠨ ᠨᠡᠷᠡᠶ᠋ᠢᠳᠦᠯ᠂ ᠲᠦᠷᠦᠯ ᠬᠡᠯᠪᠡᠷᠢ᠂ ᠲᠣᠭᠲᠠᠭ᠋ᠠᠭᠰᠠᠨ ᠦᠨᠳᠦᠰᠦᠯᠡᠯ᠂ ᠬᠠᠷᠢᠭᠤᠴᠠᠯᠭ᠎ᠠ ᠵᠢᠨ ᠭᠤᠣᠯ ᠴᠣᠭᠴᠠ᠂ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠷᠭ᠎ᠠ ᠬᠡᠯᠪᠡᠷᠢ᠂ ᠬᠠᠷᠢᠭᠤᠴᠠᠯᠭ᠎ᠠ ᠨᠡᠬᠡᠮᠵᠢᠯᠡᠬᠦ ᠪᠠᠶ᠋ᠢᠳᠠᠯ᠂ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠯᠡᠯ ᠵᠢᠴᠢ ᠤᠴᠢᠷ ᠰᠢᠯᠲᠠᠭ᠋ᠠᠨ᠎ᠳᠤ ᠲᠤᠬᠢᠷᠠᠭᠤᠯᠤᠯᠳᠠ ᠬᠢᠪᠡ;
(ᠬᠤᠶᠠᠷ) ᠬᠠᠤᠯᠢ ᠶᠤᠰᠤᠴᠢ ᠴᠢᠨᠠᠷ᠎ᠢ ᠬᠢᠨᠠᠨ ᠬᠠᠷᠭᠤᠭᠤᠯᠤᠭᠰᠠᠨ ᠰᠠᠨᠠᠯ;
(ᠭᠤᠷᠪᠠ) ᠵᠠᠰᠠᠭ ᠵᠠᠬᠢᠷᠭ᠋ᠠᠨ᠎ᠤ ᠡᠷᠬᠡ ᠵᠢ ᠳᠣᠷᠣᠭᠰᠢ ᠪᠠᠭᠤᠯᠭ᠋ᠠᠬᠤ᠎ᠳᠤ ᠬᠤᠯᠪᠣᠭᠳᠠᠭᠰᠠᠨ ᠪᠠᠶ᠋ᠢᠪᠠᠯ᠂ ᠵᠢᠯᠣᠭᠤᠳᠬᠤ ᠰᠠᠨᠠᠯ ᠪᠣᠯᠣᠨ ᠳᠣᠣᠷᠠᠳᠤ ᠱᠠᠲᠤᠨ᠎ᠤ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠶ᠋ᠢᠭᠤᠯᠭ᠎ᠠ ᠵᠢᠨ ᠳᠠᠭ᠋ᠠᠭ᠋ᠠᠨ ᠠᠪᠬᠤ ᠰᠠᠨᠠᠯ᠎ᠢ ᠮᠡᠳᠡᠭᠦᠯᠦᠨ ᠬᠦᠷᠭᠡᠬᠦ ᠬᠡᠷᠡᠭᠲᠡᠢ;
(ᠲᠦᠷᠪᠡ) ᠵᠠᠰᠠᠭ ᠵᠠᠬᠢᠷᠭ᠋ᠠᠨ᠎ᠤ ᠡᠷᠬᠡ ᠵᠢ ᠨᠢᠭᠡᠨᠲᠡ ᠳᠣᠷᠣᠭᠰᠢ ᠪᠠᠭᠤᠯᠭ᠋ᠠᠭᠰᠠᠨ ᠪᠣᠯ ᠳᠠᠭ᠋ᠠᠭ᠋ᠠᠨ ᠠᠪᠤᠭᠰᠠᠨ ᠪᠠᠶ᠋ᠢᠳᠠᠯ᠎ᠤᠨ ᠲᠤᠬᠠᠶ ᠦᠨᠡᠯᠡᠨ ᠵᠢᠱ᠌ᠢᠭᠰᠡᠨ ᠮᠡᠳᠡᠭᠦᠯᠦᠯᠲᠡ᠎ᠪᠠᠨ ᠮᠡᠳᠡᠭᠦᠯᠦᠨ ᠬᠦᠷᠭᠡᠬᠦ ᠬᠡᠷᠡᠭᠲᠡᠶ;
(ᠲᠠᠪᠤ) ᠪᠤᠰᠤᠳ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠢ᠌ᠭᠤᠯᠭ᠎ᠠ᠎ᠳᠤ ᠬᠣᠯᠪᠣᠭᠳᠠᠪᠠᠯ᠂ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠢ᠌ᠭᠤᠯᠭ᠎ᠠ᠎ᠳᠤ ᠬᠣᠯᠪᠣᠭᠳᠠᠬᠤ ᠰᠠᠨᠠᠯ ᠵᠶ᠋ᠠᠨ ᠮᠡᠳᠡᠭᠦᠯᠦᠨ ᠬᠦᠷᠭᠡᠬᠦ ᠬᠡᠷᠡᠭᠲᠡᠶ᠃
ᠡᠭᠴᠡ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠣᠷᠣᠨ ᠨᠤᠲᠤᠭ᠎ᠲᠤ ᠪᠠᠶ᠋ᠢᠭᠤᠯᠤᠭᠰᠠᠨ ᠵᠠᠰᠠᠭ ᠵᠠᠬᠢᠷᠭ᠋ᠠᠨ᠎ᠤ ᠡᠭᠦᠷᠭᠡ ᠴᠢᠳᠠᠪᠤᠷᠢ᠎ᠲᠠᠢ ᠪᠠᠶ᠋ᠢᠭᠤᠯᠤᠮᠵᠢ᠎ᠳᠤ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢ ᠲᠣᠬᠢᠷᠠᠭᠤᠯᠵᠤ᠂ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠬᠦ ᠬᠡᠷᠡᠭᠲᠡᠶ᠃
ᠭᠤᠷᠪᠠᠳᠤᠭ᠋ᠠᠷ ᠪᠦᠯᠦᠭ ᠨᠡᠶ᠋ᠢᠲᠡᠯᠡᠬᠦ ᠪᠠ ᠬᠡᠷᠡᠭᠵᠢᠭᠦᠯᠬᠦ
ᠠᠷᠪᠠᠨ ᠵᠢᠷᠭᠤᠳᠤᠭ᠋ᠠᠷ ᠵᠤᠷᠪᠤᠰ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ ᠪᠤᠶᠤ ᠤᠯᠤᠰ᠎ᠤᠨ ᠨᠢᠭᠤᠴᠠ᠎ᠳᠤ ᠬᠤᠯᠪᠣᠭᠳᠠᠬᠤ᠎ᠠᠴᠠ ᠭᠠᠳᠠᠨ᠎ᠠ᠂ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢ ᠵᠠᠰᠠᠭ᠎ᠤᠨ ᠣᠷᠳᠣᠨ᠎ᠤ ᠫᠤᠷᠲ᠋ᠧᠯ ᠰᠦᠯᠵᠢᠶ᠎ᠡ᠂ ᠰᠠᠯᠠᠭ᠎ᠠ ᠮᠥᠴᠢᠷ᠎ᠤᠨ ᠰᠦᠯᠵᠢᠶᠡᠨ ᠥᠷᠲᠡᠭᠡ᠂ ᠶᠡᠷᠦᠩᠬᠡᠶ᠋ᠢᠯᠡᠭᠰᠡᠨ ᠴᠢᠨᠠᠷᠲᠠᠶ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠯᠠᠪᠤᠷ ᠵᠡᠷᠭᠡ ᠠᠴᠢᠶᠠᠯᠠᠪᠤᠷᠢ ᠪᠠ ᠠᠷᠭ᠎ᠠ ᠵᠠᠮ ᠵᠶ᠋ᠠᠷ ᠳᠠᠮᠵᠢᠭᠤᠯᠤᠨ ᠨᠡᠶ᠋ᠢᠲᠡᠯᠡᠵᠦ᠂ ᠨᠡᠶ᠋ᠢᠭᠡᠮ᠎ᠤᠨ ᠬᠢᠨᠠᠯᠲᠠ ᠲᠠᠯᠪᠢᠬᠤ ᠵᠢ ᠬᠦᠯᠢᠶᠡᠨ᠎ᠡ᠃
ᠠᠷᠪᠠᠨ ᠳᠣᠯᠣᠳᠤᠭ᠋ᠠᠷ ᠵᠤᠷᠪᠤᠰ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠶ᠋ᠢᠭᠤᠯᠭ᠎ᠠ᠎ᠨᠢ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢ ᠬᠢᠨᠠᠨ ᠲᠣᠭᠲᠠᠭ᠋ᠠᠭᠰᠠᠨ᠎ᠤ ᠳᠠᠷᠠᠭ᠎ᠠ ᠭᠤᠴᠢᠨ ᠡᠳᠦᠷ᠎ᠤᠨ ᠳᠣᠲᠣᠷ᠎ᠠ᠂ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ ᠳ᠋ᠠᠶ᠋ᠢᠲ᠋ᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ᠎ᠢ ᠲᠠᠨᠢᠵᠤ ᠠᠪᠬᠤ᠂ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ᠎ᠤᠨ ᠡᠯᠧᠮᠧᠨ᠋ᠲ᠎ᠢ ᠲᠣᠬᠢᠷᠠᠭᠤᠯᠬᠤ ᠵᠡᠷᠭᠡ ᠠᠵᠢᠯ᠎ᠢ ᠪᠡᠶᠡᠯᠡᠭᠦᠯᠬᠦ ᠬᠡᠷᠡᠭᠲᠡᠶ᠃
ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠬᠡᠷᠡᠭᠵᠢᠭᠦᠯᠬᠦ ᠪᠠᠶ᠋ᠢᠭᠤᠯᠭ᠎ᠠ᠎ᠨᠢ ᠲᠣᠰ ᠠᠵᠢᠯ ᠲᠥᠷᠥᠯ᠂ ᠲᠣᠰ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢ ᠦᠨᠳᠦᠰᠦᠯᠡᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠦᠨᠳᠦᠰᠦᠨ ᠭᠠᠷᠴᠠᠭ ᠪᠠ ᠬᠢᠨᠠᠯᠲᠠ ᠬᠠᠮᠢᠶᠠᠷᠤᠯᠲᠠ ᠵᠢᠨ ᠵᠦᠢ᠍ᠯᠡᠰ᠎ᠤᠨ ᠦᠨᠳᠦᠰᠦᠨ ᠭᠠᠷᠴᠠᠭ᠎ᠢ ᠡᠮᠬᠢᠯᠡᠬᠦ ᠬᠡᠷᠡᠭᠲᠡᠶ᠃
ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠦᠨᠳᠦᠰᠦᠨ ᠭᠠᠷᠴᠠᠭ᠎ᠢ ᠰᠢᠯᠤᠭᠤᠳᠬᠠᠬᠤ᠎ᠨᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠨᠡᠷᠡᠶ᠋ᠢᠳᠦᠯ᠂ ᠨᠣᠮᠧᠷᠯᠠᠬᠤ᠂ ᠲᠥᠷᠥᠯ ᠬᠡᠯᠪᠡᠷᠢ᠂ ᠲᠣᠭᠲᠠᠭ᠋ᠠᠭᠰᠠᠨ ᠦᠨᠳᠦᠰᠦᠯᠡᠯ ᠵᠡᠷᠭᠡ ᠦᠨᠳᠦᠰᠦᠨ ᠬᠦᠴᠦᠨ ᠵᠦᠢ᠍ᠯ ᠪᠠ ᠭᠥᠯᠢᠶᠡᠨ ᠠᠪᠴᠤ ᠰᠢᠢ᠍ᠳᠪᠦᠷᠢᠯᠡᠬᠦ ᠨᠥᠬᠦᠴᠡᠯ᠂ ᠦᠢ᠍ᠯᠡᠴᠢᠯᠡᠬᠦ ᠡᠲᠡᠭᠡᠳ᠂ ᠭᠦᠢ᠍ᠴᠡᠳᠬᠡᠬᠦ ᠴᠤᠪᠤᠷᠠᠯ᠂ ᠭᠤᠶᠤᠴᠢᠯᠠᠬᠤ ᠮᠠᠲ᠋ᠧᠷᠢᠶᠠᠯ᠂ ᠬᠠᠤᠯᠢ᠎ᠪᠠᠷ ᠲᠣᠭᠲᠠᠭ᠋ᠠᠭᠰᠠᠨ ᠰᠢᠢ᠍ᠳᠪᠦᠷᠢᠯᠡᠵᠦ ᠳᠠᠭᠤᠰᠬᠠᠬᠤ ᠴᠠᠭ ᠬᠤᠭᠤᠴᠠᠭ᠎ᠠ᠂ ᠭᠦᠢ᠍ᠴᠡᠳᠬᠡᠭᠰᠡᠨ ᠦᠷ᠎ᠡ ᠳ᠋ᠦᠩ᠂ ᠲᠤᠬᠠᠶ᠋ᠢᠯᠠᠭᠰᠠᠨ ᠠᠵᠢᠯ᠎ᠤᠨ ᠭᠦᠢ᠍ᠴᠡᠳᠬᠡᠭᠰᠡᠨ ᠵᠦᠢ᠍ᠯ᠎ᠢ ᠰᠠᠯᠭ᠋ᠠᠬᠤ ᠪᠠᠷᠢᠮᠵᠢᠶ᠎ᠠ᠂ ᠬᠠᠤᠯᠢ᠎ᠪᠠᠷ ᠲᠣᠭᠲᠠᠭ᠋ᠠᠭᠰᠠᠨ ᠵᠠᠭᠤᠴᠢ ᠦᠢ᠍ᠯᠡᠴᠢᠯᠡᠭᠡ ᠵᠡᠷᠭᠡ ᠭᠤᠣᠯᠳᠠᠯᠭ᠎ᠠ᠎ᠲᠠᠢ ᠬᠦᠴᠦᠨ ᠵᠦᠢ᠍ᠯ᠎ᠢ ᠨᠢᠭᠡᠳᠬᠡᠨ᠎ᠡ᠃
ᠬᠢᠨᠠᠨ ᠬᠠᠮᠢᠶᠠᠷᠬᠤ ᠵᠦᠢ᠍ᠯᠡᠰ᠎ᠤᠨ ᠦᠨᠳᠦᠰᠦᠨ ᠭᠠᠷᠴᠠᠭ᠎ᠢ ᠨᠢᠭᠡᠳᠦᠯᠲᠡᠶ ᠬᠢᠨᠠᠨ ᠬᠠᠮᠢᠶᠠᠷᠬᠤ ᠵᠦᠢ᠍ᠯᠡᠰ᠎ᠤᠨ ᠨᠡᠷᠡᠶ᠋ᠢᠳᠦᠯ᠂ ᠨᠣᠮᠧᠷᠯᠠᠬᠤ᠂ ᠲᠥᠷᠥᠯ ᠬᠡᠯᠪᠡᠷᠢ᠂ ᠲᠣᠭᠲᠠᠭ᠋ᠠᠭᠰᠠᠨ ᠦᠨᠳᠦᠰᠦᠯᠡᠯ᠂ ᠬᠢᠨᠠᠨ ᠬᠠᠮᠢᠶᠠᠷᠬᠤ ᠳᠡᠰ ᠳᠠᠪᠬᠤᠷᠭ᠎ᠠ ᠵᠡᠷᠭᠡ ᠦᠨᠳᠦᠰᠦᠨ ᠬᠦᠴᠦᠨ ᠵᠦᠢ᠍ᠯ ᠪᠠ ᠬᠢᠨᠠᠨ ᠬᠠᠮᠢᠶᠠᠷᠬᠤ ᠡᠲᠡᠭᠡᠳ᠂ ᠠᠷᠭ᠎ᠠ ᠮᠠᠶᠢᠭ᠂ ᠴᠤᠪᠤᠷᠠᠯ᠂ ᠦᠷ᠎ᠡ ᠳ᠋ᠦᠩ ᠵᠡᠷᠭᠡ ᠭᠣᠤᠯᠳᠠᠯᠭ᠎ᠠ᠎ᠲᠠᠢ ᠬᠦᠴᠦᠨ ᠵᠦᠢ᠍ᠯ᠎ᠢ ᠰᠢᠯᠤᠭᠤᠳᠬᠠᠨ᠎ᠠ᠃
ᠠᠷᠪᠠᠨ ᠨᠠᠢ᠍ᠮᠠᠳᠤᠭ᠋ᠠᠷ ᠵᠤᠷᠪᠤᠰ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢ ᠡᠮᠬᠢᠯᠡᠨ ᠲᠢᠭᠯᠡᠬᠦ ᠠᠵᠢᠯ ᠶᠠᠪᠤᠳᠠᠯ ᠭᠦᠢ᠍ᠴᠡᠳᠭᠡᠬᠦ ᠵᠦᠭᠯᠡᠭᠦᠷ᠎ᠨᠢ ᠠᠵᠢᠯ ᠶᠠᠪᠤᠳᠠᠯ ᠭᠦᠢ᠍ᠴᠡᠳᠭᠡᠬᠦ ᠮᠠᠲ᠋ᠧᠷᠢᠶᠠᠯ᠎ᠢ ᠴᠣᠮᠬᠠᠳᠬᠠᠵᠤ᠂ ᠠᠵᠢᠯ ᠶᠠᠪᠤᠳᠠᠯ ᠭᠦᠢ᠍ᠴᠡᠳᠭᠡᠬᠦ ᠭᠤᠭᠴᠤᠭ᠎ᠠ ᠵᠢ ᠳᠦᠭᠦᠮᠴᠢᠯᠡᠨ᠂ ᠭᠦᠢ᠍ᠴᠡᠳᠭᠡᠬᠦ ᠴᠠᠭ ᠬᠤᠭᠤᠴᠠᠭ᠎ᠠ ᠵᠢ ᠪᠣᠭᠤᠨᠢᠰᠬᠠᠵᠤ᠂ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠵᠢᠷᠤᠮᠵᠢᠭᠤᠯᠬᠤ ᠬᠡᠷᠡᠭᠲᠡᠢ᠃
ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢᠨ ᠠᠵᠢᠯ ᠶᠠᠪᠤᠳᠠᠯ ᠭᠦᠢ᠍ᠴᠡᠳᠭᠡᠬᠦ ᠵᠦᠭᠯᠡᠭᠦᠷ᠎ᠨᠢ ᠪᠥᠬᠦ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠂ ᠥᠪᠥᠷ ᠮᠣᠩᠭᠤᠯ᠎ᠤᠨ 《ᠢᠨᠲᠸᠷ ᠰᠦᠯᠵᠢᠶᠡᠨ᠎ᠤ ᠬᠢᠨᠠᠯᠲᠠ ᠬᠠᠮᠢᠶᠠᠷᠤᠯᠲᠠ》 ᠵᠢᠨ ᠰᠢᠰᠲ᠋ᠧᠮ᠂ ᠶᠡᠷᠦᠩᠬᠡᠶ᠋ᠢᠯᠡᠭᠰᠡᠨ ᠴᠢᠨᠠᠷᠲᠠᠶ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠯᠠᠪᠤᠷ ᠭᠠᠵᠠᠷ᠎ᠲᠤ ᠬᠤᠯᠪᠣᠭᠳᠠᠭᠤᠯᠤᠨ ᠳᠡᠯᠭᠡᠨ ᠦᠵᠡᠭᠦᠯᠵᠦ᠂ ᠠᠳᠠᠯᠢ ᠡᠬᠢ᠎ᠲᠠᠢ᠎ᠪᠠᠷ ᠨᠡᠶ᠋ᠢᠲᠡᠯᠡᠬᠦ᠂ ᠵᠡᠷᠭᠡ᠎ᠪᠠᠷ ᠰᠢᠨᠡᠳᠬᠡᠬᠦ ᠵᠢ ᠬᠡᠷᠡᠭᠵᠢᠭᠦᠯᠦᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠭᠤᠷᠬᠢ ᠵᠢ ᠨᠢᠭᠡ ᠴᠣᠭᠴᠠᠵᠢᠭᠤᠯᠤᠨ ᠭᠦᠢ᠍ᠴᠡᠳᠬᠡᠬᠦ ᠵᠢ ᠠᠬᠢᠭᠤᠯᠬᠤ ᠬᠡᠷᠡᠭᠲᠡᠢ᠃
ᠠᠷᠪᠠ ᠶᠢᠰᠦᠳᠦᠭᠡᠷ ᠵᠤᠷᠪᠤᠰ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠢ᠌ᠭᠤᠯᠭ᠎ᠠ᠎ᠨᠢ ᠵᠠᠰᠠᠭ ᠵᠠᠬᠢᠷᠭ᠋ᠠᠨ᠎ᠤ ᠡᠷᠬᠡ᠎ᠳᠤ ᠮᠠᠷᠭᠤᠯᠳᠤᠭ᠋ᠠᠨ ᠭᠠᠷᠪᠠᠯ᠂ ᠮᠠᠷᠭᠤᠯᠳᠤᠭ᠋ᠠᠨ᠎ᠤ ᠡᠯ᠎ᠡ ᠲᠠᠯ᠎ᠠ ᠵᠢᠨ᠎ᠬᠢᠨ ᠵᠥᠪᠳᠡᠯᠴᠡᠨ ᠰᠢᠢ᠍ᠳᠪᠦᠷᠢᠯᠡᠨ᠎ᠡ; ᠵᠥᠪᠳᠡᠯᠴᠡᠭᠡᠳ ᠪᠦᠲᠦᠬᠦ ᠦᠭᠡᠶ ᠪᠣᠯ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠵᠣᠬᠢᠴᠠᠭᠤᠯᠤᠨ ᠰᠢᠢ᠍ᠳᠪᠦᠷᠢᠯᠡᠬᠦ ᠬᠡᠷᠡᠭᠲᠡᠶ; ᠮᠥᠨ ᠬᠦ᠌ ᠰᠠᠨᠠᠯ ᠨᠢᠭᠡᠳᠴᠦ ᠳᠡᠶ᠋ᠢᠯᠬᠦ ᠦᠭᠡᠶ ᠪᠣᠯ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠲᠣᠭᠲᠠᠭ᠋ᠠᠯᠭ᠋ᠠᠨ᠎ᠠ᠃
ᠬᠤᠷᠢᠳᠤᠭ᠋ᠠᠷ ᠵᠤᠷᠪᠤᠰ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢᠨ ᠬᠠᠮᠢᠶᠠᠷᠤᠯᠲᠠ ᠵᠢᠨ ᠰᠠᠯᠠᠭ᠎ᠠ ᠮᠦᠴᠢᠷ᠎ᠨᠢ ᠡᠭᠦᠷᠭᠡ ᠬᠠᠷᠢᠭᠤᠴᠠᠯᠭ᠎ᠠ ᠵᠢᠨ ᠶᠣᠰᠤᠭ᠋ᠠᠷ᠂ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢ ᠬᠡᠷᠡᠭᠵᠢᠭᠦᠯᠬᠦ ᠠᠵᠢᠯ᠎ᠳᠤ ᠬᠢᠨᠠᠯᠲᠠ ᠲᠠᠯᠪᠢᠬᠤ ᠬᠡᠷᠡᠭᠲᠡᠢ᠃
ᠬᠤᠷᠢᠨ ᠨᠢᠭᠡᠳᠦᠭᠡᠷ ᠵᠤᠷᠪᠤᠰ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ᠎ᠳᠤ ᠬᠢᠨᠠᠯᠲᠠ ᠲᠠᠯᠪᠢᠬᠤ ᠲᠣᠭᠲᠠᠴᠠ ᠵᠢ ᠲᠡᠭᠦᠯᠳᠡᠷᠵᠢᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠡᠷᠭᠡ ᠬᠢᠨᠠᠯᠲᠠ ᠲᠠᠯᠪᠢᠬᠤ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠵᠦ᠂ ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠳᠤᠷᠠᠳᠤᠭᠰᠠᠨ ᠰᠠᠨᠠᠯ᠂ ᠰᠠᠨᠠᠭᠤᠯᠭ᠎ᠠ ᠵᠢ ᠴᠠᠭ ᠲᠤᠬᠠᠶ᠎ᠳᠤᠨᠢ ᠬᠠᠷᠢᠭᠤ ᠲᠤᠰᠬᠠᠬᠤ ᠬᠡᠷᠡᠭᠲᠡᠶ᠃
ᠬᠣᠷᠢᠨ ᠬᠣᠶᠠᠳᠤᠭ᠋ᠠᠷ ᠵᠤᠷᠪᠤᠰ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠢ᠌ᠭᠤᠯᠭ᠎ᠠ ᠳᠣᠤᠷᠠᠬᠢ ᠮᠡᠲᠦ ᠦᠢ᠍ᠯᠡ ᠠᠵᠢᠯᠯᠠᠭ᠎ᠠ᠎ᠲᠠᠢ ᠪᠠᠶ᠋ᠢᠵᠤ ᠪᠣᠯᠬᠤ ᠦᠭᠡᠶ᠄
(ᠨᠢᠭᠡ) ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ᠎ᠳᠤ ᠣᠷᠣᠭᠤᠯᠤᠭᠰᠠᠨ ᠥᠬᠡᠶ ᠪᠥᠭᠡᠳ ᠬᠠᠤᠯᠢ᠎ᠪᠠᠷ ᠲᠣᠭᠲᠠᠭ᠋ᠠᠭᠰᠠᠨ ᠦᠨᠳᠦᠰᠦᠯᠡᠯ ᠥᠬᠡᠶ ᠵᠠᠰᠠᠭ ᠵᠠᠬᠢᠷᠭ᠋ᠠᠨ᠎ᠤ ᠡᠷᠬᠡ;
(ᠬᠤᠶᠠᠷ) ᠨᠢᠭᠡᠨᠲᠡ ᠦᠭᠡᠶ᠋ᠢᠰᠬᠡᠭᠰᠡᠨ ᠪᠤᠶᠤ ᠳᠣᠷᠣᠭᠰᠢ ᠪᠠᠭᠤᠯᠭ᠋ᠠᠭᠰᠠᠨ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ᠃
(ᠭᠤᠷᠪᠠ) ᠵᠠᠰᠠᠭ ᠵᠠᠬᠢᠷᠭ᠋ᠠᠨ᠎ᠤ ᠡᠷᠬᠡ ᠵᠢᠨ ᠲᠣᠳᠣᠷᠬᠠᠢ ᠬᠠᠭᠤᠳᠠᠰᠤᠨ᠎ᠳᠤ ᠵᠢᠭᠰᠠᠭ᠋ᠠᠨ ᠣᠷᠣᠭᠤᠯᠤᠭᠰᠠᠨ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠵᠢ ᠲᠦᠯᠬᠢᠯᠴᠡᠬᠦ ᠪᠤᠶᠤ ᠬᠣᠢ᠌ᠷᠭᠤᠰᠢᠬᠤ;
(ᠲᠦᠷᠪᠡ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠃
ᠳᠥᠷᠪᠡᠳᠦᠭᠡᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠬᠤᠷᠢᠨ ᠭᠤᠷᠪᠠᠳᠤᠭ᠋ᠠᠷ ᠵᠤᠷᠪᠤᠰ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠨᠢᠭᠡᠨᠲᠡ ᠪᠣᠳᠠᠲᠠᠶ ᠰᠢᠢ᠍ᠳᠬᠡᠬᠦ ᠲᠣᠭᠲᠠᠭ᠋ᠠᠯ ᠭᠠᠷᠭ᠋ᠠᠭᠰᠠᠨ ᠪᠠᠶ᠋ᠢᠪᠠᠯ᠂ ᠲᠡᠷᠡ ᠲᠣᠭᠲᠠᠭ᠋ᠠᠯ᠎ᠢ ᠵᠢᠷᠤᠮᠯᠠᠨ᠎ᠠ᠃
ᠬᠤᠷᠢᠨ ᠳᠥᠷᠪᠡᠳᠣᠭᠡᠷ ᠵᠤᠷᠪᠤᠰ ᠲᠣᠰ ᠠᠷᠭ᠎ᠠ ᠵᠢᠨ ᠲᠣᠠᠠᠳᠠᠭ᠋ᠠᠯ᠎ᠠᠴᠠ ᠵᠦᠷᠢᠴᠡᠵᠦ᠂ ᠵᠠᠰᠠᠭ ᠵᠠᠬᠢᠷᠭ᠋ᠠᠨ᠎ᠤ ᠡᠷᠬᠡ ᠵᠢ ᠭᠡᠷᠡᠭᠵᠢᠬᠦᠯᠬᠦ ᠪᠠᠶ᠋ᠢᠭᠤᠯᠭ᠎ᠠ᠎ᠳᠤ ᠲᠣᠣᠷᠡᠬᠢ ᠪᠠᠶ᠋ᠢᠳᠡᠯ᠎ᠤᠨ ᠨᠢᠭᠡ᠎ᠨᠢ ᠪᠠᠶ᠋ᠢᠪᠠᠯ᠂ ᠵᠠᠰᠠᠭ ᠵᠠᠬᠢᠷᠭ᠋ᠠᠨ᠎ᠤ ᠡᠷᠭᠡ ᠵᠢᠨ ᠨᠠᠷᠢᠨ ᠬᠠᠭᠤᠳᠠᠰᠣ ᠵᠢᠨ ᠬᠠᠮᠢᠶᠡᠷᠦᠯᠳᠡ ᠵᠢᠨ ᠰᠠᠯᠠᠭ᠎ᠠ ᠮᠦᠴᠢᠷ᠎ᠠᠴᠠ ᠵᠠᠷᠯᠢᠠᠠᠳᠠᠨ ᠬᠤᠭᠤᠴᠠᠭ᠎ᠠ ᠬᠢᠵᠠᠭ᠋ᠠᠷᠯᠡᠨ ᠵᠠᠯᠠᠷᠡᠭᠤᠯᠬᠤ᠎ᠪᠠᠷ ᠵᠠᠷᠯᠢᠠᠠᠳᠡᠨᠠ; ᠪᠠᠶ᠋ᠢᠳᠡᠯ᠎ᠨᠢ ᠬᠦᠨᠳᠦ ᠨᠣᠴᠢᠳᠡᠢ ᠪᠠᠶ᠋ᠢᠪᠠᠯ᠂ ᠡᠷᠬᠡ᠎ᠲᠠᠢ ᠪᠠᠶ᠋ᠢᠭᠤᠯᠭ᠎ᠠ᠎ᠠᠴᠠ ᠬᠠᠷᠢᠭᠤᠴᠠᠯᠭ᠎ᠠ᠎ᠲᠠᠢ ᠭᠤᠤᠯᠴᠢᠯᠠᠨ ᠬᠠᠮᠢᠶᠡᠷᠬᠤ ᠬᠦᠮᠦᠨ ᠪᠠ ᠪᠤᠰᠣᠳ ᠰᠢᠭᠤᠳ ᠬᠠᠷᠢᠭᠤᠴᠠᠯᠭ᠎ᠠ᠎ᠲᠠᠢ ᠬᠦᠮᠦᠨ᠎ᠳᠤ ᠬᠠᠦᠯᠢ ᠶᠣᠰᠣᠭ᠋ᠠᠷ ᠰᠢᠢ᠍ᠳᠭᠡᠯ ᠦᠭᠬᠦᠨ᠎ᠠ᠄
(ᠨᠢᠭᠡ) ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ᠎ᠳᠤ ᠴᠠᠭ ᠲᠤᠬᠠᠢᠳᠤᠨᠢ ᠲᠣᠬᠢᠷᠠᠭᠤᠯᠤᠯᠲᠠ ᠬᠢᠭᠰᠡᠨ ᠦᠭᠡᠢ;
(ᠬᠤᠶᠠᠷ) ᠲᠣᠰ ᠱᠠᠳᠣᠨ᠎ᠤ ᠠᠷᠡᠳ᠎ᠤᠨ ᠵᠠᠰᠠᠭ᠎ᠤᠨ ᠣᠷᠳᠣᠨ᠎ᠤ ᠬᠢᠨᠡᠨ ᠲᠣᠠᠠᠳᠠᠭ᠋ᠠᠬᠤ ᠵᠢ ᠳᠠᠮᠵᠢᠭᠰᠠᠨ ᠦᠭᠡᠢ᠎ᠪᠠᠷ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠣ ᠵᠢ ᠲᠣᠷ᠎ᠠ᠎ᠪᠠᠷ ᠵᠶ᠋ᠠᠨ ᠲᠣᠬᠢᠷᠠᠭᠤᠯᠬᠤ;
(ᠭᠤᠷᠪᠠ) ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ᠎ᠳᠤ ᠣᠷᠣᠭᠤᠯᠤᠭᠰᠠᠨ ᠥᠬᠡᠶ ᠪᠥᠭᠡᠳ ᠬᠠᠤᠯᠢ᠎ᠪᠠᠷ ᠲᠣᠭᠲᠠᠭ᠋ᠠᠭᠰᠠᠨ ᠦᠨᠳᠦᠰᠦᠯᠡᠯ ᠥᠬᠡᠶ ᠵᠠᠰᠠᠭ ᠵᠠᠬᠢᠷᠭ᠋ᠠᠨ᠎ᠤ ᠡᠷᠬᠡ;
(ᠲᠦᠷᠪᠡ) ᠨᠢᠭᠡᠨᠲᠡ ᠦᠭᠡᠶ᠋ᠢᠰᠬᠡᠭᠰᠡᠨ ᠪᠤᠶᠤ ᠳᠣᠷᠣᠭᠰᠢ ᠪᠠᠭᠤᠯᠭ᠋ᠠᠭᠰᠠᠨ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ;
(ᠲᠠᠪᠤ) ᠬᠠᠷᠢᠯᠴᠠᠨ ᠲᠦᠯᠬᠢᠯᠴᠡᠬᠦ ᠪᠤᠶᠤ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤᠨ᠎ᠳᠤ ᠣᠷᠣᠭᠤᠯᠬᠤ ᠵᠢ ᠤᠳᠠᠭ᠋ᠠᠰᠢᠷᠠᠭᠤᠯᠤᠭᠰᠠᠨ ᠵᠠᠰᠠᠭ ᠵᠠᠬᠢᠷᠭ᠋ᠠᠨ᠎ᠤ ᠡᠷᠬᠡ᠃
ᠬᠤᠷᠢᠨ ᠲᠠᠪᠤᠳᠣᠭ᠋ᠠᠷ ᠵᠤᠷᠪᠤᠰ ᠵᠠᠰᠠᠭ ᠵᠠᠬᠢᠷᠭ᠋ᠠᠨ᠎ᠤ ᠡᠷᠭᠡ ᠵᠢᠨ ᠨᠠᠷᠢᠨ ᠬᠠᠭᠤᠳᠠᠰᠣ ᠵᠢᠨ ᠬᠠᠮᠢᠶᠡᠷᠦᠯᠳᠡ ᠵᠢᠨ ᠠᠵᠢᠯ᠎ᠤᠨ ᠲᠣᠮᠳᠡ᠎ᠪᠠᠨ ᠲᠣᠰᠢᠶᠡᠯ᠎ᠳᠠᠭᠠᠨ ᠣᠰᠣᠯᠳ᠋ᠬᠠᠰᠠᠨ᠂ ᠡᠷᠬᠡ ᠲᠣᠰᠢᠶᠡᠯ ᠵᠶ᠋ᠠᠨ ᠲᠣᠷ᠎ᠠ᠎ᠪᠠᠷ ᠵᠶ᠋ᠠᠨ ᠭᠡᠷᠡᠭᠯᠡᠨ᠂ ᠬᠤᠪᠢ ᠵᠢᠨ ᠨᠠᠶ᠋ᠢᠷ ᠵᠶ᠋ᠠᠷ ᠬᠠᠦᠯᠢ ᠶᠣᠰᠣ ᠵᠢ ᠵᠦᠷᠢᠴᠡᠭᠰᠡᠨ ᠪᠠᠶ᠋ᠢᠪᠠᠯ᠂ ᠰᠢᠭᠤᠳ ᠬᠠᠷᠢᠭᠤᠴᠠᠵᠦ ᠪᠦᠬᠦᠢ ᠭᠤᠤᠯᠴᠢᠯᠠᠨ ᠬᠠᠮᠢᠶᠡᠷᠬᠤ ᠬᠦᠮᠦᠨ ᠪᠠ ᠪᠤᠰᠣᠳ ᠰᠢᠭᠤᠳ ᠬᠠᠷᠢᠭᠤᠴᠠᠯᠭ᠎ᠠ᠎ᠲᠠᠢ ᠬᠦᠮᠦᠨ᠎ᠳᠤ ᠬᠠᠦᠯᠢ ᠶᠣᠰᠣᠭ᠋ᠠᠷ ᠰᠢᠢ᠍ᠳᠭᠡᠯ ᠦᠭᠭᠦᠨ᠎ᠡ; ᠶᠠᠯᠠᠳᠤ ᠬᠦᠷᠦᠭᠰᠡᠨ ᠪᠣᠯ᠂ ᠬᠠᠦᠯᠢ ᠶᠣᠰᠣᠭ᠋ᠠᠷ ᠡᠷᠡᠬᠦᠥ ᠵᠢᠨ ᠬᠠᠷᠢᠭᠤᠴᠠᠯᠭ᠎ᠠ ᠨᠡᠭᠡᠮᠵᠢᠯᠡᠨ᠎ᠠ᠃
ᠲᠠᠪᠤᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠬᠣᠷᠢᠨ ᠵᠢᠷᠭᠤᠳᠤᠭ᠋ᠠᠷ ᠵᠤᠷᠪᠤᠰ ᠲᠤᠰ ᠠᠷᠭ᠎ᠠ᠎ᠳᠤ ᠬᠡᠯᠡᠵᠦ ᠪᠠᠶ᠋ᠢᠭ᠎ᠠ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠢ᠌ᠭᠤᠯᠭ᠎ᠠ ᠭᠡᠳᠡᠭ᠎ᠨᠢ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠠᠵᠢᠯ᠎ᠤᠨ ᠰᠠᠯᠠᠭ᠎ᠠ ᠮᠥᠴᠢᠷ ᠪᠣᠯᠤᠨ ᠰᠠᠯᠠᠭ᠎ᠠ ᠮᠥᠴᠢᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠂ ᠨᠠᠮ᠎ᠤᠨ ᠬᠣᠷᠢᠶᠠᠨ᠎ᠤ ᠠᠵᠢᠯ᠎ᠤᠨ ᠪᠠᠢ᠌ᠭᠤᠯᠭ᠎ᠠ ᠵᠢᠨ ᠴᠤᠪᠤᠷᠠᠯ᠎ᠳᠤ ᠣᠷᠣᠭᠤᠯᠬᠤ ᠵᠢᠨ ᠬᠠᠮᠲᠤ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠡᠭᠦᠷᠭᠡ ᠴᠢᠳᠠᠪᠤᠷᠢ ᠵᠢ ᠬᠠᠤᠯᠢ ᠶᠣᠰᠣᠭ᠋ᠠᠷ ᠭᠦᠢ᠍ᠴᠡᠳᠬᠡᠬᠦ ᠪᠠᠶ᠋ᠢᠭᠤᠯᠤᠮᠵᠢ᠂ ᠨᠠᠮ᠎ᠤᠨ ᠬᠣᠷᠢᠶᠠᠨ᠎ᠤ ᠠᠵᠢᠯ᠎ᠤᠨ ᠪᠠᠢ᠌ᠭᠤᠯᠭ᠎ᠠ᠎ᠳᠤ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠡᠭᠦᠷᠭᠡ ᠴᠢᠳᠠᠪᠤᠷᠢ ᠵᠢ ᠫᠠᠶ᠋ᠢᠰᠠ ᠡᠯᠭᠦᠨ ᠭᠦᠢ᠍ᠴᠡᠳᠬᠡᠬᠦ ᠪᠠᠶ᠋ᠢᠭᠤᠯᠤᠮᠵᠢ᠂ ᠰᠢᠭᠤᠳ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠣᠷᠣᠨ ᠨᠤᠲᠤᠭ᠎ᠲᠤ ᠪᠠᠶ᠋ᠢᠭᠤᠯᠤᠭᠰᠠᠨ ᠵᠠᠰᠠᠭ ᠵᠠᠬᠢᠷᠭ᠋ᠠᠨ᠎ᠤ ᠡᠭᠦᠷᠭᠡ ᠴᠢᠳᠠᠪᠤᠷᠢ᠎ᠲᠠᠢ ᠪᠠᠶ᠋ᠢᠭᠤᠯᠤᠮᠵᠢ ᠵᠢᠴᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠣᠭᠰᠠᠨ ᠣᠯᠠᠨ ᠨᠡᠶ᠋ᠢᠲᠡ ᠵᠢᠨ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠵᠣᠬᠢᠶᠠᠨ ᠪᠠᠶ᠋ᠢᠭᠤᠯᠤᠯᠲᠠ ᠵᠢ ᠵᠢᠭ᠋ᠠᠨ᠎ᠠ᠃
ᠬᠤᠷᠢᠨ ᠳᠣᠯᠣᠳᠤᠭ᠋ᠠᠷ ᠵᠤᠷᠪᠤᠰ ᠲᠣᠰ ᠠᠷᠭ᠎ᠠ ᠵᠢ 2025 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃